ᠦᠯᠡᠳᠡᠭᠡᠯ ᠡᠳ᠋ ᠬᠥᠷᠥᠩᠭᠡ ᠶᠢ ᠤᠯᠠᠮ ᠨᠢᠭᠡ ᠠᠯᠬᠤᠮ ᠠᠮᠢᠳᠤᠯᠢᠭ ᠪᠣᠯᠭᠠᠵᠤ ᠪᠦᠲᠦᠮᠵᠢᠲᠡᠶ ᠪᠡᠯᠡ | ᠣᠷᠣᠭᠤᠯᠤᠯᠲᠠ ᠶᠢ ᠥᠷᠭᠡᠳᠬᠡᠬᠦ ᠲᠤᠬᠠᠢ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠰᠠᠨᠠᠯ | 〔2022〕 19 ᠳ᠋ᠦᠭᠡᠷ ᠲᠣᠭᠠᠲᠤ | ᠡᠯ᠎ᠡ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠠᠷᠠᠳ ᠤᠨ ᠵᠠᠰᠠᠭ ᠤᠨ | ᠣᠷᠳᠣᠨ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠡᠯ᠎ᠡ ᠶᠠᠮᠤᠨ ᠵᠥᠪᠯᠡᠯ᠂ ᠡᠯ᠎ᠡ ᠰᠢᠭᠤᠳ ᠬᠠᠷᠢᠶ᠎ᠠ | ᠪᠠᠶᠢᠭᠤᠯᠤᠮᠵᠢ ᠳᠤ᠄ | ᠤᠯᠠᠨ ᠵᠢᠯ ᠤᠨ ᠪᠡᠯᠡ ᠣᠷᠣᠭᠤᠯᠤᠯᠲᠠ ᠶᠢᠨ ᠪᠦᠲᠦᠭᠡᠨ ᠪᠠᠶᠢᠭᠤᠯᠤᠯᠲᠠ ᠪᠠᠷ ᠳᠠᠮᠵᠢᠭᠠᠳ᠂ ᠮᠠᠨ ᠤ ᠤᠯᠤᠰ | ᠰᠠᠭᠤᠷᠢ ᠲᠥᠬᠦᠭᠡᠷᠦᠮᠵᠢ ᠵᠡᠷᠭᠡ ᠬᠦᠷᠢᠶᠡᠨ ᠳᠤ ᠦᠯᠡᠮᠵᠢᠬᠡᠨ ᠬᠡᠮᠵᠢᠶᠡᠨ ᠤ ᠪᠡᠯᠡ ᠬᠥᠷᠥᠩᠭᠡ ᠶᠢ ᠪᠤᠢ ᠪᠣᠯᠭᠠᠵᠤ᠂ | ᠠᠵᠤ ᠠᠬᠤᠢ ᠨᠡᠶᠢᠭᠡᠮ ᠤᠨ ᠬᠥᠭᠵᠢᠯᠲᠡ ᠶᠢ ᠲᠦᠯᠬᠢᠨ ᠠᠬᠢᠭᠤᠯᠬᠤ ᠳᠤ ᠴᠢᠬᠤᠯᠠ ᠲᠤᠯᠭᠠᠭᠤᠷᠢᠯᠠᠯ ᠬᠠᠩᠭᠠᠭᠰᠠᠨ | ᠪᠠᠶᠢᠨ᠎ᠠ᠃ ᠦᠯᠡᠳᠡᠭᠡᠯ ᠡᠳ᠋ ᠬᠥᠷᠥᠩᠭᠡ ᠶᠢ ᠪᠦᠲᠦᠮᠵᠢᠲᠡᠶ ᠠᠮᠢᠳᠤᠯᠢᠭ ᠪᠣᠯᠭᠠᠵᠤ᠂ ᠦᠯᠡᠳᠡᠭᠡᠯ ᠡᠳ᠋ ᠬᠥᠷᠥᠩᠭᠡ ᠪᠠ | ᠰᠢᠨ᠎ᠡ ᠪᠠᠷ ᠨᠡᠮᠡᠭᠳᠡᠭᠰᠡᠨ ᠪᠡᠯᠡ ᠣᠷᠣᠭᠤᠯᠤᠯᠲᠠ ᠶᠢᠨ ᠰᠠᠶᠢᠨ ᠣᠷᠴᠢᠯ ᠢ ᠪᠣᠶ ᠪᠣᠯᠭᠠᠬᠤ ᠨᠢ ᠰᠠᠭᠤᠷᠢ | ᠪᠡᠯᠡᠳᠬᠡᠮᠵᠢ ᠶᠢᠨ ᠡᠵᠡᠩᠨᠡᠯᠲᠡ ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠬᠦ᠂ ᠨᠡᠶᠢᠭᠡᠮ ᠤᠨ ᠪᠡᠯᠡ | ᠣᠷᠣᠭᠤᠯᠤᠯᠲᠠ ᠶᠢᠨ ᠠᠷᠭ᠎ᠠ ᠵᠠᠮ ᠢ ᠥᠷᠭᠡᠳᠬᠡᠬᠦ᠂ ᠪᠦᠲᠦᠮᠵᠢᠲᠡᠶ ᠪᠡᠯᠡ ᠣᠷᠣᠭᠤᠯᠤᠯᠲᠠ ᠶᠢ ᠵᠦᠢ ᠵᠣᠬᠢᠰᠲᠠᠢ | ᠥᠷᠭᠡᠳᠬᠡᠬᠦ ᠵᠢᠴᠢ ᠵᠠᠰᠠᠭ ᠤᠨ ᠣᠷᠳᠣᠨ ᠤ ᠥᠷᠢ ᠥᠭᠴᠡᠭᠡ ᠶᠢᠨ ᠲᠦᠭᠰᠢᠭᠦᠷᠢ ᠶᠢ ᠪᠠᠭᠤᠷᠠᠭᠤᠯᠬᠤ᠂ ᠠᠵᠤ | ᠠᠬᠤᠶᠢᠯᠠᠯ ᠤᠨ ᠥᠷᠢ ᠥᠭᠴᠡᠭᠡ ᠶᠢᠨ ᠬᠢᠷᠢ ᠬᠡᠮᠵᠢᠶ᠎ᠡ ᠶᠢ ᠪᠠᠭᠤᠷᠠᠭᠤᠯᠬᠤ ᠵᠡᠷᠭᠡ ᠳᠤ ᠴᠢᠬᠤᠯᠠ ᠠᠴᠢ | ᠬᠤᠯᠪᠣᠭᠳᠠᠯ ᠲᠠᠢ ᠶᠤᠮ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ | ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠢ ᠲᠤᠤᠱᠯᠠᠭᠤᠯᠵᠤ᠂ ᠰᠢᠨ᠎ᠡ ᠬᠥᠭᠵᠢᠯᠲᠡ ᠶᠢᠨ | ᠣᠶᠢᠯᠠᠭᠠᠭᠳᠠᠬᠤᠨ ᠢ ᠪᠦᠷᠢᠨ ᠪᠦᠲᠦᠨ᠂ ᠣᠨᠣᠪᠴᠢᠲᠠᠢ᠂ ᠪᠦᠬᠦ ᠲᠠᠯ᠎ᠠ ᠪᠠᠷ ᠲᠤᠤᠱᠯᠠᠭᠤᠯᠵᠤ᠂ ᠰᠢᠨ᠎ᠡ | ᠬᠥᠭᠵᠢᠯᠲᠡ ᠶᠢᠨ ᠪᠠᠶᠢᠷᠢᠰᠢᠯ ᠢ ᠲᠦᠷᠭᠡᠳᠬᠡᠨ ᠪᠠᠶᠢᠭᠤᠯᠵᠤ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠶᠢᠨ | ᠲᠥᠯᠥᠭᠡ᠂ ᠲᠦᠷᠦ ᠶᠢᠨ ᠶᠠᠪᠤᠳᠠᠯ ᠤᠨ ᠬᠤᠷᠢᠶ᠎ᠠ ᠪᠠᠷ ᠵᠥᠪᠰᠢᠶᠡᠷᠡᠭᠦᠯᠦᠭᠡᠳ᠂ ᠡᠳᠦᠭᠡ ᠦᠯᠡᠳᠡᠭᠡᠯ ᠡᠳ᠋ | ᠬᠥᠷᠥᠩᠭᠡ ᠶᠢ ᠤᠯᠠᠮ ᠴᠢᠨᠠᠭᠰᠢᠳᠠ ᠠᠮᠢᠳᠤᠯᠢᠭ ᠪᠣᠯᠭᠠᠵᠤ᠂ ᠪᠦᠲᠦᠮᠵᠢᠲᠡᠢ ᠪᠡᠯᠡ ᠣᠷᠣᠭᠤᠯᠤᠯᠲᠠ ᠶᠢ ᠥᠷᠭᠡᠳᠬᠡᠬᠦ | ᠲᠤᠬᠠᠢ ᠳᠣᠣᠷᠠᠬᠢ ᠮᠡᠲᠦ ᠰᠠᠨᠠᠯ ᠳᠤᠷᠠᠳᠤᠶ᠎ᠠ᠃ | ᠨᠢᠭᠡ᠂ ᠦᠯᠡᠳᠡᠭᠡᠯ ᠡᠳ᠋ ᠬᠥᠷᠥᠩᠭᠡ ᠶᠢ ᠬᠡᠷᠡᠭᠴᠡᠭᠡ ᠲᠠᠢ ᠪᠣᠯᠭᠠᠬᠤ ᠭᠤᠣᠯᠳᠠᠯᠭ᠎ᠠ ᠲᠠᠢ ᠴᠢᠭᠯᠡᠯ | ︵ᠨᠢᠭᠡ︶ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ᠃ ᠨᠢᠭᠡ ᠳᠤ᠂ ᠵᠠᠮ ᠬᠠᠷᠢᠯᠴᠠᠭ᠎ᠠ᠂ ᠤᠰᠤᠨ ᠠᠰᠢᠭᠯᠠᠯᠲᠠ | ᠂ ᠴᠡᠪᠡᠷ ᠡᠨᠧᠷᠭᠢ᠂ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ᠂ ᠤᠰᠤ ᠴᠠᠬᠢᠯᠭᠠᠨ ᠬᠡᠢ ᠢᠯᠴᠢ | ᠵᠡᠷᠭᠡ ᠬᠤᠳᠠ ᠶᠢᠨ ᠶᠠᠪᠤᠳᠠᠯ ᠤᠨ ᠲᠥᠬᠦᠭᠡᠷᠦᠮᠵᠢ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ᠂ | ᠠᠵᠤ ᠦᠢᠯᠡᠰ ᠤᠨ ᠬᠦᠷᠢᠶᠡᠯᠡᠩ ᠲᠣᠭᠤᠷᠢᠭ᠂ ᠬᠥᠮᠥᠷᠭᠡᠯᠡᠨ ᠬᠠᠳᠠᠭᠠᠯᠠᠬᠤ ᠡᠳ᠋ ᠪᠠᠷᠠᠭᠠᠨ ᠤ ᠭᠦᠢᠯᠭᠡᠭᠡ᠂ ᠵᠤᠭᠠᠴᠠᠯ᠂ | ᠰᠢᠨ᠎ᠡ ᠬᠡᠯᠪᠡᠷᠢ ᠶᠢᠨ ᠰᠠᠭᠤᠷᠢ ᠲᠥᠬᠦᠭᠡᠷᠦᠮᠵᠢ ᠵᠡᠷᠭᠡ ᠶᠢ ᠪᠠᠭᠲᠠᠭᠠᠭᠰᠠᠨ ᠬᠠᠳᠠᠭᠠᠯᠠᠯᠲᠠ ᠶᠢᠨ ᠬᠡᠪᠴᠢᠶ᠎ᠡ ᠪᠠᠷ | ᠨᠡᠯᠢᠶᠡᠳ ᠶᠡᠭᠡ᠂ ᠣᠳᠣᠬᠠᠨ ᠤ ᠠᠰᠢᠭ ᠣᠷᠣᠯᠭ᠎ᠠ ᠪᠠᠷ ᠨᠡᠯᠢᠶᠡᠳ ᠰᠠᠶᠢᠨ ᠪᠤᠶᠤ ᠨᠡᠮᠡᠭᠳᠡᠯ ᠤᠨ ᠳᠠᠯᠳᠠ | ᠬᠦᠴᠦᠨ ᠢᠶᠠᠷ ᠨᠡᠯᠢᠶᠡᠳ ᠶᠡᠭᠡ ᠰᠠᠭᠤᠷᠢ ᠲᠥᠬᠦᠭᠡᠷᠦᠮᠵᠢ ᠶᠢᠨ ᠲᠦᠷᠦᠯ ᠵᠦᠢᠯ ᠤᠨ ᠡᠳ᠋ ᠬᠥᠷᠥᠩᠭᠡ ᠶᠢ | ᠭᠤᠣᠯᠳᠠᠯᠭ᠎ᠠ ᠲᠠᠢ ᠠᠮᠢᠳᠤᠯᠢᠭᠵᠢᠭᠤᠯᠤᠨ᠎ᠠ᠃ ᠬᠤᠶᠠᠷ ᠲᠤ ᠶᠡᠷᠦᠩᠬᠡᠶᠢᠯᠡᠭᠰᠡᠨ ᠵᠠᠮ ᠬᠠᠷᠢᠯᠴᠠᠭᠠᠨ ᠤ ᠵᠠᠩᠭᠢᠯᠠᠭ᠎ᠠ ᠶᠢ | ᠥᠭᠡᠷᠡᠴᠢᠯᠡᠬᠦ᠂ ᠠᠵᠤ ᠦᠢᠯᠡᠳᠪᠦᠷᠢ ᠶᠢᠨ ᠠᠵᠤ ᠠᠬᠤᠶᠢᠯᠠᠯ ᠢ ᠬᠤᠲᠠ ᠠᠴᠠ ᠭᠠᠷᠭᠠᠵᠤ ᠴᠡᠴᠡᠷᠯᠢᠭ ᠲᠤ | ᠣᠷᠣᠭᠤᠯᠬᠤ ᠵᠡᠷᠭᠡ ᠶᠢ ᠪᠠᠭᠲᠠᠭᠠᠭᠰᠠᠨ ᠦᠯᠡᠳᠡᠭᠡᠯ ᠪᠠ ᠥᠭᠡᠷᠡᠴᠢᠯᠡᠵᠦ ᠥᠷᠭᠡᠳᠬᠡᠨ ᠪᠠᠶᠢᠭᠤᠯᠬᠤ ᠶᠢ | ᠣᠷᠭᠠᠨᠢᠭ ᠢᠶᠠᠷ ᠤᠶᠠᠯᠳᠤᠭᠤᠯᠤᠭᠰᠠᠨ ᠲᠥᠷᠥᠯ ᠵᠦᠢᠯ ᠤᠨ ᠡᠳ᠋ ᠬᠥᠷᠥᠩᠭᠡ ᠶᠢ ᠨᠢᠭᠡᠳᠦᠯᠲᠡᠢ ᠲᠥᠯᠥᠪᠯᠡᠨ | ᠠᠮᠢᠳᠤᠯᠢᠭ ᠪᠣᠯᠭᠠᠨ᠎ᠠ᠃ ᠭᠤᠷᠪᠠ ᠳᠤ ᠣᠷᠳᠣ ᠬᠤᠭᠤᠴᠠᠭ᠎ᠠ ᠪᠠᠷ ᠰᠤᠯᠠ ᠲᠠᠯᠪᠢᠭᠳᠠᠵᠤ ᠪᠠᠶᠢᠭ᠎ᠠ ᠪᠣᠯᠪᠠᠴᠤ | ᠨᠡᠯᠢᠶᠡᠳ ᠶᠡᠭᠡ ᠨᠡᠭᠡᠭᠡᠨ ᠠᠰᠢᠭᠯᠠᠬᠤ ᠦᠨ᠎ᠡ ᠥᠷᠲᠡᠭ ᠲᠠᠢ ᠵᠦᠢᠯᠡᠰ ᠤᠨ ᠡᠳ᠋ ᠬᠥᠷᠥᠩᠭᠡ ᠶᠢ ᠡᠮᠬᠢ | ᠵᠢᠷᠤᠮ ᠲᠠᠢ ᠪᠠᠷ ᠠᠮᠢᠳᠤᠯᠢᠭ ᠪᠣᠯᠭᠠᠨ᠎ᠠ᠂ ᠡᠭᠦᠨ ᠳᠤ ᠬᠠᠭᠤᠴᠢᠨ ᠦᠢᠯᠡᠳᠪᠦᠷᠢ ᠶᠢᠨ ᠭᠡᠷ ᠪᠠᠶᠢᠰᠢᠩ᠂ ᠰᠣᠶᠣᠯ | ᠪᠡᠶ᠎ᠡ ᠶᠢᠨ ᠲᠠᠮᠢᠷ ᠤᠨ ᠲᠠᠯᠠᠪᠤᠷ ᠣᠷᠳᠣᠨ ᠪᠠ ᠰᠤᠯᠠ ᠲᠠᠯᠪᠢᠭᠳᠠᠵᠤ ᠪᠠᠶᠢᠭ᠎ᠠ ᠭᠠᠵᠠᠷ ᠰᠢᠷᠣᠢ ᠵᠡᠷᠭᠡ ᠵᠢᠴᠢ | ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠡᠷᠭᠢᠯᠡᠭᠰᠡᠨ ᠵᠣᠴᠢᠳ ᠤᠨ ᠪᠠᠭᠤᠳᠠᠯ᠂ ᠢᠳᠡᠭᠡᠨ ᠤᠮᠳᠠᠭᠠᠨ᠂ | ᠰᠤᠪᠢᠯᠠᠯᠲᠠ ᠶᠢᠨ ᠬᠦᠷᠢᠶᠡᠯᠡᠩ ᠵᠡᠷᠭᠡ ᠭᠤᠣᠯ ᠠᠵᠢᠯ ᠤᠨ ᠪᠤᠰᠤ ᠡᠳ᠋ ᠬᠥᠷᠥᠩᠭᠡ ᠶᠢ ᠪᠠᠭᠲᠠᠭᠠᠨ᠎ᠠ᠃ | ︵ᠬᠤᠶᠠᠷ︶ ᠭᠤᠣᠯᠳᠠᠯᠭ᠎ᠠ ᠲᠠᠢ ᠣᠷᠣᠨ ᠪᠦᠰᠡ᠃ ᠨᠢᠭᠡ ᠳᠤ᠂ ᠪᠦᠲᠦᠭᠡᠨ ᠪᠠᠶᠢᠭᠤᠯᠤᠯᠲᠠ ᠶᠢᠨ ᠡᠭᠦᠷᠭᠡ | ᠬᠦᠨᠳᠦ᠂ ᠪᠡᠯᠡ ᠣᠷᠣᠭᠤᠯᠤᠯᠲᠠ ᠶᠢᠨ ᠬᠡᠷᠡᠭᠴᠡᠭᠡ ᠱᠠᠭᠠᠷᠳᠠᠯᠭ᠎ᠠ ᠴᠢᠩᠭ᠎ᠠ᠂ ᠦᠯᠡᠳᠡᠭᠡᠯ ᠬᠡᠪᠴᠢᠶ᠎ᠡ ᠶᠡᠭᠡ᠂ ᠡᠳ᠋ | ᠬᠥᠷᠥᠩᠭᠡ ᠶᠢᠨ ᠶᠠᠰᠤ ᠴᠢᠨᠠᠷ ᠰᠠᠶᠢᠨ ᠭᠠᠵᠠᠷ ᠣᠷᠣᠨ ᠢ ᠲᠦᠯᠬᠢᠨ ᠠᠬᠢᠭᠤᠯᠵᠤ᠂ ᠦᠯᠡᠳᠡᠭᠡᠯ ᠡᠳ᠋ ᠬᠥᠷᠥᠩᠭᠡ ᠶᠢ | ᠢᠳᠡᠪᠬᠢᠲᠡᠢ ᠪᠠᠷ ᠠᠮᠢᠳᠤᠯᠢᠭ ᠪᠣᠯᠭᠠᠵᠤ᠂ ᠪᠦᠲᠦᠭᠡᠨ ᠪᠠᠶᠢᠭᠤᠯᠤᠯᠲᠠ ᠶᠢᠨ ᠪᠡᠯᠡ ᠮᠥᠩᠭᠦ ᠶᠢ ᠴᠤᠭᠯᠠᠭᠤᠯᠤᠨ᠂ | ᠰᠢᠨ᠎ᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠳᠡᠮᠵᠢᠵᠦ᠂ ᠲᠦᠭᠰᠢᠭᠦᠷᠢ ᠶᠢᠨ ᠬᠢᠵᠠᠭᠠᠷ ᠱᠤᠭᠤᠮ ᠢ | ᠪᠠᠲᠤ ᠰᠠᠬᠢᠨ᠎ᠠ᠃ ᠬᠤᠶᠠᠷ ᠲᠤ᠂ ᠣᠷᠣᠨ ᠨᠤᠲᠤᠭ ᠤᠨ ᠵᠠᠰᠠᠭ ᠤᠨ ᠣᠷᠳᠣᠨ ᠤ ᠥᠭᠴᠡᠭᠡᠨ ᠤ ᠨᠤᠷᠮ᠎ᠠ ᠪᠠᠷ | ᠨᠡᠯᠢᠶᠡᠳ ᠥᠨᠳᠥᠷ᠂ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ ᠲᠡᠩᠴᠡᠭᠦᠷᠢ ᠶᠢᠨ ᠳᠠᠷᠤᠯᠲᠠ ᠨᠡᠯᠢᠶᠡᠳ ᠶᠡᠭᠡ | ᠪᠠᠶᠢᠭ᠎ᠠ ᠭᠠᠵᠠᠷ ᠣᠷᠣᠨ ᠢ ᠲᠦᠯᠬᠢᠨ ᠠᠬᠢᠭᠤᠯᠵᠤ᠂ ᠦᠯᠡᠳᠡᠭᠡᠯ ᠡᠳ᠋ ᠬᠥᠷᠥᠩᠭᠡ ᠶᠢ ᠠᠮᠢᠳᠤᠯᠢᠭ ᠪᠣᠯᠭᠠᠬᠤ ᠶᠢ | ᠲᠦᠷᠭᠡᠳᠬᠡᠵᠦ᠂ ᠣᠷᠣᠨ ᠨᠤᠲᠤᠭ ᠤᠨ ᠵᠠᠰᠠᠭ ᠤᠨ ᠣᠷᠳᠣᠨ ᠤ ᠥᠭᠴᠡᠭᠡᠨ ᠤ ᠲᠦᠭᠰᠢᠭᠦᠷᠢ ᠶᠢ ᠯᠠᠪᠳᠠᠭᠤᠨ ᠢᠶᠠᠷ | ᠠᠷᠢᠯᠭᠠᠵᠤ᠂ ᠡᠳ᠋ ᠤᠨ ᠵᠠᠰᠠᠭ ᠤᠨ ᠦᠷᠭᠦᠯᠵᠢᠯᠡᠬᠦ ᠴᠢᠳᠠᠪᠤᠷᠢ ᠶᠢ ᠳᠡᠭᠡᠭᠰᠢᠯᠡᠭᠦᠯᠵᠦ᠂ ᠰᠢᠨ᠎ᠡ ᠵᠦᠢᠯᠡᠰ ᠤᠨ | ᠪᠦᠲᠦᠭᠡᠨ ᠪᠠᠶᠢᠭᠤᠯᠤᠯᠲᠠ ᠶᠢ ᠵᠦᠢ ᠵᠣᠬᠢᠰᠲᠠᠢ ᠪᠠᠷ ᠲᠡᠮᠵᠢᠨ᠎ᠡ᠃ ᠭᠤᠷᠪᠠ ᠳᠤ᠂ ᠪᠡᠭᠡᠵᠢᠩ ᠲᠢᠶᠠᠨᠵᠢᠨ | ᠡᡁᠥᠪᠸᠢ ᠶᠢᠨ ᠬᠠᠮᠵᠢᠯᠴᠠᠨ ᠬᠥᠭᠵᠢᠬᠦ᠂ ᠬᠥᠬᠡᠮᠥ᠋ᠷᠡᠨ ᠤ ᠠᠵᠤ ᠠᠬᠤᠢ ᠶᠢᠨ ᠪᠦᠰᠡ ᠶᠢᠨ ᠬᠥᠭᠵᠢᠯᠲᠡ᠂ | ᠭᠤᠸᠠᠩᠳᠦ᠋ᠩ ᠰᠢᠶᠠᠩᠭᠠᠩ ᠣᠣᠮᠧᠨ ᠤ ᠲᠣᠮᠣ ᠪᠤᠯᠤᠩ ᠤᠨ ᠣᠷᠣᠨ ᠤ ᠪᠦᠲᠦᠭᠡᠨ ᠪᠠᠶᠢᠭᠤᠯᠤᠯᠲᠠ᠂ ᠬᠥᠬᠡᠮᠥ᠋ᠷᠡᠨ ᠤ | ᠭᠤᠷᠪᠠᠯᠵᠢᠨ ᠬᠤᠶᠢᠭ ᠤᠨ ᠨᠢᠭᠡ ᠴᠣᠭᠴᠠᠵᠢᠭᠰᠠᠨ ᠬᠥᠭᠵᠢᠯᠲᠡ᠂ ᠬᠠᠳᠤᠨ ᠭᠤᠣᠯ ᠤᠨ ᠰᠠᠪᠠ ᠭᠠᠵᠠᠷ ᠤᠨ ᠠᠮᠢ | ᠠᠬᠤᠢ ᠶᠢᠨ ᠬᠠᠮᠠᠭᠠᠯᠠᠯᠲᠠ ᠪᠣᠯᠣᠨ ᠴᠢᠨᠠᠷ ᠰᠠᠶᠢᠲᠠᠢ ᠬᠥᠭᠵᠢᠯᠲᠡ ᠵᠡᠷᠭᠡ ᠣᠷᠣᠨ ᠪᠦᠰᠡ ᠶᠢᠨ ᠴᠢᠬᠤᠯᠠ ᠶᠡᠭᠡ | ᠪᠠᠶᠢᠯᠳᠤᠬᠤ ᠪᠣᠳᠣᠯᠭ᠎ᠠ ᠶᠢ ᠨᠠᠶᠢᠳᠠᠪᠤᠷᠢᠵᠢᠭᠤᠯᠬᠤ ᠵᠢᠴᠢ ᠬᠠᠶᠢᠨᠠᠨ ᠤ ᠴᠢᠯᠦᠭᠡᠲᠦ ᠠᠷᠠᠯᠵᠢᠶᠠᠨ ᠤ ᠭᠠᠷᠠᠮ ᠤᠨ | ᠪᠦᠲᠦᠭᠡᠨ ᠪᠠᠶᠢᠭᠤᠯᠤᠯᠲᠠ ᠶᠢ ᠠᠬᠢᠭᠤᠯᠬᠤ ᠵᠡᠷᠭᠡ ᠶᠢᠨ ᠲᠣᠭᠤᠷᠢᠨ ᠳᠤ᠂ ᠬᠤᠯᠪᠣᠭᠳᠠᠯ ᠪᠦᠬᠦᠢ ᠭᠠᠵᠠᠷ ᠣᠷᠣᠨ ᠤ | ᠦᠯᠡᠳᠡᠭᠡᠯ ᠡᠳ᠋ ᠬᠥᠷᠥᠩᠭᠡ ᠶᠢᠨ ᠠᠮᠢᠳᠤᠯᠢᠭ ᠡᠷᠴᠢᠮ ᠢ ᠤᠷᠢᠳᠠᠪᠠᠷ ᠴᠢᠩᠭᠠᠷᠠᠭᠤᠯᠬᠤ ᠶᠢ ᠵᠣᠷᠢᠭᠵᠢᠭᠤᠯᠵᠤ᠂ | ᠵᠢᠱᠢᠶ᠎ᠡ ᠦᠵᠡᠭᠦᠯᠵᠦ ᠳᠠᠶᠢᠴᠢᠯᠠᠬᠤ ᠦᠢᠯᠡᠳᠦᠯ ᠢ ᠭᠦᠢᠴᠡᠳ ᠪᠠᠳᠠᠷᠠᠭᠤᠯᠤᠨ᠎ᠠ᠃ | ︵ᠭᠤᠷᠪᠠ︶ ᠭᠤᠣᠯᠳᠠᠯᠭ᠎ᠠ ᠲᠠᠢ ᠠᠵᠤ ᠠᠬᠤᠶᠢᠯᠠᠯ᠃ ᠦᠯᠡᠳᠡᠭᠡᠯ ᠡᠳ᠋ ᠬᠥᠷᠥᠩᠭᠡ ᠶᠢ ᠠᠮᠢᠳᠤᠯᠢᠭ | ᠪᠣᠯᠭᠠᠬᠤ ᠳᠤ ᠣᠷᠣᠯᠴᠠᠭᠰᠠᠨ ᠡᠯ᠎ᠡ ᠲᠥᠷᠥᠯ ᠤᠨ ᠵᠠᠬ᠎ᠠ ᠳᠡᠯᠭᠡᠭᠦᠷ ᠤᠨ ᠭᠤᠣᠯ ᠴᠣᠭᠴᠠ ᠳᠤ ᠨᠢᠭᠡ ᠯᠡ ᠠᠳᠠᠯᠢ ᠪᠠᠷ | ᠬᠠᠨᠳᠤᠨ᠎ᠠ᠃ ᠰᠠᠭᠤᠷᠢ ᠪᠡᠯᠡᠳᠬᠡᠮᠵᠢ ᠶᠢᠨ ᠦᠯᠡᠳᠡᠭᠡᠯ ᠡᠳ᠋ ᠬᠥᠷᠥᠩᠭᠡ ᠠᠷᠪᠢᠨ᠂ ᠪᠦᠲᠦᠭᠡᠨ ᠪᠠᠶᠢᠭᠤᠯᠬᠤ ᠡᠭᠦᠷᠭᠡ | ᠬᠦᠨᠳᠦ᠂ ᠥᠷᠢᠲᠦᠯ ᠤᠨ ᠨᠣᠷᠮ᠎ᠠ ᠪᠠᠷ ᠨᠡᠯᠢᠶᠡᠳ ᠥᠨᠳᠥᠷ ᠤᠯᠤᠰ ᠤᠨ ᠥᠮᠴᠢᠯᠡᠯᠲᠦ ᠠᠵᠤ ᠠᠬᠤᠶᠢᠯᠠᠯ ᠢ | ᠬᠥᠲᠥᠯᠥᠨ ᠵᠢᠯᠤᠭᠤᠳᠴᠤ ᠳᠡᠮᠵᠢᠵᠦ᠂ ᠦᠯᠡᠳᠡᠭᠡᠯ ᠡᠳ᠋ ᠬᠥᠷᠥᠩᠭᠡ ᠶᠢ ᠠᠮᠢᠳᠤᠯᠢᠭ ᠪᠣᠯᠭᠠᠵᠤ ᠶᠢ ᠤᠯᠤᠰ ᠤᠨ | ᠥᠮᠴᠢᠯᠡᠯᠲᠦ ᠡᠳ᠋ ᠬᠥᠷᠥᠩᠭᠡ ᠶᠢᠨ ᠥᠷᠲᠡᠭ ᠢ ᠪᠠᠲᠤᠯᠠᠵᠤ ᠥᠷᠲᠡᠭ ᠢ ᠨᠡᠮᠡᠭᠳᠡᠭᠦᠯᠬᠦ ᠵᠢᠴᠢ ᠥᠷᠢ ᠥᠭᠴᠡᠭᠡ ᠶᠢᠨ | ᠲᠦᠭᠰᠢᠭᠦᠷᠢ ᠶᠢ ᠰᠡᠷᠭᠡᠶᠢᠯᠡᠬᠦ᠂ ᠪᠦᠲᠦᠭᠡᠨ ᠪᠠᠶᠢᠭᠤᠯᠤᠯᠲᠠ ᠶᠢᠨ ᠪᠡᠯᠡ ᠮᠥᠩᠭᠦ ᠴᠤᠭᠯᠠᠭᠤᠯᠬᠤ᠂ ᠡᠳ᠋ | ᠬᠥᠷᠥᠩᠭᠡ ᠶᠢᠨ ᠪᠦᠲᠦᠴᠡ ᠶᠢ ᠰᠢᠯᠢᠳᠡᠭᠵᠢᠭᠦᠯᠬᠦ ᠴᠢᠬᠤᠯᠠ ᠠᠷᠭ᠎ᠠ ᠪᠠᠷᠢᠯ ᠪᠣᠯᠭᠠᠵᠤ᠂ ᠲᠣᠬᠢᠷᠠᠮᠵᠢᠲᠠᠢ ᠦᠯᠡᠳᠡᠭᠡᠯ | ᠡᠳ᠋ ᠬᠥᠷᠥᠩᠭᠡ ᠶᠢ ᠰᠣᠩᠭᠤᠨ᠂ ᠣᠯᠠᠨ ᠵᠦᠢᠯ ᠤᠨ ᠠᠷᠭ᠎ᠠ ᠮᠠᠶ᠋ᠢᠭ ᠢ ᠠᠪᠴᠤ ᠪᠠᠶᠢᠭᠠᠳ ᠠᠮᠢᠳᠤᠯᠢᠭ ᠪᠣᠯᠭᠠᠨ᠎ᠠ᠃ | ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠪᠣᠳᠠᠲᠠᠢ ᠪᠠᠶᠢᠳᠠᠯ ᠢᠶᠠᠨ ᠦᠨᠳᠦᠰᠦᠯᠡᠨ᠂ ᠤᠯᠤᠰ ᠤᠨ | ᠥᠮᠴᠢᠯᠡᠯ ᠤᠨ ᠦᠯᠡᠳᠡᠭᠡᠯ ᠡᠳ᠋ ᠬᠥᠷᠥᠩᠭᠡ ᠶᠢ ᠠᠮᠢᠳᠤᠯᠢᠭ ᠪᠣᠯᠭᠠᠵᠤ ᠳᠤ ᠣᠷᠣᠯᠴᠠᠵᠤ᠂ ᠲᠣᠰ ᠪᠡᠶ᠎ᠡ ᠶᠢᠨ | ᠦᠯᠡᠳᠡᠭᠡᠯ ᠡᠳ᠋ ᠬᠥᠷᠥᠩᠭᠡ ᠪᠠᠨ ᠢᠳᠡᠪᠬᠢᠲᠡᠢ ᠪᠠᠷ ᠠᠮᠢᠳᠤᠯᠢᠭ ᠪᠣᠯᠭᠠᠵᠤ᠂ ᠡᠭᠡᠭᠦᠯᠦᠨ ᠬᠤᠷᠢᠶᠠᠭᠰᠠᠨ ᠪᠡᠯᠡ | ᠮᠥᠩᠭᠦ ᠪᠠᠨ ᠳᠠᠬᠢᠨ ᠪᠡᠯᠡ ᠣᠷᠣᠭᠤᠯᠬᠤ ᠳᠤ ᠬᠡᠷᠡᠭᠯᠡᠵᠦ᠂ ᠠᠵᠤ ᠠᠬᠤᠶᠢᠯᠠᠯ ᠤᠨ ᠡᠵᠡᠩᠨᠡᠯᠲᠡ ᠶᠢᠨ ᠲᠦᠭᠰᠢᠭᠦᠷᠢ ᠶᠢ | ᠪᠠᠭᠤᠷᠠᠭᠤᠯᠤᠨ᠂ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠠᠬᠢᠭᠤᠯᠬᠤ ᠶᠢ ᠵᠣᠷᠢᠭᠵᠢᠭᠤᠯᠤᠨ᠎ᠠ᠃ | ᠬᠤᠶᠠᠷ᠂ ᠦᠯᠡᠳᠡᠭᠡᠯ ᠡᠳ᠋ ᠬᠥᠷᠥᠩᠭᠡ ᠶᠢᠨ ᠠᠮᠢᠳᠤᠯᠢᠭ ᠪᠣᠯᠭᠠᠬᠤ ᠠᠷᠭ᠎ᠠ ᠮᠠᠶ᠋ᠢᠭ ᠢ ᠰᠢᠯᠢᠳᠡᠭᠵᠢᠭᠦᠯᠦᠨ | ᠲᠡᠭᠦᠯᠳᠡᠷᠵᠢᠭᠦᠯᠦᠨ᠎ᠡ | ︵ᠳᠥᠷᠪᠡ︶ ᠰᠠᠭᠤᠷᠢ ᠪᠡᠯᠡᠳᠬᠡᠮᠵᠢ ᠶᠢᠨ ᠬᠦᠷᠢᠶᠡᠨ ᠳᠠᠬᠢ ᠲᠣᠭᠲᠠᠮᠡᠯ ᠬᠥᠷᠥᠩᠭᠡ ᠶᠢᠨ ᠪᠡᠯᠡ | ᠣᠷᠣᠭᠤᠯᠤᠯᠲᠠ ᠶᠢᠨ ᠢᠲᠡᠭᠡᠮᠵᠢᠲᠦ ᠨᠠᠶᠢᠳᠠᠯᠭ᠎ᠠ ᠶᠢᠨ ᠰᠠᠭᠤᠷᠢ ᠮᠥᠩᠭᠦ ︵REITs︶ ᠶᠢᠨ ᠡᠷᠡᠭᠦᠯ ᠢᠶᠠᠷ | ᠬᠥᠭᠵᠢᠬᠦ ᠶᠢ ᠠᠬᠢᠭᠤᠯᠤᠨ᠎ᠠ᠃ ᠲᠠᠨᠢᠯᠴᠠᠭᠤᠯᠬᠤ᠂ ᠬᠢᠨᠠᠨ ᠬᠠᠷᠭᠤᠭᠤᠯᠬᠤ ᠦᠷ᠎ᠡ ᠪᠦᠲᠦᠮᠵᠢ ᠶᠢ ᠤᠯᠠᠮ ᠨᠢᠭᠡ | ᠠᠯᠬᠤᠮ ᠳᠡᠭᠡᠭᠰᠢᠯᠡᠭᠦᠯᠵᠦ᠂ ᠨᠥᠬᠦᠴᠡᠯ ᠳᠤ ᠨᠡᠶᠢᠴᠡᠬᠦ ᠨᠠᠩ ᠣᠯᠠᠨ ᠰᠠᠭᠤᠷᠢ ᠪᠡᠯᠡᠳᠬᠡᠮᠵᠢ ᠶᠢᠨ REITs ᠲᠥᠷᠥᠯ | ᠵᠦᠢᠯ ᠢ ᠲᠠᠷᠬᠠᠭᠠᠵᠤ ᠵᠠᠬ᠎ᠠ ᠳᠡᠯᠭᠡᠭᠦᠷ ᠲᠤ ᠭᠠᠷᠭᠠᠬᠤ ᠶᠢ ᠵᠣᠷᠢᠭᠵᠢᠭᠤᠯᠤᠨ᠎ᠠ᠃ ᠠᠵᠤ ᠦᠢᠯᠡᠰ ᠤᠨ ᠬᠡᠯᠬᠢᠶ᠎ᠡ ᠶᠢᠨ | ᠬᠠᠩᠭᠠᠯᠭ᠎ᠠ ᠶᠢᠨ ᠬᠡᠯᠬᠢᠶ᠎ᠡ ᠶᠢᠨ ᠲᠣᠭᠲᠠᠭᠤᠨ ᠪᠠᠶᠢᠳᠠᠯ ᠢ ᠬᠠᠮᠠᠭᠠᠯᠠᠬᠤ᠂ ᠠᠷᠠᠳ ᠤᠨ ᠠᠮᠢᠳᠤᠷᠠᠯ ᠤᠨ ᠪᠠᠲᠤᠯᠠᠭ᠎ᠠ ᠶᠢ | ᠴᠢᠩᠭᠠᠳᠬᠠᠬᠤ ᠵᠡᠷᠭᠡ ᠲᠠᠯ᠎ᠠ ᠪᠠᠷ ᠴᠢᠬᠤᠯᠠ ᠦᠢᠯᠡᠳᠦᠯ ᠲᠠᠢ ᠲᠥᠷᠥᠯ ᠵᠦᠢᠯ ᠳᠤ᠂ ᠲᠠᠷᠬᠠᠭᠠᠬᠤ ᠱᠠᠭᠠᠷᠳᠠᠯᠭ᠎ᠠ ᠶᠢ | ᠬᠠᠩᠭᠠᠬᠤ᠂ ᠵᠠᠬ᠎ᠠ ᠳᠡᠯᠭᠡᠭᠦᠷ ᠤᠨ ᠵᠢᠱᠢᠯᠲᠡ ᠳᠤ ᠨᠡᠶᠢᠴᠡᠬᠦ᠂ ᠲᠦᠭᠰᠢᠭᠦᠷᠢ ᠶᠢ ᠡᠵᠡᠮᠳᠡᠵᠦ ᠳᠡᠶᠢᠯᠬᠦ ᠶᠢ ᠪᠠᠲᠤᠯᠠᠬᠤ | ᠵᠡᠷᠭᠡ ᠤᠷᠢᠲᠠᠯ ᠳᠣᠣᠷ᠎ᠠ᠂ ᠡᠵᠡᠩᠨᠡᠯᠲᠡ ᠶᠢᠨ ᠵᠢᠯ ᠬᠤᠭᠤᠴᠠᠭ᠎ᠠ᠂ ᠠᠰᠢᠭ ᠣᠷᠣᠯᠭ᠎ᠠ ᠶᠢᠨ ᠲᠥᠪᠯᠡᠷᠡᠯ ᠤᠨ ᠬᠡᠮᠵᠢᠶ᠎ᠡ | ᠵᠡᠷᠭᠡ ᠱᠠᠭᠠᠷᠳᠠᠯᠭ᠎ᠠ ᠶᠢ ᠤᠯᠠᠮ ᠨᠢᠭᠡ ᠠᠯᠬᠤᠮ ᠠᠮᠢᠳᠤᠯᠢᠭ ᠪᠥᠭᠡᠳ ᠵᠦᠢ ᠵᠣᠬᠢᠰᠲᠠᠢ ᠲᠣᠭᠲᠠᠭᠠᠵᠤ ᠪᠣᠯᠣᠨ᠎ᠠ᠃ | ᠥᠷᠭᠡᠳᠬᠡᠨ ᠴᠤᠭᠯᠠᠭᠤᠯᠬᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠣᠯᠠᠨ ᠲᠠᠰ ᠳᠠᠪᠬᠤᠷᠭ᠎ᠠ ᠶᠢᠨ ᠰᠠᠭᠤᠷᠢ | ᠪᠡᠯᠡᠳᠬᠡᠮᠵᠢ ᠶᠢᠨ REITs ᠵᠠᠬ᠎ᠠ ᠳᠡᠯᠭᠡᠭᠦᠷ ᠢ ᠰᠦᠪᠡᠭᠴᠢᠯᠡᠨ ᠪᠠᠶᠢᠭᠤᠯᠤᠨ᠎ᠠ᠃ ᠤᠯᠤᠰ ᠤᠨ ᠥᠮᠴᠢᠯᠡᠯ ᠤᠨ | ᠠᠵᠤ ᠠᠬᠤᠶᠢᠯᠠᠯ ᠤᠨ ᠲᠠᠷᠬᠠᠭᠠᠭᠰᠠᠨ ᠰᠠᠭᠤᠷᠢ ᠪᠡᠯᠡᠳᠬᠡᠮᠵᠢ ᠶᠢᠨ REITs ᠨᠢ ᠤᠯᠤᠰ ᠤᠨ ᠥᠮᠴᠢᠯᠡᠯ ᠤᠨ | ᠥᠮᠴᠢᠯᠡᠬᠦ ᠡᠷᠬᠡ ᠶᠢ ᠢᠯᠡ ᠪᠤᠰᠤ ᠵᠥᠪᠳᠡᠯᠴᠡᠭᠡᠷ ᠢᠶᠠᠷ ᠰᠢᠯᠵᠢᠭᠦᠯᠦᠨ ᠥᠭᠬᠦ ᠳᠤ ᠬᠤᠯᠪᠣᠭᠳᠠᠪᠠᠯ᠂ ᠲᠣᠭᠲᠠᠭᠠᠯ | ᠶᠣᠰᠣᠭᠠᠷ ᠠᠳᠠᠯᠢ ᠱᠠᠲᠤᠨ ᠤ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢ ᠬᠢᠨᠠᠨ ᠬᠠᠮᠢᠶᠠᠷᠬᠤ | ᠪᠠᠶᠢᠭᠤᠯᠤᠮᠵᠢ ᠳᠤ ᠮᠡᠳᠡᠭᠦᠯᠵᠦ ᠵᠥᠪᠰᠢᠶᠡᠷᠡᠭᠦᠯᠦᠨ᠎ᠡ᠃ REITs ᠤᠨ ᠬᠤᠯᠪᠣᠭᠳᠠᠯ ᠪᠦᠬᠦᠢ ᠬᠠᠤᠯᠢ ᠲᠣᠭᠲᠠᠭᠠᠬᠤ | ᠠᠵᠢᠯ ᠢ ᠰᠤᠳᠤᠯᠤᠨ ᠠᠬᠢᠭᠤᠯᠤᠨ᠎ᠠ᠃ | ︵ᠲᠠᠪᠤ︶ ᠵᠠᠰᠠᠭ ᠤᠨ ᠣᠷᠳᠣᠨ ᠪᠠ ᠨᠡᠶᠢᠭᠡᠮ ᠤᠨ ᠬᠥᠷᠥᠩᠭᠡ ᠶᠢᠨ ᠬᠠᠮᠲᠤᠷᠠᠯᠴᠠᠭ᠎ᠠ ︵PPP︶ ᠶᠢ | ᠵᠢᠷᠤᠮᠵᠢᠭᠤᠯᠤᠨ ᠡᠮᠬᠢ ᠵᠢᠷᠤᠮ ᠲᠠᠢ ᠠᠬᠢᠭᠤᠯᠤᠨ᠎ᠠ᠃ ᠣᠷᠳᠣ ᠬᠤᠭᠤᠴᠠᠭᠠᠨ ᠤ ᠲᠣᠭᠲᠠᠪᠤᠷᠢᠲᠠᠢ ᠡᠵᠡᠩᠨᠡᠯᠲᠡ ᠶᠢᠨ | ᠴᠢᠨᠠᠷᠲᠠᠢ ᠠᠰᠢᠭ ᠣᠷᠣᠯᠭ᠎ᠠ ᠲᠠᠢ ᠦᠯᠡᠳᠡᠭᠡᠯ ᠲᠥᠷᠥᠯ ᠵᠦᠢᠯ ᠳᠤ PPP ᠵᠠᠭᠪᠤᠷ ᠢ ᠬᠡᠷᠡᠭᠯᠡᠨ ᠦᠯᠡᠳᠡᠭᠡᠯ ᠡᠳ᠋ | ᠬᠥᠷᠥᠩᠭᠡ ᠶᠢ ᠠᠮᠢᠳᠤᠯᠢᠭ ᠪᠣᠯᠭᠠᠬᠤ ᠶᠢ ᠵᠣᠷᠢᠭᠵᠢᠭᠤᠯᠵᠤ᠂ ᠡᠵᠡᠩᠨᠡᠯᠲᠡ ᠶᠢᠨ ᠦᠷ᠎ᠡ ᠪᠦᠲᠦᠮᠵᠢ ᠪᠠ | ᠦᠢᠯᠡᠴᠢᠯᠡᠭᠡᠨ ᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠨᠡᠶᠢᠭᠡᠮ ᠤᠨ ᠬᠥᠷᠥᠩᠭᠡ ᠶᠢᠨ ᠲᠠᠯ᠎ᠠ ᠨᠢ | ᠡᠵᠡᠩᠨᠡᠯᠲᠡ ᠶᠢᠨ ᠵᠠᠭᠪᠤᠷ ᠲᠤ ᠰᠢᠨ᠎ᠡ ᠶᠢ ᠡᠭᠦᠳᠬᠦ᠂ ᠲᠡᠷᠢᠭᠦᠨ ᠤ ᠮᠡᠷᠭᠡᠵᠢᠯ ᠢ ᠣᠷᠣᠭᠤᠯᠤᠨ ᠠᠪᠴᠢᠷᠠᠬᠤ᠂ | ᠡᠵᠡᠩᠨᠡᠯᠲᠡ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠦᠯᠡᠳᠡᠭᠡᠯ | ᠡᠳ᠋ ᠬᠥᠷᠥᠩᠭᠡ ᠶᠢ ᠪᠦᠲᠦᠮᠵᠢᠲᠡᠶ ᠠᠮᠢᠳᠤᠯᠢᠭ ᠪᠣᠯᠭᠠᠵᠤ ᠶᠢᠨ ᠬᠠᠮᠲᠤ ᠵᠠᠰᠠᠭ ᠤᠨ ᠣᠷᠳᠣᠨ ᠤ ᠨᠥᠬᠦᠪᠦᠷᠢ ᠶᠢᠨ | ᠲᠤᠭ᠎ᠠ ᠬᠡᠮᠵᠢᠶ᠎ᠡ ᠶᠢ ᠪᠠᠭᠠᠰᠬᠠᠪᠠᠯ᠂ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠨᠢ ᠵᠣᠬᠢᠬᠤ ᠠᠷᠭ᠎ᠠ | ᠮᠠᠶ᠋ᠢᠭ ᠢ ᠠᠪᠴᠤ ᠪᠠᠶᠢᠭᠠᠳ ᠣᠲᠣ ᠶᠢᠨ ᠪᠠᠶᠢᠭ᠎ᠠ ᠪᠡᠯᠡ ᠮᠥᠩᠭᠦ ᠶᠢᠨ ᠠᠷᠭ᠎ᠠ ᠵᠠᠮ ᠢᠶᠠᠷ ᠳᠡᠮᠵᠢᠨ ᠱᠠᠩᠨᠠᠵᠤ ᠪᠣᠯᠣᠨ᠎ᠠ | ᠃ | ︵ᠵᠢᠷᠭᠤᠭ᠎ᠠ︶ ᠥᠮᠴᠢᠯᠡᠬᠦ ᠡᠷᠬᠡ ᠶᠢ ᠵᠢᠷᠤᠮᠵᠢᠭᠤᠯᠤᠨ ᠠᠷᠠᠯᠵᠢᠶᠠᠯᠠᠬᠤ ᠶᠢ ᠢᠳᠡᠪᠬᠢᠲᠡᠢ ᠪᠠᠷ ᠠᠬᠢᠭᠤᠯᠤᠨ᠎ᠠ᠃ | ᠥᠮᠴᠢᠯᠡᠬᠦ ᠡᠷᠬᠡ ᠶᠢᠨ ᠠᠷᠠᠯᠵᠢᠶᠠᠨ ᠤ ᠭᠠᠵᠠᠷ ᠤᠨ ᠥᠷᠲᠡᠭ ᠢ ᠢᠯᠡᠷᠡᠭᠦᠯᠬᠦ ᠪᠠ ᠪᠡᠯᠡ ᠣᠷᠣᠭᠤᠯᠤᠭᠴᠢ ᠶᠢ | ᠢᠯᠡᠷᠡᠭᠦᠯᠬᠦ ᠴᠢᠳᠠᠮᠵᠢ ᠶᠢ ᠭᠦᠢᠴᠡᠳ ᠪᠠᠳᠠᠷᠠᠭᠤᠯᠵᠤ᠂ ᠠᠷᠠᠯᠵᠢᠶᠠᠯᠠᠬᠤ ᠪᠦᠲᠦᠭᠡᠭᠳᠡᠬᠦᠨ ᠪᠠ ᠠᠷᠠᠯᠵᠢᠶᠠᠯᠠᠬᠤ ᠠᠷᠭ᠎ᠠ | ᠮᠠᠶ᠋ᠢᠭ ᠲᠤ ᠰᠢᠨ᠎ᠡ ᠶᠢ ᠡᠭᠦᠳᠴᠦ᠂ ᠪᠥᠬᠦ ᠴᠤᠪᠤᠷᠠᠯ ᠤᠨ ᠨᠠᠷᠢᠯᠢᠭᠵᠢᠭᠤᠯᠤᠭᠰᠠᠨ ᠦᠢᠯᠡᠴᠢᠯᠡᠭᠡ ᠶᠢ ᠴᠢᠩᠭᠠᠳᠬᠠᠨ᠂ | ᠵᠥᠪᠯᠡᠯᠭᠡ ᠥᠭᠬᠦ ᠵᠥᠪᠯᠡᠭᠴᠢ᠂ ᠲᠤᠰᠢᠶᠠᠯ ᠢᠶᠠᠨ ᠭᠦᠢᠴᠡᠳᠬᠡᠨ ᠪᠠᠶᠢᠴᠠᠭᠠᠯᠲᠠ ᠬᠢᠬᠦ᠂ ᠲᠥᠰᠥᠯ ᠢ ᠰᠢᠯᠢᠳᠡᠭᠵᠢᠭᠦᠯᠬᠦ | ᠂ ᠮᠡᠳᠡᠭᠡ ᠵᠠᠩᠭᠢ ᠨᠡᠶᠢᠲᠡᠯᠡᠬᠦ᠂ ᠮᠡᠷᠭᠡᠵᠢᠯ ᠢᠶᠠᠷ ᠲᠤᠯᠭᠠᠭᠤᠷᠢᠯᠠᠬᠤ᠂ ᠪᠡᠯᠡ ᠲᠣᠬᠢᠷᠠᠭᠤᠯᠭ᠎ᠠ ᠶᠢᠨ ᠦᠢᠯᠡᠴᠢᠯᠡᠭᠡᠨ | ᠵᠡᠷᠭᠡ ᠶᠢ ᠬᠠᠮᠵᠢᠨ ᠥᠷᠨᠢᠭᠦᠯᠵᠦ᠂ ᠦᠯᠡᠳᠡᠭᠡᠯ ᠡᠳ᠋ ᠬᠥᠷᠥᠩᠭᠡ ᠶᠢᠨ ᠵᠦᠢ ᠵᠣᠬᠢᠰᠲᠠᠢ ᠰᠢᠯᠵᠢᠯᠲᠡ ᠪᠠ | ᠰᠢᠯᠢᠳᠡᠭᠵᠢᠭᠦᠯᠦᠨ ᠲᠣᠬᠢᠷᠠᠭᠤᠯᠬᠤ ᠳᠤ ᠰᠠᠭᠠᠳ ᠦᠭᠡᠢ ᠨᠡᠪᠲᠡᠷᠡᠬᠦ ᠵᠠᠮ ᠢ ᠨᠡᠭᠡᠭᠡᠨ ᠥᠭᠴᠦ᠂ ᠦᠯᠡᠳᠡᠭᠡᠯ ᠡᠳ᠋ | ᠬᠥᠷᠥᠩᠭᠡ ᠶᠢᠨ ᠠᠮᠢᠳᠤᠯᠢᠭ ᠪᠣᠯᠭᠠᠵᠤ ᠠᠷᠠᠯᠵᠢᠶᠠᠯᠠᠬᠤ ᠶᠢ ᠨᠠᠩ ᠵᠢᠷᠤᠮᠵᠢᠯ ᠲᠠᠢ᠂ ᠥᠨᠳᠥᠷ ᠦᠷ᠎ᠡ ᠪᠦᠲᠦᠮᠵᠢᠲᠡᠶ᠂ | ᠳᠥᠭᠦᠮ ᠳᠥᠲᠡ ᠪᠣᠯᠭᠠᠬᠤ ᠶᠢ ᠠᠬᠢᠭᠤᠯᠤᠨ᠎ᠠ᠃ ᠣᠯᠠᠨ ᠵᠦᠢᠯ ᠤᠨ ᠠᠷᠭ᠎ᠠ ᠮᠠᠶ᠋ᠢᠭ ᠢ ᠠᠪᠴᠤ ᠪᠠᠶᠢᠭᠠᠳ | ᠤᠬᠠᠭᠤᠯᠵᠤ ᠬᠥᠲᠥᠯᠥᠨ ᠵᠢᠯᠤᠭᠤᠳᠬᠤ ᠡᠷᠴᠢᠮ ᠢᠶᠠᠨ ᠴᠢᠩᠭᠠᠷᠠᠭᠤᠯᠵᠤ᠂ ᠨᠠᠩ ᠣᠯᠠᠨ ᠬᠤᠳᠠᠯᠳᠤᠨ ᠠᠪᠤᠭᠴᠢ ᠶᠢ | ᠲᠠᠲᠠᠵᠤ ᠪᠠᠶᠢᠭᠠᠳ ᠠᠷᠠᠯᠵᠢᠶᠠᠨ ᠤ ᠦᠨ᠎ᠡ ᠬᠠᠶᠠᠯᠴᠠᠬᠤ ᠠᠵᠢᠯᠯᠠᠭ᠎ᠠ ᠳᠤ ᠣᠷᠣᠯᠴᠠᠭᠤᠯᠤᠨ᠎ᠠ᠃ | ︵ᠳᠣᠯᠤᠭ᠎ᠠ︶ ᠤᠯᠤᠰ ᠤᠨ ᠥᠮᠴᠢᠯᠡᠯᠲᠦ ᠬᠥᠷᠥᠩᠭᠡ ᠶᠢᠨ ᠪᠡᠯᠡ ᠣᠷᠣᠭᠤᠯᠤᠯᠲᠠ᠂ ᠡᠵᠡᠩᠨᠡᠯᠲᠡ ᠶᠢᠨ | ᠺᠣᠮᠫᠠᠨᠢ ᠶᠢᠨ ᠴᠢᠳᠠᠮᠵᠢ ᠦᠢᠯᠡᠳᠦᠯ ᠢ ᠪᠠᠳᠠᠷᠠᠭᠤᠯᠤᠨ᠎ᠠ᠃ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ | ᠤᠯᠤᠰ ᠤᠨ ᠥᠮᠴᠢᠯᠡᠯᠲᠦ ᠬᠥᠷᠥᠩᠭᠡ ᠳᠤ ᠲᠦᠰᠢᠭᠯᠡᠨ ᠪᠡᠯᠡ ᠣᠷᠣᠭᠤᠯᠬᠤ᠂ ᠡᠵᠡᠩᠨᠡᠯᠲᠡ ᠶᠢᠨ ᠺᠣᠮᠫᠠᠨᠢ ᠳᠤ | ᠲᠦᠰᠢᠭᠯᠡᠨ᠂ ᠲᠣᠭᠲᠠᠭᠠᠯ ᠶᠣᠰᠣᠭᠠᠷ ᠲᠠᠯᠠᠪᠤᠷ ᠲᠤ ᠣᠷᠣᠵᠤ ᠠᠷᠠᠯᠵᠢᠶᠠᠯᠠᠬᠤ᠂ ᠵᠥᠪᠳᠡᠯᠴᠡᠭᠡᠷ ᠢᠶᠠᠷ ᠰᠢᠯᠵᠢᠭᠦᠯᠦᠨ | ᠥᠭᠬᠦ᠂ ᠲᠥᠯᠥᠪᠦᠷᠢ ᠦᠭᠡᠢ ᠪᠠᠷ ᠬᠤᠪᠢᠶᠠᠷᠢᠯᠠᠨ ᠰᠢᠯᠵᠢᠭᠦᠯᠬᠦ᠂ ᠡᠳ᠋ ᠬᠥᠷᠥᠩᠭᠡ ᠶᠢ ᠰᠣᠯᠢᠬᠤ᠂ ᠬᠤᠯᠪᠤᠭᠠᠯᠠᠨ | ᠨᠡᠶᠢᠯᠡᠭᠦᠯᠬᠦ ᠵᠡᠷᠭᠡ ᠠᠷᠭ᠎ᠠ ᠮᠠᠶ᠋ᠢᠭ ᠢᠶᠠᠷ ᠳᠡᠮᠵᠢᠨ᠂ ᠣᠷᠳᠣ ᠬᠤᠭᠤᠴᠠᠭ᠎ᠠ ᠪᠠᠷ ᠰᠤᠯᠠ ᠪᠠᠶᠢᠭ᠎ᠠ ᠦᠯᠡᠳᠡᠭᠡᠯ ᠡᠳ᠋ | ᠬᠥᠷᠥᠩᠭᠡ ᠶᠢ ᠠᠮᠢᠳᠤᠯᠢᠭ ᠪᠠᠶᠢᠯᠭᠠᠵᠤ᠂ ᠭᠤᠣᠯ ᠠᠵᠢᠯ ᠤᠨ ᠪᠤᠰᠤ ᠡᠳ᠋ ᠬᠥᠷᠥᠩᠭᠡ ᠶᠢ ᠡᠮᠬᠢᠯᠡᠨ ᠨᠡᠶᠢᠯᠡᠭᠦᠯᠬᠦ ᠶᠢ | ᠵᠣᠷᠢᠭᠵᠢᠭᠤᠯᠤᠨ᠎ᠠ᠃ ᠵᠢᠭᠡᠯᠡᠯᠭᠡ ᠶᠢᠨ ᠲᠡᠮᠳᠡᠭᠲᠦ ᠲᠠᠷᠬᠠᠭᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ | ᠨᠥᠬᠦᠴᠡᠯ ᠳᠤ ᠨᠡᠶᠢᠴᠡᠬᠦ ᠤᠯᠤᠰ ᠤᠨ ᠥᠮᠴᠢᠯᠡᠯᠲᠦ ᠬᠥᠷᠥᠩᠭᠡ ᠶᠢᠨ ᠪᠡᠯᠡ ᠣᠷᠣᠭᠤᠯᠤᠯᠲᠠ᠂ ᠡᠵᠡᠩᠨᠡᠯᠲᠡ ᠶᠢᠨ | ᠺᠣᠮᠫᠠᠨᠢ ᠶᠢᠨ ᠦᠯᠡᠳᠡᠭᠡᠯ ᠡᠳ᠋ ᠬᠥᠷᠥᠩᠭᠡ ᠶᠢ ᠠᠮᠢᠳᠤᠯᠢᠭ ᠪᠣᠯᠭᠠᠬᠤ ᠳᠤ ᠤᠷᠲᠤᠪᠲᠤᠷ ᠪᠠ ᠣᠷᠳᠣ | ᠬᠤᠭᠤᠴᠠᠭᠠᠨ ᠤ ᠪᠡᠯᠡ ᠮᠥᠩᠭᠦ ᠶᠢᠨ ᠳᠡᠮᠵᠢᠯᠭᠡ ᠬᠠᠩᠭᠠᠨ᠎ᠠ᠃ | ︵ᠨᠠᠢᠮᠠ︶ ᠦᠯᠡᠳᠡᠭᠡᠯ ᠬᠡᠮᠵᠢᠶ᠎ᠡ ᠶᠢ ᠠᠮᠢᠳᠤᠯᠢᠭ ᠪᠣᠯᠭᠠᠬᠤ ᠶᠢ ᠠᠬᠢᠭᠤᠯᠬᠤ ᠪᠠ ᠥᠭᠡᠷᠡᠴᠢᠯᠡᠵᠦ | ᠥᠷᠭᠡᠳᠬᠡᠨ ᠪᠠᠶᠢᠭᠤᠯᠬᠤ ᠶᠢ ᠣᠷᠭᠠᠨᠢᠭ ᠢᠶᠠᠷ ᠤᠶᠠᠯᠳᠤᠭᠤᠯᠬᠤ ᠶᠢ ᠰᠦᠪᠡᠭᠴᠢᠯᠡᠨ᠎ᠡ᠃ ᠨᠡᠶᠢᠭᠡᠮ ᠤᠨ ᠬᠥᠷᠥᠩᠭᠡ ᠶᠢ | ᠲᠡᠳᠡᠨ ᠠᠪᠴᠢᠷᠠᠵᠤ ᠬᠤᠲᠠ ᠶᠢᠨ ᠬᠠᠭᠤᠴᠢᠨ ᠡᠳ᠋ ᠬᠥᠷᠥᠩᠭᠡ ᠶᠢᠨ ᠡᠬᠢ ᠪᠠᠶᠠᠯᠢᠭ ᠢᠯᠠᠩᠭᠤᠶ᠎ᠠ ᠬᠠᠭᠤᠴᠢᠨ ᠵᠢᠵᠢᠭ | ᠲᠣᠭᠤᠷᠢᠭ ᠢ ᠥᠭᠡᠷᠡᠴᠢᠯᠡᠨ ᠰᠢᠨᠡᠳᠬᠡᠬᠦ ᠵᠡᠷᠭᠡ ᠳᠤ ᠣᠷᠣᠯᠴᠠᠭᠤᠯᠵᠤ᠂ ᠨᠠᠷᠢᠯᠢᠭ ᠣᠨᠣᠴᠠᠲᠠᠢ ᠪᠠᠷ ᠣᠷᠣᠨ ᠪᠠᠶᠢᠷᠢ | ᠲᠣᠭᠲᠠᠭᠠᠬᠤ᠂ ᠶᠠᠰᠤ ᠴᠢᠨᠠᠷ ᠢ ᠳᠡᠭᠡᠭᠰᠢᠯᠡᠭᠦᠯᠬᠦ᠂ ᠬᠡᠷᠡᠭᠴᠡᠭᠡ ᠶᠢ ᠲᠡᠭᠦᠯᠳᠡᠷᠵᠢᠭᠦᠯᠬᠦ ᠵᠡᠷᠭᠡ ᠪᠠᠷ ᠳᠠᠮᠵᠢᠭᠤᠯᠤᠨ | ᠦᠯᠡᠳᠡᠭᠡᠯ ᠡᠳ᠋ ᠬᠥᠷᠥᠩᠭᠡ ᠶᠢᠨ ᠴᠢᠳᠠᠮᠵᠢ ᠶᠢ ᠤᠯᠠᠮ ᠨᠢᠭᠡ ᠠᠯᠬᠤᠮ ᠪᠠᠶᠠᠯᠢᠭᠵᠢᠭᠤᠯᠵᠤ᠂ ᠡᠳ᠋ ᠬᠥᠷᠥᠩᠭᠡ ᠶᠢᠨ | ᠦᠷ᠎ᠡ ᠠᠰᠢᠭ ᠢ ᠳᠡᠭᠡᠭᠰᠢᠯᠡᠭᠦᠯᠦᠨ᠎ᠡ᠃ ᠲᠤᠬᠠᠢ ᠶᠢᠨ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠪᠣᠬᠢᠷ | ᠤᠰᠤ ᠰᠢᠢᠳᠪᠦᠷᠢᠯᠡᠬᠦ ᠦᠢᠯᠡᠳᠪᠦᠷᠢ ᠶᠢ ᠳᠣᠷᠣᠭᠰᠢ ᠪᠠᠭᠤᠯᠭᠠᠬᠤ᠂ ᠭᠠᠵᠠᠷ ᠳᠣᠣᠷᠠᠬᠢ ᠲᠡᠮᠦᠷ ᠵᠠᠮ ᠢ ᠠᠳᠠᠯ ᠠᠬᠤᠢ | ᠪᠠᠶᠢᠭᠤᠯᠬᠤ᠂ ᠵᠠᠮ ᠬᠠᠷᠢᠯᠴᠠᠭᠠᠨ ᠤ ᠵᠠᠩᠭᠢᠯᠠᠭ᠎ᠠ ᠶᠢᠨ ᠭᠠᠵᠠᠷ ᠳᠡᠭᠡᠷᠡᠬᠢ ᠪᠠ ᠭᠠᠵᠠᠷ ᠳᠣᠣᠷᠠᠬᠢ ᠣᠷᠣᠨ ᠵᠠᠢ ᠶᠢ | ᠶᠡᠷᠦᠩᠬᠡᠶᠢᠯᠡᠨ ᠨᠡᠭᠡᠭᠡᠨ ᠬᠥᠭᠵᠢᠭᠦᠯᠬᠦ᠂ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠶᠢᠨ ᠵᠢᠵᠢᠭ | ᠲᠣᠭᠤᠷᠢᠭ ᠤᠨ ᠡᠵᠡᠩᠨᠡᠯᠲᠡ ᠶᠢᠨ ᠴᠢᠨᠠᠷᠲᠠᠢ ᠣᠯᠠᠨ ᠨᠡᠶᠢᠲᠡ ᠶᠢᠨ ᠦᠢᠯᠡᠴᠢᠯᠡᠭᠡᠨ ᠤ ᠣᠷᠣᠨ ᠵᠠᠢ ᠶᠢ ᠨᠡᠭᠡᠭᠡᠨ | ᠬᠥᠭᠵᠢᠭᠦᠯᠬᠦ ᠵᠡᠷᠭᠡ ᠵᠠᠭᠪᠤᠷ ᠢ ᠢᠳᠡᠪᠬᠢᠲᠡᠢ ᠪᠠᠷ ᠬᠠᠶᠢᠨ ᠰᠦᠪᠡᠭᠴᠢᠯᠡᠵᠦ᠂ ᠨᠢᠭᠡᠨᠲᠡ ᠪᠠᠶᠢᠭ᠎ᠠ ᠲᠡᠮᠦᠷ ᠵᠠᠮ ᠤᠨ | ᠲᠠᠯᠠᠪᠤᠷ ᠥᠷᠲᠡᠭᠡ ᠵᠢᠴᠢ ᠡᠷᠬᠢᠨ ᠲᠣᠭᠤᠷᠢᠨ ᠤ ᠨᠡᠭᠡᠭᠡᠨ ᠠᠰᠢᠭᠯᠠᠵᠤ ᠪᠣᠯᠬᠤ ᠭᠠᠵᠠᠷ ᠰᠢᠷᠣᠢ ᠵᠡᠷᠭᠡ ᠡᠳ᠋ | ᠬᠥᠷᠥᠩᠭᠡ ᠶᠢ ᠪᠦᠲᠦᠮᠵᠢᠲᠡᠶ ᠠᠮᠢᠳᠤᠯᠢᠭ ᠪᠣᠯᠭᠠᠵᠤ᠂ ᠲᠥᠷᠥᠯ ᠵᠦᠢᠯ ᠤᠨ ᠠᠰᠢᠭ ᠣᠷᠣᠯᠭ᠎ᠠ ᠶᠢᠨ ᠬᠢᠷᠢ | ᠬᠡᠮᠵᠢᠶ᠎ᠡ ᠶᠢ ᠳᠡᠭᠡᠭᠰᠢᠯᠡᠭᠦᠯᠦᠨ᠎ᠡ᠃ ᠡᠯ᠎ᠡ ᠱᠠᠲᠤᠨ ᠤ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ | ᠲᠥᠯᠦᠪᠵᠢᠭᠦᠯᠭᠡ᠂ ᠬᠤᠯᠪᠣᠭᠳᠠᠯ ᠪᠦᠬᠦᠢ ᠲᠤᠰᠬᠠᠢ ᠲᠥᠯᠦᠪᠵᠢᠭᠦᠯᠭᠡ ᠳᠤ ᠬᠠᠭᠤᠴᠢᠨ ᠭᠠᠷᠠᠮ ᠤᠨ ᠲᠣᠭᠤᠷᠢᠭ ᠢ | ᠨᠡᠭᠦᠯᠭᠡᠬᠦ ᠪᠤᠶᠤ ᠴᠢᠳᠠᠮᠵᠢ ᠶᠢ ᠥᠭᠡᠷᠡᠴᠢᠯᠡᠨ ᠳᠡᠭᠡᠭᠰᠢᠯᠡᠭᠦᠯᠬᠦ ᠶᠢ ᠭᠦᠢᠴᠡᠳ ᠪᠣᠳᠣᠯᠬᠢᠯᠠᠵᠤ᠂ ᠭᠠᠷᠠᠮ ᠤᠨ | ᠠᠶᠠᠨᠴᠢᠳ ᠤᠨ ᠲᠡᠭᠡᠭᠡᠪᠦᠷᠢ ᠶᠢᠨ ᠲᠠᠯᠠᠪᠤᠷ ᠥᠷᠲᠡᠭᠡ ᠶᠢᠨ ᠲᠥᠯᠦᠪᠵᠢᠭᠦᠯᠭᠡ ᠶᠢᠨ ᠬᠡᠷᠡᠭᠴᠡᠭᠡ ᠶᠢ | ᠰᠢᠯᠢᠳᠡᠭᠵᠢᠭᠦᠯᠬᠦ ᠶᠢ ᠳᠡᠮᠵᠢᠵᠦ᠂ ᠶᠡᠷᠦᠩᠬᠡᠶᠢᠯᠡᠨ ᠨᠡᠭᠡᠭᠡᠨ ᠠᠰᠢᠭᠯᠠᠬᠤ ᠶᠢ ᠬᠡᠷᠡᠭᠵᠢᠭᠦᠯᠦᠨ᠎ᠡ᠃ | ︵ᠶᠢᠰᠦ︶ ᠰᠤᠯᠠ ᠪᠠᠶᠢᠭ᠎ᠠ ᠦᠷ᠎ᠡ ᠠᠰᠢᠭ ᠢᠶᠠᠷ ᠳᠣᠣᠷ᠎ᠠ ᠡᠳ᠋ ᠬᠥᠷᠥᠩᠭᠡ ᠶᠢᠨ ᠥᠷᠲᠡᠭ ᠢ ᠠᠭᠤᠳᠠᠯᠤᠨ᠎ᠠ᠃ | ᠰᠤᠯᠠ ᠪᠠᠶᠢᠭ᠎ᠠ ᠦᠷ᠎ᠡ ᠠᠰᠢᠭ ᠢᠶᠠᠷ ᠳᠣᠣᠷ᠎ᠠ ᠡᠳ᠋ ᠬᠥᠷᠥᠩᠭᠡ ᠶᠢ ᠥᠭᠡᠷᠡᠴᠢᠯᠡᠬᠦ ᠪᠠ ᠬᠡᠯᠪᠡᠷᠢ ᠪᠠᠨ | ᠬᠤᠪᠢᠷᠠᠭᠤᠯᠬᠤ ᠶᠢ ᠠᠬᠢᠭᠤᠯᠵᠤ᠂ ᠲᠥᠯᠦᠪᠵᠢᠭᠦᠯᠭᠡ ᠶᠢᠨ ᠬᠡᠷᠡᠭᠴᠡᠭᠡ ᠪᠠ ᠨᠡᠭᠡᠭᠡᠨ ᠬᠥᠭᠵᠢᠭᠦᠯᠬᠦ ᠬᠦᠴᠦᠯᠡᠴᠡ ᠶᠢ | ᠬᠠᠤᠯᠢ ᠲᠣᠭᠲᠠᠭᠠᠯ ᠶᠣᠰᠣᠭᠠᠷ ᠵᠦᠢ ᠵᠣᠬᠢᠰᠲᠠᠢ ᠲᠣᠬᠢᠷᠠᠭᠤᠯᠤᠨ᠂ ᠰᠢᠨ᠎ᠡ ᠶᠢ ᠡᠭᠦᠳᠴᠦ ᠰᠤᠳᠤᠯᠤᠨ ᠨᠡᠭᠡᠭᠡᠬᠦ᠂ | ᠡᠷᠡᠭᠦᠯ ᠬᠠᠮᠠᠭᠠᠯᠠᠯ ᠡᠷᠡᠭᠦᠯ ᠮᠡᠨᠳᠦ᠂ ᠨᠠᠰᠤᠵᠢᠯ ᠤᠨ ᠠᠰᠠᠷᠠᠮᠵᠢ ᠨᠠᠶᠢᠳᠠᠨ ᠬᠥᠮᠥᠵᠢᠭᠦᠯᠬᠦ᠂ ᠪᠡᠶ᠎ᠡ ᠶᠢᠨ ᠲᠠᠮᠢᠷ ᠤᠨ | ᠪᠡᠶ᠎ᠡ ᠴᠢᠭᠢᠷᠠᠭᠵᠢᠭᠤᠯᠤᠯᠲᠠ᠂ ᠰᠡᠯᠡᠭᠦᠴᠡᠯ ᠵᠢᠭᠤᠯᠴᠢᠯᠠᠯ᠂ ᠨᠡᠶᠢᠭᠡᠮ ᠲᠣᠭᠤᠷᠢᠭ ᠤᠨ ᠦᠢᠯᠡᠴᠢᠯᠡᠭᠡᠨ ᠪᠤᠶᠤ | ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠪᠣᠯᠭᠠᠬᠤ ᠵᠡᠷᠭᠡ ᠰᠢᠨ᠎ᠡ ᠴᠢᠳᠠᠮᠵᠢ ᠶᠢ ᠨᠡᠭᠡᠭᠡᠨ | ᠬᠥᠭᠵᠢᠭᠦᠯᠵᠦ ᠬᠡᠷᠡᠭᠯᠡᠨ᠎ᠡ᠃ ᠮᠥᠩᠭᠦᠨ ᠭᠦᠢᠯᠭᠡᠭᠡᠨ ᠤ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠺᠣᠮᠫᠠᠨᠢ᠂ | ᠮᠥᠩᠭᠦᠨ ᠭᠦᠢᠯᠭᠡᠭᠡᠨ ᠤ ᠡᠳ᠋ ᠬᠥᠷᠥᠩᠭᠡ ᠶᠢᠨ ᠪᠡᠯᠡ ᠣᠷᠣᠭᠤᠯᠤᠯᠲᠠ ᠶᠢᠨ ᠺᠣᠮᠫᠠᠨᠢ ᠵᠢᠴᠢ ᠤᠯᠤᠰ ᠤᠨ | ᠥᠮᠴᠢᠯᠡᠯᠲᠦ ᠡᠳ᠋ ᠬᠥᠷᠥᠩᠭᠡ ᠶᠢᠨ ᠪᠡᠯᠡ ᠣᠷᠣᠭᠤᠯᠤᠯᠲᠠ ᠶᠢ ᠳᠡᠮᠵᠢᠵᠦ᠂ ᠡᠵᠡᠩᠨᠡᠯᠲᠡ ᠶᠢᠨ ᠺᠣᠮᠫᠠᠨᠢ ᠨᠢ ᠡᠷᠡᠭᠦᠯ | ᠪᠤᠰᠤ ᠡᠳ᠋ ᠬᠥᠷᠥᠩᠭᠡ ᠶᠢ ᠬᠤᠳᠠᠯᠳᠤᠨ ᠠᠪᠴᠤ ᠰᠢᠢᠳᠪᠦᠷᠢᠯᠡᠬᠦ᠂ ᠦᠨᠡᠨ ᠪᠣᠳᠠᠲᠠᠢ ᠪᠠᠷ ᠳᠠᠬᠢᠨ ᠵᠣᠬᠢᠶᠠᠨ | ᠪᠠᠶᠢᠭᠤᠯᠬᠤ᠂ ᠵᠠᠬ᠎ᠠ ᠳᠡᠯᠭᠡᠭᠦᠷᠴᠢᠯᠡᠭᠰᠡᠨ ᠠᠪᠴᠠᠭᠠᠨ ᠤ ᠡᠷᠬᠡ ᠶᠢ ᠰᠲ᠋ᠣᠺ ᠪᠣᠯᠭᠠᠨ ᠬᠤᠪᠢᠷᠠᠭᠤᠯᠬᠤ ᠵᠡᠷᠭᠡ ᠠᠷᠭ᠎ᠠ | ᠮᠠᠶ᠋ᠢᠭ ᠢᠶᠠᠷ ᠰᠤᠯᠠ ᠪᠠᠶᠢᠭ᠎ᠠ ᠦᠷ᠎ᠡ ᠠᠰᠢᠭ ᠢᠶᠠᠷ ᠳᠣᠣᠷ᠎ᠠ ᠡᠳ᠋ ᠬᠥᠷᠥᠩᠭᠡ ᠶᠢ ᠠᠮᠢᠳᠤᠯᠢᠭ ᠪᠣᠯᠭᠠᠨ᠎ᠠ᠃ | ︵ᠠᠷᠪᠠ︶ ᠨᠡᠶᠢᠯᠡᠭᠦᠯᠵᠦ ᠳᠠᠬᠢᠨ ᠵᠣᠬᠢᠶᠠᠨ ᠪᠠᠶᠢᠭᠤᠯᠬᠤ ᠵᠡᠷᠭᠡ ᠪᠤᠰᠤᠳ ᠠᠮᠢᠳᠤᠯᠢᠭ ᠠᠷᠭ᠎ᠠ ᠮᠠᠶ᠋ᠢᠭ ᠢ | ᠳᠡᠮᠵᠢᠨ᠎ᠡ᠃ ᠡᠳ᠋ ᠬᠥᠷᠥᠩᠭᠡ ᠶᠢ ᠲᠡᠮᠳᠡᠭᠵᠢᠭᠦᠯᠬᠦ ᠵᠡᠷᠭᠡ ᠵᠠᠬ᠎ᠠ ᠳᠡᠯᠭᠡᠭᠦᠷᠴᠢᠯᠡᠬᠦ ᠠᠷᠭ᠎ᠠ ᠮᠠᠶ᠋ᠢᠭ ᠢᠶᠠᠷ ᠳᠠᠮᠵᠢᠭᠤᠯᠤᠨ | ᠦᠯᠡᠳᠡᠭᠡᠯ ᠡᠳ᠋ ᠬᠥᠷᠥᠩᠭᠡ ᠶᠢ ᠠᠮᠢᠳᠤᠯᠢᠭ ᠪᠣᠯᠭᠠᠬᠤ ᠶᠢ ᠢᠳᠡᠪᠬᠢᠲᠡᠢ ᠪᠠᠷ ᠬᠠᠶᠢᠨ ᠰᠦᠪᠡᠭᠴᠢᠯᠡᠨ᠎ᠡ᠃ | ᠮᠣᠨᠣᠫᠣᠯᠢᠴᠢᠯᠠᠯ ᠢ ᠡᠰᠡᠷᠭᠦᠴᠡᠬᠦ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠳᠤ ᠨᠡᠶᠢᠴᠡᠭᠰᠡᠨ ᠤᠷᠢᠲᠠᠯ ᠳᠣᠣᠷ᠎ᠠ᠂ | ᠠᠵᠢᠯ ᠲᠥᠷᠥᠯ ᠤᠨ ᠬᠥᠲᠥᠴᠢ ᠠᠵᠤ ᠠᠬᠤᠶᠢᠯᠠᠯ ᠤᠨ ᠨᠡᠶᠢᠯᠡᠭᠦᠯᠵᠦ ᠳᠠᠬᠢᠨ ᠵᠣᠬᠢᠶᠠᠨ ᠪᠠᠶᠢᠭᠤᠯᠬᠤ᠂ ᠥᠮᠴᠢᠯᠡᠬᠦ | ᠡᠷᠬᠡ ᠶᠢ ᠰᠢᠯᠵᠢᠭᠦᠯᠦᠨ ᠥᠭᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠦᠯᠡᠳᠡᠭᠡᠯ ᠡᠳ᠋ ᠬᠥᠷᠥᠩᠭᠡ ᠶᠢ | ᠰᠢᠯᠢᠳᠡᠭᠵᠢᠭᠦᠯᠦᠨ ᠡᠮᠬᠢᠯᠡᠨ ᠨᠡᠶᠢᠯᠡᠭᠦᠯᠬᠦ ᠶᠢ ᠴᠢᠩᠭᠠᠳᠬᠠᠵᠤ᠂ ᠡᠳ᠋ ᠬᠥᠷᠥᠩᠭᠡ ᠶᠢᠨ ᠶᠠᠰᠤ ᠴᠢᠨᠠᠷ ᠪᠠ ᠬᠡᠪᠴᠢᠶᠡᠲᠦ | ᠦᠷ᠎ᠡ ᠠᠰᠢᠭ ᠢ ᠳᠡᠭᠡᠭᠰᠢᠯᠡᠭᠦᠯᠬᠦ ᠶᠢ ᠵᠣᠷᠢᠭᠵᠢᠭᠤᠯᠤᠨ᠎ᠠ᠃ ᠬᠤᠯᠢᠮᠠᠭ ᠥᠮᠴᠢᠯᠡᠯ ᠤᠨ ᠳᠦᠷᠢᠮ ᠤᠨ | ᠥᠭᠡᠷᠡᠴᠢᠯᠡᠯᠲᠡ ᠪᠠᠷ ᠳᠠᠮᠵᠢᠭᠤᠯᠤᠨ᠂ ᠪᠠᠶᠢᠯᠳᠤᠬᠤ ᠪᠣᠳᠣᠯᠭ᠎ᠠ ᠶᠢᠨ ᠪᠡᠯᠡ ᠣᠷᠣᠭᠤᠯᠤᠯᠲᠠ ᠶᠢᠨ ᠲᠠᠯ᠎ᠠ ᠪᠠ ᠲᠤᠰᠬᠠᠢ | ᠡᠵᠡᠩᠨᠡᠯᠲᠡ ᠶᠢᠨ ᠬᠠᠮᠢᠶᠠᠷᠤᠯᠲᠠ ᠶᠢᠨ ᠪᠠᠶᠢᠭᠤᠯᠤᠮᠵᠢ ᠵᠡᠷᠭᠡ ᠶᠢ ᠣᠷᠣᠭᠤᠯᠤᠨ ᠠᠪᠴᠢᠷᠠᠵᠤ᠂ ᠦᠯᠡᠳᠡᠭᠡᠯ ᠡᠳ᠋ | ᠬᠥᠷᠥᠩᠭᠡ ᠶᠢᠨ ᠲᠥᠷᠥᠯ ᠵᠦᠢᠯ ᠤᠨ ᠡᠵᠡᠩᠨᠡᠯᠲᠡ ᠬᠠᠮᠢᠶᠠᠷᠤᠯᠲᠠ ᠶᠢᠨ ᠴᠢᠳᠠᠪᠤᠷᠢ ᠶᠢ ᠳᠡᠭᠡᠭᠰᠢᠯᠡᠭᠦᠯᠦᠨ᠎ᠡ᠃ | ᠭᠤᠷᠪᠠ᠂ ᠦᠯᠡᠳᠡᠭᠡᠯ ᠡᠳ᠋ ᠬᠥᠷᠥᠩᠭᠡ ᠶᠢᠨ ᠠᠮᠢᠳᠤᠯᠢᠭ ᠪᠤᠯᠭᠠᠬᠤ ᠲᠥᠷᠥ ᠶᠢᠨ ᠪᠣᠳᠣᠯᠭ᠎ᠠ ᠶᠢᠨ | ᠳᠡᠮᠵᠢᠯᠭᠡ ᠶᠢ ᠨᠡᠮᠡᠭᠳᠡᠭᠦᠯᠦᠨ᠎ᠡ | ︵ᠠᠷᠪᠠᠨ ᠨᠢᠭᠡ︶ ᠲᠥᠷᠥᠯ ᠵᠦᠢᠯ ᠤᠨ ᠠᠮᠢᠳᠤᠯᠢᠭ ᠪᠣᠯᠭᠠᠵᠤ ᠨᠥᠬᠦᠴᠡᠯ ᠢ ᠢᠳᠡᠪᠬᠢᠲᠡᠢ | ᠨᠠᠶᠢᠳᠠᠪᠤᠷᠢᠵᠢᠭᠤᠯᠤᠨ᠎ᠠ᠃ ᠦᠯᠡᠳᠡᠭᠡᠯ ᠡᠳ᠋ ᠬᠥᠷᠥᠩᠭᠡ ᠶᠢᠨ ᠲᠥᠷᠥᠯ ᠵᠦᠢᠯ ᠤᠨ ᠪᠣᠳᠠᠲᠠᠢ ᠪᠠᠶᠢᠳᠠᠯ ᠳᠤ | ᠴᠢᠭᠯᠡᠭᠦᠯᠦᠨ᠂ ᠡᠯ᠎ᠡ ᠵᠦᠢᠯ ᠤᠨ ᠠᠮᠢᠳᠤᠯᠢᠭ ᠪᠣᠯᠭᠠᠵᠤ ᠨᠥᠬᠦᠴᠡᠯ ᠢ ᠲᠥᠷᠥᠯ ᠬᠤᠪᠢᠶᠠᠨ ᠨᠠᠶᠢᠳᠠᠪᠤᠷᠢᠵᠢᠭᠤᠯᠤᠨ᠎ᠠ᠃ | ᠥᠮᠴᠢᠯᠡᠯ ᠤᠨ ᠡᠷᠬᠡ ᠨᠢ ᠲᠣᠳᠣᠷᠬᠠᠢ ᠦᠭᠡᠢ ᠲᠥᠷᠥᠯ ᠵᠦᠢᠯ ᠳᠤ᠂ ᠬᠠᠤᠯᠢ ᠲᠣᠭᠲᠠᠭᠠᠯ ᠶᠣᠰᠣᠭᠠᠷ ᠥᠮᠴᠢᠯᠡᠯ ᠤᠨ | ᠡᠷᠬᠡ ᠶᠢᠨ ᠬᠠᠷᠢᠴᠠᠭ᠎ᠠ ᠶᠢ ᠰᠢᠯᠤᠭᠤᠳᠬᠠᠵᠤ᠂ ᠥᠮᠴᠢᠯᠡᠯ ᠤᠨ ᠡᠷᠬᠡ ᠶᠢᠨ ᠵᠠᠭᠠᠭ ᠬᠢᠵᠠᠭᠠᠷ ᠢ ᠪᠡᠶᠡᠯᠡᠭᠦᠯᠦᠨ᠂ | ᠬᠤᠯᠪᠣᠭᠳᠡᠯ ᠪᠦᠬᠦᠢ ᠥᠮᠴᠢᠯᠡᠯ ᠤᠨ ᠡᠷᠬᠡ ᠶᠢᠨ ᠳᠠᠩᠰᠠᠯᠠᠯᠲᠠ ᠶᠢ ᠭᠦᠢᠴᠡᠳᠬᠡᠬᠦ ᠶᠢ ᠲᠦᠷᠭᠡᠳᠬᠡᠨ᠎ᠡ᠃ ᠲᠥᠷᠥᠯ | ᠵᠦᠢᠯ ᠤᠨ ᠡᠮᠦᠨᠡᠬᠢ ᠬᠤᠭᠤᠴᠠᠭᠠᠨ ᠤ ᠠᠵᠢᠯ ᠤᠨ ᠭᠠᠷᠳᠠᠮ ᠨᠢ ᠪᠦᠷᠢᠨ ᠭᠦᠢᠴᠡᠳ ᠪᠤᠰᠤ ᠲᠥᠷᠥᠯ ᠵᠦᠢᠯ ᠳᠤ᠂ | ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠬᠠᠮᠢᠶ᠎ᠠ ᠪᠦᠬᠦᠢ ᠭᠠᠷᠳᠠᠮ ᠢ ᠨᠥᠬᠦᠨ ᠭᠦᠢᠴᠡᠳᠬᠡᠵᠦ᠂ ᠪᠠᠷᠢᠯᠭ᠎ᠠ | ᠳᠠᠭᠤᠰᠤᠭᠰᠠᠨ ᠢ ᠰᠢᠯᠭᠠᠨ ᠠᠪᠬᠤ᠂ ᠰᠦᠢᠳᠬᠡᠯ ᠬᠤᠷᠢᠶᠠᠬᠤ ᠪᠠᠷᠢᠮᠵᠢᠶ᠎ᠠ ᠶᠢ ᠬᠢᠨᠠᠨ ᠲᠣᠭᠲᠠᠭᠠᠬᠤ ᠵᠡᠷᠭᠡ ᠲᠠᠰ | ᠳᠠᠷᠠᠭᠠᠯᠠᠯ ᠢ ᠲᠦᠷᠭᠡᠳᠬᠡᠨ ᠭᠦᠢᠴᠡᠳᠬᠡᠨ᠎ᠡ᠃ ᠲᠥᠷᠥᠯ ᠵᠦᠢᠯ ᠢ ᠠᠮᠢᠳᠤᠯᠢᠭ ᠪᠣᠯᠭᠠᠬᠤ ᠶᠠᠪᠤᠴᠠ ᠳᠤ | ᠲᠤᠯᠭᠠᠷᠠᠭᠰᠠᠨ ᠬᠦᠴᠢᠷ ᠠᠰᠠᠭᠤᠳᠠᠯ ᠳᠤ᠂ ᠵᠦᠢ ᠵᠣᠬᠢᠰᠲᠠᠢ ᠰᠢᠢᠳᠪᠦᠷᠢᠯᠡᠬᠦ ᠲᠥᠰᠥᠯ ᠢ ᠰᠦᠪᠡᠭᠴᠢᠯᠡᠨ | ᠲᠣᠭᠲᠠᠭᠠᠬᠤ ᠶᠢᠨ ᠬᠠᠮᠲᠤ ᠨᠠᠶᠢᠳᠠᠪᠤᠷᠢᠵᠢᠭᠤᠯᠤᠯᠲᠠ ᠶᠢ ᠢᠳᠡᠪᠬᠢᠲᠡᠢ ᠪᠠᠷ ᠲᠦᠯᠬᠢᠨ ᠠᠬᠢᠭᠤᠯᠤᠨ᠎ᠠ᠃ | ︵ᠠᠷᠪᠠᠨ ᠬᠤᠶᠠᠷ︶ ᠲᠥᠷᠥᠯ ᠵᠦᠢᠯ ᠤᠨ ᠠᠰᠢᠭ ᠣᠷᠣᠯᠭ᠎ᠠ ᠶᠢᠨ ᠬᠢᠷᠢ ᠬᠡᠮᠵᠢᠶ᠎ᠡ ᠶᠢ ᠪᠦᠲᠦᠮᠵᠢᠲᠡᠶ | ᠳᠡᠭᠡᠭᠰᠢᠯᠡᠭᠦᠯᠦᠨ᠎ᠡ᠃ ᠤᠯᠠᠨ ᠨᠡᠶᠢᠲᠡ ᠶᠢᠨ ᠦᠢᠯᠡᠴᠢᠯᠡᠭᠡ ᠪᠠ ᠤᠯᠠᠨ ᠨᠡᠶᠢᠲᠡ ᠶᠢᠨ ᠦᠢᠯᠡᠳᠬᠦᠨ ᠤ ᠦᠨ᠎ᠡ | ᠬᠠᠩᠰᠢ ᠶᠢ ᠬᠥᠳᠡᠯᠦᠩᠭᠦᠢ ᠪᠠᠷ ᠲᠣᠬᠢᠷᠠᠭᠤᠯᠬᠤ ᠲᠣᠭᠲᠠᠴᠠ ᠶᠢ ᠲᠡᠭᠦᠯᠳᠡᠷᠵᠢᠭᠦᠯᠵᠦ᠂ ᠪᠣᠬᠢᠷ ᠤᠰᠤ ᠶᠢ | ᠰᠢᠢᠳᠪᠦᠷᠢᠯᠡᠬᠦ ᠰᠦᠢᠳᠬᠡᠯ ᠬᠤᠷᠢᠶᠠᠬᠤ ᠪᠠᠷᠢᠮᠵᠢᠶ᠎ᠠ ᠶᠢ ᠬᠠᠤᠯᠢ ᠲᠣᠭᠲᠠᠭᠠᠯ ᠶᠣᠰᠣᠭᠠᠷ ᠵᠢᠷᠤᠮ ᠶᠣᠰᠣᠭᠠᠷ ᠵᠦᠢ | ᠵᠣᠬᠢᠰᠲᠠᠢ ᠲᠣᠬᠢᠷᠠᠭᠤᠯᠵᠤ᠂ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ | ᠣᠷᠳᠣᠨ ᠤ ᠠᠮᠢᠳᠤᠷᠠᠯ ᠤᠨ ᠬᠤᠭ ᠨᠣᠪᠰᠢ ᠶᠢ ᠰᠢᠢᠳᠪᠦᠷᠢᠯᠡᠬᠦ ᠰᠦᠢᠳᠬᠡᠯ ᠬᠤᠷᠢᠶᠠᠬᠤ ᠳᠦᠷᠢᠮ ᠢ ᠪᠠᠶᠢᠭᠤᠯᠤᠨ | ᠲᠡᠭᠦᠯᠳᠡᠷᠵᠢᠭᠦᠯᠬᠦ ᠶᠢ ᠲᠦᠯᠬᠢᠨ ᠠᠬᠢᠭᠤᠯᠤᠨ᠎ᠠ᠃ ᠪᠡᠯᠡ ᠣᠷᠣᠭᠤᠯᠵᠤ ᠪᠡᠯᠡ ᠲᠣᠬᠢᠷᠠᠭᠤᠯᠬᠤ ᠪᠠᠶᠢᠭᠤᠯᠤᠯ ᠯᠤᠭ᠎ᠠ | ᠲᠣᠬᠢᠷᠠᠯᠴᠠᠭᠰᠠᠨ ᠤᠰᠤᠨ ᠠᠰᠢᠭᠯᠠᠯᠲᠠ ᠶᠢᠨ ᠪᠠᠷᠢᠯᠭ᠎ᠠ ᠶᠢᠨ ᠤᠰᠤᠨ ᠤ ᠦᠨ᠎ᠡ ᠶᠢᠨ ᠪᠦᠷᠢᠯᠳᠦᠬᠦ ᠲᠣᠭᠲᠠᠴᠠ ᠶᠢ | ᠪᠠᠶᠢᠭᠤᠯᠤᠨ ᠲᠡᠭᠦᠯᠳᠡᠷᠵᠢᠭᠦᠯᠵᠦ᠂ ᠤᠰᠤᠨ ᠤ ᠡᠬᠢ ᠪᠠᠶᠠᠯᠢᠭ ᠢ ᠠᠷᠪᠢᠯᠠᠨ ᠠᠰᠢᠭᠯᠠᠬᠤ ᠪᠠ ᠤᠰᠤᠨ | ᠠᠰᠢᠭᠯᠠᠯᠲᠠ ᠶᠢᠨ ᠪᠠᠷᠢᠯᠭ᠎ᠠ ᠶᠢᠨ ᠰᠠᠶᠢᠨ ᠠᠵᠢᠯᠯᠠᠭᠠᠨ ᠢ ᠠᠬᠢᠭᠤᠯᠤᠨ᠎ᠠ᠃ ᠪᠦᠬᠦᠯᠢ ᠴᠣᠭᠴᠠ ᠶᠢᠨ ᠠᠰᠢᠭ | ᠣᠷᠣᠯᠭ᠎ᠠ ᠶᠢᠨ ᠬᠢᠷᠢ ᠬᠡᠮᠵᠢᠶ᠎ᠡ ᠪᠠᠷ ᠨᠡᠯᠢᠶᠡᠳ ᠳᠣᠣᠷ᠎ᠠ ᠪᠠᠶᠢᠭ᠎ᠠ ᠦᠯᠡᠳᠡᠭᠡᠯ ᠡᠳ᠋ ᠬᠥᠷᠥᠩᠭᠡ ᠶᠢᠨ ᠲᠥᠷᠥᠯ | ᠵᠦᠢᠯ ᠳᠤ ᠵᠠᠬ᠎ᠠ ᠳᠡᠯᠭᠡᠭᠦᠷᠴᠢᠯᠡᠨ ᠡᠵᠡᠩᠨᠡᠬᠦ ᠲᠣᠭᠲᠠᠴᠠ ᠶᠢ ᠲᠡᠭᠦᠯᠳᠡᠷᠵᠢᠭᠦᠯᠵᠦ᠂ ᠲᠥᠷᠥᠯ ᠵᠦᠢᠯ ᠤᠨ ᠠᠰᠢᠭ | ᠣᠷᠣᠯᠭ᠎ᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠂ ᠡᠳ᠋ ᠬᠥᠷᠥᠩᠭᠡ ᠶᠢ ᠳᠠᠬᠢᠨ ᠵᠣᠬᠢᠶᠠᠨ ᠪᠠᠶᠢᠭᠤᠯᠬᠤ ᠶᠢ | ᠳᠡᠮᠵᠢᠵᠦ᠂ ᠦᠯᠡᠳᠡᠭᠡᠯ ᠡᠳ᠋ ᠬᠥᠷᠥᠩᠭᠡ ᠶᠢ ᠠᠮᠢᠳᠤᠯᠢᠭ ᠪᠣᠯᠭᠠᠬᠤ ᠳᠤ ᠨᠥᠬᠦᠴᠡᠯ ᠡᠭᠦᠳᠴᠦ ᠥᠭᠭᠦᠨ᠎ᠡ᠃ ᠡᠳ᠋ | ᠬᠥᠷᠥᠩᠭᠡ ᠶᠢ ᠵᠦᠢ ᠵᠣᠬᠢᠰᠲᠠᠢ ᠪᠠᠷ ᠨᠡᠶᠢᠯᠡᠭᠦᠯᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠳᠡᠰᠯᠡᠬᠦ ᠨᠡᠶᠢᠲᠡ ᠶᠢᠨ | ᠠᠰᠠᠷᠠᠮᠵᠢ ᠶᠢᠨ ᠴᠢᠨᠠᠷᠲᠠᠢ᠂ ᠡᠵᠡᠩᠨᠡᠯᠲᠡ ᠶᠢᠨ ᠴᠢᠨᠠᠷᠲᠠᠢ ᠲᠥᠷᠥᠯ ᠵᠦᠢᠯ ᠢ ᠪᠣᠭᠤᠳᠠᠯᠯᠠᠬᠤ ᠶᠢ ᠰᠤᠳᠤᠯᠵᠤ᠂ ᠡᠳ᠋ | ᠬᠥᠷᠥᠩᠭᠡ ᠶᠢᠨ ᠲᠠᠲᠠᠬᠤ ᠬᠦᠴᠦᠨ ᠢ ᠳᠡᠭᠡᠭᠰᠢᠯᠡᠭᠦᠯᠦᠨ᠎ᠡ᠃ | ︵ᠠᠷᠪᠠᠨ ᠭᠤᠷᠪᠠ︶ ᠲᠥᠯᠦᠪᠵᠢᠭᠦᠯᠭᠡ ᠪᠠ ᠭᠠᠵᠠᠷ ᠰᠢᠷᠣᠢ ᠬᠡᠷᠡᠭᠯᠡᠬᠦ ᠲᠡᠯᠡᠶ ᠶᠢᠨ ᠣᠷᠣᠨ ᠢ ᠬᠡᠷᠡᠭᠯᠡᠬᠦ | ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠦᠨ᠎ᠡ᠃ ᠠᠮᠢᠳᠤᠯᠢᠭ ᠪᠣᠯᠭᠠᠬᠤ ᠪᠠᠷ ᠪᠠᠶᠢᠭ᠎ᠠ ᠦᠯᠡᠳᠡᠭᠡᠯ ᠵᠦᠢᠯᠡᠰ ᠤᠨ | ᠲᠥᠯᠦᠪᠵᠢᠭᠦᠯᠭᠡ ᠶᠢ ᠲᠡᠭᠦᠯᠳᠡᠷᠵᠢᠭᠦᠯᠬᠦ᠂ ᠭᠠᠵᠠᠷ ᠬᠡᠷᠡᠭᠯᠡᠬᠦ ᠲᠡᠯᠡᠶ ᠶᠢᠨ ᠣᠷᠣᠨ ᠬᠡᠷᠡᠭᠯᠡᠬᠦ᠂ ᠥᠮᠴᠢᠯᠡᠬᠦ ᠡᠷᠬᠡ ᠶᠢ | ᠳᠠᠩᠰᠠᠯᠠᠬᠤ᠂ ᠭᠠᠵᠠᠷ ᠰᠢᠷᠣᠢ ᠶᠢ ᠬᠡᠰᠡᠭᠯᠡᠬᠦ ᠵᠡᠷᠭᠡ ᠭᠠᠷᠳᠠᠮ ᠢ ᠬᠠᠤᠯᠢ ᠲᠣᠭᠲᠠᠭᠠᠯ ᠶᠣᠰᠣᠭᠠᠷ ᠵᠢᠯᠤᠭᠤᠳᠴᠤ᠂ | ᠭᠠᠵᠠᠷ ᠰᠢᠷᠣᠢ ᠪᠠ ᠲᠡᠯᠡᠶ ᠶᠢᠨ ᠣᠷᠣᠨ ᠢ ᠬᠡᠷᠡᠭᠯᠡᠬᠦ ᠬᠠᠮᠢᠶ᠎ᠠ ᠪᠦᠬᠦᠢ ᠠᠰᠠᠭᠤᠳᠠᠯ ᠢ ᠢᠳᠡᠪᠬᠢᠲᠡᠢ ᠪᠠᠷ ᠬᠠᠮᠵᠢᠨ | ᠲᠣᠬᠢᠲᠠᠢ ᠰᠢᠢᠳᠪᠦᠷᠢᠯᠡᠵᠦ᠂ ᠭᠠᠷᠳᠠᠮ ᠢ ᠭᠦᠢᠴᠡᠳᠬᠡᠬᠦ ᠪᠤᠶᠤ ᠭᠡᠷᠡᠴᠢ ᠭᠠᠷᠭᠠᠬᠤ ᠳᠤ ᠬᠤᠯᠪᠣᠭᠳᠠᠭᠰᠠᠨ ᠢ ᠨᠢ | ᠢᠳᠡᠪᠬᠢᠲᠡᠢ ᠪᠠᠷ ᠳᠡᠮᠵᠢᠨ᠎ᠡ᠃ ᠤᠷᠢᠳᠠᠪᠠᠷ ᠲᠥᠯᠥᠪᠵᠢᠭᠦᠯᠵᠦ ᠳᠠᠷᠠᠭ᠎ᠠ ᠨᠢ ᠪᠦᠲᠦᠭᠡᠨ ᠪᠠᠶᠢᠭᠤᠯᠬᠤ ᠶᠢ ᠪᠠᠷᠢᠮᠲᠠᠯᠠᠵᠤ | ᠂ ᠦᠯᠡᠳᠡᠭᠡᠯ ᠡᠳ᠋ ᠬᠥᠷᠥᠩᠭᠡ ᠵᠢᠠᠮᠢᠳᠤᠯᠢᠭ ᠪᠣᠯᠭᠠᠬᠤ ᠶᠠᠪᠤᠴᠠ ᠳᠤ ᠬᠤᠯᠪᠣᠭᠳᠡᠯ ᠪᠦᠬᠦᠢ ᠲᠥᠯᠦᠪᠵᠢᠭᠦᠯᠭᠡ ᠪᠤᠶᠤ | ᠭᠠᠵᠠᠷ ᠰᠢᠷᠣᠢ᠂ ᠲᠡᠯᠡᠶ ᠶᠢᠨ ᠣᠷᠣᠨ ᠤ ᠬᠡᠷᠡᠭᠯᠡᠯᠲᠡ ᠳᠤ ᠦᠨᠡᠨᠬᠦ ᠲᠣᠬᠢᠷᠠᠭᠤᠯᠤᠯᠲᠠ ᠬᠢᠬᠦ ᠴᠢᠬᠤᠯᠠᠲᠠᠢ ᠪᠠᠶᠢᠪᠠᠯ᠂ | ᠲᠥᠯᠦᠪᠵᠢᠭᠦᠯᠭᠡ ᠶᠢᠨ ᠬᠡᠷᠡᠭᠵᠢᠭᠦᠯᠦᠯᠲᠡ ᠶᠢᠨ ᠦᠨᠡᠯᠡᠨ ᠵᠢᠱᠢᠯᠲᠡ ᠶᠢ ᠭᠦᠢᠴᠡᠳ ᠥᠷᠨᠢᠭᠦᠯᠵᠦ᠂ ᠬᠠᠮᠢᠶ᠎ᠠ ᠪᠦᠬᠦᠢ | ᠲᠠᠰ ᠳᠠᠷᠠᠭᠠᠯᠠᠯ ᠢ ᠬᠠᠤᠯᠢ ᠲᠣᠭᠲᠠᠭᠠᠯ ᠶᠣᠰᠣᠭᠠᠷ ᠭᠦᠢᠴᠡᠳᠬᠡᠵᠦ᠂ ᠭᠠᠵᠠᠷ ᠰᠢᠷᠣᠢ᠂ ᠲᠡᠯᠡᠶ ᠶᠢᠨ ᠣᠷᠣᠨ ᠤ | ᠬᠡᠷᠡᠭᠯᠡᠯᠲᠡ ᠶᠢᠨ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠪᠠ ᠤᠯᠤᠰ ᠤᠨ ᠭᠠᠵᠠᠷ ᠰᠢᠷᠣᠢ ᠶᠢᠨ | ᠣᠷᠣᠨ ᠵᠠᠢ ᠶᠢᠨ ᠬᠡᠷᠡᠭᠯᠡᠯᠲᠡ ᠶᠢᠨ ᠵᠠᠬᠢᠷᠤᠨ ᠬᠠᠮᠢᠶᠠᠷᠬᠤ ᠱᠠᠭᠠᠷᠳᠠᠯᠭ᠎ᠠ ᠳᠤ ᠨᠡᠶᠢᠴᠡᠬᠦ ᠶᠢ ᠦᠨᠡᠨᠬᠦ ᠪᠠᠲᠤᠯᠠᠬᠤ | ᠬᠡᠷᠡᠭᠲᠡᠢ᠃ | ︵ᠠᠷᠪᠠᠨ ᠳᠥᠷᠪᠡ︶ ᠡᠳ᠋ ᠤᠨ ᠵᠠᠰᠠᠭ ᠭᠠᠶᠢᠯᠢ ᠮᠥᠩᠭᠦᠨ ᠭᠦᠢᠯᠭᠡᠭᠡᠨ ᠤ ᠲᠥᠷᠥ ᠶᠢᠨ ᠪᠣᠳᠣᠯᠭ᠎ᠠ ᠶᠢ | ᠨᠠᠶᠢᠳᠠᠪᠤᠷᠢᠵᠢᠭᠤᠯᠬᠤ ᠬᠡᠷᠡᠭᠲᠡᠢ᠃ ᠰᠠᠭᠤᠷᠢ ᠲᠥᠬᠦᠭᠡᠷᠦᠮᠵᠢ ᠶᠢᠨ REITs ᠢ ᠨᠠᠷᠢᠨ ᠨᠢᠮᠪᠠᠢ ᠳᠡᠮᠵᠢᠬᠦ | ᠬᠤᠯᠪᠣᠭᠳᠠᠯ ᠪᠦᠬᠦᠢ ᠭᠠᠶᠢᠯᠢ ᠲᠠᠲᠠᠪᠤᠷᠢ ᠶᠢᠨ ᠲᠦᠷᠦ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠎ᠠ᠃ ᠦᠯᠡᠳᠡᠭᠡᠯ | ᠡᠳ᠋ ᠬᠥᠷᠥᠩᠭᠡ ᠶᠢ ᠠᠮᠢᠳᠤᠯᠢᠭ ᠪᠣᠯᠭᠠᠬᠤ ᠨᠥᠬᠦᠴᠡᠯ ᠳᠤ ᠨᠡᠶᠢᠴᠡᠬᠦ᠂ ᠭᠠᠶᠢᠯᠢ ᠲᠤᠰᠢᠶᠠᠬᠤ ᠵᠣᠭᠤᠰ ᠤᠨ | ᠲᠤᠭ᠎ᠠ ᠪᠠᠷ ᠨᠡᠯᠢᠶᠡᠳ ᠶᠡᠭᠡ ᠭᠤᠣᠯᠳᠠᠯᠭ᠎ᠠ ᠲᠠᠢ ᠲᠥᠷᠥᠯ ᠵᠦᠢᠯ ᠳᠤ᠂ ᠡᠯ᠎ᠡ ᠱᠠᠲᠤᠨ ᠤ ᠭᠠᠶᠢᠯᠢ ᠶᠢᠨ ᠶᠠᠪᠤᠳᠠᠯ ᠤᠨ | ᠪᠠᠶᠢᠭᠤᠯᠭ᠎ᠠ ᠨᠢ ᠦᠢᠯᠡᠴᠢᠯᠡᠭᠡ ᠪᠠ ᠤᠬᠠᠭᠤᠯᠭ᠎ᠠ ᠶᠢᠨ ᠠᠵᠢᠯ ᠢ ᠰᠠᠶᠢᠲᠤᠷ ᠬᠢᠵᠦ᠂ ᠠᠵᠤ ᠠᠬᠤᠶᠢᠯᠠᠯ ᠢ | ᠵᠢᠯᠣᠭᠤᠳᠤᠨ ᠬᠠᠤᠯᠢ ᠲᠣᠭᠲᠠᠭᠠᠯ ᠶᠣᠰᠣᠭᠠᠷ ᠭᠠᠶᠢᠯᠢ ᠲᠤᠰᠢᠶᠠᠵᠤ᠂ ᠣᠲᠣ ᠶᠢᠨ ᠬᠡᠷᠡᠭᠵᠢᠭᠦᠯᠵᠦ ᠪᠠᠶᠢᠭ᠎ᠠ ᠭᠠᠶᠢᠯᠢ | ᠲᠠᠲᠠᠪᠤᠷᠢ ᠶᠢᠨ ᠲᠥᠷᠥ ᠶᠢᠨ ᠪᠣᠳᠣᠯᠭ᠎ᠠ ᠶᠢᠨ ᠪᠣᠷᠣ ᠲᠥᠯᠥᠪ ᠤᠨ ᠳᠣᠣᠷ᠎ᠠ ᠦᠯᠡᠳᠡᠭᠡᠯ ᠡᠳ᠋ ᠬᠥᠷᠥᠩᠭᠡ ᠶᠢ | ᠴᠢᠯᠦᠭᠡᠲᠡᠢ ᠪᠣᠯᠭᠠᠬᠤ ᠳᠤ ᠬᠦᠴᠦ ᠨᠡᠮᠡᠷᠢᠯᠡᠨ᠎ᠡ᠃ ᠪᠠᠩᠬᠢ᠂ ᠢᠲᠡᠭᠡᠮᠵᠢ᠂ ᠳᠠᠭᠠᠳᠬᠠᠯ᠂ ᠮᠥᠩᠭᠦᠨ ᠭᠦᠢᠯᠭᠡᠭᠡᠨ ᠤ | ᠡᠳ᠋ ᠬᠥᠷᠥᠩᠭᠡ ᠶᠢᠨ ᠬᠠᠮᠢᠶᠠᠷᠤᠯᠲᠠ᠂ ᠰᠲ᠋ᠣᠺ ᠤᠨ ᠡᠷᠬᠡ ᠶᠢᠨ ᠪᠡᠯᠡ ᠣᠷᠣᠭᠤᠯᠤᠯᠲᠠ ᠶᠢᠨ ᠰᠠᠭᠤᠷᠢ ᠮᠥᠩᠭᠦ ᠵᠡᠷᠭᠡ | ᠪᠠᠶᠢᠭᠤᠯᠤᠮᠵᠢ ᠶᠢ ᠳᠡᠮᠵᠢᠵᠦ᠂ ᠲᠣᠰ ᠲᠣᠰ ᠤᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠤᠨ᠂ ᠵᠠᠬ᠎ᠠ | ᠳᠡᠯᠭᠡᠭᠦᠷᠴᠢᠯᠡᠬᠦ ᠵᠠᠷᠴᠢᠮ ᠶᠣᠰᠣᠭᠠᠷ ᠦᠯᠡᠳᠡᠭᠡᠯ ᠡᠳ᠋ ᠬᠥᠷᠥᠩᠭᠡ ᠶᠢ ᠠᠮᠢᠳᠤᠯᠢᠭ ᠪᠣᠯᠭᠠᠬᠤ ᠳᠤ ᠢᠳᠡᠪᠬᠢᠲᠡᠢ | ᠣᠷᠣᠯᠴᠠᠨ᠎ᠠ᠃ ᠨᠥᠬᠦᠴᠡᠯ ᠳᠤ ᠨᠡᠶᠢᠴᠡᠬᠦ ᠮᠥᠩᠭᠦᠨ ᠭᠦᠢᠯᠭᠡᠭᠡᠨ ᠤ ᠡᠳ᠋ ᠬᠥᠷᠥᠩᠭᠡ ᠶᠢᠨ ᠬᠠᠮᠢᠶᠠᠷᠤᠯᠲᠠ ᠶᠢᠨ | ᠺᠣᠮᠫᠠᠨᠢ᠂ ᠮᠥᠩᠭᠦᠨ ᠭᠦᠢᠯᠭᠡᠭᠡᠨ ᠤ ᠡᠳ᠋ ᠬᠥᠷᠥᠩᠭᠡ ᠶᠢᠨ ᠪᠡᠯᠡ ᠣᠷᠣᠭᠤᠯᠤᠯᠲᠠ ᠶᠢᠨ ᠺᠣᠮᠫᠠᠨᠢ ᠶᠢᠨ ᠵᠢᠭᠡᠯᠡᠯᠭᠡ ᠶᠢᠨ | ᠲᠡᠮᠳᠡᠭᠲᠦ ᠲᠠᠷᠬᠠᠭᠠᠵᠤ ᠪᠡᠯᠡ ᠲᠣᠬᠢᠷᠠᠭᠤᠯᠬᠤ ᠪᠠᠷ ᠳᠠᠮᠵᠢᠭᠤᠯᠤᠨ᠂ ᠥᠷᠢᠲᠦᠯ ᠤᠨ ᠣᠷᠳᠣ ᠬᠤᠭᠤᠴᠠᠭ᠎ᠠ ᠬᠢᠭᠡᠳ | ᠡᠳ᠋ ᠬᠥᠷᠥᠩᠭᠡ ᠶᠢᠨ ᠣᠷᠳᠣ ᠬᠤᠭᠤᠴᠠᠭ᠎ᠠ ᠪᠠᠷ ᠪᠤᠷᠤᠭᠤ ᠲᠣᠬᠢᠷᠠᠭᠤᠯᠬᠤ ᠵᠡᠷᠭᠡ ᠠᠰᠠᠭᠤᠳᠠᠯ ᠢ ᠰᠢᠢᠳᠪᠦᠷᠢᠯᠡᠬᠦ ᠶᠢ | ᠵᠣᠷᠢᠭᠵᠢᠭᠤᠯᠤᠨ᠎ᠠ᠃ ᠪᠡᠯᠡ ᠣᠷᠣᠭᠤᠯᠤᠯᠲᠠ ᠪᠡᠯᠡ ᠲᠣᠬᠢᠷᠠᠭᠤᠯᠭ᠎ᠠ ᠶᠢᠨ ᠬᠠᠮᠲᠤᠷᠠᠯᠴᠠᠭ᠎ᠠ ᠶᠢ ᠵᠣᠯᠭᠠᠭᠤᠯᠬᠤ ᠶᠢ | ᠴᠢᠩᠭᠠᠳᠬᠠᠵᠤ᠂ ᠬᠤᠯᠪᠣᠭᠳᠠᠯ ᠪᠦᠬᠦᠢ ᠮᠥᠩᠭᠦᠨ ᠭᠦᠢᠯᠭᠡᠭᠡᠨ ᠤ ᠪᠠᠶᠢᠭᠤᠯᠤᠮᠵᠢ ᠳᠤ ᠦᠯᠡᠳᠡᠭᠡᠯ ᠡᠳ᠋ | ᠬᠥᠷᠥᠩᠭᠡ ᠶᠢᠨ ᠲᠥᠷᠥᠯ ᠵᠦᠢᠯ ᠢ ᠢᠳᠡᠪᠬᠢᠲᠡᠢ ᠪᠠᠷ ᠲᠠᠨᠢᠯᠴᠠᠭᠤᠯᠬᠤ ᠬᠡᠷᠡᠭᠲᠡᠢ᠃ | ᠳᠥᠷᠪᠡ᠂ ᠡᠭᠡᠭᠦᠯᠦᠨ ᠬᠤᠷᠢᠶᠠᠭᠰᠠᠨ ᠪᠡᠯᠡ ᠮᠥᠩᠭᠦ ᠶᠢ ᠰᠠᠶᠢᠲᠤᠷ ᠬᠡᠷᠡᠭᠯᠡᠵᠦ ᠪᠦᠲᠦᠮᠵᠢᠲᠡᠶ ᠪᠡᠯᠡ | ᠣᠷᠣᠭᠤᠯᠤᠯᠲᠠ ᠶᠢ ᠨᠡᠮᠡᠭᠳᠡᠭᠦᠯᠦᠨ᠎ᠡ | ︵ᠠᠷᠪᠠᠨ ᠲᠠᠪᠤ︶ ᠡᠭᠡᠭᠦᠯᠦᠨ ᠬᠤᠷᠢᠶᠠᠭᠰᠠᠨ ᠪᠡᠯᠡ ᠮᠥᠩᠭᠦ ᠶᠢᠨ ᠬᠡᠷᠡᠭᠯᠡᠯᠲᠡ ᠶᠢ ᠬᠥᠲᠥᠯᠥᠨ ᠵᠢᠯᠤᠭᠤᠳᠴᠤ | ᠰᠠᠶᠢᠲᠤᠷ ᠬᠢᠨ᠎ᠡ᠃ ᠦᠯᠡᠳᠡᠭᠡᠯ ᠡᠳ᠋ ᠬᠥᠷᠥᠩᠭᠡ ᠶᠢ ᠪᠤᠴᠠᠭᠠᠨ ᠬᠤᠷᠢᠶᠠᠬᠤ ᠪᠡᠯᠡ ᠮᠥᠩᠭᠦ ᠶᠢᠨ ᠬᠠᠮᠢᠶᠠᠷᠤᠯᠲᠠ ᠶᠢ | ᠴᠢᠩᠭᠠᠳᠬᠠᠵᠤ᠂ ᠲᠣᠭᠲᠠᠭᠠᠯ ᠶᠣᠰᠣᠭᠠᠷ ᠲᠣᠰ ᠲᠥᠷᠥᠯ ᠵᠦᠢᠯ ᠤᠨ ᠠᠵᠢᠯᠲᠠᠨ ᠠᠵᠢᠯᠴᠢᠨ ᠢ ᠲᠥᠪᠬᠢᠨᠡᠭᠦᠯᠬᠦ᠂ | ᠭᠠᠶᠢᠯᠢ ᠰᠦᠢᠳᠬᠡᠯ ᠲᠤᠰᠢᠶᠠᠬᠤ᠂ ᠥᠷᠢ ᠥᠭᠴᠡᠭᠡ ᠶᠢ ᠳᠥᠯᠥᠬᠦ ᠵᠡᠷᠭᠡ ᠵᠠᠷᠤᠯᠭ᠎ᠠ ᠳᠤ ᠬᠡᠷᠡᠭᠯᠡᠬᠦ ᠠᠴᠠ ᠭᠠᠳᠠᠨ᠎ᠠ᠂ | ᠭᠤᠣᠯᠳᠠᠭᠤ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠶᠢ ᠦᠨᠡᠨᠬᠦ ᠪᠠᠲᠤᠯᠠᠵᠤ᠂ ᠴᠢᠨᠠᠷ | ᠰᠠᠶᠢᠲᠠᠢ ᠡᠳ᠋ ᠬᠥᠷᠥᠩᠭᠡ ᠶᠢ ᠪᠣᠶ ᠪᠣᠯᠭᠠᠬᠤ ᠬᠡᠷᠡᠭᠲᠡᠢ᠃ ᠬᠥᠷᠥᠩᠭᠡ ᠮᠥᠩᠭᠦ ᠣᠷᠣᠭᠤᠯᠬᠤ ᠠᠷᠭ᠎ᠠ ᠮᠠᠶ᠋ᠢᠭ ᠢᠶᠠᠷ | ᠡᠭᠡᠭᠦᠯᠦᠨ ᠬᠤᠷᠢᠶᠠᠭᠰᠠᠨ ᠪᠡᠯᠡ ᠮᠥᠩᠭᠦ ᠶᠢ ᠠᠰᠢᠭ ᠣᠯᠵᠠᠪᠤᠷᠢ ᠲᠠᠢ ᠲᠥᠷᠥᠯ ᠵᠦᠢᠯ ᠤᠨ ᠪᠦᠲᠦᠭᠡᠨ | ᠪᠠᠶᠢᠭᠤᠯᠤᠯᠲᠠ ᠳᠤ ᠬᠡᠷᠡᠭᠯᠡᠬᠦ ᠶᠢ ᠵᠣᠷᠢᠭᠵᠢᠭᠤᠯᠵᠤ᠂ ᠡᠭᠡᠭᠦᠯᠦᠨ ᠬᠤᠷᠢᠶᠠᠭᠰᠠᠨ ᠪᠡᠯᠡ ᠮᠥᠩᠭᠦ ᠶᠢᠨ ᠪᠡᠯᠡ | ᠣᠷᠣᠭᠤᠯᠤᠯᠲᠠ ᠶᠢ ᠥᠷᠭᠡᠳᠬᠡᠬᠦ ᠳᠤ ᠦᠵᠡᠭᠦᠯᠬᠦ ᠬᠥᠰᠢᠭᠦᠷᠭᠡ ᠶᠢᠨ ᠦᠢᠯᠡᠳᠦᠯ ᠢ ᠭᠦᠢᠴᠡᠳ ᠪᠠᠳᠠᠷᠠᠭᠤᠯᠤᠨ᠎ᠠ᠃ | ᠣᠷᠣᠨ ᠨᠤᠲᠤᠭ ᠤᠨ ᠵᠠᠰᠠᠭ ᠤᠨ ᠣᠷᠳᠣᠨ ᠤ ᠥᠷᠢ ᠥᠭᠴᠡᠭᠡ ᠶᠢᠨ ᠨᠣᠷᠮ᠎ᠠ ᠪᠠᠷ ᠨᠡᠯᠢᠶᠡᠳ ᠥᠨᠳᠥᠷ᠂ ᠡᠳ᠋ ᠤᠨ | ᠵᠠᠰᠠᠭ ᠤᠨ ᠣᠷᠣᠯᠭ᠎ᠠ ᠵᠠᠷᠤᠯᠭ᠎ᠠ ᠶᠢᠨ ᠲᠡᠩᠴᠡᠭᠦᠷᠢ ᠶᠢᠨ ᠳᠠᠷᠤᠯᠲᠠ ᠪᠠᠷ ᠨᠡᠯᠢᠶᠡᠳ ᠶᠡᠭᠡ ᠪᠠᠶᠢᠭ᠎ᠠ ᠭᠠᠵᠠᠷ | ᠣᠷᠣᠨ ᠳᠤ᠂ ᠣᠯᠠᠨ ᠨᠡᠶᠢᠲᠡ ᠶᠢᠨ ᠦᠯᠡᠳᠡᠭᠡᠯ ᠡᠳ᠋ ᠬᠥᠷᠥᠩᠭᠡ ᠶᠢ ᠡᠭᠡᠭᠦᠯᠦᠨ ᠬᠤᠷᠢᠶᠠᠭᠰᠠᠨ ᠪᠡᠯᠡ ᠮᠥᠩᠭᠦ ᠶᠢ | ᠠᠮᠢᠳᠤᠯᠢᠭ ᠪᠣᠯᠭᠠᠬᠤ ᠳᠤ ︽ᠭᠤᠷᠪᠠ ᠶᠢ ᠪᠠᠲᠤᠯᠠᠬᠤ︾ ᠶᠢᠨ ᠵᠠᠷᠤᠯᠭ᠎ᠠ ᠵᠢᠴᠢ ᠥᠷᠢ ᠥᠭᠴᠡᠭᠡ ᠶᠢ ᠡᠬᠡ | ᠬᠦᠦ ᠲᠠᠢ ᠨᠢ ᠪᠤᠴᠠᠭᠠᠬᠤ ᠳᠤ ᠵᠣᠬᠢᠰᠲᠠᠢ ᠬᠡᠷᠡᠭᠯᠡᠵᠦ ᠪᠣᠯᠣᠨ᠎ᠠ᠃ ᠡᠭᠡᠭᠦᠯᠦᠨ ᠬᠤᠷᠢᠶᠠᠭᠰᠠᠨ ᠪᠡᠯᠡ ᠮᠥᠩᠭᠦ ᠶᠢᠨ | ᠬᠡᠷᠡᠭᠯᠡᠯᠲᠡ ᠨᠢ ᠲᠥᠰᠥᠪ ᠤᠨ ᠬᠠᠮᠢᠶᠠᠷᠤᠯᠲᠠ᠂ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ | ᠬᠠᠮᠢᠶᠠᠷᠤᠯᠲᠠ ᠵᠡᠷᠭᠡ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠶᠢᠨ ᠱᠠᠭᠠᠷᠳᠠᠯᠭ᠎ᠠ ᠳᠤ ᠨᠡᠶᠢᠴᠡᠭᠰᠡᠨ ᠪᠠᠶᠢᠬᠤ | ᠬᠡᠷᠡᠭᠲᠡᠢ᠃ | ︵ᠠᠷᠪᠠᠨ ᠵᠢᠷᠭᠤᠭ᠎ᠠ︶ ᠰᠢᠨ᠎ᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠨᠠᠷᠢᠯᠢᠭ | ᠣᠨᠣᠴᠠᠲᠠᠢ ᠪᠠᠷ ᠪᠦᠲᠦᠮᠵᠢᠲᠡᠶ ᠪᠠᠷ ᠳᠡᠮᠵᠢᠨ᠎ᠡ᠃ ᠦᠯᠡᠳᠡᠭᠡᠯ ᠡᠳ᠋ ᠬᠥᠷᠥᠩᠭᠡ ᠶᠢᠨ ᠪᠤᠴᠠᠭᠠᠨ ᠬᠤᠷᠢᠶᠠᠭᠰᠠᠨ ᠪᠡᠯᠡ | ᠮᠥᠩᠭᠦ ᠶᠢ ᠠᠮᠢᠳᠤᠯᠢᠭ ᠪᠣᠯᠭᠠᠵᠤ ᠰᠢᠨ᠎ᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠳᠤ ᠣᠷᠣᠭᠤᠯᠬᠤ ᠪᠠᠷ | ᠪᠠᠶᠢᠭ᠎ᠠ ᠪᠣᠯ ᠶᠡᠷᠦᠩᠬᠡᠶᠢᠯᠡᠭᠰᠡᠨ ᠵᠠᠮ ᠬᠠᠷᠢᠯᠴᠠᠭ᠎ᠠ ᠪᠠ ᠪᠠᠷᠠᠭᠠᠨ ᠤ ᠭᠦᠢᠯᠭᠡᠭᠡᠨ ᠤ ᠵᠠᠩᠭᠢᠯᠠᠭ᠎ᠠ᠂ ᠲᠣᠮᠣ ᠬᠡᠯᠪᠡᠷᠢ ᠶᠢᠨ | ᠴᠡᠪᠡᠷ ᠡᠨᠧᠷᠭᠢ ᠶᠢᠨ ᠰᠤᠷᠪᠤᠯᠵᠢ ᠶᠢᠨ ᠰᠠᠭᠤᠷᠢᠨ ᠭᠠᠵᠠᠷ᠂ ᠣᠷᠴᠢᠨ ᠠᠬᠤᠢ ᠶᠢᠨ ᠰᠠᠭᠤᠷᠢ ᠲᠥᠬᠦᠭᠡᠷᠦᠮᠵᠢ᠂ ︽ | ᠨᠢᠭᠡ ᠨᠠᠰᠤᠲᠠᠨ ᠨᠢᠭᠡ ᠵᠢᠵᠢᠭ︾ ᠵᠡᠷᠭᠡ ᠭᠤᠣᠯᠳᠠᠯᠭ᠎ᠠ ᠲᠠᠢ ᠬᠦᠷᠢᠶᠡᠨ ᠤ ᠵᠦᠢᠯᠡᠰ ᠢ ᠤᠷᠢᠳᠠᠪᠠᠷ ᠲᠡᠮᠵᠢᠵᠤ᠂ | ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠦᠪᠵᠢᠭᠦᠯᠭᠡ ᠶᠢᠨ 102 ᠵᠦᠢᠯ ᠤᠨ ᠴᠢᠬᠤᠯᠠ ᠶᠡᠭᠡ ᠢᠨᠵᠧᠨᠧᠷᠢᠩ ᠢ | ᠭᠤᠣᠯᠳᠠᠯᠭ᠎ᠠ ᠲᠠᠢ ᠪᠠᠷ ᠲᠡᠮᠵᠢᠵᠤ᠂ ᠪᠠᠶᠢᠭᠤᠯᠵᠤ ᠪᠠᠶᠢᠭ᠎ᠠ ᠵᠦᠢᠯᠡᠰ ᠪᠤᠶᠤ ᠬᠤᠯᠪᠣᠭᠳᠠᠯ ᠪᠦᠬᠦᠢ ᠲᠥᠯᠦᠪᠵᠢᠭᠦᠯᠭᠡ | ᠪᠠ ᠠᠮᠢ ᠠᠬᠤᠢ ᠶᠢᠨ ᠣᠷᠴᠢᠨ ᠨᠥᠬᠦᠴᠡᠯ ᠤᠨ ᠬᠠᠮᠠᠭᠠᠯᠠᠯᠲᠠ ᠶᠢᠨ ᠱᠠᠭᠠᠷᠳᠠᠯᠭ᠎ᠠ ᠳᠤ ᠨᠡᠶᠢᠴᠡᠭᠰᠡᠨ᠂ ᠡᠮᠦᠨᠡᠬᠢ | ᠬᠤᠭᠤᠴᠠᠭᠠᠨ ᠤ ᠠᠵᠢᠯ ᠨᠢ ᠪᠣᠯᠪᠠᠰᠤᠷᠠᠩᠭᠤᠢ ᠪᠣᠯᠤᠭᠰᠠᠨ ᠵᠦᠢᠯᠡᠰ ᠲᠤ ᠤᠷᠢᠳᠠᠪᠠᠷ ᠣᠷᠣᠭᠤᠯᠤᠨ᠎ᠠ᠃ ᠬᠤᠯᠪᠣᠭᠳᠠᠯ | ᠪᠦᠬᠦᠢ ᠰᠠᠯᠠᠭ᠎ᠠ ᠮᠥᠴᠢᠷ ᠤᠳ ᠬᠠᠮᠢᠶ᠎ᠠ ᠪᠦᠬᠦᠢ ᠲᠥᠷᠥᠯ ᠵᠦᠢᠯ ᠢ ᠬᠢᠨᠠᠨ ᠵᠥᠪᠰᠢᠶᠡᠷᠡᠵᠦ ᠬᠢᠨᠠᠨ ᠵᠥᠪᠰᠢᠶᠡᠷᠡᠵᠦ | ᠳᠠᠩᠰᠠᠯᠠᠭᠤᠯᠬᠤ᠂ ᠲᠥᠯᠦᠪᠵᠢᠭᠦᠯᠭᠡ ᠶᠢᠨ ᠭᠠᠵᠠᠷ ᠰᠣᠩᠭᠤᠬᠤ᠂ ᠭᠠᠵᠠᠷ ᠬᠡᠷᠡᠭᠯᠡᠬᠦ ᠲᠡᠯᠡᠶ ᠶᠢᠨ ᠣᠷᠣᠨ ᠬᠡᠷᠡᠭᠯᠡᠬᠦ᠂ | ᠣᠷᠴᠢᠨ ᠲᠣᠭᠤᠷᠢᠨ ᠤ ᠨᠥᠯᠥᠭᠡᠯᠡᠯ ᠢ ᠦᠨᠡᠯᠡᠬᠦ᠂ ᠪᠠᠷᠢᠯᠭ᠎ᠠ ᠪᠠᠷᠢᠬᠤ ᠶᠢ ᠵᠥᠪᠰᠢᠶᠡᠷᠡᠬᠦ ᠵᠡᠷᠭᠡ ᠡᠮᠦᠨᠡᠬᠢ | ᠬᠤᠭᠤᠴᠠᠭᠠᠨ ᠤ ᠠᠵᠢᠯ ᠤᠨ ᠭᠠᠷᠳᠠᠮ ᠢ ᠭᠦᠢᠴᠡᠳᠬᠡᠬᠦ ᠶᠢ ᠲᠦᠷᠭᠡᠳᠬᠡᠵᠦ᠂ ᠲᠥᠷᠥᠯ ᠵᠦᠢᠯ ᠢ ᠲᠦᠷᠭᠡᠬᠡᠨ | ᠨᠠᠶᠢᠳᠠᠪᠤᠷᠢᠵᠢᠭᠤᠯᠤᠨ ᠬᠡᠷᠡᠭᠵᠢᠭᠦᠯᠬᠦ ᠶᠢ ᠠᠬᠢᠭᠤᠯᠵᠤ᠂ ᠪᠣᠳᠠᠲᠤ ᠶᠠᠭᠤᠮ᠎ᠠ ᠶᠢᠨ ᠠᠵᠢᠯ ᠤᠨ ᠬᠡᠮᠵᠢᠶ᠎ᠡ ᠶᠢ ᠪᠣᠶ | ᠪᠣᠯᠭᠠᠬᠤ ᠬᠡᠷᠡᠭᠲᠡᠢ᠃ | ︵ᠠᠷᠪᠠᠨ ᠳᠣᠯᠤᠭ᠎ᠠ︶ ᠢᠵᠢ ᠪᠦᠷᠢᠳᠦᠭᠦᠯᠬᠦ ᠪᠡᠯᠡ ᠮᠥᠩᠭᠦ ᠶᠢᠨ ᠳᠡᠮᠵᠢᠯᠭᠡ ᠶᠢ ᠴᠢᠩᠭᠠᠳᠬᠠᠨ᠎ᠠ᠃ | ᠲᠥᠪ ᠤᠨ ᠲᠥᠰᠥᠪ ᠤᠨ ᠳᠣᠲᠣᠷᠠᠬᠢ ᠪᠡᠯᠡ ᠣᠷᠣᠭᠤᠯᠤᠯᠲᠠ ᠵᠡᠷᠭᠡ ᠪᠡᠯᠡ ᠮᠥᠩᠭᠦ ᠶᠢ ᠲᠣᠬᠢᠷᠠᠭᠤᠯᠬᠤ ᠦᠶ᠎ᠡ ᠳᠤ᠂ | ᠦᠯᠡᠳᠡᠭᠡᠯ ᠡᠳ᠋ ᠬᠥᠷᠥᠩᠭᠡ ᠶᠢ ᠪᠤᠴᠠᠭᠠᠨ ᠬᠤᠷᠢᠶᠠᠬᠤ ᠪᠡᠯᠡ ᠮᠥᠩᠭᠦ ᠶᠢᠨ ᠣᠷᠣᠭᠤᠯᠤᠯᠲᠠ ᠶᠢ ᠠᠮᠢᠳᠤᠯᠢᠭ | ᠪᠣᠯᠭᠠᠭᠰᠠᠨ ᠰᠢᠨ᠎ᠡ ᠲᠥᠷᠥᠯ ᠵᠦᠢᠯ ᠳᠤ ᠠᠳᠠᠯᠢ ᠨᠥᠬᠦᠴᠡᠯ ᠤᠨ ᠳᠣᠣᠷ᠎ᠠ ᠤᠷᠢᠳᠠᠪᠠᠷ ᠳᠡᠮᠵᠢᠯᠭᠡ ᠦᠵᠡᠭᠦᠯᠵᠦ | ᠪᠣᠯᠣᠨ᠎ᠠ︔ ᠲᠥᠪ ᠤᠨ ᠲᠥᠰᠥᠪ ᠤᠨ ᠳᠣᠲᠣᠷᠠᠬᠢ ᠪᠡᠯᠡ ᠣᠷᠣᠭᠤᠯᠤᠯᠲᠠ ᠶᠢᠨ ᠬᠤᠯᠪᠣᠭᠳᠠᠯ ᠪᠦᠬᠦᠢ ᠲᠤᠰᠬᠠᠢ | ᠵᠦᠢᠯ ᠤᠨ ᠵᠢᠱᠢᠶ᠎ᠡ ᠦᠵᠡᠭᠦᠯᠵᠦ ᠬᠥᠲᠥᠯᠥᠨ ᠵᠢᠯᠤᠭᠤᠳᠬᠤ ᠦᠢᠯᠡᠳᠦᠯ ᠢ ᠪᠠᠳᠠᠷᠠᠭᠤᠯᠵᠤ᠂ ᠨᠡᠶᠢᠭᠡᠮ ᠤᠨ | ᠬᠥᠷᠥᠩᠭᠡ ᠶᠢᠨ ᠤᠯᠠᠨ ᠵᠦᠢᠯ ᠤᠨ ᠠᠷᠭ᠎ᠠ ᠮᠠᠶ᠋ᠢᠭ ᠢᠶᠠᠷ ᠳᠠᠮᠵᠢᠭᠤᠯᠤᠨ ᠤᠯᠤᠰ ᠤᠨ ᠥᠮᠴᠢᠯᠡᠯ ᠤᠨ ᠦᠯᠡᠳᠡᠭᠡᠯ ᠡᠳ᠋ | ᠬᠥᠷᠥᠩᠭᠡ ᠶᠢ ᠠᠮᠢᠳᠤᠯᠢᠭ ᠪᠣᠯᠭᠠᠬᠤ ᠳᠤ ᠣᠷᠤᠯᠴᠠᠬᠤ ᠵᠢᠡᠭᠡᠭᠦᠯᠦᠨ ᠬᠤᠷᠢᠶᠠᠭᠰᠠᠨ ᠪᠡᠯᠡ ᠮᠥᠩᠭᠦ ᠶᠢᠨ | ᠣᠷᠣᠭᠤᠯᠤᠯᠲᠠ ᠶᠢᠨ ᠰᠢᠨ᠎ᠡ ᠵᠦᠢᠯᠡᠰ ᠲᠤ ᠣᠷᠣᠨ ᠨᠤᠲᠤᠭ ᠤᠨ ᠵᠠᠰᠠᠭ ᠤᠨ ᠣᠷᠳᠣᠨ ᠤ ᠲᠤᠰᠬᠠᠢ ᠵᠦᠢᠯ ᠤᠨ | ᠵᠢᠭᠡᠯᠡᠯᠭᠡ ᠶᠢᠨ ᠲᠡᠮᠳᠡᠭᠲᠦ ᠨᠢ ᠲᠣᠭᠲᠠᠭᠠᠯ ᠶᠣᠰᠣᠭᠠᠷ ᠳᠡᠮᠵᠢᠯᠭᠡ ᠦᠵᠡᠭᠦᠯᠵᠦ ᠪᠣᠯᠣᠨ᠎ᠠ᠃ ᠪᠠᠩᠬᠢ ᠵᠡᠷᠭᠡ ᠮᠥᠩᠭᠦᠨ | ᠭᠦᠢᠯᠭᠡᠭᠡᠨ ᠤ ᠪᠠᠶᠢᠭᠤᠯᠤᠮᠵᠢ ᠶᠢᠨ ᠵᠠᠬ᠎ᠠ ᠳᠡᠯᠭᠡᠭᠦᠷᠴᠢᠯᠡᠬᠦ ᠵᠠᠷᠴᠢᠮ ᠶᠣᠰᠣᠭᠠᠷ ᠢᠵᠢ ᠪᠦᠷᠢᠳᠦᠭᠦᠯᠬᠦ ᠪᠡᠯᠡ | ᠲᠣᠬᠢᠷᠠᠭᠤᠯᠭ᠎ᠠ ᠶᠢᠨ ᠳᠡᠮᠵᠢᠯᠭᠡ ᠬᠠᠩᠭᠠᠬᠤ ᠶᠢ ᠵᠣᠷᠢᠭᠵᠢᠭᠤᠯᠤᠨ᠎ᠠ᠃ | ᠲᠠᠪᠤ᠂ ᠡᠯ᠎ᠡ ᠲᠥᠷᠥᠯ ᠤᠨ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ | ᠨᠠᠶᠢᠳᠠᠪᠤᠷᠢᠵᠢᠭᠤᠯᠬᠤ ᠬᠡᠷᠡᠭᠲᠡᠢ | ︵ᠠᠷᠪᠠᠨ ᠨᠠᠢᠮᠠ︶ ᠦᠯᠡᠳᠡᠭᠡᠯ ᠡᠳ᠋ ᠬᠥᠷᠥᠩᠭᠡ ᠶᠢᠨ ᠠᠮᠢᠳᠤᠯᠢᠭ ᠪᠣᠯᠭᠠᠬᠤ ᠶᠢ ᠬᠠᠤᠯᠢ ᠲᠣᠭᠲᠠᠭᠠᠯ | ᠶᠣᠰᠣᠭᠠᠷ ᠯᠠᠪᠳᠠᠭᠤᠨ ᠪᠥᠭᠡᠳ ᠡᠮᠬᠢ ᠵᠢᠷᠤᠮ ᠲᠠᠢ ᠪᠠᠷ ᠠᠬᠢᠭᠤᠯᠤᠨ᠎ᠠ᠃ ᠣᠷᠣᠨ ᠨᠤᠲᠤᠭ ᠤᠨ ᠵᠠᠰᠠᠭ ᠤᠨ | ᠣᠷᠳᠣᠨ ᠤ ᠲᠠᠯᠳᠠ ᠥᠭᠴᠡᠭᠡ ᠶᠢᠨ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠱᠠᠭᠠᠷᠳᠠᠯᠭ᠎ᠠ ᠶᠢ ᠴᠢᠩᠭ᠎ᠠ | ᠨᠠᠶᠢᠳᠠᠪᠤᠷᠢᠵᠢᠭᠤᠯᠵᠤ᠂ ᠦᠯᠡᠳᠡᠭᠡᠯ ᠡᠳ᠋ ᠬᠥᠷᠥᠩᠭᠡ ᠶᠢ ᠠᠮᠢᠳᠤᠯᠢᠭ ᠪᠣᠯᠭᠠᠬᠤ ᠶᠠᠪᠤᠴᠠ ᠳᠤ ᠣᠷᠣᠨ ᠨᠤᠲᠤᠭ ᠤᠨ | ᠵᠠᠰᠠᠭ ᠤᠨ ᠣᠷᠳᠣᠨ ᠤ ᠲᠠᠯᠳᠠ ᠥᠭᠴᠡᠭᠡ ᠶᠢ ᠰᠢᠨ᠎ᠡ ᠪᠠᠷ ᠨᠡᠮᠡᠭᠳᠡᠭᠦᠯᠬᠦ ᠶᠢ ᠴᠢᠩᠭ᠎ᠠ ᠴᠠᠭᠠᠵᠠᠯᠠᠨ᠎ᠠ᠃ ᠵᠠᠬ᠎ᠠ | ᠳᠡᠯᠭᠡᠭᠦᠷᠴᠢᠯᠡᠬᠦ ᠪᠠ ᠬᠠᠤᠯᠢ ᠪᠠᠷ ᠵᠠᠰᠠᠬᠤ ᠵᠠᠷᠴᠢᠮ ᠢ ᠪᠠᠷᠢᠮᠲᠠᠯᠠᠨ᠂ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ | ᠬᠢᠨᠠᠯᠲᠠ ᠬᠠᠮᠢᠶᠠᠷᠤᠯᠲᠠ ᠶᠢᠨ ᠲᠣᠭᠲᠠᠭᠠᠯ ᠢ ᠴᠢᠩᠭ᠎ᠠ ᠨᠠᠶᠢᠳᠠᠪᠤᠷᠢᠵᠢᠭᠤᠯᠵᠤ᠂ ᠡᠳ᠋ ᠤᠨ ᠶᠠᠪᠤᠳᠠᠯ ᠢ ᠬᠢᠨᠠᠨ ᠪᠤᠳᠤᠬᠤ | ᠂ ᠡᠳ᠋ ᠬᠥᠷᠥᠩᠭᠡ ᠶᠢ ᠦᠨᠡᠯᠡᠨ ᠵᠢᠱᠢᠬᠦ᠂ ᠰᠢᠢᠳᠪᠦᠷᠢᠲᠦ ᠪᠣᠳᠣᠯᠭ᠎ᠠ ᠲᠣᠭᠲᠠᠭᠠᠬᠤ ᠶᠢ ᠬᠢᠨᠠᠨ ᠵᠥᠪᠰᠢᠶᠡᠷᠡᠬᠦ ᠵᠡᠷᠭᠡ | ᠠᠵᠢᠯ ᠢ ᠰᠠᠶᠢᠲᠤᠷ ᠬᠢᠵᠦ᠂ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠳᠤ ᠲᠣᠭᠲᠠᠭᠠᠭᠰᠠᠨ ᠪᠠᠶᠢᠳᠠᠯ ᠢ ᠭᠠᠷᠭᠠᠪᠠᠯ᠂ | ᠭᠤᠣᠯᠳᠠᠭᠤ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠲᠠᠪᠴᠠᠩ᠂ ᠦᠨᠡᠲᠦ ᠲᠡᠮᠳᠡᠭᠲᠦ ᠶᠢᠨ | ᠠᠷᠠᠯᠵᠢᠶᠠᠨ ᠤ ᠭᠠᠵᠠᠷ᠂ ᠥᠮᠴᠢᠯᠡᠬᠦ ᠡᠷᠬᠡ ᠶᠢᠨ ᠠᠷᠠᠯᠵᠢᠶᠠᠨ ᠤ ᠭᠠᠵᠠᠷ ᠵᠡᠷᠭᠡ ᠢᠯᠡ ᠲᠣᠳᠣ ᠠᠷᠭ᠎ᠠ ᠵᠠᠮ ᠢᠶᠠᠷ | ᠳᠠᠮᠵᠢᠭᠤᠯᠤᠨ ᠠᠷᠠᠯᠵᠢᠶᠠᠨ ᠤ ᠦᠨ᠎ᠡ ᠬᠠᠩᠰᠢ ᠶᠢ ᠵᠦᠢ ᠵᠣᠬᠢᠰᠲᠠᠢ ᠲᠣᠭᠲᠠᠭᠠᠵᠤ᠂ ᠤᠯᠤᠰ ᠤᠨ ᠥᠮᠴᠢᠯᠡᠯᠲᠦ ᠡᠳ᠋ | ᠬᠥᠷᠥᠩᠭᠡ ᠶᠢᠨ ᠠᠯᠳᠠᠭᠳᠠᠬᠤ ᠶᠢ ᠴᠢᠩᠭ᠎ᠠ ᠰᠡᠷᠭᠡᠶᠢᠯᠡᠬᠦ ᠬᠡᠷᠡᠭᠲᠡᠢ᠃ ᠠᠪᠴᠠᠭᠠᠲᠠᠨ ᠤ ᠬᠠᠤᠯᠢ ᠶᠣᠰᠣᠨ ᠤ ᠡᠷᠬᠡ | ᠠᠰᠢᠭ ᠢ ᠭᠦᠢᠴᠡᠳ ᠪᠠᠲᠤᠯᠠᠵᠤ᠂ ᠦᠯᠡᠳᠡᠭᠡᠯ ᠡᠳ᠋ ᠬᠥᠷᠥᠩᠭᠡ ᠶᠢ ᠰᠢᠯᠵᠢᠭᠦᠯᠦᠨ ᠥᠭᠬᠦ ᠶᠠᠪᠤᠴᠠ ᠳᠤ ᠠᠪᠴᠠᠭᠠᠨ ᠤ | ᠡᠷᠬᠡ ᠬᠤᠭᠤᠰᠤᠨ ᠪᠣᠯᠬᠤ ᠠᠴᠠ ᠵᠠᠶᠢᠯᠠᠰᠬᠢᠬᠦ ᠬᠡᠷᠡᠭᠲᠡᠢ᠃ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ | ᠬᠡᠷᠡᠭᠯᠡᠨ ᠠᠵᠢᠯᠲᠠᠨ ᠠᠵᠢᠯᠴᠢᠨ ᠢ ᠲᠥᠪᠬᠢᠨᠡᠭᠦᠯᠬᠦ ᠠᠵᠢᠯ ᠢ ᠰᠠᠶᠢᠲᠤᠷ ᠬᠢᠵᠦ ᠠᠮᠢᠳᠤᠯᠢᠭ ᠪᠣᠯᠭᠠᠨ᠎ᠠ᠃ | ᠰᠠᠭᠤᠷᠢ ᠪᠡᠯᠡᠳᠬᠡᠮᠵᠢ ᠶᠢᠨ REITs ᠲᠠᠷᠬᠠᠭᠠᠬᠤ ᠪᠠᠷ ᠪᠠᠶᠢᠭ᠎ᠠ ᠪᠣᠶ ᠪᠦᠬᠦᠢ ᠲᠥᠷᠥᠯ ᠵᠦᠢᠯ ᠨᠢ ᠴᠥᠮ | ᠤᠯᠤᠰ ᠤᠨ ᠴᠢᠬᠤᠯᠠ ᠶᠡᠭᠡ ᠪᠠᠶᠢᠯᠳᠤᠬᠤ ᠪᠣᠳᠣᠯᠭ᠎ᠠ᠂ ᠬᠥᠭᠵᠢᠯᠲᠡ ᠶᠢᠨ ᠲᠥᠯᠦᠪᠵᠢᠭᠦᠯᠭᠡ᠂ ᠠᠵᠤ ᠦᠢᠯᠡᠰ ᠤᠨ | ᠲᠥᠷᠥ ᠶᠢᠨ ᠪᠣᠳᠣᠯᠭ᠎ᠠ᠂ ᠪᠡᠯᠡ ᠣᠷᠣᠭᠤᠯᠤᠯᠲᠠ ᠶᠢᠨ ᠬᠠᠮᠢᠶᠠᠷᠤᠯᠲᠠ ᠶᠢᠨ ᠬᠠᠤᠯᠢ ᠲᠣᠭᠲᠠᠭᠠᠯ ᠵᠡᠷᠭᠡ ᠬᠤᠯᠪᠤᠭᠳᠡᠯ | ᠪᠦᠬᠦᠢ ᠱᠠᠭᠠᠷᠳᠠᠯᠭ᠎ᠠ ᠳᠤ ᠨᠡᠶᠢᠴᠡᠵᠦ᠂ ᠲᠥᠷᠥᠯ ᠵᠦᠢᠯ ᠤᠨ ᠶᠠᠰᠤ ᠴᠢᠨᠠᠷ ᠢ ᠪᠠᠲᠤᠯᠠᠨ᠂ ᠵᠠᠬ᠎ᠠ ᠳᠡᠯᠭᠡᠭᠦᠷ ᠤᠨ | ᠲᠦᠭᠰᠢᠭᠦᠷᠢ ᠶᠢ ᠰᠡᠷᠭᠡᠶᠢᠯᠡᠬᠦ ᠬᠡᠷᠡᠭᠲᠡᠢ᠃ | ︵ᠠᠷᠪᠠ ᠶᠢᠰᠦ︶ ᠲᠤᠰᠬᠠᠢ ᠪᠠᠶᠢᠭᠤᠯᠤᠮᠵᠢ ᠶᠢᠨ ᠲᠣᠭᠲᠠᠭᠠᠯ ᠳᠤ ᠨᠡᠶᠢᠴᠡᠭᠦᠯᠦᠨ ᠡᠭᠦᠷᠭᠡ ᠲᠤᠰᠢᠶᠠᠯ ᠢᠶᠠᠨ | ᠭᠦᠢᠴᠡᠳᠬᠡᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ ᠬᠤᠯᠪᠣᠭᠳᠡᠯ ᠪᠦᠬᠦᠢ ᠵᠠᠭᠤᠴᠢ ᠪᠠᠶᠢᠭᠤᠯᠤᠮᠵᠢ ᠶᠢᠨ | ᠥᠪᠡᠷ ᠢ ᠪᠠᠨ ᠱᠠᠭᠠᠷᠳᠠᠬᠤ ᠳᠦᠷᠢᠮ᠂ ᠠᠵᠢᠯ ᠡᠷᠭᠢᠯᠡᠬᠦ ᠪᠠᠷᠢᠮᠵᠢᠶ᠎ᠠ ᠪᠠ ᠲᠤᠬᠠᠶᠢᠯᠠᠭᠰᠠᠨ ᠠᠵᠢᠯ ᠤᠨ ᠵᠢᠷᠤᠮᠵᠢᠯ ᠢ | ᠴᠢᠩᠭ᠎ᠠ ᠨᠠᠶᠢᠳᠠᠪᠤᠷᠢᠵᠢᠭᠤᠯᠵᠤ᠂ ᠵᠠᠭᠤᠴᠢ ᠪᠠᠶᠢᠭᠤᠯᠤᠮᠵᠢ ᠵᠡᠷᠭᠡ ᠶᠢᠨ ᠡᠭᠦᠷᠭᠡ ᠬᠠᠷᠢᠭᠤᠴᠠᠯᠭ᠎ᠠ ᠪᠠᠨ | ᠭᠦᠢᠴᠡᠳᠬᠡᠬᠦ ᠶᠢ ᠠᠬᠢᠭᠤᠯᠤᠨ᠂ ᠬᠠᠤᠯᠢ ᠲᠣᠭᠲᠠᠭᠠᠯ ᠶᠣᠰᠣᠭᠠᠷ ᠦᠯᠡᠳᠡᠭᠡᠯ ᠡᠳ᠋ ᠬᠥᠷᠥᠩᠭᠡ ᠶᠢ ᠠᠮᠢᠳᠤᠯᠢᠭ | ᠪᠣᠯᠭᠠᠬᠤ ᠳᠤ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠭᠰᠡᠨ ᠪᠠᠶᠢᠴᠠᠭᠠᠯᠲᠠ᠂ ᠲᠥᠷᠥᠯ ᠵᠦᠢᠯ ᠢ ᠦᠨᠡᠯᠡᠨ ᠵᠢᠱᠢᠬᠦ᠂ | ᠡᠳ᠋ ᠤᠨ ᠶᠠᠪᠤᠳᠠᠯ ᠪᠠ ᠬᠠᠤᠯᠢ ᠴᠠᠭᠠᠵᠠ ᠶᠢᠨ ᠯᠠᠪᠯᠠᠭ᠎ᠠ ᠵᠡᠷᠭᠡ ᠲᠤᠰᠬᠠᠢ ᠦᠢᠯᠡᠴᠢᠯᠡᠭᠡᠨ ᠢ ᠬᠠᠩᠭᠠᠨ᠎ᠠ᠃ | ᠦᠯᠡᠳᠡᠭᠡᠯ ᠡᠳ᠋ ᠬᠥᠷᠥᠩᠭᠡ ᠶᠢ ᠠᠮᠢᠳᠤᠯᠢᠭ ᠪᠣᠯᠭᠠᠬᠤ ᠳᠤ ᠦᠢᠯᠡᠴᠢᠯᠡᠬᠦ ᠲᠤᠰᠬᠠᠢ ᠪᠠᠶᠢᠭᠤᠯᠤᠮᠵᠢ ᠶᠢ | ᠢᠳᠡᠪᠬᠢᠲᠡᠢ ᠪᠠᠷ ᠪᠣᠶᠢᠵᠢᠭᠤᠯᠵᠤ᠂ ᠲᠤᠰᠬᠠᠶᠢᠵᠢᠭᠰᠠᠨ ᠦᠢᠯᠡᠴᠢᠯᠡᠭᠡᠨ ᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ | ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠢ ᠵᠥᠷᠢᠴᠡᠭᠰᠡᠨ ᠵᠠᠭᠤᠴᠢ ᠪᠠᠶᠢᠭᠤᠯᠤᠮᠵᠢ ᠠᠴᠠ ᠬᠠᠤᠯᠢ | ᠶᠣᠰᠣᠭᠠᠷ ᠬᠠᠷᠢᠭᠤᠴᠠᠯᠭ᠎ᠠ ᠨᠡᠬᠡᠮᠵᠢᠯᠡᠨ᠎ᠡ᠃ | ︵ᠬᠤᠷᠢ︶ ᠰᠠᠭᠤᠷᠢ ᠪᠡᠯᠡᠳᠬᠡᠮᠵᠢ ᠶᠢᠨ ᠲᠣᠭᠲᠠᠭᠤᠨ ᠢᠶᠠᠷ ᠠᠵᠢᠯᠯᠠᠬᠤ ᠶᠢ ᠪᠠᠲᠤᠯᠠᠨ᠎ᠠ᠃ ᠣᠯᠠᠨ | ᠨᠡᠶᠢᠲᠡ ᠶᠢᠨ ᠰᠢᠨᠵᠢ ᠴᠢᠨᠠᠷ ᠢᠶᠠᠷ ᠨᠡᠯᠢᠶᠡᠳ ᠴᠢᠩᠭ᠎ᠠ ᠰᠠᠭᠤᠷᠢ ᠲᠥᠬᠦᠭᠡᠷᠦᠮᠵᠢ ᠶᠢᠨ ᠲᠥᠷᠥᠯ ᠵᠦᠢᠯ ᠳᠤ᠂ | ᠦᠯᠡᠳᠡᠭᠡᠯ ᠡᠳ᠋ ᠬᠥᠷᠥᠩᠭᠡ ᠶᠢ ᠠᠮᠢᠳᠤᠯᠢᠭ ᠪᠣᠯᠭᠠᠬᠤ ᠳᠤ ᠲᠥᠷᠥᠯ ᠵᠦᠢᠯ ᠤᠨ ᠨᠡᠶᠢᠲᠡ ᠶᠢᠨ ᠠᠰᠠᠷᠠᠮᠵᠢ ᠶᠢᠨ ᠴᠢᠨᠠᠷ | ᠬᠢᠭᠡᠳ ᠡᠵᠡᠩᠨᠡᠯᠲᠡ ᠶᠢᠨ ᠴᠢᠨᠠᠷ ᠤᠨ ᠬᠠᠷᠢᠴᠠᠭ᠎ᠠ ᠶᠢ ᠰᠠᠶᠢᠲᠤᠷ ᠰᠢᠢᠳᠪᠦᠷᠢᠯᠡᠵᠦ᠂ ᠪᠡᠯᠡ ᠣᠷᠣᠭᠤᠯᠬᠤ ᠲᠠᠯ᠎ᠠ ᠶᠢᠨ | ᠬᠢᠨ ᠤ ᠭᠥᠯᠢᠶᠡᠨ ᠠᠪᠤᠭᠰᠠᠨ ᠤ ᠳᠠᠷᠠᠭ᠎ᠠ ᠨᠡᠯᠢᠶᠡᠳ ᠴᠢᠩᠭ᠎ᠠ ᠴᠢᠳᠠᠪᠤᠷᠢ ᠲᠠᠢ ᠪᠠ ᠡᠯᠪᠡᠭ ᠪᠠᠶᠠᠯᠢᠭ ᠲᠤᠷᠰᠢᠯᠭ᠎ᠠ ᠲᠠᠢ | ᠰᠠᠭᠤᠷᠢ ᠪᠡᠯᠡᠳᠬᠡᠮᠵᠢ ᠶᠢᠨ ᠡᠵᠡᠩᠨᠡᠯᠲᠡ ᠬᠠᠮᠢᠶᠠᠷᠤᠯᠲᠠ ᠶᠢᠨ ᠪᠠᠶᠢᠭᠤᠯᠤᠮᠵᠢ ᠶᠢ ᠣᠷᠣᠭᠤᠯᠬᠤ ᠪᠤᠶᠤ ᠵᠣᠬᠢᠶᠠᠨ | ᠪᠠᠶᠢᠭᠤᠯᠬᠤ ᠶᠢ ᠦᠨᠡᠨᠬᠦ ᠪᠠᠲᠤᠯᠠᠵᠤ᠂ ᠰᠠᠭᠤᠷᠢ ᠪᠡᠯᠡᠳᠬᠡᠮᠵᠢ ᠶᠢᠨ ᠯᠠᠪᠳᠠᠭᠤᠨ ᠲᠣᠭᠲᠠᠭᠤᠨ ᠢᠶᠠᠷ ᠡᠵᠡᠩᠨᠡᠬᠦ ᠶᠢ | ᠪᠠᠲᠤᠯᠠᠨ᠂ ᠣᠯᠠᠨ ᠨᠡᠶᠢᠲᠡ ᠶᠢᠨ ᠠᠰᠢᠭ ᠲᠤᠰᠠ ᠶᠢ ᠦᠨᠡᠨᠬᠦ ᠪᠠᠲᠤᠯᠠᠵᠤ᠂ ᠳᠠᠯᠳᠠ ᠲᠦᠭᠰᠢᠭᠦᠷᠢ ᠶᠢ ᠰᠡᠷᠭᠡᠶᠢᠯᠡᠨ | ᠠᠷᠢᠯᠭᠠᠬᠤ ᠬᠡᠷᠡᠭᠲᠡᠢ᠃ ᠰᠠᠭᠤᠷᠢ ᠪᠡᠯᠡᠳᠬᠡᠮᠵᠢ ᠶᠢᠨ REITs ᠰᠠᠭᠤᠷᠢ ᠮᠥᠩᠭᠦ ᠶᠢᠨ ᠬᠠᠮᠢᠶᠠᠷᠤᠭᠴᠢ ᠬᠢᠭᠡᠳ | ᠡᠵᠡᠩᠨᠡᠯᠲᠡ ᠬᠠᠮᠢᠶᠠᠷᠤᠯᠲᠠ ᠶᠢᠨ ᠪᠠᠶᠢᠭᠤᠯᠤᠮᠵᠢ ᠶᠢᠨ ᠡᠵᠡᠩᠨᠡᠯᠲᠡ ᠶᠢᠨ ᠲᠣᠭᠲᠠᠴᠠ ᠶᠢ ᠪᠦᠷᠢᠨᠰᠢᠭᠦᠯᠬᠦ ᠶᠢ | ᠠᠬᠢᠭᠤᠯᠵᠤ᠂ ᠠᠩᠬᠠᠨ ᠤ ᠡᠷᠬᠡ ᠠᠰᠢᠭᠲᠤ ᠬᠥᠮᠥᠨ ᠤ ᠲᠥᠷᠥᠯ ᠵᠦᠢᠯ ᠤᠨ ᠡᠵᠡᠩᠨᠡᠯᠲᠡ ᠬᠠᠮᠢᠶᠠᠷᠤᠯᠲᠠ ᠳᠠᠬᠢ | ᠲᠤᠰᠬᠠᠢ ᠮᠡᠷᠭᠡᠵᠢᠯ ᠤᠨ ᠦᠢᠯᠡᠳᠦᠯ ᠢ ᠨᠠᠩ ᠰᠠᠶᠢᠲᠤᠷ ᠪᠠᠳᠠᠷᠠᠭᠤᠯᠵᠤ᠂ ᠰᠠᠭᠤᠷᠢ ᠮᠥᠩᠭᠦ ᠶᠢᠨ ᠣᠷᠣᠰᠢᠨ | ᠦᠷᠭᠦᠯᠵᠢᠯᠡᠬᠦ ᠬᠤᠭᠤᠴᠠᠭᠠᠨ ᠳᠠᠬᠢ ᠲᠥᠷᠥᠯ ᠵᠦᠢᠯ ᠤᠨ ᠦᠷᠭᠦᠯᠵᠢᠯᠡᠨ ᠲᠣᠭᠲᠠᠭᠤᠨ ᠢᠶᠠᠷ ᠡᠵᠡᠩᠨᠡᠬᠦ ᠶᠢ ᠪᠠᠲᠤᠯᠠᠨ᠎ᠠ | ᠃ | ᠵᠢᠷᠭᠤᠭ᠎ᠠ᠂ ᠠᠵᠢᠯ ᠤᠨ ᠡᠬᠡ ᠲᠠᠩᠰᠠ ᠪᠠᠶᠢᠭᠤᠯᠵᠤ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠶᠢ | ᠴᠢᠩᠭᠠᠷᠠᠭᠤᠯᠤᠨ᠎ᠠ | ︵ᠬᠤᠷᠢᠨ ᠨᠢᠭᠡ︶ ᠡᠬᠡ ᠲᠠᠩᠰᠠ ᠶᠢᠨ ᠮᠠᠶ᠋ᠢᠭ ᠤᠨ ᠬᠠᠮᠢᠶᠠᠷᠤᠯᠲᠠ ᠶᠢ ᠬᠡᠷᠡᠭᠵᠢᠭᠦᠯᠦᠨ᠎ᠡ᠃ ᠡᠯ᠎ᠡ ᠭᠠᠵᠠᠷ | ᠣᠷᠣᠨ ᠤ ᠰᠠᠭᠤᠷᠢ ᠪᠡᠯᠡᠳᠬᠡᠮᠵᠢ ᠵᠡᠷᠭᠡ ᠬᠦᠷᠢᠶ᠎ᠡ ᠴᠠᠷᠠᠭ᠎ᠠ ᠶᠢᠨ ᠦᠯᠡᠳᠡᠭᠡᠯ ᠡᠳ᠋ ᠬᠥᠷᠥᠩᠭᠡ ᠶᠢᠨ ᠪᠠᠶᠢᠳᠠᠯ ᠢ ᠪᠥᠬᠦ | ᠲᠠᠯ᠎ᠠ ᠪᠠᠷ ᠡᠮᠬᠢᠯᠡᠨ ᠳᠢᠭᠯᠡᠵᠦ᠂ ᠵᠣᠬᠢᠬᠤ ᠠᠮᠢᠳᠤᠯᠢᠭ ᠪᠣᠯᠭᠠᠬᠤ ᠨᠥᠬᠦᠴᠡᠯ ᠢ ᠪᠦᠷᠢᠯᠳᠦᠭᠦᠯᠦᠭᠰᠡᠨ ᠲᠥᠷᠥᠯ | ᠵᠦᠢᠯ ᠢ ᠰᠣᠩᠭᠤᠨ ᠭᠠᠷᠭᠠᠵᠤ᠂ ᠦᠯᠡᠳᠡᠭᠡᠯ ᠡᠳ᠋ ᠬᠥᠷᠥᠩᠭᠡ ᠶᠢᠨ ᠡᠬᠡ ᠲᠠᠩᠰᠠ ᠶᠢ ᠠᠮᠢᠳᠤᠯᠢᠭ ᠪᠣᠯᠭᠠᠵᠤ᠂ | ᠬᠥᠳᠡᠯᠦᠩᠭᠦᠢ ᠬᠠᠮᠢᠶᠠᠷᠤᠯᠲᠠ ᠶᠢ ᠬᠡᠷᠡᠭᠵᠢᠭᠦᠯᠦᠨ᠎ᠡ᠃ ᠡᠬᠡ ᠲᠠᠩᠰᠠᠨ ᠳᠤ ᠣᠷᠣᠭᠤᠯᠤᠭᠰᠠᠨ ᠲᠥᠷᠥᠯ ᠵᠦᠢᠯ ᠤᠨ | ᠲᠥᠷᠥᠯ ᠬᠡᠯᠪᠡᠷᠢ ᠪᠠ ᠦᠨᠳᠦᠰᠦᠨ ᠪᠠᠶᠢᠳᠠᠯ ᠳᠤ ᠴᠢᠭᠯᠡᠭᠦᠯᠦᠨ᠂ ᠠᠮᠢᠳᠤᠯᠢᠭ ᠪᠣᠯᠭᠠᠬᠤ ᠲᠥᠰᠥᠯ ᠢ ᠨᠢᠭᠡᠳ | ᠨᠢᠭᠡ ᠪᠠᠷ ᠲᠣᠳᠣᠷᠬᠠᠶᠢᠯᠠᠵᠤ᠂ ᠬᠠᠷᠢᠭᠤᠴᠠᠯᠭᠠᠲᠤ ᠨᠢᠭᠡᠴᠡ ᠪᠠ ᠬᠠᠷᠢᠭᠤᠴᠠᠯᠭᠠᠲᠠᠨ ᠢ ᠨᠠᠶᠢᠳᠠᠪᠤᠷᠢᠵᠢᠭᠤᠯᠤᠨ᠎ᠠ᠃ | ᠣᠷᠣᠨ ᠨᠤᠲᠤᠭ ᠤᠨ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠨᠤᠭᠤᠳ ᠵᠢᠯᠣᠭᠤᠳᠤᠨ | ᠵᠣᠬᠢᠴᠠᠭᠤᠯᠬᠤ ᠪᠠᠨ ᠴᠢᠩᠭᠠᠳᠬᠠᠵᠤ᠂ ᠲᠥᠷᠥᠯ ᠵᠦᠢᠯ ᠤᠨ ᠲᠣᠬᠢᠷᠠᠭᠤᠯᠤᠯᠲᠠ ᠶᠢ ᠲᠣᠭᠲᠠᠮᠠᠯ ᠬᠤᠭᠤᠴᠠᠭ᠎ᠠ ᠲᠠᠢ ᠪᠠᠷ | ᠥᠷᠨᠢᠭᠦᠯᠵᠦ᠂ ᠲᠥᠷᠥᠯ ᠵᠦᠢᠯ ᠤᠨ ᠠᠬᠢᠴᠠ ᠶᠢᠨ ᠪᠠᠶᠢᠳᠠᠯ ᠢ ᠡᠮᠬᠢᠯᠡᠨ ᠡᠵᠡᠮᠰᠢᠵᠦ᠂ ᠣᠷᠣᠰᠢᠵᠤ ᠪᠠᠶᠢᠭ᠎ᠠ | ᠠᠰᠠᠭᠤᠳᠠᠯ ᠢ ᠴᠠᠭ ᠲᠤᠬᠠᠢ ᠳᠤᠨᠢ ᠰᠢᠢᠳᠪᠦᠷᠢᠯᠡᠨ᠂ ᠠᠷᠠᠳ ᠤᠨ ᠪᠡᠯᠡ ᠣᠷᠣᠭᠤᠯᠤᠯᠲᠠ ᠳᠤ ᠣᠷᠤᠯᠴᠠᠬᠤ | ᠢᠳᠡᠪᠬᠢᠵᠢᠯ ᠢ ᠳᠠᠶᠢᠴᠢᠯᠠᠨ᠎ᠠ᠃ | ︵ᠬᠤᠷᠢᠨ ᠬᠤᠶᠠᠷ︶ ᠵᠣᠬᠢᠴᠠᠭᠤᠯᠬᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠦᠨ᠎ᠡ᠃ ᠤᠯᠤᠰ ᠤᠨ | ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠢᠶᠠᠷ ᠲᠦᠷᠦᠭᠦᠯᠡᠭᠦᠯᠦᠨ᠂ ᠡᠳ᠋ ᠤᠨ ᠵᠠᠰᠠᠭ ᠤᠨ ᠶᠠᠮᠤᠨ᠂ | ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ | ᠪᠠᠶᠢᠭᠤᠯᠤᠯᠲᠠ ᠶᠢᠨ ᠶᠠᠮᠤᠨ᠂ ᠠᠷᠠᠳ ᠤᠨ ᠪᠠᠩᠬᠢ᠂ ᠲᠥᠷᠥ ᠶᠢᠨ ᠶᠠᠪᠤᠳᠠᠯ ᠤᠨ ᠬᠤᠷᠢᠶᠠᠨ ᠤ ᠤᠯᠤᠰ ᠤᠨ | ᠥᠮᠴᠢᠯᠡᠯ ᠤᠨ ᠡᠳ᠋ ᠬᠥᠷᠥᠩᠭᠡ ᠶᠢᠨ ᠵᠥᠪᠯᠡᠯ᠂ ᠭᠠᠶᠢᠯᠢ ᠶᠢᠨ ᠶᠠᠪᠤᠳᠠᠯ ᠤᠨ ᠶᠡᠷᠦᠩᠬᠡᠢ ᠲᠣᠪᠴᠢᠶ᠎ᠠ᠂ ᠪᠠᠩᠬᠢ ᠪᠠ | ᠳᠠᠭᠠᠳᠬᠠᠯ ᠤᠨ ᠬᠢᠨᠠᠯᠲᠠ ᠬᠠᠮᠢᠶᠠᠷᠤᠯᠲᠠ ᠶᠢᠨ ᠵᠥᠪᠯᠡᠯ᠂ ᠦᠨᠡᠲᠦ ᠲᠡᠮᠳᠡᠭᠲᠦ ᠶᠢᠨ ᠦᠯᠡᠳᠡᠭᠡᠯ ᠡᠳ᠋ ᠬᠥᠷᠥᠩᠭᠡ ᠶᠢᠨ | ᠠᠵᠢᠯ ᠤᠨ ᠮᠡᠳᠡᠭᠡ ᠵᠠᠩᠭᠢ ᠶᠢᠨ ᠨᠡᠪᠲᠡᠷᠡᠯᠴᠡᠭᠡ ᠪᠠ ᠲᠥᠷᠥ ᠶᠢᠨ ᠪᠣᠳᠣᠯᠭ᠎ᠠ ᠶᠢᠨ ᠵᠣᠯᠭᠠᠯᠴᠠᠭ᠎ᠠ ᠶᠢ ᠠᠮᠢᠳᠤᠯᠢᠭ | ᠪᠣᠯᠭᠠᠬᠤ ᠶᠢ ᠴᠢᠩᠭᠠᠳᠬᠠᠵᠤ᠂ ᠠᠵᠢᠯ ᠤᠨ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠡᠭᠦᠷᠭᠡ ᠶᠢᠨ | ᠠᠵᠢᠯ ᠤᠨ ᠬᠤᠪᠢᠶᠠᠷᠢᠯᠠᠯ ᠢ ᠲᠣᠳᠣᠷᠬᠠᠶᠢᠯᠠᠨ᠂ ᠵᠢᠯᠣᠭᠤᠳᠤᠨ ᠰᠢᠮᠳᠠᠭᠤᠯᠬᠤ ᠶᠢ ᠰᠠᠶᠢᠲᠤᠷ ᠬᠢᠵᠦ᠂ ᠨᠡᠶᠢᠲᠡᠯᠢᠭ | ᠴᠢᠨᠠᠷᠲᠠᠢ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠵᠦ᠂ ᠠᠵᠢᠯ ᠤᠨ ᠨᠡᠶᠢᠯᠡᠮᠡᠯ ᠬᠦᠴᠦᠨ ᠢ ᠪᠦᠷᠢᠯᠳᠦᠭᠦᠯᠦᠨ᠂ | ᠴᠢᠬᠤᠯᠠ ᠶᠡᠭᠡ ᠵᠦᠢᠯᠡᠰ ᠢ ᠴᠠᠭ ᠲᠤᠬᠠᠢ ᠳᠤᠨᠢ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ | ᠬᠤᠷᠢᠶ᠎ᠠ ᠳᠤ ᠮᠡᠳᠡᠭᠦᠯᠬᠦ ᠬᠡᠷᠡᠭᠲᠡᠢ᠃ ᠡᠯ᠎ᠡ ᠭᠠᠵᠠᠷ ᠣᠷᠣᠨ ᠨᠤᠭᠤᠳ ᠬᠠᠮᠢᠶ᠎ᠠ ᠪᠦᠬᠦᠢ ᠵᠣᠬᠢᠴᠠᠭᠤᠯᠬᠤ | ᠲᠣᠭᠲᠠᠴᠠ ᠶᠢ ᠪᠠᠶᠢᠭᠤᠯᠵᠤ᠂ ᠦᠯᠡᠳᠡᠭᠡᠯ ᠡᠳ᠋ ᠬᠥᠷᠥᠩᠭᠡ ᠶᠢ ᠠᠮᠢᠳᠤᠯᠢᠭ ᠪᠠᠶᠢᠯᠭᠠᠬᠤ᠂ ᠡᠭᠡᠭᠦᠯᠦᠨ ᠬᠤᠷᠢᠶᠠᠭᠰᠠᠨ | ᠪᠡᠯᠡ ᠮᠥᠩᠭᠦ ᠶᠢ ᠰᠢᠨ᠎ᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠵᠡᠷᠭᠡ ᠠᠵᠢᠯ ᠢ ᠦᠨᠡᠨᠬᠦ | ᠰᠠᠶᠢᠲᠤᠷ ᠠᠳᠬᠤᠨ᠎ᠠ᠃ | ︵ᠬᠤᠷᠢᠨ ᠭᠤᠷᠪᠠ︶ ᠰᠢᠮᠳᠠᠭᠤᠯᠤᠨ ᠵᠣᠷᠢᠭᠵᠢᠭᠤᠯᠵᠤ ᠬᠥᠲᠥᠯᠥᠨ ᠵᠢᠯᠤᠭᠤᠳᠬᠤ ᠶᠢ ᠴᠢᠩᠭᠠᠳᠬᠠᠨ᠎ᠠ᠃ | ᠦᠯᠡᠳᠡᠭᠡᠯ ᠡᠳ᠋ ᠬᠥᠷᠥᠩᠭᠡ ᠶᠢᠨ ᠠᠮᠢᠳᠤᠯᠢᠭ ᠪᠣᠯᠭᠠᠵᠤ᠂ ᠪᠦᠲᠦᠮᠵᠢᠲᠡᠶ ᠪᠡᠯᠡ ᠣᠷᠣᠭᠤᠯᠤᠯᠲᠠ ᠶᠢ ᠥᠷᠭᠡᠳᠬᠡᠬᠦ | ᠠᠵᠢᠯ ᠤᠨ ᠦᠷ᠎ᠡ ᠪᠦᠲᠦᠮᠵᠢ ᠪᠠᠷ ᠲᠣᠪᠣᠶᠢᠮ᠎ᠠ ᠭᠠᠵᠠᠷ ᠣᠷᠣᠨ ᠪᠤᠶᠤ ᠨᠢᠭᠡᠴᠡ ᠳᠤ ᠵᠣᠬᠢᠰᠲᠠᠢ ᠠᠷᠭ᠎ᠠ ᠮᠠᠶ᠋ᠢᠭ ᠢᠶᠠᠷ | ᠢᠳᠡᠪᠬᠢᠲᠡᠢ ᠪᠠᠷ ᠤᠷᠮᠠᠰᠢᠭᠤᠯᠬᠤ ᠬᠡᠷᠡᠭᠲᠡᠢ︔ ᠡᠳ᠋ ᠬᠥᠷᠥᠩᠭᠡ ᠶᠢ ᠣᠷᠳᠣ ᠬᠤᠭᠤᠴᠠᠭ᠎ᠠ ᠪᠠᠷ ᠰᠤᠯᠠ ᠲᠠᠯᠪᠢᠵᠤ᠂ | ᠠᠮᠢᠳᠤᠯᠢᠭ ᠪᠣᠯᠭᠠᠵᠤ ᠠᠵᠢᠯᠯᠠᠭᠤᠯᠬᠤ ᠨᠢ ᠬᠦᠴᠦᠨ ᠦᠭᠡᠢ ᠪᠠᠶᠢᠪᠠᠯ᠂ ᠪᠣᠯᠵᠣᠨ ᠶᠠᠷᠢᠯᠴᠠᠬᠤ᠂ ᠬᠠᠷᠢᠭᠤᠴᠠᠯᠭ᠎ᠠ | ᠬᠡᠯᠡᠯᠴᠡᠬᠦ ᠵᠡᠷᠭᠡ ᠠᠷᠭ᠎ᠠ ᠮᠠᠶ᠋ᠢᠭ ᠢ ᠠᠪᠴᠤ᠂ ᠰᠢᠮᠳᠠᠭᠤᠯᠬᠤ ᠡᠷᠴᠢᠮ ᠢᠶᠠᠨ ᠴᠢᠩᠭᠠᠷᠠᠭᠤᠯᠤᠨ᠎ᠠ᠃ ᠦᠯᠡᠳᠡᠭᠡᠯ ᠡᠳ᠋ | ᠬᠥᠷᠥᠩᠭᠡ ᠶᠢ ᠠᠮᠢᠳᠤᠯᠢᠭ ᠪᠣᠯᠭᠠᠬᠤ᠂ ᠪᠦᠲᠦᠮᠵᠢᠲᠡᠶ ᠪᠡᠯᠡ ᠣᠷᠣᠭᠤᠯᠤᠯᠲᠠ ᠶᠢ ᠥᠷᠭᠡᠳᠬᠡᠬᠦ ᠬᠤᠯᠪᠣᠭᠳᠠᠯ ᠪᠦᠬᠦᠢ | ᠠᠵᠢᠯ ᠢ ᠥᠷᠨᠢᠭᠦᠯᠦᠭᠰᠡᠨ ᠪᠠᠶᠢᠳᠠᠯ ᠢ ᠴᠠᠭ ᠲᠤᠨᠢ ᠲᠣᠬᠢᠷᠠᠭᠤᠯᠤᠨ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠶᠡᠬᠡᠪᠡᠷ | ᠰᠢᠮᠳᠠᠭᠤᠯᠤᠨ ᠪᠠᠶᠢᠴᠠᠭᠠᠬᠤ ᠶᠢᠨ ᠭᠤᠣᠯᠳᠠᠯᠭ᠎ᠠ ᠲᠠᠢ ᠰᠢᠮᠳᠠᠭᠤᠯᠤᠨ ᠪᠠᠶᠢᠴᠠᠭᠠᠬᠤ ᠠᠭᠤᠯᠭ᠎ᠠ ᠪᠣᠯᠭᠠᠨ᠎ᠠ᠃ | ᠰᠤᠳᠤᠯᠤᠨ ᠦᠯᠡᠳᠡᠭᠡᠯ ᠡᠳ᠋ ᠬᠥᠷᠥᠩᠭᠡ ᠶᠢ ᠠᠮᠢᠳᠤᠯᠢᠭ ᠪᠣᠯᠭᠠᠬᠤ ᠶᠢ ᠤᠯᠤᠰ ᠤᠨ ᠥᠮᠴᠢᠯᠡᠯᠲᠦ ᠠᠵᠤ | ᠠᠬᠤᠶᠢᠯᠠᠯ ᠤᠨ ᠰᠢᠯᠭᠠᠨ ᠦᠨᠡᠯᠡᠬᠦ ᠰᠢᠰᠲ᠋ᠧᠮᠵᠢ ᠳᠤ ᠣᠷᠣᠭᠤᠯᠬᠤ ᠶᠢ ᠵᠣᠷᠢᠭᠵᠢᠭᠤᠯᠤᠨ᠎ᠠ᠃ ᠣᠷᠣᠨ ᠨᠤᠲᠤᠭ ᠤᠨ | ᠵᠠᠰᠠᠭ ᠤᠨ ᠣᠷᠳᠣᠨ ᠤ ᠥᠭᠴᠡᠭᠡᠨ ᠤ ᠨᠤᠷᠮ᠎ᠠ ᠪᠠᠷ ᠨᠡᠯᠢᠶᠡᠳ ᠥᠨᠳᠥᠷ ᠪᠠᠶᠢᠭ᠎ᠠ ᠭᠠᠵᠠᠷ ᠣᠷᠣᠨ ᠳᠤ ᠪᠣᠯ | ᠲᠡᠭᠦᠨ ᠤ ᠦᠯᠡᠳᠡᠭᠡᠯ ᠡᠳ᠋ ᠬᠥᠷᠥᠩᠭᠡ ᠶᠢ ᠠᠮᠢᠳᠤᠯᠢᠭ ᠪᠣᠯᠭᠠᠬᠤ ᠪᠠᠷ ᠳᠠᠮᠵᠢᠭᠤᠯᠤᠨ ᠥᠭᠴᠡᠭᠡᠨ ᠤ ᠨᠤᠷᠮ᠎ᠠ ᠶᠢ | ᠪᠠᠭᠤᠷᠠᠭᠤᠯᠬᠤ ᠶᠢ ᠭᠤᠣᠯᠳᠠᠯᠭ᠎ᠠ ᠲᠠᠢ ᠰᠢᠪᠠᠳᠠᠵᠤ᠂ ᠲᠠᠬᠢᠨ ᠪᠡᠯᠡ ᠣᠷᠣᠭᠤᠯᠬᠤ ᠴᠢᠳᠠᠪᠤᠷᠢ ᠶᠢ ᠳᠡᠭᠡᠭᠰᠢᠭᠦᠯᠤᠨᠡ᠂ | ᠲᠣᠰ ᠵᠢᠯ ᠤᠨ ᠤᠯᠤᠰ ᠤᠨ ᠥᠮᠴᠢᠯᠡᠯ ᠤᠨ ᠦᠯᠡᠳᠡᠭᠡᠯ ᠡᠳ᠋ ᠬᠥᠷᠥᠩᠭᠡ ᠶᠢ ᠠᠮᠢᠳᠤᠯᠢᠭ ᠪᠣᠯᠭᠠᠭᠰᠠᠨ ᠬᠠᠮᠢᠶ᠎ᠠ | ᠪᠦᠬᠦᠢ ᠪᠠᠶᠢᠳᠠᠯ ᠢ ᠣᠷᠣᠨ ᠨᠤᠲᠤᠭ ᠤᠨ ᠡᠯ᠎ᠡ ᠱᠠᠲᠤᠨ ᠤ ᠵᠠᠰᠠᠭ ᠤᠨ ᠣᠷᠳᠣᠨ ᠤ ᠣᠨ ᠤ | ᠤᠯᠤᠰ ᠤᠨᠥᠮᠴᠢᠯᠡᠯ ᠦᠨᠡᠳ᠋ ᠬᠥᠷᠥᠩᠭᠡ ᠶᠢᠨ ᠮᠡᠳᠡᠯᠡᠭᠦᠯᠲᠡ᠃ | ︵ᠬᠤᠷᠢᠨ ᠳᠥᠷᠪᠡ︶ ᠲᠤᠷᠰᠢᠯᠲᠠ ᠶᠢᠨ ᠴᠢᠭ ᠤᠨ ᠬᠠᠶᠢᠨ ᠰᠦᠪᠡᠭᠴᠢᠯᠡᠯᠲᠡ ᠶᠢ ᠢᠳᠡᠪᠬᠢᠲᠡᠢ | ᠥᠷᠨᠢᠭᠦᠯᠦᠨ᠎ᠡ᠃ ᠪᠣᠳᠠᠲᠠᠢ ᠠᠵᠢᠯ ᠤᠨ ᠬᠡᠷᠡᠭᠴᠡᠭᠡ ᠪᠠᠨ ᠦᠨᠳᠦᠰᠦᠯᠡᠨ᠂ ᠪᠦᠬᠦ ᠤᠯᠤᠰ ᠤᠨ ᠬᠡᠪᠴᠢᠶᠡᠨ ᠳᠤ | ᠲᠠᠲᠠᠬᠤ ᠬᠦᠴᠦᠨ ᠲᠠᠢ᠂ ᠲᠥᠯᠥᠭᠡᠯᠡᠬᠦ ᠴᠢᠨᠠᠷ ᠢᠶᠠᠷ ᠴᠢᠩᠭ᠎ᠠ ᠭᠤᠣᠯᠳᠠᠯᠭ᠎ᠠ ᠲᠠᠢ ᠵᠦᠢᠯᠡᠰ ᠢ 30 ᠠᠴᠠ ᠳᠤᠲᠠᠭᠤ | ᠦᠭᠡᠢ ᠰᠣᠩᠭᠤᠬᠤ ᠶᠢᠨ ᠬᠠᠮᠲᠤ ᠦᠯᠡᠳᠡᠭᠡᠯ ᠡᠳ᠋ ᠬᠥᠷᠥᠩᠭᠡ ᠶᠢ ᠠᠮᠢᠳᠤᠯᠢᠭ ᠪᠣᠯᠭᠠᠬᠤ᠂ ᠪᠦᠲᠦᠮᠵᠢᠲᠡᠶ ᠪᠡᠯᠡ | ᠣᠷᠣᠭᠤᠯᠤᠯᠲᠠ ᠶᠢ ᠥᠷᠭᠡᠳᠬᠡᠬᠦ ᠳᠤ ᠬᠦᠴᠦᠲᠡᠢ ᠲᠦᠰᠢᠭ ᠲᠤᠯᠭᠠᠭᠤᠷᠢ ᠬᠠᠩᠭᠠᠵᠤ ᠪᠣᠯᠬᠤ ᠨᠢᠭᠡ ᠪᠦᠯᠦᠭ | ᠬᠤᠯᠪᠣᠭᠳᠠᠯ ᠪᠦᠬᠦᠢ ᠪᠠᠶᠢᠭᠤᠯᠤᠮᠵᠢ ᠶᠢ ᠲᠣᠭᠲᠠᠭᠠᠵᠤ᠂ ᠲᠤᠷᠰᠢᠯᠲᠠ ᠬᠢᠵᠦ ᠵᠢᠱᠢᠶ᠎ᠡ ᠦᠵᠡᠭᠦᠯᠬᠦ ᠠᠵᠢᠯ ᠢ | ᠥᠷᠨᠢᠭᠦᠯᠵᠦ᠂ ᠬᠠᠭᠤᠯᠪᠤᠷᠢᠯᠠᠵᠤ ᠪᠣᠯᠬᠤ᠂ ᠳᠡᠯᠭᠡᠷᠡᠭᠦᠯᠵᠦ ᠪᠣᠯᠬᠤ ᠲᠤᠷᠰᠢᠯᠭ᠎ᠠ ᠪᠠ ᠠᠷᠭ᠎ᠠ ᠬᠢᠳᠡᠯ ᠢ ᠪᠤᠢ ᠪᠣᠯᠭᠠᠨ᠎ᠠ | ᠃ ᠡᠯ᠎ᠡ ᠭᠠᠵᠠᠷ ᠣᠷᠣᠨ ᠢ ᠬᠥᠲᠥᠯᠥᠨ ᠵᠢᠯᠤᠭᠤᠳᠴᠤ ᠪᠠᠶᠢᠭᠠᠳ ᠲᠡᠷᠢᠭᠦᠨ ᠤ ᠲᠤᠷᠰᠢᠯᠭ᠎ᠠ ᠶᠢ ᠢᠳᠡᠪᠬᠢᠲᠡᠢ ᠪᠠᠷ | ᠰᠤᠷᠤᠯᠴᠠᠨ ᠲᠣᠯᠢ ᠪᠣᠯᠭᠠᠵᠤ᠂ ᠲᠤᠬᠠᠢ ᠶᠢᠨ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠦᠯᠡᠳᠡᠭᠡᠯ ᠡᠳ᠋ | ᠬᠥᠷᠥᠩᠭᠡ ᠶᠢ ᠠᠮᠢᠳᠤᠯᠢᠭ ᠪᠣᠯᠭᠠᠬᠤ ᠬᠦᠴᠦᠲᠡᠢ ᠪᠥᠭᠡᠳ ᠪᠦᠲᠦᠮᠵᠢᠲᠡᠶ ᠠᠷᠭ᠎ᠠ ᠬᠡᠮᠵᠢᠶ᠎ᠡ ᠶᠢ ᠰᠤᠳᠤᠯᠤᠨ | ᠲᠣᠭᠲᠠᠭᠠᠵᠤ᠂ ︽ᠨᠢᠭᠡ ᠯᠡ ᠳᠣᠣᠷ᠎ᠠ ᠳᠦᠷᠭᠢᠯᠳᠦᠨ ᠬᠢᠬᠦ︾ ᠶᠢ ᠰᠡᠷᠭᠡᠶᠢᠯᠡᠨ᠎ᠡ᠃ | | | ᠳᠣᠷᠣ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ | 2022 ᠣᠨ ᠤ 5 ᠰᠠᠷ᠎ᠠ ᠶᠢᠨ 19 ᠤ ᠡᠳᠤᠷ | | | |