ᠰᠣᠷᠣᠭᠴᠢᠳ ᠤᠨ ᠳᠠᠷᠤᠭᠠᠰᠤ ᠶᠢ ᠬᠦᠩᠭᠡᠷᠡᠬᠦᠯᠬᠦ ᠠᠵᠢᠯ ᠡᠷᠴᠢᠮᠲᠡᠢ ᠶᠠᠪᠤᠭᠳᠠᠵᠤ
ᠨᠡᠶᠢᠲᠡᠯᠡᠭᠰᠡᠨ ᠴᠠᠭ᠄
2022/8/10
 ᠰᠤᠷᠤᠬᠴᠢᠳ ᠤᠨ ᠲᠠᠷᠤᠭᠠᠰᠣ ᠶᠢ ᠬᠥᠩᠭᠡᠷᠡᠭᠦᠯᠬᠦ ᠠᠵᠢᠯ ᠡᠷᠴᠢᠮᠳᠡᠢ ᠶᠠᠪᠤᠬᠳᠠᠵᠦ ᠪᠠᠶᠢᠨ᠎ᠠ                 ᠰᠣᠷᠭᠠᠨ ᠬᠥᠮᠥᠵᠢᠯ ᠤᠨ ᠶᠠᠮᠤᠨ ᠤ 21 ᠤ ᠡᠳᠣᠷ ᠤᠨ ᠨᠡᠶᠢᠳᠡᠯᠡᠭᠰᠡᠨ ᠢᠶᠠᠷ᠂ ᠰᠤᠷᠤᠬᠴᠢᠳ ᠤᠨ ︽ᠬᠤᠶᠠᠷ ᠲᠠᠯ᠎ᠠ ᠶᠢᠨ ᠲᠠᠷᠤᠭᠠᠰᠣ ᠶᠢ ᠬᠥᠩᠭᠡᠷᠡᠭᠦᠯᠬᠦ︾ ᠪᠤᠳᠤᠯᠭ᠎ᠠ ᠶᠢ  ᠭᠡᠷᠡᠭᠵᠢᠬᠦᠯᠥᠭᠰᠡᠨ ᠠᠴᠠ ᠨᠠᠭᠠᠰᠢ᠂ ᠬᠢᠴᠢᠶᠠᠯ  ᠤᠨ ᠲᠢᠩᠬᠢᠮ ᠳᠤ ᠰᠤᠷᠭᠠᠯᠳᠡ ᠬᠢᠬᠦ ᠰᠤᠷᠭᠠᠭᠤᠯᠢ ᠶᠢᠨ ᠭᠠᠳᠠᠨᠠᠬᠢ ᠪᠤᠯᠪᠠᠰᠣᠷᠠᠯ ᠰᠤᠷᠭᠠᠯᠳᠡ ᠶᠢᠨ ᠭᠠᠵᠠᠷ ᠵᠠᠭᠤᠨ ᠤ 83.8 ᠪᠠᠷ  ᠪᠠᠭᠠᠰᠴᠣ᠂ ᠰᠥᠯᠵᠢᠶᠡᠨ ᠲᠡᠭᠡᠷ᠎ᠡ ᠰᠤᠷᠭᠠᠯᠳᠡ ᠬᠢᠬᠦ ᠰᠤᠷᠭᠠᠭᠤᠯᠢ ᠶᠢᠨ ᠭᠠᠳᠠᠨᠠᠬᠢ ᠪᠤᠯᠪᠠᠰᠣᠷᠠᠯ ᠰᠤᠷᠭᠠᠯᠳᠡ ᠶᠢᠨ ᠭᠠᠵᠠᠷ ᠵᠠᠭᠤᠨ ᠤ 84.1 ᠪᠠᠷ ᠪᠠᠭᠠᠰᠴᠠᠢ᠃ ᠡᠭᠦᠨ ᠤ ᠵᠡᠷᠭᠡᠪᠡᠷ ᠰᠤᠷᠭᠠᠭᠤᠯᠢ ᠤᠨ ᠲᠤᠳᠤᠷᠠᠬᠢ ᠬᠢᠴᠢᠶᠠᠯ ᠤᠨ ᠲᠠᠷᠤᠭᠠᠰᠣ ᠶᠢ ᠭᠦᠩᠭᠡᠷᠡᠭᠦᠯᠬᠦ ᠠᠵᠢᠯ ᠴᠤ ᠢᠯᠡᠷᠭᠡᠢ ᠥᠷ᠎ᠠ ᠪᠥᠳᠥᠮᠵᠢ ᠣᠯᠣᠬᠰᠠᠨ ᠪᠠᠶᠢᠨ᠎ᠠ᠃                 ᠰᠣᠷᠭᠠᠨ ᠬᠥᠮᠥᠵᠢᠯ ᠤᠨ ᠶᠠᠮᠤᠨ ᠤ ᠬᠠᠮᠢᠶᠠᠳᠡᠢ ᠬᠠᠷᠢᠭᠤᠴᠠᠯᠭᠠᠳᠠᠨ ᠤ ᠲᠠᠨᠢᠯᠴᠠᠭᠤᠯᠤᠬᠰᠠᠨ ᠢᠶᠠᠷ᠂ ᠬᠢᠴᠢᠶᠠᠯ ᠲᠥᠷᠥᠯ ᠤᠨ ᠪᠤᠯᠪᠠᠰᠣᠷᠠᠯ ᠢ ᠶᠡᠬᠡᠪᠡᠷ ᠪᠠᠭᠠᠰᠬᠠᠵᠦ᠂ ᠥᠯᠡᠳᠡᠭᠰᠡᠨ ᠪᠤᠯᠪᠠᠰᠣᠷᠠᠯ ᠰᠤᠷᠭᠠᠯᠳᠡ ᠶᠢᠨ ᠭᠠᠵᠠᠷ  ᠤᠨ ᠵᠠᠷᠢᠮ ᠢ ᠨᠢ ᠠᠰᠢᠭ ᠤᠷᠤᠯᠭ᠎ᠠ ᠶᠢᠨ ᠪᠤᠰᠤ ᠪᠠᠶᠢᠭᠤᠯᠤᠮᠵᠢ ᠪᠤᠯᠭᠠᠨ ᠬᠤᠪᠢᠷᠠᠭᠤᠯᠵᠦ᠂ ᠬᠤᠪᠢᠷᠠᠭᠤᠯᠬᠤ ᠪᠤᠯᠤᠮᠵᠢ ᠦᠭᠡᠢ ᠪᠤᠯᠪᠠᠰᠣᠷᠠᠯ  ᠰᠤᠷᠭᠠᠯᠳᠡ‌ᠵᠢᠨ ᠭᠠᠵᠠᠷ ᠢ ᠴᠢᠨᠠᠬᠰᠢᠳᠡ ᠵᠣᠬᠰᠣᠭᠠᠬᠤ ᠪᠤᠯᠤᠨ᠎ᠠ᠃                 ᠰᠤᠷᠭᠠᠨ ᠬᠥᠮᠥᠵᠢᠯ ᠤᠨ ᠶᠠᠮᠤᠨ ᠢᠯᠡᠷᠬᠡᠶᠢᠯᠡᠬᠦ ᠳᠡᠭᠡᠨ᠂ ᠳᠠᠷᠠᠭ᠎ᠠ ᠠᠯᠬᠤᠮ ᠳᠤ ᠰᠤᠷᠭᠠᠨ ᠬᠥᠮᠥᠵᠢᠯ ᠤᠨ ᠶᠠᠮᠤᠨ ᠪᠤᠰᠤᠳ ᠰᠠᠯᠠᠭ᠎ᠠ ᠮᠥᠴᠢᠷ ᠲᠠᠢ ᠬᠠᠮᠳᠣᠷᠡᠵᠦ ᠪᠠᠶᠢᠭᠠᠳ ᠰᠤᠷᠭᠠᠭᠤᠯᠢ ᠶᠢᠨ ᠭᠠᠳᠠᠨᠠᠬᠢ ᠪᠤᠯᠪᠠᠰᠤᠷᠠᠯ ᠰᠤᠷᠭᠠᠯᠳᠡ ᠶᠢᠨ ᠭᠠᠵᠠᠷ ᠢ ᠬᠢᠨᠠᠵᠦ ᠬᠠᠮᠢᠶᠠᠷᠬᠤ ᠵᠠᠰᠠᠭ ᠵᠠᠬᠢᠷᠭᠠᠨ ᠤ ᠬᠠᠣᠯᠢ ᠭᠡᠷᠡᠭᠵᠢᠬᠦᠯᠬᠦ ᠠᠵᠢᠯ ᠢ ᠠᠬᠢᠭᠤᠯᠬᠤ ᠪᠤᠯᠤᠨ᠎ᠠ ᠭᠡᠵᠡᠢ᠃                                                                                                    ᠲᠤᠷᠤᠨ᠎ᠠ
 
ᠢᠷᠡᠯᠲᠡ᠄ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号