ᠬᠠᠶᠢᠨᠠᠨ ᠲᠣᠭᠤᠷᠢᠭ ᠤᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠤᠭᠤᠳᠬᠤ ᠭᠠᠵᠠᠷ ᠰᠣᠨᠢᠨ ᠮᠡᠳᠡᠭᠡ ᠨᠡᠶᠢᠲᠡᠯᠡᠬᠦ ᠬᠤᠷᠠᠯ ᠬᠢᠪᠡ
ᠨᠡᠶᠢᠲᠡᠯᠡᠭᠰᠡᠨ ᠴᠠᠭ᠄
2022/4/14
      4 ᠳ᠋ᠣᠭᠡᠷ ᠰᠠᠷ᠎ᠠ ᠶᠢᠨ 13 ᠤ ᠡᠳᠦᠷ᠂ ᠬᠠᠶᠢᠨᠠᠨ ᠲᠣᠭᠤᠷᠢᠭ ᠤᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠤᠭᠤᠳᠬᠤ ᠭᠠᠵᠠᠷ ᠰᠣᠨᠢᠨ ᠮᠡᠳᠡᠭᠡ ᠨᠡᠶᠢᠲᠡᠯᠡᠬᠦ ᠬᠤᠷᠠᠯ ᠬᠢᠵᠦ᠂ ᠬᠠᠶᠢᠨᠠᠨ ᠲᠣᠭᠤᠷᠢᠭ ᠤᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠡᠷᠦᠩᠬᠡᠢ ᠪᠠᠶᠢᠳᠠᠯ ᠵᠢᠴᠢ ᠲᠠᠷᠠᠭᠠᠴᠢ ᠶᠢᠨ ᠠᠯᠬᠤᠮ ᠤᠨ ᠠᠵᠢᠯ ᠤᠨ ᠠᠷᠭ᠎ᠠ ᠬᠡᠮᠵᠢᠶ᠎ᠡ ᠶᠢ ᠵᠠᠷᠯᠠᠨ ᠮᠡᠳᠡᠭᠳᠡᠪᠡ᠃      ᠰᠤᠷᠪᠤᠯᠵᠢᠯᠠᠭᠴᠢ ᠰᠣᠨᠢᠨ ᠮᠡᠳᠡᠭᠡ ᠨᠡᠶᠢᠲᠡᠯᠡᠬᠦ ᠬᠤᠷᠠᠯ ᠠᠴᠠ ᠣᠶᠢᠯᠠᠭᠠᠭᠰᠠᠨ ᠢᠶᠠᠷ᠂ 4 ᠳ᠋ᠣᠭᠡᠷ ᠰᠠᠷ᠎ᠠ ᠶᠢᠨ 12 ᠤᠨ ᠡᠳᠦᠷ ᠠᠯᠠᠱᠠ ᠵᠡᠭᠦᠨ ᠬᠤᠰᠢᠭᠤᠨ ᠤ ᠤᠰᠤᠲᠠᠢ ᠪᠠᠯᠭᠠᠰᠤᠨ ᠤ 10 ᠬᠥᠮᠥᠨ ᠤ ᠪᠥᠭᠡᠮ ᠬᠦᠴᠢᠯ ᠤᠨ ᠬᠤᠯᠢᠮᠠᠭ ᠪᠠᠶᠢᠴᠠᠭᠠᠯᠲᠠ ᠳᠤ ᠠᠷᠭ᠎ᠠ ᠴᠢᠨᠠᠷᠲᠠᠢ ᠥᠯᠢᠭᠡᠷ ᠡᠳ᠋ ᠢ ᠢᠯᠡᠷᠡᠭᠦᠯᠪᠡ᠂ ᠡᠭᠦᠨ ᠤ ᠳᠣᠲᠣᠷᠠᠬᠢ 2 ᠬᠥᠮᠥᠨ  ᠨᠢ ᠣᠳᠣᠬᠠᠨ ᠳᠤ ᠦᠬᠠᠢ ᠬᠤᠲᠠ ᠶᠢᠨ ᠬᠠᠶᠢᠨᠠᠨ ᠲᠣᠭᠤᠷᠢᠭ ᠤᠨ ᠬᠢᠯᠢ ᠳᠤ ᠪᠠᠶᠢᠨ᠎ᠠ᠃ ᠬᠠᠶᠢᠨᠠᠨ ᠲᠣᠭᠤᠷᠢᠭ ᠤᠨ  ᠬᠢᠨ ᠬᠠᠮᠤᠭ ᠤᠨ ᠲᠦᠷᠦᠭᠦᠨ ᠳᠤ ᠬᠤᠯᠪᠣᠭᠳᠠᠯ ᠪᠦᠬᠦᠢ ᠬᠥᠮᠥᠰ ᠢ ᠬᠠᠮᠢᠶᠠᠷᠤᠨ ᠡᠵᠡᠮᠳᠡᠵᠦ᠂ ᠪᠥᠭᠡᠮ ᠬᠦᠴᠢᠯ ᠤᠨ ᠪᠠᠶᠢᠴᠠᠭᠠᠯᠲᠠ ᠬᠢᠵᠦ᠂ ᠬᠠᠶᠢᠨᠠᠨ ᠲᠣᠭᠤᠷᠢᠭ ᠤᠨ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠥᠪ᠂ ᠬᠠᠶᠢᠨᠠᠨ ᠲᠣᠭᠤᠷᠢᠭ ᠤᠨ ᠠᠷᠠᠳ ᠤᠨ ᠡᠮᠨᠡᠯᠭᠡ ᠶᠢᠨ ᠬᠤᠷᠢᠶᠠᠨ ᠤ ᠠᠩᠬᠠᠨ ᠤ ᠰᠢᠯᠢᠯᠲᠡ ᠪᠠᠷ ᠳᠡᠮᠵᠢᠨ᠂ ᠡᠭᠦᠨ ᠳᠤ ᠨᠢᠭᠡ ᠬᠥᠮᠥᠨ ᠨᠢ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠪᠥᠭᠡᠮ ᠬᠦᠴᠢᠯ ᠠᠷᠭ᠎ᠠ ᠴᠢᠨᠠᠷᠲᠠᠢ ᠪᠠᠶᠢᠵᠤ᠂ ᠬᠤᠲᠠ  ᠶᠢᠨ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠥᠪ ᠠᠴᠠ ᠳᠠᠬᠢᠨ ᠬᠢᠨᠠᠵᠤ᠂ ᠲᠤᠰᠬᠠᠢ ᠮᠡᠷᠭᠡᠵᠢᠯᠲᠡᠨ ᠤ ᠳᠤᠭᠤᠶᠢᠯᠠᠩ ᠠᠴᠠ ᠬᠠᠮᠲᠤᠷᠠᠨ ᠣᠨᠣᠰᠢᠯᠠᠵᠤ ᠰᠤᠳᠤᠯᠤᠨ ᠮᠠᠭᠠᠳᠯᠠᠭᠠᠳ᠂ 4 ᠳ᠋ᠣᠭᠡᠷ ᠰᠠᠷ᠎ᠠ ᠶᠢᠨ 13 ᠤ ᠣᠷᠣᠢ ᠰᠢᠨ᠎ᠡ  ᠲᠢᠳᠢᠮᠯᠢᠭ ᠠᠭᠤᠰᠬᠢᠨ ᠦᠷᠪᠢᠰᠦᠯ ᠤᠨ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠰᠠᠳ ᠭᠡᠵᠦ ᠲᠤᠳᠤᠯᠠᠵᠠᠢ᠃ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠰᠠᠳ ᠦ᠋ ᠣᠪᠣᠭᠲᠤ 4 ᠳ᠋ᠣᠭᠡᠷ ᠰᠠᠷ᠎ᠠ ᠶᠢᠨ 3 ᠤ ᠡᠳᠦᠷ ᠦᠬᠠᠢ ᠬᠤᠲᠠ ᠶᠢᠨ ᠬᠠᠶᠢᠨᠠᠨ ᠲᠣᠭᠤᠷᠢᠭ ᠤᠨ ᠪᠠᠶᠠᠨᠲᠤᠬᠤᠢ ᠪᠠᠯᠭᠠᠰᠤᠨ ᠤ ᠦᠬᠠᠢ ᠬᠤᠲᠠ ᠶᠢᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠣᠷᠣᠨ ᠤ ᠬᠤᠸᠠ ᠾᠧᠩ ᠲᠥᠷᠥᠯ ᠵᠦᠢᠯ ᠤᠨ ᠲᠤᠬᠠᠢ  ᠶᠢᠨ ᠲᠠᠯᠠᠪᠠᠢ ᠳᠤ ᠬᠦᠷᠴᠦ ᠪᠠᠷᠠᠭ᠎ᠠ ᠪᠠᠨ ᠪᠠᠭᠤᠯᠭᠠᠵᠤ᠂ 4 ᠳ᠋ᠣᠭᠡᠷ ᠰᠠᠷ᠎ᠠ ᠶᠢᠨ 4 ᠤ ᠡᠳᠦᠷ ᠤᠨ 11 ᠴᠠᠭ ᠤᠨ ᠦᠶ᠎ᠡ ᠪᠠᠷ ᠬᠤᠸᠠ ᠾᠧᠩ ᠦᠢᠯᠡᠳᠪᠦᠷᠢ ᠶᠢᠨ ᠲᠣᠭᠤᠷᠢᠭ ᠠᠴᠠ ᠰᠠᠯᠵᠤ ᠭᠠᠳᠠᠷ ᠮᠤᠵᠢ ᠬᠤᠲᠠ ᠳᠤ ᠬᠦᠷᠴᠡᠢ᠃ 4 ᠳ᠋ᠣᠭᠡᠷ ᠰᠠᠷ᠎ᠠ ᠶᠢᠨ 7 ᠤ ᠡᠳᠦᠷ ᠤᠨ 17᠄ 13 ᠳᠤ ᠵᠢᠶᠠᠩᠰᠤ ᠶᠢᠨ ᠦᠨᠳᠦᠷ ᠬᠤᠷᠳᠤᠴᠠᠲᠤ ᠵᠠᠰᠠᠮᠠᠯ ᠵᠠᠮ ᠤᠨ  ᠪᠤᠭᠤᠮᠲᠠ ᠶᠢᠨ ᠴᠡᠭ ᠤᠨ ᠪᠥᠭᠡᠮ ᠬᠦᠴᠢᠯ ᠤᠨ ᠪᠠᠶᠢᠴᠠᠭᠠᠯᠲᠠ ᠪᠢᠯᠢᠭ ᠴᠢᠨᠠᠷᠲᠠᠢ᠂ 4 ᠳ᠋ᠣᠭᠡᠷ ᠰᠠᠷ᠎ᠠ ᠶᠢᠨ 8 ᠤ ᠡᠳᠦᠷ ᠤᠨ 10᠄ 41 ᠳᠤ ᠵᠢᠶᠠᠩᠰᠤ ᠶᠢᠨ ᠪᠥᠭᠡᠮ ᠬᠦᠴᠢᠯ ᠤᠨ ᠪᠠᠶᠢᠴᠠᠭᠠᠯᠲᠠ ᠪᠢᠯᠢᠭ ᠴᠢᠨᠠᠷᠲᠠᠢ᠂ 4 ᠳ᠋ᠣᠭᠡᠷ ᠰᠠᠷ᠎ᠠ ᠶᠢᠨ 12 ᠤᠨ ᠡᠳᠦᠷ ᠤᠨ 8᠄ 44 ᠳᠤ ᠱᠠᠨᠰᠢ ᠶᠢᠨ ᠵᠢᠩᠪᠢᠶᠠᠨ ᠰᠢᠶᠠᠨ ᠤ ᠪᠥᠭᠡᠮ ᠬᠦᠴᠢᠯ ᠤᠨ ᠪᠠᠶᠢᠴᠠᠭᠠᠯᠲᠠ ᠪᠢᠯᠢᠭ ᠴᠢᠨᠠᠷᠲᠠᠢ᠃ 4 ᠳ᠋ᠣᠭᠡᠷ ᠰᠠᠷ᠎ᠠ ᠶᠢᠨ 12 ᠤᠨ ᠡᠳᠦᠷ ᠤᠨ 20:00 ᠤᠨ ᠦᠶ᠎ᠡ ᠪᠠᠷ ᠲᠡᠷᠭᠡ ᠵᠢᠯᠣᠭᠤᠳᠤᠨ ᠣᠰᠣᠲᠠᠢ ᠠᠴᠠ ᠦᠬᠠᠢ ᠬᠤᠳᠠ ᠶᠢᠨ ᠤᠳᠠ ᠲᠣᠭᠤᠷᠢᠭ ᠲᠤ ᠣᠷᠣᠵᠤ᠂ 21:00 ᠤᠨ ᠦᠶ᠎ᠡ ᠪᠠᠷ ᠤᠳᠠ ᠠᠴᠠ ᠬᠠᠶᠢᠨᠠᠨ ᠤ ᠬᠤᠳᠠ ᠶᠢᠨ ᠬᠤᠭᠤᠷᠣᠨᠳᠣᠬᠢ ᠲᠦᠷᠭᠡᠨ ᠨᠡᠪᠲᠡᠷᠡᠬᠦ ᠵᠠᠮ ᠢᠶᠠᠷ ᠬᠠᠶᠢᠨᠠᠨ ᠲᠣᠭᠤᠷᠢᠭ ᠤᠨ ᠬᠢᠯᠢ ᠳᠤ ᠣᠷᠣᠪᠠ᠃ 4 ᠳ᠋ᠣᠭᠡᠷ ᠰᠠᠷ᠎ᠠ ᠶᠢᠨ 13 ᠤ ᠡᠳᠦᠷ᠂ ᠬᠠᠶᠢᠨᠠᠨ ᠲᠣᠭᠤᠷᠢᠭ ᠤᠨ ᠬᠢᠨ ᠤᠳᠠ ᠲᠣᠭᠤᠷᠢᠭ ᠤᠨ ᠡᠪᠡᠳᠴᠢᠨ ᠡᠮᠭᠡᠭ  ᠢ ᠰᠡᠷᠭᠡᠶᠢᠯᠡᠨ ᠬᠢᠵᠠᠭᠠᠷᠯᠠᠬᠤ ᠲᠥᠪ ᠠᠴᠠ ᠰᠢᠯᠵᠢᠭᠦᠯᠦᠨ ᠢᠷᠡᠭᠦᠯᠦᠭᠰᠡᠨ ᠠᠯᠠᠱᠠ ᠣᠷᠣᠨ ᠤ ᠬᠠᠮᠵᠢᠯᠴᠠᠨ ᠪᠠᠶᠢᠴᠠᠭᠠᠬᠤ ᠵᠠᠬᠢᠳᠠᠯ ᠢ ᠲᠤᠰᠴᠤ᠂ ᠲᠡᠭᠦᠨ ᠢ ᠠᠩᠬ᠎ᠠ ᠠᠯᠬᠤᠮ ᠰᠢᠯᠭᠠᠨ ᠪᠠᠶᠢᠴᠠᠭᠠᠭᠠᠳ ᠠᠷᠭ᠎ᠠ ᠴᠢᠨᠠᠷᠲᠠᠢ ᠪᠣᠯᠤᠭᠰᠠᠨ ᠤ ᠳᠠᠷᠠᠭ᠎ᠠ ᠦᠬᠠᠢ ᠬᠤᠲᠠ ᠶᠢᠨ ᠬᠠᠯᠳᠠᠪᠤᠷᠢᠲᠤ ᠡᠪᠡᠳᠴᠢᠨ ᠤ ᠡᠮᠨᠡᠯᠭᠡ ᠶᠢᠨ ᠬᠤᠷᠢᠶ᠎ᠠ ᠳᠤ ᠰᠢᠯᠵᠢᠭᠦᠯᠪᠡ᠃ ᠬᠠᠶᠢᠨᠠᠨ ᠲᠣᠭᠤᠷᠢᠭ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠤᠭᠤᠳᠬᠤ ᠭᠠᠵᠠᠷ ᠪᠠᠴᠢᠮ ᠪᠠᠶᠢᠳᠠᠯ ᠢ ᠠᠷᠭᠠᠴᠠᠭᠠᠬᠤ ᠲᠣᠭᠲᠠᠴᠠ  ᠶᠢ ᠳᠠᠷᠤᠶᠢᠬᠠᠨ ᠡᠬᠢᠯᠡᠭᠦᠯᠵᠦ᠂ ᠬᠠᠶᠢᠨᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ Ⅳ ᠳᠡᠰ ᠤᠨ ᠪᠠᠴᠢᠮ ᠪᠠᠶᠢᠳᠠᠯ ᠢ ᠠᠷᠭᠠᠴᠠᠭᠠᠬᠤ ᠲᠥᠰᠥᠯ ᠢ ᠵᠡᠷᠭᠡᠪᠡᠷ ᠡᠬᠢᠯᠡᠭᠦᠯᠵᠦ᠂ ᠬᠢᠵᠢᠭ ᠤᠨ ᠪᠠᠶᠢᠳᠠᠯ ᠢ ᠰᠤᠳᠤᠯᠤᠨ ᠮᠠᠭᠠᠳᠯᠠᠬᠤ᠂ ᠰᠢᠯᠵᠢᠭᠦᠯᠦᠨ ᠲᠣᠬᠢᠷᠠᠭᠤᠯᠬᠤ᠂ ᠭᠤᠣᠯᠳᠠᠯᠭ᠎ᠠ  ᠲᠠᠢ ᠬᠥᠮᠥᠰ ᠢ ᠵᠢᠭᠰᠠᠭᠠᠨ ᠪᠠᠶᠢᠴᠠᠭᠠᠬᠤ ᠵᠡᠷᠭᠡ ᠠᠷᠭ᠎ᠠ ᠬᠡᠮᠵᠢᠶ᠎ᠡ ᠶᠢ ᠪᠦᠬᠦ ᠲᠠᠯ᠎ᠠ  ᠪᠠᠷ ᠥᠷᠨᠢᠭᠦᠯᠵᠦ᠂ ᠪᠠᠴᠢᠮ ᠪᠠᠶᠢᠳᠠᠯ ᠢ ᠠᠷᠭᠠᠴᠠᠭᠠᠬᠤ ᠵᠢᠯᠤᠭᠤᠳᠬᠤ ᠰᠢᠰᠲ᠋ᠧᠮᠵᠢ ᠶᠢ ᠦᠳᠲᠡᠷ ᠲᠦᠷᠭᠡᠨ ᠡᠬᠢᠯᠡᠭᠦᠯᠵᠦ᠂ ᠤᠷᠤᠰᠬᠠᠯ ᠬᠥᠭ ᠤᠨ ᠡᠬᠢ ᠶᠢ ᠡᠷᠢᠬᠦ᠂ ᠪᠥᠭᠡᠮ ᠬᠦᠴᠢᠯ ᠢ ᠪᠠᠶᠢᠴᠠᠭᠠᠨ ᠬᠡᠮᠵᠢᠬᠦ ᠪᠠ ᠰᠢᠯᠵᠢᠭᠦᠯᠦᠨ ᠲᠡᠭᠡᠭᠡᠪᠦᠷᠢᠯᠡᠬᠦ ᠶᠢ ᠲᠤᠰᠠᠭᠠᠷᠯᠠᠬᠤ ᠶᠢ ᠥᠷᠨᠢᠭᠦᠯᠦᠨ᠂ ᠡᠯ᠎ᠡ ᠵᠦᠢᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠪᠥᠬᠦ ᠬᠦᠴᠦᠨ ᠢᠶᠠᠷ ᠢᠶᠠᠨ ᠥᠷᠨᠢᠭᠦᠯᠵᠦ᠂ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠰᠠᠳ ᠪᠠ ᠨᠢᠭᠲᠠ ᠣᠶᠢᠷᠠᠲᠤᠭᠰᠠᠳ ᠤᠨ ᠠᠵᠢᠯᠯᠠᠭ᠎ᠠ ᠶᠢᠨ ᠵᠠᠮ ᠮᠥᠷ ᠲᠤ ᠵᠠᠮ ᠮᠥᠷ ᠢᠶᠠᠷ ᠥᠭᠰᠥᠨ ᠮᠥᠷᠳᠡᠵᠦ᠂ ᠴᠠᠭᠳᠠᠭᠠᠨ ᠤ ᠬᠦᠴᠦᠨ ᠢ ᠵᠣᠬᠢᠶᠠᠨ ᠪᠠᠶᠢᠭᠤᠯᠤᠨ ᠡᠷᠡᠭᠦᠯ ᠬᠠᠮᠠᠭᠠᠯᠠᠯ ᠡᠷᠡᠬᠦᠯ ᠮᠡᠨᠳᠦ ᠶᠢᠨ ᠵᠦᠪᠯᠡᠯ᠂ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠰᠠᠯᠠᠭ᠎ᠠ ᠮᠥᠴᠢᠷ ᠲᠠᠢ ᠬᠠᠮᠲᠤᠷᠠᠨ ᠤᠷᠤᠰᠬᠠᠯ ᠬᠥᠭ ᠤᠨ ᠡᠬᠢ ᠶᠢ ᠡᠷᠢᠬᠦ ᠠᠵᠢᠯ ᠢ ᠥᠷᠨᠢᠭᠦᠯᠵᠦ᠂ ᠬᠠᠮᠢᠶ᠎ᠠ ᠪᠦᠬᠦᠢ ᠬᠥᠮᠥᠰ ᠤᠨ ᠪᠠᠶᠢᠭ᠎ᠠ ᠣᠷᠣᠨ ᠪᠦᠰᠡ ᠶᠢ ᠪᠢᠲᠡᠭᠦᠮᠵᠢᠯᠡᠨ ᠡᠵᠡᠮᠳᠡᠵᠦ ᠬᠠᠮᠢᠶᠠᠷᠤᠨ ᠡᠵᠡᠮᠳᠡᠪᠡ᠃ ᠡᠭᠦᠨ ᠤ ᠬᠠᠮᠲᠤ ᠬᠠᠶᠢᠨᠠᠨ ᠲᠣᠭᠤᠷᠢᠭ ᠲᠤ 4 ᠵᠠᠮ ᠬᠠᠷᠢᠯᠴᠠᠭᠠᠨ ᠤ ᠪᠠᠶᠢᠴᠠᠭᠠᠨ ᠰᠢᠯᠭᠠᠬᠤ ᠴᠡᠭ ᠭᠠᠷᠭᠠᠵᠤ᠂ ᠪᠣᠭᠤᠮᠲᠠ ᠶᠢᠨ ᠠᠮᠠᠰᠠᠷ ᠤᠨ ᠪᠠᠶᠢᠴᠠᠭᠠᠨ ᠡᠵᠡᠮᠳᠡᠬᠦ ᠶᠢ ᠴᠢᠩᠭᠠᠳᠬᠠᠨ᠂ ᠪᠤᠴᠠᠵᠤ ᠢᠷᠡᠬᠦ ᠬᠥᠮᠥᠨ᠂ ᠲᠡᠷᠭᠡ ᠬᠥᠰᠬᠡ ᠡᠷᠬᠡᠪᠰᠢ 48 ᠴᠠᠭ ᠤᠨ ᠳᠣᠲᠣᠷᠠᠬᠢ ᠪᠥᠭᠡᠮ ᠬᠦᠴᠢᠯ ᠤᠨ ᠪᠢᠯᠢᠭ ᠴᠢᠨᠠᠷ ᠤᠨ ᠭᠡᠷᠡᠴᠢ ᠬᠠᠩᠭᠠᠪᠠᠯ ᠰᠠᠶ᠋ᠢ ᠬᠡᠪ ᠤᠨ ᠪᠠᠶᠢᠳᠠᠯ ᠢᠶᠠᠷ ᠨᠡᠪᠲᠡᠷᠡᠵᠦ ᠪᠣᠯᠣᠨ᠎ᠠ᠂ ᠬᠠᠶᠢᠨᠠᠨ ᠲᠣᠭᠤᠷᠢᠭ ᠲᠤ ᠣᠷᠣᠭᠰᠠᠨ ᠤ ᠳᠠᠷᠠᠭ᠎ᠠ 24 ᠴᠠᠭ ᠤᠨ ᠳᠣᠲᠣᠷ᠎ᠠ ᠳᠠᠬᠢᠨ ᠨᠢᠭᠡ ᠤᠳᠠᠭ᠎ᠠ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠬᠢᠬᠦ ᠬᠡᠷᠡᠭᠲᠡᠢ᠃       ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠤᠯᠠᠮ ᠴᠢᠨᠠᠭᠰᠢᠳᠠ ᠰᠠᠶᠢᠲᠤᠷ ᠬᠢᠬᠦ ᠶᠢᠨ ᠲᠥᠯᠥᠭᠡ᠂ ᠬᠠᠶᠢᠨᠠᠨ ᠲᠣᠭᠤᠷᠢᠭ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠣᠳᠣᠬᠠᠨ ᠤ ᠲᠡᠷᠢᠭᠦᠨ ᠴᠢᠬᠤᠯᠠ ᠶᠠᠪᠤᠳᠠᠯ ᠪᠣᠯᠭᠠᠵᠤ᠂ ᠪᠦᠬᠦ ᠬᠦᠴᠦᠨ ᠢᠶᠠᠷ ᠢᠶᠠᠨ ᠴᠠᠭ ᠢ ᠠᠮᠵᠢᠵᠤ᠂ ᠬᠤᠷᠳᠤᠴᠠ ᠶᠢ ᠠᠮᠵᠢᠵᠤ᠂ ᠨᠠᠶᠢᠳᠠᠪᠤᠷᠢᠵᠢᠭᠤᠯᠬᠤ ᠪᠠᠷ ᠴᠢᠷᠮᠠᠶᠢᠨ᠎ᠠ᠃ ᠨᠢᠭᠲᠠ ᠣᠶᠢᠷᠠᠲᠤᠭᠰᠠᠳ ᠪᠠ ᠳᠡᠳ᠋ ᠨᠢᠭᠲᠠ ᠣᠶᠢᠷᠠᠲᠤᠭᠰᠠᠳ ᠤᠨ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠶᠢ ᠪᠥᠬᠦ ᠲᠠᠯ᠎ᠠ ᠪᠠᠷ ᠥᠷᠨᠢᠭᠦᠯᠵᠦ᠂ ᠭᠤᠣᠯᠳᠠᠯᠭ᠎ᠠ ᠲᠠᠢ ᠬᠥᠮᠥᠰ ᠤᠨ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠶᠢ ᠴᠢᠩᠭᠠᠳᠬᠠᠨ᠂ ᠪᠠᠶᠢᠴᠠᠭᠠᠬᠤ ᠶᠣᠰᠣᠲᠠᠢ ᠶᠢ ᠨᠢ ᠪᠦᠬᠦᠨ ᠢ ᠪᠠᠶᠢᠴᠠᠭᠠᠬᠤ ᠶᠢ ᠪᠠᠲᠤᠯᠠᠬᠤ ᠶᠢᠨ ᠬᠠᠮᠲᠤ ᠪᠥᠬᠦ  ᠬᠦᠮᠦᠰ ᠤᠨ ᠪᠥᠭᠡᠮ ᠬᠦᠴᠢᠯ ᠤᠨ ᠪᠠᠶᠢᠴᠠᠭᠠᠯᠲᠠ ᠶᠢᠨ ᠪᠡᠯᠡᠳᠬᠡᠯ ᠢ ᠰᠠᠶᠢᠲᠤᠷ ᠬᠢᠬᠦ ᠬᠡᠷᠡᠭᠲᠡᠢ᠃ ᠳᠠᠮᠵᠢᠭᠤᠯᠤᠨ ᠲᠡᠭᠡᠭᠡᠪᠦᠷᠢᠯᠡᠵᠦ ᠲᠤᠰᠠᠭᠠᠷᠯᠠᠬᠤ ᠬᠤᠷᠳᠤᠴᠠ ᠶᠢ ᠲᠦᠷᠭᠡᠳᠬᠡᠵᠦ᠂ ᠨᠢᠭᠲᠠ ᠣᠶᠢᠷᠠᠲᠤᠭᠰᠠᠳ ᠪᠠ ᠳᠡᠳ᠋ ᠨᠢᠭᠲᠠ ᠣᠶᠢᠷᠠᠲᠤᠭᠰᠠᠳ ᠢ ᠪᠦᠬᠦᠨ ᠢ ᠳᠠᠮᠵᠢᠭᠤᠯᠤᠨ ᠲᠡᠭᠡᠭᠡᠪᠦᠷᠢᠯᠡᠵᠦ ᠲᠤᠰᠠᠭᠠᠷᠯᠠᠬᠤ ᠶᠢ ᠪᠣᠳᠠᠲᠠᠶᠢᠵᠢᠭᠤᠯᠬᠤ ᠶᠢ ᠦᠨᠡᠨᠬᠦ ᠪᠠᠲᠤᠯᠠᠵᠤ᠂ ᠲᠤᠰᠭᠠᠷᠯᠠᠪᠠᠯ ᠵᠣᠬᠢᠬᠤ ᠶᠢ ᠨᠢ ᠪᠦᠬᠦᠨ ᠢ ᠲᠤᠰᠭᠠᠷᠯᠠᠨ᠎ᠠ᠃ ᠡᠯ᠎ᠡ ᠲᠤᠰᠠᠭᠠᠷᠯᠠᠬᠤ ᠴᠡᠭ ᠨᠢ ᠪᠠᠴᠢᠮ ᠪᠠᠶᠢᠳᠠᠯ ᠢ  ᠠᠷᠭᠠᠴᠠᠭᠠᠬᠤ ᠪᠡᠯᠡᠳᠬᠡᠯ ᠢ ᠪᠥᠬᠦ ᠲᠠᠯ᠎ᠠ ᠪᠠᠷ ᠰᠠᠶᠢᠲᠤᠷ ᠬᠢᠵᠦ᠂ ︽ᠭᠤᠷᠪᠠᠨ ᠣᠷᠣᠨ ᠬᠤᠶᠠᠷ ᠨᠡᠪᠲᠡᠷᠡᠬᠦ ᠵᠠᠮ︾ ᠤᠨ ᠪᠠᠷᠢᠮᠵᠢᠶ᠎ᠠ ᠶᠢ ᠴᠢᠩᠭ᠎ᠠ ᠵᠢᠷᠤᠮᠯᠠᠨ ᠪᠠᠶᠢᠷᠢᠯᠠᠭᠤᠯᠵᠤ᠂ ᠲᠤᠰᠠᠭᠠᠷᠯᠠᠬᠤ ᠴᠢᠭ᠋ ᠤᠨ ᠰᠣᠯᠪᠢᠴᠠᠨ ᠬᠠᠯᠳᠠᠪᠤᠷᠢᠯᠠᠬᠤ ᠶᠢ ᠡᠷᠡᠰ ᠰᠡᠷᠭᠡᠶᠢᠯᠡᠨ᠎ᠡ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号