ᠰᠤᠷᠭᠠᠨ ᠬᠥᠮᠦᠵᠢᠯ ᠤᠨ ᠶᠠᠮᠤᠨ᠄ ᠰᠢᠯᠭᠠᠬᠤ ᠥᠬᠡᠶ ᠪᠠᠷ ᠬᠡᠷ ᠣᠶᠢᠷᠠᠯᠴᠠᠭ᠎ᠠ ᠰᠤᠷᠭᠠᠭᠤᠯᠢ ᠳᠤ ᠣᠷᠣᠭᠤᠯᠬᠤ ᠶᠢ | ᠨᠡᠶᠢᠳᠡᠮ ᠪᠥᠷᠬᠦᠭᠦᠯᠬᠦ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠎ᠠ | ᠰᠤᠷᠪᠤᠯᠵᠢᠯᠠᠭᠴᠢ 8 ᠤ ᠡᠳᠦᠷ ᠰᠤᠷᠭᠠᠨ ᠬᠥᠮᠦᠵᠢᠯ ᠤᠨ ᠶᠠᠮᠤᠨ ᠠᠴᠠ ᠣᠶᠢᠯᠠᠭᠠᠭᠰᠠᠨ ᠢᠶᠠᠷ᠂ | ᠰᠤᠷᠭᠠᠨ ᠬᠥᠮᠦᠵᠢᠯ ᠤᠨ ᠶᠠᠮᠤᠨ ᠤ 2022 ᠣᠨ ᠤ ᠠᠵᠢᠯ ᠤᠨ ᠭᠤᠤᠯᠳᠠᠯᠭ᠎ᠠ ᠳᠤ ᠠᠯᠪᠠᠨ ᠵᠢᠷᠤᠮ ᠤᠨ ᠰᠤᠷᠭᠠᠨ | ᠬᠥᠮᠦᠵᠢᠯ ᠤᠨ ᠴᠢᠨᠠᠷ ᠰᠠᠶᠢᠲᠠᠶ ᠲᠡᠩᠴᠡᠭᠦᠷᠢᠲᠡᠶ ᠬᠥᠭᠵᠢᠯᠲᠡ ᠶᠢ ᠠᠬᠢᠭᠤᠯᠤᠨ᠎ᠠ ᠭᠡᠵᠦ ᠳᠤᠷᠠᠳᠤᠨ ᠭᠠᠷᠭᠠᠵᠠᠶ᠃ | ᠴᠢᠨᠠᠷ ᠰᠠᠶᠢᠲᠠᠶ ᠪᠥᠭᠡᠳ ᠲᠡᠩᠴᠡᠭᠦᠷᠢᠲᠡᠶ ᠦᠨᠳᠦᠰᠦᠨ ᠣᠯᠠᠨ ᠨᠡᠶᠢᠲᠡ ᠶᠢᠨ ᠰᠤᠷᠭᠠᠨ ᠬᠥᠮᠦᠵᠢᠯ ᠤᠨ | ᠦᠢᠯᠡᠴᠢᠯᠡᠭᠡᠨ ᠤ ᠰᠢᠰᠲ᠋ᠧᠮᠵᠢ ᠶᠢ ᠪᠠᠶᠢᠭᠤᠯᠬᠤ ᠰᠠᠨᠠᠯ ᠢ ᠨᠡᠶᠢᠲᠡᠯᠡᠵᠦ᠂ ᠰᠢᠶᠠᠨ ᠤ ᠬᠡᠪᠴᠢᠶᠡᠨ ᠤ ᠠᠯᠪᠠᠨ | ᠵᠢᠷᠤᠮ ᠤᠨ ᠰᠤᠷᠭᠠᠨ ᠬᠥᠮᠦᠵᠢᠯ ᠢ ᠴᠢᠨᠠᠷ ᠰᠠᠶᠢᠲᠠᠶ ᠪᠥᠭᠡᠳ ᠲᠡᠩᠴᠡᠭᠦᠷᠢᠲᠡᠶ ᠡᠭᠦᠳᠦᠨ ᠪᠠᠶᠢᠭᠤᠯᠬᠤ ᠠᠵᠢᠯ ᠢ | ᠵᠢᠯᠣᠭᠤᠳᠤᠨ᠎ᠠ᠃ ᠪᠦᠯᠦᠭᠴᠢᠯᠡᠭᠰᠡᠨ ᠰᠤᠷᠭᠠᠭᠤᠯᠢ ᠡᠷᠭᠢᠯᠡᠬᠦ ᠵᠢᠯᠣᠭᠤᠳᠬᠤ ᠰᠠᠨᠠᠯ ᠢ ᠰᠤᠳᠤᠯᠤᠨ ᠦᠢᠯᠡᠳᠦᠨ᠎ᠡ᠃ | ᠰᠢᠯᠭᠠᠬᠤ ᠥᠬᠡᠶ ᠪᠠᠷ ᠬᠡᠷ ᠣᠶᠢᠷᠠᠯᠴᠠᠭ᠎ᠠ ᠰᠤᠷᠭᠠᠭᠤᠯᠢ ᠳᠤ ᠣᠷᠣᠭᠤᠯᠬᠤ ᠶᠢ ᠪᠦᠷᠢᠨ ᠪᠥᠷᠬᠦᠭᠦᠯᠬᠦ ᠪᠠ ︽ᠪᠦᠬᠦ | ᠠᠷᠠᠳ ᠢ ᠠᠳᠠᠯᠢ ᠡᠯᠰᠡᠬᠦ︾ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠡᠯ᠎ᠡ ᠭᠠᠵᠠᠷ ᠤᠨᠰᠤᠷᠭᠠᠭᠤᠯᠢ ᠶᠢ | ᠵᠢᠯᠣᠭᠤᠳᠤᠨ ᠬᠡᠰᠡᠭ ᠵᠢᠷᠤᠭᠯᠠᠬᠤ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠦᠨ᠎ᠡ᠃ ᠳᠠᠭᠠᠵᠤ ᠨᠡᠭᠦᠭᠰᠡᠨᠦᠷᠡ | ᠬᠡᠦᠬᠡᠳ ᠤᠨ ᠰᠤᠷᠭᠠᠭᠤᠯᠢ ᠳᠤ ᠣᠷᠣᠬᠤ ᠠᠵᠢᠯ ᠢ ᠭᠦᠨᠵᠡᠭᠡᠶ ᠰᠠᠶᠢᠲᠤᠷ ᠬᠢᠨ᠎ᠡ᠃ ᠰᠤᠷᠭᠠᠭᠤᠯᠢ ᠶᠢᠨ | ᠬᠠᠷᠢᠶᠠᠯᠠᠯ ᠤᠨ ᠬᠠᠮᠢᠶᠠᠷᠤᠯᠲᠠ ᠶᠢᠨ ᠠᠷᠭ᠎ᠠ ᠳᠤ ᠵᠠᠰᠠᠪᠤᠷᠢ ᠣᠷᠣᠭᠤᠯᠤᠨ ᠨᠡᠶᠢᠲᠡᠯᠡᠵᠦ᠂ ᠰᠤᠷᠭᠠᠭᠤᠯᠢ ᠶᠢᠨ | ᠬᠠᠷᠢᠶᠠᠯᠠᠯ ᠤᠨ ᠬᠠᠮᠢᠶᠠᠷᠤᠯᠲᠠ ᠶᠢ ᠴᠢᠩᠭ᠎ᠠ ᠵᠢᠷᠤᠮᠵᠢᠭᠤᠯᠤᠨ᠎ᠠ ᠭᠡᠵᠡᠢ᠃ | ᠲᠤᠷᠤᠨ᠎ᠠ |