ᠬᠠᠶᠢᠨᠠᠨ ᠲᠣᠭᠤᠷᠢᠭ ᠤᠨ ᠵᠠᠮ ᠤᠨ ᠲᠣᠭᠤᠰᠣ ᠰᠢᠷᠣᠢ ᠶᠢᠨ ᠪᠣᠬᠢᠷᠳᠤᠯ ᠢ ᠶᠡᠷᠦᠩᠬᠡᠶᠢᠯᠡᠨ ᠵᠠᠰᠠᠬᠤ ᠠᠵᠢᠯ
ᠨᠡᠶᠢᠲᠡᠯᠡᠭᠰᠡᠨ ᠴᠠᠭ᠄
2022/12/5
       ᠨᠢᠭᠡ᠂ ᠶᠠᠭᠤᠨ ᠤ ᠤᠴᠢᠷ ᠠᠴᠠ ᠬᠠᠶᠢᠨᠠᠨ ᠲᠣᠭᠤᠷᠢᠭ ᠤᠨ ᠵᠠᠮ ᠤᠨ ᠲᠣᠭᠤᠰᠣ ᠰᠢᠷᠣᠢ ᠶᠢᠨ ᠪᠣᠬᠢᠷᠳᠤᠯ ᠢ ᠶᠡᠷᠦᠩᠬᠡᠶᠢᠯᠡᠨ ᠵᠠᠰᠠᠬᠤ ᠭᠤᠷᠪᠠᠨ ᠵᠢᠯ ᠤᠨ ᠠᠵᠢᠯᠯᠠᠭ᠎ᠠ ᠶᠢᠨ ᠲᠥᠰᠥᠯ ᠢ ᠲᠣᠭᠲᠠᠭᠠᠬᠤ ᠬᠡᠷᠡᠭᠲᠡᠢ᠃       ᠰᠢ ᠶᠢᠨ ᠫᠢᠩ ᠶᠡᠷᠦᠩᠬᠡᠢ ᠱᠦᠵᠢ ᠶᠢᠨ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯ ᠤᠨ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠳᠤ ᠣᠷᠤᠯᠴᠠᠬᠤ ᠦᠶ᠎ᠡ ᠶᠢᠨ ︽ᠦᠬᠠᠢ ᠵᠢᠴᠢ ᠡᠷᠭᠢᠨ ᠲᠣᠭᠤᠷᠢᠨ ᠤ ᠭᠠᠵᠠᠷ ᠣᠷᠣᠨ ᠵᠡᠷᠭᠡ ᠭᠤᠣᠯᠳᠠᠯᠭ᠎ᠠ ᠲᠠᠢ ᠣᠷᠣᠨ ᠪᠦᠰᠡ ᠶᠢᠨ ᠠᠮᠢ ᠠᠬᠤᠢ ᠶᠢᠨ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠠᠵᠢᠯ ᠢ ᠬᠦᠴᠦᠯᠡᠨ ᠰᠠᠶᠢᠲᠤᠷ ᠠᠳᠬᠤᠬᠤ︾ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ︽ᠦᠬᠠᠢ ᠵᠢᠴᠢ ᠡᠷᠬᠢᠨ ᠲᠣᠭᠤᠷᠢᠨ ᠤ ᠭᠠᠵᠠᠷ ᠣᠷᠣᠨ ᠤ ᠠᠮᠢ ᠠᠬᠤᠢ ᠶᠢᠨ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠶᠢᠨ ᠬᠡᠷᠡᠭᠵᠢᠭᠦᠯᠬᠦ ᠲᠥᠰᠥᠯ︾ ︵ᠥᠪᠥᠷ ᠵᠠᠰᠠᠭ ᠲᠠᠷᠬᠠᠭᠠᠭᠰᠠᠨ ﹇2020﹈ 26 ᠳ᠋ᠤᠭᠠᠷ ᠲᠣᠭᠠᠲᠤ︶ ᠪᠠ ︽ᠦᠬᠠᠢ ᠬᠤᠲᠠ ᠶᠢᠨ ᠠᠮᠢ ᠠᠬᠤᠢ ᠶᠢᠨ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠭᠤᠷᠪᠠᠨ ᠵᠢᠯ ᠤᠨ ᠠᠵᠢᠯᠯᠠᠭᠠᠨ ᠤ ᠲᠥᠰᠥᠯ ︵2021 ︱ 2023 ᠣᠨ︶︾ ︵ᠦᠬᠠᠢ ᠵᠠᠰᠠᠭ ᠲᠠᠷᠬᠠᠭᠠᠭᠰᠠᠨ ﹇2021﹈ 11 ᠳ᠋ᠦᠭᠡᠷ ᠲᠣᠭᠠᠲᠤ︶ ︽ᠦᠬᠠᠢ ᠬᠤᠲᠠ ᠶᠢᠨ ᠬᠠᠶᠢᠨᠠᠨ ᠲᠣᠭᠤᠷᠢᠭ ᠤᠨ ᠠᠮᠢ ᠠᠬᠤᠢ ᠶᠢᠨ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠭᠤᠷᠪᠠᠨ ᠵᠢᠯ ︵2021 ︱ 2023 ᠣᠨ︶ ᠤᠨ ᠠᠵᠢᠯᠯᠠᠭᠠᠨ ᠤ ᠲᠥᠰᠥᠯ︾ ︵ᠬᠠᠶᠢᠨᠠᠨ ᠤ ᠵᠠᠰᠠᠭ ᠲᠠᠷᠬᠠᠭᠠᠭᠰᠠᠨ ﹇2021﹈ 24 ᠳ᠋ᠦᠭᠡᠷ ᠲᠣᠭᠠᠲᠤ︶᠂ ᠪᠥᠬᠦ ᠬᠦᠴᠦᠨ ᠢᠶᠠᠷ ᠢᠶᠠᠨ ᠴᠢᠷᠮᠠᠶᠢᠵᠤ᠂ ᠮᠠᠨ ᠤ ᠲᠣᠭᠤᠷᠢᠭ ᠤᠨ ᠵᠠᠮ ᠤᠨ ᠲᠣᠭᠤᠰᠣ ᠰᠢᠷᠣᠢ ᠶᠢᠨ ᠪᠣᠬᠢᠷᠳᠤᠯ ᠢ ᠶᠡᠷᠦᠩᠬᠡᠶᠢᠯᠡᠨ ᠵᠠᠰᠠᠬᠤ ᠠᠵᠢᠯ ᠢ ᠡᠷᠡᠰ ᠴᠢᠩᠭ᠎ᠠ ᠡᠷᠴᠢᠮᠲᠡᠢ ᠰᠠᠶᠢᠲᠤᠷ ᠠᠳᠬᠤᠨ᠎ᠠ᠃      ᠬᠤᠶᠠᠷ᠂ ᠵᠠᠰᠠᠯᠲᠠ ᠶᠢᠨ ᠶᠡᠷᠦᠩᠬᠡᠢ ᠬᠠᠷᠠᠯᠲᠠ      2021 ᠣᠨ ᠤ 6 ᠳ᠋ᠤᠭᠠᠷ ᠰᠠᠷ᠎ᠠ ᠪᠣᠯᠬᠤ ᠳᠤ᠂ ᠪᠠᠶᠢᠭᠤᠯᠤᠮᠵᠢ ᠨᠢ ᠪᠦᠷᠢᠨ ᠪᠦᠲᠦᠨ᠂ ᠬᠠᠷᠢᠭᠤᠴᠠᠯᠭ᠎ᠠ  ᠨᠢ ᠲᠣᠳᠣᠷᠬᠠᠢ ᠠᠭᠤᠷᠬᠠᠢ ᠶᠢᠨ ᠣᠷᠣᠨ ᠢ ᠪᠠᠶᠢᠭᠤᠯᠵᠤ᠂ ᠬᠦᠷᠢᠶᠡᠯᠡᠩ ᠲᠣᠭᠤᠷᠢᠭ ᠤᠨ ᠵᠠᠮ ᠤᠨ ︽ᠵᠠᠮ ᠤᠨ ᠳᠠᠷᠤᠭ᠎ᠠ ᠶᠢᠨ ᠳᠦᠷᠢᠮ︾ ᠢ ᠪᠠᠶᠢᠭᠤᠯᠤᠨ᠂ ᠠᠭᠤᠷᠬᠠᠢ ᠶᠢᠨ ᠣᠷᠣᠨ ᠤ ᠠᠵᠤ ᠠᠬᠤᠶᠢᠯᠠᠯ ᠤᠨ ᠥᠪᠡᠷ ᠢᠶᠠᠨ ᠪᠠᠶᠢᠭᠤᠯᠤᠭᠰᠠᠨ ᠵᠠᠮ ᠳᠤ ᠪᠢᠲᠡᠭᠦᠮᠵᠢᠯᠡᠭᠰᠡᠨ ᠮᠠᠶ᠋ᠢᠭ ᠤᠨ ᠬᠠᠮᠢᠶᠠᠷᠤᠯᠲᠠ ᠶᠢ ᠬᠡᠷᠡᠭᠵᠢᠭᠦᠯᠵᠦ᠂ ᠠᠭᠤᠷᠬᠠᠢ ᠶᠢᠨ ᠣᠷᠣᠨ᠂ ᠬᠦᠷᠢᠶᠡᠯᠡᠩ ᠲᠣᠭᠤᠷᠢᠭ ᠤᠨ ᠵᠠᠮ ᠢ ᠬᠠᠮᠢᠶᠠᠷᠴᠤ ᠬᠠᠮᠠᠭᠠᠯᠠᠬᠤ ᠪᠠ ᠲᠣᠭᠲᠠᠮᠠᠯ ᠬᠤᠭᠤᠴᠠᠭ᠎ᠠ ᠲᠠᠢ ᠪᠠᠷ ᠴᠡᠪᠡᠷᠯᠡᠬᠦ ᠳᠦᠷᠢᠮ ᠢ ᠡᠮᠬᠢ ᠵᠢᠷᠤᠮ ᠲᠠᠢ ᠬᠡᠷᠡᠭᠵᠢᠭᠦᠯᠵᠦ᠂ ᠵᠠᠮ ᠳᠡᠭᠡᠷᠡᠬᠢ ᠡᠷᠡᠭᠦᠯ ᠬᠠᠮᠠᠭᠠᠯᠠᠯ ᠤᠨ ᠪᠠᠶᠢᠳᠠᠯ ᠢ ᠶᠡᠷᠦᠩᠬᠡᠢ ᠳᠡᠭᠡᠨ ᠰᠠᠶᠢᠵᠢᠷᠠᠭᠤᠯᠤᠨ᠎ᠠ᠃       2021 ᠣᠨ ᠤ 9 ᠳ᠋ᠦᠭᠡᠷ ᠰᠠᠷ᠎ᠠ ᠪᠣᠯᠬᠤ ᠳᠤ᠂ ᠠᠭᠤᠷᠬᠠᠢ ᠶᠢᠨ ᠣᠷᠣᠨ ᠤ ᠦᠢᠯᠡᠳᠪᠦᠷᠢᠯᠡᠯ ᠤᠨ ᠠᠵᠤ ᠠᠬᠤᠶᠢᠯᠠᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠪᠣᠳᠠᠲᠠᠶᠢᠵᠢᠭᠤᠯᠵᠤ᠂ ᠮᠠᠯᠲᠠᠮᠠᠯ ᠤᠨ ᠣᠷᠣᠨ ︵ᠦᠢᠯᠡᠳᠪᠦᠷᠢ ᠶᠢᠨ ᠲᠣᠭᠤᠷᠢᠭ︶ ᠤ ᠵᠠᠮ ᠢ ᠦᠨᠳᠦᠰᠦᠨ ᠳᠡᠭᠡᠨ ᠬᠠᠲᠠᠭᠤᠷᠠᠭᠤᠯᠵᠤ᠂ ᠲᠡᠭᠡᠭᠡᠪᠦᠷᠢ ᠶᠢᠨ ᠲᠡᠷᠭᠡ ᠬᠥᠰᠬᠡ ᠶᠢᠨ ᠲᠣᠭᠤᠷᠢᠨ ᠶᠠᠪᠤᠬᠤ ᠲᠦᠷ ᠴᠠᠭ ᠤᠨ ᠲᠥᠬᠦᠮ ᠵᠠᠮ ᠢ ᠪᠦᠲᠦᠮᠵᠢᠲᠡᠶ ᠨᠠᠮᠳᠠᠭᠤᠯᠤᠨ᠎ᠠ᠃ ᠲᠡᠷᠭᠡ ᠬᠡᠷᠡᠭᠯᠡᠬᠦ ᠳᠤ ᠬᠢᠨᠠᠯᠲᠠ ᠲᠠᠯᠪᠢᠵᠤ ᠬᠠᠤᠯᠢ ᠬᠡᠷᠡᠭᠵᠢᠭᠦᠯᠬᠦ ᠡᠷᠴᠢᠮ ᠢ ᠪᠥᠬᠦ ᠲᠠᠯ᠎ᠠ ᠪᠠᠷ ᠴᠢᠩᠭᠠᠷᠠᠭᠤᠯᠵᠤ᠂ ᠨᠢᠭᠡᠨᠲᠡ ᠤᠭᠰᠠᠷᠠᠭᠰᠠᠨ ᠬᠠᠤᠯᠢ ᠬᠡᠷᠡᠭᠵᠢᠭᠦᠯᠬᠦ ᠲᠥᠬᠦᠭᠡᠷᠦᠮᠵᠢ ᠶᠢ ᠪᠦᠬᠦᠨ ᠢ ᠠᠰᠢᠭᠯᠠᠯᠲᠠ ᠳᠤ ᠣᠷᠣᠭᠤᠯᠬᠤ ᠬᠡᠷᠡᠭᠲᠡᠢ᠃      