ᠬᠤᠲᠠ ᠶᠢᠨ ᠨᠠᠮ ᠤᠨ ᠬᠤᠷᠢᠶᠠᠨ ᠤ ᠤᠯᠤᠰ ᠲᠥᠷᠥ ᠬᠠᠤᠯᠢ ᠴᠠᠭᠠᠵᠠ ᠶᠢᠨ ᠵᠦᠪᠯᠡᠯ ᠤᠨ ᠪᠠᠶᠢᠩᠭᠤ ᠶᠢᠨ ᠳᠡᠳ᠋ ᠱᠦᠵᠢ ᠪᠠᠷᠠᠭᠤᠨ ᠣᠷᠠᠨᠳᠦ᠋ᠰᠢ ᠵᠡᠭᠡᠯᠢ ᠭᠤᠳᠤᠮᠵᠢ ᠶᠢᠨ ᠬᠤᠲᠠ ᠶᠢᠨ ᠬᠡᠪᠴᠢᠶᠡᠨ ᠤ ᠨᠡᠶᠢᠭᠡᠮ ᠤᠨ ᠵᠠᠰᠠᠯᠲᠠ ᠶᠢᠨ ᠣᠳᠣᠬᠢᠴᠢᠯᠠᠯᠲᠠ ᠶᠢᠨ ᠲᠤᠷᠰᠢᠯᠲᠠ ᠶᠢᠨ ᠠᠵᠢᠯ ᠢ ᠪᠠᠶᠢᠴᠠᠭᠠᠨ ᠰᠤᠳᠤᠯᠤᠨ ᠵᠢᠯᠤᠭᠤᠳᠪᠠ
ᠨᠡᠶᠢᠲᠡᠯᠡᠭᠰᠡᠨ ᠴᠠᠭ᠄
2022/9/5
      9 ᠰᠠᠷ᠎ᠠ ᠶᠢᠨ 2 ᠤᠨ ᠡᠳᠦᠷ᠂ ᠬᠤᠲᠠ ᠶᠢᠨ ᠨᠠᠮ ᠤᠨ ᠬᠤᠷᠢᠶᠠᠨ ᠤ ᠤᠯᠤᠰ ᠲᠥᠷᠥ ᠬᠠᠤᠯᠢ ᠴᠠᠭᠠᠵᠠ ᠶᠢᠨ  ᠵᠦᠪᠯᠡᠯ ᠤᠨ  ᠪᠠᠶᠢᠩᠭᠤ ᠶᠢᠨ ᠳᠡᠳ᠋ ᠱᠦᠵᠢ ᠸᠠᠩ ᠴᠤᠸ ᠴᠢᠶᠦ᠋ᠨ ᠪᠦᠯᠬᠦᠮ ᠳᠠᠭᠠᠭᠤᠯᠤᠨ ᠮᠠᠨ ᠤ ᠵᠡᠭᠡᠯᠢ ᠭᠤᠳᠤᠮᠵᠢ ᠶᠢᠨ ᠬᠤᠲᠠ ᠶᠢᠨ ᠬᠡᠪᠴᠢᠶᠡᠨ ᠳᠠᠬᠢ ᠨᠡᠶᠢᠭᠡᠮ ᠤᠨ ᠵᠠᠰᠠᠯᠲᠠ ᠶᠢᠨ ᠣᠳᠣᠬᠢᠴᠢᠯᠠᠯᠲᠠ ᠶᠢᠨ ᠲᠤᠷᠰᠢᠯᠲᠠ ᠵᠢᠨ‌ᠠᠵᠢᠯ ᠢ ᠪᠠᠶᠢᠴᠠᠭᠠᠨ ᠰᠤᠳᠤᠯᠤᠨ ᠵᠢᠯᠤᠭᠤᠳᠪᠠ᠃ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠯᠢ ᠰᠢᠶᠣᠣ ᠴᠢᠩ᠂ ᠲᠣᠭᠤᠷᠢᠭ ᠤᠨ ᠨᠠᠮ ᠤᠨ ᠬᠤᠷᠢᠶᠠᠨ ᠤ ᠤᠯᠤᠰ ᠲᠥᠷᠥ ᠬᠠᠤᠯᠢ ᠴᠠᠭᠠᠵᠠ ᠶᠢᠨ  ᠬᠤᠷᠢᠶᠠᠨ ᠤ ᠳᠡᠳ᠋ ᠱᠦᠵᠢ᠂ ᠨᠡᠶᠢᠭᠡᠮ ᠤᠨ ᠵᠠᠰᠠᠯᠲᠠ ᠶᠢᠨ ᠲᠥᠪ ᠤᠨ ᠡᠷᠬᠢᠯᠡᠭᠴᠢ ᠸᠠᠩ ᠪᠢᠨ᠂ ᠲᠣᠭᠤᠷᠢᠭ ᠤᠨ ᠨᠠᠮ ᠤᠨ ᠬᠤᠷᠢᠶᠠᠨ ᠤ ᠤᠯᠤᠰ ᠲᠥᠷᠥ ᠬᠠᠤᠯᠢ ᠴᠠᠭᠠᠵᠠ ᠶᠢᠨ  ᠬᠤᠷᠢᠶᠠᠨ ᠤ ᠳᠡᠳ᠋ ᠱᠦᠵᠢ ᠯᠢᠦ ᠵᠢᠶᠠᠨ ᠮᠢᠨ᠂ ᠣᠷᠣᠨ ᠪᠦᠰᠡ ᠶᠢᠨ ᠨᠡᠶᠢᠭᠡᠮ ᠤᠨ ᠵᠠᠰᠠᠯᠲᠠ ᠶᠢᠨ ᠲᠥᠪ ᠤᠨ ᠳᠡᠳ᠋ ᠡᠷᠬᠢᠯᠡᠭᠴᠢ ᠵᠥᠩ ᠸᠧᠨ ᠯᠢ ᠨᠠᠷ ᠪᠠᠷ᠎ᠠ ᠪᠣᠯᠵᠤ ᠪᠠᠶᠢᠴᠠᠭᠠᠨ ᠰᠤᠳᠤᠯᠤᠯᠲᠠ ᠬᠢᠪᠡ᠃ ᠪᠠᠷᠠᠭᠤᠨ ᠣᠷᠠᠨᠳᠦ᠋ᠰᠢ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠨᠠᠮ ᠤᠨ ᠠᠵᠢᠯ ᠤᠨ ᠬᠤᠷᠢᠶᠠᠨ ᠤ ᠱᠦᠵᠢ᠂ ᠳᠡᠳ᠋ ᠱᠦᠵᠢ᠂ ᠤᠯᠤᠰ ᠲᠦᠷᠦ ᠬᠠᠤᠯᠢ ᠴᠠᠭᠠᠵᠠ ᠶᠢᠨ ᠭᠡᠰᠢᠭᠦᠨ᠂ ᠵᠡᠭᠡᠯᠢ ᠭᠤᠳᠤᠮᠵᠢ ᠶᠢᠨ ᠠᠮᠤᠷ ᠲᠦᠪᠰᠢᠨ ᠤ ᠠᠵᠢᠯ ᠤᠨ ᠠᠯᠪᠠᠨ ᠭᠡᠷ ᠵᠡᠷᠭᠡ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠵᠢᠴᠢ ᠬᠤᠯᠪᠤᠭᠳᠡᠯ ᠪᠦᠬᠦᠢ ᠰᠠᠯᠠᠭ᠎ᠠ ᠲᠠᠰᠤᠭ ᠤᠨ ᠠᠵᠢᠯᠲᠠᠳ ᠪᠠᠷ᠎ᠠ ᠪᠣᠯᠵᠤ ᠪᠠᠶᠢᠴᠠᠭᠠᠨ ᠰᠤᠳᠤᠯᠤᠯᠲᠠ ᠬᠢᠭᠰᠡᠨ ᠪᠥᠭᠡᠳ ᠬᠠᠮᠲᠤ ᠶᠠᠪᠤᠭᠰᠠᠳ ᠤᠨ ᠬᠠᠷᠢᠭᠤ ᠮᠡᠳᠡᠭᠦᠯᠦᠯᠲᠡ ᠬᠢᠵᠡᠢ᠃
微信图片_20220905120136.png
