ᠬᠠᠷᠢᠭᠤ ᠳᠣᠰᠬᠠᠯ ᠤᠨ ᠪᠦᠯᠦᠭ᠄ ᠶᠡᠷᠦᠩᠬᠡᠶ ᠱᠦᠵᠢ ᠶᠢᠨ ︽ᠳᠣᠯᠣᠭᠠᠨ ᠰᠠᠷ᠎ᠠ ᠶᠢᠨ ᠨᠢᠭᠡᠨ︾ ᠤ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ  ᠰᠣᠷᠣᠯᠴᠠᠭᠠᠳ ᠲᠡᠳᠡᠨᠦᠰ ᠤᠨ ᠶᠠᠮᠠᠷ ᠲᠦᠷᠦᠭᠳᠡᠯ ᠲᠠᠢ ᠶᠢ ᠰᠣᠨᠣᠰᠣᠶ᠎ᠠ ︵ᠳᠣᠯᠤᠭ᠎ᠠ︶
ᠨᠡᠶᠢᠲᠡᠯᠡᠭᠰᠡᠨ ᠴᠠᠭ᠄
2021/7/15
     ᠰᠢ ᠶᠢᠨ ᠫᠢᠩ ᠶᠡᠷᠦᠩᠬᠡᠶ ᠱᠦᠵᠢ ᠶᠢᠨ ︽ᠲᠤᠯᠤᠭᠠᠨ ᠰᠠᠷ᠎ᠠ ᠶᠢᠨ ᠨᠢᠭᠡᠨ︾ ᠤ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠭᠰᠠᠨ ᠣᠯᠤᠯᠲᠠ ᠲᠦᠷᠦᠭᠳᠡᠯ      2020 ᠣᠨ ᠤ ᠦᠬᠠᠶ ᠬᠤᠲᠠ ᠶᠢᠨ ᠲᠡᠷᠢᠭᠦᠨ ᠤ ᠠᠵᠢᠯᠲᠠᠨ      ᠲᠢᠶᠠᠨ ᠮᠧᠩ ᠢᠦᠢ      ︽ᠡᠪ ᠬᠠᠮᠲᠤ ᠨᠠᠮ ᠪᠠᠶᠢᠬᠤ ᠦᠭᠡᠢ ᠪᠣᠯ ᠰᠢᠨ᠎ᠡ ᠳᠤᠮᠳᠠᠳᠤ ᠤᠯᠤᠰ ᠪᠠᠶᠢᠵᠤ ᠴᠢᠳᠠᠬᠤ ᠦᠭᠡᠢ︾ ᠭᠡᠬᠦ ᠳᠠᠭᠤᠤ ᠶᠢ ᠳᠠᠭᠤᠯᠠᠬᠤ ᠪᠣᠯᠭᠠᠨ ᠳᠤ᠂ ᠮᠢᠨᠦ ᠳᠣᠭᠳᠣᠯᠤᠭᠰᠠᠨ ᠰᠡᠳᠬᠢᠯᠭᠡ ᠤᠳᠠᠲᠠᠯ᠎ᠠ ᠲᠠᠶᠢᠪᠤᠰᠢᠷᠠᠵᠦ ᠳᠡᠶᠢᠯᠬᠦ ᠦᠭᠡᠢ ᠪᠤᠯᠳᠠᠭ᠃ ᠰᠢᠨ᠎ᠡ ᠴᠠᠭ ᠦᠶ᠎ᠡ ᠳᠤ᠂ ᠭᠠᠶᠢᠯᠢ ᠶᠢᠨ ᠶᠠᠪᠤᠳᠠᠯ ᠤᠨ ᠠᠵᠢᠯᠲᠠᠨ ᠪᠣᠯᠤᠭᠰᠠᠨ ᠤ ᠬᠤᠪᠢ ᠳᠤ᠂ ᠪᠢ ᠡᠬᠡ ᠤᠯᠤᠰ ᠤᠨ ᠢᠶᠠᠨ ᠲᠥᠯᠥᠭᠡ ᠵᠢᠳᠬᠦᠬᠦ ᠵᠣᠷᠢᠭ ᠢ ᠬᠡᠵᠢᠶᠡᠳᠡ ᠡᠪᠦᠷᠯᠡᠨ᠂ ᠠᠵᠢᠯ ᠤᠨ ᠪᠠᠶᠢᠷᠢ ᠳᠠᠭᠠᠨ ᠰᠠᠭᠤᠷᠢᠯᠠᠵᠤ᠂ ᠴᠢᠷᠮᠠᠶᠢᠨ ᠠᠵᠢᠯᠯᠠᠵᠤ᠂ ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭᠠᠨ ᠭᠠᠷᠭᠠᠨ᠂ ᠴᠠᠭ ᠢᠮᠠᠭᠲᠠ ᠡᠵᠡᠨ ᠬᠥᠮᠦᠨ ᠤ ᠤᠬᠠᠮᠰᠠᠷ ᠢᠶᠠᠷ ᠥᠪᠡᠷ ᠢ ᠪᠠᠨ  ᠱᠠᠭᠠᠷᠳᠠᠨ᠂ ᠲᠤᠬᠠᠶᠢᠯᠠᠭᠰᠠᠨ ᠠᠵᠢᠯ ᠤᠨ ᠪᠠᠶᠢᠷᠢ ᠳᠠᠭᠠᠨ ᠰᠠᠭᠤᠷᠢᠯᠠᠵᠤ᠂ ᠠᠵᠢᠯ ᠢᠶᠠᠨ ᠲᠦᠢᠯ ᠳᠤᠨᠢ ᠲᠤᠯᠲᠠᠯ᠎ᠠ ᠬᠢᠵᠦ᠂ ᠥᠪᠡᠷ ᠤᠨ ᠴᠢᠳᠠᠪᠤᠷᠢ ᠪᠠᠨ ᠳᠡᠭᠡᠭᠰᠢᠯᠡᠭᠦᠯᠬᠦ ᠪᠠᠷ ᠴᠢᠷᠮᠠᠶᠢᠵᠦ᠂ ᠠᠵᠢᠯ ᠳᠠᠭᠠᠨ ᠢᠲᠡᠭᠡᠯ ᠲᠠᠢ᠂ ᠵᠣᠷᠢᠭ ᠲᠠᠢ᠂ ᠬᠦᠴᠢᠷ ᠵᠣᠪᠠᠭᠤᠷᠢ ᠶᠢ ᠠᠮᠰᠠᠵᠤ ᠴᠢᠳᠠᠬᠤ ᠬᠡᠷᠡᠭᠲᠡᠶ᠃ ᠬᠤᠪᠢ ᠬᠥᠮᠦᠨ ᠤ ᠪᠠᠶᠢᠳᠠᠯ ᠢᠶᠠᠨ ᠰᠠᠶᠢᠬᠠᠨ ᠲᠣᠬᠢᠷᠠᠭᠤᠯᠬᠤ ᠶᠢᠨ ᠤᠯᠠᠮ ᠠᠴᠠ ᠬᠥᠮᠦᠨ ᠤ ᠠᠮᠢᠳᠤᠷᠠᠯ ᠤᠨ ᠦᠨ᠎ᠡ ᠥᠷᠲᠡᠭ ᠢᠶᠠᠨ ᠪᠡᠶᠡᠯᠡᠭᠦᠯᠵᠦ᠂ ᠪᠢᠳᠡ ᠪᠣᠯ ᠴᠥᠮ ᠡᠷᠡᠯᠬᠡᠭᠯᠡᠨ ᠲᠡᠮᠡᠴᠡᠭᠴᠢ᠂ ᠬᠦᠰᠡᠯ ᠵᠡᠭᠦᠳᠦ ᠪᠠᠨ ᠲᠡᠷᠭᠡᠯᠰᠢᠭᠦᠯᠦᠭᠴᠢ ᠮᠥᠨ᠂ ᠪᠠᠰᠠ ᠴᠤ ᠵᠣᠯ ᠵᠢᠷᠭᠠᠯ ᠲᠠᠢ ᠶᠤᠮ᠃ ᠪᠢᠳᠡ ᠰᠢᠨᠲᠠᠷᠠᠰᠢ ᠦᠭᠡᠢ ᠡᠷᠡᠰ ᠪᠠᠲᠤ ᠪᠠᠷᠢᠮᠲᠠᠯᠠᠯ ᠪᠠ ᠬᠡᠵᠢᠶᠡᠳᠡ ᠬᠤᠪᠢᠷᠠᠰᠢ ᠦᠭᠡᠢ ᠵᠠᠯᠠᠭᠤ ᠨᠠᠰᠤᠨ ᠤ ᠬᠠᠯᠠᠭᠤᠨ ᠴᠢᠰᠤ ᠪᠠᠷ ᠢᠶᠠᠨ ᠬᠦᠰᠡᠯ ᠵᠡᠭᠦᠳᠦ ᠪᠠᠨ ᠴᠣᠭᠴᠠᠯᠠᠵᠤ᠂ ᠲᠡᠮᠡᠴᠡᠯ ᠤᠨ ᠢᠲᠡᠭᠡᠯ ᠵᠣᠷᠢᠭ᠂ ᠲᠡᠮᠡᠴᠡᠯ ᠤᠨ ᠣᠷᠭᠢᠯᠤᠮ᠎ᠠ ᠰᠡᠳᠬᠢᠯᠭᠡ ᠪᠠ ᠲᠡᠮᠡᠴᠡᠯ ᠤᠨ ᠬᠦᠴᠦᠨ ᠢᠶᠠᠷ ᠡᠷᠡᠯᠬᠡᠭᠯᠡᠨ ᠲᠡᠮᠡᠴᠡᠬᠦ ᠵᠣᠷᠢᠭ ᠰᠠᠨᠠᠭ᠎ᠠ ᠶᠢ ᠨᠢᠭᠲᠠᠷᠠᠭᠤᠯᠵᠤ᠂ ᠠᠭᠤᠤ ᠶᠡᠭᠡ ᠬᠦᠰᠡᠯ ᠵᠡᠭᠦᠳᠦ ᠶᠢᠨ ᠲᠥᠯᠥᠭᠡ ᠵᠣᠭᠰᠣᠯ ᠦᠭᠡᠢ ᠣᠷᠣᠭᠰᠢᠯᠠᠨ᠂ ᠴᠣ᠋ ᠰᠢᠨ᠎ᠡ ᠢᠷᠡᠭᠡᠳᠦᠢ ᠵᠦᠭ ᠵᠠᠮ ᠨᠡᠭᠡᠭᠡᠨ ᠣᠷᠣᠭᠰᠢᠯᠠᠵᠦ᠂ ᠬᠠᠯᠠᠭᠤᠨ ᠲᠤᠰᠤᠯ ᠤᠨ ᠬᠦᠴᠦᠨ ᠢ ᠨᠢᠭᠲᠠᠷᠠᠭᠤᠯᠪᠠᠯ ᠮᠥᠷᠡᠨ ᠲᠠᠩᠭᠢᠰ ᠤᠨ ᠨᠡᠯᠦᠭᠡᠷ ᠠᠭᠤᠳᠠᠮ ᠪᠣᠯᠤᠨ᠎ᠠ᠄ ᠠᠯᠠᠭᠠᠨ ᠴᠢᠨᠡᠭᠡᠨ ᠨᠤᠲᠤᠭ ᠳᠡᠪᠢᠰᠬᠡᠷ ᠢ ᠨᠢᠭᠲᠠᠷᠠᠭᠤᠯᠵᠤ᠂ ᠥᠨᠳᠥᠷ ᠠᠭᠤᠯᠠ ᠶᠢᠨ ᠰᠦᠷ ᠵᠢᠪᠬᠤᠭ᠎ᠠ ᠶᠢ ᠨᠢᠬᠲᠠᠷᠠᠭᠤᠯᠤᠨ᠂ ᠲᠡᠮᠡᠴᠡᠯ ᠢᠶᠠᠷ ᠭᠡᠷᠡᠯ ᠰᠠᠴᠤᠷᠠᠩᠭᠤᠢ ᠲᠡᠦᠬᠡ ᠶᠢ ᠪᠢᠴᠢᠭᠯᠡᠵᠦ᠂ ᠲᠡᠮᠡᠴᠡᠯ ᠢᠶᠠᠷ ᠦᠨᠳᠦᠰᠦᠲᠡᠨ ᠤ ᠢᠲᠡᠭᠡᠯ ᠵᠣᠷᠢᠭ ᠢ ᠬᠥᠪᠴᠢᠯᠡᠨ᠎ᠡ᠂ ᠰᠢᠨ᠎ᠡ ᠴᠠᠭ ᠦᠶ᠎ᠡ ᠶᠢᠨ ᠭᠠᠶᠢᠯᠢ ᠶᠢᠨ ᠶᠠᠪᠤᠳᠠᠯ ᠤᠨ ᠠᠵᠢᠯᠲᠠᠨ ᠪᠣᠯᠤᠭᠰᠠᠨ ᠤ ᠬᠤᠪᠢ ᠳᠤ᠂ ᠪᠢᠳᠡ ᠬᠦᠰᠡᠯ ᠵᠡᠭᠦᠳᠦ ᠪᠠᠨ ᠡᠪᠦᠷᠯᠡᠵᠦ᠂ ᠡᠷᠡᠮᠡᠬᠡᠶᠢᠯᠡᠨ ᠲᠡᠮᠡᠴᠡᠳᠡᠭ ᠯᠡ ᠶᠤᠮ ᠪᠣᠯ ᠰᠦᠷ ᠳᠠᠯᠠᠶᠢᠴᠠᠲᠠᠢ ᠠᠤᠭ᠎ᠠ ᠬᠦᠴᠦᠨ ᠢ ᠨᠢᠭᠲᠠᠷᠠᠭᠤᠯᠵᠤ᠂ ᠴᠠᠭ ᠦᠶ᠎ᠡ ᠶᠢᠨ ᠰᠢᠨ᠎ᠡ ᠠᠶᠠᠨ ᠵᠠᠮ ᠳᠤ ᠬᠢᠮᠢ ᠶᠢᠨ ᠠᠵᠤ ᠦᠢᠯᠡᠳᠪᠦᠷᠢ ᠶᠢᠨ ᠠᠭᠤᠤ ᠦᠢᠯᠡᠰ ᠤᠨ ᠰᠢᠨ᠎ᠡ ᠬᠠᠭᠤᠳᠠᠰᠤ ᠶᠢ ᠪᠢᠴᠢᠭᠯᠡᠵᠦ ᠴᠢᠳᠠᠨ᠎ᠠ᠃
