ᠬᠠᠶᠢᠠᠨᠠᠨ ᠲᠣᠭᠤᠷᠢᠭ ᠤᠨ ᠴᠢᠨᠠᠷ ᠰᠠᠶᠢᠲᠠᠢ ᠬᠥᠭᠵᠢᠯᠲᠡ ᠶᠢ ᠭᠦᠨᠵᠡᠭᠡᠢ ᠠᠬᠢᠭᠤᠯᠬᠤ ᠠᠵᠢᠯᠯᠠᠭᠠᠨ ᠤ ᠲᠥᠰᠥᠯ 
ᠨᠡᠶᠢᠲᠡᠯᠡᠭᠰᠡᠨ ᠴᠠᠭ᠄
2022/10/21
      ᠰᠢ ᠶᠢᠨ ᠫᠢᠩ ᠶᠡᠷᠦᠩᠬᠡᠢ ᠱᠦᠵᠢ ᠶᠢᠨ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ ᠣᠨᠣᠪᠴᠢᠲᠠᠶ ᠪᠦᠬᠦ ᠲᠠᠯ᠎ᠠ  ᠪᠠᠷ ᠲᠤᠤᠱᠯᠠᠭᠤᠯᠬᠤ ᠲᠤᠬᠠᠢ ᠴᠢᠬᠤᠯᠠ ᠥᠭᠦᠯᠡᠯᠲᠡ ᠵᠢᠴᠢ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠭᠦᠨᠵᠡᠭᠡᠢ ᠲᠤᠤᠱᠯᠠᠭᠤᠯᠬᠤ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ᠂  ᠬᠤᠳᠠ ᠶᠢᠨ ᠨᠠᠢᠮᠠᠳᠤᠭᠠᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ᠂ ᠬᠠᠶᠢᠨᠠᠨ ᠲᠣᠭᠤᠷᠢᠭ ᠤᠨ ᠶᠢᠰᠦᠳᠦᠭᠡᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠠᠵᠤ ᠦᠢᠯᠡᠰ ᠤᠨ ᠪᠦᠲᠦᠴᠡ ᠶᠢ ᠰᠢᠯᠢᠳᠡᠭᠵᠢᠭᠦᠯᠦᠨ ᠲᠡᠰ ᠳᠡᠪᠰᠢᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠶᠠᠰᠤ ᠴᠢᠨᠠᠷ᠂ ᠦᠷ᠎ᠡ ᠠᠰᠢᠭ᠂ ᠬᠥᠳᠡᠯᠭᠡᠭᠦ ᠬᠦᠴᠦᠨ ᠤ ᠬᠤᠪᠢᠰᠤᠯᠲᠠ ᠪᠠᠷ ᠬᠠᠶᠢᠨᠠᠨ ᠲᠣᠭᠤᠷᠢᠭ ᠤᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠮᠠᠨ ᠤ ᠲᠣᠭᠤᠷᠢᠭ ᠤᠨ ᠠᠵᠢᠯ ᠤᠨ ᠪᠣᠳᠠᠲᠤ ᠪᠠᠶᠢᠳᠠᠯ ᠲᠠᠢ ᠤᠶᠠᠯᠳᠤᠭᠤᠯᠵᠤ᠂ ᠳᠣᠣᠷᠠᠬᠢ ᠮᠡᠲᠦ ᠠᠵᠢᠯᠯᠠᠭ᠎ᠠ ᠶᠢᠨ ᠲᠥᠰᠥᠯ ᠢ ᠲᠣᠭᠲᠠᠭᠠᠪᠠ᠃     ᠵᠢᠯᠤᠭᠤᠳᠬᠤ ᠦᠵᠡᠯ ᠰᠠᠨᠠᠭ᠎ᠠ      ᠰᠢ ᠶᠢᠨ ᠫᠢᠩ  ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠪᠠᠷ ᠭᠤᠣᠯ ᠰᠡᠳᠦᠪ ᠪᠣᠯᠭᠠᠵᠤ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ  ᠶᠢ ᠭᠦᠨᠵᠡᠭᠡᠶᠢᠷᠡᠭᠦᠯᠬᠦ ᠪᠠᠷ ᠭᠤᠣᠯ ᠱᠤᠭᠤᠮ ᠪᠣᠯᠭᠠᠵᠤ᠂ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠪᠠᠷ ᠡᠭᠦᠷᠭᠡ ᠪᠣᠯᠭᠠᠵᠤ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠪᠠᠷ ᠬᠥᠳᠡᠯᠭᠡᠭᠦ ᠬᠦᠴᠦᠨ ᠪᠣᠯᠭᠠᠵᠤ᠂ ᠠᠷᠠᠳ ᠲᠦᠮᠡᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠶᠢ ᠬᠠᠩᠭᠠᠬᠤ ᠪᠠᠷ ᠵᠣᠷᠢᠯᠭ᠎ᠠ ᠪᠣᠯᠭᠠᠵᠤ᠂ ᠪᠦᠲᠦᠴᠡ ᠶᠢ ᠲᠣᠬᠢᠷᠠᠭᠤᠯᠬᠤ᠂ ᠴᠢᠳᠠᠮᠵᠢ ᠶᠢ ᠬᠤᠪᠢᠷᠠᠭᠤᠯᠬᠤ᠂ ᠶᠠᠰᠤ ᠴᠢᠨᠠᠷ ᠦᠷ᠎ᠡ ᠠᠰᠢᠭ ᠢ ᠳᠡᠭᠡᠭᠰᠢᠯᠡᠭᠦᠯᠬᠦ ᠪᠠᠷ ᠭᠤᠣᠯ ᠰᠢᠪᠲᠤᠯᠬᠤ ᠴᠢᠭᠯᠡᠯ ᠪᠣᠯᠭᠠᠵᠤ᠂ ᠨᠡᠭᠦᠷᠡᠰᠦᠲᠥ᠋ᠷᠥᠭᠴᠢ ᠶᠢ ᠣᠷᠭᠢᠯ ᠳᠤ ᠬᠦᠷᠭᠡᠬᠦ᠂ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠬᠠᠷᠠᠯᠲᠠ ᠶᠢ ᠲᠣᠭᠲᠠᠭᠠᠵᠤ᠂ ᠥᠪᠡᠷᠲᠡᠭᠡᠨ ᠵᠠᠰᠠᠬᠤ ᠣᠷᠣᠨ ᠤ ︽ᠬᠤᠶᠠᠷ ᠬᠠᠯᠬᠠᠪᠴᠢ︾ ︽ᠬᠤᠶᠠᠷ ᠰᠠᠭᠤᠷᠢᠨ ᠭᠠᠵᠠᠷ︾ ᠪᠠ ︽ᠨᠢᠭᠡ ᠪᠠᠬᠢᠯᠡᠯᠲᠡ︾ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠶᠢ ᠰᠠᠨᠠᠭᠠᠴᠢᠯᠠᠭ᠎ᠠ ᠠᠴᠠ ᠪᠠᠨ ᠳᠠᠭᠠᠵᠤ ᠦᠢᠯᠡᠴᠢᠯᠡᠨ ᠬᠢᠵᠦ᠂ ᠬᠤᠲᠠ ᠶᠢᠨ ᠨᠠᠮ ᠤᠨ ᠬᠤᠷᠢᠶᠠᠨ ᠤ ︽ᠨᠢᠭᠡ ᠵᠢᠷᠤᠮᠯᠠᠯ ᠢ ᠪᠠᠷᠢᠮᠲᠠᠯᠠᠵᠤ᠂ ᠨᠢᠭᠡ ᠭᠤᠣᠯ ᠰᠢᠵᠢᠮ ᠢ ᠲᠤᠤᠱᠯᠠᠭᠤᠯᠵᠤ᠂ ᠬᠤᠶᠠᠷ ᠶᠡᠭᠡ ᠡᠭᠦᠷᠭᠡ ᠶᠢ ᠠᠬᠢᠭᠤᠯᠵᠤ᠂ ︿ᠭᠤᠷᠪᠠᠨ ᠥᠨᠳᠥᠷ﹀ ᠬᠠᠷᠠᠯᠲᠠ ᠶᠢ ᠪᠡᠶᠡᠯᠡᠭᠦᠯᠬᠦ︾ ᠬᠥᠭᠵᠢᠯᠲᠡ ᠶᠢᠨ ᠰᠡᠳᠬᠢᠴᠡ ᠶᠢ ᠪᠦᠬᠦ ᠲᠠᠯ᠎ᠠ  ᠪᠠᠷ ᠨᠠᠶᠢᠳᠠᠪᠤᠷᠢᠵᠢᠭᠤᠯᠵᠤ᠂ ᠠᠮᠢ ᠠᠬᠤᠢ ᠶᠢ ᠲᠡᠷᠢᠭᠦᠨ ᠳᠤ ᠲᠠᠯᠪᠢᠬᠤ᠂ ᠪᠣᠬᠢᠷᠳᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠡᠷᠡᠰ ᠰᠠᠶᠢᠲᠤᠷ ᠵᠠᠮᠨᠠᠵᠤ᠂ ᠤᠯᠠᠮᠵᠢᠯᠠᠯᠲᠤ ᠠᠵᠤ ᠦᠢᠯᠡᠰ ᠤᠨ ᠳᠠᠪᠬᠤᠴᠠᠨ ᠲᠠᠰ ᠳᠡᠪᠰᠢᠬᠦ᠂ ᠥᠨᠳᠥᠷ ᠬᠢᠷᠢ ᠲᠦᠪᠰᠢᠨ ᠲᠠᠢ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠭᠰᠠᠨ ᠠᠵᠤ ᠦᠢᠯᠡᠰ ᠤᠨ ᠬᠡᠯᠬᠢᠶ᠎ᠡ ᠶᠢᠨ ᠲᠠᠰ ᠳᠡᠪᠰᠢᠬᠦ ᠶᠢ ᠥᠨᠳᠥᠷ ᠪᠠᠷᠢᠮᠵᠢᠶ᠎ᠠ ᠪᠠᠷ ᠲᠦᠯᠬᠢᠨ ᠠᠬᠢᠭᠤᠯᠵᠤ᠂ ᠠᠵᠤ ᠦᠢᠯᠡᠰ ᠤᠨ ᠳᠡᠭᠡᠳᠦ ᠲᠠᠰ ᠤᠨ᠂ ᠪᠣᠬᠢᠷᠳᠤᠯ ᠦᠭᠡᠢ᠂ ᠣᠶᠤᠨᠴᠢᠯᠠᠯᠲᠠ ᠳᠠᠰᠢ ᠬᠥᠭᠵᠢᠬᠦ ᠶᠢ ᠪᠥᠬᠦ ᠬᠦᠴᠦᠨ ᠢᠶᠠᠷ ᠢᠶᠠᠨ ᠲᠦᠯᠬᠢᠨ ᠠᠬᠢᠭᠤᠯᠵᠤ᠂ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮᠵᠢ ᠶᠢ ᠲᠦᠷᠭᠡᠳᠬᠡᠨ ᠪᠠᠶᠢᠭᠤᠯᠤᠨ᠎ᠠ᠃      ᠠᠵᠢᠯ ᠤᠨ ᠬᠠᠷᠠᠯᠲᠠ      ᠠᠵᠤ ᠠᠬᠤᠢ ᠶᠢᠨ ᠬᠥᠭᠵᠢᠯᠲᠡ ᠶᠢ ᠡᠬᠢ ᠪᠠᠶᠠᠯᠢᠭ ᠲᠤ ᠲᠦᠰᠢᠭᠯᠡᠬᠦ ᠬᠡᠯᠪᠡᠷᠢ ᠠᠴᠠ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠬᠡᠯᠪᠡᠷᠢ ᠲᠡᠰᠢ ᠬᠤᠪᠢᠷᠠᠭᠤᠯᠬᠤ᠂ ᠪᠦᠳᠦᠭᠦᠯᠢᠭ ᠪᠥᠭᠡᠳ ᠥᠨᠳᠥᠷ ᠨᠡᠭᠦᠷᠡᠰᠦᠲᠥ᠋ᠷᠥᠭᠴᠢᠲᠦ ᠬᠡᠯᠪᠡᠷᠢ ᠠᠴᠠ ᠪᠣᠬᠢᠷᠳᠤᠯ ᠦᠭᠡᠢ ᠳᠣᠣᠷ᠎ᠠ ᠨᠡᠭᠦᠷᠡᠰᠦᠲᠥ᠋ᠷᠥᠭᠴᠢᠲᠦ ᠬᠡᠯᠪᠡᠷᠢ ᠲᠡᠰᠢ ᠬᠤᠪᠢᠷᠠᠭᠤᠯᠬᠤ᠂ ᠲᠠᠷᠠᠬᠠᠢ ᠪᠤᠲᠠᠷᠬᠠᠢ ᠦᠷ᠎ᠡ ᠠᠰᠢᠭ ᠢᠶᠠᠷ ᠳᠣᠣᠷ᠎ᠠ ᠬᠡᠯᠪᠡᠷᠢ ᠠᠴᠠ ᠡᠷᠴᠢᠮᠵᠢᠭᠦᠯᠦᠭᠰᠡᠨ ᠥᠨᠳᠥᠷ ᠦᠷ᠎ᠡ ᠠᠰᠢᠭ ᠲᠠᠢ ᠬᠡᠯᠪᠡᠷᠢ ᠲᠡᠰᠢ ᠬᠤᠪᠢᠷᠠᠭᠤᠯᠬᠤ ᠶᠢ ᠠᠬᠢᠭᠤᠯᠤᠨ᠎ᠠ᠃ 2025 ᠣᠨ ᠪᠣᠯᠬᠤ ᠳᠤ ᠮᠠᠨ ᠤ ᠲᠣᠭᠤᠷᠢᠭ ᠤᠨ ᠤᠯᠠᠮᠵᠢᠯᠠᠯᠲᠤ ᠠᠵᠤ ᠦᠢᠯᠡᠰ ᠤᠨ ᠳᠠᠪᠬᠤᠴᠠᠨ ᠲᠠᠰ ᠳᠡᠪᠰᠢᠬᠦ ᠶᠢ ᠴᠢᠬᠤᠯᠠ ᠶᠡᠭᠡ ᠠᠬᠢᠴᠠ ᠲᠠᠢ ᠪᠣᠯᠭᠠᠵᠤ᠂ ᠰᠢᠨ᠎ᠡ ᠡᠨᠧᠷᠭᠢ᠂ ᠰᠢᠨ᠎ᠡ ᠮᠠᠲ᠋ᠧᠷᠢᠶᠠᠯ ᠬᠤᠶᠠᠷ ᠶᠡᠭᠡ ᠠᠵᠤ ᠦᠢᠯᠡᠰ ᠤᠨ ᠰᠠᠭᠤᠷᠢᠨ ᠭᠠᠵᠠᠷ ᠢ ᠠᠩᠬ᠎ᠠ ᠠᠯᠬᠤᠮ ᠬᠡᠪᠴᠢᠶᠡᠵᠢᠭᠦᠯᠵᠦ᠂ ᠰᠢᠨ᠎ᠡ ᠠᠵᠤ ᠠᠬᠤᠢ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠰᠢᠨ᠎ᠡ ᠵᠠᠭᠪᠤᠷ ᠢ ᠲᠦᠷᠭᠡᠳᠬᠡᠨ ᠬᠥᠭᠵᠢᠭᠦᠯᠵᠦ᠂ ᠲᠣᠭᠠᠴᠢᠯᠠᠭᠰᠠᠨ ᠠᠵᠤ ᠠᠬᠤᠢ ᠬᠢᠭᠡᠳ ᠪᠣᠳᠠᠲᠤ ᠴᠣᠭᠴᠠ ᠶᠢᠨ ᠠᠵᠤ ᠠᠬᠤᠢ ᠶᠢ ᠭᠦᠨᠵᠡᠭᠡᠢ ᠠᠭᠤᠰᠤᠯᠴᠠᠭᠤᠯᠤᠨ᠂ ᠠᠵᠤ ᠦᠢᠯᠡᠰ ᠤᠨ ᠪᠦᠲᠦᠴᠡ ᠶᠢ ᠲᠠᠰᠤᠷᠠᠯᠲᠠ ᠦᠭᠡᠢ ᠰᠢᠯᠢᠳᠡᠭᠵᠢᠭᠦᠯᠵᠦ᠂ ᠣᠳᠣᠬᠢᠴᠢᠯᠠᠭᠰᠠᠨ ᠠᠵᠤ ᠠᠬᠤᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ ᠴᠢᠬᠤᠯᠠ ᠶᠡᠭᠡ ᠠᠬᠢᠴᠠ ᠲᠠᠢ ᠪᠣᠯᠭᠠᠵᠤ᠂ ᠡᠬᠢ ᠪᠠᠶᠠᠯᠢᠭ ᠤᠨ ᠬᠡᠯᠪᠡᠷᠢ ᠶᠢᠨ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠬᠥᠭᠵᠢᠬᠦ ᠶᠢ ᠠᠩᠬ᠎ᠠ ᠠᠯᠬᠤᠮ ᠦᠷ᠎ᠡ ᠪᠦᠲᠦᠮᠵᠢ ᠲᠠᠢ ᠪᠣᠯᠭᠠᠨ᠎ᠠ᠃      ᠠᠵᠢᠯ ᠤᠨ ᠵᠠᠷᠴᠢᠮ       ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠳᠠᠯᠠᠬᠤ       ᠠᠷᠠᠳ ᠲᠦᠮᠡᠨ ᠢᠶᠠᠷ ᠭᠤᠣᠯ ᠪᠣᠯᠭᠠᠬᠤ ᠶᠢ ᠪᠠᠷᠢᠮᠲᠠᠯᠠᠨ᠎ᠠ       ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠠᠷᠢᠮᠲᠠᠯᠠᠨ᠎ᠠ        ᠰᠢᠰᠲ᠋ᠧᠮᠲᠦ ᠦᠵᠡᠯᠲᠡ ᠶᠢ ᠪᠠᠷᠢᠮᠲᠠᠯᠠᠬᠤ      ᠭᠤᠣᠯ ᠡᠭᠦᠷᠭᠡ     ᠠᠮᠢ ᠠᠬᠤᠢ ᠶᠢᠨ ᠣᠷᠴᠢᠨ ᠨᠥᠬᠦᠴᠡᠯ ᠢ ᠶᠡᠷᠦᠩᠬᠡᠶᠢᠯᠡᠨ ᠵᠠᠰᠠᠬᠤ ᠠᠵᠢᠯ ᠢ ᠬᠦᠴᠦᠯᠡᠨ ᠴᠢᠩᠭᠠᠳᠬᠠᠨ᠎ᠠ     ᠤᠯᠠᠮᠵᠢᠯᠠᠯᠲᠤ ᠠᠵᠤ ᠦᠢᠯᠡᠰ ᠤᠨ ᠳᠠᠪᠬᠤᠴᠠᠨ ᠲᠠᠰ ᠳᠡᠪᠰᠢᠬᠦ ᠶᠢ ᠬᠦᠴᠦᠯᠡᠨ ᠠᠬᠢᠭᠤᠯᠤᠨ᠎ᠠ     ᠰᠢᠨ᠎ᠡ ᠡᠨᠧᠷᠭᠢ᠂ ᠰᠢᠨ᠎ᠡ ᠮᠠᠲᠧᠷᠢᠶᠠᠯ ᠤᠨ ᠰᠠᠭᠤᠷᠢᠨ ᠢ ᠬᠦᠴᠦᠯᠡᠨ ᠪᠦᠲᠦᠭᠡᠨ ᠪᠠᠶᠢᠭᠤᠯᠤᠨ᠎ᠠ     ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠰᠢᠨ᠎ᠡ ᠪᠠᠷ ᠬᠥᠭᠵᠢᠭᠰᠡᠨ ᠠᠵᠤ ᠦᠢᠯᠡᠰ ᠢ ᠬᠦᠴᠦᠯᠡᠨ ᠪᠣᠶᠢᠵᠢᠭᠤᠯᠤᠨ ᠪᠣᠵᠠᠭᠠᠶᠢᠷᠠᠭᠤᠯᠤᠨ᠎ᠠ      ᠤᠳᠤ ᠦᠶ᠎ᠡ ᠶᠢᠨ ᠦᠢᠯᠡᠴᠢᠯᠡᠭᠡᠨ ᠤ ᠤᠶᠢᠯᠡᠰ ᠢ ᠬᠦᠴᠤᠯᠡᠨ ᠬᠦᠭᠵᠢᠭᠦᠯᠤᠨ᠎ᠡ      ᠬᠦᠷᠢᠶᠡᠯᠡᠩ ᠲᠣᠭᠤᠷᠢᠭ ᠤᠨ ᠪᠦᠲᠦᠭᠡᠨ ᠪᠠᠶᠢᠭᠤᠯᠤᠯᠲᠠ ᠪᠣᠯᠣᠨ ᠴᠢᠬᠤᠯᠠ ᠡᠯᠧᠮᠧᠨ᠋ᠲ ᠤᠨ ᠪᠠᠲᠤᠯᠠᠭ᠎ᠠ ᠶᠢ ᠬᠦᠴᠦᠯᠡᠨ ᠴᠢᠭᠭᠠᠳᠬᠠᠨ᠎ᠠ     ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠪᠠ ᠨᠡᠭᠡᠭᠡᠯᠲᠡ ᠬᠢᠵᠦ ᠬᠥᠭᠵᠢᠭᠦᠯᠬᠦ ᠪᠠᠷ ᠬᠦᠴᠦᠯᠡᠨ ᠴᠢᠷᠮᠠᠶᠢᠨ᠎ᠠ     ᠬᠦᠨᠳᠦ ᠶᠡᠭᠡ ᠠᠶᠤᠯ ᠲᠦᠭᠰᠢᠭᠦᠷᠢ ᠶᠢ ᠬᠦᠴᠦᠯᠡᠨ ᠰᠡᠷᠭᠡᠶᠢᠯᠡᠨ ᠨᠠᠮᠳᠠᠭᠠᠨ᠎ᠠ     ᠪᠠᠲᠤᠯᠠᠭ᠎ᠠ ᠶᠢᠨ ᠠᠷᠭ᠎ᠠ ᠬᠡᠮᠵᠢᠶ᠎ᠡ     ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠬᠤ     ᠵᠠᠳᠠᠯᠤᠨ ᠰᠤᠳᠤᠯᠵᠤ ᠮᠠᠭᠠᠳᠯᠠᠬᠤ ᠶᠢ ᠴᠢᠩᠭᠠᠳᠬᠠᠬᠤ     ᠠᠷᠠᠯᠵᠢᠶᠠᠴᠢᠨ ᠤᠷᠢᠵᠤ ᠪᠡᠯᠡ ᠣᠷᠣᠭᠤᠯᠬᠤ ᠶᠢ ᠴᠢᠩᠭ᠎ᠠ ᠠᠳᠬᠤᠬᠤ ᠬᠡᠷᠡᠭᠲᠡᠢ      ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠦᠨ᠎ᠡ      ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠬᠤ ᠲᠠᠨ᠎ᠠ
 
ᠢᠷᠡᠯᠲᠡ᠄ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号