ᠬᠠᠷᠢᠭᠤ ᠳᠣᠰᠬᠠᠯ ᠤᠨ ᠪᠦᠯᠦᠭ᠄ ᠶᠡᠷᠦᠩᠬᠡᠶ ᠱᠦᠵᠢ ᠶᠢᠨ ︽ᠳᠣᠯᠣᠭᠠᠨ ᠰᠠᠷ᠎ᠠ ᠶᠢᠨ ᠨᠢᠭᠡᠨ︾ ᠤ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ  ᠰᠣᠷᠣᠯᠴᠠᠭᠠᠳ ᠲᠡᠳᠡᠨᠦᠰ ᠤᠨ ᠶᠠᠮᠠᠷ ᠲᠦᠷᠦᠭᠳᠡᠯ ᠲᠠᠢ ᠶᠢ ᠰᠣᠨᠣᠰᠣᠶ᠎ᠠ ︵ᠨᠠᠢᠮᠠ︶
ᠨᠡᠶᠢᠲᠡᠯᠡᠭᠰᠡᠨ ᠴᠠᠭ᠄
2021/7/15
     ᠰᠢ ᠶᠢᠨ ᠫᠢᠩ ᠶᠡᠷᠦᠩᠬᠡᠶ ᠱᠦᠵᠢ ᠶᠢᠨ ︽ᠲᠤᠯᠤᠭᠠᠨ ᠰᠠᠷ᠎ᠠ ᠶᠢᠨ ᠨᠢᠭᠡᠨ︾ ᠤ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠭᠰᠠᠨ ᠣᠯᠤᠯᠲᠠ ᠲᠦᠷᠦᠭᠳᠡᠯ      2020 ᠣᠨ ᠤ ᠥᠪᠡᠷᠲᠡᠭᠡᠨ ᠵᠠᠰᠠᠬᠤ ᠣᠷᠣᠨ ᠤ ᠲᠠᠪᠤᠨ ᠰᠠᠷ᠎ᠠ ᠶᠢᠨ ᠨᠢᠭᠡᠨ ᠤ ᠬᠥᠳᠡᠯᠮᠦᠷᠢ ᠶᠢᠨ ᠱᠠᠩᠨᠠᠯ ᠤᠨ ᠮᠧᠳᠠᠯ ᠬᠦᠷᠲᠡᠭᠴᠢ      ᠢᠦᠢ ᡁᠢ ᠵᠢᠶᠦ᠋ᠨ      7 ᠳ᠋ᠣᠭᠠᠷ ᠰᠠᠷ᠎ᠠ ᠶᠢᠨ 1 ᠤ ᠦᠳᠡ ᠶᠢᠨ ᠡᠮᠦᠨ᠎ᠡ᠂ ᠦᠬᠠᠶ ᠶᠢᠨ ᠰᠠᠢ ᠮᠠ ᠪᠠᠷᠠᠭᠤᠨ ᠣᠷᠠᠨᠳᠦ᠋ᠰᠢ ᠶᠢᠨ ᠺᠣᠮᠫᠠᠨᠢ ᠶᠢᠨ ᠨᠠᠮ ᠤᠨ ᠬᠤᠷᠢᠶ᠎ᠠ ᠺᠣᠮᠫᠠᠨᠢ ᠶᠢᠨ ᠪᠦᠬᠦ ᠨᠠᠮ ᠤᠨ ᠭᠡᠰᠢᠭᠦᠨ ᠪᠣᠯᠤᠨ ᠭᠤᠣᠯᠯᠠᠭᠴᠢ ᠬᠦᠴᠦᠨ ᠢ ᠵᠣᠬᠢᠶᠠᠨ ᠪᠠᠶᠢᠭᠤᠯᠵᠤ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠣᠶ ᠶᠢ ᠪᠡᠯᠭᠡᠯᠡᠬᠦ ᠶᠡᠭᠡ ᠬᠤᠷᠠᠯ ᠢ ᠰᠣᠨᠢᠷᠬᠠᠭᠰᠠᠨ ᠤ ᠳᠠᠷᠠᠭ᠎ᠠ᠂ ᠮᠢᠨᠦ ᠦᠵᠡᠬᠦ ᠪᠠᠷ᠂ ᠦᠬᠠᠢ ᠶᠢᠨ ᠰᠠᠢ ᠮᠠ ᠪᠠᠷᠠᠭᠤᠨ ᠣᠷᠠᠨᠳᠦ᠋ᠰᠢ ᠶᠢᠨ ᠺᠣᠮᠫᠠᠨᠢ ᠶᠢᠨ ᠳᠤᠮᠳᠠ ᠳᠠᠪᠬᠤᠷᠭ᠎ᠠ ᠶᠢᠨ ᠺᠠᠳ᠋ᠷ ᠪᠣᠯᠤᠭᠰᠠᠨ ᠤ ᠬᠤᠪᠢ ᠳᠤ᠂ ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠣᠳᠣᠬᠠᠨ ᠤ ᠲᠡᠷᠢᠭᠦᠨ ᠴᠢᠬᠤᠯᠠ ᠤᠯᠤᠰ ᠲᠦᠷᠦ ᠶᠢᠨ ᠡᠭᠦᠷᠭᠡ ᠪᠣᠯᠭᠠᠵᠤ᠂ ᠠᠵᠤ ᠠᠬᠤᠶᠢᠯᠠᠯ ᠤᠨ ᠪᠦᠬᠦ ᠠᠵᠢᠯᠲᠠᠳ ᠢ ᠳᠠᠭᠠᠭᠤᠯᠤᠨ ᠲᠡᠷᠢᠭᠦᠨ ᠵᠡᠷᠭᠡ ᠶᠢᠨ ᠪᠣᠯᠬᠤ ᠪᠠᠷ ᠬᠦᠴᠦᠯᠡᠨ ᠲᠡᠮᠡᠴᠡᠵᠦ᠂ ᠶᠠᠰᠤ ᠴᠢᠨᠠᠷ ᠢᠶᠠᠷ ᠨᠡᠩ ᠰᠠᠶᠢᠨ᠂ ᠦᠷ᠎ᠡ ᠠᠰᠢᠭ ᠢᠶᠠᠷ ᠨᠡᠩ ᠥᠨᠳᠥᠷ᠂ ᠦᠷᠢᠰᠦᠯᠳᠦᠬᠦ ᠬᠦᠴᠦᠨ ᠢᠶᠠᠷ ᠨᠡᠩ ᠴᠢᠩᠭ᠎ᠠ᠂ ᠨᠥᠯᠥᠭᠡᠯᠡᠬᠦ ᠬᠦᠴᠦᠨ ᠢᠶᠠᠷ ᠨᠡᠩ ᠶᠡᠭᠡ ᠬᠥᠭᠵᠢᠯᠲᠡ ᠶᠢ ᠪᠡᠶᠡᠯᠡᠭᠦᠯᠬᠦ ᠬᠡᠷᠡᠭᠲᠡᠢ᠃      ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ ᠶᠠᠷᠢᠶ᠎ᠠ ᠪᠣᠯᠤᠨ ᠪᠣᠳᠠᠲᠠᠢ ᠠᠵᠢᠯ ᠢ ᠤᠶᠠᠯᠳᠤᠭᠤᠯᠵᠤ᠂ ᠠᠵᠤ ᠠᠬᠤᠶᠢᠯᠠᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ᠂ ᠦᠢᠯᠡᠳᠬᠦᠨ ᠤ ᠰᠢᠨ᠎ᠡ ᠶᠢ ᠡᠭᠦᠳᠬᠦ᠂ ᠦᠢᠯᠡᠳᠪᠦᠷᠢᠯᠡᠯ ᠤᠨ ᠮᠡᠷᠭᠡᠵᠢᠯ ᠤᠨ ᠰᠢᠨ᠎ᠡ ᠶᠢ ᠡᠭᠦᠳᠬᠦ ᠶᠢ ᠵᠣᠷᠢᠭᠲᠠᠢ ᠪᠠᠷ ᠠᠬᠢᠭᠤᠯᠵᠤ᠂ ᠰᠢᠨ᠎ᠡ ᠶᠢ ᠡᠭᠦᠳᠬᠦ ᠪᠠᠷ ᠠᠵᠤ ᠠᠬᠤᠶᠢᠯᠠᠯ ᠤᠨ ᠬᠥᠭᠵᠢᠯᠲᠡ ᠶᠢ ᠬᠦᠳᠦᠯᠦᠨ ᠳᠠᠭᠠᠭᠤᠯᠬᠤ ᠬᠡᠷᠡᠭᠲᠡᠢ᠃ ᠦᠢᠯᠡᠳᠬᠦᠨ ᠤ ᠰᠢᠨ᠎ᠡ ᠶᠢ ᠡᠭᠦᠳᠬᠦ ᠲᠠᠯ᠎ᠠ ᠪᠠᠷ᠂ ᠲᠣᠰᠣᠨ ᠬᠤᠳᠳᠤᠭ ᠤᠨ ᠱᠦᠢᠨᠢ ᠶᠢᠨ ᠶᠠᠰᠤ ᠴᠢᠨᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠵᠦ ᠠᠵᠤ ᠦᠢᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠠᠰᠢᠭᠯᠠᠨ ᠴᠢᠨᠠᠷ ᠰᠠᠶᠢᠲᠠᠶ ᠲᠤᠰᠤᠨ ᠬᠤᠳᠳᠤᠭ ᠤᠨ ᠱᠦᠢᠨᠢ ᠶᠢ ᠦᠢᠯᠡᠳᠪᠦᠷᠢᠯᠡᠵᠦ᠂ ᠰᠢᠨ᠎ᠡ ᠬᠡᠯᠪᠡᠷᠢ ᠶᠢᠨ ᠬᠠᠲᠠᠭᠤ ᠪᠡᠶᠡᠲᠦ ᠬᠤᠳᠳᠤᠭ ᠤᠨ ᠮᠠᠲ᠋ᠧᠷᠢᠶᠠᠯ ᠢ ᠰᠤᠳᠤᠯᠤᠨ ᠨᠡᠭᠡᠭᠡᠵᠦ᠂ ᠠᠵᠤ ᠦᠢᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠠᠰᠢᠭᠯᠠᠨ ᠣᠨᠴᠠ ᠲᠦᠷᠦᠯ ᠤᠨ ᠱᠦᠢᠨᠢ᠂ ᠥᠨᠳᠥᠷ ᠲᠡᠮᠳᠡᠭᠲᠦ ᠡᠩ ᠤᠨ ᠱᠦᠢᠨᠢ᠂ ᠦᠢᠯᠡᠳᠪᠦᠷᠢᠯᠡᠯ ᠤᠨ ᠮᠡᠷᠭᠡᠵᠢᠯ ᠤᠨ ᠰᠢᠨ᠎ᠡ ᠶᠢ ᠡᠭᠦᠳᠬᠦ ᠲᠠᠯ᠎ᠠ ᠪᠠᠷ᠂ ᠮᠡᠷᠭᠡᠵᠢᠯ ᠤᠨ ᠰᠢᠨ᠎ᠡ ᠶᠢ ᠡᠭᠦᠳᠬᠦ ᠥᠭᠡᠷᠡᠴᠢᠯᠡᠯᠲᠡ ᠪᠠᠷ ᠳᠠᠮᠵᠢᠭᠤᠯᠤᠨ᠂ ᠭᠡᠳᠤ ᠳᠣᠣᠷ᠎ᠠ ᠭᠠᠳᠠᠭᠰᠢᠯᠠᠭᠤᠯᠤᠯᠲᠠ᠂ ᠡᠨᠧᠷᠭᠢ ᠠᠷᠪᠢᠯᠠᠵᠤ ᠬᠤᠷᠣᠭᠳᠠᠯ ᠢ ᠪᠠᠭᠠᠰᠬᠠᠬᠤ᠂ ᠥᠪᠡᠷ ᠤᠨ ᠦᠷᠳᠡᠭ ᠢ ᠪᠠᠭᠤᠷᠠᠭᠤᠯᠤᠨ ᠦᠷ᠎ᠡ ᠠᠰᠢᠭ ᠢ ᠨᠡᠮᠡᠭᠳᠡᠭᠦᠯᠬᠦ ᠶᠢ ᠪᠡᠶᠡᠯᠡᠭᠦᠯᠵᠦ᠂ ᠰᠢᠨ᠎ᠡ ᠶᠢ ᠡᠭᠦᠳᠬᠦ ᠪᠠᠷ ᠳᠠᠮᠵᠢᠭᠤᠯᠤᠨ ᠠᠵᠤ ᠠᠬᠤᠶᠢᠯᠠᠯ ᠢ ᠲᠠᠶᠢᠴᠢᠯᠠᠨ ᠨᠡᠩ ᠥᠨᠳᠥᠷ ᠬᠢᠷᠢ ᠲᠦᠪᠰᠢᠨ ᠨᠡᠩ ᠰᠠᠶᠢᠨ ᠬᠥᠭᠵᠢᠯᠲᠡ ᠶᠢ ᠪᠡᠶᠡᠯᠡᠭᠦᠯᠦᠨ᠎ᠡ᠃
     ᠰᠢ ᠶᠢᠨ ᠫᠢᠩ ᠶᠡᠷᠦᠩᠬᠡᠶ ᠱᠦᠵᠢ ᠶᠢᠨ ︽ᠲᠤᠯᠤᠭᠠᠨ ᠰᠠᠷ᠎ᠠ ᠶᠢᠨ ᠨᠢᠭᠡᠨ︾ ᠤ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠭᠰᠠᠨ ᠣᠯᠤᠯᠲᠠ ᠲᠦᠷᠦᠭᠳᠡᠯ      ᠦᠬᠠᠶ ᠬᠤᠲᠠ ᠶᠢᠨ ᠬᠤᠷᠢᠨ ᠬᠤᠶᠠᠳᠤᠭᠠᠷ ᠳᠤᠮᠳᠠᠳᠤ ᠰᠤᠷᠭᠠᠭᠤᠯᠢ        ᠹᠧᠩ ᠰᠢᠤᠸᠠᠢ ᠢ      2021 ᠣᠨ ᠤ 7 ᠳ᠋ᠣᠭᠠᠷ ᠰᠠᠷ᠎ᠠ ᠶᠢᠨ 1 ᠤ ᠡᠳᠦᠷ ᠤᠨ 8 ᠴᠠᠭ ᠲᠤ᠂ ᠰᠤᠷᠭᠠᠭᠤᠯᠢ ᠠᠴᠠ ᠵᠣᠬᠢᠶᠠᠨ ᠪᠠᠶᠢᠭᠤᠯᠵᠤ ᠨᠠᠮ ᠪᠠᠶᠢᠭᠤᠯᠤᠭᠳᠠᠭᠰᠠᠨ 100 ᠵᠢᠯ ᠤᠨ ᠤᠢ ᠶᠢ ᠪᠡᠯᠭᠡᠯᠡᠬᠦ ᠦᠪᠡᠳᠡᠭᠰᠢ ᠶᠤᠰᠤᠯᠠᠯ ᠢ ᠰᠣᠨᠢᠷᠬᠠᠪᠠ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠪᠠᠶᠢᠭᠤᠯᠤᠭᠳᠠᠭᠰᠠᠨ ᠤᠭ ᠰᠠᠨᠠᠭ᠎ᠠ ᠪᠣᠯᠤᠨ ᠡᠭᠦᠷᠭᠡ ᠬᠠᠷᠢᠭᠤᠴᠠᠯᠭ᠎ᠠ ᠨᠢ ᠬᠥᠳᠡᠯᠮᠦᠷᠢᠴᠢᠨ ᠠᠵᠢᠯᠴᠢᠨ ᠤ ᠲᠥᠯᠥᠭᠡ᠂ ᠠᠷᠠᠳ ᠤᠯᠠᠨ ᠤ ᠲᠥᠯᠥᠭᠡ᠂ ᠦᠨᠳᠦᠰᠦᠲᠡᠨ ᠤ ᠲᠥᠯᠥᠭᠡ᠂ ᠨᠡᠶᠢᠭᠡᠮ ᠤᠨ ᠲᠥᠯᠥᠭᠡ ᠶᠤᠮ ᠭᠡᠳᠡᠭ ᠢ ᠭᠦᠢᠴᠡᠳ ᠬᠠᠷᠠᠭᠤᠯᠵᠠᠢ︕ ᠪᠠᠶᠠᠷ ᠤᠨ ᠶᠣᠰᠣᠯᠠᠯ ᠢ ᠰᠣᠨᠢᠷᠬᠠᠭᠰᠠᠨ ᠤ ᠳᠠᠷᠠᠭ᠎ᠠ ᠪᠢ ᠡᠨᠡᠬᠦ ᠠᠭᠤᠤ ᠶᠡᠭᠡ ᠵᠣᠬᠢᠶᠠᠨ ᠪᠠᠶᠢᠭᠤᠯᠤᠯᠲᠠ ᠶᠢᠨ ᠨᠢᠭᠡ ᠭᠡᠰᠢᠭᠦᠨ ᠪᠣᠯᠤᠭᠰᠠᠨ ᠳᠠᠭᠠᠨ ᠢᠷᠠᠭᠤ ᠠᠯᠳᠠᠷ ᠲᠠᠢ ᠪᠥᠭᠡᠳ ᠣᠮᠣᠭᠰᠢᠵᠤ ᠪᠠᠶᠢᠨ᠎ᠠ᠃      ᠰᠢᠨ᠎ᠡ ᠴᠠᠭ ᠦᠶ᠎ᠡ ᠶᠢᠨ ᠨᠠᠮ ᠤᠨ ᠭᠡᠰᠢᠭᠦᠨ ᠪᠣᠯᠤᠭᠰᠠᠨ ᠤ ᠬᠤᠪᠢ ᠳᠤ᠂ ᠮᠠᠨ ᠤ ᠪᠠᠶᠢᠳᠠᠯ ᠪᠣᠯ ᠳᠠᠷᠤᠢ ᠳᠤᠮᠳᠠᠳᠤ ᠤᠯᠤᠰ ᠤᠨ ᠪᠠᠶᠢᠳᠠᠯ ᠪᠣᠯᠤᠨ᠎ᠠ᠃ ᠯᠠᠪᠳᠠᠭᠤᠨ ᠲᠣᠭᠲᠠᠭᠤᠨ ᠢᠶᠠᠷ ᠬᠦᠰᠡᠯ ᠵᠡᠭᠦᠳᠦ ᠪᠠᠨ ᠲᠡᠷᠭᠡᠯᠰᠢᠭᠦᠯᠪᠡᠯ ᠰᠠᠶ᠋ᠢ ᠥᠪᠡᠷ ᠤᠨ ᠡᠭᠦᠷᠴᠦ ᠪᠠᠶᠢᠭ᠎ᠠ ᠭᠡᠷ ᠪᠣᠯᠤᠨ ᠤᠯᠤᠰ ᠢᠶᠠᠨ ᠬᠥᠰᠡᠷᠳᠡᠭᠦᠯᠬᠦ ᠦᠬᠡᠢ᠂ ᠬᠦᠯ ᠳᠣᠣᠷᠠᠬᠢ ᠲᠦᠮᠡᠨ ᠭᠠᠵᠠᠷ ᠤᠨ ᠠᠭᠤᠯᠠ ᠤᠰᠤ ᠪᠠᠨ ᠬᠥᠰᠡᠷᠳᠡᠭᠦᠯᠬᠦ ᠦᠬᠡᠢ ᠪᠠᠶᠢᠵᠤ ᠴᠢᠳᠠᠨ᠎ᠠ᠃      ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ ᠪᠣᠯᠤᠭᠰᠠᠨ ᠤ ᠬᠤᠪᠢ ᠳᠤ᠂ ᠪᠢ ᠮᠠᠨ ᠤ ᠴᠡᠴᠡᠭᠯᠡᠨ ᠬᠥᠭᠵᠢᠵᠦ ᠪᠠᠶᠢᠭ᠎ᠠ ᠤᠯᠤᠰ ᠤᠨ ᠢᠶᠠᠨ ᠲᠥᠯᠥᠭᠡ ᠶᠡᠬᠡᠳᠡ ᠣᠮᠣᠭᠰᠢᠵᠤ᠂ ᠮᠠᠨ ᠤ ᠲᠠᠰᠤᠷᠠᠯᠳᠡ ᠦᠭᠡᠢ ᠡᠷᠢᠯᠬᠢᠯᠡᠵᠦ᠂ ᠲᠠᠰᠤᠷᠠᠯᠳᠡ ᠦᠭᠡᠢ ᠤᠷᠤᠭᠰᠢᠯᠠᠵᠤ ᠪᠠᠶᠢᠭ᠎ᠠ ᠲᠦᠷᠦ ᠶᠢᠨ ᠨᠠᠮ ᠤᠨ ᠢᠶᠠᠨ ᠲᠥᠯᠥᠭᠡ ᠶᠡᠬᠡᠳᠡ ᠣᠮᠣᠭᠰᠢᠵᠤ᠂ ᠠᠵᠠ ᠲᠣᠬᠢᠶᠠᠯ ᠪᠠ ᠥᠷᠢᠰᠥᠯᠳᠦᠭᠡᠨ ᠢᠶᠠᠷ ᠳᠦᠭᠦᠷᠦᠭᠰᠡᠨ ᠣᠳᠣᠬᠢᠴᠢᠯᠠᠯᠲᠠ ᠶᠢᠨ ᠪᠦᠳᠦᠭᠡᠨ ᠪᠠᠶᠢᠭᠤᠯᠤᠯᠲᠠ ᠳᠤ ᠨᠡᠩ ᠴᠤ ᠣᠷᠣᠯᠴᠠᠵᠤ ᠴᠢᠳᠠᠭᠰᠠᠨ ᠳᠠᠭᠠᠨ ᠪᠠᠶᠠᠰᠴᠤ᠂ ᠬᠡᠬᠦᠳᠡᠭ ᠴᠡᠭᠡᠵᠢᠨ ᠳᠡᠭᠡᠨ ᠡᠬᠡ ᠤᠯᠤᠰ ᠢᠶᠠᠨ ᠬᠠᠶᠢᠷᠠᠯᠠᠬᠤ ᠬᠠᠯᠠᠭᠤᠨ ᠰᠡᠳᠬᠢᠯᠭᠡ ᠶᠢ ᠪᠢᠯᠬᠠᠭᠤᠯᠵᠤ ᠪᠠᠶᠢᠨ᠎ᠠ᠃      ᠡᠨᠡ ᠣᠳᠠᠭᠠᠨ ᠤ ᠰᠣᠨᠢᠷᠬᠠᠯᠲᠠ ᠪᠠᠷ ᠳᠠᠮᠵᠢᠨ᠂ ᠨᠠᠮ ᠤᠨ ᠲᠡᠦᠬᠡ ᠪᠣᠯ ᠵᠥᠪᠬᠡᠨ ᠪᠠᠭᠠᠲᠤᠷᠴᠤᠳ ᠤᠨ ᠦᠯᠢᠭᠡᠷ ᠲᠡᠳᠦᠶ ᠪᠢᠰᠢ᠂ ᠬᠠᠷᠢᠨ ᠨᠠᠮ ᠪᠠ ᠪᠠᠭᠠᠲᠤᠷᠯᠢᠭ ᠠᠷᠠᠳ ᠲᠦᠮᠡᠨ ᠳᠤᠮᠳᠠᠳᠤ ᠶᠢᠨ ᠦᠨᠳᠦᠰᠦᠲᠡᠨ ᠤ ᠲᠤᠰᠠᠭᠠᠷ ᠲᠣᠭᠲᠠᠨᠢᠯ ᠡᠷᠬᠡ ᠴᠢᠯᠥᠭᠡ᠂ ᠴᠢᠯᠥᠭᠡᠯᠡᠯᠲᠡ᠂ ᠪᠠᠶᠠᠨ ᠬᠦᠴᠦᠷᠬᠡᠭ ᠢ ᠲᠡᠮᠡᠴᠡᠨ ᠣᠯᠤᠭᠰᠠᠨ ᠲᠡᠮᠡᠴᠡᠯ ᠤᠨ ᠲᠡᠦᠬᠡ᠂ ᠬᠤᠪᠢᠰᠬᠠᠯ ᠤᠨ ᠲᠡᠦᠬᠡ᠂ ᠲᠡᠮᠡᠴᠡᠯ ᠤᠨ ᠲᠡᠦᠬᠡ ᠶᠢ ᠪᠢᠴᠢᠭᠯᠡᠭᠰᠡᠨ ᠶᠤᠮ ᠭᠡᠳᠡᠭ ᠢ ᠪᠢ ᠭᠦᠨᠵᠡᠭᠡᠶ ᠣᠶᠢᠯᠠᠭᠠᠵᠤ ᠮᠡᠳᠡᠯ᠎ᠡ᠃ ᠪᠢ ᠦᠷᠭᠦᠯᠵᠢᠯᠡᠨ ᠠᠵᠢᠯ ᠳᠠᠭᠠᠨ ᠬᠠᠯᠠᠭᠤᠨ ᠬᠠᠶᠢᠷ᠎ᠠ ᠪᠠ ᠦᠨᠡᠨ ᠰᠡᠳᠬᠢᠯᠭᠡ ᠪᠠᠷ ᠢᠶᠠᠨ ᠥᠴᠦᠬᠡᠨ ᠴᠦ ᠣᠰᠣᠯᠳᠠᠬᠤ ᠦᠭᠡᠢ ᠠᠵᠢᠯᠯᠠᠵᠤ᠂ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠠᠵᠢᠯ ᠤᠨ ᠪᠠᠶᠢᠷᠢ ᠳᠡᠭᠡᠷ᠎ᠡ ᠪᠠᠨ ᠨᠡᠩ ᠭᠤᠶᠢᠳᠠ ᠰᠠᠶᠢᠬᠠᠨ ᠬᠠᠭᠤᠳᠠᠰᠤ ᠶᠢ ᠪᠢᠴᠢᠭᠯᠡᠨ᠎ᠡ᠃ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠪᠠ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠳᠤᠮᠳᠠᠳᠤ ᠶᠢᠨ ᠵᠡᠭᠦᠳᠦ ᠶᠢ ᠲᠡᠷᠭᠡᠯᠰᠢᠭᠦᠯᠬᠦ ᠳᠤ ᠨᠡᠩ ᠶᠡᠭᠡ ᠰᠢᠨ᠎ᠡ ᠬᠤᠪᠢ ᠨᠡᠮᠡᠷᠢ ᠦᠵᠡᠭᠦᠯᠦᠨ᠎ᠡ᠃
     ᠰᠢ ᠶᠢᠨ ᠫᠢᠩ ᠶᠡᠷᠦᠩᠬᠡᠶ ᠱᠦᠵᠢ ᠶᠢᠨ ︽ᠲᠤᠯᠤᠭᠠᠨ ᠰᠠᠷ᠎ᠠ ᠶᠢᠨ ᠨᠢᠭᠡᠨ︾ ᠤ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠭᠰᠠᠨ ᠣᠯᠤᠯᠲᠠ ᠲᠦᠷᠦᠭᠳᠡᠯ      ᠦᠬᠠᠶ ᠬᠤᠲᠠ ᠶᠢᠨ ᠭᠤᠷᠪᠠᠳᠤᠭᠠᠷ ᠠᠷᠠᠳ ᠤᠨ ᠡᠮᠨᠡᠯᠭᠡ ᠶᠢᠨ ᠬᠤᠷᠢᠶᠠᠨ ᠤ ᠡᠩ ᠤᠨ ᠭᠠᠳᠠᠷ ᠰᠠᠯᠠᠭᠠᠨ ᠤ ᠰᠤᠪᠢᠯᠠᠭᠴᠢ ᠶᠢᠨ ᠳᠠᠷᠤᠭ᠎ᠠ      ᠮᠢᠩ ᠮᠢᠩ      ᠵᠠᠭᠤᠨ ᠵᠢᠯ ᠤᠨ ᠰᠠᠯᠬᠢ ᠪᠣᠷᠣᠭᠠᠨ ᠢ ᠲᠤᠭᠤᠯᠤᠨ ᠤᠷᠤᠭᠰᠢᠯᠠᠵᠤ᠂ ᠵᠠᠭᠤᠨ ᠵᠢᠯ ᠤᠨ ᠬᠠᠶᠢᠨ ᠰᠦᠪᠡᠭᠴᠢᠯᠡᠯᠳᠡ ᠬᠢᠵᠦ᠂ ᠳᠤᠮᠳᠠᠳᠤ ᠤᠯᠤᠰ ᠤᠨ ᠡᠪ ᠬᠠᠮᠲᠤ ᠨᠠᠮ ᠤᠯᠠᠷᠢᠯ ᠬᠤᠪᠢᠰᠤᠯᠲᠠ ᠶᠢ ᠲᠤᠭᠤᠯᠵᠤ᠂ ᠳᠤᠮᠳᠠᠳᠤ ᠤᠯᠤᠰ ᠤᠨ ᠡᠪ ᠬᠠᠮᠲᠤ ᠨᠠᠮ ᠨᠢᠭᠡᠨ ᠵᠢᠵᠢᠭᠬᠡᠨ ᠤᠯᠠᠭᠠᠨ ᠣᠩᠭᠤᠴᠠ ᠪᠠᠶᠢᠭᠰᠠᠨ ᠠᠴᠠ ᠪᠠᠨ ᠬᠥᠭᠵᠢᠭᠡᠳ ᠳᠤᠮᠳᠠᠳᠤ ᠤᠯᠤᠰ ᠤᠨ ᠯᠠᠪᠳᠠᠭᠤᠨ ᠢᠶᠠᠷ ᠬᠤᠯᠠ ᠠᠶᠠᠯᠠᠬᠤ ᠶᠢ ᠵᠠᠮᠴᠢᠯᠠᠭᠰᠠᠨ ᠠᠪᠤᠷᠭᠤ ᠬᠥᠯᠭᠡ ᠣᠩᠭᠤᠴᠠ ᠪᠣᠯᠤᠭᠰᠠᠨ ᠪᠠᠶᠢᠨ᠎ᠠ᠃ ᠤᠳᠤ᠂ ᠲᠡᠷᠡ ᠡᠴᠦᠰ ᠲᠡᠭᠡᠨ ᠵᠠᠭᠤᠨ ᠵᠢᠯ ᠤᠨ ᠤᠢ ᠶᠢ ᠤᠭᠲᠤᠨ ᠠᠪᠤᠯ᠎ᠠ᠃
     ᠰᠢ ᠶᠢᠨ ᠫᠢᠩ ᠶᠡᠷᠦᠩᠬᠡᠶ ᠱᠦᠵᠢ ᠶᠢᠨ ︽ᠲᠤᠯᠤᠭᠠᠨ ᠰᠠᠷ᠎ᠠ ᠶᠢᠨ ᠨᠢᠭᠡᠨ︾ ᠤ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠭᠰᠠᠨ ᠣᠯᠤᠯᠲᠠ ᠲᠦᠷᠦᠭᠳᠡᠯ      ᠥᠪᠥᠷ ᠮᠣᠩᠭᠤᠯ ᠤᠨ ᠦᠬᠠᠶ ᠶᠢᠨ ᠶᠠ ᠳ᠋ᠦᠩ ᠨᠠᠷᠢᠯᠢᠭ ᠬᠢᠮᠢ ᠶᠢᠨ ᠠᠵᠤ ᠦᠢᠯᠡᠳᠪᠦᠷᠢ ᠶᠢᠨ ᠬᠢᠵᠠᠭᠠᠷᠲᠤ ᠺᠣᠮᠫᠠᠨᠢ      ᠵᠠᠩ ᠱᠦ ᠵᠧᠨ      ᠶᠡᠷᠦᠩᠬᠡᠶ ᠱᠦᠵᠢ ᠰᠢ ᠶᠢᠨ ᠫᠢᠩ ᠤᠨ ᠶᠠᠷᠢᠶ᠎ᠠ ᠨᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠵᠠᠭᠤᠨ ᠵᠢᠯ ᠤᠨ ᠲᠡᠮᠡᠴᠡᠯ ᠤᠨ ᠬᠡᠷᠡᠯ ᠰᠠᠴᠤᠷᠠᠩᠭᠤᠶ ᠥᠩᠭᠡᠷᠡᠯᠲᠡ ᠶᠢ ᠡᠷᠭᠢᠴᠡᠭᠦᠯᠵᠦ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠬᠡᠷᠡᠯ ᠰᠠᠴᠤᠷᠠᠩᠭᠤᠶ ᠢᠷᠡᠭᠡᠳᠦᠶ ᠶᠢ ᠪᠠᠷᠠᠯᠠᠨ᠂ ᠳᠤᠮᠳᠠᠳᠤ ᠤᠯᠤᠰ ᠤᠨ ᠡᠪ ᠬᠠᠮᠲᠤ ᠨᠠᠮ ᠶᠠᠭᠠᠬᠢᠭᠠᠳ ᠠᠮᠵᠢᠯᠲᠠ ᠣᠯᠵᠤ ᠴᠢᠳᠠᠭᠰᠠᠨ᠂ ᠶᠠᠭᠠᠬᠢᠪᠠᠯ ᠰᠠᠶ᠋ᠢ ᠦᠷᠭᠦᠯᠵᠢᠯᠡᠨ ᠠᠮᠵᠢᠯᠲᠠ ᠣᠯᠵᠤ ᠴᠢᠳᠠᠬᠤ ᠲᠤᠬᠠᠶ ᠨᠢᠭᠤᠴᠠ ᠲᠡᠮᠳᠡᠭ ᠢ ᠲᠠᠶᠢᠯᠪᠤᠷᠢᠯᠠᠵᠤ᠂ ᠬᠦᠴᠦᠷᠬᠡᠭ ᠶᠡᠭᠡ ᠲᠥᠷᠥ ᠶᠢᠨ ᠨᠠᠮ ᠤᠨ ᠢᠲᠡᠭᠡᠯ᠂ ᠵᠠᠮ ᠱᠤᠭᠤᠮ ᠤᠨ ᠢᠲᠡᠭᠡᠯ᠂ ᠣᠨᠣᠯ ᠤᠨ ᠢᠲᠡᠭᠡᠯ᠂ ᠪᠠᠶᠢᠭᠤᠯᠤᠯ ᠤᠨ ᠢᠲᠡᠭᠡᠯ᠂ ᠰᠣᠶᠣᠯ ᠤᠨ ᠢᠲᠡᠭᠡᠯ᠂ ᠦᠵᠡᠯ ᠤᠨ ᠢᠲᠡᠭᠡᠯ ᠢ ᠳᠣᠪᠤᠶᠢᠯᠭᠠᠭᠰᠠᠨ ᠪᠠᠶᠢᠨ᠎ᠠ᠃ ᠨᠠᠳᠠ ᠳᠤ ᠬᠠᠮᠤᠭ ᠤᠨ ᠭᠦᠨ ᠰᠠᠭᠤᠭᠳᠠᠯ ᠥᠭᠭᠦᠭᠰᠡᠨ ᠨᠢ ᠶᠡᠷᠦᠩᠬᠡᠢ ᠱᠦᠵᠢ ᠰᠢ ᠶᠢᠨ ᠫᠢᠩ ᠮᠠᠷᠺᠰ ᠤᠨ ᠦᠵᠡᠯ ᠤᠨ ᠤᠨᠤᠯ ᠤᠨ ᠲᠤᠬᠠᠢ ᠴᠢᠬᠤᠯᠠᠴᠢᠯᠠᠭᠰᠠᠨ ᠳᠤ ᠪᠤᠢ᠄ ᠭᠤᠷᠪᠠᠨ ︽ᠲᠡᠦᠬᠡ ᠶᠢᠨ ᠰᠡᠳᠦᠪ︾ ᠤᠨ ᠬᠠᠷᠢᠴᠠᠭ᠎ᠠ ᠶᠢᠨ ᠲᠤᠬᠠᠢ ᠲᠣᠳᠣᠷᠬᠠᠶᠢᠯᠠᠨ ᠥᠭᠦᠯᠡᠬᠦ ᠳᠡᠭᠡᠨ᠂ ᠶᠡᠷᠦᠩᠬᠡᠢ ᠱᠦᠵᠢ ᠰᠢ ᠶᠢᠨ ᠫᠢᠩ᠄ ᠳᠤᠮᠳᠠᠳᠤ ᠤᠯᠤᠰ ᠤᠨ ᠡᠪ ᠬᠠᠮᠲᠤ ᠨᠠᠮ ᠶᠠᠭᠠᠬᠢᠭᠠᠳ ︽ᠴᠢᠳᠠᠬᠤ︾᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠶᠠᠭᠠᠬᠢᠭᠠᠳ ︽ᠰᠠᠶᠢᠨ︾ ᠪᠠᠶᠢᠬᠤ ᠨᠢ ᠡᠴᠦᠰ ᠤᠨ ᠡᠴᠦᠰ ᠲᠡᠭᠡᠨ ᠮᠠᠷᠺᠰ ᠤᠨ ᠦᠵᠡᠯ ᠶᠠᠭᠠᠬᠢᠭᠠᠳ ︽ᠶᠠᠪᠤᠵᠤ︾ ᠪᠠᠶᠢᠬᠤ ᠳᠤ ᠪᠠᠶᠢᠨ᠎ᠠ ᠭᠡᠵᠦ ᠬᠡᠯᠡᠪᠡ᠃ ᠨᠢᠭᠡᠨ ᠪᠡᠯᠡᠳᠬᠡᠯ ᠨᠠᠮ ᠤᠨ ᠭᠡᠰᠢᠭᠦᠨ ᠪᠣᠯᠤᠭᠰᠠᠨ ᠤ ᠬᠤᠪᠢ ᠳᠤ ᠶᠡᠷᠦᠩᠬᠡᠶ ᠱᠦᠵᠢ ᠰᠢ ᠶᠢᠨ ᠫᠢᠩ ᠤᠨ ᠶᠠᠷᠢᠶᠠᠨ ᠳᠤ ᠳᠤᠷᠠᠳᠤᠭᠰᠠᠨ ︽ᠨᠠᠮ ᠪᠠᠶᠢᠭᠤᠯᠬᠤ ᠵᠣᠷᠢᠭ ᠰᠠᠨᠠᠭ᠎ᠠ︾ ᠨᠢ ᠬᠢᠮᠢ ᠶᠢᠨ ᠠᠵᠤ ᠦᠢᠯᠡᠳᠪᠦᠷᠢ ᠶᠢᠨ ᠠᠵᠢᠯ ᠲᠥᠷᠥᠯ ᠤᠨ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯᠲᠠᠨ ᠤ ᠡᠭᠦᠳᠡᠨ ᠠᠴᠠ ᠪᠢᠳᠡ ᠡᠩ ᠲᠡᠷᠢᠭᠦᠨ ᠳᠤ ᠠᠵᠢᠯᠲᠠᠳ ᠤᠨ ᠢᠶᠠᠨ ᠠᠮᠤᠷ ᠲᠦᠪᠰᠢᠨ ᠢ ᠬᠠᠮᠠᠭᠠᠯᠠᠬᠤ ᠤᠭ ᠰᠠᠨᠠᠭ᠎ᠠ ᠪᠠᠨ ᠪᠠᠲᠤ ᠰᠠᠬᠢᠵᠤ᠂ ᠠᠵᠤ ᠠᠬᠤᠶᠢᠯᠠᠯ ᠤᠨ ᠠᠮᠤᠷ ᠲᠦᠪᠰᠢᠨ ᠢ ᠬᠠᠮᠠᠭᠠᠯᠠᠵᠤ᠂ ᠣᠷᠣᠨ ᠪᠦᠰᠡ ᠶᠢᠨ ᠠᠮᠤᠷ ᠲᠦᠪᠰᠢᠨ ᠳᠤ ᠬᠦᠴᠦᠨ ᠴᠢᠳᠠᠯ ᠢᠶᠠᠨ ᠡᠷᠭᠦᠬᠦ ᠶᠢ ᠵᠣᠷᠢᠭᠲᠠᠶ ᠪᠠᠷ ᠡᠭᠦᠷᠭᠡᠯᠡᠵᠦ᠂ ᠡᠭᠦᠨ ᠤ ᠬᠠᠮᠲᠤ ᠡᠨᠡᠬᠦ ᠡᠭᠦᠷᠭᠡ ᠬᠠᠷᠢᠭᠤᠴᠠᠯᠭ᠎ᠠ ᠶᠢ ᠡᠭᠡᠯ ᠵᠢᠷ ᠤᠨ᠂ ᠨᠠᠷᠢᠨ ᠨᠢᠮᠪᠠᠢ ᠠᠮᠤᠷ ᠲᠦᠪᠰᠢᠨ ᠤ ᠬᠠᠮᠢᠶᠠᠷᠤᠯᠲᠠ ᠳᠤ ᠢᠯᠡᠷᠡᠭᠦᠯᠵᠦ᠂ ᠬᠥᠬᠢᠭᠦᠯᠦᠭᠳᠡᠭᠰᠡᠨ ︽ᠲᠤᠯᠤᠭᠠᠨ ᠰᠠᠷ᠎ᠠ ᠶᠢᠨ ᠨᠢᠭᠡᠨ ᠤ ᠭᠠᠪᠢᠶᠠᠨ ᠲᠡᠮᠳᠡᠭ︾ ᠬᠦᠷᠳᠡᠭᠴᠢ ᠪᠠᠷ ᠳᠠᠭᠤᠷᠢᠶᠠᠯ ᠪᠣᠯᠭᠠᠵᠤ᠂ ᠶᠡᠷᠦᠩᠬᠡᠢ ᠱᠦᠵᠢ ᠰᠢ ᠶᠢᠨ ᠫᠢᠩ ᠤᠨ ᠬᠡᠯᠡᠭᠰᠡᠨ ᠰᠢᠭ ᠢᠶᠠᠷ ︽ᠴᠥᠬᠦᠷᠡᠰᠢ ᠦᠭᠡᠢ ᠲᠡᠮᠡᠴᠡᠵᠦ᠂ ᠡᠭᠦᠷᠢᠳᠡ ᠲᠡᠮᠡᠴᠡᠬᠦ︾᠂ ᠠᠮᠤᠷ ᠲᠦᠪᠰᠢᠨ ᠤ ᠮᠡᠷᠭᠡᠵᠢᠯ ᠤᠨ ᠴᠢᠳᠠᠪᠤᠷᠢ ᠪᠠᠨ ᠲᠠᠰᠤᠷᠠᠯᠳᠡ ᠦᠭᠡᠢ ᠳᠡᠭᠡᠭᠰᠢᠯᠡᠭᠦᠯᠵᠦ᠂ ᠪᠦᠬᠦ ᠲᠠᠯ᠎ᠠ ᠪᠠᠷ ᠬᠥᠭᠵᠢᠭᠰᠡᠨ ᠨᠡᠶᠢᠭᠡᠮ ᠵᠢᠷᠤᠮ ᠤᠨ ᠪᠦᠳᠦᠭᠡᠨ ᠪᠠᠶᠢᠭᠤᠯᠤᠯᠲᠠ ᠳᠤ ᠥᠪᠡᠷ ᠤᠨ ᠬᠦᠴᠦᠨ ᠴᠢᠳᠠᠯ ᠢᠶᠠᠨ ᠡᠷᠭᠦᠨ᠎ᠡ᠃
