ᠬᠠᠷᠢᠭᠤ ᠳᠣᠰᠬᠠᠯ ᠤᠨ ᠪᠦᠯᠦᠭ᠄ ᠶᠡᠷᠦᠩᠬᠡᠶ ᠱᠦᠵᠢ ᠶᠢᠨ ︽ᠳᠣᠯᠣᠭᠠᠨ ᠰᠠᠷ᠎ᠠ ᠶᠢᠨ ᠨᠢᠭᠡᠨ︾ ᠤ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ  ᠰᠣᠷᠣᠯᠴᠠᠭᠠᠳ ᠲᠡᠳᠡᠨᠦᠰ ᠤᠨ ᠶᠠᠮᠠᠷ ᠲᠦᠷᠦᠭᠳᠡᠯ ᠲᠠᠢ ᠶᠢ ᠰᠣᠨᠣᠰᠣᠶ᠎ᠠ ︵ᠶᠢᠰᠦ︶
ᠨᠡᠶᠢᠲᠡᠯᠡᠭᠰᠡᠨ ᠴᠠᠭ᠄
2021/7/15
     ᠰᠢ ᠶᠢᠨ ᠫᠢᠩ ᠶᠡᠷᠦᠩᠬᠡᠶ ᠱᠦᠵᠢ ᠶᠢᠨ ︽ᠲᠤᠯᠤᠭᠠᠨ ᠰᠠᠷ᠎ᠠ ᠶᠢᠨ ᠨᠢᠭᠡᠨ︾ ᠤ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠭᠰᠠᠨ ᠣᠯᠤᠯᠲᠠ ᠲᠦᠷᠦᠭᠳᠡᠯ      ᠬᠠᠶᠢᠨᠠᠨ ᠲᠣᠭᠤᠷᠢᠭ ᠤᠨ ᠬᠦᠬᠤᠰᠤ ᠪᠠᠭ᠎ᠠ ᠰᠤᠷᠭᠠᠭᠤᠯᠢ      ᠯᠢᠦ ᠶᠠᠨ ᠰᠢᠶᠤᠤ      ᠥᠨᠥᠳᠦᠷ ᠪᠣᠯ 7 ᠳ᠋ᠣᠭᠠᠷ ᠰᠠᠷ᠎ᠠ ᠶᠢᠨ 1 ᠤ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠣᠶ ᠶᠢᠨ ᠡᠳᠦᠷ ᠮᠥᠨ᠂ ᠶᠣᠰᠣᠯᠠᠯ ᠤᠨ ᠫᠤᠤ ᠶᠢᠨ ᠳᠠᠭᠤᠨ ᠣᠭᠲᠠᠷᠭᠤᠶ ᠳᠤ ᠳᠠᠭᠤᠷᠢᠰᠴᠤ᠂ ᠴᠢᠯᠥᠭᠡᠯᠡᠬᠦ ᠴᠡᠷᠢᠭ ᠤᠨ ᠵᠢᠭᠳᠡ ᠠᠯᠬᠤᠭ᠎ᠠ᠂ ᠳᠥᠷᠪᠡᠨ ᠰᠢᠯᠢᠳᠡᠭ ᠰᠤᠷᠤᠭᠴᠢ ᠶᠢᠨ ᠲᠥᠯᠥᠭᠡᠯᠡᠭᠴᠢ ᠶᠢᠨ ᠣᠷᠭᠢᠯᠤᠮ᠎ᠠ ᠬᠠᠯᠠᠭᠤᠨ ᠶᠠᠷᠢᠶ᠎ᠠ ᠄ ︽ᠨᠠᠮ ᠮᠢᠨᠢ ᠰᠠᠨᠠᠭ᠎ᠠ ᠠᠮᠤᠷ ᠪᠠᠶᠢᠭᠠᠷᠠᠶ᠂ ᠤᠯᠤᠰ ᠣᠷᠣᠨ ᠢᠶᠠᠨ ᠬᠦᠴᠦᠷᠬᠡᠭᠵᠢᠭᠦᠯᠬᠦ ᠳᠤ ᠪᠢᠳᠡ ᠪᠠᠶᠢᠨ᠎ᠠ  ︾  ᠭᠡᠳᠡᠭ ᠢ ᠰᠤᠨᠤᠰᠤᠭᠠᠳ ᠰᠡᠳᠬᠢᠯ ᠮᠠᠰᠢ ᠳᠣᠭᠳᠣᠯᠪᠠ᠃      ᠶᠡᠷᠦᠩᠬᠡᠢ ᠱᠦᠵᠢ ᠰᠢ ᠶᠢᠨ ᠫᠢᠩ ᠤᠨ ᠶᠠᠷᠢᠶ᠎ᠠ ᠨᠢ ᠮᠢᠨᠦ ᠤᠷᠮ᠎ᠠ ᠵᠣᠷᠢᠭ ᠢ ᠬᠥᠭᠵᠢᠭᠡᠵᠡᠢ᠃ ︽ᠳᠤᠮᠳᠠᠳᠤ ᠤᠯᠤᠰ ᠤᠨ ᠠᠷᠠᠳ ᠲᠦᠮᠡᠨ ᠪᠠᠰᠠ ᠶᠠᠮᠠᠷᠪᠠ ᠭᠠᠳᠠᠭᠠᠳᠤ ᠶᠢᠨ ᠬᠦᠴᠦᠨ ᠤ ᠪᠢᠳᠡᠨ ᠢ ᠳᠠᠷᠤᠯᠠᠬᠤ᠂ ᠪᠣᠭᠤᠯᠴᠢᠯᠠᠬᠤ ᠶᠢ ᠤᠭᠳᠤ ᠵᠥᠪᠰᠢᠶᠡᠷᠡᠬᠦ ᠦᠭᠡᠢ᠂ ᠬᠡᠨ ᠢᠩᠭᠢᠵᠦ ᠬᠢᠬᠦ ᠪᠠᠷ ᠭᠤᠷᠢᠳᠠᠪᠠᠯ ᠳᠤᠮᠳᠠᠳᠤ ᠤᠯᠤᠰ ᠤᠨ 14 ᠳ᠋ᠦᠩᠰᠢᠭᠤᠷ ᠭᠠᠷᠤᠶ ᠠᠷᠠᠳ ᠲᠦᠮᠡᠨ ᠤ ᠴᠢᠰᠤ ᠮᠢᠬ᠎ᠠ ᠪᠠᠷ ᠢᠶᠠᠨ ᠪᠠᠷᠢᠭᠰᠠᠨ ᠪᠤᠯᠤᠳ ᠲᠡᠮᠤᠷ ᠴᠠᠭᠠᠨ ᠬᠡᠷᠡᠮ ᠤᠨ ᠡᠮᠦᠨ᠎ᠡ ᠯᠠᠪᠲᠠᠶ ᠲᠣᠯᠣᠭᠠᠶ ᠪᠠᠨ ᠬᠠᠭ᠎ᠠ ᠠᠰᠬᠠᠷᠠᠭᠤᠯᠬᠤ ᠪᠣᠯᠤᠨ᠎ᠠ︕︾ ᠦᠭᠡ ᠨᠢᠭᠡᠪᠦᠷᠢ ᠨᠢ ᠴᠥᠮ ᠬᠥᠮᠦᠰ ᠤᠨ ᠰᠡᠳᠬᠢᠯ ᠢ ᠬᠥᠭᠵᠢᠭᠡᠵᠦ᠂ ᠬᠥᠮᠦᠰ ᠢ ᠠᠯᠠᠭ᠎ᠠ ᠲᠠᠰᠢᠭᠤᠯᠤᠨ᠎ᠠ᠃      ᠪᠢᠳᠡᠨ ᠤ ᠠᠵᠠ ᠵᠠᠪᠰᠢᠶᠠᠨ ᠪᠣᠯ ᠡᠨᠡ ᠬᠦ ᠨᠤᠲᠤᠭ ᠳᠡᠪᠢᠰᠬᠡᠷ ᠳᠡᠭᠡᠷ᠎ᠡ ᠠᠮᠢᠳᠤᠷᠠᠵᠤ ᠪᠠᠶᠢᠭ᠎ᠠ ᠠᠷᠠᠳ ᠲᠦᠮᠡᠨ ᠨᠢᠭᠡᠪᠦᠷᠢ ᠨᠢ ᠲᠡᠳᠡᠨ ᠤ ᠳᠣᠲᠣᠷᠠᠬᠢ ᠬᠠᠮᠤᠭ ᠤᠨ ᠡᠷᠡᠯᠬᠡᠭ ᠪᠠᠭᠠᠲᠤᠷᠯᠢᠭ ᠬᠥᠮᠦᠰ ᠲᠤ ᠶᠡᠷᠦ ᠨᠢ ᠮᠠᠰᠢ ᠰᠠᠶᠢᠨ ᠬᠠᠮᠠᠭᠠᠯᠠᠭᠳᠠᠵᠤ ᠪᠠᠶᠢᠳᠠᠭ ᠶᠤᠮ᠃ ᠳᠤᠮᠳᠠᠳᠤ ᠤᠯᠤᠰ ᠤᠨ ᠠᠷᠠᠳ ᠲᠦᠮᠡᠨ ᠯᠠᠪᠳᠠᠶ᠎ᠠ ᠰᠢ ᠶᠢᠨ ᠫᠢᠩ ᠶᠡᠷᠦᠩᠬᠡᠶ ᠱᠦᠵᠢ ᠪᠠᠷ ᠭᠤᠣᠯᠯᠠᠭᠤᠯᠤᠭᠰᠠᠨ ᠰᠢᠨ᠎ᠡ ᠨᠢᠭᠡ ᠦᠶ᠎ᠡ ᠶᠢᠨ ᠳᠤᠮᠳᠠᠳᠤ ᠤᠯᠤᠰ ᠤᠨ ᠡᠪ ᠬᠠᠮᠲᠤᠴᠤᠳ ᠤᠨ ᠤᠳᠤᠷᠢᠳᠤᠯᠭ᠎ᠠ ᠶᠢᠨ ᠳᠣᠣᠷ᠎ᠠ ᠳᠠᠬᠢᠨᠲᠠ ᠭᠡᠷᠡᠯ ᠰᠠᠴᠤᠷᠠᠩᠭᠤᠶ ᠠᠮᠵᠢᠯᠲᠠ ᠶᠢ ᠡᠭᠦᠳᠬᠦ ᠶᠤᠮ ᠭᠡᠳᠡᠭ ᠢ ᠪᠢ ᠢᠲᠡᠭᠡᠵᠦ ᠪᠠᠶᠢᠨ᠎ᠠ︕
     ᠰᠢ ᠶᠢᠨ ᠫᠢᠩ ᠶᠡᠷᠦᠩᠬᠡᠶ ᠱᠦᠵᠢ ᠶᠢᠨ ︽ᠲᠤᠯᠤᠭᠠᠨ ᠰᠠᠷ᠎ᠠ ᠶᠢᠨ ᠨᠢᠭᠡᠨ︾ ᠤ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠭᠰᠠᠨ ᠣᠯᠤᠯᠲᠠ ᠲᠦᠷᠦᠭᠳᠡᠯ      ᠬᠠᠶᠢᠨᠠᠨ ᠲᠣᠭᠤᠷᠢᠭ ᠤᠨ ᠠᠷᠠᠳ ᠤᠨ ᠡᠮᠨᠡᠯᠭᠡ ᠶᠢᠨ ᠬᠤᠷᠢᠶᠠᠨ ᠤ ᠳᠤᠲᠤᠷ ᠭᠤᠷᠪᠠᠨ ᠰᠠᠯᠠᠭᠠᠨ ᠤ ᠰᠤᠪᠢᠯᠠᠭᠴᠢ ᠶᠢᠨ ᠳᠠᠷᠤᠭ᠎ᠠ    ᠶᠠᠩ ᠶᠠᠨ      2021 ᠣᠨ ᠤ 7 ᠳ᠋ᠣᠭᠠᠷ ᠰᠠᠷ᠎ᠠ ᠶᠢᠨ 1 ᠤ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠤᠢ ᠪᠣᠯᠤᠨ᠎ᠠ᠃ ᠡᠨᠡ 100 ᠵᠢᠯ ᠤᠨ ᠲᠤᠷᠰᠢ᠂ ᠮᠠᠨ ᠤ ᠠᠭᠤᠤ ᠶᠡᠭᠡ ᠨᠠᠮ ᠲᠡᠰᠪᠦᠷᠢ ᠬᠠᠲᠠᠭᠤᠵᠢᠯᠲᠠᠶ ᠪᠠᠷ ᠲᠡᠮᠡᠴᠡᠬᠦ ᠵᠠᠮ ᠢᠶᠠᠷ ᠵᠠᠮᠨᠠᠭᠰᠠᠨ ᠶᠤᠮ᠃ ᠶᠠᠭᠤᠲᠠᠶ ᠠᠵᠠ ᠵᠠᠪᠰᠢᠶᠠᠨ ᠢᠶᠠᠷ᠂ ᠳᠤᠮᠳᠠᠳᠤ ᠶᠢᠨ ᠴᠠᠭ ᠦᠶ᠎ᠡ᠂ ᠬᠥᠭᠵᠢᠨ ᠮᠠᠨᠳᠤᠭᠰᠠᠨ ᠴᠠᠭ ᠦᠶ᠎ᠡ ᠳᠤ ᠲᠦᠷᠦᠵᠤ᠂ ᠵᠠᠭᠤᠨ ᠵᠢᠯ ᠢ ᠭᠡᠷᠡᠴᠢᠯᠡᠨ᠎ᠡ᠂ ᠪᠢᠳᠡ ᠤᠯᠠᠭᠠᠨ ᠲᠤᠭ ᠤᠨ ᠳᠣᠣᠷ᠎ᠠ᠂ ᠬᠠᠪᠤᠷ ᠤᠨ ᠰᠠᠯᠬᠢᠨ ᠳᠤ ᠲᠦᠷᠦᠵᠤ᠂ ᠰᠠᠮᠠᠭᠤᠨ ᠲᠠᠶᠢᠨ ᠢ ᠥᠩᠭᠡᠷᠡᠭᠡᠬᠦ ᠦᠭᠡᠢ᠂ ᠢᠳᠡᠵᠦ ᠡᠮᠦᠰᠬᠦ ᠪᠠᠷ ᠳᠤᠲᠠᠬᠤ ᠦᠭᠡᠢ᠂ ᠠᠷᠠᠳ ᠲᠦᠮᠡᠨ ᠢᠲᠡᠭᠡᠯ ᠪᠢᠰᠢᠷᠡᠯ ᠲᠠᠢ᠂ ᠤᠯᠤᠰ ᠭᠦᠷᠦᠨ ᠬᠦᠴᠦᠨ ᠴᠢᠳᠠᠯ ᠲᠠᠢ᠂ ᠦᠨᠳᠦᠰᠦᠲᠡᠨ ᠬᠦᠰᠡᠯ ᠡᠷᠡᠮᠡᠯᠵᠡᠯ ᠲᠠᠢ᠂ ᠠᠭᠤᠤ ᠶᠡᠭᠡ ᠡᠬᠡ ᠤᠯᠤᠰ ᠤᠨ ᠢᠶᠠᠨ ᠴᠡᠴᠡᠭᠯᠡᠨ ᠬᠥᠭᠵᠢᠬᠦ ᠶᠢ ᠵᠦᠩᠨᠡᠶ᠎ᠡ︕
   
     ᠰᠢ ᠶᠢᠨ ᠫᠢᠩ ᠶᠡᠷᠦᠩᠬᠡᠶ ᠱᠦᠵᠢ ᠶᠢᠨ ︽ᠲᠤᠯᠤᠭᠠᠨ ᠰᠠᠷ᠎ᠠ ᠶᠢᠨ ᠨᠢᠭᠡᠨ︾ ᠤ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠭᠰᠠᠨ ᠣᠯᠤᠯᠲᠠ ᠲᠦᠷᠦᠭᠳᠡᠯ      ᠦᠬᠠᠶ ᠬᠤᠲᠠ ᠶᠢᠨ ᠬᠤᠷᠢᠨ ᠬᠤᠶᠠᠳᠤᠭᠠᠷ ᠳᠤᠮᠳᠠᠳᠤ ᠰᠤᠷᠭᠠᠭᠤᠯᠢ        ᠭᠤᠤ ᠶᠠᠨ      2021 ᠣᠨ ᠤ 7 ᠳ᠋ᠣᠭᠠᠷ ᠰᠠᠷ᠎ᠠ ᠶᠢᠨ 1 ᠤ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠤᠢ ᠪᠣᠯᠤᠨ᠎ᠠ᠂ ᠥᠨᠥᠳᠦᠷ ᠪᠣᠯ ᠳᠤᠮᠳᠠᠳᠤ ᠤᠯᠤᠰ ᠤᠨ ᠡᠪ ᠬᠠᠮᠲᠤ ᠨᠠᠮ ᠤᠨ ᠦᠪᠡᠳᠡᠭᠰᠢ ᠬᠤᠷᠠᠯ᠂ ᠮᠥᠨᠴᠦ ᠳᠤᠮᠳᠠᠳᠤ ᠤᠯᠤᠰ ᠤᠨ ᠠᠷᠠᠳ ᠲᠦᠮᠡᠨ ᠤ ᠦᠪᠡᠳᠡᠭᠰᠢ ᠬᠤᠷᠠᠯ ᠪᠣᠯᠤᠨ᠎ᠠ᠃      ᠰᠢ ᠶᠢᠨ ᠫᠢᠩ ᠶᠡᠷᠦᠩᠬᠡᠶ ᠱᠦᠵᠢ ᠶᠢᠨ ᠲᠢᠶᠠᠨ ᠠᠨ ᠮᠧᠨ ᠲᠠᠯᠠᠪᠠᠢ ᠶᠢᠨ ᠡᠮᠦᠨ᠎ᠡ ᠲᠠᠯᠪᠢᠭᠰᠠᠨ ᠶᠠᠷᠢᠶ᠎ᠠ ᠨᠢ ᠬᠥᠮᠦᠰ ᠤᠨ ᠰᠡᠳᠬᠢᠯ ᠢ ᠬᠦᠭᠵᠢᠭᠡᠨ᠎ᠡ ︽᠁ ᠁ ᠳᠤᠮᠳᠠᠳᠤ ᠤᠯᠤᠰ ᠤᠨ ᠠᠷᠠᠳ ᠲᠦᠮᠡᠨ ᠪᠣᠰᠴᠤ ᠵᠣᠭᠰᠣᠯ᠎ᠠ ᠁︾ ᠲᠡᠶᠢᠮᠦ ᠡ᠂ ᠵᠠᠭᠤ ᠭᠠᠷᠤᠶ ᠵᠢᠯ ᠤᠨ ᠡᠮᠦᠨ᠎ᠡ᠂ ᠳᠤᠮᠳᠠᠳᠤ ᠤᠯᠤᠰ ᠤᠨ ᠡᠪ ᠬᠠᠮᠲᠤ ᠨᠠᠮ ᠶᠠᠳᠠᠭᠤ ᠵᠦᠳᠡᠭᠦᠦ ᠬᠥᠳᠡᠯᠮᠦᠷᠢᠴᠢᠨ ᠲᠦᠮᠡᠨ ᠢ ᠳᠠᠭᠠᠭᠤᠯᠤᠨ᠂ ᠪᠦᠯᠬᠦᠮᠳᠡᠵᠦ ᠪᠣᠯᠬᠤ ᠬᠦᠴᠦᠨ ᠪᠦᠬᠦᠨ ᠲᠠᠢ ᠪᠦᠯᠬᠦᠮᠳᠡᠵᠦ᠂ ᠰᠢᠨ᠎ᠡ ᠠᠷᠠᠳᠴᠢᠯᠠᠭᠰᠠᠨ ᠬᠤᠪᠢᠰᠬᠠᠯ ᠤᠨ ᠢᠯᠠᠯᠲᠠ ᠶᠢ ᠪᠡᠶᠡᠯᠡᠭᠦᠯᠦᠭᠡᠳ᠂ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠵᠠᠶ᠃       ︽ᠪᠤᠰᠴᠦ ᠵᠤᠭᠰᠤᠭᠠᠷᠠᠢ᠂ ᠪᠠᠶᠠᠵᠢᠭᠠᠷᠠᠢ᠂ ᠬᠦᠴᠦᠷᠭᠡᠭᠵᠢᠭᠡᠷᠡᠢ︾ ᠁ ᠳᠤᠮᠳᠠᠳᠤ ᠤᠯᠤᠰ ᠠᠯᠬᠤᠮ ᠠᠯᠬᠤᠮ ᠢᠶᠠᠷ ᠳᠡᠯᠡᠬᠡᠶ ᠶᠢᠨ ᠲᠣᠮᠣ ᠤᠯᠤᠰ ᠵᠦᠭ ᠤᠷᠤᠭᠰᠢᠯᠠᠵᠤ᠂ ᠠᠷᠠᠳ ᠲᠦᠮᠡᠨ ᠤ ᠠᠮᠢᠳᠤᠷᠠᠯ ᠪᠠᠶᠠᠨ ᠴᠢᠨᠡᠭᠡᠯᠢᠭ ᠠᠮᠤᠷ ᠠᠮᠤᠭᠤᠯᠠᠩ ᠪᠣᠯᠵᠤ᠂ ᠳᠤᠮᠳᠠᠳᠤ ᠤᠯᠤᠰ ᠤᠨ ᠠᠷᠠᠳ ᠲᠦᠮᠡᠨ ᠤ ᠣᠶᠤᠨ ᠰᠠᠨᠠᠭᠠᠨ ᠤ ᠳᠦᠷᠰᠦ ᠪᠠᠶᠢᠳᠠᠯ ᠴᠤ ᠪᠣᠯᠪᠠᠰᠤᠨ ᠲᠣᠮᠣ ᠤᠯᠤᠰ ᠤᠨ ᠬᠡᠪ ᠴᠢᠨᠠᠷ ᠢ ᠬᠠᠷᠠᠭᠤᠯᠵᠤ ᠪᠠᠶᠢᠨ᠎ᠠ᠃ ᠥᠨᠥᠳᠦᠷ ᠤᠩᠰᠢᠯᠭ᠎ᠠ ᠶᠢᠨ ᠪᠠᠶᠢᠷᠢᠨ ᠳᠤ ᠵᠣᠭᠰᠣᠵᠤ ᠪᠠᠶᠢᠭ᠎ᠠ ᠵᠠᠯᠠᠭᠤᠴᠤᠳ ᠪᠠᠭᠠᠴᠤᠳ ᠤᠨ ᠢᠲᠡᠭᠡᠯ ᠵᠣᠷᠢᠭ᠂ ᠨᠡᠷᠡᠨ ᠤ ᠬᠡᠷᠡᠯ ᠤᠨ ᠳᠦᠷᠢ ᠪᠠᠶᠢᠳᠠᠯ ᠨᠢ ᠪᠥᠬᠦ ᠬᠥᠮᠦᠰ ᠲᠤ ᠭᠦᠨ ᠰᠠᠭᠤᠭᠳᠠᠯ ᠦᠯᠡᠳᠡᠭᠡᠭᠰᠡᠨ ᠪᠠᠶᠢᠨ᠎ᠠ᠃ ᠬᠡᠷᠪᠡ ᠲᠡᠳᠠ ᠰᠡᠶᠢᠠ ᠰᠠᠶᠢᠬᠠᠨ ᠰᠤᠷᠭᠠᠨ ᠬᠥᠮᠦᠵᠢᠯ ᠬᠦᠷᠳᠡᠭᠰᠡᠠ ᠤᠢᠭᠡᠢ᠂ ᠬᠡᠷᠪᠡ ᠲᠡᠳᠠ ᠴᠢᠩᠭ᠎ᠠ ᠪᠣᠯᠪᠠᠰᠤᠷᠠᠯ ᠬᠦᠷᠳᠡᠭᠰᠡᠠ ᠤᠢᠭᠡᠢ ᠪᠣᠯ ᠳᠤᠮᠳᠠᠳᠤ ᠤᠯᠤᠰ ᠤᠨ ᠵᠠᠯᠠᠭᠤᠴᠤᠳ ᠪᠠᠭᠠᠴᠤᠳ ᠤᠨ ᠰᠢᠯᠢᠳᠡᠭ ᠴᠤᠬ ᠵᠢᠪᠬᠤᠭ᠎ᠠ ᠲᠠᠢ ᠪᠠᠶᠢᠳᠠᠯ ᠢ ᠬᠡᠷᠬᠢᠨ ᠢᠯᠡᠷᠡᠭᠦᠯᠵᠦ ᠴᠢᠳᠠᠬᠤ ᠪᠤᠢ︖ ᠲᠡᠶᠢᠮᠦ ᠡ᠂ ᠳᠤᠮᠳᠠᠳᠤ ᠤᠯᠤᠰ ᠪᠠᠶᠠᠵᠢᠨ ᠬᠦᠴᠦᠷᠬᠡᠭᠵᠢᠪᠡ᠂ ᠳᠤᠮᠳᠠᠳᠤ ᠤᠯᠤᠰ ᠤᠨ ᠰᠤᠷᠭᠠᠨ ᠬᠥᠮᠦᠵᠢᠯ ᠴᠦ ᠴᠠᠭ ᠦᠶ᠎ᠡ ᠶᠢᠨ ᠠᠯᠬᠤᠮ ᠢ ᠰᠠᠯᠤᠯ ᠦᠭᠡᠢ ᠳᠠᠭᠠᠵᠤ᠂ ᠳᠤᠮᠳᠠᠳᠤ ᠤᠯᠤᠰ ᠤᠨ ᠵᠠᠯᠠᠭᠤᠴᠤᠳ ᠪᠠᠭᠠᠴᠤᠳ ᠳᠡᠯᠡᠬᠡᠢ ᠳ᠋ᠠᠬᠢᠨ ᠤ ᠬᠥᠮᠦᠰ ᠤᠨ ᠡᠮᠦᠨ᠎ᠡ ︽ᠤᠯᠤᠰ ᠢᠶᠠᠨ ᠬᠦᠴᠦᠷᠬᠡᠭᠵᠢᠭᠦᠯᠬᠦ ᠳᠤ ᠪᠢ ᠪᠤᠢ︾ ᠭᠡᠬᠦ ᠠᠤᠭ᠎ᠠ ᠰᠠᠨᠠᠭ᠎ᠠ ᠡᠷᠡᠯᠬᠡᠭ ᠵᠣᠷᠢᠭ ᠢᠶᠠᠨ ᠢᠯᠡᠷᠡᠭᠦᠯᠬᠦ ᠪᠣᠯᠤᠨ᠎ᠠ᠃      ᠤᠯᠤᠰ ᠣᠷᠣᠨ ᠰᠠᠨᠠᠭ᠎ᠠ ᠠᠮᠤᠷ ᠪᠠᠶᠢᠭᠠᠷᠠᠶ᠂ ᠳᠤᠮᠳᠠᠳᠤ ᠤᠯᠤᠰ ᠤᠨ ᠵᠠᠯᠠᠭᠤ ᠨᠢᠭᠡ ᠦᠶ᠎ᠡ ᠶᠢᠨ ᠬᠢᠨ ᠪᠣᠯ ᠴᠢᠷᠮᠠᠶᠢᠨ ᠲᠡᠮᠡᠴᠡᠵᠦ ᠬᠥᠭᠵᠢᠨ ᠮᠠᠨᠳᠤᠭᠰᠠᠨ ᠨᠢᠭᠡ ᠦᠶ᠎ᠡ ᠶᠢᠨ ᠬᠢᠨ ᠮᠥᠨ᠂ ᠪᠢᠳᠡ ᠬᠦᠴᠦᠷᠬᠡᠭᠵᠢᠬᠦ ᠪᠠᠷ ᠬᠦᠴᠦᠯᠡᠨ ᠴᠢᠷᠮᠠᠶᠢᠳᠠᠭ ᠯᠠ ᠶᠤᠮ ᠪᠣᠯ ᠳᠤᠮᠳᠠᠳᠤ ᠤᠯᠤᠰ ᠯᠠᠪᠳᠠᠶ᠎ᠠ ᠬᠦᠴᠦᠷᠬᠡᠭᠵᠢᠬᠦ ᠶᠤᠮ᠃
   
     ᠰᠢ ᠶᠢᠨ ᠫᠢᠩ ᠶᠡᠷᠦᠩᠬᠡᠶ ᠱᠦᠵᠢ ᠶᠢᠨ ︽ᠲᠤᠯᠤᠭᠠᠨ ᠰᠠᠷ᠎ᠠ ᠶᠢᠨ ᠨᠢᠭᠡᠨ︾ ᠤ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠭᠰᠠᠨ ᠣᠯᠤᠯᠲᠠ ᠲᠦᠷᠦᠭᠳᠡᠯ      ᠦᠬᠠᠶ ᠶᠢᠨ ᠵᠦᠩ ᠯᠢᠶᠠᠨ ᠬᠢᠮᠢ ᠶᠢᠨ ᠠᠵᠤ ᠦᠢᠯᠡᠳᠪᠦᠷᠢ ᠶᠢᠨ ᠬᠢᠵᠠᠭᠠᠷᠲᠤ ᠺᠣᠮᠫᠠᠨᠢ      ᠰᠥᠸᠧ ᠯᠢᠩ      ︽ᠪᠢᠳᠡ ᠤᠯᠠᠭᠠᠨ ᠲᠤᠭ ᠤᠨ ᠳᠣᠣᠷ᠎ᠠ ᠲᠥᠷᠥᠵᠦ᠂ ᠬᠠᠪᠤᠷ ᠤᠨ ᠰᠠᠯᠬᠢᠨ ᠳᠤ ᠦᠰᠦᠨ ᠪᠤᠶᠢᠵᠢᠪᠠ᠃ ᠠᠷᠠᠳ ᠲᠦᠮᠡᠨ ᠢᠲᠡᠭᠡᠯ ᠪᠢᠰᠢᠷᠡᠯ ᠲᠠᠢ᠂ ᠤᠯᠤᠰ ᠣᠷᠣᠨ ᠬᠦᠴᠦᠨ ᠴᠢᠳᠠᠯ ᠲᠠᠢ︾᠃ ᠡᠨᠡ ᠪᠣᠯ ᠨᠢᠭᠡᠨ ᠳᠤᠮᠳᠠᠳᠤ ᠤᠯᠤᠰ ᠤᠨ ᠬᠥᠮᠦᠨ ᠤ ᠣᠮᠣᠭᠰᠢᠯ ᠮᠥᠨ᠂ ᠨᠡᠩ ᠴᠤ ᠨᠢᠭᠡᠨ ᠨᠠᠮ ᠤᠨ ᠭᠡᠰᠢᠭᠦᠨ ᠤ ᠣᠮᠣᠭᠰᠢᠯ ᠮᠥᠨ︕      ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠶᠢᠨ ᠲᠥᠯᠥᠭᠡ᠂ ᠳᠤᠮᠳᠠᠳᠤ ᠤᠯᠤᠰ ᠤᠨ ᠡᠪ ᠬᠠᠮᠲᠤ ᠨᠠᠮ ᠳᠤᠮᠳᠠᠳᠤ ᠤᠯᠤᠰ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ᠂ ᠴᠢᠰᠤᠨ ᠪᠠᠶᠢᠯᠳᠤᠭᠠᠨ ᠬᠢᠵᠦ᠂ ᠨᠤᠭᠤᠷᠠᠰᠢ ᠦᠭᠡᠢ ᠲᠡᠮᠡᠴᠡᠨ᠂ ᠰᠢᠨ᠎ᠡ ᠠᠷᠠᠳᠴᠢᠯᠠᠭᠰᠠᠨ ᠬᠤᠪᠢᠰᠬᠠᠯ ᠤᠨ ᠠᠭᠤᠤ ᠶᠡᠭᠡ ᠠᠮᠵᠢᠯᠲᠠ ᠶᠢ ᠡᠭᠦᠳᠴᠦ᠂ ᠲᠤᠭ᠎ᠠ ᠲᠣᠮᠰᠢ ᠦᠭᠡᠢ ᠤᠯᠠᠨ ᠤᠳᠠᠭ᠎ᠠ ᠶᠢᠨ ᠦᠬᠦᠵᠦ ᠰᠡᠭᠡᠬᠦ ᠶᠢᠨ ᠦᠵᠡᠯᠴᠡᠭᠡᠨ ᠢ ᠥᠩᠭᠡᠷᠡᠭᠡᠭᠡᠳ᠂ ᠳᠤᠮᠳᠠᠳᠤ ᠤᠯᠤᠰ ᠤᠨ ᠠᠷᠠᠳ ᠲᠦᠮᠡᠨ ᠡᠴᠦᠰ ᠲᠡᠭᠡᠨ ᠡᠷᠬᠡ ᠮᠡᠳᠡᠵᠤ ᠡᠵᠡᠨ ᠰᠠᠭᠤᠪᠠ᠃ ᠲᠠᠰᠤᠷᠠᠯᠳᠠ ᠦᠭᠡᠢ ᠰᠦᠪᠡᠭᠴᠢᠯᠡᠨ ᠵᠠᠯᠠᠷᠠᠭᠤᠯᠵᠤ᠂ ᠳᠤᠮᠳᠠᠳᠤ ᠤᠯᠤᠰ ᠤᠨ ᠠᠷᠠᠳ ᠲᠦᠮᠡᠨ ᠥᠪᠡᠷ ᠤᠨ ᠬᠦᠴᠦ ᠪᠠᠷ ᠢᠶᠠᠨ ᠳᠡᠭᠵᠢᠷᠡᠨ᠂ ᠬᠦᠴᠦᠷᠬᠡᠭᠵᠢᠬᠦ ᠪᠠᠷ ᠬᠦᠴᠦᠯᠡᠨ ᠴᠢᠷᠮᠠᠶᠢᠵᠤ᠂ ᠨᠡᠶᠢᠭᠡᠮ ᠵᠢᠷᠤᠮᠲᠤ ᠬᠤᠪᠢᠰᠬᠠᠯ ᠪᠠ ᠪᠦᠳᠦᠭᠡᠨ ᠪᠠᠶᠢᠭᠤᠯᠤᠯᠲᠠ ᠶᠢᠨ ᠠᠭᠤᠤ ᠶᠡᠭᠡ ᠠᠮᠵᠢᠯᠲᠠ ᠶᠢ ᠡᠭᠦᠳᠴᠡᠶ᠃ ᠢᠳᠡᠪᠬᠢᠲᠡᠶ ᠪᠠᠷ ᠥᠭᠡᠷᠡᠴᠢᠯᠡᠯᠲᠡ ᠬᠢᠵᠦ ᠴᠢᠯᠥᠭᠡᠲᠡᠶ ᠶᠠᠪᠤᠯᠴᠠᠵᠤ᠂ ᠦᠵᠡᠯ ᠰᠠᠨᠠᠭ᠎ᠠ ᠪᠠᠨ ᠴᠢᠯᠥᠭᠡᠯᠡᠨ᠂ ᠡᠷᠡᠰ ᠰᠢᠭᠤᠷᠬᠠᠶ ᠪᠠᠷ ᠤᠷᠤᠭᠰᠢᠯᠠᠨ ᠲᠠᠪᠰᠢᠵᠤ᠂ ᠥᠭᠡᠷᠡᠴᠢᠯᠡᠯᠲᠡ ᠬᠢᠵᠦ ᠴᠢᠯᠥᠭᠡᠲᠡᠶ ᠶᠠᠪᠤᠯᠴᠠᠬᠤ ᠪᠠ ᠨᠡᠶᠢᠭᠡᠮ ᠵᠢᠷᠤᠮ ᠤᠨ ᠣᠳᠣᠬᠢᠴᠢᠯᠠᠯᠲᠠ ᠶᠢᠨ ᠪᠦᠳᠤᠭᠡᠨ ᠪᠠᠶᠢᠭᠤᠯᠤᠯᠲᠠ ᠶᠢᠨ ᠠᠭᠤᠤ ᠶᠡᠭᠡ ᠠᠮᠵᠢᠯᠲᠠ ᠶᠢ ᠡᠭᠦᠳᠦᠨ ᠪᠦᠲᠦᠭᠡᠵᠡᠶ᠃ ᠪᠡᠶ᠎ᠡ ᠳᠡᠭᠡᠨ ᠢᠲᠡᠭᠡᠯ ᠲᠠᠢ ᠥᠪᠡᠷ ᠢ ᠪᠠᠨ ᠬᠦᠴᠦᠷᠬᠡᠭᠵᠢᠭᠦᠯᠵᠦ᠂ ᠰᠢᠨ᠎ᠡ ᠶᠢ ᠡᠭᠦᠳᠴᠦ᠂ ᠠᠭᠤᠤ ᠶᠡᠭᠡ ᠲᠡᠮᠡᠴᠡᠯ᠂ ᠠᠭᠤᠤ ᠶᠡᠭᠡ ᠢᠨᠵᠧᠨᠧᠷᠢᠩ᠂ ᠠᠭᠤᠤ ᠶᠡᠭᠡ ᠦᠢᠯᠡᠰ᠂ ᠠᠭᠤᠤ ᠶᠡᠭᠡ ᠬᠦᠰᠡᠯ ᠵᠡᠭᠦᠳᠦ ᠶᠢ ᠶᠡᠷᠦᠩᠬᠡᠶᠢᠯᠡᠨ ᠵᠢᠯᠣᠭᠤᠳᠴᠤ᠂ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠠᠭᠤᠤ ᠶᠡᠭᠡ ᠠᠮᠵᠢᠯᠲᠠ ᠶᠢ ᠡᠭᠦᠳᠴᠡᠢ᠃ ᠥᠨᠥᠳᠦᠷ ᠤᠨ ᠪᠢᠳᠡ ᠳᠡᠯᠡᠬᠡᠢ ᠶᠢᠨ ᠡᠮᠦᠨ᠎ᠡ ᠡᠩᠨᠡᠭᠡᠨ ᠳᠤ ᠶᠠᠪᠤᠵᠤ᠂ ᠲᠣᠭᠲᠠᠭᠤᠨ ᠢᠶᠠᠷ ᠬᠥᠭᠵᠢᠬᠦ ᠶᠢᠨ ᠵᠡᠷᠭᠡᠪᠡᠷ ᠡᠯ᠎ᠡ ᠤᠯᠤᠰ ᠯᠤᠭ᠎ᠠ ᠨᠥᠬᠦᠷᠰᠡᠭ ᠬᠠᠷᠢᠯᠴᠠᠭ᠎ᠠ ᠪᠠᠶᠢᠭᠤᠯᠵᠤ᠂ ︽ᠲᠣᠷᠭᠠᠨ ᠵᠠᠮ︾ ᠢᠶᠠᠷ ᠲᠠᠬᠢᠨ ᠵᠠᠮᠨᠠᠵᠤ᠂ ᠨᠢᠭᠡ ᠵᠠᠮ ᠨᠢᠭᠡ ᠪᠦᠰᠡ ᠨᠢ ᠪᠢᠳᠡ ᠪᠣᠯᠤᠨ ᠳᠡᠯᠡᠬᠡᠢ ᠳ᠋ᠠᠬᠢᠨ ᠳᠤ ᠨᠡᠩ ᠤᠯᠠᠨ ᠬᠠᠮᠲᠤ ᠪᠠᠷ ᠬᠥᠭᠵᠢᠬᠦ ᠠᠵᠠ ᠲᠣᠬᠢᠶᠠᠯ ᠢ ᠡᠭᠦᠳᠴᠦ᠂ ᠲᠤᠮᠤ ᠤᠯᠤᠰ ᠤᠨ ᠬᠡᠪ ᠨᠠᠮᠪᠠ ᠪᠣᠯᠤᠨ ᠴᠤᠭ ᠵᠢᠪᠬᠤᠭ᠎ᠠ ᠶᠢ ᠭᠦᠢᠴᠡᠳ ᠢᠯᠡᠷᠡᠭᠦᠯᠵᠡᠢ︕
     ᠰᠢ ᠶᠢᠨ ᠫᠢᠩ ᠶᠡᠷᠦᠩᠬᠡᠶ ᠱᠦᠵᠢ ᠶᠢᠨ ︽ᠲᠤᠯᠤᠭᠠᠨ ᠰᠠᠷ᠎ᠠ ᠶᠢᠨ ᠨᠢᠭᠡᠨ︾ ᠤ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠭᠰᠠᠨ ᠣᠯᠤᠯᠲᠠ ᠲᠦᠷᠦᠭᠳᠡᠯ      2019 ᠣᠨ ᠤ ᠪᠠᠷᠠᠭᠤᠨ ᠣᠷᠣᠨ ᠤ ᠲᠥᠯᠥᠪᠯᠡᠭᠡ ᠶᠢᠨ ᠰᠠᠶᠢᠨ ᠳᠤᠷ᠎ᠠ ᠶᠢᠨ ᠠᠵᠢᠯᠯᠠᠭᠴᠢ      ᠵᠠᠩ ᠯᠦ      ᠡᠭᠡᠯ ᠵᠢᠷ ᠨᠢ ᠠᠭᠤᠤ ᠶᠡᠭᠡ ᠶᠢ ᠪᠤᠢ ᠪᠣᠯᠭᠠᠳᠠᠭ᠂ ᠪᠠᠭᠠᠲᠤᠷᠴᠤᠳ ᠪᠣᠯ ᠠᠷᠠᠳ ᠲᠦᠮᠡᠨ ᠤ ᠳᠤᠮᠳᠠ ᠠᠴᠠ ᠢᠷᠡᠳᠡᠭ᠂ ᠠᠬᠠᠮᠠᠳ ᠦᠶ᠎ᠡ ᠶᠢᠨ ᠬᠢᠨ ᠤ ᠬᠠᠶᠢᠨ ᠰᠦᠪᠡᠭᠴᠢᠯᠡᠵᠦ ᠭᠠᠷᠭᠠᠭᠰᠠᠨ ᠳᠠᠷᠳᠠᠩ ᠵᠠᠮ ᠢᠶᠠᠷ ᠶᠠᠪᠤᠬᠤ ᠳᠤ᠂ ᠮᠠᠨ ᠤ ᠵᠠᠯᠠᠭᠤᠴᠤᠳ ᠭᠠᠭᠴᠠᠬᠦ ᠴᠢᠷᠮᠠᠶᠢᠨ ᠵᠢᠳᠬᠦᠵᠦ᠂ ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠵᠣᠷᠢᠭᠲᠠᠢ ᠪᠠᠷ ᠡᠭᠦᠷᠭᠡᠯᠡᠪᠡᠯ ᠰᠠᠶᠢ ᠲᠡᠦᠬᠡ ᠶᠢᠨ ᠬᠦᠷᠳᠦ ᠶᠢᠨ ᠤᠷᠤᠭᠰᠢᠯᠠᠯᠲᠠ ᠶᠢ ᠠᠬᠢᠭᠤᠯᠵᠤ᠂ ᠰᠢᠨ᠎ᠡ ᠬᠠᠭᠤᠳᠠᠰᠤ ᠶᠢ ᠪᠢᠴᠢᠭᠯᠡᠵᠦ ᠴᠢᠳᠠᠨ᠎ᠠ᠃ ᠵᠠᠭᠤᠨ ᠵᠢᠯ ᠤᠨ ᠡᠮᠦᠨ᠎ᠡ᠂ ᠠᠭᠤᠯᠠ ᠤᠰᠤ ᠰᠦᠢᠷᠡᠵᠦ᠂ ᠦᠷᠡᠭᠳᠡᠭᠰᠡᠨ ᠪᠠᠭᠠᠲᠤᠷᠴᠤᠳ ᠬᠠᠯᠠᠭᠤᠨ ᠴᠢᠰᠤ ᠪᠠᠷ ᠢᠶᠠᠨ ᠲᠠᠬᠢᠨ ᠴᠣᠭᠴᠠᠯᠠᠪᠠ᠃ ᠡᠨᠡ ᠦᠶ᠎ᠡ ᠳᠤ᠂ ᠬᠥᠭᠵᠢᠯ ᠪᠠᠳᠠᠷᠠᠯ ᠲᠠᠢ ᠦᠶ᠎ᠡ ᠳᠤ᠂ ᠮᠠᠨ ᠤ ᠦᠶ᠎ᠡ ᠶᠢᠨ ᠬᠢᠨ ᠵᠠᠯᠠᠭᠤ ᠨᠠᠰᠤ ᠪᠠᠷ ᠢᠶᠠᠨ ᠰᠠᠬᠢᠨ ᠬᠠᠮᠠᠭᠠᠯᠠᠶ᠎ᠠ᠃ ᠵᠠᠭᠤᠨ ᠵᠢᠯ ᠤᠨ ᠳᠠᠷᠠᠭ᠎ᠠ᠂ ᠨᠣᠶᠠᠨ ᠣᠷᠭᠢᠯ ᠳᠤ ᠳᠠᠬᠢᠨ ᠠᠪᠠᠷᠢᠨ᠂ ᠬᠤᠵᠢᠮ ᠤᠨ ᠬᠥᠮᠦᠰ ᠳᠤᠮᠳᠠᠳᠤ ᠶᠢᠨ ᠢᠷᠠᠭᠤ ᠠᠯᠳᠠᠷ ᠳᠤ ᠣᠮᠣᠭᠰᠢᠨᠠᠮ᠂ ᠭᠠᠭᠴᠠ ᠬᠦ ᠦᠶ᠎ᠡ ᠶᠢᠨ ᠦᠶ᠎ᠡ ᠶᠢᠨ ᠵᠠᠯᠠᠭᠤᠴᠤᠳ ᠡᠨᠡ ᠨᠠᠰᠤ ᠪᠠᠨ ᠬᠠᠷᠠᠮᠰᠠᠬᠤ ᠠᠴᠠ ᠪᠤᠴᠠᠬᠤ ᠦᠭᠡᠢ ᠪᠤᠯᠪᠠᠰᠤ᠂ ᠮᠢᠩᠭᠠᠨ ᠣᠨ ᠤ ᠳᠤᠮᠳᠠᠳᠤ ᠶᠢᠨ ᠦᠨᠳᠦᠰᠦᠲᠡᠨ ᠳᠤ ᠮᠥᠩᠬᠡᠷᠡᠨ᠎ᠡ᠃ ᠮᠠᠨ ᠤ ᠦᠶ᠎ᠡ ᠶᠢᠨ ᠵᠠᠯᠠᠭᠤ ᠨᠠᠰᠤ ᠪᠠᠷ ᠢᠶᠠᠨ ᠪᠠᠳᠠᠷᠠᠯᠲᠤ ᠴᠠᠭ ᠦᠶ᠎ᠡ ᠶᠢᠨ ᠳᠤᠮᠳᠠᠳᠤ ᠤᠯᠤᠰ ᠢᠶᠠᠨ ᠬᠠᠮᠠᠭᠠᠯᠠᠬᠤ ᠶᠢ ᠬᠦᠰᠡᠵᠦ ᠪᠠᠶᠢᠨ᠎ᠠ᠂ ᠪᠢᠳᠡ ᠳᠤᠮᠳᠠᠳᠤ ᠶᠢᠨ ᠴᠠᠭ ᠦᠶ᠎ᠡ ᠳᠤ ᠲᠦᠷᠦᠵᠤ᠂ ᠵᠠᠭᠤᠨ ᠵᠢᠯ ᠢ ᠭᠡᠷᠡᠴᠢᠯᠡᠨ᠎ᠡ᠂ ᠠᠭᠤᠯᠠ ᠤᠰᠤ ᠠᠮᠤᠷ ᠲᠠᠶᠢᠪᠤᠩ ᠪᠠᠶᠢᠬᠤ ᠶᠢ  ᠬᠦᠰᠡᠵᠦ᠂ ᠠᠭᠤᠤ ᠶᠡᠭᠡ ᠡᠬᠡ ᠤᠯᠤᠰ ᠤᠨ ᠴᠡᠴᠡᠭᠯᠡᠨ ᠬᠥᠭᠵᠢᠬᠦ ᠶᠢ ᠵᠦᠩᠨᠡᠶ᠎ᠡ︕
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号