ᠬᠠᠷᠢᠭᠤ ᠳᠣᠰᠬᠠᠯ ᠤᠨ ᠪᠦᠯᠦᠭ᠄ ᠶᠡᠷᠦᠩᠬᠡᠶ ᠱᠦᠵᠢ ᠶᠢᠨ ︽ᠳᠣᠯᠣᠭᠠᠨ ᠰᠠᠷ᠎ᠠ ᠶᠢᠨ ᠨᠢᠭᠡᠨ︾ ᠤ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ  ᠰᠣᠷᠣᠯᠴᠠᠭᠠᠳ ᠲᠡᠳᠡᠨᠦᠰ ᠤᠨ ᠶᠠᠮᠠᠷ ᠲᠦᠷᠦᠭᠳᠡᠯ ᠲᠠᠢ ᠶᠢ ᠰᠣᠨᠣᠰᠣᠶ᠎ᠠ ︵ᠠᠷᠪᠠᠨ ᠨᠢᠭᠡ︶
ᠨᠡᠶᠢᠲᠡᠯᠡᠭᠰᠡᠨ ᠴᠠᠭ᠄
2021/7/19
     ᠰᠢ ᠶᠢᠨ ᠫᠢᠩ ᠶᠡᠷᠦᠩᠬᠡᠶ ᠱᠦᠵᠢ ᠶᠢᠨ ︽ᠲᠤᠯᠤᠭᠠᠨ ᠰᠠᠷ᠎ᠠ ᠶᠢᠨ ᠨᠢᠭᠡᠨ︾ ᠤ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠭᠰᠠᠨ ᠣᠯᠤᠯᠲᠠ ᠲᠦᠷᠦᠭᠳᠡᠯ      ᠦᠬᠠᠶ ᠬᠤᠲᠠ ᠶᠢᠨ ᠬᠤᠷᠢᠨ ᠬᠤᠶᠠᠳᠤᠭᠠᠷ ᠳᠤᠮᠳᠠᠳᠤ ᠰᠤᠷᠭᠠᠭᠤᠯᠢ      ᠸᠠᠩ ᠴᠢᠩ ᠬᠤᠩ      100 ᠵᠢᠯ ᠤᠨ ᠰᠦᠷ ᠳᠠᠯᠠᠶᠢᠴᠠᠲᠠᠶ ᠠᠶᠠᠨ ᠵᠠᠮ ᠳᠤ᠂ ᠮᠠᠨ ᠤ ᠨᠠᠮ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠳᠡᠯᠡᠬᠡᠶ ᠳ᠋ᠠᠬᠢᠨ ᠤ ᠠᠩᠬᠠᠷᠤᠯ ᠢ ᠲᠠᠲᠠᠭᠰᠠᠨ ᠠᠭᠤᠤ ᠶᠡᠭᠡ ᠠᠮᠵᠢᠯᠲᠠ ᠪᠦᠲᠦᠮᠵᠢ ᠶᠢ ᠣᠯᠵᠤ᠂ 100 ᠵᠢᠯ ᠤᠨ ᠳᠣᠲᠣᠷ᠎ᠠ᠂ ᠮᠠᠨ ᠤ ᠨᠠᠮ ᠳᠤᠮᠳᠠᠳᠤ ᠶᠢᠨ ᠦᠨᠳᠦᠰᠦᠲᠡᠨ ᠤ ᠬᠥᠭᠵᠢᠯᠲᠡ ᠶᠢᠨ ᠶᠠᠪᠤᠴᠠ ᠳᠠᠬᠢ ᠭᠡᠷᠡᠯ ᠰᠠᠴᠤᠷᠠᠩᠭᠤᠶ ᠬᠠᠭᠤᠳᠠᠰᠤ ᠶᠢ ᠪᠢᠴᠢᠭᠯᠡᠭᠰᠡᠨ ᠪᠠᠶᠢᠨ᠎ᠠ᠃ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠭ ᠰᠠᠨᠠᠭ᠎ᠠ ᠪᠣᠯᠤᠨ ᠡᠭᠦᠷᠭᠡ ᠬᠠᠷᠢᠭᠤᠴᠠᠯᠭ᠎ᠠ ᠪᠣᠯ ᠳᠠᠷᠤᠢ ᠳᠤᠮᠳᠠᠳᠤ ᠤᠯᠤᠰ ᠤᠨ ᠠᠷᠠᠳ ᠲᠦᠮᠡᠨ ᠳᠤ ᠵᠣᠯ ᠵᠢᠷᠭᠠᠯ ᠣᠯᠭᠤᠵᠤ᠂ ᠳᠤᠮᠳᠠᠳᠤ ᠶᠢᠨ ᠦᠨᠳᠦᠰᠦᠲᠡᠨ ᠤ ᠰᠡᠷᠭᠦᠨ ᠮᠠᠨᠳᠤᠯᠲᠠ ᠶᠢ ᠪᠡᠶᠡᠯᠡᠭᠦᠯᠬᠦ ᠶᠠᠪᠤᠳᠠᠯ ᠪᠣᠯᠤᠨ᠎ᠠ᠃      ᠡᠶᠢᠮᠦᠷᠬᠦᠦ ᠲᠡᠦᠬᠡᠨ ᠡᠭᠦᠷᠭᠡᠯᠡᠯ ᠢ ᠡᠭᠦᠷᠭᠡᠯᠡᠬᠦ ᠳᠤ᠂ ᠪᠢᠳᠡᠨ ᠢ ᠲᠡᠦᠬᠡ ᠶᠢᠨ ᠬᠥᠭᠵᠢᠯᠲᠡ ᠶᠢᠨ ᠬᠠᠨᠳᠤᠰᠢ ᠶᠢ ᠬᠤᠷᠴᠠ ᠰᠡᠷᠭᠡᠭ ᠢᠶᠠᠷ ᠡᠵᠡᠮᠳᠡᠬᠦ ᠶᠢ ᠱᠠᠭᠠᠷᠳᠠᠵᠦ᠂ ᠰᠠᠭᠤᠭᠳᠠᠴᠠ ᠶᠢᠨ ᠠᠷᠤ ᠳᠠᠬᠢ ᠭᠦᠨ ᠳᠠᠪᠬᠤᠷᠭ᠎ᠠ ᠶᠢᠨ ᠵᠢᠮ᠎ᠡ ᠶᠣᠰᠣ ᠶᠢ ᠭᠦᠨᠵᠡᠭᠡᠶ ᠨᠡᠪᠲᠡᠷᠬᠡᠶ ᠣᠶᠢᠯᠠᠭᠠᠨ᠂ ᠵᠥᠪ ᠣᠨᠣᠪᠴᠢᠲᠠᠶ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ᠲᠣᠭᠲᠠᠭᠠᠵᠤ᠂ ᠰᠢᠨᠵᠢᠯᠡᠬᠦ ᠤᠬᠠᠭᠠᠨᠴᠢ ᠰᠢᠢᠳᠪᠦᠷᠢᠲᠦ ᠪᠣᠳᠣᠯᠭ᠎ᠠ ᠲᠤᠭᠲᠠᠭᠠᠨ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠢ ᠨᠡᠩ ᠰᠠᠶᠢᠨ ᠪᠠᠷᠢᠮᠲᠠᠯᠠᠨ ᠬᠥᠭᠵᠢᠭᠦᠯᠵᠦ᠂ ᠪᠢᠳᠡᠨ ᠢ ᠦᠷᠭᠡᠨ ᠠᠭᠤᠵᠢᠭᠤ ᠬᠡᠬᠦᠳᠡᠭ ᠴᠡᠭᠡᠵᠢ ᠪᠣᠯᠤᠨ ᠠᠭᠤᠳᠠᠮᠴᠢ ᠪᠠᠭᠲᠠᠭᠠᠮᠵᠢ ᠲᠠᠢ ᠪᠠᠶᠢᠬᠤ ᠶᠢ ᠱᠠᠭᠠᠷᠳᠠᠨ᠂ ᠳᠤᠮᠳᠠᠳᠤ ᠶᠢᠨ ᠦᠨᠳᠦᠰᠦᠲᠡᠨ ᠤ ᠡᠭᠦᠳᠦᠨ ᠪᠦᠲᠦᠭᠡᠭᠰᠡᠨ ᠭᠡᠷᠡᠯ ᠰᠠᠴᠤᠷᠠᠩᠭᠤᠶ ᠪᠣᠯᠪᠠᠰᠤᠨ ᠢ ᠨᠠᠨᠳᠢᠩᠨᠠᠨ ᠪᠠᠳᠠᠷᠠᠭᠤᠯᠵᠤ᠂ ᠡᠭᠦᠨ ᠤ ᠵᠡᠷᠭᠡᠴᠡᠭᠡᠪᠡᠷ ᠳᠡᠯᠡᠬᠡᠶ ᠶᠢᠨ ᠪᠣᠯᠪᠠᠰᠤᠨ ᠤ ᠠᠰᠢᠭᠲᠠᠶ ᠦᠷ᠎ᠡ ᠪᠦᠲᠦᠭᠡᠯ ᠢ ᠴᠢᠳᠠᠮᠠᠭᠠᠶ ᠪᠠᠷ ᠰᠢᠩᠭᠡᠭᠡᠨ ᠠᠪᠴᠤ᠂ ᠪᠢᠳᠡᠨ ᠢ ᠰᠢᠨ᠎ᠡ ᠶᠢ ᠡᠭᠦᠳᠬᠦ ᠵᠣᠷᠢᠭ ᠰᠠᠨᠠᠭ᠎ᠠ ᠶᠢ ᠢᠮᠠᠭᠲᠠ ᠪᠠᠷᠢᠮᠲᠠᠯᠠᠨ᠂ ᠰᠢᠨ᠎ᠡ ᠶᠢ ᠡᠭᠦᠳᠬᠦ ᠶᠢ ᠤᠯᠤᠰ ᠣᠷᠣᠨ ᠤ ᠬᠥᠭᠵᠢᠯᠲᠡ ᠶᠢᠨ ᠪᠦᠬᠦ ᠲᠠᠯ᠎ᠠ ᠶᠢᠨ ᠭᠤᠣᠯᠯᠠᠬᠤ ᠪᠠᠶᠢᠷᠢᠨ ᠳᠤ ᠲᠠᠯᠪᠢᠬᠤ ᠶᠢ ᠱᠠᠭᠠᠷᠳᠠᠵᠤ ᠪᠠᠶᠢᠨ᠎ᠠ᠂ ᠭᠡᠪᠡᠴᠦ ᠰᠢᠨ᠎ᠡ ᠶᠢ ᠡᠭᠦᠳᠬᠦ ᠪᠠᠷ ᠬᠥᠭᠵᠢᠯᠲᠡ ᠶᠢᠨ ᠬᠥᠳᠡᠯᠭᠡᠭᠦᠷ ᠪᠣᠯᠭᠠᠬᠤ ᠠᠷᠭ᠎ᠠ ᠪᠤᠳᠤᠯᠭ᠎ᠠ ᠶᠢ ᠬᠡᠷᠡᠭᠵᠢᠭᠦᠯᠵᠦ᠂ ᠤᠨᠤᠯ᠂ ᠪᠠᠶᠢᠭᠤᠯᠤᠯ᠂ ᠰᠣᠶᠣᠯ ᠪᠠ ᠪᠤᠰᠤᠳ ᠡᠯ᠎ᠡ ᠲᠠᠯ᠎ᠠ ᠶᠢᠨ ᠰᠢᠨ᠎ᠡ ᠶᠢ ᠡᠭᠦᠳᠬᠦ ᠶᠢ ᠲᠠᠰᠤᠷᠠᠯᠳᠠ ᠦᠭᠡᠢ ᠲᠦᠯᠬᠢᠨ ᠠᠬᠢᠭᠤᠯᠵᠤ᠂ ᠳᠤᠮᠳᠠᠳᠤ ᠶᠢᠨ ᠦᠨᠳᠦᠰᠦᠲᠡᠨ ᠢ ᠬᠥᠲᠥᠯᠥᠨ ᠳᠠᠭᠠᠭᠤᠯᠵᠤ ᠢᠷᠡᠭᠡᠳᠦᠶ ᠵᠦᠭ ᠨᠡᠩ ᠰᠠᠶᠢᠨ ᠤᠷᠤᠭᠰᠢᠯᠠᠭᠤᠯᠬᠤ ᠬᠡᠷᠡᠭᠲᠡᠶ᠃
     ᠰᠢ ᠶᠢᠨ ᠫᠢᠩ ᠶᠡᠷᠦᠩᠬᠡᠶ ᠱᠦᠵᠢ ᠶᠢᠨ ︽ᠲᠤᠯᠤᠭᠠᠨ ᠰᠠᠷ᠎ᠠ ᠶᠢᠨ ᠨᠢᠭᠡᠨ︾ ᠤ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠭᠰᠠᠨ ᠣᠯᠤᠯᠲᠠ ᠲᠦᠷᠦᠭᠳᠡᠯ      ᠬᠠᠶᠢᠨᠠᠨ ᠲᠣᠭᠤᠷᠢᠭ ᠤᠨ ᠠᠷᠠᠳ ᠤᠨ ᠡᠮᠨᠡᠯᠭᠡ ᠶᠢᠨ ᠬᠤᠷᠢᠶᠠᠨ ᠤ ᠴᠢᠰᠤ  ᠨᠡᠪᠴᠢᠭᠦᠯᠦᠨ ᠢᠯᠭᠠᠷᠠᠭᠤᠯᠬᠤ ᠲᠠᠰᠤᠭ ᠤᠨ ᠰᠤᠪᠢᠯᠠᠭᠴᠢ ᠶᠢᠨ ᠳᠠᠷᠤᠭ᠎ᠠ      ᠯᠢ ᠱᠧᠩ ᠮᠧᠶ      ᠴᠠᠭ ᠦᠶ᠎ᠡ ᠶᠢ ᠦᠯᠦ ᠬᠥᠰᠡᠷᠳᠡᠭᠦᠯᠦᠨ᠂ ᠠᠮᠢᠳᠤᠷᠠᠯ ᠢ ᠬᠦᠰᠡᠨ ᠡᠷᠡᠮᠡᠯᠵᠡᠵᠦ᠂ ᠰᠠᠶᠢᠨ ᠰᠠᠶᠢᠬᠠᠨ ᠵᠠᠯᠠᠭᠤ ᠨᠠᠰᠤ ᠪᠠᠷ ᠢᠶᠠᠨ ᠰᠢᠨ᠎ᠡ ᠴᠠᠭ ᠦᠶ᠎ᠡ ᠶᠢᠨ ᠦᠵᠡᠰᠬᠦᠯᠡᠩᠲᠦ ᠰᠠᠶᠢᠬᠠᠨ ᠮᠠᠭᠲᠠᠭᠠᠯ ᠳᠠᠭᠤᠤ ᠶᠢ ᠬᠠᠩᠭᠢᠨᠠᠭᠤᠯᠤᠨ᠎ᠠ᠃ ᠣᠳᠣᠬᠠᠨ ᠤ ᠲᠣᠭᠲᠠᠭᠤᠨ ᠤ ᠳᠤᠮᠳᠠ ᠬᠤᠪᠢᠷᠠᠯᠲᠠ ᠲᠠᠢ᠂ ᠬᠤᠪᠢᠷᠠᠯᠲᠠ ᠶᠢᠨ ᠳᠤᠮᠳᠠ ᠰᠠᠨᠠᠭᠠᠰᠢᠷᠠᠯ ᠲᠠᠢ ᠪᠠᠶᠢᠭ᠎ᠠ ᠳᠡᠯᠡᠬᠡᠢ ᠶᠢᠨ ᠪᠠᠶᠢᠳᠠᠯ ᠨᠢ ᠪᠢᠳᠡᠨ ᠳᠤ ᠠᠴᠢ ᠬᠠᠷᠢᠭᠤᠯᠠᠬᠤ ᠰᠡᠳᠬᠢᠯᠭᠡ ᠶᠢ ᠡᠪᠦᠷᠯᠡᠵᠦ᠂ ᠴᠠᠭ ᠦᠶ᠎ᠡ ᠠᠴᠠ ᠪᠢᠳᠡᠨ ᠳᠤ ᠣᠯᠭᠤᠭᠰᠠᠨ ᠰᠠᠶᠢᠨ ᠰᠠᠶᠢᠬᠠᠨ ᠠᠮᠢᠳᠤᠷᠠᠯ ᠢ ᠨᠠᠨᠳᠢᠩᠨᠠᠵᠤ᠂ ᠠᠷᠠᠳ ᠲᠦᠮᠡᠨ ᠠᠴᠠ ᠪᠢᠳᠡᠨ ᠳᠤ ᠲᠠᠯᠪᠢᠭᠰᠠᠨ ᠰᠠᠶᠢᠨ ᠰᠠᠶᠢᠬᠠᠨ ᠬᠦᠰᠡᠯ ᠡᠷᠡᠮᠡᠯᠵᠡᠯ ᠢ ᠪᠠᠲᠤ ᠴᠡᠭᠡᠵᠢᠯᠡᠵᠦ᠂ ᠬᠦᠰᠡᠨ ᠮᠥᠷᠥᠭᠡᠳᠦᠭᠰᠡᠨ ᠠᠮᠢᠳᠤᠷᠠᠯ᠂ ᠵᠠᠯᠠᠭᠤ ᠨᠠᠰᠤᠨ ᠤ ᠬᠦᠴᠦᠨ ᠴᠢᠳᠠᠯ ᠢᠶᠠᠷ ᠢᠶᠠᠨ ᠡᠨᠡᠬᠦ ᠴᠠᠭ ᠦᠶ᠎ᠡ ᠳᠤ ᠬᠠᠷᠢᠶᠠᠯᠠᠭᠳᠠᠬᠤ ᠦᠵᠡᠰᠬᠦᠯᠡᠩᠲᠦ ᠰᠠᠶᠢᠬᠠᠨ ᠮᠠᠭᠲᠠᠭᠠᠯ ᠳᠠᠭᠤᠤ ᠶᠢ ᠬᠠᠩᠭᠢᠨᠠᠭᠤᠯᠬᠤ ᠴᠢᠬᠤᠯᠠᠲᠠᠢ ᠪᠠᠶᠢᠨ᠎ᠠ᠃
     ᠰᠢ ᠶᠢᠨ ᠫᠢᠩ ᠶᠡᠷᠦᠩᠬᠡᠶ ᠱᠦᠵᠢ ᠶᠢᠨ ︽ᠲᠤᠯᠤᠭᠠᠨ ᠰᠠᠷ᠎ᠠ ᠶᠢᠨ ᠨᠢᠭᠡᠨ︾ ᠤ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠭᠰᠠᠨ ᠣᠯᠤᠯᠲᠠ ᠲᠦᠷᠦᠭᠳᠡᠯ      ᠦᠬᠠᠶ ᠬᠤᠲᠠ ᠶᠢᠨ ᠠᠷᠪᠠᠨ ᠨᠠᠢᠮᠠᠳᠤᠭᠠᠷ ᠳᠤᠮᠳᠠᠳᠤ ᠰᠤᠷᠭᠠᠭᠤᠯᠢ      ᠭᠦᠸᠧ ᠴᠢᠶᠠᠨ      ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠶᠠᠨ ᠵᠠᠮ ᠤᠷᠳᠤ ᠤᠳᠠᠭᠠᠨ᠂ ᠡᠷᠬᠢᠨ ᠬᠠᠷᠠᠬᠤ ᠳᠤ ᠨᠠᠮ ᠪᠠᠶᠢᠭᠤᠯᠤᠭᠳᠠᠭᠰᠠᠨ ᠵᠠᠭᠤᠨ ᠵᠢᠯ ᠪᠣᠯᠵᠠᠢ᠃ ᠡᠨᠡᠬᠦ ᠣᠨᠴᠠᠭᠠᠶ ᠡᠳᠦᠷ ᠤᠳ ᠲᠤ᠂ ᠶᠡᠷᠦᠩᠬᠡᠶ ᠱᠦᠵᠢ ᠰᠢ ᠶᠢᠨ ᠫᠢᠩ ᠨᠠᠮ ᠪᠠ ᠠᠷᠠᠳ ᠲᠦᠮᠡᠨ ᠤ ᠡᠮᠦᠨ᠎ᠡ ᠠᠴᠠ ᠲᠥᠪ ᠴᠢᠩᠭ᠎ᠠ ᠪᠠᠷ ᠲᠤᠩᠬᠠᠭᠯᠠᠭᠰᠠᠨ ᠨᠢ᠄ ︽ᠪᠦᠬᠦ ᠨᠠᠮ ᠪᠦᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠤ ᠦᠷᠭᠦᠯᠵᠢᠯᠡᠨ ᠲᠡᠮᠡᠴᠡᠬᠦ ᠪᠠᠷ ᠳᠠᠮᠵᠢᠨ᠂ ᠪᠢᠳᠡ ᠨᠢᠭᠡᠳᠦᠭᠡᠷ ᠵᠠᠭᠤᠨ ᠵᠢᠯ ᠤᠨ ᠲᠡᠮᠡᠴᠡᠬᠦ ᠬᠠᠷᠠᠯᠲᠠ ᠪᠠᠨ ᠪᠡᠶᠡᠯᠡᠭᠦᠯᠵᠦ᠂ ᠳᠤᠮᠳᠠᠳᠤ ᠶᠢᠨ ᠡᠬᠡ ᠭᠠᠵᠠᠷ ᠳᠡᠭᠡᠷ᠎ᠡ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠵᠦ᠂ ᠲᠦᠢᠯ ᠤᠨ ᠶᠠᠳᠠᠭᠤ ᠬᠦᠴᠢᠷᠳᠡᠯ ᠤᠨ ᠠᠰᠠᠭᠤᠳᠠᠯ ᠢ ᠲᠡᠦᠬᠡᠲᠦ ᠴᠢᠨᠠᠷᠲᠠᠢ ᠪᠠᠷ ᠰᠢᠢᠳᠪᠦᠷᠢᠯᠡᠵᠦ᠂ ᠨᠡᠶᠢᠭᠡᠮ ᠵᠢᠷᠤᠮ ᠤᠨ ᠣᠳᠣᠬᠢᠴᠢᠯᠠᠭᠰᠠᠨ ᠬᠦᠴᠦᠷᠬᠡᠭ ᠤᠯᠤᠰ ᠢ ᠪᠦᠬᠦ ᠲᠠᠯ᠎ᠠ ᠪᠠᠷ ᠪᠡᠶᠡᠯᠡᠭᠦᠯᠬᠦ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠲᠡᠰᠢ ᠤᠷᠤᠬᠰᠢ ᠴᠤᠬ ᠵᠢᠪᠬᠤᠭ᠎ᠠ ᠲᠠᠢ ᠪᠠᠷ ᠤᠷᠤᠭᠰᠢᠯᠠᠵᠤ ᠪᠠᠶᠢᠨ᠎ᠠ︾᠃ ᠪᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠨᠢᠭᠡᠨ ᠭᠡᠰᠢᠭᠦᠨ ᠪᠣᠯᠤᠭᠰᠠᠨ ᠳᠠᠭᠠᠨ ᠬᠢᠵᠠᠭᠠᠯᠠᠰᠢ ᠦᠭᠡᠢ ᠢᠷᠠᠭᠤ ᠠᠯᠳᠠᠷ ᠲᠠᠢ ᠪᠥᠭᠡᠳ ᠣᠮᠣᠭᠰᠢᠵᠤ ᠪᠠᠶᠢᠨ᠎ᠠ︕ ᠪᠢ ᠰᠢᠨ᠎ᠡ ᠳᠤᠮᠳᠠᠳᠤ ᠤᠯᠤᠰ ᠲᠤ ᠲᠦᠷᠦᠵᠦ᠂ ᠨᠠᠮ ᠤᠨ ᠲᠤᠭ ᠤᠨ ᠳᠣᠣᠷ᠎ᠠ ᠦᠰᠦᠨ ᠪᠤᠶᠢᠵᠢᠵᠤ᠂ ᠰᠤᠷᠤᠭᠴᠢ ᠶᠢᠨ ᠦᠶ᠎ᠡ ᠳᠡᠭᠡᠨ ᠨᠢᠭᠡᠨ ᠰᠢᠯᠢᠳᠡᠭ ᠠᠷᠠᠳ ᠤᠨ ᠪᠠᠭᠰᠢ ᠪᠣᠯᠬᠤ ᠪᠠᠷ ᠵᠣᠷᠢᠭ ᠰᠢᠭᠤᠳᠤᠭᠰᠠᠨ ᠶᠤᠮ᠃ ᠥᠨᠥᠳᠦᠷ ᠪᠢ ᠶᠡᠭᠡ ᠬᠤᠷᠠᠯ ᠤᠨ ᠰᠢᠭᠤᠳ ᠨᠡᠪᠲᠡᠷᠡᠭᠦᠯᠭᠡ ᠶᠢᠨ ᠠᠬᠤᠶ ᠲᠠᠯᠠᠪᠠᠢ ᠶᠢᠨ ᠦᠵᠡᠭᠳᠡᠯ ᠠᠴᠠ ᠡᠨᠡ ᠵᠢᠯ ᠤᠨ ︽ᠲᠤᠯᠤᠭᠠᠨ ᠰᠠᠷ᠎ᠠ ᠶᠢᠨ ᠨᠢᠭᠡᠨ ᠤ ᠭᠠᠪᠢᠶᠠᠨ ᠲᠡᠮᠳᠡᠭ︾ ᠢ ᠣᠯᠤᠭᠰᠠᠨ ᠵᠠᠩ ᠬᠦᠢ ᠮᠧᠶ ᠪᠠᠭᠰᠢ ᠶᠢ ᠣᠯᠵᠤ ᠬᠠᠷᠠᠪᠠ᠂ ᠶᠡᠭᠡ ᠬᠠᠶᠢᠷ᠎ᠠ ᠪᠠᠷ ᠪᠢᠯᠬᠠᠮ᠎ᠠ ᠪᠥᠭᠡᠳ ᠬᠢᠵᠠᠭᠠᠯᠠᠰᠢ ᠦᠭᠡᠢ ᠬᠦᠨᠳᠦᠳᠬᠡᠯ ᠲᠠᠢ ᠠᠷᠠᠳ ᠤᠨ ᠪᠠᠭᠰᠢ ᠪᠠᠶᠢᠪᠠ᠂ ᠲᠡᠷᠡ᠄ ︽ᠠᠮᠢᠰᠬᠤᠭ᠎ᠠ ᠲᠠᠢ ᠯᠠ ᠶᠤᠮ ᠪᠣᠯ ᠪᠢ ᠶᠠᠷᠢᠶᠠᠨ ᠤ ᠲᠠᠪᠴᠠᠩ ᠳᠡᠭᠡᠷ᠎ᠡ ᠵᠣᠭᠰᠣᠵᠤ᠂ ᠪᠦᠬᠦ ᠬᠦᠴᠦ ᠪᠠᠨ ᠰᠢᠪᠬᠠᠨ᠂ ᠠᠯᠢᠪᠠ ᠪᠠᠨ ᠵᠣᠷᠢᠭᠤᠯᠬᠤ ᠪᠠᠷ ᠴᠢᠷᠮᠠᠶᠢᠨ᠎ᠠ᠂ ᠦᠬᠦᠪᠡᠴᠦ ᠬᠠᠷᠠᠮᠰᠠᠬᠤ ᠦᠭᠡᠢ︕︾ ᠭᠡᠵᠦ ᠬᠡᠯᠡᠭᠰᠡᠨ ᠪᠢᠯᠡ᠃ ᠡᠪ ᠬᠠᠮᠲᠤ ᠨᠠᠮ ᠤᠨ ᠭᠡᠰᠢᠭᠦᠨ ᠪᠣᠯᠤᠭᠰᠠᠨ ᠤ ᠬᠤᠪᠢ ᠳᠤ᠂ ᠪᠢ ᠵᠠᠩ ᠬᠦᠢ ᠮᠧᠢ ᠪᠠᠭᠰᠢ ᠪᠠᠷ ᠰᠤᠷᠤᠯᠴᠠᠯᠭ᠎ᠠ ᠶᠢᠨ ᠬᠡᠪ ᠳᠠᠭᠤᠷᠢᠶᠠᠯ ᠪᠤᠯᠭᠠᠨ᠂ ᠪᠣᠳᠠᠲᠤ ᠠᠵᠢᠯᠯᠠᠭ᠎ᠠ ᠪᠠᠷ ᠢᠶᠠᠨ ᠤᠬ ᠰᠠᠨᠠᠭ᠎ᠠ ᠪᠠᠨ ᠦᠢᠯᠡᠳᠦᠯᠭᠡᠵᠢᠭᠦᠯᠵᠦ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠵᠠᠮ ᠳᠡᠭᠡᠷ᠎ᠡ ︽ᠦᠨᠡᠨ ᠰᠡᠳᠬᠢᠯ᠂ ᠬᠠᠶᠢᠷ᠎ᠠ ᠰᠡᠳᠬᠢᠯᠭᠡ᠂ ᠲᠡᠰᠪᠦᠷᠢ ᠲᠡᠪᠴᠢᠶᠡᠷᠢ᠂ ᠨᠠᠷᠢᠨ ᠬᠢᠨᠠᠮᠠᠭᠠᠢ ᠪᠠ ᠬᠠᠷᠢᠭᠤᠴᠠᠯᠭᠠᠲᠤ ᠰᠡᠳᠬᠢᠯ︾ ᠢᠶᠠᠷ ᠰᠤᠷᠤᠭᠴᠢᠳ ᠲᠤ ᠦᠨᠡᠨᠴᠢ ᠪᠠᠷ ᠬᠠᠨᠳᠤᠵᠤ᠂ ᠲᠡᠳᠡᠨ ᠢ ᠵᠢᠯᠣᠭᠤᠳᠤᠨ ᠬᠦᠴᠢᠷ ᠪᠡᠷᠬᠡᠰᠢᠶᠡᠯ ᠢ ᠵᠣᠷᠢᠭᠲᠠᠢ ᠪᠠᠷ ᠢᠯᠠᠨ ᠳᠠᠪᠠᠵᠤ᠂ ᠲᠡᠳᠡᠨ ᠤ ᠪᠡᠶ᠎ᠡ ᠰᠡᠳᠬᠢᠯ ᠤᠨ ᠡᠷᠡᠭᠦᠯ ᠢᠶᠠᠷ ᠬᠥᠭᠵᠢᠬᠦ ᠶᠢ ᠬᠠᠮᠠᠭᠠᠯᠠᠨ᠂ ᠲᠡᠳᠡᠨ ᠢ ᠳᠠᠭᠠᠭᠤᠯᠤᠨ ᠲᠡᠮᠡᠴᠡᠯ ᠢᠶᠠᠷ ᠢᠶᠠᠨ ᠰᠠᠶᠢᠨ ᠰᠠᠶᠢᠬᠠᠨ ᠢᠷᠡᠭᠡᠳᠦᠢ ᠶᠢ ᠴᠣᠭᠴᠠᠯᠠᠨ᠎ᠠ︕
     ᠰᠢ ᠶᠢᠨ ᠫᠢᠩ ᠶᠡᠷᠦᠩᠬᠡᠶ ᠱᠦᠵᠢ ᠶᠢᠨ ︽ᠲᠤᠯᠤᠭᠠᠨ ᠰᠠᠷ᠎ᠠ ᠶᠢᠨ ᠨᠢᠭᠡᠨ︾ ᠤ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠭᠰᠠᠨ ᠣᠯᠤᠯᠲᠠ ᠲᠦᠷᠦᠭᠳᠡᠯ      ᠬᠠᠶᠢᠨᠠᠨ ᠲᠣᠭᠤᠷᠢᠭ ᠤᠨ ᠳᠥᠷᠪᠡᠳᠦᠭᠡᠷ ᠪᠠᠭ᠎ᠠ ᠰᠤᠷᠭᠠᠭᠤᠯᠢ      ᠯᠢ ᠸᠧᠶ      ᠪᠢ ᠰᠢᠨ᠎ᠡ ᠨᠠᠮ ᠤᠨ ᠭᠡᠰᠢᠭᠦᠨ ᠪᠣᠯᠤᠭᠰᠠᠨ ᠤ ᠬᠤᠪᠢ ᠳᠤ ᠨᠠᠮ ᠪᠠᠶᠢᠭᠤᠯᠤᠭᠳᠠᠭᠰᠠᠨ ᠵᠠᠭᠤᠨ ᠵᠢᠯ ᠤᠨ ᠲᠠᠰᠢᠷᠠᠮ ᠳᠤ ᠳᠤᠮᠳᠠᠳᠤ ᠤᠯᠤᠰ ᠤᠨ ᠡᠪ ᠬᠠᠮᠲᠤ ᠨᠠᠮ ᠳᠤ ᠤᠷᠤᠭᠰᠠᠨ ᠳᠠᠭᠠᠨ ᠲᠦᠢᠯ ᠤᠨ ᠢᠷᠠᠭᠤ ᠠᠯᠳᠠᠷ ᠲᠠᠢ ᠰᠠᠨᠠᠭᠳᠠᠵᠤ ᠪᠠᠶᠢᠨ᠎ᠠ᠂ ᠪᠡᠯᠭᠡᠯᠡᠬᠦ ᠶᠡᠭᠡ ᠬᠤᠷᠠᠯ ᠢ ᠦᠵᠡᠭᠰᠡᠨ ᠤ ᠲᠠᠷᠠᠭ᠎ᠠ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠡᠮᠡᠴᠡᠯ ᠤᠨ ᠲᠡᠦᠬᠡ ᠶᠢᠨ ᠲᠤᠬᠠᠢ ᠨᠡᠩ ᠭᠦᠨᠵᠡᠭᠡᠢ ᠲᠠᠨᠢᠯᠲᠠ ᠲᠠᠢ ᠪᠣᠯᠵᠠᠢ᠃      ᠵᠠᠭᠤ ᠭᠠᠷᠤᠢ ᠵᠢᠯ ᠳᠤ᠂ ᠳᠤᠮᠳᠠᠳᠤ ᠤᠯᠤᠰ ᠤᠨ ᠡᠪ ᠬᠠᠮᠲᠤ ᠨᠠᠮ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠵᠣᠷᠢᠭᠲᠠᠢ ᠪᠠᠷ ᠦᠢᠯᠡᠳᠦᠯᠭᠡᠵᠢᠭᠦᠯᠵᠦ᠂ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠠᠭᠤᠤ ᠶᠡᠭᠡ ᠵᠠᠮ ᠢ ᠨᠡᠭᠡᠭᠡᠵᠦ᠂ ᠠᠭᠤᠤ ᠶᠡᠭᠡ ᠠᠵᠤ ᠦᠢᠯᠡᠳᠪᠦᠷᠢ ᠶᠢ  ᠪᠠᠶᠢᠭᠤᠯᠤᠨ᠂ ᠠᠭᠤᠤ ᠶᠡᠭᠡ ᠵᠣᠷᠢᠭ ᠰᠠᠨᠠᠭ᠎ᠠ ᠶᠢ ᠡᠭᠦᠳᠴᠦ᠂ ᠡᠷᠬᠢᠮ ᠨᠠᠨᠳᠢᠨ ᠲᠤᠷᠰᠢᠯᠭ᠎ᠠ ᠶᠢ ᠬᠤᠷᠠᠮᠳᠤᠭᠤᠯᠤᠨ᠂ ᠳᠤᠮᠳᠠᠳᠤ ᠶᠢᠨ ᠦᠨᠳᠦᠰᠦᠲᠡᠨ ᠤ ᠬᠥᠭᠵᠢᠯᠲᠡ ᠶᠢᠨ ᠲᠡᠦᠬᠡ ᠪᠣᠯᠤᠨ ᠬᠥᠮᠦᠨ ᠲᠥᠷᠥᠯᠬᠢᠲᠡᠨ ᠤ ᠨᠡᠶᠢᠭᠡᠮ ᠤᠨ ᠲᠠᠪᠰᠢᠯᠳᠠ ᠶᠢᠨ ᠲᠡᠦᠬᠡᠨ ᠳᠡᠭᠡᠷ᠎ᠡ ᠢᠷᠠᠭᠤ ᠭᠠᠶᠢᠬᠠᠮᠰᠢᠭᠲᠤ ᠬᠠᠭᠤᠳᠠᠰᠤ ᠶᠢ ᠪᠢᠴᠢᠭᠯᠡᠭᠰᠡᠨ ᠪᠠᠶᠢᠨ᠎ᠠ᠃ ᠵᠠᠭᠤᠨ ᠵᠢᠯ ᠤᠨ ᠲᠤᠷᠰᠢ᠂ ᠦᠶ᠎ᠡ ᠦᠶ᠎ᠡ ᠶᠢᠨ ᠳᠤᠮᠳᠠᠳᠤ ᠤᠯᠤᠰ ᠤᠨ ᠡᠪ ᠬᠠᠮᠲᠤᠴᠤᠳ ᠦᠨᠳᠦᠰᠦᠲᠡᠨ ᠤ ᠲᠤᠰᠠᠭᠠᠷ ᠲᠣᠭᠲᠠᠨᠢᠯ ᠪᠠ ᠠᠷᠠᠳ ᠲᠦᠮᠡᠨ ᠤ ᠴᠢᠯᠥᠭᠡᠯᠡᠯᠲᠡ ᠶᠢ ᠲᠡᠮᠡᠴᠡᠨ ᠤᠯᠬᠤ᠂ ᠤᠯᠤᠰ ᠣᠷᠣᠨ ᠤ ᠪᠠᠶᠠᠵᠢᠯ ᠬᠦᠴᠦᠷᠬᠡᠭᠵᠢᠯ ᠪᠠ ᠠᠷᠠᠳ ᠲᠦᠮᠡᠨ ᠤ ᠵᠣᠯ ᠵᠢᠷᠭᠠᠯ ᠢ ᠪᠡᠶᠡᠯᠡᠭᠦᠯᠬᠦ ᠶᠢᠨ ᠲᠥᠯᠥᠭᠡ᠂ ᠡᠮᠦᠨᠡᠬᠢ ᠨᠢ ᠤᠨᠠᠪᠠᠯ ᠬᠤᠶᠢᠨᠠᠬᠢ ᠨᠢ ᠵᠠᠯᠭᠠᠮᠵᠢᠯᠠᠵᠤ᠂ ᠴᠢᠰᠤᠨ ᠪᠠᠶᠢᠯᠳᠤᠭᠠᠨ ᠬᠢᠵᠦ᠂ ᠲᠡᠰᠪᠦᠷᠢ ᠬᠠᠲᠠᠭᠤᠵᠢᠯᠲᠠᠶ ᠪᠠᠷ ᠲᠡᠮᠡᠴᠡᠨ᠂ ᠭᠤᠶᠠᠴᠢ ᠦᠭᠡᠢ ᠵᠢᠳᠬᠦᠵᠦ᠂ ᠠᠭᠤᠯᠠ ᠤᠰᠤ ᠶᠢ ᠳᠣᠩᠰᠣᠯᠭᠠᠭᠰᠠᠨ ᠪᠠᠭᠠᠲᠤᠷᠯᠢᠭ ᠳᠠᠭᠤᠤ ᠶᠢ ᠪᠢᠴᠢᠭᠯᠡᠭᠰᠡᠨ ᠪᠠᠶᠢᠨ᠎ᠠ᠃      ᠬᠦᠴᠢᠷ ᠪᠡᠷᠬᠡᠰᠢᠶᠡᠯ ᠢ ᠢᠯᠠᠨ ᠳᠠᠪᠠᠵᠤ ᠠᠭᠤᠤ ᠦᠢᠯᠡᠰ ᠢ ᠴᠣᠭᠴᠠᠯᠠᠵᠤ᠂ ᠤᠬ ᠰᠠᠨᠠᠭ᠎ᠠ ᠪᠠᠨ ᠦᠯᠦ ᠮᠠᠷᠲᠠᠵᠤ ᠲᠠᠬᠢᠨ ᠮᠣᠷᠳᠠᠨ᠎ᠠ᠃ ᠵᠠᠯᠠᠭᠤ ᠨᠠᠮ ᠤᠨ ᠭᠡᠰᠢᠭᠦᠨ ᠪᠠᠭᠰᠢ ᠪᠣᠯᠤᠭᠰᠠᠨ ᠤ ᠬᠤᠪᠢ ᠳᠤ᠂ ᠪᠢ ᠰᠤᠷᠭᠠᠨ ᠬᠥᠮᠦᠵᠢᠯ ᠤᠨ ᠠᠵᠢᠯ ᠤᠨ ︽ᠲᠠᠭᠠᠭᠤᠯᠤᠭᠴᠢ︾ ᠶᠢᠨ ᠰᠢᠨ᠎ᠡ ᠲᠦᠷᠢ ᠲᠥᠷᠬᠦ ᠪᠠᠷ ᠡᠪ ᠬᠠᠮᠲᠤᠴᠤᠳ ᠤᠨ ᠲᠠᠷᠬᠠᠨ ᠡᠭᠦᠷᠭᠡ ᠬᠠᠷᠢᠭᠤᠴᠠᠯᠭ᠎ᠠ ᠶᠢ ᠲᠠᠶᠢᠯᠪᠤᠷᠢᠯᠠᠵᠤ᠂ ᠡᠯ᠎ᠡ ᠵᠦᠢᠯ ᠤᠨ ᠰᠤᠷᠭᠠᠨ ᠬᠥᠮᠦᠵᠢᠯ ᠤᠨ ᠠᠵᠢᠯᠯᠠᠭ᠎ᠠ ᠳᠤ ᠢᠳᠡᠪᠬᠢᠲᠡᠢ  ᠣᠷᠣᠯᠴᠠᠨ᠂ ᠵᠣᠷᠢᠭᠲᠠᠢ ᠪᠠᠷ ᠡᠭᠦᠷᠭᠡ ᠬᠠᠷᠢᠭᠤᠴᠠᠯᠭ᠎ᠠ ᠪᠠᠨ ᠡᠭᠦᠷᠭᠡᠯᠡᠵᠦ᠂ ᠰᠡᠳᠬᠢᠯ ᠵᠢᠷᠦᠬᠡᠨ ᠳᠡᠭᠡᠨ ᠡᠭᠦᠷᠭᠡ ᠬᠠᠷᠢᠭᠤᠴᠠᠯᠭ᠎ᠠ ᠪᠠᠨ ᠪᠤᠳᠤᠵᠤ᠂ ᠨᠠᠮ ᠤᠨ ᠰᠤᠷᠭᠠᠨ ᠬᠥᠮᠦᠵᠢᠯ ᠤᠨ ᠦᠢᠯᠡᠰ ᠲᠤ ᠦᠨᠡᠨᠴᠢ ᠰᠢᠳᠤᠷᠭᠤ ᠪᠠᠶᠢᠵᠤ᠂ ᠰᠤᠷᠭᠠᠨ ᠬᠥᠮᠦᠵᠢᠯ ᠤᠨ ᠦᠢᠯᠡᠰ ᠲᠤ ᠥᠪᠡᠷ ᠤᠨ ᠠᠯᠢᠪᠠ ᠪᠠᠨ ᠵᠤᠷᠢᠭᠤᠯᠤᠨ᠎ᠠ᠃ ︽ᠪᠤᠰᠤᠳ ᠤᠨ ᠱᠠᠲᠤ ᠪᠣᠯᠬᠤ ᠳᠤᠷᠠᠲᠠᠶ᠂ ᠵᠠᠮ ᠳᠡᠪᠢᠰᠬᠦ ᠴᠢᠯᠠᠭᠤ ᠪᠣᠯᠬᠤ ᠳᠤᠷᠠᠲᠠᠶ︾ ᠳᠡᠮᠵᠢᠨ ᠲᠤᠰᠠᠯᠠᠬᠤ ᠤᠬᠠᠮᠰᠠᠷ ᠲᠠᠢ ᠪᠠᠶᠢᠬᠤ ᠪᠠᠷ ᠪᠠᠷᠠᠬᠤ ᠥᠬᠡᠶ᠂ ᠨᠠᠩ ᠴᠤ ︽ᠬᠠᠪᠤᠷ ᠤᠨ ᠬᠦᠷᠢ ᠥᠭᠦᠲᠡᠯ᠎ᠡ ᠰᠢᠷᠬᠡᠭ ᠨᠢ ᠳᠠᠭᠤᠰᠴᠤ᠂ ᠯᠠ ᠪᠠᠮᠪᠠᠷ ᠦᠨᠡᠰᠦᠨ ᠲᠣᠪᠷᠠᠭ ᠪᠣᠯᠪᠠᠯ ᠨᠢᠯᠪᠤᠰᠤ ᠨᠢ ᠬᠠᠳᠠᠨ᠎ᠠ︾ ᠭᠡᠬᠦ ᠬᠠᠷᠠᠮ ᠥᠬᠡᠶ ᠵᠣᠷᠢᠭᠤᠯᠬᠤ ᠵᠣᠷᠢᠭ ᠰᠠᠨᠠᠭ᠎ᠠ ᠲᠠᠢ ᠪᠠᠶᠢᠵᠦ᠂ ᠨᠢᠭᠡ ᠰᠡᠳᠬᠢᠯ ᠢᠶᠠᠷ ᠰᠤᠷᠤᠭᠴᠢᠳ ᠤᠨ ᠢᠶᠠᠨ ᠲᠥᠯᠥᠭᠡ᠂ ᠨᠢᠭᠡ ᠰᠡᠳᠬᠢᠯ ᠢᠶᠠᠷ ᠨᠠᠮ ᠤᠨ ᠰᠤᠷᠭᠠᠨ ᠬᠥᠮᠦᠵᠢᠯ ᠤᠨ ᠦᠢᠯᠡᠰ ᠤᠨ ᠲᠥᠯᠥᠭᠡ᠂ ᠲᠤᠬᠠᠶᠢᠯᠠᠭᠰᠠᠨ ᠠᠵᠢᠯ ᠳᠠᠭᠠᠨ ᠰᠠᠭᠤᠷᠢᠯᠠᠨ᠂ ᠬᠥᠮᠦᠨ ᠢ ᠬᠥᠮᠦᠵᠢᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠰᠢᠨᠲᠠᠷᠠᠰᠢ ᠦᠭᠡᠶ ᠴᠢᠷᠮᠠᠶᠢᠨ᠎ᠠ᠃        ᠭᠠᠯᠪᠠ ᠳᠡᠯᠡᠬᠡᠶ ᠶᠢ ᠲᠣᠭᠲᠠᠭᠠᠭᠰᠠᠨ ᠠᠴᠠ ᠠᠪᠤᠭᠠᠳ ᠲᠩᠷᠢ ᠭᠠᠵᠠᠷ ᠢ ᠬᠤᠪᠢᠷᠠᠭᠤᠯᠤᠭᠰᠠᠨ ᠬᠦᠷᠲᠡᠯ᠎ᠡ᠂ ᠲᠩᠷᠢ ᠭᠠᠵᠠᠷ ᠢ ᠳᠣᠩᠰᠣᠯᠭᠠᠮ᠎ᠠ ᠬᠡᠮᠵᠢᠶᠡᠨ ᠳᠤ ᠬᠦᠷᠲᠡᠯ᠎ᠡ ᠪᠢᠳᠡ ᠳᠤᠮᠳᠠᠳᠤ ᠤᠯᠤᠰ ᠤᠨ ᠡᠪ ᠬᠠᠮᠲᠤ ᠨᠠᠮ ᠤᠨ ᠵᠠᠭᠤᠨ ᠵᠢᠯ ᠤᠨ ᠢᠷᠠᠭᠤ ᠠᠯᠳᠠᠷ ᠢ ᠬᠠᠮᠲᠤ ᠪᠠᠷ ᠭᠡᠷᠡᠴᠢᠯᠡᠪᠡ᠂ ᠤᠯᠤᠰ ᠣᠷᠣᠨ ᠪᠠᠶᠠᠵᠢᠨ ᠠᠷᠠᠳ ᠲᠦᠮᠡᠨ ᠬᠦᠴᠦᠷᠬᠡᠭᠵᠢᠵᠦ᠂ ᠠᠭᠤᠯᠠ ᠤᠰᠤ ᠠᠮᠤᠷ ᠲᠠᠶᠢᠪᠤᠩ ᠪᠠᠶᠢᠬᠤ ᠶᠢ ᠬᠦᠰᠡᠶ᠎ᠡ︕
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号