ᠬᠠᠷᠢᠭᠤ ᠳᠣᠰᠬᠠᠯ ᠤᠨ ᠪᠦᠯᠦᠭ᠄ ᠶᠡᠷᠦᠩᠬᠡᠶ ᠱᠦᠵᠢ ᠶᠢᠨ ︽ᠳᠣᠯᠣᠭᠠᠨ ᠰᠠᠷ᠎ᠠ ᠶᠢᠨ ᠨᠢᠭᠡᠨ︾ ᠤ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ  ᠰᠣᠷᠣᠯᠴᠠᠭᠠᠳ ᠲᠡᠳᠡᠨᠦᠰ ᠤᠨ ᠶᠠᠮᠠᠷ ᠲᠦᠷᠦᠭᠳᠡᠯ ᠲᠠᠢ ᠶᠢ ᠰᠣᠨᠣᠰᠣᠶ᠎ᠠ ︵ᠨᠢᠭᠡ︶
ᠨᠡᠶᠢᠲᠡᠯᠡᠭᠰᠡᠨ ᠴᠠᠭ᠄
2021/7/8
     ᠰᠡᠳᠬᠢᠯ ᠵᠢᠷᠦᠬᠡᠨ ᠳᠡᠭᠡᠨ ᠢᠲᠡᠭᠡᠯ ᠪᠠᠶᠢᠪᠠᠯ ᠬᠦᠯ ᠳᠣᠣᠷ᠎ᠠ ᠪᠠᠨ ᠬᠦᠴᠦᠨ ᠲᠠᠢ — ᠶᠡᠷᠦᠩᠬᠡᠢ ᠱᠦᠵᠢ ᠰᠢ ᠶᠢᠨ ᠫᠢᠩ ᠤᠨ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠤᠢ ᠶᠢ ᠪᠡᠯᠭᠡᠯᠡᠬᠦ ᠶᠡᠭᠡ ᠬᠤᠷᠠᠯ ᠳᠡᠭᠡᠷᠡᠬᠢ ᠴᠢᠬᠤᠯᠠ ᠶᠠᠷᠢᠶ᠎ᠠ ᠶᠢᠨ ᠵᠤᠷᠢᠭ ᠰᠠᠨᠠᠭ᠎ᠠ ᠶᠢ ᠰᠣᠷᠣᠯᠴᠠᠭᠰᠠᠨ ᠣᠯᠤᠯᠲᠠ ᠲᠦᠷᠦᠭᠳᠡᠯ      ᠪᠠᠶᠠᠨᠲᠤᠬᠤᠢ ᠪᠠᠯᠭᠠᠰᠤᠨ ᠤ ᠨᠠᠮ ᠤᠨ ᠬᠤᠷᠢᠶᠠᠨ ᠤ ᠳᠡᠳ᠋ ᠱᠦᠵᠢ       ᠯᠢᠦᠶ ᠶᠠᠩ      7 ᠳ᠋ᠣᠭᠠᠷ ᠰᠠᠷ᠎ᠠ ᠶᠢᠨ 1 ᠤ ᠡᠳᠦᠷ᠂ ᠪᠢ ᠪᠠᠶᠠᠨᠲᠤᠬᠤᠢ ᠪᠠᠯᠭᠠᠰᠤᠨ ᠤ ᠪᠠᠶᠢᠭᠤᠯᠭ᠎ᠠ ᠶᠢᠨ ᠨᠠᠮ ᠤᠨ ᠡᠭᠦᠷ ᠤᠨ ᠪᠦᠬᠦ ᠨᠠᠮ ᠤᠨ ᠭᠡᠰᠢᠭᠦᠳ ᠲᠠᠢ ᠬᠠᠮᠲᠤ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠤᠢ ᠶᠢ ᠪᠡᠯᠭᠡᠯᠡᠬᠦ ᠶᠡᠭᠡ ᠬᠤᠷᠠᠯ ᠤᠨ ᠠᠬᠤᠢ ᠪᠠᠶᠢᠳᠠᠯ ᠤᠨ ᠰᠢᠭᠤᠳ ᠨᠡᠪᠲᠡᠷᠡᠭᠦᠯᠭᠡ ᠶᠢ ᠦᠵᠡᠭᠰᠡᠨ ᠪᠥᠭᠡᠳ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠶᠢ ᠨᠠᠷᠢᠨ ᠬᠢᠨᠠᠮᠠᠭᠠᠢ ᠰᠤᠷᠤᠯᠴᠠᠪᠠ᠃ ᠶᠡᠷᠦᠩᠬᠡᠶ ᠱᠦᠵᠢ ᠪᠢᠳᠡᠨ ᠤ ᠨᠢᠭᠡᠳᠦᠭᠡᠷ ᠵᠠᠭᠤᠨ ᠵᠢᠯ ᠤᠨ ᠲᠡᠮᠡᠴᠡᠯ ᠤᠨ ᠬᠠᠷᠠᠯᠲᠠ ᠪᠠᠨ ᠪᠡᠶᠡᠯᠡᠭᠦᠯᠦᠭᠰᠡᠨ ᠢ ᠲᠥᠪ ᠴᠢᠩᠭ᠎ᠠ ᠪᠠᠷ ᠲᠤᠩᠬᠠᠭᠯᠠᠵᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠤᠨ ᠪᠦᠲᠦᠭᠡᠵᠦ᠂ ᠮᠠᠨ ᠤ ᠨᠠᠮ ᠤᠨ ᠠᠷᠠᠳ ᠤᠯᠠᠨ ᠢ ᠪᠦᠯᠬᠦᠮᠳᠡᠭᠦᠯᠦᠨ ᠳᠠᠭᠠᠭᠤᠯᠵᠤ ᠴᠢᠰᠣᠲᠣ ᠪᠠᠶᠢᠯᠳᠤᠭᠠᠨ ᠬᠢᠭᠰᠡᠨ᠂ ᠥᠪᠡᠷ ᠤᠨ ᠬᠦᠴᠦ ᠪᠠᠷ ᠢᠶᠠᠨ ᠳᠡᠭᠵᠢᠷᠡᠭᠰᠡᠨ᠂ ᠦᠵᠡᠯ ᠰᠠᠨᠠᠭ᠎ᠠ ᠪᠠᠨ ᠴᠢᠯᠥᠭᠡᠯᠡᠭᠰᠡᠨ᠂ ᠥᠪᠡᠷ ᠢ ᠪᠠᠨ ᠢᠲᠡᠭᠡᠵᠦ ᠥᠪᠡᠷ ᠢ ᠪᠠᠨ ᠬᠦᠴᠦᠷᠬᠡᠭᠵᠢᠭᠦᠯᠦᠭᠰᠡᠨ ᠲᠡᠮᠡᠴᠡᠯ ᠤᠨ ᠥᠩᠭᠡᠷᠡᠯᠲᠡ ᠶᠢ ᠪᠦᠬᠦ ᠲᠠᠯ᠎ᠠ ᠪᠠᠷ ᠡᠷᠭᠢᠴᠡᠭᠦᠯᠵᠦ᠂ ᠠᠭᠤᠤ ᠶᠡᠭᠡ ᠨᠠᠮ ᠪᠠᠶᠢᠭᠤᠯᠬᠤ ᠵᠣᠷᠢᠭ ᠰᠠᠨᠠᠭ᠎ᠠ ᠶᠢ ᠳ᠋ᠦᠩᠨᠡᠵᠦ᠂ ᠪᠦᠬᠦ ᠨᠠᠮ ᠪᠦᠬᠦ ᠤᠯᠤᠰ ᠲᠤ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠲᠡᠰᠢ ᠤᠷᠤᠭᠰᠢᠯᠠᠬᠤ ᠦᠨᠳᠦᠰᠦᠨ ᠵᠢᠷᠤᠮᠯᠠᠯ ᠪᠠ ᠠᠵᠢᠯᠯᠠᠭᠠᠨ ᠤ ᠬᠥᠲᠥᠯᠪᠦᠷᠢ ᠶᠢ ᠬᠠᠩᠭᠠᠭᠰᠠᠨ ᠠᠴᠠ ᠪᠢ ᠲᠦᠢᠯ ᠢᠶᠠᠷ ᠵᠣᠷᠢᠭᠵᠢᠵᠤ᠂ ᠬᠦᠴᠦᠨ ᠴᠢᠳᠠᠯ ᠳᠠᠬᠢᠨ ᠢᠶᠠᠷ  ᠨᠡᠮᠡᠭᠳᠡᠪᠡ᠃      ᠦᠨᠳᠦᠰᠦᠨ ᠱᠠᠲᠤᠨ ᠤ ᠰᠢᠶᠠᠩ ᠪᠠᠯᠭᠠᠰᠤᠨ ᠤ ᠺᠠᠳ᠋ᠷ᠂ ᠵᠠᠯᠠᠭᠤ ᠨᠠᠮ ᠤᠨ ᠭᠡᠰᠢᠭᠦᠨ ᠪᠣᠯᠤᠭᠰᠠᠨ ᠤ ᠬᠤᠪᠢ ᠳᠤ᠂ ᠪᠢ ᠬᠤᠢᠰᠢᠳᠠ ᠶᠢᠨ ᠠᠵᠢᠯ ᠤᠨ ᠳᠤᠮᠳᠠ ᠪᠠᠨ᠂ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠰᠢ ᠶᠢᠨ ᠫᠢᠩ ᠶᠡᠷᠦᠩᠬᠡᠶ ᠱᠦᠵᠢ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠣᠶᠢᠯᠠᠭᠠᠵᠤ᠂  ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠨᠠᠮ ᠤᠨ ᠵᠠᠭᠤᠨ ᠵᠢᠯ ᠤᠨ ᠲᠡᠦᠬᠡ ᠠᠴᠠ ᠤᠶᠤᠨ ᠤᠬᠠᠭᠠᠨ ᠪᠠ ᠬᠦᠴᠦᠨ ᠴᠢᠳᠠᠯ ᠢ ᠰᠢᠩᠭᠡᠭᠡᠨ ᠠᠪᠴᠤ᠂ ᠤᠯᠤᠰ ᠲᠦᠷᠦ ᠶᠢᠨ ᠬᠡᠪ ᠴᠢᠨᠠᠷ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠦᠨ᠂ ᠠᠵᠢᠯ ᠤᠨ ᠴᠢᠳᠠᠪᠤᠷᠢ ᠪᠠᠨ ᠳᠡᠭᠡᠭᠰᠢᠯᠡᠭᠦᠯᠵᠦ᠂ ᠬᠥᠭᠵᠢᠯᠲᠡ ᠶᠢᠨ ᠢᠲᠡᠭᠡᠯ ᠢᠶᠠᠨ ᠪᠠᠲᠤᠳᠬᠠᠨ᠂ ᠬᠥᠭᠵᠢᠯᠲᠡ ᠶᠢᠨ ᠨᠡᠶᠢᠯᠡᠮᠡᠯ ᠬᠦᠴᠦᠨ ᠢ ᠨᠢᠭᠲᠠᠷᠠᠭᠤᠯᠵᠤ᠂ ᠢᠮᠠᠭᠲᠠ ᠨᠢᠭᠡ ᠵᠦᠢᠯ ᠤᠨ ︽ᠡᠷᠡᠰ ᠰᠢᠭᠤᠷᠬᠠᠢ ᠪᠠᠷ ᠤᠷᠤᠭᠰᠢᠯᠠᠨ ᠲᠠᠪᠰᠢᠵᠤ᠂ ᠡᠭᠦᠷᠢᠳᠡ ᠬᠤᠶᠢᠷᠭᠤᠰᠢᠬᠤ ᠦᠭᠡᠢ︾ ᠤᠶᠤᠨ ᠰᠠᠨᠠᠭᠠᠨ ᠤ ᠳᠦᠷᠰᠦ ᠪᠠᠶᠢᠳᠠᠯ ᠢᠶᠠᠷ ᠡᠮᠦᠨ᠎ᠡ ᠨᠢ ᠭᠠᠪᠰᠢᠭᠠᠶᠢᠯᠠᠵᠤ᠂ ᠴᠠᠭ ᠦᠶ᠎ᠡ ᠶᠢ ᠬᠥᠰᠡᠷᠳᠡᠭᠦᠯᠬᠦ ᠦᠭᠡᠢ᠂ ᠵᠠᠯᠠᠭᠤ ᠨᠠᠰᠤ ᠶᠢ ᠬᠥᠰᠡᠷᠳᠡᠭᠦᠯᠬᠦ ᠦᠭᠡᠢ᠂ ᠨᠠᠮ ᠪᠠ ᠠᠷᠠᠳ ᠲᠦᠮᠡᠨ ᠤ ᠬᠦᠰᠡᠯ ᠡᠷᠡᠮᠡᠯᠵᠡᠯ ᠢ ᠬᠥᠰᠡᠷᠳᠡᠭᠦᠯᠬᠦ ᠦᠭᠡᠢ ᠪᠠᠷ ᠴᠢᠷᠮᠠᠶᠢᠨ᠎ᠠ︕
     ᠨᠠᠮ ᠮᠢᠨᠢ ᠰᠠᠨᠠᠭ᠎ᠠ ᠠᠮᠤᠷ ᠪᠠᠶᠢᠭᠠᠷᠠᠢ᠂ ᠤᠯᠤᠰ ᠣᠷᠣᠨ ᠢᠶᠠᠨ ᠬᠦᠴᠦᠷᠬᠡᠭᠵᠢᠭᠦᠯᠬᠦ ᠳᠤ ᠪᠢ ᠪᠤᠢ      ᠦᠬᠠᠶ ᠬᠤᠲᠠ ᠶᠢᠨ ᠬᠠᠶᠢᠨᠠᠨ ᠲᠣᠭᠤᠷᠢᠭ ᠤᠨ ᠡᠪ ᠬᠠᠮᠲᠤ ᠵᠠᠯᠠᠭᠤᠴᠤᠳ ᠤᠨ ᠡᠪᠯᠡᠯ ᠤᠨ ᠭᠡᠰᠢᠭᠦᠨ     ᠹᠠᠨ ᠱᠦ ᠲᠢᠩ      ᠴᠠᠭ ᠮᠥᠴᠡ ᠢᠳᠡᠭ ᠢᠳᠡᠭ ᠢᠶᠠᠷ ᠥᠩᠭᠡᠷᠡᠵᠦ᠂ ᠮᠠᠨ ᠤ ᠨᠠᠮ 100 ᠵᠢᠯ ᠤᠨ ᠭᠠᠶᠢᠬᠠᠮᠰᠢᠭᠲᠤ ᠣᠨ ᠰᠠᠷ᠎ᠠ ᠶᠢ ᠥᠩᠭᠡᠷᠡᠭᠡᠪᠡ᠃ 100 ᠵᠢᠯ ᠤᠨ ᠡᠮᠦᠨ᠎ᠡ᠂ ᠨᠢᠭᠡ ᠪᠦᠯᠦᠭ ᠵᠠᠯᠠᠭᠤᠴᠤᠳ ᠨᠢᠭᠡᠨ ᠤᠯᠠᠭᠠᠨ ᠣᠩᠭᠤᠴᠠᠨ ᠠᠴᠠ ᠳᠠᠷᠪᠠᠭᠤᠯ ᠬᠡᠶᠢᠰᠬᠡᠨ ᠠᠶᠠᠯᠠᠯ ᠢᠶᠠᠨ ᠡᠬᠢᠯᠡᠭᠦᠯᠪᠡ᠃ 100 ᠵᠢᠯ ᠤᠨ ᠳᠠᠷᠠᠭ᠎ᠠ᠂ ᠵᠠᠯᠠᠭᠤᠴᠤᠳ ᠪᠠᠭᠠᠴᠤᠳ ᠲᠢᠶᠠᠨ ᠠᠨ ᠮᠧᠨ ᠲᠠᠯᠠᠪᠠᠶ ᠳᠤ ︽ᠨᠠᠮ ᠮᠢᠨᠢ ᠰᠠᠨᠠᠭ᠎ᠠ ᠠᠮᠤᠷ ᠪᠠᠶᠢᠭᠠᠷᠠᠶ᠂ ᠤᠯᠤᠰ ᠢᠶᠠᠨ ᠬᠦᠴᠦᠷᠬᠡᠭᠵᠢᠭᠦᠯᠬᠦ ᠳᠤ ᠪᠢ ᠪᠣᠶ︾ ᠭᠡᠵᠦ ᠬᠠᠰᠬᠢᠷᠤᠨ᠂ ᠬᠥᠮᠦᠰ ᠢ ᠵᠣᠷᠢᠭᠵᠢᠭᠤᠯᠤᠨ ᠤᠷᠤᠭᠰᠢᠯᠠᠭᠤᠯᠵᠤ᠂ ᠬᠥᠮᠦᠰ ᠤᠨ ᠰᠡᠳᠬᠢᠯ ᠢ ᠬᠥᠭᠵᠢᠭᠡᠪᠡ᠃      ᠶᠡᠷᠦᠩᠬᠡᠢ ᠱᠦᠵᠢ ᠠᠴᠠ ᠴᠢᠬᠤᠯᠠᠴᠢᠯᠠᠭᠰᠠᠨ ᠨᠢ᠂ ᠢᠷᠡᠭᠡᠳᠦᠢ ᠪᠣᠯ ᠵᠠᠯᠠᠭᠤᠴᠤᠳ ᠤᠨ ᠬᠢ ᠶᠤᠮ᠂ ᠬᠦᠰᠡᠯ ᠡᠷᠡᠮᠡᠯᠵᠡᠯ ᠢᠶᠠᠨ ᠵᠠᠯᠠᠭᠤᠴᠤᠳ ᠲᠤ  ᠨᠠᠶᠢᠳᠠᠶ᠎ᠠ᠃ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠵᠠᠯᠠᠭᠤᠴᠤᠳ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠪᠠᠷ ᠥᠪᠡᠷ ᠤᠨ ᠡᠭᠦᠷᠭᠡ ᠪᠠᠨ ᠪᠣᠯᠭᠠᠵᠤ᠂ ᠳᠤᠮᠳᠠᠳᠤ ᠤᠯᠤᠰ ᠤᠨ ᠬᠥᠮᠦᠨ ᠪᠣᠯᠬᠤ ᠰᠥᠰᠥ ᠵᠣᠷᠢᠭ᠂ ᠢᠳᠡ ᠬᠦᠴᠦ ᠪᠠᠨ ᠨᠡᠮᠡᠭᠳᠡᠭᠦᠯᠵᠦ᠂ ᠴᠠᠭ ᠦᠶ᠎ᠡ ᠶᠢ ᠬᠥᠰᠡᠷᠳᠡᠭᠦᠯᠬᠦ ᠦᠭᠡᠢ᠂ ᠵᠠᠯᠠᠭᠤ ᠨᠠᠰᠤ ᠶᠢ ᠬᠥᠰᠡᠷᠳᠡᠭᠦᠯᠬᠦ ᠦᠭᠡᠢ᠂ ᠨᠠᠮ ᠪᠠ ᠠᠷᠠᠳ ᠲᠦᠮᠡᠨ ᠤ ᠨᠠᠨᠳᠢᠨ ᠬᠦᠰᠡᠯ ᠡᠷᠡᠮᠡᠯᠵᠡᠯ ᠢ ᠬᠥᠰᠡᠷᠳᠡᠭᠦᠯᠬᠦ ᠦᠭᠡᠢ ᠪᠠᠶᠢᠬᠤ ᠬᠡᠷᠡᠭᠲᠡᠢ ᠭᠡᠪᠡ᠃ ᠪᠢᠳᠡ ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ᠂ ᠠᠴᠢ ᠶᠢ ᠬᠠᠷᠢᠭᠤᠯᠠᠨ ᠡᠷᠡᠯᠬᠡᠭᠯᠡᠨ ᠤᠷᠤᠭᠰᠢᠯᠠᠵᠤ᠂ ︽ᠬᠤᠪᠢ ᠬᠥᠮᠦᠨ ᠤ ᠵᠡᠭᠦᠳᠦ︾ ᠶᠢ ︽ᠳᠤᠮᠳᠠᠳᠤ ᠶᠢᠨ ᠵᠡᠭᠦᠳᠦ︾ ᠳᠤ ᠠᠭᠤᠰᠬᠠᠵᠤ᠂ ︽ᠵᠠᠯᠠᠭᠤ ᠨᠠᠰᠤᠨ ᠤ ᠵᠡᠭᠦᠳᠦ︾ ᠪᠠᠷ ︽ᠳᠤᠮᠳᠠᠳᠤ ᠶᠢᠨ ᠵᠡᠭᠦᠳᠦ︾ ᠶᠢ ᠡᠷᠭᠦᠵᠦ᠂ ᠳᠤᠮᠳᠠᠳᠤ ᠶᠢᠨ ᠵᠡᠭᠦᠳᠦ ᠶᠢ ᠲᠡᠷᠭᠡᠯᠰᠢᠭᠦᠯᠬᠦ ᠳᠤ ᠬᠦᠴᠦᠷᠬᠡᠭ ᠶᠡᠭᠡ ᠵᠠᠯᠠᠭᠤ ᠨᠠᠰᠤᠨ ᠤ ᠡᠨᠧᠷᠭᠢ ᠨᠡᠮᠡᠷᠢᠯᠡᠵᠦ᠂ ᠰᠢᠨ᠎ᠡ ᠴᠠᠭ ᠦᠶ᠎ᠡ ᠶᠢᠨ ︽ᠵᠡᠭᠦᠳᠦ ᠶᠢ ᠲᠡᠷᠭᠡᠯᠰᠢᠭᠦᠯᠦᠭᠴᠢ︾ ᠪᠣᠯᠬᠤ   ᠪᠠᠷ ᠴᠢᠷᠮᠠᠶᠢᠶ᠎ᠠ᠃
     ᠦᠬᠠᠶ ᠬᠤᠲᠠ ᠶᠢᠨ ᠬᠠᠶᠢᠨᠠᠨ ᠲᠣᠭᠤᠷᠢᠭ ᠤᠨ  ᠪᠠᠶᠠᠬᠤᠰᠤ ᠵᠡᠭᠡᠯᠢ ᠶᠢᠨ ᠭᠠᠯ ᠤᠨᠲᠠᠷᠠᠭᠠᠵᠤ ᠠᠪᠤᠷᠠᠨ ᠲᠤᠰᠠᠯᠠᠬᠤ ᠥᠷᠲᠡᠭᠡᠨ ᠤ ᠳᠠᠷᠤᠭ᠎ᠠ      ᠶᠤᠸᠠᠨ ᠬᠤᠩ ᠵᠠᠩ      7 ᠳ᠋ᠣᠭᠠᠷ ᠰᠠᠷ᠎ᠠ ᠶᠢᠨ 1 ᠤ ᠡᠳᠦᠷ᠂ ᠪᠢᠳᠡ ᠲᠧᠯᠸᠢᠰ ᠤᠨ ᠡᠮᠦᠨ᠎ᠡ ᠰᠠᠭᠤᠭᠠᠳ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠣᠶ ᠶᠢ ᠪᠡᠯᠭᠡᠯᠡᠬᠦ ᠶᠡᠭᠡ ᠬᠤᠷᠠᠯ ᠢ ᠰᠣᠨᠢᠷᠬᠠᠵᠤ᠂ ᠶᠡᠷᠦᠩᠬᠡᠶ ᠱᠦᠵᠢ ᠰᠢ ᠶᠢᠨ ᠫᠢᠩ ᠴᠢᠬᠤᠯᠠ ᠶᠠᠷᠢᠶ᠎ᠠ ᠲᠠᠯᠪᠢᠵᠤ᠂ ᠲᠧᠯᠸᠢᠰ ᠤᠨ ᠡᠮᠦᠨ᠎ᠡ ᠰᠠᠭᠤᠭ᠎ᠠ ᠮᠢᠨᠦ ᠰᠡᠳᠬᠢᠯ ᠤᠨ ᠳᠠᠪᠠᠯᠭᠠᠨ ᠣᠶᠢᠯᠤᠨ ᠳᠠᠪᠠᠯᠭᠠᠯᠠᠵᠦ ᠪᠠᠶᠢᠯ᠎ᠠ᠂ ︽ᠠᠷᠠᠳ ᠲᠦᠮᠡᠨ ᠪᠣᠯ ᠲᠡᠦᠬᠡ ᠶᠢ ᠡᠭᠦᠳᠦᠨ ᠪᠦᠲᠦᠭᠡᠭᠴᠢ᠂ ᠵᠢᠩᠬᠢᠨᠢ ᠪᠠᠭᠠᠲᠤᠷ ᠮᠥᠨ︾ ᠭᠡᠵᠦ ᠶᠠᠷᠢᠬᠤ ᠳᠤ᠂ ᠶᠡᠷᠦᠩᠬᠡᠢ ᠱᠦᠵᠢ ᠰᠢ ᠶᠢᠨ ᠫᠢᠩ ᠭᠦᠨ ᠰᠡᠳᠬᠢᠯᠭᠡ ᠲᠠᠢ ᠪᠠᠷ᠄ ᠪᠢ ᠨᠠᠮ ᠤᠨ ᠲᠥᠪ ᠬᠤᠷᠢᠶ᠎ᠠ ᠶᠢ ᠲᠥᠯᠥᠭᠡᠯᠡᠨ ᠁ ᠠᠷᠠᠳ ᠤᠨ ᠴᠢᠯᠥᠭᠡᠯᠡᠬᠦ ᠴᠡᠷᠢᠭ ᠤᠨ ᠵᠢᠯᠤᠭᠤᠳᠤᠬᠴᠢ ᠪᠠᠶᠢᠯᠳᠤᠭᠴᠢ᠂ ᠵᠡᠪᠰᠡᠭᠲᠦ ᠴᠠᠭᠳᠠᠭ᠎ᠠ ᠶᠢᠨ ᠴᠡᠷᠢᠭ ᠠᠩᠬᠢ ᠶᠢᠨ ᠳᠠᠷᠤᠭ᠎ᠠ ᠪᠠᠶᠢᠯᠳᠤᠭᠴᠢ᠂ ᠳᠣᠲᠣᠭᠠᠳᠤ ᠶᠢ ᠬᠠᠮᠠᠭᠠᠯᠠᠬᠤ ᠺᠠᠳ᠋ᠷ ᠴᠠᠭᠳᠠᠭ᠎ᠠ ᠪᠣᠯᠤᠨ ᠭᠠᠯ ᠤᠨᠲᠠᠷᠠᠭᠠᠵᠤ ᠠᠪᠤᠷᠠᠨ ᠲᠤᠰᠠᠯᠠᠬᠤ ᠠᠩᠬᠢ ᠶᠢᠨ ᠵᠢᠯᠤᠭᠤᠳᠤᠬᠴᠢ ᠪᠠᠶᠢᠯᠳᠤᠭᠴᠢᠳ᠂ ᠪᠦᠬᠦ ᠨᠡᠶᠢᠭᠡᠮ ᠵᠢᠷᠤᠮ ᠤᠨ ᠬᠥᠳᠡᠯᠮᠦᠷᠢᠴᠢᠳ᠂ ᠨᠢᠭᠡᠳᠦᠮᠡᠯ ᠹᠷᠣᠨᠲ ᠤᠨ ᠥᠷᠭᠡᠨ ᠤᠯᠠᠨ ᠪᠦᠷᠢᠯᠳᠦᠬᠦᠨ ᠳᠤ ᠡᠷᠬᠢᠮ ᠳᠡᠭᠡᠳᠦ ᠬᠦᠨᠳᠦᠳᠬᠡᠯ ᠢᠶᠠᠨ ᠳᠡᠪᠰᠢᠭᠦᠯᠦᠶ᠎ᠡ︕      ᠭᠠᠯ ᠤᠨᠲᠠᠷᠠᠭᠠᠵᠤ ᠠᠪᠤᠷᠠᠨ ᠲᠤᠰᠠᠯᠠᠬᠤ ᠠᠩᠬᠢ ᠶᠢᠨ ᠨᠢᠭᠡ ᠭᠡᠰᠢᠭᠦᠨ ᠪᠣᠯᠤᠭᠰᠠᠨ ᠤ ᠬᠤᠪᠢ ᠳᠤ᠂ ᠪᠢ ᠮᠠᠰᠢ ᠵᠣᠷᠢᠭᠵᠢᠵᠤ᠂ ᠡᠭᠦᠷᠭᠡ ᠬᠠᠷᠢᠭᠤᠴᠠᠯᠭ᠎ᠠ ᠦᠩᠬᠡ ᠬᠡᠷᠡᠯᠳᠡᠢ ᠶᠤᠮ᠃ ᠨᠢᠭᠡᠨ ᠨᠠᠮ ᠤᠨ ᠭᠡᠰᠢᠭᠦᠨ ᠪᠣᠯ ᠳᠠᠷᠤᠶ ᠨᠢᠭᠡᠨ ᠲᠤᠬ ᠲᠡᠮᠳᠡᠭ ᠮᠥᠨ᠃ ᠭᠠᠯ ᠤᠨᠲᠠᠷᠠᠭᠠᠵᠤ ᠠᠪᠤᠷᠠᠨ ᠲᠤᠰᠠᠯᠠᠬᠤ ᠡᠩᠨᠡᠭᠡᠨ ᠤ ᠨᠠᠮ ᠤᠨ ᠭᠡᠰᠢᠭᠦᠨ ᠪᠣᠯᠤᠭᠰᠠᠨ ᠤ ᠬᠤᠪᠢ ᠳᠤ᠂ ᠨᠡᠩ ᠴᠤ ᠴᠠᠭ ᠢᠮᠠᠭᠲᠠ ᠡᠮᠦᠨ᠎ᠡ ᠨᠢ ᠭᠠᠪᠰᠢᠭᠠᠶᠢᠯᠠᠨ ᠣᠷᠣᠬᠤ ᠬᠡᠷᠡᠭᠲᠡᠢ᠃ ᠠᠷᠠᠳ ᠤᠯᠠᠨ ᠬᠡᠷᠡᠭᠴᠡᠭᠡ ᠲᠠᠢ ᠯᠡ ᠶᠤᠮ ᠪᠣᠯ ᠪᠢ ᠡᠷᠡᠮᠡᠬᠡᠶᠢᠯᠡᠨ ᠲᠡᠮᠡᠴᠡᠵᠦ᠂ ᠭᠠᠯ ᠤᠨᠲᠠᠷᠠᠭᠠᠬᠤ ᠪᠠ ᠠᠶᠤᠯ ᠠᠴᠠ ᠠᠪᠤᠷᠠᠨ ᠲᠤᠰᠠᠯᠠᠬᠤ ᠠᠵᠢᠯ ᠢ ᠲᠦᠷᠦᠭᠦᠯᠡᠨ ᠰᠠᠶᠢᠲᠤᠷ ᠬᠢᠬᠦ ᠪᠠᠷ ᠴᠢᠷᠮᠠᠶᠢᠨ᠎ᠠ᠂ ᠤᠴᠢᠷ ᠨᠢ ᠡᠨᠡ ᠪᠣᠯ ᠮᠢᠨᠦ ᠡᠭᠦᠷᠭᠡ ᠬᠠᠷᠢᠭᠤᠴᠠᠯᠭ᠎ᠠ ᠮᠥᠨ᠃
   
     ᠦᠬᠠᠶ ᠶᠢᠨ ᠴᠠᠬᠢᠯᠭᠠᠨ ᠦᠢᠯᠡᠰ ᠤᠨ ᠲᠣᠪᠴᠢᠶ᠎ᠠ ᠶᠢᠨ ᠤᠨᠤᠯ ᠤᠨ ᠭᠤᠣᠯ ᠬᠠᠮᠢᠶᠠᠷᠤᠭᠴᠢ      ᠠᠨ ᠷᠠᠨ      ᠪᠡᠯᠭᠡᠯᠡᠬᠦ ᠶᠡᠭᠡ ᠬᠤᠷᠠᠯ ᠤᠨ ᠰᠢᠭᠤᠳ ᠨᠡᠪᠲᠡᠷᠡᠭᠦᠯᠭᠡ ᠶᠢ ᠦᠵᠡᠭᠰᠡᠨ ᠤ ᠲᠠᠷᠠᠭ᠎ᠠ ᠮᠢᠨᠦ ᠰᠡᠳᠬᠢᠯ ᠰᠠᠨᠠᠭ᠎ᠠ ᠤᠳᠠᠲᠠᠯ᠎ᠠ ᠲᠣᠭᠲᠠᠭᠤᠨ ᠪᠠᠶᠢᠵᠤ  ᠴᠢᠳᠠᠭ᠎ᠠ ᠦᠭᠡᠢ —— ᠮᠠᠨ ᠤ ᠨᠠᠮ ᠳᠤᠮᠳᠠᠳᠤ ᠤᠯᠤᠰ ᠤᠨ ᠠᠷᠠᠳ ᠲᠦᠮᠡᠨ ᠢ ᠤᠳᠤᠷᠢᠳᠤᠨ ᠭᠠᠰᠠᠯᠠᠩ ᠵᠣᠪᠠᠯᠠᠩᠲᠤ ᠣᠨ ᠰᠠᠷ᠎ᠠ ᠶᠢ ᠲᠤᠭᠤᠯᠵᠤ᠂ ᠳᠤᠮᠳᠠᠳᠤ ᠤᠯᠤᠰ ᠤᠨ ᠣᠨᠴᠠᠯᠢᠭ  ᠲᠠᠢ ᠨᠡᠶᠢᠭᠡᠮ ᠵᠢᠷᠤᠮ ᠤᠨ ᠵᠠᠮ ᠢ ᠨᠡᠭᠡᠭᠡᠵᠦ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠤᠨ ᠪᠦᠲᠦᠭᠡᠵᠦ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠰᠢᠨ᠎ᠡ ᠠᠶᠠᠨ ᠳᠤ ᠮᠣᠷᠳᠠᠵᠤ᠂ ᠭᠠᠷᠮᠠᠭᠠᠶ ᠭᠠᠪᠢᠶ᠎ᠠ ᠵᠢᠳᠬᠦᠯ ᠭᠠᠷᠭᠠᠵᠤ᠂ ᠲᠡᠦᠬᠡ ᠶᠢᠨ ᠬᠠᠭᠤᠳᠠᠰᠤᠨ ᠳᠤ ᠲᠡᠮᠳᠡᠭᠯᠡᠭᠳᠡᠪᠡ᠃ 9514.8 ᠲᠦᠮᠡᠨ ᠡᠪ ᠬᠠᠮᠲᠤ ᠨᠠᠮ ᠤᠨ ᠭᠡᠰᠢᠭᠦᠨ ᠤ ᠨᠢᠭᠡ ᠪᠣᠯᠤᠭᠰᠠᠨ ᠤ ᠬᠤᠪᠢ ᠳᠤ ᠪᠢ ᠬᠢᠵᠠᠭᠠᠯᠠᠰᠢ ᠦᠭᠡᠢ ᠣᠮᠣᠭᠰᠢᠨ᠎ᠠ᠃ ᠶᠡᠷᠦᠩᠬᠡᠢ ᠱᠦᠵᠢ ᠰᠢ ᠶᠢᠨ ᠫᠢᠩ ᠶᠠᠷᠢᠶᠠᠨ ᠳᠠᠭᠠᠨ᠂ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠵᠠᠯᠠᠭᠤᠴᠤᠳ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠪᠠᠷ ᠥᠪᠡᠷ ᠤᠨ ᠡᠭᠦᠷᠭᠡ ᠪᠠᠨ ᠪᠣᠯᠭᠠᠵᠤ᠂ ᠳᠤᠮᠳᠠᠳᠤ ᠤᠯᠤᠰ ᠤᠨ ᠬᠥᠮᠦᠨ ᠪᠣᠯᠬᠤ ᠰᠥᠰᠥ ᠵᠣᠷᠢᠭ᠂ ᠢᠳᠡ ᠬᠦᠴᠦ ᠪᠠᠨ ᠨᠡᠮᠡᠭᠳᠡᠭᠦᠯᠵᠦ᠂ ᠴᠠᠭ ᠦᠶ᠎ᠡ ᠶᠢ ᠬᠥᠰᠡᠷᠳᠡᠭᠦᠯᠬᠦ ᠦᠭᠡᠢ᠂ ᠵᠠᠯᠠᠭᠤ ᠨᠠᠰᠤ ᠶᠢ ᠬᠥᠰᠡᠷᠳᠡᠭᠦᠯᠬᠦ ᠦᠭᠡᠢ᠂ ᠨᠠᠮ ᠪᠣᠯᠤᠨ ᠠᠷᠠᠳ ᠲᠦᠮᠡᠨ ᠤ ᠨᠠᠨᠳᠢᠨ ᠬᠦᠰᠡᠯ ᠡᠷᠡᠮᠡᠯᠵᠡᠯ ᠢ ᠬᠥᠰᠡᠷᠳᠡᠭᠦᠯᠬᠦ ᠦᠭᠡᠢ ᠪᠠᠶᠢᠬᠤ ᠬᠡᠷᠡᠭᠲᠡᠢ ᠭᠡᠵᠦ ᠴᠢᠬᠤᠯᠠᠴᠢᠯᠠᠪᠠ᠃ ᠴᠠᠬᠢᠯᠭᠠᠨ ᠬᠦᠴᠦᠨ ᠤ ᠤᠬᠠᠭᠤᠯᠭ᠎ᠠ ᠶᠢᠨ ᠹᠷᠣᠨᠲ ᠤᠨ ᠨᠢᠭᠡᠨ ᠭᠡᠰᠢᠭᠦᠨ ᠪᠣᠯᠤᠭᠰᠠᠨ ᠤ ᠬᠤᠪᠢ ᠳᠤ᠂ ᠪᠢ ᠳᠤᠷᠠᠲᠠᠶ᠎ᠠ ᠦᠷᠭᠦᠯᠵᠢᠯᠡᠨ ᠤᠬ ᠰᠠᠨᠠᠭ᠎ᠠ ᠪᠠᠨ ᠡᠪᠦᠷᠯᠡᠵᠦ᠂ ᠡᠭᠦᠷᠭᠡ ᠬᠠᠷᠢᠭᠤᠴᠠᠯᠭ᠎ᠠ ᠪᠠᠨ ᠦᠢᠯᠡᠳᠦᠯᠭᠡᠵᠢᠭᠦᠯᠵᠦ᠂ ᠨᠠᠮ ᠤᠨ ᠤᠳᠤᠷᠢᠳᠤᠯᠭ᠎ᠠ ᠳᠣᠣᠷ᠎ᠠ ᠠᠵᠤ ᠠᠬᠤᠶᠢᠯᠠᠯ ᠤᠨ ᠬᠥᠭᠵᠢᠯᠲᠡ ᠳᠤ ᠥᠴᠦᠬᠡᠨ ᠬᠦᠴᠦᠨ ᠴᠢᠳᠠᠯ ᠢᠶᠠᠨ ᠡᠷᠭᠦᠨ᠎ᠡ᠃ ᠮᠠᠨ ᠤ ᠠᠭᠤᠤ ᠶᠡᠭᠡ ᠨᠠᠮ ᠤᠨ ᠲᠦᠷᠦᠭᠰᠡᠨ ᠡᠳᠦᠷ ᠤᠨ ᠪᠠᠶᠠᠷ ᠢ ᠪᠡᠯᠭᠡᠯᠡᠵᠦ᠂ ᠰᠠᠭᠤᠷᠢ ᠦᠢᠯᠡᠰ ᠮᠥᠩᠬᠡ ᠨᠣᠭᠤᠭᠠᠨ ᠪᠠᠶᠢᠬᠤ ᠶᠢ  ᠵᠦᠩᠨᠡᠶ᠎ᠡ︕ ᠮᠠᠨ ᠤ ᠠᠭᠤᠤ ᠶᠡᠭᠡ ᠡᠬᠡ ᠣᠷᠣᠨ ᠤ ᠴᠡᠴᠡᠭᠯᠡᠨ ᠬᠥᠭᠵᠢᠬᠦ ᠶᠢ ᠴᠢᠩ ᠰᠡᠳᠬᠢᠯ ᠠᠴᠠ ᠪᠠᠨ ᠵᠦᠩᠨᠡᠶ᠎ᠡ︕
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号