ᠬᠠᠷᠢᠭᠤ ᠳᠣᠰᠬᠠᠯ ᠤᠨ ᠪᠦᠯᠦᠭ᠄ ᠶᠡᠷᠦᠩᠬᠡᠶ ᠱᠦᠵᠢ ᠶᠢᠨ ︽ᠳᠣᠯᠣᠭᠠᠨ ᠰᠠᠷ᠎ᠠ ᠶᠢᠨ ᠨᠢᠭᠡᠨ︾ ᠤ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ  ᠰᠣᠷᠣᠯᠴᠠᠭᠠᠳ ᠲᠡᠳᠡᠨᠦᠰ ᠤᠨ ᠶᠠᠮᠠᠷ ᠲᠦᠷᠦᠭᠳᠡᠯ ᠲᠠᠢ ᠶᠢ ᠰᠣᠨᠣᠰᠣᠶ᠎ᠠ ︵ᠠᠷᠪᠠᠨ ᠳᠦᠷᠪᠡ︶
ᠨᠡᠶᠢᠲᠡᠯᠡᠭᠰᠡᠨ ᠴᠠᠭ᠄
2021/7/21
     ᠰᠢ ᠶᠢᠨ ᠫᠢᠩ ᠶᠡᠷᠦᠩᠬᠡᠶ ᠱᠦᠵᠢ ᠶᠢᠨ ︽ᠲᠤᠯᠤᠭᠠᠨ ᠰᠠᠷ᠎ᠠ ᠶᠢᠨ ᠨᠢᠭᠡᠨ︾ ᠤ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠭᠰᠠᠨ ᠣᠯᠤᠯᠲᠠ ᠲᠦᠷᠦᠭᠳᠡᠯ      ᠬᠠᠶᠢᠨᠠᠨ ᠲᠣᠭᠤᠷᠢᠭ ᠤᠨ ᠭᠤᠷᠪᠠᠳᠤᠭᠠᠷ ᠪᠠᠭ᠎ᠠ ᠰᠤᠷᠭᠠᠭᠤᠯᠢ      ᠺᠠᠩ ᠬᠠᠢ ᠶᠠᠨ      ᠳᠤᠮᠳᠠᠳᠤ ᠤᠯᠤᠰ ᠤᠨ ᠡᠪ ᠬᠠᠮᠲᠤ ᠨᠠᠮ ᠤᠨ ᠲᠡᠦᠬᠡ ᠶᠢᠨ ᠬᠠᠭᠤᠳᠠᠰᠤ ᠶᠢ ᠰᠡᠬᠦᠪᠡᠯ ᠰᠠᠯᠬᠢ ᠪᠣᠷᠣᠭᠠᠨ ᠢ ᠲᠤᠭᠤᠯᠤᠭᠰᠠᠨ ᠵᠠᠭᠤᠨ ᠵᠢᠯ᠂ ᠰᠦᠷ ᠳᠠᠯᠠᠶᠢᠴᠠᠲᠠᠢ ᠵᠠᠭᠤᠨ ᠵᠢᠯ ᠪᠣᠯᠤᠨ᠎ᠠ᠃ 7 ᠳ᠋ᠣᠭᠠᠷ ᠰᠠᠷ᠎ᠠ ᠶᠢᠨ 1 ᠤ ᠡᠳᠦᠷ ᠪᠣᠯ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠤᠢ ᠶᠢᠨ ᠡᠳᠦᠷ ᠪᠣᠯᠤᠨ᠎ᠠ᠂ ᠥᠷᠯᠥᠭᠡ ᠭᠠᠷ ᠤᠲᠠᠰᠤ ᠪᠠᠨ ᠨᠡᠭᠡᠭᠡᠵᠦ᠂ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠤᠢ ᠶᠢᠨ ᠶᠡᠭᠡ ᠬᠤᠷᠠᠯ ᠤᠨ ᠰᠢᠭᠤᠳ ᠨᠡᠪᠲᠡᠷᠡᠭᠦᠯᠭᠡ ᠶᠢ ᠦᠵᠡᠪᠡ᠂ ᠪᠢ ᠬᠡᠳᠦᠨ ᠠᠷᠪᠠᠨ ᠨᠢᠰᠬᠡᠯ ︽100︾ ᠭᠡᠬᠦ ᠲᠤᠭ᠎ᠠ ᠶᠢ ᠳᠡᠯᠭᠡᠵᠦ᠂ ᠴᠢᠯᠥᠭᠡᠯᠡᠬᠦ ᠴᠡᠷᠢᠭ ᠤᠨ ᠲᠡᠷᠢ ᠲᠡᠭᠰᠢ ᠠᠯᠬᠤᠭ᠎ᠠ ᠶᠢ ᠣᠯᠵᠤ ᠬᠠᠷᠠᠪᠠ᠂ ᠲᠦᠷᠪᠡᠨ ᠰᠢᠯᠢᠳᠡᠭ ᠡᠪ ᠬᠠᠮᠲᠤ ᠵᠠᠯᠠᠭᠤᠴᠤᠳ ᠤᠨ ᠡᠪᠯᠡᠯ ᠤᠨ ᠭᠡᠰᠢᠭᠦᠨ᠄ ︽ᠨᠠᠮ ᠮᠢᠨᠢ ᠰᠠᠨᠠᠭ᠎ᠠ ᠠᠮᠤᠷ ᠪᠠᠶᠢᠭᠠᠷᠠᠢ᠂ ᠤᠯᠤᠰ ᠢᠶᠠᠨ ᠬᠦᠴᠦᠷᠬᠡᠭᠵᠢᠭᠦᠯᠬᠦ ᠳᠤ ᠪᠢ ᠪᠠᠶᠢᠨ᠎ᠠ︕︾ ᠭᠡᠵᠦ ᠰᠡᠳᠬᠢᠯ ᠳᠣᠭᠳᠣᠯᠤᠨ ᠶᠠᠷᠢᠵᠤ ᠪᠠᠶᠢᠭ᠎ᠠ ᠶᠢ ᠣᠯᠵᠤ ᠬᠠᠷᠠᠵᠠᠢ᠃      ᠶᠣᠰᠣᠯᠠᠯ ᠤᠨ ᠫᠤᠤ ᠶᠢᠨ ᠳᠠᠭᠤᠨ ᠣᠭᠲᠠᠷᠭᠤᠢ ᠳᠤ ᠴᠤᠤᠷᠢᠶᠠᠲᠤᠨ᠎ᠠ᠂ ᠤᠳᠠᠭ᠎ᠠ ᠪᠦᠷᠢ ᠶᠢᠨ ᠬᠠᠷᠪᠤᠯᠲᠠ ᠨᠢ ᠪᠦᠷ ᠬᠠᠮᠤᠭ ᠤᠨ ᠰᠦᠷ ᠵᠢᠪᠬᠤᠯᠠᠩᠲᠠᠢ᠂ ᠬᠢᠯᠢᠩᠯᠡᠨ ᠬᠠᠰᠬᠢᠷᠬᠤ ᠪᠦᠷᠢ ᠨᠢ ᠪᠦᠷ ᠬᠠᠮᠤᠭ ᠤᠨ ᠣᠮᠣᠭᠰᠢᠯ ᠲᠠᠢ᠂ ᠲᠠᠭᠤᠨ ᠨᠢ ᠳᠣᠯᠭᠢᠰᠴᠤ᠂ ᠤᠯᠤᠰ ᠤᠨ ᠲᠤᠭ ᠤᠨ ᠬᠠᠮᠠᠭᠠᠯᠠᠯᠲᠠ ᠶᠢᠨ ᠠᠩᠬᠢ᠂ ᠲᠡᠷᠢ ᠲᠡᠭᠰᠢ 100 ᠠᠯᠬᠤᠮ᠂ ᠠᠯᠬᠤᠮ ᠪᠦᠷᠢ ᠳᠤ ᠡᠷᠡᠰ ᠪᠠᠲᠤ ᠬᠦᠴᠦᠨ ᠲᠠᠢ᠃ ᠵᠠᠭᠤᠨ ᠵᠢᠯ ᠤᠨ ᠰᠠᠯᠬᠢ ᠪᠣᠷᠣᠭᠠᠨ ᠢ ᠪᠢᠳᠡ ᠬᠠᠮᠲᠤ ᠪᠠᠷ ᠥᠩᠭᠡᠷᠡᠭᠦᠯᠦᠯ᠎ᠡ᠂ ᠳᠤᠮᠳᠠᠳᠤ ᠤᠯᠤᠰ ᠤᠨ ᠡᠪ ᠬᠠᠮᠲᠤ ᠨᠠᠮ ᠮᠠᠨᠳᠤᠲᠤᠭᠠᠶ︕      ᠶᠡᠷᠦᠩᠬᠡᠢ ᠱᠦᠵᠢ ᠰᠢ ᠶᠢᠨ ᠫᠢᠩ ᠤᠨ ᠶᠠᠷᠢᠶ᠎ᠠ ᠨᠢ ᠮᠢᠨᠦ ᠤᠷᠮ᠎ᠠ ᠵᠣᠷᠢᠭ ᠢ ᠬᠥᠭᠵᠢᠭᠡᠵᠡᠢ᠃ ︽ᠳᠤᠮᠳᠠᠳᠤ ᠤᠯᠤᠰ ᠤᠨ ᠠᠷᠠᠳ ᠲᠦᠮᠡᠨ ᠪᠠᠰᠠ ᠶᠠᠮᠠᠷᠪᠠ ᠭᠠᠳᠠᠭᠠᠳᠤ ᠶᠢᠨ ᠬᠦᠴᠦᠨ ᠤ ᠪᠢᠳᠡᠨ ᠢ ᠳᠠᠷᠤᠯᠠᠬᠤ᠂ ᠳᠣᠷᠣᠮᠵᠢᠯᠠᠬᠤ᠂ ᠪᠣᠭᠤᠯᠴᠢᠯᠠᠬᠤ ᠶᠢ ᠤᠭᠳᠤ ᠵᠥᠪᠰᠢᠶᠡᠷᠡᠬᠦ ᠦᠭᠡᠢ᠂ ᠬᠡᠨ ᠢᠩᠭᠢᠵᠦ ᠬᠢᠬᠦ ᠪᠠᠷ ᠭᠤᠷᠢᠳᠠᠪᠠᠯ ᠳᠤᠮᠳᠠᠳᠤ ᠤᠯᠤᠰ ᠤᠨ 14 ᠳ᠋ᠦᠩᠰᠢᠭᠤᠷ ᠭᠠᠷᠤᠶ ᠠᠷᠠᠳ ᠲᠦᠮᠡᠨ ᠤ ᠴᠢᠰᠤ ᠮᠢᠬ᠎ᠠ ᠪᠠᠷ ᠢᠶᠠᠨ ᠪᠠᠷᠢᠭᠰᠠᠨ ᠪᠤᠯᠤᠳ ᠲᠡᠮᠤᠷ ᠤᠨ ᠴᠠᠭᠠᠨ ᠬᠡᠷᠡᠮ ᠤᠨ ᠡᠮᠦᠨ᠎ᠡ ᠯᠠᠪᠲᠠᠶ ᠲᠣᠯᠣᠭᠠᠶ ᠪᠠᠨ ᠬᠠᠭ᠎ᠠ ᠠᠰᠬᠠᠷᠠᠭᠤᠯᠬᠤ ᠪᠣᠯᠤᠨ᠎ᠠ︕︾ ᠦᠭᠡ ᠨᠢᠭᠡᠪᠦᠷᠢ ᠨᠢ ᠴᠥᠮ ᠬᠥᠮᠦᠰ ᠤᠨ ᠰᠡᠳᠬᠢᠯ ᠢ ᠬᠥᠭᠵᠢᠭᠡᠵᠦ᠂ ᠬᠥᠮᠦᠰ ᠢ ᠠᠯᠠᠭ᠎ᠠ ᠲᠠᠰᠢᠭᠤᠯᠤᠨ᠎ᠠ᠃      ᠪᠢᠳᠡᠨ ᠤ ᠠᠵᠠ ᠵᠠᠪᠰᠢᠶᠠᠨ ᠪᠣᠯ᠂ ᠡᠨᠡ ᠬᠦ ᠨᠤᠲᠤᠭ ᠳᠡᠪᠢᠰᠬᠡᠷ ᠳᠡᠭᠡᠷ᠎ᠡ ᠠᠮᠢᠳᠤᠷᠠᠵᠤ ᠪᠠᠶᠢᠭ᠎ᠠ ᠠᠷᠠᠳ ᠲᠦᠮᠡᠨ ᠲᠡᠳᠡᠨ ᠤ ᠳᠣᠲᠣᠷᠠᠬᠢ ᠬᠠᠮᠤᠭ ᠤᠨ ᠡᠷᠡᠯᠬᠡᠭ ᠪᠠᠭᠠᠲᠤᠷᠯᠢᠭ ᠬᠥᠮᠦᠰ ᠲᠤ ᠶᠡᠷᠦ ᠨᠢ ᠮᠠᠰᠢ ᠰᠠᠶᠢᠨ ᠬᠠᠮᠠᠭᠠᠯᠠᠭᠳᠠᠵᠤ ᠪᠠᠶᠢᠳᠠᠭ ᠶᠤᠮ᠃
     ᠰᠢ ᠶᠢᠨ ᠫᠢᠩ ᠶᠡᠷᠦᠩᠬᠡᠶ ᠱᠦᠵᠢ ᠶᠢᠨ ︽ᠲᠤᠯᠤᠭᠠᠨ ᠰᠠᠷ᠎ᠠ ᠶᠢᠨ ᠨᠢᠭᠡᠨ︾ ᠤ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠭᠰᠠᠨ ᠣᠯᠤᠯᠲᠠ ᠲᠦᠷᠦᠭᠳᠡᠯ      ᠪᠠᠷᠠᠭᠤᠨ ᠣᠷᠣᠨ ᠤ ᠲᠥᠯᠥᠪᠯᠡᠭᠡᠨ ᠤ ᠬᠠᠶᠢᠨᠠᠨ ᠤ ᠲᠦᠷᠦᠯ ᠵᠦᠢᠯ ᠤᠨ ᠠᠯᠪᠠᠨ ᠭᠡᠷ      ᠭᠥᠸᠧ ᠰᠦ᠋      ᠪᠢᠳᠡ ᠤᠯᠠᠭᠠᠨ ᠲᠤᠭ ᠤᠨ ᠳᠣᠣᠷ᠎ᠠ ᠲᠦᠷᠦᠵᠤ᠂ ᠨᠠᠮ ᠤᠨ ᠬᠤᠷ᠎ᠠ ᠰᠢᠭᠦᠳᠡᠷᠢ ᠶᠢ ᠤᠮᠳᠠᠯᠠᠵᠤ᠂ ᠵᠣᠯ ᠵᠢᠷᠭᠠᠯᠲᠤ ᠪᠠᠭ᠎ᠠ ᠨᠠᠰᠤ ᠪᠠᠨ ᠥᠩᠭᠡᠷᠡᠭᠦᠯᠪᠡ᠂ ᠪᠢ ᠪᠠᠭᠠᠴᠤᠳ ᠤᠨ ᠬᠤᠰᠢᠭᠤᠴᠢ ᠠᠩᠬᠢ ᠶᠢᠨ ᠨᠢᠭᠡᠨ ᠭᠡᠰᠢᠭᠦᠨ ᠪᠠᠶᠢᠭᠰᠠᠨ ᠠᠴᠠ ᠪᠠᠨ ᠡᠪ ᠬᠠᠮᠲᠤ ᠵᠠᠯᠠᠭᠤᠴᠤᠳ ᠤᠨ ᠡᠪᠯᠡᠯ ᠤᠨ ᠭᠡᠰᠢᠭᠦᠨ ᠪᠣᠯᠬᠤ ᠦᠶ᠎ᠡ ᠳᠤ᠂ ᠡᠪ ᠬᠠᠮᠲᠤ ᠶᠣᠰᠣ ᠮᠢᠨᠦ ᠬᠦᠰᠡᠯᠡᠩ ᠢᠲᠡᠭᠡᠯ ᠪᠢᠰᠢᠷᠡᠯ ᠪᠤᠯᠵᠤ᠂ ᠲᠡᠷᠡ ᠶᠠᠭ ᠯᠠ ᠤᠶᠤᠨ ᠰᠠᠨᠠᠭᠠᠨ ᠤ ᠵᠢᠭᠦᠷ ᠰᠢᠭ ᠢᠶᠠᠷ ᠨᠠᠮᠠᠶᠢ ᠡᠷᠡᠯᠬᠡᠭᠯᠡᠨ ᠤᠷᠤᠭᠰᠢᠯᠠᠭᠤᠯᠪᠠ᠃      ᠳᠤᠮᠳᠠᠳᠤ ᠤᠯᠤᠰ ᠤᠨ ᠡᠪ ᠬᠠᠮᠲᠤ ᠨᠠᠮ ᠳᠤ ᠣᠷᠣᠬᠤ ᠨᠢ ᠮᠢᠨᠦ ᠠᠮᠢᠳᠤᠷᠠᠯ ᠤᠨ ᠵᠠᠮ ᠤᠨ ᠲᠡᠮᠳᠡᠭ ᠪᠣᠯᠤᠭᠰᠠᠨ ᠤ ᠬᠤᠪᠢ ᠳᠤ ᠪᠢ ᠲᠡᠭᠦᠨ ᠤ ᠲᠥᠯᠥᠭᠡ ᠴᠢᠷᠮᠠᠶᠢᠨ᠎ᠠ᠂ ︽ᠬᠠᠭᠠᠰ ᠠᠯᠬᠤᠮ ᠢ ᠬᠤᠷᠠᠮᠳᠤᠭᠤᠯᠬᠤ ᠦᠭᠡᠶ ᠪᠣᠯ ᠮᠢᠩᠭᠠᠨ ᠭᠠᠵᠠᠷ ᠬᠦᠷᠴᠦ ᠴᠢᠳᠠᠬᠤ ᠦᠭᠡᠶ᠂ ᠵᠢᠵᠢᠭ ᠣᠷᠣᠰᠬᠠᠯ ᠢ ᠬᠤᠷᠠᠮᠳᠤᠭᠤᠯᠬᠤ ᠦᠭᠡᠶ ᠪᠣᠯ ᠭᠤᠣᠯ ᠮᠥᠷᠡᠨ ᠢ ᠪᠦᠲᠦᠭᠡᠵᠦ ᠴᠢᠳᠠᠬᠤ ᠦᠭᠡᠶ︾ ᠭᠡᠳᠡᠭ ᠢ ᠪᠢ ᠮᠡᠳᠡᠵᠦ ᠪᠠᠶᠢᠨ᠎ᠠ᠃ ᠭᠠᠭᠴᠠ ᠬᠦ ᠢᠲᠡᠭᠡᠯ ᠪᠢᠰᠢᠷᠡᠯ ᠨᠢ ᠠᠮᠢ ᠨᠠᠰᠤ ᠶᠢ ᠤᠳᠬ᠎ᠠ ᠠᠭᠤᠯᠭ᠎ᠠ ᠲᠠᠢ ᠪᠣᠯᠭᠠᠵᠤ ᠴᠢᠳᠠᠨ᠎ᠠ᠂ ᠭᠠᠭᠴᠠ ᠬᠦ ᠲᠡᠮᠡᠴᠡᠪᠡᠯ ᠰᠠᠶ᠋ᠢ ᠠᠮᠢᠳᠤᠷᠠᠯ ᠢ ᠨᠡᠩ ᠲᠡᠭᠦᠯᠳᠡᠷ ᠪᠣᠯᠭᠠᠵᠤ ᠴᠢᠳᠠᠨ᠎ᠠ᠃ ᠮᠠᠨ ᠤ ᠨᠠᠮ ᠲᠦᠭ ᠲᠦᠮᠡᠨ ᠰᠢᠯᠢᠳᠡᠭ ᠬᠥᠪᠡᠭᠦᠳ ᠥᠬᠢᠳ ᠢ ᠬᠥᠮᠦᠵᠢᠭᠦᠯᠵᠦ᠂ ᠪᠠᠰᠠ ᠲᠤᠭ᠎ᠠ ᠲᠣᠮᠰᠢ ᠦᠭᠡᠢ ᠤᠯᠠᠨ ᠰᠢᠯᠢᠳᠡᠭ ᠬᠥᠪᠡᠭᠦᠳ ᠥᠬᠢᠳ ᠢ ᠦᠷᠡᠭᠳᠡᠭᠦᠯᠦᠭᠰᠡᠨ ᠠᠴᠠ ᠰᠠᠶ᠋ᠢ ︽ᠨᠡᠷᠡᠨ ᠰᠠᠷᠠᠨ ᠰᠢᠨ᠎ᠡ ᠲᠩᠷᠢ ᠪᠤᠯᠵᠤ ᠬᠤᠪᠢᠷᠠᠭᠰᠠᠨ︾ ᠶᠤᠮ᠂ ᠤᠳᠤ ᠮᠠᠨ ᠤ ᠡᠵᠢ ᠶᠢᠨ ᠠᠵᠤ ᠲᠦᠷᠦᠭᠦ ᠭᠠᠵᠠᠷ ᠬᠥᠭᠵᠢᠨ ᠴᠡᠴᠡᠭᠯᠡᠭᠰᠡᠨ ᠶᠠᠪᠤᠳᠠᠯ ᠳᠤ ᠳᠤᠮᠳᠠᠳᠤ ᠶᠢᠨ ᠬᠥᠪᠡᠭᠦᠳ ᠥᠬᠢᠳ ᠡᠷᠡᠭᠡᠯᠵᠡᠯ ᠦᠭᠡᠢ ᠵᠢᠳᠬᠦᠵᠦ᠂ ᠵᠠᠶᠢᠯᠠᠭᠤᠯᠵᠤ ᠪᠣᠯᠤᠰᠢ ᠦᠭᠡᠢ ᠬᠠᠷᠢᠭᠤᠴᠠᠯᠭ᠎ᠠ ᠡᠭᠦᠷᠭᠡᠯᠡᠬᠦ ᠬᠡᠷᠡᠭᠲᠡᠢ᠃
     ᠰᠢ ᠶᠢᠨ ᠫᠢᠩ ᠶᠡᠷᠦᠩᠬᠡᠶ ᠱᠦᠵᠢ ᠶᠢᠨ ︽ᠲᠤᠯᠤᠭᠠᠨ ᠰᠠᠷ᠎ᠠ ᠶᠢᠨ ᠨᠢᠭᠡᠨ︾ ᠤ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠭᠰᠠᠨ ᠣᠯᠤᠯᠲᠠ ᠲᠦᠷᠦᠭᠳᠡᠯ      ᠦᠬᠠᠶ ᠬᠤᠲᠠ ᠶᠢᠨ ᠠᠷᠪᠠᠨ ᠨᠠᠢᠮᠠᠳᠤᠭᠠᠷ ᠳᠤᠮᠳᠠᠳᠤ ᠰᠤᠷᠭᠠᠭᠤᠯᠢ      ᠴᠠᠩ ᠰᠧ ᠰᠧ      ᠴᠠᠭ ᠮᠥᠴᠡ ᠮᠠᠨ ᠤ ᠨᠢᠳᠤᠨ ᠡᠮᠦᠨ᠎ᠡ ᠠᠴᠠ ᠨᠢᠰᠬᠦ ᠮᠡᠲᠦ ᠲᠦᠷᠭᠡᠨ ᠥᠩᠭᠡᠷᠡᠵᠦ᠂ ᠥᠩᠭᠡᠷᠡᠭᠰᠡᠨ ᠢᠶᠠᠨ ᠡᠷᠭᠢᠴᠡᠭᠦᠯᠬᠦᠶ᠎ᠡ᠂ ᠮᠠᠨ ᠤ ᠨᠠᠮ 100 ᠵᠢᠯ ᠤᠨ ᠰᠢᠷᠭᠠᠭᠤ ᠬᠠᠲᠠᠭᠤᠵᠢᠯᠲᠠᠶ ᠲᠡᠮᠡᠴᠡᠯ ᠤᠨ ᠵᠠᠮ ᠢᠶᠠᠷ ᠵᠠᠮᠨᠠᠵᠤ᠂ ᠮᠠᠨ ᠤ ᠬᠥᠮᠦᠨ ᠨᠢᠭᠡᠪᠦᠷᠢ ᠴᠥᠮ ᠥᠪᠡᠷ ᠤᠨ ᠨᠠᠮ ᠤᠨ ᠢᠶᠠᠨ ᠲᠥᠯᠥᠭᠡ ᠣᠮᠣᠭᠰᠢᠵᠤ᠂ 100 ᠵᠢᠯ ᠨᠢ ᠶᠠᠭ ᠨᠢᠳᠦ ᠢᠷᠮᠡᠬᠦ ᠶᠢᠨ ᠵᠠᠭᠤᠷ᠎ᠠ ᠥᠩᠭᠡᠷᠡᠨ ᠣᠳᠴᠠᠶ︕ ᠳᠤᠮᠳᠠᠳᠤ ᠤᠯᠤᠰ ᠤᠨ ᠡᠪ ᠬᠠᠮᠲᠤ ᠨᠠᠮ 1921 ᠣᠨ ᠳᠤ ᠪᠠᠶᠢᠭᠤᠯᠤᠭᠳᠠᠭᠰᠠᠨ ᠠᠴᠠ ᠤᠳᠤ ᠪᠣᠯᠲᠠᠯ᠎ᠠ᠂ 100 ᠵᠢᠯ ᠤᠨ ᠬᠦᠴᠢᠷ ᠪᠡᠷᠬᠡᠰᠢᠶᠡᠯᠲᠦ ᠵᠠᠮ ᠢᠶᠠᠷ ᠶᠠᠪᠤᠵᠤ᠂ ᠬᠡᠳᠦᠨ ᠠᠷᠪᠠᠭ᠋ᠠᠨ ᠬᠥᠮᠦᠨ ᠲᠠᠢ ᠨᠠᠮ ᠤᠨ ᠵᠣᠬᠢᠶᠠᠨ ᠪᠠᠶᠢᠭᠤᠯᠤᠯᠲᠠ ᠪᠠᠶᠢᠭᠰᠠᠨ ᠠᠴᠠ ᠪᠠᠨ ᠬᠡᠳᠦᠨ ᠮᠢᠩᠭ᠎ᠠ ᠭᠠᠷᠤᠢ ᠲᠦᠮᠡᠨ ᠨᠠᠮ ᠤᠨ ᠭᠡᠰᠢᠭᠦᠨ ᠲᠠᠢ᠂ ᠵᠠᠭᠤᠨ ᠵᠢᠯ ᠤᠨ ᠳᠡᠯᠡᠬᠡᠢ ᠶᠢᠨ ᠲᠦᠷᠦ ᠶᠢᠨ ᠨᠠᠮ ᠪᠤᠯᠵᠤ ᠬᠥᠭᠵᠢᠭᠰᠡᠨ ᠨᠢ ᠳᠠᠷᠤᠢ ᠴᠠᠭ ᠢᠮᠠᠭᠲᠠ ᠲᠡᠷᠢᠭᠦᠨ ᠤ ᠴᠢᠨᠠᠷ ᠢᠶᠠᠨ ᠬᠠᠳᠠᠭᠠᠯᠠᠳᠠᠭ ᠰᠢᠯᠢᠳᠡᠭ ᠨᠠᠮ ᠤᠨ ᠭᠡᠰᠢᠭᠦᠨ ᠲᠠᠢ ᠪᠠᠶᠢᠭᠰᠠᠨ ᠠᠴᠠ ᠪᠣᠯᠤᠭᠰᠠᠨ ᠶᠤᠮ᠃     100 ᠵᠢᠯ ᠤᠨ ᠲᠤᠷᠰᠢ᠂ ᠳᠤᠮᠳᠠᠳᠤ ᠤᠯᠤᠰ ᠤᠨ ᠡᠪ ᠬᠠᠮᠲᠤ ᠨᠠᠮ ᠢᠮᠠᠭᠲᠠ ᠳᠤᠮᠳᠠᠳᠤ ᠤᠯᠤᠰ ᠤᠨ ᠲᠡᠷᠢᠭᠦᠨ ᠤ ᠦᠢᠯᠡᠳᠪᠦᠷᠢᠯᠡᠯ ᠤᠨ ᠬᠦᠴᠦᠨ ᠤ ᠬᠥᠭᠵᠢᠯᠲᠡ ᠶᠢᠨ ᠱᠠᠭᠠᠷᠳᠠᠯᠭ᠎ᠠ ᠶᠢ ᠲᠥᠯᠥᠭᠡᠯᠡᠵᠦ᠂ ᠨᠠᠮ ᠳᠤᠮᠳᠠᠳᠤ ᠤᠯᠤᠰ ᠤᠨ ᠲᠡᠷᠢᠭᠦᠨ ᠤ ᠰᠣᠶᠣᠯ ᠤᠨ ᠤᠷᠤᠭᠰᠢᠯᠠᠯᠲᠠ ᠶᠢᠨ ᠴᠢᠭᠯᠡᠯ ᠢ ᠲᠥᠯᠥᠭᠡᠯᠡᠵᠦ᠂ ᠳᠤᠮᠳᠠᠳᠤ ᠤᠯᠤᠰ ᠤᠨ ᠬᠠᠮᠤᠭ ᠤᠨ ᠥᠷᠭᠡᠨ ᠤᠯᠠᠨ ᠠᠷᠠᠳ ᠲᠦᠮᠡᠨ ᠤ ᠦᠨᠳᠦᠰᠦᠨ ᠠᠰᠢᠭ ᠲᠤᠰᠠ ᠶᠢ ᠲᠥᠯᠥᠭᠡᠯᠡᠵᠦ ᠢᠷᠡᠭᠰᠡᠨ ᠶᠤᠮ᠃ ᠳᠤᠮᠳᠠᠳᠤ ᠤᠯᠤᠰ ᠤᠨ ᠠᠷᠠᠳ ᠲᠦᠮᠡᠨ ᠢ ᠤᠳᠤᠷᠢᠳᠤᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠢ ᠪᠦᠲᠦᠭᠡᠨ ᠪᠠᠶᠢᠭᠤᠯᠬᠤ ᠵᠠᠮ ᠢ ᠨᠡᠭᠡᠭᠡᠵᠦ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠳᠤ ᠴᠢᠭᠯᠡᠯ ᠢ ᠲᠣᠳᠣᠷᠬᠠᠶ ᠵᠢᠭᠠᠵᠤ ᠥᠭᠴᠡᠶ᠃ ᠬᠡᠴᠢᠨᠡᠨ ᠵᠢᠯ ᠤᠨ ᠡᠮᠦᠨ᠎ᠡ᠂ ᠳᠤᠮᠳᠠᠳᠤ ᠤᠯᠤᠰ ᠤᠨ ᠬᠤᠪᠢᠰᠬᠠᠯ ᠤᠨ ᠨᠢᠭᠡᠨ ᠡᠷᠭᠢᠯᠲᠡ ᠶᠢᠨ ᠴᠡᠭ ᠪᠣᠯᠤᠭᠰᠠᠨ ᠤ ᠬᠤᠪᠢ ᠳᠤ᠂ ᠤᠷᠳᠤ ᠵᠠᠮ ᠤᠨ ᠠᠶᠠᠨ ᠲᠠᠶᠢᠨ ᠨᠢ ᠳᠤᠮᠳᠠᠳᠤ ᠤᠯᠤᠰ ᠤᠨ ᠡᠪ ᠬᠠᠮᠲᠤᠴᠤᠳ ᠲᠤ ᠮᠠᠷᠺᠰ ᠤᠨ ᠦᠵᠡᠯ ᠢ ᠳᠤᠮᠳᠠᠳᠤ ᠤᠯᠤᠰ ᠤᠨ ᠬᠤᠪᠢᠰᠬᠠᠯ ᠤᠨ ᠪᠣᠳᠠᠲᠤ ᠪᠠᠶᠢᠳᠠᠯ ᠲᠠᠢ ᠤᠶᠠᠯᠳᠤᠭᠤᠯᠬᠤ ᠵᠠᠮ ᠢ ᠣᠯᠭᠤᠭᠰᠠᠨ ᠶᠤᠮ᠃ ᠨᠠᠮ ᠪᠠᠶᠢᠭᠤᠯᠬᠤ ᠪᠠ ᠤᠷᠳᠤ ᠵᠠᠮ ᠤᠨ ᠠᠶᠠᠨ ᠲᠠᠶᠢᠨ ᠬᠢᠬᠦ — ᠳᠤᠮᠳᠠᠳᠤ ᠤᠯᠤᠰ ᠤᠨ ᠬᠤᠪᠢᠰᠬᠠᠯ ᠤᠨ ᠥᠩᠭᠡᠷᠡᠭᠡᠯᠲᠡ ᠶᠢᠨ ᠬᠤᠶᠠᠷ ᠶᠡᠭᠡ ᠶᠠᠪᠤᠳᠠᠯ ᠲᠡᠦᠬᠡ ᠶᠢᠨ ᠴᠠᠭ ᠬᠤᠭᠤᠴᠠᠭ᠎ᠠ ᠪᠠ ᠣᠷᠣᠨ ᠵᠠᠢ ᠶᠢ ᠲᠤᠭᠤᠯᠵᠤ᠂ ᠪᠢᠳᠡᠨ ᠢ ᠰᠡᠩᠬᠡᠷᠡᠭᠦᠯᠵᠦ᠂ ᠢᠷᠡᠭᠡᠳᠦᠢ ᠶᠢ ᠬᠠᠷᠠᠭᠤᠯᠵᠤ ᠪᠠᠶᠢᠨ᠎ᠠ᠃ ᠡᠩ ᠤᠨ ᠦᠶ᠎ᠡ ᠳᠤ᠂ ᠬᠦᠴᠢᠷ ᠪᠡᠷᠬᠡᠰᠢᠶᠡᠯ ᠤᠨ ᠡᠮᠦᠨ᠎ᠡ ᠵᠣᠭᠰᠣᠵᠤ᠂ ᠵᠠᠩᠭᠢᠯᠠᠭ᠎ᠠ ᠶᠢᠨ ᠦᠶ᠎ᠡ ᠳᠤ ᠠᠮᠢ ᠴᠦᠯᠡᠨ ᠭᠠᠷᠴᠤ᠂ ︽ᠳᠠᠶᠢᠰᠤᠨ ᠤ ᠡᠮᠦᠨ᠎ᠡ ᠲᠠᠭᠠᠷᠢᠯᠳᠡ ᠬᠢᠵᠦ ᠪᠠᠶᠢᠭ᠎ᠠ ᠨᠢ ᠡᠪ ᠬᠠᠮᠲᠤ ᠨᠠᠮ ᠤᠨ ᠭᠡᠰᠢᠭᠦᠨ ᠪᠣᠯᠤᠨ᠎ᠠ︾᠂ ᠢᠳᠡᠵᠦ ᠡᠮᠦᠰᠬᠦ ᠳᠡᠭᠡᠨ ᠵᠥᠪ ᠦᠭᠡᠢ᠂ ᠠᠮᠤ ᠪᠤᠳᠠᠭ᠎ᠠ ᠪᠠᠨ ᠠᠷᠪᠢᠯᠠᠵᠤ ᠪᠠᠶᠢᠭᠠᠳ ᠲᠠᠶᠢᠴᠢᠨ ᠨᠥᠬᠦᠳ ᠲᠡᠭᠡᠨ ᠥᠭᠲᠡᠭ ᠨᠢ ᠴᠦ ᠡᠪ ᠬᠠᠮᠲᠤ ᠨᠠᠮ ᠤᠨ ᠭᠡᠰᠢᠭᠦᠨ ᠪᠣᠯᠤᠨ᠎ᠠ ᠭᠡᠳᠡᠭ ᠢ ᠪᠢᠳᠡ ᠦᠵᠡᠵᠦ ᠭᠠᠷᠤᠨ᠎ᠠ᠃ ᠡᠨᠡ ᠵᠢᠯ ᠤᠨ ᠵᠦᠢᠯ ᠵᠦᠢᠯ ᠤᠨ ᠬᠤᠪᠢᠷᠠᠯᠲᠠ ᠨᠠᠳᠠ ᠳᠤ ᠬᠡᠴᠢᠨᠡᠭᠡᠨ ᠤᠯᠠᠨ ᠲᠦᠷᠦᠭᠳᠡᠯ ᠥᠭᠭᠦᠭᠰᠡᠨ ᠶᠤᠮ᠂ ᠭᠡᠲᠡᠯ᠎ᠡ ᠥᠪᠡᠷ ᠢᠶᠠᠨ ᠬᠠᠷᠢᠨ ᠲᠦᠭ ᠲᠦᠮᠡᠨ ᠠᠷᠠᠳ ᠢᠷᠭᠡᠳ ᠤᠨ ᠠᠮᠢᠳᠤᠷᠠᠯ ᠤᠨ ᠳᠤᠮᠳᠠᠬᠢ ᠨᠢᠭᠡᠨ ᠥᠴᠦᠬᠡᠨ ᠬᠤᠷᠢᠶᠠᠩᠭᠤᠶ ᠳᠦᠷᠰᠦ ᠶᠢ ᠯᠡ ᠥᠩᠭᠡᠷᠡᠭᠦᠯᠦᠭᠰᠡᠨ ᠶᠤᠮ᠃
     ᠰᠢ ᠶᠢᠨ ᠫᠢᠩ ᠶᠡᠷᠦᠩᠬᠡᠶ ᠱᠦᠵᠢ ᠶᠢᠨ ︽ᠲᠤᠯᠤᠭᠠᠨ ᠰᠠᠷ᠎ᠠ ᠶᠢᠨ ᠨᠢᠭᠡᠨ︾ ᠤ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠭᠰᠠᠨ ᠣᠯᠤᠯᠲᠠ ᠲᠦᠷᠦᠭᠳᠡᠯ      ᠦᠬᠠᠶ ᠬᠤᠲᠠ ᠶᠢᠨ ᠠᠷᠠᠳ ᠤᠨ ᠭᠤᠷᠪᠠᠳᠤᠭᠠᠷ ᠡᠮᠨᠡᠯᠭᠡ ᠶᠢᠨ ᠬᠤᠷᠢᠶ᠎ᠠ      