ᠰᠤᠷᠭᠠᠨ ᠬᠥᠮᠦᠵᠢᠯ ᠤᠨ ᠶᠠᠮᠤᠨ᠄ ᠪᠠᠭᠰᠢ ᠶᠢᠨ ᠮᠣᠷᠠᠯ ᠪᠠᠭᠰᠢ ᠶᠢᠨ ᠰᠤᠷᠲᠠᠯ ᠪᠣᠯ ᠪᠠᠭᠰᠢ ᠶᠢᠨ ᠡᠩᠨᠡᠭᠡᠨ ᠤ ᠬᠡᠪ | ᠴᠢᠨᠠᠷ ᠢ ᠦᠨᠡᠯᠡᠬᠦ ᠨᠢᠭᠡᠳᠦᠭᠡᠷ ᠪᠠᠷᠢᠮᠵᠢᠶ᠎ᠠ ᠮᠥᠨ | 12 ᠰᠠᠷ᠎ᠠ ᠶᠢᠨ 7 ᠤ ᠡᠳᠦᠷ᠂ ᠰᠤᠷᠭᠠᠨ ᠬᠥᠮᠦᠵᠢᠯ ᠤᠨ ᠶᠠᠮᠤᠨ ᠰᠣᠨᠢᠨ ᠮᠡᠳᠡᠭᠡ ᠨᠡᠶᠢᠲᠡᠯᠡᠬᠦ ᠬᠤᠷᠠᠯ | ᠬᠢᠪᠠ᠃ ᠰᠤᠷᠭᠠᠨ ᠬᠥᠮᠦᠵᠢᠯ ᠤᠨ ᠶᠠᠮᠤᠨ ᠤ ᠪᠠᠭᠰᠢ ᠶᠢᠨ ᠠᠵᠢᠯ ᠤᠨ ᠵᠤᠷᠭᠠᠨ ᠤ ᠳᠡᠳ᠋ ᠳᠠᠷᠤᠭ᠎ᠠ ᠬᠤᠸᠠᠩ | ᠰᠢᠶᠤᠤ ᠬᠤᠸᠠ ᠲᠠᠨᠢᠯᠴᠠᠭᠤᠯᠬᠤ ᠳᠠᠭᠠᠨ᠂ ᠶᠡᠭᠡ ᠳᠡᠭᠡᠳᠦ ᠰᠤᠷᠭᠠᠭᠤᠯᠢ ᠨᠢ ᠪᠠᠭᠰᠢ ᠶᠢᠨ ᠡᠳᠦᠷ ᠲᠤᠲᠤᠮ ᠤᠨ | ᠬᠥᠮᠦᠵᠢᠯ ᠵᠢᠯᠣᠭᠤᠳᠣᠯᠭ᠎ᠠ ᠶᠢ ᠪᠥᠬᠦ ᠲᠠᠯ᠎ᠠ ᠪᠠᠷ ᠴᠢᠩᠭᠠᠳᠬᠠᠵᠤ᠂ ᠪᠦᠬᠦ ᠪᠠᠭᠰᠢ ᠠᠵᠢᠯᠳᠠᠨ ᠤ ᠶᠣᠰᠣ ᠮᠣᠷᠠᠯ ᠢ | ᠬᠥᠮᠦᠵᠢᠭᠦᠯᠬᠦ ᠰᠢᠰᠲ᠋ᠧᠮ ᠢ ᠪᠠᠶᠢᠭᠤᠯᠬᠤ ᠶᠢ ᠠᠬᠢᠭᠤᠯᠵᠤ᠂ ᠪᠠᠭᠰᠢ ᠶᠢᠨ ᠶᠣᠰᠣ ᠮᠣᠷᠠᠯ ᠤᠨ ᠬᠥᠮᠦᠵᠢᠯ ᠤᠨ | ᠤᠬᠠᠭᠤᠯᠭ᠎ᠠ᠂ ᠬᠢᠨᠠᠨ ᠰᠢᠯᠭᠠᠵᠤ ᠬᠢᠨᠠᠯᠲᠠ ᠲᠠᠯᠪᠢᠬᠤ᠂ ᠱᠠᠩᠨᠠᠵᠤ ᠰᠢᠳᠬᠡᠬᠦ ᠠᠵᠢᠯ ᠤᠨ ᠣᠷᠳᠣ ᠬᠤᠭᠤᠴᠠᠭᠠᠨ ᠤ | ᠪᠦᠲᠦᠮᠵᠢᠲᠡᠶ ᠲᠣᠭᠲᠠᠴᠠ ᠶᠢ ᠲᠠᠰᠤᠷᠠᠯᠲᠠ ᠥᠬᠡᠶ ᠪᠦᠷᠢᠨᠰᠢᠭᠦᠯᠬᠦ ᠬᠡᠷᠡᠭᠲᠡᠶ᠃ ᠣᠳᠣᠬᠠᠨ ᠳᠤ᠂ ᠰᠤᠷᠭᠠᠨ | ᠬᠥᠮᠦᠵᠢᠯ ᠤᠨ ᠶᠠᠮᠤᠨ ᠤ ᠠᠯᠪᠠᠨ ᠰᠦᠯᠵᠢᠶ᠎ᠡ ᠨᠢᠭᠡᠨᠲᠡ ᠪᠠᠭᠰᠢ ᠶᠢᠨ ᠠᠵᠢᠯ ᠮᠡᠷᠭᠡᠵᠢᠯ ᠤᠨ ᠦᠢᠯᠡᠠᠵᠢᠯᠯᠠᠭ᠎ᠠ ᠶᠢᠨ | ᠠᠷᠪᠠᠨ ᠪᠠᠷᠢᠮᠵᠢᠶ᠎ᠠ ᠶᠢ ᠵᠥᠷᠢᠴᠡᠭᠰᠡᠨ 8 ᠪᠦᠯᠦᠭ 58 ᠨᠡᠶᠢᠲᠡᠯᠢᠭ ᠠᠰᠠᠭᠤᠳᠠᠯ ᠢ ᠢᠯᠡ ᠨᠡᠶᠢᠲᠡᠯᠡᠵᠦ᠂ ᠣᠷᠳᠣ | ᠬᠤᠭᠤᠴᠠᠭᠠᠨ ᠤ ᠪᠦᠲᠦᠮᠵᠢᠲᠡᠶ ᠰᠦᠷᠳᠡᠭᠦᠯᠦᠯ ᠦᠢᠯᠡᠳᠦᠯ ᠢ ᠪᠣᠶ ᠪᠣᠯᠭᠠᠪᠠ ᠬᠡᠵᠡᠢ᠃ ᠬᠤᠸᠠᠩ ᠰᠢᠶᠤᠤ ᠬᠤᠸᠠ | ᠬᠡᠯᠡᠬᠦ ᠳᠡᠭᠡᠨ᠂ ᠡᠯ᠎ᠡ ᠭᠠᠵᠠᠷ ᠡᠯ᠎ᠡ ᠰᠤᠷᠭᠠᠭᠤᠯᠢ ᠶᠢ ᠰᠢᠪᠠᠳᠠᠨ ᠪᠠᠶᠢᠭᠠᠳ ᠪᠠᠭᠰᠢ ᠶᠢᠨ ᠶᠣᠰᠣ ᠮᠣᠷᠠᠯ ᠤᠨ | ᠲᠠᠯ᠎ᠠ ᠪᠠᠷ ᠲᠣᠭᠲᠠᠭᠠᠯ ᠠᠴᠠ ᠵᠥᠷᠢᠴᠡᠭᠰᠡᠨ ᠠᠰᠠᠭᠤᠳᠠᠯ ᠢ ᠴᠢᠩᠭ᠎ᠠ ᠪᠠᠶᠢᠴᠠᠭᠠᠨ ᠰᠢᠢᠳᠪᠦᠷᠢᠯᠡᠵᠦ᠂ ᠱᠠᠲᠤ | ᠬᠤᠪᠢᠶᠠᠨ ᠢᠯᠡ ᠪᠠᠷ ᠵᠠᠷᠯᠠᠨ ᠮᠡᠳᠡᠭᠳᠡᠵᠦ᠂ ︽ᠣᠭᠲᠣ ᠠᠭᠤᠴᠢᠯᠠᠬᠤ ᠥᠬᠡᠶ︾ ᠪᠠᠶᠢᠬᠤ ᠬᠡᠷᠡᠭᠲᠡᠶ᠃ ᠡᠭᠦᠨ ᠠᠴᠠ | ᠭᠠᠳᠠᠨ᠎ᠠ᠂ ᠪᠠᠭᠰᠢ ᠶᠢᠨ ᠮᠣᠷᠠᠯ ᠪᠠᠭᠰᠢ ᠶᠢᠨ ᠰᠤᠷᠲᠠᠯ ᠨᠢ ᠨᠢᠭᠡᠨᠲᠡ ᠪᠠᠭᠰᠢ ᠶᠢᠨ ᠡᠩᠨᠡᠭᠡ ᠶᠢᠨ ᠬᠡᠪ ᠴᠢᠨᠠᠷ ᠢ | ᠦᠨᠡᠯᠡᠬᠦ ᠨᠢᠭᠡᠳᠦᠭᠡᠷ ᠪᠠᠷᠢᠮᠵᠢᠶ᠎ᠠ ᠪᠣᠯᠵᠣ᠂ ᠡᠯ᠎ᠡ ᠶᠡᠭᠡ ᠳᠡᠭᠡᠳᠦ ᠰᠤᠷᠭᠠᠭᠤᠯᠢ ᠨᠢ ᠨᠢᠭᠡᠨᠲᠡ ᠪᠠᠭᠰᠢ ᠶᠢᠨ ᠮᠣᠷᠠᠯ ᠤᠨ | ᠢᠯᠡᠷᠡᠯ ᠢ ᠪᠠᠭᠰᠢ ᠤᠷᠢᠵᠤ ᠡᠯᠰᠡᠬᠦ᠂ ᠮᠡᠷᠭᠡᠵᠢᠯ ᠤᠨ ᠴᠣᠯᠠ ᠲᠣᠭᠲᠠᠭᠠᠬᠤ ᠪᠠ ᠤᠷᠢᠬᠤ᠂ ᠰᠢᠯᠢᠳᠡᠭ ᠢ | ᠰᠢᠯᠭᠠᠷᠠᠭᠤᠯᠵᠤ ᠱᠠᠩᠨᠠᠬᠤ᠂ ᠤᠷᠢᠬᠤ ᠬᠤᠭᠤᠴᠠᠭᠠᠨ ᠤ ᠬᠢᠨᠠᠨ ᠰᠢᠯᠭᠠᠯᠲᠠ ᠬᠢᠬᠦ᠂ ᠲᠥᠷᠥᠯ ᠵᠦᠢᠯ ᠭᠤᠶᠤᠴᠢᠯᠠᠨ | ᠮᠡᠳᠡᠭᠦᠯᠬᠦ ᠵᠡᠷᠭᠡ ᠶᠢᠨ ᠲᠡᠷᠢᠭᠦᠨ ᠴᠢᠬᠤᠯᠠ ᠱᠠᠭᠠᠷᠳᠠᠯᠭ᠎ᠠ ᠪᠣᠯᠭᠠᠵᠤ᠂ ᠪᠠᠭᠰᠢ ᠶᠢᠨ ᠮᠣᠷᠠᠯ ᠤᠨ ᠬᠢᠨᠠᠨ | ᠰᠢᠯᠭᠠᠯᠲᠠ ᠶᠢ ᠴᠢᠩᠳᠠᠯᠠᠨ᠂ ᠦᠵᠡᠯ ᠰᠠᠨᠠᠭ᠎ᠠ ᠤᠯᠤᠰ ᠲᠥᠷᠥ ᠶᠢᠨ ᠬᠡᠪ ᠴᠢᠨᠠᠷ ᠤᠨ ᠬᠢᠨᠠᠨ ᠪᠠᠶᠢᠴᠠᠭᠠᠯᠲᠠ ᠶᠢ | ᠴᠢᠩᠭᠠᠳᠬᠠᠵᠤ᠂ ᠪᠠᠭᠰᠢ ᠶᠢᠨ ᠮᠣᠷᠠᠯ ᠪᠠᠭᠰᠢ ᠶᠢᠨ ᠰᠤᠷᠲᠠᠯ ᠤᠨ ᠪᠠᠶᠢᠭᠤᠯᠤᠯᠲᠠ ᠶᠢ ᠪᠠᠶᠢᠩᠭᠤᠵᠢᠭᠤᠯᠬᠤ ᠪᠠ | ᠣᠷᠳᠣ ᠬᠤᠭᠤᠴᠠᠭ᠎ᠠ ᠪᠠᠷ ᠪᠦᠲᠦᠮᠵᠢᠲᠡᠶ ᠪᠠᠶᠢᠯᠭᠠᠬᠤ ᠶᠢ ᠳᠥᠯᠭᠢᠨ ᠠᠬᠢᠭᠤᠯᠵᠤ ᠪᠠᠶᠢᠨ᠎ᠠ ᠬᠡᠪᠡ᠃ | | | ᠰᠤᠪᠤᠳ |