ᠢᠦᠢ ᡁᠢ ᠶᠦᠩ ᠰᠤᠷᠭᠠᠨ ᠬᠥᠮᠦᠵᠢᠯ ᠤᠨ ᠠᠵᠢᠯ ᠵᠢᠴᠢ ᠰᠤᠷᠭᠠᠭᠤᠯᠢ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2022/9/5
      9 ᠰᠠᠷ᠎ᠠ ᠶᠢᠨ 2 ᠤᠨ ᠡᠳᠦᠷ᠂ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠢᠦᠢ ᡁᠢ ᠶᠦᠩ ᠰᠤᠷᠭᠠᠨ ᠬᠥᠮᠦᠵᠢᠯ ᠤᠨ ᠠᠵᠢᠯ ᠵᠢᠴᠢ ᠰᠤᠷᠭᠠᠭᠤᠯᠢ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠠᠵᠢᠯ ᠳᠤ ᠪᠠᠶᠢᠴᠠᠭᠠᠨ ᠰᠤᠳᠤᠯᠤᠯᠲᠠ ᠬᠢᠵᠦ᠂ ᠲᠣᠭᠤᠷᠢᠭ ᠤᠨ ᠤᠳᠤᠷᠢᠳᠤᠯᠭ᠎ᠠ ᠯᠢ ᠰᠢᠶᠣᠣ ᠴᠢᠩ᠂ ᠸᠧᠢ ᠵᠣᠣ ᠳ᠋ᠦᠩ᠂ ᠵᠠᠩ ᠶᠠᠨ ᠫᠢᠩ ᠨᠠᠷ ᠬᠠᠮᠲᠤ ᠪᠠᠷ ᠪᠠᠶᠢᠴᠠᠭᠠᠨ ᠰᠤᠳᠤᠯᠤᠯᠲᠠ ᠬᠢᠪᠡ᠃
微信图片_20220905085526.png
      ᠢᠦᠢ ᡁᠢ ᠶᠦᠩ᠂ ᠥᠨᠢᠳᠡ ᠶᠢᠨ ᠶᠡᠭᠡ ᠪᠣᠳᠣᠯᠭ᠎ᠠ ᠳᠤ ᠰᠤᠷᠭᠠᠨ ᠬᠥᠮᠦᠵᠢᠯ ᠢᠶᠠᠷ ᠦᠨᠳᠦᠰᠦ ᠪᠣᠯᠭᠠᠨ᠎ᠠ᠂ ᠰᠤᠷᠭᠠᠨ ᠬᠥᠮᠦᠵᠢᠯ ᠤᠨ ᠠᠵᠢᠯᠲᠠᠳ ᠰᠢ ᠶᠢᠨ ᠫᠢᠩ ᠶᠡᠷᠦᠩᠬᠡᠢ ᠱᠦᠵᠢ ᠶᠢᠨ ᠰᠤᠷᠭᠠᠨ ᠬᠥᠮᠦᠵᠢᠯ ᠤᠨ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠬᠠᠷᠢᠭᠤᠴᠠᠯᠭ᠎ᠠ ᠶᠢᠨ ᠤᠬᠠᠮᠰᠠᠷ ᠢᠶᠠᠨ ᠴᠢᠩᠭᠠᠳᠬᠠᠵᠤ᠂ ᠲᠤᠰ ᠪᠡᠶ᠎ᠡ ᠶᠢᠨ ᠪᠠᠶᠢᠭᠤᠯᠤᠯᠲᠠ ᠪᠠᠨ ᠴᠢᠩᠭᠠᠳᠬᠠᠵᠤ᠂ ᠵᠢᠭᠠᠨ ᠰᠤᠷᠭᠠᠯᠲᠠ ᠶᠢᠨ ᠶᠠᠰᠤ ᠴᠢᠨᠠᠷ ᠢᠶᠠᠨ ᠴᠢᠨᠠᠭᠰᠢᠳᠠ ᠳᠡᠭᠡᠭᠰᠢᠯᠡᠭᠦᠯᠵᠦ᠂ ᠰᠤᠷᠤᠭᠴᠢᠳ ᠤᠨ ᠶᠣᠰᠣ ᠰᠤᠷᠲᠠᠬᠤᠨ ᠤᠶᠤᠨ ᠤᠬᠠᠭᠠᠨ ᠪᠡᠶ᠎ᠡ ᠮᠠᠬᠠᠪᠤᠳ ᠭᠤᠸ᠎ᠠ ᠰᠠᠶᠢᠬᠠᠨ ᠬᠥᠳᠡᠯᠮᠦᠷᠢ ᠶᠢᠨ ᠪᠦᠬᠦ ᠲᠠᠯ᠎ᠠ ᠶᠢᠨ ᠬᠥᠭᠵᠢᠯᠲᠡ ᠶᠢ ᠠᠬᠢᠭᠤᠯᠬᠤ ᠬᠡᠷᠡᠭᠲᠡᠢ᠃ ᠨᠠᠮ ᠤᠨ ᠪᠠᠶᠢᠭᠤᠯᠤᠯᠲᠠ ᠶᠢᠨ ᠠᠵᠢᠯ  ᠶᠢᠨ ᠪᠢᠴᠢᠭ ᠵᠢᠭᠠᠵᠤ ᠬᠥᠮᠥᠨ ᠢ ᠬᠥᠮᠥᠵᠢᠭᠦᠯᠬᠦ ᠲᠠᠢ ᠭᠦᠨᠵᠡᠭᠡᠢ ᠠᠭᠤᠰᠤᠯᠴᠠᠭᠤᠯᠵᠤ᠂ ᠨᠠᠮ ᠤᠨ ᠭᠡᠰᠢᠭᠦᠨ ᠪᠠᠭᠰᠢ ᠶᠢᠨ ᠦᠵᠡᠯ ᠰᠠᠨᠠᠭ᠎ᠠ ᠤᠯᠤᠰ ᠲᠦᠷᠦ ᠶᠢᠨ ᠬᠡᠪ ᠴᠢᠨᠠᠷ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠨᠠᠮ ᠤᠨ ᠭᠡᠰᠢᠭᠦᠨ ᠤ ᠪᠢᠴᠢᠭ ᠵᠢᠭᠠᠵᠤ ᠬᠥᠮᠥᠨ ᠢ ᠬᠥᠮᠥᠵᠢᠭᠦᠯᠬᠦ᠂ ᠬᠠᠮᠢᠶᠠᠷᠤᠯᠲᠠ ᠪᠠᠷ ᠬᠥᠮᠥᠨ ᠢ ᠬᠥᠮᠥᠵᠢᠭᠦᠯᠬᠦ᠂ ᠦᠢᠯᠡᠴᠢᠯᠡᠭᠡ ᠪᠠᠷ ᠬᠥᠮᠥᠨ ᠢ ᠬᠥᠮᠥᠵᠢᠭᠦᠯᠬᠦ ᠵᠢᠱᠢᠶᠡᠴᠢ ᠳᠠᠭᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠢ᠃ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠡᠨᠡᠬᠦ ᠬᠥᠪᠴᠢ ᠶᠢ ᠴᠠᠭ ᠢᠮᠠᠭᠲᠠ ᠴᠢᠩᠭ᠎ᠠ ᠠᠳᠬᠤᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠠᠵᠢᠯ ᠢ ᠰᠡᠳᠬᠢᠯ ᠳᠡᠭᠡᠨ ᠪᠤᠳᠤᠵᠤ᠂ ᠭᠠᠷ ᠲᠠᠭᠠᠨ ᠠᠳᠬᠤᠵᠤ᠂ ᠪᠣᠳᠠᠲᠠᠢ ᠠᠵᠢᠯᠯᠠᠭ᠎ᠠ ᠳᠤᠮᠳᠠ ᠪᠠᠨ ᠨᠠᠶᠢᠳᠠᠪᠤᠷᠢᠵᠢᠭᠤᠯᠵᠤ᠂ ᠬᠠᠮᠤᠭ ᠤᠨ ᠥᠨᠳᠥᠷ ᠪᠠᠷᠢᠮᠵᠢᠶ᠎ᠠ᠂ ᠬᠠᠮᠤᠭ ᠤᠨ ᠴᠢᠩᠭ᠎ᠠ ᠱᠠᠭᠠᠷᠳᠠᠯᠭ᠎ᠠ᠂ ᠬᠠᠮᠤᠭ ᠤᠨ ᠬᠠᠲᠠᠭᠤ ᠠᠷᠭ᠎ᠠ ᠬᠡᠮᠵᠢᠶ᠎ᠡ ᠪᠠᠷ ᠡᠯ᠎ᠡ ᠵᠦᠢᠯ ᠤᠨ ᠠᠵᠢᠯ ᠢᠶᠠᠨ ᠯᠠᠪᠳᠠᠭᠤᠨ ᠪᠠᠲᠤᠲᠠᠢ ᠰᠠᠶᠢᠲᠤᠷ ᠬᠢᠵᠦ᠂ ᠤᠯᠠᠨ ᠲᠠᠯ᠎ᠠ ᠪᠠᠷ ᠬᠤᠯᠪᠤᠭᠠᠯᠠᠨ ᠬᠥᠳᠡᠯᠦᠯᠴᠡᠭᠰᠡᠨ᠂ ᠭᠡᠷ ᠪᠦᠯᠢ ᠰᠤᠷᠭᠠᠭᠤᠯᠢ ᠬᠠᠮᠲᠤᠪᠠᠷ ᠪᠠᠶᠢᠭᠤᠯᠤᠭᠰᠠᠨ᠂ ᠬᠠᠮᠲᠤᠪᠠᠷ ᠰᠤᠷᠤᠯᠭ᠎ᠠ ᠪᠠᠨ ᠬᠠᠮᠠᠭᠠᠯᠠᠬᠤ ︽ᠬᠠᠮᠠᠭᠠᠯᠠᠯᠲᠠ ᠶᠢᠨ ᠲᠣᠣᠷ︾  ᠢ ᠴᠢᠷᠮᠠᠶᠢᠨ ᠪᠠᠶᠢᠭᠤᠯᠵᠤ᠂ ᠡᠯ᠎ᠡ ᠲᠦᠷᠦᠯ ᠤᠨ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠠᠳᠡᠯ ᠭᠠᠷᠬᠤ ᠶᠢ ᠴᠢᠩᠭ᠎ᠠ ᠰᠡᠷᠭᠡᠶᠢᠯᠡᠬᠦ ᠬᠡᠷᠡᠭᠲᠡᠢ᠃ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠤᠳ ᠡᠯ᠎ᠡ ᠲᠥᠷᠥᠯ ᠤᠨ ᠰᠤᠷᠭᠠᠨ ᠬᠥᠮᠦᠵᠢᠯ ᠤᠨ ᠵᠣᠭᠤᠰ ᠢᠶᠠᠷ ᠲᠤᠰᠠᠯᠠᠬᠤ᠂ ᠰᠤᠷᠭᠠᠨ ᠬᠥᠮᠦᠵᠢᠯ ᠤᠨ ᠠᠷᠠᠳ ᠤᠨ ᠠᠮᠢᠳᠤᠷᠠᠯ ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠵᠡᠷᠭᠡ ᠲᠠᠯ᠎ᠠ ᠪᠠᠷ ᠦᠷᠭᠦᠯᠵᠢᠯᠡᠨ ᠬᠦᠴᠦᠯᠡᠵᠦ᠂ ᠠᠷᠠᠳ ᠲᠤ ᠠᠰᠢᠭ ᠬᠦᠷᠲᠡᠭᠡᠬᠦ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢ ᠦᠨᠡᠨᠬᠦ ᠰᠠᠶᠢᠲᠤᠷ ᠦᠢᠯᠡᠴᠢᠯᠡᠨ᠂ ᠰᠠᠶᠢᠲᠤᠷ ᠨᠠᠶᠢᠳᠠᠪᠤᠷᠢᠵᠢᠭᠤᠯᠵᠤ᠂ ᠰᠠᠶᠢᠲᠤᠷ ᠬᠢᠨᠠᠨ ᠬᠠᠮᠢᠶᠠᠷᠴᠤ᠂ ᠠᠷᠠᠳ ᠲᠦᠮᠡᠨ ᠤ ᠰᠡᠳᠬᠢᠯ ᠬᠠᠨᠤᠮᠵᠢᠲᠠᠶ ᠰᠤᠷᠭᠠᠨ ᠬᠥᠮᠦᠵᠢᠯ ᠢ ᠬᠦᠴᠦᠯᠡᠨ ᠰᠠᠶᠢᠲᠤᠷ ᠡᠷᠭᠢᠯᠡᠵᠦ᠂ ︽ᠠᠷᠠᠳ ᠤᠨ ᠠᠮᠢᠳᠤᠷᠠᠯ ᠤᠨ ᠬᠠᠷᠢᠭᠤᠯᠲᠠ ᠶᠢᠨ ᠬᠠᠭᠤᠳᠠᠰᠤ︾ ᠶᠢ ᠴᠢᠷᠮᠠᠶᠢᠨ ᠰᠠᠶᠢᠲᠤᠷ ᠬᠠᠷᠢᠭᠤᠯᠬᠤ ᠬᠡᠷᠡᠭᠲᠡᠢ  ᠭᠡᠵᠡᠢ᠃ 
 
ᠢᠷᠡᠯᠲᠡ᠄ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号