ᠬᠠᠶᠢᠨᠠᠨ ᠲᠣᠭᠤᠷᠢᠭ ᠤᠨ ︽ᠨᠢᠭᠡ ᠰᠦᠯᠵᠢᠶ᠎ᠡ ᠪᠠᠷ ᠪᠦᠬᠦᠨ ᠢ ᠡᠷᠬᠢᠯᠡᠬᠦ︾᠂ ︽ᠪᠦᠬᠦ ᠬᠤᠲᠠ ᠪᠠᠷ ᠪᠦᠬᠦᠨ ᠢ ᠡᠷᠬᠢᠯᠡᠬᠦ︾ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠠᠵᠢᠯ ᠤᠨ ᠲᠥᠰᠥᠯ
ᠨᠡᠶᠢᠲᠡᠯᠡᠭᠰᠡᠨ ᠴᠠᠭ᠄
2022/10/26
ᠨᠢᠭᠡ᠂ ᠵᠢᠯᠤᠭᠤᠳᠬᠤ ᠦᠵᠡᠯ ᠰᠠᠨᠠᠭ᠎ᠠ      ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠨ᠎ᠠ᠃ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠣᠯᠣᠨ ᠠᠷᠪᠠ ᠶᠢᠰᠦᠳᠦᠭᠡᠷ ᠬᠤᠭᠤᠴᠠᠭᠠᠨ ᠤ ᠤᠳᠠᠭ᠎ᠠ ᠪᠦᠷᠢ ᠶᠢᠨ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠤ᠂ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠡᠯ᠎ᠡ ᠵᠦᠢᠯ ᠤᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ︽ᠢᠨᠲ᠋ᠧᠷ ᠰᠦᠯᠵᠢᠶ᠎ᠡ + ᠵᠠᠰᠠᠭ ᠤᠨ ᠶᠠᠪᠤᠳᠠᠯ ᠤᠨ ᠦᠢᠯᠡᠴᠢᠯᠡᠭᠡ︾ ᠶᠢ ᠭᠦᠨᠵᠡᠭᠡᠢ ᠠᠬᠢᠭᠤᠯᠵᠤ᠂ ᠡᠬᠢ ᠪᠠᠶᠠᠯᠢᠭ ᠢ ᠤᠯᠠᠮ ᠨᠢᠭᠡ ᠠᠯᠬᠤᠮ ᠡᠮᠬᠢᠯᠡᠨ ᠨᠡᠶᠢᠯᠡᠭᠦᠯᠵᠦ᠂ ᠶᠠᠪᠤᠴᠠ ᠶᠢ ᠰᠢᠯᠢᠳᠡᠭᠵᠢᠭᠦᠯᠦᠨ᠂ ᠬᠠᠮᠵᠢᠯᠴᠠᠭ᠎ᠠ ᠶᠢ ᠴᠢᠩᠭᠠᠳᠬᠠᠵᠤ ᠂ ᠥᠪᠡᠷᠲᠡᠭᠡᠨ ᠵᠠᠰᠠᠬᠤ ᠣᠷᠣᠨ ᠤ ᠨᠢᠭᠡ ᠴᠣᠭᠴᠠᠵᠢᠭᠰᠠᠨ ᠰᠦᠯᠵᠢᠶᠡᠨ ᠳᠡᠭᠡᠷᠡᠬᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠵᠤ ᠠᠬᠤᠶᠢᠯᠠᠯ ᠤᠨ ᠣᠯᠠᠨ ᠲᠦᠮᠡᠨ ᠤ ᠬᠡᠷᠡᠭ ᠶᠠᠪᠤᠳᠠᠯ ᠰᠢᠢᠳᠪᠦᠷᠢᠯᠡᠬᠦ ᠰᠢᠰᠲ᠋ᠧᠮ ᠨᠢ ᠪᠤᠳᠤᠯᠢᠶᠠᠨᠲᠠᠢ᠂ ᠬᠡᠷᠡᠭ ᠶᠠᠪᠤᠳᠠᠯ ᠤᠨ ᠪᠠᠷᠢᠮᠵᠢᠶ᠎ᠠ ᠨᠢ ᠠᠳᠠᠯᠢ ᠦᠭᠡᠢ᠂ ᠲᠤᠭ᠎ᠠ ᠪᠠᠷᠢᠮᠲᠠ ᠶᠢ ᠬᠠᠮᠲᠤ ᠪᠠᠷ ᠡᠳ᠋ᠯᠡᠬᠦ  ᠨᠢ ᠰᠢᠯᠤᠭᠤᠨ ᠪᠤᠰᠤ᠂ ᠲᠤᠬᠠᠶᠢᠯᠠᠭᠰᠠᠨ ᠠᠵᠢᠯ ᠤᠨ ᠬᠠᠮᠵᠢᠯᠴᠠᠭ᠎ᠠ ᠨᠢ ᠬᠦᠷᠦᠯᠴᠡᠬᠦ ᠦᠭᠡᠢ ᠵᠡᠷᠭᠡ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠡᠷᠡᠭ ᠶᠠᠪᠤᠳᠠᠯ ᠢ ︽ᠨᠢᠭᠡ ᠰᠦᠯᠵᠢᠶ᠎ᠡ ᠪᠠᠷ ᠨᠡᠶᠢᠳᠡᠮ ᠰᠢᠢᠳᠪᠦᠷᠢᠯᠡᠬᠦ︾ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠦᠨ᠂ ︽ᠪᠥᠬᠦ ᠬᠤᠲᠠ ᠳᠤ ᠨᠡᠶᠢᠳᠡᠮ ᠰᠢᠢᠳᠪᠦᠷᠢᠯᠡᠬᠦ︾ ᠥᠭᠡᠷᠡᠴᠢᠯᠡᠯᠲᠡ ᠶᠢ ᠲᠣᠭᠲᠠᠭᠤᠨ ᠢᠶᠠᠷ ᠬᠡᠷᠡᠭᠵᠢᠭᠦᠯᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠵᠠᠰᠠᠭ ᠤᠨ ᠣᠷᠳᠣᠨ ᠤ ᠬᠠᠩᠭᠠᠯᠭ᠎ᠠ ᠠᠴᠠ ᠣᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠳᠠᠰᠢ ᠬᠤᠪᠢᠷᠠᠭᠤᠯᠬᠤ ᠶᠢ ᠲᠦᠯᠬᠢᠨ ᠠᠬᠢᠭᠤᠯᠵᠤ᠂ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠬᠦ ᠳᠤ ᠬᠦᠴᠦᠲᠡᠢ ᠲᠤᠯᠭᠠᠭᠤᠷᠢᠯᠠᠯ ᠬᠠᠩᠭᠠᠨ᠎ᠠ᠃ᠬᠤᠶᠠᠷ᠂ ᠬᠡᠷᠡᠭᠵᠢᠭᠦᠯᠬᠦ ᠵᠠᠷᠴᠢᠮ      1. ᠲᠥᠬᠦᠮ ᠦᠵᠡᠭᠦᠯᠬᠦ ᠵᠠᠷᠴᠢᠮ ᠢ ᠪᠠᠷᠢᠮᠲᠠᠯᠠᠨ᠎ᠠ      2. ᠨᠢᠭᠡᠳᠦᠯᠲᠡᠢ ᠲᠥᠯᠥᠪᠯᠡᠨ ᠠᠬᠢᠭᠤᠯᠬᠤ ᠵᠠᠷᠴᠢᠮ ᠢ ᠪᠠᠷᠢᠮᠲᠠᠯᠠᠨ᠎ᠠ      3. ︽ᠠᠯᠠᠭᠠᠨ ᠳᠡᠭᠡᠷ᠎ᠡ ᠪᠠᠨ︾ ᠪᠠᠶᠢᠬᠤ ᠶᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠵᠤ᠂       ᠥᠪᠡᠷ ᠢᠶᠠᠨ ᠲᠤᠰᠠᠯᠠᠬᠤ ︽ᠰᠦᠯᠵᠢᠶᠡᠨ ᠤ ᠠᠯᠪᠠᠨ ᠭᠡᠷ︾ ᠢ ᠪᠦᠬᠦ ᠲᠠᠯ᠎ᠠ ᠪᠠᠷ ᠰᠢᠢᠳᠪᠦᠷᠢᠯᠡᠬᠦ ᠵᠠᠷᠴᠢᠮᠭᠤᠷᠪᠠ᠂ ᠶᠡᠷᠦᠩᠬᠡᠢ ᠬᠠᠷᠠᠯᠲᠠ     ᠥᠪᠡᠷᠲᠡᠭᠡᠨ ᠵᠠᠰᠠᠬᠤ ᠣᠷᠣᠨ᠂ ᠦᠬᠠᠢ ᠬᠤᠲᠠ ᠶᠢᠨ ︽ᠥᠪᠥᠷ ᠮᠣᠩᠭᠤᠯ ᠤᠨ ᠲᠦᠷᠭᠡᠨ ᠬᠤᠷᠳᠤᠴᠠ ᠶᠢᠨ ᠠᠵᠢᠯ ᠤᠨ ᠠᠯᠪᠠᠨ ᠭᠡᠷ ᡻ ᠨᠢᠭᠡᠳᠦᠭᠡᠷ ᠰᠦᠯᠵᠢᠶᠡᠨ ᠤ ᠠᠵᠢᠯ ᠤᠨ ᠠᠯᠪᠠᠨ ᠭᠡᠷ︾ ᠤᠨ ᠶᠡᠷᠦᠩᠬᠡᠢ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠣᠰᠣᠭᠠᠷ᠂ ᠲᠤᠬᠠᠢ ᠶᠢᠨ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠨᠢᠭᠡ ᠴᠣᠭᠴᠠᠵᠢᠭᠰᠠᠨ ᠵᠠᠰᠠᠭ ᠤᠨ ᠶᠠᠪᠤᠳᠠᠯ ᠤᠨ ᠲᠤᠭ᠎ᠠ ᠪᠠᠷᠢᠮᠲᠠ ᠶᠢ ᠴᠤᠭᠯᠠᠭᠤᠯᠤᠨ ᠬᠠᠮᠲᠤ ᠪᠠᠷ ᠡᠳ᠋ᠯᠡᠬᠦ ᠵᠢᠴᠢ ᠡᠯᠧᠺᠲᠷᠣᠨ ᠲᠠᠮᠠᠭ᠎ᠠ᠂ ᠡᠯᠧᠺᠲᠷᠣᠨ ᠦᠨᠡᠮᠯᠡᠯ ᠤᠨ ᠬᠡᠷᠡᠭᠯᠡᠯᠲᠡ ᠶᠢ ᠭᠦᠨᠵᠡᠭᠡᠢ ᠠᠬᠢᠭᠤᠯᠵᠤ᠂ ᠬᠤᠲᠠ᠂ ᠲᠣᠭᠤᠷᠢᠭ ᠂ ᠪᠠᠯᠭᠠᠰᠤ ︵ᠵᠡᠭᠡᠯᠢ ᠭᠤᠳᠤᠮᠵᠢ︶ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠤᠨ ᠪᠠᠷᠢᠮᠵᠢᠶ᠎ᠠ ᠶᠢ ᠨᠢᠭᠡᠳᠦᠯᠲᠡᠢ ᠪᠠᠶᠢᠯᠭᠠᠬᠤ᠂ ᠪᠦᠬᠦᠯᠢ ᠴᠣᠭᠴᠠ ᠪᠠᠷ ᠢᠶᠠᠨ ᠬᠠᠮᠲᠤᠷᠠᠨ ᠬᠥᠳᠡᠯᠦᠯᠴᠡᠬᠦ᠂ ᠲᠤᠬᠠᠶᠢᠯᠠᠭᠰᠠᠨ ᠠᠵᠢᠯ ᠢᠶᠠᠷ ᠢᠶᠠᠨ ᠬᠠᠮᠵᠢᠯᠴᠠᠬᠤ ᠶᠢ ᠦᠨᠳᠦᠰᠦᠨ ᠳᠡᠭᠡᠨ ᠪᠡᠶᠡᠯᠡᠭᠦᠯᠵᠦ᠂ ᠬᠠᠤᠯᠢ ᠴᠠᠭᠠᠵᠠ ᠬᠠᠤᠯᠢ ᠲᠣᠭᠲᠠᠭᠠᠯ ᠳᠤ ᠠᠰᠲᠠᠭᠠᠨ ᠲᠣᠭᠲᠠᠭᠠᠯ ᠲᠠᠢ ᠪᠤᠶᠤ ᠨᠢᠭᠤᠴᠠ ᠳᠤ ᠬᠤᠯᠪᠣᠭᠳᠠᠬᠤ ᠵᠡᠷᠭᠡ ᠬᠦᠴᠦᠨ ᠵᠦᠢᠯ ᠢ ᠭᠠᠷᠭᠠᠪᠠᠯ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ᠪᠦᠬᠦᠨ ᠢ ᠥᠪᠡᠷᠲᠡᠭᠡᠨ ᠵᠠᠰᠠᠬᠤ ᠣᠷᠣᠨ ᠤ ᠨᠢᠭᠡ ᠴᠣᠭᠴᠠᠵᠢᠭᠤᠯᠬᠤ ᠲᠠᠪᠴᠠᠩ ᠳᠤ ᠣᠷᠣᠭᠤᠯᠤᠨ ᠭᠦᠢᠴᠡᠳᠬᠡᠨ᠎ᠡ᠃ᠳᠥᠷᠪᠡ᠂ ᠪᠣᠳᠠᠲᠠᠢ ᠡᠭᠦᠷᠭᠡ      ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠤᠨ ᠪᠠᠷᠢᠮᠵᠢᠶᠠᠵᠢᠭᠰᠠᠨ ᠨᠠᠷᠢᠨ ᠳᠠᠩᠰᠠ ᠶᠢᠨ ᠬᠠᠮᠢᠶᠠᠷᠣᠯᠲᠠ ᠶᠢ ᠬᠡᠷᠡᠭᠵᠢᠭᠦᠯᠣᠨ᠎ᠡ      ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ᠬᠢᠨᠠᠨ ᠵᠥᠪᠰᠢᠶᠡᠷᠡᠬᠦ ᠶᠠᠪᠦᠴᠠ      ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ᠰᠦᠯᠵᠢᠶᠡᠨ ᠳᠡᠭᠡᠷ᠎ᠡ ᠭᠦᠢᠴᠡᠳᠭᠡᠬᠦ ᠶᠢ ᠲᠦᠷᠣᠯ ᠬᠤᠪᠢᠶᠠᠨ ᠠᠬᠢᠭᠤᠯᠤᠨ᠎ᠠ      ᠡᠯᠧᠺᠲᠷᠣᠨ ᠦᠨᠡᠮᠯᠡᠯ ᠤᠨ ᠨᠡᠶᠢᠭᠡᠮᠴᠢᠯᠡᠭᠰᠡᠨ ᠠᠬᠤᠢ ᠲᠠᠯᠠᠪᠠᠶ ᠶᠢᠨ ᠬᠡᠷᠡᠭᠯᠡᠯᠲᠡ ᠳᠡᠯᠭᠡᠷᠡᠭᠦᠯᠦᠯᠲᠡ ᠶᠢ ᠴᠢᠩᠭᠠᠳᠬᠠᠨ᠎ᠠ      PC ᠦᠵᠦᠭᠦᠷ᠂ ᠰᠢᠯᠵᠢᠮᠡᠯ ᠦᠵᠦᠭᠦᠷ᠂ ᠠᠦ᠋ᠲ᠋ᠣ᠋ ᠦᠵᠦᠭᠦᠷ ᠤᠨ ︽ᠣᠯᠠᠨ ᠦᠵᠦᠭᠦᠷ ᠤᠨ ᠠᠭᠤᠰᠤᠯᠴᠠᠯ ᠤᠨ ᠦᠢᠯᠡᠴᠢᠯᠡᠭᠡ ᠶᠢ ᠢᠳᠡᠪᠬᠢᠲᠡᠢ ᠪᠠᠷ ᠲᠦᠯᠬᠢᠨ ᠠᠬᠢᠭᠤᠯᠤᠨ᠎ᠠ      ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠤᠭ᠎ᠠ ᠪᠠᠷᠢᠮᠲᠠ ᠶᠢ ᠬᠠᠷᠭᠤᠭᠤᠯᠤᠨ ᠪᠠᠶᠢᠴᠠᠭᠠᠬᠤ ᠴᠢᠳᠠᠪᠤᠷᠢ ᠶᠢ ᠪᠦᠬᠦ ᠲᠠᠯ᠎ᠠ ᠪᠠᠷ ᠳᠡᠭᠡᠭᠰᠢᠯᠡᠭᠦᠯᠤᠨ᠎ᠡ      ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠤᠨ ︽ᠪᠥᠬᠦ ᠬᠤᠲᠠ ᠶᠢᠨ ᠨᠡᠶᠢᠳᠡᠮ ᠰᠢᠢᠳᠪᠦᠷᠢᠯᠡᠬᠦ︾ ᠦᠢᠯᠡᠴᠢᠯᠡᠭᠡ ᠶᠢ ᠬᠡᠷᠡᠭᠵᠢᠭᠦᠯᠤᠨ᠎ᠡ      ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠪᠠᠲᠤᠯᠠᠭ᠎ᠠ ᠶᠢᠨ ᠰᠢᠰᠲ᠋ᠧᠮ ᠢ ᠳᠠᠰᠣᠷᠠᠯᠲᠠ ᠦᠭᠡᠢ ᠲᠡᠭᠦᠯᠳᠡᠷᠵᠢᠭᠦᠯᠣᠨ᠎ᠡᠲᠠᠪᠤ᠂ ᠬᠡᠷᠡᠭᠵᠢᠭᠦᠯᠬᠦ ᠠᠷᠭ᠎ᠠ ᠮᠠᠶ᠋ᠢᠭ     1. ᠶᠡᠷᠦᠩᠬᠡᠢ ᠳᠡᠭᠡᠨ ᠲᠦᠷᠦᠭᠦᠯᠡᠨ ᠬᠢᠬᠦ ᠪᠠ ᠨᠢᠭᠡᠳᠦᠯᠲᠡᠢ ᠲᠥᠯᠥᠪᠯᠡᠵᠦ ᠬᠠᠮᠲᠤᠷᠠᠨ ᠬᠥᠳᠡᠯᠦᠯ᠊ ᠴᠡᠵᠦ ᠠᠬᠢᠭᠤᠯᠬᠤ ᠵᠠᠭᠪᠤᠷ ᠢ ᠬᠡᠷᠡᠭᠵᠢᠭᠦᠯᠦᠨ᠎ᠡ     2. ︽ᠨᠢᠭᠡ ᠰᠦᠯᠵᠢᠶᠡᠨ ᠤ ᠠᠯᠪᠠᠨ ᠭᠡᠷ︾ ︽ᠪᠦᠬᠦ ᠬᠤᠲᠠ ᠶᠢᠨ ᠠᠯᠪᠠᠨ ᠭᠡᠷ︾ ᠤᠨ ᠥᠭᠡᠷᠡᠴᠢᠯᠡᠯᠲᠡ  ᠶᠢᠨ ᠠᠵᠢᠯ ᠤᠨ ᠲᠤᠰᠬᠠᠢ ᠠᠩᠭᠢ ᠶᠢ ᠵᠣᠬᠢᠶᠠᠨ ᠪᠠᠶᠢᠭᠤᠯᠤᠨ᠎ᠠ     3. ︽ᠨᠢᠭᠡ ᠰᠦᠯᠵᠢᠶ᠎ᠡ ᠪᠠᠷ ᠪᠦᠬᠦᠨ ᠢ ᠰᠢᠢᠳᠪᠦᠷᠢᠯᠡᠬᠦ︾ ︽ᠪᠦᠬᠦ ᠬᠤᠲᠠ ᠪᠠᠷ ᠪᠦᠬᠦᠨ ᠢ ᠰᠢᠢᠳᠪᠦᠷᠢᠯᠡᠬᠦ︾ ᠥᠭᠡᠷᠡᠴᠢᠯᠡᠯᠲᠡ ᠶᠢᠨ ᠦᠷ᠎ᠡ ᠪᠦᠲᠦᠮᠵᠢ ᠶᠢ ᠣᠶᠢᠯᠠᠭᠠᠬᠤ ᠪᠦᠯᠬᠦᠮ ᠢ ᠵᠣᠬᠢᠶᠠᠨ ᠪᠠᠶᠢᠭᠤᠯᠤᠨ᠎ᠠᠵᠢᠷᠭᠤᠭ᠎ᠠ᠂ ᠪᠠᠲᠤᠯᠠᠭ᠎ᠠ ᠶᠢᠨ ᠱᠠᠭᠠᠷᠳᠠᠯᠭ᠎ᠠ      1. ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠎ᠠ      2. ᠬᠢᠨᠠᠯᠲᠠ ᠲᠠᠯᠪᠢᠵᠤ ᠰᠢᠯᠭᠠᠨ ᠬᠢᠨᠠᠬᠤ ᠶᠢ ᠴᠢᠩᠭᠠᠳᠬᠠᠨ᠎ᠠ 
 
ᠢᠷᠡᠯᠲᠡ᠄ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号