ᠬᠠᠷᠢᠭᠤ ᠳᠣᠰᠬᠠᠯ ᠤᠨ ᠪᠦᠯᠦᠭ᠄ ᠶᠡᠷᠦᠩᠬᠡᠶ ᠱᠦᠵᠢ ᠶᠢᠨ ︽ᠳᠣᠯᠣᠭᠠᠨ ᠰᠠᠷ᠎ᠠ ᠶᠢᠨ ᠨᠢᠭᠡᠨ︾ ᠤ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ  ᠰᠣᠷᠣᠯᠴᠠᠭᠠᠳ ᠲᠡᠳᠡᠨᠦᠰ ᠤᠨ ᠶᠠᠮᠠᠷ ᠲᠦᠷᠦᠭᠳᠡᠯ ᠲᠠᠢ ᠶᠢ ᠰᠣᠨᠣᠰᠣᠶ᠎ᠠ ︵ᠭᠤᠷᠪᠠ︶
ᠨᠡᠶᠢᠲᠡᠯᠡᠭᠰᠡᠨ ᠴᠠᠭ᠄
2021/7/12
     ᠶᠡᠷᠦᠩᠬᠡᠶ ᠱᠦᠵᠢ ᠶᠢᠨ ︽ᠳᠣᠯᠣᠭᠠᠨ ᠰᠠᠷ᠎ᠠ ᠶᠢᠨ ᠨᠢᠭᠡᠨ︾ ᠤ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠣᠷᠣᠯᠴᠠᠭᠰᠠᠨ ᠣᠯᠤᠯᠲᠠ ᠲᠦᠷᠦᠭᠳᠡᠯ      ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠣᠯᠣᠰ ᠲᠦᠷᠦ ᠶᠢᠨ ᠭᠡᠰᠢᠭᠦᠨ                ᠵᠢᠶᠠ ᠹᠸᠢ      ᠰᠢ ᠶᠢᠨ ᠫᠢᠩ ᠶᠡᠷᠦᠩᠬᠡᠶ ᠱᠦᠵᠢ᠄ ︽ᠪᠢ ᠥᠪᠡᠷ ᠢ ᠪᠠᠨ ᠠᠯᠳᠠᠵᠤ᠂ ᠠᠷᠠᠳ ᠲᠦᠮᠡᠨ ᠢ ᠬᠥᠰᠡᠷᠳᠡᠭᠦᠯᠬᠦ ᠦᠭᠡᠶ︾ ᠭᠡᠵᠦ ᠬᠡᠯᠡᠭᠰᠡᠨ ᠪᠠᠶᠢᠳᠠᠭ᠃ ᠡᠨᠡᠬᠦ ᠦᠭᠡᠨ ᠠᠴᠠ ᠪᠢ ᠳᠤᠮᠳᠠᠳᠤ ᠤᠯᠤᠰ ᠤᠨ ᠡᠪ ᠬᠠᠮᠲᠤ ᠨᠠᠮ ᠳᠤᠮᠳᠠᠳᠤ ᠤᠯᠤᠰ ᠤᠨ ᠠᠷᠠᠳ ᠲᠦᠮᠡᠨ ᠢ ᠳᠠᠭᠠᠭᠤᠯᠤᠨ ᠥᠨᠥᠳᠦᠷ ᠤᠨ ᠭᠡᠷᠡᠯ ᠰᠠᠴᠤᠷᠠᠩᠭᠤᠶ ᠠᠮᠵᠢᠯᠲᠠ ᠶᠢ ᠣᠯᠵᠤ ᠴᠢᠳᠠᠭᠰᠠᠨ ᠤ ᠰᠢᠯᠲᠠᠭᠠᠨ ᠪᠣᠯ ᠳᠠᠷᠤᠶ ᠳᠤᠮᠳᠠᠳᠤ ᠤᠯᠤᠰ ᠤᠨ ᠡᠪ ᠬᠠᠮᠲᠤ ᠨᠠᠮ ᠠᠷᠠᠳ ᠲᠦᠮᠡᠨ ᠢᠶᠠᠷ ᠭᠤᠣᠯ ᠪᠣᠯᠭᠠᠬᠤ ᠶᠢ ᠢᠮᠠᠭᠲᠠ ᠪᠠᠷᠢᠮᠲᠠᠯᠠᠭᠰᠠᠨ ᠠᠴᠠ ᠪᠣᠯᠤᠭᠰᠠᠨ ᠶᠤᠮ ᠭᠡᠳᠡᠭ ᠢ ᠭᠦᠨᠵᠡᠭᠡᠶ ᠣᠶᠢᠯᠠᠭᠠᠪᠠ᠃ ᠨᠠᠮ ᠪᠠᠶᠢᠭᠤᠯᠤᠭᠳᠠᠭᠰᠠᠨ 100 ᠵᠢᠯ ᠤᠨ ᠣᠶ ᠶᠢ ᠪᠡᠯᠭᠡᠯᠡᠬᠦ ᠶᠡᠭᠡ ᠬᠤᠷᠠᠯ ᠳᠡᠭᠡᠷ᠎ᠡ ᠶᠡᠷᠦᠩᠬᠡᠶ ᠱᠦᠵᠢ ᠰᠢ ᠶᠢᠨ ᠫᠢᠩ᠄ ︽ᠲᠥᠷᠥ ᠭᠦᠷᠦᠨ ᠪᠣᠯ ᠳᠠᠷᠤᠶ ᠠᠷᠠᠳ ᠲᠦᠮᠡᠨ ᠮᠥᠨ᠂ ᠠᠷᠠᠳ ᠲᠦᠮᠡᠨ ᠪᠣᠯ ᠳᠠᠷᠤᠶ ᠲᠥᠷᠥ ᠭᠦᠷᠦᠨ ᠮᠥᠨ᠂ ᠲᠥᠷᠥ ᠭᠦᠷᠦᠨ ᠢᠶᠠᠨ ᠴᠣᠭᠴᠠᠯᠠᠨ᠂ ᠲᠥᠷᠥ ᠭᠦᠷᠦᠨ ᠢᠶᠠᠨ ᠰᠠᠬᠢᠨ ᠬᠠᠮᠠᠭᠠᠯᠠᠬᠤ ᠨᠢ ᠠᠷᠠᠳ ᠲᠦᠮᠡᠨ ᠤ ᠰᠡᠳᠬᠢᠯ ᠢ ᠰᠠᠬᠢᠨ ᠬᠠᠮᠠᠭᠠᠯᠠᠵᠤ ᠪᠠᠶᠢᠳᠠᠭ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠦᠨᠳᠦᠰᠦ ᠰᠠᠭᠤᠷᠢ ᠨᠢ ᠠᠷᠠᠳ ᠲᠦᠮᠡᠨ ᠳᠤ ᠪᠠᠶᠢᠵᠤ᠂ ᠴᠢᠰᠤᠨ ᠰᠤᠳᠠᠰᠤ ᠨᠢ ᠠᠷᠠᠳ ᠲᠦᠮᠡᠨ ᠳᠤ ᠪᠠᠶᠢᠵᠤ᠂ ᠬᠦᠴᠦᠨ ᠴᠢᠳᠠᠯ ᠨᠢ ᠠᠷᠠᠳ ᠲᠦᠮᠡᠨ ᠳᠤ ᠪᠠᠶᠢᠳᠠᠭ︾ ᠭᠡᠵᠦ ᠳᠠᠬᠢᠨᠲᠠ ᠴᠢᠬᠤᠯᠠᠴᠢᠯᠠᠵᠠᠶ᠃ ᠡᠨᠡ ᠨᠢ ᠪᠠᠰᠠ ᠮᠠᠨ ᠤ ᠨᠠᠮ ᠤᠨ ᠠᠷᠠᠳ ᠤᠨ ᠲᠥᠯᠥᠭᠡ ᠲᠦᠷᠦ ᠪᠠᠷᠢᠬᠤ ᠶᠢ ᠪᠠᠷᠢᠮᠲᠠᠯᠠᠵᠤ᠂ ᠪᠦᠬᠦ ᠰᠡᠳᠬᠢᠯ ᠪᠦᠬᠦ ᠵᠣᠷᠢᠭ ᠢᠶᠠᠷ ᠢᠶᠠᠨ ᠠᠷᠠᠳ ᠲᠦᠮᠡᠨ ᠳᠤ ᠦᠢᠯᠡᠴᠢᠯᠡᠬᠦ ᠵᠣᠷᠢᠯᠲᠠ ᠶᠢ ᠠᠵᠢᠯ ᠤᠨ ᠡᠯ᠎ᠡ ᠲᠠᠯ᠎ᠠ ᠳᠤ ᠠᠭᠤᠰᠬᠠᠬᠤ ᠶᠢ ᠱᠠᠭᠠᠷᠳᠠᠵᠤ ᠪᠠᠶᠢᠨ᠎ᠠ᠃ ᠠᠷᠠᠳ ᠤᠨ ᠵᠡᠪᠰᠡᠭᠲᠦ ᠬᠦᠴᠦᠨ ᠤ ᠬᠡᠯᠲᠡᠰ ᠢᠮᠠᠭᠲᠠ ᠠᠷᠠᠳ ᠲᠦᠮᠡᠨ ᠢ ᠰᠡᠳᠬᠢᠯ ᠳᠡᠭᠡᠨ ᠪᠤᠳᠤᠵᠤ᠂ ᠠᠷᠠᠳ ᠲᠦᠮᠡᠨ ᠤ ᠲᠥᠯᠥᠭᠡ ᠫᠤᠤ ᠡᠭᠦᠷᠴᠦ᠂ ᠠᠷᠠᠳ ᠲᠦᠮᠡᠨ ᠤ ᠲᠥᠯᠥᠭᠡ ᠲᠠᠶᠢᠨ ᠬᠢᠬᠦ ᠲᠠᠷᠬᠠᠨ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠠᠷᠠᠳ ᠲᠦᠮᠡᠨ ᠤ ᠡᠩᠭᠡ ᠲᠠᠶᠢᠪᠤᠩ ᠬᠥᠳᠡᠯᠮᠦᠷᠢ ᠪᠠ ᠠᠮᠢᠳᠤᠷᠠᠯ ᠢ ᠬᠠᠮᠠᠭᠠᠯᠠᠬᠤ ᠶᠢ ᠪᠠᠷᠢᠮᠲᠠᠯᠠᠨ᠂ ᠢᠮᠠᠭᠲᠠ ᠠᠷᠠᠳ ᠲᠦᠮᠡᠨ ᠲᠠᠢ ᠬᠠᠮᠲᠤ ᠵᠣᠭᠰᠣᠵᠤ᠂ ᠠᠷᠠᠳ ᠲᠦᠮᠡᠨ ᠳᠤ ᠦᠢᠯᠡᠴᠢᠯᠡᠬᠦ ᠢᠷᠠᠭᠤ ᠠᠯᠳᠠᠷᠲᠤ ᠤᠯᠠᠮᠵᠢᠯᠠᠯ ᠢᠶᠠᠨ ᠦᠷᠭᠦᠯᠵᠢᠯᠡᠨ ᠪᠠᠳᠠᠷᠠᠭᠤᠯᠵᠤ᠂ ᠠᠷᠠᠳ ᠲᠦᠮᠡᠨ ᠢ ᠬᠠᠶᠢᠷᠠᠯᠠᠬᠤ ᠦᠷᠳᠡᠭ ᠤᠨ ᠬᠥᠭᠡᠭᠡᠴᠡᠯᠳᠦᠯ ᠢ ᠪᠠᠷᠢᠮᠲᠠᠯᠠᠨ᠂ ᠠᠷᠠᠳ ᠤᠨ ᠴᠡᠷᠢᠭ ᠠᠩᠬᠢ ᠶᠢᠨ ᠬᠤᠪᠢᠰᠬᠠᠯᠲᠤ ᠭᠧᠨ ᠢ ᠤᠯᠠᠮᠵᠢᠯᠠᠵᠤ᠂ ᠠᠷᠠᠳ ᠲᠦᠮᠡᠨ ᠤ ᠠᠰᠢᠭ ᠲᠤᠰᠠ ᠶᠢ ᠲᠡᠷᠢᠭᠦᠨ  ᠪᠠᠶᠢᠷᠢᠨ ᠳᠤ ᠲᠠᠯᠪᠢᠵᠦ᠂ ᠶᠠᠮᠠᠷᠪᠠ ᠴᠠᠭ ᠦᠶ᠎ᠡ ᠶᠠᠮᠠᠷᠪᠠ ᠪᠠᠶᠢᠳᠠᠯ ᠳᠣᠣᠷ᠎ᠠ ᠴᠥᠮ ᠠᠷᠠᠳ ᠤᠨ ᠬᠡᠦᠬᠡᠳ ᠳᠡᠭᠦᠦ ᠨᠡᠷ ᠴᠡᠷᠢᠭ ᠪᠤᠯᠵᠤ᠂ ᠬᠤᠶᠠᠳᠤᠭᠠᠷ ᠵᠠᠭᠤᠨ ᠵᠢᠯ ᠤᠨ ᠲᠡᠮᠡᠴᠡᠯ ᠤᠨ ᠬᠠᠷᠠᠯᠲᠠ ᠶᠢ ᠪᠡᠶᠡᠯᠡᠭᠦᠯᠬᠦ᠂ ᠳᠤᠮᠳᠠᠳᠤ ᠶᠢᠨ ᠵᠡᠭᠦᠳᠦ ᠴᠡᠷᠢᠭ ᠢᠶᠠᠨ ᠬᠦᠴᠦᠷᠬᠡᠭᠵᠢᠭᠦᠯᠬᠦ ᠵᠡᠭᠦᠳᠦ ᠶᠢ ᠪᠡᠶᠡᠯᠡᠭᠦᠯᠬᠦ ᠳᠤ ᠨᠡᠩ ᠶᠡᠭᠡ ᠰᠢᠨ᠎ᠡ ᠬᠤᠪᠢ ᠨᠡᠮᠡᠷᠢ ᠦᠵᠡᠭᠦᠯᠦᠨ᠎ᠡ᠃
 
     ᠰᠢ ᠶᠢᠨ ᠫᠢᠩ ᠶᠡᠷᠦᠩᠬᠡᠶ ᠱᠦᠵᠢ ᠶᠢᠨ ︽ᠲᠤᠯᠤᠭᠠᠨ ᠰᠠᠷ᠎ᠠ ᠶᠢᠨ ᠨᠢᠭᠡᠨ︾ ᠤ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠭᠰᠠᠨ ᠣᠯᠤᠯᠲᠠ ᠲᠦᠷᠦᠭᠳᠡᠯ      ᠬᠠᠶᠢᠨᠠᠨ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ            ᠬᠤᠤ ᠽᠢ ᠬᠤᠸᠠ      ᠪᠢ ᠳᠣᠭᠳᠣᠯᠤᠭᠰᠠᠨ ᠰᠡᠳᠬᠢᠯᠭᠡ ᠪᠠᠷ ᠲᠢᠶᠠᠨ ᠠᠨ ᠮᠧᠨ ᠲᠠᠯᠠᠪᠠᠢ ᠳᠤ ᠦᠪᠡᠳᠡᠭᠰᠢ ᠶᠡᠭᠡ ᠪᠠᠷ ᠶᠠᠪᠤᠭᠳᠠᠭᠰᠠᠨ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠤᠢ ᠶᠢ ᠪᠡᠯᠭᠡᠯᠡᠬᠦ ᠶᠡᠭᠡ ᠬᠤᠷᠠᠯ ᠢ ᠰᠣᠨᠢᠷᠬᠠᠵᠤ᠂ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠤᠢ ᠶᠢ ᠪᠡᠯᠭᠡᠯᠡᠬᠦ ᠭᠡᠷᠡᠯ ᠰᠠᠴᠤᠷᠠᠩᠭᠤᠶ ᠴᠠᠭ ᠮᠥᠴᠡ  ᠶᠢ ᠣᠯᠵᠦ ᠬᠠᠷᠠᠭᠰᠠᠨ ᠳᠠᠭᠠᠨ ᠮᠠᠰᠢ ᠠᠵᠠ ᠵᠠᠪᠰᠢᠶᠠᠨ ᠲᠠᠢ ᠰᠠᠨᠠᠭᠳᠠᠵᠤ᠂ ᠶᠡᠷᠦᠩᠬᠡᠢ ᠱᠦᠵᠢ ᠰᠢ ᠶᠢᠨ ᠫᠢᠩ ᠤᠨ ᠶᠠᠷᠢᠶᠠᠨ ᠤ ᠵᠣᠷᠢᠭ ᠰᠠᠨᠠᠭᠠᠨ ᠤ ᠲᠤᠬᠠᠢ ᠭᠦᠨᠵᠡᠭᠡᠢ ᠣᠶᠢᠯᠠᠭᠠᠯᠲᠠ ᠪᠠ ᠲᠦᠷᠦᠭᠳᠡᠯ ᠲᠠᠢ ᠪᠤᠯᠵᠤ᠂ ᠢᠯᠠᠩᠭᠤᠶ᠎ᠠ ᠶᠠᠷᠢᠶᠠᠨ ᠳᠤ ︽ᠠᠷᠠᠳ ᠲᠦᠮᠡᠨ︾ ᠭᠡᠬᠦ ᠬᠤᠶᠠᠷ ᠦᠰᠦᠭ ᠢ ᠤᠯᠠᠨ ᠤᠳᠠᠭ᠎ᠠ ᠳᠤᠷᠠᠳᠴᠤ᠂ ᠨᠠᠮ ᠪᠣᠯᠤᠨ ᠠᠷᠠᠳ ᠲᠦᠮᠡᠨ ᠤ ᠴᠢᠰᠤ ᠮᠢᠬᠠᠨ ᠤ ᠪᠠᠷᠢᠯᠳᠤᠯᠭ᠎ᠠ ᠶᠢ ᠭᠦᠨᠵᠡᠭᠡᠢ ᠣᠶᠢᠯᠠᠭᠠᠵᠤ᠂ ᠮᠠᠨ ᠤ ᠨᠠᠮ ᠤᠨ ᠠᠭᠤᠤ ᠶᠡᠭᠡ ᠪᠥᠭᠡᠳ ᠢᠷᠠᠭᠤ ᠠᠯᠳᠠᠷᠲᠠᠢ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠶᠢ ᠣᠶᠢᠯᠠᠭᠠᠪᠠ᠃      ᠨᠠᠮ ᠤᠨ ᠭᠡᠰᠢᠭᠦᠨ ᠺᠠᠳ᠋ᠷ ᠪᠣᠯᠤᠭᠰᠠᠨ ᠤ ᠬᠤᠪᠢ ᠳᠤ᠂ ᠥᠪᠡᠷ ᠢᠶᠠᠨ ᠵᠠᠪᠠᠯ ᠤᠬ ᠰᠠᠨᠠᠭ᠎ᠠ ᠪᠠᠨ ᠦᠯᠦ ᠮᠠᠷᠲᠠᠨ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠨᠠᠮ ᠤᠨ ᠭᠡᠰᠢᠭᠦᠨ ᠤ ᠬᠤᠰᠢᠭᠤᠴᠢ ᠵᠢᠱᠢᠶᠡᠴᠢ ᠶᠢᠨ ᠦᠢᠯᠡᠳᠦᠯ ᠢᠶᠠᠨ ᠪᠠᠳᠠᠷᠠᠭᠤᠯᠵᠤ᠂ ᠨᠠᠮ ᠤᠨ ᠲᠥᠪ ᠬᠤᠷᠢᠶᠠᠨ ᠤ ᠪᠦᠬᠦ ᠡᠪ ᠬᠠᠮᠲᠤ ᠨᠠᠮ ᠤᠨ ᠭᠡᠰᠢᠭᠦᠨ ᠳᠤ ᠭᠠᠷᠭᠠᠭᠰᠠᠨ ᠠᠭᠤᠤ ᠶᠡᠭᠡ ᠤᠷᠢᠶᠠᠯᠠᠭ᠎ᠠ ᠶᠢ ᠡᠷᠡᠰ ᠴᠤᠤᠷᠢᠶᠠᠲᠤᠵᠤ᠂ ᠠᠭᠤᠤ ᠶᠡᠭᠡ ᠨᠠᠮ ᠪᠠᠶᠢᠭᠤᠯᠬᠤ ᠵᠣᠷᠢᠭ ᠰᠠᠨᠠᠭ᠎ᠠ ᠶᠢ ᠬᠦᠴᠦᠯᠡᠨ ᠪᠠᠳᠠᠷᠠᠭᠤᠯᠵᠤ᠂ ᠬᠦᠰᠡᠯᠡᠩ ᠢᠲᠡᠭᠡᠯ ᠪᠢᠰᠢᠷᠡᠯ ᠢᠶᠠᠨ ᠤᠯᠠᠮ ᠴᠢᠨᠠᠭᠰᠢᠳᠠ ᠪᠠᠲᠤᠳᠬᠠᠨ᠂ ᠨᠠᠮ ᠤᠨ ᠰᠢᠨ᠎ᠡ ᠶᠢ ᠡᠭᠦᠳᠬᠦ ᠤᠨᠤᠯ ᠢ ᠰᠠᠶᠢᠲᠤᠷ ᠰᠤᠷᠤᠯᠴᠠᠵᠤ ᠰᠠᠶᠢᠲᠤᠷ ᠬᠡᠷᠡᠭᠯᠡᠵᠦ᠂ ᠰᠤᠷᠤᠯᠴᠠᠯᠭ᠎ᠠ ᠶᠢᠨ ᠦᠷ᠎ᠡ ᠪᠦᠲᠦᠮᠵᠢ ᠶᠢ ᠦᠨᠡᠨᠬᠦ ᠠᠵᠢᠯ ᠢᠶᠠᠨ ᠠᠬᠢᠭᠤᠯᠬᠤ ᠤᠶᠤᠨ ᠰᠠᠨᠠᠭᠠᠨ ᠤ ᠬᠦᠴᠦᠨ ᠪᠣᠯᠭᠠᠨ ᠬᠤᠪᠢᠷᠠᠭᠤᠯᠵᠤ᠂ ᠠᠷᠠᠳ ᠲᠦᠮᠡᠨ ᠢ ᠳᠡᠭᠡᠳᠦᠯᠡᠬᠦ ᠤᠢᠢᠯᠠᠭᠠᠭᠳᠠᠬᠤᠨ ᠢ ᠬᠦᠴᠦᠯᠡᠨ ᠦᠢᠯᠡᠳᠦᠯᠭᠡᠵᠢᠭᠦᠯᠵᠦ᠂ ︽ᠪᠢ ᠤᠯᠠᠨ ᠲᠦᠮᠡᠨ ᠳᠤ ᠪᠤᠳᠠᠲᠤ ᠶᠠᠪᠤᠳᠠᠯ ᠬᠢᠵᠦ ᠥᠭᠬᠦ︾ ᠦᠢᠯᠡᠳᠦᠯᠭᠡ ᠶᠢᠨ ᠠᠵᠢᠯᠯᠠᠭ᠎ᠠ ᠶᠢ ᠯᠠᠪᠳᠠᠭᠤᠨ ᠪᠠᠲᠤᠲᠠᠢ ᠥᠷᠨᠢᠭᠦᠯᠵᠦ᠂ ᠢᠳᠡᠪᠬᠢᠲᠡᠢ ᠪᠠᠷ ᠬᠦᠴᠢᠷ ᠠᠰᠠᠭᠤᠳᠠᠯ ᠢ ᠰᠢᠢᠳᠪᠦᠷᠢᠯᠡᠵᠦ᠂ ᠪᠣᠳᠠᠲᠠᠢ ᠶᠠᠪᠤᠳᠠᠯ ᠬᠢᠵᠦ᠂ ᠬᠢᠨᠠᠯᠲᠠ ᠬᠠᠮᠢᠶᠠᠷᠤᠯᠲᠠ ᠪᠠᠨ ᠴᠢᠠᠩᠭᠠᠳᠬᠠᠨ᠂ ᠠᠮᠤᠷ ᠲᠦᠪᠰᠢᠨ ᠢ ᠪᠠᠲᠤᠯᠠᠵᠤ᠂ ᠠᠷᠠᠳ ᠤᠯᠠᠨ ᠤ ︽ᠪᠠᠴᠢᠮᠳᠠᠯ ᠬᠦᠴᠢᠷᠳᠡᠯ  ᠵᠤᠪᠠᠨᠢᠯ ᠬᠦᠰᠡᠷᠳᠡᠵᠦ︾ ᠪᠠᠶᠢᠭ᠎ᠠ ᠠᠰᠠᠭᠤᠳᠠᠯ ᠢ ᠰᠠᠶᠢᠲᠤᠷ ᠰᠢᠢᠳᠪᠦᠷᠢᠯᠡᠵᠦ᠂ ᠠᠷᠠᠳ ᠤᠯᠠᠨ ᠤ ᠬᠦᠷᠲᠡᠮᠵᠢ ᠶᠢᠨ ᠲᠦᠷᠦᠭᠳᠡᠯ᠂ ᠵᠣᠯ ᠵᠢᠷᠭᠠᠯᠲᠤ ᠲᠦᠷᠦᠭᠳᠡᠯ ᠪᠠ ᠠᠮᠤᠷ ᠲᠦᠪᠰᠢᠨ ᠤ ᠲᠦᠷᠦᠭᠳᠡᠯ ᠢ ᠲᠠᠰᠤᠷᠠᠯᠲᠠ ᠦᠭᠡᠢ ᠳᠡᠭᠡᠭᠰᠢᠯᠡᠭᠦᠯᠦᠨ᠂ ᠡᠭᠦᠷᠭᠡ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠶ ᠭᠦᠢᠴᠡᠳᠭᠡᠵᠦ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠠᠵᠢᠯ ᠤᠨ ᠴᠢᠨᠠᠷ ᠰᠠᠶᠢᠲᠠᠶ ᠬᠥᠭᠵᠢᠯᠲᠡ ᠳᠤ ᠬᠦᠴᠦᠨ ᠨᠡᠮᠡᠷᠢᠯᠡᠨ᠎ᠡ᠃
 
     ᠰᠢ ᠶᠢᠨ ᠫᠢᠩ ᠶᠡᠷᠦᠩᠬᠡᠶ ᠱᠦᠵᠢ ᠶᠢᠨ ︽ᠲᠤᠯᠤᠭᠠᠨ ᠰᠠᠷ᠎ᠠ ᠶᠢᠨ ᠨᠢᠭᠡᠨ︾ ᠤ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠭᠰᠠᠨ ᠣᠯᠤᠯᠲᠠ ᠲᠦᠷᠦᠭᠳᠡᠯ      ᠬᠠᠶᠢᠨᠠᠨ ᠲᠣᠭᠤᠷᠢᠭ ᠤᠨ ᠲᠦᠭᠡᠭᠡᠯ ᠤᠰᠤᠨ ᠤ ᠺᠣᠮᠫᠠᠨᠢ ᠶᠢᠨ ᠨᠠᠮ ᠤᠨ ᠡᠭᠦᠷ ᠤᠨ ᠳᠡᠳ᠋ ᠱᠦᠵᠢ                        ᠴᠧᠨ ᠠᠶ ᠭᠦᠸᠧ      ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠤᠢ ᠶᠢ ᠪᠡᠯᠭᠡᠯᠡᠬᠦ ᠶᠡᠭᠡ ᠬᠤᠷᠠᠯ ᠳᠡᠭᠡᠷ᠎ᠡ᠂ ᠶᠡᠷᠦᠩᠬᠡᠢ ᠱᠦᠵᠢ ᠰᠢ ᠶᠢᠨ ᠫᠢᠩ ᠥᠩᠭᠡᠷᠡᠭᠰᠡᠨ ᠢᠶᠠᠷ ᠲᠤᠯᠢ ᠪᠣᠯᠭᠠᠵᠤ ᠢᠷᠡᠭᠡᠳᠦᠢ ᠶᠢ ᠮᠡᠳᠡᠵᠦ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠠᠭᠤᠤ ᠶᠡᠭᠡ ᠠᠮᠵᠢᠯᠲᠠ ᠪᠣᠯᠤᠨ ᠲᠡᠦᠬᠡᠲᠦ ᠠᠴᠢ ᠬᠤᠯᠪᠣᠭᠳᠠᠯ ᠢ ᠭᠦᠨᠵᠡᠭᠡᠢ ᠳ᠋ᠦᠩᠨᠡᠵᠦ᠂ ᠮᠠᠨ ᠤ ᠤᠯᠤᠰ ᠤᠨ ᠰᠢᠨ᠎ᠡ ᠴᠠᠭ ᠦᠶ᠎ᠡ ᠳᠤ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠢ ᠪᠠᠷᠢᠮᠲᠠᠯᠠᠨ ᠬᠥᠭᠵᠢᠭᠦᠯᠬᠦ ᠬᠦᠴᠦᠷᠬᠡᠭ ᠶᠡᠭᠡ ᠢᠲᠡᠭᠡᠯ ᠵᠣᠷᠢᠭ ᠪᠣᠯᠤᠨ ᠬᠦᠴᠦᠨ ᠴᠢᠳᠠᠯ ᠢ ᠲᠣᠳᠣᠷᠬᠠᠶᠢᠯᠠᠨ ᠥᠭᠦᠯᠡᠪᠡ᠃      ᠳᠤᠮᠳᠠᠳᠤ ᠤᠯᠤᠰ ᠤᠨ ᠡᠪ ᠬᠠᠮᠲᠤ ᠨᠠᠮ ᠦᠩᠭᠡᠷᠡᠭᠰᠡᠨ ᠳᠤ ᠬᠠᠯᠠ ᠵᠣᠪᠠᠯᠠᠩ ᠢ ᠣᠯᠠᠨᠲᠠ ᠥᠩᠭᠡᠷᠡᠭᠦᠯᠵᠦ᠂ ᠲᠡᠰᠪᠦᠷᠢ ᠬᠠᠲᠠᠭᠤᠵᠢᠯᠲᠠᠶ ᠪᠠᠷ ᠲᠡᠮᠡᠴᠡᠨ᠂ ᠳᠤᠮᠳᠠᠳᠤ ᠤᠯᠤᠰ ᠤᠨ ᠠᠷᠠᠳ ᠲᠦᠮᠡᠨ ᠢ ᠳᠠᠭᠠᠭᠤᠯᠤᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠢ ᠪᠠᠷᠢᠮᠲᠠᠯᠠᠨ ᠬᠥᠭᠵᠢᠭᠦᠯᠵᠦ᠂ ᠣᠳᠣᠬᠢᠴᠢᠯᠠᠯᠲᠠ ᠶᠢᠨ ᠵᠠᠮ ᠢ ᠡᠭᠦᠳᠦᠨ ᠪᠦᠲᠦᠭᠡᠵᠦ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠳᠤ ᠭᠡᠭᠡᠨ ᠰᠠᠷᠠᠭᠤᠯ ᠢᠷᠡᠭᠡᠳᠦᠶ ᠶᠢ ᠨᠡᠭᠡᠭᠡᠨ ᠥᠭᠴᠦ᠂ ᠳᠤᠮᠳᠠᠳᠤ ᠤᠯᠤᠰ ᠤᠨ ᠠᠷᠠᠳ ᠲᠦᠮᠡᠨ ᠢ ᠳᠠᠭᠠᠭᠤᠯᠤᠨ ᠣᠳᠣᠬᠢᠴᠢᠯᠠᠯᠲᠠ ᠲᠡᠶᠢᠰᠢ ᠤᠷᠤᠭᠰᠢᠯᠠᠵᠤ᠂ ᠬᠥᠮᠦᠨ ᠲᠥᠷᠥᠯᠬᠢᠲᠡᠨ ᠤ ᠠᠰᠠᠭᠤᠳᠠᠯ ᠢ ᠰᠢᠢᠳᠪᠦᠷᠢᠯᠡᠬᠦ ᠳᠤ ᠬᠦᠴᠦᠨ ᠴᠢᠳᠠᠯ ᠢᠶᠠᠨ ᠡᠷᠭᠦᠵᠡᠶ᠃ ᠶᠡᠷᠦᠩᠬᠡᠢ ᠱᠦᠵᠢ ᠰᠢ ᠶᠢᠨ ᠫᠢᠩ ᠤᠨ ︽ᠨᠢᠭᠡ ᠪᠦᠰᠡ ᠨᠢᠭᠡ ᠵᠠᠮ︾᠂ ︽ ᠬᠦᠬᠡ ᠠᠭᠤᠯᠠ ᠬᠥᠬᠡᠮᠳᠦᠭ ᠤᠰᠤ ᠪᠣᠯ ᠳᠠᠷᠤᠢ ᠠᠯᠳᠠ ᠮᠥᠩᠭᠦᠨ ᠠᠭᠤᠯᠠ ᠮᠥᠨ︾᠂ ︽ᠶᠠᠳᠠᠭᠤ ᠶᠢ ᠲᠡᠳᠬᠦᠬᠦ ᠪᠣᠭᠤᠮᠲᠠ ᠰᠢᠪᠲᠤᠯᠬᠤ ᠳᠠᠶᠢᠯᠠᠯᠳᠤᠭᠠᠨ︾᠂ ︽ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ︾ ᠵᠡᠷᠭᠡ ᠠᠭᠤᠯᠭ᠎ᠠ ᠨᠢ ᠪᠢᠳᠡᠨ ᠳᠤ ᠬᠥᠮᠦᠨ ᠲᠥᠷᠥᠯᠬᠢᠲᠡᠨ ᠤ ᠪᠣᠯᠪᠠᠰᠤᠨ ᠤ ᠰᠢᠨ᠎ᠡ ᠬᠡᠯᠪᠡᠷᠢ ᠶᠢ ᠡᠭᠦᠳᠴᠦ ᠥᠭᠴᠡᠢ᠃ ᠡᠳᠡᠭᠡᠷ ᠵᠠᠮ ᠪᠣᠯᠤᠨ ᠬᠦᠰᠡᠯᠡᠩ ᠢᠲᠡᠭᠡᠯ ᠪᠢᠰᠢᠷᠡᠯ ᠨᠢ ᠠᠷᠠᠳ ᠲᠦᠮᠡᠨ ᠤ ᠤᠶᠤᠨ ᠰᠠᠨᠠᠭᠠᠨ ᠤ ᠬᠥᠳᠡᠯᠭᠡᠬᠦ ᠬᠦᠴᠦᠨ ᠢ ᠴᠢᠩᠭᠠᠷᠠᠭᠤᠯᠤᠭᠰᠠᠨ ᠢᠶᠠᠷ ᠪᠠᠷᠠᠬᠤ ᠦᠭᠡᠢ ᠪᠠᠰᠠ ᠳᠤᠮᠳᠠᠳᠤ ᠤᠯᠤᠰ ᠤᠨ 14 ᠳ᠋ᠦᠩᠰᠢᠭᠤᠷ ᠠᠷᠠᠳ ᠲᠦᠮᠡᠨ ᠳᠤ ᠪᠤᠶᠠᠨ ᠦᠢᠯᠡᠳᠴᠦ᠂ ᠪᠦᠬᠦ ᠳᠡᠯᠡᠬᠡᠢ ᠳᠤ ᠠᠰᠢᠭ ᠬᠦᠷᠲᠡᠭᠡᠵᠦ᠂ ᠪᠣᠯᠪᠠᠰᠤᠨ ᠤ ᠬᠥᠭᠵᠢᠯᠲᠡ ᠶᠢᠨ ᠰᠢᠨ᠎ᠡ ᠵᠠᠮ ᠢ ᠴᠣ᠋ ᠰᠢᠨ᠎ᠡ ᠨᠡᠭᠡᠭᠡᠵᠦ᠂ ᠳᠤᠮᠳᠠᠳᠤ ᠤᠯᠤᠰ ᠤᠨ ᠠᠷᠠᠳ ᠲᠦᠮᠡᠨ ᠳᠤ ᠰᠢᠨ᠎ᠡ ᠬᠦᠰᠡᠯ ᠡᠷᠡᠮᠡᠯᠵᠡᠯ ᠢ ᠠᠪᠴᠢᠷᠠᠵᠤ ᠥᠭᠭᠦᠭᠰᠡᠨ ᠶᠤᠮ᠃    
   
     ᠰᠢ ᠶᠢᠨ ᠫᠢᠩ ᠶᠡᠷᠦᠩᠬᠡᠶ ᠱᠦᠵᠢ ᠶᠢᠨ ︽ᠲᠤᠯᠤᠭᠠᠨ ᠰᠠᠷ᠎ᠠ ᠶᠢᠨ ᠨᠢᠭᠡᠨ︾ ᠤ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠭᠰᠠᠨ ᠣᠯᠤᠯᠲᠠ ᠲᠦᠷᠦᠭᠳᠡᠯ      ᠳ᠋ᠦᠺᠸᠦ ᠲᠤᠰᠬᠤᠨ ᠤ ᠨᠠᠮ ᠤᠨ ᠬᠤᠷᠢᠶᠠᠨ ᠤ ᠱᠦᠵᠢ                     ᠸᠠᠩ ᠰᠥᠸᠧ ᠫᠢᠩ      ᠵᠠᠭᠤᠨ ᠵᠢᠯ ᠤᠨ ᠠᠶᠠᠨ ᠤ ᠣᠨ ᠰᠠᠷ᠎ᠠ ᠳᠠᠭᠤᠯᠠᠯ ᠤᠨ ᠡᠭᠡᠰᠢᠭ ᠮᠡᠲᠦ᠂ ᠥᠨᠥᠳᠦᠷ ᠤᠨ ᠬᠥᠭᠵᠢᠯ ᠪᠠᠳᠠᠷᠠᠯ ᠤᠨ ᠵᠢᠪᠬᠤᠭ᠎ᠠ ᠴᠤᠭ ᠪᠠᠳᠠᠷᠠᠩᠭᠤᠢ᠃ ᠰᠢ ᠶᠢᠨ ᠫᠢᠩ ᠶᠡᠷᠦᠩᠬᠡᠶ ᠱᠦᠵᠢ ᠶᠢᠨ ︽ᠲᠤᠯᠤᠭᠠᠨ ᠰᠠᠷ᠎ᠠ ᠶᠢᠨ ᠨᠢᠭᠡᠨ︾ ᠤ ᠴᠢᠬᠤᠯᠠ ᠶᠠᠷᠢᠶ᠎ᠠ ᠨᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠵᠠᠭᠤᠨ ᠵᠢᠯ ᠤᠨ ᠤᠢ ᠶᠢᠨ ᠴᠢᠬᠤᠯᠠ ᠴᠠᠭ ᠮᠥᠴᠡ ᠪᠠ ︽ᠬᠤᠣᠰ ᠵᠠᠭᠤᠨ ᠵᠢᠯ︾ ᠤᠨ ᠲᠡᠦᠬᠡ ᠶᠢᠨ ᠰᠣᠯᠪᠢᠴᠠᠯ ᠤᠨ ᠵᠠᠩᠭᠢᠯᠠᠭ᠎ᠠ ᠶᠢᠨ ᠴᠡᠭ ᠲᠤ ᠰᠠᠭᠤᠷᠢᠯᠠᠵᠤ᠂ ᠮᠠᠨ ᠤ ᠨᠠᠮ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠲᠡᠦᠬᠡ ᠪᠠᠷ ᠲᠤᠯᠢ ᠪᠣᠯᠭᠠᠬᠤ᠂ ᠢᠷᠡᠭᠡᠳᠦᠶ ᠶᠢ ᠨᠡᠭᠡᠭᠡᠬᠦ ᠠᠵᠢᠯᠯᠠᠭᠠᠨ ᠤ ᠵᠦᠭᠯᠡᠭᠦᠷ ᠮᠥᠨ᠂ ᠲᠡᠷᠡ ᠨᠢ ᠴᠢᠬᠤᠯᠠ ᠶᠡᠭᠡ ᠤᠯᠤᠰ ᠲᠦᠷᠦ ᠶᠢᠨ ᠠᠴᠢ ᠬᠤᠯᠪᠣᠭᠳᠠᠯ᠂ ᠤᠨᠤᠯ ᠤᠨ ᠠᠴᠢ ᠬᠤᠯᠪᠣᠭᠳᠠᠯ ᠪᠠ ᠦᠢᠯᠡᠳᠦᠯᠭᠡ ᠶᠢᠨ ᠠᠴᠢ ᠬᠤᠯᠪᠣᠭᠳᠠᠯ ᠲᠠᠢ ᠶᠤᠮ᠃      ᠠᠩᠬᠠᠳᠤᠭᠠᠷ ᠶᠡᠭᠡ ᠬᠤᠷᠠᠯ ᠠᠴᠠ ᠨᠠᠮ ᠪᠠᠶᠢᠭᠤᠯᠤᠭᠰᠠᠨ 53 ᠨᠠᠮ ᠤᠨ ᠭᠡᠰᠢᠭᠦᠨ ᠠᠴᠠ ᠥᠨᠥᠳᠦᠷ ᠤᠨ ᠶᠢᠰᠦᠨ ᠮᠢᠩᠭ᠎ᠠ ᠭᠠᠷᠤᠢ ᠲᠦᠮᠡᠨ ᠨᠠᠮ ᠤᠨ ᠭᠡᠰᠢᠭᠦᠨ ᠲᠠᠢ ᠪᠣᠯᠤᠭᠰᠠᠨ ᠬᠦᠷᠲᠡᠯ᠎ᠡ᠂ ᠮᠢᠩᠭᠠᠨ ᠵᠢᠯ ᠤᠨ ᠶᠠᠳᠠᠭᠤ ᠬᠦᠴᠢᠷᠳᠡᠯ ᠳᠤ ᠣᠷᠢᠶᠠᠭᠳᠠᠵᠤ ᠪᠠᠶᠢᠭᠰᠠᠨ ᠠᠴᠠ ᠥᠨᠥᠳᠦᠷ ᠤᠨ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠪᠣᠯᠲᠠᠯ᠎ᠠ᠂ ᠦᠶ᠎ᠡ ᠦᠶ᠎ᠡ ᠶᠢᠨ ᠳᠤᠮᠳᠠᠳᠤ ᠤᠯᠤᠰ ᠤᠨ ᠡᠪ ᠬᠠᠮᠲᠤᠴᠤᠳ ᠪᠦᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠢ ᠳᠠᠭᠠᠭᠤᠯᠤᠨ ᠳᠡᠯᠡᠬᠡᠢ ᠳ᠋ᠠᠬᠢᠨ ᠤ ᠠᠩᠬᠠᠷᠤᠯ ᠢ ᠲᠠᠲᠠᠭᠰᠠᠨ ᠠᠭᠤᠤ ᠶᠡᠭᠡ ᠠᠮᠵᠢᠯᠲᠠ ᠪᠦᠲᠦᠮᠵᠢ ᠶᠢ ᠣᠯᠵᠠᠢ᠂ ᠡᠨᠡ ᠪᠣᠯ ᠦᠷᠭᠦᠯᠵᠢᠯᠡᠨ ᠲᠡᠮᠡᠴᠡᠭᠰᠡᠨ 100 ᠵᠢᠯ᠂ ᠮᠠᠭᠲᠠᠨ ᠳᠠᠭᠤᠯᠠᠭᠤᠰᠢᠲᠠᠢ 100 ᠵᠢᠯ᠂ ᠠᠭᠤᠤ ᠭᠠᠪᠢᠶ᠎ᠠ ᠠᠤᠭ᠎ᠠ ᠵᠢᠳᠬᠦᠯ ᠲᠠᠢ 100 ᠵᠢᠯ ᠪᠣᠯᠤᠨ᠎ᠠ᠃      ᠵᠠᠭᠤᠨ ᠵᠢᠯ ᠤᠨ ᠠᠶᠠᠨ ᠨᠢᠭᠡᠨᠲᠡ ᠢᠯᠠᠯᠲᠠ ᠣᠯᠵᠤ᠂ ᠮᠢᠩᠭᠠᠨ ᠣᠨ ᠤ ᠠᠤᠭ᠎ᠠ ᠦᠢᠯᠡᠰ ᠰᠡᠮᠬᠡᠨ ᠡᠬᠢᠯᠡᠯ᠎ᠡ᠃ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠬᠦ ᠰᠢᠨ᠎ᠡ ᠰᠢᠯᠭᠠᠯᠲᠠ ᠳᠤ ᠣᠷᠣᠯᠴᠠᠬᠤ ᠵᠠᠮ ᠳᠡᠭᠡᠷ᠎ᠡ᠂ ᠨᠢᠭᠡᠨ ᠳᠠᠪᠬᠤᠷᠭ᠎ᠠ ᠶᠢᠨ ᠨᠠᠮ ᠤᠨ ᠵᠣᠬᠢᠶᠠᠨ ᠪᠠᠶᠢᠭᠤᠯᠤᠯᠲᠠ ᠶᠢᠨ ᠬᠠᠷᠢᠭᠤᠴᠠᠯᠭᠠᠲᠠᠨ ᠪᠣᠯᠤᠭᠰᠠᠨ ᠤ ᠬᠤᠪᠢ ᠳᠤ᠂ ᠯᠠᠪᠳᠠᠭᠤᠨ ᠪᠠᠲᠤᠲᠠᠢ ᠪᠠᠷ ᠴᠠᠭ ᠦᠶ᠎ᠡ ᠶᠢᠨ ᠪᠤᠤᠬᠢᠶ᠎ᠠ ᠶᠢ ᠰᠠᠶᠢᠲᠤᠷ ᠵᠠᠯᠭᠠᠵᠤ᠂ ︽ᠬᠤᠶᠠᠷ ᠢ ᠬᠠᠮᠠᠭᠠᠯᠠᠬᠤ︾ ᠶᠢ ᠪᠠᠲᠤᠳᠬᠠᠵᠤ᠂ ᠲᠡᠮᠡᠴᠡᠯ ᠤᠨ ᠣᠪᠣᠷ ᠪᠠᠶᠢᠳᠠᠯ ᠢᠶᠠᠨ ᠪᠠᠳᠠᠷᠠᠭᠤᠯᠵᠤ᠂ ᠲᠤᠬᠠᠶᠢᠯᠠᠭᠰᠠᠨ ᠠᠵᠢᠯ ᠳᠠᠭᠠᠨ ᠰᠠᠭᠤᠷᠢᠯᠠᠨ᠂ ᠡᠭᠦᠷᠭᠡ ᠬᠠᠷᠢᠭᠤᠴᠠᠯᠭ᠎ᠠ ᠪᠠᠨ ᠴᠢᠩᠭᠠᠳᠬᠠᠵᠤ᠂ ᠪᠣᠳᠠᠲᠤ ᠠᠵᠢᠯᠯᠠᠭ᠎ᠠ ᠪᠠᠷ ᠢᠶᠠᠨ ᠡᠬᠡ ᠤᠯᠤᠰ ᠤᠨ ᠢᠶᠠᠨ ᠠᠴᠢ ᠶᠢ  ᠬᠠᠷᠢᠭᠤᠯᠤᠨ᠎ᠠ᠃
     ᠰᠢ ᠶᠢᠨ ᠫᠢᠩ ᠶᠡᠷᠦᠩᠬᠡᠶ ᠱᠦᠵᠢ ᠶᠢᠨ ︽ᠲᠤᠯᠤᠭᠠᠨ ᠰᠠᠷ᠎ᠠ ᠶᠢᠨ ᠨᠢᠭᠡᠨ︾ ᠤ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠭᠰᠠᠨ ᠣᠯᠤᠯᠲᠠ ᠲᠦᠷᠦᠭᠳᠡᠯ      ᠬᠠᠶᠢᠨᠠᠨ ᠲᠣᠭᠤᠷᠢᠭ ᠤᠨ ᠬᠦᠬᠤᠰᠤ ᠶᠢᠨ ᠭᠠᠯ ᠤᠨᠲᠠᠷᠠᠭᠠᠬᠤ ᠠᠪᠤᠷᠠᠨ ᠲᠤᠰᠠᠯᠠᠬᠤ ᠥᠷᠲᠡᠭᠡᠨ ᠤ ᠵᠢᠯᠤᠭᠤᠳᠤᠭᠴᠢ ᠪᠠᠶᠢᠯᠳᠤᠭᠴᠢ                        ᠱᠢ ᠶᠠᠩ ᠴᠢᠩ      ᠴᠠᠭ ᠮᠥᠴᠡ ᠨᠢᠰᠬᠦ ᠮᠡᠲᠦ ᠲᠦᠷᠭᠡᠨ ᠦᠩᠭᠡᠷᠡᠵᠦ᠂ ᠡᠨᠡ ᠵᠢᠯ ᠪᠣᠯ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠤᠢ ᠶᠢᠨ ᠶᠡᠭᠡ ᠪᠠᠶᠠᠷ ᠤᠨ ᠡᠳᠦᠷ ᠪᠣᠯᠤᠨ᠎ᠠ᠃ ᠲᠧᠯᠸᠢᠰ ᠳᠡᠭᠡᠷ᠎ᠡ ᠠᠴᠠ ᠨᠠᠮ ᠤᠨ ᠲᠤᠭ ᠨᠠᠮᠢᠷᠠᠵᠤ᠂ ᠬᠥᠮᠦᠨ ᠪᠣᠯᠭᠠᠨ ᠤ ᠴᠢᠷᠠᠢ ᠳᠤ ᠢᠨᠢᠶᠡᠮᠰᠦᠭᠯᠡᠯ   ᠪᠢᠯᠬᠠᠵᠦ ᠪᠠᠶᠢᠭ᠎ᠠ ᠶᠢ ᠣᠯᠵᠦ ᠬᠠᠷᠠᠯ᠎ᠠ᠃ ᠲᠡᠷᠢᠭᠦᠯᠡᠭᠴᠢ ᠰᠢ ᠶᠢᠨ ᠫᠢᠩ ᠤᠨ ᠶᠠᠷᠢᠶ᠎ᠠ ᠶᠢ ᠰᠣᠨᠣᠰᠤᠭᠠᠳ᠂ ᠨᠠᠮ ᠤᠨ ᠭᠡᠰᠢᠭᠦᠨ ᠪᠣᠯᠤᠭᠰᠠᠨ ᠤ ᠬᠤᠪᠢ ᠳᠤ ᠮᠢᠨᠦ ᠰᠡᠳᠬᠢᠯ ᠳᠣᠭᠳᠣᠯᠵᠦ᠂ ᠲᠦᠢᠯ ᠢᠶᠠᠷ ᠣᠮᠣᠭᠰᠢᠵᠦ᠂ ᠪᠡᠯᠭᠡᠯᠡᠬᠦ ᠶᠡᠭᠡ ᠬᠤᠷᠠᠯ ᠳᠡᠭᠡᠷ᠎ᠡ᠂ ᠪᠢ ᠶᠠᠭ ᠯᠠ ᠡᠪ ᠬᠠᠮᠲᠤᠴᠤᠳ ᠤᠨ ᠮᠡᠷᠡᠶᠢᠨ ᠲᠡᠮᠡᠴᠡᠭᠰᠡᠨ ᠵᠢᠷᠤᠭ ᠤᠳ ᠢ ᠣᠯᠵᠤ ᠬᠠᠷᠠᠭᠰᠠᠨ ᠰᠢᠭ᠋ ᠰᠠᠨᠠᠭᠳᠠᠨ᠎ᠠ᠃ 1921 ᠣᠨ ᠳᠤ ᠪᠠᠶᠢᠭᠤᠯᠤᠭᠳᠠᠭᠰᠠᠨ ᠠᠴᠠ ᠨᠠᠭᠠᠰᠢ᠂ ᠨᠠᠮ ᠨᠢᠭᠡᠨᠲᠡ 100 ᠵᠢᠯ ᠤᠨ ᠬᠠᠲᠠᠭᠤ ᠪᠡᠷᠬᠡᠰᠢᠶᠡᠯᠲᠡᠶ ᠪᠥᠭᠡᠳ ᠭᠡᠷᠡᠯ ᠰᠠᠴᠤᠷᠠᠩᠭᠤᠶ ᠰᠠᠯᠬᠢ ᠪᠣᠷᠣᠭᠠᠨ ᠤ ᠥᠩᠭᠡᠷᠡᠯᠲᠡ ᠶᠢ ᠥᠩᠭᠡᠷᠡᠭᠡᠪᠡ᠃ ᠮᠠᠨ ᠤ ᠮᠡᠳᠡᠭᠡᠵᠢ ᠪᠠᠷ᠂ ᠨᠠᠮ ᠤᠨ ᠲᠡᠦᠬᠡ ᠪᠣᠯ ᠳᠤᠮᠳᠠᠳᠤ ᠶᠢᠨ ᠦᠨᠳᠦᠰᠦᠲᠡᠨ ᠤ ᠲᠤᠰᠠᠭᠠᠷ ᠲᠣᠭᠲᠠᠨᠢᠯ᠂ ᠴᠢᠯᠥᠭᠡᠯᠡᠯᠲᠡ᠂ ᠴᠡᠴᠡᠭᠯᠡᠯ ᠬᠥᠭᠵᠢᠯ ᠪᠠ ᠳᠤᠮᠳᠠᠳᠤ ᠤᠯᠤᠰ ᠤᠨ ᠠᠷᠠᠳ ᠲᠦᠮᠡᠨ ᠤ ᠡᠷᠬᠡ ᠴᠢᠯᠥᠭᠡ᠂ ᠠᠷᠠᠳᠴᠢᠯᠠᠯ᠂ ᠵᠣᠯ ᠵᠢᠷᠭᠠᠯ ᠤᠨ ᠲᠥᠯᠥᠭᠡ ᠴᠥᠬᠦᠷᠡᠰᠢ ᠦᠭᠡᠢ ᠲᠡᠮᠡᠴᠡᠭᠰᠡᠨ ᠲᠡᠦᠬᠡ ᠮᠥᠨ᠃     ᠨᠠᠮ ᠤᠨ ᠨᠢᠭᠡ ᠪᠦᠷᠢᠯᠳᠦᠬᠦᠨ ᠪᠣᠯᠤᠭᠰᠠᠨ ᠤ ᠬᠤᠪᠢ ᠳᠤ᠂ ᠪᠠᠰᠠ ᠭᠠᠯ ᠤᠨᠲᠠᠷᠠᠭᠠᠬᠤ ᠠᠪᠤᠷᠠᠨ ᠲᠤᠰᠠᠯᠠᠬᠤ ᠡᠩᠨᠡᠭᠡ ᠶᠢᠨ ᠨᠢᠭᠡ ᠪᠦᠷᠢᠯᠳᠦᠬᠦᠨ ᠪᠣᠯᠤᠭᠰᠠᠨ ᠤ ᠬᠤᠪᠢ ᠳᠤ᠂ ᠪᠢ ᠤᠬ ᠰᠠᠨᠠᠭ᠎ᠠ ᠪᠠᠨ ᠦᠯᠦ ᠮᠠᠷᠲᠠᠵᠤ᠂ ᠦᠢᠯᠡ ᠠᠵᠢᠯᠯᠠᠭ᠎ᠠ ᠪᠠᠷ ᠢᠶᠠᠨ ᠨᠠᠮ ᠳᠤ ᠣᠷᠣᠬᠤ ᠲᠠᠩᠭᠠᠷᠢᠭ ᠢᠶᠠᠨ ᠦᠢᠯᠡᠳᠦᠯᠭᠡᠵᠢᠭᠦᠯᠵᠦ᠂ ᠦᠢᠯᠡ ᠠᠵᠢᠯᠯᠠᠭ᠎ᠠ ᠪᠠᠷ ᠢᠶᠠᠨ ︽ᠨᠠᠮ ᠳᠠᠭᠠᠨ ᠦᠨᠡᠨᠴᠢ ᠰᠢᠳᠤᠷᠭᠤ᠂ ᠰᠠᠬᠢᠯᠭ᠎ᠠ ᠪᠠᠲᠤ ᠴᠢᠩᠭ᠎ᠠ᠂ ᠠᠶᠤᠯ ᠲᠦᠭᠰᠢᠭᠦᠷᠢ ᠠᠴᠠ ᠵᠠᠶᠢᠯᠠᠵᠤ᠂ ᠠᠷᠠᠳ ᠲᠦᠮᠡᠨ ᠤ ᠲᠥᠯᠥᠭᠡ ᠦᠨᠡᠨ ᠰᠡᠳᠬᠢᠯ ᠠᠴᠠ ᠪᠠᠨ ᠵᠢᠳᠬᠦᠬᠦ︾ ᠶᠢ ᠠᠭᠤᠤ ᠶᠡᠭᠡ ᠭᠠᠯ ᠤᠨᠲᠠᠷᠠᠭᠠᠬᠤ ᠦᠢᠯᠡᠳᠦᠯᠭᠡ ᠳᠤ ᠠᠭᠤᠰᠬᠠᠨ᠎ᠠ᠃ ᠤᠭ ᠰᠠᠨᠠᠭ᠎ᠠ ᠪᠠᠨ ᠦᠯᠦ ᠮᠠᠷᠲᠠᠵᠤ᠂ ᠪᠦᠬᠦ ᠰᠡᠳᠬᠢᠯ ᠪᠦᠬᠦ ᠵᠣᠷᠢᠭ ᠢᠶᠠᠷ ᠢᠶᠠᠨ ᠠᠷᠠᠳ ᠲᠦᠮᠡᠨ ᠳᠤ ᠦᠢᠯᠡᠴᠢᠯᠡᠵᠦ᠂ ᠵᠣᠷᠢᠭᠲᠠᠢ ᠪᠠᠷ ᠥᠪᠡᠷ ᠢ ᠪᠠᠨ ᠰᠢᠨᠡᠴᠢᠯᠡᠵᠦ᠂ ᠵᠣᠷᠢᠭᠲᠠᠢ ᠪᠠᠷ ᠦᠢᠯᠡᠳᠦᠯᠭᠡᠵᠢᠭᠦᠯᠳᠡᠭ ᠯᠡ ᠶᠤᠮ ᠪᠣᠯ ᠳᠠᠷᠤᠢ ᠨᠢᠭᠡᠨ ᠬᠢᠷᠢ ᠲᠡᠩᠴᠡᠭᠰᠡᠨ ᠡᠪ ᠬᠠᠮᠲᠤ ᠨᠠᠮ ᠤᠨ ᠭᠡᠰᠢᠭᠦᠨ ᠪᠤᠯᠵᠤ᠂ ᠨᠠᠮ ᠤᠨ ᠦᠢᠯᠡᠰ ᠲᠤ ᠬᠤᠪᠢ ᠨᠡᠮᠡᠷᠢ ᠪᠠᠨ ᠦᠵᠡᠭᠦᠯᠵᠦ ᠴᠢᠳᠠᠨ᠎ᠠ ᠭᠡᠳᠡᠭ ᠢ ᠪᠢ ᠢᠲᠡᠭᠡᠵᠦ ᠪᠠᠶᠢᠨ᠎ᠠ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号