2021 ᠣᠨ ᠤ ᠰᠡᠭᠦᠯᠴᠢ ᠪᠣᠯᠬᠤ ᠳᠤ᠂ ᠬᠦᠷᠢᠶᠡᠯᠡᠩ ᠲᠣᠭᠤᠷᠢᠭ ᠤᠨ ᠵᠠᠮ ᠢ ᠥᠭᠡᠷᠡᠴᠢᠯᠡᠨ ᠨᠡᠭᠦᠯᠭᠡᠬᠦ᠂ ᠰᠢᠶᠠᠩ ᠲᠠᠢ ᠰᠠᠭᠤᠭᠠᠯᠢ ᠠᠷᠠᠳ ᠤᠨ ᠲᠣᠭᠤᠷᠢᠭ ᠤᠨ ᠪᠠᠷᠠᠭᠤᠨ ᠲᠠᠯ᠎ᠠ ᠶᠢᠨ ᠵᠠᠮ ᠤᠨ ᠪᠠᠷᠢᠯᠭ᠎ᠠ ᠶᠢᠨ ᠠᠵᠢᠯ ᠢ ᠡᠬᠢᠯᠡᠭᠦᠯᠦᠨ ᠪᠦᠲᠦᠭᠡᠨ ᠪᠠᠶᠢᠭᠤᠯᠤᠨ᠎ᠠ᠃ ᠵᠠᠰᠠᠮᠠᠯ ᠵᠠᠮ ᠳᠠᠭᠠᠤ ᠶᠢᠨ ᠪᠠᠷᠠᠭᠠᠨ ᠤ ᠲᠡᠭᠡᠭᠡᠪᠦᠷᠢ ᠶᠢᠨ ᠲᠡᠷᠭᠡ ᠬᠥᠰᠬᠡ ᠶᠢ ᠲᠣᠭᠲᠠᠭᠠᠯ ᠠᠴᠠ ᠵᠥᠷᠢᠴᠡᠨ ᠵᠣᠭᠰᠤᠭᠠᠬᠤ᠂ ᠳᠤᠷ᠎ᠠ ᠪᠠᠷ ᠢᠶᠠᠨ ᠲᠠᠯᠪᠢᠵᠤ ᠳᠤᠷ᠎ᠠ ᠪᠠᠷ ᠢᠶᠠᠨ ᠪᠠᠶᠢᠭᠤᠯᠬᠤ ᠦᠶᠯᠡ ᠠᠵᠢᠯᠯᠠᠭ᠎ᠠ ᠶᠢ ᠪᠦᠲᠦᠮᠵᠢᠲᠡᠶ ᠵᠠᠰᠠᠵᠤ᠂ ᠵᠠᠮ ᠤᠨ ᠣᠷᠴᠢᠨ ᠲᠣᠭᠤᠷᠢᠨ ᠢ ᠢᠯᠡᠳᠲᠡ ᠳᠡᠭᠡᠭᠰᠢᠯᠡᠭᠦᠯᠦᠨ᠎ᠡ᠃ ᠰᠢᠨ᠎ᠡ ᠪᠠᠷ ᠰᠣᠯᠢᠬᠤ ᠨᠡᠶᠢᠲᠡ ᠶᠢᠨ ᠮᠠᠰᠢᠨ ᠲᠡᠷᠭᠡᠨ ᠳᠤ ᠤᠰᠤᠲᠥ᠋ᠷᠥᠭᠴᠢ ᠶᠢᠨ ᠡᠨᠧᠷᠭᠢ ᠪᠠ ᠴᠡᠪᠡᠷ ᠴᠠᠬᠢᠯᠭᠠᠨ ᠤ ᠡᠨᠧᠷᠭᠢ ᠶᠢ ᠬᠡᠷᠡᠭᠯᠡᠨ᠎ᠡ᠃      2022 ᠣᠨ ᠤ ᠰᠡᠭᠦᠯᠴᠢ ᠪᠣᠯᠬᠤ ᠳᠤ᠂ ᠪᠣᠶ ᠪᠦᠬᠦᠢ ᠵᠠᠰᠠᠮᠠᠯ ᠵᠠᠮ ᠳᠠᠭᠠᠤ ᠶᠢᠨ ᠨᠣᠭᠤᠭᠠᠷᠠᠭᠤᠯᠤᠯᠲᠠ ᠶᠢᠨ ᠪᠦᠷᠬᠦᠴᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃ᠷᠦᠩ ᠦ᠋ ᠶᠢᠨ ᠲᠦᠷᠭᠡᠨ ᠳᠠᠪᠬᠢᠬᠤ ᠵᠠᠰᠠᠮᠠᠯ ᠵᠠᠮ ᠤᠨ ᠪᠠᠶᠠᠨᠲᠤᠬᠤᠢ ᠶᠢᠨ ᠬᠠᠷᠢᠯᠴᠠᠨ ᠨᠡᠪᠲᠡᠷᠡᠬᠦ ᠵᠠᠯᠭᠠᠯᠲᠠ ᠶᠢᠨ ᠱᠤᠭᠤᠮ ᠤᠨ ᠪᠦᠲᠦᠭᠡᠨ ᠪᠠᠶᠢᠭᠤᠯᠤᠯᠲᠠ ᠶᠢ ᠬᠠᠪᠰᠤᠷᠤᠨ ᠪᠡᠶᠡᠯᠡᠭᠦᠯᠦᠨ᠎ᠡ᠃ ᠪᠠᠷᠠᠭᠠᠨ ᠤ ᠲᠡᠭᠡᠭᠡᠪᠦᠷᠢ ᠶᠢᠨ ᠲᠡᠷᠭᠡ ᠬᠥᠰᠬᠡ ᠶᠢᠨ ᠪᠦᠲᠡᠭᠡᠯᠭᠡ ᠶᠢ ᠥᠯᠥ ᠳᠠᠷᠤᠬᠤ᠂ ᠠᠰᠬᠠᠵᠤ ᠬᠠᠶᠠᠬᠤ᠂ ᠬᠡᠮᠵᠢᠶ᠎ᠡ ᠠᠴᠠ ᠬᠡᠲᠦᠷᠡᠲᠡᠯ᠎ᠡ ᠲᠡᠭᠡᠭᠡᠪᠦᠷᠢᠯᠡᠬᠦ᠂ ᠰᠢᠪᠠᠷ ᠲᠣᠭᠤᠰᠣ ᠠᠪᠴᠤ ᠵᠠᠮ ᠳᠤ ᠭᠠᠷᠬᠤ ᠵᠡᠷᠭᠡ ᠬᠠᠤᠯᠢ ᠲᠣᠭᠲᠠᠭᠠᠯ ᠠᠴᠠ ᠵᠥᠷᠢᠴᠡᠭᠰᠡᠨ ᠲᠡᠭᠡᠭᠡᠪᠦᠷᠢ ᠶᠢᠨ ᠦᠶᠯᠡ ᠠᠵᠢᠯᠯᠠᠭ᠎ᠠ ᠶᠢ ᠪᠦᠲᠦᠮᠵᠢᠲᠡᠶ ᠵᠠᠰᠠᠪᠠ᠃      2023 ᠣᠨ ᠤ ᠰᠡᠭᠦᠯᠴᠢ ᠪᠣᠯᠬᠤ ᠳᠤ᠂ ᠪᠥᠬᠦ ᠲᠣᠭᠤᠷᠢᠭ ᠤᠨ ︽ᠲᠤᠬᠠᠢ ᠶᠢᠨ ᠲᠠᠯᠠᠪᠤᠷ ᠤᠨ ᠪᠤᠰᠤ ᠬᠠᠤᠯᠢ ᠬᠡᠷᠡᠭᠵᠢᠭᠦᠯᠬᠦ︾ ᠬᠡᠮᠵᠢᠶ᠎ᠡ ᠠᠴᠠ ᠬᠡᠲᠦᠷᠡᠭᠦᠯᠬᠦ ᠶᠢ ᠵᠠᠰᠠᠬᠤ ᠲᠥᠬᠦᠭᠡᠷᠦᠮᠵᠢ ᠶᠢᠨ ᠪᠠᠷᠠᠭᠠᠨ ᠤ ᠲᠡᠭᠡᠭᠡᠪᠦᠷᠢ ᠶᠢᠨ ᠭᠤᠣᠯ ᠨᠡᠪᠲᠡᠷᠡᠬᠦ ᠵᠠᠮ ᠪᠠ ᠴᠢᠬᠤᠯᠠ ᠬᠥᠭᠦᠷᠭᠡ ᠶᠢᠨ ᠣᠷᠣᠬᠤ ᠭᠠᠵᠠᠷ ᠢ ᠪᠦᠬᠦᠨ ᠢ ᠬᠠᠮᠤᠷᠬᠤ ᠶᠢ ᠪᠡᠶᠡᠯᠡᠭᠦᠯᠵᠦ᠂ ᠵᠠᠰᠠᠮᠠᠯ ᠵᠠᠮ ᠤᠨ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠬᠤ ᠦᠶᠯᠡ ᠠᠵᠢᠯᠯᠠᠭ᠎ᠠ ᠶᠢ ᠦᠨᠳᠦᠰᠦᠨ ᠠᠴᠠ ᠨᠢ ᠬᠤᠷᠢᠭᠯᠠᠨ᠎ᠠ᠃ ᠠᠭᠤᠷᠬᠠᠢ ᠶᠢᠨ ᠣᠷᠣᠨ᠂ ᠬᠦᠷᠢᠶᠡᠯᠡᠩ ᠲᠣᠭᠤᠷᠢᠭ ᠤᠨ ᠵᠠᠮ ᠤᠨ ᠲᠣᠣᠷ ᠤᠨ ᠨᠢᠭᠲᠠᠴᠠ᠂ ᠮᠡᠷᠭᠡᠵᠢᠯ ᠤᠨ ᠪᠠᠶᠢᠳᠠᠯ ᠪᠠ ᠦᠢᠯᠡᠴᠢᠯᠡᠭᠡᠨ ᠤ ᠬᠢᠷᠢ ᠬᠡᠮᠵᠢᠶ᠎ᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃       ᠭᠤᠷᠪᠠ᠂ ᠵᠠᠮ ᠤᠨ ᠲᠣᠭᠤᠰᠣ ᠰᠢᠷᠣᠢ ᠶᠢ ᠶᠡᠷᠦᠩᠬᠡᠶᠢᠯᠡᠨ ᠵᠠᠰᠠᠬᠤ ᠭᠤᠣᠯᠳᠠᠯᠭ᠎ᠠ ᠲᠠᠢ ᠡᠭᠦᠷᠭᠡ        ︵ᠨᠢᠭᠡ︶ ᠵᠠᠮ ᠤᠨ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢᠨ ᠡᠷᠴᠢᠮ᢭ᠢ ᠨᠡᠮᠡᠭᠳᠡᠭᠦᠯᠦᠨ᠎ᠡ         1. ᠵᠠᠰᠠᠮᠠᠯ ᠵᠠᠮ ᠤᠨ ᠭᠤᠣᠯ ᠱᠤᠭᠤᠮ ᠤᠨ ᠲᠡᠭᠡᠭᠡᠪᠦᠷᠢ ᠶᠢᠨ ᠲᠣᠮᠣ ᠯᠤᠭᠰᠢᠭᠤᠨ ᠰᠤᠳᠠᠯ ᠢ ᠰᠠᠭᠠᠳ ᠦᠭᠡᠢ ᠨᠡᠪᠲᠡᠷᠡᠭᠦᠯᠦᠨ᠎ᠡ᠃ ᠵᠠᠰᠠᠮᠠᠯ ᠵᠠᠮ ᠤᠨ ᠲᠣᠣᠷ ᠰᠦᠯᠵᠢᠶ᠎ᠡ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠣᠷᠣᠨ ᠪᠦᠰᠡ ᠶᠢᠨ ᠬᠤᠭᠤᠷᠣᠨᠳᠣᠬᠢ ᠵᠠᠮ ᠬᠠᠷᠢᠯᠴᠠᠭᠠᠨ ᠤ ᠬᠠᠷᠢᠯᠴᠠᠭ᠎ᠠ ᠶᠢ ᠲᠦᠷᠭᠡᠪᠴᠢᠯᠡᠨ ᠳᠡᠭᠡᠭᠰᠢᠯᠡᠭᠦᠯᠦᠨ᠎ᠡ᠃         2. ᠠᠭᠤᠷᠬᠠᠢ ᠶᠢᠨ ᠣᠷᠣᠨ᠂ ᠬᠦᠷᠢᠶᠡᠯᠡᠩ ᠲᠣᠭᠤᠷᠢᠭ ᠤᠨ ᠵᠠᠮ ᠤᠨ ᠲᠣᠣᠷ ᠤᠨ ᠪᠢᠴᠢᠯ ᠡᠷᠭᠢᠯᠲᠡ ᠶᠢ ᠨᠡᠪᠲᠡᠷᠡᠭᠦᠯᠦᠨ᠎ᠡ᠃ ᠠᠭᠤᠷᠬᠠᠢ ᠶᠢᠨ ᠣᠷᠣᠨ ᠤ ᠤᠯᠠᠨ ᠨᠡᠶᠢᠲᠡ ᠶᠢᠨ ᠵᠠᠮ ᠤᠨ ᠪᠠᠶᠢᠷᠢᠰᠢᠭᠤᠯᠤᠯ ᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ︽ᠬᠡᠨ ᠬᠡᠷᠡᠭᠯᠡᠪᠡᠯ ᠬᠡᠨ ᠪᠦᠲᠦᠭᠡᠨ ᠪᠠᠶᠢᠭᠤᠯᠬᠤ︾ ᠵᠠᠷᠴᠢᠮ ᠤᠨ ᠶᠣᠰᠣᠭᠠᠷ ᠠᠭᠤᠷᠬᠠᠢ ᠶᠢᠨ ᠣᠷᠣᠨ ᠤ ᠤᠯᠠᠨ ᠨᠡᠶᠢᠲᠡ ᠶᠢᠨ ᠵᠠᠮ ᠤᠨ ᠲᠣᠣᠷ ᠤᠨ ᠪᠦᠲᠦᠭᠡᠨ ᠪᠠᠶᠢᠭᠤᠯᠤᠯᠲᠠ ᠶᠢ ᠨᠡᠮᠡᠭᠳᠡᠭᠦᠯᠵᠦ ᠂ ᠠᠭᠤᠷᠬᠠᠢ ᠶᠢᠨ ᠣᠷᠣᠨ ᠤ ᠤᠯᠠᠨ ᠨᠡᠶᠢᠲᠡ ᠶᠢᠨ ᠵᠠᠮ ᠢ ᠬᠠᠲᠠᠭᠤᠷᠠᠭᠤᠯᠬᠤ ᠪᠠ ᠡᠪᠡᠳᠴᠢᠨ ᠤ ᠬᠥᠨᠥᠭᠡᠯ ᠢ ᠵᠠᠰᠠᠨ ᠰᠡᠷᠭᠦᠭᠡᠬᠦ ᠲᠥᠯᠥᠪᠯᠡᠭᠡ ᠶᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃         3. ᠮᠠᠯᠲᠠᠮᠠᠯ ᠤᠨ ᠣᠷᠣᠨ ︵ᠦᠢᠯᠡᠳᠪᠦᠷᠢ ᠶᠢᠨ ᠲᠣᠭᠤᠷᠢᠭ︶ ᠤ ᠵᠠᠮ ᠱᠤᠭᠤᠮ ᠤᠨ ᠬᠠᠲᠠᠭᠤᠷᠠᠯ ᠢ ᠪᠦᠬᠦᠨ ᠢ ᠪᠦᠷᠬᠦᠭᠦᠯᠬᠦ ᠶᠢ ᠨᠠᠶᠢᠳᠠᠪᠤᠷᠢᠵᠢᠭᠤᠯᠤᠨ᠎ᠠ᠃ ᠡᠯ᠎ᠡ ᠵᠠᠳᠠᠭᠠᠢ ᠨᠡᠭᠡᠭᠡᠨ ᠮᠠᠯᠲᠠᠬᠤ ᠠᠵᠤ ᠠᠬᠤᠶᠢᠯᠠᠯ ᠤᠳ ᠨᠢᠭᠡᠨᠲᠡ 5 ᠵᠢᠯ ᠠᠴᠠ ᠳᠡᠭᠡᠭᠰᠢ ᠬᠡᠷᠡᠭᠯᠡᠭᠰᠡᠨ ᠪᠤᠶᠤ 5 ᠵᠢᠯ ᠠᠴᠠ ᠳᠡᠭᠡᠭᠰᠢ ᠬᠡᠷᠡᠭᠯᠡᠬᠦ ᠪᠠᠷ ᠵᠢᠱᠢᠵᠦ ᠪᠠᠶᠢᠭ᠎ᠠ ᠲᠣᠭᠲᠠᠮᠠᠯ ᠮᠠᠯᠲᠠᠬᠤ ᠣᠷᠣᠨ ᠤ ᠵᠠᠮ ᠳᠤ ᠱᠦᠢᠨᠢ᠂ ᠪᠠᠷᠤᠭᠰᠢᠨ᠂ ᠲᠡᠷᠢ ᠲᠡᠭᠰᠢ ᠴᠢᠯᠠᠭᠤ ᠵᠡᠷᠭᠡ ᠳᠤᠮᠳᠠ ᠳᠡᠭᠡᠳᠦ ᠵᠡᠷᠭᠡ ᠠᠴᠠ ᠳᠡᠭᠡᠭᠰᠢᠬᠢ ᠵᠠᠮ ᠤᠨ ᠭᠠᠳᠠᠷᠭᠤ ᠶᠢᠨ ᠮᠠᠲ᠋ᠧᠷᠢᠶᠠ ᠤᠨ ᠴᠢᠨᠠᠷ ᠢ ᠬᠠᠲᠠᠭᠤᠷᠠᠭᠤᠯᠵᠤ᠂ ᠬᠡᠷᠡᠭᠯᠡᠬᠦ ᠬᠤᠭᠤᠴᠠᠭ᠎ᠠ ᠬᠢᠵᠠᠭᠠᠷ ᠨᠢ 5 ᠵᠢᠯ ᠠᠴᠠ ᠳᠣᠷᠣᠭᠰᠢ ᠪᠠᠶᠢᠬᠤ ᠲᠥᠷ ᠴᠠᠭ ᠤᠨ ᠮᠠᠯᠲᠠᠬᠤ ᠣᠷᠣᠨ ᠤ ᠵᠠᠮ ᠳᠤ ᠲᠡᠰ ᠬᠤᠪᠢᠶᠠᠨ ᠲᠣᠬᠢᠷᠠᠭᠤᠯᠤᠭᠰᠠᠨ ᠬᠡᠮᠬᠡᠳᠡᠭ ᠴᠢᠯᠠᠭᠤ᠂ ᠬᠦᠳᠡᠷ ᠤᠨ ᠰᠢᠭᠠᠷᠤ᠂ ᠱᠦᠢᠨᠢ ᠶᠢᠨ ᠲᠣᠭᠲᠠᠪᠤᠷᠢᠵᠢᠭᠤᠯᠤᠭᠰᠠᠨ ᠰᠢᠷᠣᠢ ᠵᠡᠷᠭᠡ ᠳᠤᠮᠳᠠ ᠳᠣᠣᠷ᠎ᠠ ᠲᠡᠰ ᠤᠨ ᠵᠠᠮ ᠤᠨ ᠭᠠᠳᠠᠷᠭᠤ ᠶᠢᠨ ᠮᠠᠲ᠋ᠧᠷᠢᠶᠠ ᠤᠨ ᠴᠢᠨᠠᠷ ᠢ ᠬᠡᠷᠡᠭᠯᠡᠨ ᠬᠠᠲᠠᠭᠤᠷᠠᠭᠤᠯᠬᠤ ᠬᠡᠷᠡᠭᠲᠡᠢ᠃       ︵ᠬᠤᠶᠠᠷ︶ ᠵᠠᠮ ᠤᠨ ᠲᠣᠭᠤᠰᠣ ᠰᠢᠷᠣᠢ ᠶᠢᠨ ᠪᠣᠬᠢᠷᠳᠤᠯ ᠢ ᠪᠥᠬᠦ ᠬᠦᠴᠦᠨ ᠢᠶᠠᠷ ᠢᠶᠠᠨ ᠴᠡᠭᠴᠡᠯᠡᠨ ᠵᠠᠰᠠᠨ᠎ᠠ         1. ᠭᠤᠣᠯᠳᠠᠯᠭ᠎ᠠ ᠲᠠᠢ ᠵᠠᠮ ᠤᠨ ᠬᠡᠰᠡᠭ ᠢ ᠴᠡᠪᠡᠷᠯᠡᠵᠦ ᠴᠡᠪᠡᠷᠯᠡᠬᠦ ᠠᠵᠢᠯ ᠤᠨ ᠡᠷᠴᠢᠮ ᠢ ᠴᠢᠩᠭᠠᠷᠠᠭᠤᠯᠤᠨ᠎ᠠ᠃ ᠡᠯ᠎ᠡ ᠵᠠᠮ ᠤᠨ ᠬᠡᠰᠡᠭ ᠤᠨ ᠴᠡᠪᠡᠷᠯᠡᠵᠦ ᠴᠡᠪᠡᠷᠯᠡᠬᠦ ᠠᠵᠢᠯ ᠢ ᠪᠠᠲᠤᠯᠠᠬᠤ ᠶᠢᠨ ᠲᠤᠰᠠᠳᠠ᠂ ᠡᠯ᠎ᠡ ᠵᠠᠮ ᠤᠨ ᠬᠡᠰᠡᠭ ᠲᠤ ︽ᠵᠠᠮ ᠤᠨ ᠳᠠᠷᠤᠭ᠎ᠠ︾ ᠶᠢᠨ ᠢᠯᠡ ᠨᠡᠶᠢᠲᠡᠯᠡᠬᠦ ᠫᠠᠶᠢᠰᠠ ᠲᠠᠭᠠᠷᠠᠭᠤᠯᠵᠤ᠂ ᠡᠯ᠎ᠡ ᠬᠤᠯᠪᠤᠭᠳᠡᠯ ᠪᠦᠬᠦᠢ ᠠᠵᠤ ᠠᠬᠤᠶᠢᠯᠠᠯ ᠢ ᠣᠯᠠᠨ ᠨᠡᠶᠢᠲᠡ ᠶᠢᠨ ᠵᠠᠮ ᠤᠨ ᠴᠡᠪᠡᠷᠯᠡᠵᠦ ᠴᠡᠪᠡᠷᠯᠡᠬᠦ ᠪᠠ ᠤᠰᠤ ᠰᠦᠷᠴᠢᠵᠦ ᠲᠣᠭᠤᠰᠣ ᠪᠠᠭᠤᠷᠠᠭᠤᠯᠬᠤ ᠡᠷᠴᠢᠮ ᠵᠢᠴᠢ ᠤᠳᠠᠭ᠎ᠠ ᠤᠳᠠᠭ᠎ᠠ ᠪᠠᠨ ᠨᠡᠮᠡᠭᠳᠡᠭᠦᠯᠵᠦ᠂ ᠮᠠᠰᠢᠨ ᠮᠧᠬᠠᠨᠢᠭ ᠪᠠ ᠬᠥᠮᠥᠨ ᠤ ᠬᠦᠴᠦᠨ ᠤ ᠠᠷᠭ᠎ᠠ ᠮᠠᠶ᠋ᠢᠭ ᠢ ᠬᠡᠷᠡᠭᠯᠡᠨ ᠴᠡᠪᠡᠷᠯᠡᠵᠦ ᠴᠡᠪᠡᠷᠯᠡᠬᠦ ᠠᠵᠢᠯ ᠢ ᠥᠷᠨᠢᠭᠦᠯᠵᠦ᠂ ᠡᠳᠦᠷ ᠪᠦᠷᠢ 2 ᠤᠳᠠᠭ᠎ᠠ  ᠠᠴᠠ ᠳᠤᠲᠠᠭᠤ ᠦᠭᠡᠢ ᠬᠢᠵᠦ᠂ ᠬᠠᠯᠬᠠᠪᠴᠢ ᠬᠡᠷᠡᠰᠬᠡ ᠵᠢᠴᠢ ᠪᠡᠯᠡᠳᠬᠡᠮᠵᠢ ᠶᠢ ᠭᠠᠷᠠᠭ ᠪᠦᠷᠢ 1 ᠤᠳᠠᠭ᠎ᠠ ᠴᠡᠪᠡᠷᠯᠡᠬᠦ ᠶᠢᠨ ᠬᠠᠮᠲᠤ ᠠᠵᠢᠯ ᠤᠨ ᠡᠬᠡ ᠲᠠᠩᠰᠠ ᠪᠠᠶᠢᠭᠤᠯᠬᠤ ᠬᠡᠷᠡᠭᠲᠡᠢ᠃ ᠣᠳᠣᠬᠠᠨ ᠪᠣᠯᠲᠠᠯ᠎ᠠ ᠡᠯ᠎ᠡ ᠠᠵᠤ ᠠᠬᠤᠶᠢᠯᠠᠯ ᠴᠡᠪᠡᠷᠯᠡᠭᠡ ᠬᠢᠬᠦ ᠲᠡᠷᠭᠡ 30 ᠭᠠᠷᠤᠢ᠂ ᠤᠰᠤ ᠰᠦᠷᠴᠢᠬᠦ ᠲᠡᠷᠭᠡ 30 ᠭᠠᠷᠤᠢ ᠬᠤᠳᠠᠯᠳᠤᠨ ᠠᠪᠴᠤ᠂ ᠵᠠᠮ ᠬᠠᠷᠢᠯᠴᠠᠭᠠᠨ ᠤ ᠡᠳᠦᠷ ᠲᠤᠲᠤᠮ ᠤᠨ ᠠᠷᠢᠭᠤᠨ ᠴᠡᠪᠡᠷ ᠤᠨ ᠠᠵᠢᠯ ᠢ ᠪᠠᠲᠤᠯᠠᠭᠰᠠᠨ ᠪᠠᠶᠢᠨ᠎ᠠ᠃         2. ᠠᠭᠤᠷᠬᠠᠢ ᠶᠢᠨ ᠣᠷᠣᠨ᠂ ᠬᠦᠷᠢᠶᠡᠯᠡᠩ ᠲᠣᠭᠤᠷᠢᠭ ᠤᠨ ᠵᠠᠮ ᠤᠨ ︽ᠵᠠᠮ ᠤᠨ ᠳᠠᠷᠤᠭ᠎ᠠ ᠶᠢᠨ ᠳᠦᠷᠢᠮ︾ ᠢ ᠪᠥᠬᠦ ᠲᠠᠯ᠎ᠠ ᠪᠠᠷ ᠬᠡᠷᠡᠭᠵᠢᠭᠦᠯᠦᠨ᠎ᠡ᠃ ︽ᠬᠡᠨ ᠬᠡᠷᠡᠭᠯᠡᠪᠡᠯ ᠬᠡᠨ ᠬᠠᠲᠠᠭᠤᠷᠠᠭᠤᠯᠵᠤ᠂ ᠬᠡᠨ ᠬᠠᠮᠠᠭᠠᠯᠠᠵᠤ ᠂ ᠬᠡᠨ ᠴᠡᠪᠡᠷᠯᠡᠵᠦ ᠴᠡᠪᠡᠷᠯᠡᠬᠦ︾ ᠵᠠᠷᠴᠢᠮ ᠶᠣᠰᠣᠭᠠᠷ᠂ ᠬᠠᠶᠢᠨᠠᠨ ᠲᠣᠭᠤᠷᠢᠭ ᠤᠨ ᠵᠠᠰᠠᠭ ᠤᠨ ᠣᠷᠳᠣᠨ ︽ᠬᠠᠶᠢᠨᠠᠨ ᠲᠣᠭᠤᠷᠢᠭ ᠤᠨ ᠠᠭᠤᠷᠬᠠᠢ ᠶᠢᠨ ᠣᠷᠣᠨ ᠤ ᠵᠠᠮ ︿ᠵᠠᠮ ᠤᠨ ᠳᠠᠷᠤᠭ᠎ᠠ ᠶᠢᠨ ᠳᠦᠷᠢᠮ﹀ ᠢ ᠬᠡᠷᠡᠭᠵᠢᠭᠦᠯᠬᠦ ᠲᠥᠰᠥᠯ︾ ᠢ ᠲᠣᠭᠲᠠᠭᠠᠪᠠ᠃ ᠨᠤᠲᠤᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠲᠣᠭᠤᠷᠢᠭ ᠤᠨ ᠳᠠᠷᠤᠭ᠎ᠠ ᠪᠠᠷ ᠳᠤᠭᠤᠶᠢᠯᠠᠩ ᠤᠨ ᠳᠠᠷᠤᠭ᠎ᠠ ᠪᠣᠯᠭᠠᠭᠰᠠᠨ ᠠᠵᠢᠯ ᠤᠨ ᠤᠳᠤᠷᠢᠳᠬᠤ ᠳᠤᠭᠤᠶᠢᠯᠠᠩ ᠢ ᠪᠠᠶᠢᠭᠤᠯᠪᠠ᠃ ᠪᠦᠬᠦ ᠲᠣᠭᠤᠷᠢᠭ ᠤᠨ ᠠᠭᠤᠷᠬᠠᠢ ᠶᠢᠨ ᠣᠷᠣᠨ᠂ ᠬᠦᠷᠢᠶᠡᠯᠡᠩ ᠲᠣᠭᠤᠷᠢᠭ ᠤᠨ ᠵᠠᠮ ᠢ 27 ᠬᠡᠰᠡᠭ ᠪᠣᠯᠭᠠᠨ ᠨᠠᠷᠢᠰᠬᠠᠵᠤ᠂ ᠡᠯ᠎ᠡ ᠵᠠᠮ ᠳᠠᠭᠠᠤ ᠶᠢᠨ ᠠᠵᠤ ᠠᠬᠤᠶᠢᠯᠠᠯ ᠢ ᠵᠠᠮ ᠠᠷᠠᠴᠢᠯᠠᠨ ᠬᠠᠮᠠᠭᠠᠯᠠᠬᠤ ᠠᠷᠢᠭᠤᠨ ᠴᠡᠪᠡᠷ ᠤᠨ ᠭᠤᠣᠯ ᠴᠣᠭᠴᠠ ᠪᠣᠯᠭᠠᠬᠤ ᠶᠢ ᠲᠣᠳᠣᠷᠬᠠᠶᠢᠯᠠᠵᠤ᠂ ᠡᠯ᠎ᠡ ᠪᠠᠯᠭᠠᠰᠤ ᠶᠢᠨ ᠠᠯᠪᠠᠨ ᠭᠡᠷ ᠵᠢᠴᠢ ᠣᠷᠣᠨ ᠤ ᠬᠠᠮᠢᠶᠠᠷᠤᠯᠲᠠ ᠶᠢᠨ ᠵᠥᠪᠯᠡᠯ ᠢ ᠳᠠᠭᠠᠭᠠᠴᠢᠯᠠᠨ ᠬᠤᠯᠪᠣᠭᠠᠯᠠᠬᠤ ᠨᠢᠭᠡᠴᠡ ᠪᠣᠯᠭᠠᠵᠤ᠂ ᠲᠣᠭᠤᠷᠢᠭ ᠤᠨ ᠪᠠᠶᠢᠭᠠᠯᠢ ᠶᠢᠨ ᠡᠬᠢ ᠪᠠᠶᠠᠯᠢᠭ ᠤᠨ ᠬᠤᠪᠢᠶᠠᠷᠢ ᠲᠣᠪᠴᠢᠶ᠎ᠠ᠂ ᠠᠮᠢ ᠠᠬᠤᠢ ᠶᠢᠨ ᠣᠷᠴᠢᠨ ᠲᠣᠭᠤᠷᠢᠨ ᠤ ᠬᠤᠪᠢᠶᠠᠷᠢ ᠲᠣᠪᠴᠢᠶ᠎ᠠ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠂ ᠡᠨᠧᠷᠭᠢ ᠶᠢᠨ ᠲᠣᠪᠴᠢᠶ᠎ᠠ᠂ ᠵᠠᠮ ᠬᠠᠷᠢᠯᠴᠠᠭᠠᠨ ᠤ ᠲᠣᠪᠴᠢᠶ᠎ᠠ ᠶᠢ ᠬᠢᠨᠠᠨ ᠬᠠᠮᠢᠶᠠᠷᠬᠤ ᠨᠢᠭᠡᠴᠡ ᠪᠣᠯᠭᠠᠬᠤ ᠶᠢ ᠲᠣᠳᠣᠷᠬᠠᠶᠢᠯᠠᠵᠤ᠂ ᠡᠯ᠎ᠡ ᠨᠢᠭᠡᠴᠡ ᠶᠢ ᠠᠵᠢᠯ ᠤᠨ ᠬᠤᠪᠢᠶᠠᠷᠢᠯᠠᠯ ᠶᠣᠰᠣᠭᠠᠷ ᠵᠠᠮ ᠬᠠᠷᠢᠯᠴᠠᠭᠠᠨ ᠤ ᠡᠳᠦᠷ ᠲᠤᠲᠤᠮ ᠤᠨ ᠲᠣᠭᠤᠷᠢᠨ ᠪᠠᠶᠢᠴᠠᠭᠠᠬᠤ ᠵᠡᠷᠭᠡ ᠠᠵᠢᠯ ᠢ ᠴᠠᠭ ᠲᠤᠬᠠᠢ ᠳᠤᠨᠢ ᠰᠠᠶᠢᠲᠤᠷ ᠬᠢᠵᠦ᠂ ᠬᠢᠨᠠᠨ ᠬᠠᠮᠢᠶᠠᠷᠬᠤ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠢ᠃ ᠡᠭᠦᠨ ᠤ ᠬᠠᠮᠲᠤ ︽ᠬᠠᠶᠢᠨᠠᠨ ᠲᠣᠭᠤᠷᠢᠭ ᠤᠨ ᠠᠭᠤᠷᠬᠠᠢ ᠶᠢᠨ ᠣᠷᠣᠨ ᠤ ᠵᠠᠮ ᠱᠤᠭᠤᠮ ᠤᠨ ᠣᠷᠴᠢᠨ ᠲᠣᠭᠤᠷᠢᠨ ᠤ ᠵᠠᠰᠠᠯᠲᠠ ᠶᠢᠨ ᠬᠡᠷᠡᠭᠵᠢᠭᠦᠯᠬᠦ ᠲᠥᠰᠥᠯ︾ ᠢ ᠳᠠᠷᠤᠮᠠᠯᠯᠠᠨ ᠲᠠᠷᠬᠠᠭᠠᠵᠤ᠂ ᠵᠠᠮ ᠱᠤᠭᠤᠮ ᠤᠨ ᠣᠷᠴᠢᠨ ᠲᠣᠭᠤᠷᠢᠨ ᠤ ᠵᠠᠰᠠᠯᠲᠠ ᠶᠢᠨ ᠱᠠᠭᠠᠷᠳᠠᠯᠭ᠎ᠠ ᠶᠢ ᠲᠣᠳᠣᠷᠬᠠᠢ ᠲᠣᠭᠲᠠᠭᠠᠪᠠ᠃      ︵ᠭᠤᠷᠪᠠ︶ ᠵᠠᠮ ᠤᠨ ᠬᠡᠪᠴᠢᠶᠡᠨ ᠤ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠶᠢ ᠴᠢᠩᠭᠠᠳᠬᠠᠬᠤ ᠬᠡᠷᠡᠭᠲᠡᠢ         1. ᠵᠠᠮ ᠳᠠᠭᠠᠤ ᠶᠢᠨ ᠣᠷᠴᠢᠨ ᠲᠣᠭᠤᠷᠢᠨ ᠤ ᠵᠠᠰᠠᠯᠲᠠ ᠶᠢ ᠠᠬᠢᠭᠤᠯᠤᠨ᠎ᠠ᠃ ᠡᠯ᠎ᠡ ᠠᠵᠤ ᠠᠬᠤᠶᠢᠯᠠᠯ ᠢ ᠵᠠᠮ ᠳᠠᠭᠠᠤ ᠶᠢᠨ ᠴᠡᠪᠡᠷ ᠪᠤᠰᠤ ᠬᠥᠭᠦᠷᠭᠡ ᠶᠢᠨ ᠬᠡᠷᠡᠰᠬᠡ᠂ ᠬᠠᠯᠬᠠᠪᠴᠢ ᠬᠡᠷᠡᠰᠬᠡ᠂ ᠳᠣᠯᠭᠢᠶᠠᠨ ᠬᠡᠯᠪᠡᠷᠢᠲᠦ ᠬᠠᠯᠬᠠᠪᠴᠢ ᠬᠡᠷᠡᠰᠬᠡ᠂ ᠬᠥᠰᠢᠶ᠎ᠡ ᠲᠡᠮᠳᠡᠭ ᠵᠡᠷᠭᠡ ᠶᠢ ᠲᠣᠭᠲᠠᠮᠠᠯ ᠬᠤᠭᠤᠴᠠᠭ᠎ᠠ ᠲᠠᠢ ᠪᠠᠷ ᠤᠬᠢᠶᠠᠵᠤ ᠴᠡᠪᠡᠷᠯᠡᠬᠦ ᠬᠡᠷᠡᠭᠲᠡᠢ᠃ ᠡᠭᠦᠨ ᠤ ᠬᠠᠮᠲᠤ ᠨᠠᠮᠤᠷ ᠡᠪᠦᠯ ᠤᠨ ᠤᠯᠠᠷᠢᠯ ᠤᠨ ᠵᠠᠮ ᠤᠨ ᠭᠠᠳᠠᠷᠭᠤ ᠶᠢᠨ ᠨᠠᠪᠴᠢ ᠵᠤᠯᠭᠠᠷᠠᠬᠤ᠂ ᠬᠤᠭ ᠡᠪᠡᠰᠦ᠂ ᠮᠣᠳᠣᠨ ᠳᠡᠭᠡᠷᠡᠬᠢ ᠡᠯᠭᠦᠮᠡᠯ ᠪᠣᠳᠠᠰ ᠢ ᠳᠠᠬᠢᠨ ᠳᠠᠪᠲᠠᠨ ᠴᠡᠪᠡᠷᠯᠡᠬᠦ ᠶᠢ ᠴᠢᠩᠭᠠᠳᠬᠠᠨ᠎ᠠ᠃         ᠡᠨᠡ ᠵᠢᠯ ᠮᠠᠨ ᠤ ᠣᠷᠣᠨ ᠠᠭᠤᠷᠬᠠᠢ ᠶᠢᠨ ᠣᠷᠣᠨ ᠤ ᠵᠠᠮ ᠤᠨ ᠬᠤᠶᠠᠷ ᠬᠠᠵᠠᠭᠤ ᠶᠢᠨ ᠪᠢᠲᠡᠭᠦᠮᠵᠢᠯᠡᠬᠦ ᠢᠨᠵᠧᠨᠧᠷᠢᠩ ᠢ ᠬᠡᠷᠡᠭᠵᠢᠭᠦᠯᠵᠦ᠂ ᠨᠡᠶᠢᠲᠡ 64.7 ᠺᠢᠯᠣᠮᠧᠲᠷ ᠵᠠᠮ ᠢ ᠪᠢᠲᠡᠭᠦᠮᠵᠢᠯᠡᠵᠦ᠂ 81 ᠰᠢᠷᠣᠢ ᠶᠢᠨ ᠵᠠᠮ ᠤᠨ ᠠᠭᠤᠯᠵᠠᠷ ᠢ ᠪᠢᠲᠡᠭᠦᠮᠵᠢᠯᠡᠭᠰᠡᠨ ᠪᠤᠶᠤ ᠬᠠᠲᠠᠭᠤᠷᠠᠭᠤᠯᠤᠭᠰᠠᠨ ᠪᠠᠶᠢᠨ᠎ᠠ᠃ 350 ᠲᠦᠮᠡᠨ ᠲᠥᠭᠦᠷᠢᠭ ᠤᠨ ᠪᠡᠯᠡ ᠣᠷᠣᠭᠤᠯᠵᠤ ᠴᠢ ᠴᠢᠶᠠᠨ ᠱᠤᠭᠤᠮ ᠤᠨ ᠡᠮᠦᠨ᠎ᠡ ᠲᠠᠯ᠎ᠠ ᠳᠤ ᠲᠣᠮᠣ ᠬᠡᠯᠪᠡᠷᠢ ᠶᠢᠨ ᠲᠡᠷᠭᠡᠨ ᠵᠣᠭᠰᠣᠭᠠᠯ ᠪᠠᠶᠢᠭᠤᠯᠤᠨ᠎ᠠ᠃       2. ᠵᠠᠮ ᠳᠠᠭᠠᠤ ᠶᠢᠨ ᠨᠣᠭᠤᠭᠠᠷᠠᠭᠤᠯᠤᠯᠲᠠ ᠶᠢᠨ ᠪᠦᠷᠬᠦᠴᠡ ᠶᠢ ᠨᠡᠮᠡᠭᠳᠡᠭᠦᠯᠦᠨ᠎ᠡ᠃ ᠲᠤᠬᠠᠢ ᠶᠢᠨ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠮᠣᠳᠣ ᠳᠠᠷᠢᠬᠤ᠂ ᠡᠪᠡᠰᠦ ᠳᠠᠷᠢᠬᠤ᠂ ᠪᠣᠳᠠ ᠮᠣᠳᠣ ᠳᠠᠷᠢᠬᠤ ᠵᠡᠷᠭᠡ ᠠᠷᠭ᠎ᠠ ᠮᠠᠶ᠋ᠢᠭ ᠢ ᠬᠡᠷᠡᠭᠯᠡᠨ ᠵᠠᠮ ᠳᠠᠭᠠᠤ ᠶᠢᠨ ᠨᠣᠭᠤᠭᠠᠷᠠᠭᠤᠯᠤᠯᠲᠠ ᠶᠢᠨ ᠪᠦᠷᠬᠦᠴᠡ ᠶᠢ ᠨᠡᠮᠡᠭᠳᠡᠭᠦᠯᠵᠦ᠂ ᠨᠣᠭᠤᠭᠠᠷᠠᠭᠤᠯᠵᠤ ᠠᠷᠠᠴᠢᠯᠠᠨ ᠬᠠᠮᠠᠭᠠᠯᠠᠬᠤ ᠣᠷᠣᠭᠤᠯᠤᠯᠲᠠ ᠶᠢ ᠨᠡᠮᠡᠭᠳᠡᠭᠦᠯᠦᠨ᠂ ᠵᠠᠮ ᠤᠨ ᠨᠣᠭᠤᠭᠠᠷᠠᠭᠤᠯᠤᠯᠲᠠ ᠶᠢᠨ ᠲᠣᠭᠤᠰᠣ ᠶᠢ ᠳᠠᠷᠤᠬᠤ᠂ ᠱᠤᠤᠭᠢᠶᠠᠨ ᠢ ᠳᠠᠷᠤᠬᠤ᠂ ᠵᠠᠮ ᠤᠨ ᠣᠷᠴᠢᠨ ᠲᠣᠭᠤᠷᠢᠨ ᠢ ᠭᠤᠶᠣᠵᠢᠭᠤᠯᠬᠤ ᠵᠡᠷᠭᠡ ᠲᠠᠯ᠎ᠠ ᠪᠠᠷ ᠬᠢ ᠲᠣᠪᠣᠶᠢᠮ᠎ᠠ ᠦᠢᠯᠡᠳᠦᠯ ᠢ ᠭᠦᠢᠴᠡᠳ ᠪᠠᠳᠠᠷᠠᠭᠤᠯᠬᠤ ᠬᠡᠷᠡᠭᠲᠡᠢ᠃ ᠣᠳᠣᠬᠠᠨ ᠪᠣᠯᠲᠠᠯ᠎ᠠ ᠨᠢᠭᠡᠨᠲᠡ 1200 ᠭᠠᠷᠤᠢ ᠲᠦᠮᠡᠨ ᠲᠥᠭᠦᠷᠢᠭ ᠤᠨ ᠪᠡᠯᠡ ᠣᠷᠣᠭᠤᠯᠵᠤ᠂ ᠭᠤᠸᠠᠩ ᠨᠠ᠂ ᠴᠢ ᠴᠢᠶᠠᠨ ᠱᠤᠭᠤᠮ ᠵᠢᠴᠢ ᠨᠡᠭᠦᠷᠡᠰᠦ ᠵᠥᠭᠡᠭᠡᠪᠦᠷᠢᠯᠡᠬᠦ ᠲᠤᠰᠬᠠᠢ ᠱᠤᠭᠤᠮ ᠵᠡᠷᠭᠡ ᠵᠠᠮ ᠤᠨ ᠬᠤᠶᠠᠷ ᠬᠠᠵᠠᠭᠤ ᠳᠤ ᠨᠣᠭᠤᠭᠠᠷᠠᠭᠤᠯᠤᠯᠲᠠ ᠬᠢᠵᠦ᠂ ᠰᠢᠨ᠎ᠡ ᠪᠠᠷ ᠨᠡᠮᠡᠭᠳᠡᠭᠰᠡᠨ ᠨᠣᠭᠤᠭᠠᠷᠠᠭᠤᠯᠤᠯᠲᠠ ᠶᠢᠨ ᠲᠠᠯᠠᠪᠠᠶ ᠨᠢ 15 ᠲᠦᠮᠡᠨ ᠲᠡᠭᠰᠢ ᠳᠥᠷᠪᠡᠯᠵᠢᠨ ᠮᠧᠲᠷ ᠲᠤ ᠬᠦᠷᠴᠡᠢ᠃ 
 
ᠢᠷᠡᠯᠲᠡ᠄ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号