ᠬᠠᠷᠢᠭᠤ ᠳᠣᠰᠬᠠᠯ ᠤᠨ ᠪᠦᠯᠦᠭ᠄ ᠶᠡᠷᠦᠩᠬᠡᠶ ᠱᠦᠵᠢ ᠶᠢᠨ ︽ᠳᠣᠯᠣᠭᠠᠨ ᠰᠠᠷ᠎ᠠ ᠶᠢᠨ ᠨᠢᠭᠡᠨ︾ ᠤ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ  ᠰᠣᠷᠣᠯᠴᠠᠭᠠᠳ ᠲᠡᠳᠡᠨᠦᠰ ᠤᠨ ᠶᠠᠮᠠᠷ ᠲᠦᠷᠦᠭᠳᠡᠯ ᠲᠠᠢ ᠶᠢ ᠰᠣᠨᠣᠰᠣᠶ᠎ᠠ ︵ᠲᠠᠪᠤ︶
ᠨᠡᠶᠢᠲᠡᠯᠡᠭᠰᠡᠨ ᠴᠠᠭ᠄
2021/7/13
     ᠰᠢ ᠶᠢᠨ ᠫᠢᠩ ᠶᠡᠷᠦᠩᠬᠡᠶ ᠱᠦᠵᠢ ᠶᠢᠨ ︽ᠲᠤᠯᠤᠭᠠᠨ ᠰᠠᠷ᠎ᠠ ᠶᠢᠨ ᠨᠢᠭᠡᠨ︾ ᠤ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠭᠰᠠᠨ ᠣᠯᠤᠯᠲᠠ ᠲᠦᠷᠦᠭᠳᠡᠯ          ᠬᠠᠶᠢᠨᠠᠨ ᠲᠣᠭᠤᠷᠢᠭ ᠤᠨ ᠠᠷᠠᠳ ᠤᠨ ᠪᠠᠶᠢᠴᠠᠭᠠᠬᠤ ᠬᠤᠷᠢᠶ᠎ᠠ                 ᠶᠠᠨ ᠯᠢ ᠯᠢ      ︽ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠤᠢ ᠶᠢ ᠪᠡᠯᠭᠡᠯᠡᠬᠦ ᠠᠵᠢᠯᠯᠠᠭ᠎ᠠ ᠵᠢᠴᠢ ᠰᠢ ᠶᠢᠨ ᠫᠢᠩ ᠶᠡᠷᠦᠩᠬᠡᠢ ᠱᠦᠵᠢ ᠶᠢᠨ ︿ᠲᠤᠯᠤᠭᠠᠨ ᠰᠠᠷ᠎ᠠ ᠶᠢᠨ ᠨᠢᠭᠡᠨ﹀ ᠤ ᠶᠠᠷᠢᠶᠠᠨ ᠤ ᠵᠣᠷᠢᠭ ᠰᠠᠨᠠᠭ᠎ᠠ︾ ᠶᠢᠨ ᠰᠢᠭᠤᠳ ᠨᠡᠪᠲᠡᠷᠡᠭᠦᠯᠭᠡ ᠶᠢ ᠦᠵᠡᠭᠰᠡᠨ ᠤ ᠲᠠᠷᠠᠭ᠎ᠠ᠂ ᠮᠢᠨᠦ ᠰᠡᠳᠬᠢᠯ ᠰᠠᠨᠠᠭ᠎ᠠ ᠤᠳᠠᠲᠠᠯ᠎ᠠ ᠲᠣᠭᠲᠠᠭᠤᠨ ᠪᠠᠶᠢᠵᠤ ᠴᠢᠳᠠᠭᠰᠠᠨ ᠦᠭᠡᠢ᠃ ᠤᠯᠤᠰ ᠤᠨ ᠲᠤᠭ ᠤᠨ ᠬᠠᠮᠠᠭᠠᠯᠠᠯᠲᠠ ᠶᠢᠨ ᠠᠩᠬᠢ ᠶᠢᠨ ᠲᠡᠷᠢ ᠲᠡᠭᠰᠢ ᠠᠯᠬᠤᠭ᠎ᠠ᠂ ᠢᠳᠡᠷᠡᠭᠦᠨ ᠵᠢᠪᠬᠤᠭ᠎ᠠ ᠶᠢ ᠪᠢᠰᠢᠷᠡᠭᠰᠡᠨ ᠪᠥᠭᠡᠳ ᠪᠠᠰᠠ ᠡᠪ ᠬᠠᠮᠲᠤ ᠵᠠᠯᠠᠭᠤᠴᠤᠳ ᠤᠨ ᠡᠪᠯᠡᠯ ᠤᠨ ᠭᠡᠰᠢᠭᠦᠨ ᠪᠣᠯᠤᠨ ᠪᠠᠭᠠᠴᠤᠳ ᠤᠨ ᠬᠤᠰᠢᠭᠤᠴᠢ ᠠᠩᠬᠢ ᠶᠢᠨ ᠭᠡᠰᠢᠭᠦᠳ ᠤᠨ ᠬᠠᠮᠲᠤ ᠨᠡᠶᠢᠲᠡ ᠶᠢ ᠲᠥᠯᠥᠭᠡᠯᠡᠨ ᠤᠷᠢ ᠵᠠᠯᠠᠭᠤ ᠨᠠᠰᠤᠨ ᠤ ᠡᠷᠴᠢ ᠬᠦᠴᠦᠨ ᠲᠠᠢ ᠲᠠᠩᠭᠠᠷᠢᠭᠯᠠᠯ᠂ ᠴᠤᠭ ᠵᠢᠪᠬᠤᠭ᠎ᠠ ᠲᠠᠢ ᠳᠦᠷᠰᠦ ᠪᠠᠶᠢᠳᠠᠯ ᠢ ᠮᠠᠭᠲᠠᠨ ᠰᠠᠶᠢᠰᠢᠶᠠᠵᠤ᠂ ᠨᠡᠩ ᠴᠤ ᠶᠡᠷᠦᠩᠬᠡᠢ ᠱᠦᠵᠢ ᠰᠢ ᠶᠢᠨ ᠫᠢᠩ ᠤᠨ ᠣᠮᠤᠭ ᠲᠡᠭᠦᠯᠳᠡᠷ ᠦᠭᠡ ᠶᠠᠷᠢᠶ᠎ᠠ᠂ ᠴᠢᠬᠢᠨ ᠳᠤ ᠰᠣᠨᠣᠰᠳᠠᠮ᠎ᠠ ᠲᠤᠩᠬᠠᠭ ᠨᠢ ᠰᠡᠳᠭᠢᠯ ᠢ ᠳᠣᠭᠳᠣᠯᠣᠭᠤᠯᠤᠭᠰᠠᠨ ᠪᠠᠶᠢᠨ᠎ᠠ᠃ ᠲᠤᠬᠠᠶ ᠶᠢᠨ ᠲᠠᠯᠠᠪᠤᠷ ᠲᠤ ᠪᠠᠶᠢᠭᠰᠠᠨ ᠬᠥᠮᠦᠨ ᠴᠦ ᠲᠡᠷᠡ᠂ ᠰᠦᠯᠵᠢᠶ᠎ᠡ ᠪᠠᠷ ᠰᠢᠭᠤᠳ ᠨᠡᠪᠲᠡᠷᠡᠭᠦᠯᠭᠡ ᠶᠢ ᠦᠵᠡᠭᠰᠡᠨ ᠬᠥᠮᠦᠨ ᠴᠦ ᠲᠡᠷᠡ᠂ ᠪᠢᠳᠡ ᠴᠥᠮ ᠰᠡᠳᠬᠢᠯ ᠳᠣᠭᠳᠣᠯᠵᠤ ᠪᠠᠶᠢᠯ᠎ᠠ᠃      ᠡᠨᠡ ᠵᠢᠯ ᠤᠨ ᠥᠷᠨᠢᠭᠦᠯᠦᠭᠰᠡᠨ ᠨᠠᠮ ᠤᠨ ᠲᠡᠦᠬᠡ ᠶᠢᠨ ᠰᠤᠷᠤᠯᠴᠠᠯᠭ᠎ᠠ ᠶᠠᠭ ᠴᠠᠭ ᠲᠠᠭᠠᠨ ᠲᠤᠬᠢᠷᠠᠵᠠᠢ᠃ ᠨᠠᠮ ᠤᠨ ᠲᠡᠦᠬᠡ ᠶᠢ ᠰᠤᠷᠤᠯᠴᠠᠪᠠᠯ ᠪᠢᠳᠡ ᠰᠠᠶ᠋ᠢ ᠥᠨᠥᠳᠦᠷ ᠤᠨ ᠠᠮᠢᠳᠤᠷᠠᠯ ᠤᠨ ᠬᠢᠯᠪᠠᠷ ᠪᠤᠰᠤ ᠪᠠᠷ ᠢᠷᠡᠭᠰᠡᠨ ᠢ ᠣᠶᠢᠯᠠᠭᠠᠵᠤ ᠴᠢᠳᠠᠨ᠎ᠠ᠂ ᠰᠠᠶ᠋ᠢ ᠮᠠᠨ ᠤ ᠡᠬᠡ ᠤᠯᠤᠰ ᠶᠠᠭᠠᠬᠢᠭᠠᠳ ᠪᠣᠰᠴᠤ ᠵᠣᠭᠰᠣᠭᠰᠠᠨ᠂ ᠪᠠᠶᠠᠵᠢᠭᠰᠠᠨ ᠠᠴᠠ ᠪᠠᠨ ᠬᠦᠴᠦᠷᠬᠡᠭᠵᠢᠵᠦ ᠴᠢᠳᠠᠭᠰᠠᠨ ᠢ ᠣᠶᠢᠯᠠᠭᠠᠵᠤ ᠴᠢᠳᠠᠨ᠎ᠠ᠂ ᠰᠠᠶ᠋ᠢ ᠮᠠᠨ ᠤ ᠤᠳᠤ ᠶᠢᠨ ᠡᠬᠡ ᠤᠯᠤᠰ ᠶᠠᠭᠠᠬᠢᠭᠠᠳ ᠦᠭᠡ ᠬᠡᠯᠡᠬᠦ ᠳᠡᠭᠡᠨ ᠬᠠᠲᠠᠭᠤ ᠴᠢᠩᠭ᠎ᠠ ᠢᠲᠡᠭᠡᠯ ᠬᠦᠨᠳᠦ ᠲᠠᠢ ᠪᠠᠶᠢᠬᠤ ᠶᠢ ᠣᠶᠢᠯᠠᠭᠠᠵᠤ ᠴᠢᠳᠠᠨ᠎ᠠ᠃      ᠡᠨᠡ ᠨᠠᠰᠤᠨ ᠳᠠᠭᠠᠨ ᠳᠤᠮᠳᠠᠳᠤ ᠤᠯᠤᠰ ᠤᠨ ᠬᠥᠮᠦᠨ ᠪᠤᠯᠵᠦ᠂ ᠡᠨᠡ ᠨᠠᠰᠤᠨ ᠳᠠᠭᠠᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠨᠢᠭᠡ ᠭᠡᠰᠢᠭᠦᠨ ᠳᠠᠭᠠᠨ ᠬᠠᠮᠤᠭ ᠣᠮᠣᠭᠰᠢᠯᠲᠠᠢ᠂ ᠥᠩᠭᠡᠷᠡᠭᠰᠡᠨ ᠢᠶᠠᠨ ᠡᠷᠭᠢᠴᠡᠭᠦᠯᠬᠦᠶ᠎ᠡ᠂ ᠪᠢᠳᠡ ᠭᠠᠶᠢᠬᠠᠮᠰᠢᠭᠲᠤ ᠣᠨ ᠰᠠᠷ᠎ᠠ ᠶᠢ ᠲᠤᠭᠤᠯᠵᠤ᠂ ᠢᠷᠡᠭᠡᠳᠦᠶ ᠪᠠᠨ ᠪᠠᠷᠠᠯᠠᠬᠤᠶ᠎ᠠ᠂ ᠪᠢᠳᠡ ᠨᠡᠩ ᠰᠢᠯᠢᠳᠡᠭ ᠠᠮᠵᠢᠯᠲᠠ ᠪᠠᠷ ᠢᠶᠠᠨ ᠨᠠᠮ ᠳᠤ ᠬᠦᠨᠳᠦᠳᠬᠡᠯ ᠳᠡᠪᠰᠢᠭᠦᠯᠦᠶ᠎ᠡ︕
     ᠰᠢ ᠶᠢᠨ ᠫᠢᠩ ᠶᠡᠷᠦᠩᠬᠡᠶ ᠱᠦᠵᠢ ᠶᠢᠨ ︽ᠲᠤᠯᠤᠭᠠᠨ ᠰᠠᠷ᠎ᠠ ᠶᠢᠨ ᠨᠢᠭᠡᠨ︾ ᠤ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠭᠰᠠᠨ ᠣᠯᠤᠯᠲᠠ ᠲᠦᠷᠦᠭᠳᠡᠯ      ᠦᠬᠠᠶ ᠬᠤᠲᠠ ᠶᠢᠨ ᠬᠠᠶᠢᠨᠠᠨ ᠲᠣᠭᠤᠷᠢᠭ ᠤᠨ ᠭᠤᠷᠪᠠᠳᠤᠭᠠᠷ ᠪᠠᠭ᠎ᠠ ᠰᠤᠷᠭᠠᠭᠤᠯᠢ     ᠵᠦ ᠼᠦᠢ ᠮᠧᠶ      ᠳᠤᠮᠳᠠᠳᠤ ᠤᠯᠤᠰ ᠤᠨ ᠡᠪ ᠬᠠᠮᠲᠤ ᠨᠠᠮ ᠤᠨ ᠨᠠᠮ ᠪᠠᠶᠢᠭᠤᠯᠤᠭᠳᠠᠭᠰᠠᠨ 100 ᠵᠢᠯ ᠤᠨ ᠤᠢ ᠶᠢ ᠪᠡᠯᠭᠡᠯᠡᠬᠦ ᠶᠡᠭᠡ ᠬᠤᠷᠠᠯ ᠢ ᠰᠣᠨᠢᠷᠬᠠᠵᠤ᠂ ᠶᠡᠷᠦᠩᠬᠡᠢ ᠱᠦᠵᠢ ᠰᠢ ᠶᠢᠨ ᠫᠢᠩ ᠤᠨ ᠪᠡᠯᠭᠡᠯᠡᠬᠦ ᠶᠡᠭᠡ ᠬᠤᠷᠠᠯ ᠳᠡᠭᠡᠷᠡᠬᠢ ᠴᠢᠬᠤᠯᠠ ᠶᠠᠷᠢᠶ᠎ᠠ ᠶᠢ ᠰᠣᠨᠣᠰᠤᠭᠠᠳ᠂ ᠶᠡᠷᠦᠩᠬᠡᠢ ᠱᠦᠵᠢ ᠰᠢ ᠶᠢᠨ ᠫᠢᠩ ᠤᠨ ᠶᠠᠷᠢᠶ᠎ᠠ ᠶᠢᠨ ᠠᠭᠤᠯᠤᠭᠳᠠᠬᠤᠨ ᠡᠯᠪᠡᠭ ᠪᠠᠶᠠᠯᠢᠭ᠂ ᠬᠥᠮᠦᠰ ᠤᠨ ᠤᠷᠮ᠎ᠠ ᠵᠣᠷᠢᠭ ᠢ ᠬᠥᠪᠴᠢᠯᠡᠨ᠎ᠡ ᠭᠡᠳᠡᠭ ᠢ ᠪᠢ ᠭᠦᠨ ᠣᠶᠢᠯᠠᠭᠠᠪᠠ᠃      ᠰᠢ ᠶᠢᠨ ᠫᠢᠩ ᠶᠡᠷᠦᠩᠬᠡᠶ ᠱᠦᠵᠢ ᠶᠢᠨ ᠴᠢᠬᠤᠯᠠ ᠶᠠᠷᠢᠶ᠎ᠠ ᠨᠢ ᠪᠢᠳᠡᠨ ᠳᠤ ᠳᠤᠮᠳᠠᠳᠤ ᠤᠯᠤᠰ ᠤᠨ ᠡᠪ ᠬᠠᠮᠲᠤ ᠨᠠᠮ ᠵᠠᠭᠤᠨ ᠵᠢᠯ ᠤᠨ ᠲᠡᠮᠡᠴᠡᠯ ᠢ ᠥᠩᠭᠡᠷᠡᠭᠡᠭᠡᠳ ᠲᠤᠭ᠎ᠠ ᠲᠣᠮᠰᠢ ᠦᠭᠡᠢ ᠤᠯᠠᠨ ᠬᠦᠴᠢᠷ ᠪᠡᠷᠬᠡᠰᠢᠶᠡᠯ ᠨᠤᠭᠤᠷᠠᠯ ᠪᠦᠳᠦᠷᠢᠯ ᠢ ᠲᠤᠭᠤᠯᠵᠤ᠂ ᠳᠡᠯᠡᠬᠡᠶ ᠳ᠋ᠠᠬᠢᠨ ᠤ ᠠᠩᠬᠠᠷᠤᠯ ᠢ ᠲᠠᠲᠠᠭᠰᠠᠨ ᠯᠤᠲᠤ ᠶᠡᠭᠡ ᠠᠮᠵᠢᠯᠲᠠ ᠪᠦᠲᠦᠮᠵᠢ ᠣᠯᠤᠭᠰᠠᠨ ᠢ ᠭᠦᠨᠵᠡᠭᠡᠶ ᠣᠶᠢᠯᠠᠭᠠᠭᠤᠯᠪᠠ᠃ ᠭᠠᠭᠴᠠ ᠬᠦ ᠳᠤᠮᠳᠠᠳᠤ ᠤᠯᠤᠰ ᠤᠨ ᠡᠪ ᠬᠠᠮᠲᠤ ᠨᠠᠮ ᠰᠠᠶ᠋ᠢ ᠳᠤᠮᠳᠠᠳᠤ ᠤᠯᠤᠰ ᠢ ᠤᠳᠤᠷᠢᠳᠴᠤ ᠴᠢᠳᠠᠨ᠎ᠠ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠪᠣᠯ ᠪᠦᠬᠦ ᠨᠠᠮ ᠪᠦᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠤ ᠬᠠᠮᠲᠤ ᠶᠢᠨ ᠵᠣᠷᠢᠭ ᠰᠠᠨᠠᠭ᠎ᠠ ᠪᠠ ᠦᠨᠳᠦᠰᠦᠨ ᠠᠰᠢᠭ ᠲᠤᠰᠠ ᠶᠢᠨ ᠢᠯᠡᠷᠡᠯ ᠮᠥᠨ ᠭᠡᠳᠡᠭ ᠢ ᠵᠠᠭᠤᠨ ᠵᠢᠯ ᠤᠨ ᠲᠡᠦᠬᠡ ᠨᠢᠭᠡᠨᠲᠡ ᠭᠡᠷᠡᠴᠢᠯᠡᠭᠰᠡᠨ ᠪᠠᠶᠢᠨ᠎ᠠ᠃      ᠲᠡᠦᠬᠡ ᠶᠢ ᠡᠷᠬᠢᠴᠡᠭᠦᠯᠦᠪᠡᠰᠦ᠂ ᠨᠠᠮ ᠤᠨ ᠭᠡᠷᠡᠯ ᠰᠠᠴᠤᠷᠠᠩᠭᠤᠢ ᠭᠠᠪᠢᠶ᠎ᠠ ᠵᠢᠳᠬᠦᠯ ᠢ ᠳᠤᠷᠠᠰᠤᠨ ᠰᠠᠨᠠᠭᠠᠯᠵᠠᠬᠤ ᠪᠠᠷ ᠪᠠᠷᠠᠬᠤ ᠦᠭᠡᠢ᠂ ᠨᠡᠩ ᠴᠢᠬᠤᠯᠠ ᠨᠢ ᠰᠢᠨ᠎ᠡ ᠡᠷᠢᠨ ᠵᠠᠭᠤᠨ ᠢ ᠬᠦᠰᠡᠨ ᠵᠥᠩᠨᠡᠬᠦ ᠶᠠᠪᠤᠳᠠᠯ ᠪᠣᠯᠤᠨ᠎ᠠ᠃ ᠨᠠᠮ ᠤᠨ ᠭᠡᠰᠢᠭᠦᠨ ᠪᠣᠯᠤᠭᠰᠠᠨ ᠤ ᠬᠤᠪᠢ ᠳᠤ᠂ ᠦᠨᠳᠦᠰᠦᠨ ᠱᠠᠲᠤᠨ ᠤ ᠰᠤᠷᠭᠠᠨ ᠬᠥᠮᠦᠵᠢᠯ ᠤᠨ ᠠᠵᠢᠯᠳᠠᠨ ᠪᠣᠯᠤᠭᠰᠠᠨ ᠤ ᠬᠤᠪᠢ ᠳᠤ᠂ ᠪᠢ ᠤᠭ ᠰᠠᠨᠠᠭ᠎ᠠ ᠪᠠᠨ ᠦᠯᠦ ᠮᠠᠷᠲᠠᠨ ᠡᠷᠡᠮᠡᠬᠡᠶᠢᠯᠡᠨ ᠤᠷᠤᠭᠰᠢᠯᠠᠵᠤ᠂ ᠦᠨᠳᠦᠰᠦᠨ ᠱᠠᠲᠤᠨ ᠤ ᠠᠵᠢᠯ ᠤᠨ ᠲᠥᠯᠥᠭᠡ ᠨᠠᠰᠤ ᠪᠠᠷ ᠢᠶᠠᠨ ᠲᠡᠮᠡᠴᠡᠨ᠎ᠡ᠃ ᠮᠠᠨ ᠤ ᠡᠪ ᠬᠠᠮᠲᠤ ᠨᠠᠮ ᠤᠨ ᠭᠡᠰᠢᠭᠦᠨ ᠨᠢᠭᠡᠪᠦᠷᠢ ᠴᠥᠮ ᠥᠪᠡᠷ ᠤᠨ ᠠᠵᠢᠯ ᠤᠨ ᠪᠠᠶᠢᠷᠢ ᠳᠠᠭᠠᠨ ᠰᠠᠭᠤᠷᠢᠯᠠᠨ᠂ ᠮᠠᠨ ᠤ ᠡᠭᠡ ᠣᠷᠣᠨ ᠢᠶᠠᠨ ᠬᠠᠶᠢᠷᠠᠯᠠᠵᠤ᠂ ᠥᠪᠡᠷ ᠤᠨ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠳᠤᠮᠳᠠᠳᠤ ᠤᠯᠤᠰ ᠤᠨ ᠠᠷᠠᠳ ᠲᠦᠮᠡᠨ ᠳᠤ ᠵᠣᠯ ᠵᠢᠷᠭᠠᠯ ᠣᠯᠭᠤᠵᠦ᠂ ᠳᠤᠮᠳᠠᠳᠤ ᠶᠢᠨ ᠦᠨᠳᠦᠰᠦᠲᠡᠨ ᠤ ᠰᠡᠷᠭᠦᠨ ᠮᠠᠨᠳᠤᠯᠲᠠ ᠶᠢ ᠪᠡᠶᠡᠯᠡᠭᠦᠯᠬᠦ ᠠᠭᠤᠤ ᠶᠡᠭᠡ ᠬᠦᠰᠡᠯ ᠵᠡᠭᠦᠳᠦ ᠪᠠᠨ ᠪᠡᠶᠡᠯᠡᠭᠦᠯᠬᠦ ᠪᠠᠷ ᠴᠢᠷᠮᠠᠶᠢᠵᠠᠭᠠᠶ᠎ᠠ᠃
     ᠰᠢ ᠶᠢᠨ ᠫᠢᠩ ᠶᠡᠷᠦᠩᠬᠡᠶ ᠱᠦᠵᠢ ᠶᠢᠨ ︽ᠲᠤᠯᠤᠭᠠᠨ ᠰᠠᠷ᠎ᠠ ᠶᠢᠨ ᠨᠢᠭᠡᠨ︾ ᠤ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠭᠰᠠᠨ ᠣᠯᠤᠯᠲᠠ ᠲᠦᠷᠦᠭᠳᠡᠯ          ᠷᠠᠰᠠᠩ ᠰᠦᠮ᠎ᠡ ᠪᠠᠯᠭᠠᠰᠤᠨ ᠤ ᠱᠦ ᠭᠤᠸᠠᠩ ᠲᠣᠰᠬᠤᠨ ᠤ ᠨᠠᠮ ᠤᠨ ᠶᠡᠷᠦᠩᠬᠡᠶ ᠡᠭᠦᠷ ᠤᠨ ᠳᠡᠳ᠋ ᠱᠦᠵᠢ       ᠴᠢᠤᠸᠠᠨ ᠼᠠᠢ ᠷᠦᠢ          ᠰᠢ ᠶᠢᠨ ᠫᠢᠩ ᠶᠡᠷᠦᠩᠬᠡᠶ ᠱᠦᠵᠢ ᠶᠢᠨ ︽ᠳᠣᠯᠣᠭᠠᠨ ᠰᠠᠷ᠎ᠠ ᠶᠢᠨ ᠨᠢᠭᠡᠨ︾ ᠤ ᠡᠬᠢᠯᠡᠯᠲᠡ ᠶᠢᠨ ᠶᠣᠰᠣᠯᠠᠯ ᠳᠡᠭᠡᠷᠡᠬᠢ ᠶᠠᠷᠢᠶ᠎ᠠ ᠶᠢ ᠰᠤᠷᠤᠯᠴᠠᠬᠤ ᠪᠠᠷ ᠳᠡᠮᠵᠢᠨ᠂ ᠪᠢ ᠶᠡᠷᠦᠩᠬᠡᠶ ᠱᠦᠵᠢ ᠰᠢ ᠶᠢᠨ ᠫᠢᠩ ᠤ ᠶᠠᠷᠢᠶᠠᠨ ᠤ ᠴᠢᠬᠤᠯᠠ ᠶᠡᠭᠡ ᠠᠴᠢ ᠬᠤᠯᠪᠣᠭᠳᠠᠯ ᠵᠢᠴᠢ ᠠᠭᠤᠯᠬᠤᠨ ᠢ ᠭᠦᠨᠵᠡᠭᠡᠶ ᠣᠶᠢᠯᠠᠭᠠᠵᠤ᠂ ᠡᠪ ᠬᠠᠮᠲᠤ ᠨᠠᠮ ᠤᠨ ᠭᠡᠰᠢᠭᠦᠨ ᠪᠣᠯᠤᠭᠰᠠᠨ ᠤ ᠬᠤᠪᠢ ᠳᠤ᠂ ᠨᠢᠭᠡᠨ ᠦᠨᠳᠦᠰᠦᠨ ᠱᠠᠲᠤᠨ ᠤ ᠨᠠᠮ ᠤᠨ ᠠᠵᠢᠯ ᠤᠨ ᠠᠵᠢᠯᠲᠠᠨ ᠡᠷᠬᠡᠪᠰᠢ ᠠᠭᠤᠤ ᠶᠡᠭᠡ ᠨᠠᠮ ᠪᠠᠶᠢᠭᠤᠯᠬᠤ ᠵᠣᠷᠢᠭ ᠰᠠᠨᠠᠭ᠎ᠠ ᠶᠢ ᠪᠠᠳᠠᠷᠠᠭᠤᠯᠵᠤ᠂ ᠨᠠᠮ ᠤᠨ ᠲᠥᠪ ᠬᠤᠷᠢᠶᠠᠨ ᠤ ᠤᠷᠢᠶᠠᠯᠠᠭ᠎ᠠ ᠶᠢ ᠴᠤᠤᠷᠢᠶᠠᠲᠤᠨ ᠳᠠᠭᠠᠵᠤ᠂ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ ᠶᠢᠨ ᠬᠠᠮᠲᠤ ᠦᠢᠯᠡᠳᠦᠯᠭᠡᠵᠢᠭᠦᠯᠵᠦ᠂ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠪᠦᠬᠦ ᠰᠡᠳᠬᠢᠯ ᠪᠦᠬᠦ ᠵᠣᠷᠢᠭ ᠢᠶᠠᠷ ᠢᠶᠠᠨ ᠠᠷᠠᠳ ᠲᠦᠮᠡᠨ ᠳᠤ ᠦᠢᠯᠡᠴᠢᠯᠡᠬᠦ ᠵᠣᠷᠢᠯᠲᠠ ᠶᠢ ᠢᠮᠠᠭᠲᠠ ᠲᠤᠭᠤᠰᠢᠯᠠᠭᠤᠯᠵᠦ᠂ ᠢᠮᠠᠭᠲᠠ ᠠᠷᠠᠳ ᠲᠦᠮᠡᠨ ᠲᠠᠢ ᠰᠡᠳᠬᠢᠯ ᠵᠢᠷᠦᠬᠡ ᠪᠠᠨ ᠬᠤᠯᠪᠣᠵᠤ᠂ ᠬᠠᠮᠲᠤ ᠠᠵᠢᠯᠯᠠᠬᠤ ᠶᠢ ᠪᠠᠷᠢᠮᠲᠠᠯᠠᠵᠤ᠂ ᠱᠦ ᠭᠤᠸᠠᠩ ᠲᠣᠰᠬᠤᠨ ᠤ ᠤᠯᠠᠨ ᠲᠦᠮᠡᠨ ᠳᠤ ᠨᠡᠩ ᠶᠡᠭᠡ ᠢᠷᠠᠭᠤ ᠠᠯᠳᠠᠷ ᠢ ᠡᠭᠦᠳᠴᠦ ᠥᠭᠬᠦ ᠪᠠᠷ ᠴᠢᠷᠮᠠᠶᠢᠨ᠎ᠠ᠃ ᠡᠷᠬᠡᠪᠰᠢ ᠪᠡᠶ᠎ᠡ ᠪᠠᠷ ᠢᠶᠠᠨ ᠲᠦᠷᠦᠭᠦᠯᠡᠨ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠵᠤ᠂ ᠰᠠᠬᠢᠯᠭ᠎ᠠ ᠪᠠᠲᠤ ᠶᠣᠰᠣ ᠲᠦᠷᠢᠮ ᠢ ᠴᠢᠩᠭ᠎ᠠ ᠰᠠᠬᠢᠵᠤ᠂ ᠠᠷᠢᠭᠤᠨ ᠴᠢᠬᠡᠴᠢ᠂ ᠲᠥᠪ ᠭᠤᠤᠯᠴᠢ᠂ ᠠᠵᠢᠯᠴᠢ ᠠᠷᠪᠢᠴᠢ ᠪᠠᠶᠢᠬᠤ ᠶᠢ ᠪᠠᠷᠢᠮᠲᠠᠯᠠᠨ᠂ ᠰᠢ ᠶᠢᠨ ᠫᠢᠩ ᠶᠡᠷᠦᠩᠬᠡᠢ ᠱᠦᠵᠢ ᠨᠠᠮ ᠤᠨ ᠲᠥᠪ ᠬᠤᠷᠢᠶᠠᠨ ᠤ ᠭᠤᠣᠯᠯᠠᠭᠴᠢ᠂ ᠪᠦᠬᠦ ᠨᠠᠮ ᠤᠨ ᠭᠤᠣᠯᠯᠠᠭᠴᠢ ᠪᠠᠶᠢᠷᠢ ᠰᠠᠭᠤᠷᠢ ᠶᠢ ᠡᠷᠡᠰ ᠬᠠᠮᠠᠭᠠᠯᠠᠵᠦ᠂ ︽ᠪᠢ ᠤᠯᠠᠨ ᠲᠦᠮᠡᠨ ᠳᠤ ᠪᠤᠳᠠᠲᠤ ᠶᠠᠪᠤᠳᠠᠯ ᠬᠢᠵᠦ ᠥᠭᠬᠦ︾ ᠦᠢᠯᠡᠳᠦᠯᠭᠡ ᠶᠢᠨ ᠠᠵᠢᠯᠯᠠᠭ᠎ᠠ ᠶᠢᠨ ᠡᠯ᠎ᠡ ᠵᠦᠢᠯ ᠤᠨ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠨᠠᠷᠢᠨ ᠬᠢᠨᠠᠮᠠᠭᠠᠢ ᠰᠠᠶᠢᠲᠤᠷ ᠠᠳᠬᠤᠵᠤ᠂ ᠠᠷᠠᠳ ᠤᠯᠠᠨ ᠤ ᠰᠠᠶᠢᠨ ᠰᠠᠶᠢᠬᠠᠨ ᠠᠮᠢᠳᠤᠷᠠᠯ ᠤᠨ ᠲᠤᠬᠠᠢ ᠬᠦᠰᠡᠯ ᠡᠷᠡᠮᠡᠯᠵᠡᠯ ᠢ ᠲᠠᠰᠤᠷᠠᠯᠲᠠ ᠦᠭᠡᠢ ᠬᠠᠩᠭᠠᠨ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠴᠢᠷᠮᠠᠶᠢᠨ ᠪᠠᠬᠢᠵᠢᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠵᠦ᠂ ᠰᠢᠨ᠎ᠡ ᠴᠠᠭ ᠦᠶ᠎ᠡ ᠳᠤ ᠦᠵᠡᠰᠬᠦᠯᠡᠩᠲᠦ ᠰᠠᠶᠢᠬᠠᠨ ᠱᠦ ᠭᠤᠸᠠᠩ ᠲᠣᠰᠬᠤᠨ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠰᠢᠨ᠎ᠡ ᠪᠠᠶᠢᠳᠠᠯ ᠢ ᠴᠢᠷᠮᠠᠶᠢᠨ ᠡᠭᠦᠳᠦᠨ᠎ᠡ᠃
 
     ᠰᠢ ᠶᠢᠨ ᠫᠢᠩ ᠶᠡᠷᠦᠩᠬᠡᠶ ᠱᠦᠵᠢ ᠶᠢᠨ ︽ᠲᠤᠯᠤᠭᠠᠨ ᠰᠠᠷ᠎ᠠ ᠶᠢᠨ ᠨᠢᠭᠡᠨ︾ ᠤ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠭᠰᠠᠨ ᠣᠯᠤᠯᠲᠠ ᠲᠦᠷᠦᠭᠳᠡᠯ      ᠬᠠᠶᠢᠨᠠᠨ ᠲᠣᠭᠤᠷᠢᠭ ᠤᠨ ᠬᠦᠬᠤᠰᠤ ᠪᠠᠭ᠎ᠠ ᠰᠤᠷᠭᠠᠭᠤᠯᠢ       ᠵᠠᠩ ᠱᠧᠩ ᠯᠢ      ᠡᠨᠡ ᠵᠢᠯ᠂ ᠳᠤᠮᠳᠠᠳᠤ ᠤᠯᠤᠰ ᠤᠨ ᠡᠪ ᠬᠠᠮᠲᠤ ᠨᠠᠮ ᠵᠠᠭᠤᠨ ᠵᠢᠯ ᠤᠨ ᠤᠢ ᠪᠠᠨ ᠤᠭᠲᠤᠨ ᠠᠪᠤᠯ᠎ᠠ᠃ ᠠᠵᠠ ᠪᠠᠷ ᠨᠠᠮ ᠪᠠᠶᠢᠭᠤᠯᠤᠭᠳᠠᠭᠰᠠᠨ 100 ᠵᠢᠯ ᠤᠨ ᠤᠢ ᠶᠢᠨ ᠡᠳᠦᠷ ᠤᠳ ᠲᠤ ᠰᠢ ᠶᠢᠨ ᠫᠢᠩ ᠶᠡᠷᠦᠩᠬᠡᠢ ᠱᠦᠵᠢ ᠶᠢᠨ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠤᠢ ᠶᠢ ᠪᠡᠯᠭᠡᠯᠡᠬᠦ ᠶᠡᠭᠡ ᠬᠤᠷᠠᠯ ᠳᠡᠭᠡᠷᠡᠬᠢ ᠶᠠᠷᠢᠶ᠎ᠠ ᠶᠢ ᠰᠣᠨᠣᠰᠤᠭᠰᠠᠨ ᠠᠴᠠ ᠪᠢ ᠰᠠᠯᠵᠤ ᠪᠣᠯᠤᠰᠢ ᠦᠭᠡᠢ ᠢᠲᠡᠭᠡᠯ ᠵᠣᠷᠢᠭ᠂ ᠰᠠᠯᠵᠤ ᠪᠣᠯᠤᠰᠢ ᠦᠭᠡᠢ ᠬᠥᠭᠡᠭᠡᠴᠡᠯᠳᠦᠯ ᠲᠠᠢ ᠪᠣᠯᠵᠠᠢ᠃ ᠬᠤᠶᠢᠰᠢᠳᠠ ᠪᠢ ᠨᠠᠮ ᠤᠨ ᠭᠡᠰᠢᠭᠦᠨ ᠤ ᠪᠠᠷᠢᠮᠵᠢᠶ᠎ᠠ ᠲᠠᠢ ᠨᠠᠷᠢᠨ ᠬᠢᠨᠠᠮᠠᠭᠠᠶ ᠪᠠᠷ ᠬᠠᠷᠢᠴᠠᠭᠤᠯᠵᠤ᠂ ᠥᠪᠡᠷ ᠢ ᠪᠠᠨ ᠴᠢᠩᠭ᠎ᠠ ᠱᠠᠭᠠᠷᠳᠠᠵᠤ᠂ ᠲᠤᠰᠢᠶᠠᠯ ᠬᠠᠷᠢᠭᠤᠴᠠᠯᠭ᠎ᠠ ᠪᠠᠨ ᠭᠦᠢᠴᠡᠳ ᠭᠦᠢᠴᠡᠳᠬᠡᠨ᠎ᠡ᠃      ᠥᠨᠥᠳᠦᠷ ᠤᠨ ᠳᠤᠮᠳᠠᠳᠤ ᠤᠯᠤᠰ ᠢ ᠣᠶᠢᠯᠠᠭᠠᠶ᠎ᠠ ᠭᠡᠪᠡᠯ ᠡᠷᠬᠡᠪᠰᠢ ᠳᠤᠮᠳᠠᠳᠤ ᠤᠯᠤᠰ ᠤᠨ ᠡᠪ ᠬᠠᠮᠲᠤ ᠨᠠᠮ ᠢ ᠣᠶᠢᠯᠠᠭᠠᠬᠤ ᠬᠡᠷᠡᠭᠲᠡᠶ᠃ ᠳᠤᠮᠳᠠᠳᠤ ᠤᠯᠤᠰ ᠤᠨ ᠡᠪ ᠬᠠᠮᠲᠤ ᠨᠠᠮ ᠢ ᠣᠶᠢᠯᠠᠭᠠᠪᠠᠯ ᠰᠠᠶ᠋ᠢ ᠥᠨᠥᠳᠦᠷ ᠤᠨ ᠳᠤᠮᠳᠠᠳᠤ ᠤᠯᠤᠰ ᠢ ᠣᠶᠢᠯᠠᠭᠠᠵᠤ ᠴᠢᠳᠠᠨ᠎ᠠ᠃ ᠪᠠᠭᠰᠢ ᠪᠣᠯᠤᠭᠰᠠᠨ ᠤ ᠬᠤᠪᠢ ᠳᠤ᠂ ᠰᠤᠷᠤᠭᠴᠢᠳ ᠲᠤ ᠤᠯᠤᠰ ᠢᠶᠠᠨ ᠬᠠᠶᠢᠷᠠᠯᠠᠬᠤ ᠦᠵᠡᠯ ᠤᠨ ᠬᠥᠮᠦᠵᠢᠯ ᠬᠢᠬᠦ ᠪᠣᠯ ᠲᠦᠢᠯ ᠤᠨ ᠴᠢᠬᠤᠯᠠ ᠶᠤᠮ᠂ ᠨᠠᠮ ᠤᠨ ᠬᠥᠭᠵᠢᠯᠲᠡ ᠶᠢᠨ ᠶᠠᠪᠤᠴᠠ ᠶᠢ ᠡᠷᠭᠢᠴᠡᠭᠦᠯᠵᠦ᠂ ᠨᠠᠮ ᠤᠨ ᠳᠤᠮᠳᠠᠳᠤ ᠤᠯᠤᠰ ᠢ ᠳᠠᠭᠠᠭᠤᠯᠤᠨ ᠬᠥᠭᠵᠢᠨ ᠪᠤᠵᠠᠭᠠᠶᠢᠷᠬᠠᠰᠠᠨ ᠶᠠᠪᠤᠴᠠ ᠶᠢ ᠣᠶᠢᠯᠠᠭᠠᠬᠤ ᠨᠢ ᠭᠦᠨ ᠭᠦᠨᠵᠡᠭᠡᠢ ᠠᠴᠢ ᠬᠤᠯᠪᠣᠭᠳᠠᠯ ᠲᠠᠢ ᠶᠤᠮ᠃ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠳᠤᠮᠳᠠᠳᠤ ᠶᠢᠨ ᠵᠡᠭᠦᠳᠦ ᠶᠢ ᠶᠠᠭᠠᠬᠢᠭᠰᠠᠨ ᠴᠤ ᠬᠢᠯᠪᠠᠷᠬᠠᠨ ᠢᠶᠠᠷ᠂ ᠬᠡᠩᠭᠡᠷᠭᠡ ᠴᠠᠩ ᠳᠡᠯᠡᠳᠦᠭᠡᠳ ᠪᠡᠶᠡᠯᠡᠭᠦᠯᠴᠢᠬᠡᠬᠦ ᠪᠢᠰᠢ᠂ ᠬᠠᠷᠢᠨ ᠪᠦᠬᠦ ᠨᠠᠮ ᠪᠦᠬᠦ ᠠᠷᠠᠳ ᠲᠦᠮᠡᠨ ᠤ ᠬᠠᠮᠲᠤ ᠶᠢᠨ ᠰᠢᠷᠭᠠᠭᠤ ᠬᠠᠲᠠᠭᠤᠵᠢᠯᠲᠠᠶ ᠴᠢᠷᠮᠠᠶᠢᠯᠭ᠎ᠠ ᠳᠤ ᠲᠦᠰᠢᠭᠯᠡᠬᠦ ᠶᠤᠮ᠃      2021 ᠣᠨ ᠳᠤ ᠪᠢᠳᠡ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠤᠢ ᠶᠢ ᠤᠭᠲᠤᠨ ᠠᠪᠴᠢᠷᠠᠯ᠎ᠠ᠂ ᠪᠢᠳᠡ ᠰᠢᠨ᠎ᠡ ᠴᠠᠭ ᠦᠶ᠎ᠡ ᠰᠢᠨ᠎ᠡ ᠠᠶᠠᠨ ᠵᠠᠮ ᠳᠠᠭᠠᠨ ᠡᠷᠡᠮᠡᠬᠡᠶᠢᠯᠡᠨ ᠤᠷᠤᠭᠰᠢᠯᠠᠶ᠎ᠠ᠃
