ᠬᠠᠮᠤᠭ ᠠᠷᠪᠢᠨ ᠳᠠᠭᠠᠨ ᠨᠢᠭᠡ ᠭᠠᠵᠠᠷ ᠭᠦᠶᠦᠨ᠎ᠡ︕ ᠬᠠᠶᠢᠨᠠᠨ ᠲᠤᠭᠤᠷᠢᠭ ︽ᠨᠢᠭᠡ ᠦᠷᠲᠡᠭᠡᠴᠢᠯᠡᠭᠰᠡᠨ ᠮᠠᠶ᠋ᠢᠭ︾ ᠢᠶᠠᠷ ᠵᠥᠷᠢᠴᠡᠯ ᠵᠢᠭᠤᠷᠠᠯᠳᠤᠭᠠᠨ ᠢ ᠡᠶᠡᠳᠡᠭᠦᠯᠦᠨ ᠰᠢᠢᠳᠪᠦᠷᠢᠯᠡᠨ᠎ᠡ
ᠨᠡᠶᠢᠲᠡᠯᠡᠭᠰᠡᠨ ᠴᠠᠭ᠄
2021/9/7
     ᠣᠶᠢᠷ᠎ᠠ ᠳᠤ᠂ ᠬᠠᠶᠢᠨᠠᠨ ᠲᠣᠭᠤᠷᠢᠭ ᠤᠨ ᠣᠷᠣᠨ ᠬᠡᠪᠴᠢᠶᠡᠨ ᠤ ᠨᠡᠶᠢᠭᠡᠮ ᠤᠨ ᠵᠠᠰᠠᠯᠲᠠ ᠶᠢᠨ ᠲᠥᠪ ᠤᠨ ᠲᠦᠷᠭᠡᠨ ᠲᠠᠰᠤᠯᠬᠤ ᠰᠢᠭᠦᠬᠦ ᠲᠢᠩᠬᠢᠮ ᠳᠤ᠂ ᠨᠢᠭᠡᠨ ᠠᠷᠠᠳ ᠤᠨ ᠬᠤᠭᠤᠷᠣᠨᠳᠣᠬᠢ ᠵᠢᠭᠡᠯᠡᠯᠭᠡ ᠶᠢᠨ ᠵᠢᠭᠤᠷᠠᠯᠳᠤᠭᠠᠨ ᠤ ᠬᠡᠷᠡᠭ ᠨᠢ ᠠᠵᠢᠯᠲᠠᠨ ᠤ ᠣᠷᠣᠨ ᠲᠤᠭᠠᠲᠠᠢ ᠰᠢᠭᠦᠬᠦ ᠲᠤᠰᠢᠶᠠᠯᠲᠠᠨ ᠤ ᠬᠦᠯᠢᠴᠡᠩᠭᠦᠶ ᠪᠠᠷ ᠡᠶᠡᠳᠡᠭᠦᠯᠦᠭᠰᠡᠨ ᠪᠠᠶᠢᠳᠠᠯ ᠳᠣᠤᠷ᠎ᠠ᠂ ᠡᠶᠡᠳᠡᠭᠦᠯᠭᠡ ᠶᠢᠨ ᠬᠡᠯᠡᠯᠴᠡᠭᠡᠷ ᠢ ᠠᠮᠵᠢᠯᠲᠠ ᠲᠠᠢ ᠪᠠᠷ ᠳᠣᠭᠢᠷᠠᠭᠤᠯᠪᠠ᠂ ᠡᠭᠦᠨ ᠤ ᠳᠠᠷᠠᠭ᠎ᠠ ᠵᠢᠭᠤᠷᠠᠯᠳᠤᠭᠠᠨ ᠤ ᠬᠤᠶᠠᠷ ᠲᠠᠯ᠎ᠠ ᠪᠠᠷ ᠢᠶᠠᠨ ᠰᠢᠭᠦᠬᠦ ᠬᠤᠷᠢᠶᠠᠨ ᠤ ᠡᠶᠡᠳᠡᠭᠦᠯᠭᠡ ᠶᠢᠨ ᠬᠡᠯᠡᠯᠴᠡᠭᠡᠷ ᠤᠨ ᠬᠦᠴᠦᠨ ᠲᠠᠢ ᠪᠣᠯᠬᠤ ᠶᠢ ᠨᠤᠲᠠᠯᠠᠭᠰᠠᠨ ᠢᠷᠭᠡᠨ ᠤ ᠬᠡᠷᠡᠭ ᠤᠨ ᠲᠣᠭᠲᠠᠭᠠᠯᠲᠠ ᠶᠢᠨ ᠪᠢᠴᠢᠭ ᠢ ᠣᠯᠵᠤ᠂ ᠪᠦᠬᠦ᠋ᠢᠯᠡ ᠵᠢᠭᠤᠷᠠᠯᠳᠤᠭᠠᠨ ᠢ  ᠰᠢᠢᠳᠪᠦᠷᠢᠯᠡᠬᠦ ᠳᠤ 10 ᠡᠳᠦᠷ ᠴᠦ ᠬᠡᠷᠡᠭᠯᠡᠭᠰᠡᠨ ᠥᠬᠡᠶ᠃
     ᠬᠡᠷᠡᠭ ᠨᠢ ᠲᠤᠬᠠᠶ ᠶᠢᠨ ᠬᠥᠮᠦᠨ ᠭᠤᠤ ᠣᠪᠣᠭᠲᠤ ᠪᠣᠯᠤᠨ ᠴᠧᠨ ᠣᠪᠣᠭᠲᠤ ᠶᠢᠨ ᠵᠣᠭᠤᠰ ᠵᠢᠭᠡᠯᠡᠭᠰᠡᠨ ᠵᠠᠭᠤᠷᠠᠯᠳᠤᠭᠠᠨ ᠠᠴᠠ ᠢᠷᠡᠯᠳᠡ ᠲᠠᠢ᠄ ᠴᠧᠨ ᠣᠪᠣᠭᠲᠤ ᠭᠤᠤ ᠣᠪᠣᠭᠲᠤ ᠠᠴᠠ 4 ᠲᠦᠮᠡ ᠭᠠᠷᠤᠶ ᠲᠥᠭᠦᠷᠢᠭ ᠵᠢᠭᠡᠯᠡᠵᠦ᠂ ᠭᠤᠤ ᠣᠪᠣᠭᠲᠤ ᠤᠯᠠᠨ ᠤᠳᠠᠭ᠎ᠠ ᠨᠡᠬᠡᠨ ᠠᠪᠤᠭᠠᠳ ᠦᠷ᠎ᠡ ᠳ᠋ᠦᠩ ᠭᠠᠷᠤᠭᠰᠠᠨ ᠦᠭᠡᠢ ᠪᠣᠯᠬᠤᠷ ᠴᠧᠨ ᠣᠪᠣᠭᠲᠤ ᠶᠢ ᠬᠠᠶᠢᠨᠠᠨ ᠲᠣᠭᠤᠷᠢᠭ ᠤᠨ ᠠᠷᠠᠳ ᠤᠨ ᠰᠢᠭᠦᠬᠦ ᠬᠤᠷᠢᠶᠠᠨ ᠳᠤ ᠵᠠᠭᠠᠯᠳᠤᠵᠠᠢ᠃ ᠬᠠᠶᠢᠨᠠᠨ ᠲᠣᠭᠤᠷᠢᠭ ᠤᠨ ᠠᠷᠠᠳ ᠤᠨ ᠰᠢᠭᠦᠬᠦ ᠬᠤᠷᠢᠶ᠎ᠠ ᠵᠠᠷᠭᠤ ᠶᠢᠨ ᠮᠠᠲ᠋ᠧᠷᠢᠶᠠᠯ ᠢ ᠣᠯᠤᠭᠰᠠᠨ ᠤ ᠲᠠᠷᠠᠭ᠎ᠠ᠂ ᠬᠡᠷᠡᠭ ᠢ ᠡᠶᠡᠳᠡᠬᠦ ᠰᠠᠭᠤᠷᠢ ᠲᠠᠢ ᠭᠡᠵᠦ ᠦᠵᠡᠭᠡᠳ᠂ ᠬᠡᠷᠡᠭ ᠢ ᠬᠠᠶᠢᠨᠠᠨ ᠲᠣᠭᠤᠷᠢᠭ ᠤᠨ ᠣᠷᠣᠨ ᠬᠡᠪᠴᠢᠶᠡᠨ ᠤ ᠨᠡᠶᠢᠭᠡᠮ ᠤᠨ ᠵᠠᠰᠠᠯᠲᠠ ᠶᠢᠨ ᠲᠥᠪ ᠲᠤ ᠲᠣᠮᠢᠯᠠᠨ ᠰᠠᠭᠤᠯᠭᠠᠭᠰᠠᠨ ᠵᠠᠭᠠᠯᠳᠤᠬᠤ ᠠᠴᠠ ᠡᠮᠦᠨᠡᠬᠢ ᠵᠠᠭᠤᠷᠠᠯᠳᠤᠭᠠᠨ ᠢ ᠠᠷᠠᠳ ᠤᠨ ᠡᠶᠡᠳᠡᠭᠦᠯᠬᠦ ᠺᠣᠮᠢᠰ ᠲᠤ ᠲᠤᠮᠢᠯᠠᠨ ᠦᠭᠴᠦ ᠡᠶᠡᠳᠡᠭᠦᠯᠪᠡ᠃      ᠬᠠᠶᠢᠨᠠᠨ ᠲᠣᠭᠤᠷᠢᠭ ᠤᠨ ᠠᠷᠠᠳ ᠤᠨ ᠰᠢᠭᠦᠬᠦ ᠬᠤᠷᠢᠶᠠᠨ ᠤ ᠠᠵᠢᠯᠲᠠᠨ ᠤ ᠣᠷᠣᠨ ᠲᠤᠭᠠᠲᠠᠢ ᠰᠢᠭᠦᠬᠦ ᠲᠤᠰᠢᠶᠠᠯᠲᠠᠨ ᠴᠧᠨ ᠶᠢᠩ      ᠡᠩ ᠤᠨ ᠵᠠᠷᠭᠤ ᠶᠢᠨ ᠬᠡᠷᠡᠭ ᠢ ᠬᠡᠷᠡᠭ ᠪᠣᠯᠭᠠᠨ ᠳᠠᠩᠰᠠᠯᠠᠬᠤ ᠠᠴᠠ ᠠᠪᠤᠭᠠᠳ ᠬᠡᠷᠡᠭ ᠢ ᠳᠠᠭᠤᠰᠬᠠᠬᠤ ᠪᠣᠯᠲᠠᠯ᠎ᠠ ᠨᠠᠭᠠᠳᠤ ᠵᠠᠬ᠎ᠠ ᠳᠠᠭᠠᠨ 3 — 6 ᠰᠠᠷ᠎ᠠ ᠬᠡᠷᠡᠭᠰᠡᠨ᠎ᠡ᠂ ᠵᠠᠭᠠᠯᠳᠤᠬᠤ ᠠᠴᠠ ᠡᠮᠦᠨ᠎ᠡ ᠡᠶᠡᠳᠡᠬᠦ ᠨᠢ ᠵᠠᠷᠭᠤᠯᠳᠤᠬᠤ ᠴᠠᠭ ᠢ ᠶᠡᠭᠡ ᠪᠠᠷ ᠪᠣᠭᠤᠨᠢᠰᠬᠠᠭᠰᠠᠨ ᠮᠥᠷᠲᠡᠭᠡᠨ ᠶᠠᠮᠠᠷ ᠴᠤ ᠰᠦᠢᠳᠬᠡᠯ ᠬᠤᠷᠢᠶᠠᠬᠤ ᠦᠭᠡᠢ᠂ ᠴᠠᠭ ᠲᠤ ᠠᠷᠪᠢᠲᠠᠶ ᠮᠥᠷᠲᠡᠭᠡᠨ ᠬᠡᠷᠡᠭ ᠲᠤ ᠴᠦ ᠠᠷᠪᠢᠲᠠᠶ ᠪᠠᠶᠢᠳᠠᠭ᠃      ᠡᠨᠡ ᠵᠢᠯ ᠠᠴᠠ ᠨᠠᠰᠢ᠂ ᠬᠠᠶᠢᠨᠠᠨ ᠲᠣᠭᠤᠷᠢᠭ ᠤᠨ ᠣᠷᠣᠨ ᠬᠡᠪᠴᠢᠶᠡᠨ ᠤ ᠨᠡᠶᠢᠭᠡᠮ ᠤᠨ ᠵᠠᠰᠠᠯᠲᠠ ᠶᠢᠨ ᠲᠥᠪ ᠤᠨ ᠪᠠᠶᠢᠭᠤᠯᠤᠮᠵᠢ ᠶᠢᠨ ᠡᠭᠦᠷᠭᠡ ᠴᠢᠳᠠᠪᠤᠷᠢ ᠶᠢ ᠡᠮᠬᠢᠯᠡᠨ ᠨᠡᠶᠢᠯᠡᠭᠦᠯᠵᠦ᠂ ︽ᠨᠢᠭᠡ ᠦᠷᠲᠡᠭᠡᠴᠢᠯᠡᠭᠰᠡᠨ ᠮᠠᠶ᠋ᠢᠭ︾ ᠢᠶᠠᠷ ᠵᠥᠷᠢᠴᠡᠯ ᠵᠢᠭᠤᠷᠠᠯᠳᠤᠭᠠᠨ ᠢ ᠡᠶᠡᠳᠡᠭᠦᠯᠦᠨ ᠰᠢᠢᠳᠪᠦᠷᠢᠯᠡᠬᠦ ᠲᠥᠪ ᠪᠠᠶᠢᠭᠤᠯᠵᠤ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠤᠪᠴᠢᠶ᠎ᠠ᠂ ᠰᠢᠭᠦᠬᠦ ᠬᠤᠷᠢᠶ᠎ᠠ᠂ ᠬᠠᠤᠯᠢ ᠴᠠᠭᠠᠵᠠ ᠵᠡᠷᠭᠡ ᠰᠠᠯᠠᠭ᠎ᠠ ᠮᠥᠴᠢᠷ ᠢ ᠵᠣᠬᠢᠴᠠᠭᠤᠯᠵᠤ᠂ 20 ᠭᠠᠷᠤᠶ ᠬᠥᠮᠦᠨ ᠤ ᠲᠤᠰᠬᠠᠶ ᠮᠡᠷᠭᠡᠵᠢᠯ ᠤᠨ ᠴᠢᠨᠠᠷᠲᠠᠶ ᠡᠶᠡᠳᠡᠭᠦᠯᠬᠦ ᠪᠦᠯᠬᠦᠮ ᠢ ᠵᠣᠬᠢᠶᠠᠨ ᠪᠠᠶᠢᠭᠤᠯᠵᠤ᠂ ︽ᠵᠢᠭᠤᠷᠠᠯᠳᠤᠭᠠᠨ ᠢ ᠡᠶᠡᠳᠡᠭᠦᠯᠦᠨ ᠰᠢᠢᠳᠪᠦᠷᠢᠯᠡᠬᠦ᠂ ᠬᠠᠤᠯᠢ ᠴᠠᠭᠠᠵᠠ ᠶᠢᠨ ᠨᠤᠲᠠᠯᠠᠯᠲᠠ᠂ ᠵᠠᠷᠭᠤ  ᠶᠢ ᠵᠢᠯᠤᠭᠤᠳᠤᠨ ᠵᠤᠬᠢᠴᠠᠭᠤᠯᠬᠤ᠂ ᠵᠠᠷᠭᠤ︾ ᠶᠢᠨ ᠪᠦᠬᠦ ᠬᠡᠯᠬᠢᠶᠡᠨ ᠤ ᠦᠢᠯᠡᠴᠢᠯᠡᠭᠡᠨ ᠤ ᠲᠣᠭᠲᠠᠴᠠ ᠶᠢ ᠪᠠᠶᠢᠭᠤᠯᠵᠤ᠂ ︽ᠡᠶᠡᠳᠡᠭᠦᠯᠬᠦ ᠶᠢ ᠲᠡᠷᠢᠭᠦᠨ ᠳᠤ ᠲᠠᠯᠪᠢᠵᠤ᠂ ᠬᠤᠶᠢᠨ᠎ᠠ ᠨᠢ ᠵᠠᠷᠭᠤ ᠬᠢᠬᠦ︾ ᠠᠬᠢᠴᠠ ᠶᠢᠨ ᠮᠠᠶ᠋ᠢᠭ ᠤᠨ ᠵᠥᠷᠢᠴᠡᠯ ᠵᠢᠭᠤᠷᠠᠯᠳᠤᠭᠠᠨ ᠢ ᠱᠠᠳᠤ ᠬᠤᠪᠢᠶᠠᠨ ᠰᠢᠭᠦᠬᠦ ᠰᠢᠰᠲ᠋ᠧᠮ ᠢ ᠪᠤᠢ ᠪᠣᠯᠭᠠᠵᠤ᠂ ᠠᠷᠠᠳ ᠤᠨ ᠡᠶᠡᠳᠡᠭᠦᠯᠭᠡ᠂ ᠵᠠᠰᠠᠭ ᠵᠠᠬᠢᠷᠭᠠᠨ ᠤ ᠡᠶᠡᠳᠡᠭᠦᠯᠭᠡ᠂ ᠬᠠᠤᠯᠢ ᠴᠠᠭᠠᠵᠠ ᠶᠢᠨ ᠡᠶᠡᠳᠡᠭᠦᠯᠭᠡ ᠶᠢ ᠣᠷᠭᠠᠨᠢᠭ ᠢᠶᠠᠷ ᠵᠣᠯᠭᠠᠯᠳᠤᠭᠤᠯᠤᠭᠰᠠᠨ ︽ᠶᠡᠭᠡ ᠡᠶᠡᠳᠡᠭᠦᠯᠭᠡ︾ ᠶᠢᠨ ᠪᠠᠶᠢᠷᠢᠰᠢᠯ ᠢ ᠪᠤᠢ ᠪᠣᠯᠭᠠᠵᠤ᠂ ᠵᠢᠭᠡᠯᠡᠯᠭᠡ ᠶᠢᠨ ᠵᠢᠭᠤᠷᠠᠯᠳᠤᠭᠠᠨ᠂ ᠬᠥᠳᠡᠯᠮᠦᠷᠢ ᠬᠦᠴᠦᠨ ᠤ ᠬᠥᠨᠳᠡᠯᠡᠨ ᠤ ᠲᠠᠰᠤᠯᠤᠯᠳᠠ᠂ ᠭᠡᠷ᠎ᠡ ᠶᠢᠨ ᠵᠢᠭᠤᠷᠠᠯᠳᠤᠭᠠᠨ᠂ ᠬᠥᠷᠰᠢ ᠵᠡᠷᠭᠡᠯᠡᠳᠡᠭᠡ ᠶᠢᠨ ᠵᠢᠭᠤᠷᠠᠯᠳᠤᠭᠠᠨ ᠵᠡᠷᠭᠡ ᠶᠢ ᠨᠢᠭᠡ ᠦᠷᠲᠡᠭᠡᠴᠢᠯᠡᠭᠰᠡᠨ ᠮᠠᠶ᠋ᠢᠭ ᠢᠶᠠᠷ ᠬᠦᠯᠢᠶᠡᠨ ᠠᠪᠴᠤ ᠰᠢᠢᠳᠪᠦᠷᠢᠯᠡᠬᠦ᠂ ᠦᠷᠲᠡᠭᠡᠴᠢᠯᠡᠭᠰᠡᠨ ᠦᠢᠯᠡᠴᠢᠯᠡᠭᠡ᠂ ᠪᠦᠬᠦᠨ ᠢ  ᠬᠠᠮᠤᠷᠤᠨ ᠰᠢᠢᠳᠪᠦᠷᠢᠯᠡᠬᠦ ᠶᠢ ᠪᠡᠶᠡᠯᠡᠭᠦᠯᠪᠡ᠃
     ᠰᠤᠷᠪᠤᠯᠵᠢᠯᠠᠭᠴᠢ ᠵᠥᠷᠢᠴᠡᠯ ᠵᠢᠭᠤᠷᠠᠯᠳᠤᠭᠠᠨ ᠢ ᠡᠶᠡᠳᠡᠭᠦᠯᠦᠨ ᠰᠢᠢᠳᠪᠦᠷᠢᠯᠡᠬᠦ ᠲᠥᠪ ᠤᠨ ᠶᠡᠭᠡ ᠲᠢᠩᠬᠢᠮ ᠳᠤ ᠣᠯᠵᠤ ᠦᠵᠡᠭᠰᠡᠨ ᠨᠢ᠂ ᠬᠥᠲᠥᠯᠥᠨ ᠵᠢᠯᠣᠭᠤᠳᠬᠤ ᠲᠣᠭᠤᠷᠢᠭ ᠲᠤ ᠵᠠᠷᠭᠤ ᠶᠢᠨ ᠦᠢᠯᠡᠴᠢᠯᠡᠭᠡ᠂ ᠬᠥᠳᠡᠯᠮᠦᠷᠢ ᠬᠦᠴᠦᠨ ᠤ ᠬᠥᠨᠳᠡᠯᠡᠨ ᠠᠴᠠ ᠲᠠᠰᠤᠯᠬᠤ ᠦᠢᠯᠡᠴᠢᠯᠡᠭᠡ ᠵᠡᠷᠭᠡ 8 ᠴᠣᠩᠬᠤ ᠭᠠᠷᠭᠠᠭᠰᠠᠨ ᠪᠥᠭᠡᠳ ᠪᠠᠰᠠ ᠬᠠᠤᠯᠢ ᠴᠠᠭᠠᠵᠠ ᠶᠢᠨ ᠲᠤᠰᠠᠯᠠᠮᠵᠢ ᠶᠢᠨ ᠲᠠᠰᠤᠭ᠂ ᠠᠯᠤᠰ ᠠᠴᠠ ᠵᠥᠪᠳᠡᠯᠴᠡᠬᠦ ᠲᠠᠰᠤᠭ᠂ ᠡᠶᠡᠳᠡᠭᠦᠯᠬᠦ ᠲᠠᠰᠤᠭ᠂ ᠲᠦᠷᠭᠡᠨ ᠲᠠᠰᠤᠯᠬᠤ ᠰᠢᠭᠦᠬᠦ ᠲᠢᠩᠬᠢᠮ ᠵᠡᠷᠭᠡ 9 ᠴᠢᠳᠠᠮᠵᠢᠳᠤ ᠲᠠᠰᠤᠭ ᠭᠠᠷᠭᠠᠭᠰᠠᠨ ᠪᠠᠶᠢᠨ᠎ᠠ᠃ ᠡᠭᠦᠨ ᠳᠤ᠂ ᠠᠯᠤᠰ ᠠᠴᠠ ᠵᠥᠪᠳᠡᠯᠴᠡᠬᠦ ᠲᠠᠰᠤᠭ ᠢ ᠬᠠᠷᠠᠭᠠᠨ ᠳᠠᠪᠲᠠᠮᠵᠢ ᠪᠠᠷ ᠳᠠᠮᠵᠢᠭᠤᠯᠤᠨ᠂ ᠲᠤᠬᠠᠶ ᠶᠢᠨ ᠬᠥᠮᠦᠨ ᠪᠣᠯᠤᠨ ᠡᠶᠡᠳᠡᠭᠦᠯᠦᠭᠴᠢ᠂ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠤ ᠰᠦᠯᠵᠢᠶᠡᠨ ᠳᠡᠭᠡᠷ᠎ᠡ ᠡᠶᠡᠳᠡᠭᠦᠯᠬᠦ ᠶᠢ ᠪᠡᠶᠡᠯᠡᠭᠦᠯᠵᠦ᠂ ᠣᠯᠠᠨ ᠲᠦᠮᠡᠨ ᠬᠡᠷ ᠠᠴᠠ ᠪᠠᠨ ᠭᠠᠷᠬᠤ ᠥᠬᠡᠶ ᠪᠠᠷ ᠣᠨᠳᠣᠤ ᠭᠠᠵᠠᠷ ᠤᠨ ᠵᠢᠭᠤᠷᠠᠯᠳᠤᠭᠠᠨ ᠢ ᠡᠶᠡᠳᠡᠭᠦᠯᠬᠦ ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠵᠦ ᠴᠢᠳᠠᠨ᠎ᠠ᠃     ᠬᠠᠶᠢᠨᠠᠨ ᠲᠤᠭᠤᠷᠢᠭ ᠤᠨ ᠣᠷᠣᠨ ᠬᠡᠪᠴᠢᠶᠡᠨ ᠤ ᠨᠡᠶᠢᠭᠡᠮ ᠤᠨ ᠵᠠᠰᠠᠯᠲᠠ ᠶᠢᠨ ᠲᠥᠪ ᠤᠨ ᠳᠡᠳ᠋ ᠡᠷᠬᠢᠯᠡᠭᠴᠢ ᠵᠥᠩ ᠸᠧᠨ ᠯᠢ      ᠬᠤᠳᠠ ᠶᠢᠨ ᠬᠡᠪᠴᠢᠶᠡᠨ ᠤ ᠨᠡᠶᠢᠭᠡᠮ ᠤᠨ ᠵᠠᠰᠠᠯᠲᠠ ᠪᠣᠯ ᠬᠤᠳᠠ ᠶᠢᠨ ᠠᠵᠤ ᠠᠬᠤᠢ ᠶᠢᠨ ᠬᠥᠭᠵᠢᠯᠲᠡ᠂ ᠤᠯᠠᠨ ᠨᠡᠶᠢᠲᠡ ᠶᠢᠨ ᠦᠢᠯᠡᠰ ᠤᠨ ᠬᠥᠭᠵᠢᠯᠲᠡ᠂ ᠦᠨᠳᠦᠰᠦᠨ ᠠᠷᠠᠳ ᠤᠨ ᠠᠮᠢᠳᠤᠷᠠᠯ᠂ ᠨᠡᠶᠢᠭᠡᠮ ᠤᠨ ᠵᠥᠷᠢᠴᠡᠯ ᠢ ᠨᠠᠮᠳᠠᠭᠤᠯᠬᠤ ᠵᠡᠷᠭᠡ ᠬᠦᠷᠢᠶᠡᠨ ᠳᠤ ᠬᠤᠯᠪᠣᠭᠳᠠᠬᠤ ᠰᠢᠰᠲ᠋ᠧᠮᠲᠦ ᠢᠨᠵᠧᠨᠧᠷᠢᠩ ᠪᠣᠯᠤᠨ᠎ᠠ᠃ ᠪᠢᠳᠡ ᠪᠠᠶᠢᠭᠤᠯᠤᠯ ᠲᠣᠭᠲᠠᠴᠠ ᠶᠢᠨ ᠰᠢᠨ᠎ᠡ ᠶᠢ ᠡᠭᠦᠳᠬᠦ᠂ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠬᠤ ᠵᠡᠷᠭᠡ ᠲᠠᠯ᠎ᠠ ᠪᠠᠷ ᠦᠷᠭᠦᠯᠵᠢᠯᠡᠨ ᠬᠦᠴᠦ ᠲᠠᠯᠪᠢᠵᠤ᠂ ᠠᠵᠢᠯ ᠤᠨ ᠦᠷ᠎ᠡ ᠪᠦᠲᠦᠮᠵᠢ ᠶᠢ ᠲᠠᠰᠤᠷᠠᠯᠳᠠ ᠦᠭᠡᠢ ᠳᠡᠭᠡᠭᠰᠢᠯᠡᠭᠦᠯᠵᠦ᠂ ᠳᠠᠭᠤᠷᠢᠶᠠᠵᠤ ᠪᠣᠯᠬᠤ᠂ ᠳᠡᠯᠭᠡᠷᠡᠭᠦᠯᠵᠦ ᠪᠣᠯᠬᠤ ᠵᠥᠷᠢᠴᠡᠯ ᠵᠢᠭᠤᠷᠠᠯᠳᠤᠭᠠᠨ ᠢ ᠤᠯᠠᠨ ᠡᠰᠢᠵᠢᠬᠦᠯᠦᠨ  ᠰᠢᠢᠳᠪᠦᠷᠢᠯᠡᠬᠦ ᠠᠵᠢᠯ ᠤᠨ ᠲᠤᠷᠰᠢᠯᠭ᠎ᠠ ᠶᠢ ᠴᠢᠷᠮᠠᠶᠢᠨ ᠪᠤᠢ ᠪᠣᠯᠭᠠᠨ᠎ᠠ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号