ᠬᠠᠷᠢᠭᠤ ᠳᠣᠰᠬᠠᠯ ᠤᠨ ᠪᠦᠯᠦᠭ᠄ ᠶᠡᠷᠦᠩᠬᠡᠶ ᠱᠦᠵᠢ ᠶᠢᠨ ︽ᠳᠣᠯᠣᠭᠠᠨ ᠰᠠᠷ᠎ᠠ ᠶᠢᠨ ᠨᠢᠭᠡᠨ︾ ᠤ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠣᠷᠣᠯᠴᠠᠭᠠᠳ ᠲᠡᠳᠡᠨᠦᠰ ᠤᠨ ᠶᠠᠮᠠᠷ ᠲᠦᠷᠦᠭᠳᠡᠯ ᠲᠠᠢ ᠶᠢ ᠰᠣᠨᠣᠰᠣᠶ᠎ᠠ ︵ᠬᠤᠶᠠᠷ︶
ᠨᠡᠶᠢᠲᠡᠯᠡᠭᠰᠡᠨ ᠴᠠᠭ᠄
2021/7/8
     ᠰᠡᠳᠬᠢᠯ ᠵᠢᠷᠦᠬᠡᠨ ᠳᠡᠭᠡᠨ ᠢᠲᠡᠭᠡᠯ ᠪᠠᠶᠢᠪᠠᠯ ᠬᠦᠯ ᠳᠣᠣᠷ᠎ᠠ ᠪᠠᠨ ᠬᠦᠴᠦᠨ ᠲᠠᠢ — ᠶᠡᠷᠦᠩᠬᠡᠢ ᠱᠦᠵᠢ ᠰᠢ ᠶᠢᠨ ᠫᠢᠩ ᠤᠨ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠤᠢ ᠶᠢ ᠪᠡᠯᠭᠡᠯᠡᠬᠦ ᠶᠡᠭᠡ ᠬᠤᠷᠠᠯ ᠳᠡᠭᠡᠷᠡᠬᠢ ᠴᠢᠬᠤᠯᠠ ᠶᠠᠷᠢᠶ᠎ᠠ ᠶᠢᠨ ᠵᠤᠷᠢᠭ ᠰᠠᠨᠠᠭ᠎ᠠ ᠶᠢ ᠰᠣᠷᠣᠯᠴᠠᠭᠰᠠᠨ ᠣᠯᠤᠯᠲᠠ ᠲᠦᠷᠦᠭᠳᠡᠯ      ᠬᠠᠶᠢᠨᠠᠨ ᠲᠣᠭᠤᠷᠢᠭ ᠤᠨ ᠬᠠᠮ ᠵᠠᠭᠤᠴᠢᠯᠠᠭᠤᠷ ᠤᠨ ᠲᠥᠪ ᠤᠨ ᠰᠤᠷᠪᠤᠯᠵᠢᠯᠠᠭᠴᠢ      ᠯᠢ ᠵᠢᠶᠧ          ᠵᠠᠭᠤᠨ ᠵᠢᠯ ᠤᠨ ᠠᠶᠠᠨ ᠵᠠᠮ ᠰᠦᠷ ᠳᠠᠯᠠᠶᠢᠴᠠᠲᠠᠢ᠂ ᠵᠠᠭᠤᠨ ᠵᠢᠯ ᠤᠨ  ᠣᠭ ᠰᠠᠨᠠᠭ᠎ᠠ ᠦᠨᠢᠳᠡ ᠪᠠᠲᠤᠲᠠᠢ︕ ᠳᠤᠮᠳᠠᠳᠤ ᠤᠯᠤᠰ ᠤᠨ ᠡᠪ ᠬᠠᠮᠲᠤ ᠨᠠᠮ ᠤᠨ ᠨᠠᠮ ᠪᠠᠶᠢᠭᠤᠯᠤᠭᠳᠠᠭᠰᠠᠨ ᠵᠠᠭᠤᠨ ᠵᠢᠯ ᠤᠨ ᠶᠡᠭᠡ ᠬᠤᠷᠠᠯ ᠢ ᠪᠦᠬᠦ ᠶᠠᠪᠤᠴᠠ ᠪᠠᠷ ᠦᠵᠡᠭᠰᠡᠨ ᠤ ᠲᠠᠷᠠᠭ᠎ᠠ᠂ ᠮᠢᠨᠦ ᠰᠡᠳᠬᠢᠯ ᠳᠣᠲᠣᠷ᠎ᠠ ᠡᠯᠳᠡᠪ ᠵᠦᠢᠯ ᠤᠨ ᠤᠷᠮ᠎ᠠ ᠰᠡᠳᠬᠢᠯᠭᠡ ᠰᠦᠯᠵᠢᠯᠳᠦᠵᠦ᠂ ᠪᠠᠶᠠᠷᠯᠠᠨ ᠬᠥᠭᠡᠷᠬᠦ᠂ ᠣᠮᠣᠷᠬᠠᠭᠯᠠᠨ ᠪᠠᠷᠳᠠᠮᠨᠠᠬᠤ᠂ ᠪᠢᠰᠢᠷᠡᠨ ᠬᠦᠨᠳᠦᠳᠬᠡᠬᠦ ᠰᠡᠳᠭᠢᠯ ᠢ ᠨᠢᠭᠡᠳ ᠨᠢᠭᠡ ᠪᠠᠷ ᠬᠡᠯᠡᠬᠦ ᠶᠢᠨ ᠠᠷᠭ᠎ᠠ ᠦᠭᠡᠢ ᠶᠤᠮ᠃ ᠢᠯᠠᠩᠭᠤᠶ᠎ᠠ ᠶᠡᠷᠦᠩᠬᠡᠶ ᠱᠦᠵᠢ ᠰᠢ ᠶᠢᠨ ᠫᠢᠩ ᠤᠨ ᠶᠡᠭᠡ ᠬᠤᠷᠠᠯ ᠳᠡᠭᠡᠷ᠎ᠡ ᠬᠡᠯᠡᠭᠰᠡᠨ ᠦᠭᠡ ᠨᠢ ᠨᠠᠳᠠ ᠳᠤ ᠮᠠᠰᠢ ᠶᠡᠭᠡ ᠠᠴᠢ ᠲᠤᠰᠠ ᠬᠦᠷᠲᠡᠭᠡᠭᠰᠡᠨ ᠶᠤᠮ᠃ ᠶᠡᠷᠦᠩᠬᠡᠢ ᠱᠦᠵᠢ ᠰᠢ ᠶᠢᠨ ᠫᠢᠩ᠄ ︽ᠪᠢᠳᠡ ᠬᠤᠪᠢᠰᠬᠠᠯ ᠤᠨ ᠭᠧᠨ ᠢ ᠵᠠᠯᠭᠠᠮᠵᠢᠯᠠᠵᠤ᠂ ᠤᠬᠠᠮᠰᠠᠷ ᠠᠴᠠ ᠪᠠᠨ ᠬᠤᠪᠢᠰᠬᠠᠯ ᠤᠨ ᠤᠯᠠᠮᠵᠢᠯᠠᠯ ᠤᠨ ᠬᠥᠮᠦᠵᠢᠯ ᠢ ᠬᠦᠷᠳᠡᠵᠤ᠂ ᠬᠤᠪᠢᠰᠬᠠᠯ ᠤᠨ ᠲᠡᠦᠬᠡ ᠠᠴᠠ ᠤᠶᠤᠨ ᠤᠬᠠᠭᠠᠨ ᠪᠠ ᠬᠦᠴᠦᠨ ᠴᠢᠳᠠᠯ ᠤᠯᠬᠤ ᠬᠡᠷᠡᠭᠲᠡᠢ︾ ᠭᠡᠵᠦ ᠲᠠᠬᠢᠨ ᠳᠠᠪᠲᠠᠨ ᠴᠢᠬᠤᠯᠠᠴᠢᠯᠠᠭᠰᠠᠭᠠᠷ ᠢᠷᠡᠵᠠᠢ᠃ ᠲᠡᠶᠢᠮᠦ ᠡ᠂ ᠨᠠᠮ ᠤᠨ ᠲᠡᠦᠬᠡ ᠶᠢᠨ ᠬᠥᠮᠦᠵᠢᠯ ᠤᠨ ᠬᠠᠮᠤᠭ ᠤᠨ ᠦᠨᠳᠦᠰᠦᠨ ᠵᠣᠷᠢᠯᠭ᠎ᠠ ᠪᠣᠯ ᠳᠠᠷᠤᠢ ᠮᠠᠨ ᠤ ᠵᠠᠯᠠᠭᠤ ᠨᠢᠭᠡ ᠦᠶ᠎ᠡ ᠶᠢᠨ ᠬᠢᠨ ᠢ ᠬᠥᠮᠦᠵᠢᠭᠦᠯᠵᠦ᠂ ᠬᠤᠪᠢᠰᠬᠠᠯᠲᠤ ᠴᠢᠰᠤᠨ ᠰᠤᠳᠠᠰᠤ ᠶᠢ ᠦᠷᠭᠦᠯᠵᠢᠯᠡᠭᠦᠯᠵᠦ᠂ ᠬᠤᠪᠢᠰᠬᠠᠯᠲᠤ ᠵᠣᠷᠢᠭ ᠰᠠᠨᠠᠭ᠎ᠠ ᠶᠢ ᠪᠠᠳᠠᠷᠠᠭᠤᠯᠵᠤ᠂ ᠤᠬ ᠰᠠᠨᠠᠭ᠎ᠠ ᠪᠠᠨ ᠦᠯᠦ ᠮᠠᠷᠲᠠᠨ᠂ ᠲᠠᠬᠢᠨ ᠰᠢᠨ᠎ᠡ ᠪᠠᠷ ᠵᠠᠰᠠᠨ ᠴᠢᠮᠡᠭᠯᠡᠵᠦ ᠲᠠᠬᠢᠨ ᠮᠣᠷᠳᠠᠬᠤ ᠳᠤ ᠪᠠᠶᠢᠬᠤ ᠪᠢᠰᠢ ᠤᠤ︖    
 