     ᠰᠢ ᠶᠢᠨ ᠫᠢᠩ ᠶᠡᠷᠦᠩᠬᠡᠶ ᠱᠦᠵᠢ ᠶᠢᠨ ︽ᠲᠤᠯᠤᠭᠠᠨ ᠰᠠᠷ᠎ᠠ ᠶᠢᠨ ᠨᠢᠭᠡᠨ︾ ᠤ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠭᠰᠠᠨ ᠣᠯᠤᠯᠲᠠ ᠲᠦᠷᠦᠭᠳᠡᠯ      2020 ᠣᠨ ᠤ ᠪᠠᠷᠠᠭᠤᠨ ᠣᠷᠣᠨ ᠤ ᠲᠥᠯᠥᠪᠯᠡᠭᠡ ᠶᠢᠨ ᠰᠠᠶᠢᠨ ᠳᠤᠷ᠎ᠠ ᠶᠢᠨ ᠠᠵᠢᠯᠯᠠᠭᠴᠢ     ᠭᠦᠸᠧ ᠶᠠ ᠷᠦ      ᠪᠢᠳᠡ ᠤᠯᠠᠭᠠᠨ ᠲᠤᠭ ᠤᠨ ᠳᠣᠣᠷ᠎ᠠ ᠲᠥᠷᠥᠵᠦ᠂ ᠬᠠᠪᠤᠷ ᠤᠨ ᠰᠠᠯᠬᠢᠨ ᠳᠤ ᠤᠷᠭᠤᠵᠠᠢ᠃ ᠠᠷᠠᠳ ᠲᠦᠮᠡᠨ ᠢᠲᠡᠭᠡᠯ ᠪᠢᠰᠢᠷᠡᠯ ᠲᠠᠢ᠂ ᠦᠨᠳᠦᠰᠦᠲᠡᠨ ᠬᠦᠰᠡᠯ ᠡᠷᠡᠮᠡᠯᠵᠡᠯ ᠲᠠᠢ᠂ ᠤᠯᠤᠰ ᠣᠷᠣᠨ ᠬᠦᠴᠦᠨ ᠴᠢᠳᠠᠯ ᠲᠠᠢ᠃ ᠲᠠᠪᠤᠨ ᠤᠳᠤᠨ ᠤ ᠭᠢᠯᠪᠠᠭ᠎ᠠ ᠪᠣᠯ ᠴᠥᠮ ᠢᠲᠡᠭᠡᠯ ᠪᠢᠰᠢᠷᠡᠯ ᠮᠥᠨ︕ ᠮᠠᠨ ᠤ ᠦᠶ᠎ᠡ ᠶᠢᠨ ᠵᠠᠯᠠᠭᠤ ᠨᠠᠰᠤ ᠪᠠᠷ ᠢᠶᠠᠨ ᠬᠥᠭᠵᠢᠨ ᠮᠠᠨᠳᠤᠭᠰᠠᠨ ᠦᠶ᠎ᠡ ᠶᠢᠨ ᠳᠤᠮᠳᠠᠳᠤ ᠤᠯᠤᠰ ᠢᠶᠠᠨ ᠬᠠᠮᠠᠭᠠᠯᠠᠬᠤ ᠶᠢ ᠬᠦᠰᠡᠵᠦ ᠪᠠᠶᠢᠨ᠎ᠠ︕ ᠵᠠᠭᠤᠨ ᠵᠢᠯ ᠤᠨ ᠠᠶᠠᠨ ᠳᠤ᠂ ᠤᠭ ᠰᠠᠨᠠᠭ᠎ᠠ ᠪᠠᠨ ᠦᠯᠦ ᠮᠠᠷᠲᠠᠨ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠨᠠᠮ ᠤᠨ ᠦᠨᠳᠦᠰᠦᠨ ᠪᠤᠳᠤᠯᠭ᠎ᠠ ᠴᠢᠭᠯᠡᠯᠲᠡ ᠪᠣᠯᠤᠨ ᠱᠤᠭᠤᠮ ᠲᠦᠷᠦ ᠶᠢᠨ ᠪᠤᠳᠤᠯᠭ᠎ᠠ ᠶᠢ ᠦᠨᠡᠨᠬᠦ ᠤᠬᠠᠮᠰᠠᠷ ᠠᠴᠠ ᠪᠠᠨ ᠬᠦᠷᠢᠶᠡᠯᠡᠵᠦ᠂ ᠮᠠᠷᠺᠰ ᠤᠨ ᠦᠵᠡᠯ ᠤᠨ ᠶᠢᠷᠲᠢᠨᠴᠦ ᠶᠢᠨ ᠦᠵᠡᠯᠲᠡ᠂ ᠠᠮᠢᠳᠤᠷᠠᠬᠤᠢ ᠶᠢᠨ ᠦᠵᠡᠯᠲᠡ᠂ ᠦᠷᠳᠡᠭ ᠤᠨ ᠦᠵᠡᠯᠲᠡ ᠶᠢ ᠴᠢᠨᠠᠭᠰᠢᠳᠠ ᠪᠤᠢ ᠪᠣᠯᠭᠠᠬᠤ ᠬᠡᠷᠡᠭᠲᠡᠢ᠃ ᠨᠠᠮ ᠮᠢᠨᠢ ᠰᠠᠨᠠᠭ᠎ᠠ ᠠᠮᠤᠷ ᠪᠠᠶᠢᠭᠠᠷᠠᠢ᠂ ᠤᠯᠤᠰ ᠣᠷᠣᠨ ᠢᠶᠠᠨ ᠬᠦᠴᠦᠷᠬᠡᠭᠵᠢᠭᠦᠯᠬᠦ ᠳᠤ ᠪᠢ ᠪᠠᠶᠢᠨ᠎ᠠ︕
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号