ᠲᠣᠭᠲᠠᠭᠠᠬᠤ ᠦᠨᠳᠦᠰᠦᠯᠡᠯ᠄ ︽2022 ᠣᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ | ᠭᠤᠣᠯᠳᠠᠯᠭ᠎ᠠ ᠲᠠᠢ ᠠᠵᠢᠯ ᠢ ᠪᠥᠬᠦ ᠲᠠᠯ᠎ᠠ ᠪᠠᠷ ᠲᠦᠯᠬᠢᠨ ᠠᠬᠢᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠨᠠᠮ ᠤᠨ ᠬᠤᠷᠢᠶ᠎ᠠ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ | ᠬᠡᠷᠡᠭᠵᠢᠭᠦᠯᠬᠦ ᠰᠠᠨᠠᠯ︾ ︵ᠥᠪᠥᠷ ᠨᠠᠮ ᠲᠠᠷᠬᠠᠭᠠᠭᠰᠠᠨ ﹇2022﹈ 1 ᠳ᠋ᠦᠭᠡᠷ ᠲᠣᠭᠠᠲᠤ︶ ᠪᠠ ︽2022 | ᠣᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠭᠤᠣᠯᠳᠠᠯᠭ᠎ᠠ ᠲᠠᠢ ᠠᠵᠢᠯ ᠢ ᠪᠥᠬᠦ ᠲᠠᠯ᠎ᠠ ᠪᠠᠷ | ᠲᠦᠯᠬᠢᠨ ᠠᠬᠢᠭᠤᠯᠬᠤ ᠲᠤᠬᠠᠢ ᠦᠬᠠᠢ ᠬᠤᠲᠠ ᠶᠢᠨ ᠨᠠᠮ ᠤᠨ ᠬᠤᠷᠢᠶ᠎ᠠ ᠬᠤᠲᠠ ᠶᠢᠨ ᠠᠷᠠᠳ ᠤᠨ ᠵᠠᠰᠠᠭ ᠤᠨ | ᠣᠷᠳᠣᠨ ᠤ ᠪᠣᠳᠠᠲᠠᠢ ᠵᠢᠭᠤᠯᠴᠢᠯᠠᠯ ᠤᠨ ᠰᠠᠨᠠᠯ︾ ︵ᠰᠢᠪᠠᠭᠤᠨ ᠲᠠᠩᠬᠢᠮ ᠲᠠᠷᠬᠠᠭᠠᠭᠰᠠᠨ ﹇202211 ᠳ᠋ᠦᠭᠡᠷ | ᠲᠣᠭᠠᠲᠤ︶ ᠤᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠃ ᠦᠬᠠᠢ | ᠬᠤᠳᠠ ᠶᠢᠨ ᠲᠡᠰ ᠤᠨ ᠠᠵᠢᠯ ᠤᠨ ᠬᠡᠷᠡᠭᠵᠢᠭᠦᠯᠬᠦ ᠲᠥᠰᠥᠯ ᠤᠨ ᠶᠣᠰᠣᠭᠠᠷ ᠪᠦᠬᠦ ᠬᠤᠳᠠ ᠶᠢᠨ 2022 ᠣᠨ ᠤ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠳᠤ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠵᠦ᠂ | ᠬᠠᠶᠢᠨᠠᠨ ᠲᠣᠭᠤᠷᠢᠭ ᠤᠨ ᠬᠢᠨ ᠮᠠᠨ ᠤ ᠣᠷᠣᠨ ᠤ ᠪᠣᠳᠠᠲᠠᠢ ᠪᠠᠶᠢᠳᠠᠯ ᠵᠢᠴᠢ ᠲᠣᠭᠤᠷᠢᠭ ᠤᠨ ᠤᠳᠤᠷᠢᠳᠤᠯᠭ᠎ᠠ ᠶᠢᠨ | ᠴᠣᠬᠤᠯᠠᠪᠤᠷᠢ ᠶᠢᠨ ᠵᠣᠷᠢᠭ ᠰᠠᠨᠠᠭ᠎ᠠ ᠲᠠᠢ ᠤᠶᠠᠯᠳᠤᠭᠤᠯᠵᠤ᠂ ᠲᠤᠰ ᠬᠡᠷᠡᠭᠵᠢᠭᠦᠯᠬᠦ ᠲᠥᠰᠥᠯ ᠢ ᠲᠣᠭᠲᠠᠭᠠᠪᠠ᠃ | ᠭᠤᠣᠯ ᠠᠭᠤᠯᠭ᠎ᠠ ᠨᠢ ᠳᠣᠣᠷᠠᠬᠢ ᠮᠡᠲᠦ᠄ | ᠨᠢᠭᠡ᠂ ᠤᠳᠤ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠰᠠᠭᠤᠷᠢ ᠲᠤᠯᠭᠠᠭᠤᠷᠢᠯᠠᠯ ᠢ ᠴᠢᠩᠭᠠᠷᠠᠭᠤᠯᠬᠤ | ᠬᠡᠷᠡᠭᠲᠡᠢ | ︵ᠨᠢᠭᠡ︶ ᠲᠠᠷᠢᠶᠠᠨ ᠭᠠᠵᠠᠷ ᠤᠨ ᠤᠯᠠᠭᠠᠨ ᠱᠤᠭᠤᠮ ᠢ ᠡᠷᠡᠰ ᠰᠠᠬᠢᠨ᠎ᠠ᠃ | ︵ᠬᠤᠶᠠᠷ︶ ᠳᠡᠭᠡᠳᠦ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠪᠦᠯᠦᠭ ᠤᠳᠠᠭ᠎ᠠ | ᠬᠤᠪᠢᠶᠠᠨ ᠥᠷᠨᠢᠭᠦᠯᠦᠨ᠎ᠡ᠃ | ︵ᠭᠤᠷᠪᠠ︶ ᠦᠷ᠎ᠡ ᠶᠢᠨ ᠦᠢᠯᠡᠰ ᠤᠨ ᠳᠡᠭᠡᠭᠰᠢᠯᠡᠯᠲᠡ ᠶᠢ ᠭᠦᠨᠵᠡᠭᠡᠢ ᠬᠡᠷᠡᠭᠵᠢᠭᠦᠯᠦᠨ᠎ᠡ᠃ | ︵ᠳᠥᠷᠪᠡ︶ ᠲᠠᠷᠢᠶᠠᠯᠠᠩ ᠮᠠᠯ ᠠᠵᠤ ᠠᠬᠤᠢ ᠶᠢᠨ ᠮᠠᠰᠢᠨᠴᠢᠯᠠᠯᠲᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ | ᠃ | ︵ᠲᠠᠪᠤ︶ ᠲᠠᠷᠢᠶᠠᠯᠠᠩ ᠤᠨ ᠴᠠᠭ ᠠᠭᠤᠷ ᠤᠨ ᠭᠠᠮᠰᠢᠭ ᠢ ᠰᠡᠷᠭᠡᠶᠢᠯᠡᠨ ᠠᠷᠭᠠᠴᠠᠬᠤ ᠴᠢᠳᠠᠪᠤᠷᠢ ᠶᠢ | ᠳᠡᠭᠡᠭᠰᠢᠯᠡᠭᠦᠯᠦᠨ᠎ᠡ᠃ | ᠬᠤᠶᠠᠷ᠂ ᠦᠵᠦᠮ ᠤᠨ ᠠᠵᠤ ᠦᠢᠯᠡᠰ ᠤᠨ ᠶᠠᠰᠤ ᠴᠢᠨᠠᠷ ᠢ ᠳᠡᠭᠡᠭᠰᠢᠯᠡᠭᠦᠯᠵᠦ ᠲᠠᠰ ᠳᠡᠪᠰᠢᠭᠦᠯᠬᠦ ᠶᠢ | ᠢᠳᠡᠪᠬᠢᠲᠡᠢ ᠠᠬᠢᠭᠤᠯᠤᠨ᠎ᠠ | ︵ᠵᠢᠷᠭᠤᠭ᠎ᠠ︶ ᠦᠵᠦᠮ ᠤᠨ ᠠᠵᠤ ᠦᠢᠯᠡᠰ ᠤᠨ ᠪᠦᠯᠦᠭᠵᠢᠯ ᠤᠨ ᠬᠥᠭᠵᠢᠯᠲᠡ ᠶᠢ ᠠᠬᠢᠭᠤᠯᠤᠨ᠎ᠠ᠃ | ︵ᠳᠣᠯᠤᠭ᠎ᠠ︶ ᠦᠵᠦᠮ ᠤᠨ ᠪᠥᠬᠦ ᠠᠵᠤ ᠦᠢᠯᠡᠰ ᠤᠨ ᠬᠡᠯᠬᠢᠶ᠎ᠡ ᠶᠢᠨ ᠬᠥᠭᠵᠢᠯᠲᠡ ᠶᠢ ᠦᠷᠭᠦᠯᠵᠢᠯᠡᠨ | ᠠᠬᠢᠭᠤᠯᠤᠨ᠎ᠠ᠃ | ︵ᠨᠠᠢᠮᠠ︶ ᠦᠵᠦᠮ ᠤᠨ ᠪᠦᠲᠦᠭᠡᠭᠳᠡᠬᠦᠨ ᠢ ᠣᠯᠠᠨ ᠡᠰᠢᠵᠢᠭᠦᠯᠦᠨ ᠪᠣᠷᠣᠯᠠᠭᠤᠯᠬᠤ ᠶᠢ ᠳᠡᠯᠭᠡᠷᠡᠭᠦᠯᠦᠨ᠎ᠡ᠃ | ︵ᠶᠢᠰᠦ︶ ᠦᠵᠦᠮ ᠤᠨ ᠨᠠᠷᠠᠲᠤ ᠲᠥᠷᠥᠯ ᠲᠡᠮᠳᠡᠭᠵᠢᠭᠦᠯᠦᠨ ᠡᠭᠦᠳᠬᠦ ᠡᠷᠴᠢᠮ ᠢ ᠴᠢᠩᠭᠠᠷᠠᠭᠤᠯᠤᠨ᠎ᠠ᠃ | ᠭᠤᠷᠪᠠ᠂ ᠲᠤᠰ ᠭᠠᠵᠠᠷ ᠤᠨ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠬᠠᠩᠭᠠᠯᠭ᠎ᠠ ᠶᠢᠨ | ᠴᠢᠳᠠᠪᠤᠷᠢ ᠶᠢ ᠳᠡᠭᠡᠭᠰᠢᠯᠡᠭᠦᠯᠦᠨ᠎ᠡ | ︵ᠠᠷᠪᠠ︶ ᠠᠮᠤ ᠪᠤᠳᠠᠭ᠎ᠠ ᠳᠠᠷᠢᠬᠤ ᠲᠠᠯᠠᠪᠠᠶ ᠪᠠ ᠤᠨᠠᠯᠲᠠ ᠶᠢᠨ ᠲᠣᠭᠲᠠᠭᠤᠨ ᠪᠠᠶᠢᠬᠤ ᠶᠢ ᠦᠨᠡᠨᠬᠦ | ᠪᠠᠲᠤᠯᠠᠨ᠎ᠠ᠃ | ︵ᠠᠷᠪᠠᠨ ᠨᠢᠭᠡ︶ ︽ᠢᠳᠡᠰᠢᠨ ᠨᠣᠭᠤᠭ᠎ᠠ︾ ᠶᠢᠨ ᠬᠠᠩᠭᠠᠯᠭ᠎ᠠ ᠶᠢ ᠪᠠᠲᠤᠯᠠᠬᠤ ᠴᠢᠳᠠᠪᠤᠷᠢ ᠶᠢ ᠲᠠᠰᠤᠷᠠᠯᠲᠠ | ᠦᠭᠡᠢ ᠳᠡᠭᠡᠭᠰᠢᠯᠡᠭᠦᠯᠦᠨ᠎ᠡ᠃ | ︵ᠠᠷᠪᠠᠨ ᠬᠤᠶᠠᠷ︶ ᠪᠡᠯᠡᠳᠭᠡᠮᠵᠢᠳᠤ ᠲᠠᠷᠢᠶᠠᠯᠠᠩ ᠤᠨ ᠲᠦᠷᠭᠡᠨ ᠬᠥᠭᠵᠢᠯᠲᠡ ᠶᠢ ᠠᠬᠢᠭᠤᠯᠤᠨ᠎ᠠ᠃ | ︵ᠠᠷᠪᠠᠨ ᠭᠤᠷᠪᠠ︶ ᠲᠠᠷᠢᠶᠠᠯᠠᠬᠤ ᠣᠷᠣᠨ ᠤ ᠰᠠᠭᠤᠭᠠᠯᠢ ᠠᠷᠠᠳ ᠤᠨ ᠠᠮᠤ ᠪᠤᠳᠠᠭ᠎ᠠ ᠳᠠᠷᠢᠭᠰᠠᠨ ᠤ | ᠠᠰᠢᠭ ᠣᠷᠣᠯᠭ᠎ᠠ ᠶᠢ ᠪᠠᠲᠤᠯᠠᠨ᠎ᠠ᠃ | ︵ᠠᠷᠪᠠᠨ ᠳᠥᠷᠪᠡ︶ ᠴᠢᠬᠤᠯᠠ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ | ᠲᠣᠬᠢᠷᠠᠭᠤᠯᠤᠯ ᠡᠵᠡᠮᠳᠡᠯ ᠢ ᠰᠠᠶᠢᠲᠤᠷ ᠠᠳᠬᠤᠨ᠎ᠠ᠃ | ᠳᠥᠷᠪᠡ᠂ ᠬᠡᠪᠴᠢᠶᠡᠵᠢᠯ ᠤᠨ ᠴᠢᠨᠠᠷᠲᠠᠢ ᠲᠠᠬᠢᠨ ᠶᠠᠳᠠᠭᠤᠷᠠᠬᠤ ᠶᠢ ᠦᠯᠦ ᠡᠭᠦᠰᠬᠡᠬᠦ ᠬᠤᠷᠢᠭ᠎ᠠ ᠱᠤᠭᠤᠮ ᠢ | ᠡᠷᠡᠰ ᠪᠠᠲᠤ ᠰᠠᠬᠢᠨ᠎ᠠ | ︵ᠠᠷᠪᠠᠨ ᠲᠠᠪᠤ︶ ᠳᠠᠬᠢᠨ ᠶᠠᠳᠠᠭᠤᠷᠠᠬᠤ ᠶᠢ ᠰᠡᠷᠭᠡᠶᠢᠯᠡᠬᠦ ᠶᠢ ᠬᠢᠨᠠᠨ ᠬᠡᠮᠵᠢᠬᠦ ᠪᠠ ᠬᠠᠪᠰᠤᠷᠤᠨ ᠲᠡᠳᠬᠦᠬᠦ | ᠠᠵᠢᠯ ᠢ ᠪᠠᠶᠢᠩᠭᠤᠵᠢᠭᠤᠯᠤᠨ ᠠᠬᠢᠭᠤᠯᠤᠨ᠎ᠠ᠃ | ︵ᠠᠷᠪᠠᠨ ᠵᠢᠷᠭᠤᠭ᠎ᠠ︶ ᠶᠠᠳᠠᠭᠤ ᠠᠴᠠ ᠠᠩᠭᠢᠵᠢᠷᠠᠭᠰᠠᠨ ᠬᠥᠮᠥᠨ ᠠᠮᠠ ᠶᠢᠨ ᠣᠷᠣᠯᠭ᠎ᠠ ᠪᠠᠨ ᠨᠡᠮᠡᠭᠳᠡᠭᠦᠯᠬᠦ | ᠶᠢ ᠠᠬᠢᠭᠤᠯᠣᠨ᠎ᠠ | ︵ᠠᠷᠪᠠᠨ ᠳᠣᠯᠤᠭ᠎ᠠ︶ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠶᠢᠨ ᠨᠠᠶᠢᠳᠠᠪᠤᠷᠢᠵᠢᠭᠤᠯᠤᠯᠲᠠ ᠶᠢ ᠨᠠᠷᠢᠨ | ᠨᠢᠮᠪᠠᠢ ᠨᠠᠶᠢᠳᠠᠪᠤᠷᠢᠵᠢᠭᠤᠯᠬᠤ ᠶᠢ ᠠᠬᠢᠭᠤᠯᠤᠨ᠎ᠠ᠃ | ᠲᠠᠪᠤ᠂ ᠠᠵᠤ ᠦᠢᠯᠡᠰ ᠲᠤ ᠠᠩᠬᠠᠷᠤᠯ ᠢᠶᠠᠨ ᠲᠥᠪᠯᠡᠷᠡᠭᠦᠯᠵᠦ ᠬᠥᠳᠡᠭᠡ ᠲᠣᠰᠬᠤᠨ ᠤ ᠬᠦᠭᠵᠢᠯᠲᠡ ᠶᠢ | ᠠᠬᠢᠭᠤᠯᠤᠨ᠎ᠠ | ︵ᠠᠷᠪᠠᠨ ᠨᠠᠢᠮᠠ︶ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠠᠵᠤ ᠦᠶᠢᠯᠡᠰᠵᠢᠯᠲᠡ ᠶᠢ | ᠯᠠᠪᠳᠠᠭᠤᠨ ᠢᠶᠠᠷ ᠬᠦᠭᠵᠢᠭᠦᠯᠣᠨᠡ | ︵ᠠᠷᠪᠠ ᠶᠢᠰᠦ︶ ᠲᠠᠷᠢᠶᠠᠯᠠᠩ ᠮᠠᠯ ᠠᠵᠤ ᠠᠬᠤᠢ ᠶᠢᠨ ᠨᠠᠷᠠᠲᠤ ᠲᠥᠷᠥᠯ ᠲᠡᠮᠳᠡᠭᠲᠦ ᠶᠢ ᠪᠣᠶ ᠪᠣᠯᠭᠠᠵᠤ | ᠳᠡᠭᠡᠭᠰᠢᠯᠡᠭᠦᠯᠬᠦ ᠡᠷᠴᠢᠮ ᠢ ᠴᠢᠩᠭᠠᠷᠠᠭᠤᠯᠤᠨ᠎ᠠ᠃ | ︵ᠬᠤᠷᠢ︶ ᠠᠷᠠᠳ ᠢ ᠪᠠᠶᠠᠵᠢᠭᠤᠯᠬᠤ ᠣᠨᠴᠠᠯᠢᠭ ᠲᠠᠢ ᠠᠵᠤ ᠦᠢᠯᠡᠰ ᠢ ᠶᠡᠬᠡᠪᠡᠷ ᠬᠥᠭᠵᠢᠭᠦᠯᠦᠨ᠎ᠡ᠃ | ︵ᠬᠤᠷᠢᠨ ᠨᠢᠭᠡ︶ ᠲᠠᠷᠢᠶᠠᠯᠠᠬᠤ ᠣᠷᠣᠨ ᠤ ᠬᠤᠳᠠᠯᠳᠤᠭᠠᠨ ᠤ ᠰᠢᠰᠲ᠋ᠧᠮ ᠤᠨ ᠪᠠᠶᠢᠭᠤᠯᠤᠯᠲᠠ ᠶᠢ | ᠴᠢᠩᠭᠠᠳᠬᠠᠨ᠎ᠠ᠃ | ︵ᠬᠤᠷᠢᠨ ᠬᠤᠶᠠᠷ︶ ᠲᠠᠷᠢᠶᠠᠯᠠᠬᠤ ᠣᠷᠣᠨ ᠤ ᠰᠠᠭᠤᠭᠠᠯᠢ ᠠᠷᠠᠳ ᠤᠨ ᠲᠤᠬᠠᠢ ᠶᠢᠨ ᠭᠠᠵᠠᠷ ᠲᠠᠭᠠᠨ | ᠣᠶᠢᠷ᠎ᠠ ᠬᠠᠪᠢ ᠳᠠᠭᠠᠨ ᠠᠵᠢᠯ ᠣᠯᠵᠤ ᠠᠳᠠᠯ ᠦᠢᠯᠡᠰ ᠴᠣᠭᠴᠠᠯᠠᠬᠤ ᠶᠢ ᠠᠬᠢᠭᠤᠯᠤᠨ᠎ᠠ᠃ | ᠵᠢᠷᠭᠤᠭ᠎ᠠ᠂ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢ ᠯᠠᠪᠳᠠᠭᠤᠨ ᠪᠠᠲᠤᠲᠠᠢ ᠠᠬᠢᠭᠤᠯᠤᠨ᠎ᠠ | ︵ᠬᠤᠷᠢᠨ ᠳᠥᠷᠪᠡ︶ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢᠨ ᠠᠵᠢᠯᠯᠠᠭ᠎ᠠ ᠶᠢ ᠢᠳᠡᠪᠬᠢᠲᠡᠢ | ᠬᠡᠷᠡᠭᠵᠢᠭᠦᠯᠦᠨ᠎ᠡ᠃ | ︵ᠬᠤᠷᠢᠨ ᠲᠠᠪᠤ︶ ᠲᠠᠷᠢᠶᠠᠯᠠᠬᠤ ᠣᠷᠣᠨ ᠤ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ | ᠵᠠᠰᠠᠵᠤ ᠳᠡᠭᠡᠭᠰᠢᠯᠡᠭᠦᠯᠬᠦ ᠶᠢ ᠭᠦᠨᠵᠡᠭᠡᠢ ᠬᠡᠷᠡᠭᠵᠢᠭᠦᠯᠦᠨ᠎ᠡ᠃ | ︵ᠬᠤᠷᠢᠨ ᠵᠢᠷᠭᠤᠭ᠎ᠠ︶ ᠲᠠᠷᠢᠶᠠᠯᠠᠬᠤ ᠣᠷᠣᠨ ᠤ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ | ᠲᠦᠷᠭᠡᠳᠬᠡᠨ ᠲᠡᠭᠦᠯᠳᠡᠷᠵᠢᠭᠦᠯᠦᠨ᠎ᠡ᠃ | ︵ᠬᠤᠷᠢᠨ ᠳᠣᠯᠤᠭ᠎ᠠ︶ ᠲᠣᠭᠠᠴᠢᠯᠠᠭᠰᠠᠨ ᠬᠥᠳᠡᠭᠡ ᠲᠣᠰᠬᠤᠨ ᠤ ᠪᠠᠷᠢᠮᠵᠢᠶᠠᠵᠢᠭᠤᠯᠬᠤ ᠪᠦᠲᠦᠭᠡᠨ | ᠪᠠᠶᠢᠭᠤᠯᠤᠯᠲᠠ ᠶᠢ ᠠᠬᠢᠭᠤᠯᠤᠨ᠎ᠠ᠃ | ︵ᠬᠤᠷᠢᠨ ᠨᠠᠢᠮᠠ︶ ᠲᠠᠷᠢᠶᠠᠯᠠᠬᠤ ᠣᠷᠣᠨ ᠤ ᠣᠯᠠᠨ ᠨᠡᠶᠢᠲᠡ ᠶᠢᠨ ᠦᠨᠳᠦᠰᠦᠨ ᠦᠢᠯᠡᠴᠢᠯᠡᠭᠡᠨ ᠤ ᠬᠢᠷᠢ | ᠬᠡᠮᠵᠢᠶ᠎ᠡ ᠶᠢ ᠳᠡᠭᠡᠭᠰᠢᠯᠡᠭᠦᠯᠦᠨ᠎ᠡ᠃ | ᠳᠣᠯᠤᠭ᠎ᠠ᠂ ᠪᠣᠳᠠᠲᠤ ᠦᠷ᠎ᠡ ᠪᠦᠲᠦᠮᠵᠢ ᠶᠢ ᠲᠣᠪᠤᠶᠢᠯᠭᠠᠨ ᠬᠥᠳᠡᠭᠡ ᠲᠣᠰᠬᠤᠨ ᠤ ᠵᠠᠰᠠᠯᠲᠠ ᠶᠢ | ᠰᠠᠶᠢᠵᠢᠷᠠᠭᠤᠯᠤᠨ᠎ᠠ | ︵ᠬᠤᠷᠢ ᠶᠢᠰᠦ︶ ᠨᠠᠮ ᠤᠨ ᠮᠠᠯᠵᠢᠬᠤ ᠲᠠᠷᠢᠶᠠᠯᠠᠬᠤ ᠣᠷᠣᠨ ᠤ ᠦᠨᠳᠦᠰᠦᠨ ᠱᠠᠲᠤᠨ ᠤ ᠵᠣᠬᠢᠶᠠᠨ | ᠪᠠᠶᠢᠭᠤᠯᠤᠯᠲᠠ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ | ︵ᠭᠤᠴᠢ︶ ᠰᠢᠨ᠎ᠡ ᠴᠠᠭ ᠦᠶ᠎ᠡ ᠶᠢᠨ ᠲᠠᠷᠢᠶᠠᠯᠠᠬᠤ ᠮᠠᠯᠵᠢᠬᠤ ᠣᠷᠣᠨ ᠤ ᠤᠶᠤᠨ ᠤ ᠪᠣᠯᠪᠠᠰᠤᠨ ᠤ | ᠪᠠᠶᠢᠭᠤᠯᠤᠯᠲᠠ ᠶᠢ ᠴᠢᠩᠭᠠᠳᠬᠠᠨ᠎ᠠ | ︵ᠭᠤᠴᠢᠨ ᠨᠢᠭᠡ︶ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢ ᠪᠤᠢ ᠪᠣᠯᠭᠠᠬᠤ ᠤᠬᠠᠮᠰᠠᠷ ᠢ | ᠭᠦᠨᠵᠡᠭᠡᠶᠢᠷᠡᠭᠦᠯᠦᠨ ᠪᠠᠬᠢᠵᠢᠭᠦᠯᠦᠨ᠎ᠡ᠃ | ︵ᠭᠤᠴᠢᠨ ᠬᠤᠶᠠᠷ︶ ᠲᠠᠷᠢᠶᠠᠯᠠᠬᠤ ᠣᠷᠣᠨ ᠤ ᠨᠡᠶᠢᠭᠡᠮ ᠤᠨ ᠠᠮᠤᠷ ᠲᠣᠭᠲᠠᠭᠤᠨ ᠪᠠᠶᠢᠳᠠᠯ ᠢ ᠦᠨᠡᠨᠬᠦ | ᠬᠠᠮᠠᠭᠠᠯᠠᠨ᠎ᠠ᠃ | ᠨᠠᠢᠮᠠ᠂ ᠲᠥᠷᠥ ᠶᠢᠨ ᠪᠣᠳᠣᠯᠭ᠎ᠠ ᠶᠢᠨ ᠪᠠᠲᠤᠯᠠᠭ᠎ᠠ ᠶᠢᠨ ᠡᠷᠴᠢᠮ ᠪᠠ ᠪᠠᠶᠢᠭᠤᠯᠤᠯ ᠲᠣᠭᠲᠠᠴᠠ ᠶᠢᠨ ᠰᠢᠨ᠎ᠡ ᠶᠢ | ᠡᠭᠦᠳᠬᠦ ᠶᠢ ᠴᠢᠭᠭᠠᠳᠬᠠᠨᠠ | ︵ᠭᠤᠴᠢᠨ ᠭᠤᠷᠪᠠ︶ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠣᠷᠣᠭᠤᠯᠤᠯᠲᠠ ᠶᠢᠨ | ᠪᠠᠲᠤᠯᠠᠭ᠎ᠠ ᠶᠢ ᠴᠢᠩᠭᠠᠷᠠᠭᠤᠯᠤᠨ᠎ᠠ᠃ | ︵ᠭᠤᠴᠢᠨ ᠳᠥᠷᠪᠡ︶ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠮᠥᠩᠭᠦᠨ ᠭᠦᠢᠯᠭᠡᠭᠡᠨ ᠤ | ᠦᠢᠯᠡᠴᠢᠯᠡᠭᠡ ᠶᠢ ᠳᠡᠭᠡᠭᠰᠢᠯᠡᠭᠦᠯᠦᠨ᠎ᠡ᠃ | ︵ᠭᠤᠴᠢᠨ ᠲᠠᠪᠤ︶ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠴᠢᠳᠠᠪᠤᠷᠢᠲᠠᠨ ᠤ ᠡᠩᠨᠡᠭᠡ ᠶᠢᠨ | ᠪᠠᠶᠢᠭᠤᠯᠤᠯᠲᠠ ᠶᠢ ᠴᠢᠩᠭᠠᠳᠬᠠᠨ᠎ᠠ᠃ | ︵ᠭᠤᠴᠢᠨ ᠵᠢᠷᠭᠤᠭ᠎ᠠ︶ ᠲᠠᠷᠢᠶᠠᠯᠠᠬᠤ ᠣᠷᠣᠨ ᠤ ᠥᠭᠡᠷᠡᠴᠢᠯᠡᠯᠲᠡ ᠶᠢᠨ ᠭᠤᠣᠯᠳᠠᠯᠭ᠎ᠠ ᠲᠠᠢ ᠡᠭᠦᠷᠭᠡ ᠶᠢᠨ | ᠨᠠᠶᠢᠳᠠᠪᠤᠷᠢᠵᠢᠭᠤᠯᠤᠯᠲᠠ ᠶᠢ ᠭᠦᠨᠵᠡᠭᠡᠢ ᠠᠬᠢᠭᠤᠯᠤᠨ᠎ᠠ᠃ | ᠶᠢᠰᠦ᠂ ᠲᠠᠷᠢᠶᠠᠯᠠᠩ ᠮᠠᠯ ᠠᠵᠤ ᠠᠬᠤᠢ ᠲᠠᠷᠢᠶᠠᠯᠠᠬᠤ ᠮᠠᠯᠵᠢᠬᠤ ᠣᠷᠣᠨ ᠲᠠᠷᠢᠶᠠᠴᠢᠨ ᠮᠠᠯᠴᠢᠳ ᠤᠨ ᠠᠵᠢᠯ ᠲᠠᠬᠢ | ᠨᠠᠮ ᠣᠨ ᠤᠳᠤᠷᠢᠳᠤᠯᠭ᠎ᠠ ᠶᠢ ᠴᠢᠩᠭᠠᠳᠬᠠᠨ ᠰᠠᠶᠢᠵᠢᠷᠠᠭᠤᠯᠬᠤ ᠬᠡᠷᠡᠭᠲᠡᠢ | ︵ᠭᠤᠴᠢᠨ ᠲᠤᠯᠤᠭ᠎ᠠ︶ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ | ᠠᠬᠢᠭᠤᠯᠬᠤ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ ᠴᠢᠩᠭᠠᠳᠬᠠᠬᠤ ᠬᠡᠷᠡᠭᠲᠡᠢ᠃ | ︵ᠭᠤᠴᠢᠨ ᠨᠠᠢᠮᠠ︶ ᠨᠠᠮ ᠤᠨ ᠲᠠᠷᠢᠶᠠᠯᠠᠬᠤ ᠣᠷᠣᠨ ᠤ ᠠᠵᠢᠯ ᠤᠨ ᠪᠠᠶᠢᠭᠤᠯᠤᠮᠵᠢ ᠶᠢ ᠪᠠᠶᠢᠭᠤᠯᠤᠨ | ᠬᠦᠴᠦᠷᠬᠡᠭᠵᠢᠭᠦᠯᠦᠨ᠎ᠡ᠃ | ︵ᠭᠤᠴᠢ ᠶᠢᠰᠦ︶ ᠴᠡᠭ ᠢᠶᠠᠷ ᠨᠡᠶᠢᠳᠡᠮ ᠢ ᠲᠠᠶᠢᠴᠢᠯᠠᠨ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠶᠢ ᠪᠦᠬᠦ ᠲᠠᠯ᠎ᠠ ᠪᠠᠷ ᠥᠷᠨᠢᠭᠦᠯᠪᠡ᠃ | | | | | |