ᠦᠬᠠᠢ ᠬᠤᠲᠠ ᠶᠢᠨ ᠬᠠᠶᠢᠨᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠭᠠᠵᠠᠷ ᠳᠣᠣᠷᠠᠬᠢ ᠤᠰᠤ ᠶᠢ ᠬᠤᠯᠠᠭᠠᠶᠢᠯᠠᠨ ᠮᠠᠯᠲᠠᠬᠤ ᠦᠶᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠬᠦ ᠲᠤᠬᠠᠢ ᠵᠠᠷᠯᠠᠯ
ᠨᠡᠶᠢᠲᠡᠯᠡᠭᠰᠡᠨ ᠴᠠᠭ᠄
2022/5/30
      ᠦᠬᠠᠢ ᠬᠤᠲᠠ ᠶᠢᠨ ᠬᠠᠶᠢᠨᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠭᠠᠵᠠᠷ ᠳᠣᠣᠷᠠᠬᠢ ᠤᠰᠤ ᠶᠢ ᠬᠤᠯᠠᠭᠠᠶᠢᠯᠠᠨ ᠮᠠᠯᠲᠠᠬᠤ ᠦᠶᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠬᠦ ᠲᠤᠬᠠᠢ ᠵᠠᠷᠯᠠᠯ                       7 ᠳ᠋ᠤᠭᠠᠷ ᠲᠤᠭᠠᠲᠤ      ᠭᠠᠵᠠᠷ ᠳᠣᠣᠷᠠᠬᠢ ᠤᠰᠤᠨ ᠤ ᠬᠠᠮᠢᠶᠠᠷᠤᠯᠲᠠ ᠶᠢ ᠴᠢᠩᠭᠠᠳᠬᠠᠬᠤ ᠶᠢᠨ ᠲᠥᠯᠥᠭᠡ ᠭᠠᠵᠠᠷ ᠳᠣᠣᠷᠠᠬᠢ ᠤᠰᠤᠨ ᠤ ᠡᠬᠢ ᠪᠠᠶᠠᠯᠢᠭ ᠢ ᠬᠤᠯᠠᠭᠠᠶᠢᠯᠠᠨ ᠮᠠᠯᠲᠠᠬᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠮᠠᠨ ᠤ ᠲᠣᠭᠤᠷᠢᠭ ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ᠶᠢᠨ ᠡᠮᠬᠢ ᠳᠢᠭᠯᠢᠮ ᠪᠠ ᠤᠰᠤᠨ ᠤ ᠠᠮᠢ ᠠᠬᠤᠢ ᠶᠢᠨ ᠣᠷᠴᠢᠨ ᠲᠣᠭᠤᠷᠢᠨ ᠤ ᠲᠣᠭᠲᠠᠭᠤᠨ ᠢ ᠬᠠᠮᠠᠭᠠᠯᠠᠵᠤ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠰᠤᠨ ᠤ ᠬᠠᠤᠯᠢ︾᠂ ︽ᠭᠠᠵᠠᠷ ᠳᠣᠣᠷᠠᠬᠢ ᠤᠰᠤᠨ ᠤ ᠬᠠᠮᠢᠶᠠᠷᠤᠯᠲᠠ ᠶᠢᠨ ᠳᠦᠷᠢᠮ︾ ᠵᠡᠷᠭᠡ ᠬᠠᠮᠢᠶ᠎ᠠ ᠪᠦᠬᠦᠢ ᠱᠠᠭᠠᠷᠳᠠᠯᠭ᠎ᠠ ᠶᠢ ᠦᠨᠳᠦᠰᠦᠯᠡᠨ᠂ ᠭᠠᠵᠠᠷ ᠳᠣᠣᠷᠠᠬᠢ ᠤᠰᠤ ᠶᠢ ᠨᠡᠭᠡᠭᠡᠨ ᠠᠰᠢᠭᠯᠠᠬᠤ ᠶᠢ ᠤᠯᠠᠮ ᠨᠢᠭᠡ ᠠᠯᠬᠤᠮ ᠴᠢᠩᠭ᠎ᠠ ᠬᠢᠵᠠᠭᠠᠷᠯᠠᠵᠤ᠂ ᠭᠠᠵᠠᠷ ᠳᠣᠣᠷᠠᠬᠢ ᠤᠰᠤᠨ ᠤ ᠦᠶᠯᠡ ᠠᠵᠢᠯᠯᠠᠭ᠎ᠠ ᠶᠢᠨ ᠡᠮᠬᠢ ᠳᠢᠭᠯᠢᠮ ᠢ ᠵᠢᠷᠤᠮᠵᠢᠭᠤᠯᠤᠨ ᠂ ᠪᠥᠬᠦ ᠲᠣᠭᠤᠷᠢᠭ ᠤᠨ ᠭᠠᠵᠠᠷ ᠳᠣᠣᠷᠠᠬᠢ ᠤᠰᠤᠨ ᠤ ᠡᠬᠢ ᠪᠠᠶᠠᠯᠢᠭ ᠢ ᠦᠷᠭᠦᠯᠵᠢᠯᠡᠨ ᠠᠰᠢᠭᠯᠠᠬᠤ ᠶᠢ ᠠᠬᠢᠭᠤᠯᠵᠤ ᠂ ᠡᠳᠦᠭᠡ ᠭᠠᠵᠠᠷ ᠳᠣᠣᠷᠠᠬᠢ ᠤᠰᠤ ᠶᠢ ᠬᠤᠯᠠᠭᠠᠶᠢᠯᠠᠨ ᠮᠠᠯᠲᠠᠬᠤ ᠦᠶᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠬᠦ ᠬᠤᠯᠪᠣᠭᠳᠠᠯ ᠪᠦᠬᠦᠢ ᠵᠦᠢᠯᠡᠰ ᠢ ᠳᠣᠣᠷᠠᠬᠢ ᠮᠡᠲᠦ ᠵᠠᠷᠯᠠᠨ᠎ᠠ᠄      ᠨᠢᠭᠡ᠂ ᠬᠠᠶᠢᠨᠠᠨ ᠲᠤᠭᠤᠷᠢᠭ ᠤᠨ ᠵᠠᠰᠠᠭ ᠵᠠᠬᠢᠷᠭᠠᠨ ᠤ ᠣᠷᠣᠨ ᠤ ᠬᠡᠪᠴᠢᠶᠡᠨ ᠳᠤ᠂ ᠶᠠᠮᠠᠷᠪᠠ ᠨᠢᠭᠡᠴᠡ᠂ ᠬᠤᠪᠢ ᠬᠥᠮᠥᠨ ᠭᠡᠳ ᠤᠰᠤᠨ ᠤ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠵᠥᠪᠰᠢᠶᠡᠷᠡᠯ ᠦᠭᠡᠢ ᠪᠠᠷ ᠳᠤᠷ᠎ᠠ ᠪᠠᠷ ᠢᠶᠠᠨ ᠬᠤᠳᠳᠤᠭ ᠥᠷᠥᠮᠳᠡᠵᠦ᠂ ᠭᠠᠵᠠᠷ ᠳᠣᠣᠷᠠᠬᠢ ᠤᠰᠤᠨ ᠤ ᠡᠬᠢ ᠪᠠᠶᠠᠯᠢᠭ ᠢ ᠲᠠᠲᠠᠵᠤ ᠬᠡᠷᠡᠭᠯᠡᠵᠦ ᠪᠣᠯᠬᠤ ᠦᠭᠡᠢ᠃ ᠭᠠᠵᠠᠷ ᠳᠣᠣᠷᠠᠬᠢ ᠤᠰᠤᠨ ᠤ ᠡᠬᠢ ᠪᠠᠶᠠᠯᠢᠭ ᠢ ᠲᠠᠲᠠᠵᠤ ᠬᠡᠷᠡᠭᠯᠡᠬᠦ ᠴᠢᠬᠤᠯᠠ ᠲᠠᠢ ᠨᠢᠭᠡᠴᠡ ᠪᠤᠶᠤ ᠬᠤᠪᠢ ᠬᠥᠮᠥᠨ ᠤᠰᠤ ᠲᠠᠲᠠᠬᠤ ᠵᠥᠪᠰᠢᠶᠡᠷᠡᠯ ᠤᠨ ᠭᠤᠶᠤᠴᠢᠯᠠᠯ ᠢ ᠬᠠᠤᠯᠢ ᠶᠣᠰᠣᠭᠠᠷ ᠭᠦᠢᠴᠡᠳᠬᠡᠬᠦ ᠶᠢᠨ ᠬᠠᠮᠲᠤ ᠤᠰᠤ ᠲᠠᠲᠠᠬᠤ ᠵᠥᠪᠰᠢᠶᠡᠷᠡᠯ ᠤᠨ ᠦᠨᠡᠮᠯᠡᠯ ᠤᠨ ᠲᠣᠭᠲᠠᠭᠠᠯ ᠶᠣᠰᠣᠭᠠᠷ ᠤᠰᠤ ᠲᠠᠲᠠᠬᠤ ᠬᠡᠷᠡᠭᠲᠡᠢ᠃ ᠤᠰᠤ ᠲᠠᠲᠠᠬᠤ ᠵᠥᠪᠰᠢᠶᠡᠷᠡᠯ ᠤᠨ ᠦᠨᠡᠮᠯᠡᠯ ᠭᠤᠶᠤᠴᠢᠯᠠᠬᠤ ᠴᠢᠬᠤᠯᠠ ᠦᠭᠡᠢ ᠭᠡᠵᠦ ᠬᠠᠤᠯᠢ ᠴᠠᠭᠠᠵᠠ ᠬᠠᠤᠯᠢ ᠲᠣᠭᠲᠠᠭᠠᠯ ᠳᠤ ᠲᠣᠭᠲᠠᠭᠠᠭᠰᠠᠨ ᠪᠠᠶᠢᠳᠠᠯ ᠡᠭᠦᠨ ᠳᠤ ᠪᠠᠭᠲᠠᠬᠤ ᠦᠭᠡᠢ᠃      ᠬᠤᠶᠠᠷ᠂ ᠵᠥᠪᠰᠢᠶᠡᠷᠡᠯ ᠣᠯᠣᠭᠰᠠᠨ ᠦᠭᠡᠢ ᠪᠠᠷ ᠭᠠᠵᠠᠷ ᠳᠣᠣᠷᠠᠬᠢ ᠤᠰᠤ ᠶᠢ ᠳᠤᠷ᠎ᠠ ᠪᠠᠷ ᠢᠶᠠᠨ ᠲᠠᠲᠠᠵᠤ ᠬᠡᠷᠡᠭᠯᠡᠭᠰᠡᠨ ᠨᠢᠭᠡᠴᠡ ᠪᠠ ᠬᠤᠪᠢ ᠬᠥᠮᠥᠨ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠰᠤᠨ ᠤ ᠬᠠᠤᠯᠢ︾᠂ ︽ᠭᠠᠵᠠᠷ ᠳᠣᠣᠷᠠᠬᠢ ᠤᠰᠤᠨ ᠤ ᠬᠠᠮᠢᠶᠠᠷᠤᠯᠲᠠ ᠶᠢᠨ ᠳᠦᠷᠢᠮ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤ ᠲᠠᠲᠠᠬᠤ ᠵᠥᠪᠰᠢᠶᠡᠷᠡᠯ ᠪᠠ ᠤᠰᠤᠨ ᠤ ᠡᠬᠢ ᠪᠠᠶᠠᠯᠢᠭ ᠤᠨ ᠰᠦᠢᠳᠬᠡᠯ ᠢ ᠲᠠᠲᠠᠪᠤᠷᠢᠯᠠᠨ ᠬᠠᠮᠢᠶᠠᠷᠬᠤ ᠶᠢᠨ ᠬᠡᠷᠡᠭᠵᠢᠭᠦᠯᠬᠦ ᠠᠷᠭ᠎ᠠ︾ ᠵᠡᠷᠭᠡ ᠲᠣᠭᠲᠠᠭᠠᠯ ᠢ ᠦᠨᠳᠦᠰᠦᠯᠡᠨ ᠭᠠᠵᠠᠷ ᠳᠣᠣᠷᠠᠬᠢ ᠤᠰᠤ ᠶᠢ ᠬᠠᠤᠯᠢ ᠪᠤᠰᠤ ᠪᠠᠷ ᠲᠠᠲᠠᠵᠤ ᠬᠡᠷᠡᠭᠯᠡᠬᠦ ᠦᠶᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠨᠢᠭᠡ ᠶᠢ ᠢᠯᠡᠷᠡᠭᠦᠯᠪᠡᠯ ᠨᠢᠭᠡ ᠶᠢ ᠪᠠᠶᠢᠴᠠᠭᠠᠨ ᠰᠢᠢᠳᠪᠦᠷᠢᠯᠡᠨ᠎ᠡ᠂ ᠶᠠᠭᠠᠬᠢᠭᠰᠠᠨ ᠴᠤ ᠢᠯᠳᠠᠷ ᠬᠠᠶᠠᠵᠤ ᠪᠣᠯᠬᠤ ᠦᠭᠡᠢ᠃ ᠬᠠᠤᠯᠢ ᠪᠤᠰᠤ ᠪᠠᠷ ᠤᠰᠤ ᠲᠠᠲᠠᠬᠤ ᠠᠵᠢᠯᠯᠠᠭ᠎ᠠ ᠳᠤ ᠴᠣᠬᠢᠯᠲᠠ ᠥᠭᠬᠦ ᠶᠠᠪᠤᠴᠠ ᠳᠤ᠂ ᠠᠵᠢᠯᠲᠠᠨ ᠤ ᠠᠯᠪᠠᠨ ᠠᠵᠢᠯ ᠭᠦᠢᠴᠡᠳᠬᠡᠬᠦ ᠶᠢ ᠡᠰᠡᠷᠭᠦᠴᠡᠬᠦ ᠶᠢ ᠬᠠᠷᠰᠢᠯᠠᠵᠤ᠂ ᠠᠮᠤᠷ ᠢ ᠬᠠᠮᠠᠭᠠᠯᠠᠬᠤ ᠬᠠᠮᠢᠶᠠᠷᠤᠯᠲᠠ ᠶᠢ ᠵᠥᠷᠢᠴᠡᠭᠰᠡᠨ ᠠᠵᠢᠯᠯᠠᠭ᠎ᠠ ᠬᠢᠭᠰᠡᠨ ᠪᠠᠶᠢᠪᠠᠯ᠂ ᠬᠠᠤᠯᠢ ᠶᠣᠰᠣᠭᠠᠷ ᠰᠢᠳᠭᠡᠵᠦ᠂ ᠶᠠᠯ᠎ᠠ ᠪᠣᠯᠵᠤ ᠪᠦᠷᠢᠯᠳᠦᠭᠰᠡᠨ ᠪᠠᠶᠢᠪᠠᠯ ᠬᠠᠤᠯᠢ ᠴᠠᠭᠠᠵᠠ ᠶᠢᠨ ᠪᠠᠶᠢᠭᠤᠯᠭ᠎ᠠ ᠳᠤ ᠰᠢᠯᠵᠢᠭᠦᠯᠦᠨ ᠲᠤᠰᠢᠶᠠᠵᠤ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠭᠦᠯᠦᠨ᠎ᠡ᠃      ᠭᠤᠷᠪᠠ᠂ ᠪᠣᠶ ᠪᠦᠬᠦᠢ ᠠᠷᠠᠳ ᠢᠷᠭᠡᠳ ᠴᠥᠮ ᠮᠠᠨ ᠤ ᠣᠷᠣᠨ ᠤ ᠤᠰᠤᠨ ᠤ ᠶᠠᠪᠤᠳᠠᠯ ᠤᠨ ᠰᠠᠶᠢᠨ ᠰᠠᠶᠢᠬᠠᠨ ᠡᠮᠬᠢ ᠳᠢᠭᠯᠢᠮ ᠢ ᠬᠠᠮᠠᠭᠠᠯᠠᠬᠤ᠂ ᠭᠠᠵᠠᠷ ᠳᠣᠣᠷᠠᠬᠢ ᠤᠰᠤᠨ ᠤ ᠡᠬᠢ ᠪᠠᠶᠠᠯᠢᠭ ᠢ ᠬᠠᠮᠠᠭᠠᠯᠠᠬᠤ ᠡᠭᠦᠷᠭᠡ ᠲᠠᠢ᠂ ᠶᠠᠮᠠᠷᠪᠠ ᠵᠣᠬᠢᠶᠠᠨ ᠪᠠᠶᠢᠭᠤᠯᠤᠯᠲᠠ ᠪᠠ ᠬᠤᠪᠢ ᠬᠥᠮᠥᠨ ᠬᠡᠷᠪᠡ ᠭᠠᠵᠠᠷ ᠳᠣᠣᠷᠠᠬᠢ ᠤᠰᠤ ᠶᠢ ᠬᠤᠯᠠᠭᠠᠶᠢᠯᠠᠨ ᠮᠠᠯᠲᠠᠭᠰᠠᠨ ᠦᠶᠯᠡ ᠠᠵᠢᠯᠯᠠᠭ᠎ᠠ ᠶᠢ ᠣᠯᠵᠤ ᠮᠡᠳᠡᠪᠡᠯ ᠴᠥᠮ ᠢᠳᠬᠠᠨ ᠬᠤᠷᠢᠭᠯᠠᠬᠤ ᠡᠷᠬᠡ ᠲᠠᠢ ᠪᠥᠭᠡᠳ ᠲᠣᠭᠤᠷᠢᠭ ᠤᠨ ᠤᠰᠤᠨ ᠤ ᠶᠠᠪᠤᠳᠠᠯ ᠤᠨ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠢᠯᠡᠴᠢᠯᠡᠨ ᠮᠡᠳᠡᠭᠦᠯᠬᠦ ᠬᠡᠷᠡᠭᠲᠡᠢ᠃      ᠳᠥᠷᠪᠡ᠂ ᠲᠤᠰ ᠵᠠᠷᠯᠠᠯ ᠢ ᠨᠡᠶᠢᠲᠡᠯᠡᠭᠰᠡᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃      ᠬᠢᠨᠠᠯᠲᠠ ᠲᠠᠯᠪᠢᠵᠤ ᠢᠯᠡᠴᠢᠯᠡᠨ ᠮᠡᠳᠡᠭᠦᠯᠬᠦ ᠤᠲᠠᠰᠤ᠄ 12345 — 0473-4026171                        2022 ᠣᠨ ᠤ 4 ᠳ᠋ᠣᠭᠠᠷ ᠰᠠᠷ᠎ᠠ ᠶᠢᠨ 27 ᠤ ᠡᠳᠦᠷ 
 
ᠢᠷᠡᠯᠲᠡ᠄ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号