ᠰᠤᠷᠭᠠᠨ ᠬᠦᠮᠦᠵᠢᠯ ᠤᠨ ᠶᠠᠮᠤᠨ ᠤ ᠮᠡᠳᠡᠭᠡ
ᠨᠡᠶᠢᠲᠡᠯᠡᠭᠰᠡᠨ ᠴᠠᠭ᠄
2022/7/8
      ᠣᠶᠢᠷ᠎ᠠ ᠳᠤ᠂ ᠰᠤᠷᠭᠠᠨ ᠬᠥᠮᠦᠵᠢᠯ ᠤᠨ ᠶᠠᠮᠤᠨ ᠠᠷᠪᠠᠨ ᠭᠤᠷᠪᠠᠳᠤᠭᠠᠷ  ᠬᠤᠭᠤᠴᠠᠭᠠᠨ ᠤ ᠪᠥᠬᠦ ᠤᠯᠤᠰ ‍ᠤᠨ‌ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠬᠤᠷᠠᠯᠳᠤᠭᠠᠨ ᠤ 8297 ᠳ᠋ᠤᠭᠠᠷ ᠲᠣᠭᠠᠲᠤ ᠰᠠᠨᠠᠭᠤᠯᠭ᠎ᠠ ᠳᠤ ᠦᠭᠭᠦᠭᠰᠡᠨ ᠬᠠᠷᠢᠭᠤᠯᠲᠠ ᠶᠢ  ᠨᠡᠶᠢᠳᠡᠯᠡᠪᠡ᠃ ︽ᠬᠡᠦᠬᠡᠳ ᠤᠨ ᠴᠡᠴᠡᠷᠯᠢᠭ ᠪᠠ ᠪᠠᠭ᠎ᠠ ᠰᠤᠷᠭᠠᠭᠤᠯᠢ ᠶᠢ ᠰᠢᠨᠵᠢᠯᠡᠬᠦ ᠤᠬᠠᠭᠠᠨᠴᠢ ᠪᠠᠷ ᠵᠣᠯᠭᠠᠭᠤᠯᠬᠤ ᠶᠢ ᠴᠢᠩᠭᠠᠳᠬᠠᠬᠤ︾ ᠲᠤᠬᠠᠢ ᠰᠠᠨᠠᠭᠤᠯᠭ᠎ᠠ ᠳᠤ ᠴᠢᠭᠯᠡᠭᠦᠯᠦᠨ᠂ ᠰᠤᠷᠭᠠᠨ ᠬᠥᠮᠦᠵᠢᠯ ᠤᠨ ᠶᠠᠮᠤᠨ ᠤ ᠬᠢᠨ 2022 ᠣᠨ ᠤ ᠨᠠᠮᠤᠷ ᠤᠨ ᠰᠤᠷᠤᠯᠭ᠎ᠠ ᠶᠢᠨ ᠬᠤᠭᠤᠴᠠᠭ᠎ᠠ ᠠᠴᠠ ᠡᠬᠢᠯᠡᠨ᠂ ᠡᠯ᠎ᠡ ᠮᠤᠵᠢ ︵ᠣᠷᠣᠨ᠂ ᠬᠤᠲᠠ︶ ᠳᠤ ᠰᠤᠷᠭᠠᠭᠤᠯᠢ ᠳᠤ ᠣᠷᠣᠬᠤ ᠪᠡᠯᠡᠳᠬᠡᠯ ᠪᠠ ᠰᠤᠷᠭᠠᠭᠤᠯᠢ ᠳᠤ ᠣᠷᠣᠬᠤ ᠳᠤ ᠵᠣᠬᠢᠴᠠᠬᠤ ᠰᠤᠷᠭᠠᠨ ᠬᠥᠮᠦᠵᠢᠯ ᠢ ᠪᠥᠬᠦ ᠲᠠᠯ᠎ᠠ ᠪᠠᠷ ᠬᠡᠷᠡᠭᠵᠢᠭᠦᠯᠦᠨ᠎ᠡ ᠬᠡᠵᠦ ᠬᠠᠷᠢᠭᠤᠯᠲᠠ ᠥᠭᠪᠡ᠃                    ᠬᠡᠦᠬᠡᠳ ᠤᠨ ᠴᠡᠴᠡᠷᠯᠢᠭ ᠪᠠ ᠪᠠᠭ᠎ᠠ ᠰᠤᠷᠭᠠᠭᠤᠯᠢ ᠶᠢ ᠵᠣᠯᠭᠠᠭᠤᠯᠬᠤ  ᠲᠤᠷᠰᠢᠯᠲᠠ ᠶᠢᠨ ᠠᠵᠢᠯ ᠢ ᠪᠠᠶᠢᠷᠢᠯᠠᠭᠤᠯᠤᠨ ᠬᠡᠷᠡᠭᠵᠢᠭᠦᠯᠬᠦ ᠲᠠᠯ᠎ᠠ ᠪᠠᠷ᠂ ᠰᠤᠷᠭᠠᠨ  ᠬᠥᠮᠦᠵᠢᠯ ᠤᠨ  ᠶᠠᠮᠤᠨ  ᠢᠯᠡᠷᠬᠡᠶᠢᠯᠡᠬᠦ ᠳᠡᠭᠡᠨ᠂  ᠬᠡᠦᠬᠡᠳ ᠤᠨ  ᠴᠡᠴᠡᠷᠯᠢᠭ ᠲᠤ  ᠰᠤᠷᠭᠠᠭᠤᠯᠢ ᠳᠤ ᠣᠷᠣᠬᠤ ᠪᠡᠯᠡᠳᠬᠡᠯ ᠰᠤᠷᠭᠠᠨ ᠬᠥᠮᠦᠵᠢᠯ ᠢ ᠰᠠᠶᠢᠲᠤᠷ ᠬᠢᠵᠦ᠂ ᠶᠡᠭᠡ ᠠᠩᠭᠢ ᠶᠢᠨ ᠬᠤᠶᠠᠳᠤᠭᠠᠷ ᠰᠤᠷᠤᠯᠭ᠎ᠠ ᠶᠢᠨ ᠬᠤᠭᠤᠴᠠᠭᠠᠨ ᠠᠴᠠ ᠬᠡᠦᠬᠡᠳ ᠲᠤ ᠠᠮᠢᠳᠤᠷᠠᠯ᠂ ᠨᠡᠶᠢᠭᠡᠮ ᠪᠠ  ᠰᠤᠷᠤᠯᠴᠠᠯᠭ᠎ᠠ ᠵᠡᠷᠭᠡ ᠣᠯᠠᠨ ᠲᠠᠯ᠎ᠠ ᠶᠢᠨ ᠪᠡᠯᠡᠳᠬᠡᠯ ᠢ ᠴᠢᠭᠯᠡᠬᠦᠯᠦᠯᠳᠦ ᠴᠢᠨᠠᠷᠲᠠᠶ ᠪᠠᠷ ᠰᠠᠶᠢᠳᠤᠷ ᠬᠢᠨ᠎ᠡ᠃ ᠪᠠᠭ᠎ᠠ ᠰᠤᠷᠭᠠᠭᠤᠯᠢ ᠳᠤ ᠰᠤᠷᠭᠠᠭᠤᠯᠢ ᠣᠷᠣᠬᠤ ᠳᠤ ᠵᠣᠬᠢᠴᠠᠬᠤ ᠰᠤᠷᠭᠠᠨ ᠬᠥᠮᠦᠵᠢᠯ ᠢ ᠰᠠᠶᠢᠲᠤᠷ ᠬᠢᠵᠦ᠂ ᠰᠠᠨᠠᠭᠠᠴᠢᠯᠠᠭ᠎ᠠ ᠠᠴᠠ ᠪᠠᠨ ᠵᠣᠯᠭᠠᠭᠤᠯᠬᠤ ᠤᠬᠠᠮᠰᠠᠷ ᠢᠶᠠᠨ ᠴᠢᠩᠭᠠᠳᠬᠠᠨ᠂ ᠨᠢᠭᠡᠳᠦᠭᠡᠷ ᠣᠨ ᠤ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠠᠷᠭ᠎ᠠ  ᠮᠠᠶ᠋ᠢᠭ ᠲᠤ ᠥᠭᠡᠷᠡᠴᠢᠯᠡᠯᠲᠡ ᠬᠢᠵᠦ᠂ ᠤᠯᠤᠰ ᠤᠨ ᠬᠢᠴᠢᠶᠡᠯ ᠳᠤ ᠭᠤᠤᠯᠳᠠᠭᠤ ᠲᠣᠭᠯᠠᠭᠠᠮᠴᠢᠯᠠᠬᠤ᠂ ᠠᠮᠢᠳᠤᠷᠠᠯᠴᠢᠯᠠᠬᠤ᠂ ᠶᠡᠷᠦᠩᠬᠡᠶᠢᠯᠡᠬᠦ ᠵᠡᠷᠭᠡ ᠠᠷᠭ᠎ᠠ ᠮᠠᠶ᠋ᠢᠭ ᠢ ᠠᠪᠴᠤ᠂ ᠬᠡᠦᠬᠡᠳ ᠤᠨ  ᠪᠡᠶ᠎ᠡ ᠰᠡᠳᠬᠢᠯ ᠤᠨ ᠣᠨᠴᠠᠯᠢᠭ ᠪᠠ ᠬᠦᠯᠢᠶᠡᠨ ᠠᠪᠬᠤ ᠴᠢᠳᠠᠪᠤᠷᠢ ᠶᠢ ᠣᠮᠲᠣᠭᠠᠶᠢᠯᠠᠬᠤ ᠦᠵᠡᠭᠳᠡᠯ ᠢ  ᠦᠨᠡᠨᠬᠦ ᠬᠤᠪᠢᠷᠠᠭᠤᠯᠤᠨ᠎ᠠ᠃ ᠡᠯ᠎ᠡ ᠭᠠᠵᠠᠷ ᠤᠨ ᠰᠢᠶᠠᠨ ︵ᠲᠣᠭᠤᠷᠢᠭ︶ ᠢᠶᠠᠷ ᠨᠢᠭᠡᠴᠢ ᠪᠣᠯᠭᠠᠨ  ᠨᠢᠭᠡ ᠪᠦᠯᠦᠭ ᠬᠡᠦᠬᠡᠳ ᠤᠨ ᠴᠡᠴᠡᠷᠯᠢᠭ ᠪᠠ ᠪᠠᠭ᠎ᠠ ᠰᠤᠷᠭᠠᠭᠤᠯᠢ ᠶᠢ ᠵᠣᠯᠭᠠᠭᠤᠯᠬᠤ  ᠲᠤᠷᠰᠢᠯᠲᠠ ᠶᠢᠨ ᠲᠣᠭᠤᠷᠢᠭ ᠪᠠ ᠲᠤᠷᠰᠢᠯᠲᠠ ᠶᠢᠨ ᠴᠢᠬ ᠤᠨ ᠬᠡᠦᠬᠡᠳ ᠤᠨ ᠴᠡᠴᠡᠷᠯᠢᠭ ︵ᠰᠤᠷᠭᠠᠭᠤᠯᠢ︶ ᠢ ᠰᠢᠯᠢᠨ ᠰᠣᠩᠭᠤᠬᠤ ᠶᠢ ᠵᠢᠭᠠᠨ ᠵᠢᠯᠣᠭᠤᠳᠴᠤ᠂ ᠬᠡᠦᠬᠡᠳ ᠤᠨ ᠴᠡᠴᠡᠷᠯᠢᠭ ᠪᠠ  ᠪᠠᠭ᠎ᠠ ᠰᠤᠷᠭᠠᠭᠤᠯᠢ ᠶᠢᠨ ᠪᠠᠭᠰᠢ ᠶᠢᠨ ᠬᠢᠴᠢᠶᠡᠯ᠂ ᠵᠢᠭᠠᠨ ᠰᠤᠷᠭᠠᠯᠲᠠ᠂ ᠬᠠᠮᠢᠶᠠᠷᠤᠯᠲᠠ ᠪᠠ  ᠵᠢᠭᠠᠨ ᠰᠤᠷᠭᠠᠯᠲᠠ ᠵᠡᠷᠭᠡ ᠲᠠᠯ᠎ᠠ ᠶᠢᠨ ᠰᠤᠳᠤᠯᠭᠠᠨ ᠤ ᠬᠠᠮᠲᠤᠷᠠᠯᠴᠠᠭ᠎ᠠ ᠶᠢ ᠴᠢᠩᠭᠠᠳᠬᠠᠨ᠎ᠠ ᠬᠡᠪᠡ᠃                    ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ  ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠯ ᠢ ᠵᠠᠰᠠᠬᠤ ᠲᠠᠯ᠎ᠠ ᠪᠠᠷ᠂ ᠰᠤᠷᠭᠠᠨ ᠬᠥᠮᠦᠵᠢᠯ ᠤᠨ  ᠶᠠᠮᠤᠨ ᠢᠯᠡᠷᠬᠡᠶᠢᠯᠡᠬᠦ ᠳᠡᠭᠡᠨ᠂ ᠰᠤᠷᠭᠠᠭᠤᠯᠢ ᠶᠢᠨ ᠨᠠᠰᠤᠨ ᠠᠴᠠ ᠡᠮᠦᠨᠡᠬᠢ ᠬᠡᠦᠬᠡᠳ ᠲᠤ ᠰᠦᠯᠵᠢᠶᠡᠨ ᠳᠡᠭᠡᠷᠡᠬᠢ ᠪᠣᠯᠪᠠᠰᠤᠷᠠᠯ ᠥᠷᠨᠢᠭᠦᠯᠵᠦ᠂ ᠰᠤᠷᠭᠠᠭᠤᠯᠢ ᠶᠢᠨ ᠨᠠᠰᠤᠨ ᠠᠴᠠ  ᠡᠮᠦᠨᠡᠬᠢ ᠠᠩᠭᠢ᠂ᠬᠡᠦᠬᠡᠳ ᠤᠨ ᠴᠡᠴᠡᠷᠯᠢᠭ ᠪᠡ ᠪᠠᠭ᠎ᠠ ᠰᠤᠷᠭᠠᠭᠤᠯᠢ ᠶᠢ ᠵᠣᠯᠭᠠᠭᠤᠯᠬᠤ ᠠᠩᠭᠢ᠂  ᠰᠡᠳᠬᠢᠬᠦᠶ ᠶᠢᠨ ᠪᠣᠯᠪᠠᠰᠤᠷᠠᠯ ᠤᠨ ᠠᠩᠭᠢ᠂ ᠨᠠᠶᠢᠳᠠᠨ ᠬᠠᠮᠢᠶᠠᠷᠤᠭᠤᠯᠬᠤ ᠠᠩᠭᠢ ᠵᠡᠷᠭᠡ ᠨᠡᠷ᠎ᠡ ᠪᠠᠷ ᠰᠦᠯᠵᠢᠶᠡᠨ ᠭᠠᠳᠠᠨᠠᠬᠢ ᠰᠢᠨᠵᠢᠯᠡᠭᠡᠨ ᠤ ᠲᠥᠷᠥᠯ ︵ᠭᠠᠳᠠᠭᠠᠳᠤ ᠬᠡᠯᠡ ᠪᠠᠭᠲᠠᠨ᠎ᠠ︶ ᠤᠨ ᠪᠣᠯᠪᠠᠰᠤᠷᠠᠯ ᠥᠷᠨᠢᠭᠦᠯᠵᠦ ᠪᠠᠶᠢᠬᠤ ᠪᠠ ᠬᠡᠦᠬᠡᠳ ᠤᠨ ᠪᠡᠶ᠎ᠡ ᠰᠡᠳᠬᠢᠯ ᠤᠨ ᠬᠥᠭᠵᠢᠯᠲᠡ ᠶᠢᠨ  ᠵᠢᠮ᠎ᠡ ᠶᠣᠰᠣ ᠪᠤᠯᠤᠨ ᠬᠦᠯᠢᠶᠡᠬᠦ ᠴᠢᠳᠠᠪᠤᠷᠢ ᠵᠡᠷᠭᠡ ᠠᠴᠠ ᠲᠡᠷᠰᠡᠯᠡᠭᠰᠡᠨ ᠪᠣᠯᠪᠠᠰᠤᠷᠠᠯ ᠤᠨ ᠠᠵᠢᠯᠯᠠᠭ᠎ᠠ ᠥᠷᠨᠢᠭᠦᠯᠵᠦ ᠪᠠᠶᠢᠬᠤ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠯ ᠤᠨ ᠪᠠᠶᠢᠭᠤᠯᠤᠮᠵᠢ ᠶᠢ ᠣᠯᠵᠤ ᠮᠡᠳᠡᠪᠡᠯ᠂ ᠴᠢᠩᠭ᠎ᠠ ᠪᠠᠶᠢᠴᠠᠭᠠᠨ ᠰᠢᠢᠳᠪᠦᠷᠢᠯᠡᠬᠦ ᠶᠢᠨ ᠬᠠᠮᠲᠤ  ᠬᠠᠮᠢᠶ᠎ᠠ ᠪᠥᠬᠦᠶ ᠬᠥᠮᠦᠰ ᠠᠴᠠ ᠬᠠᠷᠢᠭᠤᠴᠠᠯᠭ᠎ᠠ ᠨᠡᠬᠡᠮᠵᠢᠯᠡᠨ᠎ᠡ ᠬᠡᠪᠡ᠃                                                                                                           ᠠᠷᠠᠳ ᠤᠨ ᠰᠦᠯᠵᠢᠶ᠎ᠡ
 
ᠢᠷᠡᠯᠲᠡ᠄ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号