ᠵᠠᠰᠠᠭ ᠤᠨ ᠣᠷᠳᠣᠨ ᠤ ᠠᠯᠪᠠᠨ ᠮᠡᠳᠡᠭᠡ 2021 ᠣᠨ ᠤ 6 ᠳ᠋ᠣᠭᠠᠷ ᠬᠤᠭᠤᠴᠠᠭ᠎ᠠ ︵ᠶᠡᠷᠦᠩᠬᠡᠶ 6 ᠳ᠋ᠣᠭᠠᠷ ᠬᠤᠭᠤᠴᠠᠭ᠎ᠠ      ᠬᠤᠤᠰ ᠰᠠᠷ᠎ᠠ ᠶᠢᠨ ᠰᠡᠳᠬᠦᠯ︶
ᠨᠡᠶᠢᠲᠡᠯᠡᠭᠰᠡᠨ ᠴᠠᠭ᠄
2022/3/25
公报封面.jpg
      ᠬᠠᠶᠢᠨᠠᠨ ᠵᠠᠰᠠᠭ ᠠᠯᠪᠠᠨ ᠲᠠᠷᠬᠠᠭᠠᠭᠰᠠᠨ ﹇2021﹈ 41 ᠳ᠋ᠣᠭᠡᠷ ᠲᠣᠭᠠᠲᠤ      ︽ᠬᠠᠶᠢᠨᠠᠨ ᠲᠣᠭᠤᠷᠢᠭ ᠤᠨ ︿ᠬᠤᠲᠠ ᠶᠢᠨ ᠰᠢᠨᠡᠴᠢᠯᠡᠯᠲᠡ﹀ ᠶᠢᠨ ᠭᠤᠷᠪᠠᠨ ᠵᠢᠯ ᠤᠨ ᠠᠵᠢᠯᠯᠠᠭ᠎ᠠ ᠶᠢ ᠳᠠᠷᠤᠮᠠᠯᠯᠠᠨ ᠲᠠᠷᠬᠠᠭᠠᠵᠤ ᠬᠡᠷᠡᠭᠵᠢᠭᠦᠯᠬᠦ ᠲᠤᠬᠠᠢ ᠲᠥᠰᠥᠯ ︵2022—2024 ᠣᠨ︶︾ ᠤᠨ ᠲᠤᠬᠠᠢ ᠮᠡᠳᠡᠭᠳᠡᠯ      ᠡᠯ᠎ᠡ ᠪᠠᠯᠭᠠᠰᠤ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠲᠣᠭᠤᠷᠢᠭ ᠤᠨ ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ᠂ ᠲᠣᠭᠤᠷᠢᠭ ᠤᠨ ᠬᠠᠷᠢᠶ᠎ᠠ ᠡᠯ᠎ᠡ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ᠂ ᠲᠣᠭᠤᠷᠢᠭ ᠲᠤ ᠰᠠᠭᠤᠭ᠎ᠠ ᠬᠤᠯᠪᠣᠭᠳᠠᠯ ᠪᠦᠬᠦᠢ ᠨᠢᠭᠡᠴᠡ᠄      ᠲᠤᠭᠤᠷᠢᠭ ᠤᠨ ᠨᠠᠮ ᠤᠨ ᠬᠤᠷᠢᠶ᠎ᠠ᠂ ᠲᠤᠭᠤᠷᠢᠭ ᠤᠨ ᠵᠠᠰᠠᠭ ᠤᠨ ᠣᠷᠳᠣᠨ ᠢᠶᠠᠷ ᠰᠤᠳᠤᠯᠤᠨ ᠵᠥᠪᠰᠢᠶᠡᠷᠡᠭᠦᠯᠦᠭᠡᠳ᠂ ᠡᠳᠦᠭᠡ ︽ᠬᠠᠶᠢᠨᠠᠨ ᠲᠣᠭᠤᠷᠢᠭ ᠤᠨ ︿ᠬᠤᠲᠠ ᠶᠢᠨ ᠰᠢᠨᠡᠴᠢᠯᠡᠯᠲᠡ﹀ ᠶᠢᠨ ᠭᠤᠷᠪᠠᠨ ᠵᠢᠯ ᠤᠨ ᠠᠵᠢᠯᠯᠠᠭ᠎ᠠ ᠶᠢᠨ ᠬᠡᠷᠡᠭᠵᠢᠭᠦᠯᠬᠦ ᠲᠥᠰᠥᠯ ︵2022 ︱ 2024 ᠣᠨ︶︾ ᠢ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠢ ᠲᠠᠢ ᠪᠠᠨ ᠤᠶᠠᠯᠳᠤᠭᠤᠯᠤᠨ᠂ ᠬᠢᠨᠠᠮᠠᠭᠠᠢ ᠵᠣᠬᠢᠶᠠᠨ ᠪᠠᠶᠢᠭᠤᠯᠤᠨ ᠬᠡᠷᠡᠭᠵᠢᠭᠦᠯᠲᠦᠭᠡᠢ᠃      2021 ᠣᠨ ᠤ 11 ᠳ᠋ᠣᠭᠡᠷ ᠰᠠᠷ᠎ᠠ ᠶᠢᠨ 26 ᠤ ᠡᠳᠦᠷ      ᠬᠠᠶᠢᠨᠠᠨ ᠲᠣᠭᠤᠷᠢᠭ ᠤᠨ ︽ᠬᠤᠲᠠ ᠶᠢᠨ ᠰᠢᠨᠡᠴᠢᠯᠡᠯᠲᠡ︾ ᠶᠢᠨ ᠭᠤᠷᠪᠠᠨ ᠵᠢᠯ ᠤᠨ ᠠᠵᠢᠯᠯᠠᠭ᠎ᠠ ᠶᠢᠨ ᠬᠡᠷᠡᠭᠵᠢᠭᠦᠯᠬᠦ ᠲᠥᠰᠥᠯ ︵2022—2024 ᠣᠨ︶      ᠤᠯᠤᠰ ᠤᠨ ︽ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠦᠪᠵᠢᠭᠦᠯᠭᠡ︾ ᠪᠠ 2035 ᠣᠨ ᠤ ᠠᠯᠤᠰ ᠤᠨ ᠬᠠᠷᠠᠯᠲᠠ ᠶᠢᠨ ᠲᠣᠪᠴᠢ ᠳᠤ᠄ ︽ᠬᠤᠲᠠ ᠶᠢᠨ ᠬᠥᠭᠵᠢᠯᠲᠡ ᠶᠢᠨ ᠠᠷᠭ᠎ᠠ ᠮᠠᠶ᠋ᠢᠭ ᠢ ᠲᠦᠷᠭᠡᠪᠴᠢᠯᠡᠨ ᠬᠤᠪᠢᠷᠠᠭᠤᠯᠵᠤ᠂ ᠬᠤᠲᠠ ᠶᠢᠨ ᠲᠥᠯᠦᠪᠵᠢᠭᠦᠯᠭᠡ ᠪᠦᠲᠦᠭᠡᠨ ᠪᠠᠶᠢᠭᠤᠯᠤᠯᠲᠠ ᠬᠠᠮᠢᠶᠠᠷᠤᠯᠲᠠ ᠶᠢ ᠨᠢᠭᠡᠳᠦᠯᠲᠡᠢ ᠲᠥᠯᠥᠪᠯᠡᠨ᠂ ᠬᠤᠲᠠ ᠶᠢᠨ ᠰᠢᠨᠡᠴᠢᠯᠡᠯᠲᠡ ᠶᠢᠨ ᠠᠵᠢᠯᠯᠠᠭ᠎ᠠ ᠶᠢ ᠬᠡᠷᠡᠭᠵᠢᠭᠦᠯᠵᠦ᠂ ᠬᠤᠲᠠ ᠶᠢᠨ ᠣᠷᠣᠨ ᠵᠠᠢ ᠶᠢᠨ ᠪᠦᠲᠦᠴᠡ ᠶᠢ ᠰᠢᠯᠢᠳᠡᠭᠵᠢᠭᠦᠯᠬᠦ ᠪᠠ ᠶᠠᠰᠤ ᠴᠢᠨᠠᠷ ᠢ ᠳᠡᠭᠡᠭᠰᠢᠯᠡᠭᠦᠯᠬᠦ ᠶᠢ ᠲᠦᠯᠬᠢᠨ ᠠᠬᠢᠭᠤᠯᠤᠨ᠎ᠠ︾ ᠭᠡᠵᠦ ᠳᠤᠷᠠᠳᠤᠨ ᠭᠠᠷᠭᠠᠵᠠᠢ᠂ ᠡᠨᠡ ᠵᠢᠯ ᠤᠨ ᠪᠥᠬᠦ ᠤᠯᠤᠰ ᠤᠨ ᠬᠤᠶᠠᠷ ᠬᠤᠷᠠᠯ᠂ ᠬᠤᠲᠠ ᠶᠢᠨ ᠰᠢᠨᠡᠴᠢᠯᠡᠯᠲᠡ ᠶᠢ ᠠᠩᠬ᠎ᠠ ᠤᠳᠠᠭ᠎ᠠ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠳᠤ ᠪᠢᠴᠢᠵᠦ ᠣᠷᠣᠭᠤᠯᠪᠠ᠃ ᠬᠤᠳᠠ ᠶᠢᠨ ᠰᠢᠨᠡᠴᠢᠯᠡᠯᠲᠡ ᠶᠢᠨ ᠠᠵᠢᠯᠯᠠᠭ᠎ᠠ ᠶᠢ ᠬᠡᠷᠡᠭᠵᠢᠭᠦᠯᠬᠦ ᠨᠢ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠴᠢᠬᠤᠯᠠ ᠠᠴᠢᠶᠠᠯᠠᠪᠤᠷᠢ ᠪᠠ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠬᠤ ᠶᠢᠨ ᠴᠢᠬᠤᠯᠠ ᠲᠤᠯᠬᠤ ᠴᠡᠭ ᠪᠣᠯᠬᠤ ᠪᠠᠷ ᠪᠠᠷᠠᠬᠤ ᠦᠭᠡᠢ ᠪᠠᠰᠠ ᠬᠤᠳᠠ ᠶᠢᠨ ᠬᠥᠭᠵᠢᠯᠲᠡ ᠶᠢᠨ ᠰᠢᠨ᠎ᠡ ᠱᠠᠲᠤᠨ ᠳᠤ ᠣᠷᠣᠬᠤ ᠶᠢ ᠳᠠᠭᠠᠵᠤ᠂ ᠬᠤᠳᠠ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢᠨ ᠠᠷᠭ᠎ᠠ ᠬᠡᠮᠵᠢᠶ᠎ᠡ ᠪᠣᠯᠣᠨ᠎ᠠ᠂ ᠮᠥᠨᠴᠦ ᠤᠯᠤᠰ ᠤᠨ ᠡᠷᠡᠭᠦᠯ ᠬᠠᠮᠠᠭᠠᠯᠠᠯ ᠤᠨ ᠬᠤᠳᠠ ᠶᠢ ᠡᠭᠦᠳᠦᠨ ᠪᠠᠶᠢᠭᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠬᠦ᠂ ᠤᠯᠤᠰ ᠤᠨ ᠪᠣᠯᠪᠠᠰᠤᠨ ᠬᠤᠳᠠ ᠶᠢ ᠡᠭᠦᠳᠦᠨ ᠪᠠᠶᠢᠭᠤᠯᠬᠤ ᠪᠠᠷ ᠴᠢᠷᠮᠠᠶᠢᠬᠤ ᠬᠦᠴᠦᠲᠡᠢ ᠠᠷᠭ᠎ᠠ ᠬᠡᠮᠵᠢᠶ᠎ᠡ ᠪᠣᠯᠣᠨ᠎ᠠ᠃ ︽ᠬᠤᠲᠠ ᠶᠢᠨ ᠰᠢᠨᠡᠴᠢᠯᠡᠯᠲᠡ ᠶᠢᠨ ᠠᠵᠢᠯᠯᠠᠭ᠎ᠠ ᠶᠢ ᠬᠡᠷᠡᠭᠵᠢᠭᠦᠯᠬᠦ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠵᠢᠯᠤᠭᠤᠳᠬᠤ ᠰᠠᠨᠠᠯ︾ ︽ᠦᠬᠠᠢ ᠬᠤᠲᠠ ᠶᠢᠨ ᠬᠤᠲᠠ ᠶᠢᠨ ᠰᠢᠨᠡᠴᠢᠯᠡᠯᠲᠡ ᠶᠢᠨ ᠭᠤᠷᠪᠠᠨ ᠵᠢᠯ ᠤᠨ ᠠᠵᠢᠯᠯᠠᠭ᠎ᠠ ᠶᠢᠨ ᠬᠡᠷᠡᠭᠵᠢᠭᠦᠯᠬᠦ ᠲᠥᠰᠥᠯ ︵2022 ︱ 2024 ᠣᠨ︶︾ ᠢ ᠦᠨᠳᠦᠰᠦᠯᠡᠨ᠂ ︽ᠴᠢᠨᠠᠷ ᠰᠠᠶᠢᠲᠠᠢ ᠬᠥᠭᠵᠢᠭᠦᠯᠬᠦ᠂ ᠴᠢᠨᠠᠷ ᠰᠠᠶᠢᠲᠠᠢ ᠠᠮᠢᠳᠤᠷᠠᠬᠤ᠂ ᠥᠨᠳᠥᠷ ᠦᠷ᠎ᠡ ᠪᠦᠲᠦᠮᠵᠢᠲᠡᠶ ᠪᠠᠷ ᠵᠠᠰᠠᠬᠤ︾ ᠠᠵᠢᠯ ᠤᠨ ᠬᠠᠷᠠᠯᠲᠠ ᠶᠢᠨ ᠶᠣᠰᠣᠭᠠᠷ᠂ ᠮᠠᠨ ᠤ ᠲᠤᠭᠤᠷᠢᠭ ᠤᠨ ᠬᠤᠲᠠ ᠶᠢᠨ ᠰᠢᠨᠡᠴᠢᠯᠡᠯᠲᠡ ᠶᠢᠨ ᠠᠵᠢᠯᠯᠠᠭ᠎ᠠ ᠶᠢ ᠲᠦᠷᠭᠡᠳᠬᠡᠨ ᠠᠬᠢᠭᠤᠯᠵᠤ᠂ ᠮᠠᠨ ᠤ ᠲᠤᠭᠤᠷᠢᠭ ᠤᠨ ᠪᠣᠳᠠᠲᠠᠢ ᠲᠠᠢ ᠪᠠᠨ ᠤᠶᠠᠯᠳᠤᠭᠤᠯᠤᠨ᠂ ᠲᠣᠰ ᠬᠡᠷᠡᠭᠵᠢᠭᠦᠯᠬᠦ ᠲᠥᠰᠥᠯ ᠢ ᠲᠣᠭᠲᠠᠭᠠᠪᠠ᠃      ᠨᠢᠭᠡ᠂ ᠵᠢᠯᠤᠭᠤᠳᠬᠤ ᠦᠵᠡᠯ ᠰᠠᠨᠠᠭ᠎ᠠ      ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠣᠯᠣᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ᠂ ᠲᠠᠪᠤᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠵᠦ᠂ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ᠂ ︽ᠲᠠᠪᠤ ᠶᠢ ᠨᠢᠭᠡ ᠴᠣᠭᠴᠠᠵᠢᠭᠤᠯᠬᠤ︾ ᠶᠡᠷᠦᠩᠬᠡᠢ ᠪᠠᠶᠢᠷᠢᠰᠢᠭᠤᠯᠤᠯᠲᠠ ᠪᠠ ︽ᠳᠥᠷᠪᠡᠨ ᠪᠦᠬᠦ ᠲᠠᠯ᠎ᠠ︾ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢᠰᠢᠭᠤᠯᠤᠯᠲᠠ ᠶᠣᠰᠣᠭᠠᠷ᠂ ᠬᠠᠲᠤᠨ ᠭᠤᠣᠯ ᠤᠨ ᠰᠠᠪᠠ ᠭᠠᠵᠠᠷ ᠤᠨ ᠴᠢᠨᠠᠷ ᠰᠠᠶᠢᠲᠠᠢ ᠬᠥᠭᠵᠢᠯᠲᠡ ᠶᠢ ᠭᠦᠨᠵᠡᠭᠡᠢ ᠠᠬᠢᠭᠤᠯᠵᠤ᠂ ᠰᠢᠨ᠎ᠡ ᠶᠢ ᠡᠭᠦᠳᠬᠦ᠂ ᠵᠣᠬᠢᠴᠠᠩᠭᠤᠢ᠂ ᠪᠣᠬᠢᠷᠳᠤᠯ ᠦᠭᠡᠢ᠂ ᠨᠡᠭᠡᠭᠡᠯᠲᠡᠲᠤ᠂ ᠬᠠᠮᠲᠤ ᠪᠠᠷ ᠡᠳ᠋ᠯᠡᠬᠦ ᠬᠥᠭᠵᠢᠯᠲᠡ ᠶᠢᠨ ᠣᠶᠢᠯᠠᠭᠠᠭᠳᠠᠬᠤᠨ ᠢ ᠪᠠᠷᠢᠮᠲᠠᠯᠠᠵᠤ᠂ ᠠᠷᠠᠳ ᠲᠦᠮᠡᠨ ᠢᠶᠠᠷ ᠭᠤᠣᠯ ᠪᠣᠯᠭᠠᠬᠤ ᠶᠢ ᠪᠠᠷᠢᠮᠲᠠᠯᠠᠵᠤ᠂ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠰᠠᠶᠢᠵᠢᠷᠠᠭᠤᠯᠤᠨ᠂ ᠬᠤᠳᠠ ᠶᠢᠨ ᠳᠤᠲᠠᠭᠤᠳᠠᠯ ᠢ ᠨᠥᠬᠦᠪᠦᠷᠢᠯᠡᠬᠦ᠂ ᠬᠤᠳᠠ ᠶᠢᠨ ᠶᠠᠰᠤ ᠴᠢᠨᠠᠷ ᠢ ᠳᠡᠭᠡᠭᠰᠢᠯᠡᠭᠦᠯᠬᠦ᠂ ︽ᠬᠤᠳᠠ ᠶᠢᠨ ᠡᠪᠡᠳᠴᠢᠨ︾  ᠢ ᠵᠠᠰᠠᠬᠤ ᠪᠠᠷ ᠭᠤᠣᠯ ᠪᠣᠯᠭᠠᠵᠤ᠂ ᠬᠤᠳᠠ ᠶᠢᠨ ᠰᠢᠨᠡᠴᠢᠯᠡᠯᠲᠡ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠪᠠᠭ᠎ᠠ ᠮᠥᠷᠲᠡᠭᠡᠨ ᠣᠨᠴᠠᠭᠠᠢ᠂ ᠪᠠᠭ᠎ᠠ ᠮᠥᠷᠲᠡᠭᠡᠨ ᠨᠠᠷᠢᠯᠢᠭ᠂ ᠪᠠᠭ᠎ᠠ ᠮᠥᠷᠲᠡᠭᠡᠨ ᠭᠤᠶᠤ ᠰᠠᠶᠢᠬᠠᠨ ᠬᠤᠳᠠ ᠶᠢᠨ ᠲᠣᠭᠤᠷᠢᠭ ᠢ ᠴᠢᠷᠮᠠᠶᠢᠨ ᠪᠠᠶᠢᠭᠤᠯᠵᠤ᠂ ᠠᠷᠠᠳ ᠤᠯᠠᠨ ᠤ ᠠᠮᠢᠳᠤᠷᠠᠯ ᠢ ᠨᠡᠩ ᠲᠦᠭᠦᠮ᠂ ᠨᠡᠩ ᠲᠠᠭᠠᠯᠠᠮᠵᠢᠲᠠᠢ᠂ ᠨᠡᠩ ᠰᠠᠶᠢᠨ ᠰᠠᠶᠢᠬᠠᠨ ᠪᠣᠯᠭᠠᠨ᠎ᠠ᠃      ᠬᠤᠶᠠᠷ᠂ ᠦᠨᠳᠦᠰᠦᠨ ᠵᠠᠷᠴᠢᠮ      — ᠬᠥᠮᠥᠨ ᠢᠶᠠᠷ ᠦᠨᠳᠦᠰᠦ ᠪᠣᠯᠭᠠᠵᠤ᠂ ᠠᠷᠠᠳ ᠤᠨ ᠠᠮᠢᠳᠤᠷᠠᠯ ᠢ ᠰᠠᠶᠢᠵᠢᠷᠠᠭᠤᠯᠤᠨ᠎ᠠ᠃ ᠬᠤᠳᠠ ᠶᠢᠨ ᠰᠢᠨᠡᠴᠢᠯᠡᠯᠲᠡ ᠶᠢ ᠲᠦᠯᠬᠢᠨ ᠠᠬᠢᠭᠤᠯᠵᠤ᠂ ᠰᠠᠭᠤᠷᠢ ᠲᠥᠬᠦᠭᠡᠷᠦᠮᠵᠢ ᠶᠢᠨ ᠪᠠᠲᠤᠯᠠᠭ᠎ᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠂ ᠤᠯᠠᠨ ᠨᠡᠶᠢᠲᠡ ᠶᠢᠨ ᠦᠢᠯᠡᠴᠢᠯᠡᠭᠡ ᠶᠢ ᠢᠵᠢ ᠪᠦᠷᠢᠳᠦᠭᠦᠯᠬᠦ ᠶᠢ ᠲᠡᠭᠦᠯᠳᠡᠷᠵᠢᠭᠦᠯᠵᠦ᠂ ᠤᠯᠠᠨ ᠨᠡᠶᠢᠲᠡ ᠶᠢᠨ ᠦᠨᠳᠦᠰᠦᠨ ᠦᠢᠯᠡᠴᠢᠯᠡᠭᠡ ᠶᠢ ᠠᠳᠠᠯᠢ ᠲᠡᠭᠰᠢ ᠪᠣᠯᠭᠠᠬᠤ ᠶᠢ ᠲᠦᠯᠬᠢᠨ ᠠᠬᠢᠭᠤᠯᠵᠤ᠂ ᠠᠷᠢᠭᠤᠨ ᠴᠡᠪᠡᠷ᠂ ᠣᠷᠣᠰᠢᠨ ᠰᠠᠭᠤᠬᠤ ᠳᠤ ᠲᠣᠬᠢᠷᠠᠮᠵᠢᠲᠠᠢ᠂ ᠥᠪᠡᠷᠮᠢᠴᠡ ᠣᠨᠴᠠᠯᠢᠭ ᠲᠠᠢ᠂ ᠤᠶᠤᠨ ᠪᠢᠯᠢᠭ ᠲᠠᠢ ᠬᠤᠳᠠ ᠶᠢᠨ ᠣᠷᠴᠢᠨ ᠨᠥᠬᠦᠴᠡᠯ ᠢ ᠪᠤᠢ ᠪᠣᠯᠭᠠᠵᠤ᠂ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠵᠤ᠂ ᠬᠤᠳᠠ ᠶᠢᠨ ᠬᠥᠭᠵᠢᠯᠲᠡ ᠶᠢᠨ ᠲᠤᠬᠠᠢ ᠠᠷᠠᠳ ᠤᠯᠠᠨ ᠤ ᠬᠦᠷᠲᠡᠮᠵᠢ ᠶᠢᠨ ᠲᠥᠷᠥᠭᠳᠡᠯ ᠪᠠ ᠮᠡᠳᠡᠷᠡᠮᠵᠢ ᠶᠢᠨ ᠲᠥᠷᠥᠭᠳᠡᠯ ᠢ ᠳᠡᠭᠡᠭᠰᠢᠯᠡᠭᠦᠯᠦᠨ᠎ᠡ᠃      ︱ᠨᠢᠭᠡᠳᠦᠯᠲᠡᠢ ᠲᠥᠯᠥᠪᠵᠢᠭᠦᠯᠵᠦ᠂ ᠰᠢᠰᠲ᠋ᠧᠮ ᠲᠠᠢ ᠪᠠᠷ ᠠᠬᠢᠭᠤᠯᠤᠨ᠎ᠠ᠃ ᠰᠢᠨ᠎ᠡ ᠶᠢ ᠡᠭᠦᠳᠬᠦ᠂ ᠵᠣᠬᠢᠴᠠᠩᠭᠤᠢ᠂ ᠪᠣᠬᠢᠷᠳᠤᠯ ᠦᠭᠡᠢ᠂ ᠨᠡᠭᠡᠭᠡᠯᠲᠡᠲᠤ᠂ ᠬᠠᠮᠲᠤᠪᠠᠷ ᠡᠳ᠋ᠯᠡᠬᠦ ᠬᠥᠭᠵᠢᠯᠲᠡ ᠶᠢᠨ ᠣᠨᠣᠯᠵᠢᠬᠤᠨ ᠢ ᠪᠠᠷᠢᠮᠲᠠᠯᠠᠵᠤ᠂ ᠬᠤᠲᠠ ᠶᠢᠨ ᠦᠢᠯᠡᠳᠪᠦᠷᠢᠯᠡᠯ᠂ ᠠᠮᠢᠳᠤᠷᠠᠯ᠂ ᠠᠮᠢ ᠠᠬᠤᠢ ᠶᠢᠨ ᠣᠷᠣᠨ ᠵᠠᠢ ᠶᠢ ᠨᠢᠭᠡᠳᠦᠯᠲᠡᠢ ᠲᠥᠯᠥᠪᠯᠡᠨ᠂ ᠬᠤᠲᠠ ᠶᠢᠨ ᠴᠢᠳᠠᠮᠵᠢ ᠶᠢᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠦᠨ᠎ᠡ᠃ ᠬᠡᠷᠡᠭᠵᠢᠭᠦᠯᠬᠦ ᠲᠥᠰᠥᠯ ᠢ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠵᠦ᠂ ᠰᠢᠰᠲ᠋ᠧᠮ ᠲᠠᠢ ᠲᠤᠭᠲᠠᠭᠠᠨ᠂ ᠬᠤᠳᠠ ᠶᠢ ᠵᠠᠰᠠᠬᠤ᠂ ᠠᠮᠢ ᠠᠬᠤᠢ ᠶᠢ ᠰᠡᠷᠭᠦᠭᠡᠬᠦ᠂ ᠴᠢᠳᠠᠮᠵᠢ ᠶᠢ ᠵᠠᠰᠠᠨ ᠨᠥᠬᠦᠪᠦᠷᠢᠯᠡᠬᠦ᠂ ᠣᠨᠴᠠᠯᠢᠭ ᠢ ᠢᠯᠡᠷᠡᠭᠦᠯᠬᠦ ᠵᠡᠷᠭᠡ ᠲᠤᠰᠬᠠᠢ ᠠᠵᠢᠯᠯᠠᠭ᠎ᠠ ᠶᠢ ᠠᠯᠬᠤᠮ ᠬᠤᠪᠢᠶᠠᠨ ᠲᠦᠯᠬᠢᠨ ᠠᠬᠢᠭᠤᠯᠤᠨ᠎ᠠ᠃      ︱ ᠵᠠᠰᠠᠭ ᠤᠨ ᠣᠷᠳᠣᠨ ᠠᠴᠠ ᠬᠥᠲᠥᠯᠥᠨ ᠵᠢᠯᠤᠭᠤᠳᠴᠤ᠂ ᠵᠠᠬ᠎ᠠ ᠳᠡᠯᠭᠡᠭᠦᠷ ᠢᠶᠠᠷ ᠠᠵᠢᠯᠯᠠᠭᠤᠯᠤᠨ᠎ᠠ᠃ ᠵᠠᠰᠠᠭ ᠤᠨ ᠣᠷᠳᠣᠨ ᠤ ᠨᠢᠭᠡᠳᠦᠯᠲᠡᠢ ᠲᠥᠯᠥᠪᠯᠡᠨ ᠬᠥᠲᠥᠯᠥᠨ ᠵᠢᠯᠤᠭᠤᠳᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠳᠡᠮᠵᠢᠬᠦ ᠲᠥᠷᠥ ᠶᠢᠨ ᠪᠣᠳᠣᠯᠭ᠎ᠠ ᠶᠢ ᠰᠤᠳᠤᠯᠤᠨ ᠲᠣᠭᠲᠠᠭᠠᠵᠤ᠂ ᠨᠢᠭᠡᠳᠦᠯᠲᠡᠢ ᠲᠥᠯᠥᠪᠯᠡᠨ ᠠᠬᠢᠭᠤᠯᠬᠤ ᠡᠷᠴᠢᠮ ᠢ ᠴᠢᠩᠭᠠᠷᠠᠭᠤᠯᠤᠨ᠎ᠠ᠃ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠢ ᠭᠦᠢᠴᠡᠳ ᠬᠥᠭᠵᠢᠭᠡᠵᠦ᠂ ᠣᠯᠠᠨ ᠠᠷᠭ᠎ᠠ ᠵᠠᠮ ᠢᠶᠠᠷ ᠪᠡᠯᠡ ᠣᠷᠣᠭᠤᠯᠬᠤ ᠵᠠᠭᠪᠤᠷ ᠢ ᠰᠦᠪᠡᠭᠴᠢᠯᠡᠨ ᠪᠣᠶ ᠪᠤᠯᠭᠠᠨ᠂ ᠨᠡᠶᠢᠭᠡᠮ ᠤᠨ ᠬᠥᠷᠥᠩᠭᠡ ᠶᠢ ᠣᠷᠣᠭᠤᠯᠤᠨ ᠠᠪᠴᠢᠷᠠᠵᠤ᠂ ᠥᠭᠡᠷᠡᠴᠢᠯᠡᠭᠳᠡᠬᠦ ᠥᠮᠴᠢᠯᠡᠯ ᠤᠨ ᠡᠷᠬᠡᠲᠦ ᠬᠥᠮᠥᠨ ᠤ ᠥᠭᠡᠷᠡᠴᠢᠯᠡᠯᠲᠡ ᠳᠤ ᠣᠷᠤᠯᠴᠠᠬᠤ ᠢᠳᠡᠪᠬᠢᠵᠢᠯ ᠢ ᠳᠠᠶᠢᠴᠢᠯᠠᠨ᠎ᠠ᠃      — ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ᠂ ᠴᠢᠳᠠᠯ ᠤᠨ ᠢᠶᠠᠨ ᠬᠢᠷᠢ ᠪᠠᠷ ᠬᠢᠨ᠎ᠡ᠃ ᠬᠤᠳᠠ ᠶᠢᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠲᠠᠢ ᠤᠶᠠᠯᠳᠤᠭᠤᠯᠤᠨ᠂ ᠰᠢᠨᠡᠳᠬᠡᠬᠦ ᠬᠠᠷᠠᠯᠲᠠ ᠶᠢ ᠰᠢᠨᠵᠢᠯᠡᠬᠦ ᠤᠬᠠᠭᠠᠨᠴᠢ ᠪᠠᠷ ᠲᠣᠭᠲᠠᠭᠠᠵᠤ᠂ ᠰᠢᠨᠡᠳᠬᠡᠬᠦ ᠲᠥᠰᠥᠯ ᠢ ᠵᠦᠢ ᠵᠣᠬᠢᠰᠲᠠᠢ ᠲᠣᠭᠲᠠᠭᠠᠵᠤ᠂ ᠰᠢᠨᠡᠳᠬᠡᠬᠦ ᠵᠦᠢᠯᠡᠰ ᠤᠨ ᠡᠬᠢ ᠪᠠᠶᠠᠯᠢᠭ ᠤᠨ ᠲᠥᠷᠥᠯᠬᠢ ᠠᠪᠢᠶᠠᠰ ᠪᠠ ᠭᠠᠵᠠᠷ ᠰᠢᠷᠣᠢ ᠶᠢᠨ ᠡᠷᠬᠢᠨ ᠲᠣᠭᠤᠷᠢᠨ ᠤ ᠣᠨᠴᠠᠯᠢᠭ ᠲᠤ ᠲᠦᠰᠢᠭᠯᠡᠨ᠂ ᠨᠡᠭᠡᠭᠡᠨ ᠬᠥᠭᠵᠢᠭᠦᠯᠵᠦ ᠲᠠᠬᠢᠨ ᠪᠠᠶᠢᠭᠤᠯᠬᠤ᠂ ᠴᠡᠭᠴᠡᠯᠡᠨ ᠵᠠᠰᠠᠵᠤ ᠰᠡᠯᠪᠢᠨ ᠵᠠᠰᠠᠬᠤ᠂ ᠲᠡᠦᠬᠡ ᠰᠣᠶᠣᠯ ᠢ ᠬᠠᠮᠠᠭᠠᠯᠠᠬᠤ ᠵᠡᠷᠭᠡ ᠤᠯᠠᠨ ᠵᠦᠢᠯ ᠤᠨ ᠠᠷᠭ᠎ᠠ ᠮᠠᠶ᠋ᠢᠭ ᠢᠶᠠᠷ ᠳᠠᠮᠵᠢᠭᠤᠯᠤᠨ᠂ ᠨᠢᠭᠡᠳᠦᠯᠲᠡᠢ ᠲᠥᠯᠥᠪᠯᠡᠨ ᠨᠡᠶᠢᠳᠡ ᠳᠤᠨᠢ ᠬᠠᠷᠠᠭᠠᠯᠵᠠᠵᠤ᠂ ᠭᠤᠣᠯᠳᠠᠯᠭ᠎ᠠ ᠶᠢ ᠲᠣᠪᠤᠶᠢᠯᠭᠠᠨ᠂ ᠴᠢᠳᠠᠯ ᠤᠨ ᠬᠢᠷᠢ ᠪᠠᠷ ᠢᠶᠠᠨ ᠴᠢᠷᠮᠠᠶᠢᠬᠤ ᠮᠥᠷᠲᠡᠭᠡᠨ ᠪᠠᠰᠠ ᠴᠢᠳᠠᠯ ᠤᠨ ᠢᠶᠠᠨ ᠬᠢᠷᠢ ᠪᠠᠷ ᠬᠢᠨ᠎ᠡ᠃      ᠭᠤᠷᠪᠠ᠂ ᠠᠵᠢᠯ ᠤᠨ ᠬᠠᠷᠠᠯᠲᠠ      ᠣᠳᠣᠬᠠᠨ ᠳᠤ᠂ ᠮᠠᠨ ᠤ ᠲᠤᠭᠤᠷᠢᠭ ᠨᠢᠭᠡᠨᠲᠡ ᠬᠤᠲᠠ ᠶᠢᠨ ᠬᠡᠯᠪᠡᠷᠢ ᠪᠠᠨ ᠬᠤᠪᠢᠷᠠᠭᠤᠯᠤᠨ ᠬᠥᠭᠵᠢᠬᠦ ᠪᠣᠭᠤᠮᠲᠠ ᠰᠢᠪᠲᠤᠯᠬᠤ ᠴᠠᠭ ᠦᠶ᠎ᠡ ᠳᠤ ᠣᠷᠣᠵᠤ᠂ ᠬᠤᠳᠠ ᠶᠢᠨ ᠬᠥᠭᠵᠢᠯᠲᠡ ︽ᠲᠤᠭ᠎ᠠ︾ ᠠᠴᠠ ︽ᠴᠢᠨᠠᠷ︾ ᠪᠣᠯᠵᠤ ᠬᠤᠪᠢᠷᠠᠬᠤ ᠬᠡᠯᠪᠡᠷᠢ ᠶᠢᠨ ᠬᠤᠪᠢᠷᠠᠯᠲᠠ ᠶᠢᠨ ᠱᠠᠲᠤᠨ ᠳᠤ ᠣᠷᠣᠬᠤ ᠶᠢ ᠳᠠᠭᠠᠯᠳᠤᠨ᠂ ᠬᠤᠳᠠ ᠶᠢᠨ ᠣᠷᠣᠨ ᠵᠠᠢ ᠶᠢᠨ ᠪᠦᠲᠦᠴᠡ ᠶᠢ ᠰᠢᠯᠢᠳᠡᠭᠵᠢᠭᠦᠯᠬᠦ᠂ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠤ ᠶᠠᠰᠤ ᠴᠢᠨᠠᠷ ᠢ ᠳᠡᠭᠡᠭᠰᠢᠯᠡᠭᠦᠯᠬᠦ᠂ ᠠᠵᠤ ᠦᠢᠯᠡᠰ ᠤᠨ ᠬᠡᠯᠪᠡᠷᠢ ᠶᠢ ᠬᠤᠪᠢᠷᠠᠭᠤᠯᠤᠨ ᠲᠡᠰ ᠳᠡᠪᠰᠢᠭᠦᠯᠬᠦ ᠶᠢ ᠠᠬᠢᠭᠤᠯᠬᠤ᠂ ᠬᠤᠳᠠ ᠶᠢᠨ ᠠᠭᠤᠯᠤᠭᠳᠠᠬᠤᠨ ᠤ ᠬᠥᠭᠵᠢᠯᠲᠡ ᠶᠢ ᠴᠢᠬᠤᠯᠠᠴᠢᠯᠠᠬᠤ ᠬᠠᠷᠠᠯᠲᠠ ᠱᠠᠭᠠᠷᠳᠠᠯᠭ᠎ᠠ ᠳᠣᠣᠷ᠎ᠠ᠂ ᠬᠤᠳᠠ ᠶᠢᠨ ᠰᠢᠨᠡᠴᠢᠯᠡᠯᠲᠡ ᠶᠢᠨ ᠠᠵᠢᠯᠯᠠᠭ᠎ᠠ ᠶᠢ ᠬᠡᠷᠡᠭᠵᠢᠭᠦᠯᠬᠦ ᠪᠣᠯ ᠬᠤᠳᠠ ᠶᠢᠨ ᠬᠥᠭᠵᠢᠯᠲᠡ ᠶᠢᠨ ᠰᠢᠨ᠎ᠡ ᠪᠠᠶᠢᠳᠠᠯ ᠳᠤ ᠵᠣᠬᠢᠴᠠᠬᠤ᠂ ᠬᠠᠶᠢᠨᠠᠨ ᠲᠣᠭᠤᠷᠢᠭ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠶᠢᠨ ᠵᠠᠶᠢᠯᠠᠰᠢ ᠦᠭᠡᠢ ᠱᠠᠭᠠᠷᠳᠠᠯᠭ᠎ᠠ ᠪᠣᠯᠣᠨ᠎ᠠ᠃ ᠬᠠᠶᠢᠨᠠᠨ ᠲᠣᠭᠤᠷᠢᠭ ᠤᠨ ᠬᠢᠨ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ᠂ ᠬᠠᠷᠠᠯᠲᠠ ᠪᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠭᠤᠷᠪᠠᠨ ᠵᠢᠯ ᠤᠨ ᠠᠵᠢᠯᠯᠠᠭ᠎ᠠ ︵2022 ︱ 2024 ᠣᠨ︶ ᠪᠠᠷ ᠳᠠᠮᠵᠢᠭᠤᠯᠤᠨ᠂ ᠮᠠᠨ ᠤ ᠲᠤᠭᠤᠷᠢᠭ ᠤᠨ ᠬᠤᠲᠠ ᠶᠢᠨ ᠰᠢᠨᠡᠴᠢᠯᠡᠯᠲᠡ ᠶᠢ ᠪᠡᠶᠡᠯᠡᠭᠦᠯᠵᠦ᠂ ᠬᠤᠲᠠ ᠶᠢᠨ ᠣᠷᠣᠨ ᠵᠠᠢ ᠶᠢᠨ ᠪᠦᠲᠦᠴᠡ ᠪᠠ ᠴᠢᠳᠠᠮᠵᠢ ᠶᠢᠨ ᠪᠠᠶᠢᠷᠢᠰᠢᠭᠤᠯᠤᠯᠲᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ᠂ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠶᠢ ᠠᠬᠢᠭᠤᠯᠵᠤ᠂ ᠬᠤᠲᠠ ᠶᠢᠨ ᠵᠠᠰᠠᠯᠲᠠ ᠶᠢᠨ ᠰᠢᠰᠲ᠋ᠧᠮᠵᠢ ᠪᠠ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠤᠨ᠎ᠠ᠃ 2023 ᠣᠨ ᠤ ᠰᠡᠭᠦᠯᠴᠢ ᠪᠣᠯᠬᠤ ᠳᠤ᠂ ᠪᠥᠬᠦ ᠲᠤᠭᠤᠷᠢᠭ ᠤᠨ ᠬᠤᠲᠠ ᠳᠤ ᠴᠥᠮ ᠰᠢᠨᠡᠳᠬᠡᠨ ᠵᠢᠱᠢᠶ᠎ᠡ ᠦᠵᠡᠭᠦᠯᠬᠦ ᠬᠡᠰᠡᠭ ᠲᠣᠭᠤᠷᠢᠭ ᠢ ᠪᠣᠶ ᠪᠣᠯᠭᠠᠬᠤ ᠶᠢᠨ ᠬᠠᠮᠲᠤ᠂ ᠬᠡᠰᠡᠭ ᠲᠣᠭᠤᠷᠢᠭ ᠤᠨ ᠬᠡᠪᠴᠢᠶ᠎ᠡ ᠶᠢ ᠠᠯᠬᠤᠮ ᠠᠯᠬᠤᠮ ᠢᠶᠠᠷ ᠥᠷᠭᠡᠳᠬᠡᠬᠦ ᠪᠤᠶᠤ ᠲᠥᠪᠯᠡᠷᠡᠭᠦᠯᠦᠨ ᠵᠠᠯᠭᠠᠯᠳᠤᠭᠤᠯᠵᠤ ᠪᠠᠶᠢᠭᠠᠳ ᠬᠤᠲᠠ ᠶᠢᠨ ᠰᠢᠨᠡᠴᠢᠯᠡᠯᠲᠡ ᠶᠢ ᠬᠡᠷᠡᠭᠵᠢᠭᠦᠯᠦᠨ᠎ᠡ᠃ 2024 ᠣᠨ ᠤ ᠡᠴᠦᠰ ᠪᠣᠯᠬᠤ ᠳᠤ᠂ ᠬᠤᠳᠠ ᠶᠢᠨ ᠰᠢᠨᠡᠴᠢᠯᠡᠯᠲᠡ ᠶᠢᠨ ᠠᠵᠢᠯᠯᠠᠭ᠎ᠠ ᠴᠢᠬᠤᠯᠠ ᠠᠬᠢᠴᠠ ᠲᠠᠢ ᠪᠣᠯᠵᠤ᠂ ᠬᠤᠳᠠ ᠶᠢᠨ ᠰᠢᠨᠡᠴᠢᠯᠡᠯᠲᠡ ᠶᠢᠨ ᠪᠠᠶᠢᠭᠤᠯᠤᠮᠵᠢ ᠲᠣᠭᠲᠠᠴᠠ ᠪᠠ ᠲᠦᠷᠦ ᠶᠢᠨ ᠪᠣᠳᠣᠯᠭ᠎ᠠ ᠶᠢᠨ ᠰᠢᠰᠲ᠋ᠧᠮ ᠠᠩᠬ᠎ᠠ ᠠᠯᠬᠤᠮ ᠪᠦᠷᠢᠯᠳᠦᠵᠦ᠂ ᠬᠤᠳᠠ ᠪᠠᠯᠭᠠᠰᠤᠨ ᠤ ᠰᠢᠰᠲ᠋ᠧᠮ ᠲᠠᠰᠤᠷᠠᠯᠳᠠ ᠦᠭᠡᠢ ᠲᠡᠭᠦᠯᠳᠡᠷᠵᠢᠨ᠂ ᠬᠤᠳᠠ ᠶᠢᠨ ᠪᠦᠲᠦᠴᠡ᠂ ᠴᠢᠳᠠᠮᠵᠢ᠂ ᠪᠠᠶᠢᠷᠢᠰᠢᠯ ᠢ ᠠᠯᠬᠤᠮ ᠠᠯᠬᠤᠮ ᠢᠶᠠᠷ ᠲᠣᠬᠢᠷᠠᠭᠤᠯᠤᠨ ᠰᠢᠯᠢᠳᠡᠭᠵᠢᠭᠦᠯᠵᠦ᠂ ᠬᠤᠳᠠ ᠶᠢᠨ ᠨᠡᠭᠡᠭᠡᠨ ᠬᠥᠭᠵᠢᠭᠦᠯᠵᠦ ᠪᠦᠲᠦᠭᠡᠨ ᠪᠠᠶᠢᠭᠤᠯᠬᠤ ᠠᠷᠭ᠎ᠠ ᠬᠡᠯᠪᠡᠷᠢ ᠶᠢ ᠲᠦᠷᠭᠡᠪᠴᠢᠯᠡᠨ ᠬᠤᠪᠢᠷᠠᠭᠤᠯᠵᠤ᠂ ᠬᠤᠳᠠ ᠶᠢᠨ ᠬᠥᠮᠥᠰ ᠤᠨ ᠣᠷᠣᠰᠢᠨ ᠰᠠᠭᠤᠬᠤ ᠣᠷᠴᠢᠨ ᠨᠥᠬᠦᠴᠡᠯ ᠢ ᠦᠷᠭᠦᠯᠵᠢᠯᠡᠨ ᠰᠠᠶᠢᠵᠢᠷᠠᠭᠤᠯᠵᠤ᠂ ︽ᠬᠤᠳᠠ ᠶᠢᠨ ᠡᠪᠡᠳᠴᠢᠨ︾ ᠪᠠ ᠬᠤᠳᠠ ᠶᠢᠨ ᠲᠣᠪᠣᠶᠢᠮ᠎ᠠ ᠠᠰᠠᠭᠤᠳᠠᠯ ᠢ ᠪᠦᠲᠦᠮᠵᠢᠲᠡᠶ ᠪᠠᠷ ᠵᠠᠰᠠᠨ᠎ᠠ᠃      ᠳᠥᠷᠪᠡ᠂ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ      ᠬᠤᠲᠠ ᠶᠢᠨ ᠰᠢᠨᠡᠴᠢᠯᠡᠯᠲᠡ ᠶᠢᠨ ᠭᠤᠷᠪᠠᠨ ᠵᠢᠯ ᠤᠨ ᠠᠵᠢᠯᠯᠠᠭ᠎ᠠ ᠶᠢᠨ ᠠᠵᠢᠯ ᠢ ᠨᠢᠭᠡᠳᠦᠯᠲᠡᠢ ᠲᠥᠯᠥᠪᠯᠡᠨ ᠠᠬᠢᠭᠤᠯᠵᠤ᠂ ᠬᠠᠷᠢᠭᠤᠴᠠᠯᠭᠠᠲᠤ ᠤᠳᠤᠷᠢᠳᠤᠯᠭ᠎ᠠ ᠶᠢ ᠦᠨᠡᠨᠬᠦ ᠴᠢᠩᠭᠠᠳᠬᠠᠨ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠬᠤ ᠶᠢᠨ ᠲᠤᠰᠠᠳᠠ᠂ ᠬᠠᠶᠢᠨᠠᠨ ᠲᠣᠭᠤᠷᠢᠭ ᠤᠨ ᠬᠤᠲᠠ ᠶᠢᠨ ᠰᠢᠨᠡᠴᠢᠯᠡᠯᠲᠡ ᠶᠢᠨ ᠭᠤᠷᠪᠠᠨ ᠵᠢᠯ ᠤᠨ ᠠᠵᠢᠯᠯᠠᠭ᠎ᠠ ᠶᠢᠨ ᠠᠵᠢᠯ ᠤᠨ ᠤᠳᠤᠷᠢᠳᠬᠤ ᠳᠤᠭᠤᠶᠢᠯᠠᠩ ᠢ ᠪᠠᠶᠢᠭᠤᠯᠤᠨ᠎ᠠ᠄      ᠳᠤᠭᠤᠶᠢᠯᠠᠩ ᠤᠨ ᠳᠠᠷᠤᠭ᠎ᠠ᠄ ᠯᠢᠦ ᠪᠢᠩ   ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠵᠠᠰᠠᠭ ᠤᠨ ᠣᠷᠳᠣᠨ ᠤ ᠣᠷᠣᠯᠠᠭᠴᠢ ᠳᠠᠷᠤᠭ᠎ᠠ      ᠳᠤᠭᠤᠶᠢᠯᠠᠩ ᠤᠨ ᠳᠡᠳ᠋ ᠳᠠᠷᠤᠭ᠎ᠠ᠄ ᠵᠠᠩ ᠢᠦᠢ ᠲᠢᠶᠠᠨ    ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ      ᠯᠢᠦ ᠯᠢ ᠰᠢᠶᠦᠶᠢᠩ   ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ      ᠪᠦᠷᠢᠯᠳᠦᠭᠦᠨ᠄ ᠶᠠᠨ ᠵᠢᠶᠦ᠋ᠨ   ᠪᠠᠶᠠᠨᠲᠤᠬᠤᠢ ᠪᠠᠯᠭᠠᠰᠤᠨ ᠤ ᠨᠠᠮ ᠤᠨ ᠬᠤᠷᠢᠶᠠᠨ ᠤ ᠳᠡᠳ᠋ ᠱᠦᠵᠢ᠂ ᠪᠠᠯᠭᠠᠰᠤᠨ ᠳᠠᠷᠤᠭ᠎ᠠ ᠶᠢᠨ ᠵᠢᠱᠢᠭᠳᠡᠭᠴᠢ      ᠯᠢ ᠵᠢᠶᠦ᠋ᠨ ᠸᠧᠨ      ᠬᠦᠬᠤᠰᠤ ᠪᠠᠯᠭᠠᠰᠤᠨ ᠤ ᠨᠠᠮ ᠤᠨ ᠬᠤᠷᠢᠶᠠᠨ ᠤ ᠳᠡᠳ᠋ ᠱᠦᠵᠢ᠂ ᠪᠠᠯᠭᠠᠰᠤᠨ ᠳᠠᠷᠤᠭ᠎ᠠ ᠶᠢᠨ ᠵᠢᠱᠢᠭᠳᠡᠭᠴᠢ      ᠶᠠᠩ ᠶᠤᠸᠠᠢ ᠯᠦᠩ       ᠷᠠᠰᠠᠩ ᠰᠦᠮ᠎ᠡ ᠪᠠᠯᠭᠠᠰᠤᠨ ᠤ ᠨᠠᠮ ᠤᠨ ᠬᠤᠷᠢᠶᠠᠨ ᠤ ᠳᠡᠳ᠋ ᠱᠦᠵᠢ᠂ ᠪᠠᠯᠭᠠᠰᠤᠨ ᠳᠠᠷᠤᠭ᠎ᠠ ᠶᠢᠨ ᠵᠢᠱᠢᠭᠳᠡᠭᠴᠢ      ᠷᠧᠨ ᠵᠢᠶᠧ   ᠷᠠᠰᠢᠵᠦ᠋ᠩ ᠵᠡᠭᠡᠯᠢ ᠭᠤᠳᠤᠮᠵᠢ ᠶᠢᠨ ᠨᠠᠮ ᠤᠨ ᠠᠵᠢᠯ ᠤᠨ ᠬᠤᠷᠢᠶᠠᠨ ᠤ ᠳᠡᠳ᠋ ᠱᠦᠵᠢ᠂ ᠬᠡᠷᠡᠭ ᠡᠷᠬᠢᠯᠡᠬᠦ ᠭᠠᠵᠠᠷ ᠤᠨ ᠡᠷᠬᠢᠯᠡᠭᠴᠢ       ᠯᠢ ᠴᠢᠩ ᠶᠦᠨ    ᠪᠠᠷᠠᠭᠤᠨ ᠣᠷᠠᠨᠳᠦ᠋ᠰᠢ ᠵᠡᠭᠡᠯᠢ ᠭᠤᠳᠤᠮᠵᠢ ᠶᠢᠨ ᠨᠠᠮ ᠤᠨ ᠠᠵᠢᠯ ᠤᠨ ᠬᠤᠷᠢᠶᠠᠨ ᠤ ᠳᠡᠳ᠋ ᠱᠦᠵᠢ᠂ ᠬᠡᠷᠡᠭ ᠡᠷᠬᠢᠯᠡᠬᠦ ᠭᠠᠵᠠᠷ ᠤᠨ ᠡᠷᠬᠢᠯᠡᠭᠴᠢ      ᠬᠤᠤ ᠶᠤᠸᠠᠨ ᠵᠦᠩ     ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠭᠡᠷ ᠤᠨ ᠡᠷᠬᠢᠯᠡᠭᠴᠢ      ᠵᠠᠩ ᠳ᠋ᠦᠩ ᠴᠧᠩ     ᠲᠣᠭᠤᠷᠢᠭ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠳᠡᠳ᠋ ᠡᠷᠬᠢᠯᠡᠭᠴᠢ      ᠵᠠᠩ ᠫᠢᠩ      ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶᠠᠨ ᠤ ᠳᠠᠷᠤᠭ᠎ᠠ      ᠯᠢᠦ ᠵᠢᠩ ᠲᠤᠤ   ᠲᠣᠭᠤᠷᠢᠭ ᠤᠨ ᠠᠵᠤ ᠦᠢᠯᠡᠳᠪᠦᠷᠢ ᠮᠡᠳᠡᠭᠡ ᠵᠠᠩᠬᠢᠴᠢᠯᠠᠯᠲᠠ ᠶᠢᠨ ᠲᠣᠪᠴᠢᠶ᠎ᠠ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶᠠᠨ ᠤ ᠳᠠᠷᠤᠭ᠎ᠠ      ᠶᠢᠨ ᡁᠢ ᠶᠦᠩ       ᠲᠣᠭᠤᠷᠢᠭ ᠤᠨ ᠠᠷᠠᠳ ᠤᠨ ᠶᠠᠪᠤᠳᠠᠯ ᠤᠨ ᠲᠣᠪᠴᠢᠶᠠᠨ ᠤ ᠳᠠᠷᠤᠭ᠎ᠠ      ᠯᠢᠦ ᠡᠾᠦ᠋ᠢ ᠢᠦᠢ   ᠲᠣᠭᠤᠷᠢᠭ ᠤᠨ ᠬᠠᠤᠯᠢ ᠴᠠᠭᠠᠵᠠ ᠶᠢᠨ ᠲᠣᠪᠴᠢᠶᠠᠨ ᠤ ᠳᠠᠷᠤᠭ᠎ᠠ      ᠸᠠᠩ ᠬᠠᠢ ᠶᠠᠨ   ᠲᠣᠭᠤᠷᠢᠭ ᠤᠨ ᠡᠳ᠋ ᠤᠨ ᠵᠠᠰᠠᠭ ᠤᠨ ᠲᠣᠪᠴᠢᠶᠠᠨ ᠤ ᠳᠡᠳ᠋ ᠳᠠᠷᠤᠭ᠎ᠠ      ᠵᠦ ᠵᠢᠶᠧ    ᠲᠣᠭᠤᠷᠢᠭ ᠤᠨ ᠣᠷᠣᠨ ᠰᠠᠭᠤᠴᠠ ᠪᠠ ᠬᠤᠳᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ︵ᠵᠠᠮ ᠬᠠᠷᠢᠯᠴᠠᠭᠠᠨ ᠤ ᠲᠣᠪᠴᠢᠶ᠎ᠠ︶ ᠶᠢᠨ ᠲᠣᠪᠴᠢᠶᠠᠨ ᠳᠠᠷᠤᠭ᠎ᠠ      ᠯᠢᠦ ᠰᠢᠸ ᠰᠢᠨ   ᠲᠣᠭᠤᠷᠢᠭ ᠤᠨ ᠲᠠᠷᠢᠶᠠᠯᠠᠩ ᠮᠠᠯ ᠠᠵᠤ ᠠᠬᠤᠢ ᠤᠰᠤᠨ ᠤ ᠶᠠᠪᠤᠳᠠᠯ ᠤᠨ ᠲᠣᠪᠴᠢᠶᠠᠨ ᠤ ᠳᠠᠷᠤᠭ᠎ᠠ      ᠽᠧᠩ ᠴᠦᠨ ᠴᠢ    ᠲᠣᠭᠤᠷᠢᠭ ᠤᠨ ᠬᠤᠳᠠᠯᠳᠤᠭᠠᠨ ᠤ ᠶᠠᠪᠤᠳᠠᠯ ᠤᠨ ᠲᠣᠪᠴᠢᠶᠠᠨ ᠤ ᠳᠠᠷᠤᠭ᠎ᠠ      ᠸᠠᠩ ᠵᠢᠶᠦ᠋ᠨ ᠦ᠋    ᠲᠣᠭᠤᠷᠢᠭ ᠤᠨ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ      ᠰᠢᠦᠢ ᠵᠢᠶᠠᠨ ᠵᠢᠶᠦ᠋ᠨ    ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠡᠷᠬᠢᠯᠡᠭᠴᠢ      ᠲᠢᠶᠠᠨ ᠱᠧᠩ ᠮᠢᠩ    ᠲᠣᠭᠤᠷᠢᠭ ᠤᠨ ᠪᠠᠴᠢᠮ ᠪᠠᠶᠢᠳᠠᠯ ᠢ  ᠠᠷᠭᠠᠴᠠᠭᠠᠬᠤ ᠬᠠᠮᠢᠶᠠᠷᠤᠯᠲᠠ ᠶᠢᠨ ᠲᠤᠪᠴᠢᠶᠠᠨ ᠤ ᠳᠠᠷᠤᠭ᠎ᠠ      ᠬᠤᠤ ᠽᠢ ᠬᠤᠸᠠ    ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶᠠᠨ ᠤ ᠳᠠᠷᠤᠭ᠎ᠠ      ᠶᠠᠨ ᠵᠢᠶᠦ᠋ᠨ ᠫᠢᠩ     ᠲᠣᠭᠤᠷᠢᠭ ᠤᠨ ᠡᠨᠧᠷᠭᠢ ᠶᠢᠨ ᠲᠣᠪᠴᠢᠶᠠᠨ ᠤ ᠳᠠᠷᠤᠭ᠎ᠠ      ᠯᠢᠦᠢ ᠷᠥᠩ ᠵᠢᠶᠦ᠋ᠨ    ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶᠠᠨ ᠤ ᠳᠠᠷᠤᠭ᠎ᠠ      ᠶᠠᠩ ᠵᠢᠶᠦ᠋ᠨ    ᠲᠣᠭᠤᠷᠢᠭ ᠤᠨ ᠬᠤᠳᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶᠠᠨ ᠤ ᠳᠠᠷᠤᠭ᠎ᠠ      ᠵᠠᠩ ᠳ᠋ᠦᠩ      ᠬᠠᠶᠢᠨᠠᠨ ᠤ ᠠᠵᠤ ᠦᠢᠯᠡᠳᠪᠦᠷᠢ ᠶᠢᠨ ᠬᠦᠷᠢᠶᠡᠯᠡᠩ ᠤᠨ ᠬᠠᠮᠢᠶᠠᠷᠤᠯᠲᠠ ᠶᠢᠨ ᠵᠥᠪᠯᠡᠯ ᠤᠨ ᠡᠷᠬᠢᠯᠡᠭᠴᠢ      ᠪᠢᠶᠠᠨ ᠬᠤᠤ    ᠲᠣᠭᠤᠷᠢᠭ ᠤᠨ ᠨᠡᠶᠢᠲᠡ ᠶᠢᠨ ᠬᠡᠷᠡᠭᠯᠡᠭᠡᠨ ᠤ ᠦᠢᠯᠡᠰ ᠤᠨ ᠲᠦᠪ ᠤᠨ ᠡᠷᠬᠢᠯᠡᠭᠴᠢ      ᠾᠧ ᠶᠦᠨ      ᠲᠣᠭᠤᠷᠢᠭ ᠤᠨ ᠪᠠᠶᠢᠭᠤᠯᠭ᠎ᠠ ᠶᠢᠨ ᠶᠠᠪᠤᠳᠠᠯ ᠤᠨ ᠦᠢᠯᠡᠴᠢᠯᠡᠭᠡᠨ ᠤ ᠲᠦᠪ ᠤᠨ ᠡᠷᠬᠢᠯᠡᠭᠴᠢ      ᠯᠢ ᠶᠢᠨ ᠸᠧᠨ     ᠬᠠᠶᠢᠨᠠᠨ ᠤ ᠠᠮᠢ ᠠᠬᠤᠢ ᠣᠷᠴᠢᠨ ᠲᠣᠭᠤᠷᠢᠨ ᠤ ᠬᠤᠪᠢᠶᠠᠷᠢ ᠲᠣᠪᠴᠢᠶ᠎ᠠ ᠶᠢᠨ ᠳᠠᠷᠤᠭ᠎ᠠ      ᠯᠢ ᠫᠧᠩ      ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠶᠢᠨ ᠵᠢᠭᠠᠨ ᠵᠢᠯᠣᠭᠤᠳᠤᠭᠴᠢ      ᠸᠠᠩ ᠵᠢᠶᠠᠨ ᠳ᠋ᠧ      ᠬᠠᠶᠢᠨᠠᠨ ᠤ ᠪᠠᠶᠢᠭᠠᠯᠢ ᠶᠢᠨ ᠡᠬᠢ ᠪᠠᠶᠠᠯᠢᠭ ᠤᠨ ᠬᠤᠪᠢᠶᠠᠷᠢ ᠲᠣᠪᠴᠢᠶᠠᠨ ᠤ ᠳᠠᠷᠤᠭ᠎ᠠ      ᠵᠠᠩ ᠬᠠᠢ ᠯᠦᠩ       ᠬᠠᠶᠢᠨᠠᠨ ᠤ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶᠠᠨ ᠤ ᠳᠡᠳ᠋ ᠳᠠᠷᠤᠭ᠎ᠠ      ᠤᠳᠤᠷᠢᠳᠬᠤ ᠳᠤᠭᠤᠶᠢᠯᠠᠩ ᠤᠨ ᠠᠯᠪᠠᠨ ᠭᠡᠷ ᠢ ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠳᠤ ᠪᠠᠶᠢᠷᠢᠯᠠᠭᠤᠯᠵᠤ᠂ ᠵᠦ ᠵᠢᠶᠧ ᠨᠥᠬᠦᠷ ᠠᠯᠪᠠᠨ ᠭᠡᠷ ᠤᠨ ᠡᠷᠬᠢᠯᠡᠭᠴᠢ ᠶᠢᠨ ᠲᠤᠰᠢᠶᠠᠯ ᠢ ᠬᠠᠪᠰᠤᠷᠭᠠᠨ ᠬᠠᠷᠢᠭᠤᠴᠠᠨ᠎ᠠ᠃ ᠠᠯᠪᠠᠨ ᠭᠡᠷ ᠨᠢ ᠬᠤᠲᠠ ᠶᠢᠨ ᠰᠢᠨᠡᠴᠢᠯᠡᠯᠲᠡ ᠶᠢᠨ ᠭᠤᠷᠪᠠᠨ ᠵᠢᠯ ᠤᠨ ᠠᠵᠢᠯᠯᠠᠭ᠎ᠠ ᠶᠢᠨ ᠠᠵᠢᠯ ᠢ ᠨᠢᠭᠡᠳᠦᠯᠲᠡᠢ ᠲᠥᠯᠥᠪᠯᠡᠨ ᠠᠬᠢᠭᠤᠯᠬᠤ ᠶᠢ ᠬᠠᠷᠢᠭᠤᠴᠠᠬᠤ ᠶᠢᠨ ᠬᠠᠮᠲᠤ᠂ ᠤᠳᠤᠷᠢᠳᠬᠤ ᠳᠤᠭᠤᠶᠢᠯᠠᠩ ᠤᠨ ᠡᠯ᠎ᠡ ᠪᠦᠷᠢᠯᠳᠦᠭᠦᠨ ᠨᠢᠭᠡᠴᠡ ᠶᠢᠨ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠬᠢᠨᠠᠯᠲᠠ ᠲᠠᠯᠪᠢᠵᠤ ᠪᠠᠶᠢᠴᠠᠭᠠᠯᠲᠠ ᠬᠢᠵᠦ᠂ ᠳᠡᠭᠡᠳᠦ ᠱᠠᠲᠤᠨ ᠤ ᠪᠠ ᠪᠠᠶᠢᠷᠢᠯᠠᠭᠤᠯᠤᠭᠰᠠᠨ ᠠᠵᠢᠯ ᠤᠨ ᠡᠭᠦᠷᠭᠡ ᠳᠤ ᠬᠢᠨᠠᠯᠲᠠ ᠲᠠᠯᠪᠢᠵᠤ ᠰᠢᠯᠭᠠᠨ ᠬᠢᠨᠠᠨ᠎ᠠ᠃ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ ᠨᠠᠷ ᠨᠢ ᠠᠵᠢᠯᠲᠠᠨ ᠤ ᠬᠤᠪᠢᠷᠠᠯᠲᠠ ᠠᠴᠠ ᠪᠣᠯᠵᠤ ᠥᠪᠡᠷ ᠢᠶᠠᠨ ᠰᠣᠯᠢᠭᠳᠠᠨ᠎ᠠ᠂ ᠠᠰ ᠲᠤᠨᠢ ᠲᠠᠬᠢᠵᠤ ᠲᠣᠬᠢᠷᠠᠭᠤᠯᠬᠤ ᠦᠭᠡᠢ᠃      ᠲᠠᠪᠤ᠂ ᠭᠤᠣᠯᠳᠠᠯᠭ᠎ᠠ ᠲᠠᠢ ᠠᠵᠢᠯ      ︵ᠨᠢᠭᠡ︶ ᠣᠷᠣᠰᠢᠨ ᠰᠠᠭᠤᠬᠤ ᠳᠤ ᠲᠣᠬᠢᠷᠠᠮᠵᠢᠲᠠᠢ ᠠᠵᠢᠯ ᠦᠢᠯᠡᠰ ᠡᠷᠬᠢᠯᠡᠬᠦ ᠳᠤ ᠲᠣᠬᠢᠷᠠᠮᠵᠢᠲᠠᠢ ᠬᠤᠳᠠ ᠶᠢ ᠪᠦᠲᠦᠭᠡᠨ ᠪᠠᠶᠢᠭᠤᠯᠤᠨ᠎ᠠ      1. ᠣᠷᠣᠨ ᠵᠠᠢ ᠶᠢᠨ ᠪᠠᠶᠢᠷᠢᠰᠢᠭᠤᠯᠤᠯᠲᠠ ᠶᠢ ᠲᠡᠭᠦᠯᠳᠡᠷᠵᠢᠭᠦᠯᠦᠨ᠎ᠡ᠃ ᠬᠥᠮᠥᠨ ᠢᠶᠠᠷ ᠦᠨᠳᠦᠰᠦ ᠪᠣᠯᠭᠠᠬᠤ᠂ ᠬᠤᠳᠠ ᠬᠥᠳᠡᠭᠡ ᠶᠢ ᠨᠢᠭᠡᠳᠦᠯᠲᠡᠢ ᠲᠥᠯᠥᠪᠵᠢᠭᠦᠯᠬᠦ᠂ ᠠᠵᠤ ᠦᠢᠯᠡᠰ ᠪᠠ ᠬᠤᠳᠠ ᠶᠢ ᠠᠭᠤᠰᠤᠯᠴᠠᠭᠤᠯᠬᠤ᠂ ᠪᠦᠯᠬᠦᠮ ᠪᠠᠶᠢᠭᠤᠯᠤᠨ ᠬᠥᠭᠵᠢᠭᠦᠯᠬᠦ ᠵᠠᠷᠴᠢᠮ ᠢ ᠪᠠᠷᠢᠮᠲᠠᠯᠠᠵᠤ᠂ ᠠᠵᠤ ᠦᠢᠯᠡᠰ᠂ ᠬᠤᠳᠠ ᠶᠢᠨ ᠬᠤᠣᠰ ᠬᠡᠯᠪᠡᠷᠢ ᠶᠢᠨ ᠬᠤᠪᠢᠷᠠᠭᠤᠯᠤᠯᠲᠠ ᠶᠢᠨ ᠬᠡᠷᠡᠭᠴᠡᠭᠡ ᠪᠠᠷ ᠭᠤᠣᠯᠯᠠᠭᠤᠯᠤᠨ᠂ ᠣᠷᠣᠨ ᠪᠦᠰᠡ ᠶᠢᠨ ᠴᠢᠳᠠᠮᠵᠢ ᠶᠢᠨ ᠪᠠᠶᠢᠷᠢᠰᠢᠯ ᠢ ᠰᠢᠯᠢᠳᠡᠭᠵᠢᠭᠦᠯᠵᠦ᠂ ᠬᠠᠳᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠶᠢ ᠨᠢᠭᠡᠳᠦᠯᠲᠡᠢ ᠲᠥᠯᠥᠪᠯᠡᠵᠦ᠂ ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠯᠴᠡᠬᠦ᠂ ᠠᠵᠢᠯ ᠬᠤᠪᠢᠶᠠᠷᠢᠯᠠᠨ ᠬᠠᠮᠲᠤᠷᠠᠯᠴᠠᠬᠤ᠂ ᠬᠠᠮᠢᠶᠠᠷᠴᠤ ᠬᠠᠮᠵᠢᠯᠴᠠᠭᠰᠠᠨ ᠰᠠᠭᠤᠷᠢ ᠲᠥᠬᠦᠭᠡᠷᠦᠮᠵᠢ ᠶᠢᠨ ᠰᠢᠰᠲ᠋ᠧᠮ ᠢ ᠲᠦᠷᠭᠡᠪᠴᠢᠯᠡᠨ ᠪᠤᠢ ᠪᠣᠯᠭᠠᠨ᠎ᠠ᠃ ᠵᠠᠮ᠂ ᠨᠣᠭᠤᠭᠠᠷᠠᠭᠤᠯᠤᠯᠲᠠ ᠶᠢᠨ ᠲᠣᠭᠤᠷᠢᠨ ᠳᠤ ᠬᠤᠲᠠ ᠶᠢᠨ ᠰᠢᠨᠡᠴᠢᠯᠡᠯᠲᠡ ᠶᠢᠨ ᠵᠢᠷᠤᠭ ᠲᠥᠯᠥᠪᠯᠡᠭᠡ ᠶᠢ ᠥᠷᠨᠢᠭᠦᠯᠵᠦ᠂ ᠨᠡᠭᠡᠭᠡᠨ ᠬᠥᠭᠵᠢᠭᠦᠯᠬᠦ ᠬᠦᠴᠦᠯᠡᠴᠡ᠂ ᠬᠤᠲᠠ ᠶᠢᠨ ᠴᠢᠳᠠᠮᠵᠢ ᠶᠢᠨ ᠪᠠᠶᠢᠷᠢ ᠲᠣᠭᠲᠠᠭᠠᠯᠲᠠ ᠪᠠ ᠬᠡᠯᠪᠡᠷᠢ ᠪᠠᠶᠢᠳᠠᠯ ᠢ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠦᠨ ᠪᠠᠶᠢᠷᠢᠯᠠᠭᠤᠯᠵᠤ᠂ ᠬᠤᠲᠠ ᠶᠢᠨ ᠪᠦᠲᠦᠭᠡᠨ ᠪᠠᠶᠢᠭᠤᠯᠤᠯᠲᠠ ᠶᠢ ᠥᠨᠳᠥᠷ ᠪᠠᠷᠢᠮᠵᠢᠶ᠎ᠠ ᠪᠠᠷ ᠠᠬᠢᠭᠤᠯᠤᠨ᠎ᠠ᠃ ᠬᠤᠳᠠ ᠶᠢᠨ ᠲᠣᠭᠤᠷᠢᠭ᠂ ᠲᠠᠷᠢᠶᠠᠯᠠᠬᠤ ᠣᠷᠣᠨ᠂ ᠠᠭᠤᠷᠬᠠᠢ ᠶᠢᠨ ᠣᠷᠣᠨ ᠤ ᠣᠷᠭᠠᠨᠢᠭ ᠨᠡᠶᠢᠯᠡᠯ ᠢ ᠲᠦᠯᠬᠢᠨ ᠠᠬᠢᠭᠤᠯᠵᠤ᠂ ᠣᠨᠴᠠᠯᠢᠭᠲᠤ ᠬᠤᠲᠠ ᠪᠠᠯᠭᠠᠰᠤ ᠶᠢ ᠭᠤᠣᠯᠳᠠᠯᠭ᠎ᠠ ᠲᠠᠢ ᠪᠠᠷ ᠬᠥᠭᠵᠢᠭᠦᠯᠦᠨ᠎ᠡ᠃ ᠬᠠᠭᠤᠴᠢᠨ ᠪᠠ ᠬᠠᠭᠤᠴᠢᠷᠠᠭᠰᠠᠨ ᠵᠢᠵᠢᠭ ᠲᠣᠭᠤᠷᠢᠭ ᠢ ᠥᠭᠡᠷᠡᠴᠢᠯᠡᠬᠦ᠂ ᠳᠥᠭᠦᠮ ᠪᠦᠳᠦᠭᠦᠯᠢᠭ ᠣᠷᠣᠨ ᠰᠠᠭᠤᠴᠠᠲᠤ ᠲᠣᠭᠤᠷᠢᠭ ᠢ ᠨᠡᠭᠦᠯᠭᠡᠨ ᠥᠭᠡᠷᠡᠴᠢᠯᠡᠬᠦ᠂ ᠬᠠᠭᠤᠴᠢᠨ ᠪᠠ ᠬᠠᠭᠤᠴᠢᠨ ᠠᠰᠠᠷ ᠪᠠᠶᠢᠰᠢᠩ ᠬᠢᠭᠡᠳ ᠤᠯᠠᠮᠵᠢᠯᠠᠯᠲᠤ ᠬᠤᠳᠠᠯᠳᠤᠭᠠᠨ ᠤ ᠲᠣᠭᠤᠷᠢᠭ ᠢ ᠥᠭᠡᠷᠡᠴᠢᠯᠡᠬᠦ᠂ ︽ᠰᠢᠩᠭᠡᠯᠢᠭ ᠢᠶᠠᠨ ᠰᠤᠯᠠᠯᠠᠵᠤ ᠰᠢᠪᠠᠭᠤ ᠰᠣᠯᠢᠬᠤ︾ ᠪᠠ ᠬᠠᠭᠤᠴᠢᠨ ᠪᠠ ᠬᠠᠭᠤᠴᠢᠨ ᠦᠢᠯᠡᠳᠪᠦᠷᠢ ᠶᠢᠨ ᠪᠠᠶᠢᠰᠢᠩ ᠢ ᠰᠢᠨᠡᠳᠬᠡᠨ ᠥᠭᠡᠷᠡᠴᠢᠯᠡᠬᠦ ᠳᠥᠷᠪᠡᠨ ᠶᠡᠭᠡ ᠢᠨᠵᠧᠨᠧᠷᠢᠩ ᠢ ᠲᠥᠷᠥᠯ ᠬᠤᠪᠢᠶᠠᠨ ᠠᠬᠢᠭᠤᠯᠵᠤ᠂ ᠰᠢᠰᠲ᠋ᠧᠮ ᠲᠠᠢ ᠲᠥᠯᠦᠪᠵᠢᠭᠦᠯᠭᠡ ᠶᠢ ᠵᠣᠬᠢᠬᠤ ᠬᠡᠮᠵᠢᠶ᠎ᠡ ᠪᠠᠷ ᠤᠷᠢᠳᠴᠢᠯᠠᠨ ᠰᠠᠶᠢᠲᠤᠷ ᠬᠢᠵᠦ᠂ ᠲᠤᠬᠠᠢ ᠶᠢᠨ ᠭᠠᠵᠠᠷ ᠣᠷᠣᠨ ᠤ ᠪᠠᠶᠢᠳᠠᠯ  ᠳᠤᠨᠢ ᠲᠣᠬᠢᠷᠠᠭᠤᠯᠤᠨ ᠬᠡᠷᠡᠭᠵᠢᠭᠦᠯᠬᠦ ᠲᠥᠰᠥᠯ ᠢ ᠲᠣᠳᠣᠷᠬᠠᠶᠢᠯᠠᠵᠤ᠂ ᠣᠯᠠᠨ ᠲᠦᠮᠡᠨ ᠤ ᠦᠢᠯᠡᠳᠪᠦᠷᠢᠯᠡᠯ ᠠᠮᠢᠳᠤᠷᠠᠯ ᠤᠨ ᠣᠷᠴᠢᠨ ᠲᠣᠭᠤᠷᠢᠨ ᠢ ᠪᠥᠬᠦ ᠲᠠᠯ᠎ᠠ ᠪᠠᠷ ᠰᠠᠶᠢᠵᠢᠷᠠᠭᠤᠯᠤᠨ᠎ᠠ᠃ ︵ᠲᠦᠷᠦᠭᠦᠯᠡᠨ ᠬᠢᠬᠦ ᠨᠢᠭᠡᠴᠡ᠄ ᠬᠠᠶᠢᠨᠠᠨ ᠤ ᠪᠠᠶᠢᠭᠠᠯᠢ ᠶᠢᠨ ᠡᠬᠢ ᠪᠠᠶᠠᠯᠢᠭ ᠤᠨ ᠬᠤᠪᠢᠶᠠᠷᠢ ᠲᠣᠪᠴᠢᠶ᠎ᠠ᠃ ᠬᠠᠷᠢᠭᠤᠴᠠᠯᠭᠠᠲᠤ ᠨᠢᠭᠡᠴᠡ᠄ ᠡᠯ᠎ᠡ ᠪᠠᠯᠭᠠᠰᠤ ︵ᠵᠡᠭᠡᠯᠢ ᠭᠤᠳᠤᠮᠵᠢ︶᠂ ᠲᠣᠭᠤᠷᠢᠭ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ᠂ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ᠂ ᠨᠡᠶᠢᠲᠡ ᠶᠢᠨ ᠬᠡᠷᠡᠭᠯᠡᠭᠡᠨ ᠤ ᠦᠢᠯᠡᠰ ᠤᠨ ᠬᠥᠭᠵᠢᠯᠲᠡ ᠶᠢᠨ ᠲᠥᠪ︶      2. ᠬᠠᠭᠤᠴᠢᠨ ᠵᠢᠵᠢᠭ ᠲᠣᠭᠤᠷᠢᠭ ᠤᠨ ᠥᠭᠡᠷᠡᠴᠢᠯᠡᠯᠲᠡ ᠶᠢ ᠠᠬᠢᠭᠤᠯᠤᠨ᠎ᠠ᠃ ᠬᠠᠮᠲᠤᠪᠠᠷ ᠪᠠᠶᠢᠭᠤᠯᠬᠤ ᠬᠠᠮᠲᠤᠪᠠᠷ ᠵᠠᠰᠠᠬᠤ ᠬᠠᠮᠲᠤᠪᠠᠷ ᠡᠳ᠋ᠯᠡᠬᠦ ᠪᠠ ᠰᠠᠭᠤᠷᠢ ᠲᠦᠷᠦᠯ ᠤᠨ ᠥᠭᠡᠷᠡᠴᠢᠯᠡᠪᠡᠰᠦ ᠵᠣᠬᠢᠬᠤ ᠶᠢ ᠨᠢ ᠪᠦᠬᠦᠨ ᠢ ᠥᠭᠡᠷᠡᠴᠢᠯᠡᠬᠦ᠂ ᠲᠡᠭᠦᠯᠳᠡᠷᠵᠢᠭᠦᠯᠬᠦ ᠲᠦᠷᠦᠯ ᠤᠨ ᠥᠭᠡᠷᠡᠴᠢᠯᠡᠪᠡᠰᠦ ᠵᠣᠬᠢᠬᠤ ᠶᠢ ᠨᠢ ᠤᠯᠠᠨ ᠥᠭᠡᠷᠡᠴᠢᠯᠡᠬᠦ᠂ ᠳᠡᠭᠡᠭᠰᠢᠯᠡᠭᠦᠯᠬᠦ ᠲᠦᠷᠦᠯ ᠢ ᠢᠳᠡᠪᠬᠢᠲᠡᠢ ᠠᠬᠢᠭᠤᠯᠬᠤ ᠱᠠᠭᠠᠷᠳᠠᠯᠭ᠎ᠠ ᠶᠣᠰᠣᠭᠠᠷ᠂ ᠤᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠪᠠ ᠬᠦᠰᠡᠯ ᠡᠷᠡᠮᠡᠯᠵᠡᠯ ᠢ ᠭᠦᠢᠴᠡᠳ ᠬᠦᠨᠳᠦᠳᠬᠡᠵᠦ᠂ ᠬᠠᠭᠤᠴᠢᠨ ᠪᠠ ᠬᠠᠭᠤᠴᠢᠨ ᠲᠣᠭᠤᠷᠢᠭ ᠢ ᠥᠭᠡᠷᠡᠴᠢᠯᠡᠬᠦ ᠲᠥᠯᠦᠪᠵᠢᠭᠦᠯᠭᠡ ᠪᠠ ᠣᠨ ᠤ ᠥᠭᠡᠷᠡᠴᠢᠯᠡᠯᠲᠡ ᠶᠢᠨ ᠲᠥᠯᠥᠪᠯᠡᠭᠡ ᠶᠢ ᠰᠢᠨᠵᠢᠯᠡᠬᠦ ᠤᠬᠠᠭᠠᠨᠴᠢ ᠪᠠᠷ ᠨᠠᠶᠢᠷᠠᠭᠤᠯᠤᠨ ᠵᠣᠬᠢᠶᠠᠵᠤ᠂ ︽ᠨᠢᠭᠡ ᠲᠣᠭᠤᠷᠢᠭ ᠲᠤ ᠨᠢᠭᠡ ᠠᠷᠭ᠎ᠠ ᠪᠣᠳᠣᠯᠭ᠎ᠠ ᠲᠣᠭᠲᠠᠭᠠᠬᠤ︾ ᠵᠠᠷᠴᠢᠮ ᠢ ᠬᠡᠷᠡᠭᠵᠢᠭᠦᠯᠵᠦ᠂ ᠥᠭᠡᠷᠡᠴᠢᠯᠡᠬᠦ ᠠᠭᠤᠯᠭ᠎ᠠ ᠶᠢ ᠵᠦᠢ ᠵᠣᠬᠢᠰᠲᠠᠢ ᠲᠤᠭᠲᠠᠭᠠᠨ᠂ ᠤᠯᠠᠨ ᠲᠦᠮᠡᠨ ᠤ ︽  ᠪᠠᠴᠢᠮ ᠬᠦᠴᠢᠷ ᠵᠤᠪᠠᠨᠢᠬᠤ ᠬᠦᠰᠡᠬᠦ︾ ᠠᠰᠠᠭᠤᠳᠠᠯ ᠢ ᠬᠦᠴᠦᠯᠡᠨ ᠰᠢᠢᠳᠪᠦᠷᠢᠯᠡᠨ᠎ᠡ᠃ 2024 ᠣᠨ ᠤ ᠡᠴᠦᠰ ᠪᠣᠯᠬᠤ ᠳᠤ᠂ ᠮᠠᠨ ᠤ ᠲᠤᠭᠤᠷᠢᠭ ᠤᠨ 2005 ᠣᠨ ᠠᠴᠠ ᠡᠮᠦᠨᠡᠬᠢ ᠦᠯᠡᠳᠡᠭᠰᠡᠨ 16 ᠬᠠᠭᠤᠴᠢᠨ ᠵᠢᠵᠢᠭ ᠲᠣᠭᠤᠷᠢᠭ ᠢ ᠪᠠᠶᠢᠭᠤᠯᠵᠤ ᠳᠠᠭᠤᠰᠬᠠᠨ᠂ 31.52 ᠲᠦᠮᠡᠨ ᠲᠡᠭᠰᠢ ᠳᠥᠷᠪᠡᠯᠵᠢᠨ ᠮᠧᠲᠷ ᠢ ᠪᠦᠬᠦᠨ ᠢ ᠥᠭᠡᠷᠡᠴᠢᠯᠡᠵᠦ ᠳᠠᠭᠤᠰᠬᠠᠬᠤ ᠪᠠᠷ ᠴᠢᠷᠮᠠᠶᠢᠨ᠎ᠠ᠃ ᠡᠭᠦᠨ ᠳᠤ 2022 ᠣᠨ ᠳᠤ 5 ᠬᠠᠭᠤᠴᠢᠨ ᠵᠢᠵᠢᠭ ᠲᠣᠭᠤᠷᠢᠭ᠂ 9.86 ᠲᠦᠮᠡᠨ ᠲᠡᠭᠰᠢ ᠳᠥᠷᠪᠡᠯᠵᠢᠨ ᠮᠧᠲᠷ ᠢ ᠥᠭᠡᠷᠡᠴᠢᠯᠡᠨ ᠪᠠᠶᠢᠭᠤᠯᠬᠤ ᠪᠠᠷ ᠲᠥᠯᠥᠪᠯᠡᠵᠦ ᠪᠤᠢ᠃ 2023 ᠣᠨ ᠳᠤ 5 ᠬᠠᠭᠤᠴᠢᠨ ᠵᠢᠵᠢᠭ ᠲᠣᠭᠤᠷᠢᠭ᠂ 9.87 ᠲᠦᠮᠡᠨ ᠲᠡᠭᠰᠢ ᠳᠥᠷᠪᠡᠯᠵᠢᠨ ᠮᠧᠲᠷ ᠢ ᠥᠭᠡᠷᠡᠴᠢᠯᠡᠨ ᠪᠠᠶᠢᠭᠤᠯᠬᠤ ᠪᠠᠷ ᠲᠥᠯᠥᠪᠯᠡᠵᠦ ᠪᠠᠶᠢᠨ᠎ᠠ᠃ 2024 ᠣᠨ ᠳᠤ 6 ᠬᠠᠭᠤᠴᠢᠨ ᠵᠢᠵᠢᠭ ᠲᠣᠭᠤᠷᠢᠭ᠂ 11.79 ᠲᠦᠮᠡᠨ ᠲᠡᠭᠰᠢ ᠳᠥᠷᠪᠡᠯᠵᠢᠨ ᠮᠧᠲᠷ ᠢ ᠥᠭᠡᠷᠡᠴᠢᠯᠡᠬᠦ ᠪᠠᠷ ᠲᠥᠯᠥᠪᠯᠡᠵᠦ ᠪᠠᠶᠢᠨ᠎ᠠ᠃ ᠡᠳ᠋ ᠤᠨ ᠵᠠᠰᠠᠭ ᠤᠨ ᠱᠠᠩᠨᠠᠵᠤ ᠲᠤᠰᠠᠯᠠᠬᠤ ᠪᠡᠯᠡ ᠮᠥᠩᠭᠦ ᠶᠢ ᠢᠳᠡᠪᠬᠢᠲᠡᠢ ᠲᠡᠮᠡᠴᠡᠨ ᠣᠯᠵᠤ᠂ ᠨᠢᠭᠡ ᠪᠦᠯᠦᠭ ᠬᠠᠭᠤᠴᠢᠨ ᠵᠢᠵᠢᠭ ᠲᠣᠭᠤᠷᠢᠭ ᠢ ᠳᠡᠭᠡᠭᠰᠢᠯᠡᠭᠦᠯᠬᠦ ᠲᠥᠷᠥᠯ ᠤᠨ ᠥᠭᠡᠷᠡᠴᠢᠯᠡᠯᠲᠡ ᠶᠢᠨ ᠵᠢᠱᠢᠶ᠎ᠡ ᠦᠵᠡᠭᠦᠯᠬᠦ ᠲᠥᠷᠥᠯ ᠵᠦᠢᠯ ᠢ ᠪᠦᠲᠦᠭᠡᠨ ᠪᠠᠶᠢᠭᠤᠯᠵᠤ᠂ ᠬᠠᠭᠤᠯᠪᠤᠷᠢᠯᠠᠵᠤ ᠪᠣᠯᠬᠤ ᠳᠡᠯᠭᠡᠷᠡᠭᠦᠯᠵᠦ ᠪᠣᠯᠬᠤ ᠲᠤᠷᠰᠢᠯᠭ᠎ᠠ ᠶᠢ ᠪᠣᠶ ᠪᠣᠯᠭᠠᠨ᠎ᠠ᠃ ᠤᠰᠤ ᠠᠷᠪᠢᠯᠠᠬᠤ ᠥᠭᠡᠷᠡᠴᠢᠯᠡᠯᠲᠡ᠂ ᠨᠠᠰᠤᠲᠠᠶᠢᠴᠤᠳ ᠲᠤ ᠲᠣᠬᠢᠷᠠᠬᠤ ᠨᠢᠯᠬᠠᠰ ᠢ ᠠᠰᠠᠷᠠᠬᠤ ᠪᠠ ᠬᠠᠷᠰᠢ ᠰᠠᠭᠠᠳ ᠦᠭᠡᠢ ᠲᠥᠬᠦᠭᠡᠷᠦᠮᠵᠢ ᠶᠢ ᠥᠭᠡᠷᠡᠴᠢᠯᠡᠬᠦ ᠡᠷᠴᠢᠮ ᠢ ᠴᠢᠩᠭᠠᠷᠠᠭᠤᠯᠵᠤ᠂ ᠰᠠᠭᠤᠭᠠᠯᠢ ᠠᠷᠠᠳ ᠤᠨ ᠣᠷᠣᠰᠢᠨ ᠰᠠᠭᠤᠬᠤ ᠳᠤ ᠲᠣᠬᠢᠷᠠᠮᠵᠢᠲᠠᠢ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠬᠠᠭᠤᠴᠢᠨ ᠪᠠ ᠬᠠᠭᠤᠴᠢᠨ ᠵᠢᠵᠢᠭ ᠲᠣᠭᠤᠷᠢᠭ ᠢ ᠥᠭᠡᠷᠡᠴᠢᠯᠡᠭᠰᠡᠨ ᠤ ᠳᠠᠷᠠᠭᠠᠬᠢ ᠠᠳᠠᠯ ᠠᠬᠤᠢ ᠶᠢᠨ ᠬᠠᠮᠢᠶᠠᠷᠤᠯᠲᠠ ᠶᠢ ᠴᠢᠩᠭᠠᠳᠬᠠᠵᠤ᠂ ︽ᠭᠤᠷᠪᠠ ᠶᠢ ᠬᠤᠪᠢᠶᠠᠨ ᠪᠠᠶᠢᠭᠤᠯᠵᠤ᠂ ᠲᠤᠯᠤᠭᠠᠨ ᠬᠤᠪᠢ ᠪᠠᠷ ᠬᠠᠮᠢᠶᠠᠷᠬᠤ︾ ᠶᠢ ᠪᠠᠷᠢᠮᠲᠠᠯᠠᠨ᠂ ᠠᠳᠠᠯ ᠠᠬᠤᠢ ᠶᠢᠨ ᠬᠢᠨᠠᠯᠲᠠ ᠬᠠᠮᠢᠶᠠᠷᠤᠯᠲᠠ ᠶᠢᠨ ᠲᠠᠪᠴᠠᠩ ᠢ ᠪᠠᠶᠢᠭᠤᠯᠵᠤ᠂  ᠴᠡᠭ ᠢᠶᠠᠷ ᠨᠡᠶᠢᠳᠡᠮ ᠢ ᠳᠠᠶᠢᠴᠢᠯᠠᠨ᠂ ᠴᠡᠭ ᠢᠶᠠᠷ ᠨᠡᠶᠢᠳᠡᠮ ᠢ ᠤᠶᠠᠯᠳᠤᠭᠤᠯᠵᠤ᠂ ᠠᠳᠠᠭ ᠢ ᠨᠢ ᠰᠢᠭᠰᠢᠭᠳᠡᠭᠦᠯᠬᠦ ᠲᠣᠭᠲᠠᠴᠠ ᠶᠢ ᠬᠡᠷᠡᠭᠵᠢᠭᠦᠯᠦᠨ᠂ ᠠᠳᠠᠯ ᠠᠬᠤᠢ ᠶᠢᠨ ᠬᠠᠮᠢᠶᠠᠷᠤᠯᠲᠠ ᠶᠢᠨ ᠦᠢᠯᠡᠴᠢᠯᠡᠭᠡᠨ ᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ︵ᠲᠦᠷᠦᠭᠦᠯᠡᠨ ᠬᠢᠬᠦ ᠨᠢᠭᠡᠴᠡ᠄ ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠃ ᠬᠠᠷᠢᠭᠤᠴᠠᠯᠭᠠᠲᠤ ᠨᠢᠭᠡᠴᠡ᠄ ᠲᠤᠭᠤᠷᠢᠭ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠲᠣᠪᠴᠢᠶ᠎ᠠ᠂ ᠠᠷᠠᠳ ᠤᠨ ᠶᠠᠪᠤᠳᠠᠯ ᠤᠨ ᠲᠣᠪᠴᠢᠶ᠎ᠠ᠂ ᠬᠠᠶᠢᠨᠠᠨ ᠤ ᠪᠠᠶᠢᠭᠠᠯᠢ ᠶᠢᠨ ᠡᠬᠢ ᠪᠠᠶᠠᠯᠢᠭ ᠤᠨ ᠬᠤᠪᠢᠶᠠᠷᠢ ᠲᠣᠪᠴᠢᠶ᠎ᠠ︶           3. ᠬᠠᠭᠤᠴᠢᠨ ᠭᠡᠷ ᠪᠠᠶᠢᠰᠢᠩ ᠢ ᠰᠢᠨᠡᠳᠬᠡᠨ ᠵᠠᠰᠠᠬᠤ ᠶᠢ ᠠᠬᠢᠭᠤᠯᠤᠨ᠎ᠠ᠃ ᠴᠢᠳᠠᠯ ᠢᠶᠠᠷ ᠢᠶᠠᠨ ᠴᠢᠷᠮᠠᠶᠢᠬᠤ᠂ ᠴᠢᠳᠠᠯ ᠤᠨ ᠢᠶᠠᠨ ᠬᠢᠷᠢ ᠪᠠᠷ ᠬᠢᠬᠦ ᠵᠠᠷᠴᠢᠮ ᠢ ᠪᠠᠷᠢᠮᠲᠠᠯᠠᠨ᠂ ᠰᠢᠨᠵᠢᠯᠡᠬᠦ ᠤᠬᠠᠭᠠᠨᠴᠢ ᠪᠠᠷ ᠠᠷᠭ᠎ᠠ ᠰᠦᠪᠡᠭᠴᠢᠯᠡᠵᠦ᠂ ᠰᠢᠨ᠎ᠡ ᠪᠠᠷ ᠪᠠᠶᠢᠭᠤᠯᠬᠤ᠂ ᠥᠭᠡᠷᠡᠴᠢᠯᠡᠨ ᠪᠠᠶᠢᠭᠤᠯᠬᠤ ︵ᠥᠷᠭᠡᠳᠬᠡᠨ ᠪᠠᠶᠢᠭᠤᠯᠬᠤ᠂ ᠳᠠᠬᠢᠨ ᠪᠠᠶᠢᠭᠤᠯᠬᠤ︶᠂ ︽ᠪᠢᠴᠢᠯ ᠥᠭᠡᠷᠡᠴᠢᠯᠡᠯᠲᠡ︾ ᠵᠡᠷᠭᠡ ᠣᠯᠠᠨ ᠵᠦᠢᠯ ᠤᠨ ᠠᠷᠭ᠎ᠠ ᠮᠠᠶ᠋ᠢᠭ ᠢ ᠠᠪᠴᠤ ᠪᠠᠶᠢᠭᠠᠳ ᠳᠥᠭᠦᠮ ᠪᠦᠳᠦᠭᠦᠯᠢᠭ ᠣᠷᠣᠨ ᠰᠠᠭᠤᠴᠠᠲᠤ ᠲᠣᠭᠤᠷᠢᠭ ᠤᠨ ᠥᠭᠡᠷᠡᠴᠢᠯᠡᠯᠲᠡ ᠶᠢ ᠯᠠᠪᠳᠠᠭᠤᠨ ᠢᠶᠠᠷ ᠠᠬᠢᠭᠤᠯᠵᠤ᠂ ᠳᠥᠭᠦᠮ ᠪᠦᠳᠦᠭᠦᠯᠢᠭ ᠣᠷᠣᠨ ᠰᠠᠭᠤᠴᠠᠲᠤ ᠲᠣᠭᠤᠷᠢᠭ ᠤᠨ ᠥᠭᠡᠷᠡᠴᠢᠯᠡᠯᠲᠡ ᠶᠢ ᠲᠤᠬᠠᠢ ᠶᠢᠨ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠵᠤᠭᠤᠰᠵᠢᠭᠤᠯᠤᠨ ᠲᠥᠪᠬᠢᠨᠡᠭᠦᠯᠬᠦ ᠲᠥᠷᠥ ᠶᠢᠨ ᠪᠣᠳᠣᠯᠭ᠎ᠠ ᠶᠢ ᠲᠣᠬᠢᠷᠠᠭᠤᠯᠤᠨ ᠲᠣᠬᠢᠷᠠᠭᠤᠯᠤᠨ ᠲᠡᠭᠦᠯᠳᠡᠷᠵᠢᠭᠦᠯᠦᠨ᠎ᠡ᠃ ᠭᠤᠷᠪᠠᠨ ᠵᠢᠯ ᠤᠨ ᠬᠤᠭᠤᠴᠠᠭ᠎ᠠ ᠶᠢ ᠠᠰᠢᠭᠯᠠᠵᠤ ᠪᠠᠶᠢᠭᠠᠳ 4000 ᠳᠥᠭᠦᠮ ᠪᠦᠳᠦᠭᠦᠯᠢᠭ ᠣᠷᠣᠨ ᠰᠠᠭᠤᠴᠠᠲᠤ ᠲᠣᠭᠤᠷᠢᠭ ᠤᠨ ᠪᠠᠶᠢᠰᠢᠩ ᠭᠡᠷ ᠢ ᠥᠭᠡᠷᠡᠴᠢᠯᠡᠬᠦ ᠪᠠᠷ ᠲᠥᠯᠥᠪᠯᠡᠵᠦ ᠪᠠᠶᠢᠨ᠎ᠠ᠂ ᠡᠭᠦᠨ ᠳᠤ 2022 ᠣᠨ ᠳᠤ 1500 ᠢᠵᠢ ᠭᠡᠷ ᠪᠠᠶᠢᠰᠢᠩ ᠢ ᠥᠭᠡᠷᠡᠴᠢᠯᠡᠬᠦ ᠪᠠᠷ ᠲᠥᠯᠥᠪᠯᠡᠵᠦ ᠪᠠᠶᠢᠨ᠎ᠠ᠂ 2023 ᠣᠨ ᠳᠤ 1500 ᠢᠵᠢ ᠭᠡᠷ ᠪᠠᠶᠢᠰᠢᠩ ᠢ ᠥᠭᠡᠷᠡᠴᠢᠯᠡᠬᠦ ᠪᠠᠷ ᠲᠥᠯᠥᠪᠯᠡᠵᠦ ᠪᠠᠶᠢᠨ᠎ᠠ᠂ 2024 ᠣᠨ ᠳᠤ 1000 ᠭᠡᠷ ᠪᠠᠶᠢᠰᠢᠩ ᠢ ᠥᠭᠡᠷᠡᠴᠢᠯᠡᠬᠦ ᠪᠠᠷ ᠲᠥᠯᠥᠪᠯᠡᠵᠦ ᠪᠠᠶᠢᠨ᠎ᠠ᠂ ᠡᠮᠦᠨ᠎ᠡ᠂ ᠬᠤᠶᠢᠲᠤ ᠬᠤᠰᠢᠭᠤᠨ ᠤ ᠬᠡᠦᠷᠰᠢᠭᠦᠯᠬᠦ ᠦᠢᠯᠡᠳᠪᠦᠷᠢ ᠵᠡᠷᠭᠡ 9 ᠬᠠᠭᠤᠴᠢᠨ ᠣᠷᠣᠨ ᠰᠠᠭᠤᠴᠠ ᠶᠢᠨ ᠲᠣᠭᠤᠷᠢᠭ ᠤᠨ ᠭᠡᠷ ᠪᠠᠶᠢᠰᠢᠩ ᠡᠪᠳᠡᠷᠡᠵᠦ ᠬᠠᠭᠤᠴᠢᠷᠠᠭᠰᠠᠨ᠂ ᠣᠷᠴᠢᠨ ᠲᠣᠭᠤᠷᠢᠨ ᠡᠮᠬᠢ ᠵᠠᠮᠪᠠᠷᠠᠭ᠎ᠠ ᠦᠭᠡᠢ᠂ ᠬᠥᠮᠥᠨ ᠬᠠᠷ᠎ᠠ ᠡᠮᠬᠢ ᠵᠠᠮᠪᠠᠷᠠᠭ᠎ᠠ ᠦᠭᠡᠢ᠂ ᠵᠠᠰᠠᠬᠤ ᠳᠤ ᠬᠦᠴᠢᠷᠲᠡᠢ ᠵᠡᠷᠭᠡ ᠠᠰᠠᠭᠤᠳᠠᠯ ᠢ ᠲᠤᠶᠢᠯᠪᠤᠷᠢᠲᠠᠢ ᠰᠢᠢᠳᠪᠦᠷᠢᠯᠡᠵᠦ᠂ ᠳᠥᠭᠦᠮ ᠪᠦᠳᠦᠭᠦᠯᠢᠭ ᠣᠷᠣᠨ ᠰᠠᠭᠤᠴᠠᠲᠤ ᠲᠣᠭᠤᠷᠢᠭ ᠤᠨ ᠰᠠᠭᠤᠭᠠᠯᠢ ᠠᠷᠠᠳ ᠢ ︽ᠰᠠᠨᠠᠭᠠᠰᠢᠷᠠᠨ ᠰᠠᠭᠤᠵᠤ︾ ᠪᠠᠶᠢᠭᠰᠠᠨ ᠠᠴᠠ ᠨᠢ ︽ᠠᠮᠤᠭᠤᠯᠠᠩ ᠣᠷᠣᠨ ᠰᠠᠭᠤᠴᠠ︾ ᠪᠣᠯᠭᠠᠨ ᠥᠭᠡᠷᠡᠴᠢᠯᠡᠬᠦ ᠬᠠᠷᠠᠯᠲᠠ ᠶᠢ ᠪᠦᠲᠦᠮᠵᠢᠲᠡᠶ ᠪᠡᠶᠡᠯᠡᠭᠦᠯᠦᠨ᠎ᠡ᠃ ᠬᠠᠭᠤᠴᠢᠨ ᠠᠰᠠᠷ ᠬᠢᠭᠡᠳ ᠤᠯᠠᠮᠵᠢᠯᠠᠯᠲᠤ ᠬᠤᠳᠠᠯᠳᠤᠭᠠᠨ ᠤ ᠲᠣᠭᠤᠷᠢᠭ ᠤᠨ ᠥᠭᠡᠷᠡᠴᠢᠯᠡᠯᠲᠡ ᠶᠢ ᠠᠬᠢᠭᠤᠯᠵᠤ᠂ ᠪᠠᠷᠢᠯᠭ᠎ᠠ ᠶᠢᠨ ᠵᠢᠷᠤᠭ ᠲᠥᠯᠥᠪᠯᠡᠭᠡ ᠶᠢᠨ ᠬᠢᠷᠢ ᠬᠡᠮᠵᠢᠶ᠎ᠡ ᠪᠠ ᠪᠠᠷᠢᠯᠭ᠎ᠠ ᠶᠢᠨ ᠴᠢᠳᠠᠪᠬᠢ ᠶᠢ ᠳᠡᠭᠡᠭᠰᠢᠯᠡᠭᠦᠯᠵᠦ᠂ ᠠᠮᠤᠷ ᠲᠦᠪᠰᠢᠨ᠂ ᠣᠶᠤᠨᠴᠢ᠂ ᠪᠣᠬᠢᠷᠳᠤᠯ ᠦᠭᠡᠢ ᠣᠶᠤᠨᠲᠤ ᠠᠰᠠᠷ ᠢ ᠪᠠᠶᠢᠭᠤᠯᠤᠨ᠎ᠠ᠃ ᠶᠢᠨ ᠲᠠᠢ ᠶᠠᠪᠠᠭᠠᠨ ᠵᠡᠭᠡᠯᠢ᠂ ᠮᠢᠩ ᠳ᠋ᠡ ᠶᠠᠪᠠᠭᠠᠨ ᠵᠡᠭᠡᠯᠢ᠂ ᠵᠢᠵᠢᠭ ᠢᠳᠡᠭᠡᠨ ᠤ ᠵᠡᠭᠡᠯᠢ ᠪᠠ ᠶᠢᠨ ᠬᠠᠢ ᠵᠠᠬ᠎ᠠ ᠳᠡᠯᠭᠡᠭᠦᠷ᠂ ᠬᠠᠲᠤᠨ ᠭᠤᠣᠯ ᠵᠠᠬ᠎ᠠ ᠳᠡᠯᠭᠡᠭᠦᠷ ᠢ ᠥᠭᠡᠷᠡᠴᠢᠯᠡᠨ ᠲᠠᠰ ᠳᠡᠪᠰᠢᠭᠦᠯᠬᠦ ᠶᠢ ᠲᠥᠯᠥᠪᠵᠢᠭᠦᠯᠦᠨ ᠬᠡᠷᠡᠭᠵᠢᠭᠦᠯᠵᠦ᠂ ᠰᠢᠨ᠎ᠡ ᠠᠬᠤᠢ ᠲᠠᠯᠠᠪᠠᠶ ᠶᠢᠨ ᠬᠡᠷᠡᠭᠯᠡᠭᠡ ᠶᠢ ᠥᠷᠭᠡᠳᠬᠡᠨ᠂ ᠰᠢᠨ᠎ᠡ ᠬᠡᠷᠡᠭᠯᠡᠭᠡᠨ ᠤ ᠳᠠᠯᠳᠠ ᠬᠦᠴᠦᠨ ᠢ ᠠᠭᠤᠳᠠᠯᠵᠤ᠂ ᠬᠤᠲᠠ ᠶᠢᠨ ᠰᠢᠨ᠎ᠡ ᠠᠮᠢᠵᠢᠷᠠᠯ ᠤᠨ ᠬᠦᠴᠦᠨ ᠢ ᠳᠡᠭᠡᠭᠰᠢᠯᠡᠭᠦᠯᠦᠨ᠎ᠡ᠃ ᠦᠬᠦᠰᠢᠷᠡᠮᠡᠯ ᠠᠵᠤ ᠠᠬᠤᠶᠢᠯᠠᠯ ᠢ ᠴᠡᠪᠡᠷᠯᠡᠨ ᠭᠠᠷᠭᠠᠬᠤ ᠪᠠ ᠬᠠᠭᠤᠴᠢᠨ ᠦᠢᠯᠡᠳᠪᠦᠷᠢ ᠶᠢᠨ ᠪᠠᠶᠢᠰᠢᠩ ᠢ ᠰᠢᠨᠡᠳᠬᠡᠨ ᠥᠭᠡᠷᠡᠴᠢᠯᠡᠬᠦ ᠶᠢ ᠲᠦᠯᠬᠢᠨ ᠠᠬᠢᠭᠤᠯᠵᠤ᠂ ᠬᠦᠷᠢᠶᠡᠯᠡᠩ ᠤᠨ ᠪᠦᠬᠦᠯᠢ ᠴᠣᠭᠴᠠ ᠶᠢᠨ ᠳᠦᠷᠢ ᠲᠥᠷᠬᠦ ᠶᠢ ᠳᠡᠭᠡᠭᠰᠢᠯᠡᠭᠦᠯᠦᠨ᠎ᠡ᠃ ︵ᠲᠦᠷᠦᠭᠦᠯᠡᠨ ᠬᠢᠬᠦ ᠨᠢᠭᠡᠴᠡ᠄ ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ᠂ ᠲᠣᠭᠤᠷᠢᠭ ᠤᠨ ᠪᠠᠲᠤᠯᠠᠭ᠎ᠠ ᠶᠢᠨ ᠠᠯᠪᠠᠨ ᠭᠡᠷ᠃ ᠬᠠᠷᠢᠭᠤᠴᠠᠯᠭᠠᠲᠤ ᠨᠢᠭᠡᠴᠡ᠄ ᠲᠤᠭᠤᠷᠢᠭ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠲᠣᠪᠴᠢᠶ᠎ᠠ᠂ ᠬᠠᠶᠢᠨᠠᠨ ᠤ ᠪᠠᠶᠢᠭᠠᠯᠢ ᠶᠢᠨ ᠡᠬᠢ ᠪᠠᠶᠠᠯᠢᠭ ᠤᠨ ᠬᠤᠪᠢᠶᠠᠷᠢ ᠲᠣᠪᠴᠢᠶ᠎ᠠ᠂ ᠬᠠᠶᠢᠨᠠᠨ ᠤ ᠠᠵᠤ ᠦᠢᠯᠡᠳᠪᠦᠷᠢ ᠶᠢᠨ ᠬᠦᠷᠢᠶᠡᠯᠡᠩ ᠤᠨ ᠬᠠᠮᠢᠶᠠᠷᠤᠯᠲᠠ ᠶᠢᠨ ᠵᠥᠪᠯᠡᠯ︶      4. ᠣᠷᠣᠨ ᠰᠠᠭᠤᠴᠠ ᠶᠢᠨ ᠪᠠᠲᠤᠯᠠᠭ᠎ᠠ ᠶᠢ ᠴᠢᠩᠭᠠᠳᠬᠠᠨ᠎ᠠ᠃ ᠤᠯᠤᠰ ᠠᠴᠠ ᠳᠤᠷᠠᠳᠤᠭᠰᠠᠨ ︽ᠠᠷᠪᠠᠨ ᠳᠥᠷᠪᠡᠳᠦᠭᠡᠷ ᠲᠠᠪᠤᠨ ᠵᠢᠯ ᠤᠨ ᠲᠦᠯᠦᠪᠵᠢᠭᠦᠯᠭᠡ︾ ᠶᠢᠨ ᠬᠤᠭᠤᠴᠠᠭᠠᠨ ᠳᠤ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ ᠶᠢ ᠭᠤᠣᠯᠳᠠᠯᠭ᠎ᠠ ᠲᠠᠢ ᠬᠥᠭᠵᠢᠭᠦᠯᠬᠦ ᠶᠡᠷᠦᠩᠬᠡᠢ ᠱᠠᠭᠠᠷᠳᠠᠯᠭ᠎ᠠ ᠶᠣᠰᠣᠭᠠᠷ᠂ ︽ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠶᠢ ᠲᠦᠷᠭᠡᠳᠬᠡᠨ ᠬᠥᠭᠵᠢᠭᠦᠯᠬᠦ ᠲᠤᠬᠠᠢ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠰᠠᠨᠠᠯ︾ ᠢ ᠦᠨᠳᠦᠰᠦᠯᠡᠨ᠂ ᠬᠠᠩᠭᠠᠯᠭ᠎ᠠ ᠬᠡᠷᠡᠭᠴᠡᠭᠡ ᠶᠢ ᠵᠣᠬᠢᠴᠠᠭᠤᠯᠬᠤ ᠵᠠᠷᠴᠢᠮ ᠢ ᠪᠠᠷᠢᠮᠲᠠᠯᠠᠨ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠶᠢᠨ ᠰᠤᠯᠠ ᠪᠠᠶᠢᠬᠤ ᠭᠠᠵᠠᠷ ᠰᠢᠷᠣᠢ ᠵᠡᠷᠭᠡ ᠶᠢ ᠪᠦᠲᠦᠮᠵᠢᠲᠡᠶ ᠠᠰᠢᠭᠯᠠᠵᠤ᠂ ᠰᠢᠨᠵᠢᠯᠡᠬᠦ ᠤᠬᠠᠭᠠᠨᠴᠢ ᠪᠥᠭᠡᠳ ᠵᠦᠢ ᠵᠣᠬᠢᠰᠲᠠᠢ ᠲᠦᠯᠦᠪᠵᠢᠭᠦᠯᠦᠨ᠂ ᠲᠤᠬᠠᠢ ᠶᠢᠨ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠶᠢ ᠬᠥᠭᠵᠢᠭᠦᠯᠵᠦ᠂ ᠰᠢᠨ᠎ᠡ ᠪᠠᠷ ᠠᠵᠢᠯ ᠣᠯᠣᠭᠰᠠᠨ ᠰᠢᠨ᠎ᠡ ᠬᠤᠲᠠ ᠶᠢᠨ ᠠᠷᠠᠳ᠂ ᠵᠠᠯᠠᠭᠤᠴᠤᠳ ᠤᠨ ᠦᠨᠳᠦᠰᠦᠨ ᠣᠷᠣᠨ ᠰᠠᠭᠤᠴᠠ ᠶᠢᠨ ᠬᠡᠷᠡᠭᠴᠡᠭᠡ ᠱᠠᠭᠠᠷᠳᠠᠯᠭ᠎ᠠ ᠶᠢ ᠬᠠᠩᠭᠠᠨ᠎ᠠ᠃ ︵ᠲᠦᠷᠦᠭᠦᠯᠡᠨ ᠬᠢᠬᠦ ᠨᠢᠭᠡᠴᠡ᠄ ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠃ ᠬᠠᠷᠢᠭᠤᠴᠠᠯᠭᠠᠲᠤ ᠨᠢᠭᠡᠴᠡ᠄ ᠲᠤᠭᠤᠷᠢᠭ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠲᠣᠪᠴᠢᠶ᠎ᠠ᠂ ᠬᠠᠶᠢᠨᠠᠨ ᠤ ᠪᠠᠶᠢᠭᠠᠯᠢ ᠶᠢᠨ ᠡᠬᠢ ᠪᠠᠶᠠᠯᠢᠭ ᠤᠨ ᠬᠤᠪᠢᠶᠠᠷᠢ ᠲᠣᠪᠴᠢᠶ᠎ᠠ︶      5. ᠵᠠᠰᠠᠮᠠᠯ ᠵᠠᠮ ᠤᠨ ᠵᠠᠮ ᠬᠠᠷᠢᠯᠴᠠᠭᠠᠨ ᠤ ᠰᠢᠰᠲ᠋ᠧᠮᠵᠢ ᠶᠢ ᠲᠡᠭᠦᠯᠳᠡᠷᠵᠢᠭᠦᠯᠦᠨ ᠳᠡᠭᠡᠭᠰᠢᠯᠡᠭᠦᠯᠦᠨ᠎ᠡ᠃ ᠲᠤᠭᠤᠷᠢᠭ  ᠤᠨ ᠳᠣᠲᠣᠷᠠᠬᠢ ᠵᠠᠮ ᠬᠠᠷᠢᠯᠴᠠᠭᠠᠨ ᠤ ᠰᠢᠰᠲ᠋ᠧᠮᠵᠢ ᠶᠢ ᠰᠠᠭᠠᠳ ᠦᠭᠡᠢ ᠨᠠᠪᠲᠠᠷᠡᠭᠦᠯᠵᠦ᠂ ᠡᠷᠬᠢᠨ ᠲᠣᠭᠤᠷᠢᠨ ᠵᠡᠷᠭᠡ ᠣᠷᠣᠨ ᠪᠦᠰᠡ ᠶᠢᠨ ᠲᠦᠷᠭᠡᠨ ᠬᠤᠷᠳᠤᠴᠠᠲᠤ ᠵᠠᠰᠠᠮᠠᠯ ᠵᠠᠮ ᠤᠨ ᠲᠣᠣᠷ ᠰᠦᠯᠵᠢᠶ᠎ᠡ ᠶᠢᠨ ᠪᠦᠲᠦᠭᠡᠨ ᠪᠠᠶᠢᠭᠤᠯᠤᠯᠲᠠ ᠪᠠ ᠵᠠᠮ ᠬᠠᠷᠢᠯᠴᠠᠭ᠎ᠠ ᠶᠢ ᠨᠢᠭᠡ ᠴᠣᠭᠴᠠᠵᠢᠭᠤᠯᠤᠨ ᠬᠥᠭᠵᠢᠭᠦᠯᠬᠦ ᠶᠢ ᠲᠦᠷᠭᠡᠳᠬᠡᠨ ᠠᠬᠢᠭᠤᠯᠵᠤ᠂ ᠮᠤᠵᠢ ᠶᠢᠨ ᠵᠠᠮ ᠤᠨ S37 ᠱᠤᠭᠤᠮ ᠤᠨ ᠦᠬᠠᠢ ᠶᠢᠨ ᠬᠡᠰᠡᠭ ᠠᠴᠠ ᠨᠢᠩᠳᠦᠩ ᠬᠦᠷᠬᠦ ᠬᠡᠰᠡᠭ ᠵᠡᠷᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠬᠠᠪᠰᠤᠷᠤᠨ ᠠᠬᠢᠭᠤᠯᠤᠨ᠎ᠠ᠃ ᠠᠭᠤᠷᠬᠠᠢ ᠶᠢᠨ ᠣᠷᠣᠨ᠂ ᠬᠦᠷᠢᠶᠡᠯᠡᠩ ᠤᠨ ᠵᠠᠮ ᠤᠨ ᠡᠪᠳᠡᠷᠡᠯ ᠰᠦᠢᠳᠦᠯ ᠢ ᠰᠡᠯᠪᠢᠨ ᠵᠠᠰᠠᠬᠤ᠂ ᠳᠠᠬᠢᠨ ᠵᠠᠰᠠᠬᠤ ᠪᠠ ᠰᠢᠨ᠎ᠡ ᠪᠠᠷ ᠪᠠᠶᠢᠭᠤᠯᠬᠤ ᠪᠠ ᠥᠭᠡᠷᠡᠴᠢᠯᠡᠨ ᠪᠠᠶᠢᠭᠤᠯᠬᠤ ᠢᠨᠵᠧᠨᠧᠷᠢᠩ ᠢ ᠠᠬᠢᠭᠤᠯᠵᠤ᠂ ᠵᠠᠮ ᠤᠨ ᠬᠤᠶᠠᠷ ᠬᠠᠵᠠᠭᠤ ᠶᠢᠨ ᠪᠦᠬᠦᠨ ᠢ ᠪᠢᠲᠡᠭᠦᠮᠵᠢᠯᠡᠬᠦ ᠶᠢ ᠬᠡᠷᠡᠭᠵᠢᠭᠦᠯᠦᠨ᠎ᠡ᠃ ᠬᠤᠲᠠ ᠶᠢᠨ ᠶᠠᠪᠤᠳᠠᠯ ᠤᠨ ᠵᠠᠮ ᠤᠨ ᠲᠣᠣᠷ ᠤᠨ ᠪᠦᠲᠦᠴᠡ ᠶᠢ ᠲᠡᠭᠦᠯᠳᠡᠷᠵᠢᠭᠦᠯᠵᠦ᠂ ᠬᠤᠲᠠ ᠶᠢᠨ ᠶᠠᠪᠤᠳᠠᠯ ᠤᠨ ᠵᠠᠮ ᠤᠨ ᠪᠠᠷᠢᠮᠵᠢᠶ᠎ᠠ ᠶᠢ ᠳᠡᠭᠡᠭᠰᠢᠯᠡᠭᠦᠯᠦᠨ ᠥᠭᠡᠷᠡᠴᠢᠯᠡᠬᠦ ᠶᠢ ᠠᠬᠢᠭᠤᠯᠤᠨ᠂ ᠬᠤᠲᠠ ᠶᠢᠨ ᠲᠣᠭᠤᠷᠢᠭ ᠤᠨ ᠵᠠᠮ ᠤᠨ ᠲᠣᠣᠷ ᠤᠨ ᠪᠦᠲᠦᠭᠡᠨ ᠪᠠᠶᠢᠭᠤᠯᠤᠯᠲᠠ ᠶᠢ ᠲᠡᠭᠦᠯᠳᠡᠷᠵᠢᠭᠦᠯᠵᠦ᠂ ᠬᠤᠲᠠ ᠶᠢᠨ ᠲᠣᠭᠤᠷᠢᠭ ᠠᠴᠠ 654 ᠬᠦᠷᠬᠦ ᠵᠡᠷᠭᠡ ᠵᠠᠮ ᠢ ᠰᠡᠯᠪᠢᠨ ᠵᠠᠰᠠᠵᠤ ᠥᠭᠡᠷᠡᠴᠢᠯᠡᠬᠦ ᠲᠥᠷᠥᠯ ᠵᠦᠢᠯ ᠢ ᠬᠡᠷᠡᠭᠵᠢᠭᠦᠯᠦᠨ᠎ᠡ᠃ ᠡᠯ᠎ᠡ ᠵᠢᠵᠢᠭ ᠲᠣᠭᠤᠷᠢᠭ᠂ ᠬᠤᠳᠠᠯᠳᠤᠭᠠᠨ ᠤ ᠲᠣᠭᠤᠷᠢᠭ ᠤᠨ ᠡᠷᠬᠢᠨ ᠲᠣᠭᠤᠷᠢᠨ ᠤ ᠢᠵᠢ ᠪᠦᠷᠢᠳᠦᠭᠰᠡᠨ ᠬᠤᠲᠠ ᠶᠢᠨ ᠶᠠᠪᠤᠳᠠᠯ ᠤᠨ ᠵᠠᠮ ᠢ ᠲᠡᠭᠦᠯᠳᠡᠷᠵᠢᠭᠦᠯᠬᠦ ᠶᠢᠨ ᠲᠣᠭᠤᠷᠢᠨ ᠳᠤ᠂ ᠬᠡᠦᠷᠰᠢᠭᠦᠯᠬᠦ ᠦᠢᠯᠡᠳᠪᠦᠷᠢ ᠶᠢᠨ ᠵᠢᠵᠢᠭ ᠲᠣᠭᠤᠷᠢᠭ᠂ ᠲᠢᠶᠠᠨ ᠶᠠ ᠵᠢᠵᠢᠭ ᠲᠣᠭᠤᠷᠢᠭ ᠂  ᠢ ᠮᠢᠨ ᠵᠡᠷᠭᠡ ᠵᠢᠵᠢᠭ ᠲᠣᠭᠤᠷᠢᠭ ᠤᠨ ᠡᠷᠬᠢᠨ ᠲᠣᠭᠤᠷᠢᠨ ᠤ ᠵᠠᠮ ᠤᠨ ᠥᠭᠡᠷᠡᠴᠢᠯᠡᠯᠲᠡ ᠶᠢ ᠬᠡᠷᠡᠭᠵᠢᠭᠦᠯᠵᠦ᠂ ᠵᠠᠮ ᠨᠡᠪᠲᠡᠷᠡᠯᠭᠡ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠪᠠᠶᠠᠬᠤᠰᠤ ᠵᠡᠭᠡᠯᠢ ᠶᠢᠨ ᠵᠡᠭᠦᠨ ᠭᠠᠷᠬᠤ ᠡᠭᠦᠳᠡ᠂ ᠴᠡᠴᠡᠷᠯᠢᠭ ᠤᠨ ᠵᠠᠮ ᠤᠨ ᠬᠤᠶᠢᠲᠤ ᠭᠠᠷᠬᠤ ᠡᠭᠦᠳᠡ ᠵᠡᠷᠭᠡ ᠮᠤᠬᠤᠷ ᠵᠠᠮ ᠢ ᠨᠠᠪᠲᠠᠷᠡᠭᠦᠯᠵᠦ᠂ ᠬᠤᠲᠠ ᠶᠢᠨ ᠵᠠᠮ ᠤᠨ ︽ᠪᠢᠴᠢᠯ ᠡᠷᠭᠢᠯᠲᠡ︾ ᠶᠢ ᠰᠠᠭᠠᠳ ᠦᠭᠡᠢ ᠨᠡᠪᠲᠡᠷᠡᠭᠦᠯᠦᠨ᠎ᠡ᠃ ᠬᠥᠳᠡᠭᠡ ᠲᠣᠰᠬᠤᠨ ᠤ ᠵᠠᠰᠠᠮᠠᠯ ᠵᠠᠮ ᠤᠨ ᠴᠢᠨᠠᠷ ᠰᠠᠶᠢᠲᠠᠢ ᠬᠥᠭᠵᠢᠯᠲᠡ ᠶᠢ ᠲᠦᠯᠬᠢᠨ ᠠᠬᠢᠭᠤᠯᠵᠤ᠂ ᠬᠥᠳᠡᠭᠡ ᠲᠣᠰᠬᠤᠨ ᠤ ᠵᠠᠰᠠᠮᠠᠯ ᠵᠠᠮ ᠤᠨ ᠪᠠᠶᠢᠭᠤᠯᠤᠯᠲᠤ ᠲᠣᠰᠬᠤᠨ ᠳᠤ ᠬᠤᠣᠰ ᠲᠡᠷᠭᠡᠨ ᠵᠠᠮ ᠨᠡᠪᠲᠡᠷᠡᠬᠦ ᠵᠠᠰᠠᠮᠠᠯ ᠵᠠᠮ ᠤᠨ ᠥᠭᠡᠷᠡᠴᠢᠯᠡᠯᠲᠡ᠂ ᠬᠥᠳᠡᠭᠡ ᠲᠣᠰᠬᠤᠨ ᠤ ᠵᠢᠭᠤᠯᠴᠢᠯᠠᠯ ᠤᠨ ᠵᠠᠮ᠂ ᠡᠬᠢ ᠪᠠᠶᠠᠯᠢᠭ ᠤᠨ ᠵᠠᠮ᠂ ᠠᠵᠤ ᠦᠢᠯᠡᠰ ᠤᠨ ᠵᠠᠮ᠂ ᠬᠥᠳᠡᠭᠡ ᠲᠣᠰᠬᠤᠨ ᠤ ᠵᠠᠮ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠬᠥᠳᠡᠭᠡ ᠲᠣᠰᠬᠤᠨ ᠤ ᠵᠠᠰᠠᠮᠠᠯ ᠵᠠᠮ ᠤᠨ ᠦᠢᠯᠡᠴᠢᠯᠡᠭᠡᠨ ᠤ ᠴᠢᠳᠠᠪᠤᠷᠢ ᠪᠠ ᠬᠢᠷᠢ ᠬᠡᠮᠵᠢᠶ᠎ᠡ ᠶᠢ ᠪᠦᠲᠦᠮᠵᠢᠲᠡᠶ ᠪᠠᠷ ᠳᠡᠭᠡᠭᠰᠢᠯᠡᠭᠦᠯᠵᠦ᠂ ᠬᠤᠳᠠ ᠬᠥᠳᠡᠭᠡ ᠶᠢᠨ ᠬᠤᠯᠪᠣᠯᠳᠤᠨ ᠨᠡᠪᠲᠡᠷᠡᠯᠴᠡᠬᠦ ᠶᠢ ᠠᠬᠢᠭᠤᠯᠤᠨ᠎ᠠ᠃ ᠬᠤᠳᠠ ᠬᠥᠳᠡᠭᠡ ᠶᠢᠨ ᠠᠶᠠᠨᠴᠢᠳ ᠤᠨ ᠲᠡᠭᠡᠭᠡᠪᠦᠷᠢ ᠶᠢ ᠨᠢᠭᠡ ᠴᠣᠭᠴᠠᠵᠢᠭᠤᠯᠤᠨ ᠬᠥᠭᠵᠢᠭᠦᠯᠬᠦ ᠶᠢ ᠲᠦᠯᠬᠢᠨ ᠠᠬᠢᠭᠤᠯᠵᠤ᠂ ᠬᠤᠳᠠ ᠶᠢᠨ ᠤᠯᠠᠨ ᠨᠡᠶᠢᠲᠡ ᠶᠢᠨ ᠵᠠᠮ ᠬᠠᠷᠢᠯᠴᠠᠭᠠᠨ ᠤ ᠲᠣᠣᠷ ᠰᠦᠯᠵᠢᠶ᠎ᠡ ᠶᠢ ᠰᠢᠯᠢᠳᠡᠭᠵᠢᠭᠦᠯᠦᠨ᠂ ᠬᠤᠳᠠ ᠶᠢᠨ ᠲᠣᠭᠤᠷᠢᠭ ᠤᠨ ᠤᠯᠠᠨ ᠨᠡᠶᠢᠲᠡ ᠶᠢᠨ ᠬᠤᠲᠠ ᠶᠢᠨ ᠲᠡᠷᠭᠡ ᠵᠣᠭᠰᠤᠭᠠᠬᠤ ᠪᠡᠯᠡᠳᠬᠡᠮᠵᠢ ᠶᠢ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠦᠨ ᠪᠦᠲᠦᠭᠡᠨ ᠪᠠᠶᠢᠭᠤᠯᠵᠤ᠂ ᠨᠥᠬᠦᠴᠡᠯ ᠲᠠᠢ ᠵᠠᠮ ᠤᠨ ᠬᠤᠶᠠᠷ ᠬᠠᠵᠠᠭᠤ ᠵᠢᠴᠢ ᠣᠯᠠᠨ ᠨᠡᠶᠢᠲᠡ ᠶᠢᠨ ᠲᠠᠯᠠᠪᠤᠷ ᠤᠨ ᠲᠡᠷᠭᠡ ᠵᠣᠭᠰᠤᠭᠠᠬᠤ ᠪᠠᠶᠢᠷᠢ ᠶᠢ ᠵᠠᠭᠠᠭᠯᠠᠨ ᠲᠣᠭᠲᠠᠭᠠᠬᠤ ᠡᠷᠴᠢᠮ ᠢ ᠴᠢᠩᠭᠠᠷᠠᠭᠤᠯᠤᠨ᠂ ᠣᠯᠠᠨ ᠨᠡᠶᠢᠲᠡ ᠶᠢᠨ ᠪᠠᠷᠢᠯᠭ᠎ᠠ ᠪᠠ ᠲᠣᠮᠣ ᠬᠡᠯᠪᠡᠷᠢ ᠶᠢᠨ ᠰᠠᠭᠤᠭᠠᠯᠢ ᠠᠷᠠᠳ ᠤᠨ ᠵᠢᠵᠢᠭ ᠲᠣᠭᠤᠷᠢᠭ ᠲᠤ ᠲᠡᠷᠭᠡ ᠵᠣᠭᠰᠤᠭᠠᠬᠤ ᠲᠠᠯᠠᠪᠠᠶ ᠲᠣᠬᠢᠷᠠᠭᠤᠯᠤᠨ ᠪᠠᠶᠢᠭᠤᠯᠬᠤ ᠶᠢ ᠰᠢᠨ᠎ᠡ ᠪᠠᠷ ᠪᠠᠶᠢᠭᠤᠯᠬᠤ ᠶᠢ ᠵᠣᠷᠢᠭᠵᠢᠭᠤᠯᠵᠤ᠂ ᠬᠥᠮᠥᠨ ᠠᠮᠠ ᠨᠢᠭᠲᠠᠷᠠᠨ ᠴᠤᠭᠯᠠᠷᠠᠭᠰᠠᠨ ᠣᠷᠣᠨ ᠳᠤ ᠲᠡᠷᠭᠡ ᠵᠣᠭᠰᠤᠭᠠᠬᠤ ᠳᠤ ᠬᠦᠴᠢᠷᠲᠡᠢ ᠪᠠᠶᠢᠬᠤ ᠠᠰᠠᠭᠤᠳᠠᠯ ᠢ ᠨᠠᠮᠳᠠᠭᠤᠯᠤᠨ᠎ᠠ᠃ ᠪᠣᠬᠢᠷᠳᠤᠯ ᠦᠭᠡᠢ ᠵᠠᠮ ᠬᠠᠷᠢᠯᠴᠠᠭᠠᠨ ᠤ ᠰᠢᠰᠲ᠋ᠧᠮᠵᠢ ᠶᠢ ᠶᠡᠬᠡᠪᠡᠷ ᠬᠥᠭᠵᠢᠭᠦᠯᠵᠦ᠂ ᠰᠢᠨ᠎ᠡ ᠡᠨᠧᠷᠭᠢ ᠶᠢᠨ ᠮᠠᠰᠢᠨ ᠲᠡᠷᠭᠡ ᠵᠡᠷᠭᠡ ᠪᠣᠬᠢᠷᠳᠤᠯ ᠦᠭᠡᠢ ᠵᠠᠮ ᠬᠠᠷᠢᠯᠴᠠᠭᠠᠨ ᠤ ᠪᠠᠭᠠᠵᠢ ᠶᠢ ᠳᠡᠯᠭᠡᠷᠡᠭᠦᠯᠦᠨ᠂ ᠣᠯᠠᠨ ᠨᠡᠶᠢᠲᠡ ᠶᠢᠨ ᠲᠡᠷᠭᠡᠨ ᠵᠣᠭᠰᠣᠭᠠᠯ᠂ ᠰᠠᠭᠤᠭᠠᠯᠢ ᠠᠷᠠᠳ ᠤᠨ ᠵᠢᠵᠢᠭ ᠲᠣᠭᠤᠷᠢᠭ ᠤᠨ ᠲᠡᠷᠭᠡᠨ ᠵᠣᠭᠰᠣᠭᠠᠯ ᠪᠠ ᠭᠤᠣᠯ ᠪᠣᠯᠬᠤ ᠵᠠᠮ ᠬᠠᠷᠢᠯᠴᠠᠭᠠᠨ ᠤ ᠱᠤᠭᠤᠮ ᠳᠠᠭᠠᠤ᠂ ᠬᠡᠢ ᠨᠡᠮᠡᠬᠦ ᠥᠷᠲᠡᠭᠡ᠂ ᠤᠰᠤᠲᠥ᠋ᠷᠥᠭᠴᠢ ᠨᠡᠮᠡᠬᠦ ᠥᠷᠲᠡᠭᠡ᠂ ᠴᠠᠬᠢᠯᠭᠠᠨ ᠴᠡᠨᠡᠭᠯᠡᠬᠦ ᠱᠣᠩ ᠵᠡᠷᠭᠡ ᠨᠡᠶᠢᠲᠡ ᠶᠢᠨ ᠬᠡᠷᠡᠭᠯᠡᠭᠡᠨ ᠤ ᠰᠠᠭᠤᠷᠢ ᠪᠡᠯᠡᠳᠬᠡᠮᠵᠢ ᠶᠢ ᠲᠥᠯᠥᠪᠵᠢᠭᠦᠯᠦᠨ ᠪᠦᠲᠦᠭᠡᠨ ᠪᠠᠶᠢᠭᠤᠯᠤᠨ᠎ᠠ᠃ ︵ᠲᠦᠷᠦᠭᠦᠯᠡᠨ ᠬᠢᠬᠦ ᠨᠢᠭᠡᠴᠡ᠄ ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠡᠨᠧᠷᠭᠢ ᠶᠢᠨ ᠲᠣᠪᠴᠢᠶ᠎ᠠ᠃ ᠬᠠᠷᠢᠭᠤᠴᠠᠯᠭᠠᠲᠤ ᠨᠢᠭᠡᠴᠡ᠄ ᠲᠣᠭᠤᠷᠢᠭ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠲᠣᠪᠴᠢᠶ᠎ᠠ᠂ ᠬᠠᠶᠢᠨᠠᠨ ᠤ ᠪᠠᠶᠢᠭᠠᠯᠢ ᠶᠢᠨ ᠡᠬᠢ ᠪᠠᠶᠠᠯᠢᠭ ᠤᠨ ᠬᠤᠪᠢᠶᠠᠷᠢ ᠲᠣᠪᠴᠢᠶ᠎ᠠ︶      6. ᠨᠡᠶᠢᠭᠡᠮ ᠲᠣᠭᠤᠷᠢᠭ ᠤᠨ ᠦᠢᠯᠡᠴᠢᠯᠡᠭᠡ ᠶᠢ ᠰᠢᠯᠢᠳᠡᠭᠵᠢᠭᠦᠯᠦᠨ᠎ᠡ᠃ ᠪᠦᠷᠢᠨ ᠪᠦᠲᠦᠨ ᠣᠷᠣᠰᠢᠨ ᠰᠠᠭᠤᠬᠤ ᠨᠡᠶᠢᠭᠡᠮ ᠲᠣᠭᠤᠷᠢᠭ ᠤᠨ ᠪᠠᠶᠢᠭᠤᠯᠤᠯᠲᠠ ᠶᠢᠨ ᠳᠤᠲᠠᠭᠤᠳᠠᠯ ᠢ ᠨᠥᠬᠦᠪᠦᠷᠢᠯᠡᠬᠦ ᠠᠵᠢᠯᠯᠠᠭ᠎ᠠ ᠶᠢ ᠥᠷᠨᠢᠭᠦᠯᠵᠦ᠂ ᠪᠦᠷᠢᠨ ᠪᠦᠲᠦᠨ ᠨᠡᠶᠢᠭᠡᠮ ᠲᠣᠭᠤᠷᠢᠭ ᠤᠨ ᠪᠠᠶᠢᠭᠤᠯᠤᠯᠲᠠ ᠶᠢ ᠪᠤᠢ ᠪᠣᠯᠭᠠᠵᠤ᠂ ᠨᠡᠶᠢᠭᠡᠮ ᠲᠣᠭᠤᠷᠢᠭ ᠤᠨ ᠬᠠᠮᠢᠶᠠᠷᠤᠯᠲᠠ ᠪᠠ ᠦᠢᠯᠡᠴᠢᠯᠡᠭᠡᠨ ᠤ ᠳᠤᠲᠠᠭᠤᠳᠠᠯ ᠢ ᠨᠥᠬᠦᠪᠦᠷᠢᠯᠡᠨ᠎ᠡ᠃ ᠨᠢᠭᠡ ᠮᠦᠴᠡᠲᠦ ᠠᠮᠢᠳᠤᠷᠠᠯ ᠤᠨ ᠬᠦᠷᠢᠶ᠎ᠡ ᠬᠡᠪᠴᠢᠶ᠎ᠡ ᠨᠦᠭᠦᠳ ᠢ ᠪᠠᠶᠢᠭᠤᠯᠵᠤ᠂ ᠣᠯᠠᠨ ᠨᠡᠶᠢᠲᠡ ᠶᠢᠨ ᠦᠢᠯᠡᠴᠢᠯᠡᠭᠡᠨ ᠤ ᠲᠥᠬᠦᠭᠡᠷᠦᠮᠵᠢ ᠶᠢᠨ ᠢᠵᠢ ᠪᠦᠷᠢᠳᠦᠭᠦᠯᠬᠦ ᠪᠦᠲᠦᠭᠡᠨ ᠪᠠᠶᠢᠭᠤᠯᠤᠯᠲᠠ ᠶᠢ ᠢᠳᠡᠪᠬᠢᠲᠡᠢ ᠠᠬᠢᠭᠤᠯᠵᠤ᠂ ᠡᠭᠦᠨ ᠳᠤ ᠵᠢᠵᠢᠭ ᠲᠣᠭᠤᠷᠢᠭ ᠵᠢᠴᠢ ᠲᠡᠭᠦᠨ ᠤ ᠡᠷᠬᠢᠨ ᠲᠣᠭᠤᠷᠢᠨ ᠤ ᠨᠡᠶᠢᠭᠡᠮ ᠲᠣᠭᠤᠷᠢᠭ ᠤᠨ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠪᠡᠯᠡᠳᠬᠡᠮᠵᠢ᠂ ᠨᠠᠰᠤᠵᠢᠯ ᠤᠨ ᠦᠢᠯᠡᠴᠢᠯᠡᠭᠡᠨ ᠤ ᠪᠡᠯᠡᠳᠬᠡᠮᠵᠢ᠂ ᠰᠤᠷᠭᠠᠨ ᠬᠥᠮᠦᠵᠢᠯ ᠤᠨ ᠪᠡᠯᠡᠳᠬᠡᠮᠵᠢ᠂ ᠨᠡᠶᠢᠭᠡᠮ ᠲᠣᠭᠤᠷᠢᠭ ᠤᠨ ᠦᠢᠯᠡᠴᠢᠯᠡᠭᠡᠨ ᠤ ᠡᠷᠡᠭᠦᠯ ᠬᠠᠮᠠᠭᠠᠯᠠᠯ᠂ ᠠᠷᠠᠳ ᠲᠤ ᠲᠥᠬᠦᠮ ᠦᠵᠡᠭᠦᠯᠬᠦ ᠵᠠᠬ᠎ᠠ ᠳᠡᠯᠭᠡᠭᠦᠷ᠂ ᠨᠡᠶᠢᠭᠡᠮ ᠲᠣᠭᠤᠷᠢᠭ ᠤᠨ ᠦᠢᠯᠡᠴᠢᠯᠡᠭᠡ ᠵᠡᠷᠭᠡ ᠣᠯᠠᠨ ᠨᠡᠶᠢᠲᠡ ᠶᠢᠨ ᠦᠢᠯᠡᠴᠢᠯᠡᠭᠡᠨ ᠤ ᠪᠡᠯᠡᠳᠬᠡᠮᠵᠢ ᠶᠢ ᠥᠭᠡᠷᠡᠴᠢᠯᠡᠬᠦ ᠪᠤᠶᠤ ᠪᠦᠲᠦᠭᠡᠨ ᠪᠠᠶᠢᠭᠤᠯᠬᠤ ᠶᠢ ᠪᠠᠭᠲᠠᠭᠠᠵᠤ᠂ ᠣᠷᠣᠰᠢᠨ ᠰᠠᠭᠤᠭ᠎ᠠ ᠨᠡᠶᠢᠭᠡᠮ ᠲᠣᠭᠤᠷᠢᠭ ᠢ ᠠᠷᠠᠳ ᠣᠯᠠᠨ ᠤ ᠡᠳᠦᠷ ᠲᠤᠲᠤᠮ ᠤᠨ ᠠᠮᠢᠳᠤᠷᠠᠯ ᠤᠨ ᠬᠡᠷᠡᠭᠴᠡᠭᠡ ᠱᠠᠭᠠᠷᠳᠠᠯᠭ᠎ᠠ ᠶᠢ ᠬᠠᠩᠭᠠᠬᠤ ᠪᠦᠷᠢᠨ ᠪᠦᠲᠦᠨ ᠨᠢᠭᠡᠴᠡ ᠪᠣᠯᠭᠠᠨ ᠪᠦᠲᠦᠭᠡᠨ ᠪᠠᠶᠢᠭᠤᠯᠵᠤ᠂ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠶᠢᠨ ᠰᠢᠰᠲ᠋ᠧᠮᠵᠢ ᠪᠠ ᠵᠠᠰᠠᠯᠲᠠ ᠶᠢᠨ ᠴᠢᠳᠠᠪᠤᠷᠢ ᠶᠢᠨ ᠳᠡᠭᠡᠭᠰᠢᠯᠡᠯᠲᠡ ᠶᠢ ᠠᠬᠢᠭᠤᠯᠤᠨ᠎ᠠ᠃ ᠣᠶᠤᠨᠲᠤ ᠬᠤᠲᠠ ᠶᠢᠨ ᠪᠦᠲᠦᠭᠡᠨ ᠪᠠᠶᠢᠭᠤᠯᠤᠯᠲᠠ ᠳᠤ ᠲᠦᠰᠢᠭᠯᠡᠨ᠂ 5G᠂ ᠲᠣᠮᠣ ᠳ᠋ᠠᠶᠢᠲ᠋ᠠ᠂ ᠡᠳ᠋ ᠪᠠᠷᠠᠭᠠᠨ ᠤ ᠮᠡᠳᠡᠭᠡ ᠵᠠᠩᠭᠢ ᠶᠢᠨ ᠰᠦᠯᠵᠢᠶ᠎ᠡ᠂ ᠡᠭᠦᠯᠡᠨ ᠪᠣᠳᠣᠯᠲᠠ᠂ ᠵᠣᠬᠢᠶᠠᠮᠠᠯ ᠣᠶᠤᠨᠴᠢ ᠴᠢᠳᠠᠪᠤᠷᠢ ᠵᠡᠷᠭᠡ ᠰᠢᠨ᠎ᠡ ᠪᠠᠷ ᠬᠥᠭᠵᠢᠭᠰᠡᠨ ᠮᠡᠷᠭᠡᠵᠢᠯ ᠢᠶᠠᠷ ᠲᠤᠯᠭᠠᠭᠤᠷᠢᠯᠠᠯ ᠪᠣᠯᠭᠠᠵᠤ᠂ ᠵᠢᠵᠢᠭ ᠲᠣᠭᠤᠷᠢᠭ ᠤᠨ ᠣᠶᠤᠨᠲᠤ ᠡᠭᠦᠳᠡᠨ ᠬᠤᠷᠢᠭ᠎ᠠ᠂ ᠲᠡᠷᠭᠡ ᠬᠥᠰᠬᠡ ᠶᠢ ᠢᠯᠭᠠᠨ ᠲᠠᠨᠢᠬᠤ᠂ ᠬᠠᠷᠠᠭᠠᠨ ᠳᠠᠪᠲᠠᠮᠵᠢ ᠪᠠᠷ ᠬᠢᠨᠠᠨ ᠡᠵᠡᠮᠳᠡᠬᠦ᠂ ᠪᠡᠯᠡᠳᠬᠡᠮᠵᠢ ᠲᠥᠬᠦᠭᠡᠷᠦᠮᠵᠢ ᠶᠢ ᠬᠠᠮᠠᠭᠠᠯᠠᠬᠤ ᠵᠡᠷᠭᠡ ᠰᠠᠭᠤᠷᠢ ᠣᠶᠤᠨᠲᠤ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠪᠤᠶᠤ ᠥᠭᠡᠷᠡᠴᠢᠯᠡᠯᠲᠡ ᠶᠢ ᠠᠬᠢᠭᠤᠯᠵᠤ᠂ ᠵᠢᠵᠢᠭ ᠲᠣᠭᠤᠷᠢᠭ ᠤᠨ ᠲᠣᠭᠠᠵᠢᠭᠤᠯᠬᠤ᠂ ᠣᠶᠤᠨᠵᠢᠭᠤᠯᠬᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠂ ᠠᠳᠠᠯ ᠠᠬᠤᠢ ᠶᠢᠨ ᠦᠢᠯᠡᠴᠢᠯᠡᠭᠡᠨ ᠤ ᠠᠵᠤ ᠠᠬᠤᠶᠢᠯᠠᠯ ᠤᠨ ᠨᠠᠰᠤᠵᠢᠯ ᠤᠨ ᠠᠰᠠᠷᠠᠮᠵᠢ᠂ ᠬᠡᠦᠬᠡᠳ ᠰᠠᠭᠠᠲᠠᠭᠤᠯᠬᠤ᠂ ᠭᠡᠷ ᠤᠨ ᠶᠠᠪᠤᠳᠠᠯ ᠵᠡᠷᠭᠡ ᠶᠢ ᠤᠷᠲᠤᠳᠬᠠᠬᠤ ᠦᠢᠯᠡᠴᠢᠯᠡᠭᠡ ᠥᠷᠨᠢᠭᠦᠯᠬᠦ ᠶᠢ ᠵᠣᠷᠢᠭᠵᠢᠭᠤᠯᠵᠤ᠂ ︽ᠠᠳᠠᠯ ᠠᠬᠤᠢ ᠶᠢᠨ ᠦᠢᠯᠡᠴᠢᠯᠡᠭᠡ + ᠠᠮᠢᠳᠤᠷᠠᠯ ᠤᠨ ᠦᠢᠯᠡᠴᠢᠯᠡᠭᠡ︾ ᠶᠢᠨ ᠵᠠᠭᠪᠤᠷ ᠢ ᠬᠠᠶᠢᠨ ᠰᠦᠪᠡᠭᠴᠢᠯᠡᠨ᠎ᠡ᠃ ᠠᠳᠠᠯ ᠠᠬᠤᠢ ᠶᠢᠨ ᠬᠠᠮᠢᠶᠠᠷᠤᠯᠲᠠ ᠶᠢᠨ ᠬᠠᠮᠤᠷᠬᠤ ᠬᠡᠪᠴᠢᠶ᠎ᠡ ᠶᠢ ᠦᠷᠭᠦᠯᠵᠢᠯᠡᠨ ᠥᠷᠭᠡᠳᠬᠡᠵᠦ᠂ ᠬᠠᠭᠤᠴᠢᠨ ᠵᠢᠵᠢᠭ ᠲᠣᠭᠤᠷᠢᠭ᠂ ᠲᠠᠷᠠᠬᠠᠢ ᠪᠤᠲᠠᠷᠬᠠᠢ ᠠᠰᠠᠷ ᠬᠦᠷᠢᠶ᠎ᠡ ᠵᠡᠷᠭᠡ ᠣᠷᠣᠨ ᠰᠠᠭᠤᠴᠠ ᠶᠢ ᠠᠳᠠᠯ ᠠᠬᠤᠢ ᠶᠢᠨ ᠬᠠᠮᠢᠶᠠᠷᠤᠯᠲᠠ ᠶᠢ ᠣᠷᠣᠭᠤᠯᠤᠨ ᠠᠪᠴᠢᠷᠠᠬᠤ ᠶᠢ ᠠᠬᠢᠭᠤᠯᠤᠨ᠎ᠠ᠃ ᠲᠠᠷᠢᠶᠠᠯᠠᠬᠤ ᠣᠷᠣᠨ ᠤ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠵᠤ ᠳᠡᠭᠡᠭᠰᠢᠯᠡᠭᠦᠯᠬᠦ ᠠᠵᠢᠯᠯᠠᠭ᠎ᠠ ᠶᠢ ᠭᠦᠨᠵᠡᠭᠡᠢ ᠬᠡᠷᠡᠭᠵᠢᠭᠦᠯᠵᠦ᠂ ᠲᠠᠷᠢᠶᠠᠯᠠᠬᠤ ᠣᠷᠣᠨ ᠤ ︽ᠵᠣᠷᠯᠣᠩ ᠤᠨ ᠬᠤᠪᠢᠰᠬᠠᠯ︾᠂ ᠠᠮᠢᠳᠤᠷᠠᠯ ᠤᠨ ᠬᠤᠭ ᠨᠣᠪᠰᠢ᠂ ᠠᠮᠢᠳᠤᠷᠠᠯ ᠤᠨ ᠪᠣᠬᠢᠷ ᠤᠰᠤ ᠶᠢ ᠵᠠᠰᠠᠬᠤ ᠶᠢ ᠯᠠᠪᠳᠠᠭᠤᠨ ᠪᠥᠭᠡᠳ ᠡᠮᠬᠢ ᠵᠢᠷᠤᠮ ᠲᠠᠢ ᠠᠬᠢᠭᠤᠯᠵᠤ᠂ ᠠᠶᠢᠯ ᠲᠣᠰᠬᠤᠨ ᠤ ᠠᠷᠢᠭᠤᠨ ᠴᠡᠪᠡᠷ ᠤᠨ ᠠᠵᠢᠯᠯᠠᠭ᠎ᠠ ᠶᠢ ᠦᠷᠭᠦᠯᠵᠢᠯᠡᠨ ᠠᠬᠢᠭᠤᠯᠵᠤ᠂ ᠲᠣᠰᠬᠤᠨ ᠤ ᠳᠦᠷᠰᠦ ᠪᠠᠶᠢᠳᠠᠯ ᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ ︵ᠲᠦᠷᠦᠭᠦᠯᠡᠨ ᠬᠢᠬᠦ ᠨᠢᠭᠡᠴᠡ᠄ ᠬᠠᠮᠢᠶ᠎ᠠ ᠪᠦᠬᠦᠢ ᠪᠠᠯᠭᠠᠰᠤ ︵ᠵᠡᠭᠡᠯᠢ ᠭᠤᠳᠤᠮᠵᠢ︶᠂ ᠲᠣᠭᠤᠷᠢᠭ ᠤᠨ ᠲᠠᠷᠢᠶᠠᠯᠠᠩ ᠮᠠᠯ ᠠᠵᠤ ᠠᠬᠤᠢ ᠤᠰᠤᠨ ᠤ ᠶᠠᠪᠤᠳᠠᠯ ᠤᠨ ᠲᠣᠪᠴᠢᠶ᠎ᠠ᠂ ᠠᠷᠠᠳ ᠤᠨ ᠶᠠᠪᠤᠳᠠᠯ ᠤᠨ ᠲᠣᠪᠴᠢᠶ᠎ᠠ᠃ ᠬᠠᠷᠢᠭᠤᠴᠠᠯᠭᠠᠲᠤ ᠨᠢᠭᠡᠴᠡ᠄ ᠲᠣᠭᠤᠷᠢᠭ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ᠂ ᠬᠠᠶᠢᠨᠠᠨ ᠤ ᠪᠠᠶᠢᠭᠠᠯᠢ ᠶᠢᠨ ᠡᠬᠢ ᠪᠠᠶᠠᠯᠢᠭ ᠤᠨ ᠬᠤᠪᠢᠶᠠᠷᠢ ᠲᠣᠪᠴᠢᠶ᠎ᠠ᠂ ᠬᠠᠶᠢᠨᠠᠨ ᠤ ᠠᠮᠢ ᠠᠬᠤᠢ ᠣᠷᠴᠢᠨ ᠲᠣᠭᠤᠷᠢᠨ ᠤ ᠬᠤᠪᠢᠶᠠᠷᠢ ᠲᠣᠪᠴᠢᠶ᠎ᠠ︶      7. ᠠᠮᠢ ᠠᠬᠤᠢ ᠶᠢ ᠰᠡᠷᠭᠦᠭᠡᠬᠦ ᠪᠠ ᠴᠢᠳᠠᠮᠵᠢ ᠶᠢ ᠲᠡᠭᠦᠯᠳᠡᠷᠵᠢᠭᠦᠯᠬᠦ ᠶᠢ ᠬᠡᠷᠡᠭᠵᠢᠭᠦᠯᠦᠨ᠎ᠡ᠃ ᠡᠬᠢ ᠪᠠᠶᠠᠯᠢᠭ ᠣᠷᠴᠢᠨ ᠲᠣᠭᠤᠷᠢᠨ ᠤ ᠳᠠᠭᠠᠭᠠᠴᠠ ᠶᠢᠨ ᠴᠢᠳᠠᠪᠤᠷᠢ ᠶᠢ ᠭᠦᠢᠴᠡᠳ ᠪᠣᠳᠣᠯᠬᠢᠯᠠᠨ᠂ ᠬᠤᠳᠠ ᠶᠢᠨ ᠲᠣᠭᠤᠷᠢᠭ ᠤᠨ ᠬᠡᠪᠴᠢᠶ᠎ᠡ ᠪᠠ ᠬᠥᠮᠥᠨ ᠠᠮᠠ ᠶᠢᠨ ᠨᠢᠭᠲᠠᠴᠠ ᠶᠢ ᠵᠦᠢ ᠵᠣᠬᠢᠰᠲᠠᠢ ᠲᠣᠭᠲᠠᠭᠠᠵᠤ᠂ ᠠᠭᠤᠯᠠ ᠤᠰᠤ ᠤᠢ ᠰᠢᠭᠤᠢ ᠨᠠᠭᠤᠷ ᠴᠥᠭᠦᠷᠥᠮ ᠡᠪᠡᠰᠦ ᠡᠯᠡᠰᠦ ᠶᠢ ᠰᠢᠰᠲ᠋ᠧᠮ ᠲᠠᠢ ᠪᠠᠷ ᠵᠠᠰᠠᠬᠤ ᠶᠢ ᠨᠢᠭᠡᠳᠦᠯᠲᠡᠢ ᠲᠥᠯᠥᠪᠯᠡᠨ ᠠᠬᠢᠭᠤᠯᠵᠤ᠂ ᠪᠦᠬᠦ ᠣᠷᠣᠨ ᠪᠦᠰᠡ ᠶᠢᠨ ᠠᠮᠢ ᠠᠬᠤᠢ ᠶᠢᠨ ᠰᠠᠶᠢᠵᠢᠷᠠᠯᠲᠠ᠂ ᠴᠢᠳᠠᠮᠵᠢ ᠶᠢᠨ ᠲᠡᠭᠦᠯᠳᠡᠷᠵᠢᠯᠲᠡ ᠶᠢ ᠠᠬᠢᠭᠤᠯᠤᠨ᠎ᠠ᠃ ᠭᠤᠣᠯ ᠮᠥᠷᠡᠨ ᠨᠠᠭᠤᠷ ᠴᠥᠭᠦᠷᠥᠮ ᠤᠨ ᠤᠰᠤᠨ ᠰᠢᠰᠲ᠋ᠧᠮ ᠪᠠ ᠴᠢᠭᠢᠭᠯᠢᠭ ᠭᠠᠵᠠᠷ ᠵᠡᠷᠭᠡ ᠤᠰᠤᠨ ᠴᠣᠭᠴᠠ ᠶᠢ ᠵᠠᠰᠠᠨ ᠰᠡᠷᠭᠦᠭᠡᠵᠦ᠂ ᠣᠷᠣᠨ ᠪᠦᠰᠡ ᠰᠠᠪᠠ ᠭᠠᠵᠠᠷ ᠤᠨ ᠠᠮᠢ ᠠᠬᠤᠢ ᠶᠢᠨ ᠣᠷᠴᠢᠨ ᠨᠥᠬᠦᠴᠡᠯ ᠢ ᠵᠠᠰᠠᠬᠤ ᠪᠠ ᠬᠤᠳᠠ ᠶᠢᠨ ᠪᠦᠲᠦᠭᠡᠨ ᠪᠠᠶᠢᠭᠤᠯᠤᠯᠲᠠ ᠶᠢ ᠨᠢᠭᠡᠳᠦᠯᠲᠡᠢ ᠲᠥᠯᠥᠪᠯᠡᠵᠦ᠂ ᠬᠤᠳᠠ ᠶᠢᠨ ᠲᠣᠭᠤᠷᠢᠭ ᠵᠢᠴᠢ ᠡᠷᠬᠢᠨ ᠲᠣᠭᠤᠷᠢᠨ ᠤ ᠤᠰᠤᠨ ᠤ ᠣᠷᠣᠨ ᠵᠠᠢ ᠶᠢ ᠬᠠᠮᠠᠭᠠᠯᠠᠨ ᠰᠡᠷᠭᠦᠭᠡᠵᠦ᠂ ᠪᠣᠷᠣᠭᠠᠨ ᠦᠶᠡᠷ ᠢ ᠲᠣᠬᠢᠷᠠᠭᠤᠯᠤᠨ ᠬᠠᠳᠠᠭᠠᠯᠠᠬᠤ ᠣᠷᠣᠨ ᠵᠠᠢ ᠶᠢ ᠥᠷᠭᠡᠳᠬᠡᠨ᠎ᠡ᠃ ᠲᠤᠬᠠᠢ ᠶᠢᠨ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠤᠯᠤᠰ ᠤᠨ ᠭᠠᠵᠠᠷ ᠰᠢᠷᠣᠢ ᠶᠢ ᠨᠣᠭᠤᠭᠠᠷᠠᠭᠤᠯᠬᠤ ᠠᠵᠢᠯᠯᠠᠭ᠎ᠠ ᠶᠢ ᠥᠷᠨᠢᠭᠦᠯᠵᠦ᠂ ᠪᠠᠶᠢᠭᠤᠯᠤᠭᠰᠠᠨ ᠣᠷᠣᠨ ᠤ ᠶᠡᠷᠦᠩᠬᠡᠢ ᠨᠣᠭᠤᠭᠠᠷᠠᠭᠤᠯᠤᠯᠲᠠ ᠶᠢᠨ ᠬᠡᠮᠵᠢᠶ᠎ᠡ ᠶᠢ ᠵᠣᠬᠢᠰᠲᠠᠢ ᠵᠣᠬᠢᠰᠲᠠᠢ ᠨᠡᠮᠡᠭᠳᠡᠭᠦᠯᠦᠨ᠎ᠡ᠃ ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ᠂ ᠠᠮᠢ ᠠᠬᠤᠢ ᠶᠢᠨ ᠬᠠᠮᠠᠭᠠᠯᠠᠯᠲᠠ ᠶᠢᠨ ᠤᠯᠠᠭᠠᠨ ᠱᠤᠭᠤᠮ ᠤᠨ ᠬᠢᠨᠠᠯᠲᠠ ᠬᠠᠮᠢᠶᠠᠷᠤᠯᠲᠠ ᠶᠢᠨ ᠳᠦᠷᠢᠮ ᠢ ᠪᠦᠷᠢᠨᠰᠢᠭᠦᠯᠵᠦ᠂ ᠨᠤᠴᠤᠭᠠᠨ᠎ᠠ ᠶᠢᠨ ᠬᠠᠮᠠᠭᠠᠯᠠᠯᠲᠠ ᠶᠢᠨ ᠣᠷᠣᠨ ᠢ ᠬᠠᠮᠠᠭᠠᠯᠠᠬᠤ ᠪᠠ ᠰᠡᠷᠭᠦᠭᠡᠬᠦ ᠠᠵᠢᠯ ᠢ ᠪᠥᠬᠦ ᠲᠠᠯ᠎ᠠ ᠪᠠᠷ ᠠᠬᠢᠭᠤᠯᠤᠨ᠎ᠠ᠃ ᠬᠤᠲᠠ ᠶᠢᠨ ᠦᠷ᠎ᠡ ᠠᠰᠢᠭ ᠢᠶᠠᠷ ᠳᠣᠣᠷ᠎ᠠ ᠡᠬᠢ ᠪᠠᠶᠠᠯᠢᠭ ᠢ ᠬᠠᠮᠤᠭ ᠤᠨ ᠶᠡᠭᠡ ᠬᠡᠮᠵᠢᠶ᠎ᠡ ᠪᠠᠷ ᠬᠥᠭᠵᠢᠭᠡᠵᠦ᠂ ᠣᠯᠠᠨ ᠡᠰᠢᠵᠢᠭᠰᠡᠨ ᠠᠵᠢᠯᠯᠠᠭᠠᠨ ᠤ ᠠᠷᠭ᠎ᠠ ᠮᠠᠶ᠋ᠢᠭ ᠢ ᠬᠡᠷᠡᠭᠯᠡᠨ᠂ ᠨᠢᠭᠡᠨᠲᠡ ᠪᠠᠶᠢᠭ᠎ᠠ ᠬᠤᠲᠠ ᠶᠢᠨ ᠲᠣᠭᠤᠷᠢᠭ ᠤᠨ ᠣᠷᠣᠨ ᠵᠠᠢ ᠶᠢᠨ ᠡᠬᠢ ᠪᠠᠶᠠᠯᠢᠭ ᠢ ᠨᠢᠭᠡᠳᠦᠯᠲᠡᠢ ᠲᠥᠯᠥᠪᠵᠢᠭᠦᠯᠬᠦ ᠪᠠ ᠭᠦᠨᠵᠡᠭᠡᠢ ᠨᠡᠭᠡᠭᠡᠨ ᠬᠥᠭᠵᠢᠭᠦᠯᠦᠨ᠎ᠡ᠃ ︵ᠲᠦᠷᠦᠭᠦᠯᠡᠨ ᠬᠢᠬᠦ ᠨᠢᠭᠡᠴᠡ᠄ ᠬᠠᠶᠢᠨᠠᠨ ᠤ ᠪᠠᠶᠢᠭᠠᠯᠢ ᠶᠢᠨ ᠡᠬᠢ ᠪᠠᠶᠠᠯᠢᠭ ᠤᠨ ᠬᠤᠪᠢᠶᠠᠷᠢ ᠲᠣᠪᠴᠢᠶ᠎ᠠ᠃ ᠬᠠᠷᠢᠭᠤᠴᠠᠯᠭᠠᠲᠤ ᠨᠢᠭᠡᠴᠡ᠄ ᠲᠤᠭᠤᠷᠢᠭ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠲᠠᠷᠢᠶᠠᠯᠠᠩ ᠮᠠᠯ ᠠᠵᠤ ᠠᠬᠤᠢ ᠤᠰᠤᠨ ᠤ ᠶᠠᠪᠤᠳᠠᠯ ᠤᠨ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ᠂ ᠪᠠᠴᠢᠮ ᠪᠠᠶᠢᠳᠠᠯ ᠢ  ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ᠂ ᠨᠡᠶᠢᠲᠡ ᠶᠢᠨ ᠬᠡᠷᠡᠭᠯᠡᠭᠡᠨ ᠤ ᠦᠢᠯᠡᠰ ᠤᠨ ᠬᠥᠭᠵᠢᠯᠲᠡ ᠶᠢᠨ ᠲᠥᠪ᠂ ᠬᠠᠶᠢᠨᠠᠨ ᠤ ᠠᠮᠢ ᠠᠬᠤᠢ ᠣᠷᠴᠢᠨ ᠲᠣᠭᠤᠷᠢᠨ ᠤ ᠬᠤᠪᠢᠶᠠᠷᠢ ᠲᠣᠪᠴᠢᠶ᠎ᠠ︶      ︵ᠬᠤᠶᠠᠷ︶ ᠪᠣᠬᠢᠷᠳᠤᠯ ᠦᠭᠡᠢ ᠳᠤᠤᠷ᠎ᠠ ᠨᠡᠭᠦᠷᠡᠰᠦᠳᠦ᠋ᠷᠦᠭᠴᠢᠲᠦ ᠬᠤᠲᠠ ᠶᠢ ᠪᠠᠶᠢᠭᠤᠯᠤᠨ᠎ᠠ      1. ᠴᠡᠴᠡᠷᠯᠢᠭ ᠤᠨ ᠨᠤᠭᠤᠭᠠᠷᠠᠭᠤᠯᠤᠯᠲᠠ ᠶᠢᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃ ᠬᠤᠲᠠ ᠶᠢᠨ ᠴᠡᠴᠡᠷᠯᠢᠭ ᠤᠨ ᠰᠢᠰᠲ᠋ᠧᠮᠵᠢ ᠪᠠ ᠪᠤᠬᠢᠷᠲᠤᠯ ᠦᠭᠡᠢ ᠵᠠᠮ᠂ ᠤᠳᠠᠭᠠᠨ ᠶᠠᠪᠤᠬᠤ ᠰᠢᠰᠲ᠋ᠧᠮ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠪᠣᠬᠢᠷᠳᠤᠯ ᠦᠭᠡᠢ ᠠᠮᠢ ᠠᠬᠤᠢ ᠶᠢᠨ ᠲᠣᠣᠷ ᠰᠦᠯᠵᠢᠶ᠎ᠡ ᠶᠢ ᠪᠠᠶᠢᠭᠤᠯᠤᠨ᠂ ᠳᠥᠷᠪᠡᠨ ᠴᠡᠴᠡᠷᠯᠢᠭ ︵ᠠᠷᠠᠳ ᠤᠨ ᠴᠡᠴᠡᠷᠯᠢᠭ᠂ ᠬᠠᠶᠢᠨᠠᠨ ᠤ ᠠᠮᠢ ᠠᠬᠤᠢ ᠶᠢᠨ ᠬᠦᠷᠢᠶᠡᠯᠡᠩ᠂ ᠡᠩᠭᠡᠷ ᠭᠤᠣᠯ ᠤᠨ ᠴᠡᠴᠡᠷᠯᠢᠭ᠂ ᠲᠠᠮᠢᠷ ᠤᠨ ᠴᠡᠴᠡᠷᠯᠢᠭ︶ ᠢᠶᠠᠷ ᠭᠤᠣᠯ ᠪᠣᠯᠭᠠᠭᠰᠠᠨ ᠨᠣᠭᠤᠭᠠᠨ ᠵᠠᠮ ᠤᠨ ᠦᠵᠡᠮᠵᠢ ᠶᠢᠨ ᠰᠢᠰᠲ᠋ᠧᠮ᠂ ᠵᠠᠮ ᠳᠠᠭᠠᠤ᠂ ᠠᠭᠤᠯᠠ ᠳᠠᠭᠠᠤ ᠶᠢᠨ ᠬᠠᠯᠬᠠᠪᠴᠢ ᠣᠶ ᠪᠠᠷ ᠭᠤᠣᠯ ᠱᠤᠭᠤᠮ ᠪᠣᠯᠭᠠᠭᠰᠠᠨ ᠠᠮᠢ ᠠᠬᠤᠢ ᠶᠢᠨ ᠨᠣᠭᠤᠭᠠᠷᠠᠭᠤᠯᠤᠯᠲᠠ ᠶᠢᠨ ᠪᠦᠰᠡ᠂ ᠵᠡᠭᠡᠯᠢ ᠭᠤᠳᠤᠮᠵᠢ ᠶᠢᠨ ᠵᠦᠯᠭᠡ ᠭᠠᠵᠠᠷ ᠵᠡᠷᠭᠡ ᠴᠡᠴᠡᠷᠯᠢᠭ ᠤᠨ ᠦᠵᠡᠮᠵᠢ ᠪᠠᠷ ᠭᠤᠣᠯᠳᠠᠯᠭ᠎ᠠ ᠪᠣᠯᠭᠠᠭᠰᠠᠨ ᠣᠯᠠᠨ ᠨᠡᠶᠢᠲᠡ ᠶᠢᠨ ᠵᠦᠯᠭᠡ ᠭᠠᠵᠠᠷ ᠢ ᠪᠠᠶᠢᠭᠤᠯᠤᠨ᠎ᠠ᠃ ᠨᠡᠶᠢᠭᠡᠮ ᠲᠣᠭᠤᠷᠢᠭ ᠤᠨ ᠴᠡᠴᠡᠷᠯᠢᠭ ᠢ ᠵᠦᠢ ᠵᠣᠬᠢᠰᠲᠠᠢ ᠲᠥᠯᠥᠪᠵᠢᠭᠦᠯᠵᠦ᠂ ᠤᠳᠤ ᠪᠠᠶᠢᠭ᠎ᠠ ᠴᠡᠴᠡᠷᠯᠢᠭ ᠢ ᠥᠭᠡᠷᠡᠴᠢᠯᠡᠨ ᠰᠢᠨᠡᠳᠬᠡᠵᠦ᠂ ᠲᠠᠩᠰᠠ ᠡᠪᠬᠡᠮᠡᠯ ᠢ ᠳᠡᠭᠡᠭᠰᠢᠯᠡᠭᠦᠯᠦᠨ ᠲᠡᠰ ᠳᠡᠪᠰᠢᠭᠦᠯᠦᠨ᠎ᠡ᠃ ᠬᠤᠲᠠ ᠶᠢᠨ ᠵᠦᠯᠭᠡ ᠭᠠᠵᠠᠷ ᠤᠨ ᠦᠢᠯᠡᠴᠢᠯᠡᠭᠡᠨ ᠤ ᠷᠠᠳᠢᠤᠰ ᠤᠨ ᠪᠦᠷᠬᠦᠴᠡ ᠶᠢᠨ ᠨᠣᠷᠮ᠎ᠠ ᠶᠢ ᠳᠡᠭᠡᠭᠰᠢᠯᠡᠭᠦᠯᠵᠦ᠂ ︽300 ᠮᠧᠲᠷ  ᠲᠤ ᠨᠤᠭᠤᠭᠠᠷᠠᠭᠤᠯᠤᠯᠲᠠ ᠣᠯᠵᠦ ᠬᠠᠷᠠᠵᠦ᠂ 500 ᠮᠧᠲᠷ ᠲᠤ ᠴᠡᠴᠡᠷᠯᠢᠭ ᠬᠠᠷᠠᠭᠳᠠᠬᠤ︾ ᠠᠵᠢᠯᠯᠠᠭ᠎ᠠ ᠶᠢ ᠬᠡᠷᠡᠭᠵᠢᠭᠦᠯᠦᠨ᠂ ᠬᠤᠲᠠ ᠶᠢᠨ ᠰᠤᠯᠠ ᠪᠠᠶᠢᠭ᠎ᠠ ᠭᠠᠵᠠᠷ ᠰᠢᠷᠣᠢ ᠶᠢ ᠠᠰᠢᠭᠯᠠᠨ᠂ ᠬᠠᠵᠠᠭᠤ ᠥᠨᠴᠥᠭ ᠲᠤ ᠴᠡᠴᠡᠷᠯᠢᠭ ᠪᠠᠶᠢᠭᠤᠯᠵᠤ᠂ ᠵᠡᠭᠡᠯᠢ ᠶᠢᠨ ᠬᠠᠵᠠᠭᠤ ᠶᠢᠨ ᠵᠦᠯᠭᠡ ᠭᠠᠵᠠᠷ ᠢ ᠨᠡᠮᠡᠭᠳᠡᠭᠦᠯᠦᠨ᠂ ᠣᠯᠠᠨ ᠲᠦᠮᠡᠨ ᠳᠤ ᠨᠠᠩ ᠲᠠᠭᠠᠯᠠᠮᠵᠢᠲᠠᠢ᠂ ᠨᠠᠩ ᠲᠥᠬᠦᠮ᠂ ᠨᠠᠩ ᠰᠢᠯᠢᠳᠡᠭ ᠠᠮᠠᠷᠠᠯᠲᠠ ᠶᠢᠨ ᠲᠠᠯᠠᠪᠤᠷ ᠢ ᠢᠳᠡᠪᠬᠢᠲᠡᠢ ᠬᠠᠩᠭᠠᠵᠤ᠂ ᠬᠤᠲᠠ ᠶᠢᠨ ᠪᠦᠬᠦᠯᠢ ᠴᠣᠭᠴᠠ ᠶᠢᠨ ᠦᠵᠡᠮᠵᠢ ᠶᠢᠨ ᠴᠢᠨᠠᠷ ᠴᠢᠨᠰᠠᠭ᠎ᠠ ᠶᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ ᠬᠤᠲᠠ ᠶᠢᠨ ᠴᠡᠴᠡᠷᠯᠢᠭ ᠤᠨ ᠨᠣᠭᠤᠭᠠᠷᠠᠭᠤᠯᠤᠯᠲᠠ ᠳᠤ ᠲᠣᠰ ᠭᠠᠵᠠᠷ ᠤᠨ ᠠᠭᠤᠷ ᠠᠮᠢᠰᠬᠤᠯ ᠤᠨ ᠣᠨᠴᠠᠯᠢᠭ ᠲᠤ ᠲᠣᠬᠢᠷᠠᠬᠤ ᠤᠰᠤ ᠠᠷᠪᠢᠯᠠᠵᠤ ᠭᠠᠩ ᠳᠤ ᠲᠡᠰᠪᠦᠷᠢᠲᠡᠢ ᠤᠷᠭᠤᠮᠠᠯ ᠤᠨ ᠬᠤᠴᠢᠯᠭ᠎ᠠ ᠶᠢ ᠰᠣᠩᠭᠤᠨ ᠬᠡᠷᠡᠭᠯᠡᠵᠦ᠂ ᠳᠠᠷᠢᠵᠤ ᠠᠷᠠᠴᠢᠯᠠᠨ ᠬᠠᠮᠠᠭᠠᠯᠠᠬᠤ ᠥᠪᠡᠷ ᠤᠨ ᠥᠷᠲᠡᠭ ᠢ ᠪᠠᠭᠤᠷᠠᠭᠤᠯᠤᠨ᠎ᠠ᠃ ︵ᠲᠦᠷᠦᠭᠦᠯᠡᠨ ᠬᠢᠬᠦ ᠨᠢᠭᠡᠴᠡ᠄ ᠲᠣᠭᠤᠷᠢᠭ ᠤᠨ ᠨᠡᠶᠢᠲᠡ ᠶᠢᠨ ᠬᠡᠷᠡᠭᠯᠡᠭᠡᠨ ᠤ ᠦᠢᠯᠡᠰ ᠤᠨ ᠬᠥᠭᠵᠢᠯᠲᠡ ᠶᠢᠨ ᠲᠥᠪ᠃ ᠬᠠᠷᠢᠭᠤᠴᠠᠯᠭᠠᠲᠤ ᠨᠢᠭᠡᠴᠡ᠄ ᠲᠤᠭᠤᠷᠢᠭ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠬᠠᠶᠢᠨᠠᠨ ᠤ ᠪᠠᠶᠢᠭᠠᠯᠢ ᠶᠢᠨ ᠡᠬᠢ ᠪᠠᠶᠠᠯᠢᠭ ᠤᠨ ᠬᠤᠪᠢᠶᠠᠷᠢ ᠲᠣᠪᠴᠢᠶ᠎ᠠ᠂ ᠬᠠᠶᠢᠨᠠᠨ ᠤ ᠠᠮᠢ ᠠᠬᠤᠢ ᠶᠢᠨ ᠣᠷᠴᠢᠨ ᠲᠣᠭᠤᠷᠢᠨ ᠤ ᠬᠤᠪᠢᠶᠠᠷᠢ ᠲᠣᠪᠴᠢᠶ᠎ᠠ︶      2. ᠪᠣᠬᠢᠷᠳᠤᠯ ᠦᠭᠡᠢ ᠪᠠᠷᠢᠯᠭ᠎ᠠ ᠶᠢᠨ ᠰᠢᠰᠲ᠋ᠧᠮᠵᠢ ᠶᠢ ᠪᠠᠶᠢᠭᠤᠯᠤᠨ᠎ᠠ᠃ ᠰᠢᠨ᠎ᠡ ᠪᠠᠷ ᠪᠠᠶᠢᠭᠤᠯᠬᠤ ᠪᠠᠷᠢᠯᠭ᠎ᠠ ᠶᠢᠨ ᠡᠨᠧᠷᠭᠢ ᠶᠢᠨ ᠠᠰᠢᠭᠯᠠᠮᠵᠢ ᠶᠢ ᠳᠡᠭᠡᠭᠰᠢᠯᠡᠭᠦᠯᠬᠦ ᠶᠢ ᠴᠢᠩᠭᠠᠳᠬᠠᠵᠤ᠂ ᠢᠳᠡᠪᠬᠢ ᠪᠤᠰᠤ ᠮᠠᠶ᠋ᠢᠭ ᠤᠨ ᠬᠡᠲᠦ ᠳᠣᠣᠷ᠎ᠠ ᠡᠨᠧᠷᠭᠢ ᠶᠢᠨ ᠬᠤᠷᠣᠭᠳᠠᠭᠤᠯᠤᠯ᠂ ᠡᠨᠧᠷᠭᠢ ᠶᠢᠨ ᠬᠤᠷᠣᠭᠳᠠᠭᠤᠯᠤᠯ ᠦᠭᠡᠢ᠂ ᠨᠡᠭᠦᠷᠡᠰᠦᠲᠥ᠋ᠷᠥᠭᠴᠢ ᠦᠭᠡᠢ ᠪᠠᠷᠢᠯᠭ᠎ᠠ ᠶᠢᠨ ᠬᠥᠭᠵᠢᠯᠲᠡ ᠶᠢ ᠠᠬᠢᠭᠤᠯᠤᠨ᠎ᠠ᠃ ᠪᠣᠬᠢᠷᠳᠤᠯ ᠦᠭᠡᠢ ᠪᠠᠷᠢᠯᠭ᠎ᠠ ᠶᠢ ᠬᠡᠪᠴᠢᠶᠡᠵᠢᠭᠦᠯᠦᠨ ᠬᠥᠭᠵᠢᠭᠦᠯᠬᠦ ᠶᠢ ᠠᠬᠢᠭᠤᠯᠵᠤ᠂ ᠪᠣᠬᠢᠷᠳᠤᠯ ᠦᠭᠡᠢ ᠪᠠᠷᠢᠯᠭ᠎ᠠ ᠶᠢᠨ ᠪᠠᠷᠢᠮᠵᠢᠶ᠎ᠠ ᠶᠢ ᠬᠡᠷᠡᠭᠵᠢᠭᠦᠯᠬᠦ ᠬᠡᠪᠴᠢᠶ᠎ᠡ ᠶᠢ ᠥᠷᠭᠡᠳᠬᠡᠨ᠂ 2022 ᠣᠨ ᠠᠴᠠ ᠡᠬᠢᠯᠡᠨ᠂ ᠮᠠᠨ ᠤ ᠬᠤᠲᠠ ᠶᠢᠨ ᠬᠤᠲᠠ ᠪᠠᠯᠭᠠᠰᠤᠨ ᠤ ᠲᠥᠯᠦᠪᠵᠢᠭᠦᠯᠭᠡ ᠶᠢᠨ ᠲᠣᠭᠤᠷᠢᠭ ᠤᠨ ᠬᠡᠪᠴᠢᠶᠡᠨ ᠳᠤ ᠰᠢᠨ᠎ᠡ ᠪᠠᠷ ᠪᠠᠶᠢᠭᠤᠯᠤᠭᠰᠠᠨ ᠠᠷᠠᠳ ᠤᠨ ᠬᠡᠷᠡᠭᠯᠡᠭᠡᠨ ᠤ ᠪᠠᠷᠢᠯᠭ᠎ᠠ ᠳᠤ ᠪᠣᠬᠢᠷᠳᠤᠯ ᠦᠭᠡᠢ ᠪᠠᠷᠢᠯᠭ᠎ᠠ ᠶᠢᠨ ᠪᠠᠷᠢᠮᠵᠢᠶ᠎ᠠ ᠶᠢ ᠪᠥᠬᠦ ᠲᠠᠯ᠎ᠠ ᠪᠠᠷ ᠬᠡᠷᠡᠭᠵᠢᠭᠦᠯᠦᠨ᠎ᠡ᠃ ᠥᠨᠳᠥᠷ ᠣᠳᠣᠨ ᠳᠡᠰ ᠤᠨ ᠪᠣᠬᠢᠷᠳᠤᠯ ᠦᠭᠡᠢ ᠪᠠᠷᠢᠯᠭ᠎ᠠ ᠶᠢ ᠬᠥᠭᠵᠢᠭᠦᠯᠵᠦ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠬᠡᠷᠡᠭᠯᠡᠭᠡᠨ ᠤ ᠪᠠᠷᠢᠯᠭ᠎ᠠ ᠶᠢᠨ ᠡᠨᠧᠷᠭᠢ ᠠᠷᠪᠢᠯᠠᠬᠤ ᠪᠠ ᠪᠣᠬᠢᠷᠳᠤᠯ ᠦᠭᠡᠢ ᠪᠠᠷᠢᠯᠭ᠎ᠠ ᠶᠢᠨ ᠬᠥᠭᠵᠢᠯᠲᠡ ᠶᠢᠨ ᠳᠦᠷᠢᠮ︾ ᠳᠤ ᠲᠣᠭᠲᠠᠭᠠᠭᠰᠠᠨ ᠲᠥᠷᠥ ᠶᠢᠨ ᠪᠠᠶᠢᠭᠤᠯᠭ᠎ᠠ ᠶᠢᠨ ᠠᠯᠪᠠᠨ ᠪᠠᠷᠢᠯᠭ᠎ᠠ᠂ ᠪᠠᠲᠤᠯᠠᠭ᠎ᠠ ᠶᠢᠨ ᠴᠢᠨᠠᠷᠲᠠᠢ ᠣᠷᠣᠨ ᠰᠠᠭᠤᠴᠠ ᠪᠠ ᠵᠠᠰᠠᠭ ᠤᠨ ᠣᠷᠳᠣᠨ ᠠᠴᠠ ᠪᠡᠯᠡ ᠣᠷᠣᠭᠤᠯᠤᠭᠰᠠᠨ ᠰᠤᠷᠭᠠᠭᠤᠯᠢ᠂ ᠡᠮᠨᠡᠯᠭᠡ ᠶᠢᠨ ᠬᠤᠷᠢᠶ᠎ᠠ᠂ ᠮᠦᠽᠧᠢ᠂ ᠰᠢᠨᠵᠢᠯᠡᠬᠦ ᠤᠬᠠᠭᠠᠨ ᠮᠡᠷᠭᠡᠵᠢᠯ ᠤᠨ ᠣᠷᠳᠣᠨ᠂ ᠪᠡᠶ᠎ᠡ ᠶᠢᠨ ᠲᠠᠮᠢᠷ ᠤᠨ ᠣᠷᠳᠣᠨ ᠵᠡᠷᠭᠡ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠪᠠᠷᠢᠯᠭ᠎ᠠ᠂ ᠲᠠᠩ ᠪᠡᠶᠡᠲᠦ ᠪᠠᠷᠢᠯᠭ᠎ᠠ ᠶᠢᠨ ᠲᠠᠯᠠᠪᠠᠶ ᠨᠢ 2 ᠲᠦᠮᠡᠨ ᠲᠡᠭᠰᠢ ᠳᠥᠷᠪᠡᠯᠵᠢᠨ ᠮᠧᠲᠷ ᠠᠴᠠ ᠳᠡᠭᠡᠭᠰᠢᠬᠢ ᠲᠣᠮᠣ ᠬᠡᠯᠪᠡᠷᠢ ᠶᠢᠨ ᠣᠯᠠᠨ ᠨᠡᠶᠢᠲᠡ ᠶᠢᠨ ᠪᠠᠷᠢᠯᠭ᠎ᠠ᠂ ᠪᠠᠷᠢᠯᠭ᠎ᠠ ᠶᠢᠨ ᠲᠠᠯᠠᠪᠠᠶ ᠨᠢ 5 ᠲᠦᠮᠡᠨ ᠲᠡᠭᠰᠢ ᠳᠥᠷᠪᠡᠯᠵᠢᠨ ᠮᠧᠲᠷ ᠠᠴᠠ ᠳᠡᠭᠡᠭᠰᠢᠬᠢ ᠣᠷᠣᠨ ᠰᠠᠭᠤᠴᠠ ᠶᠢᠨ ᠵᠢᠵᠢᠭ ᠲᠣᠭᠤᠷᠢᠭ᠂ ᠬᠤᠲᠠ ᠶᠢᠨ ᠰᠢᠨ᠎ᠡ ᠪᠠᠷ ᠪᠠᠶᠢᠭᠤᠯᠤᠭᠰᠠᠨ ᠲᠣᠭᠤᠷᠢᠭ᠂ ᠪᠣᠬᠢᠷᠳᠤᠯ ᠦᠭᠡᠢ ᠠᠮᠢ ᠠᠬᠤᠢ ᠶᠢᠨ ᠬᠤᠲᠠ ᠶᠢᠨ ᠲᠣᠭᠤᠷᠢᠭ ᠤᠨ ᠠᠷᠠᠳ ᠤᠨ ᠬᠡᠷᠡᠭᠯᠡᠭᠡᠨ ᠤ ᠪᠠᠷᠢᠯᠭ᠎ᠠ ᠶᠢ ᠨᠢᠭᠡ ᠣᠳᠣᠨ ᠲᠠᠰ ᠵᠢᠴᠢ ᠲᠡᠭᠦᠨ ᠠᠴᠠ ᠳᠡᠭᠡᠭᠰᠢᠬᠢ ᠪᠣᠬᠢᠷᠳᠤᠯ ᠦᠭᠡᠢ ᠪᠠᠷᠢᠯᠭ᠎ᠠ ᠶᠢᠨ ᠪᠠᠷᠢᠮᠵᠢᠶ᠎ᠠ ᠪᠠᠷ ᠵᠢᠷᠤᠭᠯᠠᠨ ᠲᠥᠯᠥᠪᠯᠡᠵᠦ ᠪᠠᠶᠢᠭᠤᠯᠵᠤ᠂ ᠪᠤᠰᠤᠳ ᠭᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠯᠲᠡ ᠶᠢᠨ ᠲᠥᠷᠥᠯ ᠵᠦᠢᠯ ᠳᠤ ᠥᠨᠳᠥᠷ ᠣᠳᠣᠨ ᠲᠠᠰ ᠤᠨ ᠪᠣᠬᠢᠷᠳᠤᠯ ᠦᠭᠡᠢ ᠪᠠᠷᠢᠯᠭ᠎ᠠ ᠪᠠᠶᠢᠭᠤᠯᠬᠤ ᠶᠢ ᠵᠣᠷᠢᠭᠵᠢᠭᠤᠯᠤᠨ᠎ᠠ᠃ ᠤᠳᠤ  ᠶᠢᠨ ᠪᠠᠶᠢᠭ᠎ᠠ ᠣᠷᠣᠨ ᠰᠠᠭᠤᠴᠠ ᠶᠢᠨ ᠪᠠᠷᠢᠯᠭ᠎ᠠ ᠪᠠ ᠤᠯᠠᠨ ᠨᠡᠶᠢᠲᠡ ᠶᠢᠨ ᠪᠠᠷᠢᠯᠭ᠎ᠠ ᠶᠢᠨ ᠡᠨᠧᠷᠭᠢ ᠠᠷᠪᠢᠯᠠᠬᠤ ᠥᠭᠡᠷᠡᠴᠢᠯᠡᠯᠲᠡ ᠶᠢ ᠦᠷᠭᠦᠯᠵᠢᠯᠡᠨ ᠲᠦᠯᠬᠢᠨ ᠠᠬᠢᠭᠤᠯᠤᠨ᠎ᠠ᠃ ᠪᠠᠷᠢᠯᠭ᠎ᠠ ᠶᠢᠨ ᠬᠤᠭ ᠨᠣᠪᠰᠢ᠂ ᠨᠡᠭᠦᠷᠡᠰᠦᠨ ᠴᠢᠯᠠᠭᠤ᠂ ᠨᠤᠨᠳᠠᠭ ᠨᠡᠭᠦᠷᠡᠰᠦᠨ ᠤ ᠦᠨᠡᠰᠦ᠂ ᠵᠤᠤᠬ᠎ᠠ ᠶᠢᠨ ᠰᠢᠭᠠᠷᠤ᠂ ᠦᠯᠡᠳᠡᠭᠳᠡᠯ ᠬᠦᠳᠡᠷ ᠵᠡᠷᠭᠡ ᠬᠠᠲᠠᠭᠤ ᠪᠡᠶᠡᠲᠦ ᠬᠠᠶᠠᠭᠳᠠᠮᠠᠯ ᠪᠣᠳᠠᠰ ᠢᠶᠠᠷ ᠲᠦᠭᠦᠬᠡᠢ ᠮᠠᠲ᠋ᠧᠷᠢᠶᠠᠯ ᠪᠣᠯᠭᠠᠨ ᠰᠢᠨ᠎ᠡ ᠬᠡᠯᠪᠡᠷᠢ ᠶᠢᠨ ᠬᠡᠷᠡᠮ ᠤᠨ ᠮᠠᠲ᠋ᠧᠷᠢᠶᠠᠯ ᠪᠠ ᠪᠤᠰᠤᠳ ᠪᠠᠷᠢᠯᠭ᠎ᠠ ᠶᠢᠨ ᠮᠠᠲ᠋ᠧᠷᠢᠶᠠᠯ ᠦᠢᠯᠡᠳᠪᠦᠷᠢᠯᠡᠬᠦ ᠶᠢ ᠵᠣᠷᠢᠭᠵᠢᠭᠤᠯᠵᠤ᠂ ᠪᠣᠬᠢᠷᠳᠤᠯ ᠦᠭᠡᠢ ᠪᠠᠷᠢᠯᠭ᠎ᠠ ᠶᠢᠨ ᠮᠠᠲ᠋ᠧᠷᠢᠶᠠᠯ ᠢ ᠳᠡᠯᠭᠡᠷᠡᠭᠦᠯᠦᠨ ᠬᠡᠷᠡᠭᠯᠡᠬᠦ ᠶᠢ ᠴᠢᠩᠭᠠᠳᠬᠠᠨ᠎ᠠ᠃ ᠳᠠᠬᠢᠨ ᠡᠭᠦᠰᠴᠦ ᠪᠣᠯᠬᠤ ᠡᠨᠧᠷᠭᠢ ᠶᠢᠨ ᠬᠡᠷᠡᠭᠯᠡᠭᠡᠨ ᠤ ᠬᠤᠪᠢ ᠶᠢᠨ ᠵᠢᠩ ᠢ ᠳᠡᠭᠡᠭᠰᠢᠯᠡᠭᠦᠯᠵᠦ᠂ ᠴᠠᠬᠢᠯᠭᠠᠨ ᠤ ᠲᠣᠣᠷ ᠤᠨ ᠲᠥᠯᠦᠪᠵᠢᠭᠦᠯᠭᠡ ᠶᠢ ᠬᠠᠩᠭᠠᠭᠰᠠᠨ ᠰᠠᠭᠤᠷᠢᠨ ᠳᠡᠭᠡᠷ᠎ᠡ᠂ ᠲᠠᠷᠠᠬᠠᠢ ᠬᠡᠯᠪᠡᠷᠢ ᠶᠢᠨ ᠬᠡᠷᠡᠯ ᠴᠡᠨᠡᠭ ᠤᠨ ᠰᠢᠰᠲ᠋ᠧᠮ ᠢ ᠭᠡᠷ ᠪᠠᠶᠢᠰᠢᠩ ᠤᠨ ᠪᠠᠷᠢᠯᠭ᠎ᠠ᠂ ᠲᠡᠷᠭᠡᠨ ᠵᠣᠭᠰᠣᠭᠠᠯ᠂ ᠵᠠᠮ ᠤᠨ ᠳ᠋ᠧᠩ ᠵᠡᠷᠭᠡ ᠬᠤᠲᠠ ᠶᠢᠨ ᠶᠠᠪᠤᠳᠠᠯ ᠤᠨ ᠨᠡᠶᠢᠲᠡ ᠶᠢᠨ ᠬᠡᠷᠡᠭᠯᠡᠭᠡᠨ ᠤ ᠰᠠᠭᠤᠷᠢ ᠪᠡᠯᠡᠳᠬᠡᠮᠵᠢ ᠳᠤ ᠬᠡᠷᠡᠭᠯᠡᠬᠦ ᠶᠢ ᠭᠤᠣᠯᠳᠠᠯᠭ᠎ᠠ ᠲᠠᠢ ᠲᠦᠯᠬᠢᠨ ᠠᠬᠢᠭᠤᠯᠵᠤ᠂ ᠡᠩ ᠤᠨ ᠡᠨᠧᠷᠭᠢ ᠶᠢᠨ ᠬᠡᠷᠡᠭᠯᠡᠭᠡ ᠶᠢ ᠪᠠᠭᠠᠰᠬᠠᠨ᠎ᠠ᠃ ︵ᠲᠦᠷᠦᠭᠦᠯᠡᠨ ᠬᠢᠬᠦ ᠨᠢᠭᠡᠴᠡ᠄  ᠲᠤᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠡᠨᠧᠷᠭᠢ ᠶᠢᠨ ᠲᠣᠪᠴᠢᠶ᠎ᠠ᠂ ᠬᠠᠷᠢᠭᠤᠴᠠᠯᠭᠠᠲᠤ ᠨᠢᠭᠡᠴᠡ᠄ ᠲᠤᠭᠤᠷᠢᠭ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠲᠣᠪᠴᠢᠶ᠎ᠠ᠂ ᠠᠵᠤ ᠦᠢᠯᠡᠳᠪᠦᠷᠢ ᠮᠡᠳᠡᠭᠡ ᠵᠠᠩᠬᠢᠴᠢᠯᠠᠯᠲᠠ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠪᠠᠶᠢᠭᠤᠯᠭ᠎ᠠ ᠶᠢᠨ ᠶᠠᠪᠤᠳᠠᠯ ᠤᠨ ᠦᠢᠯᠡᠴᠢᠯᠡᠭᠡᠨ ᠤ ᠲᠥᠪ᠂ ᠬᠠᠶᠢᠨᠠᠨ ᠤ ᠪᠠᠶᠢᠭᠠᠯᠢ ᠶᠢᠨ ᠡᠬᠢ ᠪᠠᠶᠠᠯᠢᠭ ᠤᠨ ᠬᠤᠪᠢᠶᠠᠷᠢ ᠲᠣᠪᠴᠢᠶ᠎ᠠ︶      3. ᠠᠷᠢᠭᠤᠨ ᠴᠡᠪᠡᠷ ᠢᠶᠠᠷ ᠢᠯᠴᠢ ᠬᠠᠩᠭᠠᠬᠤ ᠶᠢ ᠲᠦᠷᠭᠡᠳᠬᠡᠨ ᠬᠡᠷᠡᠭᠵᠢᠭᠦᠯᠦᠨ᠎ᠡ᠃ ᠡᠨᠧᠷᠭᠢ ᠶᠢᠨ ᠠᠮᠤᠷ ᠲᠦᠪᠰᠢᠨ ᠢ ᠪᠠᠲᠤᠯᠠᠬᠤ ᠪᠠ ᠠᠷᠢᠭᠤᠨ ᠴᠡᠪᠡᠷ ᠢᠶᠠᠷ ᠬᠥᠭᠵᠢᠭᠦᠯᠬᠦ ᠶᠢ ᠵᠡᠷᠭᠡ ᠳᠤᠨᠢ ᠴᠢᠬᠤᠯᠠᠴᠢᠯᠠᠬᠤ ᠶᠢ ᠪᠠᠷᠢᠮᠲᠠᠯᠠᠵᠤ᠂ ︽ᠨᠡᠭᠦᠷᠡᠰᠦ ᠶᠢ ᠰᠢᠲᠠᠮᠠᠬᠠᠢ ᠬᠡᠢ ᠪᠣᠯᠭᠠᠨ ᠥᠭᠡᠷᠡᠴᠢᠯᠡᠬᠦ︾᠂ ︽ᠨᠡᠭᠦᠷᠡᠰᠦ ᠶᠢ ᠴᠠᠬᠢᠯᠭᠠᠨ ᠪᠣᠯᠭᠠᠨ ᠥᠭᠡᠷᠡᠴᠢᠯᠡᠬᠦ︾᠂ ᠰᠢᠨ᠎ᠡ ᠡᠨᠧᠷᠭᠢ ᠶᠢ ᠠᠰᠢᠭᠯᠠᠬᠤ ᠵᠡᠷᠭᠡ ᠲᠠᠷᠠᠬᠠᠢ ᠪᠤᠲᠠᠷᠬᠠᠢ ᠮᠠᠶ᠋ᠢᠭ ᠤᠨ ᠠᠷᠢᠭᠤᠨ ᠴᠡᠪᠡᠷ ᠢᠶᠠᠷ ᠳᠤᠯᠠᠭᠠᠯᠠᠬᠤ ᠵᠡᠷᠭᠡ ᠠᠷᠢᠭᠤᠨ ᠴᠡᠪᠡᠷ ᠢᠶᠠᠷ ᠳᠤᠯᠠᠭᠠᠯᠠᠬᠤ ᠥᠭᠡᠷᠡᠴᠢᠯᠡᠯᠲᠡ ᠶᠢ ᠡᠮᠬᠢ ᠵᠢᠷᠤᠮ ᠲᠠᠢ ᠪᠠᠷ ᠲᠦᠯᠬᠢᠨ ᠠᠬᠢᠭᠤᠯᠵᠤ᠂ ᠨᠢᠭᠡᠨᠲᠡ ᠪᠠᠶᠢᠭ᠎ᠠ ᠪᠠᠷᠢᠯᠭ᠎ᠠ ᠶᠢᠨ ᠡᠨᠧᠷᠭᠢ ᠠᠷᠪᠢᠯᠠᠬᠤ ᠥᠭᠡᠷᠡᠴᠢᠯᠡᠯᠲᠡ᠂ ᠲᠦᠬᠦᠮ ᠪᠦᠲᠦᠴᠡᠲᠦ ᠣᠷᠣᠨ ᠰᠠᠭᠤᠴᠠ ᠶᠢᠨ ᠲᠣᠭᠤᠷᠢᠭ ᠤᠨ ᠥᠭᠡᠷᠡᠴᠢᠯᠡᠯᠲᠡ᠂ ᠬᠤᠳᠠ ᠶᠢᠨ ᠲᠡᠬᠦᠷᠭᠡ ᠶᠢᠨ ᠠᠭᠤᠯᠵᠠᠷ ᠬᠡᠰᠡᠭ ᠵᠢᠴᠢ ᠲᠠᠷᠢᠶᠠᠯᠠᠬᠤ ᠣᠷᠣᠨ ᠤ ᠥᠭᠡᠷᠡᠴᠢᠯᠡᠯᠲᠡ ᠶᠢᠨ ᠠᠵᠢᠯ ᠢ ᠲᠦᠷᠭᠡᠪᠴᠢᠯᠡᠨ ᠠᠬᠢᠭᠤᠯᠵᠤ᠂ ᠠᠷᠢᠭᠤᠨ ᠴᠡᠪᠡᠷ ᠢᠶᠠᠷ ᠳᠤᠯᠠᠭᠠᠯᠠᠬᠤ ᠨᠤᠷᠮ᠎ᠠ ᠶᠢ ᠠᠯᠬᠤᠮ ᠠᠯᠬᠤᠮ ᠢᠶᠠᠷ ᠳᠡᠭᠡᠭᠰᠢᠯᠡᠭᠦᠯᠦᠨ᠎ᠡ᠃ ᠢᠯᠴᠢ ᠴᠠᠬᠢᠯᠭᠠᠨ ᠢ ᠬᠠᠮᠲᠤᠷᠠᠨ ᠦᠢᠯᠡᠳᠪᠦᠷᠢᠯᠡᠬᠦ᠂ ᠠᠵᠤ ᠦᠢᠯᠡᠳᠪᠦᠷᠢ ᠶᠢᠨ ᠦᠯᠡᠳᠡᠪᠦᠷᠢ ᠢᠯᠴᠢ ᠵᠡᠷᠭᠡ ᠲᠥᠪᠯᠡᠷᠡᠭᠦᠯᠦᠨ ᠢᠯᠴᠢ ᠬᠠᠩᠭᠠᠬᠤ ᠠᠷᠭ᠎ᠠ ᠮᠠᠶ᠋ᠢᠭ ᠢ ᠶᠡᠬᠡᠪᠡᠷ ᠳᠡᠯᠭᠡᠷᠡᠭᠦᠯᠵᠦ᠂ ᠳᠤᠮᠳᠠ ᠪᠠ ᠬᠤᠯᠠ ᠵᠠᠢ ᠳᠤ ᠢᠯᠴᠢ ᠬᠠᠩᠭᠠᠬᠤ ᠶᠢ ᠢᠳᠡᠪᠬᠢᠲᠡᠢ ᠪᠠᠷ ᠲᠦᠯᠬᠢᠨ ᠠᠬᠢᠭᠤᠯᠤᠨ᠎ᠠ᠃ ᠢᠯᠴᠢ ᠬᠠᠩᠭᠠᠬᠤ ᠢᠯᠴᠢ ᠶᠢᠨ ᠰᠤᠷᠪᠤᠯᠵᠢ ᠶᠢ ᠡᠮᠬᠢᠯᠡᠨ ᠨᠡᠶᠢᠯᠡᠭᠦᠯᠵᠦ ᠰᠢᠯᠢᠳᠡᠭᠵᠢᠭᠦᠯᠬᠦ ᠪᠠ ᠢᠯᠴᠢ ᠶᠢᠨ ᠲᠣᠣᠷ ᠢ ᠰᠦᠯᠵᠢᠶᠡᠵᠢᠭᠦᠯᠦᠨ ᠠᠵᠢᠯᠯᠠᠭᠤᠯᠬᠤ ᠶᠢ ᠲᠦᠷᠭᠡᠳᠬᠡᠵᠦ᠂ ᠤᠯᠠᠨ ᠢᠯᠴᠢ ᠶᠢᠨ ᠰᠤᠷᠪᠤᠯᠵᠢ ᠲᠠᠢ ᠬᠠᠮᠲᠤᠷᠠᠨ ᠢᠯᠴᠢ ᠬᠠᠩᠭᠠᠬᠤ ᠴᠠᠭᠠᠷᠢᠭ ᠲᠣᠣᠷ ᠢ ᠪᠤᠢ ᠪᠣᠯᠭᠠᠨ᠎ᠠ᠃ 2024 ᠣᠨ ᠤ ᠵᠢᠯ ᠤᠨ ᠰᠡᠭᠦᠯᠴᠢ ᠠᠴᠠ ᠡᠮᠦᠨ᠎ᠡ ᠪᠠᠶᠢᠭᠤᠯᠤᠭᠰᠠᠨ ᠲᠣᠭᠤᠷᠢᠭ ᠤᠨ ᠴᠡᠪᠡᠷ ᠳᠤᠯᠠᠭᠠᠯᠭ᠎ᠠ ᠶᠢᠨ ᠨᠣᠷᠮ᠎ᠠ ᠶᠢ 98 % ᠳᠤ ᠬᠦᠷᠦᠭᠦᠯᠵᠦ᠂ ᠲᠠᠷᠢᠶᠠᠯᠠᠬᠤ ᠣᠷᠣᠨ ᠤ ᠴᠡᠪᠡᠷ ᠳᠤᠯᠠᠭᠠᠯᠭ᠎ᠠ ᠶᠢᠨ ᠨᠣᠷᠮ᠎ᠠ ᠶᠢ 60 % ᠳᠤ ᠬᠦᠷᠦᠭᠦᠯᠬᠦ ᠪᠠᠷ ᠴᠢᠷᠮᠠᠶᠢᠨ᠎ᠠ᠃ ︵  ᠲᠦᠷᠦᠭᠦᠯᠡᠨ ᠬᠢᠬᠦ ᠨᠢᠭᠡᠴᠡ᠄ ᠲᠤᠭᠤᠷᠢᠭ ᠤᠨ ᠡᠨᠧᠷᠭᠢ ᠶᠢᠨ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠢ ᠤᠰᠤᠨ ᠤ ᠶᠠᠪᠤᠳᠠᠯ ᠤᠨ ᠲᠣᠪᠴᠢᠶ᠎ᠠ᠃ ᠬᠠᠷᠢᠭᠤᠴᠠᠯᠭᠠᠲᠤ ᠨᠢᠭᠡᠴᠡ᠄ ᠲᠣᠭᠤᠷᠢᠭ ᠤᠨ ᠠᠵᠤ ᠦᠢᠯᠡᠳᠪᠦᠷᠢ ᠮᠡᠳᠡᠭᠡ ᠵᠠᠩᠬᠢᠴᠢᠯᠠᠯᠲᠠ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ︶      4. ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ᠶᠢ ᠵᠢᠷᠤᠮᠵᠢᠭᠤᠯᠤᠨ ᠥᠷᠨᠢᠭᠦᠯᠦᠨ᠎ᠡ᠃ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ᠂ ᠳᠦᠷᠢᠮ ᠲᠣᠭᠲᠠᠭᠠᠯ ᠢ ᠨᠡᠶᠢᠲᠡᠯᠡᠬᠦ ᠶᠢ ᠲᠦᠯᠬᠢᠨ ᠠᠬᠢᠭᠤᠯᠵᠤ᠂ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠨ ᠬᠠᠮᠢᠶᠠᠷᠬᠤ ᠳᠦᠷᠢᠮ ᠢ ᠪᠦᠷᠢᠨᠰᠢᠭᠦᠯᠦᠨ᠂ ᠲᠥᠷᠥᠯ ᠬᠤᠪᠢᠶᠠᠬᠤ ᠪᠠᠷᠢᠮᠵᠢᠶ᠎ᠠ ᠶᠢ ᠲᠡᠭᠦᠯᠳᠡᠷᠵᠢᠭᠦᠯᠵᠦ᠂ ᠵᠢᠯᠤᠭᠤᠳᠬᠤ ᠭᠠᠷᠴᠠᠭ ᠢ ᠨᠡᠶᠢᠲᠡᠯᠡᠨ᠂ ᠲᠥᠷᠥᠯ ᠬᠤᠪᠢᠶᠠᠭᠰᠠᠨ ᠦᠷ᠎ᠡ ᠳ᠋ᠦᠩ ᠯᠦᠭᠡ ᠬᠤᠯᠪᠣᠭᠳᠠᠭᠤᠯᠤᠭᠰᠠᠨ ᠤᠷᠮᠠᠰᠢᠭᠤᠯᠬᠤ ᠲᠣᠭᠲᠠᠴᠠ ᠶᠢ ᠰᠦᠪᠡᠭᠴᠢᠯᠡᠨ ᠲᠣᠭᠲᠠᠭᠠᠨ᠎ᠠ᠃ ᠠᠮᠢᠳᠤᠷᠠᠯ ᠤᠨ ᠬᠤᠭ ᠨᠣᠪᠰᠢ ᠶᠢ ᠲᠦᠷᠦᠯ ᠬᠤᠪᠢᠶᠠᠨ ᠬᠠᠶᠠᠬᠤ ᠶᠢ ᠵᠢᠷᠤᠮᠵᠢᠭᠤᠯᠵᠤ᠂ ᠲᠦᠷᠦᠯ ᠬᠤᠪᠢᠶᠠᠨ ᠴᠤᠭᠯᠠᠭᠤᠯᠬᠤ ᠲᠥᠬᠦᠭᠡᠷᠦᠮᠵᠢ ᠶᠢ ᠪᠦᠷᠢᠨᠰᠢᠭᠦᠯᠵᠦ᠂ ᠬᠤᠭ ᠨᠣᠪᠰᠢ ᠶᠢ ᠬᠤᠷᠢᠶᠠᠨ ᠠᠪᠬᠤ ᠪᠠ ᠡᠬᠢ ᠪᠠᠶᠠᠯᠢᠭᠵᠢᠭᠤᠯᠤᠨ ᠠᠰᠢᠭᠯᠠᠬᠤ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ᠲᠥᠷᠥᠯ ᠬᠤᠪᠢᠶᠠᠨ ᠳᠠᠮᠵᠢᠭᠤᠯᠤᠨ ᠲᠡᠭᠡᠭᠡᠪᠦᠷᠢᠯᠡᠬᠦ ᠪᠡᠯᠡᠳᠬᠡᠮᠵᠢ ᠶᠢ ᠲᠡᠭᠦᠯᠳᠡᠷᠵᠢᠭᠦᠯᠵᠦ᠂ ᠠᠮᠢᠳᠤᠷᠠᠯ ᠤᠨ ᠬᠤᠭ ᠨᠣᠪᠰᠢ ᠶᠢ ᠶᠡᠷᠦᠩᠬᠡᠶᠢᠯᠡᠨ ᠰᠢᠢᠳᠪᠦᠷᠢᠯᠡᠬᠦ ᠰᠢᠰᠲ᠋ᠧᠮᠵᠢ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠂ ᠠᠮᠢᠳᠤᠷᠠᠯ ᠤᠨ ᠬᠤᠭ ᠨᠣᠪᠰᠢ ᠶᠢ ᠬᠤᠷᠢᠶᠠᠨ ᠬᠠᠳᠠᠭᠠᠯᠠᠬᠤ ᠲᠡᠭᠡᠭᠡᠪᠦᠷᠢᠯᠡᠬᠦ ᠶᠢ ᠨᠢᠭᠡ ᠴᠣᠭᠴᠠᠵᠢᠭᠤᠯᠬᠤ ᠰᠢᠰᠲ᠋ᠧᠮᠵᠢ ᠶᠢ ᠰᠦᠪᠡᠭᠴᠢᠯᠡᠨ ᠪᠠᠶᠢᠭᠤᠯᠤᠨ᠎ᠠ᠃ ︵ᠲᠦᠷᠦᠭᠦᠯᠡᠨ ᠬᠢᠬᠦ ᠨᠢᠭᠡᠴᠡ᠄ ᠲᠣᠭᠤᠷᠢᠭ ᠤᠨ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ᠃ ᠬᠠᠷᠢᠭᠤᠴᠠᠯᠭᠠᠲᠤ ᠨᠢᠭᠡᠴᠡ᠄ ᠲᠤᠭᠤᠷᠢᠭ ᠤᠨ ᠡᠨᠧᠷᠭᠢ ᠶᠢᠨ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠨᠡᠶᠢᠲᠡ ᠶᠢᠨ ᠬᠡᠷᠡᠭᠯᠡᠭᠡᠨ ᠤ ᠦᠢᠯᠡᠰ ᠤᠨ ᠬᠥᠭᠵᠢᠯᠲᠡ ᠶᠢᠨ ᠲᠥᠪ︶      ︵ᠭᠤᠷᠪᠠ︶ ᠠᠮᠤᠷ ᠲᠦᠪᠰᠢᠨ ᠤᠶᠠᠨ ᠬᠠᠳᠠᠨ ᠴᠢᠨᠠᠷᠲᠠᠢ ᠬᠤᠳᠠ ᠶᠢ ᠴᠣᠭᠴᠠᠯᠠᠨ ᠪᠠᠶᠢᠭᠤᠯᠤᠨ᠎ᠠ      1. ᠪᠠᠷᠢᠯᠭ᠎ᠠ ᠶᠢᠨ ᠭᠠᠯ ᠤᠨᠲᠠᠷᠠᠭᠠᠬᠤ ᠵᠢᠷᠤᠭ ᠲᠥᠯᠥᠪᠯᠡᠭᠡ ᠶᠢ ᠬᠢᠨᠠᠨ ᠪᠠᠶᠢᠴᠠᠭᠠᠵᠤ ᠰᠢᠯᠭᠠᠨ ᠠᠪᠬᠤ ᠶᠢ ᠴᠢᠩᠭᠠᠳᠬᠠᠨ᠎ᠠ᠃ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠭᠠᠯ ᠤᠨᠲᠠᠷᠠᠭᠠᠬᠤ ᠵᠢᠷᠤᠭ ᠲᠥᠯᠥᠪᠯᠡᠭᠡ ᠶᠢ ᠬᠢᠨᠠᠨ ᠪᠠᠶᠢᠴᠠᠭᠠᠵᠤ ᠰᠢᠯᠭᠠᠨ ᠠᠪᠬᠤ ᠠᠵᠢᠯ ᠤᠨ ᠲᠡᠰ ᠳᠠᠷᠠᠭᠠᠯᠠᠯ ᠢ ᠤᠯᠠᠮ ᠨᠢᠭᠡ ᠠᠯᠬᠤᠮ ᠵᠢᠷᠤᠮᠵᠢᠭᠤᠯᠵᠤ᠂ ᠭᠠᠯ ᠤᠨᠲᠠᠷᠠᠭᠠᠬᠤ ᠵᠢᠷᠤᠭ ᠲᠥᠯᠥᠪᠯᠡᠭᠡ ᠶᠢ ᠬᠢᠨᠠᠨ ᠪᠠᠶᠢᠴᠠᠭᠠᠵᠤ ᠰᠢᠯᠭᠠᠨ ᠠᠪᠬᠤ ᠪᠠᠶᠢᠭᠤᠯᠤᠮᠵᠢ ᠪᠣᠯᠣᠨ ᠡᠩᠨᠡᠭᠡᠨ ᠤ ᠪᠠᠶᠢᠭᠤᠯᠤᠯᠲᠠ ᠶᠢᠨ ᠡᠷᠴᠢᠮ ᠢ ᠨᠡᠮᠡᠭᠳᠡᠭᠦᠯᠬᠦ ᠬᠡᠷᠡᠭᠲᠡᠢ᠃ ᠭᠠᠯ ᠤᠨᠲᠠᠷᠠᠭᠠᠬᠤ ᠵᠢᠷᠤᠭ ᠲᠥᠯᠥᠪᠯᠡᠭᠡ ᠶᠢ ᠬᠢᠨᠠᠨ ᠪᠠᠶᠢᠴᠠᠭᠠᠬᠤ᠂ ᠪᠠᠷᠢᠯᠭ᠎ᠠ ᠪᠠᠷᠢᠬᠤ᠂ ᠪᠠᠶᠢᠴᠠᠭᠠᠨ ᠬᠡᠮᠵᠢᠬᠦ᠂ ᠰᠢᠯᠭᠠᠨ ᠠᠪᠬᠤ ᠵᠡᠷᠭᠡ ᠭᠤᠭᠴᠤᠭ᠎ᠠ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠷᠠᠭᠤᠯᠵᠤ᠂ ᠲᠠᠯᠳᠠ ᠭᠡᠮ ᠢ ᠵᠢᠭᠰᠠᠭᠠᠨ ᠪᠠᠶᠢᠴᠠᠭᠠᠬᠤ ᠶᠢ ᠴᠢᠩᠭᠠᠳᠬᠠᠬᠤ ᠬᠡᠷᠡᠭᠲᠡᠢ᠃ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠭᠠᠯ ᠤᠨᠲᠠᠷᠠᠭᠠᠬᠤ ᠵᠢᠷᠤᠭ ᠲᠥᠯᠥᠪᠯᠡᠭᠡ ᠶᠢ ᠬᠢᠨᠠᠨ ᠪᠠᠶᠢᠴᠠᠭᠠᠵᠤ ᠰᠢᠯᠭᠠᠨ ᠠᠪᠬᠤ ᠦᠯᠡᠳᠡᠭᠳᠡᠯ ᠲᠥᠷᠥᠯ ᠵᠦᠢᠯ ᠤᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠲᠤᠰᠬᠠᠢ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠲᠡᠦᠬᠡᠨ ᠠᠴᠠ ᠦᠯᠡᠳᠡᠭᠳᠡᠵᠦ ᠢᠷᠡᠭᠰᠡᠨ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠲᠤᠭᠤᠷᠢᠭ ᠤᠨ ᠪᠣᠳᠠᠲᠠᠢ ᠳᠤ ᠨᠡᠶᠢᠴᠡᠬᠦ ᠴᠡᠭᠴᠡᠯᠡᠨ ᠵᠠᠰᠠᠬᠤ ᠠᠵᠢᠯ ᠤᠨ ᠠᠷᠭ᠎ᠠ᠂ ᠠᠷᠭ᠎ᠠ ᠬᠡᠮᠵᠢᠶ᠎ᠡ ᠵᠢᠴᠢ ᠬᠠᠭᠤᠯᠪᠤᠷᠢᠯᠠᠵᠤ ᠪᠣᠯᠬᠤ᠂ ᠳᠡᠯᠭᠡᠷᠡᠭᠦᠯᠬᠦ ᠳᠤ ᠬᠢᠯᠪᠠᠷ ᠠᠵᠢᠯ ᠤᠨ ᠰᠢᠰᠲ᠋ᠧᠮᠵᠢ ᠶᠢᠨ ᠲᠣᠭᠲᠠᠴᠠ ᠶᠢ ᠢᠳᠡᠪᠬᠢᠲᠡᠢ ᠪᠠᠷ ᠬᠠᠶᠢᠨ ᠰᠦᠪᠡᠭᠴᠢᠯᠡᠨ᠎ᠡ᠃ 2024 ᠣᠨ ᠤ ᠡᠴᠦᠰ ᠪᠣᠯᠲᠠᠯ᠎ᠠ᠂ ᠭᠠᠯ ᠤᠨᠲᠠᠷᠠᠭᠠᠬᠤ ᠵᠢᠷᠤᠭ ᠲᠥᠯᠥᠪᠯᠡᠭᠡ ᠶᠢ ᠬᠢᠨᠠᠨ ᠪᠠᠶᠢᠴᠠᠭᠠᠵᠤ ᠰᠢᠯᠭᠠᠨ ᠠᠪᠬᠤ ᠦᠯᠡᠳᠡᠭᠳᠡᠯ ᠲᠥᠷᠥᠯ ᠵᠦᠢᠯ ᠤᠨ ᠠᠰᠠᠭᠤᠳᠠᠯ ᠢ ᠤᠷᠢᠳᠴᠢᠯᠠᠨ ᠰᠢᠢᠳᠪᠦᠷᠢᠯᠡᠵᠦ᠂ ᠦᠯᠡᠳᠡᠭᠳᠡᠯ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠤᠨ ᠭᠠᠯ ᠤᠨᠲᠠᠷᠠᠭᠠᠬᠤ ᠠᠮᠤᠷ ᠲᠦᠪᠰᠢᠨ ᠤ ᠠᠶᠤᠯ ᠲᠦᠭᠰᠢᠭᠦᠷᠢ ᠶᠢᠨ ᠳᠠᠯᠳᠠ ᠬᠡᠮ ᠢ ᠪᠦᠲᠦᠮᠵᠢᠲᠡᠶ ᠠᠷᠢᠯᠭᠠᠨ᠂ ᠳᠦᠷᠢᠮ ᠤᠨ ᠪᠠᠶᠢᠭᠤᠯᠤᠯᠲᠠ ᠶᠢ ᠴᠢᠩᠭᠠᠳᠬᠠᠵᠤ᠂ ᠬᠠᠭᠤᠴᠢᠨ ᠲᠠᠩᠰᠠ ᠶᠢᠨ ᠳᠠᠬᠢᠨ ᠨᠡᠮᠡᠭᠳᠡᠬᠦ ᠠᠰᠠᠭᠤᠳᠠᠯ ᠢ ᠰᠢᠢᠳᠪᠦᠷᠢᠯᠡᠬᠦ ᠠᠴᠠ ᠵᠠᠶᠢᠯᠠᠰᠬᠢᠬᠦ ᠪᠠᠷ ᠴᠢᠷᠮᠠᠶᠢᠨ᠎ᠠ᠃ ︵ᠲᠦᠷᠦᠭᠦᠯᠡᠨ ᠬᠢᠬᠦ ᠨᠢᠭᠡᠴᠡ᠄ ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠃ ᠬᠠᠷᠢᠭᠤᠴᠠᠯᠭᠠᠲᠤ ᠨᠢᠭᠡᠴᠡ᠄ ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠰᠤᠷᠭᠠᠨ ᠬᠥᠮᠦᠵᠢᠯ ᠤᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠠᠷᠠᠳ ᠤᠨ ᠶᠠᠪᠤᠳᠠᠯ ᠤᠨ ᠲᠣᠪᠴᠢᠶ᠎ᠠ᠂ ᠬᠠᠤᠯᠢ ᠴᠠᠭᠠᠵᠠ ᠶᠢᠨ ᠲᠣᠪᠴᠢᠶ᠎ᠠ᠂ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ᠂ ᠬᠠᠶᠢᠨᠠᠨ ᠤ ᠪᠠᠶᠢᠭᠠᠯᠢ ᠶᠢᠨ ᠡᠬᠢ ᠪᠠᠶᠠᠯᠢᠭ ᠤᠨ ᠬᠤᠪᠢᠶᠠᠷᠢ ᠲᠣᠪᠴᠢᠶ᠎ᠠ᠂ ᠭᠠᠯ ᠤᠨᠲᠠᠷᠠᠭᠠᠵᠤ ᠠᠪᠤᠷᠠᠨ ᠲᠤᠰᠠᠯᠠᠬᠤ ᠶᠡᠭᠡ ᠠᠩᠭᠢ︶      2. ᠬᠠᠶᠢᠮᠢᠶᠠᠨ ᠬᠤᠲᠠ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ᠃ ᠬᠠᠶᠢᠮᠢᠶᠠᠨ ᠬᠤᠳᠠ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠢ ᠲᠦᠯᠬᠢᠨ ᠠᠬᠢᠭᠤᠯᠬᠤ ᠲᠣᠭᠲᠠᠴᠠ ᠶᠢ ᠲᠡᠭᠦᠯᠳᠡᠷᠵᠢᠭᠦᠯᠵᠦ᠂ ᠬᠠᠶᠢᠮᠢᠶᠠᠨ ᠬᠤᠳᠠ ᠶᠢᠨ ᠪᠦᠲᠦᠭᠡᠨ ᠪᠠᠶᠢᠭᠤᠯᠤᠯᠲᠠ ᠶᠢᠨ ᠣᠶᠢᠯᠠᠭᠠᠭᠳᠠᠬᠤᠨ ᠪᠠ ᠱᠠᠭᠠᠷᠳᠠᠯᠭ᠎ᠠ ᠶᠢ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠪᠦᠬᠦ ᠶᠠᠪᠤᠴᠠ ᠳᠤ ᠲᠤᠭᠤᠰᠢᠯᠠᠭᠤᠯᠤᠨ᠎ᠠ᠃ ᠬᠠᠶᠢᠮᠢᠶᠠᠨ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠲᠤᠷᠰᠢᠯᠲᠠ ᠶᠢᠨ ᠴᠡᠭ ᠢ ᠥᠷᠨᠢᠭᠦᠯᠵᠦ᠂ ᠨᠡᠶᠢᠲᠡᠯᠢᠭ ᠵᠢᠱᠢᠶ᠎ᠡ ᠦᠵᠡᠭᠦᠯᠬᠦ ᠲᠥᠷᠥᠯ ᠵᠦᠢᠯ ᠤᠨ ᠬᠥᠲᠥᠯᠥᠨ ᠳᠠᠭᠠᠭᠤᠯᠬᠤ ᠦᠢᠯᠡᠳᠦᠯ ᠢ ᠪᠠᠳᠠᠷᠠᠭᠤᠯᠤᠨ᠂ ᠰᠢᠨ᠎ᠡ ᠬᠡᠯᠪᠡᠷᠢ ᠶᠢᠨ ᠬᠤᠲᠠ ᠶᠢᠨ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢᠨ ᠥᠭᠡᠷᠡᠴᠢᠯᠡᠯᠲᠡ᠂ ᠬᠠᠭᠤᠴᠢᠨ ᠵᠢᠵᠢᠭ ᠲᠣᠭᠤᠷᠢᠭ ᠤᠨ ᠥᠭᠡᠷᠡᠴᠢᠯᠡᠯᠲᠡ᠂ ᠤᠰᠤ ᠵᠠᠯᠠᠵᠤ ᠤᠰᠤᠲᠤᠯ ᠢ ᠰᠡᠷᠭᠡᠶᠢᠯᠡᠬᠦ᠂ ᠴᠡᠴᠡᠷᠯᠢᠭᠵᠢᠭᠦᠯᠦᠨ ᠨᠣᠭᠤᠭᠠᠷᠠᠭᠤᠯᠬᠤ ᠵᠡᠷᠭᠡ ᠠᠵᠢᠯ ᠯᠤᠭ᠎ᠠ ᠬᠠᠮᠵᠢᠯᠴᠠᠨ ᠠᠬᠢᠭᠤᠯᠤᠨ᠎ᠠ᠃ ᠬᠤᠳᠠ ᠶᠢᠨ ᠰᠢᠨ᠎ᠡ ᠲᠣᠭᠤᠷᠢᠭ ᠤᠨ ᠪᠦᠲᠦᠭᠡᠨ ᠪᠠᠶᠢᠭᠤᠯᠤᠯᠲᠠ ᠨᠢ ᠬᠠᠷᠠᠯᠲᠠ ᠪᠠᠷ ᠤᠳᠤᠷᠢᠳᠤᠮᠵᠢ ᠪᠣᠯᠭᠠᠵᠤ᠂ ᠬᠠᠶᠢᠮᠢᠶᠠᠨ ᠬᠤᠳᠠ ᠶᠢᠨ ᠪᠦᠲᠦᠭᠡᠨ ᠪᠠᠶᠢᠭᠤᠯᠤᠯᠲᠠ ᠶᠢᠨ ᠱᠠᠭᠠᠷᠳᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ᠎ᠠ᠃ ᠬᠠᠭᠤᠴᠢᠨ ᠬᠤᠳᠠ ᠶᠢᠨ ᠲᠣᠭᠤᠷᠢᠭ ᠨᠢ ᠠᠰᠠᠭᠤᠳᠠᠯ ᠢᠶᠠᠷ ᠤᠳᠤᠷᠢᠳᠤᠮᠵᠢ ᠪᠣᠯᠭᠠᠨ᠂ ᠲᠦᠬᠦᠮ ᠪᠦᠲᠦᠴᠡᠲᠦ ᠣᠷᠣᠨ ᠰᠠᠭᠤᠴᠠ ᠶᠢᠨ ᠲᠣᠭᠤᠷᠢᠭ᠂ ᠬᠠᠭᠤᠴᠢᠨ ᠵᠢᠵᠢᠭ ᠲᠣᠭᠤᠷᠢᠭ ᠤᠨ ᠥᠭᠡᠷᠡᠴᠢᠯᠡᠯᠲᠡ ᠵᠡᠷᠭᠡ ᠲᠠᠢ ᠤᠶᠠᠯᠳᠤᠭᠤᠯᠤᠨ᠂ ᠪᠣᠷᠣᠭᠠᠨ ᠤ ᠪᠣᠬᠢᠷᠳᠤᠯ ᠢ ᠰᠠᠯᠭᠠᠬᠤ ᠵᠢᠴᠢ ᠬᠠᠶᠢᠮᠢᠶᠠᠨ ᠪᠣᠯᠭᠠᠬᠤ ᠥᠭᠡᠷᠡᠴᠢᠯᠡᠯᠲᠡ ᠶᠢᠨ ᠢᠨᠵᠧᠨᠧᠷᠢᠩ ᠢ ᠬᠡᠷᠡᠭᠵᠢᠭᠦᠯᠵᠦ᠂ ᠵᠠᠮ᠂ ᠲᠡᠷᠭᠡᠨ ᠵᠣᠭᠰᠣᠭᠠᠯ ᠪᠠ ᠠᠭᠤᠳᠠᠮ ᠲᠠᠯᠠᠪᠠᠢ ᠳᠤ ᠤᠰᠤ ᠨᠡᠪᠲᠡᠷᠡᠬᠦ ᠴᠢᠨᠠᠷᠲᠠᠢ ᠥᠭᠡᠷᠡᠴᠢᠯᠡᠯᠲᠡ ᠬᠢᠨ᠎ᠡ᠃ ᠰᠢᠨ᠎ᠡ ᠪᠠᠷ ᠪᠠᠶᠢᠭᠤᠯᠬᠤ ᠵᠠᠮ ᠳᠤ ᠤᠰᠤ ᠨᠡᠪᠲᠡᠷᠡᠬᠦ ᠳᠡᠪᠢᠰᠦᠨ ᠤᠭᠰᠠᠷᠠᠬᠤ ᠪᠠ ᠤᠰᠤ ᠨᠡᠪᠲᠡᠷᠡᠬᠦ ᠵᠠᠮ ᠤᠨ ᠭᠠᠳᠠᠷᠭᠤ ᠶᠢ ᠪᠥᠬᠦ ᠲᠠᠯ᠎ᠠ ᠪᠠᠷ ᠳᠡᠯᠭᠡᠷᠡᠭᠦᠯᠦᠨ ᠬᠡᠷᠡᠭᠯᠡᠵᠦ᠂ ᠵᠠᠮ ᠤᠨ ᠪᠣᠷᠣᠭᠠᠨ ᠤ ᠤᠰᠤ ᠶᠢ ᠰᠢᠩᠭᠡᠭᠡᠬᠦ ᠴᠢᠳᠠᠮᠵᠢ ᠶᠢ ᠴᠢᠩᠭᠠᠷᠠᠭᠤᠯᠤᠨ᠎ᠠ᠃ ︵ᠲᠦᠷᠦᠭᠦᠯᠡᠨ ᠬᠢᠬᠦ ᠨᠢᠭᠡᠴᠡ᠄ ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠃ ᠬᠠᠷᠢᠭᠤᠴᠠᠯᠭᠠᠲᠤ ᠨᠢᠭᠡᠴᠡ᠄ ᠲᠣᠭᠤᠷᠢᠭ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠢ ᠤᠰᠤᠨ ᠤ ᠶᠠᠪᠤᠳᠠᠯ ᠤᠨ ᠲᠣᠪᠴᠢᠶ᠎ᠠ᠂ ᠨᠡᠶᠢᠲᠡ ᠶᠢᠨ ᠬᠡᠷᠡᠭᠯᠡᠭᠡᠨ ᠤ ᠦᠢᠯᠡᠰ ᠤᠨ ᠬᠥᠭᠵᠢᠯᠲᠡ ᠶᠢᠨ ᠲᠥᠪ᠂ ᠬᠠᠶᠢᠨᠠᠨ ᠤ ᠪᠠᠶᠢᠭᠠᠯᠢ ᠶᠢᠨ ᠡᠬᠢ ᠪᠠᠶᠠᠯᠢᠭ ᠤᠨ ᠬᠤᠪᠢᠶᠠᠷᠢ ᠲᠣᠪᠴᠢᠶ᠎ᠠ᠂ ᠬᠠᠶᠢᠨᠠᠨ ᠤ ᠠᠮᠢ ᠠᠬᠤᠢ ᠣᠷᠴᠢᠨ ᠲᠣᠭᠤᠷᠢᠨ ᠤ ᠬᠤᠪᠢᠶᠠᠷᠢ ᠲᠣᠪᠴᠢᠶ᠎ᠠ︶      3. ᠤᠰᠤ ᠠᠷᠪᠢᠯᠠᠬᠤ ᠮᠠᠶ᠋ᠢᠭ ᠤᠨ ᠬᠤᠳᠠ ᠶᠢᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃ ᠤᠰᠤ ᠠᠷᠪᠢᠯᠠᠬᠤ ᠶᠢ ᠬᠤᠳᠠ ᠶᠢᠨ ᠲᠥᠯᠦᠪᠵᠢᠭᠦᠯᠭᠡ᠂ ᠪᠦᠲᠦᠭᠡᠨ ᠪᠠᠶᠢᠭᠤᠯᠤᠯᠲᠠ᠂ ᠬᠠᠮᠢᠶᠠᠷᠤᠯᠲᠠ ᠶᠢᠨ ᠡᠯ᠎ᠡ ᠭᠤᠭᠴᠤᠭ᠎ᠠ ᠳᠤ ᠬᠦᠷᠲᠡᠯ᠎ᠡ ᠨᠠᠶᠢᠳᠠᠪᠤᠷᠢᠵᠢᠭᠤᠯᠵᠤ᠂ ᠰᠠᠶᠢᠨ ᠤᠰᠤ ᠶᠢ ᠰᠠᠶᠢᠬᠠᠨ ᠬᠡᠷᠡᠭᠯᠡᠬᠦ᠂ ᠡᠷᠭᠢᠯᠳᠦᠭᠦᠯᠦᠨ ᠡᠮᠬᠢ ᠲᠠᠷᠠᠭ᠎ᠠ ᠲᠠᠢ ᠠᠰᠢᠭᠯᠠᠬᠤ ᠶᠢ ᠪᠡᠶᠡᠯᠡᠭᠦᠯᠵᠦ᠂ ᠬᠤᠳᠠ ᠶᠢᠨ ᠤᠰᠤ ᠠᠷᠪᠢᠯᠠᠬᠤ ᠡᠯ᠎ᠡ ᠵᠦᠢᠯ ᠤᠨ ᠰᠠᠭᠤᠷᠢ ᠬᠠᠮᠢᠶᠠᠷᠤᠯᠲᠠ ᠶᠢᠨ ᠳᠦᠷᠢᠮ ᠢ ᠢᠳᠡᠪᠬᠢᠲᠡᠢ ᠪᠠᠷ ᠨᠠᠶᠢᠳᠠᠪᠤᠷᠢᠵᠢᠭᠤᠯᠤᠨ᠂ ᠬᠤᠲᠠ ᠪᠠᠯᠭᠠᠰᠤ ᠶᠢᠨ ᠤᠰᠤ ᠠᠷᠪᠢᠯᠠᠬᠤ ᠥᠭᠡᠷᠡᠴᠢᠯᠡᠯᠲᠡ ᠶᠢ ᠲᠦᠯᠬᠢᠨ ᠠᠬᠢᠭᠤᠯᠵᠤ᠂ ᠭᠦᠨ ᠤᠰᠤ ᠠᠷᠪᠢᠯᠠᠬᠤ ᠮᠠᠶ᠋ᠢᠭ ᠤᠨ ᠬᠤᠳᠠ ᠶᠢ ᠴᠣᠭᠴᠠᠯᠠᠨ ᠪᠠᠶᠢᠭᠤᠯᠤᠨ᠎ᠠ᠃ ᠳᠠᠬᠢᠯᠲᠠ ᠤᠰᠤ ᠶᠢ ᠠᠰᠢᠭᠯᠠᠬᠤ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠬᠢᠭᠡᠳ ᠥᠭᠡᠷᠡᠴᠢᠯᠡᠯᠲᠡ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠳᠠᠬᠢᠯᠲᠠ ᠤᠰᠤ ᠶᠢ ᠡᠭᠡᠭᠦᠯᠦᠨ ᠬᠡᠷᠡᠭᠯᠡᠬᠦ ᠨᠣᠷᠮ᠎ᠠ ᠶᠢ ᠳᠡᠭᠡᠭᠰᠢᠯᠡᠭᠦᠯᠦᠨ᠎ᠡ᠃ ᠬᠤᠲᠠ ᠶᠢᠨ ᠠᠮᠢ ᠠᠬᠤᠢ ᠶᠢᠨ ᠦᠵᠡᠮᠵᠢ᠂ ᠠᠵᠤ ᠦᠢᠯᠡᠳᠪᠦᠷᠢ ᠶᠢᠨ ᠦᠢᠯᠡᠳᠪᠦᠷᠢᠯᠡᠯ᠂ ᠬᠤᠲᠠ ᠶᠢᠨ ᠨᠣᠭᠤᠭᠠᠷᠠᠭᠤᠯᠤᠯᠲᠠ᠂ ᠵᠠᠮ ᠢ ᠴᠡᠪᠡᠷᠯᠡᠬᠦ᠂ ᠲᠡᠷᠭᠡ ᠬᠥᠰᠬᠡ ᠶᠢ ᠤᠬᠢᠶᠠᠬᠤ ᠪᠠ ᠪᠠᠷᠢᠯᠭ᠎ᠠ ᠪᠠᠷᠢᠬᠤ ᠵᠡᠷᠭᠡ ᠳᠤ ᠤᠷᠢᠳᠠᠪᠠᠷ ᠳᠠᠬᠢᠯᠲᠠ ᠤᠰᠤ ᠶᠢ ᠬᠡᠷᠡᠭᠯᠡᠨ᠎ᠡ᠃ ᠠᠮᠢᠳᠤᠷᠠᠯ ᠤᠨ ᠤᠰᠤ ᠠᠷᠪᠢᠯᠠᠬᠤ ᠪᠠᠭᠠᠵᠢ ᠬᠡᠷᠡᠭᠰᠡᠯ ᠢ ᠲᠦᠷᠭᠡᠪᠴᠢᠯᠡᠨ ᠲᠦᠭᠡᠮᠡᠯᠵᠢᠭᠦᠯᠵᠦ᠂ ᠰᠤᠷᠭᠠᠭᠤᠯᠢ᠂ ᠡᠮᠨᠡᠯᠭᠡ ᠶᠢᠨ ᠬᠤᠷᠢᠶ᠎ᠠ᠂ ᠵᠣᠴᠢᠳ ᠤᠨ ᠪᠠᠭᠤᠳᠠᠯ᠂ ᠢᠳᠡᠭᠡᠨ ᠤᠮᠳᠠᠭᠠᠨ᠂ ᠤᠬᠢᠶᠠᠯᠭ᠎ᠠ ᠵᠡᠷᠭᠡ ᠭᠤᠣᠯᠳᠠᠯᠭ᠎ᠠ ᠲᠠᠢ ᠠᠵᠢᠯ ᠲᠦᠷᠦᠯ ᠤᠨ ᠤᠰᠤ ᠠᠷᠪᠢᠯᠠᠬᠤ ᠮᠡᠷᠭᠡᠵᠢᠯ ᠤᠨ ᠥᠭᠡᠷᠡᠴᠢᠯᠡᠯᠲᠡ ᠶᠢ ᠲᠦᠯᠬᠢᠨ ᠠᠬᠢᠭᠤᠯᠵᠤ᠂ ᠤᠯᠠᠨ ᠨᠡᠶᠢᠲᠡ ᠶᠢᠨ ᠲᠥᠬᠦᠭᠡᠷᠦᠮᠵᠢ ᠶᠢ ᠰᠢᠨ᠎ᠡ ᠪᠠᠷ ᠪᠠᠶᠢᠭᠤᠯᠬᠤ ᠳᠤ ᠡᠷᠬᠡᠪᠰᠢ ᠤᠰᠤ ᠠᠷᠪᠢᠯᠠᠬᠤ ᠪᠠᠭᠠᠵᠢ ᠬᠡᠷᠡᠭᠰᠡᠯ ᠢ ᠤᠭᠰᠠᠷᠠᠨ ᠬᠡᠷᠡᠭᠯᠡᠬᠦ ᠬᠡᠷᠡᠭᠲᠡᠢ᠃ ᠰᠠᠭᠤᠭᠠᠯᠢ ᠠᠷᠠᠳ ᠤᠨ ᠤᠰᠤᠨ ᠤ ᠱᠠᠲᠤᠯᠢᠭ ᠦᠨ᠎ᠡ ᠶᠢᠨ ᠳᠦᠷᠢᠮ ᠢ ᠰᠦᠪᠡᠭᠴᠢᠯᠡᠨ ᠲᠡᠭᠦᠯᠳᠡᠷᠵᠢᠭᠦᠯᠵᠦ᠂ ᠱᠠᠲᠤᠯᠢᠭ ᠦᠨ᠎ᠡ ᠶᠢᠨ ᠲᠣᠭᠲᠠᠴᠠ ᠶᠢᠨ ᠲᠣᠬᠢᠷᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠤᠨ᠂ ᠤᠰᠤ ᠶᠢ ᠠᠷᠪᠢᠯᠠᠵᠤ ᠬᠡᠷᠡᠭᠯᠡᠬᠦ ᠶᠢ ᠠᠬᠢᠭᠤᠯᠵᠤ᠂ ᠤᠰᠤᠨ ᠤ ᠡᠬᠢ ᠪᠠᠶᠠᠯᠢᠭ ᠢ ᠠᠰᠢᠭᠯᠠᠬᠤ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ︵ᠲᠦᠷᠦᠭᠦᠯᠡᠨ ᠬᠢᠬᠦ ᠨᠢᠭᠡᠴᠡ᠄ ᠲᠤᠭᠤᠷᠢᠭ ᠤᠨ ᠲᠠᠷᠢᠶᠠᠯᠠᠩ ᠮᠠᠯ ᠠᠵᠤ ᠠᠬᠤᠢ ᠤᠰᠤᠨ ᠤ ᠶᠠᠪᠤᠳᠠᠯ ᠤᠨ ᠲᠣᠪᠴᠢᠶ᠎ᠠ᠃ ᠬᠠᠷᠢᠭᠤᠴᠠᠯᠭᠠᠲᠤ ᠨᠢᠭᠡᠴᠡ᠄ ᠲᠣᠭᠤᠷᠢᠭ ᠤᠨ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠰᠤᠷᠭᠠᠨ ᠬᠥᠮᠦᠵᠢᠯ ᠤᠨ ᠲᠣᠪᠴᠢᠶ᠎ᠠ᠂ ᠠᠵᠤ ᠦᠢᠯᠡᠳᠪᠦᠷᠢ ᠮᠡᠳᠡᠭᠡ  ᠵᠠᠩᠬᠢᠴᠢᠯᠠᠯᠲᠠ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠨᠡᠶᠢᠲᠡ ᠶᠢᠨ ᠬᠡᠷᠡᠭᠯᠡᠭᠡᠨ ᠤ ᠦᠢᠯᠡᠰ ᠤᠨ ᠬᠥᠭᠵᠢᠯᠲᠡ ᠶᠢᠨ ᠲᠥᠪ᠂ ᠬᠠᠶᠢᠨᠠᠨ ᠤ ᠪᠠᠶᠢᠭᠠᠯᠢ ᠶᠢᠨ ᠡᠬᠢ ᠪᠠᠶᠠᠯᠢᠭ ᠤᠨ ᠬᠤᠪᠢᠶᠠᠷᠢ ᠲᠣᠪᠴᠢᠶ᠎ᠠ︶      4. ᠬᠤᠲᠠ ᠶᠢᠨ ᠰᠠᠭᠤᠷᠢ ᠪᠡᠯᠡᠳᠬᠡᠮᠵᠢ ᠶᠢᠨ ᠪᠠᠲᠤᠯᠠᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠦᠨ᠎ᠡ᠃ ᠢᠯᠴᠢ ᠶᠢᠨ ᠰᠤᠷᠪᠤᠯᠵᠢ ᠶᠢᠨ ᠢᠯᠴᠢ ᠬᠠᠩᠭᠠᠬᠤ ᠴᠢᠳᠠᠪᠤᠷᠢ ᠶᠢ ᠳᠡᠭᠡᠭᠰᠢᠯᠡᠭᠦᠯᠵᠦ᠂ ᠢᠯᠴᠢ ᠬᠠᠩᠭᠠᠬᠤ ᠬᠠᠭᠤᠴᠢᠨ ᠬᠤᠭᠤᠯᠠᠢ ᠶᠢᠨ ᠲᠣᠣᠷ ᠢ ᠥᠭᠡᠷᠡᠴᠢᠯᠡᠬᠦ ᠡᠷᠴᠢᠮ ᠢ ᠴᠢᠩᠭᠠᠷᠠᠭᠤᠯᠵᠤ᠂ ᠲᠥᠪᠯᠡᠷᠡᠭᠦᠯᠦᠨ ᠢᠯᠴᠢ ᠬᠠᠩᠭᠠᠬᠤ ᠬᠡᠪᠴᠢᠶ᠎ᠡ ᠶᠢ ᠥᠷᠭᠡᠳᠬᠡᠨ᠎ᠡ᠃ ᠬᠤᠲᠠ ᠪᠠᠯᠭᠠᠰᠤ ᠶᠢᠨ ᠰᠢᠲᠠᠮᠠᠬᠠᠢ ᠬᠡᠢ ᠶᠢᠨ ᠬᠤᠭᠤᠯᠠᠢ ᠶᠢᠨ ᠲᠣᠣᠷ ᠤᠨ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠪᠠ ᠬᠠᠮᠢᠶᠠᠷᠤᠯᠲᠠ ᠶᠢ ᠴᠢᠩᠭᠠᠳᠬᠠᠵᠤ᠂ ᠬᠠᠭᠤᠴᠢᠷᠠᠭᠰᠠᠨ ᠰᠢᠲᠠᠮᠠᠬᠠᠢ ᠬᠡᠢ ᠶᠢᠨ ᠬᠤᠭᠤᠯᠠᠢ ᠶᠢᠨ ᠲᠣᠣᠷ ᠤᠨ ᠥᠭᠡᠷᠡᠴᠢᠯᠡᠯᠲᠡ ᠶᠢ ᠦᠷᠭᠦᠯᠵᠢᠯᠡᠨ ᠠᠬᠢᠭᠤᠯᠤᠨ᠎ᠠ᠃ ᠤᠰᠤ ᠬᠠᠩᠭᠠᠬᠤ ᠪᠠᠲᠤᠯᠠᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠵᠦ᠂ ᠲᠥᠪᠯᠡᠷᠡᠩᠭᠦᠢ ᠮᠠᠶ᠋ᠢᠭ ᠤᠨ ᠤᠤᠭᠤᠬᠤ ᠤᠰᠤᠨ ᠤ ᠡᠬᠢ ᠰᠤᠷᠪᠤᠯᠵᠢ ᠶᠢᠨ ᠣᠷᠣᠨ ᠤ ᠵᠢᠷᠤᠮᠵᠢᠭᠰᠠᠨ ᠪᠦᠲᠦᠭᠡᠨ ᠪᠠᠶᠢᠭᠤᠯᠤᠯᠲᠠ ᠪᠠ ᠴᠢᠬᠤᠯᠠ ᠤᠤᠭᠤᠬᠤ ᠤᠰᠤᠨ ᠤ ᠡᠬᠢ ᠰᠤᠷᠪᠤᠯᠵᠢ ᠶᠢᠨ ᠣᠷᠣᠨ ᠤ ᠠᠮᠤᠷ ᠲᠦᠪᠰᠢᠨ ᠤ ᠪᠠᠲᠤᠯᠠᠭ᠎ᠠ ᠶᠢᠨ ᠪᠠᠷᠢᠮᠵᠢᠶ᠎ᠠ ᠳᠤ ᠬᠦᠷᠭᠡᠬᠦ ᠪᠦᠲᠦᠭᠡᠨ ᠪᠠᠶᠢᠭᠤᠯᠤᠯᠲᠠ ᠶᠢ ᠤᠰᠤ ᠬᠠᠩᠭᠠᠬᠤ ᠬᠤᠭᠤᠯᠠᠢ ᠶᠢᠨ ᠲᠣᠣᠷ ᠢ ᠥᠭᠡᠷᠡᠴᠢᠯᠡᠨ ᠳᠡᠭᠡᠭᠰᠢᠯᠡᠭᠦᠯᠬᠦ ᠶᠢ ᠲᠦᠯᠬᠢᠨ ᠠᠬᠢᠭᠤᠯᠵᠤ᠂ ᠬᠠᠳᠤᠨ ᠭᠤᠣᠯ ᠤᠨ ᠤᠰᠤ ᠲᠠᠲᠠᠬᠤ ᠠᠮᠠᠰᠠᠷ ᠢ ᠥᠭᠡᠷᠡᠴᠢᠯᠡᠨ ᠰᠠᠶᠢᠵᠢᠷᠠᠭᠤᠯᠬᠤ᠂ ᠬᠦᠷᠢᠶᠡᠯᠡᠩ ᠪᠠ ᠬᠤᠳᠠ ᠶᠢᠨ ᠲᠣᠭᠤᠷᠢᠭ ᠤᠨ ᠢᠵᠢ ᠪᠦᠷᠢᠳᠦᠭᠦᠯᠬᠦ ᠬᠤᠭᠤᠯᠠᠢ ᠶᠢᠨ ᠲᠣᠣᠷ ᠢ ᠥᠭᠡᠷᠡᠴᠢᠯᠡᠨ ᠪᠠᠶᠢᠭᠤᠯᠬᠤ ᠠᠬᠢᠴᠠ ᠶᠢ ᠲᠦᠷᠭᠡᠳᠬᠡᠨ᠂ ᠤᠰᠤ ᠬᠠᠩᠭᠠᠬᠤ ᠤᠰᠤᠨ ᠤ ᠴᠢᠨᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠰᠠᠭᠤᠭᠠᠯᠢ ᠠᠷᠠᠳ ᠤᠨ ᠠᠮᠤᠷ ᠲᠦᠪᠰᠢᠨ ᠢᠶᠠᠷ ᠤᠰᠤ ᠬᠡᠷᠡᠭᠯᠡᠬᠦ ᠶᠢ ᠪᠠᠲᠤᠯᠠᠨ᠎ᠠ᠃ ᠬᠤᠲᠠ ᠪᠠᠯᠭᠠᠰᠤ ᠶᠢᠨ ᠤᠰᠤ ᠲᠠᠲᠠᠷᠠᠭᠤᠯᠬᠤ ᠤᠰᠤᠲᠤᠯ ᠢ ᠰᠡᠷᠭᠡᠶᠢᠯᠡᠬᠦ ᠬᠥᠭᠡᠷᠭᠡ ᠶᠢᠨ ᠥᠷᠲᠡᠭᠡ ᠶᠢ ᠲᠠᠰ ᠳᠡᠪᠰᠢᠭᠦᠯᠦᠨ ᠥᠭᠡᠷᠡᠴᠢᠯᠡᠵᠦ᠂ ᠬᠤᠲᠣᠭᠤᠷ ᠭᠠᠵᠠᠷ ᠣᠷᠣᠨ ᠪᠠ ᠳᠣᠷᠣᠭᠰᠢ ᠨᠡᠪᠲᠡᠯᠬᠦ ᠮᠠᠶ᠋ᠢᠭ ᠤᠨ ᠪᠣᠰᠤᠭ᠎ᠠ ᠰᠣᠯᠪᠢᠴᠠᠬᠤ ᠵᠠᠮ ᠵᠡᠷᠭᠡ ᠬᠤᠲᠠ ᠶᠢᠨ ᠲᠣᠭᠤᠷᠢᠭ ᠤᠨ ᠤᠰᠤᠲᠤᠯ ᠤᠨ ᠲᠦᠭᠰᠢᠭᠦᠷᠢ ᠶᠡᠬᠡᠲᠡᠢ ᠣᠷᠣᠨ ᠪᠦᠰᠡ ᠶᠢᠨ ᠤᠰᠤ ᠲᠠᠲᠠᠷᠠᠭᠤᠯᠬᠤ ᠴᠢᠳᠠᠪᠤᠷᠢ ᠶᠢ ᠭᠤᠣᠯᠳᠠᠯᠭ᠎ᠠ ᠲᠠᠢ ᠳᠡᠭᠡᠭᠰᠢᠯᠡᠭᠦᠯᠦᠨ᠎ᠡ᠃ ᠪᠣᠬᠢᠷ ᠤᠰᠤᠨ ᠤ ᠬᠤᠭᠤᠯᠠᠢ ᠶᠢᠨ ᠲᠣᠣᠷ ᠢ ᠬᠤᠷᠢᠶᠠᠨ ᠴᠤᠭᠯᠠᠭᠤᠯᠬᠤ ᠨᠤᠷᠮ᠎ᠠ ᠶᠢ ᠳᠡᠭᠡᠭᠰᠢᠯᠡᠭᠦᠯᠵᠦ᠂ ᠪᠣᠬᠢᠷ ᠤᠰᠤ ᠶᠢ ᠬᠤᠷᠢᠶᠠᠨ ᠴᠤᠭᠯᠠᠭᠤᠯᠬᠤ ᠪᠠ ᠰᠢᠢᠳᠪᠦᠷᠢᠯᠡᠬᠦ ᠪᠦᠷᠢᠨ ᠲᠥᠬᠦᠷ ᠰᠢᠰᠲ᠋ᠧᠮ ᠢ ᠪᠠᠶᠢᠭᠤᠯᠵᠤ᠂ ᠪᠣᠬᠢᠷ ᠤᠰᠤ ᠶᠢ ᠵᠠᠯᠭᠠᠵᠤ ᠣᠷᠣᠭᠤᠯᠬᠤ ᠦᠢᠯᠡᠴᠢᠯᠡᠭᠡ ᠪᠠ ᠬᠠᠮᠢᠶᠠᠷᠤᠯᠲᠠ ᠶᠢᠨ ᠳᠦᠷᠢᠮ ᠢ ᠲᠡᠭᠦᠯᠳᠡᠷᠵᠢᠭᠦᠯᠦᠨ᠎ᠡ᠃ ︵ᠲᠦᠷᠦᠭᠦᠯᠡᠨ ᠬᠢᠬᠦ ᠨᠢᠭᠡᠴᠡ᠄ ᠲᠣᠭᠤᠷᠢᠭ ᠤᠨ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠃ ᠬᠠᠷᠢᠭᠤᠴᠠᠯᠭᠠᠲᠤ ᠨᠢᠭᠡᠴᠡ᠄ ᠡᠨᠧᠷᠭᠢ ᠶᠢᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠢ ᠤᠰᠤᠨ ᠤ ᠶᠠᠪᠤᠳᠠᠯ ᠤᠨ ᠲᠣᠪᠴᠢᠶ᠎ᠠ᠂ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ᠂ ᠠᠵᠤ ᠦᠢᠯᠡᠳᠪᠦᠷᠢ ᠮᠡᠳᠡᠭᠡ ᠵᠠᠩᠬᠢᠴᠢᠯᠠᠯᠲᠠ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠨᠡᠶᠢᠲᠡ ᠶᠢᠨ ᠬᠡᠷᠡᠭᠯᠡᠭᠡᠨ ᠤ ᠦᠢᠯᠡᠰ ᠤᠨ ᠬᠥᠭᠵᠢᠯᠲᠡ ᠶᠢᠨ ᠲᠥᠪ︶      5. ᠬᠤᠲᠠ ᠶᠢᠨ ᠣᠯᠠᠨ ᠨᠡᠶᠢᠲᠡ ᠶᠢᠨ ᠠᠮᠤᠷ ᠲᠦᠪᠰᠢᠨ ᠢ ᠬᠠᠮᠠᠭᠠᠯᠠᠨ᠎ᠠ᠃ ᠬᠤᠳᠠ ᠶᠢᠨ ᠭᠠᠮᠰᠢᠭ ᠢ ᠶᠡᠷᠦᠩᠬᠡᠶᠢᠯᠡᠨ ᠰᠡᠷᠭᠡᠶᠢᠯᠡᠬᠦ ᠪᠠ ᠠᠶᠤᠯᠭᠦᠢ ᠶᠢᠨ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ ᠲᠣᠬᠢᠷᠠᠭᠤᠯᠤᠯᠲᠠ ᠶᠢᠨ ᠪᠠᠷᠢᠮᠵᠢᠶ᠎ᠠ ᠶᠢ ᠳᠡᠭᠡᠭᠰᠢᠯᠡᠭᠦᠯᠵᠦ᠂ ᠬᠤᠳᠠ ᠶᠢᠨ ᠭᠠᠵᠠᠷ ᠬᠥᠳᠡᠯᠦᠯᠲᠡ ᠶᠢ ᠡᠰᠡᠷᠭᠦᠴᠡᠬᠦ᠂ ᠵᠠᠮ ᠬᠠᠷᠢᠯᠴᠠᠭ᠎ᠠ᠂ ᠭᠠᠵᠠᠷ ᠤᠨ ᠭᠠᠢ ᠭᠠᠮᠰᠢᠭ ᠢ ᠠᠷᠭᠠᠴᠠᠭᠠᠬᠤ ᠪᠠᠴᠢᠮ ᠪᠠᠶᠢᠳᠠᠯ ᠢ ᠠᠷᠭᠠᠴᠠᠭᠠᠬᠤ ᠵᠢᠯᠤᠭᠤᠳᠬᠤ ᠰᠢᠰᠲ᠋ᠧᠮ ᠢ ᠲᠡᠭᠦᠯᠳᠡᠷᠵᠢᠭᠦᠯᠵᠦ᠂ ᠬᠤᠳᠠ ᠶᠢᠨ ᠠᠮᠢ ᠨᠠᠰᠤᠨ ᠤ ᠨᠡᠪᠲᠡᠷᠡᠬᠦ ᠵᠠᠮ ᠤᠨ ᠰᠢᠰᠲ᠋ᠧᠮ ᠢ ᠲᠡᠭᠦᠯᠳᠡᠷᠵᠢᠭᠦᠯᠦᠨ᠎ᠡ᠃ ᠦᠶᠡᠷ ᠢ ᠰᠡᠷᠭᠡᠶᠢᠯᠡᠬᠦ ᠤᠰᠤᠲᠤᠯ ᠢ ᠰᠡᠷᠭᠡᠶᠢᠯᠡᠬᠦ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠦᠶᠡᠷ ᠢ ᠰᠡᠷᠭᠡᠶᠢᠯᠡᠬᠦ ᠤᠰᠤᠲᠤᠯ ᠢ ᠰᠡᠷᠭᠡᠶᠢᠯᠡᠬᠦ ᠠᠮᠤᠷ ᠲᠦᠪᠰᠢᠨ ᠤ ᠬᠠᠷᠠᠯᠲᠠ ᠶᠢ ᠪᠡᠶᠡᠯᠡᠭᠦᠯᠦᠨ᠎ᠡ᠃ ᠬᠤᠳᠠ ᠶᠢᠨ ᠭᠠᠮᠰᠢᠭ ᠢ ᠰᠡᠷᠭᠡᠶᠢᠯᠡᠨ ᠠᠶᠤᠯ ᠠᠴᠠ ᠵᠠᠶᠢᠯᠠᠬᠤ ᠭᠠᠵᠠᠷ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠪᠠᠶᠢᠭᠠᠯᠢ ᠶᠢᠨ ᠭᠠᠮᠰᠢᠭ ᠢ ᠡᠰᠡᠷᠭᠦᠴᠡᠨ ᠬᠤᠷᠢᠭᠯᠠᠬᠤ᠂ ᠭᠡᠨᠡᠳᠲᠡ ᠶᠢᠨ ᠬᠡᠷᠡᠭ ᠢ ᠰᠢᠢᠳᠪᠦᠷᠢᠯᠡᠬᠦ ᠪᠠ ᠬᠢᠮᠤᠷᠠᠯ ᠤᠨ ᠬᠠᠮᠢᠶᠠᠷᠤᠯᠲᠠ ᠶᠢᠨ ᠴᠢᠳᠠᠪᠤᠷᠢ ᠶᠢ ᠴᠢᠩᠭᠠᠳᠬᠠᠨ᠎ᠠ᠃ ᠬᠤᠲᠠ ᠶᠢᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠶᠢᠨ ᠳᠦᠷᠢᠮ ᠢ ᠪᠠᠶᠢᠭᠤᠯᠤᠨ ᠲᠡᠭᠦᠯᠳᠡᠷᠵᠢᠭᠦᠯᠵᠦ᠂ ᠬᠤᠲᠠ ᠶᠢᠨ ᠣᠷᠣᠰᠢᠨ ᠰᠠᠭᠤᠵᠤ ᠠᠮᠢᠳᠤᠷᠠᠬᠤ ᠲᠣᠭᠤᠷᠢᠭ᠂ ᠶᠡᠷᠦᠩᠬᠡᠶᠢᠯᠡᠭᠰᠡᠨ ᠦᠢᠯᠡᠴᠢᠯᠡᠭᠡᠨ ᠤ ᠲᠣᠭᠤᠷᠢᠭ᠂ ᠬᠤᠳᠠᠯᠳᠤᠭᠠᠨ ᠤ ᠶᠠᠪᠤᠳᠠᠯ ᠤᠨ ᠲᠣᠭᠤᠷᠢᠭ᠂ ᠵᠦᠯᠭᠡ ᠭᠠᠵᠠᠷ ᠤᠨ ᠰᠡᠯᠡᠭᠦᠴᠡᠯ ᠤᠨ ᠲᠣᠭᠤᠷᠢᠭ ᠢ ᠵᠦᠢ ᠵᠣᠬᠢᠰᠲᠠᠢ ᠪᠠᠶᠢᠷᠢᠰᠢᠭᠤᠯᠵᠤ᠂ ᠬᠦᠨᠳᠦ ᠶᠡᠭᠡ ᠠᠶᠤᠯ ᠤᠨ ᠡᠬᠢ ᠰᠤᠷᠪᠤᠯᠵᠢ ᠶᠢ ᠬᠢᠨᠠᠨ ᠡᠵᠡᠮᠳᠡᠬᠦ ᠶᠢ ᠴᠢᠩᠭᠠᠷᠠᠭᠤᠯᠤᠨ᠂ ᠬᠦᠨᠳᠦ ᠶᠡᠭᠡ ᠠᠳᠡᠯ ᠤᠨ ᠳᠠᠯᠳᠠ ᠬᠡᠮ ᠢ ᠠᠷᠢᠯᠭᠠᠨ᠎ᠠ᠃ ︵ᠲᠦᠷᠦᠭᠦᠯᠡᠨ ᠬᠢᠬᠦ ᠨᠢᠭᠡᠴᠡ᠄ ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ᠃ ᠬᠠᠷᠢᠭᠤᠴᠠᠯᠭᠠᠲᠤ ᠨᠢᠭᠡᠴᠡ᠄ ᠲᠣᠭᠤᠷᠢᠭ ᠤᠨ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠠᠯᠪᠠᠨ ᠭᠡᠷ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠢ ᠤᠰᠤᠨ ᠤ ᠶᠠᠪᠤᠳᠠᠯ ᠤᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠬᠠᠶᠢᠨᠠᠨ ᠤ ᠪᠠᠶᠢᠭᠠᠯᠢ ᠶᠢᠨ ᠡᠬᠢ ᠪᠠᠶᠠᠯᠢᠭ ᠤᠨ ᠬᠤᠪᠢᠶᠠᠷᠢ ᠲᠣᠪᠴᠢᠶ᠎ᠠ᠂ ᠬᠠᠶᠢᠨᠠᠨ ᠤ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ︶      ︵ᠳᠥᠷᠪᠡ︶ ᠤᠶᠤᠨᠲᠤ ᠠᠮᠢᠵᠢᠷᠠᠯ ᠤᠨ ᠬᠦᠴᠦᠨ ᠲᠠᠢ ᠬᠤᠲᠠ ᠶᠢ ᠡᠭᠦᠳᠦᠨ ᠪᠠᠶᠢᠭᠤᠯᠤᠨ᠎ᠠ      1. ᠬᠤᠳᠠ ᠶᠢᠨ ᠨᠠᠷᠢᠯᠢᠭᠵᠢᠭᠤᠯᠤᠭᠰᠠᠨ ᠬᠠᠮᠢᠶᠠᠷᠤᠯᠲᠠ ᠶᠢ ᠦᠨᠡᠨᠬᠦ ᠴᠢᠩᠭᠠᠳᠬᠠᠨ᠎ᠠ᠃ ᠬᠤᠲᠠ ᠶᠢᠨ ᠲᠣᠮᠣ ᠳ᠋ᠠᠶᠢᠲ᠋ᠠ ᠶᠢᠨ ᠲᠥᠪ ᠤᠨ ᠬᠠᠮᠢᠶ᠎ᠠ ᠪᠦᠬᠦᠢ ᠳ᠋ᠠᠶᠢᠲ᠋ᠠ ᠶᠢ ᠮᠠᠨ ᠤ ᠲᠤᠭᠤᠷᠢᠭ ᠲᠤ ᠵᠠᠯᠭᠠᠨ ᠣᠷᠣᠭᠤᠯᠵᠤ ᠬᠡᠷᠡᠭᠯᠡᠬᠦ ᠶᠢ ᠭᠤᠣᠯᠳᠠᠯᠭ᠎ᠠ ᠲᠠᠢ ᠠᠬᠢᠭᠤᠯᠵᠤ᠂ ᠣᠶᠤᠨᠲᠤ ᠤᠰᠤᠨ ᠤ ᠶᠠᠪᠤᠳᠠᠯ᠂ ᠣᠶᠤᠨᠲᠤ ᠬᠠᠤᠯᠢ ᠬᠡᠷᠡᠭᠵᠢᠭᠦᠯᠦᠯᠲᠡ᠂ ᠣᠶᠤᠨᠲᠤ ᠵᠠᠮ ᠬᠠᠷᠢᠯᠴᠠᠭ᠎ᠠ᠂ ᠣᠶᠤᠨᠲᠤ ᠬᠤᠲᠠ ᠶᠢᠨ ᠶᠠᠪᠤᠳᠠᠯ ᠵᠡᠷᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠢᠳᠡᠪᠬᠢᠲᠡᠢ ᠠᠬᠢᠭᠤᠯᠵᠤ᠂ ᠬᠤᠲᠠ ᠶᠢᠨ ᠠᠵᠢᠯᠯᠠᠭᠠᠨ ᠤ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠬᠤᠲᠠ ᠶᠢᠨ ᠵᠠᠰᠠᠯᠲᠠ ᠶᠢᠨ ᠴᠢᠳᠠᠪᠤᠷᠢ ᠶᠢ ᠢᠯᠡᠳᠲᠡ ᠳᠡᠭᠡᠭᠰᠢᠯᠡᠭᠦᠯᠦᠨ᠎ᠡ᠃ ᠣᠶᠤᠨᠲᠤ ᠤᠰᠤᠨ ᠤ ᠶᠠᠪᠤᠳᠠᠯ ᠤᠨ ᠲᠠᠯ᠎ᠠ ᠪᠠᠷ᠂ ᠬᠤᠲᠠ ᠶᠢᠨ ᠤᠰᠤᠨ ᠤ ᠶᠠᠪᠤᠳᠠᠯ ᠤᠨ ᠰᠦᠯᠵᠢᠶᠡᠵᠢᠯᠲᠡ᠂ ᠰᠠᠪᠠ ᠭᠠᠵᠠᠷᠵᠢᠯᠲᠠ᠂ ᠶᠡᠷᠦᠩᠬᠡᠶᠢᠯᠡᠭᠰᠡᠨ ᠬᠠᠮᠢᠶᠠᠷᠤᠯᠲᠠ ᠶᠢ ᠠᠬᠢᠭᠤᠯᠵᠤ᠂ ︽ᠡᠬᠢ ᠰᠤᠷᠪᠤᠯᠵᠢ᠂ ᠬᠠᠩᠭᠠᠯᠭ᠎ᠠ᠂ ᠭᠠᠳᠠᠭᠰᠢᠯᠠᠭᠤᠯᠤᠯᠲᠠ᠂ ᠪᠣᠬᠢᠷᠳᠤᠯ᠂ ᠭᠠᠮᠰᠢᠭ︾ ᠤᠨ ᠪᠥᠬᠦ ᠶᠠᠪᠤᠴᠠ ᠶᠢ ᠬᠡᠮᠵᠢᠶᠡᠵᠢᠭᠦᠯᠦᠨ ᠬᠢᠨᠠᠨ ᠡᠵᠡᠮᠳᠡᠬᠦ ᠬᠠᠮᠢᠶᠠᠷᠤᠯᠲᠠ ᠶᠢᠨ ᠵᠠᠭᠪᠤᠷ ᠢ ᠪᠡᠶᠡᠯᠡᠭᠦᠯᠦᠨ᠎ᠡ᠃ ᠤᠰᠤᠨ ᠤ ᠬᠡᠮᠵᠢᠶ᠎ᠡ ᠤᠰᠤᠨ ᠤ ᠴᠢᠨᠠᠷ ᠤᠨ ᠮᠡᠳᠡᠭᠡ ᠵᠠᠩᠭᠢ᠂ ᠤᠰᠤ ᠬᠤᠯᠪᠣᠭᠳᠠᠬᠤ ᠬᠤᠭᠤᠯᠠᠢ ᠶᠢᠨ ᠲᠣᠣᠷ ᠤᠨ ᠭᠠᠵᠠᠷ ᠵᠦᠢ ᠶᠢᠨ ᠮᠡᠳᠡᠭᠡ ᠵᠠᠩᠭᠢ ᠪᠠ ᠬᠠᠷᠠᠭᠠᠨ ᠳᠠᠪᠲᠠᠮᠵᠢ ᠪᠠᠷ ᠬᠢᠨᠠᠨ ᠡᠵᠡᠮᠳᠡᠵᠦ ᠬᠠᠮᠲᠤᠪᠠᠷ ᠭᠥᠷᠳᠡᠬᠦ ᠶᠢ ᠪᠣᠬᠢᠷ ᠤᠰᠤ ᠭᠠᠳᠠᠭᠰᠢᠯᠠᠭᠤᠯᠬᠤ ᠶᠢ ᠬᠢᠨᠠᠨ ᠡᠵᠡᠮᠳᠡᠬᠦ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠵᠤ᠂ ᠪᠣᠬᠢᠷ ᠤᠰᠤ ᠭᠠᠳᠠᠭᠰᠢᠯᠠᠭᠤᠯᠬᠤ ᠴᠢᠬᠤᠯᠠ ᠴᠡᠭ ᠢ ᠴᠠᠭ ᠲᠤᠬᠠᠢ ᠳᠤᠨᠢ ᠬᠢᠨᠠᠨ ᠡᠵᠡᠮᠳᠡᠬᠦ ᠶᠢ ᠪᠡᠶᠡᠯᠡᠭᠦᠯᠦᠨ᠎ᠡ᠃ ᠣᠶᠤᠨᠲᠤ ᠬᠠᠤᠯᠢ ᠬᠡᠷᠡᠭᠵᠢᠭᠦᠯᠬᠦ ᠲᠠᠯ᠎ᠠ ᠪᠠᠷ᠂ ᠣᠶᠤᠨᠲᠤ ᠬᠤᠳᠠ ᠶᠢᠨ ᠬᠠᠮᠢᠶᠠᠷᠤᠯᠲᠠ ᠶᠢᠨ ᠵᠢᠯᠤᠭᠤᠳᠬᠤ ᠰᠢᠰᠲ᠋ᠧᠮ ᠢ ᠪᠠᠶᠢᠭᠤᠯᠵᠤ᠂ ᠤᠯᠠᠨ ᠰᠡᠷᠡᠯ ᠤᠨ ᠲᠥᠬᠦᠭᠡᠷᠦᠮᠵᠢ ᠳᠤ ᠲᠦᠰᠢᠭᠯᠡᠨ᠂ ᠪᠦᠬᠦ ᠲᠤᠭᠤᠷᠢᠭ ᠲᠤ ᠤᠯᠠᠨ ᠵᠠᠮ ᠤᠨ ᠬᠢᠨᠠᠨ ᠡᠵᠡᠮᠳᠡᠬᠦ ᠬᠠᠶᠢᠭᠤᠷ ᠢ ᠲᠣᠬᠢᠷᠠᠭᠤᠯᠵᠤ᠂ ᠬᠤᠭ ᠨᠣᠪᠰᠢ ᠠᠰᠬᠠᠬᠤ᠂ ᠬᠥᠮᠥᠨ ᠬᠠᠷ᠎ᠠ ᠴᠤᠭᠯᠠᠷᠠᠬᠤ᠂ ᠵᠠᠮ ᠡᠵᠡᠯᠡᠨ ᠡᠵᠡᠩᠨᠡᠬᠦ᠂ ᠲᠡᠷᠭᠡ ᠬᠥᠰᠬᠡ ᠲᠣᠭᠲᠠᠭᠠᠯ ᠠᠴᠠ ᠵᠥᠷᠢᠴᠡᠬᠦ ᠵᠡᠷᠭᠡ 22 ᠵᠦᠢᠯ ᠤᠨ ᠬᠤᠳᠠ ᠶᠢᠨ ᠬᠠᠮᠢᠶᠠᠷᠤᠯᠲᠠ ᠶᠢᠨ ᠠᠰᠠᠭᠤᠳᠠᠯ ᠢ ᠴᠠᠭ ᠲᠤᠬᠠᠢ ᠳᠤᠨᠢ ᠰᠡᠭᠦᠳᠡᠷᠯᠡᠵᠦ᠂ ᠪᠦᠬᠦ ᠴᠠᠭ ᠢᠶᠠᠷ ᠬᠢᠨᠠᠨ ᠬᠡᠮᠵᠢᠵᠦ᠂ ᠬᠤᠳᠠ ᠶᠢᠨ ᠠᠵᠢᠯᠯᠠᠭᠠᠨ ᠤ ᠳᠤᠮᠳᠠᠬᠢ ᠠᠰᠠᠭᠤᠳᠠᠯ ᠢ ᠲᠡᠷᠡ ᠳᠠᠷᠤᠢ ᠳᠤᠨᠢ ᠮᠡᠳᠡᠬᠦ ᠶᠢ ᠪᠠᠲᠤᠯᠠᠨ᠎ᠠ᠃ ᠣᠶᠤᠨᠲᠤ ᠬᠤᠲᠠ ᠶᠢᠨ ᠶᠠᠪᠤᠳᠠᠯ ᠤᠨ ᠲᠠᠯ᠎ᠠ ᠪᠠᠷ᠂ ᠣᠶᠤᠨᠲᠤ ᠵᠠᠮ ᠤᠨ ᠳ᠋ᠧᠩ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠬᠤᠲᠠ ᠶᠢᠨ ᠲᠣᠭᠤᠷᠢᠭ ᠤᠨ ᠭᠤᠣᠯ ᠪᠣᠯᠬᠤ ᠵᠡᠭᠡᠯᠢ ᠶᠢᠨ ᠵᠠᠮ ᠤᠨ ᠳ᠋ᠧᠩ ᠢ ᠣᠶᠤᠨᠲᠤ ᠳ᠋ᠧᠩ ᠤᠨ ᠡᠰᠢ ᠪᠣᠯᠭᠠᠨ ᠲᠠᠰ ᠳᠡᠪᠰᠢᠭᠦᠯᠦᠨ᠂ ᠴᠠᠭ ᠲᠤᠬᠠᠢ ᠳᠤᠨᠢ ᠴᠠᠬᠢᠯᠭᠠᠨ ᠲᠠᠢ ᠰᠦᠯᠵᠢᠶ᠎ᠡ ᠲᠠᠢ ᠪᠣᠯᠭᠠᠬᠤ ᠶᠢ ᠪᠡᠶᠡᠯᠡᠭᠦᠯᠵᠦ᠂ ᠭᠡᠷᠡᠯᠲᠦᠭᠦᠯᠭᠡ ᠶᠢᠨ ᠭᠡᠷᠡᠯᠲᠦᠴᠡ᠂ ᠭᠡᠷᠡᠯᠲᠦᠭᠦᠯᠭᠡ ᠶᠢᠨ ᠴᠠᠭ ᠤᠨ ᠣᠷᠳᠣ᠂ ᠬᠢᠨᠠᠨ ᠡᠵᠡᠮᠳᠡᠬᠦ᠂ ᠷᠠᠳᠢᠣ᠋ ᠨᠡᠪᠲᠡᠷᠡᠭᠦᠯᠭᠡ ᠵᠡᠷᠭᠡ ᠴᠢᠳᠠᠮᠵᠢ ᠶᠢ ᠡᠵᠡᠮᠳᠡᠬᠦ ᠶᠢ ᠪᠡᠶᠡᠯᠡᠭᠦᠯᠦᠨ᠎ᠡ᠃ ᠣᠶᠤᠨᠲᠤ ᠬᠤᠳᠳᠤᠭ ᠤᠨ ᠬᠠᠪᠬᠠᠭᠠᠰᠤ ᠶᠢ ᠲᠦᠯᠬᠢᠨ ᠠᠬᠢᠭᠤᠯᠵᠤ᠂ ᠤᠰᠤ ᠬᠠᠩᠭᠠᠬᠤ᠂ ᠤᠰᠤ ᠵᠠᠯᠠᠬᠤ᠂ ᠳᠤᠯᠠᠭᠠᠯᠠᠭ᠎ᠠ ᠬᠠᠩᠭᠠᠬᠤ᠂ ᠰᠢᠲᠠᠮᠠᠬᠠᠢ ᠬᠡᠢ ᠵᠡᠷᠭᠡ ᠬᠤᠭᠤᠯᠠᠢ ᠶᠢᠨ ᠬᠤᠳᠳᠤᠭ ᠤᠨ ᠬᠠᠪᠬᠠᠭᠠᠰᠤ ᠳᠤ ᠵᠠᠯᠭᠠᠭ᠎ᠠ ᠪᠠᠷ ᠰᠡᠷᠡᠯ ᠤᠨ ᠲᠥᠬᠦᠭᠡᠷᠦᠮᠵᠢ ᠤᠭᠰᠠᠷᠠᠵᠤ᠂ ᠬᠤᠳᠳᠤᠭ ᠤᠨ ᠬᠠᠪᠬᠠᠭᠠᠰᠤ ᠶᠢ ᠨᠡᠭᠡᠭᠡᠬᠦ ᠪᠤᠶᠤ ᠤᠷᠪᠠᠭᠤᠯᠪᠠᠯ᠂ ᠰᠢᠰᠲ᠋ᠧᠮ ᠢ ᠳᠠᠷᠤᠢ ᠲᠦᠷᠭᠡᠨ ᠴᠠᠭᠳᠠᠭ᠎ᠠ ᠳᠤ ᠮᠡᠳᠡᠭᠦᠯᠦᠨ ᠬᠦᠷᠭᠡᠵᠦ᠂ ᠠᠵᠢᠯᠲᠠᠨ ᠢ ᠴᠠᠭ ᠲᠤᠬᠠᠢ ᠳᠤᠨᠢ ᠰᠢᠢᠳᠪᠦᠷᠢᠯᠡᠨ᠂ ᠳᠠᠯᠳᠠ ᠬᠡᠮ ᠢ ᠠᠷᠢᠯᠭᠠᠬᠤ ᠪᠠᠷ ᠲᠥᠯᠥᠪᠯᠡᠵᠦ ᠪᠣᠶ᠃ ᠣᠶᠤᠨᠲᠤ ᠳᠤᠰᠤᠯᠭᠠᠨ ᠤᠰᠤᠯᠠᠬᠤ ᠪᠡᠯᠡᠳᠬᠡᠮᠵᠢ ᠶᠢᠨ ᠥᠭᠡᠷᠡᠴᠢᠯᠡᠯᠲᠡ ᠶᠢ ᠬᠡᠷᠡᠭᠵᠢᠭᠦᠯᠵᠦ᠂ ᠲᠤᠬᠠᠢ ᠶᠢᠨ ᠲᠠᠯᠠᠪᠤᠷ ᠤᠨ ᠴᠠᠭ ᠠᠭᠤᠷ᠂ ᠤᠷᠭᠤᠮᠠᠯ ᠪᠠ ᠬᠥᠷᠥᠰᠥ ᠰᠢᠷᠣᠢ ᠶᠢᠨ ᠪᠠᠶᠢᠳᠠᠯ ᠢ ᠦᠨᠳᠦᠰᠦᠯᠡᠨ ᠴᠠᠭ ᠲᠤᠬᠠᠢ  ᠳᠤᠨᠢ᠂ ᠵᠣᠬᠢᠬᠤ ᠬᠡᠮᠵᠢᠶᠡᠨ ᠤ ᠤᠰᠤᠯᠠᠯᠲᠠ ᠶᠢ ᠠᠶᠠᠨᠳᠠᠭᠠᠨ ᠬᠢᠵᠦ᠂ ᠤᠰᠤᠯᠠᠯᠲᠠ ᠶᠢᠨ ᠥᠪᠡᠷ ᠤᠨ ᠥᠷᠲᠡᠭ ᠢ ᠪᠠᠭᠤᠷᠠᠭᠤᠯᠤᠨ᠂ ᠤᠰᠤᠯᠠᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠵᠦ᠂ ᠤᠰᠤᠨ ᠤ ᠡᠬᠢ ᠰᠤᠷᠪᠤᠯᠵᠢ ᠶᠢᠨ ᠠᠰᠢᠭᠯᠠᠯᠲᠠ ᠶᠢᠨ ᠨᠣᠷᠮ᠎ᠠ ᠶᠢ ᠨᠠᠩ ᠵᠦᠢ ᠵᠣᠬᠢᠰᠲᠠᠢ ᠳᠡᠭᠡᠭᠰᠢᠯᠡᠭᠦᠯᠦᠨ᠎ᠡ᠃ ᠣᠶᠤᠨᠲᠤ ᠬᠤᠭ ᠨᠣᠪᠰᠢ ᠶᠢᠨ ᠲᠠᠯ᠎ᠠ ᠪᠠᠷ᠂ 2022 ᠣᠨ ᠳᠤ ᠬᠤᠲᠠ ᠶᠢᠨ ᠬᠤᠭ ᠨᠣᠪᠰᠢ ᠶᠢᠨ ᠣᠶᠤᠨᠴᠢ ᠠᠩᠭᠢᠯᠠᠯ ᠪᠠ ᠬᠢᠨᠠᠯᠲᠠ ᠬᠠᠮᠢᠶᠠᠷᠤᠯᠲᠠ ᠶᠢ ᠠᠩᠬ᠎ᠠ ᠠᠯᠬᠤᠮ ᠪᠠᠶᠢᠭᠤᠯᠵᠤ᠂ ᠰᠠᠭᠤᠭᠠᠯᠢ ᠠᠷᠠᠳ ᠤᠨ ᠡᠮᠦᠨ᠎ᠡ ᠦᠵᠦᠭᠦᠷ ᠤᠨ ᠠᠩᠭᠢᠯᠠᠯ ᠢ ᠬᠥᠲᠥᠯᠥᠨ ᠵᠢᠯᠤᠭᠤᠳᠴᠤ᠂ ᠬᠤᠭ ᠨᠣᠪᠰᠢ ᠶᠢᠨ ᠭᠦᠢᠯᠭᠡᠭᠡᠨ ᠤ ᠮᠡᠳᠡᠭᠡ ᠵᠠᠩᠭᠢ ᠶᠢ ᠬᠢᠨᠠᠨ ᠬᠡᠮᠵᠢᠵᠦ᠂ ︽ᠡᠬᠢ ᠡᠭᠦᠰᠦᠯ ᠠᠴᠠ ᠨᠢ ᠪᠥᠬᠦ ᠶᠠᠪᠤᠴᠠ ᠳᠤ ᠬᠦᠷᠲᠡᠯ᠎ᠡ ᠬᠡᠮᠵᠢᠶᠡᠵᠢᠭᠦᠯᠦᠨ ᠬᠢᠨᠠᠨ ᠡᠵᠡᠮᠳᠡᠬᠦ︾ ᠡᠳ᠋ ᠪᠠᠷᠠᠭᠠᠨ ᠤ ᠮᠡᠳᠡᠭᠡ ᠵᠠᠩᠭᠢ ᠶᠢᠨ ᠰᠦᠯᠵᠢᠶ᠎ᠡ ᠶᠢᠨ ᠬᠠᠮᠢᠶᠠᠷᠤᠯᠲᠠ ᠶᠢᠨ ᠵᠠᠭᠪᠤᠷ ᠢ ᠪᠡᠶᠡᠯᠡᠭᠦᠯᠦᠨ᠂ ᠡᠴᠦᠰ ᠲᠡᠭᠡᠨ ᠬᠤᠭ ᠨᠣᠪᠰᠢ ᠶᠢᠨ ᠪᠦᠬᠦᠯᠢ ᠴᠣᠭᠴᠠ ᠶᠢᠨ ᠬᠡᠮᠵᠢᠶ᠎ᠡ ᠶᠢ ᠪᠠᠭᠠᠰᠬᠠᠬᠤ ᠶᠢᠨ ᠬᠠᠮᠲᠤ ᠬᠤᠭ ᠨᠣᠪᠰᠢ ᠶᠢ ᠲᠤᠰᠬᠠᠢ ᠮᠡᠷᠭᠡᠵᠢᠯ ᠢᠶᠠᠷ ᠰᠢᠢᠳᠪᠦᠷᠢᠯᠡᠬᠦ ᠶᠢ ᠪᠡᠶᠡᠯᠡᠭᠦᠯᠦᠨ᠎ᠡ᠃ ᠣᠶᠤᠨᠴᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠠᠯ᠎ᠠ ᠪᠠᠷ᠂ ᠮᠡᠳᠡᠭᠡ ᠵᠠᠩᠭᠢ ᠶᠢ ᠬᠠᠮᠲᠤᠪᠠᠷ ᠡᠳ᠋ᠯᠡᠬᠦ ᠬᠤᠳᠠ ᠶᠢᠨ ᠠᠮᠢ ᠠᠬᠤᠢ ᠶᠢᠨ ᠣᠷᠴᠢᠨ ᠲᠣᠭᠤᠷᠢᠨ ᠤ ᠬᠢᠨᠠᠨ ᠬᠡᠮᠵᠢᠯᠲᠡ ᠶᠢᠨ ᠲᠣᠣᠷ ᠢ ᠪᠠᠶᠢᠭᠤᠯᠵᠤ᠂ ᠭᠤᠣᠯᠳᠠᠯᠭ᠎ᠠ ᠲᠠᠢ ᠪᠣᠬᠢᠷᠳᠤᠯ ᠤᠨ ᠡᠬᠢ᠂ ᠠᠭᠠᠷ ᠤᠨ ᠶᠠᠰᠤ ᠴᠢᠨᠠᠷ᠂ ᠱᠤᠤᠭᠢᠶᠠᠨ᠂ ᠭᠤᠣᠯᠳᠠᠯᠭ᠎ᠠ ᠲᠠᠢ ᠢᠳᠡᠭᠡᠨ ᠤᠮᠳᠠᠭᠠᠨ ᠤ ᠠᠵᠤ ᠠᠬᠤᠶᠢᠯᠠᠯ ᠤᠨ ᠲᠤᠰᠤᠨ ᠤᠲᠤᠭ᠎ᠠ ᠶᠢᠨ ᠭᠠᠳᠠᠭᠰᠢᠯᠠᠭᠤᠯᠤᠯᠲᠠ ᠵᠡᠷᠭᠡ ᠶᠢ ᠪᠦᠬᠦ ᠲᠠᠯ᠎ᠠ ᠪᠠᠷ ᠬᠢᠨᠠᠨ ᠬᠡᠮᠵᠢᠬᠦ ᠶᠢ ᠪᠡᠶᠡᠯᠡᠭᠦᠯᠦᠨ᠎ᠡ᠃ ︵ᠲᠦᠷᠦᠭᠦᠯᠡᠨ ᠬᠢᠬᠦ ᠨᠢᠭᠡᠴᠡ᠄ ᠲᠣᠭᠤᠷᠢᠭ ᠤᠨ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ᠃ ᠬᠠᠷᠢᠭᠤᠴᠠᠯᠭᠠᠲᠤ ᠨᠢᠭᠡᠴᠡ᠄ ᠲᠣᠭᠤᠷᠢᠭ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂  ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠠᠷᠠᠳ ᠤᠨ ᠶᠠᠪᠤᠳᠠᠯ ᠤᠨ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ᠂ ᠨᠡᠶᠢᠲᠡ ᠶᠢᠨ ᠬᠡᠷᠡᠭᠯᠡᠭᠡᠨ ᠤ ᠦᠢᠯᠡᠰ ᠤᠨ ᠬᠥᠭᠵᠢᠯᠲᠡ ᠶᠢᠨ ᠲᠥᠪ᠂ ᠬᠠᠶᠢᠨᠠᠨ ᠤ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ︶      2. ᠭᠠᠵᠠᠷ ᠳᠣᠣᠷᠠᠬᠢ ᠬᠤᠲᠠ ᠶᠢᠨ ᠶᠠᠪᠤᠳᠠᠯ ᠤᠨ ᠰᠠᠭᠤᠷᠢ ᠪᠡᠯᠡᠳᠬᠡᠮᠵᠢ ᠶᠢᠨ ᠨᠡᠶᠢᠳᠡᠮ ᠪᠠᠶᠢᠴᠠᠭᠠᠯᠲᠠ ᠶᠢ ᠥᠷᠨᠢᠭᠦᠯᠦᠨ᠎ᠡ᠃ ᠠᠩᠬᠠᠳᠤᠭᠠᠷ ᠤᠳᠠᠭᠠᠨ ᠤ ᠪᠥᠬᠦ ᠤᠯᠤᠰ ᠤᠨ ᠪᠠᠶᠢᠭᠠᠯᠢ ᠶᠢᠨ ᠭᠠᠢ ᠭᠠᠮᠰᠢᠭ ᠤᠨ ᠶᠡᠷᠦᠩᠬᠡᠶᠢᠯᠡᠭᠰᠡᠨ ᠠᠶᠤᠯ ᠲᠦᠭᠰᠢᠭᠦᠷᠢ ᠶᠢᠨ ᠨᠡᠶᠢᠳᠡᠮ ᠪᠠᠶᠢᠴᠠᠭᠠᠯᠲᠠ ᠲᠠᠢ ᠤᠶᠠᠯᠳᠤᠭᠤᠯᠤᠨ᠂ ᠬᠤᠲᠠ ᠶᠢᠨ ᠶᠠᠪᠤᠳᠠᠯ ᠤᠨ ᠰᠠᠭᠤᠷᠢ ᠪᠡᠯᠡᠳᠬᠡᠮᠵᠢ ᠶᠢᠨ ᠣᠳᠣᠬᠢ ᠪᠠᠶᠢᠳᠠᠯ ᠤᠨ ᠰᠠᠭᠤᠷᠢ ᠲᠤᠭ᠎ᠠ ᠶᠢ ᠪᠥᠬᠦ ᠲᠠᠯ᠎ᠠ ᠪᠠᠷ ᠡᠵᠡᠮᠰᠢᠵᠦ᠂ ᠭᠠᠵᠠᠷ ᠳᠣᠣᠷᠠᠬᠢ ᠬᠤᠲᠠ ᠶᠢᠨ ᠶᠠᠪᠤᠳᠠᠯ ᠤᠨ ᠰᠠᠭᠤᠷᠢ ᠪᠡᠯᠡᠳᠬᠡᠮᠵᠢ ᠶᠢᠨ ᠶᠡᠷᠦᠩᠬᠡᠶᠢᠯᠡᠭᠰᠡᠨ ᠬᠠᠮᠢᠶᠠᠷᠤᠯᠲᠠ ᠶᠢᠨ ᠮᠡᠳᠡᠭᠡ ᠵᠠᠩᠭᠢ ᠶᠢᠨ ᠲᠠᠪᠴᠠᠩ ᠢ ᠪᠠᠶᠢᠭᠤᠯᠤᠨ ᠲᠡᠭᠦᠯᠳᠡᠷᠵᠢᠭᠦᠯᠵᠦ᠂ ᠪᠡᠯᠡᠳᠬᠡᠮᠵᠢ ᠶᠢᠨ ᠲᠥᠯᠦᠪᠵᠢᠭᠦᠯᠭᠡ ᠪᠦᠲᠦᠭᠡᠨ ᠪᠠᠶᠢᠭᠤᠯᠤᠯᠲᠠ᠂ ᠠᠵᠢᠯᠯᠠᠭᠠᠨ ᠤ ᠦᠢᠯᠡᠴᠢᠯᠡᠭᠡ᠂ ᠪᠠᠴᠢᠮ ᠪᠠᠶᠢᠳᠠᠯ ᠢ ᠠᠷᠭᠠᠴᠠᠭᠠᠵᠦ ᠭᠠᠮᠰᠢᠭ ᠢ ᠰᠡᠷᠭᠡᠶᠢᠯᠡᠬᠦ ᠵᠡᠷᠭᠡ ᠠᠵᠢᠯ ᠤᠨ ᠱᠠᠭᠠᠷᠳᠠᠯᠭ᠎ᠠ ᠶᠢ ᠬᠠᠩᠭᠠᠬᠤ ᠶᠢᠨ ᠬᠠᠮᠲᠤ᠂ ᠬᠤᠲᠠ ᠶᠢᠨ ᠮᠡᠳᠡᠭᠡ ᠵᠠᠩᠭᠢ ᠶᠢᠨ ᠵᠠᠭᠪᠤᠷ ︵CIM︶ ᠤᠨ ᠰᠠᠭᠤᠷᠢ ᠲᠠᠪᠴᠠᠩ ᠯᠤᠭ᠎ᠠ ᠭᠦᠨᠵᠡᠭᠡᠢ ᠠᠭᠤᠰᠤᠯᠴᠠᠵᠤ᠂ ᠪᠡᠯᠡᠳᠬᠡᠮᠵᠢ ᠶᠢᠨ ᠮᠡᠳᠡᠭᠡ ᠵᠠᠩᠭᠢ ᠶᠢ ᠬᠠᠮᠲᠤᠪᠠᠷ ᠪᠠᠶᠢᠭᠤᠯᠵᠤ ᠬᠠᠮᠲᠤᠪᠠᠷ ᠡᠳ᠋ᠯᠡᠬᠦ ᠶᠢ ᠪᠡᠶᠡᠯᠡᠭᠦᠯᠦᠨ᠎ᠡ᠃ ᠬᠤᠲᠠ ᠶᠢᠨ ᠶᠠᠪᠤᠳᠠᠯ ᠤᠨ ᠤᠰᠤ ᠲᠠᠲᠠᠷᠠᠭᠤᠯᠬᠤ ᠬᠤᠭᠤᠯᠠᠢ ᠶᠢᠨ ᠲᠣᠣᠷ ᠤᠨ ᠭᠠᠵᠠᠷ ᠵᠦᠢ ᠶᠢᠨ ᠮᠡᠳᠡᠭᠡ ᠵᠠᠩᠭᠢ ᠶᠢᠨ ᠰᠢᠰᠲ᠋ᠧᠮ ᠢ ᠪᠠᠶᠢᠭᠤᠯᠵᠤ᠂ ᠬᠤᠭᠤᠯᠠᠢ ᠶᠢᠨ ᠲᠣᠣᠷ ᠤᠨ ᠮᠡᠳᠡᠭᠡ ᠵᠠᠩᠬᠢᠴᠢᠯᠠᠯᠲᠠ᠂ ᠲᠠᠩᠰᠠᠴᠢᠯᠠᠭᠰᠠᠨ ᠬᠠᠮᠢᠶᠠᠷᠤᠯᠲᠠ ᠶᠢ ᠪᠡᠶᠡᠯᠡᠭᠦᠯᠦᠨ᠎ᠡ᠃ ︵ᠲᠦᠷᠦᠭᠦᠯᠡᠨ ᠬᠢᠬᠦ ᠨᠢᠭᠡᠴᠡ᠄ ᠲᠣᠭᠤᠷᠢᠭ ᠤᠨ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ᠂ ᠨᠡᠶᠢᠲᠡ ᠶᠢᠨ ᠬᠡᠷᠡᠭᠯᠡᠭᠡᠨ ᠤ ᠦᠢᠯᠡᠰ ᠤᠨ ᠬᠥᠭᠵᠢᠯᠲᠡ ᠶᠢᠨ ᠲᠥᠪ᠃ ᠬᠠᠷᠢᠭᠤᠴᠠᠯᠭᠠᠲᠤ ᠨᠢᠭᠡᠴᠡ᠄ ᠲᠣᠭᠤᠷᠢᠭ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠪᠠᠴᠢᠮ ᠪᠠᠶᠢᠳᠠᠯ ᠢ  ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ       3. ᠣᠶᠤᠨᠴᠢ ᠪᠦᠲᠦᠭᠡᠨ ᠪᠠᠶᠢᠭᠤᠯᠤᠯᠲᠠ ᠬᠢᠭᠡᠳ ᠪᠠᠷᠢᠯᠭ᠎ᠠ ᠶᠢᠨ ᠠᠵᠤ ᠦᠢᠯᠡᠳᠪᠦᠷᠢᠵᠢᠭᠦᠯᠦᠯᠲᠡ ᠶᠢᠨ ᠬᠠᠮᠵᠢᠯᠴᠠᠨ ᠬᠥᠭᠵᠢᠬᠦ ᠶᠢ ᠠᠬᠢᠭᠤᠯᠤᠨ᠎ᠠ᠃ ᠰᠢᠨ᠎ᠡ ᠬᠡᠯᠪᠡᠷᠢ ᠶᠢᠨ ᠪᠠᠷᠢᠯᠭ᠎ᠠ ᠶᠢᠨ ᠠᠵᠤ ᠦᠢᠯᠡᠳᠪᠦᠷᠢᠵᠢᠭᠦᠯᠦᠯᠲᠡ ᠶᠢ ᠶᠡᠬᠡᠪᠡᠷ ᠬᠥᠭᠵᠢᠭᠦᠯᠬᠦ ᠪᠠᠷ ᠠᠴᠢᠶᠠᠯᠠᠪᠤᠷᠢ ᠪᠣᠯᠭᠠᠵᠤ᠂ ᠲᠣᠭᠠᠵᠢᠭᠤᠯᠬᠤ᠂ ᠣᠶᠤᠨᠴᠢᠯᠠᠨ ᠲᠠᠰ ᠳᠡᠪᠰᠢᠭᠦᠯᠬᠦ ᠪᠠᠷ ᠬᠦᠳᠡᠯᠭᠡᠬᠦ ᠬᠦᠴᠦᠨ ᠪᠣᠯᠭᠠᠵᠤ᠂ ᠪᠥᠬᠦ ᠠᠵᠤ ᠦᠢᠯᠡᠰ ᠤᠨ ᠬᠡᠯᠬᠢᠶ᠎ᠡ ᠶᠢ ᠠᠭᠤᠰᠤᠯᠴᠠᠭᠤᠯᠤᠨ ᠨᠢᠭᠡ ᠴᠣᠭᠴᠠᠵᠢᠭᠤᠯᠤᠭᠰᠠᠨ ᠣᠶᠤᠨᠴᠢ ᠪᠦᠲᠦᠭᠡᠨ ᠪᠠᠶᠢᠭᠤᠯᠤᠯᠲᠠ ᠶᠢᠨ ᠠᠵᠤ ᠦᠢᠯᠡᠰ ᠤᠨ ᠰᠢᠰᠲ᠋ᠧᠮᠵᠢ ᠶᠢ ᠪᠦᠷᠢᠯᠳᠦᠭᠦᠯᠦᠨ᠎ᠡ᠃ ᠰᠢᠨ᠎ᠡ ᠬᠡᠯᠪᠡᠷᠢ ᠶᠢᠨ ᠪᠠᠷᠢᠯᠭ᠎ᠠ ᠶᠢᠨ ᠠᠵᠤ ᠦᠢᠯᠡᠳᠪᠦᠷᠢᠵᠢᠭᠦᠯᠦᠯᠲᠡ ᠪᠠᠷ ᠪᠠᠷᠢᠯᠭ᠎ᠠ ᠶᠢᠨ ᠦᠢᠯᠡᠰ ᠤᠨ ᠪᠦᠬᠦ ᠲᠠᠯ᠎ᠠ  ᠪᠠᠷ ᠤᠭᠰᠠᠷᠠᠮᠠᠯ ᠮᠠᠶ᠋ᠢᠭ ᠤᠨ ᠪᠠᠷᠢᠯᠭ᠎ᠠ ᠶᠢᠨ ᠠᠵᠤ ᠦᠢᠯᠡᠰ ᠤᠨ ᠰᠠᠭᠤᠷᠢᠨ ᠭᠠᠵᠠᠷ ᠢ ᠪᠣᠶᠢᠵᠢᠭᠤᠯᠤᠨ᠂ ᠤᠭᠰᠠᠷᠠᠮᠠᠯ ᠮᠠᠶ᠋ᠢᠭ ᠤᠨ ᠪᠠᠷᠢᠯᠭ᠎ᠠ ᠶᠢᠨ ᠵᠢᠱᠢᠶ᠎ᠡ ᠦᠵᠡᠭᠦᠯᠬᠦ ᠶᠢ ᠥᠷᠨᠢᠭᠦᠯᠵᠦ᠂ ᠪᠠᠲᠤᠯᠠᠭ᠎ᠠ ᠶᠢᠨ ᠴᠢᠨᠠᠷᠲᠠᠢ ᠣᠷᠣᠨ ᠰᠠᠭᠤᠴᠠ᠂ ᠠᠯᠪᠠᠨ ᠠᠰᠠᠷ᠂ ᠡᠮᠨᠡᠯᠭᠡ ᠶᠢᠨ ᠬᠤᠷᠢᠶ᠎ᠠ᠂ ᠰᠤᠷᠭᠠᠭᠤᠯᠢ᠂ ᠪᠡᠶ᠎ᠡ ᠶᠢᠨ ᠲᠠᠮᠢᠷ ᠤᠨ ᠣᠷᠳᠣᠨ᠂ ᠰᠣᠶᠣᠯ ᠤᠨ ᠦᠢᠯᠡᠴᠢᠯᠡᠭᠡᠨ ᠤ ᠲᠠᠯᠠᠪᠠᠶ ᠣᠷᠳᠣᠨ ᠵᠡᠷᠭᠡ ᠡᠯ᠎ᠡ ᠲᠥᠷᠥᠯ ᠤᠨ ᠠᠷᠠᠳ ᠤᠨ ᠬᠡᠷᠡᠭᠯᠡᠭᠡᠨ ᠤ ᠪᠠᠷᠢᠯᠭ᠎ᠠ ᠳᠤ ᠤᠭᠰᠠᠷᠠᠮᠠᠯ ᠮᠠᠶ᠋ᠢᠭ ᠤᠨ ᠪᠠᠷᠢᠯᠭ᠎ᠠ ᠶᠢ ᠤᠷᠢᠳᠠᠪᠠᠷ ᠰᠣᠩᠭᠤᠨ ᠬᠡᠷᠡᠭᠯᠡᠬᠦ ᠶᠢ ᠠᠬᠢᠭᠤᠯᠵᠤ᠂ ᠤᠭᠰᠠᠷᠠᠮᠠᠯ ᠮᠠᠶ᠋ᠢᠭ ᠤᠨ ᠪᠠᠷᠢᠯᠭ᠎ᠠ ᠶᠢᠨ ᠬᠥᠭᠵᠢᠯᠲᠡ ᠶᠢ ᠲᠦᠷᠭᠡᠳᠬᠡᠨ ᠠᠬᠢᠭᠤᠯᠵᠤ᠂ 2024 ᠣᠨ ᠪᠣᠯᠬᠤ ᠳᠤ ᠤᠭᠰᠠᠷᠠᠮᠠᠯ ᠮᠠᠶ᠋ᠢᠭ ᠤᠨ ᠪᠠᠷᠢᠯᠭ᠎ᠠ ᠶᠢᠨ ᠲᠠᠯᠠᠪᠠᠶ ᠶᠢᠨ ᠡᠵᠡᠯᠡᠬᠦ ᠬᠠᠷᠢᠴᠠᠯ ᠢ ᠥᠪᠡᠷᠲᠡᠭᠡᠨ ᠵᠠᠰᠠᠬᠤ ᠣᠷᠣᠨ ᠤ ᠬᠠᠷᠠᠯᠲᠠ ᠶᠢᠨ ᠱᠠᠭᠠᠷᠳᠠᠯᠭ᠎ᠠ ᠳᠤ ᠬᠦᠷᠦᠭᠦᠯᠦᠨ᠎ᠡ᠃ ᠪᠠᠷᠢᠯᠭ᠎ᠠ ᠶᠢ ᠪᠦᠷᠢᠨ ᠵᠠᠰᠠᠵᠤ ᠴᠢᠮᠡᠭᠯᠡᠬᠦ ᠶᠢ ᠳᠡᠯᠭᠡᠷᠡᠭᠦᠯᠵᠦ᠂ ᠨᠢᠭᠡ ᠣᠳᠣᠨ ᠲᠠᠰ ᠵᠢᠴᠢ ᠲᠡᠭᠦᠨ ᠠᠴᠠ ᠳᠡᠭᠡᠭᠰᠢᠬᠢ ᠪᠣᠬᠢᠷᠳᠤᠯ ᠦᠭᠡᠢ ᠪᠠᠷᠢᠯᠭ᠎ᠠ ᠶᠢᠨ ᠪᠠᠷᠢᠮᠵᠢᠶ᠎ᠠ ᠪᠠᠷ ᠵᠢᠷᠤᠭᠯᠠᠨ ᠲᠥᠯᠥᠪᠯᠡᠵᠦ ᠪᠠᠶᠢᠭᠤᠯᠤᠭᠰᠠᠨ ᠰᠢᠨ᠎ᠡ ᠪᠠᠷ ᠪᠠᠶᠢᠭᠤᠯᠤᠭᠰᠠᠨ ᠣᠷᠣᠨ ᠰᠠᠭᠤᠴᠠ ᠶᠢ ᠪᠦᠷᠢᠨ ᠵᠠᠰᠠᠵᠤ ᠴᠢᠮᠡᠭᠯᠡᠵᠦ᠂ ᠪᠦᠲᠦᠭᠡᠭᠳᠡᠬᠦᠨ ᠤ ᠭᠡᠷ ᠪᠠᠶᠢᠰᠢᠩ ᠤᠨ ᠠᠷᠠᠯᠵᠢᠶ᠎ᠠ ᠶᠢ ᠪᠡᠶᠡᠯᠡᠭᠦᠯᠬᠦ ᠬᠡᠷᠡᠭᠲᠡᠢ᠃ ᠤᠶᠤᠯᠢᠭ ᠪᠠᠶᠢᠭᠤᠯᠤᠯᠲᠠ ᠬᠢᠭᠡᠳ ᠪᠠᠷᠢᠯᠭ᠎ᠠ ᠶᠢᠨ ᠠᠵᠤ ᠦᠢᠯᠡᠳᠪᠦᠷᠢᠵᠢᠯᠲᠡ᠂ ᠪᠣᠬᠢᠷᠳᠤᠯ ᠦᠭᠡᠢ ᠪᠠᠷᠢᠯᠭ᠎ᠠ ᠶᠢᠨ ᠠᠭᠤᠰᠤᠯᠴᠠᠨ ᠬᠥᠭᠵᠢᠬᠦ ᠶᠢ ᠲᠦᠯᠬᠢᠨ ᠠᠬᠢᠭᠤᠯᠵᠤ᠂ BIM ᠮᠡᠷᠭᠡᠵᠢᠯ ᠢ ᠰᠢᠨ᠎ᠡ ᠬᠡᠯᠪᠡᠷᠢ ᠶᠢᠨ ᠪᠠᠷᠢᠯᠭ᠎ᠠ ᠶᠢᠨ ᠠᠵᠤ ᠦᠢᠯᠡᠳᠪᠦᠷᠢᠵᠢᠯᠲᠡ ᠶᠢᠨ ᠪᠦᠬᠦ ᠠᠮᠢ ᠨᠠᠰᠤᠨ ᠤ ᠦᠶᠡᠯᠡᠯ ᠤᠨ ᠬᠤᠭᠤᠴᠠᠭᠠᠨ ᠳᠤ ᠨᠢᠭᠡ ᠴᠣᠭᠴᠠᠵᠢᠭᠤᠯᠤᠨ ᠲᠥᠪᠯᠡᠷᠡᠭᠦᠯᠦᠨ ᠬᠡᠷᠡᠭᠯᠡᠬᠦ ᠶᠢ ᠵᠣᠷᠢᠭᠵᠢᠭᠤᠯᠵᠤ᠂ ᠪᠠᠷᠢᠯᠭ᠎ᠠ ᠶᠢᠨ ᠠᠵᠢᠯ ᠲᠦᠷᠦᠯ ᠤᠨ ᠥᠷᠢᠰᠦᠯᠳᠦᠬᠦ ᠬᠦᠴᠦᠨ ᠢ ᠳᠡᠭᠡᠭᠰᠢᠯᠡᠭᠦᠯᠦᠨ᠎ᠡ᠃ ︵ᠲᠦᠷᠦᠭᠦᠯᠡᠨ ᠬᠢᠬᠦ ᠨᠢᠭᠡᠴᠡ᠄ ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠃ ᠬᠠᠷᠢᠭᠤᠴᠠᠯᠭᠠᠲᠤ ᠨᠢᠭᠡᠴᠡ᠄ ᠲᠣᠭᠤᠷᠢᠭ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠲᠣᠪᠴᠢᠶ᠎ᠠ᠂ ᠠᠵᠤ ᠦᠢᠯᠡᠳᠪᠦᠷᠢ ᠮᠡᠳᠡᠭᠡ ᠵᠠᠩᠬᠢᠴᠢᠯᠠᠯᠲᠠ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠰᠤᠷᠭᠠᠨ ᠬᠥᠮᠦᠵᠢᠯ ᠤᠨ ᠲᠣᠪᠴᠢᠶ᠎ᠠ᠂ ᠠᠷᠠᠳ ᠤᠨ ᠶᠠᠪᠤᠳᠠᠯ ᠤᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠬᠠᠶᠢᠨᠠᠨ ᠤ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ︶      ︵ᠲᠠᠪᠤ︶ ᠬᠥᠮᠥᠨ ᠰᠣᠶᠣᠯ ᠤᠨ ᠣᠨᠴᠠᠯᠢᠭᠲᠤ ᠬᠤᠳᠠ ᠶᠢ ᠴᠣᠭᠴᠠᠯᠠᠨ ᠪᠠᠶᠢᠭᠤᠯᠤᠨ᠎ᠠ      1. ᠲᠡᠦᠬᠡ ᠰᠣᠶᠣᠯ ᠤᠨ ᠬᠠᠮᠠᠭᠠᠯᠠᠯᠲᠠ ᠶᠢ ᠴᠢᠩᠭᠠᠳᠬᠠᠨ᠎ᠠ᠃ ᠣᠷᠣᠨ ᠪᠦᠰᠡ ᠶᠢᠨ ᠰᠣᠶᠣᠯ ᠤᠨ ᠣᠨᠴᠠᠯᠢᠭ ᠪᠠ ᠬᠤᠲᠠ ᠶᠢᠨ ᠰᠤᠳᠠᠰᠤ ᠪᠤᠯᠴᠢᠩ ᠤᠨ ᠵᠦᠢ ᠶᠢ ᠨᠠᠷᠢᠨ ᠪᠣᠳᠠᠲᠠᠢ ᠡᠮᠬᠢᠯᠡᠵᠦ᠂ ᠲᠡᠦᠬᠡ ᠰᠣᠶᠣᠯ ᠤᠨ ᠵᠡᠭᠡᠯᠢ ᠲᠣᠭᠤᠷᠢᠭ ᠪᠠ ᠲᠡᠦᠬᠡ ᠶᠢᠨ ᠪᠠᠷᠢᠯᠭ᠎ᠠ ᠶᠢ ᠬᠠᠮᠠᠭᠠᠯᠠᠬᠤ ᠠᠵᠢᠯ ᠢ ᠦᠨᠡᠨᠬᠦ ᠰᠠᠶᠢᠲᠤᠷ ᠬᠢᠵᠦ᠂ ᠲᠥᠷᠥᠯ ᠬᠤᠪᠢᠶᠠᠭᠰᠠᠨ ᠨᠢ ᠰᠢᠨᠵᠢᠯᠡᠬᠦ ᠤᠬᠠᠭᠠᠨᠴᠢ᠂ ᠬᠠᠮᠠᠭᠠᠯᠠᠯᠲᠠ ᠪᠠᠷ ᠬᠦᠴᠦᠲᠡᠢ᠂ ᠬᠠᠮᠢᠶᠠᠷᠤᠯᠲᠠ ᠪᠠᠷ ᠪᠦᠲᠦᠮᠵᠢᠲᠡᠶ ᠬᠤᠲᠠ ᠬᠥᠳᠡᠭᠡ ᠶᠢᠨ ᠲᠡᠦᠬᠡ ᠰᠣᠶᠣᠯ ᠢ ᠬᠠᠮᠠᠭᠠᠯᠠᠵᠤ ᠤᠯᠠᠮᠵᠢᠯᠠᠨ ᠵᠠᠯᠭᠠᠮᠵᠢᠯᠠᠬᠤ ᠰᠢᠰᠲ᠋ᠧᠮᠵᠢ ᠶᠢ ᠪᠠᠶᠢᠭᠤᠯᠤᠨ᠎ᠠ᠃ ᠲᠡᠦᠬᠡ ᠰᠣᠶᠣᠯ ᠤᠨ ᠥᠪ ᠤᠨ ᠤᠳᠠᠭ᠎ᠠ ᠲᠠᠷᠠᠭ᠎ᠠ ᠪᠠᠷ ᠡᠪᠳᠡᠭᠳᠡᠬᠦ᠂ ᠨᠤᠷᠠᠭᠠᠭᠳᠠᠬᠤ ᠵᠡᠷᠭᠡ ᠲᠣᠪᠣᠶᠢᠮ᠎ᠠ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠨᠢᠭᠡᠳᠦᠯᠲᠡᠢ ᠲᠥᠯᠥᠪᠵᠢᠭᠦᠯᠦᠨ ᠬᠠᠮᠠᠭᠠᠯᠠᠬᠤ᠂ ᠠᠰᠢᠭᠯᠠᠬᠤ᠂ ᠤᠯᠠᠮᠵᠢᠯᠠᠬᠤ ᠶᠢ ᠪᠠᠷᠢᠮᠲᠠᠯᠠᠵᠤ᠂ ᠰᠢᠰᠲ᠋ᠧᠮ ᠲᠠᠢ ᠪᠦᠷᠢᠨ ᠪᠦᠲᠦᠨ ᠬᠠᠮᠠᠭᠠᠯᠠᠬᠤ ᠶᠢ ᠪᠠᠷᠢᠮᠲᠠᠯᠠᠵᠤ᠂ ᠲᠠᠩ ᠪᠡᠶᠡᠲᠦ ᠪᠠᠷᠢᠯᠭ᠎ᠠ ᠶᠢ ᠬᠠᠮᠠᠭᠠᠯᠠᠬᠤ ᠪᠠᠷ ᠪᠠᠷᠠᠬᠤ ᠦᠭᠡᠢ ᠪᠠᠰᠠ ᠲᠡᠦᠬᠡ ᠶᠢᠨ ᠬᠡᠰᠡᠭ᠂ ᠪᠠᠶᠢᠭᠠᠯᠢ ᠶᠢᠨ ᠦᠵᠡᠮᠵᠢ᠂ ᠬᠥᠮᠥᠨ ᠨᠡᠶᠢᠭᠡᠮ ᠤᠨ ᠣᠷᠴᠢᠨ ᠲᠣᠭᠤᠷᠢᠨ ᠢ ᠰᠠᠶᠢᠲᠤᠷ  ᠬᠠᠮᠠᠭᠠᠯᠠᠨ᠎ᠠ᠃ᠥᠪᠥᠷ ᠮᠣᠩᠭᠤᠯ ᠤᠨ ᠨᠢᠭᠡᠳᠦᠭᠡᠷ ᠨᠡᠶᠢᠳᠡᠮ ᠬᠡᠷᠡᠭᠯᠡᠭᠡᠨ ᠤ ᠮᠠᠰᠢᠨ ᠤ ᠦᠢᠯᠡᠳᠪᠦᠷᠢ ᠶᠢᠨ ᠬᠠᠭᠤᠴᠢᠨ ᠪᠠᠭᠤᠷᠢ ᠶᠢᠨ ᠨᠠᠮᠴᠢ ᠴᠢᠨᠠᠷ ᠤᠨ ᠬᠥᠮᠦᠵᠢᠯ ᠤᠨ ᠰᠠᠭᠤᠷᠢᠨ ᠭᠠᠵᠠᠷ᠂ ᠠᠵᠤ ᠦᠢᠯᠡᠳᠪᠦᠷᠢ ᠶᠢᠨ ᠵᠢᠭᠤᠯᠴᠢᠯᠠᠯ ᠤᠨ ᠪᠦᠲᠦᠭᠡᠯᠴᠢ ᠲᠥᠰᠥᠪᠯᠡᠯ ᠤᠨ ᠬᠦᠷᠢᠶᠡᠯᠡᠩ᠂ ᠦᠬᠠᠢ ᠶᠢᠨ ᠨᠢᠭᠡᠳᠦᠭᠡᠷ ᠨᠠᠮ ᠤᠨ ᠡᠭᠦᠷ ᠤᠨ ᠬᠤᠪᠢᠰᠬᠠᠯ ᠤᠨ ᠳᠤᠷᠠᠰᠬᠠᠯ ᠤᠨ ᠣᠷᠳᠣᠨ ᠪᠠ ᠮᠢᠩ ᠤᠯᠤᠰ ᠤᠨ ᠣᠷᠳᠣ ᠴᠠᠭᠠᠨ ᠬᠡᠷᠡᠮ ᠤᠨ ᠴᠣᠨᠵᠢ ᠮᠦᠽᠧᠢ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ︽ᠵᠢᠵᠢᠭ ᠭᠤᠷᠪᠠᠳᠤᠭᠠᠷ ᠹᠷᠣᠨᠲ︾ ᠤᠨ ᠴᠡᠷᠢᠭ ᠤᠨ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠪᠠᠭᠤᠷᠢ ᠶᠢ ᠬᠠᠮᠠᠭᠠᠯᠠᠨ ᠠᠰᠢᠭᠯᠠᠬᠤ ᠶᠢ ᠴᠢᠩᠭᠠᠳᠬᠠᠨ᠎ᠠ᠃ ︵ᠲᠦᠷᠦᠭᠦᠯᠡᠨ ᠬᠢᠬᠦ ᠨᠢᠭᠡᠴᠡ᠄ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠬᠠᠶᠢᠨᠠᠨ ᠤ ᠪᠠᠶᠢᠭᠠᠯᠢ ᠶᠢᠨ ᠡᠬᠢ ᠪᠠᠶᠠᠯᠢᠭ ᠤᠨ ᠬᠤᠪᠢᠶᠠᠷᠢ ᠲᠣᠪᠴᠢᠶ᠎ᠠ᠃ ᠬᠠᠷᠢᠭᠤᠴᠠᠯᠭᠠᠲᠤ ᠨᠢᠭᠡᠴᠡ᠄ ᠲᠤᠭᠤᠷᠢᠭ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠲᠣᠪᠴᠢᠶ᠎ᠠ᠂ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠠᠵᠤ ᠦᠢᠯᠡᠳᠪᠦᠷᠢ ᠮᠡᠳᠡᠭᠡ ᠵᠠᠩᠬᠢᠴᠢᠯᠠᠯᠲᠠ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠰᠤᠷᠭᠠᠨ ᠬᠥᠮᠦᠵᠢᠯ ᠤᠨ ᠲᠣᠪᠴᠢᠶ᠎ᠠ᠂ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ︶      2. ᠳᠦᠷᠢ ᠲᠥᠷᠬᠦ ᠶᠢᠨ ᠣᠨᠴᠠᠯᠢᠭᠲᠤ ᠬᠠᠮᠢᠶᠠᠷᠤᠯᠲᠠ ᠡᠵᠡᠮᠳᠡᠯ ᠢ ᠴᠢᠩᠭᠠᠳᠬᠠᠨ᠎ᠠ᠃ ︽ᠬᠡᠷᠡᠭᠯᠡᠬᠦ ᠳᠤ ᠲᠣᠬᠢᠷᠠᠮᠵᠢᠲᠠᠢ᠂ ᠬᠢᠮᠳᠠ᠂ ᠪᠣᠬᠢᠷᠳᠤᠯ ᠦᠭᠡᠢ᠂ ᠭᠤᠶᠤ ᠰᠠᠶᠢᠬᠠᠨ︾ ᠪᠠᠷᠢᠯᠭ᠎ᠠ ᠶᠢᠨ ᠴᠢᠭᠯᠡᠯᠲᠡ ᠶᠢᠨ ᠶᠣᠰᠣᠭᠠᠷ᠂ ᠪᠠᠷᠢᠯᠭ᠎ᠠ  ᠶᠢᠨ ᠬᠡᠷᠡᠭᠯᠡᠬᠦ ᠴᠢᠳᠠᠮᠵᠢ ᠶᠢ ᠲᠣᠪᠤᠶᠢᠯᠭᠠᠨ᠂ ᠣᠨᠳᠣᠣ ᠬᠡᠯᠪᠡᠷᠢ ᠶᠢᠨ ᠪᠠᠷᠢᠯᠭ᠎ᠠ ᠶᠢ ᠴᠢᠩᠭ᠎ᠠ ᠡᠵᠡᠮᠳᠡᠵᠦ᠂ ᠪᠠᠷᠢᠯᠭ᠎ᠠ ᠶᠢᠨ ᠭᠠᠳᠠᠷ ᠳᠦᠷᠰᠦ ᠶᠢ ᠥᠷᠥᠭᠡᠰᠦᠭᠡᠯ ᠢᠶᠠᠷ ᠬᠥᠭᠡᠭᠡᠴᠡᠯᠳᠦᠬᠦ ᠶᠢ ᠰᠡᠷᠭᠡᠶᠢᠯᠡᠨ ᠬᠤᠷᠢᠭᠯᠠᠬᠤ ᠬᠡᠷᠡᠭᠲᠡᠢ᠃ ᠬᠤᠲᠠ ᠶᠢᠨ ᠵᠢᠷᠤᠭ ᠲᠥᠯᠥᠪᠯᠡᠭᠡ ᠶᠢ ᠪᠥᠬᠦ ᠲᠠᠯ᠎ᠠ ᠪᠠᠷ ᠴᠢᠩᠭᠠᠳᠬᠠᠵᠤ᠂ ᠪᠠᠷᠢᠯᠭ᠎ᠠ ᠶᠢᠨ ᠵᠢᠷᠤᠭ ᠲᠥᠯᠥᠪᠯᠡᠭᠡ ᠶᠢᠨ ᠪᠠᠷᠢᠮᠵᠢᠶ᠎ᠠ ᠶᠢ ᠰᠢᠯᠢᠳᠡᠭᠵᠢᠭᠦᠯᠦᠨ ᠳᠡᠭᠡᠭᠰᠢᠯᠡᠭᠦᠯᠵᠦ᠂ ᠵᠢᠷᠤᠭ ᠲᠥᠯᠥᠪᠯᠡᠭᠡ ᠶᠢᠨ ᠬᠠᠷᠢᠭᠤᠴᠠᠯᠭ᠎ᠠ ᠨᠡᠬᠡᠮᠵᠢᠯᠡᠬᠦ ᠶᠢ ᠴᠢᠩᠭᠠᠷᠠᠭᠤᠯᠤᠨ᠂ ᠪᠠᠷᠢᠯᠭ᠎ᠠ ᠶᠢᠨ ᠵᠢᠷᠤᠭ ᠲᠥᠯᠥᠪᠯᠡᠭᠡ ᠶᠢᠨ ᠬᠢᠨᠠᠨ ᠵᠥᠪᠰᠢᠶᠡᠷᠡᠬᠦ ᠪᠣᠭᠤᠮᠲᠠ ᠶᠢ ᠴᠢᠩᠭ᠎ᠠ ᠠᠳᠬᠤᠵᠤ᠂ ᠶᠡᠭᠡ ᠳᠤ ᠰᠢᠨᠤᠬᠠᠶᠢᠷᠠᠬᠤ᠂ ᠭᠠᠳᠠᠭᠠᠳᠤ ᠶᠢ ᠳᠠᠭᠤᠷᠢᠶᠠᠬᠤ᠂ ᠰᠣᠨᠢᠨ ᠵᠢᠭᠲᠡᠢ ᠵᠦᠢᠯ ᠢ ᠬᠥᠭᠡᠭᠡᠴᠡᠯᠳᠦᠬᠦ ᠵᠡᠷᠭᠡ ᠡᠷᠦᠢ ᠬᠤᠷᠤᠢ ᠦᠭᠡᠢ ᠦᠵᠡᠭᠳᠡᠯ ᠢ ᠲᠠᠰᠤ ᠵᠣᠭᠰᠣᠭᠠᠨ᠎ᠠ᠃ ︵ᠲᠦᠷᠦᠭᠦᠯᠡᠨ ᠬᠢᠬᠦ ᠨᠢᠭᠡᠴᠡ᠄ ᠬᠠᠶᠢᠨᠠᠨ ᠤ ᠪᠠᠶᠢᠭᠠᠯᠢ ᠶᠢᠨ ᠡᠬᠢ ᠪᠠᠶᠠᠯᠢᠭ ᠤᠨ ᠬᠤᠪᠢᠶᠠᠷᠢ ᠲᠣᠪᠴᠢᠶ᠎ᠠ᠃ ᠬᠠᠷᠢᠭᠤᠴᠠᠯᠭᠠᠲᠤ ᠨᠢᠭᠡᠴᠡ᠄ ᠲᠤᠭᠤᠷᠢᠭ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ︶      3. ᠬᠠᠭᠤᠴᠢᠨ ᠬᠤᠲᠠ ᠶᠢᠨ ᠲᠣᠭᠤᠷᠢᠭ ᠤᠨ ᠵᠡᠭᠡᠯᠢ ᠳᠠᠭᠠᠤ ᠶᠢᠨ ᠪᠠᠷᠢᠯᠭ᠎ᠠ ᠶᠢᠨ ᠭᠠᠳᠠᠷ ᠨᠢᠭᠤᠷ ᠤᠨ ᠥᠭᠡᠷᠡᠴᠢᠯᠡᠯᠲᠡ ᠶᠢ ᠥᠷᠨᠢᠭᠦᠯᠵᠦ᠂ ᠵᠢᠭᠤᠯᠴᠢᠯᠠᠯ ᠰᠡᠯᠡᠭᠦᠴᠡᠯ ᠤᠨ ᠬᠤᠲᠠ ᠶᠢ ᠪᠦᠲᠦᠭᠡᠨ ᠪᠠᠶᠢᠭᠤᠯᠤᠨ᠎ᠠ᠃ ᠴᠡᠭᠴᠡᠯᠡᠨ ᠵᠠᠰᠠᠬᠤ ᠪᠠ ᠳᠡᠭᠡᠭᠰᠢᠯᠡᠭᠦᠯᠬᠦ ᠶᠢ ᠤᠶᠠᠯᠳᠤᠭᠤᠯᠬᠤ ᠶᠣᠰᠣᠭᠠᠷ᠂ ᠣᠨᠴᠠᠯᠢᠭ ᠬᠢᠭᠡᠳ ᠨᠢᠭᠡᠳᠦᠯᠲᠡᠢ ᠪᠠᠶᠢᠬᠤ ᠶᠢ ᠬᠠᠷᠢᠯᠴᠠᠨ ᠤᠶᠠᠯᠳᠤᠭᠤᠯᠬᠤ᠂ ᠪᠣᠰᠤᠭ᠎ᠠ ᠲᠠᠯ᠎ᠠ ᠬᠢᠭᠡᠳ ᠨᠢᠭᠡ ᠴᠣᠭᠴᠠᠵᠢᠭᠤᠯᠬᠤ ᠶᠢ ᠬᠠᠷᠢᠯᠴᠠᠨ ᠤᠶᠠᠯᠳᠤᠭᠤᠯᠬᠤ ᠰᠡᠳᠬᠢᠮᠵᠢ ᠪᠠᠷ᠂ ᠠᠵᠤ ᠠᠬᠤᠶᠢᠯᠠᠯ ᠤᠨ ᠢᠳᠡᠪᠬᠢᠵᠢᠯ ᠢ ᠭᠦᠢᠴᠡᠳ ᠳᠠᠶᠢᠴᠢᠯᠠᠨ᠂ ᠨᠡᠶᠢᠭᠡᠮ ᠤᠨ ᠬᠦᠴᠦᠨ ᠢ ᠳᠠᠶᠢᠴᠢᠯᠠᠵᠤ᠂ ᠬᠠᠭᠤᠴᠢᠨ ᠬᠤᠲᠠ ᠶᠢᠨ ᠲᠣᠭᠤᠷᠢᠭ ᠤᠨ ᠵᠡᠭᠡᠯᠢ ᠳᠠᠭᠠᠤ ᠶᠢᠨ ᠪᠠᠷᠢᠯᠭ᠎ᠠ ᠶᠢᠨ ᠭᠠᠳᠠᠷ ᠲᠠᠯ᠎ᠠ ᠶᠢᠨ ᠥᠭᠡᠷᠡᠴᠢᠯᠡᠯᠲᠡ ᠶᠢ ᠡᠮᠬᠢ ᠵᠢᠷᠤᠮ ᠲᠠᠢ ᠪᠠᠷ ᠠᠬᠢᠭᠤᠯᠵᠤ᠂ ᠶᠢᠨ ᠬᠠᠢ ᠶᠢᠨ ᠵᠢᠵᠢᠭ ᠢᠳᠡᠭᠡᠨ ᠤ ᠨᠢᠭᠡ ᠵᠡᠭᠡᠯᠢ ᠶᠢᠨ ᠣᠨᠴᠠᠯᠢᠭᠲᠤ ᠰᠣᠶᠣᠯ ᠵᠢᠭᠤᠯᠴᠢᠯᠠᠯ ᠰᠡᠯᠡᠭᠦᠴᠡᠯ ᠤᠨ ᠵᠡᠭᠡᠯᠢ ᠲᠣᠭᠤᠷᠢᠭ ᠢ ᠪᠣᠶ ᠪᠣᠯᠭᠠᠵᠤ᠂ ᠰᠥᠨᠢ ᠶᠢᠨ ᠠᠵᠤ ᠠᠬᠤᠢ ᠶᠢ ᠬᠥᠭᠵᠢᠭᠦᠯᠦᠨ᠂ ᠬᠤᠲᠠ ᠶᠢᠨ ᠥᠩᠭᠡ ᠵᠢᠰᠦ ᠪᠠ ᠬᠤᠲᠠ ᠶᠢᠨ ᠴᠢᠨᠠᠷ ᠳᠡᠰ ᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃ ︵  ᠲᠦᠷᠦᠭᠦᠯᠡᠨ ᠬᠢᠬᠦ ᠨᠢᠭᠡᠴᠡ᠄ ᠲᠣᠭᠤᠷᠢᠭ ᠤᠨ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠃ ᠬᠠᠷᠢᠭᠤᠴᠠᠯᠭᠠᠲᠤ ᠨᠢᠭᠡᠴᠡ᠄ ᠲᠤᠭᠤᠷᠢᠭ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠲᠣᠪᠴᠢᠶ᠎ᠠ᠂ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ︶      ᠵᠢᠷᠭᠤᠭ᠎ᠠ᠂ ᠠᠵᠢᠯ ᠤᠨ ᠠᠷᠭ᠎ᠠ ᠬᠡᠮᠵᠢᠶ᠎ᠡ      ︵ᠨᠢᠭᠡ︶ ᠬᠤᠳᠠ ᠶᠢᠨ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢ ᠨᠢᠭᠡᠳᠦᠯᠲᠡᠢ ᠲᠥᠯᠥᠪᠵᠢᠭᠦᠯᠦᠨ᠎ᠡ᠃ ᠬᠤᠲᠠ ᠶᠢᠨ ᠵᠠᠰᠠᠭ ᠤᠨ ᠣᠷᠳᠣᠨ ᠢ ᠬᠠᠮᠵᠢᠨ ᠬᠤᠲᠠ ᠶᠢᠨ ᠪᠡᠶ᠎ᠡ ᠶᠢᠨ ᠪᠠᠶᠢᠴᠠᠭᠠᠯᠲᠠ ᠶᠢᠨ ᠦᠨᠡᠯᠡᠨ ᠵᠢᠱᠢᠯᠲᠡ ᠶᠢ ᠪᠡᠶᠡᠯᠡᠭᠦᠯᠵᠦ᠂ ᠳᠤᠲᠠᠭᠤᠳᠠᠯ ᠪᠠᠭᠤᠷᠠᠢ ᠲᠠᠯ᠎ᠠ ᠶᠢ ᠬᠤᠲᠠ ᠶᠢᠨ ᠲᠥᠯᠦᠪᠵᠢᠭᠦᠯᠭᠡ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢ ᠨᠢᠭᠡᠳᠦᠯᠲᠡᠢ ᠲᠥᠯᠥᠪᠯᠡᠵᠦ᠂ ᠭᠠᠵᠠᠷ ᠣᠷᠣᠨ ᠤ ᠴᠢᠳᠠᠮᠵᠢ ᠶᠢ ᠰᠢᠯᠢᠳᠡᠭᠵᠢᠭᠦᠯᠬᠦ᠂ ᠣᠯᠠᠨ ᠨᠡᠶᠢᠲᠡ ᠶᠢᠨ ᠪᠡᠯᠡᠳᠬᠡᠮᠵᠢ ᠶᠢ ᠲᠡᠭᠦᠯᠳᠡᠷᠵᠢᠭᠦᠯᠬᠦ᠂ ᠬᠤᠲᠠ ᠶᠢᠨ ᠶᠠᠰᠤ ᠴᠢᠨᠠᠷ ᠢ ᠳᠡᠭᠡᠭᠰᠢᠯᠡᠭᠦᠯᠬᠦ᠂ ᠲᠡᠦᠬᠡ ᠶᠢᠨ ᠳᠦᠷᠰᠦ ᠪᠠᠶᠢᠳᠠᠯ ᠢ ᠬᠠᠮᠠᠭᠠᠯᠠᠬᠤ᠂ ᠬᠤᠲᠠ ᠶᠢᠨ ᠣᠷᠴᠢᠨ ᠲᠣᠭᠤᠷᠢᠨ ᠢ ᠵᠠᠰᠠᠬᠤ᠂ ᠰᠠᠭᠤᠷᠢ ᠪᠡᠯᠡᠳᠬᠡᠮᠵᠢ ᠶᠢ ᠲᠡᠭᠦᠯᠳᠡᠷᠵᠢᠭᠦᠯᠬᠦ ᠬᠠᠷᠠᠯᠲᠠ ᠪᠠ ᠰᠠᠨᠠᠭᠤᠯᠭ᠎ᠠ ᠶᠢ ᠳᠤᠷᠠᠳᠬᠤ ᠬᠡᠷᠡᠭᠲᠡᠢ᠃      ︵ᠬᠤᠶᠠᠷ︶ ᠬᠡᠷᠡᠭᠵᠢᠭᠦᠯᠬᠦ ᠲᠥᠰᠥᠯ ᠢ ᠰᠢᠨᠵᠢᠯᠡᠬᠦ ᠤᠬᠠᠭᠠᠨᠴᠢ ᠪᠠᠷ ᠨᠠᠶᠢᠷᠠᠭᠤᠯᠤᠨ ᠵᠣᠬᠢᠶᠠᠨ᠎ᠠ᠃ ᠲᠣᠰ ᠭᠠᠵᠠᠷ ᠣᠷᠣᠨ ᠤ ᠬᠤᠲᠠ ᠶᠢᠨ ᠰᠢᠨᠡᠴᠢᠯᠡᠯᠲᠡ ᠶᠢᠨ ᠬᠡᠷᠡᠭᠵᠢᠭᠦᠯᠬᠦ ᠲᠥᠰᠥᠯ ᠢ ᠵᠣᠬᠢᠶᠠᠨ ᠪᠠᠶᠢᠭᠤᠯᠤᠨ ᠲᠣᠭᠲᠠᠭᠠᠵᠤ᠂ ᠰᠢᠨᠡᠴᠢᠯᠡᠯᠲᠡ ᠶᠢᠨ ᠬᠡᠰᠡᠭ ᠲᠣᠭᠤᠷᠢᠭ ᠢ ᠵᠦᠢ ᠵᠣᠬᠢᠰᠲᠠᠢ ᠬᠤᠪᠢᠶᠠᠷᠢᠯᠠᠨ ᠲᠣᠭᠲᠠᠭᠠᠬᠤ ᠬᠡᠷᠡᠭᠲᠡᠢ᠃ ᠬᠡᠰᠡᠭ ᠲᠣᠭᠤᠷᠢᠭ ᠤᠨ ᠴᠢᠳᠠᠮᠵᠢ ᠶᠢᠨ ᠪᠦᠷᠢᠨ ᠪᠦᠲᠦᠨ ᠴᠢᠨᠠᠷ᠂ ᠰᠢᠰᠲ᠋ᠧᠮᠲᠦ ᠴᠢᠨᠠᠷ ᠪᠠ ᠲᠥᠷᠥᠯ ᠵᠦᠢᠯ ᠤᠨ ᠬᠡᠷᠡᠭᠵᠢᠭᠦᠯᠵᠦ ᠪᠣᠯᠬᠤᠶᠢᠴᠠ ᠴᠢᠨᠠᠷ ᠢ ᠨᠢᠭᠡᠳᠦᠯᠲᠡᠢ ᠲᠥᠯᠥᠪᠯᠡᠨ ᠪᠣᠳᠣᠯᠬᠢᠯᠠᠵᠤ᠂ ᠰᠢᠨᠡᠳᠬᠡᠬᠦ ᠬᠡᠰᠡᠭ ᠲᠣᠭᠤᠷᠢᠭ ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠲᠥᠰᠥᠯ ᠢ ᠨᠠᠶᠢᠷᠠᠭᠤᠯᠤᠨ ᠵᠣᠬᠢᠶᠠᠵᠤ᠂ ᠠᠳᠠᠯᠢ ᠪᠤᠰᠤ ᠬᠡᠰᠡᠭ ᠲᠣᠭᠤᠷᠢᠭ ᠲᠤ ᠵᠦᠷᠢᠶᠡᠴᠢᠯᠡᠭᠰᠡᠨ ᠬᠤᠲᠠ ᠶᠢᠨ ᠰᠢᠨᠡᠳᠬᠡᠬᠦ ᠠᠷᠭ᠎ᠠ ᠪᠣᠳᠣᠯᠭ᠎ᠠ ᠶᠢ ᠬᠡᠷᠡᠭᠵᠢᠭᠦᠯᠬᠦ ᠬᠡᠷᠡᠭᠲᠡᠢ᠃      ︵ᠭᠤᠷᠪᠠ︶ ᠬᠡᠷᠡᠭᠵᠢᠭᠦᠯᠦᠭᠰᠡᠨ ᠦᠷ᠎ᠡ ᠪᠦᠲᠦᠮᠵᠢ ᠶᠢ ᠦᠨᠡᠯᠡᠨ ᠵᠢᠱᠢᠬᠦ ᠶᠢ ᠥᠷᠨᠢᠭᠦᠯᠦᠨ᠎ᠡ᠃ ᠬᠤᠲᠠ ᠶᠢᠨ ᠰᠢᠨᠡᠴᠢᠯᠡᠯᠲᠡ ᠶᠢᠨ ᠬᠡᠷᠡᠭᠵᠢᠭᠦᠯᠬᠦ ᠲᠥᠰᠥᠯ ᠶᠣᠰᠣᠭᠠᠷ᠂ ᠬᠡᠷᠡᠭᠵᠢᠭᠦᠯᠦᠭᠰᠡᠨ ᠦᠷ᠎ᠡ ᠪᠦᠲᠦᠮᠵᠢ ᠶᠢ ᠦᠨᠡᠯᠡᠨ ᠵᠢᠱᠢᠬᠦ ᠶᠢ ᠥᠷᠨᠢᠭᠦᠯᠵᠦ᠂ ᠬᠡᠷᠡᠭᠵᠢᠭᠦᠯᠦᠭᠰᠡᠨ ᠦᠷ᠎ᠡ ᠪᠦᠲᠦᠮᠵᠢ ᠶᠢ ᠪᠥᠬᠦ ᠲᠠᠯ᠎ᠠ ᠪᠠᠷ ᠳ᠋ᠦᠩᠨᠡᠨ᠂ ᠦᠨᠡᠨ ᠠᠴᠠ ᠵᠥᠪ ᠢ ᠡᠷᠢᠵᠦ ᠠᠰᠠᠭᠤᠳᠠᠯ ᠢ ᠡᠷᠢᠵᠦ᠂ ᠦᠷᠭᠦᠯᠵᠢᠯᠡᠨ ᠠᠬᠢᠭᠤᠯᠬᠤ ᠠᠷᠭ᠎ᠠ ᠬᠡᠮᠵᠢᠶ᠎ᠡ ᠶᠢ ᠲᠣᠭᠲᠠᠭᠠᠨ᠎ᠠ᠃ ᠤᠯᠠᠨ ᠲᠦᠮᠡᠨ ᠤ ᠬᠠᠨᠤᠮᠵᠢ ᠶᠢᠨ ᠬᠡᠮᠵᠢᠶ᠎ᠡ ᠶᠢᠨ ᠪᠠᠶᠢᠴᠠᠭᠠᠯᠲᠠ ᠶᠢ ᠥᠷᠨᠢᠭᠦᠯᠵᠦ᠂ ᠠᠷᠠᠳ ᠤᠯᠠᠨ ᠢᠶᠠᠷ ᠬᠤᠳᠠ ᠶᠢᠨ ᠬᠥᠮᠥᠰ ᠤᠨ ᠣᠷᠣᠰᠢᠨ ᠰᠠᠭᠤᠬᠤ ᠣᠷᠴᠢᠨ ᠨᠥᠬᠦᠴᠡᠯ ᠤᠨ ᠪᠦᠲᠦᠭᠡᠨ ᠪᠠᠶᠢᠭᠤᠯᠤᠯᠲᠠ ᠶᠢᠨ ᠦᠷ᠎ᠡ ᠪᠦᠲᠦᠮᠵᠢ ᠶᠢ ᠬᠢᠨᠠᠨ ᠲᠤᠭᠲᠠᠭᠠᠯᠭᠠᠨ᠎ᠠ᠃      ᠳᠣᠯᠤᠭ᠎ᠠ᠂ ᠪᠠᠲᠤᠯᠠᠭ᠎ᠠ ᠶᠢᠨ ᠠᠷᠭ᠎ᠠ ᠬᠡᠮᠵᠢᠶ᠎ᠡ      ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠎ᠠ᠃ ᠬᠤᠳᠠ ᠶᠢᠨ ᠰᠢᠨᠡᠴᠢᠯᠡᠯᠲᠡ ᠶᠢᠨ ᠠᠵᠢᠯ ᠤᠨ ᠴᠢᠬᠤᠯᠠ ᠴᠢᠨᠠᠷ ᠢ ᠭᠦᠢᠴᠡᠳ ᠲᠠᠨᠢᠵᠤ᠂ ︽ᠬᠤᠳᠠ ᠶᠢᠨ ᠰᠢᠨᠡᠴᠢᠯᠡᠯᠲᠡ︾ ᠶᠢᠨ ᠭᠤᠷᠪᠠᠨ ᠵᠢᠯ ᠤᠨ ᠠᠵᠢᠯᠯᠠᠭ᠎ᠠ ᠶᠢ ᠬᠤᠳᠠ ᠪᠣᠯᠣᠨ ᠠᠵᠤ ᠠᠬᠤᠢ ᠨᠡᠶᠢᠭᠡᠮ ᠤᠨ ᠪᠥᠬᠦ ᠲᠠᠯ᠎ᠠ ᠶᠢᠨ ᠬᠥᠭᠵᠢᠯᠲᠡ ᠶᠢ ᠲᠦᠯᠬᠢᠨ ᠠᠬᠢᠭᠤᠯᠬᠤ ᠴᠢᠬᠤᠯᠠ ᠠᠵᠢᠯ ᠪᠣᠯᠭᠠᠵᠤ᠂ ᠡᠳᠦᠷ ᠲᠤᠳᠤᠮ ᠤᠨ ᠴᠢᠬᠤᠯᠠ ᠵᠥᠪᠯᠡᠬᠦ ᠵᠦᠢᠯ ᠲᠡᠭᠡᠨ ᠣᠷᠣᠭᠤᠯᠤᠨ᠂ ᠤᠳᠤᠷᠢᠳᠤᠯᠭ᠎ᠠ ᠪᠠᠨ ᠴᠢᠩᠭᠠᠳᠬᠠᠨ᠂ ᠨᠠᠷᠢᠨ ᠨᠢᠮᠪᠠᠢ ᠵᠣᠬᠢᠶᠠᠨ ᠪᠠᠶᠢᠭᠤᠯᠵᠤ᠂ ᠨᠠᠶᠢᠳᠠᠪᠤᠷᠢᠵᠢᠭᠤᠯᠬᠤ ᠶᠢ ᠴᠢᠬᠤᠯᠠᠴᠢᠯᠠᠨ᠂ ᠬᠠᠶᠢᠨᠠᠨ ᠲᠣᠭᠤᠷᠢᠭ ᠤᠨ ︽ᠬᠤᠳᠠ ᠶᠢᠨ ᠰᠢᠨᠡᠴᠢᠯᠡᠯᠲᠡ︾ ᠶᠢᠨ ᠭᠤᠷᠪᠠᠨ ᠵᠢᠯ ᠤᠨ ᠠᠵᠢᠯᠯᠠᠭ᠎ᠠ ᠶᠢᠨ ᠤᠳᠤᠷᠢᠳᠬᠤ ᠳᠤᠭᠤᠶᠢᠯᠠᠩ ᠢ ᠪᠠᠶᠢᠭᠤᠯᠵᠤ᠂ ᠬᠠᠮᠢᠶ᠎ᠠ ᠪᠦᠬᠦᠢ ᠠᠵᠢᠯ ᠢ ᠨᠢᠭᠡᠳᠦᠯᠲᠡᠢ ᠲᠥᠯᠥᠪᠯᠡᠨ ᠵᠢᠯᠣᠭᠤᠳᠤᠨ᠎ᠠ᠃ ᠬᠤᠲᠠ ᠶᠢᠨ ᠰᠢᠨᠡᠴᠢᠯᠡᠯᠲᠡ ᠶᠢᠨ ᠭᠤᠷᠪᠠᠨ ᠵᠢᠯ ᠤᠨ ᠠᠵᠢᠯᠯᠠᠭ᠎ᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠨᠢᠭᠡᠳᠦᠯᠲᠡᠢ ᠤᠳᠤᠷᠢᠳᠤᠯᠭ᠎ᠠ ᠶᠢᠨ ᠳᠣᠣᠷ᠎ᠠ᠂ ᠲᠤᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ᠂ ᠡᠨᠧᠷᠭᠢ ᠶᠢᠨ ᠲᠣᠪᠴᠢᠶ᠎ᠠ᠂ ᠠᠷᠠᠳ ᠤᠨ ᠶᠠᠪᠤᠳᠠᠯ ᠤᠨ ᠲᠣᠪᠴᠢᠶ᠎ᠠ᠂ ᠨᠡᠶᠢᠲᠡ ᠶᠢᠨ ᠬᠡᠷᠡᠭᠯᠡᠭᠡᠨ ᠤ ᠦᠢᠯᠡᠰ ᠤᠨ ᠬᠥᠭᠵᠢᠯᠲᠡ ᠶᠢᠨ ᠲᠥᠪ ᠪᠠ ᠪᠠᠶᠢᠭᠠᠯᠢ ᠶᠢᠨ ᠡᠬᠢ ᠪᠠᠶᠠᠯᠢᠭ ᠤᠨ ᠬᠤᠪᠢᠶᠠᠷᠢ ᠲᠣᠪᠴᠢᠶ᠎ᠠ ᠠᠴᠠ ᠲᠤᠰᠬᠠᠢ ᠲᠤᠰᠢᠶᠠᠯᠲᠤ ᠠᠵᠢᠯᠲᠠᠨ ᠢ ᠰᠣᠩᠭᠤᠨ ᠰᠢᠯᠵᠢᠭᠦᠯᠵᠦ ᠠᠵᠢᠯ ᠤᠨ ᠲᠤᠰᠬᠠᠢ ᠠᠩᠭᠢ ᠶᠢ ᠪᠦᠷᠢᠯᠳᠦᠭᠦᠯᠵᠦ᠂ ᠬᠤᠲᠠ ᠶᠢᠨ ᠰᠢᠨᠡᠳᠬᠡᠬᠦ ᠠᠵᠢᠯ ᠢ ᠦᠨᠡᠨᠬᠦ ᠰᠠᠶᠢᠲᠤᠷ ᠥᠷᠨᠢᠭᠦᠯᠬᠦ ᠬᠡᠷᠡᠭᠲᠡᠢ᠃       ︵ᠬᠤᠶᠠᠷ︶ ᠠᠵᠢᠯ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠎ᠠ᠃ ᠬᠠᠮᠢᠶ᠎ᠠ ᠪᠦᠬᠦᠢ ᠰᠠᠯᠠᠭ᠎ᠠ ᠮᠥᠴᠢᠷ᠂ ᠨᠢᠭᠡᠴᠡ ᠨᠦᠭᠦᠳ ᠬᠤᠲᠠ ᠶᠢᠨ  ᠰᠢᠨᠡᠴᠢᠯᠡᠯᠲᠡ ᠶᠢᠨ ᠠᠵᠢᠯ ᠤᠨ ᠴᠢᠬᠤᠯᠠ ᠴᠢᠨᠠᠷ ᠢ ᠭᠦᠢᠴᠡᠳ ᠲᠠᠨᠢᠵᠤ᠂ ᠬᠠᠷᠢᠭᠤᠴᠠᠯᠭ᠎ᠠ ᠶᠢ ᠲᠣᠳᠣᠷᠬᠠᠢ ᠮᠡᠳᠡᠵᠦ᠂ ᠰᠠᠬᠢᠯᠭ᠎ᠠ ᠳᠦᠷᠢᠮ ᠢᠶᠠᠷ ᠬᠠᠷᠢᠭᠤᠴᠠᠯᠭ᠎ᠠ ᠪᠠᠨ ᠭᠦᠢᠴᠡᠳᠬᠡᠬᠦ ᠶᠢ ᠪᠡᠶᠡᠯᠡᠭᠦᠯᠬᠦ ᠬᠡᠷᠡᠭᠲᠡᠢ᠃ ᠭᠤᠣᠯ ᠴᠣᠭᠴᠠ ᠶᠢᠨ ᠬᠠᠷᠢᠭᠤᠴᠠᠯᠭ᠎ᠠ ᠶᠢ ᠦᠨᠡᠨᠬᠦ ᠡᠭᠦᠷᠭᠡᠯᠡᠵᠦ᠂ ᠭᠤᠣᠯ ᠤᠳᠤᠷᠢᠳᠤᠯᠭ᠎ᠠ ᠨᠢ ᠡᠯ᠎ᠡ ᠬᠦᠷᠢᠶ᠎ᠡ ᠴᠠᠷᠠᠭ᠎ᠠ ᠶᠢᠨ ᠬᠤᠲᠠ ᠶᠢᠨ ᠰᠢᠨᠡᠴᠢᠯᠡᠯᠲᠡ ᠶᠢᠨ ᠨᠢᠭᠡᠳᠦᠭᠡᠷ ᠬᠠᠷᠢᠭᠤᠴᠠᠯᠭᠠᠲᠠᠨ ᠪᠣᠯᠤᠭᠰᠠᠨ ᠤ ᠬᠤᠪᠢ ᠳᠤ᠂ ᠬᠤᠲᠠ ᠶᠢᠨ ᠰᠢᠨᠡᠴᠢᠯᠡᠯᠲᠡ ᠶᠢ ᠡᠳᠦᠷ ᠲᠤᠲᠤᠮ ᠤᠨ ᠴᠢᠬᠤᠯᠠ ᠵᠥᠪᠯᠡᠬᠦ ᠵᠦᠢᠯ ᠳᠡᠭᠡᠨ ᠣᠷᠣᠭᠤᠯᠵᠤ᠂ ᠬᠠᠮᠢᠶ᠎ᠠ ᠪᠦᠬᠦᠢ ᠠᠵᠢᠯ ᠤᠨ ᠪᠣᠳᠠᠲᠤ ᠦᠷ᠎ᠡ ᠪᠦᠲᠦᠮᠵᠢ ᠣᠯᠬᠤ ᠶᠢ ᠠᠬᠢᠭᠤᠯᠬᠤ ᠬᠡᠷᠡᠭᠲᠡᠢ᠃ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢᠭᠡᠴᠡ ᠠᠵᠢᠯ ᠤᠨ ᠬᠠᠮᠲᠤᠷᠠᠯ ᠤᠨ ᠬᠦᠴᠦᠨ ᠢᠶᠠᠨ ᠨᠢᠭᠲᠠᠷᠠᠭᠤᠯᠵᠤ᠂ ᠬᠤᠳᠠ ᠶᠢᠨ ᠰᠢᠨᠡᠴᠢᠯᠡᠯᠲᠡ ᠶᠢᠨ ᠠᠵᠢᠯ ᠢ ᠴᠢᠨᠠᠷ ᠰᠠᠶᠢᠲᠠᠢ ᠠᠬᠢᠭᠤᠯᠬᠤ ᠶᠢ ᠪᠠᠲᠤᠯᠠᠬᠤ ᠬᠡᠷᠡᠭᠲᠡᠢ᠃      ︵ᠭᠤᠷᠪᠠ︶ ᠲᠥᠷᠥ ᠶᠢᠨ ᠪᠣᠳᠣᠯᠭ᠎ᠠ ᠶᠢᠨ ᠪᠠᠲᠤᠯᠠᠭ᠎ᠠ ᠶᠢ ᠴᠢᠩᠭᠠᠷᠠᠭᠤᠯᠤᠨ᠎ᠠ᠃ ᠲᠥᠷᠥᠯ ᠵᠦᠢᠯ ᠲᠣᠭᠲᠠᠭᠠᠬᠤ᠂ ᠭᠠᠵᠠᠷ ᠰᠢᠷᠣᠢ᠂ ᠲᠥᠯᠦᠪᠵᠢᠭᠦᠯᠭᠡ᠂ ᠬᠢᠨᠠᠨ ᠵᠥᠪᠰᠢᠶᠡᠷᠡᠬᠦ ᠵᠡᠷᠭᠡ ᠢᠵᠢ ᠪᠦᠷᠢᠳᠦᠭᠦᠯᠬᠦ ᠳᠦᠷᠢᠮ ᠤᠨ ᠰᠢᠨ᠎ᠡ ᠶᠢ ᠡᠭᠦᠳᠴᠦ᠂ ᠶᠡᠭᠡ ᠬᠡᠪᠴᠢᠶᠡᠨ ᠤ ᠦᠯᠡᠳᠡᠭᠡᠯ ᠶᠠᠰᠤ ᠴᠢᠨᠠᠷ ᠢ ᠳᠡᠭᠡᠭᠰᠢᠯᠡᠭᠦᠯᠬᠦ ᠥᠭᠡᠷᠡᠴᠢᠯᠡᠯᠲᠡ ᠯᠦᠭᠡ ᠬᠠᠷᠢᠯᠴᠠᠨ ᠵᠣᠬᠢᠴᠠᠯᠳᠤᠭᠰᠠᠨ ᠬᠠᠮᠢᠶᠠᠷᠤᠯᠲᠠ ᠶᠢᠨ ᠳᠦᠷᠢᠮ ᠪᠠ ᠲᠥᠷᠥ ᠶᠢᠨ ᠪᠣᠳᠣᠯᠭ᠎ᠠ ᠶᠢᠨ ᠰᠢᠰᠲ᠋ᠧᠮᠵᠢ ᠶᠢ ᠪᠣᠶ ᠪᠣᠯᠭᠠᠨ᠎ᠠ᠃ ᠬᠤᠳᠠ ᠶᠢᠨ ᠰᠢᠨᠡᠳᠬᠡᠬᠦ ᠵᠦᠢᠯᠡᠰ ᠤᠨ ᠭᠠᠵᠠᠷ ᠬᠡᠷᠡᠭᠯᠡᠬᠦ ᠶᠢ ᠪᠠᠲᠤᠯᠠᠬᠤ ᠡᠷᠴᠢᠮ ᠢ ᠴᠢᠩᠭᠠᠷᠠᠭᠤᠯᠵᠤ᠂ ᠰᠢᠨ᠎ᠡ ᠪᠠᠷ ᠨᠡᠮᠡᠭᠳᠡᠭᠰᠡᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠬᠠᠩᠭᠠᠯᠭ᠎ᠠ ᠶᠢᠨ ᠪᠦᠲᠦᠴᠡ ᠶᠢ ᠰᠢᠯᠢᠳᠡᠭᠵᠢᠭᠦᠯᠵᠦ᠂ ᠤᠳᠤ ᠪᠠᠶᠢᠭ᠎ᠠ ᠬᠤᠳᠠ ᠪᠠᠯᠭᠠᠰᠤᠨ ᠤ ᠦᠯᠡᠳᠡᠭᠡᠯ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠠᠮᠢᠳᠤᠯᠢᠭᠵᠢᠭᠤᠯᠤᠨ ᠠᠰᠢᠭᠯᠠᠵᠤ᠂ ᠬᠤᠳᠠ ᠶᠢᠨ ᠰᠢᠨᠡᠳᠬᠡᠬᠦ ᠵᠦᠢᠯᠡᠰ ᠲᠤ ᠤᠷᠢᠳᠠᠪᠠᠷ ᠬᠡᠷᠡᠭᠯᠡᠵᠦ᠂ ᠬᠡᠷᠡᠭᠴᠡᠭᠡ ᠪᠠᠨ ᠦᠨᠳᠦᠰᠦᠯᠡᠨ ᠬᠡᠷᠡᠭᠯᠡᠬᠦ ᠭᠠᠵᠠᠷ ᠤᠨ ᠰᠢᠨᠵᠢ ᠴᠢᠨᠠᠷ ᠪᠠ ᠬᠡᠷᠡᠭᠴᠡᠭᠡ ᠶᠢ ᠬᠠᠤᠯᠢ ᠶᠣᠰᠣᠭᠠᠷ ᠲᠣᠬᠢᠷᠠᠭᠤᠯᠤᠨ᠎ᠠ᠃ ᠬᠤᠳᠠᠯᠳᠤᠭ᠎ᠠ ᠡᠵᠡᠩᠨᠡᠬᠦ ᠣᠷᠴᠢᠨ ᠲᠤᠭᠤᠷᠢᠨ ᠢ ᠦᠷᠭᠦᠯᠵᠢᠯᠡᠨ ᠰᠢᠯᠢᠳᠡᠭᠵᠢᠭᠦᠯᠵᠦ᠂ ︽ᠲᠠᠪᠤ ᠶᠢ ᠬᠠᠰᠤᠵᠤ ᠭᠤᠷᠪᠠ ᠶᠢ ᠬᠠᠮᠤᠭ ᠤᠨ ᠶᠡᠭᠡ ᠪᠠᠷ ᠨᠡᠮᠡᠭᠳᠡᠭᠦᠯᠬᠦ︾ ᠪᠠᠷ ᠭᠠᠷᠳᠠᠴᠠ ᠪᠣᠯᠭᠠᠵᠤ᠂ ᠬᠤᠳᠠ ᠶᠢᠨ ᠰᠢᠨᠡᠴᠢᠯᠡᠯᠲᠡ ᠶᠢᠨ ᠬᠤᠯᠪᠣᠭᠳᠠᠯ ᠪᠦᠬᠦᠢ ᠵᠦᠢᠯᠡᠰ ᠢ ᠬᠢᠨᠠᠨ ᠵᠥᠪᠰᠢᠶᠡᠷᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃      ︵ᠳᠥᠷᠪᠡ︶ ᠦᠷ᠎ᠡ ᠪᠦᠲᠦᠮᠵᠢ ᠳᠤ ᠬᠢᠨᠠᠯᠲᠠ ᠲᠠᠯᠪᠢᠬᠤ ᠶᠢ ᠴᠢᠩᠭᠠᠳᠬᠠᠨ᠎ᠠ᠃ ᠰᠢᠮᠳᠠᠭᠤᠯᠤᠨ ᠵᠢᠯᠤᠭᠤᠳᠬᠤ ᠪᠠᠨ ᠴᠢᠩᠭᠠᠳᠬᠠᠵᠤ᠂ ᠲᠥᠷᠥᠯ ᠵᠦᠢᠯ ᠢ ᠲᠥᠯᠥᠪᠵᠢᠭᠦᠯᠬᠦ ᠪᠠ ᠪᠦᠲᠦᠭᠡᠨ ᠪᠠᠶᠢᠭᠤᠯᠬᠤ ᠶᠢ ᠠᠬᠢᠭᠤᠯᠤᠨ᠂ ᠲᠥᠷᠥᠯ ᠵᠦᠢᠯ ᠢ ᠲᠥᠯᠥᠪᠯᠡᠭᠡ ᠶᠣᠰᠣᠭᠠᠷ ᠪᠦᠲᠦᠭᠡᠨ ᠪᠠᠶᠢᠭᠤᠯᠵᠤ ᠬᠡᠷᠡᠭᠵᠢᠭᠦᠯᠬᠦ ᠶᠢ ᠰᠢᠮᠳᠠᠭᠤᠯᠤᠨ᠎ᠠ᠃ ᠬᠠᠷᠢᠭᠤᠴᠠᠯᠭᠠᠲᠤ ᠰᠠᠯᠠᠭ᠎ᠠ ᠮᠥᠴᠢᠷ ᠤᠳ ᠬᠤᠲᠠ ᠶᠢᠨ ᠰᠢᠨᠡᠴᠢᠯᠡᠯᠲᠡ ᠶᠢᠨ ᠲᠥᠷᠥᠯ ᠵᠦᠢᠯ ᠤᠨ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠪᠠᠨ ᠴᠢᠩᠭᠠᠳᠬᠠᠬᠤ ᠬᠡᠷᠡᠭᠲᠡᠢ᠃ ᠱᠠᠩᠨᠠᠵᠤ ᠲᠣᠷᠭᠠᠬᠤ ᠲᠣᠭᠲᠠᠴᠠ ᠶᠢ ᠪᠠᠶᠢᠭᠤᠯᠵᠤ᠂ ᠠᠵᠢᠯ ᠢᠶᠠᠨ ᠨᠡᠯᠢᠶᠡᠳ ᠰᠠᠶᠢᠨ ᠠᠬᠢᠭᠤᠯᠤᠭᠰᠠᠨ ᠭᠠᠵᠠᠷ ᠣᠷᠣᠨ ᠪᠠ ᠰᠠᠯᠠᠭ᠎ᠠ ᠮᠥᠴᠢᠷ ᠲᠤ ᠨᠥᠬᠦᠪᠦᠷᠢ ᠶᠢᠨ ᠪᠡᠯᠡ ᠮᠥᠩᠭᠦ ᠶᠢᠨ ᠲᠥᠷᠥ ᠶᠢᠨ ᠪᠣᠳᠣᠯᠭ᠎ᠠ ᠶᠢᠨ ᠬᠠᠷᠠᠭᠠᠯᠵᠠᠯ ᠦᠵᠡᠭᠦᠯᠵᠦ᠂ ᠠᠵᠢᠯ ᠢᠶᠠᠨ ᠬᠦᠴᠦᠲᠡᠢ ᠠᠬᠢᠭᠤᠯᠤᠭᠰᠠᠨ ᠦᠭᠡᠢ ᠰᠠᠯᠠᠭ᠎ᠠ ᠮᠥᠴᠢᠷ ᠢ ᠰᠢᠭᠦᠮᠵᠢᠯᠡᠬᠦ ᠶᠢᠨ ᠬᠠᠮᠲᠤ ᠬᠠᠷᠢᠭᠤᠴᠠᠯᠭᠠᠲᠤ ᠨᠢᠭᠡᠴᠡ ᠶᠢᠨ ᠭᠤᠣᠯ ᠬᠠᠷᠢᠭᠤᠴᠠᠯᠭᠠᠲᠠᠨ ᠲᠠᠢ ᠪᠣᠯᠵᠣᠨ ᠶᠠᠷᠢᠯᠴᠠᠵᠤ᠂ ᠬᠤᠲᠠ ᠶᠢᠨ ᠰᠢᠨᠡᠴᠢᠯᠡᠯᠲᠡ ᠶᠢ ᠠᠬᠢᠭᠤᠯᠬᠤ ᠠᠵᠢᠯ ᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠢ᠃           ︵ᠲᠠᠪᠤ︶ ᠪᠡᠯᠡ ᠮᠥᠩᠭᠦ ᠶᠢᠨ ᠳᠡᠮᠵᠢᠯᠭᠡ ᠶᠢ ᠨᠡᠮᠡᠭᠳᠡᠭᠦᠯᠦᠨ᠎ᠡ᠃ ᠲᠥᠪ ᠤᠨ ᠲᠤᠰᠠᠯᠠᠮᠵᠢ ᠶᠢᠨ ᠪᠡᠯᠡ ᠮᠥᠩᠭᠦ ᠶᠢ ᠢᠳᠡᠪᠬᠢᠯᠡᠨ ᠣᠯᠵᠤ᠂ ᠡᠳ᠋ ᠤᠨ ᠵᠠᠰᠠᠭ ᠤᠨ ᠵᠠᠷᠤᠯᠭ᠎ᠠ ᠶᠢᠨ ᠪᠦᠲᠦᠴᠡ ᠶᠢ ᠲᠣᠬᠢᠷᠠᠭᠤᠯᠤᠨ ᠰᠢᠯᠢᠳᠡᠭᠵᠢᠭᠦᠯᠵᠦ᠂ ᠬᠤᠲᠠ ᠶᠢᠨ ᠰᠢᠨᠡᠴᠢᠯᠡᠯᠲᠡ ᠶᠢᠨ ᠲᠥᠷᠥᠯ ᠵᠦᠢᠯ ᠤᠨ ᠣᠷᠣᠭᠤᠯᠤᠯᠲᠠ ᠶᠢ ᠨᠡᠮᠡᠭᠳᠡᠭᠦᠯᠦᠨ᠂ ᠵᠢᠯ ᠪᠦᠷᠢ ᠶᠢᠨ ᠣᠷᠣᠭᠤᠯᠤᠯᠲᠠ ᠶᠢ 5000 ᠲᠦᠮᠡᠨ ᠲᠥᠭᠦᠷᠢᠭ ᠠᠴᠠ ᠳᠤᠲᠠᠭᠤ ᠦᠭᠡᠢ ᠪᠠᠷ ᠬᠤᠲᠠ ᠶᠢᠨ ᠰᠢᠨᠡᠴᠢᠯᠡᠯᠲᠡ ᠳᠤ ᠬᠡᠷᠡᠭᠯᠡᠨ᠎ᠡ᠃ ᠲᠥᠷᠥ ᠶᠢᠨ ᠪᠣᠳᠣᠯᠭ᠎ᠠ ᠶᠢᠨ ᠴᠢᠨᠠᠷᠲᠠᠢ ᠮᠥᠩᠭᠦᠨ ᠭᠦᠢᠯᠭᠡᠭᠡᠨ ᠤ ᠦᠢᠯᠡᠳᠦᠯ ᠢ ᠭᠦᠢᠴᠡᠳ ᠪᠠᠳᠠᠷᠠᠭᠤᠯᠵᠤ᠂ ᠮᠥᠩᠭᠦᠨ ᠭᠦᠢᠯᠭᠡᠭᠡᠨ ᠤ ᠦᠢᠯᠡᠳᠬᠦᠨ ᠪᠠ ᠦᠢᠯᠡᠴᠢᠯᠡᠭᠡᠨ ᠤ ᠰᠢᠨ᠎ᠡ ᠶᠢ ᠡᠭᠦᠳᠴᠦ᠂ ᠬᠤᠲᠠ ᠶᠢᠨ ᠰᠢᠨᠡᠴᠢᠯᠡᠯᠲᠡ ᠳᠤ ᠦᠷᠭᠦᠯᠵᠢᠯᠡᠨ ᠪᠡᠯᠡ ᠲᠣᠬᠢᠷᠠᠭᠤᠯᠭ᠎ᠠ ᠶᠢᠨ ᠳᠡᠮᠵᠢᠯᠭᠡ ᠬᠠᠩᠭᠠᠨ᠎ᠠ᠃ ᠨᠡᠶᠢᠭᠡᠮ ᠤᠨ ᠬᠥᠷᠥᠩᠭᠡ ᠶᠢᠨ ᠬᠤᠳᠠ ᠶᠢᠨ ᠰᠢᠨᠡᠴᠢᠯᠡᠯᠲᠡ ᠶᠢᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠲᠤ ᠣᠷᠤᠯᠴᠠᠬᠤ ᠶᠢ ᠵᠣᠷᠢᠭᠵᠢᠭᠤᠯᠤᠨ᠎ᠠ᠃      ︵ᠵᠢᠷᠭᠤᠭ᠎ᠠ︶ ᠤᠬᠠᠭᠤᠯᠵᠤ ᠬᠥᠲᠥᠯᠥᠨ ᠵᠢᠯᠤᠭᠤᠳᠬᠤ ᠶᠢ ᠰᠠᠶᠢᠲᠤᠷ ᠬᠢᠨ᠎ᠡ᠃ ᠤᠬᠠᠭᠤᠯᠤᠨ ᠮᠡᠳᠡᠭᠡᠯᠡᠬᠦ ᠡᠷᠴᠢᠮ ᠢᠶᠠᠨ ᠴᠢᠩᠭᠠᠷᠠᠭᠤᠯᠵᠤ᠂ ᠷᠠᠳᠢᠣ᠋ ᠨᠡᠪᠲᠡᠷᠡᠭᠦᠯᠭᠡ ᠲᠧᠯᠸᠢᠰ᠂ ᠰᠣᠨᠢᠨ ᠰᠡᠳᠬᠦᠯ᠂ ᠰᠦᠯᠵᠢᠶ᠎ᠡ ᠵᠡᠷᠭᠡ ᠵᠠᠭᠤᠴᠢᠯᠠᠭᠤᠷ ᠢ ᠭᠦᠢᠴᠡᠳ ᠠᠰᠢᠭᠯᠠᠨ᠂ ᠬᠤᠲᠠ ᠶᠢᠨ ᠰᠢᠨᠡᠴᠢᠯᠡᠯᠲᠡ ᠶᠢᠨ ᠲᠥᠷᠥ ᠶᠢᠨ ᠪᠣᠳᠣᠯᠭ᠎ᠠ ᠪᠠ ᠦᠷ᠎ᠡ ᠪᠦᠲᠦᠮᠵᠢ ᠶᠢ ᠥᠷᠭᠡᠨ ᠢᠶᠠᠷ ᠤᠬᠠᠭᠤᠯᠬᠤ ᠬᠡᠷᠡᠭᠲᠡᠢ᠃ ᠶᠠᠷᠢᠶ᠎ᠠ ᠬᠡᠯᠡᠯᠴᠡᠭᠡ ᠪᠠᠷ ᠬᠥᠲᠥᠯᠥᠨ ᠵᠢᠯᠤᠭᠤᠳᠬᠤ ᠶᠢ ᠴᠢᠩᠭᠠᠳᠬᠠᠵᠤ᠂ ᠲᠡᠷᠢᠭᠦᠨ ᠤ ᠲᠤᠷᠰᠢᠯᠭ᠎ᠠ ᠶᠢ ᠴᠠᠭ ᠲᠤᠬᠠᠢ ᠳᠤᠨᠢ ᠮᠡᠳᠡᠭᠡᠯᠡᠵᠦ᠂ ᠬᠤᠳᠠ ᠶᠢᠨ ᠰᠢᠨᠡᠴᠢᠯᠡᠯᠲᠡ ᠶᠢᠨ ᠠᠷᠠᠳ ᠤᠯᠠᠨ ᠳᠤ ᠣᠯᠭᠤᠭᠰᠠᠨ ᠬᠦᠷᠲᠡᠮᠵᠢ ᠶᠢᠨ ᠲᠥᠷᠥᠭᠳᠡᠯ ᠢ‌ᠤᠬᠠᠭᠤᠯᠤᠨ᠎ᠠ᠃ ᠠᠷᠠᠳ ᠤᠯᠠᠨ ᠤ ᠣᠷᠤᠯᠴᠠᠬᠤ ᠠᠷᠭ᠎ᠠ ᠵᠠᠮ ᠢ ᠢᠳᠡᠪᠬᠢᠲᠡᠢ ᠪᠠᠷ ᠥᠷᠭᠡᠳᠬᠡᠵᠦ᠂ ᠬᠤᠳᠠ ᠶᠢᠨ ᠨᠡᠶᠢᠭᠡᠮ ᠤᠨ ᠰᠢᠨᠡᠴᠢᠯᠡᠯᠲᠡ ᠶᠢᠨ ᠰᠠᠶᠢᠨ ᠰᠠᠶᠢᠬᠠᠨ ᠠᠭᠤᠷ ᠠᠮᠢᠰᠬᠤᠯ ᠢ ᠬᠠᠮᠲᠤ ᠪᠠᠷ ᠪᠤᠢ ᠪᠣᠯᠭᠠᠨ᠎ᠠ᠃      ᠳᠠᠭᠠᠯᠳᠤᠭᠤᠯᠤᠯ᠄ ᠬᠠᠶᠢᠨᠠᠨ ᠲᠣᠭᠤᠷᠢᠭ ᠤᠨ ︽ᠬᠤᠳᠠ ᠶᠢᠨ ᠰᠢᠨᠡᠴᠢᠯᠡᠯᠲᠡ︾ ᠶᠢᠨ ᠭᠤᠷᠪᠠᠨ ᠵᠢᠯ ᠤᠨ ᠠᠵᠢᠯᠯᠠᠭ᠎ᠠ ᠶᠢᠨ ᠲᠥᠯᠥᠪᠯᠡᠭᠡ ᠶᠢᠨ ᠬᠦᠰᠦᠨᠦᠭᠲᠦ
附件1.jpg
政府公报内页1.jpg
 
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号