ᠬᠠᠶᠢᠨᠠᠨ ᠲᠤᠭᠤᠷᠢᠭ᠄ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠶᠢ ᠯᠠᠪᠳᠠᠭᠤᠨ ᠢᠶᠠᠷ ᠠᠬᠢᠭᠤᠯᠤᠨ᠎ᠠ
ᠨᠡᠶᠢᠲᠡᠯᠡᠭᠰᠡᠨ ᠴᠠᠭ᠄
2022/2/16
     103 ᠬᠤᠰᠢᠭᠤ ᠰᠢᠶᠠᠨ ︵ᠬᠤᠲᠠ ᠲᠣᠭᠤᠷᠢᠭ︶ ᠤ 2022 ᠣᠨ ᠤ ᠲᠣᠮᠣ ᠬᠡᠯᠪᠡᠷᠢ ᠶᠢᠨ ᠭᠤᠣᠯ ᠰᠡᠳᠦᠪᠲᠦ ᠳᠠᠮᠵᠢᠭᠤᠯᠭ᠎ᠠ ᠶᠢᠨ ᠠᠵᠢᠯᠯᠠᠭ᠎ᠠ 1 ᠳ᠋ᠣᠭᠡᠷ ᠰᠠᠷ᠎ᠠ ᠶᠢᠨ 18 ᠤ ᠡᠳᠦᠷ ᠠᠴᠠ ᠡᠬᠢᠯᠡᠪᠡ᠃ ᠲᠤᠰ ᠠᠵᠢᠯᠯᠠᠭ᠎ᠠ ᠶᠢ ᠥᠪᠥᠷ ᠮᠣᠩᠭᠤᠯ ᠤᠨ ᠡᠳᠦᠷ ᠤᠨ ᠰᠣᠨᠢᠨ ᠤ ᠬᠤᠷᠢᠶ᠎ᠠ ᠠᠴᠠ ᠭᠤᠣᠯᠯᠠᠨ ᠡᠷᠬᠢᠯᠡᠵᠦ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ᠂ ᠥᠪᠡᠷᠲᠡᠭᠡᠨ ᠵᠠᠰᠠᠬᠤ ᠣᠷᠣᠨ ᠤ ᠡᠪ ᠬᠠᠮᠲᠤ ᠵᠠᠯᠠᠭᠤᠴᠤᠳ ᠤᠨ ᠡᠪᠯᠡᠯ ᠤᠨ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ᠂ ᠥᠪᠡᠷᠲᠡᠭᠡᠨ ᠵᠠᠰᠠᠬᠤ ᠣᠷᠣᠨ ᠤ ᠰᠣᠶᠣᠯ‌ᠵᠢᠭᠤᠯᠴᠢᠯᠠᠯ ᠤᠨ ᠲᠢᠩᠬᠢᠮ᠂ ᠥᠪᠡᠷᠲᠡᠭᠡᠨ ᠵᠠᠰᠠᠬᠤ ᠣᠷᠣᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ᠂ ᠥᠪᠥᠷ ᠮᠣᠩᠭᠤᠯ ᠤᠨ ᠶᠡᠭᠡ ᠰᠤᠷᠭᠠᠭᠤᠯᠢ᠂ ᠪᠦᠬᠦ ᠣᠷᠣᠨ ᠤ 103 ᠬᠤᠰᠢᠭᠤ ᠰᠢᠶᠠᠨ ︵ᠬᠤᠳᠠ ᠲᠣᠭᠤᠷᠢᠭ︶ ᠤ ᠬᠠᠮ ᠵᠠᠭᠤᠴᠢᠯᠠᠭᠤᠷ ᠤᠨ ᠲᠥᠪ᠂ ᠢ ᠯᠢ ᠪᠦᠯᠦᠭᠯᠡᠯ ᠬᠠᠮᠲᠤᠪᠠᠷ ᠶᠠᠪᠤᠭᠳᠠᠭᠤᠯᠵᠠᠢ᠃ ᠠᠵᠢᠯᠯᠠᠭ᠎ᠠ ᠨᠢ ︽ᠠᠮᠢ ᠠᠬᠤᠢ ᠶᠢ ᠲᠡᠷᠢᠭᠦᠨ ᠳᠤ ᠲᠠᠯᠪᠢᠬᠤ ᠪᠣᠬᠢᠷᠳᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠭᠤᠶᠢᠪᠢᠰᠢ ᠦᠭᠡᠢ ᠵᠠᠮᠨᠠᠵᠤ᠂ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠰᠢᠨ᠎ᠡ ᠠᠶᠠᠨ ᠵᠠᠮ ᠳᠤ ᠥᠪᠥᠷ ᠮᠣᠩᠭᠤᠯ ᠤᠨ ᠬᠥᠭᠵᠢᠯᠲᠡ ᠶᠢᠨ ᠰᠢᠨ᠎ᠡ ᠬᠠᠭᠤᠳᠠᠰᠤ ᠶᠢ ᠪᠢᠴᠢᠭᠯᠡᠶ᠎ᠡ︾ ᠭᠡᠬᠦ ᠭᠤᠣᠯ ᠰᠡᠳᠦᠪ ᠪᠤᠯᠭᠠᠨ᠂ ︽ᠲᠠᠯ᠎ᠠ ᠨᠤᠲᠤᠭ ᠤᠨ ᠴᠡᠴᠡᠭ ᠳᠡᠯᠭᠡᠷᠡᠬᠦ ᠠᠷᠪᠠᠨ ᠬᠤᠶᠠᠷ ᠰᠠᠷ᠎ᠠ︾  ᠪᠠᠷ ᠭᠤᠣᠯ ᠰᠢᠵᠢᠮ ᠪᠣᠯᠭᠠᠵᠤ᠂ ᠮᠠᠨ ᠤ ᠣᠷᠣᠨ ᠤ ᠡᠯ᠎ᠡ ᠭᠠᠵᠠᠷ ᠤᠨ ᠪᠣᠳᠠᠲᠤ ᠠᠵᠢᠯᠯᠠᠭ᠎ᠠ ᠪᠠᠷ ᠢᠶᠠᠨ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠪᠣᠯᠣᠨ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠣᠳᠠᠭᠠᠨ ᠤ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠪᠠᠶᠠᠷᠯᠠᠨ ᠤᠭᠲᠤᠬᠤ ᠶᠢᠨ ᠲᠣᠭᠤᠷᠢᠨ ᠳᠤ ᠪᠥᠬᠦ ᠲᠠᠯ᠎ᠠ ᠪᠠᠷ ᠮᠡᠳᠡᠭᠡᠯᠡᠪᠡ᠃
     1 ᠳ᠋ᠣᠭᠡᠷ ᠰᠠᠷ᠎ᠠ ᠳᠤ᠂ ᠠᠵᠢᠯᠯᠠᠭ᠎ᠠ ᠶᠢᠨ ᠭᠤᠣᠯ ᠰᠡᠳᠦᠪ ᠨᠢ ︽ᠤᠯᠠᠭᠠᠨ ᠲᠡᠷᠢᠭᠦᠯᠡᠭᠴᠢ ᠴᠡᠴᠡᠭ ᠳᠡᠯᠭᠡᠷᠡᠨ᠎ᠡ ︾᠂ ︽ᠣᠮᠣᠭᠯᠠᠩ ᠴᠠᠰᠤᠨ ᠳᠤ  ᠳᠡᠯᠭᠡᠷᠡᠵᠦ᠂ ᠬᠦᠴᠦᠷᠬᠡᠭᠵᠢᠬᠦ ᠪᠠᠷ ᠬᠦᠴᠦᠯᠡᠨ ᠴᠢᠷᠮᠠᠶᠢᠨ᠂ ᠲᠡᠷᠢᠭᠦᠨ ᠳᠤ ᠣᠷᠣᠬᠤ ᠪᠠᠷ ᠡᠷᠡᠯᠬᠡᠭᠯᠡᠨ ᠲᠡᠮᠡᠴᠡᠨ᠎ᠡ︾ ᠭᠡᠰᠡᠨ ᠤᠳᠬ᠎ᠠ ᠲᠠᠢ ᠪᠠᠶᠢᠵᠤ᠂ ᠬᠤᠰᠢᠭᠤ ᠰᠢᠶᠠᠨ ︵ᠬᠤᠲᠠ ᠲᠣᠭᠤᠷᠢᠭ︶ ᠤ ᠤᠳᠤᠷᠢᠳᠤᠯᠭ᠎ᠠ ᠶᠢ ᠤᠷᠢᠵᠤ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ᠂ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠣᠳᠠᠭᠠᠨ ᠤ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠶᠢᠨ ᠲᠣᠭᠤᠷᠢᠨ ᠳᠤ᠂ ᠬᠥᠭᠵᠢᠯᠲᠡ ᠶᠢᠨ ᠰᠢᠨ᠎ᠡ ᠰᠡᠳᠬᠢᠴᠡ᠂ ᠰᠢᠨ᠎ᠡ ᠲᠥᠯᠦᠪᠵᠢᠭᠦᠯᠭᠡ ᠶᠢ ᠠᠭᠤᠵᠢᠷᠠᠲᠠᠯ᠎ᠠ ᠶᠠᠷᠢᠯᠴᠠᠵᠤ᠂ ᠲᠣᠰ ᠭᠠᠵᠠᠷ ᠣᠷᠣᠨ ᠤ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠬᠠᠭᠤᠳᠠᠰᠤ ᠶᠢ ᠪᠢᠴᠢᠭᠯᠡᠬᠦ ᠪᠣᠳᠠᠲᠠᠢ ᠠᠷᠭ᠎ᠠ ᠬᠡᠮᠵᠢᠶ᠎ᠡ ᠶᠢ ᠠᠭᠤᠵᠢᠷᠠᠲᠠᠯ᠎ᠠ ᠶᠠᠷᠢᠯᠴᠠᠪᠠ᠃      2022 ᠣᠨ ᠪᠣᠯ ᠨᠠᠮ ᠤᠨ ᠬᠤᠷᠢᠳᠤᠭᠠᠷ ᠶᠡᠭᠡ ᠬᠤᠷᠠᠯ ᠢ ᠬᠤᠷᠠᠯᠳᠤᠭᠤᠯᠬᠤ ᠵᠢᠯ ᠮᠥᠨ᠂ ᠪᠠᠰᠠ ᠴᠤ ᠨᠡᠶᠢᠭᠡᠮ ᠵᠢᠷᠤᠮ ᠤᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢ ᠪᠦᠬᠦ ᠲᠠᠯ᠎ᠠ ᠪᠠᠷ ᠲᠦᠯᠬᠢᠨ ᠠᠬᠢᠭᠤᠯᠬᠤ ᠪᠠ ︽ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠦᠪᠵᠢᠭᠦᠯᠭᠡ︾ ᠶᠢ ᠬᠡᠷᠡᠭᠵᠢᠭᠦᠯᠬᠦ ᠵᠠᠩᠭᠢᠯᠠᠭ᠎ᠠ ᠶᠢᠨ ᠵᠢᠯ ᠮᠥᠨ᠃ ᠦᠬᠠᠢ ᠬᠤᠲᠠ ᠶᠢᠨ ᠬᠠᠶᠢᠨᠠᠨ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠢᠦᠢ ᡁᠢ ᠶᠦᠩ ᠰᠣᠷᠪᠤᠯᠵᠢᠯᠠᠭ᠎ᠠ ᠬᠦᠯᠢᠶᠡᠬᠦ ᠳᠡᠭᠡᠨ ᠬᠡᠯᠡᠭᠰᠡᠨ ᠨᠢ᠂ ᠬᠠᠶᠢᠨᠠᠨ ᠲᠣᠭᠤᠷᠢᠭ ᠤᠨ ᠬᠢᠨ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠪᠣᠯᠣᠨ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠣᠳᠠᠭᠠᠨ ᠤ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ  ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠦᠬᠠᠢ ᠬᠤᠳᠠ ᠶᠢᠨ ᠨᠠᠢᠮᠠᠳᠤᠭᠠᠷ ᠣᠳᠠᠭᠠᠨ ᠤ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︽ᠲᠣᠭᠲᠠᠭᠤᠨ︾ ᠢ ᠲᠡᠷᠢᠭᠦᠨ ᠳᠤ ᠲᠠᠯᠪᠢᠬᠤ᠂ ︽ᠤᠷᠤᠭᠰᠢᠯᠠᠬᠤ︾ ᠪᠠᠷ ᠳᠠᠷᠣᠯᠲᠠ ᠪᠤᠯᠭᠠᠨ᠂ ︽ᠠᠵᠢᠯᠯᠠᠬᠤ︾ ᠪᠠᠷ ᠭᠤᠣᠯᠳᠠᠯᠭ᠎ᠠ ᠪᠣᠯᠭᠠᠬᠤ ᠶᠢ ᠪᠠᠷᠢᠮᠲᠠᠯᠠᠵᠤ᠂ ᠬᠤᠷᠸ᠎ᠠ ᠠᠵᠤ ᠠᠬᠤᠢ ᠶᠢ ᠲᠣᠭᠲᠠᠪᠤᠷᠢᠵᠢᠭᠤᠯᠬᠤ ᠬᠠᠷᠢᠭᠤᠴᠠᠯᠭ᠎ᠠ ᠶᠢ ᠪᠦᠬᠦ ᠲᠠᠯ᠎ᠠ ᠪᠠᠷ ᠰᠠᠶᠢᠲᠤᠷ ᠨᠠᠶᠢᠳᠠᠪᠤᠷᠢᠵᠢᠭᠤᠯᠤᠨ᠂ ᠢᠲᠡᠭᠡᠯ ᠵᠣᠷᠢᠭ ᠢᠶᠠᠨ ᠪᠠᠲᠤᠳᠬᠠᠵᠤ᠂ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ᠡᠯ᠎ᠡ ᠵᠦᠢᠯ ᠤᠨ ᠠᠵᠢᠯ ᠤᠨ ᠨᠡᠩ ᠰᠠᠶᠢᠨ ᠦᠷ᠎ᠡ ᠪᠦᠲᠦᠮᠵᠢ ᠣᠯᠬᠤ ᠶᠢ ᠪᠦᠬᠦ ᠬᠦᠴᠦᠨ ᠢᠶᠠᠷ ᠢᠶᠠᠨ ᠠᠬᠢᠭᠤᠯᠤᠨ᠎ᠠ ᠭᠡᠪᠡ᠃
     ᠨᠢᠭᠡ ᠳᠤ ᠠᠮᠢ ᠠᠬᠤᠢ ᠶᠢᠨ ᠣᠷᠴᠢᠨ ᠲᠤᠭᠤᠷᠢᠨ ᠤ ᠬᠠᠮᠠᠭᠠᠯᠠᠯᠲᠠ ᠶᠢ ᠴᠢᠩᠭᠠᠳᠬᠠᠨ᠎ᠠ᠃ ᠬᠠᠲᠤᠨ ᠭᠤᠣᠯ   ᠤᠨ ᠥᠪᠥᠷ ᠮᠣᠩᠭᠤᠯ ᠳᠤ ᠣᠷᠣᠭᠤᠯᠬᠤ ᠠᠩᠬᠠᠨ ᠤ ᠥᠷᠲᠡᠭᠡ ᠠᠩᠬᠠᠨ ᠤ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠶᠢ ᠯᠠᠪᠳᠠᠭᠤᠨ ᠢᠶᠠᠷ ᠠᠬᠢᠭᠤᠯᠤᠨ᠂ ᠠᠭᠤᠷᠬᠠᠢ᠂ ᠠᠵᠤ ᠠᠬᠤᠶᠢᠯᠠᠯ᠂ ᠤᠰᠤ᠂ ᠲᠡᠷᠭᠡ᠂ ᠵᠠᠮ᠂ ᠬᠡᠢ᠂ ᠲᠠᠯᠠᠪᠠᠶ ᠶᠢ ᠵᠠᠰᠠᠬᠤ ︽ᠳᠣᠯᠤᠭ᠎ᠠ ᠶᠢ ᠵᠠᠰᠠᠬᠤ︾ ᠡᠭᠦᠷᠭᠡ ᠶᠢ ᠨᠢᠭᠡ ᠴᠣᠭᠴᠠᠵᠢᠭᠤᠯᠤᠨ ᠠᠬᠢᠭᠤᠯᠤᠨ᠎ᠠ᠃ ︽ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠦᠪᠵᠢᠭᠦᠯᠭᠡ︾ ᠶᠢᠨ ᠬᠤᠭᠤᠴᠠᠭᠠᠨ ᠳᠤ ᠪᠣᠬᠢᠷᠳᠤᠯ ᠢ ᠵᠠᠰᠠᠬᠤ 300 ᠲᠥᠷᠥᠯ ᠵᠦᠢᠯ ᠢ ᠬᠡᠷᠡᠭᠵᠢᠭᠦᠯᠬᠦ ᠪᠠᠷ ᠲᠥᠯᠥᠪᠯᠡᠵᠦ᠂ ᠪᠣᠬᠢᠷᠳᠤᠯ ᠦᠭᠡᠢ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠶᠢᠨ ᠠᠵᠢᠯᠯᠠᠭ᠎ᠠ ᠶᠢ ᠲᠦᠷᠭᠡᠳᠬᠡᠨ ᠠᠬᠢᠭᠤᠯᠵᠤ᠂ ᠡᠯ ᠬᠦᠶ ᠭᠧᠦ᠂ ᠬᠦᠵᠦᠭᠦᠪᠴᠢᠨ ᠰᠢᠯᠢ ᠭᠠᠵᠠᠷ ᠣᠷᠣᠨ ᠤ ᠣᠷᠴᠢᠨ ᠲᠣᠭᠤᠷᠢᠨ ᠢ ᠵᠠᠰᠠᠬᠤ ᠪᠠ ᠠᠮᠢ ᠠᠬᠤᠢ ᠶᠢ ᠰᠡᠷᠭᠦᠭᠡᠬᠦ ᠢᠨᠵᠧᠨᠧᠷᠢᠩ ᠢ ᠭᠦᠨᠵᠡᠭᠡᠢ ᠬᠡᠷᠡᠭᠵᠢᠭᠦᠯᠦᠨ᠂ ᠬᠠᠶᠢᠨᠠᠨ  ᠲᠤᠭᠤᠷᠢᠭ ᠤᠨ 42 ᠠᠭᠤᠷᠬᠠᠢ ᠶᠢ ᠪᠦᠬᠦᠨ ᠢ ᠪᠣᠬᠢᠷᠳᠤᠯ ᠦᠭᠡᠢ ᠠᠭᠤᠷᠬᠠᠢ ᠪᠣᠯᠭᠠᠨ ᠪᠦᠲᠦᠭᠡᠨ ᠪᠠᠶᠢᠭᠤᠯᠬᠤ ᠶᠢ ᠦᠨᠡᠨᠬᠦ ᠪᠠᠲᠤᠯᠠᠨ᠎ᠠ᠃      ᠬᠤᠶᠠᠷ ᠲᠤ ᠠᠵᠤ ᠦᠢᠯᠡᠰ ᠤᠨ ᠬᠡᠯᠪᠡᠷᠢ ᠶᠢᠨ ᠬᠤᠪᠢᠷᠠᠭᠤᠯᠤᠯᠲᠠ ᠶᠢ ᠲᠦᠷᠭᠡᠪᠴᠢᠯᠡᠨ ᠠᠬᠢᠭᠤᠯᠬᠤ ᠬᠡᠷᠡᠭᠲᠡᠢ᠃ ᠤᠯᠠᠮᠵᠢᠯᠠᠯᠲᠤ ᠠᠵᠤ ᠦᠢᠯᠡᠰ ᠢ ᠪᠠᠬᠢᠵᠢᠭᠦᠯᠦᠨ ᠳᠡᠭᠡᠭᠰᠢᠯᠡᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠬᠡᠦᠷᠰᠢᠭᠦᠯᠬᠦ ᠠᠵᠤ ᠦᠢᠯᠡᠰ ᠢ ᠡᠮᠬᠢᠯᠡᠨ ᠨᠡᠶᠢᠯᠡᠭᠦᠯᠵᠦ ᠳᠠᠬᠢᠨ ᠵᠣᠬᠢᠶᠠᠨ ᠪᠠᠶᠢᠭᠤᠯᠵᠤ ᠲᠠᠰ ᠳᠡᠪᠰᠢᠭᠦᠯᠬᠦ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠨ᠎ᠠ᠃ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠢ ᠨᠠᠷᠢᠯᠢᠭ ᠬᠢᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠷᠦᠩ ᠰᠢᠨ ᠪᠤᠨᠽᠥᠨ ᠳᠤ ᠤᠰᠤᠲᠥ᠋ᠷᠥᠭᠴᠢ ᠨᠡᠮᠡᠬᠦ᠂ ᠳ᠋ᠧ ᠷᠦᠢ ᠤᠤᠯ ᠡᠮ ᠤᠨ ᠦᠢᠯᠡᠳᠪᠦᠷᠢᠯᠡᠯ ᠤᠨ ᠱᠤᠭᠤᠮ ᠵᠡᠷᠭᠡ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠤᠨ᠎ᠠ᠃ ᠰᠢᠨ᠎ᠡ ᠡᠨᠧᠷᠭᠢ ᠶᠢᠨ ᠠᠵᠤ ᠦᠢᠯᠡᠰ ᠢ ᠪᠣᠶᠢᠵᠢᠭᠤᠯᠤᠨ ᠪᠤᠵᠠᠭᠠᠶᠢᠷᠠᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠳ᠋ᠠ ᠲᠠᠩ ᠬᠡᠷᠡᠯ ᠸᠢᠯᠲ᠂ ᠦᠬᠠᠢ ᠶᠢᠨ ᠡᠨᠧᠷᠭᠢ ᠶᠢᠨ ᠬᠡᠷᠡᠯ ᠸᠢᠯᠲ ᠵᠡᠷᠭᠡ ᠲᠥᠷᠥᠯ ᠵᠦᠢᠯ ᠢ ᠡᠷᠲᠡᠬᠡᠨ ᠨᠠᠶᠢᠳᠠᠪᠤᠷᠢᠵᠢᠭᠤᠯᠤᠨ ᠠᠵᠢᠯ ᠡᠬᠢᠯᠡᠭᠦᠯᠬᠦ ᠶᠢ ᠠᠬᠢᠭᠤᠯᠵᠤ᠂ ᠳᠡᠭᠡᠳᠦ ᠲᠠᠰ ᠤᠨ᠂ ᠣᠶᠤᠨᠴᠢᠯᠠᠭᠰᠠᠨ᠂ ᠪᠣᠬᠢᠷᠳᠤᠯ ᠦᠭᠡᠢ ᠣᠲᠣ ᠦᠶ᠎ᠡ ᠶᠢᠨ ᠠᠵᠤ ᠦᠢᠯᠡᠳᠪᠦᠷᠢ ᠶᠢᠨ ᠠᠵᠤ ᠠᠬᠤᠢ ᠶᠢ ᠬᠦᠴᠦᠯᠡᠨ ᠬᠥᠭᠵᠢᠭᠦᠯᠦᠨ᠎ᠡ᠃      ᠭᠤᠷᠪᠠ ᠳᠤ᠂ ᠬᠤᠳᠠ ᠬᠥᠳᠡᠭᠡ ᠶᠢᠨ ᠠᠭᠤᠰᠤᠯᠴᠠᠨ ᠬᠥᠭᠵᠢᠬᠦ ᠶᠢ ᠨᠢᠭᠡᠳᠦᠯᠲᠡᠢ ᠲᠦᠯᠦᠪᠵᠢᠭᠦᠯᠦᠨ᠎ᠡ᠃ ᠬᠤᠳᠠ ᠶᠢᠨ ᠰᠢᠨᠡᠴᠢᠯᠡᠯᠲᠡ ᠶᠢᠨ ᠠᠵᠢᠯᠯᠠᠭ᠎ᠠ ᠶᠢ ᠶᠡᠬᠡᠪᠡᠷ ᠬᠡᠷᠡᠭᠵᠢᠭᠦᠯᠵᠦ᠂ ᠣᠷᠣᠨ ᠪᠦᠰᠡ ᠶᠢᠨ ᠴᠢᠳᠠᠮᠵᠢ ᠶᠢᠨ ᠪᠠᠶᠢᠷᠢᠰᠢᠯ ᠢ ᠰᠢᠯᠢᠳᠡᠭᠵᠢᠭᠦᠯᠦᠨ᠂ 16 ᠬᠠᠭᠤᠴᠢᠨ ᠵᠢᠵᠢᠭ ᠲᠣᠭᠤᠷᠢᠭ ᠤᠨ ᠥᠭᠡᠷᠡᠴᠢᠯᠡᠯᠲᠡ ᠶᠢ ᠲᠦᠷᠭᠡᠪᠴᠢᠯᠡᠨ ᠠᠬᠢᠭᠤᠯᠵᠤ᠂ ᠵᠠᠰᠠᠮᠠᠯ ᠵᠠᠮ ᠤᠨ ᠵᠠᠮ ᠬᠠᠷᠢᠯᠴᠠᠭᠠᠨ ᠤ ᠰᠢᠰᠲ᠋ᠧᠮ ᠤᠨ ᠪᠠᠶᠢᠭᠤᠯᠤᠯᠲᠠ ᠶᠢ ᠲᠡᠭᠦᠯᠳᠡᠷᠵᠢᠭᠦᠯᠦᠨ ᠳᠡᠭᠡᠭᠰᠢᠯᠡᠭᠦᠯᠵᠦ᠂ ᠬᠤᠳᠠ ᠶᠢᠨ ᠠᠵᠢᠯᠯᠠᠭᠠᠨ ᠤ ᠪᠠᠲᠤᠯᠠᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠦᠨ᠎ᠡ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠭᠦᠨᠵᠡᠭᠡᠢ ᠠᠬᠢᠭᠤᠯᠵᠤ᠂ 2025 ᠣᠨ ᠪᠣᠯᠬᠤ ᠳᠤ᠂ 1 ᠲᠠᠷᠢᠶᠠᠯᠠᠩ ᠤᠨ ᠠᠵᠤ ᠦᠢᠯᠡᠰᠵᠢᠯᠲᠡ ᠶᠢᠨ ᠬᠤᠯᠪᠣᠭᠠᠲᠤ ᠴᠣᠭᠴᠠ ᠶᠢ ᠪᠣᠶᠢᠵᠢᠭᠤᠯᠵᠤ᠂ 1 ᠥᠪᠡᠷᠲᠡᠭᠡᠨ ᠵᠠᠰᠠᠬᠤ ᠣᠷᠣᠨ ᠤ ᠳᠡᠰ ᠤᠨ ᠵᠢᠱᠢᠶ᠎ᠡ ᠦᠵᠡᠭᠦᠯᠬᠦ ᠬᠤᠯᠪᠣᠭᠠᠲᠤ ᠴᠣᠭᠴᠠ ᠶᠢ ᠪᠠᠶᠢᠭᠤᠯᠵᠤ᠂ ᠲᠠᠷᠢᠶᠠᠯᠠᠬᠤ ᠣᠷᠣᠨ ᠤ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠵᠤ ᠳᠡᠭᠡᠭᠰᠢᠯᠡᠭᠦᠯᠬᠦ ᠲᠠᠪᠤᠨ ᠵᠢᠯ ᠤᠨ ᠠᠵᠢᠯᠯᠠᠭ᠎ᠠ ᠶᠢ ᠭᠦᠨᠵᠡᠭᠡᠢ ᠬᠡᠷᠡᠭᠵᠢᠭᠦᠯᠵᠦ᠂ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠵᠢᠱᠢᠶ᠎ᠡ ᠦᠵᠡᠭᠦᠯᠬᠦ ᠣᠷᠣᠨ ᠢ ᠴᠣᠭᠴᠠᠯᠠᠬᠤ ᠪᠠᠷ ᠴᠢᠷᠮᠠᠶᠢᠨ᠎ᠠ᠃      ᠳᠥᠷᠪᠡ ᠳᠤ᠂ ᠬᠦᠴᠦ ᠪᠠᠨ ᠬᠠᠮᠲᠤᠳᠬᠠᠨ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ ᠨᠡᠮᠡᠭᠳᠡᠭᠦᠯᠦᠨ᠎ᠡ᠃ᠣᠯᠠᠨ ᠨᠡᠶᠢᠲᠡ ᠶᠢᠨ ᠦᠢᠯᠡᠴᠢᠯᠡᠭᠡᠨ ᠤ ᠬᠢᠷᠢ ᠬᠡᠮᠵᠢᠶ᠎ᠡ ᠶᠢ ᠦᠷᠭᠦᠯᠵᠢᠯᠡᠨ ᠰᠢᠯᠢᠳᠡᠭᠵᠢᠭᠦᠯᠵᠦ᠂ ᠶᠢᠰᠦᠨ ᠵᠢᠯ ᠤᠨ ᠳᠦᠷᠢᠮᠲᠦ ᠰᠤᠷᠭᠠᠭᠤᠯᠢ ᠶᠢᠨ ᠪᠦᠲᠦᠭᠡᠨ ᠪᠠᠶᠢᠭᠤᠯᠤᠯᠲᠠ ᠶᠢ ᠢᠳᠡᠪᠬᠢᠲᠡᠢ ᠪᠠᠷ ᠠᠬᠢᠭᠤᠯᠤᠨ᠂ ︽ᠲᠤᠭᠤᠷᠢᠭ ᠠᠴᠠ ᠬᠠᠮᠢᠶᠠᠷᠴᠤ ᠰᠤᠷᠭᠠᠭᠤᠯᠢ ᠠᠴᠠ ᠤᠷᠢᠬᠤ︾ ᠥᠭᠡᠷᠡᠴᠢᠯᠡᠯᠲᠡ ᠶᠢ ᠪᠥᠬᠦ ᠲᠠᠯ᠎ᠠ ᠪᠠᠷ ᠠᠬᠢᠭᠤᠯᠵᠤ᠂ ᠡᠮᠨᠡᠬᠦ ᠪᠠ ᠰᠤᠪᠢᠯᠠᠬᠤ ᠶᠢ ᠤᠶᠠᠯᠳᠤᠭᠤᠯᠬᠤ ᠰᠢᠨ᠎ᠡ ᠵᠠᠭᠪᠤᠷ ᠢ ᠦᠷᠭᠦᠯᠵᠢᠯᠡᠨ ᠥᠷᠭᠡᠳᠬᠡᠨ᠂ ᠬᠢᠲᠠᠳ ᠮᠣᠩᠭᠤᠯ ᠤᠨ ᠡᠮᠨᠡᠯᠭᠡ ᠶᠢᠨ ᠬᠤᠷᠢᠶ᠎ᠠ ᠶᠢ ᠲᠦᠷᠭᠡᠳᠬᠡᠨ ᠪᠠᠶᠢᠭᠤᠯᠵᠤ᠂ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠰᠠᠭᠤᠷᠢ ᠶᠢ ᠦᠨᠡᠨᠬᠦ ᠪᠠᠲᠤᠳᠬᠠᠨ᠎ᠠ᠃ ᠨᠡᠶᠢᠭᠡᠮ ᠤᠨ ᠵᠠᠰᠠᠯᠲᠠ ᠶᠢᠨ ᠵᠠᠭᠪᠤᠷ ᠤᠨ ᠰᠢᠨ᠎ᠡ ᠶᠢ ᠡᠭᠦᠳᠴᠦ᠂ ᠬᠤᠲᠠ ᠶᠢᠨ ᠬᠡᠪᠴᠢᠶᠡᠨ ᠳᠠᠬᠢ ᠨᠡᠶᠢᠭᠡᠮ ᠤᠨ ᠵᠠᠰᠠᠯᠲᠠ ᠶᠢᠨ ᠲᠤᠷᠰᠢᠯᠲᠠ ᠶᠢᠨ ᠡᠭᠦᠷᠭᠡ ᠶᠢ ᠪᠥᠬᠦ ᠲᠠᠯ᠎ᠠ ᠪᠠᠷ ᠪᠡᠶᠡᠯᠡᠭᠦᠯᠦᠨ᠂ ᠨᠡᠶᠢᠭᠡᠮ ᠤᠨ ᠵᠥᠷᠢᠴᠡᠯ ᠵᠢᠭᠤᠷᠠᠯᠳᠤᠭᠠᠨ ᠢ ᠣᠯᠠᠨ ᠡᠰᠢᠵᠢᠭᠦᠯᠦᠨ ᠰᠡᠷᠭᠡᠶᠢᠯᠡᠬᠦ ᠡᠶᠡᠳᠡᠭᠦᠯᠦᠨ ᠰᠢᠢᠳᠪᠦᠷᠢᠯᠡᠬᠦ ᠪᠠ ᠠᠷᠢᠯᠭᠠᠬᠤ ᠲᠣᠭᠲᠠᠴᠠ ᠶᠢ ᠲᠡᠭᠦᠯᠳᠡᠷᠵᠢᠭᠦᠯᠦᠨ᠂ ᠡᠯ᠎ᠡ ᠲᠥᠷᠥᠯ ᠤᠨ ᠠᠶᠤᠯ ᠲᠦᠭᠰᠢᠭᠦᠷᠢ ᠶᠢ ᠢᠳᠡᠪᠬᠢᠲᠡᠢ ᠪᠥᠭᠡᠳ ᠯᠠᠪᠳᠠᠭᠤᠨ ᠢᠶᠠᠷ ᠠᠷᠢᠯᠭᠠᠵᠤ᠂ ᠬᠤᠲᠠ ᠶᠢᠨ ᠬᠥᠭᠵᠢᠯᠲᠡ ᠶᠢᠨ ᠠᠮᠤᠷ ᠲᠦᠪᠰᠢᠨ ᠤ ᠰᠠᠭᠤᠷᠢ ᠥᠩᠭᠡ ᠶᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃      ᠲᠠᠪᠤ ᠳᠤ ᠨᠠᠮ ᠤᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠨ᠎ᠠ᠃ ᠨᠠᠮ ᠤᠨ ᠤᠯᠤᠰ ᠲᠦᠷᠦ ᠶᠢᠨ ᠪᠠᠶᠢᠭᠤᠯᠤᠯᠲᠠ ᠪᠠᠷ ᠶᠡᠷᠦᠩᠬᠡᠢ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠰᠢᠨ᠎ᠡ ᠴᠠᠭ ᠦᠶ᠎ᠡ ᠶᠢᠨ ᠨᠠᠮ ᠤᠨ ᠪᠠᠶᠢᠭᠤᠯᠤᠯᠲᠠ ᠶᠢᠨ ᠶᠡᠷᠦᠩᠬᠡᠢ ᠱᠠᠭᠠᠷᠳᠠᠯᠭ᠎ᠠ ᠪᠣᠯᠣᠨ ᠨᠠᠮ ᠤᠨ ᠵᠣᠬᠢᠶᠠᠨ ᠪᠠᠶᠢᠭᠤᠯᠤᠯᠲᠠ ᠶᠢᠨ ᠱᠤᠭᠤᠮ ᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠲᠤᠭ ᠲᠡᠮᠳᠡᠭ ᠲᠣᠳᠣᠷᠬᠠᠢ ᠪᠠᠷ ᠤᠯᠤᠰ ᠲᠦᠷᠦ ᠶᠢ ᠡᠷᠬᠢᠮᠯᠡᠬᠦ ᠱᠠᠭᠠᠷᠳᠠᠯᠭ᠎ᠠ ᠶᠢ ᠦᠨᠡᠨᠬᠦ ᠪᠣᠳᠠᠲᠠᠢ ᠳᠤ ᠨᠠᠶᠢᠳᠠᠪᠤᠷᠢᠵᠢᠭᠤᠯᠤᠨ᠎ᠠ᠃ ᠤᠨᠤᠯ ᠢᠶᠠᠷ ᠵᠡᠪᠰᠡᠭᠯᠡᠬᠦ ᠶᠢ ᠦᠷᠭᠦᠯᠵᠢᠯᠡᠨ ᠴᠢᠩᠭᠠᠳᠬᠠᠵᠤ᠂ ᠠᠷᠭ᠎ᠠ ᠬᠡᠯᠪᠡᠷᠢ ᠶᠢᠨ ᠠᠴᠢᠶᠠᠯᠠᠪᠤᠷᠢ ᠶᠢᠨ ᠰᠢᠨ᠎ᠡ ᠶᠢ ᠦᠨᠡᠨᠬᠦ ᠡᠭᠦᠳᠴᠦ᠂ ᠬᠤᠪᠢᠰᠬᠠᠯ ᠤᠨ ᠡᠬᠢ ᠪᠠᠶᠠᠯᠢᠭ ᠢ ᠰᠠᠶᠢᠲᠤᠷ ᠠᠰᠢᠭᠯᠠᠨ᠂ ᠥᠷᠭᠡᠨ ᠤᠯᠠᠨ ᠨᠠᠮ ᠤᠨ ᠭᠡᠰᠢᠭᠦᠨ ᠺᠠᠳ᠋ᠷ ᠤᠨ ᠦᠵᠡᠯ ᠰᠠᠨᠠᠭ᠎ᠠ ᠲᠠᠨᠢᠯᠲᠠ ᠪᠣᠯᠣᠨ ᠠᠵᠢᠯ ᠤᠨ ᠲᠦᠪᠰᠢᠨ ᠢ ᠳᠠᠰᠤᠷᠠᠯᠳᠠ ᠦᠭᠡᠢ ᠳᠡᠭᠡᠭᠰᠢᠯᠡᠭᠦᠯᠦᠨ᠎ᠡ᠃ ᠨᠠᠮ ᠢ ᠬᠠᠮᠢᠶᠠᠷᠴᠤ ᠨᠠᠮ ᠢ ᠵᠠᠰᠠᠬᠤ ᠤᠯᠤᠰ ᠲᠦᠷᠦ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ︽ᠲᠦᠷᠪᠡᠨ ᠰᠤᠷᠲᠠᠯ︾ ᠤᠨ ᠠᠰᠠᠭᠤᠳᠠᠯ ᠢ ᠦᠷᠭᠦᠯᠵᠢᠯᠡᠨ ᠴᠡᠭᠴᠡᠯᠡᠨ ᠵᠠᠰᠠᠵᠤ᠂ ᠢᠯᠵᠠᠷᠠᠯ ᠢ ᠡᠰᠡᠷᠭᠦᠴᠡᠬᠦ ᠲᠡᠮᠡᠴᠡᠯ ᠢ ᠡᠷᠡᠰ ᠭᠤᠶᠢᠪᠢᠰᠢ ᠦᠭᠡᠢ ᠪᠠᠷ ᠲᠦᠯᠬᠢᠨ ᠠᠬᠢᠭᠤᠯᠵᠤ᠂ ᠰᠤᠷᠲᠠᠯ ᠴᠢᠬᠡᠴᠢ ᠣᠪᠣᠷ ᠲᠥᠪ ᠤᠯᠤᠰ ᠲᠦᠷᠦ ᠶᠢᠨ ᠠᠮᠢ ᠠᠬᠤᠢ ᠶᠢ ᠬᠦᠴᠦᠯᠡᠨ ᠪᠤᠢ ᠪᠤᠯᠭᠠᠨ᠎ᠠ᠃      2022 ᠣᠨ ᠳᠤ᠂ ᠬᠠᠶᠢᠨᠠᠨ ᠲᠤᠭᠤᠷᠢᠭ ᠤᠨ ᠬᠢᠨ ᠪᠠᠶᠢᠳᠠᠯ ᠢ ᠡᠪᠳᠡᠵᠦ ᠬᠤᠪᠢᠷᠠᠯᠲᠠ ᠶᠢ ᠡᠷᠢᠯᠬᠢᠯᠡᠬᠦ ᠢᠲᠡᠭᠡᠯ ᠵᠣᠷᠢᠭ᠂ ᠬᠦᠴᠢᠷ ᠢ ᠳᠠᠪᠠᠵᠤ ᠢᠯᠠᠯᠲᠠ ᠣᠯᠬᠤ ᠡᠷᠡᠰ ᠵᠣᠷᠢᠭ᠂ ᠡᠴᠦᠰ ᠲᠤᠨᠢ ᠲᠤᠯᠲᠠᠯ᠎ᠠ ᠠᠳᠬᠤᠬᠤ ᠬᠠᠲᠠᠭᠤ ᠵᠣᠷᠢᠭ ᠢᠶᠠᠨ ᠪᠠᠲᠤᠳᠬᠠᠵᠤ᠂ ᠨᠠᠮ ᠤᠨ ᠲᠥᠪ ᠬᠤᠷᠢᠶᠠᠨ ᠤ ᠡᠯ᠎ᠡ ᠵᠦᠢᠯ ᠤᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠬᠠᠶᠢᠨᠠᠨ ᠳᠤ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠲᠡᠷᠡ ᠶᠣᠰᠣᠭᠠᠷ ᠨᠢ ᠠᠬᠢᠭᠤᠯᠤᠨ᠂ ᠨᠡᠶᠢᠭᠡᠮ ᠵᠢᠷᠤᠮ ᠤᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠬᠠᠶᠢᠨᠠᠨ ᠤ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠵᠦ᠂ ᠪᠣᠳᠠᠲᠤ ᠠᠵᠢᠯᠯᠠᠭ᠎ᠠ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠪᠠᠶᠠᠷᠯᠠᠨ ᠤᠭᠲᠤᠨ᠎ᠠ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号