ᠬᠠᠷᠢᠭᠤ ᠳᠣᠰᠬᠠᠯ ᠤᠨ ᠪᠦᠯᠦᠭ᠄ ᠶᠡᠷᠦᠩᠬᠡᠶ ᠱᠦᠵᠢ ᠶᠢᠨ ︽ᠳᠣᠯᠣᠭᠠᠨ ᠰᠠᠷ᠎ᠠ ᠶᠢᠨ ᠨᠢᠭᠡᠨ︾ ᠤ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ  ᠰᠣᠷᠣᠯᠴᠠᠭᠠᠳ ᠲᠡᠳᠡᠨᠦᠰ ᠤᠨ ᠶᠠᠮᠠᠷ ᠲᠦᠷᠦᠭᠳᠡᠯ ᠲᠠᠢ ᠶᠢ ᠰᠣᠨᠣᠰᠣᠶ᠎ᠠ ︵ᠠᠷᠪᠠᠨ ᠲᠠᠪᠤ︶
ᠨᠡᠶᠢᠲᠡᠯᠡᠭᠰᠡᠨ ᠴᠠᠭ᠄
2021/7/22
     ᠰᠢ ᠶᠢᠨ ᠫᠢᠩ ᠶᠡᠷᠦᠩᠬᠡᠶ ᠱᠦᠵᠢ ᠶᠢᠨ ︽ᠲᠤᠯᠤᠭᠠᠨ ᠰᠠᠷ᠎ᠠ ᠶᠢᠨ ᠨᠢᠭᠡᠨ︾ ᠤ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠭᠰᠠᠨ ᠣᠯᠤᠯᠲᠠ ᠲᠦᠷᠦᠭᠳᠡᠯ      ᠦᠬᠠᠶ ᠬᠤᠲᠠ ᠶᠢᠨ ᠠᠷᠪᠠᠨ ᠨᠠᠢᠮᠠᠳᠤᠭᠠᠷ ᠳᠤᠮᠳᠠᠳᠤ ᠰᠤᠷᠭᠠᠭᠤᠯᠢ      ᠲᠢᠶᠠᠨ ᠬᠠᠢ ᠵᠢᠶᠦ᠋ᠨ      ᠵᠠᠭᠤᠨ ᠵᠢᠯ ᠤᠨ ᠡᠮᠦᠨᠡᠬᠢ ᠡᠨᠡ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠯ᠎ᠠ᠂ ᠵᠠᠭᠤᠨ ᠵᠢᠯ ᠤᠨ ᠳᠠᠷᠠᠭᠠᠬᠢ ᠡᠨᠡ ᠡᠳᠦᠷ ᠪᠣᠯ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ ᠵᠠᠭᠤᠨ ᠵᠢᠯ ᠤᠨ ᠤᠢ ᠮᠥᠨ᠂ ᠵᠠᠭᠤᠨ ᠵᠢᠯ ᠤᠨ ᠡᠮᠦᠨᠡᠬᠢ ᠡᠨᠡ ᠡᠳᠦᠷ᠂ ᠳᠤᠮᠳᠠᠳᠤ ᠤᠯᠤᠰ ᠳᠠᠷᠤᠯᠠᠯ ᠲᠤᠷᠤᠮᠵᠢᠯᠠᠯ ᠢ ᠬᠠᠰᠢᠷᠠᠲᠠᠯ᠎ᠠ ᠠᠮᠰᠠᠭᠰᠠᠨ ᠶᠤᠮ᠃ ᠵᠠᠭᠤᠨ ᠵᠢᠯ ᠤᠨ ᠳᠠᠷᠠᠭᠠᠬᠢ ᠥᠨᠥᠳᠦᠷ᠂ ᠳᠤᠮᠳᠠᠳᠤ ᠤᠯᠤᠰ ᠨᠢᠭᠡᠨᠲᠡ ᠳᠡᠯᠡᠬᠡᠢ ᠶᠢᠨ ᠨᠣᠶᠠᠨ ᠤᠷᠬᠢᠯ ᠳᠤ ᠰᠡᠬᠦ᠋ᠢᠨ ᠰᠦᠨᠳᠡᠷᠯᠡᠪᠡ᠂ ᠵᠠᠭᠤᠨ ᠵᠢᠯ ᠤᠨ ᠬᠤᠪᠢᠷᠠᠯᠲᠠ ᠨᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠳᠠᠭᠠᠭᠤᠯᠭ᠎ᠠ ᠪᠠ ᠲᠡᠮᠡᠴᠡᠯ ᠠᠴᠠ ᠰᠠᠯᠵᠤ ᠴᠢᠳᠠᠬᠤ ᠦᠭᠡᠢ ᠶᠤᠮ᠃      ᠲᠡᠷᠡ ᠬᠦ ᠦᠢᠮᠡᠭᠡᠨ ᠳᠡᠪᠵᠢᠶᠡᠨ ᠲᠠᠢ ᠲᠡᠶᠢᠠ ᠤ ᠵᠢᠯ ᠤᠳ ᠲᠤ᠂ ᠮᠠᠰᠢ ᠤᠯᠡᠠ ᠬᠥᠮᠦᠰ ᠢᠷᠡᠭᠡᠳᠦᠶ ᠶᠢᠨ ᠬᠦᠰᠡᠯ ᠡᠷᠡᠮᠡᠯᠵᠡᠯ ᠢ ᠣᠯᠵᠤ ᠬᠠᠷᠠᠬᠤ ᠤᠢᠭᠡᠢ᠂ ᠲᠡᠳᠡᠠ ᠤ ᠰᠡᠳᠬᠢᠯ ᠨᠢ ᠭᠤᠷᠢ ᠲᠠᠰᠤᠷᠠᠭᠰᠠᠨ ᠶᠤᠮ᠂ ᠭᠡᠪᠡᠴᠦ ᠡᠨᠡ ᠬᠦ ᠤᠯᠡᠠ ᠵᠢᠯ ᠬᠠᠷᠠᠩᠭᠤᠶ ᠳᠤ ᠪᠦᠷᠬᠦᠭᠳᠡᠭᠰᠡᠨ ᠤᠯᠤᠰ ᠨᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠰᠢᠷᠭᠠᠭᠤ ᠬᠠᠲᠠᠭᠤᠵᠢᠯᠲᠠᠶ ᠲᠡᠮᠡᠴᠡᠯ ᠢᠶᠠᠷ ᠳᠠᠮᠵᠢᠭᠠᠳ ᠡᠨᠡ ᠬᠦ ᠤᠯᠤᠰ ᠲᠤ ᠬᠦᠰᠡᠯ ᠡᠷᠡᠮᠡᠯᠵᠡᠯ ᠪᠠ ᠭᠡᠷᠡᠯ ᠭᠡᠭᠡ ᠶᠢ ᠠᠪᠴᠢᠷᠠᠵᠤ ᠥᠭᠭᠦᠭᠰᠡᠨ ᠶᠤᠮ᠃ ᠲᠦᠢᠯ ᠤᠨ ᠬᠦᠴᠢᠷ ᠪᠡᠷᠬᠡᠰᠢᠶᠡᠯ ᠲᠠᠢ ᠲᠦᠮᠡᠨ ᠭᠠᠵᠠᠷ ᠤᠨ ᠤᠷᠳᠤ ᠵᠠᠮ ᠤᠨ ᠠᠶᠠᠨ ᠲᠠᠶᠢᠨ᠃ ᠬᠦᠨᠳᠦ ᠨᠣᠴᠢᠲᠠᠶ ᠦᠬᠦᠵᠦ ᠰᠢᠷᠬᠠᠲᠤᠭᠰᠠᠨ ᠰᠢᠶᠠᠩᠵᠢᠶᠠᠩ ᠮᠥᠷᠡᠨ ᠤ ᠳᠠᠶᠢᠯᠠᠯᠳᠤᠭᠠᠨ᠃ ᠽᠦᠨᠶ᠋ᠢ ᠶᠢᠨ ᠬᠤᠷᠠᠯᠳᠤᠭᠠᠨ ᠪᠣᠯ ᠳᠤᠮᠳᠠᠳᠤ ᠤᠯᠤᠰ ᠤᠨ ᠤᠯᠠᠭᠠᠨ ᠴᠡᠷᠢᠭ ᠤᠨ ᠤᠷᠳᠤ ᠵᠠᠮ ᠤᠨ ᠠᠶᠠᠨ ᠲᠠᠶᠢᠨ ᠤ ᠠᠭᠤᠤ ᠶᠡᠭᠡ ᠡᠷᠭᠢᠯᠲᠡ ᠶᠢᠨ ᠴᠡᠭ ᠮᠥᠨ᠃ ᠤᠷᠳᠤ ᠵᠠᠮ ᠤᠨ ᠠᠶᠠᠨ ᠲᠠᠶᠢᠨ ᠤ ᠳᠤᠮᠳᠠ᠂ ᠤᠯᠠᠭᠠᠨ ᠴᠡᠷᠢᠭ ᠤᠨ ᠪᠠᠶᠢᠯᠳᠤᠭᠴᠢᠳ ᠤᠨ ᠬᠦᠢᠳᠡᠨ ᠢ ᠬᠠᠯᠬᠠᠯᠠᠨ ᠠᠭᠤᠯᠠ ᠭᠠᠲᠤᠯᠵᠤ᠂ ᠥᠯᠥᠰᠴᠦ ᠥᠯᠪᠡᠷᠬᠦ ᠶᠢ ᠲᠡᠰᠪᠦᠷᠢᠯᠡᠪᠡᠴᠦ ᠮᠥᠨ ᠦᠷᠭᠦᠯᠵᠢᠯᠡᠨ ᠪᠠᠷᠢᠮᠲᠠᠯᠠᠵᠤ ᠴᠢᠳᠠᠬᠤ ᠵᠣᠷᠢᠭ ᠰᠠᠨᠠᠭ᠎ᠠ ᠪᠠ ︽ᠤᠯᠠᠭᠠᠨ ᠴᠡᠷᠢᠭ ᠠᠶᠠᠨ ᠲᠠᠶᠢᠨ ᠤ ᠬᠦᠴᠢᠷ ᠪᠡᠷᠬᠡᠰᠢᠶᠡᠯ ᠠᠴᠠ ᠠᠶᠤᠬᠤ ᠦᠭᠡᠢ︾ ᠭᠡᠰᠡᠨ ᠢᠲᠡᠭᠡᠯ ᠵᠣᠷᠢᠭ ᠪᠣᠯ ᠪᠢᠳᠡᠨ ᠤ ᠰᠤᠷᠤᠯᠴᠠᠭᠤᠰᠢᠲᠠᠶ ᠵᠦᠢᠯ ᠮᠥᠨ᠃      ᠡᠪ ᠬᠠᠮᠲᠤ ᠨᠠᠮ ᠪᠠᠶᠢᠬᠤ ᠤᠢᠭᠡᠢ ᠪᠣᠯ ᠰᠢᠨ᠎ᠡ ᠳᠤᠮᠳᠠᠳᠤ ᠤᠯᠤᠰ ᠪᠠᠶᠢᠵᠤ ᠴᠢᠳᠠᠬᠤ ᠤᠢᠭᠡᠢ᠃ ᠵᠠᠭᠤᠨ ᠵᠢᠯ ᠤᠨ ᠡᠮᠦᠨᠡᠬᠢ ᠳᠤᠮᠳᠠᠳᠤ ᠤᠯᠤᠰ ᠢᠳᠡᠵᠦ ᠡᠮᠦᠰᠬᠦ ᠳᠡᠭᠡᠨ ᠵᠥᠪ ᠪᠣᠯᠬᠤ ᠠᠰᠠᠭᠤᠳᠠᠯ ᠢ ᠪᠦᠷ ᠰᠢᠢᠳᠪᠦᠷᠢᠯᠡᠵᠦ‌‍ᠲ᠋ᠡᠶᠢᠯᠦᠭᠡ ᠦᠭᠡᠢ᠂ ᠤᠳᠤ ᠶᠢᠨ ᠳᠤᠮᠳᠠᠳᠤ ᠤᠯᠤᠰ ᠨᠢᠭᠡᠨᠲᠡ ᠴᠢᠨᠡᠭᠡᠯᠢᠭ ᠬᠡᠮᠵᠢᠶᠡᠨ ᠳᠤ ᠬᠦᠷᠴᠡᠶ᠃ ᠵᠠᠭᠤᠨ ᠵᠢᠯ ᠤᠨ ᠡᠮᠦᠨᠡᠬᠢ ᠳᠤᠮᠳᠠᠳᠤ ᠤᠯᠤᠰ ᠤᠨ ᠠᠵᠤ ᠠᠬᠤᠶ ᠤᠷᠤᠭᠤᠳᠠᠵᠤ᠂ ᠥᠨᠥᠳᠦᠷ ᠤᠨ ᠳᠤᠮᠳᠠᠳᠤ ᠤᠯᠤᠰ ᠬᠢᠵᠢᠭ ᠤᠨ ᠪᠠᠶᠢᠳᠠᠯ ᠤᠨ ᠬᠤᠭᠤᠴᠠᠭᠠᠨ ᠳᠤ ᠠᠵᠤ ᠠᠬᠤᠶ ᠶᠠᠭ ᠨᠡᠮᠡᠭᠳᠡᠯ ᠢᠶᠠᠨ ᠪᠡᠶᠡᠯᠡᠭᠦᠯᠵᠦ᠂ ᠥᠨᠥᠳᠦᠷ ᠤᠨ ᠳᠤᠮᠳᠠᠳᠤ ᠤᠯᠤᠰ ᠬᠥᠮᠦᠰ ᠤᠨ ᠠᠩᠬᠠᠷᠤᠯ ᠢ ᠲᠠᠲᠠᠵᠤ ᠪᠠᠶᠢᠨ᠎ᠠ᠃ ᠡᠨᠡ ᠬᠦ ᠵᠠᠭᠤᠨ ᠵᠢᠯ ᠤᠨ ᠲᠤᠷᠰᠢᠬᠢ ᠲᠠᠪᠰᠢᠯᠳᠠ ᠨᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠠᠭᠠᠭᠤᠯᠭ᠎ᠠ ᠪᠠ ᠲᠡᠮᠡᠴᠡᠯ ᠠᠴᠠ ᠰᠠᠯᠵᠤ ᠴᠢᠳᠠᠬᠤ ᠦᠭᠡᠢ ᠶᠤᠮ᠃ ᠥᠨᠥᠳᠦᠷ ᠪᠣᠯ ᠶᠠᠭ ᠳᠤᠮᠳᠠᠳᠤ ᠤᠯᠤᠰ ᠤᠨ ᠬᠥᠭᠵᠢᠯᠲᠡ ᠶᠢ ᠲᠦᠯᠬᠢᠨ ᠠᠬᠢᠭᠤᠯᠬᠤ ᠰᠢᠨ᠎ᠡ ᠵᠠᠩᠭᠢᠯᠠᠭ᠎ᠠ ᠶᠢᠨ ᠴᠠᠭ ᠦᠶ᠎ᠡ ᠮᠥᠨ᠂ ᠪᠢᠳᠡ ᠨᠡᠩ ᠢᠯᠡᠭᠦᠦ ᠴᠢᠷᠮᠠᠶᠢᠨ ᠲᠡᠮᠡᠴᠡᠵᠦ᠂ ᠬᠤᠪᠢᠰᠬᠠᠯ ᠤᠨ ᠠᠬᠠᠮᠠᠳ ᠦᠶ᠎ᠡ ᠶᠢᠨ ᠬᠢᠨ ᠤ ︽ᠬᠤᠪᠢᠰᠬᠠᠯ︾ ᠤᠨ ᠵᠣᠷᠢᠭ ᠰᠠᠨᠠᠭ᠎ᠠ ᠶᠢ ᠪᠠᠳᠠᠷᠠᠭᠤᠯᠵᠤ᠂ ᠴᠠᠭ ᠦᠶ᠎ᠡ ᠶᠢᠨ ᠳᠠᠷᠪᠠᠭᠤᠯ ᠢ ᠬᠡᠶᠢᠰᠬᠡᠨ ᠰᠠᠯᠬᠢ ᠳᠠᠪᠠᠯᠭᠠᠨ ᠢ ᠵᠦᠰᠦᠨ ᠤᠷᠤᠭᠰᠢᠯᠠᠵᠤ᠂ ᠰᠢᠨ᠎ᠡ ᠳᠤᠮᠳᠠᠳᠤ ᠤᠯᠤᠰ ᠤᠨ ᠰᠢᠨ᠎ᠡ ᠵᠢᠷᠤᠭ ᠲᠥᠰᠦᠪ ᠢ ᠵᠢᠷᠤᠭᠯᠠᠬᠤ ᠶᠤᠮ᠃      ᠵᠠᠭᠤᠨ ᠵᠢᠯ ᠤᠨ ᠰᠠᠯᠬᠢ ᠪᠣᠷᠣᠭᠠᠨ ᠤ ᠳᠠᠪᠲᠠᠯᠲᠠ᠂ ᠵᠠᠭᠤᠨ ᠵᠢᠯ ᠤᠨ ᠭᠡᠷᠡᠯ ᠰᠠᠴᠤᠷᠠᠩᠭᠤᠢ ᠠᠮᠵᠢᠯᠲᠠ ᠪᠦᠲᠦᠮᠵᠢ ᠨᠢ ᠲᠠᠪᠤᠨ ᠥᠨᠴᠥᠭ ᠤᠨ ᠢᠷᠠᠭᠤ ᠠᠯᠳᠠᠷ ᠢᠶᠠᠷ ᠢᠶᠠᠨ ᠦᠨᠳᠦᠰᠦᠲᠡᠨ ᠤ ᠴᠤᠭ ᠵᠢᠪᠬᠤᠭ᠎ᠠ ᠶᠢ ᠪᠠᠳᠠᠷᠠᠭᠤᠯᠵᠤ᠂ ᠨᠠᠮ ᠪᠠᠶᠢᠭᠤᠯᠬᠤ ᠠᠤᠭ᠎ᠠ ᠦᠢᠯᠡᠰ ᠢ ᠪᠠᠶᠠᠷᠯᠠᠨ ᠪᠡᠯᠭᠡᠯᠡᠨ᠎ᠡ᠃ ᠳᠤᠮᠳᠠᠳᠤ ᠤᠯᠤᠰ ᠤᠨ ᠣᠮᠤᠭ ᠲᠡᠭᠦᠯᠳᠡᠷ ᠪᠠᠶᠢᠬᠤ ᠶᠢ ᠪᠡᠯᠭᠡᠯᠡᠬᠦ ᠳᠤ᠂ ᠲᠠ ᠪᠣᠯ ᠢᠯᠠ ᠲᠣᠳᠣ ᠲᠤᠭ ᠮᠥᠨ᠂ ᠲᠦᠭ ᠲᠦᠮᠡᠨ ᠪᠠᠶᠢᠯᠳᠤᠭᠴᠢᠳ ᠢ ᠵᠢᠯᠣᠭᠤᠳᠤᠨ ᠬᠠᠷᠰᠢ ᠰᠠᠭᠠᠳ ᠢ ᠢᠯᠠᠨ ᠳᠠᠪᠠᠵᠤ᠂ ᠡᠷᠡᠯᠬᠡᠭᠯᠡᠨ ᠲᠡᠮᠡᠴᠡᠬᠦ ᠨᠢ ᠨᠡᠩ ᠴᠤ ᠬᠦᠴᠦᠨ ᠴᠢᠳᠠᠯ ᠤᠨ ᠪᠡᠯᠭᠡ ᠲᠡᠮᠳᠡᠭ ᠮᠥᠨ᠃ ᠳᠤᠮᠳᠠᠳᠤ ᠶᠢᠨ ᠬᠥᠪᠡᠭᠦᠳ ᠥᠬᠢᠳ ᠤᠨ ᠰᠠᠯᠬᠢ ᠳᠠᠪᠠᠯᠭᠠᠨ ᠢ ᠵᠦᠰᠦᠨ ᠡᠷᠡᠯᠬᠡᠭᠯᠡᠨ ᠤᠷᠤᠭᠰᠢᠯᠠᠬᠤ ᠶᠢ ᠵᠣᠷᠢᠭᠵᠢᠭᠤᠯᠵᠤ᠂ ᠨᠠᠮ ᠪᠠᠶᠢᠭᠤᠯᠤᠭᠳᠠᠭᠰᠠᠨ ᠵᠠᠭᠤᠨ ᠵᠢᠯ ᠤᠨ ᠤᠢ ᠳᠤ ᠲᠠᠯᠠᠷᠬᠠᠵᠤ᠂ ᠨᠠᠮ ᠳᠤ ᠵᠦᠩᠨᠡᠯ ᠳᠡᠪᠰᠢᠭᠦᠯᠦᠶ᠎ᠡ᠃
     ᠰᠢ ᠶᠢᠨ ᠫᠢᠩ ᠶᠡᠷᠦᠩᠬᠡᠶ ᠱᠦᠵᠢ ᠶᠢᠨ ︽ᠲᠤᠯᠤᠭᠠᠨ ᠰᠠᠷ᠎ᠠ ᠶᠢᠨ ᠨᠢᠭᠡᠨ︾ ᠤ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠭᠰᠠᠨ ᠣᠯᠤᠯᠲᠠ ᠲᠦᠷᠦᠭᠳᠡᠯ      ᠦᠬᠠᠶ ᠬᠤᠲᠠ ᠶᠢᠨ ᠭᠤᠷᠪᠠᠳᠤᠭᠠᠷ ᠠᠷᠠᠳ ᠤᠨ ᠡᠮᠨᠡᠯᠭᠡ ᠶᠢᠨ ᠬᠤᠷᠢᠶᠠᠨ ᠤ ᠮᠡᠰᠡ ᠵᠠᠰᠠᠯ ᠤᠨ ᠲᠠᠰᠤᠭ ᠤᠨ ᠰᠤᠪᠢᠯᠠᠭᠴᠢ ᠶᠢᠨ ᠳᠠᠷᠤᠭ᠎ᠠ      ᠵᠧᠦ ᠬᠤᠩ      ᠰᠢ ᠶᠢᠨ ᠫᠢᠩ ᠶᠡᠷᠦᠩᠬᠡᠶ ᠱᠦᠵᠢ ᠶᠢᠨ ︽ᠲᠤᠯᠤᠭᠠᠨ ᠰᠠᠷ᠎ᠠ ᠶᠢᠨ ᠨᠢᠭᠡᠨ︾ ᠤ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠬᠤ ᠪᠠᠷ ᠳᠠᠮᠵᠢᠭᠤᠯᠤᠨ᠂ ᠪᠢᠳᠡ ᠨᠠᠮ ᠤᠨ ᠤᠷᠳᠤ ᠬᠤᠭᠤᠴᠠᠭᠠᠨ ᠤ ᠬᠤᠪᠢᠰᠬᠠᠯ᠂ ᠪᠦᠳᠦᠭᠡᠨ ᠪᠠᠶᠢᠭᠤᠯᠤᠯᠲᠠ ᠥᠭᠡᠷᠡᠴᠢᠯᠡᠯᠲᠡ ᠶᠢᠨ ᠴᠠᠭ ᠦᠶ᠎ᠡ ᠳᠤ ᠪᠦᠷᠢᠯᠳᠦᠭᠰᠡᠨ ᠡᠷᠬᠢᠮ ᠨᠠᠨᠳᠢᠨ ᠲᠤᠷᠰᠢᠯᠭ᠎ᠠ ᠪᠠ ᠰᠢᠯᠢᠳᠡᠭ ᠤᠯᠠᠮᠵᠢᠯᠠᠯ ᠢᠶᠠᠨ ᠦᠷᠭᠦᠯᠵᠢᠯᠡᠨ ᠪᠠᠳᠠᠷᠠᠭᠤᠯᠵᠤ᠂ ᠲᠤᠯᠭᠤᠷ ᠵᠣᠷᠢᠯᠲᠠ ᠪᠠᠨ ᠦᠯᠦ ᠮᠠᠷᠲᠠᠨ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠡᠯ᠎ᠡ ᠵᠦᠢᠯ ᠤᠨ ᠠᠵᠢᠯ ᠢᠶᠠᠨ ᠲᠠᠰᠤᠷᠠᠯᠳᠠ ᠦᠭᠡᠢ ᠴᠢᠩᠭᠠᠳᠬᠠᠨ ᠰᠠᠶᠢᠵᠢᠷᠠᠭᠤᠯᠵᠤ᠂ ᠰᠡᠳᠬᠢᠯ ᠰᠠᠨᠠᠭ᠎ᠠ ᠪᠠ ᠤᠶᠤᠨ ᠴᠢᠳᠠᠯ ᠢᠶᠠᠨ ᠰᠢᠷᠭᠠᠭᠤ ᠬᠠᠲᠠᠭᠤᠵᠢᠯᠲᠠᠶ ᠪᠠᠷ ᠠᠵᠢᠯ ᠦᠢᠯᠡᠰ ᠢᠶᠠᠨ ᠳᠡᠭᠡᠳᠦᠯᠡᠬᠦ ᠳᠡᠭᠡᠷ᠎ᠡ ᠦᠨᠡᠨ ᠬᠦ ᠬᠡᠷᠡᠭᠯᠡᠬᠦ ᠬᠡᠷᠡᠭᠲᠡᠶ᠃ ᠲᠡᠦᠬᠡ ᠶᠢᠨ ᠰᠢᠨ᠎ᠡ ᠠᠶᠠᠨ ᠵᠠᠮ ᠳᠤ᠂ ᠬᠦᠨᠳᠦ ᠶᠡᠭᠡ ᠥᠷᠢᠰᠥᠯᠳᠦᠭᠡᠨ ᠢ ᠠᠷᠭᠠᠴᠠᠭᠠᠬᠤ᠂ ᠬᠦᠨᠳᠦ ᠶᠡᠭᠡ ᠠᠶᠤᠯ ᠲᠦᠭᠰᠢᠭᠦᠷᠢ ᠶᠢ ᠡᠰᠡᠷᠭᠦᠴᠡᠬᠦ᠂ ᠬᠦᠨᠳᠦ ᠶᠡᠭᠡ ᠬᠠᠷᠰᠢ ᠰᠠᠭᠠᠳ ᠢ ᠢᠯᠠᠨ ᠳᠠᠪᠠᠭ᠋ᠤ᠂ ᠬᠦᠨᠳᠦ ᠶᠡᠭᠡ ᠵᠥᠷᠢᠴᠡᠯ ᠢ ᠰᠢᠢᠳᠪᠦᠷᠢᠯᠡᠬᠦ ᠳᠤ ᠴᠠᠭ ᠢᠮᠠᠭᠲᠠ ᠪᠡᠯᠡᠳᠬᠡᠯ ᠲᠠᠢ ᠪᠠᠶᠢᠬᠤ ᠬᠡᠷᠡᠭᠲᠡᠢ᠂ ᠶᠠᠪᠤᠵᠤ ᠢᠷᠡᠭᠰᠡᠨ ᠵᠠᠮ ᠢᠶᠠᠨ ᠮᠠᠷᠲᠠᠵᠤ ᠪᠣᠯᠬᠤ ᠦᠭᠡᠢ᠂ ᠶᠠᠪᠤᠵᠤ ᠢᠷᠡᠭᠰᠡᠨ ᠥᠩᠭᠡᠷᠡᠭᠰᠡᠨ ᠢᠶᠠᠨ ᠮᠠᠷᠲᠠᠵᠤ ᠪᠣᠯᠬᠤ ᠦᠭᠡᠢ᠂ ᠶᠠᠭᠤᠨ ᠤ ᠲᠥᠯᠥᠭᠡ ᠮᠣᠷᠳᠠᠭᠰᠠᠨ ᠢᠶᠠᠨ ᠮᠠᠷᠲᠠᠵᠤ ᠪᠣᠯᠬᠤ ᠦᠭᠡᠢ᠃
     ᠰᠢ ᠶᠢᠨ ᠫᠢᠩ ᠶᠡᠷᠦᠩᠬᠡᠶ ᠱᠦᠵᠢ ᠶᠢᠨ ︽ᠲᠤᠯᠤᠭᠠᠨ ᠰᠠᠷ᠎ᠠ ᠶᠢᠨ ᠨᠢᠭᠡᠨ︾ ᠤ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠭᠰᠠᠨ ᠣᠯᠤᠯᠲᠠ ᠲᠦᠷᠦᠭᠳᠡᠯ      ᠪᠠᠷᠠᠭᠤᠨ ᠣᠷᠣᠨ ᠤ ᠲᠥᠯᠥᠪᠯᠡᠭᠡᠨ ᠤ ᠬᠠᠶᠢᠨᠠᠨ ᠤ ᠲᠦᠷᠦᠯ ᠵᠦᠢᠯ ᠤᠨ ᠠᠯᠪᠠᠨ ᠭᠡᠷ      ᠵᠠᠩ ᠺᠠᠶ ᠯᠢ      ᠨᠠᠮ ᠤᠨ 100 ᠨᠠᠰᠤᠨ ᠤ ᠤᠢ ᠶᠢᠨ ᠪᠠᠶᠠᠷ ᠤᠨ ᠲᠠᠰᠢᠷᠠᠮ ᠳᠤ᠂ ᠪᠢᠳᠡᠨ ᠤ ᠬᠥᠮᠦᠨ ᠪᠣᠯᠭᠠᠨ ᠤ ᠰᠡᠳᠬᠢᠯ ᠳᠣᠭᠳᠣᠯᠬᠤ ᠠᠴᠠ ᠭᠠᠳᠠᠨ᠎ᠠ᠂ ᠨᠡᠩ ᠤᠯᠠᠨ ᠨᠢ ᠲᠠᠯᠠᠷᠬᠠᠯ ᠤᠨ ᠰᠡᠳᠬᠢᠯᠭᠡ ᠶᠢ ᠢᠯᠡᠳᠬᠡᠨ᠎ᠡ᠃ ᠵᠠᠭᠤᠨ ᠵᠢᠯ ᠤᠨ ᠲᠤᠷᠰᠢ᠂ ᠰᠢᠷᠬ᠎ᠠ ᠰᠣᠷᠪᠢ ᠪᠠᠷ ᠳᠦᠭᠦᠷᠦᠭᠰᠡᠨ ᠬᠤᠪᠢᠯᠭᠠᠨ ᠣᠷᠣᠨ ᠤ ᠡᠬᠡ ᠭᠠᠵᠠᠷ ᠲᠤ ᠬᠥᠮᠦᠨ ᠤ ᠶᠢᠷᠲᠢᠨᠴᠦ ᠰᠣᠯᠢᠭᠳᠠᠪᠠ᠃ ᠨᠢᠭᠡ ᠦᠶ᠎ᠡ ᠶᠠᠳᠠᠭᠤ ᠪᠠᠭᠤᠷᠠᠢ ᠪᠠᠶᠢᠭᠰᠠᠨ ᠳᠤᠮᠳᠠᠳᠤ ᠶᠢᠨ ᠦᠨᠳᠦᠰᠦᠲᠡᠨ ᠰᠢᠨ᠎ᠡ ᠳᠦᠷᠰᠦ ᠪᠠᠶᠢᠳᠠᠯ ᠢᠶᠠᠨ ᠭᠦᠢᠴᠡᠳ ᠢᠯᠡᠷᠡᠭᠦᠯᠪᠡ᠃ ᠵᠠᠭᠤᠨ ᠵᠢᠯ ᠤᠨ ᠭᠡᠷᠡᠯ ᠰᠠᠴᠤᠷᠠᠩᠭᠤᠢ ᠲᠡᠦᠬᠡᠨ ᠶᠠᠪᠤᠴᠠ ᠨᠢ ᠥᠨᠢ ᠡᠭᠦᠷᠢᠳᠡ ᠬᠤᠪᠢᠷᠠᠰᠢ ᠦᠭᠡᠢ ᠦᠨᠡᠨ ᠶᠣᠰᠣ ᠶᠢ ᠢᠯᠡᠷᠡᠭᠦᠯᠵᠡᠢ᠄ ᠳᠤᠮᠳᠠᠳᠤ ᠤᠯᠤᠰ ᠤᠨ ᠡᠪ ᠬᠠᠮᠲᠤ ᠨᠠᠮ ᠪᠣᠯ ᠴᠠᠭ ᠦᠶ᠎ᠡ ᠶᠢᠨ ᠭᠤᠣᠯ ᠲᠤᠯᠭᠠᠭᠤᠷᠢ ᠮᠥᠨ᠂ ᠠᠭᠤᠯᠠ ᠤᠰᠤ ᠠᠮᠤᠷ ᠲᠠᠶᠢᠪᠤᠩ ᠪᠠᠶᠢᠬᠤ ᠶᠢ ᠬᠦᠰᠡᠵᠦ᠂ ᠡᠬᠡ ᠣᠷᠣᠨ ᠴᠡᠴᠡᠭᠯᠡᠨ ᠬᠥᠭᠵᠢᠬᠦ ᠵᠢ‌‍ᠬᠦ᠋ᠰᠡᠶ᠎ᠡ᠃
     ᠰᠢ ᠶᠢᠨ ᠫᠢᠩ ᠶᠡᠷᠦᠩᠬᠡᠶ ᠱᠦᠵᠢ ᠶᠢᠨ ︽ᠲᠤᠯᠤᠭᠠᠨ ᠰᠠᠷ᠎ᠠ ᠶᠢᠨ ᠨᠢᠭᠡᠨ︾ ᠤ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠭᠰᠠᠨ ᠣᠯᠤᠯᠲᠠ ᠲᠦᠷᠦᠭᠳᠡᠯ      ᠦᠬᠠᠶ ᠬᠤᠲᠠ ᠶᠢᠨ ᠭᠤᠷᠪᠠᠳᠤᠭᠠᠷ ᠠᠷᠠᠳ ᠤᠨ ᠡᠮᠨᠡᠯᠭᠡ ᠶᠢᠨ ᠬᠤᠷᠢᠶᠠᠨ ᠤ ᠬᠥᠩᠭᠡᠵᠢᠭᠦᠯᠬᠦ ᠰᠠᠯᠠᠭᠠᠨ ᠤ ᠰᠤᠪᠢᠯᠠᠭᠴᠢ ᠶᠢᠨ ᠳᠠᠷᠤᠭ᠎ᠠ      ᠵᠠᠩ ᠰᠢᠤᠸᠠᠢ ᠮᠧᠶ      