| | | | | ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠠᠷᠪᠠᠨ ᠳᠥᠷᠪᠡᠳᠦᠭᠡᠷ ᠲᠠᠪᠤᠨ ᠵᠢᠯ﹀ ᠤᠨ ᠣᠯᠠᠨ | ᠨᠡᠶᠢᠲᠡ ᠶᠢᠨ ᠦᠢᠯᠡᠴᠢᠯᠡᠭᠡ ᠶᠢ ᠪᠠᠲᠤᠯᠠᠨ ᠰᠠᠶᠢᠵᠢᠷᠠᠭᠤᠯᠬᠤ ᠲᠥᠯᠦᠪᠵᠢᠭᠦᠯᠭᠡ︾ ᠶᠢᠨ ᠬᠡᠰᠡᠭ ᠠᠭᠤᠯᠭ᠎ᠠ ᠳᠤ ᠵᠠᠰᠠᠪᠤᠷᠢ | ᠣᠷᠣᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ | ᠮᠡᠳᠡᠭᠳᠡᠯ | ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ | ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ ᠠᠵᠤ ᠠᠬᠤᠶᠢᠯᠠᠯ᠂ ᠠᠵᠢᠯ ᠦᠢᠯᠡᠰ ᠤᠨ | ᠨᠢᠭᠡᠴᠡ ᠳᠤ᠄ | ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠠᠷᠪᠠᠨ ᠳᠥᠷᠪᠡᠳᠦᠭᠡᠷ ᠲᠠᠪᠤᠨ ᠵᠢᠯ﹀ ᠤᠨ ᠣᠯᠠᠨ | ᠨᠡᠶᠢᠲᠡ ᠶᠢᠨ ᠦᠢᠯᠡᠴᠢᠯᠡᠭᠡᠨ ᠢ ᠪᠠᠲᠤᠯᠠᠨ ᠰᠠᠶᠢᠵᠢᠷᠠᠭᠤᠯᠬᠤ ᠲᠥᠯᠦᠪᠵᠢᠭᠦᠯᠭᠡ︾ ︵ᠳᠣᠷᠣᠭᠰᠢ ︽ᠲᠥᠯᠦᠪᠵᠢᠭᠦᠯᠭᠡ︾ | ᠭᠡᠵᠦ ᠲᠣᠪᠴᠢᠯᠠᠨ᠎ᠠ︶ ᠶᠢ ᠤᠯᠤᠰ ᠤᠨ ︿ᠠᠷᠪᠠᠨ ᠳᠥᠷᠪᠡᠳᠦᠭᠡᠷ ᠲᠠᠪᠤᠨ ᠵᠢᠯ﹀ ᠤᠨ ᠣᠯᠠᠨ ᠨᠡᠶᠢᠲᠡ ᠶᠢᠨ | ᠦᠢᠯᠡᠴᠢᠯᠡᠭᠡᠨ ᠤ ᠲᠥᠯᠦᠪᠵᠢᠭᠦᠯᠭᠡ﹀ ᠲᠠᠢ ᠵᠣᠯᠭᠠᠭᠤᠯᠬᠤ ᠠᠵᠢᠯ ᠢ ᠰᠠᠶᠢᠲᠤᠷ ᠬᠢᠵᠦ᠂ ︽ᠲᠥᠯᠦᠪᠵᠢᠭᠦᠯᠭᠡ︾ ᠳᠤ | ᠲᠣᠭᠲᠠᠭᠠᠭᠰᠠᠨ ᠡᠯ᠎ᠡ ᠵᠦᠢᠯ ᠤᠨ ᠬᠠᠷᠠᠯᠲᠠᠲᠤ ᠡᠭᠦᠷᠭᠡ ᠶᠢ ᠬᠤᠭᠤᠴᠠᠭ᠎ᠠ ᠶᠣᠰᠣᠭᠠᠷ ᠴᠢᠨᠠᠷ ᠢ ᠪᠠᠲᠤᠯᠠᠨ ᠪᠡᠶᠡᠯᠡᠭᠦᠯᠬᠦ ᠶᠢ | ᠪᠠᠲᠤᠯᠠᠬᠤ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ︽ | ᠲᠥᠯᠦᠪᠵᠢᠭᠦᠯᠭᠡ︾ ᠶᠢᠨ ᠬᠡᠰᠡᠭ ᠠᠭᠤᠯᠭ᠎ᠠ ᠳᠤ ᠵᠠᠰᠠᠪᠤᠷᠢ ᠣᠷᠣᠭᠤᠯᠬᠤ ᠪᠠᠷ ᠲᠣᠭᠲᠠᠵᠤ᠂ ᠡᠳᠦᠭᠡ ᠬᠤᠯᠪᠣᠭᠳᠠᠯ ᠪᠦᠬᠦᠢ | ᠵᠦᠢᠯᠡᠰ ᠢ ᠳᠣᠣᠷᠠᠬᠢ ᠮᠡᠲᠦ ᠮᠡᠳᠡᠭᠳᠡᠪᠡ᠃ | ᠨᠢᠭᠡ᠂ ︽ᠲᠥᠯᠦᠪᠵᠢᠭᠦᠯᠭᠡ︾ ᠶᠢᠨ ︽ᠨᠢᠭᠡᠳᠦᠭᠡᠷ ᠪᠦᠯᠦᠭ ᠲᠥᠯᠦᠪᠵᠢᠭᠦᠯᠭᠡ ᠶᠢᠨ ᠠᠬᠤᠢ ᠪᠠᠶᠢᠳᠠᠯ︾ ᠤᠨ | ᠬᠡᠰᠡᠭ ᠤᠨ ︽ᠨᠢᠭᠡᠳᠦᠭᠡᠷ ᠬᠡᠰᠡᠭ ᠬᠥᠭᠵᠢᠯᠲᠡ ᠶᠢᠨ ᠰᠠᠭᠤᠷᠢ︾ ᠳᠠᠬᠢ ᠠᠭᠤᠯᠭ᠎ᠠ ᠳᠤ ᠳᠣᠣᠷᠠᠬᠢ ᠮᠡᠲᠦ ᠵᠠᠰᠠᠪᠤᠷᠢ | ᠣᠷᠣᠭᠤᠯᠪᠠ᠃ | ︵ᠨᠢᠭᠡ︶ ︽ᠣᠯᠠᠨ ᠨᠡᠶᠢᠲᠡ ᠶᠢᠨ ᠦᠨᠳᠦᠰᠦᠨ ᠦᠢᠯᠡᠴᠢᠯᠡᠭᠡᠨ ᠤ ᠬᠢᠷᠢ ᠲᠦᠪᠰᠢᠨ ᠢ ᠲᠣᠭᠲᠠᠭᠤᠨ ᠢᠶᠠᠷ | ᠳᠡᠭᠡᠭᠰᠢᠯᠡᠭᠦᠯᠦᠨ᠎ᠡ︾ ᠭᠡᠬᠦ ᠬᠡᠰᠡᠭ ᠲᠠᠬᠢ ︽2020 ᠣᠨ ᠳᠤ ᠪᠥᠬᠦ ᠣᠷᠣᠨ ᠳᠤ ᠨᠡᠶᠢᠲᠡ 73 ᠤᠯᠠᠭᠠᠨᠮᠥ᠋ᠴᠢᠷ ᠲᠠᠢ︾ | ᠭᠡᠳᠡᠭ ᠢ ︽2020 ᠣᠨ ᠳᠤ ᠪᠥᠬᠦ ᠣᠷᠣᠨ ᠳᠤ ᠨᠡᠶᠢᠲᠡ 75 ᠤᠯᠠᠭᠠᠨᠮᠥ᠋ᠴᠢᠷ ᠲᠠᠢ︾ ᠭᠡᠵᠦ ᠵᠠᠰᠠᠪᠠ᠃ | ︵ᠬᠤᠶᠠᠷ︶ ︽ᠣᠯᠠᠨ ᠨᠡᠶᠢᠲᠡ ᠶᠢᠨ ᠦᠢᠯᠡᠴᠢᠯᠡᠭᠡᠨ ᠤ ᠬᠠᠩᠭᠠᠯᠭ᠎ᠠ ᠶᠢᠨ ᠴᠢᠳᠠᠪᠤᠷᠢ ᠶᠢ ᠪᠥᠬᠦ ᠲᠠᠯ᠎ᠠ ᠪᠠᠷ | ᠴᠢᠩᠭᠠᠷᠠᠭᠤᠯᠤᠨ᠎ᠠ︾ ᠭᠡᠬᠦ ᠬᠡᠰᠡᠭ ᠤᠨ ︽ᠪᠥᠬᠦ ᠣᠷᠣᠨ ᠤ ᠡᠮᠴᠢᠯᠡᠭᠡ ᠡᠷᠡᠭᠦᠯ ᠬᠠᠮᠠᠭᠠᠯᠠᠯ ᠤᠨ ᠨᠢᠭᠡᠴᠡ ᠳᠤ 16.2 | ᠲᠦᠮᠡᠨ ᠡᠪᠡᠳᠴᠢᠲᠡᠨ ᠤ ᠣᠷᠣ ᠲᠠᠢ᠂ ᠡᠷᠡᠭᠦᠯ ᠬᠠᠮᠠᠭᠠᠯᠠᠯ ᠤᠨ ᠮᠡᠷᠭᠡᠵᠢᠯ ᠤᠨ ᠠᠵᠢᠯᠲᠠᠨ 20.2 ᠲᠦᠮᠡᠨ ᠬᠥᠮᠥᠨ ᠪᠠᠶᠢᠵᠤ | ᠂ ᠮᠢᠩᠭᠠᠨ ᠬᠥᠮᠥᠨ ᠪᠦᠷᠢ ᠳᠤ ᠨᠣᠭᠳᠠᠬᠤ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠣᠷᠣ ᠶᠢᠨ ᠲᠤᠭ᠎ᠠ 6. | 73 ᠬᠦᠷᠴᠦ᠂ ᠮᠢᠩᠭᠠᠨ ᠬᠥᠮᠥᠨ ᠪᠦᠷᠢ ᠳᠤ ᠨᠣᠭᠳᠠᠬᠤ ᠠᠵᠢᠯ ᠡᠷᠭᠢᠯᠡᠬᠦ ︵ᠲᠤᠰᠠᠯᠠᠬᠤ︶ ᠡᠮᠴᠢ ᠶᠢᠨ ᠲᠤᠭ᠎ᠠ 3.35 | ᠬᠥᠮᠥᠨ ᠳᠤ ᠬᠥᠷᠪᠡ︾ ᠭᠡᠵᠦ ᠪᠠᠶᠢᠭᠰᠠᠨ ᠢ ︽ᠪᠥᠬᠦ ᠣᠷᠣᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠨᠢᠭᠡᠴᠡ ᠳᠤ | ᠨᠣᠭᠳᠠᠬᠤ ᠡᠪᠡᠳᠴᠢᠲᠡᠨ ᠤ ᠣᠷᠣ 16.2 ᠲᠦᠮᠡᠨ ᠬᠥᠮᠥᠨ ᠪᠠᠶᠢᠵᠤ᠂ ᠡᠷᠡᠭᠦᠯ ᠬᠠᠮᠠᠭᠠᠯᠠᠯ ᠤᠨ ᠠᠵᠢᠯᠲᠠᠨ 25.5 | ᠲᠦᠮᠡᠨ ᠬᠥᠮᠥᠨ ᠪᠠᠶᠢᠵᠤ᠂ ᠮᠢᠩᠭᠠᠨ ᠬᠥᠮᠥᠨ ᠪᠦᠷᠢ ᠳᠤ ᠨᠣᠭᠳᠠᠬᠤ ᠡᠮ ᠡᠮᠨᠡᠯᠭᠡ ᠡᠷᠡᠭᠦᠯ ᠬᠠᠮᠠᠭᠠᠯᠠᠯ ᠤᠨ | ᠪᠠᠶᠢᠭᠤᠯᠤᠮᠵᠢ ᠶᠢᠨ ᠣᠷᠣ ᠶᠢᠨ ᠲᠤᠭ᠎ᠠ 6.74 ᠬᠦᠷᠴᠦ᠂ ᠮᠢᠩᠭᠠᠨ ᠬᠥᠮᠥᠨ ᠪᠦᠷᠢ ᠳᠤ ᠨᠣᠭᠳᠠᠬᠤ ᠠᠵᠢᠯ ᠡᠷᠭᠢᠯᠡᠬᠦ ︵ | ᠲᠤᠰᠠᠯᠠᠬᠤ︶ ᠡᠮᠴᠢ ᠶᠢᠨ ᠲᠤᠭ᠎ᠠ 3.35 ᠬᠥᠮᠥᠨ ᠳᠤ ᠬᠥᠷᠪᠡ︾ ᠭᠡᠵᠦ ᠵᠠᠰᠠᠪᠠ᠃ | ︵ᠭᠤᠷᠪᠠ︶ ︽ᠨᠡᠶᠢᠭᠡᠮ ᠤᠨ ᠬᠦᠷᠢᠶᠡᠨ ᠳᠠᠬᠢ ᠠᠮᠢᠳᠤᠷᠠᠯ ᠤᠨ ᠴᠢᠨᠠᠷᠲᠠᠢ ᠦᠢᠯᠡᠴᠢᠯᠡᠭᠡᠨ ᠤ ᠦᠢᠯᠡᠰ ᠤᠨ | ᠲᠦᠷᠭᠡᠨ ᠬᠥᠭᠵᠢᠯᠲᠡ︾ ᠭᠡᠬᠦ ᠬᠡᠰᠡᠭ ᠲᠠᠬᠢ ︽2019 ᠣᠨ ᠳᠤ᠂ ᠪᠥᠬᠦ ᠣᠷᠣᠨ ᠤ ᠰᠣᠶᠣᠯ ᠵᠢᠴᠢ ᠬᠠᠮᠢᠶ᠎ᠠ ᠪᠦᠬᠦᠢ | ᠠᠵᠤ ᠦᠢᠯᠡᠰ ᠤᠨ ᠨᠡᠮᠡᠭᠳᠡᠯ ᠥᠷᠲᠡᠭ 383.1 ᠳ᠋ᠦᠩᠰᠢᠭᠤᠷ ᠲᠥᠭᠦᠷᠢᠭ ᠲᠤ ᠬᠦᠷᠴᠦ᠂ ᠭᠠᠵᠠᠷ ᠣᠷᠣᠨ ᠤ | ᠦᠢᠯᠡᠳᠪᠦᠷᠢᠯᠡᠯ ᠤᠨ ᠶᠡᠷᠦᠩᠬᠡᠢ ᠥᠷᠲᠡᠭ ᠲᠤ ᠡᠵᠡᠯᠡᠬᠦ ᠬᠤᠪᠢ ᠶᠢᠨ ᠵᠢᠩ 2.23% ᠳᠤ ᠬᠥᠷᠪᠡ︾ ᠭᠡᠳᠡᠭ ᠢ ︽ | 2020 ᠣᠨ ᠪᠣᠯᠬᠤ ᠳᠤ᠂ ᠪᠥᠬᠦ ᠣᠷᠣᠨ ᠤ ᠰᠣᠶᠣᠯ ᠵᠢᠴᠢ ᠬᠤᠯᠪᠣᠭᠳᠡᠯ ᠪᠦᠬᠦᠢ ᠠᠵᠤ ᠦᠢᠯᠡᠰ ᠤᠨ ᠨᠡᠮᠡᠭᠳᠡᠯ ᠥᠷᠲᠡᠭ | 375.5 ᠳ᠋ᠦᠩᠰᠢᠭᠤᠷ ᠲᠥᠭᠦᠷᠢᠭ ᠲᠤ ᠬᠦᠷᠴᠦ᠂ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ ᠲᠤ | ᠡᠵᠡᠯᠡᠬᠦ ᠬᠤᠪᠢ ᠶᠢᠨ ᠵᠢᠩ 2.18% ᠳᠤ ᠬᠥᠷᠪᠡ︾ ᠭᠡᠵᠦ ᠵᠠᠰᠠᠪᠠ᠃ | ᠬᠤᠶᠠᠷ᠂ ︽ᠲᠥᠯᠦᠪᠵᠢᠭᠦᠯᠭᠡ︾ ᠶᠢᠨ ︽ᠬᠤᠶᠠᠳᠤᠭᠠᠷ ᠪᠦᠯᠦᠭ ᠤᠨ ᠶᠡᠷᠦᠩᠬᠡᠢ ᠱᠠᠭᠠᠷᠳᠠᠯᠭ᠎ᠠ︾ ᠶᠢᠨ ᠬᠡᠰᠡᠭ ᠤᠨ | ᠠᠭᠤᠯᠭ᠎ᠠ ᠳᠤ ᠳᠣᠣᠷᠠᠬᠢ ᠮᠡᠲᠦ ᠵᠠᠰᠠᠪᠤᠷᠢ ᠣᠷᠣᠭᠤᠯᠪᠠ᠃ | ︵ᠨᠢᠭᠡ︶ ︽ᠭᠤᠷᠪᠠᠳᠤᠭᠠᠷ ᠬᠡᠰᠡᠭ ᠭᠤᠣᠯ ᠬᠠᠷᠠᠯᠲᠠ︾ ᠳᠠᠬᠢ ︽ᠲᠦᠭᠡᠮᠡᠯ ᠬᠠᠷᠠᠭᠠᠯᠵᠠᠯ ᠤᠨ ᠴᠢᠨᠠᠷᠲᠠᠢ ᠤᠯᠠᠨ | ᠨᠡᠶᠢᠲᠡ ᠶᠢᠨ ᠦᠢᠯᠡᠴᠢᠯᠡᠭᠡ︾ ᠶᠢᠨ ᠲᠤᠬᠠᠢ ᠥᠭᠦᠯᠡᠯᠲᠡ ᠶᠢ ︽ᠲᠦᠭᠡᠮᠡᠯ ᠬᠠᠷᠠᠭᠠᠯᠵᠠᠯ ᠤᠨ ᠴᠢᠨᠠᠷᠲᠠᠢ ᠤᠯᠠᠨ ᠨᠡᠶᠢᠲᠡ ᠶᠢᠨ | ᠦᠨᠳᠦᠰᠦᠨ ᠪᠤᠰᠤ ᠦᠢᠯᠡᠴᠢᠯᠡᠭᠡ︾ ᠭᠡᠵᠦ ᠵᠠᠰᠠᠪᠠ᠃ | ︵ᠬᠤᠶᠠᠷ︶ ︽ᠬᠦᠰᠦᠨᠦᠭᠲᠦ 1 ︿ᠠᠷᠪᠠᠨ ᠳᠥᠷᠪᠡᠳᠦᠭᠡᠷ ᠲᠠᠪᠤᠨ ᠵᠢᠯ﹀ ᠤᠨ ᠬᠤᠭᠤᠴᠠᠭᠠᠨ ᠳᠠᠬᠢ | ᠥᠪᠡᠷᠲᠡᠭᠡᠨ ᠵᠠᠰᠠᠬᠤ ᠣᠷᠣᠨ ᠤ ᠣᠯᠠᠨ ᠨᠡᠶᠢᠲᠡ ᠶᠢᠨ ᠦᠢᠯᠡᠴᠢᠯᠡᠭᠡᠨ ᠤ ᠭᠤᠣᠯᠳᠠᠯᠭ᠎ᠠ ᠲᠠᠢ ᠬᠦᠷᠢᠶᠡᠨ ᠳᠠᠬᠢ ᠭᠤᠣᠯ | ᠪᠣᠯᠬᠤ ᠬᠥᠭᠵᠢᠯᠲᠡ ᠶᠢᠨ ᠭᠦᠢᠴᠡᠳᠬᠡᠯ ᠲᠤᠭ᠎ᠠ︾ ᠳᠤ ︽ᠥᠨᠥᠴᠢᠨ ᠬᠡᠦᠬᠡᠳ ᠪᠠ ᠪᠣᠳᠠᠲᠠᠢ ᠠᠰᠠᠷᠠᠨ ᠲᠡᠵᠢᠭᠡᠬᠦ ᠬᠥᠮᠥᠨ | ᠦᠭᠡᠢ ᠬᠡᠦᠬᠡᠳ ᠤᠨ ᠪᠠᠲᠤᠯᠠᠭ᠎ᠠ ᠶᠢᠨ ᠪᠦᠷᠬᠦᠴᠡ ᠶᠢᠨ ᠨᠣᠷᠮ᠎ᠠ ᠶᠢ ᠨᠡᠮᠡᠵᠦ᠂ ᠰᠤᠷᠬᠤ ᠨᠠᠰᠤᠨ ᠠᠴᠠ ᠡᠮᠦᠨᠡᠬᠢ ᠰᠤᠷᠭᠠᠨ | ᠬᠥᠮᠦᠵᠢᠯ ᠤᠨ ᠴᠡᠴᠡᠷᠯᠢᠭ ᠲᠤ ᠣᠷᠣᠬᠤ ᠪᠦᠬᠦ ᠨᠣᠷᠮ᠎ᠠ᠂ ᠥᠨᠳᠥᠷ ᠳᠤᠮᠳᠠᠳᠤ ᠶᠢᠨ ᠱᠠᠲᠤᠨ ᠤ ᠰᠤᠷᠭᠠᠨ ᠬᠥᠮᠦᠵᠢᠯ ᠤᠨ | ᠦᠨᠳᠦᠰᠦᠨ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠭᠰᠠᠨ ᠨᠣᠷᠮ᠎ᠠ᠂ ᠰᠢᠨ᠎ᠡ ᠪᠠᠷ ᠪᠠᠶᠢᠭᠤᠯᠤᠭᠰᠠᠨ ᠬᠤᠲᠠ ᠶᠢᠨ | ᠲᠣᠭᠤᠷᠢᠭ᠂ ᠣᠷᠣᠨ ᠰᠠᠭᠤᠴᠠ ︵ᠵᠢᠵᠢᠭ︶ ᠲᠣᠭᠤᠷᠢᠭ ᠤᠨ ᠢᠵᠢ ᠪᠦᠷᠢᠳᠦᠭᠦᠯᠬᠦ ᠪᠦᠲᠦᠭᠡᠨ ᠪᠠᠶᠢᠭᠤᠯᠤᠯᠲᠠ ᠶᠢᠨ | ᠨᠠᠰᠤᠵᠢᠯ ᠤᠨ ᠦᠢᠯᠡᠴᠢᠯᠡᠭᠡᠨ ᠤ ᠲᠥᠬᠦᠭᠡᠷᠦᠮᠵᠢ ᠶᠢᠨ ᠪᠠᠷᠢᠮᠵᠢᠶ᠎ᠠ ᠳᠤ ᠬᠦᠷᠦᠭᠰᠡᠨ ᠨᠣᠷᠮ᠎ᠠ᠂ ᠬᠤᠲᠠ ᠪᠠᠯᠭᠠᠰᠤ ᠶᠢᠨ ᠡᠷᠦᠬᠡ | ᠠᠮᠠ ᠶᠢᠨ ᠬᠠᠷᠢᠶ᠎ᠠ ᠶᠢᠨ ᠨᠠᠭᠠᠲᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ᠂ ᠣᠷᠣᠯᠭ᠎ᠠ ᠪᠠᠭᠠᠲᠠᠢ ᠭᠡᠷ ᠪᠦᠯᠢ ᠶᠢᠨ ᠣᠯᠠᠨ | ᠨᠡᠶᠢᠲᠡ ᠶᠢᠨ ᠲᠦᠷᠢᠶᠡᠰᠦᠯᠡᠯ ᠤᠨ ᠣᠷᠣᠨ ᠰᠠᠭᠤᠴᠠ ᠭᠤᠶᠤᠴᠢᠯᠠᠬᠤ ᠶᠢᠨ ᠪᠠᠲᠤᠯᠠᠭ᠎ᠠ ᠶᠢᠨ ᠨᠣᠷᠮ᠎ᠠ᠂ ᠨᠥᠬᠦᠴᠡᠯ ᠳᠤ | ᠨᠡᠶᠢᠴᠡᠬᠦ ᠬᠥᠳᠡᠭᠡ ᠲᠣᠰᠬᠤᠨ ᠤ ᠣᠷᠣᠯᠭ᠎ᠠ ᠪᠠᠭᠠᠲᠠᠢ ᠬᠠᠮᠲᠤᠯᠢᠭ ᠤᠨ ᠣᠷᠣᠨ ᠰᠠᠭᠤᠴᠠ ᠶᠢᠨ ᠠᠮᠤᠷ ᠲᠦᠪᠰᠢᠨ ᠤ | ᠪᠠᠲᠤᠯᠠᠭ᠎ᠠ ᠶᠢᠨ ᠨᠣᠷᠮ᠎ᠠ᠂ ᠮᠢᠩᠭᠠᠨ ᠬᠥᠮᠥᠨ ᠪᠦᠷᠢ ᠳᠤ ᠳᠠᠩᠰᠠᠯᠠᠭᠤᠯᠤᠭᠰᠠᠨ ᠰᠤᠪᠢᠯᠠᠭᠴᠢ ᠶᠢᠨ ᠲᠤᠭ᠎ᠠ ᠨᠣᠭᠳᠠᠵᠤ᠂ | ᠲᠦᠮᠡᠨ ᠬᠥᠮᠥᠨ ᠪᠦᠷᠢ ᠳᠤ ᠣᠯᠠᠨ ᠨᠡᠶᠢᠲᠡ ᠶᠢᠨ ᠰᠣᠶᠣᠯ ᠤᠨ ᠪᠡᠯᠡᠳᠬᠡᠮᠵᠢ ᠶᠢᠨ ᠦᠢᠯᠡᠴᠢᠯᠡᠭᠡ ᠭᠥᠷᠳᠡᠬᠦ ᠤᠳᠠᠭ᠎ᠠ | ᠨᠣᠭᠳᠠᠵᠤ᠂ ᠵᠠᠭᠤᠨ ᠡᠷᠦᠬᠡ ᠰᠠᠭᠤᠭᠠᠯᠢ ᠠᠷᠠᠳ ᠪᠦᠷᠢ ᠳᠤ ᠨᠡᠶᠢᠭᠡᠮ ᠲᠣᠭᠤᠷᠢᠭ ᠤᠨ ᠶᠡᠷᠦᠩᠬᠡᠶᠢᠯᠡᠭᠰᠡᠨ ᠦᠢᠯᠡᠴᠢᠯᠡᠭᠡᠨ ᠤ | ᠪᠡᠯᠡᠳᠬᠡᠮᠵᠢ ᠶᠢᠨ ᠲᠠᠯᠠᠪᠠᠶ ᠲᠠᠢ ᠪᠠᠶᠢᠬᠤ︾ ᠵᠡᠷᠭᠡ 10 ᠵᠦᠢᠯ ᠤᠨ ᠭᠦᠢᠴᠡᠳᠬᠡᠯ ᠲᠤᠭ᠎ᠠ︔ ︽ᠵᠣᠬᠢᠬᠤ ᠨᠠᠰᠤᠨ ᠤ | ᠬᠡᠦᠬᠡᠳ ᠤᠨ ᠡᠭᠡᠯᠢᠯᠡᠭᠡ ᠶᠢᠨ ᠲᠥᠯᠦᠪᠵᠢᠭᠦᠯᠭᠡ ᠶᠢᠨ ᠸᠠᠺᠼᠢᠨ ᠤ ᠲᠠᠷᠢᠯᠭ᠎ᠠ ᠬᠢᠬᠦ ᠨᠣᠷᠮ᠎ᠠ ᠶᠢ ᠬᠠᠰᠤᠵᠤ᠂ ᠲᠦᠭᠡᠮᠡᠯ | ᠬᠠᠷᠠᠭᠠᠯᠵᠠᠯ ᠤᠨ ᠴᠢᠨᠠᠷᠲᠠᠢ ᠬᠡᠦᠬᠡᠳ ᠤᠨ ᠴᠡᠴᠡᠷᠯᠢᠭ ᠤᠨ ᠪᠦᠷᠬᠦᠴᠡ᠂ ᠡᠩ ᠤᠨ ᠳᠡᠭᠡᠳᠦ ᠵᠡᠷᠭᠡ ᠶᠢᠨ ᠰᠤᠷᠭᠠᠨ | ᠬᠥᠮᠦᠵᠢᠯ ᠤᠨ ᠬᠤᠲᠠ ᠪᠠᠯᠭᠠᠰᠤᠨ ᠳᠤ ᠰᠢᠨ᠎ᠡ ᠪᠠᠷ ᠠᠵᠢᠯ ᠣᠯᠵᠤ᠂ ᠮᠢᠩᠭᠠᠨ ᠬᠥᠮᠥᠨ ᠪᠦᠷᠢ ᠳᠤ ᠨᠣᠭᠳᠠᠬᠤ ᠡᠮ ᠡᠮᠨᠡᠯᠭᠡ | ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠣᠷᠣ ᠶᠢᠨ ᠲᠤᠭ᠎ᠠ᠂ ᠵᠢᠷᠮᠦᠰᠦᠨ ᠡᠮᠡᠭᠲᠡᠢ ᠶᠢᠨ ᠦᠬᠦᠯ ᠤᠨ ᠨᠣᠷᠮ᠎ᠠ᠂ ᠨᠢᠯᠬ᠎ᠠ | ᠬᠡᠦᠬᠡᠳ ᠤᠨ ᠦᠬᠦᠯ ᠤᠨ ᠨᠣᠷᠮ᠎ᠠ᠂ ᠰᠤᠮᠤ ᠰᠢᠶᠠᠩ ᠪᠠᠯᠭᠠᠰᠤ ︵ᠵᠡᠭᠡᠯᠢ ᠭᠤᠳᠤᠮᠵᠢ︶ ᠶᠢᠨ ᠬᠡᠪᠴᠢᠶᠡᠨ ᠳᠤ | ᠶᠡᠷᠦᠩᠬᠡᠶᠢᠯᠡᠭᠰᠡᠨ ᠴᠢᠳᠠᠮᠵᠢ ᠲᠠᠢ ᠨᠠᠰᠤᠵᠢᠯ ᠤᠨ ᠦᠢᠯᠡᠴᠢᠯᠡᠭᠡᠨ ᠤ ᠪᠠᠶᠢᠭᠤᠯᠤᠮᠵᠢ ᠶᠢᠨ ᠪᠦᠷᠬᠦᠴᠡ ᠶᠢᠨ ᠨᠣᠷᠮ᠎ᠠ᠂ ᠣᠷᠣᠨ | ᠰᠠᠭᠤᠴᠠ ᠶᠢᠨ ᠪᠠᠲᠤᠯᠠᠭ᠎ᠠ ᠶᠢᠨ ᠪᠠᠲᠤᠯᠠᠭ᠎ᠠ ᠲᠠᠢ ᠪᠣᠯᠤᠭᠰᠠᠨ ᠭᠡᠷ ᠪᠦᠯᠢ ᠬᠢᠭᠡᠳ ᠣᠷᠣᠨ ᠰᠠᠭᠤᠴᠠ ᠶᠢᠨ ᠪᠠᠲᠤᠯᠠᠭ᠎ᠠ ᠶᠢᠨ | ᠨᠥᠬᠦᠴᠡᠯ ᠳᠤ ᠨᠡᠶᠢᠴᠡᠭᠰᠡᠨ ᠭᠡᠷ ᠪᠦᠯᠢ ᠶᠢᠨ ᠬᠠᠷᠢᠴᠠᠯ᠂ ᠴᠡᠷᠢᠭ ᠠᠴᠠ ᠬᠠᠯᠠᠭᠳᠠᠭᠰᠠᠳ ᠢ ᠲᠥᠪᠬᠢᠨᠡᠭᠦᠯᠬᠦ ᠨᠣᠷᠮ᠎ᠠ᠂ | ᠲᠦᠮᠡᠨ ᠬᠥᠮᠥᠨ ᠪᠦᠷᠢ ᠳᠤ ᠨᠣᠭᠳᠠᠬᠤ ᠣᠯᠠᠨ ᠨᠡᠶᠢᠲᠡ ᠶᠢᠨ ᠰᠣᠶᠣᠯ ᠤᠨ ᠲᠥᠬᠦᠭᠡᠷᠦᠮᠵᠢ ᠶᠢᠨ ᠪᠠᠷᠢᠯᠭ᠎ᠠ ᠶᠢᠨ ᠲᠠᠯᠠᠪᠠᠶ︾ | ᠵᠡᠷᠭᠡ 11 ᠵᠦᠢᠯ ᠤᠨ ᠭᠦᠢᠴᠡᠳᠬᠡᠯ ᠲᠤᠭ᠎ᠠ ᠶᠢ ᠲᠣᠭᠲᠠᠭᠠᠵᠤ᠂ ᠵᠠᠰᠠᠪᠤᠷᠢ ᠣᠷᠣᠭᠤᠯᠤᠭᠰᠠᠨ ᠤ ᠳᠠᠷᠠᠭ᠎ᠠ ᠪᠣᠳᠠᠲᠠᠢ ᠪᠠᠷ | ᠬᠡᠯᠡᠪᠡᠯ ᠳᠣᠣᠷᠠᠬᠢ ᠮᠡᠲᠦ᠄ | ᠭᠤᠷᠪᠠ᠂ ︽ᠲᠥᠯᠦᠪᠵᠢᠭᠦᠯᠭᠡ︾ ᠶᠢᠨ ︽ᠭᠤᠷᠪᠠᠳᠤᠭᠠᠷ ᠪᠦᠯᠦᠭ ᠤᠯᠠᠨ ᠨᠡᠶᠢᠲᠡ ᠶᠢᠨ ᠦᠢᠯᠡᠴᠢᠯᠡᠭᠡᠨ ᠤ | ᠰᠢᠰᠲ᠋ᠧᠮ ᠢ ᠪᠦᠷᠢᠨᠰᠢᠭᠦᠯᠦᠨ ᠲᠡᠭᠦᠯᠳᠡᠷᠵᠢᠭᠦᠯᠬᠦ︾ ᠬᠡᠰᠡᠭ ᠠᠭᠤᠯᠭ᠎ᠠ ᠳᠤ ᠳᠣᠣᠷᠠᠬᠢ ᠮᠡᠲᠦ ᠵᠠᠰᠠᠪᠤᠷᠢ ᠣᠷᠣᠭᠤᠯᠪᠠ᠃ | ︵ᠨᠢᠭᠡ︶ ︽ᠨᠢᠭᠡᠳᠦᠭᠡᠷ ᠬᠡᠰᠡᠭ ᠤᠯᠠᠨ ᠨᠡᠶᠢᠲᠡ ᠶᠢᠨ ᠦᠢᠯᠡᠴᠢᠯᠡᠭᠡᠨ ᠤ ᠬᠦᠷᠢᠶ᠎ᠡ ᠬᠡᠪᠴᠢᠶ᠎ᠡ ᠶᠢ ᠵᠦᠢ ᠵᠣᠬᠢᠰᠲᠠᠢ | ᠵᠠᠭᠠᠭᠯᠠᠨ ᠲᠣᠭᠲᠠᠭᠠᠨ᠎ᠠ︾ ᠭᠡᠰᠡᠨ ᠠᠭᠤᠯᠭ᠎ᠠ ᠶᠢ ︽ᠤᠯᠠᠨ ᠨᠡᠶᠢᠲᠡ ᠶᠢᠨ ᠦᠢᠯᠡᠴᠢᠯᠡᠭᠡ ᠪᠣᠯ ᠵᠠᠰᠠᠭ ᠤᠨ ᠣᠷᠳᠣᠨ ᠠᠴᠠ | ᠠᠷᠠᠳ ᠢᠷᠭᠡᠳ ᠤᠨ ᠣᠷᠣᠰᠢᠨ ᠲᠣᠭᠲᠠᠨᠢᠬᠤ ᠪᠠ ᠬᠥᠭᠵᠢᠬᠦ ᠬᠡᠷᠡᠭᠴᠡᠭᠡ ᠶᠢ ᠬᠠᠩᠭᠠᠬᠤ ᠶᠢᠨ ᠲᠥᠯᠥᠭᠡ᠂ ᠬᠠᠤᠯᠢ ᠪᠠᠷ | ᠲᠣᠭᠲᠠᠭᠠᠭᠰᠠᠨ ᠡᠷᠬᠡ ᠪᠠ ᠤᠯᠠᠨ ᠨᠡᠶᠢᠲᠡ ᠶᠢᠨ ᠡᠬᠢ ᠪᠠᠶᠠᠯᠢᠭ ᠢ ᠬᠡᠷᠡᠭᠯᠡᠨ᠂ ᠪᠦᠬᠦ ᠠᠷᠠᠳ ᠢᠷᠭᠡᠨ ᠪᠤᠶᠤ ᠣᠨᠴᠠ | ᠲᠣᠭᠲᠠᠭᠠᠭᠰᠠᠨ ᠬᠠᠮᠲᠤᠯᠢᠭ ᠲᠤ ᠬᠠᠨᠳᠤᠭᠤᠯᠤᠨ ᠵᠣᠬᠢᠶᠠᠨ ᠪᠠᠶᠢᠭᠤᠯᠵᠤ ᠵᠣᠬᠢᠴᠠᠭᠤᠯᠬᠤ ᠪᠤᠶᠤ ᠰᠢᠭᠤᠳ ᠬᠠᠩᠭᠠᠬᠤ | ᠦᠢᠯᠡᠳᠬᠦᠨ ᠪᠠ ᠦᠢᠯᠡᠴᠢᠯᠡᠭᠡ ᠮᠥᠨ︾ ᠭᠡᠵᠦ ᠵᠠᠰᠠᠪᠠ᠃ ᠦᠢᠯᠡᠴᠢᠯᠡᠭᠡᠨ ᠤ ᠬᠠᠩᠭᠠᠯᠭ᠎ᠠ ᠶᠢᠨ ᠡᠷᠬᠡ | ᠬᠠᠷᠢᠭᠤᠴᠠᠯᠭ᠎ᠠ ᠶᠢᠨ ᠠᠩᠭᠢᠯᠠᠯ ᠠᠴᠠ ᠠᠪᠴᠤ ᠦᠵᠡᠪᠡᠯ᠂ ᠤᠯᠠᠨ ᠨᠡᠶᠢᠲᠡ ᠶᠢᠨ ᠦᠢᠯᠡᠴᠢᠯᠡᠭᠡ ᠳᠤ ᠦᠨᠳᠦᠰᠦᠨ ᠤᠯᠠᠨ | ᠨᠡᠶᠢᠲᠡ ᠶᠢᠨ ᠦᠢᠯᠡᠴᠢᠯᠡᠭᠡ᠂ ᠲᠦᠭᠡᠮᠡᠯ ᠬᠠᠷᠠᠭᠠᠯᠵᠠᠯ ᠤᠨ ᠴᠢᠨᠠᠷᠲᠠᠢ ᠦᠨᠳᠦᠰᠦᠨ ᠪᠤᠰᠤ ᠤᠯᠠᠨ ᠨᠡᠶᠢᠲᠡ ᠶᠢᠨ | ᠦᠢᠯᠡᠴᠢᠯᠡᠭᠡ ᠭᠡᠬᠦ ᠬᠤᠶᠠᠷ ᠶᠡᠭᠡ ᠲᠦᠷᠦᠯ ᠪᠠᠭᠲᠠᠨ᠎ᠠ᠃ ᠤᠯᠠᠨ ᠨᠡᠶᠢᠲᠡ ᠶᠢᠨ ᠦᠨᠳᠦᠰᠦᠨ ᠦᠢᠯᠡᠴᠢᠯᠡᠭᠡ ᠭᠡᠳᠡᠭ ᠨᠢ | ᠭᠤᠣᠯᠳᠠᠭᠤ ᠵᠠᠰᠠᠭ ᠤᠨ ᠣᠷᠳᠣᠨ ᠠᠴᠠ ᠬᠠᠷᠢᠭᠤᠴᠠᠵᠤ᠂ ᠪᠦᠬᠦ ᠠᠷᠠᠳ ᠲᠦᠮᠡᠨ ᠤ ᠣᠷᠣᠰᠢᠨ ᠲᠣᠭᠲᠠᠨᠢᠬᠤ ᠪᠠ ᠬᠥᠭᠵᠢᠬᠦ | ᠦᠨᠳᠦᠰᠦᠨ ᠬᠡᠷᠡᠭᠴᠡᠭᠡ ᠶᠢ ᠪᠠᠲᠤᠯᠠᠨ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠬᠢᠷᠢ ᠬᠡᠮᠵᠢᠶ᠎ᠡ ᠯᠦᠭᠡ | ᠵᠣᠬᠢᠴᠠᠯᠳᠤᠭᠰᠠᠨ ᠤᠯᠠᠨ ᠨᠡᠶᠢᠲᠡ ᠶᠢᠨ ᠦᠢᠯᠡᠴᠢᠯᠡᠭᠡ ᠶᠢ ᠵᠢᠭᠠᠵᠤ ᠪᠠᠶᠢᠨ᠎ᠠ᠂ ᠵᠠᠰᠠᠭ ᠤᠨ ᠣᠷᠳᠣᠨ ᠠᠴᠠ ᠬᠠᠩᠭᠠᠯᠭ᠎ᠠ ᠶᠢᠨ | ᠲᠤᠭ᠎ᠠ ᠬᠡᠮᠵᠢᠶ᠎ᠡ ᠪᠠ ᠶᠠᠰᠤ ᠴᠢᠨᠠᠷ ᠢ ᠪᠠᠲᠤᠯᠠᠬᠤ ᠭᠤᠣᠯ ᠬᠠᠷᠢᠭᠤᠴᠠᠯᠭ᠎ᠠ ᠶᠢ ᠡᠭᠦᠷᠭᠡᠯᠡᠵᠦ᠂ ᠵᠠᠬ᠎ᠠ ᠳᠡᠯᠭᠡᠭᠦᠷ ᠤᠨ ᠪᠡᠶᠡᠴᠢ | ᠴᠣᠭᠴᠠ ᠪᠠ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠨᠡᠶᠢᠭᠡᠮ ᠤᠨ ᠪᠠᠶᠢᠭᠤᠯᠤᠮᠵᠢ ᠶᠢ ᠬᠥᠲᠥᠯᠥᠨ ᠵᠢᠯᠤᠭᠤᠳᠴᠤ | ᠪᠠᠶᠢᠭᠠᠳ ᠬᠠᠩᠭᠠᠯᠭ᠎ᠠ ᠶᠢ ᠨᠥᠬᠦᠪᠦᠷᠢᠯᠡᠭᠦᠯᠦᠨᠡ᠃ ᠦᠨᠳᠦᠰᠦᠨ ᠪᠤᠰᠤ ᠣᠯᠠᠨ ᠨᠡᠶᠢᠲᠡ ᠶᠢᠨ ᠦᠢᠯᠡᠴᠢᠯᠡᠭᠡ ᠭᠡᠳᠡᠭ ᠨᠢ | ᠠᠷᠠᠳ ᠢᠷᠭᠡᠳ ᠤᠨ ᠨᠠᠩ ᠥᠨᠳᠥᠷ ᠲᠠᠰ ᠳᠠᠪᠬᠤᠷᠭ᠎ᠠ ᠶᠢᠨ ᠬᠡᠷᠡᠭᠴᠡᠭᠡ ᠱᠠᠭᠠᠷᠳᠠᠯᠭ᠎ᠠ ᠶᠢ ᠬᠠᠩᠭᠠᠵᠤ᠂ ᠨᠡᠶᠢᠭᠡᠮ ᠤᠨ | ᠪᠦᠬᠦᠶᠢᠯᠡ ᠠᠰᠠᠷᠠᠮᠵᠢ ᠶᠢᠨ ᠬᠢᠷᠢ ᠲᠦᠪᠰᠢᠨ ᠢ ᠪᠠᠲᠤᠯᠠᠬᠤ ᠳᠤ ᠵᠠᠪᠠᠯ ᠱᠠᠭᠠᠷᠳᠠᠭᠳᠠᠬᠤ ᠪᠣᠯᠪᠠᠴᠤ ᠵᠠᠬ᠎ᠠ ᠳᠡᠯᠭᠡᠭᠦᠷ ᠤᠨ | ᠠᠶᠠᠨᠳᠠᠭᠠᠨ ᠤ ᠬᠠᠩᠭᠠᠯᠭ᠎ᠠ ᠬᠦᠷᠦᠯᠴᠡᠬᠦ ᠦᠭᠡᠢ ᠣᠯᠠᠨ ᠨᠡᠶᠢᠲᠡ ᠶᠢᠨ ᠦᠢᠯᠡᠴᠢᠯᠡᠭᠡ ᠶᠢ ᠵᠢᠭᠠᠵᠤ ᠪᠣᠶ᠃ ᠵᠠᠰᠠᠭ ᠤᠨ | ᠣᠷᠳᠣᠨ ᠠᠴᠠ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠨᠡᠶᠢᠭᠡᠮ ᠤᠨ ᠪᠠᠶᠢᠭᠤᠯᠤᠮᠵᠢ ᠪᠤᠶᠤ ᠵᠠᠬ᠎ᠠ ᠳᠡᠯᠭᠡᠭᠦᠷ ᠤᠨ ᠪᠡᠶᠡᠴᠢ | ᠴᠣᠭᠴᠠ ᠶᠢ ᠳᠡᠮᠵᠢᠬᠦ ᠪᠠᠷ ᠳᠠᠮᠵᠢᠭᠤᠯᠤᠨ᠂ ᠦᠢᠯᠡᠴᠢᠯᠡᠭᠡᠨ ᠤ ᠬᠠᠩᠭᠠᠯᠭ᠎ᠠ ᠶᠢ ᠨᠡᠮᠡᠭᠳᠡᠭᠦᠯᠦᠨ᠂ ᠦᠢᠯᠡᠴᠢᠯᠡᠭᠡᠨ ᠤ ᠶᠠᠰᠤ | ᠴᠢᠨᠠᠷ ᠢ ᠳᠡᠭᠡᠭᠰᠢᠯᠡᠭᠦᠯᠵᠦ᠂ ᠭᠤᠣᠯᠳᠠᠯᠭ᠎ᠠ ᠲᠠᠢ ᠬᠦᠷᠢᠶᠡᠨ ᠳᠠᠬᠢ ᠤᠯᠠᠨ ᠨᠡᠶᠢᠲᠡ ᠶᠢᠨ ᠦᠨᠳᠦᠰᠦᠨ ᠪᠤᠰᠤ | ᠦᠢᠯᠡᠴᠢᠯᠡᠭᠡᠨ ᠤ ᠲᠦᠭᠡᠮᠡᠯ ᠠᠰᠢᠭ ᠬᠦᠷᠲᠡᠭᠡᠬᠦ ᠬᠥᠭᠵᠢᠯᠲᠡ ᠶᠢ ᠲᠦᠯᠬᠢᠨ ᠠᠬᠢᠭᠤᠯᠵᠤ᠂ ᠣᠯᠠᠩᠬᠢ ᠲᠣᠭᠠᠨ ᠤ ᠠᠷᠠᠳ | ᠢᠷᠭᠡᠳ ᠤᠨ ᠳᠠᠭᠠᠭᠠᠵᠤ ᠳᠡᠶᠢᠯᠬᠦ ᠦᠨ᠎ᠡ ᠪᠠᠷ ᠰᠦᠢᠳᠬᠡᠯ ᠲᠤᠰᠢᠶᠠᠵᠤ ᠡᠳ᠋ᠯᠡᠬᠦ ᠶᠢ ᠪᠡᠶᠡᠯᠡᠭᠦᠯᠦᠨ᠎ᠡ᠃ ᠣᠯᠠᠨ ᠲᠠᠰ | ᠳᠠᠪᠬᠤᠷᠭ᠎ᠠ ᠶᠢᠨ ᠣᠯᠠᠨ ᠶᠠᠩᠵᠤ ᠶᠢᠨ ᠠᠮᠢᠳᠤᠷᠠᠯ ᠤᠨ ᠦᠢᠯᠡᠴᠢᠯᠡᠭᠡ ᠭᠡᠳᠡᠭ ᠨᠢ ᠠᠷᠠᠳ ᠢᠷᠭᠡᠳ ᠤᠨ ᠣᠯᠠᠨ ᠶᠠᠩᠵᠤ ᠶᠢᠨ | ᠂ ᠥᠪᠡᠷᠮᠢᠴᠡᠵᠢᠭᠰᠡᠨ᠂ ᠴᠢᠨᠠᠷ ᠰᠠᠶᠢᠲᠠᠢ ᠦᠢᠯᠡᠴᠢᠯᠡᠭᠡᠨ ᠤ ᠬᠡᠷᠡᠭᠴᠡᠭᠡ ᠱᠠᠭᠠᠷᠳᠠᠯᠭ᠎ᠠ ᠶᠢ ᠬᠠᠩᠭᠠᠬᠤ ᠠᠮᠢᠳᠤᠷᠠᠯ ᠤᠨ | ᠦᠢᠯᠡᠴᠢᠯᠡᠭᠡ ᠶᠢ ᠪᠦᠷᠢᠮᠦᠰᠦᠨ ᠵᠠᠬ᠎ᠠ ᠳᠡᠯᠭᠡᠭᠦᠷ ᠠᠴᠠ ᠬᠠᠩᠭᠠᠵᠤ᠂ ᠰᠠᠭᠤᠭᠠᠯᠢ ᠠᠷᠠᠳ ᠰᠦᠢᠳᠬᠡᠯ ᠲᠤᠰᠢᠶᠠᠵᠤ | ᠡᠳ᠋ᠯᠡᠭᠦᠯᠬᠦ ᠶᠢ ᠵᠢᠭᠠᠵᠤ ᠪᠣᠶ᠂ ᠵᠠᠰᠠᠭ ᠤᠨ ᠣᠷᠳᠣᠨ ᠭᠤᠣᠯᠳᠠᠭᠤ ᠡᠷᠬᠡ ᠲᠡᠭᠰᠢ ᠪᠠᠷ ᠥᠷᠢᠰᠦᠯᠳᠦᠬᠦ ᠵᠠᠬ᠎ᠠ ᠳᠡᠯᠭᠡᠭᠦᠷ ᠤᠨ | ᠣᠷᠴᠢᠨ ᠲᠣᠭᠤᠷᠢᠨ ᠢ ᠪᠣᠶ ᠪᠣᠯᠭᠠᠬᠤ ᠶᠢ ᠬᠠᠷᠢᠭᠤᠴᠠᠵᠤ᠂ ᠠᠵᠤ ᠦᠢᠯᠡᠰ ᠤᠨ ᠵᠢᠷᠤᠮᠵᠢᠯ ᠲᠠᠢ ᠦᠷᠭᠦᠯᠵᠢᠯᠡᠨ ᠬᠥᠭᠵᠢᠬᠦ ᠶᠢ | ᠬᠥᠲᠥᠯᠥᠨ ᠵᠢᠯᠣᠭᠤᠳᠤᠨ᠎ᠠ᠃ ᠤᠯᠠᠨ ᠨᠡᠶᠢᠲᠡ ᠶᠢᠨ ᠦᠨᠳᠦᠰᠦᠨ ᠦᠢᠯᠡᠴᠢᠯᠡᠭᠡ᠂ ᠲᠦᠭᠡᠮᠡᠯ ᠬᠠᠷᠠᠭᠠᠯᠵᠠᠯ ᠤᠨ ᠴᠢᠨᠠᠷᠲᠠᠢ | ᠤᠯᠠᠨ ᠨᠡᠶᠢᠲᠡ ᠶᠢᠨ ᠦᠨᠳᠦᠰᠦᠨ ᠪᠤᠰᠤ ᠦᠢᠯᠡᠴᠢᠯᠡᠭᠡ ᠬᠢᠭᠡᠳ ᠠᠮᠢᠳᠤᠷᠠᠯ ᠤᠨ ᠦᠢᠯᠡᠴᠢᠯᠡᠭᠡ ᠶᠢᠨ ᠬᠤᠭᠤᠷᠣᠨᠳᠣᠬᠢ | ᠵᠠᠭᠠᠭ ᠬᠢᠵᠠᠭᠠᠷ ᠤᠨ ᠬᠡᠪᠴᠢᠶᠡᠨ ᠳᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠠᠶᠢᠳᠠᠯ᠂ ᠤᠯᠤᠰ ᠤᠨ ᠲᠦᠷᠦ ᠶᠢᠨ | ᠪᠣᠳᠣᠯᠭ᠎ᠠ ᠶᠢᠨ ᠲᠣᠬᠢᠷᠠᠭᠤᠯᠤᠯᠲᠠ᠂ ᠡᠳ᠋ ᠤᠨ ᠵᠠᠰᠠᠭ ᠤᠨ ᠪᠠᠲᠤᠯᠠᠭ᠎ᠠ ᠶᠢᠨ ᠴᠢᠳᠠᠪᠤᠷᠢ ᠵᠢᠴᠢ ᠠᠷᠠᠳ ᠤᠯᠠᠨ ᠤ | ᠬᠡᠷᠡᠭᠴᠡᠭᠡᠨ ᠤ ᠬᠤᠪᠢᠷᠠᠯᠲᠠ ᠶᠢ ᠦᠨᠳᠦᠰᠦᠯᠡᠨ᠂ ᠬᠥᠳᠡᠯᠦᠩᠭᠦᠢ ᠲᠣᠬᠢᠷᠠᠭᠤᠯᠤᠯᠲᠠ ᠶᠢ ᠬᠡᠷᠡᠭᠵᠢᠭᠦᠯᠦᠨ᠎ᠡ︾ ᠭᠡᠵᠦ | ᠲᠣᠭᠲᠠᠭᠠᠵᠠᠢ᠃ | ︵ᠬᠤᠶᠠᠷ︶ ︽ᠭᠤᠷᠪᠠᠳᠤᠭᠠᠷ ᠬᠡᠰᠡᠭ ᠲᠤ ᠣᠯᠠᠨ ᠨᠡᠶᠢᠲᠡ ᠶᠢᠨ ᠦᠨᠳᠦᠰᠦᠨ ᠦᠢᠯᠡᠴᠢᠯᠡᠭᠡᠨ ᠤ ᠨᠠᠷᠢᠨ | ᠬᠠᠭᠤᠳᠠᠰᠤ ᠶᠢ ᠲᠣᠳᠣᠷᠬᠠᠶᠢᠯᠠᠨ᠎ᠠ︾ ᠭᠡᠰᠡᠨ ᠭᠠᠷᠴᠠᠭ ᠢ ︽ᠭᠤᠷᠪᠠᠳᠤᠭᠠᠷ ᠬᠡᠰᠡᠭ ᠲᠤ ᠣᠯᠠᠨ ᠨᠡᠶᠢᠲᠡ ᠶᠢᠨ ᠦᠨᠳᠦᠰᠦᠨ | ᠦᠢᠯᠡᠴᠢᠯᠡᠭᠡᠨ ᠤ ᠪᠠᠷᠢᠮᠵᠢᠶ᠎ᠠ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ︾ ᠭᠡᠵᠦ ᠵᠠᠰᠠᠪᠠ᠂ | ᠠᠭᠤᠯᠭ᠎ᠠ ᠶᠢ ︽ᠥᠪᠡᠷᠲᠡᠭᠡᠨ ᠵᠠᠰᠠᠬᠤ ᠣᠷᠣᠨ ᠤ ᠣᠯᠠᠨ ᠨᠡᠶᠢᠲᠡ ᠶᠢᠨ ᠦᠨᠳᠦᠰᠦᠨ ᠦᠢᠯᠡᠴᠢᠯᠡᠭᠡᠨ ᠤ ᠪᠠᠷᠢᠮᠵᠢᠶ᠎ᠠ ᠶᠢ | ᠲᠣᠭᠲᠠᠭᠠᠨ ᠬᠡᠷᠡᠭᠵᠢᠭᠦᠯᠦᠨ᠎ᠡ᠃ ᠤᠯᠤᠰ ᠤᠨ ᠣᠯᠠᠨ ᠨᠡᠶᠢᠲᠡ ᠶᠢᠨ ᠦᠨᠳᠦᠰᠦᠨ ᠦᠢᠯᠡᠴᠢᠯᠡᠭᠡᠨ ᠤ ᠪᠠᠷᠢᠮᠵᠢᠶ᠎ᠠ ᠶᠢ | ᠦᠨᠳᠦᠰᠦᠯᠡᠨ᠂ ᠪᠥᠬᠦ ᠣᠷᠣᠨ ᠢ ᠬᠠᠮᠤᠷᠤᠭᠰᠠᠨ ᠣᠯᠠᠨ ᠨᠡᠶᠢᠲᠡ ᠶᠢᠨ ᠦᠨᠳᠦᠰᠦᠨ ᠦᠢᠯᠡᠴᠢᠯᠡᠭᠡᠨ ᠤ ᠬᠡᠷᠡᠭᠵᠢᠭᠦᠯᠬᠦ | ᠪᠠᠷᠢᠮᠵᠢᠶ᠎ᠠ ᠶᠢ ᠲᠣᠭᠲᠠᠭᠠᠵᠤ᠂ ᠣᠯᠠᠨ ᠨᠡᠶᠢᠲᠡ ᠶᠢᠨ ᠦᠨᠳᠦᠰᠦᠨ ᠦᠢᠯᠡᠴᠢᠯᠡᠭᠡᠨ ᠤ ᠲᠥᠷᠥᠯ ᠵᠦᠢᠯ ᠤᠨ ᠦᠢᠯᠡᠴᠢᠯᠡᠬᠦ | ᠡᠲᠡᠭᠡᠳ᠂ ᠦᠢᠯᠡᠴᠢᠯᠡᠬᠦ ᠠᠭᠤᠯᠭ᠎ᠠ᠂ ᠦᠢᠯᠡᠴᠢᠯᠡᠬᠦ ᠪᠠᠷᠢᠮᠵᠢᠶ᠎ᠠ᠂ ᠵᠠᠷᠤᠯᠭ᠎ᠠ ᠶᠢᠨ ᠬᠠᠷᠢᠭᠤᠴᠠᠯᠭ᠎ᠠ ᠪᠠ ᠲᠦᠷᠦᠭᠦᠯᠡᠨ | ᠬᠠᠷᠢᠭᠤᠴᠠᠬᠤ ᠨᠢᠭᠡᠴᠡ ᠶᠢ ᠲᠣᠳᠣᠷᠬᠠᠶᠢᠯᠠᠵᠤ᠂ ᠡᠯ᠎ᠡ ᠱᠠᠲᠤᠨ ᠤ ᠵᠠᠰᠠᠭ ᠤᠨ ᠣᠷᠳᠣᠨ ᠤ ᠣᠯᠠᠨ ᠨᠡᠶᠢᠲᠡ ᠶᠢᠨ | ᠦᠨᠳᠦᠰᠦᠨ ᠦᠢᠯᠡᠴᠢᠯᠡᠭᠡ ᠬᠠᠩᠭᠠᠬᠤ ᠶᠢᠨ ᠰᠠᠭᠤᠷᠢ ᠪᠠᠷᠢᠮᠵᠢᠶ᠎ᠠ ᠪᠠ ᠠᠷᠠᠳ ᠣᠯᠠᠨ ᠤ ᠵᠣᠬᠢᠬᠤ ᠡᠷᠬᠡ ᠡᠳ᠋ᠯᠡᠬᠦ ᠶᠢᠨ | ᠴᠢᠬᠤᠯᠠ ᠦᠨᠳᠦᠰᠦᠯᠡᠯ ᠪᠣᠯᠭᠠᠨ᠎ᠠ᠃ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠯᠠᠨ ᠨᠡᠶᠢᠲᠡ ᠶᠢᠨ | ᠦᠨᠳᠦᠰᠦᠨ ᠦᠢᠯᠡᠴᠢᠯᠡᠭᠡᠨ ᠤ ᠬᠡᠷᠡᠭᠵᠢᠭᠦᠯᠬᠦ ᠪᠠᠷᠢᠮᠵᠢᠶ᠎ᠠ ︵2021 ᠣᠨ ᠤ ᠬᠡᠪᠯᠡᠯ︶︾ ᠶᠢᠨ ᠰᠠᠭᠤᠷᠢᠨ ᠳᠡᠭᠡᠷ᠎ᠡ᠂ | ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠬᠢᠷᠢ ᠬᠡᠮᠵᠢᠶ᠎ᠡ ᠪᠠ ᠡᠳ᠋ ᠤᠨ ᠵᠠᠰᠠᠭ ᠤᠨ ᠳᠠᠭᠠᠭᠠᠬᠤ ᠴᠢᠳᠠᠪᠤᠷᠢ ᠵᠡᠷᠭᠡ | ᠬᠦᠴᠦᠨ ᠵᠦᠢᠯ ᠢ ᠨᠢᠭᠡᠳᠦᠯᠲᠡᠢ ᠲᠥᠯᠥᠪᠯᠡᠨ ᠪᠣᠳᠣᠯᠬᠢᠯᠠᠵᠤ᠂ ᠣᠯᠠᠨ ᠨᠡᠶᠢᠲᠡ ᠶᠢᠨ ᠦᠨᠳᠦᠰᠦᠨ ᠦᠢᠯᠡᠴᠢᠯᠡᠭᠡᠨ ᠤ | ᠪᠣᠳᠠᠲᠠᠢ ᠬᠡᠷᠡᠭᠵᠢᠭᠦᠯᠬᠦ ᠪᠠᠷᠢᠮᠵᠢᠶ᠎ᠠ ᠳᠤ ᠬᠥᠳᠡᠯᠦᠩᠭᠦᠢ ᠲᠣᠬᠢᠷᠠᠭᠤᠯᠤᠯᠲᠠ ᠬᠢᠨ᠎ᠡ᠃ ᠤᠯᠠᠨ ᠨᠡᠶᠢᠲᠡ ᠶᠢᠨ ᠰᠤᠷᠭᠠᠨ | ᠬᠥᠮᠦᠵᠢᠯ᠂ ᠨᠡᠶᠢᠭᠡᠮ ᠤᠨ ᠳᠠᠭᠠᠳᠬᠠᠯ᠂ ᠤᠯᠠᠨ ᠨᠡᠶᠢᠲᠡ ᠶᠢᠨ ᠰᠣᠶᠣᠯ ᠪᠡᠶ᠎ᠡ ᠶᠢᠨ ᠲᠠᠮᠢᠷ᠂ ᠵᠡᠮᠳᠡᠭᠴᠦᠳ ᠤᠨ | ᠦᠢᠯᠡᠴᠢᠯᠡᠭᠡ ᠵᠡᠷᠭᠡ ᠭᠤᠣᠯᠳᠠᠯᠭ᠎ᠠ ᠲᠠᠢ ᠬᠦᠷᠢᠶᠡᠨ ᠳᠠᠬᠢ ᠤᠯᠠᠨ ᠨᠡᠶᠢᠲᠡ ᠶᠢᠨ ᠦᠨᠳᠦᠰᠦᠨ ᠦᠢᠯᠡᠴᠢᠯᠡᠭᠡ ᠶᠢ | ᠪᠠᠷᠢᠮᠵᠢᠶᠠᠵᠢᠭᠤᠯᠬᠤ ᠢᠨᠵᠧᠨᠧᠷᠢᠩ ᠢ ᠥᠷᠨᠢᠭᠦᠯᠵᠦ᠂ ᠤᠯᠤᠰ ᠤᠨ ᠤᠯᠠᠨ ᠨᠡᠶᠢᠲᠡ ᠶᠢᠨ ᠦᠨᠳᠦᠰᠦᠨ ᠦᠢᠯᠡᠴᠢᠯᠡᠭᠡ ᠶᠢ | ᠪᠠᠷᠢᠮᠵᠢᠶᠠᠵᠢᠭᠤᠯᠬᠤ ᠲᠤᠷᠰᠢᠯᠲᠠ ᠳᠤ ᠢᠳᠡᠪᠬᠢᠲᠡᠢ ᠣᠷᠣᠯᠴᠠᠨ᠎ᠠ᠃ ᠵᠠᠰᠠᠭ ᠤᠨ ᠣᠷᠳᠣᠨ ᠤ ᠠᠯᠪᠠᠨ ᠮᠡᠳᠡᠭᠡ᠂ ᠵᠠᠰᠠᠭ ᠤᠨ | ᠣᠷᠳᠣᠨ ᠤ ᠰᠦᠯᠵᠢᠶᠡᠨ ᠥᠷᠲᠡᠭᠡ᠂ ᠰᠢᠨ᠎ᠡ ᠵᠠᠭᠤᠴᠢᠯᠠᠭᠤᠷ ᠤᠨ ᠲᠠᠪᠴᠠᠩ ᠵᠡᠷᠭᠡ ᠶᠢ ᠭᠦᠢᠴᠡᠳ ᠠᠰᠢᠭᠯᠠᠨ᠂ ᠡᠯ᠎ᠡ | ᠵᠦᠢᠯ ᠤᠨ ᠦᠨᠳᠦᠰᠦᠨ ᠣᠯᠠᠨ ᠨᠡᠶᠢᠲᠡ ᠶᠢᠨ ᠦᠢᠯᠡᠴᠢᠯᠡᠭᠡᠨ ᠤ ᠪᠠᠷᠢᠮᠵᠢᠶ᠎ᠠ ᠶᠢ ᠴᠠᠭ ᠲᠤᠬᠠᠢ ᠳᠤᠨᠢ ᠢᠯᠡ ᠪᠣᠯᠭᠠᠵᠤ᠂ | ᠰᠠᠨᠠᠯ ᠰᠠᠨᠠᠭᠤᠯᠭ᠎ᠠ ᠶᠢ ᠬᠠᠷᠢᠭᠤ ᠲᠤᠰᠬᠠᠬᠤ ᠠᠷᠭ᠎ᠠ ᠵᠠᠮ ᠢ ᠰᠠᠭᠠᠳ ᠦᠭᠡᠢ ᠨᠠᠪᠲᠠᠷᠡᠭᠦᠯᠵᠦ᠂ ᠣᠯᠠᠨ ᠲᠦᠮᠡᠨ ᠤ ᠮᠡᠳᠡᠭᠡ | ᠵᠠᠩᠭᠢ ᠣᠯᠬᠤ ᠳᠤ ᠲᠥᠬᠦᠮ ᠦᠵᠡᠭᠦᠯᠦᠨ᠂ ᠪᠠᠷᠢᠮᠵᠢᠶ᠎ᠠ ᠶᠢᠨ ᠬᠢᠨᠠᠯᠲᠠ ᠲᠠᠯᠪᠢᠵᠤ ᠬᠡᠷᠡᠭᠵᠢᠭᠦᠯᠬᠦ ᠳᠤ ᠣᠷᠣᠯᠴᠠᠵᠤ᠂ ᠲᠣᠰ | ᠪᠡᠶ᠎ᠡ ᠶᠢᠨ ᠡᠷᠬᠡ ᠠᠰᠢᠭ ᠢᠶᠠᠨ ᠬᠠᠮᠠᠭᠠᠯᠠᠨ᠎ᠠ᠃ ᠤᠯᠠᠨ ᠨᠡᠶᠢᠲᠡ ᠶᠢᠨ ᠦᠨᠳᠦᠰᠦᠨ ᠦᠢᠯᠡᠴᠢᠯᠡᠭᠡᠨ ᠤ ᠬᠢᠷᠢ ᠬᠡᠮᠵᠢᠶ᠎ᠡ ᠶᠢ | ᠬᠢᠨᠠᠨ ᠬᠡᠮᠵᠢᠬᠦ ᠰᠢᠰᠲ᠋ᠧᠮ ᠪᠠ ᠰᠠᠭᠤᠷᠢ ᠮᠡᠳᠡᠭᠡ ᠵᠠᠩᠭᠢ ᠶᠢᠨ ᠬᠥᠮᠥᠷᠭᠡ ᠶᠢᠨ ᠪᠠᠶᠢᠭᠤᠯᠤᠯᠲᠠ ᠶᠢ ᠲᠡᠭᠦᠯᠳᠡᠷᠵᠢᠭᠦᠯᠦᠨ᠎ᠡ᠃ | ᠤᠯᠠᠨ ᠨᠡᠶᠢᠲᠡ ᠶᠢᠨ ᠦᠨᠳᠦᠰᠦᠨ ᠦᠢᠯᠡᠴᠢᠯᠡᠭᠡᠨ ᠤ ᠡᠲᠡᠭᠡᠳ ᠢ ᠮᠠᠭᠠᠳᠯᠠᠨ ᠲᠣᠭᠲᠠᠭᠠᠬᠤ ᠳᠦᠷᠢᠮ ᠢ | ᠰᠢᠯᠢᠳᠡᠭᠵᠢᠭᠦᠯᠦᠨ᠎ᠡ᠃ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠲᠠᠢ ᠭᠡᠷ ᠪᠦᠯᠢ᠂ ᠠᠮᠢᠳᠤᠷᠠᠯ ᠤᠨ ᠨᠠᠭᠠᠲᠤ | ᠵᠠᠬ᠎ᠠ ᠶᠢᠨ ᠪᠠᠲᠤᠯᠠᠭ᠎ᠠ ᠲᠠᠢ ᠵᠠᠬ᠎ᠠ ᠬᠢᠵᠠᠭᠠᠷ ᠤᠨ ᠭᠡᠷ ᠪᠦᠯᠢ᠂ ᠣᠨᠴᠠ ᠬᠦᠴᠢᠷᠳᠡᠯᠲᠡᠢ ᠬᠥᠮᠥᠰ ᠢ ᠮᠠᠭᠠᠳᠯᠠᠨ ᠲᠣᠭᠲᠠᠭᠠᠬᠤ | ᠠᠷᠭ᠎ᠠ ᠶᠢ ᠪᠦᠷᠢᠨᠰᠢᠭᠦᠯᠵᠦ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠬᠢᠷᠢ ᠬᠡᠮᠵᠢᠶ᠎ᠡ ᠯᠦᠭᠡ ᠲᠣᠬᠢᠷᠠᠯᠴᠠᠭᠰᠠᠨ | ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠲᠠᠢ ᠭᠡᠷ ᠪᠦᠯᠢ ᠶᠢᠨ ᠡᠳ᠋ ᠬᠥᠷᠥᠩᠭᠡ ᠶᠢ ᠬᠢᠵᠠᠭᠠᠷᠯᠠᠨ ᠲᠣᠭᠲᠠᠭᠠᠬᠤ | ᠪᠠᠷᠢᠮᠵᠢᠶ᠎ᠠ ᠪᠤᠶᠤ ᠨᠥᠬᠦᠴᠡᠯ ᠢ ᠲᠣᠭᠲᠠᠭᠠᠵᠤ᠂ ᠡᠳ᠋ ᠤᠨ ᠬᠦᠴᠦᠨ ᠤ ᠪᠠᠶᠢᠳᠠᠯ ᠲᠠᠢ ᠤᠶᠠᠯᠳᠤᠭᠤᠯᠤᠨ ᠬᠥᠳᠡᠯᠦᠩᠭᠦᠢ ᠪᠠᠷ | ᠲᠣᠬᠢᠷᠠᠭᠤᠯᠬᠤ ᠨᠡᠶᠢᠭᠡᠮ ᠤᠨ ᠠᠪᠤᠷᠠᠨ ᠲᠤᠰᠠᠯᠠᠬᠤ ᠪᠠ ᠪᠠᠲᠤᠯᠠᠭ᠎ᠠ ᠶᠢᠨ ᠪᠠᠷᠢᠮᠵᠢᠶ᠎ᠠ ᠶᠢ ᠪᠠᠷᠠᠭᠠᠨ ᠤ ᠦᠨ᠎ᠡ ᠶᠢᠨ ᠥᠰᠦᠯᠲᠡ | ᠯᠦᠭᠡ ᠬᠤᠯᠪᠣᠭᠳᠠᠭᠤᠯᠤᠭᠰᠠᠨ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠨᠠᠶᠢᠳᠠᠪᠤᠷᠢᠵᠢᠭᠤᠯᠤᠨ᠎ᠠ᠃ ᠠᠰᠠᠷᠠᠨ | ᠬᠠᠷᠠᠭᠠᠯᠵᠠᠬᠤ ᠡᠲᠡᠭᠡᠳ ᠢ ᠡᠩ ᠤᠨ ᠤᠯᠠᠨ ᠲᠦᠮᠡᠨ ᠢ ᠬᠠᠮᠤᠷᠤᠭᠰᠠᠨ ᠠᠪᠤᠷᠠᠨ ᠲᠤᠰᠠᠯᠠᠬᠤ᠂ ᠨᠠᠰᠤᠵᠢᠯ ᠤᠨ ᠠᠰᠠᠷᠠᠮᠵᠢ᠂ | ᠡᠮ ᠡᠮᠨᠡᠯᠭᠡ᠂ ᠣᠷᠣᠨ ᠰᠠᠭᠤᠴᠠ ᠵᠢᠴᠢ ᠵᠡᠮᠳᠡᠭᠴᠦᠳ ᠤᠨ ᠪᠠᠲᠤᠯᠠᠭ᠎ᠠ ᠵᠡᠷᠭᠡ ᠡᠯ᠎ᠡ ᠵᠦᠢᠯ ᠤᠨ ᠨᠡᠶᠢᠭᠡᠮ ᠤᠨ | ᠪᠠᠲᠤᠯᠠᠭ᠎ᠠ ᠶᠢᠨ ᠳᠦᠷᠢᠮ ᠳᠤ ᠡᠩ ᠲᠡᠷᠢᠭᠦᠨ ᠳᠤ ᠣᠷᠣᠭᠤᠯᠤᠨ᠎ᠠ᠃ ᠠᠯᠪᠠᠨ ᠠᠴᠠ ᠡᠷᠭᠢᠯᠡᠭᠰᠡᠨ ᠨᠠᠰᠤᠵᠢᠯ ᠤᠨ | ᠠᠰᠠᠷᠠᠮᠵᠢ ᠶᠢᠨ ᠪᠠᠶᠢᠭᠤᠯᠤᠮᠵᠢ ᠶᠢᠨ ᠣᠷᠣᠵᠤ ᠰᠠᠭᠤᠬᠤ ᠶᠢ ᠶᠡᠷᠦᠩᠬᠡᠶᠢᠯᠡᠨ ᠦᠨᠡᠯᠡᠨ ᠵᠢᠱᠢᠬᠦ ᠳᠦᠷᠢᠮ ᠢ ᠪᠦᠷᠢᠨᠰᠢᠭᠦᠯᠵᠦ᠂ | ᠴᠢᠳᠠᠪᠤᠷᠢ ᠪᠠᠨ ᠠᠯᠳᠠᠭᠰᠠᠨ ᠨᠠᠰᠤᠲᠠᠶᠢᠴᠤᠳ ᠤᠨ ᠦᠨᠳᠦᠰᠦᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ | ᠬᠡᠷᠡᠭᠴᠡᠭᠡ ᠪᠥᠬᠦ ᠰᠤᠷᠤᠯᠭ᠎ᠠ ᠶᠢᠨ ᠬᠤᠭᠤᠴᠠᠭᠠᠨ ᠳᠠᠬᠢ ᠰᠣᠷᠣᠭᠴᠢ ᠶᠢ ᠲᠡᠳᠬᠦᠨ ᠲᠤᠰᠠᠯᠠᠬᠤ ᠲᠥᠷᠥ ᠶᠢᠨ ᠪᠣᠳᠣᠯᠭ᠎ᠠ ᠶᠢ | ᠨᠠᠶᠢᠳᠠᠪᠤᠷᠢᠵᠢᠭᠤᠯᠵᠤ᠂ ᠰᠤᠷᠭᠠᠨ ᠬᠥᠮᠦᠵᠢᠯ᠂ ᠠᠷᠠᠳ ᠤᠨ ᠶᠠᠪᠤᠳᠠᠯ᠂ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠵᠡᠷᠭᠡ ᠬᠦᠷᠢᠶᠡᠨ ᠳᠠᠬᠢ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ ᠶᠢ ᠲᠦᠯᠬᠢᠨ ᠠᠬᠢᠭᠤᠯᠵᠤ᠂ ᠨᠥᠬᠦᠴᠡᠯ ᠳᠤ | ᠨᠡᠶᠢᠴᠡᠬᠦ ᠭᠡᠷ ᠤᠨ ᠠᠮᠢᠳᠤᠷᠠᠯ ᠨᠢ ᠬᠦᠴᠢᠷᠳᠡᠯᠲᠡᠢ ᠰᠣᠷᠣᠭᠴᠢ ᠳᠤ ᠲᠣᠭᠲᠠᠭᠠᠯ ᠶᠣᠰᠣᠭᠠᠷ ᠰᠤᠷᠭᠠᠨ ᠬᠥᠮᠦᠵᠢᠯ ᠤᠨ | ᠲᠤᠰᠠᠯᠠᠮᠵᠢ ᠪᠠ ᠨᠡᠶᠢᠭᠡᠮ ᠤᠨ ᠠᠪᠤᠷᠠᠨ ᠲᠤᠰᠠᠯᠠᠯᠲᠠ ᠬᠦᠷᠲᠡᠭᠡᠬᠦ ᠶᠢ ᠦᠨᠡᠨ ᠬᠦ ᠪᠠᠲᠤᠯᠠᠨ᠎ᠠ︾ ᠭᠡᠵᠡᠢ᠃ | ᠳᠥᠷᠪᠡ᠂ ︽ᠲᠥᠯᠦᠪᠵᠢᠭᠦᠯᠭᠡ︾ ᠶᠢᠨ ︽ᠳᠥᠷᠪᠡᠳᠦᠭᠡᠷ ᠪᠦᠯᠦᠭ ᠤᠯᠠᠨ ᠨᠡᠶᠢᠲᠡ ᠶᠢᠨ ᠦᠨᠳᠦᠰᠦᠨ | ᠦᠢᠯᠡᠴᠢᠯᠡᠭᠡ ᠶᠢ ᠠᠳᠠᠯᠢ ᠲᠡᠭᠰᠢ ᠪᠣᠯᠭᠠᠬᠤ ᠶᠢ ᠲᠦᠯᠬᠢᠨ ᠠᠬᠢᠭᠤᠯᠬᠤ︾ ᠬᠡᠰᠡᠭ ᠠᠭᠤᠯᠭ᠎ᠠ ᠳᠤ ᠳᠣᠣᠷᠠᠬᠢ ᠮᠡᠲᠦ ᠵᠠᠰᠠᠪᠤᠷᠢ | ᠣᠷᠣᠭᠤᠯᠪᠠ᠃ | ︵ᠨᠢᠭᠡ︶ ︽ᠨᠢᠭᠡᠳᠦᠭᠡᠷ ᠬᠡᠰᠡᠭ ᠨᠢᠯᠬ᠎ᠠ ᠬᠡᠦᠬᠡᠳ ᠤᠨ ᠪᠤᠶᠢᠵᠢᠯᠲᠠ ᠲᠠᠢ︾ ᠭᠡᠬᠦ ᠬᠡᠰᠡᠭ ᠠᠭᠤᠯᠭ᠎ᠠ ᠳᠤ ᠵᠠᠰᠠᠪᠤᠷᠢ | ᠣᠷᠣᠭᠤᠯᠤᠭᠰᠠᠨ᠃ | 1. ︽ᠨᠢᠯᠬ᠎ᠠ ᠬᠡᠦᠬᠡᠳ ᠢ ᠠᠰᠠᠷᠠᠨ ᠬᠠᠷᠠᠭᠠᠯᠵᠠᠬᠤ ᠦᠢᠯᠡᠴᠢᠯᠡᠭᠡ ᠶᠢ ᠲᠡᠭᠦᠯᠳᠡᠷᠵᠢᠭᠦᠯᠦᠨ᠎ᠡ︾ ᠭᠡᠰᠡᠨ | ᠬᠡᠰᠡᠭ ᠤᠨ ᠠᠭᠤᠯᠭ᠎ᠠ ᠶᠢ ᠬᠠᠰᠤᠵᠤ ᠬᠠᠶᠠᠪᠠ᠃ | 2. ︽ᠲᠤᠰᠬᠠᠢ ᠪᠤᠯᠤᠩ 1 ᠨᠢᠯᠬ᠎ᠠ ᠬᠡᠦᠬᠡᠳ ᠢ ᠪᠣᠶᠢᠵᠢᠭᠤᠯᠬᠤ ᠢᠨᠵᠧᠨᠧᠷᠢᠩ︾ ᠳᠠᠬᠢ ︽ᠬᠡᠦᠬᠡᠳ | ᠰᠠᠭᠠᠲᠠᠭᠤᠯᠬᠤ ᠦᠢᠯᠡᠴᠢᠯᠡᠭᠡᠨ ᠤ ᠲᠥᠯᠥᠪᠯᠡᠭᠡ︾ ᠶᠢᠨ ᠨᠢᠭᠡ ᠬᠡᠰᠡᠭ ᠤᠨ ᠠᠭᠤᠯᠭ᠎ᠠ ᠶᠢ ᠬᠠᠰᠤᠨ᠎ᠠ᠃ | ︵ᠬᠤᠶᠠᠷ︶ ︽ᠬᠤᠶᠠᠳᠤᠭᠠᠷ ᠬᠡᠰᠡᠭ ᠰᠤᠷᠬᠤ ᠠᠴᠠ ᠰᠤᠷᠭᠠᠨ ᠬᠥᠮᠦᠵᠢᠯ ᠲᠠᠢ︾ ᠭᠡᠬᠦ ᠬᠡᠰᠡᠭ ᠠᠭᠤᠯᠭ᠎ᠠ ᠳᠤ | ᠵᠠᠰᠠᠪᠤᠷᠢ ᠣᠷᠣᠭᠤᠯᠪᠠ᠃ | 1. ︽ᠴᠢᠨᠠᠷ ᠰᠠᠶᠢᠲᠠᠢ ᠪᠥᠭᠡᠳ ᠲᠡᠩᠴᠡᠭᠦᠷᠢᠲᠡᠢ ᠠᠯᠪᠠᠨ ᠵᠢᠷᠤᠮ ᠤᠨ ᠰᠤᠷᠭᠠᠨ ᠬᠥᠮᠦᠵᠢᠯ ᠢ ᠬᠥᠭᠵᠢᠭᠦᠯᠦᠨ᠎ᠡ︾ | ᠭᠡᠬᠦ ᠬᠡᠰᠡᠭ ᠲᠠᠬᠢ ︽ᠬᠤᠳᠠ ᠬᠥᠳᠡᠭᠡ ᠶᠢᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠭᠠᠭᠤᠯᠢ ᠶᠢᠨ | ᠲᠥᠯᠦᠪᠵᠢᠭᠦᠯᠭᠡ ᠪᠠᠶᠢᠷᠢᠯᠠᠭᠤᠯᠤᠯᠲᠠ ᠶᠢ ᠲᠡᠭᠦᠯᠳᠡᠷᠵᠢᠭᠦᠯᠦᠨ ᠰᠢᠯᠢᠳᠡᠭᠵᠢᠭᠦᠯᠦᠨ᠎ᠡ︾ ᠭᠡᠳᠡᠭ ᠢ ︽ᠬᠤᠳᠠ ᠬᠥᠳᠡᠭᠡ ᠶᠢᠨ | ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠭᠠᠭᠤᠯᠢ ︵ᠣᠨᠴᠠᠭᠠᠶ ᠰᠤᠷᠭᠠᠨ ᠬᠥᠮᠦᠵᠢᠯ ᠤᠨ ᠰᠤᠷᠭᠠᠭᠤᠯᠢ ᠪᠠᠭᠲᠠᠨ᠎ᠠ᠂ | ᠳᠣᠷᠣᠭᠰᠢ ᠠᠳᠠᠯᠢ︶ ᠶᠢᠨ ᠲᠥᠯᠦᠪᠵᠢᠭᠦᠯᠭᠡ ᠪᠠᠶᠢᠷᠢᠯᠠᠭᠤᠯᠤᠯᠲᠠ ᠶᠢ ᠲᠡᠭᠦᠯᠳᠡᠷᠵᠢᠭᠦᠯᠦᠨ ᠰᠢᠯᠢᠳᠡᠭᠵᠢᠭᠦᠯᠵᠦ᠂ ᠠᠯᠪᠠᠨ | ᠵᠢᠷᠤᠮ ᠤᠨ ᠰᠤᠷᠭᠠᠨ ᠬᠥᠮᠦᠵᠢᠯ ᠤᠨ ᠰᠤᠷᠭᠠᠭᠤᠯᠢ ᠶᠢᠨ ᠪᠠᠷᠢᠮᠵᠢᠶᠠᠵᠢᠭᠤᠯᠬᠤ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ︾ | ᠭᠡᠵᠦ ᠵᠠᠰᠠᠪᠠ᠃ | 2. ︽ᠴᠢᠨᠠᠷ ᠰᠠᠶᠢᠲᠠᠢ ᠣᠨᠴᠠᠯᠢᠭᠲᠤ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠭᠠᠨ | ᠬᠥᠮᠦᠵᠢᠯ ᠢ ᠬᠥᠭᠵᠢᠭᠦᠯᠬᠦ︾ ᠬᠡᠰᠡᠭ ᠲᠠᠬᠢ ︽ᠬᠤᠰᠢᠭᠤ ᠰᠢᠶᠠᠨ ︵ᠬᠤᠲᠠ᠂ ᠲᠣᠭᠤᠷᠢᠭ︶ ᠤ ᠡᠩ ᠤᠨ ᠥᠨᠳᠥᠷ | ᠵᠡᠷᠭᠡ ᠶᠢᠨ ᠳᠤᠮᠳᠠᠳᠤ ᠰᠤᠷᠭᠠᠭᠤᠯᠢ ᠶᠢ ᠬᠥᠭᠵᠢᠭᠦᠯᠦᠨ ᠮᠠᠨᠳᠤᠭᠤᠯᠬᠤ ᠠᠵᠢᠯᠯᠠᠭᠠᠨ ᠤ ᠲᠥᠯᠥᠪᠯᠡᠭᠡ ᠶᠢ ᠬᠡᠷᠡᠭᠵᠢᠭᠦᠯᠬᠦ︾ | ᠭᠡᠳᠡᠭ ᠢ ︽ᠰᠢᠶᠠᠨ ᠤ ᠬᠡᠪᠴᠢᠶᠡᠨ ᠤ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢ ᠬᠥᠭᠵᠢᠭᠦᠯᠦᠨ | ᠳᠡᠭᠡᠭᠰᠢᠯᠡᠭᠦᠯᠬᠦ ᠠᠵᠢᠯᠯᠠᠭ᠎ᠠ ᠶᠢ ᠬᠡᠷᠡᠭᠵᠢᠭᠦᠯᠬᠦ︾ ᠭᠡᠵᠦ ᠵᠠᠰᠠᠪᠠ︔ ︽2025 ᠣᠨ ᠪᠣᠯᠬᠤ ᠳᠤ᠂ ᠥᠨᠳᠥᠷ ᠵᠡᠷᠭᠡ ᠶᠢᠨ | ᠳᠤᠮᠳᠠᠳᠤ ᠰᠤᠷᠭᠠᠭᠤᠯᠢ ᠶᠢᠨ ᠱᠠᠲᠤᠨ ᠤ ᠰᠤᠷᠭᠠᠭᠤᠯᠢ ᠳᠤ ᠣᠷᠣᠬᠤ ᠪᠥᠬᠦ ᠨᠣᠷᠮ᠎ᠠ ᠶᠢ 95% ᠠᠴᠠ ᠳᠡᠭᠡᠭᠰᠢ ᠳᠤ | ᠬᠦᠷᠦᠭᠦᠯᠦᠨ᠎ᠡ︾ ᠭᠡᠳᠡᠭ ᠢ ︽ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠣᠷᠣᠭᠴᠢ ᠣᠯᠠᠨᠲᠠᠢ | ᠠᠩᠭᠢ ᠶᠢᠨ ᠲᠤᠭ᠎ᠠ ᠶᠢ ᠲᠦᠷᠭᠡᠪᠴᠢᠯᠡᠨ ᠠᠷᠢᠯᠭᠠᠵᠤ᠂ ᠶᠡᠭᠡ ᠬᠡᠪᠴᠢᠶᠡᠨ ᠤ ᠰᠤᠷᠭᠠᠭᠤᠯᠢ ᠶᠢ ᠢᠳᠡᠪᠬᠢᠲᠡᠢ ᠪᠥᠭᠡᠳ | ᠯᠠᠪᠳᠠᠭᠤᠨ ᠢᠶᠠᠷ ᠰᠢᠶᠠᠨ ᠤ ᠰᠤᠷᠭᠠᠭᠤᠯᠢ ᠶᠢᠨ ᠵᠠᠬᠢᠷᠤᠯ ᠪᠠ ᠪᠠᠭᠰᠢ ᠶᠢᠨ ᠪᠣᠯᠪᠠᠰᠤᠷᠠᠯ ᠢ ᠴᠢᠩᠭᠠᠳᠬᠠᠵᠤ᠂ ᠪᠠᠭᠰᠢ ᠶᠢ | ᠨᠥᠬᠦᠪᠦᠷᠢᠯᠡᠬᠦ ᠲᠣᠭᠲᠠᠴᠠ ᠶᠢ ᠲᠡᠭᠦᠯᠳᠡᠷᠵᠢᠭᠦᠯᠦᠨ᠎ᠡ᠃ ᠬᠤᠯᠪᠣᠭᠳᠠᠯ ᠪᠦᠬᠦᠢ ᠳᠡᠭᠡᠳᠦ ᠰᠤᠷᠭᠠᠭᠤᠯᠢ ᠪᠠ ᠣᠷᠣᠨ ᠨᠤᠲᠤᠭ ᠢ | ᠵᠣᠬᠢᠶᠠᠨ ᠪᠠᠶᠢᠭᠤᠯᠤᠨ ᠰᠢᠶᠠᠨ ᠤ ᠳᠣᠲᠣᠷᠠᠬᠢ ᠨᠠᠶᠢᠳᠠᠨ ᠬᠠᠮᠢᠶᠠᠷᠤᠭᠤᠯᠵᠤ ᠬᠠᠪᠰᠤᠷᠤᠨ ᠲᠡᠳᠬᠦᠬᠦ ᠠᠵᠢᠯ ᠤᠨ ᠬᠡᠷᠡᠭᠵᠢᠭᠦᠯᠬᠦ | ᠲᠥᠰᠥᠯ ᠢ ᠵᠥᠪᠳᠡᠯᠴᠡᠨ ᠲᠣᠭᠲᠠᠭᠠᠵᠤ᠂ ᠰᠢᠶᠠᠨ ᠤ ᠳᠣᠲᠣᠷᠠᠬᠢ ᠨᠠᠶᠢᠳᠠᠨ ᠬᠠᠮᠢᠶᠠᠷᠤᠭᠤᠯᠵᠤ ᠬᠠᠪᠰᠤᠷᠤᠨ ᠲᠡᠳᠬᠦᠬᠦ | ᠢᠨᠵᠧᠨᠧᠷᠢᠩ ᠢ ᠬᠡᠷᠡᠭᠵᠢᠭᠦᠯᠵᠦ᠂ ᠰᠢᠶᠠᠨ ᠤ ᠳᠣᠲᠣᠷᠠᠬᠢ ᠰᠤᠷᠭᠠᠭᠤᠯᠢ ᠡᠷᠬᠢᠯᠡᠬᠦ ᠬᠢᠷᠢ ᠬᠡᠮᠵᠢᠶ᠎ᠡ ᠶᠢ ᠲᠦᠷᠭᠡᠪᠴᠢᠯᠡᠨ | ᠳᠡᠭᠡᠭᠰᠢᠯᠡᠭᠦᠯᠦᠨ᠎ᠡ︾ ᠭᠡᠵᠦ ᠲᠣᠭᠲᠠᠭᠠᠵᠠᠢ᠃ | 3. ︽ᠣᠯᠠᠨ ᠡᠰᠢᠲᠦ ᠠᠭᠤᠰᠤᠯᠴᠠᠭᠰᠠᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠢ ᠬᠥᠭᠵᠢᠭᠦᠯᠦᠨ᠎ᠡ︾ ᠭᠡᠬᠦ | ᠬᠡᠰᠡᠭ ᠲᠠᠬᠢ ︽ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠰᠠᠭᠤᠷᠢ ᠶᠢ ᠴᠢᠩᠭᠠᠳᠬᠠᠬᠤ ᠢᠨᠵᠧᠨᠧᠷᠢᠩ ᠢ | ᠬᠡᠷᠡᠭᠵᠢᠭᠦᠯᠦᠨ᠎ᠡ︾ ᠭᠡᠳᠡᠭ ᠢ ︽ᠣᠲᠣ ᠦᠶ᠎ᠡ ᠶᠢᠨ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ | ᠶᠠᠰᠤ ᠴᠢᠨᠠᠷ ᠢ ᠳᠡᠭᠡᠭᠰᠢᠯᠡᠭᠦᠯᠬᠦ ᠢᠨᠵᠧᠨᠧᠷᠢᠩ ᠢ ᠬᠡᠷᠡᠭᠵᠢᠭᠦᠯᠦᠨ᠎ᠡ︾ ᠭᠡᠵᠦ ᠵᠠᠰᠠᠪᠠ᠃ | ︵ᠭᠤᠷᠪᠠ︶ ︽ᠭᠤᠷᠪᠠᠳᠤᠭᠠᠷ ᠬᠡᠰᠡᠭ ᠬᠥᠳᠡᠯᠮᠦᠷᠢᠯᠡᠪᠡᠯ ᠠᠰᠢᠭ ᠣᠷᠣᠯᠭ᠎ᠠ︾ ᠶᠢᠨ ᠬᠡᠰᠡᠭ ᠠᠭᠤᠯᠭ᠎ᠠ ᠳᠤ | ᠵᠠᠰᠠᠪᠤᠷᠢ ᠣᠷᠣᠭᠤᠯᠤᠭᠰᠠᠨ᠃ | 1. ︽ᠠᠳᠠᠯ ᠦᠢᠯᠡᠰ ᠴᠣᠭᠴᠠᠯᠠᠬᠤ ᠪᠠᠷ ᠠᠵᠢᠯ ᠣᠯᠭᠤᠯᠲᠠ ᠶᠢ ᠳᠠᠶᠢᠴᠢᠯᠠᠬᠤ ᠶᠢ ᠴᠢᠩᠭᠠᠷᠠᠭᠤᠯᠤᠨ᠎ᠠ︾ ᠭᠡᠬᠦ | ᠬᠡᠰᠡᠭ ᠲᠠᠬᠢ ︽ᠴᠥᠭᠡᠨ ᠲᠣᠭᠠᠲᠤ ᠦᠨᠳᠦᠰᠦᠲᠡᠨ ᠤ ᠣᠶᠤᠲᠠᠳ ᠤᠨ ᠠᠵᠢᠯ ᠣᠯᠵᠤ ᠠᠳᠠᠯ ᠦᠢᠯᠡᠰ ᠴᠣᠭᠴᠠᠯᠠᠬᠤ ᠶᠢ | ᠲᠡᠳᠬᠦᠬᠦ ᠡᠷᠴᠢᠮ ᠢ ᠴᠢᠩᠭᠠᠷᠠᠭᠤᠯᠵᠤ᠂ ᠮᠠᠯᠴᠢᠨ ᠲᠠᠷᠢᠶᠠᠴᠢᠳ ᠤᠨ ᠠᠵᠢᠯ ᠣᠯᠵᠤ ᠠᠳᠠᠯ ᠦᠢᠯᠡᠰ ᠴᠣᠭᠴᠠᠯᠠᠬᠤ ᠶᠢ | ᠳᠡᠮᠵᠢᠨ ᠵᠣᠷᠢᠭᠵᠢᠭᠤᠯᠵᠤ᠂ ᠭᠠᠳᠠᠭᠰᠢ ᠭᠠᠷᠴᠤ ᠠᠵᠢᠯ ᠬᠥᠳᠡᠯᠮᠦᠷᠢ ᠬᠢᠵᠦ ᠪᠠᠶᠢᠭ᠎ᠠ ᠬᠥᠮᠥᠰ ᠵᠡᠷᠭᠡ ᠶᠢᠨ ᠨᠤᠲᠤᠭ ᠲᠠᠭᠠᠨ | ᠪᠤᠴᠠᠵᠤ ᠠᠳᠠᠯ ᠦᠢᠯᠡᠰ ᠴᠣᠭᠴᠠᠯᠠᠬᠤ ᠶᠢ ᠳᠡᠮᠵᠢᠨ᠎ᠡ︾ ᠭᠡᠳᠡᠭ ᠢ ︽ᠮᠠᠯᠴᠢᠨ ᠲᠠᠷᠢᠶᠠᠴᠢᠳ ᠤᠨ ᠠᠵᠢᠯ ᠣᠯᠵᠤ ᠠᠳᠠᠯ | ᠦᠢᠯᠡᠰ ᠴᠣᠭᠴᠠᠯᠠᠬᠤ ᠶᠢ ᠳᠡᠮᠵᠢᠨ ᠵᠣᠷᠢᠭᠵᠢᠭᠤᠯᠵᠤ᠂ ᠭᠠᠳᠠᠭᠰᠢ ᠭᠠᠷᠴᠤ ᠠᠵᠢᠯ ᠬᠥᠳᠡᠯᠮᠦᠷᠢ ᠬᠢᠵᠦ ᠪᠠᠶᠢᠭ᠎ᠠ ᠬᠥᠮᠥᠰ | ᠵᠡᠷᠭᠡ ᠶᠢᠨ ᠨᠤᠲᠤᠭ ᠲᠠᠭᠠᠨ ᠪᠤᠴᠠᠵᠤ ᠠᠳᠠᠯ ᠦᠢᠯᠡᠰ ᠴᠣᠭᠴᠠᠯᠠᠬᠤ ᠶᠢ ᠳᠡᠮᠵᠢᠨ᠎ᠡ᠃ ᠬᠥᠭᠵᠢᠯᠲᠡ ᠪᠠᠷ ᠠᠨᠠᠢ ᠭᠠᠵᠠᠷ | ᠣᠷᠣᠨ ᠢᠯᠠᠩᠭᠤᠶ᠎ᠠ ᠶᠠᠳᠠᠭᠤ ᠠᠴᠠ ᠠᠩᠭᠢᠵᠢᠷᠠᠭᠰᠠᠨ ᠭᠠᠵᠠᠷ ᠣᠷᠣᠨ ᠳᠤ᠂ ᠣᠨᠳᠣᠣ ᠭᠠᠵᠠᠷ ᠨᠡᠭᠦᠯᠭᠡᠵᠦ ᠶᠠᠳᠠᠭᠤ ᠶᠢ | ᠲᠡᠳᠬᠦᠬᠦ ᠲᠣᠮᠣ ᠬᠡᠯᠪᠡᠷᠢ ᠶᠢᠨ ᠲᠥᠪᠬᠢᠨᠡᠭᠦᠯᠬᠦ ᠣᠷᠣᠨ ᠳᠤ ᠤᠯᠠᠨ ᠨᠡᠶᠢᠲᠡ ᠶᠢᠨ ᠠᠵᠢᠯ ᠣᠯᠭᠤᠯᠲᠠ ᠶᠢᠨ ᠦᠢᠯᠡᠴᠢᠯᠡᠭᠡᠨ ᠤ | ᠲᠠᠪᠴᠠᠩ ᠢ ᠪᠠᠶᠢᠭᠤᠯᠵᠤ᠂ ᠤᠯᠠᠨ ᠨᠡᠶᠢᠲᠡ ᠶᠢᠨ ᠠᠵᠢᠯ ᠣᠯᠭᠤᠯᠲᠠ ᠶᠢᠨ ᠪᠦᠬᠦ ᠲᠠᠯ᠎ᠠ ᠶᠢᠨ ᠦᠢᠯᠡᠴᠢᠯᠡᠭᠡ ᠶᠢ ᠬᠠᠩᠭᠠᠨ᠎ᠠ᠃ | ᠤᠯᠠᠨ ᠨᠡᠶᠢᠲᠡ ᠶᠢᠨ ᠠᠵᠢᠯ ᠣᠯᠭᠤᠯᠲᠠ ᠦᠢᠯᠡᠰ ᠪᠣᠰᠬᠠᠬᠤ ᠦᠢᠯᠡᠴᠢᠯᠡᠭᠡᠨ ᠤ ᠲᠣᠭᠠᠴᠢᠯᠠᠭᠰᠠᠨ ᠬᠡᠯᠪᠡᠷᠢ ᠶᠢ | ᠬᠤᠪᠢᠷᠠᠭᠤᠯᠬᠤ ᠶᠢ ᠲᠦᠷᠭᠡᠳᠬᠡᠨ ᠠᠬᠢᠭᠤᠯᠵᠤ᠂ ᠲᠦᠷᠦ ᠶᠢᠨ ᠪᠣᠳᠣᠯᠭ᠎ᠠ ᠶᠢ ᠲᠠᠶᠢᠯᠪᠤᠷᠢᠯᠠᠨ ᠬᠦᠷᠭᠡᠬᠦ᠂ ᠲᠤᠬᠠᠶᠢᠯᠠᠭᠰᠠᠨ | ᠠᠵᠢᠯ ᠢ ᠭᠦᠢᠴᠡᠳᠬᠡᠵᠦ ᠯᠠᠪᠯᠠᠬᠤ ᠶᠢ ᠨᠢᠭᠡ ᠴᠣᠭᠴᠠᠵᠢᠭᠤᠯᠤᠭᠰᠠᠨ ᠰᠦᠯᠵᠢᠶᠡᠨ ᠳᠡᠭᠡᠷᠡᠬᠢ ᠣᠶᠤᠨᠴᠢ ᠦᠢᠯᠡᠴᠢᠯᠡᠭᠡ᠂ | ᠰᠦᠯᠵᠢᠶᠡᠨ ᠭᠠᠳᠠᠨᠠᠬᠢ ᠥᠪᠡᠷ ᠢᠶᠠᠨ ᠦᠢᠯᠡᠴᠢᠯᠡᠬᠦ ᠦᠢᠯᠡᠴᠢᠯᠡᠭᠡᠨ ᠤ ᠰᠢᠰᠲ᠋ᠧᠮ ᠢ ᠪᠠᠶᠢᠭᠤᠯᠤᠨ᠎ᠠ︾᠃ | 2. ︽ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ ᠢ ᠢᠳᠡᠪᠬᠢᠲᠡᠢ ᠥᠷᠨᠢᠭᠦᠯᠦᠨ᠎ᠡ︾ ᠭᠡᠬᠦ | ᠬᠡᠰᠡᠭ ᠲᠠᠬᠢ ︽ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢ ᠳᠡᠭᠡᠭᠰᠢᠯᠡᠭᠦᠯᠬᠦ ᠠᠵᠢᠯᠯᠠᠭ᠎ᠠ ᠶᠢ ᠬᠡᠷᠡᠭᠵᠢᠭᠦᠯᠦᠨ᠎ᠡ︾ ᠭᠡᠰᠡᠨ | ᠥᠭᠦᠯᠡᠯᠲᠡ ᠶᠢ ᠬᠠᠰᠤᠨ᠎ᠠ᠃ | 3. ︽ᠠᠵᠢᠯ ᠤᠨ ᠳᠠᠭᠠᠳᠬᠠᠯ ᠤᠨ ᠳᠦᠷᠢᠮ ᠢ ᠲᠡᠭᠦᠯᠳᠡᠷᠵᠢᠭᠦᠯᠦᠨ᠎ᠡ︾ ᠭᠡᠬᠦ ᠬᠡᠰᠡᠭ ᠲᠠᠬᠢ ︽ᠠᠵᠢᠯ ᠠᠴᠠ | ᠪᠣᠯᠤᠭᠰᠠᠨ ᠭᠡᠮᠲᠦᠯ ᠢ ᠡᠷᠡᠭᠦᠯᠵᠢᠭᠦᠯᠬᠦ ᠠᠵᠢᠯ ᠤᠨ ᠥᠷᠨᠢᠯᠲᠡ ᠶᠢ ᠲᠦᠯᠬᠢᠨ ᠠᠬᠢᠭᠤᠯᠤᠨ᠎ᠠ︾ ᠭᠡᠳᠡᠭ ᠢ ︽ᠠᠵᠢᠯ ᠠᠴᠠ | ᠪᠣᠯᠤᠭᠰᠠᠨ ᠭᠡᠮᠲᠦᠯ ᠢ ᠤᠷᠢᠳᠴᠢᠯᠠᠨ ᠰᠡᠷᠭᠡᠶᠢᠯᠡᠬᠦ ᠪᠠ ᠠᠵᠢᠯ ᠠᠴᠠ ᠪᠣᠯᠤᠭᠰᠠᠨ ᠭᠡᠮᠲᠦᠯ ᠢ ᠡᠷᠡᠭᠦᠯᠵᠢᠭᠦᠯᠬᠦ ᠠᠵᠢᠯ ᠤᠨ | ᠥᠷᠨᠢᠯᠲᠡ ᠶᠢ ᠲᠦᠯᠬᠢᠨ ᠠᠬᠢᠭᠤᠯᠤᠨ᠎ᠠ︾ ᠭᠡᠵᠦ ᠵᠠᠰᠠᠪᠠ᠃ | ︵ᠳᠥᠷᠪᠡ︶ ︽ᠳᠥᠷᠪᠡᠳᠦᠭᠡᠷ ᠬᠡᠰᠡᠭ ᠡᠪᠡᠳᠴᠢᠯᠡᠪᠡᠯ ᠦᠵᠡᠭᠦᠯᠬᠦ ᠡᠮᠨᠡᠯᠭᠡ ᠲᠠᠢ︾ ᠭᠡᠬᠦ ᠬᠡᠰᠡᠭ ᠠᠭᠤᠯᠭ᠎ᠠ ᠳᠤ | ᠵᠠᠰᠠᠪᠤᠷᠢ ᠣᠷᠣᠭᠤᠯᠤᠭᠰᠠᠨ᠃ | 1. ︽ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠭᠡ ᠶᠢ ᠴᠢᠩᠭᠠᠳᠬᠠᠨ᠎ᠠ︾ ᠭᠡᠬᠦ ᠬᠡᠰᠡᠭ ᠲᠠᠬᠢ ︽ | ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠨᠳᠦᠰᠦᠨ ᠦᠢᠯᠡᠴᠢᠯᠡᠭᠡᠨ ᠤ ᠬᠥᠮᠥᠨ ᠳᠤᠮᠳᠠᠴᠢ ᠶᠢᠨ ᠨᠥᠬᠦᠪᠦᠷᠢ ᠶᠢᠨ | ᠪᠠᠷᠢᠮᠵᠢᠶ᠎ᠠ ᠶᠢ ᠳᠡᠭᠡᠭᠰᠢᠯᠡᠭᠦᠯᠦᠨ᠎ᠡ︾ ᠭᠡᠰᠡᠨ ᠥᠭᠦᠯᠡᠯᠲᠡ ᠶᠢ ᠬᠠᠰᠤᠪᠠ᠃ | 2. ︽ᠡᠮᠴᠢᠯᠡᠭᠡᠨ ᠤ ᠦᠢᠯᠡᠴᠢᠯᠡᠭᠡ ᠶᠢ ᠲᠡᠭᠦᠯᠳᠡᠷᠵᠢᠭᠦᠯᠬᠦ︾ ᠬᠡᠰᠡᠭ ᠲᠠᠬᠢ ︽ᠨᠠᠰᠤᠲᠠᠶᠢᠴᠤᠳ ᠤᠨ ᠡᠮᠨᠡᠯᠭᠡ ᠶᠢᠨ | ᠬᠤᠷᠢᠶ᠎ᠠ᠂ ᠡᠷᠡᠭᠦᠯᠵᠢᠯ ᠤᠨ ᠡᠮᠨᠡᠯᠭᠡ ᠶᠢᠨ ᠬᠤᠷᠢᠶ᠎ᠠ᠂ ᠰᠤᠪᠢᠯᠠᠯᠲᠠ ᠶᠢᠨ ᠬᠤᠷᠢᠶ᠎ᠠ᠂ ᠠᠮᠤᠷ ᠲᠠᠶᠢᠪᠤᠩ ᠰᠤᠪᠢᠯᠠᠯᠲᠠ ᠶᠢᠨ | ᠲᠥᠪ ᠵᠡᠷᠭᠡ ᠦᠷᠭᠦᠯᠵᠢᠯᠡᠭᠰᠡᠨ ᠴᠢᠨᠠᠷᠲᠠᠢ ᠡᠮᠴᠢᠯᠡᠭᠡᠨ ᠤ ᠪᠠᠶᠢᠭᠤᠯᠤᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠬᠤ | ︾ ᠭᠡᠳᠡᠭ ᠢ ︽ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ︵ᠥᠷᠲᠡᠭᠡ︶᠂ ᠰᠤᠮᠤ ᠰᠢᠶᠠᠩ | ᠪᠠᠯᠭᠠᠰᠤ ᠶᠢᠨ ᠡᠷᠡᠭᠦᠯ ᠬᠠᠮᠠᠭᠠᠯᠠᠯ ᠤᠨ ᠬᠤᠷᠢᠶ᠎ᠠ ᠪᠠ ᠭᠠᠴᠠᠭ᠎ᠠ ᠲᠣᠰᠬᠤᠨ ᠤ ᠡᠷᠡᠭᠦᠯ ᠬᠠᠮᠠᠭᠠᠯᠠᠯ ᠤᠨ ᠲᠠᠰᠤᠭ ᠤᠨ | ᠪᠠᠷᠢᠮᠵᠢᠶᠠᠵᠢᠭᠤᠯᠬᠤ ᠪᠦᠲᠦᠭᠡᠨ ᠪᠠᠶᠢᠭᠤᠯᠤᠯᠲᠠ ᠶᠢ ᠴᠢᠩᠭᠠᠳᠬᠠᠬᠤ ᠬᠡᠷᠡᠭᠲᠡᠢ᠃ ᠨᠠᠰᠤᠲᠠᠶᠢᠴᠤᠳ ᠤᠨ ᠡᠮᠨᠡᠯᠭᠡ ᠶᠢᠨ | ᠬᠤᠷᠢᠶ᠎ᠠ᠂ ᠡᠷᠡᠭᠦᠯᠵᠢᠯ ᠤᠨ ᠡᠮᠨᠡᠯᠭᠡ ᠶᠢᠨ ᠬᠤᠷᠢᠶ᠎ᠠ᠂ ᠰᠤᠪᠢᠯᠠᠯᠲᠠ ᠶᠢᠨ ᠬᠤᠷᠢᠶ᠎ᠠ᠂ ᠠᠮᠤᠷ ᠲᠠᠶᠢᠪᠤᠩ ᠰᠤᠪᠢᠯᠠᠯᠲᠠ ᠶᠢᠨ | ᠲᠥᠪ ᠵᠡᠷᠭᠡ ᠦᠷᠭᠦᠯᠵᠢᠯᠡᠭᠰᠡᠨ ᠴᠢᠨᠠᠷᠲᠠᠢ ᠡᠮᠴᠢᠯᠡᠭᠡᠨ ᠤ ᠪᠠᠶᠢᠭᠤᠯᠤᠮᠵᠢ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ︾ | ︔ ︽ᠡᠮᠡᠭᠲᠡᠶᠢᠴᠦᠳ ᠬᠡᠦᠬᠡᠳ ᠤᠨ ᠡᠷᠡᠭᠦᠯ ᠮᠡᠨᠳᠦ ᠶᠢᠨ ᠦᠢᠯᠡᠴᠢᠯᠡᠭᠡᠨ ᠤ ᠴᠢᠳᠠᠪᠤᠷᠢ ᠶᠢᠨ ᠪᠠᠶᠢᠭᠤᠯᠤᠯᠲᠠ ᠶᠢ | ᠴᠢᠩᠭᠠᠳᠬᠠᠵᠤ᠂ ᠴᠡᠭᠡᠵᠢ ᠡᠪᠡᠳᠬᠦ ᠶᠢᠨ ᠲᠥᠪ᠂ ᠨᠠᠰᠤ ᠪᠠᠷᠠᠭᠰᠠᠳ ᠤᠨ ᠲᠥᠪ᠂ ᠰᠢᠷᠬ᠎ᠠ ᠶᠢᠨ ᠲᠥᠪ᠂ ᠠᠮᠢᠰᠬᠤᠯ ᠤᠨ | ᠲᠥᠪ᠂ ᠬᠠᠪᠤᠳᠠᠷ ᠢ ᠶᠡᠷᠦᠩᠬᠡᠶᠢᠯᠡᠨ ᠵᠠᠰᠠᠬᠤ ᠲᠥᠪ ᠵᠡᠷᠭᠡ ᠲᠤᠰᠬᠠᠢ ᠡᠪᠡᠳᠴᠢᠨ ᠤ ᠲᠥᠪ ᠤᠨ ᠪᠠᠶᠢᠭᠤᠯᠤᠯᠲᠠ ᠶᠢ | ᠲᠦᠯᠬᠢᠨ ᠠᠬᠢᠭᠤᠯᠤᠨ᠎ᠠ︾ ᠭᠡᠳᠡᠭ ᠤᠨ ᠳᠠᠷᠠᠭ᠎ᠠ ︽ᠬᠡᠦᠬᠡᠳ ᠤᠨ ᠰᠠᠯᠠᠭ᠎ᠠ᠂ ᠶᠡᠷᠦᠩᠬᠡᠢ ᠰᠠᠯᠠᠭ᠎ᠠ᠂ ᠮᠡᠳᠡᠷᠡᠯ ᠤᠨ ᠰᠠᠯᠠᠭ᠎ᠠ | ᠵᠡᠷᠭᠡ ᠪᠠᠴᠢᠮ ᠲᠤᠲᠠᠭᠳᠠᠵᠤ ᠪᠠᠶᠢᠭ᠎ᠠ ᠲᠤᠰᠬᠠᠢ ᠮᠡᠷᠭᠡᠵᠢᠯ ᠢᠶᠠᠷ ᠭᠤᠣᠯᠳᠠᠯᠭ᠎ᠠ ᠪᠣᠯᠭᠠᠵᠤ᠂ ᠡᠮᠨᠡᠯᠭᠡ ᠳᠤ ᠰᠠᠭᠤᠬᠤ ᠶᠡᠭᠡ | ᠡᠮᠴᠢ ᠶᠢᠨ ᠵᠢᠷᠤᠮᠵᠢᠭᠰᠠᠨ ᠪᠣᠯᠪᠠᠰᠤᠷᠠᠭᠤᠯᠤᠯ ᠤᠨ ᠰᠠᠭᠤᠷᠢᠨ ᠭᠠᠵᠠᠷ ᠤᠨ ᠪᠠᠶᠢᠭᠤᠯᠤᠯᠲᠠ ᠶᠢ ᠴᠢᠩᠭᠠᠳᠬᠠᠨ᠎ᠠ︾ ᠭᠡᠰᠡᠨ | ᠠᠭᠤᠯᠭ᠎ᠠ ᠶᠢ ᠨᠡᠮᠡᠪᠡ᠃ | 3. ︽ᠦᠨᠳᠦᠰᠦᠨ ᠡᠮᠴᠢᠯᠡᠭᠡᠨ ᠤ ᠪᠠᠲᠤᠯᠠᠭ᠎ᠠ ᠶᠢ ᠪᠠᠲᠤᠳᠬᠠᠬᠤ︾ ᠬᠡᠰᠡᠭ ᠲᠠᠬᠢ ︽ᠡᠮᠴᠢᠯᠡᠭᠡᠨ ᠤ | ᠳᠠᠭᠠᠳᠬᠠᠯ ᠤᠨ ᠲᠣᠭᠠᠴᠠᠭ᠎ᠠ ᠬᠢᠬᠦ ᠲᠣᠭᠲᠠᠴᠠ ᠶᠢ ᠥᠭᠡᠷᠡᠴᠢᠯᠡᠨ ᠲᠡᠭᠦᠯᠳᠡᠷᠵᠢᠭᠦᠯᠬᠦ︾ ᠶᠢᠨ ᠳᠠᠷᠠᠭ᠎ᠠ ︽ᠨᠥᠬᠦᠴᠡᠯ ᠳᠤ | ᠨᠡᠶᠢᠴᠡᠬᠦ ᠢᠨᠲ᠋ᠧᠷ ᠰᠦᠯᠵᠢᠶᠡᠨ ᠤ ᠡᠮᠴᠢᠯᠡᠭᠡᠨ ᠤ ᠦᠢᠯᠡᠴᠢᠯᠡᠭᠡ ᠶᠢ ᠡᠮᠴᠢᠯᠡᠭᠡᠨ ᠤ ᠳᠠᠭᠠᠳᠬᠠᠯ ᠤᠨ ᠲᠣᠭᠠᠴᠠᠭ᠎ᠠ ᠬᠢᠬᠦ | ᠬᠡᠪᠴᠢᠶᠡᠨ ᠳᠤ ᠣᠷᠣᠭᠤᠯᠵᠤ᠂ ᠮᠤᠵᠢ ᠠᠯᠤᠰᠯᠠᠨ ᠣᠨᠳᠣᠣ ᠭᠠᠵᠠᠷ ᠲᠤ ᠡᠮᠴᠢᠯᠡᠭᠦᠯᠦᠭᠰᠡᠨ ᠵᠠᠷᠤᠳᠠᠯ ᠢ ᠰᠢᠭᠤᠳ ᠳ᠋ᠦᠩᠨᠡᠨ | ᠪᠤᠳᠤᠬᠤ ᠵᠡᠷᠭᠡ ᠪᠥᠬᠦ ᠶᠠᠪᠤᠴᠠ ᠶᠢ ᠰᠦᠯᠵᠢᠶᠡᠨ ᠳᠡᠭᠡᠷ᠎ᠡ ᠭᠦᠢᠴᠡᠳᠬᠡᠬᠦ ᠶᠢ ᠲᠦᠷᠭᠡᠳᠬᠡᠬᠦ︾ ᠠᠭᠤᠯᠭ᠎ᠠ ᠶᠢ ᠨᠡᠮᠡᠪᠡ᠃ | 4. ︽ᠲᠤᠰᠬᠠᠢ ᠪᠤᠯᠤᠩ ᠤᠨ 4 ᠡᠪᠡᠳᠴᠢᠨ ᠢ ᠡᠮᠨᠡᠬᠦ ᠲᠠᠢ ᠪᠠᠶᠢᠯᠭᠠᠬᠤ ᠢᠨᠵᠧᠨᠧᠷᠢᠩ︾ ᠳᠣᠲᠣᠷᠠᠬᠢ ︽ᠬᠢᠲᠠᠳ | ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠬᠦ ᠠᠵᠢᠯᠯᠠᠭ᠎ᠠ︾ ᠭᠡᠬᠦ | ᠬᠡᠰᠡᠭ ᠤᠨ ᠠᠭᠤᠯᠭ᠎ᠠ ᠶᠢ ︽ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠦᠢᠯᠡᠴᠢᠯᠡᠭᠡᠨ ᠤ ᠴᠢᠳᠠᠪᠤᠷᠢ ᠶᠢ | ᠳᠡᠭᠡᠭᠰᠢᠯᠡᠭᠦᠯᠦᠨ᠎ᠡ᠃ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢ ᠬᠥᠭᠵᠢᠭᠦᠯᠦᠨ ᠮᠠᠨᠳᠤᠭᠤᠯᠬᠤ ᠴᠢᠬᠤᠯᠠ ᠶᠡᠭᠡ | ᠢᠨᠵᠧᠨᠧᠷᠢᠩ ᠢ ᠬᠡᠷᠡᠭᠵᠢᠭᠦᠯᠵᠦ᠂ ᠤᠯᠤᠰ ᠤᠨ ᠣᠷᠣᠨ ᠪᠦᠰᠡ ᠶᠢᠨ ᠬᠢᠲᠠᠳ ᠡᠮᠨᠡᠯᠭᠡ ᠶᠢᠨ ᠡᠮᠴᠢᠯᠡᠭᠡᠨ ᠤ ᠲᠥᠪ᠂ | ᠤᠯᠤᠰ ᠤᠨ ᠬᠢᠲᠠᠳ ᠡᠮ ᠡᠮᠨᠡᠯᠭᠡ ᠶᠢᠨ ᠤᠯᠠᠮᠵᠢᠯᠠᠨ ᠵᠠᠯᠭᠠᠮᠵᠢᠯᠠᠵᠤ ᠰᠢᠨ᠎ᠡ ᠶᠢ ᠡᠭᠦᠳᠬᠦ ᠢᠨᠵᠧᠨᠧᠷᠢᠩ ᠪᠠ ᠤᠯᠤᠰ ᠤᠨ | ᠬᠢᠲᠠᠳ ᠡᠮᠨᠡᠯᠭᠡ ᠶᠢᠨ ᠣᠨᠴᠠᠯᠢᠭ ᠲᠠᠢ ᠭᠤᠣᠯᠳᠠᠯᠭ᠎ᠠ ᠲᠠᠢ ᠡᠮᠨᠡᠯᠭᠡ ᠶᠢᠨ ᠬᠤᠷᠢᠶᠠᠨ ᠤ ᠪᠦᠲᠦᠭᠡᠨ ᠬᠢᠲᠠᠳ ᠡᠮᠨᠡᠯᠭᠡ ᠶᠢᠨ ︵ | ᠮᠣᠩᠭᠤᠯ ᠡᠮᠨᠡᠯᠭᠡ︶ ᠶᠢᠨ ᠣᠨᠴᠠᠯᠢᠭᠲᠤ ᠳᠠᠪᠠᠭᠤᠯᠢᠭ ᠭᠤᠣᠯᠳᠠᠯᠭ᠎ᠠ ᠲᠠᠢ ᠲᠤᠰᠬᠠᠢ ᠮᠡᠷᠭᠡᠵᠢᠯ ᠪᠠ ᠬᠢᠲᠠᠳ ᠡᠮ ︵ᠮᠣᠩᠭᠤᠯ | ᠡᠮ︶ ᠤᠨ ᠨᠠᠶᠢᠷᠠᠯᠲᠠ ᠶᠢᠨ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ ᠬᠤᠰᠢᠭᠤ ᠰᠢᠶᠠᠨ ᠤ ᠱᠠᠲᠤᠨ ᠤ | ᠬᠢᠲᠠᠳ ᠡᠮᠨᠡᠯᠭᠡ ︵ᠮᠣᠩᠭᠤᠯ ᠡᠮᠨᠡᠯᠭᠡ︶ ᠶᠢᠨ ᠡᠮᠨᠡᠯᠭᠡ ᠶᠢᠨ ᠬᠤᠷᠢᠶᠠᠨ ᠤ ᠶᠡᠷᠦᠩᠬᠡᠶᠢᠯᠡᠭᠰᠡᠨ ᠦᠢᠯᠡᠴᠢᠯᠡᠭᠡᠨ ᠤ ᠴᠢᠳᠠᠪᠤᠷᠢ | ᠪᠠ ᠦᠨᠳᠦᠰᠦᠨ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠬᠢᠲᠠᠳ ᠡᠮᠨᠡᠯᠭᠡ ᠶᠢᠨ ᠣᠷᠳᠣᠨ ︵ | ᠮᠣᠩᠭᠤᠯ ᠡᠮᠨᠡᠯᠭᠡ ᠶᠢᠨ ᠣᠷᠳᠣᠨ︶ ᠤ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠦᠨᠳᠦᠰᠦᠨ ᠱᠠᠲᠤ ᠪᠠ ᠥᠷᠭᠡᠨ | ᠣᠯᠠᠨ ᠲᠦᠮᠡᠨ ᠳᠤ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠪᠡᠶ᠎ᠡ ᠰᠤᠪᠢᠯᠠᠯᠲᠠ ᠡᠷᠡᠭᠦᠯᠵᠢᠯ | ᠡᠷᠡᠭᠦᠯᠵᠢᠯ ᠤᠨ ᠲᠣᠬᠢᠷᠠᠬᠤ ᠮᠡᠷᠭᠡᠵᠢᠯ ᠢ ᠳᠡᠯᠭᠡᠷᠡᠭᠦᠯᠦᠨ᠎ᠡ᠃ | ︵ᠲᠠᠪᠤ︶ ︽ᠲᠠᠪᠤᠳᠤᠭᠠᠷ ᠬᠡᠰᠡᠭ ᠥᠲᠡᠯᠪᠡᠯ ᠬᠥᠷᠳᠡᠬᠦ ᠠᠰᠠᠷᠠᠮᠵᠢ ᠲᠠᠢ︾ ᠭᠡᠬᠦ ᠬᠡᠰᠡᠭ ᠠᠭᠤᠯᠭ᠎ᠠ ᠳᠤ ᠵᠠᠰᠠᠪᠤᠷᠢ | ᠣᠷᠣᠭᠤᠯᠤᠭᠰᠠᠨ᠃ | 1. ︽ᠨᠡᠶᠢᠭᠡᠮ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ ᠶᠢ ᠲᠡᠭᠦᠯᠳᠡᠷᠵᠢᠭᠦᠯᠬᠦ︾ ᠬᠡᠰᠡᠭ ᠲᠠᠬᠢ ︽ | ᠵᠠᠰᠠᠭ ᠤᠨ ᠣᠷᠳᠣᠨ ᠢᠶᠠᠷ ᠭᠤᠣᠯ ᠤᠳᠤᠷᠢᠳᠤᠮᠵᠢ ᠪᠣᠯᠭᠠᠭᠰᠠᠨ ᠦᠨᠳᠦᠰᠦᠨ ᠨᠠᠰᠤᠵᠢᠯ ᠤᠨ ᠠᠰᠠᠷᠠᠮᠵᠢ ᠶᠢᠨ | ᠦᠢᠯᠡᠴᠢᠯᠡᠭᠡ ᠶᠢ ᠲᠣᠳᠣᠷᠬᠠᠶᠢᠯᠠᠵᠤ᠂ ᠦᠨᠳᠦᠰᠦᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠨᠠᠷᠢᠨ | ᠬᠠᠭᠤᠳᠠᠰᠤ ᠶᠢ ᠪᠠᠶᠢᠭᠤᠯᠵᠤ᠂ ᠵᠠᠰᠠᠭ ᠤᠨ ᠣᠷᠳᠣᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ ᠶᠢ ᠬᠤᠳᠠᠯᠳᠤᠨ ᠠᠪᠬᠤ | ᠳᠦᠷᠢᠮ ᠢ ᠬᠡᠷᠡᠭᠵᠢᠭᠦᠯᠦᠨ ︽ᠳᠠᠷᠠᠭ᠎ᠠ ᠨᠢ︾ ᠰᠢᠨ᠎ᠡ ᠪᠠᠷ ᠪᠠᠶᠢᠭᠤᠯᠤᠭᠰᠠᠨ ᠬᠤᠲᠠ ᠶᠢᠨ ᠲᠣᠭᠤᠷᠢᠭ᠂ ᠣᠷᠣᠨ ᠰᠠᠭᠤᠴᠠ | ︵ᠪᠠᠭ᠎ᠠ︶ ᠲᠣᠭᠤᠷᠢᠭ ᠤᠨ ᠵᠠᠭᠤᠨ ᠡᠷᠦᠬᠡ ᠪᠦᠷᠢ ᠳᠤ 20 ᠲᠡᠭᠰᠢ ᠳᠥᠷᠪᠡᠯᠵᠢᠨ ᠮᠧᠲᠷ ᠠᠴᠠ ᠳᠤᠲᠠᠭᠤ ᠦᠭᠡᠢ | ᠪᠠᠷᠢᠯᠭ᠎ᠠ ᠶᠢᠨ ᠲᠠᠯᠠᠪᠠᠶ ᠶᠢᠨ ᠪᠠᠷᠢᠮᠵᠢᠶ᠎ᠠ ᠶᠢ ᠨᠠᠶᠢᠳᠠᠪᠤᠷᠢᠵᠢᠭᠤᠯᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ | ᠪᠡᠯᠡᠳᠬᠡᠮᠵᠢ ᠶᠢ ᠢᠵᠢ ᠪᠦᠷᠢᠳᠦᠭᠦᠯᠦᠨ ᠪᠦᠲᠦᠭᠡᠨ ᠪᠠᠶᠢᠭᠤᠯᠵᠤ᠂ ᠰᠤᠪᠢᠯᠠᠬᠤ ᠬᠡᠯᠪᠡᠷᠢ ᠶᠢᠨ ᠣᠷᠣ ᠶᠢᠨ ᠡᠵᠡᠯᠡᠬᠦ ᠬᠠᠷᠢᠴᠠᠯ ᠢ | ᠲᠣᠭᠲᠠᠭᠤᠨ ᠢᠶᠠᠷ ᠳᠡᠭᠡᠭᠰᠢᠯᠡᠭᠦᠯᠦᠨ᠎ᠡ︾ ᠭᠡᠰᠡᠨ ᠠᠭᠤᠯᠭ᠎ᠠ ᠶᠢ ᠬᠡᠷᠡᠭᠵᠢᠭᠦᠯᠦᠨ᠎ᠡ︔ ︽50% ᠶᠢᠨ ᠬᠤᠰᠢᠭᠤ ᠰᠢᠶᠠᠨ ︵ | ᠬᠤᠲᠠ᠂ ᠲᠣᠭᠤᠷᠢᠭ︶ ᠳᠤ ᠬᠥᠳᠡᠭᠡ ᠲᠣᠰᠬᠤᠨ ᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠪᠠᠶᠢᠭᠤᠯᠤᠮᠵᠢ ᠶᠢ 1 | ᠪᠠᠶᠢᠭᠤᠯᠬᠤ ᠶᠢ ᠲᠦᠯᠬᠢᠨ ᠠᠬᠢᠭᠤᠯᠤᠨ᠎ᠠ᠃ ᠨᠠᠰᠤᠲᠠᠨ ᠢ ᠠᠰᠠᠷᠠᠬᠤ ᠬᠦᠷᠢᠶᠡᠯᠡᠩ ᠢ ᠥᠭᠡᠷᠡᠴᠢᠯᠡᠨ ᠲᠠᠰ ᠳᠡᠪᠰᠢᠭᠦᠯᠬᠦ | ᠢᠨᠵᠧᠨᠧᠷᠢᠩ ᠢ ᠬᠡᠷᠡᠭᠵᠢᠭᠦᠯᠵᠦ᠂ ᠣᠨᠴᠠ ᠬᠦᠴᠢᠷᠳᠡᠯᠲᠡᠢ ᠬᠥᠮᠥᠰ ᠢ ᠠᠰᠠᠷᠠᠨ ᠲᠡᠵᠢᠭᠡᠬᠦ ᠦᠢᠯᠡᠴᠢᠯᠡᠭᠡᠨ ᠤ ᠲᠥᠬᠦᠭᠡᠷᠦᠮᠵᠢ | ᠪᠠ ᠦᠢᠯᠡᠴᠢᠯᠡᠭᠡᠨ ᠤ ᠶᠠᠰᠤ ᠴᠢᠨᠠᠷ ᠤᠨ ᠪᠠᠷᠢᠮᠵᠢᠶ᠎ᠠ ᠳᠤ ᠬᠦᠷᠭᠡᠬᠦ ᠢᠨᠵᠧᠨᠧᠷᠢᠩ ᠢ ᠬᠡᠷᠡᠭᠵᠢᠭᠦᠯᠦᠨ᠎ᠡ︾ ᠭᠡᠳᠡᠭ ᠢ ︽ | ᠬᠤᠰᠢᠭᠤ ᠰᠢᠶᠠᠨ ︵ᠬᠤᠲᠠ᠂ ᠲᠣᠭᠤᠷᠢᠭ︶ ᠨᠢᠭᠡᠪᠦᠷᠢ ᠳᠤ ᠦᠨᠳᠦᠰᠦᠨ ᠵᠦᠢᠯ ᠢ ᠪᠠᠲᠤᠯᠠᠬᠤ ᠨᠠᠰᠤᠵᠢᠯ ᠤᠨ | ᠪᠠᠶᠢᠭᠤᠯᠤᠮᠵᠢ ᠶᠢ 1 ᠪᠠᠶᠢᠭᠤᠯᠵᠤ᠂ ᠨᠠᠰᠤᠲᠠᠨ ᠢ ᠠᠰᠠᠷᠠᠬᠤ ᠬᠦᠷᠢᠶᠡᠯᠡᠩ ᠤᠨ ᠲᠠᠰ ᠳᠡᠪᠰᠢᠭᠦᠯᠵᠦ ᠬᠡᠯᠪᠡᠷᠢ ᠪᠠᠨ | ᠬᠤᠪᠢᠷᠠᠭᠤᠯᠬᠤ ᠪᠠ ᠰᠢᠶᠠᠩ ᠪᠠᠯᠭᠠᠰᠤᠨ ᠤ ᠨᠠᠰᠤᠵᠢᠯ ᠤᠨ ᠦᠢᠯᠡᠴᠢᠯᠡᠭᠡᠨ ᠤ ᠲᠥᠪ ᠤᠨ ᠪᠦᠲᠦᠭᠡᠨ ᠪᠠᠶᠢᠭᠤᠯᠤᠯᠲᠠ ᠶᠢ | ᠴᠢᠩᠭᠠᠳᠬᠠᠨ᠂ ᠣᠨᠴᠠ ᠬᠦᠴᠢᠷᠳᠡᠯᠲᠡᠢ ᠬᠥᠮᠥᠰ ᠢ ᠠᠰᠠᠷᠠᠨ ᠲᠡᠵᠢᠭᠡᠬᠦ ᠦᠢᠯᠡᠴᠢᠯᠡᠭᠡᠨ ᠤ ᠲᠥᠬᠦᠭᠡᠷᠦᠮᠵᠢ ᠪᠠ | ᠦᠢᠯᠡᠴᠢᠯᠡᠭᠡᠨ ᠤ ᠶᠠᠰᠤ ᠴᠢᠨᠠᠷ ᠤᠨ ᠪᠠᠷᠢᠮᠵᠢᠶ᠎ᠠ ᠳᠤ ᠬᠦᠷᠭᠡᠬᠦ ᠢᠨᠵᠧᠨᠧᠷᠢᠩ ᠢ ᠬᠡᠷᠡᠭᠵᠢᠭᠦᠯᠦᠨ᠎ᠡ︾ ᠭᠡᠵᠦ ᠵᠠᠰᠠᠪᠠ᠃ | 2. ︽ᠨᠠᠰᠤᠲᠠᠶᠢᠴᠤᠳ ᠤᠨ ᠨᠡᠶᠢᠭᠡᠮ ᠤᠨ ᠠᠰᠠᠷᠠᠮᠵᠢ ᠶᠢᠨ ᠬᠢᠷᠢ ᠲᠦᠪᠰᠢᠨ ᠢ ᠳᠡᠭᠡᠭᠰᠢᠯᠡᠭᠦᠯᠬᠦ︾ ᠬᠡᠰᠡᠭ ᠤᠨ ︽ | ᠨᠠᠰᠤᠲᠠᠶᠢᠴᠤᠳ ᠤᠨ ᠥᠨᠳᠥᠷ ᠨᠠᠰᠤᠨ ᠤ ᠨᠡᠮᠡᠭᠦᠷᠢ᠂ ᠠᠵᠤ ᠠᠬᠤᠢ ᠶᠢᠨ ᠬᠦᠴᠢᠷᠳᠡᠯ ᠲᠠᠢ ᠨᠠᠰᠤᠲᠠᠶᠢᠴᠤᠳ ᠤᠨ | ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠨᠥᠬᠦᠪᠦᠷᠢ ᠵᠡᠷᠭᠡ ᠣᠯᠠᠨ ᠵᠦᠢᠯ ᠤᠨ ᠨᠠᠰᠤᠲᠠᠶᠢᠴᠤᠳ ᠤᠨ | ᠠᠰᠠᠷᠠᠮᠵᠢ ᠶᠢᠨ ᠨᠡᠮᠡᠭᠦᠷᠢ ᠨᠥᠬᠦᠪᠦᠷᠢ︾ ᠶᠢ ᠡᠮᠬᠢᠯᠡᠨ ᠨᠡᠶᠢᠯᠡᠭᠦᠯᠦᠭᠰᠡᠨ ᠤ ᠳᠠᠷᠠᠭ᠎ᠠ ︽ᠨᠥᠬᠦᠴᠡᠯ ᠲᠠᠢ ᠣᠨᠴᠠ | ᠬᠦᠴᠢᠷᠳᠡᠯ ᠲᠠᠢ ᠬᠥᠮᠥᠰ ᠢ ᠠᠰᠠᠷᠠᠨ ᠲᠡᠵᠢᠭᠡᠬᠦ ᠦᠢᠯᠡᠴᠢᠯᠡᠭᠡᠨ ᠤ ᠲᠥᠬᠦᠭᠡᠷᠦᠮᠵᠢ ︵ᠨᠠᠰᠤᠲᠠᠨ ᠢ ᠠᠰᠠᠷᠠᠬᠤ ᠬᠦᠷᠢᠶᠡᠯᠡᠩ︶ | ᠶᠢ ᠵᠣᠷᠢᠭᠵᠢᠭᠤᠯᠤᠨ ᠣᠨᠴᠠ ᠬᠦᠴᠢᠷᠳᠡᠯ ᠲᠠᠢ ᠬᠥᠮᠥᠰ ᠢ ᠲᠥᠪᠯᠡᠷᠡᠭᠦᠯᠦᠨ ᠠᠰᠠᠷᠠᠨ ᠲᠡᠵᠢᠭᠡᠬᠦ ᠬᠡᠷᠡᠭᠴᠡᠭᠡ ᠶᠢ | ᠬᠠᠩᠭᠠᠭᠰᠠᠨ ᠤᠷᠢᠲᠠᠯ ᠳᠣᠣᠷ᠎ᠠ᠂ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠭᠡᠷ ᠪᠦᠯᠢ᠂ ᠠᠮᠢᠳᠤᠷᠠᠯ ᠤᠨ | ᠨᠠᠭᠠᠲᠤ ᠵᠠᠬ᠎ᠠ ᠶᠢᠨ ᠪᠠᠲᠤᠯᠠᠭ᠎ᠠ ᠶᠢᠨ ᠵᠠᠬ᠎ᠠ ᠬᠢᠵᠠᠭᠠᠷ ᠤᠨ ᠭᠡᠷ ᠪᠦᠯᠢ᠂ ᠬᠦᠨᠳᠦ ᠵᠡᠮᠳᠡᠭᠴᠦᠳ ᠤᠨ ᠭᠡᠷ ᠪᠦᠯᠢ᠂ | ᠲᠥᠯᠥᠪᠯᠡᠭᠡᠲᠦ ᠦᠷᠡᠵᠢᠯ ᠤᠨ ᠣᠨᠴᠣᠭᠤᠢ ᠭᠡᠷ ᠪᠦᠯᠢ ᠪᠣᠯᠣᠨ ᠤᠤᠯ ᠤᠨ ᠳᠡᠩᠰᠡᠯᠡᠨ ᠺᠠᠷᠲᠯᠠᠭᠰᠠᠨ ᠶᠠᠳᠠᠭᠤ | ᠬᠦᠴᠢᠷᠳᠡᠯᠲᠡᠢ ᠭᠡᠷ ᠪᠦᠯᠢ ᠶᠢᠨ ᠨᠠᠰᠤᠲᠠᠶᠢᠴᠤᠳ ᠲᠤ ᠲᠥᠯᠥᠪᠦᠷᠢ ᠪᠠᠭ᠎ᠠ ᠪᠤᠶᠤ ᠦᠨ᠎ᠡ ᠲᠥᠯᠥᠪᠦᠷᠢ ᠦᠭᠡᠢ ᠪᠠᠷ | ᠲᠥᠪᠯᠡᠷᠡᠭᠦᠯᠦᠨ ᠨᠠᠶᠢᠳᠠᠨ ᠲᠡᠵᠢᠭᠡᠯᠭᠡᠬᠦ ᠦᠢᠯᠡᠴᠢᠯᠡᠭᠡ ᠬᠠᠩᠭᠠᠨ᠎ᠠ︾ ᠭᠡᠰᠡᠨ ᠠᠭᠤᠯᠭ᠎ᠠ ᠶᠢ ᠠᠯᠬᠤᠮ ᠠᠯᠬᠤᠮ ᠢᠶᠠᠷ | ᠬᠠᠩᠭᠠᠨ᠎ᠠ᠃ | ︵ᠵᠢᠷᠭᠤᠭ᠎ᠠ︶ ︽ᠵᠢᠷᠭᠤᠳᠤᠭᠠᠷ ᠬᠡᠰᠡᠭ ᠰᠠᠭᠤᠬᠤ ᠠᠴᠠ ᠣᠷᠣᠨ ᠰᠠᠭᠤᠴᠠ ᠲᠠᠢ︾ ᠭᠡᠬᠦ ᠬᠡᠰᠡᠭ ᠠᠭᠤᠯᠭ᠎ᠠ ᠳᠤ | ᠵᠠᠰᠠᠪᠤᠷᠢ ᠣᠷᠣᠭᠤᠯᠪᠠ᠃ | 1. ︽ᠦᠨᠳᠦᠰᠦᠨ ᠣᠷᠣᠨ ᠰᠠᠭᠤᠴᠠ ᠶᠢᠨ ᠪᠠᠲᠤᠯᠠᠭ᠎ᠠ ᠶᠢ ᠴᠢᠩᠭᠠᠳᠬᠠᠨ᠎ᠠ︾ ᠭᠡᠬᠦ ᠬᠡᠰᠡᠭ ᠤᠨ ᠠᠭᠤᠯᠭ᠎ᠠ ᠶᠢ ︽ | ᠦᠨᠳᠦᠰᠦᠨ ᠣᠷᠣᠨ ᠰᠠᠭᠤᠴᠠ ᠶᠢᠨ ᠪᠠᠲᠤᠯᠠᠭ᠎ᠠ ᠶᠢ ᠴᠢᠩᠭᠠᠳᠬᠠᠨ᠎ᠠ᠃ ᠨᠥᠬᠦᠴᠡᠯ ᠳᠤ ᠨᠡᠶᠢᠴᠡᠬᠦ ᠰᠢᠨ᠎ᠡ ᠬᠤᠳᠠ ᠶᠢᠨ | ᠠᠷᠠᠳ᠂ ᠵᠠᠯᠠᠭᠤᠴᠤᠳ ᠤᠨ ᠣᠷᠣᠨ ᠰᠠᠭᠤᠴᠠ ᠶᠢᠨ ᠠᠰᠠᠭᠤᠳᠠᠯ ᠢ ᠰᠢᠢᠳᠪᠦᠷᠢᠯᠡᠬᠦ ᠪᠠᠷ ᠭᠤᠣᠯᠳᠠᠯᠭ᠎ᠠ ᠪᠣᠯᠭᠠᠵᠤ᠂ | ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠶᠢ ᠲᠦᠷᠭᠡᠪᠴᠢᠯᠡᠨ ᠬᠥᠭᠵᠢᠭᠦᠯᠦᠨ᠎ᠡ ; ᠬᠤᠳᠠ ᠪᠠᠯᠭᠠᠰᠤᠨ ᠤ | ᠣᠷᠣᠨ ᠰᠠᠭᠤᠴᠠ᠂ ᠣᠷᠣᠯᠭ᠎ᠠ ᠨᠢ ᠬᠤᠶᠠᠷ ᠬᠦᠴᠢᠷᠳᠡᠯ ᠲᠠᠢ ᠭᠡᠷ ᠪᠦᠯᠢ ᠶᠢᠨ ᠣᠷᠣᠨ ᠰᠠᠭᠤᠴᠠ ᠶᠢᠨ ᠠᠰᠠᠭᠤᠳᠠᠯ ᠢ | ᠰᠢᠢᠳᠪᠦᠷᠢᠯᠡᠬᠦ ᠪᠠᠷ ᠭᠤᠣᠯᠳᠠᠯᠭ᠎ᠠ ᠪᠣᠯᠭᠠᠨ᠂ ᠨᠡᠶᠢᠲᠡ ᠶᠢᠨ ᠲᠦᠷᠢᠶᠡᠰᠦᠯᠡᠯ ᠤᠨ ᠣᠷᠣᠨ ᠰᠠᠭᠤᠴᠠ ᠶᠢ ᠤᠯᠠᠮ ᠨᠢᠭᠡ | ᠠᠯᠬᠤᠮ ᠵᠢᠷᠤᠮᠵᠢᠭᠤᠯᠤᠨ ᠬᠥᠭᠵᠢᠭᠦᠯᠵᠦ᠂ ᠬᠤᠳᠠ ᠪᠠᠯᠭᠠᠰᠤᠨ ᠤ ᠨᠠᠭᠠᠲᠤ ᠵᠠᠬ᠎ᠠ ᠶᠢᠨ ᠪᠠᠲᠤᠯᠠᠭ᠎ᠠ ᠬᠥᠷᠳᠡᠬᠦ ᠣᠷᠣᠯᠭ᠎ᠠ | ᠪᠠᠭᠠᠲᠠᠢ ᠣᠷᠣᠨ ᠰᠠᠭᠤᠴᠠ ᠶᠢᠨ ᠬᠦᠴᠢᠷᠳᠡᠯ ᠲᠠᠢ ᠭᠡᠷ ᠪᠦᠯᠢ ᠶᠢᠨ ᠪᠠᠲᠤᠯᠠᠬᠤ ᠶᠣᠰᠣᠲᠠᠢ ᠶᠢ ᠨᠢ ᠴᠥᠮ ᠪᠠᠲᠤᠯᠠᠬᠤ ᠶᠢ | ᠪᠡᠶᠡᠯᠡᠭᠦᠯᠦᠨ᠎ᠡ ; ᠬᠤᠲᠠ ᠪᠠᠯᠭᠠᠰᠤ ᠶᠢᠨ ᠳᠥᠭᠦᠮ ᠪᠦᠳᠦᠭᠦᠯᠢᠭ ᠣᠷᠣᠨ ᠰᠠᠭᠤᠴᠠᠲᠤ ᠲᠣᠭᠤᠷᠢᠭ ᠤᠨ ᠥᠭᠡᠷᠡᠴᠢᠯᠡᠯᠲᠡ ᠶᠢ | ᠴᠢᠳᠠᠯ ᠤᠨ ᠢᠶᠠᠨ ᠬᠢᠷᠢ ᠪᠠᠷ ᠲᠣᠭᠲᠠᠭᠤᠨ ᠢᠶᠠᠷ ᠠᠬᠢᠭᠤᠯᠵᠤ᠂ ᠬᠠᠭᠤᠴᠢᠨ ᠬᠤᠲᠠ ᠶᠢᠨ ᠲᠣᠭᠤᠷᠢᠭ ᠤᠨ ᠳᠣᠲᠣᠷᠠᠬᠢ ᠪᠤᠵᠠᠷ | ᠰᠠᠮᠠᠭᠤᠨ ᠪᠠᠷᠤᠭᠲᠠᠢ ᠳᠥᠭᠦᠮ ᠪᠦᠳᠦᠭᠦᠯᠢᠭ ᠣᠷᠣᠨ ᠰᠠᠭᠤᠴᠠᠲᠤ ᠲᠣᠭᠤᠷᠢᠭ ᠤᠨ ᠥᠭᠡᠷᠡᠴᠢᠯᠡᠯᠲᠡ ᠶᠢ ᠭᠤᠣᠯᠳᠠᠯᠭ᠎ᠠ ᠲᠠᠢ | ᠰᠢᠪᠲᠤᠯᠤᠨ ᠥᠭᠡᠷᠡᠴᠢᠯᠡᠨ᠎ᠡ︔ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠬᠠᠮᠲᠤ ᠪᠠᠷ ᠥᠮᠴᠢᠯᠡᠬᠦ ᠥᠮᠴᠢᠯᠡᠯ ᠤᠨ | ᠡᠷᠬᠡ ᠲᠠᠢ ᠣᠷᠣᠨ ᠰᠠᠭᠤᠴᠠ ᠶᠢ ᠰᠦᠪᠡᠭᠴᠢᠯᠡᠨ ᠬᠥᠭᠵᠢᠭᠦᠯᠦᠨ᠎ᠡ᠃ ᠣᠷᠣᠨ ᠰᠠᠭᠤᠴᠠ ᠶᠢᠨ ᠨᠡᠶᠢᠲᠡ ᠶᠢᠨ | ᠬᠤᠷᠠᠮᠳᠤᠭᠤᠯᠭ᠎ᠠ ᠶᠢᠨ ᠮᠥᠩᠭᠦ ᠶᠢᠨ ᠳᠦᠷᠢᠮ ᠤᠨ ᠬᠠᠮᠤᠷᠬᠤ ᠬᠡᠪᠴᠢᠶ᠎ᠡ ᠶᠢ ᠲᠠᠰᠤᠷᠠᠯᠲᠠ ᠦᠭᠡᠢ ᠥᠷᠭᠡᠳᠬᠡᠵᠦ᠂ ᠣᠷᠣᠨ | ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠲᠤᠰᠢᠶᠠᠨ ᠬᠠᠳᠠᠭᠠᠯᠠᠭᠤᠯᠬᠤ ᠬᠡᠪᠴᠢᠶ᠎ᠡ ᠶᠢ | ᠥᠷᠭᠡᠳᠬᠡᠬᠦ ᠶᠢ ᠦᠷᠭᠦᠯᠵᠢᠯᠡᠨ ᠠᠬᠢᠭᠤᠯᠵᠤ᠂ ᠠᠮᠢᠳᠤᠯᠢᠭ ᠢᠶᠠᠷ ᠠᠵᠢᠯ ᠣᠯᠣᠭᠰᠠᠳ ᠤᠨ ᠣᠷᠣᠨ ᠰᠠᠭᠤᠴᠠ ᠶᠢᠨ | ᠨᠡᠶᠢᠲᠡ ᠶᠢᠨ ᠬᠤᠷᠠᠮᠳᠣᠭᠤᠯᠭ᠎ᠠ ᠶᠢᠨ ᠮᠦᠡᠭᠭᠦ ᠶᠢᠨ ᠳᠦᠷᠢᠮ ᠳᠤ ᠣᠷᠣᠯᠴᠠᠬᠤ ᠶᠢ ᠵᠣᠷᠢᠭᠵᠢᠭᠤᠯᠣᠨ᠎ᠠ᠃ | 2. ︽ᠲᠤᠰᠬᠠᠢ ᠪᠤᠯᠤᠩ 6 ᠰᠠᠭᠤᠬᠤ ᠠᠴᠠ ᠣᠷᠣᠨ ᠰᠠᠭᠤᠴᠠ ᠲᠠᠢ ᠢᠨᠵᠧᠨᠧᠷᠢᠩ︾ ᠳᠣᠲᠣᠷᠠᠬᠢ ︽ᠮᠠᠯᠵᠢᠬᠤ | ᠲᠠᠷᠢᠶᠠᠯᠠᠬᠤ ᠣᠷᠣᠨ ᠤ ᠨᠤᠷᠠᠬᠤ ᠠᠶᠤᠯᠲᠠᠢ ᠭᠡᠷ ᠪᠠᠶᠢᠰᠢᠩ ᠢ ᠰᠢᠨᠡᠳᠬᠡᠨ ᠵᠠᠰᠠᠬᠤ︾ ᠬᠡᠰᠡᠭ ᠤᠨ ᠠᠭᠤᠯᠭ᠎ᠠ ᠶᠢ ︽ | ᠮᠠᠯᠵᠢᠬᠤ ᠲᠠᠷᠢᠶᠠᠯᠠᠬᠤ ᠣᠷᠣᠨ ᠤ ᠨᠤᠷᠠᠬᠤ ᠠᠶᠤᠯᠲᠠᠢ ᠭᠡᠷ ᠪᠠᠶᠢᠰᠢᠩ ᠢ ᠰᠢᠨᠡᠳᠬᠡᠨ ᠵᠠᠰᠠᠬᠤ︾ ᠭᠡᠵᠦ ᠵᠠᠰᠠᠪᠠ᠃ ᠮᠠᠯᠵᠢᠬᠤ | ᠲᠠᠷᠢᠶᠠᠯᠠᠬᠤ ᠣᠷᠣᠨ ᠤ ᠭᠡᠷ ᠪᠠᠶᠢᠰᠢᠩ ᠤᠨ ᠠᠮᠤᠷ ᠲᠦᠪᠰᠢᠨ ᠤ ᠠᠶᠤᠯ ᠲᠦᠭᠰᠢᠭᠦᠷᠢ ᠶᠢᠨ ᠳᠠᠯᠳᠠ ᠭᠡᠮ ᠢ ᠵᠢᠭᠰᠠᠭᠠᠨ | ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠪᠡᠶᠡᠯᠡᠭᠦᠯᠵᠦ᠂ ᠮᠠᠯᠵᠢᠬᠤ ᠲᠠᠷᠢᠶᠠᠯᠠᠬᠤ ᠣᠷᠣᠨ ᠤ ᠠᠮᠢᠳᠤᠷᠠᠯ ᠤᠨ ᠨᠠᠭᠠᠲᠤ | ᠵᠠᠬ᠎ᠠ ᠶᠢᠨ ᠪᠠᠲᠤᠯᠠᠭ᠎ᠠ ᠶᠢᠨ ᠡᠷᠦᠬᠡ᠂ ᠮᠠᠯᠵᠢᠬᠤ ᠲᠠᠷᠢᠶᠠᠯᠠᠬᠤ ᠣᠷᠣᠨ ᠤ ᠲᠠᠷᠠᠬᠠᠢ ᠠᠰᠠᠷᠠᠨ ᠲᠡᠵᠢᠭᠡᠵᠦ ᠪᠠᠶᠢᠭ᠎ᠠ ᠣᠨᠴᠠ | ᠬᠦᠴᠢᠷᠳᠡᠯᠲᠡᠢ ᠬᠥᠮᠥᠰ᠂ ᠮᠠᠯᠵᠢᠬᠤ ᠲᠠᠷᠢᠶᠠᠯᠠᠬᠤ ᠣᠷᠣᠨ ᠤ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠵᠠᠬ᠎ᠠ | ᠬᠢᠵᠠᠭᠠᠷ ᠤᠨ ᠭᠡᠷ ᠪᠦᠯᠢ᠂ ᠮᠠᠯᠵᠢᠬᠤ ᠲᠠᠷᠢᠶᠠᠯᠠᠬᠤ ᠣᠷᠣᠨ ᠤ ᠳᠠᠬᠢᠨ ᠶᠠᠳᠠᠭᠤᠷᠠᠬᠤ ᠠᠴᠠ ᠪᠣᠯᠵᠤ ᠶᠠᠳᠠᠭᠤᠷᠠᠭᠰᠠᠨ ᠡᠷᠦᠬᠡ᠂ | ᠡᠪᠡᠳᠴᠢᠨ ᠤ ᠰᠢᠯᠲᠠᠭᠠᠨ ᠪᠠ ᠭᠠᠮᠰᠢᠭ ᠤᠨ ᠬᠠᠷᠠᠭ᠎ᠠ ᠪᠠᠷ ᠰᠠᠨᠠᠭᠠᠨ ᠳᠤ ᠦᠭᠡᠢ ᠠᠳᠡᠯ ᠵᠡᠷᠭᠡ ᠵᠠᠶᠢᠯᠠᠰᠢ ᠦᠭᠡᠢ ᠵᠠᠷᠤᠯᠭ᠎ᠠ | ᠨᠡᠯᠢᠶᠡᠳ ᠶᠡᠭᠡ ᠪᠤᠶᠤ ᠣᠷᠣᠯᠭ᠎ᠠ ᠨᠢ ᠶᠡᠭᠡ ᠬᠡᠮᠵᠢᠶ᠎ᠡ ᠪᠠᠷ ᠪᠠᠭᠠᠰᠤᠭᠰᠠᠨ ᠠᠴᠠ ᠪᠣᠯᠵᠤ ᠦᠨᠳᠦᠰᠦᠨ ᠠᠮᠢᠳᠤᠷᠠᠯ ᠳᠤᠨᠢ | ᠬᠦᠨᠳᠦ ᠨᠣᠴᠢᠲᠠᠢ ᠬᠦᠴᠢᠷᠳᠡᠯ ᠲᠠᠢ ᠪᠣᠯᠤᠭᠰᠠᠨ ᠭᠡᠷ ᠪᠦᠯᠢ᠂ ᠪᠤᠰᠤᠳ ᠶᠠᠳᠠᠭᠤ ᠠᠴᠠ ᠠᠩᠭᠢᠵᠢᠷᠠᠭᠰᠠᠨ ᠡᠷᠦᠬᠡ ᠵᠡᠷᠭᠡ | ᠵᠢᠷᠭᠤᠭᠠᠨ ᠲᠥᠷᠥᠯ ᠤᠨ ᠬᠠᠮᠲᠤᠯᠢᠭ ᠤᠨ ᠬᠥᠳᠡᠯᠦᠩᠭᠦᠢ ᠲᠣᠬᠢᠷᠠᠭᠤᠯᠤᠯᠲᠠ ᠶᠢᠨ ᠪᠣᠳᠠᠲᠤ ᠪᠠᠶᠢᠳᠠᠯ ᠳᠤ ᠴᠢᠭᠯᠡᠭᠦᠯᠦᠨ᠂ | ᠰᠢᠨ᠎ᠡ ᠪᠠᠷ ᠨᠡᠮᠡᠭᠳᠡᠭᠰᠡᠨ ᠨᠤᠷᠠᠬᠤ ᠠᠶᠤᠯᠲᠠᠢ ᠭᠡᠷ ᠪᠠᠶᠢᠰᠢᠩ ᠢ ᠥᠭᠡᠷᠡᠴᠢᠯᠡᠨ ᠵᠠᠰᠠᠬᠤ ᠡᠭᠦᠷᠭᠡ ᠶᠢ ᠢᠳᠡᠪᠬᠢᠲᠡᠢ ᠪᠠᠷ | ᠬᠡᠷᠡᠭᠵᠢᠭᠦᠯᠦᠨ᠎ᠡ᠃︾ | ︵ᠲᠤᠯᠤᠭ᠎ᠠ︶ ︽ᠳᠣᠯᠣᠳᠤᠭᠠᠷ ᠬᠡᠰᠡᠭ ᠪᠠᠭᠤᠷᠠᠢ ᠶᠢ ᠲᠡᠳᠬᠦᠮᠵᠢ ᠲᠠᠢ︾ ᠭᠡᠬᠦ ᠬᠡᠰᠡᠭ ᠠᠭᠤᠯᠭ᠎ᠠ ᠳᠤ ᠵᠠᠰᠠᠪᠤᠷᠢ | ᠣᠷᠣᠭᠤᠯᠪᠠ᠃ | 1. ︽ᠲᠤᠰᠬᠠᠢ ᠵᠦᠢᠯ ᠤᠨ ᠠᠪᠤᠷᠠᠨ ᠲᠤᠰᠠᠯᠠᠯᠲᠠ ᠬᠠᠩᠭᠠᠬᠤ︾ ᠬᠡᠰᠡᠭ ᠤᠨ ᠠᠭᠤᠯᠭ᠎ᠠ ᠶᠢ ︽ᠲᠤᠰᠬᠠᠢ | ᠵᠦᠢᠯ ᠤᠨ ᠠᠪᠤᠷᠠᠨ ᠲᠤᠰᠠᠯᠠᠯᠲᠠ ᠬᠠᠩᠭᠠᠨ᠎ᠠ᠃ ᠨᠥᠬᠦᠴᠡᠯ ᠳᠤ ᠨᠡᠶᠢᠴᠡᠬᠦ ᠨᠠᠭᠠᠲᠤ ᠵᠠᠬ᠎ᠠ ᠶᠢᠨ ᠪᠠᠲᠤᠯᠠᠭ᠎ᠠ ᠭᠥᠷᠳᠡᠬᠦ᠂ | ᠣᠨᠴᠠ ᠬᠦᠴᠢᠷᠳᠡᠯᠲᠡᠢ ᠭᠡᠷ ᠪᠦᠯᠢ ᠶᠢᠨ ᠰᠣᠷᠣᠭᠴᠢ᠂ ᠰᠤᠷᠭᠠᠭᠤᠯᠢ ᠳᠤ ᠰᠤᠷᠤᠯᠴᠠᠵᠤ ᠪᠠᠶᠢᠭ᠎ᠠ ᠥᠨᠥᠴᠢᠨ ᠬᠡᠦᠬᠡᠳ᠂ | ᠪᠣᠳᠠᠲᠠᠢ ᠠᠰᠠᠷᠠᠨ ᠲᠡᠵᠢᠭᠡᠬᠦ ᠬᠥᠮᠥᠨ ᠦᠭᠡᠢ ᠬᠡᠦᠬᠡᠳ ᠵᠢᠴᠢ ᠪᠡᠶ᠎ᠡ ᠰᠡᠳᠬᠢᠯ ᠤᠨ ᠬᠠᠷᠰᠢ ᠵᠡᠷᠭᠡ ᠰᠢᠯᠲᠠᠭᠠᠨ ᠠᠴᠠ ᠪᠣᠯᠵᠤ | ᠰᠤᠷᠭᠠᠭᠤᠯᠢ ᠳᠤ ᠣᠷᠣᠵᠤ ᠠᠯᠪᠠᠨ ᠵᠢᠷᠤᠮ ᠤᠨ ᠰᠤᠷᠭᠠᠨ ᠬᠥᠮᠦᠵᠢᠯ ᠭᠥᠷᠳᠡᠬᠦ ᠳᠤ ᠳᠥᠭᠦᠮ ᠦᠭᠡᠢ ᠰᠤᠷᠬᠤ ᠨᠠᠰᠤᠨ ᠤ | ᠵᠡᠮᠳᠡᠭ ᠨᠠᠰᠤᠨ ᠳᠤ ᠥᠯᠥ ᠭᠦᠷᠦᠭᠰᠡᠳ ᠲᠤ ᠰᠤᠷᠭᠠᠨ ᠬᠥᠮᠦᠵᠢᠯ ᠤᠨ ᠲᠤᠰᠠᠯᠠᠮᠵᠢ ᠣᠯᠭᠤᠨ᠎ᠠ᠃ ᠨᠥᠬᠦᠴᠡᠯ ᠲᠠᠢ ᠭᠠᠵᠠᠷ | ᠣᠷᠣᠨ ᠤ ᠠᠵᠤ ᠠᠬᠤᠢ ᠨᠢ ᠬᠦᠴᠢᠷᠳᠡᠯᠲᠡᠢ ᠵᠡᠮᠳᠡᠭ ᠰᠤᠷᠤᠭᠴᠢᠳ ᠲᠤ ᠤᠷᠢᠳᠠᠪᠠᠷ ᠰᠦᠢᠳᠬᠡᠯ ᠬᠤᠷᠢᠶᠠᠬᠤ ᠦᠭᠡᠢ ᠪᠠᠷ | ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠪᠣᠯᠣᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠭᠠᠨ | ᠬᠥᠮᠦᠵᠢᠯ ᠢ ᠬᠠᠩᠭᠠᠵᠤ᠂ ᠵᠡᠮᠳᠡᠭ ᠰᠤᠷᠤᠭᠴᠢᠳ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠱᠠᠲᠤᠨ ᠤ | ᠰᠦᠢᠳᠬᠡᠯ ᠬᠤᠷᠢᠶᠠᠬᠤ ᠦᠭᠡᠢ ᠪᠠᠷ ᠰᠤᠷᠭᠠᠨ ᠬᠥᠮᠦᠵᠢᠯ ᠢ ᠠᠯᠬᠤᠮ ᠠᠯᠬᠤᠮ ᠢᠶᠠᠷ ᠠᠮᠢᠳᠤᠷᠠᠯ ᠤᠨ ᠨᠠᠭᠠᠲᠤ ᠵᠠᠬ᠎ᠠ ᠶᠢᠨ | ᠪᠠᠲᠤᠯᠠᠭ᠎ᠠ ᠬᠦᠷᠲᠡᠵᠦ ᠪᠠᠶᠢᠭ᠎ᠠ ᠭᠡᠷ ᠪᠦᠯᠢ᠂ ᠠᠰ ᠢᠶᠠᠷ ᠢᠶᠠᠨ ᠠᠰᠠᠷᠠᠨ ᠲᠡᠵᠢᠭᠡᠵᠦ ᠪᠠᠶᠢᠭ᠎ᠠ ᠣᠨᠴᠠ ᠬᠦᠴᠢᠷᠳᠡᠯᠲᠡᠢ | ᠬᠥᠮᠥᠰ ᠤᠨ ᠳᠣᠲᠣᠷᠠᠬᠢ ᠣᠷᠣᠨ ᠰᠠᠭᠤᠴᠠ ᠨᠢ ᠬᠦᠴᠢᠷᠳᠡᠯ ᠲᠠᠢ ᠪᠣᠯ ᠣᠷᠣᠨ ᠰᠠᠭᠤᠴᠠ ᠶᠢᠨ ᠲᠡᠩᠬᠡᠷᠡᠭᠦᠯᠦᠨ | ᠲᠤᠰᠠᠯᠠᠬᠤ ᠶᠢ ᠬᠡᠷᠡᠭᠵᠢᠭᠦᠯᠦᠨ᠎ᠡ᠃ ᠠᠵᠢᠯ ᠣᠯᠭᠤᠯᠲᠠ ᠶᠢᠨ ᠲᠤᠰᠠᠯᠠᠮᠵᠢ ᠶᠢᠨ ᠳᠦᠷᠢᠮ ᠢ ᠲᠡᠭᠦᠯᠳᠡᠷᠵᠢᠭᠦᠯᠵᠦ᠂ | ᠨᠡᠶᠢᠭᠡᠮ ᠤᠨ ᠠᠪᠤᠷᠠᠨ ᠲᠤᠰᠠᠯᠠᠬᠤ ᠡᠲᠡᠭᠡᠳ ᠲᠤ ᠤᠯᠠᠨ ᠨᠡᠶᠢᠲᠡ ᠶᠢᠨ ᠠᠵᠢᠯ ᠣᠯᠭᠤᠯᠲᠠ ᠶᠢᠨ ᠦᠢᠯᠡᠴᠢᠯᠡᠭᠡ ᠶᠢ | ᠤᠷᠢᠳᠠᠪᠠᠷ ᠬᠠᠩᠭᠠᠨ᠎ᠠ᠃ ᠤᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠲᠠᠪᠴᠠᠩ ᠤᠨ ᠪᠠᠶᠢᠭᠤᠯᠤᠯᠲᠠ ᠶᠢ | ᠴᠢᠩᠭᠠᠳᠬᠠᠵᠤ᠂ ᠬᠠᠤᠯᠢ ᠴᠠᠭᠠᠵᠠ ᠶᠢᠨ ᠲᠤᠰᠠᠯᠠᠮᠵᠢ ᠦᠵᠡᠭᠦᠯᠬᠦ ᠪᠠ ᠬᠠᠤᠯᠢ ᠴᠠᠭᠠᠵᠠ ᠶᠢᠨ ᠠᠪᠤᠷᠠᠨ ᠲᠤᠰᠠᠯᠠᠬᠤ | ᠳᠦᠷᠢᠮ ᠢ ᠬᠤᠰᠢᠭᠤ ᠰᠢᠶᠠᠨ ᠤ ᠱᠠᠲᠤ᠂ ᠰᠤᠮᠤ ᠰᠢᠶᠠᠩ ᠪᠠᠯᠭᠠᠰᠤ ︵ᠵᠡᠭᠡᠯᠢ ᠭᠤᠳᠤᠮᠵᠢ︶ ᠶᠢᠨ ᠨᠠᠰᠤᠨ ᠳᠤ ᠥᠯᠥ | ᠭᠦᠷᠦᠭᠰᠡᠳ ᠢ ᠬᠠᠮᠠᠭᠠᠯᠠᠬᠤ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠭᠡᠷ ᠲᠡᠭᠡᠨ ᠬᠤᠴᠣᠷᠤᠭᠰᠠᠨ | ᠬᠡᠦᠬᠡᠳ ᠤᠨ ᠲᠤᠭ᠎ᠠ ᠬᠡᠮᠵᠢᠶ᠎ᠡ ᠪᠠᠷ ᠨᠡᠯᠢᠶᠡᠳ ᠣᠯᠠᠨ ᠪᠠᠶᠢᠭ᠎ᠠ ᠬᠥᠭᠵᠢᠭᠡᠳᠦᠢ ᠭᠠᠵᠠᠷ ᠣᠷᠣᠨ ᠤ ᠬᠤᠯᠪᠣᠭᠳᠡᠯ ᠪᠦᠬᠦᠢ | ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠭᠤᠣᠯᠳᠠᠯᠭ᠎ᠠ ᠲᠠᠢ ᠳᠡᠮᠵᠢᠨ᠎ᠡ᠃ ᠬᠡᠦᠬᠡᠳ ᠤᠨ ᠠᠰᠠᠷᠠᠮᠵᠢ ᠶᠢᠨ | ᠪᠠᠶᠢᠭᠤᠯᠤᠮᠵᠢ ᠶᠢ ᠰᠢᠯᠢᠳᠡᠭᠵᠢᠭᠦᠯᠦᠨ ᠶᠠᠰᠤ ᠴᠢᠨᠠᠷ ᠢ ᠳᠡᠭᠡᠭᠰᠢᠯᠡᠭᠦᠯᠬᠦ ᠪᠠ ᠰᠢᠨ᠎ᠡ ᠶᠢ ᠡᠭᠦᠳᠦᠨ ᠬᠡᠯᠪᠡᠷᠢ ᠪᠠᠨ | ᠬᠤᠪᠢᠷᠠᠭᠤᠯᠤᠨ ᠴᠢᠨᠠᠷ ᠰᠠᠶᠢᠲᠠᠢ ᠬᠥᠭᠵᠢᠭᠦᠯᠬᠦ ᠶᠢ ᠠᠬᠢᠭᠤᠯᠵᠤ᠂ ᠣᠲᠣ ᠶᠢᠨ ᠪᠠᠶᠢᠭ᠎ᠠ ᠨᠡᠶᠢᠭᠡᠮ ᠤᠨ ᠠᠰᠠᠷᠠᠮᠵᠢ ᠶᠢᠨ | ᠪᠡᠯᠡᠳᠬᠡᠮᠵᠢ ᠶᠢ ᠭᠦᠢᠴᠡᠳ ᠠᠰᠢᠭᠯᠠᠨ ᠲᠡᠨᠦᠭᠦᠯ ᠭᠤᠶᠢᠷᠠᠨᠴᠢᠳ ᠢ ᠠᠪᠤᠷᠠᠨ ᠲᠤᠰᠠᠯᠠᠬᠤ ᠪᠡᠯᠡᠳᠬᠡᠮᠵᠢ ᠪᠤᠶᠤ ᠠᠪᠤᠷᠠᠨ | ᠲᠤᠰᠠᠯᠠᠬᠤ ᠥᠷᠲᠡᠭᠡ ᠪᠠᠶᠢᠭᠤᠯᠵᠤ᠂ ᠠᠪᠤᠷᠠᠨ ᠲᠤᠰᠠᠯᠠᠬᠤ ᠦᠢᠯᠡᠴᠢᠯᠡᠭᠡᠨ ᠤ ᠲᠣᠣᠷ ᠰᠦᠯᠵᠢᠶ᠎ᠡ ᠶᠢ ᠪᠥᠬᠦ ᠬᠤᠰᠢᠭᠤ | ᠰᠢᠶᠠᠨ ︵ᠬᠤᠲᠠ᠂ ᠲᠣᠭᠤᠷᠢᠭ︶ ᠳᠤ ᠬᠠᠮᠤᠷᠬᠤ ᠶᠢ ᠪᠡᠶᠡᠯᠡᠭᠦᠯᠦᠨ᠎ᠡ᠃ | 2. ︽︿ᠪᠠᠴᠢᠮ ᠪᠠ ᠬᠦᠴᠢᠷᠲᠡᠢ ᠪᠠᠶᠢᠳᠠᠯ ᠢ ᠠᠪᠤᠷᠠᠬᠤ﹀ ᠴᠢᠳᠠᠮᠵᠢ ᠶᠢ ᠴᠢᠩᠭᠠᠷᠠᠭᠤᠯᠬᠤ︾ ᠬᠡᠰᠡᠭ | ᠬᠤᠭᠤᠴᠠᠭᠠᠨ ᠳᠠᠬᠢ ︽ᠠᠮᠢᠳᠤᠷᠠᠯ ᠳᠠᠭᠠᠨ ᠵᠥᠪ ᠦᠭᠡᠢ ᠲᠡᠨᠦᠭᠦᠴᠢᠯᠡᠨ ᠭᠤᠶᠢᠷᠠᠨᠴᠢᠯᠠᠵᠤ ᠪᠠᠶᠢᠭ᠎ᠠ ᠬᠥᠮᠥᠰ ᠢ ᠠᠪᠤᠷᠠᠨ | ᠲᠤᠰᠠᠯᠠᠬᠤ ᠬᠠᠮᠢᠶᠠᠷᠤᠯᠲᠠ ᠶᠢ ᠴᠢᠩᠭᠠᠳᠬᠠᠨ ᠰᠠᠶᠢᠵᠢᠷᠠᠭᠤᠯᠬᠤ︾ ᠶᠢᠨ ᠲᠠᠷᠠᠭ᠎ᠠ ︽ᠣᠶᠣᠨ ᠤ ᠡᠷᠡᠭᠦᠯ ᠬᠠᠮᠠᠭᠠᠯᠠᠯ ᠤᠨ | ᠠᠰᠠᠷᠠᠮᠵᠢ ᠶᠢᠨ ᠲᠥᠬᠦᠭᠡᠷᠦᠮᠵᠢ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠣᠷᠣᠰᠢᠭᠤᠯᠭ᠎ᠠ ᠶᠢᠨ ᠦᠢᠯᠡᠴᠢᠯᠡᠭᠡᠨ ᠤ | ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ᠎ᠡ᠃ ᠴᠡᠷᠢᠭ ᠤᠨ ᠠᠯᠪᠠᠨ | ᠠᠴᠠ ᠪᠠᠭᠤᠭᠰᠠᠳ ᠤᠨ ᠦᠢᠯᠡᠴᠢᠯᠡᠭᠡᠨ ᠤ ᠲᠥᠪ ︵ᠥᠷᠲᠡᠭᠡ︶ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ | ᠠᠰᠠᠷᠠᠨ ᠬᠠᠷᠠᠭᠠᠯᠵᠠᠬᠤ ᠡᠮᠨᠡᠯᠭᠡ ᠶᠢᠨ ᠬᠤᠷᠢᠶ᠎ᠠ᠂ ᠢᠷᠠᠭᠤ ᠠᠯᠳᠠᠷ ᠤᠨ ᠡᠮᠨᠡᠯᠭᠡ ᠶᠢᠨ ᠬᠤᠷᠢᠶᠠᠨ ᠤ ᠤᠯᠠᠨ ᠨᠡᠶᠢᠲᠡ ᠶᠢᠨ | ᠬᠠᠤᠯᠢ ᠴᠠᠭᠠᠵᠠ ᠶᠢᠨ ᠦᠢᠯᠡᠴᠢᠯᠡᠭᠡᠨ ᠤ ᠲᠠᠪᠴᠠᠩ ᠤᠨ ᠪᠠᠶᠢᠭᠤᠯᠤᠯᠲᠠ ᠶᠢ ᠴᠢᠩᠭᠠᠳᠬᠠᠵᠤ᠂ ᠬᠠᠤᠯᠢ ᠴᠠᠭᠠᠵᠠ ᠶᠢᠨ | ᠲᠤᠰᠠᠯᠠᠮᠵᠢ ᠶᠢᠨ ᠪᠠᠶᠢᠭᠤᠯᠤᠮᠵᠢ ᠶᠢᠨ ᠪᠠᠶᠢᠷᠢᠯᠠᠭᠤᠯᠤᠯᠲᠠ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠬᠠᠤᠯᠢ ᠪᠠᠷ ᠵᠠᠰᠠᠬᠤ | ᠤᠬᠠᠭᠤᠯᠭ᠎ᠠ ᠶᠢᠨ ᠵᠢᠭᠰᠠᠭᠠᠯ ᠤᠨ ᠭᠠᠵᠠᠷ ᠤᠨ ᠪᠠᠶᠢᠭᠤᠯᠤᠯᠲᠠ ᠶᠢ ᠳᠠᠮᠵᠢᠬᠦ ᠠᠭᠤᠯᠭ᠎ᠠ᠃ | 3. ︽ᠵᠡᠮᠳᠡᠭᠴᠦᠳ ᠤᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠬᠤ︾ ᠬᠡᠰᠡᠭ ᠤᠨ ︽ᠵᠡᠮᠳᠡᠭᠴᠦᠳ ᠤᠨ | ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠬᠤ︾ ᠶᠢᠨ ᠳᠠᠷᠠᠭ᠎ᠠ ︽ᠵᠡᠮᠳᠡᠭᠴᠦᠳ ᠤᠨ ᠦᠢᠯᠡᠴᠢᠯᠡᠭᠡᠨ ᠤ ᠲᠥᠬᠦᠭᠡᠷᠦᠮᠵᠢ | ᠪᠠ ᠶᠡᠷᠦᠩᠬᠡᠶᠢᠯᠡᠭᠰᠡᠨ ᠦᠢᠯᠡᠴᠢᠯᠡᠭᠡᠨ ᠤ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠬᠠᠷᠰᠢ ᠰᠠᠭᠠᠳ ᠦᠭᠡᠢ | ᠣᠷᠴᠢᠨ ᠲᠣᠭᠤᠷᠢᠨ ᠤ ᠪᠦᠲᠦᠭᠡᠨ ᠪᠠᠶᠢᠭᠤᠯᠤᠯᠲᠠ ᠪᠠ ᠬᠠᠮᠠᠭᠠᠯᠠᠯᠲᠠ ᠶᠢᠨ ᠲᠥᠷᠥ ᠶᠢᠨ ᠪᠣᠳᠣᠯᠭ᠎ᠠ ᠶᠢᠨ ᠰᠢᠰᠲ᠋ᠧᠮᠵᠢ ᠶᠢ | ᠲᠡᠭᠦᠯᠳᠡᠷᠵᠢᠭᠦᠯᠵᠦ᠂ ᠡᠷᠡᠭᠦᠯᠵᠢᠭᠦᠯᠬᠦ ᠳᠤ ᠲᠤᠰᠠᠯᠠᠬᠤ ᠪᠠᠭᠠᠵᠢ ᠬᠡᠷᠡᠭᠰᠡᠯ ᠢ ᠨᠡᠶᠢᠭᠡᠮ ᠲᠣᠭᠤᠷᠢᠭ ᠤᠨ ᠲᠦᠷᠢᠶᠡᠰᠦᠯᠡᠬᠦ ᠢᠵᠢ | ᠪᠦᠷᠢᠳᠦᠭᠦᠯᠬᠦ ᠲᠥᠷᠥ ᠶᠢᠨ ᠪᠣᠳᠣᠯᠭ᠎ᠠ ᠶᠢ ᠰᠦᠪᠡᠭᠴᠢᠯᠡᠨ ᠪᠠᠶᠢᠭᠤᠯᠵᠤ᠂ ᠬᠦᠴᠢᠷᠳᠡᠯᠲᠡᠢ ᠵᠡᠮᠳᠡᠭᠴᠦᠳ ᠤᠨ ᠭᠡᠷ ᠪᠦᠯᠢ ᠶᠢᠨ | ᠬᠠᠷᠰᠢ ᠰᠠᠭᠠᠳ ᠦᠭᠡᠢ ᠪᠡᠯᠡᠳᠬᠡᠮᠵᠢ ᠶᠢ ᠥᠭᠡᠷᠡᠴᠢᠯᠡᠬᠦ ᠪᠠ ᠡᠷᠡᠭᠦᠯᠵᠢᠭᠦᠯᠬᠦ ᠳᠤ ᠲᠤᠰᠠᠯᠠᠬᠤ ᠪᠠᠭᠠᠵᠢ ᠬᠡᠷᠡᠭᠰᠡᠯ ᠢ | ᠲᠣᠬᠢᠷᠠᠭᠤᠯᠬᠤ ᠦᠢᠯᠡᠴᠢᠯᠡᠭᠡ ᠶᠢ ᠳᠡᠮᠵᠢᠵᠦ᠂ ᠬᠦᠴᠢᠷᠳᠡᠯᠲᠡᠢ ᠵᠡᠮᠳᠡᠭᠴᠦᠳ ᠤᠨ ᠠᠮᠢᠳᠤᠷᠠᠯ ᠤᠨ ᠨᠥᠬᠦᠪᠦᠷᠢ ᠪᠠ ᠬᠦᠨᠳᠦ | ᠵᠡᠮᠳᠡᠭᠴᠦᠳ ᠤᠨ ᠰᠤᠪᠢᠯᠠᠯᠲᠠ ᠶᠢᠨ ᠨᠥᠬᠦᠪᠦᠷᠢ ᠶᠢᠨ ᠪᠠᠷᠢᠮᠵᠢᠶ᠎ᠠ ᠶᠢ ᠬᠥᠳᠡᠯᠦᠩᠭᠦᠢ ᠪᠠᠷ ᠲᠣᠬᠢᠷᠠᠭᠤᠯᠤᠨ᠎ᠠ︾ ᠭᠡᠰᠡᠨ | ᠠᠭᠤᠯᠭ᠎ᠠ ᠶᠢ ᠪᠠᠭᠲᠠᠭᠠᠨ᠎ᠠ᠃ | ︵ᠨᠠᠢᠮᠠ︶ ︽ᠨᠠᠢᠮᠠᠳᠤᠭᠠᠷ ᠬᠡᠰᠡᠭ ᠴᠡᠷᠢᠭ ᠢ ᠰᠢᠯᠢᠳᠡᠭᠵᠢᠭᠦᠯᠬᠦ ᠦᠢᠯᠡᠴᠢᠯᠡᠭᠡᠨ ᠤ ᠪᠠᠲᠤᠯᠠᠭ᠎ᠠ︾ ︽ᠶᠢᠰᠦᠳᠦᠭᠡᠷ | ᠬᠡᠰᠡᠭ ᠰᠣᠶᠣᠯ ᠪᠡᠶ᠎ᠡ ᠶᠢᠨ ᠲᠠᠮᠢᠷ ᠤᠨ ᠦᠢᠯᠡᠴᠢᠯᠡᠭᠡᠨ ᠤ ᠪᠠᠲᠤᠯᠠᠭ᠎ᠠ︾ ᠶᠢᠨ ᠬᠡᠰᠡᠭ ᠠᠭᠤᠯᠭ᠎ᠠ ᠳᠤ ᠵᠠᠰᠠᠪᠤᠷᠢ ᠣᠷᠣᠭᠤᠯᠬᠤ | ᠃ | 1. ︽ᠨᠠᠢᠮᠠᠳᠤᠭᠠᠷ ᠬᠡᠰᠡᠭ ᠴᠡᠷᠢᠭ ᠢ ᠰᠢᠯᠢᠳᠡᠭᠵᠢᠭᠦᠯᠬᠦ ᠦᠢᠯᠡᠴᠢᠯᠡᠭᠡ ᠪᠠᠲᠤᠯᠠᠭ᠎ᠠ︾ ᠶᠢᠨ ᠠᠭᠤᠯᠭ᠎ᠠ ᠶᠢ | ᠬᠠᠰᠤᠪᠠ᠃ | 2. ︽ᠶᠢᠰᠦᠳᠦᠭᠡᠷ ᠬᠡᠰᠡᠭ ᠰᠣᠶᠣᠯ ᠪᠡᠶ᠎ᠡ ᠶᠢᠨ ᠲᠠᠮᠢᠷ ᠤᠨ ᠦᠢᠯᠡᠴᠢᠯᠡᠭᠡᠨ ᠤ ᠪᠠᠲᠤᠯᠠᠭ᠎ᠠ︾ ᠶᠢᠨ ᠭᠠᠷᠴᠠᠭ ᠢ | ︽ᠨᠠᠢᠮᠠᠳᠤᠭᠠᠷ ᠬᠡᠰᠡᠭ ᠰᠣᠶᠣᠯ ᠪᠡᠶ᠎ᠡ ᠶᠢᠨ ᠲᠠᠮᠢᠷ ᠤᠨ ᠦᠢᠯᠡᠴᠢᠯᠡᠭᠡᠨ ᠤ ᠪᠠᠲᠤᠯᠠᠭ᠎ᠠ︾ ᠭᠡᠵᠦ ᠵᠠᠰᠠᠪᠠ᠃ | 3. ︽ᠦᠨᠳᠦᠰᠦᠨ ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡ ᠬᠠᠩᠭᠠᠨ᠎ᠠ︾ ᠭᠡᠬᠦ ᠬᠡᠰᠡᠭ ᠲᠠᠬᠢ ︽︿ | ᠣᠶᠤᠨᠲᠤ ᠷᠠᠳᠢᠣ᠋ ᠲᠧᠯᠸᠢᠰ﹀ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠦᠵᠡᠯ ᠤᠬᠠᠮᠰᠠᠷ ᠤᠨ | ᠬᠡᠯᠪᠡᠷᠢ ᠶᠢᠨ ᠵᠢᠭᠰᠠᠭᠠᠯ ᠤᠨ ᠭᠠᠵᠠᠷ ᠢ ᠪᠠᠬᠢᠵᠢᠭᠦᠯᠦᠨ᠂ ᠡᠬᠡ ᠤᠯᠤᠰ ᠤᠨ ᠤᠮᠠᠷᠠᠲᠤ ᠶᠢᠨ ᠠᠮᠤᠷ ᠲᠦᠪᠰᠢᠨ | ᠲᠣᠭᠲᠠᠭᠤᠨ ᠤ ᠬᠠᠯᠬᠠᠪᠴᠢ ᠶᠢ ᠪᠠᠬᠢᠵᠢᠭᠦᠯᠵᠦ᠂ ᠣᠯᠠᠨ ᠲᠦᠮᠡᠨ ᠳᠤ ᠦᠢᠯᠡᠴᠢᠯᠡᠬᠦ ᠣᠶᠤᠨᠴᠢ ᠳᠥᠭᠦᠮ ᠳᠥᠲᠡ | ᠲᠠᠪᠴᠠᠩ ᠢ ᠪᠠᠶᠢᠭᠤᠯᠤᠨ᠎ᠠ︾ ᠭᠡᠳᠡᠭ ᠢ ︽︿ᠣᠶᠤᠨᠲᠤ ᠷᠠᠳᠢᠣ᠋ ᠲᠧᠯᠸᠢᠰ﹀ ᠤᠨ ᠪᠦᠲᠦᠭᠡᠨ ᠪᠠᠶᠢᠭᠤᠯᠤᠯᠲᠠ ᠶᠢ | ᠲᠦᠷᠭᠡᠳᠬᠡᠨ ᠠᠬᠢᠭᠤᠯᠵᠤ᠂ ᠣᠶᠤᠨᠲᠤ ᠷᠠᠳᠢᠣ᠋ ᠲᠧᠯᠸᠢᠰ ᠢᠶᠠᠷ ᠬᠢᠯᠢ ᠬᠢᠵᠠᠭᠠᠷ ᠢ ᠪᠠᠬᠢᠵᠢᠭᠦᠯᠬᠦ ᠢᠨᠵᠧᠨᠧᠷᠢᠩ ᠪᠠ | ᠬᠤᠲᠠ ᠶᠢᠨ ᠲᠠᠰ ᠤᠨ ᠷᠠᠳᠢᠣ᠋ ᠲᠧᠯᠸᠢᠰ ᠢ ᠠᠭᠤᠰᠤᠯᠴᠠᠭᠤᠯᠤᠨ ᠬᠥᠭᠵᠢᠭᠦᠯᠵᠦ ᠳᠡᠭᠡᠭᠰᠢᠯᠡᠭᠦᠯᠬᠦ ᠢᠨᠵᠧᠨᠧᠷᠢᠩ ᠢ | ᠬᠡᠷᠡᠭᠵᠢᠭᠦᠯᠬᠦ ᠶᠢ ᠠᠬᠢᠭᠤᠯᠤᠨ᠎ᠠ᠃ ᠪᠠᠴᠢᠮ ᠪᠠᠶᠢᠳᠠᠯ ᠢ ᠠᠷᠭᠠᠴᠠᠬᠤ ᠷᠠᠳᠢᠣ᠋ ᠨᠡᠪᠲᠡᠷᠡᠭᠦᠯᠭᠡ ᠶᠢᠨ ᠰᠢᠰᠲ᠋ᠧᠮᠵᠢ ᠶᠢᠨ | ᠪᠠᠶᠢᠭᠤᠯᠤᠯᠲᠠ ᠪᠠ ᠤᠲᠠᠰᠤᠲᠤ ᠥᠨᠳᠥᠷ ᠲᠣᠳᠣ ᠰᠣᠯᠢᠯᠴᠠᠭᠠᠨ ᠤ ᠲᠣᠭᠠᠴᠢᠯᠠᠭᠰᠠᠨ ᠲᠧᠯᠸᠢᠰ ᠤᠨ ᠮᠠᠰᠢᠨ ᠤ ᠣᠷᠣᠢ ᠶᠢᠨ | ᠬᠠᠶᠢᠷᠴᠠᠭ ᠢ ᠳᠡᠯᠭᠡᠷᠡᠭᠦᠯᠦᠨ ᠲᠦᠭᠡᠮᠡᠯᠵᠢᠭᠦᠯᠬᠦ ᠶᠢ ᠠᠬᠢᠭᠤᠯᠵᠤ᠂ ᠲᠣᠭᠠᠴᠢᠯᠠᠭᠰᠠᠨ ᠰᠣᠶᠣᠯ ᠤᠨ ᠦᠢᠯᠡᠴᠢᠯᠡᠭᠡᠨ ᠪᠠ | ᠨᠡᠭᠦᠳᠡᠯ ᠰᠣᠶᠣᠯ ᠤᠨ ᠦᠢᠯᠡᠴᠢᠯᠡᠭᠡ ᠶᠢ ᠴᠢᠩᠭᠠᠷᠠᠭᠤᠯᠤᠨ᠂ ᠰᠢ ᠲᠠᠭᠤᠤᠷᠢᠯᠢᠬ ᠤᠨ ᠨᠡᠶᠢᠲᠡ ᠶᠢᠨ ᠠᠰᠠᠷᠠᠮᠵᠢ ᠶᠢᠨ | ᠴᠢᠨᠠᠷᠲᠠᠢ ᠲᠣᠭᠯᠠᠯᠲᠠ ᠶᠢᠨ ᠲᠥᠷᠥᠯ ᠵᠦᠢᠯ ᠢ ᠬᠡᠷᠡᠭᠵᠢᠭᠦᠯᠦᠨ᠎ᠡ᠃ ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠲᠠ ᠶᠢᠨ | ᠲᠠᠰ ᠤᠨ ᠲᠧᠯᠸᠢᠰ ᠬᠤᠷᠢᠶᠠᠨ ᠤ ᠳᠣᠬᠢᠶᠠᠨ ᠤ ᠬᠡᠯᠡᠨ ᠤ ᠫᠷᠣᠭ᠍ᠷᠠᠮ ᠨᠡᠭᠡᠭᠡᠬᠦ ᠪᠤᠶᠤ ᠥᠰᠥᠭ ᠤᠨ ᠬᠥᠰᠢᠭᠡ ᠶᠢ ᠨᠡᠮᠡᠵᠦ | ᠲᠣᠬᠢᠷᠠᠭᠤᠯᠬᠤ ᠶᠢ ᠠᠬᠢᠭᠤᠯᠤᠨ᠎ᠠ︾᠃ | 4. ︽ᠤᠯᠠᠭᠠᠨᠮᠥ᠋ᠴᠢᠷ ᠤᠨ ᠦᠢᠯᠡᠰ ᠢ ᠬᠥᠭᠵᠢᠭᠦᠯᠦᠨ ᠪᠤᠵᠠᠭᠠᠶᠢᠷᠠᠭᠤᠯᠬᠤ︾ ᠬᠡᠰᠡᠭ ᠲᠠᠬᠢ ︽︿ᠤᠯᠠᠭᠠᠨᠮᠥ᠋ᠴᠢᠷ | +﹀ ᠶᠡᠷᠦᠩᠬᠡᠶᠢᠯᠡᠭᠰᠡᠨ ᠰᠠᠶᠢᠨ ᠳᠤᠷ᠎ᠠ ᠶᠢᠨ ᠦᠢᠯᠡᠴᠢᠯᠡᠭᠡ ᠶᠢ ᠥᠷᠨᠢᠭᠦᠯᠵᠦ᠂ ︿ᠤᠯᠠᠭᠠᠨᠮᠥ᠋ᠴᠢᠷ ᠤᠨ ᠵᠣᠷᠢᠭ ᠰᠠᠨᠠᠭ᠎ᠠ | ᠶᠢ ᠪᠠᠳᠠᠷᠠᠭᠤᠯᠤᠨ᠂ ᠠᠷᠠᠳ ᠲᠦᠮᠡᠨ ᠤ ᠳᠤᠮᠳᠠ ᠣᠴᠢᠬᠤ ᠵᠡᠷᠭᠡ ᠠᠵᠢᠯᠯᠠᠭ᠎ᠠ ᠳᠤ ᠪᠥᠬᠦ ᠣᠷᠣᠨ ᠤ ᠤᠯᠠᠭᠠᠨᠮᠥ᠋ᠴᠢᠷ ᠤᠨ | ᠤᠷᠠᠯᠢᠭ ᠤᠨ ᠨᠠᠶᠢᠷ᠂ ᠤᠯᠠᠭᠠᠨᠮᠥ᠋ᠴᠢᠷ ᠤᠨ ᠰᠠᠷ᠎ᠠ᠂ ᠤᠯᠠᠭᠠᠨᠮᠥ᠋ᠴᠢᠷ ᠤᠨ ᠰᠢᠯᠵᠢᠭᠦᠯᠦᠨ ᠲᠣᠭᠯᠠᠬᠤ ᠠᠵᠢᠯᠯᠠᠭ᠎ᠠ ᠶᠢ | ᠰᠠᠶᠢᠲᠤᠷ ᠡᠷᠭᠢᠯᠡᠨ᠎ᠡ︾ ᠭᠡᠳᠡᠭ ᠢ ︽ᠤᠯᠠᠭᠠᠨᠮᠥ᠋ᠴᠢᠷ ᠤᠨ ︿ᠰᠤᠷᠤᠯᠴᠠᠬᠤ᠂ ᠡᠭᠦᠳᠬᠦ᠂ ᠲᠣᠭᠯᠠᠬᠤ﹀ ︿ᠪᠠᠶᠠᠷ ᠪᠠᠶᠠᠰᠤᠯ | ᠬᠦᠷᠭᠡᠬᠦ᠂ ᠪᠣᠯᠪᠠᠰᠤᠨ ᠢ ᠬᠦᠷᠭᠡᠬᠦ﹀ ᠦᠢᠯᠡᠴᠢᠯᠡᠭᠡ ᠵᠡᠷᠭᠡ ᠠᠵᠢᠯᠯᠠᠭ᠎ᠠ ᠶᠢ ᠥᠷᠨᠢᠭᠦᠯᠵᠦ᠂ ᠪᠥᠬᠦ ᠣᠷᠣᠨ ᠤ | ᠤᠯᠠᠭᠠᠨᠮᠥ᠋ᠴᠢᠷ ᠤᠨ ᠤᠷᠠᠯᠢᠭ ᠤᠨ ᠨᠠᠶᠢᠷ᠂ ᠤᠯᠠᠭᠠᠨᠮᠥ᠋ᠴᠢᠷ ᠤᠨ ᠰᠠᠷ᠎ᠠ ᠵᠡᠷᠭᠡ ᠠᠵᠢᠯᠯᠠᠭ᠎ᠠ ᠶᠢ ᠰᠠᠶᠢᠲᠤᠷ ᠡᠷᠭᠢᠯᠡᠨ᠎ᠡ︾ | ᠭᠡᠵᠦ ᠵᠠᠰᠠᠪᠠ᠃ | 5. ︽ᠰᠢᠯᠢᠳᠡᠭ ᠤᠯᠠᠮᠵᠢᠯᠠᠯᠲᠤ ᠰᠣᠶᠣᠯ ᠢ ᠤᠯᠠᠮᠵᠢᠯᠠᠨ ᠵᠠᠯᠭᠠᠮᠵᠢᠯᠠᠵᠤ ᠪᠠᠳᠠᠷᠠᠭᠤᠯᠤᠶ᠎ᠠ︾ ᠭᠡᠬᠦ ᠬᠡᠰᠡᠭ ᠲᠠᠬᠢ ︽ | ᠬᠠᠳᠤᠨ ᠭᠤᠣᠯ ᠤᠨ ᠰᠣᠶᠣᠯ᠂ ᠤᠷᠳᠤ ᠴᠠᠭᠠᠨ ᠬᠡᠷᠡᠮ ᠤᠨ ᠰᠣᠶᠣᠯ ᠪᠠ ᠪᠠᠷᠠᠭᠤᠨ ᠯᠢᠶᠣᠤ ᠾᠧ ᠭᠤᠣᠯ ᠤᠨ ᠰᠣᠶᠣᠯ ᠢ | ᠤᠯᠠᠮᠵᠢᠯᠠᠨ ᠵᠠᠯᠭᠠᠮᠵᠢᠯᠠᠵᠤ ᠪᠠᠳᠠᠷᠠᠭᠤᠯᠤᠶ᠎ᠠ︾ ᠭᠡᠳᠡᠭ ᠢ ︽ᠬᠠᠳᠤᠨ ᠭᠤᠣᠯ ᠤᠨ ᠰᠣᠶᠣᠯ᠂ ᠤᠷᠳᠤ ᠴᠠᠭᠠᠨ ᠬᠡᠷᠡᠮ ᠤᠨ | ᠰᠣᠶᠣᠯ ᠢ ᠤᠯᠠᠮᠵᠢᠯᠠᠨ ᠵᠠᠯᠭᠠᠮᠵᠢᠯᠠᠵᠤ ᠪᠠᠳᠠᠷᠠᠭᠤᠯᠤᠶ᠎ᠠ︾ ᠭᠡᠵᠦ ᠵᠠᠰᠠᠪᠠ᠃ | 6. ︽ᠪᠦᠬᠦ ᠠᠷᠠᠳ ᠤᠨ ᠪᠡᠶ᠎ᠡ ᠮᠠᠬᠠᠪᠤᠳ ᠢᠶᠠᠨ ᠴᠢᠭᠢᠷᠠᠭᠵᠢᠭᠤᠯᠬᠤ ᠠᠵᠢᠯᠯᠠᠭ᠎ᠠ ᠶᠢ ᠥᠷᠭᠡᠨ ᠳᠡᠯᠭᠡᠷᠡᠩᠭᠦᠢ ᠪᠠᠷ | ᠥᠷᠨᠢᠭᠦᠯᠬᠦ︾ ᠨᠢᠭᠡ ᠬᠡᠰᠡᠭ ᠤᠨ ︽ᠪᠦᠬᠦ ᠠᠷᠠᠳ ᠤᠨ ᠪᠡᠶ᠎ᠡ ᠮᠠᠬᠠᠪᠤᠳ ᠢᠶᠠᠨ ᠴᠢᠭᠢᠷᠠᠭᠵᠢᠭᠤᠯᠬᠤ ᠲᠠᠯᠠᠪᠤᠷ ᠤᠨ | ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ ᠡᠷᠴᠢᠮ ᠢ ᠴᠢᠩᠭᠠᠷᠠᠭᠤᠯᠵᠤ᠂ ᠨᠡᠶᠢᠭᠡᠮ ᠤᠨ ᠪᠡᠶ᠎ᠡ ᠶᠢᠨ ᠲᠠᠮᠢᠷ ᠤᠨ | ᠵᠢᠭᠠᠨ ᠵᠢᠯᠣᠭᠤᠳᠤᠭᠴᠢ ᠶᠢ ᠬᠥᠮᠥᠵᠢᠭᠦᠯᠬᠦ ᠡᠷᠴᠢᠮ ᠢ ᠴᠢᠩᠭᠠᠷᠠᠭᠤᠯᠤᠨ᠎ᠠ︾ ᠭᠡᠳᠡᠭ ᠢ ︽ᠬᠤᠰᠢᠭᠤ ᠰᠢᠶᠠᠨ ᠤ ᠱᠠᠲᠤᠨ ᠤ | ᠣᠯᠠᠨ ᠨᠡᠶᠢᠲᠡ ᠶᠢᠨ ᠪᠡᠶ᠎ᠡ ᠶᠢᠨ ᠲᠠᠮᠢᠷ ᠤᠨ ᠲᠠᠯᠠᠪᠠᠶ᠂ ᠪᠡᠶ᠎ᠡ ᠴᠢᠭᠢᠷᠠᠭᠵᠢᠭᠤᠯᠬᠤ ᠶᠠᠪᠠᠭᠠᠨ ᠵᠠᠮ᠂ ᠪᠡᠶ᠎ᠡ ᠶᠢᠨ ᠲᠠᠮᠢᠷ ᠤᠨ | ᠴᠡᠴᠡᠷᠯᠢᠭ᠂ ᠲᠠᠷᠢᠶᠠᠴᠢᠳ ᠤᠨ ᠪᠡᠶ᠎ᠡ ᠶᠢᠨ ᠲᠠᠮᠢᠷ ᠤᠨ ᠪᠡᠶ᠎ᠡ ᠴᠢᠭᠢᠷᠠᠭᠵᠢᠭᠤᠯᠬᠤ ᠢᠨᠵᠧᠨᠧᠷᠢᠩ ᠵᠡᠷᠭᠡ ᠣᠯᠠᠨ ᠨᠡᠶᠢᠲᠡ ᠶᠢᠨ | ᠪᠡᠶ᠎ᠡ ᠴᠢᠭᠢᠷᠠᠭᠵᠢᠭᠤᠯᠬᠤ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠪᠡᠶ᠎ᠡ ᠶᠢᠨ ᠲᠠᠮᠢᠷ ᠤᠨ ᠲᠥᠪ᠂ ᠰᠤᠯᠠ ᠪᠠᠶᠢᠭ᠎ᠠ | ᠦᠢᠯᠡᠳᠪᠦᠷᠢ ᠶᠢᠨ ᠭᠡᠷ ᠪᠠᠶᠢᠰᠢᠩ᠂ ᠰᠤᠷᠭᠠᠭᠤᠯᠢ ᠶᠢᠨ ᠪᠠᠶᠢᠷᠢ ᠶᠢᠨ ᠪᠡᠶ᠎ᠡ ᠶᠢᠨ ᠲᠠᠮᠢᠷ ᠤᠨ ᠲᠠᠯᠠᠪᠠᠶ᠂ ᠨᠡᠶᠢᠭᠡᠮ | ᠲᠣᠭᠤᠷᠢᠭ ᠤᠨ ᠬᠤᠭᠤᠰᠤᠨ ᠪᠠᠶᠢᠭ᠎ᠠ ᠲᠠᠯᠠᠪᠤᠷ ᠵᠡᠷᠭᠡ ᠶᠢ ᠵᠦᠢ ᠵᠣᠬᠢᠰᠲᠠᠢ ᠠᠰᠢᠭᠯᠠᠵᠤ᠂ ᠣᠯᠠᠨ ᠨᠡᠶᠢᠲᠡ ᠶᠢᠨ ᠪᠡᠶ᠎ᠡ ᠶᠢᠨ | ᠲᠠᠮᠢᠷ ᠤᠨ ᠬᠥᠳᠡᠯᠭᠡᠭᠡᠨ ᠤ ᠲᠠᠯᠠᠪᠤᠷ ᠭᠠᠵᠠᠷ ᠢ ᠥᠷᠭᠡᠳᠬᠡᠨ᠂ ᠮᠠᠯᠵᠢᠬᠤ ᠲᠠᠷᠢᠶᠠᠯᠠᠬᠤ ᠣᠷᠣᠨ ᠤ ᠪᠡᠶ᠎ᠡ ᠶᠢᠨ ᠲᠠᠮᠢᠷ ᠤᠨ | ᠪᠡᠶ᠎ᠡ ᠴᠢᠭᠢᠷᠠᠭᠵᠢᠭᠤᠯᠬᠤ ᠪᠡᠯᠡᠳᠬᠡᠮᠵᠢ ᠶᠢᠨ ᠬᠠᠩᠭᠠᠯᠭ᠎ᠠ ᠶᠢ ᠨᠡᠮᠡᠭᠳᠡᠭᠦᠯᠦᠨ᠎ᠡ︾︔ ︽ᠦᠨᠳᠦᠰᠦᠲᠡᠨ ᠤ ᠠᠷᠠᠳ ᠤᠨ ᠵᠠᠩ | ᠳᠠᠳᠬᠠᠯ ᠤᠨ ᠤᠯᠠᠮᠵᠢᠯᠠᠯᠲᠤ ᠪᠡᠶ᠎ᠡ ᠶᠢᠨ ᠲᠠᠮᠢᠷ ᠤᠨ ᠰᠢᠷᠢᠰ ᠠᠵᠢᠯᠯᠠᠭ᠎ᠠ ᠶᠢ ᠥᠷᠨᠢᠭᠦᠯᠵᠦ᠂ ᠤᠯᠠᠮᠵᠢᠯᠠᠯᠲᠤ ᠠᠮᠠᠷᠠᠯᠲᠠ ᠶᠢᠨ | ᠡᠳᠦᠷ ᠤᠨ ᠪᠡᠶ᠎ᠡ ᠴᠢᠭᠢᠷᠠᠭᠵᠢᠭᠤᠯᠬᠤ ᠠᠵᠢᠯᠯᠠᠭ᠎ᠠ ᠶᠢᠨ ᠠᠭᠤᠯᠭ᠎ᠠ ᠶᠢ ᠪᠠᠶᠠᠯᠢᠭᠵᠢᠭᠤᠯᠤᠭᠰᠠᠨ︾ ᠤ ᠳᠠᠷᠠᠭ᠎ᠠ ︽ᠣᠯᠠᠨ | ᠨᠡᠶᠢᠲᠡ ᠶᠢᠨ ᠪᠡᠶ᠎ᠡ ᠶᠢᠨ ᠲᠠᠮᠢᠷ ᠤᠨ ᠲᠠᠯᠠᠪᠤᠷ ᠣᠷᠳᠣᠨ ᠢ ᠰᠦᠢᠳᠬᠡᠯ ᠬᠤᠷᠢᠶᠠᠬᠤ ᠦᠭᠡᠢ ᠪᠤᠶᠤ ᠰᠦᠢᠳᠬᠡᠯ ᠪᠠᠭ᠎ᠠ | ᠬᠤᠷᠢᠶᠠᠵᠤ ᠨᠡᠭᠡᠭᠡᠬᠦ ᠶᠢ ᠳᠡᠮᠵᠢᠨ᠎ᠡ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠰᠠᠶᠢᠨ ᠳᠤᠷ᠎ᠠ ᠶᠢᠨ ᠦᠢᠯᠡᠴᠢᠯᠡᠭᠡ ᠶᠢ | ᠥᠷᠨᠢᠭᠦᠯᠦᠨ᠎ᠡ᠃ ᠤᠯᠠᠨ ᠲᠦᠮᠡᠨ ᠤ ᠰᠣᠶᠣᠯ ᠤᠨ ᠠᠵᠢᠯᠯᠠᠭ᠎ᠠ ᠶᠢ ᠥᠷᠭᠡᠨ ᠳᠡᠯᠭᠡᠷ ᠥᠷᠨᠢᠭᠦᠯᠦᠨ᠎ᠡ᠃ ᠭᠤᠣᠯ ᠰᠡᠳᠦᠪᠲᠦ | ᠣᠯᠠᠨ ᠲᠦᠮᠡᠨ ᠤ ᠰᠣᠶᠣᠯ ᠤᠨ ᠠᠵᠢᠯᠯᠠᠭ᠎ᠠ ᠪᠠ ᠪᠥᠬᠦ ᠣᠷᠣᠨ ᠤ ᠮᠠᠯᠴᠢᠨ ᠲᠠᠷᠢᠶᠠᠴᠢᠨ ᠤ ᠤᠷᠠᠨ ᠰᠠᠶᠢᠬᠠᠨ ᠤ | ᠬᠠᠮᠲᠤᠷᠠᠭᠰᠠᠨ ᠲᠣᠭᠯᠠᠯᠲᠠ᠂ ᠲᠠᠯᠠᠪᠠᠶ ᠶᠢᠨ ᠪᠥᠵᠢᠭ ᠤᠨ ᠤᠷᠤᠯᠳᠤᠭᠠᠨ ᠵᠡᠷᠭᠡ ᠣᠯᠠᠨ ᠲᠦᠮᠡᠨ ᠤ ᠬᠡᠪᠰᠢᠭᠰᠡᠨ ᠰᠣᠶᠣᠯ ᠤᠨ | ᠠᠵᠢᠯᠯᠠᠭ᠎ᠠ ᠶᠢ ᠪᠦᠲᠦᠮᠵᠢᠲᠡᠶ ᠠᠬᠢᠭᠤᠯᠤᠨ᠎ᠠ︾ ᠭᠡᠬᠦ ᠠᠭᠤᠯᠭ᠎ᠠ ᠶᠢ ᠪᠠᠭᠲᠠᠭᠠᠨ᠎ᠠ᠃ | 7. ︽ᠲᠤᠰᠬᠠᠢ ᠪᠤᠯᠤᠩ 8 ᠰᠣᠶᠣᠯ ᠲᠠᠮᠢᠷ ᠤᠨ ᠦᠢᠯᠡᠴᠢᠯᠡᠭᠡᠨ ᠤ ᠪᠠᠲᠤᠯᠠᠭ᠎ᠠ ᠶᠢᠨ ᠢᠨᠵᠧᠨᠧᠷᠢᠩ︾ ᠳᠣᠲᠣᠷᠠᠬᠢ | ︽ᠰᠢᠨ᠎ᠡ ᠴᠠᠭ ᠦᠶ᠎ᠡ ᠶᠢᠨ ᠤᠯᠠᠭᠠᠨᠮᠥ᠋ᠴᠢᠷ ᠤᠨ ᠠᠵᠢᠯ ᠦᠢᠯᠡᠰ ᠤᠨ ᠬᠥᠭᠵᠢᠯᠲᠡ ᠶᠢᠨ ᠠᠵᠢᠯᠯᠠᠭ᠎ᠠ᠃ ᠤᠯᠠᠭᠠᠨᠮᠥ᠋ᠴᠢᠷ ᠤᠨ | ᠪᠣᠯᠪᠠᠰᠤᠷᠠᠯ ᠤᠨ ᠲᠠᠯᠠᠪᠤᠷ ᠤᠨ ᠪᠠᠷᠢᠮᠵᠢᠶᠠᠵᠢᠭᠤᠯᠬᠤ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ︾ ᠭᠡᠳᠡᠭ ᠢ ︽ | ᠤᠯᠠᠭᠠᠨᠮᠥ᠋ᠴᠢᠷ ᠤᠨ ᠪᠡᠯᠡᠳᠬᠡᠮᠵᠢ ᠶᠢᠨ ᠪᠠᠷᠢᠮᠵᠢᠶ᠎ᠠ ᠶᠢ ᠪᠠᠷᠢᠮᠵᠢᠶ᠎ᠠ ᠳᠤ ᠬᠦᠷᠭᠡᠬᠦ ᠢᠨᠵᠧᠨᠧᠷᠢᠩ᠂ ᠤᠯᠠᠭᠠᠨᠮᠥ᠋ᠴᠢᠷ ᠤᠨ | ᠪᠡᠯᠡᠳᠬᠡᠮᠵᠢ ᠶᠢᠨ ᠪᠠᠷᠢᠮᠵᠢᠶᠠᠵᠢᠭᠤᠯᠬᠤ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ︾ ᠭᠡᠵᠦ ᠵᠠᠰᠠᠪᠠ︔ ︽ᠪᠥᠬᠦ | ᠠᠷᠠᠳ ᠤᠨ ᠪᠡᠶ᠎ᠡ ᠴᠢᠭᠢᠷᠠᠭᠵᠢᠭᠤᠯᠬᠤ ᠲᠠᠯᠠᠪᠤᠷ ᠤᠨ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢᠨ ᠠᠵᠢᠯᠯᠠᠭ᠎ᠠ︾ ᠶᠢᠨ | ᠨᠢᠭᠡ ᠬᠡᠰᠡᠭ ᠤᠨ ᠠᠭᠤᠯᠭ᠎ᠠ ᠶᠢ ︽ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠲᠠᠯᠠᠪᠤᠷ ᠤᠨ ᠪᠡᠯᠡᠳᠬᠡᠮᠵᠢ ᠶᠢᠨ ᠪᠦᠲᠦᠭᠡᠨ | ᠪᠠᠶᠢᠭᠤᠯᠤᠯᠲᠠ ᠶᠢᠨ ᠠᠵᠢᠯᠯᠠᠭ᠎ᠠ᠃ ᠪᠡᠶ᠎ᠡ ᠶᠢᠨ ᠲᠠᠮᠢᠷ ᠤᠨ ᠴᠡᠴᠡᠷᠯᠢᠭ᠂ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠲᠥᠪ | ︵ᠪᠠᠭ᠎ᠠ ᠬᠡᠯᠪᠡᠷᠢ ᠶᠢᠨ ᠪᠡᠶ᠎ᠡ ᠶᠢᠨ ᠲᠠᠮᠢᠷ ᠤᠨ ᠶᠡᠷᠦᠩᠬᠡᠶᠢᠯᠡᠭᠰᠡᠨ ᠴᠣᠭᠴᠠ︶᠂ ᠣᠯᠠᠨ ᠨᠡᠶᠢᠲᠡ ᠶᠢᠨ ᠪᠡᠶ᠎ᠡ ᠶᠢᠨ ᠲᠠᠮᠢᠷ ᠤᠨ | ᠲᠠᠯᠠᠪᠤᠷ ᠲᠠᠬᠢ ᠪᠠᠷᠢᠮᠵᠢᠶᠠᠲᠤ ᠬᠦᠨᠳᠦ ᠬᠥᠩᠭᠡᠨ ᠲᠠᠮᠢᠷ ᠤᠨ ᠭᠦᠶᠦᠯᠲᠡ ᠶᠢᠨ ᠵᠠᠮ ᠪᠠ ᠪᠠᠷᠢᠮᠵᠢᠶᠠᠲᠤ ᠬᠥᠯ ᠪᠥᠮᠪᠦᠭᠡ ᠶᠢᠨ | ᠲᠠᠯᠠᠪᠤᠷ ᠭᠠᠵᠠᠷ᠂ ᠨᠡᠶᠢᠭᠡᠮ ᠤᠨ ᠬᠥᠯ ᠪᠥᠮᠪᠦᠭᠡ ᠶᠢᠨ ᠲᠠᠯᠠᠪᠤᠷ᠂ ᠪᠡᠶ᠎ᠡ ᠴᠢᠭᠢᠷᠠᠭᠵᠢᠭᠤᠯᠬᠤ ᠶᠠᠪᠠᠭᠠᠨ ᠵᠠᠮ᠂ ᠭᠡᠷ ᠤᠨ | ᠭᠠᠳᠠᠨᠠᠬᠢ ᠪᠡᠶ᠎ᠡ ᠶᠢᠨ ᠲᠠᠮᠢᠷ ᠤᠨ ᠣᠯᠠᠨ ᠨᠡᠶᠢᠲᠡ ᠶᠢᠨ ᠦᠢᠯᠡᠴᠢᠯᠡᠭᠡᠨ ᠤ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ | ᠠᠬᠢᠭᠤᠯᠤᠨ᠎ᠠ︾ ᠭᠡᠵᠦ ᠵᠠᠰᠠᠪᠠ᠃ | ᠲᠠᠪᠤ᠂ ︽ᠲᠥᠯᠦᠪᠵᠢᠭᠦᠯᠭᠡ︾ ᠶᠢᠨ ︽ᠲᠠᠪᠤᠳᠤᠭᠠᠷ ᠪᠦᠯᠦᠭ ᠲᠦᠭᠡᠮᠡᠯ ᠬᠠᠷᠠᠭᠠᠯᠵᠠᠯ ᠤᠨ ᠴᠢᠨᠠᠷᠲᠠᠢ ᠤᠯᠠᠨ | ᠨᠡᠶᠢᠲᠡ ᠶᠢᠨ ᠦᠨᠳᠦᠰᠦᠨ ᠪᠤᠰᠤ ᠦᠢᠯᠡᠴᠢᠯᠡᠭᠡᠨ ᠤ ᠬᠠᠩᠭᠠᠯᠭ᠎ᠠ ᠶᠢ ᠥᠷᠭᠡᠳᠬᠡᠬᠦ︾ ᠶᠢᠨ ᠬᠡᠰᠡᠭ ᠠᠭᠤᠯᠭ᠎ᠠ ᠳᠤ ᠳᠣᠣᠷᠠᠬᠢ | ᠮᠡᠲᠦ ᠵᠠᠰᠠᠪᠤᠷᠢ ᠣᠷᠣᠭᠤᠯᠪᠠ᠃ | ︵ᠨᠢᠭᠡ︶ ︽ᠨᠢᠭᠡᠳᠦᠭᠡᠷ ᠬᠡᠰᠡᠭ ᠲᠦᠭᠡᠮᠡᠯ ᠬᠠᠷᠠᠭᠠᠯᠵᠠᠯᠲᠤ ᠬᠡᠦᠬᠡᠳ ᠰᠠᠭᠠᠲᠠᠭᠤᠯᠬᠤ ᠦᠢᠯᠡᠴᠢᠯᠡᠭᠡ ᠶᠢ | ᠬᠥᠭᠵᠢᠭᠦᠯᠬᠦ︾ ᠠᠭᠤᠯᠭ᠎ᠠ ᠶᠢ ︽ᠪᠡᠶᠡᠴᠢ ᠴᠣᠭᠴᠠ ᠨᠢ ᠣᠯᠠᠨ ᠡᠰᠢᠲᠦ᠂ ᠬᠡᠯᠪᠡᠷᠢ ᠮᠠᠶ᠋ᠢᠭ ᠨᠢ ᠣᠯᠠᠨ ᠶᠠᠩᠵᠤ ᠶᠢᠨ᠂ | ᠲᠥᠷᠥ ᠶᠢᠨ ᠪᠣᠳᠣᠯᠭ᠎ᠠ ᠨᠢ ᠪᠦᠷᠢᠨ ᠲᠡᠭᠦᠯᠳᠡᠷ ᠨᠢᠯᠬ᠎ᠠ ᠬᠡᠦᠬᠡᠳ ᠢ ᠬᠠᠷᠠᠭᠠᠯᠵᠠᠨ ᠠᠰᠠᠷᠠᠬᠤ ᠦᠢᠯᠡᠴᠢᠯᠡᠭᠡᠨ ᠤ | ᠰᠢᠰᠲ᠋ᠧᠮᠵᠢ ᠶᠢ ᠲᠦᠷᠭᠡᠳᠬᠡᠨ ᠪᠠᠶᠢᠭᠤᠯᠵᠤ᠂ ᠨᠡᠶᠢᠭᠡᠮ ᠤᠨ ᠬᠦᠴᠦᠨ ᠢ ᠢᠳᠡᠪᠬᠢᠲᠡᠢ ᠪᠠᠷ ᠬᠥᠲᠥᠯᠥᠨ ᠵᠢᠯᠤᠭᠤᠳᠴᠤ | ᠪᠠᠶᠢᠭᠠᠳ ᠬᠡᠦᠬᠡᠳ ᠰᠠᠭᠠᠲᠠᠭᠤᠯᠬᠤ ᠦᠢᠯᠡᠴᠢᠯᠡᠭᠡᠨ ᠤ ᠪᠠᠶᠢᠭᠤᠯᠤᠮᠵᠢ ᠡᠷᠭᠢᠯᠡᠵᠦ᠂ ᠲᠦᠭᠡᠮᠡᠯ ᠬᠠᠷᠠᠭᠠᠯᠵᠠᠬᠤ ᠴᠢᠨᠠᠷᠲᠠᠢ | ᠬᠡᠦᠬᠡᠳ ᠰᠠᠭᠠᠲᠠᠭᠤᠯᠬᠤ ᠦᠢᠯᠡᠴᠢᠯᠡᠭᠡᠨ ᠤ ᠬᠠᠩᠭᠠᠯᠭ᠎ᠠ ᠶᠢ ᠨᠡᠮᠡᠭᠳᠡᠭᠦᠯᠦᠨ᠎ᠡ᠃ ᠨᠡᠶᠢᠭᠡᠮ ᠨᠡᠶᠢᠲᠡ ᠳᠤ ᠬᠠᠨᠳᠤᠭᠤᠯᠤᠭᠰᠠᠨ | ᠨᠡᠶᠢᠳᠡᠮ ᠬᠠᠷᠠᠭᠠᠯᠵᠠᠬᠤ ᠴᠢᠨᠠᠷᠲᠠᠢ ᠬᠡᠦᠬᠡᠳ ᠰᠠᠭᠠᠲᠠᠭᠤᠯᠬᠤ ᠦᠢᠯᠡᠴᠢᠯᠡᠭᠡᠨ ᠤ ᠲᠥᠷᠥᠯ ᠵᠦᠢᠯ ᠢ ᠳᠡᠮᠵᠢᠵᠦ᠂ ᠨᠢᠯᠬ᠎ᠠ | ᠬᠡᠦᠬᠡᠳ ᠤᠨ ᠭᠡᠷ ᠪᠦᠯᠢ ᠳᠤ ᠶᠠᠰᠤ ᠴᠢᠨᠠᠷ ᠨᠢ ᠪᠠᠲᠤᠯᠠᠭ᠎ᠠ ᠲᠠᠢ᠂ ᠦᠨ᠎ᠡ ᠬᠠᠩᠰᠢ ᠨᠢ ᠳᠠᠭᠠᠭᠠᠵᠤ ᠳᠡᠶᠢᠯᠬᠦ᠂ ᠲᠥᠬᠦᠮ | ᠪᠥᠭᠡᠳ ᠬᠦᠷᠲᠡᠵᠦ ᠳᠡᠶᠢᠯᠬᠦ ᠬᠡᠦᠬᠡᠳ ᠰᠠᠭᠠᠲᠠᠭᠤᠯᠬᠤ ᠦᠢᠯᠡᠴᠢᠯᠡᠭᠡᠨ ᠢ ᠬᠠᠩᠭᠠᠨ᠎ᠠ᠃ ᠨᠢᠯᠬ᠎ᠠ ᠬᠡᠦᠬᠡᠳ ᠢ ᠬᠠᠷᠠᠭᠠᠯᠵᠠᠨ | ᠠᠰᠠᠷᠠᠬᠤ ᠵᠢᠱᠢᠶ᠎ᠡ ᠦᠵᠡᠭᠦᠯᠦᠨ ᠡᠭᠦᠳᠦᠨ ᠪᠠᠶᠢᠭᠤᠯᠬᠤ ᠠᠵᠢᠯᠯᠠᠭ᠎ᠠ ᠶᠢ ᠥᠷᠨᠢᠭᠦᠯᠵᠦ᠂ ᠨᠢᠭᠡ ᠪᠦᠯᠦᠭ ᠳᠠᠶᠢᠴᠢᠯᠠᠬᠤ | ᠦᠢᠯᠡᠳᠦᠯ ᠲᠠᠢ᠂ ᠵᠣᠬᠢᠬᠤ ᠵᠢᠯᠤᠭᠤᠳᠬᠤ ᠴᠢᠳᠠᠮᠵᠢ ᠶᠢ ᠡᠭᠦᠷᠭᠡᠯᠡᠭᠰᠡᠨ ᠵᠢᠱᠢᠶ᠎ᠡ ᠦᠵᠡᠭᠦᠯᠬᠦ ᠴᠢᠨᠠᠷᠲᠠᠢ ᠨᠠᠶᠢᠳᠠᠨ | ᠬᠥᠮᠥᠵᠢᠭᠦᠯᠬᠦ ᠦᠢᠯᠡᠴᠢᠯᠡᠭᠡᠨ ᠤ ᠪᠠᠶᠢᠭᠤᠯᠤᠮᠵᠢ ᠶᠢ ᠪᠠᠶᠢᠭᠤᠯᠤᠨ ᠪᠦᠲᠦᠭᠡᠵᠦ᠂ ᠵᠣᠬᠢᠬᠤ ᠬᠡᠪᠴᠢᠶᠡᠨ ᠤ ᠲᠦᠭᠡᠮᠡᠯ | ᠬᠠᠷᠠᠭᠠᠯᠵᠠᠯ ᠤᠨ ᠴᠢᠨᠠᠷᠲᠠᠢ ᠨᠠᠶᠢᠳᠠᠨ ᠬᠥᠮᠥᠵᠢᠭᠦᠯᠬᠦ ᠪᠠᠶᠢᠷᠢ ᠶᠢ ᠲᠣᠬᠢᠷᠠᠭᠤᠯᠤᠨ᠂ ᠨᠠᠶᠢᠳᠠᠨ ᠬᠥᠮᠥᠵᠢᠭᠦᠯᠬᠦ ᠠᠵᠢᠯ | ᠡᠷᠬᠢᠯᠡᠭᠰᠡᠳ ᠤᠨ ᠪᠣᠯᠪᠠᠰᠤᠷᠠᠭᠤᠯᠤᠯ᠂ ᠨᠠᠶᠢᠳᠠᠨ ᠬᠥᠮᠥᠵᠢᠭᠦᠯᠬᠦ ᠪᠠᠶᠢᠭᠤᠯᠤᠮᠵᠢ ᠶᠢᠨ ᠬᠠᠮᠢᠶᠠᠷᠤᠯᠲᠠ ᠶᠢᠨ ᠯᠠᠪᠯᠠᠭ᠎ᠠ᠂ ᠭᠡᠷ | ᠪᠦᠯᠢ ᠶᠢᠨ ᠠᠰᠠᠷᠠᠨ ᠬᠥᠮᠥᠵᠢᠭᠦᠯᠬᠦ ᠶᠢᠨ ᠵᠢᠯᠣᠭᠤᠳᠤᠯᠭ᠎ᠠ ᠪᠠ ᠨᠡᠶᠢᠭᠡᠮ ᠲᠣᠭᠤᠷᠢᠭ ᠤᠨ ᠡᠴᠢᠭᠡ ᠡᠬᠡ ᠦᠷ᠎ᠡ ᠬᠡᠦᠬᠡᠳ ᠤᠨ | ᠠᠵᠢᠯᠯᠠᠭ᠎ᠠ ᠵᠡᠷᠭᠡ ᠦᠢᠯᠡᠴᠢᠯᠡᠭᠡᠨ ᠢ ᠬᠠᠩᠭᠠᠨ᠎ᠠ᠃ ᠲᠤᠰᠠᠭᠠᠷ ᠭᠠᠵᠠᠷ ᠡᠵᠡᠯᠡᠬᠦ ᠴᠢᠬᠤᠯᠠ ᠲᠠᠢ ᠨᠢᠯᠬ᠎ᠠ ᠬᠡᠦᠬᠡᠳ ᠢ | ᠬᠠᠷᠠᠭᠠᠯᠵᠠᠨ ᠠᠰᠠᠷᠠᠬᠤ ᠦᠢᠯᠡᠴᠢᠯᠡᠭᠡᠨ ᠤ ᠪᠡᠯᠡᠳᠬᠡᠮᠵᠢ ᠪᠠ ᠲᠠᠯᠠᠪᠤᠷ ᠭᠠᠵᠠᠷ ᠤᠨ ᠪᠦᠲᠦᠭᠡᠨ ᠪᠠᠶᠢᠭᠤᠯᠤᠯᠲᠠ ᠶᠢᠨ | ᠪᠠᠶᠢᠷᠢᠰᠢᠭᠤᠯᠤᠯᠲᠠ ᠶᠢ ᠬᠤᠯᠪᠣᠭᠳᠡᠯ ᠪᠦᠬᠦᠢ ᠲᠥᠯᠦᠪᠵᠢᠭᠦᠯᠭᠡ ᠳᠤ ᠣᠷᠣᠭᠤᠯᠵᠤ᠂ ᠨᠢᠭᠡ ᠪᠦᠯᠦᠭ ᠰᠢᠭᠢᠳᠬᠡᠯ ᠮᠠᠶ᠋ᠢᠭ ᠤᠨ | ᠂ ᠲᠠᠷᠬᠠᠮᠠᠯ ᠮᠠᠶ᠋ᠢᠭ ᠤᠨ᠂ ᠬᠡᠯᠬᠢᠶᠡᠵᠢᠭᠰᠡᠨ᠂ ᠲᠤᠰᠬᠠᠶᠢᠵᠢᠭᠰᠠᠨ ᠨᠡᠶᠢᠭᠡᠮ ᠲᠣᠭᠤᠷᠢᠭ ᠤᠨ ᠬᠡᠦᠬᠡᠳ ᠰᠠᠭᠠᠲᠠᠭᠤᠯᠬᠤ | ᠦᠢᠯᠡᠴᠢᠯᠡᠭᠡᠨ ᠤ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠰᠢᠨ᠎ᠡ ᠪᠠᠷ ᠪᠠᠶᠢᠭᠤᠯᠬᠤ᠂ ᠥᠭᠡᠷᠡᠴᠢᠯᠡᠵᠦ ᠥᠷᠭᠡᠳᠬᠡᠨ | ᠪᠠᠶᠢᠭᠤᠯᠬᠤ ᠪᠠᠷ ᠳᠡᠮᠵᠢᠨ ᠳᠡᠮᠵᠢᠵᠦ᠂ ᠪᠦᠬᠦᠯᠢ ᠡᠳᠦᠷ ᠤᠨ ᠬᠡᠦᠬᠡᠳ ᠰᠠᠭᠠᠲᠠᠭᠤᠯᠬᠤ᠂ ᠬᠠᠭᠠᠰ ᠡᠳᠦᠷ ᠤᠨ ᠬᠡᠦᠬᠡᠳ | ᠰᠠᠭᠠᠲᠠᠭᠤᠯᠬᠤ᠂ ᠴᠠᠭ ᠢᠶᠠᠷ ᠪᠤᠳᠤᠬᠤ ᠬᠡᠦᠬᠡᠳ ᠰᠠᠭᠠᠲᠠᠭᠤᠯᠬᠤ᠂ ᠲᠦᠷ ᠴᠠᠭ ᠤᠨ ᠬᠡᠦᠬᠡᠳ ᠰᠠᠭᠠᠲᠠᠭᠤᠯᠬᠤ ᠵᠡᠷᠭᠡ ᠣᠯᠠᠨ | ᠶᠠᠩᠵᠤ ᠶᠢᠨ ᠲᠦᠭᠡᠮᠡᠯ ᠬᠠᠷᠠᠭᠠᠯᠵᠠᠯᠲᠤ ᠬᠡᠦᠬᠡᠳ ᠰᠠᠭᠠᠲᠠᠭᠤᠯᠬᠤ ᠦᠢᠯᠡᠴᠢᠯᠡᠭᠡᠨ ᠢ ᠬᠠᠩᠭᠠᠨ᠎ᠠ᠃ ᠰᠢᠨ᠎ᠡ ᠪᠠᠷ | ᠪᠠᠶᠢᠭᠤᠯᠤᠭᠰᠠᠨ ᠣᠷᠣᠨ ᠰᠠᠭᠤᠴᠠ ᠶᠢᠨ ᠲᠣᠭᠤᠷᠢᠭ ᠵᠡᠷᠭᠡ ᠳᠤ ᠨᠠᠶᠢᠳᠠᠨ ᠬᠥᠮᠥᠵᠢᠭᠦᠯᠬᠦ ᠦᠢᠯᠡᠴᠢᠯᠡᠭᠡᠨ ᠤ ᠪᠡᠯᠡᠳᠬᠡᠮᠵᠢ ᠶᠢ | ᠲᠣᠬᠢᠷᠠᠭᠤᠯᠤᠨ ᠪᠠᠶᠢᠭᠤᠯᠬᠤ ᠶᠢ ᠳᠡᠮᠵᠢᠵᠦ᠂ ᠬᠠᠭᠤᠴᠢᠨ ᠬᠤᠲᠠ ᠶᠢᠨ ᠲᠣᠭᠤᠷᠢᠭ ᠪᠠ ᠨᠢᠭᠡᠨᠲᠡ ᠪᠠᠶᠢᠭᠤᠯᠤᠭᠰᠠᠨ ᠣᠷᠣᠨ | ᠰᠠᠭᠤᠴᠠ ᠶᠢᠨ ᠲᠣᠭᠤᠷᠢᠭ ᠲᠤ ᠨᠠᠶᠢᠳᠠᠨ ᠬᠥᠮᠥᠵᠢᠭᠦᠯᠬᠦ ᠦᠢᠯᠡᠴᠢᠯᠡᠭᠡᠨ ᠤ ᠪᠡᠯᠡᠳᠬᠡᠮᠵᠢ ᠶᠢ ᠰᠢᠨ᠎ᠡ ᠪᠠᠷ ᠪᠠᠶᠢᠭᠤᠯᠬᠤ᠂ | ᠥᠭᠡᠷᠡᠴᠢᠯᠡᠵᠦ ᠥᠷᠭᠡᠳᠬᠡᠨ ᠪᠠᠶᠢᠭᠤᠯᠬᠤ ᠶᠢ ᠳᠡᠮᠵᠢᠵᠦ᠂ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ | ᠪᠠᠶᠢᠭᠤᠯᠤᠮᠵᠢ ᠵᠡᠷᠭᠡ ᠶᠢᠨ ᠰᠢᠨ᠎ᠡ ᠪᠠᠷ ᠪᠠᠶᠢᠭᠤᠯᠬᠤ᠂ ᠥᠭᠡᠷᠡᠴᠢᠯᠡᠵᠦ ᠥᠷᠭᠡᠳᠬᠡᠨ ᠪᠠᠶᠢᠭᠤᠯᠬᠤ ᠵᠡᠷᠭᠡ ᠠᠷᠭ᠎ᠠ ᠮᠠᠶ᠋ᠢᠭ ᠢᠶᠠᠷ | ᠳᠠᠮᠵᠢᠭᠤᠯᠤᠨ ᠨᠠᠶᠢᠳᠠᠨ ᠬᠥᠮᠥᠵᠢᠭᠦᠯᠬᠦ ᠦᠢᠯᠡᠴᠢᠯᠡᠭᠡᠨ ᠬᠠᠩᠭᠠᠬᠤ ᠶᠢ ᠳᠡᠮᠵᠢᠨ᠎ᠡ᠃ ᠨᠠᠶᠢᠳᠠᠨ ᠬᠥᠮᠥᠵᠢᠭᠦᠯᠬᠦ | ᠦᠢᠯᠡᠴᠢᠯᠡᠭᠡᠨ ᠤ ᠪᠡᠯᠡᠳᠬᠡᠮᠵᠢ ᠶᠢ ᠨᠡᠶᠢᠭᠡᠮ ᠲᠣᠭᠤᠷᠢᠭ ᠤᠨ ᠦᠢᠯᠡᠴᠢᠯᠡᠭᠡᠨ ᠤ ᠲᠥᠪ ︵ᠥᠷᠲᠡᠭᠡ︶ ᠵᠢᠴᠢ ᠨᠡᠶᠢᠭᠡᠮ | ᠲᠣᠭᠤᠷᠢᠭ ᠤᠨ ᠰᠣᠶᠣᠯ᠂ ᠪᠡᠶ᠎ᠡ ᠶᠢᠨ ᠲᠠᠮᠢᠷ᠂ ᠨᠠᠰᠤᠵᠢᠯ ᠤᠨ ᠠᠰᠠᠷᠠᠮᠵᠢ ᠵᠡᠷᠭᠡ ᠪᠡᠯᠡᠳᠬᠡᠮᠵᠢ ᠯᠦᠭᠡ ᠬᠠᠮᠲᠤᠪᠠᠷ | ᠪᠠᠶᠢᠭᠤᠯᠵᠤ ᠬᠠᠮᠲᠤᠪᠠᠷ ᠭᠥᠷᠳᠡᠬᠦ ᠶᠢ ᠵᠣᠷᠢᠭᠵᠢᠭᠤᠯᠤᠨ᠎ᠠ᠃ ᠬᠤᠲᠠ ᠪᠠᠯᠭᠠᠰᠤ ᠶᠢᠨ ᠨᠢᠯᠬ᠎ᠠ ᠬᠡᠦᠬᠡᠳ ᠢ ᠬᠠᠷᠠᠭᠠᠯᠵᠠᠨ | ᠠᠰᠠᠷᠠᠬᠤ ᠦᠢᠯᠡᠴᠢᠯᠡᠭᠡᠨ ᠤ ᠪᠦᠲᠦᠭᠡᠨ ᠪᠠᠶᠢᠭᠤᠯᠤᠯᠲᠠ ᠳᠤ ᠮᠠᠯᠵᠢᠬᠤ ᠲᠠᠷᠢᠶᠠᠯᠠᠬᠤ ᠣᠷᠣᠨ ᠤ ᠬᠤᠲᠠ ᠳᠤ ᠣᠷᠣᠵᠤ ᠠᠵᠢᠯ | ᠬᠥᠳᠡᠯᠮᠦᠷᠢ ᠬᠢᠭᠰᠡᠳ ᠤᠨ ᠳᠠᠭᠠᠵᠤ ᠨᠡᠭᠦᠭᠰᠡᠨ ᠨᠢᠯᠬ᠎ᠠ ᠬᠡᠦᠬᠡᠳ ᠢ ᠬᠠᠷᠠᠭᠠᠯᠵᠠᠨ ᠠᠰᠠᠷᠠᠬᠤ ᠦᠢᠯᠡᠴᠢᠯᠡᠭᠡᠨ ᠤ ᠬᠡᠷᠡᠭᠴᠡᠭᠡ | ᠱᠠᠭᠠᠷᠳᠠᠯᠭ᠎ᠠ ᠶᠢ ᠭᠦᠢᠴᠡᠳ ᠪᠣᠳᠣᠯᠬᠢᠯᠠᠬᠤ ᠬᠡᠷᠡᠭᠲᠡᠢ᠃ ᠮᠠᠯᠵᠢᠬᠤ ᠲᠠᠷᠢᠶᠠᠯᠠᠬᠤ ᠣᠷᠣᠨ ᠪᠣᠯᠣᠨ ᠶᠠᠳᠠᠭᠤ ᠠᠴᠠ | ᠠᠩᠭᠢᠵᠢᠷᠠᠭᠰᠠᠨ ᠭᠠᠵᠠᠷ ᠣᠷᠣᠨ ᠤ ᠨᠢᠯᠬ᠎ᠠ ᠬᠡᠦᠬᠡᠳ ᠢ ᠬᠠᠷᠠᠭᠠᠯᠵᠠᠨ ᠠᠰᠠᠷᠠᠬᠤ ᠦᠢᠯᠡᠴᠢᠯᠡᠭᠡᠨ ᠢ ᠳᠡᠮᠵᠢᠬᠦ ᠡᠷᠴᠢᠮ ᠢᠶᠠᠨ | ᠴᠢᠩᠭᠠᠷᠠᠭᠤᠯᠵᠤ᠂ ᠨᠢᠯᠬ᠎ᠠ ᠬᠡᠦᠬᠡᠳ ᠤᠨ ᠠᠩᠬᠠᠨ ᠤ ᠬᠤᠭᠤᠴᠠᠭᠠᠨ ᠤ ᠬᠥᠭᠵᠢᠯᠲᠡ ᠶᠢᠨ ᠲᠥᠷᠥᠯ ᠵᠦᠢᠯ ᠢ | ᠳᠡᠯᠭᠡᠷᠡᠭᠦᠯᠦᠨ᠎ᠡ᠃ ᠬᠡᠦᠬᠡᠳ ᠤᠨ ᠵᠡᠮᠳᠡᠭ ᠢ ᠰᠢᠭᠰᠢᠨ ᠪᠠᠶᠢᠴᠠᠭᠠᠬᠤ᠂ ᠣᠨᠣᠰᠢᠯᠠᠬᠤ᠂ ᠡᠷᠡᠭᠦᠯᠵᠢᠭᠦᠯᠬᠦ ᠲᠡᠩᠬᠡᠷᠡᠭᠦᠯᠦᠨ | ᠲᠤᠰᠠᠯᠠᠬᠤ ᠶᠢ ᠣᠷᠭᠠᠨᠢᠭ ᠢᠶᠠᠷ ᠵᠣᠯᠭᠠᠭᠤᠯᠬᠤ ᠶᠢ ᠠᠬᠢᠭᠤᠯᠵᠤ᠂ ᠵᠡᠮᠳᠡᠭ ᠬᠡᠦᠬᠡᠳ ᠢ ᠡᠷᠲᠡ ᠢᠯᠡᠷᠡᠭᠦᠯᠬᠦ᠂ ᠡᠷᠲᠡ | ᠣᠨᠣᠰᠢᠯᠠᠬᠤ᠂ ᠡᠷᠲᠡ ᠭᠠᠷ ᠲᠦᠷᠦᠭᠦ᠂ ᠡᠷᠲᠡ ᠡᠷᠡᠭᠦᠯᠵᠢᠭᠦᠯᠬᠦ ᠴᠢᠳᠠᠪᠤᠷᠢ ᠪᠠ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ | ᠬᠤᠲᠠ ᠬᠥᠳᠡᠭᠡ ᠶᠢ ᠬᠠᠮᠤᠷᠤᠭᠰᠠᠨ ᠭᠡᠷ ᠪᠦᠯᠢ ᠶᠢᠨ ᠬᠥᠮᠦᠵᠢᠯ ᠤᠨ ᠵᠢᠯᠤᠭᠤᠳᠬᠤ ᠦᠢᠯᠡᠴᠢᠯᠡᠭᠡᠨ ᠤ ᠰᠢᠰᠲ᠋ᠧᠮᠵᠢ ᠶᠢ | ᠪᠠᠶᠢᠭᠤᠯᠵᠤ᠂ ᠭᠡᠷ ᠪᠦᠯᠢ ᠳᠤ ᠨᠠᠩ ᠴᠢᠨᠠᠷ ᠰᠠᠶᠢᠲᠠᠢ ᠨᠠᠩ ᠨᠠᠷᠢᠯᠢᠭ ᠣᠨᠣᠴᠠᠲᠠᠢ ᠭᠡᠷ ᠪᠦᠯᠢ ᠶᠢᠨ ᠬᠥᠮᠦᠵᠢᠯ ᠤᠨ | ᠵᠢᠯᠣᠭᠤᠳᠤᠯᠭ᠎ᠠ ᠬᠠᠩᠭᠠᠨ᠎ᠠ᠃ ᠨᠢᠯᠬ᠎ᠠ ᠨᠢᠷᠠᠢ ᠬᠡᠦᠬᠡᠳ ᠢ ᠬᠠᠷᠠᠭᠠᠯᠵᠠᠨ ᠠᠰᠠᠷᠠᠬᠤ ᠦᠢᠯᠡᠴᠢᠯᠡᠭᠡᠨ ᠤ ᠪᠠᠶᠢᠭᠤᠯᠤᠮᠵᠢ ᠶᠢᠨ | ᠳᠠᠩᠰᠠᠯᠠᠨ ᠲᠡᠮᠳᠡᠭᠯᠡᠬᠦ ᠳᠦᠷᠢᠮ᠂ ᠮᠡᠳᠡᠭᠡ ᠵᠠᠩᠭᠢ ᠶᠢ ᠢᠯᠡ ᠨᠡᠶᠢᠲᠡᠯᠡᠬᠦ ᠳᠦᠷᠢᠮ ᠪᠠ ᠶᠠᠰᠤ ᠴᠢᠨᠠᠷ ᠢ ᠦᠨᠡᠯᠡᠨ ᠵᠢᠱᠢᠬᠦ | ᠳᠦᠷᠢᠮ ᠢ ᠪᠠᠶᠢᠭᠤᠯᠤᠨ ᠲᠡᠭᠦᠯᠳᠡᠷᠵᠢᠭᠦᠯᠵᠦ᠂ ᠨᠢᠯᠬ᠎ᠠ ᠨᠢᠷᠠᠢ ᠬᠡᠦᠬᠡᠳ ᠢ ᠬᠠᠷᠠᠭᠠᠯᠵᠠᠨ ᠠᠰᠠᠷᠠᠬᠤ ᠦᠢᠯᠡᠴᠢᠯᠡᠭᠡᠨ ᠤ | ᠪᠠᠶᠢᠭᠤᠯᠤᠮᠵᠢ ᠳᠤ ᠬᠥᠳᠡᠯᠦᠩᠭᠦᠢ ᠬᠠᠮᠢᠶᠠᠷᠤᠯᠲᠠ ᠶᠢ ᠬᠡᠷᠡᠭᠵᠢᠭᠦᠯᠦᠨ᠎ᠡ᠃ ᠨᠡᠶᠢᠳᠡᠮ ᠬᠤᠶᠠᠷ ᠬᠡᠦᠬᠡᠳ ᠠᠪᠴᠤ ᠪᠣᠯᠬᠤ | ᠲᠥᠷᠥ ᠶᠢᠨ ᠪᠣᠳᠣᠯᠭ᠎ᠠ ᠳᠤ ᠲᠣᠬᠢᠷᠠᠭᠤᠯᠤᠯᠲᠠ ᠬᠢᠬᠦ ᠠᠴᠠ ᠡᠮᠦᠨᠡᠬᠢ ᠭᠠᠭᠴᠠ ᠬᠡᠦᠬᠡᠳ ᠲᠠᠢ ᠭᠡᠷ ᠪᠦᠯᠢ ᠪᠠ ᠬᠥᠳᠡᠭᠡ | ᠲᠣᠰᠬᠤᠨ ᠤ ᠲᠥᠯᠥᠪᠯᠡᠭᠡᠲᠦ ᠦᠷᠡᠵᠢᠯ ᠤᠨ ᠬᠤᠣᠰ ᠬᠡᠦᠬᠡᠨ ᠲᠠᠢ ᠭᠡᠷ ᠪᠦᠯᠢ ᠳᠤ ᠣᠲᠣ ᠶᠢᠨ ᠬᠡᠷᠡᠭᠵᠢᠭᠦᠯᠵᠦ ᠪᠠᠶᠢᠭ᠎ᠠ ᠡᠯ᠎ᠡ | ᠵᠦᠢᠯ ᠤᠨ ᠱᠠᠩᠨᠠᠨ ᠲᠡᠳᠬᠦᠬᠦ ᠳᠦᠷᠢᠮ ᠪᠠ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠦᠷᠭᠦᠯᠵᠢᠯᠡᠨ ᠬᠡᠷᠡᠭᠵᠢᠭᠦᠯᠵᠦ᠂ | ᠭᠤᠷᠪᠠᠨ ᠬᠡᠦᠬᠡᠳ ᠠᠪᠴᠤ ᠪᠣᠯᠬᠤ ᠲᠥᠷᠥ ᠶᠢᠨ ᠪᠣᠳᠣᠯᠭ᠎ᠠ ᠶᠢᠨ ᠢᠵᠢ ᠪᠦᠷᠢᠳᠦᠭᠦᠯᠦᠨ ᠳᠡᠮᠵᠢᠬᠦ ᠠᠷᠭ᠎ᠠ ᠬᠡᠮᠵᠢᠶ᠎ᠡ ᠶᠢ | ᠲᠡᠭᠦᠯᠳᠡᠷᠵᠢᠭᠦᠯᠦᠨ᠎ᠡ᠃ ᠦᠷᠡᠵᠢᠯ ᠤᠨ ᠠᠮᠠᠷᠠᠯᠲᠠ ᠶᠢᠨ ᠴᠢᠯᠦᠭᠡ ᠪᠠ ᠦᠷᠡᠵᠢᠯ ᠤᠨ ᠳᠠᠭᠠᠳᠬᠠᠯ ᠤᠨ ᠳᠦᠷᠢᠮ ᠢ | ᠨᠠᠶᠢᠳᠠᠪᠤᠷᠢᠵᠢᠭᠤᠯᠵᠤ᠂ ᠬᠥᠮᠥᠨ ᠬᠡᠷᠡᠭᠯᠡᠬᠦ ᠨᠢᠭᠡᠴᠡ ᠶᠢᠨ ᠠᠵᠢᠯᠯᠠᠬᠤ ᠴᠠᠭ ᠢ ᠠᠮᠢᠳᠤᠯᠢᠭ ᠢᠶᠠᠷ ᠲᠣᠬᠢᠷᠠᠭᠤᠯᠬᠤ ᠵᠡᠷᠭᠡ | ᠠᠷᠭ᠎ᠠ ᠬᠡᠮᠵᠢᠶ᠎ᠡ ᠠᠪᠬᠤ ᠶᠢ ᠵᠣᠷᠢᠭᠵᠢᠭᠤᠯᠤᠨ᠂ ᠨᠢᠯᠬ᠎ᠠ ᠬᠡᠦᠬᠡᠳ ᠢ ᠠᠰᠠᠷᠠᠨ ᠬᠠᠷᠠᠭᠠᠯᠵᠠᠬᠤ ᠳᠤ ᠲᠥᠬᠦᠮ ᠨᠥᠬᠦᠴᠡᠯ | ᠬᠠᠩᠭᠠᠬᠤ ᠬᠡᠷᠡᠭᠲᠡᠢ᠃ ᠨᠢᠯᠬ᠎ᠠ ᠬᠡᠦᠬᠡᠳ ᠢ ᠬᠠᠷᠠᠭᠠᠯᠵᠠᠨ ᠠᠰᠠᠷᠠᠬᠤ ᠦᠢᠯᠡᠴᠢᠯᠡᠭᠡᠨ ᠤ ᠲᠤᠬᠠᠢ ᠤᠬᠠᠭᠤᠯᠭ᠎ᠠ ᠬᠥᠮᠦᠵᠢᠯ᠂ | ᠵᠢᠯᠣᠭᠤᠳᠤᠯᠭ᠎ᠠ᠂ ᠬᠢᠨᠠᠯᠲᠠ ᠪᠠ ᠬᠠᠮᠢᠶᠠᠷᠤᠯᠲᠠ ᠶᠢ ᠴᠢᠩᠭᠠᠳᠬᠠᠵᠤ᠂ ᠨᠢᠯᠬ᠎ᠠ ᠬᠡᠦᠬᠡᠳ ᠢ ᠬᠠᠷᠠᠭᠠᠯᠵᠠᠨ ᠠᠰᠠᠷᠠᠬᠤ | ᠠᠵᠢᠯᠲᠠᠨ ᠤ ᠠᠵᠢᠯ ᠮᠡᠷᠭᠡᠵᠢᠯ ᠤᠨ ᠬᠢᠷᠢ ᠬᠡᠮ ᠤᠨ ᠵᠥᠪᠰᠢᠶᠡᠷᠡᠯ ᠤᠨ ᠳᠦᠷᠢᠮ ᠢ ᠬᠠᠤᠯᠢ ᠶᠣᠰᠣᠭᠠᠷ ᠠᠯᠬᠤᠮ | ᠠᠯᠬᠤᠮ ᠢᠶᠠᠷ ᠬᠡᠷᠡᠭᠵᠢᠭᠦᠯᠦᠨ᠎ᠡ︾ ᠭᠡᠵᠦ ᠵᠠᠰᠠᠪᠠ᠃ | ︵ᠬᠤᠶᠠᠷ︶ ︽ᠬᠤᠶᠠᠳᠤᠭᠠᠷ ᠬᠡᠰᠡᠭ ᠬᠤᠲᠠ ᠬᠥᠳᠡᠭᠡ ᠶᠢᠨ ᠰᠤᠷᠬᠤ ᠨᠠᠰᠤᠨ ᠠᠴᠠ ᠡᠮᠦᠨᠡᠬᠢ ᠰᠤᠷᠭᠠᠨ | ᠬᠥᠮᠦᠵᠢᠯ ᠢ ᠨᠡᠶᠢᠳᠡᠮ ᠬᠠᠷᠠᠭᠠᠯᠵᠠᠬᠤ︾ ᠠᠭᠤᠯᠭ᠎ᠠ ᠶᠢ ︽ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ | ᠲᠦᠭᠡᠮᠡᠯ ᠬᠠᠷᠠᠭᠠᠯᠵᠠᠯ ᠤᠨ ᠪᠠᠲᠤᠯᠠᠭ᠎ᠠ ᠶᠢᠨ ᠲᠣᠭᠲᠠᠴᠠ ᠶᠢ ᠪᠦᠷᠢᠨᠰᠢᠭᠦᠯᠵᠦ᠂ ᠭᠤᠷᠪᠠᠨ ᠵᠢᠯ ᠤᠨ ᠰᠤᠷᠬᠤ ᠨᠠᠰᠤᠨ ᠠᠴᠠ | ᠡᠮᠦᠨᠡᠬᠢ ᠰᠤᠷᠭᠠᠨ ᠬᠥᠮᠦᠵᠢᠯ ᠢ ᠪᠥᠬᠦ ᠲᠠᠯ᠎ᠠ ᠪᠠᠷ ᠲᠦᠭᠡᠮᠡᠯᠵᠢᠭᠦᠯᠦᠨ᠎ᠡ᠃ ᠠᠯᠪᠠᠨ ᠠᠴᠠ ᠡᠷᠬᠢᠯᠡᠭᠰᠡᠨ ᠰᠤᠷᠬᠤ | ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠰᠢᠯᠢᠳᠡᠭ ᠡᠬᠢ ᠪᠠᠶᠠᠯᠢᠭ ᠤᠨ ᠬᠠᠮᠤᠷᠬᠤ ᠬᠡᠪᠴᠢᠶ᠎ᠡ ᠶᠢ ᠥᠷᠭᠡᠳᠬᠡᠨ᠎ᠡ᠃ | ᠲᠦᠭᠡᠮᠡᠯ ᠬᠠᠷᠠᠭᠠᠯᠵᠠᠯ ᠤᠨ ᠴᠢᠨᠠᠷᠲᠠᠢ ᠡᠬᠢ ᠪᠠᠶᠠᠯᠢᠭ ᠢᠶᠠᠷ ᠭᠤᠣᠯ ᠴᠣᠭᠴᠠ ᠪᠣᠯᠭᠠᠭᠰᠠᠨ ᠬᠡᠦᠬᠡᠳ ᠤᠨ ᠴᠡᠴᠡᠷᠯᠢᠭ | ᠡᠷᠭᠢᠯᠡᠬᠦ ᠰᠢᠰᠲ᠋ᠧᠮᠵᠢ ᠶᠢ ᠬᠦᠴᠦᠯᠡᠨ ᠪᠠᠶᠢᠭᠤᠯᠵᠤ᠂ ᠲᠦᠭᠡᠮᠡᠯ ᠬᠠᠷᠠᠭᠠᠯᠵᠠᠯ ᠤᠨ ᠴᠢᠨᠠᠷᠲᠠᠢ ᠬᠡᠦᠬᠡᠳ ᠤᠨ ᠴᠡᠴᠡᠷᠯᠢᠭ ᠤᠨ | ᠪᠦᠲᠦᠭᠡᠨ ᠪᠠᠶᠢᠭᠤᠯᠤᠯᠲᠠ ᠶᠢ ᠬᠤᠲᠠ ᠬᠥᠳᠡᠭᠡ ᠶᠢᠨ ᠣᠯᠠᠨ ᠨᠡᠶᠢᠲᠡ ᠶᠢᠨ ᠦᠢᠯᠡᠴᠢᠯᠡᠭᠡᠨ ᠤ ᠪᠡᠯᠡᠳᠬᠡᠮᠵᠢ ᠶᠢᠨ | ᠨᠢᠭᠡᠳᠦᠯᠲᠡᠢ ᠲᠥᠯᠦᠪᠵᠢᠭᠦᠯᠭᠡ ᠳᠤ ᠣᠷᠣᠭᠤᠯᠤᠨ᠎ᠠ᠃ ᠬᠤᠰᠢᠭᠤ ᠰᠢᠶᠠᠨ ︵ᠬᠤᠲᠠ᠂ ᠲᠣᠭᠤᠷᠢᠭ︶ ᠤ ᠲᠦᠭᠡᠮᠡᠯ | ᠬᠠᠷᠠᠭᠠᠯᠵᠠᠯ ᠤᠨ ᠴᠢᠨᠠᠷᠲᠠᠢ ᠬᠡᠦᠬᠡᠳ ᠤᠨ ᠴᠡᠴᠡᠷᠯᠢᠭ ᠤᠨ ᠲᠥᠯᠦᠪᠵᠢᠭᠦᠯᠭᠡ ᠶᠢᠨ ᠪᠠᠶᠢᠷᠢᠰᠢᠭᠤᠯᠤᠯᠲᠠ ᠶᠢ | ᠲᠡᠭᠦᠯᠳᠡᠷᠵᠢᠭᠦᠯᠵᠦ᠂ ᠣᠷᠣᠨ ᠰᠠᠭᠤᠴᠠ ᠶᠢᠨ ᠲᠣᠭᠤᠷᠢᠭ ᠤᠨ ᠬᠥᠮᠥᠨ ᠠᠮᠠ ᠶᠢᠨ ᠢᠵᠢ ᠪᠦᠷᠢᠳᠦᠭᠦᠯᠬᠦ ᠡᠷᠳᠡᠮ ᠤᠨ | ᠴᠣᠯᠠ ᠶᠢᠨ ᠪᠠᠷᠢᠮᠵᠢᠶ᠎ᠠ ᠳᠤ ᠴᠠᠭ ᠲᠤᠬᠠᠢ ᠳᠤᠨᠢ ᠵᠠᠰᠠᠪᠤᠷᠢ ᠣᠷᠣᠭᠤᠯᠬᠤ ᠪᠠ ᠲᠣᠬᠢᠷᠠᠭᠤᠯᠤᠯᠲᠠ ᠬᠢᠨ᠎ᠡ᠃ ᠨᠢᠭᠡ ᠪᠦᠯᠦᠭ | ᠲᠦᠭᠡᠮᠡᠯ ᠬᠠᠷᠠᠭᠠᠯᠵᠠᠯ ᠤᠨ ᠴᠢᠨᠠᠷᠲᠠᠢ ᠬᠡᠦᠬᠡᠳ ᠤᠨ ᠴᠡᠴᠡᠷᠯᠢᠭ ᠢ ᠵᠢᠯ ᠳᠠᠷᠠᠭᠠᠯᠠᠨ ᠲᠣᠬᠢᠷᠠᠭᠤᠯᠤᠨ ᠪᠠᠶᠢᠭᠤᠯᠵᠤ᠂ ᠮᠠᠯᠵᠢᠬᠤ | ᠲᠠᠷᠢᠶᠠᠯᠠᠬᠤ ᠣᠷᠣᠨ ᠢ ᠭᠤᠣᠯᠳᠠᠯᠭ᠎ᠠ ᠲᠠᠢ ᠥᠷᠭᠡᠳᠬᠡᠨ᠂ ᠬᠥᠮᠥᠨ ᠠᠮᠠ ᠲᠥᠪᠯᠡᠷᠡᠭᠰᠡᠨ ᠭᠠᠵᠠᠷ ᠣᠷᠣᠨ ᠤ ᠲᠦᠭᠡᠮᠡᠯ | ᠬᠠᠷᠠᠭᠠᠯᠵᠠᠯ ᠤᠨ ᠴᠢᠨᠠᠷᠲᠠᠢ ᠡᠬᠢ ᠪᠠᠶᠠᠯᠢᠭ ᠢ ᠰᠢᠨ᠎ᠡ ᠪᠠᠷ ᠨᠡᠮᠡᠭᠳᠡᠭᠦᠯᠦᠨ᠎ᠡ᠃ ᠰᠤᠮᠤ ᠰᠢᠶᠠᠩ ᠪᠠᠯᠭᠠᠰᠤ ︵ᠵᠡᠭᠡᠯᠢ ᠭᠤᠳᠤᠮᠵᠢ | ︶᠂ ᠭᠠᠴᠠᠭ᠎ᠠ ᠲᠣᠰᠬᠤᠨ ᠤ ᠬᠠᠮᠲᠤ ᠨᠡᠶᠢᠲᠡ᠂ ᠤᠯᠤᠰ ᠤᠨ ᠥᠮᠴᠢᠯᠡᠯᠲᠦ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ | ᠂ ᠡᠩ ᠤᠨ ᠳᠡᠭᠡᠳᠦ ᠵᠡᠷᠭᠡ ᠶᠢᠨ ᠰᠤᠷᠭᠠᠭᠤᠯᠢ ᠶᠢᠨ ᠠᠯᠪᠠᠨ ᠠᠴᠠ ᠡᠷᠭᠢᠯᠡᠭᠰᠡᠨ ᠬᠡᠦᠬᠡᠳ ᠤᠨ ᠴᠡᠴᠡᠷᠯᠢᠭ ᠡᠷᠭᠢᠯᠡᠬᠦ ᠶᠢ | ᠵᠣᠷᠢᠭᠵᠢᠭᠤᠯᠤᠨ ᠳᠡᠮᠵᠢᠵᠦ᠂ ᠨᠡᠶᠢᠭᠡᠮ ᠤᠨ ᠬᠦᠴᠦᠨ ᠢ ᠬᠥᠲᠥᠯᠥᠨ ᠵᠢᠯᠤᠭᠤᠳᠴᠤ ᠪᠠᠶᠢᠭᠠᠳ ᠲᠦᠭᠡᠮᠡᠯ ᠬᠠᠷᠠᠭᠠᠯᠵᠠᠯ ᠤᠨ | ᠴᠢᠨᠠᠷᠲᠠᠢ ᠬᠡᠦᠬᠡᠳ ᠤᠨ ᠴᠡᠴᠡᠷᠯᠢᠭ ᠢ ᠨᠠᠩ ᠣᠯᠠᠨ ᠡᠷᠭᠢᠯᠡᠵᠦ᠂ ᠠᠷᠠᠳ ᠠᠴᠠ ᠡᠷᠭᠢᠯᠡᠭᠰᠡᠨ ᠬᠡᠦᠬᠡᠳ ᠤᠨ ᠴᠡᠴᠡᠷᠯᠢᠭ ᠤᠨ | ᠲᠦᠭᠡᠮᠡᠯ ᠬᠠᠷᠠᠭᠠᠯᠵᠠᠯ ᠤᠨ ᠴᠢᠨᠠᠷᠲᠠᠢ ᠦᠢᠯᠡᠴᠢᠯᠡᠭᠡ ᠬᠠᠩᠭᠠᠬᠤ ᠶᠢ ᠢᠳᠡᠪᠬᠢᠲᠡᠢ ᠪᠠᠷ ᠲᠡᠳᠬᠦᠨ ᠳᠡᠮᠵᠢᠵᠦ᠂ ᠲᠦᠭᠡᠮᠡᠯ | ᠬᠠᠷᠠᠭᠠᠯᠵᠠᠯ ᠤᠨ ᠴᠢᠨᠠᠷᠲᠠᠢ ᠠᠷᠠᠳ ᠠᠴᠠ ᠡᠷᠭᠢᠯᠡᠭᠰᠡᠨ ᠬᠡᠦᠬᠡᠳ ᠤᠨ ᠴᠡᠴᠡᠷᠯᠢᠭ ᠢ ᠮᠠᠭᠠᠳᠯᠠᠨ ᠲᠣᠭᠲᠠᠭᠠᠬᠤ ᠪᠠᠷᠢᠮᠵᠢᠶ᠎ᠠ᠂ | ᠨᠥᠬᠦᠪᠦᠷᠢ ᠥᠭᠬᠦ ᠪᠠᠷᠢᠮᠵᠢᠶ᠎ᠠ ᠵᠢᠴᠢ ᠲᠡᠳᠬᠦᠬᠦ ᠲᠥᠷᠥ ᠶᠢᠨ ᠪᠣᠳᠣᠯᠭ᠎ᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ᠎ᠡ᠃ | ᠬᠡᠦᠬᠡᠳ ᠤᠨ ᠴᠡᠴᠡᠷᠯᠢᠭ ᠡᠷᠭᠢᠯᠡᠬᠦ ᠶᠢ ᠵᠢᠷᠤᠮᠵᠢᠭᠤᠯᠬᠤ ᠶᠢ ᠰᠢᠮᠳᠠᠭᠤᠯᠤᠨ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠤ᠂ | ᠠᠷᠠᠳ ᠠᠴᠠ ᠡᠷᠭᠢᠯᠡᠭᠰᠡᠨ ᠬᠡᠦᠬᠡᠳ ᠤᠨ ᠴᠡᠴᠡᠷᠯᠢᠭ ᠤᠨ ᠵᠥᠪᠰᠢᠶᠡᠷᠡᠨ ᠣᠷᠣᠭᠤᠯᠬᠤ ᠪᠠ ᠪᠤᠴᠠᠭᠠᠨ ᠭᠠᠷᠭᠠᠬᠤ | ᠲᠣᠭᠲᠠᠴᠠ ᠶᠢ ᠵᠢᠷᠤᠮᠵᠢᠭᠤᠯᠤᠨ᠎ᠠ᠃ ᠦᠢᠯᠡᠴᠢᠯᠡᠭᠡ ᠬᠤᠳᠠᠯᠳᠤᠨ ᠠᠪᠬᠤ᠂ ᠶᠡᠷᠦᠩᠬᠡᠶᠢᠯᠡᠨ ᠱᠠᠩᠨᠠᠵᠤ ᠨᠥᠬᠦᠪᠦᠷᠢᠯᠡᠬᠦ᠂ | ᠲᠦᠷᠢᠶᠡᠰᠦᠨ ᠮᠥᠩᠭᠦ ᠶᠢ ᠬᠠᠰᠤᠵᠤ ᠬᠡᠯᠲᠦᠷᠢᠭᠦᠯᠬᠦ᠂ ᠠᠯᠪᠠᠨ ᠠᠴᠠ ᠡᠷᠭᠢᠯᠡᠭᠰᠡᠨ ᠪᠠᠭᠰᠢ ᠶᠢ ᠲᠣᠮᠢᠯᠠᠨ ᠰᠠᠭᠤᠯᠭᠠᠬᠤ᠂ | ᠪᠠᠭᠰᠢ ᠶᠢ ᠪᠣᠯᠪᠠᠰᠤᠷᠠᠭᠤᠯᠬᠤ᠂ ᠵᠢᠭᠠᠨ ᠰᠤᠳᠤᠯᠬᠤ ᠵᠢᠭᠠᠨ ᠵᠢᠯᠤᠭᠤᠳᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ | ᠲᠦᠭᠡᠮᠡᠯ ᠬᠠᠷᠠᠭᠠᠯᠵᠠᠯ ᠤᠨ ᠴᠢᠨᠠᠷᠲᠠᠢ ᠠᠷᠠᠳ ᠠᠴᠠ ᠡᠷᠭᠢᠯᠡᠭᠰᠡᠨ ᠬᠡᠦᠬᠡᠳ ᠤᠨ ᠴᠡᠴᠡᠷᠯᠢᠭ ᠤᠨ ᠬᠥᠭᠵᠢᠯᠲᠡ ᠶᠢ ᠳᠡᠮᠵᠢᠵᠦ᠂ | ᠲᠦᠭᠡᠮᠡᠯ ᠬᠠᠷᠠᠭᠠᠯᠵᠠᠯ ᠤᠨ ᠴᠢᠨᠠᠷᠲᠠᠢ ᠡᠷᠳᠡᠮ ᠤᠨ ᠴᠣᠯᠠ ᠶᠢᠨ ᠲᠤᠭ᠎ᠠ ᠬᠡᠮᠵᠢᠶ᠎ᠡ ᠪᠠ ᠬᠡᠦᠬᠡᠳ ᠤᠨ ᠴᠡᠴᠡᠷᠯᠢᠭ ᠡᠷᠭᠢᠯᠡᠬᠦ | ᠶᠠᠰᠤ ᠴᠢᠨᠠᠷ ᠢ ᠱᠠᠩᠨᠠᠵᠤ ᠨᠥᠬᠦᠪᠦᠷᠢᠯᠡᠬᠦ ᠪᠠ ᠳᠡᠮᠵᠢᠬᠦ ᠶᠢᠨ ᠴᠢᠬᠤᠯᠠ ᠦᠨᠳᠦᠰᠦᠯᠡᠯ ᠪᠣᠯᠭᠠᠵᠤ᠂ ᠲᠦᠭᠡᠮᠡᠯ | ᠬᠠᠷᠠᠭᠠᠯᠵᠠᠯ ᠤᠨ ᠴᠢᠨᠠᠷᠲᠠᠢ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠭᠥᠷᠳᠡᠭᠰᠡᠨ ᠭᠡᠷ ᠪᠦᠯᠢ ᠶᠢᠨ ᠠᠵᠤ | ᠠᠬᠤᠢ ᠨᠢ ᠬᠦᠴᠢᠷᠳᠡᠯᠲᠡᠢ ᠬᠡᠦᠬᠡᠳ᠂ ᠥᠨᠥᠴᠢᠨ ᠬᠡᠦᠬᠡᠳ ᠪᠠ ᠵᠡᠮᠳᠡᠭ ᠬᠡᠦᠬᠡᠳ ᠤᠨ ᠲᠤᠰᠠᠯᠠᠮᠵᠢ ᠭᠥᠷᠳᠡᠬᠦ ᠶᠢ ᠦᠨᠡᠨᠬᠦ | ᠪᠠᠲᠤᠯᠠᠨ᠎ᠠ᠃ ᠬᠡᠦᠬᠡᠳ ᠤᠨ ᠴᠡᠴᠡᠷᠯᠢᠭ ᠤᠨ ᠪᠠᠭᠰᠢ ᠶᠢᠨ ᠪᠠᠭᠰᠢ ᠶᠢᠨ ᠬᠢᠷᠢ ᠬᠡᠮ ᠤᠨ ᠦᠨᠡᠮᠯᠡᠯ ᠢᠶᠠᠷ ᠢᠶᠠᠨ ᠠᠵᠢᠯ ᠤᠨ | ᠪᠠᠶᠢᠷᠢ ᠳᠤ ᠭᠠᠷᠬᠤ ᠶᠢ ᠴᠢᠩᠭ᠎ᠠ ᠨᠠᠶᠢᠳᠠᠪᠤᠷᠢᠵᠢᠭᠤᠯᠵᠤ᠂ ᠬᠡᠦᠬᠡᠳ ᠤᠨ ᠴᠡᠴᠡᠷᠯᠢᠭ ᠤᠨ ᠪᠠᠭᠰᠢ ᠶᠢᠨ ᠲᠣᠬᠢᠷᠠᠭᠤᠯᠤᠯᠲᠠ ᠪᠠ | ᠴᠠᠯᠢᠩ ᠤᠨ ᠬᠦᠷᠲᠡᠮᠵᠢ᠃ | ︵ᠭᠤᠷᠪᠠ︶ ︽ᠭᠤᠷᠪᠠᠳᠤᠭᠠᠷ ᠬᠡᠰᠡᠭ ᠲᠦᠭᠡᠮᠡᠯ ᠬᠠᠷᠠᠭᠠᠯᠵᠠᠯᠲᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ ᠶᠢ | ᠬᠥᠭᠵᠢᠭᠦᠯᠬᠦ︾ ᠳᠤᠮᠳᠠᠬᠢ ︽ᠬᠤᠭᠤᠯᠠ ᠤᠮᠳᠠ᠂ ᠠᠷᠢᠭᠤᠨ ᠴᠡᠪᠡᠷ ᠢ ᠲᠤᠰᠠᠯᠠᠬᠤ᠂ ᠶᠠᠪᠤᠵᠤ ᠰᠠᠭᠤᠬᠤ ᠶᠢ ᠲᠤᠰᠠᠯᠠᠬᠤ᠂ | ᠤᠬᠢᠶᠠᠯᠭ᠎ᠠ ᠶᠢ ᠲᠤᠰᠠᠯᠠᠬᠤ᠂ ᠡᠮᠴᠢᠯᠡᠭᠡ ᠶᠢ ᠲᠤᠰᠠᠯᠠᠬᠤ ᠵᠡᠷᠭᠡ ᠦᠢᠯᠡᠴᠢᠯᠡᠭᠡᠨ ᠤ ᠴᠢᠳᠠᠪᠤᠷᠢ ᠶᠢ ᠴᠢᠩᠭᠠᠷᠠᠭᠤᠯᠬᠤ︾ ᠶᠢᠨ | ᠳᠠᠷᠠᠭ᠎ᠠ ︽︿15 ᠮᠢᠨᠦ᠋ᠲ﹀ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠣᠭᠤᠷᠢᠭ ᠢ ᠪᠣᠶ ᠪᠣᠯᠭᠠᠬᠤ ᠶᠢ | ᠲᠦᠯᠬᠢᠨ ᠠᠬᠢᠭᠤᠯᠤᠨ᠎ᠠ᠂ ᠵᠠᠰᠠᠭ ᠤᠨ ᠣᠷᠳᠣᠨ ᠠᠴᠠ ᠳᠡᠮᠵᠢᠵᠦ ᠳᠡᠶᠢᠯᠬᠦ᠂ ᠲᠣᠰᠬᠤᠨ ᠳᠤ ᠡᠷᠭᠢᠯᠡᠵᠦ ᠳᠡᠶᠢᠯᠬᠦ᠂ | ᠲᠠᠷᠢᠶᠠᠴᠢᠳ ᠲᠤ ᠬᠡᠷᠡᠭᠯᠡᠵᠦ ᠳᠡᠶᠢᠯᠬᠦ᠂ ᠦᠢᠯᠡᠴᠢᠯᠡᠭᠡ ᠨᠢ ᠦᠷᠭᠦᠯᠵᠢᠯᠡᠵᠦ ᠳᠡᠶᠢᠯᠬᠦ ᠬᠥᠳᠡᠭᠡ ᠲᠣᠰᠬᠤᠨ ᠤ ᠵᠣᠯ ᠵᠢᠷᠭᠠᠯᠲᠤ | ᠬᠠᠪᠰᠤᠷᠤᠯᠴᠠᠬᠤ ᠬᠦᠷᠢᠶᠡᠯᠡᠩ ᠵᠡᠷᠭᠡ ᠬᠠᠷᠢᠯᠴᠠᠨ ᠬᠠᠪᠰᠤᠷᠤᠯᠴᠠᠬᠤ ᠨᠠᠰᠤᠵᠢᠯ ᠤᠨ ᠠᠰᠠᠷᠠᠮᠵᠢ ᠶᠢᠨ ᠲᠥᠬᠦᠭᠡᠷᠦᠮᠵᠢ ᠶᠢ | ᠶᠡᠬᠡᠪᠡᠷ ᠬᠥᠭᠵᠢᠭᠦᠯᠦᠨ᠎ᠡ︾ ᠭᠡᠬᠦ ᠠᠭᠤᠯᠭ᠎ᠠ ᠶᠢ ᠨᠡᠮᠡᠪᠡ︔ ︽ᠨᠠᠰᠤᠲᠠᠶᠢᠴᠤᠳ ᠤᠨ ᠣᠶᠤᠨᠴᠢ ᠮᠡᠷᠭᠡᠵᠢᠯ ᠢ ᠬᠡᠷᠡᠭᠯᠡᠬᠦ | ᠬᠦᠴᠢᠷᠳᠡᠯ ᠢ ᠤᠯᠠᠮ ᠨᠢᠭᠡ ᠠᠯᠬᠤᠮ ᠰᠢᠢᠳᠪᠦᠷᠢᠯᠡᠨ᠎ᠡ︾ ᠶᠢᠨ ᠳᠠᠷᠠᠭ᠎ᠠ ︽ᠪᠣᠯᠪᠠᠰᠤᠷᠠᠭᠤᠯᠤᠯ ᠰᠤᠪᠢᠯᠠᠯᠲᠠ ᠶᠢᠨ ᠡᠬᠢ | ᠪᠠᠶᠠᠯᠢᠭ ᠤᠨ ᠬᠡᠯᠪᠡᠷᠢ ᠪᠠᠨ ᠬᠤᠪᠢᠷᠠᠭᠤᠯᠤᠨ ᠲᠦᠭᠡᠮᠡᠯ ᠬᠠᠷᠠᠭᠠᠯᠵᠠᠯᠲᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ ᠶᠢ | ᠬᠥᠭᠵᠢᠭᠦᠯᠬᠦ ᠶᠢ ᠲᠦᠯᠬᠢᠨ ᠠᠬᠢᠭᠤᠯᠵᠤ᠂ ᠭᠠᠳᠠᠭᠠᠳᠤ ᠪᠡᠯᠡ ᠶᠢᠨ ᠡᠷᠭᠢᠯᠡᠭᠰᠡᠨ ᠨᠠᠰᠤᠵᠢᠯ ᠤᠨ ᠠᠰᠠᠷᠠᠮᠵᠢ ᠶᠢᠨ | ᠦᠢᠯᠡᠴᠢᠯᠡᠭᠡᠨ ᠤ ᠪᠠᠶᠢᠭᠤᠯᠤᠮᠵᠢ ᠶᠢᠨ ᠤᠯᠤᠰ ᠠᠷᠠᠳ ᠤᠨ ᠬᠠᠷᠠᠭᠠᠯᠵᠠᠯ ᠭᠥᠷᠳᠡᠬᠦ ᠶᠢ ᠪᠥᠬᠦ ᠲᠠᠯ᠎ᠠ ᠪᠠᠷ ᠪᠠᠲᠤᠯᠠᠨ᠎ᠠ᠂ | ᠨᠥᠬᠦᠴᠡᠯ ᠪᠦᠷᠢᠳᠦᠭᠰᠡᠨ ᠠᠯᠪᠠᠨ ᠠᠴᠠ ᠡᠷᠭᠢᠯᠡᠭᠰᠡᠨ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠶᠢᠨ ᠪᠠᠶᠢᠭᠤᠯᠤᠯ ᠢ | ᠥᠭᠡᠷᠡᠴᠢᠯᠡᠵᠦ ᠤᠯᠤᠰ ᠤᠨ ᠥᠮᠴᠢᠯᠡᠯ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠠᠵᠤ ᠠᠬᠤᠶᠢᠯᠠᠯ | ᠪᠣᠯᠭᠠᠬᠤ ᠶᠢ ᠰᠦᠪᠡᠭᠴᠢᠯᠡᠨ᠎ᠡ︾ | ︵ᠳᠥᠷᠪᠡ︶ ︽ᠳᠥᠷᠪᠡᠳᠦᠭᠡᠷ ᠬᠡᠰᠡᠭ ᠴᠢᠨᠠᠷ ᠰᠠᠶᠢᠲᠠᠢ ᠡᠮᠴᠢᠯᠡᠭᠡᠨ ᠤ ᠦᠢᠯᠡᠴᠢᠯᠡᠭᠡ ᠶᠢ ᠬᠥᠭᠵᠢᠭᠦᠯᠬᠦ︾ | ᠳᠤᠮᠳᠠᠬᠢ ︽ᠤᠯᠤᠰ ᠤᠨ ᠲᠠᠰ ᠤᠨ ᠪᠠ ᠥᠪᠡᠷᠲᠡᠭᠡᠨ ᠵᠠᠰᠠᠬᠤ ᠣᠷᠣᠨ ᠤ ᠱᠠᠲᠤᠨ ᠤ ᠣᠷᠣᠨ ᠪᠦᠰᠡ ᠶᠢᠨ ᠡᠮᠴᠢᠯᠡᠭᠡᠨ ᠤ | ᠲᠥᠪ ᠢ ᠲᠥᠯᠥᠪᠵᠢᠭᠦᠯᠦᠨ ᠪᠠᠶᠢᠭᠤᠯᠤᠨ᠎ᠠ︾ ᠭᠡᠳᠡᠭ ᠢ ︽ᠶᠡᠷᠦᠩᠬᠡᠢ ᠰᠠᠯᠠᠭᠠᠨ ᠤ ᠡᠮᠴᠢᠯᠡᠭᠡᠨ ᠤ ᠦᠢᠯᠡᠴᠢᠯᠡᠭᠡ ᠶᠢ | ᠵᠣᠷᠢᠭᠵᠢᠭᠤᠯᠤᠨ ᠬᠥᠭᠵᠢᠭᠦᠯᠵᠦ᠂ ᠲᠤᠰᠬᠠᠶᠢᠵᠢᠭᠰᠠᠨ ᠦᠢᠯᠡᠴᠢᠯᠡᠭᠡ ᠶᠢ ᠲᠦᠷᠭᠡᠳᠬᠡᠨ ᠬᠥᠭᠵᠢᠭᠦᠯᠵᠦ᠂ ᠬᠤᠰᠢᠭᠤᠷᠠᠯ | ᠡᠮᠴᠢᠯᠡᠭᠡᠨ ᠤ ᠦᠢᠯᠡᠴᠢᠯᠡᠭᠡ ᠶᠢ ᠡᠮᠬᠢ ᠵᠢᠷᠤᠮ ᠲᠠᠢ ᠬᠥᠭᠵᠢᠭᠦᠯᠦᠨ᠎ᠡ᠃ ᠶᠡᠷᠦᠩᠬᠡᠶᠢᠯᠡᠭᠰᠡᠨ ᠡᠮᠨᠡᠯᠭᠡ ᠶᠢᠨ ᠬᠤᠷᠢᠶ᠎ᠠ᠂ | ᠠᠵᠢᠯ ᠤᠨ ᠨᠥᠯᠥᠭᠡᠨ ᠤ ᠡᠪᠡᠳᠴᠢᠨ ᠤ ᠲᠤᠰᠬᠠᠢ ᠡᠮᠨᠡᠯᠭᠡ ᠶᠢᠨ ᠬᠤᠷᠢᠶ᠎ᠠ ᠳᠤ ᠲᠦᠰᠢᠭᠯᠡᠨ᠂ ᠲᠣᠭᠤᠰᠣᠲᠤ ᠠᠭᠤᠰᠬᠢ ᠶᠢᠨ | ᠡᠪᠡᠳᠴᠢᠨ᠂ ᠬᠢᠮᠢ ᠶᠢᠨ ᠬᠤᠣᠷᠳᠠᠯᠭ᠎ᠠ ᠵᠡᠷᠭᠡ ᠠᠵᠢᠯ ᠤᠨ ᠨᠥᠯᠥᠭᠡᠨ ᠤ ᠡᠪᠡᠳᠴᠢᠨ ᠢ ᠣᠨᠣᠰᠢᠯᠠᠵᠤ ᠡᠮᠨᠡᠨ ᠵᠠᠰᠠᠵᠤ | ᠡᠷᠡᠭᠦᠯᠵᠢᠭᠦᠯᠬᠦ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠠᠵᠢᠯ ᠮᠡᠷᠭᠡᠵᠢᠯ ᠤᠨ ᠡᠷᠡᠭᠦᠯ ᠮᠡᠨᠳᠦ ᠶᠢᠨ | ᠦᠢᠯᠡᠴᠢᠯᠡᠭᠡᠨ ᠤ ᠲᠥᠬᠦᠮ ᠦᠵᠡᠭᠦᠯᠬᠦ ᠴᠢᠨᠠᠷ ᠢ ᠴᠢᠩᠭᠠᠷᠠᠭᠤᠯᠤᠨ᠎ᠠ᠃ ᠤᠯᠤᠰ ᠤᠨ ᠲᠠᠰ ᠤᠨ ᠪᠠ ᠥᠪᠡᠷᠲᠡᠭᠡᠨ ᠵᠠᠰᠠᠬᠤ | ᠣᠷᠣᠨ ᠤ ᠲᠠᠰ ᠤᠨ ᠣᠷᠣᠨ ᠪᠦᠰᠡ ᠶᠢᠨ ᠡᠮᠴᠢᠯᠡᠭᠡᠨ ᠤ ᠲᠥᠪ ᠢ ᠪᠠᠶᠢᠭᠤᠯᠤᠨ᠎ᠠ᠃ | ︵ᠲᠠᠪᠤ︶ ︽ᠲᠠᠪᠤᠳᠤᠭᠠᠷ ᠬᠡᠰᠡᠭ ᠲᠦᠭᠡᠮᠡᠯ ᠬᠠᠷᠠᠭᠠᠯᠵᠠᠯ ᠦᠵᠡᠭᠦᠯᠬᠦ ᠤᠯᠠᠨ ᠨᠡᠶᠢᠲᠡ ᠶᠢᠨ ᠦᠢᠯᠡᠴᠢᠯᠡᠭᠡᠨ ᠤ | ᠲᠦᠷᠦ ᠶᠢᠨ ᠪᠣᠳᠣᠯᠭ᠎ᠠ ᠶᠢ ᠲᠡᠭᠦᠯᠳᠡᠷᠵᠢᠭᠦᠯᠬᠦ︾ ᠶᠢᠨ ︽ᠦᠨ᠎ᠡ ᠬᠠᠩᠰᠢ ᠶᠢᠨ ᠲᠦᠭᠡᠮᠡᠯ ᠬᠠᠷᠠᠭᠠᠯᠵᠠᠯ ᠢ ᠠᠬᠢᠭᠤᠯᠬᠤ︾ | ᠬᠡᠰᠡᠭ ᠤᠨ ᠠᠭᠤᠯᠭ᠎ᠠ ᠶᠢ ︽ᠦᠨ᠎ᠡ ᠬᠠᠩᠰᠢ ᠶᠢᠨ ᠲᠦᠭᠡᠮᠡᠯ ᠬᠠᠷᠠᠭᠠᠯᠵᠠᠯ ᠢ ᠠᠬᠢᠭᠤᠯᠬᠤ᠃ ᠡᠬᠡ ᠮᠥᠩᠭᠦ ᠪᠠᠨ ᠪᠠᠲᠤᠯᠠᠨ | ᠥᠴᠥᠬᠡᠨ ᠠᠰᠢᠭ ᠣᠯᠬᠤ᠂ ᠴᠢᠨᠠᠷ ᠰᠠᠶᠢᠲᠠᠢ ᠳᠤᠨᠢ ᠰᠠᠶᠢᠨ ᠦᠨ᠎ᠡ ᠥᠭᠬᠦ᠂ ᠡᠬᠢ ᠪᠠᠶᠠᠯᠢᠭ ᠢ ᠠᠷᠪᠢᠯᠠᠬᠤ᠂ ᠡᠷᠬᠡ | ᠲᠡᠭᠰᠢ ᠪᠠᠷ ᠡᠭᠦᠷᠭᠡᠯᠡᠬᠦ ᠵᠠᠷᠴᠢᠮ ᠶᠣᠰᠣᠭᠠᠷ᠂ ᠦᠨᠳᠦᠰᠦᠨ ᠪᠤᠰᠤ ᠣᠯᠠᠨ ᠨᠡᠶᠢᠲᠡ ᠶᠢᠨ ᠦᠢᠯᠡᠴᠢᠯᠡᠭᠡᠨ ᠤ ᠬᠠᠩᠭᠠᠯᠭ᠎ᠠ ᠶᠢᠨ | ᠭᠤᠣᠯ ᠴᠣᠭᠴᠠ ᠶᠢ ᠬᠥᠲᠥᠯᠥᠨ ᠵᠢᠯᠤᠭᠤᠳᠴᠤ ᠪᠠᠶᠢᠭᠠᠳ ᠲᠤᠬᠠᠢ ᠶᠢᠨ ᠭᠠᠵᠠᠷ ᠤᠨ ᠬᠤᠲᠠ ᠬᠥᠳᠡᠭᠡ ᠶᠢᠨ ᠰᠠᠭᠤᠭᠠᠯᠢ | ᠠᠷᠠᠳ ᠤᠨ ᠣᠷᠣᠯᠭ᠎ᠠ ᠶᠢᠨ ᠬᠢᠷᠢ ᠬᠡᠮᠵᠢᠶ᠎ᠡ ᠯᠦᠭᠡ ᠲᠣᠬᠢᠷᠠᠯᠴᠠᠭᠰᠠᠨ ᠲᠦᠭᠡᠮᠡᠯ ᠬᠠᠷᠠᠭᠠᠯᠵᠠᠯ ᠤᠨ ᠴᠢᠨᠠᠷᠲᠠᠢ ᠦᠨᠳᠦᠰᠦᠨ | ᠪᠤᠰᠤ ᠣᠯᠠᠨ ᠨᠡᠶᠢᠲᠡ ᠶᠢᠨ ᠦᠢᠯᠡᠴᠢᠯᠡᠭᠡᠨ ᠢ ᠬᠠᠩᠭᠠᠨ᠎ᠠ᠃ ᠥᠪᠡᠷ ᠤᠨ ᠥᠷᠲᠡᠭ ᠤᠨ ᠬᠤᠪᠢᠷᠠᠯᠲᠠ᠂ ᠰᠠᠭᠤᠭᠠᠯᠢ | ᠠᠷᠠᠳ ᠤᠨ ᠣᠷᠣᠯᠭ᠎ᠠ ᠵᠡᠷᠭᠡ ᠪᠠᠶᠢᠳᠠᠯ ᠢ ᠦᠨᠳᠦᠰᠦᠯᠡᠨ᠂ ᠣᠯᠠᠨ ᠨᠡᠶᠢᠲᠡ ᠶᠢᠨ ᠦᠨᠳᠦᠰᠦᠨ ᠪᠤᠰᠤ ᠦᠢᠯᠡᠴᠢᠯᠡᠭᠡᠨ ᠤ | ᠦᠨ᠎ᠡ ᠬᠠᠩᠰᠢ ᠶᠢᠨ ᠲᠣᠬᠢᠷᠠᠭᠤᠯᠤᠯᠲᠠ ᠶᠢᠨ ᠲᠣᠭᠲᠠᠴᠠ ᠶᠢ ᠪᠦᠷᠢᠨᠰᠢᠭᠦᠯᠵᠦ᠂ ᠲᠥᠷᠥᠯ ᠵᠦᠢᠯ ᠤᠨ ᠠᠵᠢᠯᠯᠠᠭᠠᠨ ᠵᠡᠷᠭᠡ | ᠮᠡᠳᠡᠭᠡ ᠵᠠᠩᠭᠢ ᠶᠢ ᠴᠠᠭ ᠲᠤᠬᠠᠢ ᠳᠤᠨᠢ ᠢᠯᠡ ᠨᠡᠶᠢᠲᠡᠯᠡᠨ᠎ᠡ︾ ᠭᠡᠬᠦ ᠶᠢᠨ ᠵᠡᠷᠭᠡ ᠳᠤ ︽ᠶᠠᠰᠤ ᠴᠢᠨᠠᠷ ᠤᠨ ᠬᠢᠨᠠᠯᠲᠠ | ᠬᠠᠮᠢᠶᠠᠷᠤᠯᠲᠠ ᠶᠢ ᠴᠢᠩᠭᠠᠳᠬᠠᠨ᠎ᠠ᠃ ᠬᠠᠷᠢᠭᠤᠴᠠᠯᠭ᠎ᠠ ᠲᠣᠳᠣᠷᠬᠠᠢ᠂ ᠤᠯᠠᠨ ᠡᠰᠢᠴᠢᠯᠡᠨ ᠣᠷᠣᠯᠴᠠᠭᠰᠠᠨ᠂ ᠬᠠᠤᠯᠢ | ᠶᠣᠰᠣᠭᠠᠷ ᠬᠢᠨᠠᠨ ᠬᠠᠮᠢᠶᠠᠷᠤᠭᠰᠠᠨ ᠦᠢᠯᠡᠴᠢᠯᠡᠭᠡᠨ ᠤ ᠶᠠᠰᠤ ᠴᠢᠨᠠᠷ ᠢ ᠵᠠᠰᠠᠬᠤ ᠪᠠ ᠠᠬᠢᠭᠤᠯᠬᠤ ᠰᠢᠰᠲ᠋ᠧᠮ ᠢ ᠪᠠᠶᠢᠭᠤᠯᠤᠨ᠎ᠠ᠃ | ᠵᠠᠰᠠᠭ ᠤᠨ ᠣᠷᠳᠣᠨ ᠤ ᠬᠢᠨᠠᠨ ᠬᠠᠮᠢᠶᠠᠷᠬᠤ ᠴᠢᠳᠠᠪᠤᠷᠢ ᠶᠢ ᠴᠢᠩᠭᠠᠷᠠᠭᠤᠯᠤᠨ᠂ ᠬᠢᠨᠠᠯᠲᠠ ᠲᠠᠯᠪᠢᠵᠤ ᠪᠠᠶᠢᠴᠠᠭᠠᠭᠰᠠᠨ ᠦᠷ᠎ᠡ | ᠳ᠋ᠦᠩ ᠢ ᠢᠯᠡ ᠪᠣᠯᠭᠠᠬᠤ᠂ ᠶᠠᠰᠤ ᠴᠢᠨᠠᠷ ᠤᠨ ᠢᠲᠡᠭᠡᠮᠵᠢ ᠶᠢᠨ ᠲᠡᠮᠳᠡᠭᠯᠡᠯ ᠬᠢᠬᠦ᠂ ᠬᠦᠨᠳᠦ ᠨᠣᠴᠢᠲᠠᠢ ᠢᠲᠡᠭᠡᠯ ᠠᠯᠳᠠᠭᠰᠠᠨ | ᠦᠢᠯᠡᠴᠢᠯᠡᠭᠡᠨ ᠤ ᠭᠤᠣᠯ ᠴᠣᠭᠴᠠ ᠶᠢ ᠠᠯᠪᠠᠳᠠᠯᠭ᠎ᠠ ᠪᠠᠷ ᠪᠤᠴᠠᠭᠠᠨ ᠭᠠᠷᠭᠠᠬᠤ ᠵᠡᠷᠭᠡ ᠳᠦᠷᠢᠮ ᠢ ᠬᠡᠷᠡᠭᠵᠢᠭᠦᠯᠵᠦ᠂ ᠣᠯᠠᠨ | ᠨᠡᠶᠢᠲᠡ ᠶᠢᠨ ᠦᠢᠯᠡᠴᠢᠯᠡᠭᠡᠨ ᠤ ᠶᠠᠰᠤ ᠴᠢᠨᠠᠷ ᠤᠨ ᠬᠢᠨᠠᠨ ᠬᠡᠮᠵᠢᠯᠲᠡ ᠶᠢ ᠰᠠᠶᠢᠲᠤᠷ ᠬᠢᠵᠦ᠂ ᠦᠢᠯᠡᠴᠢᠯᠡᠭᠡᠨ ᠤ ᠶᠠᠰᠤ | ᠴᠢᠨᠠᠷ ᠢ ᠦᠨᠡᠨᠬᠦ ᠳᠡᠭᠡᠭᠰᠢᠯᠡᠭᠦᠯᠦᠨ᠎ᠡ᠃ ᠨᠡᠶᠢᠭᠡᠮ ᠤᠨ ᠬᠢᠨᠠᠯᠲᠠ ᠲᠠᠯᠪᠢᠬᠤ ᠦᠢᠯᠡᠳᠦᠯ ᠢ ᠪᠠᠳᠠᠷᠠᠭᠤᠯᠵᠤ᠂ ᠣᠯᠠᠨ ᠲᠦᠮᠡᠨ ᠤ | ᠶᠠᠰᠤ ᠴᠢᠨᠠᠷ ᠤᠨ ᠵᠠᠭᠠᠯᠳᠤᠯᠭ᠎ᠠ ᠢᠯᠡᠴᠢᠯᠡᠨ ᠮᠡᠳᠡᠭᠦᠯᠬᠦ ᠠᠷᠭ᠎ᠠ ᠵᠠᠮ ᠢ ᠰᠠᠭᠠᠳ ᠦᠭᠡᠢ ᠨᠠᠪᠲᠠᠷᠡᠭᠦᠯᠵᠦ᠂ ᠦᠢᠯᠡᠴᠢᠯᠡᠭᠡᠨ ᠤ | ᠶᠠᠰᠤ ᠴᠢᠨᠠᠷ ᠲᠤ ᠨᠡᠶᠢᠭᠡᠮ ᠤᠨ ᠬᠢᠨᠠᠯᠲᠠ ᠲᠠᠯᠪᠢᠭᠴᠢ ᠶᠢᠨ ᠳᠦᠷᠢᠮ ᠢ ᠳᠡᠯᠭᠡᠷᠡᠭᠦᠯᠦᠨ᠂ ᠭᠤᠷᠪᠠᠳᠠᠭᠢ ᠡᠲᠡᠭᠡᠳ ᠤᠨ | ᠦᠢᠯᠡᠴᠢᠯᠡᠭᠡᠨ ᠤ ᠶᠠᠰᠤ ᠴᠢᠨᠠᠷ ᠤᠨ ᠪᠠᠶᠢᠴᠠᠭᠠᠯᠲᠠ ᠥᠷᠨᠢᠭᠦᠯᠬᠦ ᠶᠢ ᠵᠣᠷᠢᠭᠵᠢᠭᠤᠯᠤᠨ᠎ᠠ︾ ᠭᠡᠵᠡᠢ᠃ | ᠵᠢᠷᠭᠤᠭ᠎ᠠ᠂ ︽ᠲᠥᠯᠦᠪᠵᠢᠭᠦᠯᠭᠡ︾ ᠶᠢᠨ ︽ᠵᠢᠷᠭᠤᠳᠤᠭᠠᠷ ᠪᠦᠯᠦᠭ ᠤᠯᠠᠨ ᠲᠡᠰ ᠳᠠᠪᠬᠤᠷᠭ᠎ᠠ ᠤᠯᠠᠨ | ᠶᠠᠩᠵᠤᠴᠢᠯᠠᠭᠰᠠᠨ ᠠᠮᠢᠳᠤᠷᠠᠯ ᠤᠨ ᠴᠢᠨᠠᠷᠲᠠᠢ ᠦᠢᠯᠡᠴᠢᠯᠡᠭᠡ ᠶᠢ ᠬᠥᠭᠵᠢᠭᠦᠯᠬᠦ︾ ᠬᠡᠰᠡᠭ ᠠᠭᠤᠯᠭ᠎ᠠ ᠳᠤ ᠳᠣᠣᠷᠠᠬᠢ ᠮᠡᠲᠦ | ᠵᠠᠰᠠᠪᠤᠷᠢ ᠣᠷᠣᠭᠤᠯᠪᠠ᠃ | ︵ᠨᠢᠭᠡ︶ ︽ᠨᠢᠭᠡᠳᠦᠭᠡᠷ ᠬᠡᠰᠡᠭ ᠠᠮᠢᠳᠤᠷᠠᠯ ᠤᠨ ᠦᠢᠯᠡᠴᠢᠯᠡᠭᠡᠨ ᠤ ᠵᠠᠬ᠎ᠠ ᠳᠡᠯᠭᠡᠭᠦᠷ ᠤᠨ ᠬᠥᠭᠵᠢᠯᠲᠡ ᠶᠢᠨ | ᠣᠷᠴᠢᠨ ᠨᠥᠬᠦᠴᠡᠯ ᠢ ᠰᠢᠯᠢᠳᠡᠭᠵᠢᠭᠦᠯᠬᠦ︾ ᠬᠡᠰᠡᠭ ᠠᠭᠤᠯᠭ᠎ᠠ ᠳᠤ ᠵᠠᠰᠠᠪᠤᠷᠢ ᠣᠷᠣᠭᠤᠯᠪᠠ᠃ | 1.︽ᠨᠢᠭᠡᠳᠦᠭᠡᠷ ᠬᠡᠰᠡᠭ ᠠᠮᠢᠳᠤᠷᠠᠯ ᠤᠨ ᠦᠢᠯᠡᠴᠢᠯᠡᠭᠡᠨ ᠤ ᠵᠠᠬ᠎ᠠ ᠳᠡᠯᠭᠡᠭᠦᠷ ᠤᠨ ᠬᠥᠭᠵᠢᠯᠲᠡ ᠶᠢᠨ ᠣᠷᠴᠢᠨ | ᠨᠥᠬᠦᠴᠡᠯ ᠢ ᠰᠢᠯᠢᠳᠡᠭᠵᠢᠭᠦᠯᠦᠨ᠎ᠡ︾ ᠭᠡᠬᠦ ᠭᠠᠷᠴᠠᠭ ᠢ ︽ᠨᠢᠭᠡᠳᠦᠭᠡᠷ ᠬᠡᠰᠡᠭ ᠭᠤᠣᠯᠳᠠᠯᠭ᠎ᠠ ᠲᠠᠢ ᠠᠵᠢᠯ ᠲᠦᠷᠦᠯ ᠤᠨ | ᠰᠢᠨ᠎ᠡ ᠶᠢ ᠡᠭᠦᠳᠦᠨ ᠠᠭᠤᠰᠤᠯᠳᠤᠨ ᠬᠥᠭᠵᠢᠬᠦ ᠶᠢ ᠲᠦᠯᠬᠢᠨ ᠠᠬᠢᠭᠤᠯᠤᠨ᠎ᠠ︾ ᠭᠡᠵᠦ ᠵᠠᠰᠠᠪᠠ᠃ | 2. ᠲᠤᠰ ᠬᠡᠰᠡᠭ ᠤᠨ ᠠᠭᠤᠯᠭ᠎ᠠ ᠶᠢ ︽ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠶᠠᠰᠤ ᠴᠢᠨᠠᠷ ᠢ | ᠳᠡᠭᠡᠭᠰᠢᠯᠡᠭᠦᠯᠵᠦ ᠦᠷ᠎ᠡ ᠠᠰᠢᠭ ᠢ ᠨᠡᠮᠡᠭᠳᠡᠭᠦᠯᠦᠨ᠎ᠡ᠃ ᠲᠤᠰᠬᠠᠢ ᠠᠵᠢᠯ ᠤᠨ ᠴᠢᠨᠠᠷᠲᠠᠢ ᠡᠮᠨᠡᠯᠭᠡ ᠶᠢᠨ ᠬᠤᠷᠢᠶᠠᠨ ᠤ | ᠬᠠᠮᠢᠶᠠᠷᠤᠯᠲᠠ ᠶᠢᠨ ᠪᠦᠯᠦᠭᠯᠡᠯ ᠢᠡᠮᠴᠢᠯᠡᠭᠡ ᠡᠷᠡᠭᠦᠯ ᠬᠠᠮᠠᠭᠠᠯᠠᠯ ᠤᠨ ᠦᠢᠯᠡᠴᠢᠯᠡᠭᠡ ᠬᠢᠭᠡᠳ ᠰᠣᠶᠣᠯ᠂ ᠵᠢᠭᠤᠯᠴᠢᠯᠠᠯ᠂ | ᠪᠡᠶ᠎ᠡ ᠶᠢᠨ ᠲᠠᠮᠢᠷ᠂ ᠨᠠᠰᠤᠵᠢᠯ ᠤᠨ ᠠᠰᠠᠷᠠᠮᠵᠢ᠂ ᠢᠳᠡᠭᠡᠨ ᠵᠡᠷᠭᠡ ᠠᠵᠤ ᠦᠢᠯᠡᠰ ᠤᠨ ᠬᠤᠯᠪᠤᠭᠠᠯᠠᠨ ᠬᠥᠳᠡᠯᠦᠯᠴᠡᠬᠦ ᠶᠢ | ᠴᠢᠩᠭᠠᠳᠬᠠᠵᠤ᠂ ᠡᠮᠴᠢᠯᠡᠭᠡ ᠡᠷᠡᠭᠦᠯᠵᠢᠯ᠂ ᠡᠷᠡᠭᠦᠯ ᠮᠡᠨᠳᠦ ᠶᠢᠨ ᠬᠠᠮᠢᠶᠠᠷᠤᠯᠲᠠ᠂ ᠰᠡᠳᠬᠢᠴᠡ ᠶᠢᠨ ᠵᠥᠪᠯᠡᠯᠭᠡ᠂ ᠬᠢᠲᠠᠳ | ᠡᠮ ᠡᠮᠨᠡᠯᠭᠡ ᠶᠢᠨ ᠪᠡᠶ᠎ᠡ ᠰᠤᠪᠢᠯᠠᠯᠲᠠ ᠡᠷᠡᠭᠦᠯᠵᠢᠯ ᠵᠡᠷᠭᠡ ᠡᠷᠡᠭᠦᠯ ᠮᠡᠨᠳᠦ ᠶᠢᠨ ᠠᠵᠤ ᠦᠢᠯᠡᠰ ᠢ ᠬᠥᠭᠵᠢᠭᠦᠯᠦᠨ᠎ᠡ᠃ | ᠨᠡᠶᠢᠭᠡᠮ ᠤᠨ ᠬᠦᠴᠦᠨ ᠤ ᠠᠨᠠᠭᠠᠬᠤ ᠤᠬᠠᠭᠠᠨ ᠤ ᠰᠢᠯᠭᠠᠨ ᠪᠠᠶᠢᠴᠠᠭᠠᠯᠲᠠ ᠵᠡᠷᠭᠡ ᠡᠮᠴᠢᠯᠡᠭᠡᠨ ᠤ ᠦᠢᠯᠡᠴᠢᠯᠡᠭᠡ | ᠥᠷᠨᠢᠭᠦᠯᠬᠦ ᠶᠢ ᠵᠣᠷᠢᠭᠵᠢᠭᠤᠯᠵᠤ᠂ ᠰᠢᠯᠭᠠᠨ ᠪᠠᠶᠢᠴᠠᠭᠠᠵᠤ ᠪᠠᠶᠢᠴᠠᠭᠠᠭᠰᠠᠨ ᠦᠷ᠎ᠡ ᠳ᠋ᠦᠩ ᠢᠶᠠᠨ ᠬᠠᠷᠢᠯᠴᠠᠨ ᠮᠡᠳᠡᠷᠡᠬᠦ ᠶᠢ | ᠠᠬᠢᠭᠤᠯᠤᠨ᠎ᠠ᠃ ᠨᠠᠷᠢᠯᠢᠭ ᠣᠨᠣᠴᠠᠲᠠᠢ ᠡᠮᠴᠢᠯᠡᠭᠡ᠂ ᠰᠢᠯᠵᠢᠮᠡᠯ ᠡᠮᠴᠢᠯᠡᠭᠡ᠂ ᠭᠤᠷᠪᠠᠳᠠᠭᠢ ᠡᠲᠡᠭᠡᠳ ᠤᠨ ᠡᠮᠴᠢᠯᠡᠭᠡᠨ ᠤ | ᠦᠢᠯᠡᠴᠢᠯᠡᠭᠡ ᠶᠢᠨ ᠦᠨᠡᠯᠡᠯᠲᠡ᠂ ᠭᠡᠷ ᠪᠦᠯᠢ ᠶᠢᠨ ᠡᠮᠴᠢ ᠶᠢᠨ ᠭᠡᠷ᠎ᠡ ᠲᠣᠭᠲᠠᠬᠤ᠂ ᠲᠤᠰᠬᠠᠢ ᠰᠤᠪᠢᠯᠠᠯᠲᠠ᠂ ᠰᠢᠮ᠎ᠡ | ᠲᠡᠵᠢᠭᠡᠯ ᠡᠷᠡᠭᠦᠯᠵᠢᠯ ᠤᠨ ᠵᠢᠯᠣᠭᠤᠳᠤᠯᠭ᠎ᠠ ᠵᠡᠷᠭᠡ ᠦᠢᠯᠡᠴᠢᠯᠡᠭᠡ ᠶᠢ ᠢᠳᠡᠪᠬᠢᠲᠡᠢ ᠬᠥᠭᠵᠢᠭᠦᠯᠦᠨ᠎ᠡ᠃ ᠲᠤᠰᠬᠠᠢ | ᠮᠡᠷᠭᠡᠵᠢᠯ ᠤᠨ ᠴᠢᠨᠠᠷᠲᠠᠢ ᠡᠮᠨᠡᠯᠭᠡ ᠶᠢᠨ ᠬᠤᠷᠢᠶᠠᠨ ᠤ ᠬᠠᠮᠢᠶᠠᠷᠤᠯᠲᠠ ᠶᠢᠨ ᠪᠦᠯᠦᠭᠯᠡᠯ ᠬᠤᠳᠠᠯᠳᠤᠭᠠᠨ ᠤ ᠡᠷᠡᠭᠦᠯ ᠮᠡᠨᠳᠦ ᠶᠢᠨ | ᠳᠠᠭᠠᠳᠬᠠᠯ ᠤᠨ ᠦᠢᠯᠡᠳᠬᠦᠨ ᠢ ᠪᠠᠶᠠᠯᠢᠭᠵᠢᠭᠤᠯᠵᠤ᠂ ᠡᠮᠴᠢᠯᠡᠭᠡᠨ ᠤ ᠬᠠᠷᠢᠭᠤᠴᠠᠯᠭ᠎ᠠ ᠶᠢᠨ ᠳᠠᠭᠠᠳᠬᠠᠯ᠂ ᠡᠮᠴᠢᠯᠡᠭᠡᠨ ᠤ | ᠭᠡᠨᠡᠳᠲᠡ ᠶᠢᠨ ᠳᠠᠭᠠᠳᠬᠠᠯ ᠵᠡᠷᠭᠡ ᠠᠵᠢᠯ ᠡᠷᠭᠢᠯᠡᠬᠦ ᠳᠠᠭᠠᠳᠬᠠᠯ ᠢ ᠬᠥᠭᠵᠢᠭᠦᠯᠦᠨ᠎ᠡ᠃ ᠡᠷᠡᠭᠦᠯᠵᠢᠭᠦᠯᠬᠦ ᠲᠤᠰᠠᠯᠠᠬᠤ ᠪᠠᠭᠠᠵᠢ | ᠬᠡᠷᠡᠭᠰᠡᠯ ᠤᠨ ᠠᠵᠤ ᠦᠢᠯᠡᠰ ᠤᠨ ᠬᠥᠭᠵᠢᠯᠲᠡ ᠶᠢ ᠠᠬᠢᠭᠤᠯᠤᠨ᠎ᠠ᠃ | ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ ᠶᠢ ᠴᠢᠨᠠᠷ ︿ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ + | ᠠᠵᠢᠯ ᠲᠦᠷᠦᠯ﹀ ᠤᠨ ᠠᠵᠢᠯᠯᠠᠭ᠎ᠠ ᠶᠢ ᠬᠡᠷᠡᠭᠵᠢᠭᠦᠯᠵᠦ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ ᠬᠢᠭᠡᠳ ᠪᠤᠰᠤᠳ | ᠠᠵᠢᠯ ᠲᠦᠷᠦᠯ ᠤᠨ ᠠᠭᠤᠰᠤᠯᠳᠤᠨ ᠬᠥᠭᠵᠢᠬᠦ᠂ ᠤᠯᠠᠨ ᠡᠰᠢᠴᠢᠯᠡᠨ ᠡᠵᠡᠩᠨᠡᠬᠦ ᠶᠢ ᠠᠬᠢᠭᠤᠯᠤᠨ᠎ᠠ᠃ ᠨᠠᠰᠤᠲᠠᠶᠢᠴᠤᠳ ᠤᠨ | ᠬᠡᠷᠡᠭᠴᠡᠭᠡ ᠱᠠᠭᠠᠷᠳᠠᠯᠭ᠎ᠠ ᠶᠢ ᠬᠠᠩᠭᠠᠭᠰᠠᠨ ᠡᠷᠡᠭᠦᠯ ᠮᠡᠨᠳᠦ ᠶᠢᠨ ᠦᠢᠯᠡᠳᠬᠦᠨ ᠤ ᠲᠤᠰᠬᠠᠶᠢᠵᠢᠭᠰᠠᠨ ᠦᠢᠯᠡᠳᠪᠦᠷᠢᠯᠡᠯ ᠤᠨ | ᠰᠤᠳᠤᠯᠤᠨ ᠨᠡᠭᠡᠭᠡᠬᠦ ᠰᠠᠭᠤᠷᠢᠨ ᠭᠠᠵᠠᠷ ᠢ ᠪᠣᠶᠢᠵᠢᠭᠤᠯᠵᠤ᠂ ᠨᠠᠰᠤᠵᠢᠯ ᠤᠨ ᠠᠵᠤ ᠠᠬᠤᠶᠢᠯᠠᠯ ᠤᠨ ᠬᠡᠯᠬᠢᠶᠡᠵᠢᠬᠦ᠂ | ᠪᠦᠯᠦᠭᠵᠢᠬᠦ ᠬᠥᠭᠵᠢᠯᠲᠡ ᠶᠢ ᠠᠬᠢᠭᠤᠯᠤᠨ᠂ ᠨᠢᠭᠡ ᠪᠦᠯᠦᠭ ᠠᠵᠤ ᠦᠢᠯᠡᠰ ᠤᠨ ᠬᠡᠯᠬᠢᠶ᠎ᠡ ᠣᠷᠳᠣ᠂ ᠬᠠᠮᠤᠷᠬᠤ ᠬᠦᠷᠢᠶ᠎ᠡ | ᠬᠡᠪᠴᠢᠶ᠎ᠡ ᠥᠷᠭᠡᠨ᠂ ᠠᠵᠤ ᠠᠬᠤᠢ ᠨᠡᠶᠢᠭᠡᠮ ᠤᠨ ᠦᠷ᠎ᠡ ᠠᠰᠢᠭ ᠢᠶᠠᠷ ᠢᠯᠡᠷᠬᠡᠢ ᠠᠵᠤ ᠦᠢᠯᠡᠰ ᠤᠨ ᠪᠥᠭᠡᠮᠨᠡᠷᠡᠯ ᠪᠠ | ᠪᠥᠭᠡᠮᠨᠡᠷᠡᠯ ᠤᠨ ᠣᠷᠣᠨ ᠢ ᠪᠣᠶ ᠪᠣᠯᠭᠠᠨ᠎ᠠ᠃ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ ᠶᠢ ᠣᠶᠤᠨ ᠰᠠᠨᠠᠭᠠᠨ ᠤ | ᠲᠠᠶᠢᠳᠬᠤᠷᠠᠭᠤᠯᠤᠯ᠂ ᠡᠷᠡᠭᠦᠯᠵᠢᠯ ᠰᠤᠪᠢᠯᠠᠯᠲᠠ᠂ ᠪᠠᠴᠢᠮ ᠠᠪᠤᠷᠠᠨ ᠲᠤᠰᠠᠯᠠᠯᠲᠠ᠂ ᠨᠠᠰᠤ ᠨᠥᠭᠴᠢᠬᠦ ᠦᠶ᠎ᠡ ᠶᠢᠨ | ᠬᠠᠯᠠᠮᠵᠢᠯᠠᠯ ᠵᠡᠷᠭᠡ ᠬᠦᠷᠢᠶ᠎ᠡ ᠳᠠᠰᠢ ᠤᠷᠲᠤᠳᠬᠠᠬᠤ ᠶᠢ ᠰᠦᠪᠡᠭᠴᠢᠯᠡᠨ᠎ᠡ᠃ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ | ᠤ ᠠᠵᠢᠯ ᠲᠦᠷᠦᠯ ᠤᠨ ᠵᠣᠬᠢᠶᠠᠨ ᠪᠠᠶᠢᠭᠤᠯᠤᠯᠲᠠ ᠶᠢ ᠢᠳᠡᠪᠬᠢᠲᠡᠢ ᠪᠠᠷ ᠪᠣᠶᠢᠵᠢᠭᠤᠯᠵᠤ᠂ ᠠᠵᠢᠯ ᠲᠦᠷᠦᠯ ᠤᠨ ᠨᠡᠶᠢᠭᠡᠮᠯᠢᠭ | ᠤᠨ ᠦᠢᠯᠡᠴᠢᠯᠡᠭᠡᠨ ᠤ ᠴᠢᠳᠠᠪᠤᠷᠢ ᠪᠠᠨ ᠨᠡᠮᠡᠭᠳᠡᠭᠦᠯᠬᠦ ᠶᠢ ᠳᠡᠮᠵᠢᠬᠦ ᠬᠡᠷᠡᠭᠲᠡᠢ᠃ ᠪᠤᠭᠤᠷᠤᠯᠴᠤᠳ ᠤᠨ ᠠᠵᠤ ᠠᠬᠤᠢ ᠶᠢ | ᠬᠥᠭᠵᠢᠭᠦᠯᠵᠦ᠂ ᠨᠠᠰᠤᠲᠠᠶᠢᠴᠤᠳ ᠤᠨ ᠬᠡᠷᠡᠭᠯᠡᠭᠡᠨ ᠤ ᠦᠢᠯᠡᠳᠬᠦᠨ᠂ ᠮᠡᠷᠭᠡᠵᠢᠯ ᠤᠨ ᠰᠤᠳᠤᠯᠤᠨ ᠨᠡᠭᠡᠭᠡᠯᠲᠡ ᠪᠠ | ᠬᠡᠷᠡᠭᠯᠡᠯᠲᠡ ᠶᠢ ᠠᠬᠢᠭᠤᠯᠤᠨ᠂ ︿ᠦᠷ᠎ᠡ ᠬᠡᠦᠬᠡᠳ ᠢ ᠰᠦᠯᠵᠢᠶᠡᠨ ᠳᠡᠭᠡᠷ᠎ᠡ ᠵᠠᠬᠢᠶᠠᠯᠠᠬᠤ᠂ ᠨᠠᠰᠤᠲᠠᠶᠢᠴᠤᠳ ᠢ ᠣᠶᠢᠯᠠᠭᠠᠬᠤ | ᠦᠢᠯᠡᠴᠢᠯᠡᠭᠡ﹀ ᠵᠡᠷᠭᠡ ᠬᠡᠷᠡᠭᠯᠡᠭᠡᠨ ᠤ ᠵᠠᠭᠪᠤᠷ ᠲᠤ ᠰᠢᠨ᠎ᠡ ᠶᠢ ᠡᠭᠦᠳᠦᠨ᠎ᠡ᠃ ᠨᠠᠰᠤᠵᠢᠯ ᠤᠨ ᠦᠢᠯᠡᠴᠢᠯᠡᠭᠡᠨ ᠤ ᠠᠵᠢᠯ | ᠲᠦᠷᠦᠯ ᠤᠨ ᠵᠣᠬᠢᠶᠠᠨ ᠪᠠᠶᠢᠭᠤᠯᠤᠯᠲᠠ ᠶᠢ ᠪᠣᠶᠢᠵᠢᠭᠤᠯᠤᠨ ᠬᠥᠭᠵᠢᠭᠦᠯᠵᠦ᠂ ᠠᠵᠢᠯ ᠲᠦᠷᠦᠯ ᠤᠨ ᠨᠡᠶᠢᠭᠡᠮᠯᠢᠭ ᠤᠨ | ᠦᠢᠯᠡᠴᠢᠯᠡᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ | ᠰᠣᠶᠣᠯ ᠵᠢᠭᠤᠯᠴᠢᠯᠠᠯ ᠢ ᠠᠭᠤᠰᠤᠯᠴᠠᠭᠤᠯᠤᠨ ᠬᠥᠭᠵᠢᠭᠦᠯᠪᠡ᠃ ᠰᠣᠶᠣᠯ ᠢᠶᠠᠷ ᠪᠠᠷᠢᠭᠠᠳᠠ ᠶᠢ ᠱᠤᠭᠤᠵᠤ᠂ | ᠪᠠᠷᠢᠭᠠᠳᠠ ᠪᠠᠷ ᠰᠣᠶᠣᠯ ᠢ ᠲᠤᠪᠤᠶᠢᠯᠭᠠᠬᠤ ᠶᠢ ᠪᠠᠷᠢᠮᠲᠠᠯᠠᠨ᠎ᠠ᠃ ᠬᠠᠲᠤᠨ ᠭᠤᠣᠯ ᠤᠨ ᠰᠣᠶᠣᠯ ᠤᠨ ᠥᠪ ᠢ ᠰᠢᠰᠲ᠋ᠧᠮ ᠲᠠᠢ | ᠬᠠᠮᠠᠭᠠᠯᠠᠬᠤ ᠢᠨᠵᠧᠨᠧᠷᠢᠩ ᠢ ᠬᠡᠷᠡᠭᠵᠢᠭᠦᠯᠵᠦ᠂ ᠬᠠᠲᠤᠨ ᠭᠤᠣᠯ ᠤᠨ ᠰᠣᠶᠣᠯ ᠤᠨ ᠥᠪ ᠢ ᠲᠣᠭᠠᠴᠢᠯᠠᠨ ᠬᠠᠮᠠᠭᠠᠯᠠᠬᠤ ᠪᠠ | ᠤᠯᠠᠮᠵᠢᠯᠠᠨ ᠪᠠᠳᠠᠷᠠᠭᠤᠯᠬᠤ ᠶᠢ ᠴᠢᠩᠭᠠᠳᠬᠠᠨ᠎ᠠ᠃ ᠬᠠᠲᠤᠨ ᠭᠤᠣᠯ ᠤᠨ ᠤᠯᠤᠰ ᠤᠨ ᠰᠣᠶᠣᠯ ᠤᠨ ᠴᠡᠴᠡᠷᠯᠢᠭ ᠪᠠ ᠬᠠᠲᠤᠨ | ᠭᠤᠣᠯ ᠤᠨ ᠰᠣᠶᠣᠯ ᠤᠨ ᠥᠪ ᠤᠨ ᠬᠤᠩᠭᠢᠯ ᠢ ᠲᠦᠷᠭᠡᠳᠬᠡᠨ ᠪᠠᠶᠢᠭᠤᠯᠵᠤ᠂ ᠬᠠᠲᠤᠨ ᠭᠤᠣᠯ ᠤᠨ ︿ᠬᠡᠳᠦᠨ﹀ | ᠥᠰᠥᠭ ᠤᠨ ᠮᠤᠷᠤᠢ ᠰᠣᠶᠣᠯ ᠤᠨ ᠵᠢᠭᠤᠯᠴᠢᠯᠠᠯ ᠤᠨ ᠪᠦᠰᠡ ᠶᠢ ᠪᠠᠶᠢᠭᠤᠯᠤᠨ᠎ᠠ᠃ ᠨᠢᠭᠡ ᠪᠦᠯᠦᠭ ᠰᠣᠶᠣᠯ ᠵᠢᠭᠤᠯᠴᠢᠯᠠᠯ | ᠬᠤᠳᠠᠯᠳᠤᠭ᠎ᠠ ᠪᠡᠶ᠎ᠡ ᠶᠢᠨ ᠲᠠᠮᠢᠷ ᠠᠭᠤᠰᠤᠯᠴᠠᠭᠰᠠᠨ ᠣᠨᠴᠠᠯᠢᠭᠲᠤ ᠬᠤᠲᠠ ᠶᠢ ᠪᠣᠶ ᠪᠣᠯᠭᠠᠵᠤ᠂ ᠬᠥᠬᠡᠬᠤᠲᠠ᠂ ᠣᠷᠳᠣᠰ | ᠵᠡᠷᠭᠡ ᠬᠤᠲᠠ ᠳᠤ ᠤᠯᠤᠰ ᠤᠨ ᠰᠣᠶᠣᠯ ᠪᠠ ᠵᠢᠭᠤᠯᠴᠢᠯᠠᠯ ᠤᠨ ᠬᠡᠷᠡᠭᠯᠡᠭᠡᠨ ᠤ ᠲᠤᠷᠰᠢᠯᠲᠠ ᠶᠢᠨ ᠴᠢᠭ᠋ ᠤᠨ ᠵᠢᠱᠢᠶ᠎ᠡ | ᠦᠵᠡᠭᠦᠯᠬᠦ ᠠᠵᠢᠯ ᠥᠷᠨᠢᠭᠦᠯᠬᠦ ᠶᠢ ᠠᠬᠢᠭᠤᠯᠵᠤ᠂ ᠵᠢᠭᠤᠯᠴᠢᠯᠠᠯ ᠤᠨ ᠪᠦᠲᠦᠭᠡᠭᠳᠡᠬᠦᠨ ᠤ ᠰᠢᠰᠲ᠋ᠧᠮᠵᠢ ᠶᠢᠨ ᠰᠢᠨ᠎ᠡ ᠶᠢ | ᠡᠭᠦᠳᠴᠦ᠂ ᠵᠢᠭᠤᠯᠴᠢᠯᠠᠯ ᠤᠨ ᠬᠡᠷᠡᠭᠯᠡᠭᠡᠨ ᠤ ᠣᠶᠢᠯᠠᠭᠠᠯᠲᠠ ᠶᠢ ᠰᠠᠶᠢᠵᠢᠷᠠᠭᠤᠯᠤᠨ᠎ᠠ᠃ ᠨᠢᠭᠡ ᠪᠦᠯᠦᠭ ᠰᠣᠶᠣᠯ | ᠵᠢᠭᠤᠯᠴᠢᠯᠠᠯ ᠤᠨ ᠠᠵᠤ ᠦᠢᠯᠡᠰ ᠤᠨ ᠲᠥᠪᠯᠡᠷᠡᠭᠰᠡᠨ ᠣᠷᠣᠨ ᠢ ᠪᠦᠲᠦᠭᠡᠨ ᠪᠠᠶᠢᠭᠤᠯᠵᠤ᠂ ᠣᠷᠣᠨ ᠪᠦᠰᠡ ᠶᠢᠨ ᠰᠣᠶᠣᠯ ᠪᠠ | ᠵᠢᠭᠤᠯᠴᠢᠯᠠᠯ ᠢ ᠨᠢᠭᠡ ᠴᠣᠭᠴᠠᠵᠢᠭᠤᠯᠤᠨ ᠬᠥᠭᠵᠢᠭᠦᠯᠬᠦ ᠳᠤ ᠬᠦᠴᠦ ᠨᠡᠮᠡᠷᠢᠯᠡᠨ᠎ᠡ᠃ ᠬᠤᠪᠢᠰᠬᠠᠯ ᠤᠨ ᠳᠤᠷᠠᠰᠬᠠᠯᠲᠤ | ᠵᠢᠭᠤᠯᠴᠢᠯᠠᠯ᠂ ᠰᠣᠶᠣᠯ ᠤᠨ ᠥᠪ ᠤᠨ ᠵᠢᠭᠤᠯᠴᠢᠯᠠᠯ᠂ ᠵᠢᠭᠤᠯᠴᠢᠯᠠᠯ ᠤᠨ ᠲᠣᠭᠯᠠᠯᠲᠠ ᠶᠢᠨ ᠤᠷᠠᠯᠢᠭ ᠵᠡᠷᠭᠡ ᠶᠢᠨ ᠰᠢᠨ᠎ᠡ ᠶᠢ | ᠡᠭᠦᠳᠬᠦ ᠬᠥᠭᠵᠢᠯᠲᠡ ᠶᠢ ᠲᠦᠯᠬᠢᠨ ᠠᠬᠢᠭᠤᠯᠵᠤ᠂ ᠠᠮᠠᠷᠠᠯᠲᠠ ᠰᠡᠯᠡᠭᠦᠴᠡᠯ᠂ ᠬᠥᠳᠡᠭᠡ ᠲᠣᠰᠬᠤᠨ ᠤ ᠵᠢᠭᠤᠯᠴᠢᠯᠠᠯ ᠵᠡᠷᠭᠡ | ᠦᠢᠯᠡᠴᠢᠯᠡᠭᠡᠨ ᠤ ᠴᠢᠨᠠᠷ ᠴᠢᠨᠰᠠᠭ᠎ᠠ ᠶᠢ ᠳᠡᠭᠡᠭᠰᠢᠯᠡᠭᠦᠯᠵᠦ᠂ ᠵᠢᠭᠤᠯᠴᠢᠯᠠᠯ ᠤᠨ ᠵᠣᠷᠯᠣᠩ ᠤᠨ ᠬᠤᠪᠢᠰᠬᠠᠯ ᠢ ᠲᠦᠯᠬᠢᠨ | ᠠᠬᠢᠭᠤᠯᠵᠤ᠂ ᠣᠶᠤᠨᠲᠤ ᠦᠵᠡᠮᠵᠢ ᠶᠢᠨ ᠣᠷᠣᠨ ᠤ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠎ᠠ᠃ | ᠣᠶᠤᠨᠲᠤ ᠷᠠᠳᠢᠣ᠋ ᠲᠧᠯᠸᠢᠰ ᠤᠨ ᠰᠢᠨ᠎ᠡ ᠶᠢ ᠡᠭᠦᠳᠦᠨ ᠬᠥᠭᠵᠢᠪᠡ᠃ ᠬᠠᠮ ᠵᠠᠭᠤᠴᠢᠯᠠᠭᠤᠷ ᠤᠨ ᠳᠠᠮᠵᠢᠭᠤᠯᠭ᠎ᠠ ᠶᠢᠨ | ᠢᠨᠵᠧᠨᠧᠷᠢᠩ ᠢ ᠬᠡᠷᠡᠭᠵᠢᠭᠦᠯᠵᠦ᠂ ᠰᠢᠨ᠎ᠡ ᠬᠡᠯᠪᠡᠷᠢ ᠶᠢᠨ ᠭᠤᠣᠯ ᠤᠷᠤᠰᠬᠠᠯ ᠤᠨ ᠵᠠᠭᠤᠴᠢᠯᠠᠭᠤᠷ ᠢ ᠪᠤᠢ ᠪᠣᠯᠭᠠᠨ᠎ᠠ᠃ ᠥᠪᠥᠷ | ᠮᠣᠩᠭᠤᠯ ᠤᠨ ᠣᠶᠤᠨᠲᠤ ᠷᠠᠳᠢᠣ᠋ ᠲᠧᠯᠸᠢᠰ ᠤᠨ ᠲᠤᠷᠰᠢᠯᠲᠠ ᠶᠢᠨ ᠲᠠᠰᠤᠭ ᠤᠨ ᠪᠦᠲᠦᠭᠡᠨ ᠪᠠᠶᠢᠭᠤᠯᠤᠯᠲᠠ ᠪᠠ ᠥᠪᠥᠷ | ᠮᠣᠩᠭᠤᠯ ᠤᠨ ᠦᠵᠡᠵᠦ ᠰᠣᠨᠣᠰᠬᠤ ᠲᠣᠮᠣ ᠳ᠋ᠠᠶᠢᠲ᠋ᠠ ᠶᠢᠨ ᠬᠡᠷᠡᠭᠯᠡᠭᠡᠨ ᠤ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠷᠠᠳᠢᠣ᠋ | ᠲᠧᠯᠸᠢᠰ ᠤᠨ 5G ᠰᠦᠯᠵᠢᠶ᠎ᠡ ᠶᠢᠨ ᠪᠦᠲᠦᠭᠡᠨ ᠪᠠᠶᠢᠭᠤᠯᠤᠯᠲᠠ ᠪᠠ ᠠᠬᠤᠢ ᠲᠠᠯᠠᠪᠠᠶ ᠶᠢᠨ ᠬᠡᠷᠡᠭᠯᠡᠭᠡᠨ ᠢ ᠴᠢᠩᠭᠠᠳᠬᠠᠨ᠎ᠠ᠃ | ᠲᠧᠯᠸᠢᠰ ᠤᠨ ᠰᠤᠪᠠᠭ ᠤᠨ ᠳᠡᠭᠡᠳᠦ ᠲᠣᠳᠣ ᠪᠣᠯᠭᠠᠬᠤ ᠥᠭᠡᠷᠡᠴᠢᠯᠡᠯᠲᠡ ᠶᠢ ᠲᠦᠷᠭᠡᠳᠬᠡᠵᠦ᠂ ᠬᠡᠲᠦ ᠳᠡᠭᠡᠳᠦ ᠲᠣᠳᠣ | ᠲᠧᠯᠸᠢᠰ ᠤᠨ ᠫᠷᠣᠭ᠍ᠷᠠᠮ ᠤᠨ ᠦᠢᠯᠡᠳᠴᠦ ᠨᠡᠪᠲᠡᠷᠡᠭᠦᠯᠬᠦ ᠴᠢᠳᠠᠪᠤᠷᠢ ᠶᠢ ᠳᠡᠭᠡᠭᠰᠢᠯᠡᠭᠦᠯᠦᠨ᠂ ᠳᠡᠭᠡᠳᠦ ᠲᠣᠳᠣ ᠲᠧᠯᠸᠢᠰ ᠤᠨ | ᠤᠲᠠᠰᠤᠲᠤ ᠲᠧᠯᠸᠢᠰ᠂ ᠳᠠᠭᠠᠭᠤᠯᠢ ᠣᠳᠣᠨ ᠲᠧᠯᠸᠢᠰ᠂ IPTV ᠪᠠ ᠢᠨᠲ᠋ᠧᠷ ᠰᠦᠯᠵᠢᠶᠡᠨ ᠤ ᠲᠧᠯᠸᠢᠰ ᠤᠨ | ᠬᠡᠷᠡᠭᠯᠡᠯᠲᠡ ᠶᠢ ᠠᠬᠢᠭᠤᠯᠤᠨ᠎ᠠ᠃ ᠣᠶᠤᠨᠲᠤ ᠷᠠᠳᠢᠣ᠋ ᠲᠧᠯᠸᠢᠰ ᠬᠢᠭᠡᠳ ᠣᠶᠤᠨᠲᠤ ᠬᠤᠳᠠ᠂ ᠣᠶᠤᠨᠲᠤ ᠨᠡᠶᠢᠭᠡᠮ ᠲᠣᠭᠤᠷᠢᠭ᠂ | ᠣᠶᠤᠨᠲᠤ ᠭᠡᠷ ᠪᠦᠯᠢ ᠵᠢᠴᠢ ᠣᠶᠤᠨᠲᠤ ᠵᠠᠰᠠᠭ ᠤᠨ ᠶᠠᠪᠤᠳᠠᠯ ᠵᠡᠷᠭᠡ ᠶᠢᠨ ᠠᠭᠤᠰᠤᠯᠴᠠᠨ ᠬᠥᠭᠵᠢᠬᠦ ᠶᠢ ᠠᠬᠢᠭᠤᠯᠵᠤ᠂ | ᠶᠡᠷᠦᠩᠬᠡᠶᠢᠯᠡᠭᠰᠡᠨ ᠮᠡᠳᠡᠭᠡ ᠵᠠᠩᠭᠢ ᠶᠢᠨ ᠦᠢᠯᠡᠴᠢᠯᠡᠭᠡ ᠵᠡᠷᠭᠡ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠢ ᠥᠷᠭᠡᠳᠬᠡᠨ᠎ᠡ᠃ | ᠥᠪᠥᠷ ᠮᠣᠩᠭᠤᠯ ᠤᠨ ᠣᠨᠴᠠᠯᠢᠭ ᠲᠠᠢ ᠷᠠᠳᠢᠣ᠋ ᠲᠧᠯᠸᠢᠰ ᠪᠠ ᠰᠦᠯᠵᠢᠶᠡᠨ ᠤ ᠦᠵᠡᠵᠦ ᠰᠣᠨᠣᠰᠬᠤ ᠨᠠᠷᠠᠲᠤ ᠲᠥᠷᠥᠯ | ᠲᠡᠮᠳᠡᠭᠲᠦ ᠶᠢ ᠪᠣᠶ ᠪᠣᠯᠭᠠᠨ᠎ᠠ᠃ | ᠪᠡᠶ᠎ᠡ ᠶᠢᠨ ᠲᠠᠮᠢᠷ ᠤᠨ ᠦᠢᠯᠡᠴᠢᠯᠡᠭᠡ ᠲᠦᠷᠭᠡᠪᠴᠢᠯᠡᠨ ᠬᠥᠭᠵᠢᠪᠡ᠃ ᠣᠯᠠᠨ ᠵᠦᠢᠯ ᠤᠨ ᠬᠡᠯᠪᠡᠷᠢ ᠮᠠᠶ᠋ᠢᠭ ᠤᠨ ᠪᠡᠶ᠎ᠡ | ᠴᠢᠭᠢᠷᠠᠭᠵᠢᠭᠤᠯᠬᠤ ᠺᠯᠦ᠋ᠪ ᠪᠠ ᠪᠡᠶ᠎ᠡ ᠴᠢᠭᠢᠷᠠᠭᠵᠢᠭᠤᠯᠬᠤ ᠵᠣᠬᠢᠶᠠᠨ ᠪᠠᠶᠢᠭᠤᠯᠤᠯᠲᠠ ᠡᠷᠭᠢᠯᠡᠬᠦ ᠶᠢ ᠵᠣᠷᠢᠭᠵᠢᠭᠤᠯᠵᠤ᠂ | ᠤᠯᠤᠰ ᠤᠨ ᠳᠣᠲᠣᠭᠠᠳᠤ ᠭᠠᠳᠠᠭᠠᠳᠤ ᠶᠢᠨ ᠴᠢᠬᠤᠯᠠ ᠤᠷᠤᠯᠳᠤᠭᠠᠨ ᠤ ᠵᠦᠢᠯᠡᠰ ᠢ ᠢᠳᠡᠪᠬᠢᠲᠡᠢ ᠪᠠᠷ ᠭᠤᠶᠤᠴᠢᠯᠠᠨ | ᠡᠷᠭᠢᠯᠡᠨ᠎ᠡ᠃ ᠬᠥᠯ ᠪᠥᠮᠪᠦᠭᠡ᠂ ᠰᠠᠭᠰᠤᠨ ᠪᠥᠮᠪᠦᠭᠡ᠂ ᠠᠯᠠᠭᠠᠳᠠᠬᠤ ᠪᠥᠮᠪᠦᠭᠡ᠂ ᠮᠥᠰᠥ ᠴᠠᠰᠤ᠂ ᠮᠣᠷᠢᠨ ᠮᠡᠷᠭᠡᠵᠢᠯ ᠵᠡᠷᠭᠡ | ᠪᠡᠶ᠎ᠡ ᠶᠢᠨ ᠲᠠᠮᠢᠷ ᠤᠨ ᠬᠥᠳᠡᠯᠭᠡᠭᠡᠨ ᠢ ᠴᠡᠴᠡᠭᠯᠡᠭᠦᠯᠦᠨ ᠬᠥᠭᠵᠢᠭᠦᠯᠵᠦ᠂ ᠭᠡᠷ ᠤᠨ ᠭᠠᠳᠠᠨᠠᠬᠢ ᠪᠡᠶ᠎ᠡ ᠶᠢᠨ ᠲᠠᠮᠢᠷ ᠤᠨ | ᠬᠥᠳᠡᠯᠭᠡᠭᠡᠨ ᠢ ᠲᠦᠭᠡᠮᠡᠯᠵᠢᠭᠦᠯᠦᠨ ᠳᠡᠯᠭᠡᠷᠡᠭᠦᠯᠵᠦ᠂ ᠪᠡᠶ᠎ᠡ ᠶᠢᠨ ᠲᠠᠮᠢᠷ ᠤᠨ ᠤᠷᠤᠯᠳᠤᠭᠠᠨ ᠤ ᠦᠵᠡᠭᠦᠯᠦᠯᠭᠡ ᠶᠢᠨ ᠠᠵᠤ | ᠦᠢᠯᠡᠰ ᠤᠨ ᠬᠥᠭᠵᠢᠯᠲᠡ ᠶᠢ ᠲᠦᠯᠬᠢᠨ ᠠᠬᠢᠭᠤᠯᠵᠤ᠂ ᠤᠯᠠᠨ ᠲᠦᠮᠡᠨᠴᠢ ᠪᠡᠶ᠎ᠡ ᠶᠢᠨ ᠲᠠᠮᠢᠷ ᠤᠨ ᠤᠷᠤᠯᠳᠤᠭᠠᠨ ᠤ | ᠠᠵᠢᠯᠯᠠᠭ᠎ᠠ ᠶᠢ ᠪᠠᠶᠠᠯᠢᠭᠵᠢᠭᠤᠯᠤᠨ᠎ᠠ᠃ ᠪᠡᠶ᠎ᠡ ᠶᠢᠨ ᠲᠠᠮᠢᠷ ᠤᠨ ᠵᠢᠭᠤᠯᠴᠢᠯᠠᠯ᠂ ᠪᠡᠶ᠎ᠡ ᠶᠢᠨ ᠲᠠᠮᠢᠷ ᠤᠨ ᠤᠯᠠᠮᠵᠢᠯᠠᠬᠤ ᠵᠠᠭᠤᠴᠢ | ᠂ ᠪᠡᠶ᠎ᠡ ᠶᠢᠨ ᠲᠠᠮᠢᠷ ᠤᠨ ᠴᠤᠭᠯᠠᠭᠠᠨ ᠦᠵᠡᠰᠬᠦᠯᠡᠩ᠂ ᠪᠡᠶ᠎ᠡ ᠶᠢᠨ ᠲᠠᠮᠢᠷ ᠤᠨ ᠵᠠᠭᠤᠴᠢᠯᠠᠬᠤ ᠵᠡᠷᠭᠡ ᠶᠢᠨ ᠬᠥᠭᠵᠢᠯᠲᠡ ᠶᠢ | ᠠᠬᠢᠭᠤᠯᠵᠤ᠂ ᠪᠡᠶ᠎ᠡ ᠶᠢᠨ ᠲᠠᠮᠢᠷ ᠤᠨ ᠬᠡᠷᠡᠭᠯᠡᠭᠡᠨ ᠤ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠰᠢᠨ᠎ᠡ ᠵᠠᠭᠪᠤᠷ ᠢ | ᠪᠣᠶᠢᠵᠢᠭᠤᠯᠤᠨ᠂ ᠢᠨᠲ᠋ᠧᠷ ᠰᠦᠯᠵᠢᠶ᠎ᠡ᠂ ᠲᠣᠮᠣ ᠳ᠋ᠠᠶᠢᠲ᠋ᠠ᠂ ᠵᠣᠬᠢᠶᠠᠮᠠᠯ ᠤᠶᠤᠨ ᠴᠢᠳᠠᠪᠤᠷᠢ ᠬᠢᠭᠡᠳ ︿ᠪᠡᠶ᠎ᠡ ᠶᠢᠨ ᠲᠠᠮᠢᠷ + | ᠪᠤᠰᠤᠳ ᠠᠵᠤ ᠠᠬᠤᠢ ᠶᠢᠨ ᠬᠡᠯᠪᠡᠷᠢ ᠪᠠᠶᠢᠳᠠᠯ﹀ ᠤᠨ ᠭᠦᠨᠵᠡᠭᠡᠢ ᠠᠭᠤᠰᠤᠯᠴᠠᠯ ᠢ ᠲᠦᠷᠭᠡᠪᠴᠢᠯᠡᠨ ᠠᠬᠢᠭᠤᠯᠵᠤ᠂ ᠪᠡᠶ᠎ᠡ ᠶᠢᠨ | ᠲᠠᠮᠢᠷ ᠤᠨ ᠠᠵᠤ ᠦᠢᠯᠡᠰ ᠤᠨ ᠣᠶᠤᠨᠴᠢᠯᠠᠭᠰᠠᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ | ᠭᠡᠷ ᠠᠬᠤᠢ ᠶᠢᠨ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠦᠨ ᠪᠠᠭᠲᠠᠭᠠᠮᠵᠢ ᠶᠢ ᠥᠷᠭᠡᠳᠬᠡᠨ᠎ᠡ᠃ | ᠬᠠᠩᠭᠠᠯᠭ᠎ᠠ ᠭᠦᠢᠴᠡᠳ᠂ ᠦᠢᠯᠡᠴᠢᠯᠡᠭᠡ ᠨᠢ ᠳᠥᠭᠦᠮ ᠳᠥᠲᠡ᠂ ᠬᠠᠮᠢᠶᠠᠷᠤᠯᠲᠠ ᠨᠢ ᠵᠢᠷᠤᠮᠵᠢᠯ ᠲᠠᠢ᠂ ᠬᠤᠳᠠ ᠬᠥᠳᠡᠭᠡ ᠳᠤ | ᠠᠰᠢᠭ ᠬᠦᠷᠲᠡᠭᠡᠬᠦ ᠭᠡᠷ ᠠᠬᠤᠢ ᠶᠢᠨ ᠦᠢᠯᠡᠴᠢᠯᠡᠭᠡᠨ ᠤ ᠰᠢᠰᠲ᠋ᠧᠮ ᠢ ᠲᠦᠷᠭᠡᠪᠴᠢᠯᠡᠨ ᠪᠠᠶᠢᠭᠤᠯᠤᠨ᠎ᠠ᠃ ᠳᠤᠮᠳᠠ ᠵᠢᠵᠢᠭ | ᠭᠡᠷ ᠠᠬᠤᠢ ᠶᠢᠨ ᠦᠢᠯᠡᠴᠢᠯᠡᠭᠡᠨ ᠤ ᠠᠵᠤ ᠠᠬᠤᠶᠢᠯᠠᠯ ᠤᠨ ᠲᠤᠰᠬᠠᠶᠢᠵᠢᠭᠰᠠᠨ᠂ ᠣᠨᠴᠠᠯᠢᠬᠵᠢᠭᠰᠠᠨ ᠬᠥᠭᠵᠢᠯᠲᠡ ᠶᠢ | ᠳᠡᠮᠵᠢᠨ᠎ᠡ᠃ ᠨᠥᠬᠦᠴᠡᠯ ᠲᠠᠢ ᠠᠵᠤ ᠠᠬᠤᠶᠢᠯᠠᠯ ᠤᠨ ᠨᠠᠷᠠᠲᠤ ᠲᠥᠷᠥᠯ ᠲᠡᠮᠳᠡᠭᠵᠢᠭᠦᠯᠬᠦ᠂ ᠬᠡᠯᠬᠢᠶᠡᠵᠢᠭᠦᠯᠦᠨ ᠬᠥᠭᠵᠢᠭᠦᠯᠬᠦ ᠶᠢ | ᠵᠣᠷᠢᠭᠵᠢᠭᠤᠯᠵᠤ᠂ ᠨᠢᠭᠡ ᠪᠦᠯᠦᠭ ᠬᠥᠲᠥᠯᠥᠨ ᠳᠠᠭᠠᠭᠤᠯᠬᠤ ᠪᠠ ᠵᠢᠱᠢᠶ᠎ᠡ ᠦᠵᠡᠭᠦᠯᠬᠦ ᠦᠢᠯᠡᠳᠦᠯ ᠲᠠᠢ ᠬᠥᠲᠥᠴᠢ ᠠᠵᠤ | ᠠᠬᠤᠶᠢᠯᠠᠯ ᠢ ᠪᠣᠶᠢᠵᠢᠭᠤᠯᠤᠨ᠎ᠠ᠃ ᠠᠵᠤ ᠦᠢᠯᠡᠰ ᠪᠠ ᠰᠤᠷᠭᠠᠨ ᠬᠥᠮᠦᠵᠢᠯ ᠢ ᠤᠶᠠᠯᠳᠤᠭᠤᠯᠤᠭᠰᠠᠨ ᠬᠡᠯᠪᠡᠷᠢ ᠶᠢᠨ ᠭᠡᠷ | ᠠᠬᠤᠢ ᠶᠢᠨ ᠠᠵᠤ ᠠᠬᠤᠶᠢᠯᠠᠯ ᠢ ᠪᠣᠶᠢᠵᠢᠭᠤᠯᠵᠤ᠂ ᠭᠡᠷ ᠠᠬᠤᠢ ᠶᠢᠨ ᠦᠢᠯᠡᠴᠢᠯᠡᠭᠡᠨ ᠤ ᠦᠢᠯᠡᠰ ᠬᠢᠭᠡᠳ ᠨᠠᠰᠤᠵᠢᠯ ᠤᠨ | ᠠᠰᠠᠷᠠᠮᠵᠢ᠂ ᠨᠢᠯᠬ᠎ᠠ ᠬᠡᠦᠬᠡᠳ ᠢ ᠪᠣᠶᠢᠵᠢᠭᠤᠯᠬᠤ᠂ ᠠᠳᠠᠯ ᠠᠬᠤᠢ ᠵᠡᠷᠭᠡ ᠶᠢᠨ ᠠᠭᠤᠰᠤᠯᠳᠤᠨ ᠬᠥᠭᠵᠢᠬᠦ ᠶᠢ ᠠᠬᠢᠭᠤᠯᠤᠨ᠎ᠠ᠃ | ᠭᠡᠷ ᠠᠬᠤᠢ ᠶᠢᠨ ᠦᠢᠯᠡᠴᠢᠯᠡᠭᠡ ᠶᠢ ᠨᠡᠶᠢᠭᠡᠮ ᠲᠣᠭᠤᠷᠢᠭ ᠲᠤ ᠣᠷᠣᠭᠤᠯᠬᠤ ᠶᠢ ᠲᠦᠯᠬᠢᠨ ᠠᠬᠢᠭᠤᠯᠤᠨ᠎ᠠ᠃ ᠭᠡᠷ | ᠠᠬᠤᠢ ᠶᠢᠨ ᠠᠵᠢᠯ ᠲᠥᠷᠥᠯ ᠤᠨ ᠨᠡᠶᠢᠭᠡᠮᠯᠢᠭ ᠤᠨ ᠪᠠᠶᠢᠭᠤᠯᠤᠯᠲᠠ ᠶᠢ ᠳᠡᠮᠵᠢᠵᠦ᠂ ᠭᠡᠷ ᠠᠬᠤᠢ ᠶᠢᠨ ᠦᠢᠯᠡᠴᠢᠯᠡᠭᠡᠨ ᠤ | ᠶᠠᠰᠤ ᠴᠢᠨᠠᠷ ᠢ ᠭᠤᠷᠪᠠᠳᠠᠭᠢ ᠡᠲᠡᠭᠡᠳ ᠠᠴᠠ ᠭᠡᠷᠡᠴᠢᠯᠡᠬᠦ ᠶᠢ ᠥᠷᠨᠢᠭᠦᠯᠦᠨ᠎ᠡ᠃ | ︵ᠬᠤᠶᠠᠷ︶ ︽ᠬᠤᠶᠠᠳᠤᠭᠠᠷ ᠬᠡᠰᠡᠭ ᠠᠮᠢᠳᠤᠷᠠᠯ ᠤᠨ ᠦᠢᠯᠡᠴᠢᠯᠡᠭᠡᠨ ᠤ ᠨᠠᠷᠠᠲᠤ ᠲᠥᠷᠥᠯ ᠲᠡᠮᠳᠡᠭᠵᠢᠭᠦᠯᠦᠨ | ᠬᠥᠭᠵᠢᠭᠦᠯᠬᠦ ᠶᠢ ᠲᠦᠯᠬᠢᠨ ᠠᠬᠢᠭᠤᠯᠬᠤ︾ ᠶᠢᠨ ᠬᠡᠰᠡᠭ ᠠᠭᠤᠯᠭ᠎ᠠ ᠳᠤ ᠵᠠᠰᠠᠪᠤᠷᠢ ᠣᠷᠣᠭᠤᠯᠬᠤ᠃ | 1. ︽ᠦᠢᠯᠡᠴᠢᠯᠡᠭᠡᠨ ᠤ ᠨᠠᠷᠠᠲᠤ ᠲᠥᠷᠥᠯ ᠲᠡᠮᠳᠡᠭᠲᠦ ᠶᠢ ᠪᠣᠶ ᠪᠣᠯᠭᠠᠨ᠎ᠠ︾ ᠭᠡᠬᠦ ᠬᠡᠰᠡᠭ ᠲᠠᠬᠢ ︽ᠲᠥᠬᠦᠮ᠂ | ᠢᠲᠡᠭᠡᠮᠵᠢᠲᠡᠢ ᠭᠡᠷ ᠤᠨ ᠶᠠᠪᠤᠳᠠᠯ᠂ ᠬᠡᠦᠬᠡᠳ ᠢ ᠨᠠᠶᠢᠳᠠᠨ ᠬᠠᠮᠢᠶᠠᠷᠤᠭᠤᠯᠬᠤ ᠪᠠ ᠭᠡᠷ ᠲᠡᠭᠡᠨ ᠰᠠᠭᠤᠵᠤ ᠨᠠᠰᠤᠲᠠᠶᠢᠴᠤᠳ ᠢ | ᠠᠰᠠᠷᠠᠬᠤ ᠵᠡᠷᠭᠡ ︿ᠨᠢᠭᠡ ᠯᠡ ᠥᠷᠲᠡᠭᠡᠨ ᠤ ᠮᠠᠶ᠋ᠢᠭ﹀ ᠤᠨ ᠦᠢᠯᠡᠴᠢᠯᠡᠭᠡ ᠬᠠᠩᠭᠠᠨ᠎ᠠ︾ ᠭᠡᠳᠡᠭ ᠤᠨ ᠳᠠᠷᠠᠭ᠎ᠠ ︽ | ᠪᠡᠶᠡᠴᠢᠯᠡᠨ ᠣᠶᠢᠯᠠᠭᠠᠬᠤ ᠦᠢᠯᠡᠴᠢᠯᠡᠭᠡ᠂ ᠬᠤᠪᠢ ᠬᠥᠮᠥᠨ ᠤ ᠵᠠᠬᠢᠶᠠᠯᠠᠭ᠎ᠠ᠂ ᠬᠠᠮᠲᠤ ᠪᠠᠷ ᠡᠳ᠋ᠯᠡᠬᠦ ᠦᠢᠯᠡᠴᠢᠯᠡᠭᠡ᠂ | ᠣᠶᠤᠨᠴᠢ ᠦᠢᠯᠡᠴᠢᠯᠡᠭᠡ ᠵᠡᠷᠭᠡ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠰᠢᠨ᠎ᠡ ᠵᠠᠭᠪᠤᠷ ᠢ ᠬᠥᠭᠵᠢᠭᠦᠯᠬᠦ ᠶᠢ | ᠵᠣᠷᠢᠭᠵᠢᠭᠤᠯᠤᠨ᠎ᠠ︾ ᠭᠡᠬᠦ ᠠᠭᠤᠯᠭ᠎ᠠ ᠶᠢ ᠨᠡᠮᠡᠪᠡ᠃ | 2. ︽ᠤᠷᠮᠠᠰᠢᠭᠤᠯᠬᠤ ᠲᠥᠷᠥ ᠶᠢᠨ ᠪᠣᠳᠣᠯᠭ᠎ᠠ ᠶᠢ ᠲᠣᠭᠲᠠᠭᠠᠬᠤ︾ ᠨᠢᠭᠡ ᠬᠡᠰᠡᠭ ᠲᠠᠬᠢ ︽ᠤᠷᠮᠠᠰᠢᠭᠤᠯᠬᠤ | ᠲᠥᠷᠥ ᠶᠢᠨ ᠪᠣᠳᠣᠯᠭ᠎ᠠ ᠶᠢ ᠲᠣᠭᠲᠠᠭᠠᠬᠤ︾ ᠭᠡᠬᠦ ᠥᠭᠦᠯᠡᠯᠲᠡ ᠶᠢ ᠬᠠᠰᠤᠬᠤ ᠶᠢᠨ ᠬᠠᠮᠲᠤ᠂ ᠲᠣᠰ ᠬᠡᠰᠡᠭ ᠤᠨ | ᠠᠭᠤᠯᠭ᠎ᠠ ᠶᠢ ︽ᠦᠢᠯᠡᠴᠢᠯᠡᠭᠡᠨ ᠤ ᠨᠠᠷᠠᠲᠤ ᠲᠥᠷᠥᠯ ᠲᠡᠮᠳᠡᠭᠲᠦ ᠶᠢ ᠪᠣᠶ ᠪᠣᠯᠭᠠᠬᠤ︾ ᠨᠢᠭᠡ ᠬᠡᠰᠡᠭ ᠲᠤ ᠨᠡᠶᠢᠯᠡᠭᠦᠯᠦᠨ | ᠣᠷᠣᠭᠤᠯᠤᠨ᠎ᠠ᠃ | 3. ︽ᠡᠵᠡᠩᠨᠡᠯᠲᠡ ᠶᠢᠨ ᠬᠡᠯᠪᠡᠷᠢ ᠪᠠᠶᠢᠳᠠᠯ ᠤᠨ ᠰᠢᠨ᠎ᠡ ᠶᠢ ᠡᠭᠦᠳᠬᠦ ᠶᠢ ᠵᠣᠷᠢᠭᠵᠢᠭᠤᠯᠤᠨ᠎ᠠ︾ ᠭᠡᠬᠦ ᠬᠡᠰᠡᠭ ᠤᠨ | ᠠᠭᠤᠯᠭ᠎ᠠ ᠶᠢ ︽ᠦᠢᠯᠡᠴᠢᠯᠡᠭᠡᠨ ᠤ ᠪᠠᠷᠢᠮᠵᠢᠶ᠎ᠠ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ ᠣᠷᠣᠨ ᠨᠤᠲᠤᠭ ᠤᠨ ᠪᠠᠷᠢᠮᠵᠢᠶ᠎ᠠ | ᠪᠠ ᠠᠵᠢᠯ ᠲᠥᠷᠥᠯ ᠤᠨ ᠪᠠᠷᠢᠮᠵᠢᠶ᠎ᠠ ᠶᠢ ᠵᠣᠬᠢᠴᠠᠯᠳᠤᠭᠤᠯᠤᠨ ᠬᠥᠭᠵᠢᠭᠦᠯᠬᠦ᠂ ᠵᠣᠬᠢᠴᠠᠭᠤᠯᠤᠨ ᠢᠵᠢ ᠪᠦᠷᠢᠳᠦᠭᠦᠯᠬᠦ | ᠪᠠᠷᠢᠮᠵᠢᠶ᠎ᠠ ᠶᠢᠨ ᠰᠢᠰᠲ᠋ᠧᠮᠵᠢ ᠶᠢ ᠪᠠᠶᠢᠭᠤᠯᠵᠤ᠂ ᠠᠵᠢᠯ ᠲᠥᠷᠥᠯ ᠤᠨ ᠬᠡᠪ ᠳᠠᠭᠤᠷᠢᠶᠠᠯ ᠤᠨ ᠦᠢᠯᠡᠴᠢᠯᠡᠭᠡᠨ ᠤ | ᠪᠠᠷᠢᠮᠵᠢᠶ᠎ᠠ ᠶᠢᠨ ᠪᠠᠶᠢᠭᠤᠯᠤᠯᠲᠠ ᠶᠢ ᠠᠬᠢᠭᠤᠯᠤᠨ᠎ᠠ᠃ ᠠᠵᠢᠯ ᠲᠥᠷᠥᠯ ᠤᠨ ᠨᠡᠶᠢᠭᠡᠮᠯᠢᠭ ᠵᠡᠷᠭᠡ ᠨᠡᠶᠢᠭᠡᠮ ᠤᠨ ᠵᠣᠬᠢᠶᠠᠨ | ᠪᠠᠶᠢᠭᠤᠯᠤᠯᠲᠠ ᠶᠢᠨ ᠪᠦᠯᠬᠦᠮ ᠤᠨ ᠪᠠᠷᠢᠮᠵᠢᠶ᠎ᠠ ᠲᠣᠭᠲᠠᠭᠠᠬᠤ ᠶᠢ ᠳᠡᠮᠵᠢᠵᠦ᠂ ᠠᠵᠤ ᠠᠬᠤᠶᠢᠯᠠᠯ ᠤᠨ ᠤᠯᠤᠰ ᠤᠨ ᠪᠠᠷᠢᠮᠵᠢᠶ᠎ᠠ | ᠪᠤᠶᠤ ᠠᠵᠢᠯ ᠲᠥᠷᠥᠯ ᠤᠨ ᠪᠠᠷᠢᠮᠵᠢᠶ᠎ᠠ ᠠᠴᠠ ᠥᠨᠳᠥᠷ ᠠᠵᠤ ᠠᠬᠤᠶᠢᠯᠠᠯ ᠤᠨ ᠪᠠᠷᠢᠮᠵᠢᠶ᠎ᠠ ᠲᠣᠭᠲᠠᠭᠠᠬᠤ ᠶᠢ | ᠵᠣᠷᠢᠭᠵᠢᠭᠤᠯᠤᠨ᠎ᠠ᠃ ᠠᠮᠢᠳᠤᠷᠠᠯ ᠤᠨ ᠦᠢᠯᠡᠴᠢᠯᠡᠭᠡ ᠶᠢ ᠭᠡᠷᠡᠴᠢᠯᠡᠵᠦ ᠵᠥᠪᠰᠢᠶᠡᠷᠡᠬᠦ ᠳᠦᠷᠢᠮ ᠢ ᠪᠠᠶᠢᠭᠤᠯᠤᠨ | ᠲᠡᠭᠦᠯᠳᠡᠷᠵᠢᠭᠦᠯᠵᠦ᠂ ᠠᠮᠢᠳᠤᠷᠠᠯ ᠤᠨ ᠦᠢᠯᠡᠴᠢᠯᠡᠭᠡ ᠶᠢ ᠲᠤᠰᠬᠠᠶᠢᠵᠢᠭᠤᠯᠤᠨ ᠬᠥᠭᠵᠢᠭᠦᠯᠬᠦ ᠶᠢ ᠲᠦᠯᠬᠢᠨ ᠠᠬᠢᠭᠤᠯᠤᠨ᠎ᠠ︾ | ᠭᠡᠵᠦ ᠵᠠᠰᠠᠪᠠ᠃ | ᠲᠤᠯᠤᠭ᠎ᠠ᠂ ︽ᠲᠥᠯᠦᠪᠵᠢᠭᠦᠯᠭᠡ︾ ᠶᠢᠨ ︽ᠳᠣᠯᠣᠳᠤᠭᠠᠷ ᠪᠦᠯᠦᠭ ᠤᠯᠠᠨ ᠨᠡᠶᠢᠲᠡ ᠶᠢᠨ ᠦᠢᠯᠡᠴᠢᠯᠡᠭᠡᠨ ᠤ ᠡᠬᠢ | ᠪᠠᠶᠠᠯᠢᠭ ᠤᠨ ᠪᠠᠶᠢᠷᠢᠰᠢᠯ ᠢ ᠰᠢᠯᠢᠳᠡᠭᠵᠢᠭᠦᠯᠭ᠊ ᠤ᠋︾ ᠬᠡᠰᠡᠭ ᠠᠭᠤᠯᠭ᠎ᠠ ᠳᠤ ᠳᠣᠣᠷᠠᠬᠢ ᠮᠡᠲᠦ ᠵᠠᠰᠠᠪᠤᠷᠢ ᠣᠷᠣᠭᠤᠯᠪᠠ | ︵ᠨᠢᠭᠡ︶ ︽ᠬᠤᠶᠠᠳᠤᠭᠠᠷ ᠬᠡᠰᠡᠭ ᠤᠯᠠᠨ ᠨᠡᠶᠢᠲᠡ ᠶᠢᠨ ᠦᠢᠯᠡᠴᠢᠯᠡᠭᠡᠨ ᠤ ᠣᠷᠣᠨ ᠪᠦᠰᠡ ᠶᠢᠨ ᠵᠣᠬᠢᠴᠠᠩᠭᠤᠢ | ᠬᠥᠭᠵᠢᠯᠲᠡ ᠶᠢ ᠲᠦᠯᠬᠢᠨ ᠠᠬᠢᠭᠤᠯᠬᠤ︾᠂ ︽ᠭᠤᠷᠪᠠᠳᠤᠭᠠᠷ ᠬᠡᠰᠡᠭ ᠤᠯᠠᠨ ᠨᠡᠶᠢᠲᠡ ᠶᠢᠨ ᠦᠨᠳᠦᠰᠦᠨ ᠦᠢᠯᠡᠴᠢᠯᠡᠭᠡ ᠳᠤ | ᠲᠦᠬᠦᠮ ᠦᠵᠡᠭᠦᠯᠬᠦ ᠶᠠᠪᠤᠳᠠᠯ ᠢ ᠲᠦᠯᠬᠢᠨ ᠠᠬᠢᠭᠤᠯᠬᠤ︾ ᠶᠢᠨ ᠬᠡᠰᠡᠭ ᠠᠭᠤᠯᠭ᠎ᠠ ᠳᠤ ᠵᠠᠰᠠᠪᠤᠷᠢ ᠣᠷᠣᠭᠤᠯᠪᠠ᠃ | 1. ︽ᠬᠤᠶᠠᠳᠤᠭᠠᠷ ᠬᠡᠰᠡᠭ ᠤᠯᠠᠨ ᠨᠡᠶᠢᠲᠡ ᠶᠢᠨ ᠦᠢᠯᠡᠴᠢᠯᠡᠭᠡᠨ ᠤ ᠣᠷᠣᠨ ᠪᠦᠰᠡ ᠶᠢᠨ ᠵᠣᠬᠢᠴᠠᠩᠭᠤᠢ | ᠬᠥᠭᠵᠢᠯᠲᠡ ᠶᠢ ᠲᠦᠯᠬᠢᠨ ᠠᠬᠢᠭᠤᠯᠤᠨ᠎ᠠ︾ ᠭᠡᠰᠡᠨ ᠠᠭᠤᠯᠭ᠎ᠠ ᠶᠢ ᠬᠠᠰᠤᠵᠤ᠂ ᠤᠤᠯ ᠤᠨ ︽ᠭᠤᠷᠪᠠᠳᠤᠭᠠᠷ ᠬᠡᠰᠡᠭ ᠲᠤ | ᠤᠯᠠᠨ ᠨᠡᠶᠢᠲᠡ ᠶᠢᠨ ᠦᠨᠳᠦᠰᠦᠨ ᠦᠢᠯᠡᠴᠢᠯᠡᠭᠡ ᠶᠢ ᠲᠦᠯᠬᠢᠨ ᠠᠬᠢᠭᠤᠯᠬᠤ ᠳᠤ ᠲᠦᠬᠦᠮ ᠦᠵᠡᠭᠦᠯᠬᠦ ᠪᠣᠯᠣᠮᠵᠢ ᠲᠠᠢ︾ | ᠭᠡᠳᠡᠭ ᠢ ︽ᠬᠤᠶᠠᠳᠤᠭᠠᠷ ᠬᠡᠰᠡᠭ︾ ᠪᠣᠯᠭᠠᠨ ᠲᠣᠬᠢᠷᠠᠭᠤᠯᠪᠠ᠃ | 2. ︽ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠦᠨ᠎ᠡ︾ ᠭᠡᠬᠦ | ᠬᠡᠰᠡᠭ ᠲᠠᠬᠢ ︽ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠶᠢᠨ ᠲᠣᠭᠤᠷᠢᠨ ᠳᠤ᠂ ᠨᠠᠩ ᠣᠯᠠᠨ | ᠦᠢᠯᠡᠴᠢᠯᠡᠭᠡᠨ ᠤ ᠵᠦᠢᠯᠡᠰ ᠢ ︿ᠨᠢᠭᠡ ᠴᠣᠩᠬᠤ ᠪᠠᠷ ᠨᠡᠶᠢᠳᠡᠮ ᠰᠢᠢᠳᠪᠦᠷᠢᠯᠡᠬᠦ﹀ ︿ᠣᠷᠣᠨ ᠠᠯᠤᠰᠯᠠᠨ ᠨᠡᠶᠢᠳᠡᠮ | ᠰᠢᠢᠳᠪᠦᠷᠢᠯᠡᠬᠦ﹀ ᠶᠢ ᠠᠬᠢᠭᠤᠯᠤᠨ᠎ᠠ︾ ᠭᠡᠬᠦ ᠥᠭᠦᠯᠡᠯᠲᠡ ᠶᠢ ᠬᠠᠰᠤᠨ᠎ᠠ᠃ | 3. ︽ᠦᠢᠯᠡᠴᠢᠯᠡᠭᠡᠨ ᠤ ᠬᠦᠷᠦᠯᠴᠡᠬᠦᠶᠢᠴᠡ ᠴᠢᠨᠠᠷ ᠢ ᠳᠡᠭᠡᠭᠰᠢᠯᠡᠭᠦᠯᠬᠦ︾ ᠬᠡᠰᠡᠭ ᠲᠠᠬᠢ ︽︿ᠬᠤᠳᠠ ᠶᠢᠨ 15 | ᠮᠢᠨᠦ᠋ᠲ᠂ ᠬᠥᠳᠡᠭᠡ ᠲᠣᠰᠬᠤᠨ ᠤ 1.5 ᠴᠠᠭ﹀ ᠤᠨ ᠦᠨᠳᠦᠰᠦᠨ ᠤᠯᠠᠨ ᠨᠡᠶᠢᠲᠡ ᠶᠢᠨ ᠦᠢᠯᠡᠴᠢᠯᠡᠭᠡᠨ ᠤ ᠬᠦᠷᠢᠶ᠎ᠡ ᠶᠢ | ᠠᠯᠬᠤᠮ ᠠᠯᠬᠤᠮ ᠢᠶᠠᠷ ᠪᠤᠢ ᠪᠣᠯᠭᠠᠬᠤ︾ ᠭᠡᠳᠡᠭ ᠢ ︽ᠳᠥᠭᠦᠮ ᠳᠥᠲᠡ ᠥᠨᠳᠥᠷ ᠪᠦᠲᠦᠮᠵᠢᠲᠡᠶ᠂ ᠲᠥᠪ ᠭᠤᠣᠯᠴᠢ | ᠪᠥᠭᠡᠳ ᠬᠦᠷᠦᠯᠴᠡᠬᠦᠶᠢᠴᠡ ᠦᠨᠳᠦᠰᠦᠨ ᠤᠯᠠᠨ ᠨᠡᠶᠢᠲᠡ ᠶᠢᠨ ᠦᠢᠯᠡᠴᠢᠯᠡᠭᠡᠨ ᠤ ᠬᠦᠷᠢᠶ᠎ᠡ ᠶᠢ ᠠᠯᠬᠤᠮ ᠠᠯᠬᠤᠮ ᠢᠶᠠᠷ ᠪᠤᠢ | ᠪᠣᠯᠭᠠᠵᠤ᠂ ᠦᠢᠯᠡᠴᠢᠯᠡᠭᠡᠨ ᠤ ᠬᠡᠪᠴᠢᠶ᠎ᠡ ᠶᠢᠨ ᠦᠢᠯᠡᠳᠦᠯ ᠢ ᠥᠷᠭᠡᠳᠬᠡᠵᠦ᠂ ᠦᠢᠯᠡᠴᠢᠯᠡᠭᠡᠨ ᠤ ᠦᠷ᠎ᠡ ᠪᠦᠲᠦᠮᠵᠢ ᠶᠢ | ᠳᠡᠭᠡᠭᠰᠢᠯᠡᠭᠦᠯᠦᠨ᠎ᠡ︾ ᠭᠡᠵᠦ ᠵᠠᠰᠠᠪᠠ ; ︽ᠰᠠᠭᠤᠭᠠᠯᠢ ᠠᠷᠠᠳ ᠢ ᠬᠥᠲᠥᠯᠥᠨ ᠵᠢᠯᠤᠭᠤᠳᠴᠤ ᠪᠠᠶᠢᠭᠠᠳ ᠣᠷᠣᠨ ᠪᠦᠰᠡ ᠶᠢᠨ | ᠲᠥᠪ ᠬᠤᠳᠠ᠂ ᠳᠤᠮᠳᠠ ᠵᠢᠵᠢᠭ ᠬᠤᠳᠠ ᠪᠠᠯᠭᠠᠰᠤᠨ ᠳᠤ ᠵᠣᠬᠢᠰᠲᠠᠢ ᠪᠠᠷ ᠲᠥᠪᠯᠡᠷᠡᠨ ᠰᠠᠭᠤᠷᠢᠰᠢᠭᠤᠯᠵᠤ᠂ | ᠦᠢᠯᠡᠴᠢᠯᠡᠭᠡᠨ ᠤ ᠬᠡᠪᠴᠢᠶ᠎ᠡ ᠶᠢᠨ ᠦᠢᠯᠡᠳᠦᠯ ᠢ ᠥᠷᠭᠡᠳᠬᠡᠨ᠂ ᠦᠢᠯᠡᠴᠢᠯᠡᠭᠡᠨ ᠤ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ︾ | ᠭᠡᠰᠡᠨ ᠥᠭᠦᠯᠡᠯᠲᠡ ᠶᠢ ᠬᠠᠰᠤᠪᠠ᠃ | ︵ᠬᠤᠶᠠᠷ︶ ︽ᠳᠥᠷᠪᠡᠳᠦᠭᠡᠷ ᠬᠡᠰᠡᠭ ᠬᠤᠳᠠ ᠶᠢᠨ ᠪᠥᠭᠡᠮᠨᠡᠷᠡᠯ ᠤᠨ ᠤᠯᠠᠨ ᠨᠡᠶᠢᠲᠡ ᠶᠢᠨ ᠦᠢᠯᠡᠴᠢᠯᠡᠭᠡ ᠶᠢ | ᠬᠠᠮᠲᠤ ᠪᠠᠷ ᠪᠠᠶᠢᠭᠤᠯᠵᠤ ᠬᠠᠮᠲᠤ ᠪᠠᠷ ᠡᠳ᠋ᠯᠡᠬᠦ ᠶᠢ ᠲᠦᠯᠬᠢᠨ ᠠᠬᠢᠭᠤᠯᠤᠨ᠎ᠠ︾ ᠭᠡᠬᠦ ᠬᠡᠰᠡᠭ ᠠᠭᠤᠯᠭ᠎ᠠ ᠳᠤ ᠵᠠᠰᠠᠪᠤᠷᠢ | ᠣᠷᠣᠭᠤᠯᠪᠠ᠃ | 44 ᠳ᠋ᠦᠭᠡᠷ ᠨᠢᠭᠤᠷ ᠤᠨ ︽ᠳᠥᠷᠪᠡᠳᠦᠭᠡᠷ ᠬᠡᠰᠡᠭ ᠬᠤᠳᠠ ᠶᠢᠨ ᠪᠥᠭᠡᠮᠨᠡᠷᠡᠯ ᠤᠨ ᠤᠯᠠᠨ ᠨᠡᠶᠢᠲᠡ ᠶᠢᠨ | ᠦᠢᠯᠡᠴᠢᠯᠡᠭᠡ ᠶᠢ ᠬᠠᠮᠲᠤ ᠪᠠᠷ ᠪᠠᠶᠢᠭᠤᠯᠵᠤ ᠬᠠᠮᠲᠤ ᠪᠠᠷ ᠡᠳ᠋ᠯᠡᠬᠦ ᠶᠢ ᠲᠦᠯᠬᠢᠨ ᠠᠬᠢᠭᠤᠯᠤᠨ᠎ᠠ︾ ᠭᠡᠳᠡᠭ ᠢ ᠭᠤᠷᠪᠠᠳᠤᠭᠠᠷ | ᠬᠡᠰᠡᠭ ᠪᠣᠯᠭᠠᠨ ᠲᠣᠬᠢᠷᠠᠭᠤᠯᠪᠠ᠃ | ᠨᠠᠢᠮᠠ᠂ ︽ᠲᠥᠯᠦᠪᠵᠢᠭᠦᠯᠭᠡ︾ ᠶᠢᠨ ︽ᠨᠠᠢᠮᠠᠳᠤᠭᠠᠷ ᠪᠦᠯᠦᠭ ᠤᠯᠠᠨ ᠨᠡᠶᠢᠲᠡ ᠶᠢᠨ ᠦᠢᠯᠡᠴᠢᠯᠡᠭᠡᠨ ᠤ | ᠬᠠᠩᠭᠠᠯᠭ᠎ᠠ ᠶᠢᠨ ᠲᠠᠯ᠎ᠠ ᠪᠠᠷ ᠰᠢᠨ᠎ᠡ ᠶᠢ ᠡᠭᠦᠳᠬᠦ ᠶᠢ ᠲᠦᠯᠬᠢᠨ ᠠᠬᠢᠭᠤᠯᠬᠤ︾ ᠳᠠᠬᠢ ᠬᠡᠰᠡᠭ ᠠᠭᠤᠯᠭ᠎ᠠ ᠳᠤ ᠳᠣᠣᠷᠠᠬᠢ | ᠮᠡᠲᠦ ᠵᠠᠰᠠᠪᠤᠷᠢ ᠣᠷᠣᠭᠤᠯᠪᠠ | ︵ᠨᠢᠭᠡ︶ ︽ᠨᠢᠭᠡᠳᠦᠭᠡᠷ ᠬᠡᠰᠡᠭ ᠤᠯᠠᠨ ᠨᠡᠶᠢᠲᠡ ᠶᠢᠨ ᠦᠢᠯᠡᠴᠢᠯᠡᠭᠡᠨ ᠤ ᠤᠯᠠᠨ ᠡᠰᠢᠲᠦ ᠬᠠᠩᠭᠠᠯᠭ᠎ᠠ ᠶᠢᠨ | ᠪᠠᠶᠢᠷᠢᠰᠢᠯ ᠢ ᠪᠠᠶᠢᠭᠤᠯᠤᠨ᠎ᠠ︾ ᠭᠡᠬᠦ ᠬᠡᠰᠡᠭ ᠠᠭᠤᠯᠭ᠎ᠠ ᠳᠤ ᠵᠠᠰᠠᠪᠤᠷᠢ ᠣᠷᠣᠭᠤᠯᠪᠠ᠃ | 1. ︽ᠤᠯᠤᠰ ᠤᠨ ᠥᠮᠴᠢᠯᠡᠯ ᠤᠨ ᠠᠵᠤ ᠠᠬᠤᠢ ᠶᠢᠨ ᠦᠢᠯᠡᠳᠦᠯ ᠢ ᠢᠳᠡᠪᠬᠢᠲᠡᠢ ᠪᠠᠳᠠᠷᠠᠭᠤᠯᠬᠤ︾ ᠨᠢᠭᠡ | ᠬᠡᠰᠡᠭ ᠤᠨ ᠡᠮᠦᠨ᠎ᠡ ︽ᠠᠵᠢᠯ ᠦᠢᠯᠡᠰ ᠤᠨ ᠨᠢᠭᠡᠴᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠎ᠡ᠃ ᠵᠠᠰᠠᠭ ᠪᠠ ᠠᠵᠢᠯ | ᠦᠢᠯᠡᠰ ᠢ ᠰᠠᠯᠭᠠᠬᠤ᠂ ᠠᠵᠢᠯ ᠦᠢᠯᠡᠰ ᠪᠠ ᠠᠵᠤ ᠠᠬᠤᠶᠢᠯᠠᠯ ᠢ ᠰᠠᠯᠭᠠᠬᠤ᠂ ᠬᠠᠮᠢᠶᠠᠷᠬᠤ ᠪᠠ ᠡᠷᠬᠢᠯᠡᠬᠦ ᠶᠢ ᠰᠠᠯᠭᠠᠬᠤ ᠶᠢ | ᠲᠦᠷᠭᠡᠪᠴᠢᠯᠡᠨ ᠠᠬᠢᠭᠤᠯᠵᠤ᠂ ᠨᠡᠶᠢᠲᠡ ᠶᠢᠨ ᠠᠰᠠᠷᠠᠮᠵᠢ ᠶᠢᠨ ᠰᠢᠨᠵᠢ ᠴᠢᠨᠠᠷ ᠢ ᠴᠢᠩᠭᠠᠷᠠᠭᠤᠯᠵᠤ᠂ ᠵᠠᠰᠠᠯᠲᠠ ᠶᠢᠨ | ᠦᠢᠯᠡᠳᠦᠯ ᠴᠢᠳᠠᠪᠤᠷᠢ ᠶᠢ ᠳᠡᠭᠡᠭᠰᠢᠯᠡᠭᠦᠯᠦᠨ᠎ᠡ᠃ ᠠᠵᠢᠯ ᠦᠢᠯᠡᠰ ᠤᠨ ᠡᠬᠢ ᠪᠠᠶᠠᠯᠢᠭ ᠢ ᠬᠥᠲᠥᠯᠥᠨ ᠵᠢᠯᠤᠭᠤᠳᠴᠤ | ᠪᠠᠶᠢᠭᠠᠳ ᠰᠠᠭᠤᠷᠢ ᠴᠢᠨᠠᠷᠲᠠᠢ᠂ ᠦᠨᠳᠦᠰᠦᠨ ᠵᠦᠢᠯ ᠢ ᠪᠠᠲᠤᠯᠠᠬᠤ ᠴᠢᠨᠠᠷᠲᠠᠢ᠂ ᠲᠦᠭᠡᠮᠡᠯ ᠬᠠᠷᠠᠭᠠᠯᠵᠠᠯ ᠤᠨ ᠴᠢᠨᠠᠷᠲᠠᠢ | ᠤᠯᠠᠨ ᠨᠡᠶᠢᠲᠡ ᠶᠢᠨ ᠦᠢᠯᠡᠴᠢᠯᠡᠭᠡᠨ ᠤ ᠬᠠᠩᠭᠠᠯᠭ᠎ᠠ ᠳᠤ ᠣᠷᠣᠯᠴᠠᠭᠤᠯᠤᠨ᠎ᠠ᠃ ᠠᠵᠢᠯ ᠦᠢᠯᠡᠰ ᠤᠨ ᠣᠷᠣᠨ ᠲᠤᠭ᠎ᠠ ᠶᠢᠨ | ᠡᠬᠢ ᠪᠠᠶᠠᠯᠢᠭ ᠢ ᠨᠢᠭᠡᠳᠦᠯᠲᠡᠢ ᠲᠥᠯᠥᠪᠯᠡᠨ ᠠᠮᠢᠳᠤᠯᠢᠭ ᠰᠠᠶᠢᠬᠠᠨ ᠬᠡᠷᠡᠭᠯᠡᠵᠦ᠂ ᠰᠢᠨ᠎ᠡ ᠮᠠᠶ᠋ᠢᠭ ᠤᠨ ᠬᠤᠳᠠ ᠪᠠᠯᠭᠠᠰᠤᠵᠢᠯᠲᠠ | ᠶᠢᠨ ᠪᠦᠲᠦᠭᠡᠨ ᠪᠠᠶᠢᠭᠤᠯᠤᠯᠲᠠ ᠶᠢᠨ ᠠᠬᠢᠴᠠ ᠨᠡᠯᠢᠶᠡᠳ ᠲᠦᠷᠭᠡᠨ ᠪᠠᠶᠢᠭ᠎ᠠ ᠭᠠᠵᠠᠷ ᠣᠷᠣᠨ ᠢ ᠨᠢᠭᠡᠳᠦᠯᠲᠡᠢ ᠲᠥᠯᠥᠪᠯᠡᠨ | ᠲᠣᠬᠢᠷᠠᠭᠤᠯᠬᠤ ᠡᠷᠴᠢᠮ ᠢᠶᠠᠨ ᠴᠢᠩᠭᠠᠷᠠᠭᠤᠯᠵᠤ᠂ ᠠᠯᠪᠠᠨ ᠵᠢᠷᠤᠮ ᠤᠨ ᠰᠤᠷᠭᠠᠨ ᠬᠥᠮᠦᠵᠢᠯ᠂ ᠣᠯᠠᠨ ᠨᠡᠶᠢᠲᠡ ᠶᠢᠨ ᠡᠷᠡᠭᠦᠯ | ᠬᠠᠮᠠᠭᠠᠯᠠᠯ᠂ ᠦᠨᠳᠦᠰᠦᠨ ᠡᠮ ᠡᠮᠨᠡᠯᠭᠡ᠂ ᠣᠯᠠᠨ ᠨᠡᠶᠢᠲᠡ ᠶᠢᠨ ᠰᠣᠶᠣᠯ ᠵᠡᠷᠭᠡ ᠶᠢᠨ ᠣᠷᠣᠨ ᠲᠤᠭ᠎ᠠ ᠶᠢᠨ ᠬᠡᠷᠡᠭᠴᠡᠭᠡ ᠶᠢ | ᠰᠢᠢᠳᠪᠦᠷᠢᠯᠡᠨ᠎ᠡ᠃ ᠵᠠᠷᠴᠢᠮ ᠳᠡᠭᠡᠷ᠎ᠡ ᠪᠠᠨ ᠵᠠᠰᠠᠭ ᠤᠨ ᠣᠷᠳᠣᠨ ᠠᠴᠠ ᠬᠤᠳᠠᠯᠳᠤᠨ ᠠᠪᠬᠤ ᠵᠡᠷᠭᠡ ᠠᠷᠭ᠎ᠠ ᠮᠠᠶ᠋ᠢᠭ ᠢᠶᠠᠷ | ᠳᠠᠮᠵᠢᠭᠤᠯᠤᠨ ᠬᠠᠩᠭᠠᠵᠤ ᠳᠡᠶᠢᠯᠬᠦ ᠤᠯᠠᠨ ᠨᠡᠶᠢᠲᠡ ᠶᠢᠨ ᠦᠢᠯᠡᠴᠢᠯᠡᠭᠡ ᠶᠢ ᠰᠢᠨ᠎ᠡ ᠪᠠᠷ ᠠᠵᠢᠯ ᠦᠢᠯᠡᠰ ᠤᠨ ᠨᠢᠭᠡᠴᠢ | ᠭᠠᠷᠭᠠᠵᠤ ᠬᠠᠩᠭᠠᠬᠤ ᠦᠭᠡᠢ︾ ᠭᠡᠵᠦ ᠲᠣᠭᠲᠠᠭᠠᠵᠠᠢ᠃ | 2. ︽ᠤᠯᠤᠰ ᠤᠨ ᠥᠮᠴᠢᠯᠡᠯ ᠤᠨ ᠠᠵᠤ ᠠᠬᠤᠢ ᠶᠢᠨ ᠦᠢᠯᠡᠳᠦᠯ ᠢ ᠢᠳᠡᠪᠬᠢᠲᠡᠢ ᠪᠠᠳᠠᠷᠠᠭᠤᠯᠤᠶ᠎ᠠ︾ ᠭᠡᠳᠡᠭ | ᠬᠡᠰᠡᠭ ᠲᠠᠬᠢ ︽ᠤᠯᠤᠰ ᠤᠨ ᠥᠮᠴᠢᠯᠡᠯ ᠤᠨ ᠠᠵᠤ ᠠᠬᠤᠢ ᠶᠢᠨ ᠣᠷᠣᠬᠤ ᠠᠷᠭ᠎ᠠ ᠵᠠᠮ ᠢ ᠥᠷᠭᠡᠳᠬᠡᠶ᠎ᠡ︾᠂ ︽ | ᠤᠯᠤᠰ ᠤᠨ ᠥᠮᠴᠢᠯᠡᠯ ᠤᠨ ᠬᠥᠷᠥᠩᠭᠡ ᠶᠢᠨ ᠪᠡᠯᠡ ᠮᠥᠩᠭᠦ ᠶᠢᠨ ᠳᠡᠮᠵᠢᠯᠭᠡ ᠶᠢᠨ ᠡᠷᠴᠢᠮ ᠢ ᠴᠢᠩᠭᠠᠷᠠᠭᠤᠯᠵᠤ᠂ ᠤᠯᠤᠰ ᠤᠨ | ᠥᠮᠴᠢᠯᠡᠯ ᠤᠨ ᠠᠵᠤ ᠠᠬᠤᠶᠢᠯᠠᠯ ᠤᠨ ᠡᠭᠦᠷᠭᠡᠯᠡᠬᠦ ᠨᠡᠶᠢᠲᠡ ᠶᠢᠨ ᠠᠰᠠᠷᠠᠮᠵᠢ ᠶᠢᠨ ᠲᠦᠷᠦᠯ ᠤᠨ ᠲᠤᠬᠠᠶᠢᠯᠠᠭᠰᠠᠨ ᠠᠵᠢᠯ ᠳᠤ | ᠲᠦᠷᠦᠯ ᠬᠤᠪᠢᠶᠠᠨ ᠲᠣᠭᠠᠴᠠᠭ᠎ᠠ ᠬᠢᠬᠦ ᠪᠠ ᠲᠦᠷᠦᠯ ᠬᠤᠪᠢᠶᠠᠨ ᠬᠢᠨᠠᠨ ᠰᠢᠯᠭᠠᠬᠤ︾ ᠭᠡᠬᠦ ᠥᠭᠦᠯᠡᠯᠲᠡ ᠶᠢ ᠬᠠᠰᠤᠨ᠎ᠠ᠃ | 3. ︽ᠨᠡᠶᠢᠭᠡᠮ ᠤᠨ ᠬᠦᠴᠦᠨ ᠤ ᠤᠯᠠᠨ ᠨᠡᠶᠢᠲᠡ ᠶᠢᠨ ᠦᠢᠯᠡᠴᠢᠯᠡᠭᠡᠨ ᠤ ᠬᠠᠩᠭᠠᠯᠭ᠎ᠠ ᠳᠤ ᠣᠷᠤᠯᠴᠠᠬᠤ ᠶᠢ | ᠠᠬᠢᠭᠤᠯᠤᠨ᠎ᠠ︾ ᠭᠡᠬᠦ ᠬᠡᠰᠡᠭ ᠤᠨ ᠠᠭᠤᠯᠭ᠎ᠠ ᠶᠢ ︽ᠨᠡᠶᠢᠭᠡᠮ ᠤᠨ ᠬᠦᠴᠦᠨ ᠤ ᠣᠷᠤᠯᠴᠠᠬᠤ ᠶᠢ ᠵᠣᠷᠢᠭᠵᠢᠭᠤᠯᠤᠨ᠎ᠠ᠃ | ᠵᠠᠬ᠎ᠠ ᠳᠡᠯᠭᠡᠭᠦᠷ ᠲᠤ ᠣᠷᠣᠬᠤ ᠶᠢ ᠵᠥᠪᠰᠢᠶᠡᠷᠡᠬᠦ ᠲᠠᠯ᠎ᠠ ᠪᠠᠷ ᠠᠵᠤ ᠠᠬᠤᠶᠢᠯᠠᠯ ᠤᠨ ᠬᠢᠷᠢ ᠬᠡᠮ᠂ ᠪᠡᠯᠡ ᠮᠥᠩᠭᠦ᠂ | ᠰᠲ᠋ᠣᠺ ᠤᠨ ᠬᠠᠷᠢᠴᠠᠯ᠂ ᠠᠵᠢᠯᠲᠠᠨ᠂ ᠲᠠᠯᠠᠪᠤᠷ ᠭᠠᠵᠠᠷ ᠵᠡᠷᠭᠡ ᠶᠢ ᠲᠣᠬᠢᠷᠠᠭᠤᠯᠤᠭᠰᠠᠨ ᠵᠦᠢ ᠵᠣᠬᠢᠰ ᠦᠭᠡᠢ ᠨᠥᠬᠦᠴᠡᠯ ᠢ | ᠲᠥᠪᠯᠡᠷᠡᠭᠦᠯᠦᠨ ᠢᠯᠭᠠᠷᠠᠭᠤᠯᠵᠤ᠂ ᠠᠷᠠᠳ ᠠᠴᠠ ᠡᠷᠬᠢᠯᠡᠭᠰᠡᠨ ᠪᠠᠶᠢᠭᠤᠯᠤᠮᠵᠢ ᠪᠠ ᠠᠯᠪᠠᠨ ᠠᠴᠠ ᠡᠷᠬᠢᠯᠡᠭᠰᠡᠨ | ᠪᠠᠶᠢᠭᠤᠯᠤᠮᠵᠢ ᠶᠢᠨ ᠬᠢᠷᠢ ᠬᠡᠮ ᠢ ᠵᠥᠪᠰᠢᠶᠡᠷᠡᠬᠦ᠂ ᠮᠡᠷᠭᠡᠵᠢᠯ ᠤᠨ ᠴᠣᠯᠠ ᠶᠢ ᠦᠨᠡᠯᠡᠨ ᠲᠣᠭᠲᠠᠭᠠᠬᠤ᠂ ᠭᠠᠵᠠᠷ ᠰᠢᠷᠣᠢ ᠶᠢᠨ | ᠬᠠᠩᠭᠠᠯᠭ᠎ᠠ᠂ ᠡᠳ᠋ ᠤᠨ ᠬᠦᠴᠦᠨ ᠤ ᠳᠡᠮᠵᠢᠯᠭᠡ᠂ ᠵᠠᠰᠠᠭ ᠤᠨ ᠣᠷᠳᠣᠨ ᠤ ᠬᠤᠳᠠᠯᠳᠤᠨ ᠠᠪᠬᠤ᠂ ᠬᠢᠨᠠᠯᠲᠠ ᠬᠠᠮᠢᠶᠠᠷᠤᠯᠲᠠ | ᠵᠡᠷᠭᠡ ᠲᠠᠯ᠎ᠠ ᠪᠠᠷ ᠠᠳᠠᠯᠢ ᠲᠡᠭᠰᠢ ᠪᠠᠷ ᠬᠠᠨᠳᠤᠵᠤ᠂ ᠣᠷᠣᠬᠤ ᠵᠥᠪᠰᠢᠶᠡᠷᠡᠯ ᠤᠨ ᠭᠤᠣᠯᠴᠢ ᠪᠠᠶᠢᠬᠤ ᠶᠢ ᠲᠦᠯᠬᠢᠨ | ᠠᠬᠢᠭᠤᠯᠤᠨ᠎ᠠ᠃ ︿ᠪᠠᠭᠤᠯᠭᠠᠬᠤ ᠬᠠᠮᠢᠶᠠᠷᠬᠤ ᠦᠢᠯᠡᠴᠢᠯᠡᠬᠦ﹀ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠵᠥᠪᠰᠢᠶᠡᠷᠡᠬᠦ | ᠵᠦᠢᠯᠡᠰ ᠢ ᠴᠣᠮᠬᠠᠳᠬᠠᠵᠤ᠂ ᠬᠢᠨᠠᠨ ᠵᠥᠪᠰᠢᠶᠡᠷᠡᠬᠦ ᠵᠢᠷᠤᠮ ᠢ ᠰᠢᠯᠢᠳᠡᠭᠵᠢᠭᠦᠯᠵᠦ᠂ ᠬᠢᠨᠠᠨ ᠵᠥᠪᠰᠢᠶᠡᠷᠡᠬᠦ ᠠᠵᠢᠯᠯᠠᠭ᠎ᠠ ᠶᠢ | ᠵᠢᠷᠤᠮᠵᠢᠭᠤᠯᠤᠨ᠎ᠠ᠃ ᠨᠡᠶᠢᠭᠡᠮ ᠤᠨ ᠬᠦᠴᠦᠨ ᠤ ᠠᠯᠪᠠᠨ ᠠᠴᠠ ᠪᠠᠶᠢᠭᠤᠯᠵᠤ ᠠᠷᠠᠳ ᠠᠴᠠ ᠡᠵᠡᠩᠨᠡᠬᠦ᠂ ᠵᠠᠰᠠᠭ ᠤᠨ ᠣᠷᠳᠣᠨ | ᠦᠢᠯᠡᠴᠢᠯᠡᠭᠡ ᠬᠤᠳᠠᠯᠳᠤᠨ ᠠᠪᠬᠤ᠂ ᠵᠠᠰᠠᠭ ᠤᠨ ᠣᠷᠳᠣᠨ ᠪᠠ ᠨᠡᠶᠢᠭᠡᠮ ᠤᠨ ᠬᠥᠷᠥᠩᠭᠡ ᠬᠠᠮᠲᠤᠷᠠᠯᠴᠠᠬᠤ ︵PPP︶ | ᠵᠡᠷᠭᠡ ᠠᠷᠭ᠎ᠠ ᠮᠠᠶ᠋ᠢᠭ ᠢᠶᠠᠷ ᠣᠯᠠᠨ ᠨᠡᠶᠢᠲᠡ ᠶᠢᠨ ᠦᠢᠯᠡᠴᠢᠯᠡᠭᠡᠨ ᠤ ᠬᠠᠩᠭᠠᠯᠭ᠎ᠠ ᠳᠤ ᠣᠷᠤᠯᠴᠠᠬᠤ ᠶᠢ ᠵᠣᠷᠢᠭᠵᠢᠭᠤᠯᠤᠨ᠎ᠠ︾ | ᠭᠡᠵᠡᠢ᠃ ᠡᠭᠦᠨ ᠤ ᠵᠡᠷᠭᠡᠴᠡᠭᠡᠪᠡᠷ ︽ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠬᠥᠭᠵᠢᠯᠲᠡ ᠶᠢ ᠲᠡᠮᠵᠢᠨ᠎ᠠ᠃ ᠨᠡᠶᠢᠭᠡᠮ | ᠲᠣᠭᠤᠷᠢᠭ ᠤᠨ ᠨᠡᠶᠢᠭᠡᠮ ᠤᠨ ᠵᠣᠬᠢᠶᠠᠨ ᠪᠠᠶᠢᠭᠤᠯᠤᠯᠲᠠ᠂ ᠨᠡᠶᠢᠭᠡᠮ ᠤᠨ ᠠᠵᠢᠯ ᠤᠨ ᠲᠦᠷᠦᠯ ᠤᠨ ᠨᠡᠶᠢᠭᠡᠮ ᠤᠨ ᠵᠣᠬᠢᠶᠠᠨ | ᠪᠠᠶᠢᠭᠤᠯᠤᠯᠲᠠ ᠪᠠ ᠨᠢᠭᠦᠯᠡᠰᠦᠩᠭᠦᠢ ᠶᠢᠨ ᠵᠣᠬᠢᠶᠠᠨ ᠪᠠᠶᠢᠭᠤᠯᠤᠯᠲᠠ ᠶᠢ ᠶᠡᠬᠡᠪᠡᠷ ᠪᠣᠶᠢᠵᠢᠭᠤᠯᠤᠨ ᠬᠥᠭᠵᠢᠭᠦᠯᠵᠦ᠂ ᠨᠡᠶᠢᠭᠡᠮ | ᠲᠣᠭᠤᠷᠢᠭ ᠤᠨ ᠵᠣᠬᠢᠶᠠᠨ ᠪᠠᠶᠢᠭᠤᠯᠤᠯᠲᠠ ᠶᠢᠨ ᠨᠡᠶᠢᠭᠡᠮ ᠲᠣᠭᠤᠷᠢᠭ ᠤᠨ ᠤᠯᠠᠨ ᠨᠡᠶᠢᠲᠡ ᠶᠢᠨ ᠦᠢᠯᠡᠴᠢᠯᠡᠭᠡ ᠶᠢ ᠭᠥᠯᠢᠶᠡᠨ | ᠠᠪᠬᠤ ᠶᠢ ᠲᠡᠮᠵᠢᠵᠤ᠂ ᠨᠡᠶᠢᠭᠡᠮ ᠤᠨ ᠠᠵᠢᠯᠲᠠᠨ ᠢ ᠬᠥᠲᠥᠯᠥᠨ ᠵᠢᠯᠤᠭᠤᠳᠴᠤ ᠪᠠᠶᠢᠭᠠᠳ ᠲᠤᠰᠬᠠᠢ ᠦᠢᠯᠡᠴᠢᠯᠡᠭᠡ | ᠬᠠᠩᠭᠠᠯᠭᠠᠵᠤ᠂ ᠰᠠᠶᠢᠨ ᠳᠤᠷ᠎ᠠ ᠶᠢᠨ ᠠᠵᠢᠯᠯᠠᠭᠴᠢ ᠶᠢ ᠲᠠᠶᠢᠴᠢᠯᠠᠨ ᠤᠯᠠᠨ ᠨᠡᠶᠢᠲᠡ ᠶᠢᠨ ᠦᠢᠯᠡᠴᠢᠯᠡᠭᠡ ᠳᠤ | ᠣᠷᠣᠯᠴᠠᠭᠤᠯᠤᠨ᠎ᠠ᠃ ᠵᠠᠰᠠᠭ ᠤᠨ ᠣᠷᠳᠣᠨ ᠤ ᠨᠡᠶᠢᠭᠡᠮ ᠤᠨ ᠵᠣᠬᠢᠶᠠᠨ ᠪᠠᠶᠢᠭᠤᠯᠤᠯᠲᠠ ᠠᠴᠠ ᠦᠢᠯᠡᠴᠢᠯᠡᠭᠡ ᠬᠤᠳᠠᠯᠳᠤᠨ | ᠠᠪᠬᠤ ᠬᠡᠪᠴᠢᠶ᠎ᠡ ᠪᠠ ᠬᠡᠪᠴᠢᠶ᠎ᠡ ᠶᠢ ᠠᠯᠬᠤᠮ ᠠᠯᠬᠤᠮ ᠢᠶᠠᠷ ᠥᠷᠭᠡᠳᠬᠡᠵᠦ᠂ ᠤᠷᠮᠠᠰᠢᠭᠤᠯᠤᠨ ᠪᠠᠲᠤᠯᠠᠬᠤ ᠠᠷᠭ᠎ᠠ | ᠬᠡᠮᠵᠢᠶ᠎ᠡ ᠶᠢ ᠲᠡᠭᠦᠯᠳᠡᠷᠵᠢᠭᠦᠯᠦᠨ᠂ ᠨᠢᠭᠦᠯᠡᠰᠦᠩᠭᠦᠢ ᠶᠢᠨ ᠦᠢᠯᠡᠰ ᠤᠨ ᠬᠠᠨᠳᠢᠪᠯᠡᠨ ᠬᠦᠷᠭᠡᠬᠦ ᠬᠤᠯᠪᠣᠭᠳᠠᠯ ᠪᠦᠬᠦᠢ | ᠬᠠᠷᠠᠭᠠᠯᠵᠠᠯ ᠤᠨ ᠲᠦᠷᠦ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠎ᠠ︾ ᠭᠡᠵᠦ ᠵᠠᠰᠠᠪᠠ᠃ | ︵ᠬᠤᠶᠠᠷ︶ ︽ᠬᠤᠶᠠᠳᠤᠭᠠᠷ ᠬᠡᠰᠡᠭ ᠤᠯᠠᠨ ᠨᠡᠶᠢᠲᠡ ᠶᠢᠨ ᠦᠢᠯᠡᠴᠢᠯᠡᠭᠡᠨ ᠤ ᠬᠠᠩᠭᠠᠯᠭ᠎ᠠ ᠶᠢᠨ ᠵᠠᠭᠪᠤᠷ ᠤᠨ | ᠰᠢᠨ᠎ᠡ ᠶᠢ ᠡᠭᠦᠳᠬᠦ︾ ᠬᠡᠰᠡᠭ ᠠᠭᠤᠯᠭ᠎ᠠ ᠳᠤ ᠵᠠᠰᠠᠪᠤᠷᠢ ᠣᠷᠣᠭᠤᠯᠪᠠ᠃ | 1. ︽ᠵᠠᠰᠠᠭ ᠤᠨ ᠣᠷᠳᠣᠨ ᠦᠢᠯᠡᠴᠢᠯᠡᠭᠡ ᠬᠤᠳᠠᠯᠳᠤᠨ ᠠᠪᠬᠤ ᠳᠦᠷᠢᠮ ᠢ ᠪᠦᠷᠢᠨᠰᠢᠭᠦᠯᠦᠨ᠎ᠡ︾ ᠭᠡᠬᠦ | ᠬᠡᠰᠡᠭ ᠲᠠᠬᠢ ︽ᠵᠠᠰᠠᠭ ᠤᠨ ᠣᠷᠳᠣᠨ ᠤᠯᠠᠨ ᠨᠡᠶᠢᠲᠡ ᠶᠢᠨ ᠦᠢᠯᠡᠴᠢᠯᠡᠭᠡ ᠬᠤᠳᠠᠯᠳᠤᠨ ᠠᠪᠬᠤ ᠶᠢᠨ ᠵᠢᠯᠤᠭᠤᠳᠬᠤ | ᠴᠢᠨᠠᠷᠲᠠᠢ ᠭᠠᠷᠴᠠᠭ ᠢ ᠲᠣᠭᠲᠠᠭᠠᠨ ᠬᠡᠷᠡᠭᠵᠢᠭᠦᠯᠦᠨ᠎ᠡ︾ ᠭᠡᠳᠡᠭ ᠢ ︽ᠵᠠᠰᠠᠭ ᠤᠨ ᠣᠷᠳᠣᠨ ᠦᠢᠯᠡᠴᠢᠯᠡᠭᠡ ᠬᠤᠳᠠᠯᠳᠤᠨ | ᠠᠪᠬᠤ ᠶᠢᠨ ᠵᠢᠯᠤᠭᠤᠳᠬᠤ ᠴᠢᠨᠠᠷᠲᠠᠢ ᠭᠠᠷᠴᠠᠭ ᠢ ᠲᠣᠭᠲᠠᠭᠠᠨ ᠬᠡᠷᠡᠭᠵᠢᠭᠦᠯᠦᠨ᠎ᠡ︾ ᠭᠡᠵᠦ ᠵᠠᠰᠠᠪᠠ᠃ | 2. ︽ᠨᠡᠶᠢᠭᠡᠮ ᠤᠨ ᠦᠢᠯᠡᠰ ᠤᠨ ᠬᠠᠮᠢᠶᠠᠷᠤᠯᠲᠠ ᠶᠢᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠶ᠎ᠡ | ︾ ᠭᠡᠰᠡᠨ ᠨᠢᠭᠡ ᠬᠡᠰᠡᠭ ᠠᠭᠤᠯᠭ᠎ᠠ ᠶᠢ ᠬᠠᠰᠤᠪᠠ᠃ | ︵ᠭᠤᠷᠪᠠ︶ ︽ᠳᠥᠷᠪᠡᠳᠦᠭᠡᠷ ᠬᠡᠰᠡᠭ ᠤᠯᠠᠨ ᠨᠡᠶᠢᠲᠡ ᠶᠢᠨ ᠦᠢᠯᠡᠴᠢᠯᠡᠭᠡ ᠶᠢ ᠦᠨᠳᠦᠰᠦᠨ ᠱᠠᠲᠤᠨ ᠳᠤ | ᠭᠦᠨᠵᠡᠭᠡᠶᠢᠷᠡᠭᠦᠯᠬᠦ ᠶᠢ ᠲᠦᠯᠬᠢᠨ ᠠᠬᠢᠭᠤᠯᠬᠤ︾ ᠬᠡᠰᠡᠭ ᠠᠭᠤᠯᠭ᠎ᠠ ᠳᠤ ᠵᠠᠰᠠᠪᠤᠷᠢ ᠣᠷᠣᠭᠤᠯᠪᠠ᠃ | ᠲᠣᠰ ᠬᠡᠰᠡᠭ ᠤᠨ ᠠᠭᠤᠯᠭ᠎ᠠ ᠶᠢ ︽ᠦᠨᠳᠦᠰᠦᠨ ᠱᠠᠲᠤᠨ ᠤ ᠣᠯᠠᠨ ᠨᠡᠶᠢᠲᠡ ᠶᠢᠨ ᠦᠢᠯᠡᠴᠢᠯᠡᠭᠡᠨ ᠤ | ᠬᠠᠮᠢᠶᠠᠷᠤᠯᠲᠠ ᠶᠢᠨ ᠡᠭᠦᠷᠭᠡ ᠴᠢᠳᠠᠪᠤᠷᠢ ᠶᠢ ᠥᠷᠭᠡᠳᠬᠡᠵᠦ᠂ ᠲᠤᠰᠬᠠᠶᠢᠵᠢᠭᠰᠠᠨ ᠲᠤᠰᠬᠠᠢ ᠲᠤᠰᠢᠶᠠᠯᠲᠤ ᠬᠤᠲᠠ | ᠬᠥᠳᠡᠭᠡ ᠶᠢᠨ ᠨᠡᠶᠢᠭᠡᠮ ᠲᠣᠭᠤᠷᠢᠭ ᠤᠨ ᠠᠵᠢᠯᠲᠠᠨ ᠤ ᠡᠩᠨᠡᠭᠡ ᠶᠢ ᠪᠠᠶᠢᠭᠤᠯᠤᠨ᠎ᠠ︾ ᠭᠡᠵᠦ ᠵᠠᠰᠠᠪᠠ᠃ ᠠᠵᠢᠯ ᠤᠨ ᠡᠭᠦᠷᠭᠡ | ᠬᠠᠷᠢᠭᠤᠴᠠᠯᠭ᠎ᠠ ᠪᠣᠯᠣᠨ ᠲᠤᠬᠠᠶᠢᠯᠠᠭᠰᠠᠨ ᠠᠵᠢᠯ ᠤᠨ ᠴᠤᠪᠤᠷᠠᠯ ᠢ ᠲᠣᠳᠣᠷᠬᠠᠶᠢᠯᠠᠵᠤ᠂ ᠲᠥᠯᠥᠪᠯᠡᠭᠡ ᠲᠠᠢ᠂ | ᠭᠤᠣᠯᠳᠠᠯᠭ᠎ᠠ ᠲᠠᠢ᠂ ᠲᠠᠰ ᠳᠠᠪᠬᠤᠷᠭ᠎ᠠ᠂ ᠱᠠᠲᠤ ᠦᠶ᠎ᠡ᠂ ᠣᠯᠠᠨ ᠬᠡᠯᠪᠡᠷᠢ ᠮᠠᠶ᠋ᠢᠭ ᠢᠶᠠᠷ ᠪᠣᠯᠪᠠᠰᠤᠷᠠᠭᠤᠯᠤᠯ ᠢ ᠵᠣᠬᠢᠶᠠᠨ | ᠪᠠᠶᠢᠭᠤᠯᠤᠨ ᠬᠡᠷᠡᠭᠵᠢᠭᠦᠯᠬᠦ ᠬᠡᠷᠡᠭᠲᠡᠢ᠃ ᠡᠮ ᠡᠮᠨᠡᠯᠭᠡ ᠡᠷᠡᠭᠦᠯ ᠬᠠᠮᠠᠭᠠᠯᠠᠯ᠂ ᠠᠵᠢᠯ ᠣᠯᠭᠤᠯᠲᠠ ᠨᠡᠶᠢᠭᠡᠮ ᠤᠨ ᠪᠠᠲᠤᠯᠠᠭ᠎ᠠ᠂ | ᠨᠠᠰᠤᠲᠠᠨ ᠢ ᠠᠰᠠᠷᠠᠵᠤ ᠬᠡᠦᠬᠡᠳ ᠢ ᠠᠰᠠᠷᠠᠬᠤ᠂ ᠵᠡᠮᠳᠡᠭᠴᠦᠳ ᠢ ᠲᠡᠳᠬᠦᠵᠦ ᠵᠡᠮᠳᠡᠭᠴᠦᠳ ᠢ ᠬᠠᠪᠰᠤᠷᠬᠤ᠂ ᠭᠡᠷ ᠤᠨ | ᠶᠠᠪᠤᠳᠠᠯ ᠤᠨ ᠦᠢᠯᠡᠴᠢᠯᠡᠭᠡ᠂ ᠡᠳ᠋ ᠪᠠᠷᠠᠭᠠᠨ ᠤ ᠭᠦᠢᠯᠭᠡᠭᠡ ᠬᠤᠳᠠᠯᠳᠤᠭᠠᠨ ᠤ ᠬᠡᠲᠦᠷᠡᠯ᠂ ᠠᠮᠤᠷ ᠲᠦᠪᠰᠢᠨ ᠤ ᠬᠠᠤᠯᠢ | ᠬᠡᠷᠡᠭᠵᠢᠭᠦᠯᠦᠯᠲᠡ᠂ ᠵᠠᠭᠤᠷᠠᠯᠳᠤᠭᠠᠨ ᠢ ᠡᠶᠡᠳᠡᠭᠦᠯᠬᠦ᠂ ᠰᠡᠳᠬᠢᠴᠡ ᠶᠢᠨ ᠲᠤᠰᠠᠯᠠᠮᠵᠢ ᠵᠡᠷᠭᠡ ᠠᠷᠠᠳ ᠲᠤ ᠳᠦᠭᠦᠮ | ᠦᠵᠡᠭᠦᠯᠬᠦ ᠦᠢᠯᠡᠴᠢᠯᠡᠭᠡᠨ ᠤ ᠦᠵᠡᠭᠳᠡᠯ ᠢ ᠣᠷᠭᠠᠨᠢᠭ ᠢᠶᠠᠷ ᠬᠤᠷᠠᠮᠳᠤᠭᠤᠯᠬᠤ ᠶᠢᠨ ᠬᠠᠮᠲᠤ ᠤᠨᠢᠨ ᠳᠡᠭᠡᠷ᠎ᠡ ᠨᠢ | ᠵᠣᠯᠭᠠᠭᠤᠯᠵᠤ᠂ ᠨᠢᠭᠡ ᠯᠡ ᠥᠷᠲᠡᠭᠡᠨ ᠤ ᠮᠠᠶ᠋ᠢᠭ ᠤᠨ ᠠᠷᠠᠳ ᠲᠤ ᠲᠥᠬᠦᠮ ᠦᠵᠡᠭᠦᠯᠬᠦ ᠶᠡᠷᠦᠩᠬᠡᠶᠢᠯᠡᠭᠰᠡᠨ | ᠦᠢᠯᠡᠴᠢᠯᠡᠭᠡᠨ ᠤ ᠥᠷᠲᠡᠭᠡ ᠶᠢ ᠲᠡᠭᠦᠯᠳᠡᠷᠵᠢᠭᠦᠯᠵᠦ᠂ ᠨᠡᠶᠢᠭᠡᠮ ᠲᠣᠭᠤᠷᠢᠭ ᠤᠨ ᠶᠡᠷᠦᠩᠬᠡᠶᠢᠯᠡᠭᠰᠡᠨ ᠦᠢᠯᠡᠴᠢᠯᠡᠭᠡᠨ ᠤ ᠲᠥᠪ | ᠵᠡᠷᠭᠡ ᠦᠨᠳᠦᠰᠦᠨ ᠱᠠᠲᠤᠨ ᠤ ᠣᠯᠠᠨ ᠨᠡᠶᠢᠲᠡ ᠶᠢᠨ ᠦᠢᠯᠡᠴᠢᠯᠡᠭᠡᠨ ᠤ ᠬᠠᠩᠭᠠᠯᠭ᠎ᠠ ᠶᠢᠨ ᠥᠷᠲᠡᠭᠡ ᠴᠡᠭ ᠢ ᠨᠡᠶᠢᠭᠡᠮ | ᠲᠣᠭᠤᠷᠢᠭ ᠤᠨ ᠰᠦᠯᠵᠢᠶᠡᠨ ᠤ ᠠᠵᠢᠯᠲᠠᠨ ᠢᠶᠠᠷ ᠭᠤᠣᠯ ᠴᠣᠭᠴᠠ ᠪᠣᠯᠭᠠᠨ ᠪᠠᠶᠢᠭᠤᠯᠤᠭᠰᠠᠨ ᠨᠡᠶᠢᠭᠡᠮ ᠤᠨ ᠵᠠᠰᠠᠯᠲᠠ ᠶᠢᠨ | ᠲᠣᠣᠷ ᠰᠦᠯᠵᠢᠶ᠎ᠡ ᠯᠦᠭᠡ ᠣᠷᠭᠠᠨᠢᠭ ᠢᠶᠠᠷ ᠤᠶᠠᠯᠳᠤᠭᠤᠯᠬᠤ ᠶᠢ ᠥᠨᠳᠥᠷ ᠬᠢᠷᠢ ᠲᠦᠪᠰᠢᠨ ᠪᠦᠬᠦᠢ ᠤᠯᠠᠨ ᠨᠡᠶᠢᠲᠡ ᠶᠢᠨ | ᠦᠢᠯᠡᠴᠢᠯᠡᠭᠡᠨ ᠤ ᠪᠠᠶᠢᠭᠤᠯᠤᠮᠵᠢ ᠶᠢᠨ ᠦᠨᠳᠦᠰᠦᠨ ᠱᠠᠲᠤ ᠲᠠᠢ ᠵᠠᠯᠭᠠᠬᠤ ᠶᠢ ᠳᠡᠮᠵᠢᠨ᠎ᠡ᠃ | ︵ᠳᠥᠷᠪᠡ︶ ︽ᠲᠠᠪᠤᠳᠤᠭᠠᠷ ᠬᠡᠰᠡᠭ ᠤᠯᠠᠨ ᠨᠡᠶᠢᠲᠡ ᠶᠢᠨ ᠦᠢᠯᠡᠴᠢᠯᠡᠭᠡᠨ ᠤ ᠮᠡᠷᠭᠡᠵᠢᠯ ᠤᠨ ᠰᠢᠨ᠎ᠡ ᠶᠢ ᠡᠭᠦᠳᠬᠦ | ᠬᠡᠷᠡᠭᠯᠡᠯᠲᠡ ᠶᠢ ᠴᠢᠩᠭᠠᠳᠬᠠᠬᠤ︾ ᠬᠡᠰᠡᠭ ᠠᠭᠤᠯᠭ᠎ᠠ ᠳᠤ ᠵᠠᠰᠠᠪᠤᠷᠢ ᠣᠷᠣᠭᠤᠯᠬᠤ᠃ | ᠲᠤᠰ ᠬᠡᠰᠡᠭ ᠤᠨ ᠠᠭᠤᠯᠭ᠎ᠠ ᠶᠢ ︽ᠰᠢᠨ᠎ᠡ ᠮᠡᠷᠭᠡᠵᠢᠯ ᠢ ᠥᠷᠭᠡᠨ ᠢᠶᠠᠷ ᠬᠡᠷᠡᠭᠯᠡᠬᠦ ᠶᠢ ᠠᠬᠢᠭᠤᠯᠤᠨ᠎ᠠ᠃ ︿ᠢᠨᠲ᠋ᠧᠷ | ᠰᠦᠯᠵᠢᠶ᠎ᠡ + ᠣᠯᠠᠨ ᠨᠡᠶᠢᠲᠡ ᠶᠢᠨ ᠦᠢᠯᠡᠴᠢᠯᠡᠭᠡᠨ﹀ ᠢ ᠶᠡᠬᠡᠪᠡᠷ ᠬᠥᠭᠵᠢᠭᠦᠯᠵᠦ᠂ ︿ᠮᠣᠩᠭᠤᠯ ᠤᠨ ᠲᠦᠷᠭᠡᠨ | ᠬᠤᠷᠳᠤᠴᠠ ᠶᠢᠨ ᠠᠯᠪᠠᠨ ᠭᠡᠷ﹀ ᠤᠨ ᠲᠠᠪᠴᠠᠩ ᠳᠤ ᠲᠦᠰᠢᠭᠯᠡᠨ᠂ ᠣᠯᠠᠨ ᠨᠡᠶᠢᠲᠡ ᠶᠢᠨ ᠦᠢᠯᠡᠴᠢᠯᠡᠭᠡᠨ ᠤ ᠠᠳᠠᠯᠢ | ᠢᠷᠡᠯᠲᠡ ᠲᠠᠢ ᠬᠠᠮᠢᠶᠠᠷᠤᠯᠲᠠ ᠶᠢ ᠠᠬᠢᠭᠤᠯᠵᠤ᠂ ᠠᠵᠢᠯ ᠲᠥᠷᠥᠯ ᠪᠠ ᠬᠦᠷᠢᠶ᠎ᠡ ᠴᠠᠷᠠᠭ᠎ᠠ ᠠᠯᠤᠰᠯᠠᠭᠰᠠᠨ ᠶᠡᠷᠦᠩᠬᠡᠶᠢᠯᠡᠭᠰᠡᠨ | ᠴᠢᠨᠠᠷᠲᠠᠢ ᠲᠠᠪᠴᠠᠩ ᠪᠠ ᠠᠵᠢᠯ ᠲᠥᠷᠥᠯ ᠤᠨ ᠡᠭᠴᠡ ᠲᠠᠪᠴᠠᠩ ᠢ ᠪᠣᠶᠢᠵᠢᠭᠤᠯᠤᠨ᠎ᠠ᠃ ᠤᠯᠠᠨ ᠨᠡᠶᠢᠲᠡ ᠶᠢᠨ | ᠦᠢᠯᠡᠴᠢᠯᠡᠭᠡᠨ ᠤ ᠲᠣᠭᠠᠴᠢᠯᠠᠯᠲᠠ ᠶᠢᠨ ᠬᠥᠭᠵᠢᠯᠲᠡ ᠶᠢ ᠲᠦᠷᠭᠡᠳᠬᠡᠵᠦ᠂ ᠵᠣᠬᠢᠶᠠᠮᠠᠯ ᠤᠶᠤᠨ ᠴᠢᠳᠠᠪᠤᠷᠢ᠂ 5G ᠵᠡᠷᠭᠡ | ᠮᠡᠳᠡᠭᠡ ᠵᠠᠩᠭᠢ ᠶᠢᠨ ᠮᠡᠷᠭᠡᠵᠢᠯ ᠪᠣᠯᠣᠨ ᠣᠶᠤᠨᠲᠤ ᠬᠠᠲᠠᠭᠤ ᠬᠡᠷᠡᠭᠰᠡᠯ ᠤᠨ ᠭᠦᠨᠵᠡᠭᠡᠢ ᠬᠡᠷᠡᠭᠯᠡᠯᠲᠡ ᠶᠢ ᠠᠬᠢᠭᠤᠯᠵᠤ᠂ ᠤᠯᠠᠨ | ᠨᠡᠶᠢᠲᠡ ᠶᠢᠨ ᠦᠢᠯᠡᠴᠢᠯᠡᠭᠡᠨ ᠤ ᠬᠡᠷᠡᠭᠰᠡᠯ ᠤᠨ ᠦᠢᠯᠡᠳᠬᠡᠯ ᠤᠨ ᠣᠶᠤᠨᠴᠢ ᠦᠢᠯᠡᠳᠬᠡᠯ᠂ ᠵᠥᠭᠡᠯᠡᠨ ᠦᠢᠯᠡᠳᠪᠦᠷᠢᠯᠡᠯ ᠵᠡᠷᠭᠡ | ᠲᠣᠭᠠᠴᠢᠯᠠᠭᠰᠠᠨ ᠬᠡᠯᠪᠡᠷᠢ ᠶᠢ ᠬᠤᠪᠢᠷᠠᠭᠤᠯᠬᠤ ᠶᠢ ᠠᠬᠢᠭᠤᠯᠤᠨ᠎ᠠ︾ ᠭᠡᠵᠦ ᠵᠢᠭᠠᠵᠤ ᠭᠠᠷᠭᠠᠪᠠ᠃ | ᠶᠢᠰᠦ᠂ ︽ᠲᠥᠯᠦᠪᠵᠢᠭᠦᠯᠭᠡ︾ ᠶᠢᠨ ︽ᠶᠢᠰᠦᠳᠦᠭᠡᠷ ᠪᠦᠯᠦᠭ ᠤᠯᠠᠨ ᠨᠡᠶᠢᠲᠡ ᠶᠢᠨ ᠦᠢᠯᠡᠴᠢᠯᠡᠭᠡᠨ ᠤ | ᠡᠯᠧᠮᠧᠨ᠋ᠲ ᠤᠨ ᠲᠤᠯᠭᠠᠭᠤᠷᠢᠯᠠᠯ ᠢ ᠴᠢᠩᠭᠠᠳᠬᠠᠬᠤ︾ ᠶᠢᠨ ᠬᠡᠰᠡᠭ ᠠᠭᠤᠯᠭ᠎ᠠ ᠳᠤ ᠳᠣᠣᠷᠠᠬᠢ ᠮᠡᠲᠦ ᠵᠠᠰᠠᠪᠤᠷᠢ ᠣᠷᠣᠭᠤᠯᠪᠠ | ︵ᠨᠢᠭᠡ︶ ︽ᠬᠤᠶᠠᠳᠤᠭᠠᠷ ᠬᠡᠰᠡᠭ ᠣᠯᠠᠨ ᠨᠡᠶᠢᠲᠡ ᠶᠢᠨ ᠦᠢᠯᠡᠴᠢᠯᠡᠭᠡᠨ ᠤ ᠢᠲᠡᠭᠡᠮᠵᠢ ᠶᠢᠨ ᠰᠢᠰᠲ᠋ᠧᠮᠵᠢ ᠶᠢᠨ | ᠪᠠᠶᠢᠭᠤᠯᠤᠯᠲᠠ ᠶᠢ ᠴᠢᠩᠭᠠᠳᠬᠠᠨ᠎ᠠ︾ ᠭᠡᠬᠦ ᠬᠡᠰᠡᠭ ᠠᠭᠤᠯᠭ᠎ᠠ ᠳᠤ ᠵᠠᠰᠠᠪᠤᠷᠢ ᠣᠷᠣᠭᠤᠯᠪᠠ᠃ | 1. ︽ᠬᠤᠶᠠᠳᠤᠭᠠᠷ ᠬᠡᠰᠡᠭ ᠤᠯᠠᠨ ᠨᠡᠶᠢᠲᠡ ᠶᠢᠨ ᠦᠢᠯᠡᠴᠢᠯᠡᠭᠡᠨ ᠤ ᠢᠲᠡᠭᠡᠮᠵᠢ ᠶᠢᠨ ᠰᠢᠰᠲ᠋ᠧᠮ ᠤᠨ | ᠪᠠᠶᠢᠭᠤᠯᠤᠯᠲᠠ ᠶᠢ ᠴᠢᠩᠭᠠᠳᠬᠠᠬᠤ︾ ᠶᠢ ︽ᠳᠥᠷᠪᠡᠳᠦᠭᠡᠷ ᠬᠡᠰᠡᠭ︾ ᠪᠣᠯᠭᠠᠨ ᠲᠣᠬᠢᠷᠠᠭᠤᠯᠤᠨ᠎ᠠ᠃ | 2. ᠲᠣᠰ ᠬᠡᠰᠡᠭ ᠤᠨ ᠠᠭᠤᠯᠭ᠎ᠠ ᠶᠢ ︽ᠣᠯᠠᠨ ᠨᠡᠶᠢᠲᠡ ᠶᠢᠨ ᠦᠢᠯᠡᠴᠢᠯᠡᠭᠡᠨ ᠤ ᠢᠲᠡᠭᠡᠮᠵᠢ ᠶᠢᠨ ᠳᠦᠷᠢᠮ ᠢ | ᠪᠦᠷᠢᠨᠰᠢᠭᠦᠯᠵᠦ᠂ ︿ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠯᠠᠨ ᠨᠡᠶᠢᠲᠡ ᠶᠢᠨ ᠢᠲᠡᠭᠡᠮᠵᠢ ᠶᠢᠨ ᠮᠡᠳᠡᠭᠡ | ᠵᠠᠩᠭᠢ ᠶᠢᠨ ᠬᠠᠮᠢᠶᠠᠷᠤᠯᠲᠠ ᠶᠢᠨ ᠳᠦᠷᠢᠮ﹀ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠣᠯᠠᠨ ᠨᠡᠶᠢᠲᠡ ᠶᠢᠨ | ᠦᠢᠯᠡᠴᠢᠯᠡᠭᠡᠨ ᠤ ᠬᠦᠷᠢᠶᠡᠨ ᠳᠠᠬᠢ ᠢᠲᠡᠭᠡᠮᠵᠢ ᠶᠢᠨ ᠮᠡᠳᠡᠭᠡ ᠵᠠᠩᠭᠢ ᠶᠢ ᠴᠤᠭᠯᠠᠭᠤᠯᠬᠤ ᠡᠷᠴᠢᠮ ᠢ ᠴᠢᠩᠭᠠᠷᠠᠭᠤᠯᠵᠤ᠂ | ᠢᠲᠡᠭᠡᠮᠵᠢ ᠶᠢᠨ ᠮᠡᠳᠡᠭᠡ ᠵᠠᠩᠭᠢ ᠶᠢ ᠬᠠᠮᠲᠤᠪᠠᠷ ᠡᠳ᠋ᠯᠡᠵᠦ ᠬᠠᠮᠲᠤᠪᠠᠷ ᠬᠡᠷᠡᠭᠯᠡᠬᠦ ᠶᠢ ᠠᠬᠢᠭᠤᠯᠤᠨ᠎ᠠ᠃ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠨᠡᠶᠢᠭᠡᠮ ᠤᠨ ᠢᠲᠡᠭᠡᠮᠵᠢ ᠶᠢᠨ ᠮᠡᠳᠡᠭᠡ ᠵᠠᠩᠭᠢ ᠶᠢᠨ ᠲᠠᠪᠴᠠᠩ ᠳᠤ ᠲᠦᠰᠢᠭᠯᠡᠨ᠂ ᠵᠠᠰᠠᠭ | ᠵᠠᠬᠢᠷᠭᠠᠨ ᠤ ᠵᠥᠪᠰᠢᠶᠡᠷᠡᠯ᠂ ᠵᠠᠰᠠᠭ ᠵᠠᠬᠢᠷᠭᠠᠨ ᠤ ᠰᠢᠳᠬᠡᠯ ᠲᠣᠷᠭᠠᠭᠤᠯᠢ ᠵᠡᠷᠭᠡ ︿ᠬᠤᠶᠠᠷ ᠢ ᠢᠯᠡ ᠨᠡᠶᠢᠲᠡᠯᠡᠬᠦ﹀ ᠲᠤᠭ᠎ᠠ | ᠪᠠᠷᠢᠮᠲᠠ᠂ ᠢᠲᠡᠭᠡᠯ ᠠᠯᠳᠠᠭᠰᠠᠨ ᠭᠦᠢᠴᠡᠳᠬᠡᠭᠳᠡᠭᠴᠢ ᠶᠢᠨ ᠮᠡᠳᠡᠭᠡ ᠵᠠᠩᠭᠢ᠂ ᠬᠦᠨᠳᠦ ᠶᠡᠭᠡ ᠭᠠᠶᠢᠯᠢ ᠲᠠᠲᠠᠪᠤᠷᠢ ᠶᠢᠨ ᠬᠠᠤᠯᠢ | ᠠᠴᠠ ᠵᠥᠷᠢᠴᠡᠭᠰᠡᠨ ᠬᠡᠷᠡᠭ ᠤᠨ ᠲᠤᠬᠠᠢ ᠶᠢᠨ ᠬᠥᠮᠥᠨ ᠤ ᠮᠡᠳᠡᠭᠡ ᠵᠠᠩᠭᠢ ᠵᠡᠷᠭᠡ ᠣᠯᠠᠨ ᠨᠡᠶᠢᠲᠡ ᠶᠢᠨ ᠢᠲᠡᠭᠡᠮᠵᠢ ᠶᠢᠨ | ᠮᠡᠳᠡᠭᠡ ᠵᠠᠩᠭᠢ ᠶᠢ ᠰᠣᠯᠢᠯᠴᠠᠵᠤ ᠬᠠᠮᠲᠤᠪᠠᠷ ᠡᠳ᠋ᠯᠡᠬᠦ ᠶᠢ ᠠᠬᠢᠭᠤᠯᠤᠨ᠎ᠠ᠃ ᠢᠲᠡᠭᠡᠮᠵᠢ ᠶᠢᠨ ᠮᠡᠳᠡᠭᠦᠯᠦᠯᠲᠡ ᠶᠢ ᠪᠠᠶᠢᠴᠠᠭᠠᠨ | ᠯᠠᠪᠯᠠᠬᠤ᠂ ᠢᠲᠡᠭᠡᠮᠵᠢ ᠶᠢ ᠬᠢᠨᠠᠨ ᠪᠠᠶᠢᠴᠠᠭᠠᠬᠤ ︵ᠮᠡᠳᠡᠭᠦᠯᠬᠦ︶᠂ ᠢᠲᠡᠭᠡᠮᠵᠢ ᠶᠢᠨ ᠮᠡᠳᠡᠭᠡ ᠵᠠᠩᠭᠢ ᠳᠤ ᠣᠨᠳᠣᠣ ᠰᠠᠨᠠᠯ ᠲᠠᠢ | ᠭᠤᠮᠣᠳᠠᠯ ᠲᠣᠭᠠᠴᠢᠬᠤ᠂ ᠢᠲᠡᠭᠡᠮᠵᠢ ᠶᠢ ᠰᠡᠷᠭᠦᠭᠡᠬᠦ ᠵᠡᠷᠭᠡ ᠣᠯᠠᠨ ᠨᠡᠶᠢᠲᠡ ᠶᠢᠨ ᠢᠲᠡᠭᠡᠮᠵᠢ ᠶᠢᠨ ᠦᠢᠯᠡᠴᠢᠯᠡᠭᠡᠨ ᠤ ᠦᠷ᠎ᠡ | ᠪᠦᠲᠦᠭᠡᠯ ᠢ ᠬᠠᠷᠢᠯᠴᠠᠨ ᠮᠡᠳᠡᠷᠡᠬᠦ ᠶᠢ ᠠᠬᠢᠭᠤᠯᠤᠨ᠎ᠠ᠃ ᠢᠲᠡᠭᠡᠯ ᠠᠯᠳᠠᠭᠰᠠᠳ ᠢ ᠬᠤᠯᠪᠤᠭᠠᠯᠠᠨ ᠵᠠᠯᠬᠠᠭᠠᠨ ᠴᠡᠭᠡᠷᠯᠡᠭᠦᠯᠬᠦ | ᠠᠵᠢᠯ ᠢ ᠬᠠᠤᠯᠢ ᠲᠣᠭᠲᠠᠭᠠᠯ ᠶᠣᠰᠣᠭᠠᠷ ᠥᠷᠨᠢᠭᠦᠯᠵᠦ᠂ ︽ᠪᠥᠬᠦ ᠤᠯᠤᠰ ᠤᠨ ᠢᠲᠡᠭᠡᠯ ᠠᠯᠳᠠᠭᠰᠠᠳ ᠢ ᠵᠠᠯᠬᠠᠭᠠᠨ | ᠴᠡᠭᠡᠷᠯᠡᠭᠦᠯᠬᠦ ᠠᠷᠭ᠎ᠠ ᠬᠡᠮᠵᠢᠶ᠎ᠡ ᠶᠢᠨ ᠰᠠᠭᠤᠷᠢ ᠨᠠᠷᠢᠨ ᠬᠠᠭᠤᠳᠠᠰᠤ︾ ᠶᠢ ᠨᠠᠶᠢᠳᠠᠪᠤᠷᠢᠵᠢᠭᠤᠯᠤᠨ᠂ ᠢᠲᠡᠭᠡᠯ ᠠᠯᠳᠠᠭᠰᠠᠨ | ᠦᠶᠯᠡ ᠠᠵᠢᠯᠯᠠᠭ᠎ᠠ ᠶᠢᠨ ᠪᠠᠷᠢᠮᠵᠢᠶ᠎ᠠ ᠶᠢ ᠬᠠᠷᠢᠯᠴᠠᠨ ᠮᠡᠳᠡᠷᠡᠬᠦ᠂ ᠮᠡᠳᠡᠭᠡ ᠵᠠᠩᠭᠢ ᠶᠢ ᠬᠠᠮᠲᠤ ᠪᠠᠷ ᠡᠳ᠋ᠯᠡᠵᠦ ᠬᠠᠷᠢᠯᠴᠠᠨ | ᠬᠥᠳᠡᠯᠦᠯᠴᠡᠬᠦ᠂ ᠵᠠᠯᠬᠠᠭᠠᠨ ᠴᠡᠭᠡᠷᠯᠡᠭᠦᠯᠬᠦ ᠠᠷᠭ᠎ᠠ ᠬᠡᠮᠵᠢᠶ᠎ᠡ ᠠᠷᠭ᠎ᠠ ᠵᠠᠮ ᠢ ᠬᠠᠷᠢᠯᠴᠠᠨ ᠨᠡᠪᠲᠡᠷᠡᠯᠴᠡᠬᠦ ᠣᠷᠣᠨ ᠪᠦᠰᠡ | ᠠᠯᠤᠰᠯᠠᠭᠰᠠᠨ ᠢᠲᠡᠭᠡᠮᠵᠢ ᠶᠢᠨ ᠬᠤᠯᠪᠤᠭᠠᠯᠠᠨ ᠵᠠᠯᠬᠠᠭᠠᠨ ᠴᠡᠭᠡᠷᠯᠡᠭᠦᠯᠬᠦ ᠳᠦᠷᠢᠮ ᠢ ᠬᠡᠷᠡᠭᠵᠢᠭᠦᠯᠦᠨ᠎ᠡ᠃ ᠣᠯᠠᠨ ᠨᠡᠶᠢᠲᠡ ᠶᠢᠨ | ᠦᠢᠯᠡᠴᠢᠯᠡᠭᠡᠨ ᠤ ᠪᠠᠶᠢᠭᠤᠯᠤᠮᠵᠢ᠂ ᠠᠵᠢᠯᠯᠠᠵᠤ ᠪᠠᠶᠢᠭ᠎ᠠ ᠬᠥᠮᠥᠰ᠂ ᠦᠢᠯᠡᠴᠢᠯᠡᠬᠦ ᠡᠲᠡᠭᠡᠳ ᠤᠨ ᠢᠲᠡᠭᠡᠮᠵᠢ ᠶᠢᠨ | ᠲᠡᠮᠳᠡᠭᠯᠡᠯ ᠢ ᠥᠪᠡᠷᠲᠡᠭᠡᠨ ᠵᠠᠰᠠᠬᠤ ᠣᠷᠣᠨ ᠤ ᠨᠡᠶᠢᠭᠡᠮ ᠤᠨ ᠢᠲᠡᠭᠡᠮᠵᠢ ᠶᠢᠨ ᠮᠡᠳᠡᠭᠡ ᠵᠠᠩᠭᠢ ᠶᠢᠨ ᠲᠠᠪᠴᠠᠩ ᠳᠤ | ᠴᠤᠭᠯᠠᠭᠤᠯᠵᠤ᠂ ᠬᠠᠤᠯᠢ ᠲᠣᠭᠲᠠᠭᠠᠯ ᠶᠣᠰᠣᠭᠠᠷ ︿ᠢᠲᠡᠭᠡᠮᠵᠢᠲᠦ ᠳᠤᠮᠳᠠᠳᠤ ᠤᠯᠤᠰ ︵ᠥᠪᠥᠷ ᠮᠣᠩᠭᠤᠯ︶﹀ ᠤᠨ | ᠰᠦᠯᠵᠢᠶᠡᠨ ᠥᠷᠲᠡᠭᠡ ᠳᠤ ᠢᠯᠡ ᠨᠡᠶᠢᠲᠡᠯᠡᠨ᠎ᠡ︾᠃ | ︵ᠬᠤᠶᠠᠷ︶ ︽ᠭᠤᠷᠪᠠᠳᠤᠭᠠᠷ ᠬᠡᠰᠡᠭ ᠤᠯᠠᠨ ᠨᠡᠶᠢᠲᠡ ᠶᠢᠨ ᠦᠢᠯᠡᠴᠢᠯᠡᠭᠡᠨ ᠤ ᠬᠥᠮᠥᠨ ᠤ ᠬᠦᠴᠦᠨ ᠤ ᠡᠬᠢ | ᠪᠠᠶᠠᠯᠢᠭ ᠤᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠬᠤ︾ ᠬᠡᠰᠡᠭ ᠠᠭᠤᠯᠭ᠎ᠠ ᠳᠤ ᠵᠠᠰᠠᠪᠤᠷᠢ ᠣᠷᠣᠭᠤᠯᠪᠠ᠃ | 1. ︽ᠭᠤᠷᠪᠠᠳᠤᠭᠠᠷ ᠬᠡᠰᠡᠭ ᠤᠯᠠᠨ ᠨᠡᠶᠢᠲᠡ ᠶᠢᠨ ᠦᠢᠯᠡᠴᠢᠯᠡᠭᠡᠨ ᠤ ᠬᠥᠮᠥᠨ ᠤ ᠬᠦᠴᠦᠨ ᠤ ᠡᠬᠢ | ᠪᠠᠶᠠᠯᠢᠭ ᠤᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠬᠤ︾ ᠶᠢ ︽ᠬᠤᠶᠠᠳᠤᠭᠠᠷ ᠬᠡᠰᠡᠭ︾ ᠪᠣᠯᠭᠠᠨ ᠲᠣᠬᠢᠷᠠᠭᠤᠯᠪᠠ᠃ | 2. ︽ᠦᠨᠳᠦᠰᠦᠨ ᠱᠠᠲᠤᠨ ᠤ ᠣᠯᠠᠨ ᠨᠡᠶᠢᠲᠡ ᠶᠢᠨ ᠦᠢᠯᠡᠴᠢᠯᠡᠭᠡᠨ ᠤ ᠠᠵᠢᠯᠲᠠᠨ ᠤ ᠡᠩᠨᠡᠭᠡ ᠶᠢ | ᠪᠤᠵᠠᠭᠠᠶᠢᠷᠠᠭᠤᠯᠬᠤ︾ ᠬᠡᠰᠡᠭ ᠬᠤᠭᠤᠴᠠᠭᠠᠨ ᠳᠤ ︽ᠨᠠᠩ ᠣᠯᠠᠨ ᠴᠢᠳᠠᠪᠤᠷᠢᠲᠠᠨ ᠢ ᠲᠡᠳᠡᠨ ᠠᠪᠴᠢᠷᠠᠵᠤ ᠣᠯᠠᠨ | ᠨᠡᠶᠢᠲᠡ ᠶᠢᠨ ᠦᠢᠯᠡᠴᠢᠯᠡᠭᠡᠨ ᠤ ᠦᠢᠯᠡᠰ ᠲᠤ ᠡᠷᠭᠢᠯᠡᠭᠦᠯᠦᠨ᠎ᠡ︾ ᠭᠡᠵᠦ ᠲᠣᠭᠲᠠᠭᠠᠭᠰᠠᠨ ᠤ ᠳᠠᠷᠠᠭ᠎ᠠ ︽ᠰᠢᠶᠠᠨ ᠤ | ᠬᠡᠪᠴᠢᠶᠡᠨ ᠳᠠᠬᠢ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠭᠠᠭᠤᠯᠢ ᠶᠢᠨ ᠵᠠᠬᠢᠷᠤᠯ ᠪᠠ ᠪᠠᠭᠰᠢ ᠶᠢᠨ ᠠᠵᠢᠯ ᠤᠨ | ᠪᠠᠶᠢᠷᠢ ᠡᠭᠡᠯᠵᠢᠯᠡᠭᠦᠯᠬᠦ ᠶᠢ ᠠᠬᠢᠭᠤᠯᠤᠨ᠎ᠠ︾ ᠭᠡᠵᠦ ︽ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠪᠠᠭᠰᠢ ᠶᠢ ︿ᠰᠢᠶᠠᠨ | ᠠᠴᠠ ᠬᠠᠮᠢᠶᠠᠷᠴᠤ ᠰᠤᠷᠭᠠᠭᠤᠯᠢ ᠠᠴᠠ ᠤᠷᠢᠬᠤ﹀ ᠬᠠᠮᠢᠶᠠᠷᠤᠯᠲᠠ ᠶᠢᠨ ᠥᠭᠡᠷᠡᠴᠢᠯᠡᠯᠲᠡ ᠶᠢ ᠲᠦᠯᠬᠢᠨ ᠠᠬᠢᠭᠤᠯᠤᠨ᠎ᠠ︾ | ᠭᠡᠵᠦ ᠲᠣᠭᠲᠠᠭᠠᠭᠰᠠᠨ ᠤ ᠳᠠᠷᠠᠭ᠎ᠠ ︽ᠪᠠᠭᠰᠢ ᠶᠢᠨ ᠴᠠᠯᠢᠩ ᠤᠨ ᠣᠷᠣᠯᠭ᠎ᠠ ᠶᠢᠨ ᠬᠢᠷᠢ ᠲᠦᠪᠰᠢᠨ ᠢ ᠬᠠᠤᠯᠢ ᠶᠣᠰᠣᠭᠠᠷ | ᠪᠠᠲᠤᠯᠠᠵᠤ᠂ ᠪᠠᠭᠰᠢ ᠠᠵᠢᠯᠲᠠᠨ ᠤ ᠣᠷᠣᠨ ᠲᠤᠭ᠎ᠠ ᠶᠢ ᠪᠥᠬᠦ ᠲᠠᠯ᠎ᠠ ᠪᠠᠷ ᠪᠠᠷᠢᠮᠵᠢᠶ᠎ᠠ ᠳᠤ ᠬᠦᠷᠦᠭᠦᠯᠬᠦ ᠶᠢ ︽ᠬᠥᠳᠡᠭᠡ | ᠲᠣᠰᠬᠤᠨ ᠤ ᠪᠠᠭᠰᠢ ᠶᠢᠨ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠬᠥᠳᠡᠭᠡ ᠲᠣᠰᠬᠤᠨ ᠤ ᠪᠠᠭᠰᠢ ᠶᠢᠨ ᠬᠡᠪ | ᠴᠢᠨᠠᠷ ᠴᠢᠳᠠᠪᠤᠷᠢ ᠶᠢ ᠳᠡᠭᠡᠭᠰᠢᠯᠡᠭᠦᠯᠦᠨ᠎ᠡ︾ ᠭᠡᠳᠡᠭ ᠢ ︽ᠬᠥᠳᠡᠭᠡ ᠲᠣᠰᠬᠤᠨ ᠤ ᠪᠠᠭᠰᠢ ᠶᠢᠨ ᠡᠩᠨᠡᠭᠡ ᠶᠢᠨ | ᠪᠠᠶᠢᠭᠤᠯᠤᠯᠲᠠ ᠶᠢ ᠴᠢᠩᠭᠠᠳᠬᠠᠵᠤ᠂ ᠬᠥᠳᠡᠭᠡ ᠲᠣᠰᠬᠤᠨ ᠤ ᠪᠠᠭᠰᠢ ᠶᠢᠨ ᠬᠡᠪ ᠴᠢᠨᠠᠷ ᠴᠢᠳᠠᠪᠤᠷᠢ ᠶᠢ ᠳᠡᠭᠡᠭᠰᠢᠯᠡᠭᠦᠯᠵᠦ᠂ | ᠬᠥᠳᠡᠭᠡ ᠲᠣᠰᠬᠤᠨ ᠤ ᠪᠠᠭᠰᠢ ᠶᠢᠨ ᠠᠮᠢᠳᠤᠷᠠᠯ ᠤᠨ ᠨᠥᠬᠦᠪᠦᠷᠢ ᠶᠢᠨ ᠲᠥᠷᠥ ᠶᠢᠨ ︽ᠬᠡᠦᠬᠡᠳ ᠤᠨ ᠰᠠᠯᠠᠭ᠎ᠠ᠂ ᠶᠡᠷᠦᠩᠬᠡᠢ | ᠰᠠᠯᠠᠭ᠎ᠠ ᠵᠡᠷᠭᠡ ᠲᠤᠲᠠᠭᠳᠠᠵᠤ ᠪᠠᠶᠢᠭ᠎ᠠ ᠡᠮᠴᠢ ᠶᠢᠨ ᠬᠡᠪᠴᠢᠶ᠎ᠡ ᠶᠢ ᠥᠷᠭᠡᠳᠬᠡᠨ᠎ᠡ︾ ᠭᠡᠳᠡᠭ ᠢ ︽ᠬᠡᠦᠬᠡᠳ ᠤᠨ ᠰᠠᠯᠠᠭ᠎ᠠ᠂ | ᠶᠡᠷᠦᠩᠬᠡᠢ ᠰᠠᠯᠠᠭ᠎ᠠ᠂ ᠮᠢᠨᠴᠦᠷᠡᠭᠦᠯᠬᠦ ᠰᠠᠯᠠᠭ᠎ᠠ᠂ ᠮᠡᠳᠡᠷᠡᠯ ᠤᠨ ᠰᠠᠯᠠᠭ᠎ᠠ᠂ ᠨᠠᠰᠤᠲᠠᠶᠢᠴᠤᠳ ᠤᠨ ᠡᠮᠨᠡᠯᠭᠡ ᠶᠢᠨ ᠰᠠᠯᠠᠭ᠎ᠠ ᠵᠡᠷᠭᠡ | ᠲᠤᠲᠠᠭᠳᠠᠵᠤ ᠪᠠᠶᠢᠭ᠎ᠠ ᠡᠮᠴᠢ ᠪᠠ ᠳᠠᠩᠰᠠᠯᠠᠭᠤᠯᠤᠭᠰᠠᠨ ᠰᠤᠪᠢᠯᠠᠭᠴᠢ ᠶᠢᠨ ᠬᠡᠪᠴᠢᠶ᠎ᠡ ᠶᠢ ᠥᠷᠭᠡᠳᠬᠡᠨ᠎ᠡ︾ ᠭᠡᠵᠦ ᠵᠠᠰᠠᠪᠠ︔ | ︽ᠬᠥᠳᠡᠯᠮᠦᠷᠢ ᠠᠵᠢᠯ ᠣᠯᠭᠤᠯᠲᠠ ᠶᠢᠨ ᠦᠢᠯᠡᠴᠢᠯᠡᠭᠡᠨ ᠤ ᠦᠢᠯᠡᠴᠢᠯᠡᠭᠡᠨ ᠤ ᠴᠣᠩᠬᠤᠨ ᠤ ᠬᠦᠴᠦᠨ ᠢ ᠪᠠᠲᠤᠯᠠᠭᠰᠠᠨ︾ ᠤ | ᠲᠠᠷᠠᠭ᠎ᠠ ︽ᠬᠠᠤᠯᠢ ᠴᠠᠭᠠᠵᠠ ᠶᠢᠨ ᠲᠤᠰᠠᠯᠠᠮᠵᠢ ᠶᠢᠨ ᠲᠤᠰᠬᠠᠢ ᠮᠡᠷᠭᠡᠵᠢᠯ ᠤᠨ ᠠᠵᠢᠯᠲᠠᠨ ᠤ ᠪᠣᠯᠪᠠᠰᠤᠷᠠᠭᠤᠯᠤᠯ ᠢ | ᠴᠢᠩᠭᠠᠳᠬᠠᠵᠤ᠂ ᠬᠠᠤᠯᠢ ᠴᠠᠭᠠᠵᠠ ᠶᠢᠨ ᠲᠤᠰᠠᠯᠠᠮᠵᠢ ᠶᠢᠨ ᠶᠠᠰᠤ ᠴᠢᠨᠠᠷ ᠢ ᠳᠡᠭᠡᠭᠰᠢᠯᠡᠭᠦᠯᠦᠨ᠂ ᠡᠯ᠎ᠡ ᠭᠠᠵᠠᠷ ᠤᠨ ᠤᠯᠠᠨ | ᠲᠦᠮᠡᠨ ᠤ ᠰᠢᠯᠢᠳᠡᠭ ᠤᠳᠬ᠎ᠠ ᠤᠷᠠᠯᠢᠭ ᠤᠨ ᠪᠦᠯᠬᠦᠮ ᠤᠨ ᠳᠠᠭᠠᠭᠤᠯᠤᠭᠴᠢ᠂ ᠭᠤᠣᠯᠯᠠᠭᠴᠢ ᠠᠵᠢᠯᠲᠠᠨ ᠪᠠ ᠭᠤᠣᠯᠯᠠᠭᠴᠢ | ᠬᠦᠴᠦᠨ ᠢ ᠬᠥᠬᠢᠭᠦᠯᠦᠨ ᠱᠠᠩᠨᠠᠬᠤ ᠶᠢ ᠵᠣᠷᠢᠭᠵᠢᠭᠤᠯᠤᠨ᠎ᠠ︾ ᠭᠡᠵᠦ ᠨᠡᠮᠡᠪᠡ᠃ | 3. ︽ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠨᠡᠶᠢᠭᠡᠮ ᠤᠨ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ ᠶᠢ | ᠬᠥᠭᠵᠢᠭᠦᠯᠬᠦ︾ ᠭᠡᠰᠡᠨ ᠬᠡᠰᠡᠭ ᠤᠨ ᠪᠦᠬᠦ ᠠᠭᠤᠯᠭ᠎ᠠ ᠶᠢ ᠬᠠᠰᠤᠵᠤ ᠬᠠᠶᠠᠪᠠ᠃ | ( ᠭᠤᠷᠪᠠ ) ᠪᠤᠰᠤᠳ ᠵᠦᠢᠯ ᠳᠤ ᠵᠠᠰᠠᠪᠤᠷᠢ ᠣᠷᠣᠭᠤᠯᠬᠤ᠃ | ᠲᠤᠰ ᠪᠦᠯᠦᠭ ᠲᠤ ᠨᠢᠭᠡ ᠬᠡᠰᠡᠭ ᠨᠡᠮᠡᠪᠡ᠂ ᠲᠤᠬᠠᠶᠢᠯᠠᠪᠠᠯ ︽ᠭᠤᠷᠪᠠᠳᠤᠭᠠᠷ ᠬᠡᠰᠡᠭ ᠪᠠᠲᠤᠯᠠᠭ᠎ᠠ ᠶᠢᠨ ᠲᠥᠬᠦᠭᠡᠷᠦᠮᠵᠢ ᠳᠤ | ᠬᠡᠷᠡᠭᠯᠡᠬᠦ ᠭᠠᠵᠠᠷ ᠤᠨ ᠬᠡᠷᠡᠭᠴᠡᠭᠡ︾ ᠪᠣᠯᠣᠨ᠎ᠠ᠂ ᠠᠭᠤᠯᠭ᠎ᠠ ᠨᠢ ︽ᠤᠯᠠᠨ ᠨᠡᠶᠢᠲᠡ ᠶᠢᠨ ᠦᠢᠯᠡᠴᠢᠯᠡᠭᠡᠨ ᠤ ᠪᠠᠶᠢᠭᠤᠯᠤᠮᠵᠢ | ᠪᠠ ᠲᠥᠬᠦᠭᠡᠷᠦᠮᠵᠢ ᠳᠤ ᠬᠡᠷᠡᠭᠯᠡᠬᠦ ᠭᠠᠵᠠᠷ ᠢ ᠬᠤᠯᠪᠣᠭᠳᠠᠯ ᠪᠦᠬᠦᠢ ᠲᠥᠯᠦᠪᠵᠢᠭᠦᠯᠭᠡ ᠪᠠ ᠭᠤᠣᠯᠳᠠᠯᠭ᠎ᠠ ᠲᠠᠢ ᠪᠠᠲᠤᠯᠠᠭ᠎ᠠ ᠶᠢᠨ | ᠵᠦᠢᠯᠡᠰ ᠤᠨ ᠲᠣᠳᠣᠷᠬᠠᠢ ᠬᠠᠭᠤᠳᠠᠰᠤᠨ ᠳᠤ ᠣᠷᠣᠭᠤᠯᠤᠨ ᠤᠷᠢᠳᠠᠪᠠᠷ ᠪᠠᠲᠤᠯᠠᠵᠤ᠂ ᠲᠠᠷᠢᠶᠠᠯᠠᠩ ᠳᠤ ᠬᠡᠷᠡᠭᠯᠡᠬᠦ ᠭᠠᠵᠠᠷ ᠢ | ᠬᠤᠪᠢᠷᠠᠭᠤᠯᠤᠨ ᠬᠡᠷᠡᠭᠯᠡᠬᠦ ᠭᠦᠢᠴᠡᠳᠬᠡᠯ ᠲᠤᠭ᠎ᠠ᠂ ᠰᠢᠨ᠎ᠡ ᠪᠠᠷ ᠨᠡᠮᠡᠭᠳᠡᠭᠰᠡᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ | ᠭᠠᠵᠠᠷ ᠤᠨ ᠭᠦᠢᠴᠡᠳᠬᠡᠯ ᠲᠤᠭ᠎ᠠ ᠶᠢᠨ ᠬᠤᠪᠢᠶᠠᠷᠢᠯᠠᠯᠲᠠ ᠳᠤ ᠵᠣᠬᠢᠰᠲᠠᠢ ᠪᠠᠷ ᠬᠡᠯᠪᠡᠶᠢᠯᠭᠡᠨ᠎ᠡ᠃ ᠨᠥᠬᠦᠴᠡᠯ ᠳᠤ ᠨᠡᠶᠢᠴᠡᠬᠦ | ᠣᠯᠠᠨ ᠨᠡᠶᠢᠲᠡ ᠶᠢᠨ ᠦᠢᠯᠡᠴᠢᠯᠡᠭᠡᠨ ᠤ ᠪᠡᠯᠡᠳᠬᠡᠮᠵᠢ ᠪᠠ ᠪᠠᠶᠢᠭᠤᠯᠤᠮᠵᠢ ᠶᠢᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ | ᠭᠠᠵᠠᠷ ᠢ ᠬᠤᠪᠢᠶᠠᠷᠢᠯᠠᠨ ᠰᠠᠯᠭᠠᠬᠤ ᠠᠷᠭ᠎ᠠ ᠮᠠᠶ᠋ᠢᠭ ᠢᠶᠠᠷ ᠪᠠᠲᠤᠯᠠᠵᠤ ᠪᠣᠯᠣᠨ᠎ᠠ᠃ ᠨᠡᠶᠢᠭᠡᠮ ᠲᠣᠭᠤᠷᠢᠭ ᠤᠨ ᠶᠡᠷᠦᠩᠬᠡᠶᠢᠯᠡᠭᠰᠡᠨ | ᠦᠢᠯᠡᠴᠢᠯᠡᠭᠡᠨ ᠤ ᠪᠡᠯᠡᠳᠬᠡᠮᠵᠢ ᠳᠤ ᠣᠷᠣᠨ ᠵᠠᠢ ᠨᠡᠭᠡᠭᠡᠨ ︿ᠨᠢᠭᠡ ᠨᠠᠰᠤᠲᠠᠨ ᠨᠢᠭᠡ ᠪᠠᠭ᠎ᠠ﹀ ᠵᠡᠷᠭᠡ ᠣᠯᠠᠨ ᠨᠡᠶᠢᠲᠡ ᠶᠢᠨ | ᠦᠢᠯᠡᠴᠢᠯᠡᠭᠡᠨ ᠳᠤ ᠬᠡᠷᠡᠭᠯᠡᠬᠦ ᠶᠢ ᠳᠡᠮᠵᠢᠵᠦ᠂ ᠨᠡᠶᠢᠲᠡ ᠶᠢᠨ ᠲᠦᠷᠢᠶᠡᠰᠦᠨ ᠬᠤᠭᠤᠰᠤᠨ ᠭᠡᠷ ᠪᠠᠶᠢᠰᠢᠩ ᠢ ᠰᠦᠢᠳᠬᠡᠯ | ᠬᠤᠷᠢᠶᠠᠬᠤ ᠦᠭᠡᠢ ᠪᠠᠷ ᠨᠡᠶᠢᠭᠡᠮ ᠤᠨ ᠬᠦᠴᠦᠨ ᠤ ᠨᠡᠶᠢᠭᠡᠮ ᠲᠣᠭᠤᠷᠢᠭ ᠲᠤ ᠬᠤᠭᠤᠯᠠ ᠤᠮᠳᠠ ᠪᠠᠩᠬᠢ ᠳᠤ ᠲᠤᠰᠠᠯᠠᠬᠤ᠂ | ᠡᠳᠦᠷ ᠲᠤᠲᠤᠮ ᠤᠨ ᠬᠠᠷᠠᠭᠠᠯᠵᠠᠯ ᠵᠡᠷᠭᠡ ᠦᠢᠯᠡᠴᠢᠯᠡᠭᠡ ᠥᠷᠨᠢᠭᠦᠯᠬᠦ ᠳᠤ ᠬᠠᠩᠭᠠᠬᠤ ᠶᠢ ᠵᠥᠪᠰᠢᠶᠡᠷᠡᠬᠦ ᠶᠢ ᠬᠠᠶᠢᠨ | ᠰᠦᠪᠡᠭᠴᠢᠯᠡᠨ᠎ᠡ᠃ ᠡᠯ᠎ᠡ ᠲᠥᠷᠥᠯ ᠤᠨ ᠭᠤᠣᠯ ᠴᠣᠭᠴᠠ ᠶᠢᠨ ᠦᠯᠡᠳᠡᠭᠡᠯ ᠪᠦᠬᠦᠢ ᠳᠣᠣᠷ᠎ᠠ ᠠᠰᠢᠭᠯᠠᠮᠵᠢ ᠲᠠᠢ ᠭᠠᠵᠠᠷ ᠪᠠ | ᠬᠤᠳᠠᠯᠳᠤᠭᠠᠨ ᠤ ᠦᠢᠯᠡᠴᠢᠯᠡᠭᠡᠨ ᠤ ᠬᠡᠷᠡᠭᠯᠡᠬᠦ ᠭᠠᠵᠠᠷ ᠵᠡᠷᠭᠡ ᠶᠢ ᠠᠰᠢᠭᠯᠠᠨ ᠣᠯᠠᠨ ᠨᠡᠶᠢᠲᠡ ᠶᠢᠨ ᠦᠢᠯᠡᠴᠢᠯᠡᠭᠡ | ᠥᠷᠨᠢᠭᠦᠯᠬᠦ ᠶᠢ ᠳᠡᠮᠵᠢᠵᠦ᠂ ᠣᠷᠣᠨ ᠨᠤᠲᠤᠭ ᠤᠨ ᠬᠠᠭᠤᠴᠢᠨ ᠪᠠ ᠬᠠᠭᠤᠴᠢᠨ ᠲᠣᠭᠤᠷᠢᠭ ᠤᠨ ᠳᠣᠲᠣᠷᠠᠬᠢ ᠤᠯᠤᠰ ᠤᠨ | ᠥᠮᠴᠢᠯᠡᠯ ᠤᠨ ᠠᠵᠤ ᠠᠬᠤᠶᠢᠯᠠᠯ ᠤᠨ ᠭᠡᠷ ᠪᠠᠶᠢᠰᠢᠩ ᠪᠠ ᠪᠡᠯᠡᠳᠬᠡᠮᠵᠢ ᠶᠢ ᠵᠣᠬᠢᠰᠲᠠᠢ ᠠᠷᠭ᠎ᠠ ᠮᠠᠶ᠋ᠢᠭ ᠢᠶᠠᠷ ᠵᠠᠰᠠᠭ ᠤᠨ | ᠣᠷᠳᠣᠨ ᠳᠤ ᠰᠢᠯᠵᠢᠭᠦᠯᠦᠨ ᠲᠤᠰᠢᠶᠠᠵᠤ ᠲᠥᠪᠯᠡᠷᠡᠭᠦᠯᠦᠨ ᠥᠭᠡᠷᠡᠴᠢᠯᠡᠵᠦ ᠣᠯᠠᠨ ᠨᠡᠶᠢᠲᠡ ᠶᠢᠨ ᠦᠢᠯᠡᠴᠢᠯᠡᠭᠡᠨ ᠤ ᠰᠠᠭᠤᠷᠢ | ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠶᠢ ᠬᠠᠶᠢᠨ ᠰᠦᠪᠡᠭᠴᠢᠯᠡᠬᠦ ᠶᠢ ᠵᠣᠷᠢᠭᠵᠢᠭᠤᠯᠤᠨ᠎ᠠ︾ ᠭᠡᠵᠡᠢ᠃ | | | 2022 ᠣᠨ ᠤ 8 ᠰᠠᠷ᠎ᠠ ᠶᠢᠨ 17 ᠤ ᠡᠳᠣᠷ | | | | | | |