      ᠳᠡᠳ᠋ ᠱᠦᠵᠢ ᠸᠠᠩ ᠴᠤᠤ ᠴᠢᠶᠦ᠋ᠨ ᠪᠠᠷᠠᠭᠤᠨ ᠣᠷᠠᠨᠳᠦ᠋ᠰᠢ ᠵᠡᠭᠡᠯᠢ ᠭᠤᠳᠤᠮᠵᠢ ᠶᠢᠨ ᠬᠤᠯᠪᠤᠭᠳᠡᠯ ᠪᠦᠬᠦᠢ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠠᠵᠢᠯ ᠤᠨ ᠳᠠᠩᠰᠠ ᠡᠪᠬᠡᠮᠡᠯ ᠢ ᠪᠠᠶᠢᠴᠠᠭᠠᠨ ᠦᠵᠡᠭᠰᠡᠨ ᠪᠥᠭᠡᠳ ᠬᠤᠯᠪᠤᠭᠳᠡᠯ ᠪᠦᠬᠦᠢ ᠠᠵᠢᠯ ᠢ ᠥᠷᠨᠢᠭᠦᠯᠦᠭᠰᠡᠨ ᠪᠠᠶᠢᠳᠠᠯ ᠵᠢᠴᠢ ᠳᠠᠷᠠᠭᠠᠴᠢ ᠶᠢᠨ ᠱᠠᠲᠤᠨ ᠤ ᠭᠤᠣᠯᠳᠠᠯᠭ᠎ᠠ ᠲᠠᠢ ᠠᠵᠢᠯ ᠢ ᠲᠣᠬᠢᠷᠠᠭᠤᠯᠤᠨ ᠪᠠᠶᠢᠷᠢᠯᠠᠭᠤᠯᠵᠠᠢ᠃ ᠲᠡᠷᠡ ᠴᠢᠬᠤᠯᠠᠴᠢᠯᠠᠭᠰᠠᠨ ᠨᠢ᠂ ᠨᠢᠭᠡ ᠳᠤ᠂ ᠠᠵᠢᠯ ᠤᠨ ᠥᠷᠲᠡᠭᠡᠨ ᠤ ᠪᠠᠶᠢᠷᠢ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠬᠤᠲᠠ ᠶᠢᠨ ᠬᠡᠪᠴᠢᠶᠡᠨ ᠳᠠᠬᠢ ᠨᠡᠶᠢᠭᠡᠮ ᠤᠨ ᠵᠠᠰᠠᠯᠲᠠ ᠶᠢᠨ ᠣᠳᠣᠬᠢᠴᠢᠯᠠᠯᠲᠠ ᠶᠢᠨ ᠲᠤᠷᠰᠢᠯᠲᠠ ᠶᠢᠨ ᠠᠵᠢᠯ ᠢ ᠡᠨᠡ ᠵᠢᠯ ᠤᠨ ᠴᠢᠬᠤᠯᠠ ᠠᠵᠢᠯ ᠪᠣᠯᠭᠠᠨ ᠠᠳᠬᠤᠵᠤ᠂ ᠠᠵᠢᠯᠯᠠᠭ᠎ᠠ ᠳᠡᠭᠡᠷ᠎ᠡ ᠪᠠᠨ ᠨᠠᠶᠢᠳᠠᠪᠤᠷᠢᠵᠢᠭᠤᠯᠬᠤ ᠬᠡᠷᠡᠭᠲᠡᠢ ᠃᡽ᠠᠵᠢᠯ ᠤᠨ ᠳᠤᠲᠠᠭᠤᠳᠠᠯ ᠢᠶᠠᠨ ᠤᠯᠠᠮ ᠨᠢᠭᠡ ᠠᠯᠬᠤᠮ ᠨᠥᠬᠦᠪᠦᠷᠢᠯᠡᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠶᠢ ᠴᠢᠩᠭᠠᠳᠬᠠᠵᠤ᠂ ᠰᠠᠭᠤᠭᠠᠯᠢ ᠠᠷᠠᠳ ᠤᠨ ᠥᠪᠡᠷᠲᠡᠭᠡᠨ ᠵᠠᠰᠠᠬᠤ ᠬᠢᠷᠢ ᠲᠦᠪᠰᠢᠨ ᠢ ᠳᠡᠭᠡᠭᠰᠢᠯᠡᠭᠦᠯᠬᠦ ᠬᠡᠷᠡᠭᠲᠡᠢ᠃ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠬᠠᠷᠠᠯᠲᠠ ᠶᠢ ᠠᠩᠬᠠᠷᠴᠤ᠂ ᠭᠤᠣᠯᠳᠠᠯᠭ᠎ᠠ ᠶᠢ ᠠᠩᠬᠠᠷᠴᠤ᠂ ᠠᠵᠢᠯ ᠤᠨ ᠨᠢᠭᠡᠳᠦᠯᠲᠡᠢ ᠲᠥᠯᠦᠪᠵᠢᠭᠦᠯᠭᠡ ᠶᠢ ᠴᠢᠩᠭᠠᠳᠬᠠᠨ᠂ ᠳᠣᠣᠷᠠᠳᠤ ᠱᠠᠲᠤ ᠶᠢ ᠬᠢᠨᠠᠨ ᠵᠢᠯᠤᠭᠤᠳᠬᠤ ᠶᠢ ᠴᠢᠩᠭᠠᠳᠬᠠᠵᠤ᠂ ᠠᠵᠢᠯ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠂ ᠬᠦᠴᠢᠷᠳᠡᠯ ᠪᠠ ᠠᠰᠠᠭᠤᠳᠠᠯ ᠢ ᠴᠠᠭ ᠲᠤᠬᠠᠢ ᠳᠤᠨᠢ ᠰᠢᠢᠳᠪᠦᠷᠢᠯᠡᠬᠦ ᠬᠡᠷᠡᠭᠲᠡᠢ᠃ ᠬᠤᠶᠠᠷ ᠲᠤ᠂ ᠵᠠᠬᠢᠳᠠᠯ ᠰᠣᠷᠪᠤᠯᠵᠢᠯᠠᠭ᠎ᠠ ᠶᠢᠨ ᠠᠵᠢᠯ ᠢ ᠤᠯᠠᠨ ᠲᠦᠮᠡᠨ ᠤ ᠠᠵᠢᠯ ᠤᠨ ᠰᠢᠯᠭᠠᠭᠤᠷ ᠪᠣᠯᠭᠠᠵᠤ᠂ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠦᠢᠯᠡᠳᠦᠯᠭᠡᠵᠢᠭᠦᠯᠵᠦ᠂ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠠᠷᠠᠳ ᠤᠯᠠᠨ ᠤ ᠨᠡᠶᠢᠳᠡᠮ ᠠᠩᠬᠠᠷᠴᠤ ᠪᠠᠶᠢᠭ᠎ᠠ ᠬᠠᠯᠠᠮᠰᠢᠯ ᠠᠰᠠᠭᠤᠳᠠᠯ ᠬᠦᠴᠢᠷ ᠠᠰᠠᠭᠤᠳᠠᠯ ᠢ ᠴᠠᠭ ᠲᠤᠬᠠᠢ ᠳᠤᠨᠢ ᠰᠢᠢᠳᠪᠦᠷᠢᠯᠡᠵᠦ᠂ ᠠᠰᠠᠭᠤᠳᠠᠯ ᠢ ᠴᠠᠭ ᠲᠤᠬᠠᠢ  ᠳᠤᠨᠢ ᠰᠢᠢᠳᠪᠦᠷᠢᠯᠡᠬᠦ ᠶᠠᠪᠤᠴᠠ ᠳᠤ ᠬᠥᠭᠵᠢᠯᠲᠡ ᠶᠢ ᠠᠬᠢᠭᠤᠯᠵᠤ᠂ ᠬᠥᠭᠵᠢᠯ ᠮᠠᠨᠳᠤᠯ ᠢ ᠠᠬᠢᠭᠤᠯᠬᠤ ᠬᠡᠷᠡᠭᠲᠡᠢ᠃ ᠭᠤᠷᠪᠠ ᠳᠤ᠂ ᠦᠨᠳᠦᠰᠦᠨ ᠱᠠᠲᠤᠨ ᠤ ᠰᠠᠭᠤᠷᠢ ᠪᠣᠯᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠨᠡᠶᠢᠭᠡᠮ ᠤᠨ ᠲᠣᠭᠲᠠᠭᠤᠨ ᠪᠠᠶᠢᠳᠠᠯ ᠤᠨ ᠠᠶᠤᠯ ᠲᠦᠭᠰᠢᠭᠦᠷᠢ ᠶᠢ ᠵᠢᠭᠰᠠᠭᠠᠨ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠤ᠂ ᠵᠥᠷᠢᠴᠡᠯ ᠤᠨ ᠬᠤᠷᠠᠮᠳᠤᠭᠤᠯᠤᠯ ᠢ ᠰᠡᠷᠭᠡᠶᠢᠯᠡᠬᠦ ᠶᠢ ᠨᠡᠶᠢᠭᠡᠮ ᠤᠨ ᠦᠨᠳᠦᠰᠦᠨ ᠱᠠᠲᠤᠨ ᠤ ᠵᠠᠰᠠᠯᠲᠠ ᠲᠠᠢ ᠤᠶᠠᠯᠳᠤᠭᠤᠯᠵᠤ᠂ ᠲᠠᠬᠢᠨ ᠰᠤᠷᠪᠤᠯᠵᠢᠯᠠᠵᠤ ᠵᠠᠰᠠᠬᠤ ᠶᠢ ᠬᠡᠷᠡᠭ ᠤᠨ ᠡᠬᠢ ᠡᠭᠦᠰᠦᠯ ᠠᠴᠠ ᠨᠢ ᠰᠡᠷᠭᠡᠶᠢᠯᠡᠨ ᠨᠠᠮᠳᠠᠭᠤᠯᠬᠤ ᠲᠠᠢ ᠤᠶᠠᠯᠳᠤᠭᠤᠯᠵᠤ᠂ ᠵᠠᠬᠢᠳᠠᠯ ᠰᠣᠷᠪᠤᠯᠵᠢᠯᠠᠭ᠎ᠠ ᠶᠢᠨ ᠡᠬᠢ ᠡᠭᠦᠰᠦᠯ ᠢ ᠡᠵᠡᠮᠳᠡᠬᠦ ᠬᠡᠷᠡᠭᠲᠡᠢ᠃ ᠵᠠᠬᠢᠳᠠᠯ ᠰᠣᠷᠪᠤᠯᠵᠢᠯᠠᠭ᠎ᠠ ᠶᠢᠨ ᠬᠢᠨᠠᠨ ᠵᠢᠯᠤᠭᠤᠳᠴᠤ ᠪᠠᠶᠢᠴᠠᠭᠠᠬᠤ ᠠᠵᠢᠯ ᠢ ᠪᠣᠳᠠᠲᠠᠢ ᠠᠳᠬᠤᠵᠤ ᠨᠠᠷᠢᠯᠢᠭ ᠠᠳᠬᠤᠵᠤ ᠪᠣᠳᠠᠲᠠᠢ ᠳᠤ ᠨᠠᠶᠢᠳᠠᠪᠤᠷᠢᠵᠢᠭᠤᠯᠬᠤ ᠬᠡᠷᠡᠭᠲᠡᠢ  ᠭᠡᠵᠡᠢ᠃
 
ᠢᠷᠡᠯᠲᠡ᠄ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号