︽ᠳᠠᠷᠪᠠᠭᠤᠯ ᠬᠥᠳᠡᠯᠭᠡᠨ ᠤᠮᠠᠷᠠᠲᠤ ᠬᠢᠯᠢ ᠳᠤ ᠬᠦᠷᠴᠦ  · ᠬᠤᠷᠢᠳᠤᠭᠠᠷ ᠶᠡᠭᠡ ᠬᠤᠷᠠᠯ ᠢ ᠪᠠᠶᠠᠷᠯᠠᠨ ᠤᠭᠲᠤᠶ᠎ᠠ︾ ᠭᠡᠬᠦ ᠰᠣᠷᠪᠤᠯᠵᠢᠯᠠᠭ᠎ᠠ ᠶᠢᠨ ᠪᠦᠯᠬᠦᠮ ᠬᠠᠶᠢᠨᠠᠨ ᠲᠣᠭᠤᠷᠢᠭ ᠲᠤ ᠬᠦᠷᠴᠦ ᠢᠷᠡᠪᠡ
ᠨᠡᠶᠢᠲᠡᠯᠡᠭᠰᠡᠨ ᠴᠠᠭ᠄
2022/9/5
      9 ᠰᠠᠷ᠎ᠠ ᠶᠢᠨ 4 ᠤ ᠡᠳᠦᠷ᠂ ᠥᠪᠥᠷ ᠮᠣᠩᠭᠤᠯ ᠤᠨ ᠡᠳᠦᠷ ᠤᠨ ᠰᠣᠨᠢᠨ ᠤ ᠬᠤᠷᠢᠶᠠᠨ ᠤ ︽ᠳᠠᠷᠪᠠᠭᠤᠯ ᠬᠥᠳᠡᠯᠭᠡᠨ ᠤᠮᠠᠷᠠᠲᠤ ᠬᠢᠯᠢ ᠳᠤ ᠬᠦᠷᠴᠦ᠂ ᠬᠤᠷᠢᠳᠤᠭᠠᠷ ᠶᠡᠭᠡ ᠬᠤᠷᠠᠯ ᠢ ᠪᠠᠶᠠᠷᠯᠠᠨ ᠤᠭᠲᠤᠶ᠎ᠠ︾ ᠭᠡᠬᠦ ᠲᠣᠮᠣ ᠬᠡᠯᠪᠡᠷᠢ ᠶᠢᠨ ᠬᠠᠮ ᠵᠠᠭᠤᠴᠢᠯᠠᠭᠤᠷ ᠤᠨ ᠳᠠᠮᠵᠢᠭᠤᠯᠭ᠎ᠠ ᠶᠢᠨ ᠠᠵᠢᠯᠯᠠᠭ᠎ᠠ ᠶᠢᠨ ᠳᠥᠷᠪᠡᠳᠦᠭᠡᠷ ᠮᠡᠳᠡᠭᠡᠯᠡᠯ ᠤᠨ ᠳᠤᠭᠤᠶᠢᠯᠠᠩ ᠬᠠᠶᠢᠨᠠᠨ ᠲᠣᠭᠤᠷᠢᠭ ᠲᠤ ᠬᠦᠷᠴᠦ᠂ ᠴᠡᠭ ᠢᠶᠠᠷ ᠨᠡᠶᠢᠳᠡᠮ ᠢ ᠳᠠᠶᠢᠴᠢᠯᠠᠬᠤ᠂ ᠪᠠᠭ᠎ᠠ ᠪᠠᠷ ᠶᠡᠭᠡ ᠶᠢ ᠢᠯᠡᠷᠡᠭᠦᠯᠬᠦ ᠠᠷᠭ᠎ᠠ ᠬᠡᠯᠪᠡᠷᠢ ᠪᠠᠷ ᠳᠠᠮᠵᠢᠭᠤᠯᠤᠨ᠂ ᠬᠠᠶᠢᠨᠠᠨ ᠲᠣᠭᠤᠷᠢᠭ ᠤᠨ ᠠᠮᠢ ᠠᠬᠤᠢ ᠶᠢᠨ ᠪᠣᠯᠪᠠᠰᠤᠨ ᠤ ᠣᠶᠢᠯᠠᠭᠠᠭᠳᠠᠬᠤᠨ ᠢᠶᠠᠷ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠪᠦᠲᠦᠭᠡᠨ ᠪᠠᠶᠢᠭᠤᠯᠬᠤ᠂ ᠬᠥᠳᠡᠭᠡ ᠲᠣᠰᠬᠤᠨ ᠤ ᠵᠢᠭᠤᠯᠴᠢᠯᠠᠯ ᠵᠢᠴᠢ ᠦᠵᠦᠮ ᠪᠠ ᠦᠵᠦᠮ ᠤᠨ ᠠᠷᠢᠬᠢ ᠶᠢᠨ ᠠᠭᠤᠰᠤᠯᠴᠠᠨ ᠬᠥᠭᠵᠢᠬᠦ ᠶᠢ ᠠᠬᠢᠭᠤᠯᠬᠤ ᠵᠡᠷᠭᠡ ᠲᠠᠯ᠎ᠠ ᠶᠢᠨ ᠰᠠᠶᠢᠨ ᠠᠷᠭ᠎ᠠ ᠬᠢᠳᠡᠯ᠂ ᠰᠠᠶᠢᠨ ᠲᠤᠷᠰᠢᠯᠭ᠎ᠠ᠂ ᠰᠠᠶᠢᠨ ᠨᠡᠶᠢᠲᠡᠯᠢᠭ ᠵᠢᠱᠢᠶ᠎ᠡ ᠶᠢ ᠰᠤᠷᠪᠤᠯᠵᠢᠯᠠᠨ ᠮᠡᠳᠡᠭᠡᠯᠡᠨ᠎ᠡ᠃
微信图片_20220905102743.jpg
      ᠰᠤᠷᠪᠤᠯᠵᠢᠯᠠᠬᠤ ᠪᠦᠯᠬᠦᠮ ᠤᠨ ᠬᠢᠨ ᠦᠵᠡᠰᠬᠦᠯᠡᠩᠲᠦ ᠰᠠᠶᠢᠬᠠᠨ ᠬᠠᠲᠤᠨ ᠭᠤᠣᠯ ᠤᠨ ᠪᠠᠷᠠᠭᠤᠨᠰᠢ ᠵᠣᠷᠴᠢᠬᠤ ᠵᠣᠴᠢᠳ ᠤᠨ ᠪᠠᠭᠤᠳᠠᠯ ᠳᠤ᠂  ᠶᠢᠰᠤᠨ ᠴᠣᠶᠢᠳᠣ ᠬᠠᠲᠤᠨ ᠭᠤᠣᠯ ᠤᠨ ᠠᠳᠡ ᠠᠴᠠ ᠪᠠᠷᠠᠭᠤᠨᠰᠢ ᠮᠤᠷᠤᠶᠢᠭᠰᠠᠨ ᠭᠠᠶᠢᠬᠠᠮᠰᠢᠭᠲᠤ ᠦᠵᠡᠮᠵᠢ ᠶᠢ ᠣᠶᠢᠯᠠᠭᠠᠵᠤ᠂ ᠰᠠᠶᠢᠬᠠᠨ ᠤᠰᠤ ᠲᠣᠰᠬᠤᠨ ᠤ ᠬᠠᠳᠤᠨ ᠭᠤᠣᠯ ᠤᠨ ᠪᠠᠷᠠᠭᠤᠨᠰᠢ ᠵᠣᠷᠴᠢᠭᠰᠠᠨ ᠵᠣᠴᠢᠳ ᠤᠨ ᠪᠠᠭᠤᠳᠠᠯ ᠨᠢ ᠬᠠᠳᠤᠨ ᠭᠤᠣᠯ ᠤᠨ ᠬᠥᠪᠡᠭᠡᠨ ᠤ ︽ᠬᠤᠴᠤᠷᠤᠩᠭᠤᠢ ᠲᠣᠰᠬᠤᠨ︾  ᠠᠴᠠ ᠬᠤᠯᠠ ᠣᠶᠢᠷ᠎ᠠ ᠳᠠᠭᠠᠨ ᠠᠯᠳᠠᠷᠲᠠᠢ ᠪᠦᠬᠦ ᠤᠯᠤᠰ ᠤᠨ ᠪᠣᠯᠪᠠᠰᠤᠨ ᠲᠣᠰᠬᠤᠨ ᠤ ᠬᠥᠮᠥᠰ ᠢ ᠪᠠᠶᠠᠷᠯᠠᠭᠤᠯᠤᠮ᠎ᠠ ᠬᠤᠪᠢᠷᠠᠯᠲᠠ ᠶᠢ ᠣᠶᠢᠷ᠎ᠠ ᠵᠠᠢ ᠠᠴᠠ ᠣᠶᠢᠯᠠᠭᠠᠬᠤ ᠶᠢᠨ ᠬᠠᠮᠲᠤ ᠥᠩᠭᠡᠲᠦ ᠵᠢᠷᠤᠭ ᠵᠢᠷᠤᠭᠰᠠᠨ ᠬᠠᠳᠤᠨ ᠭᠤᠣᠯ ᠤᠨ ᠴᠢᠯᠠᠭᠤᠨ ᠤ ᠵᠣᠬᠢᠶᠠᠨ ᠪᠦᠲᠦᠭᠡᠭᠴᠢ ᠯᠦ ᠲᠢᠩ ᠲᠠᠢ ᠰᠠᠨᠠᠯ ᠢᠶᠠᠨ ᠭᠦᠨᠵᠡᠭᠡᠢ ᠰᠣᠯᠢᠯᠴᠠᠵᠤ᠂ ᠲᠡᠭᠦᠨ ᠤ ᠵᠣᠬᠢᠶᠠᠨ ᠪᠦᠲᠦᠭᠡᠯᠭᠡ ᠶᠢᠨ ᠰᠡᠳᠬᠢᠮᠵᠢ ᠪᠣᠯᠣᠨ ᠴᠢᠯᠠᠭᠤᠨ ᠤ ᠠᠷᠤ ᠳᠤ ︽ᠡᠵᠢ ᠭᠤᠣᠯ ᠬᠠᠳᠤᠨ ᠭᠤᠣᠯ ︾ ᠶᠢᠨ ᠲᠤᠬᠠᠢ ᠥᠪᠡᠷᠮᠢᠴᠡ ᠬᠠᠶᠢᠷ᠎ᠠ ᠰᠡᠳᠬᠢᠯᠭᠡ ᠶᠢ ᠣᠶᠢᠯᠠᠭᠠᠪᠠ᠃       ᠬᠠᠲᠤᠨ ᠭᠤᠣᠯ ᠲᠣᠰᠬᠤᠨ ᠪᠣᠯᠣᠨ ᠶᠠᠩ ᠭᠤᠸᠠᠩ ᠲᠢᠶᠠᠨ ᠢᠦᠢ ᠣᠯᠠᠨ ᠤᠯᠤᠰ ᠤᠨ ᠠᠷᠢᠬᠢᠨ ᠮᠤᠬᠤᠯᠠᠭ ᠲᠤ᠂ ᠰᠤᠷᠪᠤᠯᠵᠢᠯᠠᠭᠴᠢ ᠶᠢᠨ ᠪᠦᠯᠬᠦᠮ ᠤᠨ ᠬᠢᠨ ᠦᠵᠦᠮ ᠳᠠᠷᠢᠳᠠᠭ ᠲᠠᠷᠢᠶᠠᠴᠢᠨ ᠡᠷᠦᠬᠡ᠂ ᠦᠵᠦᠮ ᠤᠨ ᠠᠷᠢᠬᠢᠨ ᠮᠤᠬᠤᠯᠠᠭ  ᠶᠢᠨ ᠠᠵᠢᠯᠲᠠᠳ ᠲᠠᠢ ᠭᠦᠨᠵᠡᠭᠡᠢ ᠨᠠᠷᠢᠨ ᠨᠢᠮᠪᠠᠢ ᠶᠠᠷᠢᠯᠴᠠᠵᠤ᠂ ᠬᠠᠶᠢᠨᠠᠨ ᠲᠣᠭᠤᠷᠢᠭ ᠤᠨ ᠦᠵᠦᠮ ᠤᠨ ᠠᠵᠤ ᠦᠢᠯᠡᠰ ᠤᠨ ᠬᠡᠪᠴᠢᠶᠡᠵᠢᠭᠰᠡᠨ᠂  ᠣᠨᠴᠠᠯᠢᠭᠵᠢᠭᠤᠯᠤᠭᠰᠡᠨ᠂ ᠪᠣᠬᠢᠷᠳᠤᠯ ᠦᠭᠡᠢ᠂ ᠲᠦᠷᠦᠯ  ᠲᠡᠮᠲᠡᠭᠵᠢᠯᠡᠭᠰᠡᠨ ᠬᠥᠭᠵᠢᠯᠲᠡ ᠶᠢᠨ ᠵᠠᠮ ᠢ ᠪᠦᠬᠦ ᠲᠠᠯ᠎ᠠ ᠪᠠᠷ ᠠᠬᠢᠭᠤᠯᠤᠭᠰᠠᠨ ᠵᠢᠴᠢ ᠲᠠᠷᠢᠶᠠᠯᠠᠩ ᠤᠨ ᠦᠷ᠎ᠡ ᠠᠰᠢᠭ ᠢ ᠨᠡᠮᠡᠭᠳᠡᠭᠦᠯᠬᠦ᠂ ᠲᠠᠷᠢᠶᠠᠯᠠᠬᠤ ᠣᠷᠣᠨ ᠤ ᠰᠠᠭᠤᠭᠠᠯᠢ ᠠᠷᠠᠳ ᠤᠨ ᠣᠷᠣᠯᠭ᠎ᠠ ᠶᠢ ᠨᠡᠮᠡᠭᠳᠡᠭᠦᠯᠬᠦ ᠶᠢ ᠠᠬᠢᠭᠤᠯᠤᠭᠠᠳ ᠣᠯᠣᠭᠰᠠᠨ ᠠᠮᠵᠢᠯᠲᠠ ᠪᠦᠲᠦᠮᠵᠢ ᠪᠣᠯᠣᠨ ᠡᠷᠬᠢᠮ ᠨᠠᠨᠳᠢᠨ ᠲᠤᠷᠰᠢᠯᠭ᠎ᠠ ᠶᠢ ᠰᠡᠭᠦᠳᠡᠷᠯᠡᠬᠦ ᠮᠠᠰᠢᠨ ᠪᠣᠯᠣᠨ ᠪᠢᠷ ᠤᠨ ᠦᠵᠦᠭᠦᠷ ᠢᠶᠠᠷ ᠲᠡᠮᠳᠡᠭᠯᠡᠪᠡ᠃
微信图片_20220905102830.jpg
      ᠰᠣᠷᠪᠤᠯᠵᠢᠯᠠᠭ᠎ᠠ ᠪᠠᠷ ᠳᠠᠮᠵᠢᠭᠠᠳ᠂ ᠰᠣᠷᠪᠣᠯᠵᠢᠯᠠᠭᠴᠢᠳ ᠣᠶᠢᠷ᠎ᠠ ᠶᠢᠨ ᠵᠢᠯ ᠤᠨ ᠲᠤᠷᠰᠢᠬᠢ ᠬᠠᠶᠢᠨᠠᠨ ᠲᠣᠭᠤᠷᠢᠭ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠣᠯᠣᠭᠰᠠᠨ ᠡᠯᠪᠡᠭ ᠪᠠᠶᠠᠯᠢᠭ ᠦᠷ᠎ᠡ ᠪᠦᠲᠦᠭᠡᠯ ᠢ ᠪᠡᠶ᠎ᠡ ᠪᠠᠷ ᠢᠶᠠᠨ ᠣᠶᠢᠯᠠᠭᠠᠵᠤ᠂ ᠤᠯᠠᠨ ᠲᠦᠮᠡᠨ ᠤ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢᠯᠡᠳᠲᠡ ᠳᠡᠭᠡᠭᠰᠢᠯᠡᠭᠰᠡᠨ ᠪᠥᠭᠡᠳ ᠰᠤᠷᠪᠤᠯᠵᠢᠯᠠᠵᠤ ᠣᠯᠣᠭᠰᠠᠨ ᠰᠢᠨ᠎ᠡ ᠰᠣᠷᠭᠤᠭ ᠵᠢᠱᠢᠶ᠎ᠡ ᠶᠢ ᠦᠨᠳᠦᠰᠦᠯᠡᠵᠦ᠂ ᠬᠠᠶᠢᠨᠠᠨ ᠲᠣᠭᠤᠷᠢᠭ ᠤᠨ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢᠬᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠤᠨ ᠳᠤᠮᠳᠠ ᠣᠯᠣᠭᠰᠠᠨ ᠡᠯᠪᠡᠭ ᠪᠠᠶᠠᠯᠢᠭ ᠦᠷ᠎ᠡ ᠪᠦᠲᠦᠭᠡᠯ ᠢ ᠭᠦᠨ ᠳᠠᠪᠬᠤᠷᠭ᠎ᠠ᠂ ᠤᠯᠠᠨ ᠲᠠᠯ᠎ᠠ ᠠᠴᠠ ᠤᠬᠠᠭᠤᠯᠤᠨ ᠮᠡᠳᠡᠭᠡᠯᠡᠵᠦ᠂ ᠨᠡᠩ ᠤᠯᠠᠨ ᠬᠥᠮᠥᠰ ᠲᠤ ᠬᠠᠶᠢᠨᠠᠨ ᠲᠣᠭᠤᠷᠢᠭ ᠭᠡᠵᠤ ᠣᠶᠢᠯᠠᠭᠠᠭᠤᠯᠵᠤ᠂ ᠬᠠᠶᠢᠨᠠᠨ ᠲᠣᠭᠤᠷᠢᠭ ᠳᠤ ᠣᠴᠢᠭᠤᠯᠵᠤ᠂ ᠬᠠᠶᠢᠨᠠᠨ ᠲᠣᠭᠤᠷᠢᠭ ᠶᠢ ᠬᠠᠶᠢᠷᠠᠯᠠᠭᠤᠯᠤᠨ᠎ᠠ  ᠭᠡᠵᠡᠢ᠃ 
 
ᠢᠷᠡᠯᠲᠡ᠄ ᠲᠣᠭᠤᠷᠢᠭ ᠤᠨ ᠠᠷᠠᠳ  ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号