     ᠨᠠᠮ ᠮᠢᠨᠢ ᠰᠠᠨᠠᠭ᠎ᠠ ᠠᠮᠤᠷ ᠪᠠᠶᠢᠭᠠᠷᠠᠢ ᠤᠯᠤᠰ ᠣᠷᠣᠨ ᠢᠶᠠᠨ ᠬᠦᠴᠦᠷᠬᠡᠭᠵᠢᠭᠦᠯᠬᠦ ᠳᠤ ᠪᠢ ᠪᠤᠢ      ᠪᠠᠷᠠᠭᠤᠨ ᠣᠷᠠᠨᠳᠦ᠋ᠰᠢ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠰᠢᠶᠠᠩ ᠶᠤᠸᠠᠨ ᠨᠡᠶᠢᠭᠡᠮ ᠲᠣᠭᠤᠷᠢᠭ ᠤᠨ ᠡᠪᠯᠡᠯ ᠤᠨ ᠡᠭᠦᠷ ᠤᠨ ᠱᠦᠵᠢ      ᠸᠧᠶ ᡁᠢ ᠢ          100 ᠵᠢᠯ ᠤᠨ ᠡᠮᠦᠨ᠎ᠡ᠂ 50 ᠭᠠᠷᠤᠢ ᠨᠠᠮ ᠤᠨ ᠭᠡᠰᠢᠭᠦᠨ᠂ 13 ᠲᠥᠯᠥᠭᠡᠯᠡᠭᠴᠢ ᠵᠢᠶᠠ ᠰᠢᠩ ᠬᠤᠩ ᠣᠩᠭᠤᠴᠠᠨ ᠳᠡᠭᠡᠷ᠎ᠡ ᠨᠠᠮ ᠪᠠᠶᠢᠭᠤᠯᠬᠤ ᠠᠭᠤᠤ ᠦᠢᠯᠡᠰ ᠢ ᠪᠡᠶᠡᠯᠡᠭᠦᠯᠵᠦ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠠᠩᠬᠠᠳᠤᠭᠠᠷ ᠤᠳᠠᠭ᠎ᠠ ᠶᠢᠨ ᠪᠦᠬᠦ ᠤᠯᠤᠰ ᠤᠨ ᠲᠥᠯᠥᠭᠡᠯᠡᠭᠴᠢᠳ ᠤᠨ ᠶᠡᠭᠡ ᠬᠤᠷᠠᠯ ᠢᠯᠠᠯᠲᠠ ᠲᠠᠢ ᠪᠠᠷ ᠬᠤᠷᠠᠯᠳᠤᠵᠠᠢ᠃ ᠨᠠᠮ ᠤᠨ ᠠᠩᠬᠠᠳᠤᠭᠠᠷ ᠶᠡᠭᠡ ᠬᠤᠷᠠᠯ ᠠᠴᠠ ᠤᠳᠤ ᠪᠣᠯᠲᠠᠯᠠᠬᠢ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠣᠯᠲᠠᠯ᠎ᠠ᠂ ᠵᠠᠭᠤᠨ ᠵᠢᠯ ᠤᠨ ᠲᠤᠷᠰᠢ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠤᠭ ᠤᠨ ᠳᠣᠣᠷ᠎ᠠ᠂ ᠦᠶ᠎ᠡ ᠦᠶ᠎ᠡ ᠶᠢᠨ ᠳᠤᠮᠳᠠᠳᠤ ᠤᠯᠤᠰ ᠤᠨ ᠵᠠᠯᠠᠭᠤᠴᠤᠳ ᠵᠠᠯᠠᠭᠤ ᠨᠠᠰᠤᠨ ᠤ ᠲᠡᠮᠡᠴᠡᠯ ᠢᠶᠠᠨ ᠨᠠᠮ ᠪᠣᠯᠤᠨ ᠠᠷᠠᠳ ᠲᠦᠮᠡᠨ ᠤ ᠦᠢᠯᠡᠰ ᠲᠤ ᠠᠭᠤᠰᠬᠠᠵᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠬᠤᠰᠢᠭᠤᠴᠢ ᠬᠦᠴᠦᠨ ᠪᠣᠯᠤᠭᠰᠠᠨ ᠪᠠᠶᠢᠨ᠎ᠠ᠃      ︽ᠢᠷᠡᠭᠡᠳᠦᠢ ᠪᠣᠯ ᠵᠠᠯᠠᠭᠤᠴᠤᠳ ᠤᠨ ᠬᠢ ᠶᠤᠮ᠂ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠵᠠᠯᠠᠭᠤᠴᠤᠳ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠪᠠᠷ ᠥᠪᠡᠷ ᠤᠨ ᠡᠭᠦᠷᠭᠡ ᠪᠠᠨ ᠪᠣᠯᠭᠠᠬᠤ ᠬᠡᠷᠡᠭᠲᠡᠢ︾᠃ ᠦᠨᠳᠦᠰᠦᠨ ᠱᠠᠲᠤᠨ ᠤ ᠵᠠᠯᠠᠭᠤ ᠺᠠᠳ᠋ᠷ ᠪᠣᠯᠤᠭᠰᠠᠨ ᠤ ᠬᠤᠪᠢ ᠳᠤ᠂ ᠪᠢᠳᠡ ᠶᠡᠷᠦᠩᠬᠡᠢ ᠱᠦᠵᠢ ᠶᠢᠨ ᠶᠠᠷᠢᠶᠠᠨ ᠠᠴᠠ ᠬᠦᠴᠦᠨ ᠴᠢᠳᠠᠯ ᠣᠯᠵᠤ᠂ ᠤᠬ ᠰᠠᠨᠠᠭ᠎ᠠ ᠪᠠᠨ ᠢᠯᠡᠳᠬᠡᠵᠦ᠂ ᠡᠭᠦᠷᠭᠡ ᠬᠠᠷᠢᠭᠤᠴᠠᠯᠭ᠎ᠠ ᠪᠠᠨ ᠴᠡᠭᠡᠵᠢᠯᠡᠵᠦ᠂ ᠣᠷᠭᠢᠯᠤᠮ᠎ᠠ ᠬᠠᠯᠠᠭᠤᠨ ᠰᠡᠳᠬᠢᠯᠭᠡ ᠪᠠᠷ ᠬᠠᠮᠤᠭ ᠤᠨ ᠦᠨᠳᠦᠰᠦᠨ ᠱᠠᠲᠤᠨ ᠤ ᠠᠵᠢᠯ ᠳᠤ ᠣᠷᠣᠯᠴᠠᠵᠤ᠂ ᠡᠭᠡᠯ ᠵᠢᠷ ᠤᠨ ᠠᠵᠢᠯ ᠤᠨ ᠪᠠᠶᠢᠷᠢ ᠳᠡᠭᠡᠷ᠎ᠡ ᠪᠠᠨ ᠭᠡᠷᠡᠯ ᠭᠢᠯᠪᠠᠭ᠎ᠠ ᠪᠠᠨ ᠰᠠᠴᠤᠷᠠᠭᠤᠯᠬᠤ ᠪᠠᠷ ᠴᠢᠷᠮᠠᠶᠢᠵᠦ᠂ ᠪᠢᠳᠡ ᠡᠮᠦᠨ᠎ᠡ ᠹᠷᠣᠨᠲ ᠲᠤ ᠦᠨᠳᠦᠰᠦ ᠬᠠᠳᠬᠤᠬᠤ ᠡᠷᠡᠰ ᠵᠣᠷᠢᠭ ᠪᠠ ᠢᠲᠡᠭᠡᠯ ᠲᠠᠢ ᠪᠠᠶᠢᠬᠤ ᠪᠠᠷ ᠪᠠᠷᠠᠬᠤ ᠦᠭᠡᠢ᠂ ᠨᠡᠩ ᠴᠤ ᠬᠦᠴᠢᠷ ᠪᠡᠷᠬᠡᠰᠢᠶᠡᠯ ᠠᠴᠠ ᠠᠶᠤᠬᠤ ᠦᠭᠡᠢ᠂ ᠯᠠᠪᠳᠠᠭᠤᠨ ᠲᠣᠭᠲᠠᠭᠤᠨ ᠪᠠᠶᠢᠬᠤ ᠬᠠᠲᠠᠭᠤ ᠵᠣᠷᠢᠭ ᠪᠠ ᠬᠠᠳᠠᠨ ᠵᠣᠷᠢᠭ ᠲᠠᠢ ᠪᠠᠶᠢᠵᠤ᠂ ᠵᠣᠷᠢᠭᠲᠠᠢ ᠪᠠᠷ ᠬᠦᠴᠢᠷ ᠢ ᠲᠤᠭᠤᠯᠤᠨ ᠪᠡᠷᠬᠡ ᠶᠢ ᠳᠠᠪᠠᠭ᠋ᠤ ᠬᠤᠰᠢᠭᠤᠴᠢ ᠪᠤᠯᠵᠤ᠂ ᠰᠠᠨᠠᠭᠠᠴᠢᠯᠠᠭ᠎ᠠ ᠠᠴᠠ ᠪᠠᠨ ᠤᠯᠠᠨ ᠲᠦᠮᠡᠨ ᠲᠠᠢ ᠬᠠᠷᠢᠯᠴᠠᠵᠤ᠂ ᠲᠤᠬᠠᠶᠢᠯᠠᠭᠰᠠᠨ ᠠᠵᠢᠯ ᠢᠶᠠᠨ ᠯᠠᠪᠳᠠᠭᠤᠨ ᠪᠠᠲᠤᠲᠠᠢ ᠰᠠᠶᠢᠲᠤᠷ ᠬᠢᠵᠦ᠂ ᠦᠨᠳᠦᠰᠦᠨ ᠱᠠᠲᠤᠨ ᠤ ᠡᠮᠦᠨ᠎ᠡ ᠹᠷᠣᠨᠲ ᠤᠨ ᠠᠵᠢᠯ ᠳᠤ ᠥᠪᠡᠷ ᠤᠨ ᠵᠠᠯᠠᠭᠤ ᠨᠠᠰᠤᠨ ᠤ ᠬᠦᠴᠦᠨ ᠴᠢᠳᠠᠯ ᠢᠶᠠᠨ ᠡᠷᠭᠦᠨ᠎ᠡ᠃ ᠨᠠᠮ ᠪᠣᠯᠤᠨ ᠵᠣᠬᠢᠶᠠᠨ ᠪᠠᠶᠢᠭᠤᠯᠤᠯᠲᠠ ᠰᠠᠨᠠᠭ᠎ᠠ ᠠᠮᠤᠷ ᠪᠠᠶᠢᠭᠠᠷᠠᠢ᠂ ᠦᠨᠳᠦᠰᠦᠨ ᠱᠠᠲᠤᠨ ᠳᠤ ᠪᠢ ᠪᠤᠢ᠂ ᠤᠯᠤᠰ ᠣᠷᠣᠨ ᠢᠶᠠᠨ ᠬᠦᠴᠦᠷᠬᠡᠭᠵᠢᠭᠦᠯᠬᠦ ᠳᠤ ᠪᠢ ᠪᠤᠢ︕
 
     ᠬᠠᠶᠢᠨᠠᠨ ᠲᠤᠭᠤᠷᠢᠭ ᠤᠨ ᠨᠠᠮ ᠤᠨ ᠬᠤᠷᠢᠶᠠᠨ ᠤ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠤᠨ ᠪᠦᠷᠢᠯᠳᠦᠬᠦᠨ      ᠹᠦ᠋ ᠵᠢᠶᠧ      ᠵᠠᠭᠤᠨ ᠵᠢᠯ ᠤᠨ ᠰᠠᠯᠬᠢ ᠪᠣᠷᠣᠭᠠᠨ ᠢ ᠲᠤᠭᠤᠯᠵᠥ᠂ ᠤᠯᠠᠷᠢᠯ ᠬᠤᠪᠢᠰᠤᠯᠲᠠ ᠶᠢ ᠦᠩᠭᠡᠷᠭᠡᠯ᠎ᠡ︕ ᠨᠠᠮ ᠤᠨ ᠮᠡᠨᠳᠦᠯᠡᠭᠰᠡᠨ ᠨᠢ ᠲᠦᠨᠡᠷ ᠬᠠᠷᠠᠩᠭᠤᠢ ᠶᠢᠨ ᠳᠤᠮᠳᠠᠬᠢ ᠬᠠᠲᠠᠭᠤ ᠭᠠᠯ᠂ ᠰᠠᠯᠬᠢ ᠪᠣᠷᠣᠭᠠᠨ ᠤ ᠳᠣᠮᠳᠠᠬᠢ ᠳᠤᠮᠳᠠᠳᠤ ᠤᠯᠤᠰ ᠢ ᠭᠡᠶᠢᠭᠦᠯᠦᠭᠰᠡᠨ ᠶᠤᠮ᠃ ᠨᠠᠮ ᠤᠨ ᠬᠥᠭᠵᠢᠯᠲᠡ ᠪᠣᠯ ᠥᠷᠭᠡᠨ ᠠᠭᠤᠳᠠᠮ ᠡᠭᠡ ᠭᠠᠵᠠᠷ ᠤᠨ ᠤᠴᠢ ᠮᠥᠨ᠂ ᠲᠡᠷᠡ ᠨᠢ ᠠᠭᠤᠯᠠ ᠰᠢᠲᠠᠭᠠᠬᠤ ᠰᠦᠷ ᠵᠢᠪᠬᠤᠭ᠎ᠠ ᠲᠠᠢ ᠪᠠᠶᠢᠳᠠᠭ᠃ ᠵᠠᠭᠤᠨ ᠲᠦᠮᠡᠨ ᠠᠷᠰᠯᠠᠨ ᠤ ᠬᠥᠬᠡᠮᠥ᠋ᠷᠡᠨ ᠤ ᠳᠠᠭᠤᠯᠠᠯ ᠨᠢᠭᠡᠨᠲᠡ ᠬᠤᠯᠠᠳᠠᠭᠰᠠᠨ ᠪᠣᠯᠪᠠᠴᠤ ᠮᠥᠨ ᠯᠡ ᠴᠤᠤᠷᠢᠶᠠᠲᠤᠭᠰᠠᠭᠠᠷ ᠪᠠᠶᠢᠨ᠎ᠠ᠃ ᠰᠢᠨ᠎ᠡ ᠳᠤᠮᠳᠠᠳᠤ ᠤᠯᠤᠰ ᠤᠨ ᠪᠠᠶᠢᠭᠤᠯᠤᠭᠳᠠᠭᠰᠠᠨ ᠶᠠᠪᠤᠳᠠᠯ ᠨᠢ ᠠᠷᠠᠳ ᠲᠦᠮᠡᠨ ᠤ ᠡᠷᠬᠡ ᠮᠡᠳᠡᠵᠦ ᠡᠵᠡᠨ ᠰᠠᠭᠤᠬᠤ ᠳᠤ ᠰᠢᠨ᠎ᠡ ᠬᠠᠭᠤᠳᠠᠰᠤ ᠶᠢ ᠪᠢᠴᠢᠭᠯᠡᠵᠡᠢ᠃ ᠮᠥᠭᠦ ᠶᠢᠨ ᠡᠭᠦᠯᠡᠨ ᠤ ᠲᠡᠭᠰᠢ ᠭᠠᠵᠠᠷ ᠲᠤ ᠳᠡᠭᠳᠡᠨ ᠭᠠᠷᠤᠭᠰᠠᠨ ᠨᠢ ᠳᠤᠮᠳᠠᠳᠤ ᠤᠯᠤᠰ ᠤᠨ ᠰᠢᠨᠵᠢᠯᠡᠬᠦ ᠤᠬᠠᠭᠠᠨᠲᠠᠳ ᠤᠨ ᠬᠠᠯᠠᠰᠢᠷᠠᠯ ᠦᠭᠡᠢ ᠴᠢᠷᠮᠠᠶᠢᠵᠦ ᠡᠷᠢᠯᠬᠢᠯᠡᠭᠰᠡᠨ ᠢ ᠭᠡᠷᠡᠴᠢᠯᠡᠵᠦ᠂ ᠨᠢᠭᠡ ᠪᠦᠰᠡ ᠨᠢᠭᠡ ᠵᠠᠮ ᠤᠨ ᠰᠢᠨ᠎ᠡ ᠲᠥᠰᠦᠪᠯᠡᠯ ᠳᠤ ᠤᠯᠠᠮᠵᠢᠯᠠᠯᠲᠤ ᠰᠣᠶᠣᠯ ᠤᠨ ᠦᠨᠳᠦᠰᠦᠨ ᠬᠦᠭ ᠠᠶᠠᠰ ᠪᠠ ᠲᠩᠷᠢ ᠭᠠᠵᠠᠷ ᠤᠨ ᠠᠭᠤᠳᠠᠮᠴᠢ ᠴᠡᠭᠡᠵᠢ ᠠᠭᠤᠯᠤᠭᠳᠠᠵᠤ ᠪᠠᠶᠢᠳᠠᠭ᠃      ᠶᠠᠭᠠᠬᠢᠭᠰᠠᠨ ᠰᠠᠶᠢᠬᠠᠨ ᠠᠵᠠ ᠵᠠᠪᠰᠢᠶᠠᠨ ᠢᠶᠠᠷ ᠳᠤᠮᠳᠠᠳᠤ ᠳᠤ ᠲᠦᠷᠦᠵᠦ᠂ ᠵᠠᠭᠤᠨ ᠵᠢᠯ ᠤᠨ ᠳᠦᠷᠰᠦ ᠪᠠᠶᠢᠳᠠᠯ ᠢ ᠭᠡᠷᠡᠴᠢᠯᠡᠵᠦ᠂ ᠭᠠᠯ ᠤᠯᠠᠭᠠᠨ ᠨᠠᠮ ᠤᠨ ᠲᠤᠭ ᠤᠨ ᠳᠣᠣᠷ᠎ᠠ ᠪᠢᠳᠡ ᠨᠢᠭᠲᠠᠷᠠᠨ ᠪᠦᠯᠬᠦᠮᠳᠡᠵᠦ᠂ ᠥᠩᠭᠡᠷᠡᠭᠰᠡᠨ ᠢᠶᠠᠨ ᠡᠷᠭᠢᠴᠡᠭᠦᠯᠬᠦ ᠳᠤ ᠪᠢᠳᠡ ᠡᠷᠡᠰ ᠭᠤᠶᠢᠪᠢᠰᠢ ᠦᠭᠡᠢ ᠪᠠᠶᠢᠵᠤ᠂ ᠢᠷᠡᠭᠡᠳᠦᠢ ᠪᠠᠨ ᠪᠠᠷᠠᠯᠠᠬᠤ ᠳᠤ ᠪᠢᠳᠡ ᠤᠭ ᠰᠠᠨᠠᠭ᠎ᠠ ᠪᠠᠨ ᠦᠯᠦ ᠮᠠᠷᠲᠠᠨ᠎ᠠ᠃ ᠵᠠᠯᠠᠭᠤ ᠬᠥᠮᠦᠨ ᠪᠣᠯᠤᠭᠰᠠᠨ ᠤ ᠬᠤᠪᠢ ᠳᠤ᠂ ᠪᠢᠳᠡ ᠠᠬᠠᠮᠠᠳ ᠦᠶ᠎ᠡ ᠶᠢᠨ ᠬᠡᠪ ᠳᠠᠭᠤᠷᠢᠶᠠᠯ ᠢᠶᠠᠷ ᠳᠠᠭᠤᠷᠢᠶᠠᠯ ᠪᠣᠯᠭᠠᠵᠤ᠂ ᠨᠠᠮ ᠤᠨ ᠰᠤᠷᠭᠠᠯ ᠢ ᠪᠠᠲᠤ ᠴᠡᠭᠡᠵᠢᠯᠡᠵᠦ᠂ ᠬᠦᠴᠢᠷ ᠪᠡᠷᠬᠡᠰᠢᠶᠡᠯᠲᠦ ᠣᠨ ᠰᠠᠷ᠎ᠠ ᠶᠢ ᠦᠯᠦ ᠮᠠᠷᠲᠠᠵᠤ᠂ ᠮᠠᠨ ᠤ ᠵᠠᠯᠠᠭᠤ ᠨᠠᠰᠤ ᠪᠠᠷ ᠢᠶᠠᠨ ᠮᠠᠨ ᠤ ᠪᠠᠳᠠᠷᠠᠯᠲᠤ ᠴᠠᠭ ᠦᠶ᠎ᠡ ᠶᠢᠨ ᠳᠤᠮᠳᠠᠳᠤ ᠤᠯᠤᠰ ᠢᠶᠠᠨ ᠬᠠᠮᠠᠭᠠᠯᠠᠵᠤ᠂ ᠠᠯᠠᠭᠠᠨ ᠴᠢᠨᠡᠭᠡᠨ ᠰᠡᠳᠬᠢᠯ ᠢᠶᠠᠷ ᠳᠤᠮᠳᠠᠳᠤ ᠶᠢᠨ ᠦᠨᠳᠦᠰᠦᠲᠡᠨ ᠤ ᠠᠴᠢ ᠶᠢ ᠬᠠᠷᠢᠭᠤᠯᠬᠤ ᠶᠢᠨ ᠬᠠᠮᠲᠤ ᠣᠨ ᠰᠠᠷ᠎ᠠ ᠪᠠᠨ ᠠᠭᠤᠯᠠ ᠤᠰᠤᠨ ᠳᠤ ᠬᠦᠷᠭᠡᠵᠦ᠂ ᠬᠦᠴᠦ ᠬᠥᠯᠥᠰᠥ ᠬᠠᠯᠠᠭᠤᠨ ᠴᠢᠰᠤ ᠪᠠᠷ ᠢᠶᠠᠨ ᠭᠡᠷᠡᠯ ᠰᠠᠴᠤᠷᠠᠩᠭᠤᠢ ᠦᠢᠯᠡᠰ ᠢ ᠦᠷᠭᠦᠯᠵᠢᠯᠡᠨ ᠪᠢᠴᠢᠭᠯᠡᠨ᠎ᠡ᠃      ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠵᠤ᠂ ᠡᠷᠡᠯᠬᠡᠭᠯᠡᠨ ᠲᠡᠮᠡᠴᠡᠵᠦ᠂ ᠬᠦᠴᠢᠷ ᠪᠡᠷᠬᠡᠰᠢᠶᠡᠯ ᠢ ᠢᠯᠠᠨ ᠳᠠᠪᠠᠵᠤ᠂ ᠡᠬᠡ ᠣᠷᠣᠨ ᠤ ᠪᠠᠨ ᠬᠥᠭᠵᠢᠯ ᠴᠡᠴᠡᠭᠯᠡᠯ ᠳᠤ ᠥᠪᠡᠷ ᠤᠨ ᠬᠦᠴᠦᠨ ᠴᠢᠳᠠᠯ ᠢᠶᠠᠨ ᠡᠷᠭᠦᠶ᠎ᠡ︕
   
     ᠰᠢᠨ ᠴᠢᠶᠣᠤ ᠨᠡᠶᠢᠭᠡᠮ ᠲᠣᠭᠤᠷᠢᠭ ᠤᠨ ᠲᠤᠤᠷᠵᠢᠯ ᠤᠨ ᠠᠵᠢᠯᠲᠠᠨ      ᠸᠠᠩ ᠰᠢᠤᠸᠠᠢ      ᠳᠤᠮᠳᠠᠳᠤ ᠤᠯᠤᠰ ᠤᠨ ᠡᠪ ᠬᠠᠮᠲᠤ ᠨᠠᠮ ᠮᠡᠨᠳᠦᠯᠡᠭᠰᠡᠨ ᠠᠴᠠ ᠠᠪᠤᠭᠠᠳ ᠠᠷᠠᠳ ᠲᠦᠮᠡᠨ ᠤ ᠲᠥᠷᠥ ᠶᠢᠨ ᠨᠠᠮ ᠪᠣᠯᠤᠭᠰᠠᠨ ᠶᠤᠮ᠂ ᠬᠥᠮᠦᠨ ᠢᠶᠠᠷ ᠦᠨᠳᠦᠰᠦ ᠪᠣᠯᠭᠠᠵᠤ᠂ ᠪᠦᠬᠦ ᠰᠡᠳᠬᠢᠯ ᠪᠦᠬᠦ ᠵᠣᠷᠢᠭ ᠢᠶᠠᠷ ᠢᠶᠠᠨ ᠠᠷᠠᠳ ᠲᠦᠮᠡᠨ ᠳᠤ ᠦᠢᠯᠡᠴᠢᠯᠡᠳᠡᠭ ᠪᠣᠳᠠᠲᠤ ᠶᠠᠪᠤᠳᠠᠯ ᠬᠢᠳᠡᠭ ᠰᠠᠶᠢᠨ ᠰᠠᠨᠠᠭᠠᠨ ᠤ ᠲᠥᠷᠥ ᠶᠢᠨ ᠨᠠᠮ ᠮᠥᠨ᠂ ᠶᠠᠫᠣᠨ ᠢ ᠡᠰᠡᠷᠭᠦᠴᠡᠬᠦ ᠳᠠᠶᠢᠨ ᠠᠴᠠ ᠴᠢᠯᠥᠭᠡᠯᠡᠬᠦ ᠳᠠᠶᠢᠨ ᠬᠦᠷᠲᠡᠯ᠎ᠡ᠂ ᠠᠮᠧᠷᠢᠺᠠ ᠵᠥᠪᠯᠡᠯᠲᠦ ᠶᠢᠨ ᠬᠦᠢᠲᠡᠨ ᠳᠠᠶᠢᠨ ᠠᠴᠠ ᠵᠡᠭᠦᠨ ᠧᠦ᠋ᠷᠣᠫᠠ ᠶᠢᠨ ᠰᠢᠷᠦᠭᠦᠨ ᠬᠤᠪᠢᠰᠤᠯᠲᠠ ᠬᠦᠷᠲᠡᠯ᠎ᠡ᠂ ᠠᠷᠠᠳ ᠤᠨ ᠨᠢᠭᠡᠳᠦᠯᠵᠢᠯᠲᠡ ᠶᠢᠨ ᠬᠥᠳᠡᠯᠭᠡᠭᠡᠨ ᠠᠴᠠ ᠬᠤᠷᠢᠶᠠᠯᠲᠠ ᠲᠠᠢ ᠨᠢ ᠬᠤᠯᠪᠣᠭᠳᠠᠭᠤᠯᠤᠨ ᠡᠷᠦᠬᠡ ᠳᠤ ᠳᠠᠭᠠᠭᠠᠴᠢᠯᠠᠭᠤᠯᠬᠤ ᠬᠠᠷᠢᠭᠤᠴᠠᠯᠭ᠎ᠠ ᠶᠢᠨ ᠳᠦᠷᠢᠮ ᠬᠦᠷᠲᠡᠯ᠎ᠡ᠂ ᠭᠤᠷᠪᠠᠨ ᠵᠢᠯ ᠤᠨ ᠪᠠᠶᠢᠭᠠᠯᠢ ᠶᠢᠨ ᠭᠠᠮᠰᠢᠭ ᠠᠴᠠ ᠠᠪᠤᠭᠠᠳ ᠳᠤᠮᠳᠠᠳᠤ ᠤᠯᠤᠰ ᠳᠡᠯᠡᠬᠡᠶ ᠶᠢᠨ ᠠᠷᠠᠯᠵᠢᠶᠠᠨ ᠤ ᠵᠣᠬᠢᠶᠠᠨ ᠪᠠᠶᠢᠭᠤᠯᠤᠯᠲᠠ ᠳᠤ ᠤᠷᠤᠭᠰᠠᠨ ᠬᠦᠷᠲᠡᠯ᠎ᠡ ᠳᠤᠮᠳᠠᠳᠤ ᠤᠯᠤᠰ ᠤᠨ ᠠᠵᠤ ᠠᠬᠤᠶ ᠶᠢᠨ ᠳᠣᠮᠤᠭ ᠨᠢ ᠳᠤᠮᠳᠠᠳᠤ ᠤᠯᠤᠰ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠳᠣᠣᠷ᠎ᠠ᠂  ᠦᠩᠭᠡᠷᠡᠭᠰᠡᠨ ᠠᠴᠠ ᠣᠳᠣ ᠪᠤᠯᠲᠠᠯᠠᠬᠢ ᠶᠠᠪᠤᠭᠰᠠᠨ ᠵᠠᠮ ᠳᠤ ᠨᠤᠭᠤᠷᠠᠯ ᠪᠦᠳᠦᠷᠢᠯ ᠲᠠᠢ᠂ ᠬᠦᠴᠢᠷ ᠪᠡᠷᠬᠡᠰᠢᠶᠡᠯ ᠲᠠᠢ᠂ ᠭᠡᠪᠡᠴᠦ ᠪᠠᠰᠠ ᠠᠮᠵᠢᠯᠲᠠ ᠪᠦᠲᠦᠮᠵᠢ ᠲᠠᠢ᠂ ᠣᠮᠣᠭᠰᠢᠯ ᠲᠠᠢ ᠶᠤᠮ᠂ ᠪᠢᠳᠡ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠡᠨᠡᠬᠦ ᠳᠠᠷᠢ ᠶᠢᠨ ᠤᠲᠤᠭ᠎ᠠ ᠦᠬᠡᠢ ᠳᠠᠶᠢᠨ ᠤ ᠡᠮᠦᠨ᠎ᠡ᠂ ᠡᠳᠦᠷ ᠠᠴᠠ ᠡᠳᠦᠷ ᠰᠢᠨᠡᠳᠴᠦ᠂ ᠤᠷᠪᠠᠭᠠᠨ ᠬᠥᠷᠪᠡᠭᠡᠨ ᠲᠠᠢ ᠴᠠᠭ ᠦᠶ᠎ᠡ ᠶᠢᠨ ᠪᠠᠶᠢᠷᠢᠰᠢᠯ ᠤᠨ ᠡᠮᠦᠨ᠎ᠡ᠂ ᠳᠤᠮᠳᠠᠳᠤ ᠤᠯᠤᠰ ᠯᠠᠪᠳᠠᠶ᠎ᠠ ᠳᠤᠮᠳᠠᠳᠤ ᠤᠯᠤᠰ ᠤᠨ ᠡᠪ ᠬᠠᠮᠲᠤ ᠨᠠᠮ ᠤᠨ ᠳᠠᠭᠠᠭᠤᠯᠭ᠎ᠠ ᠳᠣᠣᠷ᠎ᠠ  ᠬᠢᠵᠢᠭ ᠢ ᠢᠯᠠᠨ ᠳᠠᠪᠠᠵᠦ ᠳᠡᠶᠢᠯᠦᠨ᠎ᠡ ᠭᠡᠳᠡᠭ ᠢ ᠪᠠᠲᠤ ᠢᠲᠡᠭᠡᠵᠦ ᠪᠠᠶᠢᠨ᠎ᠠ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号