2022 ᠣᠨ ᠤ ︽ᠳᠤᠮᠳᠠᠳᠤ ᠤᠯᠤᠰ ᠤᠨ ᠵᠤᠭᠠᠴᠠᠯ ᠤᠨ ᠡᠳᠦᠷ︾ ᠵᠢᠴᠢ ︽ᠥᠪᠥᠷ ᠮᠣᠩᠭᠤᠯ ᠤᠨ ᠬᠥᠮᠥᠨ ᠥᠪᠥᠷ ᠮᠣᠩᠭᠤᠯ ᠳᠤ ᠵᠢᠭᠤᠯᠴᠢᠯᠠᠬᠤ︾ ᠰᠣᠶᠣᠯ ᠤᠨ ᠵᠤᠭᠠᠴᠠᠯ ᠤᠨ ᠠᠵᠢᠯᠯᠠᠭ᠎ᠠ ᠬᠠᠶᠢᠨᠠᠨ ᠤ ᠰᠣᠶᠣᠯ ᠤᠨ ᠵᠤᠭᠠᠴᠠᠯ ᠤᠨ ᠰᠢᠨ᠎ᠡ ᠬᠠᠭᠤᠳᠠᠰᠤ ᠶᠢ ᠨᠡᠭᠡᠭᠡᠪᠡ
ᠨᠡᠶᠢᠲᠡᠯᠡᠭᠰᠡᠨ ᠴᠠᠭ᠄
2022/9/15
      5 ᠳ᠋ᠤᠭᠠᠷ ᠰᠠᠷ᠎ᠠ ᠶᠢᠨ 19 ᠤ ᠡᠳᠦᠷ᠂ ᠦᠬᠠᠢ ᠬᠤᠲᠠ ᠶᠢᠨ ᠬᠠᠶᠢᠨᠠᠨ ᠲᠣᠭᠤᠷᠢᠭ ᠤᠨ 2022 ᠣᠨ ᠤ ︽ᠳᠤᠮᠳᠠᠳᠤ ᠤᠯᠤᠰ ᠤᠨ ᠵᠢᠭᠤᠯᠴᠢᠯᠠᠯ ᠤᠨ ᠡᠳᠦᠷ︾ ᠵᠢᠴᠢ ︽ᠥᠪᠥᠷ ᠮᠣᠩᠭᠤᠯ ᠤᠨ ᠬᠥᠮᠥᠨ ᠥᠪᠥᠷ ᠮᠣᠩᠭᠤᠯ ᠳᠤ ᠵᠢᠭᠤᠯᠴᠢᠯᠠᠬᠤ︾ ᠰᠣᠶᠣᠯ ᠵᠢᠭᠤᠯᠴᠢᠯᠠᠯ ᠤᠨ ᠠᠵᠢᠯᠯᠠᠭ᠎ᠠ ᠬᠠᠶᠢᠨᠠᠨ ᠲᠣᠭᠤᠷᠢᠭ ᠤᠨ ᠠᠷᠠᠳ ᠤᠨ ᠲᠠᠯᠠᠪᠠᠶ ᠳᠤ ᠶᠠᠪᠤᠭᠳᠠᠪᠠ᠃ ᠲᠤᠰ ᠤᠳᠠᠭ᠎ᠠ ᠶᠢᠨ ᠠᠵᠢᠯᠯᠠᠭ᠎ᠠ ᠨᠢ ︽5.19︾ ᠤ ᠳᠤᠮᠳᠠᠳᠤ ᠤᠯᠤᠰ ᠤᠨ ᠵᠤᠭᠠᠴᠠᠯ ᠤᠨ ᠡᠳᠦᠷ ᠢᠶᠠᠷ ᠠᠵᠠ ᠲᠣᠬᠢᠶᠠᠯ ᠪᠣᠯᠭᠠᠵᠤ᠂ ᠰᠣᠶᠣᠯ ᠪᠠ ᠵᠤᠭᠠᠴᠠᠯ ᠤᠨ ᠭᠦᠨᠵᠡᠭᠡᠢ ᠠᠭᠤᠰᠤᠯᠴᠠᠯ ᠢ ᠦᠷᠭᠦᠯᠵᠢᠯᠡᠨ ᠠᠬᠢᠭᠤᠯᠵᠤ᠂ ᠵᠤᠭᠠᠴᠠᠯ ᠤᠨ ᠠᠵᠤ ᠦᠢᠯᠡᠰᠵᠢᠯᠲᠡ ᠶᠢ ᠠᠬᠢᠭᠤᠯᠵᠤ᠂ ︽ᠵᠤᠭᠠᠴᠠᠯ + ᠰᠣᠶᠣᠯ︾᠂ ︽ᠵᠤᠭᠠᠴᠠᠯ + ᠲᠠᠷᠢᠶᠠᠯᠠᠩ︾᠂ ︽ᠵᠤᠭᠠᠴᠠᠯ + ᠰᠣᠶᠣᠯ ᠤᠨ ᠡᠭᠦᠳᠦᠯᠲᠡ︾ ᠵᠡᠷᠭᠡ ᠠᠵᠤ ᠦᠢᠯᠡᠰ ᠤᠨ ᠤᠯᠠᠨ ᠡᠰᠢᠲᠦ ᠠᠭᠤᠰᠤᠯᠴᠠᠯ ᠢ ᠠᠬᠢᠭᠤᠯᠤᠨ᠎ᠠ᠃ ᠬᠠᠶᠢᠨᠠᠨ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠴᠧᠨ ᠬᠠᠢ  ᠰᠢᠶᠤᠤ ᠲᠤᠰ ᠤᠳᠠᠭ᠎ᠠ ᠶᠢᠨ ᠠᠵᠢᠯᠯᠠᠭ᠎ᠠ ᠳᠤ ᠪᠠᠶᠠᠷ ᠤᠨ ᠦᠭᠡ ᠬᠡᠯᠡᠵᠦ᠂ ᠬᠠᠶᠢᠨᠠᠨ ᠲᠣᠭᠤᠷᠢᠭ ᠤᠨ ᠰᠣᠶᠣᠯ ᠵᠤᠭᠠᠴᠠᠯ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠭᠤᠣᠯ ᠬᠠᠷᠢᠭᠤᠴᠠᠯᠭᠠᠲᠠᠨ ᠠᠴᠠ ᠮᠠᠨ ᠤ  ᠲᠣᠭᠤᠷᠢᠭ ᠤᠨ 6 ᠵᠤᠷᠪᠤᠰ ᠡᠷᠳᠡᠨᠢᠰ ᠤᠨ ᠰᠠᠩ ᠤᠨ ᠵᠤᠭᠠᠴᠠᠯ ᠤᠨ ᠱᠤᠭᠤᠮ ᠢ ᠤᠷᠢᠳᠠᠪᠠᠷ ᠬᠡᠷᠡᠭᠵᠢᠭᠦᠯᠵᠦ᠂ ᠲᠤᠬᠠᠢ ᠶᠢᠨ ᠲᠠᠯᠠᠪᠠᠢ ᠶᠢᠨ ᠦᠵᠡᠭᠴᠢᠳ ᠵᠢᠴᠢ ᠥᠷᠭᠡᠨ ᠤᠯᠠᠨ ᠰᠦᠯᠵᠢᠶᠡᠨ ᠠᠨᠳᠠ ᠨᠠᠷ ᠢ ᠳᠠᠭᠠᠭᠤᠯᠤᠨ ᠦᠵᠡᠰᠬᠦᠯᠡᠩᠲᠦ ᠰᠠᠶᠢᠬᠠᠨ ᠬᠠᠶᠢᠨᠠᠨ ᠳᠤ ᠬᠦᠷᠴᠡᠢ᠃        ᠡᠮᠦᠨᠡᠬᠢ ᠬᠤᠭᠤᠴᠠᠭᠠᠨ ᠤ ᠪᠦᠷᠢᠨ ᠭᠦᠢᠴᠡᠳ ᠠᠵᠢᠯᠯᠠᠭ᠎ᠠ ᠶᠢᠨ ᠪᠡᠯᠡᠳᠬᠡᠯ ᠵᠢᠴᠢ ᠪᠡᠯᠡᠳᠬᠡᠯ ᠤᠬᠠᠭᠤᠯᠭ᠎ᠠ ᠪᠠᠷ ᠲᠠᠮᠵᠢᠨ᠂ ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ ᠮᠠᠨ ᠤ ᠲᠣᠭᠤᠷᠢᠭ ‍ᠤᠨ‌ᠮᠢᠩᠭ᠎ᠠ ᠭᠠᠷᠤᠢ ᠬᠤᠳᠠ ᠶᠢᠨ ᠠᠷᠠᠳ ᠢ ᠲᠠᠲᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ ᠥᠪᠡᠷᠲᠡᠭᠡᠨ ᠵᠠᠰᠠᠬᠤ ᠣᠷᠣᠨ ᠤ ᠬᠥᠳᠡᠯᠮᠦᠷᠢ ᠶᠢᠨ ᠵᠢᠱᠢᠶᠡᠴᠢ᠂ ᠬᠤᠳᠠ ᠶᠢᠨ ᠶᠣᠰᠣ ᠰᠤᠷᠲᠠᠬᠤᠨ ᠤ ᠵᠢᠱᠢᠶᠡᠴᠢ᠂ ᠵᠤᠭᠠᠴᠠᠯ ᠤᠨ ᠭᠠᠵᠠᠷ ᠤᠨ ᠬᠠᠷᠢᠭᠤᠴᠠᠯᠭᠠᠲᠠᠨ ᠵᠡᠷᠭᠡ 50 ᠬᠥᠮᠥᠨ ᠢ ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ ᠤᠷᠢᠵᠠᠢ᠃ ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ ᠪᠠᠰᠠ ᠬᠤᠳᠠ ᠶᠢᠨ ᠠᠷᠠᠳ ᠲᠤ ᠬᠠᠳᠤᠨ ᠭᠤᠣᠯ ᠤᠨ ᠪᠠᠷᠠᠭᠤᠨᠰᠢ ᠵᠣᠷᠴᠢᠬᠤ ᠵᠣᠴᠢᠳ ᠤᠨ ᠪᠠᠭᠤᠳᠠᠯ᠂ ᠶᠠᠩ ᠭᠤᠸᠠᠩ ᠲᠢᠶᠠᠨ ᠢᠦᠢ ᠤᠯᠠᠨ ᠤᠯᠤᠰ ᠤᠨ ᠠᠷᠢᠬᠢᠨ ᠮᠤᠬᠤᠯᠠᠭ᠂ ᠨᠢᠭᠡᠳᠦᠭᠡᠷ ᠨᠠᠮ ᠤᠨ ᠡᠭᠦᠷ ᠤᠨ ᠳᠤᠷᠠᠰᠬᠠᠯ ᠤᠨ ᠣᠷᠳᠣᠨ᠂ ᠥᠪᠥᠷ ᠮᠣᠩᠭᠤᠯ ᠤᠨ ᠪᠠᠭ᠎ᠠ ᠭᠤᠷᠪᠠᠳᠤᠭᠠᠷ ᠹᠷᠣᠨᠲ ᠤᠨ ᠴᠡᠷᠢᠭ ᠤᠨ ᠠᠵᠤ ᠦᠢᠯᠡᠳᠪᠦᠷᠢ ᠶᠢᠨ ᠰᠣᠶᠣᠯ ᠤᠨ ᠳᠤᠷᠠᠰᠬᠠᠯ ᠤᠨ ᠣᠷᠳᠣᠨ ᠵᠡᠷᠭᠡ ᠦᠵᠡᠮᠵᠢ ᠶᠢᠨ ᠣᠷᠣᠨ ᠤ ᠤᠬᠠᠭᠤᠯᠭ᠎ᠠ ᠶᠢᠨ ᠡᠪᠬᠡᠮᠡᠯ ᠬᠠᠭᠤᠳᠠᠰᠤ ᠵᠢᠴᠢ ᠬᠠᠶᠢᠨᠠᠨ ᠲᠣᠭᠤᠷᠢᠭ ᠤᠨ ᠵᠤᠭᠠᠴᠠᠯ ᠤᠨ ᠤᠬᠠᠭᠤᠯᠭ᠎ᠠ ᠶᠢᠨ ᠳᠡᠪᠲᠡᠷ ᠢ ᠨᠡᠶᠢᠳᠡ 2000 ᠳᠡᠪᠲᠡᠷ ᠲᠠᠷᠬᠠᠭᠠᠵᠠᠢ︔ ᠵᠢᠭᠤᠯᠴᠢᠯᠠᠯ ᠤᠨ ᠳᠤᠷᠠᠰᠬᠠᠯ ᠤᠨ ᠪᠣᠳᠠᠰ ᠢ 400 ᠭᠠᠷᠤᠢ ᠬᠤᠪᠢ ᠲᠦᠭᠡᠭᠡᠪᠡ ᠥᠷᠭᠡᠨ ᠤᠯᠠᠨ ᠬᠤᠳᠠ ᠶᠢᠨ ᠠᠷᠠᠳ ᠨᠠᠶᠢᠵᠠ ᠨᠠᠷ ᠲᠤ ᠡᠯ᠎ᠡ ᠦᠵᠡᠮᠵᠢ ᠶᠢᠨ ᠣᠷᠣᠨ ᠤ ᠲᠠᠸᠠᠷ ᠵᠢᠴᠢ ᠵᠤᠭᠠᠴᠠᠯ ᠤᠨ ᠳᠤᠷᠠᠰᠬᠠᠯ ᠤᠨ ᠡᠳ᠋ ᠢ ᠳᠡᠯᠭᠡᠨ ᠦᠵᠡᠭᠦᠯᠪᠡ︔ ᠦᠵᠡᠮᠵᠢ ᠶᠢᠨ ᠣᠷᠣᠨ ᠤ ᠬᠠᠷᠢᠭᠤᠴᠠᠯᠭᠠᠲᠠᠨ ᠪᠠᠰᠠ ᠥᠷᠭᠡᠨ ᠤᠯᠠᠨ ᠬᠤᠳᠠ ᠶᠢᠨ ᠠᠷᠠᠳ ᠵᠢᠴᠢ ᠰᠦᠯᠵᠢᠶᠡᠨ ᠤ ᠠᠨᠳᠠ ᠨᠠᠷ ᠲᠤ ᠲᠤᠰ ᠲᠤᠰ ᠤᠨ ᠦᠵᠡᠮᠵᠢ ᠶᠢᠨ ᠣᠷᠣᠨ ᠤ ᠲᠠᠨᠢᠯᠴᠠᠭᠤᠯᠭ᠎ᠠ ᠬᠢᠵᠡᠢ︔ ᠲᠣᠭᠤᠷᠢᠭ ᠤᠨ ᠰᠣᠶᠣᠯ ᠤᠨ ᠣᠷᠳᠣᠨ ᠳᠤ ᠭᠤᠶᠢᠳᠠ ᠰᠠᠶᠢᠬᠠᠨ ᠤᠷᠠᠨ ᠰᠠᠶᠢᠬᠠᠨ ᠤ ᠲᠣᠭᠯᠠᠯᠲᠠ ᠭᠠᠷᠭᠠᠵᠤ᠂ ᠬᠤᠳᠠ ᠶᠢᠨ ᠠᠷᠠᠳ ᠵᠢᠴᠢ ᠰᠦᠯᠵᠢᠶᠡᠨ ᠤ ᠨᠠᠶᠢᠵᠠ ᠨᠠᠷ ᠲᠤ ᠬᠠᠷᠠᠭᠠᠨ ᠰᠡᠷᠡᠯ ᠤᠨ ᠦᠪᠡᠳᠡᠭᠰᠢ ᠨᠠᠶᠢᠷ ᠢᠶᠠᠨ ᠳᠡᠪᠰᠢᠭᠦᠯᠪᠡ︔ ᠠᠵᠢᠯᠯᠠᠭ᠎ᠠ ᠳᠤ ᠪᠠᠰᠠ ᠬᠥᠳᠡᠯᠮᠦᠷᠢ ᠶᠢᠨ ᠵᠢᠱᠢᠶᠡᠴᠢ᠂ ᠶᠣᠰᠣ ᠰᠤᠷᠲᠠᠬᠤᠨ ᠤ ᠵᠢᠱᠢᠶᠡᠴᠢ ᠵᠢᠴᠢ ᠵᠤᠭᠠᠴᠠᠯ ᠤᠨ ᠭᠠᠵᠠᠷ ᠤᠨ ᠬᠠᠷᠢᠭᠤᠴᠠᠯᠭᠠᠲᠠᠨ ᠢ ᠲᠤᠬᠠᠢ ᠶᠢᠨ ᠭᠠᠵᠠᠷ ᠲᠤᠨᠢ ᠰᠢᠨᠵᠢᠯᠡᠨ ᠪᠠᠶᠢᠴᠠᠭᠠᠯᠭᠠᠬᠤ ᠪᠠᠷ ᠲᠣᠬᠢᠷᠠᠭᠤᠯᠵᠠᠢ᠃      ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠵᠤ᠂ ᠤᠬᠠᠭᠤᠯᠭ᠎ᠠ ᠶᠢᠨ ᠠᠷᠭ᠎ᠠ ᠬᠡᠯᠪᠡᠷᠢ ᠶᠢᠨ ᠰᠢᠨ᠎ᠡ ᠶᠢ ᠡᠭᠦᠳᠬᠦ ᠶᠢᠨ ᠲᠥᠯᠥᠭᠡ᠂ ᠲᠣᠰ ᠤᠳᠠᠭᠠᠨ ᠤ ᠠᠵᠢᠯᠯᠠᠭ᠎ᠠ ᠳᠤ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠶᠢ ᠵᠡᠷᠭᠡ ᠪᠠᠷ ᠰᠣᠶᠣᠯ ᠵᠢᠭᠤᠯᠴᠢᠯᠠᠯ ᠤᠨ ᠤᠬᠠᠭᠤᠯᠭ᠎ᠠ ᠶᠢ ᠥᠷᠨᠢᠭᠦᠯᠵᠦ᠂ ᠤᠬᠠᠭᠤᠯᠭ᠎ᠠ ᠶᠢᠨ ᠰᠦᠯᠵᠢᠶᠡᠨ ᠤ ᠬᠤᠩ ᠳ᠋ᠠ ᠷᠧᠨ ᠥᠷᠭᠡᠨ ᠤᠯᠠᠨ ᠰᠦᠯᠵᠢᠶᠡᠨ ᠤ ᠨᠠᠶᠢᠵᠠ ᠨᠠᠷ ᠲᠤ ᠬᠠᠶᠢᠨᠠᠨ ᠲᠣᠭᠤᠷᠢᠭ ᠤᠨ ᠵᠤᠭᠠᠴᠠᠯ ᠢᠶᠠᠷ ᠠᠷᠠᠳ ᠲᠤ ᠠᠰᠢᠭ ᠬᠦᠷᠲᠡᠭᠡᠬᠦ ᠠᠷᠭ᠎ᠠ ᠬᠡᠮᠵᠢᠶ᠎ᠡ᠂ ᠰᠣᠶᠣᠯ ᠵᠤᠭᠠᠴᠠᠯ ᠤᠨ ᠡᠬᠢ ᠪᠠᠶᠠᠯᠢᠭ᠂ ᠰᠣᠶᠣᠯ ᠵᠤᠭᠠᠴᠠᠯ ᠤᠨ ᠪᠦᠲᠦᠭᠡᠭᠳᠡᠬᠦᠨ ᠵᠢᠴᠢ ᠰᠣᠶᠣᠯ ᠵᠤᠭᠠᠴᠠᠯ ᠢ ᠠᠭᠤᠰᠤᠯᠴᠠᠭᠤᠯᠤᠨ ᠬᠥᠭᠵᠢᠭᠦᠯᠦᠭᠰᠡᠨ ᠦᠷ᠎ᠡ ᠪᠦᠲᠦᠭᠡᠯ ᠢ ᠲᠠᠨᠢᠯᠴᠠᠭᠤᠯᠵᠤ᠂ ᠨᠡᠶᠢᠲᠡ 37 ᠲᠦᠮᠡᠨ ᠬᠥᠮᠥᠨ ᠤᠳᠠᠭ᠎ᠠ ᠶᠢ ᠰᠣᠨᠢᠷᠬᠠᠵᠠᠢ︔ ᠠᠵᠢᠯᠯᠠᠭᠠᠨ ᠤ ᠸᠢᠳᠢᠤ᠋ ᠪᠠᠷ ᠰᠢᠭᠤᠳ ᠨᠡᠪᠲᠡᠷᠡᠭᠦᠯᠦᠭᠰᠡᠨ ᠭᠦᠶᠦᠯᠭᠡᠨ ᠦᠵᠡᠭᠰᠡᠨ ᠬᠡᠮᠵᠢᠶ᠎ᠡ 11.27 ᠲᠦᠮᠡ ᠳᠤ ᠬᠦᠷᠴᠦ᠂ ᠭᠡᠷᠡᠯ ᠵᠢᠷᠤᠭ ᠢᠶᠠᠷ ᠰᠢᠭᠤᠳ ᠨᠡᠪᠲᠡᠷᠡᠭᠦᠯᠦᠭᠰᠡᠨ ᠭᠦᠶᠦᠯᠭᠡᠨ ᠦᠵᠡᠭᠰᠡᠨ ᠬᠡᠮᠵᠢᠶ᠎ᠡ 13.57 ᠲᠦᠮᠡ ᠳᠤ ᠬᠦᠷᠴᠡᠢ︔ ᠦᠬᠠᠢ ᠶᠢᠨ ᠲᠧᠯᠸᠢᠰ ᠬᠤᠷᠢᠶ᠎ᠠ᠂ ᠦᠬᠠᠢ ᠶᠢᠨ ᠡᠳᠦᠷ ᠤᠨ ᠰᠣᠨᠢᠨ ᠤ ᠬᠤᠷᠢᠶ᠎ᠠ ᠴᠤ ᠲᠣᠰ ᠠᠵᠢᠯᠯᠠᠭ᠎ᠠ ᠶᠢ ᠣᠶᠢᠷ᠎ᠠ ᠶᠢᠨ ᠬᠤᠭᠤᠴᠠᠭᠠᠨ ᠳᠤ ᠨᠡᠪᠲᠡᠷᠡᠭᠦᠯᠬᠦ ᠪᠣᠯᠣᠨ᠎ᠠ᠃      ᠠᠵᠢᠯᠯᠠᠭ᠎ᠠ ᠶᠢ ᠠᠮᠵᠢᠯᠲᠠ ᠲᠠᠢ ᠡᠷᠬᠢᠯᠡᠭᠰᠡᠨ ᠢᠶᠠᠷ ᠠᠵᠢᠯ ᠲᠦᠷᠦᠯ ᠤᠨ ᠬᠥᠭᠵᠢᠯᠲᠡ ᠶᠢᠨ ᠢᠲᠡᠭᠡᠯ ᠵᠣᠷᠢᠭ ᠢ ᠤᠯᠠᠮ ᠴᠢᠨᠠᠭᠰᠢᠳᠠ ᠬᠥᠪᠴᠢᠯᠡᠵᠦ᠂ ᠵᠤᠭᠠᠴᠠᠯ ᠤᠨ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠢ ᠨᠡᠮᠡᠭᠳᠡᠭᠦᠯᠵᠦ᠂ ᠵᠤᠭᠠᠴᠠᠯ ᠤᠨ ᠵᠠᠬ᠎ᠠ ᠳᠡᠯᠭᠡᠭᠦᠷ ᠤᠨ ᠰᠡᠷᠭᠦᠯᠲᠡ ᠪᠠ ᠬᠥᠭᠵᠢᠯᠲᠡ ᠳᠤ ᠬᠦᠴᠦᠨ ᠨᠡᠮᠡᠷᠢᠯᠡᠵᠦ᠂ ︽ᠤᠮᠠᠷᠠᠲᠤ ᠶᠢᠨ ᠬᠠᠶᠢᠨᠠᠨ︾ ᠤ ᠵᠤᠭᠠᠴᠠᠯ ᠤᠨ ᠲᠦᠷᠦᠯ ᠲᠡᠮᠳᠡᠭ ᠤᠨ ᠠᠯᠳᠠᠷᠰᠢᠯ ᠪᠠ ᠨᠥᠯᠥᠭᠡᠯᠡᠬᠦ ᠬᠦᠴᠦᠨ ᠢ ᠳᠡᠭᠡᠭᠰᠢᠯᠡᠭᠦᠯᠵᠡᠢ᠃      ᠰᠣᠶᠣᠯ ᠪᠣᠯ ᠵᠢᠭᠤᠯᠴᠢᠯᠠᠯ ᠤᠨ ᠠᠮᠢᠨ ᠰᠦᠨᠡᠰᠦ ᠮᠥᠨ᠂ ᠵᠢᠭᠤᠯᠴᠢᠯᠠᠯ ᠪᠣᠯ ᠰᠣᠶᠣᠯ ᠤᠨ ᠥᠷᠭᠡᠵᠢᠯ ᠤᠨ ᠪᠦᠲᠦᠮᠵᠢᠲᠡᠶ ᠠᠴᠢᠶᠠᠯᠠᠭᠴᠢ ᠮᠥᠨ᠂ ᠬᠤᠶᠠᠭᠤᠯᠠ ᠪᠠᠨ ᠰᠠᠯᠵᠤ ᠪᠣᠯᠣᠰᠢ ᠦᠭᠡᠢ ᠬᠠᠷᠢᠴᠠᠭ᠎ᠠ ᠲᠠᠢ ᠪᠠᠶᠢᠳᠠᠭ᠃ 2022 ᠣᠨ ᠪᠣᠯ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠦᠪᠵᠢᠭᠦᠯᠭᠡ ᠶᠢ ᠬᠡᠷᠡᠭᠵᠢᠭᠦᠯᠬᠦ ᠵᠠᠩᠭᠢᠯᠠᠭ᠎ᠠ ᠶᠢᠨ ᠵᠢᠯ ᠮᠥᠨ᠂ ᠲᠣᠭᠤᠷᠢᠭ ᠤᠨ ᠨᠠᠮ ᠤᠨ ᠬᠤᠷᠢᠶ᠎ᠠ᠂ ᠲᠣᠭᠤᠷᠢᠭ ᠤᠨ ᠵᠠᠰᠠᠭ ᠤᠨ ᠣᠷᠳᠣᠨ ᠤ ᠵᠥᠪ ᠣᠨᠣᠪᠴᠢᠲᠠᠶ ᠤᠳᠤᠷᠢᠳᠤᠯᠭ᠎ᠠ ᠳᠣᠣᠷ᠎ᠠ᠂ ᠬᠠᠶᠢᠨᠠᠨ ᠲᠣᠭᠤᠷᠢᠭ ᠤᠨ ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠠᠯᠲᠠ ᠲᠠᠢ ᠬᠤᠷᠠᠯᠳᠤᠬᠤ  ᠶᠢ ᠤᠭᠲᠤᠬᠤ ᠪᠠᠷ ᠭᠤᠣᠯ ᠰᠢᠵᠢᠮ ᠪᠣᠯᠭᠠᠵᠤ᠂ ︽ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠵᠢᠭᠤᠯᠴᠢᠯᠠᠯ ᠢᠶᠠᠷ ᠠᠷᠠᠳ ᠢ ᠪᠠᠶᠠᠵᠢᠭᠤᠯᠬᠤ ᠪᠡᠶ᠎ᠡ ᠶᠢᠨ ᠲᠠᠮᠢᠷ ᠢᠶᠠᠷ ᠠᠷᠠᠳ ᠢ ᠬᠦᠴᠦᠷᠬᠡᠭᠵᠢᠭᠦᠯᠬᠦ︾ ᠬᠥᠭᠵᠢᠯᠲᠡ ᠶᠢᠨ ᠬᠠᠷᠠᠯᠲᠠ ᠶᠣᠰᠣᠭᠠᠷ᠂ ︽ᠪᠦᠬᠦ ᠴᠠᠷᠠᠭᠠᠨ ᠤ ᠵᠢᠭᠤᠯᠴᠢᠯᠠᠯ︾ ᠤᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠬᠠᠶᠢᠨᠠᠨ ᠲᠣᠭᠤᠷᠢᠭ ᠤᠨ ᠬᠠᠲᠤᠨ ᠭᠤᠣᠯ ᠤᠨ ᠰᠣᠶᠣᠯ᠂ ᠬᠤᠪᠢᠰᠬᠠᠯ ᠤᠨ ᠰᠣᠶᠣᠯ᠂ ᠦᠨᠳᠦᠰᠦᠲᠡᠨ ᠤ ᠰᠣᠶᠣᠯ᠂ ᠮᠣᠩᠭᠤᠯ ᠡᠮ ᠡᠮᠨᠡᠯᠭᠡ ᠶᠢᠨ ᠰᠣᠶᠣᠯ᠂ ᠬᠥᠳᠡᠭᠡ ᠲᠣᠰᠬᠤᠨ ᠤ ᠡᠬᠢ ᠪᠠᠶᠠᠯᠢᠭ ᠵᠡᠷᠭᠡ ᠳᠠᠪᠠᠭᠤᠯᠢᠭ ᠢ ᠭᠦᠢᠴᠡᠳ ᠠᠰᠢᠭᠯᠠᠵᠤ᠂ ᠡᠷᠭᠢᠨ ᠲᠣᠭᠤᠷᠢᠨ ᠤ ᠵᠢᠭᠤᠯᠴᠢᠯᠠᠯ ᠤᠨ ᠱᠤᠭᠤᠮ ᠢ ᠨᠠᠷᠢᠨ ᠨᠢᠮᠪᠠᠢ ᠲᠥᠯᠥᠪᠯᠡᠵᠦ᠂ ᠣᠷᠣᠨ ᠵᠠᠢ ᠶᠢᠨ ᠬᠢᠵᠠᠭᠠᠷᠯᠠᠯ ᠢ ᠡᠪᠳᠡᠵᠦ᠂ ᠡᠷᠭᠢᠨ ᠲᠣᠭᠤᠷᠢᠨ ᠤ ᠭᠠᠵᠠᠷ ᠣᠷᠣᠨ ᠲᠠᠢ ᠬᠤᠯᠪᠣᠭᠠᠯᠠᠬᠤ ᠪᠠᠨ ᠴᠢᠩᠭᠠᠳᠬᠠᠵᠤ᠂ ᠣᠷᠣᠨ ᠨᠤᠲᠤᠭ ᠤᠨ ᠣᠨᠴᠠᠯᠢᠭ ᠢ ᠳᠣᠪᠤᠶᠢᠯᠭᠠᠵᠤ᠂ ᠰᠣᠳᠣᠨ ᠵᠢᠭᠤᠯᠴᠢᠯᠠᠯ ᠤᠨ ᠵᠠᠮ ᠱᠤᠭᠤᠮ ᠢ ᠲᠥᠯᠥᠪᠯᠡᠵᠦ᠂ ᠠᠵᠤ ᠦᠢᠯᠡᠰ ᠤᠨ ᠬᠡᠯᠬᠢᠶ᠎ᠡ ᠶᠢ ᠥᠷᠭᠡᠳᠬᠡᠵᠦ᠂ ᠲᠦᠷᠪᠡᠨ ᠬᠡᠰᠡᠭ᠂ ᠬᠤᠶᠠᠷ ᠬᠤᠩᠭᠢᠯ ᠤᠨ ᠪᠦᠲᠦᠭᠡᠨ ᠪᠠᠶᠢᠭᠤᠯᠤᠯᠲᠠ ᠶᠢ ᠭᠤᠣᠯᠳᠠᠯᠭ᠎ᠠ ᠲᠠᠢ ᠰᠠᠶᠢᠲᠤᠷ ᠬᠢᠵᠦ᠂ ᠤᠳᠤ ᠦᠶ᠎ᠡ ᠶᠢᠨ ᠵᠤᠭᠠᠴᠠᠯ ᠤᠨ ᠠᠵᠤ ᠦᠢᠯᠡᠰ ᠤᠨ ᠬᠥᠭᠵᠢᠯᠲᠡ ᠶᠢ ᠬᠦᠴᠦᠯᠡᠨ ᠠᠬᠢᠭᠤᠯᠵᠤ᠂ ᠵᠤᠭᠠᠴᠠᠯ ᠤᠨ ᠬᠡᠯᠪᠡᠷᠢ ᠶᠢ ᠬᠤᠪᠢᠷᠠᠭᠤᠯᠤᠨ ᠲᠡᠰ ᠳᠡᠪᠰᠢᠭᠦᠯᠬᠦ ᠶᠢ ᠪᠦᠬᠦ ᠲᠠᠯ᠎ᠠ ᠪᠠᠷ ᠠᠬᠢᠭᠤᠯᠵᠤ᠂ ᠥᠷᠭᠡᠨ ᠤᠯᠠᠨ ᠬᠤᠳᠠ ᠶᠢᠨ ᠠᠷᠠᠳ ᠪᠣᠯᠣᠨ ᠵᠤᠭᠠᠴᠠᠭᠰᠠᠳ ᠲᠤ ᠨᠡᠩ ᠤᠯᠠᠨ ᠲᠥᠭᠦᠷᠢᠭ ᠤᠨ ᠵᠤᠭᠠᠴᠠᠯ ᠤᠨ ᠪᠦᠲᠦᠭᠡᠭᠳᠡᠬᠦᠨ ᠤ ᠰᠣᠩᠭᠤᠯᠲᠠ᠂ ᠨᠡᠩ ᠰᠠᠶᠢᠨ ᠰᠠᠶᠢᠬᠠᠨ ᠵᠤᠭᠠᠴᠠᠯ ᠤᠨ ᠵᠤᠭᠠᠴᠠᠯ ᠤᠨ ᠥᠩᠭᠡᠷᠡᠭᠡᠯᠲᠡ ᠬᠠᠩᠭᠠᠵᠤ᠂ ᠵᠤᠭᠠᠴᠠᠯ ᠢ ᠨᠡᠩ ᠠᠮᠤᠷ ᠲᠦᠪᠰᠢᠨ᠂ ᠨᠡᠩ ᠲᠦᠭᠦᠮ᠂ ᠨᠡᠩ ᠪᠣᠯᠪᠠᠰᠤᠨ᠂ ᠨᠡᠩ ᠲᠠᠭᠠᠯᠠᠮᠵᠢᠲᠠᠢ ᠪᠣᠯᠭᠠᠬᠤ ᠪᠠᠷ ᠴᠢᠷᠮᠠᠶᠢᠨ᠎ᠠ᠃
 
ᠢᠷᠡᠯᠲᠡ᠄ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号