ᠪᠠᠭᠰᠢ ᠶᠢᠨ ᠴᠠᠯᠢᠩ ᠤᠨ ᠲᠤᠬᠠᠢ ᠰᠣᠷᠭᠠᠨ ᠬᠦᠮᠦᠵᠢᠯ ᠤᠨ ᠶᠠᠮᠤᠨ ᠤ ᠲᠤᠭᠲᠠᠭᠠᠯ
ᠨᠡᠶᠢᠲᠡᠯᠡᠭᠰᠡᠨ ᠴᠠᠭ᠄
2022/9/22
ᠲᠣᠳᠣᠷᠬᠠᠶ ᠪᠣᠯᠤᠭᠰᠠᠨ︕ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠪᠠᠭᠰᠢ ᠶᠢᠨ ᠴᠠᠯᠢᠩ ᠢ ᠵᠠᠰᠠᠭ ᠤᠨ ᠣᠷᠳᠣᠨ ᠤ ᠡᠷᠬᠡᠪᠰᠢ ᠪᠠᠲᠤᠯᠠᠬᠤ ᠵᠠᠷᠤᠯᠭ᠎ᠠ ᠳᠤ ᠣᠷᠣᠭᠤᠯᠤᠨ᠎ᠠ                           ᠲᠥᠷᠥ ᠶᠢᠨ ᠶᠠᠪᠤᠳᠠᠯ ᠤᠨ ᠬᠤᠷᠢᠶᠠᠨ ᠤ ᠰᠤᠷᠭᠠᠨ ᠬᠥᠮᠦᠵᠢᠯ ᠤᠨ ᠬᠢᠨᠠᠨ ᠵᠢᠯᠣᠭᠤᠳᠬᠤ ᠵᠥᠪᠯᠡᠯ ᠤᠨ ᠠᠯᠪᠠᠨ ᠭᠡᠷ ᠡᠯ᠎ᠡ ᠮᠤᠵᠢ ︵ᠬᠤᠲᠠ᠂ ᠲᠣᠭᠤᠷᠢᠭ︶ ᠳᠤ ᠰᠠᠨᠠᠭᠤᠯᠤᠮᠵᠢ ᠶᠢᠨ ᠵᠠᠬᠢᠳᠠᠯ ᠶᠠᠪᠤᠭᠤᠯᠵᠤ᠂ ᠡᠯ᠎ᠡ ᠭᠠᠵᠠᠷ ᠤᠨ ᠬᠢᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠪᠠᠭᠰᠢ ᠶᠢᠨ ᠳᠤᠮᠳᠠᠴᠢ ᠴᠠᠯᠢᠩ ᠤᠨ ᠣᠷᠣᠯᠭ᠎ᠠ ᠶᠢᠨ ᠲᠦᠪᠰᠢᠨ ᠢ ᠲᠤᠬᠠᠶ ᠶᠢᠨ  ᠭᠠᠵᠠᠷ ᠤᠨ ᠠᠯᠪᠠᠲᠠᠨ ᠤ ᠳᠤᠮᠳᠠᠴᠢ ᠴᠠᠯᠢᠩ ᠤᠨ ᠣᠷᠣᠯᠭ᠎ᠠ ᠶᠢᠨ ᠲᠦᠪᠰᠢᠨ ᠠᠴᠠ ᠳᠤᠤᠷ᠎ᠠ ᠪᠠᠶᠢᠯᠭᠠᠬᠤ  ᠥᠬᠡᠶ ︵ᠲᠤᠷᠤᠭᠰᠢ ︽ᠳᠤᠤᠷ᠎ᠠ ᠪᠠᠶᠢᠯᠭᠠᠬᠤ ᠥᠬᠡᠶ︾ ᠭᠡᠵᠦ ᠲᠣᠪᠴᠢᠯᠠᠨ᠎ᠠ︶  ᠠᠵᠢᠯ ᠢ ᠦᠨᠡᠨ ᠬᠦ  ᠰᠠᠶᠢᠲᠤᠷ ᠨᠠᠶᠢᠳᠠᠪᠤᠷᠢᠵᠢᠭᠤᠯᠵᠤ᠂ 2021 ᠣᠨ ᠤ ᠵᠢᠯ ᠤᠨ ᠡᠴᠦᠰ ᠤᠨ ᠱᠠᠩᠨᠠᠯ ᠤᠨ ᠴᠢᠨᠠᠷᠲᠠᠶ  ᠨᠥᠬᠦᠪᠥᠷᠢ ᠶᠢ ᠣᠯᠭᠤᠬᠤ ᠵᠢᠴᠢ 2022 ᠣᠨ ᠤ ᠡᠳ᠋ ᠤᠨ ᠵᠠᠰᠠᠭ ᠤᠨ ᠲᠥᠰᠦᠪ ᠢ ᠳᠣᠭᠢᠷᠠᠭᠤᠯᠬᠤ ᠦᠶ᠎ᠡ ᠳᠡᠭᠡᠨ᠂ ︽ᠳᠤᠤᠷ᠎ᠠ ᠪᠠᠶᠢᠯᠭᠠᠬᠤ ᠥᠬᠡᠶ︾ ᠶᠢ ᠦᠷᠭᠦᠯᠵᠢᠯᠡᠨ ᠨᠠᠶᠢᠳᠠᠪᠤᠷᠢᠵᠢᠭᠤᠯᠤᠨ ᠪᠣᠳᠠᠲᠠᠶᠢᠵᠢᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠶ ᠭᠡᠵᠦ ᠱᠠᠭᠠᠷᠳᠠᠪᠠ᠃                          ᠰᠠᠨᠠᠭᠤᠯᠤᠮᠵᠢ ᠶᠢᠨ ᠵᠠᠬᠢᠳᠠᠯ ᠳᠤ ᠭᠤᠷᠪᠠᠨ ᠵᠤᠷᠪᠤᠰ ᠲᠣᠳᠣᠷᠬᠠᠶ ᠱᠠᠭᠠᠷᠳᠠᠯᠭ᠎ᠠ ᠳᠤᠷᠠᠳᠪᠠ᠄                          ᠨᠢᠭᠡ ᠳᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠪᠠᠭᠰᠢ ᠶᠢᠨ ᠴᠠᠯᠢᠩ ᠢ ᠵᠠᠰᠠᠭ ᠤᠨ ᠣᠷᠳᠣᠨ ᠤ ᠡᠷᠬᠡᠪᠰᠢ ᠪᠠᠲᠤᠯᠠᠬᠤ ᠵᠠᠷᠤᠯᠭ᠎ᠠ ᠳᠤ ᠣᠷᠣᠭᠤᠯᠤᠨ᠎ᠠ᠃ ᠡᠯ᠎ᠡ ᠭᠠᠵᠠᠷ ᠤᠨ ᠬᠢᠨ ᠮᠤᠵᠢ ᠶᠢᠨ ᠱᠠᠲᠤᠨ ᠤ ᠨᠢᠭᠡᠳᠦᠯᠲᠡᠶ ᠲᠥᠯᠥᠪᠵᠢᠭᠦᠯᠭᠡ ᠶᠢ ᠴᠢᠩᠭᠠᠳᠬᠠᠵᠤ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠪᠠᠭᠰᠢ ᠶᠢᠨ ᠣᠯᠭᠤᠮᠵᠢ ᠶᠢᠨ ᠪᠠᠲᠤᠯᠠᠭ᠎ᠠ ᠶᠢᠨ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠪᠠ ᠴᠠᠯᠢᠩ ᠤᠨ ᠤᠷᠤᠯᠭ᠎ᠠ  ᠨᠢ ᠲᠤᠬᠠᠶ ᠶᠢᠨ ᠭᠠᠵᠠᠷ ᠤᠨ ᠠᠯᠪᠠᠲᠠᠨ ᠤ ᠣᠯᠭᠤᠮᠵᠢ ᠶᠢᠨ ᠲᠣᠬᠢᠷᠠᠭᠤᠯᠤᠯᠲᠠ ᠶᠢ ᠲᠠᠭᠠᠵᠤ ᠬᠤᠯᠪᠤᠭᠳᠠᠭᠤᠯᠬᠤ  ᠲᠣᠭᠲᠠᠴᠠ ᠶᠢ ᠪᠣᠳᠠᠲᠠᠶ ᠳᠤ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠵᠤ᠂ ︽ᠳᠤᠤᠷ᠎ᠠ ᠪᠠᠶᠢᠯᠭᠠᠬᠤ ᠥᠬᠡᠶ︾ ᠪᠠᠶᠢᠬᠤ ᠶᠢ ᠦᠷᠭᠦᠯᠵᠢᠯᠡᠨ ᠪᠡᠶᠡᠯᠡᠭᠦᠯᠬᠦ ᠬᠡᠷᠡᠭᠲᠡᠶ᠃                         ᠬᠤᠶᠠᠷ ᠲᠤ ᠠᠷᠠᠳ ᠤᠨ ᠰᠠᠨᠠᠭ᠎ᠠ ᠪᠠᠨ ᠢᠯᠡᠳᠭᠡᠬᠦ ᠠᠷᠭ᠎ᠠ ᠵᠠᠮ ᠢ ᠰᠠᠭᠠᠳ  ᠦᠭᠡᠢ ᠨᠡᠪᠲᠡᠷᠡᠭᠦᠯᠦᠨ᠎ᠡ᠃ ᠮᠤᠵᠢ᠂ ᠬᠤᠲᠠ᠂ ᠰᠢᠶᠠᠨ ᠭᠤᠷᠪᠠᠨ ᠱᠠᠲᠤᠨ ᠤ ᠵᠠᠰᠠᠭ ᠤᠨ ᠣᠷᠳᠣᠨ ᠴᠥᠮ ᠪᠠᠭᠰᠢ ᠶᠢᠨ ᠵᠠᠭᠠᠯᠳᠤᠬᠤ᠂ ᠢᠯᠡᠴᠢᠯᠡᠬᠦ ᠠᠷᠭ᠎ᠠ ᠵᠠᠮ ᠢ ᠰᠠᠭᠠᠳ ᠦᠭᠡᠶ ᠨᠡᠪᠲᠡᠷᠡᠭᠦᠯᠵᠦ᠂ ᠪᠠᠭᠰᠢ ᠨᠠᠷ ᠲᠤ ᠲᠥᠷᠥ ᠶᠢᠨ ᠪᠣᠳᠣᠯᠭ᠎ᠠ ᠶᠢ ᠣᠶᠢᠯᠠᠭᠠᠬᠤ ᠠᠷᠭ᠎ᠠ ᠵᠠᠮ ᠲᠠᠢ᠂ ᠵᠦᠶ ᠶᠤᠰᠤᠨ ᠤ ᠵᠠᠭᠠᠯᠳᠤᠬᠤ ᠲᠠᠪᠴᠠᠩ  ᠲᠠᠢ᠂ ᠠᠳᠡᠭᠦᠷᠡᠯ ᠢ ᠲᠠᠶᠢᠯᠬᠤ ᠲᠣᠬᠢᠶᠠᠯ ᠲᠠᠢ ᠪᠠᠶᠢᠯᠭᠠᠬᠤ ᠬᠡᠷᠡᠭᠲᠡᠢ᠃ ᠢᠯᠠᠩᠭᠤᠶ᠎ᠠ᠂ ᠠᠯᠪᠠᠲᠠᠨ ᠪᠠ ᠪᠠᠭᠰᠢ ᠶᠢᠨ 2021 ᠣᠨ ᠤ ᠵᠢᠯ ᠤᠨ ᠡᠴᠦᠰ ᠤᠨ ᠱᠠᠩᠨᠠᠯ ᠤᠨ ᠴᠢᠨᠠᠷᠲᠠᠶ ᠨᠥᠬᠦᠪᠥᠷᠢ ᠶᠢ ᠣᠯᠭᠤᠬᠤ ᠳᠠᠭᠠᠨ᠂ ᠲᠥᠷᠥ ᠶᠢᠨ ᠪᠣᠳᠣᠯᠭ᠎ᠠ ᠶᠢᠨ ᠤᠶᠢᠯᠠᠭᠠᠯᠴᠠᠭ᠎ᠠ ᠪᠠᠨ ᠴᠢᠩᠭᠠᠳᠬᠠᠵᠤ᠂ ᠲᠠᠶᠢᠯᠪᠤᠷᠢᠯᠠᠬᠤ ᠠᠵᠢᠯ ᠢ ᠪᠣᠳᠠᠲᠠᠶ ᠨᠠᠷᠢᠯᠢᠭ ᠬᠢᠬᠦ ᠬᠡᠷᠡᠭᠲᠡᠶ᠃                          ᠭᠤᠷᠪᠠ ᠳᠤ ᠬᠢᠨᠠᠯᠲᠠ ᠪᠠᠶᠢᠴᠠᠭᠠᠯᠲᠠ ᠶᠢ ᠴᠢᠩᠭᠠᠷᠠᠭᠤᠯᠤᠨ᠎ᠠ᠃ ᠡᠯ᠎ᠡ ᠮᠤᠵᠢ ᠨᠢ ᠬᠢᠨᠠᠨ ᠬᠡᠮᠵᠢᠬᠦ ᠪᠠ ᠬᠠᠷᠭᠤᠭᠤᠯᠤᠨ ᠪᠠᠶᠢᠴᠠᠭᠠᠬᠤ ᠪᠠᠨ ᠴᠢᠩᠭᠠᠳᠬᠠᠵᠤ᠂ ︽ᠳᠤᠤᠷ᠎ᠠ ᠪᠠᠶᠢᠯᠭᠠᠬᠤ ᠦᠭᠡᠢ︾ ᠶᠢ ᠪᠡᠶᠡᠯᠡᠭᠦᠯᠦᠭᠰᠡᠨ ᠦᠭᠡᠢ ᠪᠤᠶᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠪᠠᠭᠰᠢ ᠶᠢᠨ ᠴᠠᠯᠢᠩ ᠢ ᠥᠷᠢᠲᠦᠵᠦ ᠪᠠᠶᠢᠭ᠎ᠠ ᠣᠨᠴᠠ ᠵᠠᠷᠢᠮ ᠰᠢᠶᠠᠨ ︵ᠬᠤᠲᠠ᠂ ᠲᠣᠭᠤᠷᠢᠭ︶ ᠨᠢ ︽ᠰᠤᠷᠭᠠᠨ ᠬᠥᠮᠦᠵᠢᠯ ᠤᠨ ᠬᠢᠨᠠᠨ ᠵᠢᠯᠣᠭᠤᠳᠴᠤ ᠬᠠᠷᠢᠭᠤᠴᠠᠯᠭ᠎ᠠ ᠨᠡᠬᠡᠮᠵᠢᠯᠡᠬᠦ ᠠᠷᠭ᠎ᠠ︾ ᠶᠢ ᠴᠢᠩᠭ᠎ᠠ ᠬᠡᠷᠡᠭᠵᠢᠭᠦᠯᠵᠦ᠂ ᠬᠤᠯᠪᠣᠭᠳᠡᠯ ᠪᠥᠬᠦᠶ ᠬᠠᠷᠢᠭᠤᠴᠠᠯᠭᠠᠲᠠᠨ ᠠᠴᠠ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠢ᠃                          ᠣᠶᠢᠷ᠎ᠠ ᠶᠢᠨ ᠵᠢᠯ ᠤᠳ ᠲᠤ᠂ ᠡᠯ᠎ᠡ ᠭᠠᠵᠠᠷ ᠤᠨ ᠬᠢᠨ ᠠᠯᠪᠠᠨ ᠵᠢᠷᠤᠮ ᠤᠨ  ᠰᠤᠷᠭᠠᠨ ᠬᠥᠮᠦᠵᠢᠯ ᠤᠨ ᠪᠠᠭᠰᠢ ᠶᠢᠨ ᠴᠠᠯᠢᠩ ᠤᠯᠭᠤᠮᠵᠢ ᠶᠢ ᠬᠠᠤᠯᠢ ᠶᠣᠰᠣᠭᠠᠷ ᠪᠠᠲᠤᠯᠠᠵᠤ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠪᠠᠭᠰᠢ ᠶᠢᠨ ᠳᠤᠮᠳᠠᠴᠢ ᠴᠠᠯᠢᠩ  ᠤᠨ ᠤᠷᠤᠯᠭ᠎ᠠ ᠶᠢᠨ ᠲᠦᠪᠰᠢᠨ ᠢ ᠲᠤᠬᠠᠶ ᠶᠢᠨ ᠭᠠᠵᠠᠷ ᠤᠨ ᠠᠯᠪᠠᠲᠠᠨ ᠤ ᠳᠤᠮᠳᠠᠴᠢ ᠴᠠᠯᠢᠩ  ᠤᠨ ᠤᠷᠤᠯᠭ᠎ᠠ ᠶᠢᠨ ᠲᠦᠪᠰᠢᠨ ᠠᠴᠠ ᠳᠤᠤᠷ᠎ᠠ ᠪᠠᠶᠢᠯᠭᠠᠬᠤ ᠥᠬᠡᠶ ᠪᠠᠶᠢᠬᠤ ᠶᠢ ᠦᠨᠡᠨ ᠬᠦ ᠪᠠᠲᠤᠯᠠᠪᠠ᠃ ᠲᠥᠷᠥ ᠶᠢᠨ ᠶᠠᠪᠤᠳᠠᠯ ᠤᠨ ᠬᠤᠷᠢᠶᠠᠨ ᠤ ᠰᠤᠷᠭᠠᠨ ᠬᠥᠮᠦᠵᠢᠯ ᠤᠨ ᠬᠢᠨᠠᠨ ᠵᠢᠯᠣᠭᠤᠳᠬᠤ ᠠᠯᠪᠠᠨ ᠬᠡᠷ ᠤᠨ  ᠬᠠᠷᠢᠭᠤᠴᠠᠯᠭᠠᠲᠠᠨ ᠤ ᠲᠠᠨᠢᠯᠴᠠᠭᠤᠯᠤᠭᠰᠠᠨ ᠢᠶᠠᠷ᠂ ᠡᠯ᠎ᠡ ᠭᠠᠵᠠᠷ ᠤᠨ ᠬᠢᠨ ᠣᠲᠣ ᠶᠠᠭ ᠵᠠᠯᠠᠭ᠎ᠠ ᠪᠠᠷ ᠬᠤᠶᠠᠷ ᠶᠡᠭᠡ ᠲᠣᠭᠲᠠᠴᠠ ᠶᠢ ᠪᠠᠶᠢᠭᠤᠯᠵᠤ ᠪᠠᠶᠢᠨ᠎ᠠ᠄ ᠨᠢᠭᠡ ᠨᠢ᠂ ᠠᠯᠪᠠᠨ ᠵᠢᠷᠤᠮ ‍ᠤᠨ‌‍ᠰᠤᠷᠭᠠᠨ ᠬᠥᠮᠦᠵᠢᠯ ᠤᠨ ᠪᠠᠭᠰᠢ ᠶᠢᠨ ᠴᠠᠯᠢᠩ ᠤᠨ ᠵᠠᠷᠤᠳᠠᠯ ᠤᠨ ᠪᠠᠲᠤᠯᠠᠭ᠎ᠠ ᠶᠢᠨ  ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ᠂ ᠬᠤᠶᠠᠷ  ᠨᠢ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠪᠠᠭᠰᠢ ᠶᠢᠨ ᠣᠷᠣᠯᠭ᠎ᠠ  ᠶᠢ ᠲᠤᠬᠠᠶ ᠶᠢᠨ ᠭᠠᠵᠠᠷ ‍ᠤᠨ‌ᠠᠯᠪᠠᠲᠠᠨ ᠤ ᠬᠠᠷᠠᠭᠠᠯᠵᠠᠯ ᠳᠤ ᠲᠣᠬᠢᠷᠠᠭᠤᠯᠤᠯᠲᠠ ᠬᠢᠬᠦ  ᠲᠠᠢ ᠬᠤᠯᠪᠤᠭᠳᠠᠭᠤᠯᠬᠤ ᠲᠣᠭᠲᠠᠴᠠ ᠪᠣᠯᠤᠨ᠎ᠠ ᠭᠡᠪᠡ᠃                             2022 ᠣᠨ ᠳᠤ᠂ ᠲᠥᠷᠥ ᠶᠢᠨ ᠶᠠᠪᠤᠳᠠᠯ ᠤᠨ ᠬᠤᠷᠢᠶᠠᠨ ᠤ ᠰᠤᠷᠭᠠᠨ  ᠬᠥᠮᠦᠵᠢᠯ ᠤᠨ ᠬᠢᠨᠠᠨ ᠵᠢᠯᠣᠭᠤᠳᠬᠤ ᠵᠥᠪᠯᠡᠯ ᠤᠨ ᠠᠯᠪᠠᠨ ᠬᠡᠷ ᠠᠴᠠ ᠡᠯ᠎ᠡ ᠭᠠᠵᠠᠷ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠪᠠᠭᠰᠢ ᠶᠢᠨ ᠴᠠᠯᠢᠩ ᠤᠷᠤᠯᠭ᠎ᠠ ᠶᠢ ︽ᠳᠤᠤᠷ᠎ᠠ ᠪᠠᠶᠢᠯᠭᠠᠬᠤ ᠥᠬᠡᠶ︾  ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠦᠷᠭᠦᠯᠵᠢᠯᠡᠨ ᠨᠢᠮᠪᠠᠢ ᠠᠩᠬᠠᠷᠴᠤ᠂ ᠪᠣᠳᠠᠲᠠᠶ ᠨᠠᠶᠢᠳᠠᠪᠤᠷᠢᠵᠢᠭᠤᠯᠤᠭᠰᠠᠨ ᠥᠬᠡᠶ ᠭᠠᠵᠠᠷ ᠣᠷᠣᠨ  ᠢ ᠫᠠᠶᠢᠰᠠ ᠡᠯᠭᠦᠨ ᠬᠢᠨᠠᠨ ᠵᠢᠯᠤᠭᠤᠳᠤᠨ᠎ᠠ᠃                                                                                                                  ᠰᠤᠪᠤᠳ
 
ᠢᠷᠡᠯᠲᠡ᠄ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号