ᠬᠠᠶᠢᠨᠠᠨ ᠲᠤᠭᠤᠷᠢᠭ᠄ ︽ᠦᠬᠦᠰᠢᠷᠡᠮᠡᠯ ᠠᠵᠤ ᠠᠬᠤᠶᠢᠯᠠᠯ︾ ᠢ ᠴᠡᠪᠡᠷᠯᠡᠨ ᠭᠠᠷᠭᠠᠵᠤ᠂ ᠰᠤᠯᠠ ᠲᠠᠯᠪᠢᠵᠤ ᠪᠠᠶᠢᠭ᠎ᠠ ᠭᠠᠵᠠᠷ ᠰᠢᠷᠣᠶ ᠶᠢ ︽ᠡᠷᠳᠡᠨᠢ ᠶᠢᠨ ᠰᠠᠪᠠ︾ ᠪᠣᠯᠭᠠᠨ ᠬᠤᠪᠢᠷᠠᠭᠤᠯᠤᠨ᠎ᠠ
ᠨᠡᠶᠢᠲᠡᠯᠡᠭᠰᠡᠨ ᠴᠠᠭ᠄
2021/9/17
     9 ᠳ᠋ᠣᠭᠡᠷ ᠰᠠᠷ᠎ᠠ ᠶᠢᠨ 9 ᠤ ᠡᠳᠦᠷ᠂ ᠰᠤᠷᠪᠤᠯᠵᠢᠯᠠᠭᠴᠢ ᠬᠠᠶᠢᠨᠠᠨ ᠲᠣᠭᠤᠷᠢᠭ ᠤᠨ ᠰᠢ ᠯᠠᠢ ᠹᠧᠩ ᠠᠵᠤ ᠦᠢᠯᠡᠳᠪᠦᠷᠢ ᠶᠢᠨ ᠬᠦᠷᠢᠶᠡᠯᠡᠩ ᠳᠤ ᠪᠠᠶᠢᠭ᠎ᠠ ᠥᠪᠥᠷ ᠮᠣᠩᠭᠤᠯ ᠤᠨ ᠷᠦᠩ ᠰᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠳᠤ ᠬᠦᠷᠬᠦ ᠳᠤ᠂ ᠬᠦᠷ ᠬᠥᠭᠵᠢᠶᠡᠨ ᠲᠠᠢ ᠪᠦᠳᠦᠭᠡᠨ ᠪᠠᠶᠢᠭᠤᠯᠤᠯᠲᠠ ᠶᠢᠨ ᠪᠠᠶᠢᠳᠠᠯ ᠢ ᠣᠯᠵᠤ ᠬᠠᠷᠠᠵᠠᠢ᠃ ᠥᠪᠥᠷ ᠮᠣᠩᠭᠤᠯ ᠤᠨ ᠷᠦᠩ ᠰᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠶᠡᠷᠦᠩᠬᠡᠶ ᠳᠠᠭᠠᠭᠠᠮᠠᠯ ᠴᠧᠩ ᠶᠢᠨ ᠲᠠᠨᠢᠯᠴᠠᠭᠤᠯᠬᠤ ᠳᠠᠭᠠᠨ᠂ ᠲᠣᠰ ᠺᠣᠮᠫᠠᠨᠢ ᠶᠢᠨ ᠨᠢᠭᠡᠳᠦᠭᠡᠷ ᠬᠤᠭᠤᠴᠠᠭᠠᠨ ᠤ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠪᠣᠯ ᠵᠢᠯ ᠳᠤ 30 ᠲᠦᠮᠡᠨ ᠲᠣᠨ ᠨᠡᠭᠦᠷᠡᠰᠦᠨ ᠬᠡᠦᠷᠡᠰᠦ ᠶᠢ ᠨᠠᠷᠢᠯᠢᠭ ᠪᠣᠯᠪᠠᠰᠤᠷᠠᠭᠤᠯᠬᠤ ᠲᠥᠷᠥᠯ ᠵᠦᠢᠯ ᠪᠠ ᠵᠢᠯ ᠳᠤ 15 ᠲᠦᠮᠡᠨ ᠲᠣᠨ ᠪᠦᠳᠦᠭᠦᠯᠢᠭ ᠪᠧᠨ᠋ᠽᠧᠨ ᠳᠤ ᠤᠰᠤᠲᠥ᠋ᠷᠥᠭᠴᠢ ᠨᠡᠮᠡᠵᠦ ᠨᠠᠷᠢᠯᠢᠭ ᠦᠢᠯᠡᠳᠬᠦ ᠲᠥᠷᠥᠯ ᠵᠦᠢᠯ ᠪᠣᠯᠤᠨ᠎ᠠ᠂ ᠨᠢᠳᠤᠨᠤᠨ ᠤ 5 ᠳ᠋ᠣᠭᠠᠷ ᠰᠠᠷ᠎ᠠ ᠳᠤ ᠵᠢᠩᠬᠢᠨᠢ ᠪᠠᠷ ᠪᠠᠷᠢᠯᠭ᠎ᠠ ᠡᠬᠢᠯᠡᠭᠦᠯᠪᠡ᠃ ᠣᠳᠣᠬᠠᠨ ᠳᠤ ᠭᠤᠣᠯ ᠪᠠᠷᠢᠯᠭ᠎ᠠ ᠶᠢᠨ ᠠᠵᠢᠯ ᠢ ᠨᠢᠭᠡᠨᠲᠡ ᠳᠠᠭᠤᠰᠬᠠᠵᠤ᠂ ᠪᠤᠢ ᠪᠦᠬᠦᠢ ᠦᠢᠯᠡᠳᠪᠦᠷᠢᠯᠡᠯ ᠤᠨ ᠲᠥᠬᠦᠭᠡᠷᠦᠮᠵᠢ ᠶᠢ ᠨᠢᠭᠡᠨᠲᠡ ᠤᠭᠰᠠᠷᠠᠵᠤ ᠳᠠᠭᠤᠰᠬᠠᠭᠠᠳ᠂ ᠵᠢᠱᠢᠯᠲᠡ ᠪᠠᠷ ᠡᠨᠡ ᠵᠢᠯ ᠤᠨ 10 ᠰᠠᠷ᠎ᠠ ᠳᠤ ᠠᠰᠢᠭᠯᠠᠯᠲᠠ ᠳᠤ ᠣᠷᠣᠭᠤᠯᠬᠤ ᠪᠣᠯᠤᠨ᠎ᠠ᠃ ᠬᠤᠶᠠᠳᠤᠭᠠᠷ ᠬᠤᠭᠤᠴᠠᠭᠠᠨ ᠤ ᠪᠦᠳᠦᠭᠡᠨ ᠪᠠᠶᠢᠭᠤᠯᠤᠯᠲᠠ ᠶᠢᠨ ᠲᠦᠷᠦᠯ ᠵᠦᠢᠯ ᠨᠢ ᠵᠢᠯ ᠳᠤ 5 ᠲᠦᠮᠡᠨ ᠲᠣᠨ ᠤ ᠵᠡᠭᠦᠯᠢᠭ ᠬᠡᠦᠷᠡᠰᠦ ᠦᠢᠯᠡᠳᠪᠦᠷᠢᠯᠡᠬᠦ ᠲᠦᠷᠦᠯ ᠵᠦᠢᠯ ᠪᠠ 2 × 5 ᠲᠦᠮᠡᠨ ᠲᠣᠨ ᠤ ᠨᠡᠭᠦᠷᠡᠰᠦᠨ ᠬᠦ᠋ ᠦᠢᠯᠡᠳᠪᠦᠷᠢᠯᠡᠬᠦ ᠲᠦᠷᠦᠯ ᠵᠦᠢᠯ ᠢ ᠴᠦ ᠤᠢᠢᠷ᠎ᠠ ᠶᠢᠨ ᠬᠤᠭᠤᠴᠠᠭᠠᠨ ᠳᠤ ᠡᠬᠢᠯᠡᠨ ᠪᠦᠳᠦᠭᠡᠨ ᠪᠠᠶᠢᠭᠤᠯᠬᠤᠪᠣᠯᠤᠨ᠎ᠠ᠃
     ᠬᠠᠶᠢᠨᠠᠨ ᠤ ᠠᠵᠤ ᠦᠢᠯᠡᠳᠪᠦᠷᠢ ᠶᠢᠨ ᠬᠦᠷᠢᠶᠡᠯᠡᠩ ᠤᠨ ᠬᠠᠮᠢᠶᠠᠷᠤᠯᠲᠠ ᠶᠢᠨ ᠵᠥᠪᠯᠡᠯ ᠤᠨ ᠬᠠᠷᠢᠭᠤᠴᠠᠯᠭᠠᠲᠠᠨ ᠤ ᠲᠠᠨᠢᠯᠴᠠᠭᠤᠯᠤᠭᠰᠠᠨ ᠢᠶᠠᠷ᠂ ᠥᠪᠥᠷ ᠮᠣᠩᠭᠤᠯ ᠤᠨ ᠷᠦᠩ ᠰᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠪᠣᠯ ᠬᠠᠶᠢᠨᠠᠨ ᠤ ᠠᠵᠤ ᠦᠢᠯᠡᠳᠪᠦᠷᠢ ᠶᠢᠨ ᠬᠦᠷᠢᠶᠡᠯᠡᠩ ᠤᠨ ᠣᠷᠣᠭᠤᠯᠤᠨ ᠠᠪᠴᠢᠷᠠᠭᠰᠠᠨ ᠭᠤᠣᠯᠳᠠᠯᠭ᠎ᠠ ᠲᠠᠢ ᠲᠦᠷᠦᠯ ᠵᠦᠢᠯ ᠤᠨ ᠨᠢᠭᠡ ᠪᠣᠯᠤᠨ᠎ᠠ᠂ ᠤᠤᠯ ᠨᠢ ᠮᠤᠨᠠ ᠠᠭᠤᠯᠠ ᠶᠢᠨ ᠬᠡᠦᠷᠰᠢᠭᠦᠯᠬᠦ ᠦᠢᠯᠡᠳᠪᠦᠷᠢ ᠪᠠᠶᠢᠵᠤ᠂ ᠲᠤᠰ ᠬᠡᠦᠷᠰᠢᠭᠦᠯᠬᠦ ᠦᠢᠯᠡᠳᠪᠦᠷᠢ ᠨᠢ ᠬᠦᠷᠢᠶᠡᠯᠡᠩ ᠳᠤ ᠰᠢᠭᠰᠢᠭᠳᠡᠵᠦ ᠡᠭᠦᠳᠡ ᠪᠠᠨ ᠬᠠᠭᠠᠭᠰᠠᠨ ︽ᠦᠬᠦᠰᠢᠷᠡᠮᠡᠯ ᠠᠵᠤ ᠠᠬᠤᠶᠢᠯᠠᠯ︾ ᠤᠨ ᠨᠢᠭᠡ ᠪᠣᠯᠤᠨ᠎ᠠ᠃ ︽ᠣᠳᠣᠬᠠᠨ ᠳᠤ᠂ ᠰᠢᠨ᠎ᠡ ᠪᠠᠷ ᠣᠷᠣᠵᠤ ᠰᠠᠭᠤᠭᠰᠠᠨ ᠠᠵᠤ ᠠᠬᠤᠶᠢᠯᠠᠯ ᠣᠷᠳᠣ ᠬᠤᠭᠤᠴᠠᠭ᠎ᠠ ᠪᠠᠷ ᠰᠤᠯᠠ ᠲᠠᠯᠪᠢᠭᠳᠠᠵᠤ ᠪᠠᠶᠢᠭᠰᠠᠨ ᠡᠨᠡ ᠬᠦ ᠭᠠᠵᠠᠷ ᠰᠢᠷᠣᠶ ᠶᠢ ᠠᠮᠢᠯᠠᠭᠤᠯᠵᠤ᠂ ᠬᠦᠷᠢᠶᠡᠯᠡᠩ ᠤᠨ ᠬᠡᠯᠪᠡᠷᠢ ᠪᠠᠨ ᠬᠤᠪᠢᠷᠠᠭᠤᠯᠤᠨ ᠬᠥᠭᠵᠢᠬᠦ ᠳᠤ ᠬᠦᠴᠦᠨ ᠨᠡᠮᠡᠷᠢᠯᠡᠪᠡ︾ ᠭᠡᠵᠦ ᠬᠠᠶᠢᠨᠠᠨ ᠤ ᠠᠵᠤ ᠦᠢᠯᠡᠳᠪᠦᠷᠢ ᠶᠢᠨ ᠬᠦᠷᠢᠶᠡᠯᠡᠩ ᠤᠨ ᠬᠠᠮᠢᠶᠠᠷᠤᠯᠲᠠ ᠶᠢᠨ ᠵᠥᠪᠯᠡᠯ ᠤᠨ ᠬᠠᠷᠢᠭᠤᠴᠠᠯᠭᠠᠲᠠᠨ ᠬᠡᠯᠡᠪᠡ᠃      ᠬᠠᠶᠢᠨᠠᠨ ᠤ ᠠᠵᠤ ᠦᠢᠯᠡᠳᠪᠦᠷᠢ ᠶᠢᠨ ᠬᠦᠷᠢᠶᠡᠯᠡᠩ 1998 ᠣᠨ ᠳᠤ ᠪᠠᠶᠢᠭᠤᠯᠤᠭᠳᠠᠵᠤ᠂ ᠬᠦᠷᠢᠶᠡᠯᠡᠩ ᠤᠨ ᠪᠠᠶᠢᠭᠤᠯᠤᠭᠳᠠᠭᠰᠠᠨ ᠡᠬᠢᠨ ᠤ ᠦᠶ᠎ᠡ ᠶᠢᠨ ᠭᠤᠣᠯᠯᠠᠬᠤ ᠠᠵᠤ ᠦᠢᠯᠡᠰ ᠨᠢ ᠴᠠᠬᠢᠭᠤᠷ ᠲᠡᠮᠦᠷ᠂ ᠴᠠᠬᠢᠯᠠᠭᠤᠷ ᠴᠢᠯᠠᠭᠤ ᠵᠡᠷᠭᠡ ᠡᠨᠧᠷᠭᠢ ᠶᠢᠨ ᠬᠤᠷᠣᠭᠳᠠᠭᠤᠯᠤᠯ ᠶᠡᠬᠡᠲᠡᠢ ᠲᠡᠮᠦᠷᠯᠢᠭ ᠪᠣᠯᠪᠠᠰᠤᠷᠠᠭᠤᠯᠬᠤ ᠠᠵᠤ ᠦᠢᠯᠡᠰ ᠪᠣᠯᠤᠨ᠎ᠠ᠃ ᠤᠯᠤᠰ ᠤᠨ ᠲᠥᠷᠥ ᠶᠢᠨ ᠪᠣᠳᠣᠯᠭ᠎ᠠ ᠶᠢᠨ ᠲᠣᠬᠢᠷᠠᠭᠤᠯᠤᠯᠲᠠ ᠶᠢ ᠳᠠᠭᠠᠯᠳᠤᠨ᠂ ᠣᠳᠣᠬᠠᠨ ᠳᠤ ᠬᠦᠷᠢᠶᠡᠯᠡᠩ ᠤᠨ ᠡᠨᠧᠷᠭᠢ ᠶᠢᠨ ᠬᠤᠷᠣᠭᠳᠠᠭᠤᠯᠤᠯ ᠶᠡᠬᠡᠲᠡᠶ ᠠᠵᠤ ᠦᠢᠯᠡᠰ ᠨᠢᠭᠡᠨᠲᠡ ᠪᠦᠬᠦᠨ ᠢᠶᠠᠷ ᠢᠶᠠᠨ ᠰᠢᠭᠰᠢᠭᠳᠡᠵᠦ ᠡᠭᠦᠳᠡ ᠪᠠᠨ ᠬᠠᠭᠠᠵᠠᠶ᠃ ᠤᠤᠯ ᠤᠨ ᠪᠠᠶᠢᠭᠰᠠᠨ ᠡᠨᠧᠷᠭᠢ ᠶᠢᠨ ᠬᠤᠷᠣᠭᠳᠠᠭᠤᠯᠤᠯ ᠶᠡᠬᠡᠲᠡᠶ ᠠᠵᠤ ᠠᠬᠤᠶᠢᠯᠠᠯ ᠨᠢ ︽ᠦᠬᠦᠰᠢᠷᠡᠮᠡᠯ ᠠᠵᠤ ᠠᠬᠤᠶᠢᠯᠠᠯ︾ ᠪᠣᠯᠵᠣ᠂ ᠬᠦᠷᠢᠶᠡᠯᠡᠩ ᠤᠨ ᠭᠠᠵᠠᠷ ᠰᠢᠷᠣᠶ ᠶᠢᠨ ᠡᠬᠢ ᠪᠠᠶᠠᠯᠢᠭ ᠢ ᠶᠡᠭᠡ ᠬᠡᠮᠵᠢᠶ᠎ᠡ ᠪᠠᠷ ᠰᠤᠯᠠ ᠲᠠᠯᠪᠢᠵᠤ ᠪᠦᠷᠢᠯᠭᠡᠨ ᠰᠦᠢᠳᠭᠡᠪᠡ᠃
     ᠤᠢᠢᠷ᠎ᠠ ᠶᠢᠨ ᠵᠢᠯ ᠠᠴᠠ ᠨᠠᠰᠢ᠂ ᠠᠵᠤ ᠦᠢᠯᠡᠰ ᠤᠨ ᠬᠡᠯᠪᠡᠷᠢ ᠶᠢ ᠬᠤᠪᠢᠷᠠᠭᠤᠯᠤᠨ ᠲᠡᠰ ᠳᠡᠪᠰᠢᠭᠦᠯᠬᠦ ᠬᠥᠭᠵᠢᠯᠲᠡ ᠶᠢᠨ ᠣᠶᠢᠯᠠᠭᠠᠭᠳᠠᠬᠤᠨ ᠲᠠᠰᠤᠷᠠᠯᠲᠠ ᠦᠭᠡᠢ ᠭᠦᠨᠵᠡᠭᠡᠶᠢᠷᠡᠬᠦ ᠶᠢ ᠲᠠᠭᠠᠯᠳᠤᠨ᠂ ᠬᠠᠶᠢᠨᠠᠨ ᠤ ᠠᠵᠤ ᠦᠢᠯᠡᠳᠪᠦᠷᠢ ᠶᠢᠨ ᠬᠦᠷᠢᠶᠡᠯᠡᠩ ᠤᠨ ᠬᠢᠨ ᠬᠡᠯᠬᠢᠶ᠎ᠡ ᠵᠣᠬᠢᠶᠠᠬᠤ᠂ ᠬᠡᠯᠬᠢᠶ᠎ᠡ ᠶᠢ ᠨᠥᠬᠦᠪᠥᠷᠢᠯᠡᠬᠦ᠂ ᠬᠡᠯᠬᠢᠶ᠎ᠡ ᠶᠢ ᠤᠷᠲᠤᠳᠬᠠᠬᠤ᠂ ᠬᠡᠯᠬᠢᠶ᠎ᠡ ᠶᠢ ᠴᠢᠩᠭᠠᠳᠬᠠᠬᠤ ᠲᠦᠷᠦᠯ ᠵᠦᠢᠯ ᠢ ᠴᠢᠩᠭ᠎ᠠ ᠠᠩᠬᠠᠷᠴᠤ᠂ ᠨᠠᠷᠢᠯᠢᠭ ᠬᠢᠮᠢ ᠶᠢᠨ ᠠᠵᠤ ᠦᠢᠯᠡᠳᠪᠦᠷᠢ᠂ ᠰᠢᠨ᠎ᠡ ᠮᠠᠲ᠋ᠧᠷᠢᠶᠠᠯ᠂ ᠰᠢᠨ᠎ᠡ ᠡᠨᠧᠷᠭᠢ ᠵᠡᠷᠭᠡ ᠭᠤᠣᠯᠳᠠᠯᠭ᠎ᠠ ᠲᠠᠢ ᠬᠦᠷᠢᠶ᠎ᠡ ᠶᠢ ᠭᠤᠣᠯᠴᠢᠯᠠᠨ ᠠᠳᠬᠤᠵᠤ᠂ ᠵᠢᠶᠠᠩᠰᠦ ᠵᠧᠵᠢᠶᠠᠩ᠂ ᠪᠡᠭᠡᠵᠢᠩ ᠲᠢᠶᠠᠨᠵᠢᠨ ᠡᡁᠧᠪᠸᠢ ᠵᠡᠷᠭᠡ ᠭᠠᠵᠠᠷ ᠣᠷᠣᠨ ᠠᠴᠠ ᠪᠡᠯᠡ ᠣᠷᠣᠭᠤᠯᠤᠯᠲᠠ ᠶᠢᠨ ᠬᠡᠪᠴᠢᠶ᠎ᠡ ᠪᠠᠷ ᠶᠡᠭᠡ᠂ ᠰᠢᠨᠵᠢᠯᠡᠬᠦ ᠤᠬᠠᠭᠠᠨ ᠮᠡᠷᠭᠡᠵᠢᠯ ᠤᠨ ᠠᠭᠤᠯᠤᠭᠳᠠᠴᠠ ᠪᠠᠷ ᠥᠨᠳᠥᠷ᠂ ᠳᠠᠶᠢᠴᠢᠯᠠᠬᠤ ᠦᠢᠯᠡᠳᠦᠯ ᠢᠶᠠᠷ ᠴᠢᠩᠭ᠎ᠠ᠂ ᠠᠵᠤ ᠦᠢᠯᠡᠰ ᠤᠨ ᠬᠤᠯᠪᠣᠭᠳᠠᠯ ᠢᠶᠠᠷ ᠥᠨᠳᠥᠷ ᠨᠢᠭᠡ ᠪᠦᠯᠦᠭ ᠭᠤᠣᠯᠳᠠᠯᠭ᠎ᠠ ᠲᠠᠢ ᠲᠦᠷᠦᠯ ᠵᠦᠢᠯ ᠢ ᠣᠷᠣᠭᠤᠯᠵᠠᠢ᠃ ᠭᠡᠪᠡᠴᠦ ︽ᠦᠬᠦᠰᠢᠷᠡᠮᠡᠯ ᠠᠵᠤ ᠠᠬᠤᠶᠢᠯᠠᠯ︾ ᠨᠢ ᠶᠡᠭᠡ ᠬᠡᠮᠵᠢᠶᠡᠨ ᠤ ᠭᠠᠵᠠᠷ ᠰᠢᠷᠣᠶ ᠶᠢ ᠡᠵᠡᠯᠡᠨ ᠬᠡᠷᠡᠭᠯᠡᠭᠰᠡᠨ ᠠᠴᠠ ᠪᠣᠯᠵᠣ᠂ ᠲᠥᠷᠥᠯ ᠵᠦᠢᠯ ᠪᠠᠶᠢᠭᠠᠳ ᠭᠠᠵᠠᠷ ᠰᠢᠷᠣᠶ ᠥᠬᠡᠶ ᠬᠦᠴᠢᠷᠳᠡᠯ ᠳᠤ ᠤᠴᠠᠷᠠᠵᠤ᠂ ᠲᠥᠷᠥᠯ  ᠵᠦᠢᠯ ᠳᠤ ᠬᠡᠷᠡᠭᠯᠡᠬᠦ ᠭᠠᠵᠠᠷ ᠪᠠᠴᠢᠮ ᠪᠠᠶᠢᠬᠤ ᠨᠢ ᠲᠥᠷᠥᠯ  ᠵᠦᠢᠯ ᠢ ᠨᠠᠶᠢᠳᠠᠪᠤᠷᠢᠵᠢᠭᠤᠯᠬᠤ ᠪᠠ ᠳᠥᠯᠭᠢᠨ ᠠᠬᠢᠭᠤᠯᠬᠤ ᠶᠢ ᠲᠦᠢᠯ ᠤᠨ ᠶᠡᠭᠡ ᠪᠠᠷ ᠬᠢᠵᠠᠭᠠᠷᠯᠠᠵᠤ ᠪᠠᠶᠢᠨ᠎ᠠ᠃ ᠨᠢᠭᠡ ᠲᠠᠯ᠎ᠠ ᠪᠠᠷ ᠭᠠᠵᠠᠷ ᠰᠢᠷᠣᠶ ᠬᠡᠷᠡᠭᠯᠡᠬᠦ ᠭᠦᠢᠴᠡᠳᠭᠡᠯ ᠲᠤᠭ᠎ᠠ ᠡᠳᠦᠷ ᠢᠷᠡᠬᠦᠶ᠎ᠡ ᠪᠠᠴᠢᠮ ᠪᠣᠯᠵᠣ᠂ ᠭᠠᠵᠠᠷ ᠰᠢᠷᠣᠶ ᠶᠢᠨ ᠦᠢᠯᠡᠳᠪᠦᠷᠢ ᠶᠢᠨ ᠬᠡᠷ ᠪᠠᠶᠢᠰᠢᠩ ᠢ ᠰᠤᠯᠠ ᠲᠠᠯᠪᠢᠵᠤ᠂ ᠨᠥᠭᠦᠭᠡ ᠲᠠᠯ᠎ᠠ ᠪᠠᠷ ᠰᠢᠨ᠎ᠡ ᠪᠠᠷ ᠣᠷᠣᠭᠤᠯᠤᠨ ᠠᠪᠴᠢᠷᠠᠬᠤ ᠲᠦᠷᠦᠯ ᠵᠦᠢᠯ ᠢ ᠪᠠᠴᠢᠮ ᠨᠠᠶᠢᠳᠠᠪᠤᠷᠢᠵᠢᠭᠤᠯᠬᠤ ᠴᠢᠬᠤᠯᠠᠲᠠᠶ ᠪᠣᠯᠪᠠᠴᠤ ᠬᠡᠷᠡᠭᠯᠡᠬᠦ ᠭᠠᠵᠠᠷ ᠥᠬᠡᠶ ᠪᠣᠯᠵᠣ᠂ ᠲᠦᠷᠦᠯ ᠵᠦᠢᠯ ᠤᠨ ᠭᠠᠵᠠᠷ ᠰᠢᠷᠣᠶ ᠬᠡᠷᠡᠭᠯᠡᠬᠦ ᠵᠥᠷᠢᠴᠡᠯ ᠨᠢ ᠣᠷᠣᠨ ᠪᠦᠰᠡ ᠶᠢᠨ ᠠᠵᠤ ᠠᠬᠤᠶ ᠨᠡᠶᠢᠭᠡᠮ ᠤᠨ ᠬᠥᠭᠵᠢᠯᠲᠡ ᠶᠢ ᠬᠢᠵᠠᠭᠠᠷᠯᠠᠬᠤ ᠪᠣᠭᠤᠮᠢ ᠪᠣᠯᠵᠣ ᠪᠠᠶᠢᠨ᠎ᠠ᠃ ︽ᠦᠬᠦᠰᠢᠷᠡᠮᠡᠯ ᠠᠵᠤ ᠠᠬᠤᠶᠢᠯᠠᠯ︾ ᠢ ᠢᠯᠭᠠᠷᠠᠭᠤᠯᠤᠨ ᠳᠢᠭᠯᠡᠵᠦ᠂ ᠬᠦᠷᠢᠶᠡᠯᠡᠩ ᠤᠨ ᠭᠠᠵᠠᠷ ᠰᠢᠷᠣᠶ ᠶᠢᠨ ᠡᠬᠢ ᠪᠠᠶᠠᠯᠢᠭ ᠢ ᠠᠮᠢᠯᠠᠭᠤᠯᠤᠨ᠂ ᠬᠦᠷᠢᠶᠡᠯᠡᠩ ᠤᠨ ᠭᠠᠵᠠᠷ ᠰᠢᠷᠣᠶ ᠶᠢ ᠥᠨᠳᠥᠷ ᠪᠦᠲᠦᠮᠵᠢᠲᠡᠶ ᠵᠦᠶ ᠵᠣᠬᠢᠰᠲᠠᠶ ᠠᠰᠢᠭᠯᠠᠬᠤ ᠨᠢ ᠣᠳᠣᠬᠠᠨ ᠤ ᠬᠦᠷᠢᠶᠡᠯᠡᠩ ᠤᠨ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠶᠢ ᠠᠬᠢᠭᠤᠯᠬᠤ᠂ ᠬᠥᠭᠵᠢᠯᠲᠡ ᠶᠢᠨ ᠶᠠᠰᠤ ᠴᠢᠨᠠᠷ ᠢ ᠳᠡᠭᠡᠭᠰᠢᠯᠡᠭᠦᠯᠬᠦ ᠶᠢᠨ ᠪᠠᠷᠢᠨ ᠭᠦᠢᠴᠡᠳᠭᠡᠬᠦ ᠪᠠᠴᠢᠮ ᠡᠭᠦᠷᠭᠡ ᠪᠣᠯᠪᠠ᠃      2014 ᠣᠨ ᠠᠴᠠ ᠡᠬᠢᠯᠡᠨ᠂ ᠬᠠᠶᠢᠨᠠᠨ ᠤ ᠠᠵᠤ ᠦᠢᠯᠡᠳᠪᠦᠷᠢ ᠶᠢᠨ ᠬᠦᠷᠢᠶᠡᠯᠡᠩ ︽ᠦᠬᠦᠰᠢᠷᠡᠮᠡᠯ ᠠᠵᠤ ᠠᠬᠤᠶᠢᠯᠠᠯ︾ ᠢ ᠴᠡᠪᠡᠷᠯᠡᠨ ᠭᠠᠷᠭᠠᠬᠤ ᠠᠵᠢᠯ ᠢ ᠶᠡᠬᠡᠪᠡᠷ ᠬᠡᠷᠡᠭᠵᠢᠭᠦᠯᠵᠦ᠂ ᠭᠠᠵᠠᠷ ᠰᠢᠷᠣᠢ ᠶᠢᠨ ᠡᠬᠢ ᠪᠠᠶᠠᠯᠢᠭ ᠢ ︽ᠰᠢᠩᠭᠡᠯᠢᠭ ᠢᠶᠠᠨ ᠰᠤᠯᠠᠯᠠᠵᠤ ᠰᠢᠪᠠᠭᠤ ᠶᠢ ᠰᠣᠯᠢᠬᠤ︾ ᠶᠢ ᠲᠦᠷᠭᠡᠳᠬᠡᠨ ᠠᠬᠢᠭᠤᠯᠪᠠ᠃ ᠬᠠᠶᠢᠨᠠᠨ ᠤ ᠠᠵᠤ ᠦᠢᠯᠡᠳᠪᠦᠷᠢ ᠶᠢᠨ ᠬᠦᠷᠢᠶᠡᠯᠡᠩ ᠤᠨ ᠬᠢᠨ ᠵᠠᠰᠠᠭ ᠤᠨ ᠣᠷᠳᠣᠨ ᠠᠴᠠ ᠪᠡᠯᠡ ᠮᠥᠩᠭᠦ ᠭᠠᠷᠭᠠᠵᠤ ᠬᠤᠳᠠᠯᠳᠤᠨ ᠠᠪᠴᠤ ᠨᠥᠭᠡᠴᠡᠯᠡᠬᠦ᠂ ᠠᠵᠤ ᠠᠬᠤᠶᠢᠯᠠᠯ ᠰᠢᠭᠤᠳ ᠬᠤᠳᠠᠯᠳᠤᠨ ᠠᠪᠴᠤ ᠨᠥᠭᠡᠴᠡᠯᠡᠬᠦ ᠵᠡᠷᠭᠡ ᠠᠷᠭ᠎ᠠ ᠪᠠᠷ ᠨᠡᠶᠢᠳᠡ 3 ᠳ᠋ᠦᠩᠰᠢᠭᠤᠷ ᠰᠢᠬᠠᠮ ᠲᠥᠭᠦᠷᠢᠭ ᠤᠨ ᠪᠡᠯᠡ ᠣᠷᠣᠭᠤᠯᠵᠤ᠂ 27 ᠠᠵᠤ ᠠᠬᠤᠶᠢᠯᠠᠯ ᠢ ᠬᠤᠳᠠᠯᠳᠤᠨ ᠠᠪᠴᠤ ᠨᠥᠭᠡᠴᠡᠯᠡᠵᠦ᠂ 200 ᠲᠦᠮᠡᠨ ᠲᠡᠭᠰᠢ ᠳᠥᠷᠪᠡᠯᠵᠢᠨ ᠮᠧᠲᠷ ᠲᠠᠯᠠᠪᠠᠢ ᠲᠠᠢ ᠰᠤᠯᠠ ᠪᠠᠶᠢᠭ᠎ᠠ ᠭᠠᠵᠠᠷ ᠰᠢᠷᠣᠢ ᠶᠢᠨ ᠡᠬᠢ ᠪᠠᠶᠠᠯᠢᠭ ᠢ ᠠᠮᠢᠯᠠᠭᠤᠯᠵᠤ᠂  ᠬᠡᠯᠬᠢᠶ᠎ᠡ ᠶᠢ ᠤᠷᠲᠤᠳᠬᠠᠨ ᠬᠡᠯᠬᠢᠶ᠎ᠡ ᠶᠢ ᠨᠥᠬᠦᠪᠥᠷᠢᠯᠡᠬᠦ ᠲᠦᠷᠦᠯ ᠵᠦᠢᠯ ᠤᠨ ᠭᠠᠵᠠᠷ ᠬᠡᠷᠡᠭᠯᠡᠬᠦ ᠬᠡᠷᠡᠭᠴᠡᠭᠡ ᠶᠢ ᠪᠠᠲᠤᠯᠠᠭᠰᠠᠨ ᠪᠠᠶᠢᠨ᠎ᠠ᠃      ︽ᠰᠢᠩᠭᠡᠯᠢᠭ ᠢᠶᠠᠨ ᠰᠤᠯᠠᠯᠠᠵᠤ ᠰᠢᠪᠠᠭᠤ ᠶᠢ ᠰᠣᠯᠢᠬᠤ︾ ᠬᠤᠯᠪᠣᠭᠳᠠᠯ ᠪᠦᠬᠦᠢ ᠲᠦᠷᠦ ᠶᠢᠨ ᠪᠤᠳᠤᠯᠭ᠎ᠠ ᠶᠢ ᠬᠡᠷᠡᠭᠵᠢᠭᠦᠯᠦᠭᠰᠡᠨ ᠠᠴᠠ ᠨᠠᠰᠢ᠂ ᠬᠦᠷᠢᠶᠡᠯᠡᠩ ᠤᠨ ᠰᠤᠯᠠ ᠪᠠᠶᠢᠬᠤ ᠭᠠᠵᠠᠷ ᠰᠢᠷᠣᠢ ᠶᠢᠨ ᠡᠬᠢ ᠪᠠᠶᠠᠯᠢᠭ ᠨᠢ ᠠᠵᠤ ᠦᠢᠯᠡᠰ ᠤᠨ ᠬᠡᠯᠪᠡᠷᠢ ᠶᠢ ᠬᠤᠪᠢᠷᠠᠭᠤᠯᠬᠤ ︽ᠡᠷᠳᠡᠨᠢ ᠶᠢᠨ ᠰᠠᠪᠠ︾ ᠪᠤᠯᠵᠤ᠂ ᠬᠠᠶᠢᠨᠠᠨ ᠤ ᠠᠵᠤ ᠦᠢᠯᠡᠳᠪᠦᠷᠢ ᠶᠢᠨ ᠬᠦᠷᠢᠶᠡᠯᠡᠩ ᠤᠨ ᠠᠵᠤ ᠦᠢᠯᠡᠳᠪᠦᠷᠢ ᠶᠢᠨ ᠦᠢᠯᠡᠳᠬᠦᠨ ᠤ ᠶᠡᠷᠦᠩᠬᠡᠢ ᠦᠷᠳᠡᠭ ᠵᠢᠯ ᠳᠠᠷᠠᠭᠠᠯᠠᠨ ᠳᠡᠭᠡᠭᠰᠢᠯᠡᠵᠦ᠂ 2016 ᠣᠨ ᠳᠤ 168 ᠳ᠋ᠦᠩᠰᠢᠭᠤᠷ ᠲᠥᠭᠦᠷᠢᠭ ᠪᠠᠶᠢᠭᠰᠠᠨ ᠠᠴᠠ ᠪᠠᠨ 2020 ᠣᠨ ᠳᠤ 358 ᠳ᠋ᠦᠩᠰᠢᠭᠤᠷ ᠲᠥᠭᠦᠷᠢᠭ ᠪᠣᠯᠤᠨ ᠳᠡᠭᠡᠭᠰᠢᠯᠡᠵᠡᠢ᠃ ᠡᠨᠡ ᠵᠢᠯ ᠤᠨ ᠳᠡᠭᠡᠷ᠎ᠡ ᠬᠠᠭᠠᠰ ᠵᠢᠯ ᠳᠤ᠂ ᠬᠦᠷᠢᠶᠡᠯᠡᠩ ᠤᠨ ᠠᠵᠤ ᠦᠢᠯᠡᠳᠪᠦᠷᠢ ᠶᠢᠨ ᠦᠢᠯᠡᠳᠬᠦᠨ ᠤ ᠶᠡᠷᠦᠩᠬᠡᠢ ᠦᠷᠳᠡᠭ 226 ᠳ᠋ᠦᠩᠰᠢᠭᠤᠷ ᠲᠥᠭᠦᠷᠢᠭ ᠲᠤ ᠬᠦᠷᠴᠦ᠂ ᠪᠦᠬᠦ ᠵᠢᠯ ᠤᠨ ᠠᠵᠤ ᠦᠢᠯᠡᠳᠪᠦᠷᠢ ᠶᠢᠨ ᠦᠢᠯᠡᠳᠬᠦᠨ ᠤ ᠶᠡᠷᠦᠩᠬᠡᠢ ᠦᠷᠳᠡᠭ ᠵᠢᠱᠢᠯᠲᠡ ᠪᠠᠷ 400 ᠳ᠋ᠦᠩᠰᠢᠭᠤᠷ ᠲᠥᠭᠦᠷᠢᠭ ᠢ ᠳᠠᠪᠠᠭ᠋ᠤ ᠪᠣᠯᠤᠮᠵᠢ ᠲᠠᠢ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号