ᠦᠬᠠᠢ ᠬᠤᠲᠠ ᠶᠢᠨ ᠬᠠᠶᠢᠨᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠭᠤᠣᠯ ᠤᠨ ᠵᠠᠮ ᠤᠨ ᠬᠠᠮᠢᠶᠠᠷᠤᠯᠲᠠ ᠶᠢᠨ ᠬᠡᠪᠴᠢᠶᠡᠨ ᠳᠤ ᠭᠤᠣᠯ ᠤᠨ ᠵᠠᠮ ᠤᠨ ᠦᠶᠡᠷ ᠵᠠᠯᠠᠬᠤ ᠶᠢ ᠬᠠᠷᠰᠢᠯᠠᠬᠤ ᠵᠡᠷᠭᠡ ᠠᠵᠢᠯᠯᠠᠭ᠎ᠠ ᠬᠢᠬᠦ ᠶᠢ ᠴᠢᠩᠭ᠎ᠠ ᠴᠠᠭᠠᠵᠠᠯᠠᠬᠤ ᠲᠤᠬᠠᠢ ᠵᠠᠷᠯᠠᠯ
ᠨᠡᠶᠢᠲᠡᠯᠡᠭᠰᠡᠨ ᠴᠠᠭ᠄
2022/5/30
      ᠦᠬᠠᠢ ᠬᠤᠲᠠ ᠶᠢᠨ ᠬᠠᠶᠢᠨᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠭᠤᠣᠯ ᠤᠨ ᠵᠠᠮ ᠤᠨ ᠬᠠᠮᠢᠶᠠᠷᠤᠯᠲᠠ ᠶᠢᠨ ᠬᠡᠪᠴᠢᠶᠡᠨ ᠳᠤ ᠭᠤᠣᠯ ᠤᠨ ᠵᠠᠮ ᠤᠨ ᠦᠶᠡᠷ ᠵᠠᠯᠠᠬᠤ ᠶᠢ ᠬᠠᠷᠰᠢᠯᠠᠬᠤ ᠵᠡᠷᠭᠡ ᠠᠵᠢᠯᠯᠠᠭ᠎ᠠ ᠬᠢᠬᠦ ᠶᠢ ᠴᠢᠩᠭ᠎ᠠ ᠴᠠᠭᠠᠵᠠᠯᠠᠬᠤ ᠲᠤᠬᠠᠢ ᠵᠠᠷᠯᠠᠯ                          8 ᠳ᠋ᠤᠭᠠᠷ ᠲᠣᠭᠠᠲᠤ      ᠬᠠᠷᠢᠶᠠᠲᠤ ᠣᠷᠣᠨ ᠤ ᠳᠣᠲᠣᠷᠠᠬᠢ ᠭᠤᠣᠯ ᠤᠨ ᠵᠠᠮ ᠢᠶᠠᠷ ᠦᠶᠡᠷ ᠵᠠᠯᠠᠬᠤ ᠠᠮᠤᠷ ᠲᠦᠪᠰᠢᠨ ᠢ ᠪᠠᠲᠤᠯᠠᠵᠤ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨᠬᠦ ᠪᠠᠲᠤᠯᠠᠬᠤ ᠶᠢᠨ ᠲᠤᠰᠠᠳᠠ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠰᠤᠨ ᠤ ᠬᠠᠤᠯᠢ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠦᠶᠡᠷ ᠢ ᠰᠡᠷᠭᠡᠶᠢᠯᠡᠬᠦ ᠬᠠᠤᠯᠢ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠤᠣᠯ ᠤᠨ ᠵᠠᠮ ᠤᠨ ᠬᠠᠮᠢᠶᠠᠷᠤᠯᠲᠠ ᠶᠢᠨ ᠳᠦᠷᠢᠮ︾ ᠤᠨ ᠬᠠᠮᠢᠶ᠎ᠠ ᠪᠦᠬᠦᠢ ᠲᠣᠭᠲᠠᠭᠠᠯ ᠢ ᠦᠨᠳᠦᠰᠦᠯᠡᠨ᠂ ᠭᠤᠣᠯ ᠤᠨ ᠳᠠᠷᠤᠭ᠎ᠠ ᠶᠢᠨ ᠳᠦᠷᠢᠮ ᠤᠨ ᠠᠵᠢᠯ ᠤᠨ ᠬᠠᠷᠢᠭᠤᠴᠠᠯᠭ᠎ᠠ ᠶᠢ ᠪᠥᠬᠦ ᠲᠠᠯ᠎ᠠ ᠪᠠᠷ ᠪᠣᠳᠠᠲᠠᠶᠢᠵᠢᠭᠤᠯᠵᠤ᠂ ᠡᠳᠦᠭᠡ ᠬᠤᠯᠪᠣᠭᠳᠠᠯ ᠪᠦᠬᠦᠢ ᠵᠦᠢᠯᠡᠰ ᠢ ᠳᠣᠣᠷᠠᠬᠢ ᠮᠡᠲᠦ ᠵᠠᠷᠯᠠᠶ᠎ᠠ᠄      ᠨᠢᠭᠡ᠂ ᠶᠠᠮᠠᠷᠪᠠ ᠨᠢᠭᠡᠴᠢ ᠪᠠ ᠬᠤᠪᠢ ᠬᠥᠮᠥᠨ᠂ ᠭᠤᠣᠯ ᠤᠨ ᠵᠠᠮ ᠤᠨ ᠬᠠᠮᠢᠶᠠᠷᠤᠯᠲᠠ ᠶᠢᠨ ᠬᠡᠪᠴᠢᠶᠡᠨ ᠳᠤ ᠠᠮᠢᠳᠤᠷᠠᠯ ᠤᠨ ᠪᠣᠬᠢᠷ ᠤᠰᠤ᠂ ᠲᠡᠵᠢᠭᠡᠨ ᠦᠷᠡᠵᠢᠭᠦᠯᠬᠦ ᠪᠣᠬᠢᠷ ᠤᠰᠤ᠂ ᠠᠵᠤ ᠦᠢᠯᠡᠳᠪᠦᠷᠢ ᠶᠢᠨ ᠬᠠᠶᠠᠭᠳᠠᠮᠠᠯ ᠤᠰᠤ ᠶᠢ ᠭᠠᠳᠠᠭᠰᠢᠯᠠᠭᠤᠯᠬᠤ ᠶᠢ ᠴᠢᠩᠭ᠎ᠠ ᠴᠠᠭᠠᠵᠠᠯᠠᠨ᠎ᠠ᠃ ᠬᠦᠳᠡᠷ ᠤᠨ ᠰᠢᠭᠠᠷᠤ᠂ ᠨᠡᠭᠦᠷᠡᠰᠦᠨ ᠤ ᠦᠨᠡᠰᠦ᠂ ᠬᠤᠭ ᠨᠣᠪᠰᠢ᠂ ᠠᠮᠢᠳᠠᠨ ᠤ ᠦᠬᠦᠳᠡᠯ ᠵᠡᠷᠭᠡ ᠶᠢ ᠬᠠᠶᠠᠵᠤ᠂ ᠦᠶᠡᠷ ᠶᠠᠪᠤᠭᠤᠯᠬᠤ ᠠᠮᠤᠷ ᠲᠦᠪᠰᠢᠨ ᠢ ᠨᠥᠯᠥᠭᠡᠯᠡᠬᠦ ᠂ ᠤᠰᠤᠨ ᠤ ᠠᠮᠢ ᠠᠬᠤᠢ ᠶᠢᠨ ᠣᠷᠴᠢᠨ ᠲᠣᠭᠤᠷᠢᠨ ᠢ ᠡᠪᠳᠡᠬᠦ ᠦᠢᠯᠡ ᠠᠵᠢᠯᠯᠠᠭ᠎ᠠ᠃      ᠬᠤᠶᠠᠷ᠂ ᠶᠠᠮᠠᠷᠪᠠ ᠨᠢᠭᠡᠴᠡ ᠪᠣᠯᠣᠨ ᠬᠤᠪᠢ ᠬᠥᠮᠥᠨ᠂ ᠭᠤᠣᠯ ᠤᠨ ᠵᠠᠮ ᠤᠨ ᠬᠠᠮᠢᠶᠠᠷᠤᠯᠲᠠ ᠶᠢᠨ ᠬᠡᠪᠴᠢᠶᠡᠨ ᠳᠣᠲᠣᠷ᠎ᠠ ᠡᠯᠳᠡᠪ ᠶᠠᠭᠤᠮ᠎ᠠ ︵ᠪᠣᠳᠠᠰ ᠮᠠᠲ᠋ᠧᠷᠢᠶᠠᠯ︶ ᠣᠪᠣᠭᠠᠯᠠᠵᠤ ᠲᠠᠯᠪᠢᠬᠤ᠂ ᠦᠢᠯᠡᠳᠪᠦᠷᠢ ᠶᠢᠨ ᠭᠡᠷ ᠪᠠᠶᠢᠰᠢᠩ ᠪᠠᠶᠢᠭᠤᠯᠬᠤ ᠪᠤᠶᠤ ᠪᠤᠰᠤᠳ ᠪᠠᠷᠢᠯᠭ᠎ᠠ ᠶᠢᠨ ᠪᠡᠯᠡᠳᠬᠡᠮᠵᠢ ᠪᠠᠶᠢᠭᠤᠯᠵᠤ ᠭᠤᠣᠯ  ᠤᠨ ᠵᠠᠮ ᠢ ᠡᠵᠡᠯᠡᠨ ᠬᠡᠷᠡᠭᠯᠡᠬᠦ ᠥᠢᠯᠡ ᠠᠵᠢᠯᠯᠠᠭ᠎ᠠ ᠶᠢ ᠴᠢᠩᠭ᠎ᠠ ᠴᠠᠭᠠᠵᠠᠯᠠᠨ᠎ᠠ᠃      ᠭᠤᠷᠪᠠ᠂ ᠶᠠᠮᠠᠷᠪᠠ ᠨᠢᠭᠡᠴᠡ ᠪᠣᠯᠣᠨ ᠬᠤᠪᠢ ᠬᠥᠮᠥᠨ ᠭᠤᠣᠯ ᠤᠨ ᠵᠠᠮ ᠤᠨ ᠬᠠᠮᠢᠶᠠᠷᠤᠯᠲᠠ ᠶᠢᠨ ᠬᠡᠪᠴᠢᠶᠡᠨ ᠳᠣᠲᠣᠷ᠎ᠠ ᠦᠶᠡᠷ ᠵᠠᠯᠠᠬᠤ ᠶᠢ ᠬᠠᠷᠰᠢᠯᠠᠬᠤ ᠥᠨᠳᠥᠷ ᠡᠰᠢᠲᠦ ᠲᠠᠷᠢᠮᠠᠯ ︵ᠡᠷᠳᠡᠨᠢ ᠰᠢᠰᠢ᠂ ᠰᠢᠰᠢ ᠵᠡᠷᠭᠡ︶ ᠪᠣᠯᠣᠨ ᠤᠢ ᠮᠣᠳᠣ ᠲᠠᠷᠢᠬᠤ ᠶᠢ ᠴᠢᠩᠭ᠎ᠠ ᠴᠠᠭᠠᠵᠠᠯᠠᠨ᠎ᠠ᠃      ᠳᠥᠷᠪᠡ᠂ ᠶᠠᠮᠠᠷᠪᠠ ᠨᠢᠭᠡᠴᠢ ᠪᠠ ᠬᠤᠪᠢ ᠬᠥᠮᠥᠨ ᠭᠤᠣᠯ ᠤᠨ ᠵᠠᠮ ᠤᠨ ᠬᠠᠮᠢᠶᠠᠷᠤᠯᠲᠠ ᠶᠢᠨ ᠬᠡᠪᠴᠢᠶᠡᠨ ᠳᠤ ᠬᠠᠰᠢᠯᠭ᠎ᠠ ᠲᠠᠯᠠᠩ᠂ ᠤᠰᠤ ᠬᠤᠷᠢᠭᠯᠠᠬᠤ ᠰᠤᠪᠠᠭ᠂ ᠤᠰᠤ ᠬᠤᠷᠢᠭᠯᠠᠬᠤ ᠵᠠᠮ ᠵᠠᠰᠠᠬᠤ ᠶᠢ ᠴᠢᠩᠭ᠎ᠠ ᠴᠠᠭᠠᠵᠠᠯᠠᠨ᠎ᠠ᠃      ᠲᠠᠪᠤ᠂ ᠶᠠᠮᠠᠷᠪᠠ ᠨᠢᠭᠡᠴᠢ ᠪᠠ ᠬᠤᠪᠢ ᠬᠥᠮᠥᠨ ᠤ ᠭᠤᠣᠯ ᠤᠨ ᠵᠠᠮ ᠤᠨ ᠬᠠᠮᠢᠶᠠᠷᠤᠯᠲᠠ ᠶᠢᠨ ᠬᠡᠪᠴᠢᠶᠡᠨ ᠤ ᠳᠣᠲᠣᠷ᠎ᠠ ᠬᠢᠨᠠᠨ ᠵᠥᠪᠰᠢᠶᠡᠷᠡᠭᠦᠯᠦᠭᠰᠡᠨ ᠦᠭᠡᠢ ᠪᠠᠷ ᠪᠦᠭᠬᠦᠭᠰᠡᠨ ᠤᠷᠤᠰᠬᠠᠯ᠂ ᠵᠢᠭᠠᠰᠤᠨ ᠴᠥᠭᠦᠷᠥᠮ᠂ ᠨᠦᠬᠡᠨ ᠴᠥᠭᠦᠷᠥᠮ᠂ ᠬᠤᠳᠳᠤᠭ ᠮᠠᠯᠲᠠᠬᠤ ᠶᠢ ᠴᠢᠩᠭ᠎ᠠ ᠴᠠᠭᠠᠵᠠᠯᠠᠨ᠎ᠠ᠃      ᠵᠢᠷᠭᠤᠭ᠎ᠠ᠂ ᠶᠠᠮᠠᠷᠪᠠ ᠨᠢᠭᠡᠴᠢ ᠪᠠ ᠬᠤᠪᠢ ᠬᠥᠮᠥᠨ ᠬᠠᠰᠢᠯᠭ᠎ᠠ ᠲᠡᠯᠡᠩ᠂ ᠡᠷᠭᠢ ᠬᠠᠮᠠᠭᠠᠯᠠᠬᠤ᠂ ᠬᠠᠰᠢᠯᠭ᠎ᠠ ᠬᠠᠰᠢᠯᠭ᠎ᠠ ᠵᠡᠷᠭᠡ ᠤᠰᠦᠠ ᠤ ᠢᠨᠵᠧᠨᠧᠷᠢᠩ ᠤᠨ ᠪᠠᠷᠢᠯᠭ᠎ᠠ ᠪᠠ ᠦᠶᠡᠷ ᠢ ᠰᠡᠷᠭᠡᠶᠢᠯᠡᠬᠦ ᠲᠥᠬᠦᠭᠡᠷᠦᠮᠵᠢ᠂ ᠤᠰᠦᠠ ᠵᠦᠢ ᠶᠢᠨ ᠬᠢᠨᠠᠨ ᠬᠡᠮᠵᠢᠯᠲᠡ ᠪᠠ ᠬᠡᠮᠵᠢᠯᠲᠡ ᠶᠢᠨ ᠲᠥᠬᠦᠭᠡᠷᠦᠮᠵᠢ᠂ ᠭᠤᠣᠯ ᠤᠨ ᠡᠷᠭᠢ ᠶᠢᠨ ᠭᠠᠵᠠᠷ ᠰᠢᠨᠵᠢᠯᠡᠭᠡᠨ ᠤ ᠬᠢᠨᠠᠨ ᠬᠡᠮᠵᠢᠯᠲᠡ ᠶᠢᠨ ᠲᠥᠬᠦᠭᠡᠷᠦᠮᠵᠢ ᠵᠢᠴᠢ ᠮᠡᠳᠡᠭᠡ ᠬᠤᠯᠪᠣᠭᠠᠨ ᠤ ᠭᠡᠷᠡᠯᠲᠦᠭᠦᠯᠭᠡ ᠵᠡᠷᠭᠡ ᠲᠥᠬᠦᠭᠡᠷᠦᠮᠵᠢ ᠶᠢ ᠡᠪᠳᠡᠬᠦ ᠶᠢ ᠴᠢᠩᠭ᠎ᠠ ᠴᠠᠭᠠᠵᠠᠯᠠᠨ᠎ᠠ᠃      ᠲᠤᠯᠤᠭ᠎ᠠ᠂ ᠶᠠᠮᠠᠷᠪᠠ ᠨᠢᠭᠡᠴᠢ ᠪᠠ ᠬᠤᠪᠢ ᠬᠥᠮᠥᠨ  ᠬᠠᠰᠢᠯᠭ᠎ᠠ ᠲᠡᠯᠡᠩ ᠤᠨ ᠠᠶᠤᠯᠭᠦᠢ ᠶᠢᠨ ᠬᠠᠮᠠᠭᠠᠯᠠᠯᠲᠠ ᠶᠢᠨ ᠬᠡᠪᠴᠢᠶᠡᠨ ᠳᠣᠲᠣᠷ᠎ᠠ ᠬᠤᠳᠳᠤᠭ ᠮᠠᠯᠲᠠᠬᠤ᠂ ᠥᠷᠥᠮᠳᠡᠨ ᠬᠠᠶᠢᠬᠤ᠂ ᠳᠡᠯᠪᠡᠴᠢᠬᠦ᠂ ᠵᠢᠭᠠᠰᠤᠨ ᠴᠥᠭᠦᠷᠥᠮ ᠮᠠᠯᠲᠠᠬᠤ᠂ ᠴᠢᠯᠠᠭᠤ ᠭᠠᠷᠭᠠᠬᠤ᠂ ᠰᠢᠷᠣᠢ ᠠᠪᠬᠤ ᠵᠡᠷᠭᠡ ᠬᠠᠰᠢᠭ᠎ᠠ ᠲᠡᠯᠡᠩ ᠤᠨ ᠠᠶᠤᠯᠭᠦᠢ ᠳᠤ ᠬᠤᠣᠷ ᠬᠥᠨᠥᠭᠡᠯ ᠤᠴᠠᠷᠠᠭᠤᠯᠬᠤ ᠠᠵᠢᠯᠯᠠᠭ᠎ᠠ ᠬᠢᠬᠦ ᠶᠢ ᠴᠢᠩᠭ᠎ᠠ ᠴᠠᠭᠠᠵᠠᠯᠠᠨ᠎ᠠ᠃      ᠨᠠᠢᠮᠠ᠂ ᠵᠦᠪᠰᠢᠶᠡᠷᠡᠯ ᠦᠭᠡᠢ ᠪᠠᠷ ᠭᠤᠣᠯ ᠤᠨ ᠵᠠᠮ ᠤᠨ ᠬᠠᠮᠢᠶᠠᠷᠤᠯᠲᠠ ᠶᠢᠨ ᠬᠡᠪᠴᠢᠶᠡᠨ ᠳᠣᠲᠣᠷ᠎ᠠ ᠡᠯᠡᠰᠦ ᠮᠠᠯᠲᠠᠬᠤ᠂ ᠰᠢᠷᠣᠢ ᠠᠪᠬᠤ ᠵᠡᠷᠭᠡ ᠠᠵᠢᠯᠯᠠᠭ᠎ᠠ ᠬᠢᠬᠦ ᠶᠢ ᠴᠢᠩᠭ᠎ᠠ ᠴᠠᠭᠠᠵᠠᠯᠠᠨ᠎ᠠ᠃      ᠶᠢᠰᠦ᠂ ᠵᠠᠷᠯᠠᠨ ᠮᠡᠳᠡᠭᠳᠡᠭᠰᠡᠨ ᠡᠳᠦᠷ ᠠᠴᠠ ᠡᠬᠢᠯᠡᠨ᠂ ᠭᠤᠣᠯ ᠤᠨ ᠵᠠᠮ ᠤᠨ ᠬᠠᠮᠢᠶᠠᠷᠤᠯᠲᠠ ᠶᠢᠨ ᠬᠡᠪᠴᠢᠶᠡᠨ ᠳᠣᠲᠣᠷ᠎ᠠ ᠳᠡᠭᠡᠷ᠎ᠡ ᠳᠤᠷᠠᠳᠤᠭᠰᠠᠨ ᠦᠶᠡᠷ ᠢ ᠵᠠᠯᠠᠬᠤ ᠠᠮᠤᠷ ᠲᠦᠪᠰᠢᠨ ᠢ ᠬᠠᠷᠰᠢᠯᠠᠬᠤ ᠠᠵᠢᠯᠯᠠᠭ᠎ᠠ ᠶᠢ ᠨᠢᠭᠡᠨᠲᠡ ᠬᠢᠭᠰᠡᠨ ᠪᠠᠶᠢᠪᠠᠯ ᠥᠪᠡᠷ ᠢᠶᠠᠨ ᠴᠡᠪᠡᠷᠯᠡᠬᠦ ᠶᠢᠨ ᠬᠠᠮᠲᠤ ᠭᠤᠣᠯ ᠤᠨ ᠵᠠᠮ ᠤᠨ ᠤᠤᠯ ᠳᠦᠷᠰᠦ ᠪᠠᠶᠢᠳᠠᠯ ᠢ ᠰᠡᠷᠭᠦᠭᠡᠬᠦ ᠬᠡᠷᠡᠭᠲᠡᠢ᠃ ᠬᠡᠷᠪᠡ ᠥᠪᠡᠰᠦᠪᠡᠨ ᠴᠡᠪᠡᠷᠯᠡᠵᠦ ᠳᠡᠶᠢᠯᠬᠦ ᠦᠭᠡᠢ ᠪᠠᠶᠢᠪᠠᠯ᠂ ᠬᠠᠤᠯᠢ ᠶᠣᠰᠣᠭᠠᠷ ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠵᠣᠬᠢᠶᠠᠨ ᠪᠠᠶᠢᠭᠤᠯᠵᠤ ᠲᠥᠪᠯᠡᠷᠡᠭᠦᠯᠦᠨ ᠴᠡᠪᠡᠷᠯᠡᠵᠦ᠂ ᠡᠭᠦᠨ ᠠᠴᠠ ᠡᠭᠦᠰᠦᠭᠰᠡᠨ ᠵᠠᠷᠤᠳᠠᠯ ᠢ ᠬᠠᠤᠯᠢ ᠶᠢ ᠵᠥᠷᠢᠴᠡᠭᠰᠡᠨ ᠪᠡᠶᠡᠴᠢ ᠴᠣᠭᠴᠠ ᠠᠴᠠ ᠡᠭᠦᠷᠭᠡᠯᠡᠨ᠎ᠡ᠃ ᠭᠤᠣᠯ ᠤᠨ ᠵᠠᠮ ᠤᠨ ᠬᠠᠮᠢᠶᠠᠷᠤᠯᠲᠠ ᠶᠢᠨ ᠬᠤᠯᠪᠣᠭᠳᠠᠯ ᠪᠦᠬᠦᠢ ᠲᠣᠭᠲᠠᠭᠠᠯ ᠢ ᠵᠥᠷᠢᠴᠡᠭᠰᠡᠳ ᠢ ᠬᠠᠤᠯᠢ ᠲᠣᠭᠲᠠᠭᠠᠯ ᠶᠣᠰᠣᠭᠠᠷ ᠰᠢᠳᠬᠡᠨ ᠲᠣᠷᠭᠠᠵᠤ᠂ ᠶᠠᠯ᠎ᠠ ᠪᠣᠯᠵᠤ ᠪᠦᠷᠢᠯᠳᠦᠭᠰᠡᠨ ᠪᠠᠶᠢᠪᠠᠯ᠂ ᠡᠷᠡᠭᠦᠦ ᠶᠢᠨ ᠬᠠᠤᠯᠢ ᠶᠢᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃      ᠠᠷᠪᠠ᠂ ᠲᠤᠰ ᠵᠠᠷᠯᠠᠯ ᠢ ᠨᠡᠶᠢᠲᠡᠯᠡᠭᠰᠡᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃      ᠬᠢᠨᠠᠯᠲᠠ ᠲᠠᠯᠪᠢᠵᠤ ᠢᠯᠡᠴᠢᠯᠡᠨ ᠮᠡᠳᠡᠭᠦᠯᠬᠦ ᠤᠲᠠᠰᠤ᠄ 12345 — 0473-4026171                               2022 ᠣᠨ ᠤ 4 ᠳ᠋ᠣᠭᠠᠷ ᠰᠠᠷ᠎ᠠ ᠶᠢᠨ 27 ᠤ ᠡᠳᠦᠷ
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号