ᠬᠠᠷᠢᠭᠤ ᠳᠣᠰᠬᠠᠯ ᠤᠨ ᠪᠦᠯᠦᠭ᠄ ᠶᠡᠷᠦᠩᠬᠡᠶ ᠱᠦᠵᠢ ᠶᠢᠨ ︽ᠳᠣᠯᠣᠭᠠᠨ ᠰᠠᠷ᠎ᠠ ᠶᠢᠨ ᠨᠢᠭᠡᠨ︾ ᠤ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ  ᠰᠣᠷᠣᠯᠴᠠᠭᠠᠳ ᠲᠡᠳᠡᠨᠦᠰ ᠤᠨ ᠶᠠᠮᠠᠷ ᠲᠦᠷᠦᠭᠳᠡᠯ ᠲᠠᠢ ᠶᠢ ᠰᠣᠨᠣᠰᠣᠶ᠎ᠠ ︵ᠠᠷᠪᠠᠨ ᠬᠤᠶᠠᠷ︶
ᠨᠡᠶᠢᠲᠡᠯᠡᠭᠰᠡᠨ ᠴᠠᠭ᠄
2021/7/19
     ᠰᠢ ᠶᠢᠨ ᠫᠢᠩ ᠶᠡᠷᠦᠩᠬᠡᠶ ᠱᠦᠵᠢ ᠶᠢᠨ ︽ᠲᠤᠯᠤᠭᠠᠨ ᠰᠠᠷ᠎ᠠ ᠶᠢᠨ ᠨᠢᠭᠡᠨ︾ ᠤ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠭᠰᠠᠨ ᠣᠯᠤᠯᠲᠠ ᠲᠦᠷᠦᠭᠳᠡᠯ      ᠦᠬᠠᠶ ᠬᠤᠲᠠ ᠶᠢᠨ ᠬᠤᠷᠢᠨ ᠬᠤᠶᠠᠳᠤᠭᠠᠷ ᠳᠤᠮᠳᠠᠳᠤ ᠰᠤᠷᠭᠠᠭᠤᠯᠢ      ᠯᠢ ᠵᠢᠤᠸᠠᠨ      ᠪᠢ ᠡᠨᠡ ᠬᠦ ᠰᠠᠶᠢᠨ ᠰᠠᠶᠢᠬᠠᠨ ᠡᠷᠡᠨ ᠵᠠᠭᠤᠨ ᠳᠤ ᠲᠥᠷᠥᠭᠰᠡᠨ ᠳᠡᠭᠡᠨ ᠮᠠᠰᠢ ᠠᠵᠠ ᠲᠠᠢ ᠪᠠᠶᠢᠨ᠎ᠠ᠃ ᠪᠢ ᠡᠬᠡ ᠤᠯᠤᠰ ᠤᠨ ᠢᠶᠠᠨ ᠬᠦᠴᠦᠷᠬᠡᠭᠵᠢᠯ ᠪᠠ ᠴᠡᠴᠡᠭᠯᠡᠯ ᠳᠤ ᠮᠠᠰᠢ ᠣᠮᠣᠭᠰᠢᠵᠤ ᠪᠠᠶᠢᠨ᠎ᠠ᠂ ᠪᠢ ︽ᠤᠯᠤᠰ ᠪᠠᠶᠢᠭᠤᠯᠤᠭᠳᠠᠭᠰᠠᠨ 70 ᠵᠢᠯ ᠤᠨ ᠣᠶ︾ ᠶᠢᠨ ᠪᠠᠶᠠᠷ ᠪᠠ ︽ᠨᠠᠮ ᠪᠠᠶᠢᠭᠤᠯᠤᠭᠳᠠᠭᠰᠠᠨ 100 ᠵᠢᠯ ᠤᠨ ᠣᠶ︾ ᠶᠢᠨ ᠪᠠᠶᠠᠷ ᠢ ᠥᠩᠭᠡᠷᠡᠭᠦᠯᠦᠭᠰᠡᠨ ᠳᠡᠭᠡᠨ ᠨᠡᠩ ᠪᠠᠶᠠᠷᠯᠠᠵᠤ ᠪᠠᠶᠢᠨ᠎ᠠ᠂ ᠡᠨᠡ ᠬᠦ ᠴᠠᠭ ᠮᠥᠴᠡ ᠶᠢᠨ ᠳᠣᠭᠳᠣᠯᠤᠯ ᠢ ᠦᠭᠡ ᠬᠡᠯᠡ ᠪᠠᠷ ᠢᠯᠡᠳᠬᠡᠬᠦ ᠶᠢᠨ ᠠᠷᠭ᠎ᠠ ᠦᠭᠡᠢ᠂ ᠴᠡᠭᠡᠨ ᠬᠥᠰᠢᠭᠡ ᠶᠢᠨ ᠨᠠᠭᠠᠨ᠎ᠠ ᠠᠴᠠ ᠴᠦ ᠲᠡᠷᠡ ᠬᠦ ᠭᠡᠷᠡᠯ ᠰᠠᠴᠤᠷᠠᠩᠭᠤᠶ ᠢᠷᠠᠭᠤ ᠠᠯᠳᠠᠷᠲᠤ ᠴᠠᠭ ᠮᠥᠴᠡ ᠶᠢ ᠰᠡᠷᠡᠵᠦ ᠮᠡᠳᠡᠨ᠎ᠡ᠂ 56 ᠶᠣᠰᠣᠯᠠᠯ ᠤᠨ ᠫᠤᠤ ᠵᠡᠷᠭᠡ ᠪᠠᠷ ᠬᠠᠷᠪᠤᠵᠤ᠂ ᠨᠠᠮ ᠪᠠᠶᠢᠭᠤᠯᠤᠭᠳᠠᠭᠰᠠᠨ 100 ᠵᠢᠯ ᠤᠨ ᠲᠤᠷᠰᠢᠬᠢ ᠵᠣᠪᠠᠭᠤᠷᠢ ᠵᠦᠳᠡᠭᠦᠷᠢ ᠪᠠ ᠢᠷᠠᠭᠤ ᠠᠯᠳᠠᠷ ᠢ 100 ᠤᠳᠠᠭ᠎ᠠ ᠪᠡᠯᠭᠡᠳᠡᠵᠦ᠂ ᠤᠯᠤᠰ ᠤᠨ ᠲᠤᠭ ᠤᠨ ᠬᠠᠮᠠᠭᠠᠯᠠᠯᠲᠠ ᠶᠢᠨ ᠠᠩᠬᠢ ᠶᠢᠨ ᠲᠡᠷᠡ ᠬᠦ ᠡᠷᠡᠰ ᠪᠠᠲᠤ᠂ ᠬᠠᠩᠭᠢᠨᠠᠮ᠎ᠠ ᠵᠢᠭᠳᠡ ᠠᠯᠬᠤᠭ᠎ᠠ ᠠᠯᠬᠤᠮ ᠪᠦᠷᠢ ᠨᠢ ᠬᠥᠮᠦᠰ ᠤᠨ ᠰᠡᠳᠬᠢᠯ ᠢ ᠳᠣᠭᠳᠣᠯᠤᠭᠤᠯᠵᠤ᠂ ᠳᠡᠯᠡᠬᠡᠶ ᠶᠢ ᠳᠣᠩᠰᠣᠯᠭᠠᠨ᠂ ᠲᠥᠪ ᠠᠯᠬᠤᠮ ᠢᠶᠠᠷ᠂ ᠵᠢᠭᠳᠡ ᠠᠯᠬᠤᠮ ᠢᠶᠠᠷ ᠲᠤᠰ ᠪᠦᠷᠢ 100 ᠠᠯᠬᠤᠮ ᠢᠶᠠᠷ ᠶᠠᠪᠤᠭᠰᠠᠨ ᠨᠢ ᠪᠢᠳᠡᠨ ᠤ ᠡᠷᠡᠯᠬᠡᠭ ᠪᠠᠭᠠᠲᠤᠷᠯᠢᠭ ᠢᠶᠠᠷ ᠲᠡᠮᠡᠴᠡᠭᠰᠡᠨ ᠤ ᠭᠡᠷᠡᠴᠢ ᠪᠣᠯᠤᠨ᠎ᠠ︕ ᠤᠯᠤᠰ ᠤᠨ ᠲᠤᠭ ᠠᠯᠭᠤᠷᠬᠠᠨ ᠢᠶᠠᠷ ᠮᠠᠨᠳᠤᠬᠤ ᠦᠶ᠎ᠡ ᠳᠤ᠂ ᠰᠡᠳᠬᠢᠯ ᠳᠣᠭᠳᠣᠯᠵᠤ᠂ ᠡᠨᠡ ᠬᠦ ᠵᠠᠭᠤᠨ ᠵᠢᠯ ᠳᠤ ᠪᠢᠳᠡ ᠪᠣᠰᠴᠤ ᠵᠣᠭᠰᠣᠭᠰᠠ᠊᠂ ᠪᠠᠶᠠᠵᠢᠭᠰᠠᠨ ᠠᠴᠠ ᠪᠠᠨ ᠬᠦᠴᠦᠷᠬᠡᠭᠵᠢᠭᠰᠡᠨ ᠬᠦᠷᠲᠡᠯ᠎ᠡ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠦᠯ᠎ᠡ︕ ᠬᠥᠮᠦᠨ ᠲᠥᠷᠥᠯᠬᠢᠲᠡᠨ ᠤ ᠡᠨᠡ ᠬᠦ ᠠᠤᠭ᠎ᠠ ᠠᠵᠢᠯᠯᠠᠭ᠎ᠠ ᠨᠢ ᠬᠥᠮᠦᠨ ᠲᠥᠷᠥᠯᠬᠢᠲᠡᠨ ᠤ ᠪᠣᠯᠪᠠᠰᠤᠨ ᠤ ᠬᠥᠭᠵᠢᠯᠲᠡ ᠶᠢᠨ ᠲᠡᠦᠬᠡᠨ ᠬᠠᠭᠤᠳᠠᠰᠤᠨ ᠳᠤ ᠲᠡᠮᠳᠡᠭᠯᠡᠭᠳᠡᠬᠦ ᠨᠢ ᠯᠠᠪᠲᠠᠶ ᠶᠤᠮ︕      ᠶᠡᠷᠦᠩᠬᠡᠢ ᠱᠦᠵᠢ ᠰᠢ ᠶᠢᠨ ᠫᠢᠩ ᠤᠨ ᠶᠠᠷᠢᠶ᠎ᠠ ᠨᠢ ᠬᠥᠮᠦᠰ ᠤᠨ ᠰᠡᠳᠬᠢᠯ ᠢ ᠬᠥᠭᠵᠢᠭᠡᠵᠦ᠂ ᠵᠠᠭᠤᠨ ᠵᠢᠯ ᠤᠨ ᠥᠩᠭᠡᠷᠡᠯᠲᠡ ᠪᠠᠨ ᠡᠷᠬᠢᠴᠡᠭᠦᠯᠬᠦᠶ᠎ᠡ᠂ ᠬᠠᠷᠠᠩᠭᠤᠢ ᠳᠤ ᠬᠠᠨᠳᠤᠬᠤ ᠳᠠᠭᠠᠨ ᠪᠢᠳᠡ ᠲᠣᠯᠣᠭᠠᠢ ᠪᠥᠬᠦ᠋ᠢᠵᠦ ᠨᠤᠭᠤᠷᠠᠭᠰᠠᠨ ᠦᠭᠡᠢ᠂ ᠢᠯᠠᠯᠲᠠ ᠪᠠᠨ ᠤᠭᠲᠤᠨ ᠠᠪᠴᠢᠷᠠᠭᠠᠳ ᠪᠢᠳᠡ ᠣᠮᠤᠭ ᠲᠡᠭᠦᠯᠳᠡᠷ ᠢᠶᠠᠷ ᠰᠢᠨ᠎ᠡ ᠡᠷᠡᠨ ᠲᠡᠰᠢ ᠤᠷᠤᠭᠰᠢᠯᠠᠨ᠎ᠠ᠃ ᠳᠤᠮᠳᠠᠳᠤ ᠤᠯᠤᠰ ᠤᠨ ᠠᠷᠠᠳ ᠲᠦᠮᠡᠨ ᠳᠠᠷᠤᠯᠠᠭᠳᠠᠨ ᠮᠥᠯᠵᠢᠭᠳᠡᠵᠦ ᠪᠠᠶᠢᠭᠰᠠᠨ ᠠᠴᠠ ᠪᠠᠨ ᠪᠣᠰᠴᠤ ᠵᠣᠭᠰᠣᠭᠠᠳ ᠭᠤᠷᠪᠠᠨ ᠶᠡᠭᠡ ᠠᠭᠤᠯᠠ ᠶᠢ ᠲᠦᠯᠬᠢᠨ ᠤᠨᠠᠭᠠᠬᠤ ᠪᠣᠯᠲᠠᠯ᠎ᠠ ᠮᠠᠨ ᠤ ᠳᠤᠮᠳᠠᠳᠤ ᠶᠢᠨ ᠦᠨᠳᠦᠰᠦᠲᠡᠨ᠂ ᠳᠤᠮᠳᠠᠳᠤ ᠶᠢᠨ ᠠᠷᠠᠳ ᠲᠦᠮᠡᠨ ᠪᠣᠯ ᠬᠠᠭᠤᠴᠢᠨ ᠶᠢᠷᠲᠢᠨᠴᠦ ᠶᠢ ᠡᠪᠳᠡᠬᠦ ᠳᠡᠭᠡᠨ ᠴᠢᠳᠠᠮᠠᠭᠠᠶ᠂ ᠰᠢᠨ᠎ᠡ ᠶᠢᠷᠲᠢᠨᠴᠦ ᠶᠢ ᠪᠠᠶᠢᠭᠤᠯᠬᠤ ᠳᠠᠭᠠᠨ ᠴᠢᠳᠠᠮᠠᠭᠠᠶ ᠪᠠᠶᠢᠳᠠᠭ ᠠᠭᠤᠤ ᠶᠡᠭᠡ ᠦᠨᠳᠦᠰᠦᠲᠡᠨ ᠮᠥᠨ︕ ᠬᠠᠮᠤᠭ ᠡᠴᠦᠰ ᠲᠤ ᠶᠡᠷᠦᠩᠬᠡᠶ ᠱᠦᠵᠢ ︽ᠠᠭᠤᠤ ᠶᠡᠭᠡ ᠳᠤᠮᠳᠠᠳᠤ ᠤᠯᠤᠰ ᠤᠨ ᠡᠪ ᠬᠠᠮᠲᠤ ᠨᠠᠮ ᠮᠠᠨᠳᠤᠲᠤᠭᠠᠶ᠂ ᠠᠭᠤᠤ ᠶᠡᠭᠡ ᠳᠤᠮᠳᠠᠳᠤ ᠤᠯᠤᠰ ᠤᠨ ᠠᠷᠠᠳ ᠲᠦᠮᠡᠨ ᠮᠠᠨᠳᠤᠲᠤᠭᠠᠶ  ︾ ᠭᠡᠵᠦ ᠥᠨᠳᠥᠷ ᠳᠠᠭᠤᠨ ᠢᠶᠠᠷ ᠬᠠᠰᠬᠢᠷᠪᠠ᠃ ᠲᠠᠶᠢᠰᠠᠨ ᠳᠤᠤᠷᠠᠬᠢ ᠬᠥᠮᠦᠰ ᠲᠦᠢᠯ ᠤᠨ ᠶᠡᠭᠡ ᠪᠠᠷ ᠰᠡᠳᠬᠢᠯ ᠳᠣᠭᠳᠣᠯᠤᠨ ᠥᠨᠳᠥᠷ ᠳᠠᠭᠤᠨ ᠢᠶᠠᠷ ᠬᠠᠰᠬᠢᠷᠤᠯᠳᠤᠪᠠ᠂ ᠡᠨᠡ ᠦᠶ᠎ᠡ ᠳᠤ ᠮᠢᠨᠦ ᠳᠣᠲᠣᠭᠠᠳᠤ ᠰᠡᠳᠬᠢᠯ ᠮᠦᠨ ᠡᠶᠢᠮᠦ ᠪᠠᠶᠢᠭᠰᠠᠨ ᠪᠢᠰᠢ  ᠤᠤ︕ ᠠᠭᠤᠤ ᠶᠡᠭᠡ ᠳᠤᠮᠳᠠᠳᠤ ᠤᠯᠤᠰ ᠤᠨ ᠡᠪ ᠬᠠᠮᠲᠤ ᠨᠠᠮ ᠮᠠᠨᠳᠤᠲᠤᠭᠠᠶ᠂ ᠠᠭᠤᠤ ᠶᠡᠭᠡ ᠳᠤᠮᠳᠠᠳᠤ ᠤᠯᠤᠰ ᠤᠨ ᠠᠷᠠᠳ ᠲᠦᠮᠡᠨ ᠮᠠᠨᠳᠤᠲᠤᠭᠠᠶ︕ ᠮᠢᠨᠦ ᠨᠢᠭᠡᠨ ᠠᠷᠠᠳ ᠤᠨ ᠪᠠᠭᠰᠢ ᠶᠢᠨ ᠴᠢᠩ ᠰᠡᠳᠬᠢᠯ ᠤᠨ ᠵᠥᠩᠨᠡᠯ ᠢᠶᠠᠨ ᠳᠡᠪᠰᠢᠭᠦᠯᠦᠶ᠎ᠡ︕