ᠮᠠ ᠵᠢᠩ      ᠰᠢᠭᠤᠳ ᠨᠡᠪᠲᠡᠷᠡᠭᠦᠯᠭᠡ ᠶᠢ ᠦᠵᠡᠭᠡᠳ᠂ ᠰᠡᠳᠬᠢᠯ ᠰᠠᠨᠠᠭ᠎ᠠ ᠤᠳᠠᠲᠠᠯ᠎ᠠ ᠲᠣᠭᠲᠠᠭᠤᠨ ᠪᠠᠶᠢᠵᠤ ᠴᠢᠳᠠᠭ᠎ᠠ ᠦᠭᠡᠢ᠃ ᠪᠢ ᠡᠶᠢᠮᠦ ᠨᠢᠭᠡᠨ ᠴᠠᠭ ᠦᠶ᠎ᠡ ᠳᠤ᠂ ᠲᠤᠭ᠎ᠠ ᠲᠣᠮᠰᠢ ᠦᠭᠡᠢ ᠤᠯᠠᠨ ᠲᠡᠮᠡᠴᠡᠯ ᠤᠨ ᠦᠯᠢᠭᠡᠷ ᠢ ᠳᠦᠭᠦᠷᠡᠩ ᠪᠢᠴᠢᠭᠰᠡᠨ ᠴᠠᠭ ᠦᠶ᠎ᠡ᠂ ᠥᠭᠡᠷᠡᠴᠢᠯᠡᠯᠲᠡ ᠶᠢᠨ ᠴᠠᠭ ᠦᠶ᠎ᠡ᠂ ᠬᠢᠵᠠᠭᠠᠯᠠᠰᠢ ᠦᠭᠡᠢ ᠬᠦᠰᠡᠯ ᠡᠷᠡᠮᠡᠯᠵᠡᠯ ᠲᠠᠢ ᠴᠠᠭ ᠦᠶ᠎ᠡ ᠳᠤ ᠠᠮᠢᠳᠤᠷᠠᠭᠰᠠᠨ ᠳᠠᠭᠠᠨ ᠮᠠᠰᠢ ᠪᠠᠶᠠᠷᠯᠠᠵᠤ ᠪᠠᠶᠢᠨ᠎ᠠ᠃ ᠴᠠᠭ ᠮᠥᠴᠡ ᠶᠠᠭᠠᠷᠠᠤ ᠰᠠᠨᠳᠤᠷᠤᠤ᠂ ᠬᠥᠮᠦᠨ ᠤ ᠠᠮᠢᠳᠤᠷᠠᠯ ᠣᠬᠤᠷᠬᠠᠨ᠂ ᠬᠡᠷᠪᠡ ᠴᠢᠳᠠᠪᠤᠷᠢ ᠲᠠᠢ ᠪᠣᠯ᠂ ᠬᠡᠷᠪᠡ ᠠᠵᠠ ᠵᠠᠪᠰᠢᠶᠠᠨ ᠲᠠᠢ ᠪᠣᠯ᠂ ᠬᠠᠰᠢᠯᠠ ᠤᠯᠤᠰ ᠣᠷᠣᠨ᠂ ᠨᠡᠶᠢᠭᠡᠮ᠂ ᠠᠵᠤ ᠠᠬᠤᠶᠢᠯᠠᠯ᠂ ᠭᠡᠷ ᠤᠨ ᠬᠥᠮᠦᠰ ᠤᠨ ᠢᠶᠠᠨ ᠲᠥᠯᠥᠭᠡ ᠴᠢᠳᠠᠯ ᠤᠨ ᠬᠢᠷᠢ ᠪᠠᠷ ᠢᠶᠠᠨ ᠬᠢᠵᠦ ᠳᠡᠶᠢᠯᠬᠦ ᠶᠢ ᠬᠦᠰᠡᠨ᠎ᠡ᠃ ᠵᠠᠯᠠᠭᠤ ᠬᠥᠮᠦᠨ ᠪᠣᠯᠤᠭᠰᠠᠨ ᠤ ᠬᠤᠪᠢ ᠳᠤ᠂ ᠨᠠᠮ ᠤᠨ ᠮᠡᠨᠳᠦᠯᠡᠭᠰᠡᠨ ᠵᠠᠭᠤᠨ ᠵᠢᠯ ᠤᠨ ᠤᠢ ᠶᠢᠨ ᠲᠠᠰᠢᠷᠠᠮ ᠳᠤ᠂ ᠪᠢ ᠥᠪᠡᠷ ᠢ ᠪᠠᠨ ᠰᠠᠶᠢᠲᠤᠷ ᠬᠢᠵᠦ᠂ ᠳᠡᠭᠡᠷᠡᠬᠢ ᠶᠢ ᠵᠠᠯᠭᠠᠮᠵᠢᠯᠠᠵᠤ᠂ ᠳᠣᠷᠣᠭᠰᠢᠬᠢ ᠶᠢ  ᠰᠡᠩᠭᠡᠷᠡᠭᠦᠯᠦᠨ᠂ ᠵᠠᠯᠠᠭᠤ ᠨᠠᠰᠤᠨ ᠳᠠᠭᠠᠨ ᠣᠰᠣᠯᠳᠠᠬᠤ ᠦᠭᠡᠢ᠂ ᠵᠠᠮᠴᠢᠯᠠᠭᠴᠢ ᠳᠠᠭᠠᠨ ᠣᠰᠣᠯᠳᠠᠬᠤ ᠦᠭᠡᠢ᠂ ᠬᠤᠵᠢᠮ ᠤᠨ ᠬᠥᠮᠦᠰ ᠲᠡᠭᠡᠨ ᠣᠰᠣᠯᠳᠠᠬᠤ ᠦᠭᠡᠢ ᠪᠠᠷ ᠴᠢᠷᠮᠠᠶᠢᠨ᠎ᠠ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号