ᠬᠠᠷᠢᠭᠤ ᠳᠣᠰᠬᠠᠯ ᠤᠨ ᠪᠦᠯᠦᠭ᠄ ᠶᠡᠷᠦᠩᠬᠡᠶ ᠱᠦᠵᠢ ᠶᠢᠨ ︽ᠳᠣᠯᠣᠭᠠᠨ ᠰᠠᠷ᠎ᠠ ᠶᠢᠨ ᠨᠢᠭᠡᠨ︾ ᠤ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ  ᠰᠣᠷᠣᠯᠴᠠᠭᠠᠳ ᠲᠡᠳᠡᠨᠦᠰ ᠤᠨ ᠶᠠᠮᠠᠷ ᠲᠦᠷᠦᠭᠳᠡᠯ ᠲᠠᠢ ᠶᠢ ᠰᠣᠨᠣᠰᠣᠶ᠎ᠠ ︵ᠵᠢᠷᠭᠤᠭ᠎ᠠ︶
ᠨᠡᠶᠢᠲᠡᠯᠡᠭᠰᠡᠨ ᠴᠠᠭ᠄
2021/7/14
     ᠰᠢ ᠶᠢᠨ ᠫᠢᠩ ᠶᠡᠷᠦᠩᠬᠡᠶ ᠱᠦᠵᠢ ᠶᠢᠨ ︽ᠲᠤᠯᠤᠭᠠᠨ ᠰᠠᠷ᠎ᠠ ᠶᠢᠨ ᠨᠢᠭᠡᠨ︾ ᠤ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠭᠰᠠᠨ ᠣᠯᠤᠯᠲᠠ ᠲᠦᠷᠦᠭᠳᠡᠯ      654 ᠴᠠᠬᠢᠯᠭᠠᠨ ᠬᠠᠩᠭᠠᠬᠤ ᠬᠤᠪᠢᠶᠠᠷᠢ ᠲᠣᠪᠴᠢᠶ᠎ᠠ ᠶᠢᠨ ᠨᠢᠭᠡᠳᠦᠭᠡᠷ ᠹᠷᠣᠨᠲ ᠤᠨ ᠠᠵᠢᠯᠲᠠᠨ      ᠴᠢ ᠰᠢᠤᠸᠠᠨ ᠢᠦᠢ      654 ᠴᠠᠬᠢᠯᠭᠠᠨ ᠬᠠᠩᠭᠠᠬᠤ ᠬᠤᠪᠢᠶᠠᠷᠢ ᠲᠣᠪᠴᠢᠶ᠎ᠠ ᠶᠢᠨ ᠨᠢᠭᠡᠳᠦᠭᠡᠷ ᠹᠷᠣᠨᠲ ᠤᠨ ᠠᠵᠢᠯᠲᠠᠨ ᠴᠢ ᠰᠢᠤᠸᠠᠨ ᠢᠦᠶ᠄ ᠪᠢ ᠴᠠᠬᠢᠯᠭᠠᠨ ᠬᠦᠴᠦᠨ ᠤ ᠠᠵᠢᠯᠲᠠᠨ ᠪᠣᠯᠤᠭᠰᠠᠨ ᠵᠡᠷᠭᠡ ᠳᠤ ᠮᠥᠨ ᠴᠦ ᠰᠢᠨ᠎ᠡ ᠴᠠᠭ ᠦᠶ᠎ᠡ ᠳᠤ ᠡᠬᠡ ᠤᠯᠤᠰ ᠤᠨ ᠪᠥᠲᠥᠭᠡᠨ ᠪᠠᠶᠢᠭᠤᠯᠤᠯᠲᠠ ᠶᠢᠨ ᠡᠭᠦᠷᠭᠡ ᠶᠢ ᠡᠭᠦᠷᠭᠡᠯᠡᠵᠦ ᠪᠠᠶᠢᠭ᠎ᠠ ᠨᠢᠭᠡ ᠦᠶ᠎ᠡ ᠶᠢᠨ ᠵᠠᠯᠠᠭᠤᠴᠤᠳ ᠮᠥᠨ᠂ ᠰᠠᠶᠢᠨ ᠰᠠᠶᠢᠬᠠᠨ ᠬᠦᠰᠡᠯ ᠵᠡᠭᠦᠳᠦ ᠶᠢ ᠴᠥᠬᠦᠷᠡᠰᠢ ᠥᠬᠡᠶ ᠬᠥᠭᠡᠭᠡᠴᠡᠯᠳᠦᠵᠦ᠂ ᠳᠤᠮᠳᠠᠳᠤ ᠶᠢᠨ ᠦᠨᠳᠦᠰᠦᠲᠡᠨ ᠢᠶᠠᠨ ᠬᠥᠭᠵᠢᠭᠦᠯᠦᠨ ᠮᠠᠨᠳᠤᠭᠤᠯᠬᠤ ᠲᠡᠤᠬᠡᠨ ᠠᠬᠢᠴᠠ ᠲᠠᠢ ᠢᠮᠠᠭᠲᠠ ᠨᠢᠭᠲᠠ ᠬᠤᠯᠪᠣᠯᠳᠤᠬᠤ ᠬᠡᠷᠡᠭᠲᠡᠶ᠃ ᠨᠠᠮ ᠤᠨ ᠤᠷᠢᠶᠠᠯᠠᠭ᠎ᠠ ᠶᠢ ᠴᠤᠤᠷᠢᠶᠠᠲᠤᠨ ᠲᠠᠭᠠᠵᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠬᠥᠭᠵᠢᠯ ᠮᠠᠨᠳᠤᠯ ᠢ ᠪᠡᠶᠡᠯᠡᠭᠦᠯᠬᠦ ᠶᠠᠪᠤᠳᠠᠯ ᠢ ᠥᠪᠡᠷ ᠤᠨ ᠡᠭᠦᠷᠭᠡ ᠪᠠᠨ ᠪᠣᠯᠭᠠᠵᠤ᠂ ᠬᠦᠴᠢᠷ ᠪᠡᠷᠬᠡᠰᠢᠶᠡᠯ ᠥᠭᠡᠳᠡ ᠤᠷᠤᠭᠰᠢᠯᠠᠵᠤ᠂ ᠬᠠᠲᠠᠭᠤ ᠪᠡᠷᠬᠡᠰᠢᠶᠡᠯᠲᠡᠶ ᠥᠷᠢᠰᠥᠯᠳᠦᠭᠡᠨ ᠳᠤ ᠲᠤᠯᠭᠠᠷᠠᠵᠤ᠂ ᠨᠡᠶᠢᠭᠡᠮ ᠵᠢᠷᠤᠮ ᠤᠨ ᠣᠳᠣᠬᠢᠴᠢᠯᠠᠭᠰᠠᠨ ᠬᠦᠴᠦᠷᠬᠡᠭ ᠤᠯᠤᠰ ᠢ ᠪᠦᠳᠦᠭᠡᠨ ᠪᠠᠶᠢᠭᠤᠯᠬᠤ ᠶᠢᠨ ᠲᠥᠯᠥᠭᠡ ᠵᠠᠯᠠᠭᠤ ᠨᠠᠰᠤ ᠪᠠ ᠬᠦᠴᠦᠨ ᠴᠢᠳᠠᠯ ᠢᠶᠠᠨ ᠡᠷᠭᠦᠬᠦ ᠬᠡᠷᠡᠭᠲᠡᠶ᠃ ᠮᠢᠨᠦ ᠠᠵᠢᠯ ᠬᠡᠳᠦ᠋ᠢᠪᠡᠷ ᠦᠬᠠᠢ ᠬᠤᠳᠠ ᠶᠢᠨ ᠪᠤᠶᠢᠳᠠ ᠪᠥᠭᠯᠡᠭᠦᠦ ᠬᠦᠬᠤᠰᠤ ᠪᠠᠯᠭᠠᠰᠤᠨ ᠳᠤ ᠪᠠᠶᠢᠭ᠎ᠠ ᠪᠣᠯᠪᠠᠴᠤ᠂ ᠪᠢ ᠯᠠᠪᠲᠠᠢ ᠡᠭᠡᠯ ᠵᠢᠷ ᠤᠨ ᠠᠵᠢᠯ ᠤᠨ ᠪᠠᠶᠢᠷᠢ ᠳᠡᠭᠡᠷ᠎ᠡ ᠪᠠᠨ ᠰᠠᠭᠤᠷᠢ ᠠᠵᠢᠯ ᠢᠶᠠᠨ ᠯᠠᠪᠳᠠᠭᠤᠨ ᠪᠠᠲᠤᠲᠠᠢ ᠰᠠᠶᠢᠲᠤᠷ ᠬᠢᠵᠦ᠂ ᠵᠣᠷᠢᠭᠲᠠᠢ ᠪᠠᠷ ᠰᠢᠨ᠎ᠡ ᠶᠢ ᠡᠭᠦᠳᠴᠦ᠂ ᠪᠣᠳᠠᠲᠠᠢ ᠠᠵᠢᠯᠯᠠᠬᠤ᠂ ᠬᠤᠪᠢ ᠨᠡᠮᠡᠷᠢ ᠦᠵᠡᠭᠦᠯᠬᠦ᠂ ᠰᠢᠨ᠎ᠡ ᠶᠢ ᠡᠭᠦᠳᠬᠦ᠂ ᠲᠡᠷᠢᠭᠦᠨ ᠳᠤ ᠣᠷᠣᠬᠤ ᠪᠠᠷ ᠴᠢᠷᠮᠠᠶᠢᠬᠤ ᠵᠣᠷᠢᠭ ᠰᠠᠨᠠᠭ᠎ᠠ ᠶᠢ ᠪᠠᠳᠠᠷᠠᠭᠤᠯᠵᠤ᠂ ᠡᠭᠦᠷᠭᠡ ᠬᠠᠷᠢᠭᠤᠴᠠᠯᠭ᠎ᠠ ᠪᠠᠨ ᠰᠠᠶᠢᠲᠤᠷ ᠭᠦᠢᠴᠡᠳᠬᠡᠵᠦ᠂ ᠴᠠᠬᠢᠯᠭᠠᠨ ᠬᠦᠴᠦᠨ ᠤ ᠺᠣᠮᠫᠠᠨᠢ ᠶᠢᠨ ᠡᠯ᠎ᠡ ᠵᠦᠢᠯ ᠤᠨ ᠦᠢᠯᠡᠳᠪᠦᠷᠢᠯᠡᠯ ᠡᠵᠡᠩᠨᠡᠯᠲᠡ ᠶᠢᠨ ᠠᠵᠢᠯ ᠳᠤ ᠥᠪᠡᠷ ᠤᠨ ᠬᠦᠴᠦᠨ ᠴᠢᠳᠠᠯ ᠢᠶᠠᠨ ᠡᠷᠭᠦᠨ᠎ᠡ᠃ ᠵᠠᠯᠠᠭᠤ ᠨᠢᠭᠡ ᠦᠶ᠎ᠡ ᠶᠢᠨ ᠬᠢᠨ ᠬᠦᠰᠡᠯᠡᠩ ᠲᠠᠢ᠂ ᠬᠠᠷᠢᠭᠤᠴᠠᠯᠭ᠎ᠠ ᠲᠠᠢ ᠪᠠᠶᠢᠪᠠᠯ ᠤᠯᠤᠰ ᠣᠷᠣᠨ ᠢᠷᠡᠭᠡᠳᠦᠶ ᠲᠠᠢ᠂ ᠦᠨᠳᠦᠰᠦᠲᠡᠨ ᠬᠦᠰᠡᠯ ᠡᠷᠡᠮᠡᠯᠵᠡᠯ ᠲᠠᠢ ᠪᠤᠯᠵᠤ᠂ ᠮᠠᠨ ᠤ ᠬᠥᠭᠵᠢᠯᠲᠡ ᠶᠢᠨ ᠬᠠᠷᠠᠯᠲᠠ ᠪᠠᠨ ᠪᠡᠶᠡᠯᠡᠭᠦᠯᠬᠦ ᠳᠤ ᠲᠠᠰᠤᠷᠠᠰᠢ ᠦᠭᠡᠢ ᠬᠦᠴᠦᠷᠬᠡᠭ ᠶᠡᠭᠡ ᠬᠦᠴᠦᠨ ᠴᠢᠳᠠᠯ ᠲᠠᠢ ᠪᠣᠯᠤᠨ᠎ᠠ ᠭᠡᠳᠡᠭ ᠢ ᠲᠡᠦᠬᠡ ᠪᠠ ᠪᠣᠳᠠᠲᠤ ᠠᠬᠤᠶ ᠴᠥᠮ ᠪᠢᠳᠡᠨ ᠳᠤ ᠬᠡᠯᠡᠵᠦ ᠥᠭᠭᠦᠭᠰᠡᠨ ᠶᠤᠮ᠃ ᠵᠠᠯᠠᠭᠤᠴᠤᠳ ᠪᠣᠯ ᠬᠠᠮᠤᠭ ᠠᠴᠠ ᠴᠤᠭ ᠵᠢᠪᠬᠤᠭ᠎ᠠ ᠲᠠᠢ᠂ ᠬᠠᠮᠤᠭ ᠠᠴᠠ ᠢᠯᠡᠭᠦᠦ ᠬᠦᠰᠡᠯ ᠵᠡᠭᠦᠳᠦ ᠲᠠᠢ ᠪᠠᠶᠢᠳᠠᠭ᠃ ᠶᠡᠷᠦᠩᠬᠡᠢ ᠱᠦᠵᠢ ᠰᠢ ᠶᠢᠨ ᠫᠢᠩ᠂ ᠢᠷᠡᠭᠡᠳᠦᠢ ᠪᠣᠯ ᠵᠠᠯᠠᠭᠤᠴᠤᠳ ᠤᠨ ᠬᠢ ᠶᠤᠮ᠂ ᠬᠦᠰᠡᠯ ᠡᠷᠡᠮᠡᠯᠵᠡᠯ ᠢᠶᠠᠨ ᠵᠠᠯᠠᠭᠤᠴᠤᠳ ᠲᠤ ᠨᠠᠶᠢᠳᠠᠵᠤ ᠪᠠᠶᠢᠨ᠎ᠠ ᠭᠡᠵᠦ ᠬᠡᠯᠡᠪᠡ᠃ ᠰᠢᠨ᠎ᠡ ᠴᠠᠭ ᠦᠶ᠎ᠡ ᠶᠢᠨ ᠰᠢᠨ᠎ᠡ ᠵᠠᠯᠠᠭᠤᠴᠤᠳ ᠪᠣᠯᠤᠭᠰᠠᠨ ᠤ ᠬᠤᠪᠢ ᠳᠤ᠂ ᠪᠢᠳᠡ ᠨᠠᠮ ᠪᠠ ᠤᠯᠤᠰ ᠤᠨ ᠠᠰᠢᠭ ᠲᠤᠰᠠ ᠶᠢ ᠬᠦᠷᠲᠡᠭᠰᠡᠨ ᠪᠠᠶᠢᠨ᠎ᠠ᠂ ᠪᠢᠳᠡ ᠴᠢᠷᠮᠠᠶᠢᠨ ᠲᠡᠮᠡᠴᠡᠵᠦ᠂ ᠨᠠᠮ ᠪᠠ ᠤᠯᠤᠰ ᠤᠨ ᠠᠴᠢ ᠲᠤᠰᠠ ᠶᠢ ᠬᠠᠷᠢᠭᠤᠯᠤᠨ᠎ᠠ᠃ ᠪᠢ ᠨᠠᠮ ᠤᠨ ᠢᠶᠠᠨ ᠠᠯᠬᠤᠭ᠎ᠠ ᠶᠢ ᠴᠢᠩᠭ᠎ᠠ ᠲᠠᠭᠠᠵᠥ᠂ ᠴᠢᠷᠮᠠᠶᠢᠨ ᠲᠡᠮᠡᠴᠡᠵᠦ᠂ ᠴᠢᠩ ᠦᠨᠡᠨᠴᠢ ᠪᠠᠷ ᠬᠤᠪᠢ ᠨᠡᠮᠡᠷᠢ ᠦᠵᠡᠭᠦᠯᠦᠨ᠎ᠡ᠃ ᠨᠠᠮ ᠮᠢᠨᠢ ᠰᠠᠨᠠᠭ᠎ᠠ ᠠᠮᠤᠷ ᠪᠠᠶᠢᠭᠠᠷᠠᠢ᠂ ᠤᠯᠤᠰ ᠣᠷᠣᠨ ᠢᠶᠠᠨ ᠬᠦᠴᠦᠷᠬᠡᠭᠵᠢᠭᠦᠯᠬᠦ ᠳᠤ ᠪᠢ ᠪᠠᠶᠢᠨ᠎ᠠ᠃
       ᠰᠢ ᠶᠢᠨ ᠫᠢᠩ ᠶᠡᠷᠦᠩᠬᠡᠶ ᠱᠦᠵᠢ ᠶᠢᠨ ︽ᠲᠤᠯᠤᠭᠠᠨ ᠰᠠᠷ᠎ᠠ ᠶᠢᠨ ᠨᠢᠭᠡᠨ︾ ᠤ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠭᠰᠠᠨ ᠣᠯᠤᠯᠲᠠ ᠲᠦᠷᠦᠭᠳᠡᠯ      ᠬᠠᠶᠢᠨᠠᠨ ᠲᠣᠭᠤᠷᠢᠭ ᠤᠨ ᠠᠷᠠᠳ ᠤᠨ ᠡᠮᠨᠡᠯᠭᠡ ᠶᠢᠨ ᠬᠤᠷᠢᠶᠠᠨ ᠤ ᠬᠢᠲᠠᠳ ᠡᠮᠨᠡᠯᠭᠡ ᠶᠢᠨ ᠡᠷᠡᠭᠦᠯᠵᠢᠯ ᠤᠨ ᠰᠠᠯᠠᠭᠠᠨ ᠤ ᠠᠬᠠᠯᠠᠬᠴᠢ ᠰᠣᠪᠢᠯᠠᠭᠴᠢ      ᠼᠤᠤ ᠵᠢᠶᠠᠨ ᠯᠢ      7 ᠳ᠋ᠣᠭᠠᠷ ᠰᠠᠷ᠎ᠠ ᠶᠢᠨ 1 ᠤ ᠦᠳᠡ ᠶᠢᠨ ᠡᠮᠦᠨᠡᠬᠢ 8 ᠴᠠᠭ ᠲᠤ᠂ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠣᠶ ᠶᠢ ᠪᠡᠯᠭᠡᠯᠡᠬᠦ ᠶᠡᠭᠡ ᠬᠤᠷᠠᠯ ᠲᠢᠶᠠᠨ ᠠᠨ ᠮᠧᠨ ᠲᠠᠯᠠᠪᠠᠶ ᠳᠤ ᠦᠪᠡᠳᠡᠭᠰᠢ ᠶᠡᠭᠡ ᠪᠠᠷ ᠬᠤᠷᠠᠯᠳᠤᠵᠤ᠂ ᠦᠬᠠᠶ ᠬᠤᠲᠠ ᠶᠢᠨ ᠬᠠᠶᠢᠨᠠᠨ ᠲᠣᠭᠤᠷᠢᠭ ᠤᠨ ᠠᠷᠠᠳ ᠤᠨ ᠡᠮᠨᠡᠯᠭᠡ ᠶᠢᠨ ᠬᠤᠷᠢᠶᠠᠨ ᠤ ᠠᠵᠢᠯᠲᠠᠳ ᠦᠪᠡᠳᠡᠭᠰᠢ ᠴᠤᠭᠯᠠᠭᠠᠨ ᠤ ᠰᠢᠭᠤᠳ ᠨᠡᠪᠲᠡᠷᠡᠭᠦᠯᠭᠡ ᠶᠢ ᠲᠥᠪᠯᠡᠷᠡᠭᠦᠯᠦᠨ ᠦᠵᠡᠵᠦ᠂ ᠲᠡᠷᠢᠭᠦᠯᠡᠭᠴᠢ ᠰᠢ ᠶᠢᠨ ᠫᠢᠩ ᠤᠨ ᠴᠢᠬᠤᠯᠠ ᠶᠠᠷᠢᠶ᠎ᠠ ᠶᠢ ᠰᠣᠨᠣᠰᠴᠤ᠂ ᠨᠠᠮ ᠤᠨ ᠲᠤᠭ ᠢ ᠡᠯᠭᠦᠭᠰᠡᠨ ᠨᠢᠰᠬᠡᠯ ᠪᠠ ᠠᠪᠤᠷᠭᠤ ᠲᠣᠮᠣ ᠯᠣᠽᠦ᠋ᠩ ᠣᠭᠲᠠᠷᠭᠤᠶ ᠳᠤ ᠭᠠᠷᠴᠤ ᠢᠷᠡᠬᠦ ᠳᠤ᠂ ᠲᠤᠬᠠᠢ ᠶᠢᠨ ᠲᠠᠯᠠᠪᠠᠢ ᠶᠢᠨ ᠠᠭᠤᠷ ᠠᠮᠢᠰᠬᠤᠯ ᠠᠭᠱᠠᠨ ᠵᠠᠭᠤᠷ᠎ᠠ ᠣᠷᠬᠢᠯ ᠳᠠᠭᠠᠨ ᠬᠦᠷᠴᠦ᠂ ᠲᠡᠷᠡ ᠳᠣᠣᠷ᠎ᠠ ᠪᠠᠨ  ᠬᠠᠯᠠᠭᠤᠨ ᠠᠯᠠᠭ᠎ᠠ ᠲᠠᠰᠢᠯᠳᠠ ᠶᠢᠨ ᠲᠠᠭᠤᠨ ᠨᠢᠵᠢᠭᠢᠨᠡᠵᠦ᠂ ᠣᠮᠤᠭ ᠪᠠᠭ᠋ᠠᠳᠤᠯᠳᠤ ᠰᠡᠳᠬᠢᠯᠭᠡ ᠮᠠᠨ ᠤ ᠬᠥᠮᠦᠨ ᠪᠦᠬᠦᠨ ᠤ ᠴᠢᠷᠠᠢ ᠳᠤ ᠪᠢᠯᠬᠠᠵᠤ᠂ ᠠᠮᠢᠵᠢᠷᠠᠯ ᠤᠨ ᠬᠦᠴᠦᠨ ᠢᠶᠠᠷ 100 ᠦᠰᠦᠭ ᠢ ᠪᠦᠷᠢᠯᠳᠦᠭᠦᠯᠵᠦ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠵᠠᠭᠤᠨ ᠵᠢᠯ ᠤᠨ ᠭᠡᠷᠡᠯ ᠰᠠᠴᠤᠷᠠᠩᠭᠤᠢ ᠲᠡᠦᠬᠡᠨ ᠶᠠᠪᠤᠴᠠ ᠶᠢ ᠪᠡᠯᠭᠡᠳᠡᠵᠦ᠂ ᠡᠨᠡᠬᠦ ᠵᠠᠭᠤᠨ ᠵᠢᠯ᠂ ᠮᠥᠨ ᠴᠢᠨᠠᠷ ᠤᠨ ᠬᠤᠪᠢᠰᠬᠠᠯ ᠬᠢᠭᠰᠡᠨ 100 ᠵᠢᠯ᠂ ᠰᠠᠭᠤᠷᠢ ᠲᠠᠯᠪᠢᠵᠤ ᠦᠢᠯᠡᠰ ᠪᠤᠰᠬᠠᠬᠰᠠᠨ 100 ᠵᠢᠯ ᠪᠣᠯ ᠭᠡᠷᠡᠯ ᠰᠠᠴᠤᠷᠠᠩᠭᠤᠢ ᠦᠢᠯᠡᠰ ᠢ ᠡᠭᠦᠳᠴᠦ᠂ ᠢᠷᠡᠭᠡᠳᠦᠢ ᠶᠢ ᠨᠡᠭᠡᠭᠡᠭᠰᠡᠨ 100 ᠵᠢᠯ ᠪᠤᠯᠬᠤ ᠶᠢ ᠬᠠᠷᠠᠭᠤᠯᠤᠭᠰᠠᠨ ᠪᠠᠶᠢᠨ᠎ᠠ᠃      ᠵᠠᠭᠤᠨ ᠵᠢᠯ ᠤᠨ ᠰᠠᠯᠬᠢ ᠪᠣᠷᠣᠭᠠᠨ ᠢ ᠲᠤᠭᠤᠯᠵᠤ᠂ ᠵᠠᠭᠤᠨ ᠵᠢᠯ ᠤᠨ ᠯᠤᠲᠤ ᠶᠡᠭᠡ ᠬᠤᠪᠢᠷᠠᠯᠲᠠ ᠶᠢ ᠲᠤᠭᠤᠯᠤᠮᠤᠢ᠃ ᠳᠤᠮᠳᠠᠳᠤ ᠶᠢᠨ ᠦᠨᠳᠦᠰᠦᠲᠡᠨ ᠠᠶᠠᠨ ᠵᠠᠮ ᠳᠠᠭᠠᠨ ᠰᠠᠭᠠᠳ ᠲᠣᠳᠬᠠᠷ ᠢ ᠢᠯᠠᠨ ᠳᠠᠪᠠᠵᠤ᠂ ᠪᠣᠰᠴᠤ ᠵᠣᠭᠰᠣᠭᠰᠠᠨ᠂ ᠪᠠᠶᠠᠵᠢᠭᠰᠠᠨ ᠠᠴᠠ ᠬᠦᠴᠦᠷᠬᠡᠭᠵᠢᠭᠰᠡᠨ ᠠᠭᠤᠤ ᠶᠡᠭᠡ ᠦᠰᠦᠷᠦᠯᠲᠡ ᠶᠢ ᠪᠡᠶᠡᠯᠡᠭᠦᠯᠪᠡ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠵᠠᠭᠤᠨ ᠵᠢᠯ ᠤᠨ ᠤᠢ ᠶᠢᠨ ᠲᠠᠰᠢᠷᠠᠮ ᠳᠤ᠂ ᠪᠢᠳᠡ ᠲᠡᠦᠬᠡ ᠶᠢᠨ ᠤᠷᠳᠤ ᠤᠷᠤᠰᠬᠠᠯ ᠤᠨ ᠠᠭᠱᠠᠨ ᠵᠠᠭᠤᠷ᠎ᠠ ᠶᠢ ᠬᠠᠮᠲᠤ ᠪᠠᠷ ᠡᠷᠭᠢᠴᠡᠭᠦᠯᠵᠦ᠂ ᠪᠢᠳᠡ ᠡᠷᠡᠮᠡᠬᠡᠶᠢᠯᠡᠨ ᠤᠷᠤᠭᠰᠢᠯᠠᠵᠤ ᠲᠠᠬᠢᠨ ᠮᠣᠷᠳᠠᠵᠠᠭᠠᠶ᠎ᠠ᠃
     ᠰᠢ ᠶᠢᠨ ᠫᠢᠩ ᠶᠡᠷᠦᠩᠬᠡᠶ ᠱᠦᠵᠢ ᠶᠢᠨ ︽ᠲᠤᠯᠤᠭᠠᠨ ᠰᠠᠷ᠎ᠠ ᠶᠢᠨ ᠨᠢᠭᠡᠨ︾ ᠤ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠭᠰᠠᠨ ᠣᠯᠤᠯᠲᠠ ᠲᠦᠷᠦᠭᠳᠡᠯ      ᠬᠠᠶᠢᠨᠠᠨ ᠲᠣᠭᠤᠷᠢᠭ ᠤᠨ ᠠᠷᠠᠳ ᠤᠨ ᠪᠠᠶᠢᠴᠠᠭᠠᠬᠤ ᠬᠤᠷᠢᠶ᠎ᠠ      ᠶᠠᠩ ᠰᠢᠶᠠ      ᠡᠨᠡ ᠵᠢᠯ ᠪᠣᠯ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠤᠢ ᠮᠥᠨ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠵᠠᠭᠤᠨ ᠵᠢᠯ ᠤᠨ ᠬᠠᠷᠠᠯᠲᠠ ᠶᠢᠨ ᠠᠭᠤᠯᠵᠠᠷ ᠵᠢᠯ ᠮᠥᠨ᠂ ᠪᠠᠰᠠ ᠴᠤ  ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠡᠬᠢᠯᠡᠯᠲᠡ ᠶᠢᠨ ᠵᠢᠯ ᠮᠥᠨ᠃ ᠲᠦᠷᠦᠭᠦᠬᠡᠨ ᠪᠢ ᠨᠠᠮ ᠤᠨ ᠪᠡᠯᠡᠳᠬᠡᠯ ᠭᠡᠰᠢᠭᠦᠨ ᠤ ᠬᠤᠪᠢ ᠪᠠᠷ ᠢᠷᠠᠭᠤ ᠠᠯᠳᠠᠷᠲᠠᠶ ᠪᠠᠷ ᠳᠤᠮᠳᠠᠳᠤ ᠤᠯᠤᠰ ᠤᠨ ᠡᠪ ᠬᠠᠮᠲᠤ ᠨᠠᠮ ᠳᠤ ᠤᠷᠤᠭᠰᠠᠨ ᠶᠤᠮ᠃      ᠨᠠᠮ ᠪᠠᠶᠢᠭᠤᠯᠤᠭᠳᠠᠭᠰᠠᠨ 100 ᠵᠢᠯ ᠤᠨ ᠣᠶ ᠶᠢ ᠪᠡᠯᠭᠡᠯᠡᠬᠦ ᠶᠡᠭᠡ ᠬᠤᠷᠠᠯ ᠳᠡᠭᠡᠷ᠎ᠡ᠂ ︽ᠲᠤᠯᠤᠭᠠᠨ ᠰᠠᠷ᠎ᠠ ᠶᠢᠨ ᠨᠢᠭᠡᠨ︾ ᠤ ᠡᠪ ᠬᠠᠮᠲᠤ ᠵᠠᠯᠠᠭᠤᠴᠤᠳ ᠤᠨ ᠡᠪᠯᠡᠯ ᠤᠨ ᠭᠡᠰᠢᠭᠦᠨ ᠪᠣᠯᠤᠨ ᠪᠠᠭᠠᠴᠤᠳ ᠤᠨ ᠬᠤᠰᠢᠭᠤᠴᠢ ᠠᠩᠭᠢ ᠶᠢᠨ ᠭᠡᠰᠢᠭᠦᠳ ︽ᠨᠠᠮ ᠮᠢᠨᠢ ᠰᠠᠨᠠᠭ᠎ᠠ ᠠᠮᠤᠷ ᠪᠠᠶᠢᠭᠠᠷᠠᠶ᠂ ᠤᠯᠤᠰ ᠣᠷᠣᠨ ᠢᠶᠠᠨ ᠬᠦᠴᠦᠷᠬᠡᠭᠵᠢᠭᠦᠯᠬᠦ ᠳᠤ ᠪᠢ ᠪᠠᠶᠢᠨ᠎ᠠ ᠁︾ ᠭᠡᠵᠦ ᠡᠷᠡᠰ ᠰᠢᠭᠤᠷᠬᠠᠶ ᠪᠠᠷ ᠬᠡᠯᠡᠭᠰᠡᠨ ᠡᠨᠡ ᠬᠦ ᠲᠠᠩᠭᠠᠷᠢᠭ ᠤᠨ ᠦᠭᠡ ᠨᠢ ᠨᠠᠮ᠎ᠠ ᠶᠢ ᠬᠦᠴᠦᠨ ᠴᠢᠳᠠᠯ ᠢᠶᠠᠷ ᠪᠢᠯᠬᠠᠭᠤᠯᠵᠦ᠂ ᠦᠵᠡᠯ ᠰᠠᠨᠠᠭ᠎ᠠ ᠲᠠᠬᠢᠨ ᠨᠢᠭᠡ ᠤᠳᠠᠭ᠎ᠠ ᠤᠬᠢᠶᠠᠯ ᠬᠦᠷᠳᠡᠪᠡ᠂ ᠡᠨᠡ ᠬᠦ ᠦᠭᠡ ᠲᠢᠶᠠᠨ ᠠᠨ ᠮᠧᠨ ᠲᠠᠯᠠᠪᠠᠢ ᠳᠤ ᠲᠠᠰᠤᠷᠠᠯᠳᠠ ᠦᠭᠡᠢ ᠴᠤᠤᠷᠢᠶᠠᠲᠤᠵᠤ᠂ ᠮᠢᠨᠦ ᠰᠡᠳᠬᠢᠯ ᠳᠠᠬᠢ ᠲᠡᠷᠡ ᠬᠦ ᠣᠮᠣᠭᠰᠢᠯ᠂ ᠳᠣᠭᠳᠣᠯᠤᠭᠰᠠᠨ ᠰᠡᠳᠬᠢᠯᠭᠡ ᠶᠢ ᠤᠳᠠᠲᠠᠯ᠎ᠠ ᠲᠠᠶᠢᠪᠤᠰᠢᠷᠠᠵᠦ ᠴᠢᠳᠠᠭᠰᠠᠨ ᠦᠭᠡᠢ ᠪᠢᠯᠠ᠃      ᠶᠡᠷᠦᠩᠬᠡᠢ ᠱᠦᠵᠢ ᠰᠢ ᠶᠢᠨ ᠫᠢᠩ᠂ ᠤᠳᠤ ᠦᠶ᠎ᠡ ᠶᠢᠨ ᠳᠤᠮᠳᠠᠳᠤ ᠤᠯᠤᠰ ᠤᠨ ᠵᠠᠯᠠᠭᠤᠴᠤᠳ ᠪᠣᠯ ᠰᠢᠨ᠎ᠡ ᠴᠠᠭ ᠦᠶ᠎ᠡ ᠲᠠᠢ ᠵᠡᠷᠭᠡᠪᠡᠷ ᠤᠷᠤᠭᠰᠢᠯᠠᠵᠤ᠂ ᠬᠠᠮᠲᠤᠪᠠᠷ ᠤᠷᠤᠭᠰᠢᠯᠠᠭᠰᠠᠨ ᠨᠢᠭᠡ ᠦᠶ᠎ᠡ ᠶᠢᠨ ᠬᠢᠨ ᠪᠣᠯᠤᠨ᠎ᠠ᠂ ᠬᠥᠭᠵᠢᠨ ᠮᠠᠨᠳᠤᠭᠰᠠᠨ ᠴᠠᠭ ᠦᠶ᠎ᠡ ᠳᠤ ᠲᠣᠬᠢᠶᠠᠯᠳᠤᠵᠤ᠂ ᠬᠦᠨᠳᠦ ᠡᠭᠦᠷᠭᠡ ᠶᠢ ᠡᠭᠦᠷᠭᠡᠯᠡᠵᠦ ᠪᠠᠶᠢᠨ᠎ᠠ ᠭᠡᠵᠦ ᠬᠡᠯᠡᠵᠦ ᠥᠩᠭᠡᠷᠡᠭᠰᠡᠨ ᠶᠤᠮ᠃ ᠪᠢᠳᠡ ᠲᠡᠦᠬᠡᠲᠦ ᠡᠭᠦᠷᠭᠡ ᠶᠢ ᠡᠭᠦᠷᠭᠡᠯᠡᠵᠦ᠂ ᠤᠷᠤᠭᠰᠢᠯᠠᠯᠲᠠ ᠶᠢᠨ ᠢᠲᠡᠭᠡᠯ ᠵᠣᠷᠢᠭ ᠢᠶᠠᠨ ᠪᠠᠲᠤᠳᠬᠠᠨ᠂ ᠶᠡᠭᠡ ᠵᠣᠷᠢᠭ ᠢ ᠪᠤᠢ ᠪᠣᠯᠭᠠᠵᠤ᠂ ᠶᠡᠭᠡ ᠮᠣᠷᠠᠯ ᠢ ᠮᠡᠳᠡᠵᠦ᠂ ᠶᠡᠭᠡ ᠴᠢᠳᠠᠪᠤᠷᠢᠲᠠᠨ ᠪᠤᠯᠵᠤ᠂ ᠶᠡᠭᠡ ᠡᠭᠦᠷᠭᠡ ᠶᠢ ᠡᠭᠦᠷᠭᠡᠯᠡᠬᠦ ᠬᠡᠷᠡᠭᠲᠡᠢ᠃ ᠪᠢᠳᠡ ᠪᠣᠯ ᠳᠤᠮᠳᠠᠳᠤ ᠶᠢᠨ ᠬᠥᠪᠡᠭᠦᠳ ᠥᠬᠢᠳ ᠮᠥᠨ᠂ ᠳᠤᠮᠳᠠᠳᠤ ᠶᠢᠨ ᠦᠨᠳᠦᠰᠦᠲᠡᠨ ᠤ ᠲᠡᠦᠬᠡ ᠶᠢ ᠣᠶᠢᠯᠠᠭᠠᠵᠤ᠂ ᠳᠤᠮᠳᠠᠳᠤ ᠶᠢᠨ ᠰᠣᠶᠣᠯ ᠤᠨ ᠭᠧᠨ ᠢ ᠵᠠᠯᠭᠠᠮᠵᠢᠯᠠᠵᠤ᠂ ᠦᠨᠳᠦᠰᠦᠲᠡᠨ ᠤ ᠣᠮᠣᠭᠰᠢᠯ ᠪᠠ ᠰᠣᠶᠣᠯ ᠤᠨ ᠢᠲᠡᠭᠡᠯ ᠵᠣᠷᠢᠭ ᠲᠠᠢ ᠪᠠᠶᠢᠬᠤ ᠬᠡᠷᠡᠭᠲᠡᠶ᠃ ᠴᠠᠭ ᠢᠮᠠᠭᠲᠠ ᠤᠯᠤᠰ ᠣᠷᠣᠨ ᠢᠶᠠᠨ ᠪᠤᠳᠤᠵᠤ᠂ ᠭᠠᠵᠠᠷ ᠪᠣᠯᠭᠠᠨ ᠳᠤ ᠠᠷᠠᠳ ᠲᠦᠮᠡᠨ ᠢᠶᠠᠨ ᠪᠤᠳᠤᠵᠤ᠂ ︽ᠤᠯᠤᠰ ᠣᠷᠣᠨ ᠳᠠᠭᠠᠨ ᠠᠰᠢᠭᠲᠠᠶ ᠶᠢ ᠨᠢ ᠬᠠᠶᠢᠷᠠᠯᠠᠵᠤ᠂ ᠤᠯᠤᠰ ᠣᠷᠣᠨ ᠳᠠᠭᠠᠨ ᠬᠤᠣᠷ ᠬᠥᠨᠥᠭᠡᠯ ᠤᠴᠠᠷᠠᠭᠤᠯᠬᠤ ᠶᠢ ᠨᠢ ᠵᠢᠭᠰᠢᠬᠦ︾ ᠶᠢ ᠪᠡᠶᠡᠯᠡᠭᠦᠯᠬᠦ ᠬᠡᠷᠡᠭᠲᠡᠶ᠃      ᠰᠡᠳᠬᠢᠯ ᠵᠢᠷᠦᠬᠡᠨ ᠳᠡᠭᠡᠨ ᠢᠲᠡᠭᠡᠯ ᠪᠢᠰᠢᠷᠡᠯ ᠲᠠᠢ᠂ ᠬᠥᠯ ᠳᠣᠣᠷ᠎ᠠ ᠪᠠᠨ ᠬᠦᠴᠦᠨ ᠴᠢᠳᠠᠯ ᠲᠠᠢ᠃ ᠨᠢᠭᠡᠨ ᠪᠡᠯᠡᠳᠬᠡᠯ ᠨᠠᠮ ᠤᠨ ᠭᠡᠰᠢᠭᠦᠨ ᠪᠣᠯᠤᠭᠰᠠᠨ ᠤ ᠬᠤᠪᠢ ᠳᠤ᠂ ᠪᠢ ᠦᠷᠭᠦᠯᠵᠢᠯᠡᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠵᠠᠯᠠᠭᠤᠴᠤᠳ ᠤᠨ ᠠᠯᠤᠰ ᠬᠡᠳᠤ ᠶᠢᠨ ᠬᠦᠰᠡᠯᠡᠩ ᠢᠶᠠᠨ ᠦᠷᠭᠦᠯᠵᠢᠯᠡᠭᠦᠯᠵᠦ᠂ ᠠᠭᠤᠤ ᠶᠡᠭᠡ ᠡᠬᠡ ᠤᠯᠤᠰ ᠢᠶᠠᠨ ᠬᠠᠶᠢᠷᠠᠯᠠᠵᠤ᠂ ᠴᠠᠭ ᠦᠶ᠎ᠡ ᠶᠢᠨ ᠬᠠᠷᠢᠭᠤᠴᠠᠯᠭ᠎ᠠ ᠶᠢ ᠡᠭᠦᠷᠭᠡᠯᠡᠨ᠂ ᠵᠣᠷᠢᠭᠲᠠᠢ ᠪᠠᠷ ᠡᠷᠡᠮᠡᠬᠡᠶᠢᠯᠡᠨ ᠲᠡᠮᠡᠴᠡᠵᠦ᠂ ᠵᠠᠩ ᠮᠣᠷᠠᠯ ᠤᠨ ᠪᠣᠯᠪᠠᠰᠤᠷᠠᠯ ᠢᠶᠠᠨ ᠳᠠᠪᠲᠠᠨ ᠪᠣᠯᠪᠠᠰᠤᠷᠠᠭᠤᠯᠵᠤ᠂ ᠴᠢᠩ ᠦᠨᠡᠨᠴᠢ ᠰᠡᠳᠬᠢᠯ ᠢᠶᠠᠷ ᠠᠷᠠᠳ ᠲᠦᠮᠡᠨ ᠳᠤ ᠦᠢᠯᠡᠴᠢᠯᠡᠨ᠎ᠡ᠃
