ᠳᠡᠭᠡᠳᠦ ᠰᠤᠷᠭᠠᠭᠤᠯᠢ ᠲᠡᠭᠦᠰᠦᠭᠰᠡᠳ ᠠᠳᠠᠯ ᠣᠶᠢᠯᠡᠰ ᠴᠣᠭᠴᠠᠯᠠᠬᠤ ᠳᠤ ᠤᠯᠤᠰ ᠠᠴᠠ ᠶᠠᠮᠠᠷ ᠶᠠᠮᠠᠷ ᠲᠥᠷᠥ ᠶᠢᠨ | ᠪᠣᠳᠣᠯᠭ᠎ᠠ ᠶᠢᠨ ᠳᠡᠮᠵᠢᠯᠭᠡ ᠦᠵᠡᠭᠦᠯᠬᠦ ᠪᠣᠶ︖ | ᠳᠡᠭᠡᠳᠦ ᠰᠤᠷᠭᠠᠭᠤᠯᠢ ᠲᠡᠭᠦᠰᠦᠭᠰᠡᠳ ᠠᠳᠠᠯ ᠦᠢᠯᠡᠰ ᠪᠣᠰᠬᠠᠬᠤ ᠨᠥᠬᠦᠴᠡᠯ ᠳᠤ ᠨᠡᠶᠢᠴᠡᠪᠡᠯ ᠳᠣᠣᠷᠠᠬᠢ | ᠲᠥᠷᠥ ᠶᠢᠨ ᠪᠣᠳᠣᠯᠭ᠎ᠠ ᠶᠢ ᠬᠦᠷᠲᠡᠵᠦ ᠪᠣᠯᠤᠨ᠎ᠠ᠃ | ᠨᠢᠭᠡ ᠳᠤ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ︵ᠣᠶᠤᠲᠠᠨ ᠭᠠᠴᠠᠭᠠᠨ ᠳᠠᠷᠤᠭ᠎ᠠ ᠪᠠ | ᠭᠠᠳᠠᠭᠠᠳᠤ ᠳᠤ ᠰᠤᠷᠤᠯᠴᠠᠭᠠᠳ ᠤᠯᠤᠰ ᠲᠠᠭᠠᠨ ᠪᠤᠴᠠᠵᠤ ᠢᠷᠡᠭᠰᠡᠨ ᠰᠣᠷᠣᠭᠴᠢ ᠪᠠᠭᠲᠠᠨ᠎ᠠ︶ ᠬᠠᠮᠤᠭ ᠤᠨ | ᠶᠡᠭᠡ ᠳᠡᠭᠡᠨ 20 ᠲᠦᠮᠡᠨ ᠲᠥᠭᠦᠷᠢᠭ ᠠᠴᠠ ᠬᠡᠲᠦᠷᠡᠬᠦ ᠥᠬᠡᠶ᠂ ᠲᠤᠰᠬᠠᠶ ᠵᠣᠶᠢᠯ ᠤᠨ ᠪᠠᠯᠠ ᠮᠥᠩᠭᠦ ᠶᠢᠨ ᠳᠠᠮ | ᠬᠦᠦ ᠲᠠᠢ ᠬᠤᠪᠢ ᠬᠥᠮᠦᠨ ᠤ ᠠᠳᠠᠯ ᠣᠶᠢᠯᠡᠰ ᠴᠣᠭᠴᠠᠯᠠᠬᠤ ᠳᠠᠭᠠᠭᠠᠯᠲᠠ ᠲᠠᠢ ᠵᠢᠭᠡᠯᠡᠯᠭᠡ ᠭᠤᠶᠤᠴᠢᠯᠠᠵᠤ ᠪᠣᠯᠤᠨ᠎ᠠ | ᠂ ᠵᠢᠵᠢᠭ ᠪᠢᠴᠢᠯ ᠠᠵᠤ ᠠᠬᠤᠶᠢᠯᠠᠯ ᠡᠭᠦᠳᠦᠨ ᠪᠠᠶᠢᠭᠤᠯᠬᠤ ᠳᠤ ᠬᠠᠮᠤᠭ ᠤᠨ ᠶᠡᠭᠡ ᠳᠡᠭᠡᠨ 300 ᠲᠦᠮᠡᠨ | ᠲᠥᠭᠦᠷᠢᠭ ᠠᠴᠠ ᠬᠡᠲᠦᠷᠡᠬᠦ ᠥᠬᠡᠶ ᠵᠢᠭᠡᠯᠡᠯᠭᠡ ᠭᠤᠶᠤᠴᠢᠯᠠᠵᠤ ᠪᠣᠯᠤᠨ᠎ᠠ᠃ | ᠬᠤᠶᠠᠷ ᠲᠤ᠂ ᠳᠡᠭᠡᠳᠦ ᠰᠤᠷᠭᠠᠭᠤᠯᠢ ᠲᠡᠭᠦᠰᠦᠭᠰᠡᠳ ᠲᠡᠭᠦᠰᠦᠭᠰᠡᠨ ᠵᠢᠯ ᠳᠡᠭᠡᠨ ᠬᠤᠪᠢ ᠶᠢᠨ | ᠡᠵᠡᠩᠨᠡᠯᠲᠡ ᠬᠢᠭᠰᠡᠨ ᠪᠣᠯ 3 ᠵᠢᠯ ᠤᠨ ᠳᠣᠲᠣᠷ᠎ᠠ ᠡᠷᠦᠬᠡ ᠨᠢᠭᠡᠪᠦᠷᠢ ᠳᠤ ᠵᠢᠯ ᠪᠦᠷᠢ 12000 ᠲᠥᠭᠦᠷᠢᠭ ᠢᠶᠠᠷ | ᠬᠢᠵᠠᠭᠠᠷᠯᠠᠭᠰᠠᠨ ᠥᠷᠲᠡᠭ ᠨᠡᠮᠡᠭᠳᠡᠯ ᠤᠨ ᠭᠠᠶᠢᠯᠢ᠂ ᠬᠤᠲᠠ ᠶᠢᠨ ᠬᠠᠮᠠᠭᠠᠯᠠᠯᠲᠠ ᠪᠦᠲᠦᠭᠡᠨ ᠪᠠᠶᠢᠭᠤᠯᠤᠯᠲᠠ ᠶᠢᠨ | ᠭᠠᠶᠢᠯᠢ᠂ ᠰᠤᠷᠭᠠᠨ ᠬᠥᠮᠦᠵᠢᠯ ᠤᠨ ᠨᠡᠮᠡᠯᠲᠡ ᠵᠠᠷᠤᠳᠠᠯ᠂ ᠣᠷᠣᠨ ᠨᠤᠲᠤᠭ ᠤᠨ ᠰᠤᠷᠭᠠᠨ ᠬᠥᠮᠦᠵᠢᠯ ᠤᠨ ᠨᠡᠮᠡᠯᠲᠡ | ᠵᠠᠷᠤᠳᠠᠯ ᠪᠣᠯᠤᠨ ᠬᠤᠪᠢ ᠬᠥᠮᠦᠨ ᠤ ᠣᠯᠵᠠᠪᠤᠷᠢ ᠶᠢᠨ ᠭᠠᠶᠢᠯᠢ ᠶᠢ ᠳᠡᠰ ᠳᠠᠷᠠᠭᠠᠯᠠᠨ ᠬᠠᠰᠤᠨ᠎ᠠ᠃ | | ᠭᠤᠷᠪᠠ ᠳᠤ᠂ ᠠᠩᠬ᠎ᠠ ᠤᠳᠠᠭ᠎ᠠ ᠵᠢᠵᠢᠭ ᠪᠢᠴᠢᠯ ᠠᠵᠤ ᠠᠬᠤᠶᠢᠯᠠᠯ ᠡᠭᠦᠳᠦᠨ ᠪᠠᠶᠢᠭᠤᠯᠤᠭᠰᠠᠨ ᠪᠤᠶᠤ | ᠬᠤᠪᠢ ᠶᠢᠨ ᠡᠵᠡᠩᠨᠡᠯᠲᠡ ᠬᠢᠬᠦ ᠶᠢᠨ ᠬᠠᠮᠲᠤ᠂ 1 ᠵᠢᠯ ᠠᠴᠠ ᠳᠡᠭᠡᠭᠰᠢ ᠬᠡᠪ ᠤᠨ ᠡᠵᠡᠩᠨᠡᠯᠲᠡ ᠬᠢᠭᠰᠡᠨ ᠪᠠᠶᠢᠪᠠᠯ᠂ | ᠨᠢᠭᠡ ᠯᠡ ᠤᠳᠠᠭ᠎ᠠ ᠶᠢᠨ ᠴᠢᠨᠠᠷᠲᠠᠶ ᠠᠳᠠᠯ ᠣᠶᠢᠯᠡᠰ ᠴᠣᠭᠴᠠᠯᠠᠬᠤ ᠨᠥᠬᠦᠪᠥᠷᠢ ᠣᠯᠭᠤᠵᠤ ᠪᠣᠯᠤᠨ᠎ᠠ᠃ | | ᠰᠤᠪᠤᠳ | | |