ᠬᠠᠷᠢᠭᠤ ᠳᠣᠰᠬᠠᠯ ᠤᠨ ᠪᠦᠯᠦᠭ᠄ ᠶᠡᠷᠦᠩᠬᠡᠶ ᠱᠦᠵᠢ ᠶᠢᠨ ︽ᠳᠣᠯᠣᠭᠠᠨ ᠰᠠᠷ᠎ᠠ ᠶᠢᠨ ᠨᠢᠭᠡᠨ︾ ᠤ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ  ᠰᠣᠷᠣᠯᠴᠠᠭᠠᠳ ᠲᠡᠳᠡᠨᠦᠰ ᠤᠨ ᠶᠠᠮᠠᠷ ᠲᠦᠷᠦᠭᠳᠡᠯ ᠲᠠᠢ ᠶᠢ ᠰᠣᠨᠣᠰᠣᠶ᠎ᠠ ︵ᠠᠷᠪᠠᠨ ᠭᠤᠷᠪᠠ︶
ᠨᠡᠶᠢᠲᠡᠯᠡᠭᠰᠡᠨ ᠴᠠᠭ᠄
2021/7/19
     ᠰᠢ ᠶᠢᠨ ᠫᠢᠩ ᠶᠡᠷᠦᠩᠬᠡᠶ ᠱᠦᠵᠢ ᠶᠢᠨ ︽ᠲᠤᠯᠤᠭᠠᠨ ᠰᠠᠷ᠎ᠠ ᠶᠢᠨ ᠨᠢᠭᠡᠨ︾ ᠤ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠭᠰᠠᠨ ᠣᠯᠤᠯᠲᠠ ᠲᠦᠷᠦᠭᠳᠡᠯ      ᠬᠠᠶᠢᠨᠠᠨ ᠲᠣᠭᠤᠷᠢᠭ ᠤᠨ ᠨᠢᠭᠡᠳᠦᠭᠡᠷ ᠪᠠᠭ᠎ᠠ ᠰᠤᠷᠭᠠᠭᠤᠯᠢ      ᠯᠢ ᡁᠢ ᠶᠦᠩ      7 ᠳ᠋ᠣᠭᠠᠷ ᠰᠠᠷ᠎ᠠ ᠶᠢᠨ 1 ᠤ ᠡᠳᠦᠷ ᠤᠨ ᠦᠳᠡ ᠶᠢᠨ ᠡᠮᠦᠨ᠎ᠡ᠂ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠤᠢ ᠶᠢ ᠪᠡᠯᠭᠡᠯᠡᠬᠦ ᠶᠡᠭᠡ ᠬᠤᠷᠠᠯ ᠦᠪᠡᠳᠡᠭᠰᠢ ᠶᠡᠭᠡ ᠪᠠᠷ ᠬᠤᠷᠠᠯᠳᠤᠪᠠ᠃ ᠳᠣᠮᠳᠠᠳᠣ ᠤᠯᠣᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠶᠡᠷᠦᠩᠬᠡᠶ ᠱᠦᠵᠢ᠂ ᠤᠯᠣᠰ ᠤᠨ ᠲᠡᠷᠢᠭᠦᠯᠡᠭᠴᠢ᠂ ᠲᠥᠪ ᠤᠨ ᠰᠢ ᠶᠢᠨ ᠫᠢᠩ ᠶᠡᠷᠦᠩᠬᠡᠶ ᠱᠦᠵᠢ ᠶᠢᠨ ᠶᠡᠭᠡ ᠬᠤᠷᠠᠯ ᠳᠡᠭᠡᠷᠡᠬᠢ ᠴᠢᠬᠤᠯᠠ ᠶᠠᠷᠢᠶ᠎ᠠ ᠨᠢ ᠮᠠᠨ ᠤ ᠰᠤᠷᠭᠠᠭᠤᠯᠢ ᠶᠢᠨ ᠪᠠᠭᠰᠢ ᠰᠤᠷᠤᠭᠴᠢᠳ ᠤᠨ ᠳᠤᠮᠳᠠ ᠴᠢᠩᠭ᠎ᠠ ᠲᠤᠰᠬᠠᠯ ᠭᠠᠷᠭᠠᠪᠠ᠃ ᠰᠢ ᠶᠢᠨ ᠫᠢᠩ ᠶᠡᠷᠦᠩᠬᠡᠢ ᠱᠦᠵᠢ ᠶᠢᠨ ᠰᠦᠷ ᠳᠠᠯᠠᠶᠢᠴᠠᠲᠠᠢ ᠶᠠᠷᠢᠶ᠎ᠠ ᠶᠢ ᠰᠣᠨᠣᠰᠤᠭᠠᠳ᠂ ᠳᠡᠷᠭᠡᠳᠡᠬᠢ ᠬᠠᠮᠲᠤ ᠠᠵᠢᠯᠯᠠᠭᠰᠠᠳ ᠲᠠᠢ ᠪᠠᠨ ︽ᠡᠬᠡ ᠤᠯᠤᠰ ᠮᠠᠨᠳᠤᠲᠤᠭᠠᠢ︾ ᠭᠡᠵᠦ ᠬᠠᠰᠬᠢᠷᠬᠤ ᠳᠤ ᠮᠢᠨᠦ ᠰᠡᠳᠬᠢᠯ ᠬᠢᠵᠠᠭᠠᠯᠠᠰᠢ ᠦᠭᠡᠢ ᠳᠣᠭᠳᠣᠯᠣᠯ᠎ᠠ︕ ᠪᠢ ᠨᠠᠮ ᠤᠨ ᠬᠦᠰᠡᠯ ᠨᠠᠶᠢᠳᠠᠯᠭ᠎ᠠ ᠶᠢ ᠡᠭᠦᠷᠢᠳᠡ ᠪᠠᠲᠤ ᠴᠡᠭᠡᠵᠢᠯᠡᠵᠦ᠂ ᠨᠠᠮ ᠤᠨ ᠦᠭᠡ ᠶᠢ ᠰᠣᠨᠣᠰᠣᠨ᠂ ᠨᠠᠮ ᠤᠨ ᠠᠴᠢ ᠶᠢ ᠮᠡᠳᠡᠷᠡᠵᠦ᠂ ᠨᠠᠮ ᠢᠶᠠᠨ ᠲᠠᠭᠠᠵᠥ᠂ ᠵᠠᠯᠠᠭᠤ ᠨᠠᠰᠤ ᠪᠠᠨ ᠡᠬᠡ ᠤᠯᠤᠰ ᠲᠠᠭᠠᠨ ᠵᠤᠷᠢᠭᠤᠯᠬᠤ ᠪᠠᠷ ᠴᠢᠷᠮᠠᠶᠢᠨ᠎ᠠ᠃      ᠡᠪ ᠬᠠᠮᠲᠤ ᠨᠠᠮ ᠪᠠᠶᠢᠬᠤ ᠦᠭᠡᠢ ᠪᠣᠯ ᠰᠢᠨ᠎ᠡ ᠳᠤᠮᠳᠠᠳᠤ ᠤᠯᠤᠰ ᠪᠠᠶᠢᠵᠤ ᠴᠢᠳᠠᠬᠤ ᠦᠭᠡᠢ᠂ ᠨᠠᠮ ᠪᠠᠶᠢᠭᠤᠯᠤᠭᠳᠠᠭᠰᠠᠨ ᠵᠠᠭᠤᠨ ᠵᠢᠯ ᠤᠨ ᠤᠢ ᠶᠢ ᠪᠡᠯᠭᠡᠯᠡᠬᠦ ᠲᠠᠰᠢᠷᠠᠮ ᠳᠤ ᠡᠬᠡ ᠤᠯᠤᠰ ᠤᠨ ᠤᠯᠠᠮ ᠠᠴᠠ ᠤᠯᠠᠮ ᠬᠦᠴᠦᠷᠬᠡᠭᠵᠢᠬᠦ ᠶᠢ ᠵᠦᠩᠨᠡᠶ᠎ᠡ᠃ ᠪᠢ ᠲᠤᠰᠬᠠᠢ ᠮᠡᠷᠭᠡᠵᠢᠯ ᠤᠨ ᠮᠡᠳᠡᠯᠭᠡ ᠶᠢ ᠨᠠᠷᠢᠨ ᠬᠢᠨᠠᠮᠠᠭᠠᠢ ᠰᠤᠷᠤᠯᠴᠠᠵᠤ᠂ ᠪᠠᠭᠰᠢ ᠶᠢᠨ ᠰᠤᠷᠭᠠᠨ ᠬᠥᠮᠦᠵᠢᠯ ᠤᠨ ᠤᠷ᠎ᠠ ᠴᠢᠳᠠᠪᠤᠷᠢ ᠪᠠᠨ ᠳᠡᠭᠡᠭᠰᠢᠯᠡᠭᠦᠯᠦᠨ᠂ ᠤᠯᠤᠰ ᠤᠨ ᠬᠥᠮᠦᠵᠢᠯ ᠢ ᠬᠥᠰᠡᠷᠳᠡᠭᠦᠯᠬᠦ ᠦᠭᠡᠢ ᠪᠠᠶᠢᠵᠤ᠂ ᠨᠢᠭᠡᠨ ᠰᠢᠯᠢᠳᠡᠭ ᠠᠷᠠᠳ ᠤᠨ ᠪᠠᠭᠰᠢ ᠪᠣᠯᠬᠤ ᠪᠠᠷ ᠴᠢᠷᠮᠠᠶᠢᠨ᠎ᠠ᠃ ᠪᠢ ᠶᠡᠷᠦᠩᠬᠡᠢ ᠱᠦᠵᠢ ᠰᠢ ᠶᠢᠨ ᠫᠢᠩ ᠤᠨ ᠨᠠᠶᠢᠳᠠᠯᠭ᠎ᠠ ᠶᠢ ᠪᠠᠲᠤ ᠴᠡᠭᠡᠵᠢᠯᠡᠵᠦ᠂ ᠠᠵᠢᠯ ᠤᠨ ᠳᠤᠮᠳᠠ ᠪᠠᠨ ᠪᠦᠬᠦ ᠰᠡᠳᠬᠢᠯ ᠪᠦᠬᠦ ᠵᠣᠷᠢᠭ ᠢᠶᠠᠷ ᠢᠶᠠᠨ ᠠᠷᠠᠳ ᠲᠦᠮᠡᠨ ᠳᠤ ᠦᠢᠯᠡᠴᠢᠯᠡᠬᠦ ᠦᠨᠳᠦᠰᠦᠨ ᠵᠣᠷᠢᠯᠲᠠ ᠶᠢ ᠪᠠᠷᠢᠮᠲᠠᠯᠠᠵᠤ᠂ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠦᠢᠯᠡᠳᠦᠯᠭᠡᠵᠢᠭᠦᠯᠦᠨ᠎ᠡ᠃
     ᠰᠢ ᠶᠢᠨ ᠫᠢᠩ ᠶᠡᠷᠦᠩᠬᠡᠶ ᠱᠦᠵᠢ ᠶᠢᠨ ︽ᠲᠤᠯᠤᠭᠠᠨ ᠰᠠᠷ᠎ᠠ ᠶᠢᠨ ᠨᠢᠭᠡᠨ︾ ᠤ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠭᠰᠠᠨ ᠣᠯᠤᠯᠲᠠ ᠲᠦᠷᠦᠭᠳᠡᠯ      ᠦᠬᠠᠶ ᠬᠤᠲᠠ ᠶᠢᠨ ᠬᠤᠷᠢᠨ ᠬᠤᠶᠠᠳᠤᠭᠠᠷ ᠳᠤᠮᠳᠠᠳᠤ ᠰᠤᠷᠭᠠᠭᠤᠯᠢ      ᠯᠢᠦ ᠴᠤᠤ      ︽ᠨᠠᠮ ᠮᠢᠨᠢ ᠰᠠᠨᠠᠭ᠎ᠠ ᠠᠮᠤᠷ ᠪᠠᠶᠢᠭᠠᠷᠠᠢ᠂ ᠤᠯᠤᠰ ᠢᠶᠠᠨ ᠬᠦᠴᠦᠷᠬᠡᠭᠵᠢᠭᠦᠯᠬᠦ ᠳᠤ ᠪᠢ ᠪᠠᠶᠢᠨ᠎ᠠ︾᠃ ᠡᠨᠡ ᠬᠦ ᠳᠤᠮᠳᠠᠳᠤ ᠤᠯᠤᠰ ᠤᠨ ᠬᠥᠮᠦᠨ ᠤ ᠰᠥᠰᠥ ᠵᠣᠷᠢᠭ ᠪᠠ ᠢᠳᠡ ᠬᠦᠴᠦᠨ ᠢᠶᠠᠷ ᠪᠢᠯᠬᠠᠮ᠎ᠠ ᠦᠭᠡ ᠶᠠᠷᠢᠶ᠎ᠠ ᠶᠢ ᠰᠣᠨᠣᠰᠤᠭᠠᠳ᠂ ᠮᠢᠨᠦ ᠰᠡᠳᠬᠢᠯ ᠳᠤ ᠣᠮᠤᠭ ᠪᠠᠭ᠋ᠠᠳᠤᠯᠲᠤ ᠰᠡᠳᠬᠢᠯᠭᠡ ᠪᠢᠯᠬᠠᠨ᠎ᠠ᠃ 100 ᠵᠢᠯ ᠤᠨ ᠲᠤᠷᠰᠢ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠠᠭᠠᠭᠤᠯᠭ᠎ᠠ ᠳᠣᠣᠷ᠎ᠠ᠂ ᠳᠤᠮᠳᠠᠳᠤ ᠶᠢᠨ ᠦᠨᠳᠦᠰᠦᠲᠡᠨ ᠤ ᠳᠦᠷᠰᠦ ᠪᠠᠶᠢᠳᠠᠯ ᠴᠣ᠋ ᠰᠢᠨ᠎ᠡ ᠪᠣᠯᠤᠭᠰᠠᠨ ᠪᠠᠶᠢᠨ᠎ᠠ᠃ ᠤᠷᠢᠳᠤᠬᠢ ᠬᠥᠮᠦᠰ ᠤᠨ ᠰᠢᠷᠭᠠᠭᠤ ᠬᠠᠲᠠᠭᠤᠵᠢᠯᠲᠠᠶ ᠲᠡᠮᠡᠴᠡᠯ ᠨᠢ ᠮᠠᠨ ᠤ ᠥᠨᠥᠳᠦᠷ ᠤᠨ ᠵᠣᠯ ᠵᠢᠷᠭᠠᠯᠲᠤ ᠠᠮᠢᠳᠤᠷᠠᠯ ᠢ ᠰᠣᠯᠢᠵᠤ ᠠᠪᠴᠢᠷᠠᠭᠰᠠᠨ ᠶᠤᠮ᠃ ᠨᠢᠭᠡᠨ ᠰᠢᠨ᠎ᠡ ᠴᠠᠭ ᠦᠶ᠎ᠡ ᠶᠢᠨ ᠡᠪ ᠬᠠᠮᠲᠤ ᠨᠠᠮ ᠤᠨ ᠭᠡᠰᠢᠭᠦᠨ᠂ ᠨᠢᠭᠡᠨ ᠠᠷᠠᠳ ᠤᠨ ᠪᠠᠭᠰᠢ ᠪᠣᠯᠤᠭᠰᠠᠨ ᠤ ᠬᠤᠪᠢ ᠳᠤ ᠪᠢ ᠤᠯᠤᠰ ᠣᠷᠣᠨ ᠪᠠᠶᠠᠵᠢᠨ ᠴᠢᠨᠡᠭᠡᠯᠢᠭᠵᠢᠵᠦ᠂ ᠬᠦᠴᠦᠷᠬᠡᠭᠵᠢᠭᠰᠡᠨ ᠰᠠᠶᠢᠨ ᠰᠠᠶᠢᠬᠠᠨ ᠠᠮᠢᠳᠤᠷᠠᠯ ᠢ ᠪᠡᠶ᠎ᠡ ᠪᠠᠷ ᠢᠶᠠᠨ ᠮᠡᠳᠡᠷᠡᠵᠦ ᠪᠠᠶᠢᠬᠤ ᠪᠥᠭᠡᠳ ᠪᠠᠰᠠ ᠥᠪᠡᠷ ᠤᠨ ᠮᠥᠷᠥᠨ ᠳᠡᠭᠡᠷᠡᠬᠢ ᠢᠷᠠᠭᠤ ᠠᠯᠳᠠᠷᠲᠠᠢ ᠪᠥᠭᠡᠳ ᠠᠯᠤᠰ ᠬᠡᠳᠤ ᠶᠢᠨ ᠡᠭᠦᠷᠭᠡᠲᠦ ᠰᠡᠳᠬᠢᠯᠭᠡ ᠪᠠᠨ ᠭᠦᠨ ᠣᠶᠢᠯᠠᠭᠠᠵᠤ ᠪᠠᠶᠢᠨ᠎ᠠ᠃      ᠶᠡᠷᠦᠩᠬᠡᠢ ᠱᠦᠵᠢ ᠰᠢ ᠶᠢᠨ ᠫᠢᠩ ᠴᠢᠬᠤᠯᠠ ᠶᠠᠷᠢᠶᠠᠨ ᠳᠠᠭᠠᠨ᠄ ︽ᠢᠷᠡᠭᠡᠳᠦᠢ ᠪᠣᠯ ᠵᠠᠯᠠᠭᠤᠴᠤᠳ ᠤᠨ ᠬᠢ ᠶᠤᠮ᠂ ᠬᠦᠰᠡᠯ ᠡᠷᠡᠮᠡᠯᠵᠡᠯ ᠢᠶᠠᠨ ᠵᠠᠯᠠᠭᠤᠴᠤᠳ ᠲᠤ ᠨᠠᠶᠢᠳᠠᠨ᠎ᠠ︾ ᠭᠡᠵᠦ ᠬᠡᠯᠡᠪᠡ᠃ ᠪᠢ ᠡᠷᠡᠰ ᠭᠤᠶᠢᠪᠢᠰᠢ ᠤᠢᠭᠡᠢ ᠪᠠᠷ ᠨᠠᠮ ᠤᠨ ᠦᠭᠡ ᠶᠢ ᠰᠣᠨᠣᠰᠴᠤ᠂ ᠨᠠᠮ ᠢᠶᠠᠨ ᠲᠡᠭᠠᠵᠦ᠂ ᠰᠢᠷᠭᠠᠭᠤ ᠬᠠᠲᠠᠭᠤᠵᠢᠯᠲᠠᠶ ᠪᠠᠷ ᠠᠵᠢᠯᠯᠠᠨ᠂ ᠥᠪᠡᠷ ᠤᠨ ᠡᠷᠳᠡᠮ ᠮᠡᠳᠡᠯᠭᠡ ᠪᠠ ᠬᠦᠴᠦᠨ ᠴᠢᠳᠠᠯ ᠢᠶᠠᠷ ᠢᠶᠠᠨ ᠰᠤᠷᠤᠭᠴᠢᠳ ᠢ ᠤᠶᠠᠷᠠᠭᠤᠯᠤᠨ ᠤᠬᠠᠭᠠᠷᠠᠭᠤᠯᠵᠤ᠂ ᠥᠪᠡᠷ ᠤᠨ ᠮᠡᠳᠡᠯᠭᠡ ᠪᠠᠨ ᠨᠥᠬᠦᠴᠡᠯ ᠤᠢᠭᠡᠢ ᠪᠠᠷ ᠰᠤᠷᠭᠠᠨ ᠬᠥᠮᠦᠵᠢᠯ ᠤᠨ ᠦᠢᠯᠡᠰ ᠲᠤ ᠡᠷᠭᠦᠨ ᠳᠡᠪᠰᠢᠭᠦᠯᠦᠨ᠎ᠡ᠃ ᠪᠢᠴᠢᠭ ᠵᠢᠭᠠᠵᠤ ᠬᠥᠮᠦᠨ ᠢ ᠬᠥᠮᠦᠵᠢᠭᠦᠯᠦᠨ᠂ ᠥᠪᠡᠷ ᠤᠨ ᠦᠢᠯᠡ ᠠᠵᠢᠯᠯᠠᠭ᠎ᠠ ᠪᠠᠷ ᠢᠶᠠᠨ ᠰᠢᠨ᠎ᠡ ᠴᠠᠭ ᠦᠶ᠎ᠡ ᠶᠢᠨ ᠰᠢᠨ᠎ᠡ ᠬᠥᠮᠦᠨ ᠢ ᠬᠥᠮᠦᠵᠢᠭᠦᠯᠵᠦ᠂ ᠰᠤᠷᠤᠭᠴᠢ ᠵᠢᠴᠢ ᠰᠤᠷᠭᠠᠨ ᠬᠥᠮᠦᠵᠢᠯ ᠤᠨ ᠦᠢᠯᠡᠰ ᠲᠤ ᠥᠪᠡᠷ ᠤᠨ ᠬᠦᠴᠦᠨ ᠴᠢᠳᠠᠯ ᠢᠶᠠᠨ ᠡᠷᠭᠦᠨ᠎ᠡ᠃ ᠪᠢ ᠬᠤᠪᠢᠰᠬᠠᠯ ᠤᠨ ᠰᠣᠶᠣᠯ ᠤᠨ ᠤᠯᠠᠮᠵᠢᠯᠠᠭᠴᠢ᠂ ᠰᠤᠷᠤᠭᠴᠢᠳ ᠤᠨ ᠦᠰᠦᠨ ᠪᠤᠶᠢᠵᠢᠯᠲᠠ ᠶᠢᠨ ᠵᠠᠮᠴᠢᠯᠠᠭᠴᠢ ᠪᠤᠯᠵᠤ᠂ ᠰᠤᠷᠤᠭᠴᠢᠳ ᠤᠨ ᠡᠬᠡ ᠤᠯᠤᠰ ᠢᠶᠠᠨ ᠬᠠᠶᠢᠷᠠᠯᠠᠬᠤ᠂ ᠠᠷᠠᠳ ᠲᠦᠮᠡᠨ ᠢᠶᠠᠨ ᠬᠠᠶᠢᠷᠠᠯᠠᠬᠤ᠂ ᠳᠤᠮᠳᠠᠳᠤ ᠤᠯᠤᠰ ᠤᠨ ᠡᠪ ᠬᠠᠮᠲᠤ ᠨᠠᠮ ᠢᠶᠠᠨ ᠬᠠᠶᠢᠷᠠᠯᠠᠬᠤ ᠶᠢ ᠬᠥᠮᠦᠵᠢᠭᠦᠯᠵᠦ᠂ ᠰᠤᠷᠤᠭᠴᠢᠳ ᠤᠨ ᠰᠡᠳᠬᠢᠯ ᠳᠤ ᠡᠪ ᠬᠠᠮᠲᠤ ᠶᠣᠰᠣᠨ ᠤ ᠢᠲᠡᠭᠡᠯ ᠪᠢᠰᠢᠷᠡᠯ ᠤᠨ ᠬᠠᠰᠢᠯᠭ᠎ᠠ ᠶᠢ ᠪᠠᠲᠤ  ᠴᠣᠭᠴᠠᠯᠠᠬᠤ ᠪᠠᠷ ᠴᠢᠷᠮᠠᠶᠢᠨ᠎ᠠ᠃
     ᠰᠢ ᠶᠢᠨ ᠫᠢᠩ ᠶᠡᠷᠦᠩᠬᠡᠶ ᠱᠦᠵᠢ ᠶᠢᠨ ︽ᠲᠤᠯᠤᠭᠠᠨ ᠰᠠᠷ᠎ᠠ ᠶᠢᠨ ᠨᠢᠭᠡᠨ︾ ᠤ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠭᠰᠠᠨ ᠣᠯᠤᠯᠲᠠ ᠲᠦᠷᠦᠭᠳᠡᠯ      ᠦᠬᠠᠶ ᠬᠤᠲᠠ ᠶᠢᠨ ᠠᠷᠪᠠᠨ ᠨᠠᠢᠮᠠᠳᠤᠭᠠᠷ ᠳᠤᠮᠳᠠᠳᠤ ᠰᠤᠷᠭᠠᠭᠤᠯᠢ      ᠭᠤᠤ ᠷᠦᠢ ᠭᠠᠩ      ᠶᠡᠷᠦᠩᠬᠡᠢ ᠱᠦᠵᠢ ᠰᠢ ᠶᠢᠨ ᠫᠢᠩ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠤᠢ ᠶᠢ ᠪᠡᠯᠭᠡᠯᠡᠬᠦ ᠶᠡᠭᠡ ᠬᠤᠷᠠᠯ ᠳᠡᠭᠡᠷ᠎ᠡ᠂ ᠠᠭᠤᠤ ᠶᠡᠭᠡ ᠨᠠᠮ ᠪᠠᠶᠢᠭᠤᠯᠬᠤ ᠵᠣᠷᠢᠭ ᠰᠠᠨᠠᠭ᠎ᠠ ᠶᠢ ᠠᠩᠬ᠎ᠠ ᠤᠳᠠᠭ᠎ᠠ ᠳᠤᠷᠠᠳᠤᠭᠰᠠᠨ ᠪᠥᠭᠡᠳ ᠭᠦᠨᠵᠡᠭᠡᠢ ᠲᠠᠶᠢᠯᠪᠤᠷᠢᠯᠠᠵᠤ᠂ ᠪᠦᠬᠦ ᠨᠠᠮ ᠢᠶᠠᠷ ᠢᠶᠠᠨ ᠦᠷᠭᠦᠯᠵᠢᠯᠡᠨ ᠢᠷᠠᠭᠤ ᠠᠯᠳᠠᠷᠲᠤ ᠤᠯᠠᠮᠵᠢᠯᠠᠯ ᠢᠶᠠᠨ ᠪᠠᠳᠠᠷᠠᠭᠤᠯᠤᠨ᠂ ᠬᠤᠪᠢᠰᠬᠠᠯᠲᠤ ᠴᠢᠰᠤᠨ ᠰᠤᠳᠠᠰᠤ ᠪᠠᠨ ᠦᠷᠭᠦᠯᠵᠢᠯᠡᠭᠦᠯᠵᠦ᠂ ᠠᠭᠤᠤ ᠶᠡᠭᠡ ᠨᠠᠮ ᠪᠠᠶᠢᠭᠤᠯᠬᠤ ᠵᠣᠷᠢᠭ ᠰᠠᠨᠠᠭ᠎ᠠ ᠶᠢ ᠡᠭᠦᠷᠢᠳᠡ ᠵᠠᠯᠭᠠᠮᠵᠢᠯᠠᠨ᠂ ᠪᠠᠳᠠᠷᠠᠭᠤᠯᠤᠨ ᠳᠡᠯᠭᠡᠷᠡᠭᠦᠯᠵᠦ᠂ ᠪᠦᠬᠦ ᠨᠠᠮ ᠪᠦᠬᠦ ᠨᠡᠶᠢᠭᠡᠮ ᠳᠤ ᠤᠷᠢᠳᠤᠬᠢ ᠶᠢ ᠵᠠᠯᠭᠠᠮᠵᠢᠯᠠᠨ ᠬᠤᠶᠢᠰᠢᠬᠢ ᠳᠤ ᠵᠠᠮ ᠨᠡᠭᠡᠭᠡᠬᠦ᠂ ᠴᠥᠬᠦᠷᠡᠰᠢ ᠦᠭᠡᠢ ᠲᠡᠮᠡᠴᠡᠬᠦ ᠤᠶᠤᠨ ᠰᠠᠨᠠᠭᠠᠨ ᠤ ᠬᠦᠴᠦᠨ ᠴᠢᠳᠠᠯ ᠢ ᠬᠥᠭᠵᠢᠭᠡᠨ ᠪᠠᠳᠠᠷᠠᠭᠤᠯᠬᠤ ᠬᠡᠷᠡᠭᠲᠡᠢ ᠭᠡᠵᠦ ᠤᠷᠢᠶᠠᠯᠠᠪᠠ᠃      ᠦᠵᠡᠯ ᠰᠠᠨᠠᠭ᠎ᠠ ᠪᠠᠷ ᠨᠠᠮ ᠪᠠᠶᠢᠭᠤᠯᠬᠤ᠂ ᠤᠨᠤᠯ ᠢᠶᠠᠷ ᠨᠠᠮ ᠢᠶᠠᠨ ᠬᠦᠴᠦᠷᠬᠡᠭᠵᠢᠭᠦᠯᠬᠦ ᠶᠢ ᠪᠠᠷᠢᠮᠲᠠᠯᠠᠬᠤ ᠳᠤ ᠡᠷᠬᠡᠪᠰᠢ ᠮᠠᠷᠺᠰ ᠤᠨ ᠦᠵᠡᠯ ᠢ ᠳᠤᠮᠳᠠᠳᠤ ᠤᠯᠤᠰᠴᠢᠯᠠᠬᠤ ᠶᠢ ᠲᠠᠰᠤᠷᠠᠯᠳᠠ ᠦᠭᠡᠢ ᠠᠬᠢᠭᠤᠯᠤᠭᠰᠠᠨ ᠰᠠᠭᠤᠷᠢᠨ ᠳᠡᠭᠡᠷ᠎ᠡ᠂ ᠨᠠᠮ ᠤᠨ ᠰᠢᠨ᠎ᠡ ᠡᠭᠦᠳᠦᠯᠲᠡ ᠶᠢᠨ ᠤᠨᠤᠯ ᠢᠶᠠᠷ ᠪᠦᠬᠦ ᠨᠠᠮ ᠢ ᠵᠡᠪᠰᠡᠭᠯᠡᠵᠦ᠂ ᠥᠷᠭᠡᠨ ᠤᠯᠠᠨ ᠨᠠᠮ ᠤᠨ ᠭᠡᠰᠢᠭᠦᠨ᠂ ᠺᠠᠳ᠋ᠷᠴᠤᠳ ᠤᠨ ᠤᠨᠤᠯ ᠤᠨ ᠲᠦᠪᠰᠢᠨ ᠢ ᠳᠡᠭᠡᠭᠰᠢᠯᠡᠭᠦᠯᠵᠦ᠂ ᠡᠭᠦᠨ ᠤ ᠤᠯᠠᠮ ᠢᠶᠠᠷ ᠤᠨᠤᠯ ᠤᠨ ᠢᠲᠡᠭᠡᠯ ᠢᠶᠠᠨ ᠨᠡᠮᠡᠭᠳᠡᠭᠦᠯᠵᠦ᠂ ᠪᠠᠶᠢᠯᠳᠤᠬᠤ ᠪᠤᠳᠤᠯᠭ᠎ᠠ ᠶᠢᠨ ᠲᠣᠭᠲᠠᠯ ᠬᠦᠴᠦᠨ ᠢᠶᠠᠨ ᠪᠠᠲᠤᠳᠬᠠᠨ᠂ ᠦᠢᠯᠡᠳᠦᠯᠭᠡ ᠶᠢᠨ ᠴᠢᠳᠠᠪᠤᠷᠢ ᠪᠠᠨ ᠨᠡᠮᠡᠭᠳᠡᠭᠦᠯᠬᠦ ᠬᠡᠷᠡᠭᠲᠡᠢ᠃ ᠣᠳᠣᠬᠠᠨ ᠤ ᠳᠡᠯᠡᠬᠡᠶ ᠶᠢᠷᠲᠢᠨᠴᠦ ᠶᠠᠭ ᠵᠠᠭᠤᠨ ᠵᠢᠯ ᠳᠤ ᠭᠠᠷᠤᠭ᠎ᠠ ᠦᠭᠡᠢ ᠶᠡᠭᠡ ᠬᠤᠪᠢᠰᠤᠯᠲᠠ ᠶᠢ ᠥᠩᠭᠡᠷᠡᠭᠡᠵᠦ ᠪᠠᠶᠢᠨ᠎ᠠ᠂ ᠮᠠᠨ ᠤ ᠤᠯᠤᠰ ᠶᠠᠭ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠵᠠᠩᠭᠢᠯᠠᠭ᠎ᠠ ᠶᠢᠨ ᠴᠠᠭ ᠦᠶ᠎ᠡ ᠳᠤ ᠣᠷᠣᠰᠢᠵᠤ ᠪᠠᠶᠢᠨ᠎ᠠ᠃ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠶᠠᠭᠠᠬᠢᠭᠰᠠᠨ ᠴᠤ ᠬᠢᠯᠪᠠᠷᠬᠠᠨ ᠢᠶᠠᠷ᠂ ᠬᠡᠩᠭᠡᠷᠭᠡ ᠴᠠᠩ ᠳᠡᠯᠡᠳᠦᠭᠡᠳ ᠪᠡᠶᠡᠯᠡᠭᠦᠯᠴᠢᠬᠡᠬᠦ ᠪᠢᠰᠢ ᠶᠤᠮ᠃ ᠤᠷᠤᠭᠰᠢᠯᠠᠯᠲᠠ ᠶᠢᠨ ᠵᠠᠮ ᠳᠤ ᠲᠤᠯᠭᠠᠷᠠᠬᠤ ᠠᠶᠤᠯ ᠲᠦᠭᠰᠢᠭᠦᠷᠢ ᠶᠢᠨ ᠰᠢᠯᠭᠠᠯᠲᠠ ᠤᠯᠠᠮ ᠠᠴᠠ ᠤᠯᠠᠮ ᠪᠤᠳᠤᠯᠢᠶᠠᠨᠲᠠᠶ ᠪᠤᠯᠵᠤ᠂ ᠴᠢᠨᠠᠭᠰᠢᠯᠠᠪᠠᠯ ᠰᠡᠳᠬᠢᠭᠳᠡᠰᠢ ᠦᠭᠡᠢ ᠲᠤᠭᠰᠢᠨ ᠳᠠᠪᠠᠯᠭᠠᠨ ᠰᠢᠷᠦᠭᠦᠨ ᠳᠣᠯᠭᠢᠶᠠᠨ ᠳᠤ ᠤᠴᠠᠷᠠᠬᠤ ᠪᠣᠯᠤᠨ᠎ᠠ᠃ ᠤᠷᠤᠭᠰᠢᠯᠠᠯᠲᠠ ᠶᠢᠨ ᠵᠠᠮ ᠳᠡᠭᠡᠷᠡᠬᠢ ᠡᠯᠳᠡᠪ ᠵᠦᠢᠯ ᠤᠨ ᠬᠠᠷᠰᠢ ᠰᠠᠭᠠᠳ ᠢᠯᠠᠨ ᠳᠠᠪᠠᠵᠤ᠂ ᠡᠷᠬᠡᠪᠰᠢ ᠬᠤᠪᠢᠰᠤᠩᠭᠤᠶ ᠪᠣᠳᠠᠰᠴᠢ ᠦᠵᠡᠯ ᠪᠣᠯᠤᠨ ᠲᠡᠦᠬᠡ ᠶᠢᠨ ᠪᠣᠳᠠᠰᠴᠢ ᠦᠵᠡᠯ ᠤᠨ ᠶᠢᠷᠲᠢᠨᠴᠦ ᠶᠢᠨ ᠦᠵᠡᠯᠲᠡ ᠪᠣᠯᠤᠨ ᠠᠷᠭ᠎ᠠ ᠶᠢᠨ ᠣᠨᠣᠯ ᠢ ᠪᠠᠷᠢᠮᠲᠠᠯᠠᠨ ᠬᠡᠷᠡᠭᠯᠡᠵᠦ᠂ ᠮᠠᠷᠺᠰ ᠤᠨ ᠦᠵᠡᠯ ᠤᠨ ᠵᠣᠭᠰᠣᠯᠲᠠ᠂ ᠦᠵᠡᠯᠲᠡ᠂ ᠠᠷᠭ᠎ᠠ ᠶᠢ ᠪᠠᠷᠢᠮᠲᠠᠯᠠᠨ ᠬᠡᠷᠡᠭᠯᠡᠵᠦ᠂ ᠮᠠᠷᠺᠰ ᠤᠨ ᠦᠵᠡᠯ ᠤᠨ ᠳᠡᠯᠡᠬᠡᠶ ᠶᠢᠨ ᠪᠣᠳᠠᠰ ᠤᠨ ᠴᠢᠨᠠᠷ ᠵᠢᠴᠢ ᠲᠡᠭᠦᠨ ᠤ ᠬᠥᠭᠵᠢᠯᠲᠡ ᠶᠢᠨ ᠵᠢᠮ᠎ᠡ ᠶᠣᠰᠣ ᠶᠢ ᠪᠠᠷᠢᠮᠲᠠᠯᠠᠨ  ᠬᠡᠷᠡᠭᠯᠡᠨ᠂ ᠮᠠᠷᠺᠰ ᠤᠨ ᠦᠵᠡᠯ ᠤᠨ ᠦᠢᠯᠡᠳᠦᠯᠭᠡ ᠶᠢᠨ ᠦᠵᠡᠯᠲᠡ᠂ ᠤᠯᠠᠨ ᠲᠦᠮᠡᠨᠴᠢ ᠦᠵᠡᠯᠲᠡ᠂ ᠠᠩᠭᠢ ᠶᠢᠨ ᠦᠵᠡᠯᠲᠡ᠂ ᠬᠥᠭᠵᠢᠯᠲᠡ ᠶᠢᠨ ᠦᠵᠡᠯᠲᠡ᠂ ᠵᠥᠷᠢᠴᠡᠯ ᠤᠨ ᠦᠵᠡᠯᠲᠡ ᠶᠢ ᠪᠠᠷᠢᠮᠲᠠᠯᠠᠨ ᠬᠡᠷᠡᠭᠯᠡᠵᠦ᠂ ᠮᠠᠷᠺᠰ ᠤᠨ ᠦᠵᠡᠯ ᠭᠡᠬᠦ ᠡᠨᠡ ᠬᠦ ᠡᠷᠳᠡᠮ ᠴᠢᠳᠠᠪᠤᠷᠢ ᠶᠢ ᠦᠨᠡᠨ ᠬᠦ ᠨᠠᠷᠢᠨ ᠰᠤᠷᠴᠤ ᠨᠡᠪᠲᠡᠷᠡᠲᠡᠯ᠎ᠡ ᠣᠶᠢᠯᠠᠭᠠᠵᠤ ᠰᠠᠶᠢᠲᠤᠷ ᠬᠡᠷᠡᠭᠯᠡᠨ᠂ ᠮᠠᠷᠺᠰ ᠤᠨ ᠦᠵᠡᠯ ᠳᠤ ᠦᠨᠡᠨᠴᠢ ᠰᠢᠳᠤᠷᠭᠤ ᠪᠥᠭᠡᠳ ᠡᠷᠡᠰ ᠪᠠᠲᠤ ᠪᠠᠶᠢᠵᠤ᠂ ᠢᠲᠡᠭᠡᠯ ᠬᠦᠨᠳᠦ ᠲᠠᠢ ᠪᠥᠭᠡᠳ ᠭᠦᠨ ᠵᠤᠵᠠᠭᠠᠨ ᠪᠠᠶᠢᠵᠤ᠂ ᠮᠠᠷᠺᠰ ᠤᠨ ᠦᠵᠡᠯ ᠤᠨ ᠡᠷᠡᠰ ᠪᠠᠲᠤ ᠰᠢᠲᠦᠭᠴᠢ᠂ ᠦᠨᠡᠨᠴᠢ ᠰᠢᠳᠤᠷᠭᠤ ᠦᠢᠯᠡᠳᠦᠯᠭᠡᠵᠢᠭᠦᠯᠦᠭᠴᠢ ᠪᠣᠯᠬᠤ ᠬᠡᠷᠡᠭᠲᠡᠶ᠃ ᠠᠷᠠᠳ ᠤᠨ ᠰᠢᠯᠢᠳᠡᠭ ᠪᠠᠭᠰᠢ ᠪᠣᠯᠵᠤ᠂ ᠲᠤᠬᠠᠶᠢᠯᠠᠭᠰᠠᠨ ᠠᠵᠢᠯ ᠢᠶᠠᠨ ᠰᠠᠢᠲᠤᠷ ᠬᠢᠵᠦ᠂ ᠠᠵᠢᠯ ᠤᠨ ᠪᠠᠢᠷᠢ ᠪᠠᠨ ᠬᠠᠢᠷᠠᠯᠠᠨ ᠦᠢᠯᠡᠰ ᠢᠶᠠᠨ ᠳᠡᠭᠡᠳᠦᠯᠡᠨ᠎ᠡ᠃
     ᠰᠢ ᠶᠢᠨ ᠫᠢᠩ ᠶᠡᠷᠦᠩᠬᠡᠶ ᠱᠦᠵᠢ ᠶᠢᠨ ︽ᠲᠤᠯᠤᠭᠠᠨ ᠰᠠᠷ᠎ᠠ ᠶᠢᠨ ᠨᠢᠭᠡᠨ︾ ᠤ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠭᠰᠠᠨ ᠣᠯᠤᠯᠲᠠ ᠲᠦᠷᠦᠭᠳᠡᠯ      ᠬᠠᠶᠢᠨᠠᠨ ᠲᠣᠭᠤᠷᠢᠭ ᠤᠨ ᠳᠥᠷᠪᠡᠳᠦᠭᠡᠷ ᠪᠠᠭ᠎ᠠ ᠰᠤᠷᠭᠠᠭᠤᠯᠢ      ᠶᠠᠩ ᠲᠢᠩ      ᠵᠠᠭᠤᠨ ᠵᠢᠯ ᠤᠨ ᠲᠡᠮᠡᠴᠡᠯ ᠤᠨ ᠵᠠᠮ ᠢᠶᠠᠷ ᠰᠢᠨ᠎ᠡ ᠠᠶᠠᠯᠠᠯ ᠢᠶᠠᠨ ᠡᠬᠢᠯᠡᠭᠦᠯᠦᠯ᠎ᠡ᠃ 2021 ᠣᠨ ᠤ 7 ᠳ᠋ᠣᠭᠠᠷ ᠰᠠᠷ᠎ᠠ ᠶᠢᠨ 1 ᠤ ᠡᠳᠦᠷ᠂ ᠶᠡᠷᠦᠩᠬᠡᠶ ᠱᠦᠵᠢ ᠰᠢ ᠶᠢᠨ ᠫᠢᠩ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠣᠶ ᠶᠢ ᠪᠡᠯᠭᠡᠯᠡᠬᠦ ᠶᠡᠭᠡ ᠬᠤᠷᠠᠯ ᠳᠡᠭᠡᠷ᠎ᠡ ᠲᠠᠯᠪᠢᠭᠰᠠᠨ ᠴᠢᠬᠤᠯᠠ ᠶᠠᠷᠢᠶᠠᠨ ᠳᠠᠭᠠᠨ ︽ᠠᠭᠤᠤ ᠶᠡᠭᠡ᠂ ᠢᠷᠠᠭᠤ ᠠᠯᠳᠠᠷᠲᠠᠶ᠂ ᠡᠷᠡᠯᠬᠡᠭ ᠪᠠᠭᠠᠲᠤᠷᠯᠢᠭ ᠳᠤᠮᠳᠠᠳᠤ ᠤᠯᠤᠰ ᠤᠨ ᠠᠷᠠᠳ ᠲᠦᠮᠡᠨ ᠮᠠᠨᠳᠤᠲᠤᠭᠠᠶ︕︾ ᠭᠡᠵᠦ ᠬᠡᠯᠡᠭᠰᠡᠨ ᠪᠠᠶᠢᠨ᠎ᠠ᠃ ᠡᠨᠡ ᠦᠭᠡ ᠲᠢᠶᠠᠨ ᠠᠨ ᠮᠧᠨ ᠲᠠᠯᠠᠪᠠᠢ ᠶᠢᠨ ᠣᠭᠲᠠᠷᠭᠤᠶ ᠳᠤ ᠴᠤᠤᠷᠢᠶᠠᠲᠤᠵᠤ᠂ ᠰᠡᠳᠬᠢᠯ ᠵᠢᠷᠦᠬᠡᠨ ᠳᠤ ᠰᠢᠭᠤᠳ ᠴᠣᠬᠢᠯᠲᠠ ᠥᠭᠭᠦᠭᠰᠡᠨ ᠠᠴᠠ ᠮᠢᠨᠦ ᠳᠣᠲᠣᠭᠠᠳᠤ ᠰᠡᠳᠬᠢᠯ ᠤᠳᠠᠲᠠᠯ᠎ᠠ ᠲᠠᠶᠢᠪᠤᠰᠢᠷᠠᠵᠤ ᠴᠢᠳᠠᠭᠰᠠᠨ ᠦᠭᠡᠢ ᠪᠢᠯᠠ᠃      ᠳᠤᠮᠳᠠᠳᠤ ᠤᠯᠤᠰ ᠤᠨ ᠡᠪ ᠬᠠᠮᠲᠤ ᠨᠠᠮ ᠮᠡᠨᠳᠦᠯᠡᠭᠰᠡᠨ ᠡᠳᠦᠷ ᠠᠴᠠ ᠪᠠᠨ ᠡᠬᠢᠯᠡᠨ᠂ ︽ᠠᠷᠠᠳ ᠲᠦᠮᠡᠨ︾ ᠢ ᠥᠪᠡᠷ ᠤᠨ ᠲᠤᠭ ᠳᠡᠭᠡᠷ᠎ᠡ ᠪᠠᠨ ᠰᠡᠶᠢᠯᠵᠦ᠂ ᠳᠤᠮᠳᠠᠳᠤ ᠶᠢᠨ ᠦᠨᠳᠦᠰᠦᠲᠡᠨ ᠤ ᠠᠤᠭ᠎ᠠ ᠶᠡᠭᠡ ᠬᠦᠦᠷᠨᠢᠯ ᠤᠨ ᠬᠠᠮᠤᠭ ᠥᠨᠳᠥᠷ ᠪᠠᠶᠢᠷᠢᠨ ᠳᠤ ᠲᠠᠯᠪᠢᠵᠠᠢ᠃ ᠮᠠᠨ ᠤ ᠠᠷᠠᠳ ᠲᠦᠮᠡᠨ ᠠᠭᠤᠯᠠ ᠤᠰᠤ ᠡᠪᠳᠡᠷᠡᠨ ᠰᠦᠢᠷᠡᠬᠦ ᠦᠶ᠎ᠡ ᠳᠤ ᠴᠡᠭᠡᠵᠢ ᠲᠦᠷᠢᠨ ᠭᠠᠷᠴᠤ᠂ ᠶᠠᠳᠠᠭᠤ ᠬᠤᠭᠤᠰᠣᠨ ᠪᠠᠶᠢᠳᠠᠯ ᠤᠨ ᠳᠤᠮᠳᠠ ᠬᠦᠴᠦᠷᠬᠡᠭᠵᠢᠬᠦ ᠪᠠᠷ ᠬᠦᠴᠦᠯᠡᠨ ᠴᠢᠷᠮᠠᠶᠢᠵᠤ᠂ ᠥᠭᠡᠷᠡᠴᠢᠯᠡᠯᠲᠡ ᠨᠡᠭᠡᠭᠡᠯᠳᠡ ᠶᠢᠨ ᠳᠤᠮᠳᠠ ᠡᠷᠡᠰ ᠰᠢᠭᠤᠷᠬᠠᠶ ᠪᠠᠷ ᠤᠷᠤᠭᠰᠢᠯᠠᠨ ᠲᠠᠪᠰᠢᠭᠰᠠᠨ ᠳᠠᠭᠠᠨ ᠪᠢ ᠦᠨᠡᠬᠡᠷ ᠣᠮᠣᠭᠰᠢᠵᠤ ᠪᠠᠶᠢᠨ᠎ᠠ᠂ ᠪᠢ ᠪᠣᠯ ᠠᠭᠤᠤ ᠶᠡᠭᠡ᠂ ᠢᠷᠠᠭᠤ ᠠᠯᠳᠠᠷᠲᠠᠶ᠂ ᠡᠷᠡᠯᠬᠡᠭ ᠪᠠᠭᠠᠲᠤᠷᠯᠢᠭ ᠳᠤᠮᠳᠠᠳᠤ ᠤᠯᠤᠰ ᠤᠨ ᠠᠷᠠᠳ ᠲᠦᠮᠡᠨ ᠮᠥᠨ᠃      ᠵᠠᠭᠤᠨ ᠵᠢᠯ ᠤᠨ ᠰᠠᠯᠬᠢ ᠪᠣᠷᠣᠭᠠᠨ ᠴᠠᠰᠤ ᠰᠢᠭᠤᠷᠭ᠎ᠠ ᠠᠴᠠ ᠪᠢᠳᠡᠨ ᠳᠤ ᠤᠭ ᠰᠠᠨᠠᠭ᠎ᠠ ᠪᠠᠨ ᠦᠯᠦ ᠮᠠᠷᠲᠠᠬᠤ ᠡᠷᠡᠰ ᠪᠠᠲᠤ ᠵᠤᠷᠢᠭ ᠰᠦᠰᠦ ᠶᠢ ᠣᠯᠭᠤᠵᠦ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ ᠲᠡᠮᠡᠴᠡᠯ ᠪᠠ ᠨᠡᠩ ᠰᠢᠷᠭᠠᠭᠤ ᠬᠠᠲᠠᠭᠤᠵᠢᠯᠲᠠᠢ ᠴᠢᠷᠮᠠᠶᠢᠯᠭ᠎ᠠ ᠣᠯᠭᠤᠭᠰᠠᠨ ᠶᠤᠮ᠂ ᠣᠷᠴᠢᠨ ᠲᠣᠭᠤᠷᠢᠨ ᠶᠠᠭᠠᠬᠢᠵᠤ ᠬᠤᠪᠢᠷᠠᠭᠰᠠᠨ ᠴᠤ᠂ ︽ᠳᠤᠮᠳᠠᠳᠤ ᠤᠯᠤᠰ ᠤᠨ ᠡᠪ ᠬᠠᠮᠲᠤ ᠨᠠᠮ ᠢ ᠳᠤᠮᠳᠠᠳᠤ ᠤᠯᠤᠰ ᠤᠨ ᠠᠷᠠᠳ ᠲᠦᠮᠡᠨ ᠠᠴᠠ ᠰᠠᠯᠭᠠᠵᠤ᠂ ᠡᠰᠡᠷᠭᠦᠴᠡᠯᠳᠦᠭᠦᠯᠬᠦ ᠭᠡᠰᠡᠨ ᠶᠠᠮᠠᠷᠪᠠ ᠭᠤᠷᠢᠳᠠᠯᠭ᠎ᠠ ᠨᠢ ᠶᠠᠭᠠᠬᠢᠭᠰᠠᠨ ᠴᠤ ᠪᠡᠶᠡᠯᠡᠭᠳᠡᠵᠦ ᠴᠢᠳᠠᠬᠤ ᠦᠭᠡᠢ ᠶᠤᠮ︕ 9500 ᠭᠠᠷᠤᠶ ᠲᠦᠮᠡᠨ ᠳᠤᠮᠳᠠᠳᠤ ᠤᠯᠤᠰ ᠤᠨ ᠡᠪ ᠬᠠᠮᠲᠤᠴᠤᠳ ᠡᠭᠦᠨ ᠢ ᠵᠥᠪᠰᠢᠶᠡᠷᠡᠬᠦ ᠦᠭᠡᠢ ᠪᠠᠶᠢᠨ᠎ᠠ︕ 14 ᠳ᠋ᠦᠩᠰᠢᠭᠤᠷ ᠭᠠᠷᠤᠢ ᠳᠤᠮᠳᠠᠳᠤ ᠤᠯᠤᠰ ᠤᠨ ᠠᠷᠠᠳ ᠲᠦᠮᠡᠨ ᠴᠦ ᠬᠦᠯᠢᠶᠡᠬᠦ ᠦᠭᠡᠢ︕︾ ᠭᠡᠬᠦ ᠮᠠᠨ ᠤ ᠬᠠᠰᠬᠢᠷᠬᠤ ᠳᠠᠭᠤᠨ ᠲᠢᠶᠠᠨ ᠠᠨ ᠮᠧᠨ ᠲᠠᠯᠠᠪᠠᠢ ᠳᠤ  ᠴᠤᠤᠷᠢᠶᠠᠲᠤᠨ᠎ᠠ᠂ ᠳᠤᠮᠳᠠᠳᠤ ᠤᠯᠤᠰ ᠤᠨ ᠠᠷᠠᠳ ᠲᠦᠮᠡᠨ ᠴᠢᠰᠤ ᠮᠢᠬᠠᠨ ᠤ ᠪᠠᠷᠢᠯᠳᠤᠯᠭ᠎ᠠ ᠲᠠᠢ᠂ ᠠᠶᠤᠯ ᠲᠦᠭᠰᠢᠭᠦᠷᠢ ᠠᠴᠠ ᠠᠶᠤᠬᠤ ᠦᠭᠡᠢ᠂ ᠪᠢ ᠪᠣᠯ ᠠᠭᠤᠤ ᠶᠡᠭᠡ᠂ ᠢᠷᠠᠭᠤ ᠠᠯᠳᠠᠷᠲᠠᠢ᠂ ᠡᠷᠡᠯᠬᠡᠭ ᠪᠠᠭᠠᠲᠤᠷᠯᠢᠭ ᠳᠤᠮᠳᠠᠳᠤ ᠤᠯᠤᠰ ᠤᠨ ᠠᠷᠠᠳ ᠲᠦᠮᠡᠨ  ᠪᠤᠯᠤᠭᠰᠠᠨ ᠳᠠᠭᠠᠨ ᠪᠢ ᠣᠮᠣᠭᠰᠢᠨ᠎ᠠ᠃      ᠳᠤᠮᠳᠠᠳᠤ ᠤᠯᠤᠰ ᠤᠨ ᠡᠪ ᠬᠠᠮᠲᠤ ᠨᠠᠮ ᠯᠠᠪᠳᠠᠶ᠎ᠠ ᠠᠭᠤᠤ ᠶᠡᠭᠡ᠂ ᠢᠷᠠᠭᠤ ᠠᠯᠳᠠᠷᠲᠠᠶ᠂ ᠡᠷᠡᠯᠬᠡᠭ ᠪᠠᠭᠠᠲᠤᠷᠯᠢᠭ ᠳᠤᠮᠳᠠᠳᠤ ᠤᠯᠤᠰ ᠤᠨ ᠠᠷᠠᠳ ᠲᠦᠮᠡᠨ ᠢ ᠳᠠᠭᠠᠭᠤᠯᠤᠨ ᠠᠭᠤᠤ ᠶᠡᠭᠡ ᠰᠡᠷᠭᠦᠨ ᠮᠠᠨᠳᠤᠯᠲᠠ ᠶᠢᠨ ᠭᠡᠭᠡᠨ ᠰᠠᠷᠠᠭᠤᠯ ᠢᠷᠡᠭᠡᠳᠦᠶ ᠵᠦᠭ ᠤᠷᠤᠭᠰᠢᠯᠠᠨ᠎ᠠ ᠭᠡᠳᠡᠭ ᠢ ᠪᠢ ᠪᠠᠲᠤ ᠢᠲᠡᠭᠡᠵᠦ ᠪᠠᠶᠢᠨ᠎ᠠ᠃  
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号