     ᠰᠢ ᠶᠢᠨ ᠫᠢᠩ ᠶᠡᠷᠦᠩᠬᠡᠶ ᠱᠦᠵᠢ ᠶᠢᠨ ︽ᠲᠤᠯᠤᠭᠠᠨ ᠰᠠᠷ᠎ᠠ ᠶᠢᠨ ᠨᠢᠭᠡᠨ︾ ᠤ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠭᠰᠠᠨ ᠣᠯᠤᠯᠲᠠ ᠲᠦᠷᠦᠭᠳᠡᠯ      654 ᠴᠠᠬᠢᠯᠭᠠᠨ ᠬᠠᠩᠭᠠᠬᠤ ᠬᠤᠪᠢᠶᠠᠷᠢ ᠲᠣᠪᠴᠢᠶᠠᠨ ᠤ ᠠᠵᠢᠯᠲᠠᠨ         ᠰᠢᠤᠢ ᠴᠧᠨ ᠰᠢᠨ      ᠴᠠᠬᠢᠯᠭᠠᠨ ᠬᠦᠴᠦᠨ ᠤ ᠵᠠᠯᠠᠭᠤ ᠠᠵᠢᠯᠴᠢᠨ ᠪᠣᠯᠤᠭᠰᠠᠨ ᠤ ᠬᠤᠪᠢ ᠳᠤ᠂ ᠨᠡᠩ ᠴᠤ ᠵᠠᠯᠠᠭᠤ ᠨᠠᠮ ᠤᠨ ᠭᠡᠰᠢᠭᠦᠨ ᠪᠣᠯᠤᠭᠰᠠᠨ ᠤ ᠬᠤᠪᠢ ᠳᠤ᠂ ᠰᠢ ᠶᠢᠨ ᠫᠢᠩ ᠶᠡᠷᠦᠩᠬᠡᠢ ᠱᠦᠵᠢ ᠶᠢᠨ ︽ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠤᠢ ᠶᠢ ᠪᠡᠯᠭᠡᠯᠡᠬᠦ︾ ᠶᠡᠭᠡ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠣᠷᠣᠯᠴᠠᠭᠠᠳ᠂ ᠪᠢ 100 ᠵᠢᠯ ᠤᠨ ᠲᠤᠷᠰᠢᠬᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠴᠢᠩ ᠦᠨᠡᠨᠴᠢ ᠤᠭ ᠰᠠᠨᠠᠭ᠎ᠠ ᠶᠢ ᠭᠦᠨᠵᠡᠭᠡᠢ ᠣᠶᠢᠯᠠᠭᠠᠵᠤ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠵᠠᠮ ᠢᠶᠠᠷ ᠢᠲᠡᠭᠡᠯ ᠲᠡᠭᠦᠯᠳᠡᠷ ᠢᠶᠠᠷ ᠤᠷᠤᠭᠰᠢᠯᠠᠬᠤ ᠪᠠᠷ ᠵᠣᠷᠢᠭ ᠰᠢᠭᠤᠳᠴᠠᠢ᠃ 100 ᠵᠢᠯ ᠤᠨ ᠳᠠᠷᠠᠭᠠᠬᠢ ᠥᠨᠥᠳᠦᠷ᠂ ᠮᠠᠰᠢ ᠤᠯᠠᠨ ᠰᠢᠨ᠎ᠡ ᠲᠡᠦᠬᠡ ᠶᠢᠨ ᠣᠨᠴᠠᠯᠢᠭ ᠲᠠᠢ ᠠᠭᠤᠤ ᠶᠡᠭᠡ ᠲᠡᠮᠡᠴᠡᠯ ᠤᠨ ᠡᠮᠦᠨ᠎ᠡ᠂ ᠶᠡᠷᠦᠩᠬᠡᠢ ᠱᠦᠵᠢ ᠰᠢ ᠶᠢᠨ ᠫᠢᠩ ᠪᠠᠰᠠ ᠪᠦᠬᠦ ᠨᠠᠮ ᠳᠤ ᠴᠢᠭᠯᠡᠯ ᠢ ᠲᠣᠳᠣᠷᠬᠠᠢ ᠵᠢᠭᠠᠵᠤ ᠥᠭᠴᠡᠢ᠃ ᠶᠡᠷᠦᠩᠬᠡᠢ ᠱᠦᠵᠢ ᠶᠢᠨ ᠶᠠᠷᠢᠶ᠎ᠠ ᠶᠢ ᠰᠣᠨᠣᠰᠤᠭᠠᠳ ᠪᠢ ᠮᠠᠰᠢ ᠰᠡᠳᠬᠢᠯ ᠳᠣᠭᠳᠣᠯᠵᠦ᠂ ᠮᠠᠨ ᠤ ᠠᠭᠤᠤ ᠶᠡᠭᠡ ᠤᠯᠤᠰ ᠣᠷᠣᠨ ᠬᠦᠴᠦᠨ ᠴᠢᠳᠠᠯ ᠲᠠᠢ᠂ ᠠᠷᠠᠳ ᠲᠦᠮᠡᠨ ᠢᠲᠡᠭᠡᠯ ᠪᠢᠰᠢᠷᠡᠯ ᠲᠠᠢ᠂ ᠰᠠᠶᠢᠨ ᠰᠠᠶᠢᠬᠠᠨ ᠢᠷᠡᠭᠡᠳᠦᠢ ᠬᠦᠰᠡᠯ ᠡᠷᠡᠮᠡᠯᠵᠡᠯ ᠢᠶᠠᠷ ᠪᠢᠯᠬᠠᠮ᠎ᠠ ᠪᠠᠶᠢᠨ᠎ᠠ ᠭᠡᠳᠡᠭ ᠢ ᠪᠢ ᠭᠦᠨᠵᠡᠭᠡᠢ ᠣᠶᠢᠯᠠᠭᠠᠯ᠎ᠠ︕ ᠨᠠᠮ ᠮᠢᠨᠢ ᠰᠠᠨᠠᠭ᠎ᠠ ᠠᠮᠤᠷ ᠪᠠᠶᠢᠭᠠᠷᠠᠶ᠂ ᠳᠤᠮᠳᠠᠳᠤ ᠶᠢᠨ ᠬᠥᠪᠡᠭᠦᠳ ᠥᠬᠢᠳ ᠨᠢᠭᠡᠪᠦᠷᠢ ᠴᠥᠮ ᠥᠪᠡᠷ ᠤᠨ ᠵᠠᠯᠠᠭᠤ ᠨᠠᠰᠤ ᠪᠠᠷ ᠢᠶᠠᠨ ᠬᠥᠭᠵᠢᠨ ᠮᠠᠨᠳᠤᠭᠰᠠᠨ ᠦᠶ᠎ᠡ ᠶᠢᠨ ᠳᠤᠮᠳᠠᠳᠤ ᠤᠯᠤᠰ ᠢᠶᠠᠨ ᠬᠠᠮᠠᠭᠠᠯᠠᠨ᠎ᠠ︕ ᠴᠠᠬᠢᠯᠭᠠᠨ ᠬᠦᠴᠦᠨ ᠤ ᠠᠵᠢᠯᠳᠠᠨ ᠪᠣᠯᠤᠭᠰᠠᠨ ᠤ ᠬᠤᠪᠢ ᠳᠤ᠂ ᠨᠡᠩ ᠰᠢᠯᠢᠳᠡᠭ ᠦᠢᠯᠡᠴᠢᠯᠡᠭᠡ᠂ ᠨᠡᠩ ᠲᠣᠭᠲᠠᠭᠤᠨ ᠴᠠᠬᠢᠯᠭᠠᠨ ᠲᠣᠣᠷ ᠤᠨ ᠠᠵᠢᠯᠯᠠᠭ᠎ᠠ ᠪᠠᠷ ᠠᠷᠠᠳ ᠤᠯᠠᠨ ᠳᠤ ᠠᠮᠤᠷ ᠲᠦᠪᠰᠢᠨ ᠴᠠᠬᠢᠯᠭᠠᠨ ᠬᠡᠷᠡᠭᠯᠡᠬᠦ ᠠᠮᠢᠳᠤᠷᠠᠯ ᠤᠨ ᠣᠷᠴᠢᠨ ᠲᠣᠭᠤᠷᠢᠨ ᠢ ᠪᠤᠢ ᠪᠤᠯᠭᠠᠬᠤ ᠪᠠᠷ ᠴᠢᠷᠮᠠᠶᠢᠨ᠎ᠠ᠃ ᠵᠠᠯᠠᠭᠤ ᠨᠠᠮ ᠤᠨ ᠭᠡᠰᠢᠭᠦᠨ ᠪᠣᠯᠤᠭᠰᠠᠨ ᠤ ᠬᠤᠪᠢ ᠳᠤ ᠪᠢ ᠰᠤᠷᠤᠯᠴᠠᠬᠤ ᠪᠣᠯ ᠰᠠᠶ᠋ᠢ ᠳᠠᠪᠰᠢᠯᠲᠠ ᠶᠢᠨ ᠬᠥᠳᠡᠯᠭᠡᠬᠦ ᠬᠦᠴᠦᠨ ᠮᠥᠨ ᠭᠡᠳᠡᠭ ᠢ ᠪᠠᠷᠢᠮᠲᠠᠯᠠᠨ᠎ᠠ᠂ ᠶᠡᠷᠦᠩᠬᠡᠶ ᠱᠦᠵᠢ ᠰᠢ ᠶᠢᠨ ᠫᠢᠩ ᠠᠴᠠ᠄ ︽ᠮᠠᠨ ᠤ ᠨᠠᠮ ᠤᠷᠤᠭᠰᠢᠯᠠᠨ ᠳᠠᠪᠰᠢᠬᠤ ᠬᠡᠷᠡᠭᠲᠡᠶ᠂ ᠮᠠᠨ ᠤ ᠤᠯᠤᠰ ᠤᠷᠤᠭᠰᠢᠯᠠᠨ ᠳᠠᠪᠰᠢᠬᠤ ᠬᠡᠷᠡᠭᠲᠡᠶ᠂ ᠮᠠᠨ ᠤ ᠦᠨᠳᠦᠰᠦᠲᠡᠨ ᠤᠷᠤᠭᠰᠢᠯᠠᠨ ᠳᠠᠪᠰᠢᠬᠤ ᠬᠡᠷᠡᠭᠲᠡᠶ᠂ ᠡᠶᠢᠮᠦ ᠠᠴᠠ ᠡᠷᠬᠡᠪᠰᠢ ᠰᠤᠷᠤᠯᠴᠠᠬᠤ ᠰᠤᠷᠲᠠᠯ ᠢ ᠶᠡᠭᠡ ᠪᠠᠷ ᠪᠠᠳᠠᠷᠠᠭᠤᠯᠵᠤ᠂ ᠰᠤᠷᠤᠯᠴᠠᠬᠤ᠂ ᠰᠤᠷᠤᠯᠴᠠᠬᠤ᠂ ᠳᠠᠬᠢᠨ ᠰᠤᠷᠤᠯᠴᠠᠬᠤ ᠶᠢ ᠪᠠᠷᠢᠮᠲᠠᠯᠠᠵᠤ᠂ ᠦᠢᠯᠡᠳᠦᠯᠭᠡᠵᠢᠭᠦᠯᠬᠦ᠂ ᠳᠠᠬᠢᠨ ᠦᠢᠯᠡᠳᠦᠯᠭᠡᠵᠢᠭᠦᠯᠬᠦ ᠬᠡᠷᠡᠭᠲᠡᠶ︾ ᠭᠡᠵᠦ ᠵᠢᠭᠠᠵᠤ ᠭᠠᠷᠭᠠᠪᠠ᠃ ᠠᠵᠢᠯ ᠤᠨ ᠳᠤᠮᠳᠠ ᠪᠠᠨ ᠪᠢ ᠳᠤᠷᠠᠲᠠᠶ᠎ᠠ ᠰᠤᠷᠤᠯᠴᠠᠯᠭ᠎ᠠ ᠪᠠᠨ ᠮᠡᠳᠡᠯᠭᠡ ᠶᠢᠨ ᠬᠡᠯᠪᠡᠷᠢ ᠠᠴᠠ ᠴᠢᠳᠠᠪᠤᠷᠢ ᠶᠢᠨ ᠬᠡᠯᠪᠡᠷᠢ ᠲᠡᠰᠢ ᠬᠤᠪᠢᠷᠠᠭᠤᠯᠬᠤ ᠶᠢ ᠪᠠᠷᠢᠮᠲᠠᠯᠠᠵᠤ᠂ ᠰᠣᠷᠣᠭᠰᠠᠨ ᠮᠡᠳᠡᠯᠭᠡ ᠪᠠᠨ ᠡᠯ᠎ᠡ ᠵᠦᠢᠯ ᠤᠨ ᠠᠵᠢᠯ ᠢᠶᠠᠨ ᠰᠠᠶᠢᠲᠤᠷ ᠬᠢᠬᠦ ᠶᠢᠨ ᠤᠶᠤᠨ ᠤᠬᠠᠭᠠᠨ ᠪᠠ ᠴᠢᠳᠠᠪᠤᠷᠢ ᠪᠣᠯᠭᠠᠨ ᠬᠤᠪᠢᠷᠠᠭᠤᠯᠬᠤ ᠳᠤ ᠭᠠᠭᠴᠠ ᠬᠦ ᠲᠠᠰᠤᠷᠠᠯᠳᠠ ᠦᠭᠡᠢ ᠴᠢᠷᠮᠠᠶᠢᠵᠤ᠂ ᠴᠢᠷᠮᠠᠶᠢᠭᠰᠠᠨ ᠳᠡᠭᠡᠷ᠎ᠡ ᠪᠠᠨ ᠴᠢᠷᠮᠠᠶᠢᠵᠤ᠂ ᠨᠡᠩ ᠣᠷᠭᠢᠯᠤᠮ᠎ᠠ ᠬᠠᠯᠠᠭᠤᠨ ᠰᠡᠳᠬᠢᠯᠭᠡ ᠪᠠ ᠨᠡᠩ ᠴᠤᠭ ᠪᠠᠳᠠᠷᠠᠩᠭᠤᠶ ᠵᠣᠷᠢᠭ ᠰᠠᠨᠠᠭ᠎ᠠ ᠪᠠᠷ ᠥᠪᠡᠷ ᠤᠨ ᠲᠤᠬᠠᠶᠢᠯᠠᠭᠰᠠᠨ ᠠᠵᠢᠯ ᠤᠨ ᠪᠠᠶᠢᠷᠢ ᠳᠠᠭᠠᠨ ᠪᠡᠶ᠎ᠡ ᠪᠠᠷ ᠢᠶᠠᠨ ᠣᠷᠣᠯᠴᠠᠵᠤ᠂ ᠠᠷᠠᠳ ᠤᠨ ᠴᠠᠬᠢᠯᠭᠠᠨ ᠤ ᠦᠢᠯᠡᠰ ᠢ ᠠᠷᠠᠳ ᠲᠦᠮᠡᠨ ᠤ ᠲᠥᠯᠥᠭᠡ ᠦᠢᠯᠡᠴᠢᠯᠡᠭᠦᠯᠪᠡᠯ ᠰᠠᠶ᠋ᠢ ︽ᠡᠪ ᠬᠠᠮᠲᠤ ᠨᠠᠮ ᠤᠨ ᠭᠡᠰᠢᠭᠦᠨ︾ ᠤ ᠡᠨᠡ ᠬᠦ ᠲᠦᠢᠯ ᠤᠨ ᠡᠷᠬᠢᠮ ᠳᠡᠭᠡᠳᠦ ᠢᠷᠠᠭᠤ ᠠᠯᠳᠠᠷ ᠲᠤ ᠣᠰᠣᠯᠳᠠᠬᠤ ᠦᠭᠡᠢ ᠶᠤᠮ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号