ᠬᠠᠷᠢᠭᠤ ᠳᠣᠰᠬᠠᠯ ᠤᠨ ᠪᠦᠯᠦᠭ᠄ ᠶᠡᠷᠦᠩᠬᠡᠶ ᠱᠦᠵᠢ ᠶᠢᠨ ︽ᠳᠣᠯᠣᠭᠠᠨ ᠰᠠᠷ᠎ᠠ ᠶᠢᠨ ᠨᠢᠭᠡᠨ︾ ᠤ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ  ᠰᠣᠷᠣᠯᠴᠠᠭᠠᠳ ᠲᠡᠳᠡᠨᠦᠰ ᠤᠨ ᠶᠠᠮᠠᠷ ᠲᠦᠷᠦᠭᠳᠡᠯ ᠲᠠᠢ ᠶᠢ ᠰᠣᠨᠣᠰᠣᠶ᠎ᠠ ︵ᠳᠦᠷᠪᠡ︶
ᠨᠡᠶᠢᠲᠡᠯᠡᠭᠰᠡᠨ ᠴᠠᠭ᠄
2021/7/12
     ᠶᠡᠷᠦᠩᠬᠡᠶ ᠱᠦᠵᠢ ᠶᠢᠨ ︽ᠳᠣᠯᠣᠭᠠᠨ ᠰᠠᠷ᠎ᠠ ᠶᠢᠨ ᠨᠢᠭᠡᠨ︾ ᠤ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠣᠷᠣᠯᠴᠠᠭᠰᠠᠨ ᠣᠯᠤᠯᠲᠠ ᠲᠦᠷᠦᠭᠳᠡᠯ      2020 ᠣᠨ ᠤ ᠥᠪᠡᠷᠲᠡᠭᠡᠨ ᠵᠠᠰᠠᠬᠤ ᠣᠷᠣᠨ ᠤ ᠬᠥᠳᠡᠯᠮᠦᠷᠢ ᠶᠢᠨ ᠵᠢᠱᠢᠶᠡᠴᠢ ᠬᠦᠷᠲᠡᠭᠴᠢ      ᠯᠢ ᠹᠦ᠋ ᠸᠧᠨ      ᠶᠡᠷᠦᠩᠬᠡᠢ ᠱᠦᠵᠢ ᠰᠢ ᠶᠢᠨ ᠫᠢᠩ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ ᠵᠠᠭᠤᠨ ᠵᠢᠯ ᠤᠨ ᠤᠢ ᠶᠢ ᠪᠡᠯᠭᠡᠯᠡᠬᠦ ᠴᠢᠬᠤᠯᠠ   ᠶᠠᠷᠢᠶᠠᠨ ᠳᠤ ᠳᠤᠮᠳᠠᠳᠤ ᠤᠯᠤᠰ ᠤᠨ ᠡᠪ ᠬᠠᠮᠲᠤ ᠨᠠᠮ ᠤᠨ ᠵᠠᠭᠤᠨ ᠵᠢᠯ ᠤᠨ ᠲᠡᠮᠡᠴᠡᠯ ᠤᠨ ᠬᠡᠷᠡᠯ ᠰᠠᠴᠤᠷᠠᠩᠭᠤᠶ ᠥᠩᠭᠡᠷᠡᠯᠲᠡ ᠶᠢ ᠡᠷᠭᠢᠴᠡᠭᠦᠯᠵᠦ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠬᠡᠷᠡᠯ ᠰᠠᠴᠤᠷᠠᠩᠭᠤᠶ ᠢᠷᠡᠭᠡᠳᠦᠶ ᠶᠢ ᠪᠠᠷᠠᠯᠠᠬᠤ ᠳᠤ᠂ ᠨᠢᠭᠡᠨ ᠠᠮᠢᠳᠤᠯᠢᠭ ᠭᠦᠨᠵᠡᠭᠡᠶ ᠦᠵᠡᠯ ᠰᠠᠨᠠᠭ᠎ᠠ ᠣᠨᠣᠯ ᠤᠨ ᠬᠢᠴᠢᠶᠡᠯ ᠪᠠ ᠨᠠᠮᠴᠢ ᠴᠢᠨᠠᠷ ᠤᠨ ᠬᠥᠮᠦᠵᠢᠯ ᠤᠨ ᠬᠢᠴᠢᠶᠡᠯ ᠤᠷᠤᠭᠰᠠᠨ ᠮᠡᠲᠦ ᠪᠠᠶᠢᠵᠦ᠂ ᠨᠠᠷᠢᠨ ᠬᠢᠨᠠᠮᠠᠭᠠᠢ ᠣᠩᠰᠢᠭᠰᠠᠨ ᠤ ᠳᠠᠷᠠᠭ᠎ᠠ᠂ ᠶᠠᠷᠢᠶ᠎ᠠ ᠨᠢ ᠪᠦᠬᠦ ᠲᠠᠯ᠎ᠠ ᠶᠢ ᠶᠡᠷᠦᠩᠬᠡᠶᠢᠯᠡᠨ ᠡᠵᠡᠮᠳᠡᠵᠦ᠂ ᠤᠳᠬ᠎ᠠ ᠰᠠᠨᠠᠭ᠎ᠠ ᠭᠦᠨ ᠭᠦᠨᠵᠡᠭᠡᠢ᠂ ᠦᠵᠡᠯ ᠰᠠᠨᠠᠭ᠎ᠠ ᠭᠦᠨ ᠭᠦᠨᠵᠡᠭᠡᠢ᠂ ᠭᠦᠨ ᠵᠤᠵᠠᠭᠠᠨ ᠲᠡᠦᠬᠡ ᠶᠢᠨ ᠠᠭᠤᠯᠬᠤᠨ ᠲᠠᠢ ᠪᠥᠭᠡᠳ ᠪᠠᠰᠠ ᠢᠯᠡ ᠲᠣᠳᠣ ᠴᠠᠭ ᠦᠶ᠎ᠡ ᠶᠢᠨ ᠣᠨᠴᠠᠯᠢᠭ ᠲᠠᠢ ᠮᠦᠷᠲᠡᠭᠡᠨ ᠤᠨᠤᠯ ᠤᠨ ᠲᠠᠯ᠎ᠠ ᠪᠠᠷ ᠬᠢ ᠰᠢᠨ᠎ᠡ ᠶᠢ ᠡᠭᠦᠳᠬᠦ ᠴᠢᠨᠠᠷ᠂ ᠦᠨᠡᠨ ᠶᠣᠰᠣᠴᠢ ᠴᠢᠨᠠᠷ ᠲᠠᠢ ᠪᠥᠭᠡᠳ ᠪᠠᠰᠠ ᠦᠢᠯᠡᠳᠦᠯᠭᠡ ᠶᠢᠨ ᠲᠠᠯ᠎ᠠ ᠪᠠᠷ ᠬᠢ ᠬᠠᠨᠳᠤᠯᠭᠠᠲᠤ ᠴᠢᠨᠠᠷ᠂ ᠵᠢᠯᠣᠭᠤᠳᠬᠤ ᠴᠢᠨᠠᠷ ᠲᠠᠢ ᠪᠠᠶᠢᠵᠤ᠂ ᠬᠥᠮᠦᠰ ᠢ ᠭᠦᠨ ᠰᠡᠳᠬᠢᠭᠦᠯᠵᠦ᠂ ᠬᠥᠮᠦᠰ ᠢ ᠵᠣᠷᠢᠭᠵᠢᠭᠤᠯᠤᠨ᠂ ᠡᠷᠡᠯᠬᠡᠭᠯᠡᠨ ᠤᠷᠤᠭᠰᠢᠯᠠᠭᠤᠯᠤᠨ᠎ᠠ᠃ ᠳᠤᠮᠳᠠᠳᠤ ᠤᠯᠤᠰ ᠤᠨ ᠡᠪ ᠬᠠᠮᠲᠤ ᠨᠠᠮ ᠪᠦᠬᠦ ᠨᠠᠮ ᠪᠦᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠤ ᠦᠷᠭᠦᠯᠵᠢᠯᠡᠨ ᠲᠡᠮᠡᠴᠡᠬᠦ ᠪᠠᠷ ᠳᠠᠮᠵᠢᠨ᠂ ᠪᠢᠳᠡ ᠨᠢᠭᠡᠳᠦᠭᠡᠷ ᠵᠠᠭᠤᠨ ᠵᠢᠯ ᠤᠨ ᠲᠡᠮᠡᠴᠡᠬᠦ ᠬᠠᠷᠠᠯᠲᠠ ᠪᠠᠨ ᠪᠡᠶᠡᠯᠡᠭᠦᠯᠵᠦ᠂ ᠳᠤᠮᠳᠠᠳᠤ ᠶᠢᠨ ᠡᠬᠡ ᠭᠠᠵᠠᠷ ᠳᠡᠭᠡᠷ᠎ᠡ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠵᠦ᠂ ᠶᠠᠭ ᠴᠤᠭ ᠪᠠᠳᠠᠷᠠᠩᠭᠤᠢ ᠪᠠᠷ ᠨᠡᠶᠢᠭᠡᠮ ᠵᠢᠷᠤᠮ ᠤᠨ ᠣᠳᠣᠬᠢᠴᠢᠯᠠᠭᠰᠠᠨ ᠬᠦᠴᠦᠷᠬᠡᠭ ᠤᠯᠤᠰ ᠢ ᠪᠦᠬᠦ ᠲᠠᠯ᠎ᠠ ᠪᠠᠷ ᠪᠡᠶᠡᠯᠡᠭᠦᠯᠬᠦ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠲᠡᠰᠢ ᠤᠷᠤᠭᠰᠢᠯᠠᠵᠤ ᠪᠠᠶᠢᠨ᠎ᠠ᠃      ᠶᠡᠷᠦᠩᠬᠡᠢ ᠱᠦᠵᠢ ᠰᠢ ᠶᠢᠨ ᠫᠢᠩ ᠤᠨ ᠶᠠᠷᠢᠶ᠎ᠠ ᠨᠢ ᠤᠷᠤᠭᠰᠢᠯᠠᠯᠲᠠ ᠶᠢᠨ ᠴᠢᠭᠯᠡᠯ ᠢ ᠲᠣᠳᠣᠷᠬᠠᠢ ᠵᠢᠭᠠᠵᠤ᠂ ᠦᠨᠳᠦᠰᠦᠨ ᠵᠢᠷᠤᠮᠯᠠᠯ ᠬᠠᠩᠭᠠᠵᠠᠢ᠃ ᠶᠠᠷᠢᠶ᠎ᠠ ᠨᠢ ᠪᠦᠬᠦ ᠨᠠᠮ ᠪᠦᠬᠦ ᠤᠯᠤᠰ ᠤᠨ ᠠᠷᠠᠳ ᠲᠦᠮᠡᠨ ᠤ ᠴᠢᠩ ᠰᠡᠳᠬᠢᠯ ᠤᠨ ᠬᠦᠷᠢᠶᠡᠯᠡᠯ ᠢ ᠣᠯᠤᠭᠰᠠᠨ ᠢᠶᠠᠷ ᠪᠠᠷᠠᠬᠤ ᠦᠭᠡᠢ ᠪᠠᠰᠠ ᠳᠡᠯᠡᠬᠡᠢ ᠨᠡᠶᠢᠭᠡᠮ ᠳᠤ ᠯᠤᠲᠤ ᠶᠡᠭᠡ ᠲᠤᠰᠬᠠᠯ ᠭᠠᠷᠭᠠᠵᠤ᠂ ᠥᠷᠭᠡᠨ ᠳᠡᠯᠭᠡᠷ ᠮᠠᠭᠲᠠᠭᠠᠯ ᠰᠠᠶᠢᠰᠢᠶᠠᠯ ᠢ ᠣᠯᠵᠠᠢ᠃ ᠳᠤᠮᠳᠠᠳᠤ ᠤᠯᠤᠰ ᠤᠨ ᠡᠪ ᠬᠠᠮᠲᠤ ᠨᠠᠮ ᠤᠨ ᠪᠠᠲᠤ ᠴᠢᠩᠭ᠎ᠠ ᠤᠳᠤᠷᠢᠳᠤᠯᠭ᠎ᠠ᠂ ᠪᠦᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠤ ᠨᠢᠬᠲᠠᠷᠠᠯ ᠪᠦᠯᠬᠦᠮᠳᠡᠯ ᠳᠣᠣᠷ᠎ᠠ᠂ ᠨᠡᠶᠢᠭᠡᠮ ᠵᠢᠷᠤᠮ ᠤᠨ ᠣᠳᠣᠬᠢᠴᠢᠯᠠᠭᠰᠠᠨ ᠬᠦᠴᠦᠷᠬᠡᠭ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠬᠠᠷᠠᠯᠲᠠ ᠯᠠᠪᠳᠠᠶ᠎ᠠ ᠪᠡᠶᠡᠯᠡᠭᠳᠡᠵᠦ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠳᠤᠮᠳᠠᠳᠤ ᠶᠢᠨ ᠵᠡᠭᠦᠳᠦ ᠯᠠᠪᠳᠠᠶ᠎ᠠ ᠪᠡᠶᠡᠯᠡᠭᠳᠡᠨ᠎ᠡ︕ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠬᠦᠰᠡᠯᠡᠩ ᠢᠲᠡᠭᠡᠯ ᠪᠢᠰᠢᠷᠡᠯ ᠢᠶᠠᠨ ᠪᠠᠲᠤᠳᠬᠠᠵᠤ᠂ ᠨᠠᠮ ᠤᠨ ᠵᠣᠷᠢᠯᠲᠠ ᠶᠢ ᠦᠢᠯᠡᠳᠦᠯᠭᠡᠵᠢᠭᠦᠯᠵᠦ᠂ ᠠᠷᠠᠳ ᠤᠯᠠᠨ ᠲᠠᠢ ᠵᠢᠷᠭᠠᠯ ᠵᠣᠪᠠᠯᠠᠩ ᠢᠶᠠᠨ ᠬᠠᠮᠲᠤᠳᠬᠠᠬᠤ ᠶᠢ ᠡᠭᠦᠷᠢᠳᠡ ᠪᠠᠷᠢᠮᠲᠠᠯᠠᠵᠤ᠂ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠬᠦᠰᠡᠯ ᠡᠷᠡᠮᠡᠯᠵᠡᠯ ᠢ ᠪᠡᠶᠡᠯᠡᠭᠦᠯᠬᠦ ᠶᠢᠨ ᠲᠥᠯᠥᠭᠡ ᠦᠷᠭᠦᠯᠵᠢᠯᠡᠨ ᠴᠥᠬᠦᠷᠡᠰᠢ ᠦᠭᠡᠢ ᠴᠢᠷᠮᠠᠶᠢᠵᠤ᠂ ᠨᠠᠮ ᠪᠣᠯᠤᠨ ᠠᠷᠠᠳ ᠲᠦᠮᠡᠨ ᠳᠤ ᠨᠡᠩ ᠶᠡᠭᠡ ᠢᠷᠠᠭᠤ ᠠᠯᠳᠠᠷ ᠢ ᠲᠡᠮᠡᠴᠡᠨ ᠤᠯᠬᠤ ᠪᠠᠷ ᠴᠢᠷᠮᠠᠶᠢᠵᠠᠭᠠᠶ᠎ᠠ︕
     ᠰᠢ ᠶᠢᠨ ᠫᠢᠩ ᠶᠡᠷᠦᠩᠬᠡᠶ ᠱᠦᠵᠢ ᠶᠢᠨ ︽ᠲᠤᠯᠤᠭᠠᠨ ᠰᠠᠷ᠎ᠠ ᠶᠢᠨ ᠨᠢᠭᠡᠨ︾ ᠤ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠭᠰᠠᠨ ᠣᠯᠤᠯᠲᠠ ᠲᠦᠷᠦᠭᠳᠡᠯ      ᠬᠠᠶᠢᠨᠠᠨ ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠭᠠᠬᠤ  ᠲᠤᠪᠴᠢᠶ᠎ᠠ      ᠯᠢᠦ ᠶᠠᠩ      7 ᠳ᠋ᠣᠭᠠᠷ ᠰᠠᠷ᠎ᠠ ᠶᠢᠨ 1 ᠤ ᠡᠳᠦᠷ᠂ ᠮᠠᠨ ᠤ ᠠᠭᠤᠤ ᠶᠡᠭᠡ ᠳᠣᠮᠳᠠᠳᠣ ᠣᠯᠣᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠤᠢ ᠶᠢᠨ ᠡᠳᠦᠷ ᠮᠥᠨ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠶᠡᠷᠦᠩᠬᠡᠶ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠭᠦᠯᠡᠭᠴᠢ ᠰᠢ ᠶᠢᠨ ᠫᠢᠩ ᠴᠢᠬᠤᠯᠠ ᠶᠠᠷᠢᠶ᠎ᠠ ᠲᠠᠯᠪᠢᠵᠤ᠂ ᠶᠡᠷᠦᠩᠬᠡᠶ ᠱᠦᠵᠢ ᠰᠢ ᠶᠢᠨ ᠫᠢᠩ ︽ᠮᠠᠷᠺᠰ ᠤᠨ ᠦᠵᠡᠯ ᠢ ᠳᠤᠮᠳᠠᠳᠤ ᠤᠯᠤᠰᠴᠢᠯᠠᠬᠤ ᠶᠢ ᠡᠷᠬᠡᠪᠰᠢ ᠦᠷᠭᠦᠯᠵᠢᠯᠡᠨ ᠲᠦᠯᠬᠢᠨ ᠠᠬᠢᠭᠤᠯᠬᠤ ᠬᠡᠷᠡᠭᠲᠡᠶ᠂ ᠮᠠᠷᠺᠰ ᠤᠨ ᠦᠵᠡᠯ ᠪᠣᠯ ᠮᠠᠨ ᠤ ᠨᠠᠮ ᠢᠶᠠᠨ ᠲᠣᠭᠲᠠᠨᠢᠭᠤᠯᠵᠤ ᠤᠯᠤᠰ ᠢᠶᠠᠨ ᠲᠣᠭᠲᠠᠨᠢᠭᠤᠯᠬᠤ ᠶᠢᠨ ᠦᠨᠳᠦᠰᠦᠨ ᠵᠢᠯᠣᠭᠤᠳᠬᠤ ᠦᠵᠡᠯ ᠰᠠᠨᠠᠭ᠎ᠠ ᠮᠥᠨ᠂ ᠮᠠᠨ ᠤ ᠨᠠᠮ ᠤᠨ ᠰᠦᠭ ᠰᠦᠨᠡᠰᠦ ᠪᠠ ᠲᠤᠭ ᠲᠡᠮᠳᠡᠭ ᠮᠥᠨ︾ ᠭᠡᠵᠦ ᠶᠠᠷᠢᠵᠠᠶ᠃ ᠮᠠᠷᠺᠰ ᠤᠨ ᠦᠵᠡᠯ ᠤᠨ ᠲᠤᠬᠠᠢ ᠢᠲᠡᠭᠡᠯ ᠪᠢᠰᠢᠷᠡᠯ᠂ ᠨᠡᠶᠢᠭᠡᠮ ᠵᠢᠷᠤᠮ ᠪᠠ ᠡᠪ ᠬᠠᠮᠲᠤ ᠶᠣᠰᠣᠨ ᠤ ᠲᠤᠬᠠᠢ ᠢᠲᠡᠭᠡᠯ ᠵᠣᠷᠢᠭ ᠪᠣᠯ ᠡᠪ ᠬᠠᠮᠲᠤᠴᠤᠳ ᠤᠨ ᠤᠯᠤᠰ ᠲᠦᠷᠦ ᠶᠢᠨ ᠰᠦᠭ ᠰᠦᠨᠡᠰᠦ ᠮᠥᠨ᠂ ᠬᠦᠰᠡᠯᠡᠩ ᠢᠲᠡᠭᠡᠯ ᠵᠣᠷᠢᠭ ᠪᠣᠯ ᠳᠠᠷᠤᠢ ᠡᠪ ᠬᠠᠮᠲᠤᠴᠤᠳ ᠤᠨ ᠤᠶᠤᠨ ᠰᠠᠨᠠᠭᠠᠨ ᠤ ︽ᠺᠠᠯᠼ︾ ᠮᠥᠨ᠃ ᠦᠵᠡᠯ ᠰᠠᠨᠠᠭ᠎ᠠ ᠨᠢ ᠴᠢᠨᠠᠷ ᠬᠤᠪᠢᠷᠠᠬᠤ ᠦᠭᠡᠢ᠂ ᠢᠲᠡᠭᠡᠯ ᠵᠣᠷᠢᠭ ᠨᠢ ᠭᠤᠶᠢᠪᠢᠯᠵᠠᠬᠤ ᠦᠭᠡᠢ ᠪᠠᠶᠢᠬᠤ ᠶᠢ ᠪᠠᠲᠤᠯᠠᠵᠤ᠂ ᠤᠶᠤᠨ ᠰᠠᠨᠠᠭᠠᠨ ᠤ ᠭᠦᠨ ᠳᠠᠬᠢ ᠠᠤᠭ᠎ᠠ ᠬᠦᠴᠦᠨ ᠢ ᠬᠥᠭᠵᠢᠭᠡᠵᠦ᠂ ᠪᠣᠳᠠᠲᠤ ᠠᠵᠢᠯᠯᠠᠭ᠎ᠠ ᠪᠠᠷ ᠢᠶᠠᠨ ᠬᠦᠰᠡᠯᠡᠩ ᠢᠲᠡᠭᠡᠯ ᠪᠢᠰᠢᠷᠡᠯ ᠢᠶᠠᠨ ᠦᠢᠯᠡᠳᠦᠯᠭᠡᠵᠢᠭᠦᠯᠪᠡᠯ ᠮᠠᠨ ᠤ ᠨᠠᠮ ᠰᠠᠶ᠋ᠢ ᠬᠦᠴᠦᠷᠬᠡᠭ ᠶᠡᠭᠡ ᠦᠨᠡᠨ ᠶᠣᠰᠣᠨ ᠤ ᠬᠦᠴᠦᠨ ᠪᠠ ᠶᠣᠰᠣ ᠵᠢᠷᠤᠮ ᠤᠨ ᠬᠦᠴᠦᠨ ᠲᠠᠢ ᠪᠤᠯᠵᠤ ᠴᠢᠳᠠᠨ᠎ᠠ᠃      ᠠᠯᠪᠠᠨ ᠪᠠᠶᠢᠭᠤᠯᠭ᠎ᠠ ᠠᠵᠢᠯ ᠦᠢᠯᠡᠰ ᠤᠨ ᠨᠢᠭᠡᠴᠡ ᠶᠢᠨ ᠨᠢᠭᠡᠨ ᠠᠵᠢᠯᠳᠠᠨ ᠪᠣᠯᠤᠭᠰᠠᠨ ᠤ ᠬᠤᠪᠢ ᠳᠤ᠂ ᠪᠢᠳᠡ ᠢᠮᠠᠭᠲᠠ ᠠᠵᠢᠯ ᠤᠨ ᠪᠠᠶᠢᠷᠢ ᠪᠠᠨ ᠬᠠᠶᠢᠷᠠᠯᠠᠵᠤ᠂ ᠠᠵᠠ ᠲᠣᠬᠢᠶᠠᠯ ᠢ ᠨᠠᠨᠳᠢᠩᠨᠠᠵᠤ᠂ ᠠᠵᠢᠯ ᠤᠨ ᠪᠠᠶᠢᠷᠢ ᠪᠠᠨ ᠨᠠᠨᠳᠢᠩᠨᠠᠵᠤ᠂ ᠰᠢᠷᠭᠠᠭᠤ ᠠᠵᠢᠯᠯᠠᠵᠤ᠂ ᠠᠵᠢᠯ ᠦᠢᠯᠡᠰ ᠢᠶᠠᠨ ᠳᠡᠭᠡᠳᠦᠯᠡᠨ᠂ ᠯᠠᠪᠳᠠᠭᠤᠨ ᠪᠠᠲᠤᠲᠠᠢ ᠠᠵᠢᠯᠯᠠᠵᠤ᠂ ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ ᠪᠠᠨ ᠴᠢᠷᠮᠠᠶᠢᠨ ᠴᠢᠩᠭᠠᠳᠬᠠᠵᠤ᠂ ᠦᠵᠡᠯ ᠰᠠᠨᠠᠭ᠎ᠠ ᠪᠠᠨ ᠠᠵᠢᠯ ᠦᠢᠯᠡᠰ ᠪᠦᠲᠦᠭᠡᠬᠦ ᠳᠡᠭᠡᠷ᠎ᠡ ᠨᠢᠭᠲᠠᠷᠠᠭᠤᠯᠵᠤ᠂ ᠤᠶᠤᠨ ᠴᠢᠳᠠᠯ ᠢᠶᠠᠨ ᠪᠣᠳᠠᠲᠠᠢ ᠠᠵᠢᠯ ᠬᠢᠬᠦ ᠳᠡᠭᠡᠷ᠎ᠡ ᠲᠥᠪᠯᠡᠷᠡᠭᠦᠯᠬᠦ ᠬᠡᠷᠡᠭᠲᠡᠢ᠃ ᠭᠠᠭᠴᠠ ᠬᠦ ᠲᠤᠯᠭᠤᠷ ᠵᠣᠷᠢᠯᠲᠠ ᠪᠠᠨ ᠪᠠᠲᠤ ᠰᠠᠬᠢᠵᠤ᠂ ᠢᠲᠡᠭᠡᠯ ᠪᠢᠰᠢᠷᠡᠯ ᠤᠨ ᠦᠨᠳᠦᠰᠦ ᠶᠢ ᠭᠦᠨ ᠬᠠᠳᠬᠤᠵᠤ᠂ ᠤᠶᠤᠨ ᠰᠠᠨᠠᠭᠠᠨ ᠤ ᠺᠠᠯᠼ ᠢ ᠦᠷᠭᠦᠯᠵᠢ ᠨᠥᠬᠦᠪᠥᠷᠢᠯᠡᠵᠦ᠂ ᠲᠥᠪ ᠴᠢᠬᠡᠴᠢ ᠵᠣᠷᠢᠭ ᠰᠠᠨᠠᠭ᠎ᠠ ᠶᠢ ᠰᠠᠶᠢᠲᠤᠷ ᠪᠠᠳᠠᠷᠠᠭᠤᠯᠪᠠᠯ ᠰᠠᠶ᠋ᠢ ᠦᠰᠦᠨ ᠪᠤᠶᠢᠵᠢᠵᠤ ᠥᠭᠡᠳᠡᠯᠡᠨ ᠲᠠᠪᠰᠢᠬᠤ᠂ ᠤᠶᠤᠨ ᠰᠠᠨᠠᠭ᠎ᠠ ᠬᠥᠭᠵᠢᠨ ᠮᠠᠨᠳᠤᠬᠤ ᠠᠮᠢᠳᠤᠷᠠᠯ ᠤᠨ ᠪᠠᠶᠠᠷ ᠪᠠᠶᠠᠰᠤᠯ ᠢ ᠣᠯᠵᠤ ᠴᠢᠳᠠᠬᠤ ᠪᠥᠭᠡᠳ ᠬᠥᠮᠦᠨ ᠤ ᠠᠮᠢᠳᠤᠷᠠᠯ ᠤᠨ ᠵᠠᠮ ᠳᠡᠭᠡᠷ᠎ᠡ ᠨᠡᠩ ᠯᠠᠪᠳᠠᠭᠤᠨ᠂ ᠨᠡᠩ ᠬᠤᠯᠠ ᠶᠠᠪᠤᠵᠤ ᠴᠢᠳᠠᠨ᠎ᠠ᠃
     ᠰᠢ ᠶᠢᠨ ᠫᠢᠩ ᠶᠡᠷᠦᠩᠬᠡᠶ ᠱᠦᠵᠢ ᠶᠢᠨ ︽ᠲᠤᠯᠤᠭᠠᠨ ᠰᠠᠷ᠎ᠠ ᠶᠢᠨ ᠨᠢᠭᠡᠨ︾ ᠤ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠭᠰᠠᠨ ᠣᠯᠤᠯᠲᠠ ᠲᠦᠷᠦᠭᠳᠡᠯ      ᠷᠠᠰᠠᠩ ᠰᠦᠮ᠎ᠡ ᠪᠠᠯᠭᠠᠰᠤᠨ ᠤ ᠮᠢᠨ ᠯᠧ ᠨᠡᠶᠢᠭᠡᠮ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ      ᠯᠢᠦ ᠴᠢᠶᠠᠨ      7 ᠳ᠋ᠣᠭᠠᠷ ᠰᠠᠷ᠎ᠠ ᠶᠢᠨ 1 ᠤ ᠡᠳᠦᠷ᠂ ᠷᠠᠰᠠᠩ ᠰᠦᠮ᠎ᠡ ᠪᠠᠯᠭᠠᠰᠤᠨ ᠤ ᠵᠣᠬᠢᠶᠠᠨ ᠪᠠᠶᠢᠭᠤᠯᠤᠯᠲᠠ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠤᠢ ᠶᠢ ᠪᠡᠯᠭᠡᠯᠡᠬᠦ ᠶᠡᠭᠡ ᠬᠤᠷᠠᠯ ᠤᠨ ᠠᠬᠤᠢ ᠪᠠᠶᠢᠳᠠᠯ ᠤᠨ ᠰᠢᠭᠤᠳ ᠨᠡᠪᠲᠡᠷᠡᠭᠦᠯᠭᠡ ᠶᠢ ᠬᠦᠯᠢᠶᠡᠨ ᠠᠪᠴᠤ ᠦᠵᠡᠪᠡ᠂ ᠪᠢ ᠶᠡᠷᠦᠩᠬᠡᠢ ᠱᠦᠵᠢ ᠰᠢ ᠶᠢᠨ ᠫᠢᠩ ᠤᠨ ᠶᠡᠭᠡ ᠬᠤᠷᠠᠯ ᠳᠡᠭᠡᠷ᠎ᠡ ᠲᠠᠯᠪᠢᠭᠰᠠᠨ ᠴᠢᠬᠤᠯᠠ ᠶᠠᠷᠢᠶ᠎ᠠ ᠶᠢ ᠨᠠᠷᠢᠨ ᠬᠢᠨᠠᠮᠠᠭᠠᠢ ᠰᠣᠨᠣᠰᠪᠠ᠃      ᠶᠡᠷᠦᠩᠬᠡᠶ ᠱᠦᠵᠢ ᠰᠢ ᠶᠢᠨ ᠫᠢᠩ ᠴᠢᠬᠤᠯᠠ ᠶᠠᠷᠢᠶ᠎ᠠ ᠲᠠᠯᠪᠢᠵᠤ᠂ ︽ᠬᠤᠣᠰ ᠵᠠᠭᠤᠨ ᠵᠢᠯ︾ ᠤᠨ ᠲᠡᠮᠡᠴᠡᠬᠦ ᠬᠠᠷᠠᠯᠲᠠ ᠶᠢᠨ ᠲᠡᠦᠬᠡ ᠶᠢᠨ ᠠᠭᠤᠯᠵᠠᠷ ᠳᠡᠭᠡᠷ᠎ᠡ ᠵᠣᠭᠰᠣᠵᠤ᠂ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠠᠤᠭ᠎ᠠ ᠶᠡᠭᠡ ᠬᠠᠷᠠᠭᠠᠰᠤ ᠠᠴᠠ ᠠᠭᠤᠤ ᠶᠡᠭᠡ ᠨᠠᠮ ᠪᠠᠶᠢᠭᠤᠯᠬᠤ ᠵᠣᠷᠢᠭ ᠰᠠᠨᠠᠭ᠎ᠠ ᠶᠢ ᠭᠦᠨᠵᠡᠭᠡᠢ ᠲᠣᠳᠣᠷᠬᠠᠶᠢᠯᠠᠨ ᠥᠭᠦᠯᠡᠵᠦ᠂ ᠵᠠᠭᠤᠨ ᠵᠢᠯ ᠤᠨ ᠨᠠᠮ ᠪᠠᠶᠢᠭᠤᠯᠬᠤ ᠲᠤᠷᠰᠢᠯᠭ᠎ᠠ ᠶᠢ ᠪᠦᠬᠦ ᠲᠠᠯ᠎ᠠ ᠪᠠᠷ ᠳ᠋ᠦᠩᠨᠡᠵᠦ᠂ ᠦᠵᠡᠯ ᠰᠠᠨᠠᠭ᠎ᠠ ᠨᠢ ᠭᠦᠨᠵᠡᠭᠡᠢ᠂ ᠠᠭᠤᠯᠤᠭᠳᠠᠬᠤᠨ ᠨᠢ ᠡᠯᠪᠡᠭ ᠪᠠᠶᠠᠯᠢᠭ ᠪᠠᠶᠢᠵᠤ᠂ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠬᠦ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠳᠤᠮᠳᠠᠳᠤ ᠶᠢᠨ ᠵᠡᠭᠦᠳᠦ ᠶᠢ ᠲᠡᠷᠭᠡᠯᠰᠢᠭᠦᠯᠬᠦ ᠶᠢᠨ ᠲᠥᠯᠥᠭᠡ ᠴᠥᠬᠦᠷᠡᠰᠢ ᠦᠭᠡᠢ ᠲᠡᠮᠡᠴᠡᠵᠦ᠂ ᠳᠤᠮᠳᠠᠳᠤ ᠤᠯᠤᠰ ᠤᠨ ᠡᠪ ᠬᠠᠮᠲᠤ ᠨᠠᠮ ︽ᠠᠷᠠᠳ ᠲᠦᠮᠡᠨ ᠳᠤ ᠦᠢᠯᠡᠴᠢᠯᠡᠬᠦ︾ ᠵᠣᠷᠢᠯᠲᠠ ᠶᠢ ᠢᠮᠠᠭᠲᠠ  ᠪᠠᠷᠢᠮᠲᠠᠯᠠᠨ᠂ ᠲᠦᠷᠦ ᠭᠦᠷᠦᠨ ᠪᠣᠯ ᠳᠠᠷᠤᠶ ᠠᠷᠠᠳ ᠲᠦᠮᠡᠨ᠂ ᠠᠷᠠᠳ ᠲᠦᠮᠡᠨ ᠪᠣᠯ ᠳᠠᠷᠤᠶ ᠲᠦᠷᠦ ᠭᠦᠷᠦᠨ ᠮᠥᠨ᠂ ᠨᠠᠮ ᠪᠣᠯᠤᠨ ᠠᠷᠠᠳ ᠤᠯᠠᠨ ᠤ ᠴᠢᠰᠤ ᠮᠢᠬᠠᠨ ᠤ ᠬᠠᠷᠢᠯᠴᠠᠭ᠎ᠠ ᠶᠢ ᠢᠮᠠᠭᠲᠠ ᠪᠠᠷᠢᠮᠲᠠᠯᠵᠦ᠂ ᠠᠯᠢᠪᠠ ᠪᠦᠬᠦᠨ ᠳᠤ ᠠᠷᠠᠳ ᠲᠦᠮᠡᠨ ᠤ ᠲᠥᠯᠥᠭᠡ ᠪᠠᠶᠢᠬᠤ᠂ ᠠᠯᠢᠪᠠ ᠪᠦᠬᠦᠨ ᠳᠤ ᠠᠷᠠᠳ ᠲᠦᠮᠡᠨ ᠢ ᠲᠦᠰᠢᠭᠯᠡᠬᠦ ᠶᠢ ᠪᠠᠷᠢᠮᠲᠠᠯᠠᠵᠤ᠂ ᠠᠷᠠᠳ ᠲᠦᠮᠡᠨ ᠢ ᠢᠮᠠᠭᠲᠠ ᠰᠡᠳᠬᠢᠯ ᠵᠢᠷᠦᠬᠡᠨ ᠤ ᠪᠠᠨ ᠬᠠᠮᠤᠭ ᠤᠨ ᠳᠡᠭᠡᠳᠦ ᠪᠠᠶᠢᠷᠢᠨ ᠳᠤ ᠲᠠᠯᠪᠢᠬᠤ ᠬᠡᠷᠡᠭᠲᠡᠶ᠃      ᠶᠡᠷᠦᠩᠬᠡᠶ ᠱᠦᠵᠢ ᠰᠢ ᠶᠢᠨ ᠫᠢᠩ ᠤᠨ ᠬᠡᠯᠡᠭᠰᠡᠨ ᠦᠭᠡ ᠨᠢᠭᠡᠪᠦᠷᠢ ᠨᠢ ᠪᠢᠳᠡᠨ ᠤ ᠰᠡᠳᠬᠢᠯ ᠳᠤ ᠬᠠᠳᠠᠩᠰᠢᠵᠤ᠂ ᠨᠡᠶᠢᠭᠡᠮ ᠲᠣᠭᠤᠷᠢᠭ ᠤᠨ ᠠᠵᠢᠯᠲᠠᠨ᠂ ᠡᠪ ᠬᠠᠮᠲᠤ ᠨᠠᠮ ᠤᠨ ᠭᠡᠰᠢᠭᠦᠨ ᠪᠣᠯᠤᠭᠰᠠᠨ ᠤ ᠬᠤᠪᠢ ᠳᠤ᠂ ᠶᠡᠷᠦᠩᠬᠡᠶ ᠱᠦᠵᠢ ᠰᠢ ᠶᠢᠨ ᠫᠢᠩ ᠶᠢᠨ ᠶᠠᠷᠢᠶ᠎ᠠ ᠶᠢ ᠮᠢᠨᠦ ᠬᠤᠶᠢᠰᠢᠳᠠ ᠶᠢᠨ ᠠᠵᠢᠯ ᠤᠨ ᠬᠥᠳᠡᠯᠭᠡᠬᠦ ᠬᠦᠴᠦᠨ ᠪᠣᠯᠭᠠᠵᠤ᠂ ᠨᠠᠮ ᠤᠨ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢ ᠠᠵᠢᠯ ᠤᠨ ᠳᠤᠮᠳᠠ ᠪᠠᠨ ᠨᠠᠶᠢᠳᠠᠪᠤᠷᠢᠵᠢᠭᠤᠯᠤᠨ᠂ ᠦᠢᠯᠡ ᠠᠵᠢᠯᠯᠠᠭ᠎ᠠ ᠳᠡᠭᠡᠷ᠎ᠡ ᠪᠠᠨ ᠢᠯᠡᠷᠡᠭᠦᠯᠵᠦ᠂ ᠰᠠᠭᠤᠭᠠᠯᠢ ᠠᠷᠠᠳ ᠤᠨ ᠠᠮᠢᠳᠤᠷᠠᠯ ᠳᠤ ᠲᠤᠯᠭᠠᠷᠠᠭᠰᠠᠨ ᠬᠦᠴᠢᠷᠳᠡᠯ ᠢ ᠪᠣᠳᠠᠲᠠᠶ ᠪᠥᠭᠡᠳ ᠨᠠᠷᠢᠯᠢᠭ ᠠᠳᠬᠤᠵᠤ᠂  ᠠᠵᠢᠯᠰᠠᠭ ᠨᠡᠶᠢᠭᠡᠮ ᠲᠣᠭᠤᠷᠢᠭ ᠤᠨ ᠠᠵᠢᠯᠲᠠᠨ ᠪᠣᠯᠬᠤ ᠪᠠᠷ ᠴᠢᠷᠮᠠᠶᠢᠨ᠎ᠠ᠃
     ᠰᠢ ᠶᠢᠨ ᠫᠢᠩ ᠶᠡᠷᠦᠩᠬᠡᠶ ᠱᠦᠵᠢ ᠶᠢᠨ ︽ᠲᠤᠯᠤᠭᠠᠨ ᠰᠠᠷ᠎ᠠ ᠶᠢᠨ ᠨᠢᠭᠡᠨ︾ ᠤ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠭᠰᠠᠨ ᠣᠯᠤᠯᠲᠠ ᠲᠦᠷᠦᠭᠳᠡᠯ      ᠬᠠᠶᠢᠨᠠᠨ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ      ᠵᠦ ᠱᠤᠸᠠᠢ      ᠰᠢ ᠶᠢᠨ ᠫᠢᠩ ᠶᠡᠷᠦᠩᠬᠡᠶ ᠱᠦᠵᠢ ᠶᠢᠨ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠤᠢ ᠶᠢ ᠪᠡᠯᠭᠡᠯᠡᠬᠦ ᠶᠡᠭᠡ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠬᠤ ᠪᠠᠷ ᠳᠠᠮᠵᠢᠭᠤᠯᠤᠨ ᠪᠢ ᠲᠦᠢᠯ ᠢᠶᠠᠷ ᠣᠮᠣᠭᠰᠢᠨ ᠵᠣᠷᠢᠭᠵᠢᠵᠤ ᠪᠠᠶᠢᠨ᠎ᠠ᠃ ᠦᠨᠳᠦᠰᠦᠨ ᠱᠠᠲᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠺᠠᠳ᠋ᠷ ᠪᠢᠳᠡ ᠪᠦᠬᠦ ᠰᠡᠳᠬᠢᠯ ᠪᠦᠬᠦ ᠵᠣᠷᠢᠭ ᠢᠶᠠᠷ ᠢᠶᠠᠨ ᠠᠷᠠᠳ ᠲᠦᠮᠡᠨ ᠳᠤ ᠦᠢᠯᠡᠴᠢᠯᠡᠬᠦ ᠦᠨᠳᠦᠰᠦᠨ ᠵᠣᠷᠢᠯᠲᠠ ᠪᠠᠨ ᠢᠮᠠᠭᠲᠠ ᠪᠠᠲᠤ ᠴᠡᠭᠡᠵᠢᠯᠡᠵᠦ᠂ ᠠᠷᠠᠳ ᠲᠦᠮᠡᠨ ᠳᠤ ᠦᠢᠯᠡᠴᠢᠯᠡᠬᠦ᠂ ᠣᠯᠠᠨ ᠲᠦᠮᠡᠨ ᠳᠤ ᠪᠣᠳᠠᠲᠤ ᠶᠠᠪᠤᠳᠠᠯ ᠬᠢᠬᠦ ᠣᠶᠢᠯᠠᠭᠠᠭᠳᠠᠬᠤᠨ ᠢ ᠪᠠᠷᠢᠮᠲᠠᠯᠠᠵᠤ᠂ ᠰᠢᠨᠵᠢᠯᠡᠬᠦ ᠤᠬᠠᠭᠠᠨᠴᠢᠯᠠᠭᠰᠠᠨ ᠬᠠᠮᠢᠶᠠᠷᠤᠯᠲᠠ ᠶᠢ ᠠᠬᠢᠭᠤᠯᠤᠨ᠂ ᠬᠠᠮᠢᠶᠠᠷᠤᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠬᠥᠳᠡᠯᠦᠩᠭᠦᠢ ᠪᠦᠬᠦ ᠲᠠᠯ᠎ᠠ ᠶᠢᠨ ᠬᠠᠮᠢᠶᠠᠷᠤᠯᠲᠠ ᠶᠢ ᠬᠡᠷᠡᠭᠵᠢᠭᠦᠯᠪᠡᠯ ᠬᠠᠷᠢᠶ᠎ᠠ ᠣᠷᠣᠨ ᠤ ᠢᠳᠡᠭᠡᠨ ᠤ ᠠᠮᠤᠷ ᠲᠦᠪᠰᠢᠨ ᠤ ᠠᠰᠠᠭᠤᠳᠠᠯ ᠢ ᠰᠢᠢᠳᠪᠦᠷᠢᠯᠡᠵᠦ᠂ ︽12345︾ ︽12315︾ ᠬᠡᠷᠡᠭᠯᠡᠭᠴᠢᠳ ᠤᠨ ᠭᠤᠮᠣᠳᠠᠯ ᠲᠣᠭᠠᠴᠢᠬᠤ᠂ ᠢᠯᠡᠴᠢᠯᠡᠨ ᠮᠡᠳᠡᠭᠦᠯᠬᠦ ᠶᠢ ᠴᠠᠭ ᠲᠤᠬᠠᠢ ᠳᠤᠨᠢ ᠰᠢᠢᠳᠪᠦᠷᠢᠯᠡᠵᠦ᠂ ᠥᠷᠭᠡᠨ ᠤᠯᠠᠨ ᠬᠡᠷᠡᠭᠯᠡᠭᠴᠢᠳ ᠤᠨ ᠬᠠᠤᠯᠢ ᠶᠣᠰᠣᠨ ᠤ ᠡᠷᠬᠡ ᠠᠰᠢᠭ ᠢ ᠪᠠᠲᠤᠯᠠᠵᠤ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠣᠳᠣᠬᠢᠴᠢᠯᠠᠭᠰᠠᠨ ᠬᠢᠨᠠᠯᠲᠠ ᠬᠠᠮᠢᠶᠠᠷᠤᠯᠲᠠ ᠶᠢ ᠠᠬᠢᠭᠤᠯᠵᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠳᠤᠮᠳᠠᠳᠤ ᠶᠢᠨ ᠵᠡᠭᠦᠳᠦ ᠶᠢ ᠲᠡᠷᠭᠡᠯᠰᠢᠭᠦᠯᠬᠦ ᠳᠤ ᠨᠡᠩ ᠶᠡᠭᠡ ᠬᠤᠪᠢ ᠨᠡᠮᠡᠷᠢ ᠦᠵᠡᠭᠦᠯᠬᠦ ᠪᠣᠯᠤᠨ᠎ᠠ᠃
     ᠰᠢ ᠶᠢᠨ ᠫᠢᠩ ᠶᠡᠷᠦᠩᠬᠡᠶ ᠱᠦᠵᠢ ᠶᠢᠨ ︽ᠲᠤᠯᠤᠭᠠᠨ ᠰᠠᠷ᠎ᠠ ᠶᠢᠨ ᠨᠢᠭᠡᠨ︾ ᠤ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠭᠰᠠᠨ ᠣᠯᠤᠯᠲᠠ ᠲᠦᠷᠦᠭᠳᠡᠯ      ᠬᠠᠶᠢᠨᠠᠨ ᠤ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ      ᠵᠢᠶᠠ ᠢ ᠯᠧ      ᠲᠡᠦᠬᠡ ᠶᠢᠨ ᠤᠲᠤᠭ᠎ᠠ ᠲᠣᠭᠤᠰᠣ ᠡᠷᠢᠨ ᠵᠠᠭᠤᠨ ᠤ ᠰᠠᠯᠬᠢ ᠪᠣᠷᠣᠭᠠᠨ ᠢ ᠬᠠᠯᠬᠠᠯᠠᠵᠤ ᠴᠢᠳᠠᠬᠤ ᠦᠭᠡᠢ ᠶᠤᠮ᠃ ᠵᠠᠭᠤᠨ ᠵᠢᠯ ᠤᠨ ᠠᠶᠠᠨ ᠵᠠᠮ ᠳᠤ ᠴᠤᠭ ᠵᠢᠪᠬᠤᠭ᠎ᠠ ᠪᠠᠳᠠᠷᠠᠩᠭᠤᠢ ᠪᠠᠶᠢᠵᠦ᠂ ᠵᠠᠭᠤᠨ ᠵᠢᠯ ᠤᠨ ᠡᠬᠢᠨ ᠤ ᠦᠶ᠎ᠡ ᠶᠢᠨ ᠰᠡᠳᠬᠢᠯ ᠤᠯᠠᠮ ᠪᠠᠲᠤᠵᠢᠪᠠ᠃ ᠶᠡᠷᠦᠩᠬᠡᠢ ᠱᠦᠵᠢ ᠰᠢ ᠶᠢᠨ ᠫᠢᠩ ᠤᠨ ᠶᠠᠷᠢᠶ᠎ᠠ ᠬᠥᠮᠦᠰ ᠢ ᠤᠷᠮᠠᠰᠢᠭᠤᠯᠤᠨ ᠵᠣᠷᠢᠭᠵᠢᠭᠤᠯᠵᠤ᠂ ᠵᠠᠭᠤᠨ ᠵᠢᠯ ᠤᠨ ᠨᠠᠮ ᠤᠨ ᠲᠡᠦᠬᠡ ᠪᠠᠷ ᠲᠤᠯᠢ ᠪᠣᠯᠭᠠᠬᠤ᠂ ᠢᠷᠡᠭᠡᠳᠦᠢ ᠶᠢ ᠨᠡᠭᠡᠭᠡᠬᠦ ᠤᠯᠤᠰ ᠲᠦᠷᠦ ᠶᠢᠨ ᠤᠬᠠᠮᠰᠠᠷ ᠪᠣᠯᠤᠨ ᠡᠭᠦᠷᠭᠡ ᠬᠠᠷᠢᠭᠤᠴᠠᠯᠭ᠎ᠠ ᠶᠢ ᠭᠦᠢᠴᠡᠳ ᠢᠯᠡᠷᠡᠭᠦᠯᠵᠡᠢ︕       ︽ᠢᠷᠡᠭᠡᠳᠦᠶ ᠪᠣᠯ ᠵᠠᠯᠠᠭᠤᠴᠤᠳ ᠤᠨ ᠬᠢ᠂ ᠬᠦᠰᠡᠯ ᠡᠷᠡᠮᠡᠯᠵᠡᠯ ᠢᠶᠠᠨ ᠵᠠᠯᠠᠭᠤᠴᠤᠳ ᠲᠤ ᠨᠠᠶᠢᠳᠠᠨ᠎ᠠ︾ ᠭᠡᠳᠡᠭ  ᠨᠢ ᠰᠢ ᠶᠢᠨ ᠫᠢᠩ ᠶᠡᠷᠦᠩᠬᠡᠶ ᠱᠦᠵᠢ ᠵᠠᠯᠠᠭᠤ ᠨᠢᠭᠡ ᠦᠶ᠎ᠡ ᠶᠢᠨ ᠬᠢᠨ ᠳᠤ ᠲᠠᠯᠪᠢᠵᠤ ᠪᠠᠶᠢᠭ᠎ᠠ ᠴᠢᠩ ᠰᠡᠳᠬᠢᠯ ᠤᠨ ᠬᠦᠰᠡᠯ ᠡᠷᠡᠮᠡᠯᠵᠡᠯ ᠢ ᠢᠯᠡᠳᠬᠡᠵᠡᠶ᠃ ᠵᠠᠭᠤᠨ ᠵᠢᠯ ᠤᠨ ᠡᠮᠦᠨᠡᠬᠢ ᠨᠢᠭᠡ ᠪᠦᠯᠦᠭ ᠰᠢᠨ᠎ᠡ ᠵᠠᠯᠠᠭᠤᠴᠤᠳ ᠬᠡᠬᠦᠳᠡᠭ ᠳᠦᠭᠦᠷᠡᠩ ᠤᠯᠤᠰ ᠢᠶᠠᠨ ᠠᠪᠤᠷᠠᠬᠤ ᠬᠦᠰᠡᠯᠡᠩ ᠢ ᠡᠪᠦᠷᠯᠡᠨ ᠰᠢᠷᠭᠠᠭᠤ ᠬᠠᠲᠠᠭᠤᠵᠢᠯᠲᠠᠢ ᠬᠠᠶᠢᠨ ᠰᠦᠪᠡᠭᠴᠢᠯᠡᠵᠦ᠂ ᠤᠯᠤᠰ ᠢᠶᠠᠨ ᠠᠪᠤᠷᠠᠬᠤ ᠵᠠᠮ ᠢ ᠡᠷᠢᠵᠦ ᠤᠯᠪᠠ᠂ ᠵᠠᠭᠤᠨ ᠵᠢᠯ ᠤᠨ ᠳᠠᠷᠠᠭᠠᠬᠢ ᠥᠨᠥᠳᠦᠷ ᠪᠢᠳᠡ  ᠦᠨᠳᠦᠰᠦᠲᠡᠨ ᠤ ᠰᠡᠷᠭᠦᠨ ᠮᠠᠨᠳᠤᠯᠲᠠ᠂ ᠤᠯᠤᠰ ᠣᠷᠣᠨ ᠤ ᠪᠠᠶᠠᠵᠢᠯ ᠬᠦᠴᠦᠷᠬᠡᠭᠵᠢᠯ᠂ ᠠᠷᠠᠳ ᠲᠦᠮᠡᠨ ᠤ ᠵᠣᠯ ᠵᠢᠷᠭᠠᠯ ᠤᠨ ᠲᠥᠯᠥᠭᠡ ᠲᠡᠮᠡᠴᠡᠪᠡᠯ ᠵᠣᠬᠢᠨ᠎ᠠ︕      ᠵᠠᠯᠠᠭᠤ ᠨᠠᠮ ᠤᠨ ᠭᠡᠰᠢᠭᠦᠨ ᠴᠠᠭᠳᠠᠭ᠎ᠠ ᠪᠣᠯᠤᠭᠰᠠᠨ ᠤ ᠬᠤᠪᠢ ᠳᠤ᠂ ᠪᠢ ᠶᠡᠷᠦᠩᠬᠡᠢ ᠱᠦᠵᠢ ᠶᠢᠨ ᠶᠠᠷᠢᠶᠠᠨ ᠤ ᠵᠣᠷᠢᠭ ᠰᠠᠨᠠᠭ᠎ᠠ ᠶᠢ ᠪᠠᠲᠤ ᠴᠡᠭᠡᠵᠢᠯᠡᠵᠦ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠶᠢ ᠥᠪᠡᠷ ᠤᠨ ᠡᠭᠦᠷᠭᠡ ᠪᠠᠨ ᠪᠣᠯᠭᠠᠵᠤ᠂ ᠲᠤᠬᠠᠶᠢᠯᠠᠭᠰᠠᠨ ᠠᠵᠢᠯ ᠳᠠᠭᠠᠨ ᠰᠠᠭᠤᠷᠢᠯᠠᠵᠤ᠂ ᠦᠨᠡᠨᠴᠢ ᠰᠢᠳᠤᠷᠭᠤ ᠤᠯᠤᠰ ᠲᠦᠷᠦ ᠶᠢᠨ ᠤᠤᠷ ᠴᠢᠨᠠᠷ ᠢᠶᠠᠨ ᠴᠠᠭ ᠢᠮᠠᠭᠲᠠ ᠪᠠᠲᠤ ᠰᠠᠬᠢᠵᠤ᠂ ᠳᠣᠲᠣᠭᠠᠳᠤ ᠶᠢ ᠬᠠᠮᠠᠭᠠᠯᠠᠬᠤ ᠠᠵᠢᠯ ᠳᠤ ᠥᠪᠡᠷ ᠤᠨ ᠬᠤᠪᠢ ᠨᠡᠮᠡᠷᠢ ᠪᠠᠨ ᠦᠵᠡᠭᠦᠯᠦᠨ᠎ᠡ᠂ ᠨᠠᠮ ᠮᠢᠨᠢ ᠰᠠᠨᠠᠭ᠎ᠠ ᠠᠮᠤᠷ ᠪᠠᠶᠢᠭᠠᠷᠠᠢ᠂ ᠤᠯᠤᠰ ᠭᠦᠷᠦᠨ ᠢᠶᠠᠨ ᠬᠦᠴᠦᠷᠬᠡᠭᠵᠢᠭᠦᠯᠬᠦ ᠳᠤ ᠪᠢ ᠪᠠᠶᠢᠨ᠎ᠠ︕
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号