     ᠰᠢ ᠶᠢᠨ ᠫᠢᠩ ᠶᠡᠷᠦᠩᠬᠡᠶ ᠱᠦᠵᠢ ᠶᠢᠨ ︽ᠲᠤᠯᠤᠭᠠᠨ ᠰᠠᠷ᠎ᠠ ᠶᠢᠨ ᠨᠢᠭᠡᠨ︾ ᠤ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠭᠰᠠᠨ ᠣᠯᠤᠯᠲᠠ ᠲᠦᠷᠦᠭᠳᠡᠯ      ᠬᠠᠶᠢᠨᠠᠨ ᠲᠣᠭᠤᠷᠢᠭ ᠤᠨ ᠭᠤᠷᠪᠠᠳᠤᠭᠠᠷ ᠪᠠᠭ᠎ᠠ ᠰᠤᠷᠭᠠᠭᠤᠯᠢ      ᠯᠢ ᠵᠢᠶᠦ᠋ᠨ ᠹᠠᠩ      ︽ᠲᠡᠦᠬᠡ ᠶᠢᠨ ᠬᠦᠯᠢᠶᠡᠰᠦᠯᠡᠯ ᠢ ᠠᠷᠢᠯᠭᠠᠵᠤ᠂ ᠲᠡᠦᠬᠡ ᠶᠢᠨ ᠭᠬᠢᠷ ᠪᠤᠷᠲᠠᠭ ᠢ ᠠᠷᠢᠯᠭᠠᠨ᠂ ᠦᠨᠳᠦᠰᠦᠲᠡᠨ ᠤ ᠠᠮᠢ ᠨᠠᠰᠤ ᠶᠢ ᠰᠢᠨ᠎ᠡ ᠪᠠᠷ ᠪᠤᠶ ᠪᠣᠯᠭᠠᠵᠤ᠂ ᠦᠨᠳᠦᠰᠦᠲᠡᠨ ᠤ ᠵᠠᠯᠠᠭᠤ ᠨᠠᠰᠤ ᠶᠢ ᠡᠭᠡᠭᠦᠯᠵᠦ ᠠᠪᠴᠢᠷᠠᠬᠤ ᠬᠡᠷᠡᠭᠲᠡᠶ︾᠃ ᠵᠠᠭᠤᠨ ᠵᠢᠯ ᠤᠨ ᠴᠠᠭ ᠮᠥᠴᠡ ᠶᠠᠭᠠᠷᠠᠤ ᠰᠠᠨᠳᠤᠷᠤᠤ ᠪᠠᠷ ᠥᠩᠭᠡᠷᠡᠵᠦ᠂ ᠪᠦᠬᠦ ᠤᠯᠤᠰ ᠤᠨ ᠠᠷᠠᠳ ᠲᠦᠮᠡᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠳᠣᠣᠷ᠎ᠠ᠂ ᠳᠠᠶᠢᠰᠤᠨ᠂ ᠪᠠᠶᠠᠨ ᠬᠦᠴᠦᠷᠬᠡᠭ ᠤᠯᠤᠰ ᠢ ᠡᠰᠡᠷᠭᠦᠴᠡᠵᠦ᠂ ᠬᠤᠴᠣᠷᠤᠩᠭᠤᠢ ᠪᠠᠶᠢᠭᠰᠠᠨ ᠠᠴᠠ ᠪᠠᠨ ᠲᠠᠪᠰᠢᠯᠳᠠ ᠳᠤ ᠬᠦᠷᠬᠦ᠂ ᠪᠠᠯᠠᠷ ᠬᠠᠷᠠᠩᠭᠤᠢ ᠠᠴᠠ ᠭᠡᠭᠡᠨ ᠰᠠᠷᠠᠭᠤᠯ ᠳᠤ ᠬᠦᠷᠬᠦ᠂ ᠭᠠᠰᠠᠯᠠᠩ ᠵᠣᠪᠠᠯᠠᠩ ᠠᠴᠠ ᠭᠡᠷᠡᠯ ᠰᠠᠴᠤᠷᠠᠩᠭᠤᠢ ᠪᠣᠯᠤᠭᠰᠠᠨ ᠲᠡᠦᠬᠡ ᠶᠢᠨ ᠭᠠᠶᠢᠬᠠᠮᠰᠢᠭ ᠢ ᠡᠭᠦᠳᠴᠡᠢ᠃ ᠪᠢ ᠨᠠᠮ ᠤᠨ ᠳᠠᠭᠠᠭᠤᠯᠭ᠎ᠠ ᠪᠠᠷ ᠡᠷᠡᠯᠬᠡᠭᠯᠡᠨ ᠤᠷᠤᠭᠰᠢᠯᠠᠵᠤ ᠴᠢᠳᠠᠭᠰᠠᠨ ᠳᠠᠭᠠᠨ ᠲᠦᠢᠯ ᠢᠶᠠᠷ ᠣᠮᠣᠭᠰᠢᠵᠤ ᠪᠠᠶᠢᠨ᠎ᠠ︕      ︽ᠢᠷᠡᠭᠡᠳᠦᠢ ᠳᠤ ᠬᠠᠨᠳᠤᠵᠤ᠂ ᠥᠷᠢᠰᠥᠯᠳᠦᠭᠡᠨ ᠤ ᠡᠮᠦᠨ᠎ᠡ᠂ ᠪᠦᠬᠦ ᠨᠠᠮ ᠤᠨ ᠨᠥᠬᠦᠳ ᠡᠷᠬᠡᠪᠰᠢ ᠤᠬ ᠰᠠᠨᠠᠭ᠎ᠠ ᠪᠠᠨ ᠦᠯᠦ ᠮᠠᠷᠲᠠᠵᠤ᠂ ᠦᠷᠭᠦᠯᠵᠢᠯᠡᠨ ᠤᠷᠤᠭᠰᠢᠯᠠᠬᠤ ᠬᠡᠷᠡᠭᠲᠡᠢ︾᠃ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠤᠢ ᠶᠢ ᠪᠡᠯᠭᠡᠯᠡᠬᠦ ᠶᠡᠭᠡ ᠬᠤᠷᠠᠯ ᠳᠡᠭᠡᠷ᠎ᠡ᠂ ᠰᠢ ᠶᠢᠨ ᠫᠢᠩ ᠨᠥᠬᠦᠷ ᠴᠢᠬᠤᠯᠠ ᠶᠠᠷᠢᠶ᠎ᠠ ᠲᠠᠯᠪᠢᠵᠤ᠂ ︽ᠤᠭ ᠰᠠᠨᠠᠭ᠎ᠠ ᠪᠠᠨ ᠦᠯᠦ ᠮᠠᠷᠲᠠᠵᠤ᠂ ᠦᠷᠭᠦᠯᠵᠢᠯᠡᠨ ᠣᠷᠣᠭᠰᠢᠯᠠᠰᠣᠭᠠᠢ︾ ᠭᠡᠵᠦ ᠴᠢᠬᠤᠯᠠᠴᠢᠯᠠᠪᠠ᠃ ᠡᠨᠡᠬᠦ ᠴᠢᠬᠤᠯᠠ ᠶᠠᠷᠢᠶ᠎ᠠ ᠨᠢ ᠰᠦᠷ ᠵᠢᠪᠬᠤᠭ᠎ᠠ ᠲᠠᠢ᠂ ᠭᠦᠨ ᠭᠦᠨᠵᠡᠭᠡᠢ ᠤᠳᠬ᠎ᠠ ᠠᠭᠤᠯᠭ᠎ᠠ ᠲᠠᠢ᠂ ᠮᠠᠰᠢ ᠴᠢᠩᠭ᠎ᠠ ᠲᠡᠦᠬᠡ ᠶᠢᠨ ᠭᠦᠨ ᠲᠦᠷᠦᠭᠳᠡᠯ ᠪᠠ ᠪᠣᠳᠠᠲᠤ ᠬᠠᠨᠳᠤᠯᠭᠠᠲᠤ ᠴᠢᠨᠠᠷ ᠲᠠᠢ ᠪᠠᠶᠢᠵᠤ᠂ ᠡᠪ ᠬᠠᠮᠲᠤᠴᠤᠳ ᠤᠨ ᠤᠭ ᠰᠠᠨᠠᠭ᠎ᠠ ᠪᠠ ᠡᠭᠦᠷᠭᠡ ᠬᠠᠷᠢᠭᠤᠴᠠᠯᠭ᠎ᠠ ᠶᠢ ᠢᠯᠡᠷᠡᠭᠦᠯᠵᠦ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠳᠤᠮᠳᠠᠳᠤ ᠶᠢᠨ ᠵᠡᠭᠦᠳᠦ ᠶᠢ ᠲᠡᠷᠭᠡᠯᠰᠢᠭᠦᠯᠬᠦ ᠰᠢᠨ᠎ᠡ ᠤᠯᠤᠰ ᠲᠦᠷᠦ ᠶᠢᠨ ᠲᠤᠩᠬᠠᠭ ᠪᠣᠯᠤᠨ᠎ᠠ᠃ ᠭᠠᠭᠴᠠ ᠬᠦ ᠤᠭ ᠰᠠᠨᠠᠭ᠎ᠠ ᠪᠠᠨ ᠮᠠᠷᠲᠠᠬᠤ ᠦᠭᠡᠢ ᠪᠣᠯ᠂ ᠮᠠᠨ ᠤ ᠨᠠᠮ ᠰᠠᠶ᠋ᠢ ᠳᠠᠷᠪᠠᠭᠤᠯ ᠬᠡᠶᠢᠰᠬᠡᠨ ᠠᠯᠤᠰ ᠲᠤ ᠠᠶᠠᠯᠠᠬᠤ᠂ ᠠᠷᠠᠳ ᠲᠦᠮᠡᠨ ᠳᠤ ᠪᠤᠶᠠᠨ ᠦᠢᠯᠡᠳᠬᠦ ᠴᠢᠭᠯᠡᠯ ᠢᠶᠠᠷ ᠲᠠᠰᠤᠷᠠᠯᠲᠠ ᠦᠭᠡᠢ ᠵᠥᠪ ᠣᠨᠣᠪᠴᠢᠲᠠᠢ ᠤᠷᠤᠭᠰᠢᠯᠠᠵᠤ᠂ ᠨᠠᠮ ᠪᠠ ᠠᠷᠠᠳ ᠲᠦᠮᠡᠨ ᠤ ᠦᠢᠯᠡᠰ ᠤᠨ ᠬᠥᠭᠵᠢᠯᠲᠡ ᠶᠢᠨ ᠭᠡᠭᠡᠨ ᠰᠠᠷᠠᠭᠤᠯ ᠢᠷᠡᠭᠡᠳᠦᠢ ᠶᠢ ᠲᠠᠰᠤᠷᠠᠯᠲᠠ ᠦᠭᠡᠢ ᠨᠡᠭᠡᠭᠡᠵᠦ ᠴᠢᠳᠠᠨ᠎ᠠ ᠭᠡᠳᠡᠭ ᠢ 100 ᠵᠢᠯ ᠤᠨ ᠠᠮᠵᠢᠯᠲᠠ ᠲᠠᠢ ᠦᠢᠯᠡᠳᠦᠯᠭᠡ ᠭᠡᠷᠡᠴᠢᠯᠡᠵᠡᠢ᠃      ᠤᠭ ᠰᠠᠨᠠᠭ᠎ᠠ ᠪᠣᠯ ᠨᠠᠮ ᠤᠨ ᠮᠥᠨ ᠴᠢᠨᠠᠷ ᠤᠨ ᠣᠨᠴᠠᠯᠢᠭ ᠮᠥᠨ᠂ ᠪᠠᠰᠠ ᠴᠤ ᠡᠪ ᠬᠠᠮᠲᠤ ᠨᠠᠮ ᠤᠨ ᠭᠡᠰᠢᠭᠦᠨ ᠨᠢᠭᠡᠪᠦᠷᠢ ᠶᠢᠨ ᠤᠶᠤᠨ ᠰᠠᠨᠠᠭᠠᠨ ᠤ ᠢᠯᠡᠳᠬᠡᠮᠵᠢ ᠲᠡᠮᠳᠡᠭ ᠪᠠ ᠦᠨᠳᠦᠰᠦᠨ ᠵᠢᠷᠤᠮᠯᠠᠯ ᠮᠥᠨ᠃ ᠤᠭ ᠰᠠᠨᠠᠭ᠎ᠠ ᠪᠠᠨ ᠦᠯᠦ ᠮᠠᠷᠲᠠᠬᠤ ᠶᠢ ᠪᠠᠷᠢᠮᠲᠠᠯᠠᠬᠤ ᠳᠤ᠂ ︽ᠨᠠᠮ ᠪᠠᠶᠢᠭᠤᠯᠬᠤ ᠦᠶ᠎ᠡ ᠶᠢᠨ ᠳᠤᠮᠳᠠᠳᠤ ᠤᠯᠤᠰ ᠤᠨ ᠡᠪ ᠬᠠᠮᠲᠤᠴᠤᠳ ᠤᠨ ᠲᠡᠮᠡᠴᠡᠯ ᠤᠨ ᠵᠣᠷᠢᠭ ᠰᠠᠨᠠᠭ᠎ᠠ ᠶᠢ ᠡᠭᠦᠷᠢᠳᠡ ᠪᠠᠷᠢᠮᠲᠠᠯᠠᠵᠤ᠂ ᠠᠷᠠᠳ ᠲᠦᠮᠡᠨ ᠳᠤ ᠴᠢᠩ ᠦᠨᠡᠨᠴᠢ ᠰᠡᠳᠬᠢᠯ ᠢᠶᠠᠨ ᠡᠭᠦᠷᠢᠳᠡ ᠪᠠᠷᠢᠮᠲᠠᠯᠠᠬᠤ ᠬᠡᠷᠡᠭᠲᠡᠢ︾᠃      ᠢᠷᠠᠭᠤ ᠠᠯᠳᠠᠷᠲᠤ ᠡᠪ ᠬᠠᠮᠲᠤ ᠨᠠᠮ ᠤᠨ ᠭᠡᠰᠢᠭᠦᠨ ᠪᠣᠯᠤᠭᠰᠠᠨ ᠤ ᠬᠤᠪᠢ ᠳᠤ᠂ ᠯᠠᠪᠳᠠᠶ᠎ᠠ ︽ᠠᠷᠠᠳ ᠲᠦᠮᠡᠨ ᠳᠤ ᠦᠢᠯᠡᠴᠢᠯᠡᠬᠦ︾ ᠪᠠᠷ ᠠᠵᠢᠯ ᠤᠨ ᠢᠶᠠᠨ ᠪᠠᠷᠢᠮᠵᠢᠶ᠎ᠠ ᠪᠣᠯᠭᠠᠵᠤ᠂ ᠲᠡᠰᠪᠦᠷᠢ ᠬᠠᠲᠠᠭᠤᠵᠢᠯᠲᠠᠶ ᠪᠠᠷ ᠲᠡᠮᠡᠴᠡᠬᠦ ᠵᠣᠷᠢᠭ ᠰᠠᠨᠠᠭ᠎ᠠ ᠪᠠᠷ ᠳᠣᠲᠣᠭᠠᠳᠤ ᠬᠥᠳᠡᠯᠭᠡᠭᠴᠢ ᠬᠦᠴᠦᠨ ᠪᠣᠯᠭᠠᠵᠤ᠂ ᠨᠠᠮ ᠤᠨ ᠰᠤᠷᠭᠠᠨ ᠬᠥᠮᠦᠵᠢᠯ ᠤᠨ ᠦᠢᠯᠡᠰ ᠢ ᠬᠥᠭᠵᠢᠭᠦᠯᠬᠦ ᠶᠠᠪᠤᠳᠠᠯ ᠢ ᠵᠠᠶᠢᠯᠠᠭᠤᠯᠵᠤ ᠪᠣᠯᠤᠰᠢ ᠦᠭᠡᠢ ᠬᠠᠷᠢᠭᠤᠴᠠᠯᠭ᠎ᠠ ᠪᠠᠨ ᠪᠣᠯᠭᠠᠵᠤ᠂ ᠴᠢᠷᠮᠠᠶᠢᠭᠰᠠᠨ ᠳᠡᠭᠡᠷ᠎ᠡ ᠪᠠᠨ ᠴᠢᠷᠮᠠᠶᠢᠵᠦ᠂ ᠳᠤᠷᠠᠲᠠᠶ᠎ᠠ ᠨᠠᠮ ᠲᠠᠢ ᠰᠡᠳᠬᠢᠯ ᠰᠠᠨᠠᠭ᠎ᠠ ᠪᠠᠨ ᠨᠢᠭᠡᠳᠬᠡᠨ ᠬᠤᠪᠢ ᠵᠠᠶᠠᠭ᠎ᠠ ᠪᠠᠨ ᠬᠠᠮᠲᠤᠳᠬᠠᠵᠤ᠂ ᠨᠢᠭᠡᠨ ᠤᠯᠠᠭᠠᠨ ᠰᠡᠳᠬᠢᠯ ᠡᠭᠦᠷᠢᠳᠡ ᠨᠠᠮ ᠢᠶᠠᠨ ᠵᠣᠷᠢᠵᠤ᠂ ᠴᠥᠬᠦᠷᠡᠰᠢ ᠦᠭᠡᠢ ᠲᠡᠮᠡᠴᠡᠨ᠎ᠡ︕
