| ᠦᠬᠠᠶ ᠬᠤᠲᠠ ᠶᠢᠨ ᠬᠠᠶᠢᠨᠠᠨ ᠲᠣᠭᠤᠷᠢᠭ ᠤᠨ ᠠᠮᠢ ᠠᠬᠤᠶ ᠶᠢᠨ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ | ᠭᠤᠷᠪᠠᠨ ᠵᠢᠯ ︵2021 — 2023 ᠣᠨ︶ ᠤᠨ ᠠᠵᠢᠯᠯᠠᠭ᠎ᠠ ᠶᠢᠨ ᠲᠥᠰᠦᠯ | ᠰᠢ ᠶᠢᠨ ᠫᠢᠩ ᠶᠡᠷᠦᠩᠬᠡᠢ ᠱᠦᠵᠢ ᠶᠢᠨ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯ ᠤᠨ ᠥᠪᠥᠷ ᠮᠣᠩᠭᠤᠯ ᠤᠨ ᠲᠥᠯᠥᠭᠡᠯᠡᠭᠴᠢᠳ ᠤᠨ | ᠪᠦᠯᠬᠦᠮ ᠤᠨ ᠬᠢᠨᠠᠨ ᠵᠦᠪᠯᠡᠯᠲᠡ ᠳᠤ ᠣᠷᠣᠯᠴᠠᠬᠤ ᠦᠶ᠎ᠡ ᠶᠢᠨ ᠦᠬᠠᠢ ᠵᠢᠴᠢ ᠡᠷᠬᠢᠨ ᠲᠣᠭᠤᠷᠢᠨ ᠤ ᠭᠠᠵᠠᠷ ᠣᠷᠣᠨ ᠤ ᠠᠮᠢ | ᠠᠬᠤᠢ ᠶᠢᠨ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠠᠵᠢᠯ ᠢ ᠬᠦᠴᠦᠯᠡᠨ ᠰᠠᠶᠢᠲᠤᠷ ᠠᠳᠬᠤᠬᠤ ᠲᠤᠬᠠᠢ ᠴᠢᠬᠤᠯᠠ | ᠵᠢᠭᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠦ᠂ ᠦᠬᠠᠶ ᠬᠤᠲᠠ ᠶᠢᠨ | ᠬᠠᠶᠢᠨᠠᠨ ᠲᠣᠭᠤᠷᠢᠭ ᠤᠨ ᠭᠠᠵᠠᠷ ᠣᠷᠣᠨ ᠤ ᠠᠮᠢ ᠠᠬᠤᠶ ᠶᠢᠨ ᠣᠷᠴᠢᠨ ᠲᠣᠭᠤᠷᠢᠨ ᠢ ᠢᠯᠡᠳᠲᠡ ᠰᠠᠶᠢᠵᠢᠷᠠᠭᠤᠯᠬᠤ ᠶᠢ | ᠦᠨᠡᠨᠬᠦ ᠪᠠᠲᠤᠯᠠᠬᠤ ᠶᠢᠨ ᠲᠦᠯᠦᠭᠡ᠂ ᠥᠪᠡᠷᠲᠡᠭᠡᠨ ᠵᠠᠰᠠᠬᠤ ᠣᠷᠣᠨ ᠤ ᠱᠠᠭᠠᠷᠳᠠᠯᠭ᠎ᠠ ᠶᠣᠰᠣᠭᠠᠷ᠂ ᠬᠠᠶᠢᠨᠠᠨ ᠲᠣᠭᠤᠷᠢᠭ ᠤᠨ | ᠪᠣᠳᠠᠲᠠᠶ ᠲᠠᠢ ᠪᠠᠨ ᠤᠶᠠᠯᠳᠤᠭᠤᠯᠤᠨ᠂ ᠲᠣᠰ ᠲᠥᠰᠦᠯ ᠢ ᠲᠣᠭᠲᠠᠭᠠᠪᠠ᠃ | ᠨᠢᠭᠡ᠂ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠬᠦ ᠬᠡᠷᠡᠭᠲᠡᠢ | ᠬᠠᠶᠢᠨᠠᠨ ᠲᠣᠭᠤᠷᠢᠭ 1980 ᠣᠨ ᠳᠤ ᠦᠬᠠᠶ ᠬᠤᠲᠠ ᠶᠢᠨ ᠭᠤᠷᠪᠠᠨ ᠬᠠᠷᠢᠶ᠎ᠠ ᠲᠣᠭᠤᠷᠢᠭ ᠤᠨ ᠨᠢᠭᠡ ᠪᠣᠯᠵᠤ᠂ | ᠣᠷᠣᠨ ᠪᠦᠰᠡ ᠶᠢᠨ ᠲᠠᠯᠠᠪᠠᠶ ᠨᠢ 1005 ᠲᠡᠭᠰᠢ ᠳᠥᠷᠪᠡᠯᠵᠢᠨ ᠺᠢᠯᠣᠮᠧᠲᠷ ᠪᠠᠶᠢᠵᠤ᠂ ᠪᠦᠬᠦ ᠬᠤᠲᠠ ᠶᠢᠨ ᠶᠡᠷᠦᠩᠬᠡᠶ | ᠲᠠᠯᠠᠪᠠᠶ ᠶᠢᠨ 57.3 % ᠶᠢ ᠡᠵᠡᠯᠡᠵᠦ᠂ ᠲᠤᠭᠤᠷᠢᠭ ᠤᠨ ᠳᠣᠲᠣᠷ᠎ᠠ ᠨᠢᠭᠡᠨᠲᠡ ᠬᠠᠶᠢᠨ ᠳᠣᠲᠣᠯᠠᠭᠰᠠᠨ ᠠᠭᠤᠷᠬᠠᠶ ᠶᠢᠨ | ᠭᠠᠷᠤᠯᠲᠠ ᠶᠢᠨ ᠡᠬᠢ ᠪᠠᠶᠠᠯᠢᠭ 30 ᠭᠠᠷᠤᠶ ᠵᠦᠢᠯ ᠪᠤᠶ᠂ ᠡᠭᠦᠨ ᠤ ᠳᠣᠲᠣᠷ᠎ᠠ ᠨᠡᠭᠦᠷᠡᠰᠦ 10 ᠳ᠋ᠦᠩᠰᠢᠭᠤᠷ ᠲᠣᠨ᠂ | ᠴᠣᠬᠤᠶ ᠶᠢᠨ ᠴᠢᠯᠠᠭᠤ 100 ᠳ᠋ᠦᠩᠰᠢᠭᠤᠷ ᠲᠣᠨ᠂ ᠬᠠᠲᠤᠨ ᠭᠤᠣᠯ ᠬᠢᠯᠢ ᠪᠠᠷ ᠤᠷᠤᠰᠤᠨ ᠥᠩᠭᠡᠷᠡᠬᠦ 50.5 ᠺᠢᠯᠣᠮᠧᠲᠷ | ᠪᠤᠯᠤᠨ᠎ᠠ᠃ ᠬᠠᠶᠢᠨᠠᠨ ᠲᠣᠭᠤᠷᠢᠭ ᠵᠢᠴᠢ ᠡᠷᠬᠢᠨ ᠲᠣᠭᠤᠷᠢᠨ ᠤ ᠭᠠᠵᠠᠷ ᠣᠷᠣᠨ ᠳᠤ ᠬᠠᠶᠢᠨᠠᠨ ᠤ ᠠᠵᠤ ᠦᠢᠯᠡᠳᠪᠦᠷᠢ ᠶᠢᠨ | ᠬᠦᠷᠢᠶᠡᠯᠡᠩ᠂ ᠳᠤᠤᠷ᠎ᠠ ᠨᠡᠭᠦᠷᠡᠰᠦᠳᠦᠷᠦᠩᠴᠢᠲᠤ ᠠᠵᠤ ᠦᠢᠯᠡᠰ ᠤᠨ ᠬᠦᠷᠢᠶᠡᠯᠡᠩ᠂ ᠤᠳᠤᠭ ᠤᠨ ᠠᠵᠤ ᠠᠬᠤᠢ ᠶᠢᠨ | ᠨᠡᠭᠡᠭᠡᠨ ᠬᠥᠭᠵᠢᠭᠦᠯᠦᠯᠲᠡ ᠶᠢᠨ ᠲᠣᠭᠤᠷᠢᠭ ᠲᠤ ᠬᠠᠷᠢᠶᠠᠯᠠᠭᠳᠠᠬᠤ ᠴᠢ ᠫᠠᠨ ᠵᠢᠩ ᠠᠵᠤ ᠦᠢᠯᠡᠳᠪᠦᠷᠢ ᠶᠢᠨ ᠬᠦᠷᠢᠶᠡᠯᠡᠩ᠂ | ᠨᠢᠩᠰᠢᠶᠠ ᠶᠢᠨ ᠬᠠᠷᠠᠬᠤᠲᠠ ᠠᠵᠤ ᠠᠬᠤᠢ ᠮᠡᠷᠭᠡᠵᠢᠯ ᠤᠨ ᠨᠡᠭᠡᠭᠡᠨ ᠬᠥᠭᠵᠢᠭᠦᠯᠦᠯᠲᠡ ᠶᠢᠨ ᠲᠣᠭᠤᠷᠢᠭ ᠨᠢᠭᠲᠠ ᠲᠠᠷᠬᠠᠵᠤ | ᠪᠤᠢ᠃ ᠲᠡᠷᠡᠴᠢᠯᠡᠨ ᠳᠡᠭᠡᠷᠡᠬᠢ ᠬᠦᠷᠢᠶᠡᠯᠡᠩ ᠨᠢ ᠴᠥᠮ ᠨᠡᠭᠦᠷᠡᠰᠦᠨ ᠬᠢᠮᠢ ᠶᠢᠨ ᠠᠵᠤ ᠦᠢᠯᠡᠳᠪᠦᠷᠢ᠂ ᠾᠯᠣᠷ ᠱᠦᠯᠲᠦ ᠶᠢᠨ | ᠬᠢᠮᠢ ᠶᠢᠨ ᠠᠵᠤ ᠦᠢᠯᠡᠳᠪᠦᠷᠢ ᠪᠠᠷ ᠭᠤᠤᠯ ᠠᠵᠤ ᠦᠢᠯᠡᠰ ᠢᠶᠠᠨ ᠪᠤᠯᠭᠠᠵᠦ ᠪᠤᠢ᠃ ᠣᠶᠢᠷᠠᠯᠴᠠᠭ᠎ᠠ ᠡᠬᠢ ᠪᠠᠶᠠᠯᠢᠭ ᠤᠨ | ᠲᠥᠷᠥᠯᠬᠢ ᠠᠪᠢᠶᠠᠰ᠂ ᠪᠥᠭᠡᠮᠨᠡᠷᠡᠯ ᠮᠠᠶ᠋ᠢᠭ ᠤᠨ ᠠᠵᠤ ᠠᠬᠤᠶᠢᠯᠠᠯ ᠤᠨ ᠲᠠᠷᠬᠠᠯᠲᠠ᠂ ᠬᠡᠪᠡᠷᠡᠭ ᠪᠠᠭᠤᠷᠠᠶ ᠠᠮᠢ ᠠᠬᠤᠶ ᠶᠢᠨ | ᠣᠷᠴᠢᠨ ᠲᠣᠭᠤᠷᠢᠨ ᠪᠠ ᠭᠠᠩ ᠬᠠᠭᠤᠷᠠᠶ ᠪᠣᠷᠣᠭᠠᠨ ᠪᠠᠭ᠎ᠠ ᠰᠠᠯᠬᠢ ᠰᠢᠭᠤᠷᠭ᠎ᠠ ᠶᠡᠬᠡᠲᠡᠶ ᠠᠭᠤᠷ ᠠᠮᠢᠰᠬᠤᠯ ᠤᠨ | ᠨᠥᠬᠦᠴᠡᠯ ᠠᠴᠠ ᠪᠣᠯᠵᠣ᠂ ᠣᠷᠣᠨ ᠪᠦᠰᠡ ᠶᠢᠨ ᠴᠢᠨᠠᠷᠲᠠᠶ ᠪᠦᠲᠦᠴᠡ ᠶᠢᠨ ᠴᠢᠨᠠᠷᠲᠠᠶ ᠪᠣᠬᠢᠷᠲᠤᠯ ᠲᠣᠪᠤᠶᠢᠮ᠎ᠠ ᠪᠣᠯᠵᠣ᠂ | ᠰᠣᠯᠪᠢᠴᠠᠯ ᠪᠣᠬᠢᠷᠲᠤᠯ ᠬᠦᠨᠳᠦ ᠨᠣᠴᠢᠲᠠᠶ ᠪᠣᠯᠵᠣ᠂ ᠭᠠᠳᠠᠭᠰᠢᠯᠠᠭᠤᠯᠤᠯᠲᠠ ᠶᠢᠨ ᠳᠠᠪᠬᠤᠴᠠᠯ ᠤᠨ ᠦᠢᠯᠡᠳᠦᠯ ᠢᠯᠡᠳᠲᠡ | ᠪᠣᠯᠵᠣ᠂ ᠤᠯᠤᠰ᠂ ᠥᠪᠡᠷᠲᠡᠭᠡᠨ ᠵᠠᠰᠠᠬᠤ ᠣᠷᠣᠨ ᠪᠠ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠠᠩᠬᠠᠷᠤᠯ ᠢ | ᠲᠠᠲᠠᠭᠰᠠᠭᠠᠷ ᠢᠷᠡᠵᠡᠶ᠃ | ︽ᠠᠷᠪᠠᠨ ᠭᠤᠷᠪᠠᠳᠤᠭᠠᠷ ᠲᠠᠪᠤᠨ ᠵᠢᠯ ᠤᠨ ᠲᠥᠯᠥᠪᠵᠢᠭᠦᠯᠭᠡ︾ ᠶᠢᠨ ᠬᠤᠭᠤᠴᠠᠭᠠᠨ ᠠᠴᠠ ᠨᠠᠰᠢ᠂ ᠬᠠᠶᠢᠨᠠᠨ | ᠲᠤᠭᠤᠷᠢᠭ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ ᠶᠢ ᠪᠦᠲᠦᠭᠡᠨ | ᠪᠠᠶᠢᠭᠤᠯᠬᠤ ᠳᠤ ᠬᠦᠴᠦ ᠨᠡᠮᠡᠷᠢᠯᠡᠬᠦ ᠳᠡᠭᠡᠷ᠎ᠡ ᠠᠩᠬᠠᠷᠣᠯ ᠢᠶᠠᠨ ᠲᠦᠪᠯᠡᠷᠡᠭᠦᠯᠵᠦ᠂ ᠠᠭᠤᠯᠠ ᠤᠰᠤ ᠣᠶ ᠰᠢᠭᠤᠶ ᠲᠠᠷᠢᠶᠠᠨ | ᠭᠠᠵᠠᠷ ᠨᠠᠭᠤᠷ ᠪᠦᠷᠢᠳᠦ ᠡᠪᠡᠰᠦ ᠡᠯᠡᠰᠦᠨ ᠤ ᠡᠯ᠎ᠡ ᠵᠦᠢᠯ ᠤᠨ ᠠᠮᠢ ᠠᠬᠤᠶ ᠶᠢᠨ ᠡᠯᠧᠮᠧᠨ᠋ᠲ ᠢ ᠬᠠᠮᠵᠢᠯᠴᠠᠨ ᠵᠠᠰᠠᠬᠤ ᠶᠢ | ᠴᠢᠩᠭᠠᠳᠬᠠᠨ᠂ ᠠᠮᠢ ᠠᠬᠤᠶ ᠶᠢᠨ ᠬᠠᠮᠠᠭᠠᠯᠠᠯᠲᠠ ᠶᠢ ᠴᠢᠩᠭᠠᠳᠬᠠᠵᠤ᠂ ᠠᠮᠢ ᠠᠬᠤᠶ ᠶᠢᠨ ᠰᠠᠭᠤᠷᠢ ᠶᠢ ᠪᠠᠬᠢᠵᠢᠭᠦᠯᠵᠦ᠂ | ᠪᠣᠬᠢᠷᠲᠤᠯ ᠥᠬᠡᠶ ᠬᠥᠭᠵᠢᠯᠲᠡ ᠶᠢ ᠠᠬᠢᠭᠤᠯᠤᠨ᠂ ᠠᠮᠢ ᠠᠬᠤᠶ ᠶᠢᠨ ᠰᠢᠰᠲ᠋ᠧᠮ ᠤᠨ ᠶᠠᠰᠤ ᠴᠢᠨᠠᠷ ᠪᠠ ᠲᠣᠭᠲᠠᠪᠤᠷᠢᠲᠤ | ᠴᠢᠨᠠᠷ ᠢ ᠳᠡᠭᠡᠭᠰᠢᠯᠡᠭᠦᠯᠵᠦ᠂ ᠬᠠᠶᠢᠨᠠᠨ ᠲᠤᠭᠤᠷᠢᠭ ᠬᠠᠲᠤᠨ ᠭᠤᠤᠯ ᠤᠨ ᠨᠢᠩᠰᠢᠶᠠ ᠠᠴᠠ ᠥᠪᠥᠷ ᠮᠣᠩᠭᠤᠯ ᠳᠤ ᠣᠷᠣᠬᠤ | ᠠᠮᠢ ᠠᠬᠤᠶ ᠶᠢᠨ ᠠᠮᠤᠷ ᠲᠦᠪᠰᠢᠨ ᠤ ᠪᠠᠲᠤᠯᠠᠭ᠎ᠠ ᠶᠢᠨ ᠠᠩᠬᠠᠨ ᠤ ᠦᠷᠲᠡᠭᠡᠨ ᠤ ᠡᠭᠦᠷᠭᠡ ᠬᠠᠷᠢᠭᠤᠴᠠᠯᠭ᠎ᠠ ᠶᠢ | ᠨᠠᠶᠢᠳᠠᠪᠤᠷᠢᠵᠢᠭᠤᠯᠤᠨ᠂ ᠦᠬᠠᠶ ᠬᠤᠲᠠ ᠶᠢᠨ ᠬᠠᠲᠤᠨ ᠭᠤᠤᠯ ᠳᠠᠭᠠᠤ ᠶᠢᠨ ᠰᠠᠪᠠ ᠭᠠᠵᠠᠷ ᠤᠨ ᠡᠮᠦᠨ᠎ᠡ ᠬᠡᠰᠡᠭ ᠤᠨ ᠠᠮᠢ | ᠠᠬᠤᠶ ᠶᠢᠨ ᠡᠭᠦᠳᠡ ᠡᠷᠦᠬᠡ ᠶᠢ ᠰᠠᠶᠢᠲᠤᠷ ᠰᠠᠬᠢᠵᠤ᠂ ᠭᠠᠵᠠᠷ ᠣᠷᠣᠨ ᠤ ᠠᠮᠢ ᠠᠬᠤᠶ ᠶᠢᠨ ᠣᠷᠴᠢᠨ ᠲᠣᠭᠤᠷᠢᠨ ᠨᠡᠯᠢᠶᠡᠳ | ᠶᠡᠭᠡ ᠰᠠᠶᠢᠵᠢᠷᠠᠯᠲᠠ ᠲᠠᠢ ᠪᠣᠯᠪᠠ᠃ 2020 ᠣᠨ ᠳᠤ᠂ ᠰᠢᠯᠢᠳᠡᠭ ᠰᠠᠶᠢᠨ ᠡᠳᠦᠷ ᠤᠨ ᠲᠤᠭ᠎ᠠ ᠶᠢᠨ ᠬᠠᠷᠢᠴᠠᠯ 76. | 6% ᠳᠤ ᠬᠦᠷᠴᠦ᠂ 2017 ᠣᠨ ᠤ ᠬᠢ ᠠᠴᠠ 9.6 ᠵᠠᠭᠤᠨ ᠤ ᠨᠢᠭᠡᠴᠢ ᠳᠡᠭᠡᠭᠰᠢᠯᠡᠨ᠂ ᠬᠤᠲᠠ ᠲᠣᠭᠤᠷᠢᠭ ᠤᠨ S02 | ᠵᠢᠯ ᠤᠨ ᠳᠤᠮᠳᠠᠴᠢ ᠥᠳᠬᠡᠴᠡ 38 ᠮᠢᠯᠢᠭᠷᠡᠮ / ᠪᠣᠰᠤᠭ᠎ᠠ ᠳᠥᠷᠪᠡᠯᠵᠢᠨ ᠮᠧᠲᠷ ᠪᠠᠶᠢᠵᠤ᠂ 2017 ᠣᠨ ᠤ ᠬᠢ ᠠᠴᠠ | 43.3 % ᠪᠠᠷ ᠪᠠᠭᠤᠷᠠᠵᠤ᠂ ᠬᠦᠬᠦᠷ ᠤᠨ ᠳᠠᠪᠬᠤᠷ ᠢᠰᠦᠯ᠂ ᠵᠢᠵᠢᠭ ᠮᠥᠬᠦᠯᠢᠭᠲᠦ ᠪᠣᠳᠠᠰ ︵PM2.5︶ ᠢ ᠤᠷᠢᠳ | ᠬᠤᠵᠢᠳ ᠤᠯᠤᠰ ᠤᠨ ᠣᠷᠴᠢᠨ ᠲᠣᠭᠤᠷᠢᠨ ᠤ ᠠᠭᠠᠷ ᠤᠨ ᠶᠠᠰᠤ ᠴᠢᠨᠠᠷ ᠤᠨ ᠬᠤᠶᠠᠳᠤᠭᠠᠷ ᠳᠡᠰ ᠤᠨ ᠪᠠᠷᠢᠮᠵᠢᠶ᠎ᠠ ᠳᠤ | ᠬᠦᠷᠦᠭᠦᠯᠪᠡ᠃ ᠬᠠᠲᠤᠨ ᠭᠤᠤᠯ ᠤᠨ ᠦᠬᠠᠶ ᠶᠢᠨ ᠬᠡᠰᠡᠭ ᠤᠨ ᠤᠯᠤᠰ ᠤᠨ ᠬᠢᠨᠠᠨ ᠰᠢᠯᠭᠠᠬᠤ ᠣᠭᠲᠣᠯᠤᠭᠠᠰᠤ ᠶᠢᠨ | ᠤᠰᠤᠨ ᠤ ᠴᠢᠨᠠᠷ ᠤᠨ ᠲᠥᠷᠥᠯ ᠵᠦᠢᠯ ᠨᠢ II ᠲᠥᠷᠥᠯ ᠪᠠᠶᠢᠵᠤ᠂ ᠬᠢᠨᠠᠨ ᠰᠢᠯᠭᠠᠬᠤ ᠬᠠᠷᠠᠯᠲᠠ ᠠᠴᠠ ᠳᠠᠪᠠᠭᠤᠯᠢᠭ ᠪᠠᠶᠢᠵᠤ᠂ | ᠣᠷᠣᠨ ᠪᠦᠰᠡ ᠶᠢᠨ ᠣᠷᠴᠢᠨ ᠲᠣᠭᠤᠷᠢᠨ ᠤ ᠠᠭᠠᠷ ᠤᠨ ᠶᠠᠰᠤ ᠴᠢᠨᠠᠷ ᠢ ᠨᠡᠯᠢᠶᠡᠳ ᠶᠡᠭᠡ ᠪᠠᠷ ᠰᠠᠶᠢᠵᠢᠷᠠᠭᠤᠯᠪᠠ᠃ ᠭᠡᠪᠡᠴᠦ | ᠬᠠᠶᠢᠨᠠᠨ ᠲᠤᠭᠤᠷᠢᠭ ᠤᠨ ᠪᠣᠬᠢᠷᠲᠤᠯ ᠢ ᠰᠡᠷᠭᠡᠶᠢᠯᠡᠨ ᠵᠠᠰᠠᠬᠤ ᠪᠠᠶᠢᠳᠠᠯ ᠮᠥᠨ ᠬᠦ ᠬᠦᠨᠳᠦ ᠬᠡᠴᠡᠭᠦᠦ ᠪᠠᠶᠢᠵᠤ᠂ ᠪᠦᠲᠦᠴᠡ ᠶᠢᠨ | ᠴᠢᠨᠠᠷᠲᠠᠶ᠂ ᠣᠷᠣᠨ ᠪᠦᠰᠡ ᠶᠢᠨ ᠴᠢᠨᠠᠷᠲᠠᠶ᠂ ᠤᠯᠠᠷᠢᠯ ᠤᠨ ᠴᠢᠨᠠᠷᠲᠠᠶ ᠠᠭᠠᠷ ᠮᠠᠨᠳᠠᠯ ᠤᠨ ᠪᠣᠬᠢᠷᠲᠤᠯ ᠤᠨ ᠠᠰᠠᠭᠤᠳᠠᠯ ᠮᠥᠨ | ᠯᠡ ᠲᠤᠪᠤᠶᠢᠮ᠎ᠠ ᠪᠠᠶᠢᠵᠤ᠂ ᠠᠮᠢ ᠠᠬᠤᠶ ᠶᠢᠨ ᠡᠪᠳᠡᠭᠳᠡᠯ ᠤᠨ ᠬᠦᠨᠳᠦ ᠬᠡᠴᠡᠭᠦᠦ ᠪᠠᠶᠢᠳᠠᠯ ᠢ ᠦᠨᠳᠦᠰᠦᠨ ᠠᠴᠠ ᠨᠢ | ᠬᠤᠪᠢᠷᠠᠭᠤᠯᠵᠤ ᠴᠢᠳᠠᠭᠠᠳᠤᠶ ᠪᠠᠶᠢᠨ᠎ᠠ᠃ ᠰᠢᠨ᠎ᠡ ᠬᠥᠭᠵᠢᠯᠲᠡ ᠶᠢᠨ ᠱᠠᠲᠤᠨ ᠳᠤ ᠤᠷᠤᠭᠰᠠᠨ ᠤ ᠲᠠᠷᠠᠭ᠎ᠠ᠂ ᠬᠠᠶᠢᠨᠠᠨ | ᠲᠤᠭᠤᠷᠢᠭ ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠭᠦᠨᠵᠡᠭᠡᠢ ᠰᠠᠶᠢᠲᠤᠷ ᠬᠢᠬᠦ ᠳᠤ | ᠪᠠᠰᠠ ᠮᠠᠰᠢ ᠶᠡᠭᠡ ᠣᠷᠣᠨ ᠵᠠᠢ ᠲᠠᠢ ᠪᠠᠶᠢᠵᠤ᠂ ᠶᠡᠭᠡ ᠦᠢᠯᠡᠰ ᠢ ᠪᠦᠲᠦᠭᠡᠬᠦ ᠴᠢᠬᠤᠯᠠ ᠪᠠᠶᠢᠯᠳᠤᠬᠤ ᠪᠤᠳᠤᠯᠭ᠎ᠠ ᠶᠢᠨ ᠠᠵᠠ | ᠲᠣᠬᠢᠶᠠᠯᠳᠤ ᠬᠤᠭᠤᠴᠠᠭᠠᠨ ᠳᠤ ᠣᠷᠣᠰᠢᠵᠤ ᠪᠠᠶᠢᠬᠤ ᠪᠠᠷ ᠪᠠᠷᠠᠬᠤ ᠦᠭᠡᠢ ᠪᠠᠰᠠ ᠴᠢᠯᠠᠭᠤ ᠥᠩᠬᠦᠷᠢᠭᠦᠯᠦᠨ ᠠᠭᠤᠯᠠᠨ ᠳᠤ | ᠭᠠᠷᠬᠤ᠂ ᠪᠡᠷᠬᠡ ᠶᠢ ᠳᠠᠪᠠᠵᠤ ᠳᠠᠪᠠᠭ᠎ᠠ ᠶᠢ ᠳᠠᠪᠠᠭ᠋ᠤ᠂ ᠬᠦᠴᠢᠷ ᠢ ᠲᠤᠭᠤᠯᠤᠨ ᠬᠦᠴᠢᠷ ᠢ ᠳᠠᠪᠠᠭ᠋ᠤ ᠵᠠᠩᠭᠢᠯᠠᠭ᠎ᠠ ᠶᠢᠨ | ᠬᠤᠭᠤᠴᠠᠭᠠᠨ ᠳᠤ ᠣᠷᠣᠰᠢᠵᠤ᠂ ᠥᠷᠢᠰᠥᠯᠳᠦᠭᠡᠨ ᠪᠣᠯᠤᠨ ᠠᠵᠠ ᠲᠣᠬᠢᠶᠠᠯ ᠵᠡᠷᠭᠡᠪᠡᠷ ᠣᠷᠣᠰᠢᠵᠤ᠂ ᠳᠠᠷᠤᠯᠲᠠ ᠪᠣᠯᠤᠨ | ᠬᠥᠳᠡᠯᠭᠡᠬᠦ ᠬᠦᠴᠦᠨ ᠵᠡᠷᠭᠡᠪᠡᠷ ᠣᠷᠣᠰᠢᠵᠤ ᠪᠠᠶᠢᠨ᠎ᠠ᠃ | ᠶᠡᠷᠦᠩᠬᠡᠢ ᠱᠦᠵᠢ ᠰᠢ ᠶᠢᠨ ᠫᠢᠩ ᠥᠪᠥᠷ ᠮᠣᠩᠭᠤᠯ ᠤᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ | ᠢᠮᠠᠭᠲᠠ ᠠᠩᠬᠠᠷᠴᠤ᠂ ︽ᠥᠪᠥᠷ ᠮᠣᠩᠭᠤᠯ ᠢ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ | ᠲᠦᠪᠰᠢᠨ ᠤ ᠬᠠᠯᠬᠠᠪᠴᠢ ᠪᠣᠯᠭᠠᠨ ᠪᠦᠳᠦᠭᠡᠨ ᠪᠠᠶᠢᠭᠤᠯᠬᠤ ᠪᠣᠯ ᠪᠦᠬᠦ ᠤᠯᠤᠰ ᠤᠨ ᠬᠥᠭᠵᠢᠯᠲᠡ ᠶᠢᠨ ᠶᠡᠭᠡ ᠲᠠᠯ᠎ᠠ ᠳᠤ | ᠰᠠᠭᠤᠷᠢᠯᠠᠵᠤ ᠲᠣᠭᠲᠠᠭᠠᠭᠰᠠᠨ ᠪᠠᠶᠢᠯᠳᠤᠬᠤ ᠪᠤᠳᠤᠯᠭ᠎ᠠ ᠶᠢᠨ ᠪᠠᠶᠢᠷᠢ ᠲᠣᠭᠲᠠᠭᠠᠯᠲᠠ ᠪᠣᠯᠤᠨ᠎ᠠ᠂ ᠮᠥᠨᠴᠦ ᠥᠪᠥᠷ | ᠮᠣᠩᠭᠤᠯ ᠤᠨ ᠡᠷᠬᠡᠪᠰᠢ ᠤᠬᠠᠮᠰᠠᠷ ᠠᠴᠠ ᠪᠠᠨ ᠡᠭᠦᠷᠭᠡᠯᠡᠬᠦ ᠴᠢᠬᠤᠯᠠ ᠶᠡᠭᠡ ᠬᠠᠷᠢᠭᠤᠴᠠᠯᠭ᠎ᠠ ᠪᠣᠯᠤᠨ᠎ᠠ︾ ᠭᠡᠵᠦ ᠲᠣᠳᠣᠷᠬᠠᠢ | ᠵᠢᠭᠠᠵᠤ ᠭᠠᠷᠭᠠᠪᠠ᠃ 2020 ᠣᠨ ᠳᠤ ᠰᠢ ᠶᠢᠨ ᠫᠢᠩ ᠶᠡᠷᠦᠩᠬᠡᠢ ᠱᠦᠵᠢ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ | ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯ ᠤᠨ ᠥᠪᠥᠷ ᠮᠣᠩᠭᠤᠯ ᠤᠨ | ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠦᠪᠯᠡᠯᠲᠡ ᠳᠤ ᠣᠷᠣᠯᠴᠠᠬᠤ ᠳᠠᠭᠠᠨ ᠦᠬᠠᠢ ᠵᠢᠴᠢ ᠡᠷᠬᠢᠨ ᠲᠣᠭᠤᠷᠢᠨ ᠤ | ᠭᠠᠵᠠᠷ ᠣᠷᠣᠨ ᠤ ᠠᠮᠢ ᠠᠬᠤᠢ ᠶᠢᠨ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠠᠵᠢᠯ ᠢ ᠬᠦᠴᠦᠯᠡᠨ ᠰᠠᠶᠢᠲᠤᠷ | ᠠᠳᠬᠤᠬᠤ ᠲᠤᠬᠠᠢ ᠴᠢᠬᠤᠯᠠ ᠵᠢᠭᠠᠪᠤᠷᠢ ᠨᠢ᠄ ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠪᠠ | ᠴᠢᠨᠠᠷ ᠰᠠᠶᠢᠲᠠᠶ ᠬᠥᠭᠵᠢᠯᠲᠡ ᠶᠢ ᠪᠣᠳᠣᠯᠬᠢᠯᠠᠭᠰᠠᠨ ᠮᠥᠷᠲᠡᠭᠡᠨ ᠪᠠᠰᠠ ᠥᠪᠥᠷ ᠮᠣᠩᠭᠤᠯ ᠤᠨ ᠤᠯᠤᠰ ᠤᠨ ᠠᠮᠢ ᠠᠬᠤᠶ ᠶᠢᠨ | ᠪᠠᠶᠢᠷᠢ ᠲᠣᠭᠲᠠᠭᠠᠯᠲᠠ ᠶᠢ ᠪᠣᠳᠣᠯᠬᠢᠯᠠᠵᠤ᠂ ᠦᠬᠠᠶ ᠵᠢᠴᠢ ᠡᠷᠬᠢᠨ ᠲᠣᠭᠤᠷᠢᠨ ᠤ ᠭᠠᠵᠠᠷ ᠣᠷᠣᠨ ᠤ ᠠᠮᠢ ᠠᠬᠤᠶ ᠶᠢᠨ | ᠣᠷᠴᠢᠨ ᠨᠥᠬᠦᠴᠡᠯ ᠤᠨ ᠶᠡᠷᠦᠩᠬᠡᠶᠢᠯᠡᠭᠰᠡᠨ ᠵᠠᠰᠠᠯᠲᠠ ᠶᠢ ᠤᠷᠢᠳ ᠡᠮᠦᠨ᠎ᠡ ᠪᠠᠶᠢᠭ᠎ᠠ ᠥᠬᠡᠶ ᠥᠨᠳᠥᠷ ᠲᠦᠪᠰᠢᠨ ᠳᠤ | ᠬᠦᠷᠭᠡᠭᠰᠡᠨ ᠪᠠᠶᠢᠨ᠎ᠠ᠃ ᠬᠠᠶᠢᠨᠠᠨ ᠲᠤᠭᠤᠷᠢᠭ ᠦᠬᠠᠶ ᠵᠢᠴᠢ ᠡᠷᠭᠢᠨ ᠲᠣᠭᠤᠷᠢᠨ ᠤ ᠭᠠᠵᠠᠷ ᠣᠷᠣᠨ ᠤ ᠠᠮᠢ ᠠᠬᠤᠶ ᠶᠢᠨ | ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠴᠢᠬᠤᠯᠠ ᠭᠠᠵᠠᠷ ᠣᠷᠣᠨ ᠪᠣᠯᠤᠭᠰᠠᠨ ᠤ ᠬᠤᠪᠢ ᠳᠤ᠂ ᠡᠷᠬᠡᠪᠰᠢ ᠤᠯᠤᠰ | ᠲᠦᠷᠦ ᠶᠢᠨ ᠵᠣᠭᠰᠣᠴᠠ ᠪᠠᠨ ᠦᠨᠡᠨᠬᠦ ᠳᠡᠭᠡᠭᠰᠢᠯᠡᠭᠦᠯᠵᠦ᠂ ᠤᠯᠤᠰ ᠲᠦᠷᠦ ᠶᠢᠨ ᠬᠠᠷᠢᠭᠤᠴᠠᠯᠭ᠎ᠠ ᠪᠠᠨ ᠴᠢᠩᠭᠠᠳᠬᠠᠨ᠂ ᠦᠬᠠᠢ | ᠵᠢᠴᠢ ᠡᠷᠬᠢᠨ ᠲᠣᠭᠤᠷᠢᠨ ᠤ ᠭᠠᠵᠠᠷ ᠣᠷᠣᠨ ᠤ ᠠᠮᠢ ᠠᠬᠤᠢ ᠶᠢᠨ ᠣᠷᠴᠢᠨ ᠲᠣᠭᠤᠷᠢᠨ ᠤ ᠶᠡᠷᠦᠩᠬᠡᠶᠢᠯᠡᠭᠰᠡᠨ ᠵᠠᠰᠠᠯᠲᠠ ᠶᠢ | ᠡᠷᠡᠰ ᠰᠠᠶᠢᠲᠤᠷ ᠠᠳᠬᠤᠵᠤ᠂ ᠨᠠᠮ ᠤᠨ ᠲᠥᠪ ᠬᠤᠷᠢᠶ᠎ᠠ ᠠᠴᠠ ᠥᠪᠥᠷ ᠮᠣᠩᠭᠤᠯ ᠳᠤ ᠣᠯᠭᠤᠭᠰᠠᠨ ᠪᠠᠶᠢᠯᠳᠤᠬᠤ | ᠪᠤᠳᠤᠯᠭ᠎ᠠ ᠶᠢᠨ ᠪᠠᠶᠢᠷᠢ ᠲᠣᠭᠲᠠᠭᠠᠯᠲᠠ ᠶᠢ ᠤᠨᠢᠨ ᠳᠡᠭᠡᠷ᠎ᠡ ᠨᠢ ᠨᠠᠶᠢᠳᠠᠪᠤᠷᠢᠵᠢᠭᠤᠯᠵᠤ᠂ ᠪᠦᠲᠦᠮᠵᠢᠲᠡᠢ | ᠨᠠᠶᠢᠳᠠᠪᠤᠷᠢᠵᠢᠭᠤᠯᠬᠤ ᠶᠢ ᠪᠦᠬᠦ ᠬᠦᠴᠦᠨ ᠢᠶᠠᠷ ᠢᠶᠠᠨ ᠠᠬᠢᠭᠤᠯᠵᠤ᠂ ᠪᠣᠳᠠᠲᠤ ᠠᠵᠢᠯᠯᠠᠭ᠎ᠠ ᠪᠣᠯᠤᠨ ᠠᠵᠢᠯ ᠤᠨ ᠦᠷ᠎ᠡ | ᠪᠦᠲᠦᠮᠵᠢ ᠪᠠᠷ ᠢᠶᠠᠨ ︽ᠬᠤᠶᠠᠷ ᠢ ᠬᠠᠮᠠᠭᠠᠯᠠᠬᠤ︾ ᠶᠢ ᠦᠢᠯᠡᠳᠦᠯᠭᠡᠵᠢᠭᠦᠯᠬᠦ ᠬᠡᠷᠡᠭᠲᠡᠢ ᠭᠡᠪᠡ᠃ | ᠬᠤᠶᠠᠷ᠂ ᠶᠡᠷᠦᠩᠬᠡᠶ ᠱᠠᠭᠠᠷᠳᠠᠯᠭ᠎ᠠ ᠶᠢ ᠡᠵᠡᠮᠳᠡᠬᠦ ᠬᠡᠷᠡᠭᠲᠡᠶ | ︵ᠨᠢᠭᠡ︶ ᠵᠢᠯᠤᠭᠤᠳᠬᠤ ᠦᠵᠡᠯ ᠰᠠᠨᠠᠭ᠎ᠠ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ | ᠰᠠᠨᠠᠭ᠎ᠠ ᠪᠠᠷ ᠵᠢᠯᠤᠭᠤᠳᠣᠯᠭ᠎ᠠ ᠪᠤᠯᠭᠠᠵᠦ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠣᠯᠤᠨ ᠠᠷᠪᠠ ᠶᠢᠰᠦᠳᠦᠭᠡᠷ | ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ᠂ ᠲᠠᠪᠤᠳᠤᠭᠠᠷ ᠪᠦᠭᠦᠳᠡ ᠬᠤᠷᠠᠯ ᠤᠨ | ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠵᠦ᠂ ᠰᠢ ᠶᠢᠨ ᠫᠢᠩ ᠤᠨ ᠠᠮᠢ ᠠᠬᠤᠶ ᠶᠢᠨ ᠪᠣᠯᠪᠠᠰᠤᠨ ᠤ ᠦᠵᠡᠯ | ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠦ᠂ ᠰᠢ ᠶᠢᠨ ᠫᠢᠩ ᠶᠡᠷᠦᠩᠬᠡᠶ ᠱᠦᠵᠢ ᠶᠢᠨ ᠥᠪᠥᠷ ᠮᠣᠩᠭᠤᠯ ᠳᠤ | ᠲᠠᠯᠪᠢᠭᠰᠠᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠲᠡᠷᠡ ᠬᠡᠪ ᠢᠶᠠᠷ ᠨᠢ | ᠨᠠᠶᠢᠳᠠᠪᠤᠷᠢᠵᠢᠭᠤᠯᠵᠤ᠂ ︽ᠠᠮᠢ ᠠᠬᠤᠢ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠦᠭᠡᠢ ᠪᠠᠷ ᠬᠥᠭᠵᠢᠭᠦᠯᠬᠦ︾ | ᠤᠳᠤᠷᠢᠳᠤᠮᠵᠢ ᠶᠢ ᠪᠠᠲᠤ ᠪᠠᠬᠢ ᠪᠤᠢ ᠪᠣᠯᠭᠠᠵᠤ᠂ ᠳᠡᠭᠡᠳᠦ ᠬᠡᠮᠵᠢᠶᠡᠨ ᠤ ᠤᠯᠤᠰ ᠲᠦᠷᠦ ᠶᠢᠨ ᠤᠬᠠᠮᠰᠠᠷ᠂ ᠦᠵᠡᠯ ᠰᠠᠨᠠᠭᠠᠨ ᠤ | ᠤᠬᠠᠮᠰᠠᠷ᠂ ᠠᠵᠢᠯᠯᠠᠭᠠᠨ ᠤ ᠤᠬᠠᠮᠰᠠᠷ ᠢᠶᠠᠷ ᠴᠢᠩᠭ᠎ᠠ ᠪᠣᠳᠠᠲᠠᠢ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ | ᠪᠠᠶᠢᠭᠠᠳ ᠬᠠᠶᠢᠨᠠᠨ ᠤ ᠣᠷᠣᠨ ᠪᠦᠰᠡ ᠶᠢᠨ ᠠᠮᠢ ᠠᠬᠤᠢ ᠶᠢᠨ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠶᠢ | ᠠᠬᠢᠭᠤᠯᠵᠤ᠂ ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠭᠦᠨᠵᠡᠭᠡᠢ ᠰᠠᠶᠢᠲᠤᠷ ᠬᠢᠵᠦ᠂ | ᠣᠷᠣᠨ ᠪᠦᠰᠡ ᠶᠢᠨ ᠠᠮᠢ ᠠᠬᠤᠢ ᠶᠢᠨ ᠣᠷᠴᠢᠨ ᠲᠣᠭᠤᠷᠢᠨ ᠤ ᠶᠠᠰᠤ ᠴᠢᠨᠠᠷ ᠢ ᠦᠨᠡᠨᠬᠦ ᠰᠠᠶᠢᠵᠢᠷᠠᠭᠤᠯᠵᠤ᠂ ᠮᠠᠨ ᠤ | ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠬᠦ ᠳᠤ ᠢᠳᠡᠪᠬᠢᠲᠡᠢ | ᠬᠤᠪᠢ ᠨᠡᠮᠡᠷᠢ ᠦᠵᠡᠭᠦᠯᠬᠦ ᠬᠡᠷᠡᠭᠲᠡᠢ᠃ | ︵ᠬᠤᠶᠠᠷ︶ ᠦᠨᠳᠦᠰᠦᠨ ᠵᠠᠷᠴᠢᠮ | ᠠᠮᠢ ᠠᠬᠤᠶ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠦᠭᠡᠢ ᠬᠥᠭᠵᠢᠭᠦᠯᠬᠦ ᠶᠢ ᠪᠠᠷᠢᠮᠲᠠᠯᠠᠨ᠎ᠠ᠃ ︽ᠬᠦᠬᠡ ᠠᠭᠤᠯᠠ | ᠬᠥᠬᠡᠮᠳᠦᠭ ᠤᠰᠤ ᠪᠣᠯ ᠳᠠᠷᠤᠢ ᠠᠯᠳᠠ ᠮᠥᠩᠭᠦᠨ ᠠᠭᠤᠯᠠ︾ ᠭᠡᠬᠦ ᠤᠢᠢᠯᠠᠭᠠᠭᠳᠠᠬᠤᠨ ᠢ ᠪᠠᠲᠤ ᠪᠠᠬᠢ ᠪᠤᠢ ᠪᠣᠯᠭᠠᠵᠤ᠂ ᠠᠮᠢ | ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠴᠢᠩᠭᠠᠳᠬᠠᠬᠤ ᠪᠠᠶᠢᠯᠳᠤᠬᠤ ᠪᠤᠳᠤᠯᠭ᠎ᠠ ᠶᠢᠨ ᠲᠣᠭᠲᠠᠯ ᠬᠦᠴᠦᠨ ᠢ | ᠪᠠᠲᠤᠯᠠᠵᠤ᠂ ᠠᠵᠤ ᠠᠬᠤᠢ ᠶᠢᠨ ᠪᠦᠳᠦᠭᠡᠨ ᠪᠠᠶᠢᠭᠤᠯᠤᠯᠲᠠ ᠪᠣᠯᠤᠨ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ | ᠵᠥᠷᠢᠴᠡᠯ ᠭᠠᠷᠬᠤ ᠳᠤ ᠬᠦᠷᠪᠡᠯ᠂ ᠡᠷᠬᠡᠪᠰᠢ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢ ᠲᠡᠷᠢᠭᠦᠨ ᠳᠤ | ᠲᠠᠯᠪᠢᠬᠤ ᠬᠡᠷᠡᠭᠲᠡᠢ᠃ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ᠂ ᠣᠨᠣᠪᠴᠢᠲᠠᠶ᠂ ᠪᠦᠬᠦ ᠲᠠᠯ᠎ᠠ ᠪᠠᠷ | ᠲᠤᠭᠤᠰᠢᠯᠠᠭᠤᠯᠵᠤ᠂ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠶ ᠶᠢ ᠨᠡᠭᠡᠭᠡᠨ ᠬᠥᠭᠵᠢᠭᠦᠯᠵᠦ ᠬᠠᠮᠠᠭᠠᠯᠠᠬᠤ ᠰᠢᠨ᠎ᠡ | ᠪᠠᠶᠢᠷᠢᠰᠢᠯ ᠢ ᠬᠦᠴᠦᠯᠡᠨ ᠪᠠᠶᠢᠭᠤᠯᠬᠤ ᠪᠠ ᠠᠵᠤ ᠦᠢᠯᠡᠰ ᠤᠨ ᠪᠠᠶᠢᠷᠢᠰᠢᠯ ᠢ ᠰᠢᠯᠢᠳᠡᠭᠵᠢᠭᠦᠯᠵᠦ᠂ ᠠᠵᠤ ᠦᠢᠯᠡᠰ ᠢ | ᠲᠥᠪᠯᠡᠷᠡᠭᠦᠯᠵᠦ ᠡᠷᠴᠢᠮᠵᠢᠭᠦᠯᠦᠨ ᠬᠥᠭᠵᠢᠭᠦᠯᠬᠦ ᠶᠢ ᠲᠦᠷᠭᠡᠳᠬᠡᠨ᠎ᠡ᠃ ᠬᠤᠴᠣᠷᠤᠩᠭᠤᠶ ᠳᠣᠣᠷ᠎ᠠ ᠲᠡᠰ ᠤᠨ ᠦᠢᠯᠡᠳᠪᠦᠷᠢᠯᠡᠬᠦ | ᠴᠢᠳᠠᠪᠤᠷᠢ ᠶᠢ ᠡᠷᠡᠰ ᠭᠡᠭᠡᠭᠳᠡᠭᠦᠯᠵᠦ᠂ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠨ᠂ ᠦᠷᠳᠡᠭ ᠤᠨ ᠬᠡᠯᠬᠢᠶ᠎ᠡ ᠶᠢ | ᠳᠡᠭᠡᠭᠰᠢᠯᠡᠭᠦᠯᠵᠦ᠂ ᠠᠵᠤ ᠦᠢᠯᠡᠰ ᠤᠨ ᠳᠡᠭᠡᠳᠦ ᠲᠡᠰ ᠤᠨ ᠬᠥᠭᠵᠢᠯᠲᠡ ᠶᠢ ᠠᠬᠢᠭᠤᠯᠤᠨ᠂ ︽ᠨᠡᠭᠦᠷᠡᠰᠦ ᠮᠠᠯᠲᠠᠵᠤ ᠨᠡᠭᠦᠷᠡᠰᠦ | ᠬᠤᠳᠠᠯᠳᠤᠬᠤ᠂ ᠰᠢᠷᠣᠶ ᠮᠠᠯᠲᠠᠵᠤ ᠰᠢᠷᠣᠶ ᠬᠤᠳᠠᠯᠳᠤᠬᠤ︾ ᠪᠦᠳᠦᠭᠦᠯᠢᠭ ᠬᠡᠯᠪᠡᠷᠢ ᠶᠢᠨ ᠡᠬᠢ ᠪᠠᠶᠠᠯᠢᠭ ᠢ ᠨᠡᠭᠡᠭᠡᠨ | ᠠᠰᠢᠭᠯᠠᠬᠤ ᠵᠠᠭᠪᠤᠷ ᠢ ᠬᠤᠪᠢᠷᠠᠭᠤᠯᠵᠤ᠂ ᠴᠢᠨᠠᠷ ᠰᠠᠶᠢᠲᠠᠶ ᠬᠥᠭᠵᠢᠯᠲᠡ ᠬᠢᠭᠡᠳ ᠥᠨᠳᠥᠷ ᠬᠢᠷᠢ ᠲᠦᠪᠰᠢᠨ ᠪᠦᠬᠦᠢ | ᠬᠠᠮᠠᠭᠠᠯᠠᠯᠲᠠ ᠶᠢ ᠵᠣᠬᠢᠴᠠᠯᠳᠤᠭᠤᠯᠤᠨ ᠬᠠᠮᠲᠤ ᠪᠠᠷ ᠤᠷᠤᠭᠰᠢᠯᠠᠭᠤᠯᠬᠤ ᠶᠢ ᠪᠡᠶᠡᠯᠡᠭᠦᠯᠦᠨ᠎ᠡ᠃ | ᠤᠷᠢᠳᠠᠪᠠᠷ ᠲᠥᠯᠥᠪᠵᠢᠭᠦᠯᠬᠦ ᠶᠢ ᠪᠠᠷᠢᠮᠲᠠᠯᠠᠵᠤ᠂ ᠨᠢᠭᠡᠳᠦᠯᠲᠡᠶ ᠲᠥᠯᠥᠪᠯᠡᠨ ᠠᠬᠢᠭᠤᠯᠤᠨ᠎ᠠ᠃ ᠤᠯᠤᠰ ᠤᠨ ᠨᠤᠲᠤᠭ | ᠳᠡᠪᠢᠰᠬᠡᠷ ᠤᠨ ᠣᠷᠣᠨ ᠵᠠᠶ ᠶᠢᠨ ᠲᠥᠯᠥᠪᠵᠢᠭᠦᠯᠭᠡ ᠪᠠᠷ ᠦᠨᠳᠦᠰᠦᠨ ᠦᠨᠳᠦᠰᠦᠯᠡᠯ ᠪᠣᠯᠭᠠᠵᠤ᠂ ᠠᠳᠠᠯᠢ ᠪᠤᠰᠤ ᠲᠠᠰ | ᠳᠠᠪᠬᠤᠷᠭ᠎ᠠ᠂ ᠠᠳᠠᠯᠢ ᠪᠤᠰᠤ ᠬᠦᠷᠢᠶ᠎ᠡ ᠴᠠᠷᠠᠭ᠎ᠠ ᠶᠢᠨ ᠡᠯ᠎ᠡ ᠲᠥᠷᠥᠯ ᠤᠨ ᠲᠥᠯᠥᠪᠵᠢᠭᠦᠯᠭᠡ ᠶᠢ ᠨᠢᠭᠡᠳᠦᠯᠲᠡᠶ ᠲᠥᠯᠥᠪᠯᠡᠨ | ᠵᠣᠯᠭᠠᠭᠤᠯᠵᠤ᠂ ᠬᠠᠶᠢᠨᠠᠨ ᠲᠤᠭᠤᠷᠢᠭ ᠤᠨ ᠭᠠᠵᠠᠷ ᠣᠷᠣᠨ ᠤ ᠠᠮᠢ ᠠᠬᠤᠶ ᠶᠢᠨ ᠣᠷᠴᠢᠨ ᠲᠣᠭᠤᠷᠢᠨ ᠢ ᠶᠡᠷᠦᠩᠬᠡᠶᠢᠯᠡᠨ | ᠵᠠᠰᠠᠬᠤ ᠬᠠᠮᠢᠶ᠎ᠠ ᠪᠥᠬᠦᠶ ᠲᠥᠯᠥᠪᠵᠢᠭᠦᠯᠭᠡ ᠶᠢ ᠰᠢᠨᠵᠢᠯᠡᠬᠦ ᠤᠬᠠᠭᠠᠨᠴᠢ ᠪᠠᠷ ᠨᠠᠶᠢᠷᠠᠭᠤᠯᠤᠨ ᠵᠣᠬᠢᠶᠠᠵᠤ᠂ | ᠲᠥᠯᠥᠪᠵᠢᠭᠦᠯᠭᠡ ᠶᠢᠨ ᠬᠡᠷᠡᠭᠵᠢᠭᠦᠯᠬᠦ ᠬᠦᠴᠦᠨ᠂ ᠨᠠᠶᠢᠳᠠᠪᠤᠷᠢᠵᠢᠭᠤᠯᠬᠤ ᠬᠦᠴᠦᠨ ᠢ ᠳᠡᠭᠡᠭᠰᠢᠯᠡᠭᠦᠯᠦᠨ᠎ᠡ᠃ ᠠᠮᠢ ᠠᠬᠤᠶ ᠶᠢᠨ | ᠰᠢᠰᠲ᠋ᠧᠮ ᠤᠨ ᠳᠣᠲᠣᠭᠠᠳᠤ ᠵᠢᠮ᠎ᠡ ᠶᠣᠰᠣ ᠪᠠ ᠵᠢᠮ᠎ᠡ ᠶᠣᠰᠣ ᠶᠢ ᠵᠢᠷᠤᠮᠯᠠᠨ᠂ ᠠᠭᠤᠯᠠ ᠤᠰᠤ ᠤᠢ ᠰᠢᠭᠤᠢ ᠨᠠᠭᠤᠷ | ᠪᠦᠷᠢᠳᠦ ᠡᠪᠡᠰᠦ ᠡᠯᠡᠰᠦᠨ ᠤ ᠡᠯ᠎ᠡ ᠵᠦᠢᠯ ᠤᠨ ᠠᠮᠢ ᠠᠬᠤᠶ ᠶᠢᠨ ᠡᠯᠧᠮᠧᠨ᠋ᠲ ᠢ ᠰᠢᠰᠲ᠋ᠧᠮ ᠲᠠᠢ ᠪᠠᠷ ᠵᠠᠰᠠᠬᠤ᠂ ᠬᠠᠮᠵᠢᠯᠴᠠᠨ | ᠵᠠᠰᠠᠬᠤ᠂ ᠶᠡᠷᠦᠩᠬᠡᠶᠢᠯᠡᠨ ᠵᠠᠰᠠᠬᠤ ᠶᠢ ᠴᠢᠩᠭᠠᠳᠬᠠᠨ᠎ᠠ᠃ ᠣᠷᠣᠨ ᠪᠦᠰᠡ ᠶᠢᠨ ᠬᠠᠮᠲᠤᠷᠠᠨ ᠰᠡᠷᠭᠡᠶᠢᠯᠡᠬᠦ ᠬᠠᠮᠲᠤᠷᠠᠨ ᠡᠵᠡᠮᠳᠡᠬᠦ | ᠬᠠᠮᠲᠤᠷᠠᠨ ᠵᠠᠰᠠᠬᠤ ᠶᠢ ᠴᠢᠩᠭᠠᠳᠬᠠᠵᠤ᠂ ᠨᠢᠭᠡᠳᠦᠯᠲᠡᠶ ᠲᠣᠬᠢᠷᠠᠭᠤᠯᠬᠤ᠂ ᠠᠵᠢᠯ ᠬᠤᠪᠢᠶᠠᠷᠢᠯᠠᠨ ᠬᠠᠮᠵᠢᠯᠴᠠᠬᠤ ᠶᠢ | ᠴᠢᠩᠭᠠᠳᠬᠠᠵᠤ᠂ ᠭᠠᠭᠴᠠᠭᠠᠷ ᠢᠶᠠᠨ ᠲᠡᠮᠡᠴᠡᠬᠦ᠂ ᠬᠤᠪᠢ ᠬᠤᠪᠢ ᠪᠠᠷ ᠢᠶᠠᠨ ᠪᠠᠶᠢᠯᠳᠤᠬᠤ ᠠᠴᠠ ᠡᠷᠡᠰ ᠵᠠᠶᠢᠯᠠᠰᠬᠢᠨ᠎ᠡ᠃ | ᠦᠨᠡᠨ ᠠᠴᠠ ᠵᠥᠪ ᠢ ᠡᠷᠢᠵᠦ᠂ ᠰᠢᠨᠵᠢᠯᠡᠬᠦ ᠤᠬᠠᠭᠠᠨᠴᠢ ᠪᠠᠷ ᠵᠠᠰᠠᠨ᠎ᠠ᠃ ᠠᠯᠢᠪᠠ ᠪᠦᠬᠦᠨ ᠪᠣᠳᠠᠲᠠᠢ ᠠᠴᠠ ᠡᠭᠦᠰᠴᠦ᠂ | ᠵᠠᠰᠠᠯᠲᠠ ᠶᠢᠨ ᠬᠠᠷᠠᠯᠲᠠ ᠶᠢ ᠰᠢᠨᠵᠢᠯᠡᠬᠦ ᠤᠬᠠᠭᠠᠨᠴᠢ ᠪᠠᠷ ᠵᠦᠢ ᠵᠣᠬᠢᠰᠲᠠᠢ ᠲᠤᠭᠲᠠᠭᠠᠨ᠂ ᠵᠠᠰᠠᠯᠲᠠ ᠶᠢᠨ ᠡᠭᠦᠷᠭᠡ ᠶᠢ | ᠲᠣᠳᠣᠷᠬᠠᠶᠢᠯᠠᠵᠤ᠂ ᠵᠠᠰᠠᠯᠲᠠ ᠶᠢᠨ ᠠᠷᠭ᠎ᠠ ᠬᠡᠯᠪᠡᠷᠢ ᠶᠢ ᠰᠣᠩᠭᠤᠨ᠂ ︽ᠨᠢᠭᠡ ᠯᠡ ᠠᠳᠠᠯᠢ ᠪᠠᠷ ᠱᠠᠭᠠᠷᠳᠠᠬᠤ︾ | ᠠᠵᠢᠯᠯᠠᠭ᠎ᠠ ᠠᠴᠠ ᠵᠠᠶᠢᠯᠠᠰᠬᠢᠵᠦ᠂ ᠬᠠᠤᠯᠢ ᠲᠣᠭᠲᠠᠭᠠᠯ ᠶᠣᠰᠣᠭᠠᠷ ᠠᠮᠢ ᠠᠬᠤᠢ ᠶᠢᠨ ᠣᠷᠴᠢᠨ ᠲᠣᠭᠤᠷᠢᠨ ᠤ ᠵᠠᠰᠠᠯᠲᠠ ᠶᠢ | ᠠᠬᠢᠭᠤᠯᠬᠤ ᠬᠡᠷᠡᠭᠲᠡᠢ᠃ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠢ ᠨᠡᠭᠡᠭᠡᠨ ᠠᠰᠢᠭᠯᠠᠬᠤ᠂ ᠠᠵᠤ ᠦᠢᠯᠡᠳᠪᠦᠷᠢ ᠶᠢᠨ | ᠬᠦᠷᠢᠶᠡᠯᠡᠩ ᠤᠨ ᠪᠣᠬᠢᠷᠲᠤᠯ ᠢ ᠰᠡᠷᠭᠡᠶᠢᠯᠡᠨ ᠵᠠᠰᠠᠬᠤ᠂ ᠬᠤᠳᠠ ᠶᠢᠨ ᠨᠠᠷᠢᠯᠢᠬᠵᠢᠭᠤᠯᠤᠭᠰᠠᠨ ᠬᠠᠮᠢᠶᠠᠷᠤᠯᠲᠠ᠂ ᠠᠮᠢ ᠠᠬᠤᠶ ᠶᠢ | ᠵᠠᠰᠠᠨ ᠰᠡᠷᠭᠦᠭᠡᠬᠦ᠂ ᠬᠥᠷᠥᠰᠥ ᠰᠢᠷᠣᠶ ᠶᠢ ᠬᠠᠮᠠᠭᠠᠯᠠᠬᠤ ᠵᠡᠷᠭᠡ ᠭᠤᠣᠯᠳᠠᠯᠭ᠎ᠠ ᠲᠠᠢ ᠬᠦᠷᠢᠶᠡᠨ ᠳᠤ ᠠᠩᠬᠠᠷᠤᠯ ᠢᠶᠠᠨ | ᠲᠥᠪᠯᠡᠷᠡᠭᠦᠯᠵᠦ᠂ ᠪᠣᠬᠢᠷᠲᠤᠯ ᠤᠨ ᠪᠤᠢ ᠪᠣᠯᠤᠭᠰᠠᠨ ᠰᠢᠯᠲᠠᠭᠠᠨ ᠪᠠ ᠵᠢᠮ᠎ᠡ ᠶᠣᠰᠣ ᠶᠢ ᠪᠦᠬᠦ ᠲᠠᠯ᠎ᠠ ᠪᠠᠷ ᠲᠣᠳᠣᠷᠬᠠᠶ | ᠣᠶᠢᠯᠠᠭᠠᠵᠤ᠂ ᠠᠳᠠᠯᠢ ᠪᠤᠰᠤ ᠠᠰᠠᠭᠤᠳᠠᠯ ᠳᠤ ᠴᠢᠭᠯᠡᠭᠦᠯᠦᠨ᠂ ᠡᠪᠡᠳᠴᠢᠨ ᠳᠤᠨᠢ ᠲᠣᠬᠢᠷᠠᠭᠤᠯᠤᠨ ᠡᠮ ᠥᠭᠴᠦ᠂ ᠨᠠᠷᠢᠯᠢᠭ | ᠣᠨᠣᠴᠠᠲᠠᠶ ᠪᠠᠷ ᠬᠦᠴᠦᠯᠡᠵᠦ᠂ ᠰᠢᠨᠵᠢᠯᠡᠭᠡ ᠮᠡᠷᠭᠡᠵᠢᠯ ᠭᠡᠬᠦ ᠡᠨᠡ ᠬᠦ ᠠᠷᠭ᠎ᠠ ᠪᠠᠷᠢᠯ ᠢ ᠭᠦᠢᠴᠡᠳ ᠪᠥᠭᠡᠳ ᠰᠠᠶᠢᠲᠤᠷ | ᠬᠡᠷᠡᠭᠯᠡᠵᠦ᠂ ᠠᠮᠢ ᠠᠬᠤᠶ ᠶᠢᠨ ᠣᠷᠴᠢᠨ ᠨᠥᠬᠦᠴᠡᠯ ᠤᠨ ᠵᠠᠰᠠᠯᠲᠠ ᠶᠢᠨ ᠶᠠᠰᠤ ᠴᠢᠨᠠᠷ ᠪᠠ ᠦᠷ᠎ᠡ ᠪᠦᠲᠦᠮᠵᠢ ᠶᠢ | ᠳᠡᠭᠡᠭᠰᠢᠯᠡᠭᠦᠯᠦᠨ᠎ᠡ᠃ | ︵ᠭᠤᠷᠪᠠ︶ ᠠᠵᠢᠯ ᠤᠨ ᠬᠠᠷᠠᠯᠲᠠ | 2023 ᠣᠨ ᠤ ᠡᠴᠦᠰ ᠪᠣᠯᠬᠤ ᠳᠤ᠂ ᠬᠠᠶᠢᠨᠠᠨ ᠲᠣᠭᠤᠷᠢᠭ ᠤᠨ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠢ | ᠡᠮᠬᠢᠯᠡᠨ ᠨᠡᠶᠢᠯᠡᠭᠦᠯᠬᠦ᠂ ᠬᠡᠦᠷᠰᠢᠭᠦᠯᠬᠦ ᠠᠵᠤ ᠦᠢᠯᠡᠰ ᠢ ᠳᠠᠬᠢᠨ ᠵᠣᠬᠢᠶᠠᠨ ᠪᠠᠶᠢᠭᠤᠯᠬᠤ ᠠᠵᠢᠯ ᠢ ᠪᠥᠬᠦ ᠲᠠᠯ᠎ᠠ ᠪᠠᠷ | ᠪᠡᠶᠡᠯᠡᠭᠦᠯᠵᠦ᠂ ᠪᠣᠬᠢᠷᠲᠤᠯ ᠥᠬᠡᠶ ᠠᠭᠤᠷᠬᠠᠶ ᠶᠢᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ | ᠲᠡᠭᠡᠭᠡᠪᠦᠷᠢ ᠶᠢᠨ ᠡᠨᠧᠷᠭᠢ ᠶᠢᠨ ᠪᠦᠲᠦᠴᠡ ᠶᠢᠨ ᠲᠣᠬᠢᠷᠠᠭᠤᠯᠤᠯᠲᠠ ᠶᠢ ᠱᠠᠲᠤ ᠦᠶ᠎ᠡ ᠶᠢᠨ ᠴᠢᠨᠠᠷᠲᠠᠶ ᠠᠬᠢᠴᠠ ᠲᠠᠢ ᠪᠣᠯᠭᠠᠵᠤ᠂ | ᠠᠵᠤ ᠦᠢᠯᠡᠳᠪᠦᠷᠢ ᠶᠢᠨ ᠬᠦᠷᠢᠶᠡᠯᠡᠩ᠂ ᠬᠤᠲᠠ ᠶᠢᠨ ᠣᠷᠴᠢᠨ ᠲᠣᠭᠤᠷᠢᠨ ᠤ ᠵᠠᠰᠠᠯᠲᠠ ᠶᠢᠨ ᠪᠡᠯᠡᠳᠬᠡᠮᠵᠢ ᠶᠢᠨ | ᠳᠤᠲᠠᠭᠤᠳᠠᠯ ᠢ ᠦᠨᠳᠦᠰᠦᠨ ᠳᠡᠭᠡᠨ ᠨᠥᠬᠦᠪᠥᠷᠢᠯᠡᠵᠦ᠂ ᠠᠭᠠᠷ ᠮᠠᠨᠳᠠᠯ᠂ ᠤᠰᠤ᠂ ᠬᠥᠷᠥᠰᠥ ᠰᠢᠷᠣᠶ ᠶᠢᠨ ᠪᠣᠬᠢᠷᠲᠤᠯ ᠢ | ᠰᠡᠷᠭᠡᠶᠢᠯᠡᠨ ᠵᠠᠰᠠᠬᠤ ᠠᠵᠢᠯᠯᠠᠭ᠎ᠠ ᠶᠢ ᠭᠦᠨᠵᠡᠭᠡᠶ ᠬᠡᠷᠡᠭᠵᠢᠭᠦᠯᠦᠨ᠂ ᠠᠮᠢ ᠠᠬᠤᠶ ᠶᠢᠨ ᠣᠷᠴᠢᠨ ᠲᠣᠭᠤᠷᠢᠨ ᠤ ᠶᠠᠰᠤ ᠴᠢᠨᠠᠷ ᠢ | ᠦᠷᠭᠦᠯᠵᠢᠯᠡᠨ ᠰᠠᠶᠢᠵᠢᠷᠠᠭᠤᠯᠤᠨ᠎ᠠ᠃ 2025 ᠣᠨ ᠤ ᠰᠡᠭᠦᠯᠴᠢ ᠪᠣᠯᠬᠤ ᠳᠤ᠂ ᠬᠠᠶᠢᠨᠠᠨ ᠲᠤᠭᠤᠷᠢᠭ ᠤᠨ ᠪᠣᠬᠢᠷᠲᠤᠯ ᠦᠭᠡᠢ | ᠬᠥᠭᠵᠢᠯᠲᠡ ᠶᠢᠨ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠭᠤᠣᠯ ᠪᠣᠯᠬᠤ ᠪᠣᠬᠢᠷᠲᠤᠯ ᠪᠣᠳᠠᠰ ᠢ | ᠭᠠᠳᠠᠭᠰᠢᠯᠠᠭᠤᠯᠬᠤ ᠶᠡᠷᠦᠩᠬᠡᠢ ᠬᠡᠮᠵᠢᠶ᠎ᠡ ᠶᠢ ᠦᠷᠭᠦᠯᠵᠢᠯᠡᠨ ᠪᠠᠭᠠᠰᠬᠠᠵᠤ᠂ ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ | ᠰᠢᠪᠲᠤᠯᠬᠤ ᠳᠠᠶᠢᠯᠠᠯᠳᠤᠭᠠᠨ ᠳᠤ ᠢᠯᠡᠳᠲᠡ ᠦᠷ᠎ᠡ ᠪᠦᠲᠦᠮᠵᠢ ᠣᠯᠤᠨ᠎ᠠ᠃ ᠣᠷᠣᠨ ᠪᠦᠰᠡ ᠶᠢᠨ ᠰᠢᠯᠢᠳᠡᠭ ᠡᠳᠦᠷ ᠤᠨ | ᠲᠣᠭᠠᠨ ᠤ ᠬᠠᠷᠢᠴᠠᠯ᠂ ᠠᠭᠤᠷ ᠠᠮᠢᠰᠬᠤᠯ ᠤᠨ ᠮᠥᠬᠦᠯᠢᠭᠲᠦ ᠪᠣᠳᠠᠰ ︵PM10︶᠂ ᠬᠦᠬᠦᠷ ᠤᠨ ᠳᠠᠪᠬᠤᠷ ᠢᠰᠦᠯ ︵ | S02︶᠂ ᠨᠠᠷᠢᠨ ᠮᠥᠬᠦᠯᠢᠭᠲᠦ ᠪᠣᠳᠠᠰ ︵PM2.5︶᠂ ᠣᠷᠣᠨ ᠪᠦᠰᠡ ᠶᠢᠨ ᠰᠢᠯᠢᠳᠡᠭ ᠤᠰᠤᠨ ᠴᠣᠭᠴᠠ ᠶᠢᠨ ᠬᠠᠷᠢᠴᠠᠯ᠂ | ᠮᠠᠭᠤ V ᠲᠥᠷᠥᠯ ᠤᠨ ᠤᠰᠤᠨ ᠴᠣᠭᠴᠠ ᠶᠢᠨ ᠬᠠᠷᠢᠴᠠᠯ ᠵᠡᠷᠭᠡ ᠨᠢ ︽ᠠᠷᠪᠠᠨ ᠳᠥᠷᠪᠡᠳᠦᠭᠡᠷ ᠲᠠᠪᠤᠨ ᠵᠢᠯ ᠤᠨ | ᠲᠥᠯᠥᠪᠵᠢᠭᠦᠯᠭᠡ︾ ᠶᠢᠨ ᠬᠢᠵᠠᠭᠠᠷᠯᠠᠬᠤ ᠴᠢᠨᠠᠷᠲᠠᠶ ᠭᠦᠢᠴᠡᠳᠭᠡᠯ ᠲᠤᠭ᠎ᠠ ᠶᠢᠨ ᠱᠠᠭᠠᠷᠳᠠᠯᠭ᠎ᠠ ᠳᠤ ᠬᠦᠷᠦᠭᠰᠡᠨ ᠪᠤᠶᠤ | ᠲᠡᠭᠦᠨ ᠠᠴᠠ ᠳᠠᠪᠠᠭᠤᠯᠢᠭ ᠪᠠᠶᠢᠬᠤ ᠬᠡᠷᠡᠭᠲᠡᠶ᠃ ᠪᠤᠶ ᠪᠦᠬᠦᠢ ᠦᠢᠯᠡᠳᠪᠦᠷᠢᠯᠡᠯ ᠤᠨ ᠠᠭᠤᠷᠬᠠᠶ ᠶᠢ ᠴᠥᠮ ᠪᠣᠬᠢᠷᠲᠤᠯ ᠦᠭᠡᠶ | ᠠᠭᠤᠷᠬᠠᠶ ᠪᠣᠯᠭᠠᠨ ᠪᠠᠶᠢᠭᠤᠯᠵᠤ᠂ ᠠᠭᠤᠷᠬᠠᠶ ᠶᠢᠨ ᠣᠷᠣᠨ ᠤ ᠠᠮᠢ ᠠᠬᠤᠶ ᠶᠢᠨ ᠣᠷᠴᠢᠨ ᠲᠣᠭᠤᠷᠢᠨ ᠢᠯᠡᠳᠲᠡ | ᠰᠠᠶᠢᠵᠢᠷᠠᠵᠤ᠂ ᠠᠵᠤ ᠦᠢᠯᠡᠳᠪᠦᠷᠢ ᠶᠢᠨ ᠬᠦᠷᠢᠶᠡᠯᠡᠩ ᠤᠨ ᠣᠳᠣᠬᠢᠴᠢᠯᠠᠯᠲᠠ ᠶᠢᠨ ᠲᠦᠪᠰᠢᠨ᠂ ᠬᠤᠳᠠ ᠶᠢᠨ | ᠨᠠᠷᠢᠯᠢᠬᠵᠢᠭᠤᠯᠤᠭᠰᠠᠨ ᠬᠠᠮᠢᠶᠠᠷᠤᠯᠲᠠ ᠶᠢᠨ ᠬᠡᠮᠵᠢᠶ᠎ᠡ ᠳᠠᠰᠤᠷᠠᠯᠳᠠ ᠦᠬᠡᠢ ᠳᠡᠭᠡᠭᠰᠢᠯᠡᠵᠦ᠂ ᠠᠮᠢ ᠠᠬᠤᠢ ᠶᠢᠨ ᠪᠣᠯᠪᠠᠰᠤᠨ ᠤ | ᠪᠠᠶᠢᠭᠤᠯᠤᠯᠲᠠ ᠪᠣᠯᠤᠨ ᠨᠡᠶᠢᠭᠡᠮ ᠵᠢᠷᠤᠮ ᠤᠨ ᠣᠳᠣᠬᠢᠴᠢᠯᠠᠯᠲᠠ ᠶᠢᠨ ᠠᠬᠢᠴᠠ ᠬᠠᠮᠵᠢᠯᠴᠠᠨ ᠤᠷᠤᠭᠰᠢᠯᠠᠵᠤ᠂ ᠭᠠᠵᠠᠷ | ᠣᠷᠣᠨ ᠤ ᠠᠮᠢ ᠠᠬᠤᠢ ᠶᠢᠨ ᠣᠷᠴᠢᠨ ᠲᠣᠭᠤᠷᠢᠨ ᠦᠨᠳᠦᠰᠦᠨ ᠠᠴᠠ ᠪᠠᠨ ᠰᠠᠶᠢᠵᠢᠷᠠᠵᠤ᠂ ᠠᠷᠠᠳ ᠤᠯᠠᠨ ᠤ | ᠬᠦᠷᠲᠡᠮᠵᠢ ᠶᠢᠨ ᠳᠦᠷᠦᠭᠳᠡᠯ᠂ ᠵᠤᠯ ᠵᠢᠷᠭᠠᠯᠲᠤ ᠳᠦᠷᠦᠭᠳᠡᠯ᠂ ᠠᠮᠤᠷ ᠲᠦᠪᠰᠢᠨ ᠤ ᠳᠦᠷᠦᠭᠳᠡᠯ ᠦᠨᠡᠨᠬᠦ ᠴᠢᠩᠭᠠᠷᠠᠵᠤ᠂ ᠦᠬᠠᠢ | ᠵᠢᠴᠢ ᠡᠷᠬᠢᠨ ᠲᠣᠭᠤᠷᠢᠨ ᠤ ᠭᠠᠵᠠᠷ ᠣᠷᠣᠨ ᠤ ᠠᠮᠢ ᠠᠬᠤᠢ ᠶᠢᠨ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠳᠤ | ᠬᠠᠶᠢᠨᠠᠨ ᠤ ᠬᠦᠴᠦᠨ ᠴᠢᠳᠠᠯ ᠢᠶᠠᠨ ᠨᠡᠮᠡᠷᠢᠯᠡᠨ᠎ᠡ᠃ | ᠭᠤᠷᠪᠠ᠂ ᠭᠤᠣᠯᠳᠠᠯᠭ᠎ᠠ ᠲᠠᠢ ᠡᠭᠦᠷᠭᠡ ᠬᠢᠭᠡᠳ ᠠᠵᠢᠯ ᠤᠨ ᠬᠤᠪᠢᠶᠠᠷᠢᠯᠠᠯ | ︵ᠨᠢᠭᠡ︶ ᠠᠮᠢ ᠠᠬᠤᠶ ᠶᠢᠨ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ︽ᠠᠷᠪᠠᠨ ᠳᠥᠷᠪᠡᠳᠦᠭᠡᠷ ᠲᠠᠪᠤᠨ ᠵᠢᠯ | ︾ ᠤᠨ ᠬᠠᠮᠢᠶ᠎ᠠ ᠪᠥᠬᠦᠶ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠵᠤ ᠬᠡᠷᠡᠭᠵᠢᠭᠦᠯᠦᠨ᠎ᠡ᠃ ᠬᠠᠶᠢᠨᠠᠨ ᠲᠤᠭᠤᠷᠢᠭ ᠤᠨ ᠠᠵᠤ | ᠦᠢᠯᠡᠰ ᠤᠨ ᠬᠥᠭᠵᠢᠯᠲᠡ ᠶᠢᠨ ᠪᠣᠳᠠᠲᠤ ᠪᠠᠶᠢᠳᠠᠯ ᠳᠤ ᠰᠠᠭᠤᠷᠢᠯᠠᠨ᠂ ᠮᠠᠨ ᠤ ᠲᠤᠭᠤᠷᠢᠭ ᠤᠨ ᠠᠵᠤ ᠦᠢᠯᠡᠰ ᠤᠨ | ᠬᠥᠭᠵᠢᠯᠲᠡ ᠶᠢᠨ ᠣᠳᠣᠬᠢ ᠪᠠᠶᠢᠳᠠᠯ ᠢ ᠬᠢᠨᠠᠮᠠᠭᠠᠶ ᠵᠠᠳᠠᠯᠵᠤ᠂ ᠳᠡᠭᠡᠳᠦ ᠱᠠᠲᠤᠨ ᠤ ᠰᠠᠯᠠᠭ᠎ᠠ ᠮᠥᠴᠢᠷ ᠲᠠᠢ ᠬᠠᠮᠵᠢᠯᠴᠠᠨ᠂ ︽ | ᠦᠬᠠᠶ ᠵᠢᠴᠢ ᠡᠷᠬᠢᠨ ᠲᠣᠭᠤᠷᠢᠨ ᠤ ᠭᠠᠵᠠᠷ ᠣᠷᠣᠨ ᠤ ︿ᠠᠷᠪᠠᠨ ᠳᠥᠷᠪᠡᠳᠦᠭᠡᠷ ᠲᠠᠪᠤᠨ ᠵᠢᠯ﹀ ᠤᠨ ᠠᠵᠤ ᠦᠢᠯᠡᠰ ᠤᠨ | ᠬᠥᠭᠵᠢᠯᠲᠡ ᠶᠢᠨ ᠲᠥᠯᠥᠪᠵᠢᠭᠦᠯᠭᠡ︾ ᠶᠢ ᠰᠢᠨᠵᠢᠯᠡᠬᠦ ᠤᠬᠠᠭᠠᠨᠴᠢ ᠪᠠᠷ᠂ ᠴᠢᠨᠠᠷ ᠰᠠᠶᠢᠲᠠᠶ ᠪᠡᠶᠡᠯᠡᠭᠦᠯᠦᠨ᠎ᠡ᠃ ︽ᠦᠬᠠᠶ ᠵᠢᠴᠢ | ᠡᠷᠬᠢᠨ ᠲᠣᠭᠤᠷᠢᠨ ᠤ ᠭᠠᠵᠠᠷ ᠣᠷᠣᠨ ᠤ ᠠᠮᠢ ᠠᠬᠤᠶ ᠶᠢᠨ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠠᠷᠪᠠᠨ | ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ︾ ︽ᠦᠬᠠᠶ ᠵᠢᠴᠢ ᠡᠷᠬᠢᠨ ᠲᠣᠭᠤᠷᠢᠨ ᠤ ᠭᠠᠵᠠᠷ ᠣᠷᠣᠨ ᠤ ᠪᠣᠬᠢᠷᠲᠤᠯ | ᠥᠬᠡᠶ ᠠᠭᠤᠷᠬᠠᠶ ᠶᠢᠨ ᠪᠥᠲᠥᠭᠡᠨ ᠪᠠᠶᠢᠭᠤᠯᠤᠯᠲᠠ ᠪᠠ ᠠᠭᠤᠷᠬᠠᠶ ᠶᠢᠨ ᠭᠠᠵᠠᠷ ᠤᠨ ᠣᠷᠴᠢᠨ ᠲᠣᠭᠤᠷᠢᠨ ᠢ ᠵᠠᠰᠠᠬᠤ | ᠲᠥᠯᠥᠪᠵᠢᠭᠦᠯᠭᠡ︾ ︽ᠦᠬᠠᠶ ᠵᠢᠴᠢ ᠡᠷᠬᠢᠨ ᠲᠣᠭᠤᠷᠢᠨ ᠤ ᠭᠠᠵᠠᠷ ᠣᠷᠣᠨ ᠤ ᠠᠭᠤᠷᠬᠠᠶ ᠶᠢᠨ ᠭᠠᠷᠤᠯᠲᠠ ᠶᠢᠨ ᠡᠬᠢ | ᠪᠠᠶᠠᠯᠢᠭ ᠢ ᠨᠡᠭᠡᠭᠡᠨ ᠠᠰᠢᠭᠯᠠᠬᠤ ᠶᠡᠷᠦᠩᠬᠡᠶ ᠲᠥᠯᠥᠪᠵᠢᠭᠦᠯᠭᠡ︾ ᠵᠡᠷᠭᠡ ᠬᠠᠮᠢᠶ᠎ᠠ ᠪᠥᠬᠦᠶ ᠲᠥᠯᠥᠪᠵᠢᠭᠦᠯᠭᠡ ᠶᠢ | ᠨᠠᠶᠢᠷᠠᠭᠤᠯᠤᠨ ᠵᠣᠬᠢᠶᠠᠬᠤ ᠠᠵᠢᠯ ᠢ ᠴᠢᠨᠠᠷ ᠰᠠᠶᠢᠲᠠᠢ ᠪᠡᠶᠡᠯᠡᠭᠦᠯᠦᠨ᠎ᠡ᠃ ︵ᠬᠠᠷᠢᠭᠤᠴᠠᠯᠭᠠᠲᠤ ᠨᠢᠭᠡᠴᠡ᠄ ᠲᠤᠭᠤᠷᠢᠭ ᠤᠨ | ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠡᠨᠧᠷᠭᠢ ᠶᠢᠨ ᠲᠣᠪᠴᠢᠶ᠎ᠠ᠂ ᠬᠠᠶᠢᠨᠠᠨ ᠤ ᠪᠠᠶᠢᠭᠠᠯᠢ ᠶᠢᠨ ᠡᠬᠢ ᠪᠠᠶᠠᠯᠢᠭ ᠤᠨ | ᠬᠤᠪᠢᠶᠠᠷᠢ ᠲᠣᠪᠴᠢᠶ᠎ᠠ᠂ ᠠᠮᠢ ᠠᠬᠤᠶ ᠶᠢᠨ ᠣᠷᠴᠢᠨ ᠲᠣᠭᠤᠷᠢᠨ ᠤ ᠬᠤᠪᠢᠶᠠᠷᠢ ᠲᠣᠪᠴᠢᠶ᠎ᠠ᠂ ᠡᠯ᠎ᠡ ᠪᠠᠯᠭᠠᠰᠤ᠂ ᠵᠡᠭᠡᠯᠢ | ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠃ ᠪᠡᠶᠡᠯᠡᠭᠦᠯᠬᠦ ᠴᠠᠭ ᠤᠨ ᠬᠢᠵᠠᠭᠠᠷ᠄ 2021 ᠣᠨ ᠤ 6 ᠳ᠋ᠤᠭᠠᠷ ᠰᠠᠷ᠎ᠠ ᠶᠢᠨ | ᠰᠡᠭᠦᠯᠴᠢ︶᠃ | ︵ᠬᠤᠶᠠᠷ︶ ᠪᠣᠬᠢᠷᠲᠤᠯ ᠥᠬᠡᠶ ᠡᠬᠢ ᠡᠭᠦᠰᠦᠯ ᠠᠴᠠ ᠨᠢ ᠬᠠᠮᠢᠶᠠᠷᠤᠨ ᠡᠵᠡᠮᠳᠡᠬᠦ ᠶᠢ ᠴᠢᠩᠭᠠᠷᠠᠭᠤᠯᠤᠨ᠎ᠠ᠃ | 1.ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠬᠤ ᠶᠢ ᠠᠮᠢ ᠠᠬᠤᠶ ᠶᠢ ᠲᠡᠷᠢᠭᠦᠨ ᠳᠤ ᠲᠠᠯᠪᠢᠬᠤ᠂ ᠪᠠᠶᠢᠷᠢᠰᠢᠯ ᠢ | ᠰᠢᠯᠢᠳᠡᠭᠵᠢᠭᠦᠯᠬᠦ᠂ ᠠᠵᠤ ᠦᠢᠯᠡᠰ ᠢ ᠬᠤᠯᠪᠣᠭᠠᠯᠠᠭᠤᠯᠬᠤ᠂ ᠣᠷᠣᠨ ᠪᠠᠶᠢᠷᠢ ᠶᠢ ᠨᠢ ᠰᠣᠯᠪᠢᠴᠠᠭᠤᠯᠤᠨ ᠬᠥᠭᠵᠢᠭᠦᠯᠬᠦ᠂ | ᠬᠡᠪᠴᠢᠶ᠎ᠡ ᠶᠢ ᠨᠢ ᠬᠢᠵᠠᠭᠠᠷᠯᠠᠬᠤ ᠵᠠᠷᠴᠢᠮ ᠶᠣᠰᠣᠭᠠᠷ᠂ ᠬᠤᠴᠣᠷᠤᠩᠭᠤᠶ ᠦᠢᠯᠡᠳᠪᠦᠷᠢᠯᠡᠬᠦ ᠴᠢᠳᠠᠪᠤᠷᠢ ᠶᠢ ᠦᠷᠭᠦᠯᠵᠢᠯᠡᠨ | ᠵᠠᠭᠠᠵᠠᠯᠠᠵᠤ᠂ ᠦᠯᠡᠭᠦᠳᠡᠭᠰᠡᠨ ᠦᠢᠯᠡᠳᠪᠦᠷᠢᠯᠡᠬᠦ ᠴᠢᠳᠠᠪᠤᠷᠢ ᠶᠢ ᠠᠷᠢᠯᠭᠠᠵᠤ᠂ ᠦᠢᠯᠡᠳᠪᠦᠷᠢᠯᠡᠬᠦ ᠴᠢᠳᠠᠪᠤᠷᠢ ᠶᠢ ᠰᠣᠬᠤᠷ | ᠪᠠᠯᠠᠶ ᠪᠠᠷ ᠥᠷᠭᠡᠳᠬᠡᠬᠦ ᠶᠢ ᠡᠷᠡᠰ ᠬᠤᠷᠢᠭᠯᠠᠨ᠎ᠠ᠃ ︽ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ︾ ᠶᠢᠨ | ᠬᠤᠭᠤᠴᠠᠭᠠᠨ ᠳᠤ᠂ ᠠᠵᠤ ᠦᠢᠯᠡᠰ ᠤᠨ ᠲᠦᠷᠦ ᠶᠢᠨ ᠪᠤᠳᠤᠯᠭ᠎ᠠ ᠵᠢᠴᠢ ᠠᠮᠢ ᠠᠬᠤᠶ ᠶᠢᠨ ᠣᠷᠴᠢᠨ ᠨᠥᠬᠦᠴᠡᠯ᠂ | ᠦᠢᠯᠡᠳᠬᠦᠨ ᠤ ᠶᠠᠰᠤ ᠴᠢᠨᠠᠷ ᠵᠡᠷᠭᠡ ᠠᠷᠭ᠎ᠠ ᠬᠡᠮᠵᠢᠶ᠎ᠡ ᠶᠢ ᠶᠡᠷᠦᠩᠬᠡᠶᠢᠯᠡᠨ ᠬᠡᠷᠡᠭᠯᠡᠵᠦ᠂ ᠴᠠᠬᠢᠯᠠᠭᠤᠷ ᠴᠢᠯᠠᠭᠤ᠂ ᠲᠡᠮᠦᠷ ᠤᠨ | ᠬᠠᠶᠢᠯᠤᠰᠢ᠂ ᠱᠦᠢᠨᠢ ᠵᠡᠷᠭᠡ ᠡᠨᠧᠷᠭᠢ ᠶᠢᠨ ᠬᠤᠷᠣᠭᠳᠠᠭᠤᠯᠤᠯ ᠶᠡᠬᠡᠲᠡᠶ ᠬᠤᠴᠣᠷᠤᠩᠭᠤᠶ ᠠᠵᠤ ᠠᠬᠤᠶᠢᠯᠠᠯ ᠢ ᠵᠠᠭᠠᠵᠠᠯᠠᠵᠤ | ᠭᠠᠷᠭᠠᠬᠤ ᠠᠵᠢᠯ ᠢ ᠰᠠᠶᠢᠲᠤᠷ ᠬᠢᠨ᠎ᠡ᠃ ᠪᠤᠯᠤᠳ ᠲᠡᠮᠤᠷ᠂ ᠴᠠᠬᠢᠯᠭᠠᠨ ᠵᠠᠳᠠᠯᠤᠯ ᠤᠨ ᠬᠦᠩᠭᠡᠨ ᠴᠠᠭᠠᠨ᠂ ᠱᠦᠢᠨᠢ᠂ ᠴᠠᠬᠢᠯᠠᠭᠤᠷ | ᠴᠢᠯᠠᠭᠤ᠂ PVC᠂ ᠲᠡᠮᠤᠷ ᠤᠨ ᠬᠠᠶᠢᠯᠤᠰᠢ᠂ ᠬᠠᠪᠲᠠᠭᠠᠶ ᠰᠢᠯ ᠵᠡᠷᠭᠡ ᠠᠵᠢᠯ ᠲᠦᠷᠦᠯ ᠤᠨ ᠦᠢᠯᠡᠳᠪᠦᠷᠢᠯᠡᠬᠦ ᠴᠢᠳᠠᠪᠤᠷᠢ ᠶᠢ | ᠰᠢᠨ᠎ᠡ ᠪᠠᠷ ᠨᠡᠮᠡᠭᠳᠡᠭᠦᠯᠬᠦ ᠶᠢ ᠴᠢᠩᠭ᠎ᠠ ᠬᠢᠵᠠᠭᠠᠷᠯᠠᠨ᠎ᠠ᠃ ᠬᠠᠶᠢᠨᠠᠨ ᠤ ᠠᠵᠤ ᠦᠢᠯᠡᠳᠪᠦᠷᠢ ᠶᠢᠨ ᠬᠦᠷᠢᠶᠡᠯᠡᠩ ︽ᠬᠡᠯᠬᠢᠶ᠎ᠡ ᠶᠢ | ᠤᠷᠲᠤᠳᠬᠠᠬᠤ᠂ ᠬᠡᠯᠬᠢᠶ᠎ᠡ ᠶᠢ ᠨᠥᠬᠦᠪᠥᠷᠢᠯᠡᠬᠦ᠂ ᠬᠡᠯᠬᠢᠶ᠎ᠡ ᠶᠢ ᠴᠢᠩᠭᠠᠳᠬᠠᠬᠤ᠂ ᠬᠡᠯᠬᠢᠶ᠎ᠡ ᠶᠢ ᠪᠤᠶᠢᠵᠢᠭᠤᠯᠬᠤ︾ ᠪᠠᠷ | ᠠᠭᠤᠯᠤᠭᠳᠠᠬᠤᠨ ᠪᠣᠯᠭᠠᠭᠰᠠᠨ ︽ᠬᠡᠯᠬᠢᠶ᠎ᠡ ᠶᠢ ᠡᠭᠦᠳᠬᠦ︾ ᠠᠵᠢᠯ ᠢ ᠰᠠᠶᠢᠲᠤᠷ ᠬᠢᠬᠦ ᠬᠡᠷᠡᠭᠲᠡᠢ᠃ ᠤᠯᠠᠮᠵᠢᠯᠠᠯᠲᠤ ᠳᠠᠪᠠᠭᠤᠯᠢᠭ | ᠠᠵᠤ ᠦᠢᠯᠡᠰ ᠢ ᠬᠦᠴᠦᠷᠬᠡᠭᠵᠢᠭᠦᠯᠦᠨ᠂ ᠰᠢᠨ᠎ᠡ ᠪᠠᠷ ᠪᠣᠶ ᠪᠣᠯᠤᠭᠰᠠᠨ ᠠᠵᠤ ᠦᠢᠯᠡᠰ ᠢ ᠪᠤᠶᠢᠵᠢᠭᠤᠯᠤᠨ ᠪᠤᠵᠠᠭᠠᠶᠢᠷᠠᠭᠤᠯᠵᠤ᠂ | ᠣᠲᠣ ᠦᠶ᠎ᠡ ᠶᠢᠨ ᠡᠨᠧᠷᠭᠢ ᠶᠢᠨ ᠠᠵᠤ ᠠᠬᠤᠶ ᠶᠢ ᠬᠥᠭᠵᠢᠭᠦᠯᠦᠨ᠂ ᠨᠡᠭᠦᠷᠡᠰᠦᠨ ᠬᠡᠦᠷᠡᠰᠦ ᠶᠢᠨ ᠬᠢᠮᠢ ᠶᠢᠨ ᠠᠵᠤ | ᠦᠢᠯᠡᠳᠪᠦᠷᠢ᠂ ᠾᠯᠣᠷ ᠱᠦᠯᠲᠦ ᠶᠢᠨ ᠬᠢᠮᠢ ᠶᠢᠨ ᠠᠵᠤ ᠦᠢᠯᠡᠳᠪᠦᠷᠢ ᠶᠢᠨ ᠠᠭᠤᠰᠤᠯᠴᠠᠨ ᠬᠥᠭᠵᠢᠬᠦ ᠶᠢ ᠪᠡᠶᠡᠯᠡᠭᠦᠯᠵᠦ᠂ ᠪᠥᠬᠦ | ᠲᠤᠭᠤᠷᠢᠭ ᠤᠨ ᠠᠵᠤ ᠦᠢᠯᠡᠰ ᠤᠨ ᠪᠦᠲᠦᠴᠡ ᠶᠢ ᠳᠣᠭᠢᠷᠠᠭᠤᠯᠬᠤ᠂ ᠡᠬᠢ ᠪᠠᠶᠠᠯᠢᠭ ᠢ ᠤᠯᠠᠷᠢᠭᠤᠯᠤᠨ ᠥᠷᠲᠡᠭ ᠨᠡᠮᠡᠭᠳᠡᠭᠦᠯᠬᠦ᠂ | ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠨ ᠬᠥᠭᠵᠢᠭᠦᠯᠬᠦ ᠶᠢ ᠳᠥᠯᠭᠢᠨ ᠠᠬᠢᠭᠤᠯᠵᠤ᠂ ᠭᠤᠤᠯᠯᠠᠬᠤ ᠥᠷᠢᠰᠦᠯᠳᠦᠬᠦ | ᠬᠦᠴᠦᠨ ᠪᠠ ᠣᠨᠴᠠᠯᠢᠭᠲᠤ ᠳᠠᠪᠠᠭᠤᠯᠢᠭ ᠲᠠᠢ ᠣᠲᠣ ᠦᠶ᠎ᠡ ᠶᠢᠨ ᠨᠡᠭᠦᠷᠡᠰᠦᠨ ᠬᠡᠦᠷᠡᠰᠦ ᠶᠢᠨ ᠬᠢᠮᠢ ᠶᠢᠨ ᠠᠵᠤ | ᠦᠢᠯᠡᠳᠪᠦᠷᠢ᠂ ᠾᠯᠣᠷ ᠱᠦᠯᠲᠦ ᠶᠢᠨ ᠬᠢᠮᠢ ᠶᠢᠨ ᠠᠵᠤ ᠦᠢᠯᠡᠳᠪᠦᠷᠢ ᠵᠡᠷᠭᠡ ᠪᠣᠬᠢᠷᠲᠤᠯ ᠥᠬᠡᠶ ᠠᠵᠤ ᠦᠢᠯᠡᠰ ᠤᠨ | ᠰᠦᠷᠦᠭᠵᠢᠯ ᠢ ᠪᠥᠲᠥᠭᠡᠨ ᠪᠠᠶᠢᠭᠤᠯᠤᠨ᠎ᠠ᠃ ᠨᠢᠭᠡ ᠳᠤ ᠤᠯᠠᠮᠵᠢᠯᠠᠯᠲᠤ ᠠᠵᠤ ᠦᠢᠯᠡᠰ ᠤᠨ ᠶᠠᠰᠤ ᠴᠢᠨᠠᠷ ᠢ ᠳᠡᠭᠡᠭᠰᠢᠯᠡᠭᠦᠯᠦᠨ | ᠦᠷ᠎ᠡ ᠠᠰᠢᠭ ᠢ ᠨᠡᠮᠡᠭᠳᠡᠭᠦᠯᠬᠦ ᠶᠢ ᠲᠦᠷᠭᠡᠪᠴᠢᠯᠡᠨ ᠠᠬᠢᠭᠤᠯᠤᠨ᠎ᠠ᠃ ᠦᠢᠯᠡᠳᠪᠦᠷᠢᠯᠡᠯ ᠤᠨ ᠮᠡᠷᠭᠡᠵᠢᠯ ᠪᠠ ᠲᠣᠨᠣᠭᠯᠠᠯ ᠤᠨ | ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠪᠠᠷ ᠳᠠᠮᠵᠢᠭᠤᠯᠤᠨ᠂ ᠾᠯᠣᠷ ᠱᠦᠯᠲᠦ ᠶᠢᠨ ᠲᠣᠨᠣᠭᠯᠠᠯ ᠠᠴᠠ ᠪᠤᠢ ᠪᠣᠯᠤᠭᠰᠠᠨ | ᠦᠢᠯᠡᠳᠬᠦᠨ ᠪᠠ ᠳᠠᠭᠠᠯᠳᠤᠪᠤᠷᠢ ᠦᠢᠯᠡᠳᠬᠦᠨ ᠤ ᠬᠠᠶᠠᠭᠳᠠᠮᠠᠯ ᠪᠣᠳᠠᠰ ᠢ ᠰᠠᠶᠢᠲᠤᠷ ᠠᠰᠢᠭᠯᠠᠵᠤ᠂ ᠾᠯᠣᠷ ᠱᠦᠯᠲᠦ ᠶᠢᠨ | ᠬᠢᠮᠢ ᠶᠢᠨ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠳᠣᠲᠣᠭᠠᠳᠤ ᠶᠢᠨ ᠪᠤᠶᠤ ᠬᠢᠮᠢ ᠶᠢᠨ ᠠᠵᠤ ᠦᠢᠯᠡᠳᠪᠦᠷᠢ ᠶᠢᠨ | ᠬᠦᠷᠢᠶᠡᠯᠡᠩ ᠤᠨ ᠳᠣᠲᠣᠭᠠᠳᠤ ᠶᠢᠨ ᠦᠢᠯᠡᠳᠬᠦᠨ ᠤ ᠬᠤᠯᠪᠣᠭᠳᠠᠬᠤ ᠬᠡᠮᠵᠢᠶ᠎ᠡ ᠶᠢ ᠤᠯᠠᠮ ᠨᠢᠭᠡ ᠠᠯᠬᠤᠮ ᠴᠢᠩᠭᠠᠳᠬᠠᠨ᠎ᠠ᠃ | ᠦᠬᠠᠶ ᠶᠢᠨ ᠬᠢᠮᠢ ᠶᠢᠨ ᠠᠵᠤ ᠦᠢᠯᠡᠳᠪᠦᠷᠢ ᠶᠢᠨ ᠣᠨᠴᠠ ᠲᠥᠷᠥᠯ ᠤᠨ PVC ᠪᠠ PVC ᠨᠠᠷᠢᠯᠢᠭ ᠡᠳ᠋ᠰᠢᠭᠦᠯᠦᠭᠰᠡᠨ | ᠦᠢᠯᠡᠳᠭᠦᠨ ᠢ ᠶᠡᠬᠡᠪᠡᠷ ᠬᠥᠭᠵᠢᠭᠦᠯᠬᠦ ᠪᠠᠷ ᠳᠡᠮᠵᠢᠵᠦ᠂ ᠦᠬᠠᠶ ᠶᠢᠨ ᠵᠥᠩ ᠯᠢᠶᠠᠨ ᠬᠢᠮᠢ ᠶᠢᠨ ᠠᠵᠤ ᠦᠢᠯᠡᠳᠪᠦᠷᠢ ᠶᠢᠨ | ᠵᠢᠯ ᠳᠤ 50 ᠲᠦᠮᠡᠨ ᠲᠣᠨ PVC ᠦᠢᠯᠡᠳᠪᠦᠷᠢᠯᠡᠬᠦ ᠲᠥᠷᠥᠯ ᠵᠦᠢᠯ ᠪᠠ ᠬᠤᠸᠠ ᠬᠠᠶ ᠠᠨ ᠯᠦᠨ ᠬᠢᠵᠠᠭᠠᠷᠲᠤ | ᠺᠣᠮᠫᠠᠨᠢ ᠶᠢᠨ ᠵᠢᠯ ᠳᠤ 72 ᠲᠦᠮᠡᠨ ᠲᠣᠨ 1᠂ 4 — ᠪᠥᠲ᠋ᠠᠨᠳᠢᠤᠯ ︵BDO︶ ᠦᠢᠯᠡᠳᠪᠦᠷᠢᠯᠡᠬᠦ ᠲᠥᠷᠥᠯ | ᠵᠦᠢᠯ ᠢ ᠬᠦᠴᠦᠯᠡᠨ ᠠᠬᠢᠭᠤᠯᠤᠨ᠎ᠠ᠃ ᠬᠤᠶᠠᠷ ᠲᠤ ᠰᠢᠨ᠎ᠡ ᠪᠠᠷ ᠬᠥᠭᠵᠢᠭᠰᠡᠨ ᠠᠵᠤ ᠦᠢᠯᠡᠰ ᠢ ᠤᠯᠠᠮ ᠨᠢᠭᠡ ᠠᠯᠬᠤᠮ | ᠪᠤᠶᠢᠵᠢᠭᠤᠯᠤᠨ ᠪᠤᠵᠠᠭᠠᠶᠢᠷᠠᠭᠤᠯᠤᠨ᠎ᠠ᠃ ᠬᠢᠮᠢ ᠶᠢᠨ ᠠᠵᠤ ᠦᠢᠯᠡᠳᠪᠦᠷᠢ ᠶᠢᠨ ᠰᠢᠨ᠎ᠡ ᠮᠠᠲ᠋ᠧᠷᠢᠶᠠᠯ᠂ ᠳᠡᠭᠡᠳᠦ ᠴᠢᠳᠠᠮᠵᠢᠳᠤ | ᠪᠦᠲᠦᠴᠡ ᠶᠢᠨ ᠮᠠᠲ᠋ᠧᠷᠢᠶᠠᠯ᠂ ᠪᠠᠷᠢᠯᠭ᠎ᠠ ᠶᠢᠨ ᠰᠢᠨ᠎ᠡ ᠮᠠᠲ᠋ᠧᠷᠢᠶᠠᠯ ᠵᠡᠷᠭᠡ ᠬᠦᠷᠢᠶ᠎ᠡ ᠴᠠᠷᠠᠭ᠎ᠠ ᠶᠢᠨ ᠲᠣᠭᠤᠷᠢᠨ ᠳᠤ᠂ ᠣᠣ ᠯᠢ᠂ | ᠾᠧᠢ ᠮᠤᠤ ᠲᠠᠨ ᠾᠧᠢ ᠵᠡᠷᠭᠡ ᠠᠵᠤ ᠠᠬᠤᠶᠢᠯᠠᠯ ᠳᠤ ᠲᠦᠰᠢᠭᠯᠡᠨ᠂ ᠣᠨᠴᠠ ᠲᠥᠷᠥᠯ ᠤᠨ ᠰᠢᠯ ᠰᠢᠷᠬᠡᠭ᠂ ᠪᠢᠴᠢᠯ | ᠰᠢᠷᠬᠡᠭᠯᠢᠭ ᠰᠢᠯ ᠬᠥᠪᠥᠩ᠂ ᠨᠡᠭᠦᠷᠡᠰᠦᠨ ᠪᠢᠴᠢᠯ ᠪᠥᠮᠪᠥᠭᠡᠯᠢᠭ᠂ ᠣᠨᠴᠠ ᠲᠥᠷᠥᠯ ᠤᠨ ᠨᠡᠭᠦᠷᠡᠰᠦᠨ ᠬᠥ᠋ ᠵᠡᠷᠭᠡ ᠰᠢᠨ᠎ᠡ | ᠮᠠᠲ᠋ᠧᠷᠢᠶᠠᠯ ᠤᠨ ᠠᠵᠤ ᠦᠶᠢᠯᠡᠰᠵᠢᠯᠲᠡ ᠶᠢᠨ ᠬᠥᠭᠵᠢᠯᠲᠡ ᠶᠢ ᠠᠬᠢᠭᠤᠯᠵᠤ᠂ ᠰᠢᠨ᠎ᠡ ᠮᠠᠲ᠋ᠧᠷᠢᠶᠠᠯ ᠤᠨ ᠠᠵᠤ ᠦᠢᠯᠡᠰ ᠤᠨ | ᠳᠡᠭᠡᠳᠦ ᠦᠵᠦᠭᠦᠷᠵᠢᠬᠦ᠂ ᠬᠡᠪᠴᠢᠶᠡᠵᠢᠬᠦ ᠪᠠ ᠡᠷᠴᠢᠮᠵᠢᠬᠦ ᠳᠠᠰᠢ ᠬᠥᠭᠵᠢᠬᠦ ᠶᠢ ᠲᠦᠷᠭᠡᠳᠬᠡᠨ ᠠᠬᠢᠭᠤᠯᠤᠨ᠎ᠠ᠃ ︵ | ᠬᠠᠷᠢᠭᠤᠴᠠᠯᠭᠠᠲᠤ ᠨᠢᠭᠡᠴᠡ᠄ ᠲᠤᠭᠤᠷᠢᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠠᠵᠤ ᠦᠢᠯᠡᠳᠪᠦᠷᠢ | ᠮᠡᠳᠡᠭᠡ ᠵᠠᠩᠬᠢᠴᠢᠯᠠᠯᠲᠠ ᠪᠠ ᠰᠢᠨᠵᠢᠯᠡᠭᠡ ᠮᠡᠷᠭᠡᠵᠢᠯ ᠤᠨ ᠲᠣᠪᠴᠢᠶ᠎ᠠ᠂ ᠬᠠᠶᠢᠨᠠᠨ ᠤ ᠠᠮᠢ ᠠᠬᠤᠶ ᠣᠷᠴᠢᠨ ᠲᠣᠭᠤᠷᠢᠨ ᠤ | ᠬᠤᠪᠢᠶᠠᠷᠢ ᠲᠣᠪᠴᠢᠶ᠎ᠠ᠃ ᠪᠡᠶᠡᠯᠡᠭᠦᠯᠬᠦ ᠴᠠᠭ ᠤᠨ ᠬᠢᠵᠠᠭᠠᠷ᠄ ᠦᠷᠭᠦᠯᠵᠢᠯᠡᠨ ᠠᠬᠢᠭᠤᠯᠤᠨ᠎ᠠ︶᠃ ᠬᠠᠶᠢᠨᠠᠨ ᠤ ᠠᠵᠤ | ᠦᠢᠯᠡᠳᠪᠦᠷᠢ ᠶᠢᠨ ᠬᠦᠷᠢᠶᠡᠯᠡᠩ ᠤᠨ ᠰᠡᠳᠬᠢᠭᠳᠡᠯ ᠢ ᠳᠡᠭᠡᠭᠰᠢᠯᠡᠭᠦᠯᠬᠦ ᠢᠨᠵᠧᠨᠧᠷᠢᠩ ᠢ ᠬᠡᠷᠡᠭᠵᠢᠭᠦᠯᠦᠨ᠂ ᠬᠡᠯᠪᠡᠷᠢ ᠪᠠᠨ | ᠬᠤᠪᠢᠷᠠᠭᠤᠯᠬᠤ ᠳᠤ ᠤᠷᠢᠳᠠᠪᠠᠷ ᠳᠦᠷᠢ ᠳᠦᠷᠬᠦ ᠶᠢ ᠬᠤᠪᠢᠷᠠᠭᠤᠯᠬᠤ ᠪᠠᠷ ᠬᠠᠷᠠᠯᠲᠠ ᠪᠤᠯᠭᠠᠨ᠂ ᠬᠦᠷᠢᠶᠡᠯᠡᠩ ᠢᠶᠠᠷ | ᠭᠤᠣᠯᠯᠠᠭᠤᠯᠬᠤ᠂ ᠠᠵᠤ ᠠᠬᠤᠶᠢᠯᠠᠯ ᠢᠶᠠᠷ ᠭᠤᠣᠯ ᠴᠣᠭᠴᠠ ᠪᠣᠯᠭᠠᠬᠤ᠂ ᠰᠠᠯᠠᠭ᠎ᠠ ᠮᠥᠴᠢᠷ ᠬᠤᠯᠪᠣᠭᠠᠯᠠᠨ ᠬᠥᠳᠡᠯᠦᠯᠴᠡᠬᠦ᠂ | ᠬᠠᠤᠯᠢ ᠶᠣᠰᠣᠭᠠᠷ ᠬᠦᠷᠢᠶᠡᠯᠡᠩ ᠢ ᠵᠠᠰᠠᠬᠤ ᠴᠢᠭᠯᠡᠯᠲᠡ ᠶᠣᠰᠣᠭᠠᠷ᠂ ᠠᠵᠤ ᠦᠢᠯᠡᠳᠪᠦᠷᠢ ᠶᠢᠨ ᠬᠦᠷᠢᠶᠡᠯᠡᠩ ᠤᠨ ᠴᠤᠬᠤᠶᠢᠵᠤ | ᠴᠤᠴᠠᠷᠠᠭᠰᠠᠨ ᠬᠤᠴᠣᠷᠤᠩᠭᠤᠶ ᠳᠦᠷᠰᠦ ᠪᠠᠶᠢᠳᠠᠯ ᠢ ᠦᠨᠳᠦᠰᠦᠨ ᠠᠴᠠ ᠨᠢ ᠬᠤᠪᠢᠷᠠᠭᠤᠯᠵᠤ᠂ ᠪᠣᠬᠢᠷᠲᠤᠯ ᠦᠭᠡᠢ ᠳᠤᠤᠷ᠎ᠠ | ᠨᠡᠭᠦᠷᠡᠰᠦᠳᠦ᠋ᠷᠦᠩᠴᠢᠲᠦ ᠬᠦᠷᠢᠶᠡᠯᠡᠩ ᠲᠡᠶᠢᠰᠢ ᠤᠷᠤᠭᠰᠢᠯᠠᠨ᠎ᠠ᠃ ︵ᠬᠠᠷᠢᠭᠤᠴᠠᠯᠭᠠᠲᠤ ᠨᠢᠭᠡᠴᠡ᠄ ᠬᠠᠶᠢᠨᠠᠨ ᠤ ᠠᠵᠤ | ᠦᠢᠯᠡᠳᠪᠦᠷᠢ ᠶᠢᠨ ᠬᠦᠷᠢᠶᠡᠯᠡᠩ ᠤᠨ ᠬᠠᠮᠢᠶᠠᠷᠤᠯᠲᠠ ᠶᠢᠨ ᠵᠥᠪᠯᠡᠯ᠃ ᠬᠠᠮᠵᠢᠯᠴᠠᠬᠤ ᠰᠠᠯᠠᠭ᠎ᠠ ᠮᠥᠴᠢᠷ᠄ ᠲᠤᠭᠤᠷᠢᠭ ᠤᠨ | ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ︵ᠵᠠᠮ ᠬᠠᠷᠢᠯᠴᠠᠭᠠᠨ ᠤ | ᠲᠣᠪᠴᠢᠶ᠎ᠠ︶᠂ ᠬᠠᠶᠢᠨᠠᠨ ᠤ ᠪᠠᠶᠢᠭᠠᠯᠢ ᠶᠢᠨ ᠡᠬᠢ ᠪᠠᠶᠠᠯᠢᠭ ᠤᠨ ᠬᠤᠪᠢᠶᠠᠷᠢ ᠲᠣᠪᠴᠢᠶ᠎ᠠ᠂ ᠠᠮᠢ ᠠᠬᠤᠶ ᠶᠢᠨ ᠣᠷᠴᠢᠨ | ᠲᠣᠭᠤᠷᠢᠨ ᠤ ᠬᠤᠪᠢᠶᠠᠷᠢ ᠲᠣᠪᠴᠢᠶ᠎ᠠ᠃ ᠪᠡᠶᠡᠯᠡᠭᠦᠯᠬᠦ ᠴᠠᠭ ᠤᠨ ᠬᠢᠵᠠᠭᠠᠷ᠄ 2020 ᠣᠨ ᠤ ᠰᠡᠭᠦᠯᠴᠢ︶ | 2. ᠠᠭᠠᠷ ᠮᠠᠨᠳᠠᠯ ᠤᠨ ᠪᠣᠬᠢᠷᠲᠤᠯ ᠪᠣᠳᠠᠰ ᠤᠨ ᠭᠠᠳᠠᠭᠰᠢᠯᠠᠭᠤᠯᠤᠯᠲᠠ ᠶᠢᠨ ᠶᠡᠷᠦᠩᠬᠡᠶ ᠬᠡᠮᠵᠢᠶ᠎ᠡ ᠶᠢ ᠪᠠᠭᠠᠰᠬᠠᠨ | ᠬᠢᠵᠠᠭᠠᠷᠯᠠᠬᠤ ᠲᠦᠷᠢᠮ ᠢ ᠴᠢᠩᠭ᠎ᠠ ᠨᠠᠶᠢᠳᠠᠪᠤᠷᠢᠵᠢᠭᠤᠯᠤᠨ᠎ᠠ᠃ ᠨᠡᠭᠦᠷᠡᠰᠦ ᠰᠢᠲᠠᠭᠠᠵᠤ ᠴᠠᠬᠢᠯᠭᠠᠨ ᠭᠠᠷᠭᠠᠬᠤ | ᠦᠢᠯᠡᠳᠪᠦᠷᠢ ᠶᠢᠨ ᠬᠡᠲᠦ ᠳᠣᠤᠷ᠎ᠠ ᠭᠠᠳᠠᠭᠰᠢᠯᠠᠭᠤᠯᠤᠯᠲᠠ ᠪᠠ ᠬᠡᠦᠷᠰᠢᠭᠦᠯᠬᠦ᠂ ᠱᠦᠢᠨᠢ᠂ ᠲᠡᠮᠦᠷ ᠤᠨ ᠬᠠᠶᠢᠯᠤᠰᠢ᠂ ᠴᠢᠯᠠᠭᠤᠨ | ᠲᠣᠰᠣ ᠬᠢᠮᠢ ᠶᠢᠨ ᠠᠵᠤ ᠦᠢᠯᠡᠳᠪᠦᠷᠢ ᠵᠢᠴᠢ ᠬᠢᠮᠢ ᠶᠢᠨ ᠠᠵᠤ ᠦᠢᠯᠡᠳᠪᠦᠷᠢ ᠵᠡᠷᠭᠡ ᠭᠤᠤᠯᠳᠠᠯᠭ᠎ᠠ ᠲᠠᠢ ᠠᠵᠢᠯ | ᠲᠥᠷᠥᠯ ᠤᠨ ᠣᠨᠴᠣᠭᠤᠶ ᠭᠠᠳᠠᠭᠰᠢᠯᠠᠭᠤᠯᠤᠯᠲᠠ ᠶᠢᠨ ᠬᠢᠵᠠᠭᠠᠷ ᠬᠡᠮᠵᠢᠭᠳᠡᠯ ᠤᠨ ᠪᠠᠷᠢᠮᠵᠢᠶ᠎ᠠ ᠶᠢ ᠳᠡᠭᠡᠭᠰᠢᠯᠡᠭᠦᠯᠬᠦ | ᠥᠭᠡᠷᠡᠴᠢᠯᠡᠯᠲᠡ ᠶᠢᠨ ᠦᠷ᠎ᠡ ᠪᠦᠲᠦᠭᠡᠯ ᠢ ᠪᠠᠬᠢᠵᠢᠭᠦᠯᠦᠨ᠎ᠡ᠃ ᠬᠡᠲᠦ ᠳᠣᠤᠷ᠎ᠠ ᠭᠠᠳᠠᠭᠰᠢᠯᠠᠭᠤᠯᠤᠯᠲᠠ ᠪᠠ ᠣᠨᠴᠠᠭᠠᠶ | ᠭᠠᠳᠠᠭᠰᠢᠯᠠᠭᠤᠯᠤᠯᠲᠠ ᠶᠢᠨ ᠬᠢᠵᠠᠭᠠᠷ ᠬᠡᠮᠵᠢᠭᠳᠡᠯ ᠤᠨ ᠪᠠᠷᠢᠮᠵᠢᠶ᠎ᠠ ᠶᠢ ᠳᠡᠭᠡᠭᠰᠢᠯᠡᠭᠦᠯᠬᠦ ᠥᠭᠡᠷᠡᠴᠢᠯᠡᠯᠲᠡ ᠶᠢ ᠦᠷᠭᠦᠯᠵᠢᠯᠡᠨ | ᠠᠬᠢᠭᠤᠯᠤᠨ᠎ᠠ᠃ 2021 ᠣᠨ ᠤ 1 ᠳ᠋ᠣᠭᠡᠷ ᠰᠠᠷ᠎ᠠ ᠶᠢᠨ 1 ᠤ ᠡᠳᠦᠷ ᠠᠴᠠ ᠡᠬᠢᠯᠡᠨ᠂ ᠤᠯᠤᠰ ᠤᠨ ᠭᠠᠳᠠᠭᠰᠢᠯᠠᠭᠤᠯᠬᠤ | ᠪᠠᠷᠢᠮᠵᠢᠶ᠎ᠠ ᠳᠤ ᠨᠢᠭᠡᠨᠲᠡ ᠠᠭᠠᠷ ᠮᠠᠨᠳᠠᠯ ᠤᠨ ᠪᠣᠬᠢᠷᠲᠤᠯ ᠪᠣᠳᠠᠰ ᠤᠨ ᠣᠨᠴᠣᠭᠤᠶ ᠭᠠᠳᠠᠭᠰᠢᠯᠠᠭᠤᠯᠬᠤ ᠬᠢᠵᠠᠭᠠᠷ ᠬᠡᠮᠵᠢᠭᠳᠡᠯ ᠢ | ᠲᠤᠭᠲᠠᠭᠠᠪᠠ᠂ ᠮᠠᠨ ᠤ ᠲᠤᠭᠤᠷᠢᠭ ᠤᠨ ᠪᠠᠷᠢᠮᠵᠢᠶ᠎ᠠ ᠶᠢ ᠳᠡᠭᠡᠭᠰᠢᠯᠡᠭᠦᠯᠬᠦ ᠥᠭᠡᠷᠡᠴᠢᠯᠡᠯᠲᠡ ᠶᠢ ᠲᠦᠷ ᠥᠷᠨᠢᠭᠦᠯᠦᠭᠡᠳᠦᠶ | ᠠᠵᠢᠯ ᠲᠥᠷᠥᠯ ᠳᠤ ᠣᠨᠴᠠᠭᠠᠢ ᠭᠠᠳᠠᠭᠰᠢᠯᠠᠭᠤᠯᠬᠤ ᠬᠢᠵᠠᠭᠠᠷ ᠬᠡᠮᠵᠢᠭᠳᠡᠯ ᠤᠨ ᠥᠭᠡᠷᠡᠴᠢᠯᠡᠯᠲᠡ ᠶᠢ ᠪᠥᠬᠦ ᠲᠠᠯ᠎ᠠ ᠪᠠᠷ | ᠥᠷᠨᠢᠭᠦᠯᠵᠦ᠂ 2022 ᠣᠨ ᠤ ᠵᠢᠯ ᠤᠨ ᠰᠡᠭᠦᠯᠴᠢ ᠠᠴᠠ ᠡᠮᠦᠨ᠎ᠡ ᠥᠭᠡᠷᠡᠴᠢᠯᠡᠬᠦ ᠶᠢ ᠪᠡᠶᠡᠯᠡᠭᠦᠯᠦᠨ᠂ 2023 ᠣᠨ ᠤ 1 | ᠳ᠋ᠣᠭᠡᠷ ᠰᠠᠷ᠎ᠠ ᠶᠢᠨ 1 ᠤ ᠡᠳᠦᠷ ᠠᠴᠠ ᠡᠬᠢᠯᠡᠨ ᠠᠭᠠᠷ ᠮᠠᠨᠳᠠᠯ ᠤᠨ ᠪᠣᠬᠢᠷᠲᠤᠯ ᠪᠣᠳᠠᠰ ᠤᠨ ᠣᠨᠴᠠᠭᠠᠢ ᠭᠠᠳᠠᠭᠰᠢᠯᠠᠭᠤᠯᠬᠤ | ᠬᠢᠵᠠᠭᠠᠷ ᠬᠡᠮᠵᠢᠭᠳᠡᠯ ᠢ ᠬᠡᠷᠡᠭᠵᠢᠭᠦᠯᠦᠨ᠎ᠡ᠃ 2021 ᠣᠨ ᠠᠴᠠ ᠡᠬᠢᠯᠡᠨ᠂ ᠤᠯᠤᠰ ᠠᠴᠠ ᠠᠭᠠᠷ ᠮᠠᠨᠳᠠᠯ ᠤᠨ ᠪᠣᠬᠢᠷᠲᠤᠯ | ᠪᠣᠳᠠᠰ ᠤᠨ ᠣᠨᠴᠠᠭᠠᠢ ᠭᠠᠳᠠᠭᠰᠢᠯᠠᠭᠤᠯᠤᠯᠲᠠ ᠶᠢᠨ ᠬᠢᠵᠠᠭᠠᠷ ᠬᠡᠮᠵᠢᠭᠳᠡᠯ ᠢ ᠰᠢᠨ᠎ᠡ ᠪᠠᠷ ᠨᠡᠶᠢᠲᠡᠯᠡᠭᠰᠡᠨ ᠠᠵᠢᠯ ᠲᠦᠷᠦᠯ ᠳᠤ᠂ | ᠱᠠᠭᠠᠷᠳᠠᠭᠰᠠᠨ ᠴᠠᠭ ᠬᠤᠭᠤᠴᠠᠭ᠎ᠠ ᠶᠢ ᠴᠢᠩᠭ᠎ᠠ ᠵᠢᠷᠤᠮᠯᠠᠨ ᠣᠨᠴᠠᠭᠠᠢ ᠭᠠᠳᠠᠭᠰᠢᠯᠠᠭᠤᠯᠤᠯᠲᠠ ᠶᠢᠨ ᠬᠢᠵᠠᠭᠠᠷ ᠬᠡᠮᠵᠢᠭᠳᠡᠯ ᠤᠨ | ᠪᠠᠷᠢᠮᠵᠢᠶ᠎ᠠ ᠶᠢ ᠬᠡᠷᠡᠭᠵᠢᠭᠦᠯᠦᠨ᠎ᠡ᠃ ᠭᠠᠳᠠᠭᠰᠢᠯᠠᠭᠤᠯᠤᠯᠲᠠ ᠶᠢᠨ ᠪᠠᠷᠢᠮᠵᠢᠶ᠎ᠠ ᠶᠢᠨ ᠬᠠᠲᠠᠭᠤ ᠬᠢᠵᠠᠭᠠᠷᠯᠠᠯ ᠢ ᠴᠢᠩᠭᠠᠳᠬᠠᠵᠤ᠂ | ᠪᠣᠬᠢᠷᠲᠤᠯ ᠪᠣᠳᠠᠰ ᠢ ᠪᠠᠷᠢᠮᠵᠢᠶ᠎ᠠ ᠠᠴᠠ ᠬᠡᠲᠦᠷᠡᠭᠦᠯᠦᠨ ᠭᠠᠳᠠᠭᠰᠢᠯᠠᠭᠤᠯᠬᠤ ᠶᠢ ᠤᠷᠢᠳᠴᠢᠯᠠᠨ ᠰᠡᠷᠡᠮᠵᠢᠯᠡᠭᠦᠯᠬᠦ ᠲᠣᠭᠲᠠᠴᠠ ᠶᠢ | ᠴᠢᠩᠭ᠎ᠠ ᠨᠠᠶᠢᠳᠠᠪᠤᠷᠢᠵᠢᠭᠤᠯᠵᠤ᠂ ᠪᠠᠷᠢᠮᠵᠢᠶ᠎ᠠ ᠠᠴᠠ ᠬᠡᠲᠦᠷᠡᠭᠰᠡᠨ ᠠᠵᠤ ᠠᠬᠤᠶᠢᠯᠠᠯ ᠢ ᠬᠠᠤᠯᠢ ᠶᠣᠰᠣᠭᠠᠷ ᠴᠢᠩᠭ᠎ᠠ ᠰᠢᠳᠬᠡᠨ᠎ᠡ᠃ | ︽ᠪᠣᠬᠢᠷᠲᠤᠯ ᠭᠠᠳᠠᠭᠰᠢᠯᠠᠭᠤᠯᠬᠤ ᠵᠥᠪᠰᠢᠶᠡᠷᠡᠯ ᠤᠨ ᠬᠠᠮᠢᠶᠠᠷᠤᠯᠲᠠ ᠶᠢᠨ ᠲᠦᠷᠢᠮ︾ ᠢ ᠨᠠᠶᠢᠳᠠᠪᠤᠷᠢᠵᠢᠭᠤᠯᠵᠤ᠂ ᠲᠣᠭᠲᠠᠮᠠᠯ | ᠪᠣᠬᠢᠷᠲᠤᠯ ᠤᠨ ᠡᠬᠢ ᠶᠢᠨ ᠪᠣᠬᠢᠷᠲᠤᠯ ᠭᠠᠳᠠᠭᠰᠢᠯᠠᠭᠤᠯᠬᠤ ᠵᠥᠪᠰᠢᠶᠡᠷᠡᠯ ᠤᠨ ︽ᠨᠢᠭᠡ ᠦᠨᠡᠮᠯᠡᠯ ᠤᠨ ᠬᠡᠯᠪᠡᠷᠢ︾ ᠶᠢᠨ | ᠬᠢᠨᠠᠯᠲᠠ ᠬᠠᠮᠢᠶᠠᠷᠤᠯᠲᠠ ᠶᠢ ᠠᠬᠢᠭᠤᠯᠤᠨ᠂ ᠬᠡᠷᠡᠭ ᠤᠨ ᠳᠤᠮᠳᠠᠬᠢ ᠪᠠ ᠬᠡᠷᠡᠭ ᠤᠨ ᠳᠠᠷᠠᠭᠠᠬᠢ ᠬᠠᠤᠯᠢ ᠬᠡᠷᠡᠭᠵᠢᠭᠦᠯᠦᠯᠲᠡ ᠶᠢᠨ | ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠪᠣᠬᠢᠷᠲᠤᠯ ᠭᠠᠳᠠᠭᠰᠢᠯᠠᠭᠤᠯᠬᠤ ᠵᠥᠪᠰᠢᠶᠡᠷᠡᠯ ᠤᠨ ᠦᠨᠡᠮᠯᠡᠯ ᠤᠨ ᠲᠤᠰᠬᠠᠶ | ᠵᠦᠢᠯ ᠤᠨ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢ ᠲᠣᠭᠲᠠᠮᠠᠯ ᠬᠤᠭᠤᠴᠠᠭ᠎ᠠ ᠲᠠᠢ ᠪᠠᠷ ᠵᠣᠬᠢᠶᠠᠨ ᠪᠠᠶᠢᠭᠤᠯᠤᠨ | ᠥᠷᠨᠢᠭᠦᠯᠵᠦ᠂ ᠭᠤᠤᠯᠳᠠᠯᠭ᠎ᠠ ᠲᠠᠢ ᠪᠣᠬᠢᠷᠲᠤᠯ ᠭᠠᠳᠠᠭᠰᠢᠯᠠᠭᠤᠯᠬᠤ ᠨᠢᠭᠡᠴᠡ ᠶᠢᠨ ᠪᠣᠬᠢᠷᠲᠤᠯ ᠭᠠᠳᠠᠭᠰᠢᠯᠠᠭᠤᠯᠬᠤ ᠶᠡᠷᠦᠩᠬᠡᠶ | ᠬᠡᠮᠵᠢᠶ᠎ᠡ ᠳᠤ ᠬᠥᠳᠡᠯᠦᠩᠭᠦᠶ ᠤᠷᠢᠳᠴᠢᠯᠠᠨ ᠰᠡᠷᠡᠮᠵᠢᠯᠡᠭᠦᠯᠬᠦ ᠬᠢᠨᠠᠯᠲᠠ ᠬᠠᠮᠢᠶᠠᠷᠤᠯᠲᠠ ᠶᠢ ᠬᠡᠷᠡᠭᠵᠢᠭᠦᠯᠵᠦ᠂ ᠦᠨᠡᠮᠯᠡᠯ | ᠥᠬᠡᠶ ᠪᠠᠷ ᠪᠣᠬᠢᠷᠲᠤᠯ ᠭᠠᠳᠠᠭᠰᠢᠯᠠᠭᠤᠯᠬᠤ ᠪᠠ ᠦᠨᠡᠮᠯᠡᠯ ᠥᠬᠡᠶ ᠪᠠᠷ ᠪᠣᠬᠢᠷᠲᠤᠯ ᠭᠠᠳᠠᠭᠰᠢᠯᠠᠭᠤᠯᠬᠤ ᠬᠠᠤᠯᠢ ᠠᠴᠠ | ᠵᠥᠷᠢᠴᠡᠭᠰᠡᠨ ᠦᠢᠯᠡ ᠠᠵᠢᠯᠯᠠᠭ᠎ᠠ ᠶᠢ ᠴᠢᠩᠭ᠎ᠠ ᠪᠠᠶᠢᠴᠠᠭᠠᠨ᠎ᠠ᠃ ᠳᠡᠭᠡᠳᠦ ᠱᠠᠲᠤᠨ ᠤ ᠣᠷᠴᠢᠨ ᠲᠣᠭᠤᠷᠢᠨ ᠳᠤ ᠦᠵᠡᠭᠦᠯᠬᠦ | ᠨᠥᠯᠥᠭᠡ ᠶᠢᠨ ᠦᠨᠡᠯᠡᠯᠲᠡ ᠶᠢᠨ ᠲᠠᠰ ᠤᠨ ᠬᠢᠨᠠᠨ ᠵᠥᠪᠰᠢᠶᠡᠷᠡᠬᠦ ᠲᠣᠭᠲᠠᠭᠠᠯ ᠢ ᠴᠢᠩᠭ᠎ᠠ ᠨᠠᠶᠢᠳᠠᠪᠤᠷᠢᠵᠢᠭᠤᠯᠵᠤ᠂ ᠦᠬᠠᠶ | ᠬᠤᠲᠠ ᠶᠢᠨ ᠲᠠᠷᠠᠭᠠᠴᠢ ᠶᠢᠨ ᠠᠯᠬᠤᠮ ᠳᠤ ᠲᠣᠳᠣᠷᠬᠠᠶᠢᠯᠠᠭᠰᠠᠨ ᠣᠷᠴᠢᠨ ᠲᠣᠭᠤᠷᠢᠨ ᠳᠤ ᠦᠵᠡᠭᠦᠯᠬᠦ ᠨᠥᠯᠥᠭᠡ ᠶᠢᠨ ᠬᠢᠨᠠᠨ | ᠲᠣᠭᠲᠠᠭᠠᠵᠤ ᠵᠥᠪᠰᠢᠶᠡᠷᠡᠬᠦ ᠡᠷᠬᠡ ᠶᠢᠨ ᠬᠢᠵᠠᠭᠠᠷ᠂ ᠳᠡᠭᠡᠭᠰᠢ ᠬᠤᠷᠢᠶᠠᠬᠤ ᠴᠠᠭ ᠤᠨ ᠬᠢᠵᠠᠭᠠᠷ ᠵᠡᠷᠭᠡ ᠬᠤᠯᠪᠣᠭᠳᠠᠯ ᠪᠥᠬᠦᠶ | ᠱᠠᠭᠠᠷᠳᠠᠯᠭ᠎ᠠ ᠶᠣᠰᠣᠭᠠᠷ᠂ ᠣᠷᠴᠢᠨ ᠲᠣᠭᠤᠷᠢᠨ ᠳᠤ ᠦᠵᠡᠭᠦᠯᠬᠦ ᠨᠥᠯᠥᠭᠡ ᠶᠢᠨ ᠬᠢᠨᠠᠨ ᠲᠣᠭᠲᠠᠭᠠᠵᠤ ᠵᠥᠪᠰᠢᠶᠡᠷᠡᠬᠦ ᠠᠵᠢᠯ ᠢ | ᠰᠠᠶᠢᠲᠤᠷ ᠬᠢᠬᠦ ᠬᠡᠷᠡᠭᠲᠡᠶ᠃ ᠪᠣᠬᠢᠷᠲᠤᠯ ᠪᠣᠳᠠᠰ ᠭᠠᠳᠠᠭᠰᠢᠯᠠᠭᠤᠯᠬᠤ ᠶᠡᠷᠦᠩᠬᠡᠶ ᠬᠡᠮᠵᠢᠶ᠎ᠡ ᠶᠢ ᠬᠢᠵᠠᠭᠠᠷᠯᠠᠬᠤ ᠲᠦᠷᠢᠮ ᠢ | ᠴᠢᠩᠭ᠎ᠠ ᠬᠡᠷᠡᠭᠵᠢᠭᠦᠯᠵᠦ᠂ ᠣᠨ ᠤ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠬᠠᠷᠠᠯᠲᠠ ᠶᠢᠨ | ᠡᠭᠦᠷᠭᠡ ᠶᠢ ᠪᠡᠶᠡᠯᠡᠭᠦᠯᠦᠨ᠎ᠡ᠃ ︵ᠬᠠᠷᠢᠭᠤᠴᠠᠯᠭᠠᠲᠤ ᠨᠢᠭᠡᠴᠡ᠄ ᠬᠠᠶᠢᠨᠠᠨ ᠤ ᠠᠮᠢ ᠠᠬᠤᠶ ᠶᠢᠨ ᠣᠷᠴᠢᠨ ᠲᠣᠭᠤᠷᠢᠨ ᠤ | ᠬᠤᠪᠢᠶᠠᠷᠢ ᠲᠣᠪᠴᠢᠶ᠎ᠠ᠃ ᠪᠡᠶᠡᠯᠡᠭᠦᠯᠬᠦ ᠴᠠᠭ ᠤᠨ ᠬᠢᠵᠠᠭᠠᠷ᠄ 2023 ᠣᠨ ᠤ 12 ᠳ᠋ᠤᠭᠠᠷ ᠰᠠᠷ᠎ᠠ ᠶᠢᠨ ᠰᠡᠭᠦᠯᠴᠢ︶ | 3. ᠡᠨᠧᠷᠭᠢ ᠶᠢᠨ ᠬᠤᠷᠣᠭᠳᠠᠭᠤᠯᠤᠯ ᠤᠨ ︽ᠬᠤᠤᠰ ᠡᠵᠡᠮᠳᠡᠯ︾ ᠢ ᠪᠥᠬᠦ ᠲᠠᠯ᠎ᠠ ᠪᠠᠷ ᠴᠢᠩᠭᠠᠳᠬᠠᠨ᠎ᠠ᠃ ᠡᠯ᠎ᠡ | ᠠᠵᠢᠯ ᠲᠥᠷᠥᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ ᠡᠨᠧᠷᠭᠢ ᠠᠷᠪᠢᠯᠠᠵᠤ ᠬᠤᠷᠣᠭᠳᠠᠯ ᠢ ᠪᠠᠭᠠᠰᠬᠠᠬᠤ | ᠡᠯ᠎ᠡ ᠵᠦᠢᠯ ᠤᠨ ᠠᠵᠢᠯ ᠤᠨ ᠠᠷᠭ᠎ᠠ ᠬᠡᠮᠵᠢᠶ᠎ᠡ ᠶᠢ ᠰᠠᠶᠢᠲᠤᠷ ᠨᠠᠶᠢᠳᠠᠪᠤᠷᠢᠵᠢᠭᠤᠯᠵᠤ᠂ ᠬᠠᠷᠢᠶ᠎ᠠ ᠣᠷᠣᠨ ᠤ ᠡᠨᠧᠷᠭᠢ ᠶᠢᠨ | ᠬᠤᠷᠣᠭᠳᠠᠭᠤᠯᠤᠯ ᠤᠨ ︽ᠬᠤᠤᠰ ᠡᠵᠡᠮᠳᠡᠯ︾ ᠤᠨ ᠬᠠᠷᠠᠯᠲᠠ ᠶᠢᠨ ᠡᠭᠦᠷᠭᠡ ᠶᠢ ᠪᠡᠶᠡᠯᠡᠭᠦᠯᠬᠦ ᠶᠢ ᠦᠨᠡᠨᠬᠦ ᠪᠠᠲᠤᠯᠠᠬᠤ | ᠬᠡᠷᠡᠭᠲᠡᠶ᠃ ᠡᠯ᠎ᠡ ᠰᠠᠯᠠᠭ᠎ᠠ ᠮᠥᠴᠢᠷ ᠤᠳ ︽ᠬᠥᠭᠵᠢᠯᠲᠡ ᠶᠢ ᠬᠠᠮᠢᠶᠠᠷᠬᠤ ᠳᠤ ᠡᠷᠬᠡᠪᠰᠢ ᠡᠨᠧᠷᠬᠢ ᠠᠷᠪᠢᠯᠠᠬᠤ ᠶᠢ ᠬᠠᠮᠢᠶᠠᠷᠬᠤ᠂ | ᠦᠢᠯᠡᠳᠪᠦᠷᠢᠯᠡᠯ ᠢ ᠬᠠᠮᠢᠶᠠᠷᠬᠤ ᠳᠤ ᠡᠷᠬᠡᠪᠰᠢ ᠡᠨᠧᠷᠬᠢ ᠠᠷᠪᠢᠯᠠᠬᠤ ᠶᠢ ᠬᠠᠮᠢᠶᠠᠷᠬᠤ᠂ ᠠᠵᠢᠯ ᠲᠥᠷᠥᠯ ᠢ ᠬᠠᠮᠢᠶᠠᠷᠬᠤ ᠳᠤ | ᠡᠷᠬᠡᠪᠰᠢ ᠡᠨᠧᠷᠬᠢ ᠠᠷᠪᠢᠯᠠᠬᠤ ᠶᠢ ᠬᠠᠮᠢᠶᠠᠷᠬᠤ︾ ᠠᠵᠢᠯ ᠤᠨ ᠬᠠᠷᠢᠭᠤᠴᠠᠯᠭ᠎ᠠ ᠶᠢᠨ ᠰᠢᠰᠲ᠋ᠧᠮᠵᠢ ᠶᠢ ᠪᠠᠶᠢᠭᠤᠯᠵᠤ᠂ ᠲᠤᠰ | ᠠᠵᠢᠯ ᠲᠥᠷᠥᠯ᠂ ᠲᠤᠰ ᠬᠦᠷᠢᠶᠡᠨ ᠤ ᠡᠯ᠎ᠡ ᠵᠦᠢᠯ ᠤᠨ ᠡᠨᠧᠷᠬᠢ ᠶᠢᠨ ᠬᠤᠷᠣᠭᠳᠠᠭᠤᠯᠤᠯ ᠤᠨ ︽ᠬᠤᠤᠰ ᠡᠵᠡᠮᠳᠡᠯ︾ ᠤᠨ | ᠠᠵᠢᠯ ᠢ ᠰᠠᠶᠢᠲᠤᠷ ᠥᠷᠨᠢᠭᠦᠯᠬᠦ ᠬᠡᠷᠡᠭᠲᠡᠶ᠃ ᠰᠠᠷ᠎ᠠ ᠪᠠᠷ ᠪᠤᠶᠤ ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠡᠯ᠎ᠡ ᠰᠠᠯᠠᠭ᠎ᠠ | ᠮᠥᠴᠢᠷ ᠤᠨ ᠬᠠᠮᠲᠤᠷᠠᠭᠰᠠᠨ ᠬᠤᠷᠠᠯ ᠢ ᠬᠤᠷᠠᠯᠳᠤᠭᠤᠯᠵᠤ᠂ ᠡᠨᠧᠷᠭᠢ ᠶᠢᠨ ᠬᠤᠷᠣᠭᠳᠠᠭᠤᠯᠤᠯ ᠤᠨ ︽ᠬᠤᠶᠠᠷ ᠢ ᠡᠵᠡᠮᠳᠡᠯ︾ | ᠤᠨ ᠪᠠᠶᠢᠳᠠᠯ ᠢ ᠵᠠᠳᠠᠯᠤᠨ ᠰᠤᠳᠤᠯᠤᠨ ᠮᠠᠭᠠᠳᠯᠠᠵᠤ᠂ ᠠᠵᠢᠯ ᠤᠨ ᠲᠥᠯᠥᠪᠯᠡᠭᠡ ᠶᠢ ᠬᠢᠨᠠᠨ ᠲᠣᠭᠲᠠᠭᠠᠵᠤ᠂ ᠠᠵᠢᠯ ᠤᠨ | ᠭᠤᠤᠯᠳᠠᠯᠭ᠎ᠠ ᠳᠤ ᠲᠣᠬᠢᠷᠠᠭᠤᠯᠤᠯᠲᠠ ᠬᠢᠬᠦ ᠪᠤᠶᠤ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ ᠢ ᠡᠬᠢᠯᠡᠭᠦᠯᠦᠨ᠎ᠡ᠃ | ᠡᠨᠧᠷᠭᠢ ᠶᠢᠨ ᠬᠤᠷᠣᠭᠳᠠᠭᠤᠯᠤᠯ ᠢ ᠰᠢᠨ᠎ᠡ ᠪᠠᠷ ᠨᠡᠮᠡᠭᠳᠡᠭᠦᠯᠬᠦ ᠶᠢ ᠴᠢᠩᠭ᠎ᠠ ᠬᠢᠵᠠᠭᠠᠷᠯᠠᠵᠤ᠂ ᠮᠠᠨ ᠤ ᠲᠤᠭᠤᠷᠢᠭ ᠤᠨ ᠲᠤᠭ᠎ᠠ | ᠪᠦᠷᠢᠳᠬᠡᠯ ᠤᠨ ᠰᠢᠰᠲ᠋ᠧᠮᠵᠢ ᠳᠤ ᠣᠷᠣᠭᠤᠯᠤᠭᠰᠠᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ | ᠠᠬᠤᠶᠢᠯᠠᠯ ᠤᠨ ᠡᠨᠧᠷᠭᠢ ᠬᠡᠷᠡᠭᠯᠡᠵᠦ ᠪᠠᠶᠢᠭ᠎ᠠ ᠪᠠᠶᠢᠳᠠᠯ ᠤᠨ ᠪᠠᠶᠢᠳᠠᠯ ᠢ ᠣᠶᠢᠯᠠᠭᠠᠵᠤ᠂ ᠨᠠᠷᠢᠯᠢᠬᠵᠢᠭᠤᠯᠤᠭᠰᠠᠨ ᠡᠨᠧᠷᠭᠢ | ᠬᠡᠷᠡᠭᠯᠡᠬᠦ ᠲᠥᠰᠦᠪ ᠤᠨ ᠬᠠᠮᠢᠶᠠᠷᠤᠯᠲᠠ ᠶᠢ ᠰᠦᠪᠡᠭᠴᠢᠯᠡᠨ ᠬᠡᠷᠡᠭᠵᠢᠭᠦᠯᠦᠨ᠎ᠡ᠃ ᠡᠨᠧᠷᠭᠢ ᠶᠢᠨ ᠠᠰᠢᠭᠯᠠᠮᠵᠢ ᠶᠢ | ᠳᠡᠭᠡᠭᠰᠢᠯᠡᠭᠦᠯᠬᠦ ᠠᠵᠢᠯᠯᠠᠭ᠎ᠠ ᠶᠢ ᠢᠳᠡᠪᠬᠢᠲᠡᠶ ᠥᠷᠨᠢᠭᠦᠯᠵᠦ᠂ ᠡᠨᠧᠷᠭᠢ ᠠᠷᠪᠢᠯᠠᠬᠤ ᠣᠨᠣᠰᠢᠯᠠᠯᠲᠠ ᠶᠢ ᠪᠦᠲᠦᠮᠵᠢᠲᠡᠶ | ᠬᠡᠷᠡᠭᠵᠢᠭᠦᠯᠵᠦ᠂ ᠡᠨᠧᠷᠭᠢ ᠶᠢᠨ ᠰᠤᠷᠪᠤᠯᠵᠢ ᠶᠢᠨ ᠬᠠᠮᠢᠶᠠᠷᠤᠯᠲᠠ ᠶᠢ ᠬᠡᠷᠡᠭᠵᠢᠭᠦᠯᠵᠦ᠂ ᠡᠨᠧᠷᠭᠢ ᠬᠡᠷᠡᠭᠯᠡᠬᠦ ᠪᠦᠲᠦᠮᠵᠢᠲᠡᠶ ᠣᠷᠣᠨ | ᠵᠠᠶ ᠶᠢ ᠤᠯᠠᠮ ᠨᠢᠭᠡ ᠠᠯᠬᠤᠮ ᠥᠷᠭᠡᠳᠬᠡᠨ᠎ᠡ᠃ ︵ᠬᠠᠷᠢᠭᠤᠴᠠᠯᠭᠠᠲᠤ ᠨᠢᠭᠡᠴᠡ᠄ ᠲᠤᠭᠤᠷᠢᠭ ᠤᠨ ᠬᠥᠭᠵᠢᠭᠦᠯᠦᠯᠲᠡ | ᠥᠭᠡᠷᠡᠴᠢᠯᠡᠯᠲᠡ ᠶᠢᠨ ᠵᠥᠪᠯᠡᠯ᠃ ᠬᠠᠮᠵᠢᠯᠴᠠᠬᠤ ᠰᠠᠯᠠᠭ᠎ᠠ ᠮᠥᠴᠢᠷ᠄ ᠲᠤᠭᠤᠷᠢᠭ ᠤᠨ ᠠᠵᠤ ᠦᠢᠯᠡᠳᠪᠦᠷᠢ ᠮᠡᠳᠡᠭᠡ | ᠵᠠᠩᠬᠢᠴᠢᠯᠠᠯᠲᠠ ᠪᠠ ᠰᠢᠨᠵᠢᠯᠡᠭᠡ ᠮᠡᠷᠭᠡᠵᠢᠯ ᠤᠨ ᠲᠣᠪᠴᠢᠶ᠎ᠠ᠂ ᠲᠤᠭ᠎ᠠ ᠪᠦᠷᠢᠳᠬᠡᠯ ᠤᠨ ᠲᠣᠪᠴᠢᠶ᠎ᠠ᠂ ᠡᠨᠧᠷᠭᠢ ᠶᠢᠨ | ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ︵ᠵᠠᠮ | ᠬᠠᠷᠢᠯᠴᠠᠭᠠᠨ ᠤ ᠲᠣᠪᠴᠢᠶ᠎ᠠ︶᠂ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠬᠠᠶᠢᠨᠠᠨ ᠤ ᠠᠵᠤ ᠦᠢᠯᠡᠳᠪᠦᠷᠢ ᠶᠢᠨ | ᠬᠦᠷᠢᠶᠡᠯᠡᠩ ᠤᠨ ᠬᠠᠮᠢᠶᠠᠷᠤᠯᠲᠠ ᠶᠢᠨ ᠵᠥᠪᠯᠡᠯ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ | ᠬᠤᠪᠢᠶᠠᠷᠢ ᠲᠣᠪᠴᠢᠶ᠎ᠠ᠃ ᠪᠡᠶᠡᠯᠡᠭᠦᠯᠬᠦ ᠴᠠᠭ ᠤᠨ ᠬᠢᠵᠠᠭᠠᠷ᠄ ᠬᠢᠵᠠᠭᠠᠷᠯᠠᠭᠰᠠᠨ ᠴᠠᠭ ᠤᠨ ᠵᠠᠩᠭᠢᠯᠠᠭ᠎ᠠ ᠶᠢᠨ ᠴᠡᠭ ᠢᠶᠠᠷ | ᠪᠡᠶᠡᠯᠡᠭᠦᠯᠵᠦ᠂ ᠦᠷᠭᠦᠯᠵᠢᠯᠡᠨ ᠠᠬᠢᠭᠤᠯᠤᠨ᠎ᠠ︶᠃ | ︵ᠭᠤᠷᠪᠠ︶ ᠣᠷᠣᠨ ᠪᠦᠰᠡ ᠶᠢᠨ ᠬᠡᠦᠷᠰᠢᠭᠦᠯᠬᠦ ᠠᠵᠤ ᠦᠢᠯᠡᠰ ᠢ ᠳᠠᠬᠢᠨ ᠵᠣᠬᠢᠶᠠᠨ ᠪᠠᠶᠢᠭᠤᠯᠵᠤ ᠲᠠᠰ | ᠳᠡᠪᠰᠢᠭᠦᠯᠬᠦ ᠶᠢ ᠠᠬᠢᠭᠤᠯᠤᠨ᠎ᠠ᠃ ︽ᠬᠠᠳᠠᠭᠠᠯᠠᠯᠲᠠ ᠶᠢᠨ ᠬᠡᠮᠵᠢᠶ᠎ᠡ ᠶᠢ ᠲᠡᠰ ᠳᠡᠪᠰᠢᠭᠦᠯᠬᠦ᠂ ᠨᠡᠮᠡᠭᠳᠡᠯ ᠤᠨ ᠬᠡᠮᠵᠢᠶ᠎ᠡ ᠶᠢ | ᠰᠢᠯᠢᠳᠡᠭᠵᠢᠭᠦᠯᠬᠦ᠂ ᠶᠡᠷᠦᠩᠬᠡᠶ ᠬᠡᠮᠵᠢᠶ᠎ᠡ ᠶᠢ ᠴᠢᠩᠭ᠎ᠠ ᠡᠵᠡᠮᠳᠡᠬᠦ︾ ᠪᠠ ︽ᠲᠥᠪᠯᠡᠷᠡᠯ ᠤᠨ ᠬᠡᠮᠵᠢᠶ᠎ᠡ ᠪᠠᠷ ᠰᠠᠭᠤᠷᠢ ᠪᠣᠯᠭᠠᠬᠤ᠂ | ᠬᠢᠮᠢ ᠶᠢᠨ ᠬᠡᠮᠵᠢᠶ᠎ᠡ ᠪᠠᠷ ᠭᠤᠣᠯ ᠪᠣᠯᠭᠠᠬᠤ᠂ ᠬᠢᠮᠢ ᠶᠢᠨ ᠬᠡᠮᠵᠢᠶ᠎ᠡ ᠪᠠᠷ ᠲᠥᠪᠯᠡᠷᠡᠯ ᠤᠨ ᠬᠡᠮᠵᠢᠶ᠎ᠡ ᠶᠢ ᠡᠵᠡᠮᠰᠢᠬᠦ︾ ᠪᠦᠬᠦᠯᠢ | ᠴᠣᠭᠴᠠ ᠶᠢᠨ ᠰᠡᠳᠬᠢᠴᠡ ᠶᠢᠨ ᠶᠣᠰᠣᠭᠠᠷ᠂ ᠠᠵᠤ ᠦᠢᠯᠡᠰ ᠤᠨ ᠪᠦᠲᠦᠴᠡ ᠶᠢ ᠲᠦᠷᠭᠡᠪᠴᠢᠯᠡᠨ ᠲᠣᠬᠢᠷᠠᠭᠤᠯᠤᠨ᠎ᠠ᠃ | ᠬᠡᠦᠷᠰᠢᠭᠦᠯᠦᠭᠰᠡᠨ ᠰᠢᠨ᠎ᠡ ᠪᠠᠷ ᠨᠡᠮᠡᠭᠳᠡᠬᠦ ᠦᠢᠯᠡᠳᠪᠦᠷᠢᠯᠡᠯ ᠤᠨ ᠴᠢᠳᠠᠪᠤᠷᠢ ᠶᠢ ᠴᠢᠩᠭ᠎ᠠ ᠬᠢᠵᠠᠭᠠᠷᠯᠠᠵᠤ᠂ ᠪᠦᠬᠦ ᠬᠤᠳᠠ ᠲᠠᠢ | ᠬᠠᠮᠵᠢᠯᠴᠠᠨ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠡᠦᠷᠰᠢᠭᠦᠯᠬᠦ ᠠᠵᠤ ᠦᠢᠯᠡᠰ ᠤᠨ ᠪᠠᠶᠢᠷᠢᠰᠢᠯ ᠢ ᠲᠤᠬᠢᠷᠠᠭᠤᠯᠤᠨ᠂ | ᠰᠢᠨ᠎ᠡ ᠪᠠᠷ ᠪᠠᠶᠢᠭᠤᠯᠬᠤ ᠬᠡᠦᠷᠰᠢᠭᠦᠯᠬᠦ ᠵᠦᠢᠯᠡᠰ ᠤᠨ ᠦᠢᠯᠡᠳᠪᠦᠷᠢᠯᠡᠬᠦ ᠴᠢᠳᠠᠪᠤᠷᠢ ᠶᠢᠨ ᠭᠦᠢᠴᠡᠳᠬᠡᠬᠦ ᠲᠤᠭ᠎ᠠ ᠶᠢ ᠪᠦᠬᠦ | ᠬᠤᠳᠠ ᠶᠢᠨ ᠣᠷᠣᠨ ᠪᠦᠰᠡ ᠶᠢᠨ ᠳᠣᠲᠣᠷ᠎ᠠ ᠲᠡᠩᠴᠡᠭᠦᠦ ᠬᠡᠮᠵᠢᠶ᠎ᠡ ᠪᠠᠷ ᠰᠣᠯᠢᠬᠤ ᠶᠢ ᠬᠡᠷᠡᠭᠵᠢᠭᠦᠯᠦᠨ᠎ᠡ᠃ ︽ᠦᠬᠠᠶ | ᠬᠤᠲᠠ ᠶᠢᠨ ᠬᠡᠦᠷᠰᠢᠭᠦᠯᠬᠦ ᠠᠵᠤ ᠦᠢᠯᠡᠰ ᠤᠨ ᠳᠠᠬᠢᠨ ᠵᠣᠬᠢᠶᠠᠨ ᠪᠠᠶᠢᠭᠤᠯᠵᠤ ᠲᠠᠰ ᠳᠡᠪᠰᠢᠭᠦᠯᠬᠦ ᠴᠢᠨᠠᠷ ᠰᠠᠶᠢᠲᠠᠶ | ᠬᠥᠭᠵᠢᠯᠲᠡ ᠶᠢᠨ ᠠᠵᠤ ᠦᠢᠯᠡᠰ ᠤᠨ ᠲᠥᠯᠥᠪᠵᠢᠭᠦᠯᠭᠡ︾ ︽ᠦᠬᠠᠶ ᠬᠤᠲᠠ ᠶᠢᠨ ᠬᠡᠦᠷᠰᠢᠭᠦᠯᠬᠦ ᠠᠵᠤ ᠦᠢᠯᠡᠰ ᠤᠨ | ᠳᠠᠬᠢᠨ ᠵᠣᠬᠢᠶᠠᠨ ᠪᠠᠶᠢᠭᠤᠯᠵᠤ ᠲᠠᠰ ᠳᠡᠪᠰᠢᠭᠦᠯᠬᠦ ᠴᠢᠨᠠᠷ ᠰᠠᠶᠢᠲᠠᠶ ᠬᠥᠭᠵᠢᠯᠲᠡ ᠶᠢᠨ ᠵᠢᠯᠣᠭᠤᠳᠬᠤ ᠰᠠᠨᠠᠯ︾ ᠤᠨ ᠪᠢᠴᠢᠭ | ᠮᠠᠲ᠋ᠧᠷᠢᠶᠠᠯ ᠤᠨ ᠵᠣᠷᠢᠭ ᠰᠠᠨᠠᠭ᠎ᠠ ᠶᠣᠰᠣᠭᠠᠷ᠂ ᠭᠤᠷᠪᠠᠨ ᠵᠢᠯ ᠤᠨ ᠬᠤᠭᠤᠴᠠᠭ᠎ᠠ ︵2021 — 2023 ᠣᠨ︶ ᠪᠠᠷ | ᠨᠡᠭᠦᠷᠡᠰᠦᠵᠢᠭᠦᠯᠬᠦ ᠲᠠᠰᠤᠭ ᠤᠨ ᠥᠨᠳᠥᠷᠴᠡ ᠨᠢ 4.3 ᠮᠧᠲᠷ ᠤᠨ ᠬᠡᠦᠷᠰᠢᠭᠦᠯᠬᠦ ᠵᠤᠤᠬ᠎ᠠ ᠶᠢ ᠪᠥᠬᠦ ᠲᠠᠯ᠎ᠠ ᠪᠠᠷ | ᠰᠢᠭᠰᠢᠭᠳᠡᠭᠦᠯᠵᠦ᠂ ᠦᠢᠯᠡᠳᠪᠦᠷᠢᠯᠡᠬᠦ ᠴᠢᠳᠠᠪᠤᠷᠢ ᠨᠢ ᠨᠡᠶᠢᠲᠡ 478 ᠲᠦᠮᠡᠨ ᠲᠣᠨ ᠪᠤᠯᠭᠠᠨ᠎ᠠ᠃ ᠬᠡᠤᠷᠰᠢᠭᠦᠯᠦᠯᠲᠡ ᠶᠢᠨ | ᠪᠦᠰᠡᠯᠡᠯᠲᠡ ᠶᠢᠨ ᠬᠤᠲᠠ ᠶᠢᠨ ᠲᠣᠪᠤᠶᠢᠮ᠎ᠠ ᠠᠰᠠᠭᠤᠳᠠᠯ ᠢ ᠴᠢᠩᠭ᠎ᠠ ᠠᠳᠬᠤᠵᠤ᠂ ᠬᠡᠦᠷᠰᠢᠭᠦᠯᠬᠦ ᠠᠵᠤ ᠦᠢᠯᠡᠰ ᠤᠨ | ᠪᠠᠶᠢᠷᠢᠰᠢᠭᠤᠯᠤᠯ ᠢ ᠰᠢᠯᠢᠳᠡᠭᠵᠢᠭᠦᠯᠦᠨ᠂ ᠬᠡᠪᠴᠢᠶᠡᠵᠢᠭᠦᠯᠬᠦ᠂ ᠪᠦᠯᠦᠭᠵᠢᠭᠦᠯᠬᠦ᠂ ᠠᠵᠤ ᠦᠢᠯᠡᠰᠵᠢᠭᠦᠯᠬᠦ ᠶᠢ ᠪᠥᠬᠦ ᠲᠠᠯ᠎ᠠ ᠪᠠᠷ | ᠲᠥᠯᠬᠢᠨ ᠠᠬᠢᠭᠤᠯᠵᠤ᠂ ᠪᠣᠬᠢᠷᠲᠤᠯ ᠥᠭᠡᠢ ᠬᠡᠦᠷᠰᠢᠭᠦᠯᠦᠭᠰᠡᠨ ᠨᠡᠭᠦᠷᠡᠰᠦᠨ ᠤ ᠦᠢᠯᠡᠳᠪᠦᠷᠢᠯᠡᠯ ᠤᠨ ᠰᠠᠭᠤᠷᠢᠨ ᠭᠠᠵᠠᠷ ᠢ | ᠪᠥᠳᠥᠭᠡᠨ ᠪᠠᠶᠢᠭᠤᠯᠵᠤ᠂ ᠬᠡᠦᠷᠰᠢᠭᠦᠯᠬᠦ ᠵᠤᠤᠬ᠎ᠠ ᠶᠢᠨ ᠨᠡᠭᠦᠷᠡᠰᠦᠵᠢᠭᠦᠯᠬᠦ ᠲᠠᠰᠤᠭ ᠢ ᠰᠢᠨ᠎ᠡ ᠪᠠᠷ ︵ᠥᠭᠡᠷᠡᠴᠢᠯᠡᠨ | ᠥᠷᠭᠡᠳᠬᠡᠬᠦ︶ ᠪᠠᠶᠢᠭᠤᠯᠬᠤ ᠥᠨᠳᠥᠷ ᠤᠨ ᠬᠡᠮᠵᠢᠶ᠎ᠡ ᠶᠢ 6.25 ᠮᠧᠲᠷ ᠵᠢᠴᠢ ᠲᠡᠭᠦᠨ ᠠᠴᠠ ᠳᠡᠭᠡᠭᠰᠢ ᠲᠤ ᠬᠦᠷᠦᠭᠦᠯᠵᠦ᠂ | ᠡᠷᠬᠡᠪᠰᠢ ᠲᠤᠤᠷᠠᠳᠤ ᠤᠷᠤᠰᠬᠠᠯ ᠤᠨ ᠬᠢᠮᠢ ᠶᠢᠨ ᠭᠠᠷᠤᠯᠲᠠ ᠶᠢᠨ ᠬᠡᠯᠬᠢᠶ᠎ᠡ᠂ ᠦᠯᠡᠳᠡᠪᠦᠷᠢ ᠢᠯᠴᠢ ᠦᠯᠡᠳᠡᠪᠦᠷᠢ ᠬᠡᠢ ᠶᠢ | ᠡᠭᠡᠭᠦᠯᠦᠨ ᠬᠤᠷᠢᠶᠠᠵᠤ ᠠᠰᠢᠭᠯᠠᠬᠤ ᠲᠥᠷᠥᠯ ᠵᠦᠢᠯ ᠢ ᠵᠡᠷᠭᠡ ᠲᠤᠨᠢ ᠢᠵᠢ ᠪᠦᠷᠢᠳᠦᠭᠦᠯᠵᠦ᠂ ᠠᠵᠤ | ᠦᠢᠯᠡᠳᠪᠦᠷᠢᠵᠢᠭᠦᠯᠦᠯᠲᠡ ᠶᠢ ᠠᠭᠤᠰᠤᠯᠴᠠᠭᠤᠯᠬᠤ ᠶᠢ ᠠᠬᠢᠭᠤᠯᠵᠤ᠂ ᠬᠡᠦᠷᠰᠢᠭᠦᠯᠦᠭᠰᠡᠨ ᠠᠵᠤ ᠦᠢᠯᠡᠳᠪᠦᠷᠢ ᠶᠢᠨ ᠬᠢᠷᠢ | ᠬᠡᠮᠵᠢᠶ᠎ᠡ ᠶᠢᠨ ᠳᠠᠪᠰᠢᠯᠲᠠ ᠪᠠᠷ ᠬᠡᠦᠷᠰᠢᠭᠦᠯᠦᠭᠰᠡᠨ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠡᠰ ᠳᠡᠪᠰᠢᠬᠦ ᠶᠢ | ᠲᠥᠯᠬᠢᠨ ᠠᠬᠢᠭᠤᠯᠬᠤ ᠬᠡᠷᠡᠭᠲᠡᠶ᠃ ︵ᠬᠠᠷᠢᠭᠤᠴᠠᠯᠭᠠᠲᠤ ᠨᠢᠭᠡᠴᠡ᠄ ᠲᠤᠭᠤᠷᠢᠭ ᠤᠨ ᠠᠵᠤ ᠦᠢᠯᠡᠳᠪᠦᠷᠢ ᠮᠡᠳᠡᠭᠡ | ᠵᠠᠩᠬᠢᠴᠢᠯᠠᠯᠲᠠ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠃ | ᠪᠡᠶᠡᠯᠡᠭᠦᠯᠬᠦ ᠴᠠᠭ ᠤᠨ ᠬᠢᠵᠠᠭᠠᠷ᠄ ᠳᠠᠷᠦ᠋ᠢᠬᠠᠨ ᠬᠡᠷᠡᠭᠵᠢᠭᠦᠯᠵᠦ ᠳᠠᠷᠦ᠋ᠢᠬᠠᠨ ᠥᠭᠡᠷᠡᠴᠢᠯᠡᠨ᠎ᠡ᠂ 2023 ᠣᠨ ᠤ ᠰᠡᠭᠦᠯᠴᠢ︶ | ᠬᠡᠦᠷᠰᠢᠭᠦᠯᠬᠦ ᠲᠥᠷᠥᠯ ᠵᠦᠢᠯ ᠢ ᠰᠢᠨ᠎ᠡ ᠪᠠᠷ ︵ᠥᠭᠡᠷᠡᠴᠢᠯᠡᠨ ᠥᠷᠭᠡᠳᠬᠡᠬᠦ︶ ᠪᠠᠶᠢᠭᠤᠯᠬᠤ ᠨᠢ ᠭᠤᠤᠯᠳᠠᠭᠤ ᠬᠠᠶᠢᠨᠠᠨ ᠤ | ᠠᠵᠤ ᠦᠢᠯᠡᠳᠪᠦᠷᠢ ᠶᠢᠨ ᠬᠦᠷᠢᠶᠡᠯᠡᠩ ᠤᠨ ᠰᠢ ᠯᠠᠶ ᠹᠧᠩ ᠲᠥᠷᠥᠯ ᠵᠦᠢᠯ ᠤᠨ ᠲᠣᠭᠤᠷᠢᠭ ᠵᠢᠴᠢ ᠳᠤᠤᠷ᠎ᠠ | ᠨᠡᠭᠦᠷᠡᠰᠦᠳᠦ᠋ᠷᠦᠭᠴᠢᠲᠦ ᠠᠵᠤ ᠦᠢᠯᠡᠰ ᠤᠨ ᠬᠦᠷᠢᠶᠡᠯᠡᠩ ᠳᠤ ᠲᠥᠪᠯᠡᠷᠡᠵᠦ᠂ ᠬᠡᠦᠷᠰᠢᠭᠦᠯᠬᠦ ᠲᠥᠷᠥᠯ ᠵᠦᠢᠯ ᠢ ᠰᠢᠨ᠎ᠡ ᠪᠠᠷ ︵ | ᠥᠭᠡᠷᠡᠴᠢᠯᠡᠨ ᠥᠷᠭᠡᠳᠬᠡᠬᠦ︶ ᠪᠠᠶᠢᠭᠤᠯᠬᠤ ᠳᠤ ᠡᠷᠬᠡᠪᠰᠢ ᠬᠡᠦᠷᠰᠢᠭᠦᠯᠬᠦ ᠲᠣᠨᠤᠭ ᠲᠥᠬᠦᠭᠡᠷᠦᠮᠵᠢ ᠶᠢ ᠢᠵᠢ | ᠪᠥᠷᠢᠳᠦᠭᠦᠯᠬᠦ ᠶᠢᠨ ᠬᠠᠮᠲᠤ ᠪᠣᠯᠣᠳ ᠲᠡᠮᠦᠷ ᠤᠨ ᠠᠵᠤ ᠠᠬᠤᠶᠢᠯᠠᠯ ᠳᠠᠬᠢ ᠬᠡᠦᠷᠰᠢᠭᠦᠯᠬᠦ ᠬᠢᠮᠢ ᠶᠢᠨ ᠠᠵᠤ | ᠦᠢᠯᠡᠳᠪᠦᠷᠢ ᠶᠢᠨ ᠪᠣᠬᠢᠷᠲᠤᠯ ᠪᠣᠳᠠᠰ ᠤᠨ ᠬᠡᠲᠦ ᠳᠣᠤᠷ᠎ᠠ ᠭᠠᠳᠠᠭᠰᠢᠯᠠᠭᠤᠯᠤᠯᠲᠠ ᠶᠢᠨ ᠱᠠᠭᠠᠷᠳᠠᠯᠭ᠎ᠠ ᠶᠢ ᠬᠡᠷᠡᠭᠵᠢᠭᠦᠯᠬᠦ | ᠬᠡᠷᠡᠭᠲᠡᠶ᠃ ᠣᠲᠣ ᠶᠢᠨ ᠪᠠᠶᠢᠭ᠎ᠠ ᠨᠡᠭᠦᠷᠡᠰᠦᠵᠢᠭᠦᠯᠬᠦ ᠲᠠᠰᠤᠭ ᠤᠨ ᠥᠨᠳᠥᠷ ᠤᠨ ᠬᠡᠮᠵᠢᠶ᠎ᠡ ᠨᠢ 5.5 ᠮᠧᠲᠷ ᠤᠨ ᠬᠡᠦᠷᠡᠰᠦᠨ | ᠵᠤᠤᠬ᠎ᠠ ᠶᠢ 2023 ᠣᠨ ᠤ ᠵᠢᠯ ᠤᠨ ᠰᠡᠭᠦᠯᠴᠢ ᠠᠴᠠ ᠡᠮᠦᠨ᠎ᠡ ᠬᠠᠳᠠᠭᠠᠵᠤ ᠤᠨᠲᠠᠷᠠᠭᠠᠬᠤ ᠪᠠ ᠬᠡᠲᠦ ᠳᠣᠤᠷ᠎ᠠ | ᠭᠠᠳᠠᠭᠰᠢᠯᠠᠭᠤᠯᠬᠤ ᠥᠭᠡᠷᠡᠴᠢᠯᠡᠯᠲᠡ ᠶᠢ ᠪᠦᠬᠦᠨ ᠢ ᠪᠡᠶᠡᠯᠡᠭᠦᠯᠦᠨ᠎ᠡ᠃ ᠬᠡᠦᠷᠰᠢᠭᠦᠯᠬᠦ ᠥᠭᠡᠷᠡᠴᠢᠯᠡᠯᠲᠡ ᠶᠢ ᠬᠡᠷᠡᠭᠵᠢᠭᠦᠯᠦᠭᠰᠡᠨ | ᠪᠠ ᠰᠢᠨ᠎ᠡ ᠪᠠᠷ ︵ᠥᠭᠡᠷᠡᠴᠢᠯᠡᠨ ᠥᠷᠭᠡᠳᠬᠡᠬᠦ︶ ᠪᠠᠶᠢᠭᠤᠯᠤᠭᠰᠠᠨ ᠬᠡᠦᠷᠰᠢᠭᠦᠯᠬᠦ ᠠᠵᠤ ᠠᠬᠤᠶᠢᠯᠠᠯ ᠨᠢ ᠡᠷᠬᠡᠪᠰᠢ | ᠬᠠᠶᠠᠭᠳᠠᠮᠠᠯ ᠤᠰᠤ ᠶᠢ ᠭᠦᠨ ᠰᠢᠢᠳᠪᠦᠷᠢᠯᠡᠬᠦ ᠪᠡᠯᠡᠳᠬᠡᠮᠵᠢ᠂ ᠥᠳᠬᠡᠨ ᠳᠠᠪᠤᠰᠤᠲᠤ ᠤᠰᠤ ᠶᠢ ᠰᠢᠢᠳᠪᠦᠷᠢᠯᠡᠬᠦ ᠪᠠ | ᠠᠭᠤᠷᠰᠢᠭᠤᠯᠤᠨ ᠲᠠᠯᠠᠰᠵᠢᠭᠤᠯᠬᠤ ᠰᠢᠰᠲ᠋ᠧᠮ ᠢ ᠪᠠᠶᠢᠭᠤᠯᠵᠤ᠂ ᠬᠡᠦᠷᠰᠢᠭᠦᠯᠦᠭᠰᠡᠨ ᠬᠠᠶᠠᠭᠳᠠᠮᠠᠯ ᠤᠰᠤ ᠶᠢ ᠪᠦᠬᠦᠨ ᠢ | ᠴᠣᠭᠯᠠᠭᠤᠯᠤᠨ᠂ ᠪᠦᠬᠦᠨ ᠢ ᠰᠢᠢᠳᠪᠦᠷᠢᠯᠡᠵᠦ᠂ ᠪᠦᠬᠦᠨ ᠢ ᠪᠤᠴᠠᠭᠠᠨ ᠬᠡᠷᠡᠭᠯᠡᠬᠦ ᠶᠢ ᠪᠡᠶᠡᠯᠡᠭᠦᠯᠬᠦ ᠬᠡᠷᠡᠭᠲᠡᠶ᠃ ᠣᠳᠣ ᠪᠠᠶᠢᠭ᠎ᠠ | ᠨᠡᠭᠦᠷᠡᠰᠦᠵᠢᠭᠦᠯᠬᠦ ᠲᠠᠰᠤᠭ ᠤᠨ ᠥᠨᠳᠥᠷ ᠤᠨ ᠬᠡᠮᠵᠢᠶ᠎ᠡ ᠨᠢ 5.5 ᠮᠧᠲᠷ ᠤᠨ ᠬᠡᠦᠷᠡᠰᠦᠨ ᠵᠤᠤᠬ᠎ᠠ ᠶᠢᠨ ᠬᠡᠦᠷᠰᠢᠭᠦᠯᠬᠦ ᠠᠵᠤ | ᠠᠬᠤᠶᠢᠯᠠᠯ ᠤᠳ ᠠᠵᠢᠯ ᠤᠨ ᠬᠤᠭᠤᠴᠠᠭ᠎ᠠ ᠪᠠᠨ ᠲᠣᠩᠭᠤᠷᠠᠭᠤᠯᠵᠤ᠂ 2021 ᠣᠨ ᠳᠤ ᠬᠡᠦᠷᠰᠢᠭᠦᠯᠬᠦ᠂ ᠬᠡᠲᠦ ᠳᠣᠤᠷ᠎ᠠ | ᠭᠠᠳᠠᠭᠰᠢᠯᠠᠭᠤᠯᠤᠯᠲᠠ ᠶᠢ ᠥᠭᠡᠷᠡᠴᠢᠯᠡᠬᠦ ᠪᠠ ᠬᠠᠶᠠᠭᠳᠠᠮᠠᠯ ᠤᠰᠤ ᠶᠢ ᠭᠦᠨ ᠰᠢᠢᠳᠪᠦᠷᠢᠯᠡᠬᠦ ᠪᠡᠯᠡᠳᠬᠡᠮᠵᠢ᠂ ᠥᠳᠬᠡᠨ | ᠳᠠᠪᠤᠰᠤᠲᠤ ᠤᠰᠤ ᠶᠢ ᠰᠢᠢᠳᠪᠦᠷᠢᠯᠡᠬᠦ᠂ ᠠᠭᠤᠷᠰᠢᠭᠤᠯᠤᠨ ᠲᠠᠯᠠᠰᠵᠢᠭᠤᠯᠬᠤ ᠰᠢᠰᠲ᠋ᠧᠮ ᠤᠨ ᠪᠠᠷᠢᠯᠭ᠎ᠠ ᠶᠢᠨ ᠲᠥᠯᠥᠪᠯᠡᠭᠡ ᠶᠢ | ᠨᠠᠶᠢᠷᠠᠭᠤᠯᠤᠨ ᠵᠣᠬᠢᠶᠠᠬᠤ ᠶᠢ ᠪᠡᠶᠡᠯᠡᠭᠦᠯᠵᠦ᠂ 2022 ᠣᠨ ᠳᠤ ᠶᠡᠷᠦᠩᠬᠡᠶ ᠪᠠᠷᠢᠯᠭ᠎ᠠ ᠶᠢᠨ ᠬᠡᠮᠵᠢᠶ᠎ᠡ ᠶᠢᠨ 40% ᠶᠢ | ᠨᠠᠭᠠᠳᠤ ᠵᠠᠬ᠎ᠠ ᠳᠠᠭᠠᠨ ᠪᠡᠶᠡᠯᠡᠭᠦᠯᠵᠦ᠂ 2023 ᠣᠨ ᠤ 11 ᠳ᠋ᠣᠭᠡᠷ ᠰᠠᠷ᠎ᠠ ᠶᠢᠨ ᠰᠡᠭᠦᠯᠴᠢ ᠠᠴᠠ ᠡᠮᠦᠨ᠎ᠡ ᠪᠦᠬᠦᠯᠢ | ᠴᠣᠭᠴᠠ ᠶᠢᠨ ᠪᠠᠷᠢᠯᠭ᠎ᠠ ᠶᠢᠨ ᠪᠥᠲᠥᠭᠡᠨ ᠪᠠᠶᠢᠭᠤᠯᠤᠯᠲᠠ ᠶᠢ ᠪᠡᠶᠡᠯᠡᠭᠦᠯᠬᠦ ᠶᠢᠨ ᠬᠠᠮᠲᠤ ᠰᠢᠯᠭᠠᠨ ᠠᠪᠬᠤ ᠶᠢ ᠥᠩᠭᠡᠷᠡᠭᠡᠵᠦ᠂ | ᠴᠠᠭ ᠤᠨ ᠳᠠᠷᠠᠭᠠᠯᠠᠯ ᠤᠨ ᠠᠬᠢᠴᠠ ᠶᠢᠨ ᠱᠠᠭᠠᠷᠳᠠᠯᠭ᠎ᠠ ᠳᠤ ᠥᠯᠥ ᠭᠦᠷᠦᠭᠰᠡᠳ ᠲᠤ ᠴᠥᠮ ᠦᠢᠯᠡᠳᠪᠦᠷᠢᠯᠡᠯ ᠢ ᠨᠢ | ᠵᠣᠭᠰᠣᠭᠠᠵᠤ ᠴᠡᠭᠴᠡᠯᠡᠬᠦ ᠶᠢ ᠬᠡᠷᠡᠭᠵᠢᠭᠦᠯᠦᠨ᠎ᠡ᠃ ᠰᠢᠭᠰᠢᠭᠳᠡᠭᠦᠯᠬᠦ ᠬᠡᠪᠴᠢᠶᠡᠨ ᠳᠤ ᠵᠢᠭᠰᠠᠭᠠᠨ ᠣᠷᠣᠭᠤᠯᠤᠭᠰᠠᠨ | ᠬᠡᠦᠷᠰᠢᠭᠦᠯᠬᠦ ᠠᠵᠤ ᠠᠬᠤᠶᠢᠯᠠᠯ ᠤᠨ ᠡᠯ᠎ᠡ ᠵᠦᠢᠯ ᠤᠨ ᠪᠣᠬᠢᠷᠲᠤᠯ ᠤᠨ ᠭᠠᠳᠠᠭᠰᠢᠯᠠᠭᠤᠯᠤᠯᠲᠠ ᠶᠢ ᠡᠷᠬᠡᠪᠰᠢ ᠲᠣᠭᠲᠠᠭᠤᠨ | ᠢᠶᠠᠷ ᠪᠠᠷᠢᠮᠵᠢᠶ᠎ᠠ ᠳᠤ ᠬᠦᠷᠦᠭᠦᠯᠵᠦ᠂ ᠬᠠᠶᠠᠭᠳᠠᠮᠠᠯ ᠤᠰᠤ ᠶᠢ ᠪᠥᠬᠦᠨ ᠢ ᠡᠭᠡᠭᠦᠯᠦᠨ ᠬᠡᠷᠡᠭᠯᠡᠬᠦ ᠶᠢ ᠪᠡᠶᠡᠯᠡᠭᠦᠯᠬᠦ ᠬᠡᠷᠡᠭᠲᠡᠶ᠃ ︵ | ᠬᠠᠷᠢᠭᠤᠴᠠᠯᠭᠠᠲᠤ ᠨᠢᠭᠡᠴᠡ᠄ ᠬᠠᠶᠢᠨᠠᠨ ᠤ ᠠᠮᠢ ᠠᠬᠤᠶ ᠣᠷᠴᠢᠨ ᠲᠣᠭᠤᠷᠢᠨ ᠤ ᠬᠤᠪᠢᠶᠠᠷᠢ ᠲᠣᠪᠴᠢᠶ᠎ᠠ᠂ ᠬᠠᠮᠵᠢᠯᠴᠠᠬᠤ | ᠰᠠᠯᠠᠭ᠎ᠠ ᠮᠥᠴᠢᠷ᠄ ᠲᠤᠭᠤᠷᠢᠭ ᠤᠨ ᠠᠵᠤ ᠦᠢᠯᠡᠳᠪᠦᠷᠢ ᠮᠡᠳᠡᠭᠡ ᠵᠠᠩᠬᠢᠴᠢᠯᠠᠯᠲᠠ ᠪᠠ ᠰᠢᠨᠵᠢᠯᠡᠬᠦ ᠤᠬᠠᠭᠠᠨ ᠮᠡᠷᠭᠡᠵᠢᠯ ᠤᠨ | ᠲᠣᠪᠴᠢᠶ᠎ᠠ᠃ ᠪᠡᠶᠡᠯᠡᠭᠦᠯᠬᠦ ᠴᠠᠭ ᠤᠨ ᠬᠢᠵᠠᠭᠠᠷ ᠨᠢ᠄ 2023 ᠣᠨ ᠤ ᠵᠢᠯ ᠤᠨ ᠰᠡᠭᠦᠯᠴᠢ ᠠᠴᠠ ᠡᠮᠦᠨ᠎ᠡ︶᠃ | ︵ᠳᠥᠷᠪᠡ︶ ᠠᠭᠤᠷᠬᠠᠶ ᠶᠢᠨ ᠣᠷᠣᠨ ᠤ ᠬᠠᠤᠯᠢ ᠬᠡᠷᠡᠭᠵᠢᠭᠦᠯᠬᠦ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ᠃ | ᠬᠠᠷᠢᠶ᠎ᠠ ᠣᠷᠣᠨ ᠤ ᠬᠠᠮᠢᠶᠠᠷᠤᠯᠲᠠ ᠶᠢᠨ ᠵᠠᠷᠴᠢᠮ ᠶᠣᠰᠣᠭᠠᠷ᠂ 2021 ᠣᠨ ᠤ 4 ᠳ᠋ᠣᠭᠡᠷ ᠰᠠᠷ᠎ᠠ ᠶᠢᠨ 1 ᠤ ᠡᠳᠦᠷ ᠠᠴᠠ | ᠡᠬᠢᠯᠡᠨ᠂ ᠬᠠᠷᠢᠶ᠎ᠠ ᠣᠷᠣᠨ ᠤ ᠳᠣᠲᠣᠷᠠᠬᠢ ᠣᠷᠳᠣᠰ ᠤᠨ ᠮᠠᠨ ᠤ ᠲᠤᠭᠤᠷᠢᠭ ᠤᠨ ᠬᠢᠯᠢ ᠳᠣᠲᠣᠷᠠᠬᠢ ︽ᠭᠤᠷᠪᠠᠨ ᠡᠷᠬᠡ ᠶᠢ | ᠥᠯᠥ ᠬᠤᠪᠢᠷᠠᠭᠤᠯᠬᠤ︾ ᠠᠵᠤ ᠠᠬᠤᠶᠢᠯᠠᠯ ᠤᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠬᠠᠮᠢᠶᠠᠷᠤᠯᠲᠠ ᠳᠤ ᠬᠠᠷᠢᠶ᠎ᠠ | ᠣᠷᠣᠨ ᠤ ᠬᠢᠨᠠᠯᠲᠠ ᠬᠠᠮᠢᠶᠠᠷᠤᠯᠲᠠ ᠶᠢ ᠬᠡᠷᠡᠭᠵᠢᠭᠦᠯᠵᠦ᠂ ᠡᠭᠦᠨ ᠳᠤ ᠭᠤᠤᠯᠳᠠᠭᠤ ᠪᠠᠶᠢᠭᠠᠯᠢ ᠶᠢᠨ ᠡᠬᠢ ᠪᠠᠶᠠᠯᠢᠭ ᠤᠨ ᠰᠠᠯᠠᠭ᠎ᠠ | ᠮᠥᠴᠢᠷ ᠤᠨ ᠭᠠᠵᠠᠷ ᠰᠢᠨᠵᠢᠯᠡᠭᠡᠨ ᠤ ᠣᠷᠴᠢᠨ ᠲᠣᠭᠤᠷᠢᠨ ᠢ ᠵᠠᠰᠠᠬᠤ᠂ ᠰᠢᠷᠣᠶ ᠭᠠᠳᠠᠭᠰᠢᠯᠠᠭᠤᠯᠬᠤ ᠲᠠᠯᠠᠪᠠᠶ ᠶᠢ | ᠵᠢᠷᠤᠮᠵᠢᠭᠤᠯᠤᠨ ᠵᠠᠰᠠᠬᠤ᠂ ᠡᠨᠧᠷᠭᠢ ᠶᠢᠨ ᠰᠠᠯᠠᠭ᠎ᠠ ᠮᠥᠴᠢᠷ ᠤᠨ ᠨᠡᠭᠦᠷᠡᠰᠦᠨ ᠳᠠᠪᠬᠤᠷᠭ᠎ᠠ᠂ ᠠᠭᠠᠷ ᠤᠨ ᠣᠷᠣᠨ ᠪᠠ ᠰᠢᠷᠣᠶ | ᠭᠠᠳᠠᠭᠰᠢᠯᠠᠭᠤᠯᠬᠤ ᠲᠠᠯᠠᠪᠠᠶ ᠶᠢᠨ ᠥᠪᠡᠰᠦᠪᠡᠨ ᠨᠣᠴᠣᠬᠤ ᠶᠢ ᠵᠠᠰᠠᠬᠤ᠂ ᠠᠭᠤᠷᠬᠠᠶ ᠶᠢᠨ ᠣᠷᠣᠨ ᠤ ᠳᠡᠭᠳᠡᠮᠡᠯ ᠲᠣᠭᠤᠰᠣ | ᠰᠢᠷᠣᠶ ᠶᠢᠨ ᠪᠣᠬᠢᠷᠲᠤᠯ ᠢ ᠰᠡᠷᠭᠡᠶᠢᠯᠡᠨ ᠵᠠᠰᠠᠬᠤ ᠬᠠᠮᠢᠶᠠᠷᠤᠯᠲᠠ᠂ ᠳᠣᠲᠣᠭᠠᠳᠤ ᠶᠢ ᠬᠠᠮᠠᠭᠠᠯᠠᠬᠤ ᠰᠠᠯᠠᠭ᠎ᠠ ᠮᠥᠴᠢᠷ ᠤᠨ | ᠵᠠᠳᠠᠭᠠᠶ ᠨᠡᠭᠡᠭᠡᠭᠰᠡᠨ ᠠᠵᠤ ᠠᠬᠤᠶᠢᠯᠠᠯ ᠤᠨ ᠭᠠᠯ ᠤᠨ ᠦᠢᠯᠡᠳᠭᠦᠨ ᠤ ᠬᠠᠮᠢᠶᠠᠷᠤᠯᠲᠠ᠂ ᠠᠮᠢ ᠠᠬᠤᠶ ᠶᠢᠨ ᠣᠷᠴᠢᠨ | ᠲᠣᠭᠤᠷᠢᠨ ᠤ ᠰᠠᠯᠠᠭ᠎ᠠ ᠮᠥᠴᠢᠷ ᠤᠨ ᠲᠤᠬᠠᠶ ᠶᠢᠨ ᠲᠠᠯᠠᠪᠤᠷ ᠤᠨ ᠬᠠᠤᠯᠢ ᠬᠡᠷᠡᠭᠵᠢᠭᠦᠯᠦᠯᠲᠡ ᠵᠢᠴᠢ ᠬᠠᠮᠢᠶ᠎ᠠ ᠪᠥᠬᠦᠶ ᠵᠠᠰᠠᠭ | ᠵᠠᠬᠢᠷᠭᠠᠨ ᠤ ᠬᠠᠮᠢᠶᠠᠷᠤᠯᠲᠠ ᠵᠡᠷᠭᠡ ᠪᠠᠭᠲᠠᠨ᠎ᠠ᠃ ᠣᠷᠳᠣᠰ ᠤᠨ ᠮᠠᠨ ᠤ ᠲᠤᠭᠤᠷᠢᠭ ᠤᠨ ᠬᠢᠯᠢ ᠳᠣᠲᠣᠷᠠᠬᠢ ︽ᠭᠤᠷᠪᠠᠨ | ᠡᠷᠬᠡ ᠶᠢ ᠥᠯᠥ ᠬᠤᠪᠢᠷᠠᠭᠤᠯᠬᠤ︾ ᠠᠭᠤᠷᠬᠠᠶ ᠶᠢᠨ ᠠᠵᠤ ᠠᠬᠤᠶᠢᠯᠠᠯ ᠤᠳ ᠮᠠᠨ ᠤ ᠲᠤᠭᠤᠷᠢᠭ ᠪᠠ ᠬᠤᠲᠠ ᠶᠢᠨ | ᠱᠠᠲᠤᠨ ᠤ ᠨᠢᠭᠡᠳᠦᠯᠲᠡᠶ ᠱᠠᠭᠠᠷᠳᠠᠯᠭ᠎ᠠ ᠶᠣᠰᠣᠭᠠᠷ᠂ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠢ ᠨᠡᠭᠡᠭᠡᠨ ᠬᠥᠭᠵᠢᠭᠦᠯᠵᠦ | ᠡᠮᠬᠢᠯᠡᠨ ᠨᠡᠶᠢᠯᠡᠭᠦᠯᠵᠦ ᠳᠠᠬᠢᠨ ᠵᠣᠬᠢᠶᠠᠨ ᠪᠠᠶᠢᠭᠤᠯᠬᠤ᠂ ᠵᠠᠯᠭᠠᠭ᠎ᠠ ᠪᠠᠷ ᠮᠠᠯᠲᠠᠬᠤ ᠵᠠᠯᠭᠠᠭ᠎ᠠ ᠪᠠᠷ ᠭᠠᠳᠠᠭᠰᠢᠯᠠᠭᠤᠯᠬᠤ | ᠵᠠᠯᠭᠠᠭ᠎ᠠ ᠪᠠᠷ ᠵᠠᠰᠠᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠬᠦ ᠬᠡᠷᠡᠭᠲᠡᠶ᠃ ᠦᠢᠯᠡᠳᠪᠦᠷᠢᠯᠡᠯ ᠤᠨ ᠬᠡᠪᠴᠢᠶ᠎ᠡ ᠶᠢ | ᠥᠷᠭᠡᠳᠬᠡᠵᠦ᠂ ᠨᠡᠭᠡᠭᠡᠯᠲᠡ ᠶᠢᠨ ᠬᠡᠯᠪᠡᠷᠢ ᠶᠢ ᠬᠤᠪᠢᠷᠠᠭᠤᠯᠬᠤ ᠳᠤ ᠡᠷᠬᠡᠪᠰᠢ ᠬᠠᠷᠢᠶ᠎ᠠ ᠣᠷᠣᠨ ᠤ ᠬᠠᠮᠢᠶᠠᠷᠤᠯᠲᠠ ᠶᠢᠨ ᠵᠠᠷᠴᠢᠮ | ᠶᠣᠰᠣᠭᠠᠷ᠂ ᠬᠠᠶᠢᠨᠠᠨ ᠲᠤᠭᠤᠷᠢᠭ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠬᠦ ᠪᠠ ᠵᠥᠪᠰᠢᠶᠡᠷᠡᠭᠦᠯᠦᠭᠰᠡᠨ ᠤ ᠳᠠᠷᠠᠭ᠎ᠠ | ᠰᠠᠶ᠋ᠢ ᠬᠡᠷᠡᠭᠵᠢᠭᠦᠯᠵᠦ ᠪᠣᠯᠤᠨ᠎ᠠ᠃ ︵ᠲᠤᠭᠤᠷᠢᠭ ᠤᠨ ᠨᠠᠮ ᠤᠨ ᠬᠤᠷᠢᠶ᠎ᠠ ᠶᠢᠨ ᠠᠯᠪᠠᠨ ᠬᠡᠷ᠂ ᠵᠠᠰᠠᠭ ᠤᠨ ᠣᠷᠳᠣᠨ ᠤ ᠠᠯᠪᠠᠨ | ᠬᠡᠷ ᠲᠦᠷᠦᠭᠦᠯᠡᠵᠦ᠂ ᠬᠠᠶᠢᠨᠠᠨ ᠤ ᠪᠠᠶᠢᠭᠠᠯᠢ ᠶᠢᠨ ᠡᠬᠢ ᠪᠠᠶᠠᠯᠢᠭ ᠤᠨ ᠬᠤᠪᠢᠶᠠᠷᠢ ᠲᠣᠪᠴᠢᠶ᠎ᠠ ᠠᠴᠠ ᠪᠣᠳᠠᠲᠠᠶ ᠵᠣᠬᠢᠶᠠᠨ | ᠪᠠᠶᠢᠭᠤᠯᠤᠨ ᠬᠡᠷᠡᠭᠵᠢᠭᠦᠯᠦᠨ᠎ᠡ᠃ ᠬᠠᠮᠵᠢᠯᠴᠠᠬᠤ ᠰᠠᠯᠠᠭ᠎ᠠ ᠮᠥᠴᠢᠷ᠄ ᠡᠯ᠎ᠡ ᠪᠠᠯᠭᠠᠰᠤ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ | ᠭᠠᠵᠠᠷ᠂ ᠲᠣᠭᠤᠷᠢᠭ ᠤᠨ ᠡᠨᠧᠷᠭᠢ ᠶᠢᠨ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ | ᠪᠠᠶᠢᠭᠤᠯᠤᠯᠲᠠ ᠶᠢᠨ ᠲᠣᠪᠴᠢᠶ᠎ᠠ ︵ᠵᠠᠮ ᠬᠠᠷᠢᠯᠴᠠᠭᠠᠨ ᠤ ᠲᠣᠪᠴᠢᠶ᠎ᠠ︶᠂ ᠪᠠᠴᠢᠮ ᠪᠠᠶᠢᠳᠠᠯ ᠢ ᠠᠷᠭᠠᠴᠠᠭᠠᠬᠤ | ᠬᠠᠮᠢᠶᠠᠷᠤᠯᠲᠠ ᠶᠢᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠶ ᠤᠰᠤᠨ ᠤ ᠶᠠᠪᠤᠳᠠᠯ ᠤᠨ ᠲᠣᠪᠴᠢᠶ᠎ᠠ᠂ ᠬᠠᠶᠢᠨᠠᠨ ᠤ ᠠᠮᠢ | ᠠᠬᠤᠶ ᠣᠷᠴᠢᠨ ᠲᠣᠭᠤᠷᠢᠨ ᠤ ᠬᠤᠪᠢᠶᠠᠷᠢ ᠲᠣᠪᠴᠢᠶ᠎ᠠ᠂ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ᠂ ᠵᠠᠮ | ᠬᠠᠷᠢᠯᠴᠠᠭ᠎ᠠ ᠲᠡᠭᠡᠭᠡᠪᠦᠷᠢ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠬᠤᠪᠢᠶᠠᠷᠢ ᠲᠣᠪᠴᠢᠶ᠎ᠠ᠂ ᠵᠠᠮ ᠬᠠᠷᠢᠯᠴᠠᠭᠠᠨ ᠤ | ᠴᠠᠭᠳᠠᠭ᠎ᠠ ᠶᠢᠨ ᠶᠡᠭᠡ ᠠᠩᠭᠢ᠂ ᠱᠠᠭᠠᠷᠳᠠᠭᠰᠠᠨ ᠴᠠᠭ ᠤᠨ ᠬᠢᠵᠠᠭᠠᠷ ᠶᠣᠰᠣᠭᠠᠷ︶ | ︵ᠲᠠᠪᠤ︶ ᠦᠬᠠᠶ ᠬᠤᠲᠠ ᠶᠢᠨ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠬᠦ ᠶᠢ | ᠲᠦᠷᠭᠡᠳᠬᠡᠨ ᠠᠬᠢᠭᠤᠯᠤᠨ᠎ᠠ᠃ 2021 ᠣᠨ ᠤ 4 ᠳ᠋ᠣᠭᠡᠷ ᠰᠠᠷ᠎ᠠ ᠶᠢᠨ ᠰᠡᠭᠦᠯᠴᠢ ᠠᠴᠠ ᠡᠮᠦᠨ᠎ᠡ᠂ ᠳᠡᠭᠡᠳᠦ | ᠱᠠᠲᠤᠨ ᠤ ᠬᠢᠨ ᠲᠠᠢ ᠬᠠᠮᠵᠢᠯᠴᠠᠨ ︽ᠦᠬᠠᠶ ᠬᠤᠲᠠ ᠶᠢᠨ ᠠᠭᠤᠷᠬᠠᠶ ᠶᠢᠨ ᠣᠷᠣᠨ ᠢ ᠡᠮᠬᠢᠯᠡᠨ ᠨᠡᠶᠢᠯᠡᠭᠦᠯᠵᠦ ᠳᠠᠬᠢᠨ | ᠵᠣᠬᠢᠶᠠᠨ ᠪᠠᠶᠢᠭᠤᠯᠬᠤ ᠶᠢᠨ ᠬᠡᠷᠡᠭᠵᠢᠭᠦᠯᠬᠦ ᠲᠥᠰᠦᠯ︾ ᠢ ᠨᠠᠶᠢᠷᠠᠭᠤᠯᠤᠨ ᠵᠣᠬᠢᠶᠠᠬᠤ ᠶᠢᠨ ᠬᠠᠮᠲᠤ ᠵᠣᠬᠢᠶᠠᠨ ᠪᠠᠶᠢᠭᠤᠯᠤᠨ | ᠬᠡᠷᠡᠭᠵᠢᠭᠦᠯᠵᠦ᠂ ᠪᠥᠬᠦ ᠬᠤᠲᠠ ᠲᠠᠢ ᠬᠠᠮᠵᠢᠯᠴᠠᠨ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠬᠦ ᠶᠢ | ᠪᠡᠶᠡᠯᠡᠭᠦᠯᠵᠦ᠂ ᠪᠠᠶᠢᠷᠢᠰᠢᠯ ᠨᠢ ᠵᠦᠶ ᠵᠣᠬᠢᠰ ᠥᠬᠡᠶ᠂ ᠠᠮᠢ ᠠᠬᠤᠶ ᠶᠢᠨ ᠡᠪᠳᠡᠭᠳᠡᠯ ᠢᠶᠠᠷ ᠬᠦᠨᠳᠦ ᠨᠣᠴᠢᠲᠠᠶ ᠠᠭᠤᠷᠬᠠᠶ ᠶᠢ | ᠠᠯᠬᠤᠮ ᠠᠯᠬᠤᠮ ᠢᠶᠠᠷ ᠰᠢᠭᠰᠢᠭᠳᠡᠭᠦᠯᠵᠦ᠂ ᠨᠡᠭᠡᠭᠡᠬᠦ ᠲᠠᠰ ᠳᠠᠷᠠᠭᠠᠯᠠᠯ᠂ ᠨᠡᠭᠡᠭᠡᠬᠦ ᠠᠷᠭ᠎ᠠ ᠮᠠᠶ᠋ᠢᠭ᠂ ᠵᠠᠰᠠᠯᠲᠠ ᠶᠢᠨ ᠵᠠᠭᠪᠤᠷ ᠢ | ᠰᠢᠯᠢᠳᠡᠭᠵᠢᠭᠦᠯᠦᠨ᠂ ᠡᠬᠢ ᠪᠠᠶᠠᠯᠢᠭ ᠢ ᠲᠥᠪᠯᠡᠷᠡᠭᠦᠯᠦᠨ ᠨᠡᠭᠡᠭᠡᠨ ᠬᠥᠭᠵᠢᠭᠦᠯᠬᠦ᠂ ᠨᠢᠭᠡᠳᠦᠯᠲᠡᠶ ᠬᠠᠮᠢᠶᠠᠷᠬᠤ᠂ ᠵᠠᠯᠭᠠᠯᠳᠤᠭᠤᠯᠤᠨ | ᠵᠠᠰᠠᠬᠤ ᠶᠢ ᠪᠡᠶᠡᠯᠡᠭᠦᠯᠵᠦ᠂ ᠠᠭᠤᠷᠬᠠᠶ ᠶᠢᠨ ᠣᠷᠣᠨ ᠤ ᠲᠥᠷᠥᠯ ᠵᠦᠢᠯ ᠨᠢᠭᠲᠠᠷᠠᠭᠰᠠᠨ᠂ ᠦᠢᠯᠡᠳᠪᠦᠷᠢᠯᠡᠯ ᠤᠨ ᠪᠠᠶᠢᠷᠢᠰᠢᠯ ᠨᠢ | ᠡᠮᠬᠢ ᠵᠠᠮᠪᠠᠷᠠᠭ᠎ᠠ ᠥᠬᠡᠶ ᠪᠠᠶᠢᠬᠤ ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠨ᠎ᠡ᠃ ︵ᠬᠠᠷᠢᠭᠤᠴᠠᠯᠭᠠᠲᠤ ᠨᠢᠭᠡᠴᠡ᠄ | ᠬᠠᠶᠢᠨᠠᠨ ᠤ ᠪᠠᠶᠢᠭᠠᠯᠢ ᠶᠢᠨ ᠡᠬᠢ ᠪᠠᠶᠠᠯᠢᠭ ᠤᠨ ᠬᠤᠪᠢᠶᠠᠷᠢ ᠲᠣᠪᠴᠢᠶ᠎ᠠ᠃ ᠬᠠᠮᠵᠢᠯᠴᠠᠬᠤ ᠰᠠᠯᠠᠭ᠎ᠠ ᠮᠥᠴᠢᠷ᠄ ᠲᠤᠭᠤᠷᠢᠭ | ᠤᠳ ᠡᠨᠧᠷᠭᠢ ᠶᠢᠨ ᠲᠣᠪᠴᠢᠶ᠎ᠠ᠃ ᠪᠡᠶᠡᠯᠡᠭᠦᠯᠬᠦ ᠴᠠᠭ ᠤᠨ ᠬᠢᠵᠠᠭᠠᠷ᠄ 2023 ᠣᠨ ᠤ 12 ᠳ᠋ᠤᠭᠠᠷ ᠰᠠᠷ᠎ᠠ ᠶᠢᠨ ᠰᠡᠭᠦᠯᠴᠢ | ︶ | ︵ᠵᠢᠷᠭᠤᠭ᠎ᠠ︶ ᠠᠭᠤᠷᠬᠠᠶ ᠶᠢᠨ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠪᠠ ᠪᠣᠬᠢᠷᠲᠤᠯ ᠥᠭᠡᠢ | ᠠᠭᠤᠷᠬᠠᠶ ᠶᠢᠨ ᠪᠥᠳᠥᠭᠡᠨ ᠪᠠᠶᠢᠭᠤᠯᠤᠯᠲᠠ ᠶᠢ ᠭᠦᠨᠵᠡᠭᠡᠶ ᠥᠷᠨᠢᠭᠦᠯᠦᠨ᠎ᠡ᠃ ᠥᠪᠡᠷᠲᠡᠭᠡᠨ ᠵᠠᠰᠠᠬᠤ ᠣᠷᠣᠨ ᠤ ᠨᠡᠭᠦᠷᠡᠰᠦᠨ ᠤ | ᠡᠬᠢ ᠪᠠᠶᠠᠯᠢᠭ ᠤᠨ ᠬᠦᠷᠢᠶᠡᠨ ᠳᠠᠬᠢ ᠬᠠᠤᠯᠢ ᠲᠣᠭᠲᠠᠭᠠᠯ ᠠᠴᠠ ᠵᠥᠷᠢᠴᠡᠭᠰᠡᠨ ᠠᠰᠠᠭᠤᠳᠠᠯ ᠢ ᠲᠤᠰᠬᠠᠶ ᠵᠦᠢᠯ ᠢᠶᠠᠷ | ᠴᠡᠭᠴᠡᠯᠡᠨ ᠵᠠᠰᠠᠬᠤ ᠪᠠᠷ ᠠᠵᠠ ᠲᠣᠬᠢᠶᠠᠯ ᠪᠣᠯᠭᠠᠵᠤ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠠᠭᠤᠷᠬᠠᠶ ᠶᠢᠨ ᠣᠷᠴᠢᠨ ᠲᠣᠭᠤᠷᠢᠨ ᠤ ᠵᠠᠰᠠᠯᠲᠠ ᠶᠢᠨ ᠬᠡᠷᠡᠭᠵᠢᠭᠦᠯᠬᠦ ᠲᠥᠰᠦᠯ︾ ᠤᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ | ᠨᠢᠭᠡᠳᠦᠯᠲᠡᠶ ᠵᠠᠯᠭᠠᠯᠳᠤᠭᠤᠯᠤᠨ ᠵᠠᠰᠠᠬᠤ ᠶᠢ ᠬᠡᠷᠡᠭᠵᠢᠭᠦᠯᠵᠦ᠂ ᠠᠭᠤᠷᠬᠠᠶ ᠨᠢᠭᠡᠪᠦᠷᠢ ᠳᠤ ᠠᠰᠠᠭᠤᠳᠠᠯ ᠤᠨ ᠨᠠᠷᠢᠨ | ᠬᠠᠭᠤᠳᠠᠰᠤ ᠶᠢ ᠵᠢᠭᠰᠠᠭᠠᠨ ᠭᠠᠷᠭᠠᠵᠤ᠂ ᠲᠡᠷᠡ ᠳᠠᠷᠤᠶ ᠳᠤᠨᠢ ᠬᠡᠷᠡᠭᠵᠢᠭᠦᠯᠵᠦ ᠲᠡᠷᠡ ᠳᠠᠷᠤᠶ ᠳᠤᠨᠢ ᠥᠭᠡᠷᠡᠴᠢᠯᠡᠨ | ᠰᠠᠶᠢᠵᠢᠷᠠᠭᠤᠯᠵᠤ᠂ ᠲᠦᠢᠯᠪᠤᠷᠢᠲᠠᠶ ᠴᠡᠭᠴᠡᠯᠡᠨ ᠰᠠᠶᠢᠵᠢᠷᠠᠭᠤᠯᠤᠨ᠎ᠠ᠃ ᠲᠥᠪᠯᠡᠷᠡᠭᠦᠯᠦᠨ ᠵᠠᠯᠭᠠᠯᠳᠤᠭᠤᠯᠤᠨ ᠵᠠᠰᠠᠬᠤ ᠵᠢᠱᠢᠶ᠎ᠡ | ᠦᠵᠡᠭᠦᠯᠬᠦ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠬᠡᠷᠡᠭᠵᠢᠭᠦᠯᠵᠦ᠂ ᠲᠥᠪᠯᠡᠷᠡᠭᠦᠯᠦᠨ ᠵᠠᠯᠭᠠᠯᠳᠤᠭᠤᠯᠤᠨ ᠵᠠᠰᠠᠬᠤ | ᠡᠯ᠎ᠡ ᠣᠷᠣᠨ ᠪᠦᠰᠡ ᠶᠢᠨ ᠵᠠᠰᠠᠵᠤ ᠳᠠᠭᠤᠰᠬᠠᠬᠤ ᠴᠠᠭ ᠤᠨ ᠬᠢᠵᠠᠭᠠᠷ ᠢ ᠲᠣᠳᠣᠷᠬᠠᠶᠢᠯᠠᠨ᠂ ᠴᠠᠭ ᠤᠨ ᠳᠠᠷᠠᠭᠠᠯᠠᠯ ᠤᠨ | ᠠᠬᠢᠴᠠ ᠶᠢᠨ ᠱᠠᠭᠠᠷᠳᠠᠯᠭ᠎ᠠ ᠶᠣᠰᠣᠭᠠᠷ ᠵᠠᠰᠠᠵᠤ ᠳᠠᠭᠤᠰᠬᠠᠭᠰᠠᠨ ᠥᠬᠡᠶ ᠠᠭᠤᠷᠬᠠᠶ ᠶᠢᠨ ᠠᠵᠤ ᠠᠬᠤᠶᠢᠯᠠᠯ ᠢ ᠴᠥᠮ | ᠦᠢᠯᠡᠳᠪᠦᠷᠢᠯᠡᠯ ᠢ ᠨᠢ ᠵᠣᠭᠰᠣᠭᠠᠵᠤ ᠵᠠᠰᠠᠬᠤ ᠬᠡᠷᠡᠭᠲᠡᠶ᠃ ︵ᠬᠠᠷᠢᠭᠤᠴᠠᠯᠭᠠᠲᠤ ᠨᠢᠭᠡᠴᠡ᠄ ᠬᠠᠶᠢᠨᠠᠨ ᠤ ᠪᠠᠶᠢᠭᠠᠯᠢ ᠶᠢᠨ ᠡᠬᠢ | ᠪᠠᠶᠠᠯᠢᠭ ᠤᠨ ᠬᠤᠪᠢᠶᠠᠷᠢ ᠲᠣᠪᠴᠢᠶ᠎ᠠ᠂ ᠪᠡᠶᠡᠯᠡᠭᠦᠯᠬᠦ ᠴᠠᠭ ᠤᠨ ᠬᠢᠵᠠᠭᠠᠷ᠄ 2023 ᠣᠨ ᠤ 12 ᠳ᠋ᠣᠭᠠᠷ ᠰᠠᠷ᠎ᠠ ᠶᠢᠨ | ᠰᠡᠭᠦᠯᠴᠢ︶ ᠲᠡᠤᠬᠡᠨ ᠠᠴᠠ ᠦᠯᠡᠳᠡᠭᠳᠡᠵᠦ ᠢᠷᠡᠭᠰᠡᠨ ᠡᠵᠡᠨ ᠥᠬᠡᠶ ᠠᠭᠤᠷᠬᠠᠶ ᠶᠢᠨ ᠠᠮᠢ ᠠᠬᠤᠶ ᠶᠢ ᠰᠡᠷᠭᠦᠭᠡᠬᠦ ᠪᠠ ᠵᠠᠰᠠᠬᠤ | ᠡᠷᠴᠢᠮ ᠢ ᠴᠢᠩᠭᠠᠷᠠᠭᠤᠯᠵᠤ᠂ ᠰᠠᠭᠤᠷᠢ ᠲᠤᠭ᠎ᠠ ᠶᠢ ᠠᠯᠢ ᠲᠦᠷᠭᠡᠨ ᠢᠶᠠᠷ ᠲᠣᠳᠣᠷᠬᠠᠶ ᠣᠶᠢᠯᠠᠭᠠᠵᠤ᠂ 2021 ᠣᠨ ᠤ 6 | ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠭᠤᠷᠪᠠᠳᠠᠬᠢ ᠡᠲᠡᠭᠡᠳ ᠢ ᠤᠷᠢᠵᠤ ᠭᠠᠳᠠᠷ ᠦᠢᠯᠡᠰ ᠤᠨ ᠲᠤᠬᠠᠶ ᠶᠢᠨ | ᠭᠠᠵᠠᠷ ᠲᠤᠨᠢ ᠬᠠᠶᠢᠨ ᠰᠢᠨᠵᠢᠬᠦ ᠠᠵᠢᠯ ᠢ ᠪᠡᠶᠡᠯᠡᠭᠦᠯᠵᠦ᠂ ᠵᠢᠭᠰᠠᠭᠠᠨ ᠪᠠᠶᠢᠴᠠᠭᠠᠭᠰᠠᠨ ᠪᠠᠶᠢᠳᠠᠯ ᠢ ᠦᠨᠳᠦᠰᠦᠯᠡᠨ | ᠲᠡᠤᠬᠡᠨ ᠠᠴᠠ ᠦᠯᠡᠳᠡᠭᠳᠡᠵᠦ ᠢᠷᠡᠭᠰᠡᠨ ᠠᠭᠤᠷᠬᠠᠶ ᠶᠢ ᠴᠡᠭᠴᠡᠯᠡᠨ ᠵᠠᠰᠠᠵᠤ ᠰᠡᠷᠭᠦᠭᠡᠬᠦ ᠲᠥᠯᠥᠪᠵᠢᠭᠦᠯᠭᠡ ᠶᠢ ᠲᠣᠭᠲᠠᠭᠠᠵᠤ᠂ | ︽ᠠᠭᠤᠯᠠ ᠤᠰᠤ ᠣᠶ ᠰᠢᠭᠤᠶ ᠲᠠᠷᠢᠶᠠᠨ ᠭᠠᠵᠠᠷ ᠨᠠᠭᠤᠷ ᠪᠦᠷᠢᠳᠦ ᠡᠪᠡᠰᠦ ᠪᠡᠯᠴᠢᠭᠡᠷ ᠤᠨ ᠠᠮᠢ ᠠᠬᠤᠶ ᠶᠢ ᠬᠠᠮᠠᠭᠠᠯᠠᠨ | ᠰᠡᠷᠭᠦᠭᠡᠬᠦ ᠢᠨᠵᠧᠨᠧᠷᠢᠩ ᠤᠨ ᠵᠦᠭᠯᠡᠭᠦᠷ ︵ᠲᠤᠷᠰᠢᠨ ᠬᠡᠷᠡᠭᠵᠢᠭᠦᠯᠬᠦ︶︾ ᠢ ᠴᠢᠩᠭ᠎ᠠ ᠵᠢᠷᠤᠮᠯᠠᠨ ᠬᠡᠷᠡᠭᠵᠢᠭᠦᠯᠦᠨ᠎ᠡ᠃ ︵ | ᠬᠠᠷᠢᠭᠤᠴᠠᠯᠭᠠᠲᠤ ᠨᠢᠭᠡᠴᠡ᠄ ᠬᠠᠶᠢᠨᠠᠨ ᠤ ᠪᠠᠶᠢᠭᠠᠯᠢ ᠶᠢᠨ ᠡᠬᠢ ᠪᠠᠶᠠᠯᠢᠭ ᠤᠨ ᠬᠤᠪᠢᠶᠠᠷᠢ ᠲᠣᠪᠴᠢᠶ᠎ᠠ᠃ ᠬᠠᠮᠵᠢᠯᠴᠠᠬᠤ | ᠰᠠᠯᠠᠭ᠎ᠠ ᠮᠥᠴᠢᠷ᠄ ᠲᠤᠭᠤᠷᠢᠭ ᠤᠨ ᠡᠨᠧᠷᠭᠢ ᠶᠢᠨ ᠲᠣᠪᠴᠢᠶ᠎ᠠ᠂ ᠬᠠᠶᠢᠨᠠᠨ ᠤ ᠠᠮᠢ ᠠᠬᠤᠶ ᠶᠢᠨ ᠣᠷᠴᠢᠨ ᠲᠣᠭᠤᠷᠢᠨ ᠤ | ᠬᠤᠪᠢᠶᠠᠷᠢ ᠲᠣᠪᠴᠢᠶ᠎ᠠ᠃ ᠪᠡᠶᠡᠯᠡᠭᠦᠯᠬᠦ ᠴᠠᠭ ᠤᠨ ᠬᠢᠵᠠᠭᠠᠷ᠄ ᠲᠡᠷᠡ ᠳᠠᠷᠤᠶ ᠳᠤᠨᠢ ᠬᠡᠷᠡᠭᠵᠢᠭᠦᠯᠵᠦ ᠲᠡᠷᠡ ᠳᠠᠷᠤᠶ ᠳᠤᠨᠢ | ᠦᠭᠡᠷᠡᠴᠢᠯᠡᠨ᠂ ᠴᠠᠭ ᠬᠤᠭᠤᠴᠠᠭᠠᠨ ᠤ ᠵᠠᠩᠭᠢᠯᠠᠭ᠎ᠠ ᠶᠢᠨ ᠴᠡᠭ ᠢᠶᠠᠷ︶ ᠵᠠᠳᠠᠭᠠᠶ ᠨᠦᠬᠡ ᠶᠢᠨ ᠳᠣᠲᠣᠷᠠᠬᠢ ᠤᠰᠤ ᠵᠠᠯᠠᠬᠤ ᠪᠠ | ᠬᠤᠳᠳᠤᠭ ᠤᠨ ᠦᠢᠯᠡᠳᠪᠦᠷᠢ ᠠᠭᠤᠷᠬᠠᠶ ᠶᠢ ᠡᠭᠡᠭᠦᠯᠦᠨ ᠪᠥᠭᠯᠡᠬᠦ ᠶᠢ ᠳᠥᠯᠭᠢᠨ ᠠᠬᠢᠭᠤᠯᠵᠤ᠂ ᠠᠭᠤᠷᠬᠠᠶ ᠶᠢᠨ ᠠᠮᠢ | ᠠᠬᠤᠶ ᠶᠢ ᠰᠡᠷᠭᠦᠭᠡᠨ ᠵᠠᠰᠠᠬᠤ ᠪᠠᠷᠢᠮᠵᠢᠶ᠎ᠠ ᠶᠢ ᠳᠡᠭᠡᠭᠰᠢᠯᠡᠭᠦᠯᠦᠨ᠂ ᠠᠭᠤᠷᠬᠠᠶ ᠶᠢᠨ ᠤᠤᠯ ᠤᠨ ᠠᠮᠢ ᠠᠬᠤᠶ ᠶᠢᠨ ᠪᠠᠶᠢᠳᠠᠯ ᠢ | ᠬᠠᠮᠤᠭ ᠤᠨ ᠶᠡᠭᠡ ᠬᠡᠮᠵᠢᠶ᠎ᠡ ᠪᠠᠷ ᠰᠡᠷᠭᠦᠭᠡᠵᠦ᠂ ᠵᠠᠰᠠᠭᠰᠠᠨ ᠤ ᠳᠠᠷᠠᠭᠠᠬᠢ ︽ᠶᠡᠭᠡ ᠨᠦᠬᠡ ᠨᠢ ᠪᠠᠰᠠ ᠯᠠ ᠶᠡᠭᠡ ᠨᠦᠬᠡ | ᠪᠠᠶᠢᠵᠦ᠂ ᠰᠢᠷᠣᠶ ᠶᠢᠨ ᠠᠭᠤᠯᠠ ᠨᠢ ᠪᠠᠰᠠ ᠯᠠ ᠰᠢᠷᠣᠶ ᠶᠢᠨ ᠠᠭᠤᠯᠠ ᠢᠶᠠᠷ ᠢᠶᠠᠨ ᠪᠠᠶᠢᠬᠤ︾ ᠠᠰᠠᠭᠤᠳᠠᠯ ᠢ ᠡᠷᠡᠰ | ᠬᠤᠷᠢᠭᠯᠠᠨ᠎ᠠ᠃ ᠳᠣᠲᠣᠷ᠎ᠠ ᠪᠠᠨ ᠭᠠᠳᠠᠭᠰᠢᠯᠠᠭᠤᠯᠬᠤ᠂ ᠫᠠᠩ ᠴᠢᠯᠠᠭᠤ ᠶᠢ ᠡᠭᠡᠭᠦᠯᠦᠨ ᠪᠥᠭᠯᠡᠬᠦ ᠶᠢ ᠪᠡᠶᠡᠯᠡᠭᠦᠯᠦᠭᠰᠡᠨ᠂ ᠠᠮᠢ | ᠠᠬᠤᠶ ᠶᠢ ᠰᠡᠷᠭᠦᠭᠡᠬᠦ ᠦᠷ᠎ᠡ ᠪᠦᠲᠦᠮᠵᠢ ᠪᠠᠷ ᠢᠯᠡᠷᠬᠡᠶ ᠪᠣᠬᠢᠷᠲᠤᠯ ᠥᠬᠡᠶ ᠠᠭᠤᠷᠬᠠᠶ ᠶᠢᠨ ᠠᠵᠤ ᠠᠬᠤᠶᠢᠯᠠᠯ ᠳᠤ ᠬᠠᠤᠯᠢ | ᠶᠣᠰᠣᠭᠠᠷ ᠲᠥᠷᠥ ᠶᠢᠨ ᠪᠣᠳᠣᠯᠭ᠎ᠠ ᠶᠢᠨ ᠬᠠᠷᠠᠭᠠᠯᠵᠠᠯ ᠦᠵᠡᠭᠦᠯᠦᠨ᠎ᠡ᠃ ᠠᠭᠤᠷᠬᠠᠶ ᠶᠢᠨ ᠨᠦᠬᠡ ᠶᠢᠨ ᠬᠡᠷᠡᠭᠴᠡᠭᠡ ᠶᠢ | ᠢᠳᠡᠪᠬᠢᠲᠡᠶ ᠪᠠᠷ ᠬᠠᠶᠢᠨ ᠰᠦᠪᠡᠭᠴᠢᠯᠡᠵᠦ᠂ ᠠᠭᠤᠷᠬᠠᠶ ᠶᠢᠨ ᠨᠦᠬᠡ ᠶᠢᠨ ᠲᠠᠷᠬᠠᠯᠲᠠ ᠶᠢᠨ ᠣᠷᠣᠨ ᠪᠠᠶᠢᠷᠢ ᠶᠢ ᠭᠦᠢᠴᠡᠳ | ᠪᠣᠳᠣᠯᠬᠢᠯᠠᠨ᠂ ᠰᠡᠷᠭᠦᠭᠡᠨ ᠨᠣᠭᠤᠭᠠᠷᠠᠭᠤᠯᠬᠤ᠂ ᠬᠡᠯᠪᠡᠷᠢ ᠪᠠᠨ ᠬᠤᠪᠢᠷᠠᠭᠤᠯᠤᠨ ᠠᠰᠢᠭᠯᠠᠬᠤ᠂ ᠠᠶᠠᠨᠳᠠᠭᠠᠨ ᠰᠡᠷᠭᠦᠭᠡᠬᠦ ᠵᠡᠷᠭᠡ | ᠠᠷᠭ᠎ᠠ ᠮᠠᠶ᠋ᠢᠭ ᠢ ᠲᠤᠬᠠᠶ ᠶᠢᠨ ᠭᠠᠵᠠᠷ ᠣᠷᠣᠨ ᠤ ᠪᠠᠶᠢᠳᠠᠯ ᠳᠤᠨᠢ ᠳᠣᠭᠢᠷᠠᠭᠤᠯᠤᠨ ᠬᠡᠷᠡᠭᠯᠡᠵᠦ ᠪᠠᠶᠢᠭᠠᠳ ᠰᠡᠷᠭᠦᠭᠡᠨ ᠵᠠᠰᠠᠵᠤ᠂ | ᠳᠣᠲᠣᠷ᠎ᠠ ᠨᠢ ᠭᠠᠳᠠᠭᠰᠢᠯᠠᠭᠤᠯᠬᠤ ᠪᠠ ᠡᠭᠡᠭᠦᠯᠦᠨ ᠪᠥᠭᠯᠡᠵᠦ ᠵᠠᠰᠠᠬᠤ ᠶᠢ ᠬᠤᠭᠤᠴᠠᠭ᠎ᠠ ᠶᠣᠰᠣᠭᠠᠷ ᠪᠡᠶᠡᠯᠡᠭᠦᠯᠦᠭᠰᠡᠨ ᠥᠬᠡᠶ | ᠠᠭᠤᠷᠬᠠᠶ ᠶᠢᠨ ᠠᠵᠤ ᠠᠬᠤᠶᠢᠯᠠᠯ ᠢ ᠴᠥᠮ ᠵᠠᠷᠯᠢᠭᠳᠠᠵᠤ ᠪᠠᠶᠢᠭᠠᠳ ᠦᠢᠯᠡᠳᠪᠦᠷᠢᠯᠡᠯ ᠢ ᠨᠢ ᠵᠣᠭᠰᠣᠭᠠᠨ ᠵᠠᠰᠠᠭᠤᠯᠤᠨ᠎ᠠ᠃ ︽ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠣᠬᠢᠷᠲᠤᠯ ᠥᠬᠡᠶ ᠠᠭᠤᠷᠬᠠᠶ ᠶᠢᠨ ᠪᠥᠲᠥᠭᠡᠨ ᠪᠠᠶᠢᠭᠤᠯᠤᠯᠲᠠ ᠶᠢᠨ | ᠲᠥᠰᠦᠯ︾ ᠢ ᠴᠢᠩᠭ᠎ᠠ ᠨᠠᠶᠢᠳᠠᠪᠤᠷᠢᠵᠢᠭᠤᠯᠵᠤ᠂ ᠰᠢᠨ᠎ᠡ ᠪᠠᠷ ᠪᠠᠶᠢᠭᠤᠯᠤᠭᠰᠠᠨ ᠠᠭᠤᠷᠬᠠᠶ ᠶᠢ ᠪᠦᠬᠦᠨ ᠢ ᠪᠣᠬᠢᠷᠲᠤᠯ ᠥᠬᠡᠶ | ᠠᠭᠤᠷᠬᠠᠶ ᠶᠢᠨ ᠪᠥᠲᠥᠭᠡᠨ ᠪᠠᠶᠢᠭᠤᠯᠤᠯᠲᠠ ᠶᠢᠨ ᠪᠠᠷᠢᠮᠵᠢᠶ᠎ᠠ ᠳᠤ ᠬᠦᠷᠦᠭᠦᠯᠵᠦ᠂ ᠦᠢᠯᠡᠳᠪᠦᠷᠢᠯᠡᠯ ᠤᠨ ᠠᠭᠤᠷᠬᠠᠶ ᠶᠢ ᠲᠠᠰ | ᠳᠡᠪᠰᠢᠭᠦᠯᠦᠨ ᠥᠭᠡᠷᠡᠴᠢᠯᠡᠬᠦ ᠶᠢ ᠲᠦᠷᠭᠡᠳᠬᠡᠨ᠂ 2023 ᠣᠨ ᠤ ᠵᠢᠯ ᠤᠨ ᠰᠡᠭᠦᠯᠴᠢ ᠠᠴᠠ ᠡᠮᠦᠨ᠎ᠡ 25 ᠪᠣᠬᠢᠷᠲᠤᠯ ᠥᠬᠡᠶ | ᠠᠭᠤᠷᠬᠠᠶ ᠶᠢ ᠡᠭᠦᠳᠦᠨ ᠪᠠᠶᠢᠭᠤᠯᠬᠤ ᠶᠢ ᠪᠡᠶᠡᠯᠡᠭᠦᠯᠵᠦ᠂ ᠪᠥᠬᠦ ᠲᠤᠭᠤᠷᠢᠭ ᠤᠨ ᠪᠣᠬᠢᠷᠲᠤᠯ ᠥᠬᠡᠶ ᠠᠭᠤᠷᠬᠠᠶ ᠶᠢ ᠡᠭᠦᠳᠦᠨ | ᠪᠠᠶᠢᠭᠤᠯᠬᠤ ᠨᠣᠷᠮ᠎ᠠ ᠶᠢ 47.6% ᠳᠤ ᠬᠦᠷᠦᠭᠦᠯᠦᠨ᠎ᠡ᠃ 2025 ᠣᠨ ᠪᠣᠯᠬᠤ ᠳᠤ ᠪᠦᠬᠦᠨ ᠢ ᠪᠣᠬᠢᠷᠲᠤᠯ ᠥᠬᠡᠶ | ᠠᠭᠤᠷᠬᠠᠶ ᠶᠢᠨ ᠪᠥᠲᠥᠭᠡᠨ ᠪᠠᠶᠢᠭᠤᠯᠤᠯᠲᠠ ᠶᠢᠨ ᠪᠠᠷᠢᠮᠵᠢᠶ᠎ᠠ ᠳᠤ ᠬᠦᠷᠦᠭᠦᠯᠵᠦ᠂ ᠪᠣᠬᠢᠷᠲᠤᠯ ᠥᠬᠡᠶ ᠠᠭᠤᠷᠬᠠᠶ ᠶᠢᠨ | ᠪᠠᠷᠢᠮᠵᠢᠶ᠎ᠠ ᠳᠤ ᠨᠡᠶᠢᠴᠡᠬᠦ ᠥᠬᠡᠶ ᠠᠵᠤ ᠠᠬᠤᠶᠢᠯᠠᠯ ᠢ ᠬᠠᠤᠯᠢ ᠲᠣᠭᠲᠠᠭᠠᠯ ᠶᠣᠰᠣᠭᠠᠷ ᠠᠯᠬᠤᠮ ᠠᠯᠬᠤᠮ ᠢᠶᠠᠷ ᠵᠠᠬ᠎ᠠ | ᠳᠡᠯᠭᠡᠭᠦᠷ ᠠᠴᠠ ᠭᠠᠷᠭᠠᠨ᠎ᠠ᠃ ᠨᠢᠭᠡᠨᠲᠡ ᠤᠯᠤᠰ ᠪᠤᠶᠤ ᠥᠪᠡᠷᠲᠡᠭᠡᠨ ᠵᠠᠰᠠᠬᠤ ᠣᠷᠣᠨ ᠤ ᠪᠣᠬᠢᠷᠲᠤᠯ ᠥᠬᠡᠶ ᠠᠭᠤᠷᠬᠠᠶ ᠶᠢᠨ | ᠨᠡᠷᠡᠰ ᠤᠨ ᠵᠢᠭᠰᠠᠭᠠᠯᠲᠠ ᠳᠤ ᠣᠷᠣᠭᠤᠯᠤᠭᠰᠠᠨ ᠠᠭᠤᠷᠬᠠᠶ ᠶᠢ ᠤᠯᠤᠰ ᠤᠨ ᠰᠢᠨ᠎ᠡ ᠪᠠᠷᠢᠮᠵᠢᠶ᠎ᠠ ᠲᠠᠢ ᠬᠠᠷᠢᠴᠠᠭᠤᠯᠤᠨ᠂ | ᠬᠦᠷᠦᠯᠴᠡᠬᠦ ᠥᠬᠡᠶ ᠲᠠᠯ᠎ᠠ ᠶᠢ ᠨᠢ ᠡᠷᠢᠵᠦ᠂ ᠬᠤᠭᠤᠴᠠᠭ᠎ᠠ ᠬᠢᠵᠠᠭᠠᠷᠯᠠᠨ ᠴᠡᠭᠴᠡᠯᠡᠨ ᠰᠠᠶᠢᠵᠢᠷᠠᠭᠤᠯᠬᠤ ᠶᠢ ᠪᠡᠶᠡᠯᠡᠭᠦᠯᠬᠦ | ᠬᠡᠷᠡᠭᠲᠡᠶ᠃ ᠲᠥᠪ ᠤᠨ ᠠᠵᠤ ᠠᠬᠤᠶᠢᠯᠠᠯ ᠳᠤ ᠬᠠᠷᠢᠶᠠᠯᠠᠭᠳᠠᠬᠤ ᠨᠡᠭᠦᠷᠡᠰᠦᠨ ᠠᠭᠤᠷᠬᠠᠶ ᠨᠤᠭᠤᠳ ᠤᠯᠤᠰ ᠲᠥᠷᠥ ᠶᠢᠨ | ᠵᠣᠭᠰᠣᠴᠠ ᠪᠠᠨ ᠦᠨᠡᠨᠬᠦ ᠳᠡᠭᠡᠭᠰᠢᠯᠡᠭᠦᠯᠵᠦ᠂ ᠵᠢᠱᠢᠶ᠎ᠡ ᠦᠵᠡᠭᠦᠯᠦᠨ ᠳᠠᠶᠢᠴᠢᠯᠠᠬᠤ ᠦᠢᠯᠡᠳᠦᠯ ᠢᠶᠠᠨ ᠭᠦᠢᠴᠡᠳ | ᠪᠠᠳᠠᠷᠠᠭᠤᠯᠤᠨ᠂ ᠪᠣᠬᠢᠷᠲᠤᠯ ᠥᠬᠡᠶ ᠠᠭᠤᠷᠬᠠᠶ ᠶᠢᠨ ᠣᠷᠣᠨ ᠤ ᠵᠢᠱᠢᠶ᠎ᠡ ᠦᠵᠡᠭᠦᠯᠬᠦ ᠪᠥᠲᠥᠭᠡᠨ ᠪᠠᠶᠢᠭᠤᠯᠤᠯᠲᠠ ᠶᠢ | ᠢᠳᠡᠪᠬᠢᠲᠡᠶ ᠥᠷᠨᠢᠭᠦᠯᠬᠦ ᠬᠡᠷᠡᠭᠲᠡᠶ᠃ ᠪᠣᠬᠢᠷᠲᠤᠯ ᠥᠬᠡᠶ ᠠᠭᠤᠷᠬᠠᠶ ᠶᠢᠨ ᠠᠵᠤ ᠠᠬᠤᠶᠢᠯᠠᠯ ᠤᠨ ᠠᠵᠤ ᠦᠢᠯᠡᠰ ᠤᠨ ᠲᠠᠰ | ᠳᠡᠪᠰᠢᠬᠦ᠂ ᠮᠡᠷᠭᠡᠵᠢᠯ ᠢᠶᠠᠨ ᠰᠢᠯᠢᠳᠡᠭᠵᠢᠭᠦᠯᠬᠦ ᠪᠠᠷ ᠳᠠᠮᠵᠢᠭᠤᠯᠤᠨ᠂ ᠦᠯᠡᠳᠡᠭᠳᠡᠯ ᠬᠦᠳᠡᠷ ᠪᠠ ᠬᠠᠶᠠᠭᠳᠠᠮᠠᠯ ᠴᠢᠯᠠᠭᠤ ᠶᠢ | ᠶᠡᠷᠦᠩᠬᠡᠶᠢᠯᠡᠨ ᠠᠰᠢᠭᠯᠠᠬᠤ ᠶᠢ ᠪᠡᠶᠡᠯᠡᠭᠦᠯᠵᠦ᠂ ᠲᠡᠷᠢᠭᠦᠨ ᠤ ᠬᠡᠷᠡᠭᠯᠡᠭᠡᠨ ᠤ ᠮᠡᠷᠭᠡᠵᠢᠯ ᠤᠨ ᠲᠣᠨᠤᠭ ᠲᠥᠬᠦᠭᠡᠷᠦᠮᠵᠢ ᠶᠢ | ᠳᠡᠯᠭᠡᠷᠡᠭᠦᠯᠦᠨ ᠬᠡᠷᠡᠭᠯᠡᠬᠦ ᠶᠢ ᠲᠦᠷᠭᠡᠳᠬᠡᠬᠦ ᠶᠢ ᠵᠣᠷᠢᠭᠵᠢᠭᠤᠯᠤᠨ᠎ᠠ᠃ ︵ᠬᠠᠷᠢᠭᠤᠴᠠᠯᠭᠠᠲᠤ ᠨᠢᠭᠡᠴᠡ᠄ ᠬᠠᠶᠢᠨᠠᠨ ᠤ | ᠪᠠᠶᠢᠭᠠᠯᠢ ᠶᠢᠨ ᠡᠬᠢ ᠪᠠᠶᠠᠯᠢᠭ ᠤᠨ ᠬᠤᠪᠢᠶᠠᠷᠢ ᠲᠣᠪᠴᠢᠶ᠎ᠠ᠃ ᠬᠠᠮᠵᠢᠯᠴᠠᠬᠤ ᠰᠠᠯᠠᠭ᠎ᠠ ᠮᠥᠴᠢᠷ᠄ ᠲᠤᠭᠤᠷᠢᠭ ᠤᠨ | ᠡᠨᠧᠷᠭᠢ ᠶᠢᠨ ᠲᠣᠪᠴᠢᠶ᠎ᠠ᠂ ᠬᠠᠶᠢᠨᠠᠨ ᠤ ᠠᠮᠢ ᠠᠬᠤᠶ ᠶᠢᠨ ᠣᠷᠴᠢᠨ ᠲᠣᠭᠤᠷᠢᠨ ᠤ ᠬᠤᠪᠢᠶᠠᠷᠢ ᠲᠣᠪᠴᠢᠶ᠎ᠠ᠃ ᠪᠡᠶᠡᠯᠡᠭᠦᠯᠬᠦ | ᠴᠠᠭ ᠤᠨ ᠬᠢᠵᠠᠭᠠᠷ ᠄ ᠳᠠᠷᠦ᠋ᠢᠬᠠᠨ ᠬᠡᠷᠡᠭᠵᠢᠭᠦᠯᠵᠦ ᠳᠠᠷᠦ᠋ᠢᠬᠠᠨ ᠥᠭᠡᠷᠡᠴᠢᠯᠡᠵᠦ᠂ ᠴᠠᠭ ᠤᠨ ᠵᠠᠩᠭᠢᠯᠠᠭ᠎ᠠ ᠶᠢᠨ ᠴᠡᠭ ᠢᠶᠠᠷ︶ | ︵ᠳᠣᠯᠤᠭ᠎ᠠ︶ ᠠᠭᠤᠷᠬᠠᠶ ᠶᠢᠨ ᠣᠷᠣᠨ ᠤ ᠨᠡᠭᠦᠷᠡᠰᠦᠨ ᠴᠢᠯᠠᠭᠤ ᠥᠪᠡᠰᠦᠪᠡᠨ ᠨᠣᠴᠣᠬᠤ ᠶᠢ ᠵᠠᠰᠠᠬᠤ ᠶᠢ | ᠲᠦᠷᠭᠡᠳᠬᠡᠨ ᠠᠬᠢᠭᠤᠯᠤᠨ᠎ᠠ᠃ ᠠᠭᠤᠷᠬᠠᠶ ᠶᠢᠨ ᠣᠷᠣᠨ ᠤ ᠨᠡᠭᠦᠷᠡᠰᠦᠨ ᠳᠠᠪᠬᠤᠷᠭ᠎ᠠ᠂ ᠰᠢᠷᠣᠶ ᠭᠠᠳᠠᠭᠰᠢᠯᠠᠭᠤᠯᠬᠤ | ᠲᠠᠯᠠᠪᠠᠶ ᠶᠢᠨ ᠥᠪᠡᠰᠦᠪᠡᠨ ᠨᠣᠴᠣᠬᠤ ᠪᠠ ᠨᠡᠭᠦᠷᠡᠰᠦ ᠤᠬᠢᠶᠠᠵᠤ ᠰᠢᠯᠢᠬᠦ ᠠᠵᠤ ᠠᠬᠤᠶᠢᠯᠠᠯ ᠤᠨ ᠨᠡᠭᠦᠷᠡᠰᠦᠨ ᠴᠢᠯᠠᠭᠤ | ᠣᠪᠣᠭᠠᠯᠠᠬᠤ ᠲᠠᠯᠠᠪᠠᠶ ᠶᠢᠨ ᠭᠠᠯ ᠤᠨ ᠴᠡᠭ ᠢ ᠵᠠᠰᠠᠬᠤ ᠶᠢ ᠰᠠᠶᠢᠲᠤᠷ ᠠᠳᠬᠤᠵᠤ᠂ ᠨᠡᠭᠦᠷᠡᠰᠦᠨ ᠴᠢᠯᠠᠭᠤ ᠥᠪᠡᠰᠦᠪᠡᠨ | ᠨᠣᠴᠣᠬᠤ ᠭᠠᠯ ᠤᠨ ᠴᠡᠭ ᠤᠨ ᠡᠳᠦᠷ ᠲᠤᠲᠤᠮ ᠤᠨ ᠲᠣᠭᠤᠷᠢᠨ ᠪᠠᠶᠢᠴᠠᠭᠠᠯᠲᠠ ᠶᠢ ᠴᠢᠩᠭᠠᠳᠬᠠᠨ᠂ ᠨᠢᠭᠡ ᠶᠢ ᠢᠯᠡᠷᠡᠭᠦᠯᠪᠡᠯ | ᠨᠢᠭᠡ ᠶᠢ ᠴᠠᠭ ᠲᠤᠬᠠᠶ ᠳᠤᠨᠢ ᠵᠠᠰᠠᠵᠤ᠂ ᠭᠠᠯ ᠤᠨ ᠴᠡᠭ ᠢ ᠬᠥᠳᠡᠯᠦᠩᠭᠦᠶ ᠪᠠᠷ ︽ᠲᠡᠭ ᠪᠣᠯᠭᠠᠬᠤ︾ ᠶᠢ ᠪᠡᠶᠡᠯᠡᠭᠦᠯᠦᠨ᠎ᠡ᠃ ︽ | ᠤᠷᠢᠳᠠᠪᠠᠷ ᠭᠠᠯ ᠤᠨᠲᠠᠷᠠᠭᠠᠵᠤ ᠳᠠᠷᠠᠭ᠎ᠠ ᠨᠢ ᠦᠢᠯᠡᠳᠪᠦᠷᠢᠯᠡᠬᠦ ᠵᠠᠷᠴᠢᠮ︾ ᠢ ᠴᠢᠩᠭ᠎ᠠ ᠬᠡᠷᠡᠭᠵᠢᠭᠦᠯᠵᠦ᠂ ᠭᠠᠯ ᠤᠨ ᠴᠡᠭ ᠢ | ᠵᠠᠰᠠᠬᠤ ᠠᠬᠢᠴᠠ ᠶᠢᠨ ᠡᠳᠦᠷ ᠲᠤ ᠮᠡᠳᠡᠭᠦᠯᠬᠦ ᠲᠦᠷᠢᠮ ᠢ ᠬᠡᠷᠡᠭᠵᠢᠭᠦᠯᠦᠨ᠂ ᠭᠠᠯ ᠤᠨ ᠴᠡᠭ ᠢ ᠵᠠᠰᠠᠬᠤ ᠠᠬᠢᠴᠠ ᠨᠢ ᠤᠳᠠᠭᠠᠨ | ᠪᠠᠶᠢᠭ᠎ᠠ ᠠᠵᠤ ᠠᠬᠤᠶᠢᠯᠠᠯ ᠢ ᠵᠠᠷᠯᠢᠭᠳᠠᠵᠤ ᠪᠠᠶᠢᠭᠠᠳ ᠦᠢᠯᠡᠳᠪᠦᠷᠢᠯᠡᠯ ᠢ ᠨᠢ ᠵᠣᠭᠰᠣᠭᠠᠨ ᠴᠡᠭᠴᠡᠯᠡᠨ ᠰᠠᠶᠢᠵᠢᠷᠠᠭᠤᠯᠵᠤ᠂ | ᠴᠡᠭᠴᠡᠯᠡᠨ ᠥᠭᠡᠷᠡᠴᠢᠯᠡᠵᠦ ᠳᠠᠭᠤᠰᠤᠭᠰᠠᠨ ᠤ ᠳᠠᠷᠠᠭ᠎ᠠ ᠰᠠᠶ᠋ᠢ ᠦᠢᠯᠡᠳᠪᠦᠷᠢᠯᠡᠯ ᠢ ᠨᠢ ᠰᠡᠷᠭᠦᠭᠡᠵᠦ ᠪᠣᠯᠤᠨ᠎ᠠ᠃ ᠴᠠᠭ ᠤᠨ | ᠬᠢᠵᠠᠭᠠᠷ ᠤᠨ ᠱᠠᠭᠠᠷᠳᠠᠯᠭ᠎ᠠ ᠶᠣᠰᠣᠭᠠᠷ ᠬᠠᠶᠢᠨᠠᠨ ᠤ ᠨᠡᠭᠦᠷᠡᠰᠦᠨ ᠠᠭᠤᠷᠬᠠᠶ ᠶᠢᠨ ᠨᠡᠭᠦᠷᠡᠰᠦᠨ ᠳᠠᠪᠬᠤᠷᠭ᠎ᠠ ᠪᠣᠯᠤᠨ ᠰᠢᠷᠣᠶ | ᠭᠠᠳᠠᠭᠰᠢᠯᠠᠭᠤᠯᠬᠤ ᠲᠠᠯᠠᠪᠠᠶ ᠶᠢᠨ ᠣᠲᠣ ᠶᠢᠨ ᠪᠠᠶᠢᠭ᠎ᠠ ᠭᠠᠯ ᠤᠨ ᠴᠡᠭ ᠢ ᠵᠠᠰᠠᠬᠤ ᠡᠭᠦᠷᠭᠡ ᠶᠢ ᠪᠡᠶᠡᠯᠡᠭᠦᠯᠦᠨ᠎ᠡ᠃ ︵ | ᠬᠠᠷᠢᠭᠤᠴᠠᠯᠭᠠᠲᠤ ᠨᠢᠭᠡᠴᠡ᠄ ᠲᠤᠭᠤᠷᠢᠭ ᠤᠨ ᠡᠨᠧᠷᠭᠢ ᠶᠢᠨ ᠲᠣᠪᠴᠢᠶ᠎ᠠ᠂ ᠬᠠᠶᠢᠨᠠᠨ ᠤ ᠪᠠᠶᠢᠭᠠᠯᠢ ᠶᠢᠨ ᠡᠬᠢ ᠪᠠᠶᠠᠯᠢᠭ ᠤᠨ | ᠬᠤᠪᠢᠶᠠᠷᠢ ᠲᠣᠪᠴᠢᠶ᠎ᠠ᠃ ᠬᠠᠮᠵᠢᠯᠴᠠᠬᠤ ᠰᠠᠯᠠᠭ᠎ᠠ ᠮᠥᠴᠢᠷ᠄ ᠬᠠᠶᠢᠨᠠᠨ ᠤ ᠠᠮᠢ ᠠᠬᠤᠶ ᠶᠢᠨ ᠣᠷᠴᠢᠨ ᠲᠣᠭᠤᠷᠢᠨ ᠤ | ᠬᠤᠪᠢᠶᠠᠷᠢ ᠲᠣᠪᠴᠢᠶ᠎ᠠ᠃ ᠪᠡᠶᠡᠯᠡᠭᠦᠯᠬᠦ ᠴᠠᠭ ᠤᠨ ᠬᠢᠵᠠᠭᠠᠷ᠄ ᠲᠡᠷᠡ ᠳᠠᠷᠤᠶ ᠳᠤᠨᠢ ᠬᠡᠷᠡᠭᠵᠢᠭᠦᠯᠵᠦ ᠲᠡᠷᠡ ᠳᠠᠷᠤᠶ ᠳᠤᠨᠢ | ᠥᠭᠡᠷᠡᠴᠢᠯᠡᠵᠦ᠂ ᠴᠠᠭ ᠤᠨ ᠵᠠᠩᠭᠢᠯᠠᠭ᠎ᠠ ᠶᠢᠨ ᠴᠡᠭ ᠢᠶᠠᠷ︶ | ︵ ᠨᠠᠢᠮᠠ︶ ᠠᠭᠤᠷᠬᠠᠶ ᠶᠢᠨ ᠣᠷᠣᠨ ᠤ ᠲᠣᠭᠤᠰᠣ ᠰᠢᠷᠣᠶ ᠶᠢᠨ ᠪᠣᠬᠢᠷᠲᠤᠯ ᠢ ᠴᠡᠭᠴᠡᠯᠡᠨ ᠵᠠᠰᠠᠬᠤ ᠶᠢ | ᠴᠢᠩᠭᠠᠳᠬᠠᠨ᠎ᠠ᠃ | 1.ᠠᠭᠤᠷᠬᠠᠶ ᠶᠢᠨ ᠣᠷᠣᠨ ᠤ ᠦᠢᠯᠡᠳᠪᠦᠷᠢᠯᠡᠯ ᠤᠨ ᠲᠣᠭᠤᠰᠣ ᠳᠡᠭᠳᠡᠬᠦ ᠶᠢ ᠠᠭᠤᠷᠬᠠᠶ ᠶᠢᠨ ᠠᠵᠤ ᠠᠬᠤᠶᠢᠯᠠᠯ ᠤᠨ | ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠂ ︽ᠤᠷᠢᠳᠠᠪᠠᠷ ᠲᠣᠭᠤᠰᠣ ᠶᠢ ᠵᠠᠰᠠᠵᠤ ᠲᠠᠬᠢᠨ | ᠦᠢᠯᠡᠳᠪᠦᠷᠢᠯᠡᠬᠦ︾ ᠵᠠᠷᠴᠢᠮ ᠢ ᠴᠢᠩᠭ᠎ᠠ ᠬᠡᠷᠡᠭᠵᠢᠭᠦᠯᠵᠦ᠂ ᠳᠡᠭᠳᠡᠮᠡᠯ ᠲᠣᠭᠤᠰᠣᠨ ᠤ ᠪᠣᠬᠢᠷᠲᠤᠯ ᠢ ᠬᠢᠵᠠᠭᠠᠷᠯᠠᠬᠤ | ᠱᠠᠭᠠᠷᠳᠠᠯᠭ᠎ᠠ ᠲᠤ ᠬᠥᠷᠥᠭᠰᠡᠨ ᠥᠭᠡᠢ ᠠᠵᠤ ᠠᠬᠤᠶᠢᠯᠠᠯ ᠤᠳ ᠭᠤᠤᠯ ᠦᠢᠯᠡᠳᠬᠦᠨ ᠬᠠᠩᠭᠠᠬᠤ ᠪᠠᠨ ᠵᠣᠭᠰᠣᠭᠠᠵᠤ᠂ | ᠦᠢᠯᠡᠳᠪᠦᠷᠢᠯᠡᠯ ᠲᠤ ᠣᠷᠣᠭᠤᠯᠬᠤ ᠶᠢ ᠴᠢᠩᠭ᠎ᠠ ᠴᠠᠭᠠᠵᠠᠯᠠᠬᠤ ᠬᠡᠷᠡᠭᠲᠡᠶ᠃ ᠠᠭᠤᠷᠬᠠᠶ ᠶᠢᠨ ᠲᠣᠭᠤᠰᠣ ᠳᠡᠭᠳᠡᠬᠦ ᠶᠢ ᠴᠢᠩᠭ᠎ᠠ | ᠬᠢᠵᠠᠭᠠᠷᠯᠠᠵᠤ᠂ ᠮᠠᠯᠲᠠᠬᠤ ᠲᠠᠯᠠᠪᠠᠢ᠂ ᠰᠢᠷᠣᠶ ᠭᠠᠳᠠᠭᠰᠢᠯᠠᠭᠤᠯᠬᠤ ᠲᠠᠯᠠᠪᠠᠢ ᠶᠢᠨ ᠨᠢᠭᠡᠨᠲᠡ ᠪᠣᠢ ᠪᠣᠯᠤᠭᠰᠠᠨ ᠶᠡᠨᠳᠡᠷ ᠢ ᠳᠠᠷᠤᠵᠤ | ᠬᠥᠷᠪᠡᠭᠦᠯᠬᠦ ᠪᠠ ᠤᠰᠤ ᠰᠦᠷᠴᠢᠨ ᠲᠣᠭᠤᠰᠣ ᠶᠢ ᠪᠠᠭᠤᠯᠭᠠᠵᠤ᠂ ᠤᠷᠢᠳᠴᠢᠯᠠᠨ ᠳᠡᠯᠪᠡᠷᠡᠬᠦ ᠣᠷᠣᠨ ᠳᠤ ᠤᠰᠤ ᠰᠦᠷᠴᠢᠵᠦ | ᠤᠷᠢᠳᠴᠢᠯᠠᠨ ᠴᠢᠭᠢᠭᠲᠦᠭᠦᠯᠦᠨᠡ᠃ ᠵᠠᠳᠠᠭᠠᠶ ᠨᠡᠭᠡᠭᠡᠬᠦ ᠪᠠ ᠠᠭᠠᠷ ᠤᠨ ᠣᠷᠣᠨ ᠤ ᠶᠡᠷᠦᠩᠬᠡᠶᠢᠯᠡᠨ ᠵᠠᠰᠠᠬᠤ ᠲᠥᠷᠥᠯ | ᠵᠦᠢᠯ ᠤᠨ ᠣᠷᠭᠢᠯ ᠢ ᠵᠥᠷᠢᠭᠦᠯᠦᠨ ᠳᠡᠯᠪᠡᠴᠢᠬᠦ ᠶᠢ ᠬᠡᠷᠡᠭᠵᠢᠭᠦᠯᠵᠦ᠂ ᠲᠡᠷᠢᠭᠦᠨ ᠤ ᠮᠡᠷᠭᠡᠵᠢᠯ ᠢᠶᠠᠷ ᠲᠣᠭᠤᠰᠣ ᠶᠢ ᠬᠤᠷᠢᠭᠯᠠᠨ | ᠳᠡᠯᠪᠡᠴᠢᠵᠦ᠂ ᠭᠠᠯ ᠤᠨ ᠠᠵᠤ ᠦᠢᠯᠡᠳᠪᠦᠷᠢ ᠶᠢᠨ ᠪᠦᠲᠦᠭᠡᠭᠳᠡᠬᠦᠨ ᠢ ᠵᠦᠷᠢᠶᠡᠴᠢᠯᠡᠨ ᠬᠠᠩᠭᠠᠬᠤ ᠲᠥᠷᠥ ᠶᠢᠨ ᠪᠣᠳᠣᠯᠭ᠎ᠠ ᠶᠢ | ᠴᠢᠩᠭ᠎ᠠ ᠨᠠᠶᠢᠳᠠᠪᠤᠷᠢᠵᠢᠭᠤᠯᠤᠨ᠎ᠠ᠃ ᠵᠠᠳᠠᠭᠠᠶ ᠨᠡᠭᠡᠭᠡᠯᠲᠡ ᠲᠠᠢ ᠠᠵᠤ ᠠᠬᠤᠶᠢᠯᠠᠯ ᠳᠤ ᠰᠥᠨᠢ ᠪᠠᠷ ᠠᠵᠢᠯᠯᠠᠬᠤ ᠶᠢ ᠨᠢᠭᠡᠳᠦᠯᠲᠡᠶ | ᠬᠡᠷᠡᠭᠵᠢᠭᠦᠯᠦᠨ᠎ᠡ ︵ᠳᠤᠯᠠᠭᠠᠯᠠᠬᠤ ᠬᠤᠭᠤᠴᠠᠭ᠎ᠠ ᠨᠢ ᠣᠷᠣᠶ ᠶᠢᠨ 8 ᠴᠠᠭ ᠠᠴᠠ ᠦᠳᠡ ᠶᠢᠨ ᠡᠮᠦᠨᠡᠬᠢ 10 ᠴᠠᠭ᠂ ᠪᠤᠰᠤᠳ | ᠴᠠᠭ ᠲᠤ ᠣᠷᠣᠶ ᠶᠢᠨ 8 ᠴᠠᠭ ᠠᠴᠠ ᠥᠷᠯᠥᠭᠡ ᠶᠢᠨ 6 ᠴᠠᠭ︶᠃ ᠨᠡᠭᠦᠷᠡᠰᠦ ᠵᠡᠷᠭᠡ ᠪᠣᠳᠠᠰ ᠤᠨ ᠮᠠᠲ᠋ᠧᠷᠢᠶᠠᠯ ᠢ | ᠨᠡᠭᠦᠷᠡᠰᠦᠨ ᠴᠢᠯᠠᠭᠤ᠂ ᠬᠤᠭ ᠰᠢᠷᠤᠢ ᠶᠢ ᠬᠠᠳᠠᠭᠠᠯᠠᠬᠤ᠂ ᠠᠴᠢᠶᠠᠯᠠᠵᠤ ᠪᠠᠭᠤᠯᠭᠠᠬᠤ᠂ ᠬᠦᠷᠭᠡᠬᠦ ᠵᠢᠴᠢ ᠬᠡᠮᠬᠡᠬᠦ᠂ ᠰᠢᠭᠰᠢᠨ | ᠰᠣᠩᠭᠤᠬᠤ ᠵᠡᠷᠭᠡ ᠪᠣᠢ ᠪᠣᠯᠬᠤ ᠵᠠᠩᠭᠢᠯᠠᠭ᠎ᠠ ᠳᠤ ᠪᠦᠲᠦᠮᠵᠢᠲᠡᠶ ᠠᠷᠭ᠎ᠠ ᠬᠡᠮᠵᠢᠶ᠎ᠡ ᠠᠪᠴᠤ ᠬᠤᠭ ᠲᠣᠭᠤᠰᠣᠨ ᠤ ᠪᠣᠬᠢᠷᠲᠤᠯ ᠢ | ᠬᠢᠵᠠᠭᠠᠷᠯᠠᠬᠤ ᠬᠡᠷᠡᠭᠲᠡᠶ᠃ ᠠᠭᠤᠷᠬᠠᠶ ᠶᠢᠨ ᠣᠷᠣᠨ ᠤ ᠳᠣᠲᠣᠷᠠᠬᠢ ᠨᠡᠭᠦᠷᠡᠰᠦ ᠲᠡᠭᠡᠭᠡᠪᠦᠷᠢᠯᠡᠬᠦ ᠵᠢᠴᠢ ᠪᠣᠳᠠᠰ ᠤᠨ | ᠮᠠᠲ᠋ᠧᠷᠢᠶᠠᠯ ᠢ ᠣᠪᠣᠭᠠᠯᠠᠨ ᠬᠠᠳᠠᠭᠠᠯᠠᠬᠤ᠂ ᠳᠠᠮᠵᠢᠭᠤᠯᠤᠨ ᠲᠡᠭᠡᠭᠡᠪᠦᠷᠢᠯᠡᠬᠦ ᠶᠢ ᠪᠦᠬᠦᠨ ᠢ ᠪᠢᠲᠡᠭᠦᠮᠵᠢᠯᠡᠬᠦ ᠶᠢ ᠪᠡᠶᠡᠯᠡᠭᠦᠯᠵᠦ᠂ | ᠵᠠᠳᠠᠭᠠᠶ ᠣᠪᠣᠭᠠᠯᠠᠨ ᠲᠠᠯᠪᠢᠬᠤ ᠪᠠ ᠲᠦᠷ ᠴᠠᠭ ᠬᠠᠳᠠᠭᠠᠯᠠᠬᠤ ᠲᠠᠯᠠᠪᠠᠶ ᠪᠠᠶᠢᠭᠤᠯᠵᠤ ᠪᠣᠯᠬᠤ ᠥᠬᠡᠶ᠂ ᠱᠠᠭᠠᠷᠳᠠᠯᠭ᠎ᠠ | ᠶᠣᠰᠣᠭᠠᠷ ᠪᠢᠲᠡᠭᠦᠮᠵᠢᠯᠡᠭᠰᠡᠨ ᠮᠠᠲ᠋ᠧᠷᠢᠶᠠᠯ ᠤᠨ ᠫᠧᠩ ︵ᠬᠥᠮᠥᠷᠭᠡ︶ ᠢ ᠪᠥᠲᠥᠭᠡᠨ ᠪᠠᠶᠢᠭᠤᠯᠤᠭᠰᠠᠨ ᠥᠬᠡᠶ ᠪᠠᠶᠢᠪᠠᠯ | 2021 ᠣᠨ ᠤ ᠵᠢᠯ ᠤᠨ ᠰᠡᠭᠦᠯᠴᠢ ᠠᠴᠠ ᠡᠮᠦᠨ᠎ᠡ ᠡᠷᠬᠡᠪᠰᠢ ᠪᠢᠲᠡᠭᠦᠮᠵᠢᠯᠡᠨ ᠵᠠᠰᠠᠬᠤ ᠶᠢ ᠪᠡᠶᠡᠯᠡᠭᠦᠯᠬᠦ ᠬᠡᠷᠡᠭᠲᠡᠶ᠃ | ᠪᠢᠲᠡᠭᠦᠮᠵᠢᠯᠡᠭᠰᠡᠨ ᠮᠠᠶ᠋ᠢᠭ ᠤᠨ ᠪᠦᠰᠡ᠂ ᠬᠤᠭᠤᠯᠠᠶ ᠪᠠᠷ ᠲᠡᠭᠡᠭᠡᠪᠦᠷᠢᠯᠡᠬᠦ ᠶᠢ ᠪᠡᠶᠡᠯᠡᠭᠦᠯᠦᠭᠰᠡᠨ ᠠᠵᠤ ᠠᠬᠤᠶᠢᠯᠠᠯ ᠳᠤ᠂ | ᠰᠥᠨᠢ ᠪᠠᠷ ᠦᠢᠯᠡᠳᠪᠦᠷᠢᠯᠡᠯ ᠢ ᠨᠢ ᠵᠣᠭᠰᠣᠭᠠᠵᠤ ᠬᠠᠮᠢᠶᠠᠷᠤᠨ ᠡᠵᠡᠮᠳᠡᠬᠦ ᠶᠢ ᠠᠭᠤᠵᠢᠭᠤ ᠲᠠᠯᠪᠢᠵᠤ ᠪᠣᠯᠤᠨ᠎ᠠ᠃ ︵ | ᠬᠠᠷᠢᠭᠤᠴᠠᠯᠭᠠᠲᠤ ᠰᠠᠯᠠᠭ᠎ᠠ ᠮᠥᠴᠢᠷ᠄ ᠲᠤᠭᠤᠷᠢᠭ ᠤᠨ ᠡᠨᠧᠷᠭᠢ ᠶᠢᠨ ᠲᠣᠪᠴᠢᠶ᠎ᠠ᠂ ᠬᠠᠶᠢᠨᠠᠨ ᠤ ᠠᠮᠢ ᠠᠬᠤᠶ ᠶᠢᠨ ᠣᠷᠴᠢᠨ | ᠲᠣᠭᠤᠷᠢᠨ ᠤ ᠬᠤᠪᠢᠶᠠᠷᠢ ᠲᠣᠪᠴᠢᠶ᠎ᠠ᠃ ᠬᠠᠮᠵᠢᠯᠴᠠᠬᠤ ᠰᠠᠯᠠᠭ᠎ᠠ ᠮᠥᠴᠢᠷ᠄ ᠬᠠᠶᠢᠨᠠᠨ ᠤ ᠳᠣᠲᠣᠭᠠᠳᠤ ᠶᠢ ᠬᠠᠮᠠᠭᠠᠯᠠᠬᠤ | ᠬᠤᠪᠢᠶᠠᠷᠢ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠬᠤᠪᠢᠶᠠᠷᠢ ᠲᠣᠪᠴᠢᠶ᠎ᠠ᠃ ᠪᠡᠶᠡᠯᠡᠭᠦᠯᠬᠦ ᠴᠠᠭ ᠤᠨ ᠬᠢᠵᠠᠭᠠᠷ᠄ | ᠦᠷᠭᠦᠯᠵᠢᠯᠡᠨ ᠠᠬᠢᠭᠤᠯᠤᠨ᠎ᠠ︶ ᠠᠭᠤᠷᠬᠠᠶ ᠶᠢᠨ ᠣᠷᠣᠨ ᠤ ᠳᠡᠭᠳᠡᠮᠡᠯ ᠲᠣᠭᠤᠰᠣᠨ ᠤ ᠪᠣᠬᠢᠷᠲᠤᠯ ᠢ ᠬᠠᠮᠢᠶᠠᠷᠤᠨ ᠡᠵᠡᠮᠳᠡᠬᠦ | ᠴᠢᠳᠠᠪᠤᠷᠢ ᠶᠢ ᠳᠡᠭᠡᠭᠰᠢᠯᠡᠭᠦᠯᠵᠦ᠂ ᠪᠣᠶ ᠪᠥᠬᠦᠶ ᠠᠭᠤᠷᠬᠠᠶ ᠶᠢᠨ ᠠᠵᠤ ᠠᠬᠤᠶᠢᠯᠠᠯ ᠤᠳ ᠡᠷᠬᠡᠪᠰᠢ ᠬᠠᠷᠠᠭᠠᠨ ᠳᠠᠪᠲᠠᠮᠵᠢ ᠪᠠᠷ | ᠬᠢᠨᠠᠨ ᠡᠵᠡᠮᠳᠡᠬᠦ ᠶᠢᠨ ᠬᠠᠮᠲᠤ ᠠᠭᠤᠷᠬᠠᠶ ᠶᠢᠨ ᠣᠷᠣᠨ ᠤ ᠣᠶᠤᠨᠴᠢ ᠬᠠᠮᠢᠶᠠᠷᠤᠨ ᠡᠵᠡᠮᠳᠡᠬᠦ ᠰᠢᠰᠲ᠋ᠧᠮ ᠳᠤ ᠵᠠᠯᠭᠠᠨ | ᠣᠷᠣᠭᠤᠯᠵᠤ᠂ ᠬᠠᠷᠠᠭᠠᠨ ᠳᠠᠪᠲᠠᠮᠵᠢ ᠪᠠᠷ ᠬᠢᠨᠠᠨ ᠡᠵᠡᠮᠳᠡᠬᠦ ᠲᠤᠭ᠎ᠠ ᠪᠠᠷᠢᠮᠲᠠ ᠪᠠᠷ ᠬᠢᠨᠠᠯᠲᠠ ᠬᠠᠮᠢᠶᠠᠷᠤᠯᠲᠠ ᠶᠢᠨ | ᠯᠠᠪᠯᠠᠯᠲᠠ ᠶᠢᠨ ᠦᠨᠳᠦᠰᠦᠯᠡᠯ ᠪᠣᠯᠭᠠᠬᠤ ᠬᠡᠷᠡᠭᠲᠡᠶ᠃ ︵ᠬᠠᠷᠢᠭᠤᠴᠠᠯᠭᠠᠲᠤ ᠨᠢᠭᠡᠴᠡ᠄ ᠬᠠᠶᠢᠨᠠᠨ ᠤ ᠠᠮᠢ ᠠᠬᠤᠶ ᠶᠢᠨ ᠣᠷᠴᠢᠨ | ᠲᠣᠭᠤᠷᠢᠨ ᠤ ᠲᠣᠪᠴᠢᠶ᠎ᠠ᠃ ᠪᠡᠶᠡᠯᠡᠭᠦᠯᠬᠦ ᠴᠠᠭ ᠤᠨ ᠬᠢᠵᠠᠭᠠᠷ᠄ ᠦᠷᠭᠦᠯᠵᠢᠯᠡᠨ ᠠᠬᠢᠭᠤᠯᠤᠨ᠎ᠠ︶ | 2. ᠠᠭᠤᠷᠬᠠᠶ ᠶᠢᠨ ᠣᠷᠣᠨ᠂ ᠬᠦᠷᠢᠶᠡᠯᠡᠩ ᠤᠨ ᠵᠠᠮ ᠤᠨ ᠳᠡᠭᠳᠡᠮᠡᠯ ᠲᠣᠭᠤᠰᠣ ᠰᠢᠷᠣᠶ ᠶᠢᠨ ᠪᠣᠬᠢᠷᠲᠤᠯ ᠢ ᠬᠦᠴᠦᠲᠡᠶ | ᠴᠡᠭᠴᠡᠯᠡᠨ ᠵᠠᠰᠠᠨ᠎ᠠ᠃ ︽ᠵᠠᠮ ᠤᠨ ᠳᠠᠷᠤᠭ᠎ᠠ ᠶᠢᠨ ᠲᠦᠷᠢᠮ︾ ᠢ ᠪᠥᠬᠦ ᠲᠠᠯ᠎ᠠ ᠪᠠᠷ ᠬᠡᠷᠡᠭᠵᠢᠭᠦᠯᠵᠦ᠂ ︽ᠬᠥᠮᠦᠨ ᠢ | ᠲᠣᠭᠲᠠᠭᠠᠬᠤ᠂ ᠠᠵᠢᠯ ᠤᠨ ᠪᠠᠶᠢᠷᠢ ᠶᠢ ᠲᠣᠭᠲᠠᠭᠠᠬᠤ᠂ ᠬᠠᠷᠢᠭᠤᠴᠠᠯᠭ᠎ᠠ ᠶᠢ ᠲᠣᠭᠲᠠᠭᠠᠬᠤ᠂ ᠣᠷᠣᠨ ᠪᠦᠰᠡ ᠶᠢ ᠲᠣᠭᠲᠠᠭᠠᠬᠤ︾ | ᠲᠣᠤᠷᠵᠢᠭᠤᠯᠤᠭᠰᠠᠨ ᠬᠠᠮᠢᠶᠠᠷᠤᠯᠲᠠ ᠶᠢᠨ ᠵᠠᠭᠪᠤᠷ ᠶᠣᠰᠣᠭᠠᠷ᠂ ᠠᠭᠤᠷᠬᠠᠶ ᠶᠢᠨ ᠣᠷᠣᠨ᠂ ᠠᠵᠤ ᠦᠢᠯᠡᠳᠪᠦᠷᠢ ᠶᠢᠨ | ᠬᠦᠷᠢᠶᠡᠯᠡᠩ ᠤᠨ ᠪᠣᠶ ᠪᠥᠬᠦᠶ ᠵᠠᠮ ᠢ ᠴᠡᠪᠡᠷᠯᠡᠵᠦ᠂ ᠠᠷᠠᠴᠢᠯᠠᠨ ᠬᠠᠮᠠᠭᠠᠯᠠᠵᠤ ᠬᠠᠮᠢᠶᠠᠷᠤᠨ ᠬᠠᠮᠠᠭᠠᠯᠠᠬᠤ᠂ ᠬᠢᠨᠠᠯᠲᠠ ᠲᠠᠯᠪᠢᠵᠤ | ᠬᠠᠮᠢᠶᠠᠷᠬᠤ ᠶᠢ ᠪᠦᠬᠦᠨ ᠢ ᠬᠠᠮᠤᠷᠬᠤ᠂ ᠪᠠᠯᠠᠶ ᠭᠠᠵᠠᠷ ᠥᠬᠡᠶ ᠠᠵᠢᠯ ᠤᠨ ᠱᠠᠭᠠᠷᠳᠠᠯᠭ᠎ᠠ ᠶᠣᠰᠣᠭᠠᠷ᠂ 3 ᠳ᠋ᠤᠭᠠᠷ ᠰᠠᠷ᠎ᠠ ᠶᠢᠨ | ᠰᠡᠭᠦᠯᠴᠢ ᠠᠴᠠ ᠡᠮᠦᠨ᠎ᠡ ᠮᠠᠨ ᠤ ᠲᠤᠭᠤᠷᠢᠭ ᠤᠨ ︽︿ᠵᠠᠮ ᠤᠨ ᠳᠠᠷᠤᠭ᠎ᠠ ᠶᠢᠨ ᠲᠦᠷᠢᠮ﹀ ᠢ ᠬᠡᠷᠡᠭᠵᠢᠭᠦᠯᠬᠦ ᠲᠥᠰᠦᠯ︾ ᠢ | ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ 4 ᠳ᠋ᠣᠭᠡᠷ ᠰᠠᠷ᠎ᠠ ᠶᠢᠨ ᠰᠡᠭᠦᠯᠴᠢ ᠠᠴᠠ ᠡᠮᠦᠨ᠎ᠡ ᠡᠯ᠎ᠡ | ᠵᠠᠮ ᠤᠨ ᠬᠡᠰᠡᠭ ᠤᠨ ᠬᠠᠷᠢᠭᠤᠴᠠᠯᠭ᠎ᠠ ᠶᠢᠨ ᠫᠠᠶᠢᠰᠠ ᠪᠠᠶᠢᠭᠤᠯᠬᠤ ᠶᠢ ᠪᠡᠶᠡᠯᠡᠭᠦᠯᠬᠦ ᠬᠡᠷᠡᠭᠲᠡᠶ᠃ ᠵᠠᠮ ᠢ ᠬᠠᠮᠢᠶᠠᠷᠴᠤ | ᠬᠠᠮᠠᠭᠠᠯᠠᠬᠤ ᠪᠠ ᠲᠣᠭᠲᠠᠭᠰᠠᠨ ᠬᠤᠭᠤᠴᠠᠭ᠎ᠠ ᠲᠠᠢ ᠪᠠᠷ ᠴᠡᠪᠡᠷᠯᠡᠬᠦ ᠳᠦᠷᠢᠮ ᠢ ᠪᠠᠶᠢᠭᠤᠯᠵᠤ᠂ ᠵᠠᠮ ᠤᠨ ᠳᠠᠷᠤᠭ᠎ᠠ ᠶᠢ ᠬᠡᠰᠡᠭ | ᠬᠤᠪᠢᠶᠠᠨ ᠬᠠᠷᠢᠭᠤᠴᠠᠬᠤ ᠳᠦᠷᠢᠮ ᠢ ᠪᠠᠶᠢᠭᠤᠯᠵᠤ᠂ ᠬᠤᠷᠳᠤᠴᠠ ᠪᠠᠭᠤᠷᠠᠭᠤᠯᠬᠤ ᠪᠦᠰᠡ ᠶᠢᠨ ᠡᠷᠬᠢᠨ ᠲᠣᠭᠤᠷᠢᠨ ᠵᠢᠴᠢ | ᠲᠣᠭᠤᠷᠢᠨ ᠶᠠᠪᠤᠬᠤ ᠵᠠᠮ ᠤᠨ ᠬᠡᠰᠡᠭ ᠪᠣᠯᠤᠨ ᠵᠠᠮ ᠤᠨ ᠬᠠᠵᠠᠭᠤ ᠳᠠᠬᠢ ᠲᠡᠷᠭᠡ ᠬᠥᠰᠬᠡ ᠶᠢᠨ ᠣᠷᠣᠨ ᠪᠦᠰᠡ ᠶᠢᠨ | ᠴᠡᠪᠡᠷᠯᠡᠵᠦ ᠴᠡᠪᠡᠷᠯᠡᠬᠦ ᠶᠢ ᠲᠣᠪᠤᠶᠢᠮ᠎ᠠ ᠰᠠᠶᠢᠲᠤᠷ ᠠᠳᠬᠤᠵᠤ᠂ ᠭᠤᠤᠯᠳᠠᠯᠭ᠎ᠠ ᠲᠠᠢ ᠴᠠᠭ ᠬᠤᠭᠤᠴᠠᠭ᠎ᠠ᠂ ᠭᠤᠤᠯᠳᠠᠯᠭ᠎ᠠ ᠲᠠᠢ | ᠣᠷᠣᠨ ᠪᠦᠰᠡ ᠶᠢᠨ ᠴᠡᠪᠡᠷᠯᠡᠬᠦ ᠪᠠ ᠤᠰᠤ ᠰᠦᠷᠴᠢᠵᠦ ᠲᠣᠭᠤᠰᠣ ᠪᠠᠭᠤᠷᠠᠭᠤᠯᠬᠤ ᠡᠷᠴᠢᠮ ᠢ ᠴᠢᠩᠭᠠᠷᠠᠭᠤᠯᠤᠨ᠂ | ᠮᠠᠰᠢᠨᠴᠢᠯᠠᠭᠰᠠᠨ ᠴᠡᠪᠡᠷᠯᠡᠬᠦ ᠨᠣᠷᠮ᠎ᠠ ᠶᠢ ᠳᠡᠭᠡᠭᠰᠢᠯᠡᠭᠦᠯᠵᠦ᠂ ᠵᠠᠮ ᠤᠨ ᠬᠤᠶᠠᠷ ᠬᠠᠵᠠᠭᠤ ᠶᠢᠨ ᠬᠥᠪᠦᠮᠡᠯ ᠰᠢᠷᠣᠶ ᠶᠢ ᠴᠠᠭ | ᠲᠤᠬᠠᠶ ᠳᠤᠨᠢ ᠴᠡᠪᠡᠷᠯᠡᠵᠦ᠂ ᠵᠠᠮ ᠤᠨ ᠲᠡᠭᠰᠢ ᠪᠥᠭᠡᠳ ᠬᠥᠪᠦᠮᠡᠯ ᠰᠢᠷᠣᠶ ᠥᠬᠡᠶ᠂ ᠴᠢᠭᠢᠭᠯᠢᠭ ᠪᠥᠭᠡᠳ ᠲᠣᠭᠤᠰᠣ ᠥᠬᠡᠶ | ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠶ᠃ ᠲᠤᠭᠤᠷᠢᠭ ᠤᠨ ᠵᠠᠮ ᠬᠠᠷᠢᠯᠴᠠᠭᠠᠨ ᠤ ᠲᠣᠪᠴᠢᠶ᠎ᠠ᠂ ᠬᠠᠶᠢᠨᠠᠨ ᠤ ᠵᠠᠮ | ᠬᠠᠷᠢᠯᠴᠠᠭᠠᠨ ᠤ ᠴᠠᠭᠳᠠᠭ᠎ᠠ ᠶᠢᠨ ᠶᠡᠭᠡ ᠠᠩᠭᠢ᠂ ᠬᠠᠶᠢᠨᠠᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠶᠡᠷᠦᠩᠬᠡᠶᠢᠯᠡᠭᠰᠡᠨ ᠬᠠᠤᠯᠢ | ᠬᠡᠷᠡᠭᠵᠢᠭᠦᠯᠬᠦ ᠬᠤᠪᠢᠶᠠᠷᠢ ᠲᠣᠪᠴᠢᠶ᠎ᠠ ᠨᠢ ᠠᠵᠢᠯ ᠲᠥᠷᠥᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ | ᠬᠠᠷᠢᠭᠤᠴᠠᠯᠭ᠎ᠠ ᠶᠢ ᠬᠢᠨᠠᠮᠠᠭᠠᠶ ᠨᠠᠶᠢᠳᠠᠪᠤᠷᠢᠵᠢᠭᠤᠯᠵᠤ᠂ ᠡᠳᠦᠷ ᠲᠤᠲᠤᠮ ᠤᠨ ᠬᠢᠨᠠᠯᠲᠠ ᠪᠠᠶᠢᠴᠠᠭᠠᠯᠲᠠ ᠪᠠ ᠲᠤᠬᠠᠶᠢᠯᠠᠭᠰᠠᠨ | ᠠᠵᠢᠯ ᠤᠨ ᠵᠢᠯᠣᠭᠤᠳᠣᠯᠭ᠎ᠠ ᠪᠠᠨ ᠴᠢᠩᠭᠠᠳᠬᠠᠵᠤ᠂ ︽ᠵᠠᠮ ᠤᠨ ᠳᠠᠷᠤᠭ᠎ᠠ ᠶᠢᠨ ᠲᠦᠷᠢᠮ︾ ᠢ ᠦᠨᠡᠨᠬᠦ ᠪᠣᠳᠠᠲᠠᠶ ᠳᠤ | ᠨᠠᠶᠢᠳᠠᠪᠤᠷᠢᠵᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃ ᠠᠭᠤᠷᠬᠠᠶ ᠶᠢᠨ ᠣᠷᠣᠨ᠂ ᠬᠦᠷᠢᠶᠡᠯᠡᠩ ᠤᠨ ᠵᠠᠮ ᠤᠨ | ᠪᠠᠶᠢᠷᠢᠰᠢᠭᠤᠯᠤᠯᠲᠠ ᠶᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠵᠠᠮ ᠱᠤᠭᠤᠮ ᠢ ᠬᠠᠲᠠᠭᠤᠷᠠᠭᠤᠯᠤᠨ ᠰᠢᠯᠢᠳᠡᠭᠵᠢᠭᠦᠯᠬᠦ | ᠪᠠ ᠵᠠᠰᠠᠨ ᠰᠡᠷᠭᠦᠭᠡᠬᠦ ᠣᠨ ᠤ ᠲᠥᠯᠥᠪᠯᠡᠭᠡ ᠶᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠬᠦ ᠬᠡᠷᠡᠭᠲᠡᠶ᠃ | ᠠᠭᠤᠷᠬᠠᠶ ᠶᠢᠨ ᠣᠷᠣᠨ ᠤ ᠲᠡᠭᠡᠭᠡᠪᠦᠷᠢ ᠶᠢᠨ ᠵᠠᠮ᠂ ᠲᠣᠭᠲᠠᠮᠠᠯ ᠲᠣᠭᠤᠷᠢᠭ ᠤᠨ ᠵᠠᠮ᠂ ᠠᠵᠤ ᠦᠢᠯᠡᠳᠪᠦᠷᠢ ᠶᠢᠨ ᠠᠭᠤᠳᠠᠮ | ᠲᠠᠯᠠᠪᠠᠶ ᠳᠤ ᠴᠥᠮ ᠬᠠᠲᠠᠭᠤᠷᠠᠭᠤᠯᠬᠤ ᠶᠢ ᠬᠡᠷᠡᠭᠵᠢᠭᠦᠯᠵᠦ᠂ ᠬᠠᠲᠠᠭᠤᠷᠠᠭᠤᠯᠬᠤ ᠶᠢ ᠬᠡᠷᠡᠭᠵᠢᠭᠦᠯᠦᠭᠡᠳᠦᠶ᠂ ᠲᠣᠭᠤᠰᠣ | ᠰᠢᠷᠣᠶ ᠶᠢᠨ ᠪᠣᠬᠢᠷᠲᠤᠯ ᠢᠶᠠᠷ ᠬᠦᠨᠳᠦ ᠨᠣᠴᠢᠲᠠᠶ ᠳᠥᠲᠡ ᠵᠠᠮ ᠢ ᠪᠢᠲᠡᠭᠦᠮᠵᠢᠯᠡᠨ ᠪᠥᠭᠯᠡᠬᠦ ᠶᠢ ᠬᠡᠷᠡᠭᠵᠢᠭᠦᠯᠬᠦ ᠬᠡᠷᠡᠭᠲᠡᠶ᠃ ︵ | ᠬᠠᠷᠢᠭᠤᠴᠠᠯᠭᠠᠲᠤ ᠨᠢᠭᠡᠴᠡ᠄ ᠲᠤᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ | ᠲᠣᠪᠴᠢᠶ᠎ᠠ ︵ᠵᠠᠮ ᠬᠠᠷᠢᠯᠴᠠᠭᠠᠨ ᠤ ᠲᠣᠪᠴᠢᠶ᠎ᠠ︶᠃ ᠬᠠᠮᠵᠢᠯᠴᠠᠬᠤ ᠰᠠᠯᠠᠭ᠎ᠠ ᠮᠥᠴᠢᠷ᠄ ᠲᠤᠭᠤᠷᠢᠭ ᠤᠨ ᠬᠤᠲᠠ ᠶᠢᠨ | ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ᠂ ᠡᠨᠧᠷᠭᠢ ᠶᠢᠨ ᠲᠣᠪᠴᠢᠶ᠎ᠠ᠂ ᠪᠠᠴᠢᠮ ᠪᠠᠶᠢᠳᠠᠯ ᠢ | ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ᠂ ᠬᠠᠶᠢᠨᠠᠨ ᠤ ᠵᠠᠮ ᠬᠠᠷᠢᠯᠴᠠᠭᠠᠨ ᠤ ᠴᠠᠭᠳᠠᠭ᠎ᠠ ᠶᠢᠨ ᠶᠡᠭᠡ ᠠᠩᠭᠢ᠂ | ᠪᠠᠶᠢᠭᠠᠯᠢ ᠶᠢᠨ ᠡᠬᠢ ᠪᠠᠶᠠᠯᠢᠭ ᠤᠨ ᠬᠤᠪᠢᠶᠠᠷᠢ ᠲᠣᠪᠴᠢᠶ᠎ᠠ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠶᠡᠷᠦᠩᠬᠡᠶᠢᠯᠡᠭᠰᠡᠨ ᠬᠠᠤᠯᠢ | ᠬᠡᠷᠡᠭᠵᠢᠭᠦᠯᠬᠦ ᠬᠤᠪᠢᠶᠠᠷᠢ ᠲᠣᠪᠴᠢᠶ᠎ᠠ᠃ ᠪᠡᠶᠡᠯᠡᠭᠦᠯᠬᠦ ᠴᠠᠭ ᠤᠨ ᠬᠢᠵᠠᠭᠠᠷ᠄ ᠦᠷᠭᠦᠯᠵᠢᠯᠡᠨ ᠠᠬᠢᠭᠤᠯᠤᠨ᠎ᠠ︶ | 3. ᠬᠦᠨᠳᠦ ᠠᠴᠢᠶᠠᠨ ᠤ ᠲᠡᠷᠭᠡ ᠬᠥᠰᠬᠡ ᠶᠢᠨ ᠲᠣᠭᠤᠰᠣ ᠰᠢᠷᠣᠶ ᠶᠢᠨ ᠪᠣᠬᠢᠷᠲᠤᠯ ᠢ ᠴᠢᠩᠭ᠎ᠠ ᠬᠢᠵᠠᠭᠠᠷᠯᠠᠨ᠎ᠠ᠃ | ᠳᠡᠭᠡᠳᠦ ᠱᠠᠲᠤᠨ ᠤ ᠰᠠᠯᠠᠭ᠎ᠠ ᠮᠥᠴᠢᠷ ᠲᠠᠢ ᠬᠠᠮᠵᠢᠯᠴᠠᠨ᠂ 2021 ᠣᠨ ᠤ ᠵᠢᠯ ᠤᠨ ᠰᠡᠭᠦᠯᠴᠢ ᠠᠴᠠ ᠡᠮᠦᠨ᠎ᠡ ᠪᠥᠬᠦ | ᠬᠤᠲᠠ ᠶᠢᠨ ᠦᠢᠯᠡᠳᠪᠦᠷᠢᠯᠡᠯ ᠤᠨ ᠮᠡᠳᠡᠭᠡ ᠵᠠᠩᠭᠢ ᠶᠢᠨ ᠴᠤᠭᠯᠠᠷᠠᠯ᠂ ᠡᠳ᠋ ᠪᠠᠷᠠᠭᠠᠨ ᠤ ᠭᠦᠢᠯᠭᠡᠭᠡᠨ ᠤ ᠦᠢᠯᠡᠴᠢᠯᠡᠭᠡ᠂ | ᠲᠡᠷᠭᠡ ᠬᠥᠰᠬᠡ ᠶᠢ ᠬᠢᠨᠠᠨ ᠡᠵᠡᠮᠳᠡᠬᠦ ᠵᠡᠷᠭᠡ ᠨᠢᠭᠡ ᠴᠤᠭᠴᠠᠵᠢᠭᠤᠯᠤᠭᠰᠠᠨ ᠮᠡᠳᠡᠭᠡ ᠵᠠᠩᠭᠢ ᠶᠢᠨ ᠦᠢᠯᠡᠴᠢᠯᠡᠭᠡᠨ ᠤ | ᠲᠠᠪᠴᠠᠩ ᠢ ᠪᠠᠶᠢᠭᠤᠯᠵᠤ᠂ ᠲᠡᠷᠭᠡ ᠬᠥᠰᠬᠡ ᠶᠢᠨ ᠬᠡᠮᠵᠢᠶ᠎ᠡ ᠳᠠᠭᠠᠭᠠᠴᠠ ᠠᠴᠠ ᠬᠡᠲᠦᠷᠡᠭᠰᠡᠨ ᠡᠰᠡᠬᠦ᠂ ᠲᠣᠭᠤᠰᠣ ᠳᠡᠭᠳᠡᠬᠦ ᠶᠢ | ᠬᠤᠷᠢᠭᠯᠠᠬᠤ ᠵᠡᠷᠭᠡ ᠠᠷᠭ᠎ᠠ ᠬᠡᠮᠵᠢᠶ᠎ᠡ ᠶᠢ ᠡᠬᠢ ᠡᠭᠦᠰᠦᠯ ᠠᠴᠠ ᠨᠢ ᠬᠢᠨᠠᠨ ᠡᠵᠡᠮᠳᠡᠨ᠎ᠡ᠃ ᠭᠤᠤᠯᠳᠠᠯᠭ᠎ᠠ ᠲᠠᠢ ᠵᠠᠮ ᠤᠨ | ᠬᠡᠰᠡᠭ ᠤᠨ ᠨᠡᠭᠦᠷᠡᠰᠦ᠂ ᠰᠢᠷᠣᠶ᠂ ᠬᠤᠭ ᠰᠢᠷᠣᠶ ᠪᠠ ᠪᠠᠷᠢᠯᠭ᠎ᠠ ᠶᠢᠨ ᠬᠤᠭ ᠨᠣᠪᠰᠢ ᠵᠡᠷᠭᠡ ᠲᠡᠷᠭᠡ ᠬᠥᠰᠬᠡ ᠶᠢ | ᠲᠡᠭᠡᠭᠡᠪᠦᠷᠢᠯᠡᠬᠦ ᠳᠤ ᠪᠥᠬᠦ ᠲᠠᠯ᠎ᠠ ᠪᠠᠷ ᠬᠢᠨᠠᠨ ᠡᠵᠡᠮᠳᠡᠵᠦ᠂ ᠴᠠᠭ ᠲᠤᠬᠠᠶ ᠳᠤᠨᠢ ᠬᠥᠳᠡᠯᠦᠩᠭᠦᠶ ᠪᠠᠷ ᠬᠠᠮᠢᠶᠠᠷᠬᠤ ᠶᠢ | ᠬᠡᠷᠡᠭᠵᠢᠭᠦᠯᠬᠦ ᠬᠡᠷᠡᠭᠲᠡᠶ᠃ ᠠᠭᠤᠷᠬᠠᠶ ᠶᠢᠨ ᠠᠵᠤ ᠠᠬᠤᠶᠢᠯᠠᠯ ᠤᠨ ᠨᠡᠭᠦᠷᠡᠰᠦ᠂ ᠡᠯᠡᠰᠦ ᠰᠢᠷᠣᠶ᠂ ᠴᠣᠬᠤᠶ ᠵᠡᠷᠭᠡ ᠲᠡᠷᠭᠡ | ᠬᠥᠰᠬᠡ ᠶᠢᠨ ᠴᠢᠩᠭᠡᠯᠢᠭ ᠢᠶᠠᠷ ᠲᠡᠭᠡᠭᠡᠪᠦᠷᠢᠯᠡᠬᠦ ᠶᠢᠨ ᠬᠠᠮᠲᠤ ᠪᠥᠬᠦ ᠶᠠᠪᠤᠴᠠ ᠶᠢ ᠬᠢᠨᠠᠨ ᠡᠵᠡᠮᠳᠡᠬᠦ ᠶᠢ ᠵᠣᠷᠢᠭᠵᠢᠭᠤᠯᠤᠨ᠎ᠠ᠃ | ᠨᠡᠭᠦᠷᠡᠰᠦ᠂ ᠰᠢᠷᠣᠶ᠂ ᠬᠤᠭ ᠰᠢᠷᠣᠶ ᠪᠠ ᠪᠠᠷᠢᠯᠭ᠎ᠠ ᠶᠢᠨ ᠬᠤᠭ ᠨᠣᠪᠰᠢ ᠵᠡᠷᠭᠡ ᠲᠡᠭᠡᠭᠡᠪᠦᠷᠢ ᠶᠢᠨ ᠲᠡᠷᠭᠡ ᠬᠥᠰᠬᠡ ᠶᠢᠨ ᠡᠯ᠎ᠡ | ᠵᠦᠢᠯ ᠤᠨ ᠲᠣᠭᠤᠰᠣ ᠬᠤᠷᠢᠭᠯᠠᠬᠤ ᠠᠷᠭ᠎ᠠ ᠬᠡᠮᠵᠢᠶ᠎ᠡ ᠶᠢ ᠨᠠᠷᠢᠯᠢᠬᠵᠢᠭᠤᠯᠤᠨ᠎ᠠ᠃ ᠵᠠᠮ ᠬᠠᠷᠢᠯᠴᠠᠭᠠᠨ ᠤ ᠴᠠᠭᠳᠠᠭ᠎ᠠ᠂ | ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠦᠯᠲᠡ ᠪᠠ ᠵᠠᠮ ᠬᠠᠷᠢᠯᠴᠠᠭ᠎ᠠ ᠲᠡᠭᠡᠭᠡᠪᠦᠷᠢ ᠶᠢᠨ | ᠬᠠᠤᠯᠢ ᠬᠡᠷᠡᠭᠵᠢᠭᠦᠯᠦᠯᠲᠡ ᠶᠢᠨ ᠬᠠᠮᠲᠤᠷᠠᠭᠰᠠᠨ ᠲᠣᠭᠤᠷᠢᠨ ᠪᠠᠶᠢᠴᠠᠭᠠᠯᠲᠠ ᠶᠢ ᠪᠠᠶᠢᠩᠭᠤᠵᠢᠭᠤᠯᠬᠤ ᠲᠣᠭᠲᠠᠴᠠ ᠶᠢ | ᠪᠠᠶᠢᠭᠤᠯᠵᠤ᠂ ᠲᠡᠭᠡᠭᠡᠪᠦᠷᠢ ᠶᠢᠨ ᠲᠡᠷᠭᠡ ᠬᠥᠰᠬᠡ ᠶᠢᠨ ᠬᠠᠤᠯᠢ ᠬᠡᠷᠡᠭᠵᠢᠭᠦᠯᠬᠦ ᠬᠠᠮᠢᠶᠠᠷᠤᠯᠲᠠ ᠶᠢ ᠴᠢᠩᠭᠠᠳᠬᠠᠵᠤ᠂ ᠬᠡᠮᠵᠢᠶ᠎ᠡ | ᠳᠠᠭᠠᠭᠠᠴᠠ ᠠᠴᠠ ᠬᠡᠲᠦᠷᠡᠭᠦᠯᠬᠦ ᠶᠢ ᠵᠠᠰᠠᠬᠤ ᠪᠠ ᠪᠣᠬᠢᠷᠲᠤᠯ ᠢ ᠵᠠᠰᠠᠬᠤ ᠶᠢ ᠤᠶᠠᠯᠳᠤᠭᠤᠯᠬᠤ᠂ ᠵᠠᠮ ᠳᠡᠭᠡᠷᠡᠬᠢ ᠵᠠᠰᠠᠯᠲᠠ ᠪᠠ | ᠡᠬᠢ ᠡᠭᠦᠰᠦᠯ ᠠᠴᠠ ᠨᠢ ᠵᠠᠰᠠᠬᠤ ᠶᠢ ᠤᠶᠠᠯᠳᠤᠭᠤᠯᠬᠤ᠂ ᠡᠳᠦᠷ ᠤᠨ ᠵᠠᠰᠠᠯᠲᠠ ᠪᠠ ᠰᠥᠨᠢ ᠶᠢᠨ ᠵᠠᠰᠠᠯᠲᠠ ᠶᠢ | ᠤᠶᠠᠯᠳᠤᠭᠤᠯᠬᠤ ᠶᠢ ᠪᠠᠷᠢᠮᠲᠠᠯᠠᠵᠤ᠂ ᠠᠰᠬᠠᠬᠤ᠂ ᠬᠡᠮᠵᠢᠶ᠎ᠡ ᠠᠴᠠ ᠬᠡᠲᠦᠷᠡᠲᠡᠯ᠎ᠡ ᠲᠡᠭᠡᠭᠡᠪᠦᠷᠢᠯᠡᠬᠦ᠂ ᠰᠢᠪᠠᠷ ᠲᠣᠭᠤᠰᠣ ᠠᠪᠴᠤ ᠵᠠᠮ | ᠲᠤ ᠭᠠᠷᠬᠤ ᠵᠡᠷᠭᠡ ᠬᠠᠤᠯᠢ ᠲᠣᠭᠲᠠᠭᠠᠯ ᠠᠴᠠ ᠵᠥᠷᠢᠴᠡᠨ ᠲᠡᠭᠡᠭᠡᠪᠦᠷᠢᠯᠡᠬᠦ ᠥᠢᠯᠡ ᠠᠵᠢᠯᠯᠠᠭ᠎ᠠ᠂ ᠢᠯᠠᠩᠭᠤᠶ᠎ᠠ ᠠᠭᠤᠷᠬᠠᠶ ᠶᠢᠨ | ᠠᠵᠤ ᠠᠬᠤᠶᠢᠯᠠᠯ ᠤᠨ ᠨᠡᠭᠦᠷᠡᠰᠦ᠂ ᠡᠯᠡᠰᠦ ᠰᠢᠷᠣᠶ᠂ ᠴᠤᠬᠤᠢ ᠲᠡᠭᠡᠭᠡᠪᠦᠷᠢᠯᠡᠬᠦ ᠵᠡᠷᠭᠡ ᠲᠤ ᠱᠠᠭᠠᠷᠳᠠᠯᠭ᠎ᠠ ᠶᠣᠰᠣᠭᠠᠷ ᠲᠣᠭᠤᠰᠣ | ᠬᠤᠷᠢᠭᠯᠠᠬᠤ ᠠᠷᠭ᠎ᠠ ᠬᠡᠮᠵᠢᠶ᠎ᠡ ᠠᠪᠤᠭᠰᠠᠨ ᠥᠭᠡᠢ ᠪᠠ ᠠᠴᠢᠶᠠᠯᠠᠬᠤ ᠱᠠᠭᠠᠷᠳᠠᠯᠭ᠎ᠠ ᠲᠤ ᠨᠡᠶᠢᠴᠡᠬᠦ ᠥᠭᠡᠢ ᠲᠡᠷᠭᠡ ᠬᠥᠰᠬᠡ ᠶᠢ | ᠠᠭᠤᠷᠬᠠᠶ ᠶᠢᠨ ᠣᠷᠣᠨ᠂ ᠦᠢᠯᠡᠳᠪᠦᠷᠢ ᠶᠢᠨ ᠲᠣᠭᠤᠷᠢᠭ ᠠᠴᠠ ᠭᠠᠷᠭᠠᠬᠤ ᠵᠡᠷᠭᠡ ᠬᠠᠤᠯᠢ ᠠᠴᠠ ᠵᠥᠷᠢᠴᠡᠭᠰᠡᠨ ᠥᠢᠯᠡ | ᠠᠵᠢᠯᠯᠠᠭ᠎ᠠ ᠲᠤ ᠴᠢᠩᠭ᠎ᠠ ᠴᠣᠬᠢᠯᠲᠠ ᠥᠭᠬᠦ ᠬᠡᠷᠡᠭᠲᠡᠶ᠃ ᠨᠡᠭᠦᠷᠡᠰᠦ ᠲᠡᠭᠡᠭᠡᠪᠦᠷᠢᠯᠡᠬᠦ ᠲᠡᠷᠭᠡ ᠬᠥᠰᠬᠡ ᠶᠢ ᠲᠤᠰᠬᠠᠶ ᠵᠦᠢᠯ ᠢᠶᠠᠷ | ᠴᠡᠭᠴᠡᠯᠡᠨ ᠵᠠᠰᠠᠬᠤ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠲᠡᠷᠭᠡ ᠬᠥᠰᠬᠡ ᠶᠢᠨ ᠪᠦᠲᠡᠭᠡᠯᠭᠡ ᠶᠢ ᠥᠯᠥ ᠳᠠᠷᠤᠬᠤ | ᠦᠢᠯᠡ ᠠᠵᠢᠯᠯᠠᠭ᠎ᠠ ᠶᠢ ᠴᠠᠭ ᠲᠤᠬᠠᠶ ᠳᠤᠨᠢ ᠢᠯᠡᠷᠡᠭᠦᠯᠵᠦ᠂ ᠴᠠᠭ ᠲᠤᠬᠠᠶ ᠳᠤᠨᠢ ᠪᠠᠶᠢᠴᠠᠭᠠᠨ ᠰᠢᠢᠳᠪᠦᠷᠢᠯᠡᠬᠦ ᠶᠢ ᠪᠡᠶᠡᠯᠡᠭᠦᠯᠬᠦ | ᠬᠡᠷᠡᠭᠲᠡᠶ᠃ ︵ᠬᠠᠷᠢᠭᠤᠴᠠᠯᠭᠠᠲᠤ ᠨᠢᠭᠡᠴᠡ᠄ ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ | ᠪᠠᠶᠢᠭᠤᠯᠤᠯᠲᠠ ᠶᠢᠨ ᠲᠣᠪᠴᠢᠶ᠎ᠠ ︵ᠵᠠᠮ ᠬᠠᠷᠢᠯᠴᠠᠭᠠᠨ ᠤ ᠲᠣᠪᠴᠢᠶ᠎ᠠ︶᠂ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ | ᠬᠠᠤᠯᠢ ᠬᠡᠷᠡᠭᠵᠢᠭᠦᠯᠬᠦ ᠲᠣᠪᠴᠢᠶ᠎ᠠ᠂ ᠬᠠᠶᠢᠨᠠᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ | ᠬᠤᠪᠢᠶᠠᠷᠢ ᠲᠣᠪᠴᠢᠶ᠎ᠠ᠂ ᠵᠠᠮ ᠬᠠᠷᠢᠯᠴᠠᠭᠠᠨ ᠤ ᠴᠠᠭᠳᠠᠭ᠎ᠠ ᠶᠢᠨ ᠶᠡᠭᠡ ᠠᠩᠭᠢ᠃ ᠪᠡᠶᠡᠯᠡᠭᠦᠯᠬᠦ ᠴᠠᠭ ᠤᠨ ᠬᠢᠵᠠᠭᠠᠷ᠄ | ᠦᠷᠭᠦᠯᠵᠢᠯᠡᠨ ᠠᠬᠢᠭᠤᠯᠤᠨ᠎ᠠ︶ | 4. ᠪᠣᠬᠢᠷᠲᠤᠯᠳᠤ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠭᠠᠬᠤ ᠳᠤ ᠳᠠᠭᠠᠬᠤ ᠲᠦᠷᠢᠮ ᠢ ᠬᠡᠷᠡᠭᠵᠢᠭᠦᠯᠦᠨ᠎ᠡ᠃ | ᠳᠡᠭᠡᠳᠦ ᠱᠠᠲᠤᠨ ᠤ ᠰᠠᠯᠠᠭ᠎ᠠ ᠮᠥᠴᠢᠷ ᠲᠠᠢ ᠬᠠᠮᠵᠢᠯᠴᠠᠵᠤ᠂ 2021 ᠣᠨ ᠤ 3 ᠳ᠋ᠣᠭᠠᠷ ᠰᠠᠷ᠎ᠠ ᠶᠢᠨ ᠰᠡᠭᠦᠯᠴᠢ ᠠᠴᠠ | ᠡᠮᠦᠨ᠎ᠡ ︽ᠦᠬᠠᠶ ᠬᠤᠲᠠ ᠶᠢᠨ ᠪᠣᠬᠢᠷᠲᠤᠯ ᠲᠠᠢ ᠴᠠᠭ ᠠᠭᠤᠷ ᠤᠨ ᠠᠭᠤᠷᠬᠠᠶ ᠶᠢᠨ ᠠᠵᠤ ᠠᠬᠤᠶᠢᠯᠠᠯ ᠤᠨ | ᠦᠢᠯᠡᠳᠪᠦᠷᠢᠯᠡᠯ ᠢ ᠬᠢᠵᠠᠭᠠᠷᠯᠠᠵᠤ ᠦᠢᠯᠡᠳᠪᠦᠷᠢᠯᠡᠯ ᠢ ᠵᠣᠭᠰᠣᠭᠠᠬᠤ ᠪᠠᠴᠢᠮ ᠪᠠᠶᠢᠳᠠᠯ ᠢ ᠠᠷᠭᠠᠴᠠᠭᠠᠬᠤ ᠲᠥᠰᠦᠯ︾ ᠢ | ᠨᠠᠶᠢᠷᠠᠭᠤᠯᠤᠨ ᠵᠣᠬᠢᠶᠠᠵᠤ᠂ ᠡᠬᠢᠯᠡᠵᠦ ᠵᠣᠭᠰᠣᠭᠠᠬᠤ ᠨᠥᠬᠦᠴᠡᠯ᠂ ᠲᠠᠰ ᠳᠠᠷᠠᠭᠠᠯᠠᠯ᠂ ᠠᠷᠭ᠎ᠠ ᠬᠡᠮᠵᠢᠶ᠎ᠡ ᠵᠢᠴᠢ ᠰᠠᠯᠠᠭ᠎ᠠ | ᠮᠥᠴᠢᠷ ᠤᠨ ᠬᠠᠷᠢᠭᠤᠴᠠᠯᠭ᠎ᠠ ᠵᠡᠷᠭᠡ ᠠᠭᠤᠯᠭ᠎ᠠ ᠶᠢ ᠲᠣᠳᠣᠷᠬᠠᠶᠢᠯᠠᠵᠤ᠂ ᠬᠠᠶᠢᠨᠠᠨ ᠤ ᠬᠠᠷᠢᠶ᠎ᠠ ᠣᠷᠣᠨ ᠳᠠᠬᠢ ᠠᠭᠤᠷᠬᠠᠶ ᠶᠢᠨ | ᠠᠵᠤ ᠠᠬᠤᠶᠢᠯᠠᠯ ᠨᠢ 2021 ᠣᠨ ᠤ 4 ᠳ᠋ᠣᠭᠡᠷ ᠰᠠᠷ᠎ᠠ ᠶᠢᠨ ᠰᠡᠭᠦᠯᠴᠢ ᠠᠴᠠ ᠡᠮᠦᠨ᠎ᠡ ᠪᠣᠬᠢᠷᠲᠤᠯ ᠲᠠᠢ ᠴᠠᠭ ᠠᠭᠤᠷ ᠤᠨ | ᠪᠠᠴᠢᠮ ᠪᠠᠶᠢᠳᠠᠯ ᠢ ᠠᠷᠭᠠᠴᠠᠭᠠᠬᠤ ᠶᠢ ᠳᠠᠭᠠᠬᠤ ᠪᠡᠯᠡᠳᠬᠡᠯ ᠲᠥᠰᠦᠯ ᠢ ᠨᠠᠶᠢᠷᠠᠭᠤᠯᠤᠨ ᠵᠣᠬᠢᠶᠠᠬᠤ ᠠᠵᠢᠯ ᠢ ᠪᠡᠶᠡᠯᠡᠭᠦᠯᠵᠦ᠂ | ᠨᠡᠭᠦᠷᠡᠰᠦᠨ ᠠᠭᠤᠷᠬᠠᠶ᠂ ᠨᠡᠭᠦᠷᠡᠰᠦᠨ ᠤ ᠪᠤᠰᠤ ᠠᠭᠤᠷᠬᠠᠶ᠂ ᠨᠡᠭᠦᠷᠡᠰᠦ ᠤᠬᠢᠶᠠᠵᠤ ᠰᠢᠯᠢᠬᠦ ᠠᠵᠤ ᠠᠬᠤᠶᠢᠯᠠᠯ ᠢ ᠲᠣᠰ ᠲᠣᠰ | ᠡᠨᠧᠷᠭᠢ᠂ ᠪᠠᠶᠢᠭᠠᠯᠢ ᠶᠢᠨ ᠡᠬᠢ ᠪᠠᠶᠠᠯᠢᠭ᠂ ᠠᠮᠢ ᠠᠬᠤᠶ ᠶᠢᠨ ᠣᠷᠴᠢᠨ ᠲᠣᠭᠤᠷᠢᠨ ᠤ ᠰᠠᠯᠠᠭ᠎ᠠ ᠮᠥᠴᠢᠷ ᠲᠤ ᠮᠡᠳᠡᠭᠦᠯᠦᠨ | ᠳᠠᠩᠰᠠᠯᠠᠭᠤᠯᠤᠨ᠎ᠠ᠃ ᠴᠠᠭ ᠠᠭᠤᠷ ᠤᠨ ᠰᠠᠯᠠᠭ᠎ᠠ ᠮᠥᠴᠢᠷ ᠤᠳ ᠶᠡᠭᠡ ᠰᠠᠯᠬᠢ᠂ ᠡᠯᠡᠰᠦᠨ ᠰᠢᠭᠤᠷᠭ᠎ᠠ᠂ ᠶᠡᠭᠡ ᠮᠡᠨᠡᠠ ᠵᠡᠷᠭᠡ | ᠴᠠᠭ ᠠᠭᠤᠷ ᠤᠨ ᠭᠠᠮᠰᠢᠭ ᠢ ᠰᠡᠷᠡᠮᠵᠢᠯᠡᠭᠦᠯᠬᠦ ᠪᠠ ᠵᠥᠭᠡᠯᠡᠨ ᠰᠠᠯᠬᠢ ᠲᠣᠭᠲᠠᠭᠤᠨ ᠪᠠᠶᠢᠬᠤ ᠵᠡᠷᠭᠡ ᠠᠰᠢᠭ ᠤᠢᠭᠡᠢ | ᠪᠣᠬᠢᠷᠲᠤᠯ ᠪᠣᠳᠠᠰ ᠢ ᠲᠠᠷᠬᠠᠭᠠᠬᠤ ᠴᠠᠭ ᠠᠭᠤᠷ ᠤᠨ ᠨᠥᠬᠦᠴᠡᠯ ᠢ ᠨᠡᠶᠢᠲᠡᠯᠡᠬᠦ ᠦᠶ᠎ᠡ ᠲᠤ᠂ ᠠᠭᠤᠷᠬᠠᠶ ᠶᠢᠨ ᠠᠵᠤ | ᠠᠬᠤᠶᠢᠯᠠᠯ ᠤᠳ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ ᠢ ᠴᠠᠭ ᠲᠤᠬᠠᠶ ᠲᠤᠨᠢ ᠡᠬᠢᠯᠡᠭᠦᠯᠵᠦ᠂ | ᠦᠢᠯᠡᠳᠪᠦᠷᠢᠯᠡᠬᠦ ᠶᠢ ᠨᠢ ᠬᠢᠵᠠᠭᠠᠷᠯᠠᠵᠤ ᠦᠢᠯᠡᠳᠪᠦᠷᠢᠯᠡᠬᠦ ᠶᠢ ᠨᠢ ᠵᠣᠭᠰᠣᠭᠠᠬᠤ ᠵᠡᠷᠭᠡ ᠠᠷᠭ᠎ᠠ ᠬᠡᠮᠵᠢᠶ᠎ᠡ ᠶᠢ ᠠᠪᠬᠤ ᠬᠡᠷᠡᠭᠲᠡᠶ᠃ | ︵ᠬᠠᠷᠢᠭᠤᠴᠠᠯᠭᠠᠲᠤ ᠨᠢᠭᠡᠴᠡ᠄ ᠲᠤᠭᠤᠷᠢᠭ ᠤᠨ ᠡᠨᠧᠷᠭᠢ ᠶᠢᠨ ᠲᠣᠪᠴᠢᠶ᠎ᠠ᠂ ᠬᠠᠶᠢᠨᠠᠨ ᠤ ᠪᠠᠶᠢᠭᠠᠯᠢ ᠶᠢᠨ ᠡᠬᠢ ᠪᠠᠶᠠᠯᠢᠭ ᠤᠨ | ᠲᠣᠪᠴᠢᠶ᠎ᠠ᠂ ᠬᠠᠶᠢᠨᠠᠨ ᠤ ᠠᠮᠢ ᠠᠬᠤᠶ ᠶᠢᠨ ᠣᠷᠴᠢᠨ ᠲᠣᠭᠤᠷᠢᠨ ᠤ ᠲᠣᠪᠴᠢᠶ᠎ᠠ ᠨᠢ ᠨᠡᠭᠦᠷᠡᠰᠦᠨ ᠠᠭᠤᠷᠬᠠᠶ᠂ ᠨᠡᠭᠦᠷᠡᠰᠦᠨ ᠤ | ᠪᠤᠰᠤ ᠠᠭᠤᠷᠬᠠᠶ᠂ ᠨᠡᠭᠦᠷᠡᠰᠦ ᠤᠬᠢᠶᠠᠵᠤ ᠰᠢᠯᠢᠬᠦ ᠠᠵᠤ ᠠᠬᠤᠶᠢᠯᠠᠯ ᠤᠨ ᠭᠠᠷᠤᠯᠲᠠ ᠶᠢ ᠬᠢᠵᠠᠭᠠᠷᠯᠠᠬᠤ᠂ ᠦᠢᠯᠡᠳᠪᠦᠷᠢᠯᠡᠯ ᠢ | ᠵᠣᠭᠰᠣᠭᠠᠬᠤ ᠠᠵᠢᠯ ᠢ ᠲᠣᠰ ᠲᠣᠰ ᠬᠠᠷᠢᠭᠤᠴᠠᠨ᠎ᠠ᠃ ᠪᠡᠶᠡᠯᠡᠭᠦᠯᠬᠦ ᠴᠠᠭ ᠤᠨ ᠬᠢᠵᠠᠭᠠᠷ ᠄ ᠴᠠᠭ ᠬᠤᠭᠤᠴᠠᠭ᠎ᠠ ᠶᠢᠨ | ᠵᠠᠩᠭᠢᠯᠠᠭ᠎ᠠ ᠶᠢᠨ ᠴᠡᠭ ᠢᠶᠠᠷ᠂ ᠦᠷᠭᠦᠯᠵᠢᠯᠡᠨ ᠠᠬᠢᠭᠤᠯᠤᠨ᠎ᠠ︶ | ︵ᠶᠢᠰᠦ︶ ᠳᠡᠭᠳᠡᠮᠡᠬᠡᠶ ᠴᠢᠨᠠᠷᠲᠠᠶ ᠣᠷᠭᠠᠨᠢᠭ ᠪᠣᠳᠠᠰ ᠢ ᠶᠡᠷᠦᠩᠬᠡᠶᠢᠯᠡᠨ ᠵᠠᠰᠠᠬᠤ ᠶᠢ ᠭᠦᠨᠵᠡᠭᠡᠶ ᠥᠷᠨᠢᠭᠦᠯᠦᠨ᠎ᠡ᠃ | VOCs ᠬᠢᠭᠡᠳ NOx ᠬᠠᠮᠵᠢᠯᠴᠠᠨ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠶᠢ | ᠴᠢᠩᠭᠠᠳᠬᠠᠵᠤ᠂ ᠳᠡᠭᠳᠡᠮᠡᠬᠡᠶ ᠴᠢᠨᠠᠷᠲᠠᠶ ᠣᠷᠭᠠᠨᠢᠭ ᠪᠣᠳᠠᠰ ᠤᠨ ᠵᠠᠰᠠᠯᠲᠠ ᠶᠢᠨ ᠳᠤᠲᠠᠭᠤᠳᠠᠯ ᠢ ᠨᠥᠬᠦᠪᠥᠷᠢᠯᠡᠵᠦ᠂ | ᠭᠤᠤᠯᠳᠠᠯᠭ᠎ᠠ ᠶᠢ ᠳᠣᠪᠤᠶᠢᠯᠭᠠᠨ᠂ ᠡᠬᠢ ᠡᠭᠦᠰᠦᠯ ᠠᠴᠠ ᠨᠢ ᠰᠡᠷᠭᠡᠶᠢᠯᠡᠨ ᠡᠵᠡᠮᠳᠡᠵᠦ᠂ ᠠᠵᠢᠯ ᠲᠥᠷᠥᠯ ᠬᠤᠪᠢᠶᠠᠨ ᠠᠷᠭ᠎ᠠ | ᠪᠣᠳᠣᠯᠭ᠎ᠠ ᠬᠡᠷᠡᠭᠵᠢᠭᠦᠯᠵᠦ᠂ VOCs ᠶᠡᠷᠦᠩᠬᠡᠶᠢᠯᠡᠨ ᠵᠠᠰᠠᠬᠤ ᠶᠢ ᠪᠥᠬᠦ ᠲᠠᠯ᠎ᠠ ᠪᠠᠷ ᠴᠢᠩᠭᠠᠳᠬᠠᠨ᠎ᠠ᠃ | 1. ᠡᠬᠢ ᠡᠭᠦᠰᠦᠯ ᠠᠴᠠ ᠨᠢ ᠣᠷᠣᠯᠠᠭᠤᠯᠬᠤ ᠶᠢ ᠶᠡᠬᠡᠪᠡᠷ ᠠᠬᠢᠭᠤᠯᠤᠨ᠎ᠠ᠃ ᠤᠯᠤᠰ ᠤᠨ ᠪᠠ ᠣᠷᠣᠨ ᠨᠤᠲᠤᠭ ᠤᠨ | ᠦᠢᠯᠡᠳᠭᠦᠨ ᠤ VOCs ᠤᠨ ᠠᠭᠤᠯᠤᠭᠳᠠᠴᠠ ᠶᠢᠨ ᠬᠢᠵᠠᠭᠠᠷ ᠬᠡᠮᠵᠢᠭᠳᠡᠯ ᠤᠨ ᠪᠠᠷᠢᠮᠵᠢᠶ᠎ᠠ ᠶᠢ ᠴᠢᠩᠭ᠎ᠠ | ᠨᠠᠶᠢᠳᠠᠪᠤᠷᠢᠵᠢᠭᠤᠯᠵᠤ᠂ VOCs ᠤᠨ ᠠᠭᠤᠯᠤᠭᠳᠠᠴᠠ ᠪᠠᠷ ᠳᠣᠤᠷ᠎ᠠ ︵ᠪᠠᠶᠢᠬᠤ ᠥᠬᠡᠶ︶ ᠲᠦᠭᠦᠬᠡᠶ ᠮᠠᠲ᠋ᠧᠷᠢᠶᠠᠯ | ᠲᠤᠰᠠᠯᠠᠬᠤ ᠮᠠᠲ᠋ᠧᠷᠢᠶᠠᠯ ᠢᠶᠠᠷ ᠣᠷᠣᠯᠠᠭᠤᠯᠬᠤ ᠶᠢ ᠶᠡᠬᠡᠪᠡᠷ ᠠᠬᠢᠭᠤᠯᠵᠤ᠂ ᠠᠵᠤ ᠠᠬᠤᠶᠢᠯᠠᠯ ᠤᠳ ᠡᠷᠬᠡᠪᠰᠢ ᠪᠦᠷᠢᠨ ᠪᠦᠲᠦᠨ | ᠲᠦᠭᠦᠬᠡᠶ ᠮᠠᠲ᠋ᠧᠷᠢᠶᠠᠯ ᠲᠤᠰᠠᠯᠠᠬᠤ ᠮᠠᠲ᠋ᠧᠷᠢᠶᠠᠯ ᠤᠨ ᠡᠬᠡ ᠲᠠᠩᠰᠠ ᠶᠢ ᠪᠠᠶᠢᠭᠤᠯᠵᠤ᠂ ᠵᠠᠰᠠᠭ ᠤᠨ ᠣᠷᠳᠣᠨ ᠤ ᠪᠣᠬᠢᠷᠲᠤᠯ | ᠥᠬᠡᠶ ᠪᠠᠷ ᠬᠤᠳᠠᠯᠳᠤᠨ ᠠᠪᠬᠤ ᠶᠢ ᠢᠳᠡᠪᠬᠢᠲᠡᠶ ᠠᠬᠢᠭᠤᠯᠤᠨ᠎ᠠ᠃ ︵ᠬᠠᠷᠢᠭᠤᠴᠠᠯᠭᠠᠲᠤ ᠨᠢᠭᠡᠴᠡ᠄ ᠲᠤᠭᠤᠷᠢᠭ ᠤᠨ ᠠᠵᠤ | ᠦᠢᠯᠡᠳᠪᠦᠷᠢ ᠮᠡᠳᠡᠭᠡ ᠵᠠᠩᠬᠢᠴᠢᠯᠠᠯᠲᠠ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠡᠳ᠋ ᠤᠨ ᠵᠠᠰᠠᠭ ᠤᠨ | ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠃ ᠬᠠᠮᠵᠢᠯᠴᠠᠬᠤ ᠰᠠᠯᠠᠭ᠎ᠠ ᠮᠥᠴᠢᠷ᠄ | ᠬᠠᠶᠢᠨᠠᠨ ᠤ ᠠᠮᠢ ᠠᠬᠤᠶ ᠣᠷᠴᠢᠨ ᠲᠣᠭᠤᠷᠢᠨ ᠤ ᠬᠤᠪᠢᠶᠠᠷᠢ ᠲᠣᠪᠴᠢᠶ᠎ᠠ︶ | 2.ᠠᠵᠤ ᠦᠢᠯᠡᠳᠪᠦᠷᠢ ᠶᠢᠨ VOCs ᠤᠨ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠢ ᠭᠦᠨᠵᠡᠭᠡᠶᠢᠷᠡᠭᠦᠯᠦᠨ᠎ᠡ᠃ | ᠭᠤᠤᠯᠳᠠᠯᠭ᠎ᠠ ᠲᠠᠢ ᠠᠵᠢᠯ ᠲᠥᠷᠥᠯ ᠤᠨ ᠠᠵᠤ ᠠᠬᠤᠶᠢᠯᠠᠯ ᠤᠨ ᠳᠡᠭᠳᠡᠮᠡᠬᠡᠶ ᠴᠢᠨᠠᠷᠲᠠᠶ ᠣᠷᠭᠠᠨᠢᠭ ᠪᠣᠳᠠᠰ ᠤᠨ ᠵᠠᠰᠠᠯᠲᠠ ᠶᠢ | ᠠᠬᠢᠭᠤᠯᠵᠤ᠂ ᠡᠬᠢ ᠡᠭᠦᠰᠦᠯ ᠠᠴᠠ ᠨᠢ ᠡᠵᠡᠮᠳᠡᠬᠦ ᠶᠢ ᠴᠢᠩᠭᠠᠷᠠᠭᠤᠯᠬᠤ ᠪᠠᠷ ᠳᠡᠮᠵᠢᠨ᠂ ᠢᠨᠵᠧᠨᠧᠷᠢᠩ ᠤᠨ ᠬᠠᠮᠢᠶᠠᠷᠤᠯᠲᠠ ᠶᠢ | ᠴᠢᠩᠳᠠᠯᠠᠵᠤ᠂ ᠲᠡᠭᠦᠰᠬᠡᠯ ᠦᠵᠦᠭᠦᠷ ᠤᠨ ᠵᠠᠰᠠᠯᠲᠠ ᠶᠢ ᠭᠦᠨᠵᠡᠭᠡᠶᠢᠷᠡᠭᠦᠯᠦᠨ᠂ ᠪᠥᠬᠦ ᠲᠤᠭᠤᠷᠢᠭ ᠤᠨ ᠬᠢᠮᠢ ᠶᠢᠨ ᠠᠵᠤ | ᠦᠢᠯᠡᠳᠪᠦᠷᠢ ︵ᠬᠡᠦᠷᠰᠢᠭᠦᠯᠬᠦ ᠪᠠᠭᠲᠠᠨ᠎ᠠ︶᠂ ᠡᠮ ᠦᠢᠯᠡᠳᠬᠦ᠂ PVC ᠵᠡᠷᠭᠡ ᠠᠵᠢᠯ ᠲᠥᠷᠥᠯ ᠤᠨ ᠪᠥᠬᠦ ᠶᠠᠪᠤᠴᠠ ᠶᠢᠨ | ᠨᠠᠷᠢᠯᠢᠬᠵᠢᠭᠤᠯᠤᠭᠰᠠᠨ ᠬᠠᠮᠢᠶᠠᠷᠤᠯᠲᠠ ᠶᠢ ᠪᠡᠶᠡᠯᠡᠭᠦᠯᠦᠨ᠎ᠡ᠃ 2021 ᠣᠨ ᠳᠤ 7 VOCs ᠤᠨ ᠭᠦᠨᠵᠡᠭᠡᠶ ᠵᠠᠰᠠᠯᠲᠠ ᠶᠢᠨ | ᠲᠥᠷᠥᠯ ᠵᠦᠢᠯ ᠢ ᠪᠡᠶᠡᠯᠡᠭᠦᠯᠪᠡ᠃ ᠬᠡᠤᠷᠰᠢᠭᠦᠯᠬᠦ ᠠᠵᠤ ᠦᠢᠯᠡᠰ ᠢ ᠳᠠᠬᠢᠨ ᠵᠣᠬᠢᠶᠠᠨ ᠪᠠᠶᠢᠭᠤᠯᠵᠤ ᠲᠠᠰ ᠳᠡᠪᠰᠢᠭᠦᠯᠬᠦ ᠪᠠᠷ | ᠠᠵᠠ ᠲᠣᠬᠢᠶᠠᠯ ᠪᠣᠯᠭᠠᠵᠤ᠂ ᠪᠣᠶ ᠪᠥᠬᠦᠶ ᠬᠡᠤᠷᠰᠢᠭᠦᠯᠬᠦ ᠠᠵᠤ ᠠᠬᠤᠶᠢᠯᠠᠯ ᠤᠨ VOCs ᠤᠨ ᠵᠠᠰᠠᠯᠲᠠ ᠶᠢ ᠣᠲᠣ ᠶᠢᠨ | ᠪᠠᠶᠢᠭ᠎ᠠ ᠵᠠᠰᠠᠬᠤ ᠠᠵᠢᠯ ᠤᠨ ᠱᠠᠭᠠᠷᠳᠠᠯᠭ᠎ᠠ ᠳᠤ ᠬᠦᠷᠦᠭᠦᠯᠦᠭᠰᠡᠨ ᠰᠠᠭᠤᠷᠢᠨ ᠳᠡᠭᠡᠷ᠎ᠡ᠂ ᠬᠡᠤᠷᠰᠢᠭᠦᠯᠬᠦ ᠠᠵᠤ ᠠᠬᠤᠶᠢᠯᠠᠯ ᠤᠨ | VOCs ᠤᠨ ᠰᠡᠷᠭᠡᠶᠢᠯᠡᠨ ᠵᠠᠰᠠᠬᠤ ᠬᠢᠷᠢ ᠬᠡᠮᠵᠢᠶ᠎ᠡ ᠶᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠳᠠᠬᠢᠨ ᠵᠣᠬᠢᠶᠠᠨ ᠪᠠᠶᠢᠭᠤᠯᠵᠤ | ᠡᠮᠬᠢᠯᠡᠨ ᠨᠡᠶᠢᠯᠡᠭᠦᠯᠬᠦ ᠳᠤ ᠣᠷᠣᠯᠴᠠᠭᠰᠠᠨ ᠰᠢᠨ᠎ᠡ ︵ᠥᠭᠡᠷᠡᠴᠢᠯᠡᠨ ᠥᠷᠭᠡᠳᠬᠡᠬᠦ︶ᠬᠡᠤᠷᠰᠢᠭᠦᠯᠬᠦ ᠠᠵᠤ ᠠᠬᠤᠶᠢᠯᠠᠯ ᠤᠨ | VOCs ᠤᠨ ᠵᠠᠰᠠᠯᠲᠠ ᠶᠢ ᠡᠷᠬᠡᠪᠰᠢ ᠤᠯᠤᠰ ᠤᠨ ᠳᠣᠲᠣᠭᠠᠳᠤ ᠶᠢᠨ ᠲᠡᠷᠢᠭᠦᠨ ᠤ ᠬᠢᠷᠢ ᠬᠡᠮᠵᠢᠶ᠎ᠡ ᠳᠤ ᠬᠦᠷᠦᠭᠦᠯᠵᠦ᠂ ᠪᠥᠬᠦ | ᠶᠠᠪᠤᠴᠠ ᠶᠢᠨ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢ ᠪᠡᠶᠡᠯᠡᠭᠦᠯᠬᠦ ᠬᠡᠷᠡᠭᠲᠡᠶ᠃ ᠳᠠᠬᠢᠨ ᠵᠣᠬᠢᠶᠠᠨ ᠪᠠᠶᠢᠭᠤᠯᠵᠤ ᠡᠮᠬᠢᠯᠡᠨ | ᠨᠡᠶᠢᠯᠡᠭᠦᠯᠬᠦ ᠳᠤ ᠣᠷᠣᠯᠴᠠᠬᠤ ᠥᠬᠡᠶ ᠬᠡᠤᠷᠰᠢᠭᠦᠯᠬᠦ ᠠᠵᠤ ᠠᠬᠤᠶᠢᠯᠠᠯ ᠢ 2023 ᠣᠨ ᠤ ᠵᠢᠯ ᠤᠨ ᠰᠡᠭᠦᠯᠴᠢ ᠠᠴᠠ ᠡᠮᠦᠨ᠎ᠡ | ᠵᠠᠰᠠᠵᠤ ᠳᠠᠭᠤᠰᠬᠠᠬᠤ ᠪᠠᠷ ᠯᠠᠪᠯᠠᠯᠲᠠ ᠪᠣᠯᠭᠠᠨ᠎ᠠ᠃ ᠴᠢᠯᠠᠭᠤᠨ ᠲᠣᠰᠣ ᠬᠢᠮᠢ ᠶᠢᠨ ᠠᠵᠤ ᠦᠢᠯᠡᠳᠪᠦᠷᠢ᠂ ᠬᠢᠮᠢ ᠶᠢᠨ ᠠᠵᠤ | ᠦᠢᠯᠡᠳᠪᠦᠷᠢ᠂ ᠠᠵᠤ ᠦᠢᠯᠡᠳᠪᠦᠷᠢ ᠶᠢᠨ ᠲᠦᠷᠬᠢᠨ ᠤᠭᠰᠠᠷᠠᠬᠤ᠂ ᠪᠣᠭᠤᠳᠠᠯᠯᠠᠨ ᠳᠠᠷᠤᠮᠠᠯᠯᠠᠬᠤ ᠵᠡᠷᠭᠡ ᠠᠵᠢᠯ ᠲᠥᠷᠥᠯ ᠢᠶᠠᠷ | ᠭᠤᠤᠯᠳᠠᠯᠭ᠎ᠠ ᠪᠣᠯᠭᠠᠵᠤ᠂ ︽ᠳᠡᠭᠳᠡᠮᠡᠬᠡᠶ ᠴᠢᠨᠠᠷᠲᠠᠶ ᠣᠷᠭᠠᠨᠢᠭ ᠪᠣᠳᠠᠰ ᠢ ᠵᠣᠬᠢᠶᠠᠨ ᠪᠠᠶᠢᠭᠤᠯᠤᠯᠲᠠ ᠥᠬᠡᠶ ᠪᠠᠷ | ᠭᠠᠳᠠᠭᠰᠢᠯᠠᠭᠤᠯᠬᠤ ᠶᠢ ᠡᠵᠡᠮᠳᠡᠬᠦ ᠪᠠᠷᠢᠮᠵᠢᠶ᠎ᠠ︾ ︵GB 37822 — 2019︶ ᠶᠢᠨ ᠱᠠᠭᠠᠷᠳᠠᠯᠭ᠎ᠠ ᠶᠣᠰᠣᠭᠠᠷ᠂ | ᠵᠣᠬᠢᠶᠠᠨ ᠪᠠᠶᠢᠭᠤᠯᠤᠯᠲᠠ ᠥᠬᠡᠶ ᠪᠠᠷ ᠭᠠᠳᠠᠭᠰᠢᠯᠠᠭᠤᠯᠬᠤ ᠶᠢ ᠡᠵᠡᠮᠳᠡᠬᠦ ᠶᠢ ᠴᠢᠩᠭᠠᠳᠬᠠᠵᠤ᠂ ᠵᠠᠳᠠᠷᠠᠭᠤᠯᠬᠤ ᠶᠢ ᠪᠠᠶᠢᠴᠠᠭᠠᠨ | ᠬᠡᠮᠵᠢᠬᠦ ᠪᠠ ᠵᠠᠰᠠᠨ ᠰᠡᠷᠭᠦᠭᠡᠬᠦ ᠡᠭᠦᠷᠭᠡ ᠶᠢ ᠪᠡᠶᠡᠯᠡᠭᠦᠯᠵᠦ᠂ LDAR ᠣᠷᠳᠣ ᠬᠤᠭᠤᠴᠠᠭᠠᠨ ᠤ ᠪᠦᠲᠦᠮᠵᠢᠲᠡᠶ | ᠬᠠᠮᠢᠶᠠᠷᠤᠯᠲᠠ ᠶᠢᠨ ᠲᠦᠷᠢᠮ ᠢ ᠪᠠᠶᠢᠭᠤᠯᠤᠨ᠎ᠠ᠃ ︵ᠬᠠᠷᠢᠭᠤᠴᠠᠯᠭᠠᠲᠤ ᠨᠢᠭᠡᠴᠡ᠄ ᠬᠠᠶᠢᠨᠠᠨ ᠤ ᠠᠮᠢ ᠠᠬᠤᠶ ᠶᠢᠨ ᠣᠷᠴᠢᠨ | ᠲᠣᠭᠤᠷᠢᠨ ᠤ ᠬᠤᠪᠢᠶᠠᠷᠢ ᠲᠣᠪᠴᠢᠶ᠎ᠠ ᠃ ᠪᠡᠶᠡᠯᠡᠭᠦᠯᠬᠦ ᠴᠠᠭ ᠤᠨ ᠬᠢᠵᠠᠭᠠᠷ᠄ ᠦᠷᠭᠦᠯᠵᠢᠯᠡᠨ ᠠᠬᠢᠭᠤᠯᠤᠨ᠎ᠠ︶ | 3. ᠠᠵᠢᠯ ᠲᠥᠷᠥᠯ ᠬᠤᠪᠢᠶᠠᠨ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢ ᠴᠢᠩᠭᠠᠷᠠᠭᠤᠯᠤᠨ᠎ᠠ᠃ ᠲᠣᠰᠣᠨ ᠤ | ᠵᠦᠢᠯ ᠢ ᠬᠠᠳᠠᠭᠠᠯᠠᠵᠤ ᠲᠡᠭᠡᠭᠡᠪᠦᠷᠢᠯᠡᠨ ᠪᠣᠷᠣᠯᠠᠭᠤᠯᠬᠤ᠂ ᠬᠤᠲᠠ ᠶᠢᠨ ᠲᠣᠭᠤᠷᠢᠭ ᠲᠤ ᠰᠦᠷᠴᠢᠨ ᠰᠢᠷᠲᠡᠬᠦ᠂ ᠪᠣᠭᠤᠳᠠᠯᠯᠠᠨ | ᠳᠠᠷᠤᠮᠠᠯᠯᠠᠬᠤ᠂ ᠪᠠᠷᠢᠯᠭ᠎ᠠ ᠶᠢᠨ ᠵᠠᠰᠠᠯ ᠴᠢᠮᠡᠭᠯᠡᠯ ᠤᠨ ᠠᠵᠢᠯ ᠲᠥᠷᠥᠯ᠂ ᠢᠳᠡᠭᠡᠨ ᠤᠮᠳᠠᠭᠠᠨ ᠵᠡᠷᠭᠡ ᠠᠮᠢᠳᠤᠷᠠᠯ ᠤᠨ ᠢᠷᠡᠯᠲᠡ᠂ | ᠰᠢᠯᠵᠢᠮᠡᠯ ᠬᠤᠯᠪᠣᠭᠠᠨ ᠤ ᠢᠷᠡᠯᠲᠡ᠂ ᠲᠠᠷᠢᠶᠠᠯᠠᠩ ᠤᠨ ᠢᠷᠡᠯᠲᠡ ᠵᠡᠷᠭᠡ VOCs ᠤᠨ ᠵᠠᠰᠠᠯᠲᠠ ᠶᠢ ᠥᠷᠨᠢᠭᠦᠯᠦᠨ᠎ᠡ᠃ | ᠲᠡᠷᠭᠡ᠂ ᠲᠤᠰᠤ᠂ ᠵᠠᠮ ᠢ ᠶᠡᠷᠦᠩᠬᠡᠶᠢᠯᠡᠨ ᠴᠡᠭᠴᠡᠯᠡᠨ ᠵᠠᠰᠠᠬᠤ ᠶᠢ ᠨᠢᠭᠡᠳᠦᠯᠲᠡᠶ ᠲᠥᠯᠥᠪᠯᠡᠨ ᠠᠬᠢᠭᠤᠯᠵᠤ᠂ ᠰᠢᠨ᠎ᠡ ᠪᠠᠷ | ᠦᠢᠯᠡᠳᠪᠦᠷᠢᠯᠡᠭᠰᠡᠨ ᠲᠡᠷᠭᠡ ᠬᠥᠰᠬᠡ ᠶᠢ ᠪᠠᠷᠢᠮᠵᠢᠶ᠎ᠠ ᠳᠤ ᠬᠦᠷᠦᠭᠦᠯᠦᠨ ᠭᠠᠳᠠᠭᠰᠢᠯᠠᠭᠤᠯᠬᠤ ᠶᠢᠨ ᠬᠢᠨᠠᠯᠲᠠ ᠬᠠᠮᠢᠶᠠᠷᠤᠯᠲᠠ ᠶᠢ | ᠴᠢᠩᠭᠠᠷᠠᠭᠤᠯᠵᠤ᠂ ᠬᠠᠭᠤᠴᠢᠷᠬᠠᠰᠠᠨ ᠲᠡᠷᠭᠡ ᠶᠢ ᠭᠡᠭᠡᠭᠳᠡᠭᠦᠯᠬᠦ ᠶᠢ ᠲᠦᠷᠭᠡᠳᠬᠡᠨ᠎ᠡ᠃ ᠨᠢᠭᠡ ᠳᠤ ᠮᠠᠰᠢᠨᠲᠤ ᠲᠡᠷᠭᠡᠨ ᠤ | ᠭᠠᠳᠠᠭᠰᠢᠯᠠᠭᠤᠯᠤᠯᠲᠠ ᠶᠢ ᠪᠠᠶᠢᠴᠠᠭᠠᠨ ᠬᠡᠮᠵᠢᠬᠦ ᠪᠠ ᠠᠯᠪᠠᠳᠠᠯᠭ᠎ᠠ ᠪᠠᠷ ᠬᠠᠮᠠᠭᠠᠯᠠᠬᠤ ︵I/M︶ ᠲᠦᠷᠢᠮ ᠢ ᠬᠡᠷᠡᠭᠵᠢᠭᠦᠯᠵᠦ᠂ | ᠵᠠᠮ ᠬᠠᠷᠢᠯᠴᠠᠭᠠᠨ ᠤ ᠪᠤᠰᠤ ᠰᠢᠯᠵᠢᠮᠡᠯ ᠮᠧᠬᠠᠨᠢᠭ ᠤᠨ ᠪᠣᠬᠢᠷᠲᠤᠯ ᠢ ᠵᠠᠰᠠᠬᠤ ᠠᠵᠢᠯ ᠢ ᠲᠦᠷᠭᠡᠪᠴᠢᠯᠡᠨ ᠠᠬᠢᠭᠤᠯᠤᠨ᠎ᠠ᠃ | ᠴᠠᠶᠢᠶ᠋ᠢᠦ ᠲᠣᠰᠣᠨ ᠤ ᠡᠳ᠋ ᠪᠠᠷᠠᠭᠠᠨ ᠤ ᠲᠡᠷᠭᠡ ᠶᠢᠨ ᠵᠠᠮ ᠤᠨ ᠪᠠᠶᠢᠴᠠᠭᠠᠯᠲᠠ ᠪᠠ ᠵᠠᠮ ᠤᠨ ᠪᠠᠶᠢᠴᠠᠭᠠᠯᠲᠠ ᠰᠤᠭᠤᠴᠢᠨ | ᠪᠠᠶᠢᠴᠠᠭᠠᠬᠤ ᠤᠳᠠᠭ᠎ᠠ ᠶᠢ ᠳᠡᠭᠡᠭᠰᠢᠯᠡᠭᠦᠯᠵᠦ᠂ ᠪᠠᠷᠢᠮᠵᠢᠶ᠎ᠠ ᠠᠴᠠ ᠬᠡᠲᠦᠷᠡᠭᠰᠡᠨ ᠮᠠᠰᠢᠨᠲᠤ ᠲᠡᠷᠭᠡ ᠪᠠ ᠵᠠᠮ ᠤᠨ ᠪᠤᠰᠤ | ᠰᠢᠯᠵᠢᠮᠡᠯ ᠮᠠᠰᠢᠨ ᠮᠧᠬᠠᠨᠢᠭ ᠤᠨ ᠬᠠᠤᠯᠢ ᠬᠡᠷᠡᠭᠵᠢᠭᠦᠯᠵᠦ ᠬᠢᠨᠠᠨ ᠬᠠᠮᠢᠶᠠᠷᠬᠤ ᠡᠷᠴᠢᠮ ᠢ ᠴᠢᠩᠭᠠᠷᠠᠭᠤᠯᠤᠨ᠂ ᠬᠠᠷ᠎ᠠ ᠲᠣᠰᠣ | ᠨᠡᠮᠡᠬᠦ ᠥᠷᠲᠡᠭᠡ ᠴᠡᠭ ᠲᠤ ᠴᠢᠩᠭ᠎ᠠ ᠴᠣᠬᠢᠯᠲᠠ ᠥᠭᠴᠦ᠂ ᠲᠣᠰᠣ ᠨᠡᠮᠡᠬᠦ ᠥᠷᠲᠡᠭᠡ᠂ ᠲᠣᠰᠣ ᠬᠠᠳᠠᠭᠠᠯᠠᠬᠤ ᠬᠥᠮᠥᠷᠭᠡ᠂ | ᠲᠣᠰᠣ ᠰᠠᠪᠠᠯᠠᠬᠤ ᠲᠡᠷᠭᠡ ᠶᠢᠨ ᠲᠣᠰᠣ ᠬᠡᠶ ᠶᠢ ᠡᠭᠡᠭᠦᠯᠦᠨ ᠬᠤᠷᠢᠶᠠᠵᠤ ᠵᠠᠰᠠᠬᠤ ᠶᠢ ᠦᠷᠭᠦᠯᠵᠢᠯᠡᠨ ᠭᠦᠨᠵᠡᠭᠡᠶᠢᠷᠡᠭᠦᠯᠦᠨ᠎ᠡ᠃ | ᠬᠤᠶᠠᠷ ᠲᠤ᠂ ᠲᠣᠰᠣᠨ ᠤ ᠵᠦᠢᠯ ᠢ ᠬᠠᠳᠠᠭᠠᠯᠠᠬᠤ ᠲᠡᠭᠡᠭᠡᠪᠦᠷᠢᠯᠡᠬᠦ ᠪᠣᠷᠣᠯᠠᠭᠤᠯᠬᠤ ᠲᠣᠰᠣ ᠬᠡᠶ ᠶᠢᠨ ᠭᠠᠳᠠᠭᠰᠢᠯᠠᠭᠤᠯᠤᠯᠲᠠ ᠶᠢ | ᠬᠢᠵᠠᠭᠠᠷᠯᠠᠬᠤ ᠶᠢ ᠴᠢᠩᠭᠠᠳᠬᠠᠵᠤ᠂ ᠵᠢᠯ ᠪᠦᠷᠢ ᠶᠢᠨ 4 ᠳ᠋ᠣᠭᠡᠷ ᠰᠠᠷ᠎ᠠ ᠶᠢᠨ ᠰᠡᠭᠦᠯᠴᠢ ᠠᠴᠠ ᠡᠮᠦᠨ᠎ᠡ ᠨᠢᠭᠡ ᠤᠳᠠᠭ᠎ᠠ | ᠲᠤᠰᠬᠠᠶ ᠪᠠᠶᠢᠴᠠᠭᠠᠯᠲᠠ ᠬᠢᠵᠦ᠂ ᠲᠣᠰᠣ ᠬᠡᠶ ᠶᠢ ᠡᠭᠡᠭᠦᠯᠦᠨ ᠬᠤᠷᠢᠶᠠᠬᠤ ᠪᠡᠯᠡᠳᠬᠡᠮᠵᠢ ᠶᠢᠨ ᠬᠡᠪ ᠢᠶᠠᠷ ᠬᠡᠷᠡᠭᠯᠡᠭᠳᠡᠬᠦ ᠶᠢ | ᠦᠨᠡᠨᠬᠦ ᠪᠠᠲᠤᠯᠠᠨ᠎ᠠ᠃ ᠭᠤᠤᠯᠳᠠᠯᠭ᠎ᠠ ᠲᠠᠢ ᠴᠠᠭ ᠬᠤᠭᠤᠴᠠᠭ᠎ᠠ ᠶᠢᠨ ᠲᠣᠭᠤᠷᠢᠨ ᠳᠤ᠂ ᠵᠤᠨ ᠨᠠᠮᠤᠷ ᠤᠨ ᠤᠯᠠᠷᠢᠯ ᠤᠨ | ᠳᠡᠭᠳᠡᠮᠡᠬᠡᠶ ᠴᠢᠨᠠᠷᠲᠠᠶ ᠣᠷᠭᠠᠨᠢᠭ ᠪᠣᠳᠠᠰ ᠤᠨ ᠪᠣᠬᠢᠷᠲᠤᠯ ᠤᠨ ᠰᠢᠪᠲᠤᠯᠤᠯᠲᠠ ᠶᠢᠨ ᠠᠵᠢᠯᠯᠠᠭ᠎ᠠ ᠶᠢ ᠯᠠᠪᠳᠠᠭᠤᠨ ᠪᠠᠲᠤᠲᠠᠶ | ᠥᠷᠨᠢᠭᠦᠯᠵᠦ᠂ 5 — 8 ᠳ᠋ᠤᠭᠠᠷ ᠰᠠᠷ᠎ᠠ ᠶᠢᠨ ᠭᠤᠤᠯᠳᠠᠯᠭ᠎ᠠ ᠲᠠᠢ ᠴᠠᠭ ᠬᠤᠭᠤᠴᠠᠭ᠎ᠠ ᠶᠢᠨ ᠣᠽᠣᠨ ᠤ ᠪᠣᠬᠢᠷᠲᠤᠯ ᠢ | ᠳᠠᠬᠢᠨ ᠰᠡᠷᠭᠦᠭᠡᠬᠦ ᠥᠬᠡᠶ᠃ ᠭᠤᠷᠪᠠ ᠳᠤ᠂ ᠲᠤᠮᠤ ᠳᠤᠮᠳᠠ ᠬᠡᠯᠪᠡᠷᠢ ᠶᠢᠨ ᠵᠠᠰᠠᠯ ᠴᠢᠮᠡᠭᠯᠡᠯ᠂ ᠭᠠᠳᠠᠷ ᠲᠠᠯ᠎ᠠ ᠶᠢᠨ | ᠥᠭᠡᠷᠡᠴᠢᠯᠡᠯᠲᠡ᠂ ᠵᠠᠮ ᠤᠨ ᠵᠢᠷᠤᠭᠠᠰᠤ᠂ ᠪᠠᠷᠤᠭᠰᠢᠨ ᠳᠡᠪᠢᠰᠬᠡᠷ᠂ ᠮᠠᠰᠢᠨ ᠰᠡᠯᠪᠢᠨ ᠵᠠᠰᠠᠵᠤ ᠰᠦᠷᠴᠢᠨ ᠰᠢᠷᠳᠡᠬᠦ᠂ ᠲᠠᠷᠢᠶᠠᠨ | ᠡᠮ ᠰᠦᠷᠴᠢᠬᠦ᠂ ᠲᠤᠰᠤ ᠨᠡᠮᠡᠬᠦ ᠦᠷᠳᠡᠭᠡ ᠶᠢᠨ ᠲᠤᠰᠤ ᠠᠴᠢᠶᠠᠯᠠᠵᠤ ᠪᠠᠭᠤᠯᠭᠠᠬᠤ ᠵᠡᠷᠭᠡ ᠠᠵᠢᠯ ᠲᠦᠷᠦᠯ ᠤᠨ ᠵᠤᠨ ᠤ | ᠤᠯᠠᠷᠢᠯ ᠤᠨ ᠤᠷᠬᠢᠯ ᠢ ᠵᠥᠷᠢᠭᠦᠯᠦᠨ ᠦᠢᠯᠡᠳᠪᠦᠷᠢᠯᠡᠬᠦ ᠲᠤᠰᠬᠠᠢ ᠬᠠᠮᠢᠶᠠᠷᠤᠯᠲᠠ ᠡᠵᠡᠮᠳᠡᠯ ᠢ ᠴᠢᠩᠭ᠎ᠠ ᠬᠡᠷᠡᠭᠵᠢᠭᠦᠯᠵᠦ᠂ | ᠬᠡᠦᠷᠰᠢᠭᠦᠯᠬᠦ᠂ ᠬᠢᠮᠢ ᠶᠢᠨ ᠠᠵᠤ ᠦᠢᠯᠡᠳᠪᠦᠷᠢ᠂ ᠲᠠᠷᠢᠶᠠᠨ ᠡᠮ ᠵᠡᠷᠭᠡ ᠭᠤᠣᠯᠳᠠᠯᠭ᠎ᠠ ᠲᠠᠢ VOC ᠠᠵᠤ ᠠᠬᠤᠶᠢᠯᠠᠯ ᠢ | ᠬᠦᠳᠦᠯᠦᠨ ᠵᠢᠯᠣᠭᠤᠳᠴᠤ ᠪᠠᠶᠢᠭᠠᠳ ᠪᠠᠶᠢᠴᠠᠭᠠᠨ ᠵᠠᠰᠠᠬᠤ ᠶᠢ ᠵᠣᠭᠰᠣᠭᠠᠬᠤ ᠲᠥᠯᠥᠪᠯᠡᠭᠡ ᠶᠢ ᠵᠣᠬᠢᠰᠲᠠᠢ ᠲᠤᠬᠢᠷᠠᠭᠤᠯᠤᠨ᠎ᠠ᠃ | ᠳᠥᠷᠪᠡ ᠳᠤ VOCs ᠵᠠᠰᠠᠯᠲᠠ ᠶᠢᠨ ᠲᠥᠬᠦᠭᠡᠷᠦᠮᠵᠢ ᠤᠭᠰᠠᠷᠠᠭᠰᠠᠨ ᠥᠬᠡᠶ ᠪᠤᠶᠤ ᠵᠠᠰᠠᠯᠲᠠ ᠶᠢᠨ ᠲᠥᠬᠦᠭᠡᠷᠦᠮᠵᠢ ᠶᠢ | ᠬᠡᠪ ᠤᠨ ᠪᠠᠶᠢᠳᠠᠯ ᠢᠶᠠᠷ ᠠᠵᠢᠯᠯᠠᠭᠤᠯᠤᠭᠠᠳᠤᠶ ᠠᠵᠤ ᠠᠬᠤᠶᠢᠯᠠᠯ ᠢ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠨ᠎ᠡ᠃ | 2020 ᠣᠨ ᠤ ᠳᠡᠭᠳᠡᠮᠡᠬᠡᠶ ᠴᠢᠨᠠᠷᠲᠠᠶ ᠣᠷᠭᠠᠨᠢᠭ ᠪᠣᠳᠠᠰ ᠤᠨ ᠪᠣᠬᠢᠷᠲᠤᠯ ᠤᠨ ᠪᠡᠷᠬᠡ ᠰᠡᠳᠦᠪ ᠢ ᠰᠢᠢᠳᠪᠦᠷᠢᠯᠡᠬᠦ | ᠠᠰᠠᠭᠤᠳᠠᠯ ᠢ 2021 ᠣᠨ ᠤ 4 ᠳ᠋ᠣᠭᠡᠷ ᠰᠠᠷ᠎ᠠ ᠶᠢᠨ ᠰᠡᠭᠦᠯᠴᠢ ᠠᠴᠠ ᠡᠮᠦᠨ᠎ᠡ ᠬᠤᠭᠤᠴᠠᠭ᠎ᠠ ᠲᠣᠭᠲᠠᠭᠠᠨ ᠪᠦᠬᠦᠨ ᠢ | ᠴᠡᠭᠴᠡᠯᠡᠨ ᠰᠠᠶᠢᠵᠢᠷᠠᠭᠤᠯᠤᠨ᠎ᠠ᠃ ︵ᠬᠠᠷᠢᠭᠤᠴᠠᠯᠭᠠᠲᠤ ᠨᠢᠭᠡᠴᠡ᠄ ᠬᠠᠶᠢᠨᠠᠨ ᠤ ᠠᠮᠢ ᠠᠬᠤᠶ ᠣᠷᠴᠢᠨ ᠲᠣᠭᠤᠷᠢᠨ ᠤ | ᠬᠤᠪᠢᠶᠠᠷᠢ ᠲᠣᠪᠴᠢᠶ᠎ᠠ᠂ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ᠂ ᠲᠤᠭᠤᠷᠢᠭ ᠤᠨ ᠠᠵᠤ ᠦᠢᠯᠡᠳᠪᠦᠷᠢ | ᠮᠡᠳᠡᠭᠡ ᠵᠠᠩᠬᠢᠴᠢᠯᠠᠯᠲᠠ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ | ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ᠂ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ᠂ | ᠬᠠᠶᠢᠨᠠᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠬᠤᠪᠢᠶᠠᠷᠢ ᠲᠣᠪᠴᠢᠶ᠎ᠠ᠃ | ᠪᠡᠶᠡᠯᠡᠭᠦᠯᠬᠦ ᠴᠠᠭ ᠤᠨ ᠬᠢᠵᠠᠭᠠᠷ᠄ ᠦᠷᠭᠦᠯᠵᠢᠯᠡᠨ ᠠᠬᠢᠭᠤᠯᠤᠨ᠎ᠠ︶ | ︵ᠠᠷᠪᠠ︶ ᠲᠡᠭᠡᠭᠡᠪᠦᠷᠢ ᠶᠢᠨ ᠪᠦᠲᠦᠴᠡ ᠶᠢ ᠬᠦᠴᠦᠯᠡᠨ ᠳᠣᠭᠢᠷᠠᠭᠤᠯᠤᠨ᠎ᠠ᠃ ᠰᠢᠨ᠎ᠡ ᠡᠨᠧᠷᠭᠢ ᠶᠢᠨ ᠰᠤᠷᠪᠤᠯᠵᠢ ᠶᠢᠨ | ᠮᠠᠰᠢᠨ ᠲᠡᠷᠭᠡ ᠶᠢ ᠳᠡᠯᠭᠡᠷᠡᠭᠦᠯᠬᠦ ᠡᠷᠴᠢᠮ ᠢᠶᠠᠨ ᠴᠢᠩᠭᠠᠷᠠᠭᠤᠯᠵᠤ᠂ ᠬᠤᠳᠠ ᠶᠢᠨ ᠨᠡᠶᠢᠲᠡ ᠶᠢᠨ ᠵᠠᠮ ᠬᠠᠷᠢᠯᠴᠠᠭ᠎ᠠ᠂ | ᠬᠤᠳᠠ ᠶᠢᠨ ᠡᠳ᠋ ᠪᠠᠷᠠᠭᠠᠨ ᠤ ᠭᠦᠢᠯᠭᠡᠭᠡ᠂ ᠠᠭᠤᠷᠬᠠᠶ ᠶᠢᠨ ᠣᠷᠣᠨ ᠤ ᠳᠤᠮᠳᠠ ᠤᠢᠢᠷ᠎ᠠ ᠵᠠᠮ ᠤᠨ ᠲᠡᠭᠡᠭᠡᠪᠦᠷᠢ ᠵᠢᠴᠢ ᠵᠠᠮ | ᠬᠠᠷᠢᠯᠴᠠᠭᠠᠨ ᠤ ᠪᠤᠰᠤ ᠰᠢᠯᠵᠢᠮᠡᠯ ᠮᠧᠬᠠᠨᠢᠭ ᠵᠡᠷᠭᠡ ᠣᠨᠴᠠ ᠲᠣᠭᠲᠠᠭᠰᠠᠨ ᠦᠵᠡᠭᠳᠡᠯ ᠳᠤ ᠤᠰᠤᠲᠥ᠋ᠷᠥᠭᠴᠢ ᠶᠢᠨ | ᠡᠨᠧᠷᠭᠢ ᠶᠢᠨ ᠰᠤᠷᠪᠤᠯᠵᠢ᠂ LNG ᠵᠡᠷᠭᠡ ᠰᠢᠨ᠎ᠡ ᠡᠨᠧᠷᠭᠢ ᠶᠢᠨ ᠰᠤᠷᠪᠤᠯᠵᠢ ᠶᠢᠨ ᠲᠡᠷᠭᠡ ᠬᠥᠰᠬᠡ ᠶᠢ ᠬᠦᠴᠦᠯᠡᠨ | ᠳᠡᠯᠭᠡᠷᠡᠭᠦᠯᠦᠨ᠎ᠡ᠃ ᠬᠤᠳᠠ ᠶᠢᠨ ᠲᠣᠭᠤᠷᠢᠭ ᠤᠨ ᠨᠡᠶᠢᠲᠡ ᠶᠢᠨ ᠵᠠᠮ ᠬᠠᠷᠢᠯᠴᠠᠭᠠᠨ ᠤ ᠪᠠᠶᠢᠭᠤᠯᠤᠯ ᠤᠨ ᠥᠭᠡᠷᠡᠴᠢᠯᠡᠯᠲᠡ ᠶᠢ | ᠭᠦᠨᠵᠡᠭᠡᠶᠢᠷᠡᠭᠦᠯᠵᠦ᠂ ᠬᠤᠳᠠ ᠶᠢᠨ ᠱᠠᠲᠤᠨ ᠤ ᠪᠠᠷᠢᠮᠵᠢᠶ᠎ᠠ ᠶᠢ ᠴᠢᠩᠭ᠎ᠠ ᠵᠢᠷᠤᠮᠯᠠᠨ ᠰᠢᠨ᠎ᠡ ᠡᠨᠧᠷᠭᠢ ᠶᠢᠨ ᠰᠤᠷᠪᠤᠯᠵᠢ ᠬᠡᠷᠡᠭᠯᠡᠬᠦ | ᠨᠡᠶᠢᠲᠡ ᠶᠢᠨ ᠮᠠᠰᠢᠨ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠵᠠᠮ ᠲᠡᠭᠡᠭᠡᠪᠦᠷᠢ ᠶᠢᠨ ᠠᠵᠤ ᠠᠬᠤᠶᠢᠯᠠᠯ ᠢ ᠵᠣᠷᠢᠭᠵᠢᠭᠤᠯᠤᠨ | ᠬᠥᠭᠵᠢᠭᠦᠯᠵᠦ᠂ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠵᠢᠱᠢᠶ᠎ᠡ ᠦᠵᠡᠭᠦᠯᠦᠨ ᠡᠵᠡᠩᠨᠡᠬᠦ ᠶᠢ ᠥᠷᠨᠢᠭᠦᠯᠦᠨ᠂ ᠰᠢᠨ᠎ᠡ | ᠡᠨᠧᠷᠭᠢ ᠶᠢᠨ ᠮᠠᠰᠢᠨ ᠲᠡᠷᠭᠡ ᠶᠢ ᠳᠡᠯᠭᠡᠷᠡᠭᠦᠯᠦᠨ ᠬᠡᠷᠡᠭᠯᠡᠬᠦ ᠠᠵᠢᠯ ᠤᠨ ᠢᠯᠡᠷᠡᠯ ᠢᠶᠠᠷ ᠲᠣᠪᠤᠶᠢᠮ᠎ᠠ ᠪᠠᠶᠢᠭ᠎ᠠ ᠵᠠᠮ | ᠲᠡᠭᠡᠭᠡᠪᠦᠷᠢ ᠶᠢᠨ ᠠᠵᠤ ᠠᠬᠤᠶᠢᠯᠠᠯ ᠳᠤ ᠠᠵᠤ ᠠᠬᠤᠶᠢᠯᠠᠯ ᠤᠨ ᠡᠵᠡᠩᠨᠡᠯᠲᠡ ᠶᠢᠨ ᠬᠦᠷᠢᠶ᠎ᠡ ᠬᠡᠪᠴᠢᠶ᠎ᠡ ᠶᠢ ᠥᠷᠭᠡᠳᠬᠡᠬᠦ᠂ ᠵᠠᠮ | ᠱᠤᠭᠤᠮ ᠢ ᠬᠢᠨᠠᠨ ᠵᠥᠪᠰᠢᠶᠡᠷᠡᠬᠦ ᠵᠡᠷᠭᠡ ᠲᠠᠯ᠎ᠠ ᠪᠠᠷ ᠤᠷᠢᠳᠠᠪᠠᠷ ᠳᠡᠮᠵᠢᠯᠭᠡ ᠦᠵᠡᠭᠦᠯᠦᠨ᠎ᠡ᠃ ᠲᠡᠳᠬᠦᠬᠦ ᠲᠥᠷᠥ ᠶᠢᠨ | ᠪᠣᠳᠣᠯᠭ᠎ᠠ ᠶᠢ ᠨᠠᠶᠢᠳᠠᠪᠤᠷᠢᠵᠢᠭᠤᠯᠬᠤ ᠶᠢ ᠠᠬᠢᠭᠤᠯᠵᠤ᠂ ᠲᠤᠭᠤᠷᠢᠭ ᠤᠨ ᠵᠠᠮ ᠬᠠᠷᠢᠯᠴᠠᠭ᠎ᠠ ᠲᠡᠭᠡᠭᠡᠪᠦᠷᠢ᠂ ᠡᠳ᠋ ᠤᠨ ᠵᠠᠰᠠᠭ᠂ | ᠬᠥᠭᠵᠢᠭᠦᠯᠦᠯᠲᠡ ᠥᠭᠡᠷᠡᠴᠢᠯᠡᠯᠲᠡ ᠵᠡᠷᠭᠡ ᠰᠠᠯᠠᠭ᠎ᠠ ᠮᠥᠴᠢᠷ ᠤᠳ ᠳᠡᠭᠡᠳᠦ ᠱᠠᠲᠤᠨ ᠤ ᠭᠤᠤᠯᠴᠢᠯᠠᠨ ᠬᠠᠮᠢᠶᠠᠷᠬᠤ ᠰᠠᠯᠠᠭ᠎ᠠ | ᠮᠥᠴᠢᠷ ᠲᠠᠢ ᠢᠳᠡᠪᠬᠢᠲᠡᠶ ᠪᠠᠷ ᠵᠣᠯᠭᠠᠭᠤᠯᠵᠤ᠂ ᠰᠢᠨ᠎ᠡ ᠡᠨᠧᠷᠭᠢ ᠶᠢᠨ ᠮᠠᠰᠢᠨ ᠲᠡᠷᠭᠡ ᠬᠤᠳᠠᠯᠳᠤᠨ ᠠᠪᠬᠤ ᠨᠥᠬᠦᠪᠥᠷᠢ᠂ | ᠡᠵᠡᠩᠨᠡᠯᠲᠡ ᠶᠢᠨ ᠨᠥᠬᠦᠪᠥᠷᠢ᠂ ᠳᠡᠯᠭᠡᠷᠡᠭᠦᠯᠦᠨ ᠬᠡᠷᠡᠭᠯᠡᠬᠦ ᠤᠬᠠᠭᠤᠯᠭ᠎ᠠ ᠵᠡᠷᠭᠡ ᠬᠠᠮᠢᠶ᠎ᠠ ᠪᠥᠬᠦᠶ ᠠᠵᠢᠯ ᠢ ᠰᠠᠶᠢᠲᠤᠷ ᠬᠢᠬᠦ | ᠬᠡᠷᠡᠭᠲᠡᠶ᠃ ︵ᠬᠠᠷᠢᠭᠤᠴᠠᠯᠭᠠᠲᠤ ᠨᠢᠭᠡᠴᠡ᠄ ᠲᠤᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ | ᠪᠠᠶᠢᠭᠤᠯᠤᠯᠲᠠ ᠶᠢᠨ ᠲᠣᠪᠴᠢᠶ᠎ᠠ ︵ᠵᠠᠮ ᠬᠠᠷᠢᠯᠴᠠᠭᠠᠨ ᠤ ᠲᠣᠪᠴᠢᠶ᠎ᠠ︶᠃ ᠬᠠᠮᠵᠢᠯᠴᠠᠬᠤ ᠰᠠᠯᠠᠭ᠎ᠠ ᠮᠥᠴᠢᠷ᠄ ᠲᠤᠭᠤᠷᠢᠭ | ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠡᠨᠧᠷᠭᠢ ᠶᠢᠨ ᠲᠣᠪᠴᠢᠶ᠎ᠠ᠂ ᠠᠵᠤ ᠦᠢᠯᠡᠳᠪᠦᠷᠢ ᠮᠡᠳᠡᠭᠡ | ᠵᠠᠩᠬᠢᠴᠢᠯᠠᠯᠲᠠ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠃ ᠪᠡᠶᠡᠯᠡᠭᠦᠯᠬᠦ | ᠴᠠᠭ ᠤᠨ ᠬᠢᠵᠠᠭᠠᠷ᠄ 2025 ᠣᠨ ᠤ 12 ᠳ᠋ᠤᠭᠠᠷ ᠰᠠᠷ᠎ᠠ ᠶᠢᠨ ᠰᠡᠭᠦᠯᠴᠢ︶ ᠣᠯᠠᠨ ᠬᠡᠯᠪᠡᠷᠢ ᠶᠢᠨ ᠬᠤᠯᠪᠣᠭᠠᠯᠠᠨ | ᠲᠡᠭᠡᠭᠡᠪᠦᠷᠢᠯᠡᠬᠦ ᠪᠠ ᠴᠢᠷᠭᠡᠤᠯ ᠬᠠᠶᠠᠵᠤ ᠲᠡᠭᠡᠭᠡᠪᠦᠷᠢᠯᠡᠬᠦ ᠶᠢ ᠠᠬᠢᠭᠤᠯᠵᠤ᠂ ᠲᠡᠷᠭᠡ ᠥᠬᠡᠶ ᠳᠠᠭᠠᠭᠠᠴᠢᠯᠠᠨ | ᠲᠡᠭᠡᠭᠡᠪᠦᠷᠢᠯᠡᠭᠴᠢ ᠶᠢᠨ ᠲᠤᠷᠰᠢᠯᠲᠠ ᠶᠢᠨ ᠴᠡᠭ ᠢ ᠢᠳᠡᠪᠬᠢᠲᠡᠶ ᠠᠬᠢᠭᠤᠯᠵᠤ᠂ ᠡᠷᠴᠢᠮᠯᠢᠭ ᠥᠨᠳᠥᠷ ᠦᠷ᠎ᠡ ᠪᠦᠲᠦᠮᠵᠢᠲᠡᠶ | ᠳᠣᠤᠷ᠎ᠠ ᠨᠡᠭᠦᠷᠡᠰᠦᠲᠥ᠋ᠷᠥᠭᠴᠢᠲᠦ ᠡᠳ᠋ ᠪᠠᠷᠠᠭᠠᠨ ᠤ ᠭᠦᠢᠯᠭᠡᠭᠡᠨ ᠤ ᠰᠢᠰᠲ᠋ᠧᠮᠵᠢ ᠶᠢ ᠪᠠᠶᠢᠭᠤᠯᠤᠨ᠎ᠠ᠃ ︽ᠰᠦᠯᠵᠢᠶ᠎ᠡ ᠪᠠᠷ | ᠪᠠᠷᠠᠭ᠎ᠠ ᠲᠡᠭᠡᠭᠡᠪᠦᠷᠢᠯᠡᠬᠦ︾ ᠵᠡᠷᠭᠡ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠤᠨ ᠬᠥᠭᠵᠢᠯᠲᠡ ᠶᠢ ᠦᠷᠭᠦᠯᠵᠢᠯᠡᠨ ᠲᠦᠯᠬᠢᠨ | ᠠᠬᠢᠭᠤᠯᠤᠨ᠎ᠠ᠃ ︵ᠬᠠᠷᠢᠭᠤᠴᠠᠯᠭᠠᠲᠤ ᠨᠢᠭᠡᠴᠡ᠄ ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ | ᠪᠠᠶᠢᠭᠤᠯᠤᠯᠲᠠ ᠶᠢᠨ ᠲᠣᠪᠴᠢᠶ᠎ᠠ ︵ᠵᠠᠮ ᠬᠠᠷᠢᠯᠴᠠᠭᠠᠨ ᠤ ᠲᠣᠪᠴᠢᠶ᠎ᠠ︶᠂ ᠲᠣᠭᠤᠷᠢᠭ ᠤᠨ ᠬᠤᠳᠠᠯᠳᠤᠭᠠᠨ ᠤ ᠶᠠᠪᠤᠳᠠᠯ ᠤᠨ | ᠲᠣᠪᠴᠢᠶ᠎ᠠ᠂ ᠬᠠᠶᠢᠨᠠᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠬᠤᠪᠢᠶᠠᠷᠢ | ᠲᠣᠪᠴᠢᠶ᠎ᠠ᠃ ᠪᠡᠶᠡᠯᠡᠭᠦᠯᠬᠦ ᠴᠠᠭ ᠤᠨ ᠬᠢᠵᠠᠭᠠᠷ᠄ ᠦᠷᠭᠦᠯᠵᠢᠯᠡᠨ ᠠᠬᠢᠭᠤᠯᠤᠨ᠎ᠠ︶ ᠵᠠᠰᠠᠮᠠᠯ ᠵᠠᠮ ᠢ ᠲᠡᠮᠦᠷ ᠵᠠᠮ ᠤᠨ | ᠲᠡᠭᠡᠭᠡᠪᠦᠷᠢ ᠪᠣᠯᠭᠠᠨ ᠬᠤᠪᠢᠷᠠᠭᠤᠯᠬᠤ ᠶᠢ ᠠᠬᠢᠭᠤᠯᠵᠤ᠂ ᠳᠡᠭᠡᠳᠦ ᠱᠠᠲᠤᠨ ᠤ ᠰᠠᠯᠠᠭ᠎ᠠ ᠮᠥᠴᠢᠷ ᠲᠠᠢ ᠬᠠᠮᠵᠢᠯᠴᠠᠨ 2021 | ᠣᠨ ᠳᠤ ︽ᠦᠬᠠᠶ ᠬᠤᠲᠠ ᠶᠢᠨ ᠡᠯ᠎ᠡ ᠠᠵᠤ ᠦᠢᠯᠡᠳᠪᠦᠷᠢ ᠶᠢᠨ ᠬᠦᠷᠢᠶᠡᠯᠡᠩ ᠤᠨ ᠲᠡᠮᠦᠷ ᠵᠠᠮ ᠤᠨ ᠲᠤᠰᠬᠠᠶ | ᠬᠡᠷᠡᠭᠯᠡᠭᠡᠨ ᠤ ᠱᠤᠭᠤᠮ ᠤᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ︾ ᠶᠢ ᠪᠡᠶᠡᠯᠡᠭᠦᠯᠦᠨ᠎ᠡ᠃ ᠦᠬᠠᠶ ᠶᠢᠨ ᠠᠵᠤ | ᠠᠬᠤᠶ ᠶᠢᠨ ᠨᠡᠭᠡᠭᠡᠯᠲᠡ ᠶᠢᠨ ᠲᠣᠭᠤᠷᠢᠭ ᠤᠨ ᠳᠣᠤᠷ᠎ᠠ ᠨᠡᠭᠦᠷᠡᠰᠦᠲᠥ᠋ᠷᠥᠭᠴᠢᠲᠦ ᠠᠵᠤ ᠦᠢᠯᠡᠰ ᠤᠨ ᠬᠦᠷᠢᠶᠡᠯᠡᠩ ᠤᠨ ᠲᠡᠮᠦᠷ | ᠵᠠᠮ ᠤᠨ ᠲᠤᠰᠬᠠᠶ ᠬᠡᠷᠡᠭᠯᠡᠭᠡᠨ ᠤ ᠱᠤᠭᠤᠮ ᠤᠨ ᠪᠥᠲᠥᠭᠡᠨ ᠪᠠᠶᠢᠭᠤᠯᠤᠯᠲᠠ ᠶᠢ ᠶᠡᠬᠡᠪᠡᠷ ᠠᠬᠢᠭᠤᠯᠵᠤ᠂ ᠬᠤᠲᠠ ᠶᠢᠨ | ᠬᠡᠪᠴᠢᠶᠡᠨ ᠳᠤ ᠪᠠᠶᠢᠭᠤᠯᠬᠤ ᠪᠠᠷ ᠪᠠᠶᠢᠭ᠎ᠠ ᠲᠡᠮᠦᠷ ᠵᠠᠮ ᠤᠨ ᠲᠤᠰᠬᠠᠶ ᠬᠡᠷᠡᠭᠯᠡᠭᠡᠨ ᠤ ᠱᠤᠭᠤᠮ ᠵᠡᠷᠭᠡ ᠲᠥᠷᠥᠯ ᠵᠦᠢᠯ ᠢ | ᠤᠯᠤᠰ᠂ ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠥᠬᠦᠶ ᠲᠥᠯᠥᠪᠵᠢᠭᠦᠯᠭᠡ ᠳᠤ ᠣᠷᠣᠭᠤᠯᠬᠤ ᠶᠢ ᠠᠬᠢᠭᠤᠯᠤᠨ᠎ᠠ᠃ | ᠬᠠᠶᠢᠨᠠᠨ ᠲᠤᠭᠤᠷᠢᠭ ᠤᠨ ᠨᠢᠩᠰᠢᠶᠠ ᠥᠪᠥᠷ ᠮᠣᠩᠭᠤᠯ ᠤᠨ ᠠᠵᠤ ᠠᠬᠤᠶ ᠶᠢᠨ ᠲᠥᠪ ᠲᠤ ᠪᠠᠶᠢᠷᠢᠯᠠᠵᠤ ᠪᠠᠶᠢᠭ᠎ᠠ ᠣᠷᠣᠨ | ᠪᠠᠶᠢᠷᠢ ᠶᠢᠨ ᠳᠠᠪᠠᠭᠤᠯᠢᠭ ᠢ ᠠᠰᠢᠭᠯᠠᠨ᠂ ᠥᠪᠥᠷ ᠮᠣᠩᠭᠤᠯ ᠧᠦ᠋ᠷᠣᠫᠠ ᠳᠤᠮᠳᠠᠳᠤ ᠧᠦ᠋ᠷᠣᠫᠠ ᠶᠢᠨ ᠠᠴᠢᠶᠠᠨ ᠤ ᠭᠠᠯᠲᠤ | ᠲᠡᠷᠭᠡ ᠵᠡᠷᠭᠡ ᠤᠯᠤᠰ ᠤᠨ ᠳᠣᠲᠣᠭᠠᠳᠤ ᠶᠢᠨ᠂ ᠣᠯᠠᠨ ᠤᠯᠤᠰ ᠤᠨ ᠡᠳ᠋ ᠪᠠᠷᠠᠭᠠᠨ ᠤ ᠭᠦᠢᠯᠭᠡᠭᠡᠨ ᠤ ᠶᠡᠭᠡ ᠵᠠᠮ ᠳᠤ | ᠲᠦᠰᠢᠭᠯᠡᠨ᠂ ᠨᠢᠭᠡ ᠪᠦᠯᠦᠭ ᠰᠠᠭᠤᠷᠢ ᠨᠥᠬᠦᠴᠡᠯ ᠢᠶᠠᠷ ᠰᠠᠶᠢᠨ᠂ ᠦᠢᠯᠡᠴᠢᠯᠡᠭᠡᠨ ᠤ ᠬᠢᠷᠢ ᠬᠡᠮᠵᠢᠶ᠎ᠡ ᠪᠠᠷ ᠥᠨᠳᠥᠷ᠂ | ᠥᠷᠢᠰᠦᠯᠳᠦᠬᠦ ᠬᠦᠴᠦᠨ ᠢᠶᠠᠷ ᠴᠢᠩᠭ᠎ᠠ ᠲᠣᠮᠣ ᠬᠡᠯᠪᠡᠷᠢ ᠶᠢᠨ ᠣᠲᠣ ᠦᠶ᠎ᠡ ᠶᠢᠨ ᠡᠳ᠋ ᠪᠠᠷᠠᠭᠠᠨ ᠤ ᠭᠦᠢᠯᠭᠡᠭᠡᠨ ᠤ ᠠᠵᠤ | ᠠᠬᠤᠶᠢᠯᠠᠯ ᠢ ᠣᠷᠣᠭᠤᠯᠤᠨ ᠠᠪᠴᠢᠷᠠᠵᠤ ᠪᠤᠶᠢᠵᠢᠭᠤᠯᠤᠨ᠎ᠠ᠃ ᠵᠠᠰᠠᠮᠠᠯ ᠵᠠᠮ ᠲᠡᠮᠦᠷ ᠵᠠᠮ ᠤᠨ ᠬᠠᠮᠲᠤᠷᠠᠭᠰᠠᠨ ᠲᠡᠭᠡᠭᠡᠪᠦᠷᠢ ᠶᠢᠨ | ᠵᠣᠬᠢᠶᠠᠨ ᠪᠠᠶᠢᠭᠤᠯᠤᠯᠲᠠ ᠶᠢᠨ ᠠᠷᠭ᠎ᠠ ᠮᠠᠶ᠋ᠢᠭ ᠢ ᠶᠡᠬᠡᠪᠡᠷ ᠬᠥᠭᠵᠢᠭᠦᠯᠵᠦ᠂ ᠲᠡᠮᠦᠷ ᠵᠠᠮ ᠤᠨ ᠭᠤᠤᠯ ᠱᠤᠭᠤᠮ ᠤᠨ | ᠲᠡᠭᠡᠭᠡᠪᠦᠷᠢ ᠶᠢᠨ ᠳᠠᠪᠠᠭᠤᠯᠢᠭ ᠢ ᠪᠠᠳᠠᠷᠠᠭᠤᠯᠤᠨ᠂ ᠭᠤᠤᠯ ᠱᠤᠭᠤᠮ ᠤᠨ ᠲᠡᠭᠡᠭᠡᠪᠦᠷᠢ ᠶᠢᠨ ᠦᠷ᠎ᠡ ᠪᠦᠲᠦᠮᠵᠢ ᠪᠠ ᠨᠢᠭᠡ | ᠴᠤᠭᠴᠠᠵᠢᠭᠤᠯᠤᠭᠰᠠᠨ ᠦᠢᠯᠡᠴᠢᠯᠡᠭᠡᠨ ᠤ ᠬᠢᠷᠢ ᠬᠡᠮᠵᠢᠶ᠎ᠡ ᠶᠢ ᠳᠡᠭᠡᠭᠰᠢᠯᠡᠭᠦᠯᠵᠦ᠂ ᠬᠤᠲᠠ ᠶᠢᠨ ᠱᠠᠲᠤᠨ ᠤ ᠱᠠᠭᠠᠷᠳᠠᠯᠭ᠎ᠠ ᠶᠢ | ᠴᠢᠩᠭ᠎ᠠ ᠵᠢᠷᠤᠮᠯᠠᠨ ᠭᠤᠤᠯᠳᠠᠯᠭ᠎ᠠ ᠲᠠᠢ ᠠᠵᠢᠯ ᠲᠥᠷᠥᠯ ᠤᠨ ᠲᠡᠮᠦᠷ ᠵᠠᠮ ᠤᠨ ᠭᠠᠳᠠᠭᠰᠢ ᠲᠡᠭᠡᠭᠡᠪᠦᠷᠢᠯᠡᠬᠦ ᠠᠵᠢᠯ ᠢ ᠰᠠᠶᠢᠲᠤᠷ | ᠬᠢᠬᠦ ᠬᠡᠷᠡᠭᠲᠡᠶ᠃ ︵ᠬᠠᠷᠢᠭᠤᠴᠠᠯᠭᠠᠲᠤ ᠨᠢᠭᠡᠴᠡ᠄ ᠲᠤᠭᠤᠷᠢᠭ ᠤᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ | ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ | ᠪᠠᠶᠢᠭᠤᠯᠤᠯᠲᠠ ᠶᠢᠨ ᠲᠣᠪᠴᠢᠶ᠎ᠠ ︵ᠵᠠᠮ ᠬᠠᠷᠢᠯᠴᠠᠭᠠᠨ ᠤ ᠲᠣᠪᠴᠢᠶ᠎ᠠ︶᠃ ᠬᠠᠮᠵᠢᠯᠴᠠᠬᠤ ᠰᠠᠯᠠᠭ᠎ᠠ ᠮᠥᠴᠢᠷ᠄ ᠲᠤᠭᠤᠷᠢᠭ | ᠤᠨ ᠠᠵᠤ ᠦᠢᠯᠡᠳᠪᠦᠷᠢ ᠮᠡᠳᠡᠭᠡ ᠵᠠᠩᠬᠢᠴᠢᠯᠠᠯᠲᠠ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠬᠠᠶᠢᠨᠠᠨ ᠤ | ᠪᠠᠶᠢᠭᠠᠯᠢ ᠶᠢᠨ ᠡᠬᠢ ᠪᠠᠶᠠᠯᠢᠭ ᠤᠨ ᠬᠤᠪᠢᠶᠠᠷᠢ ᠲᠣᠪᠴᠢᠶ᠎ᠠ᠂ ᠬᠠᠶᠢᠨᠠᠨ ᠤ ᠠᠵᠤ ᠦᠢᠯᠡᠳᠪᠦᠷᠢ ᠶᠢᠨ ᠬᠦᠷᠢᠶᠡᠯᠡᠩ ᠤᠨ | ᠬᠠᠮᠢᠶᠠᠷᠤᠯᠲᠠ ᠶᠢᠨ ᠵᠥᠪᠯᠡᠯ᠃ ᠪᠡᠶᠡᠯᠡᠭᠦᠯᠬᠦ ᠴᠠᠭ ᠤᠨ ᠬᠢᠵᠠᠭᠠᠷ᠄ ᠦᠷᠭᠦᠯᠵᠢᠯᠡᠨ ᠠᠬᠢᠭᠤᠯᠤᠨ᠎ᠠ︶ | ︵ᠠᠷᠪᠠᠨ ᠨᠢᠭᠡ︶ ᠬᠤᠲᠠ ᠶᠢᠨ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢ ᠭᠦᠨᠵᠡᠭᠡᠶ ᠠᠬᠢᠭᠤᠯᠤᠨ᠎ᠠ᠃ ᠬᠤᠲᠠ ᠶᠢᠨ | ᠬᠠᠮᠢᠶᠠᠷᠤᠯᠲᠠ ᠶᠢᠨ ᠪᠠᠷᠢᠮᠵᠢᠶ᠎ᠠ ᠶᠢᠨ ᠰᠢᠰᠲ᠋ᠧᠮᠵᠢ ᠶᠢ ᠤᠯᠠᠮ ᠨᠢᠭᠡ ᠠᠯᠬᠤᠮ ᠪᠦᠷᠢᠨᠰᠢᠬᠦᠯᠦᠨ ᠲᠡᠭᠦᠯᠳᠡᠷᠵᠢᠭᠦᠯᠵᠦ᠂ | ᠬᠤᠲᠠ ᠶᠢᠨ ᠦᠵᠡᠮᠵᠢ ᠶᠢᠨ ᠣᠷᠴᠢᠨ ᠲᠣᠭᠤᠷᠢᠨ ᠢ ᠳᠡᠭᠡᠭᠰᠢᠯᠡᠭᠦᠯᠬᠦ᠂ ᠬᠤᠭ ᠨᠣᠪᠰᠢ ᠶᠢ ᠲᠥᠷᠥᠯ ᠬᠤᠪᠢᠶᠠᠨ ᠵᠠᠰᠠᠬᠤ᠂ | ᠬᠤᠲᠠ ᠶᠢᠨ ᠪᠣᠬᠢᠷ ᠤᠰᠤ ᠶᠢ ᠰᠢᠢᠳᠪᠦᠷᠢᠯᠡᠬᠦ᠂ ᠪᠠᠷᠢᠯᠭ᠎ᠠ ᠶᠢᠨ ᠠᠵᠢᠯ ᠤᠨ ᠬᠤᠭ ᠲᠣᠭᠤᠰᠣ ᠳᠡᠭᠳᠡᠬᠦ᠂ ᠬᠤᠲᠠ ᠶᠢᠨ ᠠᠮᠢ | ᠠᠬᠤᠶ ᠶᠢ ᠰᠡᠷᠭᠦᠭᠡᠬᠦ᠂ ᠬᠠᠭᠤᠴᠢᠨ ᠵᠢᠵᠢᠭ ᠲᠣᠭᠤᠷᠢᠭ ᠢ ᠶᠡᠷᠦᠩᠬᠡᠶᠢᠯᠡᠨ ᠥᠭᠡᠷᠡᠴᠢᠯᠡᠬᠦ᠂ ᠤᠶᠤᠨᠲᠤ ᠬᠤᠲᠠ ᠶᠢᠨ ᠪᠥᠲᠥᠭᠡᠨ | ᠪᠠᠶᠢᠭᠤᠯᠤᠯᠲᠠ ᠵᠡᠷᠭᠡ ᠭᠤᠤᠯᠳᠠᠯᠭ᠎ᠠ ᠲᠠᠢ ᠡᠭᠦᠷᠭᠡ ᠲᠠᠢ ᠨᠢᠭᠲᠠ ᠤᠶᠠᠯᠳᠤᠭᠤᠯᠤᠨ᠂ ᠰᠢᠷᠢᠰ ᠲᠤᠰᠬᠠᠶ ᠲᠥᠷᠥᠯ ᠤᠨ | ᠵᠠᠰᠠᠯᠲᠠ ᠶᠢ ᠥᠷᠨᠢᠭᠦᠯᠵᠦ᠂ ᠬᠤᠲᠠ ᠶᠢᠨ ᠣᠷᠴᠢᠨ ᠲᠣᠭᠤᠷᠢᠨ ᠪᠠ ᠶᠠᠰᠤ ᠴᠢᠨᠠᠷ ᠢ ᠦᠷᠭᠦᠯᠵᠢᠯᠡᠨ ᠰᠠᠶᠢᠵᠢᠷᠠᠭᠤᠯᠤᠨ᠎ᠠ᠃ ︵ | ᠬᠠᠷᠢᠭᠤᠴᠠᠯᠭᠠᠲᠤ ᠨᠢᠭᠡᠴᠡ᠄ ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ | ᠲᠣᠪᠴᠢᠶ᠎ᠠ᠂ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ᠃ ᠪᠡᠶᠡᠯᠡᠭᠦᠯᠬᠦ ᠴᠠᠭ ᠤᠨ | ᠬᠢᠵᠠᠭᠠᠷ᠄ ᠦᠷᠭᠦᠯᠵᠢᠯᠡᠨ ᠠᠬᠢᠭᠤᠯᠤᠨ᠎ᠠ︶ | 1.ᠲᠣᠭᠤᠰᠣ ᠰᠢᠷᠣᠶ ᠶᠢᠨ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠢ ᠴᠢᠩᠭᠠᠳᠬᠠᠨ᠎ᠠ᠃ ︽ᠵᠢᠷᠭᠤᠭᠠᠨ ᠵᠠᠭᠤᠨ ᠤ | ᠵᠠᠭᠤ︾ ᠶᠢᠨ ᠠᠵᠢᠯ ᠤᠨ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠪᠠᠷᠢᠯᠭ᠎ᠠ ᠶᠢᠨ ᠭᠠᠵᠠᠷ ᠲᠤ ᠰᠢᠷᠣᠶ | ᠣᠪᠣᠭᠠᠯᠠᠬᠤ᠂ ᠨᠢᠴᠦᠭᠦᠨ ᠬᠥᠷᠥᠰᠥ ᠶᠢ ᠪᠠᠷᠢᠬᠤ ᠳᠤ ᠡᠷᠬᠡᠪᠰᠢ ᠲᠣᠭᠤᠰᠣ ᠬᠤᠷᠢᠭᠯᠠᠬᠤ ᠡᠳ᠋ ᠢ ᠰᠦᠷᠴᠢᠬᠦ ᠪᠤᠶᠤ ᠨᠢᠭᠲᠠ | ᠨᠢᠳᠦ ᠲᠠᠢ ᠲᠣᠭᠤᠰᠣ ᠬᠤᠷᠢᠭᠯᠠᠬᠤ ᠲᠣᠣᠷ ᠢ ᠪᠦᠷᠬᠦᠵᠦ᠂ ᠰᠢᠷᠣᠶ ᠴᠢᠳᠬᠤᠬᠤ ᠲᠠᠯ᠎ᠠ ᠳᠤ ᠡᠷᠬᠡᠪᠰᠢ ᠰᠦᠷᠴᠢᠨ ᠨᠣᠷᠭᠠᠬᠤ | ᠠᠵᠢᠯ ᠬᠢᠵᠦ᠂ ᠨᠤᠷᠠᠭᠠᠵᠤ ᠨᠡᠭᠦᠯᠭᠡᠬᠦ ᠪᠠᠷᠢᠯᠭ᠎ᠠ ᠶᠢᠨ ᠭᠠᠵᠠᠷ ᠲᠤ ᠨᠦᠢᠲᠠᠨ ᠢᠶᠠᠷ ᠨᠤᠷᠠᠭᠠᠵᠤ ᠨᠡᠭᠦᠯᠭᠡᠬᠦ᠂ ᠪᠢᠲᠡᠭᠦᠮᠵᠢᠯᠡᠵᠦ | ᠨᠤᠷᠠᠭᠠᠵᠤ ᠨᠡᠭᠦᠯᠭᠡᠬᠦ ᠶᠢ ᠪᠡᠶᠡᠯᠡᠭᠦᠯᠬᠦ ᠬᠡᠷᠡᠭᠲᠡᠶ᠃ ᠪᠣᠢ ᠪᠥᠬᠦᠢ ᠰᠢᠨ᠎ᠡ ᠪᠠᠷ ᠪᠠᠶᠢᠭᠤᠯᠬᠤ ᠲᠥᠷᠥᠯ ᠵᠦᠢᠯ ᠤᠨ ᠪᠠᠷᠢᠯᠭ᠎ᠠ ᠶᠢᠨ | ᠲᠤᠬᠠᠶ ᠶᠢᠨ ᠭᠠᠵᠠᠷ ᠲᠤ ᠲᠡᠷᠭᠡ ᠤᠬᠢᠶᠠᠬᠤ ᠬᠡᠪᠰᠢᠭᠰᠡᠨ ᠠᠤᠲ᠋ᠤ᠋ ᠲᠣᠨᠣᠭᠯᠠᠯ᠂ ᠮᠠᠨᠠᠨᠲᠤ ᠶᠡᠭᠡ ᠫᠤᠤ ᠶᠢᠨ ᠮᠠᠰᠢᠨ᠂ | ᠰᠤᠪᠤᠷᠭ᠎ᠠ ᠶᠢᠨ ᠳᠡᠭᠦᠵᠢᠯᠡᠭᠦᠷ ᠰᠦᠷᠴᠢᠭᠦᠷ ᠵᠢᠴᠢ ᠲᠣᠭᠤᠰᠣ ᠳᠡᠭᠳᠡᠬᠦ ᠶᠢ ᠬᠢᠨᠠᠨ ᠡᠵᠡᠮᠳᠡᠬᠦ ᠲᠥᠬᠦᠭᠡᠷᠦᠮᠵᠢ ᠲᠣᠬᠢᠷᠠᠭᠤᠯᠬᠤ | ᠬᠡᠷᠡᠭᠲᠡᠶ᠃ ᠵᠠᠮ ᠤᠨ ᠤᠰᠤ ᠰᠦᠷᠴᠢᠵᠦ ᠲᠣᠭᠤᠰᠣ ᠪᠠᠭᠤᠬᠤ ᠤᠳᠠᠭ᠎ᠠ ᠶᠢ ᠨᠡᠮᠡᠭᠳᠡᠭᠦᠯᠵᠦ᠂ ᠪᠠᠶᠢᠭᠤᠯᠤᠭᠰᠠᠨ ᠲᠣᠭᠤᠷᠢᠭ ᠤᠨ | ᠣᠯᠠᠨ ᠨᠡᠶᠢᠲᠡ ᠶᠢᠨ ᠵᠠᠮ ᠤᠨ ᠮᠠᠰᠢᠨᠴᠢᠯᠠᠭᠰᠠᠨ ᠴᠡᠪᠡᠷᠯᠡᠯᠲᠡ ᠶᠢᠨ ᠨᠣᠷᠮ᠎ᠠ ᠶᠢ 85% ᠠᠴᠠ ᠳᠡᠭᠡᠭᠰᠢ ᠳᠤ ᠬᠦᠷᠦᠭᠦᠯᠦᠨ᠎ᠡ᠃ | ᠬᠤᠭ ᠰᠢᠷᠣᠶ ᠲᠡᠭᠡᠭᠡᠪᠦᠷᠢᠯᠡᠬᠦ ᠲᠡᠷᠭᠡ ᠬᠥᠰᠬᠡ ᠶᠢᠨ ᠵᠠᠮ ᠬᠠᠷᠢᠯᠴᠠᠭᠠᠨ ᠤ ᠬᠠᠤᠯᠢ ᠬᠡᠷᠡᠭᠵᠢᠭᠦᠯᠬᠦ ᠡᠷᠴᠢᠮ ᠢ | ᠴᠢᠩᠭᠠᠷᠠᠭᠤᠯᠵᠤ᠂ ᠬᠤᠭ ᠰᠢᠷᠣᠶ ᠲᠡᠭᠡᠭᠡᠪᠦᠷᠢᠯᠡᠬᠦ ᠪᠠ ᠠᠰᠬᠠᠵᠤ ᠬᠠᠶᠠᠬᠤ᠂ ᠴᠢᠩᠭ᠎ᠠ ᠪᠢᠲᠡᠭᠦᠮᠵᠢᠯᠡᠬᠦ ᠥᠬᠡᠶ ᠪᠠᠶᠢᠬᠤ ᠵᠡᠷᠭᠡ | ᠠᠰᠠᠭᠤᠳᠠᠯ ᠢ ᠬᠦᠴᠦᠯᠡᠨ ᠰᠢᠢᠳᠪᠦᠷᠢᠯᠡᠨ᠎ᠡ᠃ ︵ᠬᠠᠷᠢᠭᠤᠴᠠᠯᠭᠠᠲᠤ ᠨᠢᠭᠡᠴᠡ᠄ ᠲᠣᠭᠤᠷᠢᠭ ᠤᠨ ᠣᠷᠣᠨ ᠰᠠᠭᠤᠴᠠ ᠪᠠ | ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ | ᠬᠠᠤᠯᠢ ᠬᠡᠷᠡᠭᠵᠢᠭᠦᠯᠬᠦ ᠲᠣᠪᠴᠢᠶ᠎ᠠ᠃ ᠬᠠᠮᠵᠢᠯᠴᠠᠬᠤ ᠰᠠᠯᠠᠭ᠎ᠠ ᠮᠥᠴᠢᠷ᠄ ᠬᠠᠶᠢᠨᠠᠨ ᠤ ᠠᠮᠢ ᠠᠬᠤᠶ ᠶᠢᠨ ᠣᠷᠴᠢᠨ | ᠲᠣᠭᠤᠷᠢᠨ ᠤ ᠬᠤᠪᠢᠶᠠᠷᠢ ᠲᠣᠪᠴᠢᠶ᠎ᠠ᠃ ᠪᠡᠶᠡᠯᠡᠭᠦᠯᠬᠦ ᠴᠠᠭ ᠤᠨ ᠬᠢᠵᠠᠭᠠᠷ᠄ ᠦᠷᠭᠦᠯᠵᠢᠯᠡᠨ ᠠᠬᠢᠭᠤᠯᠤᠨ᠎ᠠ︶ | 2. ᠬᠠᠭᠤᠴᠢᠨ ᠵᠢᠵᠢᠭ ᠲᠣᠭᠤᠷᠢᠭ ᠢ ᠶᠡᠷᠦᠩᠬᠡᠶᠢᠯᠡᠨ ᠥᠭᠡᠷᠡᠴᠢᠯᠡᠬᠦ ᠶᠢ ᠢᠳᠡᠪᠬᠢᠲᠡᠶ ᠪᠠᠷ ᠠᠬᠢᠭᠤᠯᠤᠨ᠎ᠠ᠃ 2021 | ᠣᠨ ᠳᠤ 1 ᠵᠢᠵᠢᠭ ᠲᠣᠭᠤᠷᠢᠭ ᠪᠠ 2020 ᠣᠨ ᠤ ᠦᠯᠡᠳᠡᠪᠦᠷᠢ ᠥᠭᠡᠷᠡᠴᠢᠯᠡᠯᠲᠡ ᠶᠢᠨ ᠡᠭᠦᠷᠭᠡ ᠶᠢ ᠪᠡᠶᠡᠯᠡᠭᠦᠯᠦᠨ᠎ᠡ᠃ | 2023 ᠣᠨ ᠤ ᠵᠢᠯ ᠤᠨ ᠡᠴᠦᠰ ᠠᠴᠠ ᠡᠮᠦᠨ᠎ᠡ 2000 ᠣᠨ ᠠᠴᠠ ᠡᠮᠦᠨ᠎ᠡ ᠪᠠᠶᠢᠭᠤᠯᠤᠭᠰᠠᠨ ᠬᠠᠭᠤᠴᠢᠨ ᠵᠢᠵᠢᠭ | ᠲᠣᠭᠤᠷᠢᠭ ᠢ ᠥᠭᠡᠷᠡᠴᠢᠯᠡᠬᠦ ᠠᠵᠢᠯ ᠢ ᠪᠥᠬᠦ ᠲᠠᠯ᠎ᠠ ᠪᠠᠷ ᠪᠡᠶᠡᠯᠡᠭᠦᠯᠬᠦ ᠪᠠᠷ ᠴᠢᠷᠮᠠᠶᠢᠨ᠎ᠠ᠃ 2025 ᠣᠨ ᠤ ᠵᠢᠯ ᠤᠨ | ᠰᠡᠭᠦᠯᠴᠢ ᠠᠴᠠ ᠡᠮᠦᠨ᠎ᠡ 2005 ᠣᠨ ᠠᠴᠠ ᠡᠮᠦᠨ᠎ᠡ ᠪᠠᠶᠢᠭᠤᠯᠤᠭᠰᠠᠨ ᠬᠠᠭᠤᠴᠢᠨ ᠵᠢᠵᠢᠭ ᠲᠣᠭᠤᠷᠢᠭ ᠢ ᠥᠭᠡᠷᠡᠴᠢᠯᠡᠨ | ᠪᠠᠶᠢᠭᠤᠯᠬᠤ ᠡᠭᠦᠷᠭᠡ ᠶᠢ ᠦᠨᠳᠦᠰᠦᠨ ᠳᠡᠭᠡᠨ ᠪᠡᠶᠡᠯᠡᠭᠦᠯᠦᠨ᠎ᠡ᠃ ︵ᠬᠠᠷᠢᠭᠤᠴᠠᠬᠤ ᠨᠢᠭᠡᠴᠡ᠄ ᠲᠣᠭᠤᠷᠢᠭ ᠤᠨ ᠣᠷᠣᠨ | ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠃ ᠬᠠᠮᠵᠢᠯᠴᠠᠬᠤ ᠨᠢᠭᠡᠴᠡ᠄ ᠡᠯ᠎ᠡ | ᠪᠠᠯᠭᠠᠰᠤ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠃ ᠪᠡᠶᠡᠯᠡᠭᠦᠯᠬᠦ ᠴᠠᠭ ᠤᠨ ᠬᠢᠵᠠᠭᠠᠷ᠄ 2025 ᠣᠨ ᠤ 12 | ᠳ᠋ᠤᠭᠠᠷ ᠰᠠᠷ᠎ᠠ ᠶᠢᠨ ᠰᠡᠭᠦᠯᠴᠢ︶ | 3. ᠬᠤᠲᠠ ᠪᠠᠯᠭᠠᠰᠤ ᠶᠢᠨ ᠬᠤᠭ ᠨᠣᠪᠰᠢ ᠶᠢ ᠲᠥᠷᠥᠯ ᠬᠤᠪᠢᠶᠠᠬᠤ ᠶᠢ ᠪᠥᠬᠦ ᠲᠠᠯ᠎ᠠ ᠪᠠᠷ ᠲᠥᠯᠬᠢᠨ ᠬᠤᠭ | ᠨᠣᠪᠰᠢ ᠶᠢ ᠲᠥᠷᠥᠯ ᠬᠤᠪᠢᠶᠠᠨ ᠬᠠᠶᠠᠵᠤ ᠬᠤᠷᠢᠶᠠᠨ ᠴᠤᠭᠯᠠᠭᠤᠯᠬᠤ ᠰᠢᠰᠲ᠋ᠧᠮ ᠤᠨ ᠪᠠᠶᠢᠭᠤᠯᠤᠯᠲᠠ ᠶᠢ ᠢᠳᠡᠪᠬᠢᠲᠡᠶ | ᠠᠬᠢᠭᠤᠯᠵᠤ᠂ ᠠᠮᠢᠳᠤᠷᠠᠯ ᠤᠨ ᠬᠤᠭ ᠨᠣᠪᠰᠢ ᠶᠢ ᠲᠣᠭᠲᠠᠭᠰᠠᠨ ᠴᠠᠭ ᠲᠣᠭᠲᠠᠭᠰᠠᠨ ᠴᠡᠭ ᠲᠥᠷᠥᠯ ᠬᠤᠪᠢᠶᠠᠨ ᠬᠠᠶᠠᠬᠤ ᠶᠢ | ᠵᠣᠷᠢᠭᠵᠢᠭᠤᠯᠤᠨ᠂ ᠲᠥᠷᠥᠯ ᠬᠤᠪᠢᠶᠠᠨ ᠲᠡᠭᠡᠭᠡᠪᠦᠷᠢᠯᠡᠬᠦ ᠰᠢᠰᠲ᠋ᠧᠮ ᠢ ᠲᠡᠭᠦᠯᠳᠡᠷᠵᠢᠭᠦᠯᠵᠦ᠂ 2021 ᠣᠨ ᠤ ᠵᠢᠯ ᠤᠨ | ᠰᠡᠭᠦᠯᠴᠢ ᠠᠴᠠ ᠡᠮᠦᠨ᠎ᠡ ᠳᠤᠮᠳᠠ ᠵᠡᠷᠭᠡ ᠶᠢᠨ ᠲᠣᠮᠣ ᠬᠡᠯᠪᠡᠷᠢ ᠶᠢᠨ ᠬᠤᠭ ᠨᠣᠪᠰᠢ ᠶᠢ ᠰᠢᠯᠵᠢᠭᠦᠯᠦᠨ ᠲᠡᠭᠡᠭᠡᠪᠦᠷᠢᠯᠡᠬᠦ | ᠥᠷᠲᠡᠭᠡ ᠶᠢ ᠠᠳᠠᠭ ᠲᠠᠭᠠᠨ ᠨᠢᠭᠡ ᠪᠠᠶᠢᠭᠤᠯᠤᠨ᠎ᠠ᠃ ᠠᠮᠢᠳᠤᠷᠠᠯ ᠤᠨ ᠬᠤᠭ ᠨᠣᠪᠰᠢ ᠶᠢ ᠲᠥᠪᠯᠡᠷᠡᠭᠦᠯᠦᠨ ᠢᠯᠭᠠᠬᠤ ᠲᠥᠪ ᠢ | ᠲᠥᠯᠥᠪᠵᠢᠭᠦᠯᠦᠨ ᠪᠠᠶᠢᠭᠤᠯᠵᠤ᠂ ᠠᠮᠢᠳᠤᠷᠠᠯ ᠤᠨ ᠬᠤᠭ ᠨᠣᠪᠰᠢ ᠶᠢᠨ ᠳᠣᠲᠣᠷᠠᠬᠢ ᠡᠭᠡᠭᠦᠯᠦᠨ ᠬᠤᠷᠢᠶᠠᠵᠤ ᠪᠣᠯᠬᠤ ᠪᠣᠳᠠᠰ ᠢ | ᠡᠭᠡᠭᠦᠯᠦᠨ ᠬᠤᠷᠢᠶᠠᠬᠤ ᠪᠠ ᠳᠠᠬᠢᠨ ᠠᠰᠢᠭᠯᠠᠬᠤ ᠶᠢ ᠠᠬᠢᠭᠤᠯᠤᠨ᠎ᠠ᠃ ︵ᠬᠠᠷᠢᠭᠤᠴᠠᠯᠭᠠᠲᠤ ᠨᠢᠭᠡᠴᠡ᠄ ᠲᠣᠭᠤᠷᠢᠭ | ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ᠂ ᠲᠣᠭᠤᠷᠢᠭ ᠤᠨ ᠣᠷᠣᠨ ᠰᠠᠭᠤᠴᠠ | ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠃ ᠪᠡᠶᠡᠯᠡᠭᠦᠯᠬᠦ ᠴᠠᠭ ᠤᠨ ᠬᠢᠵᠠᠭᠠᠷ᠄ 2021 | ᠣᠨ ᠤ 12 ᠳ᠋ᠤᠭᠠᠷ ᠰᠠᠷ᠎ᠠ ᠶᠢᠨ ᠰᠡᠭᠦᠯᠴᠢ︶ | 4. ᠬᠤᠲᠠ ᠶᠢᠨ ᠠᠮᠢ ᠠᠬᠤᠶ ᠶᠢ ᠰᠡᠷᠭᠦᠭᠡᠬᠦ ᠲᠤᠰᠬᠠᠶ ᠠᠵᠢᠯᠯᠠᠭ᠎ᠠ ᠶᠢ ᠥᠷᠨᠢᠭᠦᠯᠦᠨ᠎ᠡ᠃ ᠬᠤᠲᠠ ᠶᠢᠨ ᠱᠠᠲᠤᠨ ᠤ | ᠰᠠᠯᠠᠭ᠎ᠠ ᠮᠥᠴᠢᠷ ᠢ ᠪᠥᠬᠦ ᠬᠦᠴᠦᠨ ᠢᠶᠠᠷ ᠢᠶᠠᠨ ᠬᠠᠪᠰᠤᠷᠴᠤ ᠪᠠᠶᠢᠭᠠᠳ ᠠᠮᠢ ᠠᠬᠤᠶ ᠶᠢ ᠰᠡᠷᠭᠦᠭᠡᠬᠦ ᠲᠥᠰᠦᠯ ᠢ | ᠨᠠᠶᠢᠷᠠᠭᠤᠯᠤᠨ ᠵᠣᠬᠢᠶᠠᠬᠤ ᠶᠢ ᠪᠡᠶᠡᠯᠡᠭᠦᠯᠵᠦ᠂ ᠴᠡᠭ ᠢᠶᠠᠷ ᠨᠡᠶᠢᠳᠡᠮ ᠢ ᠳᠠᠶᠢᠴᠢᠯᠠᠨ ᠮᠠᠨ ᠤ ᠲᠤᠭᠤᠷᠢᠭ ᠤᠨ ᠪᠠᠶᠢᠭᠤᠯᠤᠭᠰᠠᠨ | ᠲᠤᠭᠤᠷᠢᠭ ᠤᠨ ᠪᠣᠳᠠᠲᠠᠶ ᠳᠤ ᠳᠣᠭᠢᠷᠠᠭᠰᠠᠨ ᠤᠷᠭᠤᠮᠠᠯ ᠤᠨ ᠬᠤᠴᠢᠯᠭ᠎ᠠ ᠳᠠᠷᠢᠬᠤ᠂ ᠠᠮᠢ ᠠᠬᠤᠶ ᠶᠢ ᠰᠡᠷᠭᠦᠭᠡᠬᠦ ᠪᠠᠷᠢᠮᠵᠢᠶ᠎ᠠ | ᠪᠠ ᠵᠠᠭᠪᠤᠷ ᠢ ᠪᠣᠶ ᠪᠣᠯᠭᠠᠨ᠎ᠠ᠃ ᠲᠣᠭᠤᠰᠣ ᠳᠡᠭᠳᠡᠬᠦ ᠪᠣᠬᠢᠷᠲᠤᠯ ᠠᠮᠠᠷᠬᠠᠨ ᠡᠭᠦᠰᠳᠡᠭ ᠨᠢᠴᠦᠭᠦᠨ ᠭᠠᠵᠠᠷ ᠲᠤ | ᠨᠣᠭᠤᠭᠠᠷᠠᠭᠤᠯᠬᠤ ᠨᠥᠬᠦᠴᠡᠯ ᠢ ᠪᠦᠷᠢᠳᠦᠭᠦᠯᠦᠭᠰᠡᠨ ᠭᠠᠵᠠᠷ ᠢ ᠨᠣᠭᠤᠭᠠᠷᠠᠭᠤᠯᠵᠤ᠂ ᠬᠠᠲᠠᠭᠤᠷᠠᠭᠤᠯᠬᠤ ᠨᠥᠬᠦᠴᠡᠯ ᠢ | ᠪᠦᠷᠢᠳᠦᠭᠦᠯᠦᠭᠰᠡᠨ ᠭᠠᠵᠠᠷ ᠢ ᠬᠠᠲᠠᠭᠤᠷᠠᠭᠤᠯᠵᠤ᠂ ᠲᠣᠭᠤᠰᠣ ᠬᠤᠷᠢᠭᠯᠠᠬᠤ ᠡᠳ᠋ ᠢ ᠰᠦᠷᠴᠢᠬᠦ ᠪᠤᠶᠤ ᠪᠤᠰᠤᠳ ᠪᠦᠲᠦᠮᠵᠢᠲᠡᠶ | ᠠᠷᠭ᠎ᠠ ᠬᠡᠮᠵᠢᠶ᠎ᠡ ᠶᠢ ᠠᠪᠴᠤ ᠰᠠᠯᠬᠢ ᠶᠢ ᠰᠡᠷᠭᠡᠶᠢᠯᠡᠵᠦ ᠲᠣᠭᠤᠰᠣ ᠶᠢ ᠳᠠᠷᠤᠬᠤ ᠬᠡᠷᠡᠭᠲᠡᠶ᠃ ︵ᠬᠠᠷᠢᠭᠤᠴᠠᠯᠭᠠᠲᠤ ᠨᠢᠭᠡᠴᠡ᠄ | ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠬᠤᠲᠠ ᠶᠢᠨ | ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ᠃ ᠪᠡᠶᠡᠯᠡᠭᠦᠯᠬᠦ ᠴᠠᠭ ᠤᠨ ᠬᠢᠵᠠᠭᠠᠷ᠄ | ᠦᠷᠭᠦᠯᠵᠢᠯᠡᠨ ᠠᠬᠢᠭᠤᠯᠤᠨ᠎ᠠ︶ | 5. ᠤᠶᠤᠨᠲᠤ ᠬᠤᠲᠠ ᠶᠢᠨ ᠪᠥᠲᠥᠭᠡᠨ ᠪᠠᠶᠢᠭᠤᠯᠤᠯᠲᠠ ᠶᠢᠨ ᠲᠤᠰᠬᠠᠶ ᠠᠵᠢᠯᠯᠠᠭ᠎ᠠ ᠶᠢ ᠵᠣᠬᠢᠶᠠᠨ ᠪᠠᠶᠢᠭᠤᠯᠤᠨ | ᠥᠷᠨᠢᠭᠦᠯᠦᠨ᠎ᠡ᠃ ︵ᠬᠠᠷᠢᠭᠤᠴᠠᠯᠭᠠᠲᠤ ᠨᠢᠭᠡᠴᠡ᠄ ᠲᠣᠭᠤᠷᠢᠭ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ | ᠬᠡᠷᠡᠭᠵᠢᠭᠦᠯᠬᠦ ᠲᠣᠪᠴᠢᠶ᠎ᠠ᠃ ᠬᠠᠮᠵᠢᠯᠴᠠᠬᠤ ᠰᠠᠯᠠᠭ᠎ᠠ ᠮᠥᠴᠢᠷ᠄ ᠲᠣᠭᠤᠷᠢᠭ ᠤᠨ ᠣᠷᠣᠨ ᠰᠠᠭᠤᠴᠠ ᠪᠠ ᠬᠤᠲᠠ | ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠲᠣᠭᠤᠷᠢᠭ ᠤᠨ ᠠᠵᠤ ᠦᠢᠯᠡᠳᠪᠦᠷᠢ ᠮᠡᠳᠡᠭᠡ ᠵᠠᠩᠭᠢ ᠪᠠ | ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠬᠠᠶᠢᠨᠠᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ | ᠲᠣᠭᠤᠷᠢᠭ ᠤᠨ ᠰᠦᠯᠵᠢᠶᠡᠨ ᠤ ᠮᠡᠳᠡᠭᠡ ᠵᠠᠩᠭᠢ ᠶᠢᠨ ᠠᠯᠪᠠᠨ ᠬᠡᠷ᠂ ᠲᠣᠭᠤᠷᠢᠭ ᠤᠨ ᠵᠠᠰᠠᠭ ᠤᠨ ᠣᠷᠳᠣᠨ ᠤ ᠮᠡᠳᠡᠭᠡ | ᠵᠠᠩᠭᠢ ᠶᠢᠨ ᠠᠯᠪᠠᠨ ᠬᠡᠷ᠃ ᠪᠡᠶᠡᠯᠡᠭᠦᠯᠬᠦ ᠴᠠᠭ ᠤᠨ ᠬᠢᠵᠠᠭᠠᠷ᠄ ᠦᠷᠭᠦᠯᠵᠢᠯᠡᠨ ᠠᠬᠢᠭᠤᠯᠤᠨ᠎ᠠ︶ | ︵ᠠᠷᠪᠠᠨ ᠬᠤᠶᠠᠷ︶ ᠰᠢᠲᠠᠭᠠᠯᠭ᠎ᠠ ᠶᠢᠨ ᠨᠡᠭᠦᠷᠡᠰᠦᠨ ᠤ ᠪᠣᠬᠢᠷᠲᠤᠯ ᠢ ᠶᠡᠷᠦᠩᠬᠡᠶᠢᠯᠡᠨ ᠵᠠᠰᠠᠬᠤ ᠡᠷᠴᠢᠮ ᠢᠶᠠᠨ | ᠨᠡᠮᠡᠭᠳᠡᠭᠦᠯᠬᠦ ᠬᠡᠷᠡᠭᠲᠡᠶ᠃ ᠳᠥᠭᠦᠮ ᠪᠦᠳᠦᠭᠦᠯᠢᠭ ᠣᠷᠣᠨ ᠰᠠᠭᠤᠴᠠᠳᠤ ᠲᠣᠭᠤᠷᠢᠭ ᠢ ᠨᠤᠷᠠᠭᠠᠵᠤ ᠨᠡᠭᠦᠯᠭᠡᠬᠦ | ᠥᠭᠡᠷᠡᠴᠢᠯᠡᠯᠲᠡ ᠶᠢ ᠯᠠᠪᠳᠠᠭᠤᠨ ᠢᠶᠠᠷ ᠲᠦᠯᠬᠢᠨ ᠠᠬᠢᠭᠤᠯᠤᠨ᠎ᠠ᠃ ︽ᠬᠤᠳᠠ ᠶᠢᠨ ᠳᠣᠲᠣᠷᠠᠬᠢ ᠲᠣᠰᠬᠤᠨ︾᠂ ︽ᠲᠦᠬᠦᠮ | ᠪᠦᠳᠦᠴᠡᠳᠦ ᠣᠷᠣᠨ ᠰᠠᠭᠤᠴᠠ ᠶᠢᠨ ᠲᠣᠭᠤᠷᠢᠭ︾ ᠪᠠ ᠬᠤᠳᠠ ᠶᠢᠨ ᠲᠡᠬᠦᠷᠭᠡ ᠶᠢᠨ ᠲᠠᠷᠢᠶᠠᠯᠠᠩ ᠤᠨ ᠲᠤᠮᠤ ᠬᠦᠯᠡᠮᠵᠢ ᠶᠢᠨ | ᠠᠷᠢᠭᠤᠨ ᠴᠡᠪᠡᠷ ᠢᠶᠠᠷ ᠳᠤᠯᠠᠭᠠᠯᠠᠬᠤ ᠥᠭᠡᠷᠡᠴᠢᠯᠡᠯᠲᠡ ᠶᠢ ᠲᠦᠷᠭᠡᠪᠴᠢᠯᠡᠨ ᠠᠬᠢᠭᠤᠯᠤᠨ᠎ᠠ᠃ ᠬᠤᠲᠠ ᠶᠢᠨ ᠪᠠᠶᠢᠭᠤᠯᠤᠭᠰᠠᠨ | ᠲᠣᠭᠤᠷᠢᠭ ᠲᠤ ᠲᠥᠪᠯᠡᠷᠡᠭᠦᠯᠦᠨ ᠢᠯᠴᠢ ᠬᠠᠩᠭᠠᠬᠤ᠂ ᠲᠥᠪᠯᠡᠷᠡᠭᠦᠯᠦᠨ ᠢᠯᠴᠢ ᠬᠠᠩᠭᠠᠬᠤ ᠶᠢ ᠪᠦᠷᠬᠦᠭᠦᠯᠬᠦ ᠳᠤ ᠬᠦᠴᠢᠷᠲᠡᠶ | ᠭᠠᠵᠠᠷ ᠣᠷᠣᠨ ᠢ ᠤᠷᠢᠳᠠᠪᠠᠷ ᠬᠥᠭᠵᠢᠭᠦᠯᠵᠦ᠂ ᠪᠠᠯᠭᠠᠰᠤ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠢᠶᠠᠷ ᠨᠢᠭᠡᠴᠢ | ᠪᠣᠯᠭᠠᠨ ︽ᠨᠡᠭᠦᠷᠡᠰᠦ ᠶᠢ ᠴᠠᠬᠢᠯᠭᠠᠨ ᠪᠣᠯᠭᠠᠨ ᠥᠭᠡᠷᠡᠴᠢᠯᠡᠬᠦ︾ ︽ᠨᠡᠭᠦᠷᠡᠰᠦ ᠶᠢ ᠰᠢᠲᠠᠮᠠᠬᠠᠶ ᠬᠡᠶ ᠪᠣᠯᠭᠠᠨ ᠥᠭᠡᠷᠡᠴᠢᠯᠡᠬᠦ︾᠂ | ᠰᠢᠨ᠎ᠡ ᠡᠨᠧᠷᠭᠢ ᠶᠢ ᠠᠰᠢᠭᠯᠠᠬᠤ ᠵᠡᠷᠭᠡ ᠲᠠᠷᠠᠬᠠᠶ ᠪᠤᠲᠠᠷᠬᠠᠶ ᠮᠠᠶ᠋ᠢᠭ ᠤᠨ ᠴᠡᠪᠡᠷ ᠳᠤᠯᠠᠭᠠᠯᠠᠭ᠎ᠠ ᠶᠢᠨ ᠢᠨᠵᠧᠨᠧᠷᠢᠩ ᠢ | ᠪᠦᠬᠦᠯᠢ ᠴᠣᠭᠴᠠ ᠪᠠᠷ ᠨᠢ ᠳᠥᠯᠭᠢᠨ ᠠᠬᠢᠭᠤᠯᠤᠨ᠎ᠠ᠃ 2021 ᠣᠨ ᠤ 3 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ | ᠲᠣᠰ ᠬᠠᠷᠢᠶ᠎ᠠ ᠣᠷᠣᠨ ᠤ ᠪᠠᠨ ᠨᠡᠭᠦᠷᠡᠰᠦ ᠲᠦᠯᠡᠵᠦ ᠰᠠᠭᠤᠭ᠎ᠠ ᠡᠷᠦᠬᠡ ᠶᠢᠨ ᠠᠷᠢᠭᠤᠨ ᠴᠡᠪᠡᠷ ᠢᠶᠠᠷ ᠳᠤᠯᠠᠭᠠᠯᠠᠭ᠎ᠠ | ᠬᠠᠩᠭᠠᠬᠤ ᠥᠭᠡᠷᠡᠴᠢᠯᠡᠯᠲᠡ ᠶᠢᠨ ᠭᠤᠷᠪᠠᠨ ᠵᠢᠯ ᠤᠨ ᠲᠥᠯᠥᠪᠯᠡᠭᠡ ᠶᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ | ᠨᠠᠶᠢᠳᠠᠪᠤᠷᠢᠵᠢᠭᠤᠯᠤᠨ᠎ᠠ᠃ 2023 ᠣᠨ ᠤ ᠳᠤᠯᠠᠭᠠᠯᠭ᠎ᠠ ᠶᠢᠨ ᠤᠯᠠᠷᠢᠯ ᠪᠣᠯᠬᠤ ᠠᠴᠠ ᠡᠮᠦᠨ᠎ᠡ᠂ ᠵᠠᠷᠴᠢᠮ ᠳᠡᠭᠡᠷ᠎ᠡ ᠪᠠᠨ | ᠪᠠᠶᠢᠭᠤᠯᠤᠭᠰᠠᠨ ᠲᠣᠭᠤᠷᠢᠭ ᠤᠨ ᠪᠣᠶ ᠪᠥᠬᠦᠶ ᠨᠡᠭᠦᠷᠡᠰᠦ ᠲᠦᠯᠡᠵᠦ ᠪᠠᠶᠢᠭ᠎ᠠ ᠡᠷᠦᠬᠡ ᠶᠢᠨ ᠲᠥᠪᠯᠡᠷᠡᠭᠦᠯᠦᠨ ᠳᠤᠯᠠᠭᠠᠯᠭ᠎ᠠ ᠶᠢᠨ | ᠥᠭᠡᠷᠡᠴᠢᠯᠡᠯᠲᠡ ᠶᠢ ᠪᠡᠶᠡᠯᠡᠭᠦᠯᠵᠦ᠂ ᠵᠢᠯ ᠪᠦᠷᠢ ᠶᠢᠨ ᠪᠡᠶᠡᠯᠡᠭᠦᠯᠦᠭᠰᠡᠨ ᠥᠭᠡᠷᠡᠴᠢᠯᠡᠯᠲᠡ ᠶᠢᠨ ᠡᠷᠦᠬᠡ ᠶᠢᠨ ᠲᠤᠭ᠎ᠠ ᠶᠢ | ᠭᠤᠷᠪᠠᠨ ᠤ ᠨᠢᠭᠡ ᠳᠤ ᠬᠦᠷᠦᠭᠦᠯᠦᠨ᠎ᠡ᠃ ᠨᠡᠭᠦᠷᠡᠰᠦᠨ ᠤ ᠶᠠᠰᠤ ᠴᠢᠨᠠᠷ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ | ᠴᠢᠨᠠᠷ ᠮᠠᠭᠤᠲᠠᠶ ᠨᠡᠭᠦᠷᠡᠰᠦ ᠶᠢ ᠬᠠᠤᠯᠢ ᠠᠴᠠ ᠵᠥᠷᠢᠴᠡᠨ ᠡᠵᠡᠩᠨᠡᠬᠦ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠭᠦᠨ᠎ᠡ᠃ | ᠪᠣᠬᠢᠷᠲᠤᠯ ᠶᠡᠬᠡᠲᠡᠶ ᠲᠦᠯᠡᠰᠢ ᠶᠢᠨ ᠰᠢᠲᠠᠬᠤ ᠶᠢ ᠴᠠᠭᠠᠵᠠᠯᠠᠬᠤ ᠣᠷᠣᠨ ᠤ ᠳᠣᠲᠣᠷᠠᠬᠢ ᠲᠠᠷᠠᠬᠠᠶ ᠨᠡᠭᠦᠷᠡᠰᠦ ᠶᠢ ︽ᠲᠡᠭ | ᠪᠣᠯᠭᠠᠬᠤ︾ ᠶᠢ ᠲᠦᠷᠭᠡᠪᠴᠢᠯᠡᠨ ᠪᠡᠶᠡᠯᠡᠭᠦᠯᠦᠨ᠎ᠡ᠃ 2023 ᠣᠨ ᠤ ᠵᠢᠯ ᠤᠨ ᠰᠡᠭᠦᠯᠴᠢ ᠠᠴᠠ ᠡᠮᠦᠨ᠎ᠡ ᠪᠠᠶᠢᠭᠤᠯᠤᠭᠰᠠᠨ | ᠲᠣᠭᠤᠷᠢᠭ ᠤᠨ ᠴᠡᠪᠡᠷ ᠳᠤᠯᠠᠭᠠᠯᠭ᠎ᠠ ᠶᠢᠨ ᠨᠣᠷᠮ᠎ᠠ ᠶᠢ 97% ᠠᠴᠠ ᠳᠡᠭᠡᠭᠰᠢ ᠳᠤ ᠬᠦᠷᠦᠭᠦᠯᠦᠨ᠎ᠡ᠃ 2025 ᠣᠨ ᠤ | ᠵᠢᠯ ᠤᠨ ᠡᠴᠦᠰ ᠠᠴᠠ ᠡᠮᠦᠨ᠎ᠡ 98% ᠠᠴᠠ ᠳᠡᠭᠡᠭᠰᠢ ᠳᠤ ᠬᠦᠷᠦᠭᠦᠯᠦᠨ᠎ᠡ᠃ ᠬᠠᠶᠢᠨᠠᠨ ᠤ ᠲᠠᠷᠢᠶᠠᠯᠠᠬᠤ ᠣᠷᠣᠨ ᠤ ᠬᠢᠨ | ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠯᠡᠨ ᠠᠷᠢᠭᠤᠨ ᠴᠡᠪᠡᠷ ᠳᠤᠯᠠᠭᠠᠯᠭ᠎ᠠ ᠶᠢᠨ ᠠᠵᠢᠯ ᠢ ᠠᠬᠢᠭᠤᠯᠵᠤ᠂ | ᠪᠣᠬᠢᠷᠲᠤᠯ ᠶᠡᠬᠡᠲᠡᠢ ᠪᠤᠳᠤᠭ ᠢ ᠡᠷᠡᠰ ᠬᠤᠷᠢᠭᠯᠠᠵᠤ᠂ ᠠᠷᠢᠭᠤᠨ ᠴᠡᠪᠡᠷ ᠡᠨᠧᠷᠭᠢ ᠬᠡᠷᠡᠭᠯᠡᠬᠦ ᠶᠢ ᠪᠦᠬᠦ ᠲᠠᠯ᠎ᠠ ᠪᠠᠷ | ᠬᠡᠷᠡᠭᠵᠢᠭᠦᠯᠵᠦ᠂ ᠲᠠᠷᠢᠶᠠᠯᠠᠬᠤ ᠣᠷᠣᠨ ᠤ ᠲᠥᠪᠯᠡᠷᠡᠭᠦᠯᠦᠨ ᠳᠤᠯᠠᠭᠠᠯᠭ᠎ᠠ ᠶᠢᠨ ᠨᠤᠷᠮ᠎ᠠ ᠶᠢ ᠲᠣᠭᠲᠠᠭᠤᠨ ᠢᠶᠠᠷ | ᠳᠡᠭᠡᠭᠰᠢᠯᠡᠭᠦᠯᠬᠦ ᠶᠢ ᠦᠨᠡᠨᠬᠦ ᠪᠠᠲᠤᠯᠠᠵᠤ᠂ ᠬᠤᠳᠠ ᠶᠢᠨ ᠳᠡᠰ ᠤᠨ ᠭᠦᠢᠴᠡᠳᠬᠡᠬᠦ ᠲᠤᠭ᠎ᠠ ᠶᠢᠨ ᠡᠭᠦᠷᠭᠡ ᠶᠢ ᠪᠡᠶᠡᠯᠡᠭᠦᠯᠬᠦ | ᠬᠡᠷᠡᠭᠲᠡᠢ᠃ ︵ᠬᠠᠷᠢᠭᠤᠴᠠᠯᠭᠠᠲᠤ ᠨᠢᠭᠡᠴᠡ᠄ ᠡᠯ᠎ᠡ ᠪᠠᠯᠭᠠᠰᠤ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ | ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠲᠠᠷᠢᠶᠠᠯᠠᠩ ᠮᠠᠯ | ᠠᠵᠤ ᠠᠬᠤᠶ ᠤᠰᠤᠨ ᠤ ᠶᠠᠪᠤᠳᠠᠯ ᠤᠨ ᠲᠣᠪᠴᠢᠶ᠎ᠠ᠃ ᠬᠠᠮᠵᠢᠯᠴᠠᠬᠤ ᠰᠠᠯᠠᠭ᠎ᠠ ᠮᠥᠴᠢᠷ᠄ ᠬᠠᠶᠢᠨᠠᠨ ᠤ ᠠᠮᠢ ᠠᠬᠤᠶ ᠣᠷᠴᠢᠨ | ᠲᠣᠭᠤᠷᠢᠨ ᠤ ᠬᠤᠪᠢᠶᠠᠷᠢ ᠲᠣᠪᠴᠢᠶ᠎ᠠ᠂ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠃ | ᠪᠡᠶᠡᠯᠡᠭᠦᠯᠬᠦ ᠴᠠᠭ ᠤᠨ ᠬᠢᠵᠠᠭᠠᠷ᠄ ᠦᠷᠭᠦᠯᠵᠢᠯᠡᠨ ᠠᠬᠢᠭᠤᠯᠤᠨ᠎ᠠ︶ | ︵ᠠᠷᠪᠠᠨ ᠭᠤᠷᠪᠠ︶ ᠤᠰᠤᠨ ᠤ ᠡᠬᠢ ᠪᠠᠶᠠᠯᠢᠭ ᠢ ᠠᠷᠪᠢᠯᠠᠵᠤ ᠡᠷᠴᠢᠮᠵᠢᠭᠦᠯᠦᠨ ᠠᠰᠢᠭᠯᠠᠬᠤ ᠶᠢ ᠴᠢᠩᠭᠠᠷᠠᠭᠤᠯᠤᠨ᠎ᠠ᠃ | ᠤᠰᠤ ᠪᠠᠷ ᠬᠤᠲᠠ ᠶᠢ ᠲᠣᠭᠲᠠᠭᠠᠬᠤ᠂ ᠤᠰᠤ ᠪᠠᠷ ᠭᠠᠵᠠᠷ ᠢ ᠲᠣᠭᠲᠠᠭᠠᠬᠤ᠂ ᠤᠰᠤ ᠪᠠᠷ ᠬᠥᠮᠦᠨ ᠢ ᠲᠣᠭᠲᠠᠭᠠᠬᠤ᠂ | ᠤᠰᠤ ᠪᠠᠷ ᠭᠠᠷᠤᠯᠲᠠ ᠶᠢ ᠲᠣᠭᠲᠠᠭᠠᠬᠤ ᠶᠢ ᠪᠠᠷᠢᠮᠲᠠᠯᠠᠵᠤ᠂ ᠤᠰᠤᠨ ᠤ ᠡᠬᠢ ᠪᠠᠶᠠᠯᠢᠭ ᠢᠶᠠᠷ ᠬᠠᠮᠤᠭ ᠤᠨ ᠶᠡᠭᠡ ᠬᠠᠲᠠᠭᠤ | ᠬᠢᠵᠠᠭᠠᠷᠯᠠᠯ ᠪᠣᠯᠭᠠᠵᠤ᠂ ᠵᠦᠶ ᠵᠣᠬᠢᠰ ᠥᠬᠡᠶ ᠤᠰᠤ ᠬᠡᠷᠡᠭᠯᠡᠬᠦ ᠬᠡᠷᠡᠭᠴᠡᠭᠡ ᠱᠠᠭᠠᠷᠳᠠᠯᠭ᠎ᠠ ᠶᠢ ᠡᠷᠡᠰ ᠬᠤᠷᠢᠭᠯᠠᠨ᠎ᠠ᠃ ᠤᠰᠤᠨ ᠤ | ᠡᠬᠢ ᠪᠠᠶᠠᠯᠢᠭ ᠤᠨ ᠬᠠᠮᠤᠭ ᠤᠨ ᠴᠢᠩᠭ᠎ᠠ ᠬᠠᠮᠢᠶᠠᠷᠤᠯᠲᠠ ᠶᠢᠨ ᠲᠦᠷᠢᠮ ᠢ ᠬᠡᠷᠡᠭᠵᠢᠭᠦᠯᠵᠦ᠂ ᠤᠰᠤ ᠲᠠᠲᠠᠬᠤ ᠶᠢ ᠵᠥᠪᠰᠢᠶᠡᠷᠡᠬᠦ | ᠪᠠ ᠤᠰᠤᠨ ᠤ ᠡᠬᠢ ᠪᠠᠶᠠᠯᠢᠭ ᠢ ᠨᠤᠲᠠᠯᠠᠬᠤ ᠲᠦᠷᠢᠮ ᠢ ᠴᠢᠩᠭ᠎ᠠ ᠬᠡᠷᠡᠭᠵᠢᠭᠦᠯᠵᠦ᠂ ᠤᠰᠤ ᠶᠡᠭᠡ ᠬᠤᠷᠣᠭᠳᠠᠭᠤᠯᠬᠤ ᠠᠵᠤ | ᠦᠢᠯᠡᠳᠪᠦᠷᠢ ᠶᠢᠨ ᠭᠠᠵᠠᠷ ᠳᠣᠤᠷᠠᠬᠢ ᠤᠰᠤ ᠶᠢ ᠳᠤᠷ᠎ᠠ ᠪᠠᠷ ᠢᠶᠠᠨ ᠬᠡᠷᠡᠭᠯᠡᠬᠦ ᠶᠢ ᠴᠠᠭᠠᠵᠠᠯᠠᠨ᠎ᠠ᠃ ᠤᠰᠤ ᠬᠡᠷᠡᠭᠯᠡᠬᠦ ᠶᠡᠷᠦᠩᠬᠡᠶ | ᠬᠡᠮᠵᠢᠶ᠎ᠡ ᠪᠣᠯᠤᠨ ᠤᠰᠤ ᠬᠡᠷᠡᠭᠯᠡᠬᠦ ᠠᠰᠢᠭᠯᠠᠮᠵᠢ ᠶᠢ ᠥᠪᠡᠷᠲᠡᠭᠡᠨ ᠵᠠᠰᠠᠬᠤ ᠣᠷᠣᠨ ᠤ ᠪᠠᠭᠤᠯᠭᠠᠭᠰᠠᠨ ᠬᠠᠷᠠᠯᠲᠠ ᠶᠢᠨ | ᠳᠣᠲᠣᠷ᠎ᠠ ᠴᠢᠩᠭ᠎ᠠ ᠬᠢᠵᠠᠭᠠᠷᠯᠠᠨ᠎ᠠ᠃ ᠬᠠᠲᠤᠨ ᠭᠤᠤᠯ ᠤᠨ ᠭᠤᠤᠯ ᠤᠷᠤᠰᠬᠠᠯ ᠤᠨ ᠭᠠᠵᠠᠷ ᠳᠡᠭᠡᠷᠡᠬᠢ ᠤᠰᠤᠨ ᠤ ᠰᠢᠨ᠎ᠡ ᠪᠠᠷ | ᠨᠡᠮᠡᠭᠳᠡᠭᠰᠡᠨ ᠤᠰᠤ ᠲᠠᠲᠠᠬᠤ ᠵᠥᠪᠰᠢᠶᠡᠷᠡᠯ ᠢ ᠭᠥᠯᠢᠶᠡᠨ ᠠᠪᠴᠤ ᠰᠢᠢᠳᠪᠦᠷᠢᠯᠡᠬᠦ ᠶᠢ ᠲᠦᠷ ᠵᠣᠭᠰᠣᠭᠠᠵᠤ᠂ ᠠᠶᠢᠮᠠᠭ ᠬᠤᠲᠠ | ᠠᠯᠤᠰᠯᠠᠭᠰᠠᠨ ᠤᠰᠤᠨ ᠤ ᠡᠷᠬᠡ ᠶᠢ ᠰᠢᠯᠵᠢᠭᠦᠯᠦᠨ ᠥᠭᠬᠦ ᠭᠦᠢᠴᠡᠳᠭᠡᠯ ᠲᠤᠭ᠎ᠠ ᠶᠢ ᠨᠢᠭᠡᠨᠲᠡ ᠬᠤᠳᠠᠯᠳᠤᠨ ᠠᠪᠤᠭᠰᠠᠨ | ᠠᠵᠤ ᠠᠬᠤᠶᠢᠯᠠᠯ ᠨᠢ ᠤᠰᠤ ᠲᠠᠲᠠᠬᠤ ᠵᠥᠪᠰᠢᠶᠡᠷᠡᠯ ᠤᠨ ᠭᠠᠷᠳᠠᠮ ᠢ ᠲᠦᠷᠭᠡᠳᠬᠡᠨ ᠭᠦᠢᠴᠡᠳᠭᠡᠵᠦ᠂ 2023 ᠣᠨ ᠤ | ᠵᠢᠯ ᠤᠨ ᠰᠡᠭᠦᠯᠴᠢ ᠠᠴᠠ ᠡᠮᠦᠨ᠎ᠡ᠂ ᠨᠥᠬᠦᠴᠡᠯ ᠪᠥᠷᠢᠳᠦᠭᠰᠡᠨ ᠤᠰᠤᠨ ᠤ ᠡᠷᠬᠡ ᠶᠢ ᠰᠢᠯᠵᠢᠭᠦᠯᠦᠨ ᠠᠪᠤᠭᠰᠠᠨ ᠠᠵᠤ | ᠠᠬᠤᠶᠢᠯᠠᠯ ᠨᠢ ᠤᠰᠤ ᠲᠠᠲᠠᠬᠤ ᠵᠥᠪᠰᠢᠶᠡᠷᠡᠯ ᠤᠨ ᠭᠠᠷᠳᠠᠮ ᠢ ᠭᠤᠶᠤᠴᠢᠯᠠᠨ ᠮᠡᠳᠡᠭᠦᠯᠬᠦ ᠶᠢ ᠪᠡᠶᠡᠯᠡᠭᠦᠯᠦᠨ᠎ᠡ᠃ ᠠᠵᠤ | ᠦᠢᠯᠡᠳᠪᠦᠷᠢ ᠶᠢᠨ ᠤᠰᠤ ᠠᠷᠪᠢᠯᠠᠬᠤ ᠶᠢ ᠤᠯᠠᠮ ᠨᠢᠭᠡ ᠠᠯᠬᠤᠮ ᠴᠢᠩᠭᠠᠳᠬᠠᠵᠤ᠂ ᠰᠡᠶᠢᠷᠡᠭᠦᠯᠦᠨ ᠬᠠᠳᠠᠭᠠᠬᠤ ᠤᠰᠤ ᠶᠢ | ᠰᠢᠢᠳᠪᠦᠷᠢᠯᠡᠨ ᠪᠤᠴᠠᠭᠠᠨ ᠬᠡᠷᠡᠭᠯᠡᠬᠦ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢ ᠬᠥᠲᠥᠯᠦᠨ ᠵᠢᠯᠣᠭᠤᠳᠬᠤ ᠪᠠ | ᠳᠡᠮᠵᠢᠵᠦ᠂ 2021 — 2023 ᠣᠨ ᠳᠤ ᠪᠥᠬᠦ ᠬᠤᠲᠠ ᠶᠢᠨ ᠰᠡᠶᠢᠷᠡᠭᠦᠯᠦᠨ ᠬᠠᠳᠠᠭᠠᠬᠤ ᠤᠰᠤᠨ ᠤ ᠠᠰᠢᠭᠯᠠᠯᠲᠠ ᠶᠢᠨ | ᠨᠣᠷᠮ᠎ᠠ ᠶᠢ ᠲᠣᠰ ᠲᠣᠰ 65%᠂ 70%᠂ 75% ᠳᠤ ᠬᠦᠷᠦᠭᠦᠯᠦᠨ᠎ᠡ᠃ ︵ᠬᠠᠷᠢᠭᠤᠴᠠᠯᠭᠠᠲᠤ ᠨᠢᠭᠡᠴᠡ᠄ ᠲᠤᠭᠤᠷᠢᠭ | ᠤᠨ ᠲᠠᠷᠢᠶᠠᠯᠠᠩ ᠮᠠᠯ ᠠᠵᠤ ᠠᠬᠤᠶ ᠤᠰᠤᠨ ᠤ ᠶᠠᠪᠤᠳᠠᠯ ᠤᠨ ᠲᠣᠪᠴᠢᠶ᠎ᠠ᠃ ᠪᠡᠶᠡᠯᠡᠭᠦᠯᠬᠦ ᠴᠠᠭ ᠤᠨ ᠬᠢᠵᠠᠭᠠᠷ᠄ 2023 | ᠣᠨ ᠤ 12 ᠳ᠋ᠤᠭᠠᠷ ᠰᠠᠷ᠎ᠠ ᠶᠢᠨ ᠰᠡᠭᠦᠯᠴᠢ︶ ᠬᠤᠲᠠ ᠪᠠᠯᠭᠠᠰᠤ ᠶᠢᠨ ᠤᠰᠤ ᠠᠷᠪᠢᠯᠠᠬᠤ ᠶᠢ ᠠᠬᠢᠭᠤᠯᠤᠨ᠎ᠠ᠃ 50 | ᠵᠢᠯ ᠠᠴᠠ ᠳᠡᠭᠡᠭᠰᠢ ᠬᠡᠷᠡᠭᠯᠡᠭᠰᠡᠨ ᠪᠠ ᠮᠠᠲ᠋ᠧᠷᠢᠶᠠᠯ ᠤᠨ ᠴᠢᠨᠠᠷ ᠢᠶᠠᠷ ᠬᠤᠴᠣᠷᠤᠩᠭᠤᠶ ᠤᠰᠤ ᠬᠠᠩᠭᠠᠬᠤ ᠬᠤᠭᠤᠯᠠᠶ ᠶᠢᠨ | ᠲᠣᠣᠷ ᠢ ᠰᠢᠨᠡᠳᠬᠡᠨ ᠥᠭᠡᠷᠡᠴᠢᠯᠡᠵᠦ᠂ ᠤᠰᠤ ᠬᠡᠷᠡᠭᠯᠡᠭᠰᠡᠨ ᠪᠠᠶᠢᠴᠠᠭᠠᠨ ᠰᠤᠳᠤᠯᠤᠯᠲᠠ ᠬᠢᠬᠦ ᠡᠷᠴᠢᠮ ᠢ ᠴᠢᠩᠭᠠᠷᠠᠭᠤᠯᠤᠨ᠎ᠠ᠃ | ᠪᠣᠬᠢᠷ ᠤᠰᠤ ᠶᠢ ᠭᠦᠨ ᠰᠢᠢᠳᠪᠦᠷᠢᠯᠡᠬᠦ ᠢᠨᠵᠧᠨᠧᠷᠢᠩ ᠢ ᠬᠡᠷᠡᠭᠵᠢᠭᠦᠯᠵᠦ᠂ ᠳᠠᠬᠢᠯᠲᠠ ᠤᠰᠤᠨ ᠤ ᠡᠬᠢ ᠪᠠᠶᠠᠯᠢᠭᠵᠢᠭᠤᠯᠤᠨ | ᠠᠰᠢᠭᠯᠠᠬᠤ ᠶᠢ ᠠᠬᠢᠭᠤᠯᠤᠨ᠎ᠠ᠃ ︵ᠬᠠᠷᠢᠭᠤᠴᠠᠯᠭᠠᠲᠤ ᠨᠢᠭᠡᠴᠡ᠄ ᠬᠠᠶᠢᠨᠠᠨ ᠤ ᠠᠵᠤ ᠦᠢᠯᠡᠳᠪᠦᠷᠢ ᠶᠢᠨ ᠬᠦᠷᠢᠶᠡᠯᠡᠩ ᠤᠨ | ᠬᠠᠮᠢᠶᠠᠷᠤᠯᠲᠠ ᠶᠢᠨ ᠵᠥᠪᠯᠡᠯ᠂ ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ | ᠲᠣᠪᠴᠢᠶ᠎ᠠ᠃ ᠬᠠᠮᠵᠢᠯᠴᠠᠬᠤ ᠰᠠᠯᠠᠭ᠎ᠠ ᠮᠥᠴᠢᠷ᠄ ᠬᠠᠶᠢᠨᠠᠨ ᠤ ᠠᠮᠢ ᠠᠬᠤᠶ ᠣᠷᠴᠢᠨ ᠲᠣᠭᠤᠷᠢᠨ ᠤ ᠲᠣᠪᠴᠢᠶ᠎ᠠ᠂ ᠲᠤᠭᠤᠷᠢᠭ | ᠤᠨ ᠲᠠᠷᠢᠶᠠᠯᠠᠩ ᠮᠠᠯ ᠠᠵᠤ ᠠᠬᠤᠶ ᠤᠰᠤᠨ ᠤ ᠶᠠᠪᠤᠳᠠᠯ ᠤᠨ ᠲᠣᠪᠴᠢᠶ᠎ᠠ᠃ ᠪᠡᠶᠡᠯᠡᠭᠦᠯᠬᠦ ᠴᠠᠭ ᠤᠨ ᠬᠢᠵᠠᠭᠠᠷ ᠨᠢ᠄ 2023 | ᠣᠨ ᠤ 12 ᠳ᠋ᠤᠭᠠᠷ ᠰᠠᠷ᠎ᠠ ᠶᠢᠨ ᠰᠡᠭᠦᠯᠴᠢ ᠪᠠᠷ︶ ᠲᠠᠷᠢᠶᠠᠯᠠᠩ ᠤᠨ ᠤᠰᠤ ᠠᠷᠪᠢᠯᠠᠬᠤ ᠳᠠᠯᠳᠠ ᠬᠦᠴᠦᠨ ᠢ ᠤᠯᠠᠮ ᠨᠢᠭᠡ | ᠠᠯᠬᠤᠮ ᠠᠭᠤᠳᠠᠯᠵᠤ᠂ ᠲᠠᠷᠢᠶᠠᠯᠠᠩ ᠤᠨ ᠥᠨᠳᠥᠷ ᠦᠷ᠎ᠡ ᠠᠰᠢᠭ ᠲᠠᠢ ᠤᠰᠤ ᠠᠷᠪᠢᠯᠠᠬᠤ ᠶᠢ ᠦᠷᠭᠦᠯᠵᠢᠯᠡᠨ ᠠᠬᠢᠭᠤᠯᠵᠤ᠂ | ᠲᠠᠷᠢᠶᠠᠯᠠᠩ ᠤᠨ ᠤᠰᠤ ᠠᠷᠪᠢᠯᠠᠬᠤ ᠢᠨᠵᠧᠨᠧᠷᠢᠩ ᠤᠨ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠦᠨ᠂ ᠪᠡᠯᠡᠳᠬᠡᠮᠵᠢᠲᠦ | ᠦᠵᠦᠮ ᠤᠨ ᠠᠵᠤ ᠦᠢᠯᠡᠰ ᠤᠨ ᠬᠥᠭᠵᠢᠯᠲᠡ ᠲᠠᠢ ᠤᠶᠠᠯᠳᠤᠭᠤᠯᠵᠤ᠂ ᠤᠰᠤ ᠪᠣᠷᠳᠣᠭᠤᠷ ᠢ ᠨᠢᠭᠡ ᠴᠣᠭᠴᠠᠵᠢᠭᠤᠯᠬᠤ ᠪᠠᠷ | ᠭᠤᠤᠯ ᠠᠷᠭ᠎ᠠ ᠮᠠᠶ᠋ᠢᠭ ᠪᠣᠯᠭᠠᠭᠰᠠᠨ ᠥᠨᠳᠥᠷ ᠦᠷ᠎ᠡ ᠠᠰᠢᠭ ᠲᠠᠢ ᠤᠰᠤ ᠠᠷᠪᠢᠯᠠᠬᠤ ᠢᠨᠵᠧᠨᠧᠷᠢᠩ ᠢ ᠶᠡᠬᠡᠪᠡᠷ | ᠠᠬᠢᠭᠤᠯᠤᠨ᠎ᠠ᠃ ᠤᠰᠤ ᠠᠷᠪᠢᠯᠠᠵᠤ ᠦᠷ᠎ᠡ ᠠᠰᠢᠭ ᠢᠶᠠᠨ ᠨᠡᠮᠡᠭᠳᠡᠭᠦᠯᠬᠦ᠂ ᠥᠨᠳᠥᠷ ᠦᠷ᠎ᠡ ᠠᠰᠢᠭ ᠲᠠᠢ ᠤᠰᠤ ᠠᠷᠪᠢᠯᠠᠬᠤ | ᠤᠰᠤᠯᠠᠯᠲᠠ ᠶᠢᠨ ᠬᠤᠳᠠ ᠶᠢᠨ ᠱᠠᠲᠤᠨ ᠤ ᠡᠭᠦᠷᠭᠡ ᠬᠠᠷᠠᠯᠲᠠ ᠪᠠᠨ ᠪᠡᠶᠡᠯᠡᠭᠦᠯᠬᠦ ᠶᠢ ᠦᠨᠡᠨ ᠬᠦ ᠪᠠᠲᠤᠯᠠᠨ᠎ᠠ᠃ ︵ | ᠬᠠᠷᠢᠭᠤᠴᠠᠯᠭᠠᠲᠤ ᠨᠢᠭᠡᠴᠡ᠄ ᠲᠤᠭᠤᠷᠢᠭ ᠤᠨ ᠲᠠᠷᠢᠶᠠᠯᠠᠩ ᠮᠠᠯ ᠠᠵᠤ ᠠᠬᠤᠶ ᠤᠰᠤᠨ ᠤ ᠶᠠᠪᠤᠳᠠᠯ ᠤᠨ ᠲᠣᠪᠴᠢᠶ᠎ᠠ᠃ | ᠪᠡᠶᠡᠯᠡᠭᠦᠯᠬᠦ ᠴᠠᠭ ᠤᠨ ᠬᠢᠵᠠᠭᠠᠷ᠄ ᠦᠷᠭᠦᠯᠵᠢᠯᠡᠨ ᠠᠬᠢᠭᠤᠯᠤᠨ᠎ᠠ︶ | ︵ᠠᠷᠪᠠᠨ ᠲᠦᠷᠪᠡ︶ ᠬᠠᠳᠤᠨ ᠭᠤᠣᠯ ᠤᠨ ᠰᠠᠪᠠ ᠭᠠᠵᠠᠷ ᠤᠨ ᠤᠰᠤᠨ ᠤ ᠪᠣᠬᠢᠷᠲᠤᠯ ᠢ ᠰᠡᠷᠭᠡᠶᠢᠯᠡᠨ ᠵᠠᠰᠠᠬᠤ | ᠡᠷᠴᠢᠮ ᠢ ᠴᠢᠩᠭᠠᠷᠠᠭᠤᠯᠤᠨ᠎ᠠ᠃ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠤ ᠪᠣᠬᠢᠷᠲᠤᠯ ᠢ | ᠰᠡᠷᠭᠡᠶᠢᠯᠡᠨ ᠵᠠᠰᠠᠬᠤ ᠲᠥᠷᠢᠮ︾ ᠢ ᠴᠢᠩᠭ᠎ᠠ ᠨᠠᠶᠢᠳᠠᠪᠤᠷᠢᠵᠢᠭᠤᠯᠤᠨ᠎ᠠ᠃ ᠬᠤᠲᠠ ᠪᠠᠯᠭᠠᠰᠤ ᠶᠢᠨ ᠠᠮᠢᠳᠤᠷᠠᠯ ᠤᠨ ᠪᠣᠬᠢᠷ | ᠤᠰᠤ ᠶᠢ ᠵᠠᠰᠠᠬᠤ ᠶᠢ ᠦᠷᠭᠦᠯᠵᠢᠯᠡᠨ ᠠᠬᠢᠭᠤᠯᠵᠤ᠂ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠶᠢᠨ ᠮᠡᠷᠭᠡᠵᠢᠯ ᠤᠨ | ᠥᠭᠡᠷᠡᠴᠢᠯᠡᠯᠲᠡ ᠶᠢ ᠠᠬᠢᠭᠤᠯᠵᠤ᠂ ᠪᠣᠬᠢᠷ ᠤᠰᠤ ᠰᠢᠢᠳᠪᠦᠷᠢᠯᠡᠬᠦ ᠶᠢᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ | ᠨᠡᠮᠡᠭᠳᠡᠭᠦᠯᠬᠦ ᠭᠤᠷᠪᠠᠨ ᠵᠢᠯ ᠤᠨ ᠠᠵᠢᠯᠯᠠᠭ᠎ᠠ ᠶᠢᠨ ᠲᠥᠰᠦᠯ ᠢ ᠴᠢᠩᠭ᠎ᠠ ᠨᠠᠶᠢᠳᠠᠪᠤᠷᠢᠵᠢᠭᠤᠯᠵᠤ᠂ ᠬᠤᠲᠠ ᠪᠠᠯᠭᠠᠰᠤ ᠶᠢᠨ ᠪᠣᠬᠢᠷ | ᠤᠰᠤᠨ ᠤ ᠬᠤᠭᠤᠯᠠᠶ ᠶᠢᠨ ᠲᠣᠤᠷ ᠤᠨ ᠪᠥᠲᠥᠭᠡᠨ ᠪᠠᠶᠢᠭᠤᠯᠤᠯᠲᠠ ᠪᠠ ᠥᠭᠡᠷᠡᠴᠢᠯᠡᠯᠲᠡ ᠶᠢᠨ ᠡᠷᠴᠢᠮ ᠢ ᠴᠢᠩᠭᠠᠷᠠᠭᠤᠯᠤᠨ᠂ | ᠬᠤᠲᠠ ᠶᠢᠨ ᠤᠰᠤ ᠵᠠᠯᠠᠬᠤ ᠰᠢᠰᠲ᠋ᠧᠮ ᠤᠨ ᠪᠣᠷᠣᠭᠠᠨ ᠪᠣᠬᠢᠷ ᠤᠰᠤ ᠶᠢ ᠰᠠᠯᠭᠠᠨ ᠥᠭᠡᠷᠡᠴᠢᠯᠡᠬᠦ ᠠᠵᠢᠯ ᠢ ᠲᠤᠬᠠᠶ ᠶᠢᠨ | ᠭᠠᠵᠠᠷ ᠣᠷᠣᠨ ᠤ ᠪᠠᠶᠢᠳᠠᠯ ᠳᠤᠨᠢ ᠳᠣᠭᠢᠷᠠᠭᠤᠯᠤᠨ ᠠᠬᠢᠭᠤᠯᠤᠨ᠎ᠠ᠃ ︵ᠬᠠᠷᠢᠭᠤᠴᠠᠯᠭᠠᠲᠤ ᠨᠢᠭᠡᠴᠡ᠄ ᠲᠣᠭᠤᠷᠢᠭ ᠤᠨ ᠣᠷᠣᠨ | ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠬᠠᠶᠢᠨᠠᠨ ᠤ ᠠᠵᠤ ᠦᠢᠯᠡᠳᠪᠦᠷᠢ ᠶᠢᠨ | ᠬᠦᠷᠢᠶᠡᠯᠡᠩ ᠤᠨ ᠬᠠᠮᠢᠶᠠᠷᠤᠯᠲᠠ ᠶᠢᠨ ᠵᠥᠪᠯᠡᠯ᠃ ᠪᠡᠶᠡᠯᠡᠭᠦᠯᠬᠦ ᠴᠠᠭ ᠤᠨ ᠬᠢᠵᠠᠭᠠᠷ᠄ ᠦᠷᠭᠦᠯᠵᠢᠯᠡᠨ ᠠᠬᠢᠭᠤᠯᠤᠨ᠎ᠠ︶᠃ | ᠬᠠᠶᠢᠨᠠᠨ ᠤ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠰᠢ ᠯᠠᠶ ᠹᠧᠩ ᠲᠥᠷᠥᠯ ᠵᠦᠢᠯ ᠤᠨ ᠲᠣᠭᠤᠷᠢᠭ ᠤᠨ | ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠶᠢᠨ ᠢᠵᠢ ᠪᠥᠷᠢᠳᠦᠭᠦᠯᠬᠦ ᠬᠤᠭᠤᠯᠠᠶ ᠶᠢᠨ ᠲᠣᠤᠷ ᠤᠨ ᠪᠥᠲᠥᠭᠡᠨ | ᠪᠠᠶᠢᠭᠤᠯᠤᠯᠲᠠ ᠥᠭᠡᠷᠡᠴᠢᠯᠡᠯᠲᠡ ᠶᠢ ᠲᠡᠭᠦᠯᠳᠡᠷᠵᠢᠭᠦᠯᠵᠦ᠂ 2021 ᠣᠨ ᠤ ᠡᠴᠦᠰ ᠠᠴᠠ ᠡᠮᠦᠨ᠎ᠡ ᠬᠠᠶᠢᠨᠠᠨ ᠤ ᠠᠵᠤ | ᠦᠢᠯᠡᠳᠪᠦᠷᠢ ᠶᠢᠨ ᠬᠦᠷᠢᠶᠡᠯᠡᠩ ᠳᠤ 6 ᠺᠢᠯᠣᠮᠧᠲᠷ ᠤᠨ ᠪᠣᠬᠢᠷ ᠤᠰᠤᠨ ᠤ ᠬᠤᠭᠤᠯᠠᠶ ᠶᠢᠨ ᠲᠣᠤᠷ ᠤᠨ ᠪᠥᠲᠥᠭᠡᠨ | ᠪᠠᠶᠢᠭᠤᠯᠤᠯᠲᠠ ᠶᠢ ᠪᠡᠶᠡᠯᠡᠭᠦᠯᠦᠨ᠎ᠡ᠃ ︵ᠬᠠᠷᠢᠭᠤᠴᠠᠯᠭᠠᠲᠤ ᠨᠢᠭᠡᠴᠡ᠄ ᠬᠠᠶᠢᠨᠠᠨ ᠤ ᠠᠵᠤ ᠦᠢᠯᠡᠳᠪᠦᠷᠢ ᠶᠢᠨ | ᠬᠦᠷᠢᠶᠡᠯᠡᠩ ᠤᠨ ᠬᠠᠮᠢᠶᠠᠷᠤᠯᠲᠠ ᠶᠢᠨ ᠵᠥᠪᠯᠡᠯ᠃ ᠪᠡᠶᠡᠯᠡᠭᠦᠯᠬᠦ ᠴᠠᠭ ᠤᠨ ᠬᠢᠵᠠᠭᠠᠷ᠄ ᠦᠷᠭᠦᠯᠵᠢᠯᠡᠨ ᠠᠬᠢᠭᠤᠯᠤᠨ᠎ᠠ︶ ᠪᠣᠬᠢᠷ | ᠤᠰᠤ ᠰᠢᠢᠳᠪᠦᠷᠢᠯᠡᠬᠦ ᠦᠢᠯᠡᠳᠪᠦᠷᠢ ᠨᠢ ᠲᠦᠭᠰᠢᠭᠦᠷᠢ ᠶᠢ ᠡᠰᠡᠷᠭᠦᠴᠡᠬᠦ ᠴᠢᠳᠠᠪᠤᠷᠢ ᠯᠤᠭ᠎ᠠ ᠵᠣᠬᠢᠴᠠᠯᠳᠤᠭᠰᠠᠨ ᠠᠳᠡᠯ ᠢ | ᠳᠣᠭᠢᠷᠠᠭᠤᠯᠤᠨ ᠬᠠᠳᠠᠭᠠᠯᠠᠬᠤ ᠪᠡᠯᠡᠳᠬᠡᠮᠵᠢ ᠪᠠ ᠣᠷᠴᠢᠨ ᠲᠣᠭᠤᠷᠢᠨ ᠤ ᠪᠠᠴᠢᠮ ᠪᠠᠶᠢᠳᠠᠯ ᠢ ᠠᠷᠭᠠᠴᠠᠭᠠᠬᠤ ᠠᠷᠭ᠎ᠠ | ᠬᠡᠮᠵᠢᠶ᠎ᠡ ᠶᠢ ᠵᠦᠶ ᠵᠣᠬᠢᠰᠲᠠᠶ ᠳᠣᠭᠢᠷᠠᠭᠤᠯᠵᠤ᠂ ᠪᠣᠬᠢᠷ ᠤᠰᠤ ᠰᠢᠢᠳᠪᠦᠷᠢᠯᠡᠬᠦ ᠪᠡᠯᠡᠳᠬᠡᠮᠵᠢ ᠶᠢᠨ ᠠᠵᠢᠯᠯᠠᠭᠠᠨ ᠤ | ᠬᠠᠮᠠᠭᠠᠯᠠᠯᠲᠠ ᠶᠢ ᠴᠢᠩᠭᠠᠳᠬᠠᠬᠤ ᠬᠡᠷᠡᠭᠲᠡᠶ᠃ ᠬᠠᠮᠢᠶᠠᠷᠤᠯᠲᠠ ᠶᠢᠨ ᠠᠵᠤ ᠠᠬᠤᠶᠢᠯᠠᠯ ᠤᠳ ᠲᠣᠭᠲᠠᠭᠠᠯ ᠶᠣᠰᠣᠭᠠᠷ ᠪᠣᠬᠢᠷ | ᠤᠰᠤ ᠶᠢ ᠤᠷᠢᠳᠴᠢᠯᠠᠨ ᠰᠢᠢᠳᠪᠦᠷᠢᠯᠡᠵᠦ᠂ ᠪᠣᠬᠢᠷ ᠤᠰᠤ ᠶᠢ ᠪᠠᠷᠢᠮᠵᠢᠶ᠎ᠠ ᠳᠤ ᠬᠦᠷᠦᠭᠦᠯᠦᠨ ᠭᠠᠳᠠᠭᠰᠢᠯᠠᠭᠤᠯᠬᠤ ᠶᠢ ᠦᠨᠡᠨᠬᠦ | ᠪᠠᠲᠤᠯᠠᠬᠤ ᠬᠡᠷᠡᠭᠲᠡᠶ᠃ ︵ᠬᠠᠷᠢᠭᠤᠴᠠᠯᠭᠠᠲᠤ ᠨᠢᠭᠡᠴᠡ᠄ ᠬᠠᠶᠢᠨᠠᠨ ᠤ ᠠᠮᠢ ᠠᠬᠤᠶ ᠶᠢᠨ ᠣᠷᠴᠢᠨ ᠲᠣᠭᠤᠷᠢᠨ ᠤ ᠬᠤᠪᠢᠶᠠᠷᠢ | ᠲᠣᠪᠴᠢᠶ᠎ᠠ᠂ ᠬᠠᠶᠢᠨᠠᠨ ᠤ ᠠᠵᠤ ᠦᠢᠯᠡᠳᠪᠦᠷᠢ ᠶᠢᠨ ᠬᠦᠷᠢᠶᠡᠯᠡᠩ ᠤᠨ ᠬᠠᠮᠢᠶᠠᠷᠤᠯᠲᠠ ᠶᠢᠨ ᠵᠥᠪᠯᠡᠯ᠃ ᠪᠡᠶᠡᠯᠡᠭᠦᠯᠬᠦ ᠴᠠᠭ ᠤᠨ | ᠬᠢᠵᠠᠭᠠᠷ᠄ ᠦᠷᠭᠦᠯᠵᠢᠯᠡᠨ ᠠᠬᠢᠭᠤᠯᠤᠨ᠎ᠠ︶ ᠭᠤᠤᠯ ᠤᠷᠤᠭᠤ ᠪᠣᠬᠢᠷᠲᠤᠯ ᠭᠠᠳᠠᠭᠰᠢᠯᠠᠭᠤᠯᠬᠤ ᠠᠮᠠ ᠶᠢ ︽ᠪᠠᠶᠢᠴᠠᠭᠠᠬᠤ᠂ | ᠬᠡᠮᠵᠢᠬᠦ᠂ ᠨᠡᠬᠡᠮᠵᠢᠯᠡᠬᠦ᠂ ᠵᠠᠰᠠᠬᠤ︾ ᠶᠢ ᠠᠯᠬᠤᠮ ᠠᠯᠬᠤᠮ ᠢᠶᠠᠷ ᠥᠷᠨᠢᠭᠦᠯᠦᠨ᠎ᠡ᠃ 2021 ᠣᠨ ᠤ 6 ᠳ᠋ᠤᠭᠠᠷ ᠰᠠᠷ᠎ᠠ ᠶᠢᠨ | ᠰᠡᠭᠦᠯᠴᠢ ᠠᠴᠠ ᠡᠮᠦᠨ᠎ᠡ ᠭᠤᠤᠯ ᠤᠷᠤᠭᠤ ᠪᠣᠬᠢᠷᠲᠤᠯ ᠭᠠᠳᠠᠭᠰᠢᠯᠠᠭᠤᠯᠬᠤ ᠠᠮᠠ ︵ᠪᠣᠷᠣᠭᠠᠨ ᠦᠶᠡᠷ ᠤᠨ ᠠᠮᠠ ᠪᠠᠭᠲᠠᠨ᠎ᠠ︶ | ᠶᠢᠨ ᠪᠠᠶᠢᠳᠠᠯ ᠢ ᠤᠶᠢᠯᠠᠭᠠᠨ ᠵᠢᠭᠰᠠᠭᠠᠨ ᠪᠠᠶᠢᠴᠠᠭᠠᠬᠤ ᠶᠢ ᠪᠡᠶᠡᠯᠡᠭᠦᠯᠦᠨ᠎ᠡ᠃ ᠰᠢᠭᠤᠳ ᠭᠠᠳᠠᠭᠰᠢᠯᠠᠭᠤᠯᠬᠤ ᠤᠰᠤᠨ | ᠴᠣᠭᠴᠠ ᠶᠢᠨ ᠠᠵᠤ ᠦᠢᠯᠡᠳᠪᠦᠷᠢ ᠶᠢᠨ ᠪᠣᠬᠢᠷᠲᠤᠯ ᠭᠠᠳᠠᠭᠰᠢᠯᠠᠭᠤᠯᠬᠤ ᠠᠮᠠ ᠶᠢ ᠰᠢᠨ᠎ᠡ ᠪᠠᠷ ᠨᠡᠮᠡᠭᠳᠡᠭᠦᠯᠬᠦ ᠶᠢ ᠴᠢᠩᠭ᠎ᠠ | ᠴᠠᠭᠠᠵᠠᠯᠠᠵᠤ᠂ ᠦᠯᠡᠳᠡᠭᠡᠬᠦ ᠴᠢᠬᠤᠯᠠᠲᠠᠶ ᠭᠤᠤᠯ ᠤᠷᠤᠭᠤ ᠪᠣᠬᠢᠷᠲᠤᠯ ᠭᠠᠳᠠᠭᠰᠢᠯᠠᠭᠤᠯᠬᠤ ᠠᠮᠠ ᠶᠢᠨ ᠡᠬᠢ ᠡᠭᠦᠰᠦᠯ ᠢ ᠨᠢ | ᠤᠬᠤᠴᠢᠯᠠᠨ ᠲᠣᠳᠣᠷᠬᠠᠶᠢᠯᠠᠵᠤ᠂ ᠵᠢᠷᠤᠮᠵᠢᠭᠤᠯᠤᠨ ᠴᠡᠭᠴᠡᠯᠡᠨ ᠵᠠᠰᠠᠬᠤ ᠶᠢ ᠥᠷᠨᠢᠭᠦᠯᠦᠨ᠂ ᠲᠠᠩᠰᠠ ᠡᠪᠬᠡᠮᠡᠯ ᠪᠠᠶᠢᠭᠤᠯᠬᠤ᠂ | ᠪᠠᠷᠢᠮᠵᠢᠶ᠎ᠠ ᠲᠣᠭᠲᠠᠭᠠᠬᠤ ᠠᠵᠢᠯ ᠢ ᠪᠡᠶᠡᠯᠡᠭᠦᠯᠵᠦ᠂ ᠰᠠᠷ᠎ᠠ ᠪᠦᠷᠢ ᠬᠢᠨᠠᠨ ᠬᠡᠮᠵᠢᠬᠦ ᠶᠢ ᠥᠷᠨᠢᠭᠦᠯᠦᠨ᠎ᠡ᠃ ︵ᠬᠠᠷᠢᠭᠤᠴᠠᠯᠭᠠᠲᠤ | ᠨᠢᠭᠡᠴᠡ᠄ ᠬᠠᠶᠢᠨᠠᠨ ᠤ ᠠᠮᠢ ᠠᠬᠤᠶ ᠶᠢᠨ ᠣᠷᠴᠢᠨ ᠲᠣᠭᠤᠷᠢᠨ ᠤ ᠬᠤᠪᠢᠶᠠᠷᠢ ᠲᠣᠪᠴᠢᠶ᠎ᠠ᠂ ᠲᠤᠭᠤᠷᠢᠭ ᠤᠨ ᠲᠠᠷᠢᠶᠠᠯᠠᠩ ᠮᠠᠯ | ᠠᠵᠤ ᠠᠬᠤᠶ ᠤᠰᠤᠨ ᠤ ᠶᠠᠪᠤᠳᠠᠯ ᠤᠨ ᠲᠣᠪᠴᠢᠶ᠎ᠠ᠃ ᠪᠡᠶᠡᠯᠡᠭᠦᠯᠬᠦ ᠴᠠᠭ ᠤᠨ ᠬᠢᠵᠠᠭᠠᠷ᠄ 2021 ᠣᠨ ᠤ 12 ᠳ᠋ᠤᠭᠠᠷ | ᠰᠠᠷ᠎ᠠ ᠶᠢᠨ ᠰᠡᠭᠦᠯᠴᠢ︶ ᠬᠤᠲᠠ ᠪᠠᠯᠭᠠᠰᠤ ᠶᠢᠨ ᠲᠥᠪᠯᠡᠷᠡᠩᠭᠦᠶ ᠮᠠᠶ᠋ᠢᠭ ᠤᠨ ᠤᠤᠭᠤᠬᠤ ᠤᠰᠤᠨ ᠤ ᠤᠰᠤᠨ | ᠰᠤᠷᠪᠤᠯᠵᠢ ᠶᠢᠨ ᠭᠠᠵᠠᠷ ᠤᠨ ᠵᠢᠷᠤᠮᠵᠢᠭᠰᠠᠨ ᠪᠥᠲᠥᠭᠡᠨ ᠪᠠᠶᠢᠭᠤᠯᠤᠯᠲᠠ ᠶᠢ ᠦᠷᠭᠦᠯᠵᠢᠯᠡᠨ ᠥᠷᠨᠢᠭᠦᠯᠵᠦ᠂ ︽ᠬᠤᠪᠢᠶᠠᠷᠢᠯᠠᠨ | ᠲᠣᠭᠲᠠᠭᠠᠬᠤ︾ ︽ᠪᠠᠷᠢᠮᠵᠢᠶ᠎ᠠ ᠲᠣᠭᠲᠠᠭᠠᠬᠤ︾ ︽ᠵᠠᠰᠠᠬᠤ︾ ᠭᠤᠷᠪᠠᠨ ᠵᠦᠢᠯ ᠤᠨ ᠭᠤᠤᠯᠳᠠᠯᠭ᠎ᠠ ᠲᠠᠢ ᠡᠭᠦᠷᠭᠡ ᠶᠢ | ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠲᠣᠭᠲᠠᠮᠠᠯ ᠬᠤᠭᠤᠴᠠᠭ᠎ᠠ ᠲᠠᠢ ᠪᠠᠷ ᠲᠣᠭᠤᠷᠢᠨ ᠪᠠᠶᠢᠴᠠᠭᠠᠵᠤ᠂ ᠰᠠᠷ᠎ᠠ ᠪᠦᠷᠢ ᠬᠢᠨᠠᠨ | ᠬᠡᠮᠵᠢᠬᠦ ᠶᠢ ᠥᠷᠨᠢᠭᠦᠯᠵᠦ᠂ ᠤᠰᠤᠨ ᠰᠤᠷᠪᠤᠯᠵᠢ ᠶᠢᠨ ᠭᠠᠵᠠᠷ ᠤᠨ ᠤᠰᠤᠨ ᠤ ᠴᠢᠨᠠᠷ ᠢ ᠲᠣᠭᠲᠠᠭᠤᠨ ᠢᠶᠠᠷ ᠪᠠᠷᠢᠮᠵᠢᠶ᠎ᠠ ᠳᠤ | ᠬᠦᠷᠦᠭᠦᠯᠬᠦ ᠶᠢ ᠦᠨᠡᠨᠬᠦ ᠪᠠᠲᠤᠯᠠᠨ᠎ᠠ᠃ ︵ᠬᠠᠷᠢᠭᠤᠴᠠᠯᠭᠠᠲᠤ ᠨᠢᠭᠡᠴᠡ᠄ ᠬᠠᠶᠢᠨᠠᠨ ᠤ ᠠᠮᠢ ᠠᠬᠤᠶ ᠣᠷᠴᠢᠨ ᠲᠣᠭᠤᠷᠢᠨ ᠤ | ᠬᠤᠪᠢᠶᠠᠷᠢ ᠲᠣᠪᠴᠢᠶ᠎ᠠ᠂ ᠲᠤᠭᠤᠷᠢᠭ ᠤᠨ ᠲᠠᠷᠢᠶᠠᠯᠠᠩ ᠮᠠᠯ ᠠᠵᠤ ᠠᠬᠤᠶ ᠤᠰᠤᠨ ᠤ ᠶᠠᠪᠤᠳᠠᠯ ᠤᠨ ᠲᠣᠪᠴᠢᠶ᠎ᠠ᠃ | ᠬᠠᠮᠵᠢᠯᠴᠠᠬᠤ ᠨᠢᠭᠡᠴᠡ᠄ ᠡᠯ᠎ᠡ ᠪᠠᠯᠭᠠᠰᠤ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠃ ᠪᠡᠶᠡᠯᠡᠭᠦᠯᠬᠦ ᠴᠠᠭ ᠤᠨ | ᠬᠢᠵᠠᠭᠠᠷ᠄ 2021 ᠣᠨ ᠤ 12 ᠳ᠋ᠤᠭᠠᠷ ᠰᠠᠷ᠎ᠠ ᠶᠢᠨ ᠰᠡᠭᠦᠯᠴᠢ︶ | ︵ᠠᠷᠪᠠᠨ ᠲᠠᠪᠤ︶ ᠬᠠᠲᠤᠨ ᠭᠤᠤᠯ ᠤᠨ ᠰᠠᠪᠠ ᠭᠠᠵᠠᠷ ᠤᠨ ᠣᠷᠴᠢᠨ ᠲᠣᠭᠤᠷᠢᠨ ᠤ ᠲᠦᠭᠰᠢᠭᠦᠷᠢ ᠶᠢ ᠴᠢᠩᠭ᠎ᠠ | ᠬᠠᠮᠢᠶᠠᠷᠤᠨ ᠡᠵᠡᠮᠳᠡᠨ᠎ᠡ᠃ 2021 ᠣᠨ ᠤ 6 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠬᠠᠲᠤᠨ ᠭᠤᠤᠯ ᠤᠨ ᠭᠤᠤᠯ | ᠤᠷᠤᠰᠬᠠᠯ ᠪᠠ ᠳ᠋ᠣᠰᠲᠤ ᠭᠤᠤᠯ ᠤᠨ ᠡᠷᠭᠢ ᠳᠠᠭᠠᠤ ᠶᠢᠨ 3 ᠺᠢᠯᠣᠮᠧᠲᠷ ᠤᠨ ᠬᠡᠪᠴᠢᠶᠡᠨ ᠳᠠᠬᠢ ᠦᠢᠯᠡᠳᠪᠦᠷᠢ | ᠠᠭᠤᠷᠬᠠᠶ ᠶᠢᠨ ᠠᠵᠤ ᠠᠬᠤᠶᠢᠯᠠᠯ᠂ ᠬᠠᠲᠠᠭᠤ ᠪᠡᠶᠡᠲᠦ ᠬᠠᠶᠠᠭᠳᠠᠮᠠᠯ ᠪᠣᠳᠠᠰ ᠤᠨ ᠣᠪᠣᠭᠠᠯᠠᠬᠤ ᠲᠠᠯᠠᠪᠠᠶ᠂ ᠠᠭᠤᠷᠬᠠᠶ ᠶᠢᠨ | ᠰᠢᠷᠣᠶ ᠭᠠᠳᠠᠭᠰᠢᠯᠠᠭᠤᠯᠬᠤ ᠲᠠᠯᠠᠪᠠᠶ ᠪᠠ ᠠᠮᠢᠳᠤᠷᠠᠯ ᠤᠨ ᠢᠷᠡᠯᠲᠡ ᠶᠢᠨ ᠪᠣᠬᠢᠷᠲᠤᠯ ᠵᠡᠷᠭᠡ ᠶᠢ ᠪᠥᠬᠦ ᠲᠠᠯ᠎ᠠ ᠪᠠᠷ ᠵᠢᠭᠰᠠᠭᠠᠨ | ᠪᠠᠶᠢᠴᠠᠭᠠᠬᠤ ᠶᠢ ᠪᠡᠶᠡᠯᠡᠭᠦᠯᠵᠦ᠂ ᠲᠤᠬᠠᠶ ᠶᠢᠨ ᠭᠠᠵᠠᠷ ᠣᠷᠣᠨ ᠤ ᠪᠠᠶᠢᠳᠠᠯ ᠳᠤᠨᠢ ᠳᠣᠭᠢᠷᠠᠭᠤᠯᠤᠨ ᠵᠠᠰᠠᠬᠤ ᠬᠠᠷᠠᠯᠲᠠ ᠪᠠ | ᠴᠡᠭᠴᠡᠯᠡᠨ ᠰᠠᠶᠢᠵᠢᠷᠠᠭᠤᠯᠬᠤ ᠴᠠᠭ ᠤᠨ ᠬᠢᠵᠠᠭᠠᠷ ᠢ ᠲᠣᠭᠲᠠᠭᠠᠨ᠎ᠠ᠃ ︵ᠬᠠᠷᠢᠭᠤᠴᠠᠯᠭᠠᠲᠤ ᠨᠢᠭᠡᠴᠡ᠄ ᠬᠠᠶᠢᠨᠠᠨ ᠤ ᠠᠮᠢ | ᠠᠬᠤᠶ ᠣᠷᠴᠢᠨ ᠲᠣᠭᠤᠷᠢᠨ ᠤ ᠬᠤᠪᠢᠶᠠᠷᠢ ᠲᠣᠪᠴᠢᠶ᠎ᠠ᠂ ᠬᠠᠶᠢᠨᠠᠨ ᠤ ᠪᠠᠶᠢᠭᠠᠯᠢ ᠶᠢᠨ ᠡᠬᠢ ᠪᠠᠶᠠᠯᠢᠭ ᠤᠨ ᠬᠤᠪᠢᠶᠠᠷᠢ | ᠲᠣᠪᠴᠢᠶ᠎ᠠ᠂ ᠲᠤᠭᠤᠷᠢᠭ ᠤᠨ ᠡᠨᠧᠷᠭᠢ ᠶᠢᠨ ᠲᠣᠪᠴᠢᠶ᠎ᠠ᠂ ᠲᠤᠭᠤᠷᠢᠭ ᠤᠨ ᠪᠠᠴᠢᠮ ᠪᠠᠶᠢᠳᠠᠯ ᠢ ᠠᠷᠭᠠᠴᠠᠭᠠᠬᠤ | ᠬᠠᠮᠢᠶᠠᠷᠤᠯᠲᠠ ᠶᠢᠨ ᠲᠣᠪᠴᠢᠶ᠎ᠠ᠃ ᠪᠡᠶᠡᠯᠡᠭᠦᠯᠬᠦ ᠴᠠᠭ ᠤᠨ ᠬᠢᠵᠠᠭᠠᠷ ᠨᠢ᠄ 2021 ᠣᠨ ᠤ 6 ᠳ᠋ᠤᠭᠠᠷ ᠰᠠᠷ᠎ᠠ ᠶᠢᠨ ᠰᠡᠭᠦᠯᠴᠢ | ︶ 2021 ᠣᠨ ᠤ ᠰᠡᠭᠦᠯᠴᠢ ᠠᠴᠠ ᠡᠮᠦᠨ᠎ᠡ᠂ ᠦᠬᠠᠶ ᠶᠢᠨ ᠬᠢᠮᠢ ᠶᠢᠨ ᠠᠵᠤ ᠦᠢᠯᠡᠳᠪᠦᠷᠢ ᠨᠢ ᠬᠠᠲᠤᠨ ᠭᠤᠤᠯ | ᠳᠠᠭᠠᠤ ᠶᠢᠨ ᠠᠵᠤ ᠦᠢᠯᠡᠳᠪᠦᠷᠢ ᠶᠢᠨ ᠬᠠᠲᠠᠭᠤ ᠬᠠᠶᠠᠭᠳᠠᠮᠠᠯ ᠰᠢᠭᠠᠷᠤ ᠶᠢᠨ ᠲᠠᠯᠠᠪᠠᠶ ᠶᠢᠨ ᠠᠮᠤᠷ ᠲᠦᠪᠰᠢᠨ ᠤ | ᠲᠦᠭᠰᠢᠭᠦᠷᠢ ᠶᠢ ᠦᠨᠡᠯᠡᠨ ᠵᠢᠱᠢᠬᠦ ᠶᠢ ᠪᠡᠶᠡᠯᠡᠭᠦᠯᠬᠦ ᠶᠢᠨ ᠬᠠᠮᠲᠤ ᠦᠨᠡᠯᠡᠨ ᠵᠢᠱᠢᠭᠰᠡᠨ ᠪᠠᠶᠢᠳᠠᠯ ᠢᠶᠠᠨ ᠦᠨᠳᠦᠰᠦᠯᠡᠨ᠂ | ᠲᠤᠬᠠᠶ ᠶᠢᠨ ᠭᠠᠵᠠᠷ ᠣᠷᠣᠨ ᠤ ᠪᠠᠶᠢᠳᠠᠯ ᠳᠤᠨᠢ ᠳᠣᠭᠢᠷᠠᠭᠤᠯᠤᠨ ᠢᠯᠭᠠᠷᠠᠭᠤᠯᠵᠤ ᠴᠡᠭᠴᠡᠯᠡᠨ ᠵᠠᠰᠠᠬᠤ᠂ ᠡᠬᠢ ᠪᠠᠶᠠᠯᠢᠭ ᠢ | ᠳᠠᠬᠢᠨ ᠠᠰᠢᠭᠯᠠᠬᠤ᠂ ᠬᠥᠮᠥᠷᠭᠡ ᠪᠠᠨ ᠬᠠᠭᠠᠵᠤ ᠳᠠᠬᠢᠨ ᠬᠠᠭᠠᠯᠪᠤᠷᠢᠯᠠᠬᠤ ᠵᠡᠷᠭᠡ ᠠᠷᠭ᠎ᠠ ᠮᠠᠶ᠋ᠢᠭ ᠢᠶᠠᠷ ᠵᠠᠰᠠᠵᠤ᠂ | ᠲᠦᠭᠰᠢᠭᠦᠷᠢ ᠶᠢᠨ ᠳᠠᠯᠳᠠ ᠬᠡᠮ ᠢ ᠦᠨᠡᠨᠬᠦ ᠠᠷᠢᠯᠭᠠᠨ᠎ᠠ᠃ ︵ᠬᠠᠷᠢᠭᠤᠴᠠᠯᠭᠠᠲᠤ ᠨᠢᠭᠡᠴᠡ᠄ ᠲᠤᠭᠤᠷᠢᠭ ᠤᠨ ᠪᠠᠴᠢᠮ | ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ᠂ ᠬᠠᠶᠢᠨᠠᠨ ᠤ ᠠᠮᠢ ᠠᠬᠤᠶ ᠶᠢᠨ ᠣᠷᠴᠢᠨ ᠲᠣᠭᠤᠷᠢᠨ ᠤ | ᠲᠣᠪᠴᠢᠶ᠎ᠠ᠃ ᠪᠡᠶᠡᠯᠡᠭᠦᠯᠬᠦ ᠴᠠᠭ ᠤᠨ ᠬᠢᠵᠠᠭᠠᠷ᠄ 2021 ᠣᠨ ᠤ 12 ᠳ᠋ᠤᠭᠠᠷ ᠰᠠᠷ᠎ᠠ ᠶᠢᠨ ᠰᠡᠭᠦᠯᠴᠢ︶ ︽ᠠᠭᠤᠷᠬᠠᠶ ᠶᠢᠨ | ᠭᠠᠵᠠᠷ ᠤᠨ ᠣᠷᠴᠢᠨ ᠲᠣᠭᠤᠷᠢᠨ ᠢ ᠵᠠᠰᠠᠬᠤ ᠪᠠ ᠭᠠᠵᠠᠷ ᠰᠢᠷᠣᠶ ᠶᠢ ᠳᠠᠬᠢᠨ ᠬᠠᠭᠠᠯᠪᠤᠷᠢᠯᠠᠬᠤ ᠲᠥᠰᠦᠯ︾ ᠤᠨ ᠶᠣᠰᠣᠭᠠᠷ | ᠡᠷᠭᠢ ᠳᠠᠭᠠᠤ ᠶᠢᠨ ᠠᠭᠤᠷᠬᠠᠶ ᠪᠠ ᠰᠢᠷᠣᠶ ᠭᠠᠳᠠᠭᠰᠢᠯᠠᠭᠤᠯᠬᠤ ᠲᠠᠯᠠᠪᠠᠶ ᠶᠢ ᠵᠣᠬᠢᠶᠠᠨ ᠪᠠᠶᠢᠭᠤᠯᠵᠤ ᠭᠠᠵᠠᠷ ᠰᠢᠨᠵᠢᠯᠡᠭᠡᠨ ᠤ | ᠣᠷᠴᠢᠨ ᠲᠣᠭᠤᠷᠢᠨ ᠢ ᠵᠠᠰᠠᠬᠤ ᠠᠵᠢᠯ ᠢ ᠥᠷᠨᠢᠭᠦᠯᠬᠦ ᠶᠢᠨ ᠬᠠᠮᠲᠤ ᠣᠨ ᠤ ᠰᠢᠯᠭᠠᠨ ᠬᠤᠷᠢᠶᠠᠬᠤ ᠶᠢ ᠪᠡᠶᠡᠯᠡᠭᠦᠯᠦᠨ᠎ᠡ᠃ | 2023 ᠣᠨ ᠤ ᠰᠡᠭᠦᠯᠴᠢ ᠠᠴᠠ ᠡᠮᠦᠨ᠎ᠡ ᠪᠠᠶᠠᠨᠲᠤᠬᠤᠢ ᠶᠢᠨ ᠶᠢᠩ ᠾᠧ ᠲᠣᠰᠬᠤᠨ ᠤ ᠳ᠋ᠦᠺᠸᠦ ᠨᠡᠭᠦᠷᠡᠰᠦᠨ ᠠᠭᠤᠷᠬᠠᠶ | ᠪᠣᠯᠤᠨ ᠥᠪᠥᠷ ᠮᠣᠩᠭᠤᠯ ᠤᠨ ᠮᠧᠢ ᠹᠠᠩ ᠡᠨᠧᠷᠭᠢ ᠶᠢᠨ ᠬᠢᠵᠠᠭᠠᠷᠲᠤ ᠺᠣᠮᠫᠠᠨᠢ ᠶᠢᠨ ᠦᠬᠠᠶ ᠬᠤᠲᠠ ᠶᠢᠨ ᠳ᠋ᠦᠺᠸᠦ ᠶᠢᠨ | ᠴᠢᠤᠸᠠᠢ ᠡᠯ ᠭᠸᠦ ᠨᠡᠭᠦᠷᠡᠰᠦᠨ ᠠᠭᠤᠷᠬᠠᠶ ᠶᠢᠨ ᠢ ᠵᠢᠶᠠ ᠵᠢᠩ ᠡᠨᠧᠷᠭᠢ ᠶᠢᠨ ᠺᠣᠮᠫᠠᠨᠢ ᠶᠢᠨ ᠭᠠᠵᠠᠷ ᠰᠢᠨᠵᠢᠯᠡᠭᠡᠨ ᠤ | ᠣᠷᠴᠢᠨ ᠲᠣᠭᠤᠷᠢᠨ ᠢ ᠵᠠᠰᠠᠬᠤ ᠲᠥᠷᠥᠯ ᠵᠦᠢᠯ ᠤᠨ ᠰᠢᠷᠣᠶ ᠭᠠᠳᠠᠭᠰᠢᠯᠠᠭᠤᠯᠬᠤ ᠲᠠᠯᠠᠪᠠᠶ ᠶᠢ ᠴᠡᠪᠡᠷᠯᠡᠨ ᠴᠡᠭᠴᠡᠯᠡᠬᠦ | ᠠᠵᠢᠯ ᠢ ᠪᠡᠶᠡᠯᠡᠭᠦᠯᠦᠨ᠎ᠡ᠃ ︵ᠬᠠᠷᠢᠭᠤᠴᠠᠯᠭᠠᠲᠤ ᠨᠢᠭᠡᠴᠡ᠄ ᠬᠠᠶᠢᠨᠠᠨ ᠤ ᠪᠠᠶᠢᠭᠠᠯᠢ ᠶᠢᠨ ᠡᠬᠢ ᠪᠠᠶᠠᠯᠢᠭ ᠤᠨ ᠬᠤᠪᠢᠶᠠᠷᠢ | ᠲᠣᠪᠴᠢᠶ᠎ᠠ᠃ ᠪᠡᠶᠡᠯᠡᠭᠦᠯᠬᠦ ᠴᠠᠭ ᠤᠨ ᠬᠢᠵᠠᠭᠠᠷ᠄ 2023 ᠣᠨ ᠤ 12 ᠳ᠋ᠤᠭᠠᠷ ᠰᠠᠷ᠎ᠠ ᠶᠢᠨ ᠰᠡᠭᠦᠯᠴᠢ︶ ᠭᠤᠤᠯ ᠮᠥᠷᠡᠨ ᠤ | ᠳᠠᠷᠤᠭ᠎ᠠ ᠶᠢᠨ ᠲᠦᠷᠢᠮ ᠢ ᠪᠥᠬᠦ ᠲᠠᠯ᠎ᠠ ᠪᠠᠷ ᠬᠡᠷᠡᠭᠵᠢᠭᠦᠯᠬᠦ ᠪᠠᠷ ᠭᠠᠷᠳᠠᠴᠠ ᠪᠣᠯᠭᠠᠵᠤ᠂ ᠭᠤᠤᠯ ᠮᠥᠷᠡᠨ ᠨᠠᠭᠤᠷ | ᠴᠥᠭᠦᠷᠥᠮ ᠤᠨ ︽ᠳᠥᠷᠪᠡᠨ ᠵᠦᠢᠯ ᠤᠨ ᠳᠤᠷ᠎ᠠ ᠪᠠᠷ ᠢᠶᠠᠨ ᠬᠡᠷᠡᠭᠯᠡᠬᠦ︾ ᠶᠢ ᠪᠠᠶᠢᠩᠭᠤᠵᠢᠭᠤᠯᠤᠨ ᠵᠢᠷᠤᠮᠵᠢᠭᠤᠯᠬᠤ ᠶᠢ | ᠦᠷᠭᠦᠯᠵᠢᠯᠡᠨ ᠠᠬᠢᠭᠤᠯᠵᠤ᠂ ᠬᠠᠲᠤᠨ ᠭᠤᠤᠯ ᠤᠨ ᠭᠤᠤᠯ ᠤᠨ ᠵᠠᠮ ᠢ ᠳᠤᠷ᠎ᠠ ᠪᠠᠷ ᠢᠶᠠᠨ ᠡᠵᠡᠯᠡᠨ ᠳᠤᠷ᠎ᠠ ᠪᠠᠷ ᠢᠶᠠᠨ | ᠪᠠᠶᠢᠭᠤᠯᠬᠤ ᠠᠰᠠᠭᠤᠳᠠᠯ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠡᠷᠴᠢᠮ ᠢ ᠭᠤᠤᠯᠳᠠᠯᠭ᠎ᠠ ᠲᠠᠢ ᠴᠢᠩᠭᠠᠷᠠᠭᠤᠯᠵᠤ᠂ | ᠡᠯ᠎ᠡ ᠪᠠᠯᠭᠠᠰᠤ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠬᠢᠨ ᠲᠣᠤᠷᠵᠢᠭᠤᠯᠤᠭᠰᠠᠨ ᠬᠢᠨᠠᠯᠲᠠ | ᠬᠠᠮᠢᠶᠠᠷᠤᠯᠲᠠ ᠶᠢ ᠴᠢᠩᠭᠠᠳᠬᠠᠨ᠂ ᠲᠣᠭᠤᠷᠢᠨ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠤ᠂ ᠠᠮᠢᠳᠤᠷᠠᠯ ᠤᠨ ᠬᠤᠭ ᠨᠣᠪᠰᠢ | ᠪᠠ ᠠᠮᠢᠳᠤᠷᠠᠯ ᠤᠨ ᠪᠣᠬᠢᠷ ᠤᠰᠤ ᠶᠢ ᠭᠤᠤᠯ ᠳᠤ ᠣᠷᠣᠭᠤᠯᠬᠤ ᠶᠢ ᠴᠢᠩᠭ᠎ᠠ ᠰᠡᠷᠭᠡᠶᠢᠯᠡᠬᠦ ᠬᠡᠷᠡᠭᠲᠡᠶ᠃ ᠬᠥᠳᠡᠭᠡ ᠲᠣᠰᠬᠤᠨ ᠤ | ᠠᠮᠢᠳᠤᠷᠠᠯ ᠤᠨ ᠬᠤᠭ ᠨᠣᠪᠰᠢ ᠪᠠ ᠠᠮᠢᠳᠤᠷᠠᠯ ᠤᠨ ᠪᠣᠬᠢᠷ ᠤᠰᠤᠨ ᠤ ᠲᠥᠬᠦᠭᠡᠷᠦᠮᠵᠢ ᠶᠢᠨ ᠠᠵᠢᠯᠯᠠᠭᠠᠨ ᠤ ᠤᠷᠳᠤ | ᠬᠤᠭᠤᠴᠠᠭᠠᠨ ᠤ ᠪᠦᠲᠦᠮᠵᠢᠲᠡᠶ ᠬᠠᠮᠢᠶᠠᠷᠴᠤ ᠬᠠᠮᠠᠭᠠᠯᠠᠬᠤ ᠲᠣᠭᠲᠠᠴᠠ ᠶᠢ ᠲᠡᠭᠦᠯᠳᠡᠷᠵᠢᠭᠦᠯᠵᠦ᠂ ᠠᠮᠢᠳᠤᠷᠠᠯ ᠤᠨ ᠬᠤᠭ | ᠨᠣᠪᠰᠢ ᠪᠠ ᠠᠮᠢᠳᠤᠷᠠᠯ ᠤᠨ ᠪᠣᠬᠢᠷ ᠤᠰᠤ ᠶᠢ ᠬᠤᠷᠢᠶᠠᠨ ᠰᠢᠢᠳᠪᠦᠷᠢᠯᠡᠬᠦ ᠲᠥᠬᠦᠭᠡᠷᠦᠮᠵᠢ ᠶᠢᠨ ᠤᠷᠳᠤ ᠬᠤᠭᠤᠴᠠᠭ᠎ᠠ ᠪᠠᠷ | ᠲᠣᠭᠲᠠᠭᠤᠨ ᠢᠶᠠᠷ ᠠᠵᠢᠯᠯᠠᠬᠤ ᠶᠢ ᠪᠠᠲᠤᠯᠠᠨ᠎ᠠ᠃ ︵ᠬᠠᠷᠢᠭᠤᠴᠠᠯᠭᠠᠲᠤ ᠨᠢᠭᠡᠴᠡ᠄ ᠡᠯ᠎ᠡ ᠪᠠᠯᠭᠠᠰᠤ᠂ ᠵᠡᠭᠡᠯᠢ ᠭᠤᠳᠤᠮᠵᠢ ᠶᠢᠨ | ᠬᠡᠷᠡᠭ ᠡᠷᠬᠢᠯᠡᠬᠦ ᠭᠠᠵᠠᠷ᠂ ᠲᠣᠭᠤᠷᠢᠭ ᠤᠨ ᠲᠠᠷᠢᠶᠠᠯᠠᠩ ᠮᠠᠯ ᠠᠵᠤ ᠠᠬᠤᠶ ᠤᠰᠤᠨ ᠤ ᠶᠠᠪᠤᠳᠠᠯ ᠤᠨ ᠲᠣᠪᠴᠢᠶ᠎ᠠ᠃ | ᠬᠠᠮᠵᠢᠯᠴᠠᠬᠤ ᠰᠠᠯᠠᠭ᠎ᠠ ᠮᠥᠴᠢᠷ᠄ ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ | ᠪᠠᠶᠢᠭᠤᠯᠤᠯᠲᠠ ᠶᠢᠨ ᠲᠣᠪᠴᠢᠶ᠎ᠠ᠂ ᠬᠠᠶᠢᠨᠠᠨ ᠤ ᠠᠮᠢ ᠠᠬᠤᠶ ᠣᠷᠴᠢᠨ ᠲᠣᠭᠤᠷᠢᠨ ᠤ ᠬᠤᠪᠢᠶᠠᠷᠢ ᠲᠣᠪᠴᠢᠶ᠎ᠠ᠃ ᠪᠡᠶᠡᠯᠡᠭᠦᠯᠬᠦ | ᠴᠠᠭ ᠤᠨ ᠬᠢᠵᠠᠭᠠᠷ᠄ 2023 ᠣᠨ ᠤ 12 ᠳ᠋ᠤᠭᠠᠷ ᠰᠠᠷ᠎ᠠ ᠶᠢᠨ ᠰᠡᠭᠦᠯᠴᠢ︶ ᠡᠷᠭᠢ ᠣᠶᠢᠷᠠᠯᠴᠠᠭ᠎ᠠ ᠵᠠᠮ ︵110 | ᠤᠯᠤᠰ ᠤᠨ ᠵᠠᠮ᠂ ᠯᠠ ᠬᠤᠸᠠᠩ ᠱᠤᠭᠤᠮ᠂ ᠬᠠᠶ ᠡᠾᠦ᠋ᠢ ᠵᠠᠮ ᠵᠢᠴᠢ ᠤᠯᠤᠰ ᠤᠨ ᠵᠠᠮ ᠤᠨ 110 ᠱᠤᠭᠤᠮ ᠤᠨ | ᠦᠬᠠᠶ ᠶᠢᠨ ᠬᠠᠲᠤᠨ ᠭᠤᠤᠯ ᠤᠨ ᠣᠨᠴᠠ ᠶᠡᠭᠡ ᠬᠥᠭᠦᠷᠭᠡ︶ ᠤᠨ ᠠᠶᠤᠯᠲᠠᠶ ᠬᠢᠮᠢ ᠶᠢᠨ ᠪᠣᠳᠠᠰ ᠤᠨ ᠲᠡᠭᠡᠭᠡᠪᠦᠷᠢ ᠶᠢᠨ | ᠲᠡᠷᠭᠡ ᠬᠥᠰᠬᠡ ᠶᠢᠨ ᠨᠡᠪᠲᠡᠷᠡᠬᠦ ᠶᠢ ᠴᠠᠭᠠᠵᠠᠯᠠᠬᠤ ᠬᠠᠮᠢᠶᠠᠷᠤᠯᠲᠠ ᠶᠢᠨ ᠠᠵᠢᠯ ᠢ ᠴᠢᠩᠭᠠᠳᠬᠠᠨ᠎ᠠ᠃ ᠠᠶᠤᠯᠲᠠᠶ ᠬᠢᠮᠢ ᠶᠢᠨ | ᠪᠣᠳᠠᠰ ᠤᠨ ᠲᠡᠭᠡᠭᠡᠪᠦᠷᠢ ᠶᠢᠨ ᠵᠠᠮ ᠱᠤᠭᠤᠮ ᠢ ᠲᠥᠯᠥᠪᠵᠢᠭᠦᠯᠬᠦ᠂ ᠬᠢᠨᠠᠨ ᠵᠥᠪᠰᠢᠶᠡᠷᠡᠬᠦ ᠵᠢᠴᠢ ᠶᠠᠪᠤᠬᠤ ᠶᠢ ᠴᠠᠭᠠᠵᠠᠯᠠᠬᠤ | ᠲᠡᠮᠳᠡᠭ ᠤᠨ ᠪᠠᠶᠢᠷᠢᠯᠠᠭᠤᠯᠤᠯᠲᠠ ᠶᠢ ᠰᠠᠶᠢᠲᠤᠷ ᠬᠢᠬᠦ ᠬᠡᠷᠡᠭᠲᠡᠶ᠃ ᠠᠶᠤᠯᠲᠠᠶ ᠬᠢᠮᠢ ᠶᠢᠨ ᠪᠣᠳᠠᠰ ᠢ ᠲᠡᠭᠡᠭᠡᠪᠦᠷᠢᠯᠡᠬᠦ ᠠᠵᠤ | ᠠᠬᠤᠶᠢᠯᠠᠯ ᠪᠠ ᠠᠶᠤᠯᠲᠠᠶ ᠬᠢᠮᠢ ᠶᠢᠨ ᠪᠣᠳᠠᠰ ᠤᠨ ᠠᠵᠤ ᠠᠬᠤᠶᠢᠯᠠᠯ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ᠃ ︵ | ᠬᠠᠷᠢᠭᠤᠴᠠᠯᠭᠠᠲᠤ ᠨᠢᠭᠡᠴᠡ᠄ ᠲᠣᠭᠤᠷᠢᠭ ᠤᠨ ᠵᠠᠮ ᠬᠠᠷᠢᠯᠴᠠᠭᠠᠨ ᠤ ᠲᠣᠪᠴᠢᠶ᠎ᠠ᠂ ᠲᠣᠭᠤᠷᠢᠭ ᠤᠨ ᠪᠠᠴᠢᠮ ᠪᠠᠶᠢᠳᠠᠯ ᠢ | ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ᠂ ᠬᠠᠶᠢᠨᠠᠨ ᠤ ᠵᠠᠮ ᠬᠠᠷᠢᠯᠴᠠᠭᠠᠨ ᠤ ᠴᠠᠭᠳᠠᠭ᠎ᠠ ᠶᠢᠨ ᠶᠡᠭᠡ ᠠᠩᠭᠢ᠂ | ᠬᠠᠶᠢᠨᠠᠨ ᠤ ᠵᠠᠮ ᠬᠠᠷᠢᠯᠴᠠᠭᠠᠨ ᠤ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠶᠡᠭᠡ ᠠᠩᠭᠢ᠃ ᠪᠡᠶᠡᠯᠡᠭᠦᠯᠬᠦ ᠴᠠᠭ ᠤᠨ ᠬᠢᠵᠠᠭᠠᠷ | ᠄ 2021 ᠣᠨ ᠤ 6 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ︶ | ︵ᠠᠷᠪᠠᠨ ᠵᠢᠷᠭᠤᠭ᠎ᠠ︶ ᠠᠵᠤ ᠦᠢᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠠᠶᠤᠯᠲᠠᠶ ᠬᠠᠶᠠᠭᠳᠠᠮᠠᠯ | ᠪᠣᠳᠠᠰ ᠢ ᠵᠢᠷᠤᠮᠵᠢᠭᠤᠯᠤᠨ ᠰᠢᠢᠳᠪᠦᠷᠢᠯᠡᠬᠦ ᠶᠢ ᠴᠢᠩᠭᠠᠳᠬᠠᠨ᠎ᠠ᠃ ︽ᠬᠡᠮᠵᠢᠶ᠎ᠡ ᠶᠢ ᠪᠠᠭᠠᠰᠬᠠᠬᠤ᠂ ᠡᠬᠢ ᠪᠠᠶᠠᠯᠢᠭᠵᠢᠭᠤᠯᠬᠤ᠂ | ᠬᠤᠣᠷ ᠦᠭᠡᠶᠢᠵᠢᠭᠦᠯᠬᠦ︾ ᠵᠠᠷᠴᠢᠮ ᠶᠣᠰᠣᠭᠠᠷ᠂ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠮᠡᠳᠡᠭᠡ | ᠵᠠᠩᠬᠢᠴᠢᠯᠠᠯᠲᠠ ᠶᠢᠨ ᠲᠢᠩᠬᠢᠮ ᠤᠨ ︽ᠠᠵᠤ ᠦᠢᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠤᠨ ᠡᠬᠢ ᠪᠠᠶᠠᠯᠢᠭ | ᠢ ᠶᠡᠷᠦᠩᠬᠡᠶᠢᠯᠡᠨ ᠠᠰᠢᠭᠯᠠᠬᠤ ᠶᠢ ᠦᠨᠡᠯᠡᠬᠦ ᠶᠢᠨ ᠬᠡᠷᠡᠭᠵᠢᠭᠦᠯᠬᠦ ᠨᠠᠷᠢᠨ ᠲᠥᠷᠢᠮ︾ ᠤᠨ ᠱᠠᠭᠠᠷᠳᠠᠯᠭ᠎ᠠ ᠶᠢ ᠴᠢᠩᠭ᠎ᠠ | ᠨᠠᠶᠢᠳᠠᠪᠤᠷᠢᠵᠢᠭᠤᠯᠵᠤ᠂ ᠠᠵᠤ ᠦᠢᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠤᠨ ᠡᠬᠢ ᠪᠠᠶᠠᠯᠢᠭ ᠢ | ᠶᠡᠷᠦᠩᠬᠡᠶᠢᠯᠡᠨ ᠠᠰᠢᠭᠯᠠᠬᠤ ᠶᠢ ᠦᠨᠡᠯᠡᠬᠦ ᠶᠢ ᠢᠳᠡᠪᠬᠢᠲᠡᠶ ᠥᠷᠨᠢᠭᠦᠯᠵᠦ᠂ ᠠᠵᠤ ᠠᠬᠤᠶᠢᠯᠠᠯ ᠤᠨ ᠬᠠᠷᠠᠭᠠᠯᠵᠠᠯ ᠤᠨ | ᠲᠥᠷᠥ ᠶᠢᠨ ᠪᠤᠳᠤᠯᠭ᠎ᠠ ᠶᠢ ᠭᠤᠶᠤᠴᠢᠯᠠᠨ ᠬᠥᠷᠳᠡᠬᠦ ᠳᠤ ᠦᠨᠳᠦᠰᠦᠯᠡᠯ ᠬᠠᠩᠭᠠᠵᠤ᠂ ᠠᠵᠤ ᠦᠢᠯᠡᠳᠪᠦᠷᠢ ᠶᠢᠨ ᠬᠠᠲᠠᠭᠤ | ᠪᠡᠶᠡᠲᠦ ᠬᠠᠶᠠᠭᠳᠠᠮᠠᠯ ᠪᠣᠳᠠᠰ ᠢ ᠶᠡᠷᠦᠩᠬᠡᠶᠢᠯᠡᠨ ᠠᠰᠢᠭᠯᠠᠬᠤ ᠬᠢᠷᠢ ᠬᠡᠮᠵᠢᠶ᠎ᠡ ᠶᠢ ᠠᠯᠬᠤᠮ ᠠᠯᠬᠤᠮ ᠢᠶᠠᠷ ᠳᠡᠭᠡᠭᠰᠢᠯᠡᠭᠦᠯᠬᠦ | ᠬᠡᠷᠡᠭᠲᠡᠶ᠃ ︵ᠬᠠᠷᠢᠭᠤᠴᠠᠯᠭᠠᠲᠤ ᠨᠢᠭᠡᠴᠡ᠄ ᠬᠠᠶᠢᠨᠠᠨ ᠤ ᠠᠵᠤ ᠦᠢᠯᠡᠳᠪᠦᠷᠢ ᠶᠢᠨ ᠬᠦᠷᠢᠶᠡᠯᠡᠩ ᠤᠨ ᠬᠠᠮᠢᠶᠠᠷᠤᠯᠲᠠ ᠶᠢᠨ | ᠵᠥᠪᠯᠡᠯ᠂ ᠲᠣᠭᠤᠷᠢᠭ ᠤᠨ ᠠᠵᠤ ᠦᠢᠯᠡᠳᠪᠦᠷᠢ ᠮᠡᠳᠡᠭᠡ ᠵᠠᠩᠭᠢ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠃ | ᠬᠠᠮᠵᠢᠯᠴᠠᠬᠤ ᠰᠠᠯᠠᠭ᠎ᠠ ᠮᠥᠴᠢᠷ᠄ ᠲᠣᠭᠤᠷᠢᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ | ᠲᠣᠪᠴᠢᠶ᠎ᠠ᠂ ᠬᠠᠶᠢᠨᠠᠨ ᠤ ᠠᠮᠢ ᠠᠬᠤᠶ ᠣᠷᠴᠢᠨ ᠲᠣᠭᠤᠷᠢᠨ ᠤ ᠬᠤᠪᠢᠶᠠᠷᠢ ᠲᠣᠪᠴᠢᠶ᠎ᠠ᠂ ᠬᠠᠶᠢᠨᠠᠨ ᠲᠣᠭᠤᠷᠢᠭ ᠤᠨ | ᠭᠠᠶᠢᠯᠢ ᠶᠢᠨ ᠶᠠᠪᠤᠳᠠᠯ ᠤᠨ ᠲᠣᠪᠴᠢᠶ᠎ᠠ᠃ ᠪᠡᠶᠡᠯᠡᠭᠦᠯᠬᠦ ᠴᠠᠭ ᠤᠨ ᠬᠢᠵᠠᠭᠠᠷ ᠨᠢ᠄ ᠦᠷᠭᠦᠯᠵᠢᠯᠡᠨ ᠠᠬᠢᠭᠤᠯᠤᠨ᠎ᠠ︶ | ᠬᠤᠲᠠ ᠶᠢᠨ ᠲᠠᠰ ᠤᠨ ᠨᠤᠨᠲᠠᠭ ᠨᠡᠭᠦᠷᠡᠰᠦᠨ ᠤ ᠦᠨᠡᠰᠦ᠂ ᠨᠡᠭᠦᠷᠡᠰᠦᠨ ᠴᠢᠯᠠᠭᠤ ᠶᠢ ᠶᠡᠷᠦᠩᠬᠡᠶᠢᠯᠡᠨ ᠠᠰᠢᠭᠯᠠᠬᠤ ᠲᠤᠰᠬᠠᠶ | ᠵᠦᠢᠯ ᠤᠨ ᠲᠥᠯᠥᠪᠵᠢᠭᠦᠯᠭᠡ ᠶᠢ ᠴᠢᠩᠭ᠎ᠠ ᠨᠠᠶᠢᠳᠠᠪᠤᠷᠢᠵᠢᠭᠤᠯᠵᠤ᠂ ᠤᠯᠤᠰ ᠤᠨ ᠶᠡᠭᠡ ᠬᠡᠮᠵᠢᠶᠡᠨ ᠤ ᠬᠠᠲᠠᠭᠤ ᠪᠡᠶᠡᠲᠦ | ᠬᠠᠶᠠᠭᠳᠠᠮᠠᠯ ᠪᠣᠳᠠᠰ ᠢ ᠶᠡᠷᠦᠩᠬᠡᠶᠢᠯᠡᠨ ᠠᠰᠢᠭᠯᠠᠬᠤ ᠰᠠᠭᠤᠷᠢᠨ ᠭᠠᠵᠠᠷ ᠤᠨ ᠪᠥᠲᠥᠭᠡᠨ ᠪᠠᠶᠢᠭᠤᠯᠤᠯᠲᠠ ᠶᠢ ᠭᠦᠨᠵᠡᠭᠡᠶ | ᠠᠬᠢᠭᠤᠯᠵᠤ᠂ ᠶᠡᠭᠡ ᠬᠡᠮᠵᠢᠶᠡᠨ ᠤ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠶᠡᠷᠦᠩᠬᠡᠶᠢᠯᠡᠨ ᠠᠰᠢᠭᠯᠠᠬᠤ ᠰᠠᠭᠤᠷᠢᠨ | ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠦᠷ᠎ᠡ ᠪᠦᠲᠦᠮᠵᠢ ᠤᠯᠬᠤ ᠶᠢ ᠦᠨᠡᠨᠬᠦ ᠪᠠᠲᠤᠯᠠᠨ᠎ᠠ ︵ᠬᠠᠷᠢᠭᠤᠴᠠᠯᠭᠠᠲᠤ | ᠨᠢᠭᠡᠴᠡ᠄ ᠲᠣᠭᠤᠷᠢᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠬᠠᠶᠢᠨᠠᠨ ᠤ ᠠᠵᠤ ᠦᠢᠯᠡᠳᠪᠦᠷᠢ ᠶᠢᠨ | ᠬᠦᠷᠢᠶᠡᠯᠡᠩ ᠤᠨ ᠬᠠᠮᠢᠶᠠᠷᠤᠯᠲᠠ ᠶᠢᠨ ᠵᠥᠪᠯᠡᠯ᠃ ᠪᠡᠶᠡᠯᠡᠭᠦᠯᠬᠦ ᠴᠠᠭ ᠤᠨ ᠬᠢᠵᠠᠭᠠᠷ᠄ ᠪᠦᠬᠦ ᠬᠤᠲᠠ ᠶᠢᠨ ᠠᠭᠤᠷᠬᠠᠶ ᠶᠢᠨ | ᠭᠠᠷᠤᠯᠲᠠ ᠶᠢᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠬᠦ ᠲᠠᠢ ᠤᠶᠠᠯᠳᠤᠭᠤᠯᠤᠨ ᠠᠭᠤᠷᠬᠠᠶ ᠶᠢᠨ ᠣᠷᠣᠨ ᠢ ᠲᠥᠪᠯᠡᠷᠡᠭᠦᠯᠦᠨ | ᠵᠠᠯᠭᠠᠯᠳᠤᠭᠤᠯᠤᠨ ᠵᠠᠰᠠᠬᠤ ᠠᠵᠢᠯ᠂ ᠣᠯᠠᠨ ᠰᠠᠯᠠᠭ᠎ᠠ ᠮᠥᠴᠢᠷ ᠤᠳ ᠠᠵᠤ ᠦᠢᠯᠡᠳᠪᠦᠷᠢ ᠶᠢᠨ ᠬᠠᠲᠠᠭᠤ ᠬᠠᠶᠠᠭᠳᠠᠮᠠᠯ | ᠰᠢᠭᠠᠷᠤ ᠶᠢᠨ ᠲᠠᠯᠠᠪᠠᠶ ᠶᠢᠨ ᠪᠥᠲᠥᠭᠡᠨ ᠪᠠᠶᠢᠭᠤᠯᠤᠯᠲᠠ ᠶᠢ ᠨᠢᠭᠡᠳᠦᠯᠲᠡᠶ ᠲᠥᠯᠥᠪᠯᠡᠨ ᠠᠬᠢᠭᠤᠯᠵᠤ᠂ ᠠᠵᠤ ᠦᠢᠯᠡᠳᠪᠦᠷᠢ ᠶᠢᠨ | ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠶᠡᠷᠦᠩᠬᠡᠶᠢᠯᠡᠨ ᠠᠰᠢᠭᠯᠠᠬᠤ ᠲᠥᠷᠥᠯ ᠵᠦᠢᠯ ᠢ ᠨᠥᠭᠡᠴᠡᠯᠡᠵᠦ᠂ ᠳᠡᠭᠡᠳᠦ ᠱᠠᠲᠤᠨ ᠤ | ᠰᠠᠯᠠᠭ᠎ᠠ ᠮᠥᠴᠢᠷ ᠠᠴᠠ ᠳᠡᠮᠵᠢᠬᠦ ᠪᠠᠯᠠ ᠮᠥᠩᠭᠦ ᠶᠢ ᠢᠳᠡᠪᠬᠢᠲᠡᠶ ᠪᠠᠷ ᠣᠯᠵᠤ᠂ ᠠᠵᠤ ᠦᠢᠯᠡᠳᠪᠦᠷᠢ ᠶᠢᠨ ᠬᠠᠲᠠᠭᠤ | ᠬᠠᠶᠠᠭᠳᠠᠮᠠᠯ ᠰᠢᠭᠠᠷᠤ ᠶᠢᠨ ᠲᠠᠯᠠᠪᠠᠶ ᠶᠢᠨ ᠪᠥᠲᠥᠭᠡᠨ ᠪᠠᠶᠢᠭᠤᠯᠤᠯᠲᠠ ᠶᠢ ᠠᠬᠢᠭᠤᠯᠵᠤ᠂ ᠠᠰᠢᠭᠯᠠᠵᠤ ᠪᠣᠯᠬᠤ ᠠᠭᠤᠷᠬᠠᠶ ᠶᠢᠨ | ᠨᠦᠬᠡ ᠶᠢ ᠠᠵᠤ ᠦᠢᠯᠡᠳᠪᠦᠷᠢ ᠶᠢᠨ ᠬᠠᠲᠠᠭᠤ ᠬᠠᠶᠠᠭᠳᠠᠮᠠᠯ ᠰᠢᠭᠠᠷᠤ ᠶᠢᠨ ᠲᠠᠯᠠᠪᠠᠶ ᠪᠣᠯᠭᠠᠨ ᠰᠢᠨᠵᠢᠯᠡᠬᠦ ᠤᠬᠠᠭᠠᠨᠴᠢ ᠪᠠᠷ | ᠰᠣᠩᠭᠤᠨ ᠠᠪᠴᠤ᠂ ᠵᠦᠶ ᠵᠣᠬᠢᠰᠲᠠᠶ ᠲᠦᠯᠦᠪᠵᠢᠭᠦᠯᠦᠨ᠂ ᠠᠭᠤᠷᠬᠠᠶ ᠶᠢᠨ ᠨᠦᠬᠡ ᠶᠢ ᠰᠤᠯᠠ ᠲᠠᠯᠪᠢᠵᠤ ᠪᠠᠶᠢᠬᠤ᠂ ᠠᠵᠤ | ᠦᠢᠯᠡᠳᠪᠦᠷᠢ ᠶᠢᠨ ᠬᠠᠲᠠᠭᠤ ᠬᠠᠶᠠᠭᠳᠠᠮᠠᠯ ᠪᠣᠳᠠᠰ ᠢ ᠬᠠᠳᠠᠭᠠᠯᠠᠬᠤ ᠲᠠᠯᠠᠪᠤᠷ ᠥᠬᠡᠶ ᠪᠠᠶᠢᠬᠤ ᠲᠣᠪᠤᠶᠢᠮ᠎ᠠ ᠠᠰᠠᠭᠤᠳᠠᠯ ᠢ | ᠦᠨᠳᠦᠰᠦᠨ ᠠᠴᠠ ᠨᠢ ᠰᠢᠢᠳᠪᠦᠷᠢᠯᠡᠨ᠎ᠡ᠃ 2023 ᠣᠨ ᠤ ᠵᠢᠯ ᠤᠨ ᠰᠡᠭᠦᠯᠴᠢ ᠠᠴᠠ ᠡᠮᠦᠨ᠎ᠡ᠂ ᠬᠠᠶᠢᠨᠠᠨ ᠤ ᠠᠵᠤ | ᠦᠢᠯᠡᠳᠪᠦᠷᠢ ᠶᠢᠨ ᠬᠦᠷᠢᠶᠡᠯᠡᠩ ᠳᠤ ᠠᠳᠠᠭ ᠲᠠᠭᠠᠨ ᠨᠢᠭᠡ ᠠᠵᠤ ᠦᠢᠯᠡᠳᠪᠦᠷᠢ ᠶᠢᠨ ᠬᠠᠲᠠᠭᠤ ᠬᠠᠶᠠᠭᠳᠠᠮᠠᠯ ᠰᠢᠭᠠᠷᠤ ᠶᠢᠨ | ᠲᠠᠯᠠᠪᠠᠢ ᠶᠢ ᠢᠵᠢ ᠪᠦᠷᠢᠳᠦᠭᠦᠯᠦᠨ ᠪᠠᠶᠢᠭᠤᠯᠵᠤ ᠠᠰᠢᠭᠯᠠᠯᠲᠠ ᠳᠤ ᠣᠷᠣᠭᠤᠯᠬᠤ ᠲᠦᠷᠦᠯ ᠵᠦᠢᠯ ᠢ ᠪᠠᠶᠢᠭᠤᠯᠵᠤ᠂ | ᠬᠦᠷᠢᠶᠡᠯᠡᠩ ᠤᠨ ᠳᠣᠲᠣᠷᠠᠬᠢ ᠠᠵᠤ ᠦᠢᠯᠡᠳᠪᠦᠷᠢ ᠶᠢᠨ ᠬᠠᠲᠠᠭᠤ ᠬᠠᠶᠠᠭᠳᠠᠮᠠᠯ ᠪᠣᠳᠠᠰ ᠢ ᠬᠠᠤᠯᠢ ᠶᠣᠰᠣᠨ ᠤ ᠪᠠ | ᠲᠣᠭᠲᠠᠭᠠᠯ ᠳᠤ ᠨᠡᠶᠢᠴᠡᠭᠦᠯᠦᠨ ᠰᠢᠢᠳᠪᠦᠷᠢᠯᠡᠬᠦ ᠶᠢ ᠪᠠᠲᠤᠯᠠᠨ᠎ᠠ᠃ ︵ᠬᠠᠷᠢᠭᠤᠴᠠᠯᠭᠠᠲᠤ ᠨᠢᠭᠡᠴᠡ᠄ ᠬᠠᠶᠢᠨᠠᠨ ᠤ ᠠᠵᠤ | ᠦᠢᠯᠡᠳᠪᠦᠷᠢ ᠶᠢᠨ ᠬᠦᠷᠢᠶᠡᠯᠡᠩ ᠤᠨ ᠬᠠᠮᠢᠶᠠᠷᠤᠯᠲᠠ ᠶᠢᠨ ᠵᠥᠪᠯᠡᠯ᠂ ᠬᠠᠶᠢᠨᠠᠨ ᠤ ᠪᠠᠶᠢᠭᠠᠯᠢ ᠶᠢᠨ ᠡᠬᠢ ᠪᠠᠶᠠᠯᠢᠭ ᠤᠨ | ᠬᠤᠪᠢᠶᠠᠷᠢ ᠲᠣᠪᠴᠢᠶ᠎ᠠ᠂ ᠲᠣᠭᠤᠷᠢᠭ ᠤᠨ ᠠᠵᠤ ᠦᠢᠯᠡᠳᠪᠦᠷᠢ ᠮᠡᠳᠡᠭᠡ ᠵᠠᠩᠬᠢᠴᠢᠯᠠᠯᠲᠠ ᠪᠠ ᠰᠢᠨᠵᠢᠯᠡᠬᠦ ᠤᠬᠠᠭᠠᠨ | ᠮᠡᠷᠭᠡᠵᠢᠯ ᠤᠨ ᠲᠣᠪᠴᠢᠶ᠎ᠠ᠃ ᠬᠠᠮᠵᠢᠯᠴᠠᠬᠤ ᠨᠢᠭᠡᠴᠡ᠄ ᠲᠣᠭᠤᠷᠢᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ | ᠬᠠᠶᠢᠨᠠᠨ ᠤ ᠠᠮᠢ ᠠᠬᠤᠶ ᠶᠢᠨ ᠣᠷᠴᠢᠨ ᠲᠣᠭᠤᠷᠢᠨ ᠤ ᠬᠤᠪᠢᠶᠠᠷᠢ ᠲᠣᠪᠴᠢᠶ᠎ᠠ᠃ ᠪᠡᠶᠡᠯᠡᠭᠦᠯᠬᠦ ᠴᠠᠭ ᠤᠨ ᠬᠢᠵᠠᠭᠠᠷ᠄ | ᠴᠠᠭ ᠤᠨ ᠵᠠᠩᠭᠢᠯᠠᠭ᠎ᠠ ᠶᠢᠨ ᠴᠡᠭ ᠢᠶᠠᠷ ᠪᠡᠶᠡᠯᠡᠭᠦᠯᠦᠨ᠎ᠡ︶ ᠠᠶᠤᠯᠲᠠᠶ ᠬᠠᠶᠠᠭᠳᠠᠮᠠᠯ ᠪᠣᠳᠠᠰ ᠤᠨ ᠣᠷᠴᠢᠨ ᠲᠣᠭᠤᠷᠢᠨ ᠤ | ᠬᠢᠨᠠᠯᠲᠠ ᠬᠠᠮᠢᠶᠠᠷᠤᠯᠲᠠ ᠶᠢ ᠴᠢᠩᠭᠠᠷᠠᠭᠤᠯᠤᠨ᠎ᠠ᠃ ᠭᠤᠣᠯᠳᠠᠯᠭ᠎ᠠ ᠲᠠᠢ ᠠᠶᠤᠯᠲᠠᠶ ᠬᠠᠶᠠᠭᠳᠠᠮᠠᠯ ᠪᠣᠳᠠᠰ ᠢ ᠡᠵᠡᠩᠨᠡᠬᠦ ᠪᠠ | ᠭᠠᠷᠭᠠᠬᠤ ᠠᠵᠤ ᠠᠬᠤᠶᠢᠯᠠᠯ ᠤᠨ ᠵᠢᠷᠤᠮᠵᠢᠭᠰᠠᠨ ᠬᠠᠮᠢᠶᠠᠷᠤᠯᠲᠠ ᠶᠢᠨ ᠣᠨ ᠤ ᠬᠢᠨᠠᠨ ᠰᠢᠯᠭᠠᠯᠲᠠ ᠶᠢ ᠦᠷᠭᠦᠯᠵᠢᠯᠡᠨ | ᠥᠷᠨᠢᠭᠦᠯᠦᠨ᠎ᠡ᠃ ︽ᠦᠬᠠᠶ ᠬᠤᠲᠠ ᠶᠢᠨ ᠠᠶᠤᠯᠲᠠᠶ ᠬᠠᠶᠠᠭᠳᠠᠮᠠᠯ ᠪᠣᠳᠠᠰ ᠢ ᠲᠤᠰᠬᠠᠶ ᠵᠦᠢᠯ ᠢᠶᠠᠷ ᠴᠡᠭᠴᠡᠯᠡᠨ ᠵᠠᠰᠠᠬᠤ | ᠭᠤᠷᠪᠠᠨ ᠵᠢᠯ ᠤᠨ ᠠᠵᠢᠯᠯᠠᠭ᠎ᠠ ᠶᠢᠨ ᠬᠡᠷᠡᠭᠵᠢᠭᠦᠯᠬᠦ ᠲᠥᠰᠦᠯ︾ ᠤᠨ ᠶᠣᠰᠣᠭᠠᠷ᠂ ᠠᠶᠤᠯᠲᠠᠶ ᠬᠠᠶᠠᠭᠳᠠᠮᠠᠯ ᠪᠣᠳᠠᠰ ᠤᠨ ᠠᠮᠤᠷ | ᠲᠦᠪᠰᠢᠨ ᠤ ᠲᠤᠰᠬᠠᠶ ᠵᠦᠢᠯ ᠢᠶᠠᠷ ᠴᠡᠭᠴᠡᠯᠡᠨ ᠵᠠᠰᠠᠬᠤ ᠪᠠ ᠲᠤᠰᠬᠠᠶ ᠵᠦᠢᠯ ᠢᠶᠠᠷ ᠵᠠᠰᠠᠬᠤ ᠶᠢ ᠢᠳᠡᠪᠬᠢᠲᠡᠶ ᠥᠷᠨᠢᠭᠦᠯᠵᠦ᠂ | ᠠᠶᠤᠯᠲᠠᠶ ᠬᠠᠶᠠᠭᠳᠠᠮᠠᠯ ᠪᠣᠳᠠᠰ ᠢ ᠬᠠᠤᠯᠢ ᠪᠤᠰᠤ ᠪᠠᠷ ᠰᠢᠯᠵᠢᠭᠦᠯᠬᠦ᠂ ᠴᠢᠳᠬᠤᠬᠤ᠂ ᠰᠢᠢᠳᠪᠦᠷᠢᠯᠡᠬᠦ ᠦᠢᠯᠡ ᠠᠵᠢᠯᠯᠠᠭ᠎ᠠ ᠳᠤ | ᠴᠢᠩᠭ᠎ᠠ ᠴᠣᠬᠢᠯᠲᠠ ᠥᠭᠭᠦᠨ᠎ᠡ᠃ ︵ᠬᠠᠷᠢᠭᠤᠴᠠᠯᠭᠠᠲᠤ ᠨᠢᠭᠡᠴᠡ᠄ ᠬᠠᠶᠢᠨᠠᠨ ᠤ ᠠᠮᠢ ᠠᠬᠤᠶ ᠣᠷᠴᠢᠨ ᠲᠣᠭᠤᠷᠢᠨ ᠤ | ᠬᠤᠪᠢᠶᠠᠷᠢ ᠲᠣᠪᠴᠢᠶ᠎ᠠ᠃ ᠬᠠᠮᠵᠢᠯᠴᠠᠬᠤ ᠨᠢᠭᠡᠴᠡ᠄ ᠬᠠᠶᠢᠨᠠᠨ ᠤ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ᠂ | ᠬᠠᠶᠢᠨᠠᠨ ᠤ ᠵᠠᠮ ᠬᠠᠷᠢᠯᠴᠠᠭᠠᠨ ᠤ ᠴᠠᠭᠳᠠᠭ᠎ᠠ ᠶᠢᠨ ᠶᠡᠭᠡ ᠠᠩᠭᠢ᠂ ᠬᠠᠶᠢᠨᠠᠨ ᠤ ᠵᠠᠮ ᠬᠠᠷᠢᠯᠴᠠᠭᠠᠨ ᠤ ᠶᠡᠷᠦᠩᠬᠡᠶᠢᠯᠡᠭᠰᠡᠨ | ᠬᠠᠤᠯᠢ ᠬᠡᠷᠡᠭᠵᠢᠭᠦᠯᠬᠦ ᠶᠡᠭᠡ ᠠᠩᠭᠢ᠃ ᠪᠡᠶᠡᠯᠡᠭᠦᠯᠬᠦ ᠴᠠᠭ ᠤᠨ ᠬᠢᠵᠠᠭᠠᠷ᠄ ᠦᠷᠭᠦᠯᠵᠢᠯᠡᠨ ᠠᠬᠢᠭᠤᠯᠤᠨ᠎ᠠ︶ ᠰᠦᠯᠢᠶᠣᠣ ᠶᠢᠨ | ᠪᠣᠬᠢᠷᠲᠤᠯ ᠢ ᠵᠠᠰᠠᠬᠤ ᠶᠢ ᠴᠢᠩᠭᠠᠳᠬᠠᠨ᠎ᠠ᠃ ᠰᠦᠯᠢᠶᠣᠣ ᠶᠢ ᠦᠢᠯᠡᠳᠪᠦᠷᠢᠯᠡᠵᠦ ᠪᠣᠷᠣᠯᠠᠭᠤᠯᠬᠤ ᠡᠬᠢ ᠡᠭᠦᠰᠦᠯ ᠠᠴᠠ ᠨᠢ | ᠬᠠᠮᠢᠶᠠᠷᠤᠨ ᠡᠵᠡᠮᠳᠡᠬᠦ ᠶᠢ ᠴᠢᠩᠭᠠᠳᠬᠠᠵᠤ᠂ ᠣᠷᠣᠯᠠᠬᠤ ᠦᠢᠯᠡᠳᠬᠦᠨ ᠢ ᠢᠳᠡᠪᠬᠢᠲᠡᠶ ᠪᠠᠷ ᠳᠡᠯᠭᠡᠷᠡᠭᠦᠯᠦᠨ ᠬᠡᠷᠡᠭᠯᠡᠵᠦ᠂ | ᠰᠢᠦᠳᠠᠨ ᠤ ᠲᠦᠷᠭᠡᠨ ᠬᠦᠷᠭᠡᠯᠲᠡ ᠶᠢᠨ ᠪᠣᠭᠤᠳᠠᠯ ᠤᠨ ᠵᠢᠷᠤᠮᠵᠢᠯ ᠢ ᠲᠡᠭᠦᠯᠳᠡᠷᠵᠢᠭᠦᠯᠵᠦ᠂ ᠬᠠᠶᠠᠭᠳᠠᠮᠠᠯ ᠰᠦᠯᠢᠶᠣᠣ ᠶᠢ | ᠬᠤᠷᠢᠶᠠᠨ ᠠᠪᠴᠤ ᠠᠰᠢᠭᠯᠠᠬᠤ ᠰᠢᠢᠳᠪᠦᠷᠢᠯᠡᠯᠲᠡ ᠶᠢ ᠵᠢᠷᠤᠮᠵᠢᠭᠤᠯᠤᠨ᠎ᠠ᠃ ︵ᠬᠠᠷᠢᠭᠤᠴᠠᠯᠭᠠᠲᠤ ᠨᠢᠭᠡᠴᠡ᠄ ᠲᠣᠭᠤᠷᠢᠭ ᠤᠨ | ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠬᠠᠶᠢᠨᠠᠨ ᠤ ᠠᠮᠢ ᠠᠬᠤᠶ ᠣᠷᠴᠢᠨ ᠲᠣᠭᠤᠷᠢᠨ ᠤ ᠬᠤᠪᠢᠶᠠᠷᠢ ᠲᠣᠪᠴᠢᠶ᠎ᠠ᠃ | ᠬᠠᠮᠵᠢᠯᠴᠠᠬᠤ ᠰᠠᠯᠠᠭ᠎ᠠ ᠮᠥᠴᠢᠷ᠄ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ | ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠃ ᠪᠡᠶᠡᠯᠡᠭᠦᠯᠬᠦ ᠴᠠᠭ ᠤᠨ ᠬᠢᠵᠠᠭᠠᠷ ᠨᠢ᠄ 2022 ᠣᠨ ᠤ ᠵᠢᠯ ᠤᠨ | ᠰᠡᠭᠦᠯᠴᠢ ᠠᠴᠠ ᠡᠮᠦᠨ᠎ᠡ︶ | ︵ᠠᠷᠪᠠᠨ ᠳᠣᠯᠤᠭ᠎ᠠ︶ ᠬᠥᠷᠥᠰᠥ ᠰᠢᠷᠣᠶ ᠪᠠ ᠭᠠᠵᠠᠷ ᠳᠣᠤᠷᠠᠬᠢ ᠤᠰᠤᠨ ᠤ ᠪᠣᠬᠢᠷᠲᠤᠯ ᠢ ᠰᠡᠷᠭᠡᠶᠢᠯᠡᠨ ᠵᠠᠰᠠᠬᠤ ᠶᠢ | ᠴᠢᠩᠭᠠᠳᠬᠠᠨ᠎ᠠ᠃ ᠬᠥᠷᠥᠰᠥ ᠰᠢᠷᠣᠶ᠂ ᠭᠠᠵᠠᠷ ᠳᠣᠣᠷᠠᠬᠢ ᠤᠰᠤᠨ ᠤ ᠪᠣᠬᠢᠷᠲᠤᠯ ᠤᠨ ᠲᠦᠭᠰᠢᠭᠦᠷᠢ ᠶᠢ ᠰᠡᠷᠭᠡᠶᠢᠯᠡᠨ | ᠡᠵᠡᠮᠳᠡᠬᠦ ᠶᠢ ᠴᠢᠩᠭᠠᠷᠠᠭᠤᠯᠵᠤ᠂ ᠬᠦᠨᠳᠦ ᠲᠡᠮᠦᠷᠯᠢᠭ ᠤᠨ ᠪᠣᠬᠢᠷᠲᠤᠯ ᠤᠨ ᠡᠬᠢ ᠡᠭᠦᠰᠦᠯ ᠠᠴᠠ ᠨᠢ ᠬᠠᠮᠢᠶᠠᠷᠤᠨ ᠡᠵᠡᠮᠳᠡᠬᠦ ᠶᠢ | ᠴᠢᠩᠭᠠᠳᠬᠠᠨ᠂ ᠬᠦᠨᠳᠦ ᠲᠡᠮᠦᠷᠯᠢᠭ ᠤᠨ ᠪᠣᠬᠢᠷᠲᠤᠯ ᠪᠣᠳᠠᠰ ᠭᠠᠳᠠᠭᠰᠢᠯᠠᠭᠤᠯᠬᠤ ᠶᠡᠷᠦᠩᠬᠡᠶ ᠬᠡᠮᠵᠢᠶ᠎ᠡ ᠶᠢᠨ ᠭᠦᠢᠴᠡᠳᠬᠡᠬᠦ | ᠲᠤᠭ᠎ᠠ ᠶᠢ ᠬᠦᠨᠳᠦ ᠲᠡᠮᠦᠷᠯᠢᠭ ᠤᠨ ᠪᠣᠬᠢᠷᠲᠤᠯ ᠪᠣᠳᠠᠰ ᠭᠠᠳᠠᠭᠰᠢᠯᠠᠭᠤᠯᠬᠤ ᠪᠥᠳᠥᠭᠡᠨ ᠪᠠᠶᠢᠭᠤᠯᠤᠯᠲᠠ ᠶᠢᠨ ᠲᠥᠷᠥᠯ ᠵᠦᠢᠯ | ᠤᠨ ᠣᠷᠴᠢᠨ ᠲᠣᠭᠤᠷᠢᠨ ᠲᠤ ᠦᠵᠡᠭᠦᠯᠬᠦ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠢᠨᠠᠨ ᠵᠥᠪᠰᠢᠶᠡᠷᠡᠬᠦ ᠶᠢᠨ | ᠤᠷᠢᠳᠠᠴᠢ ᠨᠥᠬᠦᠴᠡᠯ ᠪᠣᠯᠭᠠᠨ᠎ᠠ᠃ ︵ᠬᠠᠷᠢᠭᠤᠴᠠᠯᠭᠠᠲᠤ ᠨᠢᠭᠡᠴᠡ᠄ ᠬᠠᠶᠢᠨᠠᠨ ᠤ ᠠᠮᠢ ᠠᠬᠤᠶ ᠣᠷᠴᠢᠨ ᠲᠣᠭᠤᠷᠢᠨ ᠤ | ᠬᠤᠪᠢᠶᠠᠷᠢ ᠲᠣᠪᠴᠢᠶ᠎ᠠ᠃ ᠬᠠᠮᠵᠢᠯᠴᠠᠬᠤ ᠨᠢᠭᠡᠴᠡ᠄ ᠡᠯ᠎ᠡ ᠪᠠᠯᠭᠠᠰᠤ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ | ᠲᠣᠭᠤᠷᠢᠭ ᠤᠨ ᠲᠠᠷᠢᠶᠠᠯᠠᠩ ᠮᠠᠯ ᠠᠵᠤ ᠠᠬᠤᠶ ᠤᠰᠤᠨ ᠤ ᠶᠠᠪᠤᠳᠠᠯ ᠤᠨ ᠲᠣᠪᠴᠢᠶ᠎ᠠ᠃ ᠪᠡᠶᠡᠯᠡᠭᠦᠯᠬᠦ ᠴᠠᠭ ᠤᠨ ᠬᠢᠵᠠᠭᠠᠷ᠄ | ᠦᠷᠭᠦᠯᠵᠢᠯᠡᠨ ᠠᠬᠢᠭᠤᠯᠤᠨ᠎ᠠ︶ ᠬᠥᠷᠥᠰᠥ ᠰᠢᠷᠣᠶ ᠶᠢᠨ ᠣᠷᠴᠢᠨ ᠲᠣᠭᠤᠷᠢᠨ ᠤ ᠪᠣᠬᠢᠷᠲᠤᠯ ᠢ ᠭᠤᠤᠯᠳᠠᠯᠭ᠎ᠠ ᠲᠠᠢ ᠬᠢᠨᠠᠨ | ᠬᠠᠮᠢᠶᠠᠷᠬᠤ ᠨᠢᠭᠡᠴᠡ ᠶᠢᠨ ᠬᠠᠮᠢᠶᠠᠷᠤᠯᠲᠠ ᠶᠢ ᠴᠢᠩᠭᠠᠳᠬᠠᠨ᠎ᠠ᠃ ᠭᠤᠤᠯᠳᠠᠯᠭ᠎ᠠ ᠲᠠᠢ ᠨᠢᠭᠡᠴᠡ ᠶᠢᠨ ᠨᠡᠷᠡᠰ ᠢ ᠪᠠᠶᠢᠭᠤᠯᠬᠤ ᠶᠢᠨ | ᠬᠠᠮᠲᠤ ᠬᠥᠳᠡᠯᠦᠩᠭᠦᠶ ᠪᠠᠷ ᠰᠢᠨᠡᠳᠬᠡᠵᠦ᠂ ᠨᠡᠷᠡᠰ ᠲᠤ ᠵᠢᠭᠰᠠᠭᠠᠨ ᠣᠷᠣᠭᠤᠯᠤᠭᠰᠠᠨ ᠨᠢᠭᠡᠴᠡ ᠶᠢ ᠰᠢᠮᠳᠠᠭᠤᠯᠵᠤ ᠪᠠᠶᠢᠭᠠᠳ | ᠵᠢᠯ ᠪᠦᠷᠢ ᠥᠪᠡᠷ ᠤᠨ ᠬᠡᠷᠡᠭᠯᠡᠬᠦ ᠭᠠᠵᠠᠷ ᠤᠨ ᠬᠥᠷᠥᠰᠥ ᠰᠢᠷᠣᠶ ᠵᠢᠴᠢ ᠭᠠᠵᠠᠷ ᠳᠣᠤᠷᠠᠬᠢ ᠤᠰᠤᠨ ᠳᠤ ᠥᠪᠡᠰᠦᠪᠡᠨ ᠬᠢᠨᠠᠨ | ᠬᠡᠮᠵᠢᠯᠲᠡ ᠬᠢᠯᠭᠡᠵᠦ᠂ ᠬᠥᠷᠥᠰᠥ ᠰᠢᠷᠣᠶ ᠶᠢᠨ ᠪᠣᠬᠢᠷᠲᠤᠯ ᠤᠨ ᠳᠠᠯᠳᠠ ᠬᠡᠮ ᠢ ᠵᠢᠭᠰᠠᠭᠠᠨ ᠪᠠᠶᠢᠴᠠᠭᠠᠬᠤ ᠲᠦᠷᠢᠮ ᠢ | ᠪᠠᠶᠢᠭᠤᠯᠬᠤ ᠶᠢᠨ ᠬᠠᠮᠲᠤ ᠴᠢᠩᠭ᠎ᠠ ᠨᠠᠶᠢᠳᠠᠪᠤᠷᠢᠵᠢᠭᠤᠯᠤᠨ᠂ ᠬᠥᠷᠥᠰᠥ ᠰᠢᠷᠣᠶ ᠶᠢᠨ ᠪᠣᠬᠢᠷᠲᠤᠯ ᠢ ᠰᠢᠨ᠎ᠡ ᠪᠠᠷ ᠨᠡᠮᠡᠭᠳᠡᠭᠦᠯᠬᠦ ᠶᠢ | ᠰᠡᠷᠭᠡᠶᠢᠯᠡᠬᠦ ᠬᠡᠷᠡᠭᠲᠡᠶ᠃ ︵ᠬᠠᠷᠢᠭᠤᠴᠠᠯᠭᠠᠲᠤ ᠨᠢᠭᠡᠴᠡ᠄ ᠬᠠᠶᠢᠨᠠᠨ ᠤ ᠠᠮᠢ ᠠᠬᠤᠶ ᠶᠢᠨ ᠣᠷᠴᠢᠨ ᠲᠣᠭᠤᠷᠢᠨ ᠤ ᠬᠤᠪᠢᠶᠠᠷᠢ | ᠲᠣᠪᠴᠢᠶ᠎ᠠ᠃ ᠪᠡᠶᠡᠯᠡᠭᠦᠯᠬᠦ ᠴᠠᠭ ᠤᠨ ᠬᠢᠵᠠᠭᠠᠷ᠄ ᠦᠷᠭᠦᠯᠵᠢᠯᠡᠨ ᠠᠬᠢᠭᠤᠯᠤᠨ᠎ᠠ︶ ᠳᠠᠷᠢᠵᠤ ᠲᠡᠵᠢᠭᠡᠨ ᠦᠷᠡᠵᠢᠭᠦᠯᠬᠦ ᠶᠢᠨ | ᠪᠣᠬᠢᠷᠲᠤᠯ ᠢ ᠰᠡᠷᠭᠡᠶᠢᠯᠡᠨ ᠵᠠᠰᠠᠬᠤ ᠡᠷᠴᠢᠮ ᠢ ᠴᠢᠩᠭᠠᠷᠠᠭᠤᠯᠤᠨ᠎ᠠ᠃ ︽ᠪᠣᠷᠲᠣᠭᠤᠷ ᠣᠷᠣᠭᠤᠯᠬᠤ ᠶᠢ ᠬᠢᠵᠠᠭᠠᠷᠯᠠᠨ ᠦᠷ᠎ᠡ | ᠠᠰᠢᠭ ᠢ ᠨᠡᠮᠡᠭᠳᠡᠭᠦᠯᠬᠦ᠂ ᠡᠮ ᠢ ᠬᠢᠵᠠᠭᠠᠷᠯᠠᠨ ᠬᠥᠨᠥᠭᠡᠯ ᠢ ᠪᠠᠭᠠᠰᠬᠠᠬᠤ᠂ ᠪᠦᠷᠬᠦᠭᠦᠯ ᠢ ᠬᠢᠵᠠᠭᠠᠷᠯᠠᠨ ᠦᠷ᠎ᠡ ᠠᠰᠢᠭ ᠢ | ᠳᠡᠭᠡᠭᠰᠢᠯᠡᠭᠦᠯᠬᠦ︾ ᠠᠵᠢᠯᠯᠠᠭ᠎ᠠ ᠶᠢ ᠪᠥᠬᠦ ᠲᠠᠯ᠎ᠠ ᠪᠠᠷ ᠬᠡᠷᠡᠭᠵᠢᠭᠦᠯᠵᠦ᠂ ᠪᠥᠬᠦ ᠲᠣᠭᠤᠷᠢᠭ ᠤᠨ ᠬᠢᠮᠢ ᠶᠢᠨ ᠪᠣᠷᠲᠣᠭᠤᠷ᠂ | ᠲᠠᠷᠢᠶᠠᠨ ᠡᠮ ᠤᠨ ᠬᠡᠷᠡᠭᠯᠡᠬᠦ ᠬᠡᠮᠵᠢᠶ᠎ᠡ ᠵᠢᠯ ᠳᠠᠷᠠᠭᠠᠯᠠᠨ ᠰᠥᠭᠡᠷᠭᠦ ᠨᠡᠮᠡᠭᠳᠡᠯ ᠲᠠᠢ ᠪᠣᠯᠪᠠ᠃ ᠰᠦᠯᠢᠶᠣᠣ ᠪᠦᠷᠬᠦᠪᠴᠢ ᠶᠢ | ᠬᠤᠷᠢᠶᠠᠨ ᠠᠪᠴᠤ ᠰᠢᠢᠳᠪᠦᠷᠢᠯᠡᠬᠦ ᠠᠵᠢᠯᠯᠠᠭ᠎ᠠ ᠶᠢ ᠭᠦᠨᠵᠡᠭᠡᠶ ᠬᠡᠷᠡᠭᠵᠢᠭᠦᠯᠵᠦ᠂ ᠵᠠᠳᠠᠷᠠᠵᠤ ᠪᠣᠯᠬᠤ ᠰᠦᠯᠢᠶᠣᠣ | ᠪᠦᠷᠬᠦᠪᠴᠢ ᠶᠢ ᠢᠳᠡᠪᠬᠢᠲᠡᠶ ᠪᠠᠷ ᠳᠡᠯᠭᠡᠷᠡᠭᠦᠯᠵᠦ᠂ ᠲᠠᠷᠢᠶᠠᠨ ᠭᠠᠵᠠᠷ ᠤᠨ ︽ᠴᠠᠭᠠᠨ ᠪᠣᠬᠢᠷᠲᠤᠯ︾ ᠢ ᠪᠦᠲᠦᠮᠵᠢᠲᠡᠶ ᠪᠠᠷ | ᠰᠡᠷᠭᠡᠶᠢᠯᠡᠨ ᠡᠵᠡᠮᠳᠡᠪᠡ᠃ ᠮᠠᠯ ᠵᠢᠭᠦᠷᠲᠡᠨ ᠤ ᠪᠠᠭᠠᠰᠤᠨ ᠪᠣᠬᠢᠷᠲᠤᠯ ᠢ ᠡᠬᠢ ᠪᠠᠶᠠᠯᠢᠭᠵᠢᠭᠤᠯᠤᠨ ᠠᠰᠢᠭᠯᠠᠬᠤ ᠶᠢ ᠪᠥᠬᠦ | ᠲᠣᠭᠤᠷᠢᠭ ᠢᠶᠠᠷ ᠢᠶᠠᠨ ᠳᠥᠯᠭᠢᠨ ᠠᠬᠢᠭᠤᠯᠵᠤ᠂ 2021 ᠣᠨ ᠳᠤ ᠮᠠᠯ ᠵᠢᠭᠦᠷᠲᠡᠨ ᠢ ᠲᠡᠵᠢᠭᠡᠨ ᠦᠷᠡᠵᠢᠭᠦᠯᠬᠦ ᠶᠢᠨ ᠪᠠᠭᠠᠰᠤᠨ | ᠪᠣᠬᠢᠷᠲᠤᠯ ᠢ ᠡᠬᠢ ᠪᠠᠶᠠᠯᠢᠭᠵᠢᠭᠤᠯᠤᠨ ᠠᠰᠢᠭᠯᠠᠬᠤ ᠨᠣᠷᠮ᠎ᠠ ᠶᠢ 88% ᠠᠴᠠ ᠳᠡᠭᠡᠭᠰᠢ ᠳᠤ ᠬᠦᠷᠦᠭᠦᠯᠵᠦ᠂ 2023 | ᠣᠨ ᠳᠤ ᠮᠠᠯ ᠵᠢᠭᠦᠷᠲᠡᠨ ᠢ ᠲᠡᠵᠢᠭᠡᠨ ᠦᠷᠡᠵᠢᠭᠦᠯᠬᠦ ᠶᠢᠨ ᠪᠠᠭᠠᠰᠤᠨ ᠪᠣᠬᠢᠷᠲᠤᠯ ᠢ ᠡᠬᠢ ᠪᠠᠶᠠᠯᠢᠭᠵᠢᠭᠤᠯᠤᠨ ᠠᠰᠢᠭᠯᠠᠬᠤ | ᠨᠣᠷᠮ᠎ᠠ ᠶᠢ 90% ᠠᠴᠠ ᠳᠡᠭᠡᠭᠰᠢ ᠳᠤ ᠬᠦᠷᠦᠭᠦᠯᠦᠨ᠎ᠡ᠃ ︵ᠬᠠᠷᠢᠭᠤᠴᠠᠯᠭᠠᠲᠤ ᠨᠢᠭᠡᠴᠡ᠄ ᠲᠣᠭᠤᠷᠢᠭ ᠤᠨ ᠲᠠᠷᠢᠶᠠᠯᠠᠩ ᠮᠠᠯ | ᠠᠵᠤ ᠠᠬᠤᠶ ᠤᠰᠤᠨ ᠤ ᠶᠠᠪᠤᠳᠠᠯ ᠤᠨ ᠲᠣᠪᠴᠢᠶ᠎ᠠ᠂ ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ | ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠬᠠᠶᠢᠨᠠᠨ ᠤ ᠠᠮᠢ ᠠᠬᠤᠶ ᠣᠷᠴᠢᠨ ᠲᠣᠭᠤᠷᠢᠨ ᠤ ᠬᠤᠪᠢᠶᠠᠷᠢ ᠲᠣᠪᠴᠢᠶ᠎ᠠ᠃ | ᠬᠠᠮᠵᠢᠯᠴᠠᠬᠤ ᠨᠢᠭᠡᠴᠡ᠄ ᠡᠯ᠎ᠡ ᠪᠠᠯᠭᠠᠰᠤ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠃ ᠪᠡᠶᠡᠯᠡᠭᠦᠯᠬᠦ ᠴᠠᠭ ᠤᠨ | ᠬᠢᠵᠠᠭᠠᠷ ᠨᠢ᠄ ᠴᠠᠭ ᠬᠤᠭᠤᠴᠠᠭ᠎ᠠ ᠶᠢᠨ ᠵᠠᠩᠭᠢᠯᠠᠭ᠎ᠠ ᠶᠢᠨ ᠴᠡᠭ ᠢᠶᠠᠷ ᠪᠡᠶᠡᠯᠡᠭᠦᠯᠦᠨ᠎ᠡ︶ ᠲᠠᠷᠢᠶᠠᠯᠠᠬᠤ ᠣᠷᠣᠨ ᠤ | ᠠᠮᠢᠳᠤᠷᠠᠯ ᠤᠨ ᠬᠤᠭ ᠨᠣᠪᠰᠢ ᠶᠢ ᠬᠤᠷᠢᠶᠠᠨ ᠴᠤᠭᠯᠠᠭᠤᠯᠬᠤ᠂ ᠳᠠᠮᠵᠢᠭᠤᠯᠤᠨ ᠲᠡᠭᠡᠭᠡᠪᠦᠷᠢᠯᠡᠬᠦ᠂ ᠰᠢᠢᠳᠪᠦᠷᠢᠯᠡᠬᠦ | ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠲᠠᠷᠢᠶᠠᠯᠠᠬᠤ ᠣᠷᠣᠨ ᠤ ᠠᠮᠢᠳᠤᠷᠠᠯ ᠤᠨ ᠬᠤᠭ | ᠨᠣᠪᠰᠢ ᠶᠢ ᠡᠬᠢ ᠪᠠᠶᠠᠯᠢᠭᠵᠢᠭᠤᠯᠬᠤ᠂ ᠬᠡᠮᠵᠢᠶ᠎ᠡ ᠶᠢ ᠪᠠᠭᠠᠰᠬᠠᠬᠤ ᠪᠠ ᠲᠥᠷᠥᠯ ᠬᠤᠪᠢᠶᠠᠨ ᠬᠤᠷᠢᠶᠠᠨ ᠴᠤᠭᠯᠠᠭᠤᠯᠵᠤ | ᠠᠰᠢᠭᠯᠠᠬᠤ ᠬᠢᠷᠢ ᠬᠡᠮᠵᠢᠶ᠎ᠡ ᠶᠢ ᠠᠯᠬᠤᠮ ᠠᠯᠬᠤᠮ ᠢᠶᠠᠷ ᠳᠡᠭᠡᠭᠰᠢᠯᠡᠭᠦᠯᠦᠨ᠂ ᠠᠮᠢᠳᠤᠷᠠᠯ ᠤᠨ ᠬᠤᠭ ᠨᠣᠪᠰᠢ ᠶᠢ ᠬᠤᠷᠢᠶᠠᠨ | ᠲᠡᠭᠡᠭᠡᠪᠦᠷᠢᠯᠡᠬᠦ ᠰᠢᠰᠲ᠋ᠧᠮᠵᠢ ᠶᠢ ᠪᠠᠶᠢᠭᠤᠯᠤᠭᠰᠠᠨ ᠵᠠᠰᠠᠭ ᠵᠠᠬᠢᠷᠭᠠᠨ ᠤ ᠲᠣᠰᠬᠤᠨ ᠤ ᠡᠵᠡᠯᠡᠬᠦ ᠬᠠᠷᠢᠴᠠᠯ ᠢ ᠬᠤᠲᠠ ᠶᠢᠨ | ᠱᠠᠲᠤᠨ ᠤ ᠱᠠᠭᠠᠷᠳᠠᠯᠭ᠎ᠠ ᠶᠢᠨ ᠭᠦᠢᠴᠡᠳᠭᠡᠯ ᠲᠤᠭ᠎ᠠ ᠳᠤ ᠬᠦᠷᠦᠭᠦᠯᠬᠦ ᠶᠢ ᠦᠨᠡᠨᠬᠦ ᠪᠠᠲᠤᠯᠠᠨ᠎ᠠ ︵ᠬᠠᠷᠢᠭᠤᠴᠠᠯᠭᠠᠲᠤ ᠨᠢᠭᠡᠴᠡ | ᠄ ᠲᠣᠭᠤᠷᠢᠭ ᠤᠨ ᠲᠠᠷᠢᠶᠠᠯᠠᠩ ᠮᠠᠯ ᠠᠵᠤ ᠠᠬᠤᠶ ᠤᠰᠤᠨ ᠤ ᠶᠠᠪᠤᠳᠠᠯ ᠤᠨ ᠲᠣᠪᠴᠢᠶ᠎ᠠ᠂ ᠲᠣᠭᠤᠷᠢᠭ ᠤᠨ ᠣᠷᠣᠨ ᠰᠠᠭᠤᠴᠠ | ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠃ ᠬᠠᠮᠵᠢᠯᠴᠠᠬᠤ ᠨᠢᠭᠡᠴᠡ᠄ ᠡᠯ᠎ᠡ ᠪᠠᠯᠭᠠᠰᠤ᠂ ᠵᠡᠭᠡᠯᠢ | ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠬᠠᠶᠢᠨᠠᠨ ᠤ ᠠᠮᠢ ᠠᠬᠤᠶ ᠣᠷᠴᠢᠨ ᠲᠣᠭᠤᠷᠢᠨ ᠤ ᠬᠤᠪᠢᠶᠠᠷᠢ ᠲᠣᠪᠴᠢᠶ᠎ᠠ᠃ | ᠪᠡᠶᠡᠯᠡᠭᠦᠯᠬᠦ ᠴᠠᠭ ᠤᠨ ᠬᠢᠵᠠᠭᠠᠷ ᠨᠢ᠄ 2023 ᠣᠨ ᠤ ᠰᠡᠭᠦᠯᠴᠢ︶ ᠭᠠᠵᠠᠷ ᠳᠣᠤᠷᠠᠬᠢ ᠤᠰᠤᠨ ᠤ ᠣᠷᠴᠢᠨ ᠲᠣᠭᠤᠷᠢᠨ ᠤ | ᠪᠠᠶᠢᠳᠠᠯ ᠢ ᠪᠠᠶᠢᠴᠠᠭᠠᠨ ᠰᠤᠳᠤᠯᠵᠤ ᠦᠨᠡᠯᠡᠨ ᠵᠢᠱᠢᠬᠦ ᠵᠢᠴᠢ ᠲᠦᠭᠰᠢᠭᠦᠷᠢ ᠶᠢ ᠬᠠᠮᠢᠶᠠᠷᠤᠨ ᠡᠵᠡᠮᠳᠡᠬᠦ ᠠᠵᠢᠯ ᠢ | ᠥᠷᠨᠢᠭᠦᠯᠦᠨ᠎ᠡ᠃ ᠤᠤᠭᠤᠬᠤ ᠤᠰᠤᠨ ᠤ ᠡᠬᠢ ᠰᠤᠷᠪᠤᠯᠵᠢ ᠶᠢᠨ ᠭᠠᠵᠠᠷ᠂ ᠬᠢᠮᠢ ᠶᠢᠨ ᠠᠵᠤ ᠦᠢᠯᠡᠳᠪᠦᠷᠢ ᠶᠢᠨ ᠠᠵᠤ | ᠠᠬᠤᠶᠢᠯᠠᠯ ᠤᠨ ᠲᠥᠪᠯᠡᠷᠡᠭᠰᠡᠨ ᠣᠷᠣᠨ᠂ ᠠᠮᠢᠳᠤᠷᠠᠯ ᠤᠨ ᠬᠤᠭ ᠨᠣᠪᠰᠢ ᠪᠤᠯᠠᠬᠤ ᠲᠠᠯᠠᠪᠠᠶ ᠵᠡᠷᠭᠡ ᠡᠷᠬᠢᠨ ᠲᠣᠭᠤᠷᠢᠨ ᠳᠤ | ᠭᠠᠵᠠᠷ ᠳᠣᠤᠷᠠᠬᠢ ᠤᠰᠤᠨ ᠤ ᠴᠠᠭᠠᠷᠢᠭ ᠢ ᠭᠤᠤᠯᠳᠠᠯᠭ᠎ᠠ ᠲᠠᠢ ᠥᠷᠨᠢᠭᠦᠯᠦᠨ᠎ᠡ᠃ ᠭᠠᠵᠠᠷ ᠳᠤᠤᠷᠠᠬᠢ ᠣᠰᠨ ᠤ ᠶᠠᠰᠤ | ᠴᠢᠨᠠᠷ ᠤᠨ ᠪᠠᠶᠢᠳᠠᠯ ᠢ ᠪᠠᠶᠢᠴᠠᠭᠠᠨ ᠦᠨᠡᠯᠡᠵᠦ᠂ ᠭᠠᠵᠠᠷ ᠳᠣᠤᠷᠠᠬᠢ ᠤᠰᠤᠨ ᠤ ᠣᠷᠴᠢᠨ ᠲᠣᠭᠤᠷᠢᠨ ᠤ ᠠᠮᠤᠷ ᠲᠦᠪᠰᠢᠨ ᠢ | ᠪᠦᠲᠦᠮᠵᠢᠲᠡᠶ ᠪᠠᠲᠤᠯᠠᠨ᠎ᠠ᠃ ︵ᠬᠠᠷᠢᠭᠤᠴᠠᠯᠭᠠᠲᠤ ᠨᠢᠭᠡᠴᠡ᠄ ᠬᠠᠶᠢᠨᠠᠨ ᠤ ᠠᠮᠢ ᠠᠬᠤᠶ ᠣᠷᠴᠢᠨ ᠲᠣᠭᠤᠷᠢᠨ ᠤ ᠬᠤᠪᠢᠶᠠᠷᠢ | ᠲᠣᠪᠴᠢᠶ᠎ᠠ᠃ ᠬᠠᠮᠵᠢᠯᠴᠠᠬᠤ ᠰᠠᠯᠠᠭ᠎ᠠ ᠮᠥᠴᠢᠷ᠄ ᠬᠠᠶᠢᠨᠠᠨ ᠤ ᠪᠠᠶᠢᠭᠠᠯᠢ ᠶᠢᠨ ᠡᠬᠢ ᠪᠠᠶᠠᠯᠢᠭ ᠤᠨ ᠬᠤᠪᠢᠶᠠᠷᠢ ᠲᠣᠪᠴᠢᠶ᠎ᠠ᠂ | ᠲᠣᠭᠤᠷᠢᠭ ᠤᠨ ᠲᠠᠷᠢᠶᠠᠯᠠᠩ ᠮᠠᠯ ᠠᠵᠤ ᠠᠬᠤᠶ ᠤᠰᠤᠨ ᠤ ᠶᠠᠪᠤᠳᠠᠯ ᠤᠨ ᠲᠣᠪᠴᠢᠶ᠎ᠠ᠃ ᠪᠡᠶᠡᠯᠡᠭᠦᠯᠬᠦ ᠴᠠᠭ ᠤᠨ ᠬᠢᠵᠠᠭᠠᠷ᠄ | 2021 ᠣᠨ ᠤ 12 ᠳ᠋ᠤᠭᠠᠷ ᠰᠠᠷ᠎ᠠ ᠶᠢᠨ ᠰᠡᠭᠦᠯᠴᠢ︶ | ︵ᠠᠷᠪᠠᠨ ᠨᠠᠢᠮᠠ︶ ᠬᠠᠲᠤᠨ ᠭᠤᠤᠯ ᠳᠠᠭᠠᠤ ᠶᠢᠨ ᠠᠮᠢ ᠠᠬᠤᠶ ᠶᠢ ᠰᠡᠷᠭᠦᠭᠡᠬᠦ ᠢᠨᠵᠧᠨᠧᠷᠢᠩ ᠢ ᠶᠡᠬᠡᠪᠡᠷ | ᠬᠡᠷᠡᠭᠵᠢᠭᠦᠯᠦᠨ᠎ᠡ᠃ ᠬᠠᠲᠤᠨ ᠭᠤᠤᠯ ᠤᠨ ᠰᠠᠪᠠ ᠭᠠᠵᠠᠷ ᠤᠨ ᠦᠢᠯᠡᠳᠪᠦᠷᠢᠯᠡᠯ ᠪᠥᠲᠥᠭᠡᠨ ᠪᠠᠶᠢᠭᠤᠯᠤᠯᠲᠠ ᠶᠢᠨ ᠲᠥᠷᠥᠯ | ᠵᠦᠢᠯ ᠤᠨ ᠬᠥᠷᠥᠰᠥ ᠰᠢᠷᠣᠶ ᠶᠢ ᠬᠠᠮᠠᠭᠠᠯᠠᠬᠤ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ | ᠳᠠᠭᠠᠭᠤᠯᠢ ᠣᠳᠣᠨ ᠤ ᠠᠯᠤᠰ ᠰᠡᠷᠡᠯ ᠤᠨ ᠬᠢᠨᠠᠨ ᠬᠠᠮᠢᠶᠠᠷᠤᠯᠲᠠ᠂ ᠲᠤᠬᠠᠶ ᠶᠢᠨ ᠭᠠᠵᠠᠷ ᠲᠤᠨᠢ ᠬᠠᠷᠭᠤᠭᠤᠯᠤᠨ ᠪᠠᠶᠢᠴᠠᠭᠠᠬᠤ | ᠵᠡᠷᠭᠡ ᠣᠯᠠᠨ ᠵᠦᠢᠯ ᠤᠨ ᠠᠷᠭ᠎ᠠ ᠮᠠᠶ᠋ᠢᠭ ᠢᠶᠠᠷ ᠳᠠᠮᠵᠢᠭᠤᠯᠤᠨ᠂ ᠬᠠᠶᠢᠨᠠᠨ ᠤ ᠬᠠᠷᠢᠶ᠎ᠠ ᠣᠷᠣᠨ ᠤ ᠬᠡᠪᠴᠢᠶᠡᠨ ᠳᠠᠬᠢ ᠡᠯ᠎ᠡ | ᠲᠥᠷᠥᠯ ᠤᠨ ᠦᠢᠯᠡᠳᠪᠦᠷᠢᠯᠡᠯ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠬᠥᠷᠥᠰᠥ ᠰᠢᠷᠣᠶ ᠶᠢ ᠬᠠᠮᠠᠭᠠᠯᠠᠵᠤ | ᠪᠠᠶᠢᠭ᠎ᠠ ᠪᠠᠶᠢᠳᠠᠯ ᠢ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠵᠤ᠂ ᠬᠠᠤᠯᠢ ᠲᠣᠭᠲᠠᠭᠠᠯ ᠠᠴᠠ ᠵᠥᠷᠢᠴᠡᠭᠰᠡᠨ ᠡᠯ᠎ᠡ ᠵᠦᠢᠯ ᠤᠨ | ᠦᠢᠯᠡ ᠠᠵᠢᠯᠯᠠᠭ᠎ᠠ ᠶᠢ ᠬᠠᠤᠯᠢ ᠶᠣᠰᠣᠭᠠᠷ ᠰᠢᠨ᠎ᠡ ᠪᠠᠷ ᠪᠠᠶᠢᠭᠤᠯᠬᠤ ᠲᠥᠷᠥᠯ ᠵᠦᠢᠯ ᠳᠤ ︽ᠭᠤᠷᠪᠠ ᠶᠢ ᠬᠠᠮᠲᠤ ᠳᠤᠨᠢ ᠬᠢᠬᠦ | ︾ ᠲᠦᠷᠢᠮ ᠢ ᠴᠢᠩᠭ᠎ᠠ ᠵᠢᠷᠤᠮᠯᠠᠨ ᠬᠥᠷᠥᠰᠥ ᠰᠢᠷᠣᠶ ᠶᠢ ᠬᠠᠮᠠᠭᠠᠯᠠᠬᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠬᠡᠷᠡᠭᠲᠡᠶ᠃ | ︵ᠬᠠᠷᠢᠭᠤᠴᠠᠯᠭᠠᠲᠤ ᠨᠢᠭᠡᠴᠡ᠄ ᠲᠣᠭᠤᠷᠢᠭ ᠤᠨ ᠲᠠᠷᠢᠶᠠᠯᠠᠩ ᠮᠠᠯ ᠠᠵᠤ ᠠᠬᠤᠶ ᠤᠰᠤᠨ ᠤ ᠶᠠᠪᠤᠳᠠᠯ ᠤᠨ ᠲᠣᠪᠴᠢᠶ᠎ᠠ᠂ ᠡᠯ᠎ᠡ | ᠪᠠᠯᠭᠠᠰᠤ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠃ ᠬᠠᠮᠵᠢᠯᠴᠠᠬᠤ ᠨᠢᠭᠡᠴᠡ᠄ ᠲᠣᠭᠤᠷᠢᠭ ᠤᠨ ᠬᠥᠭᠵᠢᠭᠦᠯᠦᠯᠲᠡ | ᠥᠭᠡᠷᠡᠴᠢᠯᠡᠯᠲᠡ ᠶᠢᠨ ᠲᠣᠪᠴᠢᠶ᠎ᠠ᠂ ᠬᠠᠶᠢᠨᠠᠨ ᠤ ᠪᠠᠶᠢᠭᠠᠯᠢ ᠶᠢᠨ ᠡᠬᠢ ᠪᠠᠶᠠᠯᠢᠭ ᠤᠨ ᠬᠤᠪᠢᠶᠠᠷᠢ ᠲᠣᠪᠴᠢᠶ᠎ᠠ᠂ ᠬᠠᠶᠢᠨᠠᠨ ᠤ | ᠠᠮᠢ ᠠᠬᠤᠶ ᠶᠢᠨ ᠣᠷᠴᠢᠨ ᠲᠣᠭᠤᠷᠢᠨ ᠤ ᠬᠤᠪᠢᠶᠠᠷᠢ ᠲᠣᠪᠴᠢᠶ᠎ᠠ᠃ ᠪᠡᠶᠡᠯᠡᠭᠦᠯᠬᠦ ᠴᠠᠭ ᠤᠨ ᠬᠢᠵᠠᠭᠠᠷ᠄ 2023 ᠣᠨ ᠤ | 12 ᠳ᠋ᠤᠭᠠᠷ ᠰᠠᠷ᠎ᠠ ᠶᠢᠨ ᠰᠡᠭᠦᠯᠴᠢ︶ ᠪᠠᠷᠠᠭᠤᠨ ᠣᠷᠳᠣᠰ ᠤᠨ ᠤᠯᠤᠰ ᠤᠨ ᠲᠠᠰ ᠤᠨ ᠪᠠᠶᠢᠭᠠᠯᠢ ᠶᠢᠨ ᠬᠠᠮᠠᠭᠠᠯᠠᠯᠲᠠ ᠶᠢᠨ | ᠣᠷᠣᠨ ᠳᠠᠬᠢ ᠨᠢᠭᠡᠨᠲᠡ ᠤᠬᠤᠷᠢᠨ ᠭᠠᠷᠤᠭᠰᠠᠨ ᠦᠢᠯᠡᠳᠪᠦᠷᠢ ᠠᠭᠤᠷᠬᠠᠶ ᠶᠢᠨ ᠠᠵᠤ ᠠᠬᠤᠶᠢᠯᠠᠯ ᠤᠨ ᠠᠮᠢ ᠠᠬᠤᠶ ᠶᠢ | ᠰᠡᠷᠭᠦᠭᠡᠬᠦ ᠠᠵᠢᠯ ᠢ ᠰᠠᠶᠢᠲᠤᠷ ᠠᠳᠬᠤᠵᠤ᠂ ︽ᠨᠣᠭᠤᠭᠠᠨ ᠪᠠᠮᠪᠠᠶ︾ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠳᠤ | ᠬᠢᠨᠠᠯᠲᠠ ᠲᠠᠯᠪᠢᠵᠤ ᠪᠠᠶᠢᠴᠠᠭᠠᠬᠤ ᠲᠤᠰᠬᠠᠶ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠦᠨ᠎ᠡ᠃ ︵ᠬᠠᠷᠢᠭᠤᠴᠠᠯᠭᠠᠲᠤ ᠨᠢᠭᠡᠴᠡ᠄ | ᠬᠠᠶᠢᠨᠠᠨ ᠤ ᠪᠠᠶᠢᠭᠠᠯᠢ ᠶᠢᠨ ᠡᠬᠢ ᠪᠠᠶᠠᠯᠢᠭ ᠤᠨ ᠬᠤᠪᠢᠶᠠᠷᠢ ᠲᠣᠪᠴᠢᠶ᠎ᠠ᠂ ᠲᠣᠭᠤᠷᠢᠭ ᠤᠨ ᠠᠵᠤ ᠦᠢᠯᠡᠳᠪᠦᠷᠢ ᠮᠡᠳᠡᠭᠡ | ᠵᠠᠩᠬᠢᠴᠢᠯᠠᠯᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠃ ᠬᠠᠮᠵᠢᠯᠴᠠᠬᠤ ᠰᠠᠯᠠᠭ᠎ᠠ ᠮᠥᠴᠢᠷ᠄ ᠲᠣᠭᠤᠷᠢᠭ ᠤᠨ | ᠲᠠᠷᠢᠶᠠᠯᠠᠩ ᠮᠠᠯ ᠠᠵᠤ ᠠᠬᠤᠶ ᠤᠰᠤᠨ ᠤ ᠶᠠᠪᠤᠳᠠᠯ ᠤᠨ ᠲᠣᠪᠴᠢᠶ᠎ᠠ᠂ ᠬᠠᠶᠢᠨᠠᠨ ᠤ ᠠᠮᠢ ᠠᠬᠤᠶ ᠣᠷᠴᠢᠨ ᠲᠣᠭᠤᠷᠢᠨ ᠤ | ᠬᠤᠪᠢᠶᠠᠷᠢ ᠲᠣᠪᠴᠢᠶ᠎ᠠ᠃ ᠪᠡᠶᠡᠯᠡᠭᠦᠯᠬᠦ ᠴᠠᠭ ᠤᠨ ᠬᠢᠵᠠᠭᠠᠷ ᠨᠢ᠄ ᠦᠷᠭᠦᠯᠵᠢᠯᠡᠨ ᠠᠬᠢᠭᠤᠯᠤᠨ᠎ᠠ︶ ᠤᠯᠤᠰ᠂ ᠥᠪᠡᠷᠲᠡᠭᠡᠨ | ᠵᠠᠰᠠᠬᠤ ᠣᠷᠣᠨ ᠤ ᠠᠭᠤᠯᠠ ᠤᠰᠤ ᠣᠶ ᠰᠢᠭᠤᠶ ᠲᠠᠷᠢᠶᠠᠨ ᠭᠠᠵᠠᠷ ᠨᠠᠭᠤᠷ ᠴᠥᠭᠦᠷᠥᠮ ᠤᠨ ᠠᠮᠢ ᠠᠬᠤᠶ ᠶᠢ ᠵᠠᠰᠠᠨ | ᠰᠡᠷᠭᠦᠭᠡᠬᠦ ᠲᠤᠷᠰᠢᠯᠲᠠ ᠶᠢᠨ ᠴᠡᠭ ᠤᠨ ᠢᠨᠵᠧᠨᠧᠷᠢᠩ ᠢ ᠴᠢᠷᠮᠠᠶᠢᠨ ᠪᠡᠶᠡᠯᠡᠭᠦᠯᠦᠨ᠎ᠡ᠃ ︵ᠬᠠᠷᠢᠭᠤᠴᠠᠯᠭᠠᠲᠤ ᠨᠢᠭᠡᠴᠡ᠄ | ᠬᠠᠶᠢᠨᠠᠨ ᠤ ᠪᠠᠶᠢᠭᠠᠯᠢ ᠶᠢᠨ ᠡᠬᠢ ᠪᠠᠶᠠᠯᠢᠭ ᠤᠨ ᠬᠤᠪᠢᠶᠠᠷᠢ ᠲᠣᠪᠴᠢᠶ᠎ᠠ᠂ ᠲᠣᠭᠤᠷᠢᠭ ᠤᠨ ᠲᠠᠷᠢᠶᠠᠯᠠᠩ ᠮᠠᠯ ᠠᠵᠤ ᠠᠬᠤᠶ | ᠤᠰᠤᠨ ᠤ ᠶᠠᠪᠤᠳᠠᠯ ᠤᠨ ᠲᠣᠪᠴᠢᠶ᠎ᠠ᠃ ᠪᠡᠶᠡᠯᠡᠭᠦᠯᠬᠦ ᠴᠠᠭ ᠤᠨ ᠬᠢᠵᠠᠭᠠᠷ᠄ ᠦᠷᠭᠦᠯᠵᠢᠯᠡᠨ ᠠᠬᠢᠭᠤᠯᠤᠨ᠎ᠠ︶ | ︵ᠠᠷᠪᠠ ᠶᠢᠰᠦ︶ ᠣᠷᠣᠨ ᠪᠦᠰᠡ ᠶᠢᠨ ᠪᠣᠬᠢᠷᠲᠤᠯ ᠪᠣᠳᠠᠰ ᠢ ᠨᠠᠷᠢᠯᠢᠭ ᠣᠨᠣᠴᠠᠲᠠᠶ ᠪᠠᠷ ᠰᠡᠷᠭᠡᠶᠢᠯᠡᠨ ᠡᠵᠡᠮᠳᠡᠬᠦ | ᠴᠢᠳᠠᠪᠤᠷᠢ ᠶᠢ ᠳᠡᠭᠡᠭᠰᠢᠯᠡᠭᠦᠯᠦᠨ᠎ᠡ᠃ ᠬᠤᠲᠠ ᠶᠢᠨ ᠳᠡᠰ ᠤᠨ ᠠᠮᠢ ᠠᠬᠤᠶ ᠶᠢᠨ ᠣᠷᠴᠢᠨ ᠲᠣᠭᠤᠷᠢᠨ ᠢ ᠬᠢᠨᠠᠨ ᠬᠡᠮᠵᠢᠬᠦ | ᠰᠦᠯᠵᠢᠶᠡᠨ ᠤ ᠲᠤᠭ᠎ᠠ ᠪᠠᠷᠢᠮᠲᠠ ᠶᠢᠨ ᠡᠬᠢ ᠪᠠᠶᠠᠯᠢᠭ ᠢ ᠵᠣᠬᠢᠴᠠᠭᠤᠯᠤᠨ ᠬᠠᠮᠲᠤᠪᠠᠷ ᠡᠳ᠋ᠯᠡᠵᠦ᠂ ᠬᠠᠶᠢᠨᠠᠨ ᠤ ᠣᠳᠣ ᠶᠢᠨ | ᠪᠠᠶᠢᠭ᠎ᠠ ᠠᠮᠢ ᠠᠬᠤᠶ ᠶᠢᠨ ᠣᠷᠴᠢᠨ ᠲᠣᠭᠤᠷᠢᠨ ᠢ ᠬᠢᠨᠠᠨ ᠬᠡᠮᠵᠢᠬᠦ᠂ ᠬᠢᠨᠠᠨ ᠡᠵᠡᠮᠳᠡᠬᠦ ᠲᠣᠣᠷ ᠰᠦᠯᠵᠢᠶ᠎ᠡ ᠶᠢ ᠡᠮᠬᠢᠯᠡᠨ | ᠨᠡᠶᠢᠯᠡᠭᠦᠯᠵᠦ᠂ ᠬᠠᠶᠢᠨᠠᠨᠲ᠋ᠣᠭᠤᠷᠢᠭ ᠤᠨ ᠠᠭᠠᠷ ᠤᠨ ᠶᠠᠰᠤ ᠴᠢᠨᠠᠷ ᠵᠢᠴᠢ ᠳᠡᠭᠳᠡᠮᠡᠬᠡᠶ ᠴᠢᠨᠠᠷᠲᠠᠶ ᠣᠷᠭᠠᠨᠢᠭ ᠪᠣᠳᠠᠰ ᠢ | ᠬᠠᠮᠢᠶᠠᠷᠤᠨ ᠡᠵᠡᠮᠳᠡᠬᠦ ᠲᠥᠷᠥᠯ ᠵᠦᠢᠯ ᠢ ᠶᠡᠬᠡᠪᠡᠷ ᠳᠥᠯᠭᠢᠨ ᠠᠬᠢᠭᠤᠯᠵᠤ᠂ ᠣᠷᠣᠨ ᠪᠦᠰᠡ ᠶᠢᠨ ᠳᠣᠲᠣᠷ᠎ᠠ ᠠᠭᠠᠷ ᠤᠨ ᠶᠠᠰᠤ | ᠴᠢᠨᠠᠷ ᠢ ᠬᠢᠨᠠᠨ ᠬᠡᠮᠵᠢᠬᠦ ᠪᠢᠴᠢᠯ ᠥᠷᠲᠡᠭᠡ᠂ ᠯᠠᠶᠢᠰᠧᠷ ᠷᠠᠳᠠᠷ ᠵᠡᠷᠭᠡ ᠬᠢᠨᠠᠨ ᠬᠡᠮᠵᠢᠬᠦ ᠪᠡᠯᠡᠳᠬᠡᠮᠵᠢ ᠪᠠᠶᠢᠷᠢᠯᠠᠭᠤᠯᠬᠤ | ᠡᠭᠦᠷᠭᠡ ᠶᠢ ᠪᠡᠶᠡᠯᠡᠭᠦᠯᠵᠦ᠂ ᠬᠢᠨᠠᠨ ᠡᠵᠡᠮᠳᠡᠬᠦ ᠬᠠᠯᠠᠮᠰᠢᠯ ᠴᠡᠭ ᠤᠨ ᠲᠣᠤᠷ ᠢ ᠪᠠᠶᠢᠭᠤᠯᠤᠨ᠂ ᠬᠠᠮᠤᠭ ᠡᠴᠦᠰ ᠲᠤ ᠨᠢᠭᠡ | ᠴᠤᠭᠴᠠᠵᠢᠭᠤᠯᠤᠭᠰᠠᠨ ᠠᠮᠢ ᠠᠬᠤᠶ ᠶᠢᠨ ᠣᠷᠴᠢᠨ ᠲᠣᠭᠤᠷᠢᠨ ᠢ ᠬᠢᠨᠠᠨ ᠬᠡᠮᠵᠢᠬᠦ ᠲᠣᠤᠷ ᠰᠦᠯᠵᠢᠶᠡᠨ ᠤ ᠲᠠᠪᠴᠠᠩ ᠪᠠ | ᠨᠢᠭᠡᠳᠦᠯᠲᠡᠶ ᠠᠮᠢ ᠠᠬᠤᠶ ᠶᠢᠨ ᠣᠷᠴᠢᠨ ᠲᠣᠭᠤᠷᠢᠨ ᠤ ᠬᠠᠤᠯᠢ ᠬᠡᠷᠡᠭᠵᠢᠭᠦᠯᠦᠯᠲᠡ ᠶᠢᠨ ᠬᠤᠯᠪᠣᠭᠠᠯᠠᠨ ᠬᠥᠳᠡᠯᠦᠯᠴᠡᠬᠦ ᠬᠢᠨᠠᠨ | ᠬᠠᠮᠢᠶᠠᠷᠬᠤ ᠰᠢᠰᠲ᠋ᠧᠮᠵᠢ ᠶᠢ ᠪᠦᠷᠢᠯᠳᠦᠭᠦᠯᠦᠨ᠎ᠡ᠃ ︵ᠬᠠᠷᠢᠭᠤᠴᠠᠯᠭᠠᠲᠤ ᠨᠢᠭᠡᠴᠡ᠄ ᠬᠠᠶᠢᠨᠠᠨ ᠤ ᠠᠮᠢ ᠠᠬᠤᠶ ᠶᠢᠨ ᠣᠷᠴᠢᠨ | ᠲᠣᠭᠤᠷᠢᠨ ᠤ ᠬᠤᠪᠢᠶᠠᠷᠢ ᠲᠣᠪᠴᠢᠶ᠎ᠠ᠃ ᠪᠡᠶᠡᠯᠡᠭᠦᠯᠬᠦ ᠴᠠᠭ ᠤᠨ ᠬᠢᠵᠠᠭᠠᠷ᠄ 2022 ᠣᠨ ᠤ 12 ᠳ᠋ᠤᠭᠠᠷ ᠰᠠᠷ᠎ᠠ ᠶᠢᠨ | ᠰᠡᠭᠦᠯᠴᠢ︶ ᠣᠷᠣᠨ ᠪᠦᠰᠡ ᠶᠢᠨ ᠠᠭᠠᠷ ᠮᠠᠨᠳᠠᠯ ᠤᠨ ᠪᠣᠬᠢᠷᠲᠤᠯ ᠪᠣᠳᠠᠰ ᠤᠨ ᠭᠠᠳᠠᠭᠰᠢᠯᠠᠭᠤᠯᠤᠯᠲᠠ ᠶᠢᠨ ᠢᠷᠡᠯᠲᠡ ᠶᠢᠨ | ᠨᠠᠷᠢᠨ ᠬᠠᠭᠤᠳᠠᠰᠤ ᠶᠢᠨ ᠬᠥᠳᠡᠯᠦᠩᠭᠦᠶ ᠳ᠋ᠠᠶᠢᠲ᠋ᠠ ᠶᠢᠨ ᠬᠥᠮᠥᠷᠭᠡ ᠪᠠᠶᠢᠭᠤᠯᠬᠤ ᠠᠵᠢᠯ ᠢ ᠪᠡᠶᠡᠯᠡᠭᠦᠯᠵᠦ᠂ ᠣᠷᠣᠨ ᠪᠦᠰᠡ ᠶᠢᠨ | ᠳ᠋ᠠᠶᠢᠲ᠋ᠠ ᠶᠢ ᠬᠠᠮᠲᠤᠪᠠᠷ ᠡᠳ᠋ᠯᠡᠬᠦ ᠶᠢ ᠪᠡᠶᠡᠯᠡᠭᠦᠯᠦᠨ᠎ᠡ᠃ ᠣᠷᠣᠨ ᠪᠦᠰᠡ ᠶᠢᠨ ᠣᠷᠴᠢᠨ ᠲᠣᠭᠤᠷᠢᠨ ᠤ ᠠᠭᠠᠷ ᠤᠨ ᠶᠠᠰᠤ | ᠴᠢᠨᠠᠷ ᠢ ᠨᠥᠯᠥᠭᠡᠯᠡᠬᠦ PM10᠂ PM2.5 ᠵᠡᠷᠭᠡ ᠭᠤᠤᠯᠳᠠᠯᠭ᠎ᠠ ᠲᠠᠢ ᠪᠣᠬᠢᠷᠲᠤᠯ ᠤᠨ ᠬᠦᠴᠦᠨ ᠵᠦᠢᠯ ᠤᠨ ᠪᠣᠶ ᠪᠣᠯᠬᠤ᠂ | ᠳᠠᠮᠵᠢᠭᠤᠯᠬᠤ ᠵᠢᠮ᠎ᠡ ᠶᠣᠰᠣ ᠶᠢ ᠠᠯᠬᠤᠮ ᠠᠯᠬᠤᠮ ᠢᠶᠠᠷ ᠡᠵᠡᠮᠰᠢᠵᠦ᠂ ᠴᠠᠭ ᠲᠤᠬᠠᠶ ᠳᠤᠨᠢ ᠬᠢᠨᠠᠨ ᠡᠵᠡᠮᠳᠡᠬᠦ᠂ ᠤᠷᠢᠳᠴᠢᠯᠠᠨ | ᠲᠥᠰᠦᠭᠡᠯᠡᠵᠦ ᠤᠷᠢᠳᠴᠢᠯᠠᠨ ᠮᠡᠳᠡᠭᠡᠯᠡᠬᠦ᠂ ᠣᠶᠤᠨᠴᠢ ᠪᠠᠷ ᠤᠷᠢᠳᠴᠢᠯᠠᠨ ᠰᠡᠷᠡᠮᠵᠢᠯᠡᠭᠦᠯᠬᠦ᠂ ᠡᠬᠢ ᠰᠤᠷᠪᠤᠯᠵᠢ ᠶᠢ ᠨᠢ ᠡᠷᠢᠵᠦ | ᠬᠠᠮᠢᠶᠠᠷᠬᠤ᠂ ᠨᠠᠷᠢᠯᠢᠭ ᠣᠨᠣᠴᠠᠲᠠᠶ ᠪᠠᠷ ᠬᠠᠮᠢᠶᠠᠷᠤᠨ ᠡᠵᠡᠮᠳᠡᠬᠦ᠂ ᠨᠢᠭᠡᠳᠦᠯᠲᠡᠶ ᠬᠠᠤᠯᠢ ᠬᠡᠷᠡᠭᠵᠢᠭᠦᠯᠬᠦ ᠶᠢ ᠪᠡᠶᠡᠯᠡᠭᠦᠯᠦᠨ᠎ᠡ᠃ ︵ | ᠬᠠᠷᠢᠭᠤᠴᠠᠯᠭᠠᠲᠤ ᠨᠢᠭᠡᠴᠡ᠄ ᠬᠠᠶᠢᠨᠠᠨ ᠤ ᠠᠮᠢ ᠠᠬᠤᠶ ᠣᠷᠴᠢᠨ ᠲᠣᠭᠤᠷᠢᠨ ᠤ ᠬᠤᠪᠢᠶᠠᠷᠢ ᠲᠣᠪᠴᠢᠶ᠎ᠠ᠃ ᠪᠡᠶᠡᠯᠡᠭᠦᠯᠬᠦ | ᠴᠠᠭ ᠤᠨ ᠬᠢᠵᠠᠭᠠᠷ᠄ 2021 ᠣᠨ ᠤ 12 ᠳ᠋ᠤᠭᠠᠷ ᠰᠠᠷ᠎ᠠ ᠶᠢᠨ ᠰᠡᠭᠦᠯᠴᠢ︶ | ︵ᠬᠤᠷᠢ︶ ᠣᠷᠣᠨ ᠪᠦᠰᠡ ᠶᠢᠨ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠵᠦ ᠬᠤᠯᠪᠣᠭᠠᠯᠠᠨ ᠵᠠᠰᠠᠬᠤ | ᠶᠡᠭᠡ ᠪᠠᠶᠢᠷᠢᠰᠢᠯ ᠢ ᠰᠦᠪᠡᠭᠴᠢᠯᠡᠨ ᠪᠠᠶᠢᠭᠤᠯᠤᠨ᠎ᠠ᠃ ᠪᠡᠭᠡᠵᠢᠩ ᠲᠢᠶᠠᠨᠵᠢᠨ ᠡᠾᠪᠸᠢ ᠵᠡᠷᠭᠡ ᠭᠤᠣᠯᠳᠠᠯᠭ᠎ᠠ ᠲᠠᠢ ᠭᠠᠵᠠᠷ | ᠣᠷᠣᠨ ᠤ ᠠᠭᠠᠷ ᠮᠠᠨᠳᠠᠯ ᠤᠨ ᠪᠣᠬᠢᠷᠲᠤᠯ ᠢ ᠰᠡᠷᠭᠡᠶᠢᠯᠡᠨ ᠵᠠᠰᠠᠬᠤ ᠲᠤᠷᠰᠢᠯᠭ᠎ᠠ ᠪᠠ ᠠᠷᠭ᠎ᠠ ᠬᠢᠳᠡᠯ ᠢᠶᠠᠷ ᠭᠦᠢᠴᠡᠳ ᠲᠣᠯᠢ | ᠪᠣᠯᠭᠠᠵᠤ᠂ ︽ᠨᠢᠭᠡᠳᠦᠯᠲᠡᠶ ᠲᠥᠯᠥᠪᠵᠢᠭᠦᠯᠬᠦ᠂ ᠨᠢᠭᠡᠳᠦᠯᠲᠡᠶ ᠪᠠᠷᠢᠮᠵᠢᠶ᠎ᠠ᠂ ᠨᠢᠭᠡᠳᠦᠯᠲᠡᠶ ᠬᠢᠨᠠᠨ ᠬᠡᠮᠵᠢᠬᠦ᠂ ᠨᠢᠭᠡᠳᠦᠯᠲᠡᠶ ᠬᠢᠨᠠᠨ | ᠬᠠᠮᠢᠶᠠᠷᠬᠤ᠂ ᠨᠢᠭᠡᠳᠦᠯᠲᠡᠶ ᠬᠢᠨᠠᠨ ᠰᠢᠯᠭᠠᠬᠤ︾ ᠣᠷᠣᠨ ᠪᠦᠰᠡ ᠶᠢᠨ ᠪᠣᠬᠢᠷᠲᠤᠯ ᠢ ᠬᠠᠮᠲᠤᠷᠠᠨ ᠰᠡᠷᠭᠡᠶᠢᠯᠡᠵᠦ ᠬᠠᠮᠲᠤᠷᠠᠨ | ᠡᠵᠡᠮᠳᠡᠵᠦ ᠬᠠᠮᠲᠤᠷᠠᠨ ᠵᠠᠰᠠᠬᠤ ᠠᠵᠢᠯ ᠤᠨ ᠲᠣᠭᠲᠠᠴᠠ ᠶᠢ ᠪᠦᠷᠢᠨᠰᠢᠬᠦᠯᠦᠨ ᠲᠡᠭᠦᠯᠳᠡᠷᠵᠢᠭᠦᠯᠵᠦ᠂ ᠲᠠᠰᠢᠷᠠᠮ ᠳᠠᠭᠠᠤ | ᠰᠤᠭᠤᠴᠢᠨ ᠪᠠᠶᠢᠴᠠᠭᠠᠬᠤ᠂ ᠰᠣᠯᠪᠢᠴᠠᠨ ᠬᠠᠷᠢᠯᠴᠠᠨ ᠪᠠᠶᠢᠴᠠᠭᠠᠬᠤ᠂ ᠬᠠᠪᠰᠤᠷᠤᠨ ᠲᠡᠳᠬᠦᠵᠦ ᠬᠢᠨᠠᠨ ᠵᠢᠯᠣᠭᠤᠳᠬᠤ᠂ ᠠᠵᠤ | ᠠᠬᠤᠶᠢᠯᠠᠯ ᠳᠤ ᠰᠠᠭᠤᠵᠤ ᠰᠢᠪᠠᠳᠠᠨ ᠰᠢᠢᠳᠪᠦᠷᠢᠯᠡᠭᠦᠯᠬᠦ ᠵᠡᠷᠭᠡ ᠬᠡᠯᠪᠡᠷᠢ ᠶᠢᠨ ᠬᠠᠮᠲᠤᠷᠠᠨ ᠬᠠᠤᠯᠢ ᠬᠡᠷᠡᠭᠵᠢᠭᠦᠯᠬᠦ ᠶᠢ | ᠬᠡᠷᠡᠭᠵᠢᠭᠦᠯᠵᠦ᠂ ᠤᠯᠠᠨ ᠪᠣᠬᠢᠷᠲᠤᠯ ᠪᠣᠳᠠᠰ ᠢ ᠬᠠᠮᠵᠢᠯᠴᠠᠨ ᠡᠵᠡᠮᠳᠡᠬᠦ ᠪᠠ ᠣᠷᠣᠨ ᠪᠦᠰᠡ ᠶᠢᠨ ᠬᠠᠮᠵᠢᠯᠴᠠᠨ ᠵᠠᠰᠠᠬᠤ ᠶᠢ | ᠴᠢᠩᠭᠠᠳᠬᠠᠨ᠎ᠠ᠃ ᠮᠡᠳᠡᠭᠡ ᠵᠠᠩᠭᠢ ᠶᠢ ᠬᠠᠮᠲᠤᠪᠠᠷ ᠡᠳ᠋ᠯᠡᠬᠦ᠂ ᠬᠡᠷᠡᠭ ᠢ ᠬᠠᠮᠵᠢᠯᠴᠠᠨ ᠪᠠᠶᠢᠴᠠᠭᠠᠬᠤ᠂ ᠠᠵᠢᠯ ᠤᠨ ᠬᠠᠮᠲᠤᠷᠠᠨ | ᠬᠥᠳᠡᠯᠦᠯᠴᠡᠬᠦ᠂ ᠰᠣᠯᠢᠯᠴᠠᠭ᠎ᠠ ᠬᠢᠵᠦ ᠬᠠᠷᠢᠯᠴᠠᠨ ᠰᠤᠷᠪᠤᠯᠵᠢᠯᠠᠬᠤ ᠵᠡᠷᠭᠡ ᠠᠷᠭ᠎ᠠ ᠮᠠᠶ᠋ᠢᠭ ᠢ ᠠᠪᠴᠤ ᠪᠠᠶᠢᠭᠠᠳ ᠠᠵᠢᠯ ᠤᠨ | ᠬᠠᠮᠲᠤᠷᠠᠨ ᠬᠥᠳᠡᠯᠦᠯᠴᠡᠬᠦ ᠶᠢ ᠬᠡᠷᠡᠭᠵᠢᠭᠦᠯᠦᠨ᠎ᠡ᠃ ᠡᠷᠬᠢᠨ ᠲᠣᠭᠤᠷᠢᠨ ᠤ ᠭᠠᠵᠠᠷ ᠣᠷᠣᠨ ᠯᠤᠭ᠎ᠠ ᠶᠢᠨ ᠰᠣᠯᠢᠯᠴᠠᠭ᠎ᠠ ᠬᠢᠵᠦ | ᠬᠠᠷᠢᠯᠴᠠᠨ ᠠᠶᠢᠯᠴᠢᠯᠠᠬᠤ ᠪᠠᠨ ᠴᠢᠩᠭᠠᠳᠬᠠᠵᠤ᠂ ᠪᠣᠬᠢᠷᠲᠤᠯ ᠢ ᠰᠡᠷᠭᠡᠶᠢᠯᠡᠨ ᠵᠠᠰᠠᠬᠤ ᠠᠷᠭ᠎ᠠ ᠪᠣᠳᠣᠯᠭ᠎ᠠ ᠶᠢ ᠬᠠᠮᠲᠤᠪᠠᠷ | ᠵᠥᠪᠳᠡᠯᠴᠡᠵᠦ᠂ ᠬᠠᠮᠢᠶ᠎ᠠ ᠪᠥᠬᠦᠶ ᠮᠡᠷᠭᠡᠵᠢᠯ ᠤᠨ ᠡᠬᠢ ᠪᠠᠶᠠᠯᠢᠭ ᠪᠠ ᠦᠷ᠎ᠡ ᠪᠦᠲᠦᠭᠡᠯ ᠢ ᠬᠠᠮᠲᠤᠪᠠᠷ ᠡᠳ᠋ᠯᠡᠨ᠎ᠡ᠃ ᠣᠷᠣᠨ | ᠪᠦᠰᠡ ᠶᠢᠨ ᠣᠷᠴᠢᠨ ᠠᠬᠤᠶ ᠶᠢᠨ ᠶᠠᠰᠤ ᠴᠢᠨᠠᠷ ᠤᠨ ᠦᠷᠭᠦᠯᠵᠢᠯᠡᠨ ᠰᠠᠶᠢᠵᠢᠷᠠᠬᠤ ᠶᠢ ᠲᠦᠯᠬᠢᠨ ᠠᠬᠢᠭᠤᠯᠤᠨ᠎ᠠ᠃ ︵ | ᠬᠠᠷᠢᠭᠤᠴᠠᠯᠭᠠᠲᠤ ᠰᠠᠯᠠᠭ᠎ᠠ ᠮᠥᠴᠢᠷ᠄ ᠬᠠᠶᠢᠨᠠᠨ ᠤ ᠠᠮᠢ ᠠᠬᠤᠶ ᠶᠢᠨ ᠣᠷᠴᠢᠨ ᠲᠣᠭᠤᠷᠢᠨ ᠤ ᠬᠤᠪᠢᠶᠠᠷᠢ ᠲᠣᠪᠴᠢᠶ᠎ᠠ᠃ | ᠬᠠᠮᠵᠢᠯᠴᠠᠬᠤ ᠨᠢᠭᠡᠴᠡ᠄ ᠡᠯ᠎ᠡ ᠪᠠᠯᠭᠠᠰᠤ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠃ ᠪᠡᠶᠡᠯᠡᠭᠦᠯᠬᠦ ᠴᠠᠭ ᠤᠨ | ᠬᠢᠵᠠᠭᠠᠷ᠄ ᠦᠷᠭᠦᠯᠵᠢᠯᠡᠨ ᠠᠬᠢᠭᠤᠯᠤᠨ᠎ᠠ︶ ᠬᠦᠨᠳᠦ ᠪᠣᠬᠢᠷᠲᠤᠯ ᠲᠠᠢ ᠴᠠᠭ ᠠᠭᠤᠷ ᠤᠨ ᠣᠷᠣᠨ ᠪᠦᠰᠡ ᠶᠢ ᠨᠢᠭᠡᠳᠦᠯᠲᠡᠶ | ᠲᠥᠯᠥᠪᠯᠡᠨ ᠬᠠᠮᠢᠶᠠᠷᠬᠤ ᠶᠢ ᠬᠡᠷᠡᠭᠵᠢᠭᠦᠯᠵᠦ᠂ ᠣᠷᠣᠨ ᠪᠦᠰᠡ ᠳᠤ ᠤᠯᠠᠪᠤᠷ ᠥᠩᠭᠡ ᠵᠢᠴᠢ ᠲᠡᠭᠦᠨ ᠠᠴᠠ ᠳᠡᠭᠡᠭᠰᠢᠬᠢ | ᠬᠦᠨᠳᠦ ᠪᠣᠬᠢᠷᠲᠤᠯ ᠲᠠᠢ ᠴᠠᠭ ᠠᠭᠤᠷ ᠡᠭᠦᠰᠬᠦ ᠦᠶ᠎ᠡ ᠳᠤ᠂ ᠥᠪᠡᠷᠲᠡᠭᠡᠨ ᠵᠠᠰᠠᠬᠤ ᠣᠷᠣᠨ ᠤ ᠣᠷᠣᠨ ᠪᠦᠰᠡ ᠶᠢᠨ | ᠬᠠᠮᠲᠤᠷᠠᠨ ᠬᠥᠳᠡᠯᠦᠯᠴᠡᠬᠦ ᠱᠠᠭᠠᠷᠳᠠᠯᠭ᠎ᠠ ᠶᠣᠰᠣᠭᠠᠷ ᠤᠯᠠᠪᠤᠷ ᠥᠩᠭᠡ ᠵᠢᠴᠢ ᠲᠡᠭᠦᠨ ᠠᠴᠠ ᠳᠡᠭᠡᠭᠰᠢᠬᠢ ᠬᠦᠨᠳᠦ | ᠪᠣᠬᠢᠷᠲᠤᠯ ᠲᠠᠢ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠭᠠᠬᠤ ᠶᠢ ᠡᠬᠢᠯᠡᠭᠦᠯᠦᠨ ᠵᠣᠭᠰᠣᠭᠠᠵᠤ᠂ ᠳᠡᠭᠡᠳᠦ ᠳᠣᠤᠷᠠᠳᠤ | ᠱᠠᠲᠤᠨ ᠤ ᠬᠠᠮᠲᠤᠷᠠᠨ ᠬᠥᠳᠡᠯᠦᠯᠴᠡᠵᠦ ᠪᠠᠴᠢᠮ ᠪᠠᠶᠢᠳᠠᠯ ᠢ ᠠᠷᠭᠠᠴᠠᠭᠠᠨ᠎ᠠ᠃ ᠦᠬᠠᠢ ᠬᠤᠳᠠ ᠶᠢᠨ ᠬᠢᠨ ᠬᠦᠨᠳᠦ | ᠪᠣᠬᠢᠷᠲᠤᠯ ᠲᠠᠢ ᠴᠠᠭ ᠠᠭᠤᠷ ᠢ ᠤᠷᠢᠳᠴᠢᠯᠠᠨ ᠰᠡᠷᠡᠮᠵᠢᠯᠡᠭᠦᠯᠵᠦ ᠪᠠᠴᠢᠮ ᠪᠠᠶᠢᠳᠠᠯ ᠢ ᠠᠷᠭᠠᠴᠠᠭᠠᠬᠤ ᠲᠣᠭᠲᠠᠴᠠ ᠶᠢ | ᠡᠬᠢᠯᠡᠭᠦᠯᠬᠦ ᠦᠶ᠎ᠡ ᠳᠤ᠂ ᠬᠠᠶᠢᠨᠠᠨ ᠲᠣᠭᠤᠷᠢᠭ ᠤᠨ ᠬᠢᠨ ᠪᠠᠴᠢᠮ ᠪᠠᠶᠢᠳᠠᠯ ᠢ ᠠᠷᠭᠠᠴᠠᠭᠠᠨ ᠰᠡᠷᠭᠡᠶᠢᠯᠡᠨ ᠡᠵᠡᠮᠳᠡᠬᠦ ᠶᠢ ᠵᠡᠷᠭᠡᠪᠡᠷ | ᠳᠠᠭᠠᠬᠤ ᠶᠢᠨ ᠬᠠᠮᠲᠤ ᠡᠷᠬᠢᠨ ᠲᠣᠭᠤᠷᠢᠨ ᠤ ᠭᠠᠵᠠᠷ ᠣᠷᠣᠨ ᠲᠠᠢ ᠪᠠᠴᠢᠮ ᠪᠠᠶᠢᠳᠠᠯ ᠢ ᠠᠷᠭᠠᠴᠠᠭᠠᠨ ᠰᠡᠷᠭᠡᠶᠢᠯᠡᠨ | ᠡᠵᠡᠮᠳᠡᠬᠦ ᠶᠢ ᠵᠡᠷᠭᠡᠪᠡᠷ ᠳᠠᠭᠠᠬᠤ ᠶᠢ ᠮᠡᠳᠡᠭᠳᠡᠵᠦ ᠬᠠᠷᠢᠯᠴᠠᠬᠤ ᠠᠵᠢᠯ ᠢ ᠴᠠᠭ ᠲᠤᠬᠠᠢ ᠳᠤᠨᠢ ᠰᠠᠶᠢᠲᠤᠷ ᠬᠢᠬᠦ ᠬᠡᠷᠡᠭᠲᠡᠢ᠃ | ᠡᠷᠬᠢᠨ ᠲᠣᠭᠤᠷᠢᠨ ᠤ ᠭᠠᠵᠠᠷ ᠣᠷᠣᠨ ᠤ ᠬᠤᠭᠤᠷᠣᠨᠳᠣᠬᠢ ᠮᠡᠳᠡᠭᠡ ᠵᠠᠩᠭᠢ ᠶᠢ ᠬᠠᠮᠲᠤᠪᠠᠷ ᠡᠳ᠋ᠯᠡᠬᠦ᠂ ᠲᠣᠭᠲᠠᠮᠠᠯ | ᠬᠤᠭᠤᠴᠠᠭ᠎ᠠ ᠲᠠᠢ ᠪᠠᠷ ᠵᠥᠪᠳᠡᠯᠴᠡᠬᠦ᠂ ᠲᠥᠷᠥ ᠶᠢᠨ ᠪᠣᠳᠣᠯᠭ᠎ᠠ ᠶᠢ ᠵᠣᠬᠢᠴᠠᠭᠤᠯᠬᠤ᠂ ᠰᠣᠯᠢᠯᠴᠠᠭ᠎ᠠ ᠬᠠᠮᠲᠤᠷᠠᠯᠴᠠᠭ᠎ᠠ ᠬᠢᠬᠦ | ᠵᠡᠷᠭᠡ ᠠᠵᠢᠯ ᠤᠨ ᠲᠣᠭᠲᠠᠴᠠ ᠶᠢ ᠨᠠᠶᠢᠳᠠᠪᠤᠷᠢᠵᠢᠭᠤᠯᠵᠤ᠂ ᠣᠷᠣᠨ ᠪᠦᠰᠡ ᠠᠯᠤᠰᠯᠠᠭᠰᠠᠨ ᠠᠭᠠᠷ ᠮᠠᠨᠳᠠᠯ ᠤᠨ ᠣᠷᠴᠢᠨ | ᠲᠣᠭᠤᠷᠢᠨ ᠤ ᠲᠣᠪᠤᠶᠢᠮ᠎ᠠ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠨ᠎ᠡ᠃ ᠬᠦᠨᠳᠦ ᠪᠣᠬᠢᠷᠲᠤᠯ ᠲᠠᠢ ᠴᠠᠭ ᠠᠭᠤᠷ ᠤᠨ | ᠠᠵᠤ ᠠᠬᠤᠶᠢᠯᠠᠯ ᠤᠨ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠠᠵᠢᠯ ᠤᠨ ᠠᠮᠵᠢᠯᠲᠠ ᠪᠦᠲᠦᠮᠵᠢ ᠶᠢ ᠱᠠᠲᠤ | ᠬᠤᠪᠢᠶᠠᠨ ᠬᠠᠮᠢᠶᠠᠷᠤᠨ ᠡᠵᠡᠮᠳᠡᠬᠦ ᠬᠡᠮᠵᠢᠶ᠎ᠡ ᠶᠢ ︵ᠬᠠᠷᠢᠭᠤᠴᠠᠯᠭᠠᠲᠤ ᠨᠢᠭᠡᠴᠡ᠄ ᠬᠠᠶᠢᠨᠠᠨ ᠤ ᠠᠮᠢ ᠠᠬᠤᠶ ᠶᠢᠨ ᠣᠷᠴᠢᠨ | ᠲᠣᠭᠤᠷᠢᠨ ᠤ ᠬᠤᠪᠢᠶᠠᠷᠢ ᠲᠣᠪᠴᠢᠶ᠎ᠠ᠂ ᠲᠤᠭᠤᠷᠢᠭ ᠤᠨ ᠠᠭᠠᠷ ᠮᠠᠨᠳᠠᠯ ᠤᠨ ᠪᠣᠬᠢᠷᠲᠤᠯ ᠢ ᠰᠡᠷᠭᠡᠶᠢᠯᠡᠨ ᠵᠠᠰᠠᠬᠤ ᠤᠳᠤᠷᠢᠳᠬᠤ | ᠳᠤᠭᠤᠶᠢᠯᠠᠩ ᠤᠨ ᠪᠦᠷᠢᠯᠳᠦᠬᠦᠨ ᠨᠢᠭᠡᠴᠡ᠃ ᠪᠡᠶᠡᠯᠡᠭᠦᠯᠬᠦ ᠴᠠᠭ ᠤᠨ ᠬᠢᠵᠠᠭᠠᠷ ᠨᠢ᠄ ᠦᠷᠭᠦᠯᠵᠢᠯᠡᠨ ᠠᠬᠢᠭᠤᠯᠤᠨ᠎ᠠ︶ | ᠤᠯᠤᠰ ᠤᠨ ᠱᠠᠨ ᠰᠢ ᠱᠠᠨᠰᠢ ᠥᠪᠥᠷ ᠮᠣᠩᠭᠤᠯ ᠨᠢᠩᠰᠢᠶᠠ ᠶᠢᠨ ᠠᠭᠠᠷ ᠮᠠᠨᠳᠠᠯ ᠤᠨ ᠪᠣᠬᠢᠷᠲᠤᠯ ᠢ ᠬᠤᠯᠪᠣᠭᠠᠯᠠᠨ | ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠡᠭᠦᠷᠭᠡ ᠶᠢ ᠢᠳᠡᠪᠬᠢᠲᠡᠶ ᠡᠭᠦᠷᠭᠡᠯᠡᠵᠦ᠂ ᠬᠠᠲᠤᠨ ᠭᠤᠤᠯ ᠤᠨ ᠰᠠᠪᠠ ᠭᠠᠵᠠᠷ ᠤᠨ | ᠳᠡᠭᠡᠳᠦ ᠳᠣᠤᠷᠠᠳᠤ ᠤᠷᠤᠰᠬᠠᠯ᠂ ᠵᠡᠭᠦᠨ ᠪᠠᠷᠠᠭᠤᠨ ᠡᠷᠭᠢ ᠶᠢᠨ ᠤᠰᠤᠨ ᠤ ᠪᠣᠬᠢᠷᠲᠤᠯ ᠢ ᠬᠤᠯᠪᠣᠭᠠᠯᠠᠨ ᠰᠡᠷᠭᠡᠶᠢᠯᠡᠵᠦ | ᠬᠤᠯᠪᠣᠭᠠᠯᠠᠨ ᠡᠵᠡᠮᠳᠡᠬᠦ ᠳᠤ ᠣᠷᠣᠯᠴᠠᠵᠤ᠂ ᠡᠷᠬᠢᠨ ᠲᠣᠭᠤᠷᠢᠨ ᠤ ᠭᠠᠵᠠᠷ ᠣᠷᠣᠨ ᠤ ᠬᠤᠭᠤᠷᠣᠨᠳᠣᠬᠢ ᠮᠡᠳᠡᠭᠡ ᠵᠠᠩᠭᠢ ᠶᠢ | ᠬᠠᠮᠲᠤᠪᠠᠷ ᠭᠥᠷᠳᠡᠬᠦ᠂ ᠲᠣᠭᠲᠠᠮᠠᠯ ᠬᠤᠭᠤᠴᠠᠭ᠎ᠠ ᠲᠠᠢ ᠪᠠᠷ ᠵᠥᠪᠳᠡᠯᠴᠡᠬᠦ᠂ ᠲᠥᠷᠥ ᠶᠢᠨ ᠪᠣᠳᠣᠯᠭ᠎ᠠ ᠶᠢ ᠵᠣᠬᠢᠴᠠᠭᠤᠯᠬᠤ᠂ | ᠰᠣᠯᠢᠯᠴᠠᠭ᠎ᠠ ᠬᠠᠮᠲᠤᠷᠠᠯᠴᠠᠭ᠎ᠠ ᠬᠢᠬᠦ ᠵᠡᠷᠭᠡ ᠠᠵᠢᠯ ᠤᠨ ᠲᠣᠭᠲᠠᠴᠠ ᠶᠢ ᠨᠠᠶᠢᠳᠠᠪᠤᠷᠢᠵᠢᠭᠤᠯᠤᠨ᠂ ᠣᠷᠣᠨ ᠪᠦᠰᠡ | ᠠᠯᠤᠰᠯᠠᠭᠰᠠᠨ ᠠᠮᠢ ᠠᠬᠤᠶ ᠶᠢᠨ ᠣᠷᠴᠢᠨ ᠲᠣᠭᠤᠷᠢᠨ ᠤ ᠲᠣᠪᠤᠶᠢᠮ᠎ᠠ ᠠᠰᠠᠭᠤᠳᠠᠯ ᠢ ᠰᠢᠢᠳᠪᠦᠷᠢᠯᠡᠨ᠎ᠡ᠃ ︵ | ᠬᠠᠷᠢᠭᠤᠴᠠᠯᠭᠠᠲᠤ ᠨᠢᠭᠡᠴᠡ᠄ ᠬᠠᠶᠢᠨᠠᠨ ᠤ ᠠᠮᠢ ᠠᠬᠤᠶ ᠶᠢᠨ ᠣᠷᠴᠢᠨ ᠲᠣᠭᠤᠷᠢᠨ ᠤ ᠬᠤᠪᠢᠶᠠᠷᠢ ᠲᠣᠪᠴᠢᠶ᠎ᠠ᠂ ᠲᠤᠭᠤᠷᠢᠭ | ᠤᠨ ᠲᠠᠷᠢᠶᠠᠯᠠᠩ ᠮᠠᠯ ᠠᠵᠤ ᠠᠬᠤᠶ ᠤᠰᠤᠨ ᠤ ᠶᠠᠪᠤᠳᠠᠯ ᠤᠨ ᠲᠣᠪᠴᠢᠶ᠎ᠠ᠂ ᠪᠠᠶᠠᠨᠲᠤᠬᠤᠢ ᠪᠠᠯᠭᠠᠰᠤ᠂ ᠷᠠᠰᠠᠩ ᠰᠦᠮ᠎ᠡ | ᠪᠠᠯᠭᠠᠰᠤ᠂ ᠪᠠᠷᠠᠭᠤᠨ ᠣᠷᠠᠨᠳᠦ᠋ᠰᠢ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠃ ᠪᠡᠶᠡᠯᠡᠭᠦᠯᠬᠦ ᠴᠠᠭ ᠤᠨ ᠬᠢᠵᠠᠭᠠᠷ᠄ | ᠦᠷᠭᠦᠯᠵᠢᠯᠡᠨ ᠠᠬᠢᠭᠤᠯᠤᠨ᠎ᠠ︶ | ᠳᠥᠷᠪᠡ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠵᠢᠴᠢ ᠠᠵᠢᠯ ᠤᠨ ᠱᠠᠭᠠᠷᠳᠠᠯᠭ᠎ᠠ | ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠎ᠠ᠃ ᠦᠬᠠᠶ ᠬᠤᠲᠠ ᠶᠢᠨ ᠬᠠᠶᠢᠨᠠᠨ | ᠲᠣᠭᠤᠷᠢᠭ ᠤᠨ ᠠᠮᠢ ᠠᠬᠤᠶ ᠶᠢᠨ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠠᠵᠢᠯ ᠤᠨ ᠤᠳᠤᠷᠢᠳᠬᠤ ᠳᠤᠭᠤᠶᠢᠯᠠᠩ ᠢ | ᠪᠠᠶᠢᠭᠤᠯᠵᠤ᠂ ᠤᠳᠤᠷᠢᠳᠬᠤ ᠳᠤᠭᠤᠶᠢᠯᠠᠩ ᠤᠨ ᠳᠣᠤᠷ᠎ᠠ ᠠᠯᠪᠠᠨ ᠬᠡᠷ ᠭᠠᠷᠭᠠᠵᠤ᠂ ᠤᠳᠤᠷᠢᠳᠬᠤ ᠳᠤᠭᠤᠶᠢᠯᠠᠩ ᠤᠨ ᠡᠳᠦᠷ | ᠲᠤᠲᠤᠮ ᠤᠨ ᠠᠵᠢᠯ ᠢ ᠬᠠᠷᠢᠭᠤᠴᠠᠭᠤᠯᠤᠨ᠎ᠠ᠃ ᠤᠳᠤᠷᠢᠳᠬᠤ ᠳᠤᠭᠤᠶᠢᠯᠠᠩ ᠤᠨ ᠠᠯᠪᠠᠨ ᠭᠡᠷ ᠢ ᠬᠠᠶᠢᠨᠠᠨ ᠤ ᠠᠮᠢ ᠠᠬᠤᠶ | ᠣᠷᠴᠢᠨ ᠲᠣᠭᠤᠷᠢᠨ ᠤ ᠬᠤᠪᠢᠶᠠᠷᠢ ᠲᠣᠪᠴᠢᠶ᠎ᠠ ᠳᠤ ᠲᠣᠬᠢᠷᠠᠭᠤᠯᠵᠤ᠂ ᠠᠯᠪᠠᠨ ᠭᠡᠷ ᠤᠨ ᠡᠷᠬᠢᠯᠡᠭᠴᠢ ᠶᠢᠨ ᠲᠤᠰᠢᠶᠠᠯ ᠢ ᠯᠢᠦ | ᠸᠧᠨ ᠵᠥᠩ ᠲᠣᠭᠤᠷᠢᠭ ᠤᠨ ᠳᠡᠳ᠋ ᠳᠠᠷᠤᠭ᠎ᠠ ᠬᠠᠪᠰᠤᠷᠭᠠᠨ ᠬᠠᠷᠢᠭᠤᠴᠠᠵᠤ᠂ ᠳᠡᠳ᠋ ᠡᠷᠬᠢᠯᠡᠭᠴᠢ ᠶᠢᠨ ᠲᠤᠰᠢᠶᠠᠯ ᠢ ᠯᠢ ᠶᠢᠨ | ᠸᠧᠨ ᠬᠠᠪᠰᠤᠷᠭᠠᠨ ᠬᠠᠷᠢᠭᠤᠴᠠᠵᠤ᠂ ᠠᠯᠪᠠᠨ ᠭᠡᠷ ᠤᠨ ᠪᠦᠷᠢᠯᠳᠦᠬᠦᠨ ᠢ ᠬᠠᠶᠢᠨᠠᠨ ᠤ ᠠᠮᠢ ᠠᠬᠤᠶ ᠶᠢᠨ ᠣᠷᠴᠢᠨ | ᠲᠣᠭᠤᠷᠢᠨ ᠤ ᠬᠤᠪᠢᠶᠠᠷᠢ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠬᠤᠪᠢᠶᠠᠷᠢ ᠲᠣᠪᠴᠢᠶ᠎ᠠ᠂ ᠵᠠᠮ ᠬᠠᠷᠢᠯᠴᠠᠭᠠᠨ ᠤ | ᠴᠠᠭᠳᠠᠭ᠎ᠠ ᠶᠢᠨ ᠶᠡᠭᠡ ᠠᠩᠭᠢ᠂ ᠵᠠᠮ ᠬᠠᠷᠢᠯᠴᠠᠭᠠᠨ ᠤ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠶᠡᠭᠡ ᠠᠩᠭᠢ᠂ ᠠᠵᠤ | ᠦᠢᠯᠡᠳᠪᠦᠷᠢ ᠶᠢᠨ ᠬᠦᠷᠢᠶᠡᠯᠡᠩ ᠤᠨ ᠬᠠᠮᠢᠶᠠᠷᠤᠯᠲᠠ ᠶᠢᠨ ᠵᠥᠪᠯᠡᠯ᠂ ᠲᠤᠭᠤᠷᠢᠭ ᠤᠨ ᠡᠨᠧᠷᠭᠢ ᠶᠢᠨ ᠲᠣᠪᠴᠢᠶ᠎ᠠ᠂ ᠠᠵᠤ | ᠦᠢᠯᠡᠳᠪᠦᠷᠢ ᠪᠠ ᠮᠡᠳᠡᠭᠡ ᠵᠠᠩᠬᠢᠴᠢᠯᠠᠯᠲᠠ ᠶᠢᠨ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ | ᠪᠠᠶᠢᠭᠤᠯᠤᠯᠲᠠ ᠶᠢᠨ ᠲᠣᠪᠴᠢᠶ᠎ᠠ ︵ᠵᠠᠮ ᠬᠠᠷᠢᠯᠴᠠᠭᠠᠨ ᠤ ᠲᠣᠪᠴᠢᠶ᠎ᠠ︶᠂ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ | ᠬᠠᠤᠯᠢ ᠬᠡᠷᠡᠭᠵᠢᠭᠦᠯᠬᠦ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠶ ᠤᠰᠤᠨ ᠤ ᠶᠠᠪᠤᠳᠠᠯ ᠤᠨ ᠲᠣᠪᠴᠢᠶ᠎ᠠ ᠠᠴᠠ ᠲᠣᠰᠪᠣᠷᠢ 1 | ᠬᠥᠮᠦᠨ ᠢ ᠲᠠᠲᠠᠵᠤ᠂ ᠲᠣᠭᠤᠷᠢᠭ ᠤᠨ ᠬᠢᠨᠠᠨ ᠪᠠᠶᠢᠴᠠᠭᠠᠬᠤ ᠵᠥᠪᠯᠡᠯ ᠠᠴᠠ 2 ᠬᠥᠮᠦᠨ ᠢ ᠲᠠᠲᠠᠵᠤ ᠪᠦᠷᠢᠯᠳᠦᠭᠦᠯᠦᠨ᠎ᠡ᠂ | ᠲᠠᠲᠠᠵᠤ ᠠᠪᠤᠭᠰᠠᠨ ᠠᠵᠢᠯᠲᠠᠨ ᠨᠢ ᠬᠠᠮᠢᠶ᠎ᠠ ᠪᠥᠬᠦᠶ ᠲᠤᠬᠠᠶᠢᠯᠠᠭᠰᠠᠨ ᠠᠵᠢᠯ ᠢ ᠰᠠᠶᠢᠨ ᠮᠡᠳᠡᠵᠦ᠂ ᠵᠣᠬᠢᠬᠤ ᠥᠰᠥᠭ | ᠪᠢᠴᠢᠭ ᠢᠶᠠᠷ ᠪᠢᠴᠢᠬᠦ ᠴᠢᠳᠠᠪᠤᠷᠢ ᠲᠠᠢ ᠪᠠᠶᠢᠵᠤ᠂ ᠲᠠᠲᠠᠵᠤ ᠠᠪᠤᠭᠰᠠᠨ ᠠᠵᠢᠯᠲᠠᠨ ᠤ ᠴᠠᠯᠢᠩ᠂ ᠠᠵᠢᠯᠲᠠᠨ ᠤ ᠶᠠᠪᠤᠳᠠᠯ ᠤᠨ | ᠬᠠᠷᠢᠴᠠᠭ᠎ᠠ ᠶᠢᠨ ᠬᠠᠮᠠᠭᠠᠯᠠᠯᠲᠠ ᠶᠢ ᠬᠤᠪᠢᠷᠠᠭᠤᠯᠬᠤ ᠥᠬᠡᠶ᠂ ᠤᠤᠯ ᠤᠨ ᠨᠢᠭᠡᠴᠡ ᠶᠢᠨ ᠠᠵᠢᠯ ᠢ ᠡᠭᠦᠷᠭᠡᠯᠡᠬᠦ ᠥᠬᠡᠶ ᠪᠠᠶᠢᠬᠤ | ᠬᠡᠷᠡᠭᠲᠡᠶ᠃ | ︵ᠬᠤᠶᠠᠷ︶ ᠠᠵᠢᠯ ᠤᠨ ᠬᠠᠷᠢᠭᠤᠴᠠᠯᠭ᠎ᠠ ᠶᠢ ᠴᠢᠩᠭ᠎ᠠ ᠪᠣᠳᠠᠲᠠᠶᠢᠵᠢᠭᠤᠯᠤᠨ᠎ᠠ᠃ ᠬᠠᠮᠢᠶ᠎ᠠ ᠪᠦᠬᠦᠢ ᠰᠠᠯᠠᠭ᠎ᠠ | ᠮᠥᠴᠢᠷ ᠤᠨ ᠤᠳᠤᠷᠢᠳᠤᠯᠭ᠎ᠠ ᠠᠬᠢᠭᠤᠯᠬᠤ ᠡᠷᠴᠢᠮ ᠢᠶᠠᠨ ᠴᠢᠩᠭᠠᠷᠠᠭᠤᠯᠵᠤ᠂ ᠪᠠᠶᠢᠳᠠᠯ ᠢᠶᠠᠨ ᠪᠠᠶᠢᠩᠭᠤ ᠳᠤᠬᠢᠷᠠᠭᠤᠯᠵᠤ᠂ | ᠭᠤᠣᠯᠳᠠᠯᠭ᠎ᠠ ᠲᠠᠢ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠬᠦ ᠬᠡᠷᠡᠭᠲᠡᠢ ᠮᠥᠷᠲᠡᠭᠡᠨ ᠪᠠᠰᠠ ᠨᠢᠭᠡᠳᠦᠭᠡᠷ ᠹᠷᠣᠨᠲ ᠲᠤ | ᠭᠦᠨᠵᠡᠭᠡᠶᠢᠷᠡᠵᠦ᠂ ᠠᠵᠢᠯ ᠤᠨ ᠪᠠᠶᠢᠴᠠᠭᠠᠨ ᠰᠤᠳᠤᠯᠤᠯᠲᠠ ᠬᠢᠵᠦ ᠬᠢᠨᠠᠨ ᠵᠢᠯᠣᠭᠤᠳᠬᠤ ᠪᠠᠨ ᠴᠢᠩᠭᠠᠳᠬᠠᠬᠤ ᠬᠡᠷᠡᠭᠲᠡᠢ᠃ ᠡᠯ᠎ᠡ | ᠲᠦᠷᠦᠭᠦᠯᠡᠬᠦ ᠰᠠᠯᠠᠭ᠎ᠠ ᠮᠥᠴᠢᠷ ᠤᠳ ᠲᠦᠷᠦᠭᠦᠯᠡᠨ ᠠᠳᠬᠤᠬᠤ ᠶᠡᠷᠦᠩᠬᠡᠶ ᠡᠭᠦᠷᠭᠡ ᠴᠢᠳᠠᠪᠤᠷᠢ ᠪᠠᠨ ᠦᠨᠡᠨᠬᠦ ᠪᠠᠳᠠᠷᠠᠭᠤᠯᠵᠤ | ︵ᠣᠯᠠᠨ ᠲᠦᠷᠦᠭᠦᠯᠡᠬᠦ ᠰᠠᠯᠠᠭ᠎ᠠ ᠮᠥᠴᠢᠷ ᠲᠤ ᠬᠤᠯᠪᠣᠭᠳᠠᠪᠠᠯ᠂ ᠨᠢᠭᠡᠳᠦᠭᠡᠷ ᠲᠤ ᠵᠢᠭᠰᠠᠭᠠᠭᠳᠠᠭᠰᠠᠨ ᠨᠢ ᠬᠠᠷᠢᠭᠤᠴᠠᠨ | ᠨᠠᠶᠢᠳᠠᠪᠤᠷᠢᠵᠢᠭᠤᠯᠤᠨ᠎ᠠ︶᠂ ᠡᠳᠦᠷ ᠲᠤᠲᠤᠮ ᠤᠨ ᠠᠵᠢᠯ ᠤᠨ ᠲᠣᠬᠢᠷᠠᠭᠤᠯᠤᠯᠲᠠ ᠶᠢ ᠬᠢᠨᠠᠮᠠᠭᠠᠶ ᠰᠠᠶᠢᠲᠤᠷ ᠬᠢᠵᠦ᠂ | ᠲᠦᠷᠦᠭᠦᠯᠡᠬᠦ ᠠᠵᠢᠯ ᠤᠨ ᠲᠤᠰᠬᠠᠶ ᠰᠡᠳᠦᠪᠲᠦ ᠬᠠᠷᠢᠭᠤ ᠮᠡᠳᠡᠭᠦᠯᠦᠯᠲᠡ ᠶᠢ ᠬᠠᠷᠢᠭᠤᠴᠠᠨ᠂ ᠲᠤᠷᠰᠢᠯᠭ᠎ᠠ ᠪᠠᠨ ᠪᠦᠲᠦᠮᠵᠢᠲᠡᠶ | ᠳ᠋ᠦᠩᠨᠡᠵᠦ᠂ ᠠᠰᠠᠭᠤᠳᠠᠯ ᠢ ᠴᠠᠭ ᠲᠤᠬᠠᠶ ᠳᠤᠨᠢ ᠢᠯᠡᠷᠡᠭᠦᠯᠵᠦ᠂ ᠲᠠᠷᠠᠭᠠᠴᠢ ᠶᠢᠨ ᠠᠯᠬᠤᠮ ᠤᠨ ᠠᠵᠢᠯ ᠢᠶᠠᠨ ᠪᠠᠶᠢᠷᠢᠯᠠᠭᠤᠯᠵᠤ᠂ | ᠪᠦᠬᠦᠯᠢ ᠴᠣᠭᠴᠠ ᠶᠢᠨ ᠨᠡᠶᠢᠯᠡᠮᠡᠯ ᠬᠦᠴᠦᠨ ᠢ ᠪᠣᠶ ᠪᠣᠯᠭᠠᠬᠤ ᠬᠡᠷᠡᠭᠲᠡᠶ᠃ ᠠᠵᠤ ᠠᠬᠤᠶᠢᠯᠠᠯ ᠪᠣᠯ ᠪᠣᠬᠢᠷᠲᠤᠯ ᠢ ᠵᠠᠰᠠᠬᠤ | ᠭᠤᠣᠯ ᠴᠣᠭᠴᠠ ᠮᠥᠨ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠠᠷᠢᠭᠤᠴᠠᠯᠭ᠎ᠠ ᠶᠢ ᠪᠦᠬᠦ | ᠲᠠᠯ᠎ᠠ ᠪᠠᠷ ᠭᠦᠢᠴᠡᠳᠬᠡᠵᠦ᠂ ᠲᠦᠷᠦᠯ ᠵᠦᠢᠯ ᠪᠣᠯᠤᠨ ᠪᠡᠯᠡ ᠮᠥᠩᠭᠦ ᠶᠢ ᠨᠠᠶᠢᠳᠠᠪᠤᠷᠢᠵᠢᠭᠤᠯᠵᠤ᠂ ᠡᠯ᠎ᠡ ᠲᠦᠷᠦᠯ ᠤᠨ | ᠵᠠᠰᠠᠯᠲᠠ ᠶᠢᠨ ᠢᠨᠵᠧᠨᠧᠷᠢᠩ ᠢ ᠲᠣᠭᠲᠠᠭᠰᠠᠨ ᠬᠤᠭᠤᠴᠠᠭᠠᠨ ᠳᠤ ᠪᠠᠶᠢᠭᠤᠯᠤᠨ ᠪᠦᠲᠦᠭᠡᠬᠦ ᠶᠢᠨ ᠬᠠᠮᠲᠤ ᠲᠣᠭᠲᠠᠭᠤᠨ ᠢᠶᠠᠷ | ᠠᠵᠢᠯᠯᠠᠭᠤᠯᠵᠤ᠂ ᠪᠣᠬᠢᠷᠲᠤᠯ ᠪᠣᠳᠠᠰ ᠢ ᠲᠣᠭᠲᠠᠭᠤᠨ ᠢᠶᠠᠷ ᠪᠠᠷᠢᠮᠵᠢᠶ᠎ᠠ ᠳᠤ ᠬᠦᠷᠭᠡᠵᠦ ᠭᠠᠳᠠᠭᠰᠢᠯᠠᠭᠤᠯᠬᠤ ᠶᠢ ᠪᠠᠲᠤᠯᠠᠬᠤ | ᠬᠡᠷᠡᠭᠲᠡᠢ᠃ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠳ ᠵᠢᠱᠢᠶᠡᠴᠢ ᠳᠠᠭᠠᠭᠤᠯᠬᠤ ᠦᠢᠯᠡᠳᠦᠯ ᠢᠶᠠᠨ ᠪᠠᠳᠠᠷᠠᠭᠤᠯᠬᠤ | ᠬᠡᠷᠡᠭᠲᠡᠶ᠃ | ︵ᠭᠤᠷᠪᠠ︶ ᠳᠡᠮᠵᠢᠵᠦ ᠪᠠᠲᠤᠯᠠᠬᠤ ᠶᠢ ᠴᠢᠩᠭᠠᠷᠠᠭᠤᠯᠤᠨ᠎ᠠ᠃ ᠡᠳ᠋ ᠤᠨ ᠵᠠᠰᠠᠭ ᠤᠨ ᠣᠷᠣᠭᠤᠯᠤᠯᠲᠠ ᠶᠢᠨ | ᠡᠷᠴᠢᠮ ᠢᠶᠠᠨ ᠴᠢᠩᠭᠠᠷᠠᠭᠤᠯᠵᠤ᠂ ᠲᠣᠰ ᠲᠥᠰᠦᠯ ᠤᠨ ᠵᠠᠰᠠᠭ ᠤᠨ ᠣᠷᠳᠣᠨ ᠠᠴᠠ ᠳᠠᠭᠠᠭᠠᠨ ᠳᠡᠮᠵᠢᠵᠦ ᠪᠠᠶᠢᠭ᠎ᠠ ᠡᠯ᠎ᠡ | ᠵᠦᠢᠯ ᠤᠨ ᠭᠤᠤᠯᠳᠠᠯᠭ᠎ᠠ ᠲᠠᠢ ᠵᠠᠰᠠᠬᠤ ᠲᠥᠷᠥᠯ ᠵᠦᠢᠯ ᠤᠨ ᠪᠠᠯᠠ ᠮᠥᠩᠭᠦ ᠶᠢ ᠨᠠᠶᠢᠳᠠᠪᠤᠷᠢᠵᠢᠭᠤᠯᠤᠨ | ᠪᠣᠳᠠᠲᠠᠶᠢᠵᠢᠭᠤᠯᠬᠤ ᠶᠢ ᠪᠠᠲᠤᠯᠠᠬᠤ ᠬᠡᠷᠡᠭᠲᠡᠶ᠃ ᠬᠠᠮᠢᠶ᠎ᠠ ᠪᠥᠬᠦᠶ ᠰᠠᠯᠠᠭ᠎ᠠ ᠮᠥᠴᠢᠷ ᠤᠳ ᠲᠥᠷᠥᠯ ᠵᠦᠢᠯ᠂ ᠪᠠᠯᠠ ᠮᠥᠩᠭᠦ᠂ | ᠮᠡᠷᠭᠡᠵᠢᠯ ᠵᠡᠷᠭᠡ ᠲᠠᠯ᠎ᠠ ᠪᠠᠷ᠂ ᠠᠮᠢ ᠠᠬᠤᠶ ᠶᠢᠨ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠶᠢ ᠬᠠᠤᠯᠢ ᠶᠣᠰᠣᠭᠠᠷ | ᠳᠡᠮᠵᠢᠬᠦ ᠶᠢᠨ ᠬᠠᠮᠲᠤ᠂ ᠪᠣᠳᠠᠲᠠᠶ ᠲᠠᠢ ᠪᠠᠨ ᠤᠶᠠᠯᠳᠤᠭᠤᠯᠤᠨ ᠪᠣᠬᠢᠷᠲᠤᠯ ᠥᠬᠡᠶ ᠠᠭᠤᠷᠬᠠᠶ᠂ ᠪᠣᠬᠢᠷᠲᠤᠯ ᠢ ᠰᠡᠷᠭᠡᠶᠢᠯᠡᠨ | ᠵᠠᠰᠠᠬᠤ᠂ ᠠᠮᠢ ᠠᠬᠤᠶ ᠶᠢ ᠬᠠᠮᠠᠭᠠᠯᠠᠨ ᠰᠡᠷᠭᠦᠭᠡᠬᠦ᠂ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠭᠦᠯᠬᠦ | ᠬᠤᠲᠠ ᠶᠢᠨ ᠨᠠᠷᠢᠯᠢᠬᠵᠢᠭᠤᠯᠤᠨ ᠬᠠᠮᠢᠶᠠᠷᠬᠤ ᠵᠡᠷᠭᠡ ᠲᠠᠯ᠎ᠠ ᠶᠢᠨ ᠲᠡᠳᠬᠦᠬᠦ ᠲᠥᠷᠥ ᠶᠢᠨ ᠪᠣᠳᠣᠯᠭ᠎ᠠ ᠶᠢ ᠲᠣᠭᠲᠠᠭᠠᠨ | ᠲᠡᠭᠦᠯᠳᠡᠷᠵᠢᠭᠦᠯᠵᠦ᠂ ᠶᠡᠷᠦᠩᠬᠡᠶᠢᠯᠡᠨ ᠵᠠᠰᠠᠬᠤ ᠠᠵᠢᠯ ᠳᠤ ᠬᠦᠴᠦᠲᠡᠶ ᠪᠠᠲᠤᠯᠠᠭ᠎ᠠ ᠬᠠᠩᠭᠠᠬᠤ ᠬᠡᠷᠡᠭᠲᠡᠶ᠃ | ︵ᠳᠥᠷᠪᠡ︶ ᠠᠵᠢᠯ ᠤᠨ ᠲᠣᠭᠲᠠᠴᠠ ᠶᠢ ᠲᠡᠭᠦᠯᠳᠡᠷᠵᠢᠭᠦᠯᠦᠨ᠎ᠡ᠃ ᠠᠮᠢ ᠠᠬᠤᠢ ᠶᠢᠨ ᠣᠷᠴᠢᠨ ᠲᠣᠭᠤᠷᠢᠨ ᠢ | ᠶᠡᠷᠦᠩᠬᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠡᠯ᠎ᠡ ᠵᠦᠢᠯ ᠤᠨ ᠡᠭᠦᠷᠭᠡ ᠶᠢ ᠡᠯ᠎ᠡ ᠪᠠᠯᠭᠠᠰᠤ᠂ ᠵᠡᠭᠡᠯᠢ | ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠲᠤᠭᠤᠷᠢᠭ ᠤᠨ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ ᠤᠨ ᠤᠳᠤᠷᠢᠳᠬᠤ | ᠪᠠᠭ ᠪᠣᠯᠤᠨ ᠤᠳᠤᠷᠢᠳᠬᠤ ᠺᠠᠳ᠋ᠷ ᠤᠨ ᠣᠨ ᠤ ᠪᠣᠳᠠᠲᠤ ᠠᠮᠵᠢᠯᠲᠠ ᠶᠢ ᠬᠢᠨᠠᠨ ᠰᠢᠯᠭᠠᠬᠤ ᠠᠭᠤᠯᠭ᠎ᠠ ᠳᠤ ᠣᠷᠣᠭᠤᠯᠵᠤ᠂ | ᠬᠢᠨᠠᠨ ᠰᠢᠯᠭᠠᠬᠤ ᠬᠠᠷᠢᠴᠠᠯ ᠢ ᠨᠡᠮᠡᠭᠳᠡᠭᠦᠯᠵᠦ᠂ ︽ᠨᠢᠭᠡ ᠪᠢᠯᠧᠲ ᠢᠶᠠᠷ ᠦᠭᠡᠶᠢᠰᠬᠡᠬᠦ︾ ᠶᠢ ᠬᠡᠷᠡᠭᠵᠢᠭᠦᠯᠦᠨ᠎ᠡ᠃ ᠬᠠᠭᠠᠰ | ᠰᠠᠷ᠎ᠠ ᠪᠠᠷ ᠳᠣᠭᠢᠷᠠᠭᠤᠯᠬᠤ᠂ ᠰᠠᠷ᠎ᠠ ᠪᠠᠷ ᠮᠡᠳᠡᠭᠡᠯᠡᠬᠦ ᠲᠦᠷᠢᠮ ᠢ ᠪᠠᠶᠢᠭᠤᠯᠵᠤ᠂ ᠡᠯ᠎ᠡ ᠪᠠᠯᠭᠠᠰᠤ᠂ ᠵᠡᠭᠡᠯᠢ ᠭᠤᠳᠤᠮᠵᠢ ᠶᠢᠨ ᠬᠡᠷᠡᠭ | ᠡᠷᠬᠢᠯᠡᠬᠦ ᠭᠠᠵᠠᠷ᠂ ᠲᠤᠭᠤᠷᠢᠭ ᠤᠨ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ ᠤᠳ ᠰᠠᠷ᠎ᠠ ᠪᠦᠷᠢ ᠶᠢᠨ 15 ᠤ ᠡᠳᠦᠷ᠂ | 30 ᠤ ᠡᠳᠦᠷ ᠦᠬᠠᠶ ᠬᠤᠲᠠ ᠶᠢᠨ ᠬᠠᠶᠢᠨᠠᠨ ᠲᠣᠭᠤᠷᠢᠭ ᠤᠨ ᠠᠮᠢ ᠠᠬᠤᠶ ᠶᠢᠨ ᠣᠷᠴᠢᠨ ᠲᠣᠭᠤᠷᠢᠨ ᠢ ᠶᠡᠷᠦᠩᠬᠡᠶᠢᠯᠡᠨ | ᠵᠠᠰᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠬᠡᠷ ᠲᠤ ᠠᠵᠢᠯ ᠢᠶᠠᠨ ᠠᠬᠢᠭᠤᠯᠤᠭᠰᠠᠨ ᠪᠠᠶᠢᠳᠠᠯ ᠢᠶᠠᠨ | ᠮᠡᠳᠡᠭᠦᠯᠦᠨ ᠬᠦᠷᠭᠡᠵᠦ᠂ ᠲᠣᠭᠤᠷᠢᠭ ᠤᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠪᠠᠶᠢᠴᠠᠭᠠᠨ ᠲᠤᠲᠤᠯᠠᠬᠤ | ᠲᠠᠰᠤᠭ ᠤᠨ ᠬᠢᠨ ᠰᠠᠷ᠎ᠠ ᠪᠦᠷᠢ ᠠᠵᠢᠯ ᠢᠶᠠᠨ ᠠᠬᠢᠭᠤᠯᠤᠭᠰᠠᠨ ᠪᠠᠶᠢᠳᠠᠯ ᠢᠶᠠᠨ ᠪᠠᠶᠢᠴᠠᠭᠠᠨ ᠲᠤᠲᠤᠯᠠᠬᠤ ᠬᠡᠷᠡᠭᠲᠡᠶ᠃ ᠵᠠᠰᠠᠬᠤ | ᠠᠵᠢᠯ ᠤᠨ ᠠᠬᠢᠴᠠ ᠰᠤᠯᠠ ᠪᠠᠶᠢᠪᠠᠯ᠂ ᠲᠣᠭᠤᠷᠢᠭ ᠤᠨ ᠤᠳᠤᠷᠢᠳᠤᠯᠭ᠎ᠠ ᠠᠴᠠ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠭᠤᠤᠯ | ᠬᠠᠷᠢᠭᠤᠴᠠᠯᠭᠠᠲᠠᠨ ᠲᠠᠢ ᠪᠣᠯᠵᠣᠨ ᠶᠠᠷᠢᠯᠴᠠᠨ᠎ᠠ᠃ ᠬᠠᠮᠢᠶ᠎ᠠ ᠪᠥᠬᠦᠶ ᠰᠠᠯᠠᠭ᠎ᠠ ᠮᠥᠴᠢᠷ ᠤᠳ ᠵᠠᠰᠠᠬᠤ ᠠᠵᠢᠯ ᠤᠨ ᠪᠠᠶᠢᠳᠠᠯ ᠢᠶᠠᠨ | ᠳᠡᠭᠡᠳᠦ ᠱᠠᠲᠤᠨ ᠤ ᠰᠠᠯᠠᠭ᠎ᠠ ᠮᠥᠴᠢᠷ ᠲᠤ ᠰᠠᠨᠠᠭᠠᠴᠢᠯᠠᠭ᠎ᠠ ᠠᠴᠠ ᠪᠠᠨ ᠬᠠᠷᠢᠭᠤ ᠮᠡᠳᠡᠭᠦᠯᠵᠦ᠂ ᠲᠥᠷᠥ ᠶᠢᠨ ᠪᠣᠳᠣᠯᠭ᠎ᠠ᠂ ᠪᠠᠯᠠ | ᠮᠥᠩᠭᠦ ᠶᠢᠨ ᠳᠡᠮᠵᠢᠯᠭᠡ ᠶᠢ ᠤᠯᠬᠤ ᠪᠠᠷ ᠢᠳᠡᠪᠬᠢᠲᠡᠶ ᠴᠢᠷᠮᠠᠶᠢᠬᠤ ᠬᠡᠷᠡᠭᠲᠡᠶ᠃ ᠲᠣᠭᠤᠷᠢᠭ ᠤᠨ ᠨᠠᠮ ᠤᠨ ᠬᠤᠷᠢᠶ᠎ᠠ᠂ | ᠲᠣᠭᠤᠷᠢᠭ ᠤᠨ ᠵᠠᠰᠠᠭ ᠤᠨ ᠣᠷᠳᠣᠨ ᠳᠤ ᠠᠵᠢᠯ ᠤᠨ ᠮᠡᠳᠡᠭᠡ ᠵᠠᠩᠭᠢ ᠪᠠᠨ ᠴᠠᠭ ᠲᠤᠬᠠᠶ ᠳᠤᠨᠢ ᠮᠡᠳᠡᠭᠦᠯᠦᠨ ᠬᠦᠷᠭᠡᠵᠦ᠂ | ᠵᠠᠰᠠᠯᠲᠠ ᠶᠢᠨ ᠠᠬᠢᠴᠠ ᠶᠢᠨ ᠪᠠᠶᠢᠳᠠᠯ ᠢᠶᠠᠨ ᠰᠠᠨᠠᠭᠠᠴᠢᠯᠠᠭ᠎ᠠ ᠠᠴᠠ ᠪᠠᠨ ᠨᠡᠶᠢᠭᠡᠮ ᠳᠤ ᠢᠯᠡ ᠪᠣᠯᠭᠠᠬᠤ ᠬᠡᠷᠡᠭᠲᠡᠶ᠃ | ︵ᠲᠠᠪᠤ︶ ᠬᠢᠨᠠᠯᠲᠠ ᠲᠠᠯᠪᠢᠵᠤ ᠦᠷ᠎ᠡ ᠪᠦᠲᠦᠮᠵᠢ ᠶᠢ ᠠᠰᠠᠭᠤᠬᠤ ᠶᠢ ᠴᠢᠩᠳᠠᠯᠠᠨ᠎ᠠ᠃ ᠬᠠᠮᠢᠶ᠎ᠠ ᠪᠥᠬᠦᠶ ᠰᠠᠯᠠᠭ᠎ᠠ | ᠮᠥᠴᠢᠷ ᠤᠳ ᠣᠯᠠᠨ ᠵᠦᠢᠯ ᠤᠨ ᠠᠷᠭ᠎ᠠ ᠮᠠᠶ᠋ᠢᠭ ᠢ ᠠᠪᠴᠤ ᠪᠠᠶᠢᠭᠠᠳ ᠵᠠᠰᠠᠬᠤ ᠡᠭᠦᠷᠭᠡ ᠶᠢ ᠨᠠᠶᠢᠳᠠᠪᠤᠷᠢᠵᠢᠭᠤᠯᠤᠭᠰᠠᠨ | ᠪᠠᠶᠢᠳᠠᠯ ᠳᠤ ᠬᠢᠨᠠᠯᠲᠠ ᠲᠠᠯᠪᠢᠵᠤ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠬᠤ ᠬᠡᠷᠡᠭᠲᠡᠶ᠃ ᠰᠢ ᠶᠢᠨ ᠫᠢᠩ ᠶᠡᠷᠦᠩᠬᠡᠢ | ᠱᠦᠵᠢ ᠶᠢᠨ ᠴᠢᠬᠤᠯᠠ ᠵᠢᠭᠠᠪᠤᠷᠢ ᠶᠢ ᠡᠷᠡᠰ ᠲᠦᠢᠯᠪᠤᠷᠢᠲᠠᠢ ᠲᠤᠭᠤᠰᠢᠯᠠᠭᠤᠯᠤᠭᠰᠠᠨ ᠦᠭᠡᠢ᠂ ᠠᠮᠢ ᠠᠬᠤᠢ ᠶᠢᠨ ᠣᠷᠴᠢᠨ | ᠲᠣᠭᠤᠷᠢᠨ ᠢ ᠶᠡᠷᠦᠩᠬᠡᠶᠢᠯᠡᠨ ᠵᠠᠰᠠᠬᠤ ᠡᠭᠦᠷᠭᠡ ᠬᠦᠨᠳᠦ ᠨᠣᠴᠢᠲᠠᠢ ᠬᠤᠴᠣᠷᠤᠩᠭᠤᠢ᠂ ᠡᠭᠦᠷᠭᠡ ᠲᠤᠰᠢᠶᠠᠯ ᠢᠶᠠᠨ ᠰᠠᠶᠢᠲᠤᠷ | ᠭᠦᠢᠴᠡᠳᠬᠡᠭᠰᠡᠨ ᠦᠭᠡᠢ ᠠᠴᠠ ᠪᠤᠯᠵᠤ ᠣᠷᠴᠢᠨ ᠲᠣᠭᠤᠷᠢᠨ ᠤ ᠶᠠᠰᠤ ᠴᠢᠨᠠᠷ ᠢ ᠮᠠᠭᠤᠳᠠᠭᠤᠯᠵᠤ᠂ ᠬᠦᠨᠳᠦ ᠨᠣᠴᠢᠲᠠᠢ ᠦᠷ᠎ᠡ | ᠤᠷᠰᠢᠭ ᠲᠠᠲᠠᠭᠰᠠᠨ ᠪᠠᠶᠢᠪᠠᠯ᠂ ᠴᠢᠩᠭ᠎ᠠ ᠬᠠᠷᠢᠭᠤᠴᠠᠯᠭ᠎ᠠ ᠨᠡᠬᠡᠮᠵᠢᠯᠡᠵᠦ ᠬᠠᠷᠢᠭᠤᠴᠠᠯᠭ᠎ᠠ ᠨᠡᠬᠡᠮᠵᠢᠯᠡᠨ᠎ᠡ᠃ ᠡᠭᠦᠨ ᠤ ᠬᠠᠮᠲᠤ᠂ | ᠲᠥᠪ ᠤᠨ ︽ᠠᠯᠳᠠᠭ᠎ᠠ ᠪᠤᠷᠤᠭᠤ ᠶᠢ ᠠᠭᠤᠴᠢᠯᠠᠨ ᠪᠠᠭᠲᠠᠭᠠᠵᠤ ᠠᠯᠳᠠᠭ᠎ᠠ ᠪᠤᠷᠤᠭᠤ ᠶᠢ ᠵᠠᠯᠠᠷᠠᠭᠤᠯᠬᠤ ᠲᠣᠭᠲᠠᠴᠠ ᠶᠢ | ᠪᠠᠶᠢᠭᠤᠯᠵᠤ ᠺᠠᠳ᠋ᠷᠴᠤᠳ ᠤᠨ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠠᠵᠢᠯ ᠬᠢᠵᠦ ᠦᠢᠯᠡᠰ ᠪᠤᠰᠬᠠᠬᠤ ᠶᠢ | ᠵᠣᠷᠢᠭᠵᠢᠭᠤᠯᠬᠤ ᠲᠤᠬᠠᠢ ᠰᠠᠨᠠᠯ︾ ᠢ ᠨᠠᠶᠢᠳᠠᠪᠤᠷᠢᠵᠢᠭᠤᠯᠵᠤ᠂ ᠠᠵᠢᠯ ᠤᠨ ᠳᠤᠮᠳᠠ ᠵᠣᠷᠢᠭᠲᠠᠢ ᠪᠠᠷ ᠬᠠᠷᠢᠭᠤᠴᠠᠯᠭ᠎ᠠ | ᠡᠭᠦᠷᠭᠡᠯᠡᠳᠡᠭ ᠺᠠᠳ᠋ᠷᠴᠤᠳ ᠲᠤ ᠲᠦᠰᠢᠭ ᠪᠤᠯᠵᠤ ᠡᠷᠴᠢ ᠵᠣᠷᠢᠭ ᠢ ᠨᠢ ᠬᠦᠪᠴᠢᠯᠡᠨ᠎ᠡ᠃ | ︵ᠵᠢᠷᠭᠤᠭ᠎ᠠ︶ ᠣᠯᠠᠨ ᠨᠡᠶᠢᠲᠡ ᠶᠢᠨ ᠣᠷᠣᠯᠴᠠᠬᠤ ᠶᠢ ᠠᠬᠢᠭᠤᠯᠤᠨ᠎ᠠ᠃ ᠤᠯᠠᠮᠵᠢᠯᠠᠯᠲᠤ ᠵᠠᠭᠤᠴᠢᠯᠠᠭᠤᠷ ᠵᠢᠴᠢ ᠰᠣᠨᠢᠨ | ᠮᠡᠳᠡᠭᠡᠨ ᠤ ᠵᠠᠭᠤᠴᠢᠯᠠᠭᠤᠷ ᠤᠨ ᠵᠢᠭᠰᠠᠭᠠᠯ ᠵᠡᠷᠭᠡ ᠲᠠᠪᠴᠠᠩ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠣᠷᠴᠢᠨ | ᠲᠣᠭᠤᠷᠢᠨ ᠤ ᠶᠠᠰᠤ ᠴᠢᠨᠠᠷ ᠤᠨ ᠪᠠᠶᠢᠳᠠᠯ᠂ ᠭᠤᠤᠯᠳᠠᠯᠭ᠎ᠠ ᠲᠠᠢ ᠠᠵᠤ ᠠᠬᠤᠶᠢᠯᠠᠯ ᠤᠨ ᠭᠠᠳᠠᠭᠰᠢᠯᠠᠭᠤᠯᠤᠯᠲᠠ᠂ ᠵᠠᠰᠠᠯᠲᠠ ᠶᠢᠨ | ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠵᠡᠷᠭᠡ ᠮᠡᠳᠡᠭᠡ ᠵᠠᠩᠭᠢ ᠶᠢ ᠢᠯᠡ ᠪᠣᠯᠭᠠᠬᠤ ᠡᠷᠴᠢᠮ ᠢ ᠴᠢᠩᠭᠠᠷᠠᠭᠤᠯᠵᠤ᠂ | ᠣᠯᠠᠨ ᠨᠡᠶᠢᠲᠡ ᠶᠢᠨ ᠪᠠᠶᠢᠳᠠᠯ ᠢ ᠮᠡᠳᠡᠬᠦ ᠡᠷᠬᠡ ᠶᠢ ᠪᠠᠲᠤᠯᠠᠨ᠂ ᠨᠡᠶᠢᠭᠡᠮ ᠤᠨ ᠬᠢᠨᠠᠯᠲᠠ ᠶᠢ ᠰᠠᠨᠠᠭᠠᠴᠢᠯᠠᠭ᠎ᠠ ᠠᠴᠠ ᠪᠠᠨ | ᠬᠦᠯᠢᠶᠡᠨ᠎ᠡ᠃ ᠪᠦᠬᠦ ᠨᠡᠶᠢᠭᠡᠮ ᠢ ᠳᠠᠶᠢᠴᠢᠯᠠᠨ ᠠᠮᠢ ᠠᠬᠤᠢ ᠶᠢᠨ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠠᠵᠢᠯ ᠳᠤ | ᠣᠷᠣᠯᠴᠠᠭᠤᠯᠵᠤ᠂ ᠰᠠᠨᠠᠭᠠᠴᠢᠯᠠᠭ᠎ᠠ ᠠᠴᠠ ᠪᠠᠨ ᠦᠭᠡ ᠬᠡᠯᠡᠵᠦ᠂ ᠤᠯᠠᠨ ᠲᠦᠮᠡᠨ ᠤ ᠠᠩᠬᠠᠷᠴᠤ ᠪᠠᠶᠢᠭ᠎ᠠ ᠠᠮᠢ ᠠᠬᠤᠢ ᠶᠢᠨ | ᠣᠷᠴᠢᠨ ᠲᠣᠭᠤᠷᠢᠨ ᠤ ᠳᠤᠪᠤᠶᠢᠮ᠎ᠠ ᠠᠰᠠᠭᠤᠳᠠᠯ ᠳᠤ ᠴᠠᠭ ᠲᠤᠬᠠᠢ ᠳᠤᠨᠢ ᠬᠠᠷᠢᠭᠤᠯᠲᠠ ᠥᠭᠬᠦ ᠪᠠ ᠰᠢᠢᠳᠪᠦᠷᠢᠯᠡᠵᠦ᠂ | ᠢᠳᠡᠪᠬᠢᠲᠡᠢ ᠥᠭᠡᠳᠡᠷᠬᠡᠭ ᠶᠠᠷᠢᠶ᠎ᠠ ᠬᠡᠯᠡᠯᠴᠡᠭᠡᠨ ᠤ ᠠᠭᠤᠷ ᠠᠮᠢᠰᠬᠤᠯ ᠢ ᠬᠠᠮᠲᠤᠪᠠᠷ ᠪᠤᠢ ᠪᠣᠯᠭᠠᠵᠤ᠂ ᠡᠯ᠎ᠡ ᠲᠠᠯ᠎ᠠ ᠶᠢᠨ | ᠬᠦᠴᠦᠨ ᠢ ᠲᠥᠪᠯᠡᠷᠡᠭᠦᠯᠦᠨ ᠪᠦᠬᠦ ᠬᠤᠳᠠ ᠶᠢᠨ ᠠᠮᠢ ᠠᠬᠤᠢ ᠶᠢᠨ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ | ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠵᠠᠪᠠᠯ ᠤᠯᠬᠤ ᠬᠡᠷᠡᠭᠲᠡᠢ᠃ | | | |