ᠡᠨᠡ ᠲᠦᠷᠦᠯ ᠤᠨ ᠰᠣᠷᠣᠭᠴᠢ ᠶᠢ ᠁
ᠨᠡᠶᠢᠲᠡᠯᠡᠭᠰᠡᠨ ᠴᠠᠭ᠄
2022/8/28
ᠡᠨᠡ ᠲᠥᠷᠥᠯ ᠤᠨ ᠰᠤᠷᠤᠭᠴᠢ ᠶᠢ ᠲᠡᠭᠦᠰᠬᠦ ᠠᠴᠠ ᠨᠢ ᠡᠮᠦᠨ᠎ᠡ ᠨᠢᠭᠡ ᠶᠢ ᠴᠤ ᠦᠯᠡᠳᠡᠭᠡᠯ ᠦᠭᠡᠢ ᠪᠠᠷ ᠪᠤᠯᠢᠶᠠᠯᠳᠤᠨ ᠠᠪᠴᠤ ᠪᠠᠶᠢᠨ᠎ᠠ                     ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ  ᠶᠠᠮᠤᠨ ᠤ ᠣᠶᠢᠷ᠎ᠠ ᠳᠤ ᠨᠡᠶᠢᠲᠡᠯᠡᠭᠰᠡᠨ 2021 ᠣᠨ ᠤ ᠭᠤᠷᠪᠠᠳᠤᠭᠠᠷ ᠤᠯᠠᠷᠢᠯ ᠳᠠᠬᠢ ᠪᠥᠬᠦ ᠤᠯᠤᠰ ᠤᠨ ︽ᠠᠵᠢᠯᠲᠠᠨ ᠬᠠᠮᠤᠭ ᠠᠴᠠ ᠳᠤᠲᠠᠭᠳᠠᠵᠤ ᠪᠠᠶᠢᠬᠤ︾ 100 ᠠᠵᠢᠯ ᠮᠡᠷᠭᠡᠵᠢᠯ ᠤᠨ ᠵᠢᠭᠰᠠᠭᠠᠯᠲᠠ ᠲᠤᠳᠤᠷᠠᠬᠢ 58 ᠨᠢ ︽ᠦᠢᠯᠡᠳᠪᠦᠷᠢᠯᠡᠯ ᠦᠢᠯᠡᠳᠭᠡᠯ ᠵᠢᠴᠢ ᠬᠤᠯᠪᠣᠭᠳᠠᠯ ᠪᠥᠬᠦᠶ ᠠᠵᠢᠯᠲᠠᠨ︾  ᠪᠤᠯᠤᠨ᠎ᠠ᠃ ᠬᠠᠮᠤᠭ ᠤᠨ ᠰᠢᠨ᠎ᠡ ᠲᠤᠭ᠎ᠠ ᠪᠠᠷᠢᠮᠲᠠ ᠳᠤ ᠢᠯᠡᠷᠡᠭᠦᠯᠦᠭᠰᠡᠨ ᠢᠶᠠᠷ᠄  2025 ᠤᠨ ᠪᠣᠯᠬᠤ ᠳᠤ᠂ ᠳᠤᠮᠳᠠᠳᠤ ᠤᠯᠤᠰ ᠤᠨ ᠦᠢᠯᠡᠳᠬᠦ ᠦᠢᠯᠡᠰ ᠤᠨ 10 ᠶᠡᠭᠡ ᠭᠤᠤᠯᠳᠠᠯᠭ᠎ᠠ ᠲᠠᠢ ᠬᠦᠷᠢᠶᠡᠨ ᠳᠠᠬᠢ ᠴᠢᠳᠠᠪᠤᠷᠢᠲᠠᠨ ᠤ ᠶᠡᠷᠦᠩᠬᠡᠶ ᠬᠡᠮᠵᠢᠶ᠎ᠡ 6200  ᠲᠦᠮᠡ  ᠰᠢᠬᠠᠮ    ᠬᠥᠮᠦᠨ ᠳᠤ  ᠬᠦᠷᠴᠦ᠂  ᠴᠢᠳᠠᠪᠤᠷᠢᠲᠠᠨ ᠤ  ᠬᠡᠷᠡᠭᠴᠡᠭᠡ  ᠱᠠᠭᠠᠷᠳᠠᠯᠭ᠎ᠠ ᠶᠢᠨ ᠳᠤᠲᠠᠭᠤᠳᠠᠯ 3000 ᠲᠦᠮᠡ ᠰᠢᠬᠠᠮ ᠬᠥᠮᠦᠨ ᠳᠤ ᠬᠦᠷᠴᠦ᠂ ᠳᠤᠲᠠᠭᠤᠳᠠᠯ ᠤᠨ ᠨᠣᠷᠮ᠎ᠠ ᠨᠢ 48% ᠳᠤ ᠬᠦᠷᠬᠦ ᠪᠤᠯᠤᠨ᠎ᠠ᠃                  ᠠᠵᠢᠯᠲᠠᠨ ᠳᠤᠲᠠᠭᠳᠠᠬᠤ ᠠᠰᠠᠭᠤᠳᠠᠯ ᠶᠠᠪᠤᠬᠤ ᠲᠤᠲᠤᠮ ᠲᠣᠪᠤᠶᠢᠮ᠎ᠠ ᠪᠣᠯᠵᠣ᠂ ᠣᠶᠢᠷ᠎ᠠ ᠶᠢᠨ ᠵᠢᠯ ᠤᠳ ᠲᠤ ᠥᠨᠳᠥᠷ ᠴᠠᠯᠢᠩ ᠢᠶᠠᠷ ᠴᠢᠳᠠᠪᠤᠷᠢᠲᠠᠨ ᠤᠷᠢᠬᠤ ᠨᠢ ᠨᠢᠭᠡᠨᠲᠡ ᠠᠵᠤ  ᠠᠬᠤᠶᠢᠯᠠᠯ ᠤᠨ ᠨᠡᠶᠢᠳᠡᠮ ᠤᠨ ᠠᠷᠭ᠎ᠠ ᠬᠢᠳᠡᠯ ᠪᠣᠯᠵᠣ᠂ ᠵᠠᠷᠢᠮ ᠺᠣᠮᠫᠠᠨᠢ ᠨᠢ ᠴᠢᠨᠠᠭᠰᠢᠯᠠᠭᠠᠳ ᠰᠲ᠋ᠣᠺ ᠤᠨ ᠡᠷᠬᠡ ᠶᠢᠨ ᠤᠷᠮᠠᠰᠢᠭᠤᠯᠤᠯ ᠢ ᠴᠤ ᠨᠡᠮᠡᠭᠰᠡᠨ ᠪᠥᠭᠡᠳ ᠪᠠᠰᠠ ᠵᠠᠷᠢᠮ ᠨᠢ ᠮᠡᠷᠭᠡᠵᠢᠯ ‍ᠤᠨ‌‍ᠴᠢᠳᠠᠪᠤᠷᠢᠲᠠᠨ ᠤ ᠲᠡᠰ ᠳᠡᠪᠰᠢᠬᠦ ᠰᠠᠭᠠᠳ ᠥᠬᠡᠶ ᠵᠠᠮ ᠢ ᠲᠤᠰᠬᠠᠶᠢᠯᠠᠨ  ᠨᠡᠭᠡᠭᠡᠭᠰᠡᠨ ᠪᠣᠯᠪᠠᠴᠤ ᠮᠡᠷᠭᠡᠵᠢᠯ ᠤᠨ ᠠᠵᠢᠯᠲᠠᠨ ᠳᠤᠲᠠᠭᠳᠠᠵᠤ ᠪᠠᠶᠢᠭ᠎ᠠ ᠬᠦᠴᠢᠷᠳᠡᠯ ᠢ ᠮᠥᠨ ᠯᠡ ᠰᠢᠢᠳᠪᠦᠷᠢᠯᠡᠬᠦ ᠳᠤ ᠪᠡᠷᠭᠡᠳᠡᠢ ᠪᠠᠶᠢᠨ᠎ᠠ᠃                      2020 ᠣᠨ ᠳᠤ᠂ ᠱᠠᠩᠬᠠᠶ ᠬᠤᠲᠠ ᠶᠢᠨ ᠤᠷ᠎ᠠ ᠮᠡᠷᠭᠡᠵᠢᠯ ᠲᠠᠢ ᠴᠢᠳᠠᠪᠤᠷᠢᠲᠠᠨ ᠪᠣᠯᠤᠨ ᠳᠡᠭᠡᠳᠦ ᠤᠷ᠎ᠠ ᠮᠡᠷᠭᠡᠵᠢᠯ ᠲᠠᠢ ᠴᠢᠳᠠᠪᠤᠷᠢᠲᠠᠨ ᠤ ᠳᠤᠮᠳᠠᠴᠢ ᠴᠠᠯᠢᠩ ᠨᠢ ᠪᠥᠬᠦ ᠬᠤᠲᠠ ᠶᠢᠨ ᠠᠵᠢᠯ ᠣᠯᠤᠭᠰᠠᠳ ᠤᠨ ᠳᠤᠮᠳᠠᠴᠢ ᠴᠠᠯᠢᠩ ᠠᠴᠠ ᠲᠣᠰ ᠲᠣᠰ 9% ᠪᠠ 16% ᠥᠨᠳᠥᠷ ᠪᠣᠯᠵᠣ᠂ ᠡᠩ ᠤᠨ ᠬᠠᠮᠢᠶᠠᠷᠤᠯᠲᠠ ᠶᠢᠨ ᠠᠵᠢᠯ ᠤᠨ ᠪᠠᠶᠢᠷᠢ ᠶᠢᠨ ᠠᠵᠢᠯᠲᠠᠨ ︵ᠵᠢᠱᠢᠶᠡᠯᠡᠪᠡᠯ᠄ ᠨᠠᠷᠢᠨ ᠪᠢᠴᠢᠭᠡᠴᠢ᠂ ᠠᠵᠢᠯᠯᠠᠭᠴᠢ᠂ ᠠᠷᠤ ᠲᠠᠯ᠎ᠠ ᠶᠢᠨ ᠠᠵᠢᠯ ᠤᠨ ᠬᠠᠮᠢᠶᠠᠷᠤᠯᠲᠠ ᠵᠡᠷᠭᠡ︶ ᠤ ᠳᠤᠮᠳᠠ ᠪᠠᠶᠢᠷᠢ ᠶᠢᠨ ᠲᠣᠭᠠᠨ ᠤ ᠴᠠᠯᠢᠩ ᠠᠴᠠ ᠲᠣᠰ ᠲᠣᠰ 11% ᠪᠠ 37 % ᠥᠨᠳᠥᠷ ᠪᠣᠯᠪᠠ᠃                  ᠣᠶᠢᠷ᠎ᠠ ᠶᠢᠨ ᠵᠢᠯ ᠤᠨ ᠲᠤᠷᠰᠢ᠂ ᠨᠡᠶᠢᠭᠡᠮ ᠠᠴᠠ ᠠᠵᠢᠯ ᠮᠡᠷᠭᠡᠵᠢᠯ ᠤᠨ  ᠰᠤᠷᠭᠠᠨ ᠬᠥᠮᠦᠵᠢᠯ ᠢ ᠮᠡᠳᠡᠷᠡᠬᠦ ᠬᠡᠮᠵᠢᠶ᠎ᠡ ᠳᠣᠣᠷ᠎ᠠ ᠪᠠᠶᠢᠬᠰᠠᠨ ᠶᠠᠪᠤᠳᠠᠯ ᠨᠢ ᠤᠷ᠎ᠠ ᠮᠡᠷᠭᠡᠵᠢᠯ ᠲᠠᠢ ᠴᠢᠳᠠᠪᠤᠷᠢᠲᠠᠨ ᠲᠤᠳᠠᠬᠳᠠᠬᠰᠠᠨ ᠤ ᠨᠢᠭᠡ ᠰᠢᠯᠲᠠᠭᠠᠨ ᠪᠣᠯᠤᠨ᠎ᠠ᠃ ᠰᠢᠨᠵᠢᠯᠡᠬᠦ ᠤᠬᠠᠭᠠᠨ ᠮᠡᠷᠭᠡᠵᠢᠯ ᠤᠨ ᠬᠥᠭᠵᠢᠯᠲᠡ ᠳᠤ ᠵᠣᠬᠢᠴᠠᠬᠤ ᠦᠯᠡᠮᠵᠢ ᠤᠯᠠᠨ ᠳᠡᠭᠡᠳᠦ ᠲᠡᠰ ᠤᠨ ᠤᠷ᠎ᠠ ᠮᠡᠷᠭᠡᠵᠢᠯ   ᠲᠠᠢ ᠴᠢᠳᠠᠪᠤᠷᠢᠲᠠᠨ ᠪᠣᠯ ᠳᠤᠮᠳᠠᠳᠤ ᠤᠯᠤᠰ ᠢ ᠦᠢᠯᠡᠳᠬᠦ ᠦᠢᠯᠡᠰ ᠤᠨ ᠲᠤᠮᠤ ᠤᠯᠤᠰ ᠠᠴᠠ ᠨᠢ  ᠦᠢᠯᠡᠳᠬᠦ ᠦᠢᠯᠡᠰ ᠤᠨ ᠬᠦᠴᠦᠷᠬᠡᠭ ᠤᠯᠤᠰ ᠪᠤᠯᠭᠠᠨ ᠬᠤᠪᠢᠷᠠᠭᠤᠯᠬᠤ ᠶᠢᠨ ᠲᠤᠯᠭᠠᠭᠤᠷᠢ ᠬᠦᠴᠦᠨ ᠮᠥᠨ᠂ ᠤᠷ᠎ᠠ ᠮᠡᠷᠭᠡᠵᠢᠯ ᠤᠨ ᠴᠢᠳᠠᠪᠤᠷᠢᠲᠠᠨ ᠢ ᠬᠥᠮᠦᠵᠢᠭᠦᠯᠬᠦ ᠨᠢ ᠲᠦᠢᠯ ᠤᠨ ᠴᠢᠬᠤᠯᠠ ᠶᠤᠮ᠃                  ᠤᠳᠤ ᠳᠤᠮᠳᠠ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠮᠠᠰᠢ ᠤᠯᠠᠨ ᠰᠤᠷᠤᠭᠴᠢᠳ ᠲᠡᠭᠦᠰᠦᠭᠡᠳᠦᠢ ᠪᠠᠶᠢᠳᠠᠯ᠎ᠠ ᠡᠯ᠎ᠡ ᠲᠤᠮᠤ ᠠᠵᠤ ᠠᠬᠤᠶᠢᠯᠠᠯ ᠤᠳ ᠨᠢᠭᠡ ᠶᠢ ᠴᠤ ᠦᠯᠡᠳᠡᠭᠡᠯ ᠦᠭᠡᠢ ᠪᠠᠷ ᠪᠤᠯᠢᠶᠠᠯᠳᠤᠨ ᠠᠪᠴᠤ ᠪᠠᠶᠢᠨ᠎ᠠ᠃                  ᠲᠦᠷᠦᠭᠦᠬᠡᠨ᠂ ᠲᠥᠷᠥ ᠶᠢᠨ ᠶᠠᠪᠤᠳᠠᠯ ᠤᠨ ᠬᠤᠷᠢᠶᠠᠨ ᠤ ᠡᠷᠳᠡᠮ ᠤᠨ ᠴᠣᠯᠠ ᠶᠢᠨ ᠠᠯᠪᠠᠨ ᠬᠡᠷ ᠰᠠᠨᠠᠯ ᠳᠠᠷᠤᠮᠠᠯᠯᠠᠨ ᠲᠠᠷᠬᠠᠭᠠᠵᠤ᠂ ᠠᠵᠢᠯ ᠮᠡᠷᠭᠡᠵᠢᠯ ᠤᠨ ᠵᠢᠩᠬᠢᠨᠢ ᠠᠩᠭᠢ ᠶᠢ ᠣᠲᠣ ᠶᠢᠨ ᠪᠠᠶᠢᠭ᠎ᠠ ᠣᠶᠤᠲᠠᠨ ᠤ ᠡᠷᠳᠡᠮ ᠤᠨ ᠴᠣᠯᠠ ᠶᠢᠨ ᠠᠵᠢᠯ ᠤᠨ ᠰᠢᠰᠲ᠋ᠧᠮ ᠳᠤ ᠣᠷᠣᠭᠤᠯᠵᠤ᠂ ᠰᠢᠨᠵᠢᠯᠡᠭᠡᠨ ᠤ ᠰᠠᠯᠠᠭᠠᠨ ᠤ ᠲᠥᠷᠥᠯ ᠢᠶᠠᠷ ᠣᠶᠤᠲᠠᠨ ᠤ ᠡᠷᠳᠡᠮ ᠤᠨ ᠴᠣᠯᠠ ᠣᠯᠭᠤᠨ᠎ᠠ᠃ ᠦᠨᠡᠮᠯᠡᠯ ᠤᠨ ᠦᠢᠯᠡᠳᠦᠯ ᠤᠨ ᠲᠠᠯ᠎ᠠ ᠪᠠᠷ ᠠᠪᠴᠤ ᠬᠡᠯᠡᠪᠡᠯ᠂ ᠬᠤᠶᠠᠭᠤᠯᠠ ᠶᠢᠨ ᠥᠷᠲᠡᠭ ᠨᠢ ᠠᠳᠠᠯᠢ᠂ ᠠᠵᠢᠯ ᠣᠯᠬᠤ᠂ ᠠᠰᠫᠢᠷᠠᠨᠲ ᠰᠢᠯᠭᠠᠬᠤ᠂ ᠠᠯᠪᠠᠳᠠᠨ ᠰᠢᠯᠭᠠᠭᠤᠯᠬᠤ ᠵᠡᠷᠭᠡ ᠲᠠᠯ᠎ᠠ ᠪᠠᠷ ᠠᠳᠠᠯᠢᠬᠠᠨ ᠦᠢᠯᠡᠳᠦᠯ ᠲᠠᠢ ᠬᠡᠵᠡᠢ᠃                                                                                                                                  ᠰᠤᠪᠤᠳ  
 
ᠢᠷᠡᠯᠲᠡ᠄ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号