ᠭᠤᠸᠠᠩᠮᠢᠩ ᠡᠳᠦᠷ ᠤᠨ ᠰᠣᠨᠢᠨ ᠤ ᠰᠤᠷᠪᠤᠯᠵᠢᠯᠠᠬᠤ ᠳᠤᠭᠤᠶᠢᠯᠠᠩ ᠬᠠᠶᠢᠨᠠᠨ ᠲᠣᠭᠤᠷᠢᠭ ᠲᠤ ᠬᠦᠷᠴᠤ ᠢᠷᠡᠪᠡ
ᠨᠡᠶᠢᠲᠡᠯᠡᠭᠰᠡᠨ ᠴᠠᠭ᠄
2022/9/23
      9 ᠰᠠᠷ᠎ᠠ ᠶᠢᠨ 21 ᠤ ᠡᠳᠦᠷ᠂ ᠭᠤᠸᠠᠩᠮᠢᠩ ᠡᠳᠦᠷ ᠤᠨ ᠰᠣᠨᠢᠨ ᠤ ᠰᠤᠷᠪᠤᠯᠵᠢᠯᠠᠬᠤ ᠳᠤᠭᠤᠶᠢᠯᠠᠩ ᠮᠠᠨ ᠤ ᠲᠣᠭᠤᠷᠢᠭ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ᠂ ᠠᠵᠤ ᠠᠬᠤᠶᠢᠯᠠᠯ ᠤᠨ ᠣᠶᠤᠨᠴᠢᠯᠠᠯᠲᠠ ᠶᠢᠨ ᠪᠠᠶᠢᠭᠤᠯᠤᠯᠲᠠ ᠵᠢᠴᠢ ᠴᠡᠷᠢᠭ ᠤᠨ ᠠᠵᠤ ᠦᠢᠯᠡᠳᠪᠦᠷᠢ ᠶᠢᠨ ᠰᠣᠶᠣᠯ ᠲᠡᠦᠬᠡ ᠵᠡᠷᠭᠡ ᠶᠢ ᠰᠤᠷᠪᠤᠯᠵᠢᠯᠠᠨ ᠪᠠᠶᠢᠴᠠᠭᠠᠨ ᠰᠤᠳᠤᠯᠵᠠᠢ᠃      ᠬᠠᠶᠢᠨᠠᠨ ᠲᠣᠭᠤᠷᠢᠭ ᠤᠨ ᠪᠠᠭ᠎ᠠ ᠭᠤᠷᠪᠠᠳᠤᠭᠠᠷ ᠹᠷᠣᠨᠲ ᠤᠨ ᠴᠡᠷᠢᠭ ᠤᠨ ᠠᠵᠤ ᠦᠢᠯᠡᠳᠪᠦᠷᠢ ᠶᠢᠨ ᠰᠣᠶᠣᠯ ᠤᠨ ᠳᠤᠷᠠᠰᠬᠠᠯ ᠤᠨ ᠣᠷᠳᠣᠨ ᠳᠤ᠂ ᠰᠤᠷᠪᠤᠯᠵᠢᠯᠠᠬᠤ ᠳᠤᠭᠤᠶᠢᠯᠠᠩ ᠤᠨ ᠬᠢᠨ ᠲᠠᠶᠢᠯᠪᠤᠷᠢᠯᠠᠭᠴᠢ ᠶᠢ ᠲᠠᠭᠠᠨ ᠪᠠᠭ᠎ᠠ ᠭᠤᠷᠪᠠᠳᠤᠭᠠᠷ ᠹᠷᠣᠨᠲ ᠤᠨ ᠲᠣᠶᠢᠮᠣᠴᠢᠯᠠᠯ᠂ ᠬᠡᠯᠪᠡᠷᠢ ᠪᠠᠨ ᠬᠤᠪᠢᠷᠠᠭᠤᠯᠤᠭᠰᠠᠨ ᠶᠠᠪᠤᠴᠠ᠂ ᠬᠡᠯᠪᠡᠷᠢ ᠪᠠᠨ ᠬᠤᠪᠢᠷᠠᠭᠤᠯᠤᠭᠰᠠᠨ ᠠᠮᠵᠢᠯᠲᠠ ᠪᠦᠲᠦᠮᠵᠢ ᠵᠡᠷᠭᠡ 10 ᠨᠢᠭᠡᠴᠡ ᠶᠢᠨ ᠦᠵᠡᠭᠦᠯᠦᠯᠭᠡ ᠶᠢ ᠭᠦᠨᠵᠡᠭᠡᠢ ᠣᠶᠢᠯᠠᠭᠠᠵᠤ᠂ ᠲᠡᠰᠪᠦᠷᠢ ᠬᠠᠲᠠᠭᠤᠵᠢᠯᠲᠠᠢ ᠪᠠᠷ ᠦᠢᠯᠡᠰ ᠪᠣᠰᠬᠠᠬᠤ᠂ ᠭᠤᠶᠠᠴᠢ ᠦᠭᠡᠢ ᠪᠠᠷ ᠬᠤᠪᠢ ᠨᠡᠮᠡᠷᠢ ᠦᠵᠡᠭᠦᠯᠬᠦ᠂ ᠪᠦᠯᠬᠦᠮᠳᠡᠨ ᠬᠠᠮᠵᠢᠯᠴᠠᠬᠤ᠂ ᠵᠣᠷᠢᠭᠲᠠᠢ ᠪᠠᠷ ᠰᠢᠨ᠎ᠡ ᠶᠢ ᠡᠭᠦᠳᠬᠦ ︽ᠭᠤᠷᠪᠠᠳᠤᠭᠠᠷ ᠹᠷᠣᠨᠲ ᠤᠨ ᠵᠣᠷᠢᠭ ᠰᠠᠨᠠᠭ᠎ᠠ︾  ᠶᠢ ᠭᠦᠨᠵᠡᠭᠡᠢ ᠣᠶᠢᠯᠠᠭᠠᠪᠠ᠃      ᠤᠯᠤᠰ ᠤᠨ ᠡᠨᠧᠷᠭᠢ ᠶᠢᠨ ᠰᠤᠷᠪᠤᠯᠵᠢ ᠶᠢᠨ ᠯᠣᠣ ᠱᠢ ᠳ᠋ᠠᠨ ᠨᠡᠭᠦᠷᠡᠰᠦᠨ ᠠᠭᠤᠷᠬᠠᠢ ᠳᠤ᠂ ᠰᠤᠷᠪᠤᠯᠵᠢᠯᠠᠬᠤ ᠳᠤᠭᠤᠶᠢᠯᠠᠩ ᠤᠨ ᠬᠢᠨ ᠨᠡᠭᠦᠷᠡᠰᠦᠨ ᠠᠭᠤᠷᠬᠠᠢ ᠶᠢᠨ ᠣᠶᠤᠨᠴᠢᠯᠠᠭᠰᠠᠨ ᠦᠢᠯᠡᠳᠪᠦᠷᠢᠯᠡᠯ ᠢ ᠵᠢᠯᠣᠭᠤᠳᠤᠨ ᠲᠣᠬᠢᠷᠠᠭᠤᠯᠬᠤ ᠲᠥᠪ᠂ ᠨᠡᠭᠦᠷᠡᠰᠦᠨ ᠠᠭᠤᠷᠬᠠᠢ ᠶᠢᠨ ᠲᠡᠦᠬᠡ ᠰᠣᠶᠣᠯ ᠤᠨ ᠦᠵᠡᠭᠦᠯᠦᠯᠭᠡ ᠶᠢᠨ ᠲᠢᠩᠬᠢᠮ ᠪᠠ ᠪᠣᠳᠠᠲᠤ ᠪᠡᠶ᠎ᠡ ᠶᠢᠨ ᠲᠠᠮᠢᠷ ᠤᠨ ᠪᠣᠯᠪᠠᠰᠤᠷᠠᠯ ᠤᠨ ᠰᠠᠭᠤᠷᠢᠨ ᠭᠠᠵᠠᠷ ᠢᠶᠠᠷ ᠲᠣᠭᠤᠷᠢᠨ ᠦᠵᠡᠵᠦ᠂ ᠯᠣᠣ ᠱᠢ ᠳ᠋ᠠᠨ ᠨᠡᠭᠦᠷᠡᠰᠦᠨ ᠠᠭᠤᠷᠬᠠᠢ ᠶᠢᠨ ᠲᠡᠦᠬᠡ ᠶᠢᠨ ᠬᠤᠪᠢᠰᠤᠯᠲᠠ᠂ 5G+ ᠣᠶᠤᠨᠴᠢᠯᠠᠭᠰᠠᠨ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠵᠢᠴᠢ ᠣᠶᠢᠷ᠎ᠠ ᠶᠢᠨ ᠵᠢᠯ ᠤᠨ ᠥᠭᠡᠷᠡᠴᠢᠯᠡᠯᠲᠡ ᠬᠥᠭᠵᠢᠯᠲᠡ ᠵᠡᠷᠭᠡ ᠪᠠᠶᠢᠳᠠᠯ ᠢ ᠨᠠᠷᠢᠨ ᠣᠶᠢᠯᠠᠭᠠᠪᠠ᠃
微信图片_20220923090445.png     
        ᠬᠠᠶᠢᠨᠠᠨ ᠲᠣᠭᠤᠷᠢᠭ ᠤᠨ ᠰᠠᠶᠢᠬᠠᠨ ᠤᠰᠤ ᠲᠣᠰᠬᠤᠨ ᠳᠤ᠂ ᠰᠤᠷᠪᠤᠯᠵᠢᠯᠠᠬᠤ ᠳᠤᠭᠤᠶᠢᠯᠠᠩ ᠤᠨ ᠬᠢᠨ ᠲᠣᠰᠬᠤᠨ ᠤ ᠱᠠᠲᠤᠨ ᠤ ᠬᠠᠮᠲᠤ ᠶᠢᠨ ᠠᠵᠤ ᠠᠬᠤᠢ ᠶᠢᠨ ᠬᠥᠭᠵᠢᠯᠲᠡ ᠶᠢᠨ ᠵᠠᠭᠪᠤᠷ᠂ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠶᠢᠨ ᠡᠩᠨᠡᠭᠡᠨ ᠤ ᠪᠦᠲᠦᠴᠡ᠂ ᠬᠥᠳᠡᠭᠡ ᠲᠣᠰᠬᠤᠨ ᠤ ᠵᠠᠰᠠᠯᠲᠠ ᠵᠢᠴᠢ ᠬᠡᠷᠬᠢᠨ ᠥᠩᠭᠡᠷᠡᠭᠰᠡᠨ ᠤ ᠬᠤᠴᠤᠷᠤᠩᠭᠤᠢ ᠲᠣᠰᠬᠤᠨ ᠠᠴᠠ ᠪᠠᠨ ᠥᠨᠥᠳᠥᠷ ᠤᠨ ᠰᠢᠨ᠎ᠡ ᠴᠠᠭ ᠦᠶ᠎ᠡ ᠶᠢᠨ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠪᠣᠯᠤᠭᠰᠠᠨ ᠬᠥᠭᠵᠢᠯᠲᠡ ᠶᠢᠨ ᠶᠠᠪᠤᠴᠠ ᠶᠢ ᠨᠠᠷᠢᠨ ᠣᠶᠢᠯᠠᠭᠠᠪᠠ᠃ ᠡᠭᠦᠨ ᠤ ᠬᠠᠮᠲᠤ ᠲᠣᠰᠬᠤᠨ ᠤ ᠠᠷᠠᠳ ᠯᠢ ᠡᠯ ᠨᠢᠦᠢ ᠶᠢᠨ ᠭᠡᠷ ᠲᠤ ᠬᠦᠷᠴᠦ᠂ ᠬᠤᠶᠠᠷ ᠨᠠᠰᠤᠲᠠᠨ ᠲᠠᠢ ᠳᠣᠲᠣᠨᠣᠰᠤᠭ ᠢᠶᠠᠷ ᠵᠣᠭᠤᠭᠳᠠᠵᠤ᠂ ᠲᠣᠰᠬᠤᠨ ᠤ ᠠᠷᠠᠳ ᠤᠨ ᠰᠠᠶᠢᠬᠠᠨ ᠤᠰᠤ ᠲᠣᠰᠬᠤᠨ ᠤ ᠬᠥᠮᠥᠰ ᠤᠨ ᠪᠠᠶᠠᠷᠲᠤ ᠬᠤᠪᠢᠷᠠᠯᠲᠠ ᠪᠣᠯᠣᠨ ᠲᠡᠳᠡᠨ ᠤ ᠵᠣᠯ ᠵᠢᠷᠭᠠᠯᠲᠤ ᠠᠮᠢᠳᠤᠷᠠᠯ ᠤᠨ ᠲᠤᠬᠠᠢ ᠶᠠᠷᠢᠬᠤ ᠶᠢ ᠰᠣᠨᠣᠰᠴᠠᠢ᠃      ᠰᠢᠩ ᠰᠢᠨ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠳᠤ᠂ ᠰᠤᠷᠪᠤᠯᠵᠢᠯᠠᠬᠤ ᠳᠤᠭᠤᠶᠢᠯᠠᠩ ᠤᠨ ᠬᠢᠨ ᠠᠵᠤ ᠠᠬᠤᠶᠢᠯᠠᠯ ᠤᠨ ᠠᠵᠢᠯᠲᠠᠳ ᠲᠠᠢ ᠬᠠᠮᠲᠤ ᠪᠠᠷ ᠲᠣᠣᠷ ᠠᠴᠠ ᠪᠠᠭᠤᠵᠤ ᠰᠠᠮ ᠬᠤᠷᠣᠬᠠᠢ ᠱᠦᠭᠦᠵᠦ᠂ ᠬᠤᠵᠢᠷᠯᠢᠭ ᠭᠠᠵᠠᠷ ᠠᠴᠠ ᠦᠰᠦᠷᠴᠦ ᠬᠠᠷᠠᠶᠢᠭᠰᠠᠨ ︽ᠡᠮᠦᠨᠡᠲᠦ ᠠᠮᠧᠷᠢᠺᠠ ᠶᠢᠨ ᠴᠠᠭᠠᠨ ᠵᠦᠢᠷᠡᠢ ᠰᠠᠮ ᠬᠤᠷᠣᠬᠠᠢ︾ ᠱᠦᠭᠦᠭᠳᠡᠨ ᠭᠠᠷᠴᠤ ᠢᠷᠡᠬᠦ ᠶᠢ ᠬᠠᠷᠠᠭᠠᠳ᠂ ᠰᠤᠷᠪᠤᠯᠵᠢᠯᠠᠬᠤ ᠳᠤᠭᠤᠶᠢᠯᠠᠩ ᠤᠨ ᠬᠢᠨ ᠰᠢᠨ᠎ᠡ ᠰᠣᠷᠭᠤᠭ ᠠᠵᠤ ᠦᠢᠯᠡᠰ ᠨᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠠᠪᠰᠤᠷᠤᠨ᠎ᠠ᠂ ᠰᠤᠯᠠ ᠪᠠᠶᠢᠭ᠎ᠠ ᠬᠤᠵᠢᠷᠯᠢᠭ ᠭᠠᠵᠠᠷ ᠠᠴᠠ  ︽ᠪᠠᠶᠠᠵᠢᠯ ᠤᠨ ᠰᠠᠮ ᠬᠤᠷᠣᠬᠠᠢ︾ ᠶᠢ ᠲᠡᠵᠢᠭᠡᠵᠦ ᠳᠡᠶᠢᠯᠦᠨ᠎ᠡ ᠭᠡᠵᠦ ᠢᠯᠡᠳᠬᠡᠵᠡᠢ᠂ ᠡᠨᠡ ᠨᠢ ᠥᠩᠭᠡᠷᠡᠭᠰᠡᠨ ᠳᠤ ᠰᠡᠳᠬᠢᠭᠳᠡᠰᠢ ᠦᠭᠡᠢ ᠶᠠᠪᠤᠳᠠᠯ ᠪᠠᠶᠢᠭᠰᠠᠨ ᠶᠤᠮ᠃
微信图片_20220923090504.png     
      ᠰᠤᠷᠪᠤᠯᠵᠢᠯᠠᠬᠤ ᠳᠤᠭᠤᠶᠢᠯᠠᠩ ᠤᠨ ᠰᠤᠷᠪᠤᠯᠵᠢᠯᠠᠭᠴᠢ ᠲᠠᠷᠢᠶᠠᠨ ᠭᠠᠵᠠᠷ᠂ ᠲᠤᠬᠠᠢ ᠶᠢᠨ ᠲᠠᠯᠠᠪᠠᠢ ᠶᠢᠨ ᠡᠮᠦᠨ᠎ᠡ ᠹᠷᠣᠨᠲ ᠲᠤ ᠭᠦᠨᠵᠡᠭᠡᠶᠢᠷᠡᠵᠦ᠂ ᠤᠮᠠᠷᠠᠲᠤ ᠶᠢᠨ ᠬᠠᠶᠢᠨᠠᠨ ᠤ ᠦᠯᠢᠭᠡᠷ ᠢ ᠰᠣᠨᠣᠰᠬᠤ ᠶᠢᠨ ᠬᠠᠮᠲᠤ ᠤᠯᠠᠨ ᠲᠦᠮᠡᠨ ᠲᠠᠢ ᠣᠶᠢᠷᠠᠲᠤᠭᠰᠠᠨ᠂ ᠰᠢᠭᠦᠳᠡᠷᠢ ᠶᠢᠨ ᠰᠤᠪᠤᠳ ᠲᠠᠢ᠂ ᠬᠠᠯᠠᠭᠤᠨ ᠳᠤᠯᠠᠭᠠᠨ ᠰᠡᠳᠬᠢᠯᠭᠡ ᠲᠠᠢ ᠵᠣᠬᠢᠶᠠᠯ ᠢ ᠤᠬᠠᠭᠠᠯᠠᠨ ᠭᠠᠷᠭᠠᠵᠤ᠂ ᠪᠣᠳᠠᠲᠤ ᠠᠵᠢᠯᠯᠠᠭ᠎ᠠ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠣᠭᠲᠣᠶ᠎ᠠ ᠭᠡᠵᠡᠢ᠃
 
ᠢᠷᠡᠯᠲᠡ᠄ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号