ᠦᠬᠠᠢ ᠬᠤᠲᠠ ᠶᠢᠨ ᠬᠠᠶᠢᠨᠠᠨ ᠲᠣᠭᠤᠷᠢᠭ ᠤᠨ ᠲᠥᠰᠥᠪ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢ ᠪᠥᠬᠦ ᠲᠠᠯ᠎ᠠ ᠪᠠᠷ ᠬᠡᠷᠡᠭᠵᠢᠭᠦᠯᠬᠦ ᠲᠥᠰᠥᠯ
ᠨᠡᠶᠢᠲᠡᠯᠡᠭᠰᠡᠨ ᠴᠠᠭ᠄
2022/11/29
    01 ᠨᠡᠶᠢᠲᠡᠯᠡᠭᠰᠡᠨ ᠠᠬᠤᠢ ᠪᠠᠶᠢᠳᠠᠯ      ᠲᠥᠰᠥᠪ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢ ᠪᠦᠬᠦ ᠲᠠᠯ᠎ᠠ ᠪᠠᠷ ᠬᠡᠷᠡᠭᠵᠢᠭᠦᠯᠬᠦ ᠪᠣᠯ ᠤᠯᠤᠰ ᠤᠨ ᠵᠠᠰᠠᠯᠲᠠ ᠶᠢᠨ ᠰᠢᠰᠲ᠋ᠧᠮ ᠪᠠ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠲᠦᠯᠬᠢᠨ ᠠᠬᠢᠭᠤᠯᠬᠤ ᠶᠢᠨ ᠳᠣᠲᠣᠭᠠᠳᠤ ᠱᠠᠭᠠᠷᠳᠠᠯᠭ᠎ᠠ ᠮᠥᠨ᠂ ᠡᠳ᠋ ᠤᠨ ᠵᠠᠰᠠᠭ ᠭᠠᠶᠢᠯᠢ ᠶᠢᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ᠂ ᠤᠳᠤ ᠦᠶ᠎ᠡ ᠶᠢᠨ ᠡᠳ᠋ ᠤᠨ ᠵᠠᠰᠠᠭ ᠤᠨ ᠳᠦᠷᠢᠮ ᠢ ᠪᠠᠶᠢᠭᠤᠯᠬᠤ ᠶᠢᠨ ᠴᠢᠬᠤᠯᠠ ᠠᠭᠤᠯᠭ᠎ᠠ ᠮᠥᠨ᠂ ᠡᠳ᠋ ᠤᠨ ᠵᠠᠰᠠᠭ ᠤᠨ ᠡᠬᠢ ᠪᠠᠶᠠᠯᠢᠭ ᠤᠨ ᠲᠣᠬᠢᠷᠠᠭᠤᠯᠤᠯᠲᠠ ᠶᠢ ᠰᠢᠯᠢᠳᠡᠭᠵᠢᠭᠦᠯᠬᠦ᠂ ᠤᠯᠠᠨ ᠨᠡᠶᠢᠲᠡ ᠶᠢᠨ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠬᠦ ᠵᠠᠩᠭᠢᠯᠠᠭ᠎ᠠ ᠶᠢᠨ ᠠᠷᠭ᠎ᠠ ᠬᠡᠮᠵᠢᠶ᠎ᠡ ᠮᠥᠨ᠃ ᠲᠥᠰᠥᠪ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢ ᠪᠦᠬᠦ ᠲᠠᠯ᠎ᠠ ᠪᠠᠷ ᠬᠡᠷᠡᠭᠵᠢᠭᠦᠯᠬᠦ ᠪᠣᠯ ᠣᠳᠣᠬᠠᠨ ᠤ ᠪᠠ ᠬᠤᠶᠢᠰᠢᠳᠠ ᠶᠢᠨ ᠬᠡᠰᠡᠭ ᠬᠤᠭᠤᠴᠠᠭᠠᠨ ᠤ ᠡᠳ᠋ ᠤᠨ ᠵᠠᠰᠠᠭ ᠤᠨ ᠲᠥᠰᠥᠪ ᠤᠨ ᠠᠵᠢᠯ ᠤᠨ ᠭᠤᠣᠯᠳᠠᠯᠭ᠎ᠠ ᠮᠥᠨ᠂ ᠵᠠᠰᠠᠭ ᠤᠨ ᠣᠷᠳᠣᠨ ᠤ ᠵᠠᠰᠠᠬᠤ ᠠᠷᠭ᠎ᠠ ᠮᠠᠶ᠋ᠢᠭ ᠤᠨ ᠭᠦᠨᠵᠡᠭᠡᠢ ᠬᠤᠪᠢᠰᠤᠯᠲᠠ ᠮᠥᠨ᠂ ᠨᠢᠭᠡᠨ ᠤᠷᠳᠤ ᠬᠤᠭᠤᠴᠠᠭᠠᠨ ᠤ ᠰᠢᠰᠲ᠋ᠧᠮᠲᠦ ᠴᠢᠨᠠᠷᠲᠠᠢ ᠢᠨᠵᠧᠨᠧᠷᠢᠩ ᠮᠥᠨ᠃    02 ᠲᠣᠭᠲᠠᠭᠠᠬᠤ ᠦᠨᠳᠦᠰᠦ ᠪᠠᠷᠢᠮᠲᠠ      ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠢᠯᠡᠳᠬᠡᠯ ᠳᠤ᠄ ︽ᠪᠦᠬᠦ ᠲᠠᠯ᠎ᠠ ᠪᠠᠷ ᠵᠢᠷᠤᠮᠵᠢᠯ ᠲᠠᠢ ᠢᠯᠡ ᠲᠣᠳᠣ᠂ ᠪᠠᠷᠢᠮᠵᠢᠶ᠎ᠠ ᠰᠢᠨᠵᠢᠯᠡᠬᠦ ᠤᠬᠠᠭᠠᠨᠴᠢ᠂ ᠬᠢᠵᠠᠭᠠᠷᠯᠠᠯ ᠬᠦᠴᠦᠲᠡᠢ ᠲᠥᠰᠥᠪ ᠤᠨ ᠳᠦᠷᠢᠮ ᠢ ᠪᠠᠶᠢᠭᠤᠯᠵᠤ᠂ ᠦᠷ᠎ᠡ ᠪᠦᠲᠦᠮᠵᠢ ᠶᠢᠨ ᠬᠠᠮᠢᠶᠠᠷᠤᠯᠲᠠ ᠶᠢ ᠪᠦᠬᠦ ᠲᠠᠯ᠎ᠠ ᠪᠠᠷ ᠬᠡᠷᠡᠭᠵᠢᠭᠦᠯᠦᠨ᠎ᠡ︾᠃ ᠵᠣᠷᠢᠭ ᠰᠠᠨᠠᠭ᠎ᠠ᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠲᠥᠷᠥ ᠶᠢᠨ ᠶᠠᠪᠤᠳᠠᠯ ᠤᠨ ᠬᠤᠷᠢᠶᠠᠨ ᠤ ᠲᠥᠰᠥᠪ ᠤᠨ ᠠᠵᠢᠯ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢ ᠪᠥᠬᠦ ᠲᠠᠯ᠎ᠠ ᠪᠠᠷ ᠬᠡᠷᠡᠭᠵᠢᠭᠦᠯᠬᠦ ᠲᠤᠬᠠᠢ ᠰᠠᠨᠠᠯ︾ ︵ᠲᠥᠪ ᠲᠠᠷᠬᠠᠭᠠᠭᠰᠠᠨ ﹇2018﹈ 34 ᠳ᠋ᠦᠭᠡᠷ ᠲᠣᠭᠠᠲᠤ︶᠂ ᠥᠪᠡᠷᠲᠡᠭᠡᠨ ᠵᠠᠰᠠᠬᠤ ᠣᠷᠣᠨ ᠤ ︽ᠲᠥᠰᠥᠪ ᠤᠨ ᠠᠵᠢᠯ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢ ᠪᠥᠬᠦ ᠲᠠᠯ᠎ᠠ ᠪᠠᠷ ᠬᠡᠷᠡᠭᠵᠢᠭᠦᠯᠬᠦ ᠲᠤᠬᠠᠢ ᠬᠡᠷᠡᠭᠵᠢᠭᠦᠯᠬᠦ ᠰᠠᠨᠠᠯ︾ ︵ᠳᠣᠲᠣᠭᠠᠳᠤ ᠡᠳ᠋ ᠤᠨ ᠵᠠᠰᠠᠭ ᠬᠢᠨᠠᠯᠲᠠ ﹇2019﹈ 1343 ᠳ᠋ᠤᠭᠠᠷ ᠲᠣᠭᠠᠲᠤ︶᠂ ᠦᠬᠠᠢ ᠬᠤᠲᠠ ᠶᠢᠨ ︽ᠲᠥᠰᠥᠪ ᠤᠨ ᠠᠵᠢᠯ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢ ᠪᠥᠬᠦ ᠲᠠᠯ᠎ᠠ ᠪᠠᠷ ᠬᠡᠷᠡᠭᠵᠢᠭᠦᠯᠬᠦ ᠲᠤᠬᠠᠢ ᠬᠡᠷᠡᠭᠵᠢᠭᠦᠯᠬᠦ ᠲᠥᠰᠥᠯ︾ ︵ᠦᠬᠠᠢ ᠵᠠᠰᠠᠭ ᠲᠠᠷᠬᠠᠭᠠᠭᠰᠠᠨ 2021130 ᠳ᠋ᠤᠭᠠᠷ ᠲᠣᠭᠠᠲᠤ︶ ᠤᠨ ᠵᠣᠷᠢᠭ ᠰᠠᠨᠠᠭ᠎ᠠ ᠶᠢ ᠦᠨᠳᠦᠰᠦᠯᠡᠨ᠂ ᠮᠠᠨ ᠤ ᠲᠣᠭᠤᠷᠢᠭ ᠲᠤ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠵᠤ᠂ ᠲᠣᠰ ᠬᠡᠷᠡᠭᠵᠢᠭᠦᠯᠬᠦ ᠲᠥᠰᠥᠯ ᠢ ᠲᠣᠭᠲᠠᠭᠠᠪᠠ᠃    03 ᠭᠤᠣᠯ ᠠᠭᠤᠯᠭ᠎ᠠ      ︽ᠬᠡᠷᠡᠭᠵᠢᠭᠦᠯᠬᠦ ᠲᠥᠰᠥᠯ︾  ᠢ ᠬᠠᠶᠢᠨᠠᠨ ᠲᠣᠭᠤᠷᠢᠭ ᠤᠨ ᠲᠥᠰᠥᠪ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢᠨ ᠠᠵᠢᠯ ᠢ ᠥᠷᠨᠢᠭᠦᠯᠦᠭᠰᠡᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠨᠢᠭᠡᠳᠦᠯᠲᠡᠢ ᠲᠥᠯᠥᠪᠵᠢᠭᠦᠯᠬᠦ᠂ ᠠᠯᠬᠤᠮ ᠬᠤᠪᠢᠶᠠᠨ ᠬᠡᠷᠡᠭᠵᠢᠭᠦᠯᠬᠦ᠂ ᠴᠡᠭ ᠪᠠ ᠨᠡᠶᠢᠳᠡᠮ ᠢ ᠤᠶᠠᠯᠳᠤᠭᠤᠯᠬᠤ᠂ ᠠᠯᠬᠤᠮ ᠠᠯᠬᠤᠮ ᠢᠶᠠᠷ ᠳᠡᠯᠭᠡᠷᠡᠭᠦᠯᠬᠦ ᠵᠠᠷᠴᠢᠮ ᠶᠣᠰᠣᠭᠠᠷ᠂ ᠶᠡᠷᠦᠩᠬᠡᠢ ᠱᠠᠭᠠᠷᠳᠠᠯᠭ᠎ᠠ᠂ ᠭᠤᠣᠯ ᠠᠷᠭ᠎ᠠ ᠬᠡᠮᠵᠢᠶ᠎ᠡ᠂ ᠭᠤᠣᠯᠳᠠᠯᠭ᠎ᠠ ᠲᠠᠢ ᠠᠵᠢᠯ ᠪᠠ ᠪᠠᠲᠤᠯᠠᠭ᠎ᠠ ᠶᠢᠨ ᠠᠷᠭ᠎ᠠ ᠬᠡᠮᠵᠢᠶ᠎ᠡ ᠵᠡᠷᠭᠡ ᠳᠥᠷᠪᠡᠨ ᠲᠠᠯ᠎ᠠ ᠪᠠᠷ ᠥᠭᠦᠯᠡᠨ ᠲᠣᠭᠠᠴᠢᠪᠠ       ︵ᠨᠢᠭᠡ︶ ᠶᠡᠷᠦᠩᠬᠡᠢ ᠱᠠᠭᠠᠷᠳᠠᠯᠭ᠎ᠠ        1 ᠠᠵᠢᠯ ᠤᠨ ᠬᠠᠷᠠᠯᠲᠠ᠃ ᠬᠠᠶᠢᠨᠠᠨ ᠲᠣᠭᠤᠷᠢᠭ 2022 ᠣᠨ ᠤ ᠰᠡᠭᠦᠯᠴᠢ ᠪᠠᠷ ᠪᠦᠬᠦ ᠲᠠᠯ᠎ᠠ ᠶᠢᠨ᠂ ᠪᠦᠬᠦ ᠶᠠᠪᠤᠴᠠ ᠶᠢᠨ᠂ ᠪᠦᠬᠦᠨ ᠢ ᠬᠠᠮᠤᠷᠤᠭᠰᠠᠨ ᠲᠥᠰᠥᠪ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢᠨ ᠰᠢᠰᠲ᠋ᠧᠮ ᠢ ᠦᠨᠳᠦᠰᠦᠨ ᠳᠡᠭᠡᠨ ᠪᠠᠶᠢᠭᠤᠯᠪᠠ᠃        2 ᠠᠵᠢᠯ ᠤᠨ ᠵᠠᠷᠴᠢᠮ᠃ ᠨᠢᠭᠡᠳᠦᠯᠲᠡᠢ ᠤᠳᠤᠷᠢᠳᠴᠤ᠂ ᠠᠵᠢᠯ ᠬᠤᠪᠢᠶᠠᠷᠢᠯᠠᠨ ᠬᠠᠷᠢᠭᠤᠴᠠᠵᠤ᠂ ᠰᠢᠨᠵᠢᠯᠡᠬᠦ ᠤᠬᠠᠭᠠᠨᠴᠢ ᠪᠠᠷ ᠵᠢᠷᠤᠮᠵᠢᠭᠤᠯᠤᠨ᠂ ᠪᠥᠬᠦ ᠲᠠᠯ᠎ᠠ ᠪᠠᠷ ᠠᠭᠤᠰᠤᠯᠴᠠᠭᠤᠯᠤᠨ᠂ ᠨᠢᠭᠡᠳᠦᠯᠲᠡᠢ ᠲᠥᠯᠥᠪᠵᠢᠭᠦᠯᠵᠦ᠂ ᠠᠯᠬᠤᠮ ᠬᠤᠪᠢᠶᠠᠨ ᠬᠡᠷᠡᠭᠵᠢᠭᠦᠯᠵᠦ᠂ ᠬᠡᠷᠡᠭᠯᠡᠯᠲᠡ ᠶᠢ ᠴᠢᠩᠭᠠᠳᠬᠠᠨ᠂ ᠰᠥᠩ ᠤᠯᠤᠰ ᠢ ᠤᠷᠮᠠᠰᠢᠭᠤᠯᠤᠨ᠎ᠠ᠃      ︵ᠬᠤᠶᠠᠷ︶ ᠭᠤᠣᠯ ᠠᠷᠭ᠎ᠠ ᠬᠡᠮᠵᠢᠶ᠎ᠡ        1. ᠬᠡᠷᠡᠭ ᠤᠨ ᠡᠮᠦᠨᠡᠬᠢ ᠠᠵᠢᠯ ᠤᠨ ᠠᠮᠵᠢᠯᠲᠠ ᠪᠦᠲᠦᠮᠵᠢ ᠶᠢ ᠦᠨᠡᠯᠡᠨ ᠵᠢᠱᠢᠬᠦ ᠶᠢ ᠭᠦᠨᠵᠡᠭᠡᠢ ᠠᠬᠢᠭᠤᠯᠤᠨ᠎ᠠ᠃ 2023 ᠣᠨ ᠠᠴᠠ ᠡᠬᠢᠯᠡᠨ᠂ ᠡᠯ᠎ᠡ ᠰᠠᠯᠠᠭ᠎ᠠ ᠮᠥᠴᠢᠷ ᠡᠯ᠎ᠡ ᠨᠢᠭᠡᠴᠡ ᠶᠢᠨ ᠰᠢᠨ᠎ᠡ ᠪᠠᠷ ᠨᠡᠶᠢᠲᠡᠯᠡᠬᠦ ᠪᠠᠷ ᠪᠠᠶᠢᠭ᠎ᠠ ᠴᠢᠬᠤᠯᠠ ᠶᠡᠭᠡ ᠲᠥᠷᠥ ᠶᠢᠨ ᠪᠣᠳᠣᠯᠭ᠎ᠠ᠂ ᠭᠤᠣᠯᠳᠠᠯᠭ᠎ᠠ ᠲᠠᠢ ᠲᠥᠷᠥᠯ ᠵᠦᠢᠯ ︵PPP ᠲᠥᠷᠥᠯ ᠵᠦᠢᠯ᠂ ᠵᠢᠭᠡᠯᠡᠯᠭᠡ ᠶᠢᠨ ᠲᠡᠮᠳᠡᠭᠲᠦ ᠶᠢᠨ ᠲᠥᠷᠥᠯ ᠵᠦᠢᠯ ᠵᠡᠷᠭᠡ ᠪᠠᠭᠲᠠᠨ᠎ᠠ︶ ᠳᠤ ᠴᠥᠮ ᠠᠵᠢᠯ ᠤᠨ ᠡᠮᠦᠨᠡᠬᠢ ᠠᠮᠵᠢᠯᠲᠠ ᠪᠦᠲᠦᠮᠵᠢ ᠶᠢᠨ ᠦᠨᠡᠯᠡᠨ ᠵᠢᠱᠢᠯᠲᠡ ᠶᠢ ᠢᠳᠡᠪᠬᠢᠲᠡᠢ ᠥᠷᠨᠢᠭᠦᠯᠬᠦ ᠬᠡᠷᠡᠭᠲᠡᠢ᠃        2. ᠠᠮᠵᠢᠯᠲᠠ ᠪᠦᠲᠦᠮᠵᠢ ᠶᠢᠨ ᠬᠠᠷᠠᠯᠲᠠᠲᠤ ᠬᠠᠮᠢᠶᠠᠷᠤᠯᠲᠠ ᠶᠢ ᠴᠢᠩᠭᠠᠷᠠᠭᠤᠯᠤᠨ᠎ᠠ᠃ 2023 ᠣᠨ ᠤ ᠲᠥᠰᠥᠪ ᠢ ᠨᠠᠶᠢᠷᠠᠭᠤᠯᠤᠨ ᠵᠣᠬᠢᠶᠠᠬᠤ ᠦᠶ᠎ᠡ ᠳᠤ᠂ ︿ᠬᠡᠨ ᠪᠡᠯᠡ ᠮᠥᠩᠭᠦ ᠭᠤᠶᠤᠴᠢᠯᠠᠪᠠᠯ ᠬᠡᠨ ᠬᠠᠷᠠᠯᠲᠠ ᠲᠣᠭᠲᠠᠭᠠᠬᠤ﹀ ᠵᠠᠷᠴᠢᠮ ᠶᠣᠰᠣᠭᠠᠷ᠂ ᠲᠣᠭᠤᠷᠢᠭ ᠤᠨ ᠰᠢᠭᠤᠳ ᠬᠠᠷᠢᠶ᠎ᠠ ᠰᠠᠯᠠᠭ᠎ᠠ ᠮᠥᠴᠢᠷ ︵ᠨᠢᠭᠡᠴᠡ︶ ᠨᠢ ᠠᠵᠢᠯ ᠤᠨ ᠠᠮᠵᠢᠯᠲᠠ ᠪᠦᠲᠦᠮᠵᠢ ᠶᠢᠨ ᠬᠠᠷᠠᠯᠲᠠ ᠶᠢ ᠨᠠᠶᠢᠷᠠᠭᠤᠯᠤᠨ ᠵᠣᠬᠢᠶᠠᠬᠤ ᠱᠠᠭᠠᠷᠳᠠᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠰᠠᠯᠠᠭ᠎ᠠ ᠮᠥᠴᠢᠷ ᠪᠠ ᠨᠢᠭᠡᠴᠡ ᠶᠢᠨ ᠪᠦᠬᠦᠯᠢ ᠴᠣᠭᠴᠠ ᠶᠢᠨ ᠠᠵᠢᠯ ᠤᠨ ᠠᠮᠵᠢᠯᠲᠠ ᠪᠦᠲᠦᠮᠵᠢ ᠶᠢᠨ ᠬᠠᠷᠠᠯᠲᠠ᠂ ᠲᠥᠷᠥ ᠶᠢᠨ ᠪᠣᠳᠣᠯᠭ᠎ᠠ ᠶᠢᠨ ᠠᠵᠢᠯ ᠤᠨ ᠠᠮᠵᠢᠯᠲᠠ ᠪᠦᠲᠦᠮᠵᠢ ᠶᠢᠨ ᠬᠠᠷᠠᠯᠲᠠ ᠵᠢᠴᠢ ᠲᠥᠷᠥᠯ ᠵᠦᠢᠯ ᠤᠨ ᠠᠵᠢᠯ ᠤᠨ ᠠᠮᠵᠢᠯᠲᠠ ᠪᠦᠲᠦᠮᠵᠢ ᠶᠢᠨ ᠬᠠᠷᠠᠯᠲᠠ ᠶᠢ ᠲᠣᠬᠢᠷᠠᠭᠤᠯᠵᠤ᠂ ᠠᠵᠢᠯ ᠤᠨ ᠠᠮᠵᠢᠯᠲᠠ ᠪᠦᠲᠦᠮᠵᠢ ᠶᠢᠨ ᠬᠠᠷᠠᠯᠲᠠ ᠶᠢ ᠪᠠᠶᠢᠷᠢᠯᠠᠭᠤᠯᠬᠤ ᠶᠢ ᠲᠥᠰᠥᠪ ᠤᠨ ᠲᠣᠬᠢᠷᠠᠭᠤᠯᠤᠯᠲᠠ ᠶᠢᠨ ᠤᠷᠢᠳᠠᠴᠢ ᠨᠥᠬᠦᠴᠡᠯ ᠪᠠ ᠵᠠᠪᠠᠯ ᠪᠦᠷᠢᠯᠳᠦᠭᠦᠯᠬᠦ ᠠᠭᠤᠯᠭ᠎ᠠ ᠪᠣᠯᠭᠠᠬᠤ ᠬᠡᠷᠡᠭᠲᠡᠢ᠃        3. ᠠᠵᠢᠯ ᠤᠨ ᠠᠮᠵᠢᠯᠲᠠ ᠪᠦᠲᠦᠮᠵᠢ ᠶᠢᠨ ᠠᠵᠢᠯᠯᠠᠭᠠᠨ ᠤ ︽ᠬᠤᠶᠠᠷ ᠢ ᠬᠢᠨᠠᠨ ᠡᠵᠡᠮᠳᠡᠬᠦ︾ ᠶᠢ ᠰᠠᠶᠢᠲᠤᠷ ᠬᠢᠨ᠎ᠡ᠃ ᠲᠣᠭᠤᠷᠢᠭ ᠤᠨ ᠰᠢᠭᠤᠳ ᠬᠠᠷᠢᠶ᠎ᠠ ᠰᠠᠯᠠᠭ᠎ᠠ ᠮᠥᠴᠢᠷ ︵ᠨᠢᠭᠡᠴᠡ︶ ᠨᠢ ᠲᠤᠬᠠᠢ ᠶᠢᠨ ᠵᠢᠯ ᠤᠨ ᠲᠥᠰᠥᠪ ᠲᠤ ᠲᠣᠬᠢᠷᠠᠭᠤᠯᠤᠭᠰᠠᠨ ᠪᠣᠶ ᠪᠦᠬᠦᠢ ᠲᠥᠷᠥᠯ ᠵᠦᠢᠯ ᠤᠨ ᠪᠡᠯᠡ ᠮᠥᠩᠭᠦ ᠶᠢᠨ ᠠᠮᠵᠢᠯᠲᠠ ᠪᠦᠲᠦᠮᠵᠢ ᠶᠢᠨ ᠬᠠᠷᠠᠯᠲᠠ ᠶᠢ ᠪᠡᠶᠡᠯᠡᠭᠦᠯᠦᠭᠰᠡᠨ ᠬᠡᠮᠵᠢᠶ᠎ᠡ ᠪᠠ ᠲᠥᠰᠥᠪ ᠢ ᠭᠦᠢᠴᠡᠳᠬᠡᠬᠦ ᠠᠬᠢᠴᠠ ᠳᠤ ︽ᠬᠤᠶᠠᠷ ᠢ ᠬᠢᠨᠠᠨ ᠡᠵᠡᠮᠳᠡᠬᠦ︾ ᠶᠢ ᠬᠡᠷᠡᠭᠵᠢᠭᠦᠯᠬᠦ ᠬᠡᠷᠡᠭᠲᠡᠢ᠃        4. ᠠᠮᠵᠢᠯᠲᠠ ᠪᠦᠲᠦᠮᠵᠢ ᠶᠢᠨ ᠦᠨᠡᠯᠡᠯᠲᠡ ᠶᠢ ᠪᠥᠬᠦ ᠲᠠᠯ᠎ᠠ ᠪᠠᠷ ᠥᠷᠨᠢᠭᠦᠯᠦᠨ᠎ᠡ᠃ ᠨᠢᠭᠡ ᠳᠤ 2023 ᠣᠨ ᠠᠴᠠ ᠡᠬᠢᠯᠡᠨ᠂ ᠪᠦᠬᠦᠨ ᠢ ᠬᠠᠮᠤᠷᠬᠤ ᠵᠠᠷᠴᠢᠮ ᠶᠣᠰᠣᠭᠠᠷ᠂ ᠲᠣᠭᠤᠷᠢᠭ ᠤᠨ ᠰᠢᠭᠤᠳ ᠬᠠᠷᠢᠶ᠎ᠠ ᠰᠠᠯᠠᠭ᠎ᠠ ᠮᠥᠴᠢᠷ ︵ᠨᠢᠭᠡᠴᠡ︶ ᠨᠢ ᠲᠣᠰ ᠰᠠᠯᠠᠭ᠎ᠠ ᠮᠥᠴᠢᠷ ᠪᠠ ᠬᠠᠷᠢᠶ᠎ᠠ ᠨᠢᠭᠡᠴᠡ ᠪᠠᠨ ᠵᠣᠬᠢᠶᠠᠨ ᠪᠠᠶᠢᠭᠤᠯᠵᠤ ᠪᠠᠶᠢᠭᠠᠳ ᠵᠠᠰᠠᠭ ᠤᠨ ᠣᠷᠳᠣᠨ ᠤ ᠲᠥᠰᠥᠪ ᠤᠨ ᠬᠠᠮᠢᠶᠠᠷᠤᠯᠲᠠ ᠳᠤ ᠣᠷᠣᠭᠤᠯᠤᠭᠰᠠᠨ ᠪᠣᠶ ᠪᠦᠬᠦᠢ ᠲᠥᠷᠥᠯ ᠵᠦᠢᠯ ᠤᠨ ᠵᠠᠷᠤᠯᠭ᠎ᠠ ᠵᠢᠴᠢ ᠰᠠᠯᠠᠭ᠎ᠠ ᠮᠥᠴᠢᠷ ᠪᠠ ᠨᠢᠭᠡᠴᠡ ᠶᠢᠨ ᠪᠦᠬᠦᠯᠢ ᠴᠣᠭᠴᠠ ᠶᠢᠨ ᠵᠠᠷᠤᠯᠭ᠎ᠠ ᠳᠤ ᠥᠪᠡᠷ ᠢ ᠪᠠᠨ ᠦᠨᠡᠯᠡᠬᠦ ᠶᠢ ᠥᠷᠨᠢᠭᠦᠯᠬᠦ ᠶᠢᠨ ᠬᠠᠮᠲᠤ᠂ ᠥᠪᠡᠷ ᠢ ᠪᠠᠨ ᠦᠨᠡᠯᠡᠭᠰᠡᠨ ᠦᠷ᠎ᠡ ᠳ᠋ᠦᠩ ᠢᠶᠠᠨ ᠠᠳᠠᠯᠢ ᠱᠠᠲᠤᠨ ᠤ ᠲᠥᠰᠥᠪ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠠ ᠡᠳ᠋ ᠤᠨ ᠵᠠᠰᠠᠭ ᠤᠨ ᠰᠠᠯᠠᠭ᠎ᠠ ᠮᠥᠴᠢᠷ ᠲᠤ ᠮᠡᠳᠡᠭᠦᠯᠦᠨ ᠬᠦᠷᠭᠡᠬᠦ ᠬᠡᠷᠡᠭᠲᠡᠢ᠃ ᠬᠤᠶᠠᠷ ᠲᠤ᠂ ᠭᠤᠣᠯᠳᠠᠯᠭ᠎ᠠ ᠲᠠᠢ ᠠᠵᠢᠯ ᠤᠨ ᠠᠮᠵᠢᠯᠲᠠ ᠪᠦᠲᠦᠮᠵᠢ ᠶᠢᠨ ᠦᠨᠡᠯᠡᠯᠲᠡ ᠶᠢᠨ ᠬᠡᠪ ᠤᠨ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠲᠣᠭᠤᠷᠢᠭ ᠤᠨ ᠡᠳ᠋ ᠤᠨ ᠵᠠᠰᠠᠭ ᠤᠨ ᠰᠠᠯᠠᠭ᠎ᠠ ᠮᠥᠴᠢᠷ ᠤᠳ ᠵᠢᠯ ᠪᠦᠷᠢ ︽ᠳᠥᠷᠪᠡᠨ ᠲᠥᠰᠥᠪ︾᠂ ᠵᠠᠰᠠᠭ ᠤᠨ ᠣᠷᠳᠣᠨ ᠤ ᠬᠤᠳᠠᠯᠳᠤᠨ ᠠᠪᠬᠤ᠂ ᠵᠠᠰᠠᠭ ᠤᠨ ᠣᠷᠳᠣᠨ ᠤ ᠬᠤᠳᠠᠯᠳᠤᠨ ᠠᠪᠬᠤ ᠦᠢᠯᠡᠴᠢᠯᠡᠭᠡ᠂ PPP ᠲᠥᠷᠥᠯ ᠵᠦᠢᠯ᠂ ᠵᠢᠭᠡᠯᠡᠯᠭᠡ ᠶᠢᠨ ᠲᠡᠮᠳᠡᠭᠲᠦ ᠶᠢᠨ ᠲᠥᠷᠥᠯ ᠵᠦᠢᠯ ᠤᠨ ᠪᠡᠯᠡ ᠮᠥᠩᠭᠦ ᠵᠡᠷᠭᠡ ᠬᠦᠷᠢᠶ᠎ᠡ ᠴᠠᠷᠠᠭ᠎ᠠ ᠶᠢᠨ ᠲᠣᠭᠤᠷᠢᠨ ᠳᠤ 10 ᠠᠴᠠ ᠳᠡᠭᠡᠭᠰᠢᠬᠢ ᠲᠥᠷᠥᠯ ᠵᠦᠢᠯ ᠢ ᠰᠣᠩᠭᠤᠨ ᠭᠤᠣᠯᠳᠠᠯᠭ᠎ᠠ ᠲᠠᠢ ᠦᠨᠡᠯᠡᠯᠲᠡ ᠬᠢᠨ᠎ᠡ᠃        5. ᠠᠮᠵᠢᠯᠲᠠ ᠪᠦᠲᠦᠮᠵᠢ ᠶᠢᠨ ᠦᠨᠡᠯᠡᠯᠲᠡ ᠶᠢᠨ ᠦᠷ᠎ᠡ ᠳ᠋ᠦᠩ ᠢ ᠬᠠᠷᠢᠭᠤ ᠲᠤᠰᠬᠠᠬᠤ ᠪᠠ ᠬᠡᠷᠡᠭᠯᠡᠬᠦ ᠶᠢ ᠴᠢᠩᠭᠠᠳᠬᠠᠨ᠎ᠠ᠃ ᠡᠳ᠋ ᠤᠨ ᠵᠠᠰᠠᠭ ᠤᠨ ᠰᠠᠯᠠᠭ᠎ᠠ ᠮᠥᠴᠢᠷ ᠪᠣᠯᠣᠨ ᠲᠥᠰᠥᠪ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ ᠬᠠᠷᠢᠭᠤ ᠲᠤᠰᠬᠠᠵᠤ ᠴᠡᠭᠴᠡᠯᠡᠨ ᠰᠠᠶᠢᠵᠢᠷᠠᠭᠤᠯᠬᠤ ᠳᠦᠷᠢᠮ ᠢ ᠪᠠᠶᠢᠭᠤᠯᠵᠤ᠂ ᠠᠵᠢᠯ ᠤᠨ ᠠᠮᠵᠢᠯᠲᠠ ᠪᠦᠲᠦᠮᠵᠢ ᠶᠢ ᠦᠨᠡᠯᠡᠭᠰᠡᠨ ᠦᠷ᠎ᠡ ᠳ᠋ᠦᠩ ᠢ ᠰᠠᠯᠠᠭ᠎ᠠ ᠮᠥᠴᠢᠷ ︵ᠨᠢᠭᠡᠴᠡ︶ ᠳᠤ ᠴᠠᠭ ᠲᠤᠬᠠᠢ ᠳᠤᠨᠢ ᠬᠠᠷᠢᠭᠤ ᠲᠤᠰᠬᠠᠵᠤ᠂ ᠡᠳ᠋ ᠤᠨ ᠵᠠᠰᠠᠭ ᠤᠨ ᠰᠠᠯᠠᠭ᠎ᠠ ᠮᠥᠴᠢᠷ ᠤᠳ ᠠᠵᠢᠯ ᠤᠨ ᠠᠮᠵᠢᠯᠲᠠ ᠪᠦᠲᠦᠮᠵᠢ ᠶᠢ ᠦᠨᠡᠯᠡᠭᠰᠡᠨ ᠦᠷ᠎ᠡ ᠳ᠋ᠦᠩ ᠢ ᠲᠥᠰᠥᠪ ᠤᠨ ᠲᠣᠬᠢᠷᠠᠭᠤᠯᠤᠯᠲᠠ ᠪᠠ ᠲᠥᠷᠥ ᠶᠢᠨ ᠪᠣᠳᠣᠯᠭ᠎ᠠ ᠶᠢᠨ ᠲᠣᠬᠢᠷᠠᠭᠤᠯᠤᠯᠲᠠ  ᠯᠤᠭ᠎ᠠ ᠬᠤᠯᠪᠣᠭᠳᠠᠭᠤᠯᠵᠤ᠂ ᠦᠨᠡᠯᠡᠭᠰᠡᠨ ᠦᠷ᠎ᠡ ᠳ᠋ᠦᠩ ᠢ ᠬᠤᠶᠢᠰᠢᠳᠠ ᠶᠢᠨ ᠣᠨ ᠤ ᠲᠥᠰᠥᠪ ᠢ ᠲᠣᠬᠢᠷᠠᠭᠤᠯᠬᠤ ᠴᠢᠬᠤᠯᠠ ᠦᠨᠳᠦᠰᠦᠯᠡᠯ ᠪᠣᠯᠭᠠᠬᠤ ᠬᠡᠷᠡᠭᠲᠡᠢ᠃      ︵ᠭᠤᠷᠪᠠ︶ ᠭᠤᠣᠯᠳᠠᠯᠭ᠎ᠠ ᠲᠠᠢ ᠠᠵᠢᠯ        ᠱᠠᠲᠤ ᠲᠥᠷᠥᠯ ᠬᠤᠪᠢᠶᠠᠭᠰᠠᠨ ᠲᠥᠰᠥᠪ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢᠨ ᠲᠥᠰᠥᠯ ᠤᠨ ᠰᠢᠰᠲ᠋ᠧᠮᠵᠢ ᠶᠢ ᠲᠡᠭᠦᠯᠳᠡᠷᠵᠢᠭᠦᠯᠦᠨ᠎ᠡ᠄ ᠲᠥᠰᠥᠪ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢᠨ ᠳᠦᠷᠢᠮ ᠢ ᠪᠦᠷᠢᠨᠰᠢᠭᠦᠯᠦᠨ᠎ᠡ᠄ ᠲᠥᠰᠥᠪ ᠤᠨ ᠠᠮᠵᠢᠯᠲᠠ ᠪᠦᠲᠦᠮᠵᠢ ᠶᠢᠨ ᠭᠦᠢᠴᠡᠳᠬᠡᠯ ᠲᠤᠭ᠎ᠠ ᠪᠠ ᠪᠠᠷᠢᠮᠵᠢᠶ᠎ᠠ ᠶᠢᠨ ᠰᠢᠰᠲ᠋ᠧᠮᠵᠢ ᠶᠢ ᠪᠠᠶᠢᠭᠤᠯᠤᠨ᠎ᠠ᠄ ᠲᠥᠰᠥᠪ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢᠨ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠶᠢ ᠴᠢᠩᠭᠠᠳᠬᠠᠨ᠎ᠠ︔ ᠲᠥᠰᠥᠪ ᠤᠨ ᠠᠮᠵᠢᠯᠲᠠ ᠪᠦᠲᠦᠮᠵᠢ ᠶᠢᠨ ᠮᠡᠳᠡᠭᠡ ᠵᠠᠩᠭᠢ ᠶᠢ ᠢᠯᠡ ᠪᠣᠯᠭᠠᠬᠤ ᠶᠢ ᠠᠬᠢᠭᠤᠯᠤᠨ᠎ᠠ᠃         ︵ᠳᠥᠷᠪᠡ︶ ᠪᠠᠲᠤᠯᠠᠭ᠎ᠠ ᠶᠢᠨ ᠠᠷᠭ᠎ᠠ ᠬᠡᠮᠵᠢᠶ᠎ᠡ        ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠬᠤ ᠬᠡᠷᠡᠭᠲᠡᠢ᠄ ᠬᠠᠷᠢᠭᠤᠴᠠᠯᠭ᠎ᠠ ᠶᠢᠨ ᠬᠢᠵᠠᠭᠠᠷᠯᠠᠯ ᠢ ᠲᠣᠳᠣᠷᠬᠠᠶᠢᠯᠠᠬᠤ ᠬᠡᠷᠡᠭᠲᠡᠢ︔ ᠨᠢᠭᠡᠳᠦᠯᠲᠡᠢ ᠲᠥᠯᠥᠪᠯᠡᠨ ᠵᠣᠬᠢᠴᠠᠭᠤᠯᠬᠤ ᠶᠢ ᠴᠢᠩᠭᠠᠳᠬᠠᠨ᠎ᠠ᠄ ᠬᠢᠨᠠᠯᠲᠠ ᠲᠠᠯᠪᠢᠵᠤ ᠰᠢᠯᠭᠠᠨ ᠬᠢᠨᠠᠬᠤ ᠶᠢ ᠴᠢᠩᠭᠠᠳᠬᠠᠨ᠎ᠠ︔ ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ ᠢ ᠥᠷᠨᠢᠭᠦᠯᠦᠨ᠎ᠡ ; ᠲᠦᠷᠦ ᠶᠢᠨ ᠪᠣᠳᠣᠯᠭ᠎ᠠ ᠶᠢᠨ ᠣᠬᠠᠭᠤᠯᠭ᠎ᠠ ᠶᠢ ᠴᠢᠭᠭᠠᠳᠬᠠᠨ᠎ᠠ᠃ 
 
ᠢᠷᠡᠯᠲᠡ᠄ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号