ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ | ᠣᠷᠣᠨ ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ ᠠᠵᠤ ᠠᠬᠤᠶᠢᠯᠠᠯ᠂ ᠠᠵᠢᠯ | ᠦᠢᠯᠡᠰ ᠤᠨ ᠨᠢᠭᠡᠴᠡ ᠳᠤ᠄ | ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠠᠷᠪᠠᠨ ᠳᠥᠷᠪᠡᠳᠦᠭᠡᠷ ᠲᠠᠪᠤᠨ ᠵᠢᠯ﹀ ᠤᠨ | ᠣᠯᠠᠨ ᠨᠡᠶᠢᠲᠡ ᠶᠢᠨ ᠦᠢᠯᠡᠴᠢᠯᠡᠭᠡᠨ ᠢ ᠪᠠᠲᠤᠯᠠᠨ ᠰᠠᠶᠢᠵᠢᠷᠠᠭᠤᠯᠬᠤ ᠲᠥᠯᠦᠪᠵᠢᠭᠦᠯᠭᠡ︾ ︵ᠳᠣᠷᠣᠭᠰᠢ ︽ | ᠲᠥᠯᠦᠪᠵᠢᠭᠦᠯᠭᠡ︾ ᠭᠡᠵᠦ ᠲᠣᠪᠴᠢᠯᠠᠨ᠎ᠠ︶ ᠶᠢ ᠤᠯᠤᠰ ᠤᠨ ︿ᠠᠷᠪᠠᠨ ᠳᠥᠷᠪᠡᠳᠦᠭᠡᠷ ᠲᠠᠪᠤᠨ ᠵᠢᠯ﹀ ᠤᠨ ᠣᠯᠠᠨ | ᠨᠡᠶᠢᠲᠡ ᠶᠢᠨ ᠦᠢᠯᠡᠴᠢᠯᠡᠭᠡᠨ ᠤ ᠲᠥᠯᠦᠪᠵᠢᠭᠦᠯᠭᠡ﹀ ᠲᠠᠢ ᠵᠣᠯᠭᠠᠭᠤᠯᠬᠤ ᠠᠵᠢᠯ ᠢ ᠰᠠᠶᠢᠲᠤᠷ ᠬᠢᠵᠦ᠂ ︽ | ᠲᠥᠯᠦᠪᠵᠢᠭᠦᠯᠭᠡ︾ ᠳᠤ ᠲᠣᠭᠲᠠᠭᠠᠭᠰᠠᠨ ᠡᠯ᠎ᠡ ᠵᠦᠢᠯ ᠤᠨ ᠬᠠᠷᠠᠯᠲᠠᠲᠤ ᠡᠭᠦᠷᠭᠡ ᠶᠢ ᠬᠤᠭᠤᠴᠠᠭ᠎ᠠ ᠶᠣᠰᠣᠭᠠᠷ | ᠴᠢᠨᠠᠷ ᠢ ᠪᠠᠲᠤᠯᠠᠨ ᠪᠡᠶᠡᠯᠡᠭᠦᠯᠬᠦ ᠶᠢ ᠪᠠᠲᠤᠯᠠᠬᠤ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ | ᠵᠠᠰᠠᠭ ᠤᠨ ᠣᠷᠳᠣᠨ ᠠᠴᠠ ︽ᠲᠥᠯᠦᠪᠵᠢᠭᠦᠯᠭᠡ︾ ᠶᠢᠨ ᠬᠡᠰᠡᠭ ᠠᠭᠤᠯᠭ᠎ᠠ ᠳᠤ ᠵᠠᠰᠠᠪᠤᠷᠢ ᠣᠷᠣᠭᠤᠯᠬᠤ ᠪᠠᠷ | ᠲᠣᠭᠲᠠᠵᠤ᠂ ᠡᠳᠦᠭᠡ ᠬᠤᠯᠪᠣᠭᠳᠠᠯ ᠪᠦᠬᠦᠢ ᠵᠦᠢᠯᠡᠰ ᠢ ᠳᠣᠣᠷᠠᠬᠢ ᠮᠡᠲᠦ ᠮᠡᠳᠡᠭᠳᠡᠪᠡ᠃ | ᠨᠢᠭᠡ᠂ ︽ᠲᠥᠯᠦᠪᠵᠢᠭᠦᠯᠭᠡ︾ ᠶᠢᠨ ︽ᠨᠢᠭᠡᠳᠦᠭᠡᠷ ᠪᠦᠯᠦᠭ ᠲᠥᠯᠦᠪᠵᠢᠭᠦᠯᠭᠡ ᠶᠢᠨ ᠠᠬᠤᠢ ᠪᠠᠶᠢᠳᠠᠯ︾ | ᠤᠨ ᠬᠡᠰᠡᠭ ᠤᠨ ︽ᠨᠢᠭᠡᠳᠦᠭᠡᠷ ᠬᠡᠰᠡᠭ ᠬᠥᠭᠵᠢᠯᠲᠡ ᠶᠢᠨ ᠰᠠᠭᠤᠷᠢ︾ ᠳᠠᠬᠢ ᠠᠭᠤᠯᠭ᠎ᠠ ᠳᠤ ᠳᠣᠣᠷᠠᠬᠢ ᠮᠡᠲᠦ | ᠵᠠᠰᠠᠪᠤᠷᠢ ᠣᠷᠣᠭᠤᠯᠪᠠ᠃ | ︵ᠨᠢᠭᠡ︶ ︽ᠣᠯᠠᠨ ᠨᠡᠶᠢᠲᠡ ᠶᠢᠨ ᠦᠨᠳᠦᠰᠦᠨ ᠦᠢᠯᠡᠴᠢᠯᠡᠭᠡᠨ ᠤ ᠬᠢᠷᠢ ᠲᠦᠪᠰᠢᠨ ᠢ ᠲᠣᠭᠲᠠᠭᠤᠨ ᠢᠶᠠᠷ | ᠳᠡᠭᠡᠭᠰᠢᠯᠡᠭᠦᠯᠦᠨ᠎ᠡ︾ ᠭᠡᠬᠦ ᠬᠡᠰᠡᠭ ᠲᠠᠬᠢ ︽2020 ᠣᠨ ᠳᠤ ᠪᠥᠬᠦ ᠣᠷᠣᠨ ᠳᠤ ᠨᠡᠶᠢᠲᠡ 73 | ᠤᠯᠠᠭᠠᠨᠮᠥ᠋ᠴᠢᠷ ᠲᠠᠢ︾ ᠭᠡᠳᠡᠭ ᠢ ︽2020 ᠣᠨ ᠳᠤ ᠪᠥᠬᠦ ᠣᠷᠣᠨ ᠳᠤ ᠨᠡᠶᠢᠲᠡ 75 ᠤᠯᠠᠭᠠᠨᠮᠥ᠋ᠴᠢᠷ ᠲᠠᠢ︾ | ᠭᠡᠵᠦ ᠵᠠᠰᠠᠪᠠ᠃ | ︵ᠬᠤᠶᠠᠷ︶ ︽ᠣᠯᠠᠨ ᠨᠡᠶᠢᠲᠡ ᠶᠢᠨ ᠦᠢᠯᠡᠴᠢᠯᠡᠭᠡᠨ ᠤ ᠬᠠᠩᠭᠠᠯᠭ᠎ᠠ ᠶᠢᠨ ᠴᠢᠳᠠᠪᠤᠷᠢ ᠶᠢ ᠪᠥᠬᠦ ᠲᠠᠯ᠎ᠠ ᠪᠠᠷ | ᠴᠢᠩᠭᠠᠷᠠᠭᠤᠯᠤᠨ᠎ᠠ︾ ᠭᠡᠬᠦ ᠬᠡᠰᠡᠭ ᠤᠨ ︽ᠪᠥᠬᠦ ᠣᠷᠣᠨ ᠤ ᠡᠮᠴᠢᠯᠡᠭᠡ ᠡᠷᠡᠭᠦᠯ ᠬᠠᠮᠠᠭᠠᠯᠠᠯ ᠤᠨ ᠨᠢᠭᠡᠴᠡ ᠳᠤ 16.2 | ᠲᠦᠮᠡᠨ ᠡᠪᠡᠳᠴᠢᠲᠡᠨ ᠤ ᠣᠷᠣ ᠲᠠᠢ᠂ ᠡᠷᠡᠭᠦᠯ ᠬᠠᠮᠠᠭᠠᠯᠠᠯ ᠤᠨ ᠮᠡᠷᠭᠡᠵᠢᠯ ᠤᠨ ᠠᠵᠢᠯᠲᠠᠨ 20.2 ᠲᠦᠮᠡᠨ ᠬᠥᠮᠥᠨ | ᠪᠠᠶᠢᠵᠤ᠂ ᠮᠢᠩᠭᠠᠨ ᠬᠥᠮᠥᠨ ᠪᠦᠷᠢ ᠳᠤ ᠨᠣᠭᠳᠠᠬᠤ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ | ᠣᠷᠣ ᠶᠢᠨ ᠲᠤᠭ᠎ᠠ 6.73 ᠬᠦᠷᠴᠦ᠂ ᠮᠢᠩᠭᠠᠨ ᠬᠥᠮᠥᠨ ᠪᠦᠷᠢ ᠳᠤ ᠨᠣᠭᠳᠠᠬᠤ ᠠᠵᠢᠯ ᠡᠷᠭᠢᠯᠡᠬᠦ ︵ᠲᠤᠰᠠᠯᠠᠬᠤ︶ | ᠡᠮᠴᠢ ᠶᠢᠨ ᠲᠤᠭ᠎ᠠ 3.35 ᠬᠥᠮᠥᠨ ᠳᠤ ᠬᠥᠷᠪᠡ︾ ᠭᠡᠵᠦ ᠪᠠᠶᠢᠭᠰᠠᠨ ᠢ ︽ᠪᠥᠬᠦ ᠣᠷᠣᠨ ᠤ ᠡᠮ ᠡᠮᠨᠡᠯᠭᠡ ᠡᠷᠡᠭᠦᠯ | ᠬᠠᠮᠠᠭᠠᠯᠠᠯ ᠤᠨ ᠨᠢᠭᠡᠴᠡ ᠳᠤ ᠨᠣᠭᠳᠠᠬᠤ ᠡᠪᠡᠳᠴᠢᠲᠡᠨ ᠤ ᠣᠷᠣ 16.2 ᠲᠦᠮᠡᠨ ᠬᠥᠮᠥᠨ ᠪᠠᠶᠢᠵᠤ᠂ ᠡᠷᠡᠭᠦᠯ | ᠬᠠᠮᠠᠭᠠᠯᠠᠯ ᠤᠨ ᠠᠵᠢᠯᠲᠠᠨ 25.5 ᠲᠦᠮᠡᠨ ᠬᠥᠮᠥᠨ ᠪᠠᠶᠢᠵᠤ᠂ ᠮᠢᠩᠭᠠᠨ ᠬᠥᠮᠥᠨ ᠪᠦᠷᠢ ᠳᠤ ᠨᠣᠭᠳᠠᠬᠤ ᠡᠮ | ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠣᠷᠣ ᠶᠢᠨ ᠲᠤᠭ᠎ᠠ 6.74 ᠬᠦᠷᠴᠦ᠂ ᠮᠢᠩᠭᠠᠨ ᠬᠥᠮᠥᠨ | ᠪᠦᠷᠢ ᠳᠤ ᠨᠣᠭᠳᠠᠬᠤ ᠠᠵᠢᠯ ᠡᠷᠭᠢᠯᠡᠬᠦ ︵ᠲᠤᠰᠠᠯᠠᠬᠤ︶ ᠡᠮᠴᠢ ᠶᠢᠨ ᠲᠤᠭ᠎ᠠ 3.35 ᠬᠥᠮᠥᠨ ᠳᠤ ᠬᠥᠷᠪᠡ︾ ᠭᠡᠵᠦ | ᠵᠠᠰᠠᠪᠠ᠃ | ︵ᠭᠤᠷᠪᠠ︶ ︽ᠨᠡᠶᠢᠭᠡᠮ ᠤᠨ ᠬᠦᠷᠢᠶᠡᠨ ᠳᠠᠬᠢ ᠠᠮᠢᠳᠤᠷᠠᠯ ᠤᠨ ᠴᠢᠨᠠᠷᠲᠠᠢ ᠦᠢᠯᠡᠴᠢᠯᠡᠭᠡᠨ ᠤ ᠦᠢᠯᠡᠰ ᠤᠨ | ᠲᠦᠷᠭᠡᠨ ᠬᠥᠭᠵᠢᠯᠲᠡ︾ ᠭᠡᠬᠦ ᠬᠡᠰᠡᠭ ᠲᠠᠬᠢ ︽2019 ᠣᠨ ᠳᠤ᠂ ᠪᠥᠬᠦ ᠣᠷᠣᠨ ᠤ ᠰᠣᠶᠣᠯ ᠵᠢᠴᠢ ᠬᠠᠮᠢᠶ᠎ᠠ | ᠪᠦᠬᠦᠢ ᠠᠵᠤ ᠦᠢᠯᠡᠰ ᠤᠨ ᠨᠡᠮᠡᠭᠳᠡᠯ ᠥᠷᠲᠡᠭ 383.1 ᠳ᠋ᠦᠩᠰᠢᠭᠤᠷ ᠲᠥᠭᠦᠷᠢᠭ ᠲᠤ ᠬᠦᠷᠴᠦ᠂ ᠭᠠᠵᠠᠷ | ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ ᠲᠤ ᠡᠵᠡᠯᠡᠬᠦ ᠬᠤᠪᠢ ᠶᠢᠨ ᠵᠢᠩ 2.23% ᠳᠤ ᠬᠥᠷᠪᠡ︾ | ᠭᠡᠳᠡᠭ ᠢ ︽2020 ᠣᠨ ᠪᠣᠯᠬᠤ ᠳᠤ᠂ ᠪᠥᠬᠦ ᠣᠷᠣᠨ ᠤ ᠰᠣᠶᠣᠯ ᠵᠢᠴᠢ ᠬᠤᠯᠪᠣᠭᠳᠡᠯ ᠪᠦᠬᠦᠢ ᠠᠵᠤ ᠦᠢᠯᠡᠰ ᠤᠨ | ᠨᠡᠮᠡᠭᠳᠡᠯ ᠥᠷᠲᠡᠭ 375.5 ᠳ᠋ᠦᠩᠰᠢᠭᠤᠷ ᠲᠥᠭᠦᠷᠢᠭ ᠲᠤ ᠬᠦᠷᠴᠦ᠂ ᠭᠠᠵᠠᠷ ᠣᠷᠣᠨ ᠤ ᠦᠢᠯᠡᠳᠪᠦᠷᠢᠯᠡᠯ ᠤᠨ | ᠶᠡᠷᠦᠩᠬᠡᠢ ᠥᠷᠲᠡᠭ ᠲᠤ ᠡᠵᠡᠯᠡᠬᠦ ᠬᠤᠪᠢ ᠶᠢᠨ ᠵᠢᠩ 2.18% ᠳᠤ ᠬᠥᠷᠪᠡ︾ ᠭᠡᠵᠦ ᠵᠠᠰᠠᠪᠠ᠃ | ᠬᠤᠶᠠᠷ᠂ ︽ᠲᠥᠯᠦᠪᠵᠢᠭᠦᠯᠭᠡ︾ ᠶᠢᠨ ︽ᠬᠤᠶᠠᠳᠤᠭᠠᠷ ᠪᠦᠯᠦᠭ ᠤᠨ ᠶᠡᠷᠦᠩᠬᠡᠢ ᠱᠠᠭᠠᠷᠳᠠᠯᠭ᠎ᠠ︾ ᠶᠢᠨ | ᠬᠡᠰᠡᠭ ᠤᠨ ᠠᠭᠤᠯᠭ᠎ᠠ ᠳᠤ ᠳᠣᠣᠷᠠᠬᠢ ᠮᠡᠲᠦ ᠵᠠᠰᠠᠪᠤᠷᠢ ᠣᠷᠣᠭᠤᠯᠪᠠ᠃ | ︵ᠨᠢᠭᠡ︶ ︽ᠭᠤᠷᠪᠠᠳᠤᠭᠠᠷ ᠬᠡᠰᠡᠭ ᠭᠤᠣᠯ ᠬᠠᠷᠠᠯᠲᠠ︾ ᠳᠠᠬᠢ ︽ᠲᠦᠭᠡᠮᠡᠯ ᠬᠠᠷᠠᠭᠠᠯᠵᠠᠯ ᠤᠨ ᠴᠢᠨᠠᠷᠲᠠᠢ | ᠤᠯᠠᠨ ᠨᠡᠶᠢᠲᠡ ᠶᠢᠨ ᠦᠢᠯᠡᠴᠢᠯᠡᠭᠡ︾ ᠶᠢᠨ ᠲᠤᠬᠠᠢ ᠥᠭᠦᠯᠡᠯᠲᠡ ᠶᠢ ︽ᠲᠦᠭᠡᠮᠡᠯ ᠬᠠᠷᠠᠭᠠᠯᠵᠠᠯ ᠤᠨ ᠴᠢᠨᠠᠷᠲᠠᠢ | ᠤᠯᠠᠨ ᠨᠡᠶᠢᠲᠡ ᠶᠢᠨ ᠦᠨᠳᠦᠰᠦᠨ ᠪᠤᠰᠤ ᠦᠢᠯᠡᠴᠢᠯᠡᠭᠡ︾ ᠭᠡᠵᠦ ᠵᠠᠰᠠᠪᠠ᠃ | ︵ᠬᠤᠶᠠᠷ︶ ︽ᠬᠦᠰᠦᠨᠦᠭᠲᠦ 1 ︿ᠠᠷᠪᠠᠨ ᠳᠥᠷᠪᠡᠳᠦᠭᠡᠷ ᠲᠠᠪᠤᠨ ᠵᠢᠯ﹀ ᠤᠨ ᠬᠤᠭᠤᠴᠠᠭᠠᠨ ᠳᠠᠬᠢ | ᠥᠪᠡᠷᠲᠡᠭᠡᠨ ᠵᠠᠰᠠᠬᠤ ᠣᠷᠣᠨ ᠤ ᠣᠯᠠᠨ ᠨᠡᠶᠢᠲᠡ ᠶᠢᠨ ᠦᠢᠯᠡᠴᠢᠯᠡᠭᠡᠨ ᠤ ᠭᠤᠣᠯᠳᠠᠯᠭ᠎ᠠ ᠲᠠᠢ ᠬᠦᠷᠢᠶᠡᠨ ᠳᠠᠬᠢ ᠭᠤᠣᠯ | ᠪᠣᠯᠬᠤ ᠬᠥᠭᠵᠢᠯᠲᠡ ᠶᠢᠨ ᠭᠦᠢᠴᠡᠳᠬᠡᠯ ᠲᠤᠭ᠎ᠠ︾ ᠳᠤ ︽ᠥᠨᠥᠴᠢᠨ ᠬᠡᠦᠬᠡᠳ ᠪᠠ ᠪᠣᠳᠠᠲᠠᠢ ᠠᠰᠠᠷᠠᠨ ᠲᠡᠵᠢᠭᠡᠬᠦ | ᠬᠥᠮᠥᠨ ᠦᠭᠡᠢ ᠬᠡᠦᠬᠡᠳ ᠤᠨ ᠪᠠᠲᠤᠯᠠᠭ᠎ᠠ ᠶᠢᠨ ᠪᠦᠷᠬᠦᠴᠡ ᠶᠢᠨ ᠨᠣᠷᠮ᠎ᠠ ᠶᠢ ᠨᠡᠮᠡᠵᠦ᠂ ᠰᠤᠷᠬᠤ ᠨᠠᠰᠤᠨ ᠠᠴᠠ | ᠡᠮᠦᠨᠡᠬᠢ ᠰᠤᠷᠭᠠᠨ ᠬᠥᠮᠦᠵᠢᠯ ᠤᠨ ᠴᠡᠴᠡᠷᠯᠢᠭ ᠲᠤ ᠣᠷᠣᠬᠤ ᠪᠦᠬᠦ ᠨᠣᠷᠮ᠎ᠠ᠂ ᠥᠨᠳᠥᠷ ᠳᠤᠮᠳᠠᠳᠤ ᠶᠢᠨ ᠱᠠᠲᠤᠨ ᠤ | ᠰᠤᠷᠭᠠᠨ ᠬᠥᠮᠦᠵᠢᠯ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠭᠰᠠᠨ ᠨᠣᠷᠮ᠎ᠠ᠂ ᠰᠢᠨ᠎ᠡ ᠪᠠᠷ | ᠪᠠᠶᠢᠭᠤᠯᠤᠭᠰᠠᠨ ᠬᠤᠲᠠ ᠶᠢᠨ ᠲᠣᠭᠤᠷᠢᠭ᠂ ᠣᠷᠣᠨ ᠰᠠᠭᠤᠴᠠ ︵ᠵᠢᠵᠢᠭ︶ ᠲᠣᠭᠤᠷᠢᠭ ᠤᠨ ᠢᠵᠢ ᠪᠦᠷᠢᠳᠦᠭᠦᠯᠬᠦ | ᠪᠦᠲᠦᠭᠡᠨ ᠪᠠᠶᠢᠭᠤᠯᠤᠯᠲᠠ ᠶᠢᠨ ᠨᠠᠰᠤᠵᠢᠯ ᠤᠨ ᠦᠢᠯᠡᠴᠢᠯᠡᠭᠡᠨ ᠤ ᠲᠥᠬᠦᠭᠡᠷᠦᠮᠵᠢ ᠶᠢᠨ ᠪᠠᠷᠢᠮᠵᠢᠶ᠎ᠠ ᠳᠤ ᠬᠦᠷᠦᠭᠰᠡᠨ | ᠨᠣᠷᠮ᠎ᠠ᠂ ᠬᠤᠲᠠ ᠪᠠᠯᠭᠠᠰᠤ ᠶᠢᠨ ᠡᠷᠦᠬᠡ ᠠᠮᠠ ᠶᠢᠨ ᠬᠠᠷᠢᠶ᠎ᠠ ᠶᠢᠨ ᠨᠠᠭᠠᠲᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ᠂ | ᠣᠷᠣᠯᠭ᠎ᠠ ᠪᠠᠭᠠᠲᠠᠢ ᠭᠡᠷ ᠪᠦᠯᠢ ᠶᠢᠨ ᠣᠯᠠᠨ ᠨᠡᠶᠢᠲᠡ ᠶᠢᠨ ᠲᠦᠷᠢᠶᠡᠰᠦᠯᠡᠯ ᠤᠨ ᠣᠷᠣᠨ ᠰᠠᠭᠤᠴᠠ | ᠭᠤᠶᠤᠴᠢᠯᠠᠬᠤ ᠶᠢᠨ ᠪᠠᠲᠤᠯᠠᠭ᠎ᠠ ᠶᠢᠨ ᠨᠣᠷᠮ᠎ᠠ᠂ ᠨᠥᠬᠦᠴᠡᠯ ᠳᠤ ᠨᠡᠶᠢᠴᠡᠬᠦ ᠬᠥᠳᠡᠭᠡ ᠲᠣᠰᠬᠤᠨ ᠤ ᠣᠷᠣᠯᠭ᠎ᠠ | ᠪᠠᠭᠠᠲᠠᠢ ᠬᠠᠮᠲᠤᠯᠢᠭ ᠤᠨ ᠣᠷᠣᠨ ᠰᠠᠭᠤᠴᠠ ᠶᠢᠨ ᠠᠮᠤᠷ ᠲᠦᠪᠰᠢᠨ ᠤ ᠪᠠᠲᠤᠯᠠᠭ᠎ᠠ ᠶᠢᠨ ᠨᠣᠷᠮ᠎ᠠ᠂ ᠮᠢᠩᠭᠠᠨ ᠬᠥᠮᠥᠨ | ᠪᠦᠷᠢ ᠳᠤ ᠳᠠᠩᠰᠠᠯᠠᠭᠤᠯᠤᠭᠰᠠᠨ ᠰᠤᠪᠢᠯᠠᠭᠴᠢ ᠶᠢᠨ ᠲᠤᠭ᠎ᠠ ᠨᠣᠭᠳᠠᠵᠤ᠂ ᠲᠦᠮᠡᠨ ᠬᠥᠮᠥᠨ ᠪᠦᠷᠢ ᠳᠤ ᠣᠯᠠᠨ | ᠨᠡᠶᠢᠲᠡ ᠶᠢᠨ ᠰᠣᠶᠣᠯ ᠤᠨ ᠪᠡᠯᠡᠳᠬᠡᠮᠵᠢ ᠶᠢᠨ ᠦᠢᠯᠡᠴᠢᠯᠡᠭᠡ ᠭᠥᠷᠳᠡᠬᠦ ᠤᠳᠠᠭ᠎ᠠ ᠨᠣᠭᠳᠠᠵᠤ᠂ ᠵᠠᠭᠤᠨ ᠡᠷᠦᠬᠡ | ᠰᠠᠭᠤᠭᠠᠯᠢ ᠠᠷᠠᠳ ᠪᠦᠷᠢ ᠳᠤ ᠨᠡᠶᠢᠭᠡᠮ ᠲᠣᠭᠤᠷᠢᠭ ᠤᠨ ᠶᠡᠷᠦᠩᠬᠡᠶᠢᠯᠡᠭᠰᠡᠨ ᠦᠢᠯᠡᠴᠢᠯᠡᠭᠡᠨ ᠤ ᠪᠡᠯᠡᠳᠬᠡᠮᠵᠢ ᠶᠢᠨ | ᠲᠠᠯᠠᠪᠠᠶ ᠲᠠᠢ ᠪᠠᠶᠢᠬᠤ︾ ᠵᠡᠷᠭᠡ 10 ᠵᠦᠢᠯ ᠤᠨ ᠭᠦᠢᠴᠡᠳᠬᠡᠯ ᠲᠤᠭ᠎ᠠ︔ ︽ᠵᠣᠬᠢᠬᠤ ᠨᠠᠰᠤᠨ ᠤ ᠬᠡᠦᠬᠡᠳ ᠤᠨ | ᠡᠭᠡᠯᠢᠯᠡᠭᠡ ᠶᠢᠨ ᠲᠥᠯᠦᠪᠵᠢᠭᠦᠯᠭᠡ ᠶᠢᠨ ᠸᠠᠺᠼᠢᠨ ᠤ ᠲᠠᠷᠢᠯᠭ᠎ᠠ ᠬᠢᠬᠦ ᠨᠣᠷᠮ᠎ᠠ ᠶᠢ ᠬᠠᠰᠤᠵᠤ᠂ ᠲᠦᠭᠡᠮᠡᠯ | ᠬᠠᠷᠠᠭᠠᠯᠵᠠᠯ ᠤᠨ ᠴᠢᠨᠠᠷᠲᠠᠢ ᠬᠡᠦᠬᠡᠳ ᠤᠨ ᠴᠡᠴᠡᠷᠯᠢᠭ ᠤᠨ ᠪᠦᠷᠬᠦᠴᠡ᠂ ᠡᠩ ᠤᠨ ᠳᠡᠭᠡᠳᠦ ᠵᠡᠷᠭᠡ ᠶᠢᠨ ᠰᠤᠷᠭᠠᠨ | ᠬᠥᠮᠦᠵᠢᠯ ᠤᠨ ᠬᠤᠲᠠ ᠪᠠᠯᠭᠠᠰᠤᠨ ᠳᠤ ᠰᠢᠨ᠎ᠡ ᠪᠠᠷ ᠠᠵᠢᠯ ᠣᠯᠵᠤ᠂ ᠮᠢᠩᠭᠠᠨ ᠬᠥᠮᠥᠨ ᠪᠦᠷᠢ ᠳᠤ ᠨᠣᠭᠳᠠᠬᠤ ᠡᠮ | ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠣᠷᠣ ᠶᠢᠨ ᠲᠤᠭ᠎ᠠ᠂ ᠵᠢᠷᠮᠦᠰᠦᠨ ᠡᠮᠡᠭᠲᠡᠢ ᠶᠢᠨ ᠦᠬᠦᠯ ᠤᠨ | ᠨᠣᠷᠮ᠎ᠠ᠂ ᠨᠢᠯᠬ᠎ᠠ ᠬᠡᠦᠬᠡᠳ ᠤᠨ ᠦᠬᠦᠯ ᠤᠨ ᠨᠣᠷᠮ᠎ᠠ᠂ ᠰᠤᠮᠤ ᠰᠢᠶᠠᠩ ᠪᠠᠯᠭᠠᠰᠤ ︵ᠵᠡᠭᠡᠯᠢ ᠭᠤᠳᠤᠮᠵᠢ︶ ᠶᠢᠨ | ᠬᠡᠪᠴᠢᠶᠡᠨ ᠳᠤ ᠶᠡᠷᠦᠩᠬᠡᠶᠢᠯᠡᠭᠰᠡᠨ ᠴᠢᠳᠠᠮᠵᠢ ᠲᠠᠢ ᠨᠠᠰᠤᠵᠢᠯ ᠤᠨ ᠦᠢᠯᠡᠴᠢᠯᠡᠭᠡᠨ ᠤ ᠪᠠᠶᠢᠭᠤᠯᠤᠮᠵᠢ ᠶᠢᠨ | ᠪᠦᠷᠬᠦᠴᠡ ᠶᠢᠨ ᠨᠣᠷᠮ᠎ᠠ᠂ ᠣᠷᠣᠨ ᠰᠠᠭᠤᠴᠠ ᠶᠢᠨ ᠪᠠᠲᠤᠯᠠᠭ᠎ᠠ ᠶᠢᠨ ᠪᠠᠲᠤᠯᠠᠭ᠎ᠠ ᠲᠠᠢ ᠪᠣᠯᠤᠭᠰᠠᠨ ᠭᠡᠷ ᠪᠦᠯᠢ | ᠬᠢᠭᠡᠳ ᠣᠷᠣᠨ ᠰᠠᠭᠤᠴᠠ ᠶᠢᠨ ᠪᠠᠲᠤᠯᠠᠭ᠎ᠠ ᠶᠢᠨ ᠨᠥᠬᠦᠴᠡᠯ ᠳᠤ ᠨᠡᠶᠢᠴᠡᠭᠰᠡᠨ ᠭᠡᠷ ᠪᠦᠯᠢ ᠶᠢᠨ ᠬᠠᠷᠢᠴᠠᠯ᠂ | ᠴᠡᠷᠢᠭ ᠠᠴᠠ ᠬᠠᠯᠠᠭᠳᠠᠭᠰᠠᠳ ᠢ ᠲᠥᠪᠬᠢᠨᠡᠭᠦᠯᠬᠦ ᠨᠣᠷᠮ᠎ᠠ᠂ ᠲᠦᠮᠡᠨ ᠬᠥᠮᠥᠨ ᠪᠦᠷᠢ ᠳᠤ ᠨᠣᠭᠳᠠᠬᠤ ᠣᠯᠠᠨ | ᠨᠡᠶᠢᠲᠡ ᠶᠢᠨ ᠰᠣᠶᠣᠯ ᠤᠨ ᠲᠥᠬᠦᠭᠡᠷᠦᠮᠵᠢ ᠶᠢᠨ ᠪᠠᠷᠢᠯᠭ᠎ᠠ ᠶᠢᠨ ᠲᠠᠯᠠᠪᠠᠶ︾ ᠵᠡᠷᠭᠡ 11 ᠵᠦᠢᠯ ᠤᠨ ᠭᠦᠢᠴᠡᠳᠬᠡᠯ | ᠲᠤᠭ᠎ᠠ ᠶᠢ ᠲᠣᠭᠲᠠᠭᠠᠵᠤ᠂ ᠵᠠᠰᠠᠪᠤᠷᠢ ᠣᠷᠣᠭᠤᠯᠤᠭᠰᠠᠨ ᠤ ᠳᠠᠷᠠᠭ᠎ᠠ ᠪᠣᠳᠠᠲᠠᠢ ᠪᠠᠷ ᠬᠡᠯᠡᠪᠡᠯ ᠳᠣᠣᠷᠠᠬᠢ ᠮᠡᠲᠦ᠄ | ᠭᠤᠷᠪᠠ᠂ ︽ᠲᠥᠯᠦᠪᠵᠢᠭᠦᠯᠭᠡ︾ ᠶᠢᠨ ︽ᠭᠤᠷᠪᠠᠳᠤᠭᠠᠷ ᠪᠦᠯᠦᠭ ᠤᠯᠠᠨ ᠨᠡᠶᠢᠲᠡ ᠶᠢᠨ ᠦᠢᠯᠡᠴᠢᠯᠡᠭᠡᠨ ᠤ | ᠰᠢᠰᠲ᠋ᠧᠮ ᠢ ᠪᠦᠷᠢᠨᠰᠢᠭᠦᠯᠦᠨ ᠲᠡᠭᠦᠯᠳᠡᠷᠵᠢᠭᠦᠯᠬᠦ︾ ᠬᠡᠰᠡᠭ ᠠᠭᠤᠯᠭ᠎ᠠ ᠳᠤ ᠳᠣᠣᠷᠠᠬᠢ ᠮᠡᠲᠦ ᠵᠠᠰᠠᠪᠤᠷᠢ ᠣᠷᠣᠭᠤᠯᠪᠠ᠃ | | ︵ᠨᠢᠭᠡ︶ ︽ᠨᠢᠭᠡᠳᠦᠭᠡᠷ ᠬᠡᠰᠡᠭ ᠤᠯᠠᠨ ᠨᠡᠶᠢᠲᠡ ᠶᠢᠨ ᠦᠢᠯᠡᠴᠢᠯᠡᠭᠡᠨ ᠤ ᠬᠦᠷᠢᠶ᠎ᠡ ᠬᠡᠪᠴᠢᠶ᠎ᠡ ᠶᠢ ᠵᠦᠢ | ᠵᠣᠬᠢᠰᠲᠠᠢ ᠵᠠᠭᠠᠭᠯᠠᠨ ᠲᠣᠭᠲᠠᠭᠠᠨ᠎ᠠ︾ ᠭᠡᠰᠡᠨ ᠠᠭᠤᠯᠭ᠎ᠠ ᠶᠢ ︽ᠤᠯᠠᠨ ᠨᠡᠶᠢᠲᠡ ᠶᠢᠨ ᠦᠢᠯᠡᠴᠢᠯᠡᠭᠡ ᠪᠣᠯ | ᠵᠠᠰᠠᠭ ᠤᠨ ᠣᠷᠳᠣᠨ ᠠᠴᠠ ᠠᠷᠠᠳ ᠢᠷᠭᠡᠳ ᠤᠨ ᠣᠷᠣᠰᠢᠨ ᠲᠣᠭᠲᠠᠨᠢᠬᠤ ᠪᠠ ᠬᠥᠭᠵᠢᠬᠦ ᠬᠡᠷᠡᠭᠴᠡᠭᠡ ᠶᠢ | ᠬᠠᠩᠭᠠᠬᠤ ᠶᠢᠨ ᠲᠥᠯᠥᠭᠡ᠂ ᠬᠠᠤᠯᠢ ᠪᠠᠷ ᠲᠣᠭᠲᠠᠭᠠᠭᠰᠠᠨ ᠡᠷᠬᠡ ᠪᠠ ᠤᠯᠠᠨ ᠨᠡᠶᠢᠲᠡ ᠶᠢᠨ ᠡᠬᠢ ᠪᠠᠶᠠᠯᠢᠭ ᠢ | ᠬᠡᠷᠡᠭᠯᠡᠨ᠂ ᠪᠦᠬᠦ ᠠᠷᠠᠳ ᠢᠷᠭᠡᠨ ᠪᠤᠶᠤ ᠣᠨᠴᠠ ᠲᠣᠭᠲᠠᠭᠠᠭᠰᠠᠨ ᠬᠠᠮᠲᠤᠯᠢᠭ ᠲᠤ ᠬᠠᠨᠳᠤᠭᠤᠯᠤᠨ ᠵᠣᠬᠢᠶᠠᠨ | ᠪᠠᠶᠢᠭᠤᠯᠵᠤ ᠵᠣᠬᠢᠴᠠᠭᠤᠯᠬᠤ ᠪᠤᠶᠤ ᠰᠢᠭᠤᠳ ᠬᠠᠩᠭᠠᠬᠤ ᠦᠢᠯᠡᠳᠬᠦᠨ ᠪᠠ ᠦᠢᠯᠡᠴᠢᠯᠡᠭᠡ ᠮᠥᠨ︾ ᠭᠡᠵᠦ ᠵᠠᠰᠠᠪᠠ᠃ | ᠦᠢᠯᠡᠴᠢᠯᠡᠭᠡᠨ ᠤ ᠬᠠᠩᠭᠠᠯᠭ᠎ᠠ ᠶᠢᠨ ᠡᠷᠬᠡ ᠬᠠᠷᠢᠭᠤᠴᠠᠯᠭ᠎ᠠ ᠶᠢᠨ ᠠᠩᠭᠢᠯᠠᠯ ᠠᠴᠠ ᠠᠪᠴᠤ ᠦᠵᠡᠪᠡᠯ᠂ ᠤᠯᠠᠨ | ᠨᠡᠶᠢᠲᠡ ᠶᠢᠨ ᠦᠢᠯᠡᠴᠢᠯᠡᠭᠡ ᠳᠤ ᠦᠨᠳᠦᠰᠦᠨ ᠤᠯᠠᠨ ᠨᠡᠶᠢᠲᠡ ᠶᠢᠨ ᠦᠢᠯᠡᠴᠢᠯᠡᠭᠡ᠂ ᠲᠦᠭᠡᠮᠡᠯ ᠬᠠᠷᠠᠭᠠᠯᠵᠠᠯ ᠤᠨ | ᠴᠢᠨᠠᠷᠲᠠᠢ ᠦᠨᠳᠦᠰᠦᠨ ᠪᠤᠰᠤ ᠤᠯᠠᠨ ᠨᠡᠶᠢᠲᠡ ᠶᠢᠨ ᠦᠢᠯᠡᠴᠢᠯᠡᠭᠡ ᠭᠡᠬᠦ ᠬᠤᠶᠠᠷ ᠶᠡᠭᠡ ᠲᠦᠷᠦᠯ ᠪᠠᠭᠲᠠᠨ᠎ᠠ᠃ | ᠤᠯᠠᠨ ᠨᠡᠶᠢᠲᠡ ᠶᠢᠨ ᠦᠨᠳᠦᠰᠦᠨ ᠦᠢᠯᠡᠴᠢᠯᠡᠭᠡ ᠭᠡᠳᠡᠭ ᠨᠢ ᠭᠤᠣᠯᠳᠠᠭᠤ ᠵᠠᠰᠠᠭ ᠤᠨ ᠣᠷᠳᠣᠨ ᠠᠴᠠ ᠬᠠᠷᠢᠭᠤᠴᠠᠵᠤ | ᠂ ᠪᠦᠬᠦ ᠠᠷᠠᠳ ᠲᠦᠮᠡᠨ ᠤ ᠣᠷᠣᠰᠢᠨ ᠲᠣᠭᠲᠠᠨᠢᠬᠤ ᠪᠠ ᠬᠥᠭᠵᠢᠬᠦ ᠦᠨᠳᠦᠰᠦᠨ ᠬᠡᠷᠡᠭᠴᠡᠭᠡ ᠶᠢ ᠪᠠᠲᠤᠯᠠᠨ᠂ ᠠᠵᠤ | ᠠᠬᠤᠢ ᠨᠡᠶᠢᠭᠡᠮ ᠤᠨ ᠬᠥᠭᠵᠢᠯᠲᠡ ᠶᠢᠨ ᠬᠢᠷᠢ ᠬᠡᠮᠵᠢᠶ᠎ᠡ ᠯᠦᠭᠡ ᠵᠣᠬᠢᠴᠠᠯᠳᠤᠭᠰᠠᠨ ᠤᠯᠠᠨ ᠨᠡᠶᠢᠲᠡ ᠶᠢᠨ | ᠦᠢᠯᠡᠴᠢᠯᠡᠭᠡ ᠶᠢ ᠵᠢᠭᠠᠵᠤ ᠪᠠᠶᠢᠨ᠎ᠠ᠂ ᠵᠠᠰᠠᠭ ᠤᠨ ᠣᠷᠳᠣᠨ ᠠᠴᠠ ᠬᠠᠩᠭᠠᠯᠭ᠎ᠠ ᠶᠢᠨ ᠲᠤᠭ᠎ᠠ ᠬᠡᠮᠵᠢᠶ᠎ᠡ ᠪᠠ ᠶᠠᠰᠤ | ᠴᠢᠨᠠᠷ ᠢ ᠪᠠᠲᠤᠯᠠᠬᠤ ᠭᠤᠣᠯ ᠬᠠᠷᠢᠭᠤᠴᠠᠯᠭ᠎ᠠ ᠶᠢ ᠡᠭᠦᠷᠭᠡᠯᠡᠵᠦ᠂ ᠵᠠᠬ᠎ᠠ ᠳᠡᠯᠭᠡᠭᠦᠷ ᠤᠨ ᠪᠡᠶᠡᠴᠢ ᠴᠣᠭᠴᠠ ᠪᠠ | ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠨᠡᠶᠢᠭᠡᠮ ᠤᠨ ᠪᠠᠶᠢᠭᠤᠯᠤᠮᠵᠢ ᠶᠢ ᠬᠥᠲᠥᠯᠥᠨ ᠵᠢᠯᠤᠭᠤᠳᠴᠤ ᠪᠠᠶᠢᠭᠠᠳ | ᠬᠠᠩᠭᠠᠯᠭ᠎ᠠ ᠶᠢ ᠨᠥᠬᠦᠪᠦᠷᠢᠯᠡᠭᠦᠯᠦᠨᠡ᠃ ᠦᠨᠳᠦᠰᠦᠨ ᠪᠤᠰᠤ ᠣᠯᠠᠨ ᠨᠡᠶᠢᠲᠡ ᠶᠢᠨ ᠦᠢᠯᠡᠴᠢᠯᠡᠭᠡ ᠭᠡᠳᠡᠭ ᠨᠢ ᠠᠷᠠᠳ | ᠢᠷᠭᠡᠳ ᠤᠨ ᠨᠠᠩ ᠥᠨᠳᠥᠷ ᠲᠠᠰ ᠳᠠᠪᠬᠤᠷᠭ᠎ᠠ ᠶᠢᠨ ᠬᠡᠷᠡᠭᠴᠡᠭᠡ ᠱᠠᠭᠠᠷᠳᠠᠯᠭ᠎ᠠ ᠶᠢ ᠬᠠᠩᠭᠠᠵᠤ᠂ ᠨᠡᠶᠢᠭᠡᠮ ᠤᠨ | ᠪᠦᠬᠦᠶᠢᠯᠡ ᠠᠰᠠᠷᠠᠮᠵᠢ ᠶᠢᠨ ᠬᠢᠷᠢ ᠲᠦᠪᠰᠢᠨ ᠢ ᠪᠠᠲᠤᠯᠠᠬᠤ ᠳᠤ ᠵᠠᠪᠠᠯ ᠱᠠᠭᠠᠷᠳᠠᠭᠳᠠᠬᠤ ᠪᠣᠯᠪᠠᠴᠤ ᠵᠠᠬ᠎ᠠ | ᠳᠡᠯᠭᠡᠭᠦᠷ ᠤᠨ ᠠᠶᠠᠨᠳᠠᠭᠠᠨ ᠤ ᠬᠠᠩᠭᠠᠯᠭ᠎ᠠ ᠬᠦᠷᠦᠯᠴᠡᠬᠦ ᠦᠭᠡᠢ ᠣᠯᠠᠨ ᠨᠡᠶᠢᠲᠡ ᠶᠢᠨ ᠦᠢᠯᠡᠴᠢᠯᠡᠭᠡ ᠶᠢ ᠵᠢᠭᠠᠵᠤ ᠪᠣᠶ | ᠃ ᠵᠠᠰᠠᠭ ᠤᠨ ᠣᠷᠳᠣᠨ ᠠᠴᠠ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠨᠡᠶᠢᠭᠡᠮ ᠤᠨ ᠪᠠᠶᠢᠭᠤᠯᠤᠮᠵᠢ ᠪᠤᠶᠤ ᠵᠠᠬ᠎ᠠ | ᠳᠡᠯᠭᠡᠭᠦᠷ ᠤᠨ ᠪᠡᠶᠡᠴᠢ ᠴᠣᠭᠴᠠ ᠶᠢ ᠳᠡᠮᠵᠢᠬᠦ ᠪᠠᠷ ᠳᠠᠮᠵᠢᠭᠤᠯᠤᠨ᠂ ᠦᠢᠯᠡᠴᠢᠯᠡᠭᠡᠨ ᠤ ᠬᠠᠩᠭᠠᠯᠭ᠎ᠠ ᠶᠢ ᠨᠡᠮᠡᠭᠳᠡᠭᠦᠯᠦᠨ | ᠂ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠵᠦ᠂ ᠭᠤᠣᠯᠳᠠᠯᠭ᠎ᠠ ᠲᠠᠢ ᠬᠦᠷᠢᠶᠡᠨ ᠳᠠᠬᠢ ᠤᠯᠠᠨ ᠨᠡᠶᠢᠲᠡ ᠶᠢᠨ | ᠦᠨᠳᠦᠰᠦᠨ ᠪᠤᠰᠤ ᠦᠢᠯᠡᠴᠢᠯᠡᠭᠡᠨ ᠤ ᠲᠦᠭᠡᠮᠡᠯ ᠠᠰᠢᠭ ᠬᠦᠷᠲᠡᠭᠡᠬᠦ ᠬᠥᠭᠵᠢᠯᠲᠡ ᠶᠢ ᠲᠦᠯᠬᠢᠨ ᠠᠬᠢᠭᠤᠯᠵᠤ᠂ | ᠣᠯᠠᠩᠬᠢ ᠲᠣᠭᠠᠨ ᠤ ᠠᠷᠠᠳ ᠢᠷᠭᠡᠳ ᠤᠨ ᠳᠠᠭᠠᠭᠠᠵᠤ ᠳᠡᠶᠢᠯᠬᠦ ᠦᠨ᠎ᠡ ᠪᠠᠷ ᠰᠦᠢᠳᠬᠡᠯ ᠲᠤᠰᠢᠶᠠᠵᠤ ᠡᠳ᠋ᠯᠡᠬᠦ ᠶᠢ | ᠪᠡᠶᠡᠯᠡᠭᠦᠯᠦᠨ᠎ᠡ᠃ ᠣᠯᠠᠨ ᠲᠠᠰ ᠳᠠᠪᠬᠤᠷᠭ᠎ᠠ ᠶᠢᠨ ᠣᠯᠠᠨ ᠶᠠᠩᠵᠤ ᠶᠢᠨ ᠠᠮᠢᠳᠤᠷᠠᠯ ᠤᠨ ᠦᠢᠯᠡᠴᠢᠯᠡᠭᠡ ᠭᠡᠳᠡᠭ ᠨᠢ | ᠠᠷᠠᠳ ᠢᠷᠭᠡᠳ ᠤᠨ ᠣᠯᠠᠨ ᠶᠠᠩᠵᠤ ᠶᠢᠨ᠂ ᠥᠪᠡᠷᠮᠢᠴᠡᠵᠢᠭᠰᠡᠨ᠂ ᠴᠢᠨᠠᠷ ᠰᠠᠶᠢᠲᠠᠢ ᠦᠢᠯᠡᠴᠢᠯᠡᠭᠡᠨ ᠤ ᠬᠡᠷᠡᠭᠴᠡᠭᠡ | ᠱᠠᠭᠠᠷᠳᠠᠯᠭ᠎ᠠ ᠶᠢ ᠬᠠᠩᠭᠠᠬᠤ ᠠᠮᠢᠳᠤᠷᠠᠯ ᠤᠨ ᠦᠢᠯᠡᠴᠢᠯᠡᠭᠡ ᠶᠢ ᠪᠦᠷᠢᠮᠦᠰᠦᠨ ᠵᠠᠬ᠎ᠠ ᠳᠡᠯᠭᠡᠭᠦᠷ ᠠᠴᠠ ᠬᠠᠩᠭᠠᠵᠤ᠂ | ᠰᠠᠭᠤᠭᠠᠯᠢ ᠠᠷᠠᠳ ᠰᠦᠢᠳᠬᠡᠯ ᠲᠤᠰᠢᠶᠠᠵᠤ ᠡᠳ᠋ᠯᠡᠭᠦᠯᠬᠦ ᠶᠢ ᠵᠢᠭᠠᠵᠤ ᠪᠣᠶ᠂ ᠵᠠᠰᠠᠭ ᠤᠨ ᠣᠷᠳᠣᠨ ᠭᠤᠣᠯᠳᠠᠭᠤ ᠡᠷᠬᠡ | ᠲᠡᠭᠰᠢ ᠪᠠᠷ ᠥᠷᠢᠰᠦᠯᠳᠦᠬᠦ ᠵᠠᠬ᠎ᠠ ᠳᠡᠯᠭᠡᠭᠦᠷ ᠤᠨ ᠣᠷᠴᠢᠨ ᠲᠣᠭᠤᠷᠢᠨ ᠢ ᠪᠣᠶ ᠪᠣᠯᠭᠠᠬᠤ ᠶᠢ ᠬᠠᠷᠢᠭᠤᠴᠠᠵᠤ᠂ ᠠᠵᠤ | ᠦᠢᠯᠡᠰ ᠤᠨ ᠵᠢᠷᠤᠮᠵᠢᠯ ᠲᠠᠢ ᠦᠷᠭᠦᠯᠵᠢᠯᠡᠨ ᠬᠥᠭᠵᠢᠬᠦ ᠶᠢ ᠬᠥᠲᠥᠯᠥᠨ ᠵᠢᠯᠣᠭᠤᠳᠤᠨ᠎ᠠ᠃ ᠤᠯᠠᠨ ᠨᠡᠶᠢᠲᠡ ᠶᠢᠨ | ᠦᠨᠳᠦᠰᠦᠨ ᠦᠢᠯᠡᠴᠢᠯᠡᠭᠡ᠂ ᠲᠦᠭᠡᠮᠡᠯ ᠬᠠᠷᠠᠭᠠᠯᠵᠠᠯ ᠤᠨ ᠴᠢᠨᠠᠷᠲᠠᠢ ᠤᠯᠠᠨ ᠨᠡᠶᠢᠲᠡ ᠶᠢᠨ ᠦᠨᠳᠦᠰᠦᠨ ᠪᠤᠰᠤ | ᠦᠢᠯᠡᠴᠢᠯᠡᠭᠡ ᠬᠢᠭᠡᠳ ᠠᠮᠢᠳᠤᠷᠠᠯ ᠤᠨ ᠦᠢᠯᠡᠴᠢᠯᠡᠭᠡ ᠶᠢᠨ ᠬᠤᠭᠤᠷᠣᠨᠳᠣᠬᠢ ᠵᠠᠭᠠᠭ ᠬᠢᠵᠠᠭᠠᠷ ᠤᠨ ᠬᠡᠪᠴᠢᠶᠡᠨ ᠳᠤ | ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠠᠶᠢᠳᠠᠯ᠂ ᠤᠯᠤᠰ ᠤᠨ ᠲᠦᠷᠦ ᠶᠢᠨ ᠪᠣᠳᠣᠯᠭ᠎ᠠ ᠶᠢᠨ | ᠲᠣᠬᠢᠷᠠᠭᠤᠯᠤᠯᠲᠠ᠂ ᠡᠳ᠋ ᠤᠨ ᠵᠠᠰᠠᠭ ᠤᠨ ᠪᠠᠲᠤᠯᠠᠭ᠎ᠠ ᠶᠢᠨ ᠴᠢᠳᠠᠪᠤᠷᠢ ᠵᠢᠴᠢ ᠠᠷᠠᠳ ᠤᠯᠠᠨ ᠤ ᠬᠡᠷᠡᠭᠴᠡᠭᠡᠨ ᠤ | ᠬᠤᠪᠢᠷᠠᠯᠲᠠ ᠶᠢ ᠦᠨᠳᠦᠰᠦᠯᠡᠨ᠂ ᠬᠥᠳᠡᠯᠦᠩᠭᠦᠢ ᠲᠣᠬᠢᠷᠠᠭᠤᠯᠤᠯᠲᠠ ᠶᠢ ᠬᠡᠷᠡᠭᠵᠢᠭᠦᠯᠦᠨ᠎ᠡ︾ ᠭᠡᠵᠦ ᠲᠣᠭᠲᠠᠭᠠᠵᠠᠢ᠃ | ︵ᠬᠤᠶᠠᠷ︶ ︽ᠭᠤᠷᠪᠠᠳᠤᠭᠠᠷ ᠬᠡᠰᠡᠭ ᠲᠤ ᠣᠯᠠᠨ ᠨᠡᠶᠢᠲᠡ ᠶᠢᠨ ᠦᠨᠳᠦᠰᠦᠨ ᠦᠢᠯᠡᠴᠢᠯᠡᠭᠡᠨ ᠤ ᠨᠠᠷᠢᠨ | ᠬᠠᠭᠤᠳᠠᠰᠤ ᠶᠢ ᠲᠣᠳᠣᠷᠬᠠᠶᠢᠯᠠᠨ᠎ᠠ︾ ᠭᠡᠰᠡᠨ ᠭᠠᠷᠴᠠᠭ ᠢ ︽ᠭᠤᠷᠪᠠᠳᠤᠭᠠᠷ ᠬᠡᠰᠡᠭ ᠲᠤ ᠣᠯᠠᠨ ᠨᠡᠶᠢᠲᠡ ᠶᠢᠨ | ᠦᠨᠳᠦᠰᠦᠨ ᠦᠢᠯᠡᠴᠢᠯᠡᠭᠡᠨ ᠤ ᠪᠠᠷᠢᠮᠵᠢᠶ᠎ᠠ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ︾ | ᠭᠡᠵᠦ ᠵᠠᠰᠠᠪᠠ᠂ ᠠᠭᠤᠯᠭ᠎ᠠ ᠶᠢ ︽ᠥᠪᠡᠷᠲᠡᠭᠡᠨ ᠵᠠᠰᠠᠬᠤ ᠣᠷᠣᠨ ᠤ ᠣᠯᠠᠨ ᠨᠡᠶᠢᠲᠡ ᠶᠢᠨ ᠦᠨᠳᠦᠰᠦᠨ | ᠦᠢᠯᠡᠴᠢᠯᠡᠭᠡᠨ ᠤ ᠪᠠᠷᠢᠮᠵᠢᠶ᠎ᠠ ᠶᠢ ᠲᠣᠭᠲᠠᠭᠠᠨ ᠬᠡᠷᠡᠭᠵᠢᠭᠦᠯᠦᠨ᠎ᠡ᠃ ᠤᠯᠤᠰ ᠤᠨ ᠣᠯᠠᠨ ᠨᠡᠶᠢᠲᠡ ᠶᠢᠨ ᠦᠨᠳᠦᠰᠦᠨ | ᠦᠢᠯᠡᠴᠢᠯᠡᠭᠡᠨ ᠤ ᠪᠠᠷᠢᠮᠵᠢᠶ᠎ᠠ ᠶᠢ ᠦᠨᠳᠦᠰᠦᠯᠡᠨ᠂ ᠪᠥᠬᠦ ᠣᠷᠣᠨ ᠢ ᠬᠠᠮᠤᠷᠤᠭᠰᠠᠨ ᠣᠯᠠᠨ ᠨᠡᠶᠢᠲᠡ ᠶᠢᠨ ᠦᠨᠳᠦᠰᠦᠨ | ᠦᠢᠯᠡᠴᠢᠯᠡᠭᠡᠨ ᠤ ᠬᠡᠷᠡᠭᠵᠢᠭᠦᠯᠬᠦ ᠪᠠᠷᠢᠮᠵᠢᠶ᠎ᠠ ᠶᠢ ᠲᠣᠭᠲᠠᠭᠠᠵᠤ᠂ ᠣᠯᠠᠨ ᠨᠡᠶᠢᠲᠡ ᠶᠢᠨ ᠦᠨᠳᠦᠰᠦᠨ ᠦᠢᠯᠡᠴᠢᠯᠡᠭᠡᠨ ᠤ | ᠲᠥᠷᠥᠯ ᠵᠦᠢᠯ ᠤᠨ ᠦᠢᠯᠡᠴᠢᠯᠡᠬᠦ ᠡᠲᠡᠭᠡᠳ᠂ ᠦᠢᠯᠡᠴᠢᠯᠡᠬᠦ ᠠᠭᠤᠯᠭ᠎ᠠ᠂ ᠦᠢᠯᠡᠴᠢᠯᠡᠬᠦ ᠪᠠᠷᠢᠮᠵᠢᠶ᠎ᠠ᠂ ᠵᠠᠷᠤᠯᠭ᠎ᠠ ᠶᠢᠨ | ᠬᠠᠷᠢᠭᠤᠴᠠᠯᠭ᠎ᠠ ᠪᠠ ᠲᠦᠷᠦᠭᠦᠯᠡᠨ ᠬᠠᠷᠢᠭᠤᠴᠠᠬᠤ ᠨᠢᠭᠡᠴᠡ ᠶᠢ ᠲᠣᠳᠣᠷᠬᠠᠶᠢᠯᠠᠵᠤ᠂ ᠡᠯ᠎ᠡ ᠱᠠᠲᠤᠨ ᠤ ᠵᠠᠰᠠᠭ ᠤᠨ | ᠣᠷᠳᠣᠨ ᠤ ᠣᠯᠠᠨ ᠨᠡᠶᠢᠲᠡ ᠶᠢᠨ ᠦᠨᠳᠦᠰᠦᠨ ᠦᠢᠯᠡᠴᠢᠯᠡᠭᠡ ᠬᠠᠩᠭᠠᠬᠤ ᠶᠢᠨ ᠰᠠᠭᠤᠷᠢ ᠪᠠᠷᠢᠮᠵᠢᠶ᠎ᠠ ᠪᠠ ᠠᠷᠠᠳ | ᠣᠯᠠᠨ ᠤ ᠵᠣᠬᠢᠬᠤ ᠡᠷᠬᠡ ᠡᠳ᠋ᠯᠡᠬᠦ ᠶᠢᠨ ᠴᠢᠬᠤᠯᠠ ᠦᠨᠳᠦᠰᠦᠯᠡᠯ ᠪᠣᠯᠭᠠᠨ᠎ᠠ᠃ ︽ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠣᠯᠠᠨ ᠨᠡᠶᠢᠲᠡ ᠶᠢᠨ ᠦᠨᠳᠦᠰᠦᠨ ᠦᠢᠯᠡᠴᠢᠯᠡᠭᠡᠨ ᠤ ᠬᠡᠷᠡᠭᠵᠢᠭᠦᠯᠬᠦ ᠪᠠᠷᠢᠮᠵᠢᠶ᠎ᠠ ︵2021 | ᠣᠨ ᠤ ᠬᠡᠪᠯᠡᠯ︶︾ ᠶᠢᠨ ᠰᠠᠭᠤᠷᠢᠨ ᠳᠡᠭᠡᠷ᠎ᠡ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠬᠢᠷᠢ ᠬᠡᠮᠵᠢᠶ᠎ᠡ ᠪᠠ | ᠡᠳ᠋ ᠤᠨ ᠵᠠᠰᠠᠭ ᠤᠨ ᠳᠠᠭᠠᠭᠠᠬᠤ ᠴᠢᠳᠠᠪᠤᠷᠢ ᠵᠡᠷᠭᠡ ᠬᠦᠴᠦᠨ ᠵᠦᠢᠯ ᠢ ᠨᠢᠭᠡᠳᠦᠯᠲᠡᠢ ᠲᠥᠯᠥᠪᠯᠡᠨ ᠪᠣᠳᠣᠯᠬᠢᠯᠠᠵᠤ᠂ | ᠣᠯᠠᠨ ᠨᠡᠶᠢᠲᠡ ᠶᠢᠨ ᠦᠨᠳᠦᠰᠦᠨ ᠦᠢᠯᠡᠴᠢᠯᠡᠭᠡᠨ ᠤ ᠪᠣᠳᠠᠲᠠᠢ ᠬᠡᠷᠡᠭᠵᠢᠭᠦᠯᠬᠦ ᠪᠠᠷᠢᠮᠵᠢᠶ᠎ᠠ ᠳᠤ ᠬᠥᠳᠡᠯᠦᠩᠭᠦᠢ | ᠲᠣᠬᠢᠷᠠᠭᠤᠯᠤᠯᠲᠠ ᠬᠢᠨ᠎ᠡ᠃ ᠤᠯᠠᠨ ᠨᠡᠶᠢᠲᠡ ᠶᠢᠨ ᠰᠤᠷᠭᠠᠨ ᠬᠥᠮᠦᠵᠢᠯ᠂ ᠨᠡᠶᠢᠭᠡᠮ ᠤᠨ ᠳᠠᠭᠠᠳᠬᠠᠯ᠂ ᠤᠯᠠᠨ | ᠨᠡᠶᠢᠲᠡ ᠶᠢᠨ ᠰᠣᠶᠣᠯ ᠪᠡᠶ᠎ᠡ ᠶᠢᠨ ᠲᠠᠮᠢᠷ᠂ ᠵᠡᠮᠳᠡᠭᠴᠦᠳ ᠤᠨ ᠦᠢᠯᠡᠴᠢᠯᠡᠭᠡ ᠵᠡᠷᠭᠡ ᠭᠤᠣᠯᠳᠠᠯᠭ᠎ᠠ ᠲᠠᠢ | ᠬᠦᠷᠢᠶᠡᠨ ᠳᠠᠬᠢ ᠤᠯᠠᠨ ᠨᠡᠶᠢᠲᠡ ᠶᠢᠨ ᠦᠨᠳᠦᠰᠦᠨ ᠦᠢᠯᠡᠴᠢᠯᠡᠭᠡ ᠶᠢ ᠪᠠᠷᠢᠮᠵᠢᠶᠠᠵᠢᠭᠤᠯᠬᠤ ᠢᠨᠵᠧᠨᠧᠷᠢᠩ ᠢ | ᠥᠷᠨᠢᠭᠦᠯᠵᠦ᠂ ᠤᠯᠤᠰ ᠤᠨ ᠤᠯᠠᠨ ᠨᠡᠶᠢᠲᠡ ᠶᠢᠨ ᠦᠨᠳᠦᠰᠦᠨ ᠦᠢᠯᠡᠴᠢᠯᠡᠭᠡ ᠶᠢ ᠪᠠᠷᠢᠮᠵᠢᠶᠠᠵᠢᠭᠤᠯᠬᠤ | ᠲᠤᠷᠰᠢᠯᠲᠠ ᠳᠤ ᠢᠳᠡᠪᠬᠢᠲᠡᠢ ᠣᠷᠣᠯᠴᠠᠨ᠎ᠠ᠃ ᠵᠠᠰᠠᠭ ᠤᠨ ᠣᠷᠳᠣᠨ ᠤ ᠠᠯᠪᠠᠨ ᠮᠡᠳᠡᠭᠡ᠂ ᠵᠠᠰᠠᠭ ᠤᠨ ᠣᠷᠳᠣᠨ ᠤ | ᠰᠦᠯᠵᠢᠶᠡᠨ ᠥᠷᠲᠡᠭᠡ᠂ ᠰᠢᠨ᠎ᠡ ᠵᠠᠭᠤᠴᠢᠯᠠᠭᠤᠷ ᠤᠨ ᠲᠠᠪᠴᠠᠩ ᠵᠡᠷᠭᠡ ᠶᠢ ᠭᠦᠢᠴᠡᠳ ᠠᠰᠢᠭᠯᠠᠨ᠂ ᠡᠯ᠎ᠡ ᠵᠦᠢᠯ ᠤᠨ | ᠦᠨᠳᠦᠰᠦᠨ ᠣᠯᠠᠨ ᠨᠡᠶᠢᠲᠡ ᠶᠢᠨ ᠦᠢᠯᠡᠴᠢᠯᠡᠭᠡᠨ ᠤ ᠪᠠᠷᠢᠮᠵᠢᠶ᠎ᠠ ᠶᠢ ᠴᠠᠭ ᠲᠤᠬᠠᠢ ᠳᠤᠨᠢ ᠢᠯᠡ ᠪᠣᠯᠭᠠᠵᠤ᠂ ᠰᠠᠨᠠᠯ | ᠰᠠᠨᠠᠭᠤᠯᠭ᠎ᠠ ᠶᠢ ᠬᠠᠷᠢᠭᠤ ᠲᠤᠰᠬᠠᠬᠤ ᠠᠷᠭ᠎ᠠ ᠵᠠᠮ ᠢ ᠰᠠᠭᠠᠳ ᠦᠭᠡᠢ ᠨᠠᠪᠲᠠᠷᠡᠭᠦᠯᠵᠦ᠂ ᠣᠯᠠᠨ ᠲᠦᠮᠡᠨ ᠤ ᠮᠡᠳᠡᠭᠡ | ᠵᠠᠩᠭᠢ ᠣᠯᠬᠤ ᠳᠤ ᠲᠥᠬᠦᠮ ᠦᠵᠡᠭᠦᠯᠦᠨ᠂ ᠪᠠᠷᠢᠮᠵᠢᠶ᠎ᠠ ᠶᠢᠨ ᠬᠢᠨᠠᠯᠲᠠ ᠲᠠᠯᠪᠢᠵᠤ ᠬᠡᠷᠡᠭᠵᠢᠭᠦᠯᠬᠦ ᠳᠤ ᠣᠷᠣᠯᠴᠠᠵᠤ᠂ | ᠲᠣᠰ ᠪᠡᠶ᠎ᠡ ᠶᠢᠨ ᠡᠷᠬᠡ ᠠᠰᠢᠭ ᠢᠶᠠᠨ ᠬᠠᠮᠠᠭᠠᠯᠠᠨ᠎ᠠ᠃ ᠤᠯᠠᠨ ᠨᠡᠶᠢᠲᠡ ᠶᠢᠨ ᠦᠨᠳᠦᠰᠦᠨ ᠦᠢᠯᠡᠴᠢᠯᠡᠭᠡᠨ ᠤ ᠬᠢᠷᠢ | ᠬᠡᠮᠵᠢᠶ᠎ᠡ ᠶᠢ ᠬᠢᠨᠠᠨ ᠬᠡᠮᠵᠢᠬᠦ ᠰᠢᠰᠲ᠋ᠧᠮ ᠪᠠ ᠰᠠᠭᠤᠷᠢ ᠮᠡᠳᠡᠭᠡ ᠵᠠᠩᠭᠢ ᠶᠢᠨ ᠬᠥᠮᠥᠷᠭᠡ ᠶᠢᠨ ᠪᠠᠶᠢᠭᠤᠯᠤᠯᠲᠠ ᠶᠢ | ᠲᠡᠭᠦᠯᠳᠡᠷᠵᠢᠭᠦᠯᠦᠨ᠎ᠡ᠃ | ᠤᠯᠠᠨ ᠨᠡᠶᠢᠲᠡ ᠶᠢᠨ ᠦᠨᠳᠦᠰᠦᠨ ᠦᠢᠯᠡᠴᠢᠯᠡᠭᠡᠨ ᠤ ᠡᠲᠡᠭᠡᠳ ᠢ ᠮᠠᠭᠠᠳᠯᠠᠨ ᠲᠣᠭᠲᠠᠭᠠᠬᠤ ᠳᠦᠷᠢᠮ ᠢ | ᠰᠢᠯᠢᠳᠡᠭᠵᠢᠭᠦᠯᠦᠨ᠎ᠡ᠃ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠲᠠᠢ ᠭᠡᠷ ᠪᠦᠯᠢ᠂ ᠠᠮᠢᠳᠤᠷᠠᠯ ᠤᠨ ᠨᠠᠭᠠᠲᠤ | ᠵᠠᠬ᠎ᠠ ᠶᠢᠨ ᠪᠠᠲᠤᠯᠠᠭ᠎ᠠ ᠲᠠᠢ ᠵᠠᠬ᠎ᠠ ᠬᠢᠵᠠᠭᠠᠷ ᠤᠨ ᠭᠡᠷ ᠪᠦᠯᠢ᠂ ᠣᠨᠴᠠ ᠬᠦᠴᠢᠷᠳᠡᠯᠲᠡᠢ ᠬᠥᠮᠥᠰ ᠢ ᠮᠠᠭᠠᠳᠯᠠᠨ | ᠲᠣᠭᠲᠠᠭᠠᠬᠤ ᠠᠷᠭ᠎ᠠ ᠶᠢ ᠪᠦᠷᠢᠨᠰᠢᠭᠦᠯᠵᠦ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠬᠢᠷᠢ ᠬᠡᠮᠵᠢᠶ᠎ᠡ ᠯᠦᠭᠡ | ᠲᠣᠬᠢᠷᠠᠯᠴᠠᠭᠰᠠᠨ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠲᠠᠢ ᠭᠡᠷ ᠪᠦᠯᠢ ᠶᠢᠨ ᠡᠳ᠋ ᠬᠥᠷᠥᠩᠭᠡ ᠶᠢ | ᠬᠢᠵᠠᠭᠠᠷᠯᠠᠨ ᠲᠣᠭᠲᠠᠭᠠᠬᠤ ᠪᠠᠷᠢᠮᠵᠢᠶ᠎ᠠ ᠪᠤᠶᠤ ᠨᠥᠬᠦᠴᠡᠯ ᠢ ᠲᠣᠭᠲᠠᠭᠠᠵᠤ᠂ ᠡᠳ᠋ ᠤᠨ ᠬᠦᠴᠦᠨ ᠤ ᠪᠠᠶᠢᠳᠠᠯ ᠲᠠᠢ | ᠤᠶᠠᠯᠳᠤᠭᠤᠯᠤᠨ ᠬᠥᠳᠡᠯᠦᠩᠭᠦᠢ ᠪᠠᠷ ᠲᠣᠬᠢᠷᠠᠭᠤᠯᠬᠤ ᠨᠡᠶᠢᠭᠡᠮ ᠤᠨ ᠠᠪᠤᠷᠠᠨ ᠲᠤᠰᠠᠯᠠᠬᠤ ᠪᠠ ᠪᠠᠲᠤᠯᠠᠭ᠎ᠠ ᠶᠢᠨ | ᠪᠠᠷᠢᠮᠵᠢᠶ᠎ᠠ ᠶᠢ ᠪᠠᠷᠠᠭᠠᠨ ᠤ ᠦᠨ᠎ᠡ ᠶᠢᠨ ᠥᠰᠦᠯᠲᠡ ᠯᠦᠭᠡ ᠬᠤᠯᠪᠣᠭᠳᠠᠭᠤᠯᠤᠭᠰᠠᠨ ᠬᠠᠮᠲᠤᠷᠠᠨ ᠬᠥᠳᠡᠯᠦᠯᠴᠡᠬᠦ | ᠲᠣᠭᠲᠠᠴᠠ ᠶᠢ ᠨᠠᠶᠢᠳᠠᠪᠤᠷᠢᠵᠢᠭᠤᠯᠤᠨ᠎ᠠ᠃ ᠠᠰᠠᠷᠠᠨ ᠬᠠᠷᠠᠭᠠᠯᠵᠠᠬᠤ ᠡᠲᠡᠭᠡᠳ ᠢ ᠡᠩ ᠤᠨ ᠤᠯᠠᠨ ᠲᠦᠮᠡᠨ ᠢ | ᠬᠠᠮᠤᠷᠤᠭᠰᠠᠨ ᠠᠪᠤᠷᠠᠨ ᠲᠤᠰᠠᠯᠠᠬᠤ᠂ ᠨᠠᠰᠤᠵᠢᠯ ᠤᠨ ᠠᠰᠠᠷᠠᠮᠵᠢ᠂ ᠡᠮ ᠡᠮᠨᠡᠯᠭᠡ᠂ ᠣᠷᠣᠨ ᠰᠠᠭᠤᠴᠠ ᠵᠢᠴᠢ | ᠵᠡᠮᠳᠡᠭᠴᠦᠳ ᠤᠨ ᠪᠠᠲᠤᠯᠠᠭ᠎ᠠ ᠵᠡᠷᠭᠡ ᠡᠯ᠎ᠡ ᠵᠦᠢᠯ ᠤᠨ ᠨᠡᠶᠢᠭᠡᠮ ᠤᠨ ᠪᠠᠲᠤᠯᠠᠭ᠎ᠠ ᠶᠢᠨ ᠳᠦᠷᠢᠮ ᠳᠤ ᠡᠩ | ᠲᠡᠷᠢᠭᠦᠨ ᠳᠤ ᠣᠷᠣᠭᠤᠯᠤᠨ᠎ᠠ᠃ ᠠᠯᠪᠠᠨ ᠠᠴᠠ ᠡᠷᠭᠢᠯᠡᠭᠰᠡᠨ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠶᠢᠨ | ᠣᠷᠣᠵᠤ ᠰᠠᠭᠤᠬᠤ ᠶᠢ ᠶᠡᠷᠦᠩᠬᠡᠶᠢᠯᠡᠨ ᠦᠨᠡᠯᠡᠨ ᠵᠢᠱᠢᠬᠦ ᠳᠦᠷᠢᠮ ᠢ ᠪᠦᠷᠢᠨᠰᠢᠭᠦᠯᠵᠦ᠂ ᠴᠢᠳᠠᠪᠤᠷᠢ ᠪᠠᠨ ᠠᠯᠳᠠᠭᠰᠠᠨ | ᠨᠠᠰᠤᠲᠠᠶᠢᠴᠤᠳ ᠤᠨ ᠦᠨᠳᠦᠰᠦᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠬᠡᠷᠡᠭᠴᠡᠭᠡ ᠪᠥᠬᠦ | ᠰᠤᠷᠤᠯᠭ᠎ᠠ ᠶᠢᠨ ᠬᠤᠭᠤᠴᠠᠭᠠᠨ ᠳᠠᠬᠢ ᠰᠣᠷᠣᠭᠴᠢ ᠶᠢ ᠲᠡᠳᠬᠦᠨ ᠲᠤᠰᠠᠯᠠᠬᠤ ᠲᠥᠷᠥ ᠶᠢᠨ ᠪᠣᠳᠣᠯᠭ᠎ᠠ ᠶᠢ | ᠨᠠᠶᠢᠳᠠᠪᠤᠷᠢᠵᠢᠭᠤᠯᠵᠤ᠂ ᠰᠤᠷᠭᠠᠨ ᠬᠥᠮᠦᠵᠢᠯ᠂ ᠠᠷᠠᠳ ᠤᠨ ᠶᠠᠪᠤᠳᠠᠯ᠂ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠵᠡᠷᠭᠡ ᠬᠦᠷᠢᠶᠡᠨ ᠳᠠᠬᠢ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ ᠶᠢ ᠲᠦᠯᠬᠢᠨ ᠠᠬᠢᠭᠤᠯᠵᠤ᠂ | ᠨᠥᠬᠦᠴᠡᠯ ᠳᠤ ᠨᠡᠶᠢᠴᠡᠬᠦ ᠭᠡᠷ ᠤᠨ ᠠᠮᠢᠳᠤᠷᠠᠯ ᠨᠢ ᠬᠦᠴᠢᠷᠳᠡᠯᠲᠡᠢ ᠰᠣᠷᠣᠭᠴᠢ ᠳᠤ ᠲᠣᠭᠲᠠᠭᠠᠯ ᠶᠣᠰᠣᠭᠠᠷ ᠰᠤᠷᠭᠠᠨ | ᠬᠥᠮᠦᠵᠢᠯ ᠤᠨ ᠲᠤᠰᠠᠯᠠᠮᠵᠢ ᠪᠠ ᠨᠡᠶᠢᠭᠡᠮ ᠤᠨ ᠠᠪᠤᠷᠠᠨ ᠲᠤᠰᠠᠯᠠᠯᠲᠠ ᠬᠦᠷᠲᠡᠭᠡᠬᠦ ᠶᠢ ᠦᠨᠡᠨ ᠬᠦ ᠪᠠᠲᠤᠯᠠᠨ᠎ᠠ︾ ᠭᠡᠵᠡᠢ | ᠃ | ᠳᠥᠷᠪᠡ᠂ ︽ᠲᠥᠯᠦᠪᠵᠢᠭᠦᠯᠭᠡ︾ ᠶᠢᠨ ︽ᠳᠥᠷᠪᠡᠳᠦᠭᠡᠷ ᠪᠦᠯᠦᠭ ᠤᠯᠠᠨ ᠨᠡᠶᠢᠲᠡ ᠶᠢᠨ ᠦᠨᠳᠦᠰᠦᠨ | ᠦᠢᠯᠡᠴᠢᠯᠡᠭᠡ ᠶᠢ ᠠᠳᠠᠯᠢ ᠲᠡᠭᠰᠢ ᠪᠣᠯᠭᠠᠬᠤ ᠶᠢ ᠲᠦᠯᠬᠢᠨ ᠠᠬᠢᠭᠤᠯᠬᠤ︾ ᠬᠡᠰᠡᠭ ᠠᠭᠤᠯᠭ᠎ᠠ ᠳᠤ ᠳᠣᠣᠷᠠᠬᠢ ᠮᠡᠲᠦ | ᠵᠠᠰᠠᠪᠤᠷᠢ ᠣᠷᠣᠭᠤᠯᠪᠠ᠃ | ︵ᠨᠢᠭᠡ︶ ︽ᠨᠢᠭᠡᠳᠦᠭᠡᠷ ᠬᠡᠰᠡᠭ ᠨᠢᠯᠬ᠎ᠠ ᠬᠡᠦᠬᠡᠳ ᠤᠨ ᠪᠤᠶᠢᠵᠢᠯᠲᠠ ᠲᠠᠢ︾ ᠭᠡᠬᠦ ᠬᠡᠰᠡᠭ ᠠᠭᠤᠯᠭ᠎ᠠ ᠳᠤ | ᠵᠠᠰᠠᠪᠤᠷᠢ ᠣᠷᠣᠭᠤᠯᠤᠭᠰᠠᠨ᠃ | 1. ︽ᠨᠢᠯᠬ᠎ᠠ ᠬᠡᠦᠬᠡᠳ ᠢ ᠠᠰᠠᠷᠠᠨ ᠬᠠᠷᠠᠭᠠᠯᠵᠠᠬᠤ ᠦᠢᠯᠡᠴᠢᠯᠡᠭᠡ ᠶᠢ ᠲᠡᠭᠦᠯᠳᠡᠷᠵᠢᠭᠦᠯᠦᠨ᠎ᠡ︾ ᠭᠡᠰᠡᠨ | ᠬᠡᠰᠡᠭ ᠤᠨ ᠠᠭᠤᠯᠭ᠎ᠠ ᠶᠢ ᠬᠠᠰᠤᠵᠤ ᠬᠠᠶᠠᠪᠠ᠃ | 2. ︽ᠲᠤᠰᠬᠠᠢ ᠪᠤᠯᠤᠩ 1 ᠨᠢᠯᠬ᠎ᠠ ᠬᠡᠦᠬᠡᠳ ᠢ ᠪᠣᠶᠢᠵᠢᠭᠤᠯᠬᠤ ᠢᠨᠵᠧᠨᠧᠷᠢᠩ︾ ᠳᠠᠬᠢ ︽ᠬᠡᠦᠬᠡᠳ | ᠰᠠᠭᠠᠲᠠᠭᠤᠯᠬᠤ ᠦᠢᠯᠡᠴᠢᠯᠡᠭᠡᠨ ᠤ ᠲᠥᠯᠥᠪᠯᠡᠭᠡ︾ ᠶᠢᠨ ᠨᠢᠭᠡ ᠬᠡᠰᠡᠭ ᠤᠨ ᠠᠭᠤᠯᠭ᠎ᠠ ᠶᠢ ᠬᠠᠰᠤᠨ᠎ᠠ᠃ | ︵ᠬᠤᠶᠠᠷ︶ ︽ᠬᠤᠶᠠᠳᠤᠭᠠᠷ ᠬᠡᠰᠡᠭ ᠰᠤᠷᠬᠤ ᠠᠴᠠ ᠰᠤᠷᠭᠠᠨ ᠬᠥᠮᠦᠵᠢᠯ ᠲᠠᠢ︾ ᠭᠡᠬᠦ ᠬᠡᠰᠡᠭ | ᠠᠭᠤᠯᠭ᠎ᠠ ᠳᠤ ᠵᠠᠰᠠᠪᠤᠷᠢ ᠣᠷᠣᠭᠤᠯᠪᠠ᠃ | 1. ︽ᠴᠢᠨᠠᠷ ᠰᠠᠶᠢᠲᠠᠢ ᠪᠥᠭᠡᠳ ᠲᠡᠩᠴᠡᠭᠦᠷᠢᠲᠡᠢ ᠠᠯᠪᠠᠨ ᠵᠢᠷᠤᠮ ᠤᠨ ᠰᠤᠷᠭᠠᠨ ᠬᠥᠮᠦᠵᠢᠯ ᠢ | ᠬᠥᠭᠵᠢᠭᠦᠯᠦᠨ᠎ᠡ︾ ᠭᠡᠬᠦ ᠬᠡᠰᠡᠭ ᠲᠠᠬᠢ ︽ᠬᠤᠳᠠ ᠬᠥᠳᠡᠭᠡ ᠶᠢᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ | ᠰᠤᠷᠭᠠᠭᠤᠯᠢ ᠶᠢᠨ ᠲᠥᠯᠦᠪᠵᠢᠭᠦᠯᠭᠡ ᠪᠠᠶᠢᠷᠢᠯᠠᠭᠤᠯᠤᠯᠲᠠ ᠶᠢ ᠲᠡᠭᠦᠯᠳᠡᠷᠵᠢᠭᠦᠯᠦᠨ ᠰᠢᠯᠢᠳᠡᠭᠵᠢᠭᠦᠯᠦᠨ᠎ᠡ︾ ᠭᠡᠳᠡᠭ ᠢ | ︽ᠬᠤᠳᠠ ᠬᠥᠳᠡᠭᠡ ᠶᠢᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠭᠠᠭᠤᠯᠢ ︵ᠣᠨᠴᠠᠭᠠᠶ ᠰᠤᠷᠭᠠᠨ | ᠬᠥᠮᠦᠵᠢᠯ ᠤᠨ ᠰᠤᠷᠭᠠᠭᠤᠯᠢ ᠪᠠᠭᠲᠠᠨ᠎ᠠ᠂ ᠳᠣᠷᠣᠭᠰᠢ ᠠᠳᠠᠯᠢ︶ ᠶᠢᠨ ᠲᠥᠯᠦᠪᠵᠢᠭᠦᠯᠭᠡ ᠪᠠᠶᠢᠷᠢᠯᠠᠭᠤᠯᠤᠯᠲᠠ ᠶᠢ | ᠲᠡᠭᠦᠯᠳᠡᠷᠵᠢᠭᠦᠯᠦᠨ ᠰᠢᠯᠢᠳᠡᠭᠵᠢᠭᠦᠯᠵᠦ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠭᠠᠭᠤᠯᠢ ᠶᠢᠨ | ᠪᠠᠷᠢᠮᠵᠢᠶᠠᠵᠢᠭᠤᠯᠬᠤ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ︾ ᠭᠡᠵᠦ ᠵᠠᠰᠠᠪᠠ᠃ | 2. ︽ᠴᠢᠨᠠᠷ ᠰᠠᠶᠢᠲᠠᠢ ᠣᠨᠴᠠᠯᠢᠭᠲᠤ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ | ᠰᠤᠷᠭᠠᠨ ᠬᠥᠮᠦᠵᠢᠯ ᠢ ᠬᠥᠭᠵᠢᠭᠦᠯᠬᠦ︾ ᠬᠡᠰᠡᠭ ᠲᠠᠬᠢ ︽ᠬᠤᠰᠢᠭᠤ ᠰᠢᠶᠠᠨ ︵ᠬᠤᠲᠠ᠂ ᠲᠣᠭᠤᠷᠢᠭ︶ ᠤ ᠡᠩ ᠤᠨ | ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢ ᠬᠥᠭᠵᠢᠭᠦᠯᠦᠨ ᠮᠠᠨᠳᠤᠭᠤᠯᠬᠤ ᠠᠵᠢᠯᠯᠠᠭᠠᠨ ᠤ ᠲᠥᠯᠥᠪᠯᠡᠭᠡ ᠶᠢ | ᠬᠡᠷᠡᠭᠵᠢᠭᠦᠯᠬᠦ︾ ᠭᠡᠳᠡᠭ ᠢ ︽ᠰᠢᠶᠠᠨ ᠤ ᠬᠡᠪᠴᠢᠶᠡᠨ ᠤ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢ | ᠬᠥᠭᠵᠢᠭᠦᠯᠦᠨ ᠳᠡᠭᠡᠭᠰᠢᠯᠡᠭᠦᠯᠬᠦ ᠠᠵᠢᠯᠯᠠᠭ᠎ᠠ ᠶᠢ ᠬᠡᠷᠡᠭᠵᠢᠭᠦᠯᠬᠦ︾ ᠭᠡᠵᠦ ᠵᠠᠰᠠᠪᠠ︔ ︽2025 ᠣᠨ ᠪᠣᠯᠬᠤ ᠳᠤ᠂ | ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠱᠠᠲᠤᠨ ᠤ ᠰᠤᠷᠭᠠᠭᠤᠯᠢ ᠳᠤ ᠣᠷᠣᠬᠤ ᠪᠥᠬᠦ ᠨᠣᠷᠮ᠎ᠠ ᠶᠢ | 95% ᠠᠴᠠ ᠳᠡᠭᠡᠭᠰᠢ ᠳᠤ ᠬᠦᠷᠦᠭᠦᠯᠦᠨ᠎ᠡ︾ ᠭᠡᠳᠡᠭ ᠢ ︽ᠡᠩ ᠤᠨ ᠥᠨᠳᠥᠷ ᠵᠡᠷᠭᠡ ᠶᠢᠨ ᠳᠤᠮᠳᠠᠳᠤ | ᠰᠤᠷᠭᠠᠭᠤᠯᠢ ᠶᠢᠨ ᠰᠣᠷᠣᠭᠴᠢ ᠣᠯᠠᠨᠲᠠᠢ ᠠᠩᠭᠢ ᠶᠢᠨ ᠲᠤᠭ᠎ᠠ ᠶᠢ ᠲᠦᠷᠭᠡᠪᠴᠢᠯᠡᠨ ᠠᠷᠢᠯᠭᠠᠵᠤ᠂ ᠶᠡᠭᠡ ᠬᠡᠪᠴᠢᠶᠡᠨ ᠤ | ᠰᠤᠷᠭᠠᠭᠤᠯᠢ ᠶᠢ ᠢᠳᠡᠪᠬᠢᠲᠡᠢ ᠪᠥᠭᠡᠳ ᠯᠠᠪᠳᠠᠭᠤᠨ ᠢᠶᠠᠷ ᠰᠢᠶᠠᠨ ᠤ ᠰᠤᠷᠭᠠᠭᠤᠯᠢ ᠶᠢᠨ ᠵᠠᠬᠢᠷᠤᠯ ᠪᠠ ᠪᠠᠭᠰᠢ ᠶᠢᠨ | ᠪᠣᠯᠪᠠᠰᠤᠷᠠᠯ ᠢ ᠴᠢᠩᠭᠠᠳᠬᠠᠵᠤ᠂ ᠪᠠᠭᠰᠢ ᠶᠢ ᠨᠥᠬᠦᠪᠦᠷᠢᠯᠡᠬᠦ ᠲᠣᠭᠲᠠᠴᠠ ᠶᠢ ᠲᠡᠭᠦᠯᠳᠡᠷᠵᠢᠭᠦᠯᠦᠨ᠎ᠡ᠃ ᠬᠤᠯᠪᠣᠭᠳᠠᠯ | ᠪᠦᠬᠦᠢ ᠳᠡᠭᠡᠳᠦ ᠰᠤᠷᠭᠠᠭᠤᠯᠢ ᠪᠠ ᠣᠷᠣᠨ ᠨᠤᠲᠤᠭ ᠢ ᠵᠣᠬᠢᠶᠠᠨ ᠪᠠᠶᠢᠭᠤᠯᠤᠨ ᠰᠢᠶᠠᠨ ᠤ ᠳᠣᠲᠣᠷᠠᠬᠢ ᠨᠠᠶᠢᠳᠠᠨ | ᠬᠠᠮᠢᠶᠠᠷᠤᠭᠤᠯᠵᠤ ᠬᠠᠪᠰᠤᠷᠤᠨ ᠲᠡᠳᠬᠦᠬᠦ ᠠᠵᠢᠯ ᠤᠨ ᠬᠡᠷᠡᠭᠵᠢᠭᠦᠯᠬᠦ ᠲᠥᠰᠥᠯ ᠢ ᠵᠥᠪᠳᠡᠯᠴᠡᠨ ᠲᠣᠭᠲᠠᠭᠠᠵᠤ᠂ | ᠰᠢᠶᠠᠨ ᠤ ᠳᠣᠲᠣᠷᠠᠬᠢ ᠨᠠᠶᠢᠳᠠᠨ ᠬᠠᠮᠢᠶᠠᠷᠤᠭᠤᠯᠵᠤ ᠬᠠᠪᠰᠤᠷᠤᠨ ᠲᠡᠳᠬᠦᠬᠦ ᠢᠨᠵᠧᠨᠧᠷᠢᠩ ᠢ ᠬᠡᠷᠡᠭᠵᠢᠭᠦᠯᠵᠦ᠂ | ᠰᠢᠶᠠᠨ ᠤ ᠳᠣᠲᠣᠷᠠᠬᠢ ᠰᠤᠷᠭᠠᠭᠤᠯᠢ ᠡᠷᠬᠢᠯᠡᠬᠦ ᠬᠢᠷᠢ ᠬᠡᠮᠵᠢᠶ᠎ᠡ ᠶᠢ ᠲᠦᠷᠭᠡᠪᠴᠢᠯᠡᠨ ᠳᠡᠭᠡᠭᠰᠢᠯᠡᠭᠦᠯᠦᠨ᠎ᠡ︾ ᠭᠡᠵᠦ | ᠲᠣᠭᠲᠠᠭᠠᠵᠠᠢ᠃ | 3. ︽ᠣᠯᠠᠨ ᠡᠰᠢᠲᠦ ᠠᠭᠤᠰᠤᠯᠴᠠᠭᠰᠠᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠢ ᠬᠥᠭᠵᠢᠭᠦᠯᠦᠨ᠎ᠡ | ︾ ᠭᠡᠬᠦ ᠬᠡᠰᠡᠭ ᠲᠠᠬᠢ ︽ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠰᠠᠭᠤᠷᠢ ᠶᠢ ᠴᠢᠩᠭᠠᠳᠬᠠᠬᠤ | ᠢᠨᠵᠧᠨᠧᠷᠢᠩ ᠢ ᠬᠡᠷᠡᠭᠵᠢᠭᠦᠯᠦᠨ᠎ᠡ︾ ᠭᠡᠳᠡᠭ ᠢ ︽ᠣᠲᠣ ᠦᠶ᠎ᠡ ᠶᠢᠨ ᠳᠤᠮᠳᠠ ᠵᠡᠷᠭᠡ ᠶᠢᠨ ᠠᠵᠢᠯ ᠮᠡᠷᠭᠡᠵᠢᠯ ᠤᠨ | ᠰᠤᠷᠭᠠᠨ ᠬᠥᠮᠦᠵᠢᠯ ᠤᠨ ᠶᠠᠰᠤ ᠴᠢᠨᠠᠷ ᠢ ᠳᠡᠭᠡᠭᠰᠢᠯᠡᠭᠦᠯᠬᠦ ᠢᠨᠵᠧᠨᠧᠷᠢᠩ ᠢ ᠬᠡᠷᠡᠭᠵᠢᠭᠦᠯᠦᠨ᠎ᠡ︾ ᠭᠡᠵᠦ ᠵᠠᠰᠠᠪᠠ᠃ | ︵ᠭᠤᠷᠪᠠ︶ ︽ᠭᠤᠷᠪᠠᠳᠤᠭᠠᠷ ᠬᠡᠰᠡᠭ ᠬᠥᠳᠡᠯᠮᠦᠷᠢᠯᠡᠪᠡᠯ ᠠᠰᠢᠭ ᠣᠷᠣᠯᠭ᠎ᠠ︾ ᠶᠢᠨ ᠬᠡᠰᠡᠭ ᠠᠭᠤᠯᠭ᠎ᠠ ᠳᠤ | ᠵᠠᠰᠠᠪᠤᠷᠢ ᠣᠷᠣᠭᠤᠯᠤᠭᠰᠠᠨ᠃ | 1. ︽ᠠᠳᠠᠯ ᠦᠢᠯᠡᠰ ᠴᠣᠭᠴᠠᠯᠠᠬᠤ ᠪᠠᠷ ᠠᠵᠢᠯ ᠣᠯᠭᠤᠯᠲᠠ ᠶᠢ ᠳᠠᠶᠢᠴᠢᠯᠠᠬᠤ ᠶᠢ ᠴᠢᠩᠭᠠᠷᠠᠭᠤᠯᠤᠨ᠎ᠠ︾ | ᠭᠡᠬᠦ ᠬᠡᠰᠡᠭ ᠲᠠᠬᠢ ︽ᠴᠥᠭᠡᠨ ᠲᠣᠭᠠᠲᠤ ᠦᠨᠳᠦᠰᠦᠲᠡᠨ ᠤ ᠣᠶᠤᠲᠠᠳ ᠤᠨ ᠠᠵᠢᠯ ᠣᠯᠵᠤ ᠠᠳᠠᠯ ᠦᠢᠯᠡᠰ | ᠴᠣᠭᠴᠠᠯᠠᠬᠤ ᠶᠢ ᠲᠡᠳᠬᠦᠬᠦ ᠡᠷᠴᠢᠮ ᠢ ᠴᠢᠩᠭᠠᠷᠠᠭᠤᠯᠵᠤ᠂ ᠮᠠᠯᠴᠢᠨ ᠲᠠᠷᠢᠶᠠᠴᠢᠳ ᠤᠨ ᠠᠵᠢᠯ ᠣᠯᠵᠤ ᠠᠳᠠᠯ ᠦᠢᠯᠡᠰ | ᠴᠣᠭᠴᠠᠯᠠᠬᠤ ᠶᠢ ᠳᠡᠮᠵᠢᠨ ᠵᠣᠷᠢᠭᠵᠢᠭᠤᠯᠵᠤ᠂ ᠭᠠᠳᠠᠭᠰᠢ ᠭᠠᠷᠴᠤ ᠠᠵᠢᠯ ᠬᠥᠳᠡᠯᠮᠦᠷᠢ ᠬᠢᠵᠦ ᠪᠠᠶᠢᠭ᠎ᠠ ᠬᠥᠮᠥᠰ | ᠵᠡᠷᠭᠡ ᠶᠢᠨ ᠨᠤᠲᠤᠭ ᠲᠠᠭᠠᠨ ᠪᠤᠴᠠᠵᠤ ᠠᠳᠠᠯ ᠦᠢᠯᠡᠰ ᠴᠣᠭᠴᠠᠯᠠᠬᠤ ᠶᠢ ᠳᠡᠮᠵᠢᠨ᠎ᠡ︾ ᠭᠡᠳᠡᠭ ᠢ ︽ᠮᠠᠯᠴᠢᠨ | ᠲᠠᠷᠢᠶᠠᠴᠢᠳ ᠤᠨ ᠠᠵᠢᠯ ᠣᠯᠵᠤ ᠠᠳᠠᠯ ᠦᠢᠯᠡᠰ ᠴᠣᠭᠴᠠᠯᠠᠬᠤ ᠶᠢ ᠳᠡᠮᠵᠢᠨ ᠵᠣᠷᠢᠭᠵᠢᠭᠤᠯᠵᠤ᠂ ᠭᠠᠳᠠᠭᠰᠢ ᠭᠠᠷᠴᠤ | ᠠᠵᠢᠯ ᠬᠥᠳᠡᠯᠮᠦᠷᠢ ᠬᠢᠵᠦ ᠪᠠᠶᠢᠭ᠎ᠠ ᠬᠥᠮᠥᠰ ᠵᠡᠷᠭᠡ ᠶᠢᠨ ᠨᠤᠲᠤᠭ ᠲᠠᠭᠠᠨ ᠪᠤᠴᠠᠵᠤ ᠠᠳᠠᠯ ᠦᠢᠯᠡᠰ ᠴᠣᠭᠴᠠᠯᠠᠬᠤ ᠶᠢ | ᠳᠡᠮᠵᠢᠨ᠎ᠡ᠃ ᠬᠥᠭᠵᠢᠯᠲᠡ ᠪᠠᠷ ᠠᠨᠠᠢ ᠭᠠᠵᠠᠷ ᠣᠷᠣᠨ ᠢᠯᠠᠩᠭᠤᠶ᠎ᠠ ᠶᠠᠳᠠᠭᠤ ᠠᠴᠠ ᠠᠩᠭᠢᠵᠢᠷᠠᠭᠰᠠᠨ ᠭᠠᠵᠠᠷ | ᠣᠷᠣᠨ ᠳᠤ᠂ ᠣᠨᠳᠣᠣ ᠭᠠᠵᠠᠷ ᠨᠡᠭᠦᠯᠭᠡᠵᠦ ᠶᠠᠳᠠᠭᠤ ᠶᠢ ᠲᠡᠳᠬᠦᠬᠦ ᠲᠣᠮᠣ ᠬᠡᠯᠪᠡᠷᠢ ᠶᠢᠨ ᠲᠥᠪᠬᠢᠨᠡᠭᠦᠯᠬᠦ ᠣᠷᠣᠨ ᠳᠤ | ᠤᠯᠠᠨ ᠨᠡᠶᠢᠲᠡ ᠶᠢᠨ ᠠᠵᠢᠯ ᠣᠯᠭᠤᠯᠲᠠ ᠶᠢᠨ ᠦᠢᠯᠡᠴᠢᠯᠡᠭᠡᠨ ᠤ ᠲᠠᠪᠴᠠᠩ ᠢ ᠪᠠᠶᠢᠭᠤᠯᠵᠤ᠂ ᠤᠯᠠᠨ ᠨᠡᠶᠢᠲᠡ ᠶᠢᠨ | ᠠᠵᠢᠯ ᠣᠯᠭᠤᠯᠲᠠ ᠶᠢᠨ ᠪᠦᠬᠦ ᠲᠠᠯ᠎ᠠ ᠶᠢᠨ ᠦᠢᠯᠡᠴᠢᠯᠡᠭᠡ ᠶᠢ ᠬᠠᠩᠭᠠᠨ᠎ᠠ᠃ ᠤᠯᠠᠨ ᠨᠡᠶᠢᠲᠡ ᠶᠢᠨ ᠠᠵᠢᠯ ᠣᠯᠭᠤᠯᠲᠠ | ᠦᠢᠯᠡᠰ ᠪᠣᠰᠬᠠᠬᠤ ᠦᠢᠯᠡᠴᠢᠯᠡᠭᠡᠨ ᠤ ᠲᠣᠭᠠᠴᠢᠯᠠᠭᠰᠠᠨ ᠬᠡᠯᠪᠡᠷᠢ ᠶᠢ ᠬᠤᠪᠢᠷᠠᠭᠤᠯᠬᠤ ᠶᠢ ᠲᠦᠷᠭᠡᠳᠬᠡᠨ ᠠᠬᠢᠭᠤᠯᠵᠤ᠂ | ᠲᠦᠷᠦ ᠶᠢᠨ ᠪᠣᠳᠣᠯᠭ᠎ᠠ ᠶᠢ ᠲᠠᠶᠢᠯᠪᠤᠷᠢᠯᠠᠨ ᠬᠦᠷᠭᠡᠬᠦ᠂ ᠲᠤᠬᠠᠶᠢᠯᠠᠭᠰᠠᠨ ᠠᠵᠢᠯ ᠢ ᠭᠦᠢᠴᠡᠳᠬᠡᠵᠦ ᠯᠠᠪᠯᠠᠬᠤ ᠶᠢ ᠨᠢᠭᠡ | ᠴᠣᠭᠴᠠᠵᠢᠭᠤᠯᠤᠭᠰᠠᠨ ᠰᠦᠯᠵᠢᠶᠡᠨ ᠳᠡᠭᠡᠷᠡᠬᠢ ᠣᠶᠤᠨᠴᠢ ᠦᠢᠯᠡᠴᠢᠯᠡᠭᠡ᠂ ᠰᠦᠯᠵᠢᠶᠡᠨ ᠭᠠᠳᠠᠨᠠᠬᠢ ᠥᠪᠡᠷ ᠢᠶᠠᠨ | ᠦᠢᠯᠡᠴᠢᠯᠡᠬᠦ ᠦᠢᠯᠡᠴᠢᠯᠡᠭᠡᠨ ᠤ ᠰᠢᠰᠲ᠋ᠧᠮ ᠢ ᠪᠠᠶᠢᠭᠤᠯᠤᠨ᠎ᠠ︾᠃ | 2. ︽ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ ᠢ ᠢᠳᠡᠪᠬᠢᠲᠡᠢ ᠥᠷᠨᠢᠭᠦᠯᠦᠨ᠎ᠡ︾ | ᠭᠡᠬᠦ ᠬᠡᠰᠡᠭ ᠲᠠᠬᠢ ︽ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢ ᠳᠡᠭᠡᠭᠰᠢᠯᠡᠭᠦᠯᠬᠦ ᠠᠵᠢᠯᠯᠠᠭ᠎ᠠ ᠶᠢ ᠬᠡᠷᠡᠭᠵᠢᠭᠦᠯᠦᠨ᠎ᠡ︾ | ᠭᠡᠰᠡᠨ ᠥᠭᠦᠯᠡᠯᠲᠡ ᠶᠢ ᠬᠠᠰᠤᠨ᠎ᠠ᠃ | 3. ︽ᠠᠵᠢᠯ ᠤᠨ ᠳᠠᠭᠠᠳᠬᠠᠯ ᠤᠨ ᠳᠦᠷᠢᠮ ᠢ ᠲᠡᠭᠦᠯᠳᠡᠷᠵᠢᠭᠦᠯᠦᠨ᠎ᠡ︾ ᠭᠡᠬᠦ ᠬᠡᠰᠡᠭ ᠲᠠᠬᠢ ︽ | ᠠᠵᠢᠯ ᠠᠴᠠ ᠪᠣᠯᠤᠭᠰᠠᠨ ᠭᠡᠮᠲᠦᠯ ᠢ ᠡᠷᠡᠭᠦᠯᠵᠢᠭᠦᠯᠬᠦ ᠠᠵᠢᠯ ᠤᠨ ᠥᠷᠨᠢᠯᠲᠡ ᠶᠢ ᠲᠦᠯᠬᠢᠨ ᠠᠬᠢᠭᠤᠯᠤᠨ᠎ᠠ︾ ᠭᠡᠳᠡᠭ ᠢ | ︽ᠠᠵᠢᠯ ᠠᠴᠠ ᠪᠣᠯᠤᠭᠰᠠᠨ ᠭᠡᠮᠲᠦᠯ ᠢ ᠤᠷᠢᠳᠴᠢᠯᠠᠨ ᠰᠡᠷᠭᠡᠶᠢᠯᠡᠬᠦ ᠪᠠ ᠠᠵᠢᠯ ᠠᠴᠠ ᠪᠣᠯᠤᠭᠰᠠᠨ ᠭᠡᠮᠲᠦᠯ ᠢ | ᠡᠷᠡᠭᠦᠯᠵᠢᠭᠦᠯᠬᠦ ᠠᠵᠢᠯ ᠤᠨ ᠥᠷᠨᠢᠯᠲᠡ ᠶᠢ ᠲᠦᠯᠬᠢᠨ ᠠᠬᠢᠭᠤᠯᠤᠨ᠎ᠠ︾ ᠭᠡᠵᠦ ᠵᠠᠰᠠᠪᠠ᠃ | ︵ᠳᠥᠷᠪᠡ︶ ︽ᠳᠥᠷᠪᠡᠳᠦᠭᠡᠷ ᠬᠡᠰᠡᠭ ᠡᠪᠡᠳᠴᠢᠯᠡᠪᠡᠯ ᠦᠵᠡᠭᠦᠯᠬᠦ ᠡᠮᠨᠡᠯᠭᠡ ᠲᠠᠢ︾ ᠭᠡᠬᠦ ᠬᠡᠰᠡᠭ | ᠠᠭᠤᠯᠭ᠎ᠠ ᠳᠤ ᠵᠠᠰᠠᠪᠤᠷᠢ ᠣᠷᠣᠭᠤᠯᠤᠭᠰᠠᠨ᠃ | 1. ︽ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠭᠡ ᠶᠢ ᠴᠢᠩᠭᠠᠳᠬᠠᠨ᠎ᠠ︾ ᠭᠡᠬᠦ | ᠬᠡᠰᠡᠭ ᠲᠠᠬᠢ ︽ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠨᠳᠦᠰᠦᠨ ᠦᠢᠯᠡᠴᠢᠯᠡᠭᠡᠨ ᠤ ᠬᠥᠮᠥᠨ | ᠳᠤᠮᠳᠠᠴᠢ ᠶᠢᠨ ᠨᠥᠬᠦᠪᠦᠷᠢ ᠶᠢᠨ ᠪᠠᠷᠢᠮᠵᠢᠶ᠎ᠠ ᠶᠢ ᠳᠡᠭᠡᠭᠰᠢᠯᠡᠭᠦᠯᠦᠨ᠎ᠡ︾ ᠭᠡᠰᠡᠨ ᠥᠭᠦᠯᠡᠯᠲᠡ ᠶᠢ ᠬᠠᠰᠤᠪᠠ᠃ | 2. ︽ᠡᠮᠴᠢᠯᠡᠭᠡᠨ ᠤ ᠦᠢᠯᠡᠴᠢᠯᠡᠭᠡ ᠶᠢ ᠲᠡᠭᠦᠯᠳᠡᠷᠵᠢᠭᠦᠯᠬᠦ︾ ᠬᠡᠰᠡᠭ ᠲᠠᠬᠢ ︽ᠨᠠᠰᠤᠲᠠᠶᠢᠴᠤᠳ ᠤᠨ | ᠡᠮᠨᠡᠯᠭᠡ ᠶᠢᠨ ᠬᠤᠷᠢᠶ᠎ᠠ᠂ ᠡᠷᠡᠭᠦᠯᠵᠢᠯ ᠤᠨ ᠡᠮᠨᠡᠯᠭᠡ ᠶᠢᠨ ᠬᠤᠷᠢᠶ᠎ᠠ᠂ ᠰᠤᠪᠢᠯᠠᠯᠲᠠ ᠶᠢᠨ ᠬᠤᠷᠢᠶ᠎ᠠ᠂ ᠠᠮᠤᠷ ᠲᠠᠶᠢᠪᠤᠩ | ᠰᠤᠪᠢᠯᠠᠯᠲᠠ ᠶᠢᠨ ᠲᠥᠪ ᠵᠡᠷᠭᠡ ᠦᠷᠭᠦᠯᠵᠢᠯᠡᠭᠰᠡᠨ ᠴᠢᠨᠠᠷᠲᠠᠢ ᠡᠮᠴᠢᠯᠡᠭᠡᠨ ᠤ ᠪᠠᠶᠢᠭᠤᠯᠤᠮᠵᠢ ᠶᠢᠨ ᠪᠦᠲᠦᠭᠡᠨ | ᠪᠠᠶᠢᠭᠤᠯᠤᠯᠲᠠ ᠶᠢ ᠴᠢᠩᠭᠠᠳᠬᠠᠬᠤ︾ ᠭᠡᠳᠡᠭ ᠢ ︽ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ | ᠦᠢᠯᠡᠴᠢᠯᠡᠭᠡᠨ ᠤ ᠲᠥᠪ ︵ᠥᠷᠲᠡᠭᠡ︶᠂ ᠰᠤᠮᠤ ᠰᠢᠶᠠᠩ ᠪᠠᠯᠭᠠᠰᠤ ᠶᠢᠨ ᠡᠷᠡᠭᠦᠯ ᠬᠠᠮᠠᠭᠠᠯᠠᠯ ᠤᠨ ᠬᠤᠷᠢᠶ᠎ᠠ ᠪᠠ | ᠭᠠᠴᠠᠭ᠎ᠠ ᠲᠣᠰᠬᠤᠨ ᠤ ᠡᠷᠡᠭᠦᠯ ᠬᠠᠮᠠᠭᠠᠯᠠᠯ ᠤᠨ ᠲᠠᠰᠤᠭ ᠤᠨ ᠪᠠᠷᠢᠮᠵᠢᠶᠠᠵᠢᠭᠤᠯᠬᠤ ᠪᠦᠲᠦᠭᠡᠨ ᠪᠠᠶᠢᠭᠤᠯᠤᠯᠲᠠ ᠶᠢ | ᠴᠢᠩᠭᠠᠳᠬᠠᠬᠤ ᠬᠡᠷᠡᠭᠲᠡᠢ᠃ ᠨᠠᠰᠤᠲᠠᠶᠢᠴᠤᠳ ᠤᠨ ᠡᠮᠨᠡᠯᠭᠡ ᠶᠢᠨ ᠬᠤᠷᠢᠶ᠎ᠠ᠂ ᠡᠷᠡᠭᠦᠯᠵᠢᠯ ᠤᠨ ᠡᠮᠨᠡᠯᠭᠡ ᠶᠢᠨ ᠬᠤᠷᠢᠶ᠎ᠠ | ᠂ ᠰᠤᠪᠢᠯᠠᠯᠲᠠ ᠶᠢᠨ ᠬᠤᠷᠢᠶ᠎ᠠ᠂ ᠠᠮᠤᠷ ᠲᠠᠶᠢᠪᠤᠩ ᠰᠤᠪᠢᠯᠠᠯᠲᠠ ᠶᠢᠨ ᠲᠥᠪ ᠵᠡᠷᠭᠡ ᠦᠷᠭᠦᠯᠵᠢᠯᠡᠭᠰᠡᠨ ᠴᠢᠨᠠᠷᠲᠠᠢ | ᠡᠮᠴᠢᠯᠡᠭᠡᠨ ᠤ ᠪᠠᠶᠢᠭᠤᠯᠤᠮᠵᠢ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ︾︔ ︽ᠡᠮᠡᠭᠲᠡᠶᠢᠴᠦᠳ | ᠬᠡᠦᠬᠡᠳ ᠤᠨ ᠡᠷᠡᠭᠦᠯ ᠮᠡᠨᠳᠦ ᠶᠢᠨ ᠦᠢᠯᠡᠴᠢᠯᠡᠭᠡᠨ ᠤ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠴᠡᠭᠡᠵᠢ | ᠡᠪᠡᠳᠬᠦ ᠶᠢᠨ ᠲᠥᠪ᠂ ᠨᠠᠰᠤ ᠪᠠᠷᠠᠭᠰᠠᠳ ᠤᠨ ᠲᠥᠪ᠂ ᠰᠢᠷᠬ᠎ᠠ ᠶᠢᠨ ᠲᠥᠪ᠂ ᠠᠮᠢᠰᠬᠤᠯ ᠤᠨ ᠲᠥᠪ᠂ ᠬᠠᠪᠤᠳᠠᠷ ᠢ | ᠶᠡᠷᠦᠩᠬᠡᠶᠢᠯᠡᠨ ᠵᠠᠰᠠᠬᠤ ᠲᠥᠪ ᠵᠡᠷᠭᠡ ᠲᠤᠰᠬᠠᠢ ᠡᠪᠡᠳᠴᠢᠨ ᠤ ᠲᠥᠪ ᠤᠨ ᠪᠠᠶᠢᠭᠤᠯᠤᠯᠲᠠ ᠶᠢ ᠲᠦᠯᠬᠢᠨ | ᠠᠬᠢᠭᠤᠯᠤᠨ᠎ᠠ︾ ᠭᠡᠳᠡᠭ ᠤᠨ ᠳᠠᠷᠠᠭ᠎ᠠ ︽ᠬᠡᠦᠬᠡᠳ ᠤᠨ ᠰᠠᠯᠠᠭ᠎ᠠ᠂ ᠶᠡᠷᠦᠩᠬᠡᠢ ᠰᠠᠯᠠᠭ᠎ᠠ᠂ ᠮᠡᠳᠡᠷᠡᠯ ᠤᠨ ᠰᠠᠯᠠᠭ᠎ᠠ | ᠵᠡᠷᠭᠡ ᠪᠠᠴᠢᠮ ᠲᠤᠲᠠᠭᠳᠠᠵᠤ ᠪᠠᠶᠢᠭ᠎ᠠ ᠲᠤᠰᠬᠠᠢ ᠮᠡᠷᠭᠡᠵᠢᠯ ᠢᠶᠠᠷ ᠭᠤᠣᠯᠳᠠᠯᠭ᠎ᠠ ᠪᠣᠯᠭᠠᠵᠤ᠂ ᠡᠮᠨᠡᠯᠭᠡ ᠳᠤ ᠰᠠᠭᠤᠬᠤ | ᠶᠡᠭᠡ ᠡᠮᠴᠢ ᠶᠢᠨ ᠵᠢᠷᠤᠮᠵᠢᠭᠰᠠᠨ ᠪᠣᠯᠪᠠᠰᠤᠷᠠᠭᠤᠯᠤᠯ ᠤᠨ ᠰᠠᠭᠤᠷᠢᠨ ᠭᠠᠵᠠᠷ ᠤᠨ ᠪᠠᠶᠢᠭᠤᠯᠤᠯᠲᠠ ᠶᠢ ᠴᠢᠩᠭᠠᠳᠬᠠᠨ᠎ᠠ︾ | ᠭᠡᠰᠡᠨ ᠠᠭᠤᠯᠭ᠎ᠠ ᠶᠢ ᠨᠡᠮᠡᠪᠡ᠃ | 3. ︽ᠦᠨᠳᠦᠰᠦᠨ ᠡᠮᠴᠢᠯᠡᠭᠡᠨ ᠤ ᠪᠠᠲᠤᠯᠠᠭ᠎ᠠ ᠶᠢ ᠪᠠᠲᠤᠳᠬᠠᠬᠤ︾ ᠬᠡᠰᠡᠭ ᠲᠠᠬᠢ ︽ᠡᠮᠴᠢᠯᠡᠭᠡᠨ ᠤ | ᠳᠠᠭᠠᠳᠬᠠᠯ ᠤᠨ ᠲᠣᠭᠠᠴᠠᠭ᠎ᠠ ᠬᠢᠬᠦ ᠲᠣᠭᠲᠠᠴᠠ ᠶᠢ ᠥᠭᠡᠷᠡᠴᠢᠯᠡᠨ ᠲᠡᠭᠦᠯᠳᠡᠷᠵᠢᠭᠦᠯᠬᠦ︾ ᠶᠢᠨ ᠳᠠᠷᠠᠭ᠎ᠠ ︽ | ᠨᠥᠬᠦᠴᠡᠯ ᠳᠤ ᠨᠡᠶᠢᠴᠡᠬᠦ ᠢᠨᠲ᠋ᠧᠷ ᠰᠦᠯᠵᠢᠶᠡᠨ ᠤ ᠡᠮᠴᠢᠯᠡᠭᠡᠨ ᠤ ᠦᠢᠯᠡᠴᠢᠯᠡᠭᠡ ᠶᠢ ᠡᠮᠴᠢᠯᠡᠭᠡᠨ ᠤ ᠳᠠᠭᠠᠳᠬᠠᠯ ᠤᠨ | ᠲᠣᠭᠠᠴᠠᠭ᠎ᠠ ᠬᠢᠬᠦ ᠬᠡᠪᠴᠢᠶᠡᠨ ᠳᠤ ᠣᠷᠣᠭᠤᠯᠵᠤ᠂ ᠮᠤᠵᠢ ᠠᠯᠤᠰᠯᠠᠨ ᠣᠨᠳᠣᠣ ᠭᠠᠵᠠᠷ ᠲᠤ ᠡᠮᠴᠢᠯᠡᠭᠦᠯᠦᠭᠰᠡᠨ | ᠵᠠᠷᠤᠳᠠᠯ ᠢ ᠰᠢᠭᠤᠳ ᠳ᠋ᠦᠩᠨᠡᠨ ᠪᠤᠳᠤᠬᠤ ᠵᠡᠷᠭᠡ ᠪᠥᠬᠦ ᠶᠠᠪᠤᠴᠠ ᠶᠢ ᠰᠦᠯᠵᠢᠶᠡᠨ ᠳᠡᠭᠡᠷ᠎ᠡ ᠭᠦᠢᠴᠡᠳᠬᠡᠬᠦ ᠶᠢ | ᠲᠦᠷᠭᠡᠳᠬᠡᠬᠦ︾ ᠠᠭᠤᠯᠭ᠎ᠠ ᠶᠢ ᠨᠡᠮᠡᠪᠡ᠃ | 4. ︽ᠲᠤᠰᠬᠠᠢ ᠪᠤᠯᠤᠩ ᠤᠨ 4 ᠡᠪᠡᠳᠴᠢᠨ ᠢ ᠡᠮᠨᠡᠬᠦ ᠲᠠᠢ ᠪᠠᠶᠢᠯᠭᠠᠬᠤ ᠢᠨᠵᠧᠨᠧᠷᠢᠩ︾ ᠳᠣᠲᠣᠷᠠᠬᠢ ︽ | ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠬᠦ | ᠠᠵᠢᠯᠯᠠᠭ᠎ᠠ︾ ᠭᠡᠬᠦ ᠬᠡᠰᠡᠭ ᠤᠨ ᠠᠭᠤᠯᠭ᠎ᠠ ᠶᠢ ︽ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ | ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢ | ᠬᠥᠭᠵᠢᠭᠦᠯᠦᠨ ᠮᠠᠨᠳᠤᠭᠤᠯᠬᠤ ᠴᠢᠬᠤᠯᠠ ᠶᠡᠭᠡ ᠢᠨᠵᠧᠨᠧᠷᠢᠩ ᠢ ᠬᠡᠷᠡᠭᠵᠢᠭᠦᠯᠵᠦ᠂ ᠤᠯᠤᠰ ᠤᠨ ᠣᠷᠣᠨ ᠪᠦᠰᠡ ᠶᠢᠨ | ᠬᠢᠲᠠᠳ ᠡᠮᠨᠡᠯᠭᠡ ᠶᠢᠨ ᠡᠮᠴᠢᠯᠡᠭᠡᠨ ᠤ ᠲᠥᠪ᠂ ᠤᠯᠤᠰ ᠤᠨ ᠬᠢᠲᠠᠳ ᠡᠮ ᠡᠮᠨᠡᠯᠭᠡ ᠶᠢᠨ ᠤᠯᠠᠮᠵᠢᠯᠠᠨ ᠵᠠᠯᠭᠠᠮᠵᠢᠯᠠᠵᠤ | ᠰᠢᠨ᠎ᠡ ᠶᠢ ᠡᠭᠦᠳᠬᠦ ᠢᠨᠵᠧᠨᠧᠷᠢᠩ ᠪᠠ ᠤᠯᠤᠰ ᠤᠨ ᠬᠢᠲᠠᠳ ᠡᠮᠨᠡᠯᠭᠡ ᠶᠢᠨ ᠣᠨᠴᠠᠯᠢᠭ ᠲᠠᠢ ᠭᠤᠣᠯᠳᠠᠯᠭ᠎ᠠ ᠲᠠᠢ | ᠡᠮᠨᠡᠯᠭᠡ ᠶᠢᠨ ᠬᠤᠷᠢᠶᠠᠨ ᠤ ᠪᠦᠲᠦᠭᠡᠨ ᠬᠢᠲᠠᠳ ᠡᠮᠨᠡᠯᠭᠡ ᠶᠢᠨ ︵ᠮᠣᠩᠭᠤᠯ ᠡᠮᠨᠡᠯᠭᠡ︶ ᠶᠢᠨ ᠣᠨᠴᠠᠯᠢᠭᠲᠤ | ᠳᠠᠪᠠᠭᠤᠯᠢᠭ ᠭᠤᠣᠯᠳᠠᠯᠭ᠎ᠠ ᠲᠠᠢ ᠲᠤᠰᠬᠠᠢ ᠮᠡᠷᠭᠡᠵᠢᠯ ᠪᠠ ᠬᠢᠲᠠᠳ ᠡᠮ ︵ᠮᠣᠩᠭᠤᠯ ᠡᠮ︶ ᠤᠨ ᠨᠠᠶᠢᠷᠠᠯᠲᠠ ᠶᠢᠨ | ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ ᠬᠤᠰᠢᠭᠤ ᠰᠢᠶᠠᠨ ᠤ ᠱᠠᠲᠤᠨ ᠤ ᠬᠢᠲᠠᠳ ᠡᠮᠨᠡᠯᠭᠡ ︵ | ᠮᠣᠩᠭᠤᠯ ᠡᠮᠨᠡᠯᠭᠡ︶ ᠶᠢᠨ ᠡᠮᠨᠡᠯᠭᠡ ᠶᠢᠨ ᠬᠤᠷᠢᠶᠠᠨ ᠤ ᠶᠡᠷᠦᠩᠬᠡᠶᠢᠯᠡᠭᠰᠡᠨ ᠦᠢᠯᠡᠴᠢᠯᠡᠭᠡᠨ ᠤ ᠴᠢᠳᠠᠪᠤᠷᠢ ᠪᠠ | ᠦᠨᠳᠦᠰᠦᠨ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠬᠢᠲᠠᠳ ᠡᠮᠨᠡᠯᠭᠡ ᠶᠢᠨ ᠣᠷᠳᠣᠨ ︵ | ᠮᠣᠩᠭᠤᠯ ᠡᠮᠨᠡᠯᠭᠡ ᠶᠢᠨ ᠣᠷᠳᠣᠨ︶ ᠤ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠦᠨᠳᠦᠰᠦᠨ ᠱᠠᠲᠤ ᠪᠠ | ᠥᠷᠭᠡᠨ ᠣᠯᠠᠨ ᠲᠦᠮᠡᠨ ᠳᠤ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠪᠡᠶ᠎ᠡ ᠰᠤᠪᠢᠯᠠᠯᠲᠠ | ᠡᠷᠡᠭᠦᠯᠵᠢᠯ ᠡᠷᠡᠭᠦᠯᠵᠢᠯ ᠤᠨ ᠲᠣᠬᠢᠷᠠᠬᠤ ᠮᠡᠷᠭᠡᠵᠢᠯ ᠢ ᠳᠡᠯᠭᠡᠷᠡᠭᠦᠯᠦᠨ᠎ᠡ᠃ | ︵ᠲᠠᠪᠤ︶ ︽ᠲᠠᠪᠤᠳᠤᠭᠠᠷ ᠬᠡᠰᠡᠭ ᠥᠲᠡᠯᠪᠡᠯ ᠬᠥᠷᠳᠡᠬᠦ ᠠᠰᠠᠷᠠᠮᠵᠢ ᠲᠠᠢ︾ ᠭᠡᠬᠦ ᠬᠡᠰᠡᠭ ᠠᠭᠤᠯᠭ᠎ᠠ ᠳᠤ | ᠵᠠᠰᠠᠪᠤᠷᠢ ᠣᠷᠣᠭᠤᠯᠤᠭᠰᠠᠨ᠃ | 1. ︽ᠨᠡᠶᠢᠭᠡᠮ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ ᠶᠢ ᠲᠡᠭᠦᠯᠳᠡᠷᠵᠢᠭᠦᠯᠬᠦ︾ | ᠬᠡᠰᠡᠭ ᠲᠠᠬᠢ ︽ᠵᠠᠰᠠᠭ ᠤᠨ ᠣᠷᠳᠣᠨ ᠢᠶᠠᠷ ᠭᠤᠣᠯ ᠤᠳᠤᠷᠢᠳᠤᠮᠵᠢ ᠪᠣᠯᠭᠠᠭᠰᠠᠨ ᠦᠨᠳᠦᠰᠦᠨ ᠨᠠᠰᠤᠵᠢᠯ ᠤᠨ | ᠠᠰᠠᠷᠠᠮᠵᠢ ᠶᠢᠨ ᠦᠢᠯᠡᠴᠢᠯᠡᠭᠡ ᠶᠢ ᠲᠣᠳᠣᠷᠬᠠᠶᠢᠯᠠᠵᠤ᠂ ᠦᠨᠳᠦᠰᠦᠨ ᠨᠠᠰᠤᠵᠢᠯ ᠤᠨ ᠠᠰᠠᠷᠠᠮᠵᠢ ᠶᠢᠨ | ᠦᠢᠯᠡᠴᠢᠯᠡᠭᠡᠨ ᠤ ᠨᠠᠷᠢᠨ ᠬᠠᠭᠤᠳᠠᠰᠤ ᠶᠢ ᠪᠠᠶᠢᠭᠤᠯᠵᠤ᠂ ᠵᠠᠰᠠᠭ ᠤᠨ ᠣᠷᠳᠣᠨ ᠨᠠᠰᠤᠵᠢᠯ ᠤᠨ ᠠᠰᠠᠷᠠᠮᠵᠢ ᠶᠢᠨ | ᠦᠢᠯᠡᠴᠢᠯᠡᠭᠡ ᠶᠢ ᠬᠤᠳᠠᠯᠳᠤᠨ ᠠᠪᠬᠤ ᠳᠦᠷᠢᠮ ᠢ ᠬᠡᠷᠡᠭᠵᠢᠭᠦᠯᠦᠨ ︽ᠳᠠᠷᠠᠭ᠎ᠠ ᠨᠢ︾ ᠰᠢᠨ᠎ᠡ ᠪᠠᠷ ᠪᠠᠶᠢᠭᠤᠯᠤᠭᠰᠠᠨ | ᠬᠤᠲᠠ ᠶᠢᠨ ᠲᠣᠭᠤᠷᠢᠭ᠂ ᠣᠷᠣᠨ ᠰᠠᠭᠤᠴᠠ ︵ᠪᠠᠭ᠎ᠠ︶ ᠲᠣᠭᠤᠷᠢᠭ ᠤᠨ ᠵᠠᠭᠤᠨ ᠡᠷᠦᠬᠡ ᠪᠦᠷᠢ ᠳᠤ 20 ᠲᠡᠭᠰᠢ | ᠳᠥᠷᠪᠡᠯᠵᠢᠨ ᠮᠧᠲᠷ ᠠᠴᠠ ᠳᠤᠲᠠᠭᠤ ᠦᠭᠡᠢ ᠪᠠᠷᠢᠯᠭ᠎ᠠ ᠶᠢᠨ ᠲᠠᠯᠠᠪᠠᠶ ᠶᠢᠨ ᠪᠠᠷᠢᠮᠵᠢᠶ᠎ᠠ ᠶᠢ ᠨᠠᠶᠢᠳᠠᠪᠤᠷᠢᠵᠢᠭᠤᠯᠤᠨ | ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠪᠡᠯᠡᠳᠬᠡᠮᠵᠢ ᠶᠢ ᠢᠵᠢ ᠪᠦᠷᠢᠳᠦᠭᠦᠯᠦᠨ ᠪᠦᠲᠦᠭᠡᠨ ᠪᠠᠶᠢᠭᠤᠯᠵᠤ᠂ | ᠰᠤᠪᠢᠯᠠᠬᠤ ᠬᠡᠯᠪᠡᠷᠢ ᠶᠢᠨ ᠣᠷᠣ ᠶᠢᠨ ᠡᠵᠡᠯᠡᠬᠦ ᠬᠠᠷᠢᠴᠠᠯ ᠢ ᠲᠣᠭᠲᠠᠭᠤᠨ ᠢᠶᠠᠷ ᠳᠡᠭᠡᠭᠰᠢᠯᠡᠭᠦᠯᠦᠨ᠎ᠡ︾ ᠭᠡᠰᠡᠨ | ᠠᠭᠤᠯᠭ᠎ᠠ ᠶᠢ ᠬᠡᠷᠡᠭᠵᠢᠭᠦᠯᠦᠨ᠎ᠡ︔ ︽50% ᠶᠢᠨ ᠬᠤᠰᠢᠭᠤ ᠰᠢᠶᠠᠨ ︵ᠬᠤᠲᠠ᠂ ᠲᠣᠭᠤᠷᠢᠭ︶ ᠳᠤ ᠬᠥᠳᠡᠭᠡ | ᠲᠣᠰᠬᠤᠨ ᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠪᠠᠶᠢᠭᠤᠯᠤᠮᠵᠢ ᠶᠢ 1 ᠪᠠᠶᠢᠭᠤᠯᠬᠤ ᠶᠢ ᠲᠦᠯᠬᠢᠨ | ᠠᠬᠢᠭᠤᠯᠤᠨ᠎ᠠ᠃ ᠨᠠᠰᠤᠲᠠᠨ ᠢ ᠠᠰᠠᠷᠠᠬᠤ ᠬᠦᠷᠢᠶᠡᠯᠡᠩ ᠢ ᠥᠭᠡᠷᠡᠴᠢᠯᠡᠨ ᠲᠠᠰ ᠳᠡᠪᠰᠢᠭᠦᠯᠬᠦ ᠢᠨᠵᠧᠨᠧᠷᠢᠩ ᠢ | ᠬᠡᠷᠡᠭᠵᠢᠭᠦᠯᠵᠦ᠂ ᠣᠨᠴᠠ ᠬᠦᠴᠢᠷᠳᠡᠯᠲᠡᠢ ᠬᠥᠮᠥᠰ ᠢ ᠠᠰᠠᠷᠠᠨ ᠲᠡᠵᠢᠭᠡᠬᠦ ᠦᠢᠯᠡᠴᠢᠯᠡᠭᠡᠨ ᠤ ᠲᠥᠬᠦᠭᠡᠷᠦᠮᠵᠢ ᠪᠠ | ᠦᠢᠯᠡᠴᠢᠯᠡᠭᠡᠨ ᠤ ᠶᠠᠰᠤ ᠴᠢᠨᠠᠷ ᠤᠨ ᠪᠠᠷᠢᠮᠵᠢᠶ᠎ᠠ ᠳᠤ ᠬᠦᠷᠭᠡᠬᠦ ᠢᠨᠵᠧᠨᠧᠷᠢᠩ ᠢ ᠬᠡᠷᠡᠭᠵᠢᠭᠦᠯᠦᠨ᠎ᠡ︾ ᠭᠡᠳᠡᠭ ᠢ ︽ | ᠬᠤᠰᠢᠭᠤ ᠰᠢᠶᠠᠨ ︵ᠬᠤᠲᠠ᠂ ᠲᠣᠭᠤᠷᠢᠭ︶ ᠨᠢᠭᠡᠪᠦᠷᠢ ᠳᠤ ᠦᠨᠳᠦᠰᠦᠨ ᠵᠦᠢᠯ ᠢ ᠪᠠᠲᠤᠯᠠᠬᠤ ᠨᠠᠰᠤᠵᠢᠯ ᠤᠨ | ᠪᠠᠶᠢᠭᠤᠯᠤᠮᠵᠢ ᠶᠢ 1 ᠪᠠᠶᠢᠭᠤᠯᠵᠤ᠂ ᠨᠠᠰᠤᠲᠠᠨ ᠢ ᠠᠰᠠᠷᠠᠬᠤ ᠬᠦᠷᠢᠶᠡᠯᠡᠩ ᠤᠨ ᠲᠠᠰ ᠳᠡᠪᠰᠢᠭᠦᠯᠵᠦ ᠬᠡᠯᠪᠡᠷᠢ ᠪᠠᠨ | ᠬᠤᠪᠢᠷᠠᠭᠤᠯᠬᠤ ᠪᠠ ᠰᠢᠶᠠᠩ ᠪᠠᠯᠭᠠᠰᠤᠨ ᠤ ᠨᠠᠰᠤᠵᠢᠯ ᠤᠨ ᠦᠢᠯᠡᠴᠢᠯᠡᠭᠡᠨ ᠤ ᠲᠥᠪ ᠤᠨ ᠪᠦᠲᠦᠭᠡᠨ | ᠪᠠᠶᠢᠭᠤᠯᠤᠯᠲᠠ ᠶᠢ ᠴᠢᠩᠭᠠᠳᠬᠠᠨ᠂ ᠣᠨᠴᠠ ᠬᠦᠴᠢᠷᠳᠡᠯᠲᠡᠢ ᠬᠥᠮᠥᠰ ᠢ ᠠᠰᠠᠷᠠᠨ ᠲᠡᠵᠢᠭᠡᠬᠦ ᠦᠢᠯᠡᠴᠢᠯᠡᠭᠡᠨ ᠤ | ᠲᠥᠬᠦᠭᠡᠷᠦᠮᠵᠢ ᠪᠠ ᠦᠢᠯᠡᠴᠢᠯᠡᠭᠡᠨ ᠤ ᠶᠠᠰᠤ ᠴᠢᠨᠠᠷ ᠤᠨ ᠪᠠᠷᠢᠮᠵᠢᠶ᠎ᠠ ᠳᠤ ᠬᠦᠷᠭᠡᠬᠦ ᠢᠨᠵᠧᠨᠧᠷᠢᠩ ᠢ ᠬᠡᠷᠡᠭᠵᠢᠭᠦᠯᠦᠨ᠎ᠡ︾ | ᠭᠡᠵᠦ ᠵᠠᠰᠠᠪᠠ᠃ | 2. ︽ᠨᠠᠰᠤᠲᠠᠶᠢᠴᠤᠳ ᠤᠨ ᠨᠡᠶᠢᠭᠡᠮ ᠤᠨ ᠠᠰᠠᠷᠠᠮᠵᠢ ᠶᠢᠨ ᠬᠢᠷᠢ ᠲᠦᠪᠰᠢᠨ ᠢ ᠳᠡᠭᠡᠭᠰᠢᠯᠡᠭᠦᠯᠬᠦ︾ | ᠬᠡᠰᠡᠭ ᠤᠨ ︽ᠨᠠᠰᠤᠲᠠᠶᠢᠴᠤᠳ ᠤᠨ ᠥᠨᠳᠥᠷ ᠨᠠᠰᠤᠨ ᠤ ᠨᠡᠮᠡᠭᠦᠷᠢ᠂ ᠠᠵᠤ ᠠᠬᠤᠢ ᠶᠢᠨ ᠬᠦᠴᠢᠷᠳᠡᠯ ᠲᠠᠢ | ᠨᠠᠰᠤᠲᠠᠶᠢᠴᠤᠳ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠨᠥᠬᠦᠪᠦᠷᠢ ᠵᠡᠷᠭᠡ ᠣᠯᠠᠨ ᠵᠦᠢᠯ ᠤᠨ | ᠨᠠᠰᠤᠲᠠᠶᠢᠴᠤᠳ ᠤᠨ ᠠᠰᠠᠷᠠᠮᠵᠢ ᠶᠢᠨ ᠨᠡᠮᠡᠭᠦᠷᠢ ᠨᠥᠬᠦᠪᠦᠷᠢ︾ ᠶᠢ ᠡᠮᠬᠢᠯᠡᠨ ᠨᠡᠶᠢᠯᠡᠭᠦᠯᠦᠭᠰᠡᠨ ᠤ ᠳᠠᠷᠠᠭ᠎ᠠ ︽ | ᠨᠥᠬᠦᠴᠡᠯ ᠲᠠᠢ ᠣᠨᠴᠠ ᠬᠦᠴᠢᠷᠳᠡᠯ ᠲᠠᠢ ᠬᠥᠮᠥᠰ ᠢ ᠠᠰᠠᠷᠠᠨ ᠲᠡᠵᠢᠭᠡᠬᠦ ᠦᠢᠯᠡᠴᠢᠯᠡᠭᠡᠨ ᠤ ᠲᠥᠬᠦᠭᠡᠷᠦᠮᠵᠢ ︵ | ᠨᠠᠰᠤᠲᠠᠨ ᠢ ᠠᠰᠠᠷᠠᠬᠤ ᠬᠦᠷᠢᠶᠡᠯᠡᠩ︶ ᠶᠢ ᠵᠣᠷᠢᠭᠵᠢᠭᠤᠯᠤᠨ ᠣᠨᠴᠠ ᠬᠦᠴᠢᠷᠳᠡᠯ ᠲᠠᠢ ᠬᠥᠮᠥᠰ ᠢ ᠲᠥᠪᠯᠡᠷᠡᠭᠦᠯᠦᠨ | ᠠᠰᠠᠷᠠᠨ ᠲᠡᠵᠢᠭᠡᠬᠦ ᠬᠡᠷᠡᠭᠴᠡᠭᠡ ᠶᠢ ᠬᠠᠩᠭᠠᠭᠰᠠᠨ ᠤᠷᠢᠲᠠᠯ ᠳᠣᠣᠷ᠎ᠠ᠂ ᠠᠮᠢᠳᠤᠷᠠᠯ ᠤᠨ ᠨᠠᠭᠠᠲᠤ ᠵᠠᠬ᠎ᠠ ᠶᠢᠨ | ᠪᠠᠲᠤᠯᠠᠭ᠎ᠠ ᠶᠢᠨ ᠭᠡᠷ ᠪᠦᠯᠢ᠂ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠵᠠᠬ᠎ᠠ ᠬᠢᠵᠠᠭᠠᠷ ᠤᠨ ᠭᠡᠷ ᠪᠦᠯᠢ᠂ | ᠬᠦᠨᠳᠦ ᠵᠡᠮᠳᠡᠭᠴᠦᠳ ᠤᠨ ᠭᠡᠷ ᠪᠦᠯᠢ᠂ ᠲᠥᠯᠥᠪᠯᠡᠭᠡᠲᠦ ᠦᠷᠡᠵᠢᠯ ᠤᠨ ᠣᠨᠴᠣᠭᠤᠢ ᠭᠡᠷ ᠪᠦᠯᠢ ᠪᠣᠯᠣᠨ ᠤᠤᠯ ᠤᠨ | ᠳᠡᠩᠰᠡᠯᠡᠨ ᠺᠠᠷᠲᠯᠠᠭᠰᠠᠨ ᠶᠠᠳᠠᠭᠤ ᠬᠦᠴᠢᠷᠳᠡᠯᠲᠡᠢ ᠭᠡᠷ ᠪᠦᠯᠢ ᠶᠢᠨ ᠨᠠᠰᠤᠲᠠᠶᠢᠴᠤᠳ ᠲᠤ ᠲᠥᠯᠥᠪᠦᠷᠢ ᠪᠠᠭ᠎ᠠ ᠪᠤᠶᠤ | ᠦᠨ᠎ᠡ ᠲᠥᠯᠥᠪᠦᠷᠢ ᠦᠭᠡᠢ ᠪᠠᠷ ᠲᠥᠪᠯᠡᠷᠡᠭᠦᠯᠦᠨ ᠨᠠᠶᠢᠳᠠᠨ ᠲᠡᠵᠢᠭᠡᠯᠭᠡᠬᠦ ᠦᠢᠯᠡᠴᠢᠯᠡᠭᠡ ᠬᠠᠩᠭᠠᠨ᠎ᠠ︾ ᠭᠡᠰᠡᠨ | ᠠᠭᠤᠯᠭ᠎ᠠ ᠶᠢ ᠠᠯᠬᠤᠮ ᠠᠯᠬᠤᠮ ᠢᠶᠠᠷ ᠬᠠᠩᠭᠠᠨ᠎ᠠ᠃ | ︵ᠵᠢᠷᠭᠤᠭ᠎ᠠ︶ ︽ᠵᠢᠷᠭᠤᠳᠤᠭᠠᠷ ᠬᠡᠰᠡᠭ ᠰᠠᠭᠤᠬᠤ ᠠᠴᠠ ᠣᠷᠣᠨ ᠰᠠᠭᠤᠴᠠ ᠲᠠᠢ︾ ᠭᠡᠬᠦ ᠬᠡᠰᠡᠭ | ᠠᠭᠤᠯᠭ᠎ᠠ ᠳᠤ ᠵᠠᠰᠠᠪᠤᠷᠢ ᠣᠷᠣᠭᠤᠯᠪᠠ᠃ | 1. ︽ᠦᠨᠳᠦᠰᠦᠨ ᠣᠷᠣᠨ ᠰᠠᠭᠤᠴᠠ ᠶᠢᠨ ᠪᠠᠲᠤᠯᠠᠭ᠎ᠠ ᠶᠢ ᠴᠢᠩᠭᠠᠳᠬᠠᠨ᠎ᠠ︾ ᠭᠡᠬᠦ ᠬᠡᠰᠡᠭ ᠤᠨ | ᠠᠭᠤᠯᠭ᠎ᠠ ᠶᠢ ︽ᠦᠨᠳᠦᠰᠦᠨ ᠣᠷᠣᠨ ᠰᠠᠭᠤᠴᠠ ᠶᠢᠨ ᠪᠠᠲᠤᠯᠠᠭ᠎ᠠ ᠶᠢ ᠴᠢᠩᠭᠠᠳᠬᠠᠨ᠎ᠠ᠃ ᠨᠥᠬᠦᠴᠡᠯ ᠳᠤ ᠨᠡᠶᠢᠴᠡᠬᠦ | ᠰᠢᠨ᠎ᠡ ᠬᠤᠳᠠ ᠶᠢᠨ ᠠᠷᠠᠳ᠂ ᠵᠠᠯᠠᠭᠤᠴᠤᠳ ᠤᠨ ᠣᠷᠣᠨ ᠰᠠᠭᠤᠴᠠ ᠶᠢᠨ ᠠᠰᠠᠭᠤᠳᠠᠯ ᠢ ᠰᠢᠢᠳᠪᠦᠷᠢᠯᠡᠬᠦ ᠪᠠᠷ | ᠭᠤᠣᠯᠳᠠᠯᠭ᠎ᠠ ᠪᠣᠯᠭᠠᠵᠤ᠂ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠶᠢ ᠲᠦᠷᠭᠡᠪᠴᠢᠯᠡᠨ | ᠬᠥᠭᠵᠢᠭᠦᠯᠦᠨ᠎ᠡ ; ᠬᠤᠳᠠ ᠪᠠᠯᠭᠠᠰᠤᠨ ᠤ ᠣᠷᠣᠨ ᠰᠠᠭᠤᠴᠠ᠂ ᠣᠷᠣᠯᠭ᠎ᠠ ᠨᠢ ᠬᠤᠶᠠᠷ ᠬᠦᠴᠢᠷᠳᠡᠯ ᠲᠠᠢ ᠭᠡᠷ | ᠪᠦᠯᠢ ᠶᠢᠨ ᠣᠷᠣᠨ ᠰᠠᠭᠤᠴᠠ ᠶᠢᠨ ᠠᠰᠠᠭᠤᠳᠠᠯ ᠢ ᠰᠢᠢᠳᠪᠦᠷᠢᠯᠡᠬᠦ ᠪᠠᠷ ᠭᠤᠣᠯᠳᠠᠯᠭ᠎ᠠ ᠪᠣᠯᠭᠠᠨ᠂ ᠨᠡᠶᠢᠲᠡ ᠶᠢᠨ | ᠲᠦᠷᠢᠶᠡᠰᠦᠯᠡᠯ ᠤᠨ ᠣᠷᠣᠨ ᠰᠠᠭᠤᠴᠠ ᠶᠢ ᠤᠯᠠᠮ ᠨᠢᠭᠡ ᠠᠯᠬᠤᠮ ᠵᠢᠷᠤᠮᠵᠢᠭᠤᠯᠤᠨ ᠬᠥᠭᠵᠢᠭᠦᠯᠵᠦ᠂ ᠬᠤᠳᠠ | ᠪᠠᠯᠭᠠᠰᠤᠨ ᠤ ᠨᠠᠭᠠᠲᠤ ᠵᠠᠬ᠎ᠠ ᠶᠢᠨ ᠪᠠᠲᠤᠯᠠᠭ᠎ᠠ ᠬᠥᠷᠳᠡᠬᠦ ᠣᠷᠣᠯᠭ᠎ᠠ ᠪᠠᠭᠠᠲᠠᠢ ᠣᠷᠣᠨ ᠰᠠᠭᠤᠴᠠ ᠶᠢᠨ | ᠬᠦᠴᠢᠷᠳᠡᠯ ᠲᠠᠢ ᠭᠡᠷ ᠪᠦᠯᠢ ᠶᠢᠨ ᠪᠠᠲᠤᠯᠠᠬᠤ ᠶᠣᠰᠣᠲᠠᠢ ᠶᠢ ᠨᠢ ᠴᠥᠮ ᠪᠠᠲᠤᠯᠠᠬᠤ ᠶᠢ ᠪᠡᠶᠡᠯᠡᠭᠦᠯᠦᠨ᠎ᠡ ; ᠬᠤᠲᠠ | ᠪᠠᠯᠭᠠᠰᠤ ᠶᠢᠨ ᠳᠥᠭᠦᠮ ᠪᠦᠳᠦᠭᠦᠯᠢᠭ ᠣᠷᠣᠨ ᠰᠠᠭᠤᠴᠠᠲᠤ ᠲᠣᠭᠤᠷᠢᠭ ᠤᠨ ᠥᠭᠡᠷᠡᠴᠢᠯᠡᠯᠲᠡ ᠶᠢ ᠴᠢᠳᠠᠯ ᠤᠨ ᠢᠶᠠᠨ | ᠬᠢᠷᠢ ᠪᠠᠷ ᠲᠣᠭᠲᠠᠭᠤᠨ ᠢᠶᠠᠷ ᠠᠬᠢᠭᠤᠯᠵᠤ᠂ ᠬᠠᠭᠤᠴᠢᠨ ᠬᠤᠲᠠ ᠶᠢᠨ ᠲᠣᠭᠤᠷᠢᠭ ᠤᠨ ᠳᠣᠲᠣᠷᠠᠬᠢ ᠪᠤᠵᠠᠷ ᠰᠠᠮᠠᠭᠤᠨ | ᠪᠠᠷᠤᠭᠲᠠᠢ ᠳᠥᠭᠦᠮ ᠪᠦᠳᠦᠭᠦᠯᠢᠭ ᠣᠷᠣᠨ ᠰᠠᠭᠤᠴᠠᠲᠤ ᠲᠣᠭᠤᠷᠢᠭ ᠤᠨ ᠥᠭᠡᠷᠡᠴᠢᠯᠡᠯᠲᠡ ᠶᠢ ᠭᠤᠣᠯᠳᠠᠯᠭ᠎ᠠ ᠲᠠᠢ | ᠰᠢᠪᠲᠤᠯᠤᠨ ᠥᠭᠡᠷᠡᠴᠢᠯᠡᠨ᠎ᠡ︔ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠬᠠᠮᠲᠤ ᠪᠠᠷ ᠥᠮᠴᠢᠯᠡᠬᠦ | ᠥᠮᠴᠢᠯᠡᠯ ᠤᠨ ᠡᠷᠬᠡ ᠲᠠᠢ ᠣᠷᠣᠨ ᠰᠠᠭᠤᠴᠠ ᠶᠢ ᠰᠦᠪᠡᠭᠴᠢᠯᠡᠨ ᠬᠥᠭᠵᠢᠭᠦᠯᠦᠨ᠎ᠡ᠃ ᠣᠷᠣᠨ ᠰᠠᠭᠤᠴᠠ ᠶᠢᠨ | ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠳᠦᠷᠢᠮ ᠤᠨ ᠬᠠᠮᠤᠷᠬᠤ ᠬᠡᠪᠴᠢᠶ᠎ᠡ ᠶᠢ ᠲᠠᠰᠤᠷᠠᠯᠲᠠ ᠦᠭᠡᠢ | ᠥᠷᠭᠡᠳᠬᠡᠵᠦ᠂ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠲᠤᠰᠢᠶᠠᠨ | ᠬᠠᠳᠠᠭᠠᠯᠠᠭᠤᠯᠬᠤ ᠬᠡᠪᠴᠢᠶ᠎ᠡ ᠶᠢ ᠥᠷᠭᠡᠳᠬᠡᠬᠦ ᠶᠢ ᠦᠷᠭᠦᠯᠵᠢᠯᠡᠨ ᠠᠬᠢᠭᠤᠯᠵᠤ᠂ ᠠᠮᠢᠳᠤᠯᠢᠭ ᠢᠶᠠᠷ ᠠᠵᠢᠯ | ᠣᠯᠣᠭᠰᠠᠳ ᠤᠨ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠣᠭᠤᠯᠭ᠎ᠠ ᠶᠢᠨ ᠮᠦᠡᠭᠭᠦ ᠶᠢᠨ ᠳᠦᠷᠢᠮ ᠳᠤ | ᠣᠷᠣᠯᠴᠠᠬᠤ ᠶᠢ ᠵᠣᠷᠢᠭᠵᠢᠭᠤᠯᠣᠨ᠎ᠠ᠃ | 2. ︽ᠲᠤᠰᠬᠠᠢ ᠪᠤᠯᠤᠩ 6 ᠰᠠᠭᠤᠬᠤ ᠠᠴᠠ ᠣᠷᠣᠨ ᠰᠠᠭᠤᠴᠠ ᠲᠠᠢ ᠢᠨᠵᠧᠨᠧᠷᠢᠩ︾ ᠳᠣᠲᠣᠷᠠᠬᠢ ︽ | ᠮᠠᠯᠵᠢᠬᠤ ᠲᠠᠷᠢᠶᠠᠯᠠᠬᠤ ᠣᠷᠣᠨ ᠤ ᠨᠤᠷᠠᠬᠤ ᠠᠶᠤᠯᠲᠠᠢ ᠭᠡᠷ ᠪᠠᠶᠢᠰᠢᠩ ᠢ ᠰᠢᠨᠡᠳᠬᠡᠨ ᠵᠠᠰᠠᠬᠤ︾ ᠬᠡᠰᠡᠭ ᠤᠨ | ᠠᠭᠤᠯᠭ᠎ᠠ ᠶᠢ ︽ᠮᠠᠯᠵᠢᠬᠤ ᠲᠠᠷᠢᠶᠠᠯᠠᠬᠤ ᠣᠷᠣᠨ ᠤ ᠨᠤᠷᠠᠬᠤ ᠠᠶᠤᠯᠲᠠᠢ ᠭᠡᠷ ᠪᠠᠶᠢᠰᠢᠩ ᠢ ᠰᠢᠨᠡᠳᠬᠡᠨ ᠵᠠᠰᠠᠬᠤ︾ | ᠭᠡᠵᠦ ᠵᠠᠰᠠᠪᠠ᠃ ᠮᠠᠯᠵᠢᠬᠤ ᠲᠠᠷᠢᠶᠠᠯᠠᠬᠤ ᠣᠷᠣᠨ ᠤ ᠭᠡᠷ ᠪᠠᠶᠢᠰᠢᠩ ᠤᠨ ᠠᠮᠤᠷ ᠲᠦᠪᠰᠢᠨ ᠤ ᠠᠶᠤᠯ | ᠲᠦᠭᠰᠢᠭᠦᠷᠢ ᠶᠢᠨ ᠳᠠᠯᠳᠠ ᠭᠡᠮ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠪᠡᠶᠡᠯᠡᠭᠦᠯᠵᠦ᠂ ᠮᠠᠯᠵᠢᠬᠤ | ᠲᠠᠷᠢᠶᠠᠯᠠᠬᠤ ᠣᠷᠣᠨ ᠤ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠡᠷᠦᠬᠡ᠂ ᠮᠠᠯᠵᠢᠬᠤ ᠲᠠᠷᠢᠶᠠᠯᠠᠬᠤ | ᠣᠷᠣᠨ ᠤ ᠲᠠᠷᠠᠬᠠᠢ ᠠᠰᠠᠷᠠᠨ ᠲᠡᠵᠢᠭᠡᠵᠦ ᠪᠠᠶᠢᠭ᠎ᠠ ᠣᠨᠴᠠ ᠬᠦᠴᠢᠷᠳᠡᠯᠲᠡᠢ ᠬᠥᠮᠥᠰ᠂ ᠮᠠᠯᠵᠢᠬᠤ ᠲᠠᠷᠢᠶᠠᠯᠠᠬᠤ | ᠣᠷᠣᠨ ᠤ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠵᠠᠬ᠎ᠠ ᠬᠢᠵᠠᠭᠠᠷ ᠤᠨ ᠭᠡᠷ ᠪᠦᠯᠢ᠂ ᠮᠠᠯᠵᠢᠬᠤ | ᠲᠠᠷᠢᠶᠠᠯᠠᠬᠤ ᠣᠷᠣᠨ ᠤ ᠳᠠᠬᠢᠨ ᠶᠠᠳᠠᠭᠤᠷᠠᠬᠤ ᠠᠴᠠ ᠪᠣᠯᠵᠤ ᠶᠠᠳᠠᠭᠤᠷᠠᠭᠰᠠᠨ ᠡᠷᠦᠬᠡ᠂ ᠡᠪᠡᠳᠴᠢᠨ ᠤ ᠰᠢᠯᠲᠠᠭᠠᠨ ᠪᠠ | ᠭᠠᠮᠰᠢᠭ ᠤᠨ ᠬᠠᠷᠠᠭ᠎ᠠ ᠪᠠᠷ ᠰᠠᠨᠠᠭᠠᠨ ᠳᠤ ᠦᠭᠡᠢ ᠠᠳᠡᠯ ᠵᠡᠷᠭᠡ ᠵᠠᠶᠢᠯᠠᠰᠢ ᠦᠭᠡᠢ ᠵᠠᠷᠤᠯᠭ᠎ᠠ ᠨᠡᠯᠢᠶᠡᠳ ᠶᠡᠭᠡ ᠪᠤᠶᠤ | ᠣᠷᠣᠯᠭ᠎ᠠ ᠨᠢ ᠶᠡᠭᠡ ᠬᠡᠮᠵᠢᠶ᠎ᠡ ᠪᠠᠷ ᠪᠠᠭᠠᠰᠤᠭᠰᠠᠨ ᠠᠴᠠ ᠪᠣᠯᠵᠤ ᠦᠨᠳᠦᠰᠦᠨ ᠠᠮᠢᠳᠤᠷᠠᠯ ᠳᠤᠨᠢ ᠬᠦᠨᠳᠦ ᠨᠣᠴᠢᠲᠠᠢ | ᠬᠦᠴᠢᠷᠳᠡᠯ ᠲᠠᠢ ᠪᠣᠯᠤᠭᠰᠠᠨ ᠭᠡᠷ ᠪᠦᠯᠢ᠂ ᠪᠤᠰᠤᠳ ᠶᠠᠳᠠᠭᠤ ᠠᠴᠠ ᠠᠩᠭᠢᠵᠢᠷᠠᠭᠰᠠᠨ ᠡᠷᠦᠬᠡ ᠵᠡᠷᠭᠡ ᠵᠢᠷᠭᠤᠭᠠᠨ | ᠲᠥᠷᠥᠯ ᠤᠨ ᠬᠠᠮᠲᠤᠯᠢᠭ ᠤᠨ ᠬᠥᠳᠡᠯᠦᠩᠭᠦᠢ ᠲᠣᠬᠢᠷᠠᠭᠤᠯᠤᠯᠲᠠ ᠶᠢᠨ ᠪᠣᠳᠠᠲᠤ ᠪᠠᠶᠢᠳᠠᠯ ᠳᠤ ᠴᠢᠭᠯᠡᠭᠦᠯᠦᠨ᠂ | ᠰᠢᠨ᠎ᠡ ᠪᠠᠷ ᠨᠡᠮᠡᠭᠳᠡᠭᠰᠡᠨ ᠨᠤᠷᠠᠬᠤ ᠠᠶᠤᠯᠲᠠᠢ ᠭᠡᠷ ᠪᠠᠶᠢᠰᠢᠩ ᠢ ᠥᠭᠡᠷᠡᠴᠢᠯᠡᠨ ᠵᠠᠰᠠᠬᠤ ᠡᠭᠦᠷᠭᠡ ᠶᠢ ᠢᠳᠡᠪᠬᠢᠲᠡᠢ ᠪᠠᠷ | ᠬᠡᠷᠡᠭᠵᠢᠭᠦᠯᠦᠨ᠎ᠡ᠃︾ | ︵ᠲᠤᠯᠤᠭ᠎ᠠ︶ ︽ᠳᠣᠯᠣᠳᠤᠭᠠᠷ ᠬᠡᠰᠡᠭ ᠪᠠᠭᠤᠷᠠᠢ ᠶᠢ ᠲᠡᠳᠬᠦᠮᠵᠢ ᠲᠠᠢ︾ ᠭᠡᠬᠦ ᠬᠡᠰᠡᠭ ᠠᠭᠤᠯᠭ᠎ᠠ ᠳᠤ | ᠵᠠᠰᠠᠪᠤᠷᠢ ᠣᠷᠣᠭᠤᠯᠪᠠ᠃ | 1. ︽ᠲᠤᠰᠬᠠᠢ ᠵᠦᠢᠯ ᠤᠨ ᠠᠪᠤᠷᠠᠨ ᠲᠤᠰᠠᠯᠠᠯᠲᠠ ᠬᠠᠩᠭᠠᠬᠤ︾ ᠬᠡᠰᠡᠭ ᠤᠨ ᠠᠭᠤᠯᠭ᠎ᠠ ᠶᠢ ︽ | ᠲᠤᠰᠬᠠᠢ ᠵᠦᠢᠯ ᠤᠨ ᠠᠪᠤᠷᠠᠨ ᠲᠤᠰᠠᠯᠠᠯᠲᠠ ᠬᠠᠩᠭᠠᠨ᠎ᠠ᠃ ᠨᠥᠬᠦᠴᠡᠯ ᠳᠤ ᠨᠡᠶᠢᠴᠡᠬᠦ ᠨᠠᠭᠠᠲᠤ ᠵᠠᠬ᠎ᠠ ᠶᠢᠨ ᠪᠠᠲᠤᠯᠠᠭ᠎ᠠ | ᠭᠥᠷᠳᠡᠬᠦ᠂ ᠣᠨᠴᠠ ᠬᠦᠴᠢᠷᠳᠡᠯᠲᠡᠢ ᠭᠡᠷ ᠪᠦᠯᠢ ᠶᠢᠨ ᠰᠣᠷᠣᠭᠴᠢ᠂ ᠰᠤᠷᠭᠠᠭᠤᠯᠢ ᠳᠤ ᠰᠤᠷᠤᠯᠴᠠᠵᠤ ᠪᠠᠶᠢᠭ᠎ᠠ | ᠥᠨᠥᠴᠢᠨ ᠬᠡᠦᠬᠡᠳ᠂ ᠪᠣᠳᠠᠲᠠᠢ ᠠᠰᠠᠷᠠᠨ ᠲᠡᠵᠢᠭᠡᠬᠦ ᠬᠥᠮᠥᠨ ᠦᠭᠡᠢ ᠬᠡᠦᠬᠡᠳ ᠵᠢᠴᠢ ᠪᠡᠶ᠎ᠡ ᠰᠡᠳᠬᠢᠯ ᠤᠨ ᠬᠠᠷᠰᠢ | ᠵᠡᠷᠭᠡ ᠰᠢᠯᠲᠠᠭᠠᠨ ᠠᠴᠠ ᠪᠣᠯᠵᠤ ᠰᠤᠷᠭᠠᠭᠤᠯᠢ ᠳᠤ ᠣᠷᠣᠵᠤ ᠠᠯᠪᠠᠨ ᠵᠢᠷᠤᠮ ᠤᠨ ᠰᠤᠷᠭᠠᠨ ᠬᠥᠮᠦᠵᠢᠯ ᠭᠥᠷᠳᠡᠬᠦ ᠳᠤ | ᠳᠥᠭᠦᠮ ᠦᠭᠡᠢ ᠰᠤᠷᠬᠤ ᠨᠠᠰᠤᠨ ᠤ ᠵᠡᠮᠳᠡᠭ ᠨᠠᠰᠤᠨ ᠳᠤ ᠥᠯᠥ ᠭᠦᠷᠦᠭᠰᠡᠳ ᠲᠤ ᠰᠤᠷᠭᠠᠨ ᠬᠥᠮᠦᠵᠢᠯ ᠤᠨ | ᠲᠤᠰᠠᠯᠠᠮᠵᠢ ᠣᠯᠭᠤᠨ᠎ᠠ᠃ ᠨᠥᠬᠦᠴᠡᠯ ᠲᠠᠢ ᠭᠠᠵᠠᠷ ᠣᠷᠣᠨ ᠤ ᠠᠵᠤ ᠠᠬᠤᠢ ᠨᠢ ᠬᠦᠴᠢᠷᠳᠡᠯᠲᠡᠢ ᠵᠡᠮᠳᠡᠭ | ᠰᠤᠷᠤᠭᠴᠢᠳ ᠲᠤ ᠤᠷᠢᠳᠠᠪᠠᠷ ᠰᠦᠢᠳᠬᠡᠯ ᠬᠤᠷᠢᠶᠠᠬᠤ ᠦᠭᠡᠢ ᠪᠠᠷ ᠰᠤᠷᠬᠤ ᠨᠠᠰᠤᠨ ᠠᠴᠠ ᠡᠮᠦᠨᠡᠬᠢ ᠰᠤᠷᠭᠠᠨ | ᠬᠥᠮᠦᠵᠢᠯ ᠪᠣᠯᠣᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠭᠠᠨ ᠬᠥᠮᠦᠵᠢᠯ ᠢ ᠬᠠᠩᠭᠠᠵᠤ᠂ ᠵᠡᠮᠳᠡᠭ | ᠰᠤᠷᠤᠭᠴᠢᠳ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠱᠠᠲᠤᠨ ᠤ ᠰᠦᠢᠳᠬᠡᠯ ᠬᠤᠷᠢᠶᠠᠬᠤ | ᠦᠭᠡᠢ ᠪᠠᠷ ᠰᠤᠷᠭᠠᠨ ᠬᠥᠮᠦᠵᠢᠯ ᠢ ᠠᠯᠬᠤᠮ ᠠᠯᠬᠤᠮ ᠢᠶᠠᠷ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ | ᠬᠦᠷᠲᠡᠵᠦ ᠪᠠᠶᠢᠭ᠎ᠠ ᠭᠡᠷ ᠪᠦᠯᠢ᠂ ᠠᠰ ᠢᠶᠠᠷ ᠢᠶᠠᠨ ᠠᠰᠠᠷᠠᠨ ᠲᠡᠵᠢᠭᠡᠵᠦ ᠪᠠᠶᠢᠭ᠎ᠠ ᠣᠨᠴᠠ ᠬᠦᠴᠢᠷᠳᠡᠯᠲᠡᠢ | ᠬᠥᠮᠥᠰ ᠤᠨ ᠳᠣᠲᠣᠷᠠᠬᠢ ᠣᠷᠣᠨ ᠰᠠᠭᠤᠴᠠ ᠨᠢ ᠬᠦᠴᠢᠷᠳᠡᠯ ᠲᠠᠢ ᠪᠣᠯ ᠣᠷᠣᠨ ᠰᠠᠭᠤᠴᠠ ᠶᠢᠨ ᠲᠡᠩᠬᠡᠷᠡᠭᠦᠯᠦᠨ | ᠲᠤᠰᠠᠯᠠᠬᠤ ᠶᠢ ᠬᠡᠷᠡᠭᠵᠢᠭᠦᠯᠦᠨ᠎ᠡ᠃ ᠠᠵᠢᠯ ᠣᠯᠭᠤᠯᠲᠠ ᠶᠢᠨ ᠲᠤᠰᠠᠯᠠᠮᠵᠢ ᠶᠢᠨ ᠳᠦᠷᠢᠮ ᠢ ᠲᠡᠭᠦᠯᠳᠡᠷᠵᠢᠭᠦᠯᠵᠦ᠂ | ᠨᠡᠶᠢᠭᠡᠮ ᠤᠨ ᠠᠪᠤᠷᠠᠨ ᠲᠤᠰᠠᠯᠠᠬᠤ ᠡᠲᠡᠭᠡᠳ ᠲᠤ ᠤᠯᠠᠨ ᠨᠡᠶᠢᠲᠡ ᠶᠢᠨ ᠠᠵᠢᠯ ᠣᠯᠭᠤᠯᠲᠠ ᠶᠢᠨ ᠦᠢᠯᠡᠴᠢᠯᠡᠭᠡ ᠶᠢ | ᠤᠷᠢᠳᠠᠪᠠᠷ ᠬᠠᠩᠭᠠᠨ᠎ᠠ᠃ ᠤᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠲᠠᠪᠴᠠᠩ ᠤᠨ | ᠪᠠᠶᠢᠭᠤᠯᠤᠯᠲᠠ ᠶᠢ ᠴᠢᠩᠭᠠᠳᠬᠠᠵᠤ᠂ ᠬᠠᠤᠯᠢ ᠴᠠᠭᠠᠵᠠ ᠶᠢᠨ ᠲᠤᠰᠠᠯᠠᠮᠵᠢ ᠦᠵᠡᠭᠦᠯᠬᠦ ᠪᠠ ᠬᠠᠤᠯᠢ ᠴᠠᠭᠠᠵᠠ ᠶᠢᠨ | ᠠᠪᠤᠷᠠᠨ ᠲᠤᠰᠠᠯᠠᠬᠤ ᠳᠦᠷᠢᠮ ᠢ ᠬᠤᠰᠢᠭᠤ ᠰᠢᠶᠠᠨ ᠤ ᠱᠠᠲᠤ᠂ ᠰᠤᠮᠤ ᠰᠢᠶᠠᠩ ᠪᠠᠯᠭᠠᠰᠤ ︵ᠵᠡᠭᠡᠯᠢ ᠭᠤᠳᠤᠮᠵᠢ︶ | ᠶᠢᠨ ᠨᠠᠰᠤᠨ ᠳᠤ ᠥᠯᠥ ᠭᠦᠷᠦᠭᠰᠡᠳ ᠢ ᠬᠠᠮᠠᠭᠠᠯᠠᠬᠤ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ | ᠴᠢᠩᠭᠠᠳᠬᠠᠵᠤ᠂ ᠭᠡᠷ ᠲᠡᠭᠡᠨ ᠬᠤᠴᠣᠷᠤᠭᠰᠠᠨ ᠬᠡᠦᠬᠡᠳ ᠤᠨ ᠲᠤᠭ᠎ᠠ ᠬᠡᠮᠵᠢᠶ᠎ᠡ ᠪᠠᠷ ᠨᠡᠯᠢᠶᠡᠳ ᠣᠯᠠᠨ ᠪᠠᠶᠢᠭ᠎ᠠ | ᠬᠥᠭᠵᠢᠭᠡᠳᠦᠢ ᠭᠠᠵᠠᠷ ᠣᠷᠣᠨ ᠤ ᠬᠤᠯᠪᠣᠭᠳᠡᠯ ᠪᠦᠬᠦᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ | ᠭᠤᠣᠯᠳᠠᠯᠭ᠎ᠠ ᠲᠠᠢ ᠳᠡᠮᠵᠢᠨ᠎ᠡ᠃ ᠬᠡᠦᠬᠡᠳ ᠤᠨ ᠠᠰᠠᠷᠠᠮᠵᠢ ᠶᠢᠨ ᠪᠠᠶᠢᠭᠤᠯᠤᠮᠵᠢ ᠶᠢ ᠰᠢᠯᠢᠳᠡᠭᠵᠢᠭᠦᠯᠦᠨ ᠶᠠᠰᠤ ᠴᠢᠨᠠᠷ ᠢ | ᠳᠡᠭᠡᠭᠰᠢᠯᠡᠭᠦᠯᠬᠦ ᠪᠠ ᠰᠢᠨ᠎ᠡ ᠶᠢ ᠡᠭᠦᠳᠦᠨ ᠬᠡᠯᠪᠡᠷᠢ ᠪᠠᠨ ᠬᠤᠪᠢᠷᠠᠭᠤᠯᠤᠨ ᠴᠢᠨᠠᠷ ᠰᠠᠶᠢᠲᠠᠢ ᠬᠥᠭᠵᠢᠭᠦᠯᠬᠦ ᠶᠢ | ᠠᠬᠢᠭᠤᠯᠵᠤ᠂ ᠣᠲᠣ ᠶᠢᠨ ᠪᠠᠶᠢᠭ᠎ᠠ ᠨᠡᠶᠢᠭᠡᠮ ᠤᠨ ᠠᠰᠠᠷᠠᠮᠵᠢ ᠶᠢᠨ ᠪᠡᠯᠡᠳᠬᠡᠮᠵᠢ ᠶᠢ ᠭᠦᠢᠴᠡᠳ ᠠᠰᠢᠭᠯᠠᠨ ᠲᠡᠨᠦᠭᠦᠯ | ᠭᠤᠶᠢᠷᠠᠨᠴᠢᠳ ᠢ ᠠᠪᠤᠷᠠᠨ ᠲᠤᠰᠠᠯᠠᠬᠤ ᠪᠡᠯᠡᠳᠬᠡᠮᠵᠢ ᠪᠤᠶᠤ ᠠᠪᠤᠷᠠᠨ ᠲᠤᠰᠠᠯᠠᠬᠤ ᠥᠷᠲᠡᠭᠡ ᠪᠠᠶᠢᠭᠤᠯᠵᠤ᠂ ᠠᠪᠤᠷᠠᠨ | ᠲᠤᠰᠠᠯᠠᠬᠤ ᠦᠢᠯᠡᠴᠢᠯᠡᠭᠡᠨ ᠤ ᠲᠣᠣᠷ ᠰᠦᠯᠵᠢᠶ᠎ᠡ ᠶᠢ ᠪᠥᠬᠦ ᠬᠤᠰᠢᠭᠤ ᠰᠢᠶᠠᠨ ︵ᠬᠤᠲᠠ᠂ ᠲᠣᠭᠤᠷᠢᠭ︶ ᠳᠤ | ᠬᠠᠮᠤᠷᠬᠤ ᠶᠢ ᠪᠡᠶᠡᠯᠡᠭᠦᠯᠦᠨ᠎ᠡ᠃ | 2. ︽︿ᠪᠠᠴᠢᠮ ᠪᠠ ᠬᠦᠴᠢᠷᠲᠡᠢ ᠪᠠᠶᠢᠳᠠᠯ ᠢ ᠠᠪᠤᠷᠠᠬᠤ﹀ ᠴᠢᠳᠠᠮᠵᠢ ᠶᠢ ᠴᠢᠩᠭᠠᠷᠠᠭᠤᠯᠬᠤ︾ ᠬᠡᠰᠡᠭ | ᠬᠤᠭᠤᠴᠠᠭᠠᠨ ᠳᠠᠬᠢ ︽ᠠᠮᠢᠳᠤᠷᠠᠯ ᠳᠠᠭᠠᠨ ᠵᠥᠪ ᠦᠭᠡᠢ ᠲᠡᠨᠦᠭᠦᠴᠢᠯᠡᠨ ᠭᠤᠶᠢᠷᠠᠨᠴᠢᠯᠠᠵᠤ ᠪᠠᠶᠢᠭ᠎ᠠ ᠬᠥᠮᠥᠰ ᠢ | ᠠᠪᠤᠷᠠᠨ ᠲᠤᠰᠠᠯᠠᠬᠤ ᠬᠠᠮᠢᠶᠠᠷᠤᠯᠲᠠ ᠶᠢ ᠴᠢᠩᠭᠠᠳᠬᠠᠨ ᠰᠠᠶᠢᠵᠢᠷᠠᠭᠤᠯᠬᠤ︾ ᠶᠢᠨ ᠲᠠᠷᠠᠭ᠎ᠠ ︽ᠣᠶᠣᠨ ᠤ ᠡᠷᠡᠭᠦᠯ | ᠬᠠᠮᠠᠭᠠᠯᠠᠯ ᠤᠨ ᠠᠰᠠᠷᠠᠮᠵᠢ ᠶᠢᠨ ᠲᠥᠬᠦᠭᠡᠷᠦᠮᠵᠢ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠣᠷᠣᠰᠢᠭᠤᠯᠭ᠎ᠠ ᠶᠢᠨ | ᠦᠢᠯᠡᠴᠢᠯᠡᠭᠡᠨ ᠤ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ᠎ᠡ᠃ | ᠴᠡᠷᠢᠭ ᠤᠨ ᠠᠯᠪᠠᠨ ᠠᠴᠠ ᠪᠠᠭᠤᠭᠰᠠᠳ ᠤᠨ ᠦᠢᠯᠡᠴᠢᠯᠡᠭᠡᠨ ᠤ ᠲᠥᠪ ︵ᠥᠷᠲᠡᠭᠡ︶ ᠤᠨ ᠪᠦᠲᠦᠭᠡᠨ | ᠪᠠᠶᠢᠭᠤᠯᠤᠯᠲᠠ ᠶᠢ ᠴᠢᠩᠭᠠᠳᠬᠠᠵᠤ᠂ ᠠᠰᠠᠷᠠᠨ ᠬᠠᠷᠠᠭᠠᠯᠵᠠᠬᠤ ᠡᠮᠨᠡᠯᠭᠡ ᠶᠢᠨ ᠬᠤᠷᠢᠶ᠎ᠠ᠂ ᠢᠷᠠᠭᠤ ᠠᠯᠳᠠᠷ ᠤᠨ | ᠡᠮᠨᠡᠯᠭᠡ ᠶᠢᠨ ᠬᠤᠷᠢᠶᠠᠨ ᠤ ᠤᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠲᠠᠪᠴᠠᠩ ᠤᠨ | ᠪᠠᠶᠢᠭᠤᠯᠤᠯᠲᠠ ᠶᠢ ᠴᠢᠩᠭᠠᠳᠬᠠᠵᠤ᠂ ᠬᠠᠤᠯᠢ ᠴᠠᠭᠠᠵᠠ ᠶᠢᠨ ᠲᠤᠰᠠᠯᠠᠮᠵᠢ ᠶᠢᠨ ᠪᠠᠶᠢᠭᠤᠯᠤᠮᠵᠢ ᠶᠢᠨ | ᠪᠠᠶᠢᠷᠢᠯᠠᠭᠤᠯᠤᠯᠲᠠ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠬᠠᠤᠯᠢ ᠪᠠᠷ ᠵᠠᠰᠠᠬᠤ ᠤᠬᠠᠭᠤᠯᠭ᠎ᠠ ᠶᠢᠨ | ᠵᠢᠭᠰᠠᠭᠠᠯ ᠤᠨ ᠭᠠᠵᠠᠷ ᠤᠨ ᠪᠠᠶᠢᠭᠤᠯᠤᠯᠲᠠ ᠶᠢ ᠳᠠᠮᠵᠢᠬᠦ ᠠᠭᠤᠯᠭ᠎ᠠ᠃ | 3. ︽ᠵᠡᠮᠳᠡᠭᠴᠦᠳ ᠤᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠬᠤ︾ ᠬᠡᠰᠡᠭ ᠤᠨ ︽ | ᠵᠡᠮᠳᠡᠭᠴᠦᠳ ᠤᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠬᠤ︾ ᠶᠢᠨ ᠳᠠᠷᠠᠭ᠎ᠠ ︽ᠵᠡᠮᠳᠡᠭᠴᠦᠳ ᠤᠨ | ᠦᠢᠯᠡᠴᠢᠯᠡᠭᠡᠨ ᠤ ᠲᠥᠬᠦᠭᠡᠷᠦᠮᠵᠢ ᠪᠠ ᠶᠡᠷᠦᠩᠬᠡᠶᠢᠯᠡᠭᠰᠡᠨ ᠦᠢᠯᠡᠴᠢᠯᠡᠭᠡᠨ ᠤ ᠴᠢᠳᠠᠪᠤᠷᠢ ᠶᠢᠨ ᠪᠠᠶᠢᠭᠤᠯᠤᠯᠲᠠ ᠶᠢ | ᠴᠢᠩᠭᠠᠳᠬᠠᠵᠤ᠂ ᠬᠠᠷᠰᠢ ᠰᠠᠭᠠᠳ ᠦᠭᠡᠢ ᠣᠷᠴᠢᠨ ᠲᠣᠭᠤᠷᠢᠨ ᠤ ᠪᠦᠲᠦᠭᠡᠨ ᠪᠠᠶᠢᠭᠤᠯᠤᠯᠲᠠ ᠪᠠ | ᠬᠠᠮᠠᠭᠠᠯᠠᠯᠲᠠ ᠶᠢᠨ ᠲᠥᠷᠥ ᠶᠢᠨ ᠪᠣᠳᠣᠯᠭ᠎ᠠ ᠶᠢᠨ ᠰᠢᠰᠲ᠋ᠧᠮᠵᠢ ᠶᠢ ᠲᠡᠭᠦᠯᠳᠡᠷᠵᠢᠭᠦᠯᠵᠦ᠂ ᠡᠷᠡᠭᠦᠯᠵᠢᠭᠦᠯᠬᠦ ᠳᠤ | ᠲᠤᠰᠠᠯᠠᠬᠤ ᠪᠠᠭᠠᠵᠢ ᠬᠡᠷᠡᠭᠰᠡᠯ ᠢ ᠨᠡᠶᠢᠭᠡᠮ ᠲᠣᠭᠤᠷᠢᠭ ᠤᠨ ᠲᠦᠷᠢᠶᠡᠰᠦᠯᠡᠬᠦ ᠢᠵᠢ ᠪᠦᠷᠢᠳᠦᠭᠦᠯᠬᠦ ᠲᠥᠷᠥ ᠶᠢᠨ | ᠪᠣᠳᠣᠯᠭ᠎ᠠ ᠶᠢ ᠰᠦᠪᠡᠭᠴᠢᠯᠡᠨ ᠪᠠᠶᠢᠭᠤᠯᠵᠤ᠂ ᠬᠦᠴᠢᠷᠳᠡᠯᠲᠡᠢ ᠵᠡᠮᠳᠡᠭᠴᠦᠳ ᠤᠨ ᠭᠡᠷ ᠪᠦᠯᠢ ᠶᠢᠨ ᠬᠠᠷᠰᠢ ᠰᠠᠭᠠᠳ | ᠦᠭᠡᠢ ᠪᠡᠯᠡᠳᠬᠡᠮᠵᠢ ᠶᠢ ᠥᠭᠡᠷᠡᠴᠢᠯᠡᠬᠦ ᠪᠠ ᠡᠷᠡᠭᠦᠯᠵᠢᠭᠦᠯᠬᠦ ᠳᠤ ᠲᠤᠰᠠᠯᠠᠬᠤ ᠪᠠᠭᠠᠵᠢ ᠬᠡᠷᠡᠭᠰᠡᠯ ᠢ ᠲᠣᠬᠢᠷᠠᠭᠤᠯᠬᠤ | ᠦᠢᠯᠡᠴᠢᠯᠡᠭᠡ ᠶᠢ ᠳᠡᠮᠵᠢᠵᠦ᠂ ᠬᠦᠴᠢᠷᠳᠡᠯᠲᠡᠢ ᠵᠡᠮᠳᠡᠭᠴᠦᠳ ᠤᠨ ᠠᠮᠢᠳᠤᠷᠠᠯ ᠤᠨ ᠨᠥᠬᠦᠪᠦᠷᠢ ᠪᠠ ᠬᠦᠨᠳᠦ | ᠵᠡᠮᠳᠡᠭᠴᠦᠳ ᠤᠨ ᠰᠤᠪᠢᠯᠠᠯᠲᠠ ᠶᠢᠨ ᠨᠥᠬᠦᠪᠦᠷᠢ ᠶᠢᠨ ᠪᠠᠷᠢᠮᠵᠢᠶ᠎ᠠ ᠶᠢ ᠬᠥᠳᠡᠯᠦᠩᠭᠦᠢ ᠪᠠᠷ ᠲᠣᠬᠢᠷᠠᠭᠤᠯᠤᠨ᠎ᠠ︾ ᠭᠡᠰᠡᠨ | ᠠᠭᠤᠯᠭ᠎ᠠ ᠶᠢ ᠪᠠᠭᠲᠠᠭᠠᠨ᠎ᠠ᠃ | ︵ᠨᠠᠢᠮᠠ︶ ︽ᠨᠠᠢᠮᠠᠳᠤᠭᠠᠷ ᠬᠡᠰᠡᠭ ᠴᠡᠷᠢᠭ ᠢ ᠰᠢᠯᠢᠳᠡᠭᠵᠢᠭᠦᠯᠬᠦ ᠦᠢᠯᠡᠴᠢᠯᠡᠭᠡᠨ ᠤ ᠪᠠᠲᠤᠯᠠᠭ᠎ᠠ︾ ︽ | ᠶᠢᠰᠦᠳᠦᠭᠡᠷ ᠬᠡᠰᠡᠭ ᠰᠣᠶᠣᠯ ᠪᠡᠶ᠎ᠡ ᠶᠢᠨ ᠲᠠᠮᠢᠷ ᠤᠨ ᠦᠢᠯᠡᠴᠢᠯᠡᠭᠡᠨ ᠤ ᠪᠠᠲᠤᠯᠠᠭ᠎ᠠ︾ ᠶᠢᠨ ᠬᠡᠰᠡᠭ ᠠᠭᠤᠯᠭ᠎ᠠ ᠳᠤ | ᠵᠠᠰᠠᠪᠤᠷᠢ ᠣᠷᠣᠭᠤᠯᠬᠤ᠃ | 1. ︽ᠨᠠᠢᠮᠠᠳᠤᠭᠠᠷ ᠬᠡᠰᠡᠭ ᠴᠡᠷᠢᠭ ᠢ ᠰᠢᠯᠢᠳᠡᠭᠵᠢᠭᠦᠯᠬᠦ ᠦᠢᠯᠡᠴᠢᠯᠡᠭᠡ ᠪᠠᠲᠤᠯᠠᠭ᠎ᠠ︾ ᠶᠢᠨ ᠠᠭᠤᠯᠭ᠎ᠠ ᠶᠢ | ᠬᠠᠰᠤᠪᠠ᠃ | 2. ︽ᠶᠢᠰᠦᠳᠦᠭᠡᠷ ᠬᠡᠰᠡᠭ ᠰᠣᠶᠣᠯ ᠪᠡᠶ᠎ᠡ ᠶᠢᠨ ᠲᠠᠮᠢᠷ ᠤᠨ ᠦᠢᠯᠡᠴᠢᠯᠡᠭᠡᠨ ᠤ ᠪᠠᠲᠤᠯᠠᠭ᠎ᠠ︾ ᠶᠢᠨ | ᠭᠠᠷᠴᠠᠭ ᠢ ︽ᠨᠠᠢᠮᠠᠳᠤᠭᠠᠷ ᠬᠡᠰᠡᠭ ᠰᠣᠶᠣᠯ ᠪᠡᠶ᠎ᠡ ᠶᠢᠨ ᠲᠠᠮᠢᠷ ᠤᠨ ᠦᠢᠯᠡᠴᠢᠯᠡᠭᠡᠨ ᠤ ᠪᠠᠲᠤᠯᠠᠭ᠎ᠠ︾ ᠭᠡᠵᠦ ᠵᠠᠰᠠᠪᠠ᠃ | | 3. ︽ᠦᠨᠳᠦᠰᠦᠨ ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡ ᠬᠠᠩᠭᠠᠨ᠎ᠠ︾ ᠭᠡᠬᠦ ᠬᠡᠰᠡᠭ ᠲᠠᠬᠢ | ︽︿ᠣᠶᠤᠨᠲᠤ ᠷᠠᠳᠢᠣ᠋ ᠲᠧᠯᠸᠢᠰ﹀ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠦᠵᠡᠯ | ᠤᠬᠠᠮᠰᠠᠷ ᠤᠨ ᠬᠡᠯᠪᠡᠷᠢ ᠶᠢᠨ ᠵᠢᠭᠰᠠᠭᠠᠯ ᠤᠨ ᠭᠠᠵᠠᠷ ᠢ ᠪᠠᠬᠢᠵᠢᠭᠦᠯᠦᠨ᠂ ᠡᠬᠡ ᠤᠯᠤᠰ ᠤᠨ ᠤᠮᠠᠷᠠᠲᠤ ᠶᠢᠨ ᠠᠮᠤᠷ | ᠲᠦᠪᠰᠢᠨ ᠲᠣᠭᠲᠠᠭᠤᠨ ᠤ ᠬᠠᠯᠬᠠᠪᠴᠢ ᠶᠢ ᠪᠠᠬᠢᠵᠢᠭᠦᠯᠵᠦ᠂ ᠣᠯᠠᠨ ᠲᠦᠮᠡᠨ ᠳᠤ ᠦᠢᠯᠡᠴᠢᠯᠡᠬᠦ ᠣᠶᠤᠨᠴᠢ ᠳᠥᠭᠦᠮ | ᠳᠥᠲᠡ ᠲᠠᠪᠴᠠᠩ ᠢ ᠪᠠᠶᠢᠭᠤᠯᠤᠨ᠎ᠠ︾ ᠭᠡᠳᠡᠭ ᠢ ︽︿ᠣᠶᠤᠨᠲᠤ ᠷᠠᠳᠢᠣ᠋ ᠲᠧᠯᠸᠢᠰ﹀ ᠤᠨ ᠪᠦᠲᠦᠭᠡᠨ | ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠣᠶᠤᠨᠲᠤ ᠷᠠᠳᠢᠣ᠋ ᠲᠧᠯᠸᠢᠰ ᠢᠶᠠᠷ ᠬᠢᠯᠢ ᠬᠢᠵᠠᠭᠠᠷ ᠢ ᠪᠠᠬᠢᠵᠢᠭᠦᠯᠬᠦ | ᠢᠨᠵᠧᠨᠧᠷᠢᠩ ᠪᠠ ᠬᠤᠲᠠ ᠶᠢᠨ ᠲᠠᠰ ᠤᠨ ᠷᠠᠳᠢᠣ᠋ ᠲᠧᠯᠸᠢᠰ ᠢ ᠠᠭᠤᠰᠤᠯᠴᠠᠭᠤᠯᠤᠨ ᠬᠥᠭᠵᠢᠭᠦᠯᠵᠦ ᠳᠡᠭᠡᠭᠰᠢᠯᠡᠭᠦᠯᠬᠦ | ᠢᠨᠵᠧᠨᠧᠷᠢᠩ ᠢ ᠬᠡᠷᠡᠭᠵᠢᠭᠦᠯᠬᠦ ᠶᠢ ᠠᠬᠢᠭᠤᠯᠤᠨ᠎ᠠ᠃ ᠪᠠᠴᠢᠮ ᠪᠠᠶᠢᠳᠠᠯ ᠢ ᠠᠷᠭᠠᠴᠠᠬᠤ ᠷᠠᠳᠢᠣ᠋ ᠨᠡᠪᠲᠡᠷᠡᠭᠦᠯᠭᠡ ᠶᠢᠨ | ᠰᠢᠰᠲ᠋ᠧᠮᠵᠢ ᠶᠢᠨ ᠪᠠᠶᠢᠭᠤᠯᠤᠯᠲᠠ ᠪᠠ ᠤᠲᠠᠰᠤᠲᠤ ᠥᠨᠳᠥᠷ ᠲᠣᠳᠣ ᠰᠣᠯᠢᠯᠴᠠᠭᠠᠨ ᠤ ᠲᠣᠭᠠᠴᠢᠯᠠᠭᠰᠠᠨ | ᠲᠧᠯᠸᠢᠰ ᠤᠨ ᠮᠠᠰᠢᠨ ᠤ ᠣᠷᠣᠢ ᠶᠢᠨ ᠬᠠᠶᠢᠷᠴᠠᠭ ᠢ ᠳᠡᠯᠭᠡᠷᠡᠭᠦᠯᠦᠨ ᠲᠦᠭᠡᠮᠡᠯᠵᠢᠭᠦᠯᠬᠦ ᠶᠢ ᠠᠬᠢᠭᠤᠯᠵᠤ᠂ | ᠲᠣᠭᠠᠴᠢᠯᠠᠭᠰᠠᠨ ᠰᠣᠶᠣᠯ ᠤᠨ ᠦᠢᠯᠡᠴᠢᠯᠡᠭᠡᠨ ᠪᠠ ᠨᠡᠭᠦᠳᠡᠯ ᠰᠣᠶᠣᠯ ᠤᠨ ᠦᠢᠯᠡᠴᠢᠯᠡᠭᠡ ᠶᠢ ᠴᠢᠩᠭᠠᠷᠠᠭᠤᠯᠤᠨ᠂ ᠰᠢ | ᠲᠠᠭᠤᠤᠷᠢᠯᠢᠬ ᠤᠨ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠲᠣᠭᠯᠠᠯᠲᠠ ᠶᠢᠨ ᠲᠥᠷᠥᠯ ᠵᠦᠢᠯ ᠢ ᠬᠡᠷᠡᠭᠵᠢᠭᠦᠯᠦᠨ᠎ᠡ᠃ | ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠲᠠ ᠶᠢᠨ ᠲᠠᠰ ᠤᠨ ᠲᠧᠯᠸᠢᠰ ᠬᠤᠷᠢᠶᠠᠨ ᠤ ᠳᠣᠬᠢᠶᠠᠨ ᠤ ᠬᠡᠯᠡᠨ ᠤ | ᠫᠷᠣᠭ᠍ᠷᠠᠮ ᠨᠡᠭᠡᠭᠡᠬᠦ ᠪᠤᠶᠤ ᠥᠰᠥᠭ ᠤᠨ ᠬᠥᠰᠢᠭᠡ ᠶᠢ ᠨᠡᠮᠡᠵᠦ ᠲᠣᠬᠢᠷᠠᠭᠤᠯᠬᠤ ᠶᠢ ᠠᠬᠢᠭᠤᠯᠤᠨ᠎ᠠ︾᠃ | 4. ︽ᠤᠯᠠᠭᠠᠨᠮᠥ᠋ᠴᠢᠷ ᠤᠨ ᠦᠢᠯᠡᠰ ᠢ ᠬᠥᠭᠵᠢᠭᠦᠯᠦᠨ ᠪᠤᠵᠠᠭᠠᠶᠢᠷᠠᠭᠤᠯᠬᠤ︾ ᠬᠡᠰᠡᠭ ᠲᠠᠬᠢ ︽︿ | ᠤᠯᠠᠭᠠᠨᠮᠥ᠋ᠴᠢᠷ +﹀ ᠶᠡᠷᠦᠩᠬᠡᠶᠢᠯᠡᠭᠰᠡᠨ ᠰᠠᠶᠢᠨ ᠳᠤᠷ᠎ᠠ ᠶᠢᠨ ᠦᠢᠯᠡᠴᠢᠯᠡᠭᠡ ᠶᠢ ᠥᠷᠨᠢᠭᠦᠯᠵᠦ᠂ ︿ | ᠤᠯᠠᠭᠠᠨᠮᠥ᠋ᠴᠢᠷ ᠤᠨ ᠵᠣᠷᠢᠭ ᠰᠠᠨᠠᠭ᠎ᠠ ᠶᠢ ᠪᠠᠳᠠᠷᠠᠭᠤᠯᠤᠨ᠂ ᠠᠷᠠᠳ ᠲᠦᠮᠡᠨ ᠤ ᠳᠤᠮᠳᠠ ᠣᠴᠢᠬᠤ ᠵᠡᠷᠭᠡ | ᠠᠵᠢᠯᠯᠠᠭ᠎ᠠ ᠳᠤ ᠪᠥᠬᠦ ᠣᠷᠣᠨ ᠤ ᠤᠯᠠᠭᠠᠨᠮᠥ᠋ᠴᠢᠷ ᠤᠨ ᠤᠷᠠᠯᠢᠭ ᠤᠨ ᠨᠠᠶᠢᠷ᠂ ᠤᠯᠠᠭᠠᠨᠮᠥ᠋ᠴᠢᠷ ᠤᠨ ᠰᠠᠷ᠎ᠠ᠂ | ᠤᠯᠠᠭᠠᠨᠮᠥ᠋ᠴᠢᠷ ᠤᠨ ᠰᠢᠯᠵᠢᠭᠦᠯᠦᠨ ᠲᠣᠭᠯᠠᠬᠤ ᠠᠵᠢᠯᠯᠠᠭ᠎ᠠ ᠶᠢ ᠰᠠᠶᠢᠲᠤᠷ ᠡᠷᠭᠢᠯᠡᠨ᠎ᠡ︾ ᠭᠡᠳᠡᠭ ᠢ ︽ | ᠤᠯᠠᠭᠠᠨᠮᠥ᠋ᠴᠢᠷ ᠤᠨ ︿ᠰᠤᠷᠤᠯᠴᠠᠬᠤ᠂ ᠡᠭᠦᠳᠬᠦ᠂ ᠲᠣᠭᠯᠠᠬᠤ﹀ ︿ᠪᠠᠶᠠᠷ ᠪᠠᠶᠠᠰᠤᠯ ᠬᠦᠷᠭᠡᠬᠦ᠂ ᠪᠣᠯᠪᠠᠰᠤᠨ ᠢ | ᠬᠦᠷᠭᠡᠬᠦ﹀ ᠦᠢᠯᠡᠴᠢᠯᠡᠭᠡ ᠵᠡᠷᠭᠡ ᠠᠵᠢᠯᠯᠠᠭ᠎ᠠ ᠶᠢ ᠥᠷᠨᠢᠭᠦᠯᠵᠦ᠂ ᠪᠥᠬᠦ ᠣᠷᠣᠨ ᠤ ᠤᠯᠠᠭᠠᠨᠮᠥ᠋ᠴᠢᠷ ᠤᠨ ᠤᠷᠠᠯᠢᠭ ᠤᠨ | ᠨᠠᠶᠢᠷ᠂ ᠤᠯᠠᠭᠠᠨᠮᠥ᠋ᠴᠢᠷ ᠤᠨ ᠰᠠᠷ᠎ᠠ ᠵᠡᠷᠭᠡ ᠠᠵᠢᠯᠯᠠᠭ᠎ᠠ ᠶᠢ ᠰᠠᠶᠢᠲᠤᠷ ᠡᠷᠭᠢᠯᠡᠨ᠎ᠡ︾ ᠭᠡᠵᠦ ᠵᠠᠰᠠᠪᠠ᠃ | 5. ︽ᠰᠢᠯᠢᠳᠡᠭ ᠤᠯᠠᠮᠵᠢᠯᠠᠯᠲᠤ ᠰᠣᠶᠣᠯ ᠢ ᠤᠯᠠᠮᠵᠢᠯᠠᠨ ᠵᠠᠯᠭᠠᠮᠵᠢᠯᠠᠵᠤ ᠪᠠᠳᠠᠷᠠᠭᠤᠯᠤᠶ᠎ᠠ︾ ᠭᠡᠬᠦ | ᠬᠡᠰᠡᠭ ᠲᠠᠬᠢ ︽ᠬᠠᠳᠤᠨ ᠭᠤᠣᠯ ᠤᠨ ᠰᠣᠶᠣᠯ᠂ ᠤᠷᠳᠤ ᠴᠠᠭᠠᠨ ᠬᠡᠷᠡᠮ ᠤᠨ ᠰᠣᠶᠣᠯ ᠪᠠ ᠪᠠᠷᠠᠭᠤᠨ ᠯᠢᠶᠣᠤ ᠾᠧ | ᠭᠤᠣᠯ ᠤᠨ ᠰᠣᠶᠣᠯ ᠢ ᠤᠯᠠᠮᠵᠢᠯᠠᠨ ᠵᠠᠯᠭᠠᠮᠵᠢᠯᠠᠵᠤ ᠪᠠᠳᠠᠷᠠᠭᠤᠯᠤᠶ᠎ᠠ︾ ᠭᠡᠳᠡᠭ ᠢ ︽ᠬᠠᠳᠤᠨ ᠭᠤᠣᠯ ᠤᠨ ᠰᠣᠶᠣᠯ᠂ | ᠤᠷᠳᠤ ᠴᠠᠭᠠᠨ ᠬᠡᠷᠡᠮ ᠤᠨ ᠰᠣᠶᠣᠯ ᠢ ᠤᠯᠠᠮᠵᠢᠯᠠᠨ ᠵᠠᠯᠭᠠᠮᠵᠢᠯᠠᠵᠤ ᠪᠠᠳᠠᠷᠠᠭᠤᠯᠤᠶ᠎ᠠ︾ ᠭᠡᠵᠦ ᠵᠠᠰᠠᠪᠠ᠃ | 6. ︽ᠪᠦᠬᠦ ᠠᠷᠠᠳ ᠤᠨ ᠪᠡᠶ᠎ᠡ ᠮᠠᠬᠠᠪᠤᠳ ᠢᠶᠠᠨ ᠴᠢᠭᠢᠷᠠᠭᠵᠢᠭᠤᠯᠬᠤ ᠠᠵᠢᠯᠯᠠᠭ᠎ᠠ ᠶᠢ ᠥᠷᠭᠡᠨ | ᠳᠡᠯᠭᠡᠷᠡᠩᠭᠦᠢ ᠪᠠᠷ ᠥᠷᠨᠢᠭᠦᠯᠬᠦ︾ ᠨᠢᠭᠡ ᠬᠡᠰᠡᠭ ᠤᠨ ︽ᠪᠦᠬᠦ ᠠᠷᠠᠳ ᠤᠨ ᠪᠡᠶ᠎ᠡ ᠮᠠᠬᠠᠪᠤᠳ ᠢᠶᠠᠨ ᠴᠢᠭᠢᠷᠠᠭᠵᠢᠭᠤᠯᠬᠤ | ᠲᠠᠯᠠᠪᠤᠷ ᠤᠨ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ ᠡᠷᠴᠢᠮ ᠢ ᠴᠢᠩᠭᠠᠷᠠᠭᠤᠯᠵᠤ᠂ ᠨᠡᠶᠢᠭᠡᠮ ᠤᠨ | ᠪᠡᠶ᠎ᠡ ᠶᠢᠨ ᠲᠠᠮᠢᠷ ᠤᠨ ᠵᠢᠭᠠᠨ ᠵᠢᠯᠣᠭᠤᠳᠤᠭᠴᠢ ᠶᠢ ᠬᠥᠮᠥᠵᠢᠭᠦᠯᠬᠦ ᠡᠷᠴᠢᠮ ᠢ ᠴᠢᠩᠭᠠᠷᠠᠭᠤᠯᠤᠨ᠎ᠠ︾ ᠭᠡᠳᠡᠭ ᠢ ︽ | ᠬᠤᠰᠢᠭᠤ ᠰᠢᠶᠠᠨ ᠤ ᠱᠠᠲᠤᠨ ᠤ ᠣᠯᠠᠨ ᠨᠡᠶᠢᠲᠡ ᠶᠢᠨ ᠪᠡᠶ᠎ᠡ ᠶᠢᠨ ᠲᠠᠮᠢᠷ ᠤᠨ ᠲᠠᠯᠠᠪᠠᠶ᠂ ᠪᠡᠶ᠎ᠡ ᠴᠢᠭᠢᠷᠠᠭᠵᠢᠭᠤᠯᠬᠤ | ᠶᠠᠪᠠᠭᠠᠨ ᠵᠠᠮ᠂ ᠪᠡᠶ᠎ᠡ ᠶᠢᠨ ᠲᠠᠮᠢᠷ ᠤᠨ ᠴᠡᠴᠡᠷᠯᠢᠭ᠂ ᠲᠠᠷᠢᠶᠠᠴᠢᠳ ᠤᠨ ᠪᠡᠶ᠎ᠡ ᠶᠢᠨ ᠲᠠᠮᠢᠷ ᠤᠨ ᠪᠡᠶ᠎ᠡ | ᠴᠢᠭᠢᠷᠠᠭᠵᠢᠭᠤᠯᠬᠤ ᠢᠨᠵᠧᠨᠧᠷᠢᠩ ᠵᠡᠷᠭᠡ ᠣᠯᠠᠨ ᠨᠡᠶᠢᠲᠡ ᠶᠢᠨ ᠪᠡᠶ᠎ᠡ ᠴᠢᠭᠢᠷᠠᠭᠵᠢᠭᠤᠯᠬᠤ ᠪᠡᠯᠡᠳᠬᠡᠮᠵᠢ ᠶᠢᠨ | ᠪᠦᠲᠦᠭᠡᠨ ᠪᠠᠶᠢᠭᠤᠯᠤᠯᠲᠠ ᠶᠢ ᠪᠡᠶ᠎ᠡ ᠶᠢᠨ ᠲᠠᠮᠢᠷ ᠤᠨ ᠲᠥᠪ᠂ ᠰᠤᠯᠠ ᠪᠠᠶᠢᠭ᠎ᠠ ᠦᠢᠯᠡᠳᠪᠦᠷᠢ ᠶᠢᠨ ᠭᠡᠷ ᠪᠠᠶᠢᠰᠢᠩ᠂ | ᠰᠤᠷᠭᠠᠭᠤᠯᠢ ᠶᠢᠨ ᠪᠠᠶᠢᠷᠢ ᠶᠢᠨ ᠪᠡᠶ᠎ᠡ ᠶᠢᠨ ᠲᠠᠮᠢᠷ ᠤᠨ ᠲᠠᠯᠠᠪᠠᠶ᠂ ᠨᠡᠶᠢᠭᠡᠮ ᠲᠣᠭᠤᠷᠢᠭ ᠤᠨ ᠬᠤᠭᠤᠰᠤᠨ ᠪᠠᠶᠢᠭ᠎ᠠ | ᠲᠠᠯᠠᠪᠤᠷ ᠵᠡᠷᠭᠡ ᠶᠢ ᠵᠦᠢ ᠵᠣᠬᠢᠰᠲᠠᠢ ᠠᠰᠢᠭᠯᠠᠵᠤ᠂ ᠣᠯᠠᠨ ᠨᠡᠶᠢᠲᠡ ᠶᠢᠨ ᠪᠡᠶ᠎ᠡ ᠶᠢᠨ ᠲᠠᠮᠢᠷ ᠤᠨ ᠬᠥᠳᠡᠯᠭᠡᠭᠡᠨ ᠤ | ᠲᠠᠯᠠᠪᠤᠷ ᠭᠠᠵᠠᠷ ᠢ ᠥᠷᠭᠡᠳᠬᠡᠨ᠂ ᠮᠠᠯᠵᠢᠬᠤ ᠲᠠᠷᠢᠶᠠᠯᠠᠬᠤ ᠣᠷᠣᠨ ᠤ ᠪᠡᠶ᠎ᠡ ᠶᠢᠨ ᠲᠠᠮᠢᠷ ᠤᠨ ᠪᠡᠶ᠎ᠡ | ᠴᠢᠭᠢᠷᠠᠭᠵᠢᠭᠤᠯᠬᠤ ᠪᠡᠯᠡᠳᠬᠡᠮᠵᠢ ᠶᠢᠨ ᠬᠠᠩᠭᠠᠯᠭ᠎ᠠ ᠶᠢ ᠨᠡᠮᠡᠭᠳᠡᠭᠦᠯᠦᠨ᠎ᠡ︾︔ ︽ᠦᠨᠳᠦᠰᠦᠲᠡᠨ ᠤ ᠠᠷᠠᠳ ᠤᠨ ᠵᠠᠩ | ᠳᠠᠳᠬᠠᠯ ᠤᠨ ᠤᠯᠠᠮᠵᠢᠯᠠᠯᠲᠤ ᠪᠡᠶ᠎ᠡ ᠶᠢᠨ ᠲᠠᠮᠢᠷ ᠤᠨ ᠰᠢᠷᠢᠰ ᠠᠵᠢᠯᠯᠠᠭ᠎ᠠ ᠶᠢ ᠥᠷᠨᠢᠭᠦᠯᠵᠦ᠂ ᠤᠯᠠᠮᠵᠢᠯᠠᠯᠲᠤ | ᠠᠮᠠᠷᠠᠯᠲᠠ ᠶᠢᠨ ᠡᠳᠦᠷ ᠤᠨ ᠪᠡᠶ᠎ᠡ ᠴᠢᠭᠢᠷᠠᠭᠵᠢᠭᠤᠯᠬᠤ ᠠᠵᠢᠯᠯᠠᠭ᠎ᠠ ᠶᠢᠨ ᠠᠭᠤᠯᠭ᠎ᠠ ᠶᠢ ᠪᠠᠶᠠᠯᠢᠭᠵᠢᠭᠤᠯᠤᠭᠰᠠᠨ︾ ᠤ | ᠳᠠᠷᠠᠭ᠎ᠠ ︽ᠣᠯᠠᠨ ᠨᠡᠶᠢᠲᠡ ᠶᠢᠨ ᠪᠡᠶ᠎ᠡ ᠶᠢᠨ ᠲᠠᠮᠢᠷ ᠤᠨ ᠲᠠᠯᠠᠪᠤᠷ ᠣᠷᠳᠣᠨ ᠢ ᠰᠦᠢᠳᠬᠡᠯ ᠬᠤᠷᠢᠶᠠᠬᠤ ᠦᠭᠡᠢ ᠪᠤᠶᠤ | ᠰᠦᠢᠳᠬᠡᠯ ᠪᠠᠭ᠎ᠠ ᠬᠤᠷᠢᠶᠠᠵᠤ ᠨᠡᠭᠡᠭᠡᠬᠦ ᠶᠢ ᠳᠡᠮᠵᠢᠨ᠎ᠡ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠰᠠᠶᠢᠨ | ᠳᠤᠷ᠎ᠠ ᠶᠢᠨ ᠦᠢᠯᠡᠴᠢᠯᠡᠭᠡ ᠶᠢ ᠥᠷᠨᠢᠭᠦᠯᠦᠨ᠎ᠡ᠃ ᠤᠯᠠᠨ ᠲᠦᠮᠡᠨ ᠤ ᠰᠣᠶᠣᠯ ᠤᠨ ᠠᠵᠢᠯᠯᠠᠭ᠎ᠠ ᠶᠢ ᠥᠷᠭᠡᠨ ᠳᠡᠯᠭᠡᠷ | ᠥᠷᠨᠢᠭᠦᠯᠦᠨ᠎ᠡ᠃ ᠭᠤᠣᠯ ᠰᠡᠳᠦᠪᠲᠦ ᠣᠯᠠᠨ ᠲᠦᠮᠡᠨ ᠤ ᠰᠣᠶᠣᠯ ᠤᠨ ᠠᠵᠢᠯᠯᠠᠭ᠎ᠠ ᠪᠠ ᠪᠥᠬᠦ ᠣᠷᠣᠨ ᠤ ᠮᠠᠯᠴᠢᠨ | ᠲᠠᠷᠢᠶᠠᠴᠢᠨ ᠤ ᠤᠷᠠᠨ ᠰᠠᠶᠢᠬᠠᠨ ᠤ ᠬᠠᠮᠲᠤᠷᠠᠭᠰᠠᠨ ᠲᠣᠭᠯᠠᠯᠲᠠ᠂ ᠲᠠᠯᠠᠪᠠᠶ ᠶᠢᠨ ᠪᠥᠵᠢᠭ ᠤᠨ ᠤᠷᠤᠯᠳᠤᠭᠠᠨ ᠵᠡᠷᠭᠡ | ᠣᠯᠠᠨ ᠲᠦᠮᠡᠨ ᠤ ᠬᠡᠪᠰᠢᠭᠰᠡᠨ ᠰᠣᠶᠣᠯ ᠤᠨ ᠠᠵᠢᠯᠯᠠᠭ᠎ᠠ ᠶᠢ ᠪᠦᠲᠦᠮᠵᠢᠲᠡᠶ ᠠᠬᠢᠭᠤᠯᠤᠨ᠎ᠠ︾ ᠭᠡᠬᠦ ᠠᠭᠤᠯᠭ᠎ᠠ ᠶᠢ | ᠪᠠᠭᠲᠠᠭᠠᠨ᠎ᠠ᠃ | 7. ︽ᠲᠤᠰᠬᠠᠢ ᠪᠤᠯᠤᠩ 8 ᠰᠣᠶᠣᠯ ᠲᠠᠮᠢᠷ ᠤᠨ ᠦᠢᠯᠡᠴᠢᠯᠡᠭᠡᠨ ᠤ ᠪᠠᠲᠤᠯᠠᠭ᠎ᠠ ᠶᠢᠨ ᠢᠨᠵᠧᠨᠧᠷᠢᠩ︾ | ᠳᠣᠲᠣᠷᠠᠬᠢ ︽ᠰᠢᠨ᠎ᠡ ᠴᠠᠭ ᠦᠶ᠎ᠡ ᠶᠢᠨ ᠤᠯᠠᠭᠠᠨᠮᠥ᠋ᠴᠢᠷ ᠤᠨ ᠠᠵᠢᠯ ᠦᠢᠯᠡᠰ ᠤᠨ ᠬᠥᠭᠵᠢᠯᠲᠡ ᠶᠢᠨ ᠠᠵᠢᠯᠯᠠᠭ᠎ᠠ᠃ | ᠤᠯᠠᠭᠠᠨᠮᠥ᠋ᠴᠢᠷ ᠤᠨ ᠪᠣᠯᠪᠠᠰᠤᠷᠠᠯ ᠤᠨ ᠲᠠᠯᠠᠪᠤᠷ ᠤᠨ ᠪᠠᠷᠢᠮᠵᠢᠶᠠᠵᠢᠭᠤᠯᠬᠤ ᠪᠦᠲᠦᠭᠡᠨ ᠪᠠᠶᠢᠭᠤᠯᠤᠯᠲᠠ ᠶᠢ | ᠠᠬᠢᠭᠤᠯᠤᠨ᠎ᠠ︾ ᠭᠡᠳᠡᠭ ᠢ ︽ᠤᠯᠠᠭᠠᠨᠮᠥ᠋ᠴᠢᠷ ᠤᠨ ᠪᠡᠯᠡᠳᠬᠡᠮᠵᠢ ᠶᠢᠨ ᠪᠠᠷᠢᠮᠵᠢᠶ᠎ᠠ ᠶᠢ ᠪᠠᠷᠢᠮᠵᠢᠶ᠎ᠠ ᠳᠤ ᠬᠦᠷᠭᠡᠬᠦ | ᠢᠨᠵᠧᠨᠧᠷᠢᠩ᠂ ᠤᠯᠠᠭᠠᠨᠮᠥ᠋ᠴᠢᠷ ᠤᠨ ᠪᠡᠯᠡᠳᠬᠡᠮᠵᠢ ᠶᠢᠨ ᠪᠠᠷᠢᠮᠵᠢᠶᠠᠵᠢᠭᠤᠯᠬᠤ ᠪᠦᠲᠦᠭᠡᠨ ᠪᠠᠶᠢᠭᠤᠯᠤᠯᠲᠠ ᠶᠢ | ᠠᠬᠢᠭᠤᠯᠤᠨ᠎ᠠ︾ ᠭᠡᠵᠦ ᠵᠠᠰᠠᠪᠠ︔ ︽ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠲᠠᠯᠠᠪᠤᠷ ᠤᠨ ᠪᠡᠯᠡᠳᠬᠡᠮᠵᠢ ᠶᠢᠨ | ᠪᠦᠲᠦᠭᠡᠨ ᠪᠠᠶᠢᠭᠤᠯᠤᠯᠲᠠ ᠶᠢᠨ ᠠᠵᠢᠯᠯᠠᠭ᠎ᠠ︾ ᠶᠢᠨ ᠨᠢᠭᠡ ᠬᠡᠰᠡᠭ ᠤᠨ ᠠᠭᠤᠯᠭ᠎ᠠ ᠶᠢ ︽ᠪᠥᠬᠦ ᠠᠷᠠᠳ ᠤᠨ ᠪᠡᠶ᠎ᠡ | ᠴᠢᠭᠢᠷᠠᠭᠵᠢᠭᠤᠯᠬᠤ ᠲᠠᠯᠠᠪᠤᠷ ᠤᠨ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢᠨ ᠠᠵᠢᠯᠯᠠᠭ᠎ᠠ᠃ ᠪᠡᠶ᠎ᠡ ᠶᠢᠨ | ᠲᠠᠮᠢᠷ ᠤᠨ ᠴᠡᠴᠡᠷᠯᠢᠭ᠂ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠲᠥᠪ ︵ᠪᠠᠭ᠎ᠠ ᠬᠡᠯᠪᠡᠷᠢ ᠶᠢᠨ ᠪᠡᠶ᠎ᠡ ᠶᠢᠨ | ᠲᠠᠮᠢᠷ ᠤᠨ ᠶᠡᠷᠦᠩᠬᠡᠶᠢᠯᠡᠭᠰᠡᠨ ᠴᠣᠭᠴᠠ︶᠂ ᠣᠯᠠᠨ ᠨᠡᠶᠢᠲᠡ ᠶᠢᠨ ᠪᠡᠶ᠎ᠡ ᠶᠢᠨ ᠲᠠᠮᠢᠷ ᠤᠨ ᠲᠠᠯᠠᠪᠤᠷ ᠲᠠᠬᠢ | ᠪᠠᠷᠢᠮᠵᠢᠶᠠᠲᠤ ᠬᠦᠨᠳᠦ ᠬᠥᠩᠭᠡᠨ ᠲᠠᠮᠢᠷ ᠤᠨ ᠭᠦᠶᠦᠯᠲᠡ ᠶᠢᠨ ᠵᠠᠮ ᠪᠠ ᠪᠠᠷᠢᠮᠵᠢᠶᠠᠲᠤ ᠬᠥᠯ ᠪᠥᠮᠪᠦᠭᠡ ᠶᠢᠨ ᠲᠠᠯᠠᠪᠤᠷ | ᠭᠠᠵᠠᠷ᠂ ᠨᠡᠶᠢᠭᠡᠮ ᠤᠨ ᠬᠥᠯ ᠪᠥᠮᠪᠦᠭᠡ ᠶᠢᠨ ᠲᠠᠯᠠᠪᠤᠷ᠂ ᠪᠡᠶ᠎ᠡ ᠴᠢᠭᠢᠷᠠᠭᠵᠢᠭᠤᠯᠬᠤ ᠶᠠᠪᠠᠭᠠᠨ ᠵᠠᠮ᠂ ᠭᠡᠷ ᠤᠨ | ᠭᠠᠳᠠᠨᠠᠬᠢ ᠪᠡᠶ᠎ᠡ ᠶᠢᠨ ᠲᠠᠮᠢᠷ ᠤᠨ ᠣᠯᠠᠨ ᠨᠡᠶᠢᠲᠡ ᠶᠢᠨ ᠦᠢᠯᠡᠴᠢᠯᠡᠭᠡᠨ ᠤ ᠪᠡᠯᠡᠳᠬᠡᠮᠵᠢ ᠶᠢᠨ ᠪᠦᠲᠦᠭᠡᠨ | ᠪᠠᠶᠢᠭᠤᠯᠤᠯᠲᠠ ᠶᠢ ᠠᠬᠢᠭᠤᠯᠤᠨ᠎ᠠ︾ ᠭᠡᠵᠦ ᠵᠠᠰᠠᠪᠠ᠃ | ᠲᠠᠪᠤ᠂ ︽ᠲᠥᠯᠦᠪᠵᠢᠭᠦᠯᠭᠡ︾ ᠶᠢᠨ ︽ᠲᠠᠪᠤᠳᠤᠭᠠᠷ ᠪᠦᠯᠦᠭ ᠲᠦᠭᠡᠮᠡᠯ ᠬᠠᠷᠠᠭᠠᠯᠵᠠᠯ ᠤᠨ ᠴᠢᠨᠠᠷᠲᠠᠢ | ᠤᠯᠠᠨ ᠨᠡᠶᠢᠲᠡ ᠶᠢᠨ ᠦᠨᠳᠦᠰᠦᠨ ᠪᠤᠰᠤ ᠦᠢᠯᠡᠴᠢᠯᠡᠭᠡᠨ ᠤ ᠬᠠᠩᠭᠠᠯᠭ᠎ᠠ ᠶᠢ ᠥᠷᠭᠡᠳᠬᠡᠬᠦ︾ ᠶᠢᠨ ᠬᠡᠰᠡᠭ | ᠠᠭᠤᠯᠭ᠎ᠠ ᠳᠤ ᠳᠣᠣᠷᠠᠬᠢ ᠮᠡᠲᠦ ᠵᠠᠰᠠᠪᠤᠷᠢ ᠣᠷᠣᠭᠤᠯᠪᠠ᠃ | ︵ᠨᠢᠭᠡ︶ ︽ᠨᠢᠭᠡᠳᠦᠭᠡᠷ ᠬᠡᠰᠡᠭ ᠲᠦᠭᠡᠮᠡᠯ ᠬᠠᠷᠠᠭᠠᠯᠵᠠᠯᠲᠤ ᠬᠡᠦᠬᠡᠳ ᠰᠠᠭᠠᠲᠠᠭᠤᠯᠬᠤ ᠦᠢᠯᠡᠴᠢᠯᠡᠭᠡ ᠶᠢ | ᠬᠥᠭᠵᠢᠭᠦᠯᠬᠦ︾ ᠠᠭᠤᠯᠭ᠎ᠠ ᠶᠢ ︽ᠪᠡᠶᠡᠴᠢ ᠴᠣᠭᠴᠠ ᠨᠢ ᠣᠯᠠᠨ ᠡᠰᠢᠲᠦ᠂ ᠬᠡᠯᠪᠡᠷᠢ ᠮᠠᠶ᠋ᠢᠭ ᠨᠢ ᠣᠯᠠᠨ ᠶᠠᠩᠵᠤ ᠶᠢᠨ | ᠂ ᠲᠥᠷᠥ ᠶᠢᠨ ᠪᠣᠳᠣᠯᠭ᠎ᠠ ᠨᠢ ᠪᠦᠷᠢᠨ ᠲᠡᠭᠦᠯᠳᠡᠷ ᠨᠢᠯᠬ᠎ᠠ ᠬᠡᠦᠬᠡᠳ ᠢ ᠬᠠᠷᠠᠭᠠᠯᠵᠠᠨ ᠠᠰᠠᠷᠠᠬᠤ ᠦᠢᠯᠡᠴᠢᠯᠡᠭᠡᠨ ᠤ | ᠰᠢᠰᠲ᠋ᠧᠮᠵᠢ ᠶᠢ ᠲᠦᠷᠭᠡᠳᠬᠡᠨ ᠪᠠᠶᠢᠭᠤᠯᠵᠤ᠂ ᠨᠡᠶᠢᠭᠡᠮ ᠤᠨ ᠬᠦᠴᠦᠨ ᠢ ᠢᠳᠡᠪᠬᠢᠲᠡᠢ ᠪᠠᠷ ᠬᠥᠲᠥᠯᠥᠨ ᠵᠢᠯᠤᠭᠤᠳᠴᠤ | ᠪᠠᠶᠢᠭᠠᠳ ᠬᠡᠦᠬᠡᠳ ᠰᠠᠭᠠᠲᠠᠭᠤᠯᠬᠤ ᠦᠢᠯᠡᠴᠢᠯᠡᠭᠡᠨ ᠤ ᠪᠠᠶᠢᠭᠤᠯᠤᠮᠵᠢ ᠡᠷᠭᠢᠯᠡᠵᠦ᠂ ᠲᠦᠭᠡᠮᠡᠯ ᠬᠠᠷᠠᠭᠠᠯᠵᠠᠬᠤ | ᠴᠢᠨᠠᠷᠲᠠᠢ ᠬᠡᠦᠬᠡᠳ ᠰᠠᠭᠠᠲᠠᠭᠤᠯᠬᠤ ᠦᠢᠯᠡᠴᠢᠯᠡᠭᠡᠨ ᠤ ᠬᠠᠩᠭᠠᠯᠭ᠎ᠠ ᠶᠢ ᠨᠡᠮᠡᠭᠳᠡᠭᠦᠯᠦᠨ᠎ᠡ᠃ ᠨᠡᠶᠢᠭᠡᠮ ᠨᠡᠶᠢᠲᠡ ᠳᠤ | ᠬᠠᠨᠳᠤᠭᠤᠯᠤᠭᠰᠠᠨ ᠨᠡᠶᠢᠳᠡᠮ ᠬᠠᠷᠠᠭᠠᠯᠵᠠᠬᠤ ᠴᠢᠨᠠᠷᠲᠠᠢ ᠬᠡᠦᠬᠡᠳ ᠰᠠᠭᠠᠲᠠᠭᠤᠯᠬᠤ ᠦᠢᠯᠡᠴᠢᠯᠡᠭᠡᠨ ᠤ ᠲᠥᠷᠥᠯ | ᠵᠦᠢᠯ ᠢ ᠳᠡᠮᠵᠢᠵᠦ᠂ ᠨᠢᠯᠬ᠎ᠠ ᠬᠡᠦᠬᠡᠳ ᠤᠨ ᠭᠡᠷ ᠪᠦᠯᠢ ᠳᠤ ᠶᠠᠰᠤ ᠴᠢᠨᠠᠷ ᠨᠢ ᠪᠠᠲᠤᠯᠠᠭ᠎ᠠ ᠲᠠᠢ᠂ ᠦᠨ᠎ᠡ ᠬᠠᠩᠰᠢ ᠨᠢ | ᠳᠠᠭᠠᠭᠠᠵᠤ ᠳᠡᠶᠢᠯᠬᠦ᠂ ᠲᠥᠬᠦᠮ ᠪᠥᠭᠡᠳ ᠬᠦᠷᠲᠡᠵᠦ ᠳᠡᠶᠢᠯᠬᠦ ᠬᠡᠦᠬᠡᠳ ᠰᠠᠭᠠᠲᠠᠭᠤᠯᠬᠤ ᠦᠢᠯᠡᠴᠢᠯᠡᠭᠡᠨ ᠢ ᠬᠠᠩᠭᠠᠨ᠎ᠠ | ᠃ ᠨᠢᠯᠬ᠎ᠠ ᠬᠡᠦᠬᠡᠳ ᠢ ᠬᠠᠷᠠᠭᠠᠯᠵᠠᠨ ᠠᠰᠠᠷᠠᠬᠤ ᠵᠢᠱᠢᠶ᠎ᠡ ᠦᠵᠡᠭᠦᠯᠦᠨ ᠡᠭᠦᠳᠦᠨ ᠪᠠᠶᠢᠭᠤᠯᠬᠤ ᠠᠵᠢᠯᠯᠠᠭ᠎ᠠ ᠶᠢ | ᠥᠷᠨᠢᠭᠦᠯᠵᠦ᠂ ᠨᠢᠭᠡ ᠪᠦᠯᠦᠭ ᠳᠠᠶᠢᠴᠢᠯᠠᠬᠤ ᠦᠢᠯᠡᠳᠦᠯ ᠲᠠᠢ᠂ ᠵᠣᠬᠢᠬᠤ ᠵᠢᠯᠤᠭᠤᠳᠬᠤ ᠴᠢᠳᠠᠮᠵᠢ ᠶᠢ ᠡᠭᠦᠷᠭᠡᠯᠡᠭᠰᠡᠨ | ᠵᠢᠱᠢᠶ᠎ᠡ ᠦᠵᠡᠭᠦᠯᠬᠦ ᠴᠢᠨᠠᠷᠲᠠᠢ ᠨᠠᠶᠢᠳᠠᠨ ᠬᠥᠮᠥᠵᠢᠭᠦᠯᠬᠦ ᠦᠢᠯᠡᠴᠢᠯᠡᠭᠡᠨ ᠤ ᠪᠠᠶᠢᠭᠤᠯᠤᠮᠵᠢ ᠶᠢ ᠪᠠᠶᠢᠭᠤᠯᠤᠨ | ᠪᠦᠲᠦᠭᠡᠵᠦ᠂ ᠵᠣᠬᠢᠬᠤ ᠬᠡᠪᠴᠢᠶᠡᠨ ᠤ ᠲᠦᠭᠡᠮᠡᠯ ᠬᠠᠷᠠᠭᠠᠯᠵᠠᠯ ᠤᠨ ᠴᠢᠨᠠᠷᠲᠠᠢ ᠨᠠᠶᠢᠳᠠᠨ ᠬᠥᠮᠥᠵᠢᠭᠦᠯᠬᠦ ᠪᠠᠶᠢᠷᠢ ᠶᠢ | ᠲᠣᠬᠢᠷᠠᠭᠤᠯᠤᠨ᠂ ᠨᠠᠶᠢᠳᠠᠨ ᠬᠥᠮᠥᠵᠢᠭᠦᠯᠬᠦ ᠠᠵᠢᠯ ᠡᠷᠬᠢᠯᠡᠭᠰᠡᠳ ᠤᠨ ᠪᠣᠯᠪᠠᠰᠤᠷᠠᠭᠤᠯᠤᠯ᠂ ᠨᠠᠶᠢᠳᠠᠨ ᠬᠥᠮᠥᠵᠢᠭᠦᠯᠬᠦ | ᠪᠠᠶᠢᠭᠤᠯᠤᠮᠵᠢ ᠶᠢᠨ ᠬᠠᠮᠢᠶᠠᠷᠤᠯᠲᠠ ᠶᠢᠨ ᠯᠠᠪᠯᠠᠭ᠎ᠠ᠂ ᠭᠡᠷ ᠪᠦᠯᠢ ᠶᠢᠨ ᠠᠰᠠᠷᠠᠨ ᠬᠥᠮᠥᠵᠢᠭᠦᠯᠬᠦ ᠶᠢᠨ ᠵᠢᠯᠣᠭᠤᠳᠤᠯᠭ᠎ᠠ | ᠪᠠ ᠨᠡᠶᠢᠭᠡᠮ ᠲᠣᠭᠤᠷᠢᠭ ᠤᠨ ᠡᠴᠢᠭᠡ ᠡᠬᠡ ᠦᠷ᠎ᠡ ᠬᠡᠦᠬᠡᠳ ᠤᠨ ᠠᠵᠢᠯᠯᠠᠭ᠎ᠠ ᠵᠡᠷᠭᠡ ᠦᠢᠯᠡᠴᠢᠯᠡᠭᠡᠨ ᠢ ᠬᠠᠩᠭᠠᠨ᠎ᠠ᠃ | ᠲᠤᠰᠠᠭᠠᠷ ᠭᠠᠵᠠᠷ ᠡᠵᠡᠯᠡᠬᠦ ᠴᠢᠬᠤᠯᠠ ᠲᠠᠢ ᠨᠢᠯᠬ᠎ᠠ ᠬᠡᠦᠬᠡᠳ ᠢ ᠬᠠᠷᠠᠭᠠᠯᠵᠠᠨ ᠠᠰᠠᠷᠠᠬᠤ ᠦᠢᠯᠡᠴᠢᠯᠡᠭᠡᠨ ᠤ | ᠪᠡᠯᠡᠳᠬᠡᠮᠵᠢ ᠪᠠ ᠲᠠᠯᠠᠪᠤᠷ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠪᠠᠶᠢᠷᠢᠰᠢᠭᠤᠯᠤᠯᠲᠠ ᠶᠢ ᠬᠤᠯᠪᠣᠭᠳᠡᠯ ᠪᠦᠬᠦᠢ | ᠲᠥᠯᠦᠪᠵᠢᠭᠦᠯᠭᠡ ᠳᠤ ᠣᠷᠣᠭᠤᠯᠵᠤ᠂ ᠨᠢᠭᠡ ᠪᠦᠯᠦᠭ ᠰᠢᠭᠢᠳᠬᠡᠯ ᠮᠠᠶ᠋ᠢᠭ ᠤᠨ᠂ ᠲᠠᠷᠬᠠᠮᠠᠯ ᠮᠠᠶ᠋ᠢᠭ ᠤᠨ᠂ | ᠬᠡᠯᠬᠢᠶᠡᠵᠢᠭᠰᠡᠨ᠂ ᠲᠤᠰᠬᠠᠶᠢᠵᠢᠭᠰᠠᠨ ᠨᠡᠶᠢᠭᠡᠮ ᠲᠣᠭᠤᠷᠢᠭ ᠤᠨ ᠬᠡᠦᠬᠡᠳ ᠰᠠᠭᠠᠲᠠᠭᠤᠯᠬᠤ ᠦᠢᠯᠡᠴᠢᠯᠡᠭᠡᠨ ᠤ | ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠰᠢᠨ᠎ᠡ ᠪᠠᠷ ᠪᠠᠶᠢᠭᠤᠯᠬᠤ᠂ ᠥᠭᠡᠷᠡᠴᠢᠯᠡᠵᠦ ᠥᠷᠭᠡᠳᠬᠡᠨ | ᠪᠠᠶᠢᠭᠤᠯᠬᠤ ᠪᠠᠷ ᠳᠡᠮᠵᠢᠨ ᠳᠡᠮᠵᠢᠵᠦ᠂ ᠪᠦᠬᠦᠯᠢ ᠡᠳᠦᠷ ᠤᠨ ᠬᠡᠦᠬᠡᠳ ᠰᠠᠭᠠᠲᠠᠭᠤᠯᠬᠤ᠂ ᠬᠠᠭᠠᠰ ᠡᠳᠦᠷ ᠤᠨ | ᠬᠡᠦᠬᠡᠳ ᠰᠠᠭᠠᠲᠠᠭᠤᠯᠬᠤ᠂ ᠴᠠᠭ ᠢᠶᠠᠷ ᠪᠤᠳᠤᠬᠤ ᠬᠡᠦᠬᠡᠳ ᠰᠠᠭᠠᠲᠠᠭᠤᠯᠬᠤ᠂ ᠲᠦᠷ ᠴᠠᠭ ᠤᠨ ᠬᠡᠦᠬᠡᠳ | ᠰᠠᠭᠠᠲᠠᠭᠤᠯᠬᠤ ᠵᠡᠷᠭᠡ ᠣᠯᠠᠨ ᠶᠠᠩᠵᠤ ᠶᠢᠨ ᠲᠦᠭᠡᠮᠡᠯ ᠬᠠᠷᠠᠭᠠᠯᠵᠠᠯᠲᠤ ᠬᠡᠦᠬᠡᠳ ᠰᠠᠭᠠᠲᠠᠭᠤᠯᠬᠤ ᠦᠢᠯᠡᠴᠢᠯᠡᠭᠡᠨ ᠢ | ᠬᠠᠩᠭᠠᠨ᠎ᠠ᠃ ᠰᠢᠨ᠎ᠡ ᠪᠠᠷ ᠪᠠᠶᠢᠭᠤᠯᠤᠭᠰᠠᠨ ᠣᠷᠣᠨ ᠰᠠᠭᠤᠴᠠ ᠶᠢᠨ ᠲᠣᠭᠤᠷᠢᠭ ᠵᠡᠷᠭᠡ ᠳᠤ ᠨᠠᠶᠢᠳᠠᠨ ᠬᠥᠮᠥᠵᠢᠭᠦᠯᠬᠦ | ᠦᠢᠯᠡᠴᠢᠯᠡᠭᠡᠨ ᠤ ᠪᠡᠯᠡᠳᠬᠡᠮᠵᠢ ᠶᠢ ᠲᠣᠬᠢᠷᠠᠭᠤᠯᠤᠨ ᠪᠠᠶᠢᠭᠤᠯᠬᠤ ᠶᠢ ᠳᠡᠮᠵᠢᠵᠦ᠂ ᠬᠠᠭᠤᠴᠢᠨ ᠬᠤᠲᠠ ᠶᠢᠨ ᠲᠣᠭᠤᠷᠢᠭ | ᠪᠠ ᠨᠢᠭᠡᠨᠲᠡ ᠪᠠᠶᠢᠭᠤᠯᠤᠭᠰᠠᠨ ᠣᠷᠣᠨ ᠰᠠᠭᠤᠴᠠ ᠶᠢᠨ ᠲᠣᠭᠤᠷᠢᠭ ᠲᠤ ᠨᠠᠶᠢᠳᠠᠨ ᠬᠥᠮᠥᠵᠢᠭᠦᠯᠬᠦ ᠦᠢᠯᠡᠴᠢᠯᠡᠭᠡᠨ ᠤ | ᠪᠡᠯᠡᠳᠬᠡᠮᠵᠢ ᠶᠢ ᠰᠢᠨ᠎ᠡ ᠪᠠᠷ ᠪᠠᠶᠢᠭᠤᠯᠬᠤ᠂ ᠥᠭᠡᠷᠡᠴᠢᠯᠡᠵᠦ ᠥᠷᠭᠡᠳᠬᠡᠨ ᠪᠠᠶᠢᠭᠤᠯᠬᠤ ᠶᠢ ᠳᠡᠮᠵᠢᠵᠦ᠂ ᠰᠤᠷᠬᠤ | ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠪᠠᠶᠢᠭᠤᠯᠤᠮᠵᠢ ᠵᠡᠷᠭᠡ ᠶᠢᠨ ᠰᠢᠨ᠎ᠡ ᠪᠠᠷ ᠪᠠᠶᠢᠭᠤᠯᠬᠤ᠂ | ᠥᠭᠡᠷᠡᠴᠢᠯᠡᠵᠦ ᠥᠷᠭᠡᠳᠬᠡᠨ ᠪᠠᠶᠢᠭᠤᠯᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠨᠠᠶᠢᠳᠠᠨ ᠬᠥᠮᠥᠵᠢᠭᠦᠯᠬᠦ | ᠦᠢᠯᠡᠴᠢᠯᠡᠭᠡᠨ ᠬᠠᠩᠭᠠᠬᠤ ᠶᠢ ᠳᠡᠮᠵᠢᠨ᠎ᠡ᠃ ᠨᠠᠶᠢᠳᠠᠨ ᠬᠥᠮᠥᠵᠢᠭᠦᠯᠬᠦ ᠦᠢᠯᠡᠴᠢᠯᠡᠭᠡᠨ ᠤ ᠪᠡᠯᠡᠳᠬᠡᠮᠵᠢ ᠶᠢ ᠨᠡᠶᠢᠭᠡᠮ | ᠲᠣᠭᠤᠷᠢᠭ ᠤᠨ ᠦᠢᠯᠡᠴᠢᠯᠡᠭᠡᠨ ᠤ ᠲᠥᠪ ︵ᠥᠷᠲᠡᠭᠡ︶ ᠵᠢᠴᠢ ᠨᠡᠶᠢᠭᠡᠮ ᠲᠣᠭᠤᠷᠢᠭ ᠤᠨ ᠰᠣᠶᠣᠯ᠂ ᠪᠡᠶ᠎ᠡ ᠶᠢᠨ | ᠲᠠᠮᠢᠷ᠂ ᠨᠠᠰᠤᠵᠢᠯ ᠤᠨ ᠠᠰᠠᠷᠠᠮᠵᠢ ᠵᠡᠷᠭᠡ ᠪᠡᠯᠡᠳᠬᠡᠮᠵᠢ ᠯᠦᠭᠡ ᠬᠠᠮᠲᠤᠪᠠᠷ ᠪᠠᠶᠢᠭᠤᠯᠵᠤ ᠬᠠᠮᠲᠤᠪᠠᠷ ᠭᠥᠷᠳᠡᠬᠦ ᠶᠢ | ᠵᠣᠷᠢᠭᠵᠢᠭᠤᠯᠤᠨ᠎ᠠ᠃ ᠬᠤᠲᠠ ᠪᠠᠯᠭᠠᠰᠤ ᠶᠢᠨ ᠨᠢᠯᠬ᠎ᠠ ᠬᠡᠦᠬᠡᠳ ᠢ ᠬᠠᠷᠠᠭᠠᠯᠵᠠᠨ ᠠᠰᠠᠷᠠᠬᠤ ᠦᠢᠯᠡᠴᠢᠯᠡᠭᠡᠨ ᠤ | ᠪᠦᠲᠦᠭᠡᠨ ᠪᠠᠶᠢᠭᠤᠯᠤᠯᠲᠠ ᠳᠤ ᠮᠠᠯᠵᠢᠬᠤ ᠲᠠᠷᠢᠶᠠᠯᠠᠬᠤ ᠣᠷᠣᠨ ᠤ ᠬᠤᠲᠠ ᠳᠤ ᠣᠷᠣᠵᠤ ᠠᠵᠢᠯ ᠬᠥᠳᠡᠯᠮᠦᠷᠢ | ᠬᠢᠭᠰᠡᠳ ᠤᠨ ᠳᠠᠭᠠᠵᠤ ᠨᠡᠭᠦᠭᠰᠡᠨ ᠨᠢᠯᠬ᠎ᠠ ᠬᠡᠦᠬᠡᠳ ᠢ ᠬᠠᠷᠠᠭᠠᠯᠵᠠᠨ ᠠᠰᠠᠷᠠᠬᠤ ᠦᠢᠯᠡᠴᠢᠯᠡᠭᠡᠨ ᠤ ᠬᠡᠷᠡᠭᠴᠡᠭᠡ | ᠱᠠᠭᠠᠷᠳᠠᠯᠭ᠎ᠠ ᠶᠢ ᠭᠦᠢᠴᠡᠳ ᠪᠣᠳᠣᠯᠬᠢᠯᠠᠬᠤ ᠬᠡᠷᠡᠭᠲᠡᠢ᠃ ᠮᠠᠯᠵᠢᠬᠤ ᠲᠠᠷᠢᠶᠠᠯᠠᠬᠤ ᠣᠷᠣᠨ ᠪᠣᠯᠣᠨ ᠶᠠᠳᠠᠭᠤ ᠠᠴᠠ | ᠠᠩᠭᠢᠵᠢᠷᠠᠭᠰᠠᠨ ᠭᠠᠵᠠᠷ ᠣᠷᠣᠨ ᠤ ᠨᠢᠯᠬ᠎ᠠ ᠬᠡᠦᠬᠡᠳ ᠢ ᠬᠠᠷᠠᠭᠠᠯᠵᠠᠨ ᠠᠰᠠᠷᠠᠬᠤ ᠦᠢᠯᠡᠴᠢᠯᠡᠭᠡᠨ ᠢ ᠳᠡᠮᠵᠢᠬᠦ | ᠡᠷᠴᠢᠮ ᠢᠶᠠᠨ ᠴᠢᠩᠭᠠᠷᠠᠭᠤᠯᠵᠤ᠂ ᠨᠢᠯᠬ᠎ᠠ ᠬᠡᠦᠬᠡᠳ ᠤᠨ ᠠᠩᠬᠠᠨ ᠤ ᠬᠤᠭᠤᠴᠠᠭᠠᠨ ᠤ ᠬᠥᠭᠵᠢᠯᠲᠡ ᠶᠢᠨ ᠲᠥᠷᠥᠯ | ᠵᠦᠢᠯ ᠢ ᠳᠡᠯᠭᠡᠷᠡᠭᠦᠯᠦᠨ᠎ᠡ᠃ ᠬᠡᠦᠬᠡᠳ ᠤᠨ ᠵᠡᠮᠳᠡᠭ ᠢ ᠰᠢᠭᠰᠢᠨ ᠪᠠᠶᠢᠴᠠᠭᠠᠬᠤ᠂ ᠣᠨᠣᠰᠢᠯᠠᠬᠤ᠂ ᠡᠷᠡᠭᠦᠯᠵᠢᠭᠦᠯᠬᠦ | ᠲᠡᠩᠬᠡᠷᠡᠭᠦᠯᠦᠨ ᠲᠤᠰᠠᠯᠠᠬᠤ ᠶᠢ ᠣᠷᠭᠠᠨᠢᠭ ᠢᠶᠠᠷ ᠵᠣᠯᠭᠠᠭᠤᠯᠬᠤ ᠶᠢ ᠠᠬᠢᠭᠤᠯᠵᠤ᠂ ᠵᠡᠮᠳᠡᠭ ᠬᠡᠦᠬᠡᠳ ᠢ ᠡᠷᠲᠡ | ᠢᠯᠡᠷᠡᠭᠦᠯᠬᠦ᠂ ᠡᠷᠲᠡ ᠣᠨᠣᠰᠢᠯᠠᠬᠤ᠂ ᠡᠷᠲᠡ ᠭᠠᠷ ᠲᠦᠷᠦᠭᠦ᠂ ᠡᠷᠲᠡ ᠡᠷᠡᠭᠦᠯᠵᠢᠭᠦᠯᠬᠦ ᠴᠢᠳᠠᠪᠤᠷᠢ ᠪᠠ ᠦᠷ᠎ᠡ | ᠪᠦᠲᠦᠮᠵᠢ ᠶᠢ ᠳᠡᠭᠡᠭᠰᠢᠯᠡᠭᠦᠯᠦᠨ᠎ᠡ᠃ ᠬᠤᠲᠠ ᠬᠥᠳᠡᠭᠡ ᠶᠢ ᠬᠠᠮᠤᠷᠤᠭᠰᠠᠨ ᠭᠡᠷ ᠪᠦᠯᠢ ᠶᠢᠨ ᠬᠥᠮᠦᠵᠢᠯ ᠤᠨ | ᠵᠢᠯᠤᠭᠤᠳᠬᠤ ᠦᠢᠯᠡᠴᠢᠯᠡᠭᠡᠨ ᠤ ᠰᠢᠰᠲ᠋ᠧᠮᠵᠢ ᠶᠢ ᠪᠠᠶᠢᠭᠤᠯᠵᠤ᠂ ᠭᠡᠷ ᠪᠦᠯᠢ ᠳᠤ ᠨᠠᠩ ᠴᠢᠨᠠᠷ ᠰᠠᠶᠢᠲᠠᠢ ᠨᠠᠩ | ᠨᠠᠷᠢᠯᠢᠭ ᠣᠨᠣᠴᠠᠲᠠᠢ ᠭᠡᠷ ᠪᠦᠯᠢ ᠶᠢᠨ ᠬᠥᠮᠦᠵᠢᠯ ᠤᠨ ᠵᠢᠯᠣᠭᠤᠳᠤᠯᠭ᠎ᠠ ᠬᠠᠩᠭᠠᠨ᠎ᠠ᠃ ᠨᠢᠯᠬ᠎ᠠ ᠨᠢᠷᠠᠢ ᠬᠡᠦᠬᠡᠳ ᠢ | ᠬᠠᠷᠠᠭᠠᠯᠵᠠᠨ ᠠᠰᠠᠷᠠᠬᠤ ᠦᠢᠯᠡᠴᠢᠯᠡᠭᠡᠨ ᠤ ᠪᠠᠶᠢᠭᠤᠯᠤᠮᠵᠢ ᠶᠢᠨ ᠳᠠᠩᠰᠠᠯᠠᠨ ᠲᠡᠮᠳᠡᠭᠯᠡᠬᠦ ᠳᠦᠷᠢᠮ᠂ ᠮᠡᠳᠡᠭᠡ ᠵᠠᠩᠭᠢ ᠶᠢ | ᠢᠯᠡ ᠨᠡᠶᠢᠲᠡᠯᠡᠬᠦ ᠳᠦᠷᠢᠮ ᠪᠠ ᠶᠠᠰᠤ ᠴᠢᠨᠠᠷ ᠢ ᠦᠨᠡᠯᠡᠨ ᠵᠢᠱᠢᠬᠦ ᠳᠦᠷᠢᠮ ᠢ ᠪᠠᠶᠢᠭᠤᠯᠤᠨ ᠲᠡᠭᠦᠯᠳᠡᠷᠵᠢᠭᠦᠯᠵᠦ᠂ | ᠨᠢᠯᠬ᠎ᠠ ᠨᠢᠷᠠᠢ ᠬᠡᠦᠬᠡᠳ ᠢ ᠬᠠᠷᠠᠭᠠᠯᠵᠠᠨ ᠠᠰᠠᠷᠠᠬᠤ ᠦᠢᠯᠡᠴᠢᠯᠡᠭᠡᠨ ᠤ ᠪᠠᠶᠢᠭᠤᠯᠤᠮᠵᠢ ᠳᠤ ᠬᠥᠳᠡᠯᠦᠩᠭᠦᠢ | ᠬᠠᠮᠢᠶᠠᠷᠤᠯᠲᠠ ᠶᠢ ᠬᠡᠷᠡᠭᠵᠢᠭᠦᠯᠦᠨ᠎ᠡ᠃ ᠨᠡᠶᠢᠳᠡᠮ ᠬᠤᠶᠠᠷ ᠬᠡᠦᠬᠡᠳ ᠠᠪᠴᠤ ᠪᠣᠯᠬᠤ ᠲᠥᠷᠥ ᠶᠢᠨ ᠪᠣᠳᠣᠯᠭ᠎ᠠ ᠳᠤ | ᠲᠣᠬᠢᠷᠠᠭᠤᠯᠤᠯᠲᠠ ᠬᠢᠬᠦ ᠠᠴᠠ ᠡᠮᠦᠨᠡᠬᠢ ᠭᠠᠭᠴᠠ ᠬᠡᠦᠬᠡᠳ ᠲᠠᠢ ᠭᠡᠷ ᠪᠦᠯᠢ ᠪᠠ ᠬᠥᠳᠡᠭᠡ ᠲᠣᠰᠬᠤᠨ ᠤ | ᠲᠥᠯᠥᠪᠯᠡᠭᠡᠲᠦ ᠦᠷᠡᠵᠢᠯ ᠤᠨ ᠬᠤᠣᠰ ᠬᠡᠦᠬᠡᠨ ᠲᠠᠢ ᠭᠡᠷ ᠪᠦᠯᠢ ᠳᠤ ᠣᠲᠣ ᠶᠢᠨ ᠬᠡᠷᠡᠭᠵᠢᠭᠦᠯᠵᠦ ᠪᠠᠶᠢᠭ᠎ᠠ ᠡᠯ᠎ᠡ | ᠵᠦᠢᠯ ᠤᠨ ᠱᠠᠩᠨᠠᠨ ᠲᠡᠳᠬᠦᠬᠦ ᠳᠦᠷᠢᠮ ᠪᠠ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠦᠷᠭᠦᠯᠵᠢᠯᠡᠨ | ᠬᠡᠷᠡᠭᠵᠢᠭᠦᠯᠵᠦ᠂ ᠭᠤᠷᠪᠠᠨ ᠬᠡᠦᠬᠡᠳ ᠠᠪᠴᠤ ᠪᠣᠯᠬᠤ ᠲᠥᠷᠥ ᠶᠢᠨ ᠪᠣᠳᠣᠯᠭ᠎ᠠ ᠶᠢᠨ ᠢᠵᠢ ᠪᠦᠷᠢᠳᠦᠭᠦᠯᠦᠨ ᠳᠡᠮᠵᠢᠬᠦ | ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠦᠨ᠎ᠡ᠃ ᠦᠷᠡᠵᠢᠯ ᠤᠨ ᠠᠮᠠᠷᠠᠯᠲᠠ ᠶᠢᠨ ᠴᠢᠯᠦᠭᠡ ᠪᠠ ᠦᠷᠡᠵᠢᠯ ᠤᠨ | ᠳᠠᠭᠠᠳᠬᠠᠯ ᠤᠨ ᠳᠦᠷᠢᠮ ᠢ ᠨᠠᠶᠢᠳᠠᠪᠤᠷᠢᠵᠢᠭᠤᠯᠵᠤ᠂ ᠬᠥᠮᠥᠨ ᠬᠡᠷᠡᠭᠯᠡᠬᠦ ᠨᠢᠭᠡᠴᠡ ᠶᠢᠨ ᠠᠵᠢᠯᠯᠠᠬᠤ ᠴᠠᠭ ᠢ | ᠠᠮᠢᠳᠤᠯᠢᠭ ᠢᠶᠠᠷ ᠲᠣᠬᠢᠷᠠᠭᠤᠯᠬᠤ ᠵᠡᠷᠭᠡ ᠠᠷᠭ᠎ᠠ ᠬᠡᠮᠵᠢᠶ᠎ᠡ ᠠᠪᠬᠤ ᠶᠢ ᠵᠣᠷᠢᠭᠵᠢᠭᠤᠯᠤᠨ᠂ ᠨᠢᠯᠬ᠎ᠠ ᠬᠡᠦᠬᠡᠳ ᠢ | ᠠᠰᠠᠷᠠᠨ ᠬᠠᠷᠠᠭᠠᠯᠵᠠᠬᠤ ᠳᠤ ᠲᠥᠬᠦᠮ ᠨᠥᠬᠦᠴᠡᠯ ᠬᠠᠩᠭᠠᠬᠤ ᠬᠡᠷᠡᠭᠲᠡᠢ᠃ ᠨᠢᠯᠬ᠎ᠠ ᠬᠡᠦᠬᠡᠳ ᠢ ᠬᠠᠷᠠᠭᠠᠯᠵᠠᠨ | ᠠᠰᠠᠷᠠᠬᠤ ᠦᠢᠯᠡᠴᠢᠯᠡᠭᠡᠨ ᠤ ᠲᠤᠬᠠᠢ ᠤᠬᠠᠭᠤᠯᠭ᠎ᠠ ᠬᠥᠮᠦᠵᠢᠯ᠂ ᠵᠢᠯᠣᠭᠤᠳᠤᠯᠭ᠎ᠠ᠂ ᠬᠢᠨᠠᠯᠲᠠ ᠪᠠ ᠬᠠᠮᠢᠶᠠᠷᠤᠯᠲᠠ ᠶᠢ | ᠴᠢᠩᠭᠠᠳᠬᠠᠵᠤ᠂ ᠨᠢᠯᠬ᠎ᠠ ᠬᠡᠦᠬᠡᠳ ᠢ ᠬᠠᠷᠠᠭᠠᠯᠵᠠᠨ ᠠᠰᠠᠷᠠᠬᠤ ᠠᠵᠢᠯᠲᠠᠨ ᠤ ᠠᠵᠢᠯ ᠮᠡᠷᠭᠡᠵᠢᠯ ᠤᠨ ᠬᠢᠷᠢ ᠬᠡᠮ ᠤᠨ | ᠵᠥᠪᠰᠢᠶᠡᠷᠡᠯ ᠤᠨ ᠳᠦᠷᠢᠮ ᠢ ᠬᠠᠤᠯᠢ ᠶᠣᠰᠣᠭᠠᠷ ᠠᠯᠬᠤᠮ ᠠᠯᠬᠤᠮ ᠢᠶᠠᠷ ᠬᠡᠷᠡᠭᠵᠢᠭᠦᠯᠦᠨ᠎ᠡ︾ ᠭᠡᠵᠦ ᠵᠠᠰᠠᠪᠠ᠃ | ︵ᠬᠤᠶᠠᠷ︶ ︽ᠬᠤᠶᠠᠳᠤᠭᠠᠷ ᠬᠡᠰᠡᠭ ᠬᠤᠲᠠ ᠬᠥᠳᠡᠭᠡ ᠶᠢᠨ ᠰᠤᠷᠬᠤ ᠨᠠᠰᠤᠨ ᠠᠴᠠ ᠡᠮᠦᠨᠡᠬᠢ ᠰᠤᠷᠭᠠᠨ | ᠬᠥᠮᠦᠵᠢᠯ ᠢ ᠨᠡᠶᠢᠳᠡᠮ ᠬᠠᠷᠠᠭᠠᠯᠵᠠᠬᠤ︾ ᠠᠭᠤᠯᠭ᠎ᠠ ᠶᠢ ︽ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ | ᠲᠦᠭᠡᠮᠡᠯ ᠬᠠᠷᠠᠭᠠᠯᠵᠠᠯ ᠤᠨ ᠪᠠᠲᠤᠯᠠᠭ᠎ᠠ ᠶᠢᠨ ᠲᠣᠭᠲᠠᠴᠠ ᠶᠢ ᠪᠦᠷᠢᠨᠰᠢᠭᠦᠯᠵᠦ᠂ ᠭᠤᠷᠪᠠᠨ ᠵᠢᠯ ᠤᠨ ᠰᠤᠷᠬᠤ ᠨᠠᠰᠤᠨ | ᠠᠴᠠ ᠡᠮᠦᠨᠡᠬᠢ ᠰᠤᠷᠭᠠᠨ ᠬᠥᠮᠦᠵᠢᠯ ᠢ ᠪᠥᠬᠦ ᠲᠠᠯ᠎ᠠ ᠪᠠᠷ ᠲᠦᠭᠡᠮᠡᠯᠵᠢᠭᠦᠯᠦᠨ᠎ᠡ᠃ ᠠᠯᠪᠠᠨ ᠠᠴᠠ ᠡᠷᠬᠢᠯᠡᠭᠰᠡᠨ ᠰᠤᠷᠬᠤ | ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠰᠢᠯᠢᠳᠡᠭ ᠡᠬᠢ ᠪᠠᠶᠠᠯᠢᠭ ᠤᠨ ᠬᠠᠮᠤᠷᠬᠤ ᠬᠡᠪᠴᠢᠶ᠎ᠡ ᠶᠢ | ᠥᠷᠭᠡᠳᠬᠡᠨ᠎ᠡ᠃ ᠲᠦᠭᠡᠮᠡᠯ ᠬᠠᠷᠠᠭᠠᠯᠵᠠᠯ ᠤᠨ ᠴᠢᠨᠠᠷᠲᠠᠢ ᠡᠬᠢ ᠪᠠᠶᠠᠯᠢᠭ ᠢᠶᠠᠷ ᠭᠤᠣᠯ ᠴᠣᠭᠴᠠ ᠪᠣᠯᠭᠠᠭᠰᠠᠨ | ᠬᠡᠦᠬᠡᠳ ᠤᠨ ᠴᠡᠴᠡᠷᠯᠢᠭ ᠡᠷᠭᠢᠯᠡᠬᠦ ᠰᠢᠰᠲ᠋ᠧᠮᠵᠢ ᠶᠢ ᠬᠦᠴᠦᠯᠡᠨ ᠪᠠᠶᠢᠭᠤᠯᠵᠤ᠂ ᠲᠦᠭᠡᠮᠡᠯ ᠬᠠᠷᠠᠭᠠᠯᠵᠠᠯ ᠤᠨ ᠴᠢᠨᠠᠷᠲᠠᠢ | ᠬᠡᠦᠬᠡᠳ ᠤᠨ ᠴᠡᠴᠡᠷᠯᠢᠭ ᠤᠨ ᠪᠦᠲᠦᠭᠡᠨ ᠪᠠᠶᠢᠭᠤᠯᠤᠯᠲᠠ ᠶᠢ ᠬᠤᠲᠠ ᠬᠥᠳᠡᠭᠡ ᠶᠢᠨ ᠣᠯᠠᠨ ᠨᠡᠶᠢᠲᠡ ᠶᠢᠨ | ᠦᠢᠯᠡᠴᠢᠯᠡᠭᠡᠨ ᠤ ᠪᠡᠯᠡᠳᠬᠡᠮᠵᠢ ᠶᠢᠨ ᠨᠢᠭᠡᠳᠦᠯᠲᠡᠢ ᠲᠥᠯᠦᠪᠵᠢᠭᠦᠯᠭᠡ ᠳᠤ ᠣᠷᠣᠭᠤᠯᠤᠨ᠎ᠠ᠃ ᠬᠤᠰᠢᠭᠤ ᠰᠢᠶᠠᠨ ︵ | ᠬᠤᠲᠠ᠂ ᠲᠣᠭᠤᠷᠢᠭ︶ ᠤ ᠲᠦᠭᠡᠮᠡᠯ ᠬᠠᠷᠠᠭᠠᠯᠵᠠᠯ ᠤᠨ ᠴᠢᠨᠠᠷᠲᠠᠢ ᠬᠡᠦᠬᠡᠳ ᠤᠨ ᠴᠡᠴᠡᠷᠯᠢᠭ ᠤᠨ | ᠲᠥᠯᠦᠪᠵᠢᠭᠦᠯᠭᠡ ᠶᠢᠨ ᠪᠠᠶᠢᠷᠢᠰᠢᠭᠤᠯᠤᠯᠲᠠ ᠶᠢ ᠲᠡᠭᠦᠯᠳᠡᠷᠵᠢᠭᠦᠯᠵᠦ᠂ ᠣᠷᠣᠨ ᠰᠠᠭᠤᠴᠠ ᠶᠢᠨ ᠲᠣᠭᠤᠷᠢᠭ ᠤᠨ | ᠬᠥᠮᠥᠨ ᠠᠮᠠ ᠶᠢᠨ ᠢᠵᠢ ᠪᠦᠷᠢᠳᠦᠭᠦᠯᠬᠦ ᠡᠷᠳᠡᠮ ᠤᠨ ᠴᠣᠯᠠ ᠶᠢᠨ ᠪᠠᠷᠢᠮᠵᠢᠶ᠎ᠠ ᠳᠤ ᠴᠠᠭ ᠲᠤᠬᠠᠢ ᠳᠤᠨᠢ ᠵᠠᠰᠠᠪᠤᠷᠢ | ᠣᠷᠣᠭᠤᠯᠬᠤ ᠪᠠ ᠲᠣᠬᠢᠷᠠᠭᠤᠯᠤᠯᠲᠠ ᠬᠢᠨ᠎ᠡ᠃ ᠨᠢᠭᠡ ᠪᠦᠯᠦᠭ ᠲᠦᠭᠡᠮᠡᠯ ᠬᠠᠷᠠᠭᠠᠯᠵᠠᠯ ᠤᠨ ᠴᠢᠨᠠᠷᠲᠠᠢ ᠬᠡᠦᠬᠡᠳ ᠤᠨ | ᠴᠡᠴᠡᠷᠯᠢᠭ ᠢ ᠵᠢᠯ ᠳᠠᠷᠠᠭᠠᠯᠠᠨ ᠲᠣᠬᠢᠷᠠᠭᠤᠯᠤᠨ ᠪᠠᠶᠢᠭᠤᠯᠵᠤ᠂ ᠮᠠᠯᠵᠢᠬᠤ ᠲᠠᠷᠢᠶᠠᠯᠠᠬᠤ ᠣᠷᠣᠨ ᠢ ᠭᠤᠣᠯᠳᠠᠯᠭ᠎ᠠ ᠲᠠᠢ | ᠥᠷᠭᠡᠳᠬᠡᠨ᠂ ᠬᠥᠮᠥᠨ ᠠᠮᠠ ᠲᠥᠪᠯᠡᠷᠡᠭᠰᠡᠨ ᠭᠠᠵᠠᠷ ᠣᠷᠣᠨ ᠤ ᠲᠦᠭᠡᠮᠡᠯ ᠬᠠᠷᠠᠭᠠᠯᠵᠠᠯ ᠤᠨ ᠴᠢᠨᠠᠷᠲᠠᠢ ᠡᠬᠢ | ᠪᠠᠶᠠᠯᠢᠭ ᠢ ᠰᠢᠨ᠎ᠡ ᠪᠠᠷ ᠨᠡᠮᠡᠭᠳᠡᠭᠦᠯᠦᠨ᠎ᠡ᠃ ᠰᠤᠮᠤ ᠰᠢᠶᠠᠩ ᠪᠠᠯᠭᠠᠰᠤ ︵ᠵᠡᠭᠡᠯᠢ ᠭᠤᠳᠤᠮᠵᠢ︶᠂ ᠭᠠᠴᠠᠭ᠎ᠠ | ᠲᠣᠰᠬᠤᠨ ᠤ ᠬᠠᠮᠲᠤ ᠨᠡᠶᠢᠲᠡ᠂ ᠤᠯᠤᠰ ᠤᠨ ᠥᠮᠴᠢᠯᠡᠯᠲᠦ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ᠂ | ᠡᠩ ᠤᠨ ᠳᠡᠭᠡᠳᠦ ᠵᠡᠷᠭᠡ ᠶᠢᠨ ᠰᠤᠷᠭᠠᠭᠤᠯᠢ ᠶᠢᠨ ᠠᠯᠪᠠᠨ ᠠᠴᠠ ᠡᠷᠭᠢᠯᠡᠭᠰᠡᠨ ᠬᠡᠦᠬᠡᠳ ᠤᠨ ᠴᠡᠴᠡᠷᠯᠢᠭ ᠡᠷᠭᠢᠯᠡᠬᠦ ᠶᠢ | ᠵᠣᠷᠢᠭᠵᠢᠭᠤᠯᠤᠨ ᠳᠡᠮᠵᠢᠵᠦ᠂ ᠨᠡᠶᠢᠭᠡᠮ ᠤᠨ ᠬᠦᠴᠦᠨ ᠢ ᠬᠥᠲᠥᠯᠥᠨ ᠵᠢᠯᠤᠭᠤᠳᠴᠤ ᠪᠠᠶᠢᠭᠠᠳ ᠲᠦᠭᠡᠮᠡᠯ | ᠬᠠᠷᠠᠭᠠᠯᠵᠠᠯ ᠤᠨ ᠴᠢᠨᠠᠷᠲᠠᠢ ᠬᠡᠦᠬᠡᠳ ᠤᠨ ᠴᠡᠴᠡᠷᠯᠢᠭ ᠢ ᠨᠠᠩ ᠣᠯᠠᠨ ᠡᠷᠭᠢᠯᠡᠵᠦ᠂ ᠠᠷᠠᠳ ᠠᠴᠠ ᠡᠷᠭᠢᠯᠡᠭᠰᠡᠨ | ᠬᠡᠦᠬᠡᠳ ᠤᠨ ᠴᠡᠴᠡᠷᠯᠢᠭ ᠤᠨ ᠲᠦᠭᠡᠮᠡᠯ ᠬᠠᠷᠠᠭᠠᠯᠵᠠᠯ ᠤᠨ ᠴᠢᠨᠠᠷᠲᠠᠢ ᠦᠢᠯᠡᠴᠢᠯᠡᠭᠡ ᠬᠠᠩᠭᠠᠬᠤ ᠶᠢ ᠢᠳᠡᠪᠬᠢᠲᠡᠢ ᠪᠠᠷ | ᠲᠡᠳᠬᠦᠨ ᠳᠡᠮᠵᠢᠵᠦ᠂ ᠲᠦᠭᠡᠮᠡᠯ ᠬᠠᠷᠠᠭᠠᠯᠵᠠᠯ ᠤᠨ ᠴᠢᠨᠠᠷᠲᠠᠢ ᠠᠷᠠᠳ ᠠᠴᠠ ᠡᠷᠭᠢᠯᠡᠭᠰᠡᠨ ᠬᠡᠦᠬᠡᠳ ᠤᠨ ᠴᠡᠴᠡᠷᠯᠢᠭ ᠢ | ᠮᠠᠭᠠᠳᠯᠠᠨ ᠲᠣᠭᠲᠠᠭᠠᠬᠤ ᠪᠠᠷᠢᠮᠵᠢᠶ᠎ᠠ᠂ ᠨᠥᠬᠦᠪᠦᠷᠢ ᠥᠭᠬᠦ ᠪᠠᠷᠢᠮᠵᠢᠶ᠎ᠠ ᠵᠢᠴᠢ ᠲᠡᠳᠬᠦᠬᠦ ᠲᠥᠷᠥ ᠶᠢᠨ ᠪᠣᠳᠣᠯᠭ᠎ᠠ ᠶᠢ | ᠤᠯᠠᠮ ᠨᠢᠭᠡ ᠠᠯᠬᠤᠮ ᠲᠡᠭᠦᠯᠳᠡᠷᠵᠢᠭᠦᠯᠦᠨ᠎ᠡ᠃ ᠬᠡᠦᠬᠡᠳ ᠤᠨ ᠴᠡᠴᠡᠷᠯᠢᠭ ᠡᠷᠭᠢᠯᠡᠬᠦ ᠶᠢ ᠵᠢᠷᠤᠮᠵᠢᠭᠤᠯᠬᠤ ᠶᠢ | ᠰᠢᠮᠳᠠᠭᠤᠯᠤᠨ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠤ᠂ ᠠᠷᠠᠳ ᠠᠴᠠ ᠡᠷᠭᠢᠯᠡᠭᠰᠡᠨ ᠬᠡᠦᠬᠡᠳ ᠤᠨ | ᠴᠡᠴᠡᠷᠯᠢᠭ ᠤᠨ ᠵᠥᠪᠰᠢᠶᠡᠷᠡᠨ ᠣᠷᠣᠭᠤᠯᠬᠤ ᠪᠠ ᠪᠤᠴᠠᠭᠠᠨ ᠭᠠᠷᠭᠠᠬᠤ ᠲᠣᠭᠲᠠᠴᠠ ᠶᠢ ᠵᠢᠷᠤᠮᠵᠢᠭᠤᠯᠤᠨ᠎ᠠ᠃ | ᠦᠢᠯᠡᠴᠢᠯᠡᠭᠡ ᠬᠤᠳᠠᠯᠳᠤᠨ ᠠᠪᠬᠤ᠂ ᠶᠡᠷᠦᠩᠬᠡᠶᠢᠯᠡᠨ ᠱᠠᠩᠨᠠᠵᠤ ᠨᠥᠬᠦᠪᠦᠷᠢᠯᠡᠬᠦ᠂ ᠲᠦᠷᠢᠶᠡᠰᠦᠨ ᠮᠥᠩᠭᠦ ᠶᠢ | ᠬᠠᠰᠤᠵᠤ ᠬᠡᠯᠲᠦᠷᠢᠭᠦᠯᠬᠦ᠂ ᠠᠯᠪᠠᠨ ᠠᠴᠠ ᠡᠷᠭᠢᠯᠡᠭᠰᠡᠨ ᠪᠠᠭᠰᠢ ᠶᠢ ᠲᠣᠮᠢᠯᠠᠨ ᠰᠠᠭᠤᠯᠭᠠᠬᠤ᠂ ᠪᠠᠭᠰᠢ ᠶᠢ | ᠪᠣᠯᠪᠠᠰᠤᠷᠠᠭᠤᠯᠬᠤ᠂ ᠵᠢᠭᠠᠨ ᠰᠤᠳᠤᠯᠬᠤ ᠵᠢᠭᠠᠨ ᠵᠢᠯᠤᠭᠤᠳᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ | ᠲᠦᠭᠡᠮᠡᠯ ᠬᠠᠷᠠᠭᠠᠯᠵᠠᠯ ᠤᠨ ᠴᠢᠨᠠᠷᠲᠠᠢ ᠠᠷᠠᠳ ᠠᠴᠠ ᠡᠷᠭᠢᠯᠡᠭᠰᠡᠨ ᠬᠡᠦᠬᠡᠳ ᠤᠨ ᠴᠡᠴᠡᠷᠯᠢᠭ ᠤᠨ ᠬᠥᠭᠵᠢᠯᠲᠡ ᠶᠢ | ᠳᠡᠮᠵᠢᠵᠦ᠂ ᠲᠦᠭᠡᠮᠡᠯ ᠬᠠᠷᠠᠭᠠᠯᠵᠠᠯ ᠤᠨ ᠴᠢᠨᠠᠷᠲᠠᠢ ᠡᠷᠳᠡᠮ ᠤᠨ ᠴᠣᠯᠠ ᠶᠢᠨ ᠲᠤᠭ᠎ᠠ ᠬᠡᠮᠵᠢᠶ᠎ᠡ ᠪᠠ ᠬᠡᠦᠬᠡᠳ ᠤᠨ | ᠴᠡᠴᠡᠷᠯᠢᠭ ᠡᠷᠭᠢᠯᠡᠬᠦ ᠶᠠᠰᠤ ᠴᠢᠨᠠᠷ ᠢ ᠱᠠᠩᠨᠠᠵᠤ ᠨᠥᠬᠦᠪᠦᠷᠢᠯᠡᠬᠦ ᠪᠠ ᠳᠡᠮᠵᠢᠬᠦ ᠶᠢᠨ ᠴᠢᠬᠤᠯᠠ ᠦᠨᠳᠦᠰᠦᠯᠡᠯ ᠪᠣᠯᠭᠠᠵᠤ | ᠂ ᠲᠦᠭᠡᠮᠡᠯ ᠬᠠᠷᠠᠭᠠᠯᠵᠠᠯ ᠤᠨ ᠴᠢᠨᠠᠷᠲᠠᠢ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠭᠥᠷᠳᠡᠭᠰᠡᠨ ᠭᠡᠷ | ᠪᠦᠯᠢ ᠶᠢᠨ ᠠᠵᠤ ᠠᠬᠤᠢ ᠨᠢ ᠬᠦᠴᠢᠷᠳᠡᠯᠲᠡᠢ ᠬᠡᠦᠬᠡᠳ᠂ ᠥᠨᠥᠴᠢᠨ ᠬᠡᠦᠬᠡᠳ ᠪᠠ ᠵᠡᠮᠳᠡᠭ ᠬᠡᠦᠬᠡᠳ ᠤᠨ | ᠲᠤᠰᠠᠯᠠᠮᠵᠢ ᠭᠥᠷᠳᠡᠬᠦ ᠶᠢ ᠦᠨᠡᠨᠬᠦ ᠪᠠᠲᠤᠯᠠᠨ᠎ᠠ᠃ ᠬᠡᠦᠬᠡᠳ ᠤᠨ ᠴᠡᠴᠡᠷᠯᠢᠭ ᠤᠨ ᠪᠠᠭᠰᠢ ᠶᠢᠨ ᠪᠠᠭᠰᠢ ᠶᠢᠨ ᠬᠢᠷᠢ | ᠬᠡᠮ ᠤᠨ ᠦᠨᠡᠮᠯᠡᠯ ᠢᠶᠠᠷ ᠢᠶᠠᠨ ᠠᠵᠢᠯ ᠤᠨ ᠪᠠᠶᠢᠷᠢ ᠳᠤ ᠭᠠᠷᠬᠤ ᠶᠢ ᠴᠢᠩᠭ᠎ᠠ ᠨᠠᠶᠢᠳᠠᠪᠤᠷᠢᠵᠢᠭᠤᠯᠵᠤ᠂ ᠬᠡᠦᠬᠡᠳ ᠤᠨ | ᠴᠡᠴᠡᠷᠯᠢᠭ ᠤᠨ ᠪᠠᠭᠰᠢ ᠶᠢᠨ ᠲᠣᠬᠢᠷᠠᠭᠤᠯᠤᠯᠲᠠ ᠪᠠ ᠴᠠᠯᠢᠩ ᠤᠨ ᠬᠦᠷᠲᠡᠮᠵᠢ᠃ | ︵ᠭᠤᠷᠪᠠ︶ ︽ᠭᠤᠷᠪᠠᠳᠤᠭᠠᠷ ᠬᠡᠰᠡᠭ ᠲᠦᠭᠡᠮᠡᠯ ᠬᠠᠷᠠᠭᠠᠯᠵᠠᠯᠲᠤ ᠨᠠᠰᠤᠵᠢᠯ ᠤᠨ ᠠᠰᠠᠷᠠᠮᠵᠢ ᠶᠢᠨ | ᠦᠢᠯᠡᠴᠢᠯᠡᠭᠡ ᠶᠢ ᠬᠥᠭᠵᠢᠭᠦᠯᠬᠦ︾ ᠳᠤᠮᠳᠠᠬᠢ ︽ᠬᠤᠭᠤᠯᠠ ᠤᠮᠳᠠ᠂ ᠠᠷᠢᠭᠤᠨ ᠴᠡᠪᠡᠷ ᠢ ᠲᠤᠰᠠᠯᠠᠬᠤ᠂ ᠶᠠᠪᠤᠵᠤ | ᠰᠠᠭᠤᠬᠤ ᠶᠢ ᠲᠤᠰᠠᠯᠠᠬᠤ᠂ ᠤᠬᠢᠶᠠᠯᠭ᠎ᠠ ᠶᠢ ᠲᠤᠰᠠᠯᠠᠬᠤ᠂ ᠡᠮᠴᠢᠯᠡᠭᠡ ᠶᠢ ᠲᠤᠰᠠᠯᠠᠬᠤ ᠵᠡᠷᠭᠡ ᠦᠢᠯᠡᠴᠢᠯᠡᠭᠡᠨ ᠤ | ᠴᠢᠳᠠᠪᠤᠷᠢ ᠶᠢ ᠴᠢᠩᠭᠠᠷᠠᠭᠤᠯᠬᠤ︾ ᠶᠢᠨ ᠳᠠᠷᠠᠭ᠎ᠠ ︽︿15 ᠮᠢᠨᠦ᠋ᠲ﹀ ᠤᠨ ᠨᠠᠰᠤᠵᠢᠯ ᠤᠨ ᠠᠰᠠᠷᠠᠮᠵᠢ ᠶᠢᠨ | ᠦᠢᠯᠡᠴᠢᠯᠡᠭᠡᠨ ᠤ ᠲᠣᠭᠤᠷᠢᠭ ᠢ ᠪᠣᠶ ᠪᠣᠯᠭᠠᠬᠤ ᠶᠢ ᠲᠦᠯᠬᠢᠨ ᠠᠬᠢᠭᠤᠯᠤᠨ᠎ᠠ᠂ ᠵᠠᠰᠠᠭ ᠤᠨ ᠣᠷᠳᠣᠨ ᠠᠴᠠ ᠳᠡᠮᠵᠢᠵᠦ | ᠳᠡᠶᠢᠯᠬᠦ᠂ ᠲᠣᠰᠬᠤᠨ ᠳᠤ ᠡᠷᠭᠢᠯᠡᠵᠦ ᠳᠡᠶᠢᠯᠬᠦ᠂ ᠲᠠᠷᠢᠶᠠᠴᠢᠳ ᠲᠤ ᠬᠡᠷᠡᠭᠯᠡᠵᠦ ᠳᠡᠶᠢᠯᠬᠦ᠂ ᠦᠢᠯᠡᠴᠢᠯᠡᠭᠡ ᠨᠢ | ᠦᠷᠭᠦᠯᠵᠢᠯᠡᠵᠦ ᠳᠡᠶᠢᠯᠬᠦ ᠬᠥᠳᠡᠭᠡ ᠲᠣᠰᠬᠤᠨ ᠤ ᠵᠣᠯ ᠵᠢᠷᠭᠠᠯᠲᠤ ᠬᠠᠪᠰᠤᠷᠤᠯᠴᠠᠬᠤ ᠬᠦᠷᠢᠶᠡᠯᠡᠩ ᠵᠡᠷᠭᠡ ᠬᠠᠷᠢᠯᠴᠠᠨ | ᠬᠠᠪᠰᠤᠷᠤᠯᠴᠠᠬᠤ ᠨᠠᠰᠤᠵᠢᠯ ᠤᠨ ᠠᠰᠠᠷᠠᠮᠵᠢ ᠶᠢᠨ ᠲᠥᠬᠦᠭᠡᠷᠦᠮᠵᠢ ᠶᠢ ᠶᠡᠬᠡᠪᠡᠷ ᠬᠥᠭᠵᠢᠭᠦᠯᠦᠨ᠎ᠡ︾ ᠭᠡᠬᠦ ᠠᠭᠤᠯᠭ᠎ᠠ ᠶᠢ | ᠨᠡᠮᠡᠪᠡ︔ ︽ᠨᠠᠰᠤᠲᠠᠶᠢᠴᠤᠳ ᠤᠨ ᠣᠶᠤᠨᠴᠢ ᠮᠡᠷᠭᠡᠵᠢᠯ ᠢ ᠬᠡᠷᠡᠭᠯᠡᠬᠦ ᠬᠦᠴᠢᠷᠳᠡᠯ ᠢ ᠤᠯᠠᠮ ᠨᠢᠭᠡ ᠠᠯᠬᠤᠮ | ᠰᠢᠢᠳᠪᠦᠷᠢᠯᠡᠨ᠎ᠡ︾ ᠶᠢᠨ ᠳᠠᠷᠠᠭ᠎ᠠ ︽ᠪᠣᠯᠪᠠᠰᠤᠷᠠᠭᠤᠯᠤᠯ ᠰᠤᠪᠢᠯᠠᠯᠲᠠ ᠶᠢᠨ ᠡᠬᠢ ᠪᠠᠶᠠᠯᠢᠭ ᠤᠨ ᠬᠡᠯᠪᠡᠷᠢ ᠪᠠᠨ | ᠬᠤᠪᠢᠷᠠᠭᠤᠯᠤᠨ ᠲᠦᠭᠡᠮᠡᠯ ᠬᠠᠷᠠᠭᠠᠯᠵᠠᠯᠲᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ ᠶᠢ ᠬᠥᠭᠵᠢᠭᠦᠯᠬᠦ ᠶᠢ | ᠲᠦᠯᠬᠢᠨ ᠠᠬᠢᠭᠤᠯᠵᠤ᠂ ᠭᠠᠳᠠᠭᠠᠳᠤ ᠪᠡᠯᠡ ᠶᠢᠨ ᠡᠷᠭᠢᠯᠡᠭᠰᠡᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ | ᠪᠠᠶᠢᠭᠤᠯᠤᠮᠵᠢ ᠶᠢᠨ ᠤᠯᠤᠰ ᠠᠷᠠᠳ ᠤᠨ ᠬᠠᠷᠠᠭᠠᠯᠵᠠᠯ ᠭᠥᠷᠳᠡᠬᠦ ᠶᠢ ᠪᠥᠬᠦ ᠲᠠᠯ᠎ᠠ ᠪᠠᠷ ᠪᠠᠲᠤᠯᠠᠨ᠎ᠠ᠂ ᠨᠥᠬᠦᠴᠡᠯ | ᠪᠦᠷᠢᠳᠦᠭᠰᠡᠨ ᠠᠯᠪᠠᠨ ᠠᠴᠠ ᠡᠷᠭᠢᠯᠡᠭᠰᠡᠨ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠶᠢᠨ ᠪᠠᠶᠢᠭᠤᠯᠤᠯ ᠢ | ᠥᠭᠡᠷᠡᠴᠢᠯᠡᠵᠦ ᠤᠯᠤᠰ ᠤᠨ ᠥᠮᠴᠢᠯᠡᠯ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠠᠵᠤ ᠠᠬᠤᠶᠢᠯᠠᠯ | ᠪᠣᠯᠭᠠᠬᠤ ᠶᠢ ᠰᠦᠪᠡᠭᠴᠢᠯᠡᠨ᠎ᠡ︾ | ︵ᠳᠥᠷᠪᠡ︶ ︽ᠳᠥᠷᠪᠡᠳᠦᠭᠡᠷ ᠬᠡᠰᠡᠭ ᠴᠢᠨᠠᠷ ᠰᠠᠶᠢᠲᠠᠢ ᠡᠮᠴᠢᠯᠡᠭᠡᠨ ᠤ ᠦᠢᠯᠡᠴᠢᠯᠡᠭᠡ ᠶᠢ ᠬᠥᠭᠵᠢᠭᠦᠯᠬᠦ︾ | ᠳᠤᠮᠳᠠᠬᠢ ︽ᠤᠯᠤᠰ ᠤᠨ ᠲᠠᠰ ᠤᠨ ᠪᠠ ᠥᠪᠡᠷᠲᠡᠭᠡᠨ ᠵᠠᠰᠠᠬᠤ ᠣᠷᠣᠨ ᠤ ᠱᠠᠲᠤᠨ ᠤ ᠣᠷᠣᠨ ᠪᠦᠰᠡ ᠶᠢᠨ | ᠡᠮᠴᠢᠯᠡᠭᠡᠨ ᠤ ᠲᠥᠪ ᠢ ᠲᠥᠯᠥᠪᠵᠢᠭᠦᠯᠦᠨ ᠪᠠᠶᠢᠭᠤᠯᠤᠨ᠎ᠠ︾ ᠭᠡᠳᠡᠭ ᠢ ︽ᠶᠡᠷᠦᠩᠬᠡᠢ ᠰᠠᠯᠠᠭᠠᠨ ᠤ ᠡᠮᠴᠢᠯᠡᠭᠡᠨ ᠤ | ᠦᠢᠯᠡᠴᠢᠯᠡᠭᠡ ᠶᠢ ᠵᠣᠷᠢᠭᠵᠢᠭᠤᠯᠤᠨ ᠬᠥᠭᠵᠢᠭᠦᠯᠵᠦ᠂ ᠲᠤᠰᠬᠠᠶᠢᠵᠢᠭᠰᠠᠨ ᠦᠢᠯᠡᠴᠢᠯᠡᠭᠡ ᠶᠢ ᠲᠦᠷᠭᠡᠳᠬᠡᠨ | ᠬᠥᠭᠵᠢᠭᠦᠯᠵᠦ᠂ ᠬᠤᠰᠢᠭᠤᠷᠠᠯ ᠡᠮᠴᠢᠯᠡᠭᠡᠨ ᠤ ᠦᠢᠯᠡᠴᠢᠯᠡᠭᠡ ᠶᠢ ᠡᠮᠬᠢ ᠵᠢᠷᠤᠮ ᠲᠠᠢ ᠬᠥᠭᠵᠢᠭᠦᠯᠦᠨ᠎ᠡ᠃ | ᠶᠡᠷᠦᠩᠬᠡᠶᠢᠯᠡᠭᠰᠡᠨ ᠡᠮᠨᠡᠯᠭᠡ ᠶᠢᠨ ᠬᠤᠷᠢᠶ᠎ᠠ᠂ ᠠᠵᠢᠯ ᠤᠨ ᠨᠥᠯᠥᠭᠡᠨ ᠤ ᠡᠪᠡᠳᠴᠢᠨ ᠤ ᠲᠤᠰᠬᠠᠢ ᠡᠮᠨᠡᠯᠭᠡ ᠶᠢᠨ | ᠬᠤᠷᠢᠶ᠎ᠠ ᠳᠤ ᠲᠦᠰᠢᠭᠯᠡᠨ᠂ ᠲᠣᠭᠤᠰᠣᠲᠤ ᠠᠭᠤᠰᠬᠢ ᠶᠢᠨ ᠡᠪᠡᠳᠴᠢᠨ᠂ ᠬᠢᠮᠢ ᠶᠢᠨ ᠬᠤᠣᠷᠳᠠᠯᠭ᠎ᠠ ᠵᠡᠷᠭᠡ ᠠᠵᠢᠯ ᠤᠨ | ᠨᠥᠯᠥᠭᠡᠨ ᠤ ᠡᠪᠡᠳᠴᠢᠨ ᠢ ᠣᠨᠣᠰᠢᠯᠠᠵᠤ ᠡᠮᠨᠡᠨ ᠵᠠᠰᠠᠵᠤ ᠡᠷᠡᠭᠦᠯᠵᠢᠭᠦᠯᠬᠦ ᠴᠢᠳᠠᠪᠤᠷᠢ ᠶᠢᠨ ᠪᠠᠶᠢᠭᠤᠯᠤᠯᠲᠠ ᠶᠢ | ᠴᠢᠩᠭᠠᠳᠬᠠᠵᠤ᠂ ᠠᠵᠢᠯ ᠮᠡᠷᠭᠡᠵᠢᠯ ᠤᠨ ᠡᠷᠡᠭᠦᠯ ᠮᠡᠨᠳᠦ ᠶᠢᠨ ᠦᠢᠯᠡᠴᠢᠯᠡᠭᠡᠨ ᠤ ᠲᠥᠬᠦᠮ ᠦᠵᠡᠭᠦᠯᠬᠦ ᠴᠢᠨᠠᠷ ᠢ | ᠴᠢᠩᠭᠠᠷᠠᠭᠤᠯᠤᠨ᠎ᠠ᠃ ᠤᠯᠤᠰ ᠤᠨ ᠲᠠᠰ ᠤᠨ ᠪᠠ ᠥᠪᠡᠷᠲᠡᠭᠡᠨ ᠵᠠᠰᠠᠬᠤ ᠣᠷᠣᠨ ᠤ ᠲᠠᠰ ᠤᠨ ᠣᠷᠣᠨ ᠪᠦᠰᠡ ᠶᠢᠨ | ᠡᠮᠴᠢᠯᠡᠭᠡᠨ ᠤ ᠲᠥᠪ ᠢ ᠪᠠᠶᠢᠭᠤᠯᠤᠨ᠎ᠠ᠃ | ︵ᠲᠠᠪᠤ︶ ︽ᠲᠠᠪᠤᠳᠤᠭᠠᠷ ᠬᠡᠰᠡᠭ ᠲᠦᠭᠡᠮᠡᠯ ᠬᠠᠷᠠᠭᠠᠯᠵᠠᠯ ᠦᠵᠡᠭᠦᠯᠬᠦ ᠤᠯᠠᠨ ᠨᠡᠶᠢᠲᠡ ᠶᠢᠨ | ᠦᠢᠯᠡᠴᠢᠯᠡᠭᠡᠨ ᠤ ᠲᠦᠷᠦ ᠶᠢᠨ ᠪᠣᠳᠣᠯᠭ᠎ᠠ ᠶᠢ ᠲᠡᠭᠦᠯᠳᠡᠷᠵᠢᠭᠦᠯᠬᠦ︾ ᠶᠢᠨ ︽ᠦᠨ᠎ᠡ ᠬᠠᠩᠰᠢ ᠶᠢᠨ ᠲᠦᠭᠡᠮᠡᠯ | ᠬᠠᠷᠠᠭᠠᠯᠵᠠᠯ ᠢ ᠠᠬᠢᠭᠤᠯᠬᠤ︾ ᠬᠡᠰᠡᠭ ᠤᠨ ᠠᠭᠤᠯᠭ᠎ᠠ ᠶᠢ ︽ᠦᠨ᠎ᠡ ᠬᠠᠩᠰᠢ ᠶᠢᠨ ᠲᠦᠭᠡᠮᠡᠯ ᠬᠠᠷᠠᠭᠠᠯᠵᠠᠯ ᠢ | ᠠᠬᠢᠭᠤᠯᠬᠤ᠃ ᠡᠬᠡ ᠮᠥᠩᠭᠦ ᠪᠠᠨ ᠪᠠᠲᠤᠯᠠᠨ ᠥᠴᠥᠬᠡᠨ ᠠᠰᠢᠭ ᠣᠯᠬᠤ᠂ ᠴᠢᠨᠠᠷ ᠰᠠᠶᠢᠲᠠᠢ ᠳᠤᠨᠢ ᠰᠠᠶᠢᠨ ᠦᠨ᠎ᠡ | ᠥᠭᠬᠦ᠂ ᠡᠬᠢ ᠪᠠᠶᠠᠯᠢᠭ ᠢ ᠠᠷᠪᠢᠯᠠᠬᠤ᠂ ᠡᠷᠬᠡ ᠲᠡᠭᠰᠢ ᠪᠠᠷ ᠡᠭᠦᠷᠭᠡᠯᠡᠬᠦ ᠵᠠᠷᠴᠢᠮ ᠶᠣᠰᠣᠭᠠᠷ᠂ ᠦᠨᠳᠦᠰᠦᠨ ᠪᠤᠰᠤ | ᠣᠯᠠᠨ ᠨᠡᠶᠢᠲᠡ ᠶᠢᠨ ᠦᠢᠯᠡᠴᠢᠯᠡᠭᠡᠨ ᠤ ᠬᠠᠩᠭᠠᠯᠭ᠎ᠠ ᠶᠢᠨ ᠭᠤᠣᠯ ᠴᠣᠭᠴᠠ ᠶᠢ ᠬᠥᠲᠥᠯᠥᠨ ᠵᠢᠯᠤᠭᠤᠳᠴᠤ ᠪᠠᠶᠢᠭᠠᠳ | ᠲᠤᠬᠠᠢ ᠶᠢᠨ ᠭᠠᠵᠠᠷ ᠤᠨ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ ᠶᠢᠨ ᠬᠢᠷᠢ ᠬᠡᠮᠵᠢᠶ᠎ᠡ ᠯᠦᠭᠡ | ᠲᠣᠬᠢᠷᠠᠯᠴᠠᠭᠰᠠᠨ ᠲᠦᠭᠡᠮᠡᠯ ᠬᠠᠷᠠᠭᠠᠯᠵᠠᠯ ᠤᠨ ᠴᠢᠨᠠᠷᠲᠠᠢ ᠦᠨᠳᠦᠰᠦᠨ ᠪᠤᠰᠤ ᠣᠯᠠᠨ ᠨᠡᠶᠢᠲᠡ ᠶᠢᠨ ᠦᠢᠯᠡᠴᠢᠯᠡᠭᠡᠨ ᠢ | ᠬᠠᠩᠭᠠᠨ᠎ᠠ᠃ ᠥᠪᠡᠷ ᠤᠨ ᠥᠷᠲᠡᠭ ᠤᠨ ᠬᠤᠪᠢᠷᠠᠯᠲᠠ᠂ ᠰᠠᠭᠤᠭᠠᠯᠢ ᠠᠷᠠᠳ ᠤᠨ ᠣᠷᠣᠯᠭ᠎ᠠ ᠵᠡᠷᠭᠡ ᠪᠠᠶᠢᠳᠠᠯ ᠢ | ᠦᠨᠳᠦᠰᠦᠯᠡᠨ᠂ ᠣᠯᠠᠨ ᠨᠡᠶᠢᠲᠡ ᠶᠢᠨ ᠦᠨᠳᠦᠰᠦᠨ ᠪᠤᠰᠤ ᠦᠢᠯᠡᠴᠢᠯᠡᠭᠡᠨ ᠤ ᠦᠨ᠎ᠡ ᠬᠠᠩᠰᠢ ᠶᠢᠨ | ᠲᠣᠬᠢᠷᠠᠭᠤᠯᠤᠯᠲᠠ ᠶᠢᠨ ᠲᠣᠭᠲᠠᠴᠠ ᠶᠢ ᠪᠦᠷᠢᠨᠰᠢᠭᠦᠯᠵᠦ᠂ ᠲᠥᠷᠥᠯ ᠵᠦᠢᠯ ᠤᠨ ᠠᠵᠢᠯᠯᠠᠭᠠᠨ ᠵᠡᠷᠭᠡ ᠮᠡᠳᠡᠭᠡ | ᠵᠠᠩᠭᠢ ᠶᠢ ᠴᠠᠭ ᠲᠤᠬᠠᠢ ᠳᠤᠨᠢ ᠢᠯᠡ ᠨᠡᠶᠢᠲᠡᠯᠡᠨ᠎ᠡ︾ ᠭᠡᠬᠦ ᠶᠢᠨ ᠵᠡᠷᠭᠡ ᠳᠤ ︽ᠶᠠᠰᠤ ᠴᠢᠨᠠᠷ ᠤᠨ ᠬᠢᠨᠠᠯᠲᠠ | ᠬᠠᠮᠢᠶᠠᠷᠤᠯᠲᠠ ᠶᠢ ᠴᠢᠩᠭᠠᠳᠬᠠᠨ᠎ᠠ᠃ ᠬᠠᠷᠢᠭᠤᠴᠠᠯᠭ᠎ᠠ ᠲᠣᠳᠣᠷᠬᠠᠢ᠂ ᠤᠯᠠᠨ ᠡᠰᠢᠴᠢᠯᠡᠨ ᠣᠷᠣᠯᠴᠠᠭᠰᠠᠨ᠂ ᠬᠠᠤᠯᠢ | ᠶᠣᠰᠣᠭᠠᠷ ᠬᠢᠨᠠᠨ ᠬᠠᠮᠢᠶᠠᠷᠤᠭᠰᠠᠨ ᠦᠢᠯᠡᠴᠢᠯᠡᠭᠡᠨ ᠤ ᠶᠠᠰᠤ ᠴᠢᠨᠠᠷ ᠢ ᠵᠠᠰᠠᠬᠤ ᠪᠠ ᠠᠬᠢᠭᠤᠯᠬᠤ ᠰᠢᠰᠲ᠋ᠧᠮ ᠢ | ᠪᠠᠶᠢᠭᠤᠯᠤᠨ᠎ᠠ᠃ ᠵᠠᠰᠠᠭ ᠤᠨ ᠣᠷᠳᠣᠨ ᠤ ᠬᠢᠨᠠᠨ ᠬᠠᠮᠢᠶᠠᠷᠬᠤ ᠴᠢᠳᠠᠪᠤᠷᠢ ᠶᠢ ᠴᠢᠩᠭᠠᠷᠠᠭᠤᠯᠤᠨ᠂ ᠬᠢᠨᠠᠯᠲᠠ ᠲᠠᠯᠪᠢᠵᠤ | ᠪᠠᠶᠢᠴᠠᠭᠠᠭᠰᠠᠨ ᠦᠷ᠎ᠡ ᠳ᠋ᠦᠩ ᠢ ᠢᠯᠡ ᠪᠣᠯᠭᠠᠬᠤ᠂ ᠶᠠᠰᠤ ᠴᠢᠨᠠᠷ ᠤᠨ ᠢᠲᠡᠭᠡᠮᠵᠢ ᠶᠢᠨ ᠲᠡᠮᠳᠡᠭᠯᠡᠯ ᠬᠢᠬᠦ᠂ ᠬᠦᠨᠳᠦ | ᠨᠣᠴᠢᠲᠠᠢ ᠢᠲᠡᠭᠡᠯ ᠠᠯᠳᠠᠭᠰᠠᠨ ᠦᠢᠯᠡᠴᠢᠯᠡᠭᠡᠨ ᠤ ᠭᠤᠣᠯ ᠴᠣᠭᠴᠠ ᠶᠢ ᠠᠯᠪᠠᠳᠠᠯᠭ᠎ᠠ ᠪᠠᠷ ᠪᠤᠴᠠᠭᠠᠨ ᠭᠠᠷᠭᠠᠬᠤ | ᠵᠡᠷᠭᠡ ᠳᠦᠷᠢᠮ ᠢ ᠬᠡᠷᠡᠭᠵᠢᠭᠦᠯᠵᠦ᠂ ᠣᠯᠠᠨ ᠨᠡᠶᠢᠲᠡ ᠶᠢᠨ ᠦᠢᠯᠡᠴᠢᠯᠡᠭᠡᠨ ᠤ ᠶᠠᠰᠤ ᠴᠢᠨᠠᠷ ᠤᠨ ᠬᠢᠨᠠᠨ ᠬᠡᠮᠵᠢᠯᠲᠡ ᠶᠢ | ᠰᠠᠶᠢᠲᠤᠷ ᠬᠢᠵᠦ᠂ ᠦᠢᠯᠡᠴᠢᠯᠡᠭᠡᠨ ᠤ ᠶᠠᠰᠤ ᠴᠢᠨᠠᠷ ᠢ ᠦᠨᠡᠨᠬᠦ ᠳᠡᠭᠡᠭᠰᠢᠯᠡᠭᠦᠯᠦᠨ᠎ᠡ᠃ ᠨᠡᠶᠢᠭᠡᠮ ᠤᠨ ᠬᠢᠨᠠᠯᠲᠠ | ᠲᠠᠯᠪᠢᠬᠤ ᠦᠢᠯᠡᠳᠦᠯ ᠢ ᠪᠠᠳᠠᠷᠠᠭᠤᠯᠵᠤ᠂ ᠣᠯᠠᠨ ᠲᠦᠮᠡᠨ ᠤ ᠶᠠᠰᠤ ᠴᠢᠨᠠᠷ ᠤᠨ ᠵᠠᠭᠠᠯᠳᠤᠯᠭ᠎ᠠ ᠢᠯᠡᠴᠢᠯᠡᠨ ᠮᠡᠳᠡᠭᠦᠯᠬᠦ | ᠠᠷᠭ᠎ᠠ ᠵᠠᠮ ᠢ ᠰᠠᠭᠠᠳ ᠦᠭᠡᠢ ᠨᠠᠪᠲᠠᠷᠡᠭᠦᠯᠵᠦ᠂ ᠦᠢᠯᠡᠴᠢᠯᠡᠭᠡᠨ ᠤ ᠶᠠᠰᠤ ᠴᠢᠨᠠᠷ ᠲᠤ ᠨᠡᠶᠢᠭᠡᠮ ᠤᠨ ᠬᠢᠨᠠᠯᠲᠠ | ᠲᠠᠯᠪᠢᠭᠴᠢ ᠶᠢᠨ ᠳᠦᠷᠢᠮ ᠢ ᠳᠡᠯᠭᠡᠷᠡᠭᠦᠯᠦᠨ᠂ ᠭᠤᠷᠪᠠᠳᠠᠭᠢ ᠡᠲᠡᠭᠡᠳ ᠤᠨ ᠦᠢᠯᠡᠴᠢᠯᠡᠭᠡᠨ ᠤ ᠶᠠᠰᠤ ᠴᠢᠨᠠᠷ ᠤᠨ | ᠪᠠᠶᠢᠴᠠᠭᠠᠯᠲᠠ ᠥᠷᠨᠢᠭᠦᠯᠬᠦ ᠶᠢ ᠵᠣᠷᠢᠭᠵᠢᠭᠤᠯᠤᠨ᠎ᠠ︾ ᠭᠡᠵᠡᠢ᠃ | ᠵᠢᠷᠭᠤᠭ᠎ᠠ᠂ ︽ᠲᠥᠯᠦᠪᠵᠢᠭᠦᠯᠭᠡ︾ ᠶᠢᠨ ︽ᠵᠢᠷᠭᠤᠳᠤᠭᠠᠷ ᠪᠦᠯᠦᠭ ᠤᠯᠠᠨ ᠲᠡᠰ ᠳᠠᠪᠬᠤᠷᠭ᠎ᠠ ᠤᠯᠠᠨ | ᠶᠠᠩᠵᠤᠴᠢᠯᠠᠭᠰᠠᠨ ᠠᠮᠢᠳᠤᠷᠠᠯ ᠤᠨ ᠴᠢᠨᠠᠷᠲᠠᠢ ᠦᠢᠯᠡᠴᠢᠯᠡᠭᠡ ᠶᠢ ᠬᠥᠭᠵᠢᠭᠦᠯᠬᠦ︾ ᠬᠡᠰᠡᠭ ᠠᠭᠤᠯᠭ᠎ᠠ ᠳᠤ ᠳᠣᠣᠷᠠᠬᠢ | ᠮᠡᠲᠦ ᠵᠠᠰᠠᠪᠤᠷᠢ ᠣᠷᠣᠭᠤᠯᠪᠠ᠃ | ︵ᠨᠢᠭᠡ︶ ︽ᠨᠢᠭᠡᠳᠦᠭᠡᠷ ᠬᠡᠰᠡᠭ ᠠᠮᠢᠳᠤᠷᠠᠯ ᠤᠨ ᠦᠢᠯᠡᠴᠢᠯᠡᠭᠡᠨ ᠤ ᠵᠠᠬ᠎ᠠ ᠳᠡᠯᠭᠡᠭᠦᠷ ᠤᠨ | ᠬᠥᠭᠵᠢᠯᠲᠡ ᠶᠢᠨ ᠣᠷᠴᠢᠨ ᠨᠥᠬᠦᠴᠡᠯ ᠢ ᠰᠢᠯᠢᠳᠡᠭᠵᠢᠭᠦᠯᠬᠦ︾ ᠬᠡᠰᠡᠭ ᠠᠭᠤᠯᠭ᠎ᠠ ᠳᠤ ᠵᠠᠰᠠᠪᠤᠷᠢ ᠣᠷᠣᠭᠤᠯᠪᠠ᠃ | 1.︽ᠨᠢᠭᠡᠳᠦᠭᠡᠷ ᠬᠡᠰᠡᠭ ᠠᠮᠢᠳᠤᠷᠠᠯ ᠤᠨ ᠦᠢᠯᠡᠴᠢᠯᠡᠭᠡᠨ ᠤ ᠵᠠᠬ᠎ᠠ ᠳᠡᠯᠭᠡᠭᠦᠷ ᠤᠨ ᠬᠥᠭᠵᠢᠯᠲᠡ ᠶᠢᠨ | ᠣᠷᠴᠢᠨ ᠨᠥᠬᠦᠴᠡᠯ ᠢ ᠰᠢᠯᠢᠳᠡᠭᠵᠢᠭᠦᠯᠦᠨ᠎ᠡ︾ ᠭᠡᠬᠦ ᠭᠠᠷᠴᠠᠭ ᠢ ︽ᠨᠢᠭᠡᠳᠦᠭᠡᠷ ᠬᠡᠰᠡᠭ ᠭᠤᠣᠯᠳᠠᠯᠭ᠎ᠠ ᠲᠠᠢ ᠠᠵᠢᠯ | ᠲᠦᠷᠦᠯ ᠤᠨ ᠰᠢᠨ᠎ᠡ ᠶᠢ ᠡᠭᠦᠳᠦᠨ ᠠᠭᠤᠰᠤᠯᠳᠤᠨ ᠬᠥᠭᠵᠢᠬᠦ ᠶᠢ ᠲᠦᠯᠬᠢᠨ ᠠᠬᠢᠭᠤᠯᠤᠨ᠎ᠠ︾ ᠭᠡᠵᠦ ᠵᠠᠰᠠᠪᠠ᠃ | 2. ᠲᠤᠰ ᠬᠡᠰᠡᠭ ᠤᠨ ᠠᠭᠤᠯᠭ᠎ᠠ ᠶᠢ ︽ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠶᠠᠰᠤ | ᠴᠢᠨᠠᠷ ᠢ ᠳᠡᠭᠡᠭᠰᠢᠯᠡᠭᠦᠯᠵᠦ ᠦᠷ᠎ᠡ ᠠᠰᠢᠭ ᠢ ᠨᠡᠮᠡᠭᠳᠡᠭᠦᠯᠦᠨ᠎ᠡ᠃ ᠲᠤᠰᠬᠠᠢ ᠠᠵᠢᠯ ᠤᠨ ᠴᠢᠨᠠᠷᠲᠠᠢ ᠡᠮᠨᠡᠯᠭᠡ ᠶᠢᠨ | ᠬᠤᠷᠢᠶᠠᠨ ᠤ ᠬᠠᠮᠢᠶᠠᠷᠤᠯᠲᠠ ᠶᠢᠨ ᠪᠦᠯᠦᠭᠯᠡᠯ ᠢᠡᠮᠴᠢᠯᠡᠭᠡ ᠡᠷᠡᠭᠦᠯ ᠬᠠᠮᠠᠭᠠᠯᠠᠯ ᠤᠨ ᠦᠢᠯᠡᠴᠢᠯᠡᠭᠡ ᠬᠢᠭᠡᠳ ᠰᠣᠶᠣᠯ᠂ | ᠵᠢᠭᠤᠯᠴᠢᠯᠠᠯ᠂ ᠪᠡᠶ᠎ᠡ ᠶᠢᠨ ᠲᠠᠮᠢᠷ᠂ ᠨᠠᠰᠤᠵᠢᠯ ᠤᠨ ᠠᠰᠠᠷᠠᠮᠵᠢ᠂ ᠢᠳᠡᠭᠡᠨ ᠵᠡᠷᠭᠡ ᠠᠵᠤ ᠦᠢᠯᠡᠰ ᠤᠨ ᠬᠤᠯᠪᠤᠭᠠᠯᠠᠨ | ᠬᠥᠳᠡᠯᠦᠯᠴᠡᠬᠦ ᠶᠢ ᠴᠢᠩᠭᠠᠳᠬᠠᠵᠤ᠂ ᠡᠮᠴᠢᠯᠡᠭᠡ ᠡᠷᠡᠭᠦᠯᠵᠢᠯ᠂ ᠡᠷᠡᠭᠦᠯ ᠮᠡᠨᠳᠦ ᠶᠢᠨ ᠬᠠᠮᠢᠶᠠᠷᠤᠯᠲᠠ᠂ ᠰᠡᠳᠬᠢᠴᠡ ᠶᠢᠨ | ᠵᠥᠪᠯᠡᠯᠭᠡ᠂ ᠬᠢᠲᠠᠳ ᠡᠮ ᠡᠮᠨᠡᠯᠭᠡ ᠶᠢᠨ ᠪᠡᠶ᠎ᠡ ᠰᠤᠪᠢᠯᠠᠯᠲᠠ ᠡᠷᠡᠭᠦᠯᠵᠢᠯ ᠵᠡᠷᠭᠡ ᠡᠷᠡᠭᠦᠯ ᠮᠡᠨᠳᠦ ᠶᠢᠨ ᠠᠵᠤ | ᠦᠢᠯᠡᠰ ᠢ ᠬᠥᠭᠵᠢᠭᠦᠯᠦᠨ᠎ᠡ᠃ ᠨᠡᠶᠢᠭᠡᠮ ᠤᠨ ᠬᠦᠴᠦᠨ ᠤ ᠠᠨᠠᠭᠠᠬᠤ ᠤᠬᠠᠭᠠᠨ ᠤ ᠰᠢᠯᠭᠠᠨ ᠪᠠᠶᠢᠴᠠᠭᠠᠯᠲᠠ ᠵᠡᠷᠭᠡ | ᠡᠮᠴᠢᠯᠡᠭᠡᠨ ᠤ ᠦᠢᠯᠡᠴᠢᠯᠡᠭᠡ ᠥᠷᠨᠢᠭᠦᠯᠬᠦ ᠶᠢ ᠵᠣᠷᠢᠭᠵᠢᠭᠤᠯᠵᠤ᠂ ᠰᠢᠯᠭᠠᠨ ᠪᠠᠶᠢᠴᠠᠭᠠᠵᠤ ᠪᠠᠶᠢᠴᠠᠭᠠᠭᠰᠠᠨ ᠦᠷ᠎ᠡ | ᠳ᠋ᠦᠩ ᠢᠶᠠᠨ ᠬᠠᠷᠢᠯᠴᠠᠨ ᠮᠡᠳᠡᠷᠡᠬᠦ ᠶᠢ ᠠᠬᠢᠭᠤᠯᠤᠨ᠎ᠠ᠃ ᠨᠠᠷᠢᠯᠢᠭ ᠣᠨᠣᠴᠠᠲᠠᠢ ᠡᠮᠴᠢᠯᠡᠭᠡ᠂ ᠰᠢᠯᠵᠢᠮᠡᠯ ᠡᠮᠴᠢᠯᠡᠭᠡ᠂ | ᠭᠤᠷᠪᠠᠳᠠᠭᠢ ᠡᠲᠡᠭᠡᠳ ᠤᠨ ᠡᠮᠴᠢᠯᠡᠭᠡᠨ ᠤ ᠦᠢᠯᠡᠴᠢᠯᠡᠭᠡ ᠶᠢᠨ ᠦᠨᠡᠯᠡᠯᠲᠡ᠂ ᠭᠡᠷ ᠪᠦᠯᠢ ᠶᠢᠨ ᠡᠮᠴᠢ ᠶᠢᠨ ᠭᠡᠷ᠎ᠡ | ᠲᠣᠭᠲᠠᠬᠤ᠂ ᠲᠤᠰᠬᠠᠢ ᠰᠤᠪᠢᠯᠠᠯᠲᠠ᠂ ᠰᠢᠮ᠎ᠡ ᠲᠡᠵᠢᠭᠡᠯ ᠡᠷᠡᠭᠦᠯᠵᠢᠯ ᠤᠨ ᠵᠢᠯᠣᠭᠤᠳᠤᠯᠭ᠎ᠠ ᠵᠡᠷᠭᠡ ᠦᠢᠯᠡᠴᠢᠯᠡᠭᠡ ᠶᠢ | ᠢᠳᠡᠪᠬᠢᠲᠡᠢ ᠬᠥᠭᠵᠢᠭᠦᠯᠦᠨ᠎ᠡ᠃ ᠲᠤᠰᠬᠠᠢ ᠮᠡᠷᠭᠡᠵᠢᠯ ᠤᠨ ᠴᠢᠨᠠᠷᠲᠠᠢ ᠡᠮᠨᠡᠯᠭᠡ ᠶᠢᠨ ᠬᠤᠷᠢᠶᠠᠨ ᠤ ᠬᠠᠮᠢᠶᠠᠷᠤᠯᠲᠠ ᠶᠢᠨ | ᠪᠦᠯᠦᠭᠯᠡᠯ ᠬᠤᠳᠠᠯᠳᠤᠭᠠᠨ ᠤ ᠡᠷᠡᠭᠦᠯ ᠮᠡᠨᠳᠦ ᠶᠢᠨ ᠳᠠᠭᠠᠳᠬᠠᠯ ᠤᠨ ᠦᠢᠯᠡᠳᠬᠦᠨ ᠢ ᠪᠠᠶᠠᠯᠢᠭᠵᠢᠭᠤᠯᠵᠤ᠂ | ᠡᠮᠴᠢᠯᠡᠭᠡᠨ ᠤ ᠬᠠᠷᠢᠭᠤᠴᠠᠯᠭ᠎ᠠ ᠶᠢᠨ ᠳᠠᠭᠠᠳᠬᠠᠯ᠂ ᠡᠮᠴᠢᠯᠡᠭᠡᠨ ᠤ ᠭᠡᠨᠡᠳᠲᠡ ᠶᠢᠨ ᠳᠠᠭᠠᠳᠬᠠᠯ ᠵᠡᠷᠭᠡ ᠠᠵᠢᠯ ᠡᠷᠭᠢᠯᠡᠬᠦ | ᠳᠠᠭᠠᠳᠬᠠᠯ ᠢ ᠬᠥᠭᠵᠢᠭᠦᠯᠦᠨ᠎ᠡ᠃ ᠡᠷᠡᠭᠦᠯᠵᠢᠭᠦᠯᠬᠦ ᠲᠤᠰᠠᠯᠠᠬᠤ ᠪᠠᠭᠠᠵᠢ ᠬᠡᠷᠡᠭᠰᠡᠯ ᠤᠨ ᠠᠵᠤ ᠦᠢᠯᠡᠰ ᠤᠨ | ᠬᠥᠭᠵᠢᠯᠲᠡ ᠶᠢ ᠠᠬᠢᠭᠤᠯᠤᠨ᠎ᠠ᠃ | ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ ᠶᠢ ᠴᠢᠨᠠᠷ ︿ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ | + ᠠᠵᠢᠯ ᠲᠦᠷᠦᠯ﹀ ᠤᠨ ᠠᠵᠢᠯᠯᠠᠭ᠎ᠠ ᠶᠢ ᠬᠡᠷᠡᠭᠵᠢᠭᠦᠯᠵᠦ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ ᠬᠢᠭᠡᠳ | ᠪᠤᠰᠤᠳ ᠠᠵᠢᠯ ᠲᠦᠷᠦᠯ ᠤᠨ ᠠᠭᠤᠰᠤᠯᠳᠤᠨ ᠬᠥᠭᠵᠢᠬᠦ᠂ ᠤᠯᠠᠨ ᠡᠰᠢᠴᠢᠯᠡᠨ ᠡᠵᠡᠩᠨᠡᠬᠦ ᠶᠢ ᠠᠬᠢᠭᠤᠯᠤᠨ᠎ᠠ᠃ | ᠨᠠᠰᠤᠲᠠᠶᠢᠴᠤᠳ ᠤᠨ ᠬᠡᠷᠡᠭᠴᠡᠭᠡ ᠱᠠᠭᠠᠷᠳᠠᠯᠭ᠎ᠠ ᠶᠢ ᠬᠠᠩᠭᠠᠭᠰᠠᠨ ᠡᠷᠡᠭᠦᠯ ᠮᠡᠨᠳᠦ ᠶᠢᠨ ᠦᠢᠯᠡᠳᠬᠦᠨ ᠤ | ᠲᠤᠰᠬᠠᠶᠢᠵᠢᠭᠰᠠᠨ ᠦᠢᠯᠡᠳᠪᠦᠷᠢᠯᠡᠯ ᠤᠨ ᠰᠤᠳᠤᠯᠤᠨ ᠨᠡᠭᠡᠭᠡᠬᠦ ᠰᠠᠭᠤᠷᠢᠨ ᠭᠠᠵᠠᠷ ᠢ ᠪᠣᠶᠢᠵᠢᠭᠤᠯᠵᠤ᠂ ᠨᠠᠰᠤᠵᠢᠯ ᠤᠨ | ᠠᠵᠤ ᠠᠬᠤᠶᠢᠯᠠᠯ ᠤᠨ ᠬᠡᠯᠬᠢᠶᠡᠵᠢᠬᠦ᠂ ᠪᠦᠯᠦᠭᠵᠢᠬᠦ ᠬᠥᠭᠵᠢᠯᠲᠡ ᠶᠢ ᠠᠬᠢᠭᠤᠯᠤᠨ᠂ ᠨᠢᠭᠡ ᠪᠦᠯᠦᠭ ᠠᠵᠤ | ᠦᠢᠯᠡᠰ ᠤᠨ ᠬᠡᠯᠬᠢᠶ᠎ᠡ ᠣᠷᠳᠣ᠂ ᠬᠠᠮᠤᠷᠬᠤ ᠬᠦᠷᠢᠶ᠎ᠡ ᠬᠡᠪᠴᠢᠶ᠎ᠡ ᠥᠷᠭᠡᠨ᠂ ᠠᠵᠤ ᠠᠬᠤᠢ ᠨᠡᠶᠢᠭᠡᠮ ᠤᠨ ᠦᠷ᠎ᠡ | ᠠᠰᠢᠭ ᠢᠶᠠᠷ ᠢᠯᠡᠷᠬᠡᠢ ᠠᠵᠤ ᠦᠢᠯᠡᠰ ᠤᠨ ᠪᠥᠭᠡᠮᠨᠡᠷᠡᠯ ᠪᠠ ᠪᠥᠭᠡᠮᠨᠡᠷᠡᠯ ᠤᠨ ᠣᠷᠣᠨ ᠢ ᠪᠣᠶ ᠪᠣᠯᠭᠠᠨ᠎ᠠ᠃ | ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ ᠶᠢ ᠣᠶᠤᠨ ᠰᠠᠨᠠᠭᠠᠨ ᠤ ᠲᠠᠶᠢᠳᠬᠤᠷᠠᠭᠤᠯᠤᠯ᠂ ᠡᠷᠡᠭᠦᠯᠵᠢᠯ | ᠰᠤᠪᠢᠯᠠᠯᠲᠠ᠂ ᠪᠠᠴᠢᠮ ᠠᠪᠤᠷᠠᠨ ᠲᠤᠰᠠᠯᠠᠯᠲᠠ᠂ ᠨᠠᠰᠤ ᠨᠥᠭᠴᠢᠬᠦ ᠦᠶ᠎ᠡ ᠶᠢᠨ ᠬᠠᠯᠠᠮᠵᠢᠯᠠᠯ ᠵᠡᠷᠭᠡ ᠬᠦᠷᠢᠶ᠎ᠡ ᠳᠠᠰᠢ | ᠤᠷᠲᠤᠳᠬᠠᠬᠤ ᠶᠢ ᠰᠦᠪᠡᠭᠴᠢᠯᠡᠨ᠎ᠡ᠃ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠠᠵᠢᠯ ᠲᠦᠷᠦᠯ ᠤᠨ | ᠵᠣᠬᠢᠶᠠᠨ ᠪᠠᠶᠢᠭᠤᠯᠤᠯᠲᠠ ᠶᠢ ᠢᠳᠡᠪᠬᠢᠲᠡᠢ ᠪᠠᠷ ᠪᠣᠶᠢᠵᠢᠭᠤᠯᠵᠤ᠂ ᠠᠵᠢᠯ ᠲᠦᠷᠦᠯ ᠤᠨ ᠨᠡᠶᠢᠭᠡᠮᠯᠢᠭ ᠤᠨ | ᠦᠢᠯᠡᠴᠢᠯᠡᠭᠡᠨ ᠤ ᠴᠢᠳᠠᠪᠤᠷᠢ ᠪᠠᠨ ᠨᠡᠮᠡᠭᠳᠡᠭᠦᠯᠬᠦ ᠶᠢ ᠳᠡᠮᠵᠢᠬᠦ ᠬᠡᠷᠡᠭᠲᠡᠢ᠃ ᠪᠤᠭᠤᠷᠤᠯᠴᠤᠳ ᠤᠨ ᠠᠵᠤ ᠠᠬᠤᠢ ᠶᠢ | ᠬᠥᠭᠵᠢᠭᠦᠯᠵᠦ᠂ ᠨᠠᠰᠤᠲᠠᠶᠢᠴᠤᠳ ᠤᠨ ᠬᠡᠷᠡᠭᠯᠡᠭᠡᠨ ᠤ ᠦᠢᠯᠡᠳᠬᠦᠨ᠂ ᠮᠡᠷᠭᠡᠵᠢᠯ ᠤᠨ ᠰᠤᠳᠤᠯᠤᠨ ᠨᠡᠭᠡᠭᠡᠯᠲᠡ ᠪᠠ | ᠬᠡᠷᠡᠭᠯᠡᠯᠲᠡ ᠶᠢ ᠠᠬᠢᠭᠤᠯᠤᠨ᠂ ︿ᠦᠷ᠎ᠡ ᠬᠡᠦᠬᠡᠳ ᠢ ᠰᠦᠯᠵᠢᠶᠡᠨ ᠳᠡᠭᠡᠷ᠎ᠡ ᠵᠠᠬᠢᠶᠠᠯᠠᠬᠤ᠂ ᠨᠠᠰᠤᠲᠠᠶᠢᠴᠤᠳ ᠢ | ᠣᠶᠢᠯᠠᠭᠠᠬᠤ ᠦᠢᠯᠡᠴᠢᠯᠡᠭᠡ﹀ ᠵᠡᠷᠭᠡ ᠬᠡᠷᠡᠭᠯᠡᠭᠡᠨ ᠤ ᠵᠠᠭᠪᠤᠷ ᠲᠤ ᠰᠢᠨ᠎ᠡ ᠶᠢ ᠡᠭᠦᠳᠦᠨ᠎ᠡ᠃ ᠨᠠᠰᠤᠵᠢᠯ ᠤᠨ | ᠦᠢᠯᠡᠴᠢᠯᠡᠭᠡᠨ ᠤ ᠠᠵᠢᠯ ᠲᠦᠷᠦᠯ ᠤᠨ ᠵᠣᠬᠢᠶᠠᠨ ᠪᠠᠶᠢᠭᠤᠯᠤᠯᠲᠠ ᠶᠢ ᠪᠣᠶᠢᠵᠢᠭᠤᠯᠤᠨ ᠬᠥᠭᠵᠢᠭᠦᠯᠵᠦ᠂ ᠠᠵᠢᠯ | ᠲᠦᠷᠦᠯ ᠤᠨ ᠨᠡᠶᠢᠭᠡᠮᠯᠢᠭ ᠤᠨ ᠦᠢᠯᠡᠴᠢᠯᠡᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ | ᠰᠣᠶᠣᠯ ᠵᠢᠭᠤᠯᠴᠢᠯᠠᠯ ᠢ ᠠᠭᠤᠰᠤᠯᠴᠠᠭᠤᠯᠤᠨ ᠬᠥᠭᠵᠢᠭᠦᠯᠪᠡ᠃ ᠰᠣᠶᠣᠯ ᠢᠶᠠᠷ ᠪᠠᠷᠢᠭᠠᠳᠠ ᠶᠢ ᠱᠤᠭᠤᠵᠤ᠂ | ᠪᠠᠷᠢᠭᠠᠳᠠ ᠪᠠᠷ ᠰᠣᠶᠣᠯ ᠢ ᠲᠤᠪᠤᠶᠢᠯᠭᠠᠬᠤ ᠶᠢ ᠪᠠᠷᠢᠮᠲᠠᠯᠠᠨ᠎ᠠ᠃ ᠬᠠᠲᠤᠨ ᠭᠤᠣᠯ ᠤᠨ ᠰᠣᠶᠣᠯ ᠤᠨ ᠥᠪ ᠢ | ᠰᠢᠰᠲ᠋ᠧᠮ ᠲᠠᠢ ᠬᠠᠮᠠᠭᠠᠯᠠᠬᠤ ᠢᠨᠵᠧᠨᠧᠷᠢᠩ ᠢ ᠬᠡᠷᠡᠭᠵᠢᠭᠦᠯᠵᠦ᠂ ᠬᠠᠲᠤᠨ ᠭᠤᠣᠯ ᠤᠨ ᠰᠣᠶᠣᠯ ᠤᠨ ᠥᠪ ᠢ | ᠲᠣᠭᠠᠴᠢᠯᠠᠨ ᠬᠠᠮᠠᠭᠠᠯᠠᠬᠤ ᠪᠠ ᠤᠯᠠᠮᠵᠢᠯᠠᠨ ᠪᠠᠳᠠᠷᠠᠭᠤᠯᠬᠤ ᠶᠢ ᠴᠢᠩᠭᠠᠳᠬᠠᠨ᠎ᠠ᠃ ᠬᠠᠲᠤᠨ ᠭᠤᠣᠯ ᠤᠨ ᠤᠯᠤᠰ ᠤᠨ | ᠰᠣᠶᠣᠯ ᠤᠨ ᠴᠡᠴᠡᠷᠯᠢᠭ ᠪᠠ ᠬᠠᠲᠤᠨ ᠭᠤᠣᠯ ᠤᠨ ᠰᠣᠶᠣᠯ ᠤᠨ ᠥᠪ ᠤᠨ ᠬᠤᠩᠭᠢᠯ ᠢ ᠲᠦᠷᠭᠡᠳᠬᠡᠨ ᠪᠠᠶᠢᠭᠤᠯᠵᠤ᠂ | ᠬᠠᠲᠤᠨ ᠭᠤᠣᠯ ᠤᠨ ︿ᠬᠡᠳᠦᠨ﹀ ᠥᠰᠥᠭ ᠤᠨ ᠮᠤᠷᠤᠢ ᠰᠣᠶᠣᠯ ᠤᠨ ᠵᠢᠭᠤᠯᠴᠢᠯᠠᠯ ᠤᠨ ᠪᠦᠰᠡ ᠶᠢ ᠪᠠᠶᠢᠭᠤᠯᠤᠨ᠎ᠠ᠃ | ᠨᠢᠭᠡ ᠪᠦᠯᠦᠭ ᠰᠣᠶᠣᠯ ᠵᠢᠭᠤᠯᠴᠢᠯᠠᠯ ᠬᠤᠳᠠᠯᠳᠤᠭ᠎ᠠ ᠪᠡᠶ᠎ᠡ ᠶᠢᠨ ᠲᠠᠮᠢᠷ ᠠᠭᠤᠰᠤᠯᠴᠠᠭᠰᠠᠨ ᠣᠨᠴᠠᠯᠢᠭᠲᠤ ᠬᠤᠲᠠ ᠶᠢ | ᠪᠣᠶ ᠪᠣᠯᠭᠠᠵᠤ᠂ ᠬᠥᠬᠡᠬᠤᠲᠠ᠂ ᠣᠷᠳᠣᠰ ᠵᠡᠷᠭᠡ ᠬᠤᠲᠠ ᠳᠤ ᠤᠯᠤᠰ ᠤᠨ ᠰᠣᠶᠣᠯ ᠪᠠ ᠵᠢᠭᠤᠯᠴᠢᠯᠠᠯ ᠤᠨ | ᠬᠡᠷᠡᠭᠯᠡᠭᠡᠨ ᠤ ᠲᠤᠷᠰᠢᠯᠲᠠ ᠶᠢᠨ ᠴᠢᠭ᠋ ᠤᠨ ᠵᠢᠱᠢᠶ᠎ᠡ ᠦᠵᠡᠭᠦᠯᠬᠦ ᠠᠵᠢᠯ ᠥᠷᠨᠢᠭᠦᠯᠬᠦ ᠶᠢ ᠠᠬᠢᠭᠤᠯᠵᠤ᠂ | ᠵᠢᠭᠤᠯᠴᠢᠯᠠᠯ ᠤᠨ ᠪᠦᠲᠦᠭᠡᠭᠳᠡᠬᠦᠨ ᠤ ᠰᠢᠰᠲ᠋ᠧᠮᠵᠢ ᠶᠢᠨ ᠰᠢᠨ᠎ᠡ ᠶᠢ ᠡᠭᠦᠳᠴᠦ᠂ ᠵᠢᠭᠤᠯᠴᠢᠯᠠᠯ ᠤᠨ ᠬᠡᠷᠡᠭᠯᠡᠭᠡᠨ ᠤ | ᠣᠶᠢᠯᠠᠭᠠᠯᠲᠠ ᠶᠢ ᠰᠠᠶᠢᠵᠢᠷᠠᠭᠤᠯᠤᠨ᠎ᠠ᠃ ᠨᠢᠭᠡ ᠪᠦᠯᠦᠭ ᠰᠣᠶᠣᠯ ᠵᠢᠭᠤᠯᠴᠢᠯᠠᠯ ᠤᠨ ᠠᠵᠤ ᠦᠢᠯᠡᠰ ᠤᠨ | ᠲᠥᠪᠯᠡᠷᠡᠭᠰᠡᠨ ᠣᠷᠣᠨ ᠢ ᠪᠦᠲᠦᠭᠡᠨ ᠪᠠᠶᠢᠭᠤᠯᠵᠤ᠂ ᠣᠷᠣᠨ ᠪᠦᠰᠡ ᠶᠢᠨ ᠰᠣᠶᠣᠯ ᠪᠠ ᠵᠢᠭᠤᠯᠴᠢᠯᠠᠯ ᠢ ᠨᠢᠭᠡ | ᠴᠣᠭᠴᠠᠵᠢᠭᠤᠯᠤᠨ ᠬᠥᠭᠵᠢᠭᠦᠯᠬᠦ ᠳᠤ ᠬᠦᠴᠦ ᠨᠡᠮᠡᠷᠢᠯᠡᠨ᠎ᠡ᠃ ᠬᠤᠪᠢᠰᠬᠠᠯ ᠤᠨ ᠳᠤᠷᠠᠰᠬᠠᠯᠲᠤ ᠵᠢᠭᠤᠯᠴᠢᠯᠠᠯ᠂ | ᠰᠣᠶᠣᠯ ᠤᠨ ᠥᠪ ᠤᠨ ᠵᠢᠭᠤᠯᠴᠢᠯᠠᠯ᠂ ᠵᠢᠭᠤᠯᠴᠢᠯᠠᠯ ᠤᠨ ᠲᠣᠭᠯᠠᠯᠲᠠ ᠶᠢᠨ ᠤᠷᠠᠯᠢᠭ ᠵᠡᠷᠭᠡ ᠶᠢᠨ ᠰᠢᠨ᠎ᠡ ᠶᠢ ᠡᠭᠦᠳᠬᠦ | ᠬᠥᠭᠵᠢᠯᠲᠡ ᠶᠢ ᠲᠦᠯᠬᠢᠨ ᠠᠬᠢᠭᠤᠯᠵᠤ᠂ ᠠᠮᠠᠷᠠᠯᠲᠠ ᠰᠡᠯᠡᠭᠦᠴᠡᠯ᠂ ᠬᠥᠳᠡᠭᠡ ᠲᠣᠰᠬᠤᠨ ᠤ ᠵᠢᠭᠤᠯᠴᠢᠯᠠᠯ ᠵᠡᠷᠭᠡ | ᠦᠢᠯᠡᠴᠢᠯᠡᠭᠡᠨ ᠤ ᠴᠢᠨᠠᠷ ᠴᠢᠨᠰᠠᠭ᠎ᠠ ᠶᠢ ᠳᠡᠭᠡᠭᠰᠢᠯᠡᠭᠦᠯᠵᠦ᠂ ᠵᠢᠭᠤᠯᠴᠢᠯᠠᠯ ᠤᠨ ᠵᠣᠷᠯᠣᠩ ᠤᠨ ᠬᠤᠪᠢᠰᠬᠠᠯ ᠢ ᠲᠦᠯᠬᠢᠨ | ᠠᠬᠢᠭᠤᠯᠵᠤ᠂ ᠣᠶᠤᠨᠲᠤ ᠦᠵᠡᠮᠵᠢ ᠶᠢᠨ ᠣᠷᠣᠨ ᠤ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠎ᠠ᠃ | ᠣᠶᠤᠨᠲᠤ ᠷᠠᠳᠢᠣ᠋ ᠲᠧᠯᠸᠢᠰ ᠤᠨ ᠰᠢᠨ᠎ᠡ ᠶᠢ ᠡᠭᠦᠳᠦᠨ ᠬᠥᠭᠵᠢᠪᠡ᠃ ᠬᠠᠮ ᠵᠠᠭᠤᠴᠢᠯᠠᠭᠤᠷ ᠤᠨ | ᠳᠠᠮᠵᠢᠭᠤᠯᠭ᠎ᠠ ᠶᠢᠨ ᠢᠨᠵᠧᠨᠧᠷᠢᠩ ᠢ ᠬᠡᠷᠡᠭᠵᠢᠭᠦᠯᠵᠦ᠂ ᠰᠢᠨ᠎ᠡ ᠬᠡᠯᠪᠡᠷᠢ ᠶᠢᠨ ᠭᠤᠣᠯ ᠤᠷᠤᠰᠬᠠᠯ ᠤᠨ | ᠵᠠᠭᠤᠴᠢᠯᠠᠭᠤᠷ ᠢ ᠪᠤᠢ ᠪᠣᠯᠭᠠᠨ᠎ᠠ᠃ ᠥᠪᠥᠷ ᠮᠣᠩᠭᠤᠯ ᠤᠨ ᠣᠶᠤᠨᠲᠤ ᠷᠠᠳᠢᠣ᠋ ᠲᠧᠯᠸᠢᠰ ᠤᠨ ᠲᠤᠷᠰᠢᠯᠲᠠ ᠶᠢᠨ | ᠲᠠᠰᠤᠭ ᠤᠨ ᠪᠦᠲᠦᠭᠡᠨ ᠪᠠᠶᠢᠭᠤᠯᠤᠯᠲᠠ ᠪᠠ ᠥᠪᠥᠷ ᠮᠣᠩᠭᠤᠯ ᠤᠨ ᠦᠵᠡᠵᠦ ᠰᠣᠨᠣᠰᠬᠤ ᠲᠣᠮᠣ ᠳ᠋ᠠᠶᠢᠲ᠋ᠠ ᠶᠢᠨ | ᠬᠡᠷᠡᠭᠯᠡᠭᠡᠨ ᠤ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠷᠠᠳᠢᠣ᠋ ᠲᠧᠯᠸᠢᠰ ᠤᠨ 5G ᠰᠦᠯᠵᠢᠶ᠎ᠡ ᠶᠢᠨ ᠪᠦᠲᠦᠭᠡᠨ | ᠪᠠᠶᠢᠭᠤᠯᠤᠯᠲᠠ ᠪᠠ ᠠᠬᠤᠢ ᠲᠠᠯᠠᠪᠠᠶ ᠶᠢᠨ ᠬᠡᠷᠡᠭᠯᠡᠭᠡᠨ ᠢ ᠴᠢᠩᠭᠠᠳᠬᠠᠨ᠎ᠠ᠃ ᠲᠧᠯᠸᠢᠰ ᠤᠨ ᠰᠤᠪᠠᠭ ᠤᠨ ᠳᠡᠭᠡᠳᠦ | ᠲᠣᠳᠣ ᠪᠣᠯᠭᠠᠬᠤ ᠥᠭᠡᠷᠡᠴᠢᠯᠡᠯᠲᠡ ᠶᠢ ᠲᠦᠷᠭᠡᠳᠬᠡᠵᠦ᠂ ᠬᠡᠲᠦ ᠳᠡᠭᠡᠳᠦ ᠲᠣᠳᠣ ᠲᠧᠯᠸᠢᠰ ᠤᠨ ᠫᠷᠣᠭ᠍ᠷᠠᠮ ᠤᠨ | ᠦᠢᠯᠡᠳᠴᠦ ᠨᠡᠪᠲᠡᠷᠡᠭᠦᠯᠬᠦ ᠴᠢᠳᠠᠪᠤᠷᠢ ᠶᠢ ᠳᠡᠭᠡᠭᠰᠢᠯᠡᠭᠦᠯᠦᠨ᠂ ᠳᠡᠭᠡᠳᠦ ᠲᠣᠳᠣ ᠲᠧᠯᠸᠢᠰ ᠤᠨ ᠤᠲᠠᠰᠤᠲᠤ ᠲᠧᠯᠸᠢᠰ | ᠂ ᠳᠠᠭᠠᠭᠤᠯᠢ ᠣᠳᠣᠨ ᠲᠧᠯᠸᠢᠰ᠂ IPTV ᠪᠠ ᠢᠨᠲ᠋ᠧᠷ ᠰᠦᠯᠵᠢᠶᠡᠨ ᠤ ᠲᠧᠯᠸᠢᠰ ᠤᠨ ᠬᠡᠷᠡᠭᠯᠡᠯᠲᠡ ᠶᠢ | ᠠᠬᠢᠭᠤᠯᠤᠨ᠎ᠠ᠃ ᠣᠶᠤᠨᠲᠤ ᠷᠠᠳᠢᠣ᠋ ᠲᠧᠯᠸᠢᠰ ᠬᠢᠭᠡᠳ ᠣᠶᠤᠨᠲᠤ ᠬᠤᠳᠠ᠂ ᠣᠶᠤᠨᠲᠤ ᠨᠡᠶᠢᠭᠡᠮ ᠲᠣᠭᠤᠷᠢᠭ᠂ | ᠣᠶᠤᠨᠲᠤ ᠭᠡᠷ ᠪᠦᠯᠢ ᠵᠢᠴᠢ ᠣᠶᠤᠨᠲᠤ ᠵᠠᠰᠠᠭ ᠤᠨ ᠶᠠᠪᠤᠳᠠᠯ ᠵᠡᠷᠭᠡ ᠶᠢᠨ ᠠᠭᠤᠰᠤᠯᠴᠠᠨ ᠬᠥᠭᠵᠢᠬᠦ ᠶᠢ ᠠᠬᠢᠭᠤᠯᠵᠤ᠂ | ᠶᠡᠷᠦᠩᠬᠡᠶᠢᠯᠡᠭᠰᠡᠨ ᠮᠡᠳᠡᠭᠡ ᠵᠠᠩᠭᠢ ᠶᠢᠨ ᠦᠢᠯᠡᠴᠢᠯᠡᠭᠡ ᠵᠡᠷᠭᠡ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠢ | ᠥᠷᠭᠡᠳᠬᠡᠨ᠎ᠡ᠃ ᠥᠪᠥᠷ ᠮᠣᠩᠭᠤᠯ ᠤᠨ ᠣᠨᠴᠠᠯᠢᠭ ᠲᠠᠢ ᠷᠠᠳᠢᠣ᠋ ᠲᠧᠯᠸᠢᠰ ᠪᠠ ᠰᠦᠯᠵᠢᠶᠡᠨ ᠤ ᠦᠵᠡᠵᠦ ᠰᠣᠨᠣᠰᠬᠤ | ᠨᠠᠷᠠᠲᠤ ᠲᠥᠷᠥᠯ ᠲᠡᠮᠳᠡᠭᠲᠦ ᠶᠢ ᠪᠣᠶ ᠪᠣᠯᠭᠠᠨ᠎ᠠ᠃ | ᠪᠡᠶ᠎ᠡ ᠶᠢᠨ ᠲᠠᠮᠢᠷ ᠤᠨ ᠦᠢᠯᠡᠴᠢᠯᠡᠭᠡ ᠲᠦᠷᠭᠡᠪᠴᠢᠯᠡᠨ ᠬᠥᠭᠵᠢᠪᠡ᠃ ᠣᠯᠠᠨ ᠵᠦᠢᠯ ᠤᠨ ᠬᠡᠯᠪᠡᠷᠢ | ᠮᠠᠶ᠋ᠢᠭ ᠤᠨ ᠪᠡᠶ᠎ᠡ ᠴᠢᠭᠢᠷᠠᠭᠵᠢᠭᠤᠯᠬᠤ ᠺᠯᠦ᠋ᠪ ᠪᠠ ᠪᠡᠶ᠎ᠡ ᠴᠢᠭᠢᠷᠠᠭᠵᠢᠭᠤᠯᠬᠤ ᠵᠣᠬᠢᠶᠠᠨ ᠪᠠᠶᠢᠭᠤᠯᠤᠯᠲᠠ ᠡᠷᠭᠢᠯᠡᠬᠦ ᠶᠢ | ᠵᠣᠷᠢᠭᠵᠢᠭᠤᠯᠵᠤ᠂ ᠤᠯᠤᠰ ᠤᠨ ᠳᠣᠲᠣᠭᠠᠳᠤ ᠭᠠᠳᠠᠭᠠᠳᠤ ᠶᠢᠨ ᠴᠢᠬᠤᠯᠠ ᠤᠷᠤᠯᠳᠤᠭᠠᠨ ᠤ ᠵᠦᠢᠯᠡᠰ ᠢ | ᠢᠳᠡᠪᠬᠢᠲᠡᠢ ᠪᠠᠷ ᠭᠤᠶᠤᠴᠢᠯᠠᠨ ᠡᠷᠭᠢᠯᠡᠨ᠎ᠡ᠃ ᠬᠥᠯ ᠪᠥᠮᠪᠦᠭᠡ᠂ ᠰᠠᠭᠰᠤᠨ ᠪᠥᠮᠪᠦᠭᠡ᠂ ᠠᠯᠠᠭᠠᠳᠠᠬᠤ ᠪᠥᠮᠪᠦᠭᠡ᠂ | ᠮᠥᠰᠥ ᠴᠠᠰᠤ᠂ ᠮᠣᠷᠢᠨ ᠮᠡᠷᠭᠡᠵᠢᠯ ᠵᠡᠷᠭᠡ ᠪᠡᠶ᠎ᠡ ᠶᠢᠨ ᠲᠠᠮᠢᠷ ᠤᠨ ᠬᠥᠳᠡᠯᠭᠡᠭᠡᠨ ᠢ ᠴᠡᠴᠡᠭᠯᠡᠭᠦᠯᠦᠨ ᠬᠥᠭᠵᠢᠭᠦᠯᠵᠦ᠂ | ᠭᠡᠷ ᠤᠨ ᠭᠠᠳᠠᠨᠠᠬᠢ ᠪᠡᠶ᠎ᠡ ᠶᠢᠨ ᠲᠠᠮᠢᠷ ᠤᠨ ᠬᠥᠳᠡᠯᠭᠡᠭᠡᠨ ᠢ ᠲᠦᠭᠡᠮᠡᠯᠵᠢᠭᠦᠯᠦᠨ ᠳᠡᠯᠭᠡᠷᠡᠭᠦᠯᠵᠦ᠂ ᠪᠡᠶ᠎ᠡ ᠶᠢᠨ | ᠲᠠᠮᠢᠷ ᠤᠨ ᠤᠷᠤᠯᠳᠤᠭᠠᠨ ᠤ ᠦᠵᠡᠭᠦᠯᠦᠯᠭᠡ ᠶᠢᠨ ᠠᠵᠤ ᠦᠢᠯᠡᠰ ᠤᠨ ᠬᠥᠭᠵᠢᠯᠲᠡ ᠶᠢ ᠲᠦᠯᠬᠢᠨ ᠠᠬᠢᠭᠤᠯᠵᠤ᠂ | ᠤᠯᠠᠨ ᠲᠦᠮᠡᠨᠴᠢ ᠪᠡᠶ᠎ᠡ ᠶᠢᠨ ᠲᠠᠮᠢᠷ ᠤᠨ ᠤᠷᠤᠯᠳᠤᠭᠠᠨ ᠤ ᠠᠵᠢᠯᠯᠠᠭ᠎ᠠ ᠶᠢ ᠪᠠᠶᠠᠯᠢᠭᠵᠢᠭᠤᠯᠤᠨ᠎ᠠ᠃ ᠪᠡᠶ᠎ᠡ ᠶᠢᠨ | ᠲᠠᠮᠢᠷ ᠤᠨ ᠵᠢᠭᠤᠯᠴᠢᠯᠠᠯ᠂ ᠪᠡᠶ᠎ᠡ ᠶᠢᠨ ᠲᠠᠮᠢᠷ ᠤᠨ ᠤᠯᠠᠮᠵᠢᠯᠠᠬᠤ ᠵᠠᠭᠤᠴᠢ᠂ ᠪᠡᠶ᠎ᠡ ᠶᠢᠨ ᠲᠠᠮᠢᠷ ᠤᠨ ᠴᠤᠭᠯᠠᠭᠠᠨ | ᠦᠵᠡᠰᠬᠦᠯᠡᠩ᠂ ᠪᠡᠶ᠎ᠡ ᠶᠢᠨ ᠲᠠᠮᠢᠷ ᠤᠨ ᠵᠠᠭᠤᠴᠢᠯᠠᠬᠤ ᠵᠡᠷᠭᠡ ᠶᠢᠨ ᠬᠥᠭᠵᠢᠯᠲᠡ ᠶᠢ ᠠᠬᠢᠭᠤᠯᠵᠤ᠂ ᠪᠡᠶ᠎ᠡ ᠶᠢᠨ | ᠲᠠᠮᠢᠷ ᠤᠨ ᠬᠡᠷᠡᠭᠯᠡᠭᠡᠨ ᠤ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠰᠢᠨ᠎ᠡ ᠵᠠᠭᠪᠤᠷ ᠢ ᠪᠣᠶᠢᠵᠢᠭᠤᠯᠤᠨ᠂ ᠢᠨᠲ᠋ᠧᠷ | ᠰᠦᠯᠵᠢᠶ᠎ᠡ᠂ ᠲᠣᠮᠣ ᠳ᠋ᠠᠶᠢᠲ᠋ᠠ᠂ ᠵᠣᠬᠢᠶᠠᠮᠠᠯ ᠤᠶᠤᠨ ᠴᠢᠳᠠᠪᠤᠷᠢ ᠬᠢᠭᠡᠳ ︿ᠪᠡᠶ᠎ᠡ ᠶᠢᠨ ᠲᠠᠮᠢᠷ + ᠪᠤᠰᠤᠳ ᠠᠵᠤ | ᠠᠬᠤᠢ ᠶᠢᠨ ᠬᠡᠯᠪᠡᠷᠢ ᠪᠠᠶᠢᠳᠠᠯ﹀ ᠤᠨ ᠭᠦᠨᠵᠡᠭᠡᠢ ᠠᠭᠤᠰᠤᠯᠴᠠᠯ ᠢ ᠲᠦᠷᠭᠡᠪᠴᠢᠯᠡᠨ ᠠᠬᠢᠭᠤᠯᠵᠤ᠂ ᠪᠡᠶ᠎ᠡ ᠶᠢᠨ | ᠲᠠᠮᠢᠷ ᠤᠨ ᠠᠵᠤ ᠦᠢᠯᠡᠰ ᠤᠨ ᠣᠶᠤᠨᠴᠢᠯᠠᠭᠰᠠᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ | ᠭᠡᠷ ᠠᠬᠤᠢ ᠶᠢᠨ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠦᠨ ᠪᠠᠭᠲᠠᠭᠠᠮᠵᠢ ᠶᠢ ᠥᠷᠭᠡᠳᠬᠡᠨ᠎ᠡ᠃ | ᠬᠠᠩᠭᠠᠯᠭ᠎ᠠ ᠭᠦᠢᠴᠡᠳ᠂ ᠦᠢᠯᠡᠴᠢᠯᠡᠭᠡ ᠨᠢ ᠳᠥᠭᠦᠮ ᠳᠥᠲᠡ᠂ ᠬᠠᠮᠢᠶᠠᠷᠤᠯᠲᠠ ᠨᠢ ᠵᠢᠷᠤᠮᠵᠢᠯ ᠲᠠᠢ᠂ ᠬᠤᠳᠠ | ᠬᠥᠳᠡᠭᠡ ᠳᠤ ᠠᠰᠢᠭ ᠬᠦᠷᠲᠡᠭᠡᠬᠦ ᠭᠡᠷ ᠠᠬᠤᠢ ᠶᠢᠨ ᠦᠢᠯᠡᠴᠢᠯᠡᠭᠡᠨ ᠤ ᠰᠢᠰᠲ᠋ᠧᠮ ᠢ ᠲᠦᠷᠭᠡᠪᠴᠢᠯᠡᠨ ᠪᠠᠶᠢᠭᠤᠯᠤᠨ᠎ᠠ᠃ | ᠳᠤᠮᠳᠠ ᠵᠢᠵᠢᠭ ᠭᠡᠷ ᠠᠬᠤᠢ ᠶᠢᠨ ᠦᠢᠯᠡᠴᠢᠯᠡᠭᠡᠨ ᠤ ᠠᠵᠤ ᠠᠬᠤᠶᠢᠯᠠᠯ ᠤᠨ ᠲᠤᠰᠬᠠᠶᠢᠵᠢᠭᠰᠠᠨ᠂ ᠣᠨᠴᠠᠯᠢᠬᠵᠢᠭᠰᠠᠨ | ᠬᠥᠭᠵᠢᠯᠲᠡ ᠶᠢ ᠳᠡᠮᠵᠢᠨ᠎ᠡ᠃ ᠨᠥᠬᠦᠴᠡᠯ ᠲᠠᠢ ᠠᠵᠤ ᠠᠬᠤᠶᠢᠯᠠᠯ ᠤᠨ ᠨᠠᠷᠠᠲᠤ ᠲᠥᠷᠥᠯ ᠲᠡᠮᠳᠡᠭᠵᠢᠭᠦᠯᠬᠦ᠂ | ᠬᠡᠯᠬᠢᠶᠡᠵᠢᠭᠦᠯᠦᠨ ᠬᠥᠭᠵᠢᠭᠦᠯᠬᠦ ᠶᠢ ᠵᠣᠷᠢᠭᠵᠢᠭᠤᠯᠵᠤ᠂ ᠨᠢᠭᠡ ᠪᠦᠯᠦᠭ ᠬᠥᠲᠥᠯᠥᠨ ᠳᠠᠭᠠᠭᠤᠯᠬᠤ ᠪᠠ ᠵᠢᠱᠢᠶ᠎ᠡ | ᠦᠵᠡᠭᠦᠯᠬᠦ ᠦᠢᠯᠡᠳᠦᠯ ᠲᠠᠢ ᠬᠥᠲᠥᠴᠢ ᠠᠵᠤ ᠠᠬᠤᠶᠢᠯᠠᠯ ᠢ ᠪᠣᠶᠢᠵᠢᠭᠤᠯᠤᠨ᠎ᠠ᠃ ᠠᠵᠤ ᠦᠢᠯᠡᠰ ᠪᠠ ᠰᠤᠷᠭᠠᠨ | ᠬᠥᠮᠦᠵᠢᠯ ᠢ ᠤᠶᠠᠯᠳᠤᠭᠤᠯᠤᠭᠰᠠᠨ ᠬᠡᠯᠪᠡᠷᠢ ᠶᠢᠨ ᠭᠡᠷ ᠠᠬᠤᠢ ᠶᠢᠨ ᠠᠵᠤ ᠠᠬᠤᠶᠢᠯᠠᠯ ᠢ ᠪᠣᠶᠢᠵᠢᠭᠤᠯᠵᠤ᠂ ᠭᠡᠷ | ᠠᠬᠤᠢ ᠶᠢᠨ ᠦᠢᠯᠡᠴᠢᠯᠡᠭᠡᠨ ᠤ ᠦᠢᠯᠡᠰ ᠬᠢᠭᠡᠳ ᠨᠠᠰᠤᠵᠢᠯ ᠤᠨ ᠠᠰᠠᠷᠠᠮᠵᠢ᠂ ᠨᠢᠯᠬ᠎ᠠ ᠬᠡᠦᠬᠡᠳ ᠢ ᠪᠣᠶᠢᠵᠢᠭᠤᠯᠬᠤ᠂ | ᠠᠳᠠᠯ ᠠᠬᠤᠢ ᠵᠡᠷᠭᠡ ᠶᠢᠨ ᠠᠭᠤᠰᠤᠯᠳᠤᠨ ᠬᠥᠭᠵᠢᠬᠦ ᠶᠢ ᠠᠬᠢᠭᠤᠯᠤᠨ᠎ᠠ᠃ ᠭᠡᠷ ᠠᠬᠤᠢ ᠶᠢᠨ ᠦᠢᠯᠡᠴᠢᠯᠡᠭᠡ ᠶᠢ | ᠨᠡᠶᠢᠭᠡᠮ ᠲᠣᠭᠤᠷᠢᠭ ᠲᠤ ᠣᠷᠣᠭᠤᠯᠬᠤ ᠶᠢ ᠲᠦᠯᠬᠢᠨ ᠠᠬᠢᠭᠤᠯᠤᠨ᠎ᠠ᠃ ᠭᠡᠷ ᠠᠬᠤᠢ ᠶᠢᠨ ᠠᠵᠢᠯ ᠲᠥᠷᠥᠯ ᠤᠨ | ᠨᠡᠶᠢᠭᠡᠮᠯᠢᠭ ᠤᠨ ᠪᠠᠶᠢᠭᠤᠯᠤᠯᠲᠠ ᠶᠢ ᠳᠡᠮᠵᠢᠵᠦ᠂ ᠭᠡᠷ ᠠᠬᠤᠢ ᠶᠢᠨ ᠦᠢᠯᠡᠴᠢᠯᠡᠭᠡᠨ ᠤ ᠶᠠᠰᠤ ᠴᠢᠨᠠᠷ ᠢ ᠭᠤᠷᠪᠠᠳᠠᠭᠢ | ᠡᠲᠡᠭᠡᠳ ᠠᠴᠠ ᠭᠡᠷᠡᠴᠢᠯᠡᠬᠦ ᠶᠢ ᠥᠷᠨᠢᠭᠦᠯᠦᠨ᠎ᠡ᠃ | ︵ᠬᠤᠶᠠᠷ︶ ︽ᠬᠤᠶᠠᠳᠤᠭᠠᠷ ᠬᠡᠰᠡᠭ ᠠᠮᠢᠳᠤᠷᠠᠯ ᠤᠨ ᠦᠢᠯᠡᠴᠢᠯᠡᠭᠡᠨ ᠤ ᠨᠠᠷᠠᠲᠤ ᠲᠥᠷᠥᠯ ᠲᠡᠮᠳᠡᠭᠵᠢᠭᠦᠯᠦᠨ | ᠬᠥᠭᠵᠢᠭᠦᠯᠬᠦ ᠶᠢ ᠲᠦᠯᠬᠢᠨ ᠠᠬᠢᠭᠤᠯᠬᠤ︾ ᠶᠢᠨ ᠬᠡᠰᠡᠭ ᠠᠭᠤᠯᠭ᠎ᠠ ᠳᠤ ᠵᠠᠰᠠᠪᠤᠷᠢ ᠣᠷᠣᠭᠤᠯᠬᠤ᠃ | 1. ︽ᠦᠢᠯᠡᠴᠢᠯᠡᠭᠡᠨ ᠤ ᠨᠠᠷᠠᠲᠤ ᠲᠥᠷᠥᠯ ᠲᠡᠮᠳᠡᠭᠲᠦ ᠶᠢ ᠪᠣᠶ ᠪᠣᠯᠭᠠᠨ᠎ᠠ︾ ᠭᠡᠬᠦ ᠬᠡᠰᠡᠭ ᠲᠠᠬᠢ ︽ | ᠲᠥᠬᠦᠮ᠂ ᠢᠲᠡᠭᠡᠮᠵᠢᠲᠡᠢ ᠭᠡᠷ ᠤᠨ ᠶᠠᠪᠤᠳᠠᠯ᠂ ᠬᠡᠦᠬᠡᠳ ᠢ ᠨᠠᠶᠢᠳᠠᠨ ᠬᠠᠮᠢᠶᠠᠷᠤᠭᠤᠯᠬᠤ ᠪᠠ ᠭᠡᠷ ᠲᠡᠭᠡᠨ ᠰᠠᠭᠤᠵᠤ | ᠨᠠᠰᠤᠲᠠᠶᠢᠴᠤᠳ ᠢ ᠠᠰᠠᠷᠠᠬᠤ ᠵᠡᠷᠭᠡ ︿ᠨᠢᠭᠡ ᠯᠡ ᠥᠷᠲᠡᠭᠡᠨ ᠤ ᠮᠠᠶ᠋ᠢᠭ﹀ ᠤᠨ ᠦᠢᠯᠡᠴᠢᠯᠡᠭᠡ ᠬᠠᠩᠭᠠᠨ᠎ᠠ︾ | ᠭᠡᠳᠡᠭ ᠤᠨ ᠳᠠᠷᠠᠭ᠎ᠠ ︽ᠪᠡᠶᠡᠴᠢᠯᠡᠨ ᠣᠶᠢᠯᠠᠭᠠᠬᠤ ᠦᠢᠯᠡᠴᠢᠯᠡᠭᠡ᠂ ᠬᠤᠪᠢ ᠬᠥᠮᠥᠨ ᠤ ᠵᠠᠬᠢᠶᠠᠯᠠᠭ᠎ᠠ᠂ ᠬᠠᠮᠲᠤ ᠪᠠᠷ | ᠡᠳ᠋ᠯᠡᠬᠦ ᠦᠢᠯᠡᠴᠢᠯᠡᠭᠡ᠂ ᠣᠶᠤᠨᠴᠢ ᠦᠢᠯᠡᠴᠢᠯᠡᠭᠡ ᠵᠡᠷᠭᠡ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠰᠢᠨ᠎ᠡ | ᠵᠠᠭᠪᠤᠷ ᠢ ᠬᠥᠭᠵᠢᠭᠦᠯᠬᠦ ᠶᠢ ᠵᠣᠷᠢᠭᠵᠢᠭᠤᠯᠤᠨ᠎ᠠ︾ ᠭᠡᠬᠦ ᠠᠭᠤᠯᠭ᠎ᠠ ᠶᠢ ᠨᠡᠮᠡᠪᠡ᠃ | 2. ︽ᠤᠷᠮᠠᠰᠢᠭᠤᠯᠬᠤ ᠲᠥᠷᠥ ᠶᠢᠨ ᠪᠣᠳᠣᠯᠭ᠎ᠠ ᠶᠢ ᠲᠣᠭᠲᠠᠭᠠᠬᠤ︾ ᠨᠢᠭᠡ ᠬᠡᠰᠡᠭ ᠲᠠᠬᠢ ︽ᠤᠷᠮᠠᠰᠢᠭᠤᠯᠬᠤ | ᠲᠥᠷᠥ ᠶᠢᠨ ᠪᠣᠳᠣᠯᠭ᠎ᠠ ᠶᠢ ᠲᠣᠭᠲᠠᠭᠠᠬᠤ︾ ᠭᠡᠬᠦ ᠥᠭᠦᠯᠡᠯᠲᠡ ᠶᠢ ᠬᠠᠰᠤᠬᠤ ᠶᠢᠨ ᠬᠠᠮᠲᠤ᠂ ᠲᠣᠰ ᠬᠡᠰᠡᠭ ᠤᠨ | ᠠᠭᠤᠯᠭ᠎ᠠ ᠶᠢ ︽ᠦᠢᠯᠡᠴᠢᠯᠡᠭᠡᠨ ᠤ ᠨᠠᠷᠠᠲᠤ ᠲᠥᠷᠥᠯ ᠲᠡᠮᠳᠡᠭᠲᠦ ᠶᠢ ᠪᠣᠶ ᠪᠣᠯᠭᠠᠬᠤ︾ ᠨᠢᠭᠡ ᠬᠡᠰᠡᠭ ᠲᠤ | ᠨᠡᠶᠢᠯᠡᠭᠦᠯᠦᠨ ᠣᠷᠣᠭᠤᠯᠤᠨ᠎ᠠ᠃ | 3. ︽ᠡᠵᠡᠩᠨᠡᠯᠲᠡ ᠶᠢᠨ ᠬᠡᠯᠪᠡᠷᠢ ᠪᠠᠶᠢᠳᠠᠯ ᠤᠨ ᠰᠢᠨ᠎ᠡ ᠶᠢ ᠡᠭᠦᠳᠬᠦ ᠶᠢ ᠵᠣᠷᠢᠭᠵᠢᠭᠤᠯᠤᠨ᠎ᠠ︾ ᠭᠡᠬᠦ | ᠬᠡᠰᠡᠭ ᠤᠨ ᠠᠭᠤᠯᠭ᠎ᠠ ᠶᠢ ︽ᠦᠢᠯᠡᠴᠢᠯᠡᠭᠡᠨ ᠤ ᠪᠠᠷᠢᠮᠵᠢᠶ᠎ᠠ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ ᠣᠷᠣᠨ | ᠨᠤᠲᠤᠭ ᠤᠨ ᠪᠠᠷᠢᠮᠵᠢᠶ᠎ᠠ ᠪᠠ ᠠᠵᠢᠯ ᠲᠥᠷᠥᠯ ᠤᠨ ᠪᠠᠷᠢᠮᠵᠢᠶ᠎ᠠ ᠶᠢ ᠵᠣᠬᠢᠴᠠᠯᠳᠤᠭᠤᠯᠤᠨ ᠬᠥᠭᠵᠢᠭᠦᠯᠬᠦ᠂ | ᠵᠣᠬᠢᠴᠠᠭᠤᠯᠤᠨ ᠢᠵᠢ ᠪᠦᠷᠢᠳᠦᠭᠦᠯᠬᠦ ᠪᠠᠷᠢᠮᠵᠢᠶ᠎ᠠ ᠶᠢᠨ ᠰᠢᠰᠲ᠋ᠧᠮᠵᠢ ᠶᠢ ᠪᠠᠶᠢᠭᠤᠯᠵᠤ᠂ ᠠᠵᠢᠯ ᠲᠥᠷᠥᠯ ᠤᠨ ᠬᠡᠪ | ᠳᠠᠭᠤᠷᠢᠶᠠᠯ ᠤᠨ ᠦᠢᠯᠡᠴᠢᠯᠡᠭᠡᠨ ᠤ ᠪᠠᠷᠢᠮᠵᠢᠶ᠎ᠠ ᠶᠢᠨ ᠪᠠᠶᠢᠭᠤᠯᠤᠯᠲᠠ ᠶᠢ ᠠᠬᠢᠭᠤᠯᠤᠨ᠎ᠠ᠃ ᠠᠵᠢᠯ ᠲᠥᠷᠥᠯ ᠤᠨ | ᠨᠡᠶᠢᠭᠡᠮᠯᠢᠭ ᠵᠡᠷᠭᠡ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠪᠦᠯᠬᠦᠮ ᠤᠨ ᠪᠠᠷᠢᠮᠵᠢᠶ᠎ᠠ ᠲᠣᠭᠲᠠᠭᠠᠬᠤ ᠶᠢ ᠳᠡᠮᠵᠢᠵᠦ | ᠂ ᠠᠵᠤ ᠠᠬᠤᠶᠢᠯᠠᠯ ᠤᠨ ᠤᠯᠤᠰ ᠤᠨ ᠪᠠᠷᠢᠮᠵᠢᠶ᠎ᠠ ᠪᠤᠶᠤ ᠠᠵᠢᠯ ᠲᠥᠷᠥᠯ ᠤᠨ ᠪᠠᠷᠢᠮᠵᠢᠶ᠎ᠠ ᠠᠴᠠ ᠥᠨᠳᠥᠷ ᠠᠵᠤ | ᠠᠬᠤᠶᠢᠯᠠᠯ ᠤᠨ ᠪᠠᠷᠢᠮᠵᠢᠶ᠎ᠠ ᠲᠣᠭᠲᠠᠭᠠᠬᠤ ᠶᠢ ᠵᠣᠷᠢᠭᠵᠢᠭᠤᠯᠤᠨ᠎ᠠ᠃ ᠠᠮᠢᠳᠤᠷᠠᠯ ᠤᠨ ᠦᠢᠯᠡᠴᠢᠯᠡᠭᠡ ᠶᠢ ᠭᠡᠷᠡᠴᠢᠯᠡᠵᠦ | ᠵᠥᠪᠰᠢᠶᠡᠷᠡᠬᠦ ᠳᠦᠷᠢᠮ ᠢ ᠪᠠᠶᠢᠭᠤᠯᠤᠨ ᠲᠡᠭᠦᠯᠳᠡᠷᠵᠢᠭᠦᠯᠵᠦ᠂ ᠠᠮᠢᠳᠤᠷᠠᠯ ᠤᠨ ᠦᠢᠯᠡᠴᠢᠯᠡᠭᠡ ᠶᠢ ᠲᠤᠰᠬᠠᠶᠢᠵᠢᠭᠤᠯᠤᠨ | ᠬᠥᠭᠵᠢᠭᠦᠯᠬᠦ ᠶᠢ ᠲᠦᠯᠬᠢᠨ ᠠᠬᠢᠭᠤᠯᠤᠨ᠎ᠠ︾ ᠭᠡᠵᠦ ᠵᠠᠰᠠᠪᠠ᠃ | ᠲᠤᠯᠤᠭ᠎ᠠ᠂ ︽ᠲᠥᠯᠦᠪᠵᠢᠭᠦᠯᠭᠡ︾ ᠶᠢᠨ ︽ᠳᠣᠯᠣᠳᠤᠭᠠᠷ ᠪᠦᠯᠦᠭ ᠤᠯᠠᠨ ᠨᠡᠶᠢᠲᠡ ᠶᠢᠨ | ᠦᠢᠯᠡᠴᠢᠯᠡᠭᠡᠨ ᠤ ᠡᠬᠢ ᠪᠠᠶᠠᠯᠢᠭ ᠤᠨ ᠪᠠᠶᠢᠷᠢᠰᠢᠯ ᠢ ᠰᠢᠯᠢᠳᠡᠭᠵᠢᠭᠦᠯᠭ᠊ ᠤ᠋︾ ᠬᠡᠰᠡᠭ ᠠᠭᠤᠯᠭ᠎ᠠ ᠳᠤ ᠳᠣᠣᠷᠠᠬᠢ ᠮᠡᠲᠦ | ᠵᠠᠰᠠᠪᠤᠷᠢ ᠣᠷᠣᠭᠤᠯᠪᠠ | ︵ᠨᠢᠭᠡ︶ ︽ᠬᠤᠶᠠᠳᠤᠭᠠᠷ ᠬᠡᠰᠡᠭ ᠤᠯᠠᠨ ᠨᠡᠶᠢᠲᠡ ᠶᠢᠨ ᠦᠢᠯᠡᠴᠢᠯᠡᠭᠡᠨ ᠤ ᠣᠷᠣᠨ ᠪᠦᠰᠡ ᠶᠢᠨ | ᠵᠣᠬᠢᠴᠠᠩᠭᠤᠢ ᠬᠥᠭᠵᠢᠯᠲᠡ ᠶᠢ ᠲᠦᠯᠬᠢᠨ ᠠᠬᠢᠭᠤᠯᠬᠤ︾᠂ ︽ᠭᠤᠷᠪᠠᠳᠤᠭᠠᠷ ᠬᠡᠰᠡᠭ ᠤᠯᠠᠨ ᠨᠡᠶᠢᠲᠡ ᠶᠢᠨ | ᠦᠨᠳᠦᠰᠦᠨ ᠦᠢᠯᠡᠴᠢᠯᠡᠭᠡ ᠳᠤ ᠲᠦᠬᠦᠮ ᠦᠵᠡᠭᠦᠯᠬᠦ ᠶᠠᠪᠤᠳᠠᠯ ᠢ ᠲᠦᠯᠬᠢᠨ ᠠᠬᠢᠭᠤᠯᠬᠤ︾ ᠶᠢᠨ ᠬᠡᠰᠡᠭ | ᠠᠭᠤᠯᠭ᠎ᠠ ᠳᠤ ᠵᠠᠰᠠᠪᠤᠷᠢ ᠣᠷᠣᠭᠤᠯᠪᠠ᠃ | 1. ︽ᠬᠤᠶᠠᠳᠤᠭᠠᠷ ᠬᠡᠰᠡᠭ ᠤᠯᠠᠨ ᠨᠡᠶᠢᠲᠡ ᠶᠢᠨ ᠦᠢᠯᠡᠴᠢᠯᠡᠭᠡᠨ ᠤ ᠣᠷᠣᠨ ᠪᠦᠰᠡ ᠶᠢᠨ ᠵᠣᠬᠢᠴᠠᠩᠭᠤᠢ | ᠬᠥᠭᠵᠢᠯᠲᠡ ᠶᠢ ᠲᠦᠯᠬᠢᠨ ᠠᠬᠢᠭᠤᠯᠤᠨ᠎ᠠ︾ ᠭᠡᠰᠡᠨ ᠠᠭᠤᠯᠭ᠎ᠠ ᠶᠢ ᠬᠠᠰᠤᠵᠤ᠂ ᠤᠤᠯ ᠤᠨ ︽ᠭᠤᠷᠪᠠᠳᠤᠭᠠᠷ | ᠬᠡᠰᠡᠭ ᠲᠤ ᠤᠯᠠᠨ ᠨᠡᠶᠢᠲᠡ ᠶᠢᠨ ᠦᠨᠳᠦᠰᠦᠨ ᠦᠢᠯᠡᠴᠢᠯᠡᠭᠡ ᠶᠢ ᠲᠦᠯᠬᠢᠨ ᠠᠬᠢᠭᠤᠯᠬᠤ ᠳᠤ ᠲᠦᠬᠦᠮ ᠦᠵᠡᠭᠦᠯᠬᠦ | ᠪᠣᠯᠣᠮᠵᠢ ᠲᠠᠢ︾ ᠭᠡᠳᠡᠭ ᠢ ︽ᠬᠤᠶᠠᠳᠤᠭᠠᠷ ᠬᠡᠰᠡᠭ︾ ᠪᠣᠯᠭᠠᠨ ᠲᠣᠬᠢᠷᠠᠭᠤᠯᠪᠠ᠃ | 2. ︽ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠦᠨ᠎ᠡ︾ | ᠭᠡᠬᠦ ᠬᠡᠰᠡᠭ ᠲᠠᠬᠢ ︽ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠶᠢᠨ ᠲᠣᠭᠤᠷᠢᠨ ᠳᠤ᠂ ᠨᠠᠩ ᠣᠯᠠᠨ | ᠦᠢᠯᠡᠴᠢᠯᠡᠭᠡᠨ ᠤ ᠵᠦᠢᠯᠡᠰ ᠢ ︿ᠨᠢᠭᠡ ᠴᠣᠩᠬᠤ ᠪᠠᠷ ᠨᠡᠶᠢᠳᠡᠮ ᠰᠢᠢᠳᠪᠦᠷᠢᠯᠡᠬᠦ﹀ ︿ᠣᠷᠣᠨ ᠠᠯᠤᠰᠯᠠᠨ ᠨᠡᠶᠢᠳᠡᠮ | ᠰᠢᠢᠳᠪᠦᠷᠢᠯᠡᠬᠦ﹀ ᠶᠢ ᠠᠬᠢᠭᠤᠯᠤᠨ᠎ᠠ︾ ᠭᠡᠬᠦ ᠥᠭᠦᠯᠡᠯᠲᠡ ᠶᠢ ᠬᠠᠰᠤᠨ᠎ᠠ᠃ | 3. ︽ᠦᠢᠯᠡᠴᠢᠯᠡᠭᠡᠨ ᠤ ᠬᠦᠷᠦᠯᠴᠡᠬᠦᠶᠢᠴᠡ ᠴᠢᠨᠠᠷ ᠢ ᠳᠡᠭᠡᠭᠰᠢᠯᠡᠭᠦᠯᠬᠦ︾ ᠬᠡᠰᠡᠭ ᠲᠠᠬᠢ ︽︿ᠬᠤᠳᠠ ᠶᠢᠨ | 15 ᠮᠢᠨᠦ᠋ᠲ᠂ ᠬᠥᠳᠡᠭᠡ ᠲᠣᠰᠬᠤᠨ ᠤ 1.5 ᠴᠠᠭ﹀ ᠤᠨ ᠦᠨᠳᠦᠰᠦᠨ ᠤᠯᠠᠨ ᠨᠡᠶᠢᠲᠡ ᠶᠢᠨ ᠦᠢᠯᠡᠴᠢᠯᠡᠭᠡᠨ ᠤ | ᠬᠦᠷᠢᠶ᠎ᠡ ᠶᠢ ᠠᠯᠬᠤᠮ ᠠᠯᠬᠤᠮ ᠢᠶᠠᠷ ᠪᠤᠢ ᠪᠣᠯᠭᠠᠬᠤ︾ ᠭᠡᠳᠡᠭ ᠢ ︽ᠳᠥᠭᠦᠮ ᠳᠥᠲᠡ ᠥᠨᠳᠥᠷ ᠪᠦᠲᠦᠮᠵᠢᠲᠡᠶ᠂ | ᠲᠥᠪ ᠭᠤᠣᠯᠴᠢ ᠪᠥᠭᠡᠳ ᠬᠦᠷᠦᠯᠴᠡᠬᠦᠶᠢᠴᠡ ᠦᠨᠳᠦᠰᠦᠨ ᠤᠯᠠᠨ ᠨᠡᠶᠢᠲᠡ ᠶᠢᠨ ᠦᠢᠯᠡᠴᠢᠯᠡᠭᠡᠨ ᠤ ᠬᠦᠷᠢᠶ᠎ᠡ ᠶᠢ | ᠠᠯᠬᠤᠮ ᠠᠯᠬᠤᠮ ᠢᠶᠠᠷ ᠪᠤᠢ ᠪᠣᠯᠭᠠᠵᠤ᠂ ᠦᠢᠯᠡᠴᠢᠯᠡᠭᠡᠨ ᠤ ᠬᠡᠪᠴᠢᠶ᠎ᠡ ᠶᠢᠨ ᠦᠢᠯᠡᠳᠦᠯ ᠢ ᠥᠷᠭᠡᠳᠬᠡᠵᠦ᠂ | ᠦᠢᠯᠡᠴᠢᠯᠡᠭᠡᠨ ᠤ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ︾ ᠭᠡᠵᠦ ᠵᠠᠰᠠᠪᠠ ; ︽ᠰᠠᠭᠤᠭᠠᠯᠢ ᠠᠷᠠᠳ ᠢ | ᠬᠥᠲᠥᠯᠥᠨ ᠵᠢᠯᠤᠭᠤᠳᠴᠤ ᠪᠠᠶᠢᠭᠠᠳ ᠣᠷᠣᠨ ᠪᠦᠰᠡ ᠶᠢᠨ ᠲᠥᠪ ᠬᠤᠳᠠ᠂ ᠳᠤᠮᠳᠠ ᠵᠢᠵᠢᠭ ᠬᠤᠳᠠ | ᠪᠠᠯᠭᠠᠰᠤᠨ ᠳᠤ ᠵᠣᠬᠢᠰᠲᠠᠢ ᠪᠠᠷ ᠲᠥᠪᠯᠡᠷᠡᠨ ᠰᠠᠭᠤᠷᠢᠰᠢᠭᠤᠯᠵᠤ᠂ ᠦᠢᠯᠡᠴᠢᠯᠡᠭᠡᠨ ᠤ ᠬᠡᠪᠴᠢᠶ᠎ᠡ ᠶᠢᠨ ᠦᠢᠯᠡᠳᠦᠯ ᠢ | ᠥᠷᠭᠡᠳᠬᠡᠨ᠂ ᠦᠢᠯᠡᠴᠢᠯᠡᠭᠡᠨ ᠤ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ︾ ᠭᠡᠰᠡᠨ ᠥᠭᠦᠯᠡᠯᠲᠡ ᠶᠢ ᠬᠠᠰᠤᠪᠠ᠃ | ︵ᠬᠤᠶᠠᠷ︶ ︽ᠳᠥᠷᠪᠡᠳᠦᠭᠡᠷ ᠬᠡᠰᠡᠭ ᠬᠤᠳᠠ ᠶᠢᠨ ᠪᠥᠭᠡᠮᠨᠡᠷᠡᠯ ᠤᠨ ᠤᠯᠠᠨ ᠨᠡᠶᠢᠲᠡ ᠶᠢᠨ | ᠦᠢᠯᠡᠴᠢᠯᠡᠭᠡ ᠶᠢ ᠬᠠᠮᠲᠤ ᠪᠠᠷ ᠪᠠᠶᠢᠭᠤᠯᠵᠤ ᠬᠠᠮᠲᠤ ᠪᠠᠷ ᠡᠳ᠋ᠯᠡᠬᠦ ᠶᠢ ᠲᠦᠯᠬᠢᠨ ᠠᠬᠢᠭᠤᠯᠤᠨ᠎ᠠ︾ ᠭᠡᠬᠦ ᠬᠡᠰᠡᠭ | ᠠᠭᠤᠯᠭ᠎ᠠ ᠳᠤ ᠵᠠᠰᠠᠪᠤᠷᠢ ᠣᠷᠣᠭᠤᠯᠪᠠ᠃ | 44 ᠳ᠋ᠦᠭᠡᠷ ᠨᠢᠭᠤᠷ ᠤᠨ ︽ᠳᠥᠷᠪᠡᠳᠦᠭᠡᠷ ᠬᠡᠰᠡᠭ ᠬᠤᠳᠠ ᠶᠢᠨ ᠪᠥᠭᠡᠮᠨᠡᠷᠡᠯ ᠤᠨ ᠤᠯᠠᠨ ᠨᠡᠶᠢᠲᠡ ᠶᠢᠨ | ᠦᠢᠯᠡᠴᠢᠯᠡᠭᠡ ᠶᠢ ᠬᠠᠮᠲᠤ ᠪᠠᠷ ᠪᠠᠶᠢᠭᠤᠯᠵᠤ ᠬᠠᠮᠲᠤ ᠪᠠᠷ ᠡᠳ᠋ᠯᠡᠬᠦ ᠶᠢ ᠲᠦᠯᠬᠢᠨ ᠠᠬᠢᠭᠤᠯᠤᠨ᠎ᠠ︾ ᠭᠡᠳᠡᠭ ᠢ | ᠭᠤᠷᠪᠠᠳᠤᠭᠠᠷ ᠬᠡᠰᠡᠭ ᠪᠣᠯᠭᠠᠨ ᠲᠣᠬᠢᠷᠠᠭᠤᠯᠪᠠ᠃ | ᠨᠠᠢᠮᠠ᠂ ︽ᠲᠥᠯᠦᠪᠵᠢᠭᠦᠯᠭᠡ︾ ᠶᠢᠨ ︽ᠨᠠᠢᠮᠠᠳᠤᠭᠠᠷ ᠪᠦᠯᠦᠭ ᠤᠯᠠᠨ ᠨᠡᠶᠢᠲᠡ ᠶᠢᠨ ᠦᠢᠯᠡᠴᠢᠯᠡᠭᠡᠨ ᠤ | ᠬᠠᠩᠭᠠᠯᠭ᠎ᠠ ᠶᠢᠨ ᠲᠠᠯ᠎ᠠ ᠪᠠᠷ ᠰᠢᠨ᠎ᠡ ᠶᠢ ᠡᠭᠦᠳᠬᠦ ᠶᠢ ᠲᠦᠯᠬᠢᠨ ᠠᠬᠢᠭᠤᠯᠬᠤ︾ ᠳᠠᠬᠢ ᠬᠡᠰᠡᠭ ᠠᠭᠤᠯᠭ᠎ᠠ ᠳᠤ | ᠳᠣᠣᠷᠠᠬᠢ ᠮᠡᠲᠦ ᠵᠠᠰᠠᠪᠤᠷᠢ ᠣᠷᠣᠭᠤᠯᠪᠠ | ︵ᠨᠢᠭᠡ︶ ︽ᠨᠢᠭᠡᠳᠦᠭᠡᠷ ᠬᠡᠰᠡᠭ ᠤᠯᠠᠨ ᠨᠡᠶᠢᠲᠡ ᠶᠢᠨ ᠦᠢᠯᠡᠴᠢᠯᠡᠭᠡᠨ ᠤ ᠤᠯᠠᠨ ᠡᠰᠢᠲᠦ | ᠬᠠᠩᠭᠠᠯᠭ᠎ᠠ ᠶᠢᠨ ᠪᠠᠶᠢᠷᠢᠰᠢᠯ ᠢ ᠪᠠᠶᠢᠭᠤᠯᠤᠨ᠎ᠠ︾ ᠭᠡᠬᠦ ᠬᠡᠰᠡᠭ ᠠᠭᠤᠯᠭ᠎ᠠ ᠳᠤ ᠵᠠᠰᠠᠪᠤᠷᠢ ᠣᠷᠣᠭᠤᠯᠪᠠ᠃ | 1. ︽ᠤᠯᠤᠰ ᠤᠨ ᠥᠮᠴᠢᠯᠡᠯ ᠤᠨ ᠠᠵᠤ ᠠᠬᠤᠢ ᠶᠢᠨ ᠦᠢᠯᠡᠳᠦᠯ ᠢ ᠢᠳᠡᠪᠬᠢᠲᠡᠢ ᠪᠠᠳᠠᠷᠠᠭᠤᠯᠬᠤ︾ | ᠨᠢᠭᠡ ᠬᠡᠰᠡᠭ ᠤᠨ ᠡᠮᠦᠨ᠎ᠡ ︽ᠠᠵᠢᠯ ᠦᠢᠯᠡᠰ ᠤᠨ ᠨᠢᠭᠡᠴᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠎ᠡ᠃ | ᠵᠠᠰᠠᠭ ᠪᠠ ᠠᠵᠢᠯ ᠦᠢᠯᠡᠰ ᠢ ᠰᠠᠯᠭᠠᠬᠤ᠂ ᠠᠵᠢᠯ ᠦᠢᠯᠡᠰ ᠪᠠ ᠠᠵᠤ ᠠᠬᠤᠶᠢᠯᠠᠯ ᠢ ᠰᠠᠯᠭᠠᠬᠤ᠂ ᠬᠠᠮᠢᠶᠠᠷᠬᠤ ᠪᠠ | ᠡᠷᠬᠢᠯᠡᠬᠦ ᠶᠢ ᠰᠠᠯᠭᠠᠬᠤ ᠶᠢ ᠲᠦᠷᠭᠡᠪᠴᠢᠯᠡᠨ ᠠᠬᠢᠭᠤᠯᠵᠤ᠂ ᠨᠡᠶᠢᠲᠡ ᠶᠢᠨ ᠠᠰᠠᠷᠠᠮᠵᠢ ᠶᠢᠨ ᠰᠢᠨᠵᠢ ᠴᠢᠨᠠᠷ ᠢ | ᠴᠢᠩᠭᠠᠷᠠᠭᠤᠯᠵᠤ᠂ ᠵᠠᠰᠠᠯᠲᠠ ᠶᠢᠨ ᠦᠢᠯᠡᠳᠦᠯ ᠴᠢᠳᠠᠪᠤᠷᠢ ᠶᠢ ᠳᠡᠭᠡᠭᠰᠢᠯᠡᠭᠦᠯᠦᠨ᠎ᠡ᠃ ᠠᠵᠢᠯ ᠦᠢᠯᠡᠰ ᠤᠨ ᠡᠬᠢ | ᠪᠠᠶᠠᠯᠢᠭ ᠢ ᠬᠥᠲᠥᠯᠥᠨ ᠵᠢᠯᠤᠭᠤᠳᠴᠤ ᠪᠠᠶᠢᠭᠠᠳ ᠰᠠᠭᠤᠷᠢ ᠴᠢᠨᠠᠷᠲᠠᠢ᠂ ᠦᠨᠳᠦᠰᠦᠨ ᠵᠦᠢᠯ ᠢ ᠪᠠᠲᠤᠯᠠᠬᠤ ᠴᠢᠨᠠᠷᠲᠠᠢ | ᠂ ᠲᠦᠭᠡᠮᠡᠯ ᠬᠠᠷᠠᠭᠠᠯᠵᠠᠯ ᠤᠨ ᠴᠢᠨᠠᠷᠲᠠᠢ ᠤᠯᠠᠨ ᠨᠡᠶᠢᠲᠡ ᠶᠢᠨ ᠦᠢᠯᠡᠴᠢᠯᠡᠭᠡᠨ ᠤ ᠬᠠᠩᠭᠠᠯᠭ᠎ᠠ ᠳᠤ ᠣᠷᠣᠯᠴᠠᠭᠤᠯᠤᠨ᠎ᠠ | ᠃ ᠠᠵᠢᠯ ᠦᠢᠯᠡᠰ ᠤᠨ ᠣᠷᠣᠨ ᠲᠤᠭ᠎ᠠ ᠶᠢᠨ ᠡᠬᠢ ᠪᠠᠶᠠᠯᠢᠭ ᠢ ᠨᠢᠭᠡᠳᠦᠯᠲᠡᠢ ᠲᠥᠯᠥᠪᠯᠡᠨ ᠠᠮᠢᠳᠤᠯᠢᠭ ᠰᠠᠶᠢᠬᠠᠨ | ᠬᠡᠷᠡᠭᠯᠡᠵᠦ᠂ ᠰᠢᠨ᠎ᠡ ᠮᠠᠶ᠋ᠢᠭ ᠤᠨ ᠬᠤᠳᠠ ᠪᠠᠯᠭᠠᠰᠤᠵᠢᠯᠲᠠ ᠶᠢᠨ ᠪᠦᠲᠦᠭᠡᠨ ᠪᠠᠶᠢᠭᠤᠯᠤᠯᠲᠠ ᠶᠢᠨ ᠠᠬᠢᠴᠠ ᠨᠡᠯᠢᠶᠡᠳ | ᠲᠦᠷᠭᠡᠨ ᠪᠠᠶᠢᠭ᠎ᠠ ᠭᠠᠵᠠᠷ ᠣᠷᠣᠨ ᠢ ᠨᠢᠭᠡᠳᠦᠯᠲᠡᠢ ᠲᠥᠯᠥᠪᠯᠡᠨ ᠲᠣᠬᠢᠷᠠᠭᠤᠯᠬᠤ ᠡᠷᠴᠢᠮ ᠢᠶᠠᠨ ᠴᠢᠩᠭᠠᠷᠠᠭᠤᠯᠵᠤ᠂ | ᠠᠯᠪᠠᠨ ᠵᠢᠷᠤᠮ ᠤᠨ ᠰᠤᠷᠭᠠᠨ ᠬᠥᠮᠦᠵᠢᠯ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ᠂ ᠦᠨᠳᠦᠰᠦᠨ ᠡᠮ ᠡᠮᠨᠡᠯᠭᠡ᠂ | ᠣᠯᠠᠨ ᠨᠡᠶᠢᠲᠡ ᠶᠢᠨ ᠰᠣᠶᠣᠯ ᠵᠡᠷᠭᠡ ᠶᠢᠨ ᠣᠷᠣᠨ ᠲᠤᠭ᠎ᠠ ᠶᠢᠨ ᠬᠡᠷᠡᠭᠴᠡᠭᠡ ᠶᠢ ᠰᠢᠢᠳᠪᠦᠷᠢᠯᠡᠨ᠎ᠡ᠃ ᠵᠠᠷᠴᠢᠮ | ᠳᠡᠭᠡᠷ᠎ᠡ ᠪᠠᠨ ᠵᠠᠰᠠᠭ ᠤᠨ ᠣᠷᠳᠣᠨ ᠠᠴᠠ ᠬᠤᠳᠠᠯᠳᠤᠨ ᠠᠪᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠬᠠᠩᠭᠠᠵᠤ | ᠳᠡᠶᠢᠯᠬᠦ ᠤᠯᠠᠨ ᠨᠡᠶᠢᠲᠡ ᠶᠢᠨ ᠦᠢᠯᠡᠴᠢᠯᠡᠭᠡ ᠶᠢ ᠰᠢᠨ᠎ᠡ ᠪᠠᠷ ᠠᠵᠢᠯ ᠦᠢᠯᠡᠰ ᠤᠨ ᠨᠢᠭᠡᠴᠢ ᠭᠠᠷᠭᠠᠵᠤ ᠬᠠᠩᠭᠠᠬᠤ | ᠦᠭᠡᠢ︾ ᠭᠡᠵᠦ ᠲᠣᠭᠲᠠᠭᠠᠵᠠᠢ᠃ | 2. ︽ᠤᠯᠤᠰ ᠤᠨ ᠥᠮᠴᠢᠯᠡᠯ ᠤᠨ ᠠᠵᠤ ᠠᠬᠤᠢ ᠶᠢᠨ ᠦᠢᠯᠡᠳᠦᠯ ᠢ ᠢᠳᠡᠪᠬᠢᠲᠡᠢ ᠪᠠᠳᠠᠷᠠᠭᠤᠯᠤᠶ᠎ᠠ︾ | ᠭᠡᠳᠡᠭ ᠬᠡᠰᠡᠭ ᠲᠠᠬᠢ ︽ᠤᠯᠤᠰ ᠤᠨ ᠥᠮᠴᠢᠯᠡᠯ ᠤᠨ ᠠᠵᠤ ᠠᠬᠤᠢ ᠶᠢᠨ ᠣᠷᠣᠬᠤ ᠠᠷᠭ᠎ᠠ ᠵᠠᠮ ᠢ ᠥᠷᠭᠡᠳᠬᠡᠶ᠎ᠡ︾᠂ | ︽ᠤᠯᠤᠰ ᠤᠨ ᠥᠮᠴᠢᠯᠡᠯ ᠤᠨ ᠬᠥᠷᠥᠩᠭᠡ ᠶᠢᠨ ᠪᠡᠯᠡ ᠮᠥᠩᠭᠦ ᠶᠢᠨ ᠳᠡᠮᠵᠢᠯᠭᠡ ᠶᠢᠨ ᠡᠷᠴᠢᠮ ᠢ ᠴᠢᠩᠭᠠᠷᠠᠭᠤᠯᠵᠤ᠂ | ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠡᠭᠦᠷᠭᠡᠯᠡᠬᠦ ᠨᠡᠶᠢᠲᠡ ᠶᠢᠨ ᠠᠰᠠᠷᠠᠮᠵᠢ ᠶᠢᠨ ᠲᠦᠷᠦᠯ ᠤᠨ | ᠲᠤᠬᠠᠶᠢᠯᠠᠭᠰᠠᠨ ᠠᠵᠢᠯ ᠳᠤ ᠲᠦᠷᠦᠯ ᠬᠤᠪᠢᠶᠠᠨ ᠲᠣᠭᠠᠴᠠᠭ᠎ᠠ ᠬᠢᠬᠦ ᠪᠠ ᠲᠦᠷᠦᠯ ᠬᠤᠪᠢᠶᠠᠨ ᠬᠢᠨᠠᠨ ᠰᠢᠯᠭᠠᠬᠤ︾ | ᠭᠡᠬᠦ ᠥᠭᠦᠯᠡᠯᠲᠡ ᠶᠢ ᠬᠠᠰᠤᠨ᠎ᠠ᠃ | 3. ︽ᠨᠡᠶᠢᠭᠡᠮ ᠤᠨ ᠬᠦᠴᠦᠨ ᠤ ᠤᠯᠠᠨ ᠨᠡᠶᠢᠲᠡ ᠶᠢᠨ ᠦᠢᠯᠡᠴᠢᠯᠡᠭᠡᠨ ᠤ ᠬᠠᠩᠭᠠᠯᠭ᠎ᠠ ᠳᠤ ᠣᠷᠤᠯᠴᠠᠬᠤ ᠶᠢ | ᠠᠬᠢᠭᠤᠯᠤᠨ᠎ᠠ︾ ᠭᠡᠬᠦ ᠬᠡᠰᠡᠭ ᠤᠨ ᠠᠭᠤᠯᠭ᠎ᠠ ᠶᠢ ︽ᠨᠡᠶᠢᠭᠡᠮ ᠤᠨ ᠬᠦᠴᠦᠨ ᠤ ᠣᠷᠤᠯᠴᠠᠬᠤ ᠶᠢ ᠵᠣᠷᠢᠭᠵᠢᠭᠤᠯᠤᠨ᠎ᠠ᠃ | ᠵᠠᠬ᠎ᠠ ᠳᠡᠯᠭᠡᠭᠦᠷ ᠲᠤ ᠣᠷᠣᠬᠤ ᠶᠢ ᠵᠥᠪᠰᠢᠶᠡᠷᠡᠬᠦ ᠲᠠᠯ᠎ᠠ ᠪᠠᠷ ᠠᠵᠤ ᠠᠬᠤᠶᠢᠯᠠᠯ ᠤᠨ ᠬᠢᠷᠢ ᠬᠡᠮ᠂ ᠪᠡᠯᠡ ᠮᠥᠩᠭᠦ᠂ | ᠰᠲ᠋ᠣᠺ ᠤᠨ ᠬᠠᠷᠢᠴᠠᠯ᠂ ᠠᠵᠢᠯᠲᠠᠨ᠂ ᠲᠠᠯᠠᠪᠤᠷ ᠭᠠᠵᠠᠷ ᠵᠡᠷᠭᠡ ᠶᠢ ᠲᠣᠬᠢᠷᠠᠭᠤᠯᠤᠭᠰᠠᠨ ᠵᠦᠢ ᠵᠣᠬᠢᠰ ᠦᠭᠡᠢ | ᠨᠥᠬᠦᠴᠡᠯ ᠢ ᠲᠥᠪᠯᠡᠷᠡᠭᠦᠯᠦᠨ ᠢᠯᠭᠠᠷᠠᠭᠤᠯᠵᠤ᠂ ᠠᠷᠠᠳ ᠠᠴᠠ ᠡᠷᠬᠢᠯᠡᠭᠰᠡᠨ ᠪᠠᠶᠢᠭᠤᠯᠤᠮᠵᠢ ᠪᠠ ᠠᠯᠪᠠᠨ ᠠᠴᠠ | ᠡᠷᠬᠢᠯᠡᠭᠰᠡᠨ ᠪᠠᠶᠢᠭᠤᠯᠤᠮᠵᠢ ᠶᠢᠨ ᠬᠢᠷᠢ ᠬᠡᠮ ᠢ ᠵᠥᠪᠰᠢᠶᠡᠷᠡᠬᠦ᠂ ᠮᠡᠷᠭᠡᠵᠢᠯ ᠤᠨ ᠴᠣᠯᠠ ᠶᠢ ᠦᠨᠡᠯᠡᠨ ᠲᠣᠭᠲᠠᠭᠠᠬᠤ᠂ | ᠭᠠᠵᠠᠷ ᠰᠢᠷᠣᠢ ᠶᠢᠨ ᠬᠠᠩᠭᠠᠯᠭ᠎ᠠ᠂ ᠡᠳ᠋ ᠤᠨ ᠬᠦᠴᠦᠨ ᠤ ᠳᠡᠮᠵᠢᠯᠭᠡ᠂ ᠵᠠᠰᠠᠭ ᠤᠨ ᠣᠷᠳᠣᠨ ᠤ ᠬᠤᠳᠠᠯᠳᠤᠨ ᠠᠪᠬᠤ | ᠂ ᠬᠢᠨᠠᠯᠲᠠ ᠬᠠᠮᠢᠶᠠᠷᠤᠯᠲᠠ ᠵᠡᠷᠭᠡ ᠲᠠᠯ᠎ᠠ ᠪᠠᠷ ᠠᠳᠠᠯᠢ ᠲᠡᠭᠰᠢ ᠪᠠᠷ ᠬᠠᠨᠳᠤᠵᠤ᠂ ᠣᠷᠣᠬᠤ ᠵᠥᠪᠰᠢᠶᠡᠷᠡᠯ ᠤᠨ | ᠭᠤᠣᠯᠴᠢ ᠪᠠᠶᠢᠬᠤ ᠶᠢ ᠲᠦᠯᠬᠢᠨ ᠠᠬᠢᠭᠤᠯᠤᠨ᠎ᠠ᠃ ︿ᠪᠠᠭᠤᠯᠭᠠᠬᠤ ᠬᠠᠮᠢᠶᠠᠷᠬᠤ ᠦᠢᠯᠡᠴᠢᠯᠡᠬᠦ﹀ ᠥᠭᠡᠷᠡᠴᠢᠯᠡᠯᠲᠡ ᠶᠢ | ᠭᠦᠨᠵᠡᠭᠡᠶᠢᠷᠡᠭᠦᠯᠦᠨ᠂ ᠵᠥᠪᠰᠢᠶᠡᠷᠡᠬᠦ ᠵᠦᠢᠯᠡᠰ ᠢ ᠴᠣᠮᠬᠠᠳᠬᠠᠵᠤ᠂ ᠬᠢᠨᠠᠨ ᠵᠥᠪᠰᠢᠶᠡᠷᠡᠬᠦ ᠵᠢᠷᠤᠮ ᠢ | ᠰᠢᠯᠢᠳᠡᠭᠵᠢᠭᠦᠯᠵᠦ᠂ ᠬᠢᠨᠠᠨ ᠵᠥᠪᠰᠢᠶᠡᠷᠡᠬᠦ ᠠᠵᠢᠯᠯᠠᠭ᠎ᠠ ᠶᠢ ᠵᠢᠷᠤᠮᠵᠢᠭᠤᠯᠤᠨ᠎ᠠ᠃ ᠨᠡᠶᠢᠭᠡᠮ ᠤᠨ ᠬᠦᠴᠦᠨ ᠤ ᠠᠯᠪᠠᠨ | ᠠᠴᠠ ᠪᠠᠶᠢᠭᠤᠯᠵᠤ ᠠᠷᠠᠳ ᠠᠴᠠ ᠡᠵᠡᠩᠨᠡᠬᠦ᠂ ᠵᠠᠰᠠᠭ ᠤᠨ ᠣᠷᠳᠣᠨ ᠦᠢᠯᠡᠴᠢᠯᠡᠭᠡ ᠬᠤᠳᠠᠯᠳᠤᠨ ᠠᠪᠬᠤ᠂ | ᠵᠠᠰᠠᠭ ᠤᠨ ᠣᠷᠳᠣᠨ ᠪᠠ ᠨᠡᠶᠢᠭᠡᠮ ᠤᠨ ᠬᠥᠷᠥᠩᠭᠡ ᠬᠠᠮᠲᠤᠷᠠᠯᠴᠠᠬᠤ ︵PPP︶ ᠵᠡᠷᠭᠡ ᠠᠷᠭ᠎ᠠ ᠮᠠᠶ᠋ᠢᠭ ᠢᠶᠠᠷ | ᠣᠯᠠᠨ ᠨᠡᠶᠢᠲᠡ ᠶᠢᠨ ᠦᠢᠯᠡᠴᠢᠯᠡᠭᠡᠨ ᠤ ᠬᠠᠩᠭᠠᠯᠭ᠎ᠠ ᠳᠤ ᠣᠷᠤᠯᠴᠠᠬᠤ ᠶᠢ ᠵᠣᠷᠢᠭᠵᠢᠭᠤᠯᠤᠨ᠎ᠠ︾ ᠭᠡᠵᠡᠢ᠃ ᠡᠭᠦᠨ ᠤ | ᠵᠡᠷᠭᠡᠴᠡᠭᠡᠪᠡᠷ ︽ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠬᠥᠭᠵᠢᠯᠲᠡ ᠶᠢ ᠲᠡᠮᠵᠢᠨ᠎ᠠ᠃ ᠨᠡᠶᠢᠭᠡᠮ ᠲᠣᠭᠤᠷᠢᠭ ᠤᠨ | ᠨᠡᠶᠢᠭᠡᠮ ᠤᠨ ᠵᠣᠬᠢᠶᠠᠨ ᠪᠠᠶᠢᠭᠤᠯᠤᠯᠲᠠ᠂ ᠨᠡᠶᠢᠭᠡᠮ ᠤᠨ ᠠᠵᠢᠯ ᠤᠨ ᠲᠦᠷᠦᠯ ᠤᠨ ᠨᠡᠶᠢᠭᠡᠮ ᠤᠨ ᠵᠣᠬᠢᠶᠠᠨ | ᠪᠠᠶᠢᠭᠤᠯᠤᠯᠲᠠ ᠪᠠ ᠨᠢᠭᠦᠯᠡᠰᠦᠩᠭᠦᠢ ᠶᠢᠨ ᠵᠣᠬᠢᠶᠠᠨ ᠪᠠᠶᠢᠭᠤᠯᠤᠯᠲᠠ ᠶᠢ ᠶᠡᠬᠡᠪᠡᠷ ᠪᠣᠶᠢᠵᠢᠭᠤᠯᠤᠨ ᠬᠥᠭᠵᠢᠭᠦᠯᠵᠦ᠂ | ᠨᠡᠶᠢᠭᠡᠮ ᠲᠣᠭᠤᠷᠢᠭ ᠤᠨ ᠵᠣᠬᠢᠶᠠᠨ ᠪᠠᠶᠢᠭᠤᠯᠤᠯᠲᠠ ᠶᠢᠨ ᠨᠡᠶᠢᠭᠡᠮ ᠲᠣᠭᠤᠷᠢᠭ ᠤᠨ ᠤᠯᠠᠨ ᠨᠡᠶᠢᠲᠡ ᠶᠢᠨ | ᠦᠢᠯᠡᠴᠢᠯᠡᠭᠡ ᠶᠢ ᠭᠥᠯᠢᠶᠡᠨ ᠠᠪᠬᠤ ᠶᠢ ᠲᠡᠮᠵᠢᠵᠤ᠂ ᠨᠡᠶᠢᠭᠡᠮ ᠤᠨ ᠠᠵᠢᠯᠲᠠᠨ ᠢ ᠬᠥᠲᠥᠯᠥᠨ ᠵᠢᠯᠤᠭᠤᠳᠴᠤ | ᠪᠠᠶᠢᠭᠠᠳ ᠲᠤᠰᠬᠠᠢ ᠦᠢᠯᠡᠴᠢᠯᠡᠭᠡ ᠬᠠᠩᠭᠠᠯᠭᠠᠵᠤ᠂ ᠰᠠᠶᠢᠨ ᠳᠤᠷ᠎ᠠ ᠶᠢᠨ ᠠᠵᠢᠯᠯᠠᠭᠴᠢ ᠶᠢ ᠲᠠᠶᠢᠴᠢᠯᠠᠨ ᠤᠯᠠᠨ | ᠨᠡᠶᠢᠲᠡ ᠶᠢᠨ ᠦᠢᠯᠡᠴᠢᠯᠡᠭᠡ ᠳᠤ ᠣᠷᠣᠯᠴᠠᠭᠤᠯᠤᠨ᠎ᠠ᠃ ᠵᠠᠰᠠᠭ ᠤᠨ ᠣᠷᠳᠣᠨ ᠤ ᠨᠡᠶᠢᠭᠡᠮ ᠤᠨ ᠵᠣᠬᠢᠶᠠᠨ | ᠪᠠᠶᠢᠭᠤᠯᠤᠯᠲᠠ ᠠᠴᠠ ᠦᠢᠯᠡᠴᠢᠯᠡᠭᠡ ᠬᠤᠳᠠᠯᠳᠤᠨ ᠠᠪᠬᠤ ᠬᠡᠪᠴᠢᠶ᠎ᠡ ᠪᠠ ᠬᠡᠪᠴᠢᠶ᠎ᠡ ᠶᠢ ᠠᠯᠬᠤᠮ ᠠᠯᠬᠤᠮ ᠢᠶᠠᠷ | ᠥᠷᠭᠡᠳᠬᠡᠵᠦ᠂ ᠤᠷᠮᠠᠰᠢᠭᠤᠯᠤᠨ ᠪᠠᠲᠤᠯᠠᠬᠤ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠦᠨ᠂ ᠨᠢᠭᠦᠯᠡᠰᠦᠩᠭᠦᠢ ᠶᠢᠨ | ᠦᠢᠯᠡᠰ ᠤᠨ ᠬᠠᠨᠳᠢᠪᠯᠡᠨ ᠬᠦᠷᠭᠡᠬᠦ ᠬᠤᠯᠪᠣᠭᠳᠠᠯ ᠪᠦᠬᠦᠢ ᠬᠠᠷᠠᠭᠠᠯᠵᠠᠯ ᠤᠨ ᠲᠦᠷᠦ ᠶᠢᠨ ᠪᠣᠳᠣᠯᠭ᠎ᠠ ᠶᠢ | ᠨᠠᠶᠢᠳᠠᠪᠤᠷᠢᠵᠢᠭᠤᠯᠤᠨ᠎ᠠ︾ ᠭᠡᠵᠦ ᠵᠠᠰᠠᠪᠠ᠃ | ︵ᠬᠤᠶᠠᠷ︶ ︽ᠬᠤᠶᠠᠳᠤᠭᠠᠷ ᠬᠡᠰᠡᠭ ᠤᠯᠠᠨ ᠨᠡᠶᠢᠲᠡ ᠶᠢᠨ ᠦᠢᠯᠡᠴᠢᠯᠡᠭᠡᠨ ᠤ ᠬᠠᠩᠭᠠᠯᠭ᠎ᠠ ᠶᠢᠨ | ᠵᠠᠭᠪᠤᠷ ᠤᠨ ᠰᠢᠨ᠎ᠡ ᠶᠢ ᠡᠭᠦᠳᠬᠦ︾ ᠬᠡᠰᠡᠭ ᠠᠭᠤᠯᠭ᠎ᠠ ᠳᠤ ᠵᠠᠰᠠᠪᠤᠷᠢ ᠣᠷᠣᠭᠤᠯᠪᠠ᠃ | 1. ︽ᠵᠠᠰᠠᠭ ᠤᠨ ᠣᠷᠳᠣᠨ ᠦᠢᠯᠡᠴᠢᠯᠡᠭᠡ ᠬᠤᠳᠠᠯᠳᠤᠨ ᠠᠪᠬᠤ ᠳᠦᠷᠢᠮ ᠢ ᠪᠦᠷᠢᠨᠰᠢᠭᠦᠯᠦᠨ᠎ᠡ︾ ᠭᠡᠬᠦ | ᠬᠡᠰᠡᠭ ᠲᠠᠬᠢ ︽ᠵᠠᠰᠠᠭ ᠤᠨ ᠣᠷᠳᠣᠨ ᠤᠯᠠᠨ ᠨᠡᠶᠢᠲᠡ ᠶᠢᠨ ᠦᠢᠯᠡᠴᠢᠯᠡᠭᠡ ᠬᠤᠳᠠᠯᠳᠤᠨ ᠠᠪᠬᠤ ᠶᠢᠨ ᠵᠢᠯᠤᠭᠤᠳᠬᠤ | ᠴᠢᠨᠠᠷᠲᠠᠢ ᠭᠠᠷᠴᠠᠭ ᠢ ᠲᠣᠭᠲᠠᠭᠠᠨ ᠬᠡᠷᠡᠭᠵᠢᠭᠦᠯᠦᠨ᠎ᠡ︾ ᠭᠡᠳᠡᠭ ᠢ ︽ᠵᠠᠰᠠᠭ ᠤᠨ ᠣᠷᠳᠣᠨ ᠦᠢᠯᠡᠴᠢᠯᠡᠭᠡ | ᠬᠤᠳᠠᠯᠳᠤᠨ ᠠᠪᠬᠤ ᠶᠢᠨ ᠵᠢᠯᠤᠭᠤᠳᠬᠤ ᠴᠢᠨᠠᠷᠲᠠᠢ ᠭᠠᠷᠴᠠᠭ ᠢ ᠲᠣᠭᠲᠠᠭᠠᠨ ᠬᠡᠷᠡᠭᠵᠢᠭᠦᠯᠦᠨ᠎ᠡ︾ ᠭᠡᠵᠦ ᠵᠠᠰᠠᠪᠠ᠃ | 2. ︽ᠨᠡᠶᠢᠭᠡᠮ ᠤᠨ ᠦᠢᠯᠡᠰ ᠤᠨ ᠬᠠᠮᠢᠶᠠᠷᠤᠯᠲᠠ ᠶᠢᠨ ᠪᠠᠶᠢᠭᠤᠯᠤᠯ ᠤᠨ ᠥᠭᠡᠷᠡᠴᠢᠯᠡᠯᠲᠡ ᠶᠢ | ᠭᠦᠨᠵᠡᠭᠡᠶᠢᠷᠡᠭᠦᠯᠦᠶ᠎ᠡ︾ ᠭᠡᠰᠡᠨ ᠨᠢᠭᠡ ᠬᠡᠰᠡᠭ ᠠᠭᠤᠯᠭ᠎ᠠ ᠶᠢ ᠬᠠᠰᠤᠪᠠ᠃ | ︵ᠭᠤᠷᠪᠠ︶ ︽ᠳᠥᠷᠪᠡᠳᠦᠭᠡᠷ ᠬᠡᠰᠡᠭ ᠤᠯᠠᠨ ᠨᠡᠶᠢᠲᠡ ᠶᠢᠨ ᠦᠢᠯᠡᠴᠢᠯᠡᠭᠡ ᠶᠢ ᠦᠨᠳᠦᠰᠦᠨ ᠱᠠᠲᠤᠨ ᠳᠤ | ᠭᠦᠨᠵᠡᠭᠡᠶᠢᠷᠡᠭᠦᠯᠬᠦ ᠶᠢ ᠲᠦᠯᠬᠢᠨ ᠠᠬᠢᠭᠤᠯᠬᠤ︾ ᠬᠡᠰᠡᠭ ᠠᠭᠤᠯᠭ᠎ᠠ ᠳᠤ ᠵᠠᠰᠠᠪᠤᠷᠢ ᠣᠷᠣᠭᠤᠯᠪᠠ᠃ | ᠲᠣᠰ ᠬᠡᠰᠡᠭ ᠤᠨ ᠠᠭᠤᠯᠭ᠎ᠠ ᠶᠢ ︽ᠦᠨᠳᠦᠰᠦᠨ ᠱᠠᠲᠤᠨ ᠤ ᠣᠯᠠᠨ ᠨᠡᠶᠢᠲᠡ ᠶᠢᠨ ᠦᠢᠯᠡᠴᠢᠯᠡᠭᠡᠨ ᠤ | ᠬᠠᠮᠢᠶᠠᠷᠤᠯᠲᠠ ᠶᠢᠨ ᠡᠭᠦᠷᠭᠡ ᠴᠢᠳᠠᠪᠤᠷᠢ ᠶᠢ ᠥᠷᠭᠡᠳᠬᠡᠵᠦ᠂ ᠲᠤᠰᠬᠠᠶᠢᠵᠢᠭᠰᠠᠨ ᠲᠤᠰᠬᠠᠢ ᠲᠤᠰᠢᠶᠠᠯᠲᠤ ᠬᠤᠲᠠ | ᠬᠥᠳᠡᠭᠡ ᠶᠢᠨ ᠨᠡᠶᠢᠭᠡᠮ ᠲᠣᠭᠤᠷᠢᠭ ᠤᠨ ᠠᠵᠢᠯᠲᠠᠨ ᠤ ᠡᠩᠨᠡᠭᠡ ᠶᠢ ᠪᠠᠶᠢᠭᠤᠯᠤᠨ᠎ᠠ︾ ᠭᠡᠵᠦ ᠵᠠᠰᠠᠪᠠ᠃ ᠠᠵᠢᠯ ᠤᠨ | ᠡᠭᠦᠷᠭᠡ ᠬᠠᠷᠢᠭᠤᠴᠠᠯᠭ᠎ᠠ ᠪᠣᠯᠣᠨ ᠲᠤᠬᠠᠶᠢᠯᠠᠭᠰᠠᠨ ᠠᠵᠢᠯ ᠤᠨ ᠴᠤᠪᠤᠷᠠᠯ ᠢ ᠲᠣᠳᠣᠷᠬᠠᠶᠢᠯᠠᠵᠤ᠂ ᠲᠥᠯᠥᠪᠯᠡᠭᠡ ᠲᠠᠢ᠂ | ᠭᠤᠣᠯᠳᠠᠯᠭ᠎ᠠ ᠲᠠᠢ᠂ ᠲᠠᠰ ᠳᠠᠪᠬᠤᠷᠭ᠎ᠠ᠂ ᠱᠠᠲᠤ ᠦᠶ᠎ᠡ᠂ ᠣᠯᠠᠨ ᠬᠡᠯᠪᠡᠷᠢ ᠮᠠᠶ᠋ᠢᠭ ᠢᠶᠠᠷ ᠪᠣᠯᠪᠠᠰᠤᠷᠠᠭᠤᠯᠤᠯ ᠢ | ᠵᠣᠬᠢᠶᠠᠨ ᠪᠠᠶᠢᠭᠤᠯᠤᠨ ᠬᠡᠷᠡᠭᠵᠢᠭᠦᠯᠬᠦ ᠬᠡᠷᠡᠭᠲᠡᠢ᠃ ᠡᠮ ᠡᠮᠨᠡᠯᠭᠡ ᠡᠷᠡᠭᠦᠯ ᠬᠠᠮᠠᠭᠠᠯᠠᠯ᠂ ᠠᠵᠢᠯ ᠣᠯᠭᠤᠯᠲᠠ | ᠨᠡᠶᠢᠭᠡᠮ ᠤᠨ ᠪᠠᠲᠤᠯᠠᠭ᠎ᠠ᠂ ᠨᠠᠰᠤᠲᠠᠨ ᠢ ᠠᠰᠠᠷᠠᠵᠤ ᠬᠡᠦᠬᠡᠳ ᠢ ᠠᠰᠠᠷᠠᠬᠤ᠂ ᠵᠡᠮᠳᠡᠭᠴᠦᠳ ᠢ ᠲᠡᠳᠬᠦᠵᠦ | ᠵᠡᠮᠳᠡᠭᠴᠦᠳ ᠢ ᠬᠠᠪᠰᠤᠷᠬᠤ᠂ ᠭᠡᠷ ᠤᠨ ᠶᠠᠪᠤᠳᠠᠯ ᠤᠨ ᠦᠢᠯᠡᠴᠢᠯᠡᠭᠡ᠂ ᠡᠳ᠋ ᠪᠠᠷᠠᠭᠠᠨ ᠤ ᠭᠦᠢᠯᠭᠡᠭᠡ | ᠬᠤᠳᠠᠯᠳᠤᠭᠠᠨ ᠤ ᠬᠡᠲᠦᠷᠡᠯ᠂ ᠠᠮᠤᠷ ᠲᠦᠪᠰᠢᠨ ᠤ ᠬᠠᠤᠯᠢ ᠬᠡᠷᠡᠭᠵᠢᠭᠦᠯᠦᠯᠲᠡ᠂ ᠵᠠᠭᠤᠷᠠᠯᠳᠤᠭᠠᠨ ᠢ ᠡᠶᠡᠳᠡᠭᠦᠯᠬᠦ᠂ | ᠰᠡᠳᠬᠢᠴᠡ ᠶᠢᠨ ᠲᠤᠰᠠᠯᠠᠮᠵᠢ ᠵᠡᠷᠭᠡ ᠠᠷᠠᠳ ᠲᠤ ᠳᠦᠭᠦᠮ ᠦᠵᠡᠭᠦᠯᠬᠦ ᠦᠢᠯᠡᠴᠢᠯᠡᠭᠡᠨ ᠤ ᠦᠵᠡᠭᠳᠡᠯ ᠢ | ᠣᠷᠭᠠᠨᠢᠭ ᠢᠶᠠᠷ ᠬᠤᠷᠠᠮᠳᠤᠭᠤᠯᠬᠤ ᠶᠢᠨ ᠬᠠᠮᠲᠤ ᠤᠨᠢᠨ ᠳᠡᠭᠡᠷ᠎ᠡ ᠨᠢ ᠵᠣᠯᠭᠠᠭᠤᠯᠵᠤ᠂ ᠨᠢᠭᠡ ᠯᠡ ᠥᠷᠲᠡᠭᠡᠨ ᠤ | ᠮᠠᠶ᠋ᠢᠭ ᠤᠨ ᠠᠷᠠᠳ ᠲᠤ ᠲᠥᠬᠦᠮ ᠦᠵᠡᠭᠦᠯᠬᠦ ᠶᠡᠷᠦᠩᠬᠡᠶᠢᠯᠡᠭᠰᠡᠨ ᠦᠢᠯᠡᠴᠢᠯᠡᠭᠡᠨ ᠤ ᠥᠷᠲᠡᠭᠡ ᠶᠢ ᠲᠡᠭᠦᠯᠳᠡᠷᠵᠢᠭᠦᠯᠵᠦ | ᠂ ᠨᠡᠶᠢᠭᠡᠮ ᠲᠣᠭᠤᠷᠢᠭ ᠤᠨ ᠶᠡᠷᠦᠩᠬᠡᠶᠢᠯᠡᠭᠰᠡᠨ ᠦᠢᠯᠡᠴᠢᠯᠡᠭᠡᠨ ᠤ ᠲᠥᠪ ᠵᠡᠷᠭᠡ ᠦᠨᠳᠦᠰᠦᠨ ᠱᠠᠲᠤᠨ ᠤ ᠣᠯᠠᠨ | ᠨᠡᠶᠢᠲᠡ ᠶᠢᠨ ᠦᠢᠯᠡᠴᠢᠯᠡᠭᠡᠨ ᠤ ᠬᠠᠩᠭᠠᠯᠭ᠎ᠠ ᠶᠢᠨ ᠥᠷᠲᠡᠭᠡ ᠴᠡᠭ ᠢ ᠨᠡᠶᠢᠭᠡᠮ ᠲᠣᠭᠤᠷᠢᠭ ᠤᠨ ᠰᠦᠯᠵᠢᠶᠡᠨ ᠤ | ᠠᠵᠢᠯᠲᠠᠨ ᠢᠶᠠᠷ ᠭᠤᠣᠯ ᠴᠣᠭᠴᠠ ᠪᠣᠯᠭᠠᠨ ᠪᠠᠶᠢᠭᠤᠯᠤᠭᠰᠠᠨ ᠨᠡᠶᠢᠭᠡᠮ ᠤᠨ ᠵᠠᠰᠠᠯᠲᠠ ᠶᠢᠨ ᠲᠣᠣᠷ ᠰᠦᠯᠵᠢᠶ᠎ᠡ ᠯᠦᠭᠡ | ᠣᠷᠭᠠᠨᠢᠭ ᠢᠶᠠᠷ ᠤᠶᠠᠯᠳᠤᠭᠤᠯᠬᠤ ᠶᠢ ᠥᠨᠳᠥᠷ ᠬᠢᠷᠢ ᠲᠦᠪᠰᠢᠨ ᠪᠦᠬᠦᠢ ᠤᠯᠠᠨ ᠨᠡᠶᠢᠲᠡ ᠶᠢᠨ ᠦᠢᠯᠡᠴᠢᠯᠡᠭᠡᠨ ᠤ | ᠪᠠᠶᠢᠭᠤᠯᠤᠮᠵᠢ ᠶᠢᠨ ᠦᠨᠳᠦᠰᠦᠨ ᠱᠠᠲᠤ ᠲᠠᠢ ᠵᠠᠯᠭᠠᠬᠤ ᠶᠢ ᠳᠡᠮᠵᠢᠨ᠎ᠡ᠃ | ︵ᠳᠥᠷᠪᠡ︶ ︽ᠲᠠᠪᠤᠳᠤᠭᠠᠷ ᠬᠡᠰᠡᠭ ᠤᠯᠠᠨ ᠨᠡᠶᠢᠲᠡ ᠶᠢᠨ ᠦᠢᠯᠡᠴᠢᠯᠡᠭᠡᠨ ᠤ ᠮᠡᠷᠭᠡᠵᠢᠯ ᠤᠨ ᠰᠢᠨ᠎ᠡ ᠶᠢ | ᠡᠭᠦᠳᠬᠦ ᠬᠡᠷᠡᠭᠯᠡᠯᠲᠡ ᠶᠢ ᠴᠢᠩᠭᠠᠳᠬᠠᠬᠤ︾ ᠬᠡᠰᠡᠭ ᠠᠭᠤᠯᠭ᠎ᠠ ᠳᠤ ᠵᠠᠰᠠᠪᠤᠷᠢ ᠣᠷᠣᠭᠤᠯᠬᠤ᠃ | ᠲᠤᠰ ᠬᠡᠰᠡᠭ ᠤᠨ ᠠᠭᠤᠯᠭ᠎ᠠ ᠶᠢ ︽ᠰᠢᠨ᠎ᠡ ᠮᠡᠷᠭᠡᠵᠢᠯ ᠢ ᠥᠷᠭᠡᠨ ᠢᠶᠠᠷ ᠬᠡᠷᠡᠭᠯᠡᠬᠦ ᠶᠢ ᠠᠬᠢᠭᠤᠯᠤᠨ᠎ᠠ᠃ ︿ | ᠢᠨᠲ᠋ᠧᠷ ᠰᠦᠯᠵᠢᠶ᠎ᠡ + ᠣᠯᠠᠨ ᠨᠡᠶᠢᠲᠡ ᠶᠢᠨ ᠦᠢᠯᠡᠴᠢᠯᠡᠭᠡᠨ﹀ ᠢ ᠶᠡᠬᠡᠪᠡᠷ ᠬᠥᠭᠵᠢᠭᠦᠯᠵᠦ᠂ ︿ᠮᠣᠩᠭᠤᠯ ᠤᠨ | ᠲᠦᠷᠭᠡᠨ ᠬᠤᠷᠳᠤᠴᠠ ᠶᠢᠨ ᠠᠯᠪᠠᠨ ᠭᠡᠷ﹀ ᠤᠨ ᠲᠠᠪᠴᠠᠩ ᠳᠤ ᠲᠦᠰᠢᠭᠯᠡᠨ᠂ ᠣᠯᠠᠨ ᠨᠡᠶᠢᠲᠡ ᠶᠢᠨ | ᠦᠢᠯᠡᠴᠢᠯᠡᠭᠡᠨ ᠤ ᠠᠳᠠᠯᠢ ᠢᠷᠡᠯᠲᠡ ᠲᠠᠢ ᠬᠠᠮᠢᠶᠠᠷᠤᠯᠲᠠ ᠶᠢ ᠠᠬᠢᠭᠤᠯᠵᠤ᠂ ᠠᠵᠢᠯ ᠲᠥᠷᠥᠯ ᠪᠠ ᠬᠦᠷᠢᠶ᠎ᠡ ᠴᠠᠷᠠᠭ᠎ᠠ | ᠠᠯᠤᠰᠯᠠᠭᠰᠠᠨ ᠶᠡᠷᠦᠩᠬᠡᠶᠢᠯᠡᠭᠰᠡᠨ ᠴᠢᠨᠠᠷᠲᠠᠢ ᠲᠠᠪᠴᠠᠩ ᠪᠠ ᠠᠵᠢᠯ ᠲᠥᠷᠥᠯ ᠤᠨ ᠡᠭᠴᠡ ᠲᠠᠪᠴᠠᠩ ᠢ | ᠪᠣᠶᠢᠵᠢᠭᠤᠯᠤᠨ᠎ᠠ᠃ ᠤᠯᠠᠨ ᠨᠡᠶᠢᠲᠡ ᠶᠢᠨ ᠦᠢᠯᠡᠴᠢᠯᠡᠭᠡᠨ ᠤ ᠲᠣᠭᠠᠴᠢᠯᠠᠯᠲᠠ ᠶᠢᠨ ᠬᠥᠭᠵᠢᠯᠲᠡ ᠶᠢ ᠲᠦᠷᠭᠡᠳᠬᠡᠵᠦ᠂ | ᠵᠣᠬᠢᠶᠠᠮᠠᠯ ᠤᠶᠤᠨ ᠴᠢᠳᠠᠪᠤᠷᠢ᠂ 5G ᠵᠡᠷᠭᠡ ᠮᠡᠳᠡᠭᠡ ᠵᠠᠩᠭᠢ ᠶᠢᠨ ᠮᠡᠷᠭᠡᠵᠢᠯ ᠪᠣᠯᠣᠨ ᠣᠶᠤᠨᠲᠤ ᠬᠠᠲᠠᠭᠤ | ᠬᠡᠷᠡᠭᠰᠡᠯ ᠤᠨ ᠭᠦᠨᠵᠡᠭᠡᠢ ᠬᠡᠷᠡᠭᠯᠡᠯᠲᠡ ᠶᠢ ᠠᠬᠢᠭᠤᠯᠵᠤ᠂ ᠤᠯᠠᠨ ᠨᠡᠶᠢᠲᠡ ᠶᠢᠨ ᠦᠢᠯᠡᠴᠢᠯᠡᠭᠡᠨ ᠤ ᠬᠡᠷᠡᠭᠰᠡᠯ ᠤᠨ | ᠦᠢᠯᠡᠳᠬᠡᠯ ᠤᠨ ᠣᠶᠤᠨᠴᠢ ᠦᠢᠯᠡᠳᠬᠡᠯ᠂ ᠵᠥᠭᠡᠯᠡᠨ ᠦᠢᠯᠡᠳᠪᠦᠷᠢᠯᠡᠯ ᠵᠡᠷᠭᠡ ᠲᠣᠭᠠᠴᠢᠯᠠᠭᠰᠠᠨ ᠬᠡᠯᠪᠡᠷᠢ ᠶᠢ | ᠬᠤᠪᠢᠷᠠᠭᠤᠯᠬᠤ ᠶᠢ ᠠᠬᠢᠭᠤᠯᠤᠨ᠎ᠠ︾ ᠭᠡᠵᠦ ᠵᠢᠭᠠᠵᠤ ᠭᠠᠷᠭᠠᠪᠠ᠃ | ᠶᠢᠰᠦ᠂ ︽ᠲᠥᠯᠦᠪᠵᠢᠭᠦᠯᠭᠡ︾ ᠶᠢᠨ ︽ᠶᠢᠰᠦᠳᠦᠭᠡᠷ ᠪᠦᠯᠦᠭ ᠤᠯᠠᠨ ᠨᠡᠶᠢᠲᠡ ᠶᠢᠨ ᠦᠢᠯᠡᠴᠢᠯᠡᠭᠡᠨ ᠤ | ᠡᠯᠧᠮᠧᠨ᠋ᠲ ᠤᠨ ᠲᠤᠯᠭᠠᠭᠤᠷᠢᠯᠠᠯ ᠢ ᠴᠢᠩᠭᠠᠳᠬᠠᠬᠤ︾ ᠶᠢᠨ ᠬᠡᠰᠡᠭ ᠠᠭᠤᠯᠭ᠎ᠠ ᠳᠤ ᠳᠣᠣᠷᠠᠬᠢ ᠮᠡᠲᠦ ᠵᠠᠰᠠᠪᠤᠷᠢ | ᠣᠷᠣᠭᠤᠯᠪᠠ | ︵ᠨᠢᠭᠡ︶ ︽ᠬᠤᠶᠠᠳᠤᠭᠠᠷ ᠬᠡᠰᠡᠭ ᠣᠯᠠᠨ ᠨᠡᠶᠢᠲᠡ ᠶᠢᠨ ᠦᠢᠯᠡᠴᠢᠯᠡᠭᠡᠨ ᠤ ᠢᠲᠡᠭᠡᠮᠵᠢ ᠶᠢᠨ | ᠰᠢᠰᠲ᠋ᠧᠮᠵᠢ ᠶᠢᠨ ᠪᠠᠶᠢᠭᠤᠯᠤᠯᠲᠠ ᠶᠢ ᠴᠢᠩᠭᠠᠳᠬᠠᠨ᠎ᠠ︾ ᠭᠡᠬᠦ ᠬᠡᠰᠡᠭ ᠠᠭᠤᠯᠭ᠎ᠠ ᠳᠤ ᠵᠠᠰᠠᠪᠤᠷᠢ ᠣᠷᠣᠭᠤᠯᠪᠠ᠃ | 1. ︽ᠬᠤᠶᠠᠳᠤᠭᠠᠷ ᠬᠡᠰᠡᠭ ᠤᠯᠠᠨ ᠨᠡᠶᠢᠲᠡ ᠶᠢᠨ ᠦᠢᠯᠡᠴᠢᠯᠡᠭᠡᠨ ᠤ ᠢᠲᠡᠭᠡᠮᠵᠢ ᠶᠢᠨ ᠰᠢᠰᠲ᠋ᠧᠮ ᠤᠨ | ᠪᠠᠶᠢᠭᠤᠯᠤᠯᠲᠠ ᠶᠢ ᠴᠢᠩᠭᠠᠳᠬᠠᠬᠤ︾ ᠶᠢ ︽ᠳᠥᠷᠪᠡᠳᠦᠭᠡᠷ ᠬᠡᠰᠡᠭ︾ ᠪᠣᠯᠭᠠᠨ ᠲᠣᠬᠢᠷᠠᠭᠤᠯᠤᠨ᠎ᠠ᠃ | 2. ᠲᠣᠰ ᠬᠡᠰᠡᠭ ᠤᠨ ᠠᠭᠤᠯᠭ᠎ᠠ ᠶᠢ ︽ᠣᠯᠠᠨ ᠨᠡᠶᠢᠲᠡ ᠶᠢᠨ ᠦᠢᠯᠡᠴᠢᠯᠡᠭᠡᠨ ᠤ ᠢᠲᠡᠭᠡᠮᠵᠢ ᠶᠢᠨ ᠲ᠊ | ᠦ᠋ᠷᠢᠮ ᠢ ᠪᠦᠷᠢᠨᠰᠢᠭᠦᠯᠵᠦ᠂ ︿ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠯᠠᠨ ᠨᠡᠶᠢᠲᠡ ᠶᠢᠨ | ᠢᠲᠡᠭᠡᠮᠵᠢ ᠶᠢᠨ ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠳᠦᠷᠢᠮ﹀ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠂ | ᠣᠯᠠᠨ ᠨᠡᠶᠢᠲᠡ ᠶᠢᠨ ᠦᠢᠯᠡᠴᠢᠯᠡᠭᠡᠨ ᠤ ᠬᠦᠷᠢᠶᠡᠨ ᠳᠠᠬᠢ ᠢᠲᠡᠭᠡᠮᠵᠢ ᠶᠢᠨ ᠮᠡᠳᠡᠭᠡ ᠵᠠᠩᠭᠢ ᠶᠢ ᠴᠤᠭᠯᠠᠭᠤᠯᠬᠤ | ᠡᠷᠴᠢᠮ ᠢ ᠴᠢᠩᠭᠠᠷᠠᠭᠤᠯᠵᠤ᠂ ᠢᠲᠡᠭᠡᠮᠵᠢ ᠶᠢᠨ ᠮᠡᠳᠡᠭᠡ ᠵᠠᠩᠭᠢ ᠶᠢ ᠬᠠᠮᠲᠤᠪᠠᠷ ᠡᠳ᠋ᠯᠡᠵᠦ ᠬᠠᠮᠲᠤᠪᠠᠷ ᠬᠡᠷᠡᠭᠯᠡᠬᠦ ᠶᠢ | ᠠᠬᠢᠭᠤᠯᠤᠨ᠎ᠠ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠡᠶᠢᠭᠡᠮ ᠤᠨ ᠢᠲᠡᠭᠡᠮᠵᠢ ᠶᠢᠨ ᠮᠡᠳᠡᠭᠡ | ᠵᠠᠩᠭᠢ ᠶᠢᠨ ᠲᠠᠪᠴᠠᠩ ᠳᠤ ᠲᠦᠰᠢᠭᠯᠡᠨ᠂ ᠵᠠᠰᠠᠭ ᠵᠠᠬᠢᠷᠭᠠᠨ ᠤ ᠵᠥᠪᠰᠢᠶᠡᠷᠡᠯ᠂ ᠵᠠᠰᠠᠭ ᠵᠠᠬᠢᠷᠭᠠᠨ ᠤ ᠰᠢᠳᠬᠡᠯ | ᠲᠣᠷᠭᠠᠭᠤᠯᠢ ᠵᠡᠷᠭᠡ ︿ᠬᠤᠶᠠᠷ ᠢ ᠢᠯᠡ ᠨᠡᠶᠢᠲᠡᠯᠡᠬᠦ﹀ ᠲᠤᠭ᠎ᠠ ᠪᠠᠷᠢᠮᠲᠠ᠂ ᠢᠲᠡᠭᠡᠯ ᠠᠯᠳᠠᠭᠰᠠᠨ | ᠭᠦᠢᠴᠡᠳᠬᠡᠭᠳᠡᠭᠴᠢ ᠶᠢᠨ ᠮᠡᠳᠡᠭᠡ ᠵᠠᠩᠭᠢ᠂ ᠬᠦᠨᠳᠦ ᠶᠡᠭᠡ ᠭᠠᠶᠢᠯᠢ ᠲᠠᠲᠠᠪᠤᠷᠢ ᠶᠢᠨ ᠬᠠᠤᠯᠢ ᠠᠴᠠ ᠵᠥᠷᠢᠴᠡᠭᠰᠡᠨ | ᠬᠡᠷᠡᠭ ᠤᠨ ᠲᠤᠬᠠᠢ ᠶᠢᠨ ᠬᠥᠮᠥᠨ ᠤ ᠮᠡᠳᠡᠭᠡ ᠵᠠᠩᠭᠢ ᠵᠡᠷᠭᠡ ᠣᠯᠠᠨ ᠨᠡᠶᠢᠲᠡ ᠶᠢᠨ ᠢᠲᠡᠭᠡᠮᠵᠢ ᠶᠢᠨ ᠮᠡᠳᠡᠭᠡ ᠵᠠᠩᠭᠢ ᠶᠢ | ᠰᠣᠯᠢᠯᠴᠠᠵᠤ ᠬᠠᠮᠲᠤᠪᠠᠷ ᠡᠳ᠋ᠯᠡᠬᠦ ᠶᠢ ᠠᠬᠢᠭᠤᠯᠤᠨ᠎ᠠ᠃ ᠢᠲᠡᠭᠡᠮᠵᠢ ᠶᠢᠨ ᠮᠡᠳᠡᠭᠦᠯᠦᠯᠲᠡ ᠶᠢ ᠪᠠᠶᠢᠴᠠᠭᠠᠨ ᠯᠠᠪᠯᠠᠬᠤ᠂ | ᠢᠲᠡᠭᠡᠮᠵᠢ ᠶᠢ ᠬᠢᠨᠠᠨ ᠪᠠᠶᠢᠴᠠᠭᠠᠬᠤ ︵ᠮᠡᠳᠡᠭᠦᠯᠬᠦ︶᠂ ᠢᠲᠡᠭᠡᠮᠵᠢ ᠶᠢᠨ ᠮᠡᠳᠡᠭᠡ ᠵᠠᠩᠭᠢ ᠳᠤ ᠣᠨᠳᠣᠣ ᠰᠠᠨᠠᠯ ᠲᠠᠢ | ᠭᠤᠮᠣᠳᠠᠯ ᠲᠣᠭᠠᠴᠢᠬᠤ᠂ ᠢᠲᠡᠭᠡᠮᠵᠢ ᠶᠢ ᠰᠡᠷᠭᠦᠭᠡᠬᠦ ᠵᠡᠷᠭᠡ ᠣᠯᠠᠨ ᠨᠡᠶᠢᠲᠡ ᠶᠢᠨ ᠢᠲᠡᠭᠡᠮᠵᠢ ᠶᠢᠨ ᠦᠢᠯᠡᠴᠢᠯᠡᠭᠡᠨ ᠤ | ᠦᠷ᠎ᠡ ᠪᠦᠲᠦᠭᠡᠯ ᠢ ᠬᠠᠷᠢᠯᠴᠠᠨ ᠮᠡᠳᠡᠷᠡᠬᠦ ᠶᠢ ᠠᠬᠢᠭᠤᠯᠤᠨ᠎ᠠ᠃ ᠢᠲᠡᠭᠡᠯ ᠠᠯᠳᠠᠭᠰᠠᠳ ᠢ ᠬᠤᠯᠪᠤᠭᠠᠯᠠᠨ ᠵᠠᠯᠬᠠᠭᠠᠨ | ᠴᠡᠭᠡᠷᠯᠡᠭᠦᠯᠬᠦ ᠠᠵᠢᠯ ᠢ ᠬᠠᠤᠯᠢ ᠲᠣᠭᠲᠠᠭᠠᠯ ᠶᠣᠰᠣᠭᠠᠷ ᠥᠷᠨᠢᠭᠦᠯᠵᠦ᠂ ︽ᠪᠥᠬᠦ ᠤᠯᠤᠰ ᠤᠨ ᠢᠲᠡᠭᠡᠯ | ᠠᠯᠳᠠᠭᠰᠠᠳ ᠢ ᠵᠠᠯᠬᠠᠭᠠᠨ ᠴᠡᠭᠡᠷᠯᠡᠭᠦᠯᠬᠦ ᠠᠷᠭ᠎ᠠ ᠬᠡᠮᠵᠢᠶ᠎ᠡ ᠶᠢᠨ ᠰᠠᠭᠤᠷᠢ ᠨᠠᠷᠢᠨ ᠬᠠᠭᠤᠳᠠᠰᠤ︾ ᠶᠢ | ᠨᠠᠶᠢᠳᠠᠪᠤᠷᠢᠵᠢᠭᠤᠯᠤᠨ᠂ ᠢᠲᠡᠭᠡᠯ ᠠᠯᠳᠠᠭᠰᠠᠨ ᠦᠶᠯᠡ ᠠᠵᠢᠯᠯᠠᠭ᠎ᠠ ᠶᠢᠨ ᠪᠠᠷᠢᠮᠵᠢᠶ᠎ᠠ ᠶᠢ ᠬᠠᠷᠢᠯᠴᠠᠨ ᠮᠡᠳᠡᠷᠡᠬᠦ᠂ | ᠮᠡᠳᠡᠭᠡ ᠵᠠᠩᠭᠢ ᠶᠢ ᠬᠠᠮᠲᠤ ᠪᠠᠷ ᠡᠳ᠋ᠯᠡᠵᠦ ᠬᠠᠷᠢᠯᠴᠠᠨ ᠬᠥᠳᠡᠯᠦᠯᠴᠡᠬᠦ᠂ ᠵᠠᠯᠬᠠᠭᠠᠨ ᠴᠡᠭᠡᠷᠯᠡᠭᠦᠯᠬᠦ ᠠᠷᠭ᠎ᠠ ᠬᠡᠮᠵᠢᠶ᠎ᠡ | ᠠᠷᠭ᠎ᠠ ᠵᠠᠮ ᠢ ᠬᠠᠷᠢᠯᠴᠠᠨ ᠨᠡᠪᠲᠡᠷᠡᠯᠴᠡᠬᠦ ᠣᠷᠣᠨ ᠪᠦᠰᠡ ᠠᠯᠤᠰᠯᠠᠭᠰᠠᠨ ᠢᠲᠡᠭᠡᠮᠵᠢ ᠶᠢᠨ ᠬᠤᠯᠪᠤᠭᠠᠯᠠᠨ ᠵᠠᠯᠬᠠᠭᠠᠨ | ᠴᠡᠭᠡᠷᠯᠡᠭᠦᠯᠬᠦ ᠳᠦᠷᠢᠮ ᠢ ᠬᠡᠷᠡᠭᠵᠢᠭᠦᠯᠦᠨ᠎ᠡ᠃ ᠣᠯᠠᠨ ᠨᠡᠶᠢᠲᠡ ᠶᠢᠨ ᠦᠢᠯᠡᠴᠢᠯᠡᠭᠡᠨ ᠤ ᠪᠠᠶᠢᠭᠤᠯᠤᠮᠵᠢ᠂ ᠠᠵᠢᠯᠯᠠᠵᠤ | ᠪᠠᠶᠢᠭ᠎ᠠ ᠬᠥᠮᠥᠰ᠂ ᠦᠢᠯᠡᠴᠢᠯᠡᠬᠦ ᠡᠲᠡᠭᠡᠳ ᠤᠨ ᠢᠲᠡᠭᠡᠮᠵᠢ ᠶᠢᠨ ᠲᠡᠮᠳᠡᠭᠯᠡᠯ ᠢ ᠥᠪᠡᠷᠲᠡᠭᠡᠨ ᠵᠠᠰᠠᠬᠤ ᠣᠷᠣᠨ ᠤ | ᠨᠡᠶᠢᠭᠡᠮ ᠤᠨ ᠢᠲᠡᠭᠡᠮᠵᠢ ᠶᠢᠨ ᠮᠡᠳᠡᠭᠡ ᠵᠠᠩᠭᠢ ᠶᠢᠨ ᠲᠠᠪᠴᠠᠩ ᠳᠤ ᠴᠤᠭᠯᠠᠭᠤᠯᠵᠤ᠂ ᠬᠠᠤᠯᠢ ᠲᠣᠭᠲᠠᠭᠠᠯ ᠶᠣᠰᠣᠭᠠᠷ | ︿ᠢᠲᠡᠭᠡᠮᠵᠢᠲᠦ ᠳᠤᠮᠳᠠᠳᠤ ᠤᠯᠤᠰ ︵ᠥᠪᠥᠷ ᠮᠣᠩᠭᠤᠯ︶﹀ ᠤᠨ ᠰᠦᠯᠵᠢᠶᠡᠨ ᠥᠷᠲᠡᠭᠡ ᠳᠤ ᠢᠯᠡ ᠨᠡᠶᠢᠲᠡᠯᠡᠨ᠎ᠡ︾ | ᠃ | ︵ᠬᠤᠶᠠᠷ︶ ︽ᠭᠤᠷᠪᠠᠳᠤᠭᠠᠷ ᠬᠡᠰᠡᠭ ᠤᠯᠠᠨ ᠨᠡᠶᠢᠲᠡ ᠶᠢᠨ ᠦᠢᠯᠡᠴᠢᠯᠡᠭᠡᠨ ᠤ ᠬᠥᠮᠥᠨ ᠤ ᠬᠦᠴᠦᠨ ᠤ | ᠡᠬᠢ ᠪᠠᠶᠠᠯᠢᠭ ᠤᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠬᠤ︾ ᠬᠡᠰᠡᠭ ᠠᠭᠤᠯᠭ᠎ᠠ ᠳᠤ ᠵᠠᠰᠠᠪᠤᠷᠢ ᠣᠷᠣᠭᠤᠯᠪᠠ | ᠃ | 1. ︽ᠭᠤᠷᠪᠠᠳᠤᠭᠠᠷ ᠬᠡᠰᠡᠭ ᠤᠯᠠᠨ ᠨᠡᠶᠢᠲᠡ ᠶᠢᠨ ᠦᠢᠯᠡᠴᠢᠯᠡᠭᠡᠨ ᠤ ᠬᠥᠮᠥᠨ ᠤ ᠬᠦᠴᠦᠨ ᠤ ᠡᠬᠢ | ᠪᠠᠶᠠᠯᠢᠭ ᠤᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠬᠤ︾ ᠶᠢ ︽ᠬᠤᠶᠠᠳᠤᠭᠠᠷ ᠬᠡᠰᠡᠭ︾ ᠪᠣᠯᠭᠠᠨ | ᠲᠣᠬᠢᠷᠠᠭᠤᠯᠪᠠ᠃ | 2. ︽ᠦᠨᠳᠦᠰᠦᠨ ᠱᠠᠲᠤᠨ ᠤ ᠣᠯᠠᠨ ᠨᠡᠶᠢᠲᠡ ᠶᠢᠨ ᠦᠢᠯᠡᠴᠢᠯᠡᠭᠡᠨ ᠤ ᠠᠵᠢᠯᠲᠠᠨ ᠤ ᠡᠩᠨᠡᠭᠡ ᠶᠢ | ᠪᠤᠵᠠᠭᠠᠶᠢᠷᠠᠭᠤᠯᠬᠤ︾ ᠬᠡᠰᠡᠭ ᠬᠤᠭᠤᠴᠠᠭᠠᠨ ᠳᠤ ︽ᠨᠠᠩ ᠣᠯᠠᠨ ᠴᠢᠳᠠᠪᠤᠷᠢᠲᠠᠨ ᠢ ᠲᠡᠳᠡᠨ ᠠᠪᠴᠢᠷᠠᠵᠤ ᠣᠯᠠᠨ | ᠨᠡᠶᠢᠲᠡ ᠶᠢᠨ ᠦᠢᠯᠡᠴᠢᠯᠡᠭᠡᠨ ᠤ ᠦᠢᠯᠡᠰ ᠲᠤ ᠡᠷᠭᠢᠯᠡᠭᠦᠯᠦᠨ᠎ᠡ︾ ᠭᠡᠵᠦ ᠲᠣᠭᠲᠠᠭᠠᠭᠰᠠᠨ ᠤ ᠳᠠᠷᠠᠭ᠎ᠠ ︽ᠰᠢᠶᠠᠨ ᠤ | ᠬᠡᠪᠴᠢᠶᠡᠨ ᠳᠠᠬᠢ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠭᠠᠭᠤᠯᠢ ᠶᠢᠨ ᠵᠠᠬᠢᠷᠤᠯ ᠪᠠ ᠪᠠᠭᠰᠢ ᠶᠢᠨ | ᠠᠵᠢᠯ ᠤᠨ ᠪᠠᠶᠢᠷᠢ ᠡᠭᠡᠯᠵᠢᠯᠡᠭᠦᠯᠬᠦ ᠶᠢ ᠠᠬᠢᠭᠤᠯᠤᠨ᠎ᠠ︾ ᠭᠡᠵᠦ ︽ᠠᠯᠪᠠᠨ ᠵᠢᠷᠤᠮ ᠤᠨ ᠰᠤᠷᠭᠠᠨ ᠬᠥᠮᠦᠵᠢᠯ ᠤᠨ | ᠪᠠᠭᠰᠢ ᠶᠢ ︿ᠰᠢᠶᠠᠨ ᠠᠴᠠ ᠬᠠᠮᠢᠶᠠᠷᠴᠤ ᠰᠤᠷᠭᠠᠭᠤᠯᠢ ᠠᠴᠠ ᠤᠷᠢᠬᠤ﹀ ᠬᠠᠮᠢᠶᠠᠷᠤᠯᠲᠠ ᠶᠢᠨ ᠥᠭᠡᠷᠡᠴᠢᠯᠡᠯᠲᠡ ᠶᠢ | ᠲᠦᠯᠬᠢᠨ ᠠᠬᠢᠭᠤᠯᠤᠨ᠎ᠠ︾ ᠭᠡᠵᠦ ᠲᠣᠭᠲᠠᠭᠠᠭᠰᠠᠨ ᠤ ᠳᠠᠷᠠᠭ᠎ᠠ ︽ᠪᠠᠭᠰᠢ ᠶᠢᠨ ᠴᠠᠯᠢᠩ ᠤᠨ ᠣᠷᠣᠯᠭ᠎ᠠ ᠶᠢᠨ ᠬᠢᠷᠢ | ᠲᠦᠪᠰᠢᠨ ᠢ ᠬᠠᠤᠯᠢ ᠶᠣᠰᠣᠭᠠᠷ ᠪᠠᠲᠤᠯᠠᠵᠤ᠂ ᠪᠠᠭᠰᠢ ᠠᠵᠢᠯᠲᠠᠨ ᠤ ᠣᠷᠣᠨ ᠲᠤᠭ᠎ᠠ ᠶᠢ ᠪᠥᠬᠦ ᠲᠠᠯ᠎ᠠ ᠪᠠᠷ | ᠪᠠᠷᠢᠮᠵᠢᠶ᠎ᠠ ᠳᠤ ᠬᠦᠷᠦᠭᠦᠯᠬᠦ ᠶᠢ ︽ᠬᠥᠳᠡᠭᠡ ᠲᠣᠰᠬᠤᠨ ᠤ ᠪᠠᠭᠰᠢ ᠶᠢᠨ ᠡᠩᠨᠡᠭᠡ ᠶᠢᠨ ᠪᠠᠶᠢᠭᠤᠯᠤᠯᠲᠠ ᠶᠢ | ᠴᠢᠩᠭᠠᠳᠬᠠᠵᠤ᠂ ᠬᠥᠳᠡᠭᠡ ᠲᠣᠰᠬᠤᠨ ᠤ ᠪᠠᠭᠰᠢ ᠶᠢᠨ ᠬᠡᠪ ᠴᠢᠨᠠᠷ ᠴᠢᠳᠠᠪᠤᠷᠢ ᠶᠢ ᠳᠡᠭᠡᠭᠰᠢᠯᠡᠭᠦᠯᠦᠨ᠎ᠡ︾ ᠭᠡᠳᠡᠭ ᠢ ︽ | ᠬᠥᠳᠡᠭᠡ ᠲᠣᠰᠬᠤᠨ ᠤ ᠪᠠᠭᠰᠢ ᠶᠢᠨ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠬᠥᠳᠡᠭᠡ ᠲᠣᠰᠬᠤᠨ ᠤ | ᠪᠠᠭᠰᠢ ᠶᠢᠨ ᠬᠡᠪ ᠴᠢᠨᠠᠷ ᠴᠢᠳᠠᠪᠤᠷᠢ ᠶᠢ ᠳᠡᠭᠡᠭᠰᠢᠯᠡᠭᠦᠯᠵᠦ᠂ ᠬᠥᠳᠡᠭᠡ ᠲᠣᠰᠬᠤᠨ ᠤ ᠪᠠᠭᠰᠢ ᠶᠢᠨ ᠠᠮᠢᠳᠤᠷᠠᠯ ᠤᠨ | ᠨᠥᠬᠦᠪᠦᠷᠢ ᠶᠢᠨ ᠲᠥᠷᠥ ᠶᠢᠨ ︽ᠬᠡᠦᠬᠡᠳ ᠤᠨ ᠰᠠᠯᠠᠭ᠎ᠠ᠂ ᠶᠡᠷᠦᠩᠬᠡᠢ ᠰᠠᠯᠠᠭ᠎ᠠ ᠵᠡᠷᠭᠡ ᠲᠤᠲᠠᠭᠳᠠᠵᠤ ᠪᠠᠶᠢᠭ᠎ᠠ | ᠡᠮᠴᠢ ᠶᠢᠨ ᠬᠡᠪᠴᠢᠶ᠎ᠡ ᠶᠢ ᠥᠷᠭᠡᠳᠬᠡᠨ᠎ᠡ︾ ᠭᠡᠳᠡᠭ ᠢ ︽ᠬᠡᠦᠬᠡᠳ ᠤᠨ ᠰᠠᠯᠠᠭ᠎ᠠ᠂ ᠶᠡᠷᠦᠩᠬᠡᠢ ᠰᠠᠯᠠᠭ᠎ᠠ᠂ | ᠮᠢᠨᠴᠦᠷᠡᠭᠦᠯᠬᠦ ᠰᠠᠯᠠᠭ᠎ᠠ᠂ ᠮᠡᠳᠡᠷᠡᠯ ᠤᠨ ᠰᠠᠯᠠᠭ᠎ᠠ᠂ ᠨᠠᠰᠤᠲᠠᠶᠢᠴᠤᠳ ᠤᠨ ᠡᠮᠨᠡᠯᠭᠡ ᠶᠢᠨ ᠰᠠᠯᠠᠭ᠎ᠠ ᠵᠡᠷᠭᠡ ᠲᠤᠲᠠᠭᠳᠠᠵᠤ | ᠪᠠᠶᠢᠭ᠎ᠠ ᠡᠮᠴᠢ ᠪᠠ ᠳᠠᠩᠰᠠᠯᠠᠭᠤᠯᠤᠭᠰᠠᠨ ᠰᠤᠪᠢᠯᠠᠭᠴᠢ ᠶᠢᠨ ᠬᠡᠪᠴᠢᠶ᠎ᠡ ᠶᠢ ᠥᠷᠭᠡᠳᠬᠡᠨ᠎ᠡ︾ ᠭᠡᠵᠦ ᠵᠠᠰᠠᠪᠠ︔ ︽ | ᠬᠥᠳᠡᠯᠮᠦᠷᠢ ᠠᠵᠢᠯ ᠣᠯᠭᠤᠯᠲᠠ ᠶᠢᠨ ᠦᠢᠯᠡᠴᠢᠯᠡᠭᠡᠨ ᠤ ᠦᠢᠯᠡᠴᠢᠯᠡᠭᠡᠨ ᠤ ᠴᠣᠩᠬᠤᠨ ᠤ ᠬᠦᠴᠦᠨ ᠢ ᠪᠠᠲᠤᠯᠠᠭᠰᠠᠨ︾ | ᠤ ᠲᠠᠷᠠᠭ᠎ᠠ ︽ᠬᠠᠤᠯᠢ ᠴᠠᠭᠠᠵᠠ ᠶᠢᠨ ᠲᠤᠰᠠᠯᠠᠮᠵᠢ ᠶᠢᠨ ᠲᠤᠰᠬᠠᠢ ᠮᠡᠷᠭᠡᠵᠢᠯ ᠤᠨ ᠠᠵᠢᠯᠲᠠᠨ ᠤ ᠪᠣᠯᠪᠠᠰᠤᠷᠠᠭᠤᠯᠤᠯ ᠢ | ᠴᠢᠩᠭᠠᠳᠬᠠᠵᠤ᠂ ᠬᠠᠤᠯᠢ ᠴᠠᠭᠠᠵᠠ ᠶᠢᠨ ᠲᠤᠰᠠᠯᠠᠮᠵᠢ ᠶᠢᠨ ᠶᠠᠰᠤ ᠴᠢᠨᠠᠷ ᠢ ᠳᠡᠭᠡᠭᠰᠢᠯᠡᠭᠦᠯᠦᠨ᠂ ᠡᠯ᠎ᠡ ᠭᠠᠵᠠᠷ ᠤᠨ | ᠤᠯᠠᠨ ᠲᠦᠮᠡᠨ ᠤ ᠰᠢᠯᠢᠳᠡᠭ ᠤᠳᠬ᠎ᠠ ᠤᠷᠠᠯᠢᠭ ᠤᠨ ᠪᠦᠯᠬᠦᠮ ᠤᠨ ᠳᠠᠭᠠᠭᠤᠯᠤᠭᠴᠢ᠂ ᠭᠤᠣᠯᠯᠠᠭᠴᠢ ᠠᠵᠢᠯᠲᠠᠨ ᠪᠠ | ᠭᠤᠣᠯᠯᠠᠭᠴᠢ ᠬᠦᠴᠦᠨ ᠢ ᠬᠥᠬᠢᠭᠦᠯᠦᠨ ᠱᠠᠩᠨᠠᠬᠤ ᠶᠢ ᠵᠣᠷᠢᠭᠵᠢᠭᠤᠯᠤᠨ᠎ᠠ︾ ᠭᠡᠵᠦ ᠨᠡᠮᠡᠪᠡ᠃ | 3. ︽ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠨᠡᠶᠢᠭᠡᠮ ᠤᠨ ᠦᠢᠯᠡᠴᠢᠯᠡᠭᠡᠨ ᠤ ᠵᠣᠬᠢᠶᠠᠨ | ᠪᠠᠶᠢᠭᠤᠯᠤᠯᠲᠠ ᠶᠢ ᠬᠥᠭᠵᠢᠭᠦᠯᠬᠦ︾ ᠭᠡᠰᠡᠨ ᠬᠡᠰᠡᠭ ᠤᠨ ᠪᠦᠬᠦ ᠠᠭᠤᠯᠭ᠎ᠠ ᠶᠢ ᠬᠠᠰᠤᠵᠤ ᠬᠠᠶᠠᠪᠠ᠃ | ( ᠭᠤᠷᠪᠠ ) ᠪᠤᠰᠤᠳ ᠵᠦᠢᠯ ᠳᠤ ᠵᠠᠰᠠᠪᠤᠷᠢ ᠣᠷᠣᠭᠤᠯᠬᠤ᠃ | ᠲᠤᠰ ᠪᠦᠯᠦᠭ ᠲᠤ ᠨᠢᠭᠡ ᠬᠡᠰᠡᠭ ᠨᠡᠮᠡᠪᠡ᠂ ᠲᠤᠬᠠᠶᠢᠯᠠᠪᠠᠯ ︽ᠭᠤᠷᠪᠠᠳᠤᠭᠠᠷ ᠬᠡᠰᠡᠭ ᠪᠠᠲᠤᠯᠠᠭ᠎ᠠ ᠶᠢᠨ | ᠲᠥᠬᠦᠭᠡᠷᠦᠮᠵᠢ ᠳᠤ ᠬᠡᠷᠡᠭᠯᠡᠬᠦ ᠭᠠᠵᠠᠷ ᠤᠨ ᠬᠡᠷᠡᠭᠴᠡᠭᠡ︾ ᠪᠣᠯᠣᠨ᠎ᠠ᠂ ᠠᠭᠤᠯᠭ᠎ᠠ ᠨᠢ ︽ᠤᠯᠠᠨ ᠨᠡᠶᠢᠲᠡ ᠶᠢᠨ | ᠦᠢᠯᠡᠴᠢᠯᠡᠭᠡᠨ ᠤ ᠪᠠᠶᠢᠭᠤᠯᠤᠮᠵᠢ ᠪᠠ ᠲᠥᠬᠦᠭᠡᠷᠦᠮᠵᠢ ᠳᠤ ᠬᠡᠷᠡᠭᠯᠡᠬᠦ ᠭᠠᠵᠠᠷ ᠢ ᠬᠤᠯᠪᠣᠭᠳᠠᠯ ᠪᠦᠬᠦᠢ | ᠲᠥᠯᠦᠪᠵᠢᠭᠦᠯᠭᠡ ᠪᠠ ᠭᠤᠣᠯᠳᠠᠯᠭ᠎ᠠ ᠲᠠᠢ ᠪᠠᠲᠤᠯᠠᠭ᠎ᠠ ᠶᠢᠨ ᠵᠦᠢᠯᠡᠰ ᠤᠨ ᠲᠣᠳᠣᠷᠬᠠᠢ ᠬᠠᠭᠤᠳᠠᠰᠤᠨ ᠳᠤ | ᠣᠷᠣᠭᠤᠯᠤᠨ ᠤᠷᠢᠳᠠᠪᠠᠷ ᠪᠠᠲᠤᠯᠠᠵᠤ᠂ ᠲᠠᠷᠢᠶᠠᠯᠠᠩ ᠳᠤ ᠬᠡᠷᠡᠭᠯᠡᠬᠦ ᠭᠠᠵᠠᠷ ᠢ ᠬᠤᠪᠢᠷᠠᠭᠤᠯᠤᠨ ᠬᠡᠷᠡᠭᠯᠡᠬᠦ ᠭᠦᠢᠴᠡᠳᠬᠡᠯ | ᠲᠤᠭ᠎ᠠ᠂ ᠰᠢᠨ᠎ᠡ ᠪᠠᠷ ᠨᠡᠮᠡᠭᠳᠡᠭᠰᠡᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠭᠦᠢᠴᠡᠳᠬᠡᠯ ᠲᠤᠭ᠎ᠠ ᠶᠢᠨ | ᠬᠤᠪᠢᠶᠠᠷᠢᠯᠠᠯᠲᠠ ᠳᠤ ᠵᠣᠬᠢᠰᠲᠠᠢ ᠪᠠᠷ ᠬᠡᠯᠪᠡᠶᠢᠯᠭᠡᠨ᠎ᠡ᠃ ᠨᠥᠬᠦᠴᠡᠯ ᠳᠤ ᠨᠡᠶᠢᠴᠡᠬᠦ ᠣᠯᠠᠨ ᠨᠡᠶᠢᠲᠡ ᠶᠢᠨ | ᠦᠢᠯᠡᠴᠢᠯᠡᠭᠡᠨ ᠤ ᠪᠡᠯᠡᠳᠬᠡᠮᠵᠢ ᠪᠠ ᠪᠠᠶᠢᠭᠤᠯᠤᠮᠵᠢ ᠶᠢᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ | ᠬᠤᠪᠢᠶᠠᠷᠢᠯᠠᠨ ᠰᠠᠯᠭᠠᠬᠤ ᠠᠷᠭ᠎ᠠ ᠮᠠᠶ᠋ᠢᠭ ᠢᠶᠠᠷ ᠪᠠᠲᠤᠯᠠᠵᠤ ᠪᠣᠯᠣᠨ᠎ᠠ᠃ ᠨᠡᠶᠢᠭᠡᠮ ᠲᠣᠭᠤᠷᠢᠭ ᠤᠨ ᠶᠡᠷᠦᠩᠬᠡᠶᠢᠯᠡᠭᠰᠡᠨ | ᠦᠢᠯᠡᠴᠢᠯᠡᠭᠡᠨ ᠤ ᠪᠡᠯᠡᠳᠬᠡᠮᠵᠢ ᠳᠤ ᠣᠷᠣᠨ ᠵᠠᠢ ᠨᠡᠭᠡᠭᠡᠨ ︿ᠨᠢᠭᠡ ᠨᠠᠰᠤᠲᠠᠨ ᠨᠢᠭᠡ ᠪᠠᠭ᠎ᠠ﹀ ᠵᠡᠷᠭᠡ ᠣᠯᠠᠨ | ᠨᠡᠶᠢᠲᠡ ᠶᠢᠨ ᠦᠢᠯᠡᠴᠢᠯᠡᠭᠡᠨ ᠳᠤ ᠬᠡᠷᠡᠭᠯᠡᠬᠦ ᠶᠢ ᠳᠡᠮᠵᠢᠵᠦ᠂ ᠨᠡᠶᠢᠲᠡ ᠶᠢᠨ ᠲᠦᠷᠢᠶᠡᠰᠦᠨ ᠬᠤᠭᠤᠰᠤᠨ ᠭᠡᠷ | ᠪᠠᠶᠢᠰᠢᠩ ᠢ ᠰᠦᠢᠳᠬᠡᠯ ᠬᠤᠷᠢᠶᠠᠬᠤ ᠦᠭᠡᠢ ᠪᠠᠷ ᠨᠡᠶᠢᠭᠡᠮ ᠤᠨ ᠬᠦᠴᠦᠨ ᠤ ᠨᠡᠶᠢᠭᠡᠮ ᠲᠣᠭᠤᠷᠢᠭ ᠲᠤ ᠬᠤᠭᠤᠯᠠ | ᠤᠮᠳᠠ ᠪᠠᠩᠬᠢ ᠳᠤ ᠲᠤᠰᠠᠯᠠᠬᠤ᠂ ᠡᠳᠦᠷ ᠲᠤᠲᠤᠮ ᠤᠨ ᠬᠠᠷᠠᠭᠠᠯᠵᠠᠯ ᠵᠡᠷᠭᠡ ᠦᠢᠯᠡᠴᠢᠯᠡᠭᠡ ᠥᠷᠨᠢᠭᠦᠯᠬᠦ ᠳᠤ | ᠬᠠᠩᠭᠠᠬᠤ ᠶᠢ ᠵᠥᠪᠰᠢᠶᠡᠷᠡᠬᠦ ᠶᠢ ᠬᠠᠶᠢᠨ ᠰᠦᠪᠡᠭᠴᠢᠯᠡᠨ᠎ᠡ᠃ ᠡᠯ᠎ᠡ ᠲᠥᠷᠥᠯ ᠤᠨ ᠭᠤᠣᠯ ᠴᠣᠭᠴᠠ ᠶᠢᠨ ᠦᠯᠡᠳᠡᠭᠡᠯ | ᠪᠦᠬᠦᠢ ᠳᠣᠣᠷ᠎ᠠ ᠠᠰᠢᠭᠯᠠᠮᠵᠢ ᠲᠠᠢ ᠭᠠᠵᠠᠷ ᠪᠠ ᠬᠤᠳᠠᠯᠳᠤᠭᠠᠨ ᠤ ᠦᠢᠯᠡᠴᠢᠯᠡᠭᠡᠨ ᠤ ᠬᠡᠷᠡᠭᠯᠡᠬᠦ ᠭᠠᠵᠠᠷ ᠵᠡᠷᠭᠡ ᠶᠢ | ᠠᠰᠢᠭᠯᠠᠨ ᠣᠯᠠᠨ ᠨᠡᠶᠢᠲᠡ ᠶᠢᠨ ᠦᠢᠯᠡᠴᠢᠯᠡᠭᠡ ᠥᠷᠨᠢᠭᠦᠯᠬᠦ ᠶᠢ ᠳᠡᠮᠵᠢᠵᠦ᠂ ᠣᠷᠣᠨ ᠨᠤᠲᠤᠭ ᠤᠨ ᠬᠠᠭᠤᠴᠢᠨ ᠪᠠ | ᠬᠠᠭᠤᠴᠢᠨ ᠲᠣᠭᠤᠷᠢᠭ ᠤᠨ ᠳᠣᠲᠣᠷᠠᠬᠢ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠭᠡᠷ ᠪᠠᠶᠢᠰᠢᠩ ᠪᠠ | ᠪᠡᠯᠡᠳᠬᠡᠮᠵᠢ ᠶᠢ ᠵᠣᠬᠢᠰᠲᠠᠢ ᠠᠷᠭ᠎ᠠ ᠮᠠᠶ᠋ᠢᠭ ᠢᠶᠠᠷ ᠵᠠᠰᠠᠭ ᠤᠨ ᠣᠷᠳᠣᠨ ᠳᠤ ᠰᠢᠯᠵᠢᠭᠦᠯᠦᠨ ᠲᠤᠰᠢᠶᠠᠵᠤ | ᠲᠥᠪᠯᠡᠷᠡᠭᠦᠯᠦᠨ ᠥᠭᠡᠷᠡᠴᠢᠯᠡᠵᠦ ᠣᠯᠠᠨ ᠨᠡᠶᠢᠲᠡ ᠶᠢᠨ ᠦᠢᠯᠡᠴᠢᠯᠡᠭᠡᠨ ᠤ ᠰᠠᠭᠤᠷᠢ ᠪᠡᠯᠡᠳᠬᠡᠮᠵᠢ ᠶᠢᠨ ᠪᠦᠲᠦᠭᠡᠨ | ᠪᠠᠶᠢᠭᠤᠯᠤᠯᠲᠠ ᠳᠤ ᠬᠡᠷᠡᠭᠯᠡᠬᠦ ᠶᠢ ᠬᠠᠶᠢᠨ ᠰᠦᠪᠡᠭᠴᠢᠯᠡᠬᠦ ᠶᠢ ᠵᠣᠷᠢᠭᠵᠢᠭᠤᠯᠤᠨ᠎ᠠ︾ ᠭᠡᠵᠡᠢ᠃ | | | 2022 ᠣᠨ ᠤ 8 ᠰᠠᠷ᠎ᠠ ᠶᠢᠨ 17 ᠤ ᠡᠳᠣᠷ | | | | | | | | | |