ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠯᠪᠠᠨ ᠲᠢᠩᠬᠢᠮ ︽ᠠᠯᠳᠠᠭ᠎ᠠ ᠪᠤᠷᠤᠭᠤ ᠶᠢ ᠠᠭᠤᠴᠢᠯᠠᠨ ᠪᠠᠭᠲᠠᠭᠠᠵᠤ ᠠᠯᠳᠠᠭ᠎ᠠ ᠪᠤᠷᠤᠭᠤ ᠶᠢ ᠵᠠᠯᠠᠷᠠᠭᠤᠯᠬᠤ ᠠᠵᠢᠯ ᠢ ᠴᠢᠨᠠᠭᠰᠢᠳᠠ ᠠᠬᠢᠭᠤᠯᠬᠤ ᠲᠤᠬᠠᠢ ᠰᠠᠨᠠᠯ︾  ᠢ ᠳᠠᠷᠤᠮᠠᠯᠯᠠᠨ ᠲᠠᠷᠬᠠᠭᠠᠪᠠ
ᠨᠡᠶᠢᠲᠡᠯᠡᠭᠰᠡᠨ ᠴᠠᠭ᠄
2022/9/5
     ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠨᠠᠮ ᠤᠨ  ᠬᠤᠷᠢᠶᠠᠨ ᠤ ᠠᠯᠪᠠᠨ ᠲᠢᠩᠬᠢᠮ ︽ᠠᠯᠳᠠᠭ᠎ᠠ ᠪᠤᠷᠤᠭᠤ ᠶᠢ ᠠᠭᠤᠴᠢᠯᠠᠨ ᠪᠠᠭᠲᠠᠭᠠᠵᠤ ᠠᠯᠳᠠᠭ᠎ᠠ ᠪᠤᠷᠤᠭᠤ ᠶᠢ ᠵᠠᠯᠠᠷᠠᠭᠤᠯᠬᠤ ᠠᠵᠢᠯ ᠢ ᠤᠯᠠᠮ ᠨᠢᠭᠡ ᠠᠯᠬᠤᠮ ᠠᠬᠢᠭᠤᠯᠬᠤ ᠲᠤᠬᠠᠢ ᠰᠠᠨᠠᠯ︾ ᠢ ᠳᠠᠷᠤᠮᠠᠯᠯᠠᠨ ᠲᠠᠷᠬᠠᠭᠠᠪᠠ᠂ ᠪᠥᠬᠦ ᠠᠭᠤᠯᠭ᠎ᠠ ᠨᠢ ᠳᠣᠣᠷᠠᠬᠢ ᠮᠡᠲᠦ᠃      ᠰᠢ ᠶᠢᠨ ᠫᠢᠩ ᠶᠡᠷᠦᠩᠬᠡᠢ ᠱᠦᠵᠢ ᠶᠢᠨ ᠺᠠᠳ᠋ᠷᠴᠤᠳ ᠢ ᠵᠣᠷᠢᠭᠵᠢᠭᠤᠯᠤᠨ ᠬᠠᠷᠢᠭᠤᠴᠠᠯᠭ᠎ᠠ ᠡᠭᠦᠷᠭᠡᠯᠡᠭᠦᠯᠦᠨ ᠠᠵᠢᠯ ᠶᠠᠪᠤᠳᠠᠯ ᠬᠢᠯᠭᠡᠬᠦ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ︽ᠭᠤᠷᠪᠠ ᠶᠢ ᠢᠯᠭᠠᠬᠤ︾ ᠴᠢᠬᠤᠯᠠ ᠱᠠᠭᠠᠷᠳᠠᠯᠭ᠎ᠠ ᠶᠢ ᠨᠠᠶᠢᠳᠠᠪᠤᠷᠢᠵᠢᠭᠤᠯᠤᠨ᠂ ᠣᠪᠣᠷ ᠰᠤᠷᠲᠠᠯ ᠨᠢ ᠲᠥᠪ ᠴᠢᠬᠡᠴᠢ᠂ ᠬᠠᠷᠢᠭᠤᠴᠠᠯᠭ᠎ᠠ ᠡᠭᠦᠷᠭᠡᠯᠡᠨ ᠠᠵᠢᠯ ᠶᠠᠪᠤᠳᠠᠯ ᠬᠢᠬᠦ᠂ ᠡᠷᠡᠰ ᠰᠢᠭᠤᠷᠬᠠᠢ ᠪᠠᠷ ᠤᠷᠤᠭᠰᠢᠯᠠᠨ ᠲᠠᠪᠰᠢᠳᠠᠭ ᠺᠠᠳ᠋ᠷᠴᠤᠳ ᠢ ᠲᠤᠭ ᠲᠡᠮᠳᠡᠭ ᠲᠣᠳᠣᠷᠬᠠᠢ ᠪᠠᠷ ᠲᠡᠮᠵᠢᠨ ᠬᠠᠮᠠᠭᠠᠯᠠᠵᠤ᠂ ᠥᠷᠭᠡᠨ ᠤᠯᠠᠨ ᠺᠠᠳ᠋ᠷᠴᠤᠳ ᠤᠨ ᠢᠳᠡᠪᠬᠢᠵᠢᠯ᠂ ᠰᠠᠨᠠᠭᠠᠴᠢᠯᠠᠭᠠᠲᠤ ᠴᠢᠨᠠᠷ᠂ ᠪᠦᠲᠦᠭᠡᠯᠴᠢ ᠴᠢᠨᠠᠷ ᠢ ᠳᠠᠶᠢᠴᠢᠯᠠᠬᠤ ᠶᠢᠨ ᠲᠥᠯᠥᠭᠡ᠂ ᠠᠯᠳᠠᠭ᠎ᠠ ᠪᠤᠷᠤᠭᠤ ᠶᠢ ᠠᠭᠤᠴᠢᠯᠠᠨ ᠪᠠᠭᠲᠠᠭᠠᠵᠤ ᠠᠯᠳᠠᠭ᠎ᠠ ᠪᠤᠷᠤᠭᠤ ᠶᠢ ᠵᠠᠯᠠᠷᠠᠭᠤᠯᠬᠤ ᠠᠵᠢᠯ ᠢ ᠲᠦᠯᠬᠢᠨ ᠠᠬᠢᠭᠤᠯᠬᠤ ᠲᠤᠬᠠᠢ ᠳᠣᠣᠷᠠᠬᠢ ᠮᠡᠲᠦ ᠰᠠᠨᠠᠯ ᠳᠤᠷᠠᠳᠤᠶ᠎ᠠ᠃      ᠨᠢᠭᠡ᠂ ᠠᠯᠳᠠᠭ᠎ᠠ ᠪᠤᠷᠤᠭᠤ ᠶᠢ ᠠᠭᠤᠴᠢᠯᠠᠨ ᠪᠠᠭᠲᠠᠭᠠᠵᠤ ᠠᠯᠳᠠᠭ᠎ᠠ ᠪᠤᠷᠤᠭᠤ ᠶᠢ ᠵᠠᠯᠠᠷᠠᠭᠤᠯᠬᠤ ᠳᠤ ᠠᠵᠢᠯ ᠦᠢᠯᠡᠰ ᠢ ᠳᠡᠭᠡᠳᠦᠯᠡᠬᠦ᠂ ᠦᠨᠡᠨ ᠠᠴᠠ ᠵᠥᠪ ᠢ ᠡᠷᠢᠬᠦ᠂ ᠰᠠᠬᠢᠯᠭ᠎ᠠ ᠪᠠᠲᠤ ᠬᠠᠤᠯᠢ ᠴᠠᠭᠠᠵᠠ ᠶᠢ ᠵᠢᠷᠤᠮᠯᠠᠬᠤ᠂ ᠠᠭᠤᠴᠢᠯᠠᠨ ᠵᠠᠯᠠᠷᠠᠭᠤᠯᠬᠤ ᠶᠢ ᠵᠡᠷᠭᠡᠪᠡᠷ ᠠᠳᠬᠤᠬᠤ ᠵᠡᠷᠭᠡ ᠵᠠᠷᠴᠢᠮ ᠢ ᠬᠡᠷᠡᠭᠵᠢᠭᠦᠯᠵᠦ᠂ ᠲᠦᠷᠦ ᠶᠢᠨ ᠪᠣᠳᠣᠯᠭ᠎ᠠ ᠶᠢᠨ ᠵᠠᠭᠠᠭ ᠬᠢᠵᠠᠭᠠᠷ ᠢ ᠣᠨᠣᠪᠴᠢᠲᠠᠢ ᠡᠵᠡᠮᠳᠡᠵᠦ᠂ ᠠᠭᠤᠴᠢᠯᠠᠨ ᠪᠠᠭᠲᠠᠭᠠᠬᠤ ᠶᠣᠰᠣᠲᠠᠢ ᠶᠢ ᠨᠢ ᠵᠣᠷᠢᠭᠲᠠᠢ ᠪᠠᠷ ᠠᠭᠤᠴᠢᠯᠠᠨ ᠪᠠᠭᠲᠠᠭᠠᠵᠤ᠂ ᠥᠷᠭᠡᠨ ᠤᠯᠠᠨ ᠺᠠᠳ᠋ᠷᠴᠤᠳ ᠤᠨ ᠠᠵᠢᠯ ᠬᠢᠵᠦ ᠦᠢᠯᠡᠰ ᠪᠣᠰᠬᠠᠬᠤ᠂ ᠬᠠᠷᠢᠭᠤᠴᠠᠯᠭ᠎ᠠ ᠡᠭᠦᠷᠭᠡᠯᠡᠨ ᠠᠵᠢᠯ ᠬᠢᠬᠦ ᠶᠢ ᠵᠣᠷᠢᠭᠵᠢᠭᠤᠯᠬᠤ ᠬᠡᠷᠡᠭᠲᠡᠢ ᠃ ᠠᠭᠤᠴᠢᠯᠠᠵᠤ ᠪᠣᠯᠬᠤ ᠦᠭᠡᠢ ᠵᠦᠢᠯ ᠢ ᠡᠷᠡᠰ ᠲᠡᠪᠴᠢᠵᠦ ᠂ ᠠᠯᠳᠠᠭ᠎ᠠ ᠪᠤᠷᠤᠭᠤ ᠶᠢ ᠰᠠᠬᠢᠯᠭ᠎ᠠ ᠪᠠᠲᠤ ᠶᠢᠨ ᠤᠯᠠᠭᠠᠨ ᠱᠤᠭᠤᠮ᠂ ᠬᠠᠤᠯᠢ ᠴᠠᠭᠠᠵᠠ ᠶᠢᠨ ᠬᠤᠷᠢᠭ᠎ᠠ ᠱᠤᠭᠤᠮ ᠳᠣᠲᠣᠷ᠎ᠠ ᠠᠭᠤᠴᠢᠯᠠᠨ ᠪᠠᠭᠲᠠᠭᠠᠬᠤ ᠶᠢ ᠦᠨᠡᠨ ᠬᠦ ᠪᠠᠲᠤᠯᠠᠬᠤ ᠬᠡᠷᠡᠭᠲᠡᠢ᠃      ᠬᠤᠶᠠᠷ ᠂ ᠡᠯ᠎ᠡ ᠱᠠᠲᠤᠨ ᠤ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠵᠢᠴᠢ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠤᠯᠭ᠎ᠠ᠂ ᠵᠣᠬᠢᠶᠠᠨ ᠪᠠᠶᠢᠭᠤᠯᠬᠤ ᠰᠠᠯᠠᠭ᠎ᠠ ᠮᠥᠴᠢᠷ ᠵᠡᠷᠭᠡ ᠬᠤᠯᠪᠣᠭᠳᠠᠯ ᠪᠦᠬᠦᠢ ᠡᠭᠦᠷᠭᠡ ᠴᠢᠳᠠᠪᠬᠢᠲᠤ ᠰᠠᠯᠠᠭ᠎ᠠ ᠮᠥᠴᠢᠷ ᠤᠨ ᠬᠢᠨ  ︽ᠬᠡᠨ ᠬᠠᠷᠢᠭᠤᠴᠠᠯᠭ᠎ᠠ ᠨᠡᠬᠡᠮᠵᠢᠯᠡᠵᠦ ᠬᠠᠷᠢᠭᠤᠴᠠᠯᠭ᠎ᠠ ᠨᠡᠬᠡᠮᠵᠢᠯᠡᠪᠡᠯ᠂ ᠬᠡᠨ ᠬᠠᠷᠢᠭᠤᠴᠠᠵᠤ ᠪᠤᠷᠤᠭᠤ ᠶᠢ ᠠᠭᠤᠴᠢᠯᠠᠨ ᠪᠠᠭᠲᠠᠭᠠᠬᠤ︾ ᠱᠠᠭᠠᠷᠳᠠᠯᠭ᠎ᠠ ᠶᠣᠰᠣᠭᠠᠷ᠂ ᠤᠭ ᠰᠠᠨᠠᠭ᠎ᠠ ᠣᠪᠣᠷ᠂ ᠪᠤᠰᠤᠳᠴᠢ ᠨᠥᠬᠦᠴᠡᠯ᠂ ᠲᠡᠰ ᠳᠠᠷᠠᠭᠠᠯᠠᠯ ᠠᠷᠭ᠎ᠠ᠂ ᠰᠢᠨᠵᠢ ᠴᠢᠨᠠᠷ ᠤᠨ ᠬᠡᠮᠵᠢᠶ᠎ᠡ᠂ ᠦᠷ᠎ᠡ ᠤᠷᠰᠢᠭ ᠤᠨ ᠨᠥᠯᠥᠭᠡ᠂ ᠬᠤᠬᠢᠷᠠᠯ ᠢ ᠵᠠᠶᠢᠯᠠᠭᠤᠯᠤᠭᠰᠠᠨ ᠵᠢᠴᠢ ᠴᠡᠭᠴᠡᠯᠡᠨ ᠰᠠᠶᠢᠵᠢᠷᠠᠭᠤᠯᠤᠭᠰᠠᠨ ᠦᠷ᠎ᠡ ᠪᠦᠲᠦᠮᠵᠢ ᠵᠡᠷᠭᠡ ᠪᠠᠶᠢᠳᠠᠯ ᠲᠠᠢ ᠤᠶᠠᠯᠳᠤᠭᠤᠯᠵᠤ᠂ ᠺᠠᠳ᠋ᠷ ᠤᠨ ᠠᠯᠳᠠᠭ᠎ᠠ ᠪᠤᠷᠤᠭᠤ ᠶᠢ ᠶᠡᠷᠦᠩᠬᠡᠶᠢᠯᠡᠨ ᠵᠠᠳᠠᠯᠤᠭᠰᠠᠨ ᠤ ᠳᠠᠷᠠᠭ᠎ᠠ ᠪᠤᠷᠤᠭᠤ ᠶᠢ ᠠᠭᠤᠴᠢᠯᠠᠨ ᠪᠠᠭᠲᠠᠭᠠᠵᠤ ᠪᠤᠷᠤᠭᠤ ᠶᠢ ᠵᠠᠯᠠᠷᠠᠭᠤᠯᠬᠤ ᠬᠡᠷᠡᠭᠲᠡᠢ᠃      ᠭᠤᠷᠪᠠ᠂ ᠺᠠᠳ᠋ᠷᠴᠤᠳ ᠤᠨ ᠥᠭᠡᠷᠡᠴᠢᠯᠡᠯᠲᠡ ᠶᠢ ᠠᠬᠢᠭᠤᠯᠬᠤ ᠶᠠᠪᠤᠴᠠ ᠳᠤ ᠲᠤᠷᠰᠢᠯᠭ᠎ᠠ ᠮᠡᠬᠦᠰ᠂ ᠤᠷᠢᠳᠠᠪᠠᠷ ᠬᠢᠵᠦ ᠤᠷᠢᠳᠠᠪᠠᠷ ᠲᠤᠷᠰᠢᠬᠤ ᠠᠴᠠ ᠪᠣᠯᠵᠤ ᠭᠠᠷᠭᠠᠭᠰᠠᠨ ᠠᠯᠳᠠᠭ᠎ᠠ ᠪᠤᠷᠤᠭᠤ ᠳᠤ᠂ ᠬᠠᠷᠠᠬᠠᠨ ᠲᠣᠳᠣᠷᠬᠠᠢ ᠬᠢᠵᠠᠭᠠᠷᠯᠠᠯ ᠦᠭᠡᠢ ᠬᠠᠶᠢᠨ ᠰᠦᠪᠡᠭᠴᠢᠯᠡᠯᠲᠡ ᠶᠢᠨ ᠴᠢᠨᠠᠷᠲᠠᠢ ᠲᠤᠷᠰᠢᠯᠲᠠ ᠶᠢᠨ ᠳᠤᠮᠳᠠᠬᠢ ᠠᠯᠳᠠᠰᠢ ᠪᠤᠷᠤᠭᠤ ᠨᠢ ᠬᠥᠭᠵᠢᠯᠲᠡ ᠶᠢ ᠲᠦᠯᠬᠢᠨ ᠠᠬᠢᠭᠤᠯᠬᠤ ᠶᠢᠨ ᠲᠥᠯᠥᠭᠡ ᠰᠠᠨᠠᠮᠰᠠᠷ ᠦᠭᠡᠢ ᠠᠯᠳᠠᠰᠢ ᠭᠠᠷᠭᠠᠭᠰᠠᠨ ᠵᠢᠴᠢ ᠬᠠᠭᠤᠴᠢᠨ ᠲᠠᠩᠰᠠ ᠶᠢ ᠲᠢᠭᠯᠡᠬᠦ᠂ ᠪᠡᠷᠬᠡ ᠰᠡᠳᠦᠪ ᠢ ᠰᠢᠢᠳᠪᠦᠷᠢᠯᠡᠬᠦ᠂ ᠪᠠᠴᠢᠮ ᠪᠡᠷᠬᠡ ᠠᠶᠤᠯᠲᠠᠢ ᠬᠦᠨᠳᠦ ᠡᠭᠦᠷᠭᠡ ᠶᠢ ᠭᠦᠢᠴᠡᠳᠬᠡᠬᠦ ᠵᠡᠷᠭᠡ ᠠᠵᠢᠯ ᠤᠨ ᠳᠤᠮᠳᠠ ᠡᠮᠦᠨ᠎ᠡ ᠨᠢ ᠭᠠᠪᠰᠢᠭᠠᠶᠢᠯᠠᠵᠤ᠂ ᠰᠠᠨᠠᠭᠠᠴᠢᠯᠠᠭ᠎ᠠ ᠠᠴᠠ ᠪᠠᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠵᠦ᠂ ᠬᠠᠷᠢᠭᠤᠴᠠᠯᠭ᠎ᠠ ᠡᠭᠦᠷᠭᠡᠯᠡᠨ ᠠᠵᠢᠯ ᠬᠢᠵᠦ᠂ ᠠᠯᠳᠠᠰᠢ ᠪᠤᠷᠤᠭᠤ ᠭᠠᠷᠭᠠᠭᠰᠠᠨ ᠪᠥᠭᠡᠳ ᠢᠳᠡᠪᠬᠢᠲᠡᠢ ᠰᠠᠨᠠᠭᠠᠴᠢᠯᠠᠭ᠎ᠠ ᠠᠴᠠ ᠪᠠᠨ ᠪᠤᠷᠤᠭᠤ ᠪᠠᠨ ᠵᠠᠯᠠᠷᠠᠭᠤᠯᠤᠨ ᠴᠡᠭᠴᠡᠯᠡᠨ ᠰᠠᠶᠢᠵᠢᠷᠠᠭᠤᠯᠤᠭᠰᠠᠨ ᠪᠠᠶᠢᠪᠠᠯ ᠪᠤᠷᠤᠭᠤ ᠶᠢ ᠵᠣᠷᠢᠭᠲᠠᠢ ᠪᠠᠷ ᠠᠭᠤᠴᠢᠯᠠᠨ ᠪᠠᠭᠲᠠᠭᠠᠬᠤ ᠬᠡᠷᠡᠭᠲᠡᠢ᠃     ᠳᠥᠷᠪᠡ᠂ ᠺᠠᠳ᠋ᠷᠴᠤᠳ ᠤᠨ ᠮᠡᠳᠡᠵᠤ ᠪᠠᠶᠢᠭᠠᠳ ᠵᠣᠷᠢᠭᠤᠳᠠ ᠵᠥᠷᠢᠴᠡᠬᠦ᠂ ᠲᠣᠳᠣᠷᠬᠠᠢ ᠵᠠᠷᠯᠢᠭᠳᠠᠨ ᠴᠠᠭᠠᠵᠠᠯᠠᠭᠰᠠᠨ ᠤ ᠲᠠᠷᠠᠭ᠎ᠠ ᠮᠥᠨ ᠯᠡ ᠥᠪᠡᠷ ᠤᠨ ᠬᠢ ᠪᠠᠷ ᠢᠶᠠᠨ ᠦᠢᠯᠡᠳᠬᠦ᠂ ᠬᠤᠪᠢ ᠶᠢᠨ ᠠᠰᠢᠭ ᠬᠥᠭᠡᠭᠡᠴᠡᠯᠳᠦᠬᠦ ᠰᠠᠬᠢᠯᠭ᠎ᠠ ᠪᠠᠲᠤ ᠶᠢ ᠵᠥᠷᠢᠴᠡᠵᠦ ᠬᠠᠤᠯᠢ ᠶᠢ ᠵᠥᠷᠢᠴᠡᠭᠰᠡᠨ ᠦᠢᠯᠡ ᠠᠵᠢᠯᠯᠠᠭ᠎ᠠ ᠵᠢᠴᠢ ᠬᠤᠳᠠᠯ ᠬᠡᠯᠡᠵᠦ ᠬᠠᠭᠤᠷᠮᠠᠭ ᠢᠶᠠᠷ ᠦᠢᠯᠡᠳᠬᠦ᠂ ᠠᠷᠠᠳ ᠤᠯᠠᠨ ᠢ ᠬᠤᠣᠷᠯᠠᠬᠤ᠂ ᠨᠣᠶᠠᠳ ᠬᠤᠳᠠᠯᠳᠤᠭᠠᠴᠢᠳ ᠰᠥᠯᠪᠡᠭᠡᠯᠳᠦᠬᠦ ᠂ ᠬᠠᠭ᠋ᠤᠤᠯᠢ ᠢᠳᠡᠵᠦ ᠬᠠᠤᠯᠢ ᠶᠢ ᠵᠥᠷᠢᠴᠡᠬᠦ ᠵᠡᠷᠭᠡ ᠰᠠᠬᠢᠯᠭ᠎ᠠ ᠪᠠᠲᠤ ᠶᠢ ᠵᠥᠷᠢᠴᠡᠵᠦ ᠬᠠᠤᠯᠢ ᠶᠢ ᠵᠥᠷᠢᠴᠡᠭᠰᠡᠨ ᠦᠢᠯᠡ ᠠᠵᠢᠯᠯᠠᠭ᠎ᠠ ᠶᠢ ᠤᠬᠳᠤ ᠵᠥᠪᠰᠢᠶᠡᠷᠡᠬᠦ ᠦᠭᠡᠢ᠃      ᠲᠠᠪᠤ᠂ ᠡᠯ᠎ᠡ ᠱᠠᠲᠤᠨ ᠤ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠵᠢᠴᠢ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠤᠯᠭ᠎ᠠ᠂ ᠵᠣᠬᠢᠶᠠᠨ ᠪᠠᠶᠢᠭᠤᠯᠬᠤ ᠰᠠᠯᠠᠭ᠎ᠠ ᠮᠥᠴᠢᠷ ᠵᠡᠷᠭᠡ ᠬᠤᠯᠪᠣᠭᠳᠠᠯ ᠪᠦᠬᠦᠢ ᠡᠭᠦᠷᠭᠡ ᠴᠢᠳᠠᠪᠬᠢᠲᠤ ᠰᠠᠯᠠᠭ᠎ᠠ ᠮᠥᠴᠢᠷ ᠤᠨ ᠬᠢᠨ ᠠᠯᠳᠠᠭ᠎ᠠ ᠪᠠᠶᠢᠪᠠᠯ ᠵᠠᠪᠠᠯ ᠵᠠᠯᠠᠷᠠᠭᠤᠯᠬᠤ ᠶᠢ ᠪᠠᠷᠢᠮᠲᠠᠯᠠᠵᠤ᠂ ᠴᠤᠬᠤᠶᠢᠯᠲᠠ ᠶᠢᠨ ᠴᠢᠨᠠᠷᠲᠠᠢ᠂ ᠬᠡᠯᠪᠡᠷᠢᠯ ᠤᠨ ᠴᠢᠨᠠᠷᠲᠠᠢ ᠠᠰᠠᠭᠤᠳᠠᠯ ᠢ ᠡᠷᠲᠡ ᠢᠯᠡᠷᠡᠭᠦᠯᠦᠨ ᠡᠷᠲᠡ ᠵᠠᠯᠠᠷᠠᠭᠤᠯᠵᠤ᠂ ᠠᠯᠳᠠᠭ᠎ᠠ ᠪᠤᠷᠤᠭᠤ ᠶᠢ ᠴᠠᠭ ᠲᠤᠬᠠᠢ ᠳᠤᠨᠢ ᠨᠥᠬᠦᠪᠦᠷᠢᠯᠡᠬᠦ ᠠᠷᠭ᠎ᠠ ᠬᠡᠮᠵᠢᠶ᠎ᠡ ᠠᠪᠴᠤ᠂ ᠺᠠᠳ᠋ᠷᠴᠤᠳ ᠢ ᠬᠠᠪᠰᠤᠷᠤᠨ ᠰᠤᠷᠭᠠᠮᠵᠢ ᠠᠪᠴᠤ᠂ ᠬᠠᠯᠠᠨ ᠰᠠᠶᠢᠵᠢᠷᠠᠭᠤᠯᠵᠤ᠂ ᠲᠡᠳᠡᠨ ᠤ ᠳᠠᠷᠤᠭᠠᠰᠤ ᠶᠢ ᠨᠢ ᠲᠠᠶᠠᠭᠳᠠᠭᠤᠯᠵᠤ᠂ ᠬᠥᠩᠭᠡᠨ ᠬᠠᠭᠤᠳᠠᠮ ᠢᠶᠠᠷ ᠪᠠᠶᠢᠯᠳᠤᠭᠠᠨ ᠳᠤ ᠣᠷᠣᠯᠴᠠᠭᠤᠯᠬᠤ ᠬᠡᠷᠡᠭᠲᠡᠢ ᠃ ᠠᠯᠳᠠᠭ᠎ᠠ ᠪᠤᠷᠤᠭᠤ ᠶᠢ ᠠᠭᠤᠴᠢᠯᠠᠨ ᠪᠠᠭᠲᠠᠭᠠᠬᠤ ᠡᠲᠡᠭᠡᠳ ᠤᠨ ᠪᠠᠶᠢᠭ᠎ᠠ ᠨᠢᠭᠡᠴᠢ ᠶᠢᠨ ᠨᠠᠮ ᠤᠨ ᠵᠣᠬᠢᠶᠠᠨ ᠪᠠᠶᠢᠭᠤᠯᠤᠯᠲᠠ ᠶᠢ ᠰᠢᠪᠠᠳᠠᠨ ᠱᠠᠭᠠᠷᠳᠠᠵᠤ ᠪᠠᠶᠢᠭᠠᠳ ᠨᠢᠭᠡ ᠠᠴᠠ ᠨᠦᠬᠦᠭᠡ ᠶᠢ ᠵᠦᠢᠴᠢᠯᠡᠨ ᠮᠡᠳᠡᠵᠦ᠂ ᠠᠯᠳᠠᠰᠢ ᠭᠠᠷᠬᠤ ᠶᠢ ᠬᠤᠷᠢᠭᠯᠠᠵᠤ᠂ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠠᠯᠳᠠᠰᠢ ᠪᠤᠷᠤᠭᠤ ᠲᠠᠬᠢᠨ ᠭᠠᠷᠬᠤ ᠶᠢ ᠰᠡᠷᠭᠡᠶᠢᠯᠡᠨ᠎ᠡ᠃      ᠵᠢᠷᠭᠤᠭ᠎ᠠ᠂ ᠠᠯᠳᠠᠭ᠎ᠠ ᠪᠤᠷᠤᠭᠤ ᠶᠢ ᠠᠭᠤᠴᠢᠯᠠᠨ ᠪᠠᠭᠲᠠᠭᠠᠬᠤ ᠶᠠᠪᠤᠳᠠᠯ ᠢ ᠬᠠᠮᠲᠤ ᠪᠠᠷ ᠰᠤᠳᠤᠯᠤᠨ ᠲᠣᠭᠲᠠᠭᠠᠵᠤ᠂ ᠪᠣᠳᠠᠲᠠᠢ ᠠᠰᠠᠭᠤᠳᠠᠯ ᠢ ᠪᠣᠳᠠᠲᠠᠢ ᠪᠠᠷ ᠵᠠᠳᠠᠯᠬᠤ ᠶᠢ ᠪᠠᠷᠢᠮᠲᠠᠯᠠᠨ᠂ ᠠᠰᠠᠭᠤᠳᠠᠯ ᠢ ᠪᠦᠬᠦ ᠲᠠᠯ᠎ᠠ ᠪᠠᠷ ᠬᠤᠪᠢᠰᠤᠩᠭᠤᠢ ᠪᠠᠷ ᠲᠡᠦᠬᠡᠨ ᠶᠣᠰᠣᠭᠠᠷ ᠦᠵᠡᠵᠦ᠂ ᠯᠠᠪᠳᠠᠭᠤᠨ ᠪᠠᠲᠤᠲᠠᠢ ᠠᠵᠢᠯ ᠤᠨ ᠶᠠᠪᠤᠴᠠ᠂ ᠵᠣᠬᠢᠰᠲᠠᠢ ᠰᠢᠢᠳᠪᠦᠷᠢᠯᠡᠭᠰᠡᠨ ᠦᠷ᠎ᠡ ᠳ᠋ᠦᠩ ᠢᠶᠠᠷ ᠺᠠᠳ᠋ᠷᠴᠤᠳ ᠤᠨ ᠢᠲᠡᠭᠡᠯ ᠪᠢᠰᠢᠷᠡᠯ᠂ ᠤᠯᠠᠨ ᠲᠦᠮᠡᠨ ᠤ ᠵᠥᠪᠰᠢᠶᠡᠷᠡᠯ ᠢ ᠣᠯᠵᠤ᠂ ᠺᠠᠳ᠋ᠷᠴᠤᠳ ᠲᠤ ᠬᠠᠷᠢᠭᠤᠴᠠᠬᠤ᠂ ᠨᠠᠮ ᠳᠤ ᠬᠠᠷᠢᠭᠤᠴᠠᠬᠤ᠂ ᠲᠡᠦᠬᠡ ᠳᠤ ᠬᠠᠷᠢᠭᠤᠴᠠᠬᠤ ᠶᠢ ᠪᠡᠶᠡᠯᠡᠭᠦᠯᠬᠦ ᠬᠡᠷᠡᠭᠲᠡᠢ᠃      ᠲᠤᠯᠤᠭ᠎ᠠ᠂ ᠭᠦᠳᠬᠡᠨ ᠭᠦᠵᠢᠷᠯᠡᠭᠳᠡᠭᠰᠡᠨ ᠺᠠᠳ᠋ᠷ ᠤᠨ ᠨᠡᠷ᠎ᠡ ᠶᠢ ᠴᠠᠭ ᠲᠤᠬᠠᠢ ᠳᠤᠨᠢ ᠢᠯᠭᠠᠷᠠᠭᠤᠯᠤᠨ ᠴᠡᠭᠴᠡᠯᠡᠨ᠎ᠡ;ᠭᠦᠳᠬᠡᠨ ᠭᠦᠵᠢᠷᠯᠡᠭᠰᠡᠳ ᠢ ᠪᠠᠶᠢᠴᠠᠭᠠᠨ ᠲᠣᠳᠣᠯᠠᠭᠰᠠᠨ ᠤ ᠲᠠᠷᠠᠭ᠎ᠠ᠂ ᠳᠦᠷᠢᠮ ᠲᠣᠭᠲᠠᠭᠠᠯ ᠰᠠᠬᠢᠯᠭ᠎ᠠ ᠪᠠᠲᠤ ᠬᠠᠤᠯᠢ ᠴᠠᠭᠠᠵᠠ ᠶᠢᠨ ᠶᠣᠰᠣᠭᠠᠷ ᠴᠢᠩᠭ᠎ᠠ ᠰᠢᠢᠳᠪᠦᠷᠢᠯᠡᠪᠡ᠃      ᠨᠠᠢᠮᠠ᠂ ᠡᠯ᠎ᠡ ᠱᠠᠲᠤᠨ ᠤ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠦᠨᠡᠨᠬᠦ ᠡᠭᠦᠷᠭᠡᠯᠡᠵᠦ᠂ ᠠᠯᠳᠠᠭ᠎ᠠ ᠪᠤᠷᠤᠭᠤ ᠶᠢ ᠠᠭᠤᠴᠢᠯᠠᠨ ᠪᠠᠭᠲᠠᠭᠠᠬᠤ ᠠᠯᠳᠠᠭ᠎ᠠ ᠪᠤᠷᠤᠭᠤ ᠶᠢ ᠵᠠᠯᠠᠷᠠᠭᠤᠯᠬᠤ ᠠᠵᠢᠯ ᠤᠨ ᠤᠳᠤᠷᠢᠳᠤᠯᠭ᠎ᠠ ᠪᠠᠨ ᠴᠢᠩᠭᠠᠳᠬᠠᠵᠤ᠂  ᠳᠡᠭᠡᠳᠦ ᠱᠠᠲᠤ ᠨᠢ ᠳᠣᠣᠷᠠᠳᠤ ᠱᠠᠲᠤᠨ ᠤ ᠪᠠᠨ ᠲᠥᠯᠥᠭᠡ ᠡᠭᠦᠷᠭᠡᠯᠡᠬᠦ᠂ ᠵᠣᠬᠢᠶᠠᠨ ᠪᠠᠶᠢᠭᠤᠯᠤᠯᠲᠠ ᠨᠢ ᠬᠤᠪᠢ ᠬᠥᠮᠥᠨ ᠤ ᠪᠠᠨ ᠲᠥᠯᠥᠭᠡ ᠡᠭᠦᠷᠭᠡᠯᠡᠬᠦ᠂ ᠺᠠᠳ᠋ᠷ ᠨᠢ ᠠᠵᠢᠯ ᠦᠢᠯᠡᠰ ᠤᠨ ᠢᠶᠠᠨ ᠲᠥᠯᠥᠭᠡ ᠡᠭᠦᠷᠭᠡᠯᠡᠬᠦ ᠢᠯᠡ ᠲᠣᠳᠣ ᠤᠳᠤᠷᠢᠳᠤᠮᠵᠢ ᠶᠢ ᠪᠤᠢ ᠪᠣᠯᠭᠠᠬᠤ ᠬᠡᠷᠡᠭᠲᠡᠢ᠃ 
 
ᠢᠷᠡᠯᠲᠡ᠄ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号