ᠵᠠᠰᠠᠭ ᠤᠨ ᠣᠷᠳᠣᠨ ᠤ ᠥᠭᠴᠡᠭᠡᠨ ᠤ ᠠᠶᠤᠯ ᠲᠦᠭᠰᠢᠭᠦᠷᠢ ᠶᠢ ᠪᠦᠲᠦᠮᠵᠢᠲᠡᠶ ᠰᠡᠷᠭᠡᠶᠢᠯᠡᠨ ᠠᠷᠢᠯᠭᠠᠵᠤ ᠠᠵᠤ ᠠᠬᠤᠢ ᠶᠢᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠠᠬᠢᠭᠤᠯᠣᠨ᠎ᠠ                            —  ᠬᠤᠲᠠ ᠶᠢᠨ ᠡᠳ᠋ ᠤᠨ ᠵᠠᠰᠠᠭ ᠤᠨ ᠲᠣᠪᠴᠢᠶᠠᠨ ᠤ ᠳᠠᠷᠤᠭ᠎ᠠ ᠵᠠᠩ
ᠨᠡᠶᠢᠲᠡᠯᠡᠭᠰᠡᠨ ᠴᠠᠭ᠄
2022/10/27
       ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ︽ᠦᠵᠡᠯ ᠰᠠᠨᠠᠭ᠎ᠠ ᠪᠠᠨ ᠳᠠᠬᠢᠨ ᠴᠢᠯᠦᠭᠡᠯᠡᠵᠦ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠦᠨᠡᠨᠬᠦ ᠬᠡᠷᠡᠭᠵᠢᠭᠦᠯᠵᠦ᠂ ᠴᠢᠨᠠᠷ ᠰᠠᠶᠢᠲᠠᠢ ᠬᠥᠭᠵᠢᠯᠲᠡ ᠶᠢᠨ ᠶᠡᠭᠡ ᠰᠤᠷᠤᠯᠴᠠᠯᠭ᠎ᠠ ᠶᠡᠭᠡ ᠶᠠᠷᠢᠯᠴᠠᠭ᠎ᠠ ᠶᠢ ᠠᠬᠢᠭᠤᠯᠬᠤ︾ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠤᠨ ᠵᠣᠷᠢᠭ ᠰᠠᠨᠠᠭ᠎ᠠ ᠶᠢ ᠬᠡᠷᠬᠢᠨ ᠪᠣᠳᠠᠲᠤ ᠠᠵᠢᠯᠯᠠᠭ᠎ᠠ ᠪᠠᠷ ᠢᠶᠠᠨ ᠰᠠᠶᠢᠲᠤᠷ ᠨᠠᠶᠢᠳᠠᠪᠤᠷᠢᠵᠢᠭᠤᠯᠬᠤ ᠲᠤᠬᠠᠢ ᠲᠦᠷᠦᠭᠦᠬᠡᠨ᠂ ᠬᠤᠲᠠ ᠶᠢᠨ ᠡᠳ᠋ ᠤᠨ ᠵᠠᠰᠠᠭ ᠤᠨ ᠲᠣᠪᠴᠢᠶᠠᠨ ᠤ  ᠳᠠᠷᠤᠭ᠎ᠠ ᠵᠠᠩ ᠶᠦᠩ ᠰᠤᠷᠪᠤᠯᠵᠢᠯᠠᠭᠴᠢ ᠶᠢᠨ ᠲᠤᠰᠬᠠᠢ ᠰᠣᠷᠪᠤᠯᠵᠢᠯᠠᠭ᠎ᠠ ᠶᠢ ᠬᠦᠯᠢᠶᠡᠪᠡ᠃      ᠵᠠᠩ ᠶᠦᠩ᠂ ᠣᠳᠣᠬᠠᠨ ᠳᠤ᠂ ᠮᠠᠨ ᠤ ᠬᠤᠳᠠ ᠶᠢᠨ ᠣᠷᠣᠯᠭ᠎ᠠ ᠵᠠᠷᠤᠯᠭ᠎ᠠ ᠶᠢᠨ ᠵᠥᠷᠢᠴᠡᠯ ᠨᠡᠯᠢᠶᠡᠳ ᠲᠣᠪᠣᠶᠢᠮ᠎ᠠ ᠪᠠᠶᠢᠨ᠎ᠠ᠂ ᠨᠢᠭᠡ ᠲᠠᠯ᠎ᠠ ᠪᠠᠷ ᠤᠯᠤᠰ ᠤᠨ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠪᠣᠯᠣᠨ ᠭᠠᠶᠢᠯᠢ ᠶᠢ ᠬᠥᠩᠭᠡᠯᠡᠵᠦ ᠰᠦᠢᠳᠬᠡᠯ ᠢ ᠪᠠᠭᠤᠷᠠᠭᠤᠯᠬᠤ ᠶᠢᠨ ᠨᠥᠯᠥᠭᠡ ᠠᠴᠠ ᠪᠣᠯᠵᠤ᠂ ᠭᠠᠶᠢᠯᠢ ᠶᠢᠨ ᠣᠷᠣᠯᠭ᠎ᠠ ᠨᠡᠯᠢᠶᠡᠳ ᠶᠡᠭᠡ ᠬᠡᠮᠵᠢᠶ᠎ᠡ ᠪᠠᠷ ᠪᠠᠭᠠᠰᠪᠠ︔ ᠨᠥᠭᠦᠭᠡ ᠲᠠᠯ᠎ᠠ ᠪᠠᠷ ᠡᠳ᠋ ᠤᠨ ᠵᠠᠰᠠᠭ ᠠᠴᠠ ︽ᠭᠤᠷᠪᠠ ᠶᠢ ᠪᠠᠲᠤᠯᠠᠬᠤ︾ ᠠᠴᠠ ᠭᠠᠳᠠᠨ᠎ᠠ᠂ ᠤᠯᠤᠰ ᠪᠣᠯᠣᠨ ᠥᠪᠡᠷᠲᠡᠭᠡᠨ ᠵᠠᠰᠠᠬᠤ ᠣᠷᠣᠨ ᠤ ᠲᠥᠷᠥ ᠶᠢᠨ ᠪᠣᠳᠣᠯᠭ᠎ᠠ ᠶᠢᠨ ᠱᠠᠭᠠᠷᠳᠠᠯᠭ᠎ᠠ ᠶᠣᠰᠣᠭᠠᠷ᠂ 10 ᠵᠢᠯ ᠤᠨ ᠳᠣᠲᠣᠷ᠎ᠠ ︵2018 ᠣᠨ ᠠᠴᠠ 2027 ᠣᠨ ᠪᠣᠯᠲᠠᠯ᠎ᠠ︶ ᠣᠷᠣᠨ ᠨᠤᠲᠤᠭ ᠤᠨ ᠵᠠᠰᠠᠭ ᠤᠨ ᠣᠷᠳᠣᠨ ᠤ ᠳᠠᠯᠳᠠ ᠥᠭᠴᠡᠭᠡ ᠶᠢ ᠡᠷᠬᠡᠪᠰᠢ ᠵᠦᠢ ᠵᠣᠬᠢᠰᠲᠠᠢ ᠬᠢᠷᠢ ᠲᠦᠪᠰᠢᠨ ᠳᠤ ᠬᠦᠷᠲᠡᠯ᠎ᠡ ᠠᠷᠢᠯᠭᠠᠬᠤ ᠬᠡᠷᠡᠭᠲᠡᠢ᠃ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠲᠥᠷᠥ ᠶᠢᠨ ᠪᠣᠳᠣᠯᠭ᠎ᠠ ᠶᠢᠨ ᠵᠥᠪᠰᠢᠶᠡᠷᠡᠬᠦ ᠬᠡᠪᠴᠢᠶᠡᠨ ᠠᠴᠠ ᠭᠠᠷᠳᠠᠵᠤ᠂ ᠮᠠᠨ ᠤ ᠬᠤᠲᠠ ᠶᠢᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠵᠠᠰᠠᠭ ᠤᠨ ᠣᠷᠳᠣᠨ ᠤ ᠥᠷᠢ ᠥᠭᠴᠡᠭᠡ ᠶᠢ ᠪᠦᠲᠦᠮᠵᠢᠲᠡᠶ ᠠᠷᠢᠯᠭᠠᠬᠤ ᠠᠷᠭ᠎ᠠ ᠬᠡᠮᠵᠢᠶ᠎ᠡ ᠶᠢ ᠰᠦᠪᠡᠭᠴᠢᠯᠡᠨ ᠲᠤᠷᠰᠢᠵᠤ᠂ ᠣᠷᠣᠨ ᠨᠤᠲᠤᠭ ᠤᠨ ᠵᠠᠰᠠᠭ ᠤᠨ ᠣᠷᠳᠣᠨ ᠤ ᠳᠠᠯᠳᠠ ᠥᠷᠢ ᠥᠭᠴᠡᠭᠡ ᠶᠢᠨ ᠲᠦᠭᠰᠢᠭᠦᠷᠢ ᠶᠢ ᠪᠦᠲᠦᠮᠵᠢᠲᠡᠶ ᠰᠡᠷᠭᠡᠶᠢᠯᠡᠨ ᠠᠷᠢᠯᠭᠠᠵᠤ᠂ ᠠᠵᠤ ᠠᠬᠤᠢ ᠶᠢᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠠᠬᠢᠭᠤᠯᠪᠠ᠃      ᠨᠢᠭᠡ ᠳᠤ ᠠᠷᠪᠢᠯᠠᠨ ᠭᠠᠮᠨᠠᠬᠤ ᠦᠵᠡᠯ ᠰᠠᠨᠠᠭ᠎ᠠ ᠶᠢ ᠪᠠᠲᠤ ᠪᠤᠢ ᠪᠣᠯᠭᠠᠵᠤ᠂ ᠵᠠᠷᠤᠳᠠᠯ ᠢ ᠪᠠᠭᠠᠰᠬᠠᠬᠤ ᠵᠡᠷᠭᠡ ᠠᠷᠭ᠎ᠠ ᠬᠡᠮᠵᠢᠶ᠎ᠡ ᠶᠢ ᠠᠰᠢᠭᠯᠠᠨ ᠥᠷᠢ ᠪᠠᠨ ᠲᠦᠯᠦᠬᠦ ᠬᠡᠷᠡᠭᠲᠡᠢ᠃ 5% — 10% ᠶᠢᠨ ᠬᠠᠷᠢᠴᠠᠯ ᠢᠶᠠᠷ ᠡᠩ ᠤᠨ ᠴᠢᠨᠠᠷᠲᠠᠢ ᠵᠠᠷᠤᠯᠭ᠎ᠠ ᠶᠢ ᠪᠠᠭᠠᠰᠬᠠᠵᠤ᠂ ᠪᠥᠬᠦᠳᠡ ᠶᠢ ᠵᠠᠰᠠᠭ ᠤᠨ ᠣᠷᠳᠣᠨ ᠤ ᠥᠷᠢ ᠥᠭᠴᠡᠭᠡ ᠶᠢ ᠠᠷᠢᠯᠭᠠᠬᠤ ᠳᠤ ᠬᠡᠷᠡᠭᠯᠡᠨ᠎ᠡ᠃      ᠬᠤᠶᠠᠷ ᠲᠤ ᠰᠢᠨ᠎ᠡ ᠪᠠᠷ ᠨᠡᠮᠡᠭᠳᠡᠭᠰᠡᠨ ᠵᠢᠭᠡᠯᠡᠯᠭᠡ ᠶᠢᠨ ᠲᠡᠮᠳᠡᠭᠲᠦ ᠶᠢᠨ ᠪᠡᠯᠡ ᠮᠥᠩᠭᠦ ᠶᠢ ᠠᠰᠢᠭᠯᠠᠨ ᠥᠷᠢ ᠥᠭᠴᠡᠭᠡ ᠶᠢ ᠠᠷᠢᠯᠭᠠᠨ᠎ᠠ᠃ ᠰᠢᠨ᠎ᠡ ᠪᠠᠷ ᠨᠡᠮᠡᠭᠳᠡᠭᠰᠡᠨ ᠵᠢᠭᠡᠯᠡᠯᠭᠡ ᠶᠢᠨ ᠲᠡᠮᠳᠡᠭᠲᠦ ᠶᠢᠨ ᠪᠡᠯᠡ ᠮᠥᠩᠭᠦ ᠪᠣᠯ ᠡᠳ᠋ ᠤᠨ ᠵᠠᠰᠠᠭ ᠤᠨ ᠣᠷᠣᠯᠭ᠎ᠠ ᠬᠦᠷᠦᠯᠴᠡᠬᠦ ᠦᠭᠡᠢ ᠪᠠᠶᠢᠬᠤ᠂ ᠣᠷᠣᠨ ᠨᠤᠲᠤᠭ ᠤᠨ ᠠᠵᠤ ᠠᠬᠤᠢ ᠶᠢᠨ ᠬᠥᠭᠵᠢᠯᠲᠡ ᠪᠠ ᠰᠠᠭᠤᠷᠢ ᠲᠥᠬᠦᠭᠡᠷᠦᠮᠵᠢ ᠶᠢᠨ ᠪᠠᠴᠢᠮ ᠬᠡᠷᠡᠭᠰᠡᠬᠦ ᠵᠣᠭᠤᠰ ᠢ ᠰᠢᠢᠳᠪᠦᠷᠢᠯᠡᠬᠦ ᠴᠤᠷ ᠤᠨ ᠭᠠᠭᠴᠠ ᠠᠷᠭ᠎ᠠ ᠵᠠᠮ ᠮᠥᠨ᠃ ᠮᠠᠨ ᠤ ᠬᠤᠲᠠ ᠰᠢᠨ᠎ᠡ ᠪᠠᠷ ᠨᠡᠮᠡᠭᠳᠡᠭᠰᠡᠨ ᠵᠢᠭᠡᠯᠡᠯᠭᠡ ᠶᠢᠨ ᠲᠡᠮᠳᠡᠭᠲᠦ ᠶᠢᠨ ᠪᠡᠯᠡ ᠮᠥᠩᠭᠦ ᠶᠢ ᠵᠣᠬᠢᠰᠲᠠᠢ ᠠᠰᠢᠭᠯᠠᠵᠤ ᠣᠶᠢᠷ᠎ᠠ ᠶᠢᠨ ᠬᠡᠳᠦᠨ ᠵᠢᠯ ᠤᠨ ᠭᠤᠣᠯᠳᠠᠯᠭ᠎ᠠ ᠲᠠᠢ ᠢᠨᠵᠧᠨᠧᠷᠢᠩ ᠳᠤ ᠥᠷᠢᠲᠦᠭᠰᠡᠨ ᠥᠭᠴᠡᠭᠡ ᠶᠢ ᠭᠤᠣᠯᠴᠢᠯᠡᠨ ᠰᠢᠢᠳᠪᠦᠷᠢᠯᠡᠨ᠎ᠡ᠃      ᠭᠤᠷᠪᠠ ᠳᠤ ᠰᠢᠨ᠎ᠡ ᠶᠢ ᠵᠢᠭᠡᠯᠡᠵᠦ ᠬᠠᠭᠤᠴᠢᠨ ᠢ ᠪᠤᠴᠠᠭᠠᠬᠤ ᠪᠠ ᠬᠡᠰᠡᠭ ᠵᠠᠰᠠᠭ ᠤᠨ ᠣᠷᠳᠣᠨ ᠤ ᠰᠲ᠋ᠣᠺ ᠤᠨ ᠡᠷᠬᠡ ᠵᠢᠴᠢ ᠡᠵᠡᠩᠨᠡᠯᠲᠡ ᠶᠢᠨ ᠴᠢᠨᠠᠷᠲᠠᠢ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠡᠷᠬᠡ ᠠᠰᠢᠭ ᠢ ᠰᠢᠯᠵᠢᠭᠦᠯᠦᠨ ᠥᠭᠬᠦ ᠪᠠᠷ ᠳᠠᠮᠵᠢᠭᠤᠯᠤᠨ ᠥᠭᠴᠡᠭᠡ ᠪᠠᠨ ᠲᠥᠯᠥᠨ᠎ᠡ᠃ ᠣᠷᠣᠨ ᠨᠤᠲᠤᠭ ᠤᠨ ᠵᠠᠰᠠᠭ ᠤᠨ ᠣᠷᠳᠣᠨ ᠤ ᠳᠠᠯᠳᠠ ᠥᠭᠴᠡᠭᠡ ᠶᠢ ᠠᠷᠢᠯᠭᠠᠬᠤ ᠲᠤᠬᠠᠢ ᠲᠥᠪ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ᠂ ᠰᠢᠨ᠎ᠡ ᠶᠢ ᠵᠢᠭᠡᠯᠡᠵᠦ ᠬᠠᠭᠤᠴᠢᠨ ᠢ ᠪᠤᠴᠠᠭᠠᠬᠤ ᠪᠤᠶᠤ ᠬᠤᠭᠤᠴᠠᠭ᠎ᠠ ᠶᠢ ᠨᠢ ᠤᠷᠲᠤᠳᠬᠠᠬᠤ ᠵᠡᠷᠭᠡ ᠠᠷᠭ᠎ᠠ ᠮᠠᠶ᠋ᠢᠭ ᠢᠶᠠᠷ ᠥᠭᠴᠡᠭᠡ ᠶᠢ ᠲᠥᠯᠥᠵᠦ᠂ ᠡᠳ᠋ ᠤᠨ ᠵᠠᠰᠠᠭ ᠤᠨ ᠣᠬᠤᠷ ᠬᠤᠭᠤᠴᠠᠭᠠᠨ ᠤ ᠵᠠᠷᠤᠯᠭ᠎ᠠ ᠶᠢᠨ ᠳᠠᠷᠤᠯᠲᠠ ᠶᠢ ᠬᠥᠩᠭᠡᠷᠡᠭᠦᠯᠦᠨ᠎ᠡ᠃ ᠰᠢᠯᠵᠢᠭᠦᠯᠦᠨ ᠥᠭᠬᠦ᠂ ᠦᠨ᠎ᠡ ᠬᠠᠶᠠᠨ ᠬᠤᠳᠠᠯᠳᠤᠬᠤ᠂ ᠲᠦᠷᠢᠶᠡᠰᠦᠯᠡᠬᠦ᠂ ᠪᠣᠳᠠᠲᠤ ᠡᠳ᠋ ᠬᠥᠷᠥᠩᠭᠡ ᠪᠠᠷ ᠬᠤᠪᠢ ᠣᠷᠣᠵᠤ ᠪᠡᠯᠡ ᠣᠷᠣᠭᠤᠯᠬᠤ ᠵᠡᠷᠭᠡ ᠣᠯᠠᠨ ᠵᠦᠢᠯ ᠤᠨ ᠠᠷᠭ᠎ᠠ ᠮᠠᠶ᠋ᠢᠭ ᠢᠶᠠᠷ ᠳᠠᠮᠵᠢᠭᠤᠯᠤᠨ᠂ ᠰᠤᠯᠠ ᠪᠠᠶᠢᠭ᠎ᠠ ᠤᠯᠤᠰ ᠤᠨ ᠥᠮᠴᠢᠯᠡᠯᠲᠦ ᠡᠳ᠋ ᠬᠥᠷᠥᠩᠭᠡ ᠪᠠ ᠰᠢᠯᠵᠢᠭᠦᠯᠦᠨ ᠬᠤᠳᠠᠯᠳᠤᠵᠤ ᠪᠣᠯᠬᠤ ᠬᠡᠰᠡᠭ ᠵᠠᠰᠠᠭ ᠤᠨ ᠣᠷᠳᠣᠨ ᠤ ᠰᠲ᠋ᠣᠺ ᠤᠨ ᠡᠷᠬᠡ ᠵᠢᠴᠢ ᠤᠯᠤᠰ ᠤᠨ ᠠᠵᠤ ᠠᠬᠤᠢ ᠠᠷᠠᠳ ᠤᠨ ᠠᠮᠢᠳᠤᠷᠠᠯ ᠳᠤ ᠰᠢᠭᠤᠳ ᠬᠤᠯᠪᠣᠭᠳᠠᠬᠤ ᠦᠭᠡᠢ ᠡᠵᠡᠩᠨᠡᠯᠲᠡ ᠶᠢᠨ ᠠᠰᠢᠭ ᠣᠯᠵᠠᠪᠤᠷᠢ ᠲᠠᠢ ᠤᠯᠤᠰ ᠤᠨ ᠥᠮᠴᠢᠯᠡᠯᠲᠦ ᠡᠳ᠋ ᠬᠥᠷᠥᠩᠭᠡ ᠶᠢ ᠠᠮᠢᠳᠣᠯᠢᠭ ᠪᠠᠶᠢᠯᠭᠠᠵᠤ᠂ ᠥᠷᠢ ᠥᠭᠴᠡᠭᠡ ᠶᠢ ᠠᠷᠢᠯᠭᠠᠬᠤ ᠳᠤ ᠪᠡᠯᠡ ᠮᠥᠩᠭᠦ ᠶᠢᠨ ᠢᠷᠡᠯᠲᠡ ᠶᠢ ᠬᠠᠩᠭᠠᠨ᠎ᠠ᠃      ᠳᠥᠷᠪᠡ ᠳᠤ᠂ ᠪᠡᠯᠡ ᠮᠥᠩᠭᠦ ᠴᠤᠭᠯᠠᠭᠤᠯᠬᠤ ᠲᠠᠪᠴᠠᠩ ᠤᠨ ᠺᠣᠮᠫᠠᠨᠢ ᠶᠢᠨ ᠬᠤᠯᠢᠮᠠᠭ ᠥᠮᠴᠢᠯᠡᠯ ᠤᠨ ᠳᠦᠷᠢᠮ ᠢ ᠠᠰᠢᠭᠯᠠᠨ ᠬᠡᠯᠪᠡᠷᠢ ᠶᠢ ᠨᠢ ᠬᠤᠪᠢᠷᠠᠭᠤᠯᠤᠨ ᠥᠷᠢ ᠥᠭᠴᠡᠭᠡ ᠶᠢ ᠠᠷᠢᠯᠭᠠᠨ᠎ᠠ᠃ ᠬᠤᠯᠢᠮᠠᠭ ᠥᠮᠴᠢᠯᠡᠯ ᠤᠨ ᠳᠦᠷᠢᠮ ᠤᠨ ᠥᠭᠡᠷᠡᠴᠢᠯᠡᠯᠲᠡ ᠶᠢ ᠬᠡᠷᠡᠭᠵᠢᠭᠦᠯᠬᠦ ᠨᠢ ᠣᠷᠣᠨ ᠨᠤᠲᠤᠭ ᠤᠨ ᠵᠠᠰᠠᠭ ᠤᠨ ᠣᠷᠳᠣᠨ ᠤ ᠥᠷᠢ ᠥᠭᠴᠡᠭᠡ ᠶᠢ ᠠᠷᠢᠯᠭᠠᠬᠤ ᠪᠦᠲᠦᠮᠵᠢᠲᠡᠶ ᠠᠷᠭ᠎ᠠ ᠪᠣᠯᠬᠤ ᠮᠥᠷᠲᠡᠭᠡᠨ ᠪᠠᠰᠠ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠡᠵᠡᠩᠨᠡᠯᠲᠡ ᠶᠢᠨ ᠦᠷ᠎ᠡ ᠪᠦᠲᠦᠮᠵᠢ ᠪᠠ ᠤᠯᠤᠰ ᠤᠨ ᠥᠮᠴᠢᠯᠡᠯ ᠤᠨ ᠬᠥᠷᠥᠩᠭᠡ ᠶᠢᠨ ᠠᠵᠢᠯᠯᠠᠭᠠᠨ ᠤ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠤᠯᠤᠰ ᠤᠨ ᠥᠮᠴᠢᠯᠡᠯ ᠤᠨ ᠬᠥᠷᠥᠩᠭᠡ ᠶᠢᠨ ᠬᠠᠮᠤᠭ ᠤᠨ ᠶᠡᠭᠡ ᠬᠡᠮᠵᠢᠶ᠎ᠡ ᠪᠠᠷ ᠦᠷᠳᠡᠭ ᠢ ᠪᠠᠲᠤᠯᠠᠵᠤ ᠦᠷᠳᠡᠭ ᠢ ᠨᠡᠮᠡᠭᠳᠡᠭᠦᠯᠬᠦ ᠶᠢ ᠪᠡᠶᠡᠯᠡᠭᠦᠯᠵᠦ᠂ ᠡᠯ᠎ᠡ ᠲᠦᠷᠦᠯ ᠤᠨ ᠤᠯᠤᠰ ᠤᠨ ᠡᠶᠢᠮᠦ ᠠᠴᠠ ᠬᠠᠮᠲᠤᠷᠠᠨ ᠠᠵᠢᠯᠯᠠᠵᠤ ᠬᠠᠮᠲᠤ ᠪᠠᠷ ᠠᠰᠢᠭ ᠭᠥᠷᠳᠡᠬᠦ ᠶᠢ ᠬᠥᠭᠡᠭᠡᠴᠡᠯᠳᠦᠭᠰᠡᠨ ᠤᠷᠢᠲᠠᠯ ᠳᠣᠣᠷ᠎ᠠ᠂ ᠪᠠᠶᠢᠯᠳᠤᠬᠤ ᠪᠣᠳᠣᠯᠭ᠎ᠠ ᠶᠢᠨ ᠪᠡᠯᠡ ᠣᠷᠣᠭᠤᠯᠤᠭᠴᠢ ᠶᠢ ᠣᠷᠣᠭᠤᠯᠤᠨ ᠠᠪᠴᠢᠷᠠᠵᠤ᠂ ᠬᠤᠯᠢᠮᠠᠭ ᠥᠮᠴᠢᠯᠡᠯ ᠤᠨ ᠳᠦᠷᠢᠮ ᠤᠨ ᠥᠭᠡᠷᠡᠴᠢᠯᠡᠯᠲᠡ ᠶᠢ ᠲᠦᠯᠬᠢᠨ ᠠᠬᠢᠭᠤᠯᠬᠤ ᠪᠣᠯ ᠣᠷᠣᠨ ᠨᠤᠲᠤᠭ ᠤᠨ ᠥᠷᠢ ᠥᠭᠴᠡᠭᠡ ᠶᠢ ᠠᠷᠢᠯᠭᠠᠬᠤ ᠠᠷᠭ᠎ᠠ ᠬᠡᠮᠵᠢᠶ᠎ᠡ ᠶᠢᠨ ᠨᠢᠭᠡ ᠮᠥᠨ᠃ ᠤᠯᠤᠰ ᠤᠨ ᠲᠣᠭᠲᠠᠭᠠᠯ ᠶᠣᠰᠣᠭᠠᠷ᠂ ᠵᠠᠬ᠎ᠠ ᠳᠡᠯᠭᠡᠭᠦᠷᠴᠢᠯᠡᠬᠦ᠂ ᠬᠠᠤᠯᠢ ᠳᠦᠷᠢᠮᠵᠢᠭᠦᠯᠬᠦ ᠵᠠᠷᠴᠢᠮ ᠢ ᠵᠢᠷᠤᠮᠯᠠᠨ᠂ ᠮᠠᠨ ᠤ ᠬᠤᠲᠠ ᠶᠢᠨ ᠪᠡᠯᠡ ᠲᠣᠬᠢᠷᠠᠭᠤᠯᠭ᠎ᠠ ᠶᠢᠨ ᠲᠠᠪᠴᠠᠩ ᠤᠨ ᠺᠣᠮᠫᠠᠨᠢ ᠶᠢᠨ ᠬᠤᠭᠤᠴᠠᠭ᠎ᠠ ᠲᠤᠯᠤᠭᠰᠠᠨ ᠬᠠᠳᠠᠭᠠᠯᠠᠯᠲᠠ ᠶᠢᠨ ᠳᠠᠯᠳᠠ ᠥᠭᠴᠡᠭᠡ ᠶᠢ ᠠᠳᠠᠯᠢ ᠪᠤᠰᠤ ᠠᠷᠭ᠎ᠠ ᠮᠠᠶ᠋ᠢᠭ ᠢᠶᠠᠷ ᠮᠥᠩᠭᠦᠨ ᠭᠦᠢᠯᠭᠡᠭᠡᠨ ᠤ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠺᠣᠮᠫᠠᠨᠢ ᠳᠤ ᠰᠢᠯᠵᠢᠭᠦᠯᠦᠨ ᠥᠭᠴᠦ᠂ ᠮᠥᠩᠭᠦᠨ ᠭᠦᠢᠯᠭᠡᠭᠡᠨ ᠤ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠺᠣᠮᠫᠠᠨᠢ ᠠᠴᠠ ᠬᠠᠤᠯᠢ ᠲᠣᠭᠲᠠᠭᠠᠯ ᠳᠤ ᠨᠡᠶᠢᠴᠡᠭᠦᠯᠦᠨ ᠥᠷᠢ ᠥᠭᠴᠡᠭᠡ ᠶᠢᠨ ᠭᠡᠷ᠎ᠡ ᠳᠤ ᠲᠣᠭᠲᠠᠭᠠᠭᠰᠠᠨ ᠵᠣᠭᠤᠰ ᠪᠤᠴᠠᠭᠠᠬᠤ ᠠᠮᠠᠯᠠᠯᠲᠠ ᠪᠠᠨ ᠦᠷᠭᠦᠯᠵᠢᠯᠡᠭᠦᠯᠦᠨ᠎ᠡ᠃      ᠲᠠᠪᠤ ᠳᠤ᠂ PPP ᠵᠦᠢᠯᠡᠰ ᠤᠨ ᠲᠣᠭᠲᠠᠭᠠᠯ ᠳᠤ ᠨᠡᠶᠢᠴᠡᠬᠦ ᠴᠢᠨᠠᠷ ᠢ ᠠᠰᠢᠭᠯᠠᠨ ᠥᠷᠢ ᠥᠭᠴᠡᠭᠡ ᠶᠢ ᠬᠢᠨᠠᠨ ᠬᠠᠷᠭᠤᠭᠤᠯᠵᠤ ᠰᠢᠢᠳᠪᠦᠷᠢᠯᠡᠨ᠎ᠡ᠃ ᠥᠩᠭᠡᠷᠡᠭᠰᠡᠨ ᠳᠤ ᠬᠤᠲᠠ᠂ ᠲᠣᠭᠤᠷᠢᠭ ᠤᠨ ᠬᠡᠷᠡᠭᠵᠢᠭᠦᠯᠵᠦ ᠪᠠᠶᠢᠭᠰᠠᠨ ᠤᠯᠤᠰ ᠤᠨ ᠡᠳ᠋ ᠤᠨ ᠵᠠᠰᠠᠭ ᠤᠨ ᠶᠠᠮᠤᠨ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠤᠨ ᠬᠥᠮᠥᠷᠭᠡ ᠳᠤ ᠣᠷᠣᠭᠤᠯᠤᠭᠰᠠᠨ PPP ᠲᠥᠷᠥᠯ ᠵᠦᠢᠯ ᠢ ᠲᠣᠭᠲᠠᠭᠠᠯ ᠳᠤ ᠨᠡᠶᠢᠴᠡᠬᠦ ᠴᠢᠨᠠᠷᠲᠠᠢ ᠪᠠᠷ ᠬᠢᠨᠠᠨ ᠬᠠᠷᠭᠤᠭᠤᠯᠵᠤ᠂ ᠲᠣᠭᠲᠠᠭᠠᠯ ᠳᠤ ᠨᠡᠶᠢᠴᠡᠭᠰᠡᠨ ᠤ ᠳᠠᠷᠠᠭ᠎ᠠ ᠳᠠᠯᠳᠠ ᠥᠭᠴᠡᠭᠡ ᠶᠢ ᠬᠢᠨᠠᠨ ᠡᠵᠡᠮᠳᠡᠬᠦ ᠲᠠᠪᠴᠠᠩ ᠠᠴᠠ ᠰᠢᠯᠵᠢᠭᠦᠯᠦᠨ ᠠᠪᠴᠤ᠂ ᠥᠭᠴᠡᠭᠡ ᠶᠢᠨ ᠶᠡᠷᠦᠩᠬᠡᠢ ᠲᠤᠭ᠎ᠠ ᠶᠢ ᠬᠢᠨᠠᠨ ᠬᠠᠰᠤᠨ᠎ᠠ᠃      ᠵᠠᠩ ᠶᠦᠩ ᠬᠡᠯᠡᠬᠦ ᠳᠡᠭᠡᠨ᠂ ᠵᠠᠰᠠᠭ ᠤᠨ ᠣᠷᠳᠣᠨ ᠤ ᠥᠷᠢ ᠥᠭᠴᠡᠭᠡ ᠶᠢᠨ ᠲᠦᠭᠰᠢᠭᠦᠷᠢ ᠶᠢ ᠪᠦᠲᠦᠮᠵᠢᠲᠡᠶ ᠰᠡᠷᠭᠡᠶᠢᠯᠡᠬᠦ ᠶᠢᠨ ᠲᠥᠯᠥᠭᠡ᠂ ᠲᠠᠷᠠᠭᠠᠴᠢ ᠶᠢᠨ ᠠᠯᠬᠤᠮ ᠳᠤ᠂ ᠮᠠᠨ ᠤ ᠬᠤᠲᠠ ᠵᠠᠰᠠᠭ ᠤᠨ ᠣᠷᠳᠣᠨ ᠤ ᠳᠠᠯᠳᠠ ᠥᠷᠢ ᠥᠭᠴᠡᠭᠡ ᠶᠢ ᠠᠷᠢᠯᠭᠠᠬᠤ ᠶᠢᠨ ᠬᠠᠮᠲᠤ ᠳᠠᠯᠳᠠ ᠥᠷᠢ ᠥᠭᠴᠡᠭᠡ ᠶᠢᠨ ᠨᠡᠮᠡᠭᠳᠡᠯ ᠢ ᠴᠢᠩᠭ᠎ᠠ ᠬᠢᠵᠠᠭᠠᠷᠯᠠᠬᠤ ᠬᠡᠷᠡᠭᠲᠡᠢ᠃ᠨᠢᠭᠡ ᠳᠤ᠂ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠬᠦ ᠬᠡᠷᠡᠭᠲᠡᠢ᠃ ᠣᠳᠣᠬᠠᠨ ᠳᠤ ᠮᠠᠨ ᠤ ᠬᠤᠲᠠ ᠶᠢᠨ ᠥᠷᠢ ᠰᠢᠷᠢ ᠶᠢᠨ ᠬᠡᠮᠵᠢᠶ᠎ᠡ ᠶᠡᠭᠡ᠂ ᠥᠷᠢ ᠰᠢᠷᠢ ᠶᠢᠨ ᠨᠣᠷᠮ᠎ᠠ ᠥᠨᠳᠥᠷ᠂ ᠡᠳ᠋ ᠤᠨ ᠵᠠᠰᠠᠭ ᠤᠨ ᠣᠷᠣᠯᠭ᠎ᠠ ᠲᠤᠲᠠᠭᠳᠠᠵᠤ᠂ ᠥᠷᠢ ᠰᠢᠷᠢ ᠶᠢ ᠠᠷᠢᠯᠭᠠᠬᠤ ᠬᠦᠴᠢᠷᠳᠡᠯ ᠶᠡᠭᠡ᠂ ᠠᠷᠭ᠎ᠠ ᠬᠡᠯᠪᠡᠷᠢ ᠬᠢᠵᠠᠭᠠᠷ ᠲᠠᠢ᠂ ᠥᠷᠢ ᠰᠢᠷᠢ ᠶᠢ ᠠᠷᠢᠯᠭᠠᠬᠤ ᠡᠭᠦᠷᠭᠡ ᠬᠠᠲᠠᠭᠤ ᠪᠡᠷᠬᠡ ᠪᠠᠶᠢᠨ᠎ᠠ᠃ ᠡᠯ᠎ᠡ ᠲᠣᠭᠤᠷᠢᠭ᠂ ᠡᠯ᠎ᠡ ᠰᠠᠯᠠᠭ᠎ᠠ ᠮᠥᠴᠢᠷ ᠤᠳ ᠦᠨᠡᠨᠬᠦ ᠪᠦᠲᠦᠮᠵᠢᠲᠡᠶ ᠠᠷᠭ᠎ᠠ ᠬᠡᠮᠵᠢᠶ᠎ᠡ ᠠᠪᠴᠤ ᠪᠠᠶᠢᠭᠠᠳ ᠥᠷᠢ ᠥᠭᠴᠡᠭᠡ ᠶᠢ ᠠᠷᠢᠯᠭᠠᠵᠤ᠂ ᠨᠢᠭᠡ ᠲᠠᠯ᠎ᠠ ᠪᠠᠷ ᠥᠷᠢ ᠥᠭᠴᠡᠭᠡ ᠶᠢ ᠪᠠᠭᠠᠰᠬᠠᠵᠤ᠂ ᠨᠢᠭᠡ ᠲᠠᠯ᠎ᠠ ᠪᠠᠷ ᠳᠠᠯᠳᠠ ᠥᠷᠢ ᠥᠭᠴᠡᠭᠡ ᠶᠢ ᠨᠡᠮᠡᠭᠳᠡᠭᠦᠯᠬᠦ ᠠᠷᠭ᠎ᠠ ᠬᠢᠳᠡᠯ ᠢ ᠡᠷᠡᠰ ᠬᠤᠷᠢᠭᠯᠠᠬᠤ ᠬᠡᠷᠡᠭᠲᠡᠢ᠃       ᠬᠤᠶᠠᠷ ᠲᠤ᠂ ᠬᠠᠤᠯᠢ ᠲᠣᠭᠲᠠᠭᠠᠯ ᠢ ᠵᠥᠷᠢᠴᠡᠨ ᠥᠷᠢ ᠲᠠᠯᠪᠢᠬᠤ ᠶᠢ ᠴᠢᠩᠭ᠎ᠠ ᠴᠠᠭᠠᠵᠠᠯᠠᠬᠤ ᠬᠡᠷᠡᠭᠲᠡᠢ᠃ ᠬᠤᠳᠠ ᠶᠢᠨ ᠲᠣᠭᠤᠷᠢᠭ ᠬᠤᠶᠠᠷ ᠱᠠᠲᠤᠨ ᠤ ᠵᠠᠰᠠᠭ ᠤᠨ ᠣᠷᠳᠣᠨ ᠶᠠᠮᠠᠷᠪᠠ ᠨᠢᠭᠡᠴᠢ ᠪᠠ ᠬᠤᠪᠢ ᠬᠥᠮᠥᠨ ᠤ ᠥᠷᠢ ᠥᠭᠴᠡᠭᠡ ᠳᠤ ᠶᠠᠮᠠᠷᠪᠠ ᠬᠡᠯᠪᠡᠷᠢ ᠪᠠᠷ ᠳᠠᠭᠠᠭᠠᠯᠲᠠ ᠬᠠᠩᠭᠠᠵᠤ ᠪᠣᠯᠬᠤ ᠦᠭᠡᠢ᠃ ᠡᠭᠦᠨ ᠤ ᠬᠠᠮᠲᠤ ᠪᠡᠯᠡ ᠲᠣᠬᠢᠷᠠᠭᠤᠯᠭ᠎ᠠ ᠶᠢᠨ ᠲᠠᠪᠴᠠᠩ ᠤᠨ ᠺᠣᠮᠫᠠᠨᠢ᠂ ᠤᠯᠤᠰ ᠤᠨ ᠥᠮᠴᠢᠯᠡᠯᠲᠦ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠡ ᠵᠡᠷᠭᠡ ᠶᠢᠨ ᠳᠠᠯᠳᠠ ᠥᠭᠴᠡᠭᠡ ᠶᠢ ᠨᠡᠮᠡᠭᠳᠡᠭᠦᠯᠬᠦ ᠶᠢ ᠵᠥᠪᠰᠢᠶᠡᠷᠡᠬᠦ᠂ ᠵᠥᠪᠰᠢᠶᠡᠷᠡᠬᠦ ᠪᠤᠶᠤ ᠱᠠᠭᠠᠷᠳᠠᠵᠤ ᠪᠣᠯᠬᠤ ᠦᠭᠡᠢ᠂ ᠪᠤᠰᠤᠳ ᠶᠠᠮᠠᠷᠪᠠ ᠨᠢᠭᠡᠴᠡ ᠪᠠ ᠬᠤᠪᠢ ᠬᠥᠮᠥᠨ ᠤ ᠥᠭᠴᠡᠭᠡ ᠳᠤ ᠥᠷᠢ ᠳᠥᠯᠥᠬᠦ ᠬᠠᠷᠢᠭᠤᠴᠠᠯᠭ᠎ᠠ ᠡᠭᠦᠷᠭᠡᠯᠡᠵᠦ ᠪᠣᠯᠬᠤ ᠦᠭᠡᠢ᠃      ᠭᠤᠷᠪᠠ ᠳᠤ᠂ ᠵᠠᠰᠠᠭ ᠤᠨ ᠣᠷᠳᠣᠨ ᠤ ᠪᠡᠯᠡ ᠣᠷᠣᠭᠤᠯᠬᠤ ᠵᠦᠢᠯᠡᠰ ᠤᠨ ᠪᠦᠲᠦᠭᠡᠨ ᠪᠠᠶᠢᠭᠤᠯᠤᠯᠲᠠ ᠶᠢ ᠴᠢᠩᠭ᠎ᠠ ᠬᠢᠨᠠᠨ ᠵᠥᠪᠰᠢᠶᠡᠷᠡᠬᠦ ᠬᠡᠷᠡᠭᠲᠡᠢ᠃ ᠵᠠᠷᠤᠵᠤ ᠪᠣᠯᠬᠤ ᠦᠭᠡᠢ ᠵᠣᠭᠤᠰ ᠢ ᠶᠠᠭᠠᠬᠢᠭᠰᠠᠨ ᠴᠤ ᠵᠠᠷᠤᠬᠤ ᠦᠭᠡᠢ᠂ ᠬᠢᠵᠦ ᠪᠣᠯᠬᠤ ᠦᠭᠡᠢ ᠵᠦᠢᠯᠡᠰ ᠢ ᠶᠠᠭᠠᠬᠢᠭᠰᠠᠨ ᠴᠤ ᠭᠠᠷᠭᠠᠬᠤ ᠦᠭᠡᠢ ᠪᠠᠶᠢᠵᠤ᠂ ᠬᠢᠵᠠᠭᠠᠷ ᠲᠠᠢ ᠪᠡᠯᠡ ᠮᠥᠩᠭᠦ ᠶᠢ ᠵᠠᠩᠭᠢᠯᠠᠭ᠎ᠠ ᠶᠢᠨ ᠭᠠᠵᠠᠷ ᠲᠤᠨᠢ ᠬᠡᠷᠡᠭᠯᠡᠬᠦ ᠶᠢ ᠪᠠᠲᠤᠯᠠᠬᠤ ᠬᠡᠷᠡᠭᠲᠡᠢ᠃ 
 
ᠢᠷᠡᠯᠲᠡ᠄ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号