︽ᠳᠤᠮᠳᠠᠳᠤ ᠤᠯᠤᠰ ᠤᠨ ᠡᠪ ᠬᠠᠮᠲᠤ ᠨᠠᠮ ᠤᠨ ᠵᠠᠭᠤᠨ ᠵᠢᠯ ᠤᠨ ᠤᠢ ᠶᠢ ᠪᠡᠯᠭᠡᠯᠡᠬᠦ ᠴᠢᠬᠤᠯᠠ ᠶᠡᠭᠡ ᠴᠠᠭ | ᠮᠥᠴᠡ ᠳᠤ᠂ ᠨᠠᠮ ᠤᠨ ᠲᠥᠪ ᠬᠤᠷᠢᠶ᠎ᠠ ᠠᠴᠠ ᠪᠦᠬᠦ ᠨᠠᠮ ᠤᠨ ᠬᠡᠪᠴᠢᠶᠡᠨ ᠳᠤ ᠨᠠᠮ ᠤᠨ ᠲᠡᠦᠬᠡ ᠶᠢᠨ ᠰᠤᠷᠤᠯᠴᠠᠯᠭ᠎ᠠ | ᠬᠥᠮᠦᠵᠢᠯ ᠢ ᠲᠥᠪᠯᠡᠷᠡᠭᠦᠯᠦᠨ ᠥᠷᠨᠢᠭᠦᠯᠬᠦ ᠪᠠᠷ ᠲᠣᠭᠲᠠᠭᠰᠠᠨ ᠨᠢ ᠶᠠᠭ ᠴᠠᠭ ᠲᠠᠭᠠᠨ ᠲᠤᠬᠢᠷᠠᠵᠤ᠂ ᠲᠦᠢᠯ ᠤᠨ | ᠴᠢᠬᠤᠯᠠ ᠶᠤᠮ᠂ ᠪᠢᠳᠡ ᠲᠡᠦᠬᠡ ᠰᠤᠷᠤᠯᠴᠠᠵᠦ ᠶᠣᠰᠣ ᠤᠴᠢᠷ ᠢ ᠣᠶᠢᠯᠠᠭᠠᠬᠤ᠂ ᠲᠡᠦᠬᠡ ᠰᠤᠷᠤᠯᠴᠠᠵᠦ ᠢᠲᠡᠭᠡᠯ | ᠵᠤᠷᠢᠭ ᠢᠶᠠᠨ ᠨᠡᠮᠡᠭᠳᠡᠭᠦᠯᠬᠦ᠂ ᠲᠡᠦᠬᠡ ᠰᠤᠷᠤᠯᠴᠠᠵᠦ ᠶᠣᠰᠣ ᠰᠤᠷᠲᠠᠬᠤᠨ ᠢ ᠡᠷᠬᠢᠮᠯᠡᠬᠦ᠂ ᠲᠡᠦᠬᠡ ᠰᠤᠷᠤᠯᠴᠠᠵᠦ ᠴᠢᠷᠮᠠᠶᠢᠨ | ᠬᠡᠷᠡᠭᠵᠢᠭᠦᠯᠬᠦ ᠶᠡᠷᠦᠩᠬᠡᠢ ᠱᠠᠭᠠᠷᠳᠠᠯᠭ᠎ᠠ ᠶᠣᠰᠣᠭᠠᠷ᠂ ᠨᠠᠮ ᠤᠨ ᠲᠡᠦᠬᠡ ᠶᠢ ᠰᠤᠷᠤᠯᠴᠠᠬᠤ᠂ ᠦᠵᠡᠯ ᠰᠠᠨᠠᠭ᠎ᠠ ᠶᠢ | ᠣᠶᠢᠯᠠᠭᠠᠬᠤ᠂ ᠪᠣᠳᠠᠲᠤ ᠶᠠᠪᠤᠳᠠᠯ ᠬᠢᠬᠦ᠂ ᠰᠢᠨ᠎ᠡ ᠪᠠᠶᠢᠳᠠᠯ ᠢ ᠨᠡᠭᠡᠭᠡᠬᠦ ᠲᠠᠢ ᠨᠢᠭᠲᠠ ᠤᠶᠠᠯᠳᠤᠭᠤᠯᠵᠤ᠂ ᠨᠠᠮ ᠤᠨ | ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠬᠡᠷᠡᠭᠲᠡᠢ︾᠃ ᠭᠡᠵᠦ ᠬᠠᠶᠢᠨᠠᠨ | ᠲᠣᠭᠤᠷᠢᠭ ᠤᠨ ᠨᠠᠮ ᠤᠨ ᠬᠤᠷᠢᠶᠠᠨ ᠤ ᠱᠦᠵᠢ ᠶᠢᠨ ᠵᠦᠩ ᠴᠢᠶᠠᠩ ᠰᠤᠷᠪᠤᠯᠵᠢᠯᠠᠭᠴᠢ ᠶᠢᠨ ᠰᠤᠷᠪᠤᠯᠵᠢᠯᠠᠭ᠎ᠠ ᠶᠢ | ᠬᠦᠯᠢᠶᠡᠬᠦ ᠳᠡᠭᠡᠨ ᠬᠡᠯᠡᠪᠡ᠃ | ᠶᠢᠨ ᠵᠥᠩ ᠴᠢᠶᠠᠩ ᠬᠡᠯᠡᠬᠦ ᠳᠡᠭᠡᠨ᠂ ᠶᠡᠷᠦᠩᠬᠡᠶ ᠱᠦᠵᠢ ᠰᠢ ᠶᠢᠨ ᠫᠢᠩ ᠨᠠᠮ ᠤᠨ ᠲᠡᠤᠬᠡ ᠶᠢᠨ ᠰᠤᠷᠤᠯᠴᠠᠯᠭ᠎ᠠ | ᠬᠥᠮᠦᠵᠢᠯ ᠤᠨ ᠳᠠᠶᠢᠴᠢᠯᠠᠯᠲᠠ ᠶᠢᠨ ᠶᠡᠭᠡ ᠬᠤᠷᠠᠯ ᠳᠡᠭᠡᠷ᠎ᠡ ᠳᠤᠷᠠᠳᠤᠭᠰᠠᠨ ︽ᠭᠤᠷᠪᠠᠨ ᠵᠠᠶᠢᠯᠠᠰᠢ ᠥᠬᠡᠶ | ᠱᠠᠭᠠᠷᠳᠠᠯᠭ᠎ᠠ︾ ᠨᠢ ᠨᠠᠮ ᠤᠨ ᠲᠡᠤᠬᠡ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠶᠢᠨ ᠴᠢᠬᠤᠯᠠ ᠶᠡᠭᠡ ᠠᠴᠢ | ᠬᠤᠯᠪᠣᠭᠳᠠᠯ ᠢ ᠭᠦᠨᠵᠡᠭᠡᠶ ᠲᠣᠳᠣᠷᠬᠠᠶᠢᠯᠠᠭᠰᠠᠨ ᠪᠠᠶᠢᠨ᠎ᠠ᠃ ᠪᠢᠳᠡ ︽ᠭᠤᠷᠪᠠᠨ ᠵᠠᠶᠢᠯᠠᠰᠢ ᠦᠭᠡᠢ ᠱᠠᠭᠠᠷᠳᠠᠯᠭ᠎ᠠ︾ | ᠶᠢᠨ ᠭᠦᠨ ᠠᠭᠤᠯᠤᠭᠳᠠᠬᠤᠨ ᠪᠠ ᠵᠣᠷᠢᠭ ᠰᠠᠨᠠᠭᠠᠨ ᠤ ᠮᠥᠨ ᠴᠢᠨᠠᠷ ᠢ ᠣᠨᠣᠪᠴᠢᠲᠠᠶ ᠡᠵᠡᠮᠰᠢᠵᠦ᠂ ᠦᠨᠡᠨ ᠬᠦ | ᠣᠨᠣᠪᠴᠢᠲᠠᠶ ᠠᠳᠬᠤᠬᠤ᠂ ᠴᠢᠩᠭ᠎ᠠ ᠠᠳᠬᠤᠬᠤ᠂ ᠪᠣᠳᠠᠲᠠᠶ ᠨᠠᠶᠢᠳᠠᠪᠤᠷᠢᠵᠢᠭᠤᠯᠬᠤ ᠶᠢ ᠪᠡᠶᠡᠯᠡᠭᠦᠯᠵᠦ᠂ ᠤᠨᠤᠯ ᠢᠶᠠᠷ | ᠵᠡᠪᠰᠡᠭᠯᠡᠭᠰᠡᠨ ᠪᠠ ᠠᠵᠢᠯ ᠬᠢᠵᠦ ᠠᠳᠠᠯ ᠦᠢᠯᠡᠰ ᠴᠣᠭᠴᠠᠯᠠᠭᠰᠠᠨ ᠪᠣᠳᠠᠲᠤ ᠦᠷ᠎ᠡ ᠪᠦᠲᠦᠮᠵᠢ ᠪᠠᠷ ᠰᠤᠷᠤᠯᠴᠠᠯᠭ᠎ᠠ | ᠬᠥᠮᠦᠵᠢᠯ ᠤᠨ ᠦᠷ᠎ᠡ ᠪᠦᠲᠦᠭᠡᠯ ᠢ ᠦᠨᠡᠨ ᠬᠦ ᠰᠢᠯᠭᠠᠬᠤ ᠬᠡᠷᠡᠭᠲᠡᠶ᠃ ᠨᠢᠭᠡ ᠳᠤ᠂ ᠰᠢ ᠶᠢᠨ ᠫᠢᠩ ᠤᠨ ᠰᠢᠨ᠎ᠡ ᠴᠠᠭ | ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ | ᠣᠶᠢᠯᠠᠭᠠᠵᠤ ᠨᠡᠪᠲᠡᠷᠡᠲᠡᠯ᠎ᠡ ᠣᠶᠢᠯᠠᠭᠠᠵᠤ ᠪᠣᠳᠠᠲᠠᠶᠢᠵᠢᠭᠤᠯᠬᠤ ᠶᠢ ᠲᠡᠷᠢᠭᠦᠨ ᠴᠢᠬᠤᠯᠠ ᠤᠯᠤᠰ ᠲᠦᠷᠦ ᠶᠢᠨ ᠡᠭᠦᠷᠭᠡ | ᠪᠣᠯᠭᠠᠬᠤ ᠬᠡᠷᠡᠭᠲᠡᠢ᠃ ᠲᠡᠭᠦᠨ ᠤ ᠭᠤᠣᠯᠯᠠᠬᠤ ᠴᠢᠬᠤᠯᠠ ᠠᠭᠤᠯᠭ᠎ᠠ᠂ ᠵᠣᠷᠢᠭ ᠰᠠᠨᠠᠭᠠᠨ ᠤ ᠮᠥᠨ ᠴᠢᠨᠠᠷ᠂ ᠪᠠᠶᠠᠯᠢᠭ | ᠠᠭᠤᠯᠤᠭᠳᠠᠬᠤᠨ ᠪᠠ ᠦᠢᠯᠡᠳᠦᠯᠭᠡ ᠶᠢᠨ ᠱᠠᠭᠠᠷᠳᠠᠯᠭ᠎ᠠ ᠶᠢ ᠭᠦᠨᠵᠡᠭᠡᠶ ᠰᠤᠷᠤᠯᠴᠠᠨ ᠨᠡᠪᠲᠡᠷᠡᠲᠡᠯ᠎ᠡ ᠣᠶᠢᠯᠠᠭᠠᠵᠤ᠂ | ᠲᠡᠭᠦᠨ ᠤ ᠳᠣᠲᠣᠷ᠎ᠠ ᠲᠤᠭᠤᠰᠢᠯᠠᠭᠳᠠᠵᠤ ᠪᠠᠶᠢᠭ᠎ᠠ ᠵᠣᠭᠰᠣᠯᠲᠠ ᠪᠠ ᠦᠵᠡᠯᠲᠡ ᠶᠢ ᠡᠵᠡᠮᠰᠢᠵᠦ᠂ ᠮᠠᠨ ᠤ ᠬᠦᠰᠡᠯᠡᠩ | ᠪᠠ ᠢᠲᠡᠭᠡᠯ ᠵᠣᠷᠢᠭ ᠢᠶᠠᠨ ᠨᠡᠩ ᠪᠠᠲᠤ ᠪᠠᠬᠢ ᠪᠣᠯᠭᠠᠵᠤ᠂ ᠤᠯᠤᠰ ᠲᠦᠷᠦ ᠶᠢᠨ ᠤᠬᠠᠮᠰᠠᠷ ᠢᠶᠠᠨ ᠨᠡᠩ | ᠴᠢᠩᠭᠠᠷᠠᠭᠤᠯᠵᠤ᠂ ᠰᠡᠳᠬᠢᠬᠦ ᠠᠷᠭ᠎ᠠ ᠪᠠᠨ ᠨᠡᠩ ᠰᠢᠨᠵᠢᠯᠡᠬᠦ ᠤᠬᠠᠭᠠᠨᠴᠢ᠂ ᠦᠵᠡᠯ ᠰᠠᠨᠠᠭᠠᠨ ᠤ ᠠᠬᠤᠶ ᠪᠠᠶᠢᠳᠠᠯ ᠢᠶᠠᠨ | ᠨᠡᠩ ᠠᠯᠤᠰ ᠬᠡᠲᠦ ᠶᠢᠨ ᠪᠣᠯᠭᠠᠬᠤ ᠬᠡᠷᠡᠭᠲᠡᠶ᠃ ᠬᠤᠶᠠᠷ ᠲᠤ ᠤᠨᠤᠯ ᠢᠶᠠᠷ ᠵᠡᠪᠰᠡᠭᠯᠡᠬᠦ ᠶᠢ ᠬᠦᠴᠦᠯᠡᠨ ᠴᠢᠩᠭᠠᠳᠬᠠᠬᠤ | ᠬᠡᠷᠡᠭᠲᠡᠢ᠃ ᠮᠠᠷᠺᠰ ᠤᠨ ᠦᠵᠡᠯ ᠤᠨ ᠰᠣᠩᠭᠤᠳᠠᠭ ᠵᠣᠬᠢᠶᠠᠯ ᠪᠦᠲᠦᠭᠡᠯ ᠢ ᠭᠦᠨᠵᠡᠭᠡᠢ ᠰᠤᠷᠤᠯᠴᠠᠵᠤ᠂ ᠨᠠᠮ ᠤᠨ | ᠰᠢᠨ᠎ᠡ ᠶᠢ ᠡᠭᠦᠳᠬᠦ ᠤᠨᠤᠯ ᠢᠯᠠᠩᠭᠤᠶ᠎ᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠵᠦ᠂ ᠨᠠᠮ ᠤᠨ ᠲᠡᠦᠬᠡ᠂ ᠰᠢᠨ᠎ᠡ ᠳᠤᠮᠳᠠᠳᠤ | ᠤᠯᠤᠰ ᠤᠨ ᠲᠡᠦᠬᠡ᠂ ᠥᠭᠡᠷᠡᠴᠢᠯᠡᠯᠲᠡ ᠨᠡᠭᠡᠭᠡᠯᠳᠡ ᠶᠢᠨ ᠲᠡᠦᠬᠡ᠂ ᠨᠡᠶᠢᠭᠡᠮ ᠵᠢᠷᠤᠮ ᠤᠨ ᠬᠥᠭᠵᠢᠯᠲᠡ ᠶᠢᠨ ᠲᠡᠦᠬᠡ ᠶᠢ | ᠰᠤᠷᠤᠯᠴᠠᠨ ᠣᠶᠢᠯᠠᠭᠠᠬᠤ ᠪᠠᠨ ᠴᠢᠩᠭᠠᠳᠬᠠᠵᠤ᠂ ᠵᠣᠷᠢᠭ ᠰᠠᠨᠠᠭᠠᠨ ᠤ ᠮᠥᠨ ᠴᠢᠨᠠᠷ ᠢ ᠭᠦᠨᠵᠡᠭᠡᠢ ᠰᠤᠷᠤᠯᠴᠠᠨ ᠨᠠᠷᠢᠨ | ᠤᠬᠠᠪᠤᠷᠢᠯᠠᠨ ᠨᠡᠪᠳᠡᠷᠡᠳᠡᠯ᠎ᠠ ᠣᠶᠢᠯᠠᠭᠠᠵᠤ᠂ ᠢᠲᠡᠭᠡᠯ ᠪᠢᠰᠢᠷᠡᠯ ᠤᠨ ᠰᠠᠭᠤᠷᠢ ᠶᠢ ᠪᠠᠲᠤᠳᠬᠠᠨ᠂ ᠤᠶᠤᠨ ᠰᠠᠨᠠᠭᠠᠨ ᠤ | ᠺᠠᠯᠼ ᠢ ᠭᠦᠢᠴᠡᠳ ᠨᠥᠬᠦᠪᠥᠷᠢᠯᠡᠬᠦ ᠬᠡᠷᠡᠭᠲᠡᠢ᠃ ᠭᠤᠷᠪᠠ ᠳᠤ ᠢᠮᠠᠭᠲᠠ ᠨᠠᠮ ᠳᠠᠭᠠᠨ ᠦᠨᠡᠨᠴᠢ ᠰᠢᠳᠤᠷᠭᠤ ᠪᠠᠶᠢᠬᠤ | ᠬᠡᠷᠡᠭᠲᠡᠶ᠃ ︽ᠲᠦᠷᠪᠡᠨ ᠤᠬᠠᠮᠰᠠᠷ︾ ᠢᠶᠠᠨ ᠴᠢᠩᠭᠠᠳᠬᠠᠵᠤ᠂ ︽ᠲᠦᠷᠪᠡᠨ ᠢᠲᠡᠭᠡᠯ︾ ᠢᠶᠠᠨ ᠪᠠᠲᠤᠳᠬᠠᠨ᠂ ︽ | ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠢᠮᠠᠭᠲᠠ ᠤᠯᠤᠰ ᠲᠦᠷᠦ ᠶᠢᠨ ᠵᠣᠭᠰᠣᠯᠲᠠ᠂ ᠤᠯᠤᠰ ᠲᠦᠷᠦ ᠶᠢᠨ | ᠴᠢᠭᠯᠡᠯ᠂ ᠤᠯᠤᠰ ᠲᠦᠷᠦ ᠶᠢᠨ ᠵᠠᠷᠴᠢᠮ᠂ ᠤᠯᠤᠰ ᠲᠦᠷᠦ ᠶᠢᠨ ᠵᠠᠮ ᠳᠡᠭᠡᠷ᠎ᠡ ᠨᠠᠮ ᠤᠨ ᠲᠥᠪ ᠬᠤᠷᠢᠶ᠎ᠠ ᠲᠠᠢ ᠳᠡᠭᠡᠳᠦ | ᠬᠡᠮᠵᠢᠶ᠎ᠡ ᠪᠠᠷ ᠨᠢᠭᠡᠳᠦᠯᠲᠡᠢ ᠪᠠᠶᠢᠬᠤ ᠬᠡᠷᠡᠭᠲᠡᠢ᠃ ᠦᠷᠭᠦᠯᠵᠢ ᠨᠠᠮ ᠤᠨ ᠲᠦᠷᠢᠮ ᠨᠠᠮ ᠤᠨ ᠲᠣᠭᠲᠠᠭᠠᠯ ᠨᠠᠮ ᠤᠨ | ᠰᠠᠬᠢᠯᠭ᠎ᠠ ᠪᠠᠲᠤ ᠲᠠᠢ ᠬᠠᠷᠢᠴᠠᠭᠤᠯᠵᠤ᠂ ᠥᠪᠡᠷ ᠤᠨ ᠬᠦᠰᠡᠯᠡᠩ ᠢᠲᠡᠭᠡᠯ ᠪᠢᠰᠢᠷᠡᠯ ᠪᠠ ᠦᠵᠡᠯ ᠰᠠᠨᠠᠭ᠎ᠠ ᠦᠭᠡ | ᠶᠠᠷᠢᠶ᠎ᠠ ᠦᠢᠯᠡ ᠠᠵᠢᠯᠯᠠᠭ᠎ᠠ ᠪᠠᠨ ᠪᠠᠶᠢᠴᠠᠭᠠᠨ ᠦᠵᠡᠵᠦ᠂ ᠤᠯᠤᠰ ᠲᠦᠷᠦ ᠶᠢᠨ ᠮᠠᠭᠠᠳᠯᠠᠬᠤ ᠴᠢᠳᠠᠪᠤᠷᠢ᠂ ᠤᠯᠤᠰ | ᠲᠦᠷᠦ ᠶᠢᠨ ᠣᠶᠢᠯᠠᠭᠠᠬᠤ ᠴᠢᠳᠠᠪᠤᠷᠢ᠂ ᠤᠯᠤᠰ ᠲᠦᠷᠦ ᠶᠢᠨ ᠬᠡᠷᠡᠭᠵᠢᠭᠦᠯᠬᠦ ᠴᠢᠳᠠᠪᠤᠷᠢ ᠪᠠᠨ ᠦᠨᠡᠨ ᠬᠦ | ᠳᠡᠭᠡᠭᠰᠢᠯᠡᠭᠦᠯᠬᠦ ᠬᠡᠷᠡᠭᠲᠡᠢ ᠭᠡᠪᠡ᠃ | ᠶᠢᠨ ᠵᠥᠩ ᠴᠢᠶᠠᠩ ᠢᠯᠡᠷᠬᠡᠶᠢᠯᠡᠬᠦ ᠳᠡᠭᠡᠨ᠂ ᠵᠠᠭᠤᠨ ᠵᠢᠯ ᠤᠨ ᠨᠠᠮ ᠤᠨ ᠲᠡᠤᠬᠡ ᠪᠣᠯ ᠳᠠᠷᠤᠶ ᠨᠠᠮ ᠤᠨ | ᠲᠤᠯᠭᠤᠷ ᠵᠣᠷᠢᠯᠲᠠ ᠶᠢᠨ ᠡᠭᠦᠷᠭᠡ ᠬᠠᠷᠢᠭᠤᠴᠠᠯᠭ᠎ᠠ ᠶᠢ ᠦᠢᠯᠡᠳᠦᠯᠭᠡᠵᠢᠭᠦᠯᠦᠭᠰᠡᠨ ᠲᠡᠤᠬᠡ ᠮᠥᠨ᠂ ᠳᠠᠷᠤᠶ ᠨᠠᠮ ᠪᠣᠯᠤᠨ | ᠠᠷᠠᠳ ᠲᠦᠮᠡᠨ ᠤ ᠰᠡᠳᠬᠢᠯ ᠵᠢᠷᠦᠬᠡ ᠪᠠᠨ ᠬᠤᠯᠪᠣᠭᠰᠠᠨ᠂ ᠠᠮᠢᠰᠬᠤᠭ᠎ᠠ ᠪᠠᠨ ᠨᠢᠭᠡᠳᠬᠡᠭᠰᠡᠨ᠂ ᠬᠤᠪᠢ ᠵᠠᠶᠠᠭ᠎ᠠ ᠪᠠᠨ | ᠬᠠᠮᠲᠤᠳᠬᠠᠭᠰᠠᠨ ᠲᠡᠤᠬᠡ ᠮᠥᠨ᠂ ᠵᠠᠭᠤᠨ ᠵᠢᠯ ᠤᠨ ᠨᠠᠮ ᠤᠨ ᠲᠡᠤᠬᠡ ᠶᠢᠨ ᠭᠤᠤᠯ ᠲᠡᠩᠭᠡᠯᠢᠭ ᠭᠤᠤᠯ ᠱᠤᠭᠤᠮ ᠢ | ᠭᠦᠨᠵᠡᠭᠡᠶ ᠡᠵᠡᠮᠰᠢᠵᠦ᠂ ᠠᠷᠠᠳ ᠲᠦᠮᠡᠨ ᠢ ᠳᠡᠭᠡᠳᠦᠯᠡᠬᠦ ᠶᠢ ᠪᠠᠷᠢᠮᠲᠠᠯᠠᠬᠤ ᠬᠡᠷᠡᠭᠲᠡᠶ᠃ ᠨᠢᠭᠡ ᠳᠤ ᠪᠦᠬᠦ ᠰᠡᠳᠬᠢᠯ ᠪᠦᠬᠦ | ᠵᠣᠷᠢᠭ ᠢᠶᠠᠷ ᠢᠶᠠᠨ ᠠᠷᠠᠳ ᠲᠦᠮᠡᠨ ᠳᠤ ᠦᠢᠯᠡᠴᠢᠯᠡᠬᠦ ᠵᠣᠷᠢᠯᠲᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ | ᠬᠡᠷᠡᠭᠲᠡᠶ᠃ ᠨᠠᠮ ᠪᠣᠯᠤᠨ ᠠᠷᠠᠳ ᠲᠦᠮᠡᠨ ᠤ ᠴᠢᠰᠤ ᠮᠢᠬᠠᠨ ᠤ ᠪᠠᠷᠢᠯᠳᠤᠯᠭ᠎ᠠ ᠶᠢ ᠭᠦᠨᠵᠡᠭᠡᠶ ᠲᠠᠨᠢᠵᠤ᠂ ᠨᠡᠶᠢᠭᠡᠮ ᠤᠨ | ᠬᠥᠭᠵᠢᠯᠲᠡ ᠶᠢᠨ ᠵᠢᠮ᠎ᠡ ᠶᠣᠰᠣ ᠶᠢ ᠬᠦᠨᠳᠦᠳᠬᠡᠬᠦ ᠪᠠ ᠠᠷᠠᠳ ᠲᠦᠮᠡᠨ ᠤ ᠲᠡᠦᠬᠡ ᠶᠢᠨ ᠭᠤᠣᠯ ᠴᠣᠭᠴᠠ ᠶᠢᠨ | ᠪᠠᠶᠢᠷᠢ ᠰᠠᠭᠤᠷᠢ ᠶᠢ ᠬᠦᠨᠳᠦᠳᠬᠡᠬᠦ ᠶᠢᠨ ᠨᠢᠭᠡᠳᠦᠯᠲᠦ ᠴᠢᠨᠠᠷ᠂ ᠨᠠᠮ ᠤᠨ ᠡᠯ᠎ᠡ ᠵᠦᠢᠯ ᠤᠨ ᠠᠵᠢᠯ ᠢ ᠪᠡᠶᠡᠯᠡᠭᠦᠯᠬᠦ ᠪᠠ | ᠠᠷᠠᠳ ᠲᠦᠮᠡᠨ ᠤ ᠠᠰᠢᠭ ᠲᠤᠰᠠ ᠶᠢ ᠪᠡᠶᠡᠯᠡᠭᠦᠯᠬᠦ ᠶᠢᠨ ᠨᠢᠭᠡᠳᠦᠯᠲᠦ ᠴᠢᠨᠠᠷ ᠢ ᠭᠦᠨᠵᠡᠭᠡᠢ ᠡᠵᠡᠮᠳᠡᠵᠦ᠂ ᠨᠠᠮ ᠤᠨ | ᠭᠡᠰᠢᠭᠦᠨ ᠺᠠᠳ᠋ᠷᠴᠤᠳ ᠢ ᠬᠥᠮᠦᠵᠢᠭᠦᠯᠦᠨ ᠬᠥᠲᠥᠯᠥᠨ ᠵᠢᠯᠣᠭᠤᠳᠴᠤ ᠪᠠᠶᠢᠭᠠᠳ ᠨᠡᠶᠢᠭᠡᠮ ᠵᠢᠷᠤᠮ ᠤᠨ | ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠰᠢᠨ᠎ᠡ ᠠᠶᠠᠨ ᠵᠠᠮ ᠳᠤ᠂ ᠶᠡᠷᠦᠩᠬᠡᠶ ᠱᠦᠵᠢ | ᠰᠢ ᠶᠢᠨ ᠫᠢᠩ ᠤᠨ ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ᠂ ᠠᠷᠠᠳ ᠤᠯᠠᠨ ᠤ ᠲᠥᠯᠥᠭᠡ ᠨᠢᠭᠡ ᠰᠡᠳᠬᠢᠯ ᠨᠢᠭᠡ | ᠵᠣᠷᠢᠭ ᠢᠶᠠᠷ ᠠᠵᠢᠯ ᠬᠢᠵᠦ ᠪᠠᠶᠢᠬᠤ ᠡᠰᠡᠬᠦ ᠶᠢ ᠥᠪᠡᠷ ᠤᠨ ᠪᠡᠶ᠎ᠡ ᠠᠴᠠ ᠪᠠᠨ ᠦᠷᠭᠦᠯᠵᠢ ᠠᠰᠠᠭᠤᠵᠤ᠂ ᠪᠦᠬᠦ ᠰᠡᠳᠬᠢᠯ | ᠪᠦᠬᠦ ᠵᠣᠷᠢᠭ ᠢᠶᠠᠷ ᠢᠶᠠᠨ ᠠᠷᠠᠳ ᠲᠦᠮᠡᠨ ᠳᠤ ᠦᠢᠯᠡᠴᠢᠯᠡᠬᠦ ᠦᠨᠳᠦᠰᠦᠨ ᠵᠣᠷᠢᠯᠲᠠ ᠶᠢ ᠢᠮᠠᠭᠲᠠ ᠰᠡᠳᠬᠢᠯ ᠳᠡᠭᠡᠨ | ᠴᠡᠭᠡᠵᠢᠯᠡᠵᠦ᠂ ᠮᠥᠷᠥᠨ ᠳᠡᠭᠡᠷ᠎ᠡ ᠪᠠᠨ ᠡᠭᠦᠷᠬᠦ ᠬᠡᠷᠡᠭᠲᠡᠶ᠃ ᠬᠤᠶᠠᠷ ᠲᠤ ᠠᠷᠠᠳ ᠲᠦᠮᠡᠨ ᠢᠶᠠᠷ ᠭᠤᠣᠯ ᠪᠣᠯᠭᠠᠬᠤ | ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠬᠤ ᠬᠡᠷᠡᠭᠲᠡᠢ᠃ ᠠᠷᠠᠳ ᠲᠦᠮᠡᠨ ᠢᠶᠠᠷ ᠭᠤᠣᠯ ᠪᠣᠯᠭᠠᠬᠤ | ᠬᠥᠭᠵᠢᠯᠲᠡ ᠶᠢᠨ ᠦᠵᠡᠯ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠦ᠂ ᠬᠠᠲᠤᠨ ᠭᠤᠣᠯ ᠤᠨ ᠰᠠᠪᠠ ᠭᠠᠵᠠᠷ ᠤᠨ ᠠᠮᠢ | ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠲᠠᠢ ᠤᠶᠠᠯᠳᠤᠭᠤᠯᠵᠤ᠂ ᠲᠤᠰᠬᠠᠢ ᠴᠡᠭᠴᠡᠯᠡᠨ ᠵᠠᠰᠠᠬᠤ᠂ | ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠲᠠᠢ ᠤᠶᠠᠯᠳᠤᠭᠤᠯᠵᠤ᠂ ᠤᠯᠤᠰ ᠤᠨ ᠨᠢᠭᠡᠳᠦᠯᠲᠡᠢ | ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠬᠦ ᠶᠢ ᠬᠡᠷᠡᠭᠵᠢᠭᠦᠯᠵᠦ᠂ ︽ᠨᠢᠭᠡ ᠨᠠᠰᠤᠲᠠᠨ ᠨᠢᠭᠡ ᠪᠠᠭ᠎ᠠ︾ ᠶᠢᠨ | ᠠᠰᠠᠭᠤᠳᠠᠯ ᠢ ᠰᠠᠶᠢᠵᠢᠷᠠᠭᠤᠯᠬᠤ ᠵᠡᠷᠭᠡ ᠠᠵᠢᠯ ᠲᠠᠢ ᠤᠶᠠᠯᠳᠣᠭᠤᠯᠤᠨ᠂ ᠠᠷᠠᠳ ᠤᠯᠠᠨ ᠤ ᠪᠤᠳᠤᠯ ᠬᠦᠰᠡᠯ | ᠡᠷᠡᠮᠡᠯᠵᠡᠯ ᠢ ᠣᠶᠢᠯᠠᠭᠠᠵᠤ᠂ ᠤᠶᠤᠨ ᠴᠢᠳᠠᠯ ᠢᠶᠠᠨ ᠲᠥᠪᠯᠡᠷᠡᠭᠦᠯᠦᠨ ᠨᠢᠭᠡ ᠪᠦᠯᠦᠭ ᠠᠷᠠᠳ ᠤᠨ ᠠᠮᠢᠳᠤᠷᠠᠯ ᠤᠨ | ᠪᠣᠳᠠᠲᠤ ᠶᠠᠪᠤᠳᠠᠯ ᠢ ᠰᠢᠢᠳᠪᠦᠷᠢᠯᠡᠨ᠎ᠡ᠃ ᠭᠤᠷᠪᠠ ᠳᠤ ᠠᠷᠠᠳ ᠲᠦᠮᠡᠨ ᠳᠤ ᠦᠢᠯᠡᠴᠢᠯᠡᠬᠦ ᠴᠢᠳᠠᠪᠤᠷᠢ ᠪᠠ ᠬᠢᠷᠢ | ᠬᠡᠮᠵᠢᠶ᠎ᠡ ᠶᠢ ᠳᠡᠭᠡᠭᠰᠢᠯᠡᠭᠦᠯᠬᠦ ᠬᠡᠷᠡᠭᠲᠡᠶ᠃ ᠡᠯ᠎ᠡ ᠱᠠᠲᠤᠨ ᠤ ᠤᠳᠤᠷᠢᠳᠬᠤ ᠺᠠᠳ᠋ᠷ ᠢᠯᠠᠩᠭᠤᠶ᠎ᠠ ︽ᠵᠠᠩᠭᠢᠯᠠᠭ᠎ᠠ ᠶᠢᠨ | ᠴᠥᠭᠡᠨ ᠲᠣᠭᠠᠲᠠᠨ︾ ᠨᠢ ᠲᠤᠭᠤᠷᠢᠭ ᠤᠨ ᠨᠠᠮ ᠤᠨ ᠬᠤᠷᠢᠶ᠎ᠠ ᠶᠢᠨ ᠲᠣᠭᠲᠠᠭᠠᠭᠰᠠᠨ ᠭᠤᠤᠯᠳᠠᠯᠭ᠎ᠠ ᠲᠠᠢ ᠠᠵᠢᠯ ᠤᠨ | ᠲᠣᠭᠤᠷᠢᠨ ᠳᠤ᠂ ᠵᠣᠷᠢᠭᠲᠠᠶ ᠪᠠᠷ ᠬᠠᠷᠢᠭᠤᠴᠠᠯᠭ᠎ᠠ ᠡᠭᠦᠷᠭᠡᠯᠡᠵᠦ᠂ ᠬᠦᠴᠢᠷ ᠠᠰᠠᠭᠤᠳᠠᠯ ᠳᠤ ᠰᠢᠭᠤᠳ ᠬᠠᠨᠳᠤᠵᠤ᠂ | ᠰᠠᠭᠤᠷᠢ ᠲᠠᠯᠪᠢᠬᠤ᠂ ᠰᠡᠯᠭᠦᠬᠦ ᠬᠦᠴᠦᠨ ᠢ ᠨᠡᠮᠡᠭᠳᠡᠭᠦᠯᠬᠦ᠂ ᠠᠯᠤᠰ ᠬᠡᠲᠦ ᠳᠤ ᠠᠰᠢᠭᠲᠠᠶ ᠠᠵᠢᠯ ᠢ ᠰᠠᠶᠢᠲᠤᠷ ᠬᠢᠬᠦ | ᠬᠡᠷᠡᠭᠲᠡᠶ᠃ ︽ᠦᠢᠯᠡᠰ ᠪᠦᠲᠦᠭᠡᠬᠦ︾ ᠤᠬᠠᠮᠰᠠᠷ ᠢᠶᠠᠨ ᠴᠢᠩᠭᠠᠳᠬᠠᠵᠤ᠂ ︽ᠴᠢᠳᠠᠪᠤᠷᠢ ᠲᠠᠢ ᠪᠠᠶᠢᠬᠤ︾ | ᠴᠢᠳᠠᠪᠤᠷᠢ ᠪᠠᠨ ᠳᠡᠭᠡᠭᠰᠢᠯᠡᠭᠦᠯᠦᠨ᠂ ︽ᠴᠢᠳᠠᠮᠠᠭᠠᠢ ᠪᠠᠷ ᠠᠵᠢᠯᠯᠠᠬᠤ︾ ᠠᠷᠭ᠎ᠠ ᠵᠠᠮ ᠢ ᠣᠨᠣᠪᠴᠢᠲᠠᠢ ᠡᠷᠢᠵᠦ᠂ | ᠠᠵᠢᠯ ᠢᠶᠠᠨ ᠠᠬᠢᠭᠤᠯᠬᠤ ᠰᠢᠨ᠎ᠡ ᠠᠷᠭ᠎ᠠ ᠬᠡᠮᠵᠢᠶ᠎ᠡ ᠰᠢᠨ᠎ᠡ ᠠᠷᠭ᠎ᠠ ᠶᠢ ᠢᠳᠡᠪᠬᠢᠲᠡᠢ ᠰᠦᠪᠡᠭᠴᠢᠯᠡᠵᠦ᠂ ᠤᠯᠠᠨ | ᠲᠦᠮᠡᠨ ᠤ ᠰᠡᠳᠬᠢᠯ ᠵᠣᠪᠠᠭ᠋ᠤ ᠶᠠᠪᠤᠳᠠᠯ ᠢ ᠰᠠᠶᠢᠲᠤᠷ ᠰᠢᠢᠳᠪᠦᠷᠢᠯᠡᠬᠦ ᠬᠡᠷᠡᠭᠲᠡᠢ ᠭᠡᠪᠡ᠃ | ᠶᠢᠨ ᠵᠥᠩ ᠴᠢᠶᠠᠩ ᠢᠯᠡᠷᠬᠡᠶᠢᠯᠡᠬᠦ ᠳᠡᠭᠡᠨ᠂ ᠡᠨᠡ ᠵᠢᠯ ᠪᠣᠯ ︽ᠠᠷᠪᠠᠨ ᠳᠥᠷᠪᠡᠳᠦᠭᠡᠷ ᠲᠠᠪᠤᠨ ᠵᠢᠯ ᠤᠨ | ᠲᠥᠯᠥᠪᠵᠢᠭᠦᠯᠭᠡ︾ ᠶᠢᠨ ᠡᠬᠢᠯᠡᠯᠲᠡ ᠶᠢᠨ ᠵᠢᠯ ᠮᠥᠨ᠂ ᠪᠠᠰᠠ ᠴᠤ ᠨᠠᠮ ᠪᠠᠶᠢᠭᠤᠯᠤᠭᠳᠠᠭᠰᠠᠨ ᠵᠠᠭᠤᠨ ᠵᠢᠯ ᠤᠨ ᠣᠶ | ᠮᠥᠨ᠃ ᠪᠢᠳᠡ ᠰᠢ ᠶᠢᠨ ᠫᠢᠩ ᠶᠡᠷᠦᠩᠬᠡᠢ ᠱᠦᠵᠢ ᠶᠢᠨ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠬᠤᠷᠠᠯ ᠤᠨ ᠥᠪᠥᠷ ᠮᠣᠩᠭᠤᠯ ᠤᠨ | ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠳᠤ ᠣᠷᠣᠯᠴᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ | ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︽ᠪᠢ ᠤᠯᠠᠨ ᠲᠦᠮᠡᠨ ᠳᠤ ᠪᠣᠳᠠᠲᠤ | ᠶᠠᠪᠤᠳᠠᠯ ᠬᠢᠵᠦ ᠥᠭᠬᠦ︾ ᠦᠢᠯᠡᠳᠦᠯᠭᠡ ᠶᠢᠨ ᠠᠵᠢᠯᠯᠠᠭ᠎ᠠ ᠶᠢ ᠰᠠᠶᠢᠲᠤᠷ ᠥᠷᠨᠢᠭᠦᠯᠵᠦ᠂ ᠨᠠᠮ ᠤᠨ ᠲᠡᠦᠬᠡ ᠶᠢᠨ | ᠰᠤᠷᠤᠯᠴᠠᠯᠭ᠎ᠠ ᠬᠥᠮᠦᠵᠢᠯ ᠢ ᠲᠤᠷᠰᠢᠯᠭ᠎ᠠ ᠪᠠᠨ ᠳ᠋ᠦᠩᠨᠡᠬᠦ᠂ ᠪᠣᠳᠠᠲᠤ ᠪᠠᠶᠢᠳᠠᠯ ᠢ ᠠᠵᠢᠭᠯᠠᠬᠤ᠂ ᠠᠵᠢᠯ ᠢᠶᠠᠨ | ᠠᠬᠢᠭᠤᠯᠬᠤ ᠲᠠᠢ ᠤᠶᠠᠯᠳᠤᠭᠤᠯᠵᠤ᠂ ᠰᠢᠯᠢᠳᠡᠭ ᠬᠢᠷᠢ ᠪᠦᠲᠦᠮᠵᠢ ᠪᠠᠷ ᠢᠶᠠᠨ ᠨᠠᠮ ᠪᠠᠶᠢᠭᠤᠯᠤᠭᠳᠠᠭᠰᠠᠨ 100 ᠵᠢᠯ ᠤᠨ | ᠤᠢ ᠶᠢ ᠪᠡᠯᠭᠡᠯᠡᠬᠦ ᠬᠡᠷᠡᠭᠲᠡᠢ᠃ ᠨᠢᠭᠡ ᠳᠤ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠶᠢ | ᠯᠠᠪᠳᠠᠭᠤᠨ ᠪᠠᠲᠤᠲᠠᠶ ᠲᠦᠯᠬᠢᠨ ᠠᠬᠢᠭᠤᠯᠬᠤ ᠬᠡᠷᠡᠭᠲᠡᠶ᠃ ᠬᠠᠲᠤᠨ ᠭᠤᠤᠯ ᠤᠨ ᠣᠷᠣᠰᠬᠠᠯ ᠤᠨ ᠥᠪᠥᠷ ᠮᠣᠩᠭᠤᠯ ᠳᠤ | ᠣᠷᠣᠬᠤ ᠠᠩᠬᠠᠨ ᠤ ᠥᠷᠲᠡᠭᠡ ᠶᠢᠨ ᠠᠩᠬᠠᠨ ᠤ ᠬᠠᠷᠢᠭᠤᠴᠠᠯᠭ᠎ᠠ ᠶᠢ ᠭᠦᠨᠵᠡᠭᠡᠶ ᠨᠠᠶᠢᠳᠠᠪᠤᠷᠢᠵᠢᠭᠤᠯᠵᠤ᠂ ᠠᠭᠤᠯᠠ | ᠤᠰᠤ ᠣᠶ ᠰᠢᠭᠤᠶ ᠲᠠᠷᠢᠶᠠᠨ ᠭᠠᠵᠠᠷ ᠨᠠᠭᠤᠷ ᠴᠥᠭᠦᠷᠥᠮ ᠡᠪᠡᠰᠦ ᠡᠯᠡᠰᠦ ᠶᠢ ᠬᠠᠮᠲᠤᠪᠠᠷ ᠬᠠᠮᠠᠭᠠᠯᠠᠬᠤ ᠪᠠ | ᠬᠠᠮᠵᠢᠯᠴᠠᠨ ᠵᠠᠰᠠᠬᠤ ᠶᠢ ᠴᠢᠩᠭᠠᠳᠬᠠᠨ᠂ ᠠᠮᠢ ᠠᠬᠤᠶ ᠶᠢᠨ ᠰᠢᠰᠲ᠋ᠧᠮ ᠤᠨ ᠶᠠᠰᠤ ᠴᠢᠨᠠᠷ ᠪᠠ ᠲᠣᠭᠲᠠᠪᠤᠷᠢᠲᠤ | ᠴᠢᠨᠠᠷ ᠢ ᠳᠡᠭᠡᠭᠰᠢᠯᠡᠭᠦᠯᠵᠦ᠂ ᠬᠠᠲᠤᠨ ᠭᠤᠤᠯ ᠤᠨ ᠰᠠᠪᠠ ᠭᠠᠵᠠᠷ ᠤᠨ ᠬᠠᠶᠢᠨᠠᠨ ᠤ ᠬᠡᠰᠡᠭ ᠤᠨ ᠠᠮᠢ ᠠᠬᠤᠶ ᠶᠢᠨ | ᠣᠷᠴᠢᠨ ᠲᠣᠭᠤᠷᠢᠨ ᠢ ᠦᠨᠡᠨᠬᠦ ᠰᠠᠶᠢᠲᠤᠷ ᠬᠠᠮᠠᠭᠠᠯᠠᠨ᠎ᠠ᠃ ᠬᠤᠶᠠᠷ ᠲᠤ ᠤᠳᠤ ᠦᠶ᠎ᠡ ᠶᠢᠨ ᠠᠵᠤ ᠦᠢᠯᠡᠰ ᠤᠨ | ᠰᠢᠰᠲ᠋ᠧᠮ ᠢ ᠲᠦᠷᠭᠡᠪᠴᠢᠯᠡᠨ ᠪᠠᠶᠢᠭᠤᠯᠬᠤ ᠬᠡᠷᠡᠭᠲᠡᠶ᠃ ᠤᠯᠠᠮᠵᠢᠯᠠᠯᠲᠤ ᠠᠵᠤ ᠦᠢᠯᠡᠰ ᠢ ᠥᠭᠡᠷᠡᠴᠢᠯᠡᠨ ᠲᠠᠰ | ᠳᠡᠪᠰᠢᠭᠦᠯᠬᠦ ᠶᠢ ᠪᠥᠬᠦ ᠬᠦᠴᠦᠨ ᠢᠶᠠᠷ ᠢᠶᠠᠨ ᠠᠬᠢᠭᠤᠯᠵᠤ᠂ ᠨᠡᠭᠦᠷᠡᠰᠦᠨ ᠤ ᠬᠡᠦᠷᠡᠰᠦ ᠶᠢᠨ ᠠᠵᠤ ᠠᠬᠤᠶᠢᠯᠠᠯ ᠢ | ᠡᠮᠬᠢᠯᠡᠨ ᠨᠡᠶᠢᠯᠡᠭᠦᠯᠵᠦ ᠳᠠᠬᠢᠨ ᠵᠣᠬᠢᠶᠠᠨ ᠪᠠᠶᠢᠭᠤᠯᠬᠤ ᠶᠢ ᠲᠦᠷᠭᠡᠳᠬᠡᠨ᠂ ᠬᠡᠯᠬᠢᠶᠡᠰᠦ ᠶᠢ ᠤᠷᠲᠤᠳᠬᠠᠨ | ᠨᠥᠬᠦᠪᠥᠷᠢᠯᠡᠬᠦ ᠬᠡᠯᠬᠢᠶᠡᠰᠦ ᠶᠢ ᠪᠤᠶᠢᠵᠢᠭᠤᠯᠬᠤ ᠢᠨᠵᠧᠨᠧᠷᠢᠩ ᠢ ᠶᠡᠬᠡᠪᠡᠷ ᠬᠡᠷᠡᠭᠵᠢᠭᠦᠯᠦᠨ᠎ᠡ᠃ ᠣᠲᠣ ᠦᠶ᠎ᠡ ᠶᠢᠨ | ᠬᠥᠮᠥᠷᠭᠡᠯᠡᠨ ᠬᠠᠳᠠᠭᠠᠯᠠᠬᠤ ᠡᠳ᠋ ᠪᠠᠷᠠᠭᠠᠨ ᠤ ᠭᠦᠢᠯᠭᠡᠭᠡᠨ ᠤ ᠦᠢᠯᠡᠰ ᠢ ᠦᠷᠭᠦᠯᠵᠢᠯᠡᠨ ᠪᠤᠵᠠᠭᠠᠶᠢᠷᠠᠭᠤᠯᠵᠤ᠂ ᠦᠬᠠᠶ | ᠵᠢᠴᠢ ᠡᠷᠬᠢᠨ ᠲᠣᠭᠤᠷᠢᠨ ᠤ ᠣᠷᠣᠨ ᠪᠦᠰᠡ ᠶᠢ ᠬᠠᠮᠤᠷᠤᠭᠰᠠᠨ ᠶᠡᠷᠦᠩᠬᠡᠶᠢᠯᠡᠭᠰᠡᠨ ᠡᠳ᠋ ᠪᠠᠷᠠᠭᠠᠨ ᠤ ᠭᠦᠢᠯᠭᠡᠭᠡᠨ ᠤ | ᠬᠦᠢᠰᠦ ᠶᠢ ᠠᠯᠬᠤᠮ ᠠᠯᠬᠤᠮ ᠢᠶᠠᠷ ᠪᠠᠶᠢᠭᠤᠯᠤᠨ᠎ᠠ᠃ ᠰᠣᠶᠣᠯ ᠵᠢᠭᠤᠯᠴᠢᠯᠠᠯ ᠢ ᠠᠭᠤᠰᠤᠯᠴᠠᠭᠤᠯᠬᠤ᠂ ᠲᠠᠷᠢᠶᠠᠯᠠᠩ | ᠵᠢᠭᠤᠯᠴᠢᠯᠠᠯ ᠢ ᠠᠭᠤᠰᠤᠯᠴᠠᠭᠤᠯᠬᠤ ᠰᠢᠨ᠎ᠡ ᠵᠠᠭᠪᠤᠷ ᠢ ᠰᠦᠪᠡᠭᠴᠢᠯᠡᠵᠦ᠂ ᠠᠵᠤ ᠠᠬᠤᠶ ᠶᠢᠨ ᠰᠢᠨ᠎ᠡ ᠨᠡᠮᠡᠭᠳᠡᠯ ᠤᠨ | ᠴᠡᠭ ᠢ ᠪᠤᠶᠢᠵᠢᠭᠤᠯᠤᠨ᠎ᠠ᠃ ᠭᠤᠷᠪᠠ ᠳᠤ ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠬᠡᠷᠡᠭᠲᠡᠶ᠃ ᠠᠵᠢᠯ | ᠦᠢᠯᠡᠰ ᠤᠨ ᠨᠢᠭᠡᠴᠡ ᠶᠢᠨ ᠥᠭᠡᠷᠡᠴᠢᠯᠡᠯᠲᠡ ᠶᠢᠨ ᠲᠤᠷᠰᠢᠯᠲᠠ ᠶᠢᠨ ᠠᠵᠢᠯ ᠢ ᠭᠦᠨᠵᠡᠭᠡᠶᠢᠷᠡᠭᠦᠯᠵᠦ᠂ ᠵᠠᠰᠠᠭ | ᠵᠠᠬᠢᠷᠭᠠᠨ᠂ ᠠᠵᠢᠯ ᠦᠢᠯᠡᠰ᠂ ᠭᠤᠤᠯᠯᠠᠨ ᠬᠠᠮᠢᠶᠠᠷᠬᠤ ᠪᠠᠶᠢᠭᠤᠯᠭ᠎ᠠ᠂ ᠶᠠᠪᠤᠳᠠᠯ ᠭᠦᠢᠴᠡᠳᠭᠡᠬᠦ ᠪᠠᠶᠢᠭᠤᠯᠤᠮᠵᠢ ᠶᠢᠨ | ᠬᠠᠷᠢᠴᠠᠭ᠎ᠠ ᠶᠢ ᠰᠢᠯᠤᠭᠤᠳᠬᠠᠨ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ︽ᠨᠢᠭᠡ ᠰᠦᠯᠵᠢᠶ᠎ᠡ ᠪᠠᠷ ᠪᠦᠬᠦᠨ ᠢ | ᠭᠦᠢᠴᠡᠳᠭᠡᠬᠦ︾ ︽ᠮᠤᠵᠢ ᠠᠯᠤᠰᠯᠠᠨ ᠪᠦᠬᠦᠨ ᠢ ᠭᠦᠢᠴᠡᠳᠭᠡᠬᠦ︾ ︽ᠨᠢᠭᠡ ᠶᠠᠪᠤᠳᠠᠯ ᠢ ᠨᠢᠭᠡ ᠯᠡ ᠤᠳᠠᠭ᠎ᠠ ᠳᠤ | ᠭᠦᠢᠴᠡᠳᠭᠡᠬᠦ︾ ᠶᠢ ᠭᠦᠨᠵᠡᠭᠡᠶ ᠠᠬᠢᠭᠤᠯᠵᠤ᠂ ᠬᠤᠳᠠᠯᠳᠤᠭ᠎ᠠ ᠡᠷᠭᠢᠯᠡᠬᠦ ᠣᠷᠴᠢᠨ ᠲᠣᠭᠤᠷᠢᠨ ᠤ ᠰᠢᠨ᠎ᠡ ᠳᠦᠷᠢ | ᠲᠥᠷᠬᠦ ᠶᠢ ᠪᠥᠬᠦ ᠬᠦᠴᠦᠨ ᠢᠶᠠᠷ ᠢᠶᠠᠨ ᠪᠣᠶ ᠪᠣᠯᠭᠠᠨ᠎ᠠ᠃ ᠲᠦᠷᠪᠡ ᠳᠤ ᠠᠷᠠᠳ ᠤᠨ ᠠᠮᠢᠳᠤᠷᠠᠯ ᠤᠨ ᠴᠢᠨᠠᠷ | ᠴᠢᠨᠰᠠᠭ᠎ᠠ ᠶᠢ ᠦᠨᠡᠨ ᠬᠦ ᠳᠡᠭᠡᠭᠰᠢᠯᠡᠭᠦᠯᠬᠦ ᠬᠡᠷᠡᠭᠲᠡᠶ᠃ ᠢᠵᠢ ᠪᠦᠷᠢᠳᠦᠭᠦᠯᠬᠦ ᠲᠥᠬᠦᠭᠡᠷᠦᠮᠵᠢ ᠶᠢᠨ ᠪᠦᠳᠦᠭᠡᠨ | ᠪᠠᠶᠢᠭᠤᠯᠤᠯᠲᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠬᠤᠳᠠ ᠬᠥᠳᠡᠭᠡ ᠶᠢᠨ ᠪᠦᠳᠦᠭᠡᠨ | ᠪᠠᠶᠢᠭᠤᠯᠤᠯᠲᠠ ᠶᠢᠨ ᠳᠤᠲᠠᠭᠤᠳᠠᠯ ᠢ ᠨᠦᠬᠦᠪᠦᠷᠢᠯᠡᠨ᠂ ᠠᠵᠢᠯ ᠣᠯᠭᠤᠯᠲᠠ ᠠᠳᠠᠯ ᠦᠢᠯᠡᠰ ᠴᠣᠭᠴᠠᠯᠠᠬᠤ᠂ ᠰᠤᠷᠭᠠᠨ | ᠬᠥᠮᠦᠵᠢᠯ ᠡᠮ ᠡᠮᠨᠡᠯᠭᠡ᠂ ᠭᠡᠷ ᠪᠠᠶᠢᠰᠢᠩ ᠭᠠᠵᠠᠷ ᠰᠢᠷᠣᠶ ᠶᠢᠨ ᠬᠦᠷᠦᠩᠭᠡ ᠶᠢᠨ ᠦᠯᠡᠳᠡᠭᠳᠡᠯ ᠠᠰᠠᠭᠤᠳᠠᠯ᠂ | ᠬᠦᠴᠢᠷᠳᠡᠯᠲᠡᠶ ᠬᠠᠮᠲᠤᠯᠢᠭ ᠢ ᠠᠪᠤᠷᠠᠨ ᠲᠤᠰᠠᠯᠠᠬᠤ ᠵᠡᠷᠭᠡ ᠠᠷᠠᠳ ᠤᠨ ᠠᠮᠢᠳᠤᠷᠠᠯ ᠤᠨ ᠠᠰᠠᠭᠤᠳᠠᠯ ᠢ ᠰᠠᠶᠢᠲᠤᠷ | ᠰᠢᠢᠳᠪᠦᠷᠢᠯᠡᠵᠦ᠂ ᠥᠷᠭᠡᠨ ᠤᠯᠠᠨ ᠲᠦᠮᠡᠨ ᠳᠤ ᠨᠡᠩ ᠤᠯᠠᠨ ᠬᠦᠷᠲᠡᠮᠵᠢ ᠶᠢᠨ ᠲᠦᠷᠦᠭᠳᠡᠯ᠂ ᠵᠣᠯ ᠵᠢᠷᠭᠠᠯᠲᠤ | ᠲᠦᠷᠦᠭᠳᠡᠯ᠂ ᠠᠮᠤᠷ ᠲᠦᠪᠰᠢᠨ ᠤ ᠲᠦᠷᠦᠭᠳᠡᠯ ᠲᠠᠢ ᠪᠣᠯᠭᠠᠨ᠎ᠠ᠃ ᠲᠠᠪᠤ ᠳᠤ᠂ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠤᠬᠠᠮᠰᠠᠷ ᠤᠨ ᠬᠥᠮᠦᠵᠢᠯ ᠢ ᠰᠠᠶᠢᠲᠤᠷ ᠬᠢᠬᠦ ᠬᠡᠷᠡᠭᠲᠡᠢ᠃ ᠦᠨᠳᠦᠰᠦᠲᠡᠨ ᠤ | ᠪᠦᠯᠬᠦᠮᠳᠡᠯ ᠤᠨ ᠬᠥᠮᠦᠵᠢᠯ ᠢ ᠭᠦᠨᠵᠡᠭᠡᠶ ᠥᠷᠨᠢᠭᠦᠯᠵᠦ᠂ ᠪᠥᠬᠦ ᠤᠯᠤᠰ ᠤᠨ ᠦᠨᠳᠦᠰᠦᠲᠡᠨ ᠤ ᠪᠦᠯᠬᠦᠮᠳᠡᠯ | ᠳᠠᠪᠰᠢᠯᠲᠠ ᠶᠢᠨ ᠵᠢᠱᠢᠶ᠎ᠡ ᠦᠵᠡᠭᠦᠯᠬᠦ ᠣᠷᠣᠨ ᠢ ᠢᠳᠡᠪᠬᠢᠲᠡᠶ ᠪᠠᠷ ᠴᠢᠷᠮᠠᠶᠢᠨ ᠪᠠᠶᠢᠭᠤᠯᠵᠤ᠂ ᠤᠯᠤᠰ ᠤᠨ ᠨᠢᠭᠡᠳᠦᠯᠲᠡᠶ | ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠬᠦ ᠶᠢ ᠪᠥᠬᠦ ᠲᠠᠯ᠎ᠠ ᠪᠠᠷ ᠬᠡᠷᠡᠭᠵᠢᠭᠦᠯᠦᠨ᠂ ︽ᠭᠤᠷᠪᠠ ᠠᠴᠠ ᠰᠠᠯᠵᠤ | ᠴᠢᠳᠠᠬᠤ ᠥᠬᠡᠶ︾ ︽ᠲᠠᠪᠤ ᠶᠢ ᠮᠡᠳᠡᠷᠡᠬᠦ︾ ᠶᠢ ᠪᠥᠬᠦ ᠲᠤᠭᠤᠷᠢᠭ ᠤᠨ ᠦᠨᠳᠦᠰᠦᠲᠡᠨ ᠨᠦᠭᠦᠳ ᠤᠨ ᠺᠠᠳ᠋ᠷ ᠣᠯᠠᠨ | ᠲᠦᠮᠡᠨ ᠤ ᠦᠵᠡᠯ ᠰᠠᠨᠠᠭᠠᠨ ᠤ ᠬᠠᠮᠲᠤ ᠶᠢᠨ ᠲᠠᠨᠢᠯᠲᠠ ᠪᠣᠯᠭᠠᠨ᠎ᠠ᠃ ᠵᠢᠷᠭᠤᠭ᠎ᠠ ᠳᠤ᠂ ᠨᠡᠶᠢᠭᠡᠮ ᠤᠨ ᠵᠠᠰᠠᠯᠲᠠ ᠶᠢᠨ | ᠲᠦᠪᠰᠢᠨ ᠢ ᠬᠦᠴᠦᠯᠡᠨ ᠳᠡᠭᠡᠭᠰᠢᠯᠡᠭᠦᠯᠬᠦ ᠬᠡᠷᠡᠭᠲᠡᠢ᠃ ᠬᠤᠳᠠ ᠶᠢᠨ ᠬᠡᠪᠴᠢᠶᠡᠨ ᠤ ᠨᠡᠶᠢᠭᠡᠮ ᠤᠨ ᠵᠠᠰᠠᠯᠲᠠ ᠶᠢᠨ | ᠣᠳᠣᠬᠢᠴᠢᠯᠠᠯᠲᠠ ᠶᠢᠨ ᠲᠤᠷᠰᠢᠯᠲᠠ ᠶᠢᠨ ᠴᠡᠭ ᠤᠨ ᠪᠦᠳᠦᠭᠡᠨ ᠪᠠᠶᠢᠭᠤᠯᠤᠯᠲᠠ ᠶᠢ ᠲᠦᠷᠭᠡᠳᠬᠡᠵᠦ᠂ ︽ᠢᠨᠲ᠋ᠧᠷ | ᠰᠦᠯᠵᠢᠶ᠎ᠡ + ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ︾ ᠶᠢᠨ ᠰᠢᠨ᠎ᠡ ᠵᠠᠭᠪᠤᠷ ᠢ ᠰᠦᠪᠡᠭᠴᠢᠯᠡᠵᠦ᠂ ᠠᠮᠤᠷ | ᠠᠮᠤᠭᠤᠯᠠᠩ ᠬᠠᠶᠢᠨᠠᠨ ᠤ ᠪᠦᠳᠦᠭᠡᠨ ᠪᠠᠶᠢᠭᠤᠯᠤᠯᠲᠠ ᠶᠢ ᠭᠦᠨᠵᠡᠭᠡᠶᠢᠷᠡᠭᠦᠯᠵᠦ᠂ ᠬᠠᠷ᠎ᠠ ᠪᠦᠯᠦᠭᠲᠡᠨ ᠬᠠᠷᠭᠢᠰ ᠬᠦᠴᠦᠨ ᠢ | ᠠᠷᠢᠯᠭᠠᠬᠤ ᠲᠤᠰᠬᠠᠢ ᠲᠡᠮᠡᠴᠡᠯ ᠢ ᠪᠠᠶᠢᠩᠭᠤᠵᠢᠭᠤᠯᠤᠨ ᠥᠷᠨᠢᠭᠦᠯᠵᠦ᠂ ᠠᠮᠤᠷ ᠲᠦᠪᠰᠢᠨ ᠬᠥᠭᠵᠢᠯᠲᠡ ᠶᠢᠨ ᠬᠤᠷᠢᠭ᠎ᠠ | ᠱᠤᠭᠤᠮ ᠢ ᠰᠠᠬᠢᠨ᠎ᠠ ᠭᠡᠪᠡ᠃ |