     ᠰᠢ ᠶᠢᠨ ᠫᠢᠩ ᠶᠡᠷᠦᠩᠬᠡᠶ ᠱᠦᠵᠢ ᠶᠢᠨ ︽ᠲᠤᠯᠤᠭᠠᠨ ᠰᠠᠷ᠎ᠠ ᠶᠢᠨ ᠨᠢᠭᠡᠨ︾ ᠤ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠭᠰᠠᠨ ᠣᠯᠤᠯᠲᠠ ᠲᠦᠷᠦᠭᠳᠡᠯ      ᠬᠠᠶᠢᠨᠠᠨ ᠲᠣᠭᠤᠷᠢᠭ ᠤᠨ ᠬᠦᠬᠤᠰᠤ ᠪᠠᠭ᠎ᠠ ᠰᠤᠷᠭᠠᠭᠤᠯᠢ      ᠯᠢᠶᠠᠩ ᠸᠧᠨ ᠵᠢᠩ      7 ᠳ᠋ᠣᠭᠠᠷ ᠰᠠᠷ᠎ᠠ ᠶᠢᠨ 1 ᠤ ᠡᠳᠦᠷ ᠤᠨ ᠦᠳᠡ ᠶᠢᠨ ᠡᠮᠦᠨ᠎ᠡ᠂ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠣᠶ ᠶᠢ ᠪᠡᠯᠭᠡᠯᠡᠬᠦ ᠶᠡᠭᠡ ᠬᠤᠷᠠᠯ ᠪᠡᠭᠡᠵᠢᠩ ᠤᠨ ᠲᠢᠶᠠᠨ ᠠᠨ ᠮᠧᠨ ᠲᠠᠯᠠᠪᠠᠶ ᠳᠤ ᠦᠪᠡᠳᠡᠭᠰᠢ ᠶᠡᠭᠡ ᠪᠠᠷ ᠶᠠᠪᠤᠭᠳᠠᠵᠤ᠂ ᠶᠡᠷᠦᠩᠬᠡᠶ ᠱᠦᠵᠢ ᠰᠢ ᠶᠢᠨ ᠫᠢᠩ ᠶᠡᠭᠡ ᠬᠤᠷᠠᠯ ᠳᠡᠭᠡᠷ᠎ᠡ ᠴᠢᠬᠤᠯᠠ ᠶᠠᠷᠢᠶ᠎ᠠ ᠲᠠᠯᠪᠢᠪᠠ᠃ ᠰᠢ ᠶᠢᠨ ᠫᠢᠩ ᠶᠠᠷᠢᠶᠠᠨ ᠳᠠᠭᠠᠨ ᠵᠢᠭᠠᠵᠤ ᠭᠠᠷᠭᠠᠭᠰᠠᠨ ᠨᠢ᠂ ᠢᠷᠡᠭᠡᠳᠦᠶ ᠪᠣᠯ ᠵᠠᠯᠠᠭᠤᠴᠤᠳ ᠤᠨ ᠬᠢ ᠶᠤᠮ᠂ ᠬᠦᠰᠡᠯ ᠡᠷᠡᠮᠡᠯᠵᠡᠯ ᠢᠶᠠᠨ ᠵᠠᠯᠠᠭᠤᠴᠤᠳ ᠲᠤ ᠨᠠᠶᠢᠳᠠᠵᠤ ᠪᠠᠶᠢᠨ᠎ᠠ᠃ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠵᠠᠯᠠᠭᠤᠴᠤᠳ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠪᠠᠷ ᠥᠪᠡᠷ ᠤᠨ ᠡᠭᠦᠷᠭᠡ ᠪᠠᠨ ᠪᠣᠯᠭᠠᠵᠤ᠂ ᠳᠤᠮᠳᠠᠳᠤ ᠤᠯᠤᠰ ᠤᠨ ᠬᠥᠮᠦᠨ ᠪᠣᠯᠬᠤ ᠰᠥᠰᠥ ᠵᠣᠷᠢᠭ᠂ ᠢᠳᠡ ᠬᠦᠴᠦ ᠪᠠᠨ ᠨᠡᠮᠡᠭᠳᠡᠭᠦᠯᠵᠦ᠂ ᠴᠠᠭ ᠦᠶ᠎ᠡ ᠶᠢ ᠬᠥᠰᠡᠷᠳᠡᠭᠦᠯᠬᠦ ᠦᠭᠡᠢ᠂ ᠵᠠᠯᠠᠭᠤ ᠨᠠᠰᠤ ᠶᠢ ᠬᠥᠰᠡᠷᠳᠡᠭᠦᠯᠬᠦ ᠦᠭᠡᠢ᠂ ᠨᠠᠮ ᠪᠠ ᠠᠷᠠᠳ ᠲᠦᠮᠡᠨ ᠤ ᠨᠠᠨᠳᠢᠨ ᠬᠦᠰᠡᠯ ᠡᠷᠡᠮᠡᠯᠵᠡᠯ ᠢ ᠬᠥᠰᠡᠷᠳᠡᠭᠦᠯᠬᠦ ᠦᠭᠡᠢ ᠪᠠᠶᠢᠬᠤ ᠬᠡᠷᠡᠭᠲᠡᠢ᠃      ᠰᠢ ᠶᠢᠨ ᠫᠢᠩ ᠶᠡᠷᠦᠩᠬᠡᠶ ᠱᠦᠵᠢ ᠶᠢᠨ ᠶᠠᠷᠢᠶ᠎ᠠ ᠶᠢ ᠰᠣᠨᠣᠰᠤᠭᠠᠳ ᠮᠢᠨᠦ ᠬᠠᠯᠠᠭᠤᠨ ᠴᠢᠰᠤ ᠣᠷᠭᠢᠯᠵᠤ᠂ ᠰᠡᠳᠬᠢᠯ ᠳᠣᠭᠳᠣᠯᠵᠤ ᠪᠠᠶᠢᠨ᠎ᠠ︕ ᠵᠠᠯᠠᠭᠤ ᠪᠠᠭᠰᠢ᠂ ᠨᠢᠭᠡᠨ ᠡᠪ ᠬᠠᠮᠲᠤ ᠨᠠᠮ ᠤᠨ ᠭᠡᠰᠢᠭᠦᠨ ᠪᠣᠯᠤᠭᠰᠠᠨ ᠤ ᠬᠤᠪᠢ ᠳᠤ᠂ ᠪᠢᠳᠡ ᠴᠠᠭ ᠦᠶ᠎ᠡ ᠶᠢᠨ ᠠᠯᠬᠤᠮ ᠢ ᠰᠠᠯᠤᠯ ᠦᠭᠡᠢ ᠲᠠᠭᠠᠵᠤ᠂ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠠᠷ ᠬᠥᠳᠡᠯᠭᠡᠬᠦ ᠬᠦᠴᠦᠨ ᠪᠣᠯᠭᠠᠵᠤ᠂ ᠥᠪᠡᠷ ᠤᠨ ᠤᠯᠤᠰ ᠲᠦᠷᠦ ᠶᠢᠨ ᠤᠬᠠᠮᠰᠠᠷ ᠢᠶᠠᠨ ᠲᠠᠰᠤᠷᠠᠯᠳᠠ ᠦᠭᠡᠢ ᠳᠡᠭᠡᠭᠰᠢᠯᠡᠭᠦᠯᠵᠦ᠂ ᠡᠯ᠎ᠡ ᠵᠦᠢᠯ ᠤᠨ ᠲᠤᠬᠠᠶᠢᠯᠠᠭᠰᠠᠨ ᠠᠵᠢᠯ ᠢᠶᠠᠨ ᠰᠠᠶᠢᠲᠤᠷ ᠪᠡᠶᠡᠯᠡᠭᠦᠯᠵᠦ᠂ ᠰᠢᠷᠭᠠᠭᠤ ᠬᠠᠲᠠᠭᠤᠵᠢᠯᠲᠠᠶ ᠰᠤᠷᠤᠯᠴᠠᠬᠤ ᠦᠯᠢᠭᠡᠷ ᠳᠠᠭᠤᠷᠢᠶᠠᠯ ᠪᠣᠯᠬᠤ ᠪᠠᠷ ᠴᠢᠷᠮᠠᠶᠢᠵᠤ᠂ ᠨᠡᠩ ᠥᠨᠳᠥᠷ ᠲᠠᠨᠢᠯᠲᠠ᠂ ᠨᠡᠩ ᠶᠡᠭᠡ ᠡᠷᠡᠰ ᠵᠣᠷᠢᠭ᠂ ᠨᠡᠩ ᠲᠡᠭᠦᠯᠳᠡᠷ ᠡᠷᠴᠢ ᠵᠣᠷᠢᠭ ᠢᠶᠠᠷ ᠯᠠᠪᠳᠠᠭᠤᠨ ᠪᠠᠲᠤᠲᠠᠶ ᠠᠵᠢᠯᠯᠠᠵᠤ᠂ ᠨᠢᠭᠡ ᠦᠶ᠎ᠡ ᠶᠢᠨ ᠬᠥᠮᠦᠰ ᠢ ᠰᠠᠶᠢᠲᠤᠷ ᠬᠥᠮᠦᠵᠢᠭᠦᠯᠵᠦ᠂ ᠳᠤᠮᠳᠠᠳᠤ ᠶᠢᠨ ᠵᠡᠭᠦᠳᠦ ᠶᠢ ᠪᠡᠶᠡᠯᠡᠭᠦᠯᠬᠦ ᠳᠤ ᠸᠠᠭᠠᠷ ᠲᠣᠭᠤᠰᠬ᠎ᠠ ᠨᠡᠮᠡᠬᠦ   ᠪᠠᠷ ᠴᠢᠷᠮᠠᠶᠢᠨ᠎ᠠ︕
     ᠰᠢ ᠶᠢᠨ ᠫᠢᠩ ᠶᠡᠷᠦᠩᠬᠡᠶ ᠱᠦᠵᠢ ᠶᠢᠨ ︽ᠲᠤᠯᠤᠭᠠᠨ ᠰᠠᠷ᠎ᠠ ᠶᠢᠨ ᠨᠢᠭᠡᠨ︾ ᠤ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠭᠰᠠᠨ ᠣᠯᠤᠯᠲᠠ ᠲᠦᠷᠦᠭᠳᠡᠯ      ᠬᠠᠶᠢᠨᠠᠨ ᠲᠣᠭᠤᠷᠢᠭ ᠤᠨ ᠠᠷᠠᠳ ᠤᠨ ᠡᠮᠨᠡᠯᠭᠡ ᠶᠢᠨ ᠬᠤᠷᠢᠶᠠᠨ ᠤ ᠬᠠᠩᠭᠠᠬᠤ ᠲᠠᠰᠤᠭ ᠤᠨ ᠰᠤᠪᠢᠯᠠᠭᠴᠢ ᠶᠢᠨ ᠳᠠᠷᠤᠭ᠎ᠠ      ᠸᠠᠩ ᠹᠠᠩ      ᠮᠠᠨ ᠤ ᠨᠠᠮ 100 ᠵᠢᠯ ᠤᠨ ᠰᠢᠷᠭᠠᠭᠤ ᠬᠠᠲᠠᠭᠤᠵᠢᠯᠲᠠᠶ ᠲᠡᠮᠡᠴᠡᠯ ᠤᠨ ᠵᠠᠮ ᠢᠶᠠᠷ ᠵᠠᠮᠨᠠᠵᠤ᠂ ᠮᠠᠨ ᠤ ᠬᠥᠮᠦᠨ ᠨᠢᠭᠡᠪᠦᠷᠢ ᠴᠥᠮ ᠥᠪᠡᠷ ᠤᠨ ᠨᠠᠮ ᠤᠨ ᠢᠶᠠᠨ ᠲᠥᠯᠥᠭᠡ ᠣᠮᠣᠭᠰᠢᠵᠤ᠂ ᠳᠤᠮᠳᠠᠳᠤ ᠤᠯᠤᠰ ᠤᠨ ᠠᠷᠠᠳ ᠲᠦᠮᠡᠨ ᠢ ᠤᠳᠤᠷᠢᠳᠤᠨ ᠰᠢᠨ᠎ᠡ ᠠᠷᠠᠳᠴᠢᠯᠠᠭᠰᠠᠨ ᠬᠤᠪᠢᠰᠬᠠᠯ ᠢ ᠪᠡᠶᠡᠯᠡᠭᠦᠯᠵᠦ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠢ ᠪᠦᠲᠦᠭᠡᠨ ᠪᠠᠶᠢᠭᠤᠯᠬᠤ ᠵᠠᠮ ᠢ ᠡᠭᠦᠳᠦᠨ ᠨᠡᠭᠡᠭᠡᠵᠡᠶ᠃ ᠨᠠᠮ ᠤᠨ ᠤᠳᠤᠷᠢᠳᠤᠯᠭ᠎ᠠ ᠪᠠᠶᠢᠬᠤ ᠦᠭᠡᠢ ᠪᠣᠯ ᠮᠠᠨ ᠤ ᠥᠨᠥᠳᠦᠷ ᠤᠨ ᠵᠣᠯ ᠵᠢᠷᠭᠠᠯᠲᠤ ᠠᠮᠢᠳᠤᠷᠠᠯ ᠪᠠᠶᠢᠵᠤ ᠴᠢᠳᠠᠬᠤ ᠦᠭᠡᠢ ᠶᠤᠮ᠃ ᠪᠢᠳᠡ ᠭᠠᠭᠴᠠ ᠬᠦ ᠨᠡᠩ ᠢᠯᠡᠭᠦᠦ ᠴᠢᠷᠮᠠᠶᠢᠨ ᠰᠤᠷᠤᠯᠴᠠᠪᠠᠯ ᠢᠷᠡᠭᠡᠳᠦᠶ ᠳᠤ ᠰᠠᠶ᠋ᠢ ᠨᠠᠮ ᠤᠨ ᠵᠠᠯᠭᠠᠮᠵᠢᠯᠠᠭᠴᠢ ᠶᠢᠨ ᠠᠵᠢᠯ ᠢ ᠰᠠᠶᠢᠨ ᠬᠢᠵᠦ ᠴᠢᠳᠠᠨ᠎ᠠ᠃ ᠨᠠᠮ ᠪᠣᠯ ᠪᠢᠳᠡᠨ ᠤ ᠣᠮᠣᠭᠰᠢᠯ ᠮᠥᠨ᠂ ᠪᠢᠳᠡ ᠨᠠᠮ ᠢᠶᠠᠨ ᠡᠭᠦᠷᠢᠳᠡ ᠬᠠᠶᠢᠷᠠᠯᠠᠨ᠎ᠠ᠃
     ᠰᠢ ᠶᠢᠨ ᠫᠢᠩ ᠶᠡᠷᠦᠩᠬᠡᠶ ᠱᠦᠵᠢ ᠶᠢᠨ ︽ᠲᠤᠯᠤᠭᠠᠨ ᠰᠠᠷ᠎ᠠ ᠶᠢᠨ ᠨᠢᠭᠡᠨ︾ ᠤ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠭᠰᠠᠨ ᠣᠯᠤᠯᠲᠠ ᠲᠦᠷᠦᠭᠳᠡᠯ      ᠥᠪᠥᠷ ᠮᠣᠩᠭᠤᠯ ᠤᠨ ᠦᠬᠠᠶ ᠶᠢᠨ ᠬᠢᠮᠢ ᠶᠢᠨ ᠠᠵᠤ ᠦᠢᠯᠡᠳᠪᠦᠷᠢ ᠶᠢᠨ ᠺᠤᠮᠫᠠᠨᠢ      ᠵᠠᠩ ᠰᠢᠩ ᠪᠢᠨ      2021 ᠣᠨ ᠤ 7 ᠳ᠋ᠣᠭᠠᠷ ᠰᠠᠷ᠎ᠠ ᠶᠢᠨ 1 ᠤ ᠡᠳᠦᠷ᠂ ᠪᠢᠳᠡ ᠬᠡᠭᠦᠳᠡᠭ ᠳᠦᠭᠦᠷᠡᠩ ᠣᠮᠤᠭ ᠪᠠᠭ᠋ᠠᠳᠤᠯ ᠢ ᠡᠪᠦᠷᠯᠡᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠵᠠᠭᠤᠨ ᠵᠢᠯ ᠤᠨ ᠤᠢ ᠶᠢ ᠤᠭᠲᠤᠵᠤ᠂ ᠪᠦᠬᠦ ᠤᠯᠤᠰ ᠢᠶᠠᠷ ᠢᠶᠠᠨ ᠬᠠᠮᠲᠤ ᠪᠠᠷ ︽ᠨᠠᠮ ᠪᠠᠶᠢᠭᠤᠯᠤᠭᠳᠠᠭᠰᠠᠨ 100 ᠵᠢᠯ ᠤᠨ ᠣᠢ︾ ᠶᠢ ᠪᠡᠯᠭᠡᠯᠡᠪᠡ᠃ ᠲᠢᠶᠠᠨ ᠠᠨ ᠮᠧᠨ ᠲᠠᠯᠠᠪᠠᠢ ᠶᠢᠨ ᠤᠯᠠᠭᠠᠨ ᠲᠤᠭ ᠰᠠᠯᠬᠢᠨ ᠤ ᠠᠶ᠎ᠠ ᠪᠠᠷ ᠨᠠᠮᠢᠷᠠᠵᠤ᠂ ᠶᠣᠰᠣᠯᠠᠯ ᠤᠨ ᠫᠤᠤ ᠣᠭᠲᠠᠷᠭᠤᠢ ᠳᠤ ᠴᠤᠤᠷᠢᠶᠠᠲᠤᠨ᠎ᠠ᠃ 1921᠂ 1931᠂ 1941  ᠁ ᠁ 2021 ᠣᠨ ᠤ ᠵᠠᠭᠤᠨ ᠵᠢᠯ ᠤᠨ ᠥᠩᠭᠡᠷᠡᠯᠲᠡ ᠣᠬᠤᠷᠬᠠᠨ ᠬᠡᠳᠦᠨ ᠠᠷᠪᠠᠨ ᠰᠧᠺᠦ᠋ᠨ᠋ᠳ᠋ ᠤᠨ ᠳᠤᠮᠳᠠ ᠠᠭᠰᠢᠷᠠᠬᠤ ᠶᠢ ᠳᠠᠭᠠᠯᠳᠤᠨ᠂  ᠬᠥᠮᠦᠰ ᠤᠨ ᠪᠣᠳᠣᠯ ᠰᠠᠨᠠᠭ᠎ᠠ ᠶᠢ ᠴᠠᠭ ᠣᠷᠣᠨ ᠵᠠᠶ ᠶᠢ ᠲᠤᠭᠤᠯᠠᠭᠤᠯᠤᠯ᠎ᠠ᠃      ᠲᠡᠷᠢᠭᠦᠯᠡᠭᠴᠢ ᠰᠢ ᠶᠢᠨ ᠫᠢᠩ ᠠᠴᠠ ︽ᠵᠠᠭᠤᠨ ᠵᠢᠯ ᠤᠨ ᠲᠡᠮᠡᠴᠡᠯ ᠨᠢ ᠠᠭᠤᠤ ᠶᠡᠭᠡ ᠬᠦᠰᠡᠯ ᠵᠡᠭᠦᠳᠦ ᠶᠢᠨ ᠠᠶᠠᠯᠠᠯ ᠤᠨ ᠳᠠᠷᠪᠠᠭᠤᠯ ᠢ ᠠᠴᠢᠶᠠᠯᠠᠪᠠ︾᠂ ᠡᠳᠦᠭᠡ ︽ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠳᠤ ᠪᠤᠴᠠᠰᠢ ᠦᠭᠡᠢ ᠲᠡᠦᠬᠡᠨ ᠠᠬᠢᠴᠠ ᠳᠤ ᠤᠷᠤᠭᠰᠠᠨ︾ ᠠᠶᠠᠯᠠᠯ ᠤᠨ ᠵᠠᠮ ᠳᠤ ᠣᠷᠣᠯ᠎ᠠ᠃ ᠬᠦᠰᠡᠯᠡᠩ ᠢᠶᠠᠨ ᠪᠠᠲᠤ ᠰᠠᠬᠢᠨ᠂ ᠤᠭ ᠰᠠᠨᠠᠭ᠎ᠠ ᠪᠠᠨ ᠦᠢᠯᠡᠳᠦᠯᠭᠡᠵᠢᠭᠦᠯᠵᠦ᠂ ᠡᠭᠦᠷᠭᠡ ᠬᠠᠷᠢᠭᠤᠴᠠᠯᠭ᠎ᠠ ᠪᠠᠨ ᠡᠭᠦᠷᠭᠡᠯᠡᠵᠦ᠂ ᠨᠠᠮ ᠳᠠᠭᠠᠨ ᠦᠨᠡᠨᠴᠢ ᠰᠢᠳᠤᠷᠭᠤ ᠪᠠᠶᠢᠵᠤ᠂ ᠠᠷᠠᠳ ᠲᠦᠮᠡᠨ ᠤ ᠬᠦᠨᠳᠦ ᠨᠠᠶᠢᠳᠠᠯᠭ᠎ᠠ ᠶᠢ ᠬᠥᠰᠡᠷᠳᠡᠭᠦᠯᠬᠦ ᠦᠭᠡᠢ ᠪᠠᠶᠢᠬᠤ ᠬᠡᠷᠡᠭᠲᠡᠢ᠃ ᠬᠡᠳᠦᠢ ᠤᠷᠳᠤ ᠵᠠᠮ ᠢ ᠥᠩᠭᠡᠷᠡᠵᠦ᠂ ᠬᠡᠳᠦᠢ ᠬᠤᠯᠠ ᠢᠷᠡᠭᠡᠳᠦᠢ ᠳᠤ ᠬᠦᠷᠦᠭᠰᠡᠡ ᠴᠦ ᠢᠷᠡᠬᠦ ᠦᠶ᠎ᠡ ᠶᠢᠨ ᠵᠠᠮ ᠢᠶᠠᠨ ᠮᠠᠷᠲᠠᠵᠤ ᠪᠣᠯᠬᠤ ᠦᠭᠡᠢ᠃ ᠥᠩᠭᠡᠷᠡᠭᠰᠡᠨ ᠤ ᠶᠠᠪᠤᠳᠠᠯ ᠢᠶᠠᠨ ᠡᠷᠭᠢᠴᠡᠭᠦᠯᠬᠦᠶ᠎ᠡ ᠰᠡᠳᠬᠢᠯ ᠤᠨ ᠳᠠᠪᠠᠯᠭᠠᠨ ᠣᠶᠢᠯᠤᠨ᠎ᠠ᠃ ᠡᠳᠦᠭᠡ ᠶᠢᠨ ᠪᠠᠶᠢᠳᠠᠯ ᠢ ᠬᠠᠷᠠᠵᠤ᠂ ᠮᠡᠷᠡᠶᠢᠨ ᠲᠡᠮᠡᠴᠡᠵᠡᠭᠡᠶ᠎ᠡ᠃ ᠵᠠᠯᠠᠭᠤᠴᠤᠳ ᠪᠠᠭᠠᠴᠤᠳ ᠤᠨ ᠲᠥᠯᠥᠭᠡᠯᠡᠭᠴᠢᠳ ᠤᠨ ᠳᠠᠭᠤᠨ ᠨᠢᠭᠡᠲᠡᠶ ᠪᠠᠷ᠄ ︽ᠡᠬᠡ ᠤᠯᠤᠰ ᠤᠨ ᠢᠷᠡᠭᠡᠳᠦᠶ ᠪᠣᠯ ᠪᠢᠳᠡ ᠮᠥᠨ ᡽︾ ᠭᠡᠵᠦ ᠥᠨᠳᠥᠷ ᠳᠠᠭᠤᠨ ᠢᠶᠠᠷ ᠬᠠᠰᠬᠢᠷᠪᠠ᠃ ᠪᠠᠭᠠᠴᠤᠳ ᠬᠦᠴᠦᠷᠬᠡᠭᠵᠢᠪᠡᠯ ᠤᠯᠤᠰ ᠬᠦᠴᠦᠷᠬᠡᠭᠵᠢᠨ᠎ᠡ᠃  ᠵᠠᠯᠠᠭᠤᠴᠤᠳ ᠨᠠᠮ ᠢᠶᠠᠨ ᠬᠠᠶᠢᠷᠠᠯᠠᠪᠠᠰᠤ᠂ ᠮᠠᠨ ᠤ ᠨᠠᠮ ᠨᠡᠩ ᠬᠦᠴᠦᠷᠬᠡᠭ ᠪᠣᠯᠤᠨ᠎ᠠ ᠭᠡᠵᠦ ᠬᠡᠯᠡᠶ᠎ᠡ ᠭᠡᠵᠦ ᠪᠤᠳᠤᠵᠤ ᠪᠠᠶᠢᠨ᠎ᠠ︕      ᠤᠭ ᠰᠠᠨᠠᠭ᠎ᠠ ᠶᠢ ᠤᠯᠬᠤ ᠳᠤ ᠬᠢᠯᠪᠠᠷ᠂ ᠢᠮᠠᠭᠲᠠ ᠰᠠᠬᠢᠬᠤ ᠳᠤ ᠪᠡᠷᠬᠡ᠃ ᠡᠳᠦᠭᠡ ᠴᠡᠴᠡᠭᠯᠡᠨ ᠬᠥᠭᠵᠢᠭᠰᠡᠨ ᠦᠵᠡᠰᠬᠦᠯᠡᠩᠲᠦ ᠰᠠᠶᠢᠬᠠᠨ ᠠᠭᠤᠯᠠ ᠤᠰᠤ ᠨᠢ ᠲᠤᠭ᠎ᠠ ᠲᠣᠮᠰᠢ ᠦᠭᠡᠢ ᠦᠷᠡᠭᠳᠡᠭᠰᠡᠨ ᠪᠠᠭᠠᠲᠤᠷᠴᠤᠳ ᠤᠨ ᠢᠲᠡᠭᠡᠯ ᠪᠢᠰᠢᠷᠡᠯ ᠢᠶᠠᠨ ᠪᠠᠲᠤ ᠰᠠᠬᠢᠭᠰᠠᠨ ᠤ ᠦᠷ᠎ᠡ ᠪᠦᠲᠦᠭᠡᠯ ᠮᠥᠨ᠃ ︽ᠪᠠᠷᠢᠮᠲᠠᠯᠠᠬᠤ︾ ᠨᠢᠭᠡᠪᠦᠷᠢ ᠨᠢ ᠴᠥᠮ ᠵᠠᠭᠤᠨ ᠵᠢᠯ ᠤᠨ ᠲᠡᠮᠡᠴᠡᠯ ᠤᠨ ᠠᠮᠵᠢᠯᠲᠠ ᠲᠠᠢ ᠲᠤᠷᠰᠢᠯᠭ᠎ᠠ ᠪᠣᠯᠤᠨ᠎ᠠ᠂ ᠶᠡᠷᠦᠩᠬᠡᠢ ᠱᠦᠵᠢ ︽ᠪᠠᠷᠢᠮᠲᠠᠯᠠᠬᠤ︾ ᠶᠢ ᠲᠠᠬᠢᠨ ᠳᠠᠪᠲᠠᠨ ᠴᠢᠬᠤᠯᠠᠴᠢᠯᠠᠵᠤ ᠪᠠᠶᠢᠭ᠎ᠠ ᠨᠢ ᠳᠠᠷᠤᠢ ᠵᠥᠪ ᠵᠠᠮ ᠪᠣᠯᠤᠨ ᠴᠢᠭᠯᠡᠯ ᠢ ᠡᠷᠡᠰ ᠪᠠᠷᠢᠮᠲᠠᠯᠠᠵᠤ᠂ ᠬᠦᠴᠦᠨ ᠴᠢᠳᠠᠯ ᠢ ᠠᠷᠠᠳ ᠲᠦᠮᠡᠨ ᠠᠴᠠ ᠢᠷᠡᠯᠳᠡ ᠲᠠᠢ᠂ ᠬᠤᠪᠢᠷᠠᠯᠲᠠ ᠶᠢ ᠠᠷᠠᠳ ᠲᠦᠮᠡᠨ ᠳᠤ ᠲᠠᠯᠪᠢᠵᠤ᠂ ᠦᠷ᠎ᠡ ᠪᠦᠲᠦᠭᠡᠯ ᠢ ᠠᠷᠠᠳ ᠲᠦᠮᠡᠨ ᠳᠤ ᠬᠦᠷᠲᠡᠭᠡᠨ᠎ᠡ ᠭᠡᠵᠦ ᠲᠤᠩᠬᠠᠭᠯᠠᠭᠰᠠᠨ ᠶᠠᠪᠤᠳᠠᠯ ᠪᠣᠯᠤᠨ᠎ᠠ᠃ ᠳᠤᠮᠳᠠᠳᠤ ᠶᠢᠨ ᠦᠨᠳᠦᠰᠦᠲᠡᠨ ᠵᠦᠢᠯ ᠵᠦᠢᠯ ᠤᠨ ᠬᠠᠯᠠ ᠵᠣᠪᠠᠯᠠᠩ ᠢ ᠣᠯᠠᠨᠲᠠ ᠥᠩᠭᠡᠷᠡᠭᠦᠯᠵᠦ᠂ ᠪᠣᠰᠴᠤ ᠵᠣᠭᠰᠣᠭᠰᠠᠨ᠂ ᠪᠠᠶᠠᠵᠢᠭᠰᠠᠨ ᠠᠴᠠ ᠪᠠᠨ ᠬᠦᠴᠦᠷᠬᠡᠭᠵᠢᠭᠰᠡᠨ ᠠᠭᠤᠤ ᠶᠡᠭᠡ ᠦᠰᠦᠷᠦᠯᠲᠡ ᠶᠢ ᠪᠡᠶᠡᠯᠡᠭᠦᠯᠪᠡ᠃ ᠠᠷᠠᠳ ᠲᠦᠮᠡᠨ ᠢᠲᠡᠭᠡᠯ ᠪᠢᠰᠢᠷᠡᠯ ᠲᠠᠢ᠂ ᠤᠯᠤᠰ ᠣᠷᠣᠨ ᠬᠦᠴᠦᠨ ᠴᠢᠳᠠᠯ ᠲᠠᠢ᠂ ᠤᠯᠠᠨ ᠤ ᠰᠡᠳᠬᠢᠯ ᠢ ᠨᠢᠭᠲᠠᠷᠠᠭᠤᠯᠵᠤ᠂ ᠡᠷᠡᠮᠡᠬᠡᠶᠢᠯᠡᠨ ᠣᠷᠣᠭᠰᠢᠯᠠᠨ᠂ ᠡᠪ ᠬᠠᠮᠲᠤᠴᠤᠳ ᠤᠨ ᠤᠭ ᠰᠠᠨᠠᠭ᠎ᠠ ᠪᠣᠯᠤᠨ ᠡᠭᠦᠷᠭᠡ ᠬᠠᠷᠢᠭᠤᠴᠠᠯᠭ᠎ᠠ ᠶᠢ ᠦᠢᠯᠡᠳᠦᠯᠭᠡᠵᠢᠭᠦᠯᠦᠨ᠎ᠡ᠃
     ᠰᠢ ᠶᠢᠨ ᠫᠢᠩ ᠶᠡᠷᠦᠩᠬᠡᠶ ᠱᠦᠵᠢ ᠶᠢᠨ ︽ᠲᠤᠯᠤᠭᠠᠨ ᠰᠠᠷ᠎ᠠ ᠶᠢᠨ ᠨᠢᠭᠡᠨ︾ ᠤ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠭᠰᠠᠨ ᠣᠯᠤᠯᠲᠠ ᠲᠦᠷᠦᠭᠳᠡᠯ      ᠪᠠᠷᠠᠭᠤᠨ ᠣᠷᠣᠨ ᠤ ᠲᠦᠯᠦᠪᠯᠡᠭᠡ ᠶᠢᠨ ᠰᠠᠶᠢᠨ ᠳᠣᠷ᠎ᠠ ᠶᠢᠨ ᠠᠵᠢᠯᠯᠠᠭᠴᠢ      ᠯᠢ ᠵᠧᠨ ᠢᠦᠢ      7 ᠳ᠋ᠣᠭᠠᠷ ᠰᠠᠷ᠎ᠠ ᠶᠢᠨ 1 ᠤ ᠡᠳᠦᠷ ᠤᠨ ᠦᠳᠡ ᠶᠢᠨ ᠡᠮᠦᠨ᠎ᠡ᠂ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠣᠶ ᠶᠢ ᠪᠡᠯᠭᠡᠯᠡᠬᠦ ᠶᠡᠭᠡ ᠬᠤᠷᠠᠯ ᠪᠡᠭᠡᠵᠢᠩ ᠤᠨ ᠲᠢᠶᠠᠨ ᠠᠨ ᠮᠧᠨ ᠲᠠᠯᠠᠪᠠᠶ ᠳᠤ ᠦᠪᠡᠳᠡᠭᠰᠢ ᠶᠡᠭᠡ ᠪᠠᠷ ᠶᠠᠪᠤᠭᠳᠠᠪᠠ᠃ ᠡᠪ ᠬᠠᠮᠲᠤ ᠵᠠᠯᠠᠭᠤᠴᠤᠳ ᠤᠨ ᠡᠪᠯᠡᠯ ᠤᠨ ᠭᠡᠰᠢᠭᠦᠨ ᠪᠠ ᠪᠠᠭᠠᠴᠤᠳ ᠤᠨ ᠬᠤᠰᠢᠭᠤᠴᠢ ᠠᠩᠭᠢ ᠶᠢᠨ ᠭᠡᠰᠢᠭᠦᠳ ᠬᠠᠮᠲᠤ ᠶᠢ ᠲᠥᠯᠥᠭᠡᠯᠡᠨ᠄ ︽ᠨᠠᠮ ᠮᠢᠨᠢ ᠰᠠᠨᠠᠭ᠎ᠠ ᠠᠮᠤᠷ ᠪᠠᠶᠢᠭᠠᠷᠠᠶ᠂ ᠤᠯᠤᠰ ᠣᠷᠣᠨ ᠢᠶᠠᠨ ᠬᠦᠴᠦᠷᠬᠡᠭᠵᠢᠭᠦᠯᠬᠦ ᠳᠤ ᠪᠢ ᠪᠠᠶᠢᠨ᠎ᠠ︕︾ ᠭᠡᠵᠦ ᠦᠭᠡ ᠬᠡᠯᠡᠵᠡᠶ᠃ ᠡᠨᠡ ᠪᠣᠯ ᠥᠨᠥᠳᠦᠷ ᠤᠨ ᠵᠠᠯᠠᠭᠤᠴᠤᠳ ᠤᠨ ᠨᠠᠮ ᠳᠤ ᠬᠢᠭᠰᠡᠨ ᠲᠥᠪ ᠴᠢᠩᠭ᠎ᠠ ᠠᠮᠠᠯᠠᠯᠲᠠ ᠮᠥᠨ︕      ᠰᠢᠨ᠎ᠡ ᠴᠠᠭ ᠦᠶ᠎ᠡ ᠰᠢᠨ᠎ᠡ ᠵᠠᠯᠠᠭᠤᠴᠤᠳ ᠪᠣᠯᠤᠭᠰᠠᠨ ᠤ ᠬᠤᠪᠢ ᠳᠤ᠂ ᠡᠭᠦᠨ ᠤ ᠬᠠᠮᠲᠤ ᠡᠪ ᠬᠠᠮᠲᠤ ᠵᠠᠯᠠᠭᠤᠴᠤᠳ ᠤᠨ ᠡᠪᠯᠡᠯ ᠤᠨ ᠨᠢᠭᠡ ᠭᠡᠰᠢᠭᠦᠨ ᠪᠣᠯᠤᠭᠰᠠᠨ ᠤ ᠬᠤᠪᠢ ᠳᠤ᠂ ᠮᠢᠨᠦ ᠦᠵᠡᠬᠦ ᠪᠠᠷ ᠢᠮᠠᠭᠲᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠬᠠᠮᠤᠭ ᠤᠨ ᠰᠢᠨ᠎ᠡ ᠣᠨᠣᠯ ᠤᠨ ᠦᠷ᠎ᠡ ᠪᠦᠲᠦᠭᠡᠯ ᠢᠶᠠᠷ ᠥᠪᠡᠷ ᠢ ᠪᠠᠨ ᠵᠡᠪᠰᠡᠭᠯᠡᠵᠦ᠂ ᠰᠢ ᠶᠢᠨ ᠫᠢᠩ ᠶᠡᠷᠦᠩᠬᠡᠢ ᠱᠦᠵᠢ ᠶᠢᠨ ᠰᠢᠷᠢᠰ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠰᠢᠷᠢᠰ ᠶᠠᠷᠢᠶᠠᠨ ᠤ ᠵᠣᠷᠢᠭ ᠰᠠᠨᠠᠭ᠎ᠠ ᠵᠢᠴᠢ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ᠂ ᠲᠠᠪᠤᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠵᠦ᠂ ᠲᠠᠷᠢᠬᠢ ᠲᠣᠯᠣᠭᠠᠶ ᠪᠠᠨ ᠰᠡᠷᠭᠡᠭ ᠪᠠᠶᠢᠯᠭᠠᠬᠤ ᠪᠠ ᠢᠲᠡᠭᠡᠯ ᠵᠣᠷᠢᠭ ᠢᠶᠠᠨ ᠪᠠᠲᠤ ᠴᠢᠩᠭ᠎ᠠ ᠪᠠᠶᠢᠯᠭᠠᠵᠤ᠂ ᠦᠢᠯᠡᠴᠢᠯᠡᠬᠦ ᠤᠬᠠᠮᠰᠠᠷ ᠢᠶᠠᠨ ᠲᠠᠰᠤᠷᠠᠯᠳᠠ ᠦᠭᠡᠢ ᠴᠢᠩᠭᠠᠷᠠᠭᠤᠯᠤᠨ᠂ ᠥᠪᠡᠷ ᠢ ᠪᠠᠨ ᠴᠢᠩᠭ᠎ᠠ ᠱᠠᠭᠠᠷᠳᠠᠵᠤ᠂ ᠲᠤᠰᠬᠠᠶ ᠮᠡᠷᠭᠡᠵᠢᠯ ᠤᠨ ᠮᠡᠳᠡᠯᠭᠡ ᠶᠢ ᠨᠠᠷᠢᠨ ᠬᠢᠨᠠᠮᠠᠭᠠᠶ ᠰᠤᠳᠤᠯᠵᠤ᠂ ᠰᠢᠷᠭᠠᠭᠤ ᠬᠠᠲᠠᠭᠤᠵᠢᠯᠲᠠᠶ ᠰᠣᠷᠣᠯᠴᠠᠨ᠂ ᠯᠠᠪᠳᠠᠭᠤᠨ ᠪᠠᠲᠤᠲᠠᠶ ᠠᠵᠢᠯᠯᠠᠵᠤ᠂ ᠢᠳᠡᠪᠬᠢᠲᠡᠶ ᠪᠠᠷ ᠤᠷᠤᠭᠰᠢᠯᠠᠨ ᠲᠠᠪᠰᠢᠵᠤ᠂ ᠲᠠᠰᠤᠷᠠᠯᠳᠠ ᠦᠭᠡᠢ ᠰᠢᠨ᠎ᠡ ᠶᠢ ᠡᠭᠦᠳᠴᠦ᠂ ᠦᠭᠡ ᠲᠠᠭᠤᠨ ᠦᠭᠡᠢ ᠪᠠᠷ ᠬᠤᠪᠢ ᠨᠡᠮᠡᠷᠢ ᠦᠵᠡᠭᠦᠯᠵᠦ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠳᠤᠮᠳᠠᠳᠤ ᠶᠢᠨ ᠵᠡᠭᠦᠳᠦ ᠶᠢ ᠪᠡᠶᠡᠯᠡᠭᠦᠯᠬᠦ ᠳᠤ ᠤᠶᠤᠨ ᠤᠬᠠᠭᠠᠨ ᠪᠠ ᠬᠦᠴᠦᠨ ᠴᠢᠳᠠᠯ ᠢᠶᠠᠨ ᠡᠷᠭᠦᠨ᠎ᠡ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号