     ᠰᠢ ᠶᠢᠨ ᠫᠢᠩ ᠶᠡᠷᠦᠩᠬᠡᠶ ᠱᠦᠵᠢ ᠶᠢᠨ ︽ᠲᠤᠯᠤᠭᠠᠨ ᠰᠠᠷ᠎ᠠ ᠶᠢᠨ ᠨᠢᠭᠡᠨ︾ ᠤ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠭᠰᠠᠨ ᠣᠯᠤᠯᠲᠠ ᠲᠦᠷᠦᠭᠳᠡᠯ      ᠦᠬᠠᠶ ᠬᠤᠲᠠ ᠶᠢᠨ ᠠᠷᠪᠠᠨ ᠨᠠᠢᠮᠠᠳᠤᠭᠠᠷ ᠳᠤᠮᠳᠠᠳᠤ ᠰᠤᠷᠭᠠᠭᠤᠯᠢ      ᠼᠤᠤ ᠷᠦᠢ      ᠳᠤᠮᠳᠠᠳᠤ ᠤᠯᠤᠰ ᠤᠨ ᠬᠤᠪᠢᠰᠬᠠᠯ ᠤᠨ ᠲᠡᠦᠬᠡ ᠶᠢ ᠡᠷᠭᠢᠴᠡᠭᠦᠯᠪᠡᠯ᠂ ᠪᠢᠳᠡ ᠬᠤᠪᠢᠰᠬᠠᠯ ᠤᠨ ᠤᠭ ᠴᠡᠭ ᠢ ᠡᠷᠢᠯᠬᠢᠯᠡᠨ᠂ ᠠᠬᠠᠮᠠᠳ ᠦᠶ᠎ᠡ ᠶᠢᠨ ᠬᠢᠨ ᠤ ᠦᠯᠢᠭᠡᠷ ᠳᠠᠭᠤᠷᠢᠶᠠᠯ ᠢ ᠳᠤᠷᠠᠰᠤᠨ ᠰᠠᠨᠠᠭᠠᠯᠵᠠᠵᠤ᠂ ᠲᠡᠮᠡᠴᠡᠯ ᠤᠨ ᠥᠩᠭᠡᠷᠡᠯᠲᠡ ᠪᠠᠨ ᠡᠷᠬᠢᠴᠡᠭᠦᠯᠦᠨ᠂ ᠪᠦᠬᠦ ᠨᠠᠮ ᠤᠨ ᠬᠡᠪᠴᠢᠶᠡᠨ ᠳᠤ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠵᠦ᠂ ᠥᠷᠭᠡᠨ ᠤᠯᠠᠨ ᠨᠠᠮ ᠤᠨ ᠭᠡᠰᠢᠭᠦᠳ ᠤᠨ ᠲᠠᠬᠢᠨ ᠨᠢᠭᠡ ᠤᠳᠠᠭ᠎ᠠ ︽ᠺᠠᠯᠼ ᠨᠥᠬᠦᠪᠥᠷᠢᠯᠡᠬᠦ︾ ᠶᠢ ᠲᠥᠪᠯᠡᠷᠡᠭᠦᠯᠪᠡ᠃ ᠨᠢᠭᠡ ᠵᠠᠭᠤᠨ ᠥᠩᠭᠡᠷᠡᠯ᠎ᠡ᠂ ᠪᠢᠳᠡ ᠬᠡᠳᠦ᠋ᠢᠪᠡᠷ ᠲᠡᠷᠡ ᠬᠦ ᠳᠠᠶᠢᠨ ᠤ ᠭᠠᠯ ᠳᠦᠷᠡᠯᠵᠡᠵᠦ ᠪᠠᠶᠢᠭᠰᠠᠨ ᠴᠠᠭ ᠦᠶ᠎ᠡ ᠠᠴᠠ ᠬᠤᠯᠠᠳᠠᠭᠰᠠᠨ ᠪᠣᠯᠪᠠᠴᠤ᠂ ᠬᠥᠮᠦᠰ ᠤᠨ ᠰᠡᠳᠬᠢᠯ ᠢ ᠳᠣᠭᠳᠣᠯᠤᠭᠤᠯᠤᠮ᠎ᠠ ᠲᠡᠳᠡᠭᠡᠷ ᠢᠲᠡᠭᠡᠯ ᠪᠢᠰᠢᠷᠡᠯ ᠤᠨ ᠦᠯᠢᠭᠡᠷ᠂ ᠲᠡᠳᠡᠭᠡᠷ ᠭᠡᠷᠡᠯ ᠭᠢᠯᠪᠠᠭ᠎ᠠ ᠰᠠᠴᠤᠷᠠᠭᠰᠠᠨ ᠢᠲᠡᠭᠡᠯ ᠪᠢᠰᠢᠷᠡᠯ ᠤᠨ ᠤᠯᠠ ᠮᠥᠷ ᠨᠢ ᠯᠠᠪᠳᠠᠶ᠎ᠠ ᠪᠢᠳᠡᠨ ᠤ ᠦᠷᠭᠦᠯᠵᠢᠯᠡᠨ ᠤᠷᠤᠭᠰᠢᠯᠠᠬᠤ ᠵᠣᠷᠢᠭ ᠰᠠᠨᠠᠭᠠᠨ ᠤ ᠡᠬᠢ ᠰᠤᠷᠪᠤᠯᠵᠢ ᠪᠣᠯᠬᠤ ᠶᠤᠮ᠃ ᠴᠠᠭ ᠤᠨ ᠪᠠᠶᠢᠳᠠᠯ ᠶᠠᠭᠠᠬᠢᠵᠤ ᠬᠤᠪᠢᠷᠬᠠᠰᠠᠨ ᠴᠤ᠂ ᠢᠲᠡᠭᠡᠯ ᠪᠢᠰᠢᠷᠡᠯ ᠪᠣᠯ ᠥᠨᠢ ᠡᠭᠦᠷᠢᠳᠡ ᠡᠪ ᠬᠠᠮᠲᠤᠴᠤᠳ ᠨᠢᠭᠡᠪᠦᠷᠢ ᠶᠢᠨ ᠬᠦᠴᠦᠨ ᠴᠢᠳᠠᠯ ᠤᠯᠬᠤ ᠬᠦᠴᠦᠷᠬᠡᠭ ᠶᠡᠭᠡ ᠰᠠᠭᠤᠷᠢ ᠮᠥᠨ᠃ ᠶᠠᠭ ︽ᠠᠷᠠᠳ ᠤᠨ ᠡᠳᠦᠷ ᠤᠨ ᠰᠣᠨᠢᠨ︾ ᠳᠤ ᠨᠡᠶᠢᠲᠡᠯᠡᠭᠰᠡᠨ ᠲᠠᠢ ᠠᠳᠠᠯᠢ ᠪᠠᠷ᠄ ︽ᠲᠠᠨ ᠤ ᠵᠣᠭᠰᠣᠵᠤ ᠪᠠᠶᠢᠭ᠎ᠠ ᠭᠠᠵᠠᠷ ᠪᠣᠯ ᠳᠠᠷᠤᠶ ᠲᠠᠨ ᠤ ᠡᠭᠡ ᠤᠯᠤᠰ ᠮᠥᠨ᠂ ᠴᠢ ᠶᠠᠮᠠᠷ ᠪᠠᠶᠢᠪᠠᠯ ᠳᠤᠮᠳᠠᠳᠤ ᠤᠯᠤᠰ ᠲᠡᠳᠦᠶ᠂ ᠴᠢ ᠭᠡᠭᠡᠨ ᠰᠠᠷᠠᠭᠤᠯ ᠪᠠᠶᠢᠪᠠᠯ ᠳᠤᠮᠳᠠᠳᠤ ᠤᠯᠤᠰ ᠪᠠᠯᠠᠷ ᠬᠠᠷᠠᠩᠭᠤᠶ ᠪᠠᠶᠢᠵᠤ ᠴᠢᠳᠠᠬᠤ ᠦᠭᠡᠢ︾ ᠭᠡᠰᠡᠨ ᠦᠭᠡ ᠲᠠᠢ ᠠᠳᠠᠯᠢ ᠶᠤᠮ᠃      ᠶᠡᠭᠡ ᠬᠤᠷᠠᠯ ᠳᠡᠭᠡᠷ᠎ᠡ᠂ ᠵᠠᠩ ᠬᠦᠢ ᠮᠧᠢ ᠪᠠᠭᠰᠢ ᠶᠢᠨ ᠶᠠᠷᠢᠶ᠎ᠠ ᠨᠢ ᠰᠡᠳᠬᠢᠯ ᠳᠣᠭᠳᠣᠯᠤᠭᠤᠯᠤᠮ᠎ᠠ ᠪᠥᠭᠡᠳ ᠪᠣᠷᠣᠭᠵᠢᠭᠤᠨ ᠪᠠᠶᠢᠵᠤ᠂ ᠨᠢᠭᠡᠨ ᠠᠷᠠᠳ ᠤᠨ ᠪᠠᠭᠰᠢ ᠶᠢᠨ ᠰᠡᠳᠬᠢᠯ ᠤᠨ ᠦᠭᠡ᠂ ᠨᠢᠭᠡᠨ ᠠᠬᠠᠮᠠᠳ ᠨᠠᠮ ᠤᠨ ᠭᠡᠰᠢᠭᠦᠨ ᠤ ᠰᠡᠳᠬᠢᠯ ᠤᠨ ᠦᠭᠡ ᠶᠢ ᠬᠡᠯᠡᠵᠦ ᠭᠠᠷᠭᠠᠪᠠ᠃ ︽ᠪᠢᠳᠡ ᠰᠤᠷᠤᠭᠴᠢᠳ ᠤᠨ ᠰᠡᠳᠬᠢᠯ ᠳᠤ ᠬᠤᠪᠢᠰᠬᠠᠯ  ᠤᠨ ᠦᠷ᠎ᠡ ᠨᠦᠭᠦᠳ ᠢ ᠭᠦᠨ ᠪᠤᠯᠠᠵᠤ᠂ ᠲᠡᠳᠡᠨ ᠢ ᠬᠠᠪᠰᠤᠷᠤᠨ ᠬᠥᠮᠦᠨ ᠤ ᠠᠮᠢᠳᠤᠷᠠᠯ ᠤᠨ ᠠᠩᠬᠠᠨ ᠤ ᠲᠣᠪᠴᠢ ᠶᠢ ᠰᠠᠶᠢᠲᠤᠷ ᠤᠶᠠᠵᠤ᠂ ᠲᠡᠳᠡᠨ ᠢ ᠳᠠᠭᠠᠭᠤᠯᠤᠨ ᠡᠪ ᠬᠠᠮᠲᠤ ᠶᠣᠰᠣᠨ ᠤ ᠦᠢᠯᠡᠰ ᠤᠨ ᠵᠠᠯᠭᠠᠮᠵᠢᠯᠠᠭᠴᠢ ᠪᠣᠯᠭᠠᠶ᠎ᠠ᠂ ᠰᠤᠷᠤᠭᠴᠢᠳ ᠠᠯᠤᠰ ᠲᠤ ᠳ᠋ᠧᠩ ᠲᠠᠢ᠂ ᠬᠦᠯ ᠤᠨ ᠳᠣᠣᠷ᠎ᠠ ᠵᠠᠮ ᠲᠠᠢ᠂ ᠨᠢᠳᠤᠨ ᠡᠮᠦᠨ᠎ᠡ ᠭᠡᠷᠡᠯ ᠲᠠᠢ᠂ ᠠᠭᠤᠯᠠᠨ ᠭᠤᠤ ᠳᠤ ᠴᠤ ᠭᠠᠳᠠᠨᠠᠬᠢ ᠭᠤᠶᠢᠳᠠ ᠰᠠᠶᠢᠬᠠᠨ ᠶᠢᠷᠲᠢᠨᠴᠦ ᠶᠢ ᠣᠯᠵᠤ ᠬᠠᠷᠠᠨ᠎ᠠ᠂ ᠰᠠᠶᠢᠨ ᠰᠠᠶᠢᠬᠠᠨ ᠢᠷᠡᠭᠡᠳᠦᠶ ᠶᠢ ᠣᠯᠵᠤ ᠬᠠᠷᠠᠨ᠎ᠠ︾ ᠭᠡᠵᠦ ᠲᠡᠷᠡ ᠬᠡᠯᠡᠭᠰᠡᠨ ᠪᠠᠶᠢᠳᠠᠭ᠃ ᠡᠨᠡ ᠬᠦ ᠦᠭᠡ ᠨᠢ ᠮᠢᠨᠦ ᠰᠡᠳᠬᠢᠯ ᠳᠤ ᠭᠦᠨ ᠬᠠᠳᠠᠩᠰᠢᠪᠠ᠃      ᠥᠩᠭᠡᠷᠡᠭᠰᠡᠨ ᠢᠶᠠᠨ ᠡᠷᠭᠢᠴᠡᠭᠦᠯᠬᠦ ᠳᠤ ᠪᠢᠳᠡ ᠡᠷᠡᠰ ᠭᠤᠶᠢᠪᠢᠰᠢ ᠦᠭᠡᠢ᠂ ᠢᠷᠡᠭᠡᠳᠦᠢ ᠪᠠᠨ ᠪᠠᠷᠠᠯᠠᠬᠤ ᠳᠤ ᠪᠢᠳᠡ ᠤᠭ ᠰᠠᠨᠠᠭ᠎ᠠ ᠪᠠᠨ ᠦᠯᠦ ᠮᠠᠷᠲᠠᠨ᠎ᠠ᠃ ᠪᠠᠭᠰᠢ ᠪᠣᠯᠤᠭᠰᠠᠨ ᠤ ᠬᠤᠪᠢ ᠳᠤ᠂ ᠠᠬᠠᠮᠠᠳ ᠦᠶ᠎ᠡ ᠶᠢᠨ ᠬᠡᠪ ᠳᠠᠭᠤᠷᠢᠶᠠᠯ ᠢᠶᠠᠷ ᠳᠠᠭᠤᠷᠢᠶᠠᠯ ᠪᠣᠯᠭᠠᠵᠤ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠲᠠᠭᠠᠨ᠂ ᠡᠷᠡᠯᠬᠡᠭᠯᠡᠨ ᠲᠡᠮᠡᠴᠡᠵᠦ᠂ ᠬᠦᠴᠢᠷ ᠢ ᠲᠤᠭᠤᠯᠤᠨ ᠪᠡᠷᠬᠡ ᠶᠢ ᠳᠠᠪᠠᠵᠤ᠂ ᠡᠬᠡ ᠤᠯᠤᠰ ᠤᠨ ᠬᠥᠭᠵᠢᠯ ᠴᠡᠴᠡᠭᠯᠡᠯ ᠤᠨ ᠲᠥᠯᠥᠭᠡ ᠥᠪᠡᠷ ᠤᠨ ᠬᠦᠴᠦᠨ ᠴᠢᠳᠠᠯ ᠢᠶᠠᠨ ᠡᠷᠭᠦᠨ᠎ᠡ︕
     ᠰᠢ ᠶᠢᠨ ᠫᠢᠩ ᠶᠡᠷᠦᠩᠬᠡᠶ ᠱᠦᠵᠢ ᠶᠢᠨ ︽ᠲᠤᠯᠤᠭᠠᠨ ᠰᠠᠷ᠎ᠠ ᠶᠢᠨ ᠨᠢᠭᠡᠨ︾ ᠤ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠭᠰᠠᠨ ᠣᠯᠤᠯᠲᠠ ᠲᠦᠷᠦᠭᠳᠡᠯ      ᠬᠠᠶᠢᠨᠠᠨ ᠲᠣᠭᠤᠷᠢᠭ ᠤᠨ ᠳᠥᠷᠪᠡᠳᠦᠭᠡᠷ ᠪᠠᠭ᠎ᠠ ᠰᠤᠷᠭᠠᠭᠤᠯᠢ      ᠶᠠᠨ ᠴᠣᠣ      ᠳᠤᠮᠳᠠᠳᠤ ᠤᠯᠤᠰ ᠤᠨ ᠡᠪ ᠬᠠᠮᠲᠤ ᠨᠠᠮ ᠨᠠᠨ ᠬᠤ᠋ ᠨᠠᠭᠤᠷ ᠤᠨ ᠤᠯᠠᠭᠠᠨ ᠣᠩᠭᠤᠴᠠᠨ ᠠᠴᠠ ᠢᠷᠡᠵᠤ᠂ ᠥᠩᠭᠡᠷᠡᠭᠰᠡᠨ ᠵᠠᠮ ᠢᠶᠠᠨ ᠡᠷᠬᠢᠨ ᠬᠠᠷᠠᠬᠤᠶ᠎ᠠ᠂ ᠬᠡᠴᠢᠨᠡᠨ ᠤᠳᠠᠭ᠎ᠠ ᠮᠥᠬᠦᠯ ᠠᠴᠠ ᠮᠤᠯᠲᠤᠷᠠᠭᠰᠠᠨ ᠪᠣᠯᠪᠠᠴᠤ᠂ ᠬᠠᠳᠤᠭᠤᠷ ᠠᠯᠤᠬ᠎ᠠ ᠪᠣᠯ ᠥᠨᠢ ᠡᠭᠦᠷᠢᠳᠡ ᠶᠢᠨ ᠢᠲᠡᠭᠡᠯ ᠪᠢᠰᠢᠷᠡᠯ ᠮᠥᠨ᠃ 7  ᠳ᠋ᠣᠭᠠᠷ ᠰᠠᠷ᠎ᠠ ᠶᠢᠨ 1 ᠤ ᠡᠳᠦᠷ ᠤᠨ ᠦᠳᠡ ᠶᠢᠨ ᠡᠮᠦᠨᠡᠬᠢ 8 ᠴᠠᠭ ᠲᠤ ᠪᠡᠭᠡᠵᠢᠩ ᠤᠨ ᠲᠢᠶᠠᠨ ᠠᠨ ᠮᠧᠨ ᠲᠠᠯᠠᠪᠠᠢ ᠳᠤ ᠦᠪᠡᠳᠡᠭᠰᠢ ᠶᠡᠭᠡ ᠪᠠᠷ ᠶᠠᠪᠤᠭᠳᠠᠭᠰᠠᠨ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠤᠢ ᠶᠢ ᠪᠡᠯᠭᠡᠯᠡᠬᠦ ᠶᠡᠭᠡ ᠬᠤᠷᠠᠯ ᠨᠢ ᠬᠥᠮᠦᠰ ᠤᠨ ᠰᠡᠳᠬᠢᠯ ᠢ ᠳᠣᠭᠳᠣᠯᠤᠭᠤᠯᠪᠠ᠃      ︽ᠮᠠᠨ ᠤ ᠨᠠᠮ ᠤᠨ ᠵᠠᠭᠤᠨ ᠵᠢᠯ ᠪᠣᠯ ᠤᠬ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠪᠡᠶᠡᠯᠡᠭᠦᠯᠬᠦ ᠪᠠᠷ ᠵᠣᠷᠢᠭ ᠰᠢᠭᠤᠳᠤᠭᠰᠠᠨ ᠵᠠᠭᠤᠨ ᠵᠢᠯ ᠮᠥᠨ᠂ ᠬᠦᠴᠢᠷ ᠪᠡᠷᠬᠡᠰᠢᠶᠡᠯ ᠢ ᠢᠯᠠᠨ ᠳᠠᠪᠠᠵᠤ ᠦᠢᠯᠡᠰ ᠪᠤᠰᠬᠠᠬᠰᠠᠨ ᠵᠠᠭᠤᠨ ᠵᠢᠯ ᠮᠥᠨ᠂ ᠭᠡᠷᠡᠯ ᠰᠠᠴᠤᠷᠠᠩᠭᠤᠢ ᠦᠢᠯᠡᠰ ᠢ ᠡᠭᠦᠳᠴᠦ ᠢᠷᠡᠭᠡᠳᠦᠢ ᠪᠠᠨ  ᠨᠡᠬᠡᠭᠡᠭᠰᠡᠨ ᠵᠠᠭᠤᠨ ᠵᠢᠯ ᠮᠥᠨ︾᠃ ᠦᠵᠡᠬᠦ ᠳᠤ ᠳᠥᠭᠦᠮᠬᠡᠨ ᠰᠢᠭ ᠨᠢᠭᠡ ᠪᠠᠳᠠᠭ ᠦᠭᠡ ᠨᠢ ᠬᠠᠷᠢᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠶᠠᠪᠤᠵᠤ ᠢᠷᠡᠭᠰᠡᠨ ᠵᠠᠭᠤᠨ ᠵᠢᠯ ᠤᠨ ᠭᠠᠰᠠᠯᠠᠩ ᠵᠣᠪᠠᠯᠠᠩ ᠪᠣᠯᠤᠨ ᠭᠡᠷᠡᠯ ᠰᠠᠴᠤᠷᠠᠩᠭᠤᠢ ᠠᠮᠵᠢᠯᠲᠠ ᠶᠢ ᠬᠠᠷᠠᠭᠤᠯᠤᠭᠰᠠᠨ ᠪᠠᠶᠢᠨ᠎ᠠ᠃ ᠳᠤᠮᠳᠠᠳᠤ ᠶᠢᠨ ᠦᠨᠳᠦᠰᠦᠲᠡᠨ ᠲᠡᠦᠬᠡᠨ ᠳᠡᠭᠡᠷ᠎ᠡ ᠬᠠᠯᠠ ᠵᠣᠪᠠᠯᠠᠩ ᠢ ᠣᠯᠠᠨᠲᠠ ᠥᠩᠭᠡᠷᠡᠭᠦᠯᠦᠭᠰᠡᠨ ᠪᠣᠯᠪᠠᠴᠤ ᠶᠡᠷᠦ ᠠᠴᠠ ᠳᠠᠷᠤᠭᠳᠠᠵᠤ ᠰᠦᠢᠷᠡᠭᠰᠡᠨ ᠦᠭᠡᠢ᠂ ᠬᠠᠷᠢᠨ ᠨᠤᠭᠤᠷᠠᠯ ᠪᠦᠳᠦᠷᠢᠯ ᠳᠤ ᠤᠴᠠᠷᠠᠬᠤ ᠲᠤᠳᠤᠮ ᠡᠷᠡᠯᠬᠡᠭ ᠪᠠᠭᠠᠲᠤᠷᠯᠢᠭ ᠪᠤᠯᠵᠤ᠂ ᠬᠠᠯᠠ ᠵᠣᠪᠠᠯᠠᠩ ᠤᠨ ᠳᠤᠮᠳᠠ ᠦᠰᠦᠨ ᠪᠤᠶᠢᠵᠢᠵᠤ᠂ ᠬᠠᠯᠠ ᠵᠣᠪᠠᠯᠠᠩ ᠤᠨ ᠳᠤᠮᠳᠠ ᠠᠴᠠ ᠡᠷᠡᠯᠬᠡᠭᠯᠡᠨ ᠪᠣᠰᠤᠭᠰᠠᠨ ᠶᠤᠮ᠃      ᠰᠢᠨ᠎ᠡ ᠴᠠᠭ ᠦᠶ᠎ᠡ ᠶᠢᠨ ᠨᠠᠮ ᠤᠨ ᠭᠡᠰᠢᠭᠦᠨ ᠪᠠᠭᠰᠢ ᠪᠣᠯᠤᠭᠰᠠᠨ ᠤ ᠬᠤᠪᠢ ᠳᠤ᠂ ᠠᠶᠤᠯ ᠲᠦᠭᠰᠢᠭᠦᠷᠢ ᠠᠴᠠ ᠠᠶᠤᠬᠤ ᠦᠭᠡᠢ᠂ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ︽ᠰᠢᠯᠭᠠᠯᠲᠠ ᠳᠤ ᠣᠷᠣᠯᠴᠠᠬᠤ︾ ᠣᠪᠣᠷ ᠪᠠᠶᠢᠳᠠᠯ ᠢᠶᠠᠷ᠂ ᠪᠠᠭᠰᠢ ᠶᠢᠨ ᠠᠵᠢᠯ ᠤᠨ ᠪᠠᠶᠢᠷᠢ ᠳᠠᠭᠠᠨ ᠰᠠᠭᠤᠷᠢᠯᠠᠨ ᠬᠦᠨᠳᠦ ᠡᠭᠦᠷᠭᠡ ᠶᠢ ᠵᠣᠷᠢᠭᠲᠠᠢ ᠪᠠᠷ ᠡᠭᠦᠷᠭᠡᠯᠡᠵᠦ᠂ ᠢᠨᠧᠷᠼᠢ ᠶᠢᠨ ᠰᠡᠳᠬᠢᠬᠦᠢ ᠶᠢ ᠡᠪᠳᠡᠨ᠂ ᠲᠠᠭᠠᠯᠠᠮᠵᠢᠲᠠᠢ ᠬᠦᠷᠢᠶᠡᠨ ᠠᠴᠠ ᠭᠠᠷᠴᠤ᠂ ᠥᠪᠡᠷ ᠤᠨ ᠲᠤᠬᠠᠶᠢᠯᠠᠭᠰᠠᠨ ᠠᠵᠢᠯ ᠢᠶᠠᠨ ᠰᠠᠶᠢᠲᠤᠷ ᠬᠢᠵᠦ᠂ ᠬᠠᠯᠠᠭᠤᠨ ᠰᠡᠳᠬᠢᠯ ᠢᠶᠠᠷ ᠠᠵᠢᠯ ᠳᠠᠭᠠᠨ ᠢᠳᠡᠪᠬᠢᠲᠡᠢ ᠣᠷᠣᠯᠴᠠᠨ᠎ᠠ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号