ᠢᠦᠶ ᡁᠢ ᠶᠦᠩ᠄ ᠬᠤᠭᠤᠴᠠᠭ᠎ᠠ ᠰᠣᠯᠢᠬᠤ ᠠᠵᠢᠯ ᠤᠨ ᠰᠠᠬᠢᠯᠭ᠎ᠠ ᠪᠠᠲᠤ ᠶᠢ ᠴᠢᠩᠳᠠᠯᠠᠵᠤ᠂ ᠰᠤᠷᠲᠠᠯ ᠴᠢᠬᠡᠴᠢ ᠣᠪᠣᠷ ᠲᠥᠪ ᠪᠠᠶᠢᠬᠤ ᠶᠢ ᠦᠨᠡᠨᠬᠦ  ᠪᠠᠲᠤᠯᠠᠨ᠂ ᠰᠠᠬᠢᠯᠭ᠎ᠠ ᠪᠠᠲᠤ ᠶᠢᠨ ᠬᠥᠪᠴᠢ ᠶᠢ ᠴᠠᠭ ᠢᠮᠠᠭᠲᠠ ᠴᠢᠩᠭᠠᠷᠠᠭᠤᠯᠬᠤ ᠬᠡᠷᠡᠭᠲᠡᠶ
ᠨᠡᠶᠢᠲᠡᠯᠡᠭᠰᠡᠨ ᠴᠠᠭ᠄
2021/7/15
     ︽ᠲᠤᠭᠤᠷᠢᠭ ᠤᠨ ᠨᠠᠮ ᠤᠨ ᠬᠤᠷᠢᠶᠠᠨ ᠤ ᠱᠦᠵᠢ ᠬᠤᠭᠤᠴᠠᠭ᠎ᠠ ᠰᠣᠯᠢᠬᠤ ᠠᠵᠢᠯ ᠤᠨ ᠰᠠᠬᠢᠯᠭ᠎ᠠ ᠪᠠᠲᠤ ᠳᠤ ᠬᠢᠨᠠᠯᠲᠠ ᠲᠠᠯᠪᠢᠬᠤ ᠲᠤᠬᠠᠶ ᠶᠠᠷᠢᠭᠰᠠᠨ ᠲᠤᠰᠬᠠᠶ ᠪᠤᠯᠤᠩ ᠤᠨ ᠤᠳᠤᠷᠢᠳᠬᠠᠯ ᠦᠭᠡ︾      ᠬᠤᠭᠤᠴᠠᠭ᠎ᠠ ᠰᠣᠯᠢᠬᠤ ᠬᠡᠪ ᠰᠤᠷᠲᠠᠯ ᠪᠣᠯ ᠤᠯᠤᠰ ᠲᠦᠷᠦ ᠶᠢᠨ ᠠᠮᠢ ᠠᠬᠤᠢ ᠶᠢᠨ ᠵᠦᠭᠯᠡᠭᠦᠷ᠂ ᠴᠠᠭ ᠠᠭᠤᠷ ᠤᠨ ᠬᠡᠮᠵᠢᠭᠦᠷ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠭᠰᠠᠨ ᠦᠷ᠎ᠡ ᠪᠦᠲᠦᠭᠡᠯ ᠤᠨ ᠲᠥᠪᠯᠡᠷᠡᠩᠭᠦᠢ ᠰᠢᠯᠭᠠᠯᠲᠠ ᠮᠥᠨ᠃ ᠬᠤᠭᠤᠴᠠᠭ᠎ᠠ ᠰᠣᠯᠢᠬᠤ ᠰᠠᠬᠢᠯᠭ᠎ᠠ ᠪᠠᠲᠤ ᠶᠢ ᠴᠢᠩᠳᠠᠯᠠᠵᠦ᠂ ᠰᠤᠷᠲᠠᠯ ᠴᠢᠬᠡᠴᠢ ᠣᠪᠣᠷ ᠲᠥᠪ ᠬᠤᠭᠤᠴᠠᠭ᠎ᠠ ᠰᠣᠯᠢᠬᠤ ᠣᠷᠴᠢᠨ ᠲᠣᠭᠤᠷᠢᠨ ᠢ ᠪᠤᠶ ᠪᠤᠯᠭᠠᠵᠦ᠂ ᠨᠠᠮ ᠤᠨ ᠬᠤᠷᠢᠶᠠᠨ ᠤ ᠱᠦᠵᠢ ᠶᠢᠨ ᠬᠤᠭᠤᠴᠠᠭ᠎ᠠ ᠰᠣᠯᠢᠬᠤ ᠰᠠᠬᠢᠯᠭ᠎ᠠ ᠪᠠᠲᠤ ᠶᠢᠨ ᠨᠢᠭᠡᠳᠦᠭᠡᠷ ᠬᠠᠷᠢᠭᠤᠴᠠᠯᠭᠠᠲᠠᠨ ᠤ ᠬᠠᠷᠢᠭᠤᠴᠠᠯᠭ᠎ᠠ ᠶᠢ ᠴᠢᠩᠳᠠᠯᠠᠬᠤ ᠶᠢ ᠠᠳᠬᠤᠬᠤ ᠬᠠᠷᠢᠭᠤᠴᠠᠯᠭ᠎ᠠ ᠶᠢ ᠴᠢᠩᠭᠠᠳᠬᠠᠬᠤ   ᠶᠢᠨ ᠲᠦᠯᠦᠭᠡ᠂ ︽ᠦᠬᠠᠢ ᠶᠢᠨ ᠨᠠᠮ ᠤᠨ ᠪᠠᠶᠢᠭᠤᠯᠤᠯᠲᠠ︾ ᠸᠢᠴᠠᠲ ᠤᠨ ᠤᠯᠠᠨ ᠨᠡᠶᠢᠲᠡ ᠶᠢᠨ ᠳ᠋ᠤᠭᠠᠷ ᠲᠤ ︽ ᠲᠤᠭᠤᠷᠢᠭ ᠤᠨ ᠨᠠᠮ ᠤᠨ ᠬᠤᠷᠢᠶᠠᠨ ᠤ ᠱᠦᠵᠢ ᠬᠤᠭᠤᠴᠠᠭ᠎ᠠ ᠰᠣᠯᠢᠬᠤ ᠰᠠᠬᠢᠯᠭ᠎ᠠ ᠪᠠᠲᠤ ᠳᠤ ᠬᠢᠨᠠᠯᠲᠠ ᠲᠠᠯᠪᠢᠬᠤ ᠲᠤᠬᠠᠢ ᠶᠠᠷᠢᠬᠤ︾ ᠲᠤᠰᠬᠠᠢ ᠪᠤᠯᠤᠩ ᠭᠠᠷᠭᠠᠵᠤ᠂ ᠪᠦᠬᠦ ᠬᠤᠳᠠ ᠶᠢᠨ ᠡᠯ᠎ᠡ  ᠲᠤᠭᠤᠷᠢᠭ ᠤᠨ ᠨᠠᠮ ᠤᠨ ᠬᠤᠷᠢᠶᠠᠨ ᠤ ᠱᠦᠵᠢ ᠶᠢᠨ ᠬᠤᠭᠤᠴᠠᠭ᠎ᠠ ᠰᠣᠯᠢᠬᠤ ᠰᠠᠬᠢᠯᠭ᠎ᠠ ᠪᠠᠲᠤ ᠶᠢ ᠴᠢᠩᠳᠠᠯᠠᠬᠤ᠂ ᠬᠤᠭᠤᠴᠠᠭ᠎ᠠ ᠰᠣᠯᠢᠬᠤ ᠰᠤᠷᠲᠠᠯ ᠳᠤ ᠬᠢᠨᠠᠯᠲᠠ ᠲᠠᠯᠪᠢᠬᠤ ᠶᠢ ᠴᠢᠩᠭᠠᠳᠬᠠᠬᠤ ᠲᠤᠬᠠᠢ ᠲᠠᠨᠢᠯᠲᠠ ᠣᠶᠢᠯᠠᠭᠠᠯᠲᠠ ᠪᠠ ᠲᠤᠷᠰᠢᠯᠭ᠎ᠠ ᠠᠷᠭ᠎ᠠ ᠬᠢᠳᠡᠯ ᠢ ᠵᠠᠯᠭᠠᠪᠡᠷ ᠨᠡᠶᠢᠲᠡᠯᠡᠵᠦ᠂ ᠪᠦᠬᠦ ᠬᠤᠳᠠ ᠶᠢᠨ ᠬᠤᠭᠤᠴᠠᠭ᠎ᠠ ᠰᠣᠯᠢᠬᠤ ᠠᠵᠢᠯ ᠤᠨ ᠠᠷᠢᠭᠤᠨ ᠴᠢᠬᠡᠴᠢ ᠪᠠᠶᠢᠬᠤ ᠶᠢ ᠠᠬᠢᠭᠤᠯᠤᠨ᠎ᠠ᠃ ᠲᠣᠰ ᠬᠤᠭᠤᠴᠠᠭᠠᠨ ᠳᠤ ᠬᠠᠶᠢᠨᠠᠨ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠢᠦᠶ ᡁᠢ ᠶᠦᠩ ᠨᠥᠬᠦᠷ ᠤᠨ ︽ᠬᠤᠭᠤᠴᠠᠭ᠎ᠠ ᠰᠣᠯᠢᠬᠤ ᠠᠵᠢᠯ ᠤᠨ ᠰᠠᠬᠢᠯᠭ᠎ᠠ ᠪᠠᠲᠤ ᠶᠢ ᠴᠢᠩᠳᠠᠯᠠᠵᠤ ᠰᠤᠷᠲᠠᠯ ᠴᠢᠬᠡᠴᠢ ᠣᠪᠣᠷ ᠲᠥᠪ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠶ︾ ᠭᠡᠳᠡᠭ ᠢ ᠨᠡᠶᠢᠲᠡᠯᠡᠪᠡ᠃      ᠬᠤᠭᠤᠴᠠᠭ᠎ᠠ ᠰᠣᠯᠢᠬᠤ ᠠᠵᠢᠯ ᠤᠨ ᠰᠠᠬᠢᠯᠭ᠎ᠠ ᠪᠠᠲᠤ ᠶᠢ ᠴᠢᠩᠳᠠᠯᠠᠵᠤ ᠰᠤᠷᠲᠠᠯ ᠴᠢᠬᠡᠴᠢ ᠣᠪᠣᠷ ᠲᠥᠪ ᠪᠠᠶᠢᠬᠤ ᠶᠢ ᠪᠠᠲᠤᠯᠠᠬᠤ ᠬᠡᠷᠡᠭᠲᠡᠢ      ᠳᠤᠮᠳᠠᠳᠤ ᠤᠯᠤᠰ ᠤᠨ ᠡᠪ ᠬᠠᠮᠲᠤ ᠨᠠᠮ ᠤᠨ ᠬᠠᠶᠢᠨᠠᠨ ᠲᠤᠭᠤᠷᠢᠭ ᠤᠨ ᠬᠤᠷᠢᠶᠠᠨ ᠤ ᠱᠦᠵᠢ       ᠢᠦᠢ ᡁᠢ ᠶᠦᠩ      ᠲᠤᠰ ᠤᠳᠠᠭᠠᠨ ᠤ ᠲᠣᠭᠤᠷᠢᠭ ᠪᠠᠯᠭᠠᠰᠤᠨ ᠤ ᠤᠳᠤᠷᠢᠳᠬᠤ ᠪᠠᠭ ᠤᠨ ᠬᠤᠭᠤᠴᠠᠭ᠎ᠠ ᠰᠣᠯᠢᠬᠤ ᠠᠵᠢᠯ ᠪᠣᠯ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠣᠶ ᠪᠠ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠡᠬᠢᠯᠡᠯᠲᠡ ᠶᠢᠨ ᠵᠢᠯ ᠮᠥᠨ ᠪᠣᠯᠬᠤᠷ ᠪᠦᠬᠦ ᠲᠠᠯ᠎ᠠ ᠳᠤ ᠬᠤᠯᠪᠣᠭᠳᠠᠵᠤ᠂ ᠠᠯᠤᠰ ᠬᠡᠳᠦ ᠶᠢᠨ ᠠᠴᠢ ᠬᠤᠯᠪᠣᠭᠳᠠᠯ ᠲᠠᠢ ᠶᠤᠮ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠠ ᠬᠤᠲᠠ ᠶᠢᠨ ᠨᠠᠮ ᠤᠨ ᠬᠤᠷᠢᠶ᠎ᠠ ᠶᠢᠨ ︽ᠤᠷᠢᠳᠠᠪᠠᠷ ᠪᠠᠯᠭᠠᠰᠤ᠂ ᠳᠠᠷᠠᠭ᠎ᠠ ᠲᠣᠭᠤᠷᠢᠭ ᠤᠨ ᠬᠢᠨ᠂ ᠳᠣᠣᠷ᠎ᠠ ᠠᠴᠠ ᠳᠡᠭᠡᠭᠰᠢ᠂ ᠠᠳᠠᠯᠢ ᠱᠠᠲᠤᠨ ᠤ ᠨᠠᠮ ᠤᠨ ᠬᠤᠷᠢᠶ᠎ᠠ ᠡᠮᠦᠨ᠎ᠡ ᠨᠢ ᠪᠠᠶᠢᠵᠤ᠂ ᠵᠣᠬᠢᠰᠲᠠᠶ ᠪᠠᠷ ᠲᠥᠪᠯᠡᠷᠡᠭᠦᠯᠦᠨ ᠬᠢᠬᠦ︾ ᠨᠢᠭᠡᠳᠦᠯᠲᠡᠶ ᠲᠣᠬᠢᠷᠠᠭᠤᠯᠤᠯᠲᠠ ᠶᠢᠨ ᠶᠣᠰᠣᠭᠠᠷ᠂ ᠬᠠᠶᠢᠨᠠᠨ ᠲᠣᠭᠤᠷᠢᠭ ᠤᠨ ᠪᠠᠯᠭᠠᠰᠤᠨ ᠤ ᠨᠠᠮ ᠤᠨ ᠬᠤᠷᠢᠶ᠎ᠠ ᠶᠢᠨ ᠬᠤᠭᠤᠴᠠᠭ᠎ᠠ ᠰᠣᠯᠢᠬᠤ ᠠᠵᠢᠯ ᠢ 5 ᠳ᠋ᠣᠭᠠᠷ ᠰᠠᠷ᠎ᠠ ᠶᠢᠨ 27 ᠤ ᠡᠳᠦᠷ ᠲᠡᠭᠦᠰ ᠠᠮᠵᠢᠯᠲᠠ ᠲᠠᠢ ᠪᠡᠶᠡᠯᠡᠭᠦᠯᠵᠦ᠂ ᠲᠣᠭᠤᠷᠢᠭ ᠤᠨ ᠨᠠᠮ ᠤᠨ ᠬᠤᠷᠢᠶ᠎ᠠ ᠶᠢᠨ ᠬᠤᠭᠤᠴᠠᠭ᠎ᠠ ᠰᠣᠯᠢᠬᠤ ᠠᠵᠢᠯ ᠢ ᠶᠠᠭ ᠡᠮᠬᠢ ᠵᠢᠷᠤᠮ ᠲᠠᠢ ᠳᠥᠯᠭᠢᠨ ᠠᠬᠢᠭᠤᠯᠵᠤ ᠪᠠᠶᠢᠨ᠎ᠠ᠃ ᠬᠠᠶᠢᠨᠠᠨ ᠲᠣᠭᠤᠷᠢᠭ ᠤᠨ ᠬᠢᠨ ᠲᠣᠭᠤᠷᠢᠭ ᠪᠠᠯᠭᠠᠰᠤ ᠶᠢᠨ ᠤᠳᠤᠷᠢᠳᠬᠤ ᠪᠠᠭ ᠤᠨ ᠬᠤᠭᠤᠴᠠᠭ᠎ᠠ ᠰᠣᠯᠢᠬᠤ ᠠᠵᠢᠯ ᠢ ᠰᠠᠶᠢᠲᠤᠷ ᠠᠳᠬᠤᠬᠤ ᠶᠢ ᠤᠯᠤᠰ ᠲᠦᠷᠦ ᠶᠢᠨ ᠴᠢᠬᠤᠯᠠ ᠡᠭᠦᠷᠭᠡ ᠪᠠᠨ ᠪᠣᠯᠭᠠᠵᠤ᠂ ᠰᠠᠬᠢᠯᠭ᠎ᠠ ᠪᠠᠲᠤ ᠶᠣᠰᠣ ᠲᠦᠷᠢᠮ ᠢ ᠲᠡᠷᠢᠭᠦᠨ ᠳᠤ ᠲᠠᠯᠪᠢᠵᠤ᠂ ᠡᠬᠢᠨ ᠠᠴᠠ ᠨᠢ ᠳᠠᠭᠤᠰᠲᠠᠯ᠎ᠠ ᠲᠤᠭᠤᠰᠢᠯᠠᠭᠤᠯᠵᠦ᠂ ᠬᠤᠭᠤᠴᠠᠭ᠎ᠠ ᠰᠣᠯᠢᠬᠤ ᠠᠵᠢᠯ ᠤᠨ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠲᠡᠷᠡ ᠬᠡᠪ ᠢᠶᠠᠷ ᠨᠢ ᠰᠠᠶᠢᠲᠤᠷ ᠠᠳᠬᠤᠨ᠂ ᠨᠢᠭᠲᠠᠷᠠᠯ ᠤᠨ ᠬᠦᠴᠦᠨ᠂ ᠲᠠᠶᠢᠴᠢᠨ ᠬᠦᠴᠦᠨ᠂ ᠰᠢᠨ᠎ᠡ ᠳᠦᠷᠰᠦ ᠪᠠᠶᠢᠳᠠᠯ ᠲᠠᠢ ᠪᠣᠯᠭᠠᠬᠤ ᠶᠢ ᠪᠠᠲᠤᠯᠠᠬᠤ ᠬᠡᠷᠡᠭᠲᠡᠢ᠃      ᠨᠢᠭᠡ ᠳᠤ᠂ ᠵᠣᠭᠰᠣᠴᠠ ᠪᠠᠨ ᠳᠡᠭᠡᠭᠰᠢᠯᠡᠭᠦᠯᠵᠦ᠂ ᠰᠠᠬᠢᠯᠭ᠎ᠠ ᠪᠠᠲᠤ ᠶᠢᠨ ᠬᠥᠪᠴᠢ ᠪᠠᠨ ᠴᠠᠭ ᠢᠮᠠᠭᠲᠠ ᠴᠢᠩᠭᠠᠯᠠᠬᠤ ᠬᠡᠷᠡᠭᠲᠡᠢ᠃ ᠬᠤᠭᠤᠴᠠᠭ᠎ᠠ ᠰᠣᠯᠢᠬᠤ ᠰᠠᠬᠢᠯᠭ᠎ᠠ ᠪᠠᠲᠤ ᠪᠣᠯ ᠣᠷᠣᠨ ᠨᠤᠲᠤᠭ ᠤᠨ ᠤᠯᠤᠰ ᠲᠦᠷᠦ ᠶᠢᠨ ᠠᠮᠢ ᠠᠬᠤᠢ ᠶᠢᠨ ᠳᠠᠪᠠᠵᠤ ᠪᠣᠯᠤᠰᠢ ᠦᠭᠡᠢ ᠤᠯᠠᠭᠠᠨ ᠱᠤᠭᠤᠮ ᠪᠠ ᠬᠤᠷᠢᠭ᠎ᠠ ᠱᠤᠭᠤᠮ ᠮᠥᠨ᠂ ᠬᠤᠭᠤᠴᠠᠭ᠎ᠠ ᠰᠣᠯᠢᠬᠤ ᠰᠠᠬᠢᠯᠭ᠎ᠠ ᠪᠠᠲᠤ ᠶᠢ ᠴᠢᠩᠳᠠᠯᠠᠬᠤ ᠨᠢ ᠬᠤᠭᠤᠴᠠᠭ᠎ᠠ ᠰᠣᠯᠢᠬᠤ ᠠᠵᠢᠯ ᠤᠨ ᠪᠦᠲᠦᠵᠦ ᠪᠦᠷᠢᠯᠬᠦ ᠲᠠᠢ ᠰᠢᠭᠤᠳ ᠬᠤᠯᠪᠣᠭᠳᠠᠵᠤ᠂ ᠨᠠᠮ ᠤᠨ ᠲᠦᠷᠢ ᠲᠥᠷᠬᠦ ᠲᠠᠢ ᠬᠤᠯᠪᠣᠭᠳᠠᠵᠤ ᠪᠠᠶᠢᠳᠠᠭ᠃ ᠬᠠᠶᠢᠨᠠᠨ ᠲᠤᠭᠤᠷᠢᠭ ᠤᠨ ᠨᠠᠮ ᠤᠨ ᠬᠤᠷᠢᠶ᠎ᠠ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠡᠷᠡᠰ ᠭᠦᠢᠴᠡᠳᠬᠡᠵᠦ᠂ ᠬᠤᠭᠤᠴᠠᠭ᠎ᠠ ᠰᠣᠯᠢᠬᠤ ᠠᠵᠢᠯ ᠤᠨ ᠰᠠᠬᠢᠯᠭ᠎ᠠ ᠪᠠᠲᠤ ᠶᠢ ᠴᠢᠩᠳᠠᠯᠠᠬᠤ ᠶᠠᠪᠤᠳᠠᠯ ᠢ ᠬᠤᠭᠤᠴᠠᠭ᠎ᠠ ᠰᠣᠯᠢᠬᠤ ᠠᠵᠢᠯ ᠤᠨ ᠲᠣᠪᠤᠶᠢᠮ᠎ᠠ ᠪᠠᠶᠢᠷᠢᠨ ᠳᠤ ᠲᠠᠯᠪᠢᠵᠤ᠂ ᠬᠤᠭᠤᠴᠠᠭ᠎ᠠ ᠰᠣᠯᠢᠬᠤ ᠬᠡᠪ ᠰᠤᠷᠲᠠᠯ ᠳᠤ ᠬᠢᠨᠠᠯᠲᠠ ᠲᠠᠯᠪᠢᠬᠤ ᠶᠢ ᠴᠢᠩᠭᠠᠳᠬᠠᠬᠤ ᠪᠠ ᠬᠤᠭᠤᠴᠠᠭ᠎ᠠ ᠰᠣᠯᠢᠬᠤ ᠠᠵᠢᠯ ᠢ ᠬᠠᠮᠲᠤ ᠳᠤᠨᠢ ᠲᠥᠯᠥᠪᠵᠢᠭᠦᠯᠵᠦ ᠬᠠᠮᠲᠤ ᠳᠤᠨᠢ ᠪᠠᠶᠢᠷᠢᠯᠠᠭᠤᠯᠵᠤ ᠬᠠᠮᠲᠤ ᠳᠤᠨᠢ ᠨᠠᠶᠢᠳᠠᠪᠤᠷᠢᠵᠢᠭᠤᠯᠬᠤ ᠶᠢ ᠪᠠᠷᠢᠮᠲᠠᠯᠠᠨ᠂ ᠬᠤᠭᠤᠴᠠᠭ᠎ᠠ ᠰᠣᠯᠢᠬᠤ ᠰᠠᠬᠢᠯᠭ᠎ᠠ ᠪᠠᠲᠤ ᠶᠢ ᠴᠢᠩᠳᠠᠯᠠᠬᠤ ᠲᠤᠬᠠᠶ ᠨᠠᠮ ᠤᠨ ᠲᠥᠪ ᠬᠤᠷᠢᠶ᠎ᠠ ᠶᠢᠨ ᠪᠠᠶᠢᠷᠢᠯᠠᠭᠤᠯᠤᠯᠲᠠ ᠱᠠᠭᠠᠷᠳᠠᠯᠭ᠎ᠠ ᠪᠠ ᠥᠪᠡᠷᠲᠡᠭᠡᠨ ᠵᠠᠰᠠᠬᠤ   ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶ᠎ᠠ ᠶᠢᠨ ᠬᠠᠮᠢᠶ᠎ᠠ ᠪᠥᠬᠦᠶ ᠠᠵᠢᠯ ᠤᠨ ᠱᠠᠭᠠᠷᠳᠠᠯᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠢᠮᠠᠭᠲᠠ ᠬᠠᠮᠤᠭ ᠤᠨ ᠢᠯᠡ ᠲᠣᠳᠣᠷᠬᠠᠶ ᠣᠪᠣᠷ᠂ ᠬᠠᠮᠤᠭ ᠤᠨ ᠡᠷᠡᠰ ᠪᠠᠲᠤ ᠵᠣᠷᠢᠭ ᠢᠶᠠᠷ ᠬᠤᠭᠤᠴᠠᠭ᠎ᠠ ᠰᠣᠯᠢᠬᠤ ᠰᠠᠬᠢᠯᠭ᠎ᠠ ᠪᠠᠲᠤ ᠶᠢᠨ ᠲᠥᠪ ᠴᠢᠩᠭ᠎ᠠ ᠴᠢᠨᠠᠷ ᠪᠠ ᠡᠷᠬᠡ ᠰᠦᠷᠲᠦ ᠴᠢᠨᠠᠷ ᠢ ᠡᠷᠡᠰ ᠬᠠᠮᠠᠭᠠᠯᠠᠨ᠎ᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ ᠪᠣᠯᠤᠭᠰᠠᠨ ᠤ ᠬᠤᠪᠢ ᠳᠤ᠂ ᠪᠢ ᠨᠢᠭᠡᠳᠦᠭᠡᠷ ᠬᠠᠷᠢᠭᠤᠴᠠᠯᠭᠠᠲᠠᠨ ᠤ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠬᠡᠵᠦ᠂ ᠬᠤᠭᠤᠴᠠᠭ᠎ᠠ ᠰᠣᠯᠢᠬᠤ ᠰᠠᠬᠢᠯᠭ᠎ᠠ ᠪᠠᠲᠤ ᠶᠢ ᠲᠦᠷᠦᠭᠦᠯᠡᠨ ᠰᠤᠷᠤᠯᠴᠠᠵᠤ᠂ ᠬᠤᠭᠤᠴᠠᠭ᠎ᠠ ᠰᠣᠯᠢᠬᠤ ᠰᠠᠬᠢᠯᠭ᠎ᠠ ᠪᠠᠲᠤ ᠶᠢ ᠲᠦᠷᠦᠭᠦᠯᠡᠨ ᠴᠢᠩᠭ᠎ᠠ ᠰᠠᠬᠢᠵᠤ᠂ ᠪᠡᠶ᠎ᠡ ᠪᠠᠷ ᠢᠶᠠᠨ ᠬᠡᠪ ᠲᠦᠷᠢᠮ ᠪᠤᠯᠵᠤ᠂ ᠪᠡᠶ᠎ᠡ ᠪᠠᠷ ᠢᠶᠠᠨ ᠦᠯᠢᠭᠡᠷ ᠳᠠᠭᠤᠷᠢᠶᠠᠯ ᠪᠤᠯᠵᠤ᠂ ᠲᠤᠰ ᠱᠠᠳᠤ ᠪᠠᠨ ᠰᠠᠶᠢᠲᠤᠷ ᠬᠠᠮᠢᠶᠠᠷᠴᠤ᠂ ᠳᠤᠤᠷᠠᠳᠤ ᠱᠠᠳᠤ ᠪᠠᠨ ᠰᠠᠶᠢᠲᠤᠷ  ᠳᠠᠭᠠᠭᠤᠯᠤᠨ᠂ ᠦᠨᠡᠨᠬᠦ ᠠᠳᠬᠤᠨ ᠦᠨᠡᠨᠬᠦ ᠬᠠᠮᠢᠶᠠᠷᠴᠤ᠂ ᠴᠢᠩᠭ᠎ᠠ ᠠᠳᠬᠤᠨ ᠴᠢᠩᠭ᠎ᠠ ᠬᠠᠮᠢᠶᠠᠷᠴᠤ᠂ ᠳᠡᠭᠡᠳᠦ ᠬᠡᠮᠵᠢᠶᠡᠨ ᠤ ᠤᠯᠤᠰ ᠳᠦᠷᠦ ᠶᠢᠨ ᠬᠠᠷᠢᠭᠤᠴᠠᠯᠭᠠᠲᠤ ᠰᠡᠳᠬᠢᠯᠭᠡ ᠪᠣᠯᠤᠨ ᠲᠡᠦᠬᠡ ᠶᠢᠨ ᠡᠭᠦᠷᠭᠡᠲᠦ ᠰᠡᠳᠬᠢᠯᠭᠡ ᠪᠠᠷ ᠬᠤᠭᠤᠴᠠᠭ᠎ᠠ ᠰᠣᠯᠢᠬᠤ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠭᠰᠡᠨ ᠪᠠᠶᠢᠨ᠎ᠠ᠃ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ ᠶᠢᠨ ᠬᠢᠨᠠᠯᠲᠠ ᠲᠠᠯᠪᠢᠬᠤ ᠬᠠᠷᠢᠭᠤᠴᠠᠯᠭ᠎ᠠ᠂ ᠵᠣᠬᠢᠶᠠᠨ ᠪᠠᠶᠢᠭᠤᠯᠬᠤ ᠰᠠᠯᠠᠭ᠎ᠠ ᠮᠥᠴᠢᠷ ᠤᠨ ᠰᠢᠭᠤᠳ ᠬᠠᠷᠢᠭᠤᠴᠠᠯᠭ᠎ᠠ᠂ ᠬᠠᠮᠢᠶ᠎ᠠ ᠪᠥᠬᠦᠶ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠤᠨ ᠪᠣᠳᠠᠲᠠᠶ ᠬᠠᠷᠢᠭᠤᠴᠠᠯᠭ᠎ᠠ ᠶᠢ ᠴᠢᠩᠭ᠎ᠠ   ᠨᠠᠶᠢᠳᠠᠪᠤᠷᠢᠵᠢᠭᠤᠯᠤᠨ᠂ ᠠᠵᠢᠯ ᠬᠤᠪᠢᠶᠠᠷᠢᠯᠠᠨ ᠬᠠᠷᠢᠭᠤᠴᠠᠵᠦ᠂ ᠴᠤᠭᠭᠠᠷ ᠠᠳᠬᠤᠨ ᠬᠠᠮᠲᠤᠪᠠᠷ ᠬᠠᠮᠢᠶᠠᠷᠤᠨ᠂ ᠨᠡᠶᠢᠯᠡᠮᠡᠯ ᠬᠦᠴᠦᠨ ᠢ ᠪᠦᠷᠢᠯᠳᠦᠭᠦᠯᠵᠦ᠂ ᠲᠣᠭᠤᠷᠢᠭ ᠤᠨ ᠨᠠᠮ ᠵᠠᠰᠠᠭ ᠤᠨ ᠤᠳᠤᠷᠢᠳᠬᠤ ᠪᠠᠭ ᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠦᠨᠡᠨᠴᠢ ᠰᠢᠳᠤᠷᠭᠤ ᠪᠠᠷ ᠦᠢᠯᠡᠳᠦᠯᠭᠡᠵᠢᠭᠦᠯᠦᠭᠰᠡᠨ ᠪᠠᠲᠤ ᠴᠢᠩᠭ᠎ᠠ ᠬᠠᠮᠲᠤ ᠪᠣᠯᠭᠠᠨ ᠪᠥᠲᠥᠭᠡᠨ ᠪᠠᠶᠢᠭᠤᠯᠬᠤ ᠬᠡᠷᠡᠭᠲᠡᠶ᠃      ᠬᠤᠶᠠᠷ ᠲᠤ᠂ ᠪᠠᠷᠢᠮᠵᠢᠶ᠎ᠠ ᠶᠢ ᠪᠠᠷᠢᠮᠲᠠᠯᠠᠵᠤ᠂ ᠬᠥᠮᠦᠨ ᠬᠡᠷᠡᠭᠯᠡᠬᠦ ᠢᠯᠡ ᠲᠣᠳᠣ ᠤᠳᠤᠷᠢᠳᠤᠮᠵᠢ ᠶᠢ ᠪᠤᠢ ᠪᠣᠯᠭᠠᠬᠤ ᠬᠡᠷᠡᠭᠲᠡᠢ᠃ ᠲᠣᠭᠤᠷᠢᠭ᠂ ᠪᠠᠯᠭᠠᠰᠤ ᠬᠤᠶᠠᠷ ᠱᠠᠳᠤ ᠪᠣᠯ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠦᠨᠳᠦᠰᠦᠨ ᠱᠠᠲᠤᠨ ᠤ ᠦᠵᠦᠭᠦᠷ ᠮᠥᠨ᠂ ᠳᠡᠭᠡᠷᠡᠬᠢ ᠶᠢ ᠵᠠᠯᠭᠠᠮᠵᠢᠯᠠᠨ ᠳᠣᠷᠣᠭᠰᠢᠬᠢ ᠶᠢ ᠰᠡᠩᠬᠡᠷᠡᠭᠦᠯᠬᠦ᠂ ᠲᠤᠭᠤᠰᠢᠲᠠᠢ ᠪᠠᠷᠢᠮᠲᠠᠯᠠᠬᠤ ᠴᠢᠬᠤᠯᠠ ᠦᠢᠯᠡᠳᠦᠯ ᠢ ᠪᠠᠳᠠᠷᠠᠭᠤᠯᠵᠤ᠂ ︽ᠲᠦᠷᠪᠡᠨ ᠤᠬᠠᠮᠰᠠᠷ︾ ᠪᠠᠲᠤ᠂ ︽ᠲᠦᠷᠪᠡᠨ ᠢᠲᠡᠭᠡᠯ︾ ᠪᠠᠲᠤ᠂ ︽ᠬᠤᠶᠠᠷ ᠢ ᠬᠠᠮᠠᠭᠠᠯᠠᠬᠤ︾ ᠡᠷᠡᠰ ᠪᠠᠲᠤ ᠰᠢᠯᠢᠳᠡᠭ ᠺᠠᠳ᠋ᠷ ᠪᠣᠯᠤᠨ ᠤᠳᠤᠷᠢᠳᠬᠤ ᠪᠠᠭ ᠢ ᠲᠤᠬᠢᠷᠠᠭᠤᠯᠬᠤ ᠨᠢ ᠲᠦᠢᠯ ᠤᠨ ᠴᠢᠬᠤᠯᠠ ᠶᠤᠮ᠃ ᠬᠠᠶᠢᠨᠠᠨ ᠲᠣᠭᠤᠷᠢᠭ ︽ᠨᠠᠮ ᠵᠠᠰᠠᠭ ᠤᠨ ᠺᠠᠳ᠋ᠷ ᠢ ᠰᠢᠯᠢᠨ ᠳᠡᠪᠰᠢᠭᠦᠯᠵᠦ ᠲᠣᠮᠢᠯᠠᠨ ᠬᠡᠷᠡᠭᠯᠡᠬᠦ ᠠᠵᠢᠯ ᠤᠨ ᠳᠦᠷᠢᠮ︾ ᠢ ᠴᠢᠩᠭ᠎ᠠ ᠬᠡᠷᠡᠭᠵᠢᠭᠦᠯᠵᠦ᠂ ᠵᠥᠪ ᠣᠨᠣᠪᠴᠢᠲᠠᠶ ᠬᠥᠮᠦᠨ ᠰᠣᠩᠭᠤᠨ ᠬᠡᠷᠡᠭᠯᠡᠬᠦ ᠤᠳᠤᠷᠢᠳᠤᠮᠵᠢ ᠶᠢ ᠪᠠᠷᠢᠮᠲᠠᠯᠠᠵᠤ᠂ ᠤᠯᠤᠰ ᠲᠥᠷᠥ ᠶᠢᠨ ᠪᠣᠭᠤᠮᠲᠠ᠂ ᠴᠢᠳᠠᠪᠤᠷᠢ ᠶᠢᠨ ᠪᠣᠭᠤᠮᠲᠠ᠂ ᠰᠤᠷᠲᠠᠯ ᠤᠨ ᠪᠣᠭᠤᠮᠲᠠ᠂ ᠠᠷᠢᠭᠤᠨ ᠴᠢᠬᠡᠴᠢ ᠶᠢᠨ ᠪᠣᠭᠤᠮᠲᠠ ᠶᠢ ᠴᠢᠩᠭ᠎ᠠ ᠠᠳᠬᠤᠵᠤ᠂ ᠠᠷᠢᠭᠤᠨ ᠴᠢᠬᠡᠴᠢ ᠪᠠᠷ ᠵᠠᠰᠠᠭ ᠪᠠᠷᠢᠬᠤ ᠰᠠᠨᠠᠯ ᠤᠨ ︽ᠬᠤᠣᠰ ᠭᠠᠷ ᠤᠨ ᠦᠰᠦᠭ ᠵᠢᠷᠤᠬᠤ︾ ᠲᠣᠭᠲᠠᠭᠠᠯ ᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ ᠤᠳᠤᠷᠢᠳᠬᠤ ᠪᠠᠭ ᠤᠨ ᠬᠤᠭᠤᠴᠠᠭ᠎ᠠ ᠰᠣᠯᠢᠬᠤ ᠬᠥᠮᠦᠰ ᠪᠠ ᠲᠥᠯᠥᠭᠡᠯᠡᠭᠴᠢ᠂ ᠭᠡᠰᠢᠭᠦᠨ ᠤ ᠵᠢᠱᠢᠭᠳᠡᠭᠴᠢ ᠶᠢᠨ ᠰᠠᠨᠠᠭᠠᠴᠢᠯᠠᠭ᠎ᠠ ᠶᠢᠨ ᠨᠡᠷ᠎ᠡ ᠳᠤᠷᠠᠳᠬᠤ᠂ ᠬᠢᠷᠢ ᠬᠡᠮ ᠤᠨ ᠬᠢᠨᠠᠨ ᠪᠠᠶᠢᠴᠠᠭᠠᠯᠲᠠ ᠬᠢᠬᠦ᠂ ᠠᠷᠠᠳᠴᠢᠯᠠᠯ ᠢᠶᠠᠷ ᠲᠠᠨᠢᠯᠴᠠᠭᠤᠯᠬᠤ᠂ ᠵᠣᠬᠢᠶᠠᠨ ᠪᠠᠶᠢᠭᠤᠯᠤᠯᠲᠠ ᠶᠢᠨ ᠬᠢᠨᠠᠨ ᠪᠠᠶᠢᠴᠠᠭᠠᠯᠲᠠ ᠬᠢᠬᠦ᠂ ᠶᠠᠷᠢᠯᠴᠠᠨ ᠲᠣᠭᠲᠠᠭᠠᠬᠤ ᠵᠡᠷᠭᠡ ᠪᠠᠶᠢᠳᠠᠯ ᠳᠤ ᠬᠢᠨᠠᠯᠲᠠ ᠲᠠᠯᠪᠢᠵᠤ ᠪᠠᠶᠢᠴᠠᠭᠠᠬᠤ ᠶᠢ ᠴᠢᠩᠭᠠᠳᠬᠠᠵᠤ᠂ ︽ᠠᠰᠠᠭᠤᠳᠠᠯ ᠲᠠᠢ ᠬᠥᠮᠦᠨ ᠢ ᠨᠡᠷ᠎ᠡ ᠳᠤᠷᠠᠳᠬᠤ︾ ︽ᠠᠰᠠᠭᠤᠳᠠᠯ ᠲᠠᠢ ᠬᠥᠮᠦᠨ ᠢ ᠳᠡᠪᠰᠢᠭᠦᠯᠬᠦ︾ ᠶᠢ ᠡᠷᠡᠰ ᠰᠡᠷᠭᠡᠶᠢᠯᠡᠨ ᠬᠤᠷᠢᠭᠯᠠᠵᠤ᠂ ᠵᠣᠷᠢᠭᠲᠠᠶ ᠪᠠᠷ ᠬᠦᠴᠢᠷ ᠢ ᠲᠤᠭᠤᠯᠤᠨ ᠪᠡᠷᠬᠡ ᠶᠢ ᠳᠠᠪᠠᠵᠤ᠂ ᠵᠣᠷᠢᠭᠲᠠᠶ ᠪᠠᠷ ᠵᠠᠮ ᠨᠡᠭᠡᠭᠡᠨ ᠰᠢᠨ᠎ᠡ ᠶᠢ ᠡᠭᠦᠳᠴᠦ᠂ ᠠᠵᠢᠯ ᠤᠨ ᠪᠣᠳᠠᠲᠤ ᠪᠦᠲᠦᠮᠵᠢ ᠪᠠᠷ ᠲᠣᠪᠤᠶᠢᠮ᠎ᠠ ᠰᠢᠯᠢᠳᠡᠭ ᠺᠠᠳ᠋ᠷ ᠢ ᠦᠨᠡᠨ ᠬᠦ ᠰᠣᠩᠭᠤᠨ ᠭᠠᠷᠭᠠᠵᠤ ᠬᠡᠷᠡᠭᠯᠡᠬᠦ ᠬᠡᠷᠡᠭᠲᠡᠶ᠃      ᠭᠤᠷᠪᠠ ᠳᠤ᠂ ᠤᠷᠢᠳᠴᠢᠯᠠᠨ ᠰᠡᠷᠭᠡᠶᠢᠯᠡᠬᠦ ᠶᠢ ᠴᠢᠬᠤᠯᠠᠴᠢᠯᠠᠵᠤ᠂ ᠤᠬᠠᠭᠤᠯᠭ᠎ᠠ ᠬᠥᠮᠦᠵᠢᠯ ᠬᠦᠳᠦᠯᠦᠨ ᠵᠢᠯᠣᠭᠤᠳᠬᠤ ᠶᠢ ᠴᠢᠩᠭᠠᠳᠬᠠᠬᠤ ᠬᠡᠷᠡᠭᠲᠡᠢ᠃ ᠬᠤᠭᠤᠴᠠᠭ᠎ᠠ ᠰᠣᠯᠢᠬᠤ ᠰᠠᠬᠢᠯᠭ᠎ᠠ ᠪᠠᠲᠤ ᠶᠢᠨ ᠤᠬᠠᠭᠤᠯᠭ᠎ᠠ ᠶᠢᠨ ᠠᠵᠢᠯ ᠢ ᠦᠷᠭᠦᠯᠵᠢᠯᠡᠨ ᠴᠢᠩᠭᠠᠳᠬᠠᠵᠤ᠂ ᠶᠠᠷᠢᠶ᠎ᠠ ᠬᠡᠯᠡᠯᠴᠡᠭᠡᠨ ᠤ ᠵᠢᠯᠤᠭᠤᠳᠤᠯᠭ᠎ᠠ ᠪᠠ ᠶᠠᠷᠢᠶ᠎ᠠ ᠬᠡᠯᠡᠯᠴᠡᠭᠡᠨ ᠤ ᠪᠠᠶᠢᠳᠠᠯ ᠢ ᠰᠢᠢᠳᠪᠦᠷᠢᠯᠡᠬᠦ ᠶᠢ ᠴᠢᠩᠭᠠᠳᠬᠠᠨ᠂ ᠰᠣᠨᠢᠨ ᠮᠡᠳᠡᠭᠡᠨ ᠤ ᠵᠠᠭᠤᠴᠢᠯᠠᠭᠤᠷ᠂ ᠨᠠᠮ ᠤᠨ ᠪᠠᠶᠢᠭᠤᠯᠤᠯᠲᠠ ᠶᠢᠨ ᠰᠦᠯᠵᠢᠶᠡᠨ ᠤ ᠦᠷᠲᠡᠭᠡ ᠪᠠ ᠸᠢᠴᠠᠲ ᠤᠨ ᠤᠯᠠᠨ ᠨᠡᠶᠢᠲᠡ ᠶᠢᠨ ᠨᠣᠮᠧᠷ ᠵᠡᠷᠭᠡ ᠤᠯᠠᠨ ᠵᠦᠢᠯ ᠤᠨ ᠠᠷᠭ᠎ᠠ ᠵᠠᠮ ᠳᠤ ᠲᠦᠰᠢᠭᠯᠡᠨ᠂ ᠬᠤᠭᠤᠴᠠᠭ᠎ᠠ ᠰᠣᠯᠢᠬᠤ ᠰᠠᠬᠢᠯᠭ᠎ᠠ ᠪᠠᠲᠤ ᠶᠢᠨ ᠱᠠᠭᠠᠷᠳᠠᠯᠭ᠎ᠠ ᠶᠢ ᠲᠥᠪᠯᠡᠷᠡᠭᠦᠯᠦᠨ ᠤᠬᠠᠭᠤᠯᠵᠤ᠂ ᠺᠠᠳ᠋ᠷ ᠤᠯᠠᠨ ᠲᠦᠮᠡᠨ ᠳᠤ ᠦᠨᠡᠨᠬᠦ ᠥᠷᠭᠡᠨ ᠢᠶᠠᠷ ᠮᠡᠳᠡᠭᠦᠯᠦᠨ᠂ ᠬᠢᠨᠠᠯᠲᠠ ᠲᠠᠯᠪᠢᠬᠤ ᠳᠤ ᠣᠷᠣᠯᠴᠠᠭᠤᠯᠵᠤ᠂ ᠬᠤᠭᠤᠴᠠᠭ᠎ᠠ ᠰᠣᠯᠢᠬᠤ ᠰᠠᠶᠢᠨ ᠰᠠᠶᠢᠬᠠᠨ ᠣᠷᠴᠢᠨ ᠲᠣᠭᠤᠷᠢᠨ ᠢ ᠪᠤᠢ ᠪᠣᠯᠭᠠᠬᠤ ᠬᠡᠷᠡᠭᠲᠡᠢ᠃ ᠬᠥᠮᠦᠵᠢᠭᠦᠯᠬᠦ ᠶᠢ ᠲᠡᠷᠢᠭᠦᠨ ᠳᠤ ᠲᠠᠯᠪᠢᠬᠤ᠂ ᠰᠡᠷᠡᠮᠵᠢᠯᠡᠭᠦᠯᠬᠦ ᠶᠢ ᠲᠡᠷᠢᠭᠦᠨ ᠳᠤ ᠲᠠᠯᠪᠢᠬᠤ᠂ ᠤᠷᠢᠳᠴᠢᠯᠠᠨ ᠰᠡᠷᠭᠡᠶᠢᠯᠡᠬᠦ ᠶᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠵᠤ᠂ ᠨᠠᠮᠴᠢ ᠴᠢᠨᠠᠷ ᠤᠨ ᠬᠥᠮᠦᠵᠢᠯ᠂ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ᠂ ᠰᠡᠷᠡᠮᠵᠢᠯᠡᠭᠦᠯᠬᠦ ᠬᠥᠮᠦᠵᠢᠯ ᠢ ᠭᠦᠨᠵᠡᠭᠡᠶ ᠥᠷᠨᠢᠭᠦᠯᠵᠦ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠲᠠᠢ ᠤᠶᠠᠯᠳᠤᠭᠤᠯᠤᠨ᠂ ᠨᠠᠮ ᠤᠨ ᠭᠡᠰᠢᠭᠦᠨ ᠤᠳᠤᠷᠢᠳᠬᠤ ᠺᠠᠳ᠋ᠷ ᠪᠣᠯᠤᠨ ᠬᠠᠮᠢᠶ᠎ᠠ ᠪᠦᠬᠦᠢ ᠬᠥᠮᠦᠰ ᠢ ᠵᠣᠬᠢᠶᠠᠨ ᠪᠠᠶᠢᠭᠤᠯᠤᠨ ︽ᠨᠠᠮ ᠤᠨ ᠳᠦᠷᠢᠮ︾᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠠᠷᠢᠭᠤᠨ ᠴᠢᠬᠡᠴᠢ ᠪᠠᠷ ᠪᠡᠶ᠎ᠡ ᠪᠠᠨ ᠱᠠᠭᠠᠷᠳᠠᠬᠤ ᠳᠦᠷᠢᠮ︾᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠢᠳᠭᠡᠯ ᠥᠭᠬᠦ ᠳᠦᠷᠢᠮ︾ ᠵᠡᠷᠭᠡ ᠨᠠᠮ ᠤᠨ ᠳᠣᠲᠣᠭᠠᠳᠤ ᠶᠢᠨ ᠬᠠᠤᠯᠢ ᠳᠦᠷᠢᠮ ᠪᠣᠯᠤᠨ ︽ᠠᠷᠪᠠ ᠶᠢ ᠴᠢᠩᠭ᠎ᠠ ᠴᠠᠭᠠᠵᠠᠯᠠᠬᠤ︾ ᠬᠤᠭᠤᠴᠠᠭ᠎ᠠ ᠰᠣᠯᠢᠬᠤ ᠰᠠᠬᠢᠯᠭ᠎ᠠ ᠪᠠᠲᠤ ᠶᠢᠨ ᠱᠠᠭᠠᠷᠳᠠᠯᠭ᠎ᠠ ᠶᠢ ᠭᠦᠨᠵᠡᠭᠡᠶ ᠰᠤᠷᠤᠯᠴᠠᠭᠤᠯᠵᠤ᠂ ᠨᠠᠮ ᠤᠨ ᠭᠡᠰᠢᠭᠦᠨ ᠤᠳᠤᠷᠢᠳᠬᠤ ᠺᠠᠳ᠋ᠷᠴᠤᠳ ᠲᠠᠢ ︽ᠬᠤᠭᠤᠴᠠᠭ᠎ᠠ ᠰᠣᠯᠢᠬᠤ ᠰᠠᠬᠢᠯᠭ᠎ᠠ ᠪᠠᠲᠤ ᠶᠢ ᠵᠢᠷᠤᠮᠯᠠᠨ ᠰᠠᠬᠢᠬᠤ ᠠᠮᠠᠯᠠᠯᠲᠠ ᠶᠢᠨ ᠪᠢᠴᠢᠭ︾ ᠲᠣᠭᠲᠠᠵᠤ᠂ ︽ᠨᠢᠭᠡ ᠺᠠᠷᠲ︾ ︽ᠨᠢᠭᠡ ᠵᠠᠬᠢᠳᠠᠯ︾ ︽ᠨᠢᠭᠡ ᠬᠠᠭᠤᠳᠠᠰᠤ︾ ︽ᠨᠢᠭᠡ ᠵᠢᠷᠤᠭ︾ ᠲᠠᠷᠬᠠᠭᠠᠵᠤ᠂ ᠪᠥᠬᠦ ᠲᠤᠭᠤᠷᠢᠭ ᠤᠨ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠳᠤ ︽ᠬᠤᠭᠤᠴᠠᠭ᠎ᠠ ᠰᠣᠯᠢᠬᠤ ᠰᠠᠬᠢᠯᠭ᠎ᠠ ᠪᠠᠲᠤ ᠶᠢ ᠴᠢᠩᠳᠠᠯᠠᠵᠤ᠂ ᠬᠤᠭᠤᠴᠠᠭ᠎ᠠ ᠰᠣᠯᠢᠬᠤ ᠠᠵᠢᠯ ᠤᠨ ᠰᠤᠷᠲᠠᠯ ᠴᠢᠬᠡᠴᠢ ᠣᠪᠣᠷ ᠲᠥᠪ ᠪᠠᠶᠢᠬᠤ ᠶᠢ ᠪᠠᠲᠤᠯᠠᠬᠤ︾ ᠭᠤᠤᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠶᠢ ᠥᠷᠨᠢᠭᠦᠯᠵᠦ᠂ ᠰᠡᠷᠡᠮᠵᠢᠯᠡᠭᠦᠯᠬᠦ ᠬᠥᠮᠦᠵᠢᠯ ᠤᠨ ᠪᠠᠷᠢᠮᠲᠠᠲᠤ ᠹᠢᠯᠢᠮ ᠢ ᠵᠣᠬᠢᠶᠠᠨ ᠪᠠᠶᠢᠭᠤᠯᠤᠨ ᠦᠵᠡᠵᠦ᠂ ᠬᠤᠭᠤᠴᠠᠭ᠎ᠠ ᠰᠣᠯᠢᠬᠤ ᠰᠠᠬᠢᠯᠭ᠎ᠠ ᠪᠠᠲᠤ ᠶᠢ ᠲᠠᠷᠢᠬᠢ ᠲᠣᠯᠣᠭᠠᠶ ᠳᠤ ᠬᠠᠳᠠᠩᠰᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃ ᠦᠵᠡᠯ ᠰᠠᠨᠠᠭᠠᠨ ᠤ ᠠᠵᠢᠯ ᠢ ᠭᠦᠨ ᠭᠦᠨᠵᠡᠭᠡᠶ ᠨᠠᠷᠢᠨ ᠨᠢᠮᠪᠠᠶ ᠰᠠᠶᠢᠲᠤᠷ ᠬᠢᠵᠦ᠂ ᠰᠡᠳᠬᠢᠯ ᠤᠨ ᠦᠭᠡ ᠪᠠᠨ ᠶᠠᠷᠢᠯᠴᠠᠬᠤ ᠠᠵᠢᠯᠯᠠᠭ᠎ᠠ ᠶᠢ ᠥᠷᠭᠡᠨ ᠳᠡᠯᠭᠡᠷ ᠥᠷᠨᠢᠭᠦᠯᠵᠦ᠂ ᠭᠤᠣᠯ ᠤᠳᠤᠷᠢᠳᠬᠤ ᠺᠠᠳ᠋ᠷ᠂ ᠭᠤᠣᠯᠳᠠᠯᠭ᠎ᠠ ᠲᠠᠢ ᠠᠵᠢᠯ ᠤᠨ ᠪᠠᠶᠢᠷᠢ ᠶᠢᠨ ᠺᠠᠳ᠋ᠷ ᠪᠣᠯᠤᠨ ᠬᠠᠮᠢᠶ᠎ᠠ ᠪᠦᠬᠦᠢ ᠬᠥᠮᠦᠰ ᠲᠠᠢ ᠶᠠᠷᠢᠯᠴᠠᠵᠤ᠂ ᠲᠤᠰᠢᠶᠠᠯ ᠠᠴᠠ ᠪᠠᠨ ᠪᠠᠭᠤᠵᠤ ᠲᠤᠰᠢᠶᠠᠯ ᠠᠴᠠ ᠪᠠᠨ ᠪᠠᠭᠤᠵᠤ ᠦᠯᠡᠳᠡᠭᠰᠡᠨ ᠺᠠᠳ᠋ᠷᠴᠤᠳ ᠲᠠᠢ ᠶᠠᠷᠢᠯᠴᠠᠵᠤ᠂ ᠬᠢᠨᠠᠨ ᠪᠠᠶᠢᠴᠠᠭᠠᠭᠳᠠᠬᠤ ᠡᠲᠡᠭᠡᠳ᠂ ᠲᠥᠯᠥᠭᠡᠯᠡᠭᠴᠢ ᠭᠡᠰᠢᠭᠦᠳ ᠲᠠᠢ ᠶᠠᠷᠢᠯᠴᠠᠵᠤ᠂ ᠥᠷᠭᠡᠨ ᠤᠯᠠᠨ ᠨᠠᠮ ᠤᠨ ᠭᠡᠰᠢᠭᠦᠨ ᠺᠠᠳ᠋ᠷᠴᠤᠳ ᠢ ᠬᠥᠮᠦᠵᠢᠭᠦᠯᠦᠨ ᠬᠦᠳᠦᠯᠦᠨ ᠵᠢᠯᠣᠭᠤᠳᠴᠤ ᠪᠠᠶᠢᠭᠠᠳ ᠨᠠᠮᠴᠢ ᠴᠢᠨᠠᠷ ᠤᠨ ᠦᠵᠡᠯᠲᠡ᠂ ᠶᠡᠭᠡ ᠲᠠᠯ᠎ᠠ ᠶᠢᠨ ᠤᠬᠠᠮᠰᠠᠷ᠂ ᠵᠣᠬᠢᠶᠠᠨ ᠪᠠᠶᠢᠭᠤᠯᠤᠯᠲᠠ ᠶᠢᠨ ᠣᠶᠢᠯᠠᠭᠠᠭᠳᠠᠬᠤᠨ ᠢ ᠨᠢ ᠴᠢᠩᠭᠠᠳᠬᠠᠵᠤ᠂ ᠤᠬᠠᠮᠰᠠᠷ ᠠᠴᠠ ᠪᠠᠨ ᠵᠣᠬᠢᠶᠠᠨ ᠪᠠᠶᠢᠭᠤᠯᠤᠯᠲᠠ ᠶᠢᠨ ᠲᠤᠬᠢᠷᠠᠭᠤᠯᠤᠯᠳᠠ ᠶᠢ ᠳᠠᠭᠠᠵᠤ᠂ ᠬᠤᠪᠢ ᠬᠥᠮᠦᠨ ᠤ ᠤᠷᠤᠭᠰᠢᠯᠠᠬᠤ ᠤᠬᠤᠷᠢᠬᠤ ᠦᠯᠡᠳᠡᠬᠦ ᠰᠢᠯᠵᠢᠬᠦ ᠳᠤ ᠵᠥᠪ ᠢᠶᠠᠷ ᠬᠠᠨᠳᠤᠵᠤ᠂ ︽ᠤᠷᠤᠭᠰᠢᠯᠠᠭᠰᠠᠳ︾ ᠤᠨ ᠤᠷᠮ᠎ᠠ ᠵᠣᠷᠢᠭ ᠢ ᠬᠥᠭᠵᠢᠭᠡᠵᠦ᠂ ︽ᠠᠵᠢᠯ ᠠᠴᠠ ᠪᠠᠨ ᠪᠠᠭᠤᠭᠰᠠᠳ ᠤᠨ ᠰᠡᠳᠬᠢᠯ ᠰᠠᠨᠠᠭ᠎ᠠ ᠶᠢ ᠪᠠᠶᠠᠰᠬᠠᠵᠤ᠂ ︽ᠬᠤᠴᠣᠷᠤᠭᠰᠠᠳ︾ ᠤᠨ ᠵᠣᠷᠢᠭ ᠰᠠᠨᠠᠭ᠎ᠠ ᠶᠢ ᠰᠤᠯᠠᠷᠠᠭᠤᠯᠤᠯ ᠦᠭᠡᠢ ᠪᠠᠳᠠᠷᠠᠭᠤᠯᠵᠤ᠂ ︽ᠰᠢᠯᠵᠢᠭᠰᠡᠳ︾ ᠤᠨ ᠠᠵᠠ ᠲᠣᠬᠢᠶᠠᠯ ᠢ ᠨᠠᠨᠳᠢᠩᠨᠠᠨ᠂ ᠠᠵᠢᠯ ᠬᠢᠵᠦ ᠦᠢᠯᠡᠰ ᠪᠦᠲᠦᠭᠡᠬᠦ ᠬᠦᠴᠦᠷᠬᠡᠭ ᠶᠡᠭᠡ ᠨᠡᠶᠢᠯᠡᠮᠡᠯ ᠬᠦᠴᠦᠨ ᠢ ᠪᠦᠬᠦ ᠲᠠᠯ᠎ᠠ ᠪᠠᠷ ᠪᠦᠷᠢᠯᠳᠦᠭᠦᠯᠬᠦ ᠬᠡᠷᠡᠭᠲᠡᠢ᠃      ᠲᠦᠷᠪᠡ ᠳᠤ ᠴᠢᠩᠭ᠎ᠠ ᠬᠢᠨᠠᠯᠲᠠ ᠲᠠᠯᠪᠢᠵᠤ᠂ ᠠᠵᠢᠯ ᠤᠨ ᠱᠠᠭᠠᠷᠳᠠᠯᠭ᠎ᠠ ᠶᠢ ᠰᠢᠪᠠᠳᠠᠨ ᠨᠠᠶᠢᠳᠠᠪᠤᠷᠢᠵᠢᠭᠤᠯᠬᠤ ᠬᠡᠷᠡᠭᠲᠡᠶ᠃ ᠴᠢᠩᠭ᠎ᠠ ᠬᠢᠨᠠᠯᠲᠠ ᠲᠠᠯᠪᠢᠬᠤ ᠶᠢ ᠬᠤᠭᠤᠴᠠᠭ᠎ᠠ ᠰᠣᠯᠢᠬᠤ ᠠᠵᠢᠯ ᠤᠨ ᠡᠬᠢᠨ ᠠᠴᠠ ᠳᠠᠭᠤᠰᠲᠠᠯ᠎ᠠ ᠲᠤᠭᠤᠰᠢᠯᠠᠭᠤᠯᠬᠤ ᠶᠢ ᠪᠠᠷᠢᠮᠲᠠᠯᠠᠵᠤ᠂ ᠬᠤᠭᠤᠴᠠᠭ᠎ᠠ ᠰᠣᠯᠢᠬᠤ ᠵᠢᠱᠢᠭᠳᠡᠭᠴᠢ ᠶᠢᠨ ᠨᠡᠷ᠎ᠡ ᠳᠤᠷᠠᠳᠬᠤ ᠠᠵᠢᠯ ᠤᠨ ᠬᠢᠨᠠᠯᠲᠠ᠂ ᠬᠤᠭᠤᠴᠠᠭ᠎ᠠ ᠰᠣᠯᠢᠬᠤ ᠲᠦᠷᠦ ᠶᠢᠨ ᠪᠤᠳᠤᠯᠭ᠎ᠠ ᠪᠠ ᠲᠦᠷᠢᠮ ᠲᠣᠭᠲᠠᠭᠠᠯ ᠢ ᠬᠡᠷᠡᠭᠵᠢᠭᠦᠯᠦᠭᠰᠡᠨ ᠪᠠᠶᠢᠳᠠᠯ ᠤᠨ ᠬᠢᠨᠠᠯᠲᠠ ᠶᠢ ᠴᠢᠩᠳᠠᠯᠠᠵᠤ᠂ ᠬᠤᠭᠤᠴᠠᠭ᠎ᠠ ᠰᠣᠯᠢᠬᠤ ᠬᠡᠪ ᠰᠤᠷᠲᠠᠯ ᠤᠨ ᠬᠢᠨᠠᠯᠲᠠ ᠪᠠᠶᠢᠴᠠᠭᠠᠯᠲᠠ ᠶᠢ ᠴᠢᠩᠭᠠᠳᠬᠠᠵᠤ᠂ ᠮᠥᠷᠳᠡᠨ ᠲᠤᠬᠢᠷᠠᠭᠤᠯᠬᠤ ᠶᠢ ᠴᠠᠭ ᠲᠤᠬᠠᠢ ᠳᠤᠨᠢ ᠰᠠᠶᠢᠲᠤᠷ ᠬᠢᠵᠦ᠂ ᠬᠤᠭᠤᠴᠠᠭ᠎ᠠ ᠰᠣᠯᠢᠬᠤ ᠠᠵᠢᠯ ᠤᠨ ᠠᠶᠤᠯ ᠲᠦᠭᠰᠢᠭᠦᠷᠢ ᠶᠢᠨ ᠭᠡᠮ ᠰᠣᠭᠤᠭ ᠢ ᠦᠨᠡᠨᠬᠦ ᠠᠷᠢᠯᠭᠠᠨ᠎ᠠ᠃ ᠲᠦᠷᠭᠡᠨ ᠪᠠᠶᠢᠴᠠᠭᠠᠵᠤ ᠴᠢᠩᠭ᠎ᠠ ᠰᠢᠢᠳᠪᠦᠷᠢᠯᠡᠬᠦ ᠶᠢ ᠪᠠᠷᠢᠮᠲᠠᠯᠠᠨ᠂ ᠵᠣᠬᠢᠶᠠᠨ ᠪᠠᠶᠢᠭᠤᠯᠤᠯᠲᠠ ᠶᠢᠨ ᠬᠢᠨᠠᠯᠲᠠ ᠲᠠᠯᠪᠢᠬᠤ ᠪᠠ ᠤᠯᠠᠨ ᠲᠦᠮᠡᠨ ᠤ ᠬᠢᠨᠠᠯᠲᠠ ᠲᠠᠯᠪᠢᠬᠤ ᠶᠢ ᠤᠶᠠᠯᠳᠤᠭᠤᠯᠵᠤ᠂ ᠤᠯᠠᠨ ᠲᠦᠮᠡᠨ ᠤ ᠬᠢᠨᠠᠯᠲᠠ ᠲᠠᠯᠪᠢᠵᠤ ᠢᠯᠡᠴᠢᠯᠡᠨ ᠮᠡᠳᠡᠭᠦᠯᠬᠦ ᠠᠷᠭ᠎ᠠ ᠵᠠᠮ ᠢ ᠰᠠᠭᠠᠳ ᠦᠭᠡᠢ ᠨᠡᠪᠲᠡᠷᠡᠭᠦᠯᠵᠦ᠂ ᠵᠠᠬᠢᠳᠠᠯ ᠰᠤᠷᠪᠤᠯᠵᠢᠯᠠᠭ᠎ᠠ᠂ ︽12388︾᠂ ︽12380︾᠂ ᠰᠦᠯᠵᠢᠶ᠎ᠡ ᠪᠠᠷ ᠢᠯᠡᠴᠢᠯᠡᠨ ᠮᠡᠳᠡᠭᠦᠯᠬᠦ ᠶᠢ ᠬᠦᠯᠢᠶᠡᠨ ᠠᠪᠴᠤ ᠰᠢᠢᠳᠪᠦᠷᠢᠯᠡᠬᠦ ᠲᠠᠪᠴᠠᠩ ᠵᠡᠷᠭᠡ ᠠᠷᠭ᠎ᠠ ᠮᠠᠶ᠋ᠢᠭ ᠢ ᠭᠦᠢᠴᠡᠳ ᠬᠡᠷᠡᠭᠯᠡᠨ᠂ ᠠᠰᠠᠭᠤᠳᠠᠯ ᠢ ᠴᠠᠭ ᠲᠤᠬᠠᠶ ᠳᠤᠨᠢ ᠡᠵᠡᠮᠰᠢᠵᠦ᠂ ᠠᠰᠠᠭᠤᠳᠠᠯ ᠢ ᠲᠣᠬᠢᠲᠠᠶ ᠰᠢᠢᠳᠪᠦᠷᠢᠯᠡᠬᠦ ᠶᠢ ᠦᠨᠡᠨ ᠬᠦ ᠪᠠᠲᠤᠯᠠᠨ᠎ᠠ᠃ ᠬᠤᠭᠤᠴᠠᠭ᠎ᠠ ᠰᠣᠯᠢᠬᠤ ᠰᠠᠬᠢᠯᠭ᠎ᠠ ᠪᠠᠲᠤ ᠶᠢ ᠵᠥᠷᠢᠴᠡᠭᠰᠡᠨ ᠠᠰᠠᠭᠤᠳᠠᠯ ᠢ ᠲᠦᠷᠭᠡᠨ ᠪᠠᠶᠢᠴᠠᠭᠠᠵᠤ ᠴᠢᠩᠭ᠎ᠠ ᠰᠢᠢᠳᠪᠦᠷᠢᠯᠡᠬᠦ ᠲᠣᠭᠲᠠᠴᠠ ᠶᠢ ᠪᠠᠶᠢᠭᠤᠯᠵᠤ᠂ ᠢᠯᠡᠴᠢᠯᠡᠨ ᠮᠡᠳᠡᠭᠦᠯᠦᠭᠰᠡᠨ ᠢ ᠬᠦᠯᠢᠶᠡᠨ ᠠᠪᠤᠭᠰᠠᠨ ᠪᠠ ᠢᠯᠡᠷᠡᠭᠦᠯᠦᠭᠰᠡᠨ ᠠᠰᠠᠭᠤᠳᠠᠯ ᠢ ᠴᠠᠭ ᠲᠤᠬᠠᠢ ᠳᠤᠨᠢ ᠪᠠᠶᠢᠴᠠᠭᠠᠨ ᠰᠢᠢᠳᠪᠦᠷᠢᠯᠡᠵᠦ᠂ ᠬᠤᠭᠤᠴᠠᠭ᠎ᠠ ᠰᠣᠯᠢᠬᠤ ᠰᠠᠬᠢᠯᠭ᠎ᠠ ᠪᠠᠲᠤ ᠶᠢᠨ ᠲᠣᠭᠲᠠᠭᠠᠯ ᠢ ᠵᠥᠷᠢᠴᠡᠭᠰᠡᠳ ᠢ ᠬᠠᠤᠯᠢ ᠲᠣᠭᠲᠠᠭᠠᠯ ᠰᠠᠬᠢᠯᠭ᠎ᠠ ᠪᠠᠲᠤ ᠶᠣᠰᠣᠭᠠᠷ ᠴᠢᠩᠭ᠎ᠠ ᠰᠢᠢᠳᠪᠦᠷᠢᠯᠡᠨ᠎ᠡ᠃ ᠦᠨᠡᠨ ᠪᠤᠰᠤ ᠪᠠᠷ ᠢᠯᠡᠴᠢᠯᠡᠨ ᠮᠡᠳᠡᠭᠦᠯᠦᠭᠰᠡᠨ ᠪᠠᠶᠢᠪᠠᠯ᠂ ᠴᠠᠭ ᠲᠤᠬᠠᠶ ᠳᠤᠨᠢ ᠢᠯᠭᠠᠷᠠᠭᠤᠯᠤᠨ ᠲᠣᠳᠣᠷᠬᠠᠶᠢᠯᠠᠬᠤ ᠬᠡᠷᠡᠭᠲᠡᠶ᠃ ᠮᠠᠭᠤ ᠰᠠᠨᠠᠭ᠎ᠠ ᠲᠠᠢ ᠪᠠᠷ ᠭᠦᠳᠬᠡᠨ ᠵᠠᠭᠠᠯᠳᠤᠬᠤ ᠪᠠ ᠭᠦᠳᠬᠡᠨ ᠬᠤᠣᠷᠯᠠᠬᠤ ᠦᠢᠯᠡ ᠠᠵᠢᠯᠯᠠᠭ᠎ᠠ ᠶᠢ ᠴᠥᠮ ᠴᠢᠩᠭ᠎ᠠ ᠰᠢᠢᠳᠪᠦᠷᠢᠯᠡᠨ᠂ ︽ᠥᠴᠦᠬᠡᠨ ᠴᠦ ᠠᠭᠤᠴᠢᠯᠠᠬᠤ ᠦᠭᠡᠢ︾ ᠣᠪᠣᠷ ᠢᠶᠠᠷ ᠭᠠᠵᠢᠭᠤ ᠰᠤᠷᠲᠠᠯ ᠢ ᠴᠢᠩᠭ᠎ᠠ ᠬᠤᠷᠢᠭᠯᠠᠵᠤ᠂ ︽ᠲᠡᠮᠦᠷ︾ ᠮᠡᠲᠦ ᠬᠠᠲᠠᠭᠤ ᠰᠠᠬᠢᠯᠭ᠎ᠠ ᠪᠠᠲᠤ ᠪᠠᠷ ᠬᠤᠭᠤᠴᠠᠭ᠎ᠠ ᠰᠣᠯᠢᠬᠤ ᠠᠵᠢᠯ ᠢ ᠬᠠᠮᠠᠭᠠᠯᠠᠵᠤ᠂ ᠬᠤᠭᠤᠴᠠᠭ᠎ᠠ ᠰᠣᠯᠢᠬᠤ ᠬᠡᠪ ᠰᠤᠷᠲᠠᠯ ᠤᠨ ᠠᠷᠢᠭᠤᠨ ᠴᠢᠬᠡᠴᠢ ᠪᠠᠶᠢᠬᠤ ᠶᠢ ᠦᠨᠡᠨ ᠬᠦ ᠪᠠᠲᠤᠯᠠᠨ᠎ᠠ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号