ᠯᠢᠦ ᠶᠠᠨ ᠹᠦ᠋᠄ ᠡᠭᠡᠯ ᠵᠢᠷ ᠤᠨ ᠬᠥᠮᠥᠰ ᠤᠨ ᠳᠤᠮᠳᠠ ᠪᠠᠲᠤ ᠰᠠᠬᠢᠵᠤ᠂ ᠪᠠᠲᠤ ᠰᠠᠬᠢᠬᠤ ᠳᠤᠮᠳᠠ ᠬᠡᠷᠡᠯ ᠭᠢᠯᠪᠠᠭ᠎ᠠ ᠪᠠᠨ ᠰᠠᠴᠤᠷᠠᠭᠤᠯᠤᠨ᠋
ᠨᠡᠶᠢᠲᠡᠯᠡᠭᠰᠡᠨ ᠴᠠᠭ᠄
2022/12/5
       ᠥᠪᠥᠷ ᠮᠣᠩᠭᠤᠯ ᠤᠨ ᠳᠦᠷᠢ ᠲᠥᠷᠬᠦ ᠶᠢ ᠪᠤᠢ ᠪᠣᠯᠭᠠᠵᠤ ᠲᠡᠷᠢᠭᠦᠨ ᠤ ᠬᠢ ᠠᠴᠠ ᠰᠤᠷᠤᠯᠴᠠᠵᠤ ᠵᠣᠷᠢᠭᠲᠠᠢ ᠪᠠᠷ ᠬᠠᠷᠢᠭᠤᠴᠠᠯᠭ᠎ᠠ      ︽ᠭᠠᠵᠢᠭᠤ ᠨᠣᠮᠯᠠᠯ ᠪᠣᠯ ᠬᠥᠮᠥᠨ ᠲᠥᠷᠥᠯᠬᠢᠲᠡᠨ ᠤ ᠨᠡᠶᠢᠭᠡᠮ ᠤᠨ ᠭᠤᠷᠪᠠᠨ ᠶᠡᠭᠡ ᠬᠤᠣᠷᠲᠤ ᠬᠠᠪᠤᠳᠠᠷ ᠤᠨ ᠨᠢᠭᠡ ᠮᠥᠨ᠂ ᠲᠡᠷᠡ ᠨᠢ ᠨᠡᠶᠢᠭᠡᠮ ᠤᠨ ᠲᠣᠭᠲᠠᠭᠤᠨ ᠪᠠᠶᠢᠳᠠᠯ ᠳᠤ ᠲᠤᠶᠢᠯ ᠤᠨ ᠶᠡᠭᠡ ᠳᠠᠯᠳᠠ ᠭᠡᠮ ᠤᠴᠠᠷᠠᠭᠤᠯᠵᠤ ᠪᠠᠶᠢᠨ᠎ᠠ ᠁ ᠣᠯᠠᠨ ᠢᠶᠠᠷ ᠢᠶᠠᠨ ᠡᠷᠬᠡᠪᠰᠢ ᠰᠢᠨᠵᠢᠯᠡᠬᠦ ᠤᠬᠠᠭᠠᠨ ᠢ ᠢᠲᠡᠭᠡᠵᠦ᠂ ᠰᠢᠨᠵᠢᠯᠡᠬᠦ ᠤᠬᠠᠭᠠᠨ ᠢ ᠡᠷᠬᠢᠮᠯᠡᠨ ᠳᠡᠭᠡᠳᠦᠯᠡᠵᠦ᠂ ᠭᠠᠵᠢᠭᠤ ᠨᠣᠮᠯᠠᠯ ᠢ ᠤᠬᠠᠮᠰᠠᠷ ᠠᠴᠠ ᠪᠠᠨ ᠡᠰᠡᠷᠭᠦᠴᠡᠨ ᠲᠡᠭᠦᠨ ᠠᠴᠠ ᠬᠤᠯᠠᠳᠠᠵᠤ᠂ ᠪᠣᠯᠪᠠᠰᠤᠨ᠂ ᠡᠶ᠎ᠡ ᠵᠣᠬᠢᠴᠠᠯ ᠲᠠᠢ᠂ ᠡᠷᠡᠭᠦᠯ ᠰᠠᠷᠠᠭᠤᠯ ᠨᠡᠶᠢᠭᠡᠮ ᠤᠨ ᠣᠷᠴᠢᠨ ᠨᠥᠬᠦᠴᠡᠯ ᠢ ᠬᠠᠮᠲᠤ ᠪᠠᠷ ᠪᠤᠶ ᠪᠣᠯᠭᠠᠬᠤ ᠬᠡᠷᠡᠭᠲᠡᠢ︾᠃ ᠣᠶᠢᠷ᠎ᠠ ᠳᠤ᠂ ᠯᠢᠦ ᠶᠠᠨ ᠹᠦ᠋ ᠥᠩᠭᠡᠷᠡᠭᠰᠡᠨ ᠤ ᠬᠢ ᠲᠠᠢ ᠪᠠᠨ ᠠᠳᠠᠯᠢ ᠪᠠᠷ ᠬᠠᠮᠲᠤ ᠠᠵᠢᠯᠯᠠᠭᠰᠠᠳ ᠲᠠᠢ ᠪᠠᠨ ᠡᠷᠲᠡ ᠬᠤᠲᠠ ᠶᠢᠨ ᠤᠷᠭᠤᠮᠠᠯ ᠤᠨ ᠬᠦᠷᠢᠶᠡᠯᠡᠩ ᠳᠤ ᠬᠦᠷᠴᠦ᠂ ᠭᠠᠵᠢᠭᠤ ᠨᠣᠮᠯᠠᠯ ᠢ ᠡᠰᠡᠷᠭᠦᠴᠡᠬᠦ ᠰᠡᠷᠡᠮᠵᠢᠯᠡᠭᠦᠯᠬᠦ ᠬᠥᠮᠦᠵᠢᠯ ᠤᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃      ᠯᠢᠦ ᠶᠠᠨ ᠹᠦ᠋ ᠤᠯᠠᠭᠠᠨ ᠬᠤᠶᠠᠭ ᠢᠶᠠᠨ ᠡᠮᠦᠰᠴᠦ᠂ ᠤᠬᠠᠭᠤᠯᠭ᠎ᠠ ᠶᠢᠨ ᠮᠠᠲ᠋ᠧᠷᠢᠶᠠᠯ ᠪᠠᠷᠢᠵᠤ᠂ ᠥᠩᠭᠡᠷᠡᠭᠰᠡᠨ ᠤᠯᠠᠨ ᠲᠦᠮᠡᠨ ᠳᠤ ᠭᠠᠵᠢᠭᠤ ᠨᠣᠮᠯᠠᠯ ᠤᠨ ᠬᠤᠣᠷ ᠬᠥᠨᠥᠭᠡᠯ ᠢ ᠶᠠᠷᠢᠵᠤ᠂ ᠭᠠᠵᠢᠭᠤ ᠨᠣᠮᠯᠠᠯ ᠤᠨ ᠬᠠᠯᠳᠠᠪᠤᠷᠢᠯᠠᠬᠤ ᠠᠷᠭ᠎ᠠ ᠵᠠᠮ ᠢ ᠲᠠᠶᠢᠯᠪᠤᠷᠢᠯᠠᠵᠤ᠂ ᠭᠠᠵᠢᠭᠤ ᠨᠣᠮᠯᠠᠯ ᠢ ᠰᠡᠷᠭᠡᠶᠢᠯᠡᠬᠦ  ᠬᠤᠯᠪᠣᠭᠳᠡᠯ ᠪᠦᠬᠦᠢ ᠮᠡᠳᠡᠯᠭᠡ ᠶᠢ ᠤᠬᠠᠭᠤᠯᠵᠤ ᠪᠠᠶᠢᠯ᠎ᠠ᠃ ᠣᠯᠠᠨ ᠲᠦᠮᠡᠨ ᠤ ᠳᠤᠮᠳᠠ ᠵᠣᠭᠰᠣᠵᠤ᠂ ᠯᠢᠦ ᠶᠠᠨ ᠹᠦ᠋ ᠶᠢᠨ ᠴᠢᠷᠠᠢ ᠳᠤ ᠢᠨᠢᠶᠡᠮᠰᠦᠭᠯᠡᠯ ᠢᠶᠠᠷ ᠳᠦᠭᠦᠷᠪᠡ ᠃ ᠲᠡᠷᠡ ᠴᠠᠭ ᠲᠣᠬᠢᠶᠠᠯ ᠢ ᠠᠯᠳᠠᠯ ᠦᠬ᠋ᠡᠢ ᠪᠠᠷ ᠤᠯᠠᠨ ᠲᠦᠮᠡᠨ ᠲᠠᠢ ᠰᠠᠨᠠᠯ ᠢᠶᠠᠨ ᠰᠣᠯᠢᠯᠴᠠᠵᠤ᠂ ᠬᠠᠯᠠᠰᠢᠷᠠᠯ ᠦᠬ᠋ᠡᠢ ᠪᠠᠷ ᠤᠯᠠᠨ ᠲᠦᠮᠡᠨ ᠤ ᠮᠠᠳᠠᠭ ᠲᠠᠢ ᠠᠰᠠᠭᠤᠳᠠᠯ ᠢ ᠨᠢ ᠲᠠᠶᠢᠯᠵᠤ ᠥᠭᠪᠡ᠃   ᠯᠢᠦ ᠶᠠᠨ ᠹᠦ᠋ ᠣᠳᠣ ᠬᠤᠲᠠ ᠶᠢᠨ ᠨᠠᠮ ᠤᠨ ᠬᠤᠷᠢᠶᠠᠨ ᠤ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠭᠠᠵᠢᠭᠤ ᠨᠣᠮᠯᠠᠯ ᠢ ᠡᠰᠡᠷᠭᠦᠴᠡᠬᠦ ᠠᠵᠢᠯ ᠢ ᠵᠣᠬᠢᠴᠠᠭᠤᠯᠬᠤ ᠰᠠᠯᠠᠭᠠᠨ ᠤ ᠳᠠᠷᠤᠭ᠎ᠠ᠂ ᠬᠤᠲᠠ ᠶᠢᠨ ᠭᠠᠵᠢᠭᠤ ᠨᠣᠮᠯᠠᠯ ᠢ ᠡᠰᠡᠷᠭᠦᠴᠡᠬᠦ ᠨᠡᠶᠢᠭᠡᠮᠯᠢᠭ ᠤᠨ ᠨᠠᠷᠢᠨ ᠪᠢᠴᠢᠭ ᠤᠨ ᠳᠠᠷᠤᠭ᠎ᠠ ᠶᠢᠨ ᠲᠤᠰᠢᠶᠠᠯ ᠢ ᠬᠠᠷᠢᠭᠤᠴᠠᠵᠤ ᠪᠠᠶᠢᠨ᠎ᠠ᠂ ᠡᠨᠡ ᠵᠢᠯ 53 ᠨᠠᠰᠤᠲᠠᠢ᠃ ᠥᠩᠭᠡᠷᠡᠭᠰᠡᠨ ᠳᠤ ᠯᠢᠦ ᠶᠠᠨ ᠹᠦ᠋ ᠪᠣᠯ ᠭᠠᠯ ᠲᠦᠢᠮᠡᠷ  ᠤᠨ ᠲᠠᠯᠠᠪᠠᠢ ᠳᠤ ᠪᠠᠶᠢᠯᠳᠤᠭᠰᠠᠨ ︽ᠭᠠᠯ ᠤᠨᠲᠠᠷᠠᠭᠠᠬᠤ ᠪᠠᠭᠠᠲᠤᠷ︾ ᠪᠠᠶᠢᠪᠠ᠂ ᠲᠡᠭᠦᠨ ᠤ ᠣᠷᠣᠯᠴᠠᠭᠰᠠᠨ ᠬᠦᠨᠳᠦ ᠶᠡᠭᠡ ᠣᠨᠴᠠ ᠶᠡᠭᠡ ᠭᠠᠯ  ᠤᠨ ᠠᠶᠤᠯ ᠠᠴᠠ ᠠᠪᠤᠷᠠᠬᠤ ᠪᠠ ᠠᠶᠤᠯ ᠠᠴᠠ ᠠᠪᠤᠷᠠᠨ ᠲᠤᠰᠠᠯᠠᠬᠤ ᠠᠵᠢᠯ 450 ᠭᠠᠷᠤᠢ ᠤᠳᠠᠭ᠎ᠠ ᠶᠠᠪᠤᠭᠳᠠᠵᠠᠢ᠃ 2007 ᠣᠨ ᠤ 4 ᠰᠠᠷ᠎ᠠ ᠳᠤ᠂ ᠯᠢᠦ ᠶᠠᠨ ᠹᠦ᠋ ᠭᠠᠯ ᠤᠨᠲᠠᠷᠠᠭᠠᠬᠤ ᠠᠩᠭᠢ ᠠᠴᠠ ᠬᠠᠯᠠᠭᠳᠠᠭᠰᠠᠨ ᠤ ᠳᠠᠷᠠᠭ᠎ᠠ᠂ ᠭᠠᠵᠢᠭᠤ ᠨᠣᠮᠯᠠᠯ ᠢ ᠡᠰᠡᠷᠭᠦᠴᠡᠬᠦ ︽ᠳᠠᠶᠢᠨ ᠤ ᠲᠠᠯᠠᠪᠤᠷ︾ ᠢᠶᠠᠷ ᠠᠶᠠᠯᠠᠨ ᠪᠠᠶᠢᠯᠳᠤᠵᠤ ᠂ ᠭᠠᠵᠢᠭᠤ ᠨᠣᠮᠯᠠᠯ ᠢ ᠵᠠᠰᠠᠵᠤ ᠲᠥᠪ ᠶᠣᠰᠣ ᠶᠢ ᠲᠡᠳᠬᠦᠬᠦ ︽ᠭᠠᠵᠢᠭᠤ ᠨᠣᠮᠯᠠᠯ ᠢ ᠡᠰᠡᠷᠭᠦᠴᠡᠬᠦ ᠬᠠᠮᠠᠭᠠᠯᠠᠭᠴᠢ︾ ᠪᠣᠯᠤᠭᠰᠠᠨ ᠪᠠᠶᠢᠨ᠎ᠠ᠃ ᠬᠡᠳᠦᠶᠢᠪᠡᠷ ᠵᠦᠩ ᠠᠢ ᠶᠢᠨ ᠭᠠᠯ ᠤᠨᠲᠠᠷᠠᠭᠠᠬᠤ ᠲᠠᠪᠴᠠᠩ ᠠᠴᠠ ᠰᠠᠯᠤᠭᠰᠠᠨ ᠪᠣᠯᠪᠠᠴᠤ᠂ ᠲᠡᠷᠡ ᠮᠥᠨ ᠯᠡ ᠠᠵᠢᠯ ᠢᠶᠠᠨ ᠠᠵᠢᠯ ᠦᠢᠯᠡᠰ ᠢᠶᠠᠷ ᠦᠵᠡᠵᠦ᠂ ᠠᠵᠢᠯ ᠤᠨ ᠪᠠᠶᠢᠷᠢ ᠪᠠᠨ ᠵᠢᠭᠰᠠᠭᠠᠯ ᠤᠨ ᠭᠠᠵᠠᠷ ᠪᠣᠯᠭᠠᠨ ᠰᠠᠬᠢᠵᠤ ᠪᠠᠶᠢᠪᠠ᠃      ᠭᠠᠵᠢᠭᠤ ᠨᠣᠮᠯᠠᠯ ᠢ ᠡᠰᠡᠷᠭᠦᠴᠡᠬᠦ ᠡᠨᠡᠬᠦ ᠴᠣ᠋ ᠰᠢᠨ᠎ᠡ ᠠᠵᠢᠯ ᠤᠨ ᠬᠦᠷᠢᠶᠡᠨ ᠳᠤ ᠣᠷᠣᠭᠰᠠᠨ ᠤ ᠳᠠᠷᠠᠭ᠎ᠠ᠂ ᠯᠢᠦ ᠶᠠᠨ ᠹᠦ᠋ ᠭᠠᠵᠢᠭᠤ ᠨᠣᠮᠯᠠᠯ ᠢ ᠡᠰᠡᠷᠭᠦᠴᠡᠬᠦ ᠲᠤᠬᠠᠶᠢᠯᠠᠭᠰᠠᠨ ᠠᠵᠢᠯ ᠤᠨ ᠮᠡᠳᠡᠯᠭᠡ ᠶᠢ ᠴᠢᠷᠮᠠᠶᠢᠨ ᠰᠤᠷᠤᠯᠴᠠᠵᠤ᠂ ᠲᠤᠰᠬᠠᠢ ᠮᠡᠷᠭᠡᠵᠢᠯ ᠤᠨ ᠴᠢᠳᠠᠪᠤᠷᠢ ᠶᠢ ᠲᠠᠰᠤᠷᠠᠯᠲᠠ ᠦᠭᠡᠢ ᠡᠵᠡᠮᠰᠢᠪᠡ᠃ ᠮᠡᠳᠡᠬᠦ ᠦᠭᠡᠢ ᠪᠠᠶᠢᠭᠰᠠᠨ ᠠᠴᠠ ᠪᠠᠨ ᠮᠡᠳᠡᠬᠦ ᠪᠣᠯᠵᠤ᠂ ᠴᠢᠳᠠᠬᠤ ᠦᠭᠡᠢ ᠪᠠᠶᠢᠭᠰᠠᠨ ᠠᠴᠠ ᠪᠠᠨ ᠬᠤᠷᠠᠯ ᠳᠤ ᠣᠷᠣᠲᠠᠯ᠎ᠠ᠂ ᠯᠢᠦ ᠶᠠᠨ ᠹᠦ᠋ ᠴᠠᠭ ᠪᠠ ᠤᠶᠤᠨ ᠴᠢᠳᠠᠯ ᠢᠶᠠᠨ ᠵᠠᠷᠤᠴᠠᠭᠤᠯᠵᠤ᠂ ᠬᠦᠴᠦ ᠬᠥᠯᠥᠰᠦ ᠪᠠᠨ ᠰᠢᠪᠬᠠᠵᠤ᠂ ᠠᠮᠵᠢᠯᠲᠠ ᠪᠠ ᠳᠣᠭᠳᠣᠯᠤᠯ ᠢ ᠣᠯᠵᠤ᠂ ᠬᠥᠮᠥᠨ ᠤ ᠠᠮᠢᠳᠤᠷᠠᠯ ᠤᠨ ᠭᠤᠶᠤ ᠰᠠᠶᠢᠬᠠᠨ ᠡᠷᠭᠢᠯᠲᠡ ᠶᠢ ᠪᠡᠶᠡᠯᠡᠭᠦᠯᠪᠡ᠃      2010 ᠣᠨ ᠳᠤ᠂ ᠯᠢᠦ ᠶᠠᠨ ᠹᠦ᠋ ᠪᠡᠶ᠎ᠡ ᠪᠠᠨ ᠳᠠᠭᠠᠭᠠᠨ ᠠᠵᠢᠯ ᠢᠶᠠᠨ ᠥᠷᠨᠢᠭᠦᠯᠵᠦ᠂ ᠭᠠᠵᠢᠭᠤ ᠨᠣᠮᠯᠠᠯ ᠢ ᠡᠰᠡᠷᠭᠦᠴᠡᠬᠦ ᠲᠤᠰᠬᠠᠢ ᠡᠭᠦᠷᠭᠡ ᠶᠢ ᠡᠭᠦᠷᠭᠡᠯᠡᠵᠦ᠂ ᠠᠭᠠᠵᠢᠮ ᠢᠶᠠᠷ ᠨᠢᠭᠡᠨ ᠰᠢᠯᠢᠳᠡᠭ  ︽ᠭᠠᠵᠢᠭᠤ ᠨᠣᠮᠯᠠᠯ ᠢ ᠡᠰᠡᠷᠭᠦᠴᠡᠬᠦ ᠬᠠᠮᠠᠭᠠᠯᠠᠭᠴᠢ︾ ᠪᠣᠯᠤᠭᠰᠠᠨ ᠪᠠᠶᠢᠨ᠎ᠠ᠃      ︽ᠯᠢᠦ ᠶᠠᠨ ᠹᠦ᠋ ᠨᠥᠬᠦᠷ ᠤᠨ ᠵᠣᠷᠢᠭ ᠰᠥᠰᠥ ᠡᠷᠡᠰ ᠴᠢᠩᠭ᠎ᠠ᠂ ᠵᠠᠩ ᠠᠭᠠᠰᠢ ᠠᠰᠪᠤᠷ ᠰᠢᠯᠤᠭᠤᠨ᠂ ᠠᠰᠪᠤᠷ ᠰᠢᠯᠤᠭᠤᠨ᠂ ᠬᠦᠴᠢᠷ ᠪᠡᠷᠬᠡᠰᠢᠶᠡᠯ ᠪᠠ ᠥᠷᠢᠰᠦᠯᠳᠦᠭᠡᠨ ᠤ ᠡᠮᠦᠨ᠎ᠡ ᠶᠡᠷᠦ ᠠᠴᠠ ᠠᠶᠤᠵᠤ ᠡᠮᠢᠶᠡᠳᠡᠭ ᠦᠭᠡᠢ ᠂ ᠨᠡᠩ ᠴᠤ ᠬᠤᠶᠢᠰᠢ ᠤᠬᠤᠷᠢᠳᠠᠭ ᠦᠭᠡᠢ︾᠃ ᠡᠨᠡ ᠪᠣᠯ ᠨᠢᠭᠡᠨ ᠬᠠᠮᠲᠤ ᠠᠵᠢᠯᠯᠠᠭᠴᠢ ᠶᠢᠨ ᠯᠢᠦ ᠶᠠᠨ ᠹᠦ᠋ ᠳᠤ ᠥᠭᠭᠦᠭᠰᠡᠨ ᠦᠨᠡᠯᠡᠯᠲᠡ ᠪᠣᠯᠣᠨ᠎ᠠ᠃       ᠨᠢᠭᠡ ᠵᠢᠯ ᠤᠨ ᠡᠪᠦᠯ᠂ ᠮᠠᠨ ᠤ ᠬᠤᠲᠠ ᠳᠤ ᠭᠠᠵᠢᠭᠤ ᠨᠣᠮᠯᠠᠯ ᠤᠨ ᠤᠬᠠᠭᠤᠯᠭ᠎ᠠ ᠶᠢ ᠡᠰᠡᠷᠭᠦᠴᠡᠭᠰᠡᠨ ᠬᠡᠷᠡᠭ ᠵᠠᠯᠭᠠᠭ᠎ᠠ ᠪᠠᠷ ᠣᠯᠠᠨ ᠤᠳᠠᠭ᠎ᠠ ᠭᠠᠷᠴᠠᠢ᠃ ᠬᠡᠷᠡᠭ ᠢ ᠴᠠᠭ ᠲᠤᠬᠠᠢ ᠳᠤᠨᠢ ᠢᠯᠡᠷᠡᠭᠦᠯᠬᠦ ᠶᠢᠨ ᠲᠥᠯᠥᠭᠡ᠂ ᠯᠢᠦ ᠶᠠᠨ ᠹᠦ᠋ ᠨᠢᠭᠡᠳᠦᠭᠡᠷ ᠹᠷᠣᠨᠲ ᠲᠤ 1 ᠰᠠᠷ᠎ᠠ ᠭᠠᠷᠤᠢ ᠰᠠᠭᠤᠵᠤ᠂ ᠭᠠᠵᠢᠭᠤ ᠨᠣᠮᠯᠠᠯᠲᠠᠨ ᠤ ᠠᠵᠢᠯᠯᠠᠭᠠᠨ ᠤ ᠵᠢᠮ᠎ᠡ ᠶᠣᠰᠣ ᠶᠢ ᠣᠨᠣᠪᠴᠢᠲᠠᠶ ᠡᠵᠡᠮᠰᠢᠵᠦ᠂ ᠡᠨᠡ ᠬᠦ ᠨᠠᠷᠢᠨ ᠨᠢᠮᠪᠠᠢ ᠤᠬᠠᠭᠠᠯᠠᠨ ᠰᠡᠳᠦᠭᠰᠡᠨ ᠰᠢᠷᠢᠰ ᠬᠡᠷᠡᠭ ᠢ ᠠᠮᠵᠢᠯᠲᠠᠲᠠᠢ ᠢᠯᠡᠷᠡᠭᠦᠯᠵᠦ᠂ ᠭᠠᠵᠢᠭᠤ ᠨᠣᠮᠯᠠᠯᠲᠠᠨ ᠤ ᠭᠠᠯᠵᠠᠭᠤ ᠣᠮᠤᠭ ᠰᠦᠷ ᠢ ᠬᠦᠴᠦᠲᠡᠢ ᠰᠦᠷᠳᠡᠭᠦᠯᠵᠡᠢ᠃ ᠲᠡᠷᠡ ᠠᠵᠢᠯ ᠤᠨ ᠪᠠᠶᠢᠷᠢ ᠳᠠᠭᠠᠨ ᠰᠠᠭᠤᠷᠢᠯᠠᠨ᠂ ᠦᠨᠳᠦᠰᠦᠨ ᠱᠠᠲᠤᠨ ᠳᠤ ᠦᠨᠳᠦᠰᠦᠯᠡᠵᠦ᠂ ᠬᠠᠷᠠᠮᠰᠠᠯ ᠦᠭᠡᠢ ᠪᠠᠷ ᠵᠥᠪᠰᠢᠶᠡᠷᠡᠯ ᠪᠠ ᠳᠡᠮᠵᠢᠯᠭᠡ ᠶᠢ ᠣᠯᠣᠭᠰᠠᠨ ᠪᠠᠶᠢᠨ᠎ᠠ᠃      ᠣᠯᠠᠨ ᠵᠢᠯ ᠤᠨ ᠲᠤᠷᠰᠢ᠂ ᠯᠢᠦ ᠶᠠᠨ ᠹᠦ᠋ ᠶᠢᠨ ᠤᠯᠠ ᠮᠥᠷ ᠪᠦᠬᠦ ᠬᠤᠲᠠ ᠶᠢᠨ ᠬᠥᠳᠡᠭᠡ ᠲᠣᠰᠬᠤᠨ᠂ ᠨᠡᠶᠢᠭᠡᠮ ᠲᠣᠭᠤᠷᠢᠭ᠂ ᠠᠵᠤ ᠠᠬᠤᠶᠢᠯᠠᠯ ᠪᠣᠯᠣᠨ ᠵᠡᠭᠡᠯᠢ ᠭᠤᠳᠤᠮᠵᠢ ᠪᠠᠷ ᠶᠠᠪᠤᠵᠤ᠂ ᠭᠠᠵᠢᠭᠤ ᠨᠣᠮᠯᠠᠯ ᠢ ᠡᠰᠡᠷᠭᠦᠴᠡᠬᠦ ᠰᠡᠷᠡᠮᠵᠢᠯᠡᠭᠦᠯᠬᠦ ᠬᠥᠮᠦᠵᠢᠯ ᠤᠨ ᠤᠬᠠᠭᠤᠯᠭ᠎ᠠ ᠶᠢᠨ ᠠᠵᠢᠯᠯᠠᠭ᠎ᠠ ᠶᠢ 1850 ᠭᠠᠷᠤᠢ ᠲᠠᠯᠠᠪᠤᠷ ᠤᠳᠠᠭ᠎ᠠ ᠵᠣᠬᠢᠶᠠᠨ ᠪᠠᠶᠢᠭᠤᠯᠤᠨ ᠥᠷᠨᠢᠭᠦᠯᠵᠦ᠂ 1280 ᠬᠢᠴᠢᠶᠡᠯ ᠤᠨ ᠲᠠᠶᠢᠯᠤᠮᠵᠢ ᠬᠢᠵᠦ᠂ ᠠᠵᠢᠯ ᠤᠨ ᠳ᠋ᠦᠢᠰᠢᠶᠠᠩ ᠤᠨ ᠠᠮᠢᠳᠤᠷᠠᠯ ᠤᠨ ᠠᠰᠠᠭᠤᠳᠠᠯ ᠢ 120 ᠭᠠᠷᠤᠢ ᠰᠢᠢᠳᠪᠦᠷᠢᠯᠡᠵᠦ᠂ 190 ᠭᠠᠷᠤᠢ ᠠᠵᠢᠯ ᠤᠨ ᠳ᠋ᠦᠢᠰᠢᠶᠠᠩ ᠢ ᠬᠠᠪᠰᠤᠷᠤᠨ ᠭᠠᠵᠢᠭᠤ ᠨᠣᠮᠯᠠᠯ ᠤᠨ ᠵᠣᠷᠢᠭ ᠰᠠᠨᠠᠭᠠᠨ ᠤ ᠬᠦᠯᠢᠶᠡᠰᠦᠯᠡᠯ ᠠᠴᠠ ᠠᠩᠭᠢᠵᠢᠷᠠᠭᠤᠯᠵᠤ᠂ ᠪᠣᠳᠠᠲᠠᠢ ᠠᠵᠢᠯᠯᠠᠵᠤ ᠪᠣᠳᠠᠲᠠᠢ ᠠᠮᠵᠢᠯᠲᠠ ᠪᠦᠲᠦᠮᠵᠢ ᠪᠠᠷ ᠢᠶᠠᠨ ᠪᠦᠬᠦ ᠬᠤᠳᠠ ᠶᠢᠨ ᠭᠠᠵᠢᠭᠤ ᠨᠣᠮᠯᠠᠯ ᠢ ᠡᠰᠡᠷᠭᠦᠴᠡᠬᠦ ᠠᠵᠢᠯ ᠢ ᠰᠢᠯᠢᠳᠡᠭᠵᠢᠭᠦᠯᠦᠨ ᠬᠦᠴᠦᠷᠬᠡᠭᠵᠢᠭᠦᠯᠬᠦ ᠶᠢ ᠠᠬᠢᠭᠤᠯᠵᠤ᠂ ᠨᠡᠶᠢᠭᠡᠮ ᠤᠨ ᠶᠡᠭᠡ ᠲᠠᠯ᠎ᠠ ᠶᠢᠨ ᠡᠶ᠎ᠡ ᠵᠣᠬᠢᠴᠠᠯ ᠲᠠᠢ ᠲᠣᠭᠲᠠᠭᠤᠨ ᠪᠠᠶᠢᠳᠠᠯ ᠢ ᠬᠠᠮᠠᠭᠠᠯᠠᠬᠤ ᠳᠤ ᠢᠳᠡᠪᠬᠢᠲᠡᠢ ᠬᠤᠪᠢ ᠨᠡᠮᠡᠷᠢ ᠦᠵᠡᠭᠦᠯᠪᠡ᠃     ︽ᠣᠯᠠᠨ ᠲᠦᠮᠡᠨ ᠢ ᠭᠠᠵᠢᠭᠤ ᠨᠣᠮᠯᠠᠯ ᠤᠨ ᠬᠤᠣᠷ ᠬᠥᠨᠥᠭᠡᠯ ᠳᠤ ᠤᠴᠠᠷᠠᠭᠤᠯᠬᠤ ᠦᠭᠡᠢ᠂ ᠣᠯᠠᠨ ᠲᠦᠮᠡᠨ  ᠢ ᠭᠠᠵᠢᠭᠤ ᠨᠣᠮᠯᠠᠯ ᠤᠨ ᠬᠠᠪᠴᠢᠯ ᠳᠤ ᠣᠷᠣᠭᠤᠯᠬᠤ ᠦᠭᠡᠢ ᠪᠠᠶᠢᠬᠤ ᠪᠣᠯ ᠮᠢᠨᠤ ᠬᠠᠮᠤᠭ ᠤᠨ ᠶᠡᠭᠡ ᠬᠦᠰᠡᠯ ᠮᠥᠨ︾᠃ ᠭᠡᠵᠦ ᠯᠢᠦ ᠶᠠᠨ ᠹᠦ᠋ ᠬᠡᠯᠡᠪᠡ᠃ ᠡᠨᠡ ᠬᠦ ᠬᠦᠰᠡᠯ ᠤᠨ ᠲᠥᠯᠥᠭᠡ᠂ ᠭᠠᠵᠢᠭᠤ ᠨᠣᠮᠯᠠᠯ ᠢ ᠡᠰᠡᠷᠭᠦᠴᠡᠬᠦ ᠠᠵᠢᠯ ᠢ ᠬᠢᠭᠰᠡᠨ 15 ᠵᠢᠯ ᠤᠨ ᠲᠤᠷᠰᠢ᠂ ᠯᠢᠦ ᠶᠠᠨ ᠹᠦ᠋ ᠢᠮᠠᠭᠲᠠ ᠨᠢᠭᠡᠳᠦᠭᠡᠷ ᠹᠷᠣᠨᠲ ᠲᠤ ᠪᠠᠲᠤ ᠰᠠᠬᠢᠵᠤ᠂ ᠡᠮᠦᠨ᠎ᠡ ᠹᠷᠣᠨᠲ ᠲᠤ ᠡᠷᠡᠯᠬᠡᠭᠯᠡᠨ ᠪᠠᠶᠢᠯᠳᠤᠪᠠ᠃ ᠬᠠᠮᠢᠭ᠎ᠠ ᠭᠠᠵᠢᠭᠤ ᠨᠣᠮᠯᠠᠯ ᠤᠨ ᠬᠡᠷᠡᠭ ᠭᠠᠷᠤᠭᠰᠠᠨ ᠴᠤ᠂ ᠯᠢᠦ ᠶᠠᠨ ᠹᠦ᠋ ᠲᠡᠷᠡ ᠳᠠᠷᠤᠢ ᠳᠤᠨᠢ ᠬᠦᠷᠴᠦ᠂ ᠨᠢᠭᠡ ᠲᠠᠯ᠎ᠠ ᠪᠠᠷ ᠬᠠᠪᠰᠤᠷᠤᠨ ᠰᠢᠭᠦᠵᠦ᠂ ᠨᠢᠭᠡ ᠲᠠᠯ᠎ᠠ ᠪᠠᠷ ᠬᠠᠪᠰᠤᠷᠤᠨ ᠰᠤᠷᠭᠠᠨ᠎ᠠ︔ ᠬᠠᠮᠢᠭ᠎ᠠ ᠨᠢ ᠲᠤᠬᠠᠶᠢᠯᠠᠭᠰᠠᠨ ᠠᠵᠢᠯ ᠤᠨ ᠵᠢᠯᠣᠭᠤᠳᠤᠯᠭ᠎ᠠ ᠬᠡᠷᠡᠭ ᠲᠠᠢ ᠪᠠᠶᠢᠭᠰᠠᠨ ᠴᠤ᠂ ᠲᠡᠷᠡ ᠶᠡᠷᠦ  ᠨᠢ ᠴᠠᠭ ᠭᠠᠷᠭᠠᠨ ᠦᠨᠳᠦᠰᠦᠨ ᠱᠠᠲᠤᠨ ᠳᠤ ᠭᠦᠨᠵᠡᠭᠡᠶᠢᠷᠡᠵᠦ᠂ ᠲᠤᠰᠬᠠᠢ ᠮᠡᠷᠭᠡᠵᠢᠯ ᠤᠨ ᠵᠢᠯᠣᠭᠤᠳᠤᠯᠭ᠎ᠠ ᠬᠢᠵᠦ᠂ ᠠᠶᠢᠯ ᠡᠷᠦᠬᠡ ᠪᠠᠷ ᠬᠦᠷᠴᠦ ᠰᠤᠷᠪᠤᠯᠵᠢᠯᠠᠳᠠᠭ᠃ ᠯᠢᠦ ᠶᠠᠨ ᠹᠦ᠋ ᠢᠮᠠᠭᠲᠠ ᠪᠣᠳᠠᠲᠤ ᠠᠵᠢᠯᠯᠠᠭ᠎ᠠ ᠪᠠᠷ ᠢᠶᠠᠨ ︽ᠭᠠᠵᠢᠭᠤ ᠪᠤᠷᠤᠭᠤ ᠶᠢ ᠡᠰᠡᠷᠭᠦᠴᠡᠬᠦ ᠬᠠᠮᠠᠭᠠᠯᠠᠭᠴᠢ︾ ᠶᠢᠨ ᠤᠭ ᠰᠠᠨᠠᠭ᠎ᠠ ᠪᠣᠯᠣᠨ ᠡᠭᠦᠷᠭᠡ ᠬᠠᠷᠢᠭᠤᠴᠠᠯᠭ᠎ᠠ ᠶᠢ ᠦᠢᠯᠡᠳᠦᠯᠭᠡᠵᠢᠭᠦᠯᠵᠦ᠂ ᠡᠭᠡᠯ ᠵᠢᠷ ᠤᠨ ᠠᠵᠢᠯ ᠤᠨ ᠪᠠᠶᠢᠷᠢ ᠳᠡᠭᠡᠷ᠎ᠡ ᠪᠠᠨ ᠶᠡᠷᠦ ᠪᠤᠰᠤ ᠶᠢᠨ ᠠᠮᠢᠳᠤᠷᠠᠯ ᠢ ᠪᠢᠴᠢᠭᠯᠡᠭᠰᠡᠭᠡᠷ ᠢᠷᠡᠵᠠᠢ᠃       ᠴᠢᠷᠮᠠᠶᠢᠯᠭ᠎ᠠ ᠲᠠᠢ ᠬᠥᠮᠥᠨ ᠢ ᠭᠤᠮᠣᠳᠠᠭᠠᠬᠤ ᠦᠭᠡᠢ᠂ ᠴᠢᠷᠮᠠᠶᠢᠯᠭ᠎ᠠ ᠲᠠᠢ ᠬᠥᠮᠥᠨ ᠳᠤ ᠬᠠᠷᠢᠭᠤ ᠣᠯᠣᠨ᠎ᠠ᠃ 8 ᠰᠠᠷ᠎ᠠ ᠶᠢᠨ 30 ᠤ ᠡᠳᠦᠷ᠂ ᠪᠥᠬᠦ ᠤᠯᠤᠰ ᠤᠨ ︽ᠠᠷᠠᠳ ᠲᠦᠮᠡᠨ ᠳᠤ ᠲᠠᠭᠠᠰᠢᠶᠠᠭᠳᠠᠭᠰᠠᠨ ᠠᠯᠪᠠᠲᠠᠨ︾ ᠪᠠ ︽ᠠᠷᠠᠳ ᠲᠦᠮᠡᠨ ᠳᠤ ᠲᠠᠭᠠᠰᠢᠶᠠᠭᠳᠠᠭᠰᠠᠨ ᠠᠯᠪᠠᠲᠠᠨ ᠤ ᠬᠠᠮᠲᠤ ᠨᠡᠶᠢᠲᠡ︾ ᠶᠢ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠪᠡᠭᠡᠵᠢᠩ ᠳᠤ ᠶᠠᠪᠤᠭᠳᠠᠵᠤ᠂ ᠯᠢᠦ ᠶᠠᠨ ᠹᠦ᠋ ᠪᠣᠯᠣᠨ ᠪᠤᠰᠤᠳ 396 ᠨᠥᠬᠦᠳ ᠪᠥᠬᠦ ᠤᠯᠤᠰ ᠤᠨ ︽ᠠᠷᠠᠳ ᠲᠦᠮᠡᠨ ᠳᠤ ᠲᠠᠭᠠᠰᠢᠶᠠᠭᠳᠠᠭᠰᠠᠨ ᠠᠯᠪᠠᠲᠠᠨ︾ ᠤ ᠴᠣᠯᠠ ᠭᠥᠷᠳᠡᠪᠡ᠃ 
 
ᠢᠷᠡᠯᠲᠡ᠄ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号