ᠰᠢ ᠶᠢᠨ ᠫᠢᠩ ᠶᠡᠷᠦᠩᠬᠡᠶ ᠱᠦᠵᠢ ᠶᠢᠨ ︽ᠲᠤᠯᠤᠭᠠᠨ ᠰᠠᠷ᠎ᠠ ᠶᠢᠨ ᠨᠢᠭᠡᠨ︾ ᠤ ᠶᠠᠷᠢᠶ᠎ᠠ ᠶᠢᠨ ᠠᠭᠤᠯᠤᠭᠳᠠᠬᠤᠨ ᠨᠢ ᠡᠯᠪᠡᠭ ᠪᠠᠶᠠᠯᠢᠭ᠂ ᠦᠵᠡᠯ ᠰᠠᠨᠠᠭ᠎ᠠ ᠨᠢ ᠭᠦᠨ ᠭᠦᠨᠵᠡᠭᠡᠶ᠂ ᠥᠨᠳᠥᠷ ᠲᠤ ᠵᠣᠭᠰᠣᠨ ᠠᠯᠤᠰ ᠢ ᠪᠠᠷᠠᠯᠠᠵᠦ᠂ ᠠᠯᠤᠰ ᠬᠡᠳᠤ ᠶᠢᠨ ᠠᠴᠢ ᠬᠤᠯᠪᠣᠭᠳᠠᠯ ᠲᠠᠢ ᠶᠤᠮ᠃ ᠬᠥᠭᠵᠢᠯ ᠪᠠᠳᠠᠷᠠᠯᠲᠤ ᠴᠠᠭ ᠦᠶ᠎ᠡ ᠳᠤ ᠲᠣᠬᠢᠶᠠᠯᠳᠤᠭᠰᠠᠨ ᠨᠢᠭᠡᠨ ᠡᠪ ᠬᠠᠮᠲᠤ ᠨᠠᠮ ᠤᠨ ᠭᠡᠰᠢᠭᠦᠨ ᠪᠣᠯᠤᠭᠰᠠᠨ ᠤ ᠬᠤᠪᠢ ᠳᠤ᠂ ᠨᠠᠮ ᠤᠨ ᠵᠠᠭᠤᠨ ᠵᠢᠯ ᠤᠨ ᠦᠪᠡᠳᠡᠭᠰᠢ ᠶᠣᠰᠣᠯᠠᠯ ᠢ ᠭᠡᠷᠡᠴᠢᠯᠡᠭᠰᠡᠨ ᠳᠤ ᠶᠠᠭᠤᠲᠠᠶ ᠠᠵᠠ ᠵᠠᠪᠰᠢᠶᠠᠨ ᠲᠠᠢ ᠰᠠᠨᠠᠭᠳᠠᠵᠤ ᠰᠡᠳᠬᠢᠯ ᠳᠣᠭᠳᠣᠯᠤᠨ᠂ ᠬᠢᠵᠠᠭᠠᠯᠠᠰᠢ ᠦᠭᠡᠢ ᠣᠮᠣᠭᠰᠢᠵᠤ᠂ ᠨᠠᠮ ᠪᠣᠯᠤᠨ ᠤᠯᠤᠰ ᠤᠨ ᠢᠷᠡᠭᠡᠳᠦᠢ ᠳᠤ ᠢᠲᠡᠭᠡᠯ ᠳᠦᠭᠦᠷᠡᠩ ᠪᠠᠶᠢᠨ᠎ᠠ᠃ ᠨᠠᠮ ᠤᠨ ᠭᠡᠰᠢᠭᠦᠨ ᠺᠠᠳ᠋ᠷᠴᠤᠳ ᠰᠢ ᠶᠢᠨ ᠫᠢᠩ ᠶᠡᠷᠦᠩᠬᠡᠶ ᠱᠦᠵᠢ ᠶᠢᠨ ︽ᠲᠤᠯᠤᠭᠠᠨ ᠰᠠᠷ᠎ᠠ ᠶᠢᠨ ᠨᠢᠭᠡᠨ︾ ᠤ ᠶᠠᠷᠢᠶᠠᠨ ᠠᠴᠠ ᠬᠦᠴᠦᠨ ᠴᠢᠳᠠᠯ ᠣᠯᠵᠤ᠂ ᠨᠡᠩ ᠴᠤᠭ ᠪᠠᠳᠠᠷᠠᠩᠭᠤᠶ ᠤᠶᠤᠨ ᠰᠠᠨᠠᠭᠠᠨ ᠤ ᠳᠦᠷᠰᠦ ᠪᠠᠶᠢᠳᠠᠯ ᠢᠶᠠᠷ ᠬᠤᠶᠠᠳᠤᠭᠠᠷ ᠵᠠᠭᠤᠨ ᠵᠢᠯ ᠤᠨ ᠲᠡᠮᠡᠴᠡᠯ ᠤᠨ ᠬᠠᠷᠠᠯᠲᠠ ᠶᠢ ᠪᠡᠶᠡᠯᠡᠭᠦᠯᠬᠦ ᠰᠢᠯᠭᠠᠯᠲᠠ ᠳᠤ ᠣᠷᠣᠯᠴᠠᠬᠤ ᠰᠢᠨ᠎ᠡ ᠵᠠᠮ ᠢᠶᠠᠷ ᠵᠠᠮᠨᠠᠬᠤ ᠬᠡᠷᠡᠭᠲᠡᠶ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号