     ᠰᠢ ᠶᠢᠨ ᠫᠢᠩ ᠶᠡᠷᠦᠩᠬᠡᠶ ᠱᠦᠵᠢ ᠶᠢᠨ ︽ᠲᠤᠯᠤᠭᠠᠨ ᠰᠠᠷ᠎ᠠ ᠶᠢᠨ ᠨᠢᠭᠡᠨ︾ ᠤ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠭᠰᠠᠨ ᠣᠯᠤᠯᠲᠠ ᠲᠦᠷᠦᠭᠳᠡᠯ      ᠪᠠᠷᠠᠭᠤᠨ ᠣᠷᠣᠨ ᠤ ᠲᠥᠯᠥᠪᠯᠡᠭᠡ ᠶᠢᠨ ᠰᠠᠶᠢᠨ ᠳᠤᠷ᠎ᠠ ᠶᠢᠨ ᠠᠵᠢᠯᠯᠠᠭᠴᠢ      ᠯᠢᠦ ᠮᠧᠩ ᠴᠢ      ᠵᠠᠭᠤᠨ ᠵᠢᠯ ᠤᠨ ᠠᠶᠠᠨ ᠵᠠᠮ ᠰᠦᠷ ᠳᠠᠯᠠᠶᠢᠴᠠᠲᠠᠢ ᠶᠠᠪᠤᠭᠳᠠᠵᠤ᠂ ᠵᠠᠭᠤᠨ ᠵᠢᠯ ᠤᠨ ᠡᠬᠢᠨ ᠳᠤ ᠰᠡᠳᠬᠢᠯ ᠰᠠᠨᠠᠭ᠎ᠠ ᠤᠯᠠᠮ ᠪᠠᠲᠤᠵᠢᠵᠤ᠂ ᠵᠠᠭᠤᠨ ᠵᠢᠯ ᠳᠤ ᠶᠠᠭ ᠰᠠᠶᠢᠬᠠᠨ ᠴᠤᠭ ᠵᠢᠪᠬᠤᠭ᠎ᠠ ᠪᠠᠳᠠᠷᠠᠩᠭᠤᠢ ᠪᠠᠶᠢᠭᠰᠠᠨ ᠶᠤᠮ᠃ ᠳᠤᠮᠳᠠᠳᠤ ᠤᠯᠤᠰ ᠤᠨ ᠡᠪ ᠬᠠᠮᠲᠤ ᠨᠠᠮ ᠤᠨ 100 ᠵᠢᠯ ᠢ ᠡᠷᠭᠢᠴᠡᠭᠦᠯᠬᠦᠶ᠂ ᠰᠠᠯᠬᠢ ᠪᠣᠷᠣᠭᠠᠨ ᠢ ᠲᠤᠭᠤᠯᠤᠨ ᠣᠷᠣᠭᠰᠢᠯᠠᠭᠰᠠᠨ ᠪᠠᠶᠢᠨ᠎ᠠ᠃      ᠪᠢᠳᠡ ᠳᠤᠮᠳᠠᠳᠤ ᠳᠤ ᠲᠦᠷᠦᠵᠦ᠂ ᠵᠠᠭᠤᠨ ᠵᠢᠯ ᠤᠨ ᠢᠷᠠᠭᠤ ᠠᠯᠳᠠᠷ ᠢ ᠭᠡᠷᠡᠴᠢᠯᠡᠨ᠎ᠡ ᠬᠡᠳᠡᠭ ᠨᠢ ᠶᠠᠭᠤᠲᠠᠶ ᠠᠵᠠ ᠲᠠᠢ ᠪᠤᠢ᠃ ᠰᠢᠨ᠎ᠡ ᠴᠠᠭ ᠦᠶ᠎ᠡ ᠶᠢᠨ ᠤᠶᠤᠲᠠᠳ ᠤᠨ ᠪᠠᠷᠠᠭᠤᠨ ᠣᠷᠣᠨ ᠤ ᠲᠥᠯᠥᠪᠯᠡᠭᠡ ᠶᠢᠨ ᠰᠠᠶᠢᠨ ᠳᠤᠷ᠎ᠠ ᠶᠢᠨ ᠠᠵᠢᠯᠯᠠᠭᠴᠢ᠂ ᠢᠳᠡᠪᠬᠢᠲᠡᠨ ᠪᠣᠯᠤᠭᠰᠠᠨ ᠤ ᠬᠤᠪᠢ ᠳᠤ᠂ ᠪᠢ ᠦᠷᠭᠦᠯᠵᠢᠯᠡᠨ ᠤᠷᠤᠭᠰᠢᠯᠠᠨ ᠳᠠᠪᠰᠢᠬᠤ ᠰᠡᠳᠬᠢᠯ ᠢ  ᠡᠪᠦᠷᠯᠡᠵᠦ᠂   ᠡᠨᠡ ᠤᠳᠠᠭ᠎ᠠ ᠶᠢᠨ ᠠᠶᠠᠯᠠᠯ ᠤᠨ ᠡᠭᠦᠷᠭᠡ ᠪᠠᠨ ᠦᠷᠭᠦᠯᠵᠢ ᠪᠣᠳᠣᠯᠬᠢᠯᠠᠵᠤ᠂ ᠵᠠᠷᠯᠢᠭ ᠬᠦᠯᠢᠶᠡᠭᠰᠡᠨ ᠬᠦᠨᠳᠦ ᠡᠭᠦᠷᠭᠡ ᠪᠠᠨ ᠦᠷᠭᠦᠯᠵᠢ ᠡᠷᠭᠢᠴᠡᠭᠦᠯᠵᠦ᠂ ᠪᠤᠰᠤᠳ ᠤᠨ ᠳᠠᠪᠠᠭᠤᠯᠢᠭ ᠢ ᠦᠷᠭᠦᠯᠵᠢ ᠠᠪᠴᠤ᠂ ᠯᠠᠪᠳᠠᠭᠤᠨ ᠪᠠᠲᠤᠲᠠᠢ ᠠᠵᠢᠯᠯᠠᠵᠤ᠂ ᠬᠦᠰᠡᠯᠡᠩ ᠢᠲᠡᠭᠡᠯ ᠪᠢᠰᠢᠷᠡᠯ ᠢᠶᠠᠨ ᠪᠠᠲᠤᠳᠬᠠᠨ᠂ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠦᠢᠯᠡᠳᠦᠯᠭᠡᠵᠢᠭᠦᠯᠵᠦ᠂ ᠴᠠᠭ ᠢᠮᠠᠭᠲᠠ ᠪᠡᠶ᠎ᠡ ᠪᠠᠷ ᠢᠶᠠᠨ ︽ᠬᠤᠪᠢ ᠨᠡᠮᠡᠷᠢ ᠦᠵᠡᠭᠦᠯᠬᠦ᠂ ᠨᠥᠬᠦᠷᠰᠡᠭ᠂ ᠬᠠᠷᠢᠯᠴᠠᠨ ᠬᠠᠪᠰᠤᠷᠤᠯᠴᠠᠬᠤ᠂ ᠲᠠᠪᠰᠢᠬᠤ︾ ᠰᠠᠶᠢᠨ ᠳᠤᠷ᠎ᠠ ᠶᠢᠨ ᠵᠣᠷᠢᠭ ᠰᠠᠨᠠᠭ᠎ᠠ ᠶᠢ  ᠭᠦᠢᠴᠡᠳᠭᠡᠬᠦ  ᠪᠠᠷ ᠴᠢᠷᠮᠠᠶᠢᠨ᠎ᠠ᠃      ᠮᠠᠨ ᠤ ᠦᠶ᠎ᠡ ᠶᠢᠨ ᠵᠠᠯᠠᠭᠤ ᠨᠠᠰᠤ ᠪᠠᠷ ᠢᠶᠠᠨ ᠬᠥᠭᠵᠢᠨ ᠮᠠᠨᠳᠤᠭᠰᠠᠨ ᠦᠶ᠎ᠡ ᠶᠢᠨ ᠳᠤᠮᠳᠠᠳᠤ ᠤᠯᠤᠰ ᠢᠶᠠᠨ ᠬᠠᠮᠠᠭᠠᠯᠠᠬᠤ ᠶᠢ ᠬᠦᠰᠡᠵᠦ ᠪᠠᠶᠢᠨ᠎ᠠ︕
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号