ᠬᠠᠷᠢᠭᠤ ᠳᠣᠰᠬᠠᠯ ᠤᠨ ᠪᠦᠯᠦᠭ᠄ ᠶᠡᠷᠦᠩᠬᠡᠶ ᠱᠦᠵᠢ ᠶᠢᠨ ︽ᠳᠣᠯᠣᠭᠠᠨ ᠰᠠᠷ᠎ᠠ ᠶᠢᠨ ᠨᠢᠭᠡᠨ︾ ᠤ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ  ᠰᠣᠷᠣᠯᠴᠠᠭᠠᠳ ᠲᠡᠳᠡᠨᠦᠰ ᠤᠨ ᠶᠠᠮᠠᠷ ᠲᠦᠷᠦᠭᠳᠡᠯ ᠲᠠᠢ ᠶᠢ ᠰᠣᠨᠣᠰᠣᠶ᠎ᠠ ︵ᠠᠷᠪᠠ︶
ᠨᠡᠶᠢᠲᠡᠯᠡᠭᠰᠡᠨ ᠴᠠᠭ᠄
2021/7/16
     ᠰᠢ ᠶᠢᠨ ᠫᠢᠩ ᠶᠡᠷᠦᠩᠬᠡᠶ ᠱᠦᠵᠢ ᠶᠢᠨ ︽ᠲᠤᠯᠤᠭᠠᠨ ᠰᠠᠷ᠎ᠠ ᠶᠢᠨ ᠨᠢᠭᠡᠨ︾ ᠤ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠭᠰᠠᠨ ᠣᠯᠤᠯᠲᠠ ᠲᠦᠷᠦᠭᠳᠡᠯ      ᠬᠠᠶᠢᠨᠠᠨ ᠲᠣᠭᠤᠷᠢᠭ ᠤᠨ ᠬᠦᠬᠤᠰᠤ ᠪᠠᠭ᠎ᠠ ᠰᠤᠷᠭᠠᠭᠤᠯᠢ ᠶᠢᠨ ᠨᠠᠮ ᠤᠨ ᠡᠭᠦᠷ       ᠵᠠᠩ ᠭᠥᠸᠧ ᠯᠢᠶᠠᠩ      ︽ᠪᠦᠬᠦ ᠨᠠᠮ ᠪᠦᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠤ ᠲᠠᠰᠤᠷᠠᠯᠲᠠ ᠦᠭᠡᠢ ᠲᠡᠮᠡᠴᠡᠬᠦ ᠪᠠᠷ ᠳᠠᠮᠵᠢᠨ᠂ ᠪᠢᠳᠡ ᠨᠢᠭᠡᠳᠦᠭᠡᠷ ᠵᠠᠭᠤᠨ ᠵᠢᠯ ᠤᠨ ᠲᠡᠮᠡᠴᠡᠬᠦ ᠬᠠᠷᠠᠯᠲᠠ ᠪᠠᠨ ᠪᠡᠶᠡᠯᠡᠭᠦᠯᠵᠡᠢ︾᠂ ︽ᠳᠤᠮᠳᠠᠳᠤ ᠤᠯᠤᠰ ᠤᠨ ᠡᠪ ᠬᠠᠮᠲᠤ ᠨᠠᠮ ᠳᠤᠮᠳᠠᠳᠤ ᠶᠢᠨ ᠦᠨᠳᠦᠰᠦᠲᠡᠨ ᠤ ᠮᠢᠩᠭᠠᠨ ᠣᠨ ᠤ ᠠᠭᠤᠤ ᠦᠢᠯᠡᠰ ᠲᠤ ᠵᠣᠷᠢᠭ ᠰᠢᠭᠤᠳᠴᠤ᠂ ᠵᠠᠭᠤᠨ ᠵᠢᠯ ᠪᠣᠯ ᠶᠠᠭ ᠴᠤᠬ ᠵᠢᠪᠬᠤᠭ᠎ᠠ ᠪᠠᠳᠠᠷᠠᠭᠰᠠᠨ ᠴᠠᠭ ᠦᠶ᠎ᠡ ᠮᠥᠨ︾ ᠁ ᠶᠡᠷᠦᠩᠬᠡᠢ ᠱᠦᠵᠢ ᠰᠢ ᠶᠢᠨ ᠫᠢᠩ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠤᠢ ᠶᠢ ᠪᠡᠯᠭᠡᠯᠡᠬᠦ ᠶᠡᠭᠡ ᠬᠤᠷᠠᠯ ᠳᠡᠭᠡᠷ᠎ᠡ ᠴᠢᠬᠤᠯᠠ ᠶᠠᠷᠢᠶ᠎ᠠ ᠲᠠᠯᠪᠢᠵᠦ᠂ ᠨᠠᠮ ᠤᠨ ᠵᠠᠭᠤᠨ ᠵᠢᠯ ᠤᠨ ᠡᠷᠡᠯᠬᠡᠭᠯᠡᠨ ᠤᠷᠤᠭᠰᠢᠯᠠᠭᠰᠠᠨ ᠥᠩᠭᠡᠷᠡᠯᠲᠡ ᠶᠢ ᠡᠷᠭᠢᠴᠡᠭᠦᠯᠪᠡᠯ᠂ ᠰᠢᠨ᠎ᠡ ᠠᠶᠠᠨ ᠵᠠᠮ ᠳᠤ ᠡᠷᠡᠯᠬᠡᠭᠯᠡᠨ ᠤᠷᠤᠭᠰᠢᠯᠠᠬᠤ ᠴᠢᠭᠯᠡᠯ ᠢ ᠲᠣᠳᠣᠷᠬᠠᠢ ᠵᠢᠭᠠᠵᠤ᠂ ᠤᠷᠤᠭᠰᠢᠯᠠᠯᠲᠠ ᠶᠢᠨ ᠬᠦᠴᠦᠨ ᠢ ᠨᠡᠮᠡᠷᠢᠯᠡᠵᠡᠢ᠃      ᠰᠢ ᠶᠢᠨ ᠫᠢᠩ ᠶᠡᠷᠦᠩᠬᠡᠶ ᠱᠦᠵᠢ ᠶᠢᠨ ᠴᠢᠬᠤᠯᠠ ᠶᠠᠷᠢᠶ᠎ᠠ ᠶᠢ ᠰᠤᠷᠤᠯᠴᠠᠬᠤ ᠪᠠᠷ ᠳᠡᠮᠵᠢᠨ᠂ ᠪᠢᠳᠡ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠵᠤ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠣᠶᠢᠯᠠᠭᠠᠵᠤ᠂ ᠬᠦᠰᠡᠯᠡᠩ ᠢᠲᠡᠭᠡᠯ ᠪᠢᠰᠢᠷᠡᠯ ᠢᠶᠠᠨ ᠪᠠᠲᠤᠳᠬᠠᠨ᠂ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠨᠠᠮ ᠤᠨ ᠵᠣᠷᠢᠯᠲᠠ ᠶᠢ ᠦᠢᠯᠡᠳᠦᠯᠭᠡᠵᠢᠭᠦᠯᠵᠦ᠂ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠲᠡᠰᠢ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠳᠤᠮᠳᠠᠳᠤ ᠶᠢᠨ ᠵᠡᠭᠦᠳᠦ ᠲᠡᠰᠢ ᠡᠷᠡᠯᠬᠡᠭᠯᠡᠨ ᠤᠷᠤᠭᠰᠢᠯᠠᠨ᠎ᠠ ᠭᠡᠳᠡᠭ ᠢ ᠪᠢ ᠤᠯᠠᠮ ᠴᠢᠨᠠᠭᠰᠢᠳᠠ ᠲᠠᠨᠢᠵᠤ ᠤᠯᠪᠠ᠃      ᠪᠢᠳᠠ ᠬᠦᠰᠡᠯᠡᠩ ᠢᠲᠡᠭᠡᠯ ᠪᠢᠰᠢᠷᠡᠯ ᠢᠶᠠᠨ ᠪᠠᠲᠤᠳᠬᠠᠵᠤ᠂ ᠬᠠᠷᠢᠴᠠᠯᠠᠰᠢᠭᠦᠢ ᠦᠨᠡᠨᠴᠢ ᠰᠢᠳᠤᠷᠭᠤ ᠤᠯᠤᠰ ᠲᠦᠷᠦ ᠶᠢᠨ ᠬᠡᠪ ᠰᠤᠷᠲᠠᠯ ᠢ ᠪᠠᠲᠤᠳᠬᠠᠬᠤ ᠬᠡᠷᠡᠭᠲᠡᠢ᠃ ᠵᠠᠭᠤᠨ ᠵᠢᠯ ᠤᠨ ᠯᠤᠲᠤ ᠶᠡᠭᠡ ᠬᠤᠪᠢᠷᠠᠯᠲᠠ ᠨᠠᠮ ᠳᠤᠮᠳᠠᠳᠤ ᠤᠯᠤᠰ ᠤᠨ ᠠᠷᠠᠳ ᠲᠦᠮᠡᠨ ᠢ ᠳᠠᠭᠠᠭᠤᠯᠤᠨ ᠳᠤᠮᠳᠠᠳᠤ ᠶᠢᠨ ᠦᠨᠳᠦᠰᠦᠲᠡᠨ ᠤ ︽ᠪᠣᠰᠴᠤ ᠵᠣᠭᠰᠣᠭᠰᠠᠨ︾ ᠠᠴᠠ ︽ᠪᠠᠶᠠᠵᠢᠭᠰᠠᠨ︾ ᠠᠴᠠ ︽ᠬᠦᠴᠦᠷᠬᠡᠭᠵᠢᠭᠰᠡᠨ︾ ᠬᠦᠷᠲᠡᠯᠡᠬᠢ ᠠᠭᠤᠤ ᠶᠡᠭᠡ ᠦᠰᠦᠷᠦᠯᠲᠡ ᠶᠢ ᠪᠡᠶᠡᠯᠡᠭᠦᠯᠵᠦ᠂ ᠦᠨᠡᠨ ᠶᠣᠰᠣ ᠶᠢ ᠪᠠᠷᠢᠮᠲᠠᠯᠠᠬᠤ᠂ ᠬᠦᠰᠡᠯᠡᠩ ᠢᠶᠠᠨ ᠪᠠᠲᠤ ᠰᠠᠬᠢᠬᠤ᠂ ᠤᠭ ᠰᠠᠨᠠᠭ᠎ᠠ ᠪᠠᠨ ᠦᠢᠯᠡᠳᠦᠯᠭᠡᠵᠢᠭᠦᠯᠬᠦ᠂ ᠡᠭᠦᠷᠭᠡ ᠬᠠᠷᠢᠭᠤᠴᠠᠯᠭ᠎ᠠ ᠪᠠᠨ ᠡᠭᠦᠷᠭᠡᠯᠡᠬᠦ᠂ ᠦᠷᠡᠭᠳᠡᠯ ᠰᠦᠢᠳᠦᠯ ᠠᠴᠠ ᠠᠶᠤᠬᠤ ᠦᠭᠡᠢ᠂ ᠡᠷᠡᠯᠬᠡᠭ ᠪᠠᠭᠠᠲᠤᠷᠯᠢᠭ ᠢᠶᠠᠷ ᠲᠡᠮᠡᠴᠡᠬᠦ᠂ ᠨᠠᠮ ᠳᠠᠭᠠᠨ ᠦᠨᠡᠨᠴᠢ ᠰᠢᠳᠤᠷᠭᠤ᠂ ᠠᠷᠠᠳ ᠲᠦᠮᠡᠨ ᠢ ᠬᠥᠰᠡᠷᠳᠡᠭᠦᠯᠬᠦ ᠦᠭᠡᠢ ᠠᠭᠤᠤ ᠶᠡᠭᠡ ᠨᠠᠮ ᠪᠠᠶᠢᠭᠤᠯᠬᠤ ᠵᠣᠷᠢᠭ ᠰᠠᠨᠠᠭ᠎ᠠ ᠶᠢ ᠪᠦᠷᠢᠯᠳᠦᠭᠦᠯᠪᠡ᠂ ᠪᠢᠳᠡ ᠠᠭᠤᠤ ᠶᠡᠭᠡ ᠨᠠᠮ ᠪᠠᠶᠢᠭᠤᠯᠬᠤ ᠵᠣᠷᠢᠭ ᠰᠠᠨᠠᠭ᠎ᠠ ᠶᠢ ᠵᠠᠯᠭᠠᠮᠵᠢᠯᠠᠨ ᠪᠠᠳᠠᠷᠠᠭᠤᠯᠵᠤ᠂ ᠬᠤᠪᠢᠰᠬᠠᠯᠲᠤ ᠴᠢᠰᠤᠨ ᠰᠤᠳᠠᠰᠤ ᠶᠢ ᠦᠷᠭᠦᠯᠵᠢᠯᠡᠭᠦᠯᠬᠦ ᠬᠡᠷᠡᠭᠲᠡᠢ᠃
     ᠰᠢ ᠶᠢᠨ ᠫᠢᠩ ᠶᠡᠷᠦᠩᠬᠡᠶ ᠱᠦᠵᠢ ᠶᠢᠨ ︽ᠲᠤᠯᠤᠭᠠᠨ ᠰᠠᠷ᠎ᠠ ᠶᠢᠨ ᠨᠢᠭᠡᠨ︾ ᠤ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠭᠰᠠᠨ ᠣᠯᠤᠯᠲᠠ ᠲᠦᠷᠦᠭᠳᠡᠯ      ᠬᠠᠶᠢᠨᠠᠨ ᠲᠣᠭᠤᠷᠢᠭ ᠤᠨ ᠠᠷᠠᠳ ᠤᠨ ᠡᠮᠨᠡᠯᠭᠡ ᠶᠢᠨ ᠬᠤᠷᠢᠶᠠᠨ ᠤ ᠨᠠᠰᠤᠲᠠᠶᠢᠴᠤᠳ ᠤᠨ ᠰᠠᠯᠠᠭᠠᠨ ᠤ ᠰᠤᠪᠢᠯᠠᠭᠴᠢ ᠶᠢᠨ ᠳᠠᠷᠤᠭ᠎ᠠ      ᠯᠢᠦ ᠫᠢᠩ ᠫᠢᠩ      ᠰᠢᠨ᠎ᠡ ᠴᠠᠭ ᠦᠶ᠎ᠡ ᠶᠢᠨ ᠡᠮ ᠡᠮᠨᠡᠯᠭᠡ ᠶᠢᠨ ᠠᠵᠢᠯᠳᠠᠨ ᠪᠣᠯᠤᠭᠰᠠᠨ ᠤ ᠬᠤᠪᠢ ᠳᠤ᠂ ᠨᠠᠮ ᠤᠨ ᠤᠳᠤᠷᠢᠳᠤᠯᠭ᠎ᠠ ᠶᠢ ᠢᠮᠠᠭᠲᠠ ᠭᠤᠶᠢᠪᠢᠰᠢ ᠦᠭᠡᠢ ᠪᠠᠷᠢᠮᠲᠠᠯᠠᠵᠤ᠂ ᠬᠦᠰᠡᠯᠡᠩ ᠢᠲᠡᠭᠡᠯ ᠪᠢᠰᠢᠷᠡᠯ ᠢᠶᠠᠨ ᠢᠮᠠᠭᠲᠠ ᠭᠤᠶᠢᠪᠢᠰᠢ ᠦᠭᠡᠢ ᠪᠠᠲᠤᠳᠬᠠᠵᠤ᠂ ᠵᠣᠷᠢᠭᠲᠠᠢ ᠪᠠᠷ ᠥᠭᠡᠷᠡᠴᠢᠯᠡᠯᠲᠡ ᠬᠢᠵᠦ ᠰᠢᠨ᠎ᠡ ᠶᠢ  ᠡᠭᠦᠳᠦᠨ᠂ ᠬᠠᠷᠢᠭᠤᠴᠠᠯᠭ᠎ᠠ ᠡᠭᠦᠷᠭᠡᠯᠡᠨ ᠠᠵᠢᠯ ᠬᠢᠬᠦ ᠪᠠᠨ ᠴᠢᠩᠭᠠᠳᠬᠠᠵᠤ᠂ ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠨᠠᠮ ᠢ ᠰᠡᠳᠬᠢᠯ ᠠᠮᠤᠷ ᠪᠠᠶᠢᠯᠭᠠᠬᠤ᠂ ᠠᠷᠠᠳ ᠲᠦᠮᠡᠨ ᠢ ᠰᠡᠳᠬᠢᠯ ᠬᠠᠨᠤᠮᠵᠢᠲᠠᠢ ᠪᠣᠯᠭᠠᠬᠤ ᠠᠵᠢᠯ ᠢ ᠰᠠᠶᠢᠲᠤᠷ ᠬᠢᠬᠦ   ᠪᠠᠷ ᠴᠢᠷᠮᠠᠶᠢᠨ᠎ᠠ᠃
     ᠰᠢ ᠶᠢᠨ ᠫᠢᠩ ᠶᠡᠷᠦᠩᠬᠡᠶ ᠱᠦᠵᠢ ᠶᠢᠨ ︽ᠲᠤᠯᠤᠭᠠᠨ ᠰᠠᠷ᠎ᠠ ᠶᠢᠨ ᠨᠢᠭᠡᠨ︾ ᠤ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠭᠰᠠᠨ ᠣᠯᠤᠯᠲᠠ ᠲᠦᠷᠦᠭᠳᠡᠯ      ᠦᠬᠠᠶ ᠬᠤᠲᠠ ᠶᠢᠨ ᠠᠷᠪᠠᠨ ᠨᠠᠢᠮᠠᠳᠤᠭᠠᠷ ᠳᠤᠮᠳᠠᠳᠤ ᠰᠤᠷᠭᠠᠭᠤᠯᠢ ᠯᠢᠦ ᠹᠠᠩ ᠹᠠᠩ      ᠡᠨᠡ ᠵᠢᠯ ᠪᠣᠯ ᠨᠠᠮ ᠪᠠᠶᠢᠭᠤᠯᠤᠭᠳᠠᠭᠰᠠᠨ ᠵᠠᠭᠤᠨ ᠵᠢᠯ ᠤᠨ ᠤᠢ ᠮᠥᠨ᠂ ᠨᠠᠮ ᠤᠨ ᠲᠦᠷᠦᠭᠰᠡᠨ ᠡᠳᠦᠷ ᠤᠨ ᠪᠠᠶᠠᠷ ᠮᠥᠨ᠂ ᠵᠠᠭᠤᠨ ᠵᠢᠯ ᠤᠨ ᠡᠮᠦᠨ᠎ᠡ᠂ ᠬᠤᠪᠢᠰᠬᠠᠯ ᠤᠨ ᠠᠬᠠᠮᠠᠳ ᠦᠶ᠎ᠡ ᠶᠢᠨ ᠬᠢᠨ ᠪᠢᠳᠡᠨ ᠳᠤ ᠬᠤᠪᠢᠰᠬᠠᠯ ᠤᠨ ᠭᠡᠷᠡᠯ ᠰᠠᠴᠤᠷᠠᠩᠭᠤᠶ ᠵᠠᠮ ᠢ ᠳᠡᠪᠢᠰᠴᠦ ᠥᠭᠭᠦᠭᠰᠡᠨ ᠶᠤᠮ᠂ ᠵᠠᠭᠤᠨ ᠵᠢᠯ ᠤᠨ ᠲᠠᠷᠠᠭ᠎ᠠ ᠪᠢᠳᠡ ᠨᠠᠮ ᠤᠨ ᠲᠤᠭ ᠤᠨ ᠳᠣᠣᠷ᠎ᠠ ᠪᠦᠯᠬᠦᠮᠳᠡᠵᠦ᠂ ᠤᠯᠠᠮᠵᠢᠯᠠᠯ ᠢᠶᠠᠨ ᠪᠠᠳᠠᠷᠠᠭᠤᠯᠤᠨ᠂ ᠲᠡᠰᠪᠦᠷᠢ ᠬᠠᠲᠠᠭᠤᠵᠢᠯᠲᠠᠶ ᠪᠠᠷ ᠲᠡᠮᠡᠴᠡᠵᠦ᠂ ᠲᠡᠷᠢᠭᠦᠨ ᠤ ᠴᠢᠨᠠᠷ ᠢᠶᠠᠨ ᠡᠭᠦᠷᠢᠳᠡ ᠬᠠᠳᠠᠭᠠᠯᠠᠵᠤ᠂ ᠡᠯ᠎ᠡ ᠵᠦᠢᠯ ᠤᠨ ᠰᠠᠯᠬᠢᠨ ᠳᠠᠪᠠᠯᠭᠠᠨ ᠢ ᠳᠠᠭᠠᠭᠠᠵᠤ ᠴᠢᠳᠠᠭᠰᠠᠨ ᠶᠤᠮ᠃ ᠨᠠᠮ ᠪᠣᠯ ᠠᠭᠤᠤ ᠶᠡᠭᠡ ᠶᠤᠮ᠂ ᠪᠠᠭᠰᠢ ᠪᠣᠯᠤᠭᠰᠠᠨ ᠤ ᠬᠤᠪᠢ ᠳᠤ᠂ ᠨᠠᠮ ᠤᠨ ᠠᠯᠬᠤᠭ᠎ᠠ ᠶᠢ ᠳᠠᠭᠠᠵᠤ᠂ ᠶᠣᠰᠣ ᠰᠤᠷᠲᠠᠬᠤᠨ ᠢ ᠡᠷᠬᠢᠮᠯᠡᠨ ᠡᠷᠴᠢ ᠵᠣᠷᠢᠭ ᠢᠶᠠᠨ ᠬᠥᠪᠴᠢᠯᠡᠨ ᠦᠢᠯᠡᠳᠦᠯᠭᠡᠵᠢᠭᠦᠯᠵᠦ᠂ ᠰᠢᠯᠢᠳᠡᠭ ᠢ ᠡᠭᠦᠳᠴᠦ ᠲᠡᠷᠢᠭᠦᠨ ᠤ ᠬᠢ ᠶᠢ ᠲᠡᠮᠡᠴᠡᠨ ᠬᠤᠰᠢᠭᠤᠴᠢ ᠪᠣᠯᠬᠤ ᠪᠠᠷ ᠴᠢᠷᠮᠠᠶᠢᠨ᠎ᠠ︕ ᠰᠢᠭᠤᠳ ᠨᠡᠪᠲᠡᠷᠡᠭᠦᠯᠭᠡ ᠶᠢ ᠦᠵᠡᠬᠦ ᠪᠠᠷ ᠳᠡᠮᠵᠢᠨ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠵᠠᠭᠤᠨ ᠵᠢᠯ ᠤᠨ ᠲᠡᠮᠡᠴᠡᠯ ᠤᠨ ᠲᠡᠦᠬᠡ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠳᠤᠮᠳᠠᠳᠤ ᠤᠯᠤᠰ ᠤᠨ ᠬᠤᠪᠢᠰᠬᠠᠯ ᠳᠤ ᠦᠵᠡᠭᠦᠯᠦᠭᠰᠡᠨ ᠴᠢᠷᠮᠠᠶᠢᠯᠭ᠎ᠠ ᠪᠠ ᠦᠷᠡᠭᠳᠡᠯ᠂ ᠳᠤᠮᠳᠠᠳᠤ ᠤᠯᠤᠰ ᠤᠨ ᠠᠷᠠᠳ ᠲᠦᠮᠡᠨ ᠤ ᠶᠠᠭᠤ ᠶᠢ ᠴᠤ ᠬᠠᠶᠢᠬᠤᠷᠬᠤ ᠦᠭᠡᠢ ᠠᠭᠤᠤ ᠶᠡᠭᠡ ᠬᠠᠷᠠᠮ ᠦᠭᠡᠢ ᠵᠣᠷᠢᠭᠤᠯᠬᠤ ᠵᠣᠷᠢᠭ ᠰᠠᠨᠠᠭ᠎ᠠ ᠶᠢ ᠪᠢ ᠡᠭᠦᠷᠢᠳᠡ ᠰᠤᠷᠤᠯᠴᠠᠭᠤᠰᠢᠲᠠᠢ᠂ ᠳᠤᠮᠳᠠᠳᠤ ᠤᠯᠤᠰ ᠤᠨ ᠠᠷᠠᠳ ᠲᠦᠮᠡᠨ ᠯᠠᠪᠲᠠᠢ ᠰᠢ ᠶᠢᠨ ᠫᠢᠩ ᠶᠡᠷᠦᠩᠬᠡᠢ ᠱᠦᠵᠢ ᠪᠠᠷ ᠭᠤᠣᠯ ᠪᠣᠯᠭᠠᠭᠰᠠᠨ ᠰᠢᠨ᠎ᠡ ᠨᠢᠭᠡ ᠦᠶ᠎ᠡ ᠶᠢᠨ ᠳᠤᠮᠳᠠᠳᠤ ᠤᠯᠤᠰ ᠤᠨ ᠡᠪ ᠬᠠᠮᠲᠤᠴᠤᠳ ᠤᠨ ᠤᠳᠤᠷᠢᠳᠤᠯᠭ᠎ᠠ ᠳᠣᠣᠷ᠎ᠠ ᠳᠠᠬᠢᠨᠲᠠ ᠭᠡᠷᠡᠯ ᠰᠠᠴᠤᠷᠠᠩᠭᠤᠢ ᠠᠮᠵᠢᠯᠲᠠ ᠶᠢ ᠡᠭᠦᠳᠬᠦ ᠶᠤᠮ ᠭᠡᠳᠡᠭ ᠢ ᠪᠢ ᠢᠲᠡᠭᠡᠵᠦ ᠪᠠᠶᠢᠨ᠎ᠠ︕
     ᠰᠢ ᠶᠢᠨ ᠫᠢᠩ ᠶᠡᠷᠦᠩᠬᠡᠶ ᠱᠦᠵᠢ ᠶᠢᠨ ︽ᠲᠤᠯᠤᠭᠠᠨ ᠰᠠᠷ᠎ᠠ ᠶᠢᠨ ᠨᠢᠭᠡᠨ︾ ᠤ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠭᠰᠠᠨ ᠣᠯᠤᠯᠲᠠ ᠲᠦᠷᠦᠭᠳᠡᠯ      ᠪᠠᠷᠠᠭᠤᠨ ᠣᠷᠣᠨ ᠤ ᠲᠥᠯᠥᠪᠯᠡᠭᠡ ᠶᠢᠨ ᠰᠠᠶᠢᠨ ᠳᠤᠷ᠎ᠠ ᠶᠢᠨ ᠠᠵᠢᠯᠯᠠᠭᠴᠢ      ᠵᠠᠩ ᠴᠢᠶᠠᠨ      ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠤᠢ ᠶᠢ ᠪᠡᠯᠭᠡᠯᠡᠬᠦ ᠶᠡᠭᠡ ᠬᠤᠷᠠᠯ ᠳᠡᠭᠡᠷ᠎ᠡ᠂ ᠡᠪ ᠬᠠᠮᠲᠤ ᠵᠠᠯᠠᠭᠤᠴᠤᠳ ᠤᠨ ᠡᠪᠯᠡᠯ ᠤᠨ ᠭᠡᠰᠢᠭᠦᠨ ᠪᠣᠯᠤᠨ ᠪᠠᠭᠠᠴᠤᠳ ᠤᠨ ᠬᠤᠰᠢᠭᠤᠴᠢ ᠠᠩᠬᠢ ᠶᠢᠨ ᠭᠡᠰᠢᠭᠦᠳ ᠬᠠᠮᠲᠤ ᠶᠢ ᠲᠥᠯᠥᠭᠡᠯᠡᠨ ᠦᠭᠡ ᠬᠡᠯᠡᠪᠡ᠃ ᠡᠨᠡᠬᠦ ᠣᠬᠤᠷᠬᠠᠨ ᠵᠢᠷᠭᠤᠭᠠᠨ ᠮᠢᠨᠦ᠋ᠲ ᠤᠨ ᠪᠠᠶᠠᠷ ᠤᠨ ᠦᠭᠡ ᠨᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠣᠯᠤᠭᠰᠠᠨ ᠡᠯᠪᠡᠭ ᠪᠠᠶᠠᠯᠢᠭ ᠦᠷ᠎ᠡ ᠪᠦᠲᠦᠭᠡᠯ ᠢ ᠲᠣᠳᠣᠷᠬᠠᠢ ᠶᠠᠷᠢᠪᠠ᠂ ᠡᠨᠡᠬᠦ ᠡᠯᠪᠡᠭ ᠪᠠᠶᠠᠯᠢᠭ ᠦᠷ᠎ᠡ ᠪᠦᠲᠦᠭᠡᠯ ᠢ ᠣᠯᠤᠭᠰᠠᠨ ᠤ ᠠᠷᠤ ᠳᠠᠬᠢ ᠳᠤᠮᠳᠠᠳᠤ ᠤᠯᠤᠰ ᠤᠨ ᠡᠪ ᠬᠠᠮᠲᠤᠴᠤᠳ ᠤᠨ ᠥᠩᠭᠡᠷᠡᠭᠦᠯᠦᠭᠰᠡᠨ ᠬᠦᠴᠢᠷ ᠪᠡᠷᠬᠡᠰᠢᠶᠡᠯ ᠪᠠ ᠭᠠᠷᠭᠠᠭᠰᠠᠨ ᠴᠢᠷᠮᠠᠶᠢᠯᠭ᠎ᠠ ᠶᠢ ᠲᠣᠳᠣᠷᠬᠠᠢ ᠬᠡᠯᠡᠵᠦ ᠴᠢᠳᠠᠬᠤ ᠦᠭᠡᠢ ᠶᠤᠮ᠃ ᠡᠨᠡᠬᠦ ᠣᠬᠤᠷᠬᠠᠨ ᠵᠢᠷᠭᠤᠭᠠᠨ ᠮᠢᠨᠦ᠋ᠲ ᠤᠨ ᠪᠠᠶᠠᠷ ᠤᠨ ᠦᠭᠡ ᠪᠣᠯ ᠮᠠᠨ ᠤ ᠨᠠᠮ ᠪᠣᠯᠤᠨ ᠤᠯᠤᠰ ᠲᠤ ᠥᠭᠭᠦᠭᠰᠡᠨ ᠬᠠᠮᠤᠭ ᠤᠨ ᠴᠢᠩ ᠦᠨᠡᠨᠴᠢ ᠮᠠᠭᠲᠠᠭᠠᠯ ᠪᠣᠯᠤᠨ᠎ᠠ᠂ ᠮᠥᠨᠴᠦ ᠮᠠᠨ ᠤ ᠨᠠᠮ ᠳᠤ ᠥᠭᠭᠦᠭᠰᠡᠨ ᠬᠠᠮᠤᠭ ᠤᠨ ᠡᠷᠬᠢᠮ ᠳᠡᠭᠡᠳᠦ ᠬᠦᠨᠳᠦᠳᠬᠡᠯ ᠪᠣᠯᠤᠨ᠎ᠠ᠂ ᠮᠠᠨ ᠤ ᠡᠬᠡ ᠤᠯᠤᠰ ᠲᠤ ᠥᠭᠭᠦᠭᠰᠡᠨ ᠬᠠᠮᠤᠭ ᠤᠨ ᠴᠢᠩ ᠰᠡᠳᠬᠢᠯ ᠤᠨ ᠵᠥᠩᠨᠡᠯ ᠪᠣᠯᠤᠨ᠎ᠠ᠃ ᠡᠨᠡᠬᠦ ᠣᠬᠤᠷᠬᠠᠨ ᠵᠢᠷᠭᠤᠭᠠᠨ ᠮᠢᠨᠦ᠋ᠲ ᠤᠨ ᠪᠠᠶᠠᠷ ᠤᠨ ᠦᠭᠡ ᠪᠣᠯ ᠪᠢᠳᠡᠨ ᠤ ᠨᠠᠮ ᠳᠤ ᠳᠡᠪᠰᠢᠭᠦᠯᠦᠭᠰᠡᠨ ᠵᠠᠯᠠᠭᠤ ᠨᠠᠰᠤᠨ ᠤ ᠮᠠᠭᠲᠠᠭᠠᠯ ᠪᠣᠯᠤᠨ᠎ᠠ᠂ ᠮᠥᠨᠴᠦ ᠪᠢᠳᠡᠨ ᠤ ᠨᠠᠮ ᠳᠠᠭᠠᠨ ᠠᠮᠠᠯᠠᠭᠰᠠᠨ ᠵᠠᠯᠠᠭᠤ ᠨᠠᠰᠤᠨ ᠤ ᠲᠠᠩᠭᠠᠷᠢᠭ ᠪᠣᠯᠤᠨ᠎ᠠ᠃ ᠡᠨᠡᠬᠦ ᠣᠬᠤᠷᠬᠠᠨ ᠵᠢᠷᠭᠤᠭᠠᠨ ᠮᠢᠨᠦ᠋ᠲ ᠤᠨ ᠪᠠᠶᠠᠷ ᠤᠨ ᠦᠭᠡᠨ ᠳᠤ᠂ ︽ᠡᠬᠡ ᠤᠯᠤᠰ ᠤᠨ ᠢᠶᠠᠨ ᠬᠠᠮᠤᠭ ᠤᠨ ᠬᠡᠷᠡᠭᠴᠡᠭᠡ ᠲᠠᠢ ᠭᠠᠵᠠᠷ ᠲᠤ ᠣᠴᠢᠶ᠎ᠠ︾ ᠭᠡᠬᠦ ᠦᠭᠡ ᠪᠤᠢ᠃ ᠡᠨᠡ ᠨᠢ ᠪᠠᠷᠠᠭᠤᠨ ᠣᠷᠣᠨ ᠤ ᠵᠠᠯᠠᠭᠤᠴᠤᠳ ᠤᠨ ᠢᠮᠠᠭᠲᠠ ᠵᠢᠷᠤᠮᠯᠠᠭᠰᠠᠭᠠᠷ ᠢᠷᠡᠭᠰᠡᠨ ᠵᠦᠢᠯᠡᠰ ᠪᠠᠶᠢᠵᠦ ᠪᠢᠳᠡᠨ ᠤ ᠢᠷᠠᠭᠤ ᠠᠯᠳᠠᠷ ᠪᠣᠯᠬᠤ ᠪᠥᠭᠡᠳ ᠪᠢᠳᠡᠨ ᠤ ᠬᠠᠷᠢᠭᠤᠴᠠᠯᠭ᠎ᠠ ᠪᠣᠯᠬᠤ ᠶᠤᠮ᠃  ᠶᠠᠭᠤᠨ ᠤ ᠠᠵᠦ ᠵᠠᠪᠰᠢᠶᠠᠨ ᠠᠴᠠ ᠤᠯᠠᠭᠠᠨ ᠲᠤᠭ ᠤᠨ ᠳᠣᠣᠷ᠎ᠠ ᠲᠦᠷᠦᠵᠤ᠂ ᠬᠠᠪᠤᠷ ᠤᠨ ᠰᠠᠯᠬᠢᠨ ᠳᠤ ᠦᠰᠦᠨ ᠪᠤᠶᠢᠵᠢᠪᠠ᠃ ᠨᠠᠮ ᠮᠢᠨᠢ ᠰᠠᠨᠠᠭ᠎ᠠ ᠠᠮᠤᠷ ᠪᠠᠶᠢᠭᠠᠷᠠᠢ᠂ ᠤᠯᠤᠰ ᠢᠶᠠᠨ ᠬᠦᠴᠦᠷᠬᠡᠭᠵᠢᠭᠦᠯᠬᠦ ᠳᠤ ᠪᠢ ᠪᠠᠶᠢᠨ᠎ᠠ︕ ᠮᠠᠨ ᠤ ᠦᠶ᠎ᠡ ᠶᠢᠨ ᠬᠢᠨ ᠯᠠᠪᠳᠠᠶ᠎ᠠ ᠤᠷᠢᠳᠤᠰ ᠤᠨ ᠵᠣᠷᠢᠭ ᠰᠠᠨᠠᠭ᠎ᠠ ᠶᠢ ᠵᠠᠯᠭᠠᠮᠵᠢᠯᠠᠵᠤ᠂ ᠰᠢᠨ᠎ᠡ ᠴᠠᠭ ᠦᠶ᠎ᠡ ᠳᠤ ᠳᠡᠭᠦᠯᠢᠨ᠎ᠡ︕
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号