| | ᠦᠬᠠᠶ ᠬᠤᠲᠠ ᠶᠢᠨ ᠬᠠᠶᠢᠨᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠬᠤᠲᠠ ︵ᠪᠠᠯᠭᠠᠰᠤ︶ ᠶᠢᠨ | ᠲᠥᠯᠥᠪᠵᠢᠭᠦᠯᠭᠡ ᠶᠢ ᠬᠡᠷᠡᠭᠵᠢᠭᠦᠯᠦᠭᠰᠡᠨ 2021 ᠣᠨ ᠤ ᠬᠤᠶᠠᠳᠤᠭᠠᠷ ᠪᠦᠯᠦᠭ ᠤᠨ ᠪᠥᠲᠥᠭᠡᠨ ᠪᠠᠶᠢᠭᠤᠯᠤᠯᠲᠠ ᠳᠤ | ᠬᠡᠷᠡᠭᠯᠡᠬᠦ ᠭᠠᠵᠠᠷ ᠤᠨ ᠤᠯᠤᠰ ᠤᠨ ᠥᠮᠴᠢᠯᠡᠯ ᠤᠨ ᠭᠠᠵᠠᠷ ᠰᠢᠷᠣᠶ ᠶᠢᠨ ᠬᠡᠷᠡᠭᠯᠡᠬᠦ ᠡᠷᠬᠡ ᠶᠢ ᠪᠤᠴᠠᠭᠠᠨ ᠠᠪᠬᠤ ᠲᠤᠬᠠᠶ | ᠠᠯᠪᠠᠨ ᠵᠠᠷ | 2 ᠳ᠋ᠤᠭᠠᠷ ᠲᠣᠭᠠᠲᠤ | ᠬᠠᠶᠢᠨᠠᠨ ᠲᠣᠭᠤᠷᠢᠭ ᠤᠨ ᠪᠠᠶᠠᠨᠲᠤᠬᠤᠢ ᠪᠠᠯᠭᠠᠰᠤᠨ ᠤ ᠡᠯ᠎ᠡ ᠬᠤᠯᠪᠣᠭᠳᠠᠯ ᠪᠦᠬᠦᠢ ᠨᠢᠭᠡᠴᠡ ᠪᠣᠯᠤᠨ ᠰᠠᠭᠤᠭᠠᠯᠢ | ᠠᠷᠠᠳ ᠲᠤ᠄ | ᠦᠬᠠᠶ ᠬᠤᠲᠠ ᠶᠢᠨ ᠬᠤᠲᠠ ᠶᠢᠨ ᠶᠡᠷᠦᠩᠬᠡᠶ ᠲᠥᠯᠥᠪᠵᠢᠭᠦᠯᠭᠡ ᠶᠢᠨ ᠱᠠᠭᠠᠷᠳᠠᠯᠭ᠎ᠠ ᠶᠣᠰᠣᠭᠠᠷ᠂ ︽ᠪᠥᠬᠦᠳᠡ | ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠠᠵᠠᠷ ᠰᠢᠷᠣᠶ ᠶᠢᠨ ᠬᠠᠮᠢᠶᠠᠷᠤᠯᠲᠠ ᠶᠢᠨ ᠬᠠᠤᠯᠢ︾᠂ ︽ᠪᠥᠬᠦᠳᠡ | ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠤᠲᠠ ᠶᠢᠨ ᠬᠡᠷ ᠪᠠᠶᠢᠰᠢᠩ ᠭᠠᠵᠠᠷ ᠰᠢᠷᠣᠶ ᠶᠢᠨ ᠬᠥᠷᠥᠩᠭᠡ ᠶᠢᠨ | ᠬᠠᠮᠢᠶᠠᠷᠤᠯᠲᠠ ᠶᠢᠨ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠤᠲᠠ ᠪᠠᠯᠭᠠᠰᠤ ᠶᠢᠨ | ᠤᠯᠤᠰ ᠤᠨ ᠥᠮᠴᠢᠯᠡᠯ ᠤᠨ ᠭᠠᠵᠠᠷ ᠰᠢᠷᠣᠶ ᠶᠢᠨ ᠬᠡᠷᠡᠭᠯᠡᠬᠦ ᠡᠷᠬᠡ ᠶᠢ ᠰᠢᠯᠵᠢᠭᠦᠯᠦᠨ ᠬᠤᠳᠠᠯᠳᠤᠬᠤ ᠪᠠ ᠰᠢᠯᠵᠢᠭᠦᠯᠦᠨ ᠥᠭᠬᠦ | ᠲᠦᠷ ᠬᠡᠷᠡᠭᠵᠢᠭᠦᠯᠬᠦ ᠲᠦᠷᠢᠮ︾ ᠪᠠ ︽ᠭᠠᠵᠠᠷ ᠰᠢᠷᠣᠶ ᠶᠢᠨ ᠳᠡᠩᠰᠡᠯᠡᠯᠲᠡ ᠶᠢᠨ ᠠᠷᠭ᠎ᠠ︾ ᠵᠡᠷᠭᠡ ᠬᠠᠮᠢᠶ᠎ᠠ ᠪᠥᠬᠦᠶ ᠬᠠᠤᠯᠢ | ᠴᠠᠭᠠᠵᠠ ᠬᠠᠤᠯᠢ ᠲᠣᠭᠲᠠᠭᠠᠯ ᠤᠨ ᠲᠣᠭᠲᠠᠭᠠᠯ ᠢ ᠦᠨᠳᠦᠰᠦᠯᠡᠵᠦ᠂ ᠦᠬᠠᠶ ᠬᠤᠲᠠ ᠶᠢᠨ ᠬᠠᠶᠢᠨᠠᠨ ᠲᠣᠭᠤᠷᠢᠭ ᠤᠨ | ᠠᠷᠠᠳ ᠤᠨ ᠵᠠᠰᠠᠭ ᠤᠨ ᠣᠷᠳᠣᠨ ᠤ ᠬᠡᠷᠡᠭᠵᠢᠭᠦᠯᠦᠭᠰᠡᠨ ᠬᠤᠲᠠ ︵ᠪᠠᠯᠭᠠᠰᠤ︶ ᠶᠢᠨ ᠲᠥᠯᠥᠪᠵᠢᠭᠦᠯᠭᠡ ᠶᠢᠨ 2021 | ᠣᠨ ᠤ ᠬᠤᠶᠠᠳᠤᠭᠠᠷ ᠪᠦᠯᠦᠭ ᠤᠨ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠬᠡᠪᠴᠢᠶᠡᠨ ᠳᠠᠬᠢ ᠤᠯᠤᠰ ᠤᠨ | ᠥᠮᠴᠢᠯᠡᠯ ᠤᠨ ᠭᠠᠵᠠᠷ ᠰᠢᠷᠣᠶ ᠶᠢ ᠪᠤᠴᠠᠭᠠᠨ ᠠᠪᠬᠤ ᠪᠠᠷ ᠲᠣᠭᠲᠠᠪᠠ᠃ | ᠲᠣᠰ ᠪᠦᠯᠦᠭ ᠣᠳᠠᠭᠠᠨ ᠤ ᠬᠡᠷᠡᠭᠯᠡᠬᠦ ᠭᠠᠵᠠᠷ ᠨᠢ ᠬᠠᠶᠢᠨᠠᠨ ᠲᠣᠭᠤᠷᠢᠭ ᠤᠨ ᠪᠠᠶᠠᠨᠲᠤᠬᠤᠢ ᠪᠠᠯᠭᠠᠰᠤᠨ ᠳᠤ | ᠬᠤᠯᠪᠣᠭᠳᠠᠵᠤ᠂ ᠨᠡᠶᠢᠲᠡ ᠨᠢᠭᠡ ᠬᠡᠰᠡᠭ ᠭᠠᠵᠠᠷ ᠪᠠᠶᠢᠵᠤ᠂ ᠶᠡᠷᠦᠩᠬᠡᠶ ᠲᠠᠯᠠᠪᠠᠶ ᠨᠢ 179.8967 ᠾᠧᠺᠲ᠋ᠠᠷ ᠪᠣᠯᠤᠨ᠎ᠠ᠃ | ᠬᠤᠷᠢᠶᠠᠨ ᠠᠪᠬᠤ ᠭᠠᠵᠠᠷ ᠰᠢᠷᠣᠶ ᠶᠢᠨ ᠪᠣᠳᠠᠲᠠᠶ ᠬᠦᠷᠢᠶ᠎ᠡ ᠬᠡᠪᠴᠢᠶ᠎ᠡ᠄ ᠪᠠᠷᠠᠭᠤᠨᠰᠢ ᠪᠠᠨ ᠬᠤᠭᠤᠰᠣᠨ ᠭᠠᠵᠠᠷ᠂ ᠡᠮᠦᠨᠡᠰᠢ ᠪᠠᠨ | ᠬᠤᠭᠤᠰᠣᠨ ᠭᠠᠵᠠᠷ᠂ ᠵᠡᠭᠦᠨᠰᠢ ᠪᠠᠨ ᠬᠤᠭᠤᠰᠣᠨ ᠭᠠᠵᠠᠷ᠂ ᠤᠮᠠᠷᠠᠰᠢ ᠪᠠᠨ ᠬᠤᠭᠤᠰᠣᠨ ᠭᠠᠵᠠᠷ ᠬᠦᠷᠦᠨ᠎ᠡ᠃ ᠭᠠᠵᠠᠷ | ᠰᠢᠷᠣᠶ ᠶᠢᠨ ᠠᠰᠢᠭᠯᠠᠯᠲᠠ ᠶᠢᠨ ᠣᠳᠣᠬᠢ ᠪᠠᠶᠢᠳᠠᠯ ᠳᠤ 179.8967 ᠾᠧᠺᠲ᠋ᠠᠷ ︵ᠪᠤᠰᠤᠳ ᠡᠪᠡᠰᠦᠲᠦ ᠭᠠᠵᠠᠷ 175. | 2856 ᠾᠧᠺᠲ᠋ᠠᠷ᠃ ᠳᠣᠲᠣᠭᠠᠳᠤ ᠬᠠᠭᠤᠷᠠᠶ ᠶᠢᠨ ᠲᠠᠩ ᠭᠠᠵᠠᠷ 4.611 ᠾᠧᠺᠲ᠋ᠠᠷ︶ ᠢ ᠠᠰᠢᠭᠯᠠᠭᠰᠠᠨ ᠥᠬᠡᠶ᠃ | ᠬᠤᠯᠪᠣᠭᠳᠠᠬᠤ ᠵᠢᠷᠤᠭ ᠨᠢ J48G020080 J48G020081 J48G021080 | J48G021081 ᠪᠠᠶᠢᠵᠤ᠂ ᠭᠠᠵᠠᠷ ᠰᠢᠷᠣᠶ ᠶᠢᠨ ᠡᠷᠬᠡ ᠶᠢᠨ ᠬᠠᠷᠢᠶᠠᠯᠠᠯ ᠤᠨ ᠰᠢᠨᠵᠢ ᠴᠢᠨᠠᠷ ᠨᠢ ᠤᠯᠤᠰ ᠤᠨ | ᠥᠮᠴᠢᠯᠡᠯ ᠤᠨ ᠪᠠᠶᠢᠵᠤ᠂ ᠤᠳᠤ ᠵᠠᠷᠯᠠᠨ ᠨᠡᠶᠢᠲᠡᠯᠡᠶ᠎ᠡ᠃ ᠠᠯᠪᠠᠨ ᠵᠠᠷ ᠤᠨ ᠬᠤᠭᠤᠴᠠᠭ᠎ᠠ ᠨᠢ 2021 ᠣᠨ ᠤ 5 ᠳ᠋ᠣᠭᠠᠷ | ᠰᠠᠷ᠎ᠠ ᠶᠢᠨ 21 ᠤ ᠡᠳᠦᠷ ᠠᠴᠠ 2021 ᠣᠨ ᠤ 5 ᠳ᠋ᠣᠭᠠᠷ ᠰᠠᠷ᠎ᠠ ᠶᠢᠨ 30 ᠤ ᠡᠳᠦᠷ ᠪᠣᠯᠲᠠᠯ᠎ᠠ᠃ ᠬᠠᠶᠢᠨᠠᠨ | ᠲᠣᠭᠤᠷᠢᠭ ᠤᠨ ᠪᠠᠶᠠᠨᠲᠤᠬᠤᠢ ᠪᠠᠯᠭᠠᠰᠤᠨ ᠤ ᠬᠤᠯᠪᠣᠭᠳᠠᠯ ᠪᠦᠬᠦᠢ ᠨᠢᠭᠡᠴᠡ ᠪᠣᠯᠤᠨ ᠰᠠᠭᠤᠭᠠᠯᠢ ᠠᠷᠠᠳ ᠳᠡᠭᠡᠷᠡᠬᠢ | ᠠᠭᠤᠯᠭ᠎ᠠ ᠳᠤ ᠣᠨᠳᠣᠣ ᠰᠠᠨᠠᠯ ᠲᠠᠢ ᠪᠠᠶᠢᠪᠠᠯ᠂ ᠡᠨᠡᠬᠦ ᠬᠤᠭᠤᠴᠠᠭᠠᠨ ᠳᠤ ᠪᠠᠶᠢᠴᠠᠭᠠᠨ ᠯᠠᠪᠯᠠᠵᠤ ᠪᠣᠯᠤᠨ᠎ᠠ᠂ ᠡᠰᠡᠬᠦᠯ᠎ᠡ | ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠤᠨ ᠶᠣᠰᠣᠭᠠᠷ ᠳᠡᠭᠡᠷ᠎ᠡ ᠳᠤᠷᠠᠳᠤᠭᠰᠠᠨ ᠵᠦᠢᠯᠡᠰ ᠤᠨ ᠲᠤᠬᠠᠢ | ᠰᠠᠨᠠᠯ ᠭᠡᠷᠡᠴᠢᠯᠡᠭᠡ ᠶᠢᠨ ᠬᠤᠷᠠᠯ ᠬᠢᠬᠦ ᠪᠠᠷ ᠱᠠᠭᠠᠷᠳᠠᠵᠤ ᠪᠣᠯᠤᠨ᠎ᠠ᠃ ᠬᠤᠭᠤᠴᠠᠭ᠎ᠠ ᠬᠡᠲᠦᠷᠡᠲᠡᠯ᠎ᠡ ᠳᠤᠷᠠᠳᠤᠭᠰᠠᠨ ᠦᠭᠡᠢ | ᠪᠠᠶᠢᠪᠠᠯ᠂ ᠭᠡᠷᠡᠴᠢᠯᠡᠭᠡ ᠰᠣᠨᠣᠰᠬᠤ ᠶᠢ ᠬᠠᠶᠠᠭᠰᠠᠨ ᠢᠶᠠᠷ ᠪᠤᠳᠤᠨ᠎ᠠ᠃ | ᠡᠭᠦᠨ ᠤ ᠲᠤᠯᠠ ᠣᠨᠴᠠᠭᠠᠶᠢᠯᠠᠨ ᠵᠠᠷᠯᠠᠪᠠ᠃ | 2021 ᠣᠨ ᠤ 5 ᠳ᠋ᠣᠭᠠᠷ ᠰᠠᠷ᠎ᠠ ᠶᠢᠨ 21 ᠤ ᠡᠳᠦᠷ | | | ᠬᠠᠶᠢᠨᠠᠨ ᠵᠠᠰᠠᠭ ᠠᠯᠪᠠᠨ ᠲᠠᠷᠬᠠᠭᠠᠭᠰᠠᠨ ︹ 2021 ︺ ᠲᠣᠭᠠᠲᠤ | ᠦᠬᠠᠶ ᠬᠤᠲᠠ ᠶᠢᠨ ᠬᠠᠶᠢᠨᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤ ︽ | ᠠᠭᠤᠷᠬᠠᠶ ᠶᠢᠨ ᠣᠷᠣᠨ ᠤ ᠠᠮᠢ ᠠᠬᠤᠶ ᠶᠢᠨ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠭᠤᠷᠪᠠᠨ ᠵᠢᠯ ᠤᠨ | ᠠᠵᠢᠯᠯᠠᠭ᠎ᠠ ᠶᠢᠨ ᠲᠥᠰᠦᠯ ︵2021 ᠣᠨ — 2023 ᠣᠨ︶︾ ᠢ ᠳᠠᠷᠤᠮᠠᠯᠯᠠᠨ ᠶᠠᠪᠤᠭᠤᠯᠬᠤ ᠲᠤᠬᠠᠶ ᠮᠡᠳᠡᠭᠳᠡᠯ | ᠡᠯ᠎ᠡ ᠪᠠᠯᠭᠠᠰᠤ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠲᠣᠭᠤᠷᠢᠭ ᠤᠨ ᠵᠠᠰᠠᠭ ᠤᠨ ᠣᠷᠳᠣᠨ ᠤ ᠡᠯ᠎ᠡ | ᠰᠠᠯᠠᠭ᠎ᠠ ᠮᠥᠴᠢᠷ᠂ ᠲᠣᠭᠤᠷᠢᠭ ᠤᠨ ᠬᠠᠷᠢᠶ᠎ᠠ ᠡᠯ᠎ᠡ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ᠂ ᠲᠣᠭᠤᠷᠢᠭ ᠲᠤ | ᠰᠠᠭᠤᠭ᠎ᠠ ᠡᠯ᠎ᠡ ᠨᠢᠭᠡᠴᠡ᠄ | ︽ᠠᠭᠤᠷᠬᠠᠶ ᠶᠢᠨ ᠣᠷᠣᠨ ᠤ ᠠᠮᠢ ᠠᠬᠤᠶ ᠶᠢᠨ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠭᠤᠷᠪᠠᠨ ᠵᠢᠯ ᠤᠨ | ᠠᠵᠢᠯᠯᠠᠭ᠎ᠠ ᠶᠢᠨ ᠲᠥᠰᠦᠯ ︵2021 ᠣᠨ — 2023 ᠣᠨ︶︾ ᠢ ᠲᠣᠭᠤᠷᠢᠭ ᠤᠨ ᠵᠠᠰᠠᠭ ᠤᠨ ᠣᠷᠳᠣᠨ ᠠᠴᠠ | ᠨᠢᠭᠡᠨᠲᠡ ᠰᠤᠳᠤᠯᠤᠨ ᠵᠥᠪᠰᠢᠶᠡᠷᠡᠪᠡ᠂ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠬᠢᠨᠠᠮᠠᠭᠠᠶ ᠲᠤᠭᠤᠰᠢᠯᠠᠭᠤᠯᠤᠨ | ᠬᠡᠷᠡᠭᠵᠢᠭᠦᠯᠲᠦᠭᠡᠶ᠃ | ᠬᠠᠶᠢᠨᠠᠨ ᠲᠣᠭᠤᠷᠢᠭ ᠤᠨ ᠠᠭᠤᠷᠬᠠᠶ ᠶᠢᠨ ᠣᠷᠣᠨ ᠤ ᠠᠮᠢ ᠠᠬᠤᠶ ᠶᠢᠨ ᠣᠷᠴᠢᠨ ᠲᠤᠭᠤᠷᠢᠨ ᠢ ᠶᠡᠷᠦᠩᠬᠡᠶᠢᠯᠡᠨ | ᠵᠠᠰᠠᠬᠤ ᠭᠤᠷᠪᠠᠨ ᠵᠢᠯ ᠤᠨ ᠠᠵᠢᠯᠯᠠᠭ᠎ᠠ ᠶᠢᠨ ᠲᠥᠰᠦᠯ ︵2021 ᠣᠨ — 2023 ᠣᠨ︶ | ᠰᠢ ᠶᠢᠨ ᠫᠢᠩ ᠶᠡᠷᠦᠩᠬᠡᠶ ᠱᠦᠵᠢ ᠶᠢᠨ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯ ᠤᠨ ᠥᠪᠥᠷ ᠮᠣᠩᠭᠤᠯ ᠤᠨ ᠲᠥᠯᠥᠭᠡᠯᠡᠭᠴᠢᠳ ᠤᠨ | ᠪᠦᠯᠬᠦᠮ ᠤᠨ ᠬᠢᠨᠠᠨ ᠵᠥᠪᠯᠡᠬᠦ ᠳᠤ ᠣᠷᠣᠯᠴᠠᠬᠤ ᠦᠶ᠎ᠡ ᠶᠢᠨ ︽ᠦᠬᠠᠶ ᠵᠢᠴᠢ ᠡᠷᠭᠢᠨ ᠲᠣᠭᠤᠷᠢᠨ ᠤ ᠭᠠᠵᠠᠷ ᠣᠷᠣᠨ ᠵᠡᠷᠭᠡ | ᠭᠤᠣᠯᠳᠠᠯᠭ᠎ᠠ ᠲᠠᠢ ᠣᠷᠣᠨ ᠪᠦᠰᠡ ᠶᠢᠨ ᠠᠮᠢ ᠠᠬᠤᠶ ᠶᠢᠨ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠠᠵᠢᠯ ᠢ | ᠬᠦᠴᠦᠯᠡᠨ ᠰᠠᠶᠢᠲᠤᠷ ᠠᠳᠬᠤᠬᠤ︾ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠬᠢᠨᠠᠮᠠᠭᠠᠶ ᠲᠤᠭᠤᠰᠢᠯᠠᠭᠤᠯᠤᠨ | ᠨᠠᠶᠢᠳᠠᠪᠤᠷᠢᠵᠢᠭᠤᠯᠵᠦ᠂ ︽ᠦᠬᠠᠶ ᠵᠢᠴᠢ ᠡᠷᠬᠢᠨ ᠲᠣᠭᠤᠷᠢᠨ ᠤ ᠭᠠᠵᠠᠷ ᠣᠷᠣᠨ ᠤ ᠠᠮᠢ ᠠᠬᠤᠶ ᠶᠢᠨ ᠣᠷᠴᠢᠨ ᠲᠣᠭᠤᠷᠢᠨ ᠢ | ᠶᠡᠷᠦᠩᠬᠡᠶᠢᠯᠡᠨ ᠵᠠᠰᠠᠬᠤ ᠶᠢᠨ ᠬᠡᠷᠡᠭᠵᠢᠭᠦᠯᠬᠦ ᠲᠥᠰᠦᠯ ︵ᠥᠪᠥᠷ ᠵᠠᠰᠠᠭ ᠲᠠᠷᠬᠠᠭᠠᠭᠰᠠᠨ ︹ 2020 ︺ 26 ᠳ᠋ᠤᠭᠠᠷ | ᠲᠣᠭᠠᠲᠤ︶᠂ ︽ᠦᠬᠠᠶ ᠬᠤᠲᠠ ᠶᠢᠨ ᠠᠮᠢ ᠠᠬᠤᠶ ᠶᠢᠨ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠭᠤᠷᠪᠠᠨ ᠵᠢᠯ ᠤᠨ | ᠠᠵᠢᠯᠯᠠᠭᠠᠨ ᠤ ᠲᠥᠰᠦᠯ ︵2021 — 2023 ᠣᠨ︶︾ ︵ᠦᠬᠠᠶ ᠵᠠᠰᠠᠭ ᠲᠠᠷᠬᠠᠭᠠᠭᠰᠠᠨ ︹ 2021 ︺ 11 | ᠳ᠋ᠣᠭᠡᠷ ᠲᠣᠭᠠᠲᠤ︶ ᠪᠠ ︽ᠦᠬᠠᠶ ᠬᠤᠲᠠ ᠶᠢᠨ ᠬᠠᠶᠢᠨᠠᠨ ᠲᠣᠭᠤᠷᠢᠭ ᠤᠨ ᠠᠮᠢ ᠠᠬᠤᠶ ᠶᠢᠨ ᠣᠷᠴᠢᠨ ᠲᠣᠭᠤᠷᠢᠨ ᠢ | ᠶᠡᠷᠦᠩᠬᠡᠶᠢᠯᠡᠨ ᠵᠠᠰᠠᠬᠤ ᠭᠤᠷᠪᠠᠨ ᠵᠢᠯ ︵2021 — 2023 ᠣᠨ︶ ᠤᠨ ᠠᠵᠢᠯᠯᠠᠭᠠᠨ ᠤ ᠲᠥᠰᠦᠯ︾ ︵ᠬᠠᠶᠢᠨᠠᠨ | ᠵᠠᠰᠠᠭ ᠲᠠᠷᠬᠠᠭᠠᠭᠰᠠᠨ ︹ 2021 ︺24 ᠳ᠋ᠣᠭᠡᠷ ᠲᠣᠭᠠᠲᠤ︶ ᠢ ᠴᠢᠩᠭ᠎ᠠ ᠨᠢᠮᠪᠠᠶ ᠪᠥᠭᠡᠳ ᠪᠣᠳᠠᠲᠠᠶ ᠪᠠᠷ | ᠨᠠᠶᠢᠳᠠᠪᠤᠷᠢᠵᠢᠭᠤᠯᠵᠤ᠂ ᠪᠥᠬᠦ ᠬᠦᠴᠦᠨ ᠢᠶᠠᠷ ᠢᠶᠠᠨ ᠴᠢᠷᠮᠠᠶᠢᠨ᠂ ᠡᠷᠡᠰ ᠰᠢᠭᠤᠷᠬᠠᠶ ᠪᠠᠷ ᠠᠭᠤᠷᠬᠠᠶ ᠶᠢᠨ ᠣᠷᠣᠨ ᠤ ᠠᠮᠢ | ᠠᠬᠤᠶ ᠶᠢᠨ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠶᠢ ᠬᠦᠴᠦᠯᠡᠨ ᠰᠠᠶᠢᠲᠤᠷ ᠠᠳᠬᠤᠬᠤ ᠶᠢᠨ ᠲᠥᠯᠥᠭᠡ᠂ | ᠣᠨᠴᠣᠭᠤᠶᠢᠯᠠᠨ ᠲᠣᠰ ᠲᠥᠰᠦᠯ ᠢ ᠲᠣᠭᠲᠠᠭᠠᠪᠠ᠃ | ᠨᠢᠭᠡ᠂ ᠵᠠᠰᠠᠬᠤ ᠬᠠᠷᠠᠯᠲᠠ | 2021 ᠣᠨ ᠤ 6 ᠳ᠋ᠣᠭᠠᠷ ᠰᠠᠷ᠎ᠠ ᠶᠢᠨ ᠰᠡᠭᠦᠯᠴᠢ ᠪᠣᠯᠲᠠᠯ᠎ᠠ᠃ ᠳᠡᠭᠡᠳᠦ ᠱᠠᠲᠤᠨ ᠤ ᠰᠠᠯᠠᠭ᠎ᠠ ᠮᠥᠴᠢᠷ ᠲᠠᠢ | ᠬᠠᠮᠵᠢᠯᠴᠠᠨ ︽ᠦᠬᠠᠶ ᠬᠤᠲᠠ ᠶᠢᠨ ᠠᠭᠤᠷᠬᠠᠶ ᠶᠢᠨ ᠣᠷᠣᠨ ᠤ ᠠᠭᠤᠷᠬᠠᠶ ᠶᠢᠨ ᠡᠷᠬᠡ ᠶᠢ ᠡᠮᠬᠢᠯᠡᠨ ᠨᠡᠶᠢᠯᠡᠭᠦᠯᠵᠦ ᠳᠠᠬᠢᠨ | ᠵᠣᠬᠢᠶᠠᠨ ᠪᠠᠶᠢᠭᠤᠯᠬᠤ ᠬᠡᠷᠡᠭᠵᠢᠭᠦᠯᠬᠦ ᠲᠥᠰᠦᠯ︾ ᠪᠠ ︽ᠠᠭᠤᠷᠬᠠᠶ ᠶᠢᠨ ᠣᠷᠣᠨ ᠤ ᠠᠮᠢ ᠠᠬᠤᠶ ᠶᠢ ᠰᠡᠷᠭᠦᠭᠡᠬᠦ ᠶᠡᠷᠦᠩᠬᠡᠶ | ᠬᠡᠷᠡᠭᠵᠢᠭᠦᠯᠬᠦ ᠲᠥᠰᠦᠯ︾ ᠢ ᠨᠠᠶᠢᠷᠠᠭᠤᠯᠤᠨ ᠵᠣᠬᠢᠶᠠᠬᠤ ᠠᠵᠢᠯ ᠢ ᠪᠡᠶᠡᠯᠡᠭᠦᠯᠬᠦ ᠶᠢᠨ ᠬᠠᠮᠲᠤ ᠵᠣᠬᠢᠶᠠᠨ ᠪᠠᠶᠢᠭᠤᠯᠤᠨ | ᠬᠡᠷᠡᠭᠵᠢᠭᠦᠯᠦᠨ᠎ᠡ᠃ ᠬᠤᠭᠤᠰᠣᠨ ᠣᠷᠣᠨ ᠤ ᠡᠬᠢ ᠪᠠᠶᠠᠯᠢᠭ ᠢ ᠪᠠᠶᠢᠴᠠᠭᠠᠵᠤ ᠪᠠᠶᠢᠳᠠᠯ ᠢ ᠣᠶᠢᠯᠠᠭᠠᠬᠤ ᠠᠵᠢᠯ ᠢ | ᠪᠡᠶᠡᠯᠡᠭᠦᠯᠦᠨ᠎ᠡ᠃ | 2021 ᠣᠨ ᠤ ᠡᠴᠦᠰ ᠪᠣᠯᠲᠠᠯ᠎ᠠ᠃ ᠡᠯ᠎ᠡ ᠮᠠᠯᠲᠠᠯᠭ᠎ᠠ ᠶᠢᠨ ᠣᠷᠣᠨ ᠤ ︽ᠬᠠᠮᠲᠤᠷᠠᠨ ᠮᠠᠯᠲᠠᠬᠤ᠂ ᠬᠠᠮᠲᠤᠷᠠᠨ | ᠭᠠᠳᠠᠭᠰᠢᠯᠠᠭᠤᠯᠬᠤ᠂ ᠬᠠᠮᠲᠤᠷᠠᠨ ᠵᠠᠰᠠᠬᠤ︾ ︵ᠳᠣᠷᠣᠭᠰᠢ ︽ ᠭᠤᠷᠪᠠᠨ ᠬᠠᠮᠲᠤᠷᠠᠬᠤ︾ ᠭᠡᠵᠦ ᠲᠣᠪᠴᠢᠯᠠᠨ᠎ᠠ︶ ᠶᠢᠨ | ᠵᠢᠷᠤᠭ ᠲᠥᠯᠥᠪᠯᠡᠭᠡ ᠶᠢᠨ ᠲᠥᠰᠦᠯ ᠢ ᠪᠡᠶᠡᠯᠡᠭᠦᠯᠦᠨ᠎ᠡ᠃ ︽ᠲᠡᠦᠬᠡᠨ ᠠᠴᠠ ᠦᠯᠡᠳᠡᠭᠳᠡᠵᠦ ᠢᠷᠡᠭᠰᠡᠨ ᠠᠭᠤᠷᠬᠠᠶ ᠶᠢ | ᠴᠡᠭᠴᠡᠯᠡᠨ ᠵᠠᠰᠠᠵᠤ ᠰᠡᠷᠭᠦᠭᠡᠬᠦ ᠲᠥᠯᠥᠪᠵᠢᠭᠦᠯᠭᠡ︾ ᠶᠢ ᠪᠡᠶᠡᠯᠡᠭᠦᠯᠦᠨ᠎ᠡ᠃ ᠠᠭᠤᠷᠬᠠᠶ ᠶᠢᠨ ᠣᠷᠣᠨ ᠢ ᠡᠮᠬᠢᠯᠡᠨ ᠨᠡᠶᠢᠯᠡᠭᠦᠯᠵᠦ | ᠵᠢᠱᠢᠶ᠎ᠡ ᠦᠵᠡᠭᠦᠯᠬᠦ ᠠᠭᠤᠷᠬᠠᠶ ᠶᠢ ᠡᠭᠦᠳᠦᠨ ᠪᠠᠶᠢᠭᠤᠯᠬᠤ ᠠᠵᠢᠯ ᠢ ᠪᠥᠬᠦ ᠲᠠᠯ᠎ᠠ ᠪᠠᠷ ᠡᠬᠢᠯᠡᠭᠦᠯᠦᠨ᠎ᠡ᠃ 5 ᠪᠣᠬᠢᠷᠲᠤᠯ ᠥᠬᠡᠶ | ᠠᠭᠤᠷᠬᠠᠶ ᠶᠢ ᠰᠢᠨ᠎ᠡ ᠪᠠᠷ ᠡᠭᠦᠳᠦᠨ ᠪᠠᠶᠢᠭᠤᠯᠬᠤ ᠡᠭᠦᠷᠭᠡ ᠶᠢ ᠪᠡᠶᠡᠯᠡᠭᠦᠯᠦᠨ᠎ᠡ᠃ ᠵᠠᠳᠠᠭᠠᠶ ᠮᠠᠯᠲᠠᠯᠲᠠ ᠶᠢᠨ ᠡᠵᠡᠯᠡᠬᠦ ᠪᠠ | ᠳᠠᠷᠤᠵᠤ ᠪᠠᠶᠢᠭ᠎ᠠ ᠤᠢ ᠰᠢᠭᠤᠶ ᠡᠪᠡᠰᠦ ᠪᠡᠯᠴᠢᠭᠡᠷ ᠤᠨ ᠠᠰᠠᠭᠤᠳᠠᠯ ᠢ ᠬᠠᠤᠯᠢ ᠶᠣᠰᠣᠭᠠᠷ ᠰᠢᠢᠳᠪᠦᠷᠢᠯᠡᠨ᠎ᠡ᠃ ᠬᠤᠭᠤᠰᠣᠨ | ᠣᠷᠣᠨ ᠤ ᠡᠬᠢ ᠪᠠᠶᠠᠯᠢᠭ ᠢ ᠬᠢᠮᠳᠠ ᠪᠠᠷ ᠬᠤᠳᠠᠯᠳᠤᠬᠤ ᠲᠥᠰᠦᠯ ᠢ ᠨᠠᠶᠢᠷᠠᠭᠤᠯᠤᠨ ᠵᠣᠬᠢᠶᠠᠬᠤ ᠪᠠ ᠠᠭᠤᠷᠬᠠᠶ ᠶᠢᠨ | ᠣᠷᠣᠨ ᠤ ᠬᠡᠪᠴᠢᠶ᠎ᠡ ᠶᠢ ᠬᠤᠪᠢᠷᠠᠭᠤᠯᠤᠨ ᠳᠠᠩᠰᠠᠯᠠᠬᠤ ᠠᠵᠢᠯ ᠢ ᠪᠡᠶᠡᠯᠡᠭᠦᠯᠬᠦ ᠬᠡᠷᠡᠭᠲᠡᠶ᠃ ᠪᠥᠬᠦ ᠲᠤᠭᠤᠷᠢᠭ ᠤᠨ ᠣᠲᠣ ᠶᠢᠨ | ᠪᠠᠶᠢᠭ᠎ᠠ ᠭᠠᠯ ᠤᠨ ᠴᠢᠭ ᠪᠠ ᠳᠠᠯᠳᠠ ᠪᠠᠶᠢᠭ᠎ᠠ ᠭᠠᠯ ᠤᠨ ᠴᠢᠭ ︵ᠭᠠᠯ ᠤᠨ ᠣᠷᠣᠨ︶ ︵ᠪᠣᠶ ᠪᠥᠬᠦᠶ ᠨᠡᠭᠦᠷᠡᠰᠦᠨ | ᠠᠭᠤᠷᠬᠠᠶ ︵ᠮᠠᠯᠲᠠᠵᠤ ᠬᠥᠨᠳᠡᠶᠢᠷᠡᠭᠦᠯᠦᠭᠰᠡᠨ ᠣᠷᠣᠨ ᠪᠠᠭᠲᠠᠨ᠎ᠠ︶ ᠳᠤ ᠬᠠᠷᠢᠶ᠎ᠠ ᠣᠷᠣᠨ ᠤ ︽ᠭᠤᠷᠪᠠᠨ ᠡᠷᠬᠡ ᠶᠢ ᠥᠯᠥ | ᠬᠤᠪᠢᠷᠠᠭᠤᠯᠬᠤ︾ ᠨᠡᠭᠦᠷᠡᠰᠦᠨ ᠠᠭᠤᠷᠬᠠᠶ ᠶᠢ ᠪᠠᠭᠲᠠᠭᠠᠨ᠎ᠠ︶ ᠶᠢ ᠬᠠᠶᠢᠨ ᠪᠠᠶᠢᠴᠠᠭᠠᠬᠤ ᠵᠢᠴᠢ ᠵᠠᠰᠠᠬᠤ ᠲᠥᠰᠦᠯ ᠢ | ᠨᠠᠶᠢᠷᠠᠭᠤᠯᠤᠨ ᠵᠣᠬᠢᠶᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢ ᠪᠡᠶᠡᠯᠡᠭᠦᠯᠵᠦ᠂ ᠭᠠᠯ ᠤᠨ ᠴᠢᠭ ᠢ ︽ | ᠬᠥᠳᠡᠯᠦᠩᠭᠦᠶ ᠪᠠᠷ ᠲᠡᠭ ᠪᠣᠯᠭᠠᠬᠤ︾ ᠶᠢ ᠪᠡᠶᠡᠯᠡᠭᠦᠯᠦᠨ᠂ ᠠᠭᠤᠷᠬᠠᠶ ᠶᠢᠨ ᠴᠢᠯᠠᠭᠤ ᠥᠪᠡᠰᠦᠪᠡᠨ ᠰᠢᠲᠠᠬᠤ ᠶᠢ ᠴᠢᠩᠭ᠎ᠠ | ᠰᠡᠷᠭᠡᠶᠢᠯᠡᠬᠦ ᠬᠡᠷᠡᠭᠲᠡᠶ᠃ | 2022 ᠣᠨ ᠤ ᠵᠢᠯ ᠤᠨ ᠡᠴᠦᠰ ᠪᠣᠯᠲᠠᠯ᠎ᠠ᠃ ︽ ᠭᠤᠷᠪᠠᠨ ᠬᠠᠮᠲᠤᠷᠠᠬᠤ︾ ᠬᠠᠷᠠᠯᠲᠠ ᠶᠢ ᠦᠨᠳᠦᠰᠦᠨ ᠳᠡᠭᠡᠨ | ᠪᠡᠶᠡᠯᠡᠭᠦᠯᠦᠨ᠎ᠡ᠃ ᠠᠭᠤᠷᠬᠠᠶ ᠶᠢᠨ ᠣᠷᠣᠨ ᠢ ᠡᠮᠬᠢᠯᠡᠨ ᠨᠡᠶᠢᠯᠡᠭᠦᠯᠬᠦ ᠠᠭᠤᠷᠬᠠᠶ ᠶᠢᠨ ᠪᠥᠲᠥᠭᠡᠨ ᠪᠠᠶᠢᠭᠤᠯᠤᠯᠲᠠ ᠱᠠᠲᠤ | ᠦᠶ᠎ᠡ ᠶᠢᠨ ᠴᠢᠨᠠᠷᠲᠠᠶ ᠦᠷ᠎ᠡ ᠪᠦᠲᠦᠮᠵᠢ ᠣᠯᠣᠨ᠎ᠠ᠃ ᠪᠠᠶᠢᠷᠢᠰᠢᠯ ᠨᠢ ᠵᠦᠢ ᠵᠤᠬᠢᠰ ᠦᠭᠡᠢ᠂ ᠠᠮᠢ ᠠᠬᠤᠶ ᠶᠢ ᠬᠦᠨᠳᠦ | ᠨᠣᠴᠢᠲᠠᠶ ᠡᠪᠳᠡᠭᠰᠡᠨ ᠠᠭᠤᠷᠬᠠᠶ ᠶᠢᠨ ᠰᠢᠭᠰᠢᠭᠳᠡᠭᠦᠯᠬᠦ ᠨᠤᠷᠮ᠎ᠠ ᠶᠢ 50% ᠠᠴᠠ ᠳᠠᠪᠠᠭᠤᠯᠤᠨ᠎ᠠ᠃ ᠪᠥᠬᠦ ᠬᠤᠲᠠ ᠶᠢᠨ | ᠲᠣᠭᠠᠴᠢᠯᠠᠭᠰᠠᠨ᠂ ᠣᠶᠤᠨᠴᠢᠯᠠᠭᠰᠠᠨ ᠠᠭᠤᠷᠬᠠᠶ ᠶᠢᠨ ᠪᠥᠲᠥᠭᠡᠨ ᠪᠠᠶᠢᠭᠤᠯᠤᠯᠲᠠ ᠢᠯᠡᠳᠲᠡ ᠳᠠᠪᠰᠢᠯᠲᠠ ᠲᠠᠢ ᠪᠣᠯᠪᠠ᠃ 10 | ᠪᠣᠬᠢᠷᠲᠤᠯ ᠥᠬᠡᠶ ᠠᠭᠤᠷᠬᠠᠶ ᠶᠢ ᠰᠢᠨ᠎ᠡ ᠪᠠᠷ ᠡᠭᠦᠳᠦᠨ ᠪᠠᠶᠢᠭᠤᠯᠬᠤ ᠡᠭᠦᠷᠭᠡ ᠶᠢ ᠪᠡᠶᠡᠯᠡᠭᠦᠯᠦᠨ᠎ᠡ᠃ | 2023 ᠣᠨ ᠤ ᠡᠴᠦᠰ ᠪᠣᠯᠲᠠᠯ᠎ᠠ᠃ ︽ᠭᠤᠷᠪᠠᠨ ᠬᠠᠮᠲᠤᠷᠠᠬᠤ︾ ᠬᠠᠷᠠᠯᠲᠠ ᠶᠢ ᠪᠦᠬᠦᠨ ᠢ ᠪᠡᠶᠡᠯᠡᠭᠦᠯᠦᠨ᠎ᠡ᠃ ᠪᠥᠬᠦ | ᠲᠤᠭᠤᠷᠢᠭ ᠤᠨ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠬᠦ ᠠᠵᠢᠯ ᠢ ᠪᠥᠬᠦ ᠲᠠᠯ᠎ᠠ ᠪᠠᠷ | ᠪᠡᠶᠡᠯᠡᠭᠦᠯᠵᠦ᠂ ᠠᠭᠤᠷᠬᠠᠶ ᠶᠢᠨ ᠣᠷᠣᠨ ᠤ ᠲᠥᠷᠥᠯ ᠵᠦᠢᠯ ᠨᠢᠭᠲᠠᠷᠠᠵᠤ᠂ ᠦᠢᠯᠡᠳᠪᠦᠷᠢᠯᠡᠯ ᠤᠨ ᠪᠠᠶᠢᠷᠢᠰᠢᠭᠤᠯᠤᠯᠲᠠ ᠡᠮᠬᠢ | ᠵᠠᠮᠪᠠᠷᠠᠭ᠎ᠠ ᠥᠬᠡᠶ ᠪᠠᠶᠢᠬᠤ ᠶᠢ ᠪᠦᠲᠦᠮᠵᠢᠲᠡᠢ ᠰᠢᠢᠳᠪᠦᠷᠢᠯᠡᠨ᠎ᠡ᠃ ᠰᠢᠨ᠎ᠡ ᠪᠠᠷ ᠨᠡᠮᠡᠭᠳᠡᠭᠰᠡᠨ 10 ᠪᠣᠬᠢᠷᠲᠤᠯ ᠥᠬᠡᠶ | ᠠᠭᠤᠷᠬᠠᠶ ᠶᠢ ᠡᠭᠦᠳᠦᠨ ᠪᠠᠶᠢᠭᠤᠯᠬᠤ ᠡᠭᠦᠷᠭᠡ ᠶᠢ ᠪᠡᠶᠡᠯᠡᠭᠦᠯᠵᠦ᠂ ᠭᠤᠷᠪᠠᠨ ᠵᠢᠯ ᠤᠨ ᠲᠣᠭᠲᠠᠭᠰᠠᠨ ᠬᠠᠷᠠᠯᠲᠠ ᠶᠢ ᠪᠦᠬᠦᠨ ᠢ | ᠪᠡᠶᠡᠯᠡᠭᠦᠯᠦᠨ᠎ᠡ᠃ ᠪᠥᠬᠦ ᠲᠤᠭᠤᠷᠢᠭ ᠤᠨ ᠨᠢᠭᠡᠨᠲᠡ ᠪᠠᠶᠢᠭᠤᠯᠤᠭᠰᠠᠨ ᠪᠣᠬᠢᠷᠲᠤᠯ ᠥᠬᠡᠶ ᠠᠭᠤᠷᠬᠠᠶ ᠶᠢ ᠪᠦᠬᠦᠨ ᠢ ᠤᠯᠤᠰ ᠤᠨ | ᠰᠢᠨ᠎ᠡ ᠪᠠᠷᠢᠮᠵᠢᠶ᠎ᠠ ᠳᠤ ᠬᠦᠷᠦᠭᠦᠯᠦᠨ᠎ᠡ᠃ ᠠᠭᠤᠷᠬᠠᠶ ᠶᠢᠨ ᠨᠡᠭᠡᠭᠡᠨ ᠮᠠᠯᠲᠠᠬᠤ ᠪᠣᠳᠠᠰ ᠤᠨ ᠮᠠᠲ᠋ᠧᠷᠢᠶᠠᠯ ︵ᠠᠭᠤᠷᠬᠠᠶ ᠶᠢᠨ | ᠭᠠᠷᠤᠯᠲᠠ᠂ ᠰᠠᠯᠭᠠᠭᠰᠠᠨ ᠪᠣᠳᠠᠰ︶ ᠢ ᠬᠠᠳᠠᠭᠠᠯᠠᠬᠤ᠂ ᠲᠡᠭᠡᠭᠡᠪᠦᠷᠢᠯᠡᠬᠦ ᠵᠡᠷᠭᠡ ᠭᠤᠤᠯ ᠪᠣᠯᠬᠤ ᠦᠢᠯᠡᠳᠪᠦᠷᠢᠯᠡᠯ ᠤᠨ | ᠭᠤᠭᠴᠤᠭ᠎ᠠ ᠳᠤ ᠪᠦᠬᠦᠨ ᠢ ᠪᠢᠲᠡᠭᠦᠮᠵᠢᠯᠡᠨ ᠬᠠᠮᠢᠶᠠᠷᠬᠤ ᠶᠢ ᠬᠡᠷᠡᠭᠵᠢᠭᠦᠯᠵᠦ᠂ ᠠᠭᠤᠷᠬᠠᠶ ᠶᠢᠨ ᠣᠷᠣᠨ ᠤ ᠲᠣᠭᠤᠰᠣ | ᠳᠡᠭᠳᠡᠬᠦ ᠶᠢ ᠪᠦᠲᠦᠮᠵᠢᠲᠡᠶ ᠬᠤᠷᠢᠭᠯᠠᠵᠤ᠂ ᠠᠭᠤᠷᠬᠠᠶ ᠶᠢᠨ ᠣᠷᠣᠨ ᠤ ᠣᠷᠴᠢᠨ ᠲᠣᠭᠤᠷᠢᠨ ᠤ ᠠᠮᠢ ᠠᠬᠤᠶ ᠶᠢ ᠰᠡᠷᠭᠦᠭᠡᠨ | ᠵᠠᠰᠠᠬᠤ ᠠᠵᠢᠯ ᠢᠯᠡᠳᠲᠡ ᠦᠷ᠎ᠡ ᠪᠦᠲᠦᠮᠵᠢ ᠣᠯᠵᠤ᠂ ᠣᠷᠣᠨ ᠪᠦᠰᠡ ᠶᠢᠨ ᠠᠮᠢ ᠠᠬᠤᠶ ᠶᠢᠨ ᠣᠷᠴᠢᠨ ᠲᠣᠭᠤᠷᠢᠨ ᠤ | ᠵᠠᠰᠠᠯᠲᠠ ᠪᠦᠲᠦᠮᠵᠢᠲᠡᠶ ᠰᠠᠶᠢᠵᠢᠷᠠᠯᠲᠠ ᠲᠠᠢ ᠪᠣᠯᠪᠠ᠃ | ᠬᠤᠶᠠᠷ᠂ ᠭᠤᠣᠯᠳᠠᠯᠭ᠎ᠠ ᠲᠠᠢ ᠡᠭᠦᠷᠭᠡ ᠬᠢᠭᠡᠳ ᠪᠣᠳᠠᠲᠠᠶ ᠠᠵᠢᠯ ᠤᠨ ᠠᠷᠭ᠎ᠠ ᠬᠡᠮᠵᠢᠶ᠎ᠡ | ︵ᠨᠢᠭᠡ︶ ᠠᠭᠤᠷᠬᠠᠶ ᠶᠢᠨ ᠣᠷᠣᠨ ᠤ ᠬᠠᠤᠯᠢ ᠬᠡᠷᠡᠭᠵᠢᠭᠦᠯᠵᠦ ᠬᠢᠨᠠᠨ ᠬᠠᠮᠢᠶᠠᠷᠬᠤ ᠡᠷᠴᠢᠮ ᠢᠶᠠᠨ ᠴᠢᠩᠭᠠᠷᠠᠭᠤᠯᠵᠤ᠂ | ᠬᠢᠯᠢ ᠶᠢᠨ ᠳᠣᠲᠣᠷᠠᠬᠢ ︽ᠭᠤᠷᠪᠠᠨ ᠡᠷᠬᠡ ᠶᠢ ᠬᠤᠪᠢᠷᠠᠭᠤᠯᠬᠤ ᠦᠭᠡᠢ︾ ᠠᠵᠤ ᠠᠬᠤᠶᠢᠯᠠᠯ ᠤᠨ ᠨᠢᠭᠡᠳᠦᠯᠲᠡᠶ ᠬᠠᠤᠯᠢ | ᠬᠡᠷᠡᠭᠵᠢᠭᠦᠯᠬᠦ ᠶᠢ ᠪᠡᠶᠡᠯᠡᠭᠦᠯᠦᠨ᠎ᠡ᠃ ᠬᠠᠷᠢᠶᠠᠲᠤ ᠣᠷᠣᠨ ᠤ ᠬᠠᠮᠢᠶᠠᠷᠤᠯᠲᠠ ᠶᠢᠨ ᠵᠠᠷᠴᠢᠮ ᠶᠣᠰᠣᠭᠠᠷ᠂ 2021 ᠣᠨ ᠤ 4 | ᠳ᠋ᠣᠭᠡᠷ ᠰᠠᠷ᠎ᠠ ᠶᠢᠨ 1 ᠤ ᠡᠳᠦᠷ ᠠᠴᠠ ᠡᠬᠢᠯᠡᠨ᠂ ᠬᠠᠷᠢᠶᠠᠲᠤ ᠣᠷᠣᠨ ᠤ ᠳᠣᠲᠣᠷᠠᠬᠢ ᠣᠷᠳᠣᠰ ᠬᠤᠲᠠ ᠶᠢᠨ ᠮᠠᠨ ᠤ | ᠲᠤᠭᠤᠷᠢᠭ ᠤᠨ ᠬᠢᠯᠢ ᠳᠣᠲᠣᠷᠠᠬᠢ ︽ᠭᠤᠷᠪᠠᠨ ᠡᠷᠬᠡ ᠶᠢ ᠬᠤᠪᠢᠷᠠᠭᠤᠯᠬᠤ ᠥᠬᠡᠶ︾ ᠠᠵᠤ ᠠᠬᠤᠶᠢᠯᠠᠯ ᠤᠨ ᠵᠠᠰᠠᠭ | ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢᠨ ᠬᠠᠮᠢᠶᠠᠷᠤᠯᠲᠠ ᠳᠤ ᠬᠠᠷᠢᠶᠠᠲᠤ ᠣᠷᠣᠨ ᠤ ᠬᠢᠨᠠᠯᠲᠠ ᠬᠠᠮᠢᠶᠠᠷᠤᠯᠲᠠ ᠶᠢ | ᠬᠡᠷᠡᠭᠵᠢᠭᠦᠯᠦᠨ᠎ᠡ᠂ ᠡᠭᠦᠨ ᠳᠤ ᠭᠤᠤᠯᠳᠠᠭᠤ ᠪᠠᠶᠢᠭᠠᠯᠢ ᠶᠢᠨ ᠡᠬᠢ ᠪᠠᠶᠠᠯᠢᠭ ᠤᠨ ᠰᠠᠯᠠᠭ᠎ᠠ ᠮᠥᠴᠢᠷ ᠤᠨ ᠭᠠᠵᠠᠷ ᠰᠢᠨᠵᠢᠯᠡᠭᠡᠨ ᠤ | ᠣᠷᠴᠢᠨ ᠲᠣᠭᠤᠷᠢᠨ ᠤ ᠵᠠᠰᠠᠯᠲᠠ᠂ ᠰᠢᠷᠣᠶ ᠭᠠᠳᠠᠭᠰᠢᠯᠠᠭᠤᠯᠬᠤ ᠲᠠᠯᠠᠪᠠᠶ ᠶᠢ ᠵᠢᠷᠤᠮᠵᠢᠭᠤᠯᠤᠨ ᠴᠡᠭᠴᠡᠯᠡᠬᠦ᠂ ᠡᠨᠧᠷᠭᠢ ᠶᠢᠨ | ᠰᠠᠯᠠᠭ᠎ᠠ ᠮᠥᠴᠢᠷ ᠤᠨ ᠨᠡᠭᠦᠷᠡᠰᠦᠨ ᠳᠠᠪᠬᠤᠷᠭ᠎ᠠ᠂ ᠮᠠᠯᠲᠠᠵᠤ ᠬᠥᠨᠳᠡᠶᠢᠷᠡᠭᠦᠯᠦᠭᠰᠡᠨ ᠣᠷᠣᠨ ᠪᠠ ᠰᠢᠷᠣᠶ ᠭᠠᠳᠠᠭᠰᠢᠯᠠᠭᠤᠯᠬᠤ | ᠲᠠᠯᠠᠪᠠᠶ ᠶᠢᠨ ᠥᠪᠡᠰᠦᠪᠡᠨ ᠰᠢᠲᠠᠬᠤ ᠶᠢ ᠵᠠᠰᠠᠬᠤ᠂ ᠠᠭᠤᠷᠬᠠᠶ ᠶᠢᠨ ᠣᠷᠣᠨ ᠤ ᠳᠡᠭᠳᠡᠮᠡᠯ ᠲᠣᠭᠤᠰᠣᠨ ᠤ ᠪᠣᠬᠢᠷᠲᠤᠯ ᠢ | ᠰᠡᠷᠭᠡᠶᠢᠯᠡᠨ ᠵᠠᠰᠠᠬᠤ᠂ ᠳᠣᠲᠣᠭᠠᠳᠤ ᠶᠢ ᠬᠠᠮᠠᠭᠠᠯᠠᠬᠤ ᠰᠠᠯᠠᠭ᠎ᠠ ᠮᠥᠴᠢᠷ ᠤᠨ ᠵᠠᠳᠠᠭᠠᠶ ᠨᠡᠭᠡᠭᠡᠨ ᠮᠠᠯᠲᠠᠬᠤ ᠠᠵᠤ | ᠠᠬᠤᠶᠢᠯᠠᠯ ᠤᠨ ᠭᠠᠯ ᠤᠨ ᠠᠵᠤ ᠦᠢᠯᠡᠳᠪᠦᠷᠢ ᠶᠢᠨ ᠪᠦᠲᠦᠭᠡᠭᠳᠡᠬᠦᠨ ᠢ ᠵᠠᠬᠢᠷᠤᠨ ᠬᠠᠮᠢᠶᠠᠷᠬᠤ᠂ ᠠᠮᠢ ᠠᠬᠤᠶ ᠶᠢᠨ ᠣᠷᠴᠢᠨ | ᠲᠣᠭᠤᠷᠢᠨ ᠤ ᠰᠠᠯᠠᠭ᠎ᠠ ᠮᠥᠴᠢᠷ ᠤᠨ ᠲᠤᠬᠠᠶ ᠶᠢᠨ ᠲᠠᠯᠠᠪᠤᠷ ᠤᠨ ᠬᠠᠤᠯᠢ ᠬᠡᠷᠡᠭᠵᠢᠭᠦᠯᠦᠯᠲᠡ ᠵᠢᠴᠢ ᠬᠠᠮᠢᠶ᠎ᠠ ᠪᠥᠬᠦᠶ ᠵᠠᠰᠠᠭ | ᠵᠠᠬᠢᠷᠭᠠᠨ ᠤ ᠬᠠᠮᠢᠶᠠᠷᠤᠯᠲᠠ ᠵᠡᠷᠭᠡ ᠪᠠᠭᠲᠠᠨ᠎ᠠ᠃ ᠤᠷᠳᠤᠰ ᠬᠤᠳᠠ ᠶᠢᠨ ᠮᠠᠨ ᠤ ᠲᠤᠭᠤᠷᠢᠭ ᠳᠣᠲᠣᠷᠠᠬᠢ ︽ᠭᠤᠷᠪᠠᠨ | ᠡᠷᠬᠡ ᠶᠢ ᠬᠤᠪᠢᠷᠠᠭᠤᠯᠬᠤ ᠥᠭᠡᠢ︾ ᠠᠭᠤᠷᠬᠠᠶ ᠶᠢᠨ ᠠᠵᠤ ᠠᠬᠤᠶᠢᠯᠠᠯ ᠤᠳ ᠦᠬᠠᠶ ᠬᠤᠳᠠ ᠶᠢᠨ ᠬᠠᠮᠢᠶ᠎ᠠ ᠪᠥᠬᠦᠢ | ᠲᠥᠯᠥᠪᠵᠢᠭᠦᠯᠭᠡ ᠶᠢᠨ ᠵᠢᠷᠤᠭ ᠲᠥᠯᠥᠪᠯᠡᠭᠡ ᠬᠢᠭᠡᠳ ᠨᠢᠭᠡᠳᠦᠯᠲᠡᠶ ᠱᠠᠭᠠᠷᠳᠠᠯᠭ᠎ᠠ ᠶᠣᠰᠣᠭᠠᠷ᠂ ᠠᠭᠤᠷᠬᠠᠶ ᠶᠢᠨ | ᠭᠠᠷᠤᠯᠲᠠ ᠶᠢᠨ ᠡᠬᠢ ᠪᠠᠶᠠᠯᠢᠭ ᠢ ᠨᠡᠭᠡᠭᠡᠨ ᠬᠥᠭᠵᠢᠭᠦᠯᠵᠦ ᠡᠮᠬᠢᠯᠡᠨ ᠨᠡᠶᠢᠯᠡᠭᠦᠯᠵᠦ ᠲᠠᠬᠢᠨ ᠵᠣᠬᠢᠶᠠᠨ ᠪᠠᠶᠢᠭᠤᠯᠬᠤ ᠶᠢ | ᠵᠣᠬᠢᠶᠠᠨ ᠪᠠᠶᠢᠭᠤᠯᠤᠨ ᠥᠷᠨᠢᠭᠦᠯᠵᠦ᠂ ︽ ᠭᠤᠷᠪᠠᠨ ᠬᠠᠮᠲᠤᠷᠠᠬᠤ︾ ᠶᠢ ᠪᠡᠶᠡᠯᠡᠭᠦᠯᠬᠦ ᠬᠡᠷᠡᠭᠲᠡᠶ᠃ ᠬᠠᠷᠢᠶ᠎ᠠ ᠭᠠᠵᠠᠷ ᠲᠤᠨᠢ | ᠬᠠᠮᠢᠶᠠᠷᠤᠭᠤᠯᠬᠤ ᠵᠠᠷᠴᠢᠮ ᠶᠣᠰᠣᠭᠠᠷ᠂ ︽ᠭᠤᠷᠪᠠᠨ ᠡᠷᠬᠡ ᠶᠢ ᠬᠤᠪᠢᠷᠠᠭᠤᠯᠬᠤ ᠦᠭᠡᠢ︾ ᠠᠭᠤᠷᠬᠠᠶ ᠶᠢᠨ ᠠᠵᠤ | ᠠᠬᠤᠶᠢᠯᠠᠯ ᠨᠢ ᠦᠢᠯᠡᠳᠪᠦᠷᠢᠯᠡᠯ ᠤᠨ ᠬᠡᠪᠴᠢᠶ᠎ᠡ ᠪᠠᠨ ᠥᠷᠭᠡᠳᠬᠡᠬᠦ᠂ ᠨᠡᠭᠡᠭᠡᠨ ᠮᠠᠯᠲᠠᠬᠤ ᠠᠷᠭ᠎ᠠ ᠮᠠᠶ᠋ᠢᠭ ᠢᠶᠠᠨ | ᠬᠤᠪᠢᠷᠠᠭᠤᠯᠬᠤ ᠳᠠᠭᠠᠨ ᠡᠷᠬᠡᠪᠰᠢ ᠬᠠᠶᠢᠨᠠᠨ ᠲᠤᠭᠤᠷᠢᠭ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠰᠡᠨ ᠤ ᠲᠠᠷᠠᠭ᠎ᠠ | ᠬᠡᠷᠡᠭᠵᠢᠭᠦᠯᠬᠦ ᠬᠡᠷᠡᠭᠲᠡᠶ᠃ | ︵ᠬᠤᠶᠠᠷ︶ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠢ ᠨᠡᠭᠡᠭᠡᠨ ᠬᠦᠭᠵᠢᠭᠦᠯᠦᠨ ᠡᠮᠬᠢᠯᠡᠨ ᠨᠡᠶᠢᠯᠡᠭᠦᠯᠵᠦ | ᠳᠠᠬᠢᠨ ᠵᠣᠬᠢᠶᠠᠨ ᠪᠠᠶᠢᠭᠤᠯᠬᠤ ᠠᠵᠢᠯᠯᠠᠭ᠎ᠠ ᠶᠢ ᠲᠦᠷᠭᠡᠳᠬᠡᠨ ᠠᠬᠢᠭᠤᠯᠤᠨ᠎ᠠ᠃ | 1. ᠨᠡᠭᠦᠷᠡᠰᠦᠨ ᠤ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ ᠳᠠᠬᠢᠨ ᠵᠣᠬᠢᠶᠠᠨ ᠪᠠᠶᠢᠭᠤᠯᠬᠤ ᠶᠢ ᠠᠬᠢᠭᠤᠯᠤᠨ᠎ᠠ᠃ ︽ | ᠦᠬᠠᠶ ᠬᠤᠲᠠ ᠶᠢᠨ ᠠᠭᠤᠷᠬᠠᠶ ᠶᠢᠨ ᠣᠷᠣᠨ ᠤ ᠶᠡᠷᠦᠩᠬᠡᠶ ᠲᠥᠯᠥᠪᠵᠢᠭᠦᠯᠭᠡ︾ ᠶᠣᠰᠣᠭᠠᠷ᠂ ᠬᠠᠶᠢᠨᠠᠨ ᠲᠣᠭᠤᠷᠢᠭ ᠤᠨ | ᠠᠭᠤᠷᠬᠠᠶ ᠶᠢᠨ ᠣᠷᠣᠨ ᠢ 3 ᠪᠣᠯᠭᠠᠨ ᠨᠡᠶᠢᠯᠡᠭᠦᠯᠵᠦ᠂ ᠲᠣᠰ ᠲᠣᠰ ᠲᠡᠮᠡᠭᠡᠲᠦ ᠠᠭᠤᠯᠠᠨ ᠤ ᠠᠭᠤᠷᠬᠠᠶ ᠶᠢᠨ ᠣᠷᠣᠨ᠂ ᠰᠢ ᠯᠠᠶ | ᠹᠧᠩ ᠤᠨ ᠪᠠᠶᠠᠬᠤᠰᠤ ᠠᠭᠤᠷᠬᠠᠶ ᠶᠢᠨ ᠣᠷᠣᠨ ᠪᠠ ᠬᠦᠬᠤᠰᠤ ᠠᠭᠤᠷᠬᠠᠶ ᠶᠢᠨ ᠣᠷᠣᠨ ᠪᠣᠯᠭᠠᠬᠤ ᠪᠠᠷ ᠲᠥᠯᠥᠪᠯᠡᠵᠦ ᠪᠣᠶ᠃ | ᠡᠭᠦᠨ ᠳᠤ ᠲᠡᠮᠡᠭᠡᠲᠦ ᠠᠭᠤᠯᠠᠨ ᠤ ᠠᠭᠤᠷᠬᠠᠶ ᠶᠢᠨ ᠣᠷᠣᠨ ᠳᠤ ᠵᠠᠳᠠᠭᠠᠶ ᠨᠡᠭᠦᠷᠡᠰᠦᠨ ᠠᠭᠤᠷᠬᠠᠶ 11 ᠪᠠ ᠠᠭᠤᠷᠬᠠᠶ ᠶᠢᠨ | ᠬᠤᠳᠳᠤᠭ ᠤᠨ ᠠᠵᠤ ᠦᠢᠯᠡᠳᠪᠦᠷᠢ ᠶᠢᠨ ᠨᠡᠭᠦᠷᠡᠰᠦᠨ ᠠᠭᠤᠷᠬᠠᠶ 9 ᠪᠣᠶ᠃ ᠰᠢ ᠯᠠᠶ ᠹᠧᠩ ᠤᠨ ᠪᠠᠶᠠᠬᠤᠰᠤ ᠠᠭᠤᠷᠬᠠᠶ ᠶᠢᠨ | ᠣᠷᠣᠨ ᠳᠤ ᠵᠠᠳᠠᠭᠠᠶ ᠨᠡᠭᠦᠷᠡᠰᠦᠨ ᠠᠭᠤᠷᠬᠠᠶ 5 ᠪᠠ ᠠᠭᠤᠷᠬᠠᠶ ᠶᠢᠨ ᠬᠤᠳᠳᠤᠭ ᠤᠨ ᠠᠵᠤ ᠦᠢᠯᠡᠳᠪᠦᠷᠢ ᠶᠢᠨ | ᠨᠡᠭᠦᠷᠡᠰᠦᠨ ᠠᠭᠤᠷᠬᠠᠶ 4 ᠪᠣᠶ᠃ ᠬᠦᠬᠤᠰᠤ ᠠᠭᠤᠷᠬᠠᠢ ᠶᠢᠨ ᠣᠷᠣᠨ ᠳᠤ ᠵᠠᠳᠠᠭᠠᠢ ᠨᠡᠭᠦᠷᠡᠰᠦᠨ ᠠᠭᠤᠷᠬᠠᠢ 2 ᠪᠠ | ᠬᠤᠳᠳᠤᠭ ᠤᠨ ᠠᠵᠤ ᠦᠢᠯᠡᠳᠪᠦᠷᠢ ᠶᠢᠨ ᠨᠡᠭᠦᠷᠡᠰᠦᠨ ᠠᠭᠤᠷᠬᠠᠢ 1 ᠪᠤᠢ᠃ | 2. ᠬᠠᠮᠢᠶ᠎ᠠ ᠪᠥᠬᠦᠶ ᠲᠥᠯᠥᠪᠵᠢᠭᠦᠯᠭᠡ ᠵᠢᠴᠢ ᠲᠥᠰᠦᠯ ᠢ ᠰᠢᠨᠵᠢᠯᠡᠬᠦ ᠤᠬᠠᠭᠠᠨᠴᠢ ᠪᠠᠷ ᠨᠠᠶᠢᠷᠠᠭᠤᠯᠤᠨ ᠵᠣᠬᠢᠶᠠᠨ᠎ᠠ᠃ | ︽ᠦᠬᠠᠶ ᠬᠤᠲᠠ ᠶᠢᠨ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ ᠶᠡᠷᠦᠩᠬᠡᠶ ᠲᠥᠯᠥᠪᠵᠢᠭᠦᠯᠭᠡ︾ ᠳᠤ ᠵᠠᠭᠠᠭᠯᠠᠨ | ᠲᠣᠭᠲᠠᠭᠠᠭᠰᠠᠨ ᠬᠤᠲᠠ ᠪᠠᠯᠭᠠᠰᠤ ᠶᠢᠨ ᠨᠡᠭᠡᠭᠡᠨ ᠬᠥᠭᠵᠢᠭᠦᠯᠬᠦ ᠬᠢᠯᠢ ᠶᠢᠨ ᠵᠠᠭᠠᠭ ᠱᠤᠭᠤᠮ ᠵᠢᠴᠢ ︽ᠦᠬᠠᠶ ᠬᠤᠲᠠ ᠶᠢᠨ | ᠠᠭᠤᠷᠬᠠᠶ ᠶᠢᠨ ᠣᠷᠣᠨ ᠤ ᠶᠡᠷᠦᠩᠬᠡᠶ ᠲᠥᠯᠥᠪᠵᠢᠭᠦᠯᠭᠡ︾ ᠳᠠᠬᠢ ᠵᠠᠳᠠᠭᠠᠶ ᠮᠠᠯᠲᠠᠬᠤ ᠣᠷᠣᠨ ᠬᠢᠭᠡᠳ ᠬᠤᠲᠠ ᠶᠢᠨ | ᠲᠣᠭᠤᠷᠢᠭ ᠤᠨ ᠬᠤᠭᠤᠷᠣᠨᠳᠣᠬᠢ ᠵᠠᠶ ᠶᠢᠨ ᠶᠣᠰᠣᠭᠠᠷ᠂ ᠵᠠᠳᠠᠭᠠᠶ ᠮᠠᠯᠲᠠᠬᠤ ᠠᠬᠤᠶ ᠪᠠᠶᠢᠳᠠᠯ᠂ ᠮᠠᠯᠲᠠᠬᠤ ᠠᠷᠭ᠎ᠠ ᠮᠠᠶ᠋ᠢᠭ᠂ | ᠦᠢᠯᠡᠳᠪᠦᠷᠢᠯᠡᠬᠦ ᠴᠢᠳᠠᠪᠤᠷᠢ᠂ ᠦᠢᠯᠡᠴᠢᠯᠡᠬᠦ ᠵᠢᠯ ᠬᠤᠭᠤᠴᠠᠭ᠎ᠠ ᠵᠡᠷᠭᠡ ᠶᠢ ᠵᠦᠶ ᠵᠣᠬᠢᠰᠲᠠᠶ ᠲᠣᠭᠲᠠᠭᠠᠨ᠎ᠠ᠃ ᠬᠠᠶᠢᠨᠠᠨ | ᠲᠣᠭᠤᠷᠢᠭ ᠤᠨ ᠠᠵᠤ ᠦᠢᠯᠡᠰ ᠤᠨ ᠬᠥᠭᠵᠢᠯᠲᠡ ᠶᠢᠨ ᠪᠣᠳᠠᠲᠤ ᠪᠠᠶᠢᠳᠠᠯ ᠳᠤ ᠰᠠᠭᠤᠷᠢᠯᠠᠨ᠂ ᠮᠠᠨ ᠤ ᠲᠤᠭᠤᠷᠢᠭ ᠤᠨ ᠠᠵᠤ | ᠦᠢᠯᠡᠰ ᠤᠨ ᠬᠥᠭᠵᠢᠯᠲᠡ ᠶᠢᠨ ᠣᠳᠣᠬᠢ ᠪᠠᠶᠢᠳᠠᠯ ᠢ ᠬᠢᠨᠠᠮᠠᠭᠠᠶ ᠵᠠᠳᠠᠯᠵᠤ᠂ ᠳᠡᠭᠡᠳᠦ ᠱᠠᠲᠤᠨ ᠤ ᠰᠠᠯᠠᠭ᠎ᠠ ᠮᠥᠴᠢᠷ ᠲᠠᠢ | ᠬᠠᠮᠵᠢᠯᠴᠠᠨ ︽ᠦᠬᠠᠶ ᠬᠤᠲᠠ ᠶᠢᠨ ᠠᠭᠤᠷᠬᠠᠶ ᠶᠢᠨ ᠣᠷᠣᠨ ᠤ ᠠᠭᠤᠷᠬᠠᠶ ᠶᠢᠨ ᠡᠷᠬᠡ ᠶᠢ ᠡᠮᠬᠢᠯᠡᠨ ᠨᠡᠶᠢᠯᠡᠭᠦᠯᠵᠦ ᠳᠠᠬᠢᠨ | ᠵᠣᠬᠢᠶᠠᠨ ᠪᠠᠶᠢᠭᠤᠯᠬᠤ ᠶᠢᠨ ᠬᠡᠷᠡᠭᠵᠢᠭᠦᠯᠬᠦ ᠲᠥᠰᠦᠯ︾ ︽ᠦᠬᠠᠶ ᠬᠤᠲᠠ ᠶᠢᠨ ᠠᠭᠤᠷᠬᠠᠶ ᠶᠢᠨ ᠭᠠᠷᠤᠯᠲᠠ ᠶᠢᠨ ᠡᠬᠢ | ᠪᠠᠶᠠᠯᠢᠭ ᠢ ᠨᠡᠭᠡᠭᠡᠨ ᠠᠰᠢᠭᠯᠠᠬᠤ ᠶᠡᠷᠦᠩᠬᠡᠶ ᠲᠥᠯᠥᠪᠵᠢᠭᠦᠯᠭᠡ︾ ︽ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ | ᠠᠮᠢ ᠠᠬᠤᠶ ᠶᠢ ᠰᠡᠷᠭᠦᠭᠡᠬᠦ ᠶᠡᠷᠦᠩᠬᠡᠶ ᠲᠥᠯᠥᠪᠵᠢᠭᠦᠯᠭᠡ︾ ᠶᠢ ᠰᠢᠨᠵᠢᠯᠡᠬᠦ ᠤᠬᠠᠭᠠᠨᠴᠢ ᠪᠠᠷ᠂ ᠴᠢᠨᠠᠷ ᠰᠠᠶᠢᠲᠠᠶ ᠨᠠᠶᠢᠷᠠᠭᠤᠯᠤᠨ | ᠵᠣᠬᠢᠶᠠᠨ᠎ᠠ᠃ ᠠᠭᠤᠷᠬᠠᠶ ᠶᠢᠨ ᠣᠷᠣᠨ ᠤ ᠠᠭᠤᠷᠬᠠᠶ ᠶᠢᠨ ᠡᠷᠬᠡᠲᠦ ᠬᠥᠮᠦᠨ ᠨᠢ ᠮᠠᠯᠲᠠᠬᠤ ᠣᠷᠣᠨ ᠢᠶᠠᠷ ᠨᠢᠭᠡᠴᠢ ᠪᠣᠯᠭᠠᠨ᠂ ︽ | ᠭᠤᠷᠪᠠᠨ ᠬᠠᠮᠲᠤᠷᠠᠬᠤ︾ ᠶᠢ ᠪᠡᠶᠡᠯᠡᠭᠦᠯᠬᠦ ᠪᠠᠷ ᠬᠠᠷᠠᠯᠲᠠ ᠪᠣᠯᠭᠠᠵᠤ᠂ 2021 ᠣᠨ ᠤ 12 ᠳ᠋ᠤᠭᠠᠷ ᠰᠠᠷ᠎ᠠ ᠶᠢᠨ 31 ᠤ | ᠡᠳᠦᠷ ᠠᠴᠠ ᠡᠮᠦᠨ᠎ᠡ ᠵᠠᠳᠠᠭᠠᠶ ᠨᠡᠭᠦᠷᠡᠰᠦᠨ ᠠᠭᠤᠷᠬᠠᠶ ︵ᠮᠠᠯᠲᠠᠬᠤ ᠣᠷᠣᠨ︶ ᠶᠢᠨ ᠵᠢᠷᠤᠭ ᠲᠥᠯᠥᠪᠯᠡᠭᠡ ᠶᠢᠨ ᠲᠥᠰᠦᠯ ᠢ | ᠳᠠᠬᠢᠨ ᠰᠢᠨ᠎ᠡ ᠪᠠᠷ ᠨᠠᠶᠢᠷᠠᠭᠤᠯᠤᠨ ᠵᠣᠬᠢᠶᠠᠬᠤ ᠠᠵᠢᠯ ᠢ ᠪᠡᠶᠡᠯᠡᠭᠦᠯᠦᠨ᠎ᠡ᠃ ︽ᠭᠤᠷᠪᠠᠨ ᠬᠠᠮᠲᠤᠷᠠᠬᠤ︾ ᠨᠡᠭᠡᠭᠡᠨ | ᠮᠠᠯᠲᠠᠬᠤ ᠳᠤ ᠬᠡᠷᠡᠭᠰᠡᠬᠦ ᠠᠵᠤ ᠦᠢᠯᠡᠳᠪᠦᠷᠢ ᠶᠢᠨ ᠲᠠᠯᠠᠪᠠᠶ᠂ ᠦᠢᠯᠡᠳᠪᠦᠷᠢᠯᠡᠯ ᠠᠮᠢᠳᠤᠷᠠᠯ ᠤᠨ ᠲᠣᠭᠤᠷᠢᠭ᠂ ᠨᠡᠭᠦᠷᠡᠰᠦ | ᠬᠠᠳᠠᠭᠠᠯᠠᠬᠤ ᠬᠥᠮᠥᠷᠭᠡ᠂ ᠨᠡᠭᠦᠷᠡᠰᠦᠨ ᠤ ᠡᠳ᠋ ᠪᠠᠷᠠᠭᠠᠨ ᠤ ᠭᠦᠢᠯᠭᠡᠭᠡᠨ ᠤ ᠲᠣᠭᠤᠷᠢᠭ ᠵᠡᠷᠭᠡ ᠴᠢᠳᠠᠮᠵᠢ ᠶᠢ ᠵᠦᠶ ᠵᠣᠬᠢᠰᠲᠠᠶ | ᠪᠠᠶᠢᠷᠢᠯᠠᠭᠤᠯᠤᠨ᠎ᠠ᠃ ᠵᠢᠷᠤᠭ ᠲᠥᠯᠥᠪᠯᠡᠭᠡ ᠶᠢᠨ ᠲᠥᠰᠦᠯ ᠢ ᠲᠤᠭᠤᠷᠢᠭ ᠤᠨ ᠡᠨᠧᠷᠭᠢ ᠶᠢᠨ ᠲᠣᠪᠴᠢᠶ᠎ᠠ ᠳᠤ ᠬᠢᠨᠠᠨ | ᠲᠣᠭᠲᠠᠭᠠᠵᠤ ᠳᠠᠩᠰᠠᠯᠠᠭᠤᠯᠬᠤ ᠭᠠᠷᠳᠠᠮ ᠢ ᠭᠦᠢᠴᠡᠳᠭᠡᠭᠰᠡᠨ ᠤ ᠳᠠᠷᠠᠭ᠎ᠠ ᠬᠡᠷᠡᠭᠵᠢᠭᠦᠯᠬᠦ ᠬᠡᠷᠡᠭᠲᠡᠶ᠃ ᠬᠠᠶᠢᠨᠠᠨ ᠤ | ᠪᠠᠶᠢᠭᠠᠯᠢ ᠶᠢᠨ ᠡᠬᠢ ᠪᠠᠶᠠᠯᠢᠭ ᠤᠨ ᠬᠤᠪᠢᠶᠠᠷᠢ ᠲᠣᠪᠴᠢᠶ᠎ᠠ ᠨᠢ ᠬᠤᠭᠤᠰᠣᠨ ᠣᠷᠣᠨ ᠤ ᠡᠬᠢ ᠪᠠᠶᠠᠯᠢᠭ ᠢ ᠰᠢᠯᠵᠢᠭᠦᠯᠦᠨ | ᠬᠤᠳᠠᠯᠳᠤᠬᠤ ᠲᠥᠰᠦᠯ ᠢ ᠨᠠᠶᠢᠷᠠᠭᠤᠯᠤᠨ ᠵᠣᠬᠢᠶᠠᠬᠤ ᠶᠢ ᠬᠠᠷᠢᠭᠤᠴᠠᠬᠤ ᠶᠢᠨ ᠬᠠᠮᠲᠤ 2021 ᠣᠨ ᠤ 12 ᠳ᠋ᠤᠭᠠᠷ | ᠰᠠᠷ᠎ᠠ ᠶᠢᠨ 31 ᠤ ᠡᠳᠦᠷ ᠠᠴᠠ ᠡᠮᠦᠨ᠎ᠡ ᠪᠥᠬᠦ ᠲᠤᠭᠤᠷᠢᠭ ᠤᠨ ᠬᠤᠭᠤᠰᠣᠨ ᠣᠷᠣᠨ ᠤ ᠡᠬᠢ ᠪᠠᠶᠠᠯᠢᠭ ᠢ ᠰᠢᠯᠵᠢᠭᠦᠯᠦᠨ | ᠬᠤᠳᠠᠯᠳᠤᠬᠤ ᠪᠠ ᠠᠭᠤᠷᠬᠠᠶ ᠶᠢᠨ ᠣᠷᠣᠨ ᠤ ᠬᠡᠪᠴᠢᠶ᠎ᠡ ᠶᠢ ᠬᠤᠪᠢᠷᠠᠭᠤᠯᠤᠨ ᠳᠠᠩᠰᠠᠯᠠᠬᠤ ᠠᠵᠢᠯ ᠢ ᠪᠡᠶᠡᠯᠡᠭᠦᠯᠦᠨ᠎ᠡ᠃ | 3. ᠨᠡᠭᠦᠷᠡᠰᠦᠨ ᠤ ᠪᠤᠰᠤ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ ᠳᠠᠬᠢᠨ ᠵᠣᠬᠢᠶᠠᠨ ᠪᠠᠶᠢᠭᠤᠯᠬᠤ ᠶᠢ ᠠᠬᠢᠭᠤᠯᠤᠨ᠎ᠠ᠃ | ᠭᠤᠷᠪᠠᠳᠠᠬᠢ ᠡᠲᠡᠭᠡᠳ ᠢ ᠤᠷᠢᠵᠤ ᠬᠦᠵᠦᠪᠴᠢᠨ ᠰᠢᠯᠢ ᠠᠭᠤᠷᠬᠠᠶ ᠶᠢᠨ ᠣᠷᠣᠨ ᠪᠣᠯᠤᠨ ᠲᠣᠰ ᠣᠷᠣᠨ ᠪᠦᠰᠡ ᠶᠢᠨ | ᠳᠣᠲᠣᠷᠠᠬᠢ ᠣᠲᠣ ᠪᠠᠶᠢᠭ᠎ᠠ 11 ᠬᠦᠴᠦᠨ ᠪᠥᠬᠦᠶ ᠠᠭᠤᠷᠬᠠᠶ ᠶᠢᠨ ᠡᠷᠬᠡ ᠶᠢ ᠳᠠᠬᠢᠨ ᠲᠥᠯᠥᠪᠵᠢᠭᠦᠯᠵᠦ᠂ ᠳᠠᠬᠢᠨ | ᠪᠠᠶᠢᠷᠢᠰᠢᠯᠠᠭᠤᠯᠤᠨ᠂ ᠨᠡᠭᠦᠷᠡᠰᠦᠨ ᠤ ᠪᠤᠰᠤ ᠠᠭᠤᠷᠬᠠᠶ ᠶᠢᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠬᠦ ᠪᠠ ᠠᠭᠤᠷᠬᠠᠶ ᠶᠢᠨ | ᠦᠢᠯᠡᠰ ᠤᠨ ᠡᠷᠬᠡ ᠶᠢ ᠳᠣᠭᠢᠷᠠᠭᠤᠯᠬᠤ ᠲᠥᠰᠦᠯ ᠢ ᠰᠢᠨᠵᠢᠯᠡᠬᠦ ᠤᠬᠠᠭᠠᠨᠴᠢ ᠪᠠᠷ ᠨᠠᠶᠢᠷᠠᠭᠤᠯᠤᠨ ᠵᠣᠬᠢᠶᠠᠨ᠎ᠠ᠃ ᠡᠬᠢ | ᠪᠠᠶᠠᠯᠢᠭ ᠢ ᠡᠮᠬᠢᠯᠡᠨ ᠨᠡᠶᠢᠯᠡᠭᠦᠯᠬᠦ ᠠᠭᠤᠷᠬᠠᠶ ᠶᠢᠨ ᠡᠷᠬᠡ ᠶᠢ ᠳᠠᠬᠢᠨ ᠵᠣᠬᠢᠶᠠᠨ ᠪᠠᠶᠢᠭᠤᠯᠬᠤ ᠶᠢ ᠥᠷᠨᠢᠭᠦᠯᠬᠦ ᠶᠢᠨ ᠵᠡᠷᠭᠡ ᠳᠤ᠂ | ᠬᠦᠵᠦᠪᠴᠢᠨ ᠰᠢᠯᠢ ᠠᠭᠤᠷᠬᠠᠶ ᠶᠢᠨ ᠣᠷᠣᠨ ᠳᠤ ᠬᠤᠲᠠ ᠶᠢᠨ ᠵᠠᠰᠠᠭ ᠤᠨ ᠣᠷᠳᠣᠨ ᠤ ᠬᠤᠳᠠᠯᠳᠤᠭᠠᠴᠢᠨ ᠤᠷᠢᠵᠤ ᠪᠠᠯᠠ | ᠣᠷᠣᠭᠤᠯᠬᠤ ᠳᠤ ᠨᠢᠭᠡᠨᠲᠡ ᠬᠤᠷᠠᠯ ᠤᠨ ᠲᠣᠪᠴᠢ ᠲᠡᠮᠳᠡᠭᠯᠡᠯ ᠭᠠᠷᠭᠠᠵᠤ ᠡᠬᠢ ᠪᠠᠶᠠᠯᠢᠭ ᠢ ᠳᠣᠭᠢᠷᠠᠭᠤᠯᠬᠤ ᠶᠢ | ᠵᠥᠪᠰᠢᠶᠡᠷᠡᠭᠰᠡᠨ ᠠᠵᠤ ᠠᠬᠤᠶᠢᠯᠠᠯ ᠤᠨ ᠴᠣᠬᠤᠶ ᠶᠢᠨ ᠴᠢᠯᠠᠭᠤᠨ ᠤ ᠬᠠᠩᠭᠠᠯᠭ᠎ᠠ ᠶᠢᠨ ᠠᠰᠠᠭᠤᠳᠠᠯ ᠵᠢᠴᠢ ᠬᠡᠰᠡᠭ | ᠠᠭᠤᠷᠬᠠᠶ ᠳᠤ ᠬᠤᠯᠪᠣᠭᠳᠠᠭᠰᠠᠨ ᠲᠡᠤᠬᠡᠨ ᠠᠴᠠ ᠦᠯᠡᠳᠡᠭᠳᠡᠵᠦ ᠢᠷᠡᠭᠰᠡᠨ ᠵᠠᠬᠢᠳᠠᠯ ᠰᠤᠷᠪᠤᠯᠵᠢᠯᠠᠭ᠎ᠠ ᠶᠢᠨ ᠠᠰᠠᠭᠤᠳᠠᠯ ᠵᠢᠴᠢ | ᠬᠡᠰᠡᠭ ᠲᠡᠤᠬᠡᠨ ᠠᠴᠠ ᠦᠯᠡᠳᠡᠭᠳᠡᠵᠦ ᠢᠷᠡᠭᠰᠡ ᠵᠠᠬᠢᠳᠠᠯ ᠰᠣᠷᠪᠤᠯᠵᠢᠯᠠᠭ᠎ᠠ ᠶᠢᠨ ᠠᠰᠠᠭᠤᠳᠠᠯ ᠢ ᠰᠢᠢᠳᠪᠦᠷᠢᠯᠡᠬᠦ ᠪᠠᠷ | ᠲᠥᠯᠥᠪᠯᠡᠵᠦ ᠪᠣᠶ᠃ ᠪᠠᠷᠠᠭᠤᠨ ᠣᠷᠠᠨᠳᠦ᠋ᠰᠢ ᠶᠢᠨ ᠫᠢᠩ ᠲᠠᠢ ᠱᠠᠨ ᠴᠣᠬᠤᠶ ᠶᠢᠨ ᠴᠢᠯᠠᠭᠤ ᠶᠢᠨ ᠠᠭᠤᠷᠬᠠᠶ ᠶᠢᠨ ᠣᠷᠣᠨ ᠤ | ᠡᠬᠢ ᠪᠠᠶᠠᠯᠢᠭ ᠢ ᠡᠮᠬᠢᠯᠡᠨ ᠨᠡᠶᠢᠯᠡᠭᠦᠯᠬᠦ ᠠᠵᠢᠯ ᠢ ᠲᠦᠷᠭᠡᠳᠬᠡᠨ ᠠᠬᠢᠭᠤᠯᠵᠤ᠂ ᠲᠣᠰ ᠠᠭᠤᠷᠬᠠᠶ ᠶᠢᠨ ᠣᠷᠣᠨ ᠳᠤ ᠭᠤᠷᠪᠠᠨ | ᠠᠭᠤᠷᠬᠠᠶ ᠶᠢᠨ ᠡᠷᠬᠡ ᠶᠢ ᠪᠠᠶᠢᠭᠤᠯᠤᠨ᠂ ᠵᠧᠩ ᠸᠧᠶ ᠶᠢᠨ ᠪᠠᠷᠠᠭᠤᠨ ᠣᠷᠠᠨᠳᠦ᠋ᠰᠢ ᠶᠢᠨ ᠫᠢᠩ ᠲᠠᠢ ᠱᠠᠨ ᠪᠣᠯᠤᠨ ᠪᠠᠷᠠᠭᠤᠨ | ᠣᠷᠠᠨᠳᠦ᠋ᠰᠢ ᠶᠢᠨ ᠫᠢᠩ ᠲᠠᠢ ᠱᠠᠨ ᠤ ᠡᠮᠦᠨ᠎ᠡ ᠬᠡᠰᠡᠭ ᠤᠨ 2 ᠴᠣᠬᠤᠶ ᠶᠢᠨ ᠴᠢᠯᠠᠭᠤ ᠶᠢᠨ ᠠᠭᠤᠷᠬᠠᠶ ᠶᠢᠨ ᠬᠥᠷᠰᠢ | ᠵᠡᠷᠭᠡᠯᠡᠳᠡᠭᠡ ᠪᠠᠶᠢᠭ᠎ᠠ ᠠᠭᠤᠷᠬᠠᠶ ᠶᠢᠨ ᠡᠷᠬᠡ ᠶᠢᠨ ᠬᠤᠭᠤᠰᠣᠨ ᠣᠷᠣᠨ ᠢ ᠬᠠᠤᠯᠢ ᠶᠣᠰᠣᠭᠠᠷ ᠢᠯᠡ ᠪᠠᠷ ᠰᠢᠯᠵᠢᠭᠦᠯᠦᠨ | ᠬᠤᠳᠠᠯᠳᠤᠭᠰᠠᠨ ᠤ ᠳᠠᠷᠠᠭ᠎ᠠ ᠬᠥᠷᠰᠢ ᠵᠡᠷᠭᠡᠯᠡᠳᠡᠭᠡ ᠠᠭᠤᠷᠬᠠᠶ ᠯᠤᠭ᠎ᠠ ᠡᠮᠬᠢᠯᠡᠨ ᠨᠡᠶᠢᠯᠡᠭᠦᠯᠦᠨ᠎ᠡ᠃ ᠭᠤᠷᠪᠠᠳᠠᠬᠢ ᠡᠲᠡᠭᠡᠳ ᠢ | ᠤᠷᠢᠵᠤ ᠨᠡᠭᠦᠷᠡᠰᠦᠨ ᠠᠭᠤᠷᠬᠠᠶ ᠶᠢᠨ ᠪᠤᠰᠤ ᠡᠬᠢ ᠪᠠᠶᠠᠯᠢᠭ ᠢ ᠡᠮᠬᠢᠯᠡᠨ ᠨᠡᠶᠢᠯᠡᠭᠦᠯᠬᠦ ᠪᠠ ᠠᠭᠤᠷᠬᠠᠶ ᠶᠢᠨ ᠦᠢᠯᠡᠰ ᠤᠨ | ᠡᠷᠬᠡ ᠶᠢ ᠳᠣᠭᠢᠷᠠᠭᠤᠯᠬᠤ ᠲᠥᠰᠦᠯ ᠢ ᠰᠢᠨᠵᠢᠯᠡᠬᠦ ᠤᠬᠠᠭᠠᠨᠴᠢ ᠪᠠᠷ ᠨᠠᠶᠢᠷᠠᠭᠤᠯᠤᠨ ᠵᠣᠬᠢᠶᠠᠨ᠎ᠠ᠃ ᠠᠭᠤᠷᠬᠠᠶ ᠳᠤ | ᠬᠤᠯᠪᠣᠭᠳᠠᠭᠰᠠᠨ ᠬᠡᠰᠡᠭ ᠲᠡᠦᠬᠡᠨ ᠠᠴᠠ ᠦᠯᠡᠳᠡᠭᠳᠡᠵᠦ ᠢᠷᠡᠭᠰᠡᠨ ᠵᠠᠬᠢᠳᠠᠯ ᠰᠤᠷᠪᠤᠯᠵᠢᠯᠠᠭ᠎ᠠ ᠶᠢᠨ ᠠᠰᠠᠭᠤᠳᠠᠯ ᠢ | ᠰᠢᠢᠳᠪᠦᠷᠢᠯᠡᠨ᠎ᠡ᠃ ᠰᠢᠨ᠎ᠡ ᠪᠠᠷ ᠪᠠᠶᠢᠭᠤᠯᠤᠭᠰᠠᠨ ᠨᠡᠭᠦᠷᠡᠰᠦᠨ ᠪᠤᠰᠤ ᠠᠭᠤᠷᠬᠠᠶ ᠶᠢᠨ ᠦᠢᠯᠡᠳᠪᠦᠷᠢᠯᠡᠯ ᠤᠨ ᠬᠡᠪᠴᠢᠶ᠎ᠡ ᠶᠢ | ᠡᠷᠬᠡᠪᠰᠢ ᠳᠤᠮᠳᠠ ᠬᠡᠯᠪᠡᠷᠢ ᠶᠢᠨ ᠠᠭᠤᠷᠬᠠᠶ ᠠᠴᠠ ᠳᠡᠭᠡᠭᠰᠢ ᠪᠠᠶᠢᠯᠭᠠᠬᠤ ᠬᠡᠷᠡᠭᠲᠡᠶ᠃ | 4. ᠡᠮᠬᠢᠯᠡᠨ ᠨᠡᠶᠢᠯᠡᠭᠦᠯᠵᠦ ᠳᠠᠬᠢᠨ ᠵᠣᠬᠢᠶᠠᠨ ᠪᠠᠶᠢᠭᠤᠯᠬᠤ ᠶᠢ ᠲᠦᠷᠭᠡᠨ ᠠᠬᠢᠭᠤᠯᠬᠤ ᠶᠢ ᠨᠥᠯᠥᠭᠡᠯᠡᠬᠦ ᠳᠤᠮᠳᠠ | ᠣᠷᠣᠰᠢᠵᠤ ᠪᠠᠶᠢᠭ᠎ᠠ ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠨ᠎ᠡ᠃ ᠬᠠᠶᠢᠨᠠᠨ ᠤ ᠪᠠᠶᠢᠭᠠᠯᠢ ᠶᠢᠨ ᠡᠬᠢ ᠪᠠᠶᠠᠯᠢᠭ ᠤᠨ | ᠬᠤᠪᠢᠶᠠᠷᠢ ᠲᠣᠪᠴᠢᠶ᠎ᠠ ᠨᠢ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠶᠢᠨ ᠬᠠᠮᠢᠶ᠎ᠠ ᠪᠥᠬᠦᠶ ᠭᠠᠵᠠᠷ | ᠬᠡᠷᠡᠭᠯᠡᠬᠦ ᠭᠠᠷᠳᠠᠮ ᠢ ᠭᠦᠢᠴᠡᠳᠭᠡᠨ᠎ᠡ᠃ ᠮᠠᠯᠲᠠᠮᠠᠯ ᠤᠨ ᠣᠷᠣᠨ ᠮᠠᠯᠲᠠᠬᠤ ᠳᠤ ᠬᠡᠷᠡᠭᠰᠡᠬᠦ ᠠᠵᠤ ᠦᠢᠯᠡᠳᠪᠦᠷᠢ ᠶᠢᠨ ᠠᠭᠤᠳᠠᠮ | ᠲᠠᠯᠠᠪᠠᠢ᠂ ᠦᠢᠯᠡᠳᠪᠦᠷᠢᠯᠡᠯ ᠠᠮᠢᠳᠤᠷᠠᠯ ᠤᠨ ᠲᠣᠭᠤᠷᠢᠭ᠂ ᠨᠡᠭᠦᠷᠡᠰᠦ ᠬᠠᠳᠠᠭᠠᠯᠠᠬᠤ ᠬᠥᠮᠥᠷᠭᠡ᠂ ᠨᠡᠭᠦᠷᠡᠰᠦᠨ ᠤ ᠠᠳ᠋ | ᠪᠠᠷᠠᠭᠠᠨ ᠤ ᠭᠦᠢᠯᠭᠡᠭᠡᠨ ᠤ ᠲᠣᠭᠤᠷᠢᠭ ᠵᠡᠷᠭᠡ ᠳᠤ ᠠᠭᠤᠷᠬᠠᠶ ᠶᠢᠨ ᠣᠷᠣᠨ ᠤ ᠶᠡᠷᠦᠩᠬᠡᠶ ᠲᠥᠯᠥᠪᠵᠢᠭᠦᠯᠭᠡ ᠶᠢᠨ | ᠪᠠᠶᠢᠷᠢᠯᠠᠭᠤᠯᠤᠯᠲᠠ ᠶᠣᠰᠣᠭᠠᠷ ᠭᠠᠵᠠᠷ ᠰᠢᠷᠣᠶ ᠶᠢ ᠵᠦᠢ ᠵᠣᠬᠢᠰᠲᠠᠶ ᠬᠠᠩᠭᠠᠨ᠎ᠠ᠃ ᠳᠡᠭᠡᠳᠦ ᠱᠠᠲᠤᠨ ᠤ ᠰᠠᠯᠠᠭ᠎ᠠ | ᠮᠥᠴᠢᠷ ᠠᠴᠠ ᠰᠡᠷᠭᠦᠭᠡᠨ ᠵᠠᠰᠠᠭᠰᠠᠨ ᠤ ᠳᠠᠷᠠᠭ᠎ᠠ ᠪᠣᠶ ᠪᠣᠯᠤᠭᠰᠠᠨ ᠭᠠᠵᠠᠷ ᠰᠢᠷᠣᠶ ᠶᠢ ᠳᠠᠬᠢᠨ ᠠᠰᠢᠭᠯᠠᠬᠤ ᠲᠠᠯ᠎ᠠ ᠪᠠᠷ ᠬᠢ | ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠢᠳᠡᠪᠬᠢᠲᠡᠶ ᠪᠠᠷ ᠴᠢᠷᠮᠠᠶᠢᠨ ᠣᠯᠵᠤ᠂ ᠲᠠᠷᠢᠶᠠᠯᠠᠩ ᠤᠨ ᠦᠢᠯᠡᠳᠪᠦᠷᠢᠯᠡᠯ ᠪᠠ | ᠬᠡᠷᠡᠯ ᠴᠡᠨᠡᠭ ᠤᠨ ᠠᠵᠤ ᠦᠢᠯᠡᠰ ᠲᠤ ᠤᠷᠢᠳᠠᠪᠠᠷ ᠬᠡᠷᠡᠭᠯᠡᠵᠦ᠂ ᠰᠡᠷᠭᠦᠭᠡᠨ ᠬᠠᠭᠠᠯᠪᠤᠷᠢᠯᠠᠭᠴᠢ ᠶᠢᠨ ᠬᠠᠤᠯᠢ ᠶᠣᠰᠣᠨ ᠤ ᠡᠷᠬᠡ | ᠠᠰᠢᠭ ᠢ ᠪᠠᠲᠤᠯᠠᠨ᠎ᠠ᠃ ᠬᠠᠤᠯᠢ ᠲᠣᠭᠲᠠᠭᠠᠯ ᠠᠴᠠ ᠵᠥᠷᠢᠴᠡᠨ ᠣᠶ ᠰᠢᠭᠤᠶ ᠡᠪᠡᠰᠦ ᠪᠡᠯᠴᠢᠭᠡᠷ ᠢ ᠡᠵᠡᠯᠡᠨ ᠬᠡᠷᠡᠭᠯᠡᠬᠦ ᠶᠢ | ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠲᠠᠢ ᠤᠶᠠᠯᠳᠤᠭᠤᠯᠤᠨ᠂ ᠬᠠᠶᠢᠨᠠᠨ ᠤ ᠪᠠᠶᠢᠭᠠᠯᠢ ᠶᠢᠨ ᠡᠬᠢ ᠪᠠᠶᠠᠯᠢᠭ ᠤᠨ | ᠬᠤᠪᠢᠶᠠᠷᠢ ᠲᠣᠪᠴᠢᠶ᠎ᠠ ᠠᠴᠠ ᠳᠡᠭᠡᠳᠦ ᠱᠠᠲᠤᠨ ᠤ ᠰᠠᠯᠠᠭ᠎ᠠ ᠮᠥᠴᠢᠷ ᠲᠤ ᠪᠥᠬᠦ ᠣᠷᠣᠨ ᠤ ᠵᠠᠳᠠᠭᠠᠶ ᠨᠡᠭᠦᠷᠡᠰᠦᠨ | ᠠᠭᠤᠷᠬᠠᠶ ᠶᠢ ᠨᠡᠭᠡᠭᠡᠨ ᠮᠠᠯᠲᠠᠵᠤ ᠨᠤᠲᠤᠭ ᠪᠡᠯᠴᠢᠭᠡᠷ ᠢ ᠳᠠᠷᠤᠵᠤ ᠡᠵᠡᠯᠡᠬᠦ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠬᠦ | ᠪᠠᠷ ᠭᠤᠶᠤᠴᠢᠯᠠᠨ᠎ᠠ᠃ | ︵ᠭᠤᠷᠪᠠ︶ ᠠᠭᠤᠷᠬᠠᠶ ᠶᠢ ᠶᠡᠷᠦᠩᠬᠡᠶᠢᠯᠡᠨ ᠵᠠᠰᠠᠬᠤ ᠪᠠ ᠪᠣᠬᠢᠷᠲᠤᠯ ᠥᠬᠡᠶ ᠠᠭᠤᠷᠬᠠᠶ ᠶᠢᠨ ᠪᠥᠲᠥᠭᠡᠨ | ᠪᠠᠶᠢᠭᠤᠯᠤᠯᠲᠠ ᠶᠢᠨ ᠠᠵᠢᠯᠯᠠᠭ᠎ᠠ ᠶᠢ ᠭᠦᠨᠵᠡᠭᠡᠶ ᠥᠷᠨᠢᠭᠦᠯᠦᠨ᠎ᠡ᠃ | 1. ᠵᠢᠱᠢᠶ᠎ᠡ ᠦᠵᠡᠭᠦᠯᠬᠦ ᠣᠷᠣᠨ ᠢ ᠡᠭᠦᠳᠦᠨ ᠪᠠᠶᠢᠭᠤᠯᠬᠤ ᠶᠢ ᠥᠷᠨᠢᠭᠦᠯᠦᠨ᠎ᠡ᠃ ︽ᠦᠬᠠᠶ ᠬᠤᠲᠠ ᠶᠢᠨ | ᠠᠭᠤᠷᠬᠠᠶ ᠶᠢᠨ ᠣᠷᠣᠨ ᠤ ᠶᠡᠷᠦᠩᠬᠡᠶ ᠲᠥᠯᠥᠪᠵᠢᠭᠦᠯᠭᠡ︾ ᠶᠣᠰᠣᠭᠠᠷ᠂ ᠠᠵᠤ ᠠᠬᠤᠶᠢᠯᠠᠯ ᠤᠳ ︽ ᠭᠤᠷᠪᠠᠨ ᠬᠠᠮᠲᠤᠷᠠᠬᠤ︾ | ᠲᠥᠰᠦᠯ ᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠶ᠃ 2021 ᠣᠨ ᠤ 9 ᠳ᠋ᠣᠭᠡᠷ ᠰᠠᠷ᠎ᠠ ᠶᠢᠨ ᠰᠡᠭᠦᠯᠴᠢ ᠠᠴᠠ ᠡᠮᠦᠨ᠎ᠡ | ᠨᠢᠭᠡ ᠠᠭᠤᠷᠬᠠᠶ ᠶᠢᠨ ᠣᠷᠣᠨ ᠤ ᠠᠮᠢ ᠠᠬᠤᠶ ᠶᠢ ᠰᠡᠷᠭᠦᠭᠡᠨ ᠵᠠᠰᠠᠬᠤ ᠵᠢᠱᠢᠶ᠎ᠡ ᠦᠵᠡᠭᠦᠯᠬᠦ ᠣᠷᠣᠨ ᠢ ᠡᠮᠬᠢᠯᠡᠨ ᠨᠡᠶᠢᠯᠡᠭᠦᠯᠵᠦ᠂ | ᠬᠠᠮᠲᠤᠷᠠᠨ ᠭᠠᠳᠠᠭᠰᠢᠯᠠᠭᠤᠯᠬᠤ ᠪᠠ ᠬᠠᠮᠲᠤᠷᠠᠨ ᠵᠠᠰᠠᠬᠤ ᠶᠢ ᠪᠡᠶᠡᠯᠡᠭᠦᠯᠦᠨ᠂ ᠬᠠᠮᠲᠤᠷᠠᠨ ᠮᠠᠯᠲᠠᠬᠤ ᠳᠤ ᠰᠠᠭᠤᠷᠢ ᠲᠠᠯᠪᠢᠨ᠎ᠠ᠃ | 2023 ᠣᠨ ᠤ ᠡᠴᠦᠰ ᠪᠣᠯᠬᠤ ᠳᠤ ᠠᠳᠠᠭ ᠲᠠᠭᠠᠨ ᠨᠢᠭᠡ ᠵᠢᠱᠢᠶ᠎ᠡ ᠦᠵᠡᠭᠦᠯᠬᠦ ᠲᠥᠷᠥᠯ ᠵᠦᠢᠯ ᠤᠨ ᠪᠥᠲᠥᠭᠡᠨ | ᠪᠠᠶᠢᠭᠤᠯᠤᠯᠲᠠ ᠶᠢ ᠪᠡᠶᠡᠯᠡᠭᠦᠯᠬᠦ ᠶᠢᠨ ᠬᠠᠮᠲᠤ᠂ ᠡᠯ᠎ᠡ ᠲᠥᠪᠯᠡᠷᠡᠨ ᠵᠠᠯᠭᠠᠯᠳᠤᠭᠰᠠᠨ ᠵᠠᠰᠠᠯᠲᠠ ᠶᠢᠨ ᠣᠷᠣᠨ ᠪᠦᠰᠡ ᠶᠢᠨ | ᠵᠠᠰᠠᠯᠲᠠ ᠶᠢ ᠪᠡᠶᠡᠯᠡᠭᠦᠯᠬᠦ ᠴᠠᠭ ᠤᠨ ᠬᠢᠵᠠᠭᠠᠷ ᠢ ᠲᠣᠳᠣᠷᠬᠠᠶᠢᠯᠠᠵᠤ᠂ ᠴᠠᠭ ᠤᠨ ᠳᠠᠷᠠᠭᠠᠯᠠᠯ ᠤᠨ ᠠᠬᠢᠴᠠ ᠶᠢᠨ ᠱᠠᠭᠠᠷᠳᠠᠯᠭ᠎ᠠ | ᠶᠣᠰᠣᠭᠠᠷ ᠵᠠᠰᠠᠯᠲᠠ ᠶᠢ ᠪᠡᠶᠡᠯᠡᠭᠦᠯᠦᠭᠰᠡᠨ ᠥᠬᠡᠶ ᠠᠭᠤᠷᠬᠠᠶ ᠶᠢᠨ ᠠᠵᠤ ᠠᠬᠤᠶᠢᠯᠠᠯ ᠢ ᠴᠥᠮ ᠦᠢᠯᠡᠳᠪᠦᠷᠢᠯᠡᠯ ᠢ ᠨᠢ | ᠵᠣᠭᠰᠣᠭᠠᠵᠤ ᠵᠠᠰᠠᠬᠤ ᠬᠡᠷᠡᠭᠲᠡᠶ᠃ | 2. ᠰᠢᠷᠣᠶ ᠭᠠᠳᠠᠭᠰᠢᠯᠠᠭᠤᠯᠬᠤ ᠲᠠᠯᠠᠪᠠᠶ ᠶᠢᠨ ᠵᠠᠰᠠᠯᠲᠠ ᠶᠢ ᠴᠢᠩᠭᠠᠳᠬᠠᠨ᠎ᠠ᠃ ︽ᠥᠪᠡᠷᠲᠡᠭᠡᠨ ᠵᠠᠰᠠᠬᠤ ᠣᠷᠣᠨ ᠤ | ᠠᠭᠤᠷᠬᠠᠶ ᠶᠢᠨ ᠣᠷᠴᠢᠨ ᠲᠣᠭᠤᠷᠢᠨ ᠤ ᠵᠠᠰᠠᠯᠲᠠ ᠶᠢᠨ ᠬᠡᠷᠡᠭᠵᠢᠭᠦᠯᠬᠦ ᠲᠥᠰᠦᠯ ᠤᠨ ᠮᠡᠳᠡᠭᠳᠡᠯ︾ ︵ᠥᠪᠥᠷ ᠵᠠᠰᠠᠭ ᠠᠯᠪᠠᠨ | ᠦᠰᠦᠭ ︹ 2020 ︺ 56 ᠳ᠋ᠤᠭᠠᠷ ᠲᠣᠭᠠᠲᠤ︶ ᠤᠨ ᠬᠠᠮᠢᠶ᠎ᠠ ᠪᠦᠬᠦᠢ ᠲᠣᠭᠲᠠᠭᠠᠯ ᠶᠣᠰᠣᠭᠠᠷ᠂ ᠬᠠᠶᠢᠨᠠᠨ ᠤ | ᠪᠠᠶᠢᠭᠠᠯᠢ ᠶᠢᠨ ᠡᠬᠢ ᠪᠠᠶᠠᠯᠢᠭ ᠤᠨ ᠬᠤᠪᠢᠶᠠᠷᠢ ᠲᠣᠪᠴᠢᠶ᠎ᠠ ᠶᠢᠨ ᠬᠢᠨ ᠠᠭᠤᠷᠬᠠᠶ ᠶᠢᠨ ᠠᠵᠤ ᠠᠬᠤᠶᠢᠯᠠᠯ ᠤᠨ ᠰᠢᠷᠣᠶ | ᠭᠠᠳᠠᠭᠰᠢᠯᠠᠭᠤᠯᠬᠤ ᠲᠠᠯᠠᠪᠠᠶ ᠶᠢᠨ ᠶᠡᠨᠳᠡᠷ ᠪᠠ ᠶᠡᠨᠳᠡᠷ ᠤᠨ ᠦᠨᠳᠦᠷᠴᠡ ᠶᠢᠨ ᠬᠡᠮᠵᠢᠶᠡᠨ ᠤ ᠵᠠᠰᠠᠯᠲᠠ ᠶᠢᠨ ᠪᠠᠷᠢᠮᠵᠢᠶ᠎ᠠ ᠶᠢ | ᠵᠢᠷᠤᠮᠵᠢᠭᠤᠯᠵᠤ᠂ ᠨᠢᠭᠡᠨᠲᠡ ᠭᠠᠳᠠᠭᠰᠢᠯᠠᠭᠤᠯᠬᠤ ᠪᠠᠨ ᠵᠣᠭᠰᠣᠭᠰᠠᠨ ᠪᠠ ᠰᠢᠷᠣᠶ ᠭᠠᠳᠠᠭᠰᠢᠯᠠᠭᠤᠯᠬᠤ ᠲᠠᠯᠠᠪᠠᠶ ᠶᠢᠨ ᠱᠠᠲᠤᠯᠢᠭ | ᠨᠠᠯᠠᠤ ᠶᠢᠨ ᠥᠨᠴᠥᠭ ᠨᠢ 25 ᠭᠷᠠᠳᠦ᠋ᠰ ᠠᠴᠠ ᠶᠡᠭᠡ ᠪᠣᠯᠪᠠᠴᠤ ᠨᠢᠭᠡᠨᠲᠡ ᠬᠡᠯᠪᠡᠷᠢᠵᠢᠭᠦᠯᠬᠦ᠂ ᠬᠥᠷᠪᠡᠭᠦᠯᠬᠦ᠂ ᠬᠠᠲᠠᠭᠤᠷᠠᠭᠤᠯᠬᠤ | ᠪᠤᠶᠤ ᠤᠷᠭᠤᠮᠠᠯ ᠤᠨ ᠬᠤᠴᠢᠯᠭ᠎ᠠ ᠶᠢ ᠰᠡᠷᠭᠦᠭᠡᠬᠦ ᠦᠷ᠎ᠡ ᠪᠦᠲᠦᠮᠵᠢ ᠨᠢ ᠢᠯᠡᠷᠬᠡᠶ ᠪᠤᠶᠤ ᠭᠠᠵᠠᠷ ᠰᠢᠨᠵᠢᠯᠡᠭᠡᠨ ᠤ ᠣᠷᠴᠢᠨ | ᠲᠣᠭᠤᠷᠢᠨ ᠤ ᠵᠠᠰᠠᠯᠲᠠ ᠶᠢᠨ ᠰᠢᠯᠭᠠᠨ ᠪᠠᠶᠢᠴᠠᠭᠠᠯᠲᠠ ᠳᠤ ᠬᠢᠷᠢ ᠲᠡᠩᠴᠡᠭᠰᠡᠨ ᠪᠠᠶᠢᠪᠠᠯ᠂ ᠵᠠᠷᠴᠢᠮ ᠳᠡᠭᠡᠷ᠎ᠡ ᠪᠠᠨ ᠨᠠᠯᠠᠤᠴᠠ ᠶᠢ | ᠳᠠᠬᠢᠨ ᠵᠣᠷᠭᠤᠵᠤ ᠲᠡᠭᠰᠢᠯᠡᠬᠦ ᠥᠬᠡᠶ ᠪᠠᠶᠢᠬᠤ ᠶᠢᠨ ᠬᠠᠮᠲᠤ ᠬᠢᠨᠠᠨ ᠬᠡᠮᠵᠢᠵᠦ ᠤᠷᠢᠳᠴᠢᠯᠠᠨ ᠰᠡᠷᠭᠡᠶᠢᠯᠡᠬᠦ ᠪᠠ ᠠᠷᠠᠴᠢᠯᠠᠨ | ᠬᠠᠮᠠᠭᠠᠯᠠᠬᠤ ᠬᠠᠮᠢᠶᠠᠷᠤᠯᠲᠠ ᠶᠢ ᠴᠢᠩᠭᠠᠳᠬᠠᠨ᠎ᠠ᠃ ᠲᠤᠭᠤᠷᠢᠭ ᠤᠨ ᠡᠨᠧᠷᠭᠢ ᠶᠢᠨ ᠲᠣᠪᠴᠢᠶ᠎ᠠ ᠨᠢ ︽ᠨᠡᠭᠦᠷᠡᠰᠦᠨ | ᠠᠭᠤᠷᠬᠠᠶ ᠶᠢᠨ ᠵᠠᠳᠠᠭᠠᠶ ᠮᠠᠯᠲᠠᠬᠤ ᠲᠠᠯᠠᠪᠠᠶ ᠶᠢᠨ ᠰᠢᠷᠣᠶ ᠭᠠᠳᠠᠭᠰᠢᠯᠠᠭᠤᠯᠬᠤ ᠠᠶᠤᠯᠭᠦᠢ ᠦᠢᠯᠡᠳᠪᠦᠷᠢᠯᠡᠯ ᠤᠨ ᠲᠦᠷᠢᠮ | ᠲᠣᠭᠲᠠᠭᠠᠯ︾ ︽ᠨᠡᠭᠦᠷᠡᠰᠦᠨ ᠤ ᠠᠵᠤ ᠦᠢᠯᠡᠳᠪᠦᠷᠢ ᠶᠢᠨ ᠵᠠᠳᠠᠭᠠᠶ ᠠᠭᠤᠷᠬᠠᠶ ᠶᠢᠨ ᠵᠢᠷᠤᠭ ᠲᠥᠯᠥᠪᠯᠡᠭᠡ ᠶᠢᠨ ᠵᠢᠷᠤᠮᠵᠢᠯ︾ | ︽ᠨᠡᠭᠦᠷᠡᠰᠦᠨ ᠤ ᠠᠵᠤ ᠦᠢᠯᠡᠳᠪᠦᠷᠢ ᠶᠢᠨ ᠵᠠᠳᠠᠭᠠᠶ ᠠᠭᠤᠷᠬᠠᠶ ᠶᠢᠨ ᠬᠠᠵᠠᠭᠤ ᠶᠢᠨ ᠪᠠᠷᠢᠯᠭ᠎ᠠ ᠶᠢᠨ ᠵᠢᠷᠤᠭ | ᠲᠥᠯᠥᠪᠯᠡᠭᠡ ᠶᠢᠨ ᠪᠠᠷᠢᠮᠵᠢᠶ᠎ᠠ︾ ᠵᠡᠷᠭᠡ ᠵᠢᠷᠤᠮᠵᠢᠯ ᠤᠨ ᠱᠠᠭᠠᠷᠳᠠᠯᠭ᠎ᠠ ᠶᠣᠰᠣᠭᠠᠷ᠂ ᠰᠢᠷᠣᠶ ᠭᠠᠳᠠᠭᠰᠢᠯᠠᠭᠤᠯᠬᠤ ᠲᠠᠯᠠᠪᠠᠶ ᠶᠢᠨ | ᠠᠮᠤᠷ ᠲᠦᠪᠰᠢᠨ ᠤ ᠬᠠᠮᠢᠶᠠᠷᠤᠯᠲᠠ ᠶᠢ ᠬᠠᠤᠯᠢ ᠶᠣᠰᠣᠭᠠᠷ ᠴᠢᠩᠭᠠᠳᠬᠠᠵᠤ᠂ ᠪᠦᠲᠦᠮᠵᠢᠲᠡᠶ ᠠᠷᠭ᠎ᠠ ᠬᠡᠮᠵᠢᠶ᠎ᠡ ᠠᠪᠴᠤ | ᠪᠠᠶᠢᠭᠠᠳ ᠳᠠᠯᠳᠠ ᠬᠡᠮ ᠢ ᠠᠷᠢᠯᠭᠠᠨ᠎ᠠ᠃ ᠲᠤᠭᠤᠷᠢᠭ ᠤᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ | ᠲᠣᠪᠴᠢᠶ᠎ᠠ ᠨᠢ ᠨᠡᠭᠦᠷᠡᠰᠦᠨ ᠠᠭᠤᠷᠬᠠᠶ ᠶᠢᠨ ᠪᠤᠰᠤ ᠠᠭᠤᠯᠠ ᠶᠢᠨ ᠰᠢᠭᠠᠷᠤ ᠭᠠᠳᠠᠭᠰᠢᠯᠠᠭᠤᠯᠬᠤ ᠲᠠᠯᠠᠪᠠᠶ ᠶᠢ ᠠᠶᠤᠯᠭᠦᠢ | ᠦᠢᠯᠡᠳᠪᠦᠷᠢᠯᠡᠯ ᠤᠨ ᠬᠤᠯᠪᠣᠭᠳᠠᠯ ᠪᠥᠬᠦᠶ ᠲᠣᠭᠲᠠᠭᠠᠯ ᠶᠣᠰᠣᠭᠠᠷ ᠬᠠᠮᠢᠶᠠᠷᠤᠯᠲᠠ ᠪᠠᠨ ᠴᠢᠩᠭᠠᠳᠬᠠᠵᠤ᠂ ᠬᠠᠤᠯᠢ ᠶᠣᠰᠣᠭᠠᠷ | ᠵᠢᠷᠤᠮᠵᠢᠭᠤᠯᠬᠤ ᠬᠡᠷᠡᠭᠲᠡᠶ᠃ | 3. ᠲᠡᠤᠬᠡᠨ ᠠᠴᠠ ᠦᠯᠡᠳᠡᠭᠳᠡᠵᠦ ᠢᠷᠡᠭᠰᠡᠨ ᠡᠵᠡᠨ ᠥᠬᠡᠶ ᠠᠭᠤᠷᠬᠠᠶ ᠶᠢᠨ ᠠᠮᠢ ᠠᠬᠤᠶ ᠶᠢ ᠰᠡᠷᠭᠦᠭᠡᠬᠦ ᠪᠠ ᠵᠠᠰᠠᠬᠤ | ᠡᠷᠴᠢᠮ ᠢ ᠴᠢᠩᠭᠠᠷᠠᠭᠤᠯᠤᠨ᠎ᠠ᠃ 2021 ᠣᠨ ᠤ 6 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠭᠤᠷᠪᠠᠳᠠᠬᠢ ᠡᠲᠡᠭᠡᠳ ᠢ | ᠤᠷᠢᠵᠤ ᠭᠠᠳᠠᠷ ᠠᠵᠢᠯ ᠦᠢᠯᠡᠰ ᠤᠨ ᠲᠤᠬᠠᠶ ᠶᠢᠨ ᠭᠠᠵᠠᠷ ᠲᠤᠨᠢ ᠬᠠᠶᠢᠨ ᠰᠢᠨᠵᠢᠬᠦ ᠠᠵᠢᠯ ᠢ ᠪᠡᠶᠡᠯᠡᠭᠦᠯᠵᠦ᠂ ᠰᠠᠭᠤᠷᠢ | ᠲᠤᠭ᠎ᠠ ᠶᠢ ᠲᠣᠳᠣᠷᠬᠠᠶ ᠤᠶᠢᠯᠠᠭᠠᠨ᠂ ᠵᠢᠭᠰᠠᠭᠠᠨ ᠪᠠᠶᠢᠴᠠᠭᠠᠭᠰᠠᠨ ᠪᠠᠶᠢᠳᠠᠯ ᠢ ᠦᠨᠳᠦᠰᠦᠯᠡᠨ ᠲᠡᠤᠬᠡᠨ ᠠᠴᠠ ᠦᠯᠡᠳᠡᠭᠳᠡᠵᠦ | ᠢᠷᠡᠭᠰᠡᠨ ᠠᠭᠤᠷᠬᠠᠶ ᠶᠢ ᠴᠡᠭᠴᠡᠯᠡᠨ ᠵᠠᠰᠠᠵᠤ ᠰᠡᠷᠭᠦᠭᠡᠬᠦ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠨ᠎ᠠ᠃ ︽ᠵᠠᠰᠠᠭ ᠤᠨ | ᠣᠷᠳᠣᠨ ᠢᠶᠠᠷ ᠭᠤᠤᠯᠯᠠᠭᠤᠯᠬᠤ᠂ ᠲᠥᠷᠥ ᠶᠢᠨ ᠪᠣᠳᠣᠯᠭ᠎ᠠ ᠪᠠᠷ ᠲᠡᠳᠬᠦᠬᠦ᠂ ᠨᠡᠶᠢᠭᠡᠮ ᠢᠶᠠᠷ ᠢᠶᠠᠨ ᠣᠷᠣᠯᠴᠠᠬᠤ︾ | ᠠᠭᠤᠷᠬᠠᠶ ᠶᠢᠨ ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ ᠬᠢᠭᠡᠳ ᠰᠡᠷᠭᠦᠭᠡᠨ ᠵᠠᠰᠠᠬᠤ ᠰᠢᠨ᠎ᠡ ᠵᠠᠭᠪᠤᠷ ᠢ | ᠰᠦᠪᠡᠭᠴᠢᠯᠡᠨ ᠪᠠᠶᠢᠭᠤᠯᠬᠤ ᠬᠡᠷᠡᠭᠲᠡᠶ᠃ ︽ᠠᠭᠤᠯᠠ ᠤᠰᠤ ᠣᠶ ᠰᠢᠭᠤᠶ ᠲᠠᠷᠢᠶᠠᠨ ᠭᠠᠵᠠᠷ ᠨᠠᠭᠤᠷ ᠪᠦᠷᠢᠳᠦ ᠡᠪᠡᠰᠦ | ᠪᠡᠯᠴᠢᠭᠡᠷ ᠤᠨ ᠠᠮᠢ ᠠᠬᠤᠶ ᠶᠢ ᠬᠠᠮᠠᠭᠠᠯᠠᠨ ᠰᠡᠷᠭᠦᠭᠡᠬᠦ ᠢᠨᠵᠧᠨᠧᠷᠢᠩ ᠤᠨ ᠵᠦᠭᠯᠡᠭᠦᠷ ︵ᠲᠤᠷᠰᠢᠨ ᠬᠡᠷᠡᠭᠵᠢᠭᠦᠯᠬᠦ︶︾ ᠢ | ᠬᠢᠨᠠᠮᠠᠭᠠᠶ ᠲᠤᠭᠤᠰᠢᠯᠠᠭᠤᠯᠵᠦ᠂ ᠲᠡᠤᠬᠡᠨ ᠠᠴᠠ ᠦᠯᠡᠳᠡᠭᠳᠡᠵᠦ ᠢᠷᠡᠭᠰᠡᠨ ᠠᠭᠤᠷᠬᠠᠶ ᠶᠢᠨ ᠭᠠᠵᠠᠷ ᠤᠨ ᠣᠷᠴᠢᠨ ᠲᠣᠭᠤᠷᠢᠨ ᠢ | ᠵᠠᠰᠠᠬᠤ ᠦᠷ᠎ᠡ ᠪᠦᠲᠦᠮᠵᠢ ᠶᠢ ᠦᠨᠡᠨᠬᠦ ᠳᠡᠭᠡᠭᠰᠢᠯᠡᠭᠦᠯᠦᠨ᠎ᠡ᠃ | 4. ᠵᠠᠳᠠᠭᠠᠶ ᠨᠦᠬᠡ ᠮᠠᠯᠲᠠᠬᠤ ᠶᠢ ᠵᠠᠰᠠᠬᠤ ᠡᠷᠴᠢᠮ ᠢᠶᠠᠨ ᠴᠢᠩᠭᠠᠷᠠᠭᠤᠯᠤᠨ᠎ᠠ᠃ ᠠᠭᠤᠷᠬᠠᠶ ᠶᠢᠨ ᠠᠵᠤ ᠠᠬᠤᠶᠢᠯᠠᠯ | ᠪᠣᠯᠤᠨ ᠪᠣᠬᠢᠷᠲᠤᠯ ᠥᠬᠡᠶ ᠠᠭᠤᠷᠬᠠᠶ ᠶᠢᠨ ᠠᠵᠤ ᠠᠬᠤᠶᠢᠯᠠᠯ ᠤᠨ ᠠᠭᠤᠷᠬᠠᠶ ᠶᠢᠨ ᠠᠮᠢ ᠠᠬᠤᠶ ᠶᠢ ᠰᠡᠷᠭᠦᠭᠡᠨ ᠵᠠᠰᠠᠬᠤ | ᠪᠠᠷᠢᠮᠵᠢᠶ᠎ᠠ ᠪᠠᠨ ᠲᠠᠰᠤᠷᠠᠯᠲᠠ ᠥᠬᠡᠶ ᠳᠡᠭᠡᠭᠰᠢᠯᠡᠭᠦᠯᠬᠦ ᠶᠢ ᠵᠣᠷᠢᠭᠵᠢᠭᠤᠯᠵᠤ᠂ ᠲᠤᠬᠠᠶ ᠶᠢᠨ ᠭᠠᠵᠠᠷ ᠣᠷᠣᠨ ᠤ ᠪᠠᠶᠢᠳᠠᠯ ᠳᠤᠨᠢ | ᠳᠣᠭᠢᠷᠠᠭᠤᠯᠤᠨ ᠰᠡᠷᠭᠦᠭᠡᠨ ᠨᠣᠭᠤᠭᠠᠷᠠᠭᠤᠯᠬᠤ᠂ ᠬᠡᠯᠪᠡᠷᠢ ᠪᠠᠨ ᠬᠤᠪᠢᠷᠠᠭᠤᠯᠤᠨ ᠠᠰᠢᠭᠯᠠᠬᠤ᠂ ᠠᠶᠠᠨᠳᠠᠭᠠᠨ ᠰᠡᠷᠭᠦᠭᠡᠬᠦ | ᠵᠡᠷᠭᠡ ᠶᠢ ᠬᠡᠷᠡᠭᠯᠡᠨ ᠰᠡᠷᠭᠦᠭᠡᠨ ᠵᠠᠰᠠᠵᠤ᠂ ᠵᠠᠰᠠᠭᠰᠠᠨ ᠤ ᠳᠠᠷᠠᠭᠠᠬᠢ ︽ᠶᠡᠭᠡ ᠨᠦᠬᠡ ᠮᠦᠨ ᠯᠠ ᠶᠡᠭᠡ ᠨᠦᠬᠡ᠂ ᠰᠢᠷᠣᠶ ᠶᠢᠨ | ᠠᠭᠤᠯᠠ ᠮᠦᠨ ᠯᠠ ᠰᠢᠷᠣᠶ ᠶᠢᠨ ᠠᠭᠤᠯᠠ︾ ᠭᠡᠬᠦ ᠠᠰᠠᠭᠤᠳᠠᠯ ᠠᠴᠠ ᠵᠠᠶᠢᠯᠠᠰᠬᠢᠬᠦ ᠬᠡᠷᠡᠭᠲᠡᠶ᠃ ᠠᠮᠢ ᠠᠬᠤᠶ ᠶᠢᠨ | ᠰᠡᠷᠭᠦᠭᠡᠯᠲᠡ ᠶᠢᠨ ᠦᠷ᠎ᠡ ᠪᠦᠲᠦᠮᠵᠢ ᠪᠠᠷ ᠢᠯᠡᠷᠬᠡᠶ ᠠᠭᠤᠷᠬᠠᠶ ᠶᠢᠨ ᠠᠵᠤ ᠠᠬᠤᠶᠢᠯᠠᠯ ᠳᠤ ᠬᠠᠤᠯᠢ ᠶᠣᠰᠣᠭᠠᠷ ᠲᠥᠷᠥ ᠶᠢᠨ | ᠪᠣᠳᠣᠯᠭ᠎ᠠ ᠶᠢᠨ ᠬᠠᠷᠠᠭᠠᠯᠵᠠᠯ ᠦᠵᠡᠭᠦᠯᠵᠦ᠂ ᠳᠣᠲᠣᠭᠠᠳᠤ ᠳᠠᠭᠠᠨ ᠭᠠᠳᠠᠭᠰᠢᠯᠠᠭᠤᠯᠬᠤ ᠪᠠ ᠡᠭᠡᠭᠦᠯᠦᠨ ᠪᠥᠭᠯᠡᠵᠦ ᠵᠠᠰᠠᠬᠤ ᠶᠢ | ᠬᠤᠭᠤᠴᠠᠭ᠎ᠠ ᠶᠣᠰᠣᠭᠠᠷ ᠪᠡᠶᠡᠯᠡᠭᠦᠯᠦᠭᠰᠡᠨ ᠥᠬᠡᠶ ᠠᠭᠤᠷᠬᠠᠶ ᠶᠢᠨ ᠠᠵᠤ ᠠᠬᠤᠶᠢᠯᠠᠯ ᠢ ᠴᠥᠮ ᠦᠢᠯᠡᠳᠪᠦᠷᠢᠯᠡᠯ ᠢ ᠨᠢ | ᠵᠣᠭᠰᠣᠭᠠᠵᠤ ᠵᠠᠰᠠᠬᠤ ᠬᠡᠷᠡᠭᠲᠡᠶ᠃ | 5. ᠮᠠᠨ ᠤ ᠲᠤᠭᠤᠷᠢᠭ ᠤᠨ ᠪᠣᠬᠢᠷᠲᠤᠯ ᠥᠬᠡᠶ ᠠᠭᠤᠷᠬᠠᠶ ᠶᠢᠨ ᠪᠥᠲᠥᠭᠡᠨ ᠪᠠᠶᠢᠭᠤᠯᠤᠯᠲᠠ ᠶᠢ ᠪᠥᠬᠦ ᠲᠠᠯ᠎ᠠ ᠪᠠᠷ | ᠠᠬᠢᠭᠤᠯᠤᠨ᠎ᠠ᠃ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠣᠬᠢᠷᠲᠤᠯ ᠥᠬᠡᠶ ᠠᠭᠤᠷᠬᠠᠶ ᠶᠢᠨ ᠪᠥᠲᠥᠭᠡᠨ | ᠪᠠᠶᠢᠭᠤᠯᠤᠯᠲᠠ ᠶᠢᠨ ᠲᠥᠰᠦᠯ︾ ᠤᠨ ᠶᠣᠰᠣᠭᠠᠷ᠂ ᠮᠠᠨ ᠤ ᠲᠤᠭᠤᠷᠢᠭ ᠤᠨ ᠪᠣᠳᠠᠲᠠᠶ ᠲᠠᠢ ᠪᠠᠨ ᠤᠶᠠᠯᠳᠤᠭᠤᠯᠤᠨ᠂ 2023 | ᠣᠨ ᠤ ᠵᠢᠯ ᠤᠨ ᠰᠡᠭᠦᠯᠴᠢ ᠠᠴᠠ ᠡᠮᠦᠨ᠎ᠡ 25 ᠪᠣᠬᠢᠷᠲᠤᠯ ᠥᠬᠡᠶ ᠠᠭᠤᠷᠬᠠᠶ ᠶᠢ ᠰᠢᠨ᠎ᠡ ᠪᠠᠷ ᠨᠡᠮᠡᠭᠳᠡᠭᠦᠯᠬᠦ ᠠᠵᠢᠯ ᠢ | ᠪᠡᠶᠡᠯᠡᠭᠦᠯᠦᠨ᠎ᠡ᠂ ᠡᠭᠦᠨ ᠳᠤ᠄ 2021 ᠣᠨ ᠳᠤ ᠰᠢᠨ᠎ᠡ ᠪᠠᠷ 5 ᠨᠡᠮᠡᠭᠳᠡᠭᠦᠯᠦᠨ᠎ᠡ᠂ 2022 ᠣᠨ ᠳᠤ 10 ᠡᠷᠦᠬᠡ | ᠰᠢᠨ᠎ᠡ ᠪᠠᠷ ᠨᠡᠮᠡᠭᠳᠡᠵᠦ᠂ 2023 ᠣᠨ ᠳᠤ 10 ᠡᠷᠦᠬᠡ ᠰᠢᠨ᠎ᠡ ᠪᠠᠷ ᠨᠡᠮᠡᠭᠳᠡᠵᠦ᠂ ᠪᠥᠬᠦ ᠬᠤᠲᠠ ᠶᠢᠨ ᠪᠣᠬᠢᠷᠲᠤᠯ ᠥᠬᠡᠶ | ᠠᠭᠤᠷᠬᠠᠶ ᠶᠢ ᠡᠭᠦᠳᠦᠨ ᠪᠠᠶᠢᠭᠤᠯᠤᠭᠰᠠᠨ ᠨᠣᠷᠮ᠎ᠠ 47.6% ᠳᠤ ᠬᠦᠷᠦᠭᠦᠯᠦᠨ᠎ᠡ᠃ 2024 ᠣᠨ ᠪᠠ 2025 ᠣᠨ ᠳᠤ | 43 ᠡᠷᠦᠬᠡ ᠰᠢᠨ᠎ᠡ ᠪᠠᠷ ᠨᠡᠮᠡᠭᠳᠡᠵᠦ᠂ 2025 ᠣᠨ ᠳᠤ ᠪᠥᠬᠦ ᠲᠤᠭᠤᠷᠢᠭ ᠤᠨ ᠦᠢᠯᠡᠳᠪᠦᠷᠢᠯᠡᠯ ᠤᠨ ᠠᠭᠤᠷᠬᠠᠶ ᠶᠢ | ᠪᠦᠬᠦᠨ ᠢ ᠪᠣᠬᠢᠷᠲᠤᠯ ᠥᠬᠡᠶ ᠠᠭᠤᠷᠬᠠᠶ ᠶᠢᠨ ᠪᠥᠲᠥᠭᠡᠨ ᠪᠠᠶᠢᠭᠤᠯᠤᠯᠲᠠ ᠶᠢᠨ ᠪᠠᠷᠢᠮᠵᠢᠶ᠎ᠠ ᠳᠤ ᠬᠦᠷᠦᠭᠦᠯᠬᠦ ᠶᠢ | ᠪᠡᠶᠡᠯᠡᠭᠦᠯᠦᠨ᠎ᠡ᠃ ᠪᠣᠬᠢᠷᠲᠤᠯ ᠥᠬᠡᠶ ᠠᠭᠤᠷᠬᠠᠶ ᠶᠢᠨ ᠪᠠᠷᠢᠮᠵᠢᠶ᠎ᠠ ᠳᠤ ᠥᠯᠥ ᠨᠡᠶᠢᠴᠡᠬᠦ ᠠᠵᠤ ᠠᠬᠤᠶᠢᠯᠠᠯ ᠢ ᠬᠠᠤᠯᠢ | ᠲᠣᠭᠲᠠᠭᠠᠯ ᠶᠣᠰᠣᠭᠠᠷ ᠠᠯᠬᠤᠮ ᠠᠯᠬᠤᠮ ᠢᠶᠠᠷ ᠵᠠᠬ᠎ᠠ ᠳᠡᠯᠭᠡᠭᠦᠷ ᠠᠴᠠ ᠭᠠᠷᠭᠠᠨ᠎ᠠ᠃ ᠬᠠᠶᠢᠨᠠᠨ ᠤ ᠪᠠᠶᠢᠭᠠᠯᠢ ᠶᠢᠨ ᠡᠬᠢ | ᠪᠠᠶᠠᠯᠢᠭ ᠤᠨ ᠬᠤᠪᠢᠶᠠᠷᠢ ᠲᠣᠪᠴᠢᠶ᠎ᠠ ᠨᠢ ᠮᠠᠨ ᠤ ᠲᠤᠭᠤᠷᠢᠭ ᠤᠨ ᠬᠠᠷᠢᠶ᠎ᠠ ᠣᠷᠣᠨ ᠤ ᠳᠣᠲᠣᠷᠠᠬᠢ ᠨᠢᠭᠡᠨᠲᠡ ᠥᠪᠡᠷᠲᠡᠭᠡᠨ | ᠵᠠᠰᠠᠬᠤ ᠣᠷᠣᠨ ᠤ ᠪᠣᠬᠢᠷᠲᠤᠯ ᠥᠬᠡᠶ ᠠᠭᠤᠷᠬᠠᠶ ᠶᠢᠨ ᠨᠡᠷᠡᠰ ᠤᠨ ᠵᠢᠭᠰᠠᠭᠠᠯᠲᠠ ᠳᠤ ᠣᠷᠣᠭᠤᠯᠤᠭᠰᠠᠨ ᠠᠭᠤᠷᠬᠠᠶ ᠶᠢᠨ | ᠠᠵᠤ ᠠᠬᠤᠶᠢᠯᠠᠯ ᠢ ᠤᠯᠤᠰ ᠤᠨ ᠰᠢᠨ᠎ᠡ ᠦᠨᠡᠯᠡᠨ ᠵᠢᠱᠢᠬᠦ ᠪᠠᠷᠢᠮᠵᠢᠶ᠎ᠠ ᠲᠠᠢ ᠬᠠᠷᠢᠴᠠᠭᠤᠯᠤᠨ᠂ ᠲᠣᠭᠲᠠᠮᠠᠯ | ᠬᠤᠭᠤᠴᠠᠭ᠎ᠠ ᠲᠠᠢ ᠪᠠᠷ ᠦᠨᠡᠯᠡᠨ ᠵᠢᠱᠢᠵᠦ᠂ ᠬᠦᠷᠦᠯᠴᠡᠬᠦ ᠥᠬᠡᠶ ᠲᠠᠯ᠎ᠠ ᠪᠠᠨ ᠡᠷᠢᠵᠦ᠂ ᠠᠵᠤ ᠠᠬᠤᠶᠢᠯᠠᠯ ᠤᠨ ᠲᠠᠰ | ᠳᠡᠪᠰᠢᠭᠦᠯᠦᠨ ᠥᠭᠡᠷᠡᠴᠢᠯᠡᠬᠦ ᠶᠢ ᠴᠠᠭ ᠲᠤᠬᠠᠶ ᠳᠤᠨᠢ ᠰᠢᠮᠳᠠᠭᠤᠯᠵᠤ᠂ ᠨᠡᠶᠢᠭᠡᠮ ᠤᠨ ᠬᠢᠨᠠᠯᠲᠠ ᠶᠢ ᠰᠠᠨᠠᠭᠠᠴᠢᠯᠠᠭ᠎ᠠ ᠠᠴᠠ ᠪᠠᠨ | ᠬᠦᠯᠢᠶᠡᠨ᠎ᠡ᠃ ᠲᠥᠪ ᠤᠨ ᠠᠵᠤ ᠠᠬᠤᠶᠢᠯᠠᠯ ᠤᠨ ᠬᠠᠷᠢᠶ᠎ᠠ ᠪᠥᠬᠦᠢ ᠨᠡᠭᠦᠷᠡᠰᠦᠨ ᠠᠭᠤᠷᠬᠠᠶ ᠨᠤᠭᠤᠳ ᠪᠣᠬᠢᠷᠲᠤᠯ ᠥᠭᠡᠢ | ᠠᠭᠤᠷᠬᠠᠶ ᠶᠢᠨ ᠵᠢᠱᠢᠶ᠎ᠡ ᠦᠵᠡᠭᠦᠯᠬᠦ ᠠᠭᠤᠷᠬᠠᠶ ᠶᠢ ᠡᠭᠦᠳᠦᠨ ᠪᠠᠶᠢᠭᠤᠯᠬᠤ ᠶᠢ ᠢᠳᠡᠪᠬᠢᠲᠡᠶ ᠪᠥᠭᠡᠳ | ᠰᠠᠨᠠᠭᠠᠴᠢᠯᠠᠭ᠎ᠠ ᠠᠴᠠ ᠪᠠᠨ ᠥᠷᠨᠢᠭᠦᠯᠬᠦ ᠬᠡᠷᠡᠭᠲᠡᠶ᠃ ᠵᠢᠱᠢᠶ᠎ᠡ ᠦᠵᠡᠭᠦᠯᠦᠨ ᠬᠥᠲᠥᠯᠥᠨ ᠳᠠᠭᠠᠭᠤᠯᠬᠤ ᠪᠠᠷ ᠳᠠᠮᠵᠢᠭᠤᠯᠤᠨ᠂ | ᠪᠥᠬᠦ ᠬᠤᠲᠠ ᠶᠢᠨ ᠪᠣᠬᠢᠷᠲᠤᠯ ᠥᠬᠡᠶ ᠠᠭᠤᠷᠬᠠᠶ ᠶᠢᠨ ᠪᠥᠲᠥᠭᠡᠨ ᠪᠠᠶᠢᠭᠤᠯᠤᠯᠲᠠ ᠶᠢᠨ ᠬᠤᠷᠳᠤᠴᠠ ᠶᠢ ᠳᠡᠭᠡᠭᠰᠢᠯᠡᠭᠦᠯᠦᠨ | ᠦᠷ᠎ᠡ ᠪᠦᠲᠦᠮᠵᠢ ᠤᠯᠬᠤ ᠶᠢ ᠳᠠᠶᠢᠴᠢᠯᠠᠨ᠎ᠠ᠃ | 6. ᠠᠵᠤ ᠠᠬᠤᠶᠢᠯᠠᠯ ᠤᠨ ᠭᠤᠤᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠎ᠠ᠃ ᠡᠯ᠎ᠡ | ᠰᠠᠯᠠᠭ᠎ᠠ ᠮᠥᠴᠢᠷ ᠤᠳ ᠠᠭᠤᠷᠬᠠᠶ ᠮᠠᠯᠲᠠᠬᠤ ᠡᠷᠬᠡᠲᠦ ᠬᠥᠮᠦᠨ ᠤ ᠠᠭᠤᠷᠬᠠᠶ ᠶᠢᠨ ᠭᠠᠵᠠᠷ ᠤᠨ ᠣᠷᠴᠢᠨ ᠲᠣᠭᠤᠷᠢᠨ ᠢ | ᠬᠠᠮᠠᠭᠠᠯᠠᠬᠤ ᠪᠠ ᠭᠠᠵᠠᠷ ᠰᠢᠷᠣᠶ ᠶᠢ ᠳᠠᠬᠢᠨ ᠬᠠᠭᠠᠯᠪᠤᠷᠢᠯᠠᠬᠤ ᠡᠭᠦᠷᠭᠡ ᠪᠠᠨ ᠭᠦᠢᠴᠡᠳᠭᠡᠬᠦ ᠳᠤ ᠬᠢᠨᠠᠯᠲᠠ ᠲᠠᠯᠪᠢᠵᠤ | ᠪᠠᠶᠢᠴᠠᠭᠠᠬᠤ ᠪᠠᠨ ᠨᠡᠮᠡᠭᠳᠡᠭᠦᠯᠬᠦ ᠬᠡᠷᠡᠭᠲᠡᠶ᠃ ᠠᠭᠤᠷᠬᠠᠶ ᠶᠢᠨ ᠭᠠᠵᠠᠷ ᠤᠨ ᠣᠷᠴᠢᠨ ᠲᠣᠭᠤᠷᠢᠨ ᠢ ᠬᠢᠨᠠᠨ ᠬᠡᠮᠵᠢᠬᠦ | ᠰᠢᠰᠲ᠋ᠧᠮᠵᠢ ᠶᠢ ᠪᠦᠷᠢᠨᠰᠢᠬᠦᠯᠵᠦ᠂ ᠠᠭᠤᠷᠬᠠᠶ ᠮᠠᠯᠲᠠᠬᠤ ᠡᠷᠬᠡᠲᠦ ᠬᠥᠮᠦᠨ ᠤ ᠠᠭᠤᠷᠬᠠᠶ ᠶᠢᠨ ᠭᠠᠵᠠᠷ ᠤᠨ ᠣᠷᠴᠢᠨ | ᠲᠣᠭᠤᠷᠢᠨ ᠢ ᠬᠢᠨᠠᠨ ᠬᠡᠮᠵᠢᠬᠦ ᠠᠵᠢᠯ ᠥᠷᠨᠢᠭᠦᠯᠬᠦ ᠳᠤ ᠬᠢᠨᠠᠯᠲᠠ ᠲᠠᠯᠪᠢᠬᠤ ᠪᠠ ᠵᠢᠯᠣᠭᠤᠳᠤᠨ᠎ᠠ᠃ ︽ᠨᠢᠭᠡ ᠲᠠᠯ᠎ᠠ ᠪᠠᠷ | ᠦᠢᠯᠡᠳᠪᠦᠷᠢᠯᠡᠵᠦ᠂ ᠨᠢᠭᠡ ᠲᠠᠯ᠎ᠠ ᠪᠠᠷ ᠵᠠᠰᠠᠬᠤ︾ ᠵᠠᠷᠴᠢᠮ ᠢ ᠴᠢᠩᠭ᠎ᠠ ᠨᠠᠶᠢᠳᠠᠪᠤᠷᠢᠵᠢᠭᠤᠯᠵᠤ᠂ ᠵᠠᠰᠠᠬᠤ ᠶᠣᠰᠣᠲᠠᠶ ᠪᠠᠶᠢᠲᠠᠯ᠎ᠠ | ᠵᠠᠰᠠᠬᠤ ᠥᠬᠡᠶ ᠦᠢᠯᠡ ᠠᠵᠢᠯᠯᠠᠭ᠎ᠠ ᠣᠷᠣᠰᠢᠵᠤ ᠪᠠᠶᠢᠪᠠᠯ᠂ ᠠᠵᠤ ᠠᠬᠤᠶᠢᠯᠠᠯ ᠢ ᠰᠢᠮᠳᠠᠭᠤᠯᠵᠤ ᠪᠠᠶᠢᠭᠠᠳ ᠭᠤᠤᠯ | ᠴᠣᠭᠴᠠ ᠶᠢᠨ ᠬᠠᠷᠢᠭᠤᠴᠠᠯᠭ᠎ᠠ ᠶᠢ ᠲᠡᠷᠡ ᠬᠡᠪ ᠢᠶᠠᠷ ᠨᠢ ᠨᠠᠶᠢᠳᠠᠪᠤᠷᠢᠵᠢᠭᠤᠯᠤᠨ᠎ᠠ᠃ ᠠᠵᠤ ᠠᠬᠤᠶᠢᠯᠠᠯ ᠢ ᠬᠤᠭᠤᠴᠠᠭ᠎ᠠ | ᠬᠢᠵᠠᠭᠠᠷᠯᠠᠨ ᠴᠡᠭᠴᠡᠯᠡᠨ ᠰᠠᠶᠢᠵᠢᠷᠠᠭᠤᠯᠬᠤ ᠪᠠᠷ ᠳᠠᠭᠠᠭᠠᠯᠭᠠᠵᠤ᠂ ᠴᠡᠭᠴᠡᠯᠡᠨ ᠰᠠᠶᠢᠵᠢᠷᠠᠭᠤᠯᠬᠤ ᠶᠢ ᠪᠡᠶᠡᠯᠡᠭᠦᠯᠦᠭᠰᠡᠨ ᠪᠠᠶᠢᠪᠠᠯ᠂ | ᠠᠵᠤ ᠠᠬᠤᠶᠢᠯᠠᠯ ᠠᠴᠠ ᠲᠤᠰᠬᠠᠶ ᠮᠡᠷᠭᠡᠵᠢᠯᠲᠡᠨ ᠤ ᠳᠤᠭᠤᠶᠢᠯᠠᠩ ᠢ ᠤᠷᠢᠵᠤ ᠰᠢᠯᠭᠠᠨ ᠠᠪᠬᠤ ᠬᠡᠷᠡᠭᠲᠡᠶ᠃ ᠴᠡᠭᠴᠡᠯᠡᠨ | ᠰᠠᠶᠢᠵᠢᠷᠠᠭᠤᠯᠬᠤ ᠶᠢ ᠲᠡᠪᠴᠢᠭᠰᠡᠨ ᠪᠤᠶᠤ ᠴᠡᠭᠴᠡᠯᠡᠨ ᠰᠠᠶᠢᠵᠢᠷᠠᠭᠤᠯᠬᠤ ᠶᠢ ᠪᠣᠳᠠᠲᠠᠶᠢᠵᠢᠭᠤᠯᠤᠭᠰᠠᠨ ᠥᠬᠡᠶ ᠶᠢ ᠨᠢ ︽ | ᠠᠭᠤᠷᠬᠠᠶ ᠶᠢᠨ ᠭᠠᠵᠠᠷ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠣᠭᠲᠠᠭᠠᠯ︾ ᠢ ᠦᠨᠳᠦᠰᠦᠯᠡᠨ ᠰᠢᠳᠬᠡᠨ | ᠲᠣᠷᠭᠠᠵᠤ᠂ ᠠᠭᠤᠷᠬᠠᠶ ᠮᠠᠯᠲᠠᠬᠤ ᠡᠷᠬᠡ ᠶᠢᠨ ᠵᠥᠪᠰᠢᠶᠡᠷᠡᠯ ᠤᠨ ᠦᠨᠡᠮᠯᠡᠯ ᠭᠤᠶᠤᠴᠢᠯᠠᠬᠤ᠂ ᠦᠷᠭᠦᠯᠵᠢᠯᠡᠭᠦᠯᠬᠦ᠂ | ᠬᠤᠪᠢᠷᠠᠭᠤᠯᠬᠤ᠂ ᠬᠦᠴᠦᠨ ᠥᠬᠡᠶ ᠪᠣᠯᠭᠠᠬᠤ ᠶᠢ ᠳᠠᠭᠢᠵᠤ ᠭᠥᠯᠢᠶᠡᠨ ᠠᠪᠴᠤ ᠰᠢᠢᠳᠪᠦᠷᠢᠯᠡᠬᠦ ᠶᠢᠨ ᠬᠠᠮᠲᠤ ᠬᠡᠪ ᠤᠨ ᠪᠤᠰᠤ | ᠨᠡᠷᠡᠰ ᠤᠨ ᠵᠢᠭᠰᠠᠭᠠᠯᠲᠠ ᠳᠤ ᠣᠷᠣᠭᠤᠯᠤᠨ ᠬᠠᠮᠢᠶᠠᠷᠬᠤ ᠬᠡᠷᠡᠭᠲᠡᠶ᠃ | ︵ᠳᠥᠷᠪᠡ︶ ᠠᠭᠤᠷᠬᠠᠶ ᠶᠢᠨ ᠣᠷᠣᠨ ᠤ ᠥᠪᠡᠰᠦᠪᠡᠨ ᠨᠣᠴᠣᠬᠤ ᠭᠠᠯ ᠤᠨ ᠴᠢᠭ ᠢ ᠵᠠᠰᠠᠬᠤ ᠠᠵᠢᠯᠯᠠᠭ᠎ᠠ ᠶᠢ | ᠲᠦᠷᠭᠡᠳᠬᠡᠨ ᠠᠬᠢᠭᠤᠯᠤᠨ᠎ᠠ᠃ | 1. ᠨᠡᠭᠦᠷᠡᠰᠦᠨ ᠠᠭᠤᠷᠬᠠᠶ ︵ᠮᠠᠯᠲᠠᠵᠤ ᠬᠥᠨᠳᠡᠶᠢᠷᠡᠭᠦᠯᠦᠭᠰᠡᠨ ᠣᠷᠣᠨ︶ ᠶᠢᠨ ᠭᠠᠯ ᠨᠣᠴᠣᠭᠰᠠᠨ ᠭᠠᠵᠠᠷ ᠢ ᠵᠠᠰᠠᠬᠤ | ᠠᠵᠢᠯ ᠢ ᠰᠠᠶᠢᠲᠤᠷ ᠠᠳᠬᠤᠨ᠎ᠠ᠃ ︽ᠤᠷᠢᠳᠠᠪᠠᠷ ᠭᠠᠯ ᠤᠨᠲᠠᠷᠠᠭᠠᠵᠤ ᠲᠠᠷᠠᠭ᠎ᠠ ᠨᠢ ᠦᠢᠯᠡᠳᠪᠦᠷᠢᠯᠡᠬᠦ᠂ ᠭᠠᠯ ᠤᠨᠲᠠᠷᠠᠭᠠᠬᠤ | ᠥᠭᠡᠢ ᠪᠣᠯ ᠦᠢᠯᠡᠳᠪᠦᠷᠢᠯᠡᠬᠦ ᠥᠭᠡᠢ︾ ᠪᠠᠶᠢᠬᠤ ᠵᠠᠷᠴᠢᠮ ᠢ ᠴᠢᠩᠭ᠎ᠠ ᠵᠢᠷᠤᠮᠯᠠᠨ᠂ ᠭᠠᠯ ᠨᠣᠴᠣᠭᠰᠠᠨ ᠴᠢᠭ ᠢ ᠵᠠᠰᠠᠬᠤ | ᠠᠵᠢᠯ ᠢ ᠴᠢᠩᠭᠠᠳᠬᠠᠬᠤ ᠬᠡᠷᠡᠭᠲᠡᠶ᠃ ᠨᠡᠭᠦᠷᠡᠰᠦᠨ ᠠᠭᠤᠷᠬᠠᠶ ︵ᠮᠠᠯᠲᠠᠵᠤ ᠬᠥᠨᠳᠡᠶᠢᠷᠡᠭᠦᠯᠦᠭᠰᠡᠨ ᠣᠷᠣᠨ︶ ᠶᠢᠨ ᠲᠣᠭᠤᠷᠢᠨ | ᠪᠠᠶᠢᠴᠠᠭᠠᠵᠤ ᠬᠢᠨᠠᠨ ᠵᠢᠯᠣᠭᠤᠳᠬᠤ ᠡᠷᠴᠢᠮ ᠢ ᠨᠡᠮᠡᠭᠳᠡᠭᠦᠯᠦᠨ᠂ ᠨᠡᠭᠦᠷᠡᠰᠦᠨ ᠳᠠᠪᠬᠤᠷᠭ᠎ᠠ ᠶᠢᠨ ᠭᠠᠯ ᠤᠨ ᠴᠢᠭ ᠢ ᠬᠠᠮᠤᠭ | ᠤᠨ ᠣᠬᠤᠷ ᠬᠤᠭᠤᠴᠠᠭᠠᠨ ᠤ ᠳᠣᠲᠣᠷ᠎ᠠ ᠵᠠᠰᠠᠬᠤ ᠶᠢ ᠦᠨᠡᠨᠬᠦ ᠪᠠᠲᠤᠯᠠᠨ᠎ᠠ᠃ ᠰᠢᠷᠣᠶ ᠭᠠᠳᠠᠭᠰᠢᠯᠠᠭᠤᠯᠬᠤ ᠲᠠᠯᠠᠪᠠᠢ ᠶᠢᠨ ᠭᠠᠯ | ᠤᠨ ᠴᠢᠭ ᠨᠢᠭᠡ ᠶᠢ ᠣᠯᠵᠤ ᠮᠡᠳᠡᠪᠡᠯ ᠨᠢᠭᠡ ᠶᠢ ᠴᠠᠭ ᠲᠤᠬᠠᠶ ᠲᠤᠨᠢ ᠵᠠᠰᠠᠵᠤ᠂ ᠲᠡᠷᠡ ᠳᠠᠷᠤᠶ ᠲᠤᠨᠢ ᠬᠡᠷᠡᠭᠵᠢᠭᠦᠯᠵᠦ ᠲᠡᠷᠡ | ᠳᠠᠷᠤᠶ ᠲᠤᠨᠢ ᠥᠭᠡᠷᠡᠴᠢᠯᠡᠬᠦ ᠶᠢ ᠪᠠᠷᠢᠮᠲᠠᠯᠠᠨ᠂ ᠭᠠᠯ ᠤᠨ ᠴᠢᠭ ᠢ ︽ᠬᠥᠳᠡᠯᠦᠩᠭᠦᠶ ᠪᠠᠷ ᠴᠡᠪᠡᠷᠯᠡᠬᠦ︾ ᠶᠢ ᠪᠡᠶᠡᠯᠡᠭᠦᠯᠬᠦ | ᠬᠡᠷᠡᠭᠲᠡᠶ᠃ | 2. ᠨᠡᠭᠦᠷᠡᠰᠦᠨ ᠠᠭᠤᠷᠬᠠᠶ ︵ᠮᠠᠯᠲᠠᠵᠤ ᠬᠥᠨᠳᠡᠶᠢᠷᠡᠭᠦᠯᠦᠭᠰᠡᠨ ᠣᠷᠣᠨ︶ ᠶᠢᠨ ᠭᠠᠯ ᠭᠠᠷᠤᠭᠰᠠᠨ ᠴᠢᠭ ᠢ ᠵᠠᠰᠠᠬᠤ | ᠲᠤᠷᠰᠢᠯᠭ᠎ᠠ ᠠᠷᠭ᠎ᠠ ᠬᠢᠳᠡᠯ ᠢ ᠳᠡᠯᠭᠡᠷᠡᠭᠦᠯᠬᠦ ᠠᠵᠢᠯ ᠢ ᠰᠠᠶᠢᠲᠤᠷ ᠠᠳᠬᠤᠨ᠎ᠠ᠃ ᠨᠡᠭᠦᠷᠡᠰᠦᠨ ᠠᠭᠤᠷᠬᠠᠶ ︵ᠮᠠᠯᠲᠠᠵᠤ | ᠬᠥᠨᠳᠡᠶᠢᠷᠡᠭᠦᠯᠦᠭᠰᠡᠨ ᠣᠷᠣᠨ︶ ᠶᠢᠨ ᠭᠠᠯ ᠭᠠᠷᠤᠭᠰᠠᠨ ᠴᠢᠭ ᠢ ᠵᠠᠰᠠᠬᠤ ᠳᠤᠮᠳᠠ ᠢᠯᠡᠷᠡᠭᠦᠯᠦᠭᠰᠡᠨ ᠨᠡᠶᠢᠲᠡᠴᠢ ᠴᠢᠨᠠᠷᠲᠠᠶ | ᠠᠰᠠᠭᠤᠳᠠᠯ ᠪᠠ ᠲᠣᠪᠤᠶᠢᠮ᠎ᠠ ᠠᠰᠠᠭᠤᠳᠠᠯ ᠢ ᠭᠦᠨᠵᠡᠭᠡᠶ ᠵᠠᠳᠠᠯᠵᠤ᠂ ᠪᠣᠳᠠᠲᠠᠶ ᠠᠷᠭ᠎ᠠ ᠬᠡᠮᠵᠢᠶ᠎ᠡ ᠶᠢ ᠡᠮᠬᠢᠯᠡᠨ ᠭᠠᠷᠭᠠᠨ᠎ᠠ᠃ | ᠵᠠᠰᠠᠬᠤ ᠠᠵᠢᠯ ᠤᠨ ᠲᠤᠷᠰᠢᠯᠭ᠎ᠠ ᠬᠢᠳᠡᠯ ᠢᠶᠠᠨ ᠳ᠋ᠦᠩᠨᠡᠵᠦ᠂ ᠠᠵᠢᠯ ᠤᠨ ᠲᠦᠷᠢᠮ ᠢᠶᠠᠨ ᠤᠯᠠᠮ ᠨᠢᠭᠡ ᠠᠯᠬᠤᠮ | ᠲᠡᠭᠦᠯᠳᠡᠷᠵᠢᠭᠦᠯᠦᠨ᠂ ᠨᠡᠭᠦᠷᠡᠰᠦᠨ ᠠᠭᠤᠷᠬᠠᠶ ︵ᠮᠠᠯᠲᠠᠵᠤ ᠬᠥᠨᠳᠡᠶᠢᠷᠡᠭᠦᠯᠦᠭᠰᠡᠨ ᠣᠷᠣᠨ︶ ᠶᠢᠨ ᠭᠠᠯ ᠤᠨ ᠴᠢᠭ ᠤᠨ | ᠬᠡᠪᠰᠢᠭᠰᠡᠨ ᠬᠠᠮᠢᠶᠠᠷᠤᠯᠲᠠ ᠶᠢ ᠴᠢᠩᠭᠠᠳᠬᠠᠨ᠎ᠠ᠃ | 3. ᠨᠡᠭᠦᠷᠡᠰᠦᠨ ᠠᠭᠤᠷᠬᠠᠶ ︵ᠮᠠᠯᠲᠠᠵᠤ ᠬᠥᠨᠳᠡᠶᠢᠷᠡᠭᠦᠯᠦᠭᠰᠡᠨ ᠣᠷᠣᠨ︶ ᠶᠢᠨ ᠰᠢᠷᠣᠶ ᠭᠠᠳᠠᠭᠰᠢᠯᠠᠭᠤᠯᠬᠤ | ᠲᠠᠯᠠᠪᠠᠶ ᠶᠢᠨ ᠭᠠᠯ ᠤᠨ ᠴᠢᠭ ᠤᠨ ᠡᠬᠢ ᠡᠭᠦᠰᠦᠯ ᠢ ᠵᠠᠰᠠᠬᠤ ᠠᠵᠢᠯ ᠢ ᠰᠠᠶᠢᠲᠤᠷ ᠠᠳᠬᠤᠨ᠎ᠠ᠃ ᠱᠠᠭᠠᠷᠳᠠᠯᠭ᠎ᠠ ᠶᠣᠰᠣᠭᠠᠷ | ᠰᠢᠷᠣᠶ ᠭᠠᠳᠠᠭᠰᠢᠯᠠᠭᠤᠯᠬᠤ ᠠᠵᠢᠯ ᠢ ᠵᠢᠷᠤᠮᠵᠢᠭᠤᠯᠵᠤ᠂ ᠦᠢᠯᠡᠳᠪᠦᠷᠢᠯᠡᠯ ᠤᠨ ᠠᠵᠢᠯ ᠤᠨ ᠳᠤᠮᠳᠠ ᠪᠣᠶ ᠪᠣᠯᠤᠭᠰᠠᠨ | ᠥᠩᠭᠡᠨ ᠬᠥᠷᠥᠰᠥ᠂ ᠴᠢᠯᠠᠭᠤᠯᠢᠭ᠂ ᠨᠡᠭᠦᠷᠡᠰᠦᠨ ᠴᠢᠯᠠᠭᠤ ︵ᠨᠡᠭᠦᠷᠡᠰᠦᠨ ᠳᠠᠪᠬᠤᠷᠭ᠎ᠠ ᠶᠢᠨ ᠣᠷᠣᠶ ᠶᠢᠨ ᠢᠷᠣᠭᠠᠷ ᠤᠨ | ᠬᠠᠪᠲᠠᠰᠤᠨ ᠤ ᠱᠠᠭᠠᠯᠤᠭᠰᠠᠨ ᠪᠣᠳᠠᠰ᠂ ᠨᠢᠮᠭᠡᠨ ᠨᠡᠭᠦᠷᠡᠰᠦᠨ ᠳᠠᠪᠬᠤᠷᠭ᠎ᠠ ᠮᠠᠯᠲᠠᠵᠤ ᠪᠣᠯᠬᠤ ᠥᠬᠡᠶ︶ ᠶᠢ ᠡᠷᠬᠡᠪᠰᠢ ᠲᠥᠷᠥᠯ | ᠬᠤᠪᠢᠶᠠᠨ ᠣᠷᠣᠨ ᠬᠤᠪᠢᠶᠠᠨ ᠣᠪᠣᠭᠠᠯᠠᠵᠤ᠂ ᠨᠡᠭᠦᠷᠡᠰᠦᠨ ᠴᠢᠯᠠᠭᠤᠨ ᠤ ᠡᠬᠡ ᠲᠠᠩᠰᠠ ᠪᠠᠶᠢᠭᠤᠯᠵᠤ᠂ ᠨᠡᠭᠦᠷᠡᠰᠦᠨ ᠴᠢᠯᠠᠭᠤ | ᠶᠢᠨ ᠴᠢᠭᠯᠡᠯ ᠢ ᠲᠡᠮᠳᠡᠭᠯᠡᠬᠦ ᠬᠡᠷᠡᠭᠲᠡᠶ᠃ ᠰᠠᠯᠭᠠᠵᠤ ᠭᠠᠷᠭᠠᠭᠰᠠᠨ ᠥᠨᠳᠥᠷ ᠳᠤᠯᠠᠭᠠᠨ ᠳᠤ ᠰᠢᠲᠠᠮ᠎ᠠ ᠬᠠᠯᠠᠭᠤᠨ ᠪᠡᠶ᠎ᠡ ᠶᠢ | ᠡᠷᠬᠡᠪᠰᠢ ᠠᠰ ᠲᠤᠨᠢ ᠣᠪᠣᠭᠠᠯᠠᠨ ᠲᠠᠯᠪᠢᠵᠤ᠂ ᠪᠦᠷᠢᠮᠦᠰᠦᠨ ᠬᠥᠷᠥᠭᠡᠭᠰᠡᠨ ᠤ ᠳᠠᠷᠠᠭ᠎ᠠ ᠳᠠᠬᠢᠨ ᠰᠢᠷᠣᠶ ᠭᠠᠳᠠᠭᠰᠢᠯᠠᠭᠤᠯᠬᠤ | ᠲᠠᠯᠠᠪᠠᠶ ᠳᠤ ᠭᠠᠳᠠᠭᠰᠢᠯᠠᠭᠤᠯᠵᠤ᠂ ᠰᠢᠷᠣᠶ ᠭᠠᠳᠠᠭᠰᠢᠯᠠᠭᠤᠯᠬᠤ ᠲᠠᠯᠠᠪᠠᠶ ᠳᠤ ᠰᠢᠭᠤᠳ ᠭᠠᠳᠠᠭᠰᠢᠯᠠᠭᠤᠯᠬᠤ ᠶᠢ ᠴᠢᠩᠭ᠎ᠠ | ᠴᠠᠭᠠᠵᠠᠯᠠᠵᠤ᠂ ᠨᠡᠭᠦᠷᠡᠰᠦᠨ ᠴᠢᠯᠠᠭᠤ ᠠᠶᠠᠨᠳᠠᠭᠠᠨ ᠰᠢᠲᠠᠬᠤ ᠶᠢ ᠡᠬᠢ ᠡᠭᠦᠰᠦᠯ ᠠᠴᠠ ᠨᠢ ᠰᠡᠷᠭᠡᠶᠢᠯᠡᠬᠦ ᠬᠡᠷᠡᠭᠲᠡᠶ᠃ | ︵ᠲᠠᠪᠤ︶ ᠠᠭᠤᠷᠬᠠᠶ ᠶᠢᠨ ᠣᠷᠣᠨ ᠤ ᠳᠡᠭᠳᠡᠮᠡᠯ ᠲᠣᠭᠤᠰᠣᠨ ᠤ ᠪᠣᠬᠢᠷᠲᠤᠯ ᠢ ᠴᠡᠭᠴᠡᠯᠡᠨ ᠵᠠᠰᠠᠬᠤ ᠠᠵᠢᠯᠯᠠᠭ᠎ᠠ ᠳᠠᠬᠢ | ᠠᠭᠤᠷᠬᠠᠶ ᠶᠢᠨ ᠣᠷᠣᠨ ᠤ ᠦᠢᠯᠡᠳᠪᠦᠷᠢᠯᠡᠯ ᠤᠨ ᠳᠡᠭᠳᠡᠮᠡᠯ ᠲᠣᠭᠤᠰᠣᠨ ᠤ ᠡᠵᠡᠮᠳᠡᠯ ᠢ ᠴᠢᠩᠭᠠᠷᠠᠭᠤᠯᠬᠤ᠂ ᠠᠭᠤᠷᠬᠠᠶ ᠶᠢᠨ | ᠣᠷᠣᠨ ᠤ ᠪᠣᠬᠢᠷᠲᠤᠯ ᠲᠠᠢ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠭᠠᠬᠤ ᠠᠵᠢᠯᠯᠠᠭ᠎ᠠ ᠶᠢ ᠳᠠᠭᠠᠨ᠎ᠠ᠃ | 1. ᠵᠠᠳᠠᠭᠠᠶ ᠠᠭᠤᠷᠬᠠᠶ ᠶᠢᠨ ᠦᠢᠯᠡᠳᠪᠦᠷᠢᠯᠡᠯ ᠤᠨ ᠠᠵᠢᠯᠯᠠᠭᠠᠨ ᠤ ᠳᠡᠭᠳᠡᠮᠡᠯ ᠲᠣᠭᠤᠰᠣ ᠶᠢ ᠬᠠᠮᠢᠶᠠᠷᠤᠨ | ᠡᠵᠡᠮᠳᠡᠬᠦ ᠶᠢ ᠴᠢᠩᠭᠠᠷᠠᠭᠤᠯᠤᠨ᠎ᠠ᠃ ᠠᠭᠤᠷᠬᠠᠶ ᠶᠢᠨ ᠳᠡᠭᠳᠡᠮᠡᠯ ᠲᠣᠭᠤᠰᠣ ᠮᠠᠯᠲᠠᠬᠤ ᠶᠢ ᠴᠢᠩᠭ᠎ᠠ ᠬᠢᠵᠠᠭᠠᠷᠯᠠᠵᠤ᠂ | ᠮᠠᠯᠲᠠᠯᠭ᠎ᠠ ᠶᠢᠨ ᠲᠠᠯᠠᠪᠠᠢ᠂ ᠰᠢᠷᠣᠶ ᠭᠠᠳᠠᠭᠰᠢᠯᠠᠭᠤᠯᠬᠤ ᠲᠠᠯᠠᠪᠠᠢ ᠶᠢᠨ ᠨᠢᠭᠡᠨᠲᠡ ᠪᠣᠢ ᠪᠣᠯᠤᠭᠰᠠᠨ ᠶᠡᠨᠳᠡᠷ ᠢ ᠳᠠᠷᠤᠵᠤ | ᠬᠥᠷᠪᠡᠭᠦᠯᠬᠦ ᠪᠠ ᠤᠰᠤ ᠰᠦᠷᠴᠢᠨ ᠲᠣᠭᠤᠰᠣ ᠪᠠᠭᠤᠷᠠᠭᠤᠯᠵᠤ᠂ ᠤᠷᠢᠳᠴᠢᠯᠠᠨ ᠳᠡᠯᠪᠡᠷᠡᠭᠦᠯᠬᠦ ᠣᠷᠣᠨ ᠳᠤ ᠤᠰᠤ ᠰᠦᠷᠴᠢᠵᠦ | ᠤᠷᠢᠳᠴᠢᠯᠠᠨ ᠴᠢᠭᠢᠭᠲᠦᠭᠦᠯᠦᠨᠡ᠃ ᠵᠠᠳᠠᠭᠠᠶ ᠨᠡᠭᠡᠭᠡᠨ ᠮᠠᠯᠲᠠᠬᠤ ᠪᠠ ᠮᠠᠯᠲᠠᠵᠤ ᠬᠥᠨᠳᠡᠶᠢᠷᠡᠭᠦᠯᠦᠭᠰᠡᠨ ᠣᠷᠣᠨ ᠢ | ᠶᠡᠷᠦᠩᠬᠡᠶᠢᠯᠡᠨ ᠵᠠᠰᠠᠬᠤ ᠲᠥᠷᠥᠯ ᠵᠦᠢᠯ ᠳᠤ ᠣᠷᠭᠢᠯ ᠢ ᠵᠥᠷᠢᠭᠦᠯᠦᠨ ᠳᠡᠯᠪᠡᠴᠢᠬᠦ ᠶᠢ ᠬᠡᠷᠡᠭᠵᠢᠭᠦᠯᠵᠦ᠂ ᠲᠡᠷᠢᠭᠦᠨ ᠤ | ᠮᠡᠷᠭᠡᠵᠢᠯ ᠢ ᠬᠡᠷᠡᠭᠯᠡᠨ ᠲᠣᠭᠤᠰᠣ ᠶᠢ ᠬᠤᠷᠢᠭᠯᠠᠨ ᠳᠡᠯᠪᠡᠴᠢᠵᠦ᠂ ᠭᠠᠯ ᠤᠨ ᠠᠵᠤ ᠦᠢᠯᠡᠳᠪᠦᠷᠢ ᠶᠢᠨ ᠪᠦᠲᠦᠭᠡᠭᠳᠡᠬᠦᠨ ᠢ | ᠵᠦᠷᠢᠶᠡᠴᠢᠯᠡᠨ ᠬᠠᠩᠭᠠᠬᠤ ᠲᠥᠷᠥ ᠶᠢᠨ ᠪᠣᠳᠣᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠎ᠠ᠃ ᠵᠠᠳᠠᠭᠠᠶ ᠨᠡᠭᠡᠭᠡᠨ ᠮᠠᠯᠲᠠᠬᠤ ᠠᠵᠤ | ᠠᠬᠤᠶᠢᠯᠠᠯ ᠳᠤ ᠰᠥᠨᠢ ᠪᠠᠷ ᠮᠠᠯᠲᠠᠬᠤ ᠶᠢ ᠴᠠᠭᠠᠵᠠᠯᠠᠬᠤ ᠶᠢ ᠨᠢᠭᠡᠳᠦᠯᠲᠡᠶ ᠬᠡᠷᠡᠭᠵᠢᠭᠦᠯᠦᠨ᠎ᠡ ︵ᠳᠤᠯᠠᠭᠠᠯᠠᠭ᠎ᠠ ᠶᠢᠨ | ᠬᠤᠭᠤᠴᠠᠭ᠎ᠠ ᠨᠢ ᠣᠷᠣᠶ ᠶᠢᠨ 8 ᠴᠠᠭ ᠠᠴᠠ ᠦᠳᠡ ᠶᠢᠨ ᠡᠮᠦᠨᠡᠬᠢ 10 ᠴᠠᠭ᠂ ᠪᠤᠰᠤᠳ ᠴᠠᠭ ᠤᠨ ᠬᠤᠭᠤᠴᠠᠭ᠎ᠠ ᠨᠢ | ᠣᠷᠣᠶ ᠶᠢᠨ 8 ᠴᠠᠭ ᠠᠴᠠ ᠥᠷᠯᠥᠭᠡ ᠶᠢᠨ 6 ᠴᠠᠭ︶᠃ ᠠᠭᠤᠷᠬᠠᠶ ᠶᠢᠨ ᠦᠢᠯᠡᠳᠪᠦᠷᠢᠯᠡᠯ ᠳᠤ ᠡᠷᠬᠡᠪᠰᠢ ᠤᠰᠤ ᠰᠦᠷᠴᠢᠬᠦ | ᠲᠡᠷᠭᠡ᠂ ᠥᠨᠳᠥᠷ ᠳᠠᠷᠤᠯᠲᠠᠲᠤ ᠮᠠᠨᠠᠨᠲᠤ ᠶᠡᠭᠡ ᠫᠤᠤ ᠶᠢᠨ ᠲᠡᠷᠭᠡ᠂ ᠴᠡᠪᠡᠷᠯᠡᠬᠦ ᠲᠡᠷᠭᠡ ᠵᠡᠷᠭᠡ ᠤᠰᠤ ᠰᠦᠷᠴᠢᠵᠦ ᠲᠣᠭᠤᠰᠣ | ᠠᠷᠢᠯᠭᠠᠬᠤ ᠲᠥᠬᠦᠭᠡᠷᠦᠮᠵᠢ ᠶᠢ ᠭᠦᠢᠴᠡᠳ ᠲᠣᠬᠢᠷᠠᠭᠤᠯᠬᠤ ᠬᠡᠷᠡᠭᠲᠡᠶ᠃ ᠠᠭᠤᠷᠬᠠᠶ ᠶᠢᠨ ᠰᠢᠭᠠᠷᠤ ᠶᠢ ᠭᠠᠳᠠᠭᠰᠢᠯᠠᠭᠤᠯᠬᠤ | ᠲᠡᠷᠭᠡ ᠬᠥᠰᠬᠡ ᠠᠴᠢᠶᠠᠯᠠᠵᠤ ᠪᠠᠭᠤᠯᠭᠠᠬᠤ ᠠᠵᠢᠯ ᠬᠢᠬᠦ ᠳᠡᠭᠡᠨ ᠥᠨᠳᠥᠷ ᠫᠤᠤᠲᠤ ᠤᠰᠤᠨ ᠲᠡᠷᠭᠡᠨ ᠤ ᠲᠣᠭᠤᠰᠣ ᠶᠢ | ᠪᠠᠭᠤᠷᠠᠭᠤᠯᠬᠤ ᠶᠢ ᠲᠠᠪᠴᠠᠩ ᠤᠳᠠᠭ᠎ᠠ ᠳᠠᠷᠠᠭᠠᠯᠠᠨ ᠲᠣᠬᠢᠷᠠᠭᠤᠯᠵᠤ᠂ ᠠᠭᠤᠷᠬᠠᠶ ᠶᠢᠨ ᠣᠷᠣᠨ ᠤ ᠵᠠᠮ᠂ ᠠᠭᠤᠷᠬᠠᠶ ᠶᠢᠨ | ᠦᠢᠯᠡᠳᠬᠦᠨ ᠬᠢᠭᠡᠳ ᠪᠣᠳᠠᠰ ᠤᠨ ᠮᠠᠲ᠋ᠧᠷᠢᠶᠠᠯ ᠣᠪᠣᠭᠠᠯᠠᠬᠤ ᠲᠠᠯᠠᠪᠤᠷ ᠢ ᠡᠷᠬᠡᠪᠰᠢ ᠬᠠᠲᠠᠭᠤᠷᠠᠭᠤᠯᠬᠤ ᠬᠡᠷᠡᠭᠲᠡᠶ ᠪᠥᠭᠡᠳ | ᠴᠠᠭ ᠲᠤᠬᠠᠶ ᠲᠤᠨᠢ ᠴᠡᠪᠡᠷᠯᠡᠵᠦ᠂ ᠬᠥᠮᠥᠷᠭᠡᠯᠡᠨ ᠬᠠᠳᠠᠭᠠᠯᠠᠬᠤ ᠵᠡᠷᠭᠡ ᠲᠣᠭᠲᠠᠮᠠᠯ ᠲᠠᠯᠠᠪᠤᠷ ᠲᠤ ᠰᠦᠷᠴᠢᠬᠦ ᠲᠥᠬᠦᠭᠡᠷᠦᠮᠵᠢ | ᠪᠠᠶᠢᠭᠤᠯᠤᠭᠠᠳ ᠴᠠᠭ ᠲᠤᠬᠠᠶ ᠲᠤᠨᠢ ᠤᠰᠤ ᠰᠦᠷᠴᠢᠵᠦ᠂ ᠡᠯ᠎ᠡ ᠦᠢᠯᠡᠳᠪᠦᠷᠢᠯᠡᠯ ᠤᠨ ᠠᠵᠢᠯᠯᠠᠬᠤ ᠨᠢᠭᠡᠴᠡ ᠪᠣᠯᠤᠨ | ᠦᠢᠯᠡᠳᠪᠦᠷᠢᠯᠡᠵᠦ ᠲᠡᠭᠡᠭᠡᠪᠦᠷᠢᠯᠡᠬᠦ ᠶᠠᠪᠤᠴᠠ ᠲᠤ ᠬᠥᠷᠥᠰᠥ ᠰᠢᠷᠣᠶ ᠥᠬᠡᠢ᠂ ᠲᠣᠭᠤᠰᠣ ᠳᠡᠭᠳᠡᠬᠦ ᠥᠬᠡᠢ ᠪᠠᠶᠢᠬᠤ ᠶᠢ ᠦᠨᠡᠨᠬᠦ | ᠪᠠᠲᠤᠯᠠᠵᠤ᠂ ᠨᠦᠢᠲᠠᠨ ᠪᠥᠭᠡᠳ ᠲᠣᠭᠤᠰᠣ ᠳᠡᠭᠳᠡᠬᠦ ᠥᠬᠡᠢ ᠪᠠᠶᠢᠬᠤ ᠶᠢ ᠪᠠᠲᠤᠯᠠᠵᠤ᠂ ᠲᠡᠭᠡᠭᠡᠪᠦᠷᠢᠯᠡᠬᠦ ᠲᠡᠷᠭᠡ ᠬᠥᠰᠬᠡ ᠶᠢ | ᠠᠭᠤᠷᠬᠠᠶ ᠠᠴᠠ ᠭᠠᠷᠭᠠᠬᠤ ᠦᠶ᠎ᠡ ᠳᠤ ᠲᠡᠷᠭᠡᠨ ᠤ ᠪᠡᠶ᠎ᠡ ᠶᠢ ᠤᠬᠢᠶᠠᠵᠤ᠂ ᠲᠡᠷᠭᠡ ᠬᠥᠰᠬᠡ ᠶᠢᠨ ᠴᠡᠪᠡᠷ ᠲᠡᠭᠰᠢ ᠪᠠᠶᠢᠬᠤ ᠶᠢ | ᠪᠠᠲᠤᠯᠠᠬᠤ ᠬᠡᠷᠡᠭᠲᠡᠶ᠃ | 2. ᠠᠭᠤᠷᠬᠠᠶ ᠶᠢᠨ ᠣᠷᠣᠨ ᠤ ᠨᠡᠭᠦᠷᠡᠰᠦᠨ ᠤ ᠪᠣᠳᠠᠰ ᠤᠨ ᠮᠠᠲ᠋ᠧᠷᠢᠶᠠᠯ ᠢ ᠬᠠᠳᠠᠭᠠᠯᠠᠵᠤ ᠲᠣᠭᠤᠰᠣ ᠳᠡᠭᠳᠡᠬᠦ ᠶᠢ | ᠡᠵᠡᠮᠳᠡᠬᠦ ᠶᠢ ᠠᠭᠤᠷᠬᠠᠶ ᠶᠢᠨ ᠣᠷᠣᠨ ᠤ ᠳᠣᠲᠣᠷᠠᠬᠢ ᠨᠡᠭᠦᠷᠡᠰᠦ ᠲᠡᠭᠡᠭᠡᠪᠦᠷᠢᠯᠡᠬᠦ ᠵᠢᠴᠢ ᠪᠣᠳᠠᠰ ᠤᠨ ᠮᠠᠲ᠋ᠧᠷᠢᠶᠠᠯ ᠢ | ᠣᠪᠣᠭᠠᠯᠠᠨ ᠬᠠᠳᠠᠭᠠᠯᠠᠬᠤ ᠶᠢ ᠪᠦᠬᠦᠨ ᠢ ᠪᠢᠲᠡᠭᠦᠮᠵᠢᠯᠡᠬᠦ ᠶᠢ ᠪᠡᠶᠡᠯᠡᠭᠦᠯᠵᠦ᠂ ᠪᠢᠲᠡᠭᠦᠮᠵᠢᠯᠡᠭᠰᠡᠨ ᠮᠠᠲ᠋ᠧᠷᠢᠶᠠᠯ ᠤᠨ ᠰᠠᠷᠠᠪᠴᠢ ︵ | ᠬᠥᠮᠥᠷᠭᠡ︶ ᠶᠢᠨ ᠪᠥᠲᠥᠭᠡᠨ ᠪᠠᠶᠢᠭᠤᠯᠤᠯᠲᠠ ᠶᠢ ᠳᠠᠭᠤᠰᠬᠠᠬᠤ ᠠᠴᠠ ᠡᠮᠦᠨ᠎ᠡ᠂ ᠦᠢᠯᠡᠳᠪᠦᠷᠢᠯᠡᠬᠦ ᠶᠢ ᠬᠢᠵᠠᠭᠠᠷᠯᠠᠬᠤ ᠠᠷᠭ᠎ᠠ | ᠬᠡᠮᠵᠢᠶ᠎ᠡ ᠠᠪᠬᠤ ᠬᠡᠷᠡᠭᠲᠡᠶ᠂ ᠵᠠᠳᠠᠭᠠᠶ ᠣᠪᠣᠭᠠᠯᠠᠬᠤ ᠪᠠ ᠲᠦᠷ ᠴᠠᠭ ᠬᠠᠳᠠᠭᠠᠯᠠᠬᠤ ᠲᠠᠯᠠᠪᠠᠶ ᠭᠠᠷᠭᠠᠵᠤ ᠪᠣᠯᠬᠤ ᠥᠬᠡᠶ᠂ | ᠱᠠᠭᠠᠷᠳᠠᠯᠭ᠎ᠠ ᠶᠣᠰᠣᠭᠠᠷ ᠪᠢᠲᠡᠭᠦᠮᠵᠢᠯᠡᠭᠰᠡᠨ ᠮᠠᠲ᠋ᠧᠷᠢᠶᠠᠯ ᠤᠨ ᠰᠠᠷᠠᠪᠴᠢ ︵ᠬᠥᠮᠥᠷᠭᠡ︶ ᠶᠢ ᠪᠥᠲᠥᠭᠡᠨ ᠪᠠᠶᠢᠭᠤᠯᠤᠭᠰᠠᠨ | ᠥᠬᠡᠶ ᠪᠠᠶᠢᠪᠠᠯ 2021 ᠣᠨ ᠤ ᠵᠢᠯ ᠤᠨ ᠰᠡᠭᠦᠯᠴᠢ ᠠᠴᠠ ᠡᠮᠦᠨ᠎ᠡ ᠡᠷᠬᠡᠪᠰᠢ ᠪᠢᠲᠡᠭᠦᠮᠵᠢᠯᠡᠨ ᠵᠠᠰᠠᠬᠤ ᠶᠢ ᠪᠡᠶᠡᠯᠡᠭᠦᠯᠵᠦ᠂ | ᠬᠤᠭᠤᠴᠠᠭ᠎ᠠ ᠬᠡᠲᠦᠷᠡᠲᠡᠯ᠎ᠡ ᠪᠡᠶᠡᠯᠡᠭᠦᠯᠦᠭᠰᠡᠨ ᠥᠬᠡᠶ ᠪᠠᠶᠢᠪᠠᠯ ᠦᠢᠯᠡᠳᠪᠦᠷᠢᠯᠡᠯ ᠢ ᠨᠢ ᠵᠣᠭᠰᠣᠭᠠᠵᠤ ᠵᠠᠰᠠᠬᠤ ᠬᠡᠷᠡᠭᠲᠡᠶ᠃ | ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠭᠦᠢᠴᠡᠳᠭᠡᠯ ᠲᠤᠭ᠎ᠠ ᠥᠬᠡᠶ ᠠᠴᠠ ᠪᠣᠯᠵᠣ ᠪᠢᠲᠡᠭᠦᠮᠵᠢᠯᠡᠨ ᠵᠠᠰᠠᠬᠤ ᠶᠢ | ᠬᠡᠷᠡᠭᠵᠢᠭᠦᠯᠬᠦ ᠶᠢᠨ ᠠᠷᠭ᠎ᠠ ᠥᠬᠡᠶ ᠪᠤᠶᠤ ᠡᠬᠢ ᠪᠠᠶᠠᠯᠢᠭ ᠢ ᠡᠮᠬᠢᠯᠡᠨ ᠨᠡᠶᠢᠯᠡᠭᠦᠯᠬᠦ ᠵᠡᠷᠭᠡ ᠰᠢᠯᠲᠠᠭᠠᠨ ᠠᠴᠠ ᠪᠣᠯᠵᠣ | ᠬᠤᠶᠢᠰᠢᠯᠠᠭᠤᠯᠬᠤ ᠴᠢᠬᠤᠯᠠᠲᠠᠶ ᠪᠠᠶᠢᠪᠠᠯ᠂ ᠬᠠᠶᠢᠨᠠᠨ ᠤ ᠪᠠᠶᠢᠭᠠᠯᠢ ᠶᠢᠨ ᠡᠬᠢ ᠪᠠᠶᠠᠯᠢᠭ ᠤᠨ ᠬᠤᠪᠢᠶᠠᠷᠢ ᠲᠣᠪᠴᠢᠶ᠎ᠠ ᠠᠴᠠ | ᠬᠤᠯᠪᠣᠭᠳᠠᠯ ᠪᠥᠬᠦᠶ ᠭᠡᠷᠡᠴᠢᠯᠡᠬᠦ ᠮᠠᠲ᠋ᠧᠷᠢᠶᠠᠯ ᠭᠠᠷᠭᠠᠵᠤ ᠥᠭᠪᠡᠯ ᠰᠠᠶ᠋ᠢ ᠪᠢᠲᠡᠭᠦᠮᠵᠢᠯᠡᠨ ᠵᠠᠰᠠᠬᠤ ᠶᠢ ᠬᠤᠶᠢᠰᠢᠯᠠᠭᠤᠯᠵᠤ | ᠪᠣᠯᠤᠨ᠎ᠠ᠂ ᠭᠡᠪᠡᠴᠦ ᠰᠠᠯᠬᠢ ᠶᠢ ᠰᠡᠷᠭᠡᠶᠢᠯᠡᠵᠦ ᠲᠣᠭᠤᠰᠣ ᠶᠢ ᠬᠤᠷᠢᠭᠯᠠᠬᠤ ᠲᠣᠤᠷ ᠵᠡᠷᠭᠡ ᠪᠣᠬᠢᠷᠲᠤᠯ ᠢ ᠰᠡᠷᠭᠡᠶᠢᠯᠡᠨ ᠵᠠᠰᠠᠬᠤ | ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢ ᠡᠷᠬᠡᠪᠰᠢ ᠬᠤᠯᠪᠣᠭᠳᠠᠯ ᠪᠥᠬᠦᠶ ᠵᠢᠷᠤᠮᠵᠢᠯ ᠤᠨ ᠱᠠᠭᠠᠷᠳᠠᠯᠭ᠎ᠠ ᠳᠤ | ᠬᠦᠷᠦᠭᠦᠯᠬᠦ ᠬᠡᠷᠡᠭᠲᠡᠶ᠃ ᠪᠢᠲᠡᠭᠦᠮᠵᠢᠯᠡᠭᠰᠡᠨ ᠮᠠᠶ᠋ᠢᠭ ᠤᠨ ᠪᠦᠰᠡ᠂ ᠬᠤᠭᠤᠯᠠᠶ ᠪᠠᠷ ᠲᠡᠭᠡᠭᠡᠪᠦᠷᠢᠯᠡᠬᠦ ᠶᠢ ᠪᠡᠶᠡᠯᠡᠭᠦᠯᠦᠭᠰᠡᠨ ᠠᠵᠤ | ᠠᠬᠤᠶᠢᠯᠠᠯ ᠳᠤ᠂ ᠰᠥᠨᠢ ᠪᠠᠷ ᠦᠢᠯᠡᠳᠪᠦᠷᠢᠯᠡᠯ ᠢ ᠨᠢ ᠵᠣᠭᠰᠣᠭᠠᠵᠤ ᠬᠠᠮᠢᠶᠠᠷᠤᠨ ᠡᠵᠡᠮᠳᠡᠬᠦ ᠶᠢ ᠠᠭᠤᠵᠢᠭᠤ ᠲᠠᠯᠪᠢᠵᠤ | ᠪᠣᠯᠤᠨ᠎ᠠ᠃ | 3. ᠠᠭᠤᠷᠬᠠᠶ ᠶᠢᠨ ᠣᠷᠣᠨ ᠤ ᠲᠣᠭᠤᠰᠣ ᠰᠢᠷᠣᠶ ᠶᠢᠨ ᠪᠣᠬᠢᠷᠲᠤᠯ ᠢ ᠬᠠᠮᠢᠶᠠᠷᠤᠨ ᠡᠵᠡᠮᠳᠡᠬᠦ ᠴᠢᠳᠠᠪᠤᠷᠢ ᠶᠢ | ᠳᠡᠭᠡᠭᠰᠢᠯᠡᠭᠦᠯᠦᠨ᠎ᠡ᠃ ᠪᠣᠶ ᠪᠥᠬᠦᠶ ᠠᠭᠤᠷᠬᠠᠶ ᠶᠢᠨ ᠠᠵᠤ ᠠᠬᠤᠶᠢᠯᠠᠯ ᠡᠷᠬᠡᠪᠰᠢ ᠬᠠᠷᠠᠭᠠᠨ ᠳᠠᠪᠲᠠᠮᠵᠢ ᠪᠠᠷ ᠬᠢᠨᠠᠨ | ᠡᠵᠡᠮᠳᠡᠬᠦ ᠶᠢᠨ ᠬᠠᠮᠲᠤ ᠠᠭᠤᠷᠬᠠᠶ ᠶᠢᠨ ᠣᠷᠣᠨ ᠤ ᠣᠶᠤᠨᠴᠢ ᠬᠠᠮᠢᠶᠠᠷᠤᠨ ᠡᠵᠡᠮᠳᠡᠬᠦ ᠰᠢᠰᠲ᠋ᠧᠮ ᠳᠤ ᠵᠠᠯᠭᠠᠨ ᠣᠷᠣᠭᠤᠯᠵᠤ᠂ | ᠬᠠᠷᠠᠭᠠᠨ ᠳᠠᠪᠲᠠᠮᠵᠢ ᠪᠠᠷ ᠬᠢᠨᠠᠨ ᠡᠵᠡᠮᠳᠡᠬᠦ ᠲᠤᠭ᠎ᠠ ᠪᠠᠷᠢᠮᠲᠠ ᠪᠠᠷ ᠬᠢᠨᠠᠯᠲᠠ ᠬᠠᠮᠢᠶᠠᠷᠤᠯᠲᠠ ᠶᠢᠨ ᠯᠠᠪᠯᠠᠯᠲᠠ ᠶᠢᠨ | ᠦᠨᠳᠦᠰᠦᠯᠡᠯ ᠪᠣᠯᠭᠠᠵᠤ᠂ ᠨᠡᠶᠢᠳᠡᠮ ᠠᠴᠠ ᠴᠢᠭ ᠲᠤ ᠬᠦᠷᠲᠡᠯ᠎ᠡ᠂ ᠪᠥᠬᠦ ᠲᠠᠯ᠎ᠠ ᠪᠠᠷ ᠬᠢᠨᠠᠨ ᠡᠵᠡᠮᠳᠡᠬᠦ ᠶᠢ ᠬᠡᠷᠡᠭᠵᠢᠭᠦᠯᠦᠨ᠂ | ᠲᠣᠮᠣ ᠲᠤᠭ᠎ᠠ ᠪᠠᠷᠢᠮᠲᠠ ᠪᠠᠷ ᠨᠠᠷᠢᠯᠢᠭ ᠣᠨᠣᠴᠠᠲᠠᠶ ᠪᠠᠷ ᠪᠣᠬᠢᠷᠲᠤᠯ ᠢ ᠵᠠᠰᠠᠬᠤ ᠶᠢ ᠠᠬᠢᠭᠤᠯᠤᠨ᠂ ᠰᠢᠨᠵᠢᠯᠡᠬᠦ ᠤᠬᠠᠭᠠᠨᠴᠢ ᠪᠠᠷ | ᠬᠠᠮᠢᠶᠠᠷᠤᠨ ᠡᠵᠡᠮᠳᠡᠵᠦ᠂ ᠬᠠᠨᠳᠤᠯᠭᠠᠲᠤ ᠴᠢᠨᠠᠷᠲᠠᠶ ᠪᠠᠷ ᠬᠠᠨᠳᠤᠯᠭᠠᠲᠤ ᠴᠢᠨᠠᠷᠲᠠᠶ ᠪᠠᠷ ᠵᠠᠰᠠᠬᠤ ᠬᠡᠷᠡᠭᠲᠡᠶ᠃ | 4. ᠠᠭᠤᠷᠬᠠᠶ ᠶᠢᠨ ᠣᠷᠣᠨ ᠤ ᠪᠣᠬᠢᠷᠲᠤᠯᠳᠤ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠭᠠᠬᠤ ᠶᠢ ᠳᠡᠭᠡᠳᠦ | ᠱᠠᠲᠤᠨ ᠤ ᠰᠠᠯᠠᠭ᠎ᠠ ᠮᠥᠴᠢᠷ ᠲᠠᠢ ᠬᠠᠮᠵᠢᠯᠴᠠᠨ ︽ᠦᠬᠠᠶ ᠬᠤᠲᠠ ᠶᠢᠨ ᠪᠣᠬᠢᠷᠲᠤᠯ ᠲᠠᠢ ᠴᠠᠭ ᠠᠭᠤᠷ ᠤᠨ ᠠᠭᠤᠷᠬᠠᠶ ᠶᠢᠨ | ᠠᠵᠤ ᠠᠬᠤᠶᠢᠯᠠᠯ ᠤᠨ ᠦᠢᠯᠡᠳᠪᠦᠷᠢᠯᠡᠯ ᠢ ᠬᠢᠵᠠᠭᠠᠷᠯᠠᠵᠤ ᠦᠢᠯᠡᠳᠪᠦᠷᠢᠯᠡᠯ ᠢ ᠵᠣᠭᠰᠣᠭᠠᠬᠤ ᠪᠠᠴᠢᠮ ᠪᠠᠶᠢᠳᠠᠯ ᠢ ᠠᠷᠭᠠᠴᠠᠭᠠᠬᠤ | ᠲᠥᠰᠦᠯ︾ ᠢ ᠨᠠᠶᠢᠷᠠᠭᠤᠯᠤᠨ ᠵᠣᠬᠢᠶᠠᠬᠤ ᠠᠵᠢᠯ ᠢ ᠪᠡᠶᠡᠯᠡᠭᠦᠯᠵᠦ᠂ ︽ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ | ︾ ᠤᠨ ᠡᠬᠢᠯᠡᠵᠦ ᠵᠣᠭᠰᠣᠭᠠᠬᠤ ᠨᠥᠬᠦᠴᠡᠯ᠂ ᠲᠠᠰ ᠳᠠᠷᠠᠭᠠᠯᠠᠯ᠂ ᠠᠷᠭ᠎ᠠ ᠬᠡᠮᠵᠢᠶ᠎ᠡ ᠵᠢᠴᠢ ᠰᠠᠯᠠᠭ᠎ᠠ ᠮᠥᠴᠢᠷ ᠤᠨ | ᠬᠠᠷᠢᠭᠤᠴᠠᠯᠭ᠎ᠠ ᠵᠡᠷᠭᠡ ᠠᠭᠤᠯᠭ᠎ᠠ ᠶᠢᠨ ᠶᠣᠰᠣᠭᠠᠷ᠂ ᠪᠥᠬᠦ ᠲᠤᠭᠤᠷᠢᠭ ᠤᠨ ᠠᠭᠤᠷᠬᠠᠶ ᠶᠢᠨ ᠠᠵᠤ ᠠᠬᠤᠶᠢᠯᠠᠯ ᠨᠢ | 2021ᠣᠨ ᠤ 4 ᠳ᠋ᠣᠭᠡᠷ ᠰᠠᠷ᠎ᠠ ᠶᠢᠨ ᠰᠡᠭᠦᠯᠴᠢ ᠠᠴᠠ ᠡᠮᠦᠨ᠎ᠡ ᠪᠣᠬᠢᠷᠲᠤᠯ ᠲᠠᠢ ᠴᠠᠭ ᠠᠭᠤᠷ ᠤᠨ ᠪᠠᠴᠢᠮ ᠪᠠᠶᠢᠳᠠᠯ ᠢ | ᠠᠷᠭᠠᠴᠠᠭᠠᠬᠤ ᠶᠢ ᠳᠠᠭᠠᠬᠤ ᠪᠡᠯᠡᠳᠬᠡᠯ ᠲᠥᠰᠦᠯ ᠢ ᠨᠠᠶᠢᠷᠠᠭᠤᠯᠤᠨ ᠵᠣᠬᠢᠶᠠᠬᠤ ᠠᠵᠢᠯ ᠢ ᠪᠡᠶᠡᠯᠡᠭᠦᠯᠵᠦ᠂ ᠨᠡᠭᠦᠷᠡᠰᠦᠨ ᠠᠭᠤᠷᠬᠠᠶ᠂ | ᠨᠡᠭᠦᠷᠡᠰᠦᠨ ᠤ ᠪᠤᠰᠤ ᠠᠭᠤᠷᠬᠠᠶ᠂ ᠨᠡᠭᠦᠷᠡᠰᠦ ᠤᠬᠢᠶᠠᠵᠤ ᠰᠢᠯᠢᠬᠦ ᠠᠵᠤ ᠠᠬᠤᠶᠢᠯᠠᠯ ᠢ ᠲᠣᠰ ᠲᠣᠰ ᠲᠤᠭᠤᠷᠢᠭ ᠤᠨ | ᠡᠨᠧᠷᠭᠢ ᠶᠢᠨ ᠲᠣᠪᠴᠢᠶ᠎ᠠ᠂ ᠬᠠᠶᠢᠨᠠᠨ ᠤ ᠪᠠᠶᠢᠭᠠᠯᠢ ᠶᠢᠨ ᠡᠬᠢ ᠪᠠᠶᠠᠯᠢᠭ ᠤᠨ ᠬᠤᠪᠢᠶᠠᠷᠢ ᠲᠣᠪᠴᠢᠶ᠎ᠠ᠂ ᠠᠮᠢ ᠠᠬᠤᠶ ᠶᠢᠨ | ᠣᠷᠴᠢᠨ ᠲᠣᠭᠤᠷᠢᠨ ᠤ ᠬᠤᠪᠢᠶᠠᠷᠢ ᠲᠣᠪᠴᠢᠶ᠎ᠠ ᠳᠤ ᠮᠡᠳᠡᠭᠦᠯᠵᠦ ᠳᠠᠩᠰᠠᠯᠠᠭᠤᠯᠤᠨ᠎ᠠ᠃ ᠴᠠᠭ ᠠᠭᠤᠷ ᠤᠨ ᠰᠠᠯᠠᠭ᠎ᠠ ᠮᠥᠴᠢᠷ | ᠤᠳ ᠶᠡᠭᠡ ᠰᠠᠯᠬᠢ᠂ ᠡᠯᠡᠰᠦᠨ ᠰᠢᠭᠤᠷᠭ᠎ᠠ᠂ ᠶᠡᠭᠡ ᠮᠡᠨᠡᠠ ᠵᠡᠷᠭᠡ ᠴᠠᠭ ᠠᠭᠤᠷ ᠤᠨ ᠭᠠᠮᠰᠢᠭ ᠢ ᠰᠡᠷᠡᠮᠵᠢᠯᠡᠭᠦᠯᠬᠦ ᠪᠠ ᠵᠥᠭᠡᠯᠡᠨ | ᠰᠠᠯᠬᠢ ᠲᠣᠭᠲᠠᠭᠤᠨ ᠪᠠᠶᠢᠬᠤ ᠵᠡᠷᠭᠡ ᠠᠰᠢᠭ ᠤᠢᠭᠡᠢ ᠪᠣᠬᠢᠷᠲᠤᠯ ᠪᠣᠳᠠᠰ ᠢ ᠲᠠᠷᠬᠠᠭᠠᠬᠤ ᠴᠠᠭ ᠠᠭᠤᠷ ᠤᠨ ᠨᠥᠬᠦᠴᠡᠯ ᠢ | ᠨᠡᠶᠢᠲᠡᠯᠡᠬᠦ ᠦᠶ᠎ᠡ ᠳᠤ᠂ ᠠᠭᠤᠷᠬᠠᠶ ᠶᠢᠨ ᠠᠵᠤ ᠠᠬᠤᠶᠢᠯᠠᠯ ᠤᠳ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ ᠢ | ᠴᠠᠭ ᠲᠤᠬᠠᠶ ᠲᠤᠨᠢ ᠡᠬᠢᠯᠡᠭᠦᠯᠵᠦ᠂ ᠦᠢᠯᠡᠳᠪᠦᠷᠢᠯᠡᠬᠦ ᠶᠢ ᠨᠢ ᠬᠢᠵᠠᠭᠠᠷᠯᠠᠵᠤ ᠦᠢᠯᠡᠳᠪᠦᠷᠢᠯᠡᠬᠦ ᠶᠢ ᠨᠢ ᠵᠣᠭᠰᠣᠭᠠᠬᠤ ᠵᠡᠷᠭᠡ | ᠠᠷᠭ᠎ᠠ ᠬᠡᠮᠵᠢᠶ᠎ᠡ ᠠᠪᠴᠤ᠂ ᠡᠯ᠎ᠡ ᠰᠠᠯᠠᠭ᠎ᠠ ᠮᠥᠴᠢᠷ ᠤᠳ ᠮᠡᠳᠡᠭᠳᠡᠬᠦ ᠪᠠ ᠲᠣᠭᠤᠷᠢᠨ ᠪᠠᠶᠢᠴᠠᠭᠠᠬᠤ ᠠᠵᠢᠯ ᠢ ᠰᠠᠶᠢᠲᠤᠷ ᠬᠢᠬᠦ | ᠬᠡᠷᠡᠭᠲᠡᠶ᠃ ᠡᠯ᠎ᠡ ᠰᠠᠯᠠᠭ᠎ᠠ ᠮᠥᠴᠢᠷ ᠤᠳ ᠠᠵᠢᠯᠲᠠᠨ ᠢᠶᠠᠨ ᠴᠠᠭ ᠲᠤᠬᠠᠶ ᠳᠤᠨᠢ ᠵᠣᠬᠢᠶᠠᠨ ᠪᠠᠶᠢᠭᠤᠯᠤᠨ ᠡᠯ᠎ᠡ ᠵᠦᠢᠯ ᠤᠨ | ᠠᠵᠢᠯ ᠤᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠬᠢᠨᠠᠨ ᠪᠠᠶᠢᠴᠠᠭᠠᠵᠤ᠂ ᠠᠵᠢᠯ ᠤᠨ | ᠪᠠᠶᠢᠷᠢᠯᠠᠭᠤᠯᠤᠯᠲᠠ ᠶᠢ ᠪᠣᠳᠠᠲᠠᠶᠢᠵᠢᠭᠤᠯᠵᠤ᠂ ᠠᠷᠭ᠎ᠠ ᠬᠡᠮᠵᠢᠶ᠎ᠡ ᠶᠢ ᠪᠣᠳᠠᠲᠠᠶᠢᠵᠢᠭᠤᠯᠬᠤ ᠶᠢ ᠦᠨᠡᠨᠬᠦ ᠪᠠᠲᠤᠯᠠᠬᠤ ᠶᠢᠨ ᠬᠠᠮᠲᠤ᠂ | ᠪᠠᠴᠢᠮ ᠪᠠᠶᠢᠳᠠᠯ ᠢ ᠠᠷᠭᠠᠴᠠᠭᠠᠬᠤ ᠶᠢᠨ ᠳᠠᠭᠠᠵᠤ ᠬᠢᠬᠦ ᠶᠢ ᠳ᠋ᠦᠩᠨᠡᠵᠦ ᠦᠨᠡᠯᠡᠨ ᠵᠢᠱᠢᠬᠦ ᠠᠵᠢᠯ ᠢ ᠰᠠᠶᠢᠲᠤᠷ ᠬᠢᠬᠦ | ᠬᠡᠷᠡᠭᠲᠡᠶ᠃ | ︵ᠵᠢᠷᠭᠤᠭ᠎ᠠ︶ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠯᠲᠠ ᠶᠢᠨ ᠬᠠᠷᠢᠭᠤ | ᠲᠤᠰᠬᠠᠭᠰᠠᠨ ᠰᠠᠨᠠᠯ ᠵᠢᠴᠢ ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠶᠢᠨ ᠰᠢᠮᠳᠠᠭᠤᠯᠤᠨ ᠪᠠᠶᠢᠴᠠᠭᠠᠯᠲᠠ ᠶᠢᠨ | ᠴᠡᠭᠴᠡᠯᠡᠨ ᠰᠠᠶᠢᠵᠢᠷᠠᠭᠤᠯᠵᠤ ᠳ᠋ᠤᠭᠠᠷ ᠢ ᠬᠠᠰᠤᠬᠤ ᠡᠭᠦᠷᠭᠡ ᠶᠢᠨ ᠵᠠᠯᠭᠠᠮᠵᠢ ᠬᠠᠮᠠᠭᠠᠯᠠᠯᠲᠠ ᠶᠢᠨ ᠠᠵᠢᠯ ᠢ ᠦᠷᠭᠦᠯᠵᠢᠯᠡᠨ | ᠠᠬᠢᠭᠤᠯᠤᠨ᠎ᠠ᠃ | ︽ᠬᠡᠨ ᠲᠦᠷᠦᠭᠦᠯᠡᠪᠡᠯ᠂ ᠬᠡᠨ ᠬᠢᠨᠠᠨ ᠬᠠᠮᠢᠶᠠᠷᠴᠤ᠂ ᠬᠡᠨ ᠬᠠᠷᠢᠭᠤᠴᠠᠬᠤ︾ ᠵᠠᠷᠴᠢᠮ ᠶᠣᠰᠣᠭᠠᠷ᠂ ᠡᠯ᠎ᠡ ᠰᠠᠯᠠᠭ᠎ᠠ | ᠮᠥᠴᠢᠷ ᠤᠳ ᠪᠠᠷᠠᠭᠤᠨ ᠣᠷᠳᠣᠰ ᠤᠨ ᠤᠯᠤᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠡᠳᠦᠷ ᠲᠤᠲᠤᠮ ᠤᠨ | ᠲᠣᠭᠤᠷᠢᠨ ᠬᠠᠮᠠᠭᠠᠯᠠᠯᠲᠠ ᠵᠢᠴᠢ ᠬᠠᠮᠢᠶᠠᠷᠤᠯᠲᠠ ᠶᠢᠨ ᠠᠵᠢᠯ ᠢᠶᠠᠨ ᠴᠢᠩᠭᠠᠳᠬᠠᠵᠤ᠂ ᠬᠠᠷᠢᠭᠤᠴᠠᠯᠭ᠎ᠠ ᠶᠢᠨ ᠭᠤᠤᠯ | ᠴᠣᠭᠴᠠ ᠶᠢ ᠲᠣᠳᠣᠷᠬᠠᠶᠢᠯᠠᠨ᠂ ᠲᠣᠰ ᠲᠣᠰ ᠤᠨ ᠡᠭᠦᠷᠭᠡ ᠲᠤᠰᠢᠶᠠᠯ ᠢᠶᠠᠨ ᠭᠦᠢᠴᠡᠳᠭᠡᠵᠦ ᠪᠠᠶᠢᠭᠠᠳ ᠲᠦᠷᠦᠭᠦᠯᠡᠬᠦ | ᠬᠡᠪᠴᠢᠶᠡᠨ ᠳᠠᠬᠢ 8 ᠦᠢᠯᠡᠳᠪᠦᠷᠢ ᠠᠭᠤᠷᠬᠠᠶ ᠶᠢᠨ ᠠᠵᠤ ᠠᠬᠤᠶᠢᠯᠠᠯ ᠤᠨ ᠳ᠋ᠤᠭᠠᠷ ᠠᠴᠠ ᠪᠠᠨ ᠤᠬᠤᠷᠢᠨ ᠭᠠᠷᠤᠭᠰᠠᠨ ᠤ | ᠳᠠᠷᠠᠭᠠᠬᠢ ᠠᠮᠢ ᠠᠬᠤᠶ ᠶᠢ ᠰᠡᠷᠭᠦᠭᠡᠨ ᠬᠠᠮᠠᠭᠠᠯᠠᠬᠤ ᠠᠵᠢᠯ ᠢ ᠰᠠᠶᠢᠲᠤᠷ ᠬᠢᠬᠦ ᠬᠡᠷᠡᠭᠲᠡᠶ᠃ ᠡᠭᠦᠨ ᠤ ᠬᠠᠮᠲᠤ᠂ ᠮᠠᠨ ᠤ | ᠲᠤᠭᠤᠷᠢᠭ ᠤᠨ ᠨᠢᠭᠡᠨᠲᠡ ᠳ᠋ᠤᠭᠠᠷ ᠢᠶᠠᠨ ᠬᠦᠴᠦᠨ ᠥᠬᠡᠶ ᠪᠣᠯᠭᠠᠭᠰᠠᠨ 58 ᠠᠭᠤᠷᠬᠠᠶ ᠶᠢᠨ ᠭᠠᠵᠠᠷ ᠤᠨ ᠣᠷᠴᠢᠨ | ᠲᠣᠭᠤᠷᠢᠨ ᠤ ᠵᠠᠰᠠᠯᠲᠠ ᠶᠢᠨ ᠲᠥᠷᠥᠯ ᠵᠦᠢᠯ ᠪᠠ 31 ᠰᠢᠷᠣᠶ ᠭᠠᠳᠠᠭᠰᠢᠯᠠᠭᠤᠯᠬᠤ ᠲᠠᠯᠠᠪᠠᠶ ᠶᠢᠨ ᠡᠳᠦᠷ ᠲᠤᠲᠤᠮ ᠤᠨ | ᠲᠣᠭᠤᠷᠢᠨ ᠪᠠᠶᠢᠴᠠᠭᠠᠬᠤ ᠵᠢᠴᠢ ᠬᠠᠮᠠᠭᠠᠯᠠᠬᠤ ᠡᠷᠴᠢᠮ ᠢ ᠴᠢᠩᠭᠠᠷᠠᠭᠤᠯᠵᠤ᠂ ᠨᠢᠭᠡᠨᠲᠡ ᠳ᠋ᠤᠭᠠᠷ ᠢᠶᠠᠨ ᠬᠦᠴᠦᠨ ᠥᠬᠡᠶ | ᠪᠣᠯᠭᠠᠭᠰᠠᠨ ᠠᠰᠠᠭᠤᠳᠠᠯ ᠤᠨ ᠳᠠᠬᠢᠨ ᠡᠭᠦᠰᠬᠦ ᠶᠢ ᠴᠢᠩᠭ᠎ᠠ ᠰᠡᠷᠭᠡᠶᠢᠯᠡᠬᠦ ᠬᠡᠷᠡᠭᠲᠡᠶ᠃ | ᠭᠤᠷᠪᠠ᠂ ᠪᠠᠲᠤᠯᠠᠭ᠎ᠠ ᠶᠢᠨ ᠠᠷᠭ᠎ᠠ ᠬᠡᠮᠵᠢᠶ᠎ᠡ | ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠷᠠᠭᠤᠯᠤᠨ᠎ᠠ᠃ ᠡᠯ᠎ᠡ ᠰᠠᠯᠠᠭ᠎ᠠ ᠮᠥᠴᠢᠷ ᠤᠳ | ᠴᠠᠭ ᠲᠤᠬᠠᠶ ᠲᠤᠨᠢ ᠲᠤᠰᠬᠠᠶ ᠠᠩᠬᠢ ᠵᠣᠬᠢᠶᠠᠨ ᠪᠠᠶᠢᠭᠤᠯᠵᠤ᠂ ᠲᠤᠰᠬᠠᠶ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠂ | ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠢ ᠨᠡᠭᠡᠭᠡᠨ ᠬᠥᠭᠵᠢᠭᠦᠯᠵᠦ ᠡᠮᠬᠢᠯᠡᠨ ᠨᠡᠶᠢᠯᠡᠭᠦᠯᠵᠦ ᠲᠠᠬᠢᠨ ᠵᠣᠬᠢᠶᠠᠨ | ᠪᠠᠶᠢᠭᠤᠯᠬᠤ᠂ ᠠᠭᠤᠷᠬᠠᠶ ᠶᠢ ᠶᠡᠷᠦᠩᠬᠡᠶᠢᠯᠡᠨ ᠵᠠᠰᠠᠬᠤ ᠪᠠ ᠪᠣᠬᠢᠷᠲᠤᠯ ᠥᠭᠡᠢ ᠠᠭᠤᠷᠬᠠᠶ ᠶᠢᠨ ᠪᠥᠳᠥᠭᠡᠨ ᠪᠠᠶᠢᠭᠤᠯᠤᠯᠲᠠ ᠶᠢᠨ | ᠠᠵᠢᠯ ᠢ ᠬᠦᠴᠦᠲᠡᠶ ᠲᠥᠯᠬᠢᠨ ᠠᠬᠢᠭᠤᠯᠬᠤ ᠬᠡᠷᠡᠭᠲᠡᠶ᠃ ᠡᠭᠦᠨ ᠤ ᠬᠠᠮᠲᠤ ᠳᠡᠭᠡᠷ᠎ᠡ ᠳᠤᠷᠠᠳᠤᠭᠰᠠᠨ ᠠᠵᠢᠯ ᠢ ᠲᠤᠭᠤᠷᠢᠭ | ᠤᠨ ᠠᠮᠢ ᠠᠬᠤᠶ ᠶᠢᠨ ᠣᠷᠴᠢᠨ ᠲᠣᠭᠤᠷᠢᠨ ᠢ ᠶᠡᠷᠦᠩᠬᠡᠶᠢᠯᠡᠨ ᠴᠡᠭᠴᠡᠯᠡᠨ ᠵᠠᠰᠠᠬᠤ ᠠᠵᠢᠯ ᠤᠨ ᠤᠳᠤᠷᠢᠳᠬᠤ | ᠳᠤᠭᠤᠶᠢᠯᠠᠩ ᠤᠨ ᠡᠳᠦᠷ ᠲᠤᠲᠤᠮ ᠤᠨ ᠠᠵᠢᠯ ᠳᠤ ᠣᠷᠣᠭᠤᠯᠵᠤ᠂ ᠬᠠᠮᠲᠤ ᠳᠤᠨᠢ ᠳᠣᠭᠢᠷᠠᠭᠤᠯᠤᠨ᠂ ᠬᠠᠮᠲᠤ ᠳᠤᠨᠢ | ᠪᠠᠶᠢᠷᠢᠯᠠᠭᠤᠯᠵᠤ᠂ ᠬᠠᠮᠲᠤ ᠳᠤᠨᠢ ᠠᠬᠢᠭᠤᠯᠵᠤ᠂ ᠬᠠᠮᠲᠤ ᠳᠤᠨᠢ ᠬᠢᠨᠠᠨ ᠰᠢᠯᠭᠠᠬᠤ ᠶᠢ ᠪᠡᠶᠡᠯᠡᠭᠦᠯᠬᠦ ᠬᠡᠷᠡᠭᠲᠡᠶ᠃ | ︵ᠬᠤᠶᠠᠷ︶ ᠬᠢᠨᠠᠨ ᠬᠠᠮᠢᠶᠠᠷᠬᠤ ᠲᠣᠭᠲᠠᠴᠠ ᠶᠢ ᠲᠡᠭᠦᠯᠳᠡᠷᠵᠢᠭᠦᠯᠦᠨ᠎ᠡ᠃ ᠠᠭᠤᠷᠬᠠᠶ ᠶᠢᠨ ᠭᠠᠷᠤᠯᠲᠠ ᠶᠢᠨ ᠡᠬᠢ | ᠪᠠᠶᠠᠯᠢᠭ ᠢ ᠨᠡᠭᠡᠭᠡᠨ ᠬᠥᠭᠵᠢᠭᠦᠯᠵᠦ ᠡᠮᠬᠢᠯᠡᠨ ᠨᠡᠶᠢᠯᠡᠭᠦᠯᠵᠦ ᠳᠠᠬᠢᠨ ᠵᠣᠬᠢᠶᠠᠨ ᠪᠠᠶᠢᠭᠤᠯᠬᠤ᠂ ᠠᠭᠤᠷᠬᠠᠶ ᠶᠢ ᠶᠡᠷᠦᠩᠬᠡᠶᠢᠯᠡᠨ | ᠵᠠᠰᠠᠬᠤ ᠪᠠ ᠪᠣᠬᠢᠷᠲᠤᠯ ᠥᠬᠡᠶ ᠠᠭᠤᠷᠬᠠᠶ ᠶᠢᠨ ᠪᠥᠲᠥᠭᠡᠨ ᠪᠠᠶᠢᠭᠤᠯᠤᠯᠲᠠ ᠶᠢᠨ ᠠᠵᠢᠯ ᠤᠨ ᠡᠬᠡ ᠲᠠᠩᠰᠠ ᠶᠢ ᠪᠠᠶᠢᠭᠤᠯᠵᠤ᠂ | ᠲᠣᠭᠲᠠᠮᠠᠯ ᠬᠤᠭᠤᠴᠠᠭ᠎ᠠ ᠲᠠᠢ ᠪᠠᠷ ᠳᠣᠭᠢᠷᠠᠭᠤᠯᠤᠨ᠂ ᠠᠵᠢᠯ ᠢ ᠠᠬᠢᠭᠤᠯᠬᠤ ᠶᠠᠪᠤᠴᠠ ᠳᠤ ᠢᠯᠡᠷᠡᠭᠰᠡᠨ ᠲᠣᠪᠤᠶᠢᠮ᠎ᠠ | ᠠᠰᠠᠭᠤᠳᠠᠯ ᠢ ᠴᠠᠭ ᠲᠤᠬᠠᠶ ᠳᠤᠨᠢ ᠵᠣᠬᠢᠴᠠᠭᠤᠯᠤᠨ ᠰᠢᠢᠳᠪᠦᠷᠢᠯᠡᠬᠦ ᠬᠡᠷᠡᠭᠲᠡᠶ᠃ ᠬᠤᠲᠠ ᠶᠢᠨ ᠰᠢᠭᠤᠳ ᠬᠠᠷᠢᠶ᠎ᠠ ᠰᠠᠯᠠᠭ᠎ᠠ | ᠮᠥᠴᠢᠷ ᠲᠠᠢ ᠬᠠᠮᠵᠢᠯᠴᠠᠨ ᠬᠠᠮᠲᠤᠷᠠᠨ ᠬᠠᠤᠯᠢ ᠬᠡᠷᠡᠭᠵᠢᠭᠦᠯᠬᠦ ᠶᠢ ᠥᠷᠨᠢᠭᠦᠯᠵᠦ᠂ ᠬᠠᠤᠯᠢ ᠬᠡᠷᠡᠭᠵᠢᠭᠦᠯᠬᠦ ᠡᠷᠴᠢᠮ ᠢᠶᠠᠨ | ᠴᠢᠩᠭᠠᠷᠠᠭᠤᠯᠤᠨ᠎ᠠ᠃ ᠬᠤᠯᠪᠣᠭᠳᠠᠯ ᠪᠦᠬᠦᠢ ᠬᠠᠷᠢᠭᠤᠴᠠᠯᠭ᠎ᠠ ᠪᠠᠨ ᠭᠦᠢᠴᠡᠳᠬᠡᠬᠦ ᠶᠢ ᠤᠳᠠᠭᠠᠰᠢᠷᠠᠭᠤᠯᠤᠭᠰᠠᠨ᠂ | ᠲᠦᠯᠬᠢᠯᠴᠡᠭᠰᠡᠨ᠂ ᠲᠡᠪᠴᠢᠭᠰᠡᠨ ᠠᠭᠤᠷᠬᠠᠶ ᠶᠢᠨ ᠠᠵᠤ ᠠᠬᠤᠶᠢᠯᠠᠯ ᠢ ᠵᠣᠭᠰᠣᠭᠠᠬᠤ ᠶᠣᠰᠣᠲᠠᠶ ᠶᠢ ᠨᠢ ᠵᠣᠭᠰᠣᠭᠠᠵᠤ᠂ | ᠬᠠᠭᠠᠬᠤ ᠶᠣᠰᠣᠲᠠᠶ ᠶᠢ ᠨᠢ ᠬᠠᠭᠠᠨ᠎ᠠ᠃ | ︵ᠭᠤᠷᠪᠠ︶ ᠣᠯᠠᠨ ᠨᠡᠶᠢᠲᠡ ᠶᠢᠨ ᠣᠷᠣᠯᠴᠠᠯᠭ᠎ᠠ ᠶᠢ ᠨᠡᠮᠡᠭᠳᠡᠭᠦᠯᠦᠨ᠎ᠡ᠃ ᠠᠭᠤᠷᠬᠠᠶ ᠶᠢᠨ ᠭᠠᠷᠤᠯᠲᠠ ᠶᠢᠨ ᠡᠬᠢ | ᠪᠠᠶᠠᠯᠢᠭ ᠢ ᠨᠡᠭᠡᠭᠡᠨ ᠬᠥᠭᠵᠢᠭᠦᠯᠵᠦ ᠡᠮᠬᠢᠯᠡᠨ ᠨᠡᠶᠢᠯᠡᠭᠦᠯᠵᠦ ᠲᠠᠬᠢᠨ ᠵᠣᠬᠢᠶᠠᠨ ᠪᠠᠶᠢᠭᠤᠯᠬᠤ᠂ ᠠᠭᠤᠷᠬᠠᠶ ᠶᠢ ᠶᠡᠷᠦᠩᠬᠡᠶᠢᠯᠡᠨ | ᠵᠠᠰᠠᠬᠤ ᠪᠠ ᠪᠣᠬᠢᠷᠲᠤᠯ ᠦᠭᠡᠢ ᠠᠭᠤᠷᠬᠠᠶ ᠶᠢ ᠪᠦᠳᠦᠭᠡᠨ ᠪᠠᠶᠢᠭᠤᠯᠬᠤ ᠠᠵᠢᠯ ᠤᠨ ᠤᠬᠠᠭᠤᠯᠭ᠎ᠠ ᠶᠢᠨ ᠡᠷᠴᠢᠮ ᠢ | ᠴᠢᠩᠭᠠᠷᠠᠭᠤᠯᠤᠨ᠎ᠠ᠃ ᠵᠥᠪ ᠲᠠᠯ᠎ᠠ ᠶᠢᠨ ᠨᠡᠶᠢᠲᠡᠯᠢᠭ ᠵᠢᠱᠢᠶ᠎ᠡ ᠶᠢ ᠤᠬᠠᠭᠤᠯᠬᠤ ᠪᠠᠷ ᠳᠠᠮᠵᠢᠭᠤᠯᠤᠨ᠂ ᠠᠬᠢᠴᠠ ᠨᠢ ᠤᠳᠠᠭᠠᠨ | ᠪᠠᠶᠢᠭ᠎ᠠ ᠨᠢᠭᠡᠴᠡ ᠶᠢ ᠢᠯᠡᠴᠢᠯᠡᠵᠦ᠂ ᠬᠥᠲᠥᠯᠦᠨ ᠵᠢᠯᠣᠭᠤᠳᠬᠤ ᠪᠠ ᠰᠡᠷᠡᠮᠵᠢᠯᠡᠭᠦᠯᠬᠦ ᠦᠢᠯᠡᠳᠦᠯ ᠦᠵᠡᠭᠦᠯᠬᠦ ᠬᠡᠷᠡᠭᠲᠡᠶ᠃ | ᠠᠭᠤᠷᠬᠠᠶ ᠶᠢᠨ ᠮᠡᠷᠭᠡᠵᠢᠯ ᠤᠨ ᠲᠡᠰ ᠳᠡᠪᠰᠢᠬᠦ᠂ ᠣᠷ᠎ᠠ ᠮᠡᠷᠭᠡᠵᠢᠯ ᠢ ᠰᠠᠶᠢᠵᠢᠷᠠᠭᠤᠯᠬᠤ ᠪᠠᠷ ᠭᠤᠣᠯᠳᠠᠯᠭ᠎ᠠ ᠪᠣᠯᠭᠠᠨ᠂ ᠣᠷᠣᠨ | ᠪᠦᠰᠡ ᠶᠢᠨ ᠳᠣᠲᠣᠷᠠᠬᠢ ᠠᠭᠤᠷᠬᠠᠶ ᠶᠢᠨ ᠠᠵᠤ ᠠᠬᠤᠶᠢᠯᠠᠯ ᠢ ᠬᠥᠲᠥᠯᠥᠨ ᠵᠢᠯᠣᠭᠤᠳᠴᠤ ᠪᠠᠶᠢᠭᠠᠳ ᠢᠳᠡᠪᠬᠢᠲᠡᠶ ᠪᠠᠷ ᠠᠵᠤ | ᠦᠢᠯᠡᠰ ᠤᠨ ᠲᠡᠰ ᠳᠡᠪᠰᠢᠬᠦ᠂ ᠮᠡᠷᠭᠡᠵᠢᠯ ᠢ ᠰᠢᠯᠢᠳᠡᠭᠵᠢᠭᠦᠯᠬᠦ ᠪᠠᠷ ᠳᠠᠮᠵᠢᠭᠤᠯᠤᠨ᠂ ᠠᠭᠤᠷᠬᠠᠶ ᠶᠢᠨ ᠠᠮᠢ ᠠᠬᠤᠶ ᠶᠢᠨ ᠣᠷᠴᠢᠨ | ᠲᠣᠭᠤᠷᠢᠨ ᠤ ᠬᠠᠮᠠᠭᠠᠯᠠᠯᠲᠠ ᠪᠣᠯᠤᠨ ᠡᠬᠢ ᠪᠠᠶᠠᠯᠢᠭ ᠤᠨ ᠠᠰᠢᠭᠯᠠᠯᠲᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠬᠡᠷᠡᠭᠲᠡᠶ᠃ | ︵ᠳᠥᠷᠪᠡ︶ ᠵᠠᠷᠤᠳᠠᠯ ᠤᠨ ᠪᠠᠲᠤᠯᠠᠭ᠎ᠠ ᠶᠢ ᠴᠢᠩᠭᠠᠷᠠᠭᠤᠯᠤᠨ᠎ᠠ᠃ ᠡᠳ᠋ ᠤᠨ ᠵᠠᠰᠠᠭ ᠨᠢ ᠡᠯ᠎ᠡ ᠲᠥᠷᠥᠯ ᠤᠨ ᠲᠤᠰᠬᠠᠶ | ᠵᠦᠢᠯ ᠤᠨ ᠲᠥᠯᠥᠪᠵᠢᠭᠦᠯᠭᠡ ᠳᠤ ᠬᠡᠷᠡᠭᠰᠡᠬᠦ ᠵᠠᠷᠤᠳᠠᠯ ᠢ ᠪᠠᠲᠤᠯᠠᠬᠤ ᠠᠵᠢᠯ ᠢ ᠰᠠᠶᠢᠲᠤᠷ ᠬᠢᠬᠦ ᠬᠡᠷᠡᠭᠲᠡᠶ᠃ ᠠᠭᠤᠷᠬᠠᠶ ᠶᠢᠨ | ᠭᠠᠵᠠᠷ ᠤᠨ ᠣᠷᠴᠢᠨ ᠲᠣᠭᠤᠷᠢᠨ ᠢ ᠵᠠᠰᠠᠬᠤ ᠰᠠᠭᠤᠷᠢ ᠮᠥᠩᠭᠦ ᠪᠠ ᠭᠠᠵᠠᠷ ᠰᠢᠷᠣᠶ ᠶᠢ ᠳᠠᠬᠢᠨ ᠬᠠᠭᠠᠯᠪᠤᠷᠢᠯᠠᠬᠤ ᠪᠠᠯᠠ | ᠮᠥᠩᠭᠦ ᠶᠢ ᠰᠢᠨᠵᠢᠯᠡᠬᠦ ᠤᠬᠠᠭᠠᠨᠴᠢ ᠪᠠᠷ ᠵᠦᠶ ᠵᠣᠬᠢᠰᠲᠠᠶ ᠰᠠᠶᠢᠲᠤᠷ ᠬᠡᠷᠡᠭᠯᠡᠵᠦ᠂ ᠲᠡᠭᠦᠨ ᠤ ᠪᠠᠶᠢᠪᠠᠰᠤ ᠵᠣᠬᠢᠬᠤ ᠦᠷ᠎ᠡ | ᠠᠰᠢᠭ ᠢ ᠪᠠᠳᠠᠷᠠᠭᠤᠯᠬᠤ ᠶᠢ ᠦᠨᠡᠨᠬᠦ ᠪᠠᠲᠤᠯᠠᠨ᠎ᠠ᠃ ᠨᠡᠶᠢᠭᠡᠮ ᠤᠨ ᠪᠡᠯᠡ ᠮᠥᠩᠭᠦ ᠶᠢ ᠵᠣᠷᠢᠭᠵᠢᠭᠤᠯᠤᠨ ᠣᠷᠣᠭᠤᠯᠵᠤ ᠭᠠᠵᠠᠷ | ᠰᠢᠨᠵᠢᠯᠡᠭᠡᠨ ᠤ ᠣᠷᠴᠢᠨ ᠲᠣᠭᠤᠷᠢᠨ ᠤ ᠵᠠᠰᠠᠯᠲᠠ ᠳᠤ ᠣᠷᠣᠯᠴᠠᠭᠤᠯᠵᠤ᠂ ᠪᠡᠯᠡ ᠴᠤᠭᠯᠠᠭᠤᠯᠬᠤ ᠠᠷᠭ᠎ᠠ ᠵᠠᠮ ᠢ ᠥᠷᠭᠡᠳᠬᠡᠨ᠎ᠡ᠃ | ᠠᠭᠤᠷᠬᠠᠶ ᠶᠢᠨ ᠣᠷᠣᠨ ᠤ ᠠᠮᠢ ᠠᠬᠤᠶ ᠶᠢᠨ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠭᠤᠷᠪᠠᠨ ᠵᠢᠯ ᠤᠨ | ᠠᠵᠢᠯᠯᠠᠭ᠎ᠠ ᠶᠢᠨ ᠡᠯ᠎ᠡ ᠵᠦᠢᠯ ᠤᠨ ᠡᠭᠦᠷᠭᠡ ᠶᠢ ᠪᠣᠳᠠᠲᠠᠶᠢᠵᠢᠭᠤᠯᠤᠨ ᠨᠠᠶᠢᠳᠠᠪᠤᠷᠢᠵᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃ | | | | ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠳᠤ ᠢᠳᠡᠪᠬᠢᠲᠡᠶ ᠣᠷᠣᠯᠴᠠᠬᠤ ᠲᠤᠬᠠᠶ ᠰᠠᠨᠠᠭᠠᠴᠢᠯᠠᠭ᠎ᠠ ᠶᠢᠨ | ᠪᠢᠴᠢᠭ | ᠥᠷᠭᠡᠨ ᠤᠯᠠᠨ ᠨᠠᠮ ᠤᠨ ᠭᠡᠰᠢᠭᠦᠨ ᠺᠠᠳ᠋ᠷ᠂ ᠬᠤᠳᠠ ᠶᠢᠨ ᠠᠷᠠᠳ ᠨᠠᠶᠢᠵᠢ ᠨᠠᠷ ᠠ᠄ | ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠣᠶ ᠶᠢ ᠪᠡᠯᠭᠡᠯᠡᠵᠦ᠂ ︽ᠬᠤᠪᠢ ᠨᠡᠮᠡᠷᠢ | ᠦᠵᠡᠭᠦᠯᠬᠦ᠂ ᠨᠥᠬᠦᠷᠰᠡᠭ ᠬᠠᠶᠢᠷ᠎ᠠ ᠲᠠᠢ ᠪᠠᠶᠢᠬᠤ᠂ ᠬᠠᠷᠢᠯᠴᠠᠨ ᠬᠠᠪᠰᠤᠷᠤᠯᠴᠠᠬᠤ᠂ ᠳᠠᠪᠰᠢᠬᠤ︾ ᠰᠠᠶᠢᠨ ᠳᠤᠷ᠎ᠠ ᠶᠢᠨ | ᠦᠢᠯᠡᠴᠢᠯᠡᠭᠡᠨ ᠤ ᠵᠣᠷᠢᠭ ᠰᠠᠨᠠᠭ᠎ᠠ ᠪᠠ ᠯᠸᠢ ᠹᠧᠩ ᠤᠨ ᠵᠣᠷᠢᠭ ᠰᠠᠨᠠᠭ᠎ᠠ ᠶᠢ ᠤᠯᠠᠮᠵᠢᠯᠠᠨ ᠪᠠᠳᠠᠷᠠᠭᠤᠯᠵᠤ᠂ ︽ᠪᠢ ᠲᠠᠨ ᠢ | ᠬᠠᠪᠰᠤᠷᠤᠶ᠎ᠠ︾ ᠭᠡᠰᠡᠨ ᠰᠠᠶᠢᠨ ᠳᠤᠷ᠎ᠠ ᠶᠢᠨ ᠦᠢᠯᠡᠴᠢᠯᠡᠭᠡᠨ ᠤ ᠨᠡᠷᠡᠲᠦ ᠲᠡᠮᠳᠡᠭ ᠢ ᠲᠠᠰᠤᠷᠠᠯᠲᠠ ᠦᠭᠡᠶ ᠭᠡᠷᠡᠯᠲᠦᠭᠦᠯᠵᠦ᠂ | ᠥᠷᠭᠡᠨ ᠣᠯᠠᠨ ᠨᠠᠮ ᠤᠨ ᠭᠡᠰᠢᠭᠦᠨ ᠺᠠᠳ᠋ᠷ ᠣᠯᠠᠨ ᠲᠦᠮᠡᠨ ᠢ ᠵᠢᠯᠣᠭᠤᠳᠤᠨ ᠳᠠᠶᠢᠴᠢᠯᠠᠵᠤ ᠰᠠᠶᠢᠨ ᠳᠤᠷ᠎ᠠ ᠶᠢᠨ | ᠦᠢᠯᠡᠴᠢᠯᠡᠭᠡᠨ ᠤ ᠠᠵᠢᠯᠯᠠᠭ᠎ᠠ ᠳᠤ ᠢᠳᠡᠪᠬᠢᠲᠡᠶ ᠣᠷᠣᠯᠴᠠᠭᠤᠯᠵᠤ᠂ ᠦᠨᠡᠨ ᠬᠦ ᠰᠠᠶᠢᠨ ᠳᠤᠷ᠎ᠠ ᠶᠢᠨ ᠦᠢᠯᠡᠴᠢᠯᠡᠭᠡᠨ ᠤ | ᠠᠵᠢᠯᠯᠠᠭ᠎ᠠ ᠪᠠᠷ ᠳᠠᠮᠵᠢᠭᠤᠯᠤᠨ ᠨᠠᠮ ᠤᠨ ᠦᠭᠡ ᠶᠢ ᠰᠣᠨᠣᠰᠬᠤ᠂ ᠨᠠᠮ ᠤᠨ ᠠᠴᠢ ᠶᠢ ᠮᠡᠳᠡᠷᠡᠬᠦ᠂ ᠨᠠᠮ ᠢᠶᠠᠨ ᠳᠠᠭᠠᠬᠤ ᠢᠲᠡᠭᠡᠯ | ᠵᠣᠷᠢᠭ ᠢᠶᠠᠨ ᠪᠠᠲᠤᠳᠬᠠᠵᠤ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠰᠠᠶᠢᠨ ᠳᠤᠷ᠎ᠠ ᠶᠢᠨ | ᠦᠢᠯᠡᠴᠢᠯᠡᠭᠡ ᠶᠢᠨ ᠥᠷᠨᠢᠩᠭᠦᠢ ᠬᠥᠭᠵᠢᠯᠲᠡ ᠶᠢ ᠴᠢᠨᠠᠭᠰᠢᠳᠠ ᠠᠬᠢᠭᠤᠯᠵᠤ᠂ ︽ᠪᠢ ᠲᠠᠨ ᠢ ᠬᠠᠪᠰᠤᠷᠤᠶ᠎ᠠ︾ ᠰᠠᠶᠢᠨ | ᠳᠤᠷ᠎ᠠ ᠶᠢᠨ ᠦᠢᠯᠡᠴᠢᠯᠡᠭᠡ ᠶᠢ ᠦᠬᠠᠢ ᠶᠢᠨ ᠨᠢᠭᠡᠨ ᠦᠵᠡᠰᠬᠦᠯᠡᠩᠲᠦ ᠰᠠᠶᠢᠬᠠᠨ ᠦᠵᠡᠮᠵᠢ ᠶᠢᠨ ᠣᠷᠣᠨ ᠪᠤᠯᠭᠠᠬᠤ ᠶᠢᠨ | ᠲᠦᠯᠦᠭᠡ᠂ ᠨᠠᠮ ᠤᠨ ᠵᠠᠭᠤᠨ ᠵᠢᠯ ᠤᠨ ᠤᠢ ᠶᠢᠨ ᠲᠠᠰᠢᠷᠠᠮ ᠢᠶᠠᠷ᠂ ᠬᠤᠳᠠ ᠶᠢᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ | ᠬᠤᠳᠠ ᠶᠢᠨ ᠤᠶᠤᠨ ᠤ ᠪᠣᠯᠪᠠᠰᠤᠨ ᠤ ᠪᠠᠶᠢᠭᠤᠯᠤᠯᠲᠠ ᠶᠢᠨ ᠠᠯᠪᠠᠨ ᠭᠡᠷ᠂ ᠬᠤᠳᠠ ᠶᠢᠨ ᠨᠠᠮ ᠤᠨ ᠬᠤᠷᠢᠶᠠᠨ ᠤ ᠰᠢᠭᠤᠳ | ᠬᠠᠷᠢᠶ᠎ᠠ ᠪᠠᠶᠢᠭᠤᠯᠭ᠎ᠠ ᠶᠢᠨ ᠠᠵᠢᠯ ᠤᠨ ᠬᠤᠷᠢᠶ᠎ᠠ᠂ ᠡᠪ ᠬᠠᠮᠲᠤ ᠵᠠᠯᠠᠭᠤᠴᠤᠳ ᠤᠨ ᠡᠪᠯᠡᠯ ᠤᠨ ᠬᠤᠳᠠ ᠶᠢᠨ ᠬᠤᠷᠢᠶ᠎ᠠ | ᠬᠠᠮᠲᠤᠷᠠᠨ ᠥᠷᠭᠡᠨ ᠤᠯᠠᠨ ᠬᠤᠳᠠ ᠶᠢᠨ ᠠᠷᠠᠳ ᠨᠠᠶᠢᠵᠠ ᠨᠠᠷ ᠲᠤ ᠳᠣᠣᠷᠠᠬᠢ ᠮᠡᠲᠦ ᠰᠠᠨᠠᠭᠠᠴᠢᠯᠠᠭ᠎ᠠ ᠭᠠᠷᠭᠠᠪᠠ᠄ | ᠨᠢᠭᠡ᠂ ᠬᠠᠮᠲᠤᠪᠡᠷ ᠬᠥᠳᠡᠯᠦᠯᠴᠡᠵᠦ᠂ ᠨᠡᠶᠢᠭᠡᠮ ᠤᠨ ᠪᠣᠯᠪᠠᠰᠤᠨ ᠤ ᠲᠠᠪᠰᠢᠯᠳᠠ ᠶᠢᠨ ᠤᠷᠤᠭᠰᠢᠯᠠᠭᠴᠢ᠂ ᠲᠠᠭᠠᠭᠤᠯᠤᠭᠴᠢ | ᠪᠣᠯᠬᠤ ᠪᠠᠷ ᠴᠢᠷᠮᠠᠶᠢᠶ᠎ᠠ᠃ ᠨᠡᠶᠢᠭᠡᠮ ᠵᠢᠷᠤᠮ ᠤᠨ ᠭᠤᠣᠯᠯᠠᠭᠴᠢ ᠥᠷᠲᠡᠭ ᠤᠨ ᠦᠵᠡᠯᠲᠡ ᠶᠢ ᠪᠤᠶᠢᠵᠢᠭᠤᠯᠤᠨ | ᠦᠢᠯᠡᠳᠦᠯᠭᠡᠵᠢᠭᠦᠯᠬᠦ ᠳᠡᠭᠡᠷ᠎ᠡ ᠠᠩᠬᠠᠷᠤᠯ ᠢᠶᠠᠨ ᠲᠥᠪᠯᠡᠷᠡᠭᠦᠯᠵᠦ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ | ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠶᠢ ᠭᠦᠨᠵᠡᠭᠡᠶᠢᠷᠡᠭᠦᠯᠬᠦ ᠳᠤᠮᠳᠠ᠂ ᠴᠠᠭ ᠦᠶ᠎ᠡ ᠶᠢᠨ ᠰᠢᠨ᠎ᠡ ᠬᠡᠪ | ᠰᠤᠷᠲᠠᠯ ᠢ ᠪᠠᠳᠠᠷᠠᠭᠤᠯᠵᠤ᠂ ᠴᠠᠭ ᠦᠶ᠎ᠡ ᠶᠢᠨ ᠰᠢᠨ᠎ᠡ ᠬᠥᠮᠦᠨ ᠢ ᠬᠥᠮᠦᠵᠢᠭᠦᠯᠵᠦ᠂ ᠨᠡᠶᠢᠭᠡᠮ ᠲᠣᠭᠤᠷᠢᠭ᠂ ᠣᠯᠠᠨ ᠨᠡᠶᠢᠲᠡ ᠶᠢᠨ | ᠲᠠᠯᠠᠪᠤᠷ ᠲᠤ ᠭᠦᠨᠵᠡᠭᠡᠶᠢᠷᠡᠬᠦ ᠪᠠᠷ ᠳᠡᠮᠵᠢᠨ᠂ ᠪᠣᠯᠪᠠᠰᠤᠨ ᠵᠠᠮ ᠬᠠᠷᠢᠯᠴᠠᠭ᠎ᠠ᠂ ᠪᠣᠯᠪᠠᠰᠤᠨ ᠬᠤᠭᠤᠯᠠᠨ ᠰᠢᠷᠡᠭᠡ᠂ ᠪᠣᠯᠪᠠᠰᠤᠨ | ᠵᠤᠭᠠᠴᠠᠯ ᠵᠡᠷᠭᠡ ᠪᠣᠯᠪᠠᠰᠤᠨ ᠦᠢᠯᠡ ᠠᠵᠢᠯᠯᠠᠭ᠎ᠠ ᠶᠢ ᠰᠠᠨᠠᠭᠠᠴᠢᠯᠠᠭᠰᠠᠨ ᠡᠯ᠎ᠡ ᠲᠥᠷᠥᠯ ᠤᠨ ᠰᠠᠶᠢᠨ ᠳᠤᠷ᠎ᠠ ᠶᠢᠨ | ᠦᠢᠯᠡᠴᠢᠯᠡᠭᠡᠨ ᠤ ᠠᠵᠢᠯᠯᠠᠭ᠎ᠠ ᠶᠢ ᠢᠳᠡᠪᠬᠢᠲᠡᠶ ᠥᠷᠨᠢᠭᠦᠯᠬᠦ ᠪᠠ ᠰᠠᠨᠠᠭᠠᠴᠢᠯᠠᠭ᠎ᠠ ᠠᠴᠠ ᠪᠠᠨ ᠣᠷᠣᠯᠴᠠᠵᠤ᠂ ᠥᠷᠭᠡᠨ ᠤᠯᠠᠨ | ᠬᠤᠳᠠ ᠶᠢᠨ ᠠᠷᠠᠳ ᠢ ᠬᠦᠳᠦᠯᠦᠨ ᠵᠢᠯᠣᠭᠤᠳᠴᠤ ᠪᠠᠶᠢᠭᠠᠳ ᠳᠡᠷᠭᠡᠳᠡᠬᠢ ᠪᠠᠭ᠎ᠠ ᠶᠠᠪᠤᠳᠠᠯ ᠠᠴᠠ ᠡᠬᠢᠯᠡᠨ ᠬᠢᠵᠦ᠂ ᠳᠥᠭᠦᠮ | ᠬᠢᠯᠪᠠᠷ ᠬᠡᠷᠡᠭ ᠶᠠᠪᠤᠳᠠᠯ ᠠᠴᠠ ᠡᠬᠢᠯᠡᠨ ᠬᠢᠵᠦ᠂ ᠥᠪᠡᠷ ᠤᠨ ᠰᠠᠶᠢᠨ ᠶᠠᠪᠤᠳᠠᠯ ᠵᠢᠷᠤᠮ ᠤᠨ ᠦᠢᠯᠡ ᠠᠵᠢᠯᠯᠠᠭ᠎ᠠ ᠪᠠᠷ ᠢᠶᠠᠨ | ᠪᠤᠰᠤᠳ ᠢ ᠨᠥᠯᠥᠭᠡᠯᠡᠵᠦ᠂ ᠨᠡᠶᠢᠭᠡᠮ ᠢ ᠳᠠᠶᠢᠴᠢᠯᠠᠵᠤ᠂ ᠥᠷᠭᠡᠨ ᠤᠯᠠᠨ ᠬᠤᠳᠠ ᠶᠢᠨ ᠠᠷᠠᠳ ᠤᠨ ᠦᠵᠡᠯ ᠰᠠᠨᠠᠭᠠᠨ ᠤ | ᠤᠬᠠᠮᠰᠠᠷ᠂ ᠶᠣᠰᠣ ᠰᠤᠷᠲᠠᠬᠤᠨ ᠤ ᠲᠦᠪᠰᠢᠨ ᠢ ᠳᠠᠰᠤᠷᠠᠯᠳᠠ ᠦᠭᠡᠢ ᠳᠡᠭᠡᠭᠰᠢᠯᠡᠭᠦᠯᠵᠦ᠂ ᠪᠦᠯᠬᠦᠮᠳᠡᠯ ᠲᠠᠢ ᠨᠥᠬᠦᠷᠰᠡᠭ᠂ | ᠥᠭᠡᠳᠡᠯᠡᠨ ᠲᠠᠪᠰᠢᠬᠤ ᠪᠣᠯᠪᠠᠰᠤᠨ ᠰᠢᠨ᠎ᠡ ᠰᠤᠷᠲᠠᠯ ᠢ ᠪᠤᠢ ᠪᠣᠯᠭᠠᠬᠤ ᠶᠢ ᠠᠬᠢᠭᠤᠯᠬᠤ ᠬᠡᠷᠡᠭᠲᠡᠢ᠃ ᠲᠠᠷᠢᠶᠠᠯᠠᠬᠤ ᠣᠷᠣᠨ ᠤ | ᠰᠠᠭᠤᠭᠠᠯᠢ ᠠᠷᠠᠳ ᠢ ᠬᠥᠲᠥᠯᠥᠨ ᠵᠢᠯᠣᠭᠤᠳᠴᠤ ᠪᠠᠶᠢᠭᠠᠳ ᠡᠰᠢ ᠰᠦᠷᠡᠯ ᠢ ᠳᠤᠷ᠎ᠠ ᠪᠠᠷ ᠢᠶᠠᠨ ᠰᠢᠲᠠᠭᠠᠬᠤ᠂ ᠡᠯᠳᠡᠪ | ᠶᠠᠭᠤᠮ᠎ᠠ ᠶᠢ ᠳᠤᠷ᠎ᠠ ᠪᠠᠷ ᠢᠶᠠᠨ ᠳᠡᠯᠭᠡᠬᠦ᠂ ᠮᠠᠯ ᠵᠢᠭᠦᠷᠲᠡᠨ ᠢ ᠳᠤᠷ᠎ᠠ ᠪᠠᠷ ᠲᠠᠯᠪᠢᠬᠤ᠂ ᠲᠠᠷᠢᠮᠠᠯ ᠢ ᠳᠤᠷ᠎ᠠ ᠪᠠᠷ ᠢᠶᠠᠨ ᠡᠭᠡᠭᠡᠬᠦ ᠶᠢ | ᠬᠤᠷᠢᠭᠯᠠᠬᠤ ᠵᠡᠷᠭᠡ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠦᠷᠨᠢᠭᠦᠯᠵᠦ ᠴᠡᠭᠴᠡᠯᠡᠨ ᠵᠠᠰᠠᠬᠤ ᠪᠠᠷ | ᠳᠠᠮᠵᠢᠭᠤᠯᠤᠨ᠂ ᠲᠠᠷᠢᠶᠠᠯᠠᠬᠤ ᠣᠷᠣᠨ ᠤ ᠣᠷᠴᠢᠨ ᠠᠬᠤᠶ ᠶᠢ ᠬᠦᠴᠦᠯᠡᠨ ᠰᠠᠶᠢᠵᠢᠷᠠᠭᠤᠯᠵᠤ᠂ ᠵᠠᠩ ᠳᠠᠳᠬᠠᠯ ᠢ | ᠥᠭᠡᠷᠡᠴᠢᠯᠡᠬᠦ ᠶᠢ ᠲᠦᠯᠬᠢᠨ ᠠᠬᠢᠭᠤᠯᠵᠤ᠂ ᠬᠥᠳᠡᠭᠡ ᠲᠣᠰᠬᠤᠨ ᠤ ᠪᠣᠯᠪᠠᠰᠤᠨ ᠰᠤᠷᠲᠠᠯ ᠢ ᠪᠤᠶᠢᠵᠢᠭᠤᠯᠤᠨ᠂ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠵᠦ᠂ ᠠᠮᠢ ᠠᠬᠤᠶ ᠶᠢᠨ ᠰᠠᠭᠤᠷᠢᠰᠢᠬᠤ ᠳᠤ ᠲᠣᠬᠢᠷᠠᠮᠵᠢᠲᠠᠶ᠂ | ᠬᠥᠳᠡᠭᠡ ᠲᠣᠰᠬᠤᠨ ᠤ ᠰᠤᠷᠲᠠᠯ ᠪᠣᠯᠪᠠᠰᠤᠨ᠂ ᠠᠮᠢᠳᠤᠷᠠᠯ ᠨᠢ ᠪᠠᠶᠠᠨ ᠴᠢᠨᠡᠭᠡᠯᠢᠭ ᠦᠵᠡᠰᠬᠦᠯᠡᠩᠲᠦ ᠰᠠᠶᠢᠬᠠᠨ ᠰᠢᠨ᠎ᠡ ᠬᠥᠳᠡᠭᠡ | ᠲᠣᠰᠬᠤᠨ ᠢ ᠴᠢᠷᠮᠠᠶᠢᠨ ᠪᠦᠳᠦᠭᠡᠨ ᠪᠠᠶᠢᠭᠤᠯᠤᠨ᠎ᠠ᠃ | ᠬᠤᠶᠠᠷ᠂ ᠬᠠᠮᠲᠤᠪᠡᠷ ᠬᠥᠳᠡᠯᠦᠯᠴᠡᠵᠦ᠂ ︽ᠪᠢ ᠬᠥᠮᠦᠨ ᠪᠦᠬᠦᠨ ᠤ ᠲᠥᠯᠥᠭᠡ᠂ ᠬᠥᠮᠦᠨ ᠪᠦᠬᠦᠨ ᠮᠢᠨᠦ ᠲᠥᠯᠥᠭᠡ︾ | ᠶᠢᠨ ᠬᠤᠪᠢ ᠨᠡᠮᠡᠷᠢ ᠦᠵᠡᠭᠦᠯᠦᠭᠴᠢ᠂ ᠦᠢᠯᠡᠳᠦᠯᠭᠡᠵᠢᠭᠦᠯᠦᠭᠴᠢ ᠪᠣᠯᠬᠤ ᠪᠠᠷ ᠴᠢᠷᠮᠠᠶᠢᠬᠤ ᠬᠡᠷᠡᠭᠲᠡᠢ᠃ ︽ᠣᠯᠠᠨ ᠲᠦᠮᠡᠨ ᠤ | ᠬᠦᠷᠢᠶᠡᠯᠡᠯ ᠢ ᠣᠯᠵᠤ᠂ ᠣᠯᠠᠨ ᠤ ᠬᠦᠷᠢᠶᠡᠯᠡᠯ ᠢ ᠨᠢᠬᠲᠠᠷᠠᠭᠤᠯᠤᠨ᠂ ᠠᠷᠠᠳ ᠤᠨ ᠰᠡᠳᠬᠢᠯ ᠢ ᠳᠤᠯᠠᠭᠠᠴᠠᠭᠤᠯᠵᠤ᠂ ᠠᠷᠠᠳ ᠤᠨ | ᠵᠣᠪᠠᠨᠢᠯ ᠢ ᠰᠢᠢᠳᠪᠦᠷᠢᠯᠡᠬᠦ︾ ᠳᠤ ᠠᠩᠬᠠᠷᠤᠯ ᠢᠶᠠᠨ ᠲᠥᠪᠯᠡᠷᠡᠭᠦᠯᠵᠦ᠂ ︽ᠴᠢ ᠬᠦᠴᠢᠷᠳᠡᠯ ᠲᠠᠢ ᠪᠣᠯ ᠨᠠᠳᠠ ᠶᠢ ᠡᠷᠢ︾ ︽ | ᠪᠢ ᠪᠣᠯ ᠨᠠᠮ ᠤᠨ ᠭᠡᠰᠢᠭᠦᠨ᠂ ᠪᠢ ᠲᠠᠨ ᠢ ᠬᠠᠪᠰᠤᠷᠤᠶ᠎ᠠ︾ ᠵᠡᠷᠭᠡ ᠥᠪᠡᠷᠮᠢᠴᠡ ᠣᠨᠴᠠᠯᠢᠭ ᠲᠠᠢ ᠰᠠᠶᠢᠨ ᠳᠤᠷ᠎ᠠ ᠶᠢᠨ | ᠦᠢᠯᠡᠴᠢᠯᠡᠭᠡᠨ ᠤ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠨᠡᠶᠢᠭᠡᠮ ᠤᠨ ᠲᠥᠪ ᠰᠤᠷᠲᠠᠯ ᠢ ᠪᠠᠳᠠᠷᠠᠭᠤᠯᠵᠤ᠂ ᠬᠥᠮᠦᠰ ᠤᠨ | ᠬᠤᠭᠤᠷᠣᠨᠳᠣᠬᠢ ᠡᠶ᠎ᠡ ᠵᠣᠬᠢᠴᠠᠯ ᠢ ᠠᠬᠢᠭᠤᠯᠬᠤ ᠪᠠᠷ ᠬᠠᠷᠠᠯᠲᠠ ᠪᠣᠯᠭᠠᠵᠤ᠂ ᠤᠯᠠᠨ ᠲᠦᠮᠡᠨ ᠤ ︽ᠪᠠᠴᠢᠮ ᠬᠦᠴᠢᠷ ᠵᠣᠪᠠᠨᠢᠯ | ᠬᠦᠰᠡᠯ︾ ᠤᠨ ᠠᠰᠠᠭᠤᠳᠠᠯ ᠪᠣᠯᠤᠨ ᠥᠴᠦᠬᠡᠨ ᠬᠦᠰᠡᠯ ᠡᠷᠡᠮᠡᠯᠵᠡᠯ ᠳᠤ ᠰᠢᠭᠤᠳ ᠬᠠᠨᠳᠤᠵᠤ᠂ ᠬᠠᠶᠢᠷ᠎ᠠ ᠬᠠᠯᠠᠮᠵᠢ ᠰᠠᠶᠢᠨ | ᠰᠠᠨᠠᠭ᠎ᠠ ᠪᠠᠷ ᠬᠥᠮᠦᠰ ᠤᠨ ᠬᠤᠭᠤᠷᠣᠨᠳᠣᠬᠢ ᠵᠠᠪᠰᠠᠷᠳᠠᠯ ᠢ ᠠᠷᠢᠯᠭᠠᠵᠤ᠂ ᠬᠠᠷᠢᠯᠴᠠᠨ ᠬᠠᠪᠰᠤᠷᠴᠤ ᠬᠠᠷᠢᠯᠴᠠᠨ | ᠬᠠᠪᠰᠤᠷᠤᠯᠴᠠᠬᠤ ᠪᠠᠷ ᠣᠶᠢᠯᠠᠭᠠᠯᠴᠠᠭ᠎ᠠ ᠪᠠᠭᠲᠠᠭᠠᠮᠵᠢ ᠶᠢ ᠨᠡᠮᠡᠭᠳᠡᠭᠦᠯᠦᠨ᠂ ᠬᠠᠯᠠᠮᠵᠢᠯᠠᠨ ᠬᠠᠶᠢᠷᠠᠯᠠᠬᠤ ᠪᠠᠷ ᠠᠷᠠᠳ ᠤᠨ | ᠠᠮᠢᠳᠤᠷᠠᠯ ᠤᠨ ᠪᠤᠶᠠᠨ ᠵᠢᠷᠭᠠᠯ ᠢ ᠳᠡᠭᠡᠭᠰᠢᠯᠡᠭᠦᠯᠵᠦ᠂ ᠰᠠᠶᠢᠨ ᠰᠠᠶᠢᠬᠠᠨ ᠨᠡᠶᠢᠭᠡᠮ ᠤᠨ ᠡᠮᠬᠢ ᠳᠢᠭᠯᠢᠮ ᠪᠣᠯᠤᠨ ᠬᠥᠮᠦᠨ | ᠨᠡᠶᠢᠭᠡᠮ ᠤᠨ ᠣᠷᠴᠢᠨ ᠲᠣᠭᠤᠷᠢᠨ ᠢ ᠴᠢᠷᠮᠠᠶᠢᠨ ᠪᠤᠢ ᠪᠣᠯᠭᠠᠵᠤ᠂ ᠥᠷᠭᠡᠨ ᠤᠯᠠᠨ ᠲᠦᠮᠡᠨ ᠳᠤ ᠨᠠᠮ ᠤᠨ ᠲᠠᠭᠤᠨ | ᠳᠡᠷᠭᠡᠳᠡ ᠨᠢ ᠪᠠᠶᠢᠵᠤ᠂ ᠨᠠᠮ ᠤᠨ ᠬᠠᠶᠢᠷ᠎ᠠ ᠬᠠᠯᠠᠮᠵᠢ ᠳᠡᠷᠭᠡᠳᠡ ᠨᠢ ᠪᠠᠶᠢᠬᠤ ᠶᠢ ᠮᠡᠳᠡᠷᠡᠭᠦᠯᠦᠨ᠎ᠡ᠃ ︽ᠰᠢᠨ᠎ᠡ ᠴᠠᠭ ᠦᠶ᠎ᠡ ᠶᠢᠨ | ᠠᠷᠠᠳ ᠢᠷᠭᠡᠳ ᠤᠨ ᠶᠣᠰᠣ ᠮᠣᠷᠠᠯ ᠤᠨ ᠪᠠᠶᠢᠭᠤᠯᠤᠯᠲᠠ ᠶᠢᠨ ᠬᠡᠷᠡᠭᠵᠢᠭᠦᠯᠬᠦ ᠬᠥᠲᠥᠯᠪᠦᠷᠢ︾ ︽ᠰᠢᠨ᠎ᠡ ᠴᠠᠭ ᠦᠶ᠎ᠡ ᠶᠢᠨ | ᠤᠯᠤᠰ ᠢᠶᠠᠨ ᠬᠠᠶᠢᠷᠠᠯᠠᠬᠤ ᠦᠵᠡᠯ ᠤᠨ ᠬᠥᠮᠦᠵᠢᠯ ᠤᠨ ᠬᠡᠷᠡᠭᠵᠢᠭᠦᠯᠬᠦ ᠬᠥᠲᠥᠯᠪᠦᠷᠢ︾ ᠶᠢ ᠤᠬᠠᠭᠤᠯᠤᠨ ᠲᠠᠶᠢᠯᠪᠤᠷᠢᠯᠠᠬᠤ | ᠠᠵᠢᠯ ᠢ ᠥᠷᠭᠡᠨ ᠢᠶᠠᠷ ᠥᠷᠨᠢᠭᠦᠯᠵᠦ᠂ ᠨᠡᠶᠢᠭᠡᠮ ᠨᠡᠶᠢᠲᠡ ᠶᠢᠨ ᠶᠣᠰᠣ ᠮᠣᠷᠠᠯ᠂ ᠲᠤᠬᠠᠶᠢᠯᠠᠭᠰᠠᠨ ᠠᠵᠢᠯ ᠤᠨ ᠶᠣᠰᠣ ᠮᠣᠷᠠᠯ᠂ | ᠭᠡᠷ ᠪᠦᠯᠢ ᠶᠢᠨ ᠰᠠᠶᠢᠬᠠᠨ ᠰᠤᠷᠲᠠᠯ᠂ ᠬᠤᠪᠢ ᠬᠥᠮᠦᠨ ᠤ ᠵᠠᠩ ᠮᠣᠷᠠᠯ ᠢ ᠪᠠᠳᠠᠷᠠᠭᠤᠯᠬᠤ ᠪᠠᠷ ᠳᠠᠮᠵᠢᠭᠤᠯᠤᠨ᠂ ᠣᠯᠠᠨ | ᠲᠦᠮᠡᠨ ᠢ ᠬᠥᠲᠥᠯᠥᠨ ᠵᠢᠯᠣᠭᠤᠳᠴᠤ ᠪᠠᠶᠢᠭᠠᠳ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠣᠯᠪᠠᠰᠤᠨ | ᠠᠵᠢᠯᠯᠠᠭ᠎ᠠ ᠶᠢ ᠠᠬᠢᠭᠤᠯᠬᠤ ᠳᠦᠷᠢᠮ︾ ᠢ ᠤᠬᠠᠮᠰᠠᠷ ᠠᠴᠠ ᠪᠠᠨ ᠠᠵᠢᠯ ᠤᠨ ᠪᠠᠶᠢᠷᠢ ᠪᠠᠨ ᠬᠠᠶᠢᠷᠠᠯᠠᠵᠤ ᠦᠢᠯᠡᠰ ᠢᠶᠠᠨ | ᠳᠡᠭᠡᠳᠦᠯᠡᠬᠦ᠂ ᠦᠨᠡᠨᠴᠢ ᠢᠲᠡᠭᠡᠮᠵᠢᠲᠡᠶ ᠪᠠᠶᠢᠬᠤ᠂ ᠬᠠᠷᠠᠮ ᠦᠭᠡᠶ ᠵᠣᠷᠢᠭᠤᠯᠬᠤ ᠲᠤᠬᠠᠶᠢᠯᠠᠭᠰᠠᠨ ᠠᠵᠢᠯ ᠤᠨ ᠵᠣᠷᠢᠭ | ᠰᠠᠨᠠᠭ᠎ᠠ ᠶᠢ ᠶᠡᠬᠡᠪᠡᠷ ᠪᠠᠳᠠᠷᠠᠭᠤᠯᠵᠤ᠂ ᠪᠦᠳᠦᠭᠦᠯᠢᠭ ᠦᠭᠡ ᠪᠤᠵᠠᠷ ᠦᠭᠡ ᠬᠡᠯᠡᠬᠦ ᠦᠭᠡᠢ᠂ ᠳᠤᠷ᠎ᠠ ᠪᠠᠷ ᠢᠶᠠᠨ ᠨᠤᠯᠮᠤᠬᠤ ᠦᠭᠡᠢ᠂ | ᠤᠯᠠᠨ ᠨᠡᠶᠢᠲᠡ ᠶᠢᠨ ᠲᠠᠯᠠᠪᠤᠷ ᠲᠤ ᠶᠡᠭᠡ ᠳᠠᠭᠤᠨ ᠢᠶᠠᠷ ᠦᠢᠮᠡᠯᠳᠦᠬᠦ ᠦᠭᠡᠢ᠂ ᠡᠯᠳᠡᠪ ᠶᠠᠭᠤᠮ᠎ᠠ ᠶᠢ ᠳᠤᠷ᠎ᠠ ᠪᠠᠷ ᠢᠶᠠᠨ | ᠬᠠᠶᠠᠬᠤ ᠦᠭᠡᠢ᠂ ᠳᠤᠷ᠎ᠠ ᠪᠠᠷ ᠢᠶᠠᠨ ᠨᠠᠭᠠᠵᠤ ᠳᠤᠷ᠎ᠠ ᠪᠠᠷ ᠢᠶᠠᠨ ᠵᠢᠷᠤᠬᠤ ᠦᠭᠡᠢ᠂ ᠨᠡᠶᠢᠲᠡ ᠶᠢᠨ ᠶᠠᠭᠤᠮ᠎ᠠ ᠶᠢ ᠡᠪᠳᠡᠬᠦ ᠦᠭᠡᠢ | ᠪᠠᠶᠢᠬᠤ ᠶᠢ ᠤᠬᠠᠮᠰᠠᠷ ᠠᠴᠠ ᠪᠠᠨ ᠪᠡᠶᠡᠯᠡᠭᠦᠯᠵᠦ᠂ ᠦᠨᠡᠨ ᠬᠦ ᠪᠦᠲᠦᠮᠵᠢᠲᠡᠶ ᠰᠠᠶᠢᠨ ᠳᠤᠷ᠎ᠠ ᠶᠢᠨ ᠦᠢᠯᠡᠴᠢᠯᠡᠭᠡᠨ ᠤ | ᠠᠵᠢᠯᠯᠠᠭ᠎ᠠ ᠪᠠᠷ ᠳᠡᠷᠭᠡᠳᠡᠬᠢ ᠬᠥᠮᠦᠰ ᠤᠨ ᠢᠶᠠᠨ ︽ᠪᠢ ᠬᠥᠮᠦᠨ ᠪᠦᠬᠦᠨ ᠤ ᠲᠥᠯᠥᠭᠡ᠂ ᠬᠥᠮᠦᠨ ᠪᠦᠬᠦᠨ ᠮᠢᠨᠦ ᠲᠥᠯᠥᠭᠡ︾ | ᠶᠢᠨ ᠬᠤᠪᠢ ᠨᠡᠮᠡᠷᠢ ᠦᠵᠡᠭᠦᠯᠦᠭᠴᠢ ᠪᠠ ᠦᠢᠯᠡᠳᠦᠯᠭᠡᠵᠢᠭᠦᠯᠦᠭᠴᠢ ᠪᠣᠯᠬᠤ ᠪᠠᠷ ᠴᠢᠷᠮᠠᠶᠢᠬᠤ ᠬᠡᠷᠡᠭᠲᠡᠶ᠃ | ᠭᠤᠷᠪᠠ᠂ ᠬᠠᠮᠲᠤᠪᠡᠷ ᠬᠥᠳᠡᠯᠦᠯᠴᠡᠵᠦ᠂ ᠪᠣᠯᠪᠠᠰᠤᠨ ᠢ ᠡᠭᠦᠳᠦᠨ ᠪᠠᠶᠢᠭᠤᠯᠬᠤ ᠳᠤ ᠣᠷᠣᠯᠴᠠᠭᠴᠢ᠂ ᠤᠯᠠᠮᠵᠢᠯᠠᠭᠴᠢ | ᠪᠣᠯᠬᠤ ᠪᠠᠷ ᠴᠢᠷᠮᠠᠶᠢᠬᠤ ᠬᠡᠷᠡᠭᠲᠡᠢ᠃ ᠰᠠᠶᠢᠨ ᠳᠤᠷ᠎ᠠ ᠶᠢᠨ ᠦᠢᠯᠡᠴᠢᠯᠡᠭᠡᠨ ᠤ ᠬᠡᠯᠪᠡᠷᠢ ᠪᠠᠷ ᠪᠦᠬᠦ ᠤᠯᠤᠰ ᠤᠨ ᠪᠣᠯᠪᠠᠰᠤᠨ | ᠬᠤᠲᠠ ᠶᠢ ᠡᠭᠦᠳᠦᠨ ᠪᠠᠶᠢᠭᠤᠯᠬᠤ᠂ ᠪᠣᠯᠪᠠᠰᠤᠨ ᠲᠣᠭᠤᠷᠢᠭ ᠢ ᠡᠭᠦᠳᠦᠨ ᠪᠠᠶᠢᠭᠤᠯᠬᠤ᠂ ᠪᠣᠯᠪᠠᠰᠤᠨ ᠭᠡᠷ ᠪᠦᠯᠢ ᠶᠢ ᠡᠭᠦᠳᠦᠨ | ᠪᠠᠶᠢᠭᠤᠯᠬᠤ ᠵᠡᠷᠭᠡ ᠡᠯ᠎ᠡ ᠲᠥᠷᠥᠯ ᠤᠨ ᠡᠭᠦᠳᠦᠨ ᠪᠠᠶᠢᠭᠤᠯᠬᠤ ᠠᠵᠢᠯᠯᠠᠭ᠎ᠠ ᠳᠤ ᠣᠷᠣᠯᠴᠠᠬᠤ ᠪᠠᠶᠢᠩᠭᠤ ᠶᠢᠨ ᠠᠷᠭ᠎ᠠ ᠬᠡᠯᠪᠡᠷᠢ | ᠪᠣᠯᠭᠠᠬᠤ ᠶᠢ ᠪᠠᠷᠢᠮᠲᠠᠯᠠᠵᠤ᠂ ᠥᠷᠭᠡᠨ ᠤᠯᠠᠨ ᠲᠦᠮᠡᠨ ᠤ ᠰᠠᠨᠠᠭᠠᠴᠢᠯᠠᠭ᠎ᠠ ᠠᠴᠠ ᠪᠠᠨ ᠪᠠᠭ᠎ᠠ ᠲᠣᠭᠤᠷᠢᠭ ᠤᠨ ᠥᠪᠡᠷᠲᠡᠭᠡᠨ | ᠵᠠᠰᠠᠬᠤ ᠳᠤ ᠣᠷᠣᠯᠴᠠᠬᠤ᠂ ᠤᠯᠠᠨ ᠨᠡᠶᠢᠲᠡ ᠶᠢᠨ ᠬᠡᠷᠡᠭ ᠶᠠᠪᠤᠳᠠᠯ ᠳᠤ ᠬᠠᠮᠵᠢᠯᠴᠠᠨ ᠣᠷᠣᠯᠴᠠᠬᠤ᠂ ᠪᠣᠯᠪᠠᠰᠤᠨ ᠢ ᠤᠬᠠᠭᠤᠯᠤᠨ | ᠲᠠᠶᠢᠯᠪᠤᠷᠢᠯᠠᠬᠤ ᠳᠤ ᠢᠳᠡᠪᠬᠢᠲᠡᠢ ᠣᠷᠣᠯᠴᠠᠬᠤ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠵᠡᠷᠭᠡ ᠰᠠᠶᠢᠨ | ᠳᠤᠷ᠎ᠠ ᠶᠢᠨ ᠦᠢᠯᠡᠴᠢᠯᠡᠭᠡ ᠶᠢ ᠬᠠᠮᠲᠤᠪᠠᠷ ᠥᠷᠨᠢᠭᠦᠯᠬᠦ ᠶᠢ ᠰᠠᠨᠠᠭᠠᠴᠢᠯᠠᠨ᠎ᠠ᠃ ᠪᠦᠬᠦ ᠬᠤᠳᠠ ᠶᠢᠨ ᠠᠷᠠᠳ ᠲᠦᠮᠡᠨ ᠤ | ᠪᠣᠯᠪᠠᠰᠤᠨ ᠦᠭᠡ ᠶᠠᠷᠢᠬᠤ᠂ ᠪᠣᠯᠪᠠᠰᠤᠨ ᠶᠠᠪᠤᠳᠠᠯ ᠬᠢᠬᠦ᠂ ᠪᠣᠯᠪᠠᠰᠤᠨ ᠬᠥᠮᠦᠨ ᠪᠣᠯᠬᠤ ᠶᠢ ᠬᠦᠳᠦᠯᠦᠨ ᠳᠠᠭᠠᠭᠤᠯᠬᠤ ᠪᠠ | ᠳᠠᠶᠢᠴᠢᠯᠠᠵᠤ᠂ ᠰᠠᠶᠢᠨ ᠳᠤᠷ᠎ᠠ ᠶᠢᠨ ᠦᠢᠯᠡᠴᠢᠯᠡᠭᠡ ᠶᠢ ᠦᠨᠡᠨ ᠬᠦ ᠦᠨᠳᠦᠰᠦᠨ ᠱᠠᠲᠤᠨ ᠳᠤ ᠬᠦᠷᠭᠡᠵᠦ᠂ ᠤᠯᠠᠨ ᠲᠦᠮᠡᠨ ᠤ | ᠳᠤᠮᠳᠠ ᠬᠦᠷᠭᠡᠵᠦ᠂ ᠬᠥᠮᠦᠨ ᠪᠦᠬᠦᠨ ᠬᠠᠷᠢᠭᠤᠴᠠᠯᠭ᠎ᠠ ᠲᠠᠢ᠂ ᠬᠥᠮᠦᠨ ᠪᠦᠬᠦᠨ ᠬᠠᠷᠢᠭᠤᠴᠠᠯᠭ᠎ᠠ ᠪᠠᠨ ᠭᠦᠢᠴᠡᠳᠬᠡᠵᠦ᠂ | ᠬᠥᠮᠦᠨ ᠪᠦᠬᠦᠨ ᠬᠠᠮᠲᠤᠪᠠᠷ ᠡᠳ᠋ᠯᠡᠬᠦ ᠪᠣᠯᠪᠠᠰᠤᠨ ᠬᠤᠳᠠ ᠶᠢ ᠡᠭᠦᠳᠦᠨ ᠪᠠᠶᠢᠭᠤᠯᠬᠤ ᠬᠠᠮᠲᠤ ᠶᠢᠨ ᠴᠣᠭᠴᠠ ᠶᠢ ᠴᠢᠷᠮᠠᠶᠢᠨ | ᠪᠠᠶᠢᠭᠤᠯᠤᠨ᠎ᠠ᠃ | ᠬᠥᠮᠦᠨ ᠳᠤ ᠰᠠᠷᠭᠠᠶ ᠪᠡᠯᠡᠭᠯᠡᠬᠦ ᠳᠤ ᠭᠠᠷ ᠲᠠᠭᠠᠨ ᠠᠩᠬᠢᠯᠤᠮ᠎ᠠ ᠰᠠᠢᠬᠠᠨ ᠦᠨᠦᠷ ᠲᠠᠢ᠃ ᠰᠢᠨ᠎ᠡ ᠴᠠᠭ ᠦᠶ᠎ᠡ ᠶᠢᠨ | ᠪᠣᠯᠪᠠᠰᠤᠨ ᠤ ᠦᠢᠯᠡᠳᠦᠯᠭᠡ ᠶᠢᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠳᠤ ᠣᠷᠣᠯᠴᠠᠬᠤ ᠨᠢ ᠪᠤᠰᠤᠳ ᠢ | ᠬᠠᠪᠰᠤᠷᠬᠤ ᠮᠥᠷᠲᠡᠭᠡᠨ ᠪᠠᠰᠠ ᠥᠪᠡᠷ ᠢ ᠪᠠᠨ ᠬᠠᠪᠰᠤᠷᠬᠤ ᠶᠠᠪᠤᠳᠠᠯ ᠪᠣᠯᠤᠨ᠎ᠠ᠃ ᠨᠡᠶᠢᠭᠡᠮ ᠳᠤ ᠦᠢᠯᠡᠴᠢᠯᠡᠬᠦ ᠪᠠᠷ ᠪᠠᠷᠠᠬᠤ | ᠦᠭᠡᠢ ᠪᠠᠰᠠ ᠬᠠᠶᠢᠷ᠎ᠠ ᠬᠠᠯᠠᠮᠵᠢ ᠶᠢ ᠳᠠᠮᠵᠢᠭᠤᠯᠵᠤ᠂ ᠪᠣᠯᠪᠠᠰᠤᠨ ᠢ ᠤᠯᠠᠮᠵᠢᠯᠠᠨ᠎ᠠ᠃ | ᠥᠷᠭᠡᠨ ᠤᠯᠠᠨ ᠬᠤᠳᠠ ᠶᠢᠨ ᠠᠷᠠᠳ ᠨᠠᠶᠢᠵᠠ ᠨᠠᠷ ᠠ᠂ ᠪᠢᠳᠡ ᠭᠠᠷ ᠭᠠᠷ ᠢᠶᠠᠨ ᠬᠤᠯᠪᠣᠯᠴᠠᠨ᠂ ᠰᠢᠨ᠎ᠡ ᠴᠠᠭ | ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠳᠤ ᠢᠳᠡᠪᠬᠢᠲᠡᠢ | ᠰᠠᠨᠠᠭᠠᠴᠢᠯᠠᠭ᠎ᠠ ᠠᠴᠠ ᠪᠠᠨ ᠣᠷᠭᠢᠯᠤᠮ᠎ᠠ ᠬᠠᠯᠠᠭᠤᠨ ᠰᠡᠳᠬᠢᠯᠭᠡ ᠪᠠᠷ ᠣᠷᠣᠯᠴᠠᠵᠤ᠂ ᠪᠣᠳᠠᠲᠤ ᠠᠵᠢᠯᠯᠠᠭ᠎ᠠ ᠪᠠᠷ ᠢᠶᠠᠨ ᠳᠤᠮᠳᠠᠳᠤ | ᠤᠯᠤᠰ ᠤᠨ ᠡᠪ ᠬᠠᠮᠲᠤ ᠨᠠᠮ ᠤᠨ ᠵᠠᠭᠤᠨ ᠵᠢᠯ ᠤᠨ ᠤᠢ ᠶᠢ ᠬᠠᠮᠲᠤᠪᠠᠷ ᠪᠡᠯᠭᠡᠯᠡᠵᠦ᠂ ᠪᠣᠯᠪᠠᠰᠤᠨ᠂ ᠪᠣᠬᠢᠷᠲᠤᠯ ᠦᠭᠡᠢ᠂ | ᠣᠷᠣᠰᠢᠨ ᠰᠠᠭᠤᠬᠤ ᠳᠤ ᠲᠠᠭᠠᠯᠠᠮᠵᠢᠲᠠᠢ᠂ ᠵᠣᠯ ᠵᠢᠷᠭᠠᠯᠲᠤ ᠭᠡᠷ ᠣᠷᠣᠨ ᠢ ᠪᠦᠳᠦᠭᠡᠨ ᠪᠠᠶᠢᠭᠤᠯᠬᠤ ᠳᠤ ᠨᠡᠩ ᠶᠡᠭᠡ ᠬᠤᠪᠢ | ᠨᠡᠮᠡᠷᠢ ᠦᠵᠡᠭᠦᠯᠦᠶ᠎ᠡ᠃ | ᠳᠤᠮᠳᠠᠳᠤ ᠤᠯᠤᠰ ᠤᠨ ᠡᠪ ᠬᠠᠮᠲᠤ ᠨᠠᠮ ᠤᠨ ᠦᠬᠠᠶ ᠬᠤᠲᠠ ᠶᠢᠨ ᠬᠤᠷᠢᠶᠠᠨ ᠤ ᠤᠬᠠᠭᠤᠯᠬᠤ ᠬᠡᠯᠲᠡᠰ | ᠦᠬᠠᠶ ᠬᠤᠲᠠ ᠶᠢᠨ ᠣᠶᠤᠨ ᠤ ᠪᠣᠯᠪᠠᠰᠤᠨ ᠤ ᠪᠠᠶᠢᠭᠤᠯᠤᠯᠲᠠ ᠶᠢᠨ ᠵᠥᠪᠯᠡᠯ ᠤᠨ ᠠᠯᠪᠠᠨ ᠭᠡᠷ | ᠳᠤᠮᠳᠠᠳᠤ ᠤᠯᠤᠰ ᠤᠨ ᠡᠪ ᠬᠠᠮᠲᠤ ᠨᠠᠮ ᠤᠨ ᠦᠬᠠᠶ ᠬᠤᠲᠠ ᠶᠢᠨ ᠬᠤᠷᠢᠶᠠᠨ ᠤ ᠰᠢᠭᠤᠳ ᠬᠠᠷᠢᠶ᠎ᠠ | ᠪᠠᠶᠢᠭᠤᠯᠭ᠎ᠠ ᠶᠢᠨ ᠠᠵᠢᠯ ᠤᠨ ᠬᠤᠷᠢᠶ᠎ᠠ | ᠡᠪ ᠬᠠᠮᠲᠤ ᠵᠠᠯᠠᠭᠤᠴᠤᠳ ᠤᠨ ᠡᠪᠯᠡᠯ ᠤᠨ ᠦᠬᠠᠶ ᠬᠤᠲᠠ ᠶᠢᠨ ᠬᠤᠷᠢᠶ᠎ᠠ | 2021 ᠣᠨ ᠤ 6 ᠳ᠋ᠣᠭᠠᠷ ᠰᠠᠷ᠎ᠠ ᠶᠢᠨ 17 ᠤ ᠡᠳᠦᠷ | | | ︽ᠨᠠᠰᠤᠨ ᠳᠤ ᠥᠯᠥ ᠭᠦᠷᠦᠭᠰᠡᠳ ᠢ ᠲᠠᠮᠠᠬᠢᠨ ᠤ ᠬᠤᠣᠷ ᠬᠥᠨᠥᠭᠡᠯ ᠠᠴᠠ ᠵᠠᠶᠢᠯᠠᠭᠤᠯᠵᠦ ︿ᠦᠰᠦᠨ ᠪᠤᠶᠢᠵᠢᠯᠲᠠ | ᠶᠢ ᠰᠠᠬᠢᠨ ᠬᠠᠮᠠᠭᠠᠯᠠᠬᠤ﹀ ᠲᠤᠰᠬᠠᠶ ᠠᠵᠢᠯᠯᠠᠭ᠎ᠠ ᠶᠢᠨ ᠲᠥᠰᠦᠯ︾ ᠤᠨ ᠲᠦᠷᠦ ᠶᠢᠨ ᠪᠤᠳᠤᠯᠭ᠎ᠠ ᠶᠢᠨ ᠲᠠᠶᠢᠯᠤᠮᠵᠢ | ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠠᠰᠤᠨ ᠳᠤ | ᠥᠯᠥ ᠬᠦᠷᠦᠭᠰᠡᠳ ᠢ ᠬᠠᠮᠠᠭᠠᠯᠠᠬᠤ ᠬᠠᠤᠯᠢ︾ ᠶᠢᠨ ᠨᠠᠰᠤᠨ ᠳᠤ ᠥᠯᠥ ᠬᠦᠷᠦᠭᠰᠡᠳ ᠢ ᠲᠠᠮᠠᠬᠢ ︵ᠡᠯᠧᠺᠲᠷᠣᠨ ᠲᠠᠮᠠᠬᠢ | ᠪᠠᠭᠲᠠᠨ᠎ᠠ᠂ ᠳᠣᠷᠣᠭᠰᠢ ᠠᠳᠠᠯᠢ︶ ᠬᠠᠯᠳᠠᠯᠭ᠎ᠠ ᠶᠢᠨ ᠲᠤᠬᠠᠶ ᠲᠣᠭᠲᠠᠭᠠᠯ ᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠦ᠂ | ᠨᠠᠰᠤᠨ ᠳᠤ ᠥᠯᠥ ᠬᠦᠷᠦᠭᠰᠡᠳ ᠤᠨ ᠪᠡᠶ᠎ᠡ ᠮᠠᠬᠠᠪᠣᠳ ᠤᠨ ᠡᠷᠡᠭᠦᠯ ᠮᠡᠨᠳᠦ ᠪᠠ ᠬᠠᠤᠯᠢ ᠶᠣᠰᠣᠨ ᠤ ᠡᠷᠬᠡ ᠠᠰᠢᠭ ᠢ ᠬᠠᠤᠯᠢ | ᠤᠯᠤᠰ ᠤᠨ ᠨᠠᠪᠴᠢᠨ ᠲᠠᠮᠠᠬᠢ ᠶᠢᠨ ᠲᠤᠰᠬᠠᠶ ᠬᠤᠳᠠᠯᠳᠤᠭᠠᠨ ᠤ ᠲᠣᠪᠴᠢᠶ᠎ᠠ ᠪᠣᠯᠤᠨ ᠤᠯᠤᠰ ᠤᠨ ᠵᠠᠬ᠎ᠠ ᠳᠡᠯᠭᠡᠭᠦᠷ ᠤᠨ | ᠬᠢᠨᠠᠯᠲᠠ ᠬᠠᠮᠢᠶᠠᠷᠤᠯᠲᠠ ᠶᠢᠨ ᠶᠡᠷᠦᠩᠬᠡᠶ ᠲᠣᠪᠴᠢᠶ᠎ᠠ ᠠᠴᠠ ᠨᠠᠰᠤᠨ ᠳᠤ ᠥᠯᠥ ᠬᠦᠷᠦᠭᠰᠡᠳ ᠢ ᠲᠠᠮᠠᠬᠢᠨ ᠤ ᠬᠤᠣᠷ | ᠬᠥᠨᠥᠭᠡᠯ ᠠᠴᠠ ᠵᠠᠶᠢᠯᠠᠭᠤᠯᠵᠦ ︽ᠦᠰᠦᠨ ᠪᠤᠶᠢᠵᠢᠯᠲᠠ ᠶᠢ ᠰᠠᠬᠢᠨ ᠬᠠᠮᠠᠭᠠᠯᠠᠬᠤ︾ ᠲᠤᠰᠬᠠᠶ ᠠᠵᠢᠯᠯᠠᠭ᠎ᠠ ᠶᠢ ᠬᠠᠮᠲᠤᠷᠠᠨ | ᠥᠷᠨᠢᠭᠦᠯᠬᠦ ᠪᠠᠷ ᠲᠣᠭᠲᠠᠪᠠ᠃ ᠡᠭᠦᠨ ᠤ ᠬᠠᠮᠲᠤ ︽ᠨᠠᠰᠤᠨ ᠳᠤ ᠥᠯᠥ ᠭᠦᠷᠦᠭᠰᠡᠳ ᠢ ᠲᠠᠮᠠᠬᠢᠨ ᠤ ᠦᠰᠦᠨ ᠪᠤᠶᠢᠵᠢᠯᠲᠠ ᠶᠢ | ᠬᠥᠨᠥᠭᠡᠯ ᠠᠴᠠ ᠵᠠᠶᠢᠯᠠᠭᠤᠯᠵᠦ ︿ᠦᠰᠦᠨ ᠪᠤᠶᠢᠵᠢᠯᠲᠠ ᠶᠢ ᠰᠠᠬᠢᠨ ᠬᠠᠮᠠᠭᠠᠯᠠᠬᠤ﹀ ᠲᠤᠰᠬᠠᠶ ᠠᠵᠢᠯᠯᠠᠭ᠎ᠠ ᠶᠢᠨ ᠲᠥᠰᠦᠯ︾ | ︵ᠤᠯᠤᠰ ᠤᠨ ᠲᠠᠮᠠᠬᠢ ᠲᠤᠰᠬᠠᠶ ︹ 2021 ︺ 89 ᠳ᠋ᠣᠭᠡᠷ ᠲᠣᠭᠠᠲᠤ︶ ᠢ ᠨᠡᠶᠢᠲᠡᠯᠡᠵᠦ᠂ ᠲᠤᠰᠬᠠᠶ ᠠᠵᠢᠯᠯᠠᠭ᠎ᠠ ᠶᠢᠨ | ᠶᠡᠷᠦᠩᠬᠡᠶ ᠱᠠᠭᠠᠷᠳᠠᠯᠭ᠎ᠠ᠂ ᠭᠤᠤᠯ ᠡᠭᠦᠷᠭᠡ᠂ ᠴᠠᠭ ᠤᠨ ᠲᠣᠬᠢᠷᠠᠭᠤᠯᠤᠯᠲᠠ ᠪᠠ ᠠᠵᠢᠯ ᠤᠨ ᠱᠠᠭᠠᠷᠳᠠᠯᠭ᠎ᠠ ᠶᠢᠨ ᠲᠤᠬᠠᠶ | ᠪᠠᠶᠢᠷᠢᠯᠠᠭᠤᠯᠤᠯᠲᠠ ᠬᠢᠵᠦ᠂ ᠲᠣᠳᠣᠷᠬᠠᠶ ᠱᠠᠭᠠᠷᠳᠠᠯᠭ᠎ᠠ ᠳᠤᠷᠠᠳᠪᠠ᠃ | ᠨᠢᠭᠡ᠂ ᠲᠤᠰᠬᠠᠶ ᠠᠵᠢᠯᠯᠠᠭ᠎ᠠ ᠥᠷᠨᠢᠭᠦᠯᠦᠭᠰᠡᠨ ᠠᠬᠤᠶ ᠪᠠᠶᠢᠳᠠᠯ ᠪᠠ ᠵᠣᠷᠢᠯᠭ᠎ᠠ | ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠨᠠᠰᠤᠨ ᠳᠤ ᠥᠯᠥ ᠭᠦᠷᠦᠭᠰᠡᠳ ᠢ ᠬᠠᠮᠠᠭᠠᠯᠠᠬᠤ | ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠲᠠᠮᠠᠬᠢᠨ ᠤ ᠨᠠᠰᠤᠨ ᠳᠤ ᠥᠯᠥ ᠭᠦᠷᠦᠭᠰᠡᠳ ᠤᠨ ᠪᠡᠶ᠎ᠡ ᠰᠡᠳᠬᠢᠯ ᠤᠨ | ᠡᠷᠡᠭᠦᠯ ᠴᠢᠬᠢᠷᠠᠭ ᠳᠠᠬᠢ ᠬᠤᠤᠷ ᠬᠦᠨᠦᠭᠡᠯ ᠢ ᠠᠩᠬᠠᠷᠴᠤ ᠪᠠᠶᠢᠨ᠎ᠠ᠃ ᠡᠮᠦᠨ᠎ᠡ ᠬᠤᠭᠤᠴᠠᠭᠠᠨ ᠳᠤ᠂ ᠡᠯ᠎ᠡ ᠱᠠᠲᠤᠨ ᠤ ᠲᠠᠮᠠᠬᠢ | ᠲᠤᠰᠬᠠᠶ ᠬᠤᠳᠠᠯᠳᠤᠬᠤ ᠪᠠ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ | ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠳᠤᠮᠳᠠᠳᠤ ᠪᠠᠭ᠎ᠠ ᠰᠤᠷᠭᠠᠭᠤᠯᠢ᠂ | ᠬᠡᠦᠬᠡᠳ ᠤᠨ ᠴᠡᠴᠡᠷᠯᠢᠭ ᠤᠨ ᠡᠷᠭᠢᠨ ᠲᠣᠭᠤᠷᠢᠨ ᠤ ᠲᠠᠮᠠᠬᠢ ᠬᠤᠳᠠᠯᠳᠤᠬᠤ ᠲᠣᠣᠷ ᠴᠢᠭ᠂ ᠥᠪᠡᠷ ᠢᠶᠠᠨ ᠦᠢᠯᠡᠴᠢᠯᠡᠬᠦ | ᠮᠠᠰᠢᠨ ᠵᠡᠷᠭᠡ ᠲᠠᠮᠠᠬᠢ ᠬᠤᠳᠠᠯᠳᠤᠬᠤ ᠠᠷᠭ᠎ᠠ ᠵᠠᠮ ᠢ ᠴᠡᠪᠡᠷᠯᠡᠨ ᠴᠡᠭᠴᠡᠯᠡᠵᠦ᠂ ᠨᠠᠰᠤᠨ ᠳᠤ ᠤᠢᠯᠦ ᠬᠦᠷᠦᠭᠰᠡᠦᠠ ᠲᠤ ᠲᠠᠮᠠᠬᠢ | ᠬᠤᠳᠠᠯᠳᠤᠭᠰᠠᠨ ᠨᠢᠭᠡ ᠪᠦᠯᠦᠭ ᠬᠡᠷᠡᠭ ᠢ ᠪᠠᠶᠢᠴᠠᠭᠠᠨ ᠰᠢᠢᠳᠪᠦᠷᠢᠯᠡᠵᠦ᠂ ᠢᠯᠠᠩᠭᠤᠶ᠎ᠠ ᠡᠯᠧᠺᠲᠷᠣᠨ ᠲᠠᠮᠠᠬᠢ ᠶᠢ ᠰᠦᠯᠵᠢᠶᠡᠨ | ᠳᠡᠭᠡᠷ᠎ᠡ ᠪᠣᠷᠣᠯᠠᠭᠤᠯᠬᠤ ᠪᠠ ᠬᠠᠤᠯᠢ ᠠᠴᠠ ᠵᠥᠷᠢᠴᠡᠭᠰᠡᠨ ᠬᠤᠳᠠᠯ ᠬᠠᠭᠤᠷᠮᠠᠭ ᠵᠡᠷ ᠢ ᠦᠷᠭᠦᠯᠵᠢᠯᠡᠨ ᠴᠡᠪᠡᠷᠯᠡᠨ ᠴᠡᠭᠴᠡᠯᠡᠵᠦ᠂ | ᠡᠯᠧᠺᠲᠷᠣᠨ ᠲᠠᠮᠠᠬᠢ ᠶᠢᠨ ᠭᠠᠳᠠᠷ ᠪᠠᠶᠢᠳᠠᠯ ᠢ ᠥᠭᠡᠷᠡᠲᠡᠭᠦᠯᠬᠦ᠂ ᠬᠡᠯᠪᠡᠷᠢ ᠶᠢ ᠨᠢ ᠥᠭᠡᠷᠡᠲᠡᠭᠦᠯᠦᠨ ᠪᠣᠷᠣᠯᠠᠭᠤᠯᠬᠤ ᠵᠠᠬ᠎ᠠ | ᠳᠡᠯᠭᠡᠭᠦᠷ ᠤᠨ ᠰᠠᠮᠠᠭᠤᠨ ᠦᠵᠡᠭᠳᠡᠯ ᠢ ᠪᠦᠲᠦᠮᠵᠢᠲᠡᠶ ᠪᠠᠷ ᠵᠠᠰᠠᠵᠤ᠂ ᠨᠠᠰᠤᠨ ᠳᠤ ᠤᠢᠯᠦ ᠬᠦᠷᠦᠭᠰᠡᠦᠠ ᠢ ᠲᠠᠮᠠᠬᠢᠨ ᠤ ᠬᠤᠣᠷ | ᠬᠥᠨᠥᠭᠡᠯ ᠠᠴᠠ ᠬᠠᠮᠠᠭᠠᠯᠠᠬᠤ ᠠᠵᠢᠯ ᠵᠣᠬᠢᠬᠤ ᠠᠮᠵᠢᠯᠲᠠ ᠣᠯᠵᠠᠶ᠃ ᠭᠡᠪᠡᠴᠦ ᠠᠰᠢᠭ ᠲᠤᠰᠠ ᠶᠢᠨ ᠬᠠᠷᠠᠭ᠎ᠠ ᠪᠠᠷ ᠵᠠᠷᠢᠮ | ᠬᠤᠳᠠᠯᠳᠤᠭᠠᠴᠢᠨ ᠲᠠᠮᠠᠬᠢ ᠬᠤᠳᠠᠯᠳᠤᠬᠤ ᠪᠣᠳᠠᠲᠤ ᠳᠡᠯᠭᠡᠭᠦᠷ ᠢᠶᠠᠨ ᠳᠤᠮᠳᠠᠳᠤ ᠪᠠᠭ᠎ᠠ ᠰᠤᠷᠭᠠᠭᠤᠯᠢ᠂ ᠬᠡᠦᠬᠡᠳ ᠤᠨ | ᠴᠡᠴᠡᠷᠯᠢᠭ ᠤᠨ ᠡᠷᠭᠢᠨ ᠲᠣᠭᠤᠷᠢᠨ ᠵᠡᠷᠭᠡ ᠨᠠᠰᠤᠨ ᠳᠤ ᠥᠯᠥ ᠬᠦᠷᠦᠭᠰᠡᠳ ᠤᠨ ᠲᠥᠪᠯᠡᠷᠡᠭᠰᠡᠨ ᠭᠠᠵᠠᠷ ᠲᠤ ᠠᠪᠠᠴᠢᠵᠤ᠂ | ᠨᠠᠰᠤᠨ ᠳᠤ ᠥᠯᠥ ᠬᠦᠷᠦᠭᠰᠡᠳ ᠤᠨ ᠲᠠᠮᠠᠬᠢ ᠲᠠᠢ ᠣᠶᠢᠷᠠᠳᠬᠤ ᠪᠠ ᠬᠤᠳᠠᠯᠳᠤᠨ ᠠᠪᠬᠤ ᠶᠢᠨ ᠳᠥᠭᠦᠮ ᠳᠥᠲᠡ ᠴᠢᠨᠠᠷ ᠢ | ᠨᠡᠮᠡᠭᠳᠡᠭᠦᠯᠵᠡᠶ᠃ ᠵᠠᠷᠢᠮ ᠬᠤᠳᠠᠯᠳᠤᠭᠠᠴᠢᠨ ᠥᠪᠡᠷ ᠢᠶᠠᠨ ᠪᠠᠶᠢᠭᠤᠯᠤᠭᠰᠠᠨ ᠰᠦᠯᠵᠢᠶᠡᠨ ᠤ ᠦᠷᠲᠡᠭᠡ᠂ ᠨᠡᠶᠢᠲᠡ ᠶᠢᠨ ᠳ᠋ᠤᠭᠠᠷ᠂ | ᠵᠢᠵᠢᠭ ᠫᠷᠤᠭ᠍ᠷᠠᠮ ᠵᠡᠷᠭᠡ ᠰᠦᠯᠵᠢᠶᠡᠨ ᠤ ᠵᠠᠭᠤᠴᠢᠯᠠᠭᠤᠷ ᠢᠶᠠᠷ ᠳᠠᠮᠵᠢᠭᠤᠯᠤᠨ ᠲᠠᠮᠠᠬᠢ ᠶᠢ ᠥᠳᠥᠭᠡᠨ ᠲᠠᠷᠬᠠᠭᠠᠵᠤ᠂ | ᠬᠤᠳᠠᠯᠳᠤᠳᠠᠭ ᠪᠠᠶᠢᠨ᠎ᠠ᠃ ᠵᠠᠷᠢᠮ ᠡᠯᠧᠺᠲᠷᠣᠨ ᠲᠠᠮᠠᠬᠢᠨ ᠤ ᠬᠤᠳᠠᠯᠳᠤᠭᠠᠴᠢᠳ ︽ᠰᠦᠷ ᠵᠢᠪᠬᠤᠭ᠎ᠠ ᠲᠠᠢ︾ ︽ᠡᠷᠡᠭᠦᠯ | ᠴᠢᠭᠢᠷᠠᠭ︾ ︽ᠴᠠᠭ ᠤᠨ ᠥᠩᠭᠡ ᠶᠢ ᠳᠠᠭᠠᠭᠰᠠᠨ︾ ᠬᠤᠳᠠᠯ ᠬᠠᠭᠤᠷᠮᠠᠭ ᠵᠠᠷ ᠨᠡᠶᠢᠲᠡᠯᠡᠵᠦ ᠨᠠᠰᠤᠨ ᠳᠤ ᠥᠯᠥ | ᠭᠦᠷᠦᠭᠰᠡᠳ ᠢ ᠥᠳᠥᠭᠡᠨ ᠲᠠᠲᠠᠵᠤ ᠪᠠᠶᠢᠨ᠎ᠠ᠃ ᠵᠠᠷᠢᠮ ᠬᠤᠳᠠᠯᠳᠤᠭᠠᠴᠢᠨ ᠰᠡᠷᠡᠮᠵᠢ ᠶᠢᠨ ᠲᠡᠮᠳᠡᠭ ᠨᠠᠭᠠᠭᠰᠠᠨ ᠦᠭᠡᠶ ᠪᠥᠭᠡᠳ | ᠪᠡᠶ᠎ᠡ ᠶᠢᠨ ᠦᠨᠡᠮᠯᠡᠯ ᠢ ᠬᠢᠨᠠᠨ ᠰᠢᠯᠭᠠᠬᠤ ᠲᠣᠭᠲᠠᠭᠠᠯ ᠢ ᠨᠠᠶᠢᠳᠠᠪᠤᠷᠢᠵᠢᠭᠤᠯᠤᠭᠰᠠᠨ ᠦᠭᠡᠶ ᠠᠴᠠ ᠪᠣᠯᠵᠤ ᠨᠠᠰᠤᠨ ᠳᠤ ᠥᠯᠥ | ᠬᠦᠷᠦᠭᠰᠡᠳ ᠲᠤ ᠲᠠᠮᠠᠬᠢ ᠬᠤᠳᠠᠯᠳᠤᠭᠰᠠᠨ ᠠᠵᠢᠯᠯᠠᠭ᠎ᠠ ᠲᠠᠢ ᠪᠠᠶᠢᠳᠠᠭ᠃ ᠢᠯᠡᠷᠡᠭᠰᠡᠨ ᠠᠰᠠᠭᠤᠳᠠᠯ ᠢ ᠬᠡᠷᠬᠢᠨ ᠴᠠᠭ | ᠲᠤᠬᠠᠶ ᠳᠤᠨᠢ ᠰᠢᠢᠳᠪᠦᠷᠢᠯᠡᠵᠦ᠂ ᠨᠠᠰᠤᠨ ᠳᠤ ᠦᠯᠤ ᠬᠥᠷᠦᠭᠰᠡᠳ ᠤᠨ ᠪᠡᠶ᠎ᠡ ᠰᠡᠳᠬᠢᠯ ᠤᠨ ᠡᠷᠡᠭᠦᠯ ᠮᠡᠨᠳᠤ ᠶᠢ ᠪᠦᠲᠦᠮᠵᠢᠲᠡᠶ | ᠬᠠᠮᠠᠭᠠᠯᠠᠬᠤ ᠨᠢ ᠨᠡᠶᠢᠭᠡᠮ ᠤᠨ ᠡᠯ᠎ᠡ ᠡᠲᠡᠭᠡᠳ ᠤᠨ ᠬᠢᠨ ᠤ ᠳᠡᠭᠡᠳᠦ ᠬᠡᠮᠵᠢᠶᠡᠨ ᠤ ᠠᠩᠬᠠᠷᠤᠯ ᠢ ᠲᠠᠲᠠᠭᠰᠠᠨ ᠪᠠᠶᠢᠨ᠎ᠠ᠃ | ᠡᠭᠦᠨ ᠤ ᠲᠤᠯᠠᠳᠠ᠂ ᠤᠯᠤᠰ ᠤᠨ ᠨᠠᠪᠴᠢᠨ ᠲᠠᠮᠠᠬᠢ ᠶᠢᠨ ᠲᠤᠰᠬᠠᠶ ᠬᠤᠳᠠᠯᠳᠤᠭᠠᠨ ᠤ ᠲᠣᠪᠴᠢᠶ᠎ᠠ ᠪᠣᠯᠤᠨ | ᠤᠯᠤᠰ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠶ ᠲᠣᠪᠴᠢᠶ᠎ᠠ ᠬᠠᠮᠲᠤᠷᠠᠨ ᠲᠤᠰᠬᠠᠶ ᠠᠵᠢᠯᠯᠠᠭ᠎ᠠ | ᠥᠷᠨᠢᠭᠦᠯᠬᠦ ᠪᠠᠷ ᠲᠣᠭᠲᠠᠵᠤ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠠᠰᠤᠨ ᠳᠤ ᠥᠯᠥ ᠭᠦᠷᠦᠭᠰᠡᠳ ᠢ | ᠬᠠᠮᠠᠭᠠᠯᠠᠬᠤ ᠬᠠᠤᠯᠢ︾ ᠶᠢᠨ 2021 ᠣᠨ ᠤ 6 ᠳ᠋ᠤᠭᠠᠷ ᠰᠠᠷ᠎ᠠ ᠶᠢᠨ 1 ᠤ ᠡᠳᠦᠷ ᠠᠴᠠ ᠬᠦᠴᠦᠨ ᠲᠠᠢ ᠪᠣᠯᠤᠭᠰᠠᠨ | ᠰᠠᠶᠢᠨ ᠰᠠᠶᠢᠬᠠᠨ ᠠᠵᠠ ᠲᠣᠬᠢᠶᠠᠯ ᠢ ᠭᠦᠢᠴᠡᠳ ᠡᠵᠡᠮᠳᠡᠨ᠂ ᠬᠠᠤᠯᠢ ᠴᠠᠭᠠᠵᠠ ᠠᠴᠠ ᠣᠯᠭᠤᠭᠰᠠᠨ ᠡᠷᠬᠡ ᠲᠤᠰᠢᠶᠠᠯ ᠡᠭᠦᠷᠭᠡ | ᠬᠠᠷᠢᠭᠤᠴᠠᠯᠭ᠎ᠠ ᠪᠠᠨ ᠦᠨᠡᠨᠬᠦ ᠭᠦᠢᠴᠡᠳᠭᠡᠵᠦ᠂ ᠪᠥᠬᠦ ᠨᠡᠶᠢᠭᠡᠮ ᠤᠨ ᠨᠠᠰᠤᠨ ᠳᠤ ᠥᠯᠥ ᠭᠦᠷᠦᠭᠰᠡᠳ ᠤᠨ ᠪᠡᠶ᠎ᠡ ᠰᠡᠳᠬᠢᠯ ᠤᠨ | ᠡᠷᠡᠭᠦᠯ ᠮᠡᠨᠳᠦ ᠶᠢ ᠬᠠᠮᠠᠭᠠᠯᠠᠬᠤ ᠬᠠᠮᠲᠤ ᠶᠢᠨ ᠬᠦᠰᠡᠯ ᠡᠷᠡᠮᠡᠯᠵᠡᠯ ᠳᠤ ᠴᠠᠭ ᠲᠤᠬᠠᠶ ᠳᠤᠨᠢ ᠬᠠᠷᠢᠭᠤ ᠥᠭᠴᠦ᠂ ᠨᠠᠩ ᠶᠡᠭᠡ | ᠡᠷᠴᠢᠮ᠂ ᠨᠠᠩ ᠥᠨᠳᠥᠷ ᠪᠠᠷᠢᠮᠵᠢᠶ᠎ᠠ᠂ ᠨᠠᠩ ᠪᠦᠲᠦᠮᠵᠢᠲᠡᠶ ᠠᠷᠭ᠎ᠠ ᠬᠡᠮᠵᠢᠶ᠎ᠡ ᠪᠠᠷ ᠨᠠᠰᠤᠨ ᠳᠤ ᠥᠯᠥ ᠭᠦᠷᠦᠭᠰᠡᠳ ᠤᠨ ᠪᠡᠶ᠎ᠡ | ᠰᠡᠳᠬᠢᠯ ᠤᠨ ᠡᠷᠡᠭᠦᠯ ᠮᠡᠨᠳᠦ ᠶᠢ ᠦᠨᠡᠨᠬᠦ ᠬᠠᠮᠠᠭᠠᠯᠠᠬᠤ ᠬᠠᠷᠠᠯᠲᠠ ᠳᠤ ᠬᠦᠷᠦᠭᠦᠯᠦᠨ᠎ᠡ᠃ | ᠬᠤᠶᠠᠷ᠂ ᠭᠤᠣᠯ ᠠᠭᠤᠯᠭ᠎ᠠ | ︵ᠨᠢᠭᠡ︶ ᠲᠤᠰᠬᠠᠶ ᠵᠦᠢᠯ ᠤᠨ ᠠᠵᠢᠯᠯᠠᠭ᠎ᠠ ᠶᠢᠨ ᠭᠤᠣᠯ ᠡᠭᠦᠷᠭᠡ | 1. ᠰᠤᠷᠭᠠᠭᠤᠯᠢ ᠶᠢᠨ ᠬᠦᠷᠢᠶᠡᠨ ᠤ ᠡᠷᠬᠢᠨ ᠲᠣᠭᠤᠷᠢᠨ ᠤ ᠵᠠᠶ ᠶᠢᠨ ᠪᠠᠷᠢᠮᠵᠢᠶ᠎ᠠ ᠵᠢᠴᠢ ᠬᠡᠮᠵᠢᠯᠲᠡ ᠶᠢᠨ | ᠪᠠᠷᠢᠮᠵᠢᠶ᠎ᠠ ᠶᠢ ᠲᠣᠳᠣᠷᠬᠠᠶ ᠵᠢᠷᠤᠮᠵᠢᠭᠤᠯᠤᠨ᠎ᠠ᠃ | 2. ᠰᠤᠷᠭᠠᠭᠤᠯᠢ ᠶᠢᠨ ᠬᠦᠷᠢᠶᠡᠨ ᠤ ᠡᠷᠬᠢᠨ ᠲᠣᠭᠤᠷᠢᠨ ᠤ ᠬᠠᠳᠠᠭᠠᠯᠠᠨ ᠬᠤᠳᠠᠯᠳᠣᠬᠤ ᠲᠣᠤᠷ ᠴᠢᠭ ᠢ | ᠢᠯᠭᠠᠷᠠᠭᠤᠯᠤᠨ᠎ᠠ᠃ | 3. ᠰᠡᠷᠡᠮᠵᠢᠯᠡᠭᠦᠯᠬᠦ ᠲᠡᠮᠳᠡᠭ ᠪᠠᠶᠢᠷᠢᠯᠠᠭᠤᠯᠬᠤ ᠪᠠ ᠪᠡᠶ᠎ᠡ ᠶᠢᠨ ᠦᠨᠡᠮᠯᠡᠯ ᠢ ᠬᠠᠷᠭᠤᠭᠤᠯᠤᠨ ᠪᠠᠶᠢᠴᠠᠭᠠᠬᠤ | ᠲᠣᠭᠲᠠᠭᠠᠯ ᠢ ᠨᠠᠶᠢᠳᠠᠪᠤᠷᠢᠵᠢᠭᠤᠯᠤᠨ᠎ᠠ᠃ | 4. ᠨᠠᠪᠴᠢᠨ ᠲᠠᠮᠠᠬᠢ ᠶᠢᠨ ᠵᠠᠬ᠎ᠠ ᠳᠡᠯᠭᠡᠭᠦᠷ ᠤᠨ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠶᠢ ᠦᠨᠡᠨᠬᠦ | ᠴᠢᠩᠭᠠᠳᠬᠠᠨ᠎ᠠ᠃ | 5. ᠨᠠᠰᠤᠨ ᠳᠤ ᠥᠯᠥ ᠭᠦᠷᠦᠭᠰᠡᠳ ᠲᠤ ᠲᠠᠮᠠᠬᠢ ᠬᠤᠳᠠᠯᠳᠤᠬᠤ ᠬᠠᠤᠯᠢ ᠠᠴᠠ ᠵᠥᠷᠢᠴᠡᠭᠰᠡᠨ ᠦᠢᠯᠡ | ᠠᠵᠢᠯᠯᠠᠭ᠎ᠠ ᠶᠢ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠨ᠎ᠡ᠃ | 6. ᠡᠯᠧᠺᠲᠷᠣᠨ ᠲᠠᠮᠠᠬᠢᠨ ᠤ ᠡᠵᠡᠩᠨᠡᠯᠲᠡ ᠶᠢᠨ ᠠᠵᠢᠯᠯᠠᠭ᠎ᠠ ᠶᠢ ᠪᠥᠬᠦ ᠲᠠᠯ᠎ᠠ ᠪᠠᠷ ᠴᠢᠩᠭ᠎ᠠ ᠬᠢᠨᠠᠨ ᠬᠠᠮᠢᠶᠠᠷᠤᠨ᠎ᠠ᠃ | 7. ᠢᠨᠲ᠋ᠧᠷ ᠰᠦᠯᠵᠢᠶᠡᠨ ᠤ ᠠᠷᠭ᠎ᠠ ᠵᠠᠮ ᠢᠶᠠᠷ ᠬᠠᠮᠢᠶᠠᠷᠤᠨ ᠡᠵᠡᠮᠳᠡᠬᠦ ᠶᠢ ᠦᠷᠭᠦᠯᠵᠢᠯᠡᠨ ᠴᠢᠩᠭᠠᠳᠬᠠᠨ᠎ᠠ᠃ | 8. ᠡᠯᠧᠺᠲᠷᠣᠨ ᠲᠠᠮᠠᠬᠢᠨ ᠤ ᠪᠣᠳᠠᠲᠤ ᠴᠣᠭᠴᠠ ᠶᠢᠨ ᠳᠡᠯᠭᠡᠭᠦᠷ ᠤᠨ ᠬᠠᠤᠯᠢ ᠶᠣᠰᠣᠭᠠᠷ ᠵᠢᠷᠤᠮᠵᠢᠯ ᠲᠠᠢ | ᠡᠵᠡᠩᠨᠡᠬᠦ ᠶᠢ ᠬᠥᠲᠥᠯᠦᠨ ᠵᠢᠯᠣᠭᠤᠳᠤᠨ᠎ᠠ᠃ | ︵ᠬᠤᠶᠠᠷ︶ ᠲᠤᠰᠬᠠᠶ ᠠᠵᠢᠯᠯᠠᠭ᠎ᠠ ᠶᠢᠨ ᠴᠠᠭ ᠤᠨ ᠲᠣᠬᠢᠷᠠᠭᠤᠯᠤᠯᠲᠠ ᠪᠠ ᠠᠵᠢᠯ ᠤᠨ ᠱᠠᠭᠠᠷᠳᠠᠯᠭ᠎ᠠ | ᠲᠤᠰᠬᠠᠶ ᠠᠵᠢᠯᠯᠠᠭ᠎ᠠ ᠶᠢ 2021 ᠣᠨ ᠤ 6 ᠳ᠋ᠣᠭᠠᠷ ᠰᠠᠷ᠎ᠠ ᠶᠢᠨ 15 ᠤ ᠡᠳᠦᠷ ᠠᠴᠠ ᠡᠬᠢᠯᠡᠨ 2021 ᠣᠨ ᠤ | 9 ᠳ᠋ᠣᠭᠡᠷ ᠰᠠᠷ᠎ᠠ ᠶᠢᠨ 14 ᠤ ᠡᠳᠦᠷ ᠪᠣᠯᠲᠠᠯ᠎ᠠ ᠭᠤᠷᠪᠠᠨ ᠰᠠᠷ᠎ᠠ ᠶᠢᠨ ᠬᠤᠭᠤᠴᠠᠭ᠎ᠠ ᠲᠠᠢ ᠶᠠᠪᠤᠭᠳᠠᠭᠤᠯᠤᠨ᠎ᠠ᠂ ᠪᠣᠳᠠᠲᠠᠶ ᠪᠠᠷ | ᠤᠬᠠᠭᠤᠯᠤᠨ ᠲᠤᠭᠤᠰᠢᠯᠠᠭᠤᠯᠵᠦ ᠳᠠᠶᠢᠴᠢᠯᠠᠬᠤ᠂ ᠲᠥᠪᠯᠡᠷᠡᠭᠦᠯᠦᠨ ᠴᠡᠭᠴᠡᠯᠡᠨ ᠵᠠᠰᠠᠬᠤ ᠪᠠ ᠳ᠋ᠦᠩᠨᠡᠨ ᠳᠡᠭᠡᠭᠰᠢᠯᠡᠭᠦᠯᠬᠦ | ᠭᠤᠷᠪᠠᠨ ᠱᠠᠲᠤ ᠬᠤᠪᠢᠶᠠᠨ᠎ᠠ᠃ ᠲᠤᠰᠬᠠᠶ ᠠᠵᠢᠯᠯᠠᠭ᠎ᠠ ᠶᠢᠨ ᠲᠥᠰᠦᠯ ᠳᠤ ︽ᠵᠣᠬᠢᠶᠠᠨ ᠪᠠᠶᠢᠭᠤᠯᠤᠯᠲᠠ ᠶᠢᠨ | ᠤᠳᠤᠷᠢᠳᠤᠯᠭ᠎ᠠ ᠶᠢ ᠴᠢᠩᠭᠠᠳᠬᠠᠬᠤ︾ ︽ᠶᠡᠷᠦᠩᠬᠡᠶᠢᠯᠡᠨ ᠵᠠᠰᠠᠬᠤ ᠶᠢ ᠴᠢᠩᠭᠠᠳᠬᠠᠬᠤ︾ ︽ᠤᠬᠠᠭᠤᠯᠵᠤ ᠬᠥᠲᠥᠯᠦᠨ | ᠵᠢᠯᠣᠭᠤᠳᠬᠤ ᠶᠢ ᠰᠠᠶᠢᠲᠤᠷ ᠬᠢᠬᠦ︾ ᠵᠡᠷᠭᠡ ᠠᠵᠢᠯ ᠤᠨ ᠱᠠᠭᠠᠷᠳᠠᠯᠭ᠎ᠠ ᠶᠢ ᠲᠣᠳᠣᠷᠬᠠᠶ ᠳᠤᠷᠠᠳᠤᠨ ᠭᠠᠷᠭᠠᠪᠠ᠃ | ᠲᠠᠷᠠᠭᠠᠴᠢ ᠶᠢᠨ ᠠᠯᠬᠤᠮ ᠳᠤ ᠤᠯᠤᠰ ᠤᠨ ᠨᠠᠪᠴᠢᠨ ᠲᠠᠮᠠᠬᠢᠨ ᠤ ᠲᠤᠰᠬᠠᠶ ᠬᠤᠳᠠᠯᠳᠤᠭᠠᠨ ᠤ ᠲᠣᠪᠴᠢᠶ᠎ᠠ᠂ | ᠤᠯᠤᠰ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠶ ᠲᠣᠪᠴᠢᠶ᠎ᠠ ᠠᠴᠠ ᠬᠤᠯᠪᠣᠭᠳᠠᠯ ᠪᠥᠬᠦᠶ ᠰᠠᠯᠠᠭ᠎ᠠ | ᠮᠥᠴᠢᠷ ᠯᠦᠭᠡ ᠶᠢᠨ ᠬᠠᠮᠵᠢᠯᠴᠠᠭ᠎ᠠ ᠪᠠᠨ ᠴᠢᠩᠭᠠᠳᠬᠠᠵᠤ᠂ ᠲᠤᠰᠬᠠᠶ ᠠᠵᠢᠯᠯᠠᠭᠠᠨ ᠤ ᠲᠥᠰᠦᠯ ᠢ ᠲᠤᠭᠤᠰᠢᠯᠠᠭᠤᠯᠤᠨ | ᠨᠠᠶᠢᠳᠠᠪᠤᠷᠢᠵᠢᠭᠤᠯᠬᠤ ᠠᠵᠢᠯ ᠢ ᠬᠠᠮᠲᠤ ᠪᠠᠷ ᠰᠠᠶᠢᠲᠤᠷ ᠬᠢᠵᠦ᠂ ᠨᠠᠰᠤᠨ ᠳᠤ ᠥᠯᠥ ᠭᠦᠷᠦᠭᠰᠡᠳ ᠲᠤ ᠲᠠᠮᠠᠬᠢ ᠬᠤᠳᠠᠯᠳᠤᠬᠤ | ᠵᠡᠷᠭᠡ ᠲᠣᠪᠤᠶᠢᠮ᠎ᠠ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠨᠠᠰᠤᠨ ᠳᠤ ᠥᠯᠥ ᠭᠦᠷᠦᠭᠰᠡᠳ ᠤᠨ ᠡᠷᠡᠭᠦᠯ ᠢᠶᠠᠷ ᠦᠰᠦᠨ | ᠪᠤᠶᠢᠵᠢᠬᠤ ᠶᠢ ᠨᠠᠩ ᠰᠠᠶᠢᠲᠤᠷ ᠰᠠᠬᠢᠨ ᠬᠠᠮᠠᠭᠠᠯᠠᠨ᠎ᠠ᠃ | |