ᠴᠠᠭᠠᠨ ᠰᠠᠷ᠎ᠠ ᠶᠢᠨ ᠡᠬᠢ ᠪᠠᠷ᠂ ᠬᠤᠳᠠ ᠶᠢᠨ ᠬᠥᠭᠵᠢᠯᠲᠡ ᠶᠢᠨ ᠬᠠᠭᠤᠳᠠᠰᠤ ᠰᠢᠨ᠎ᠡ ᠬᠠᠭᠤᠳᠠᠰᠤ ᠶᠢ ᠰᠡᠬᠦᠪᠡ᠃ | ᠣᠶᠢᠷ᠎ᠠ ᠳᠤ᠂ ᠬᠠᠶᠢᠨᠠᠨ ᠲᠣᠭᠤᠷᠢᠭ ᠤᠨ ᠬᠢᠨ ᠶᠠᠮᠠᠷ ᠶᠠᠮᠠᠷ ᠠᠷᠭ᠎ᠠ ᠬᠡᠮᠵᠢᠶ᠎ᠡ ᠠᠪᠴᠤ ᠬᠤᠳᠠᠯᠳᠤᠭ᠎ᠠ ᠡᠵᠡᠩᠨᠡᠬᠦ | ᠣᠷᠴᠢᠨ ᠲᠤᠭᠤᠷᠢᠨ ᠤ ᠰᠢᠨ᠎ᠡ ᠥᠨᠳᠦᠷᠯᠢᠭ ᠢ ᠪᠥᠬᠦ ᠬᠦᠴᠦᠨ ᠢᠶᠠᠷ ᠢᠶᠠᠨ ᠴᠤᠭᠴᠠᠯᠠᠬᠤ ᠲᠤᠬᠠᠢ ᠰᠤᠷᠪᠤᠯᠵᠢᠯᠠᠭᠴᠢ | ᠬᠠᠶᠢᠨᠠᠨ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠯᠢᠦ ᠪᠢᠩ ᠢ | ᠰᠤᠷᠪᠤᠯᠵᠢᠯᠠᠪᠠ᠃ | ᠯᠢᠦ ᠪᠢᠩ᠄ ︽ᠨᠢᠭᠡ ᠭᠠᠵᠠᠷ ᠣᠷᠣᠨ ᠳᠤ ᠶᠠᠮᠠᠷ ᠶᠠᠩᠵᠤ ᠶᠢᠨ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ | ᠪᠠᠶᠢᠪᠠᠯ ᠳᠠᠷᠤᠢ ᠲᠡᠶᠢᠮᠦ ᠶᠠᠩᠵᠤ ᠶᠢᠨ ᠠᠵᠤ ᠠᠬᠤᠢ ᠶᠢᠨ ᠠᠮᠢ ᠠᠬᠤᠢ᠂ ᠠᠵᠢᠯ ᠶᠠᠪᠤᠳᠠᠯ ᠬᠢᠬᠦ ᠠᠭᠤᠷ ᠠᠮᠢᠰᠬᠤᠯ᠂ | ᠬᠥᠭᠵᠢᠯᠲᠡ ᠶᠢᠨ ᠪᠠᠶᠢᠳᠠᠯ ᠲᠠᠢ ᠪᠣᠯᠵᠤ ᠴᠢᠳᠠᠨ᠎ᠠ᠂ ᠭᠠᠭᠴᠠᠬᠦ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠤᠯᠠᠮ | ᠴᠢᠨᠠᠭᠰᠢᠳᠠ ᠰᠢᠯᠢᠳᠡᠭᠵᠢᠭᠦᠯᠪᠡᠯ ᠰᠠᠶ᠋ᠢ ᠦᠢᠯᠡᠳᠪᠦᠷᠢᠯᠡᠯ ᠤᠨ ᠬᠦᠴᠦᠨ ᠢ ᠦᠨᠡᠨᠬᠦ ᠴᠢᠯᠦᠭᠡᠯᠡᠵᠦ᠂ ᠰᠢᠨ᠎ᠡ ᠶᠢ ᠡᠭᠦᠳᠬᠦ | ᠬᠦᠴᠦᠨ ᠢ ᠴᠢᠩᠭᠠᠳᠬᠠᠨ᠂ ᠥᠷᠢᠰᠦᠯᠳᠦᠬᠦ ᠬᠦᠴᠦᠨ ᠢ ᠳᠡᠭᠡᠭᠰᠢᠯᠡᠭᠦᠯᠵᠦ᠂ ᠠᠵᠤ ᠠᠬᠤᠢ ᠶᠢᠨ ᠴᠢᠨᠠᠷ ᠰᠠᠶᠢᠲᠠᠢ | ᠬᠥᠭᠵᠢᠯᠲᠡ ᠳᠤ ᠬᠦᠴᠦ ᠨᠡᠮᠡᠷᠢᠯᠡᠵᠦ ᠴᠢᠳᠠᠨ᠎ᠠ︾ ᠭᠡᠵᠦ ᠬᠡᠯᠡᠪᠡ᠃ | ᠯᠢᠦ ᠪᠢᠩ᠄ ︽ᠡᠨᠡ ᠵᠢᠯ᠂ ᠬᠠᠶᠢᠨᠠᠨ ᠲᠣᠭᠤᠷᠢᠭ ᠤᠨ ᠬᠢᠨ ᠰᠢ ᠶᠢᠨ ᠫᠢᠩ ᠶᠡᠷᠦᠩᠬᠡᠢ ᠱᠦᠵᠢ ᠶᠢᠨ | ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ | ᠲᠤᠭᠤᠰᠢᠯᠠᠭᠤᠯᠵᠦ᠂ ᠥᠪᠡᠷᠲᠡᠭᠡᠨ ᠵᠠᠰᠠᠬᠤ ᠣᠷᠣᠨ ᠤ ᠡᠵᠡᠩᠨᠡᠯᠲᠡ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠬᠦ 3. | 0 ᠬᠡᠪᠯᠡᠯ ᠤᠨ ᠲᠥᠰᠥᠯ ᠵᠢᠴᠢ ᠮᠠᠨ ᠤ ᠬᠤᠲᠠ ᠶᠢᠨ ᠡᠵᠡᠩᠨᠡᠯᠲᠡ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠬᠦ | 50 ᠵᠦᠢᠯ ᠤᠨ ᠠᠵᠢᠯ ᠤᠨ ᠭᠤᠣᠯᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ︿ᠬᠥᠮᠥᠨ ᠪᠦᠬᠦᠨ ᠴᠥᠮ | ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ᠂ ᠭᠠᠵᠠᠷ ᠣᠷᠣᠨ ᠤ ᠳᠦᠷᠢ ᠲᠥᠷᠬᠦ ᠲᠠᠢ ᠬᠤᠯᠪᠣᠭᠳᠠᠬᠤ﹀ ᠦᠵᠡᠯ | ᠤᠬᠠᠮᠰᠠᠷ ᠢ ᠪᠠᠲᠤ ᠪᠠᠬᠢ ᠪᠤᠶ ᠪᠤᠯᠭᠠᠨ᠂ ᠤᠨᠢᠨ ᠳᠡᠭᠡᠷ᠎ᠡ ᠨᠢ ᠬᠦᠴᠦᠯᠡᠵᠦ᠂ ᠶᠠᠰᠤ ᠴᠢᠨᠠᠷ ᠦᠷ᠎ᠡ ᠠᠰᠢᠭ ᠢ | ᠳᠡᠭᠡᠭᠰᠢᠯᠡᠭᠦᠯᠵᠦ᠂ ᠦᠷᠭᠦᠯᠵᠢᠯᠡᠨ ᠬᠦᠴᠦ ᠣᠷᠣᠭᠤᠯᠤᠨ ᠦᠢᠯᠡᠴᠢᠯᠡᠭᠡ ᠶᠢ ᠰᠢᠯᠢᠳᠡᠭᠵᠢᠭᠦᠯᠦᠨ᠂ ᠬᠠᠮᠲᠤᠷᠠᠯ ᠤᠨ | ᠬᠦᠴᠦᠨ ᠢ ᠨᠢᠭᠲᠠᠷᠠᠭᠤᠯᠤᠨ ᠬᠦᠴᠢᠷ ᠠᠰᠠᠭᠤᠳᠠᠯ ᠢ ᠰᠢᠢᠳᠪᠦᠷᠢᠯᠡᠵᠦ᠂〈 ᠳᠠᠭᠠᠭᠤᠯᠤᠭᠴᠢ 〉〈 ᠳᠡᠯᠭᠡᠭᠦᠷ ᠤᠨ | ᠦᠢᠯᠡᠴᠢᠯᠡᠭᠴᠢ 〉〈 ᠭᠠᠪᠰᠢᠭᠠᠢ ᠬᠤᠰᠢᠭᠤᠴᠢ 〉 ᠪᠣᠯᠵᠤ᠂ ᠵᠠᠭᠤᠨ ᠭᠠᠵᠠᠷ ᠤᠨ ᠠᠶᠠᠨ ᠳᠤ ᠶᠡᠷᠡᠨ ᠭᠠᠵᠠᠷ ᠤᠨ | ᠵᠠᠮ ᠢ ᠨᠡᠭᠡᠭᠡᠬᠦ ᠶᠢᠨ ᠰᠡᠷᠭᠡᠭ ᠢᠶᠠᠷ᠂ ᠴᠤᠴᠠᠯᠲᠠ ᠦᠭᠡᠢ ᠪᠠᠲᠤ ᠴᠢᠩᠭ᠎ᠠ ᠪᠠᠷᠢᠮᠲᠠᠯᠠᠯ ᠢᠶᠠᠷ ᠡᠨᠡᠬᠦ ᠪᠦᠬᠦ ᠲᠠᠯ᠎ᠠ ᠳᠤ | ᠬᠤᠯᠪᠣᠭᠳᠠᠬᠤ᠂ ᠢᠷᠡᠭᠡᠳᠦᠢ ᠳᠤ ᠬᠤᠯᠪᠣᠭᠳᠠᠬᠤ᠂ ᠠᠵᠤ ᠠᠬᠤᠶᠢᠯᠠᠯ ᠪᠣᠯᠣᠨ ᠤᠯᠠᠨ ᠲᠦᠮᠡᠨ ᠤ ᠲᠤᠰ ᠪᠡᠶ᠎ᠡ ᠶᠢᠨ | ᠠᠰᠢᠭ ᠲᠤᠰᠠ ᠳᠤ ᠬᠤᠯᠪᠣᠭᠳᠠᠬᠤ ᠪᠦᠬᠦ ᠲᠠᠯ᠎ᠠ ᠶᠢᠨ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠵᠠᠪᠠᠯ | ᠣᠯᠣᠨ᠎ᠠ᠃ | ᠯᠢᠦ ᠪᠢᠩ᠄ ᠬᠠᠶᠢᠨᠠᠨ ᠲᠣᠭᠤᠷᠢᠭ ᠤᠨ ᠬᠢᠨ ᠭᠤᠷᠪᠠᠨ ᠲᠠᠯ᠎ᠠ ᠪᠠᠷ ᠪᠦᠬᠦ ᠬᠦᠴᠦᠨ ᠢᠶᠠᠷ ᠢᠶᠠᠨ ᠬᠤᠳᠠᠯᠳᠤᠭ᠎ᠠ | ᠡᠵᠡᠩᠨᠡᠬᠦ ᠣᠷᠴᠢᠨ ᠲᠣᠭᠤᠷᠢᠨ ᠤ ᠰᠢᠨ᠎ᠡ ᠥᠨᠳᠦᠷᠯᠢᠭ ᠢ ᠪᠠᠶᠢᠭᠤᠯᠤᠨ᠎ᠠ᠃ ᠨᠢᠭᠡ ᠳᠤ᠂ ︽ᠥᠭᠡᠷᠡᠴᠢᠯᠡᠯᠲᠡ ᠶᠢ | ᠭᠦᠨᠵᠡᠭᠡᠶᠢᠷᠡᠭᠦᠯᠬᠦ︾ ᠪᠠᠷ ᠭᠤᠣᠯ ᠪᠣᠯᠭᠠᠵᠤ᠂ ᠳᠥᠭᠦᠮ ᠳᠥᠲᠡ ᠦᠢᠯᠡᠴᠢᠯᠡᠭᠡᠨ ᠤ ᠨᠠᠷᠠᠲᠤ ᠲᠥᠷᠥᠯ ᠲᠡᠮᠳᠡᠭᠲᠦ ᠶᠢ | ᠪᠣᠶ ᠪᠣᠯᠭᠠᠨ᠎ᠠ᠃ ᠭᠤᠣᠯᠳᠠᠯᠭ᠎ᠠ ᠲᠠᠢ ᠬᠦᠷᠢᠶ᠎ᠡ ᠪᠣᠯᠣᠨ ᠵᠠᠩᠭᠢᠯᠠᠭ᠎ᠠ ᠶᠢᠨ ᠭᠤᠭᠴᠤᠭ᠎ᠠ ᠶᠢᠨ ᠥᠭᠡᠷᠡᠴᠢᠯᠡᠯᠲᠡ ᠶᠢ | ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠨᠢᠭᠡ ᠴᠣᠭᠴᠠᠵᠢᠭᠰᠠᠨ᠂ ᠣᠶᠤᠨᠴᠢᠯᠠᠭᠰᠠᠨ᠂ ᠥᠪᠡᠷᠮᠢᠴᠡᠵᠢᠭᠰᠡᠨ | ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠪᠤᠢ ᠪᠣᠯᠭᠠᠵᠤ᠂ ᠠᠵᠤ ᠠᠬᠤᠶᠢᠯᠠᠯ ᠤᠨ ᠤᠯᠠᠨ ᠲᠦᠮᠡᠨ ᠢ ᠳᠤᠲᠠᠭᠤ | ᠭᠦᠶᠦᠯᠭᠡᠵᠦ᠂ ᠢᠯᠡᠭᠦᠬᠡᠨ ᠤᠴᠢᠷ ᠶᠠᠪᠤᠳᠠᠯ ᠪᠦᠲᠦᠭᠡᠨ᠂ ᠬᠠᠮᠤᠭ ᠤᠨ ᠶᠡᠭᠡ ᠬᠡᠮᠵᠢᠶ᠎ᠡ ᠪᠠᠷ ᠠᠵᠤ ᠠᠬᠤᠶᠢᠯᠠᠯ ᠳᠤ | ᠠᠰᠢᠭᠲᠠᠢ ᠠᠷᠠᠳ ᠲᠤ ᠲᠦᠬᠦᠮ ᠦᠵᠡᠭᠦᠯᠦᠨ᠎ᠡ᠃ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ | ᠦᠷᠭᠦᠯᠵᠢᠯᠡᠨ ᠠᠬᠢᠭᠤᠯᠵᠤ᠂ ᠠᠩᠬ᠎ᠠ ᠠᠰᠠᠭᠤᠬᠤ ᠳᠤ ᠬᠠᠷᠢᠭᠤᠴᠠᠬᠤ᠂ ᠨᠢᠭᠡ ᠤᠳᠠᠭ᠎ᠠ ᠳᠤ ᠮᠡᠳᠡᠭᠳᠡᠬᠦ᠂ ᠳᠤᠲᠠᠭᠤ ᠶᠢ | ᠭᠥᠯᠢᠶᠡᠨ ᠠᠪᠴᠤ ᠰᠢᠢᠳᠪᠦᠷᠢᠯᠡᠬᠦ᠂ ᠤᠷᠢᠳᠴᠢᠯᠠᠨ ᠪᠣᠯᠵᠣᠵᠤ ᠴᠠᠭ ᠢ ᠤᠷᠲᠤᠳᠬᠠᠬᠤ ᠵᠡᠷᠭᠡ ᠦᠢᠯᠡᠴᠢᠯᠡᠭᠡᠨ ᠤ | ᠳᠦᠷᠢᠮ ᠢ ᠦᠷᠭᠦᠯᠵᠢᠯᠡᠨ ᠬᠡᠷᠡᠭᠵᠢᠭᠦᠯᠵᠦ᠂ ᠡᠷᠬᠡ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠶᠢ ᠪᠥᠬᠦ ᠲᠠᠯ᠎ᠠ ᠪᠠᠷ | ᠡᠮᠬᠢᠯᠡᠨ ᠵᠢᠷᠤᠮᠵᠢᠭᠤᠯᠵᠤ᠂ ᠨᠡᠶᠢᠲᠡᠯᠡᠬᠦ ᠵᠦᠢᠯᠡᠰ ᠤᠨ ᠬᠦᠴᠦᠨ ᠵᠦᠢᠯ ᠳᠤ ᠬᠥᠳᠡᠯᠦᠩᠭᠦᠢ ᠲᠣᠬᠢᠷᠠᠭᠤᠯᠤᠯᠲᠠ ᠬᠢᠵᠦ᠂ | ᠬᠤᠲᠠ᠂ ᠲᠣᠭᠤᠷᠢᠭ᠂ ᠪᠠᠯᠭᠠᠰᠤ ︵ᠵᠡᠭᠡᠯᠢ ᠭᠤᠳᠤᠮᠵᠢ︶ ᠭᠤᠷᠪᠠᠨ ᠱᠠᠲᠤᠨ ᠤ ᠡᠷᠬᠡ ᠬᠠᠷᠢᠭᠤᠴᠠᠯᠭ᠎ᠠ ᠶᠢᠨ ᠨᠠᠷᠢᠨ | ᠬᠠᠭᠤᠳᠠᠰᠤ ᠶᠢᠨ ᠪᠠᠷᠢᠮᠵᠢᠶ᠎ᠠ ᠶᠢ ᠨᠢᠭᠡᠳᠬᠡᠬᠦ ᠶᠢ ᠪᠡᠶᠡᠯᠡᠭᠦᠯᠦᠨ᠎ᠡ᠃ ᠦᠢᠯᠡᠴᠢᠯᠡᠭᠡᠨ ᠤ ᠪᠠᠷᠢᠮᠵᠢᠶᠠᠵᠢᠭᠤᠯᠤᠯᠲᠠ ᠶᠢᠨ | ᠬᠢᠷᠢ ᠬᠡᠮᠵᠢᠶ᠎ᠡ ᠶᠢ ᠡᠮᠬᠢ ᠵᠢᠷᠤᠮ ᠲᠠᠢ ᠪᠠᠷ ᠳᠡᠭᠡᠭᠰᠢᠯᠡᠭᠦᠯᠵᠦ᠂ ᠣᠲᠣ ᠶᠢᠨ ᠪᠠᠶᠢᠭ᠎ᠠ ︽ᠲᠠᠪᠤ ᠶᠢ ᠬᠠᠰᠤᠵᠤ ᠭᠤᠷᠪᠠ ᠶᠢ | ᠬᠠᠮᠤᠭ ᠤᠨ ᠰᠠᠶᠢᠨ ᠪᠣᠯᠭᠠᠬᠤ︾ ᠦᠷ᠎ᠡ ᠪᠦᠲᠦᠭᠡᠯ ᠢ ᠪᠠᠬᠢᠵᠢᠭᠦᠯᠵᠦ᠂ ᠳᠠᠬᠢᠨ ᠨᠢᠭᠡ ᠪᠦᠯᠦᠭ ᠠᠷᠭ᠎ᠠ ᠬᠡᠮᠵᠢᠶ᠎ᠡ | ᠭᠠᠷᠭᠠᠬᠤ᠂ ᠳᠠᠬᠢᠨ ᠨᠢᠭᠡ ᠪᠦᠯᠦᠭ ᠴᠤᠪᠤᠷᠠᠯ ᠢ ᠰᠢᠯᠢᠳᠡᠭᠵᠢᠭᠦᠯᠬᠦ᠂ ᠳᠠᠬᠢᠨ ᠨᠢᠭᠡ ᠪᠦᠯᠦᠭ ᠵᠦᠢᠯᠡᠰ ᠢ ᠴᠣᠮᠬᠠᠳᠬᠠᠬᠤ᠂ | ᠳᠠᠬᠢᠨ ᠨᠢᠭᠡ ᠪᠦᠯᠦᠭ ᠴᠠᠭ ᠤᠨ ᠬᠢᠵᠠᠭᠠᠷ ᠢ ᠪᠠᠭᠠᠰᠬᠠᠬᠤ ︽ᠳᠥᠷᠪᠡᠨ ᠨᠢᠭᠡ ᠪᠦᠯᠦᠭ︾ ᠤᠨ ᠲᠤᠰᠬᠠᠢ | ᠠᠵᠢᠯᠯᠠᠭ᠎ᠠ ᠪᠠᠷ ᠳᠠᠮᠵᠢᠭᠤᠯᠤᠨ᠂ ︽ᠮᠠᠲ᠋ᠧᠷᠢᠶᠠᠯ ᠴᠥᠭᠡᠨ᠂ ᠦᠢᠯᠡᠴᠢᠯᠡᠭᠡ ᠰᠠᠶᠢᠨ᠂ ᠬᠤᠷᠳᠤᠴᠠ ᠲᠦᠷᠭᠡᠨ︾ ᠪᠥᠬᠦ | ᠴᠤᠪᠤᠷᠠᠯ ᠤᠨ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠬᠢᠨᠠᠨ ᠵᠥᠪᠰᠢᠶᠡᠷᠡᠬᠦ ᠲᠣᠭᠲᠠᠴᠠ ᠶᠢ ᠪᠣᠶ | ᠪᠣᠯᠭᠠᠨ᠎ᠠ᠃ ︽ᠭᠤᠷᠪᠠ ᠶᠢ ᠲᠥᠪᠯᠡᠷᠡᠭᠦᠯᠵᠦ ᠭᠤᠷᠪᠠ ᠶᠢ ᠪᠣᠳᠠᠲᠠᠶᠢᠵᠢᠭᠤᠯᠬᠤ︾ ᠶᠢ ᠴᠢᠩᠭ᠎ᠠ ᠨᠠᠶᠢᠳᠠᠪᠤᠷᠢᠵᠢᠭᠤᠯᠤᠨ᠂ | ︽ᠲᠥᠪᠯᠡᠷᠡᠭᠦᠯᠬᠦ ᠪᠠᠷ ᠵᠠᠷᠴᠢᠮ ᠪᠣᠯᠭᠠᠵᠤ᠂ ᠲᠥᠪᠯᠡᠷᠡᠭᠦᠯᠬᠦ ᠦᠭᠡᠢ ᠶᠢ ᠣᠨᠴᠠᠭᠠᠶ ᠵᠦᠢᠯ ᠪᠣᠯᠭᠠᠬᠤ︾ ᠱᠠᠭᠠᠷᠳᠠᠯᠭ᠎ᠠ | ᠶᠣᠰᠣᠭᠠᠷ᠂ ᠬᠢᠨᠠᠨ ᠵᠥᠪᠰᠢᠶᠡᠷᠡᠬᠦ ᠵᠦᠢᠯᠡᠰ ᠢ ᠣᠷᠣᠭᠤᠯᠬᠤ ᠶᠣᠰᠣᠲᠠᠢ ᠶᠢ ᠵᠠᠪᠠᠯ ᠣᠷᠣᠭᠤᠯᠬᠤ ᠶᠢ ᠠᠬᠢᠭᠤᠯᠵᠤ᠂ ︽ | ᠪᠡᠶ᠎ᠡ ᠶᠢᠨ ᠭᠠᠳᠠᠨ᠎ᠠ ᠡᠷᠭᠢᠯᠳᠦᠭᠦᠯᠬᠦ︾ ᠪᠠ ︽ᠳᠠᠯᠳᠠ ᠬᠢᠨᠠᠨ ᠵᠥᠪᠰᠢᠶᠡᠷᠡᠬᠦ︾ ᠶᠢ ᠲᠠᠰᠤ ᠵᠣᠭᠰᠣᠭᠠᠵᠤ᠂ ︽ᠨᠢᠭᠡ | ᠴᠤᠩᠬᠤᠪᠴᠢ ᠪᠠᠷ ᠭᠦᠢᠴᠡᠳᠬᠡᠬᠦ︾ ᠠᠵᠢᠯ ᠤᠨ ᠵᠠᠭᠪᠤᠷ ᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ᠂ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠶᠡᠭᠡ ᠲᠢᠩᠬᠢᠮ ᠤᠨ 90 % ᠠᠴᠠ ᠳᠡᠭᠡᠭᠰᠢᠬᠢ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠵᠦᠢᠯᠡᠰ ᠢ ︽ᠨᠢᠭᠡ ᠴᠤᠩᠬᠤᠪᠴᠢ ᠪᠠᠷ︾ ᠲᠥᠷᠥᠯ ᠬᠤᠪᠢᠶᠠᠨ ᠭᠦᠢᠴᠡᠳᠬᠡᠬᠦ ᠶᠢ | ᠪᠡᠶᠡᠯᠡᠭᠦᠯᠦᠨ᠎ᠡ᠃ | ᠬᠤᠶᠠᠷ ᠲᠤ ︽ᠨᠢᠭᠡ ᠰᠦᠯᠵᠢᠶ᠎ᠡ ᠪᠠᠷ ᠨᠡᠶᠢᠳᠡᠮ ᠭᠦᠢᠴᠡᠳᠭᠡᠬᠦ︾ ᠪᠠᠷ ᠵᠠᠩᠭᠢᠯᠠᠭ᠎ᠠ ᠪᠣᠯᠭᠠᠵᠤ᠂ ᠥᠨᠳᠥᠷ | ᠪᠦᠲᠦᠮᠵᠢᠲᠡᠶ ᠦᠢᠯᠡᠴᠢᠯᠡᠭᠡᠨ ᠤ ᠨᠠᠷᠠᠲᠤ ᠲᠥᠷᠥᠯ ᠲᠡᠮᠳᠡᠭᠲᠦ ᠶᠢ ᠪᠣᠶ ᠪᠣᠯᠭᠠᠨ᠎ᠠ᠃ ᠲᠤᠭᠠᠴᠢᠯᠠᠭᠰᠠᠨ ᠵᠠᠰᠠᠭ ᠤᠨ | ᠣᠷᠳᠣᠨ ᠤ ᠪᠠᠶᠢᠭᠤᠯᠤᠯᠲᠠ ᠶᠢ ᠶᠡᠬᠡᠪᠡᠷ ᠲᠦᠯᠬᠢᠨ ᠠᠬᠢᠭᠤᠯᠵᠤ᠂ ᠰᠢᠨ᠎ᠡ ᠨᠢᠭᠡ ᠦᠶ᠎ᠡ ᠶᠢᠨ ᠮᠡᠳᠡᠭᠡ ᠵᠠᠩᠭᠢ ᠶᠢᠨ | ᠮᠡᠷᠭᠡᠵᠢᠯ ᠢ ᠨᠡᠭᠡᠭᠡᠨ ᠬᠥᠭᠵᠢᠭᠦᠯᠵᠦ ᠬᠡᠷᠡᠭᠯᠡᠬᠦ ᠶᠢ ᠲᠦᠷᠭᠡᠳᠬᠡᠨ᠂ ᠠᠵᠢᠯᠯᠠᠭᠠᠨ ᠨᠢ ᠥᠨᠳᠥᠷ ᠪᠦᠲᠦᠮᠵᠢᠲᠡᠶ᠂ | ᠦᠢᠯᠡᠴᠢᠯᠡᠭᠡᠨ ᠤ ᠴᠢᠨᠠᠷ ᠨᠢ ᠰᠢᠯᠢᠳᠡᠭ᠂ ᠤᠯᠠᠨ ᠲᠦᠮᠡᠨ ᠪᠠ ᠠᠵᠤ ᠠᠬᠤᠶᠢᠯᠠᠯ ᠤᠨ ᠰᠡᠳᠬᠢᠯ ᠬᠠᠨᠤᠮᠵᠢᠲᠠᠶ | ᠦᠢᠯᠡᠴᠢᠯᠡᠭᠡᠨ ᠤ ᠰᠢᠰᠲ᠋ᠧᠮ ᠢ ᠪᠠᠶᠢᠭᠤᠯᠤᠨ᠎ᠠ᠃ ︽ᠨᠢᠭᠡ ᠰᠦᠯᠵᠢᠶ᠎ᠡ ᠪᠠᠷ ᠨᠡᠶᠢᠳᠡᠮ ᠭᠦᠢᠴᠡᠳᠭᠡᠬᠦ︾ ᠶᠢ ᠪᠥᠬᠦ | ᠲᠠᠯ᠎ᠠ ᠪᠠᠷ ᠬᠡᠷᠡᠭᠵᠢᠭᠦᠯᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ᠰᠦᠯᠵᠢᠶᠡᠨ ᠳᠡᠭᠡᠷ᠎ᠡ ᠪᠠ | ᠰᠦᠯᠵᠢᠶᠡᠨ ᠭᠠᠳᠠᠨᠠᠬᠢ ᠶᠢ ᠠᠭᠤᠰᠤᠯᠴᠠᠭᠤᠯᠤᠨ᠂ ᠲᠤᠭ᠎ᠠ ᠪᠠᠷᠢᠮᠲᠠ ᠶᠢ ᠬᠠᠮᠲᠤ ᠪᠠᠷ ᠡᠳ᠋ᠯᠡᠵᠦ ᠬᠡᠷᠡᠭᠯᠡᠬᠦ ᠶᠢ | ᠬᠡᠷᠡᠭᠵᠢᠭᠦᠯᠦᠨ᠂ ᠰᠠᠯᠠᠭ᠎ᠠ ᠮᠥᠴᠢᠷ ᠠᠯᠤᠰᠯᠠᠭᠰᠠᠨ᠂ ᠭᠠᠵᠠᠷ ᠣᠷᠣᠨ ᠠᠯᠤᠰᠯᠠᠭᠰᠠᠨ᠂ ᠠᠵᠢᠯ ᠲᠥᠷᠥᠯ ᠠᠯᠤᠰᠯᠠᠭᠰᠠᠨ | ︽ᠭᠡᠷᠡᠴᠢ ᠦᠨᠡᠮᠯᠡᠯ ᠢ ᠬᠤᠯᠪᠤᠭᠠᠯᠠᠨ ᠬᠡᠷᠡᠭᠯᠡᠬᠦ᠂ ᠮᠡᠳᠡᠭᠡ ᠵᠠᠩᠭᠢ ᠶᠢ ᠬᠤᠯᠪᠣᠯᠳᠤᠭᠤᠯᠤᠨ ᠨᠡᠪᠲᠡᠷᠡᠭᠦᠯᠬᠦ᠂ | ᠦᠢᠯᠡᠴᠢᠯᠡᠭᠡ ᠶᠢ ᠬᠤᠯᠪᠣᠯᠳᠤᠭᠤᠯᠬᠤ︾᠂ ᠲᠤᠭ᠎ᠠ ᠪᠠᠷᠢᠮᠲᠠ ᠶᠢ ︽ᠨᠢᠭᠡ ᠰᠦᠯᠵᠢᠶ᠎ᠡ ᠪᠠᠷ ᠨᠡᠶᠢᠳᠡᠮ ᠬᠡᠷᠡᠭᠯᠡᠬᠦ︾ ᠶᠢ | ᠪᠡᠶᠡᠯᠡᠭᠦᠯᠵᠦ᠂ ︽ᠤᠴᠢᠷ ᠶᠠᠪᠤᠳᠠᠯ ᠰᠢᠢᠳᠪᠦᠷᠢᠯᠡᠬᠦ ᠳᠤ ᠮᠠᠰᠢ ᠲᠠᠭᠠᠯᠠᠮᠵᠢᠲᠠᠢ᠂ ᠪᠡᠯᠡ ᠣᠷᠣᠭᠤᠯᠤᠯᠲᠠ ᠳᠤ ᠮᠠᠰᠢ | ᠲᠠᠭᠠᠯᠠᠮᠵᠢᠲᠠᠢ︾ ᠪᠠᠶᠢᠬᠤ ᠶᠢ ᠬᠠᠶᠢᠨᠠᠨ ᠤ ᠰᠢᠨ᠎ᠡ ᠨᠡᠷ᠎ᠡ ᠶᠢᠨ ᠬᠠᠭᠤᠳᠠᠰᠤ ᠪᠣᠯᠭᠠᠨ᠎ᠠ᠃ ︽ᠳᠥᠷᠪᠡ ᠶᠢ ᠭᠦᠢᠴᠡᠳᠬᠡᠬᠦ | ᠦᠢᠯᠡᠴᠢᠯᠡᠭᠡ︾ ᠶᠢ ᠦᠷᠭᠦᠯᠵᠢᠯᠡᠨ ᠰᠠᠶᠢᠲᠤᠷ ᠬᠢᠵᠦ᠂ ︽ᠲᠤᠭ᠎ᠠ ᠪᠠᠷᠢᠮᠲᠠ ᠪᠠᠷ ᠡᠨᠧᠷᠭᠢ ᠣᠯᠭᠤᠬᠤ᠂ ᠠᠷᠠᠳ ᠲᠤ | ᠲᠥᠬᠦᠮ ᠦᠵᠡᠭᠦᠯᠵᠦ ᠥᠨᠳᠥᠷ ᠦᠷ᠎ᠡ ᠪᠦᠲᠦᠮᠵᠢᠲᠡᠶ ᠪᠠᠶᠢᠯᠭᠠᠬᠤ᠂ ᠲᠥᠪᠯᠡᠷᠡᠭᠦᠯᠦᠨ ᠦᠢᠯᠡᠴᠢᠯᠡᠬᠦ᠂ ᠨᠠᠷᠢᠯᠢᠭ | ᠣᠨᠣᠴᠠᠲᠠᠢ ᠪᠠᠷ ᠦᠢᠯᠡᠴᠢᠯᠡᠬᠦ︾ ᠵᠠᠷᠴᠢᠮ ᠢ ᠪᠠᠷᠢᠮᠲᠠᠯᠠᠨ᠂ ︽ᠰᠦᠯᠵᠢᠶᠡᠨ ᠳᠡᠭᠡᠷ᠎ᠡ ᠭᠦᠢᠴᠡᠳᠬᠡᠬᠦ︾ | ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠵᠦ᠂ ︽ᠠᠯᠠᠭᠠᠨ ᠳᠡᠭᠡᠷ᠎ᠡ ᠪᠠᠨ ᠭᠦᠢᠴᠡᠳᠬᠡᠬᠦ︾ ᠶᠢᠨ ᠬᠤᠷᠳᠤᠴᠠ ᠶᠢ | ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠵᠤ᠂ ︽ᠨᠢᠭᠡ ᠯᠡ ᠤᠳᠠᠭ᠎ᠠ ᠳᠤ ᠭᠦᠢᠴᠡᠳᠬᠡᠬᠦ︾ | ᠦᠢᠯᠡᠴᠢᠯᠡᠭᠡᠨ ᠤ ᠵᠠᠭᠪᠤᠷ ᠢ ᠲᠡᠭᠦᠯᠳᠡᠷᠵᠢᠭᠦᠯᠦᠨ᠂ ︽ᠲᠠᠨ ᠢ ᠬᠠᠪᠰᠤᠷᠤᠨ ᠭᠦᠢᠴᠡᠳᠬᠡᠬᠦ︾ ᠠᠵᠢᠯ ᠤᠨ | ᠲᠣᠭᠲᠠᠴᠠ ᠶᠢ ᠪᠦᠷᠢᠨᠰᠢᠭᠦᠯᠵᠦ᠂ ᠨᠠᠩ ᠵᠢᠷᠤᠮᠵᠢᠭᠰᠠᠨ᠂ ᠳᠥᠭᠦᠮ ᠳᠥᠲᠡ᠂ ᠥᠨᠳᠥᠷ ᠦᠷ᠎ᠡ ᠪᠦᠲᠦᠮᠵᠢᠲᠡᠶ | ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠴᠢᠷᠮᠠᠶᠢᠨ ᠬᠠᠩᠭᠠᠨ᠎ᠠ᠃ ︽24 ᠴᠠᠭ ᠲᠤ ᠡᠭᠦᠳᠡ ᠪᠠᠨ ᠬᠠᠭᠠᠬᠤ | ᠦᠭᠡᠢ︾ ᠦᠢᠯᠡᠴᠢᠯᠡᠭᠡ ᠶᠢ ᠲᠠᠰᠤᠷᠠᠯᠲᠠ ᠦᠭᠡᠢ ᠰᠢᠯᠢᠳᠡᠭᠵᠢᠭᠦᠯᠵᠦ᠂ ᠥᠪᠡᠰᠦᠪᠡᠨ ᠦᠢᠯᠡᠴᠢᠯᠡᠬᠦ ᠲᠣᠭᠤᠷᠢᠭ ᠤᠨ | ᠴᠢᠳᠠᠮᠵᠢ ᠶᠢ ᠦᠷᠭᠦᠯᠵᠢᠯᠡᠨ ᠥᠷᠭᠡᠳᠬᠡᠨ᠂ ᠥᠨᠳᠥᠷ ᠳᠠᠪᠲᠠᠮᠵᠢᠲᠤ ᠵᠦᠢᠯᠡᠰ ᠤᠨ ᠦᠵᠦᠭᠦᠷ ᠤᠨ ᠭᠦᠢᠴᠡᠳᠬᠡᠯ ᠢ | ᠵᠠᠯᠭᠠᠨ ᠣᠷᠣᠭᠤᠯᠬᠤ ᠠᠬᠢᠴᠠ ᠶᠢ ᠪᠦᠯᠦᠭ ᠤᠳᠠᠭ᠎ᠠ ᠬᠤᠪᠢᠶᠠᠨ ᠠᠬᠢᠭᠤᠯᠵᠤ᠂ ᠥᠪᠡᠰᠦᠪᠡᠨ ᠦᠢᠯᠡᠴᠢᠯᠡᠬᠦ | ᠦᠵᠦᠭᠦᠷ ᠤᠨ ᠣᠷᠣᠪᠠᠰᠤ ᠵᠠᠪᠠᠯ ᠣᠷᠣᠭᠤᠯᠬᠤ ᠶᠢ ᠪᠡᠶᠡᠯᠡᠭᠦᠯᠵᠦ᠂ ᠪᠦᠬᠦᠯᠢ ᠡᠳᠦᠷ ᠤᠨ᠂ ᠲᠠᠰᠤᠯᠳᠠᠯ ᠦᠭᠡᠢ᠂ ᠣᠯᠠᠨ | ᠴᠢᠳᠠᠮᠵᠢ ᠲᠠᠢ ︽24 ᠴᠠᠭ ᠲᠤ ᠡᠭᠦᠳᠡ ᠪᠠᠨ ᠬᠠᠭᠠᠬᠤ ᠦᠭᠡᠢ︾ ᠥᠪᠡᠰᠦᠪᠡᠨ ᠦᠢᠯᠡᠴᠢᠯᠡᠬᠦ ᠲᠠᠪᠴᠠᠩ ᠢ ᠪᠣᠶ | ᠪᠣᠯᠭᠠᠨ᠎ᠠ᠃ | ᠭᠤᠷᠪᠠ ᠳᠤ ︽ᠬᠠᠤᠯᠢ ᠪᠠᠷ ᠵᠠᠰᠠᠬᠤ ᠪᠠᠷ ᠠᠶᠠᠯᠠᠯ ᠬᠠᠮᠠᠭᠠᠯᠠᠬᠤ︾ ᠪᠠᠷ ᠪᠠᠲᠤᠯᠠᠭ᠎ᠠ ᠪᠣᠯᠭᠠᠵᠤ᠂ ᠴᠢᠨᠠᠷ | ᠰᠠᠶᠢᠲᠠᠢ ᠦᠢᠯᠡᠴᠢᠯᠡᠭᠡᠨ ᠤ ᠨᠠᠷᠠᠲᠤ ᠲᠥᠷᠥᠯ ᠲᠡᠮᠳᠡᠭᠲᠦ ᠶᠢ ᠪᠣᠶ ᠪᠣᠯᠭᠠᠨ᠎ᠠ᠃ ᠬᠠᠤᠯᠢ ᠪᠠᠷ ᠵᠠᠰᠠᠬᠤ ᠵᠠᠰᠠᠭ ᠤᠨ | ᠣᠷᠳᠣᠨ ᠤ ᠪᠠᠶᠢᠭᠤᠯᠤᠯᠲᠠ ᠶᠢ ᠴᠢᠩᠭᠠᠳᠬᠠᠵᠤ᠂ ᠡᠷᠬᠡ ᠶᠢᠨ ᠠᠵᠢᠯᠯᠠᠭᠠᠨ ᠤ ᠲᠣᠭᠲᠠᠴᠠ ᠶᠢ ᠪᠥᠬᠦ ᠲᠠᠯ᠎ᠠ ᠪᠠᠷ | ᠵᠢᠷᠤᠮᠵᠢᠭᠤᠯᠤᠨ᠂ ︽ᠬᠢᠬᠦ︾ ᠪᠠ ︽ᠥᠯᠥ ᠬᠢᠬᠦ︾ ᠶᠢᠨ ᠵᠠᠭᠠᠭ ᠬᠢᠵᠠᠭᠠᠷ ᠢ ᠲᠣᠳᠣᠷᠬᠠᠢ ᠪᠣᠯᠭᠠᠵᠤ᠂ ᠠᠵᠤ | ᠠᠬᠤᠶᠢᠯᠠᠯᠲᠠᠨ ᠢ ᠦᠨᠡᠨ ᠬᠦ ᠰᠠᠨᠠᠭ᠎ᠠ ᠠᠮᠤᠷ ᠠᠳᠠᠯ ᠦᠢᠯᠡᠰ ᠴᠣᠭᠴᠠᠯᠠᠵᠤ᠂ ᠰᠠᠨᠠᠭ᠎ᠠ ᠠᠮᠤᠷ ᠡᠵᠡᠩᠨᠡᠯᠲᠡ ᠬᠢᠵᠦ᠂ | ᠨᠢᠭᠡ ᠰᠡᠳᠬᠢᠯ ᠢᠶᠠᠷ ᠬᠥᠭᠵᠢᠭᠦᠯᠦᠨ᠎ᠡ᠃ ︽ᠠᠵᠤ ᠠᠬᠤᠶᠢᠯᠠᠯ ᠱᠦᠭᠯᠦ ᠦᠯᠢᠶᠡᠵᠦ᠂ ᠰᠠᠯᠠᠭ᠎ᠠ ᠮᠥᠴᠢᠷ ᠨᠡᠷ᠎ᠡ | ᠮᠡᠳᠡᠭᠦᠯᠬᠦ︾ ᠠᠵᠢᠯ ᠤᠨ ᠲᠣᠭᠲᠠᠴᠠ ᠶᠢ ᠲᠡᠭᠦᠯᠳᠡᠷᠵᠢᠭᠦᠯᠵᠦ᠂ ᠪᠥᠬᠦ ᠭᠤᠭᠴᠤᠭ᠎ᠠ ᠶᠢ ᠳᠠᠭᠠᠵᠤ᠂ ᠪᠥᠬᠦ ᠶᠠᠪᠤᠴᠠ ᠳᠤ | ᠦᠢᠯᠡᠴᠢᠯᠡᠨ᠂ ᠪᠥᠬᠦ ᠬᠦᠴᠦᠨ ᠵᠦᠢᠯ ᠢᠶᠠᠷ ᠠᠵᠤ ᠠᠬᠤᠶᠢᠯᠠᠯ ᠤᠨ ᠬᠥᠭᠵᠢᠯᠲᠡ ᠪᠠ ᠲᠥᠷᠥᠯ ᠵᠦᠢᠯ ᠤᠨ ᠪᠦᠲᠦᠭᠡᠨ | ᠪᠠᠶᠢᠭᠤᠯᠤᠯᠲᠠ ᠶᠢ ᠪᠠᠲᠤᠯᠠᠵᠤ᠂ ᠠᠵᠤ ᠠᠬᠤᠶᠢᠯᠠᠯ ᠢ ᠬᠠᠪᠰᠤᠷᠤᠨ ᠬᠥᠭᠵᠢᠯᠲᠡ ᠶᠢᠨ ᠳᠤᠮᠳᠠᠬᠢ ᠪᠣᠳᠠᠲᠠᠢ ᠬᠦᠴᠢᠷᠳᠡᠯ | ᠪᠠ ᠠᠰᠠᠭᠤᠳᠠᠯ ᠢ ᠰᠢᠢᠳᠪᠦᠷᠢᠯᠡᠵᠦ᠂ ︽ᠰᠠᠯᠠᠭ᠎ᠠ ᠮᠥᠴᠢᠷ ᠢᠶᠠᠷ ᠭᠤᠣᠯ ᠪᠣᠯᠭᠠᠬᠤ︾ ᠠᠴᠠ ︽ᠠᠵᠤ | ᠠᠬᠤᠶᠢᠯᠠᠯ ᠢᠶᠠᠷ ᠭᠤᠣᠯ ᠪᠣᠯᠭᠠᠬᠤ︾ ᠳᠠᠰᠢ ᠬᠤᠪᠢᠷᠠᠭᠤᠯᠵᠤ᠂ ᠰᠠᠨᠠᠭᠠᠴᠢᠯᠠᠭᠠᠲᠤ ᠪᠤᠰᠤ ᠦᠢᠯᠡᠴᠢᠯᠡᠭᠡ ᠶᠢ | ᠰᠠᠨᠠᠭᠠᠴᠢᠯᠠᠭᠠᠲᠤ ᠦᠢᠯᠡᠴᠢᠯᠡᠭᠡ ᠪᠣᠯᠭᠠᠨ ᠬᠤᠪᠢᠷᠠᠭᠤᠯᠵᠤ᠂ ︽ᠦᠢᠯᠡᠴᠢᠯᠡᠭᠡᠨ ᠤ ᠵᠢᠭᠠᠯᠲᠠ ᠲᠤᠭ᠎ᠠ︾ ᠪᠠᠷ ᠠᠵᠤ | ᠠᠬᠤᠶᠢᠯᠠᠯ ᠤᠨ ︽ᠬᠠᠨᠤᠮᠵᠢᠲᠠᠶ ᠵᠢᠭᠠᠯᠲᠠ ᠲᠤᠭ᠎ᠠ︾ ᠶᠢ ᠣᠯᠬᠤ ᠬᠡᠷᠡᠭᠲᠡᠢ᠃ ︽ᠬᠤᠶᠠᠷ ᠢ ᠲᠣᠬᠢᠶᠠᠯᠳᠤᠯ ᠢᠶᠠᠷ ᠬᠢᠬᠦ᠂ | ᠨᠢᠭᠡ ᠶᠢ ᠢᠯᠡ ᠪᠣᠯᠭᠠᠬᠤ︾ ᠠᠵᠢᠯ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠰᠣᠩᠭᠤᠨ ᠪᠠᠶᠢᠴᠠᠭᠠᠵᠤ | ᠪᠠᠶᠢᠴᠠᠭᠠᠬᠤ ᠳᠠᠪᠲᠠᠮᠵᠢ ᠶᠢ ᠵᠦᠢ ᠵᠣᠬᠢᠰᠲᠠᠢ ᠲᠤᠭᠲᠠᠭᠠᠨ᠂ ᠵᠠᠰᠠᠭ ᠤᠨ ᠣᠷᠳᠣᠨ ᠤ ᠰᠠᠯᠠᠭ᠎ᠠ ᠮᠥᠴᠢᠷ ᠤᠨ ᠵᠠᠬ᠎ᠠ | ᠳᠡᠯᠭᠡᠭᠦᠷ ᠤᠨ ᠪᠡᠶᠡᠴᠢ ᠴᠣᠭᠴᠠ ᠳᠤ ᠰᠢᠭᠤᠳ ᠭᠠᠷ ᠲᠦᠷᠦᠭᠦ ᠶᠢ ᠪᠠᠭᠠᠰᠬᠠᠨ᠂ ᠤᠯᠠᠨ ᠲᠠᠯ᠎ᠠ ᠠᠴᠠ ᠪᠠᠶᠢᠴᠠᠭᠠᠬᠤ᠂ | ᠳᠠᠪᠬᠤᠷᠳᠠᠭᠤᠯᠤᠨ ᠪᠠᠶᠢᠴᠠᠭᠠᠬᠤ᠂ ᠳᠤᠷ᠎ᠠ ᠪᠠᠷ ᠢᠶᠠᠨ ᠪᠠᠶᠢᠴᠠᠭᠠᠬᠤ ᠶᠢ ᠦᠨᠡᠨ ᠬᠦ ᠰᠡᠷᠭᠡᠶᠢᠯᠡᠵᠦ᠂ ᠬᠠᠤᠯᠢ ᠶᠢ | ᠰᠠᠬᠢᠭᠰᠠᠳ ᠲᠤ ᠤᠴᠢᠷ ᠶᠠᠪᠤᠳᠠᠯ ᠦᠭᠡᠢ ᠪᠣᠯ ᠬᠠᠷᠰᠢᠯᠠᠬᠤ ᠦᠭᠡᠢ᠂ ᠬᠠᠤᠯᠢ ᠶᠢ ᠵᠥᠷᠢᠴᠡᠭᠰᠡᠳ ᠲᠤ ᠬᠤᠷᠴᠠ | ᠰᠡᠯᠡᠮ᠎ᠡ ᠪᠠᠷ ᠬᠠᠨᠳᠤᠬᠤ ᠶᠢ ᠪᠡᠶᠡᠯᠡᠭᠦᠯᠦᠨ᠎ᠡ᠃ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠦᠶᠯᠡ ᠠᠵᠢᠯᠯᠠᠭ᠎ᠠ ᠶᠢ | ᠴᠢᠩᠭ᠎ᠠ ᠵᠢᠷᠤᠮᠵᠢᠭᠤᠯᠵᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ︽ᠭᠤᠷᠪᠠᠨ ᠵᠦᠢᠯ ᠤᠨ ᠳᠦᠷᠢᠮ︾ ᠢ ᠪᠥᠬᠦ | ᠲᠠᠯ᠎ᠠ ᠪᠠᠷ ᠨᠠᠶᠢᠳᠠᠪᠤᠷᠢᠵᠢᠭᠤᠯᠤᠨ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢ ᠢᠯᠡ ᠨᠡᠶᠢᠲᠡᠯᠡᠬᠦ᠂ ᠬᠠᠤᠯᠢ | ᠬᠡᠷᠡᠭᠵᠢᠭᠦᠯᠬᠦ ᠪᠥᠬᠦ ᠶᠠᠪᠤᠴᠠ ᠶᠢ ᠲᠡᠮᠳᠡᠭᠯᠡᠬᠦ ᠪᠠ ᠴᠢᠬᠤᠯᠠ ᠶᠡᠭᠡ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ | ᠲᠣᠭᠲᠠᠭᠠᠯ ᠤᠨ ᠬᠠᠤᠯᠢ ᠳᠦᠷᠢᠮ ᠤᠨ ᠬᠢᠨᠠᠨ ᠬᠠᠷᠭᠤᠭᠤᠯᠬᠤ ᠠᠭᠤᠯᠭ᠎ᠠ᠂ ᠬᠦᠷᠢᠶ᠎ᠡ ᠬᠡᠪᠴᠢᠶ᠎ᠡ᠂ ᠲᠠᠰ ᠳᠠᠷᠠᠭᠠᠯᠠᠯ᠂ | ᠠᠷᠭ᠎ᠠ ᠮᠠᠶ᠋ᠢᠭ ᠢ ᠤᠯᠠᠮ ᠨᠢᠭᠡ ᠠᠯᠬᠤᠮ ᠨᠠᠷᠢᠯᠢᠭᠵᠢᠭᠤᠯᠵᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠳᠤ | ᠬᠢᠨᠠᠯᠲᠠ ᠲᠠᠯᠪᠢᠬᠤ ᠶᠢ ᠦᠨᠡᠨᠬᠦ ᠴᠢᠩᠭᠠᠷᠠᠭᠤᠯᠤᠨ᠂ ᠬᠠᠤᠯᠢ ᠬᠡᠷᠡᠭᠵᠢᠭᠦᠯᠬᠦ ᠬᠢᠷᠢ ᠬᠡᠮᠵᠢᠶ᠎ᠡ ᠶᠢ ᠲᠠᠰᠤᠷᠠᠯᠲᠠ ᠦᠭᠡᠢ | ᠳᠡᠭᠡᠭᠰᠢᠯᠡᠭᠦᠯᠦᠨ᠎ᠡ᠃ |